ᠲᠣᠬᠢᠷᠠᠬᠤ ᠬᠦᠷᠢᠶ᠎ᠡ ᠬᠡᠪᠴᠢᠶ᠎ᠡ᠄ ᠲᠤᠰ ᠵᠦᠭᠯᠡᠭᠦᠷ ᠢ ᠪᠥᠬᠦ ᠣᠷᠣᠨ ᠤ ᠴᠢᠨᠠᠷᠲᠠᠶ᠂ ᠪᠦᠬᠦ ᠤᠯᠤᠰ ᠤᠨ | ᠴᠢᠨᠠᠷᠲᠠᠶ᠂ ᠣᠯᠠᠨ ᠤᠯᠤᠰ ᠤᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠬᠢᠬᠦ ᠵᠥᠪᠰᠢᠶᠡᠷᠡᠯ ᠢ | ᠭᠤᠶᠤᠴᠢᠯᠠᠬᠤ ᠪᠠ ᠭᠦᠢᠴᠡᠳᠭᠡᠬᠦ ᠳᠤ ᠳᠣᠬᠢᠷᠠᠨ᠎ᠠ᠃ | ᠵᠥᠪᠰᠢᠶᠡᠷᠡᠯ ᠤᠨ ᠲᠥᠷᠥᠯ ᠵᠦᠢᠯ ᠤᠨ ᠨᠡᠷᠡᠶᠢᠳᠦᠯ᠄ ᠪᠥᠬᠦ ᠣᠷᠣᠨ ᠤ᠂ ᠪᠦᠬᠦ ᠤᠯᠤᠰ ᠤᠨ ᠴᠢᠨᠠᠷᠲᠠᠶ᠂ | ᠣᠯᠠᠨ ᠤᠯᠤᠰ ᠤᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠬᠢᠬᠦ ᠶᠢᠨ ᠵᠥᠪᠰᠢᠶᠡᠷᠡᠯ | ᠵᠥᠪᠰᠢᠶᠡᠷᠡᠯ ᠤᠨ ᠦᠨᠳᠦᠰᠦ ᠪᠠᠷᠢᠮᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠦᠷᠢᠮ︾ ᠤᠨ ᠵᠢᠷᠭᠤᠳᠤᠭᠠᠷ ᠵᠣᠷᠪᠣᠰ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ | ᠲᠠᠮᠢᠷ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠤᠷᠢᠨ ᠳᠣᠯᠣᠳᠤᠭᠠᠷ ᠵᠣᠷᠪᠣᠰ | ᠭᠤᠶᠣᠴᠢᠯᠠᠯ ᠤᠨ ᠬᠦᠰᠦᠨᠦᠭᠲᠦ ᠶᠢᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ︽ᠪᠡᠶ᠎ᠡ ᠶᠢᠨ ᠲᠠᠮᠢᠷ ᠤᠨ | ᠤᠷᠤᠯᠳᠤᠭᠠᠨ ᠡᠷᠬᠢᠯᠡᠬᠦ ᠠᠵᠢᠯᠯᠠᠭ᠎ᠠ ᠳᠤ ᠵᠥᠪᠰᠢᠶᠡᠷᠡᠯ ᠣᠯᠭᠤᠬᠤ ᠭᠤᠶᠤᠴᠢᠯᠠᠯ ᠤᠨ ᠪᠢᠴᠢᠭ︾᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ | ᠲᠠᠮᠢᠷ ᠤᠨ ᠭᠠᠵᠠᠷ ᠠᠴᠠ ᠣᠴᠢᠵᠦ ᠠᠪᠬᠤ ᠪᠤᠶᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠠᠯᠪᠠᠨ ᠰᠦᠯᠵᠢᠶ᠎ᠡ ᠠᠴᠠ ᠪᠠᠭᠤᠯᠭᠠᠨ ᠠᠪᠴᠤ ᠪᠣᠯᠤᠨ᠎ᠠ᠃ | ᠵᠥᠪᠰᠢᠶᠡᠷᠡᠯ ᠤᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6397441 | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ | ᠲᠠᠮᠢᠷ ᠤᠨ ᠭᠠᠵᠠᠷ | ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ︵ᠬᠠᠣᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ | 14᠄ 00 ︱ 17᠄ 30 | ᠵᠦᠪᠰᠢᠶᠠᠷᠡᠯ ᠤᠨ ᠬᠤᠭᠤᠴᠠᠭ᠎ᠠ᠄ 20 ᠠᠵᠢᠯ ᠤᠨ ᠡᠳᠦᠷ | ᠭᠦᠢᠴᠡᠳᠭᠡᠬᠦ ᠶᠠᠪᠣᠴᠠ | ᠨᠢᠭᠡ᠂ ᠬᠦᠯᠢᠶᠡᠨ ᠠᠪᠬᠤ | ︵ᠨᠢᠭᠡ︶ ᠬᠦᠯᠢᠶᠡᠨ ᠠᠪᠬᠤ ᠨᠦᠭᠦᠴᠡᠯ᠄ | 1᠂ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠵᠦ ᠴᠢᠳᠠᠬᠤ︔ | 2᠂ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠬᠦ ᠳᠤ ᠲᠣᠬᠢᠷᠠᠯᠴᠠᠭᠰᠠᠨ ᠵᠠᠷᠤᠳᠠᠯ ᠲᠠᠢ ᠪᠠᠶᠢᠬᠤ︔ | 3᠂ ᠤᠷᠤᠯᠳᠤᠭᠠᠨ ᠤ ᠬᠡᠪᠴᠢᠶ᠎ᠡ ᠯᠦᠭᠡ ᠲᠣᠬᠢᠷᠠᠯᠴᠠᠭᠰᠠᠨ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ᠂ ᠬᠠᠮᠢᠶᠠᠷᠤᠯᠲᠠ ᠶᠢᠨ ᠠᠵᠢᠯᠲᠠᠨ ᠪᠠ ᠲᠤᠰᠬᠠᠶ ᠮᠡᠷᠭᠡᠵᠢᠯ ᠤᠨ ᠠᠵᠢᠯᠳᠡᠠ ᠲᠠᠢ ᠪᠠᠶᠢᠬᠤ︔ | 4᠂ ᠤᠷᠤᠯᠳᠤᠭᠠᠨ ᠤ ᠲᠥᠷᠥᠯ ᠵᠦᠢᠯ ᠤᠨ ᠲᠣᠭᠲᠠᠭᠠᠭᠰᠠᠨ ᠤᠷᠤᠯᠳᠤᠭᠠᠨ ᠤ ᠲᠥᠷᠢᠮ ᠲᠣᠭᠲᠠᠭᠠᠯ᠂ | ᠵᠣᠬᠢᠶᠠᠨ ᠪᠠᠶᠢᠭᠤᠯᠤᠨ ᠶᠠᠪᠤᠭᠳᠠᠭᠤᠯᠬᠤ ᠲᠥᠰᠦᠯ ᠲᠠᠢ ᠪᠠᠶᠢᠬᠤ︔ | 5᠂ ᠤᠷᠤᠯᠳᠤᠭᠠᠨ ᠤ ᠬᠡᠪᠴᠢᠶ᠎ᠡ ᠯᠦᠭᠡ ᠲᠣᠬᠢᠷᠠᠯᠴᠠᠭᠰᠠᠨ᠂ ᠡᠷᠡᠭᠦᠯ ᠬᠠᠮᠠᠭᠠᠯᠠᠯ᠂ ᠭᠠᠯ ᠠᠴᠠ ᠰᠡᠷᠭᠡᠶᠢᠯᠡᠬᠦ᠂ | ᠠᠮᠦᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠭᠠᠵᠠᠷ ᠲᠠᠯᠠᠪᠤᠷ᠂ ᠪᠠᠭᠠᠵᠢ ᠬᠡᠷᠡᠭᠰᠡᠯ ᠪᠠ ᠲᠤᠨᠤᠭ | ᠲᠥᠬᠦᠭᠡᠷᠦᠮᠵᠢ ᠲᠠᠢ ᠪᠠᠶᠢᠬᠤ︔ | 6᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠨᠡᠶᠢᠭᠡᠮᠯᠢᠭ ᠤᠨ ᠬᠤᠯᠪᠣᠭᠳᠠᠯ ᠪᠥᠬᠦᠢ ᠲᠣᠭᠲᠠᠭᠠᠯ ᠪᠠ | ᠪᠠᠷᠢᠮᠵᠢᠶ᠎ᠠ ᠳᠤ ᠨᠡᠶᠢᠴᠡᠬᠦ︔ | 7᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠲᠠᠢ ᠨᠡᠶᠢᠴᠡᠬᠦ | ᠡᠷᠬᠢᠯᠡᠨ ᠬᠢᠭᠴᠢ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠠᠴᠠ 60 ᠡᠳᠦᠷ ᠤᠨ | ᠡᠮᠦᠨ᠎ᠡ ᠭᠤᠶᠤᠴᠢᠯᠠᠯ ᠭᠠᠷᠭᠠᠬᠤ ᠬᠡᠷᠡᠭᠲᠡᠶ᠃ | ︵ᠬᠤᠶᠠᠷ︶ ᠭᠤᠶᠤᠴᠢᠯᠠᠭᠴᠢ ᠶᠢᠨ ᠲᠤᠰᠢᠶᠠᠬᠤ ᠴᠢᠬᠤᠯᠠ ᠲᠠᠢ ᠮᠠᠲ᠋ᠧᠷᠢᠶᠠᠯ ᠤᠳ᠄ | 1᠂ ᠪᠡᠶ᠎ᠡ ᠶᠢᠨ ᠲᠠᠮᠢᠷ ᠤᠨ ᠤᠷᠤᠯᠳᠤᠭᠠᠨ ᠡᠷᠬᠢᠯᠡᠬᠦ ᠭᠤᠶᠤᠴᠢᠯᠠᠯ ᠤᠨ ᠪᠢᠴᠢᠭ︔ | 2᠂ ᠡᠷᠬᠢᠯᠡᠨ ᠬᠢᠭᠴᠢ ᠶᠢᠨ ᠭᠡᠷᠡᠴᠢ ᠪᠤᠶᠤ ᠳᠠᠩᠰᠠᠯᠠᠬᠤ᠂ ᠳᠠᠩᠰᠠᠯᠠᠭᠤᠯᠤᠭᠰᠠᠨ ᠭᠡᠷᠡᠴᠢ ᠮᠠᠲ᠋ᠧᠷᠢᠶᠠᠯ︔ | 3᠂ ᠵᠠᠷᠤᠳᠠᠯ ᠢᠷᠡᠯᠳᠡ ᠶᠢᠨ ᠭᠡᠷᠡᠴᠢ ᠮᠠᠲ᠋ᠧᠷᠢᠶᠠᠯ ᠪᠠ ᠵᠠᠷᠤᠳᠠᠯ ᠤᠨ ᠲᠥᠰᠦᠪ ᠤᠨ ᠮᠡᠳᠡᠭᠦᠯᠦᠯᠲᠡ︔ | 4᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠷᠢᠮ ᠲᠣᠭᠲᠠᠭᠠᠯ᠂ ᠵᠣᠬᠢᠶᠠᠨ ᠪᠠᠶᠢᠭᠤᠯᠤᠨ ᠶᠠᠪᠤᠭᠳᠠᠭᠤᠯᠬᠤ | ᠲᠥᠰᠦᠯ ᠲᠠᠢ ᠪᠠᠶᠢᠬᠤ︔ | 5᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠮᠤᠷ ᠲᠦᠪᠰᠢᠨ ᠤ ᠠᠵᠢᠯ ᠤᠨ ᠲᠥᠰᠦᠯ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠦᠰᠦᠪ︔ | 6᠂ ᠬᠠᠤᠯᠢ ᠪᠠᠷ ᠲᠣᠭᠲᠠᠭᠠᠭᠰᠠᠨ ᠪᠠᠶᠢᠭᠤᠯᠤᠮᠵᠢ ᠶᠢᠨ ᠭᠠᠷᠭᠠᠵᠤ ᠥᠭᠭᠦᠭᠰᠡᠨ ᠬᠤᠯᠪᠣᠭᠳᠠᠯ ᠪᠥᠬᠦᠢ ᠭᠠᠵᠠᠷ | ᠲᠠᠯᠠᠪᠤᠷ᠂ ᠮᠠᠲ᠋ᠧᠷᠢᠶᠠᠯ᠂ ᠲᠥᠬᠦᠭᠡᠷᠦᠮᠵᠢ ᠵᠡᠷᠭᠡ ᠶᠢᠨ ᠠᠮᠤᠷ ᠲᠦᠪᠰᠢᠨ ᠢ ᠰᠢᠯᠭᠠᠨ ᠪᠠᠶᠢᠴᠠᠭᠠᠬᠤ᠂ ᠰᠢᠯᠭᠠᠨ | ᠬᠡᠮᠵᠢᠯᠲᠡ ᠶᠢᠨ ᠮᠡᠳᠡᠭᠦᠯᠦᠯᠲᠡ︔ | 7᠂ ᠭᠤᠣᠯ ᠡᠷᠬᠢᠯᠡᠭᠴᠢ᠂ ᠳᠠᠭᠠᠭᠠᠨ ᠠᠪᠤᠭᠴᠢ᠂ ᠬᠠᠪᠰᠤᠷᠤᠨ ᠬᠢᠭᠴᠢ ᠯᠦᠭᠡ ᠶᠢᠨ ᠬᠤᠭᠤᠷᠣᠨᠳᠣ ᠪᠠᠨ | ᠲᠣᠭᠲᠠᠭᠰᠠᠨ ᠪᠢᠴᠢᠭ ᠤᠨ ᠭᠡᠷ᠎ᠡ︔ | 8᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠮᠠᠲ᠋ᠧᠷᠢᠶᠠᠯ᠃ | ᠬᠦᠯᠢᠶᠡᠨ ᠠᠪᠬᠤ ᠪᠠᠷᠢᠮᠵᠢᠶ᠎ᠠ᠄ ᠭᠤᠶᠣᠴᠢᠯᠠᠭᠴᠢ ᠶᠢᠨ ᠬᠠᠩᠭᠠᠭᠰᠠᠨ ᠮᠠᠲ᠋ᠧᠷᠢᠶᠠᠯ ᠨᠢ ᠦᠨᠡᠨ ᠪᠣᠳᠠᠲᠠᠶ᠂ | ᠪᠦᠷᠢᠨ ᠲᠡᠭᠦᠯᠳᠡᠷ᠂ ᠳᠦᠷᠢᠮᠵᠢᠯ ᠲᠠᠢ᠂ ᠦᠢᠯᠡᠳᠦᠯ ᠲᠠᠢ ᠪᠠᠶᠢᠬᠤ᠃ | ᠰᠠᠨᠠᠭᠤᠯᠤᠮᠵᠢ᠄ ᠭᠤᠶᠤᠴᠢᠯᠠᠭᠴᠢ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ ᠲᠤᠰᠢᠶᠠᠬᠤ ᠶᠢᠨ | ᠬᠠᠮᠲᠤ᠂ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠡᠰᠡ ᠲᠡᠭᠡᠪᠡᠯ ᠬᠠᠷᠠᠭᠠᠯᠵᠠᠭᠰᠠᠨ | ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃ | ︵ᠭᠤᠷᠪᠠ︶ ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ ᠤᠨ ᠪᠢᠴᠢᠭ | ᠮᠠᠲ᠋ᠧᠷᠢᠶᠠᠯ ᠬᠤᠷᠢᠶᠠᠨ ᠲᠠᠷᠬᠠᠭᠠᠬᠤ ᠠᠵᠢᠯᠲᠠᠨ | ᠲᠤᠰ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠄ ᠭᠤᠶᠤᠴᠢᠯᠠᠯ ᠤᠨ | ᠮᠠᠲ᠋ᠧᠷᠢᠶᠠᠯ ᠢ ᠬᠦᠯᠢᠶᠡᠨ ᠠᠪᠬᠤ ᠪᠠᠷᠢᠮᠵᠢᠶ᠎ᠠ ᠶᠣᠰᠣᠭᠠᠷ ᠪᠠᠶᠢᠴᠠᠭᠠᠨ ᠰᠢᠯᠭᠠᠬᠤ ᠬᠡᠷᠡᠭᠲᠡᠶ᠃ ᠭᠤᠶᠤᠴᠢᠯᠠᠭᠰᠠᠨ | ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠬᠰᠡᠨ ᠪᠠᠶᠢᠪᠠᠯ ᠶᠠᠪᠣᠴᠠ ᠶᠢᠨ ᠶᠣᠰᠣᠭᠠᠷ ᠴᠠᠭ | ᠲᠤᠬᠠᠶ ᠳᠤᠨᠢ ᠬᠦᠯᠢᠶᠡᠨ ᠠᠪᠣᠨ᠎ᠠ᠃ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠬᠦ | ᠦᠭᠡᠢ ᠪᠠᠶᠢᠪᠠᠯ᠂ ᠬᠦᠯᠢᠶᠡᠨ ᠠᠪᠬᠤ ᠦᠭᠡᠢ ᠪᠠᠶᠢᠵᠦ᠂ ᠨᠢᠭᠡ ᠯᠠ ᠤᠳᠠᠭ᠎ᠠ ᠳᠤ ᠮᠡᠳᠡᠭᠳᠡᠬᠦ ᠡᠭᠦᠷᠭᠡ ᠶᠢ | ᠭᠦᠢᠴᠡᠳᠭᠡᠨ᠂ ᠭᠤᠶᠣᠴᠢᠯᠠᠬᠰᠡᠨ ᠮᠠᠲ᠋ᠧᠷᠢᠶᠠᠯ ᠢ ᠭᠤᠶᠣᠴᠢᠯᠠᠭᠴᠢ ᠪᠣᠶᠣ ᠭᠤᠶᠣᠴᠢᠯᠠᠬᠰᠡᠨ ᠰᠠᠯᠠᠭ᠎ᠠ ᠮᠦᠴᠢᠷ ᠲᠤ | ᠨᠢ ᠪᠤᠴᠠᠭᠠᠨ ᠥᠭᠭᠦᠨ᠎ᠡ᠃ | ᠬᠤᠶᠠᠷ᠂ ᠰᠢᠭᠦᠨ ᠲᠣᠭᠲᠠᠭᠠᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠤᠯᠢ ᠳᠤ | ᠲᠣᠭᠲᠠᠭᠠᠭᠰᠠᠨ ᠵᠦᠪᠰᠢᠶᠠᠷᠡᠯ ᠤᠨ ᠪᠠᠷᠢᠮᠵᠢᠶ᠎ᠠ ᠶᠣᠰᠣᠭᠠᠷ ᠰᠢᠭᠦᠨ ᠲᠣᠭᠲᠠᠭᠠᠬᠤ ᠬᠡᠷᠡᠭᠲᠡᠶ᠃ ᠪᠠᠷᠢᠮᠵᠢᠶ᠎ᠠ ᠳᠤ | ᠨᠡᠶᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠵᠣᠬᠢᠶᠠᠵᠦ ᠬᠠᠷᠢᠭᠤᠯᠣᠨ᠎ᠠ᠃ ᠪᠠᠷᠢᠮᠵᠢᠶ᠎ᠠ ᠳᠤ | ᠨᠡᠶᠢᠴᠡᠬᠦ ᠦᠭᠡᠢ ᠪᠠᠶᠢᠪᠠᠯ ᠰᠢᠭᠦᠨ ᠲᠣᠭᠲᠠᠭᠠᠯᠲᠠ ᠶᠢᠨ ᠰᠠᠨᠠᠯ ᠪᠠ ᠤᠴᠢᠷ ᠰᠢᠯᠲᠠᠭᠠᠨ ᠢ ᠳᠤᠷᠠᠳᠴᠤ᠂ ︽ᠦᠯᠦ | ᠵᠥᠪᠰᠢᠶᠡᠷᠡᠬᠦ ᠮᠡᠳᠡᠭᠳᠡᠯ ᠤᠨ ᠪᠢᠴᠢᠭ︾ ᠢ ᠦᠢᠯᠡᠳᠦᠨ ᠲᠠᠷᠬᠠᠭᠠᠨ᠎ᠠ᠃ | ᠭᠤᠷᠪᠠ᠂ ᠮᠡᠳᠡᠭᠳᠡᠬᠦ | ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ ᠤᠨ ᠪᠢᠴᠢᠭ ᠮᠠᠲ᠋ᠧᠷᠢᠶᠠᠯ | ᠬᠤᠷᠢᠶᠠᠨ ᠲᠠᠷᠬᠠᠭᠠᠬᠤ ᠠᠵᠢᠯᠲᠠᠨ | ᠠᠵᠢᠯ ᠤᠨ ᠪᠠᠶᠢᠷᠢ ᠶᠢᠨ ᠡᠭᠦᠷᠭᠡ ᠲᠤᠰᠢᠶᠠᠯ ᠪᠠ ᠡᠷᠬᠡ ᠶᠢᠨ ᠬᠡᠪᠴᠢᠶ᠎ᠡ᠄ ᠠᠵᠢᠯ ᠤᠨ ᠪᠠᠷᠢᠮᠵᠢᠶ᠎ᠠ ᠶᠣᠰᠣᠭᠠᠷ | ᠮᠡᠳᠡᠭᠳᠡᠬᠦ ᠬᠡᠷᠡᠭᠲᠡᠶ᠂ ᠬᠤᠯᠪᠣᠭᠳᠠᠯ ᠪᠥᠬᠦᠶ ᠬᠥᠮᠦᠰ ᠪᠤᠶᠤ ᠰᠠᠯᠠᠭ᠎ᠠ ᠮᠥᠴᠢᠷ ᠲᠤ ᠬᠠᠷᠢᠭᠤᠯᠤᠭᠰᠠᠨ ᠪᠢᠴᠢᠭ | ᠮᠠᠲ᠋ᠧᠷᠢᠶᠠᠯ ᠢ ᠳᠣᠰᠴᠦ ᠠᠪᠬᠤ ᠶᠢ ᠮᠡᠳᠡᠭᠳᠡᠨ᠂ ᠠᠯᠪᠠᠨ ᠰᠦᠯᠵᠢᠶ᠎ᠡ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ︔ | ᠵᠦᠪᠰᠢᠶᠡᠷᠡᠬᠦ ᠦᠭᠡᠢ ᠪᠠᠶᠢᠪᠠᠯ᠂ ︽ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ︾ ᠢ ᠭᠤᠶᠤᠴᠢᠯᠠᠭᠴᠢ ᠪᠤᠶᠤ | ᠭᠤᠶᠤᠴᠢᠯᠠᠭᠰᠠᠨ ᠰᠠᠯᠠᠭ᠎ᠠ ᠮᠥᠴᠢᠷ ᠲᠤ ᠭᠦᠷᠭᠡᠨ᠎ᠡ᠃ | ᠬᠢᠨᠠᠯᠲᠠ ᠲᠠᠯᠪᠢᠬᠤ ᠪᠠ ᠵᠠᠭᠠᠯᠳᠤᠬᠤ᠄ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ | ᠨᠡᠶᠢᠴᠡᠬᠦ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397437᠂ | ᠵᠠᠬᠢᠳᠠᠯ ᠨᠡᠪᠲᠡᠷᠡᠯᠴᠡᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠦ ᠶᠢᠨ ᠵᠦᠪᠯᠡᠯ ᠤᠨ ᠪᠡᠶ᠎ᠡ ᠶᠢᠨ ᠲᠠᠮᠢᠷ ᠤᠨ | ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠲᠠᠰᠤᠭ᠂ ᠰᠢᠦᠳᠠᠨ ᠳ᠋ᠤᠭᠠᠷ᠄ 010030᠃ | ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ᠤ ᠠᠵᠢᠯᠯᠠᠬᠤ ᠴᠠᠭ᠂ | ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ | ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ | ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠤᠨ᠎ᠠ᠃ |