ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠵᠢᠯ ᠢ ᠬᠢᠨᠠᠵᠤ ᠬᠠᠮᠢᠶᠠᠷᠬᠤ
ᠨᠡᠶᠢᠲᠡᠯᠡᠭᠰᠡᠨ ᠴᠠᠭ᠄
2019/1/11
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠨᠳᠦᠰᠦᠲᠡᠨ ᠤ ᠪᠡᠶ᠎ᠡ ᠶᠢᠨ ᠲᠠᠮᠢᠷ ᠤᠨ ᠬᠠᠤᠯᠢ﹀ ᠶᠢᠨ ᠠᠷᠭ᠎ᠠ︾ ᠶᠢᠨ ᠠᠷᠪᠠᠨ ᠲᠠᠪᠤᠳᠤᠭᠠᠷ ᠵᠣᠷᠪᠣᠰ ᠲᠤ᠄ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠳᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠢᠷᠢ ᠭᠡᠮ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠤᠯᠤᠰ ᠤᠨ ᠪᠠᠷᠢᠮᠵᠢᠶ᠎ᠠ ᠶᠢ ᠦᠨᠳᠦᠰᠦᠯᠡᠨ ᠬᠢᠨᠠᠨ ᠰᠢᠯᠭᠠᠬᠤ ᠪᠠ ᠭᠡᠷᠡᠴᠢᠯᠡᠬᠦ ᠠᠵᠢᠯ ᠬᠢᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ︾ ᠤᠨ ᠵᠢᠷᠭᠤᠳᠤᠭᠠᠷ ᠵᠣᠷᠪᠣᠰ ᠲᠤ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠬᠠᠷᠢᠭᠤᠴᠠᠵᠦ᠂ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄ ︵ᠲᠠᠪᠤ︶ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ᠂ ᠪᠣᠯᠪᠠᠰᠤᠷᠠᠭᠤᠯᠬᠤ᠂ ᠰᠢᠯᠭᠠᠨ ᠬᠢᠨᠠᠬᠤ᠂ ᠦᠨᠡᠯᠡᠨ ᠲᠣᠭᠲᠠᠭᠠᠬᠤ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号