ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠴᠣᠯᠠ ᠶᠢ ᠬᠦᠴᠦᠨ ᠦᠭᠡᠢ ᠪᠣᠯᠭᠠᠬᠤ
ᠨᠡᠶᠢᠲᠡᠯᠡᠭᠰᠡᠨ ᠴᠠᠭ᠄
2019/1/11
     ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠳᠥᠴᠢᠨ ᠨᠢᠭᠡᠳᠦᠭᠡᠷ ᠵᠣᠷᠪᠣᠰ ᠲᠤ᠄ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠶᠢᠭᠠᠳ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠴᠣᠯᠠ ᠣᠯᠤᠭᠰᠠᠨ ᠬᠥᠮᠦᠨ  ᠢ ᠵᠦᠪᠰᠢᠶᠡᠷᠡᠵᠦ ᠣᠯᠭᠤᠭᠰᠠᠨ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠵᠦᠪᠰᠢᠶᠡᠷᠡᠭᠰᠡᠨ ᠨᠡᠶᠢᠭᠡᠮᠯᠢᠭ ᠠᠴᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠴᠣᠯᠠ ᠶᠢ ᠨᠢ ᠬᠦᠴᠦᠨ ᠦᠭᠡᠢ ᠪᠣᠯᠭᠠᠨ᠎ᠠ᠃ ᠳᠥᠴᠢᠨ ᠬᠤᠶᠠᠳᠤᠭᠠᠷ ᠵᠣᠷᠪᠣᠰ ᠲᠤ᠄ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠦᠶ᠎ᠡ ᠳᠤ ᠹᠸᠤᠳᠠᠯ ᠤᠨ ᠮᠤᠬᠤᠷ ᠰᠦᠰᠦᠭ ᠢ ᠰᠤᠷᠲᠠᠯᠴᠢᠯᠠᠵᠤ ᠪᠠᠶᠢᠭ᠎ᠠ ᠪᠠ ᠪᠤᠰᠤᠳ ᠪᠣᠯᠪᠠᠰᠤᠨ ᠪᠤᠰᠤ᠂ ᠡᠷᠡᠭᠦᠯ ᠪᠤᠰᠤ ᠦᠢᠯᠡ ᠠᠵᠢᠯᠯᠠᠭ᠎ᠠ ᠶᠢ ᠶᠠᠪᠣᠬᠳᠠᠭᠤᠯᠵᠦ᠂ ᠮᠠᠭᠤ ᠨᠥᠯᠥᠭᠡ ᠪᠠ ᠤᠷᠰᠢᠭ ᠲᠠᠲᠠᠭᠰᠠᠨ ᠪᠠᠶᠢᠪᠠᠯ᠂ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ᠂ ᠨᠢᠭᠡᠴᠡ ᠠᠴᠠ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠠ ᠪᠠᠶᠢᠳᠠᠯ ᠨᠢ ᠬᠦᠨᠳᠦ᠂ ᠮᠠᠭᠤ ᠨᠥᠯᠥᠭᠡ ᠭᠠᠷᠭᠠᠭᠰᠠᠨ ᠪᠠᠶᠢᠪᠠᠯ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠴᠣᠯᠠ ᠶᠢ ᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号