︵2008 ᠣᠨ ᠤ 9 ᠰᠠᠷ᠎ᠠ ᠶᠢᠨ 25 ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠥᠷᠪᠡᠳᠦᠭᠡᠷ ᠬᠤᠷᠠᠯ ᠠᠴᠠ ᠪᠠᠲᠤᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ | ᠦᠨᠳᠦᠰᠦᠯᠡᠨ ᠵᠠᠰᠠᠪᠠ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠣᠷᠪᠣᠰ᠂ ᠠᠷᠠᠳ ᠢᠷᠭᠡᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠠᠷᠠᠳ ᠢᠷᠭᠡᠨ ᠤ | ᠪᠡᠶ᠎ᠡ ᠶᠢᠨ ᠲᠠᠮᠢᠷ ᠤᠨ ᠪᠡᠶ᠎ᠡ ᠠᠵᠢᠯᠯᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠳᠣᠯᠠᠬᠤ ᠶᠢᠨ ᠲᠦᠯᠦᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠪᠠ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠣᠯᠢ ᠳᠦᠷᠢᠮ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠣᠷᠪᠣᠰ᠂ ᠲᠤᠰ ᠳᠦᠷᠢᠮ ᠳᠤ ᠬᠡᠯᠡᠵᠦ ᠪᠠᠶᠢᠭ᠎ᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠭᠡᠳᠡᠭ ᠨᠢ ᠠᠷᠠᠳ ᠢᠷᠭᠡᠳ ᠤᠨ ᠪᠡᠶ᠎ᠡ ᠮᠠᠬᠠᠪᠣᠳ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠪᠠᠷ ᠵᠣᠷᠢᠯᠭ᠎ᠠ | ᠪᠣᠯᠭᠠᠭᠰᠠᠨ ᠡᠯ᠎ᠡ ᠵᠦᠢᠯ ᠤᠨ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠢᠭᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠷᠠᠳ ᠨᠡᠶᠢᠲᠡ ᠶᠢᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠳᠤ ᠲᠤᠰ ᠲᠦᠷᠢᠮ ᠢ | ᠬᠡᠷᠡᠭᠯᠡᠨ᠎ᠡ᠃ | ᠭᠤᠷᠪᠠᠳᠤᠭᠠᠷ ᠵᠣᠷᠪᠣᠰ᠂ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠠᠯᠭ᠎ᠠ ᠶᠢ | ᠵᠠᠰᠠᠭ ᠤᠨ ᠣᠷᠳᠣᠨ ᠠᠴᠠ ᠬᠠᠷᠢᠭᠤᠴᠠᠬᠤ᠂ ᠨᠡᠶᠢᠭᠡᠮ ᠠᠴᠠ ᠳᠡᠮᠵᠢᠬᠦ᠂ ᠪᠦᠬᠦ ᠠᠷᠠᠳ ᠢᠶᠠᠷ ᠢᠶᠠᠨ ᠣᠷᠣᠯᠴᠠᠬᠤ | ᠬᠠᠮᠢᠶᠠᠷᠤᠯᠲᠠ ᠶᠢᠨ ᠳᠦᠷᠢᠮ ᠢ ᠭᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ ᠶᠢ ᠪᠠᠷᠢᠮᠲᠠᠯᠠᠨ᠂ | ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠣᠯᠪᠠᠰᠤᠨ ᠪᠠ ᠠᠵᠢᠯ ᠤᠨ ᠴᠢᠯᠥᠭᠡᠨ ᠤ | ᠰᠠᠶᠢᠨ ᠳᠤᠷ᠎ᠠ ᠶᠢᠨ᠂ ᠪᠠᠭ᠎ᠠ ᠬᠡᠯᠪᠡᠷᠢ ᠶᠢᠨ ᠣᠯᠠᠨ ᠶᠠᠩᠵᠤ ᠶᠢᠨ ᠵᠠᠷᠴᠢᠮ ᠢ ᠪᠠᠷᠢᠮᠲᠠᠯᠠᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠨᠡᠶᠢᠭᠡᠮ ᠨᠡᠶᠢᠲᠡ ᠪᠠᠷ ᠢᠶᠠᠨ ᠠᠷᠠᠳ ᠢᠷᠭᠡᠳ ᠤᠨ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠦᠨᠳᠦᠰᠦᠨ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠵᠤ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ ᠪᠣᠯᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠣᠨᠴᠠᠭᠠᠢ ᠪᠠᠲᠤᠯᠠᠭ᠎ᠠ ᠣᠯᠭᠤᠨ᠎ᠠ᠃ | ᠳᠥᠷᠪᠡᠳᠦᠭᠡᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠦᠨᠳᠦᠰᠦᠲᠡᠨ ᠤ ᠪᠠ | ᠠᠷᠠᠳ ᠤᠨ ᠳᠣᠲᠣᠷᠠᠬᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ | ᠰᠠᠨᠠᠭᠠᠴᠢᠯᠠᠨ ᠳᠡᠮᠵᠢᠵᠦ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠦᠷᠨᠢᠭᠦᠯᠬᠦ ᠶᠢ ᠵᠣᠷᠢᠭᠵᠢᠭᠤᠯᠬᠤ ᠪᠠ ᠠᠬᠢᠭᠤᠯᠤᠨ᠎ᠠ᠃ | ᠲᠠᠪᠤᠳᠤᠭᠠᠷ ᠵᠣᠷᠪᠣᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠢ ᠲᠤᠰ ᠱᠠᠲᠤᠨ ᠤ ᠪᠠᠨ ᠡᠳ᠋ ᠤᠨ | ᠵᠠᠰᠠᠭ ᠤᠨ ᠲᠤᠰᠬᠠᠶ ᠵᠦᠢᠯ ᠤᠨ ᠵᠠᠷᠤᠯᠭ᠎ᠠ ᠳᠤ ᠪᠠᠭᠳᠠᠭᠠᠵᠦ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ | ᠪᠠ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠬᠦ ᠶᠢ ᠳᠠᠭᠠᠯᠳᠤᠨ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠶ᠃ | ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠶᠣᠰᠣᠭᠠᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠦᠢᠯᠡᠰ ᠢ ᠬᠥᠭᠵᠢᠭᠦᠯᠬᠦ ᠳᠤ ᠬᠡᠷᠡᠭᠯᠡᠵᠦ᠂ ᠲᠤᠰᠬᠠᠶ ᠵᠣᠭᠤᠰ ᠢ ᠲᠤᠰᠬᠠᠶᠢᠯᠠᠨ ᠬᠡᠷᠡᠭᠯᠡᠨ᠎ᠡ᠃ ᠠᠰᠠᠷᠠᠮᠵᠢ ᠶᠢᠨ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ ᠨᠠᠰᠤᠲᠠᠶᠢᠴᠤᠳ ᠪᠣᠯᠤᠨ ᠵᠡᠮᠳᠡᠭᠴᠦᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ | ᠲᠤᠰᠠᠯᠠᠮᠵᠢ ᠣᠯᠭᠤᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠰᠠᠷᠠᠮᠵᠢ ᠶᠢᠨ ᠮᠥᠩᠭᠦ ᠶᠢ | ᠳᠠᠷᠤᠵᠤ ᠠᠪᠬᠤ ᠪᠣᠶᠣ ᠨᠡᠭᠦᠯᠭᠡᠨ ᠬᠡᠷᠡᠭᠯᠡᠵᠦ ᠪᠣᠯᠬᠤ ᠦᠭᠡᠢ᠃ | ᠵᠢᠷᠭᠤᠳᠤᠭᠠᠷ ᠵᠣᠷᠪᠣᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠳᠤ ᠳᠣᠣᠷ᠎ᠠ ᠵᠢᠭᠰᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠨ᠎ᠡ᠄ | ︵ᠨᠢᠭᠡ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠲᠥᠷᠢᠮ ᠲᠣᠭᠲᠠᠭᠠᠯ ᠢ ᠤᠬᠠᠭᠤᠯᠤᠨ ᠬᠡᠷᠡᠭᠵᠢᠭᠦᠯᠬᠦ︔ | ︵ᠬᠤᠶᠠᠷ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠲᠤᠪᠲᠤᠷ ᠪᠠ ᠣᠷᠳᠣ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ︔ | ︵ᠭᠤᠷᠪᠠ︶ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠵᠣᠬᠢᠶᠠᠨ ᠪᠠᠶᠢᠭᠤᠯᠤᠨ | ᠵᠢᠯᠣᠭᠤᠳᠴᠤ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠰᠢᠨᠵᠢᠯᠡᠬᠦ | ᠤᠬᠠᠭᠠᠨᠴᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠷᠭ᠎ᠠ ᠶᠢ ᠰᠤᠳᠤᠯᠵᠤ ᠳᠡᠯᠭᠡᠷᠡᠭᠦᠯᠬᠦ ︔ | ︵ᠲᠦᠷᠪᠡ︶ ᠤᠯᠤᠰ ᠤᠨ ᠪᠠᠷᠢᠮᠵᠢᠶ᠎ᠠ ᠶᠣᠰᠣᠭᠠᠷ ᠢᠷᠭᠡᠨ ᠤ ᠪᠡᠶ᠎ᠡ ᠮᠠᠬᠠᠪᠣᠳ ᠤᠨ ᠬᠢᠨᠠᠨ ᠰᠢᠨᠵᠢᠯᠲᠡ᠂ | ᠢᠷᠭᠡᠨ ᠤ ᠪᠡᠶ᠎ᠡ ᠮᠠᠬᠠᠪᠣᠳ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ︔ | ︵ᠲᠠᠪᠤ︶ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠳᠤ ᠬᠠᠮᠢᠶᠠᠷᠤᠯᠲᠠ ᠳᠠᠯᠪᠢᠬᠤ᠂ | ᠪᠣᠯᠪᠠᠰᠤᠷᠠᠭᠤᠯᠬᠤ ᠬᠢᠬᠦ᠂ ᠰᠢᠯᠭᠠᠨ ᠬᠢᠨᠠᠬᠤ ᠪᠠ ᠦᠨᠡᠯᠡᠨ ᠲᠣᠭᠲᠠᠭᠠᠬᠤ︔ | ︵ᠵᠢᠷᠭᠤᠭ᠎ᠠ︶ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠪᠣᠯᠤᠨ | ᠲᠠᠯᠠᠪᠤᠷ ᠭᠠᠵᠠᠷ ᠲᠤ ᠬᠢᠨᠠᠯᠲᠠ ᠬᠠᠮᠢᠶᠠᠷᠤᠯᠲᠠ ᠶᠠᠪᠣᠭᠤᠯᠬᠤ︔ | ︵ᠲᠤᠯᠤᠭ᠎ᠠ︶ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠲᠤᠰᠢᠶᠠᠯ | ᠬᠠᠷᠢᠭᠤᠴᠠᠯᠭ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠣᠷᠪᠣᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨᠵᠢᠯᠡᠬᠦ ᠤᠬᠠᠭᠠᠨᠴᠢ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯ ᠳᠤ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ | ᠨᠠᠢᠮᠠᠳᠤᠭᠠᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠢᠷᠭᠡᠨ ᠤ ᠪᠡᠶ᠎ᠡ | ᠮᠠᠬᠠᠪᠣᠳ ᠢ ᠬᠢᠨᠠᠨ ᠰᠢᠨᠵᠢᠬᠦ ᠠᠵᠢᠯ ᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠠᠶᠢᠭᠤᠯᠤᠨ᠂ ᠢᠷᠭᠡᠨ ᠤ | ᠪᠡᠶ᠎ᠡ ᠮᠠᠬᠠᠪᠣᠳ ᠢ ᠬᠢᠨᠠᠨ ᠰᠢᠨᠵᠢᠬᠦ ᠰᠦᠯᠵᠢᠶ᠎ᠡ ᠶᠢ ᠪᠠᠶᠢᠭᠤᠯᠤᠨ᠎ᠠ᠃ | ᠶᠢᠰᠦᠳᠦᠭᠡᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠭᠡᠮ ᠤᠨ ᠪᠡᠶ᠎ᠡ ᠶᠢᠨ | ᠲᠠᠮᠢᠷ ᠢ ᠵᠢᠯᠣᠭᠤᠳᠬᠤ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠠᠴᠠ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠵᠡᠯ ᠤᠬᠠᠮᠰᠠᠷ ᠢ ᠴᠢᠩᠭᠠᠳᠬᠠᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭᠠᠨ ᠢ ᠥᠷᠨᠢᠭᠦᠯᠵᠦ᠂ ᠤᠯᠠᠨ ᠲᠦᠮᠡᠨ ᠢ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠬᠥᠲᠥᠯᠥᠨ ᠵᠢᠯᠣᠭᠤᠳᠬᠤ ᠵᠡᠷᠭᠡ | ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠠᠷᠪᠠᠳᠤᠭᠠᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠭᠡᠮ ᠤᠨ ᠡᠯ᠎ᠡ | ᠡᠲᠡᠭᠡᠳ ᠤᠨ ᠬᠢᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠺᠯᠦ᠋ᠪ᠂ ᠪᠡᠶ᠎ᠡ ᠴᠢᠭᠢᠷᠠᠭᠵᠢᠭᠤᠯᠬᠤ ᠵᠢᠯᠣᠭᠤᠳᠤᠮᠵᠢ ᠶᠢᠨ | ᠥᠷᠲᠡᠭᠡ ᠴᠢᠬ ᠵᠡᠷᠭᠡ ᠠᠷᠠᠳ ᠤᠨ ᠳᠤᠮᠳᠠᠬᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ | ᠲᠡᠮᠵᠢᠵᠤ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠤ ᠦᠢᠯᠡᠰ ᠤᠨ ᠵᠣᠬᠢᠶᠠᠨ ᠪᠠᠶᠢᠭᠤᠯᠤᠯᠲᠠ᠂ ᠠᠷᠠᠳ | ᠢᠷᠭᠡᠨ ᠠᠴᠠ ᠪᠥᠬᠦᠳᠡ ᠣᠯᠠᠨ ᠳᠤ ᠬᠠᠨᠳᠤᠭᠤᠯᠤᠭᠰᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠡᠵᠡᠩᠨᠡᠯᠲᠡ ᠦᠢᠯᠡᠴᠢᠯᠡᠬᠡᠨ ᠤ ᠪᠣᠳᠠᠲᠤ ᠴᠣᠭᠴᠠ ᠶᠢ ᠪᠠᠶᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ | ᠠᠷᠪᠠᠨ ᠨᠢᠭᠡᠳᠦᠭᠡᠷ ᠵᠣᠷᠪᠣᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠠᠷᠠᠳ ᠨᠡᠶᠢᠲᠡ ᠶᠢᠨ ᠪᠡᠶ᠎ᠡ ᠴᠢᠭᠢᠷᠠᠭᠵᠢᠭᠤᠯᠬᠤ | ᠠᠵᠢᠯ ᠤᠨ ᠳᠤᠮᠳᠠ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠦ ᠨᠢᠭᠡᠴᠢ ᠪᠠ ᠬᠤᠪᠢ ᠬᠥᠮᠦᠨ ᠢ | ᠬᠥᠬᠢᠭᠦᠯᠦᠨ ᠱᠠᠩᠨᠠᠬᠤ ᠬᠡᠷᠡᠭᠲᠡᠶ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠤᠳᠤᠷᠢᠳᠬᠤ | ᠠᠷᠪᠠᠨ ᠬᠤᠶᠠᠳᠤᠭᠠᠷ ᠵᠣᠷᠪᠣᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠵᠣᠬᠢᠶᠠᠨ ᠪᠠᠶᠢᠭᠤᠯᠣᠨ ᠤᠳᠤᠷᠢᠳᠬᠤ ᠪᠠ | ᠵᠣᠬᠢᠴᠠᠭᠤᠯᠬᠤ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠳᠤ ᠬᠢᠨᠠᠯᠲᠠ ᠲᠠᠯᠪᠢᠨ᠎ᠠ᠃ | ᠠᠷᠪᠠᠨ ᠭᠤᠷᠪᠠᠳᠤᠭᠠᠷ ᠵᠣᠷᠪᠣᠰ᠂ ᠰᠤᠮᠤ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠰᠣᠶᠣᠯ | ᠪᠡᠶ᠎ᠡ ᠶᠢᠨ ᠲᠠᠮᠢᠷ ᠤᠨ ᠵᠢᠯᠣᠭᠤᠳᠬᠤ ᠥᠷᠲᠡᠭᠡ ᠴᠢᠬ ᠵᠡᠷᠭᠡ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ | ᠵᠣᠬᠢᠶᠠᠨ ᠪᠠᠶᠢᠭᠤᠯᠲᠠ ᠶᠢ ᠪᠦᠲᠦᠭᠡᠨ ᠪᠠᠶᠢᠭᠤᠯᠵᠤ ᠲᠡᠭᠦᠯᠳᠡᠷᠵᠢᠭᠦᠯᠦᠭᠡᠳ᠂ ᠬᠥᠳᠡᠭᠡ ᠲᠣᠰᠬᠤᠨ᠂ ᠮᠠᠯᠵᠢᠬᠤ | ᠣᠷᠣᠨ ᠤ ᠪᠡᠶ᠎ᠡ ᠶᠢᠨ ᠲᠠᠮᠢᠷ ᠤᠨ ᠨᠡᠢᠭᠡᠮ ᠤᠨ ᠪᠦᠯᠬᠦᠮ ᠪᠠ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ | ᠭᠤᠣᠯᠯᠠᠭᠴᠢ ᠬᠦᠴᠦᠨ ᠤ ᠡᠩᠨᠡᠭᠡ ᠶᠢ ᠬᠦᠭᠵᠢᠬᠦᠯᠦᠨ᠎ᠡ᠃ | ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠵᠥᠪᠯᠡᠯ ᠠᠴᠠ ᠬᠦᠳᠡᠭᠡ ᠲᠣᠰᠬᠤᠨ ᠪᠠ ᠮᠠᠯᠵᠢᠬᠤ ᠣᠷᠣᠨ ᠤ | ᠣᠨᠴᠠᠯᠢᠭ ᠲᠠᠢ ᠳᠣᠭᠢᠷᠬᠠᠰᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠵᠣᠬᠢᠶᠠᠨ ᠪᠠᠶᠢᠭᠤᠯᠤᠨ | ᠦᠷᠨᠢᠭᠦᠯᠬᠦ ᠴᠢᠬᠤᠯᠠ ᠲᠠᠢ᠃ | ᠠᠷᠪᠠᠨ ᠳᠥᠷᠪᠡᠳᠦᠭᠡᠷ ᠵᠣᠷᠪᠣᠰ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ | ᠬᠠᠷᠢᠶᠠᠲᠤ ᠣᠷᠣᠨ ᠳᠤ ᠪᠠᠶᠢᠭ᠎ᠠ ᠨᠢᠭᠡᠴᠡ ᠪᠣᠯᠤᠨ ᠡᠯ᠎ᠡ ᠲᠥᠷᠥᠯ ᠤᠨ ᠬᠥᠮᠦᠰ ᠤᠨ ᠪᠡᠶ᠎ᠡ ᠴᠢᠭᠢᠷᠠᠭᠵᠢᠭᠤᠯᠬᠤ | ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ | ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠬᠦ ᠶᠢ ᠡᠶ᠎ᠡ | ᠵᠣᠬᠢᠴᠠᠯ ᠲᠠᠢ ᠨᠡᠶᠢᠭᠡᠮ ᠢ ᠡᠭᠦᠰᠭᠡᠨ ᠪᠠᠶᠢᠭᠤᠯᠬᠤ ᠪᠠ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠳᠤ ᠪᠠᠭᠳᠠᠭᠠᠨ᠎ᠠ᠃ | ᠬᠠᠷᠢᠶᠠᠲᠤ ᠣᠷᠣᠨ ᠤ ᠨᠢᠭᠡᠴᠡ ᠠᠴᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ | ᠵᠣᠬᠢᠶᠠᠨ ᠪᠠᠶᠢᠭᠤᠯᠤᠯᠲᠠ ᠳᠤ ᠬᠠᠨᠳᠤᠭᠤᠯᠤᠭᠰᠠᠨ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠠᠵᠢᠯᠯᠠᠭ᠎ᠠ ᠳᠤ ᠲᠡᠮᠵᠢᠵᠦ ᠬᠠᠮᠵᠢᠯᠴᠠᠬᠤ ᠶᠣᠰᠣᠲᠠᠢ᠃ | ᠠᠷᠪᠠᠨ ᠲᠠᠪᠤᠳᠤᠭᠠᠷ ᠵᠣᠷᠪᠣᠰ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠨᠡᠶᠢᠭᠡᠮ ᠤᠨ | ᠪᠦᠯᠬᠦᠮ ᠠᠴᠠ ᠬᠥᠮᠦᠰ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ | ᠴᠢᠩᠭᠠᠳᠬᠠᠨ᠂ ᠣᠯᠠᠨ ᠶᠠᠩᠵᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ | ᠦᠷᠨᠢᠬᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠣᠷᠪᠣᠰ᠂ ᠡᠯ᠎ᠡ ᠱᠠᠲᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠠᠴᠠ ᠠᠳᠠᠯᠢ | ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠬᠠᠪᠰᠤᠷᠴᠤ᠂ ᠪᠡᠶ᠎ᠡ ᠶᠢᠨ ᠲᠠᠮᠢᠷ ᠤᠨ | ᠨᠡᠢᠭᠡᠮ ᠤᠨ ᠪᠦᠯᠬᠦᠮ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ᠂ | ᠬᠠᠮᠢᠶᠠᠷᠤᠯᠲᠠ ᠪᠠ ᠠᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠣᠷᠪᠣᠰ᠂ ᠠᠵᠢᠯ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠭᠠᠭᠴᠠ ᠵᠦᠢᠯ | ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠺᠯᠦ᠋ᠪ᠂ ᠪᠡᠶ᠎ᠡ ᠴᠢᠭᠢᠷᠠᠭᠵᠢᠭᠤᠯᠬᠤ ᠵᠢᠯᠣᠭᠤᠳᠤᠮᠵᠢ ᠶᠢᠨ ᠥᠷᠲᠡᠭᠡ ᠴᠢᠬ | ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠦᠷᠢᠮ ᠢ ᠵᠢᠷᠣᠮᠯᠡᠨ᠂ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠢᠯᠤᠭᠤᠳᠤᠯᠭ᠎ᠠ ᠳᠣᠣᠷ᠎ᠠ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ᠠᠷᠪᠠᠨ ᠨᠠᠢᠮᠠᠳᠤᠭᠠᠷ ᠵᠣᠷᠪᠣᠰ᠂ ᠬᠤᠰᠢᠭᠤ ᠰᠢᠶᠠᠨ ᠳᠡᠰ ᠠᠴᠠ ᠲᠡᠭᠡᠭᠰᠢ ᠠᠷᠠᠳ ᠤᠨ ᠵᠠᠰᠠᠭ ᠤᠨ ᠣᠷᠳᠣᠨ | ᠲᠦᠬᠡᠮᠡᠯᠵᠢᠬᠦᠯᠬᠦ ᠴᠢᠨᠠᠷ ᠢᠶᠠᠷ ᠰᠠᠶᠢᠨ᠂ ᠣᠷᠣᠯᠴᠠᠬᠤ ᠬᠦᠮᠦᠨ ᠣᠯᠠᠨ ᠪᠡᠶ᠎ᠡ ᠴᠢᠬᠢᠷᠠᠭᠵᠢᠭᠤᠯᠬᠤ ᠲᠦᠷᠣᠯ ᠵᠦᠢᠯ ᠢ | ᠬᠦᠨᠳᠦᠳᠭᠡᠨ ᠦᠵᠡᠵᠦ᠂ ᠬᠥᠯ ᠪᠦᠮᠪᠦᠭᠡ᠂ ᠰᠠᠭᠰᠤᠨ ᠪᠦᠮᠪᠦᠭᠡ᠂ ᠠᠯᠠᠭᠠᠳᠠᠬᠤ ᠪᠦᠮᠪᠦᠭᠡ᠂ ᠫᠢᠩᠫᠠᠩ ᠪᠦᠮᠪᠦᠭᠡ᠂ | ᠥᠳᠦᠨ ᠪᠦᠮᠪᠦᠭᠡ ᠵᠡᠷᠭᠡ ᠲᠦᠷᠦᠯ ᠤᠨ ᠬᠦᠭᠵᠢᠯᠲᠡ ᠶᠢ ᠬᠤᠷᠳᠣᠳᠬᠠᠨ᠂ ᠰᠣᠷᠭᠠᠭᠤᠯᠢ ᠶᠢᠨ ᠬᠤᠷᠢᠶᠠᠨ ᠤ ᠬᠥᠯ | ᠪᠦᠮᠪᠦᠭᠡ ᠪᠠ ᠨᠡᠶᠢᠭᠡᠮ ᠤᠨ ᠬᠥᠯ ᠪᠦᠮᠪᠦᠭᠡ ᠶᠢ ᠶᠡᠭᠡᠪᠡᠷ ᠳᠡᠯᠭᠡᠷᠡᠭᠦᠯᠦᠨ᠎ᠡ᠃ | ᠠᠷᠪᠠ ᠶᠢᠰᠦᠳᠦᠭᠡᠷ ᠵᠣᠷᠪᠣᠰ᠂ ᠡᠯ᠎ᠡ ᠱᠠᠲᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠠᠳᠠᠯᠢ ᠪᠤᠰᠤ ᠬᠥᠮᠦᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠦᠨᠳᠦᠰᠦᠯᠡᠨ᠂ ᠪᠣᠳᠠᠲᠤ | ᠶᠠᠪᠤᠳᠠᠯ ᠲᠠᠢ ᠤᠶᠠᠯᠳᠤᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠠᠳ ᠢᠷᠭᠡᠨ ᠢ ᠬᠥᠮᠦᠨ ᠪᠦᠷᠢ ᠬᠤᠶᠠᠷ ᠵᠦᠢᠯ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠠᠷᠭ᠎ᠠ ᠶᠢ ᠰᠤᠷᠬᠤ ᠶᠢ ᠰᠠᠨᠠᠭᠠᠴᠢᠯᠠᠨ᠎ᠠ᠃ | ᠠᠷᠠᠳ ᠢᠷᠭᠡᠨ ᠢ ᠭᠠᠷᠠᠭ ᠪᠦᠷᠢ ᠭᠤᠷᠪᠠ ᠠᠴᠠ ᠳᠡᠭᠡᠭᠰᠢ ᠤᠳᠠᠭ᠎ᠠ᠂ ᠤᠳᠠᠭ᠎ᠠ ᠪᠦᠷᠢ ᠭᠤᠴᠢᠨ | ᠮᠢᠨᠦ᠋ᠲ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠬᠢᠬᠦ ᠶᠢ ᠰᠠᠨᠠᠭᠠᠴᠢᠯᠠᠵᠦ᠂ ᠪᠡᠶ᠎ᠡ ᠲᠠᠮᠢᠷ ᠤᠨ | ᠪᠣᠯᠪᠠᠰᠤᠷᠠᠯ ᠳᠤ ᠣᠷᠣᠯᠴᠠᠬᠤ ᠪᠠᠷᠢᠮᠵᠢᠶ᠎ᠠ ᠶᠢᠨ ᠰᠢᠯᠭᠠᠯᠲᠠ ᠳᠤ ᠣᠷᠤᠯᠴᠠᠭᠤᠯᠤᠨ᠎ᠠ᠃ | ᠬᠤᠷᠢᠳᠤᠭᠠᠷ ᠵᠣᠷᠪᠣᠰ᠂ ᠰᠤᠷᠭᠠᠭᠤᠯᠢ ᠡᠷᠬᠡᠪᠰᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠵᠣᠬᠢᠶᠠᠨ ᠪᠠᠶᠢᠭᠤᠯᠣᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠲᠣᠭᠲᠠᠭᠠᠯ ᠶᠣᠰᠣᠭᠠᠷ ᠪᠡᠶ᠎ᠡ ᠶᠢᠨ | ᠲᠠᠮᠢᠷ ᠤᠨ ᠬᠢᠴᠢᠶᠡᠯ ᠨᠡᠭᠡᠭᠡᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠢ ᠪᠠᠳᠣᠯᠠᠨ᠂ ᠰᠤᠷᠤᠭᠴᠢᠳ ᠢ | ᠵᠣᠬᠢᠶᠠᠨ ᠪᠠᠶᠢᠭᠤᠯᠵᠤ ᠪᠠᠶᠢᠭᠠᠳ ᠤᠯᠠᠨ ᠵᠦᠢᠯ ᠤᠨ ᠬᠡᠯᠪᠡᠷᠢ ᠶᠢᠨ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠠᠵᠢᠯᠯᠠᠭᠠᠨ ᠳᠤ ᠣᠷᠣᠯᠴᠠᠭᠤᠯᠣᠨ᠂ ᠰᠤᠷᠤᠭᠴᠢᠳ ᠤᠨ ᠡᠳᠦᠷ ᠪᠦᠷᠢ ᠨᠢᠭᠡ ᠴᠠᠭ ᠤᠨ | ᠪᠡᠶ᠎ᠡ ᠪᠠᠨ ᠪᠣᠯᠪᠠᠰᠤᠷᠠᠬᠤ ᠴᠠᠭ ᠢ ᠦᠨᠡᠨ ᠬᠦ ᠪᠠᠳᠣᠯᠠᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠮᠠᠬᠠᠪᠣᠳ ᠤᠨ | ᠰᠢᠯᠭᠠᠨ ᠪᠠᠶᠢᠴᠠᠭᠠᠯᠲᠠ ᠬᠢᠯᠭᠡᠨ᠎ᠡ᠃ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠯ᠎ᠡ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠵᠤ ᠪᠠᠶᠢᠭ᠎ᠠ ᠭᠠᠵᠠᠷ ᠣᠷᠣᠨ ᠤ ᠰᠤᠷᠭᠠᠭᠤᠯᠢ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ | ᠦᠨᠳᠦᠰᠦᠯᠡᠨ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠲᠠᠮᠢᠷ ᠤᠨ | ᠬᠢᠴᠢᠶᠡᠯ ᠤᠨ ᠠᠭᠤᠯᠭ᠎ᠠ ᠪᠤᠯᠭᠠᠵᠦ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠠᠵᠢᠯᠯᠠᠭᠠᠨ ᠢ ᠥᠷᠨᠢᠭᠦᠯᠵᠦ ᠪᠣᠯᠤᠨ᠎ᠠ᠃ | ᠬᠤᠷᠢᠨ ᠨᠢᠭᠡᠳᠦᠭᠡᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠭᠡᠮ ᠤᠨ | ᠬᠦᠴᠦᠨ ᠤ ᠣᠯᠠᠨ ᠶᠠᠩᠵᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ | ᠡᠷᠬᠢᠯᠡᠬᠦ ᠶᠢ ᠵᠣᠷᠢᠭᠵᠢᠭᠤᠯᠤᠨ ᠳᠡᠮᠵᠢᠨ᠎ᠡ᠃ ᠡᠯ᠎ᠡ ᠲᠥᠷᠥᠯ ᠤᠨ ᠤᠷᠤᠯᠳᠤᠭᠠᠨ ᠨᠢ ᠲᠣᠪᠤᠶᠢᠮ᠎ᠠ ᠣᠷᠣᠯᠴᠠᠬᠤ ᠴᠢᠨᠠᠷ | ᠂ ᠰᠤᠨᠢᠷᠬᠠᠯᠳᠦ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠪᠠᠶᠢᠬᠤ ᠬᠡᠷᠡᠭᠲᠡᠶ᠃ | ᠬᠤᠷᠢᠨ ᠬᠤᠶᠠᠳᠤᠭᠠᠷ ᠵᠣᠷᠪᠣᠰ᠂ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠨᠢ ᠠᠵᠢᠯᠳᠠᠨ ᠠᠵᠢᠯᠴᠢᠨ ᠤ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠳᠣᠬᠳᠠᠭᠠᠵᠦ᠂ ᠴᠢᠬᠤᠯᠠ ᠪᠦᠬᠦᠢ ᠨᠥᠬᠦᠴᠡᠯ ᠢ | ᠬᠠᠩᠭᠠᠵᠤ᠂ ᠠᠵᠢᠯ ᠤᠨ ᠵᠠᠪᠰᠠᠷᠯᠠᠭ᠎ᠠ ᠶᠢᠨ ᠲᠠᠮᠢᠷ ᠪᠤᠶᠤ ᠪᠤᠰᠤᠳ ᠬᠡᠯᠪᠡᠷᠢ ᠶᠢᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠰᠠᠨ ᠬᠤᠭᠤᠴᠠᠭ᠎ᠠ ᠲᠠᠢ ᠪᠠᠷ | ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ ᠦᠷᠨᠢᠭᠦᠯᠵᠦ | ᠪᠣᠯᠤᠨ᠎ᠠ᠃ ᠡᠳᠦᠷ ᠪᠦᠷᠢ ᠨᠢᠭᠡ ᠴᠠᠭ ᠪᠡᠶ᠎ᠡ ᠴᠢᠭᠢᠷᠠᠭᠵᠢᠭᠤᠯᠬᠤ ᠶᠢ ᠰᠠᠨᠠᠭᠠᠴᠢᠯᠠᠨ᠎ᠠ᠃ | ᠬᠤᠷᠢᠨ ᠭᠤᠷᠪᠠᠳᠤᠭᠠᠷ ᠵᠣᠷᠪᠣᠰ᠂ ᠰᠤᠮᠤᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠦᠷᠳᠡᠭᠡ ᠴᠢᠬ ᠤᠨ | ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠬᠥᠳᠡᠭᠡ ᠲᠣᠰᠬᠤᠨ᠂ ᠮᠠᠯᠵᠢᠬᠤ | ᠣᠷᠣᠨ ᠪᠣᠯᠤᠨ ᠨᠡᠶᠢᠭᠡᠮ ᠲᠣᠭᠤᠷᠢᠭ ᠤᠨ ᠣᠨᠴᠠᠯᠢᠭ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠪᠠ | ᠬᠤᠳᠠ ᠶᠢᠨ ᠰᠠᠭᠤᠭᠠᠯᠢ ᠠᠷᠠᠳ ᠤᠨ ᠣᠷᠣᠯᠴᠠᠬᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ | ᠪᠠᠶᠢᠭᠤᠯᠤᠨ ᠥᠷᠨᠢᠭᠦᠯᠵᠦ ᠪᠣᠯᠣᠨ᠎ᠠ ᠃ | ᠬᠤᠷᠢᠨ ᠳᠥᠷᠪᠡᠳᠦᠭᠡᠷ ᠵᠣᠷᠪᠣᠰ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠭᠠᠬᠤ ᠬᠡᠷᠡᠭᠲᠡᠶ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠳᠠᠭᠠᠳᠬᠠᠯ ᠬᠢᠬᠦ ᠬᠡᠷᠡᠭᠲᠡᠶ᠃ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠭᠰᠠᠳ ᠢ ᠰᠠᠨᠠᠭᠠᠨ ᠳᠤ ᠦᠭᠡᠢ | ᠰᠢᠷᠬᠠᠲᠤᠯ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠣᠨ᠎ᠠ᠃ | ᠬᠤᠷᠢᠨ ᠲᠠᠪᠤᠳᠤᠭᠠᠷ ᠵᠣᠷᠪᠣᠰ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠡᠵᠡᠭᠨᠡᠬᠦ | ᠪᠤᠶᠤ ᠦᠷᠨᠢᠭᠦᠯᠬᠦ ᠳᠤ ᠬᠤᠯᠪᠣᠭᠳᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠬᠦᠴᠢᠷᠳᠡᠯ ᠶᠡᠭᠡ᠂ ᠲᠤᠰᠬᠠᠶ | ᠮᠡᠷᠭᠡᠵᠢᠯ ᠤᠨ ᠴᠢᠨᠠᠷ ᠢᠶᠠᠷ ᠴᠢᠩᠭ᠎ᠠ ᠪᠠ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠬᠥᠮᠦᠨ ᠤ ᠪᠡᠶ᠎ᠡ ᠶᠢᠨ ᠠᠮᠤᠷ | ᠲᠦᠪᠰᠢᠨ ᠳᠤ ᠰᠢᠭᠤᠳ ᠬᠤᠯᠪᠣᠭᠳᠠᠬᠤ ᠬᠦᠳᠡᠯᠭᠡᠭᠡᠨ ᠤ ᠲᠦᠷᠦᠯ ᠵᠦᠢᠯ ᠨᠢ ᠳᠣᠣᠷ᠎ᠠ ᠵᠢᠭᠰᠠᠭᠠᠭᠰᠠᠨ | ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠦᠷᠨᠢᠭᠦᠯᠬᠦ ᠬᠦᠳᠡᠯᠭᠡᠭᠡᠨ ᠤ ᠲᠦᠷᠦᠯ ᠵᠦᠢᠯ ᠲᠠᠢ ᠨᠢ ᠵᠣᠬᠢᠴᠠᠭᠰᠠᠨ ᠲᠠᠯᠠᠪᠤᠷ ᠪᠠᠶᠢᠬᠤ︔ | ︵ᠬᠤᠶᠠᠷ︶ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠪᠠ ᠲᠥᠬᠦᠭᠡᠷᠦᠮᠵᠢ ᠨᠢ ᠵᠣᠬᠢᠬᠤ ᠤᠯᠤᠰ ᠤᠨ | ᠪᠠᠷᠢᠮᠵᠢᠶ᠎ᠠ ᠳᠤ ᠨᠡᠶᠢᠴᠡᠬᠦ︔ | ︵ᠭᠤᠷᠪᠠ︶ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠵᠢᠯ ᠡᠷᠭᠢᠯᠡᠭᠰᠡᠳ ᠢ | ᠲᠣᠬᠢᠷᠠᠭᠤᠯᠬᠤ ᠬᠡᠷᠡᠭᠲᠡᠶ︔ | ︵ᠲᠦᠷᠪᠡ︶ ᠴᠢᠬᠤᠯᠠ ᠪᠦᠬᠦᠢ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ᠃ | ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠲᠦᠷᠦᠯ | ᠵᠦᠢᠯ ᠨᠢ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠷᠢᠮᠵᠢᠶ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠃ | ᠬᠤᠷᠢᠨ ᠵᠢᠷᠭᠤᠳᠤᠭᠠᠷ ᠵᠣᠷᠪᠣᠰ᠂ ᠠᠷᠠᠳ ᠢᠷᠭᠡᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠬᠤ ᠳᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠢᠮ᠎ᠡ ᠶᠣᠰᠣ ᠶᠢ ᠵᠢᠷᠣᠮᠯᠡᠨ | ᠬᠤᠪᠢ ᠤᠨ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ︔ ᠪᠡᠶ᠎ᠡ ᠴᠢᠭᠢᠷᠠᠭᠵᠢᠭᠤᠯᠬᠤ ᠲᠠᠯᠠᠪᠤᠷ ᠤᠨ | ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠰᠠᠬᠢᠵᠦ᠂ ᠪᠤᠰᠤᠳ ᠤᠨ ᠬᠡᠪ ᠤᠨ ᠠᠵᠢᠯ ᠠᠮᠢᠳᠣᠷᠠᠯ ᠢ ᠨᠦᠯᠦᠭᠡᠯᠡᠵᠦ | ᠪᠣᠯᠬᠤ ᠦᠭᠡᠢ᠃ | ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠣᠬᠤ ᠠᠵᠢᠯᠯᠠᠭ᠎ᠠ ᠳᠤ ᠡᠯᠳᠡᠪ ᠵᠦᠢᠯ ᠤᠨ ᠹᠧᠣᠳᠠᠯ ᠤᠨ ᠮᠤᠬᠤᠷ | ᠪᠢᠰᠢᠷᠡᠯ᠂ ᠭᠠᠵᠢᠭᠤ ᠨᠣᠮᠯᠠᠯ᠂ ᠬᠦᠴᠦᠷᠬᠡᠭᠯᠡᠯ ᠪᠣᠯᠤᠨ ᠵᠣᠭᠤᠰ ᠨᠠᠭᠠᠳᠬᠤ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ᠳᠥᠷᠪᠡᠳᠦᠭᠡᠷ ᠪᠦᠯᠦᠭ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠬᠦᠭᠡᠷᠦᠮᠵᠢ | ᠬᠤᠷᠢᠨ ᠳᠣᠯᠣᠳᠤᠭᠠᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠠᠶᠢᠭᠤᠯᠤᠯᠲᠠ᠂ ᠬᠠᠮᠢᠶᠠᠷᠤᠯᠲᠠ | ᠪᠠ ᠬᠠᠮᠠᠭᠠᠯᠠᠯᠲᠠ ᠶᠢ ᠴᠢᠩᠭᠠᠳᠬᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠴᠠ ᠤᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢ ᠡᠵᠡᠯᠡᠨ ᠠᠪᠬᠤ ᠪᠤᠶᠤ ᠲᠡᠭᠦᠨ ᠢ | ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠠᠶᠢᠭᠤᠯᠤᠯᠲᠠ ᠶᠢ ᠬᠠᠤᠯᠢ ᠶᠣᠰᠣᠭᠠᠷ ᠬᠤᠳᠠ ᠬᠥᠳᠡᠭᠡ ᠶᠢᠨ | ᠲᠥᠯᠥᠪᠵᠢᠭᠦᠯᠭᠡ ᠪᠣᠯᠤᠨ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠣᠨ᠂ | ᠪᠡᠶ᠎ᠡ ᠶᠢᠨ ᠲᠠᠮᠢᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦᠨ ᠤ ᠵᠠᠷᠤᠯᠭ᠎ᠠ ᠶᠢᠨ ᠬᠠᠷᠢᠴᠠᠯ ᠢ | ᠳᠡᠭᠡᠭᠰᠢᠯᠡᠭᠦᠯᠦᠨ᠎ᠡ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠥᠬᠦᠭᠡᠷᠦᠮᠵᠢ ᠶᠢᠨ ᠨᠡᠷᠡᠰ ᠤᠨ ᠵᠢᠭᠰᠠᠭᠠᠯᠲᠠ ᠪᠠ ᠨᠡᠭᠡᠭᠡᠬᠦ ᠴᠠᠭ ᠢ ᠨᠡᠶᠢᠲᠡᠯᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠭᠠᠵᠠᠷ | ᠣᠷᠣᠨ ᠤ ᠪᠠᠨ ᠦᠨᠳᠦᠰᠦᠲᠡᠨ ᠤ ᠣᠨᠴᠠᠯᠢᠭ ᠢ ᠦᠨᠳᠦᠰᠦᠯᠡᠨ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠤᠯ ᠤᠨ ᠲᠥᠬᠦᠭᠡᠷᠦᠮᠵᠢ ᠶᠢᠨ ᠪᠦᠳᠤᠭᠡᠨ ᠪᠠᠶᠢᠭᠤᠯᠣᠯᠲᠠ ᠶᠢ ᠴᠢᠩᠭᠠᠳᠬᠠᠨ᠎ᠠ᠃ | ᠬᠤᠷᠢ ᠶᠢᠰᠦᠳᠦᠭᠡᠷ ᠵᠣᠷᠪᠣᠰ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠪᠣᠯᠤᠨ ᠨᠡᠶᠢᠭᠡᠮ | ᠲᠣᠭᠤᠷᠢᠭ ᠨᠢ ᠬᠡᠷ ᠳᠣᠲᠣᠷᠠᠬᠢ ᠬᠥᠮᠦᠨ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠢ ᠨᠢ 0.1 ᠺᠤᠸ᠋ᠲ | ᠮᠧᠲᠷ ᠠᠴᠠ ᠳᠣᠷᠣᠭᠰᠢ ᠪᠠᠶᠢᠵᠤ ᠪᠣᠯᠬᠤ ᠥᠬᠡᠶ ᠪᠤᠶᠤ ᠬᠡᠷ ᠤᠨ ᠭᠠᠳᠠᠨ᠎ᠠ ᠬᠥᠮᠦᠨ ᠪᠦᠷᠢ ᠶᠢᠨ ᠳᠤᠮᠳᠠᠴᠢ ᠬᠡᠷᠡᠭᠯᠡᠬᠦ | ᠭᠠᠵᠠᠷ ᠢ 0.3 ᠺᠤᠸ᠋ᠲ ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠪᠠᠷᠢᠮᠵᠢᠶ᠎ᠠ ᠶᠣᠰᠣᠭᠠᠷ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢ ᠢᠵᠢ ᠪᠦᠷᠢᠯᠳᠦᠭᠦᠯᠬᠦ ᠬᠡᠷᠡᠭᠲᠡᠢ ᠪᠥᠭᠡᠳ ᠣᠷᠣᠨ | ᠰᠠᠭᠤᠴᠠ ᠶᠢᠨ ᠲᠣᠭᠤᠷᠢᠭ ᠤᠨ ᠭᠤᠣᠯ ᠴᠣᠭᠴᠠᠲᠤ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ | ᠳᠤᠨᠢ ᠪᠠᠷᠢᠯᠭ᠎ᠠ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠬᠠᠭᠤᠴᠢᠨ ᠬᠤᠲᠠ ᠶᠢᠨ | ᠲᠣᠭᠤᠷᠢᠭ ᠪᠠ ᠨᠢᠭᠡᠨᠲᠡ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠦᠬᠦᠭᠡᠷᠣᠮᠵᠢ ᠪᠠᠶᠢᠬᠤ ᠦᠭᠡᠢ ᠪᠤᠶᠤ ᠣᠲᠣ ᠪᠠᠶᠢᠭ᠎ᠠ ᠲᠦᠬᠦᠭᠡᠷᠣᠮᠵᠢ ᠨᠢ ᠲᠥᠯᠥᠪᠵᠢᠭᠦᠯᠵᠦ | ᠪᠠᠶᠢᠭᠤᠯᠬᠤ ᠱᠠᠭᠠᠷᠳᠠᠯᠭ᠎ᠠ ᠳᠤ ᠬᠦᠷᠬᠦ ᠦᠭᠡᠢ ᠪᠣᠯ ᠥᠭᠡᠷᠡᠴᠢᠯᠡᠨ ᠵᠠᠰᠠᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠵᠤ ᠲᠡᠭᠦᠯᠳᠡᠷᠵᠢᠭᠦᠯᠬᠦ ᠬᠡᠷᠡᠭᠲᠡᠶ᠃ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠲᠦᠬᠦᠭᠡᠷᠣᠮᠵᠢ ᠶᠢᠨ ᠲᠥᠰᠦᠪᠯᠡᠯ᠂ ᠪᠦᠲᠦᠭᠡᠨ ᠪᠠᠶᠢᠭᠤᠯᠣᠯᠲᠠ ᠳᠣᠮᠳᠠ ᠬᠠᠮᠠᠭᠠᠯᠠᠯᠲᠠ ᠶᠢᠨ ᠪᠡᠯᠡ ᠮᠥᠩᠭᠦ ᠶᠢᠨ | ᠢᠷᠡᠯᠳᠡ ᠪᠠ ᠬᠠᠮᠢᠶᠠᠷᠤᠯᠲᠠ ᠶᠢᠨ ᠨᠢᠭᠡᠴᠢ ᠶᠢ ᠲᠣᠳᠣᠷᠬᠠᠶ ᠪᠣᠯᠭᠠᠬᠤ ᠬᠡᠷᠡᠭᠲᠡᠶ᠃ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢ ᠢᠵᠢ ᠪᠦᠷᠢᠳᠦᠭᠦᠯᠦᠨ ᠪᠥᠳᠥᠭᠡᠨ | ᠪᠠᠶᠢᠭᠤᠯᠬᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠨᠢ ᠤᠯᠤᠰ ᠤᠨ ᠲᠣᠭᠲᠠᠭᠠᠭᠰᠠᠨ | ᠪᠠᠷᠢᠮᠵᠢᠶ᠎ᠠ ᠳᠤ ᠬᠦᠷᠦᠭᠰᠡᠨ ᠦᠭᠡᠢ ᠪᠣᠯ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠣᠯᠭᠤᠬᠤ ᠦᠭᠡᠢ᠃ | ᠭᠤᠴᠢᠳᠤᠭᠠᠷ ᠵᠣᠷᠪᠣᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠦᠯᠦᠪᠵᠢᠭᠦᠯᠬᠦ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠨᠢᠭᠡᠨᠲᠡ ᠵᠦᠪᠰᠢᠶᠡᠷᠡᠭᠳᠡᠭᠰᠡᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠥᠷᠢᠳᠦᠭᠦᠯᠬᠦ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠬᠦ ᠬᠡᠷᠡᠭᠲᠡᠢ︔ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ | ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ | ᠬᠠᠮᠵᠢᠯᠴᠠᠨ ᠣᠷᠣᠨ ᠰᠠᠭᠤᠴᠠ ᠶᠢᠨ ᠲᠣᠭᠤᠷᠢᠭ ᠶᠢᠨ ᠢᠵᠢ ᠪᠥᠷᠢᠳᠦᠭᠦᠯᠬᠦ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠠᠵᠢᠯ ᠢ ᠰᠠᠶᠢᠳᠣᠷ ᠬᠢᠬᠦ ᠬᠡᠷᠡᠭᠳᠡᠢ᠃ | ᠭᠤᠴᠢᠨ ᠨᠢᠭᠡᠳᠦᠭᠡᠷ ᠵᠣᠷᠪᠣᠰ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠥᠳᠡᠭᠡ | ᠲᠣᠰᠬᠤᠨ᠂ ᠮᠠᠯᠵᠢᠬᠤ ᠣᠷᠣᠨ ᠪᠠ ᠵᠠᠬ᠎ᠠ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠳᠬᠦᠨ ᠳᠡᠮᠵᠢᠬᠦ | ᠬᠡᠷᠡᠭᠲᠡᠶ᠃ ᠰᠣᠮᠣ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠵᠠᠰᠠᠭ ᠤᠨ | ᠣᠷᠳᠣᠨ ᠤ ᠰᠢᠨ᠎ᠡ ᠬᠥᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠦᠨᠡᠯᠡᠯᠲᠡ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠃ | ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠪᠠ ᠰᠢᠨᠡᠳᠬᠡᠬᠦ ᠳᠤ ᠬᠡᠷᠡᠭᠰᠡᠬᠦ ᠵᠠᠷᠤᠳᠠᠯ ᠢ ᠲᠤᠬᠠᠶ ᠶᠢᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠭᠠᠷᠭᠠᠵᠦ᠂ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ ᠵᠣᠬᠢᠬᠤ ᠬᠠᠷᠢᠴᠠᠯ ᠤᠨ ᠶᠣᠰᠣᠭᠠᠷ ᠳᠡᠮᠵᠢᠬᠦ ᠬᠡᠷᠡᠭᠲᠡᠶ | ᠃ | ᠭᠤᠴᠢᠨ ᠬᠤᠶᠠᠳᠤᠭᠠᠷ ᠵᠣᠷᠪᠣᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ | ᠲᠣᠬᠢᠷᠠᠮᠵᠢᠲᠠᠶ ᠪᠠᠶᠢᠷᠢᠯᠠᠭᠤᠯᠬᠤ᠂ ᠤᠯᠠᠨ ᠲᠦᠮᠡᠨ ᠳᠤ ᠳᠦᠭᠦᠮ ᠦᠵᠡᠭᠦᠯᠬᠦ ᠪᠠ ᠵᠢᠷᠤᠮᠵᠢᠭᠤᠯᠵᠤ | ᠪᠣᠲᠠᠲᠠᠶᠢᠵᠢᠭᠤᠯᠬᠤ ᠵᠠᠷᠴᠢᠮ ᠢ ᠵᠢᠷᠣᠮᠯᠡᠨᠡ᠃ | ᠠᠶᠢᠮᠠᠭ᠂ ᠲᠣᠭᠤᠷᠢᠭ ᠪᠠᠶᠢᠭᠤᠯᠤᠭᠰᠠᠨ ᠬᠤᠳᠠ ᠨᠢ ᠣᠯᠠᠨ ᠴᠢᠳᠠᠮᠵᠢᠳᠣ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠤ ᠲᠥᠪ ᠢ ᠪᠠᠶᠢᠭᠤᠯᠬᠤ ᠶᠣᠰᠣᠲᠠᠢ᠂ ᠬᠤᠰᠢᠭᠤ ᠰᠢᠶᠠᠨ ᠬᠤᠲᠠ ᠲᠣᠭᠤᠷᠢᠭ ᠨᠢ | ᠵᠣᠬᠢᠬᠤ ᠬᠡᠪᠴᠢᠶ᠎ᠡ ᠲᠠᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠠᠯᠠᠪᠤᠷ ᠭᠠᠵᠠᠷ ᠢ | ᠪᠠᠶᠢᠭᠤᠯᠣᠨ᠂ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠨᠢ ᠤᠯᠠᠨ ᠨᠡᠶᠢᠲᠡ ᠶᠢᠨ ᠪᠦᠮᠪᠦᠭᠡᠨ ᠲᠠᠯᠠᠪᠤᠷ | ᠪᠠ ᠤᠯᠠᠨ ᠴᠢᠳᠠᠪᠤᠷᠢᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ ᠪᠡᠶ᠎ᠡ ᠴᠢᠭᠢᠷᠠᠭᠵᠢᠭᠤᠯᠬᠤ ᠲᠠᠯᠠᠪᠤᠷ | ᠭᠠᠵᠠᠷ ᠢ ᠪᠠᠶᠢᠭᠤᠯᠬᠤ ᠬᠡᠷᠡᠭᠲᠡᠶ᠂ ᠵᠠᠷᠢᠮ ᠨᠥᠬᠦᠴᠡᠯ ᠲᠠᠢ ᠨᠡᠶᠢᠭᠡᠮ ᠲᠣᠭᠤᠷᠢᠭ ᠪᠣᠯᠤᠨ ᠭᠠᠴᠠᠭ᠎ᠠ ᠲᠣᠰᠬᠤᠨ ᠨᠢ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠬ ᠪᠤᠶᠤ ᠵᠢᠵᠢᠭ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠢ | ᠪᠠᠶᠢᠭᠤᠯᠬᠤ ᠬᠡᠷᠡᠭᠲᠡᠶ᠃ | ᠨᠡᠶᠢᠲᠡ ᠶᠢᠨ ᠲᠡᠯᠡᠪᠡᠢ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ | ᠨᠢᠭᠡᠴᠢ ᠨᠢ ᠤᠯᠠᠨ ᠲᠦᠮᠡᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠳᠤ ᠲᠦᠭᠦᠮ ᠦᠵᠡᠭᠦᠯᠬᠦ ᠪᠠ | ᠨᠥᠬᠦᠴᠡᠯ ᠪᠦᠷᠢᠯᠳᠦᠭᠦᠯᠦᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠶᠢᠨ ᠣᠷᠣᠨ ᠪᠦᠰᠡ ᠪᠠ | ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠲᠣᠬᠢᠷᠠᠭᠤᠯᠤᠨ ᠲᠦᠯᠦᠪᠵᠢᠭᠦᠯᠦᠨ᠎ᠡ᠃ | ᠭᠤᠴᠢᠨ ᠭᠤᠷᠪᠠᠳᠤᠭᠠᠷ ᠵᠣᠷᠪᠣᠰ᠂ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠡᠯ᠎ᠡ ᠵᠦᠢᠯ ᠤᠨ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠬᠤ ᠶᠢ | ᠵᠣᠷᠢᠭᠵᠢᠭᠤᠯᠤᠨ ᠳᠡᠮᠵᠢᠵᠦ᠂ ᠲᠣᠬᠢᠲᠠᠶ ᠴᠠᠭ ᠲᠤ ᠨᠡᠶᠢᠭᠡᠮ ᠨᠡᠶᠢᠲᠡ ᠳᠤ ᠬᠠᠨᠳᠣᠭᠤᠯᠣᠨ ᠨᠡᠭᠡᠭᠡᠨ᠎ᠡ᠃ | ᠭᠤᠴᠢᠨ ᠳᠥᠷᠪᠡᠳᠦᠭᠡᠷ ᠵᠣᠷᠪᠣᠰ᠂ ᠪᠡᠶ᠎ᠡ ᠶᠢᠨ ᠲᠠᠮᠢᠷ ᠤᠨ ᠲᠥᠬᠦᠭᠡᠷᠦᠮᠵᠢ ᠲᠠᠢ ᠰᠤᠷᠭᠠᠭᠤᠯᠢ ᠶᠢ | ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠠᠴᠠ ᠤᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠢ ᠨᠢ ᠬᠢᠵᠦ ᠥᠭᠭᠦᠨ᠎ᠡ᠃ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠦᠬᠦᠭᠡᠷᠣᠮᠵᠢ ᠪᠠᠨ ᠴᠢᠯᠥᠭᠡᠲᠡᠶ ᠳᠠᠯᠪᠢᠬᠤ ᠬᠤᠭᠤᠴᠠᠭᠠᠨ ᠳᠠᠬᠢ ᠡᠳ᠋ | ᠪᠣᠳᠠᠰ ᠤᠨ ᠬᠤᠷᠣᠭᠳᠠᠯ ᠵᠠᠷᠤᠳᠠᠯ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠡᠭᠦᠷᠭᠡᠯᠡᠨ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ ᠵᠣᠬᠢᠬᠤ ᠨᠥᠬᠦᠪᠥᠷᠢ ᠣᠯᠭᠤᠨ᠎ᠠ᠃ ᠪᠣᠳᠠᠲᠠᠶ | ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠰᠤᠷᠭᠠᠨ ᠬᠥᠮᠦᠵᠢᠯ ᠪᠣᠯᠤᠨ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠰᠳᠠᠭᠠᠨ ᠲᠣᠭᠲᠠᠭᠠᠨ᠎ᠠ᠃ | ᠭᠤᠴᠢᠨ ᠲᠠᠪᠤᠳᠤᠭᠠᠷ ᠵᠣᠷᠪᠣᠰ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠠᠴᠠ ᠳᠣᠭᠢᠷᠠᠭᠤᠯᠤᠨ ᠪᠠᠶᠢᠭᠤᠯᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠪᠡᠯᠡᠳᠬᠡᠮᠵᠢ ᠶᠢ ᠬᠦᠯᠢᠶᠡᠠ ᠠᠪᠤᠭᠴᠢ ᠨᠢᠭᠡᠴᠡ ᠨᠢ ᠡᠳᠦᠷ ᠲᠤᠳᠤᠮ ᠤᠨ ᠬᠠᠮᠢᠶᠠᠷᠤᠯᠲᠠ ᠪᠠ ᠬᠠᠮᠠᠭᠠᠯᠠᠬᠤ ᠠᠵᠢᠯ ᠢ | ᠬᠠᠷᠢᠭᠤᠴᠠᠵᠦ᠂ ᠬᠡᠷᠡᠭᠯᠡᠵᠦ ᠪᠠᠶᠢᠭ᠎ᠠ ᠲᠦᠬᠦᠭᠡᠷᠣᠮᠵᠢ ᠶᠢᠨ ᠠᠶᠤᠯᠭᠦᠶ ᠴᠢᠨᠠᠷ ᠪᠠ ᠨᠡᠶᠢᠲᠡ ᠶᠢᠨ ᠠᠰᠠᠷᠠᠮᠵᠢ ᠶᠢᠨ | ᠴᠢᠨᠠᠷ ᠢ ᠪᠠᠲᠤᠯᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠣᠷᠪᠣᠰ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ | ᠲᠠᠯᠠᠪᠤᠷ ᠤᠨ ᠬᠠᠮᠢᠶᠠᠷᠤᠯᠲᠠ ᠶᠢᠨ ᠨᠢᠭᠡᠴᠢ ᠨᠢ ᠪᠡᠶ᠎ᠡ ᠴᠢᠭᠢᠷᠠᠭᠵᠢᠭᠤᠯᠤᠭᠴᠢ ᠶᠢᠨ ᠪᠡᠶ᠎ᠡ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠶ ᠪᠥᠭᠡᠳ ᠳᠣᠣᠷ᠎ᠠ ᠵᠢᠭᠰᠠᠭᠠᠭᠰᠠᠨ ᠲᠣᠭᠲᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠪᠦᠷᠢᠨ ᠲᠡᠭᠦᠯᠳᠡᠷ ᠠᠮᠦᠷ ᠲᠦᠪᠰᠢᠨ ᠪᠠ ᠬᠠᠮᠢᠶᠠᠷᠤᠯᠲᠠ ᠶᠢᠨ ᠲᠦᠷᠢᠮ ᠲᠠᠢ ᠪᠠᠶᠢᠬᠤ︔ | ︵ᠬᠤᠶᠠᠷ︶ ᠪᠦᠷᠢᠨ ᠲᠡᠭᠦᠯᠳᠡᠷ ᠦᠢᠯᠡᠴᠢᠯᠡᠬᠡᠨ ᠤ ᠵᠢᠷᠤᠮᠵᠢᠯ ᠲᠠᠢ ᠪᠠᠶᠢᠬᠤ︔ | ︵ᠭᠤᠷᠪᠠ︶ ᠬᠡᠷᠡᠭᠯᠡᠬᠦ ᠲᠦᠬᠦᠭᠡᠷᠣᠮᠵᠢ᠂ ᠲᠤᠨᠤᠬ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠨᠢ ᠤᠯᠤᠰ ᠤᠨ | ᠲᠣᠭᠲᠠᠭᠠᠯ ᠳᠤ ᠨᠡᠶᠢᠴᠡᠬᠦ︔ | ︵ᠲᠦᠷᠪᠡ︶ ᠨᠢᠳᠦᠨ ᠳᠤ ᠢᠯᠡᠷᠬᠡᠶ ᠭᠠᠵᠠᠷ ᠲᠤ ᠲᠥᠬᠦᠭᠡᠷᠦᠮᠵᠢ᠂ ᠲᠤᠨᠤᠭ ᠲᠥᠬᠦᠭᠡᠷᠦᠮᠵᠢ ᠶᠢᠨ ᠬᠡᠷᠡᠭᠯᠡᠬᠦ | ᠠᠷᠭ᠎ᠠ ᠶᠢᠨ ᠠᠩᠬᠠᠷᠬᠤ ᠵᠦᠢᠯ ᠵᠢᠴᠢ ᠠᠶᠤᠯ ᠲᠦᠭᠰᠢᠭᠦᠷᠢ ᠶᠢ ᠰᠠᠨᠠᠭᠤᠯᠬᠤ ᠮᠡᠳᠡᠭᠳᠡᠯ ᠢ ᠨᠠᠭᠠᠵᠤ᠂ ᠤᠯᠤᠰ ᠤᠨ | ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠵᠢᠷᠤᠭ ᠳᠦᠷᠰᠦ ᠲᠡᠮᠳᠡᠭ ᠢ | ᠲᠣᠬᠢᠷᠠᠭᠤᠯᠤᠨ᠎ᠠ︔ | ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠲᠣᠭᠲᠠᠭᠠᠯ ᠤᠳ᠃ | ᠲᠠᠪᠤᠳᠤᠭᠠᠷ ᠪᠦᠯᠦᠭ ᠪᠡᠶ᠎ᠡ ᠴᠢᠭᠢᠷᠠᠭᠵᠢᠭᠤᠯᠬᠤ ᠶᠢ ᠵᠢᠭᠠᠨ ᠵᠢᠯᠣᠭᠤᠳᠬᠤ | ᠭᠤᠴᠢᠨ ᠳᠣᠯᠣᠳᠤᠭᠠᠷ ᠵᠣᠷᠪᠣᠰ᠂ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠲᠦᠷᠢᠮ ᠢ ᠬᠡᠷᠡᠭᠵᠢᠭᠦᠯᠦᠨ᠎ᠡ᠃ ᠨᠡᠶᠢᠲᠡ ᠶᠢᠨ | ᠠᠰᠠᠷᠠᠮᠵᠢ ᠶᠢᠨ ᠪᠠ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ | ᠤᠯᠠᠨ ᠲᠦᠮᠡᠨᠴᠢ ᠴᠢᠨᠠᠷᠲᠠᠶ ᠤᠯᠠᠨ ᠡᠰᠢᠵᠢᠭ᠍ᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ | ᠳᠤᠮᠳᠠᠬᠢ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ᠭᠤᠴᠢᠨ ᠨᠠᠢᠮᠠᠳᠤᠭᠠᠷ ᠵᠣᠷᠪᠣᠰ᠂ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠡᠷᠬᠢᠯᠡᠬᠦ ᠬᠢᠷᠢ ᠬᠡᠮ ᠣᠯᠬᠤ ᠬᠡᠷᠡᠭᠲᠡᠢ᠃ | ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠪᠣᠯᠪᠠᠰᠤᠷᠠᠭᠤᠯᠤᠯ | ᠪᠣᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠤᠯᠤᠰ ᠠᠴᠠ ᠵᠥᠪᠰᠢᠶᠡᠷᠡᠭᠰᠡᠨ | ᠪᠡᠶ᠎ᠡ ᠶᠢᠨ ᠲᠠᠮᠢᠷ ᠤᠨ ᠠᠵᠢᠯ ᠲᠥᠷᠥᠯ ᠳᠤ ᠣᠨᠴᠠ ᠪᠠᠶᠢᠬᠤ ᠲᠥᠷᠥᠯ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ | ᠴᠢᠳᠠᠪᠤᠷᠢ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠳᠠᠭᠠᠭᠠᠨ ᠡᠭᠦᠷᠭᠡᠯᠡᠨ᠎ᠡ᠃ | ᠭᠤᠴᠢ ᠶᠢᠰᠦᠳᠦᠭᠡᠷ ᠵᠣᠷᠪᠣᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠪᠠ ᠲᠣᠭᠤᠷᠢᠭ | ᠪᠠᠶᠢᠭᠤᠯᠤᠭᠰᠠᠨ ᠬᠤᠳᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡᠳᠦᠭᠡᠷ ᠳᠡᠰ᠂ ᠬᠤᠶᠠᠳᠣᠭᠠᠷ ᠳᠡᠰ᠂ ᠭᠤᠷᠪᠠᠳᠤᠭᠠᠷ | ᠳᠡᠰ ᠤᠨ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ | ᠪᠣᠯᠪᠠᠰᠤᠷᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠬᠢᠨᠠᠨ | ᠵᠥᠪᠰᠢᠶᠡᠷᠡᠬᠦ ᠵᠢᠷᠤᠮ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ ᠨᠡᠶᠢᠲᠡ ᠶᠢᠨ | ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠠᠴᠠ ᠳᠡᠰ ᠳᠡᠪᠰᠢᠬᠦ ᠶᠢ ᠬᠢᠨᠠᠨ | ᠰᠢᠯᠭᠠᠷᠠᠭᠤᠯᠤᠯᠲᠠ ᠪᠠ ᠬᠢᠨᠠᠨ ᠲᠣᠭᠲᠠᠭᠠᠬᠤ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ | ᠳᠥᠴᠢᠳᠦᠭᠡᠷ ᠵᠣᠷᠪᠣᠰ᠂ ᠪᠡᠶ᠎ᠡ ᠴᠢᠭᠢᠷᠠᠭᠵᠢᠭᠤᠯᠬᠤ ᠵᠢᠯᠣᠭᠤᠳᠤᠮᠵᠢ ᠶᠢᠨ ᠥᠷᠲᠡᠭᠡ ᠴᠢᠬ ᠲᠤ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠵᠢᠯᠤᠭᠤᠳᠤᠯᠭ᠎ᠠ ᠶᠢ ᠬᠠᠩᠭᠠᠵᠤ ᠪᠠᠶᠢᠭ᠎ᠠ ᠨᠡᠶᠢᠲᠡ ᠶᠢᠨ ᠠᠰᠠᠷᠠᠮᠵᠢ ᠶᠢᠨ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠨᠢ ᠲᠤᠬᠠᠶ ᠶᠢᠨ ᠭᠠᠵᠠᠷ ᠤᠨ ᠰᠤᠮᠤ ᠰᠢᠶᠠᠩ ᠤᠨ | ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠵᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠳᠥᠴᠢᠨ ᠨᠢᠭᠡᠳᠦᠭᠡᠷ ᠵᠣᠷᠪᠣᠰ᠂ ᠡᠯ᠎ᠡ ᠳᠡᠰ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ | ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠳᠤ | ᠣᠷᠣᠯᠴᠠᠬᠤ ᠬᠡᠷᠡᠭᠲᠡᠶ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠮᠵᠢᠨ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢᠨ ᠪᠠᠷᠢᠮᠵᠢᠶ᠎ᠠ ᠶᠢ | ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ | ᠲᠤᠰᠬᠠᠶ ᠮᠡᠷᠭᠡᠵᠢᠯ ᠤᠨ ᠴᠢᠳᠠᠪᠤᠷᠢ ᠶᠢ ᠬᠢᠨᠠᠨ ᠰᠢᠯᠭᠠᠵᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ᠳᠥᠴᠢᠨ ᠬᠤᠶᠠᠳᠤᠭᠠᠷ ᠵᠣᠷᠪᠣᠰ᠂ ᠪᠡᠶ᠎ᠡ ᠶᠢᠨ ᠲᠠᠮᠢᠷ ᠤᠨ ᠶᠡᠭᠡ ᠳᠡᠭᠡᠳᠦ ᠰᠤᠷᠭᠠᠭᠤᠯᠢ ᠪᠣᠯᠤᠨ ᠪᠡᠶ᠎ᠡ ᠶᠢᠨ | ᠲᠠᠮᠢᠷ ᠤᠨ ᠲᠤᠰᠬᠠᠶ ᠮᠡᠷᠭᠡᠵᠢᠯ ᠤᠨ ᠰᠠᠯᠪᠣᠷᠢ ᠲᠠᠢ ᠳᠡᠭᠡᠳᠦ ᠰᠤᠷᠭᠠᠭᠤᠯᠢ ᠤᠨ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠯᠣᠭᠤᠳᠣᠯᠭ᠎ᠠ ᠶᠢᠨ ᠬᠢᠴᠢᠶᠡᠯ ᠬᠢᠬᠦ ᠶᠢ ᠵᠣᠷᠢᠬᠵᠢᠭᠤᠯᠣᠨ ᠳᠡᠮᠵᠢᠨ᠎ᠡ︔ ᠨᠥᠬᠦᠴᠡᠯ ᠪᠦᠷᠢᠯᠳᠦᠭᠦᠯᠦᠭᠰᠡᠨ ᠶᠡᠭᠡ | ᠳᠡᠭᠡᠳᠦ ᠰᠤᠷᠭᠠᠭᠤᠯᠢ ᠨᠢ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠨ | ᠲᠣᠭᠲᠠᠭᠰᠠᠨ ᠤ ᠳᠠᠷᠠᠭ᠎ᠠ᠂ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢ ᠪᠣᠯᠪᠠᠰᠤᠷᠠᠭᠤᠯᠬᠤ ᠠᠵᠢᠯ ᠢ ᠳᠠᠭᠠᠭᠠᠨ ᠠᠪᠴᠤ ᠪᠣᠯᠤᠨ᠎ᠠ᠃ | ᠳᠥᠴᠢᠨ ᠭᠤᠷᠪᠠᠳᠤᠭᠠᠷ ᠵᠣᠷᠪᠣᠰ᠂ ᠠᠵᠢᠯ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠡᠷᠬᠡ | ᠤᠯᠭᠤᠬᠰᠡᠨ ᠤ ᠳᠠᠷᠠᠭ᠎ᠠ᠂ ᠲᠣᠰ ᠠᠵᠢᠯ ᠲᠥᠷᠥᠯ ᠤᠨ ᠳᠣᠲᠣᠷᠠᠬᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢ ᠬᠠᠮᠢᠶᠠᠷᠬᠤ ᠠᠵᠢᠯ ᠢ ᠬᠠᠷᠢᠭᠤᠴᠠᠵᠤ ᠪᠣᠯᠤᠨ᠎ᠠ᠂ ᠃ | ᠵᠢᠷᠭᠤᠳᠤᠭᠠᠷ ᠪᠦᠯᠦᠭ ᠦᠢᠯᠡᠴᠢᠯᠡᠭᠡᠨ ᠤ ᠪᠠᠲᠤᠯᠠᠭ᠎ᠠ | ᠳᠥᠴᠢᠨ ᠳᠥᠷᠪᠡᠳᠦᠭᠡᠷ ᠵᠣᠷᠪᠣᠰ᠂ ᠡᠯ᠎ᠡ ᠱᠠᠲᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠲᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠵᠣᠬᠢᠰᠲᠠᠢ᠂ ᠪᠡᠶ᠎ᠡ ᠶᠢᠨ ᠲᠠᠮᠢᠷ ᠤᠨ ᠪᠡᠶ᠎ᠡ | ᠪᠣᠯᠪᠠᠰᠤᠷᠠᠭᠤᠯᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠪᠠᠷᠢᠮᠵᠢᠶᠠᠵᠢᠭᠰᠠᠨ᠂ | ᠵᠢᠷᠤᠮᠵᠢᠭᠰᠠᠨ ᠦᠢᠯᠡᠴᠢᠯᠡᠭᠡ ᠬᠠᠨᠭ᠍ᠭᠠᠬᠤ ᠶᠢ ᠵᠢᠯᠣᠭᠤᠳᠬᠤ ᠪᠠ ᠰᠢᠮᠳᠠᠭᠤᠯᠤᠨ᠎ᠠ᠃ ᠪᠡᠶ᠎ᠡ ᠶᠢᠨ ᠲᠠᠮᠢᠷ ᠤᠨ | ᠦᠢᠯᠡᠴᠢᠯᠡᠬᠡᠨ ᠤ ᠭᠡᠷᠡᠴᠢᠯᠡᠯ ᠤᠨ ᠲᠦᠷᠢᠮ ᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠦᠢᠯᠡᠴᠢᠯᠡᠭᠡ ᠬᠠᠩᠭᠠᠭᠴᠢ | ᠶᠢᠨ ᠪᠡᠶ᠎ᠡ ᠶᠢᠨ ᠲᠠᠮᠢᠷ ᠤᠨ ᠦᠢᠯᠡᠴᠢᠯᠡᠬᠡᠨ ᠤ ᠬᠡᠷᠡᠴᠢᠯᠡᠭᠡ ᠤᠯᠬᠤ ᠶᠢ ᠵᠣᠷᠢᠭᠵᠢᠭᠤᠯᠣᠨ᠎ᠠ᠃ | ᠳᠥᠴᠢᠨ ᠲᠠᠪᠤᠳᠤᠭᠠᠷ ᠵᠣᠷᠪᠣᠰ᠂ ᠤᠯᠡᠠ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ | ᠲᠦᠭᠦᠭᠡᠷᠣᠮᠵᠢ ᠶᠢ ᠰᠦᠢᠳᠭᠡᠯ ᠬᠤᠷᠢᠶᠠᠬᠤ ᠥᠬᠡᠶ ᠪᠤᠶᠤ ᠪᠠᠭ᠎ᠠ ᠰᠦᠢᠳᠭᠡᠯ ᠬᠤᠷᠢᠶᠠᠵᠤ ᠪᠠᠶᠢᠭᠠᠳ ᠨᠡᠶᠢᠭᠡᠮ | ᠨᠡᠶᠢᠲᠡ ᠳᠤ ᠴᠢᠯᠥᠭᠡᠲᠡᠶ ᠬᠡᠷᠡᠭᠯᠡᠬᠦᠯᠦᠨ᠎ᠡ᠃ ᠭᠠᠷᠠᠭ ᠪᠦᠷᠢ ᠨᠡᠭᠡᠭᠡᠬᠦ ᠴᠠᠭ ᠨᠢ 35 ᠴᠠᠭ ᠠᠴᠠ ᠳᠤᠲᠠᠭᠤ ᠪᠠᠶᠢᠵᠤ | ᠪᠣᠯᠬᠤ ᠦᠭᠡᠢ᠂ ᠪᠦᠬᠦ ᠵᠢᠯ ᠳᠤ 330 ᠡᠳᠦᠷ ᠤᠨ ᠨᠡᠭᠡᠭᠡᠬᠦ ᠴᠠᠭ ᠠᠴᠠ ᠳᠤᠲᠠᠭᠤ ᠪᠠᠶᠢᠵᠤ ᠪᠣᠯᠬᠤ ᠦᠭᠡᠢ᠃ | ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠰᠠᠨ ᠪᠠᠶᠠᠷ ᠤᠨ ᠡᠳᠦᠷ ᠪᠠ ᠠᠮᠠᠷᠠᠯᠲᠠ ᠶᠢᠨ ᠡᠳᠦᠷ᠂ | ᠰᠤᠷᠭᠠᠭᠤᠯᠢ ᠶᠢᠨ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠳᠤ ᠨᠡᠭᠡᠭᠡᠬᠦ ᠴᠠᠭ ᠢᠶᠠᠨ ᠤᠷᠲᠤᠳᠬᠠᠬᠤ ᠬᠡᠷᠡᠭᠲᠡᠶ᠃ | ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠬᠠᠷᠢᠶᠠᠲᠤ ᠭᠡᠷ ᠤᠨ ᠭᠠᠳᠠᠨᠠᠬᠢ ᠣᠯᠠᠨ ᠨᠡᠶᠢᠲᠡ ᠶᠢᠨ ᠣᠷᠣᠨ ᠪᠦᠰᠡ | ᠵᠢᠴᠢ ᠬᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠪᠦᠬᠦ ᠡᠳᠦᠷ ᠢᠶᠠᠷ ᠰᠦᠢᠳᠬᠡᠯ ᠬᠤᠷᠢᠶᠠᠬᠤ | ᠦᠭᠡᠢ ᠪᠠᠷ ᠨᠡᠭᠡᠭᠡᠬᠦ ᠬᠡᠷᠡᠭᠲᠡᠶ᠃ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠬᠢᠴᠢᠶᠡᠯ ᠤᠨ ᠭᠠᠳᠠᠨᠠᠬᠢ ᠴᠠᠭ ᠴᠢᠯᠥᠭᠡᠨ ᠳᠤ | ᠰᠤᠷᠤᠭᠴᠢᠳ ᠲᠤ ᠴᠢᠯᠥᠭᠡᠲᠡᠶ ᠨᠡᠭᠡᠭᠡᠵᠦ᠂ ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠪᠣᠯᠤᠨ ᠰᠤᠷᠭᠠᠭᠤᠯᠢ ᠶᠢᠨ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠳᠤ | ᠨᠡᠶᠢᠭᠡᠮ ᠨᠡᠶᠢᠲᠡ ᠳᠤ ᠴᠢᠯᠥᠭᠡᠲᠡᠶ ᠨᠡᠭᠡᠭᠡᠬᠦ ᠬᠡᠷᠡᠭᠲᠡᠶ᠃ | ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠵᠡᠷᠭᠡ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠤᠰᠤ ᠴᠠᠬᠢᠯᠭᠠᠨ᠂ | ᠬᠡᠢ᠂ ᠳᠣᠯᠠᠭᠠᠯᠭ᠎ᠠ ᠬᠡᠷᠡᠭᠯᠡᠬᠦ ᠶᠢᠨ ᠦᠨ᠎ᠡ ᠬᠠᠩᠰᠢ ᠶᠢ ᠡᠩ ᠤᠨ ᠠᠵᠤ ᠦᠢᠯᠡᠳᠪᠦᠷᠢ ᠶᠢᠨ ᠪᠠᠷᠢᠮᠵᠢᠶ᠎ᠠ ᠠᠴᠠ | ᠥᠨᠳᠥᠷ ᠪᠠᠶᠢᠯᠭᠠᠬᠤ ᠥᠬᠡᠶ᠃ | ᠳᠥᠴᠢᠨ ᠵᠢᠷᠭᠤᠳᠤᠭᠠᠷ ᠵᠣᠷᠪᠣᠰ᠂ ᠠᠷᠠᠳ ᠢᠷᠭᠡᠨ ᠤ ᠰᠠᠶᠢᠨ ᠳᠤᠷ᠎ᠠ ᠠᠴᠠ ᠪᠠᠨ ᠪᠡᠶ᠎ᠡ ᠮᠠᠬᠠᠪᠣᠳ ᠢ | ᠰᠢᠨᠵᠢᠨ ᠲᠣᠭᠲᠠᠭᠠᠬᠤ ᠶᠢ ᠰᠠᠨᠠᠭᠠᠴᠢᠯᠠᠵᠤ ᠂ ᠪᠡᠶ᠎ᠡ ᠮᠠᠬᠠᠪᠣᠳ ᠤᠨ ᠪᠠᠶᠢᠳᠠᠯ ᠢᠶᠠᠨ ᠴᠠᠭ ᠲᠤᠬᠠᠶ ᠳᠤᠨᠢ ᠣᠶᠢᠯᠠᠭᠠᠵᠤ | ᠂ ᠪᠣᠯᠪᠠᠰᠤᠷᠠᠬᠤ ᠦᠷ᠎ᠡ ᠳ᠋ᠦᠩ ᠳᠤ ᠰᠢᠨᠵᠢᠯᠡᠬᠦ ᠤᠬᠠᠭᠠᠨᠴᠢ ᠪᠠᠷ ᠦᠨᠡᠯᠡᠯᠲᠡ ᠬᠢᠬᠦ ᠬᠡᠷᠡᠭᠲᠡᠢ᠃ | ᠢᠷᠭᠡᠨ ᠤ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠠᠵᠢᠯ ᠢ ᠬᠢᠵᠦ ᠪᠠᠶᠢᠭ᠎ᠠ ᠨᠢᠭᠡᠴᠢ ᠠᠴᠠ ᠤᠯᠤᠰ ᠤᠨ | ᠮᠠᠬᠠᠪᠣᠳ ᠤᠨ ᠴᠢᠨᠰᠠᠭ᠎ᠠ ᠶᠢᠨ ᠬᠢᠨᠠᠯᠲᠠ ᠬᠡᠮᠵᠢᠯᠲᠡ ᠶᠢᠨ ᠪᠠᠷᠢᠮᠵᠢᠶ᠎ᠠ ᠶᠣᠰᠣᠭᠠᠷ ᠵᠢᠷᠤᠮᠵᠢᠭᠤᠯᠤᠨ ᠠᠵᠢᠯᠯᠠᠵᠤ᠂ | ᠦᠨᠡᠨ ᠪᠣᠳᠠᠲᠠᠶ ᠰᠣᠷᠢᠯᠲᠠ ᠶᠢᠨ ᠦᠷ᠎ᠡ ᠳ᠋ᠦᠩ ᠢ ᠭᠠᠷᠭᠠᠨ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠶᠢ ᠵᠢᠯᠣᠭᠤᠳᠴᠦ᠂ ᠬᠡᠮᠵᠢᠯᠲᠡ ᠶᠢᠨ ᠲᠤᠭ᠎ᠠ ᠪᠠᠷᠢᠮᠲᠠ ᠪᠠ ᠮᠠᠲ᠋ᠧᠷᠢᠶᠠᠯ ᠢ ᠬᠠᠳᠠᠭᠠᠯᠠᠨ᠎ᠠ᠃ | ᠳᠥᠴᠢᠨ ᠳᠣᠯᠣᠳᠤᠭᠠᠷ ᠵᠣᠷᠪᠣᠰ᠂ ᠢᠷᠭᠡᠨ ᠤ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠨᠢᠭᠡᠴᠡ ᠠᠴᠠ | ᠳᠣᠣᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠬᠢᠷᠢ ᠲᠡᠩᠴᠡᠭᠰᠡᠨ ᠪᠡᠶ᠎ᠡ ᠮᠠᠬᠠᠪᠣᠳ ᠢ ᠰᠢᠨᠵᠢᠨ ᠲᠣᠭᠲᠠᠭᠠᠬᠤ ᠪᠠ ᠪᠡᠶ᠎ᠡ ᠴᠢᠭᠢᠷᠠᠭᠵᠢᠭᠤᠯᠬᠤ ᠶᠢᠨ | ᠵᠢᠭᠠᠨ ᠵᠢᠯᠣᠭᠤᠳᠣᠭᠴᠢ ᠪᠠᠶᠢᠬᠤ︔ | ︵ᠬᠤᠶᠠᠷ︶ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠵᠦᠢᠯᠡᠰ ᠤᠨ ᠱᠠᠭᠠᠷᠳᠠᠯᠭ᠎ᠠ ᠳᠤ ᠨᠡᠶᠢᠴᠡᠭᠰᠡᠨ | ᠲᠠᠯᠠᠪᠤᠷ ᠭᠠᠵᠠᠷ ᠪᠠ ᠪᠠᠭᠠᠵᠢ ᠬᠡᠷᠡᠭᠰᠡᠯ ᠪᠠᠶᠢᠬᠤ︔ | ︵ᠭᠤᠷᠪᠠ︶ ᠰᠢᠯᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠲᠥᠬᠦᠭᠡᠷᠦᠮᠵᠢ ᠪᠠᠶᠢᠬᠤ᠃ | ᠳᠥᠴᠢᠨ ᠨᠠᠢᠮᠠᠳᠤᠭᠠᠷ ᠵᠣᠷᠪᠣᠰ᠂ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠠᠴᠠ | ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠯᠠᠪᠯᠠᠯᠲᠠ᠂ ᠪᠡᠶ᠎ᠡ ᠮᠠᠬᠠᠪᠣᠳ ᠤᠨ ᠴᠢᠨᠰᠠᠭ᠎ᠠ ᠶᠢᠨ ᠬᠢᠨᠠᠯᠲᠠ ᠬᠡᠮᠵᠢᠯᠲᠡ᠂ | ᠪᠣᠯᠪᠠᠰᠤᠷᠠᠯ ᠢ ᠵᠢᠯᠣᠭᠤᠳᠬᠤ ᠪᠠ ᠬᠥᠳᠡᠯᠭᠡᠭᠡᠨ ᠢᠶᠠᠷ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ | ᠡᠷᠬᠢᠯᠡᠬᠦ ᠶᠢ ᠵᠣᠷᠢᠭᠵᠢᠭᠤᠯᠤᠨ ᠳᠡᠮᠵᠢᠨ᠎ᠡ᠃ | ᠳᠥᠴᠢ ᠶᠢᠰᠦᠳᠦᠭᠡᠷ ᠵᠣᠷᠪᠣᠰ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠶᠡᠭᠡ ᠳᠤᠮᠳᠠ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠨᠢᠭᠡᠴᠢ ᠠᠴᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠳᠣᠬᠠᠢ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠲᠧᠭᠨᠢᠭ ᠮᠡᠷᠭᠡᠵᠢᠯ ᠢ ᠨᠡᠭᠡᠭᠡᠨ | ᠠᠰᠢᠭᠯᠠᠬᠤ ᠪᠠ ᠨᠡᠶᠢᠭᠡᠮ ᠤᠨ ᠦᠢᠯᠡᠴᠢᠯᠡᠭᠡ ᠬᠢᠬᠦ ᠶᠢ ᠵᠣᠷᠢᠭᠵᠢᠭᠤᠯᠤᠨ ᠲᠡᠮᠵᠢᠵᠤ᠂ ᠲᠦᠭᠦᠮ ᠣᠶᠢᠯᠠᠭᠠᠵᠤ | ᠠᠮᠠᠷᠬᠠᠨ ᠬᠡᠷᠡᠭᠵᠢᠭᠦᠯᠬᠦ᠂ ᠰᠢᠨᠵᠢᠯᠡᠬᠦ ᠤᠬᠠᠭᠠᠨᠴᠢ ᠬᠡᠷᠡᠭᠯᠡᠭᠡᠨ ᠲᠠᠢ ᠪᠡᠶ᠎ᠡ ᠴᠢᠭᠢᠷᠠᠭᠵᠢᠭᠤᠯᠬᠤ ᠠᠷᠭ᠎ᠠ ᠶᠢ ᠵᠣᠬᠢᠶᠠᠨ | ᠨᠠᠶᠢᠷᠠᠭᠤᠯᠣᠨ᠎ᠠ᠃ | ᠲᠠᠪᠢᠳᠤᠭᠠᠷ ᠵᠣᠷᠪᠣᠰ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ | ᠵᠠᠭᠤᠴᠢ ᠪᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠤᠬᠠᠭᠤᠯᠤᠨ᠂ ᠰᠢᠨᠵᠢᠯᠡᠬᠦ ᠤᠬᠠᠭᠠᠨ᠂ | ᠪᠣᠯᠪᠠᠰᠤᠨ᠂ ᠡᠷᠡᠭᠦᠯ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠬᠡᠮᠡᠯᠵᠢᠯᠡᠬᠦᠯᠦᠨᠡ᠃ | ᠲᠠᠪᠢᠨ ᠨᠢᠭᠡᠳᠦᠭᠡᠷ ᠵᠣᠷᠪᠣᠰ᠂ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠤ | ᠦᠢᠯᠡᠰ ᠤᠨ ᠵᠣᠬᠢᠶᠠᠨ ᠪᠠᠶᠢᠭᠤᠯᠤᠯᠲᠠ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠴᠠ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠪᠡᠯᠨ ᠮᠥᠩᠭᠦ ᠪᠠ ᠲᠥᠬᠦᠭᠡᠷᠦᠮᠵᠢ ᠪᠡᠯᠡᠭᠯᠡᠨ ᠬᠦᠷᠭᠡᠬᠦ ᠶᠢ | ᠵᠣᠷᠢᠭᠵᠢᠭᠤᠯᠣᠨ᠎ᠠ᠃ | ᠲᠠᠪᠢᠨ ᠬᠤᠶᠠᠳᠤᠭᠠᠷ ᠵᠣᠷᠪᠣᠰ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠭᠠᠳᠠᠭᠠᠳᠤ ᠲᠠᠢ | ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠣᠷᠢᠭᠵᠢᠭᠤᠯᠣᠨ ᠳᠡᠮᠵᠢᠵᠦ᠂ ᠦᠨᠳᠦᠰᠦᠲᠡᠨ ᠤ ᠪᠠ ᠠᠷᠠᠳ ᠤᠨ | ᠳᠣᠲᠣᠷᠠᠬᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠦᠢᠯ ᠢ ᠳᠡᠯᠭᠡᠷᠡᠭᠦᠯᠦᠨ᠎ᠡ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠪᠢᠨ ᠭᠤᠷᠪᠠᠳᠤᠭᠠᠷ ᠵᠣᠷᠪᠣᠰ᠂ ᠲᠤᠰ ᠳᠦᠷᠢᠮ ᠤᠨ ᠬᠤᠷᠢᠨ ᠲᠠᠪᠤᠳᠤᠭᠠᠷ ᠵᠣᠷᠪᠣᠰ ᠤᠨ ᠲᠣᠭᠲᠠᠭᠠᠯ ᠠᠴᠠ | ᠵᠥᠷᠢᠴᠡᠵᠦ᠂ ᠨᠥᠬᠦᠴᠡᠯ ᠪᠦᠷᠢᠳᠦᠭᠰᠡᠨ ᠦᠭᠡᠢ ᠪᠠᠷ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠮᠡᠷᠭᠡᠵᠢᠯ | ᠤᠨ ᠱᠠᠭᠠᠷᠳᠠᠯᠭ᠎ᠠ ᠥᠨᠳᠥᠷ᠂ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠪᠠ | ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠲᠥᠷᠥᠯ | ᠵᠦᠢᠯ ᠢ ᠨᠡᠭᠡᠭᠡᠭᠰᠡᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠣᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠬᠠᠤᠯᠢ ᠶᠣᠰᠣᠭᠠᠷ | ᠰᠢᠳᠬᠡᠯ ᠥᠭᠭᠦᠨ᠎ᠡ︔ ᠬᠥᠮᠦᠨ ᠤ ᠪᠡᠶ᠎ᠡ ᠶᠢ ᠭᠡᠮᠲᠦᠭᠡᠭᠰᠡᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ | ᠬᠥᠮᠦᠨ ᠢ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠳᠥᠷᠪᠡᠳᠦᠭᠡᠷ ᠵᠣᠷᠪᠣᠰ᠂ ᠲᠤᠰ ᠳᠦᠷᠢᠮ ᠤᠨ ᠬᠤᠷᠢᠨ ᠵᠢᠷᠭᠤᠳᠤᠭᠠᠷ ᠵᠣᠷᠪᠣᠰ ᠤᠨ ᠲᠣᠭᠲᠠᠭᠠᠯ ᠢ | ᠵᠥᠷᠢᠴᠡᠵᠦ᠂ ᠪᠡᠶ᠎ᠡ ᠴᠢᠭᠢᠷᠠᠭᠵᠢᠭᠤᠯᠬᠤ ᠨᠡᠷ᠎ᠡ ᠪᠠᠷ ᠮᠤᠬᠤᠷ ᠪᠢᠰᠢᠷᠡᠯ᠂ ᠭᠠᠵᠢᠭᠤ ᠨᠣᠮᠯᠠᠯ᠂ ᠱᠠᠯᠢᠭ ᠵᠠᠪᠬᠠᠢ᠂ | ᠬᠦᠴᠦᠷᠬᠡᠭᠯᠡᠯ ᠪᠣᠯᠤᠨ ᠵᠣᠭᠤᠰ ᠨᠠᠭᠠᠳᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠪᠡᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠳᠬᠡᠯ ᠥᠭᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠲᠠᠪᠤᠳᠤᠭᠠᠷ ᠵᠣᠷᠪᠣᠰ᠂ ᠲᠤᠰ ᠳᠥᠷᠢᠮ ᠤᠨ ᠬᠤᠷᠢ ᠶᠢᠰᠦᠳᠦᠭᠡᠷ ᠵᠣᠷᠪᠣᠰ ᠤᠨ ᠲᠣᠭᠲᠠᠭᠠᠯ ᠢ | ᠵᠥᠷᠢᠴᠡᠵᠦ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠪᠣᠯᠤᠨ ᠨᠡᠶᠢᠭᠡᠮ ᠲᠣᠭᠤᠷᠢᠭ ᠲᠤ ᠬᠠᠮᠢᠶ᠎ᠠ | ᠪᠦᠬᠦᠢ ᠪᠠᠷᠢᠮᠵᠢᠶ᠎ᠠ ᠶᠣᠰᠣᠭᠠᠷ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢ ᠢᠵᠢ | ᠪᠦᠷᠢᠳᠦᠭᠦᠯᠦᠨ ᠪᠥᠳᠥᠭᠡᠨ ᠪᠠᠶᠢᠭᠤᠯᠬᠤ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ᠂ ᠲᠣᠭᠲᠠᠭᠰᠠᠨ | ᠬᠤᠭᠤᠴᠠᠭᠠᠨ ᠳᠣᠲᠣᠷ᠎ᠠ ᠵᠠᠯᠠᠷᠠᠭᠤᠯᠣᠨ᠎ᠠ᠃ | ᠲᠠᠪᠢᠨ ᠵᠢᠷᠭᠤᠳᠤᠭᠠᠷ ᠵᠣᠷᠪᠣᠰ᠂ ᠲᠤᠰ ᠳᠥᠷᠢᠮ ᠤᠨ ᠳᠥᠴᠢᠨ ᠳᠣᠯᠣᠳᠤᠭᠠᠷ ᠵᠣᠷᠪᠣᠰ ᠤᠨ ᠲᠣᠭᠲᠠᠭᠠᠯ ᠢ | ᠵᠥᠷᠢᠴᠡᠵᠦ᠂ ᠢᠷᠭᠡᠨ ᠤ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ | ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠣᠨ᠎ᠠ᠃ | ᠲᠠᠪᠢᠨ ᠳᠣᠯᠣᠳᠤᠭᠠᠷ ᠵᠣᠷᠪᠣᠰ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ | ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ | ᠪᠣᠯᠤᠨ ᠪᠣᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠥᠭᠭᠦᠨ᠎ᠡ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠪᠡᠶ᠎ᠡ ᠴᠢᠭᠢᠷᠠᠭᠵᠢᠭᠤᠯᠬᠤ ᠲᠠᠯᠠᠪᠤᠷ | ᠭᠠᠵᠠᠷ ᠪᠠᠶᠢᠭᠤᠯᠬᠤ ᠶᠢ ᠵᠦᠪᠰᠢᠶᠡᠷᠡᠬᠦ︔ | ︵ᠬᠤᠶᠠᠷ︶ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢ | ᠳᠤᠷ᠎ᠠ ᠪᠠᠷ ᠢᠶᠠᠨ ᠡᠵᠡᠯᠡᠨ ᠠᠪᠬᠤ ᠪᠤᠶᠤ ᠲᠡᠭᠦᠨ ᠢ ᠪᠤᠰᠤᠳ ᠵᠦᠢᠯ ᠳᠤ ᠨᠡᠭᠦᠯᠭᠡᠨ ᠬᠡᠷᠡᠭᠯᠡᠭᠰᠡᠨ︔ | ︵ᠭᠤᠷᠪᠠ︶ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠳᠠᠪᠲᠠᠨ ᠪᠣᠯᠪᠠᠰᠤᠷᠠᠭᠤᠯᠬᠤ | ᠪᠠ ᠬᠢᠨᠠᠨ ᠰᠢᠯᠭᠠᠬᠤ ᠳᠤᠮᠳᠠ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠨ︔ | ︵ᠲᠦᠷᠪᠡ︶ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ᠂ ᠠᠰᠠᠷᠠᠮᠵᠢ ᠶᠢᠨ ᠰᠤᠭᠤᠯᠤᠭ᠎ᠠ ᠶᠢᠨ | ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠳᠠᠷᠤᠵᠤ ᠠᠪᠤᠭᠰᠠᠨ ᠪᠠ ᠨᠡᠭᠦᠯᠭᠡᠨ ᠬᠡᠷᠡᠭᠯᠡᠭᠰᠡᠨ︔ | ︵ᠲᠠᠪᠤ︶ ᠬᠠᠤᠯᠢ ᠶᠣᠰᠣᠭᠠᠷ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ | ᠪᠤᠰᠤᠳ ᠦᠢᠯᠡ ᠠᠵᠢᠯᠯᠠᠭ᠎ᠠ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠪᠢᠨ ᠨᠠᠢᠮᠠᠳᠤᠭᠠᠷ ᠵᠣᠷᠪᠣᠰ᠂ ᠲᠤᠰ ᠲᠦᠷᠢᠮ ᠢ 2008 ᠣᠨ ᠤ 12 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |