ᠬᠠᠷᠪᠣᠯᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠢᠵᠦ ᠪᠠᠶᠢᠭ᠎ᠠ ᠨᠢᠭᠡᠴᠢ ᠶᠢᠨ ᠵᠥᠪᠰᠢᠶᠡᠷᠡᠯ ᠣᠯᠬᠤ ᠶᠢ ᠭᠦᠢᠴᠡᠳᠬᠡᠬᠦ ᠵᠦᠭᠯᠡᠭᠦᠷ
ᠨᠡᠶᠢᠲᠡᠯᠡᠭᠰᠡᠨ ᠴᠠᠭ᠄
2019/1/3
    ᠲᠣᠬᠢᠷᠠᠬᠤ ᠬᠦᠷᠢᠶ᠎ᠡ ᠬᠡᠪᠴᠢᠶ᠎ᠡ᠄ ᠲᠤᠰ ᠵᠦᠭᠯᠡᠭᠦᠷ ᠢ ᠬᠠᠷᠪᠣᠯᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠡ ᠶᠢ ᠡᠷᠬᠢᠯᠡᠨ ᠬᠢᠬᠦ  ᠭᠤᠶᠣᠴᠢᠯᠠᠯ ᠪᠠ ᠭᠦᠢᠴᠡᠳᠭᠡᠬᠦ ᠳᠤ ᠬᠡᠷᠡᠭᠯᠡᠨ᠎ᠡ᠃     ᠵᠥᠪᠰᠢᠶᠡᠷᠡᠯ ᠤᠨ ᠲᠥᠷᠥᠯ ᠵᠦᠢᠯ ᠤᠨ ᠨᠡᠷᠡᠶᠢᠳᠦᠯ᠄ ᠬᠠᠷᠪᠣᠯᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠢᠵᠦ ᠪᠠᠶᠢᠭ᠎ᠠ ᠨᠢᠭᠡᠴᠢ ᠶᠢᠨ ᠵᠥᠪᠰᠢᠶᠡᠷᠡᠯ     ᠵᠥᠪᠰᠢᠶᠡᠷᠡᠯ ᠤᠨ ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠤᠤ ᠵᠡᠪᠰᠡᠭ ᠤᠨ ᠬᠠᠮᠢᠶᠠᠷᠤᠯᠲᠠ ᠶᠢᠨ ᠬᠠᠤᠯᠢ︾ ᠶᠢᠨ ᠵᠢᠷᠭᠤᠳᠤᠭᠠᠷ ᠵᠣᠷᠪᠣᠰ     ᠭᠤᠶᠣᠴᠢᠯᠠᠯ ᠤᠨ ᠬᠦᠰᠦᠨᠦᠭᠲᠦ  ᠶᠢᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ︽ᠬᠠᠷᠪᠣᠯᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠢᠵᠦ ᠪᠠᠶᠢᠭ᠎ᠠ ᠨᠢᠭᠡᠴᠢ ᠶᠢᠨ ᠭᠤᠶᠤᠴᠢᠯᠠᠯ ᠤᠨ ᠪᠢᠴᠢᠭ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ ᠠᠴᠠ ᠠᠪᠴᠦ ᠪᠣᠯᠤᠨ᠎ᠠ᠃     ᠵᠥᠪᠰᠢᠶᠡᠷᠡᠯ ᠤᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6397441     ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ     ᠰᠢᠢᠳᠪᠦᠷᠢᠯᠡᠬᠦ ᠴᠠᠭ᠄  ᠭᠠᠷᠠᠭ ᠤᠨ ᠨᠢᠭᠡᠨ ᠠᠴᠠ  ᠭᠠᠷᠠᠭ ᠤᠨ ᠳᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 ︱ 17᠄ 30     ᠭᠦᠢᠴᠡᠳᠬᠡᠬᠦ ᠴᠠᠭ ᠤᠨ ᠬᠢᠵᠠᠭᠠᠷ᠄ 20 ᠠᠵᠢᠯ ᠤᠨ ᠡᠳᠦᠷ     ᠭᠦᠢᠴᠡᠳᠭᠡᠬᠦ ᠶᠠᠪᠣᠴᠠ     ᠨᠢᠭᠡ᠂ ᠬᠦᠯᠢᠶᠡᠨ‌ᠠᠪᠴᠦ ᠰᠢᠢᠳᠪᠦᠷᠢᠯᠡᠬᠦ     ︵ᠨᠢᠭᠡ︶ ᠬᠦᠯᠢᠶᠡᠨ ᠠᠪᠴᠦ ᠰᠢᠢᠳᠪᠦᠷᠢᠯᠡᠬᠦ ᠨᠦᠭᠦᠴᠡᠯ᠄    1᠂ ᠭᠤᠶᠤᠴᠢᠯᠠᠭᠰᠠᠨ ᠨᠢᠭᠡᠴᠢ ᠨᠢ ᠡᠷᠬᠡᠪᠰᠢ ᠬᠠᠤᠯᠢ ᠶᠢᠨ ᠬᠥᠮᠦᠨ ᠤ ᠬᠢᠷᠢ ᠬᠡᠮ ᠪᠠᠶᠢᠬᠤ ᠬᠡᠷᠡᠭᠲᠡᠶ︔    2᠂   ᠬᠠᠷᠠᠭᠠᠯᠵᠠᠭᠰᠠᠨ ᠬᠢᠷᠢ ᠬᠡᠮ ᠢ ᠪᠦᠷᠢᠯᠳᠦᠭᠦᠯᠦᠭᠰᠡᠨ ᠵᠢᠭᠠᠨ ᠰᠤᠷᠭᠠᠭᠴᠢ ᠲᠠᠢ ᠪᠠᠶᠢᠬᠤ︔    3᠂ ᠬᠤᠯᠪᠣᠭᠳᠠᠭᠰᠠᠨ ᠲᠠᠯᠠᠪᠤᠷ ᠨᠢ ︽ᠬᠠᠷᠪᠣᠯᠲᠠ ᠶᠢᠨ ᠳᠦᠷᠢᠮ︾ ᠳᠤ ᠨᠡᠶᠢᠴᠡᠭᠰᠡᠨ ᠪᠠᠶᠢᠬᠤ ᠪᠥᠭᠡᠳ ᠪᠡᠶ᠎ᠡ ᠶᠢᠨ ᠲᠠᠮᠢᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ︔    4᠂ ᠬᠠᠷᠪᠣᠯᠲᠠ ᠶᠢᠨ ᠲᠠᠯᠠᠪᠠᠢ ᠨᠢ ᠡᠷᠬᠡᠪᠰᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠫᠤᠤ ᠶᠢᠨ ᠬᠦᠮᠦᠷᠭᠡ ᠪᠣᠯᠣᠨ ᠳᠠᠷᠢ ᠰᠣᠮᠣᠨ ᠤ ᠭᠦᠮᠦᠷᠭᠡ ᠪᠠᠶᠢᠬᠤ ᠬᠡᠷᠡᠭᠲᠡᠢ᠂ ᠫᠤᠤ ᠰᠣᠮᠣ ᠶᠢᠨ ᠬᠥᠮᠥᠷᠭᠡ ᠨᠢ ᠡᠷᠬᠡᠪᠰᠢ ᠲᠤᠰᠬᠠᠶ ᠬᠥᠮᠦᠨ 24 ᠴᠠᠭ ᠢᠶᠠᠷ ᠵᠢᠵᠢᠭᠦᠷᠯᠡᠬᠦ ᠬᠡᠷᠡᠭᠲᠡᠢ︔    5᠂ ᠫᠤᠤ ᠵᠡᠪᠰᠡᠭ ᠰᠤᠮᠤ ᠲᠠᠷᠢ ᠬᠤᠳᠠᠯᠳᠤᠨ ᠠᠪᠬᠤ᠂ ᠬᠡᠷᠡᠭᠯᠡᠬᠦ᠂ ᠬᠠᠳᠠᠭᠠᠯᠠᠨ ᠬᠠᠮᠢᠶᠠᠷᠬᠤ ᠵᠡᠷᠭᠡ ᠨᠢ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠤᠤ ᠵᠡᠪᠰᠡᠭ ᠤᠨ ᠬᠠᠮᠢᠶᠠᠷᠤᠯᠲᠠ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ︔    6᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠨᠡᠶᠢᠭᠡᠮᠯᠢᠭ ᠤᠨ ᠬᠤᠯᠪᠣᠭᠳᠠᠯ ᠪᠥᠬᠦᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔    7᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠬᠦ᠃    ︵ᠬᠤᠶᠠᠷ︶ ᠭᠤᠶᠤᠴᠢᠯᠠᠭᠴᠢ ᠶᠢᠨ ᠲᠤᠰᠢᠶᠠᠬᠤ ᠴᠢᠬᠤᠯᠠ ᠲᠠᠢ ᠮᠠᠲ᠋ᠧᠷᠢᠶᠠᠯ ᠤᠳ    1᠂ ︽ᠬᠠᠷᠪᠣᠯᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠢᠵᠦ ᠪᠠᠶᠢᠭ᠎ᠠ ᠨᠢᠭᠡᠴᠢ ᠶᠢᠨ ᠭᠤᠶᠤᠴᠢᠯᠠᠯ ᠤᠨ ᠪᠢᠴᠢᠭ︾᠃ ᠠᠭᠤᠯᠭ᠎ᠠ ᠨᠢ᠄ ᠭᠤᠶᠤᠴᠢᠯᠠᠭᠰᠠᠨ ᠨᠢᠭᠡᠴᠡ ᠶᠢᠨ ᠨᠡᠷᠡᠶᠢᠳᠦᠯ ᠪᠠ ᠰᠢᠨᠵᠢ ᠴᠢᠨᠠᠷ᠂  ᠬᠠᠷᠪᠣᠯᠲᠠ ᠶᠢᠨ ᠲᠠᠮᠢᠷ ᠤᠨ ᠬᠥᠳᠡᠯᠭᠡᠭᠡᠨ ᠢ ᠡᠷᠬᠢᠯᠡᠭᠰᠡᠨ ᠪᠠᠶᠢᠳᠠᠯ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠵᠡᠷᠭᠡ ᠪᠠᠭᠲᠠᠨ᠎ᠠ᠃ ᠬᠡᠷᠪᠡ ᠳᠡᠭᠡᠷ᠎ᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠᠶᠢᠪᠠᠯ᠂ ᠪᠠᠰᠠ ᠲᠡᠭᠦᠨ ᠤ ᠭᠠᠷ ᠤᠨ ᠦᠰᠦᠭ  ᠵᠢᠷᠣᠬᠰᠡᠨ ᠰᠠᠨᠠᠯ ᠪᠠᠶᠢᠬᠤ ᠬᠡᠷᠡᠭᠲᠡᠶ︔    2᠂ ᠰᠤᠷᠭᠠᠭᠴᠢ ᠶᠢᠨ ᠬᠢᠷᠢ ᠬᠡᠮ ᠤᠨ ᠭᠡᠷᠡᠴᠢ︔    3᠂ ᠬᠠᠤᠯᠢ ᠶᠢᠨ ᠡᠷᠬᠡᠲᠡᠨ ᠤ ᠪᠡᠶ᠎ᠡ ᠶᠢᠨ ᠭᠡᠷᠡᠴᠢ︔    4᠂ ᠬᠠᠷᠪᠣᠯᠲᠠ ᠶᠢᠨ ᠲᠠᠯᠠᠪᠤᠷ ᠭᠠᠵᠠᠷ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠭᠡᠷᠡᠴᠢ︔    5᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠭᠠᠷᠭᠠᠵᠤ ᠥᠭᠭᠦᠭᠰᠡᠨ ᠭᠠᠵᠠᠷ ᠪᠠ ᠫᠤᠤ ᠰᠣᠮᠣᠨ ᠤ ᠬᠥᠮᠥᠷᠭᠡ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠭᠡᠷᠡᠴᠢ︔    6᠂ ᠵᠠᠷᠤᠳᠠᠯ ᠤᠨ ᠢᠷᠡᠯᠳᠡ ᠶᠢᠨ ᠭᠡᠷᠡᠴᠢ ᠮᠠᠲ᠋ᠧᠷᠢᠶᠠᠯ ᠪᠠ ᠵᠠᠷᠤᠳᠠᠯ ᠤᠨ ᠲᠥᠰᠦᠪ ᠤᠨ ᠮᠡᠳᠡᠭᠦᠯᠦᠯᠲᠡ︔    7᠂ ᠨᠥᠬᠦᠴᠡᠯ ᠳᠤ ᠨᠡᠶᠢᠴᠡᠬᠦ ᠬᠠᠷᠪᠣᠯᠲᠠ ᠶᠢᠨ ᠫᠠᠢ ᠶᠢᠨ ᠰᠡᠭᠦᠲᠡᠷ᠂  ᠰᠡᠭᠦᠳᠡᠷ ᠨᠢ ᠡᠷᠬᠡᠪᠰᠢ ᠬᠠᠷᠠᠭᠠᠯᠵᠠᠭᠰᠠᠨ ᠫᠠᠢ ᠶᠢᠨ ᠲᠤᠭ᠎ᠠ ᠶᠢ ᠰᠢᠭᠤᠳ ᠲᠤᠰᠬᠠᠵᠤ ᠴᠢᠳᠠᠬᠤ ᠬᠡᠷᠡᠭᠲᠡᠢ᠃    ᠬᠦᠯᠢᠶᠡᠨ ᠠᠪᠬᠤ ᠪᠠᠷᠢᠮᠵᠢᠶ᠎ᠠ᠄ ᠭᠤᠶᠤᠴᠢᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠶ᠂ ᠪᠦᠷᠢᠨ ᠲᠡᠭᠦᠯᠳᠡᠷ᠂ ᠳᠦᠷᠢᠮᠵᠢᠯ ᠲᠠᠢ᠂ ᠦᠢᠯᠡᠳᠦᠯ ᠲᠠᠢ ᠪᠠᠶᠢᠬᠤ᠃    ᠰᠠᠨᠠᠭᠤᠯᠤᠮᠵᠢ᠄ ᠭᠤᠶᠤᠴᠢᠯᠠᠭᠴᠢ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠡᠰᠡ ᠲᠡᠭᠡᠪᠡᠯ ᠬᠠᠷᠠᠭᠠᠯᠵᠠᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃     ︵ᠭᠤᠷᠪᠠ︶ ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ    ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ ᠤᠨ ᠪᠢᠴᠢᠭ ᠮᠠᠲ᠋ᠧᠷᠢᠶᠠᠯ ᠬᠤᠷᠢᠶᠠᠨ ᠲᠠᠷᠬᠠᠭᠠᠬᠤ ᠠᠵᠢᠯᠲᠠᠨ     ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠬᠤ ᠪᠠᠷᠢᠮᠵᠢᠶ᠎ᠠ ᠶᠣᠰᠣᠭᠠᠷ ᠪᠠᠶᠢᠴᠠᠭᠠᠨ ᠰᠢᠯᠭᠠᠬᠤ ᠬᠡᠷᠡᠭᠲᠡᠶ᠃ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠬᠰᠡᠨ ᠪᠠᠶᠢᠪᠠᠯ ᠶᠠᠪᠣᠴᠠ ᠶᠢᠨ ᠶᠣᠰᠣᠭᠠᠷ ᠴᠠᠭ ᠲᠤᠬᠠᠶ ᠳᠤᠨᠢ ᠬᠦᠯᠢᠶᠡᠨ ᠠᠪᠣᠨ᠎ᠠ᠃ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠬᠦᠯᠢᠶᠡᠨ ᠠᠪᠬᠤ ᠦᠭᠡᠢ ᠪᠠᠶᠢᠵᠦ᠂ ᠨᠢᠭᠡ ᠯᠠ ᠤᠳᠠᠭ᠎ᠠ ᠳᠤ ᠮᠡᠳᠡᠭᠳᠡᠬᠦ ᠡᠭᠦᠷᠭᠡ ᠶᠢ ᠭᠦᠢᠴᠡᠳᠭᠡᠨ᠂ ᠭᠤᠶᠣᠴᠢᠯᠠᠬᠰᠡᠨ ᠮᠠᠲ᠋ᠧᠷᠢᠶᠠᠯ ᠢ ᠭᠤᠶᠣᠴᠢᠯᠠᠭᠴᠢ ᠳᠤ ᠪᠤᠴᠠᠭᠠᠨ ᠥᠭᠭᠦᠨ᠎ᠡ᠃     ᠬᠤᠶᠠᠷ᠂ ᠰᠢᠭᠦᠨ ᠲᠣᠭᠲᠠᠭᠠᠬᠤ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠤᠯᠢ ᠳᠤ ᠲᠣᠭᠲᠠᠭᠠᠭᠰᠠᠨ ᠵᠦᠪᠰᠢᠶᠡᠷᠡᠯ ᠤᠨ ᠪᠠᠷᠢᠮᠵᠢᠶ᠎ᠠ ᠶᠣᠰᠣᠭᠠᠷ ᠰᠢᠭᠦᠨ ᠳᠣᠬᠳᠠᠭᠠᠵᠦ᠂ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠪᠢᠴᠢᠭ ᠮᠠᠲ᠋ᠧᠷᠢᠶᠠᠯ ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ︔ ᠪᠠᠷᠢᠮᠵᠢᠶ᠎ᠠ ᠳᠤ ᠨᠡᠶᠢᠴᠡᠬᠦ ᠦᠭᠡᠢ ᠪᠣᠯ ︽ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ︾ ᠢ ᠳᠣᠬᠳᠠᠭᠠᠨ᠎ᠠ᠃     ᠭᠤᠷᠪᠠ᠂ ᠮᠡᠳᠡᠭᠳᠡᠬᠦ     ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ ᠤᠨ ᠪᠢᠴᠢᠭ ᠮᠠᠲ᠋ᠧᠷᠢᠶᠠᠯ ᠬᠤᠷᠢᠶᠠᠨ ᠲᠠᠷᠬᠠᠭᠠᠬᠤ ᠠᠵᠢᠯᠲᠠᠨ     ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠠᠵᠢᠯ ᠤᠨ ᠪᠠᠷᠢᠮᠵᠢᠶ᠎ᠠ ᠶᠣᠰᠣᠭᠠᠷ ᠮᠡᠳᠡᠭᠳᠡᠵᠦ᠂ ᠠᠯᠪᠠᠨ ᠰᠦᠯᠵᠢᠶ᠎ᠡ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ︔  ᠰᠢᠭᠦᠨ ᠳᠣᠬᠳᠠᠭᠠᠯᠲᠠ ᠨᠢ ᠪᠠᠲᠤᠯᠠᠭᠳᠠᠭᠰᠠᠨ ᠪᠣᠯ ᠭᠤᠶᠤᠴᠢᠯᠠᠭᠴᠢ ᠳᠤ ᠴᠤᠬᠤᠯᠠᠪᠤᠷᠢᠯᠬᠠᠰᠠᠨ ᠪᠢᠴᠢᠭ ᠮᠠᠲ᠋ᠧᠷᠢᠶᠠᠯ ᠠᠪᠬᠤ ᠶᠢ ᠮᠡᠳᠡᠭᠳᠡᠬᠦ ᠬᠡᠷᠡᠭᠲᠡᠶ︔ ᠵᠦᠪᠰᠢᠶᠡᠷᠡᠭᠰᠡᠨ ᠦᠭᠡᠢ ᠪᠠᠶᠢᠪᠠᠯ᠂ ︽ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ︾ ᠭᠠᠷᠭᠠᠵᠤ᠂ ᠭᠤᠶᠤᠴᠢᠯᠠᠭᠴᠢ ᠳᠤ ᠬᠦᠷᠭᠡᠬᠦ ᠬᠡᠷᠡᠭᠲᠡᠶ᠃ ᠬᠢᠨᠠᠯᠲᠠ ᠲᠠᠯᠪᠢᠬᠤ ᠪᠠ ᠵᠠᠭᠠᠯᠳᠤᠬᠤ᠄     ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠭᠡᠵᠦ ᠦᠵᠡᠪᠡᠯ᠂ ᠲᠤᠰ ᠪᠠᠶᠢᠭᠤᠯᠭ᠎ᠠ  ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397437᠂ ᠵᠠᠬᠢᠳᠠᠯ ᠨᠡᠪᠲᠡᠷᠡᠯᠴᠡᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠦ ᠶᠢᠨ ᠵᠦᠪᠯᠡᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠲᠠᠰᠤᠭ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ᠤ ᠠᠵᠢᠯᠯᠠᠬᠤ ᠴᠠᠭ᠂ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃     ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号