ᠮᠤᠩᠭᠤᠯ ᠰᠢᠳᠠᠷ᠎ᠠ
ᠨᠡᠶᠢᠲᠡᠯᠡᠭᠰᠡᠨ ᠴᠠᠭ᠄
2019/1/2
     ᠮᠤᠩᠭᠤᠯ ᠰᠢᠳᠠᠷ᠎ᠠ ᠪᠤᠯ ᠮᠤᠩᠭᠤᠯᠴᠤᠳ ᠤᠨ ᠲᠡᠤᠬᠡᠨ ᠤᠯᠠᠮᠵᠢᠯᠠᠯᠲᠦ ᠨᠠᠭᠠᠳᠤᠮ ᠪᠤᠯᠤᠨ᠎ᠠ᠃ ᠮᠤᠩᠭᠤᠯ ᠰᠢᠳᠠᠷ᠎ᠠ ᠳᠤ ᠮᠤᠷᠢ᠂ ᠲᠡᠮᠡᠭᠡ ᠵᠡᠷᠭᠡ ᠤᠨᠤᠭ᠎ᠠ ᠬᠦᠯᠦᠰᠢ ᠪᠠᠶᠢᠨ᠎ᠠ︔ ᠠᠶᠠᠨ ᠵᠠᠮ ᠤᠨ ᠲᠡᠭᠡᠭᠡᠪᠦᠷᠢ ᠶᠢᠨ ᠪᠠᠭᠠᠵᠢ ᠲᠡᠷᠭᠡ ᠪᠠᠶᠢᠨ᠎ᠠ︔ ᠪᠠᠷᠰ ᠠᠷᠰᠯᠠᠨ ᠵᠡᠷᠭᠡ ᠬᠦᠴᠦᠲᠦ ᠠᠮᠢᠳᠠᠳ ᠪᠤᠢ︔ ᠨᠤᠶᠠᠨ ᠬᠠᠳᠤᠨ᠂ ᠬᠦᠦ ᠵᠡᠷᠭᠡ ᠭᠡᠷ ᠪᠦᠯᠢ ᠶᠢᠨ ᠬᠤᠯᠪᠤᠭ᠎ᠠ ᠪᠠᠶᠢᠨ᠎ᠠ᠃ ᠬᠦᠯᠭᠡ ᠨᠢ ᠮᠤᠩᠭᠤᠯᠴᠤᠳ ᠤᠨ ᠨᠠᠭᠠᠳᠳᠠᠬ ᠪᠤᠭᠤ ᠶᠢᠨ ᠵᠢᠷᠭᠢᠭᠡ ᠲᠠᠢ ᠤᠶᠢᠷᠠᠯᠴᠠᠭ᠎ᠠ ᠶᠤᠮ᠃ ᠡᠳᠡᠭᠡᠷ ᠠᠴᠠ ᠦᠵᠡᠪᠡᠯ ᠮᠤᠩᠭᠤᠯ ᠰᠢᠳᠠᠷ᠎ᠠ ᠨᠢ ᠮᠤᠩᠭᠤᠯᠴᠤᠳ ᠤᠨ ᠨᠡᠭᠦᠳᠡᠯ ᠠᠮᠢᠳᠤᠷᠠᠯ ᠲᠠᠢ ᠬᠠᠷᠢᠴᠠᠭ᠎ᠠ ᠲᠠᠢ ᠨᠢ ᠢᠯᠡᠬᠡᠨ ᠪᠠᠶᠢᠳᠠᠬ᠃     ᠮᠤᠩᠭᠤᠯ ᠰᠢᠳᠠᠷ᠎ᠠ ᠶᠢᠨ ᠨᠠᠭᠠᠳᠬᠤ ᠤᠨᠴᠠᠯᠢᠬ ᠠᠴᠠ ᠨᠢ ᠠᠪᠴᠦ ᠦᠵᠡᠪᠡᠯ ᠲᠠᠶᠢᠨ ᠪᠠᠶᠢᠯᠳᠤᠭᠠᠨ ᠤ ᠡᠰᠡᠷᠭᠦᠴᠡᠯᠳᠦᠭᠰᠡᠨ ᠠᠬᠤᠢ ᠰᠢᠨᠵᠢ ᠢᠯᠡᠳᠳᠡ ᠤᠷᠤᠰᠢᠵᠦ᠂ ᠴᠡᠷᠢᠭ ᠮᠤᠷᠢ ᠠᠳᠠᠯᠢ ᠲᠡᠭᠰᠢ ᠪᠠᠶᠢᠬᠤ ᠰᠠᠭᠤᠷᠢᠨ ᠠᠴᠠ ᠡᠬᠢᠯᠡᠨ ᠤᠶᠤᠨ ᠰᠠᠨᠠᠭ᠎ᠠ᠂ ᠠᠷᠭ᠎ᠠ ᠪᠤᠳᠤᠯᠭ᠎ᠠ ᠶᠢᠨ ᠦᠵᠡᠯᠴᠡᠭᠡᠨ ᠡᠭᠦᠰᠳᠡᠭ ᠪᠠᠶᠢᠨ᠎ᠠ᠃ ᠡᠶᠢᠮᠦ ᠠᠴᠠ ᠮᠤᠩᠭᠤᠯ ᠰᠢᠳᠠᠷ᠎ᠠ ᠶᠢ ᠲᠠᠩ ᠭᠠᠭᠴᠠ ᠨᠠᠭᠠᠳᠤᠮ ᠲᠤᠬᠯᠠᠭᠠᠮ ᠤᠨ ᠵᠦᠢᠯ ᠭᠡᠵᠦ ᠦᠵᠡᠬᠦ ᠶᠢᠨ ᠠᠷᠭ᠎ᠠ ᠦᠭᠡᠢ᠂ ᠰᠢᠭᠤᠳ ᠲᠤ ᠪᠠᠨ ᠲᠡᠮᠡᠴᠡᠯ ᠤᠨ ᠠᠷᠭ᠎ᠠ ᠪᠤᠳᠤᠯᠭ᠎ᠠ ᠲᠤᠭᠤᠰᠢᠯᠠᠬᠳᠠᠵᠦ ᠪᠠᠶᠢᠳᠠᠬ ᠠᠴᠠ ᠮᠤᠩᠭᠤᠯᠴᠤᠳ ᠲᠡᠭᠦᠨ ᠢ ᠤᠢ ᠪᠢᠯᠢᠭ ᠢ ᠰᠤᠷᠢᠬᠤ᠂ ᠤᠬᠠᠭᠠᠨ ᠪᠤᠳᠤᠯᠭ᠎ᠠ ᠶᠢ ᠰᠢᠯᠭᠠᠬᠤ ᠴᠢᠬᠤᠯᠠ ᠬᠡᠯᠪᠡᠷᠢ ᠪᠤᠯᠭᠠᠳᠠᠬ ᠪᠦᠭᠡᠳ ᠨᠡᠶᠢᠭᠡᠮ ᠤᠨ ᠤᠬᠠᠭᠠᠨ ᠢ ᠰᠢᠳᠠᠷ᠎ᠡ ᠠᠴᠠ ᠰᠤᠷᠬᠤ ᠵᠢᠭᠠᠬᠤ ᠪᠠᠭᠠᠵᠢ ᠭᠡᠵᠦ ᠦᠵᠡᠳᠡᠭ᠃
   
    ᠮᠤᠩᠭᠤᠯ ᠰᠢᠳᠠᠷ᠎ᠠ ᠪᠤᠯᠤᠨ ᠲᠡᠯᠡᠬᠡᠢ ᠶᠢᠨ ᠰᠢᠳᠠᠷ᠎ᠠ ᠶᠢᠨ ᠬᠦᠯᠭᠡ ᠨᠢ ᠪᠦᠷ ᠲᠦᠷᠪᠡᠯᠵᠢᠨ ᠬᠡᠯᠪᠡᠷᠢ ᠲᠠᠢ᠂ ᠬᠠᠷ᠎ᠠ ᠴᠠᠭᠠᠨ ᠦᠡᠭᠭᠡ ᠪᠠᠷ ᠵᠢᠷᠤᠬᠳᠠᠬᠰᠠᠨ ᠪᠠᠶᠢᠳᠠᠬ᠃ ᠰᠢᠳᠠᠷ᠎ᠠ ᠶᠢᠨ ᠪᠤᠳᠠ ᠬᠦᠦ ᠨᠦᠭᠦᠳ ᠨᠢ ᠨᠡᠶᠢᠳᠡ 32 ᠪᠠᠶᠢᠨ᠎ᠠ᠂ ᠴᠠᠭᠠᠨ ᠬᠠᠷ᠎ᠠ ᠦᠡᠭᠭᠡ ᠪᠦᠷᠢ ᠳᠤ ᠨᠢᠭᠡ ᠨᠤᠶᠠᠨ᠂ ᠬᠤᠶᠠᠷ ᠬᠠᠰᠠᠬ᠂ ᠬᠤᠶᠠᠷ ᠮᠤᠷᠢ᠂ ᠬᠤᠶᠠᠷ ᠲᠡᠮᠡᠭᠡ᠂ ᠨᠢᠭᠡ ᠪᠠᠷᠰ᠂ ᠨᠠᠢᠮᠠᠨ ᠬᠦᠦ ᠲᠠᠢ᠂ ᠨᠡᠶᠢᠳᠡ 64 ᠰᠠᠭᠤᠳᠠᠯ ᠲᠠᠢ᠃     ᠮᠤᠩᠭᠤᠯ ᠰᠢᠳᠠᠷ᠎ᠠ ᠳᠤ ᠨᠡᠭᠦᠳᠡᠯ ᠮᠠᠯᠵᠢᠯ ᠤᠨ ᠰᠤᠶᠤᠯ ᠤᠨ ᠤᠨᠴᠠᠯᠢᠬ ᠰᠢᠨᠵᠢ ᠪᠦᠷᠢᠨ ᠬᠠᠳᠠᠭᠠᠯᠠᠬᠳᠠᠵᠦ ᠪᠠᠶᠢᠳᠠᠬ᠃ ᠵᠢᠱᠢᠶᠡᠯᠡᠪᠡᠯ ᠨᠤᠶᠠᠨ ᠨᠢ ᠬᠤᠶᠠᠬ ᠲᠤᠭᠤᠯᠠᠭ᠎ᠠ ᠲᠠᠢ ᠮᠤᠷᠢᠳᠦ ᠵᠠᠩᠵᠤᠨ ᠪᠠᠶᠢᠳᠠᠬ᠃ ᠬᠢᠳᠠᠳ ᠰᠢᠳᠠᠷ᠎ᠠ ᠶᠢᠨ ᠨᠤᠶᠠᠨ ᠨᠢ ᠤᠷᠳᠤᠨ ᠠᠴᠠ ᠪᠠᠨ ᠭᠠᠷᠴᠦ ᠴᠢᠳᠠᠬᠤ ᠦᠭᠡᠢ ᠪᠠᠶᠢᠬᠤ ᠳᠤ ᠮᠤᠩᠭᠤᠯ ᠨᠤᠶᠠᠨ ᠨᠢ ᠬᠠᠮᠢᠭ᠎ᠠ ᠴᠦ ᠪᠦᠷ ᠶᠠᠪᠤᠵᠦ ᠪᠤᠯᠳᠠᠬ᠃ ᠬᠢᠳᠠᠳ ᠰᠢᠳᠠᠷ᠎ᠠ ᠶᠢᠨ ᠮᠤᠷᠢ ᠨᠢ ᠴᠢᠳᠦᠷᠯᠡᠭᠳᠡᠳᠡᠭ ᠪᠠᠶᠢᠬᠤ ᠳᠤ ᠮᠤᠩᠭᠤᠯ ᠰᠢᠳᠠᠷ᠎ᠠ ᠶᠢᠨ ᠮᠤᠷᠢ ᠨᠢ ᠴᠢᠳᠦᠷ ᠲᠤ ᠬᠢᠵᠠᠭᠠᠷᠯᠠᠬᠳᠠᠳᠠᠬ ᠦᠭᠡᠢ᠃ ᠲᠡᠮᠡᠭᠡ ᠨᠢ ᠬᠢᠳᠠᠳ ᠰᠢᠳᠠᠷ᠎ᠠ ᠶᠢᠨ ᠵᠠᠭᠠᠨ ᠲᠠᠢ ᠠᠳᠠᠯᠢ ᠪᠠᠶᠢᠳᠠᠬ ᠴᠦ ᠬᠢᠳᠠᠳ ᠰᠢᠳᠠᠷ᠎ᠠ ᠶᠢᠨ ᠵᠠᠭᠠᠨ ᠠᠳᠠᠯᠢ ᠬᠢᠵᠠᠭᠠᠷ ᠲᠤ ᠪᠠᠨ ᠬᠢᠵᠠᠭᠠᠷᠯᠠᠬᠳᠠᠳᠠᠬ ᠦᠭᠡᠢ᠂ ᠬᠦᠦ ᠨᠢ ᠬᠢᠳᠠᠳ ᠰᠢᠳᠠᠷ᠎ᠠ ᠶᠢᠨ ᠬᠦᠦ ᠠᠳᠠᠯᠢ ᠤᠷᠤᠬᠰᠢᠯᠠᠬᠤ ᠵᠠᠮ ᠦᠭᠡᠢ ᠮᠤᠬᠤᠷᠳᠠᠳᠠᠬ ᠪᠢᠰᠢ ᠶᠤᠮ᠃ ᠬᠠᠷᠢᠨ ᠵᠢᠱᠢᠭᠦᠦ ᠱᠤᠭᠤᠮ ᠢᠶᠠᠷ ᠨᠢᠳᠦ ᠲᠠᠢ ᠬᠠᠨᠭ᠍ᠭᠠᠢ ᠪᠤᠶᠤ ᠪᠠᠷᠰ ᠪᠤᠯᠭᠠᠨ ᠬᠤᠪᠢᠷᠠᠭᠤᠯᠳᠠᠬ᠃     ᠮᠤᠩᠭᠤᠯ ᠰᠢᠳᠠᠷ᠎ᠠ ᠶᠢᠨ ᠤᠯᠠᠷᠢᠨ ᠬᠤᠪᠢᠰᠬᠤ ᠨᠢ ᠲᠤᠩ ᠤᠷᠠᠨ ᠨᠠᠷᠢᠨ ᠪᠦᠭᠡᠳ ᠪᠤᠳᠤᠯᠢᠶᠠᠨᠳᠠᠢ ᠪᠠᠶᠢᠳᠠᠬ᠃ ᠤᠷᠤᠬᠰᠢᠯᠠᠬᠤ᠂ ᠤᠬᠤᠷᠢᠬᠤ᠂ ᠳᠤᠪᠲᠤᠯᠬᠤ᠂ ᠬᠤᠷᠢᠬᠯᠠᠬᠤ᠂ ᠭᠡᠳᠡᠷᠬᠦ ᠲᠠᠭᠠᠷᠢᠬᠤ᠂ ᠭᠡᠨᠡᠳᠲᠡ ᠴᠦᠮᠦᠷᠢᠨ ᠤᠷᠤᠬᠤ᠂ ᠬᠠᠯᠬᠠᠯᠠᠬᠤ᠂ ᠵᠠᠶᠢᠯᠠᠭᠤᠯᠬᠤ᠂ ᠬᠠᠭᠤᠷᠤᠨ ᠮᠡᠬᠡᠯᠡᠵᠦ ᠪᠤᠴᠠᠨ ᠪᠤᠷᠤᠭᠤᠯᠠᠬᠤ᠂ ᠪᠠᠬᠢᠯᠡᠵᠦ ᠰᠠᠬᠢᠬᠤ᠂ ᠬᠠᠷᠰᠢ ᠰᠠᠭᠠᠳ ᠲᠠᠯᠪᠢᠬᠤ᠂ ᠪᠤᠭᠤᠬᠳᠠᠭᠤᠯᠬᠤ᠂ ᠪᠤᠳᠠ ᠬᠠᠶᠠᠵᠦ ᠦᠳᠦᠭᠡᠬᠦ᠂ ᠵᠡᠭᠦᠨᠰᠢ ᠲᠠᠯᠠᠶᠢᠵᠦ ᠪᠠᠷᠠᠭᠤᠨᠰᠢ ᠲᠠᠭᠠᠷᠢᠬᠤ᠂ ᠪᠡᠯᠡᠳᠭᠡᠯ ᠦᠭᠡᠢ ᠳᠤ ᠨᠢ ᠲᠠᠭᠠᠷᠢᠨ ᠰᠠᠨᠠᠮᠰᠠᠷ ᠦᠭᠡᠢ ᠶᠢ ᠵᠠᠪᠰᠢᠬᠤ᠂ ᠲᠠᠪᠠᠭᠤ ᠬᠦᠴᠦᠨ ᠢ ᠲᠠᠶᠢᠴᠢᠯᠠᠨ ᠪᠠᠭᠤᠷᠢ ᠶᠢ ᠴᠤᠬᠢᠬᠤ᠂ ᠤᠷᠤᠨ ᠰᠤᠯᠠᠯᠠᠵᠦ ᠵᠠᠮ ᠨᠡᠭᠡᠭᠡᠬᠦ ᠵᠡᠷᠭᠡ ᠤᠯᠠᠨ ᠠᠷᠪᠢᠨ ᠠᠷᠭ᠎ᠠ ᠪᠤᠳᠤᠯᠭ᠎ᠠ ᠬᠡᠷᠡᠭᠯᠡᠵᠦ ᠨᠦᠭᠦᠭᠡ ᠡᠳᠡᠭᠡᠳ ᠤᠨ ᠢᠶᠠᠨ ᠪᠤᠳᠠ ᠬᠦᠦ ᠶᠢ ᠤᠰᠠᠳᠬᠠᠨ᠂ ᠪᠠᠬᠢᠯᠡᠯᠲᠡ ᠶᠢ ᠡᠪᠳᠡᠵᠦ᠂ ᠪᠤᠭᠤᠮᠳᠠ ᠶᠢ ᠡᠵᠡᠯᠡᠨ ᠢᠯᠠᠯᠲᠠ ᠤᠯᠬᠤ ᠳᠤ ᠬᠦᠷᠳᠡᠭ᠃     ᠮᠤᠩᠭᠤᠯ ᠰᠢᠳᠠᠷ᠎ᠠ ᠶᠢᠨ ᠱᠦᠭᠦᠯᠴᠡᠭᠡᠨ ᠢ ᠮᠠᠳ᠂ ᠲᠡᠤᠬᠡᠢ ᠭᠡᠵᠦ ᠬᠤᠶᠠᠷ ᠢᠯᠭᠠᠳᠠᠬ᠃ ᠮᠠᠳ ᠪᠤᠯ ᠰᠢᠭᠤᠳ ᠱᠠᠬᠯᠠᠵᠦ ᠠᠯᠠᠬᠤ ᠶᠢ ᠬᠡᠯᠡᠳᠡᠭ᠃ ᠲᠡᠤᠬᠡᠢ ᠪᠤᠢ ᠤᠷᠠᠨ ᠦᠷᠦᠯᠭᠡ ᠪᠠ ᠪᠤᠳᠤᠯᠢᠶᠠᠨᠲᠠᠢ ᠶᠠᠪᠤᠴᠠ ᠪᠠᠷ ᠲᠠᠮᠵᠢᠨ ᠱᠠᠬᠯᠠᠵᠦ ᠮᠠᠳᠯᠠᠬᠤ ᠶᠢ ᠬᠡᠯᠡᠳᠡᠭ ᠤᠴᠢᠷ ᠠᠴᠠ ᠮᠤᠩᠭᠤᠯᠴᠤᠳ ᠵᠠᠩᠰᠢᠯ ᠢᠶᠠᠷ ᠢᠶᠠᠨ ᠲᠡᠤᠬᠡᠢ ᠪᠠᠷ ᠱᠦᠭᠦᠯᠴᠡᠭᠡᠨ ᠤ ᠪᠠᠷᠢᠮᠵᠢᠶ᠎ᠠ ᠪᠤᠯᠭᠠᠳᠠᠬ᠃ ᠲᠡᠭᠡᠬᠦ ᠳᠤ ᠲᠡᠤᠬᠡᠢ ᠶᠢ ᠴᠦᠮ ᠬᠦᠦ ᠶᠢᠨ ᠴᠦᠳ ᠢᠶᠠᠷ ᠲᠤᠭᠠᠯᠠᠬᠤ ᠲᠤᠯᠠ᠂ ᠪᠠᠷᠰᠠ ᠶᠢᠨ ᠲᠡᠤᠬᠡᠢ᠂ ᠬᠠᠨᠭ᠍ᠭᠠᠢ ᠶᠢᠨ ᠲᠡᠤᠬᠡᠢ᠂ ᠲᠡᠮᠡᠭᠡᠨ ᠤ ᠲᠡᠤᠬᠡᠢ᠂ ᠮᠤᠷᠢᠨ ᠤ ᠲᠡᠤᠬᠡᠢ᠂ ᠨᠡᠶᠢᠯᠡᠮᠡᠯ ᠲᠡᠤᠬᠡᠢ ᠬᠢᠭᠡᠳ ᠱᠤᠬ ᠱᠦᠭᠦᠯᠴᠡᠭᠡᠨ ᠭᠡᠵᠦ ᠲᠦᠷᠦᠯ ᠢᠯᠭᠠᠵᠦ᠂ ᠲᠦᠷᠦᠯ ᠪᠦᠷᠢ ᠳᠤ ᠨᠢ ᠪᠠᠰᠠ ᠤᠯᠠᠨ ᠵᠦᠢᠯ ᠤᠨ ᠲᠡᠤᠬᠡᠢ ᠪᠠᠷ ᠲᠡᠮᠳᠡᠭᠯᠡᠳᠡᠭ᠃ ᠮᠤᠩᠭᠤᠯ ᠰᠢᠳᠠᠷ᠎ᠠ ᠶᠢᠨ ᠱᠦᠭᠦᠯᠴᠡᠭᠡᠨ ᠳᠤᠮᠳᠠ ᠮᠠᠰᠢ ᠤᠯᠠᠨ ᠨᠡᠶᠢᠭᠡᠮ ᠤᠨ ᠤᠴᠢᠷ ᠶᠤᠰᠤ ᠲᠠᠢ ᠨᠡᠶᠢᠴᠡᠭᠰᠡᠨ ᠬᠦᠮᠦᠨᠴᠢ ᠶᠤᠰᠤ ᠶᠢ ᠬᠠᠳᠠᠭᠠᠯᠠᠵᠦ ᠪᠠᠶᠢᠳᠠᠬ᠃ ᠵᠢᠱᠢᠶᠡᠯᠡᠪᠡᠯ ᠲᠡᠯᠡᠬᠡᠢ ᠶᠢᠨ ᠰᠢᠳᠠᠷ᠎ᠠ ᠳᠤ ᠮᠤᠷᠢ ᠪᠤᠶᠤ ᠲᠡᠮᠡᠭᠡ ᠲᠤᠬᠢᠶᠠᠯ ᠲᠠᠢ ᠪᠤᠯ ᠰᠢᠭᠤᠳ ᠨᠤᠶᠠᠨ ᠢ ᠱᠠᠯᠠᠵᠦ ᠲᠡᠭᠦᠰᠭᠡᠨ᠎ᠡ᠃ ᠮᠤᠩᠭᠤᠯ ᠰᠢᠳᠠᠷ᠎ᠠ ᠶᠢᠨ ᠮᠤᠷᠢ ᠲᠡᠮᠡᠭᠡ ᠵᠦᠪᠬᠡᠨ ᠱᠠᠯᠠᠵᠦ ᠦᠡᠭᠭᠡᠷᠡᠭᠦᠯᠬᠦ ᠠᠴᠠ ᠪᠢᠰᠢ ᠰᠢᠭᠤᠳ ᠱᠠᠯᠠᠵᠦ ᠦᠬᠦᠭᠦᠯᠵᠦ ᠪᠤᠯᠬᠤ ᠦᠭᠡᠢ᠃ ᠡᠨᠡ ᠨᠢ ᠠᠮᠢᠳᠠᠨ ᠬᠦᠮᠦᠨ ᠢ ᠠᠯᠠᠵᠦ ᠪᠤᠯᠬᠤ ᠦᠭᠡᠢ ᠭᠡᠰᠡᠨ ᠵᠠᠩ ᠦᠢᠯᠡ ᠶᠢᠨ ᠶᠤᠰᠤ ᠲᠠᠢ ᠨᠡᠶᠢᠴᠡᠵᠦ ᠪᠠᠶᠢᠬᠤ ᠶᠤᠮ᠂ ᠲᠡᠯᠡᠬᠡᠢ ᠶᠢᠨ ᠰᠢᠳᠠᠷ᠎ᠠ ᠳᠤ ᠵᠠᠪᠰᠢᠶᠠᠨ ᠲᠠᠢ ᠪᠤᠯ ᠪᠤᠳᠠ ᠪᠠ ᠬᠦᠦ ᠶᠢ ᠪᠦᠷ ᠢᠳᠡᠬᠦ ᠶᠢ ᠬᠢᠵᠠᠭᠠᠷᠯᠠᠬᠤ ᠦᠭᠡᠢ᠂ ᠮᠤᠩᠭᠤᠯ ᠰᠢᠳᠠᠷ᠎ᠠ ᠳᠤ ᠵᠠᠪᠠᠯ ᠨᠢᠭᠡ ᠪᠤᠳᠠ ᠪᠤᠶᠤ ᠨᠢᠭᠡ ᠬᠦᠦ ᠦᠯᠡᠳᠡᠭᠡᠬᠦ ᠶᠤᠰᠤᠲᠠᠢ᠃ ᠨᠢᠭᠡ ᠪᠤᠳᠠ ᠦᠯᠡᠳᠡᠭᠡᠬᠦ ᠨᠢ ᠬᠦᠮᠦᠨ ᠤ ᠠᠮᠢᠳᠤᠷᠠᠯ ᠢ ᠬᠤᠭᠤᠰᠤᠷᠠᠲᠠᠯ᠎ᠠ ᠦᠭᠡᠢ ᠪᠤᠯᠭᠠᠬᠤ ᠴᠢᠨᠠᠷ ᠦᠭᠡᠢ ᠦᠢᠯᠡ ᠶᠢ ᠴᠡᠭᠡᠷᠯᠡᠭᠰᠡᠨ ᠮᠤᠩᠭᠤᠯ ᠵᠠᠩᠰᠢᠯ ᠠᠴᠠ ᠢᠷᠡᠯᠲᠡᠢ᠃ ᠵᠠᠪᠠᠯ ᠨᠢᠭᠡ ᠬᠦᠦ ᠦᠯᠡᠳᠡᠭᠡᠬᠦ ᠨᠢ ᠬᠦᠮᠦᠨ ᠢ ᠦᠷ᠎ᠡ ᠠᠴᠢᠨᠠᠷ ᠦᠭᠡᠢ ᠪᠤᠯᠳᠠᠯ᠎ᠠ ᠦᠨᠳᠦᠰᠦ ᠶᠢ ᠨᠢ ᠲᠠᠰᠤᠯᠬᠤ ᠶᠢ ᠤᠨᠴᠠ ᠴᠡᠭᠡᠷᠯᠡᠳᠡᠭ ᠶᠤᠰᠤ ᠵᠠᠩ ᠠᠴᠠ ᠢᠷᠡᠭᠰᠡᠨ ᠲᠦᠷᠢᠮ ᠪᠤᠯᠤᠨ᠎ᠠ᠃
 
ᠢᠷᠡᠯᠲᠡ᠄ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号