ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠬᠢᠨᠠᠭᠴᠢ ︵ᠳᠣᠷᠣᠭᠰᠢ | ᠬᠢᠨᠠᠭᠴᠢ︶ ᠶᠢᠨ ᠡᠩᠨᠡᠭᠡ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠪᠡᠶ᠎ᠡ ᠴᠢᠭᠢᠷᠠᠭᠵᠢᠭᠤᠯᠬᠤ ᠶᠠᠩᠭᠠᠷ | ᠪᠥᠵᠢᠭ ︵ᠬᠡᠩᠭᠡᠷᠭᠡ︶ ᠤᠷᠤᠯᠳᠤᠭᠠᠨ ᠤ ᠲᠥᠪ ᠭᠤᠣᠯᠴᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠪᠥᠬᠦᠳᠡ ᠨᠠᠶᠢᠷᠠᠮᠳᠠᠬᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ | ᠵᠢᠴᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ︽ᠪᠡᠶ᠎ᠡ ᠶᠢᠨ ᠲᠠᠮᠢᠷ ᠤᠨ ᠤᠷᠤᠯᠳᠤᠭᠠᠨ | ᠬᠢᠨᠠᠭᠴᠢ ᠶᠢᠨ ᠬᠠᠮᠢᠶᠠᠷᠤᠯᠲᠠ ᠶᠢᠨ ᠠᠷᠭ᠎ᠠ︾ ᠦᠨᠳᠦᠰᠦᠯᠡᠨ᠂ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ | ᠬᠡᠩᠭᠡᠷᠭᠡ︶ ᠤᠨ ᠲᠦᠷᠦᠯ ᠵᠦᠢᠯ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠤᠯᠤᠰ ᠤᠨ ᠳᠡᠰ ᠤᠨ ᠬᠢᠨᠠᠭᠴᠢ ᠶᠢᠨ ᠬᠢᠷᠢ ᠬᠡᠮ ᠤᠨ ᠬᠡᠷᠡᠴᠢᠯᠡᠭᠡ᠂ | ᠪᠣᠯᠪᠠᠰᠤᠷᠠᠯ᠂ ᠰᠢᠯᠭᠠᠨ ᠬᠢᠨᠠᠬᠤ᠂ ᠳᠠᠩᠰᠠᠨ᠎ᠠ ᠲᠡᠮᠳᠡᠭᠯᠡᠬᠦ᠂ ᠲᠣᠮᠢᠯᠠᠬᠤ᠂ ᠰᠢᠳᠬᠡᠬᠦ ᠵᠡᠷᠭᠡ ︵ᠳᠣᠷᠣᠭᠰᠢ ᠮᠡᠷᠭᠡᠵᠢᠯ | ᠤᠨ ᠵᠡᠷᠭᠡ ᠳᠡᠰ ᠤᠨ ᠬᠡᠷᠡᠴᠢᠯᠡᠭᠡ︶ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠵᠦᠢᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ | ᠬᠡᠩᠭᠡᠷᠭᠡ ᠶᠢᠨ︶ ᠨᠡᠶᠢᠭᠡᠮᠯᠢᠭ ᠨᠢ ᠲᠤᠰ ᠭᠠᠵᠠᠷ ᠣᠷᠣᠨ ᠤ ᠪᠠᠨ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ᠤᠨ | ᠨᠢᠭᠡᠳᠦᠭᠡᠷ ᠳᠡᠰ ᠤᠨ ᠬᠢᠨᠠᠭᠴᠢ ᠶᠢᠨ ᠮᠡᠷᠭᠡᠵᠢᠯ ᠤᠨ ᠵᠡᠷᠭᠡ ᠳᠡᠰ ᠶᠢᠨ ᠭᠡᠷᠡᠴᠢᠯᠡᠨ ᠮᠠᠭᠠᠳᠯᠠᠯᠲᠠ ᠪᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠭᠠᠵᠠᠷ ︵ᠬᠤᠲᠠ︶᠂ ︵ᠣᠷᠣᠨ︶ ᠰᠢᠶᠠᠨ ᠤ ᠱᠠᠲᠤᠨ ᠤ | ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ | ᠬᠡᠩᠭᠡᠷᠭᠡ︶ ᠨᠡᠶᠢᠭᠡᠮᠯᠢᠭ ᠨᠢ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ᠤᠨ ᠬᠤᠶᠠᠳᠤᠭᠠᠷ ᠳᠡᠰ᠂ ᠭᠤᠷᠪᠠᠳᠤᠭᠠᠷ | ᠳᠡᠰ ᠤᠨ ᠬᠢᠨᠠᠭᠴᠢ ᠶᠢᠨ ᠮᠡᠷᠭᠡᠵᠢᠯ ᠤᠨ ᠵᠡᠷᠭᠡ ᠳᠡᠰ ᠤᠨ ᠬᠡᠷᠡᠴᠢᠯᠡᠭᠡ ᠪᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ᠳᠥᠷᠪᠡᠳᠦᠭᠡᠷ ᠵᠦᠢᠯ ᠣᠷᠣᠨ ᠨᠤᠲᠤᠭ ᠤᠨ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ | ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠲᠡᠭᠦᠯᠳᠡᠷ ᠪᠤᠰᠤ᠂ ᠡᠰᠡᠬᠦᠯ᠎ᠡ ᠬᠤᠯᠪᠣᠭᠳᠠᠯ ᠪᠦᠬᠦᠢ ᠲᠠᠮᠢᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠲᠥᠷᠥᠯ | ᠵᠦᠢᠯ ᠢ ᠨᠢᠭᠡᠳᠦᠯᠲᠡᠶ ᠬᠠᠮᠢᠶᠠᠷᠤᠯᠲᠠ ᠳᠤ ᠣᠷᠤᠭᠤᠯᠤᠭᠰᠠᠨ ᠦᠭᠡᠢ ᠪᠠᠶᠢᠪᠠᠯ ᠤᠯᠤᠰ ᠤᠨ ᠪᠡᠶ᠎ᠡ ᠶᠡᠷᠦᠩᠬᠡᠶ | ᠲᠣᠪᠴᠢᠶᠠᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠲᠧᠭᠨᠢᠭ ᠮᠡᠷᠭᠡᠵᠢᠯ ᠤᠨ ᠵᠡᠷᠭᠡ | ᠳᠡᠰ ᠤᠨ ᠬᠡᠷᠡᠴᠢᠯᠡᠭᠡ ᠬᠢᠭᠰᠡᠨ ᠪᠠᠶᠢᠬᠤ ᠬᠡᠷᠡᠭᠲᠡᠶ᠃ | ᠬᠤᠶᠠᠳᠤᠭᠠᠷ ᠪᠦᠯᠦᠭ ᠬᠢᠨᠠᠭᠴᠢ ᠶᠢᠨ ᠡᠷᠬᠡ ᠪᠠ ᠡᠭᠦᠷᠭᠡ | ᠲᠠᠪᠤᠳᠤᠭᠠᠷ ᠵᠦᠢᠯ ᠬᠢᠨᠠᠭᠴᠢ ᠳᠣᠣᠷ᠎ᠠ ᠵᠢᠭᠰᠠᠭᠠᠭᠰᠠᠨ ᠡᠷᠬᠡ ᠶᠢ ᠡᠳ᠋ᠯᠡᠨ᠎ᠡ᠄ | ︵ᠨᠢᠭᠡ︶ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠪᠣᠯᠪᠠᠰᠤᠷᠠᠭᠤᠯᠬᠤ ᠶᠠᠩᠭᠠᠷ | ᠪᠥᠵᠢᠭ ︵ᠬᠡᠩᠭᠡᠷᠭᠡ︶ ᠤᠨ ᠤᠷᠤᠯᠳᠤᠭᠠᠨ ᠢ ᠬᠢᠨᠠᠬᠤ ᠠᠵᠢᠯ︔ | ︵ᠬᠤᠶᠠᠷ︶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠢᠨᠠᠭᠴᠢ ᠶᠢᠨ | ᠰᠤᠷᠤᠯᠴᠠᠯᠭ᠎ᠠ ᠪᠠ ᠪᠣᠯᠪᠠᠰᠤᠷᠠᠯ ᠳᠤ ᠣᠷᠤᠯᠴᠠᠬᠤ︔ | ︵ᠭᠤᠷᠪᠠ︶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ᠂ ᠲᠠᠰᠤᠯᠤᠨ | ᠲᠣᠭᠲᠠᠭᠠᠯᠲᠠ ᠶᠢᠨ ᠠᠵᠢᠯ ᠳᠤ ᠰᠠᠨᠠᠭᠤᠯᠭ᠎ᠠ ᠭᠠᠷᠭᠠᠬᠤ᠂ ᠬᠢᠨᠠᠯᠲᠠ ᠬᠢᠬᠦ᠂ ᠰᠢᠭᠦᠮᠵᠢᠯᠡᠬᠦ︔ | ︵ᠲᠦᠷᠪᠡ︶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠤ | ᠳᠦᠷᠢᠮ ᠪᠠ ᠰᠢᠭᠦᠨ ᠲᠠᠰᠤᠯᠬᠤ ᠠᠷᠭ᠎ᠠ ᠳᠤ ᠰᠠᠨᠠᠯ ᠢᠶᠠᠨ ᠳᠤᠷᠠᠳᠴᠤ ᠪᠣᠯᠤᠨ᠎ᠠ︔ | ︵ᠲᠠᠪᠤ︶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠢ ᠭᠤᠣᠯᠯᠠᠨ | ᠡᠷᠬᠢᠯᠡᠭᠰᠡᠨ ᠨᠢᠭᠡᠴᠢ ᠠᠴᠠ ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠠᠪᠬᠤ ᠶᠢ | ᠵᠦᠪᠰᠢᠶᠡᠷᠡᠨ᠎ᠡ︔ | ︵ᠵᠢᠷᠭᠤᠭ᠎ᠠ︶ ᠭᠤᠣᠯᠴᠢ ᠪᠤᠰᠤ ᠰᠢᠳᠭᠡᠯ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠤᠮᠣᠳᠠᠯ | ᠲᠣᠭᠠᠴᠢᠵᠤ ᠪᠣᠯᠤᠨ᠎ᠠ᠃ | ᠵᠢᠷᠭᠤᠳᠤᠭᠠᠷ ᠵᠦᠢᠯ ᠬᠢᠨᠠᠭᠴᠢ ᠨᠢ ᠳᠣᠣᠷᠠᠬᠢ ᠮᠡᠲᠦ ᠡᠭᠦᠷᠭᠡ ᠶᠢ ᠡᠭᠦᠷᠭᠡᠯᠡᠨ᠎ᠡ᠄ | ︵ᠨᠢᠭᠡ︶ ᠬᠥᠮᠦᠵᠢᠭᠦᠯᠬᠦ ᠪᠠ ᠰᠠᠶᠢᠨ ᠰᠠᠶᠢᠬᠠᠨ ᠶᠣᠰᠣ ᠮᠣᠷᠠᠯ ᠢ ᠪᠠᠷᠢᠮᠲᠠᠯᠠᠨ᠂ ᠤᠷᠤᠯᠳᠤᠭᠠᠨ ᠠᠵᠢᠯ ᠤᠨ | ᠳᠤᠮᠳᠠ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠬᠡᠷᠡᠭᠲᠡᠶ︔ | ︵ᠬᠤᠶᠠᠷ︶ ︽ᠶᠠᠩᠭᠠᠷ ᠪᠥᠵᠢᠭ ︵ᠬᠡᠩᠭᠡᠷᠭᠡ︶ ᠤᠨ ᠬᠢᠨᠠᠭᠴᠢ ᠶᠢᠨ ᠵᠡᠷᠭᠡ ᠳᠡᠰ ᠤᠨ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ᠵᠢᠴᠢ ᠬᠠᠮᠢᠶ᠎ᠠ ᠪᠥᠬᠦᠢ ᠳᠥᠷᠢᠮ ᠲᠣᠭᠲᠠᠭᠠᠯ ᠢ ᠴᠢᠩᠭ᠎ᠠ ᠵᠢᠷᠤᠮᠯᠠᠨ᠎ᠠ︔ | ︵ᠭᠤᠷᠪᠠ︶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠤ ᠳᠦᠷᠢᠮ ᠪᠠ | ᠬᠢᠨᠠᠨ ᠰᠢᠭᠦᠬᠦ ᠠᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠬᠦᠯᠦᠨ᠎ᠡ︔ | ︵ᠲᠦᠷᠪᠡ︶ ᠪᠦᠬᠦ ᠤᠯᠤᠰ ᠤᠨ ᠪᠤᠶᠤ ᠭᠠᠵᠠᠷ ᠣᠷᠣᠨ ᠤ ᠴᠢᠨᠠᠷᠲᠠᠶ ᠪᠡᠶ᠎ᠡ ᠴᠢᠭᠢᠷᠠᠭᠵᠢᠭᠤᠯᠬᠤ ᠶᠠᠩᠭᠠᠷ | ᠪᠥᠵᠢᠭ ︵ᠬᠡᠩᠭᠡᠷᠭᠡ︶ ᠤᠨ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠤᠷᠤᠯᠳᠤᠭᠠᠨ ᠤ | ᠵᠣᠬᠢᠶᠠᠨ ᠪᠠᠶᠢᠭᠤᠯᠵᠤ ᠪᠠᠶᠢᠭ᠎ᠠ ᠰᠠᠯᠠᠭ᠎ᠠ ᠮᠥᠴᠢᠷ ᠤᠨ ᠲᠤᠰᠢᠶᠠᠨ ᠦᠭᠭᠦᠭᠰᠡᠨ ᠬᠢᠨᠠᠬᠤ ᠡᠭᠦᠷᠭᠡ ᠶᠢ | ᠪᠡᠶᠡᠯᠡᠬᠦᠯᠦᠨ᠎ᠡ︔ | ︵ᠲᠠᠪᠤ︶ ᠬᠢᠨᠠᠭᠴᠢ ᠶᠢᠨ ᠪᠣᠯᠪᠠᠰᠤᠷᠠᠭᠤᠯᠤᠯ ᠵᠢᠴᠢ ᠲᠤᠷᠰᠢᠯᠭ᠎ᠠ ᠰᠣᠯᠢᠯᠴᠠᠬᠤ ᠠᠵᠢᠯᠯᠠᠭ᠎ᠠ ᠳᠤ ᠢᠳᠡᠪᠬᠢᠲᠡᠶ | ᠣᠷᠤᠯᠴᠠᠨ᠎ᠠ᠃ | ᠭᠤᠷᠪᠠᠳᠤᠭᠠᠷ ᠪᠦᠯᠦᠭ ᠮᠡᠷᠭᠡᠵᠢᠯ ᠤᠨ ᠵᠡᠷᠭᠡ ᠳᠡᠰ ᠤᠨ ᠮᠡᠳᠡᠭᠦᠯᠬᠦ ᠪᠠ ᠬᠢᠨᠠᠨ ᠵᠥᠪᠰᠢᠶᠡᠷᠡᠬᠦ | ᠳᠣᠯᠣᠳᠤᠭᠠᠷ ᠵᠦᠢᠯ ᠬᠢᠨᠠᠭᠴᠢ ᠶᠢᠨ ᠮᠡᠷᠭᠡᠵᠢᠯ ᠤᠨ ᠵᠡᠷᠭᠡ ᠳᠡᠰ ᠢ᠄ ᠤᠯᠤᠰ ᠤᠨ ᠲᠠᠰ ᠤᠨ᠂ ᠨᠢᠭᠡᠳᠦᠭᠡᠷ | ᠵᠡᠷᠭᠡ᠂ ᠬᠤᠶᠠᠳᠤᠭᠠᠷ ᠵᠡᠷᠭᠡ᠂ ᠭᠤᠷᠪᠠᠳᠤᠭᠠᠷ ᠵᠡᠷᠭᠡ ᠶᠢᠨ ᠬᠢᠨᠠᠭᠴᠢ ᠭᠡᠵᠦ ᠬᠤᠪᠢᠶᠠᠨ᠂ ᠠᠰᠲᠠᠭᠠᠨ ᠪᠠᠰᠠ ᠢᠷᠠᠭᠤ | ᠠᠯᠳᠠᠷ ᠤᠨ ᠬᠢᠨᠠᠭᠴᠢ ᠭᠡᠵᠦ ᠭᠠᠷᠭᠠᠨ᠎ᠠ᠃ | ᠨᠠᠢᠮᠠᠳᠤᠭᠠᠷ ᠵᠦᠢᠯ ᠮᠡᠳᠡᠭᠦᠯᠦᠭᠰᠡᠨ ᠡᠯ᠎ᠡ ᠱᠠᠲᠤᠨ ᠤ ᠬᠢᠨᠠᠭᠴᠢ ᠨᠢ ᠮᠡᠷᠭᠡᠵᠢᠯ ᠤᠨ ᠳᠡᠰ ᠤᠨ ᠳᠦᠷᠢᠮ ᠢ | ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ᠃ | ᠶᠢᠰᠦᠳᠦᠭᠡᠷ ᠵᠦᠢᠯ ᠨᠢᠭᠡᠳᠦᠭᠡᠷ ᠳᠡᠰ ᠤᠨ ᠬᠢᠨᠠᠭᠴᠢ ᠶᠢ ᠪᠦᠬᠦᠯᠢ ᠬᠤᠶᠠᠷ ᠵᠢᠯ ᠡᠬᠦᠷᠭᠡᠯᠡᠵᠦ᠂ ᠨᠠᠭᠠᠳᠤ | ᠵᠠᠬ᠎ᠠ ᠨᠢ ᠬᠤᠶᠠᠷ ᠤᠳᠠᠭ᠎ᠠ ᠪᠦᠬᠦ ᠤᠯᠤᠰ ᠤᠨ ᠴᠢᠨᠠᠷᠲᠠᠶ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠤ | ᠬᠢᠨᠠᠭᠴᠢ ᠪᠤᠶᠤ ᠨᠠᠭᠠᠳᠤ ᠵᠠᠬ᠎ᠠ ᠨᠢ ᠬᠤᠶᠠᠷ ᠤᠳᠠᠭ᠎ᠠ ᠮᠤᠵᠢ ᠶᠢᠨ ᠱᠠᠲᠤᠨ ᠤ ᠪᠡᠶ᠎ᠡ ᠴᠢᠭᠢᠷᠠᠭᠵᠢᠭᠤᠯᠬᠤ ᠶᠠᠩᠭᠠᠷ | ᠪᠥᠵᠢᠭ ︵ᠬᠡᠩᠭᠡᠷᠭᠡ︶ ᠤᠨ ᠤᠷᠤᠯᠳᠤᠭᠠᠨ ᠤ ᠳᠡᠳ᠋ ᠬᠢᠨᠠᠭᠴᠢ ᠶᠢᠨ ᠳᠠᠷᠤᠭ᠎ᠠ ᠵᠢᠴᠢ ᠲᠡᠭᠦᠨ ᠠᠴᠠ ᠳᠡᠭᠡᠭᠰᠢᠬᠢ | ᠲᠤᠰᠢᠶᠠᠯ ᠢ ᠡᠬᠦᠷᠬᠡᠯᠡᠵᠦ ᠪᠠᠶᠢᠭᠰᠠᠨ︔ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠤᠷᠤᠯᠳᠤᠭᠠᠨ ᠤ ᠳᠦᠷᠢᠮ ᠪᠠ ᠬᠢᠨᠠᠭᠴᠢ ᠶᠢᠨ ᠬᠠᠤᠯᠢ ᠳᠤ ᠴᠠᠭᠠᠷᠠᠭᠰᠠᠨ ᠪᠦᠭᠡᠳ ᠣᠨᠣᠪᠴᠢᠲᠠᠶ ᠪᠣᠯᠪᠠᠰᠤᠷᠠᠩᠭᠤᠶ | ᠬᠡᠷᠡᠭᠯᠡᠵᠦ ᠴᠢᠳᠠᠭᠰᠠᠨ︔ ᠨᠡᠯᠢᠶᠡᠳ ᠥᠨᠳᠥᠷ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠬᠢᠨᠠᠭᠴᠢ ᠶᠢᠨ ᠤᠨᠦᠯ ᠤᠨ ᠬᠢᠷᠢ ᠬᠡᠮᠵᠢᠶ᠎ᠡ ᠲᠠᠢ᠂ ᠪᠠᠶᠠᠨ ᠦᠢᠯᠡᠳᠦᠯᠭᠡ ᠶᠢᠨ ᠲᠤᠷᠰᠢᠯᠭ᠎ᠠ ᠪᠠ ᠪᠡᠶ᠎ᠡ | ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠷᠤᠯᠳᠤᠭᠠᠨ ᠤ ᠬᠢᠨᠠᠭᠴᠢ ᠶᠢᠨ ᠠᠵᠢᠯ ᠤᠨ ᠴᠢᠳᠠᠪᠤᠷᠢ ᠲᠠᠢ | ᠪᠠᠶᠢᠬᠤ︔ ᠶᠠᠩᠭᠠᠷ ᠪᠥᠵᠢᠭ ︵ᠬᠡᠩᠭᠡᠷᠭᠡ︶ ᠤᠷᠤᠯᠳᠤᠭᠠᠨ ᠤ ᠨᠠᠶᠢᠷᠠᠭᠤᠯᠤᠨ ᠵᠢᠭᠰᠠᠭᠠᠬᠤ ᠠᠷᠭ᠎ᠠ ᠶᠢ ᠡᠵᠡᠮᠰᠢᠭᠰᠡᠨ | ︔ ᠪᠦᠬᠦᠯᠢ 60 ᠨᠠᠰᠤ ᠬᠦᠷᠲᠡᠯᠡᠬᠢ ︵ᠪᠦᠬᠦᠯᠢ 60 ᠨᠠᠰᠤ ᠶᠢ ᠪᠠᠭᠲᠠᠭᠠᠨ᠎ᠠ ︶᠂ ᠪᠤᠳᠤᠯ ᠰᠠᠨᠠᠭ᠎ᠠ ᠳᠠᠪᠰᠢᠩᠭᠤᠶ᠂ | ᠣᠪᠣᠷ ᠰᠤᠷᠲᠠᠯ ᠲᠥᠪ ᠴᠢᠭᠴᠢ᠂ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠬᠦᠮᠦᠰ ᠪᠡᠶ᠎ᠡ ᠴᠢᠭᠢᠷᠠᠭᠵᠢᠭᠤᠯᠬᠤ ᠶᠠᠩᠭᠠᠷ | ᠪᠥᠵᠢᠭ ︵ᠬᠡᠩᠭᠡᠷᠭᠡ︶ ᠤᠨ ᠤᠯᠤᠰ ᠤᠨ ᠳᠡᠰ ᠤᠨ ᠬᠢᠨᠠᠭᠴᠢ ᠶᠢ ᠭᠤᠶᠤᠴᠢᠯᠠᠠ ᠮᠡᠳᠡᠬᠦᠯᠵᠦ᠂ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠬᠤ | ᠲᠥᠪ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ | ᠠᠷᠪᠠᠳᠤᠭᠠᠷ ᠵᠦᠢᠯ ᠪᠦᠬᠦᠯᠢ ᠬᠤᠶᠠᠷ ᠵᠢᠯ ᠬᠤᠶᠠᠳᠤᠭᠠᠷ ᠳᠡᠰ ᠤᠨ ᠬᠢᠨᠠᠭᠴᠢ ᠪᠥᠭᠡᠳ ᠬᠤᠶᠠᠷ ᠤᠳᠠᠭ᠎ᠠ | ᠮᠤᠵᠢ ᠶᠢᠨ ᠱᠠᠲᠤᠨ ᠤ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ ᠶᠢᠨ︶ ᠤᠨ ᠤᠷᠤᠯᠳᠤᠭᠠᠨ ᠤ | ᠬᠢᠨᠠᠭᠴᠢ ᠪᠤᠶᠤ ᠨᠠᠭᠠᠳᠤ ᠵᠠᠬ᠎ᠠ ᠳᠠᠭᠠᠨ ᠬᠤᠶᠠᠷ ᠤᠳᠠᠭᠠᠨ ᠤ ᠭᠠᠵᠠᠷ᠂ ᠬᠤᠲᠠ ᠶᠢᠨ ᠳᠡᠰ ᠤᠨ ᠤᠷᠤᠯᠳᠤᠭᠠᠨ ᠳᠤ | ᠳᠡᠳ᠋ ᠬᠢᠨᠠᠭᠴᠢ ᠶᠢᠨ ᠳᠠᠷᠤᠭ᠎ᠠ ᠵᠢᠴᠢ ᠲᠡᠭᠦᠨ ᠠᠴᠠ ᠳᠡᠭᠡᠭᠰᠢᠬᠢ ᠲᠤᠰᠢᠶᠠᠯ ᠲᠠᠢ︔ ᠲᠤᠰ ᠲᠦᠷᠦᠯ ᠵᠦᠢᠯ ᠤᠨ | ᠤᠷᠤᠯᠳᠤᠭᠠᠨ ᠤ ᠳᠦᠷᠢᠮ ᠪᠠ ᠬᠢᠨᠠᠬᠤ ᠬᠠᠤᠯᠢ ᠶᠢ ᠪᠣᠯᠪᠠᠰᠤᠷᠠᠩᠭᠤᠶ ᠡᠵᠡᠮᠰᠢᠨ ᠬᠡᠷᠡᠭᠯᠡᠵᠦ ᠴᠢᠳᠠᠭᠰᠠᠨ︔ ᠠᠬᠤᠢ | ᠲᠠᠯᠠᠪᠠᠢ ᠳᠤ ᠬᠠᠤᠯᠢ ᠬᠡᠷᠡᠭᠵᠢᠭᠦᠯᠬᠦ ᠡᠯᠪᠡᠭ ᠪᠠᠶᠠᠯᠢᠭ ᠲᠤᠷᠰᠢᠯᠭ᠎ᠠ ᠲᠠᠢ ᠪᠠ ᠶᠠᠩᠭᠠᠷ ᠪᠥᠵᠢᠭ ︵ᠬᠡᠩᠭᠡᠷᠭᠡ︶ ᠤᠨ | ᠤᠷᠤᠯᠳᠤᠭᠠᠨ ᠤ ᠬᠢᠨᠠᠭᠴᠢ ᠶᠢᠨ ᠠᠵᠢᠯ ᠢ ᠵᠣᠬᠢᠶᠠᠨ ᠪᠠᠶᠢᠭᠤᠯᠬᠤ ᠴᠢᠳᠠᠪᠤᠷᠢ ᠲᠠᠢ ᠬᠦᠮᠦᠨ᠂ ᠶᠠᠩᠭᠠᠷ ᠪᠥᠵᠢᠭ ︵ | ᠬᠡᠩᠭᠡᠷᠭᠡ︶ ᠤᠨ ᠨᠢᠭᠡᠳᠦᠭᠡᠷ ᠳᠡᠰ ᠤᠨ ᠬᠢᠨᠠᠭᠴᠢ ᠶᠢ ᠮᠡᠳᠡᠭᠦᠯᠵᠦ ᠪᠣᠯᠤᠨ᠎ᠠ ᠂ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠢᠶᠠᠷᠬᠤ ᠰᠠᠯᠠᠭ᠎ᠠ ᠮᠥᠴᠢᠷ ᠪᠤᠶᠤ | ᠨᠡᠶᠢᠭᠡᠮᠯᠢᠭ ᠠᠴᠠ ᠬᠢᠨᠠᠨ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠪᠦᠬᠦᠯᠢ ᠬᠤᠶᠠᠷ ᠵᠢᠯ ᠭᠤᠷᠪᠠᠨ ᠱᠠᠲᠤᠨ ᠤ ᠬᠢᠨᠠᠭᠴᠢ ᠪᠥᠭᠡᠳ | ᠠᠳᠠᠭ ᠲᠠᠭᠠᠨ ᠭᠤᠷᠪᠠ ᠤᠳᠠᠭ᠎ᠠ ᠰᠢᠶᠠᠨ ᠤ ᠱᠠᠲᠤᠨ ᠠᠴᠠ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ | ︶ ᠤᠨ ᠤᠷᠤᠯᠳᠤᠭᠠᠨ ᠤ ᠬᠢᠨᠠᠭᠴᠢ ᠪᠠᠶᠢᠭᠰᠠᠨ︔ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠤᠷᠤᠯᠳᠤᠭᠠᠨ ᠤ ᠳᠦᠷᠢᠮ ᠪᠠ ᠬᠢᠨᠠᠬᠤ ᠠᠷᠭ᠎ᠠ ᠶᠢ ᠰᠠᠶᠢᠨ ᠮᠡᠳᠡᠳᠡᠭ ᠤᠨ ᠬᠠᠮᠲᠤ ᠨᠡᠯᠢᠶᠡᠳ ᠵᠥᠪ ᠣᠨᠣᠪᠴᠢᠲᠠᠶ | ᠬᠡᠷᠡᠭᠯᠡᠨ᠂ ᠬᠢᠨᠠᠭᠴᠢ ᠶᠢᠨ ᠵᠣᠬᠢᠬᠤ ᠲᠤᠷᠰᠢᠯᠭ᠎ᠠ ᠲᠠᠢ ᠬᠦᠮᠦᠰ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ | ᠬᠡᠩᠭᠡᠷᠭᠡ︶ ᠤᠨ ᠬᠤᠶᠠᠳᠤᠭᠠᠷ ᠳᠡᠰ ᠤᠨ ᠬᠢᠨᠠᠭᠴᠢ ᠶᠢ ᠮᠡᠳᠡᠭᠦᠯᠵᠦ ᠪᠣᠯᠣᠨ᠎ᠠ᠂ ᠣᠷᠣᠨ᠂ ᠬᠤᠲᠠ ᠶᠢᠨ ᠱᠠᠲᠤᠨ ᠤ | ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠨᠡᠶᠢᠭᠡᠮᠯᠢᠭ ᠠᠴᠠ ᠵᠦᠪᠰᠢᠶᠡᠷᠡᠯ ᠦᠭᠭᠦᠨ᠎ᠡ᠃ | ᠠᠷᠪᠠᠨ ᠬᠤᠶᠠᠳᠤᠭᠠᠷ ᠵᠦᠢᠯ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠤᠷᠤᠯᠳᠤᠭᠠᠨ ᠤ ᠳᠦᠷᠢᠮ ᠪᠠ ᠬᠢᠨᠠᠬᠤ ᠬᠠᠤᠯᠢ ᠶᠢ ᠡᠵᠡᠮᠰᠢᠨ᠂ ᠵᠦᠪ ᠣᠨᠣᠪᠴᠢᠲᠠᠢ ᠬᠡᠷᠡᠭᠯᠡᠵᠦ ᠴᠢᠳᠠᠭᠰᠠᠨ᠂ | ᠬᠢᠨᠠᠭᠴᠢ ᠶᠢᠨ ᠠᠵᠢᠯ ᠬᠢᠵᠦ᠂ ᠰᠢᠶᠠᠨ ᠤ ᠱᠠᠲᠤᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠪᠡᠶ᠎ᠡ ᠴᠢᠭᠢᠷᠠᠭᠵᠢᠭᠤᠯᠬᠤ ᠶᠠᠩᠭᠠᠷ ︵ᠬᠡᠩᠭᠡᠷᠭᠡ︶ | ᠤᠨ ᠭᠤᠷᠪᠠᠳᠤᠭᠠᠷ ᠳᠡᠰ ᠤᠨ ᠬᠢᠨᠠᠭᠴᠢ ᠶᠢ ᠮᠡᠳᠡᠬᠦᠯᠵᠦ ᠪᠣᠯᠣᠨ᠎ᠠ᠂ ᠰᠢᠶᠠᠨ ᠤ ᠱᠠᠲᠤᠨ ᠤ ᠪᠡᠶ᠎ᠡ ᠶᠢᠨ ᠲᠠᠮᠢᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠨᠡᠶᠢᠭᠡᠮᠯᠢᠭ ᠬᠢᠨᠠᠨ ᠵᠦᠪᠰᠢᠶᠡᠷᠡᠯᠲᠡ ᠬᠢᠨ᠎ᠡ᠃ | ᠠᠷᠪᠠᠨ ᠭᠤᠷᠪᠠᠳᠤᠭᠠᠷ ᠵᠦᠢᠯ ᠪᠡᠭᠡᠵᠢᠩ ᠤᠨ ᠲᠠᠮᠢᠷ ᠤᠨ ᠶᠡᠭᠡ ᠰᠤᠷᠭᠠᠭᠤᠯᠢ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠶ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠬᠠᠮᠲᠤᠪᠠᠷ ᠪᠡᠶ᠎ᠡ | ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠨᠢᠭᠡᠳᠦᠭᠡᠷ ᠳᠡᠰ ᠠᠴᠠ ᠳᠣᠷᠣᠭᠰᠢᠬᠢ ︵ᠨᠢᠭᠡᠳᠦᠭᠡᠷ | ᠳᠡᠰ ᠢ ᠪᠠᠭᠲᠠᠭᠠᠨ᠎ᠠ︶ ᠬᠢᠨᠠᠭᠴᠢ ᠶᠢ ᠮᠡᠳᠡᠬᠦᠯᠵᠤ ᠪᠣᠯᠣᠨ᠎ᠠ᠂ ᠵᠦᠪᠰᠢᠶᠡᠷᠡᠭᠳᠡᠭᠰᠡᠨ ᠬᠢᠨᠠᠭᠴᠢ ᠲᠤᠰ ᠮᠤᠵᠢ ᠶᠢᠨ | ᠱᠠᠲᠤᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠤᠯᠤᠰ ᠤᠨ ᠳᠡᠰ ᠤᠨ ᠬᠢᠨᠠᠭᠴᠢ ᠪᠤᠶᠤ ᠣᠨᠴᠠ ᠬᠤᠪᠢ ᠨᠡᠮᠡᠷᠢ | ᠦᠵᠡᠭᠦᠯᠦᠭᠰᠡᠨ ᠨᠢᠭᠡᠳᠦᠭᠡᠷ ᠳᠡᠰ ᠤᠨ ᠬᠢᠨᠠᠭᠴᠢ ᠂ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠬᠢᠨᠠᠭᠴᠢ ᠶᠢᠨ ᠠᠵᠢᠯ ᠳᠤ ᠬᠤᠷᠢᠨ ᠵᠢᠯ ᠠᠴᠠ ᠳᠡᠭᠡᠭᠰᠢ ᠠᠵᠢᠯᠯᠠᠭᠰᠠᠨ᠂ ᠤᠷᠤᠯᠳᠤᠭᠠᠨ ᠢ ᠬᠢᠨᠠᠬᠤ ᠠᠵᠢᠯ ᠳᠤ | ᠢᠳᠡᠪᠬᠢᠲᠡᠶ ᠣᠷᠣᠯᠴᠠᠭᠰᠠᠨ᠂ ᠪᠦᠬᠦᠯᠢ 65 ᠨᠠᠰᠤᠨ ᠠᠴᠠ ᠳᠡᠭᠡᠭᠰᠢ᠂ ᠲᠤᠬᠠᠶ ᠶᠢᠨ ᠲᠠᠯᠠᠪᠠᠢ ᠶᠢᠨ ᠬᠢᠨᠠᠭᠴᠢ ᠶᠢᠨ | ᠠᠵᠢᠯ ᠢ ᠡᠬᠦᠷᠭᠡᠯᠡᠬᠦ ᠦᠭᠡᠢ ᠪᠣᠯᠣᠭᠰᠠᠨ ᠪᠣᠯ ︽ᠨᠡᠷ᠎ᠡ ᠬᠦᠨᠲᠦᠲᠦ ᠬᠢᠨᠠᠭᠴᠢ︾ ᠶᠢᠨ ᠴᠤᠯᠠ ᠶᠢ ᠭᠤᠶᠤᠴᠢᠯᠠᠵᠤ | ᠪᠣᠯᠤᠨ᠎ᠠ᠃ | ᠠᠷᠪᠠᠨ ᠲᠠᠪᠤᠳᠤᠭᠠᠷ ᠵᠦᠢᠯ ︽ᠨᠡᠷ᠎ᠡ ᠬᠦᠨᠳᠦᠲᠦ ᠬᠢᠨᠠᠭᠴᠢ︾ ᠶᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠡᠶᠢᠭᠡᠮ ᠴᠤᠭᠴᠠ ᠶᠢᠨ ᠲᠦᠪ ︵ | ᠨᠡᠶᠢᠭᠡᠮ ᠤᠨ ᠴᠣᠭᠴᠠ᠂ ᠲᠠᠮᠢᠷ ᠤᠨ ᠶᠡᠷᠦᠩᠭᠡᠢ ᠲᠣᠪᠴᠢᠶ᠎ᠠ ᠶᠢᠨ ᠨᠠᠷᠢᠨ ᠪᠢᠴᠢᠭ ᠤᠨ ᠭᠠᠵᠠᠷ︶᠂ ᠪᠡᠭᠡᠵᠢᠩ ᠤᠨ | ᠲᠠᠮᠢᠷ ᠤᠨ ᠶᠡᠭᠡ ᠰᠤᠷᠭᠠᠭᠤᠯᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠮᠲᠤ ᠪᠠᠷ | ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠪᠤᠶᠤ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ | ᠬᠡᠩᠭᠡᠷᠭᠡ︶ ᠨᠡᠶᠢᠭᠡᠮᠯᠢᠭ ᠠᠴᠠ ᠲᠠᠨᠢᠯᠴᠠᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠨᠡᠶᠢᠭᠡᠮ ᠤᠨ ᠪᠡᠶ᠎ᠡ ᠶᠢᠨ ᠲᠠᠮᠢᠷ ᠵᠢᠯᠣᠭᠤᠳᠬᠤ ᠲᠥᠪ ᠠᠴᠠ ᠦᠨᠡᠯᠡᠨ ᠶᠠᠷᠢᠯᠴᠠᠬᠤ ᠪᠠ ᠵᠦᠪᠰᠢᠶᠡᠷᠴᠤ᠂ ︽ᠨᠡᠷ᠎ᠡ | ᠬᠦᠨᠳᠦᠲᠦ ᠬᠢᠨᠠᠭᠴᠢ︾ ᠴᠣᠯᠠ ᠣᠯᠭᠤᠬᠤ ᠪᠥᠭᠡᠳ ᠦᠨᠡᠮᠯᠡᠯ ᠣᠯᠭᠤᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠪᠡᠶ᠎ᠡ ᠶᠢᠨ ᠲᠠᠮᠢᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠠᠵᠠᠷ ᠣᠷᠣᠨ ᠠᠯᠤᠰᠯᠠᠨ᠂ ᠰᠢᠰᠲ᠋ᠧᠮ ᠠᠯᠤᠰᠯᠠᠨ ᠬᠢᠨᠠᠭᠴᠢ ᠶᠢ | ᠬᠢᠨᠠᠨ ᠵᠦᠪᠰᠢᠶᠡᠷᠴᠤ ᠪᠣᠯᠬᠤ ᠦᠭᠡᠢ᠂ ᠨᠢᠭᠡᠳᠦᠭᠡᠷ ᠳᠡᠰ ︵ᠨᠢᠭᠡᠳᠦᠭᠡᠷ ᠳᠡᠰ ᠢ ᠪᠠᠭᠲᠠᠭᠠᠨ᠎ᠠ︶ ᠤᠨ ᠬᠢᠨᠠᠭᠴᠢ | ᠠᠵᠢᠯ ᠰᠢᠯᠵᠢᠬᠦ ᠦᠶ᠎ᠡ ᠳᠤ ᠬᠢᠨᠠᠨ ᠵᠦᠪᠰᠢᠶᠡᠷᠡᠭᠰᠡᠨ ᠨᠢᠭᠡᠴᠡ ᠶᠢᠨ ᠬᠡᠷᠡᠴᠢᠯᠡᠭᠡ ᠪᠠ ᠲᠤᠰ ᠬᠥᠮᠦᠨ ᠤ ᠬᠢᠨᠠᠭᠴᠢ | ᠶᠢᠨ ᠦᠨᠡᠮᠯᠡᠯ ᠢᠶᠠᠨ ᠠᠪᠴᠤ ᠪᠠᠶᠢᠭ᠎ᠠ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠬᠦᠷᠴᠤ ᠬᠢᠨᠠᠭᠴᠢ ᠶᠢᠨ ᠦᠨᠡᠮᠯᠡᠯ ᠢᠶᠠᠨ ᠰᠣᠯᠢᠬᠤ ᠬᠡᠷᠡᠭᠲᠡᠢ᠃ ᠤᠯᠤᠰ ᠤᠨ ᠳᠡᠰ ᠤᠨ ᠬᠢᠨᠠᠭᠴᠢ | ᠨᠢ ᠪᠠᠶᠢᠭ᠎ᠠ ᠮᠤᠵᠢ ᠪᠤᠶᠤ ᠰᠢᠰᠲ᠋ᠧᠮ ᠠᠴᠠ ᠰᠢᠯᠵᠢᠬᠦ ᠳᠤ ᠡᠷᠬᠡᠪᠰᠢ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠶ ᠲᠣᠪᠴᠢᠶ᠎ᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠲᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ᠳᠥᠷᠪᠡᠳᠦᠭᠡᠷ ᠪᠦᠯᠦᠭ ᠬᠢᠨᠠᠭᠴᠢ ᠶᠢᠨ ᠵᠡᠷᠭᠡ ᠳᠡᠪᠰᠢᠬᠦ ᠰᠢᠯᠭᠠᠯᠲᠠ | ᠠᠷᠪᠠᠨ ᠳᠣᠯᠣᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ᠂ ᠨᠠᠭᠠᠳᠤ ᠵᠠᠬ᠎ᠠ ᠨᠢ ᠬᠤᠶᠠᠷ ᠵᠢᠯ ᠳᠤ ᠨᠢᠭᠡ ᠤᠳᠠᠭ᠎ᠠ | ᠨᠢᠭᠡ ᠤᠳᠠᠭ᠎ᠠ ᠤᠯᠤᠰ ᠤᠨ ᠳᠡᠰ ᠤᠨ ᠬᠢᠨᠠᠭᠴᠢ ᠵᠡᠷᠭᠡ ᠳᠡᠪᠰᠢᠬᠦ ᠰᠢᠯᠭᠠᠯᠲᠠ ᠶᠢ ᠵᠣᠬᠢᠶᠠᠨ ᠪᠠᠶᠢᠭᠤᠯᠵᠤ᠂ ᠡᠯ᠎ᠡ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠶᠢᠨ ᠨᠡᠶᠢᠭᠡᠮ ᠴᠤᠭᠴᠠ ᠶᠢᠨ ᠲᠥᠪ ︵ ᠨᠡᠶᠢᠭᠡᠮ ᠤᠨ ᠴᠣᠭᠴᠠ᠂ ᠲᠠᠮᠢᠷ ᠤᠨ ᠶᠡᠷᠦᠩᠭᠡᠢ | ᠲᠣᠪᠴᠢᠶ᠎ᠠ ᠶᠢᠨ ᠨᠠᠷᠢᠨ ᠪᠢᠴᠢᠭ ᠤᠨ ᠭᠠᠵᠠᠷ︶᠂ ᠪᠡᠭᠡᠵᠢᠩ ᠤᠨ ᠲᠠᠮᠢᠷ ᠤᠨ ᠶᠡᠭᠡ ᠰᠤᠷᠭᠠᠭᠤᠯᠢ᠂ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠮᠲᠤ ᠪᠠᠷ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠳᠡᠭᠡᠳᠦ | ᠰᠤᠷᠭᠠᠭᠤᠯᠢ ᠪᠤᠶᠤ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠨᠡᠶᠢᠭᠡᠮᠯᠢᠭ ᠬᠤᠪᠢᠶᠠᠷᠢᠯᠠᠭᠰᠠᠨ | ᠲᠤᠭ᠎ᠠ ᠶᠢ ᠦᠨᠳᠦᠰᠦᠯᠡᠨ᠂ ᠰᠢᠯᠭᠠᠯᠲᠠ ᠶᠢᠨ ᠨᠦᠬᠦᠴᠡᠯ ᠳᠤ ᠨᠡᠶᠢᠴᠡᠭᠰᠡᠨ ᠬᠢᠨᠠᠭᠴᠢ ᠶᠢ ᠮᠡᠳᠡᠬᠦᠯᠦᠨ᠎ᠡ᠃ | ᠰᠢᠯᠭᠠᠯᠲᠠ ᠳᠤ ᠬᠢᠷᠢ ᠲᠡᠩᠴᠡᠭᠰᠡᠳ ᠲᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠤᠯᠤᠰ ᠤᠨ ᠳᠡᠰ ᠤᠨ ᠬᠢᠨᠠᠭᠴᠢ ᠶᠢᠨ ᠦᠨᠡᠮᠯᠡᠯ ᠢ | ᠵᠦᠪᠰᠢᠶᠡᠷᠡᠨ ᠣᠯᠭᠤᠨ᠎ᠠ᠃ | ᠠᠷᠪᠠᠨ ᠨᠠᠢᠮᠠᠳᠤᠭᠠᠷ ᠵᠦᠢᠯ ᠤᠯᠤᠰ ᠤᠨ ᠲᠡᠰ ᠤᠨ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ | ︶ ᠤᠨ ᠢᠵᠢ ᠪᠦᠷᠢᠳᠦᠭᠰᠡᠨ ᠬᠢᠨᠠᠭᠴᠢ ᠰᠢᠯᠭᠠᠬᠤ ᠠᠭᠤᠯᠭ᠎ᠠ᠄ | ︵ᠨᠢᠭᠡ︶ ᠤᠨᠤᠯ ᠤᠨ ᠰᠢᠯᠭᠠᠯᠲᠠ᠄ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠦᠨᠳᠦᠰᠦᠨ ᠤᠨᠤᠯ᠂ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ | ᠳᠦᠷᠢᠮ ᠬᠢᠭᠡᠳ ᠬᠢᠨᠠᠨ ᠰᠢᠭᠦᠬᠦ ᠬᠠᠤᠯᠢ᠂ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ | ᠥᠷᠢᠰᠥᠯᠳᠦᠭᠡᠨ ᠤ ᠠᠷᠭ᠎ᠠ︔ | ︵ᠬᠤᠶᠠᠷ︶ ᠮᠡᠷᠭᠡᠵᠢᠯ ᠤᠨ ᠰᠢᠯᠭᠠᠯᠲᠠ᠄ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ | ᠲᠦᠷᠦᠯ ᠵᠦᠢᠯ ᠪᠦᠷᠢ ᠠᠴᠠ ᠨᠢᠭᠡ ᠶᠢ ᠥᠪᠡᠰᠦᠪᠡᠨ ᠰᠣᠩᠭᠤᠬᠤ︔ | ︵ᠭᠤᠷᠪᠠ︶ ᠬᠤᠪᠢ ᠣᠯᠭᠤᠬᠤ ᠰᠢᠯᠭᠠᠯᠲᠠ᠄ ᠲᠠᠮᠢᠷᠴᠢᠨ ᠲᠤᠬᠠᠶ ᠶᠢᠨ ᠲᠠᠯᠠᠪᠠᠢ ᠶᠢᠨ | ᠰᠣᠷᠢᠯᠲᠠ ᠤᠷᠤᠯᠳᠤᠭᠠᠨ ᠪᠤᠶᠤ ᠲᠧᠭᠨᠢᠭ ᠮᠡᠷᠭᠡᠵᠢᠯ ᠤᠨ ᠳᠦᠷᠰᠦ ᠰᠢᠩᠭᠡᠭᠡᠯᠲᠡ ᠶᠢ ᠦᠨᠳᠦᠰᠦᠯᠡᠨ ᠬᠤᠪᠢ | ᠣᠯᠭᠤᠬᠤ ᠪᠠ ᠵᠠᠳᠠᠯᠤᠯᠲᠠ ᠬᠢᠬᠦ᠃ | ᠠᠷᠪᠠ ᠶᠢᠰᠦᠳᠦᠭᠡᠷ ᠵᠦᠢᠯ ᠨᠢᠭᠡᠳᠦᠭᠡᠷ ᠳᠡᠰ᠂ ᠳᠡᠳ᠋᠂ ᠭᠤᠷᠪᠠᠳᠤᠭᠠᠷ ᠳᠡᠰ ᠤᠨ ᠬᠢᠨᠠᠭᠴᠢ ᠶᠢᠨ ᠨᠡᠷ᠎ᠡ | ᠮᠡᠳᠡᠭᠦᠯᠬᠦ ᠠᠷᠭ᠎ᠠ ᠨᠢ ᠲᠤᠰ ᠠᠷᠭ᠎ᠠ ᠶᠢ ᠦᠨᠳᠦᠰᠦᠯᠡᠵᠦ ᠲᠣᠭᠲᠠᠭᠠᠨ᠎ᠠ᠃ | ᠬᠤᠷᠢᠳᠤᠭᠠᠷ ᠵᠦᠢᠯ ᠳᠡᠰ ᠳᠡᠪᠰᠢᠬᠦ ᠰᠢᠯᠭᠠᠯᠲᠠ ᠳᠤ ᠣᠷᠤᠯᠴᠠᠬᠤ ᠬᠢᠨᠠᠭᠴᠢ ᠬᠡᠷᠪᠡ ᠳᠡᠰ ᠳᠠᠪᠰᠢᠬᠤ ᠨᠢ | ᠵᠥᠪᠰᠢᠶᠡᠷᠡᠭᠳᠡᠭᠰᠡᠨ ᠦᠭᠡᠢ ᠪᠠᠶᠢᠪᠠᠯ ᠳᠡᠰ ᠳᠡᠪᠰᠢᠬᠦ ᠰᠢᠯᠭᠠᠯᠲᠠ ᠳᠤ ᠰᠢᠨ᠎ᠡ ᠪᠠᠷ ᠭᠤᠶᠤᠴᠢᠯᠠᠬᠤ ᠬᠡᠷᠡᠭᠲᠡᠢ᠃ | ᠲᠠᠪᠤᠳᠤᠭᠠᠷ ᠪᠦᠯᠦᠭ ᠬᠢᠨᠠᠭᠴᠢ ᠶᠢᠨ ᠳᠠᠩᠰᠠᠯᠠᠭᠤᠯᠤᠯᠲᠠ | ᠬᠤᠷᠢᠨ ᠨᠢᠭᠡᠳᠦᠭᠡᠷ ᠵᠦᠢᠯ ᠬᠢᠨᠠᠭᠴᠢ ᠡᠷᠬᠡᠪᠰᠢ ᠲᠣᠭᠲᠠᠭᠠᠭᠰᠠᠨ ᠳᠠᠩᠰᠠᠯᠠᠭᠤᠯᠤᠭᠰᠠᠨ ᠴᠠᠭ ᠤᠨ | ᠳᠣᠲᠣᠷ᠎ᠠ ᠴᠠᠭ ᠲᠤᠬᠠᠶ ᠳᠤᠨᠢ ᠳᠠᠩᠰᠠᠯᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠤᠯᠤᠰ ᠤᠨ ᠳᠡᠰ ᠤᠨ ᠬᠢᠨᠠᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠪᠠ ᠳᠠᠩᠰᠠᠯᠠᠭᠤᠯᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠡᠶᠢᠭᠡᠮ ᠴᠤᠭᠴᠠ ᠶᠢᠨ ᠲᠦᠪ ︵ᠨᠡᠶᠢᠭᠡᠮ ᠤᠨ ᠴᠣᠭᠴᠠ᠂ | ᠲᠠᠮᠢᠷ ᠤᠨ ᠶᠡᠷᠦᠩᠭᠡᠢ ᠲᠣᠪᠴᠢᠶ᠎ᠠ ᠶᠢᠨ ᠨᠠᠷᠢᠨ ᠪᠢᠴᠢᠭ ᠤᠨ ᠭᠠᠵᠠᠷ︶ ᠵᠢᠴᠢ ᠪᠡᠭᠡᠵᠢᠩ ᠤᠨ ᠲᠠᠮᠢᠷ ᠤᠨ ᠶᠡᠭᠡ | ᠰᠤᠷᠭᠠᠭᠤᠯᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠮᠲᠤ ᠪᠠᠷ ᠪᠠᠶᠢᠭᠤᠯᠤᠭᠰᠠᠨ | ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠨᠢᠭᠡᠴᠡ ᠪᠠᠷ ᠳᠠᠩᠰᠠᠯᠠᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠤᠯᠤᠰ ᠤᠨ ᠳᠡᠰ ᠤᠨ ᠬᠢᠨᠠᠭᠴᠢ ᠬᠤᠶᠠᠷ ᠵᠢᠯ ᠪᠦᠷᠢ ᠨᠢᠭᠡ ᠤᠳᠠᠭ᠎ᠠ | ᠳᠠᠩᠰᠠᠯᠠᠭᠤᠯᠤᠭᠰᠠᠨ ᠪᠠᠶᠢᠬᠤ᠂ ᠤᠳᠠᠭ᠎ᠠ ᠪᠦᠷᠢ ᠵᠥᠪᠬᠡᠨ ᠨᠢᠭᠡᠨ ᠨᠢᠭᠡᠴᠢ ᠶᠢ ᠲᠥᠯᠥᠭᠡᠯᠡᠨ ᠳᠠᠩᠰᠠᠯᠠᠭᠤᠯᠤᠭᠰᠠᠨ᠂ | ᠳᠠᠩᠰᠠᠯᠠᠭᠤᠯᠤᠭᠰᠠᠨ ᠴᠠᠭ ᠨᠢ ᠲᠡᠭᠰᠢ ᠲᠤᠭ᠎ᠠ ᠲᠠᠢ ᠵᠢᠯ ᠪᠦᠷᠢ ᠶᠢᠨ 12 ᠰᠠᠷ᠎ᠠ ᠶᠢᠨ 1 ᠡᠳᠦᠷ ᠠᠴᠠ ᠡᠬᠢᠯᠡᠨ 12 | ᠰᠠᠷ᠎ᠠ ᠶᠢᠨ 31 ᠡᠳᠦᠷ ᠪᠣᠯᠲᠠᠯ᠎ᠠ᠃ | ᠬᠤᠷᠢᠨ ᠳᠥᠷᠪᠡᠳᠦᠭᠡᠷ ᠵᠦᠢᠯ ᠤᠯᠤᠰ ᠤᠨ ᠳᠡᠰ ᠤᠨ ᠬᠢᠨᠠᠭᠴᠢ ᠶᠢᠨ ᠳᠠᠩᠰᠠᠯᠠᠭᠤᠯᠤᠭᠰᠠᠨ ᠨᠠᠰᠤ ᠨᠢ | ᠪᠦᠬᠦᠯᠢ 65 ᠨᠠᠰᠤᠨ ᠠᠴᠠ ᠳᠤᠷᠤᠭᠰᠢ ︵65 ᠨᠠᠰᠤ ᠶᠢ ᠪᠠᠭᠲᠠᠭᠠᠨ᠎ᠠ︶ ᠪᠠᠶᠢᠬᠤ᠃ | ᠬᠤᠷᠢᠨ ᠲᠠᠪᠤᠳᠤᠭᠠᠷ ᠵᠦᠢᠯ ᠳᠠᠩᠰᠠᠯᠠᠭᠤᠯᠤᠯᠲᠠ ᠳᠤ ᠣᠷᠣᠯᠴᠠᠬᠤ ᠤᠯᠤᠰ ᠤᠨ ᠳᠡᠰ ᠤᠨ ᠬᠢᠨᠠᠭᠴᠢ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠤᠨ | ᠲᠠᠷᠬᠠᠭᠠᠭᠰᠠᠨ ︽ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠬᠢᠨᠠᠭᠴᠢ ᠳᠠᠩᠰᠠᠯᠠᠭᠤᠯᠬᠤ | ᠬᠦᠰᠦᠨᠦᠭᠲᠦ︾ ᠶᠢ ᠨᠠᠷᠢᠨ ᠲᠣᠳᠣᠷᠬᠠᠶ ᠲᠠᠭᠯᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠨᠢᠭᠡᠳᠦᠭᠡᠷ ᠳᠡᠰ᠂ ᠳᠡᠳ᠋᠂ ᠭᠤᠷᠪᠠᠳᠤᠭᠠᠷ ᠳᠡᠰ ᠤᠨ ᠬᠢᠨᠠᠭᠴ᠊ ᠢᠲ᠋ᠤᠰ | ᠲᠤᠰ ᠤᠨ ᠢᠶᠠᠨ ᠬᠢᠨᠠᠨ ᠵᠥᠪᠰᠢᠶᠡᠷᠡᠬᠦ ᠨᠢᠭᠡᠴᠡ ᠳᠤ ᠳᠠᠩᠰᠠᠯᠠᠭᠤᠯᠬᠤ ᠬᠡᠷᠡᠭᠲᠡᠶ᠃ ᠨᠢᠭᠡᠨᠲᠡ ᠳᠠᠩᠰᠠᠯᠠᠭᠤᠯᠤᠭᠰᠠᠨ | ᠨᠢᠭᠡᠳᠦᠭᠡᠷ ᠳᠡᠰ ᠤᠨ ᠬᠢᠨᠠᠭᠴᠢ ᠶᠢᠨ ᠨᠡᠷᠡᠰ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠡᠷᠭᠢᠯᠠᠭᠰᠠᠨ ᠨᠢᠭᠡ ᠬᠢᠨᠠᠭᠴᠢ ᠶᠢᠨ ᠪᠣᠯᠪᠠᠰᠤᠷᠠᠭᠤᠯᠤᠯ᠂ ᠬᠢᠨᠠᠨ | ᠰᠢᠯᠭᠠᠭᠠᠳ ᠬᠢᠷᠢ ᠲᠡᠩᠴᠡᠭᠰᠡᠨ ᠦᠭᠡᠶ ᠶᠢ ᠨᠢᠭᠡ ᠤᠳᠠᠭ᠎ᠠ ᠳᠠᠩᠰᠠᠯᠠᠬᠤ ᠪᠠᠨ ᠳᠦᠷ ᠵᠣᠭᠰᠣᠬᠤ︔ ᠵᠠᠯᠭᠠᠭ᠎ᠠ ᠪᠠᠷ | ᠬᠤᠶᠠᠷ ᠤᠳᠠᠭ᠎ᠠ ᠳᠠᠩᠰᠠᠯᠠᠭᠤᠯᠤᠭᠠ ᠦᠭᠡᠢ ᠬᠢᠨᠠᠭᠴᠢ ᠶᠢᠨ ᠮᠡᠷᠭᠡᠵᠢᠯ ᠤᠨ ᠵᠡᠷᠭᠡ ᠳᠡᠰ ᠤᠨ ᠴᠣᠯᠠ ᠥᠪᠡᠰᠦᠪᠡᠨ | ᠬᠠᠰᠤᠭᠳᠠᠵᠤ᠂ ᠲᠡᠭᠦᠨ ᠤ ᠬᠢᠨᠠᠭᠴᠢ ᠶᠢᠨ ᠦᠨᠡᠮᠯᠡᠯ ᠨᠢ ᠬᠦᠴᠦᠨ ᠦᠭᠡᠢ ᠪᠣᠯᠤᠨ᠎ᠠ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠬᠢᠨᠠᠭᠴᠢ ᠡᠷᠬᠡᠪᠰᠢ ᠳᠠᠩᠰᠠᠯᠠᠭᠤᠯᠤᠯᠲᠠ ᠪᠠᠷ ᠳᠠᠮᠵᠢᠨ | ᠪᠦᠬᠦ ᠤᠯᠤᠰ ᠤᠨ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠲᠤᠬᠠᠢ ᠶᠢᠨ ᠲᠠᠯᠠᠪᠠᠢ ᠶᠢᠨ | ᠣᠷᠤᠯᠳᠤᠭᠠᠨ ᠤ ᠬᠠᠤᠯᠢ ᠬᠡᠷᠡᠭᠵᠢᠬᠦᠯᠬᠦ ᠠᠵᠢᠯ ᠳᠤ ᠣᠷᠤᠯᠴᠠᠵᠤ ᠪᠣᠯᠣᠨ᠎ᠠ︔ | ᠵᠢᠷᠭᠤᠳᠤᠭᠠᠷ ᠪᠦᠯᠦᠭ ᠬᠢᠨᠠᠭᠴᠢ ᠶᠢ ᠲᠣᠮᠢᠯᠠᠬᠤ ᠪᠠ ᠤᠷᠢᠬᠤ | ᠬᠤᠷᠢ ᠶᠢᠰᠦᠳᠦᠭᠡᠷ ᠵᠦᠢᠯ ᠬᠢᠨᠠᠭᠴᠢ ᠶᠢ ᠰᠣᠩᠭᠤᠨ ᠲᠣᠮᠢᠯᠠᠬᠤ ᠳᠤ ᠢᠯᠡ ᠲᠣᠳᠣ᠂ ᠲᠥᠪ ᠭᠤᠣᠯᠴᠢ | ᠪᠠᠶᠢᠬᠤ ᠵᠠᠷᠴᠢᠮ ᠢ ᠵᠢᠷᠤᠮᠯᠠᠨ ᠪᠠᠷᠢᠮᠲᠠᠯᠠᠬᠤ ᠬᠡᠷᠡᠭᠲᠡᠶ᠃ | ᠭᠤᠴᠢᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠭᠤᠣᠯᠯᠠᠨ ᠡᠷᠬᠢᠯᠡᠭᠰᠡᠨ ᠪᠦᠬᠦ ᠤᠯᠤᠰ ᠤᠨ ᠴᠢᠨᠠᠷᠲᠠᠶ ᠪᠡᠶ᠎ᠡ | ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠷᠤᠯᠳᠤᠭᠠᠨ ᠬᠢᠨᠠᠬᠤ ᠠᠵᠢᠯ ᠳᠤ ᠬᠢᠨᠠᠭᠴᠢ ᠪᠠᠷ | ᠣᠷᠣᠯᠴᠠᠭᠰᠠᠨ ᠪᠠᠶᠢᠪᠠᠯ᠂ ᠬᠢᠨᠠᠭᠴᠢ ᠶᠢᠨ ᠮᠡᠷᠭᠡᠵᠢᠯ ᠤᠨ ᠵᠡᠷᠭᠡ ᠳᠡᠰ ᠨᠢ ᠨᠢᠭᠡᠳᠦᠭᠡᠷ ᠳᠡᠰ ᠠᠴᠠ ᠳᠣᠣᠷ᠎ᠠ ᠪᠠᠶᠢᠵᠤ | ᠪᠣᠯᠬᠤ ᠦᠭᠡᠶ᠃ | ᠭᠤᠴᠢᠨ ᠨᠢᠭᠡᠳᠦᠭᠡᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠭᠤᠣᠯᠯᠠᠨ ᠡᠷᠬᠢᠯᠡᠭᠰᠡᠨ ᠡᠯ᠎ᠡ ᠲᠦᠷᠦᠯ ᠤᠨ ᠪᠦᠬᠦ ᠤᠯᠤᠰ ᠤᠨ | ᠴᠢᠨᠠᠷᠲᠠᠶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠷᠤᠯᠳᠤᠭᠠᠨ ᠤ ᠭᠦᠢᠴᠡᠳᠬᠡᠬᠦ ᠬᠢᠨᠠᠭᠴᠢ ᠶᠢ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ ᠪᠡᠶ᠎ᠡ ᠶᠢᠨ ᠲᠠᠮᠢᠷ ᠵᠢᠭᠠᠨ ᠵᠢᠯᠣᠭᠤᠳᠬᠤ | ᠲᠥᠪ ᠠᠴᠠ ᠰᠣᠩᠭᠤᠨ ᠲᠣᠮᠢᠯᠠᠬᠤ ᠪᠠ ᠤᠷᠢᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠣᠷᠤᠯᠳᠤᠭᠠᠨ ᠡᠬᠢᠯᠡᠬᠦ ᠠᠴᠠ 30 ᠡᠳᠦᠷ ᠤᠨ ᠡᠮᠦᠨ᠎ᠡ | ᠬᠢᠨᠠᠭᠴᠢ ᠶᠢ ᠰᠣᠩᠭᠤᠨ ᠲᠣᠮᠢᠯᠠᠬᠤ ᠨᠡᠷᠡᠰ ᠢ ᠡᠯ᠎ᠡ ᠬᠤᠯᠪᠣᠭᠳᠠᠯ ᠪᠦᠬᠦᠢ ᠨᠢᠭᠡᠴᠢ ᠳᠤ ᠳᠠᠷᠤᠮᠠᠯᠯᠠᠨ ᠲᠠᠷᠬᠠᠭᠠᠨ᠎ᠠ᠂ | ᠡᠯ᠎ᠡ ᠨᠢᠭᠡᠴᠡ ᠡᠷᠬᠡᠪᠰᠢ ᠱᠠᠭᠠᠷᠳᠠᠯᠭ᠎ᠠ ᠶᠤᠰᠤᠭᠠᠷ ᠬᠠᠷᠢᠭᠤ ᠰᠠᠨᠠᠯ ᠲᠤᠰᠬᠠᠭᠰᠠᠨ ᠪᠠᠶᠢᠬᠤ ᠬᠡᠷᠡᠭᠲᠡᠶ᠃ ᠬᠤᠭᠤᠴᠠᠭ᠎ᠠ | ᠶᠣᠰᠣᠭᠠᠷ ᠥᠯᠥ ᠬᠠᠷᠢᠭᠤ ᠥᠭᠭᠦᠭᠰᠡᠨ ᠨᠢᠭᠡᠴᠢ ᠶᠢᠨ ᠬᠢᠨᠠᠭᠴᠢ ᠶᠢᠨ ᠲᠤᠭ᠎ᠠ ᠶᠢ ᠬᠦᠴᠦᠨ ᠦᠭᠡᠢ ᠪᠣᠯᠭᠠᠨ᠎ᠠ᠂ | ᠲᠠᠨᠢᠯᠴᠠᠭᠤᠯᠤᠭᠰᠠᠨ ᠨᠡᠷ᠎ᠡ ᠨᠢ ᠡᠷᠬᠡᠪᠰᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠬᠤ ᠲᠥᠪ ᠤᠨ ᠵᠥᠪᠰᠢᠶᠡᠷᠡᠯ ᠢ ᠣᠯᠣᠭᠰᠠᠨ ᠤ ᠳᠠᠷᠠᠭ᠎ᠠ ᠰᠠᠶ᠋ᠢ | ᠤᠷᠤᠯᠳᠤᠭᠠᠨ ᠳᠤ ᠣᠷᠤᠯᠴᠠᠵᠤ ᠲᠤᠬᠠᠶ ᠶᠢᠨ ᠲᠠᠯᠠᠪᠠᠢ ᠳᠤ ᠬᠢᠨᠠᠭᠴᠢ ᠪᠣᠯᠵᠤ ᠪᠣᠯᠣᠨ᠎ᠠ᠃ | ᠭᠤᠴᠢᠨ ᠭᠤᠷᠪᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠪᠡᠶ᠎ᠡ | ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠷᠤᠯᠳᠤᠭᠠᠨ ᠤ ᠬᠢᠨᠠᠭᠴᠢ ᠲᠣᠮᠢᠯᠠᠬᠤ ᠪᠠ | ᠤᠷᠢᠬᠤ ᠳᠤ ︽ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠨ ᠰᠢᠭᠦᠭᠴᠢ ᠶᠢᠨ ᠬᠠᠮᠢᠶᠠᠷᠤᠯᠲᠠ ᠶᠢᠨ | ᠠᠷᠭ᠎ᠠ︾ ᠶᠢᠨ ᠶᠣᠰᠣᠭᠠᠷ ᠬᠡᠷᠡᠭᠵᠢᠭᠦᠯᠦᠨ᠎ᠡ᠃ | ᠳᠣᠯᠣᠳᠤᠭᠠᠷ ᠪᠦᠯᠦᠭ ᠬᠢᠨᠠᠨ ᠰᠢᠭᠦᠭᠴᠢ ᠶᠢᠨ ᠬᠠᠮᠢᠶᠠᠷᠤᠯᠲᠠ | ᠭᠤᠴᠢᠨ ᠳᠥᠷᠪᠡᠳᠦᠭᠡᠷ ᠵᠦᠢᠯ ᠬᠢᠨᠠᠭᠴᠢ ᠣᠷᠤᠯᠳᠤᠭᠠᠨ ᠤ ᠲᠠᠯᠠᠪᠠᠢ ᠳᠤ ᠬᠦᠷᠦᠭᠰᠡᠨ ᠴᠠᠭ ᠠᠴᠠ ᠡᠬᠢᠯᠡᠨ | ᠂ ᠪᠢᠲᠡᠭᠦᠮᠵᠢᠯᠡᠭᠰᠡᠨ ᠬᠡᠯᠪᠡᠷᠢᠲᠦ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠬᠢᠨᠠᠭᠴᠢ ᠶᠢᠨ ᠳᠠᠷᠤᠭ᠎ᠠ ᠠᠴᠠ | ᠬᠢᠨᠠᠭᠴᠢ ᠶᠢᠨ ᠤᠷᠤᠯᠳᠤᠭᠠᠨ ᠤ ᠡᠮᠦᠨᠡᠬᠢ ᠪᠣᠯᠪᠠᠰᠤᠷᠠᠯ ᠪᠠ ᠬᠢᠨᠠᠨ ᠰᠢᠯᠭᠠᠯᠲᠠ ᠬᠢᠬᠦ ᠶᠢ ᠬᠠᠷᠢᠭᠤᠴᠠᠨ᠎ᠠ᠃ | ᠤᠷᠤᠯᠳᠤᠭᠠᠨ ᠤ ᠡᠮᠦᠨ᠎ᠡ 30 ᠮᠢᠨᠦ᠋ᠲ ᠲᠤ᠂ ᠰᠤᠭᠤᠯᠤᠭ᠎ᠠ ᠲᠠᠲᠠᠵᠤ ᠬᠤᠪᠢ ᠥᠭᠭᠦᠭᠴᠢ ᠬᠢᠨᠠᠭᠴᠢ ᠶᠢ | ᠲᠣᠭᠲᠠᠭᠠᠬᠤ ᠬᠡᠷᠡᠭᠲᠡᠶ᠃ ᠪᠦᠬᠦ ᠤᠯᠤᠰ ᠤᠨ ᠴᠢᠨᠠᠷᠲᠠᠶ ᠴᠢᠬᠤᠯᠠ ᠶᠡᠭᠡ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ | ︵ᠬᠡᠩᠭᠡᠷᠭᠡ︶ ᠤᠨ ᠤᠷᠤᠯᠳᠤᠭᠠᠨ ᠳᠤ ᠬᠤᠪᠢ ᠥᠭᠭᠦᠭᠴᠢ ᠬᠢᠨᠠᠭᠴᠢ ᠶᠢ ᠵᠠᠶᠢᠯᠠᠭᠤᠯᠬᠤ ᠳᠦᠷᠢᠮ ᠢ | ᠬᠡᠷᠡᠭᠵᠢᠬᠦᠯᠦᠨ᠎ᠡ ᠃ | ᠭᠤᠴᠢᠨ ᠲᠠᠪᠤᠳᠤᠭᠠᠷ ᠵᠦᠢᠯ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠬᠤ ᠲᠥᠪ ᠠᠴᠠ ᠬᠤᠶᠠᠷ ᠵᠢᠯ ᠲᠤᠲᠤᠮ ᠨᠢᠭᠡ ᠤᠳᠠᠭ᠎ᠠ ᠬᠢᠨᠠᠭᠴᠢ | ᠪᠣᠯᠪᠠᠰᠤᠷᠠᠭᠤᠯᠬᠤ ᠰᠤᠷᠭᠠᠯᠲᠠ ᠬᠢᠬᠦ ᠪᠥᠭᠡᠳ ᠬᠢᠨᠠᠭᠴᠢ ᠳᠤ ᠬᠢᠨᠠᠨ ᠰᠢᠯᠭᠠᠯᠲᠠ ᠬᠢᠨ᠎ᠡ᠃ ᠤᠯᠤᠰ ᠤᠨ ᠳᠡᠰ ᠤᠨ | ᠬᠢᠨᠠᠭᠴᠢ ᠨᠠᠭᠠᠳᠤ ᠵᠠᠬ᠎ᠠ ᠳᠠᠭᠠᠨ ᠬᠤᠶᠠᠷ ᠵᠢᠯ ᠳᠤ ᠨᠢᠭᠡ ᠤᠳᠠᠭ᠎ᠠ ᠬᠢᠨᠠᠭᠴᠢ ᠶᠢᠨ ᠪᠣᠯᠪᠠᠰᠤᠷᠠᠯ ᠪᠠ ᠬᠢᠨᠠᠨ | ᠰᠢᠯᠭᠠᠯᠲᠠ ᠳᠤ ᠣᠷᠤᠯᠴᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠤᠯᠤᠰ ᠤᠨ ᠲᠡᠰ ᠤᠨ ᠬᠢᠨᠠᠭᠴᠢ ᠳᠥᠷᠪᠡᠨ ᠵᠢᠯ ᠳᠤ ᠨᠢᠭᠡ ᠤᠳᠠᠭ᠎ᠠ | ᠳᠠᠬᠢᠨ ᠰᠢᠯᠭᠠᠯᠲᠠ ᠳᠤ ᠣᠷᠣᠯᠴᠠᠨ᠂ ᠳᠠᠬᠢᠨ ᠰᠢᠯᠭᠠᠯᠲᠠ ᠶᠢᠨ ᠲᠦᠷᠢᠮ ᠢ ᠡᠨᠡᠬᠦ ᠠᠷᠭ᠎ᠠ ᠶᠢᠨ ᠳᠦᠷᠪᠡᠳᠦᠭᠡᠷ | ᠪᠦᠯᠦᠭ ᠢᠶᠠᠷ ᠯᠠᠪᠯᠠᠯᠲᠠ ᠪᠣᠯᠭᠠᠵᠤ ᠬᠡᠷᠡᠭᠵᠢᠬᠦᠯᠦᠨ᠎ᠡ᠃ ᠳᠠᠬᠢᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠪᠣᠯ᠂ | ᠨᠢᠭᠡ ᠤᠳᠠᠭ᠎ᠠ ᠨᠥᠬᠦᠨ ᠰᠢᠯᠭᠠᠵᠤ ᠪᠣᠯᠤᠨ᠎ᠠ᠂ ᠨᠥᠬᠦᠵᠦ ᠰᠢᠯᠭᠠᠭᠤᠯᠤᠭᠠᠳ ᠬᠢᠷᠢ ᠲᠡᠩᠴᠡᠭᠰᠡᠨ ᠤᠢᠭᠡᠢ ᠪᠣᠯ | ᠤᠯᠤᠰ ᠤᠨ ᠳᠡᠰ ᠤᠨ ᠬᠢᠨᠠᠭᠴᠢ ᠶᠢᠨ ᠴᠤᠯᠠ ᠶᠢ ᠬᠦᠴᠦᠨ ᠦᠭᠡᠢ ᠪᠣᠯᠭᠠᠨ᠎ᠠ᠃ | ᠨᠠᠢᠮᠠᠳᠤᠭᠠᠷ ᠪᠦᠯᠦᠭ ᠱᠠᠩᠨᠠᠬᠤ ᠪᠠ ᠲᠣᠷᠭᠠᠬᠤ | ᠭᠤᠴᠢᠨ ᠳᠣᠯᠣᠳᠤᠭᠠᠷ ᠵᠦᠢᠯ ᠱᠠᠩᠨᠠᠨ ᠬᠥᠬᠢᠭᠦᠯᠬᠦ | ︵ᠨᠢᠭᠡ︶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠢ ᠬᠢᠨᠠᠬᠤ | ᠠᠵᠢᠯ ᠤᠨ ᠳᠤᠮᠳᠠ᠂ ᠬᠤᠯᠪᠣᠭᠳᠠᠯ ᠪᠦᠬᠦᠢ ᠲᠣᠭᠲᠠᠭᠠᠯ ᠢ ᠳᠠᠭᠠᠭᠤᠯᠤᠨ ᠵᠢᠷᠤᠮᠯᠠᠨ ᠰᠠᠬᠢᠵᠤ᠂ ᠣᠪᠣᠷ ᠰᠤᠷᠲᠠᠯ | ᠲᠥᠪ ᠴᠢᠭᠴᠢ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ᠂ ᠢᠯᠡᠷᠡᠯ ᠨᠢ ᠲᠤᠪᠦ᠋ᠢᠮ᠎ᠠ ᠪᠠᠶᠢᠪᠠᠯ ᠤᠷᠤᠯᠳᠤᠭᠠᠨ ᠤ | ᠣᠷᠣᠨ ᠪᠤᠶᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠯᠣᠭᠤᠳᠬᠤ ᠲᠥᠪ ᠠᠴᠠ ᠬᠥᠬᠢᠭᠦᠯᠦᠨ ᠱᠠᠩᠨᠠᠬᠤ ᠬᠡᠷᠡᠭᠲᠡᠶ᠃ | ︵ᠬᠤᠶᠠᠷ︶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠤ ᠳᠦᠷᠢᠮ᠂ | ᠬᠢᠨᠠᠭᠴᠢ ᠶᠢᠨ ᠬᠠᠤᠯᠢ᠂ ᠪᠠᠭᠠᠵᠢ ᠬᠡᠷᠡᠭᠰᠡᠯ ᠪᠠ ᠤᠷᠤᠯᠳᠤᠭᠠᠨ ᠶᠠᠪᠤᠭᠤᠯᠬᠤ ᠳᠦᠷᠢᠮ ᠤᠨ ᠰᠤᠳᠤᠯᠭᠠᠨ ᠢ | ᠦᠷᠨᠢᠬᠦᠯᠵᠤ᠂ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠤ ᠠᠵᠢᠯ ᠢᠯᠡᠳᠲᠡ | ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠤᠯᠤᠰ ᠤᠨ ᠪᠡᠶ᠎ᠡ ᠲᠠᠮᠢᠷ ᠤᠨ ᠶᠡᠷᠦᠩᠬᠡᠶ ᠲᠣᠪᠴᠢᠶᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠬᠥᠬᠢᠭᠦᠯᠦᠨ ᠱᠠᠩᠨᠠᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠰᠢᠳᠬᠡᠬᠦ | ᠬᠢᠨᠠᠭᠴᠢ ᠳᠤ ᠦᠭᠬᠦ ᠰᠢᠳᠭᠡᠯ ᠄ ᠳᠣᠩᠭᠤᠳᠬᠤ᠂ ᠲᠤᠰ ᠤᠳᠠᠭᠠᠨ ᠤ ᠤᠷᠤᠯᠳᠤᠭᠠᠨ ᠢ ᠬᠢᠨᠠᠬᠤ ᠬᠢᠷᠢ ᠬᠡᠮ ᠢ | ᠨᠢ ᠬᠦᠴᠦᠨ ᠦᠭᠡᠢ ᠪᠣᠯᠭᠠᠵᠤ᠂ ᠬᠢᠨᠠᠭᠴᠢ ᠶᠢᠨ ᠠᠵᠢᠯ ᠢ ᠬᠤᠶᠠᠷ ᠵᠢᠯ ᠵᠣᠭᠰᠣᠭᠠᠬᠤ᠂ ᠨᠢᠭᠡ ᠤᠳᠠᠭ᠎ᠠ | ᠳᠠᠩᠰᠠᠯᠠᠬᠤ ᠪᠠᠨ ᠳᠦᠷ ᠵᠤᠭᠰᠤᠵᠤ᠂ ᠮᠡᠷᠭᠡᠵᠢᠯ ᠤᠨ ᠵᠡᠷᠭᠡ ᠳᠡᠰ ᠤᠨ ᠴᠤᠯᠠ ᠶᠢ ᠬᠦᠴᠦᠨ ᠦᠭᠡᠢ ᠪᠣᠯᠭᠠᠵᠤ᠂ | ᠬᠢᠨᠠᠭᠴᠢ ᠶᠢᠨ ᠠᠵᠢᠯ ᠢ ᠨᠢ ᠨᠠᠰᠤᠨ ᠲᠤᠷᠰᠢᠳᠠ ᠨᠢ ᠵᠣᠭᠰᠣᠭᠠᠵᠤ᠂ ᠬᠢᠨᠠᠭᠴᠢ ᠳᠤ ᠦᠭᠭᠦᠭᠰᠡᠨ ᠰᠢᠳᠭᠡᠯ ᠢ | ᠬᠢᠨᠠᠭᠴᠢ ᠶᠢᠨ ᠪᠠᠶᠢᠭ᠎ᠠ ᠨᠢᠭᠡᠴᠢ ᠳᠤ ᠪᠢᠴᠢᠭ ᠤᠨ ᠬᠡᠯᠪᠡᠷᠢ ᠪᠠᠷ ᠮᠡᠳᠡᠭᠳᠡᠨ᠎ᠡ᠃ | ︵ᠨᠢᠭᠡ︶ ᠤᠯᠤᠰ ᠤᠨ ᠳᠡᠰ ᠤᠨ ᠬᠢᠨᠠᠭᠴᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠵᠥᠪᠰᠢᠶᠡᠷᠡᠭᠰᠡᠨ ᠦᠭᠡᠢ ᠪᠦᠬᠦ ᠤᠯᠤᠰ ᠤᠨ | ᠴᠢᠨᠠᠷᠲᠠᠶ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ ︵ᠬᠡᠩᠭᠡᠷᠭᠡ︶ ᠤᠨ ᠤᠷᠤᠯᠳᠤᠭᠠᠨ ᠳᠤ ᠬᠢᠨᠠᠭᠴᠢ ᠪᠠᠷ | ᠣᠷᠤᠯᠴᠠᠭᠰᠠᠨ ᠪᠠᠶᠢᠪᠠᠯ᠂ ᠬᠢᠨᠠᠭᠴᠢ ᠶᠢᠨ ᠠᠵᠢᠯ ᠢ ᠨᠢ ᠬᠤᠶᠠᠷ ᠵᠢᠯ ᠵᠣᠭᠰᠣᠭᠠᠬᠤ ᠪᠥᠭᠡᠳ ᠨᠢᠭᠡ ᠤᠳᠠᠭ᠎ᠠ | ᠳᠠᠩᠰᠠᠯᠠᠬᠤ ᠪᠠᠨ ᠳᠦᠷ ᠵᠣᠭᠰᠣᠬᠤ ᠪᠣᠯᠤᠨ᠎ᠠ᠃ | ︵ᠬᠤᠶᠠᠷ︶ ᠤᠯᠤᠰ ᠤᠨ ᠳᠡᠰ ᠤᠨ ᠬᠢᠨᠠᠭᠴᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠬᠤ ᠲᠥᠪ ᠤᠨ ᠵᠦᠪᠰᠢᠶᠡᠷᠡᠯ ᠤᠢᠭᠡᠢ ᠪᠡᠷ᠎ᠡ ᠳᠤᠷ᠎ᠠ ᠪᠠᠷ ᠢᠶᠠᠨ | ᠮᠤᠵᠢ ᠬᠤᠳᠠ ᠠᠯᠤᠰᠯᠠᠭᠰᠠᠨ ᠡᠯ᠎ᠡ ᠵᠦᠢᠯ ᠤᠨ ᠪᠡᠶ᠎ᠡ ᠴᠢᠭᠢᠷᠠᠭᠵᠢᠭᠤᠯᠬᠤ ᠶᠠᠩᠭᠠᠷ ︵ᠬᠡᠩᠭᠡᠷᠭᠡ︶ ᠤᠨ | ᠤᠷᠤᠯᠳᠤᠭᠠᠨ ᠳᠤ ᠤᠷᠢᠭᠳᠠᠨ ᠣᠷᠤᠯᠴᠠᠭᠰᠠᠨ ᠪᠠᠶᠢᠪᠠᠯ ᠬᠢᠨᠠᠭᠴᠢ ᠶᠢᠨ ᠠᠵᠢᠯ ᠢ ᠨᠢ ᠬᠤᠶᠠᠷ ᠵᠢᠯ ᠵᠣᠭᠰᠤᠭᠠᠬᠤ | ᠪᠥᠭᠡᠳ ᠨᠢᠭᠡ ᠤᠳᠠᠭ᠎ᠠ ᠳᠠᠩᠰᠠᠯᠠᠬᠤ ᠪᠠᠨ ᠳᠦᠷ ᠵᠣᠭᠰᠣᠬᠤ ᠪᠣᠯᠤᠨ᠎ᠠ᠃ | ︵ᠭᠤᠷᠪᠠ︶ ᠤᠷᠤᠯᠳᠤᠭᠠᠨ ᠤ ᠲᠣᠭᠤᠷᠢᠭ ᠤᠨ ᠰᠢᠳᠬᠡᠬᠦ ᠲᠣᠭᠲᠠᠭᠠᠯ᠄ | 1 . ᠤᠴᠢᠷ ᠰᠢᠯᠲᠠᠭᠠᠨ ᠦᠭᠡᠢ ᠪᠠᠷ ᠴᠠᠭ ᠲᠤᠬᠠᠶ ᠳᠤᠨᠢ ᠤᠷᠤᠯᠳᠤᠭᠠᠨ ᠤ ᠲᠠᠯᠠᠪᠠᠢ ᠳᠤ ᠬᠦᠷᠴᠤ ᠨᠡᠷ᠎ᠡ | ᠮᠡᠳᠡᠭᠦᠯᠬᠦ ᠦᠭᠡᠢ᠂ ᠬᠢᠨᠠᠭᠴᠢ ᠶᠢᠨ ᠪᠠᠭ ᠤᠨ ᠠᠵᠢᠯᠯᠠᠭ᠎ᠠ ᠳᠤ ᠣᠷᠣᠯᠴᠠᠬᠤ ᠤᠢᠭᠡᠢ ᠪᠣᠯ ᠡᠨᠡ ᠤᠳᠠᠭ᠎ᠠ ᠶᠢᠨ | ᠣᠷᠤᠯᠳᠤᠭᠠᠨ ᠤ ᠬᠢᠨᠠᠭᠴᠢ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ | 2 ᠂ ᠤᠷᠤᠯᠳᠤᠬᠤ ᠠᠴᠠ ᠡᠮᠦᠨᠡᠬᠢ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠶ ᠪᠣᠯ ᠲᠤᠰ ᠤᠳᠠᠭᠠᠨ ᠤ | ᠤᠷᠤᠯᠳᠤᠭᠠᠨ ᠢ ᠬᠢᠨᠠᠬᠤ ᠬᠢᠷᠢ ᠬᠡᠮ ᠢ ᠬᠦᠴᠦᠨ ᠦᠭᠡᠢ ᠪᠣᠯᠭᠠᠨ᠎ᠠ᠃ | 3 . ᠴᠢᠯᠥᠭᠡ ᠬᠡᠯᠡᠭᠰᠡᠨ ᠤᠢᠭᠡᠢ᠂ ᠤᠷᠤᠯᠳᠤᠭᠠᠨ ᠤ ᠲᠣᠭᠤᠷᠢᠭ ᠠᠴᠠ ᠳᠤᠷ᠎ᠠ ᠪᠠᠷ ᠢᠶᠠᠨ ᠰᠠᠯᠵᠤ᠂ ᠤᠴᠢᠷ | ᠰᠢᠯᠲᠠᠭᠠᠨ ᠦᠭᠡᠢ ᠪᠠᠷ ᠬᠤᠶᠠᠷ ᠤᠳᠠᠭ᠎ᠠ ᠬᠢᠨᠠᠭᠴᠢ ᠶᠢᠨ ᠠᠵᠢᠯ ᠢᠶᠠᠨ ᠬᠢᠭᠰᠡᠨ ᠦᠭᠡᠢ ᠪᠣᠯ ᠬᠢᠨᠠᠭᠴᠢ ᠶᠢᠨ ᠠᠵᠢᠯ ᠢ | ᠨᠢ ᠬᠤᠶᠠᠷ ᠵᠢᠯ ᠵᠤᠭᠰᠤᠭᠠᠨ᠎ᠠ᠃ | 4 . ᠲᠠᠯᠠᠪᠠᠢ ᠶᠢᠨ ᠬᠤᠪᠢ ᠤᠯᠭᠤᠯᠲᠠ ᠶᠢᠨ ᠠᠵᠢᠯ ᠳᠡᠭᠡᠷ᠎ᠡ ᠢᠯᠡᠳᠲᠡ ᠪᠤᠷᠤᠭᠤ ᠲᠠᠰᠤᠯᠠᠭᠰᠠᠨ ᠪᠠᠶᠢᠪᠠᠯ | ᠢᠳᠬᠠᠯ ᠥᠭᠭᠦᠨ᠎ᠡ︔ ᠬᠤᠶᠠᠷ ᠤᠳᠠᠭ᠎ᠠ ᠢᠳᠬᠠᠵᠤ᠂ ᠰᠢᠷ᠎ᠠ ᠫᠠᠶᠢᠰᠠ ᠶᠢᠨ ᠰᠡᠷᠡᠮᠵᠢᠬᠦᠯᠦᠯ ᠥᠭᠴᠦ᠂ ᠳᠠᠷᠠᠭ᠎ᠠ | ᠤᠳᠠᠭᠠᠨ ᠤ ᠲᠠᠯᠠᠪᠤᠷ ᠤᠷᠤᠯᠳᠤᠭᠠᠨ ᠤ ᠬᠢᠨᠠᠭᠴᠢ ᠶᠢᠨ ᠠᠵᠢᠯ ᠢ ᠨᠢ ᠵᠣᠭᠰᠣᠭᠠᠬᠤ︔ ᠲᠤᠰ ᠤᠳᠠᠭᠠᠨ ᠤ | ᠤᠷᠤᠯᠳᠤᠭᠠᠨ ᠳᠤ ᠬᠡᠷᠪᠡ ᠬᠤᠶᠠᠷ ᠤᠳᠠᠭ᠎ᠠ ᠰᠢᠷ᠎ᠠ ᠫᠠᠶᠢᠰᠠ ᠶᠢᠨ ᠰᠡᠷᠡᠮᠵᠢᠬᠦᠯᠦᠯ ᠣᠯᠣᠭᠰᠠᠨ ᠪᠠᠶᠢᠪᠠᠯ ᠤᠯᠠᠭᠠᠨ | ᠫᠠᠶᠢᠰᠠ ᠶᠢᠨ ᠰᠡᠷᠡᠮᠵᠢᠬᠦᠯᠦᠯ ᠦᠭᠴᠦ ᠲᠤᠰ ᠤᠳᠠᠭᠠᠨ ᠤ ᠤᠷᠤᠯᠳᠤᠭᠠᠨ ᠤ ᠬᠢᠨᠠᠭᠴᠢ ᠶᠢᠨ ᠬᠢᠷᠢ ᠬᠡᠮ ᠢ ᠨᠢ | ᠬᠦᠴᠦᠨ ᠦᠭᠡᠢ ᠪᠣᠯᠭᠠᠵᠤ ᠬᠤᠶᠠᠷ ᠵᠢᠯ ᠬᠢᠨᠠᠭᠴᠢ ᠶᠢᠨ ᠠᠵᠢᠯ ᠢ ᠨᠢ ᠵᠤᠭᠰᠤᠭᠠᠨ᠎ᠠ᠃ | 5 . ᠤᠷᠤᠯᠳᠤᠬᠤ ᠠᠴᠠ ᠡᠮᠦᠨ᠎ᠡ ᠳᠡᠰ ᠳᠠᠷᠠᠭᠠᠯᠠᠯ ᠢ ᠨᠢ ᠲᠣᠭᠲᠠᠭᠠᠵᠤ᠂ ᠨᠢᠭᠡ ᠲᠠᠯ᠎ᠠ ᠶᠢ ᠨᠢ | ᠥᠮᠥᠭᠡᠷᠡᠭᠰᠡᠨ ᠪᠤᠶᠤ ᠳᠠᠷᠤᠵᠤ᠂ ᠲᠥᠪ ᠭᠤᠣᠯᠴᠢ ᠪᠠᠷ ᠬᠠᠤᠯᠢ ᠬᠡᠷᠡᠭᠵᠢᠬᠦᠯᠬᠦ ᠶᠢ ᠬᠠᠷᠰᠢᠯᠠᠭᠰᠠᠨ ᠪᠠᠶᠢᠪᠠᠯ | ᠬᠠᠷᠰᠢᠯᠠᠬᠤ᠂ ᠬᠢᠨᠠᠭᠴᠢ ᠶᠢᠨ ᠠᠵᠢᠯ ᠢ ᠨᠢ ᠬᠤᠶᠠᠷ ᠵᠢᠯ ᠵᠣᠭᠰᠤᠭᠠᠬᠤ ᠪᠥᠭᠡᠳ ᠨᠢᠭᠡ ᠤᠳᠠᠭ᠎ᠠ ᠳᠠᠩᠰᠠᠯᠠᠬᠤ ᠪᠠᠨ | ᠳᠦᠷ ᠵᠣᠭᠰᠣᠬᠤ ᠪᠣᠯᠤᠨ᠎ᠠ᠃ | 6 . ᠢᠯᠡᠳᠲᠡ ᠠᠯᠳᠠᠰᠢ ᠭᠠᠷᠭᠠᠭᠰᠠᠨ ᠪᠤᠶᠤ ᠦᠮᠦᠭᠡᠷᠡᠭᠰᠡᠨ ᠠᠵᠢᠯᠯᠠᠭ᠎ᠠ ᠲᠠᠢ ᠬᠢᠨᠠᠭᠴᠢ ᠨᠢ ᠬᠢᠨᠠᠭᠴᠢ ᠶᠢᠨ | ᠳᠠᠷᠤᠭ᠎ᠠ ᠶᠢᠨ ᠲᠣᠭᠲᠠᠭᠠᠯ ᠢ ᠥᠯᠥ ᠬᠦᠯᠢᠶᠡᠨ ᠠᠪᠴᠤ᠂ | ᠬᠢᠨᠠᠭᠴᠢᠳ ᠤᠨ ᠳᠠᠷᠤᠭ᠎ᠠ᠂ ᠳᠡᠳ᠋ ᠬᠢᠨᠠᠭᠴᠢ ᠶᠢᠨ ᠳᠠᠷᠤᠭ᠎ᠠ ᠢᠯᠡᠳᠲᠡ ᠠᠯᠳᠠᠰᠢ ᠭᠠᠷᠭᠠᠭᠰᠠᠨ ᠪᠠ | ᠤᠷᠤᠯᠳᠤᠭᠠᠨ ᠤ ᠬᠢᠨᠠᠯᠲᠠ ᠲᠠᠯᠪᠢᠬᠤ ᠵᠥᠪᠯᠡᠯ ᠤᠨ ᠬᠢᠨᠠᠯᠲᠠ ᠶᠢ ᠬᠦᠯᠢᠶᠡᠬᠦ ᠦᠭᠡᠢ ᠪᠣᠯ᠂ ᠤᠯᠠᠭᠠᠨ ᠫᠠᠶᠢᠰᠠᠳᠤ | ᠰᠡᠷᠡᠮᠵᠢ ᠦᠭᠴᠦ᠂ ᠮᠡᠷᠭᠡᠵᠢᠯ ᠤᠨ ᠵᠡᠷᠭᠡ ᠳᠡᠰ ᠤᠨ ᠴᠣᠯᠠ ᠶᠢ ᠨᠢ ᠬᠦᠴᠦᠨ ᠦᠭᠡᠢ ᠪᠣᠯᠭᠠᠨ᠎ᠠ᠃ | 7 . ᠬᠢᠨᠠᠭᠴᠢ ᠳᠣᠣᠷ᠎ᠠ ᠵᠢᠭᠰᠠᠭᠠᠭᠰᠠᠨ ᠦᠢᠯᠡ ᠪᠠᠶᠢᠳᠠᠯ ᠪᠠᠶᠢᠪᠠᠯ ᠮᠡᠷᠭᠡᠵᠢᠯ ᠤᠨ ᠵᠡᠷᠭᠡ ᠳᠡᠰ ᠤᠨ | ᠴᠣᠯᠠ ᠶᠢ ᠬᠦᠴᠦᠨ ᠦᠭᠡᠢ ᠪᠣᠯᠭᠠᠵᠤ᠂ ᠬᠢᠨᠠᠭᠴᠢ ᠶᠢᠨ ᠠᠵᠢᠯ ᠢ ᠨᠢ ᠨᠠᠰᠤᠨ ᠲᠤᠷᠰᠢᠳᠠ ᠵᠤᠭᠰᠤᠭᠠᠬᠤ ᠰᠢᠳᠬᠡᠯ | ᠥᠭᠭᠦᠨ᠎ᠡ᠄ | ︵1︶ ᠬᠡᠭᠡᠯᠢ ᠲᠦᠯᠬᠢᠵᠦ ᠬᠠᠭ᠋ᠤᠤᠯᠢ ᠢᠳᠡᠬᠦ᠂ ᠬᠠᠤᠯᠢ ᠶᠢ ᠭᠤᠣᠯᠴᠢ ᠪᠤᠰᠤ ᠬᠡᠷᠡᠭᠵᠢᠭᠦᠯᠬᠦ︔ | ︵2︶ ᠴᠢᠬᠤᠯᠠ ᠤᠷᠤᠯᠳᠤᠭᠠᠨ ᠳᠤ ᠢᠯᠡᠷᠬᠡᠶ ᠪᠤᠷᠤᠭᠤ ᠬᠢᠨᠠᠵᠤ᠂ ᠮᠠᠭᠤ ᠨᠥᠯᠥᠭᠡ ᠭᠠᠷᠭᠠᠭᠰᠠᠨ︔ | ︵3︶ ᠡᠷᠡᠭᠦᠦ ᠶᠢᠨ ᠬᠠᠤᠯᠢ ᠳᠤ ᠬᠠᠯᠳᠠᠭᠰᠠᠨ ᠪᠠᠶᠢᠪᠠᠯ ᠡᠷᠡᠭᠦᠦ ᠤᠨ ᠰᠢᠳᠭᠡᠯ ᠣᠯᠭᠤᠨ᠎ᠠ᠃ | ᠭᠤᠴᠢ ᠶᠢᠰᠦᠳᠦᠭᠡᠷ ᠵᠦᠢᠯ ᠤᠷᠤᠯᠳᠤᠭᠠᠨ ᠤ ᠲᠠᠯᠠᠪᠤᠷ ᠲᠤ ᠰᠢᠳᠬᠡᠬᠦ ᠵᠢᠷᠤᠮ | ︵ᠨᠢᠭᠡ︶ ᠬᠢᠨᠠᠭᠴᠢ ᠶᠢ ᠢᠳᠬᠠᠬᠤ᠂ ᠰᠢᠷ᠎ᠠ ᠫᠠᠶᠢᠰᠠ ᠪᠠᠷ ᠰᠡᠷᠡᠮᠵᠢᠯᠡᠭᠦᠯᠬᠦ ᠠᠵᠢᠯ ᠢ ᠬᠢᠨᠠᠭᠴᠢᠳ ᠤᠨ | ᠳᠠᠷᠤᠭ᠎ᠠ ᠬᠡᠷᠡᠭᠵᠢᠭᠦᠯᠦᠨ᠎ᠡ︔ ᠤᠯᠠᠭᠠᠨ ᠫᠠᠶᠢᠰᠠ ᠦᠭᠴᠦ ᠰᠡᠷᠡᠮᠵᠢᠯᠡᠭᠦᠯᠬᠦ ᠴᠢᠬᠤᠯᠠᠲᠠᠶ ᠪᠣᠯ ᠤᠷᠤᠯᠳᠤᠭᠠᠨ ᠤ | ᠬᠢᠨᠠᠯᠲᠠ ᠲᠠᠯᠪᠢᠬᠤ ᠵᠥᠪᠯᠡᠯ ᠤᠨ ᠵᠥᠪᠰᠢᠶᠡᠷᠡᠯ ᠢ ᠤᠯᠬᠤ ᠬᠡᠷᠡᠭᠲᠡᠶ᠃ | ︵ᠬᠤᠶᠠᠷ︶ ᠬᠢᠨᠠᠭᠴᠢᠳ ᠤᠨ ᠳᠠᠷᠤᠭ᠎ᠠ᠂ ᠳᠡᠳ᠋ ᠬᠢᠨᠠᠭᠴᠢ ᠶᠢᠨ ᠳᠠᠷᠤᠭ᠎ᠠ ᠳᠤ ᠰᠡᠷᠡᠮᠵᠢ ᠦᠭᠬᠦ ᠠᠵᠢᠯ ᠢ | ᠤᠷᠤᠯᠳᠤᠭᠠᠨ ᠤ ᠬᠢᠨᠠᠯᠲᠠ ᠲᠠᠯᠪᠢᠬᠤ ᠺᠣᠮᠢᠰ ᠭᠦᠢᠴᠡᠳᠬᠡᠬᠦ ᠬᠡᠷᠡᠭᠲᠡᠶ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠥᠷᠢᠮ | ᠳᠥᠴᠢᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠪᠡᠶ᠎ᠡ ᠴᠢᠭᠢᠷᠠᠭᠵᠢᠭᠤᠯᠬᠤ ᠶᠠᠩᠭᠠᠷ ᠪᠥᠵᠢᠭ | ︵ᠬᠡᠩᠭᠡᠷᠭᠡ︶ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠨᠡᠶᠢᠭᠡᠮᠯᠢᠭ ᠨᠢ ᠲᠤᠰ ᠠᠷᠭ᠎ᠠ ᠶᠢ | ᠦᠨᠳᠦᠰᠦᠯᠡᠨ ᠬᠠᠮᠢᠶᠠᠷᠤᠯᠲᠠ ᠶᠢᠨ ᠠᠷᠭ᠎ᠠ ᠪᠣᠯᠤᠨ ᠬᠡᠷᠡᠭᠵᠢᠭᠦᠯᠬᠦ ᠨᠠᠷᠢᠨ ᠵᠢᠭᠠᠯᠲᠠ ᠶᠢ ᠲᠣᠭᠲᠠᠭᠠᠵᠤ ᠪᠣᠯᠣᠨ᠎ᠠ᠃ | ᠳᠥᠴᠢᠨ ᠨᠢᠭᠡᠳᠦᠭᠡᠷ ᠵᠦᠢᠯ ᠲᠤᠰ ᠠᠷᠭ᠎ᠠ ᠨᠢ ︽ᠪᠡᠶ᠎ᠡ ᠶᠢᠨ ᠲᠠᠮᠢᠷ ᠤᠨ ᠤᠷᠤᠯᠳᠤᠭᠠᠨ ᠤ | ᠬᠢᠨᠠᠭᠴᠢ ᠶᠢᠨ ᠬᠠᠮᠢᠶᠠᠷᠤᠯᠲᠠ ᠶᠢᠨ ᠠᠷᠭ᠎ᠠ︾ ᠲᠠᠢ ᠨᠢᠭᠡᠳᠦᠯ ᠦᠭᠡᠢ ᠪᠠᠶᠢᠪᠠᠯ ︽ᠪᠡᠶ᠎ᠡ ᠶᠢᠨ ᠲᠠᠮᠢᠷ ᠤᠨ | ᠤᠷᠤᠯᠳᠤᠭᠠᠨ ᠤ ᠬᠢᠨᠠᠭᠴᠢ ᠶᠢᠨ ᠬᠠᠮᠢᠶᠠᠷᠤᠯᠲᠠ ᠶᠢᠨ ᠠᠷᠭ᠎ᠠ︾ ᠪᠠᠷ ᠪᠠᠷᠢᠮᠵᠢᠶ᠎ᠠ ᠪᠣᠯᠭᠠᠬᠤ ᠬᠡᠷᠡᠭᠲᠡᠶ᠃ | ᠳᠥᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠠᠭᠤᠯᠭ᠎ᠠ ᠶᠢ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠶ ᠲᠣᠪᠴᠢᠶᠠᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠳᠥᠴᠢᠨ ᠭᠤᠷᠪᠠᠳᠤᠭᠠᠷ ᠵᠦᠢᠯ ᠲᠤᠰ ᠠᠷᠭ᠎ᠠ ᠶᠢ 2018 ᠣᠨ ᠤ 4 ᠰᠠᠷ᠎ᠠ ᠶᠢᠨ 11 ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |