ᠤᠯᠠᠨ ᠨᠡᠶᠢᠲᠡ ᠶᠢᠨ ᠪᠡᠶ᠎ᠡ ᠶᠢᠨ ᠲᠠᠮᠢᠷ ‍ᠣᠨ‌‍ᠲ᠋ᠦ᠋ᠬᠦᠭᠡᠷᠣᠮᠵᠢ ᠶᠢᠨ ᠬᠠᠮᠢᠶᠠᠷᠤᠯᠲᠠ ᠶᠢᠨ ᠨᠢᠭᠡᠴᠡ  ᠶᠢᠨ  ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠣᠮᠵᠢ ᠶᠢ ᠲᠦᠷᠢᠶᠡᠰᠦᠯᠡᠨ ᠥᠭᠬᠦ ᠪᠤᠶᠤ ᠴᠢᠳᠠᠮᠵᠢ  ᠬᠡᠷᠡᠭᠴᠡᠭᠡ  ᠳᠤ  ᠵᠣᠬᠢᠴᠠᠭᠰᠠᠨ ᠦᠭᠡᠢ ᠦᠢᠯᠡᠴᠢᠯᠡᠭᠡᠨ ᠤ ᠠᠵᠢᠯᠯᠠᠭ᠎ᠠ ᠶᠢᠨ ᠰᠢᠳᠭᠡᠯ
ᠨᠡᠶᠢᠲᠡᠯᠡᠭᠰᠡᠨ ᠴᠠᠭ᠄
2019/1/11
     ︽ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠲᠦᠷᠢᠮ︾ ᠤᠨ ᠭᠤᠴᠢᠨ  ᠨᠢᠭᠡᠳᠦᠭᠡᠷ ᠵᠣᠷᠪᠣᠰ᠄ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠣᠮᠵᠢ ᠶᠢᠨ ᠬᠠᠮᠢᠶᠠᠷᠤᠯᠲᠠ ᠶᠢᠨ  ᠨᠢᠭᠡᠴᠡ ᠨᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠣᠶᠣᠯ ᠤᠨ ᠵᠠᠰᠠᠭ ᠵᠠᠬᠢᠷᠭᠠᠨ   ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠵᠠᠷᠯᠢᠭᠳᠠᠵᠤ ᠪᠠᠶᠢᠭᠠᠳ  ᠬᠤᠭᠤᠴᠠᠭ᠎ᠠ ᠲᠣᠭᠲᠠᠭᠠᠨ ᠵᠠᠯᠠᠷᠠᠭᠤᠯᠣᠨ᠎ᠠ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ  ᠬᠤᠷᠢᠶᠠᠨ ᠠᠪᠴᠦ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠨᠢ 5000 ᠲᠥᠭᠦᠷᠢᠭ ᠠᠴᠠ  ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ 2 ᠳᠠᠬᠢᠨ ᠠᠴᠠ ᠳᠡᠭᠡᠭᠰᠢ 5  ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠬᠠᠤᠯᠢ ᠶᠢ ᠵᠥᠷᠢᠴᠡᠵᠦ ᠣᠯᠤᠭᠰᠠᠨ ᠣᠯᠵᠠ  ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠨᠢ 5000 ᠲᠥᠭᠦᠷᠢᠭ ᠬᠦᠷᠬᠦ  ᠦᠭᠡᠢ ᠪᠠᠶᠢᠪᠠᠯ᠂ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ  ᠪᠣᠯᠤᠨ᠎ᠠ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ  ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠄ ︵ᠨᠢᠭᠡ︶ ᠣᠯᠠᠨ ᠨᠡᠶᠢᠲᠡ ᠶᠢᠨ ᠰᠣᠶᠣᠯ  ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠴᠢᠳᠠᠮᠵᠢ᠂ ᠬᠡᠷᠡᠭᠴᠡᠭᠡ ᠯᠦᠭᠡ ᠵᠣᠬᠢᠴᠠᠭᠰᠠᠨ ᠦᠭᠡᠢ ᠦᠢᠯᠡᠴᠢᠯᠡᠭᠡᠨ ᠤ  ᠠᠵᠢᠯᠯᠠᠭ᠎ᠠ ᠬᠢᠭᠰᠡᠨ︔ ︵ᠬᠤᠶᠠᠷ︶ ᠲᠤᠰ ᠳᠥᠷᠢᠮ ᠤᠨ ᠲᠣᠭᠲᠠᠭᠠᠯ ᠢ ᠵᠥᠷᠢᠴᠡᠵᠦ᠂ ᠤᠯᠠᠨ ᠨᠡᠶᠢᠲᠡ ᠶᠢᠨ  ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠭᠠᠳᠠᠭᠰᠢ ᠲᠦᠷᠢᠶᠡᠰᠦᠯᠡᠬᠦ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号