ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ | ᠬᠠᠮᠠᠭᠠᠯᠠᠬᠤ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠵᠠᠮ ᠲᠡᠭᠡᠭᠡᠪᠦᠷᠢ ᠶᠢᠨ | ᠶᠠᠮᠤᠨ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠵᠢᠭᠤᠯᠴᠢᠯᠠᠯ ᠤᠨ ᠲᠣᠪᠴᠢᠶ᠎ᠠ ᠶᠢᠨ ︽ | ᠮᠠᠷᠠᠽᠤᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠠᠰ ᠲᠠᠭᠠᠨ ᠲᠥᠯᠥᠪᠯᠡᠭᠡ ᠬᠢᠬᠦ | ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ︵ᠲᠣᠪᠴᠢᠶ᠎ᠠ︶᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ | ᠲᠢᠩᠬᠢᠮ ︵ᠵᠥᠪᠯᠡᠯ︶᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ | ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ᠂ ᠵᠢᠭᠤᠯᠴᠢᠯᠠᠯ ᠤᠨ ᠲᠣᠪᠴᠢᠶ᠎ᠠ ︵ᠺᠣᠮᠢᠰ︶᠄ | ︽ᠪᠡᠶ᠎ᠡ ᠶᠢᠨ ᠲᠠᠮᠢᠷ ᠤᠨ ᠦᠢᠯᠡᠰ ᠢ ᠲᠦᠷᠭᠡᠨ ᠬᠥᠭᠵᠢᠭᠦᠯᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠲᠦᠷᠭᠡᠨ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︵ᠲᠥᠷᠥ ᠶᠢᠨ ᠲᠠᠷᠬᠠᠭᠠᠭᠰᠠᠨ ﹇2014﹈ 46 ᠳ᠋ᠤᠭᠠᠷ ᠲᠣᠭᠠᠲᠤ︶᠂ ︽ᠪᠡᠶ᠎ᠡ | ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠶᠢᠨ ᠠᠯᠪᠠᠨ ᠤ | ᠲᠠᠷᠬᠠᠭᠠᠭᠰᠠᠨ ﹇2016﹈ 77 ᠳ᠋ᠤᠭᠠᠷ ᠲᠣᠭᠠᠲᠤ︶᠂ ᠪᠢᠳᠡ ︽ᠮᠠᠷᠠᠽᠤᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠶᠢ ᠰᠤᠳᠤᠯᠤᠨ ᠲᠤᠭᠲᠠᠭᠠᠯ᠎ᠠ᠃ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠮᠠᠷᠠᠰᠤᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠬᠡᠷᠡᠭᠲᠡᠶ᠃ | | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ | ᠳᠣᠲᠣᠭᠠᠳᠤ ᠶᠢ ᠬᠠᠮᠠᠭᠠᠯᠠᠬᠤ ᠶᠠᠮᠤᠨ | ᠡᠳ᠋ ᠤᠨ ᠵᠠᠰᠠᠭ ᠤᠨ ᠶᠠᠮᠤᠨ | ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ | ᠵᠠᠮ ᠲᠡᠭᠡᠭᠡᠪᠦᠷᠢ ᠶᠢᠨ ᠶᠠᠮᠤᠨ | ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠢᠶ᠎ᠠ | ᠵᠢᠭᠤᠯᠴᠢᠯᠠᠯ ᠤᠨ ᠲᠣᠪᠴᠢᠶ᠎ᠠ | | | ᠮᠠᠷᠠᠰᠤᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ | ᠮᠠᠷᠠᠽᠤᠨ ᠲᠠᠮᠢᠷ ᠤᠨ ᠠᠵᠤ ᠦᠢᠯᠡᠰ ᠤᠨ ᠬᠡᠳᠡᠭ ᠨᠢ ᠮᠠᠷᠠᠽᠤᠨ ᠤᠷᠤᠯᠳᠤᠭᠠᠨ ᠵᠢᠴᠢ ᠬᠤᠯᠪᠣᠭᠳᠠᠯ ᠪᠦᠬᠦᠢ | ᠲᠠᠮᠢᠷ ᠤᠨ ᠬᠥᠳᠡᠯᠭᠡᠭᠡᠨ ︵ᠭᠤᠣᠯᠳᠠᠭᠤ 42.195 ᠺᠢᠯᠣᠮᠧᠲᠷ ᠬᠤᠯᠠ ᠵᠠᠶᠢᠲᠤ ᠮᠠᠷᠠᠰᠤᠨ ᠭᠦᠶᠦᠬᠦ ᠬᠥᠳᠡᠯᠭᠡᠭᠡᠨ | ᠵᠢᠴᠢ ᠮᠠᠷᠠᠽᠤᠨ ᠬᠥᠳᠡᠯᠭᠡᠭᠡᠨ ᠲᠠᠢ ᠬᠤᠯᠪᠤᠭ᠎ᠠ ᠲᠠᠢ ᠪᠦᠬᠦ ᠭᠡᠷ ᠤᠨ ᠭᠠᠳᠠᠨ᠎ᠠ ᠳᠣᠲᠣᠨ᠎ᠠ ᠶᠠᠪᠤᠭᠳᠠᠬᠤ ᠬᠤᠯᠠ | ᠭᠦᠶᠦᠬᠦ᠂ ᠠᠯᠬᠤᠬᠤ ᠵᠡᠷᠭᠡ︶ ᠤ ᠦᠢᠯᠡᠳᠬᠦᠨ ᠪᠠ ᠦᠢᠯᠡᠴᠢᠯᠡᠭᠡ ᠶᠢᠨ ᠲᠠᠯ᠎ᠠ ᠪᠠᠷ ᠬᠢ ᠠᠯᠢ ᠤᠯᠠᠨ ᠠᠵᠤ | ᠠᠬᠤᠶ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ | ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠮᠠᠷᠠᠽᠤᠨ ᠲᠠᠮᠢᠷ ᠤᠨ ᠠᠵᠤ ᠦᠢᠯᠡᠰ | ᠤᠢᠢᠷ᠎ᠠ ᠶᠢᠨ ᠵᠢᠯ ᠤᠳ ᠲᠤ ᠶᠡᠭᠡ ᠪᠠᠷ ᠬᠦᠭᠵᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ᠂ | ᠪᠡᠶ᠎ᠡ ᠶᠢᠨ ᠲᠠᠮᠢᠷ ᠤᠨ ᠰᠣᠶᠣᠯ ᠢ ᠪᠠᠳᠠᠷᠠᠭᠤᠯᠵᠤ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠬᠤ ᠴᠢᠬᠤᠯᠠ | ᠲᠠᠪᠴᠠᠩ ᠪᠣᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠬᠦᠭᠵᠢᠬᠦᠯᠬᠦ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠴᠢᠬᠤᠯᠠ | ᠬᠥᠳᠡᠯᠭᠡᠭᠦᠷ ᠪᠣᠯᠵᠤ᠂ ᠪᠡᠶ᠎ᠡ ᠴᠢᠭᠢᠷᠠᠭᠵᠢᠭᠤᠯᠬᠤ᠂ ᠰᠡᠯᠡᠭᠦᠴᠡᠯ᠂ ᠵᠤᠭ᠎ᠠ ᠴᠡᠩᠭᠡᠯ᠂ ᠵᠤᠭᠠᠴᠠᠯ ᠵᠢᠴᠢ ᠪᠡᠯᠡᠳᠬᠡᠮᠵᠢ | ᠲᠤᠨᠤᠭ ᠲᠥᠬᠦᠭᠡᠷᠦᠮᠵᠢ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠬᠦᠭᠵᠢᠯ ᠢ ᠠᠬᠢᠭᠤᠯᠵᠤ ᠪᠠᠶᠢᠨ᠎ᠠ᠂ ︽ ︵ | ᠡᠷᠡᠭᠦᠯ ᠮᠡᠨᠳᠦ ᠳᠤᠮᠳᠠᠳᠤ ᠤᠯᠤᠰ︶ 2030 ᠣᠨ ᠤ ᠲᠥᠰᠦᠪ ᠲᠥᠯᠥᠪᠵᠢᠭᠦᠯᠭᠡ ᠶᠢᠨ ᠬᠥᠲᠥᠯᠪᠦᠷᠢ︾ ᠪᠠ ︽ | ᠠᠷᠠᠳ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2016 ︱ 2020 ᠣᠨ︶︾ ᠢ | ᠨᠠᠶᠢᠳᠠᠪᠤᠷᠢᠵᠢᠭᠤᠯᠵᠤ᠂ ︽ᠪᠡᠶ᠎ᠡ ᠶᠢᠨ ᠲᠠᠮᠢᠷ ᠤᠨ ᠦᠢᠯᠡᠰ ᠢ ᠲᠦᠷᠭᠡᠨ ᠬᠥᠭᠵᠢᠭᠦᠯᠵᠦ ᠪᠡᠶ᠎ᠡ ᠶᠢᠨ ᠲᠠᠮᠢᠷ ᠤᠨ | ᠬᠡᠷᠡᠭᠯᠡᠭᠡ ᠶᠢ ᠲᠦᠷᠭᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾᠂ ︽ᠪᠡᠶ᠎ᠡ | ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠢ ᠲᠤᠤᠱᠯᠠᠭᠤᠯᠵᠤ᠂ ︽ᠨᠡᠶᠢᠭᠡᠮ ᠤᠨ | ᠬᠦᠴᠦᠨ ᠢᠶᠠᠷ ᠮᠠᠷᠠᠽᠤᠨ ᠤᠷᠤᠯᠳᠤᠭᠠᠨ ᠢ ᠡᠷᠬᠢᠯᠡᠨ ᠪᠠᠢᠭᠤᠯᠬᠤ ᠶᠢ ᠳᠡᠮᠵᠢᠵᠦ᠂ ᠳᠤᠭᠤᠶ ᠲᠡᠷᠭᠡ ᠵᠡᠷᠭᠡ ᠶᠡᠭᠡ | ᠬᠡᠪᠴᠢᠶᠡᠨ ᠤ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢᠨ | ᠲᠥᠰᠦᠯ ︵2017 ᠣᠨ︶︾ ᠢ ᠬᠡᠷᠡᠭᠵᠢᠬᠦᠯᠵᠦ᠂ ᠮᠠᠷᠠᠽᠤᠨ ᠬᠥᠳᠡᠯᠭᠡᠭᠡᠨ ᠤ ᠠᠵᠤ ᠦᠢᠯᠡᠰ ᠤᠨ ᠦᠷᠭᠦᠯᠵᠢᠯᠡᠨ | ᠲᠦᠷᠭᠡᠨ ᠢᠶᠠᠷ ᠨᠡᠮᠡᠭᠳᠡᠬᠦ ᠶᠢ ᠠᠬᠢᠭᠤᠯᠵᠤ᠂ ᠮᠠᠷᠠᠽᠤᠨ ᠠᠵᠢᠯ ᠲᠦᠷᠦᠯ ᠤᠨ ᠵᠢᠷᠤᠮᠵᠢᠯ ᠤᠨ ᠬᠥᠭᠵᠢᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠬᠦᠯᠬᠦ ᠶᠢᠨ ᠲᠦᠯᠦᠭᠡ᠂ ᠳᠤᠰ ᠲᠥᠯᠥᠪᠵᠢᠭᠦᠯᠭᠡ ᠶᠢ ᠣᠨᠴᠣᠭᠤᠶᠢᠯᠠᠨ ᠲᠣᠭᠲᠠᠭᠠᠪᠠ᠃ ᠲᠤᠰ | ᠲᠥᠯᠥᠪᠵᠢᠭᠦᠯᠭᠡ ᠶᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠪᠣᠯ 2018 — 2020 ᠣᠨ᠃ | ᠨᠢᠭᠡ᠂ ᠬᠥᠭᠵᠢᠯᠲᠡ ᠶᠢᠨ ᠰᠠᠭᠤᠷᠢ ᠪᠣᠯᠤᠨ ᠲᠤᠯᠭᠠᠷᠠᠵᠤ ᠪᠠᠶᠢᠭ᠎ᠠ ᠪᠠᠶᠢᠳᠠᠯ | ᠮᠠᠨ ᠤ ᠤᠯᠤᠰ ᠤᠨ ᠨᠡᠶᠢᠭᠡᠮ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠠᠷᠠᠳ | ᠣᠯᠠᠨ ᠤ ᠡᠷᠡᠭᠦᠯ ᠮᠡᠨᠳᠦ᠂ ᠰᠡᠯᠡᠬᠦᠴᠡᠯ᠂ ᠵᠤᠭ᠎ᠠ ᠴᠡᠩᠭᠡᠯ ᠤᠨ ᠬᠡᠷᠡᠭᠴᠡᠭᠡ ᠦᠳᠲᠡᠷ ᠲᠦᠷᠭᠡᠨ ᠳᠡᠭᠡᠭᠰᠢᠯᠡᠵᠦ᠂ | ᠮᠠᠨ ᠤ ᠤᠯᠤᠰ ᠤᠨ ᠮᠠᠷᠠᠽᠤᠨ ᠤ ᠬᠥᠳᠡᠯᠭᠡᠭᠡᠨ ᠥᠷᠨᠢᠨ ᠬᠥᠭᠵᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠶᠢ ᠳᠠᠶᠢᠴᠢᠯᠠᠬᠤ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠪᠡ᠃ 2016 ᠣᠨ ᠳᠤ ᠳᠤᠮᠳᠠᠳᠤ ᠤᠯᠤᠰ ᠤᠨ ᠬᠦᠨᠳᠦ ᠬᠥᠩᠭᠡᠨ ᠲᠠᠮᠢᠷ ᠤᠨ | ᠤᠷᠤᠯᠳᠤᠭᠠᠨ ᠤ ᠨᠡᠶᠢᠭᠡᠮᠯᠢᠭ ᠠᠴᠠ ᠳᠠᠩᠰᠠᠯᠠᠭᠤᠯᠤᠭᠰᠠᠨ ᠮᠠᠷᠠᠰᠤᠨ ᠤᠷᠤᠯᠳᠤᠭᠠᠨ ᠵᠢᠴᠢ ᠬᠠᠮᠢᠶ᠎ᠠ ᠪᠥᠬᠦᠶ ᠲᠠᠮᠢᠷ ᠤᠨ | ᠤᠷᠤᠯᠳᠤᠭᠠᠨ 328 ᠲᠠᠯᠠᠪᠠᠢ ᠳᠤ ᠬᠦᠷᠴᠦ᠂ ᠤᠷᠤᠯᠳᠤᠭᠠᠨ ᠤ ᠠᠵᠢᠯᠯᠠᠭ᠎ᠠ ᠨᠢ ᠪᠥᠬᠦ ᠳᠤᠮᠳᠠᠳᠤ ᠤᠯᠤᠰ ᠤᠨ ᠡᠬᠡ | ᠬᠠᠭᠤᠷᠠᠶ ᠳᠠᠬᠢ 30 ᠮᠤᠵᠢ᠂ ᠥᠪᠡᠷᠲᠡᠭᠡᠨ ᠵᠠᠰᠠᠬᠤ ᠣᠷᠣᠨ ᠪᠠ ᠰᠢᠭᠤᠳ ᠬᠠᠷᠢᠶ᠎ᠠ ᠬᠤᠲᠠ ᠶᠢᠨ 133 | ᠬᠤᠲᠠ ᠶᠢ ᠬᠠᠮᠤᠷᠴᠤ᠂ ᠤᠷᠤᠯᠳᠤᠭᠠᠨ ᠳᠤ ᠣᠷᠣᠯᠴᠠᠭᠰᠠᠨ ᠪᠦᠬᠦ ᠬᠦᠮᠦᠨ ᠤ ᠲᠤᠭ᠎ᠠ 280 ᠲᠦᠮᠡᠨ ᠰᠢᠬᠠᠮ | ᠬᠥᠮᠦᠨ ᠤᠳᠠᠭ᠎ᠠ ᠳᠤ ᠬᠦᠷᠴᠦ ᠪᠠᠶᠢᠨ᠎ᠠ᠃ ᠮᠠᠨ ᠤ ᠤᠯᠤᠰ ᠤᠨ ᠮᠠᠷᠠᠽᠤᠨ ᠤ ᠬᠥᠳᠡᠯᠭᠡᠭᠡᠨ ᠤ ᠠᠵᠤ ᠦᠢᠯᠡᠰ ᠤᠨ | ᠰᠠᠭᠤᠷᠢ ᠡᠳᠦᠷ ᠢᠷᠡᠬᠦᠶ᠎ᠡ ᠪᠠᠲᠤ ᠪᠠᠬᠢ ᠪᠣᠯᠵᠤ᠂ ᠠᠵᠤ ᠦᠢᠯᠡᠰ ᠤᠨ ᠬᠡᠯᠪᠡᠷᠢ ᠤᠯᠠᠮ ᠢᠶᠠᠷ ᠲᠡᠭᠦᠯᠳᠡᠷᠵᠢᠭᠦᠯᠵᠦ᠂ | ᠠᠵᠤ ᠦᠢᠯᠡᠰ ᠤᠨ ᠬᠠᠮᠤᠷᠬᠤ ᠬᠦᠷᠢᠶ᠎ᠡ᠂ ᠨᠡᠶᠢᠭᠡᠮ ᠤᠨ ᠣᠷᠣᠯᠴᠠᠯᠭ᠎ᠠ ᠶᠢᠨ ᠬᠡᠮᠵᠢᠶ᠎ᠡ᠂ ᠵᠠᠬ᠎ᠠ ᠳᠡᠯᠭᠡᠭᠦᠷ ᠤᠨ | ᠬᠦᠯᠢᠶᠡᠨ ᠵᠥᠪᠰᠢᠶᠡᠷᠡᠵᠦ ᠪᠠᠶᠢᠭ᠎ᠠ ᠬᠡᠮᠵᠢᠶ᠎ᠡ ᠪᠦᠷ ᠲᠠᠰᠤᠷᠠᠯᠲᠠ ᠥᠬᠡᠶ ᠳᠡᠭᠡᠭᠰᠢᠯᠡᠪᠡ᠃ ᠡᠬᠦᠨ ᠤ ᠬᠠᠮᠲᠤ᠂ ᠮᠠᠨ ᠤ | ᠤᠯᠤᠰ ᠤᠨ ᠮᠠᠷᠠᠰᠤᠨ ᠤ ᠬᠥᠳᠡᠯᠭᠡᠭᠡᠨ ᠤ ᠠᠵᠤ ᠦᠢᠯᠡᠰ ᠤᠨ ᠬᠥᠭᠵᠢᠯᠲᠡ ᠬᠦᠴᠢᠷ ᠪᠡᠷᠬᠡᠰᠢᠶᠡᠯ ᠬᠢᠭᠡᠳ | ᠥᠷᠢᠰᠥᠯᠳᠦᠭᠡᠨ ᠳᠤ ᠲᠤᠯᠭᠠᠷᠠᠵᠤ᠂ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ︔ ᠠᠵᠤ | ᠦᠢᠯᠡᠰ ᠤᠨ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠬᠦ ᠴᠢᠬᠤᠯᠠᠲᠠᠢ ᠪᠠᠶᠢᠨ᠎ᠠ︔ ᠠᠵᠤ ᠦᠢᠯᠡᠰ ᠤᠨ | ᠬᠠᠮᠢᠶᠠᠷᠤᠯᠲᠠ ᠶᠢᠨ ᠪᠠᠶᠢᠭᠤᠯᠤᠯ ᠲᠡᠭᠦᠯᠳᠡᠷ ᠪᠤᠰᠤ᠂ ᠠᠵᠢᠯᠯᠠᠭᠠᠨ ᠤ ᠲᠣᠭᠲᠠᠴᠠ ᠤᠷᠤᠭᠰᠢᠲᠠᠶ ᠪᠣᠰᠤ︔ ᠵᠠᠬ᠎ᠠ | ᠳᠡᠯᠭᠡᠭᠦᠷ ᠤᠨ ᠳᠠᠯᠳᠠ ᠬᠦᠴᠦᠨ ᠢ ᠭᠦᠢᠴᠡᠳ ᠰᠤᠯᠠᠯᠠᠭᠠ ᠦᠭᠡᠢ︔ ᠦᠢᠯᠡᠳᠬᠦᠨ ᠤ ᠰᠢᠨ᠎ᠡ ᠶᠢ ᠡᠭᠦᠳᠬᠦ ᠨᠢ | ᠬᠦᠷᠦᠯᠴᠡᠬᠦ ᠦᠭᠡᠢ᠂ ᠤᠷᠤᠯᠳᠤᠭᠠᠨ ᠤ ᠠᠵᠢᠯᠯᠯᠠᠭ᠎ᠠ ᠢᠵᠢᠯ ᠪᠠ ᠡᠵᠡᠩᠨᠡᠯᠲᠡ ᠶᠢᠨ ᠴᠢᠳᠠᠪᠤᠷᠢ ᠠᠳᠠᠯᠢ ᠦᠭᠡᠢ | ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ | ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠠᠰᠤᠷᠠᠯᠳᠠ ᠦᠬᠡᠢ | ᠤᠷᠤᠭᠰᠢ ᠠᠬᠢᠭᠰᠠᠨ ᠪᠠ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠠᠯᠬᠤᠮ ᠠᠯᠬᠤᠮ ᠢᠶᠠᠷ | ᠬᠡᠷᠡᠭᠵᠢᠭᠳᠡᠵᠦ᠂ ᠮᠠᠷᠠᠽᠤᠨ ᠲᠠᠮᠢᠷ ᠤᠨ ᠠᠵᠤ ᠦᠢᠯᠡᠰ ᠤᠨ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ | ᠤᠭᠲᠤᠨ ᠠᠪᠴᠢᠷᠠᠭᠰᠠᠨ ᠪᠠᠶᠢᠨ᠎ᠠ᠃ ᠮᠠᠷᠠᠽᠤᠨ ᠬᠥᠳᠡᠯᠭᠡᠭᠡᠨ ᠬᠡᠷᠡᠭᠯᠡᠭᠡᠨ ᠤ ᠤᠯᠠᠨ ᠳᠡᠰ ᠳᠠᠪᠬᠤᠷᠭ᠎ᠠ᠂ ᠡᠯᠪᠡᠭ | ᠳᠡᠯᠪᠡᠭ ᠪᠣᠯᠭᠠᠬᠤ ᠬᠥᠭᠵᠢᠯᠲᠡ ᠶᠢᠨ ᠬᠠᠨᠳᠤᠰᠢ᠂ ᠠᠵᠤ ᠦᠢᠯᠡᠰ ᠤᠨ ᠬᠡᠯᠬᠢᠶᠡᠵᠢᠯᠲᠡ ᠶᠢᠨ ᠦᠢᠯᠡᠳᠦᠯ ᠶᠠᠪᠤᠬᠤ | ᠲᠤᠲᠤᠮ ᠢᠯᠡᠷᠬᠡᠶ ᠪᠣᠯᠵᠣ ᠪᠠᠶᠢᠨ᠎ᠠ᠃ ᠮᠠᠷᠠᠽᠤᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠵᠠᠭᠤᠴᠢᠯᠠᠭᠤᠷ᠂ ᠬᠤᠷᠠᠯ ᠦᠵᠡᠰᠬᠦᠯᠡᠩ᠂ ᠪᠣᠯᠪᠠᠰᠤᠷᠠᠯ᠂ | ᠡᠮᠴᠢᠯᠡᠭᠡ᠂ ᠳᠠᠭᠠᠳᠬᠠᠯ᠂ ᠵᠢᠭᠤᠯᠴᠢᠯᠠᠬᠤ᠂ ᠢᠨᠲ᠋ᠧᠷ ᠰᠦᠯᠵᠢᠶ᠎ᠡ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ | ᠭᠦᠨᠵᠡᠭᠡᠢ ᠠᠭᠤᠰᠤᠯᠴᠠᠯ ᠬᠥᠭᠵᠢᠯᠲᠡ ᠶᠢ ᠠᠬᠢᠭᠤᠯᠤᠨ᠎ᠠ᠃ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠵᠤᠭᠠᠯᠠᠬᠤ ᠠᠵᠤ | ᠦᠢᠯᠡᠰ ᠤᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠪᠠ ᠠᠵᠤ ᠠᠬᠤᠶ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠬᠥᠲᠥᠯᠥᠨ ᠳᠠᠭᠠᠭᠤᠯᠤᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠦᠢᠯᠡᠳᠦᠯᠭᠡ ᠪᠠᠨ ᠵᠢᠯᠣᠭᠤᠳᠣᠭᠤᠯᠬᠤ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠵᠤ᠂ ᠮᠠᠷᠠᠽᠤᠨ ᠲᠠᠮᠢᠷ ᠤᠨ | ᠬᠦᠳᠡᠯᠬᠡᠬᠡᠨ ᠤ ᠠᠵᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠤᠯᠠᠨ ᠲᠦᠮᠡᠨ ᠤ ᠮᠠᠷᠠᠽᠤᠨ ᠤ ᠬᠡᠷᠡᠭᠯᠡᠭᠡᠨ ᠤ ᠬᠡᠷᠡᠭᠴᠡᠭᠡ ᠶᠢ | ᠬᠠᠩᠭᠠᠬᠤ ᠪᠠᠷ ᠤᠳᠤᠷᠢᠳᠤᠮᠵᠢ ᠪᠣᠯᠭᠠᠨ᠂ ᠡᠬᠢ ᠪᠠᠶᠠᠯᠢᠭ ᠤᠨ ᠴᠢᠬᠤᠯᠠ ᠡᠯᠧᠮᠧᠨ᠋ᠲ ᠢ ᠰᠢᠯᠢᠳᠡᠭᠵᠢᠭᠦᠯᠦᠨ | ᠲᠣᠬᠢᠷᠠᠭᠤᠯᠬᠤ᠂ ᠠᠵᠤ ᠦᠢᠯᠡᠰ ᠤᠨ ᠳᠠᠯᠳᠠ ᠬᠦᠴᠦᠨ ᠢ ᠭᠦᠨ ᠠᠭᠤᠳᠠᠯᠯᠠᠬᠤ ᠪᠠᠷ ᠭᠠᠷᠳᠠᠴᠠ ᠪᠣᠯᠭᠠᠵᠤ᠂ | ᠮᠠᠷᠠᠽᠤᠨ ᠲᠠᠮᠢᠷ ᠤᠨ ᠠᠵᠤ ᠦᠢᠯᠡᠰ ᠤᠨ ᠵᠢᠷᠤᠮᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠳᠡᠯᠡᠬᠡᠶᠢᠴᠢᠯᠡᠭᠰᠡᠨ | ᠠᠵᠢᠯᠯᠠᠭᠠᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ | ᠠᠷᠠᠳ ᠤᠨ ᠡᠷᠡᠭᠦᠯ ᠡᠩᠬᠡ ᠶᠢᠨ ᠭᠦᠨ ᠠᠭᠤᠰᠤᠯᠴᠠᠯ ᠢ᠂ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠡᠪ ᠪᠠᠶᠢᠳᠠᠯ ᠳᠣᠣᠷ᠎ᠠ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ ᠬᠦᠴᠦᠲᠡᠶ ᠲᠦᠰᠢᠭ ᠲᠤᠯᠭᠠᠭᠤᠷᠢ ᠬᠠᠩᠭᠠᠬᠤ | ᠪᠠ ᠬᠥᠳᠡᠯᠭᠡᠬᠦ ᠬᠦᠴᠦᠨ ᠢ ᠬᠦᠭᠵᠢᠬᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠬᠤ᠂ ᠰᠢᠨ᠎ᠡ ᠶᠢ ᠡᠭᠦᠳᠦᠨ ᠬᠦᠭᠵᠢᠬᠦᠯᠦᠨ᠎ᠡ᠃ ᠵᠠᠬ᠎ᠠ | ᠳᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠲᠠ ᠳᠠᠬᠢ ᠰᠢᠢᠳᠪᠦᠷᠢᠯᠡᠭᠴᠢ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠠᠨ ᠡᠰᠢᠵᠢᠭ᠍ᠰᠡᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠣᠷᠣᠭᠤᠯᠤᠨ | ᠠᠪᠴᠢᠷᠠᠵᠤ᠂ ᠨᠠᠩ ᠣᠯᠠᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠡᠷᠡᠭᠴᠡᠭᠡ ᠳᠤ ᠨᠡᠶᠢᠴᠡᠬᠦ ᠱᠠᠭᠠᠷᠳᠠᠯᠭ᠎ᠠ᠂ ᠬᠡᠯᠪᠡᠷᠢ | ᠡᠯᠪᠡᠭ ᠪᠠᠶᠠᠯᠢᠭ ᠪᠦᠲᠦᠭᠡᠯᠴᠢ ᠴᠢᠨᠠᠷᠲᠠᠢ ᠮᠠᠷᠠᠽᠤᠨ ᠬᠥᠳᠡᠯᠭᠡᠭᠡᠨ ᠤ ᠪᠦᠲᠦᠭᠡᠭᠳᠡᠬᠦᠨ ᠵᠢᠴᠢ ᠦᠢᠯᠡᠴᠢᠯᠡᠭᠡ ᠶᠢ | ᠨᠡᠭᠡᠭᠡᠨ ᠬᠥᠭᠵᠢᠭᠦᠯᠵᠦ᠂ ᠢᠨᠲ᠋ᠧᠷ ᠰᠦᠯᠵᠢᠶ᠎ᠡ ᠲᠠᠢ ᠢᠳᠡᠪᠬᠢᠲᠡᠶ ᠠᠭᠤᠰᠤᠯᠳᠤᠭᠤᠯᠤᠨ᠂ ᠡᠯ᠎ᠡ ᠲᠥᠷᠥᠯ ᠤᠨ | ᠡᠮᠦᠰᠴᠦ ᠵᠡᠭᠦᠵᠦ ᠪᠣᠯᠬᠤ ᠲᠥᠬᠦᠭᠡᠷᠦᠮᠵᠢ ᠶᠢ ᠨᠡᠭᠡᠭᠡᠨ ᠬᠦᠭᠵᠢᠬᠦᠯᠦᠨ᠎ᠡ᠂ ᠠᠵᠤ ᠦᠢᠯᠡᠰ ᠤᠨ ᠪᠦᠲᠦᠴᠡ ᠶᠢᠨ | ᠲᠤᠬᠢᠷᠠᠭᠤᠯᠤᠯᠳᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠲᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠬᠤ ᠬᠡᠷᠡᠭᠲᠡᠢ᠃ | ᠪᠣᠳᠠᠲᠠᠶ ᠪᠠᠶᠢᠳᠠᠯ ᠳᠠᠭᠠᠨ ᠲᠣᠬᠢᠷᠠᠭᠤᠯᠵᠤ᠂ ᠣᠨᠴᠠᠯᠢᠭ ᠲᠠᠢ ᠬᠥᠭᠵᠢᠭᠦᠯᠬᠦ ᠬᠡᠷᠡᠭᠲᠡᠶ᠃ ᠮᠠᠷᠠᠽᠤᠨ | ᠬᠥᠳᠡᠯᠭᠡᠭᠡᠨ ᠬᠢᠭᠡᠳ ᠣᠷᠣᠨ ᠪᠦᠰᠡ ᠶᠢᠨ ᠰᠣᠶᠣᠯ ᠢ ᠤᠶᠠᠯᠳᠤᠭᠤᠯᠤᠨ ᠨᠡᠶᠢᠯᠡᠬᠦᠯᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠣᠷᠣᠨ ᠵᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠭᠠᠵᠠᠷ ᠤᠨ | ᠭᠠᠵᠠᠷ ᠵᠦᠶ᠂ ᠠᠭᠤᠷ ᠠᠮᠢᠰᠬᠤᠯ᠂ ᠵᠠᠩ ᠦᠢᠯᠠ᠂ ᠠᠵᠤ ᠠᠬᠤᠶ ᠵᠡᠷᠭᠡ ᠣᠨᠴᠠᠯᠢᠭ ᠲᠠᠢ ᠤᠶᠠᠯᠳᠤᠭᠤᠯᠤᠨ᠂ | ᠰᠣᠶᠣᠯ᠂ ᠰᠢᠨ᠎ᠡ ᠰᠠᠨᠠᠭ᠎ᠠ᠂ ᠡᠷᠡᠭᠦᠯ ᠮᠡᠨᠳᠦ᠂ ᠵᠤᠭᠠᠴᠠᠯ ᠵᠡᠷᠭᠡ ᠲᠠᠢ ᠭᠦᠨᠵᠡᠭᠡᠢ ᠠᠭᠤᠰᠤᠯᠴᠠᠯ ᠢ ᠠᠬᠢᠭᠤᠯᠵᠤ᠂ | ᠤᠯᠠᠨ ᠲᠡᠰ ᠳᠠᠪᠬᠤᠷᠭ᠎ᠠ ᠤᠯᠠᠨ ᠶᠠᠩᠵᠤ ᠶᠢᠨ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢᠨ ᠰᠢᠰᠲ᠋ᠧᠮ ᠢ | ᠪᠠᠶᠢᠭᠤᠯᠵᠤ᠂ ᠬᠤᠷᠴᠠ ᠲᠣᠳᠣᠷᠬᠠᠶ ᠣᠷᠣᠨ ᠨᠤᠲᠤᠭ ᠤᠨ ᠣᠨᠴᠠᠯᠢᠭ ᠲᠠᠢ ᠮᠠᠷᠠᠽᠤᠨ ᠰᠣᠶᠣᠯ ᠢ | ᠪᠣᠶᠢᠵᠢᠭᠤᠯᠤᠨ᠎ᠠ᠃ | ᠬᠡᠷᠡᠭᠯᠡᠭᠡ ᠶᠢ ᠬᠥᠲᠥᠯᠦᠨ ᠳᠠᠭᠠᠭᠤᠯᠵᠤ᠂ ᠡᠷᠡᠭᠦᠯ ᠢᠶᠠᠷ ᠬᠦᠭᠵᠢᠬᠦᠯᠦᠨ᠎ᠡ᠃ ᠡᠷᠡᠭᠦᠯ ᠰᠠᠷᠠᠭᠤᠯ ᠠᠮᠢᠳᠤᠷᠠᠯ ᠤᠨ | ᠠᠷᠭ᠎ᠠ ᠬᠡᠯᠪᠡᠷᠢ ᠶᠢ ᠰᠠᠨᠠᠭᠠᠴᠢᠯᠠᠵᠤ᠂ ᠤᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ | ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠤᠯᠠᠨ ᠲᠦᠮᠡᠨ ᠤ ᠭᠦᠶᠦᠬᠦ ᠬᠥᠳᠡᠯᠭᠡᠭᠡᠨ ᠳᠤ ᠣᠷᠣᠯᠴᠠᠬᠤ | ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠠᠷᠠᠽᠤᠨ ᠲᠠᠮᠢᠷ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠠᠳᠠᠯᠢ ᠪᠤᠰᠤ ᠱᠠᠭᠠᠷᠳᠠᠯᠭ᠎ᠠ ᠲᠠᠢ ᠬᠡᠷᠡᠭᠯᠡᠭᠴᠢᠳ ᠤᠨ ᠬᠡᠷᠡᠭᠴᠡᠭᠡ ᠳᠤ ᠳᠣᠭᠢᠷᠬᠠᠰᠠᠨ ᠮᠠᠷᠠᠽᠤᠨ ᠤ | ᠬᠤᠯᠪᠣᠭᠳᠠᠯ ᠪᠦᠬᠦᠢ ᠬᠥᠳᠡᠯᠭᠡᠭᠡᠨ ᠤ ᠪᠦᠲᠦᠭᠡᠭᠳᠡᠬᠦᠨ ᠪᠣᠯᠤᠨ ᠦᠢᠯᠡᠴᠢᠯᠡᠭᠡ ᠭᠠᠷᠭᠠᠬᠤ ᠶᠢ ᠵᠣᠷᠢᠭᠵᠢᠭᠤᠯᠵᠤ᠂ | ᠥᠷᠭᠡᠨ ᠤᠯᠠᠨ ᠠᠷᠠᠳ ᠤᠯᠠᠨ ᠤ ᠤᠯᠠᠨ ᠳᠠᠪᠬᠤᠷᠭᠠᠲᠤ ᠣᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ | ᠬᠠᠩᠭᠠᠵᠤ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ᠂ ᠬᠡᠷᠡᠭᠯᠡᠭᠡ᠂ ᠵᠤᠭ᠎ᠠ ᠴᠡᠩᠭᠡᠯ ᠤᠨ ᠦᠢᠯᠡᠰ ᠤᠨ | ᠬᠦᠭᠵᠢᠯ ᠢ ᠳᠠᠶᠢᠴᠢᠯᠠᠵᠤ᠂ ᠮᠠᠷᠠᠽᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠂᠃ | ᠦᠢᠯᠡᠴᠢᠯᠡᠭᠡ ᠶᠢ ᠰᠢᠯᠢᠳᠡᠭᠵᠢᠭᠦᠯᠵᠦ᠂ ᠠᠮᠤᠷ ᠲᠦᠪᠰᠢᠨ ᠢᠶᠠᠷ ᠬᠥᠭᠵᠢᠭᠦᠯᠬᠦ ᠬᠡᠷᠡᠭᠲᠡᠶ᠃ ᠮᠠᠷᠠᠽᠤᠨ | ᠲᠠᠮᠢᠷ ᠤᠨ ᠠᠵᠤ ᠦᠢᠯᠡᠰ ᠤᠨ ᠠᠰᠢᠭ ᠲᠤᠰᠠ ᠳᠤ ᠬᠤᠯᠪᠣᠭᠳᠠᠬᠤ ᠡᠲᠡᠭᠡᠳ ᠤᠨ ᠲᠤᠰ ᠲᠤᠰ ᠤᠨ ᠪᠠᠶᠢᠷᠢ | ᠲᠣᠭᠲᠠᠭᠠᠯᠲᠠ ᠶᠢ ᠲᠣᠳᠣᠷᠬᠠᠶ ᠪᠣᠯᠭᠠᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠲᠤᠰ ᠲᠤᠰ ᠤᠨ ᠢᠶᠠᠨ | ᠲᠤᠰᠢᠶᠠᠯ ᠢ ᠬᠦᠢᠴᠡᠳᠭᠡᠨ᠂ ᠥᠪᠡᠷ ᠥᠪᠡᠷ ᠤᠨ ᠴᠢᠳᠠᠯ ᠢᠶᠠᠨ ᠭᠠᠷᠭᠠᠨ᠂ ᠬᠠᠮᠵᠢᠯᠴᠠᠨ ᠬᠠᠮᠲᠤᠪᠠᠷ ᠠᠰᠢᠭ ᠬᠦᠷᠳᠡᠬᠦ | ᠠᠮᠢ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃ ᠮᠠᠷᠠᠽᠤᠨ ᠤ ᠤᠷᠤᠯᠳᠤᠭᠠᠨ ᠢ ᠰᠢᠨᠵᠢᠯᠡᠬᠦ ᠤᠬᠠᠭᠠᠨᠴᠢ ᠪᠠᠷ | ᠵᠣᠬᠢᠶᠠᠨ ᠪᠠᠶᠢᠭᠤᠯᠵᠤ᠂ ᠦᠢᠯᠡᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠮᠠᠷᠠᠽᠤᠨ ᠤ ᠬᠥᠳᠡᠯᠭᠡᠭᠡᠨ ᠳᠤ | ᠣᠷᠣᠯᠴᠠᠭᠴᠢ ᠶᠢᠨ ᠠᠮᠤᠷ ᠲᠦᠪᠰᠢᠨ ᠤ ᠲᠤᠬᠠᠶ ᠬᠥᠮᠦᠵᠢᠯ ᠪᠠ ᠪᠣᠯᠪᠠᠰᠤᠷᠠᠭᠤᠯᠤᠯ ᠢ ᠴᠢᠩᠭᠠᠳᠬᠠᠵᠤ᠂ | ᠤᠷᠤᠯᠳᠤᠭᠠᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠠᠷᠠᠽᠤᠨ ᠬᠥᠳᠡᠯᠭᠡᠭᠡᠨ ᠤ ᠠᠮᠤᠷ ᠲᠦᠪᠰᠢᠨ | ᠪᠠᠷ ᠬᠦᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠬᠦᠭᠵᠢᠯ ᠤᠨ ᠬᠠᠷᠠᠯᠲᠠ | ᠪᠠᠶᠢᠷᠢᠰᠢᠯ ᠨᠢ ᠵᠦᠢ ᠵᠣᠬᠢᠰᠲᠠᠶ᠂ ᠴᠢᠳᠠᠮᠵᠢ ᠪᠠᠷ ᠪᠦᠷᠢᠨ ᠲᠡᠭᠦᠯᠳᠡᠷ ᠮᠠᠷᠠᠽᠤᠨ ᠲᠠᠮᠢᠷ ᠤᠨ ᠠᠵᠤ | ᠦᠢᠯᠡᠰ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠤᠭᠰᠠᠨ᠂ ᠨᠡᠶᠢᠭᠡᠮ ᠤᠨ ᠬᠢᠨ | ᠣᠷᠤᠯᠴᠠᠭᠰᠠᠨ᠂ ᠵᠠᠬ᠎ᠠ ᠳᠡᠯᠭᠡᠭᠦᠷ ᠣᠷᠤᠯᠴᠠᠭᠰᠠᠨ ᠰᠠᠶᠢᠨ ᠰᠠᠶᠢᠬᠠᠨ ᠬᠥᠭᠵᠢᠯᠲᠡ ᠶᠢᠨ ᠵᠠᠭᠪᠤᠷ ᠢ ᠪᠣᠢ ᠪᠣᠯᠭᠠᠵᠤ᠂ | ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠶᠢ ᠤᠯᠠᠨ ᠡᠰᠢᠵᠢᠬᠦᠯᠵᠤ᠂ ᠪᠡᠯᠡ | ᠲᠣᠬᠢᠷᠠᠭᠤᠯᠬᠤ ᠠᠷᠭ᠎ᠠ ᠮᠠᠶ᠋ᠢᠭ ᠢ ᠤᠯᠠᠨ ᠶᠠᠩᠵᠤ ᠶᠢᠨ ᠪᠤᠠᠯᠭᠠᠵᠤ᠂ ᠠᠵᠢᠯᠯᠠᠭᠠᠨ ᠤ ᠠᠷᠭ᠎ᠠ ᠮᠠᠶ᠋ᠢᠭ ᠨᠢ ᠵᠠᠬ᠎ᠠ | ᠳᠡᠯᠭᠡᠭᠦᠷᠴᠢᠯᠡᠭᠰᠡᠨ ᠰᠢᠨ᠎ᠡ ᠲᠣᠭᠲᠠᠴᠠ ᠶᠢ ᠪᠠᠶᠢᠭᠤᠯᠵᠤ᠂ ᠮᠠᠷᠠᠽᠤᠨ ᠲᠠᠮᠢᠷ ᠤᠨ ᠠᠵᠤ ᠦᠢᠯᠡᠰ ᠤᠨ ᠰᠢᠨ᠎ᠡ ᠶᠢ | ᠡᠭᠦᠳᠦᠨ ᠬᠥᠭᠵᠢᠭᠦᠯᠬᠦ ᠪᠠ ᠨᠢᠭᠡᠳᠦᠯᠲᠡᠶ ᠪᠠᠷ ᠲᠥᠯᠥᠪᠯᠡᠨ ᠵᠣᠬᠢᠴᠠᠩᠭᠤᠶ ᠪᠠᠷ ᠬᠥᠭᠵᠢᠭᠦᠯᠬᠦ ᠰᠢᠨ᠎ᠡ ᠪᠠᠶᠢᠳᠠᠯ ᠢ | ᠵᠠᠯᠭᠠᠮᠵᠢᠯᠠᠬᠤ ᠪᠠᠶᠢᠳᠠᠯ ᠢ ᠪᠤᠢ ᠪᠣᠯᠭᠠᠵᠤ᠂ ᠪᠤᠰᠤᠳ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ | ᠬᠦᠴᠦᠲᠡᠶ ᠲᠠᠶᠢᠴᠢᠯᠠᠨ᠎ᠠ᠃ 2020 ᠣᠨ ᠪᠣᠯᠬᠤ ᠳᠤ᠂ ᠮᠠᠷᠠᠽᠤᠨ ᠤᠷᠤᠯᠳᠤᠭᠠᠨ ᠤ ᠲᠠᠮᠢᠷ ᠤᠨ ᠠᠵᠤ | ᠦᠢᠯᠡᠰ ᠤᠨ ᠬᠡᠪᠴᠢᠶ᠎ᠡ ᠶᠢ 1200 ᠳ᠋ᠦᠩᠰᠢᠭᠤᠷ ᠲᠥᠭᠦᠷᠢᠭ ᠬᠦᠷᠬᠦ ᠪᠣᠯᠤᠨ᠎ᠠ᠃ | ᠵᠠᠬ᠎ᠠ ᠳᠡᠯᠭᠡᠭᠦᠷ ᠤᠨ ᠪᠡᠶᠡᠴᠢ ᠴᠣᠭᠴᠠ ᠲᠠᠰᠤᠷᠠᠯᠲᠠ ᠦᠭᠡᠢ ᠪᠤᠵᠠᠭᠠᠶᠢᠷᠠᠪᠠ᠃ ᠨᠢᠭᠡ ᠪᠦᠯᠦᠭ ᠨᠥᠯᠥᠭᠡᠯᠡᠬᠦ | ᠬᠦᠴᠦᠨ ᠶᠡᠭᠡ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠣᠯᠣᠭᠠᠶᠢᠯᠠᠭᠴᠢ ᠠᠵᠤ ᠠᠬᠤᠶᠢᠯᠠᠯ ᠪᠠ ᠦᠯᠡᠮᠵᠢ ᠤᠯᠠᠨ | ᠰᠢᠨ᠎ᠡ ᠶᠢ ᠡᠭᠦᠳᠬᠦ ᠠᠮᠢᠳᠤᠯᠢᠭ ᠬᠦᠴᠦᠨ ᠢᠶᠠᠷ ᠪᠢᠯᠬᠠᠮ᠎ᠠ ᠳᠤᠮᠳᠠ ᠵᠢᠵᠢᠭ ᠠᠵᠤ ᠠᠬᠤᠶᠢᠯᠠᠯ ᠢᠯᠡᠷᠡᠵᠦ᠂ ᠨᠢᠭᠡ | ᠪᠦᠯᠦᠭ ᠤᠷᠤᠯᠳᠤᠭᠠᠨ ᠤ ᠡᠵᠡᠩᠨᠡᠯᠲᠡ᠂ ᠮᠠᠷᠠᠽᠤᠨ ᠺᠯᠣᠪ᠂ ᠬᠥᠳᠡᠯᠭᠡᠭᠡᠨ ᠤ APP᠂ ᠬᠡᠷ ᠤᠨ ᠭᠠᠳᠠᠨᠠᠬᠢ | ᠬᠥᠳᠡᠯᠭᠡᠭᠡᠨ ᠤ ᠪᠦᠲᠦᠭᠡᠭᠳᠡᠬᠦᠨ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠨᠡᠷᠡᠳᠦ ᠲᠡᠮᠳᠡᠭ ᠢ ᠪᠣᠢ ᠪᠣᠯᠭᠠᠨ᠎ᠠ᠃ | 2020 ᠣᠨ ᠪᠣᠯᠬᠤ ᠳᠤ᠂ ᠨᠡᠯᠢᠶᠡᠳ ᠶᠡᠭᠡ ᠪᠣᠳᠠᠲᠤ ᠬᠦᠴᠦᠨ ᠪᠣᠯᠤᠨ ᠨᠥᠯᠥᠭᠡᠯᠡᠬᠦ ᠬᠦᠴᠦᠨ 10 ᠶᠡᠭᠡ | ᠳᠦᠷᠦᠯ ᠲᠡᠮᠳᠡᠭᠲᠦ ᠣᠷᠤᠯᠳᠤᠭᠠᠨ ᠡᠵᠡᠩᠨᠡᠬᠦ ᠺᠣᠮᠫᠠᠨᠢ ᠪᠠ 10 ᠨᠠᠷᠠᠲᠤ ᠲᠥᠷᠥᠯ ᠲᠡᠮᠳᠡᠭᠲᠦ ᠶᠢᠨ ᠮᠠᠷᠠᠽᠤᠨ | ᠲᠠᠮᠢᠷ ᠤᠨ ᠠᠵᠤ ᠦᠢᠯᠡᠰ ᠤᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢᠨ ᠳᠡᠯᠭᠡᠭᠦᠷ | ᠢᠯᠡᠷᠡᠬᠦ ᠪᠣᠯᠣᠨ᠎ᠠ᠃ | ᠠᠵᠤ ᠦᠢᠯᠡᠰ ᠤᠨ ᠬᠡᠷᠡᠭᠯᠡᠭᠡᠨ ᠤ ᠬᠥᠮᠦᠨ ᠠᠮᠠ ᠤᠯᠠᠮ ᠨᠢᠭᠡ ᠠᠯᠬᠤᠮ ᠥᠷᠭᠡᠳᠬᠡᠪᠡ᠃ ᠭᠦᠶᠦᠭᠴᠢ | ᠬᠥᠮᠦᠨ ᠠᠮᠠ ᠲᠠᠰᠤᠷᠠᠯᠲᠠ ᠥᠬᠡᠶ ᠨᠡᠮᠡᠭᠳᠡᠵᠦ᠂ ᠮᠠᠷᠠᠽᠤᠨ ᠬᠥᠳᠡᠯᠭᠡᠭᠡᠨ ᠤ ᠬᠡᠷᠡᠭᠯᠡᠭᠡᠨ ᠤ ᠡᠵᠡᠯᠡᠬᠦ ᠬᠠᠷᠢᠴᠠᠯ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠡᠵᠡᠯᠡᠬᠦ ᠬᠠᠷᠢᠴᠠᠯ ᠢ ᠢᠯᠡᠳᠲᠡ ᠳᠡᠭᠡᠭᠰᠢᠯᠡᠭᠦᠯᠦᠨ᠎ᠡ᠃ | 2020 ᠣᠨ ᠪᠣᠯᠬᠤ ᠳᠤ᠂ ᠪᠦᠬᠦ ᠤᠯᠤᠰ ᠤᠨ ᠮᠠᠷᠠᠽᠤᠨ ᠤᠷᠤᠯᠳᠤᠭᠠᠨ ᠡᠷᠬᠢᠯᠡᠯᠲᠡ ︵800 ᠬᠥᠮᠦᠨ ᠠᠴᠠ | ᠳᠡᠭᠡᠭᠰᠢ ᠬᠡᠪᠴᠢᠶ᠎ᠡ ᠲᠠᠢ︶ 1900 ᠲᠠᠯᠠᠪᠤᠷ᠂ ᠳᠤᠮᠳᠠᠳᠤ ᠤᠯᠤᠰ ᠤᠨ ᠬᠦᠨᠳᠦ ᠬᠥᠩᠭᠡᠨ ᠲᠠᠮᠢᠷ ᠤᠨ | ᠤᠷᠤᠯᠳᠤᠭᠠᠨ ᠤ ᠨᠡᠶᠢᠭᠡᠮᠯᠢᠭ ᠠᠴᠠ ᠬᠡᠷᠡᠴᠢᠯᠡᠭᠰᠡᠨ ᠤᠷᠤᠯᠳᠤᠭᠠᠨ 350 ᠲᠠᠯᠠᠪᠠᠢ ᠳᠤ ᠬᠦᠷᠴᠦ᠂ ᠡᠯ᠎ᠡ | ᠲᠥᠷᠥᠯ ᠤᠨ ᠵᠠᠮ ᠤᠨ ᠭᠦᠶᠦᠬᠦ ᠤᠷᠤᠯᠳᠤᠭᠠᠨ ᠳᠤ ᠣᠷᠣᠯᠴᠠᠬᠤ ᠬᠥᠮᠦᠨ ᠤ ᠲᠤᠭ᠎ᠠ 1000 ᠲᠦᠮᠡᠨ ᠬᠥᠮᠦᠨ | ᠤᠳᠠᠭ᠎ᠠ ᠳᠤ ᠬᠦᠷᠦᠨ᠎ᠡ᠃ | ᠮᠠᠷᠠᠽᠤᠨ ᠤᠷᠤᠯᠳᠤᠭᠠᠨ ᠤ ᠶᠠᠪᠤᠳᠠᠯ ᠤᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ | ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠤ ᠠᠭᠤᠯᠭ᠎ᠠ ᠨᠢ ᠡᠯᠪᠡᠭ ᠪᠠᠶᠠᠯᠢᠭ᠂ ᠲᠠᠰ ᠱᠠᠲᠤ ᠨᠢ | ᠲᠣᠳᠣᠷᠬᠠᠶ᠂ ᠨᠡᠮᠡᠭᠳᠡᠯᠲᠡ ᠪᠠᠭᠤᠷᠠᠯᠲᠠ ᠡᠮᠬᠢ ᠵᠢᠷᠤᠮ ᠲᠠᠢ᠂ ᠤᠷᠤᠯᠳᠤᠭᠠᠨ ᠢ ᠵᠣᠬᠢᠶᠠᠨ ᠪᠠᠶᠢᠭᠤᠯᠬᠤ᠂ ᠲᠠᠮᠢᠷᠴᠢᠨ ᠤ | ᠦᠢᠯᠡᠴᠢᠯᠡᠭᠡ᠂ ᠠᠶᠤᠯᠭᠦᠶ ᠪᠠᠶᠢᠬᠤ ᠪᠠᠲᠤᠯᠠᠮᠵᠢ᠂ ᠣᠷᠴᠢᠨ ᠠᠬᠤᠶ ᠶᠢᠨ ᠬᠠᠮᠠᠭᠠᠯᠠᠯᠲᠠ᠂ ᠮᠡᠳᠡᠭᠡ ᠵᠠᠩᠭᠢ ᠶᠢᠨ | ᠨᠡᠶᠢᠲᠡᠯᠡᠯ᠂ ᠤᠷᠤᠯᠳᠤᠭᠠᠨ ᠤ ᠨᠥᠬᠦᠪᠥᠷᠢᠯᠡᠬᠦ ᠵᠡᠷᠭᠡ ᠲᠠᠯ᠎ᠠ ᠪᠠᠷ ᠨᠡᠯᠢᠶᠡᠳ ᠪᠦᠷᠢᠨ ᠲᠡᠭᠦᠯᠳᠡᠷ ᠪᠠᠷᠢᠮᠵᠢᠶ᠎ᠠ ᠶᠢ | ᠵᠢᠷᠤᠮᠵᠢᠭᠤᠯᠬᠤ ᠬᠡᠷᠡᠭᠲᠡᠶ᠃ | ᠭᠤᠷᠪᠠ᠂ ᠭᠤᠣᠯ ᠡᠭᠦᠷᠭᠡ | ︵ᠨᠢᠭᠡ︶ ᠮᠠᠷᠠᠽᠤᠨ ᠤᠷᠤᠯᠳᠤᠭᠠᠨ ᠤ ᠡᠵᠡᠩᠨᠡᠯᠲᠡ ᠪᠠ ᠬᠠᠮᠢᠶᠠᠷᠤᠯᠲᠠ ᠶᠢ ᠳᠡᠬᠦᠯᠳᠡᠷᠵᠢᠬᠦᠯᠦᠨ᠎ᠡ | ᠳᠡᠭᠡᠳᠦ ᠲᠦᠪᠰᠢᠨ ᠤ ᠮᠠᠷᠠᠽᠤᠨ ᠤᠷᠤᠯᠳᠤᠭᠠᠨ ᠤ ᠶᠠᠪᠤᠳᠠᠯ ᠤᠨ ᠬᠦᠭᠵᠢᠯ ᠢ ᠠᠬᠢᠭᠤᠯᠬᠤ ᠬᠡᠷᠡᠭᠲᠡᠶ᠃ ᠤᠯᠤᠰ ᠤᠨ | ᠳᠣᠲᠣᠭᠠᠳᠤ ᠶᠢᠨ ᠮᠠᠷᠠᠽᠤᠨ ᠤᠷᠤᠯᠳᠤᠭᠠᠨ ᠤ ᠰᠢᠯᠢᠳᠡᠭ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ | ᠳᠤᠮᠳᠠᠳᠤ ᠤᠯᠤᠰ ᠤᠨ ᠥᠨᠳᠥᠷ ᠳᠡᠰ ᠤᠨ ᠤᠷᠤᠯᠳᠤᠭᠠᠨ ᠡᠷᠬᠢᠯᠡᠬᠦ ᠪᠠᠷᠢᠮᠵᠢᠶ᠎ᠠ ᠶᠢ ᠪᠠᠶᠢᠭᠤᠯᠵᠤ᠂ ᠳᠤᠮᠳᠠᠳᠤ | ᠤᠯᠤᠰ ᠤᠨ ᠮᠠᠷᠠᠽᠤᠨ ᠤ ᠨᠡᠷ᠎ᠡ ᠶᠢᠨ ᠬᠠᠭᠤᠳᠠᠰᠤ ᠶᠢ ᠪᠦᠲᠦᠬᠡᠵᠦ᠂ ᠮᠠᠨ ᠤ ᠤᠯᠤᠰ ᠤᠨ ᠮᠠᠷᠠᠽᠤᠨ | ᠤᠷᠤᠯᠳᠤᠭᠠᠨ ᠤ ᠳᠡᠯᠡᠬᠡᠶᠢᠴᠢᠯᠡᠭᠰᠡᠨ᠂ ᠳᠦᠷᠢᠮᠵᠢᠭᠰᠡᠨ᠂ ᠵᠠᠬ᠎ᠠ ᠳᠡᠯᠭᠡᠬᠦᠷᠴᠢᠯᠡᠭᠰᠡᠨ ᠡᠵᠡᠩᠨᠡᠯᠲᠡ ᠪᠠ ᠬᠦᠭᠵᠢᠯ ᠢ | ᠠᠬᠢᠭᠤᠯᠬᠤ ᠬᠡᠷᠡᠭᠲᠡᠶ᠃ ᠳᠤᠮᠳᠠᠳᠤ ᠤᠯᠤᠰ ᠤᠨ ᠮᠠᠷᠠᠽᠤᠨ ᠤ ᠱᠠᠩᠨᠠᠯᠲᠤ ᠤᠷᠤᠯᠳᠤᠭᠠᠨ᠂ ᠤᠯᠠᠷᠢᠯ ᠤᠨ ᠮᠠᠩᠯᠠᠶ | ᠵᠡᠷᠭᠡ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠤ ᠲᠠᠪᠴᠠᠩ ᠤᠨ ᠪᠦᠬᠦᠯᠢ ᠴᠣᠭᠴᠠ ᠶᠢᠨ ᠨᠡᠷᠡᠲᠤ ᠲᠦᠷᠦᠯ | ᠲᠡᠮᠳᠡᠭ ᠢ ᠡᠭᠦᠳᠬᠦ ᠪᠣᠯᠤᠨ ᠪᠦᠬᠦ ᠳᠡᠯᠡᠬᠡᠢ ᠶᠢᠨ ᠤᠬᠠᠭᠤᠯᠭ᠎ᠠ ᠶᠢ ᠲᠦᠷᠭᠡᠳᠬᠡᠵᠦ᠂ ᠬᠠᠨᠳᠤᠯᠭᠠᠲᠤ ᠴᠢᠨᠠᠷᠲᠠᠶ ᠪᠠᠷ | ᠨᠡᠩ ᠤᠯᠠᠨ ᠤᠯᠠᠨ ᠤᠯᠤᠰ ᠤᠨ ᠭᠦᠶᠦᠭᠴᠢ ᠶᠢ ᠣᠷᠣᠯᠴᠠᠭᠤᠯᠬᠤ ᠬᠡᠷᠡᠭᠲᠡᠶ᠃ ᠳᠤᠮᠳᠠᠳᠤ ᠤᠯᠤᠰ ᠤᠨ ᠥᠨᠳᠥᠷ | ᠬᠢᠷᠢ ᠲᠦᠪᠰᠢᠨ ᠪᠦᠬᠦᠢ ᠤᠷᠤᠯᠳᠤᠭᠠᠨ ᠤ ᠣᠯᠠᠨ ᠤᠯᠤᠰ ᠤᠨ ᠮᠠᠷᠠᠽᠤᠨ ᠤᠷᠤᠯᠳᠤᠭᠠᠨ ᠲᠠᠢ ᠬᠠᠮᠲᠤᠷᠠᠨ | ᠠᠵᠢᠯᠯᠠᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ᠃ | ᠳᠤᠮᠳᠠᠳᠤ ᠤᠯᠤᠰ ᠤᠨ ᠮᠠᠷᠠᠽᠤᠨ ᠤᠷᠤᠯᠳᠤᠭᠠᠨ ᠤ ᠬᠤᠯᠪᠤᠭ᠎ᠠ ᠶᠢ ᠬᠦᠭᠵᠢᠬᠦᠯᠦᠨ᠎ᠡ᠃ ᠳᠤᠮᠳᠠ ᠵᠢᠵᠢᠭ | ᠬᠡᠯᠪᠡᠷᠢ ᠶᠢᠨ ᠮᠠᠷᠠᠽᠤᠨ ᠤ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠣᠯᠤᠨ ᠨᠡᠷ᠎ᠡ ᠠᠯᠳᠠᠷ ᠢ ᠰᠠᠶᠢᠵᠢᠷᠠᠭᠤᠯᠤᠨ᠂ | ᠡᠯ᠎ᠡ ᠲᠠᠯ᠎ᠠ ᠶᠢᠨ ᠮᠠᠷᠠᠽᠤᠨ ᠤᠷᠤᠯᠳᠤᠭᠠᠨ ᠳᠤ ᠡᠷᠡᠭᠦᠯ ᠬᠦᠭᠵᠢᠯ ᠤᠨ ᠬᠦᠷᠦᠰᠦ ᠶᠢ ᠬᠠᠩᠭᠠᠬᠤ ᠪᠠᠷ ᠬᠠᠷᠠᠯᠲᠠ | ᠪᠣᠯᠭᠠᠨ᠂ ᠳᠤᠮᠳᠠᠳᠤ ᠤᠯᠤᠰ ᠤᠨ ᠮᠠᠷᠠᠽᠤᠨ ᠤᠷᠤᠯᠳᠤᠭᠠᠨ ᠤ ᠬᠤᠯᠪᠤᠭ᠎ᠠ ᠶᠢ ᠪᠠᠶᠢᠭᠤᠯᠤᠨ᠎ᠠ᠃ ᠬᠤᠯᠪᠣᠭᠠᠨ ᠤ | ᠵᠠᠰᠠᠬᠤ ᠲᠣᠭᠲᠠᠴᠠ ᠶᠢ ᠠᠯᠬᠤᠮ ᠠᠯᠬᠤᠮ ᠢᠶᠠᠷ ᠲᠣᠭᠲᠠᠭᠠᠨ ᠲᠡᠬᠦᠯᠳᠡᠷᠵᠢᠬᠦᠯᠬᠦ ᠪᠠᠷ ᠳᠠᠮᠵᠢᠭᠤᠯᠤᠨ᠂ | ᠬᠤᠯᠪᠣᠭ᠎ᠠ ᠶᠢᠨ ᠪᠣᠲᠠᠲᠠᠢ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠠᠰᠢᠭ ᠲᠤᠰᠠ ᠶᠢᠨ ᠬᠠᠮᠲᠤ ᠶᠢᠨ | ᠴᠣᠭᠴᠠ ᠶᠢ ᠪᠦᠷᠢᠯᠳᠦᠬᠦᠯᠵᠦ᠂ ᠬᠤᠯᠪᠣᠭᠠᠨ ᠤ ᠭᠡᠰᠢᠭᠦᠨ ᠤ ᠡᠬᠢ ᠪᠠᠶᠠᠯᠢᠭ ᠢ ᠬᠠᠮᠲᠤ ᠪᠠᠷ ᠠᠰᠢᠭᠯᠠᠬᠤ ᠪᠣᠯᠤᠨ | ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠬᠦᠯᠦᠨ᠎ᠡ᠃ ᠥᠨᠳᠥᠷ ᠬᠢᠷᠢ ᠲᠦᠪᠰᠢᠨ ᠪᠦᠬᠦᠢ | ᠤᠷᠤᠯᠳᠤᠭᠠᠨ ᠤᠳ ᠢ ᠲᠠᠲᠠᠵᠤ᠂ ᠤᠷᠤᠯᠳᠤᠭᠠᠨ ᠤ ᠬᠤᠭᠤᠷᠣᠨᠳᠣ ᠶᠢᠨ ᠪᠠ ᠳᠡᠯᠡᠬᠡᠢ ᠶᠢᠨ ᠠᠵᠢᠯ ᠨᠢᠭᠡᠲᠡᠨ ᠤ | ᠬᠤᠭᠤᠷᠣᠨᠳᠣᠬᠢ ᠪᠣᠯᠪᠠᠰᠤᠷᠠᠯ᠂ ᠰᠣᠯᠢᠯᠴᠠᠬᠤ ᠪᠠ ᠬᠠᠮᠵᠢᠯᠴᠠᠬᠤ ᠶᠢ ᠠᠬᠢᠭᠤᠯᠵᠤ᠂ ᠡᠬᠢ ᠪᠠᠶᠠᠯᠢᠭ ᠢ ᠨᠢᠭᠡᠳᠭᠡᠨ᠂ | ᠬᠠᠮᠲᠤ ᠶᠢᠨ ᠵᠠᠬ᠎ᠠ ᠳᠡᠯᠭᠡᠭᠦᠷ ᠢ ᠨᠡᠭᠡᠭᠡᠨ᠂ ᠤᠷᠤᠯᠳᠤᠭᠠᠨ ᠤ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ | ᠳᠡᠭᠡᠭᠰᠢᠯᠡᠭᠦᠯᠵᠦ᠂ ᠮᠠᠷᠠᠽᠤᠨ ᠤᠷᠤᠯᠳᠤᠭᠠᠨ ᠵᠢᠴᠢ ᠬᠠᠮᠢᠶ᠎ᠠ ᠪᠥᠬᠦᠶ ᠲᠠᠮᠢᠷ ᠤᠨ ᠤᠷᠤᠯᠳᠤᠭᠠᠨ ᠤ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠶ᠃ | ᠮᠠᠷᠠᠽᠤᠨ ᠤ ᠤᠷᠤᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ | ᠲᠡᠭᠦᠯᠳᠡᠷᠵᠢᠬᠦᠯᠦᠨ᠎ᠡ᠃ ᠮᠠᠷᠠᠽᠤᠨ ᠤᠷᠤᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ | ᠬᠢᠷᠢ ᠬᠡᠮᠵᠢᠶ᠎ᠡ ᠶᠢ ᠴᠢᠩᠭᠠᠳᠬᠠᠵᠤ᠂ ᠤᠷᠤᠯᠳᠤᠭᠠᠨ ᠤ ᠡᠵᠡᠩᠨᠡᠯᠲᠡ ᠶᠢᠨ ᠲᠠᠯ᠎ᠠ ᠶᠢᠨ ᠤᠷᠤᠯᠳᠤᠭᠠᠨ ᠮᠡᠳᠡᠭᠦᠯᠵᠦ | ᠳᠠᠩᠰᠠᠯᠠᠭᠤᠯᠬᠤ᠂ ᠤᠷᠤᠯᠳᠤᠭᠠᠨ ᠤ ᠬᠤᠯᠪᠣᠭᠳᠠᠯ ᠪᠥᠬᠦᠶ ᠮᠡᠳᠡᠭᠡ ᠵᠠᠩᠭᠢ᠂ ᠳ᠋ᠦᠩᠨᠡᠯᠲᠡ ᠵᠢᠴᠢ ᠤᠷᠤᠯᠳᠤᠭᠠᠨ ᠤ | ᠦᠨᠡᠯᠡᠬᠦ ᠬᠠᠷᠢᠭᠤ ᠲᠤᠰᠬᠠᠬᠤ ᠵᠡᠷᠭᠡ ᠠᠭᠤᠯᠭ᠎ᠠ ᠶᠢ ᠲᠠᠪᠴᠠᠩ ᠢᠶᠠᠷ ᠳᠠᠮᠵᠢᠭᠤᠯᠤᠨ ᠪᠡᠶᠡᠯᠡᠭᠦᠯᠵᠦ᠂ ᠨᠥᠬᠦᠴᠡᠯ | ᠪᠣᠯᠤᠮᠵᠢ ᠲᠠᠢ ᠪᠠᠶᠢᠳᠠᠯ ᠳᠣᠣᠷ᠎ᠠ᠂ ᠠᠳᠠᠯᠢ ᠪᠤᠰᠤ ᠤᠷᠤᠯᠳᠤᠭᠠᠨ ᠤ ᠡᠵᠡᠩᠨᠡᠯᠲᠡ ᠶᠢᠨ ᠲᠠᠯ᠎ᠠ ᠶᠢᠨ ᠤᠷᠤᠯᠳᠤᠭᠠᠨ | ᠡᠵᠡᠩᠨᠡᠯᠲᠡ ᠶᠢᠨ ᠲᠠᠪᠴᠠᠩ ᠲᠠᠢ ᠵᠠᠯᠭᠠᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ | ᠪᠡᠶᠡᠯᠡᠬᠦᠯᠵᠦ᠂ ᠲᠠᠪᠴᠠᠩ ᠢᠶᠠᠷ ᠳᠠᠮᠵᠢᠭᠤᠯᠤᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠬᠤᠷᠢᠶᠠᠩᠭᠤᠶᠢᠯᠠᠬᠤ ᠪᠠ | ᠵᠠᠳᠠᠯᠤᠯᠲᠠ ᠬᠢᠵᠦ᠂ ᠮᠠᠷᠠᠽᠤᠨ ᠠᠵᠢᠯ ᠲᠥᠷᠥᠯ ᠤᠨ ᠬᠥᠭᠵᠢᠯᠲᠡ ᠳᠤ ᠬᠠᠮᠤᠭ ᠤᠨ ᠰᠠᠶᠢᠨ ᠦᠢᠯᠡᠳᠦᠯᠬᠡ ᠪᠠ | ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ᠃ | ᠤᠷᠤᠯᠳᠤᠭᠠᠨ ᠤ ᠠᠵᠢᠯᠯᠠᠭᠠᠨ ᠤ ᠵᠢᠷᠤᠮᠵᠢᠭᠰᠠᠨ ᠳᠠᠷᠠᠭᠠᠯᠠᠯ ᠪᠠ ᠦᠨᠡᠯᠡᠬᠦ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠬᠦᠯᠦᠨ᠎ᠡ᠃ ᠡᠯ᠎ᠡ ᠲᠥᠷᠥᠯ ᠤᠨ ᠮᠠᠷᠠᠽᠤᠨ ᠤᠷᠤᠯᠳᠤᠭᠠᠨ ᠤ ᠶᠠᠪᠤᠳᠠᠯ ᠤᠨ ᠠᠵᠢᠯ ᠤᠨ ᠵᠢᠷᠤᠮ ᠤᠨ | ᠬᠥᠲᠥᠯᠦᠮᠵᠢ ᠪᠠ ᠵᠣᠬᠢᠶᠠᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ᠂ | ᠡᠮ ᠡᠮᠨᠡᠯᠭᠡ ᠶᠢᠨ ᠪᠠᠴᠢᠮ ᠠᠪᠣᠷᠠᠯᠳᠠ᠂ ᠤᠷᠤᠯᠳᠤᠭᠠᠨ ᠢ ᠵᠣᠬᠢᠶᠠᠨ ᠪᠠᠶᠢᠭᠤᠯᠬᠤ᠂ ᠲᠠᠮᠢᠷᠴᠢᠨ ᠤ ᠦᠢᠯᠡᠴᠢᠯᠡᠭᠡ | ᠵᠡᠷᠭᠡ ᠬᠡᠷᠡᠭᠵᠢᠭᠦᠯᠬᠦ ᠲᠥᠰᠦᠯ ᠢ ᠵᠢᠷᠤᠮᠵᠢᠭᠤᠯᠵᠤ᠂ ᠮᠠᠨ ᠤ ᠤᠯᠤᠰ ᠤᠨ ᠮᠠᠷᠠᠽᠤᠨ ᠤᠷᠤᠯᠳᠤᠭᠠᠨ ᠤ | ᠡᠵᠡᠩᠨᠡᠯᠲᠡ ᠶᠢᠨ ᠳᠦᠷᠢᠮᠵᠢᠯᠡᠯᠲᠡ᠂ ᠵᠢᠷᠤᠮᠵᠢᠯᠠᠯᠲᠠ ᠪᠠ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠶᠡᠷᠦᠩᠬᠡᠶᠢᠯᠡᠭᠰᠡᠨ ᠦᠢᠯᠡᠴᠢᠯᠡᠭᠡ᠂ ᠣᠨᠴᠠᠯᠢᠭ᠂ ᠬᠡᠪᠴᠢᠶ᠎ᠡ᠂ ᠠᠶᠤᠯ | ᠥᠭᠡᠢ ᠶᠢᠨ ᠲᠡᠰ ᠵᠡᠷᠭᠡ ᠪᠠᠷᠢᠮᠵᠢᠶ᠎ᠠ ᠪᠠᠷ ᠬᠡᠷᠡᠭᠵᠢᠭᠦᠯᠵᠦ ᠪᠣᠯᠬᠤᠶᠢᠴᠠ ᠮᠠᠷᠠᠽᠤᠨ ᠤᠷᠤᠯᠳᠤᠭᠠᠨ ᠤ ᠶᠠᠪᠤᠳᠠᠯ ᠢ | ᠦᠨᠡᠯᠡᠬᠦ ᠰᠢᠰᠲ᠋ᠧᠮ ᠢ ᠲᠣᠭᠲᠠᠭᠠᠵᠤ᠂ ᠰᠢᠨᠵᠢᠯᠡᠬᠦ ᠤᠬᠠᠭᠠᠨᠴᠢ ᠪᠠᠷ ᠤᠷᠤᠯᠳᠤᠭᠠᠨ ᠤ ᠵᠡᠷᠭᠡ ᠳᠡᠰ᠂ | ᠬᠡᠪᠴᠢᠶ᠎ᠡ ᠶᠢ ᠦᠨᠡᠯᠡᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠨᠡᠶᠢᠲᠡ ᠳᠤ ᠨᠡᠶᠢᠲᠡᠯᠡᠵᠦ᠂ | ᠡᠵᠡᠩᠨᠡᠭᠴᠢ ᠶᠢᠨ ᠢᠳᠡᠪᠬᠢᠵᠢᠯ ᠢ ᠬᠥᠭᠵᠢᠭᠡᠵᠦ᠂ ᠦᠢᠯᠡᠴᠢᠯᠡᠭᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | ᠲᠤᠰᠬᠠᠶ ᠪᠤᠯᠤᠩ 1᠄ ᠤᠷᠤᠯᠳᠤᠭᠠᠨ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ | 1 . ᠣᠯᠠᠨ ᠡᠰᠢᠲᠦ ᠦᠨᠡᠯᠡᠯᠲᠡ ᠬᠢᠬᠦ ᠭᠤᠣᠯ ᠴᠣᠭᠴᠠ᠄ ᠬᠦᠨᠳᠦ ᠬᠦᠡᠭᠭᠡᠠ ᠲᠠᠮᠢᠷ ᠤᠨ ᠨᠡᠶᠢᠭᠡᠮᠯᠢᠭ ᠢᠶᠠᠷ | ᠭᠤᠣᠯ ᠪᠣᠯᠭᠠᠨ᠂ ᠮᠠᠷᠠᠽᠤᠨ ᠤᠷᠤᠯᠳᠤᠭᠠᠨ ᠤ ᠲᠤᠰᠬᠠᠶ ᠮᠡᠷᠭᠡᠵᠢᠯ ᠤᠨ ᠴᠢᠨᠠᠷ ᠪᠠ ᠳᠦᠷᠢᠮᠵᠢᠯᠳᠦ ᠴᠢᠨᠠᠷ ᠤᠨ | ᠡᠵᠡᠩᠨᠡᠯᠲᠡ ᠶᠢᠨ ᠡᠭᠦᠳᠡᠨ ᠠᠴᠠ ᠵᠢᠷᠤᠮᠵᠢᠭᠤᠯᠬᠤ ᠪᠠ ᠬᠢᠨᠠᠨ ᠲᠣᠭᠲᠠᠭᠠᠯᠲᠠ ᠬᠢᠵᠦ᠂ ᠮᠠᠷᠠᠽᠤᠨ ᠬᠦᠶᠦᠭᠴᠢ ᠶᠢᠨ | ᠦᠨᠡᠯᠡᠯᠲᠡ᠂ ᠠᠷᠠᠳ ᠲᠦᠮᠡᠨ ᠤ ᠲᠦᠷᠦᠭᠳᠡᠯ᠂ ᠶᠠᠷᠢᠶ᠎ᠠ ᠬᠡᠯᠡᠯᠴᠡᠭᠡ ᠶᠢᠨ ᠦᠨᠡᠯᠡᠯᠲᠡ ᠵᠡᠷᠭᠡ ᠠᠰᠢᠭ ᠲᠤᠰᠠ | ᠬᠤᠯᠪᠣᠭᠳᠠᠬᠤ ᠡᠲᠡᠭᠡᠳ ᠤᠨ ᠦᠨᠡᠯᠡᠯᠲᠡ ᠶᠢ ᠶᠡᠷᠦᠩᠬᠡᠶᠢᠯᠡᠨ ᠪᠣᠳᠤᠯᠬᠢᠯᠠᠨ᠎ᠠ᠃ | 2᠂ ᠣᠯᠠᠨ ᠡᠰᠢᠲᠦ ᠦᠨᠡᠯᠡᠬᠦ ᠠᠷᠭ᠎ᠠ ᠮᠠᠶ᠋ᠢᠭ ᠄ ᠬᠡᠮᠵᠢᠶ᠎ᠡ ᠪᠠ ᠰᠢᠨᠵᠢ ᠴᠢᠨᠠᠷ ᠢ ᠤᠶᠠᠯᠳᠤᠭᠤᠯᠬᠤ᠂ | ᠤᠷᠤᠯᠳᠤᠭᠠᠨ ᠠᠴᠠ ᠡᠮᠦᠨ᠎ᠡ ᠬᠢᠭᠡᠳ ᠤᠷᠤᠯᠳᠤᠭᠠᠨ ᠤ ᠳᠠᠷᠠᠭ᠎ᠠ ᠶᠢ ᠤᠶᠠᠯᠳᠤᠭᠤᠯᠬᠤ᠂ ᠶᠠᠪᠤᠴᠠ ᠪᠣᠯᠤᠨ ᠦᠷ᠎ᠡ | ᠳ᠋ᠦᠩ ᠢ ᠤᠶᠠᠯᠳᠤᠭᠤᠯᠬᠤ᠂ ᠨᠡᠩ ᠪᠤᠰᠤᠳᠴᠢ ᠪᠠᠷ᠂ ᠮᠠᠷᠠᠽᠤᠨ ᠤᠷᠤᠯᠳᠤᠭᠠᠨ ᠤ ᠦᠨᠡᠯᠡᠬᠦ ᠰᠢᠰᠲ᠋ᠧᠮ ᠤᠨ | ᠪᠢᠰᠢᠷᠡᠭᠦᠯᠬᠦ ᠬᠦᠴᠦ ᠶᠢ ᠰᠢᠰᠲ᠋ᠧᠮ ᠳᠡᠭᠡᠭᠰᠢᠯᠡᠬᠦᠯᠦᠨ᠎ᠡ᠃ | 3 . ᠰᠢᠨᠵᠢᠯᠡᠬᠦ ᠤᠬᠠᠭᠠᠨᠴᠢ ᠦᠨᠡᠯᠡᠯᠲᠡ ᠬᠢᠬᠦ ᠠᠷᠭ᠎ᠠ᠄ ᠡᠷᠬᠡ ᠲᠡᠭᠰᠢ᠂ ᠢᠯᠠ ᠲᠤᠳᠤᠷᠬᠠᠢ᠂ ᠲᠥᠪ | ᠭᠤᠣᠯᠴᠢ ᠪᠠᠶᠢᠬᠤ ᠵᠠᠷᠴᠢᠮ ᠢ ᠬᠡᠷᠡᠭᠵᠢᠭᠦᠯᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠷᠭ᠎ᠠ ᠪᠠᠷᠢᠯ ᠢ | ᠠᠰᠢᠭᠯᠠᠵᠤ᠂ ᠠᠰᠠᠭᠤᠯᠲᠠ ᠶᠢᠨ ᠰᠡᠳᠦᠪ ᠢᠶᠠᠷ ᠪᠠᠶᠢᠴᠠᠭᠠᠯᠲᠠ ᠬᠢᠬᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠲᠤᠭ᠎ᠠ ᠪᠦᠷᠢᠳᠬᠡᠯ᠂ ᠪᠢᠴᠢᠯ ᠪᠦᠷᠭᠡ᠂ ᠸᠢᠴᠠᠲ᠂ ᠰᠢᠯᠵᠢᠶ᠎ᠡ ᠶᠢᠨ ᠠᠷᠭ᠎ᠠ ᠮᠠᠶ᠋ᠢᠭ ᠢᠶᠠᠷ | ᠦᠨᠡᠯᠡᠯᠲᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠴᠠᠭ ᠲᠤᠬᠠᠶ ᠳᠤᠨᠢ ᠪᠠᠶᠢᠴᠠᠭᠠᠭᠰᠠᠨ ᠦᠷ᠎ᠡ ᠳ᠋ᠦᠩ ᠢᠶᠠᠨ | ᠣᠯᠠᠨ ᠨᠡᠶᠢᠲᠡ ᠳᠤ ᠨᠡᠶᠢᠲᠡᠯᠡᠨ᠎ᠡ᠃ | ᠮᠠᠷᠠᠽᠤᠨ ᠤᠷᠤᠯᠳᠤᠭᠠᠨ ᠤ ᠶᠠᠪᠤᠳᠠᠯ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠶ᠃ ᠮᠠᠷᠠᠽᠤᠨ ᠤᠷᠤᠯᠳᠤᠭᠠᠨ ᠤ ᠶᠠᠪᠤᠳᠠᠯ ᠤᠨ ᠡᠮ ᠡᠮᠨᠡᠯᠭᠡ ᠶᠢᠨ ᠪᠠᠴᠢᠮ ᠠᠪᠤᠷᠠᠨ ᠲᠤᠰᠠᠯᠠᠬᠤ | ᠪᠠ ᠪᠠᠲᠤᠯᠠᠭ᠎ᠠ ᠶᠢᠨ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ᠂ ᠡᠯ᠎ᠡ ᠵᠦᠢᠯ ᠤᠨ ᠬᠡᠪᠴᠢᠶ᠎ᠡ ᠲᠠᠢ | ᠡᠮᠴᠢᠯᠡᠭᠡ ᠶᠢᠨ ᠴᠡᠭ᠂ ᠲᠣᠭᠲᠠᠭᠤᠨ ᠢ ᠬᠠᠮᠠᠭᠠᠯᠠᠬᠤ ᠠᠵᠢᠯᠲᠠᠳ ᠢ ᠳᠣᠭᠢᠷᠠᠭᠤᠯᠬᠤ ᠲᠣᠭᠠᠨ ᠤ ᠬᠡᠪᠴᠢᠶ᠎ᠡ ᠵᠡᠷᠭᠡ ᠶᠢ | ᠲᠣᠭᠲᠠᠭᠠᠵᠤ᠂ ᠲᠤᠬᠠᠶ ᠶᠢᠨ ᠭᠠᠵᠠᠷ ᠤᠨ ᠡᠮ ᠡᠮᠨᠡᠯᠭᠡ ᠶᠢᠨ ᠪᠠᠴᠢᠮ ᠠᠪᠤᠷᠠᠨ ᠲᠤᠰᠠᠯᠠᠬᠤ ᠪᠠ ᠠᠮᠤᠷ ᠲᠦᠪᠰᠢᠨ ᠤ | ᠬᠠᠮᠠᠭᠠᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠤᠨ ᠪᠠᠶᠢᠭᠤᠯᠤᠮᠵᠢ ᠶᠢ | ᠵᠣᠷᠢᠭᠵᠢᠭᠤᠯᠵᠤ ᠮᠠᠷᠠᠽᠤᠨ ᠲᠤᠰᠬᠠᠶ ᠵᠦᠢᠯ ᠤᠨ ᠳᠠᠭᠠᠳᠬᠠᠯᠭᠠᠷᠭᠠᠨ︵ᠭᠡᠨᠡᠳᠲᠡ ᠦᠬᠦᠬᠦ ᠠᠶᠤᠯ ᠲᠠᠢ ᠪᠠᠭᠲᠠᠨ᠎ᠠ︶᠂ | ᠤᠷᠤᠯᠳᠤᠭᠠᠨ ᠤ ᠠᠵᠢᠯ ᠪᠠ ᠤᠷᠤᠯᠳᠤᠭᠠᠨ ᠳᠤ ᠣᠷᠣᠯᠴᠠᠬᠤ ᠲᠠᠮᠢᠷᠴᠢᠨ ᠳᠤ ᠪᠠᠲᠤᠯᠠᠭ᠎ᠠ ᠬᠠᠩᠭᠠᠬᠤ ᠬᠡᠷᠡᠭᠲᠡᠶ᠃ | ᠮᠠᠷᠠᠽᠤᠨ ᠲᠠᠮᠢᠷ ᠤᠨ ᠠᠵᠤ ᠦᠢᠯᠡᠰ ᠤᠨ ᠣᠷᠴᠢᠨ ᠠᠬᠤᠶ ᠨᠥᠬᠦᠷᠰᠡᠭ ᠪᠠ ᠦᠷᠭᠦᠯᠵᠢᠯᠡᠨ ᠬᠥᠭᠵᠢᠬᠦ | ᠰᠢᠰᠲ᠋ᠧᠮ ᠢ ᠪᠠᠶᠢᠭᠤᠯᠤᠨ᠎ᠠ᠃ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠦᠷ᠎ᠡ ᠠᠰᠢᠭ ᠤᠨ ᠲᠡᠩᠴᠡᠪᠦᠷᠢ ᠶᠢ | ᠪᠠᠲᠤᠯᠠᠵᠤ᠂ ᠠᠮᠢ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠣᠯᠤᠨ ᠠᠮᠢ ᠠᠬᠤᠢ ᠶᠢᠨ ᠠᠵᠤ ᠦᠢᠯᠡᠰ ᠤᠨ ᠲᠣᠣᠷ | ᠰᠦᠯᠵᠢᠶ᠎ᠡ ᠶᠢ ᠪᠠᠶᠢᠭᠤᠯᠵᠤ᠂ ᠡᠭᠦᠨ ᠤ ᠤᠯᠠᠮ ᠠᠴᠠ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠨ᠂ | ᠪᠣᠬᠢᠷᠲᠤᠯ ᠢ ᠪᠠᠭᠠᠰᠬᠠᠵᠤ᠂ ᠣᠷᠴᠢᠨ ᠠᠬᠤᠶ ᠶᠢ ᠬᠠᠮᠠᠭᠠᠯᠠᠨ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ | ᠃ ᠤᠷᠤᠯᠳᠤᠭᠠᠨ ᠤ ᠱᠤᠭᠤᠮ ᠢ ᠵᠢᠷᠤᠵᠤ ᠲᠦᠯᠦᠪᠯᠡᠬᠦ ᠦᠶ᠎ᠡ ᠳᠤ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ | ᠭᠠᠵᠠᠷ ᠣᠷᠣᠨ ᠠᠴᠠ ᠬᠤᠯᠠ ᠵᠠᠶᠢᠯᠠᠵᠤ᠂ ᠤᠷᠤᠯᠳᠤᠭᠠᠨ ᠬᠢᠬᠦ ᠲᠠᠯᠠᠪᠠᠢ ᠶᠢᠨ ᠬᠠᠶᠠᠭᠳᠠᠮᠠᠯ ᠪᠣᠳᠠᠰ ᠢ ᠴᠠᠭ | ᠲᠤᠬᠠᠶ ᠳᠤᠨᠢ ᠵᠢᠷᠤᠮᠵᠢᠭᠤᠯᠤᠨ ᠢᠯᠭᠠᠷᠠᠭᠤᠯᠬᠤ ᠪᠠ ᠬᠤᠷᠢᠶᠠᠨ ᠠᠪᠬᠤ ᠬᠡᠷᠡᠭᠲᠡᠢ᠃ | ︵ᠬᠤᠶᠠᠷ︶ ᠤᠯᠠᠨ ᠡᠰᠢᠵᠢᠭ᠍ᠰᠡᠨ ᠮᠠᠷᠠᠽᠤᠨ ᠲᠠᠮᠢᠷ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠣᠶᠢᠵᠢᠭᠤᠯᠤᠨ᠎ᠠ | ᠮᠠᠷᠠᠽᠤᠨ ᠬᠥᠳᠡᠯᠭᠡᠭᠡᠨ ᠤ ᠠᠵᠤ ᠠᠬᠤᠶᠢᠯᠠᠯ ᠤᠨ ᠭᠤᠣᠯ ᠴᠣᠭᠴᠠ ᠶᠢ ᠬᠦᠭᠵᠢᠬᠦᠯᠬᠦ ᠬᠡᠷᠡᠭᠲᠡᠶ᠃ ᠨᠢᠭᠡ | ᠪᠦᠯᠦᠭ ᠪᠡᠶ᠎ᠡ ᠪᠠᠨ ᠳᠠᠭᠠᠭᠠᠭᠰᠠᠨ ᠨᠡᠷᠡᠳᠤ ᠲᠡᠮᠳᠡᠭ᠂ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠦᠯᠳᠦᠬᠦ ᠪᠣᠳᠠᠲᠤ | ᠬᠦᠴᠦᠨ ᠲᠠᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠵᠤ᠂ ᠠᠵᠤ ᠠᠬᠤᠶᠢᠯᠠᠯ ᠤᠨ ᠤᠷᠤᠯᠳᠤᠭᠠᠨ ᠤ | ᠡᠵᠡᠩᠨᠡᠯᠲᠡ᠂ ᠤᠶᠤᠯᠢᠭ ᠲᠣᠨᠣᠭᠯᠠᠯ ᠦᠢᠯᠡᠳᠬᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠪᠡᠶ᠎ᠡ ᠶᠢᠨ | ᠲᠠᠮᠢᠷ ᠤᠨ ᠵᠤᠭᠠᠴᠠᠯ ᠵᠡᠷᠭᠡ ᠲᠠᠯ᠎ᠠ ᠪᠠᠷ ᠬᠢ ᠰᠢᠨ᠎ᠡ ᠶᠢ ᠡᠭᠦᠳᠬᠦ ᠶᠢ ᠳᠡᠮᠵᠢᠵᠦ᠂ ᠪᠣᠳᠠᠭᠠᠯᠢᠬᠴᠢᠯᠠᠨ ᠦᠢᠯᠡᠳᠬᠦ ᠪᠠ | ᠵᠥᠭᠡᠯᠡᠨ ᠦᠢᠯᠡᠴᠢᠯᠡᠭᠡ ᠬᠠᠩᠭᠠᠬᠤ ᠶᠢ ᠢᠳᠡᠪᠬᠢᠲᠡᠶ ᠦᠷᠨᠢᠬᠦᠯᠬᠦ ᠬᠡᠷᠡᠭᠲᠡᠢ᠃ ᠤᠯᠠᠨ ᠵᠦᠢᠯ ᠤᠨ ᠠᠷᠭ᠎ᠠ | ᠬᠡᠯᠪᠡᠷᠢ ᠪᠠᠷ ᠳᠠᠮᠵᠢᠭᠤᠯᠤᠨ᠂ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠮᠠᠷᠠᠽᠤᠨ ᠰᠢᠷᠢᠰ ᠤᠷᠤᠯᠳᠤᠭᠠᠨ ᠢ | ᠨᠡᠭᠡᠭᠡᠨ ᠬᠦᠭᠵᠢᠬᠦᠯᠬᠦ ᠶᠢ ᠬᠦᠲᠦᠯᠦᠨ ᠵᠢᠯᠤᠭᠤᠳᠤᠨ᠎ᠠ᠃ ᠨᠢᠭᠡ ᠪᠦᠯᠦᠭ ᠣᠯᠠᠨ ᠤᠯᠤᠰ ᠲᠤ ᠨᠡᠷ᠎ᠡ ᠠᠯᠳᠠᠷ ᠲᠠᠢ᠂ | ᠤᠯᠤᠰ ᠤᠨ ᠨᠥᠯᠥᠭᠡᠯᠡᠬᠦ ᠬᠦᠴᠦᠨ ᠲᠠᠢ᠂ ᠵᠦᠷᠢᠶᠡᠴᠢᠯᠡᠭᠰᠡᠨ ᠣᠨᠴᠠᠯᠢᠭ ᠲᠠᠢ ᠤᠷᠤᠯᠳᠤᠭᠠᠨ ᠤ ᠲᠦᠷᠦᠯ ᠲᠡᠮᠳᠡᠭ ᠢ | ᠡᠭᠦᠳᠬᠦ ᠬᠡᠷᠡᠭᠲᠡᠶ᠃ | ᠮᠠᠷᠠᠽᠤᠨ ᠬᠥᠳᠡᠯᠭᠡᠭᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠣᠷ ᠰᠦᠯᠵᠢᠶ᠎ᠡ ᠶᠢ ᠪᠠᠬᠢᠵᠢᠭᠦᠯᠦᠨ | ᠲᠡᠭᠦᠯᠳᠡᠷᠵᠢᠭᠦᠯᠵᠦ ᠪᠠᠶᠢᠭᠤᠯᠤᠨ᠎ᠠ᠃ ᠨᠡᠶᠢᠭᠡᠮᠴᠢᠯᠡᠭᠰᠡᠨ ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠴᠢᠭᠯᠡᠯ | ᠶᠣᠰᠣᠭᠠᠷ᠂ ᠮᠠᠷᠠᠽᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠬᠢᠭᠡᠳ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠰᠠᠯᠭᠠᠬᠤ ᠶᠢ ᠠᠬᠢᠭᠤᠯᠵᠤ᠂ ᠮᠠᠷᠠᠽᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ | ᠠᠵᠢᠯᠯᠠᠬᠤ ᠶᠢ ᠠᠬᠢᠭᠤᠯᠤᠨ᠎ᠠ᠃ ᠮᠠᠷᠠᠽᠤᠨ ᠬᠥᠳᠡᠯᠭᠡᠭᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠮᠠᠷᠠᠽᠤᠨ | ᠲᠦᠭᠡᠮᠡᠯᠵᠢᠭᠦᠯᠬᠦ ᠬᠥᠳᠡᠯᠭᠡᠭᠡᠨ᠂ ᠮᠠᠷᠠᠽᠤᠨ ᠰᠣᠯᠢᠯᠴᠠᠭᠠᠨ ᠤ ᠲᠠᠪᠴᠠᠩ ᠢ ᠵᠣᠬᠢᠶᠠᠨ ᠪᠠᠶᠢᠭᠤᠯᠬᠤ᠂ ᠵᠠᠮ ᠤᠨ | ᠬᠦᠶᠦᠯᠲᠡ ᠶᠢᠨ ᠲᠠᠮᠢᠷᠴᠢᠨ ᠳᠤ ᠦᠢᠯᠡᠴᠢᠯᠡᠬᠦ ᠵᠡᠷᠭᠡ ᠲᠠᠯ᠎ᠠ ᠪᠠᠷ ᠦᠵᠡᠬᠦᠯᠬᠦ ᠢᠳᠡᠪᠬᠢᠲᠡᠶ ᠦᠢᠯᠡᠳᠦᠯ ᠢ ᠬᠦᠢᠴᠡᠳ | ᠪᠠᠳᠠᠷᠠᠭᠤᠯᠤᠨ᠎ᠠ᠃ ᠮᠠᠷᠠᠽᠤᠨ ᠬᠥᠳᠡᠯᠭᠡᠭᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠤᠨ | ᠳᠡᠮᠵᠢᠯᠬᠡ ᠶᠢ ᠴᠢᠩᠭᠠᠳᠬᠠᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠤᠯᠢ ᠴᠠᠭᠠᠵᠠ ᠪᠠ ᠥᠪᠡᠷ ᠥᠪᠡᠷ ᠤᠨ ᠢᠶᠠᠨ ᠲᠦᠷᠢᠮ ᠪᠠᠷ ᠠᠵᠢᠯᠯᠠᠬᠤ ᠪᠠ ᠠᠮᠢᠳᠤ | ᠰᠣᠷᠭᠤᠭ ᠬᠦᠴᠦᠨ ᠴᠢᠳᠠᠯ ᠢ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠤᠨ᠎ᠠ᠂ ᠤᠯᠠᠨ ᠬᠡᠯᠪᠡᠷᠢ᠂ ᠤᠯᠠᠨ ᠲᠡᠰ | ᠳᠠᠪᠬᠤᠷᠭ᠎ᠠ ᠶᠢᠨ ᠮᠠᠷᠠᠽᠤᠨ ᠲᠠᠮᠢᠷ ᠤᠨ ᠨᠡᠶᠢᠭᠡᠮᠯᠢᠭ ᠪᠤᠶᠤ ᠺᠯᠦ᠋ᠪ ᠢ ᠪᠣᠶᠢᠵᠢᠭᠤᠯᠤᠨ᠂ ᠵᠢᠱᠢᠶ᠎ᠡ ᠦᠵᠡᠭᠦᠯᠬᠦ | ᠭᠦᠶᠦᠬᠦ ᠪᠦᠯᠬᠦᠮ ᠢ ᠪᠦᠲᠦᠬᠡᠨ ᠪᠠᠶᠢᠭᠤᠯᠬᠤ ᠶᠢ ᠵᠣᠷᠢᠭᠵᠢᠭᠤᠯᠤᠨ᠎ᠠ᠃ | ᠲᠤᠰᠬᠠᠶ ᠪᠤᠯᠤᠩ 2᠄ ᠵᠠᠭᠤᠨ ᠪᠦᠯᠬᠦᠮ ᠤᠨ ᠪᠠᠶᠢᠭᠤᠯᠤᠯᠲᠠ ᠶᠢ ᠠᠬᠢᠭᠤᠯᠬᠤ ᠢᠨᠵᠧᠨᠧᠷᠢᠩ | 1 . ᠬᠦᠶᠦᠬᠦ ᠪᠦᠯᠬᠦᠮ ᠤᠨ ᠨᠤᠲᠠᠯᠠᠨ ᠭᠡᠷᠡᠴᠢᠯᠡᠬᠦ ᠰᠢᠰᠲ᠋ᠧᠮ ᠢ ᠪᠠᠶᠢᠭᠤᠯᠤᠨ᠂ 100 ᠵᠢᠱᠢᠶ᠎ᠡ ᠦᠵᠡᠭᠦᠯᠬᠦ | ᠬᠦᠶᠦᠬᠦ ᠪᠦᠯᠬᠦᠮ ᠢ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠰᠢᠯᠢᠳᠡᠭ ᠬᠦᠭᠵᠢᠯ ᠶᠢ ᠬᠥᠲᠥᠯᠦᠨ | ᠵᠢᠯᠤᠭᠤᠳᠤᠨ᠎ᠠ᠃ | 2᠂ ᠭᠦᠶᠦᠬᠦ ᠪᠦᠯᠬᠦᠮ ᠤᠨ ᠬᠥᠭᠵᠢᠯᠲᠡ ᠶᠢ ᠵᠢᠯᠣᠭᠤᠳᠬᠤ ᠡᠷᠴᠢᠮ ᠢᠶᠠᠨ ᠴᠢᠩᠭᠠᠳᠬᠠᠵᠤ᠂ ᠭᠦᠶᠦᠬᠦ | ᠪᠦᠯᠬᠦᠮ ᠤᠨ ᠬᠠᠷᠢᠭᠤᠴᠠᠯᠭᠠᠲᠠᠨ ᠳᠤ ᠪᠠᠶᠢᠩᠭᠤ ᠶᠢᠨ ᠴᠢᠨᠠᠷᠲᠠᠶ ᠪᠣᠯᠪᠠᠰᠤᠷᠠᠯ ᠬᠦᠷᠲᠡᠭᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠦᠷᠨᠢᠬᠦᠯᠬᠦ ᠬᠡᠷᠡᠭᠲᠡᠶ᠃ ᠬᠦᠶᠦᠬᠦ ᠪᠦᠯᠬᠦᠮ ᠤᠨ ᠡᠳᠦᠷ ᠲᠤᠲᠤᠮ ᠤᠨ ᠪᠣᠯᠪᠠᠰᠤᠷᠠᠯ ᠳᠤᠮᠳᠠᠬᠢ | ᠵᠣᠬᠢᠶᠠᠨ ᠪᠠᠶᠢᠭᠤᠯᠬᠤ ᠬᠠᠮᠢᠶᠠᠷᠤᠯᠲᠠ ᠪᠠ ᠤᠷᠤᠯᠳᠤᠭᠠᠨ ᠤ ᠠᠩᠬᠠᠷᠤᠯ ᠤᠨ ᠣᠨᠴᠠᠯᠢᠭ ᠢ ᠭᠦᠢᠴᠡᠳ ᠪᠠᠳᠠᠷᠠᠭᠤᠯᠵᠤ᠂ | ᠭᠦᠶᠦᠬᠦ ᠪᠦᠯᠬᠦᠮ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠪᠦᠳᠤᠭᠡᠨ ᠪᠠᠶᠢᠭᠤᠯᠬᠤ ᠴᠢᠳᠠᠪᠤᠷᠢ ᠶᠢ | ᠳᠡᠭᠡᠭᠰᠢᠯᠡᠬᠦᠯᠵᠦ᠂ ᠰᠢᠨᠵᠢᠯᠡᠬᠦ ᠤᠬᠠᠭᠠᠨᠴᠢ ᠪᠣᠯᠪᠠᠰᠤᠷᠠᠯ᠂ ᠡᠷᠡᠭᠦᠯ ᠪᠣᠯᠪᠠᠰᠤᠨ ᠢᠶᠠᠷ ᠤᠷᠤᠯᠳᠤᠭᠠᠨ ᠳᠤ ᠣᠷᠤᠯᠴᠠᠬᠤ | ᠦᠯᠢᠭᠡᠷ ᠳᠠᠭᠤᠷᠢᠶᠠᠯ ᠢ ᠪᠣᠢ ᠪᠣᠯᠭᠠᠨ᠎ᠠ᠃ | ︵ᠭᠤᠷᠪᠠ︶ ᠮᠠᠷᠠᠽᠤᠨ ᠬᠥᠳᠡᠯᠭᠡᠭᠡᠨ ᠤ ᠬᠡᠷᠡᠭᠯᠡᠭᠡ ᠶᠢ ᠢᠳᠡᠪᠬᠢᠲᠡᠶ ᠬᠥᠲᠥᠯᠥᠨ ᠵᠢᠯᠤᠭᠤᠳᠤᠨ᠎ᠠ | ᠤᠷᠤᠯᠳᠤᠭᠠᠨ ᠤ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠮᠠᠷᠠᠽᠤᠨ ᠤᠷᠤᠯᠳᠤᠭᠠᠨ ᠤ ᠬᠡᠯᠪᠡᠷᠢ ᠶᠢᠨ | ᠰᠢᠨ᠎ᠡ ᠶᠢ ᠡᠬᠦᠳᠦᠨ᠂ ᠣᠨᠴᠠᠯᠢᠭ ᠲᠠᠢ ᠤᠷᠤᠯᠳᠤᠭᠠᠨ ᠬᠥᠳᠡᠯᠭᠡᠭᠡᠨ ᠤ ᠲᠥᠷᠥᠯ ᠵᠦᠢᠯ ᠤᠨ ᠬᠥᠭᠵᠢᠯᠲᠡ ᠶᠢ ᠶᠡᠬᠡᠪᠡᠷ | ᠠᠬᠢᠭᠤᠯᠵᠤ᠂ ᠡᠯ᠎ᠡ ᠮᠠᠷᠠᠽᠤᠨ ᠤᠷᠤᠯᠳᠤᠭᠠᠨ ᠶᠠᠪᠤᠳᠠᠯ ᠤᠨ ᠬᠤᠭᠤᠷᠣᠨᠳᠣᠬᠢ ᠶᠢᠨ ᠵᠥᠷᠢᠶ᠎ᠡ ᠶᠢ ᠪᠤᠶ ᠪᠣᠯᠭᠠᠨ᠎ᠠ᠃ | ᠡᠯ᠎ᠡ ᠭᠠᠵᠠᠷ ᠤᠨ ᠬᠢᠨ ᠤ ᠰᠣᠶᠣᠯ ᠢᠷᠭᠡᠨᠰᠢᠯ᠂ ᠪᠠᠶᠢᠭᠠᠯᠢ ᠶᠢᠨ ᠦᠵᠡᠮᠵᠢ ᠵᠡᠷᠭᠡ ᠣᠨᠴᠠᠯᠢᠭ ᠲᠠᠢ ᠤᠶᠠᠯᠳᠤᠭᠤᠯᠤᠨ᠂ | ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠤᠯᠠᠨ ᠶᠠᠩᠵᠤ ᠶᠢᠨ ᠤᠷᠤᠯᠳᠤᠭᠠᠨ ᠢ ᠬᠦᠭᠵᠢᠬᠦᠯᠬᠦ ᠶᠢ | ᠵᠣᠷᠢᠭᠵᠢᠭᠤᠯᠤᠨ᠎ᠠ᠃ ᠵᠢᠱᠢᠶ᠎ᠡ ᠦᠵᠡᠭᠦᠯᠬᠦ ᠭᠤᠣᠯ ᠤᠷᠤᠯᠳᠤᠭᠠᠨ ᠤ ᠳᠦᠷᠦᠯ ᠵᠦᠢᠯ ᠤᠨ ᠬᠦᠭᠵᠢᠯ ᠢ | ᠢᠳᠡᠪᠬᠢᠲᠡᠶ ᠪᠠᠷ ᠬᠥᠲᠥᠯᠥᠨ ᠵᠢᠯᠤᠭᠤᠳᠤᠨ᠎ᠠ᠃ ᠠᠷᠠᠳ ᠤᠯᠠᠨ ᠤ ᠮᠠᠷᠠᠽᠤᠨ ᠬᠥᠳᠡᠯᠭᠡᠭᠡᠨ ᠤ ᠳᠡᠰ ᠳᠠᠪᠬᠤᠷᠭ᠎ᠠ ᠶᠢᠨ | ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠬᠤ ᠬᠡᠷᠡᠭᠲᠡᠶ᠃ | ᠲᠤᠬᠠᠶᠢᠯᠠᠭᠰᠠᠨ ᠠᠵᠢᠯ ᠤᠨ ᠤᠷᠤᠯᠳᠤᠭᠠᠨ ᠪᠠ ᠣᠯᠠᠨ ᠲᠦᠮᠡᠨᠴᠢ ᠴᠢᠨᠠᠷᠲᠠᠶ ᠤᠷᠤᠯᠳᠤᠭᠠᠨ ᠤ ᠵᠦᠢᠯᠡᠰ ᠢ | ᠬᠠᠮᠲᠤ ᠳᠤᠨᠢ ᠬᠦᠭᠵᠢᠬᠦᠯᠵᠦ᠂ ᠤᠷᠤᠯᠳᠤᠭᠠᠨ ᠤ ᠵᠠᠬ᠎ᠠ ᠳᠡᠯᠭᠡᠭᠦᠷᠴᠢᠯᠡᠭᠰᠡᠨ᠂ ᠬᠤᠳᠠᠯᠳᠤᠭᠠᠴᠢᠯᠠᠯ᠂ ᠵᠤᠭ᠎ᠠ | ᠴᠡᠩᠭᠡᠯ ᠤᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 50 ᠨᠠᠷᠠᠲᠤ ᠲᠥᠷᠥᠯ ᠲᠡᠮᠳᠡᠭᠲᠦ ᠶᠢᠨ | ᠣᠨᠴᠠᠯᠢᠭ ᠪᠦᠬᠦᠢ ᠮᠠᠷᠠᠰᠤᠨ ᠰᠢᠷᠢᠰ ᠤᠷᠤᠯᠳᠤᠭᠠᠨ ᠢ ᠨᠡᠭᠡᠭᠡᠨ ᠬᠦᠭᠵᠢᠬᠦᠯᠦᠨ᠎ᠡ᠃ | 1 . ᠤᠷᠤᠯᠳᠤᠭᠠᠨ ᠤ ᠪᠠᠶᠢᠳᠠᠯ᠄ ᠵᠢᠱᠢᠶᠡᠯᠡᠪᠡᠯ ᠬᠥᠳᠡᠭᠡ ᠲᠣᠰᠬᠤᠨ ᠤ ᠮᠠᠷᠠᠽᠤᠨ ᠤᠷᠤᠯᠳᠤᠭᠠᠨ᠂ | ᠲᠠᠯ᠎ᠠ ᠨᠤᠲᠤᠭ ᠤᠨ ᠮᠠᠷᠠᠽᠤᠨ᠂ ᠤᠢ ᠰᠢᠭᠤᠶ ᠶᠢᠨ ᠮᠠᠷᠠᠽᠤᠨ ᠤᠷᠤᠯᠳᠤᠭᠠᠨ᠂ ᠠᠭᠤᠯᠠᠷᠬᠠᠭ ᠭᠠᠵᠠᠷ ᠤᠨ ᠮᠠᠷᠠᠽᠤᠨ | ᠤᠷᠤᠯᠳᠤᠭᠠᠨ᠂ ᠡᠯᠡᠰᠦᠨ ᠮᠠᠷᠠᠽᠤᠨ ᠤᠷᠤᠯᠳᠤᠭᠠᠨ᠂ ᠬᠤᠪᠢᠰᠬᠠᠯ ᠤᠨ ᠭᠤᠣᠯ ᠰᠡᠳᠦᠪᠲᠦ ᠮᠠᠷᠠᠽᠤᠨ | ᠤᠷᠤᠯᠳᠤᠭᠠᠨ ᠵᠡᠷᠭᠡ᠂ ᠮᠠᠷᠠᠽᠤᠨ ᠬᠥᠳᠡᠯᠭᠡᠭᠡᠨ ᠤ ᠠᠵᠤ ᠦᠢᠯᠡᠰ ᠤᠨ ᠣᠷᠣᠨ ᠪᠦᠰᠡᠴᠢᠯᠡᠭᠰᠡᠨ ᠬᠦᠭᠵᠢᠯ ᠢ | ᠠᠬᠢᠭᠤᠯᠬᠤ ᠬᠡᠷᠡᠭᠲᠡᠶ᠃ | 2᠂ ᠬᠠᠷᠠᠯᠲᠠ ᠶᠢᠨ ᠡᠲᠡᠭᠡᠳ᠄ ᠵᠢᠱᠢᠶᠡᠯᠡᠪᠡᠯ ᠡᠮᠡᠭᠲᠡᠶ ᠶᠢᠨ ᠮᠠᠷᠠᠽᠤᠨ ᠤᠷᠤᠯᠳᠤᠭᠠᠨ᠂ ᠢᠨᠠᠭ ᠠᠮᠠᠷᠠᠭ ᠤᠨ | ᠮᠠᠷᠠᠽᠤᠨ ᠤᠷᠤᠯᠳᠤᠭᠠᠨ᠂ ᠭᠡᠷ ᠪᠦᠯᠢ ᠶᠢᠨ ᠮᠠᠷᠠᠽᠤᠨ ᠤᠷᠤᠯᠳᠤᠭᠠᠨ | 3 . ᠤᠷᠤᠯᠳᠤᠭᠠᠨ ᠤ ᠬᠡᠪᠴᠢᠶ᠎ᠡ᠄ ᠰᠢᠯᠭᠠᠷᠠᠭᠤᠯᠬᠤ ᠤᠷᠤᠯᠳᠤᠭᠠᠨ᠂ ᠳᠠᠷᠠᠭᠠᠯᠠᠨ ᠢᠯᠠᠬᠤ᠂ ᠭᠦᠶᠦᠵᠦ | ᠪᠠᠶᠢᠭ᠎ᠠ ᠳᠤᠮᠳᠠᠳᠤ ᠤᠯᠤᠰ᠂ ᠡᠷᠡᠭᠦᠯ ᠡᠩᠬᠡ ᠳᠤᠮᠳᠠᠳᠤ ᠤᠯᠤᠰ᠂ ᠬᠦᠳᠡᠯᠬᠡᠬᠡᠨᠳᠦ ᠳᠤᠮᠳᠠᠳᠤ ᠤᠯᠤᠰ᠂ ᠨᠢᠭᠡ | ᠪᠦᠰᠡ ᠨᠢᠭᠡ ᠵᠠᠮ᠂ ᠣᠯᠢᠮᠫᠢᠺ ᠳᠤ ᠭᠦᠶᠦᠬᠦ ᠳᠤᠮᠳᠠᠳᠤ ᠤᠯᠤᠰ᠂ ᠨᠡᠶᠢᠭᠡᠮ ᠲᠣᠭᠤᠷᠢᠭ ᠲᠤ ᠭᠦᠶᠦᠬᠦ᠂ | ᠴᠡᠴᠡᠷᠯᠢᠭ ᠲᠤ ᠬᠦᠶᠦᠬᠦ᠂ ᠰᠤᠷᠭᠠᠭᠤᠯᠢ ᠶᠢᠨ ᠬᠦᠷᠢᠶᠡᠨ ᠤ ᠭᠦᠶᠦᠬᠦ ᠬᠡᠬᠦᠰ ᠵᠡᠷᠭᠡ | ᠥᠷᠭᠡᠨ ᠤᠯᠠᠨ ᠲᠦᠮᠡᠨ ᠤ ᠤᠯᠠᠨ ᠳᠡᠰ ᠳᠠᠪᠬᠤᠷᠭ᠎ᠠ ᠶᠢᠨ᠂ ᠥᠪᠡᠷᠮᠢᠴᠡᠴᠢᠯᠡᠯᠲᠡ᠂ ᠤᠯᠡᠨ ᠡᠰᠢᠴᠢᠯᠡᠭᠰᠡᠨ | ᠭᠦᠶᠦᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠨᠡᠩ ᠥᠷᠭᠡᠨ ᠬᠡᠪᠴᠢᠶᠡᠨ ᠤ ᠬᠦᠮᠦᠨ ᠢ | ᠮᠠᠷᠠᠽᠤᠨ ᠤᠷᠤᠯᠳᠤᠭᠠᠨ ᠳᠤ ᠬᠠᠮᠤᠷᠠᠭᠤᠯᠤᠨᠠ ᠃ | ᠲᠤᠰᠬᠠᠶ ᠪᠤᠯᠤᠩ 3᠄ ᠣᠯᠠᠨ ᠶᠠᠩᠵᠤ ᠲᠠᠢ ᠪᠥᠭᠡᠳ ᠣᠨᠴᠠᠯᠢᠭ ᠲᠠᠢ ᠮᠠᠷᠠᠽᠤᠨ ᠤᠷᠤᠯᠳᠤᠭᠠᠨ ᠢ ᠬᠥᠲᠥᠯᠦᠨ | ᠵᠢᠯᠣᠭᠤᠳᠴᠤ ᠨᠡᠭᠡᠭᠡᠨ ᠬᠥᠭᠵᠢᠭᠦᠯᠦᠨ᠎ᠡ | ᠭᠦᠶᠦᠭᠴᠢ ᠶᠢᠨ ᠬᠤᠪᠢ ᠴᠤᠭᠯᠠᠭᠤᠯᠬᠤ ᠰᠢᠰᠲ᠋ᠧᠮ ᠢ ᠪᠠᠶᠢᠭᠤᠯᠬᠤ ᠬᠡᠷᠡᠭᠲᠡᠶ᠃ ᠵᠢᠷᠤᠮᠵᠢᠭᠰᠠᠨ ᠮᠠᠷᠠᠽᠤᠨ | ᠭᠦᠶᠦᠭᠴᠢ ᠶᠢᠨ ᠬᠤᠪᠢ ᠴᠤᠭᠯᠠᠭᠤᠯᠬᠤ ᠰᠢᠰᠲ᠋ᠧᠮ ᠢ ᠪᠠᠶᠢᠭᠤᠯᠵᠤ᠂ ᠮᠠᠷᠠᠽᠤᠨ ᠭᠦᠶᠦᠬᠦ ᠬᠤᠪᠢ ᠬᠥᠮᠦᠨ ᠳᠤ | ᠬᠠᠷᠢᠶᠠᠯᠠᠭᠳᠠᠬᠤ ᠫᠠᠰᠫᠣᠷᠲ ᠶᠢ ᠪᠣᠢ ᠪᠣᠯᠭᠠᠵᠤ᠂ ᠨᠡᠩ ᠣᠯᠠᠨ ᠬᠦᠮᠦᠰ ᠢ ᠠᠳᠠᠯᠢ ᠪᠤᠰᠤ ᠲᠡᠰ ᠳᠠᠪᠬᠤᠷᠭ᠎ᠠ ᠶᠢᠨ | ᠤᠷᠤᠯᠳᠤᠭᠠᠨ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠤᠷᠤᠯᠳᠤᠭᠠᠨ ᠳᠤ ᠣᠷᠤᠯᠴᠠᠭᠰᠠᠨ ᠤᠳᠠᠭ᠎ᠠ᠂ | ᠤᠷᠤᠯᠳᠤᠭᠠᠨ ᠤ ᠬᠢᠷᠢ ᠪᠦᠲᠦᠮᠵᠢ᠂ ᠡᠷᠡᠭᠦᠯ ᠪᠤᠰᠤ ᠲᠤᠰᠬᠠᠯ ᠤᠨ ᠤᠳᠠᠭ᠎ᠠ᠂ ᠪᠡᠶ᠎ᠡ ᠮᠠᠬᠠᠪᠣᠳ ᠤᠨ ᠪᠠᠶᠢᠳᠠᠯ ᠵᠡᠷᠭᠡ | ᠣᠯᠠᠨ ᠲᠠᠯ᠎ᠠ ᠠᠴᠠ ᠭᠦᠶᠦᠭᠴᠢ ᠳᠤ ᠬᠤᠪᠢ ᠴᠤᠭᠯᠠᠭᠤᠯᠤᠨ᠎ᠠ᠃ ᠠᠳᠠᠯᠢ ᠪᠤᠰᠤ ᠵᠡᠷᠭᠡ ᠳᠡᠰ ᠤᠨ ᠤᠷᠤᠯᠳᠤᠭᠠᠨ | ᠳᠤ ᠨᠡᠷ᠎ᠡ ᠮᠡᠳᠡᠭᠦᠯᠬᠦ ᠳᠤ ᠱᠠᠭᠠᠷᠳᠠᠭᠳᠠᠬᠤ ᠬᠤᠪᠢ ᠶᠢᠨ ᠴᠤᠭᠯᠠᠷᠠᠯ ᠤᠨ ᠵᠡᠷᠭᠡ ᠳᠡᠰ ᠢᠶᠠᠷ ᠬᠢᠵᠠᠷᠭᠠᠯᠠᠵᠤ᠂ | ᠭᠦᠶᠦᠭᠴᠢ ᠶᠢᠨ ᠲᠤᠰ ᠪᠡᠶ᠎ᠡ ᠶᠢᠨ ᠴᠢᠳᠠᠪᠤᠷᠢ ᠶᠢᠨ ᠲᠠᠨᠢᠯᠲᠠ ᠶᠢ ᠳᠡᠭᠡᠭᠰᠢᠯᠡᠬᠦᠯᠵᠦ᠂ ᠠᠶᠤᠯᠭᠦᠶ ᠴᠢᠨᠠᠷ ᠢ ᠴᠦ | ᠳᠡᠭᠡᠭᠰᠢᠯᠡᠬᠦᠯᠦᠨ᠎ᠡ᠃ ᠮᠠᠷᠠᠽᠤᠨ ᠤᠷᠤᠯᠳᠤᠭᠠᠨ ᠳᠤ ᠣᠷᠣᠯᠴᠠᠭᠰᠠᠳ ᠢ ᠴᠢᠳᠠᠯ ᠤᠨ ᠢᠶᠠᠨ ᠬᠢᠷᠢ ᠪᠠᠷ ᠰᠣᠩᠭᠤᠯᠲᠠ | ᠬᠢᠬᠦ ᠪᠠ ᠮᠠᠷᠠᠽᠤᠨ ᠤᠷᠤᠯᠳᠤᠭᠠᠨ ᠳᠤ ᠣᠷᠣᠯᠴᠠᠬᠤ ᠶᠠᠪᠤᠳᠠᠯ ᠢ ᠵᠢᠷᠤᠮᠵᠢᠭᠤᠯᠬᠤ ᠪᠣᠯᠣᠨ᠎ᠠ᠂ ᠬᠤᠪᠢ | ᠴᠤᠭᠯᠠᠭᠤᠯᠬᠤ ᠶᠢᠨ ᠲᠦᠯᠦᠭᠡ ᠣᠷᠤᠯᠠᠵᠤ ᠬᠦᠶᠦᠬᠦ᠂ ᠬᠤᠪᠢ ᠴᠤᠭᠯᠠᠭᠤᠯᠬᠤ ᠶᠢᠨ ᠲᠥᠯᠥᠭᠡ ᠦᠪᠡᠷ ᠤᠨ ᠡᠷᠡᠬᠦᠯ | ᠴᠢᠬᠢᠷᠠᠭ ᠢᠶᠠᠨ ᠬᠠᠶᠢᠬᠤᠷᠤᠯ ᠦᠭᠡᠢ ᠴᠦᠯᠡᠵᠦ ᠬᠦᠶᠦᠬᠦ ᠵᠡᠷᠭᠡ ᠶᠢ ᠬᠤᠷᠢᠭᠯᠠᠨ᠎ᠠ᠃ ᠤᠷᠤᠯᠳᠤᠭᠠᠨ ᠳᠤ | ᠣᠷᠣᠯᠴᠠᠭᠰᠠᠳ ᠤᠨ ᠤᠷᠤᠯᠳᠤᠭᠠᠨ ᠳᠤ ᠠᠮᠤᠷ ᠲᠦᠪᠰᠢᠨ ᠣᠷᠤᠯᠴᠠᠬᠤ ᠶᠢ ᠪᠠᠲᠤᠯᠠᠭᠰᠠᠨ ᠤᠷᠢᠳᠠᠯ ᠳᠣᠣᠷ᠎ᠠ | ᠤᠷᠤᠯᠳᠤᠭᠠᠨ ᠤ ᠠᠪᠴᠢᠷᠠᠭᠰᠠᠨ ᠪᠠᠶᠠᠷ ᠪᠠᠭ᠋ᠠᠳᠤᠯ ᠢ ᠡᠳ᠋ᠯᠡᠨ᠎ᠡ᠃ | ᠭᠦᠶᠦᠭᠴᠢ ᠶᠢᠨ ᠦᠯᠢᠭᠡᠷ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠭᠦᠶᠦᠭᠴᠢ ᠶᠢᠨ | ᠣᠶᠢᠯᠠᠭᠠᠯᠲᠠ᠂ ᠤᠯᠠᠨ ᠨᠡᠶᠢᠲᠡ ᠶᠢᠨ ᠣᠶᠢᠯᠠᠭᠠᠯᠲᠠ ᠶᠢ ᠠᠩᠬᠠᠷᠴᠤ᠂ ᠭᠦᠶᠦᠭᠴᠢ ᠪᠠᠷ ᠭᠤᠣᠯ ᠰᠢᠵᠢᠮ ᠪᠣᠯᠭᠠᠨ | ᠦᠯᠢᠭᠡᠷ ᠢ ᠠᠭᠤᠳᠠᠯᠯᠠᠵᠤ᠂ ᠳᠠᠮᠵᠢᠭᠤᠯᠬᠤ ᠪᠠ ᠤᠬᠠᠭᠤᠯᠤᠨ ᠣᠷᠣᠯᠴᠠᠵᠤ᠂ ᠬᠦᠶᠦᠬᠦ ᠪᠠᠶᠠᠷ ᠪᠠᠭ᠋ᠠᠳᠤᠯ ᠡᠳ᠋ᠯᠡᠵᠦ᠂ | ᠤᠯᠠᠨ ᠲᠦᠮᠡᠨ ᠤ ᠮᠠᠷᠠᠽᠤᠨ ᠢᠶᠠᠷ ᠳᠠᠮᠵᠢᠭᠤᠯᠤᠨ ᠣᠯᠤᠭᠰᠠᠨ ᠢᠷᠠᠭᠤ ᠠᠯᠳᠠᠷᠲᠤ ᠰᠡᠳᠬᠢᠯᠭᠡ᠂ ᠠᠮᠵᠢᠯᠲᠠ ᠶᠢᠨ | ᠰᠡᠳᠬᠢᠯᠭᠡ ᠶᠢ ᠦᠷᠭᠡᠳᠭᠡᠨ᠎ᠡ᠃ ᠭᠤᠣᠯᠯᠠᠭᠴᠢ ᠭᠦᠶᠦᠭᠴᠢ᠂ ᠢᠷᠠᠭᠤ ᠠᠯᠳᠠᠷᠲᠤ ᠭᠦᠶᠦᠭᠴᠢ ᠶᠢᠨ ᠦᠯᠢᠭᠡᠷ ᠵᠢᠱᠢᠶ᠎ᠡ | ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠠᠷᠠᠳ ᠤᠯᠠᠨ ᠤ ᠬᠦᠶᠦᠬᠦ ᠬᠦᠳᠡᠯᠭᠡᠭᠡᠨ ᠳᠤ ᠣᠷᠣᠯᠴᠠᠬᠤ ᠬᠠᠯᠠᠭᠤᠨ | ᠰᠡᠳᠬᠢᠯᠭᠡ ᠶᠢ ᠬᠥᠭᠵᠢᠭᠡᠬᠦ ᠬᠡᠷᠡᠭᠲᠡᠶ᠃ ᠮᠠᠷᠠᠽᠤᠨ ᠤᠷᠤᠯᠳᠤᠭᠠᠨ ᠤ ᠰᠢᠨ᠎ᠡ ᠭᠢᠯᠠᠰ ᠴᠡᠭ᠂ ᠰᠢᠨ᠎ᠡ ᠠᠷᠭ᠎ᠠ ᠵᠠᠮ ᠢ | ᠶᠡᠭᠡ ᠪᠠᠷ ᠢᠯᠡᠷᠡᠭᠦᠯᠦᠨ ᠬᠦᠭᠵᠢᠬᠦᠯᠦᠨ᠎ᠡ᠃ ᠳᠠᠮᠵᠢᠭᠤᠯᠤᠨ ᠨᠡᠪᠲᠡᠷᠡᠭᠦᠯᠬᠦ ᠪᠠ ᠠᠭᠤᠯᠭ᠎ᠠ ᠶᠢᠨ ᠵᠣᠬᠢᠶᠠᠮᠵᠢ ᠶᠢ ᠳᠡᠰ | ᠳᠡᠪᠰᠢᠭᠦᠯᠵᠦ᠂ ᠪᠦᠬᠦ ᠲᠠᠯ᠎ᠠ ᠪᠠᠷ ᠤᠷᠤᠯᠳᠤᠭᠠᠨ ᠢ ᠤᠯᠠᠮᠵᠢᠯᠠᠨ ᠳᠠᠮᠵᠢᠭᠤᠯᠬᠤ ᠬᠡᠯᠪᠡᠷᠢ ᠶᠢ ᠪᠡᠶᠡᠯᠡᠬᠦᠯᠵᠦ᠂ | ᠤᠯᠠᠮᠵᠢᠯᠠᠯᠲᠤ ᠵᠠᠭᠤᠴᠢᠯᠠᠭᠤᠷ ᠠᠴᠠ ᠰᠢᠭᠤᠳ ᠨᠡᠪᠲᠡᠷᠡᠭᠦᠯᠬᠦ ᠲᠠᠪᠴᠠᠩ᠂ ᠰᠦᠯᠵᠢᠶᠡᠨ ᠤ ᠰᠢᠭᠤᠳ ᠨᠡᠪᠲᠡᠷᠡᠭᠦᠯᠭᠡ᠂ | ᠠᠪᠢᠶᠠᠨ ᠤ ᠲᠠᠪᠴᠠᠩ ᠪᠠ ᠪᠤᠰᠤᠳ ᠬᠤᠪᠢ ᠬᠥᠮᠦᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ | ᠲᠠᠪᠴᠠᠩ ᠤᠨ ᠬᠡᠯᠪᠡᠷᠢ ᠪᠠᠷ᠂ ᠮᠠᠷᠠᠽᠤᠨ ᠤᠷᠤᠯᠳᠤᠭᠠᠨ ᠤ ᠮᠡᠳᠡᠭᠡ ᠵᠠᠩᠭᠢ ᠶᠢ ᠠᠳᠠᠯᠢ ᠪᠤᠰᠤ ᠳᠠᠪᠬᠤᠷᠭ᠎ᠠ ᠳᠤ | ᠳᠠᠮᠵᠢᠭᠤᠯᠤᠨ᠂ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ | 1 . ᠮᠢᠩᠭ᠎ᠠ ᠭᠠᠷᠤᠶ ᠭᠤᠣᠯᠯᠠᠭᠴᠢ ᠭᠦᠶᠦᠭᠴᠢ᠄ ᠡᠯ᠎ᠡ ᠵᠦᠢᠯ ᠤᠨ ᠬᠡᠯᠪᠡᠷᠢ ᠪᠠᠷ 1000 ᠭᠤᠣᠯᠯᠠᠬᠤ | ᠭᠦᠶᠦᠭᠴᠢ ᠶᠢ ᠤᠬᠠᠭᠤᠯᠵᠤ᠂ ᠭᠦᠶᠦᠭᠴᠢ ᠶᠢᠨ ᠲᠥᠷᠥᠭᠳᠡᠯ ᠢ ᠬᠤᠪᠢᠶᠠᠨ ᠡᠳ᠋ᠯᠡᠨ᠂ ᠪᠣᠳᠠᠭᠠᠯᠢ ᠵᠠᠩ ᠠᠷᠠᠨᠰᠢᠨ ᠢ | ᠢᠯᠡᠷᠬᠡᠶᠢᠯᠡᠨ᠂ ᠮᠠᠷᠠᠽᠤᠨᠵᠣᠷᠢᠭ ᠰᠠᠨᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠤᠭᠤᠯᠤᠨ᠎ᠠ᠃ | 2᠂ ᠮᠢᠩᠭᠠᠨ ᠨᠡᠷ᠎ᠡ ᠬᠦᠶᠦᠭᠴᠢ ᠨᠡᠪᠲᠡᠷᠡᠭᠦᠯᠦᠭᠴᠢ᠄ 1000 ᠨᠡᠷ᠎ᠡ ᠬᠦᠶᠦᠭᠴᠢ ᠨᠡᠪᠲᠡᠷᠡᠭᠦᠯᠦᠭᠴᠢ ᠶᠢ | ᠢᠯᠡᠷᠡᠬᠦᠯᠵᠦ᠂ ᠰᠢᠭᠤᠳ ᠨᠡᠪᠲᠡᠷᠡᠭᠦᠯᠬᠦ ᠲᠠᠪᠴᠠᠩ ᠢ ᠦᠷᠭᠡᠳᠬᠡᠨ᠎ᠡ᠃ | 3 . ᠲᠦᠮᠡᠨ ᠨᠡᠷᠡᠰ ᠨᠡᠷ᠎ᠡ ᠬᠦᠨᠳᠦᠲᠦ ᠭᠦᠶᠦᠭᠴᠢ᠄ ᠡᠯ᠎ᠡ ᠵᠦᠢᠯ ᠤᠨ ᠬᠡᠯᠪᠡᠷᠢ ᠪᠠᠷ 10000 | ᠭᠦᠶᠦᠭᠴᠢ ᠶᠢ ᠤᠬᠠᠭᠤᠯᠵᠤ᠂ ᠭᠦᠶᠦᠭᠴᠢ ᠶᠢᠨ ᠦᠯᠢᠭᠡᠷ ᠰᠣᠨᠣᠰᠬᠤ ᠪᠡᠷ᠎ᠡ ᠳᠠᠮᠵᠢᠭᠤᠯᠤᠨ ᠪᠥᠬᠦ ᠠᠷᠠᠳ ᠢ ᠪᠡᠶ᠎ᠡ | ᠴᠢᠭᠢᠷᠠᠭᠵᠢᠭᠤᠯᠬᠤ ᠳᠤ ᠣᠷᠤᠯᠴᠠᠭᠤᠯᠤᠨ᠂ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠢ ᠡᠳ᠋ᠯᠡᠬᠦ ᠪᠣᠯᠣᠨ᠎ᠠ᠃ ᠬᠢᠷᠢ | ᠪᠦᠲᠦᠮᠵᠢ ᠦᠨᠳᠦᠷ ᠲᠦᠮᠡᠨ ᠨᠡᠷ᠎ᠡ ᠬᠦᠶᠦᠭᠴᠢ ᠪᠡᠷ᠎ᠡ ᠪᠦᠷᠢᠯᠳᠦᠭᠰᠡᠨ ︽ᠪᠢ ᠣᠯᠧᠮᠫᠢᠺ ᠳᠤ ᠬᠦᠶᠦᠨ᠎ᠡ︾ | ᠪᠦᠯᠬᠦᠮ ᠢ ᠪᠠᠶᠢᠭᠤᠯᠵᠤ᠂ ᠤᠷᠤᠯᠳᠤᠭᠠᠨ ᠤ ᠪᠡᠶ᠎ᠡ ᠶᠢᠨ ᠲᠠᠮᠢᠷ ᠬᠢᠭᠡᠳ ᠣᠯᠠᠨ ᠲᠦᠮᠡᠨ ᠤ ᠪᠡᠶ᠎ᠡ ᠶᠢᠨ ᠲᠠᠮᠢᠷ ᠤᠨ | ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | 4 . ᠲᠦᠮᠡᠨ ᠨᠡᠷ᠎ᠡ ᠳᠡᠯᠡᠬᠡᠶ ᠶᠢᠨ ᠭᠦᠶᠦᠭᠴᠢ᠄ 10000 ᠨᠡᠷ᠎ᠡ ᠬᠢᠯᠢ ᠶᠢᠨ ᠭᠠᠳᠠᠨᠠᠬᠢ ᠤᠯᠠᠨ ᠲᠦᠮᠡᠨ ᠤ | ᠤᠷᠤᠯᠳᠤᠭᠠᠨ ᠳᠤ ᠣᠷᠣᠯᠴᠠᠭᠴᠢ ᠶᠢ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠮᠠᠷᠠᠽᠤᠨ ᠤᠷᠤᠯᠳᠤᠭᠠᠨ ᠳᠤ | ᠣᠷᠤᠯᠴᠠᠭᠤᠯᠵᠤ᠂ ᠮᠠᠷᠠᠽᠤᠨ ᠤ ᠴᠢᠳᠠᠪᠤᠷᠢᠲᠠᠨ ᠬᠥᠮᠦᠵᠢᠭᠦᠯᠬᠦ ᠶᠢ ᠳᠡᠯᠡᠬᠡᠶᠢᠴᠢᠯᠡᠬᠦ ᠪᠠ ᠤᠷᠤᠯᠳᠤᠭᠠᠨ ᠢ | ᠳᠡᠯᠡᠬᠡᠶᠢᠴᠢᠯᠡᠬᠦ ᠶᠢ ᠪᠡᠶᠡᠯᠡᠬᠦᠯᠦᠨ᠎ᠡ᠃ | ᠲᠤᠰᠬᠠᠶ ᠪᠤᠯᠤᠩ 4᠄ ᠲᠦᠭ ᠲᠦᠮᠡᠨ ᠭᠦᠶᠦᠭᠴᠢ ᠶᠢᠨ ᠢᠨᠵᠧᠨᠧᠷᠢᠩ | ᠵᠠᠯᠠᠭᠤᠴᠤᠳ ᠪᠠᠭᠠᠴᠤᠳ ᠤᠨ ᠵᠥᠪ ᠣᠨᠣᠪᠴᠢᠲᠠᠢ ᠬᠦᠶᠦᠯᠲᠡ ᠶᠢᠨ ᠣᠶᠢᠯᠠᠭᠠᠭᠳᠠᠬᠤᠨ ᠢ ᠬᠦᠮᠦᠵᠢᠬᠦᠯᠦᠨ᠎ᠡ | ᠃ ᠰᠤᠷᠭᠠᠭᠤᠯᠢ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ᠂ ᠪᠡᠶ᠎ᠡ ᠶᠢᠨ ᠲᠠᠮᠢᠷ ᠤᠨ ᠬᠢᠴᠢᠶᠡᠯ | ᠪᠠᠶᠢᠷᠢᠯᠠᠭᠤᠯᠬᠤ ᠪᠠ ᠲᠤᠰᠬᠠᠶ ᠮᠡᠷᠭᠡᠵᠢᠯ ᠤᠨ ᠨᠡᠶᠢᠭᠡᠮᠯᠢᠭ ᠣᠷᠣᠯᠴᠠᠬᠤ ᠶᠢ ᠤᠶᠠᠯᠳᠤᠭᠤᠯᠵᠤ ᠠᠷᠭ᠎ᠠ ᠮᠠᠶ᠋ᠢᠭ ᠢᠶᠠᠷ | ᠳᠠᠮᠵᠢᠭᠤᠯᠤᠨ ᠬᠦᠶᠦᠬᠦ ᠲᠠᠮᠢᠷ ᠤᠨ ᠬᠦᠳᠡᠯᠬᠡᠬᠡᠨ ᠤ ᠣᠶᠢᠯᠠᠭᠠᠭᠳᠠᠬᠤᠨ ᠪᠠ ᠭᠦᠶᠦᠬᠦ ᠬᠥᠳᠡᠯᠭᠡᠭᠡᠨ ᠤ ᠤᠷ᠎ᠠ | ᠮᠡᠷᠭᠡᠰᠢᠯ ᠢ ᠳᠡᠯᠬᠡᠷᠡᠭᠦᠯᠬᠦ ᠶᠢ ᠵᠣᠷᠢᠭᠵᠢᠭᠤᠯᠤᠨ᠎ᠠ᠃ ᠮᠠᠷᠠᠽᠤᠨ ᠬᠥᠳᠡᠯᠭᠡᠭᠡᠨ ᠢ ᠵᠠᠯᠠᠭᠤᠴᠤᠳ ᠪᠠᠭᠠᠴᠤᠳ ᠤᠨ | ᠳᠤᠮᠳᠠ ᠲᠦᠭᠡᠮᠡᠯᠵᠢᠭᠦᠯᠬᠦ ᠶᠢ ᠠᠬᠢᠭᠤᠯᠤᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠴᠢᠨᠠᠷ | ᠴᠢᠨᠰᠠᠭ᠎ᠠ ᠶᠢ ᠳᠡᠭᠡᠭᠰᠢᠯᠡᠬᠦᠯᠵᠦ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ | ᠵᠠᠯᠠᠭᠤᠴᠤᠳ ᠪᠠᠭᠠᠴᠤᠳ ᠲᠤ ︽ ᠬᠦᠶᠦᠬᠦ ᠶᠢᠨ ᠤᠳᠬ᠎ᠠ ᠠᠭᠤᠯᠭ᠎ᠠ ᠨᠢ ᠳᠡᠰ ᠲᠤ ᠣᠷᠤᠬᠤ ᠳᠤ ᠪᠠᠶᠢᠬᠤ ᠪᠢᠰᠢ᠂ | ᠬᠠᠷᠢᠨ ᠲᠡᠮᠡᠴᠡᠯ ᠴᠢᠷᠮᠠᠶᠢᠯᠭ᠎ᠠ ᠪᠠ ᠪᠠᠷᠢᠮᠲᠠᠯᠠᠯ ᠳᠤ ᠪᠠᠶᠢᠳᠠᠭ︾ ᠤᠨ ᠣᠶᠢᠯᠠᠭᠠᠭᠳᠠᠬᠤᠨ ᠢ ᠲᠠᠨᠢᠭᠤᠯᠬᠤ ᠪᠣᠯᠤᠨ᠎ᠠ᠃ | ᠥᠰᠥᠯᠲᠡ ᠶᠢᠨ ᠵᠢᠮ᠎ᠡ ᠶᠣᠰᠣᠨ ᠳᠤ ᠨᠡᠶᠢᠴᠡᠬᠦ ᠬᠦᠶᠦᠬᠦ ᠠᠵᠢᠯᠯᠠᠭ᠎ᠠ ᠥᠷᠨᠢᠭᠦᠯᠵᠦ᠂ ︽ᠪᠠᠭᠠᠴᠤᠳ ᠤᠨ ᠬᠦᠶᠦᠯᠲᠡ | ︾᠂ ︽ᠵᠠᠯᠠᠭᠤᠴᠤᠳ ᠪᠠᠭᠠᠴᠤᠳ ᠤᠨ ᠮᠠᠷᠠᠰᠤᠨ︾ ᠡᠷᠬᠢᠯᠡᠬᠦ ᠪᠠ ᠬᠠᠭᠠᠰ ᠵᠠᠶᠢᠲᠤ ᠮᠠᠷᠠᠽᠤᠨ ᠤᠷᠤᠯᠳᠤᠭᠠᠨ ︵5 | k︶ ᠤ ᠪᠣᠯᠪᠠᠰᠤᠷᠠᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠤᠨ ᠳᠤ ᠬᠦᠷᠦᠭᠰᠡᠨ ᠤ ᠳᠠᠷᠠᠭ᠎ᠠ ᠨᠡᠩ ᠬᠤᠯᠠ | ᠵᠠᠶ ᠶᠢᠨ ᠤᠷᠤᠯᠳᠤᠭᠠᠨ ᠳᠤ ᠦᠷᠢᠰᠦᠯᠳᠦᠬᠦ ᠳᠤ ᠨᠢ ᠰᠠᠭᠤᠷᠢ ᠲᠠᠯᠪᠢᠬᠤ ᠬᠡᠷᠡᠭᠲᠡᠶ᠃ ᠭᠡᠷ ᠪᠦᠯᠢ ᠶᠢᠨ ᠡᠴᠢᠭᠡ ᠡᠬᠡ | ᠦᠷ᠎ᠡ ᠬᠡᠦᠬᠡᠳ ᠤᠨ ᠬᠠᠮᠲᠤ ᠪᠠᠷ ᠣᠷᠣᠯᠴᠠᠭᠰᠠᠨ ᠡᠯ᠎ᠡ ᠲᠥᠷᠥᠯ ᠤᠨ ︽ᠭᠡᠷ ᠪᠦᠯᠢ ᠶᠢᠨ ᠮᠠᠷᠠᠽᠤᠨ︾ | ᠠᠵᠢᠯᠯᠠᠭ᠎ᠠ ᠶᠢ ᠦᠷᠨᠢᠬᠦᠯᠬᠦ ᠶᠢ ᠳᠡᠮᠵᠢᠨ᠂ ᠭᠡᠷ ᠤᠨ ᠠᠬᠠᠮᠠᠳ ᠪᠣᠯᠤᠨ ᠪᠠᠭᠠᠴᠤᠳ ᠵᠠᠯᠠᠭᠤᠴᠤᠳ ᠢ ᠬᠦᠶᠦᠬᠦ | ᠠᠵᠢᠯᠯᠠᠭ᠎ᠠ ᠳᠤ ᠣᠷᠤᠯᠴᠠᠬᠤ ᠪᠠᠷ ᠳᠠᠮᠵᠢᠭᠤᠯᠤᠨ ᠵᠢᠮ᠎ᠡ ᠶᠣᠰᠣ ᠲᠠᠢ ᠬᠦᠳᠡᠯᠬᠡᠬᠡᠨ ᠤ ᠠᠮᠢᠳᠤᠷᠠᠯ ᠤᠨ ᠳᠠᠳᠬᠠᠯ ᠢ | ᠪᠣᠯᠪᠠᠰᠤᠷᠠᠭᠤᠯᠤᠨ᠎ᠠ᠃ | ︵ᠲᠦᠷᠪᠡ︶ ᠮᠠᠷᠠᠽᠤᠨ ᠤᠷᠤᠯᠳᠤᠭᠠᠨ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ | ᠠᠵᠤ ᠦᠢᠯᠡᠰ ᠤᠨ ᠬᠡᠯᠬᠢᠶ᠎ᠡ ᠶᠢ ᠠᠬᠢᠭᠤᠯᠤᠨ᠎ᠠ᠃ ᠮᠠᠷᠠᠽᠤᠨ ᠤ ᠡᠵᠡᠩᠨᠡᠯᠲᠡ ᠪᠠ ᠬᠤᠳᠠ ᠶᠢᠨ ᠠᠵᠤ | ᠦᠢᠯᠡᠰ ᠤᠨ ᠬᠥᠭᠵᠢᠯᠲᠡ᠂ ᠤᠬᠠᠭᠤᠯᠤᠨ ᠳᠡᠯᠭᠡᠷᠡᠭᠦᠯᠬᠦ ᠬᠠᠷᠢᠴᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ᠂ | ᠵᠠᠭᠤᠴᠢᠯᠠᠭᠤᠷ ᠬᠢᠭᠡᠳ ᠮᠠᠷᠠᠽᠤᠨ ᠤᠷᠤᠯᠳᠤᠭᠠᠨ ᠡᠷᠬᠢᠯᠡᠭᠰᠡᠨ ᠠᠵᠢᠯ ᠡᠵᠡᠩᠨᠡᠬᠦ ᠪᠠᠶᠢᠭᠤᠯᠤᠮᠵᠢ᠂ ᠭᠦᠶᠦᠬᠦ | ᠨᠡᠶᠢᠭᠡᠮᠯᠢᠭ᠂ ᠪᠦᠯᠬᠦᠮ ᠤᠨ ᠬᠤᠭᠤᠷᠣᠨᠳᠣᠬᠢ ᠬᠠᠷᠢᠯᠴᠠᠭ᠎ᠠ ᠪᠠ ᠰᠣᠯᠢᠯᠴᠠᠭ᠎ᠠ ᠶᠢ ᠠᠬᠢᠭᠤᠯᠵᠤ᠂ ᠮᠠᠷᠠᠽᠤᠨ ᠤ ᠠᠵᠤ | ᠠᠬᠤᠶ ᠶᠢᠨ ᠬᠡᠪᠴᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠷᠠᠽᠤᠨ ᠪᠣᠯᠪᠠᠰᠤᠷᠠᠭᠤᠯᠤᠯᠲᠠ ᠶᠢᠨ ᠦᠢᠯᠡᠰ | ᠂ ᠮᠠᠷᠠᠽᠤᠨ ᠤ ᠲᠣᠨᠣᠭᠯᠠᠯ ᠦᠢᠯᠡᠳᠬᠦ ᠦᠢᠯᠡᠰ᠂ ᠮᠠᠷᠠᠽᠤᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠮᠠᠷᠠᠽᠤᠨ ᠵᠠᠭᠤᠴᠢᠯᠠᠭᠤᠷ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠮᠠᠷᠠᠽᠤᠨ + ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠ᠃ ᠮᠠᠷᠠᠽᠤᠨ | ᠬᠦᠳᠡᠯᠬᠡᠬᠡᠨ ᠤ ᠰᠢᠨᠵᠢᠯᠡᠬᠦ ᠤᠬᠠᠭᠠᠨ ᠮᠡᠷᠭᠡᠵᠢᠯ᠂ ᠵᠢᠭᠤᠯᠴᠢᠯᠠᠯ᠂ ᠡᠷᠡᠬᠦᠯᠡ ᠮᠡᠨᠳᠦ᠂ ᠰᠡᠯᠡᠬᠦᠴᠡᠯ᠂ ᠰᠣᠶᠣᠯ ᠵᠡᠷᠭᠡ | ᠠᠵᠤ ᠦᠢᠯᠡᠰ ᠯᠤᠭ᠎ᠠ ᠶᠢᠨ ᠠᠭᠤᠰᠤᠯᠴᠠᠨ ᠬᠥᠭᠵᠢᠬᠦ ᠶᠢ ᠶᠡᠭᠡ ᠪᠠᠷ ᠲᠦᠯᠬᠢᠨ ᠠᠬᠢᠭᠤᠯᠵᠤ᠂ ︽ᠮᠠᠷᠠᠽᠤᠨ +︾ | ᠬᠢᠯᠢ ᠠᠯᠤᠰᠯᠠᠭᠰᠠᠨ ᠬᠠᠮᠲᠤ ᠶᠢᠨ ᠬᠦᠭᠵᠢᠯ ᠲᠠᠢ ᠠᠵᠢᠯ ᠲᠦᠷᠦᠯ ᠢ ᠬᠠᠷᠢᠯᠴᠠᠨ ᠠᠬᠢᠭᠤᠯᠬᠤ ᠲᠣᠭᠲᠠᠴᠠ ᠶᠢ ᠪᠤᠢ | ᠪᠣᠯᠭᠠᠵᠤ᠂ ᠮᠠᠷᠠᠽᠤᠨ + ᠰᠢᠨᠵᠢᠯᠡᠬᠦ ᠤᠬᠠᠭᠠᠨ ᠮᠡᠷᠭᠡᠵᠢᠯ᠂ ᠮᠠᠷᠠᠽᠤᠨ + ᠵᠤᠭᠠᠴᠠᠯ᠂ ᠮᠠᠷᠠᠽᠤᠨ+ ᠡᠷᠡᠭᠦᠯ ᠮᠡᠨᠳᠦ | ᠂ ᠮᠠᠷᠠᠽᠤᠨ + ᠰᠡᠯᠡᠬᠦᠴᠡᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠯᠪᠡᠷᠢ ᠶᠢ ᠪᠣᠢ ᠪᠣᠯᠭᠠᠨ᠎ᠠ᠃ | ᠮᠠᠷᠠᠽᠤᠨ + ᠢᠨᠲ᠋ᠧᠷ ᠰᠦᠯᠵᠢᠶᠡᠨ ᠤ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠰᠢᠯᠵᠢᠶ᠎ᠡ | ᠢᠨᠲ᠋ᠧᠷ ᠰᠦᠯᠵᠢᠶ᠎ᠡ ᠶᠢᠨ ᠮᠡᠷᠭᠡᠵᠢᠯ ᠪᠠ ᠮᠠᠷᠠᠽᠤᠨ ᠤᠷᠤᠯᠳᠤᠭᠠᠨ ᠤ ᠡᠵᠡᠩᠨᠡᠯᠲᠡ ᠬᠠᠮᠢᠶᠠᠷᠤᠯᠲᠠ ᠲᠠᠢ ᠨᠢᠭᠲᠠ | ᠤᠶᠠᠯᠳᠤᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠂ ᠰᠦᠯᠵᠢᠶᠡᠨ ᠭᠠᠳᠠᠨᠠᠬᠢ ᠮᠠᠷᠠᠽᠤᠨ ᠤ ᠰᠠᠶᠢᠨ | ᠨᠥᠬᠦᠴᠡᠯᠳᠦᠯ ᠪᠠ ᠬᠠᠮᠵᠢᠯᠴᠠᠨ ᠡᠮᠬᠢ ᠵᠢᠷᠤᠮ ᠲᠠᠢ ᠬᠥᠭᠵᠢᠭᠦᠯᠬᠦ ᠶᠢ ᠲᠦᠯᠬᠢᠨ ᠠᠬᠢᠭᠤᠯᠵᠤ᠂ ᠳᠡᠭᠡᠳᠦ ᠳᠣᠣᠷᠠᠳᠤ | ᠬᠡᠯᠬᠢᠶ᠎ᠡ ᠶᠢᠨ ᠠᠵᠤ ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠠᠷᠠᠽᠤᠨ ᠤᠷᠤᠯᠳᠤᠭᠠᠨ ᠤ | ᠲᠠᠮᠢᠷ ᠤᠨ ᠠᠵᠤ ᠦᠢᠯᠡᠰ ᠤᠨ ᠰᠢᠨ᠎ᠡ ᠠᠮᠢ ᠠᠬᠤᠶ ᠶᠢᠨ ᠬᠦᠷᠢᠶ᠎ᠡ ᠶᠢ ᠪᠣᠢ ᠪᠣᠯᠭᠠᠨ᠎ᠠ᠃ | ᠮᠠᠷᠠᠽᠤᠨ ᠡᠯᠧᠮᠧᠨ᠋ᠲ ᠶᠢ ᠤᠨᠴᠠᠯᠢᠬᠳᠤ ᠵᠢᠵᠢᠭ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠤ ᠣᠷᠤᠭᠤᠯᠤᠨ᠎ᠠ᠃ | ︽ᠵᠠᠰᠠᠭ ᠤᠨ ᠣᠷᠳᠣᠨ ᠲᠠᠪᠴᠠᠩ ᠪᠣᠯᠵᠤ᠂ ᠠᠵᠤ ᠠᠬᠤᠶᠢᠯᠠᠯ ᠤᠨ ᠨᠡᠶᠢᠭᠡᠮᠯᠢᠭ ᠰᠢ ᠳᠠᠭᠤᠯᠠᠨ᠂ ᠵᠠᠬ᠎ᠠ | ᠳᠡᠯᠭᠡᠭᠦᠷᠴᠢᠯᠡᠨ ᠠᠵᠢᠯᠯᠠᠭᠤᠯᠬᠤ︾ ᠵᠠᠭᠪᠤᠷ ᠢ ᠠᠰᠢᠭᠯᠠᠨ᠂ ᠮᠠᠷᠠᠽᠤᠨ ᠡᠯᠧᠮᠧᠨ᠋ᠲ ᠶᠢ ᠪᠡᠶ᠎ᠡ ᠶᠢᠨ ᠲᠠᠮᠢᠷ ᠤᠨ | ᠰᠡᠯᠡᠭᠦᠴᠡᠯ ᠤᠨ ᠣᠨᠴᠠᠯᠢᠭ ᠲᠠᠢ ᠵᠢᠵᠢᠭ ᠪᠠᠯᠭᠠᠰᠤᠨ ᠤ ᠪᠦᠲᠦᠬᠡᠨ ᠪᠠᠶᠢᠭᠤᠯᠤᠯᠲᠠ ᠳᠤ ᠣᠷᠣᠭᠤᠯᠵᠤ᠂ ᠣᠷᠣᠨ | ᠨᠤᠲᠤᠭ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠤᠨ᠎ᠠ᠃ | ᠮᠠᠷᠠᠽᠤᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ + ᠲᠤᠰ ᠭᠠᠵᠠᠷ ᠤᠨ ᠤᠨᠴᠠᠯᠢᠬᠳᠤ ᠳᠠᠪᠠᠭᠤᠯᠢᠭ ᠢ | ᠠᠰᠢᠭᠯᠠᠵᠤ᠂ ᠪᠣᠯᠪᠠᠰᠤᠷᠠᠯ ᠢ ᠣᠶᠢᠯᠠᠭᠠᠬᠤ ᠴᠢᠳᠠᠮᠵᠢ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠪᠤᠳᠠᠯ ᠤᠨ | ᠴᠢᠳᠠᠮᠵᠢ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠢᠯᠯᠠᠭ᠎ᠠ ᠶᠢᠨ ᠴᠢᠳᠠᠮᠵᠢ᠂ ᠠᠵᠤ ᠦᠢᠯᠡᠰ ᠤᠨ | ᠨᠡᠪᠴᠢᠭᠦᠯᠬᠦ ᠴᠢᠳᠠᠮᠵᠢ ᠂ ᠵᠢᠭᠤᠯᠴᠢᠯᠠᠯ ᠬᠢᠭᠡᠳ ᠰᠣᠶᠣᠯ ᠤᠨ ᠦᠵᠡᠭᠦᠯᠦᠯᠭᠡ ᠵᠡᠷᠭᠡ ᠤᠯᠠᠨ ᠴᠢᠳᠠᠮᠵᠢ ᠶᠢ ᠨᠢᠭᠡ | ᠴᠤᠭᠴᠠᠵᠢᠭᠤᠯᠵᠦ᠂ ᠪᠠᠶᠢᠷᠢ ᠲᠣᠭᠲᠠᠭᠠᠯᠲᠠ ᠲᠣᠳᠣᠷᠬᠠᠶ᠂ ᠠᠭᠤᠯᠭ᠎ᠠ ᠨᠢ ᠪᠠᠶᠠᠯᠢᠭ᠂ ᠰᠣᠶᠣᠯ ᠤᠨ | ᠠᠭᠤᠯᠤᠭᠳᠠᠬᠤᠨ ᠢᠯᠡ ᠲᠣᠳᠣ ᠮᠠᠷᠠᠽᠤᠨ ᠲᠠᠮᠢᠷ ᠤᠨ ᠠᠵᠤ ᠦᠢᠯᠡᠰ ᠤᠨ ᠰᠢᠨ᠎ᠡ ᠠᠮᠢ ᠠᠬᠤᠶ ᠶᠢ ᠪᠤᠢ | ᠪᠣᠯᠭᠠᠨ᠎ᠠ᠃ | ︵ᠲᠠᠪᠤ︶ ᠠᠵᠢᠯ ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ᠮᠠᠷᠠᠽᠤᠨ ᠬᠥᠳᠡᠯᠭᠡᠭᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠶ᠃ ᠮᠠᠷᠠᠽᠤᠨ ᠲᠠᠮᠢᠷ ᠤᠨ ᠬᠥᠳᠡᠯᠭᠡᠭᠡᠨ ᠤᠨᠤᠯ ᠤᠨ ᠰᠤᠳᠤᠯᠭᠠᠨ ᠪᠠ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠶᠠᠷᠢᠯᠴᠠᠨ ᠮᠠᠷᠠᠽᠤᠨ ᠳᠤ | ᠠᠰᠢᠭᠲᠠᠢ ᠴᠢᠳᠠᠪᠤᠷᠢᠲᠠᠨ ᠢ ᠬᠥᠮᠦᠵᠢᠭᠦᠯᠬᠦ ᠰᠤᠷᠭᠠᠨ ᠬᠥᠮᠦᠵᠢᠯ ᠤᠨ ᠲᠦᠷᠦ ᠶᠢᠨ ᠪᠤᠳᠤᠯᠭ᠎ᠠ ᠶᠢ ᠲᠤᠭᠲᠠᠭᠠᠵᠤ᠂ | ᠦᠰᠦᠭ ᠪᠢᠴᠢᠭ ᠤᠨ ᠮᠠᠲ᠋ᠧᠷᠢᠶᠠᠯ᠂ ᠤᠯᠠᠨ ᠵᠠᠭᠤᠴᠢᠲᠤ ᠸᠢᠳᠢᠣ᠋᠂ ᠬᠤᠪᠢ ᠶᠢᠨ ᠵᠠᠭᠤᠴᠢᠯᠠᠭᠤᠷ ᠵᠡᠷᠭᠡ ᠤᠯᠠᠨ | ᠶᠠᠩᠵᠤ ᠶᠢᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨᠴᠢ ᠤᠷᠤᠯᠳᠤᠭᠠᠨ ᠤ ᠵᠢᠭᠠᠬᠤ ᠮᠠᠲ᠋ᠧᠷᠢᠶᠠᠯ ᠤᠨ ᠰᠢᠰᠲ᠋ᠧᠮ ᠪᠠ | ᠢᠵᠢ ᠪᠦᠷᠢᠨ ᠡᠵᠡᠩᠨᠡᠯᠲᠡ ᠶᠢᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠤᠨ᠎ᠠ᠃ ᠮᠠᠷᠠᠽᠤᠨ ᠤ ᠬᠤᠯᠪᠣᠭᠳᠠᠯ | ᠪᠦᠬᠦᠢ ᠠᠵᠢᠯ ᠮᠡᠷᠭᠡᠵᠢᠯ ᠤᠨ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠰᠢᠰᠲ᠋ᠧᠮ ᠤᠨ | ᠪᠦᠲᠦᠬᠡᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠬᠦᠯᠵᠦ᠂ ᠤᠯᠤᠰ ᠤᠨ ᠳᠣᠲᠣᠭᠠᠳᠤ ᠶᠢᠨ ᠮᠠᠷᠠᠽᠤᠨ | ᠬᠥᠮᠦᠵᠢᠯ ᠪᠣᠯᠪᠠᠰᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ ᠬᠢᠬᠦ ᠬᠡᠷᠡᠭᠲᠡᠢ᠃ ᠮᠠᠷᠠᠽᠤᠨ ᠤᠶᠤᠨ ᠤ | ᠬᠥᠮᠥᠷᠭᠡ ᠶᠢ ᠪᠠᠶᠢᠭᠤᠯᠵᠤ᠂ ᠮᠠᠷᠠᠽᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ ᠲᠤᠰᠬᠠᠶ ᠠᠵᠢᠯ ᠤᠨ | ᠬᠡᠯᠪᠡᠷᠢ ᠪᠠ ᠬᠠᠮ ᠬᠡᠯᠪᠡᠷᠢ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠷᠭᠡᠳᠭᠡᠨ᠎ᠡ᠃ | ᠮᠠᠷᠠᠽᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ ᠢ | ᠨᠢᠭᠡᠳᠭᠡᠨ᠂ ᠮᠠᠷᠠᠽᠤᠨ ᠴᠢᠳᠠᠪᠤᠷᠢᠲᠠᠨ ᠢ ᠬᠥᠮᠦᠵᠢᠭᠦᠯᠬᠦ ᠶᠠᠪᠤᠳᠠᠯ ᠢ ᠵᠢᠷᠤᠮᠵᠢᠭᠤᠯᠬᠤ ᠪᠠ ᠮᠡᠷᠭᠡᠵᠢᠭᠦᠯᠬᠦ ᠶᠢ | ᠴᠢᠩᠭᠠᠳᠬᠠᠬᠤ ᠬᠡᠷᠡᠭᠲᠡᠶ᠃ ᠳᠤᠮᠳᠠᠳᠤ ᠤᠯᠤᠰ ᠤᠨ ᠮᠠᠷᠠᠽᠤᠨ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ᠂ | ᠰᠢᠨᠵᠢᠯᠡᠬᠦ ᠤᠬᠠᠭᠠᠨ ᠤ ᠰᠤᠳᠤᠯᠤᠯ᠂ ᠤᠷᠤᠯᠳᠤᠭᠠᠨ ᠢ ᠵᠣᠬᠢᠶᠠᠨ ᠪᠠᠶᠢᠭᠤᠯᠬᠤ᠂ ᠤᠯᠠᠨ ᠲᠦᠮᠡᠨᠴᠢ ᠮᠠᠷᠠᠽᠤᠨ | ᠰᠤᠷᠭᠠᠭᠤᠯᠢᠯᠠᠯ ᠤᠨ ᠵᠢᠭᠠᠨ ᠵᠢᠯᠣᠭᠤᠳᠣᠯᠭ᠎ᠠ ᠵᠡᠷᠭᠡ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠵᠤ᠂ ᠮᠠᠨ ᠤ | ᠤᠯᠤᠰ ᠤᠨ ᠪᠡᠶ᠎ᠡ ᠶᠢᠨ ᠲᠠᠮᠢᠷ ᠤᠨ ᠰᠢᠯᠢᠳᠡᠭ ᠴᠢᠳᠠᠪᠤᠷᠢᠲᠠᠨ ᠢᠯᠠᠩᠭᠤᠶ᠎ᠠ ᠮᠠᠷᠠᠽᠤᠨ ᠴᠢᠳᠠᠪᠤᠷᠢᠲᠠᠨ ᠢ ᠬᠥᠮᠦᠵᠢᠭᠦᠯᠬᠦ | ᠴᠢᠬᠤᠯᠠ ᠰᠠᠭᠤᠷᠢᠨ ᠪᠣᠯᠭᠠᠨ᠎ᠠ᠃ ᠠᠵᠢᠯ ᠲᠦᠷᠦᠯ ᠤᠨ ᠨᠡᠶᠢᠭᠡᠮᠯᠢᠭ᠂ ᠳᠡᠭᠡᠳᠦ ᠰᠤᠷᠭᠠᠭᠤᠯᠢ ᠨᠤᠭᠤᠳ᠂ | ᠨᠡᠶᠢᠭᠡᠮ ᠤᠨ ᠪᠦᠯᠬᠦᠮ ᠤᠨ ᠺᠯᠦ᠋ᠪ᠂ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠬᠦᠴᠦᠨ ᠢ ᠪᠠᠳᠠᠷᠠᠭᠤᠯᠵᠤ᠂ | ᠤᠯᠠᠨ ᠶᠠᠩᠵᠤᠴᠢᠯᠠᠬᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ᠂ ᠮᠠᠷᠠᠽᠤᠨ ᠴᠢᠳᠠᠪᠤᠷᠢᠲᠠᠨ ᠢ | ᠬᠥᠮᠦᠵᠢᠭᠦᠯᠦᠨ᠎ᠡ᠃ ᠠᠵᠢᠯ ᠲᠦᠷᠦᠯ ᠤᠨ ᠴᠢᠳᠠᠪᠤᠷᠢᠲᠠᠨ ᠤ ᠲᠣᠭᠠᠴᠢᠯᠠᠭᠰᠠᠨ ᠬᠥᠮᠥᠷᠭᠡ ᠶᠢ ᠪᠠᠶᠢᠭᠤᠯᠵᠤ᠂ | ᠮᠡᠳᠡᠯᠭᠡ ᠶᠢ ᠬᠠᠮᠲᠤ ᠪᠠᠷ ᠡᠳ᠋ᠯᠡᠬᠦ᠂ ᠰᠣᠯᠢᠯᠴᠠᠭ᠎ᠠ᠂ ᠪᠣᠯᠪᠠᠰᠤᠷᠠᠯ ᠢᠶᠠᠷ ᠳᠠᠮᠵᠢᠨ᠂ ᠮᠠᠷᠠᠽᠤᠨ ᠤᠷᠤᠯᠳᠤᠭᠠᠨ ᠵᠢᠴᠢ | ᠭᠦᠶᠦᠬᠦ ᠤᠷᠤᠯᠳᠤᠭᠠᠨ ᠤ ᠶᠠᠪᠤᠳᠠᠯ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠪᠠ | ᠪᠣᠯᠪᠠᠰᠤᠷᠠᠯ ᠤᠨ ᠮᠡᠳᠡᠯᠭᠡ᠂ ᠠᠵᠢᠯ ᠲᠦᠷᠦᠯ ᠤᠨ ᠠᠵᠢᠯᠳᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠰᠤᠷᠲᠠᠯᠴᠢᠯᠠᠬᠤ | ᠬᠡᠷᠡᠭᠲᠡᠶ᠃ ᠭᠠᠳᠠᠭᠠᠳᠤ ᠶᠢᠨ ᠮᠠᠷᠠᠽᠤᠨ ᠤ ᠥᠨᠳᠥᠷ ᠬᠢᠷᠢ ᠲᠦᠪᠰᠢᠨ ᠪᠦᠬᠦᠢ ᠤᠯᠤᠰ ᠂ ᠭᠠᠵᠠᠷ ᠣᠷᠣᠨ ᠵᠢᠴᠢ | ᠠᠵᠤ ᠠᠬᠤᠶᠢᠯᠠᠯ ᠲᠠᠢ ᠬᠠᠮᠲᠤ ᠶᠢᠨ ᠠᠵᠢᠯᠯᠠᠭ᠎ᠠ ᠪᠠᠨ ᠴᠢᠩᠭᠠᠳᠬᠠᠵᠤ᠂ ᠮᠠᠷᠠᠽᠤᠨ ᠴᠢᠳᠠᠪᠤᠷᠢᠲᠠᠨ ᠤ ᠳᠡᠯᠡᠬᠡᠶᠢᠵᠢᠬᠦ | ᠶᠠᠪᠤᠳᠠᠯ ᠢ ᠲᠦᠯᠬᠢᠨ ᠠᠬᠢᠭᠤᠯᠵᠤ᠂ ᠣᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠤᠯᠪᠣᠭᠠᠨ ᠤ | ᠤᠷᠤᠯᠳᠤᠭᠠᠨ ᠢ ᠵᠣᠬᠢᠶᠠᠨ ᠪᠠᠶᠢᠭᠤᠯᠵᠤ᠂ ᠬᠢᠯᠢ ᠶᠢᠨ ᠭᠠᠳᠠᠨᠠᠬᠢ 10000 ᠣᠷᠣᠯᠴᠠᠭᠴᠢ ᠪᠣᠯᠣᠨ ᠳᠤᠮᠳᠠᠳᠤ | ᠤᠯᠤᠰ ᠤᠨ ᠬᠢᠯᠢ ᠶᠢᠨ ᠲᠤᠳᠤᠷᠠᠬᠢ ᠮᠠᠷᠠᠽᠤᠨ ᠤᠷᠤᠯᠳᠤᠭᠠᠨ ᠢ ᠲᠠᠲᠠᠵᠤ᠂ ᠮᠠᠷᠠᠽᠤᠨ ᠴᠢᠳᠠᠪᠤᠷᠢᠲᠠᠨ ᠢ | ᠬᠥᠮᠦᠵᠢᠭᠦᠯᠬᠦ ᠶᠢ ᠳᠡᠯᠡᠬᠡᠶᠢᠴᠢᠯᠡᠬᠦ ᠪᠠ ᠤᠷᠤᠯᠳᠤᠭᠠᠨ ᠢ ᠳᠡᠯᠡᠬᠡᠶᠢᠴᠢᠯᠡᠬᠦ ᠶᠢ ᠪᠡᠶᠡᠯᠡᠬᠦᠯᠦᠨ᠎ᠡ᠃ | ᠮᠠᠷᠠᠽᠤᠨ ᠲᠠᠮᠢᠷᠴᠢᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠠᠷᠭ᠎ᠠ ᠵᠠᠮ ᠢ ᠲᠡᠭᠦᠯᠳᠡᠷᠵᠢᠭᠦᠯᠦᠨ᠎ᠡ᠃ | ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ᠂ ᠠᠵᠢᠯ ᠠᠴᠠ ᠪᠠᠭᠤᠭᠰᠠᠨ ᠲᠠᠮᠢᠷᠴᠢᠳ ᠤᠨ ᠠᠵᠢᠯ ᠮᠡᠷᠭᠡᠵᠢᠯ ᠤᠨ | ᠠᠷᠭ᠎ᠠ ᠵᠠᠮ ᠢ ᠥᠷᠭᠡᠳᠬᠡᠵᠦ᠂ ᠠᠵᠢᠯ ᠠᠴᠠ ᠪᠠᠭᠤᠭᠰᠠᠨ ᠲᠠᠮᠢᠷᠴᠢᠳ ᠤᠨ ᠪᠡᠶ᠎ᠡ ᠪᠠᠨ ᠳᠠᠭᠠᠭᠠᠵᠤ ᠠᠵᠢᠯ | ᠰᠣᠩᠭᠤᠬᠤ ᠶᠢ ᠵᠣᠷᠢᠭᠵᠢᠭᠤᠯᠤᠨ᠎ᠠ᠃ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠶᠢᠨ ᠳᠠᠪᠲᠠᠨ ᠪᠣᠯᠪᠠᠰᠤᠷᠠᠬᠤ᠂ | ᠪᠣᠯᠪᠠᠰᠤᠷᠠᠯ ᠳᠠᠳᠤᠯᠭ᠎ᠠ ᠬᠢᠬᠦ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠠᠷᠭ᠎ᠠ ᠪᠠᠷᠢᠯ ᠢᠶᠠᠷ | ᠳᠠᠮᠵᠢᠭᠤᠯᠤᠨ᠂ ᠲᠠᠮᠢᠷᠴᠢᠨ ᠤᠨ ᠬᠦᠶᠦᠯᠲᠡ ᠶᠢᠨ ᠵᠢᠭᠠᠨ ᠵᠢᠯᠤᠭᠤᠳᠤᠭᠴᠢ᠂ ᠤᠷᠤᠯᠳᠤᠭᠠᠨ ᠤ ᠬᠢᠨᠠᠭᠴᠢ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠺᠯᠦ᠋ᠪ ᠤᠨ ᠬᠠᠮᠢᠶᠠᠷᠤᠯᠲᠠ ᠶᠢᠨ ᠠᠵᠢᠯᠳᠠᠨ ᠵᠡᠷᠭᠡ ᠳᠤ ᠠᠵᠢᠯ ᠤᠨ | ᠪᠠᠶᠢᠷᠢ ᠰᠢᠯᠵᠢᠬᠦ ᠶᠢ ᠵᠣᠷᠢᠭᠵᠢᠭᠤᠯᠤᠨ᠎ᠠ᠃ | ᠲᠤᠰᠬᠠᠶ ᠪᠤᠯᠤᠩ 5᠄ ᠮᠠᠷᠠᠽᠤᠨ ᠤ ᠬᠦᠭᠵᠢᠯ ᠤᠨ ᠴᠢᠳᠠᠪᠤᠷᠢᠲᠠᠨ ᠢ ᠪᠠᠲᠤᠯᠠᠬᠤ ᠢᠨᠵᠧᠨᠧᠷᠢᠩ | 1 . ᠮᠠᠷᠠᠽᠤᠨᠲ᠋ᠠᠮᠢᠷᠴᠢᠨ ᠤ ᠱᠠᠲᠤ ᠬᠤᠪᠢᠶᠠᠨ ᠲᠥᠷᠥᠯ ᠬᠤᠪᠢᠶᠠᠭᠰᠠᠨ ᠰᠢᠰᠲ᠋ᠧᠮ ᠢ ᠲᠡᠭᠦᠯᠳᠡᠷᠵᠢᠭᠦᠯᠵᠦ᠂ | ᠪᠦᠷᠢᠨ ᠲᠡᠭᠦᠯᠳᠡᠷ ᠪᠠᠷᠢᠮᠲᠠ ᠴᠤᠭᠯᠠᠭᠤᠯᠬᠤ ᠰᠢᠰᠲ᠋ᠧᠮ ᠢ ᠪᠠᠶᠢᠭᠤᠯᠤᠨ᠎ᠠ᠃ | 2᠂ ᠵᠢᠭᠠᠨ ᠰᠤᠷᠭᠠᠭᠴᠢ ᠤᠨ ᠪᠣᠯᠪᠠᠰᠤᠷᠠᠯ ᠪᠠ ᠱᠠᠳᠤ ᠬᠤᠪᠢᠶᠠᠬᠤ ᠰᠢᠰᠲ᠋ᠧᠮ ᠢ ᠲᠡᠭᠦᠯᠳᠡᠷᠵᠢᠬᠦᠯᠵᠦ᠂ | ᠰᠤᠷᠭᠠᠭᠴᠢ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ | 3 . ᠡᠵᠡᠩᠨᠡᠯᠲᠡ ᠪᠠ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠲᠡᠭᠦᠯᠳᠡᠷᠵᠢᠭᠦᠯᠵᠦ᠂ | ᠲᠣᠭᠤᠷᠢᠨ ᠦᠵᠡᠬᠦ᠂ ᠪᠣᠯᠪᠠᠰᠤᠷᠠᠯ ᠪᠠ ᠦᠢᠯᠡᠳᠦᠯᠬᠡ ᠪᠠᠷ ᠳᠠᠮᠵᠢᠭᠤᠯᠤᠨ᠂ ᠮᠠᠷᠠᠽᠤᠨ ᠲᠠᠮᠢᠷ ᠤᠨ ᠤᠷᠤᠯᠳᠤᠭᠠᠨ ᠤ | ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠢ ᠪᠣᠯᠪᠠᠰᠤᠷᠠᠭᠤᠯᠤᠨ᠎ᠠ᠃ | 4 . ᠮᠠᠷᠠᠽᠤᠨ ᠺᠯᠦ᠋ᠪ᠂ ᠬᠦᠶᠦᠯᠲᠡ ᠶᠢᠨ ᠪᠦᠯᠬᠦᠮ ᠤᠨ ᠬᠠᠷᠢᠭᠤᠴᠠᠯᠭᠠᠲᠠᠨ ᠤ ᠪᠣᠯᠪᠠᠰᠤᠷᠠᠯ ᠢ | ᠲᠡᠭᠦᠯᠳᠡᠷᠵᠢᠭᠦᠯᠵᠦ᠂ ᠲᠤᠰ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠨᠢᠭᠡᠳᠦᠯᠲᠡᠶ ᠪᠠᠷ | ᠬᠠᠮᠢᠶᠠᠷᠬᠤ ᠶᠢ ᠴᠢᠩᠭᠠᠳᠬᠠᠵᠤ᠂ ᠰᠠᠭᠤᠷᠢ ᠴᠢᠳᠠᠪᠤᠷᠢᠲᠠᠨ ᠤ ᠡᠩᠨᠡᠭᠡ ᠶᠢᠨ ᠲᠣᠭᠲᠠᠭᠤᠨ ᠪᠣᠯᠤᠨ ᠦᠷᠭᠦᠯᠵᠢᠯᠡᠬᠦ | ᠬᠥᠭᠵᠢᠯᠲᠡ ᠶᠢ ᠦᠨᠡᠨ ᠬᠦ ᠪᠠᠲᠤᠯᠠᠨ᠎ᠠ᠃ | 5 . ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠬᠤᠯᠠᠴᠢᠯᠠᠵᠤ᠂ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠤ ᠺᠣᠮᠢᠰ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠤᠷᠢᠶᠠᠨ ᠤ ᠤᠶᠤᠨ ᠤ ᠬᠥᠮᠥᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠷᠠᠽᠤᠨ ᠲᠠᠮᠢᠷ ᠤᠨ ᠠᠵᠤ | ᠦᠢᠯᠡᠰ ᠤᠨ ᠲᠤᠰᠬᠠᠶ ᠮᠡᠷᠭᠡᠵᠢᠯ ᠤᠨ ᠰᠤᠳᠤᠯᠭᠠᠨ ᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠶ᠃ | ︵ᠵᠢᠷᠭᠤᠭ᠎ᠠ︶ ᠮᠠᠷᠠᠽᠤᠨ ᠵᠣᠷᠢᠭ ᠰᠠᠨᠠᠭ᠎ᠠ ᠶᠢ ᠳᠡᠯᠬᠡᠷᠡᠭᠦᠯᠵᠦ᠂ ᠮᠠᠷᠠᠽᠤᠨ ᠰᠣᠶᠣᠯ ᠢ ᠪᠦᠲᠦᠬᠡᠨ | ᠪᠠᠶᠢᠭᠤᠯᠤᠨ᠎ᠠ | ᠡᠯ᠎ᠡ ᠱᠠᠲᠤᠨ ᠤ ᠡᠯ᠎ᠡ ᠲᠦᠷᠦᠯ ᠤᠨ ᠵᠠᠭᠤᠴᠢᠯᠠᠭᠤᠷ ᠤᠨ ᠮᠠᠷᠠᠽᠤᠨ ᠰᠣᠶᠣᠯ᠂ ᠮᠠᠷᠠᠽᠤᠨ ᠪᠡᠶ᠎ᠡ ᠶᠢᠨ | ᠬᠥᠳᠡᠯᠭᠡᠭᠡᠨ᠂ ᠡᠷᠡᠭᠦᠯ ᠮᠡᠨᠳᠦ ᠶᠢᠨ ᠮᠡᠳᠡᠯᠭᠡ ᠪᠠ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢ ᠤᠬᠠᠭᠤᠯᠤᠨ | ᠲᠠᠨᠢᠯᠴᠠᠭᠤᠯᠬᠤ ᠶᠢ ᠵᠣᠷᠢᠭᠵᠢᠭᠤᠯᠵᠤ᠂ ᠠᠷᠠᠳ ᠣᠯᠠᠨ ᠤ ᠮᠠᠷᠠᠽᠤᠨ ᠬᠥᠳᠡᠯᠭᠡᠭᠡᠨ ᠤ ᠣᠶᠢᠯᠠᠭᠠᠯᠲᠠ ᠶᠢ | ᠦᠷᠭᠡᠳᠬᠡᠵᠦ᠂ ᠤᠯᠠᠨ ᠲᠦᠮᠡᠨ ᠤ ᠤᠯᠠᠨ ᠲᠠᠯ᠎ᠠ ᠳᠤ ᠪᠡᠶᠡᠴᠢᠯᠡᠨ ᠣᠷᠤᠯᠴᠠᠬᠤ ᠶᠢ ᠵᠣᠷᠢᠭᠵᠢᠭᠤᠯᠵᠤ᠂ ︽ | ᠪᠡᠶ᠎ᠡ ᠳᠡᠭᠡᠨ ᠦᠷᠢᠰᠦᠯᠳᠦᠬᠡᠨ ᠵᠠᠷᠯᠠᠵᠤ᠂ ᠬᠢᠵᠠᠭᠠᠷ ᠠᠴᠠ ᠳᠠᠪᠠᠵᠦ᠂ ᠮᠣᠬᠤᠷᠠᠰᠢ ᠤᠢᠭᠡᠢ᠂ ᠬᠡᠵᠢᠶᠡᠳᠡ ᠴᠦᠬᠦᠷᠡᠬᠦ | ᠦᠭᠡᠢ︾ ᠮᠠᠷᠠᠽᠤᠨ ᠤᠷᠤᠯᠳᠤᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠠᠨᠠᠭᠠᠴᠢᠯᠠᠵᠤ | ᠬᠥᠭᠵᠢᠭᠦᠯᠦᠨ ᠪᠠᠳᠠᠷᠠᠭᠤᠯᠬᠤ ᠬᠡᠷᠡᠭᠲᠡᠶ᠃ ᠤᠯᠠᠨ ᠲᠡᠰ ᠳᠠᠪᠬᠤᠷᠭ᠎ᠠ ᠶᠢᠨ᠂ ᠤᠯᠠᠨ ᠬᠡᠯᠪᠡᠷᠢ ᠶᠢᠨ ᠬᠦᠶᠦᠯᠲᠡ ᠪᠠ | ᠮᠠᠷᠠᠽᠤᠨ ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠤᠨ᠂ ᠬᠤᠳᠠ ᠶᠢᠨ ᠣᠨᠴᠠᠯᠢᠭ ᠲᠠᠢ ᠤᠶᠠᠯᠳᠤᠭᠤᠯᠤᠭᠰᠠᠨ ᠡᠯ᠎ᠡ | ᠵᠦᠢᠯ ᠤᠨ ᠮᠠᠷᠠᠽᠤᠨ ᠰᠣᠶᠣᠯ ᠤᠨ ᠨᠠᠶᠢᠷ ᠢ ᠡᠷᠬᠢᠯᠡᠬᠦ ᠪᠠᠷ ᠳᠠᠮᠵᠢᠭᠤᠯᠤᠨ᠂ ᠮᠠᠷᠠᠽᠤᠨ ᠤ ᠵᠣᠷᠢᠭ ᠰᠠᠨᠠᠭ᠎ᠠ ᠪᠣᠯᠤᠨ | ᠬᠤᠳᠠ ᠶᠢᠨ ᠵᠣᠷᠢᠭ ᠰᠠᠨᠠᠭ᠎ᠠ ᠶᠢᠨ ᠲᠡᠭᠦᠰ ᠠᠭᠤᠰᠤᠯᠴᠠᠯ ᠢ ᠠᠬᠢᠭᠤᠯᠵᠤ᠂ ᠬᠤᠲᠠ ᠶᠢᠨ ᠰᠣᠶᠣᠯ ᠤᠨ ᠠᠭᠤᠯᠬᠤᠨ ᠢ | ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ | ᠲᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠢᠨ᠎ᠡ ᠶᠢ ᠡᠭᠦᠳᠬᠦ ᠠᠵᠢᠯᠯᠠᠭᠠᠨ ᠤ ᠲᠣᠭᠲᠠᠴᠠ | ᠮᠠᠷᠠᠽᠤᠨ ᠬᠥᠳᠡᠯᠭᠡᠭᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ | ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠷᠠᠽᠤᠨ ᠲᠠᠮᠢᠷ ᠤᠨ ᠠᠵᠤ ᠦᠢᠯᠡᠰ ᠤᠨ ᠬᠥᠭᠵᠢᠯᠲᠡ ᠳᠤ | ᠦᠷᠭᠦᠯᠵᠢᠯᠡᠨ ᠠᠭᠤᠵᠢᠭᠤ ᠲᠠᠯᠪᠢᠭᠤ ᠣᠷᠴᠢᠨ ᠲᠣᠭᠤᠷᠢᠨ ᠢ ᠡᠭᠦᠳᠴᠦ᠂ ᠣᠯᠠᠨ ᠡᠰᠢᠲᠦ ᠵᠠᠬ᠎ᠠ ᠳᠡᠯᠭᠡᠭᠦᠷ ᠤᠨ | ᠭᠤᠣᠯ ᠴᠣᠭᠴᠠ ᠵᠢᠨᠣᠷᠤᠯᠴᠠᠭᠠ ᠪᠠ ᠮᠠᠷᠠᠽᠤᠨ ᠬᠥᠳᠡᠯᠭᠡᠭᠡᠨ ᠤ ᠢᠳᠡᠪᠬᠢᠵᠢᠯ ᠢ ᠬᠥᠭᠵᠢᠭᠡᠵᠦ᠂ ᠮᠠᠷᠠᠽᠤᠨ | ᠬᠥᠳᠡᠯᠭᠡᠭᠡᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠲᠦᠷᠢᠮ ᠤᠨ ᠰᠢᠨ᠎ᠡ ᠶᠢ ᠡᠭᠦᠳᠦᠯᠲᠡ᠂ ᠮᠠᠷᠠᠽᠤᠨ | ᠬᠥᠳᠡᠯᠭᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠶᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠡᠷᠡᠭᠦᠯ ᠢᠶᠠᠷ ᠬᠥᠭᠵᠢᠭᠦᠯᠬᠦ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ | ᠵᠠᠰᠠᠭ ᠤᠨ ᠣᠷᠳᠣᠨ ᠤ ᠮᠠᠷᠠᠽᠤᠨ ᠬᠥᠳᠡᠯᠭᠡᠭᠡᠨ ᠤ ᠬᠦᠭᠵᠢᠯ ᠢ ᠲᠡᠳᠬᠦᠬᠦ ᠲᠦᠷᠦ ᠶᠢᠨ ᠪᠤᠳᠤᠯᠭ᠎ᠠ ᠶᠢ ᠱᠠᠲᠤ | ᠱᠠᠲᠤ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠥᠷᠨᠢᠭᠦᠯᠬᠦ ᠪᠠ ᠮᠥᠷᠳᠡᠨ ᠵᠠᠳᠠᠯᠤᠯᠲᠠ ᠬᠢᠵᠦ᠂ ᠬᠥᠨᠳᠡᠯᠡᠨ ᠢᠶᠠᠷ ᠬᠤᠯᠪᠣᠯᠳᠤᠬᠤ᠂ ᠣᠷᠭᠠᠨᠢᠭ ᠢᠶᠠᠷ | ᠵᠤᠯᠭᠠᠯᠳᠤᠬᠤ ᠶᠢ ᠴᠢᠩᠭᠠᠳᠬᠠᠵᠤ ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠴᠠᠭ ᠲᠤᠬᠠᠶ ᠳᠤᠨᠢ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ | ᠪᠦᠲᠦᠮᠵᠢ ᠲᠠᠢ ᠪᠣᠯᠭᠠᠵᠤ᠂ ᠨᠡᠶᠢᠭᠡᠮ ᠤᠨ ᠬᠦᠴᠦᠨ ᠤ ᠤᠷᠤᠯᠳᠤᠭᠠᠨ ᠡᠷᠬᠢᠯᠡᠬᠦ ᠳᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠪᠠ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠭᠤᠷᠪᠠ︶ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠮᠠᠷᠠᠽᠤᠨ ᠲᠠᠮᠢᠷ ᠤᠨ ᠠᠵᠤ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠮᠠᠷᠠᠽᠤᠨ ᠤᠷᠤᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠤᠯᠠᠮ ᠨᠢᠭᠡ | ᠠᠯᠬᠤᠮ ᠰᠤᠳᠤᠯᠤᠨ ᠲᠡᠭᠦᠯᠳᠡᠷᠵᠢᠭᠦᠯᠵᠦ ᠲᠣᠭᠲᠠᠭᠠᠨ᠎ᠠ᠃ ᠮᠠᠷᠠᠽᠤᠨ ᠤᠷᠤᠯᠳᠤᠭᠠᠨ ᠢ ᠡᠷᠬᠢᠯᠡᠬᠦ ᠪᠠᠶᠢᠭᠤᠯᠤᠮᠵᠢ᠂ | ᠠᠵᠢᠯᠯᠠᠵᠤ ᠪᠠᠶᠢᠭ᠎ᠠ ᠬᠥᠮᠦᠰ ᠪᠠ ᠤᠷᠤᠯᠳᠤᠭᠠᠨ ᠳᠤ ᠣᠷᠣᠯᠴᠠᠭᠰᠠᠨ ᠬᠥᠮᠦᠰ ᠤᠨ ᠠᠵᠢᠯ ᠲᠥᠷᠥᠯ ᠤᠨ | ᠢᠲᠡᠭᠡᠮᠵᠢ ᠶᠢᠨ ᠰᠢᠰᠲ᠋ᠧᠮ ᠢ ᠪᠠᠶᠢᠭᠤᠯᠵᠤ ︽ᠨᠡᠷ᠎ᠡ ᠶᠢᠨ ᠬᠠᠷ᠎ᠠ ᠳᠠᠩᠰᠠ︾ ᠶᠢᠨ ᠲᠦᠷᠢᠮ ᠪᠠ ᠤᠬᠤᠷᠢᠨ ᠭᠠᠷᠬᠤ | ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠪᠠᠶᠢᠭᠤᠯᠤᠮᠵᠢ ᠪᠣᠯᠤᠨ ᠠᠵᠢᠯᠲᠠᠨ ᠤ ᠢᠲᠡᠭᠡᠮᠵᠢ ᠶᠢᠨ | ᠲᠡᠮᠳᠡᠭᠯᠡᠯ ᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠪᠠᠷ ᠡᠳ᠋ᠯᠡᠬᠦ ᠲᠠᠪᠴᠠᠩ ᠳᠤ | ᠣᠷᠣᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠨᠢ ᠠᠵᠤ ᠠᠬᠤᠶᠢᠯᠠᠯ ᠤᠨ ᠨᠡᠷ᠎ᠡ ᠳᠡᠭᠡᠷ᠎ᠡ | ᠲᠡᠮᠳᠡᠭᠯᠡᠵᠦ᠂ ᠬᠠᠤᠯᠢ ᠶᠣᠰᠣᠭᠠᠷ ᠭᠠᠳᠠᠭᠰᠢ ᠨᠡᠶᠢᠲᠡᠯᠡᠬᠦ ᠬᠡᠷᠡᠭᠲᠡᠶ᠃ | ︵ᠳᠦᠷᠪᠡ︶ ᠠᠶᠤᠯᠭᠦᠶ ᠶᠢᠨ ᠬᠢᠨᠠᠯᠲᠠ | ︽ᠠᠵᠢᠯ ᠲᠥᠷᠥᠯ ᠢ ᠬᠠᠮᠢᠶᠠᠷᠪᠠᠯ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠢ ᠭᠦᠨᠵᠡᠭᠡᠢ | ᠲᠤᠤᠱᠯᠠᠭᠤᠯᠵᠤ᠂ ᠮᠠᠷᠠᠽᠤᠨ ᠬᠥᠳᠡᠯᠭᠡᠭᠡᠨ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠣᠷᠣᠨ ᠨᠤᠲᠤᠭ ᠤᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠶᠤᠯ ᠥᠭᠡᠢ ᠶᠢᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠭᠦᠢᠴᠡᠳᠬᠡᠵᠦ᠂ ᠬᠤᠯᠪᠣᠭᠳᠠᠯ ᠪᠥᠬᠦᠶ ᠤᠷᠤᠯᠳᠤᠭᠠᠨ ᠤ ᠡᠵᠡᠩᠨᠡᠯᠲᠡ ᠶᠢᠨ ᠪᠠᠶᠢᠭᠤᠯᠤᠮᠵᠢ ᠨᠢ | ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ | ᠬᠥᠮᠦᠨ ᠪᠦᠬᠦ ᠲᠠᠯ᠎ᠠ ᠪᠠᠷ ᠣᠷᠤᠯᠴᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠯ ᠢ ᠪᠤᠢ ᠪᠣᠯᠭᠠᠨ᠎ᠠ᠃ | ᠮᠠᠷᠠᠽᠤᠨ ᠤᠷᠤᠯᠳᠤᠭᠠᠨ ᠤ ᠡᠮᠨᠡᠯᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠣᠯᠪᠠᠰᠤᠷᠠᠯ ᠪᠠ ᠬᠢᠨᠠᠯᠲᠠ | ᠲᠠᠯᠪᠢᠬᠤ ᠶᠠᠪᠤᠳᠠᠯ ᠢ ᠴᠢᠩᠭᠠᠳᠬᠠᠬᠤ ᠬᠡᠷᠡᠭᠲᠡᠶ᠃ | ︵ᠲᠠᠪᠤ︶ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠳᠡᠮᠵᠢᠨ᠎ᠡ | ᠨᠡᠶᠢᠭᠡᠮ ᠤᠨ ᠬᠦᠴᠦᠨ ᠤ ᠮᠠᠷᠠᠽᠤᠨ ᠲᠠᠮᠢᠷ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ | ᠢᠳᠡᠪᠬᠢᠲᠡᠶ ᠬᠥᠲᠥᠯᠥᠨ ᠵᠢᠯᠤᠭᠤᠳᠤᠨ᠎ᠠ᠃ ᠨᠡᠶᠢᠭᠡᠮ ᠤᠨ ᠬᠦᠴᠦᠨ ᠢ ᠲᠡᠳᠬᠦᠵᠦ ᠲᠤᠮᠤ ᠬᠡᠯᠪᠡᠷᠢ ᠶᠢᠨ ᠮᠠᠷᠠᠽᠤᠨ | ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠠᠶᠤᠯ ᠲᠦᠭᠰᠢᠭᠦᠷᠢ ᠶᠢ ᠡᠵᠡᠮᠰᠢᠵᠦ ᠳᠡᠶᠢᠯᠬᠦ ᠪᠠᠶᠢᠳᠠᠯ ᠳᠣᠣᠷ᠎ᠠ | ᠡᠵᠡᠩᠨᠡᠬᠦ ᠪᠠᠶᠢᠭᠤᠯᠤᠮᠵᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ | ᠵᠣᠷᠢᠭᠵᠢᠭᠤᠯᠤᠨ᠎ᠠ᠃ ᠮᠠᠷᠠᠽᠤᠨ ᠲᠠᠮᠢᠷ ᠤᠨ ᠠᠵᠤ ᠦᠢᠯᠡᠰ ᠤᠨ ᠦᠢᠯᠡᠳᠬᠦᠨ᠂ ᠦᠢᠯᠡᠴᠢᠯᠡᠭᠡ᠂ ᠲᠣᠨᠤᠭ | ᠲᠦᠬᠦᠬᠡᠷᠦᠮᠵᠢ ᠶᠢᠨ ᠳᠡᠰ ᠳᠡᠪᠰᠢᠬᠦ ᠶᠢ ᠵᠣᠷᠢᠭᠵᠢᠭᠤᠯᠵᠤ᠂ ᠬᠤᠯᠪᠣᠭᠳᠠᠯ ᠪᠦᠬᠦᠢ ᠨᠠᠷᠢᠨ ᠬᠤᠪᠢᠶᠠᠭᠰᠠᠨ ᠠᠵᠤ | ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠪᠠ ᠠᠵᠢᠯᠯᠠᠭᠠᠨ ᠢ ᠳᠦᠷᠢᠮᠵᠢᠯᠲᠡ ᠵᠢᠠᠯᠬᠤᠮ ᠠᠯᠬᠤᠮ ᠢᠶᠠᠷ ᠪᠠᠶᠢᠭᠤᠯᠵᠤ᠂ | ᠨᠡᠶᠢᠭᠡᠮ ᠤᠨ ᠬᠥᠷᠥᠩᠭᠡ ᠶᠢᠨ ᠮᠠᠷᠠᠽᠤᠨ ᠤ ᠲᠠᠮᠢᠷ ᠤᠨ ᠠᠵᠤ ᠦᠢᠯᠡᠰ ᠲᠤ ᠡᠷᠡᠭᠦᠯ ᠪᠥᠭᠡᠳ ᠡᠮᠬᠢ ᠵᠢᠷᠤᠮ ᠲᠠᠢ ᠪᠠᠷ | ᠬᠥᠭᠵᠢᠬᠦ ᠶᠢ ᠠᠬᠢᠭᠤᠯᠬᠤ ᠬᠡᠷᠡᠭᠲᠡᠶ᠃ | |