ᠲᠣᠬᠢᠷᠠᠬᠤ ᠬᠡᠪᠴᠢᠶ᠎ᠡ᠄ ᠣᠯᠠᠨ ᠨᠡᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠦᠷ ᠴᠠᠭ ᠡᠵᠡᠯᠡᠨ | ᠬᠡᠷᠡᠭᠯᠡᠬᠦ᠂ ᠨᠤᠷᠠᠭᠠᠬᠤ᠂ ᠨᠡᠭᠦᠯᠭᠡᠬᠦ᠂ ᠥᠭᠡᠷᠡᠴᠢᠯᠡᠨ ᠪᠠᠶᠢᠭᠤᠯᠬᠤ ᠪᠤᠶᠤ ᠣᠯᠠᠨ ᠨᠡᠶᠢᠲᠡ ᠶᠢᠨ ᠪᠡᠶ᠎ᠡ ᠲᠠᠮᠢᠷ ᠤᠨ | ᠲᠠᠯᠠᠪᠠᠢ ᠣᠷᠳᠣᠨ ᠤ ᠲᠦᠭᠦᠭᠡᠷᠣᠮᠵᠢ ᠶᠢᠨ ᠴᠢᠳᠠᠮᠵᠢ ᠬᠡᠷᠡᠭᠯᠡᠯᠲᠡ ᠶᠢ ᠬᠤᠪᠢᠷᠠᠭᠤᠯᠬᠤ ᠶᠢᠨ ᠵᠥᠪᠰᠢᠶᠡᠷᠡᠯ ᠨᠢ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠲᠠ᠂ ᠬᠤᠰᠢᠭᠤ ᠰᠢᠶᠠᠨ ︵ᠲᠣᠭᠤᠷᠢᠭ︶ ᠱᠠᠲᠦ ᠬᠤᠪᠢᠶᠠᠨ | ᠵᠦᠪᠰᠢᠶᠡᠷᠡᠬᠦ ᠣᠴᠢᠷ ᠶᠠᠪᠣᠳᠠᠯ ᠮᠦᠨ᠃ | ᠲᠤᠰ ᠵᠦᠭᠯᠡᠭᠦᠷ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠠᠮᠢᠶᠠᠷᠤᠯᠲᠠ ᠶᠢᠨ ᠡᠷᠬᠡ | ᠮᠡᠳᠡᠯ ᠤᠨ ᠬᠡᠪᠴᠢᠶ᠎ᠡ ᠳᠣᠲᠣᠷᠠᠬᠢ ᠣᠯᠠᠨ ᠨᠡᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠦᠷ ᠴᠠᠭ | ᠡᠵᠡᠯᠡᠨ ᠬᠡᠷᠡᠭᠯᠡᠬᠦ᠂ ᠨᠤᠷᠠᠭᠠᠬᠤ᠂ ᠨᠡᠭᠦᠯᠭᠡᠬᠦ᠂ ᠥᠭᠡᠷᠡᠴᠢᠯᠡᠨ ᠪᠠᠶᠢᠭᠤᠯᠬᠤ ᠪᠤᠶᠤ ᠣᠯᠠᠨ ᠨᠡᠶᠢᠲᠡ ᠶᠢᠨ ᠪᠡᠶ᠎ᠡ | ᠲᠠᠮᠢᠷ ᠤᠨ ᠲᠠᠯᠠᠪᠠᠢ ᠣᠷᠳᠣᠨ ᠤ ᠲᠦᠭᠦᠭᠡᠷᠣᠮᠵᠢ ᠶᠢᠨ ᠴᠢᠳᠠᠮᠵᠢ ᠬᠡᠷᠡᠭᠯᠡᠯᠲᠡ ᠶᠢ ᠬᠤᠪᠢᠷᠠᠭᠤᠯᠬᠤ ᠶᠢᠨ | ᠵᠥᠪᠰᠢᠶᠡᠷᠡᠯ ᠢ ᠭᠤᠶᠣᠴᠢᠯᠠᠬᠤ ᠪᠠ ᠭᠦᠢᠴᠡᠳᠬᠡᠬᠦ ᠳᠤ ᠲᠣᠬᠢᠷᠠᠨ᠎ᠠ᠃ | ᠵᠥᠪᠰᠢᠶᠡᠷᠡᠯ ᠤᠨ ᠲᠥᠷᠥᠯ ᠵᠦᠢᠯ ᠤᠨ ᠨᠡᠷᠡᠶᠢᠳᠦᠯ᠄ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢ ᠲᠦᠷ ᠴᠠᠭ ᠡᠵᠡᠯᠡᠨ ᠬᠡᠷᠡᠭᠯᠡᠬᠦ᠂ ᠨᠤᠷᠠᠭᠠᠬᠤ᠂ ᠨᠡᠭᠦᠯᠭᠡᠬᠦ᠂ ᠥᠭᠡᠷᠡᠴᠢᠯᠡᠨ ᠪᠠᠶᠢᠭᠤᠯᠬᠤ ᠪᠤᠶᠤ | ᠲᠡᠭᠦᠨ ᠤ ᠴᠢᠳᠠᠮᠵᠢ ᠬᠡᠷᠡᠭᠯᠡᠯᠲᠡ ᠶᠢ ᠬᠤᠪᠢᠷᠠᠭᠤᠯᠬᠤ ᠶᠢᠨ ᠵᠥᠪᠰᠢᠶᠡᠷᠡᠯ | ᠵᠥᠪᠰᠢᠶᠡᠷᠡᠯ ᠤᠨ ᠦᠨᠳᠦᠰᠦ ᠪᠠᠷᠢᠮᠲᠠ᠄ ︽ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢᠨ ᠲᠣᠭᠲᠠᠭᠠᠯ︾ ᠤᠨ ᠬᠤᠷᠢᠨ ᠳᠣᠯᠣᠳᠤᠭᠠᠷ ᠵᠣᠷᠪᠣᠰ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠦᠷᠢᠮ︾ ᠤᠨ ᠠᠷᠪᠠᠨ | ᠵᠢᠷᠭᠤᠳᠤᠭᠠᠷ ᠵᠣᠷᠪᠣᠰ᠂ ᠠᠷᠪᠠ ᠶᠢᠰᠦᠳᠦᠭᠡᠷ ᠵᠣᠷᠪᠣᠰ | ᠭᠤᠶᠣᠴᠢᠯᠠᠯ ᠤᠨ ᠬᠦᠰᠦᠨᠦᠭᠲᠦ ᠶᠢᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ︽ᠣᠯᠠᠨ ᠨᠡᠢᠲᠡ ᠶᠢᠨ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠦᠷ ᠴᠠᠭ ᠡᠵᠡᠯᠡᠨ ᠬᠡᠷᠡᠭᠯᠡᠬᠦ᠂ ᠨᠤᠷᠠᠭᠠᠬᠤ᠂ ᠨᠡᠭᠦᠯᠭᠡᠬᠦ᠂ ᠥᠭᠡᠷᠡᠴᠢᠯᠡᠨ | ᠪᠠᠶᠢᠭᠤᠯᠬᠤ ᠭᠤᠶᠤᠴᠢᠯᠠᠯ ᠤᠨ ᠬᠦᠰᠦᠨᠦᠭᠲᠦ︾᠂ ︽ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠦᠬᠦᠭᠡᠷᠣᠮᠵᠢ ᠶᠢᠨ ᠴᠢᠳᠠᠮᠵᠢ ᠬᠡᠷᠡᠭᠯᠡᠯᠲᠡ ᠶᠢ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾ ᠶᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠤ ᠠᠬᠤᠶ ᠶᠢᠨ | ᠭᠠᠵᠠᠷ ᠠᠴᠠ ᠣᠴᠢᠵᠦ ᠠᠪᠬᠤ ᠪᠤᠶᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠠᠯᠪᠠᠨ ᠰᠦᠯᠵᠢᠶ᠎ᠡ ᠠᠴᠠ ᠪᠠᠭᠤᠯᠭᠠᠨ ᠠᠪᠴᠤ ᠪᠣᠯᠤᠨ᠎ᠠ᠃ | ᠵᠥᠪᠰᠢᠶᠡᠷᠡᠯ ᠤᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6396127 | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠵᠤ | ᠠᠬᠤᠶ ᠶᠢᠨ ᠭᠠᠵᠠᠷ | ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ︵ᠬᠠᠣᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ | 14᠄ 00 ︱ 17᠄ 30 | ᠵᠦᠪᠰᠢᠶᠡᠷᠡᠬᠦ ᠴᠠᠭ ᠤᠨ ᠬᠢᠵᠠᠭᠠᠷ᠄ ᠬᠠᠤᠯᠢ ᠪᠠᠷ ᠲᠣᠭᠲᠠᠭᠠᠭᠰᠠᠨ ᠬᠤᠭᠤᠴᠠᠭ᠎ᠠ ᠨᠢ 20 ᠠᠵᠢᠯ ᠤᠨ ᠡᠳᠦᠷ | ᠭᠦᠢᠴᠡᠳᠭᠡᠬᠦ ᠶᠠᠪᠣᠴᠠ | ᠨᠢᠭᠡ᠂ ᠬᠦᠯᠢᠶᠡᠨ ᠠᠪᠬᠤ | ︵ᠨᠢᠭᠡ︶ ᠬᠦᠯᠢᠶᠡᠨ ᠠᠪᠬᠤ ᠨᠦᠭᠦᠴᠡᠯ᠄ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠠᠴᠠ ᠪᠣᠯᠵᠦ ᠣᠯᠠᠨ ᠨᠡᠶᠢᠲᠡ ᠶᠢᠨ ᠰᠣᠶᠣᠯ ᠪᠡᠶ᠎ᠡ | ᠲᠠᠮᠢᠷ ᠤᠨ ᠲᠦᠭᠦᠭᠡᠷᠣᠮᠵᠢ ᠶᠢ ᠨᠤᠷᠠᠭᠠᠬᠤ ᠪᠤᠶᠤ ᠴᠢᠳᠠᠮᠵᠢ ᠬᠡᠷᠡᠭᠴᠡᠭᠡ ᠶᠢ ᠨᠢ ᠬᠤᠪᠢᠷᠠᠭᠤᠯᠬᠤ ᠴᠢᠬᠤᠯᠠᠲᠠᠢ | ᠪᠣᠯᠣᠬᠰᠡᠨ ᠪᠣᠯ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢ | ᠭᠠᠷᠭᠠᠬᠤ ᠠᠴᠠ ᠡᠮᠦᠨ᠎ᠡ ᠡᠷᠬᠡᠪᠰᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠦ ᠨᠤᠲᠠᠯᠠᠭᠤᠯᠬᠤ ᠬᠡᠷᠡᠭᠲᠡᠶ᠃ | ᠵᠦᠪᠰᠢᠶᠡᠷᠡᠭᠦᠯᠦᠭᠰᠡᠨ ᠤ ᠳᠠᠷᠠᠭ᠎ᠠ᠂ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ | ᠨᠣᠷᠠᠭᠠᠬᠤ ᠪᠣᠶᠣ ᠴᠢᠳᠠᠮᠵᠢ ᠬᠡᠷᠡᠭᠴᠡᠭᠡ ᠶᠢ ᠨᠢ ᠬᠤᠪᠢᠷᠠᠭᠤᠯᠬᠤ ᠳᠤ ᠤᠯᠤᠰ ᠤᠨ ᠬᠤᠯᠪᠣᠭᠳᠠᠯ ᠪᠦᠭᠦᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠭᠠᠵᠠᠷ ᠰᠣᠩᠭᠤᠨ ᠲᠠᠬᠢᠨ | ᠪᠠᠶᠢᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠲᠥᠬᠦᠭᠡᠷᠦᠮᠵᠢ ᠨᠢ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠡᠩ ᠤᠨ ᠪᠠᠶᠢᠳᠠᠯ | ᠳᠣᠣᠷ᠎ᠠ ᠤᠭ ᠤᠨ ᠬᠡᠪᠴᠢᠶ᠎ᠡ ᠠᠴᠠ ᠪᠠᠭ᠎ᠠ ᠪᠠᠶᠢᠯᠭᠠᠵᠤ ᠪᠣᠯᠬᠤ ᠦᠬᠡᠢ᠃ ᠨᠡᠭᠦᠯᠭᠡᠵᠦ ᠪᠠᠶᠢᠭᠤᠯᠬᠤ ᠠᠵᠢᠯ ᠨᠢ | ᠤᠷᠢᠳᠠᠪᠠᠷ ᠪᠦᠳᠦᠬᠡᠨ ᠪᠠᠶᠢᠭᠤᠯᠤᠭᠠᠳ ᠲᠠᠷᠠᠭ᠎ᠠ ᠨᠢ ᠨᠤᠷᠠᠭᠠᠬᠤ ᠪᠤᠶᠤ ᠪᠦᠳᠦᠬᠡᠨ ᠪᠠᠶᠢᠭᠤᠯᠬᠤ ᠪᠠ ᠨᠤᠷᠠᠭᠠᠬᠤ ᠶᠢ | ᠬᠠᠮᠲᠤ ᠳᠤᠨᠢ ᠶᠠᠪᠤᠭᠳᠠᠭᠤᠯᠬᠤ ᠵᠠᠷᠴᠢᠮ ᠢ ᠪᠠᠷᠢᠮᠲᠠᠯᠠᠨ᠎ᠠ᠃ ᠨᠡᠭᠦᠯᠭᠡᠨ ᠪᠠᠶᠢᠭᠤᠯᠬᠤ ᠳᠤ ᠬᠡᠷᠡᠭᠰᠡᠬᠦ ᠵᠠᠷᠤᠳᠠᠯ ᠢ | ᠨᠡᠭᠦᠯᠭᠡᠨ ᠪᠠᠶᠢᠭᠤᠯᠬᠤ ᠨᠢᠭᠡᠴᠢ ᠠᠴᠠ ᠡᠭᠦᠷᠭᠡᠯᠡᠨ᠎ᠡ᠃ | ︵ᠬᠤᠶᠠᠷ︶ ᠭᠤᠶᠤᠴᠢᠯᠠᠭᠴᠢ ᠶᠢᠨ ᠲᠤᠰᠢᠶᠠᠬᠤ ᠴᠢᠬᠤᠯᠠ ᠲᠠᠢ ᠮᠠᠲ᠋ᠧᠷᠢᠶᠠᠯ ᠤᠳ᠄ | 1᠂ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠦᠷ ᠴᠠᠭ ᠡᠵᠡᠯᠡᠨ ᠬᠡᠷᠡᠭᠯᠡᠬᠦ᠂ | ᠨᠤᠷᠠᠭᠠᠬᠤ᠂ ᠨᠡᠭᠦᠯᠭᠡᠬᠦ᠂ ᠥᠭᠡᠷᠡᠴᠢᠯᠡᠨ ᠪᠠᠶᠢᠭᠤᠯᠬᠤ ᠭᠤᠶᠤᠴᠢᠯᠠᠯ ᠤᠨ ᠬᠦᠰᠦᠨᠦᠭᠲᠦ︾᠂ ︽ᠤᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠦᠬᠦᠭᠡᠷᠣᠮᠵᠢ ᠶᠢᠨ ᠴᠢᠳᠠᠮᠵᠢ ᠬᠡᠷᠡᠭᠴᠡᠭᠡ ᠶᠢ ᠬᠤᠪᠢᠷᠠᠭᠤᠯᠬᠤ ᠭᠤᠶᠤᠴᠢᠯᠠᠯ ᠤᠨ | ᠬᠦᠰᠦᠨᠦᠭᠲᠦ︾︔ | 2᠂ ᠣᠯᠠᠨ ᠨᠡᠶᠢᠲᠡ ᠶᠢᠨ ᠪᠡᠶ᠎ᠡ ᠲᠠᠮᠢᠷ ᠤᠨ ᠲᠠᠯᠠᠪᠠᠢ ᠣᠷᠳᠣᠨ ᠤ ᠲᠦᠭᠦᠭᠡᠷᠣᠮᠵᠢ ᠶᠢ ᠲᠦᠷ ᠴᠠᠭ ᠡᠵᠡᠯᠡᠨ | ᠬᠡᠷᠡᠭᠯᠡᠬᠦ᠂ ᠨᠤᠷᠠᠭᠠᠬᠤ᠂ ᠨᠡᠭᠦᠯᠭᠡᠬᠦ᠂ ᠥᠭᠡᠷᠡᠴᠢᠯᠡᠨ ᠪᠠᠶᠢᠭᠤᠯᠬᠤ ᠪᠤᠶᠤ ᠴᠢᠳᠠᠮᠵᠢ ᠬᠡᠷᠡᠭᠯᠡᠯᠲᠡ ᠶᠢ ᠬᠤᠪᠢᠷᠠᠭᠤᠯᠬᠤ | ᠦᠨᠳᠦᠰᠦᠨ ᠪᠠᠶᠢᠳᠠᠯ ᠤᠨ ᠲᠤᠬᠠᠶ ᠮᠠᠲ᠋ᠧᠷᠢᠶᠠᠯ︔ ᠨᠤᠷᠠᠭᠠᠵᠤ᠂ ᠨᠡᠬᠦᠯᠬᠡᠭᠰᠡᠨ ᠤ ᠲᠠᠷᠠᠭ᠎ᠠ ᠰᠢᠨ᠎ᠡ ᠪᠠᠷ | ᠪᠠᠶᠢᠭᠤᠯᠤᠭᠰᠠᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠲᠦᠬᠦᠭᠡᠷᠣᠮᠵᠢ ᠶᠢᠨ | ᠪᠠᠶᠢᠳᠠᠯ ᠤᠨ ᠲᠤᠬᠠᠶ ᠮᠠᠲ᠋ᠧᠷᠢᠶᠠᠯ ᠃ ᠡᠭᠦᠨ ᠳᠤ ᠭᠤᠣᠯᠳᠠᠭᠤ᠄ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢᠨ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠢᠳᠪᠦᠷᠢ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠶᠢᠭᠤᠯᠬᠤ ᠵᠦᠢᠯᠡᠰ᠂ ᠭᠠᠵᠠᠷ ᠲᠠᠷᠢᠶᠠᠨ ᠤ ᠲᠥᠯᠥᠪᠵᠢᠭᠦᠯᠭᠡ | ᠂ ᠪᠠᠶᠢᠭᠤᠯᠤᠯᠲᠠ ᠶᠢᠨ ᠲᠥᠯᠥᠪᠵᠢᠭᠦᠯᠭᠡ ︵ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠪᠠᠭᠲᠠᠨ᠎ᠠ︶᠂ ᠪᠡᠯᠡ | ᠮᠥᠩᠭᠦ ᠶᠢᠨ ᠲᠥᠰᠦᠪ ︵ᠨᠡᠭᠦᠯᠭᠡᠨ ᠪᠠᠶᠢᠭᠤᠯᠬᠤ ᠪᠡᠯᠡ ᠮᠥᠩᠭᠦ ᠪᠠᠭᠲᠠᠨ᠎ᠠ︶ ᠵᠡᠷᠭᠡ︔ ᠤᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠳᠦᠬᠦᠭᠡᠷᠣᠮᠵᠢ ᠶᠢ ᠣᠷᠣᠯᠠᠭᠤᠯᠬᠤ ᠪᠠᠶᠢᠳᠠᠯ ᠤᠨ ᠮᠠᠲ᠋ᠧᠷᠢᠶᠠᠯ ᠪᠠᠭᠲᠠᠨ᠎ᠠ | ᠃ | ︵ᠭᠤᠷᠪᠠ︶ ᠬᠦᠯᠢᠶᠡᠨ ᠠᠪᠬᠤ ᠪᠠᠷᠢᠮᠵᠢᠶ᠎ᠠ᠄ ᠡᠷᠭᠢᠯᠡᠬᠦ ᠪᠠᠷ ᠭᠤᠶᠤᠴᠢᠯᠠᠬᠤ ᠬᠥᠮᠦᠨ ᠤ ᠬᠠᠩᠭᠠᠭᠰᠠᠨ | ᠮᠠᠲ᠋ᠧᠷᠢᠶᠠᠯ ᠨᠢ ᠦᠨᠡᠨ ᠪᠣᠳᠠᠲᠠᠶ᠂ ᠪᠦᠷᠢᠨ ᠲᠡᠭᠦᠯᠳᠡᠷ᠂ ᠳᠦᠷᠢᠮᠵᠢᠯ ᠲᠠᠢ᠂ ᠦᠢᠯᠡᠳᠦᠯ ᠲᠠᠢ ᠪᠠᠶᠢᠬᠤ ᠬᠡᠷᠡᠭᠲᠡᠢ᠃ | ᠰᠠᠨᠠᠭᠤᠯᠤᠮᠵᠢ᠄ ᠭᠤᠶᠤᠴᠢᠯᠠᠭᠴᠢ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ | ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠡᠰᠡ ᠲᠡᠭᠡᠪᠡᠯ | ᠬᠠᠷᠠᠭᠠᠯᠵᠠᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃ | ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠪᠡᠶ᠎ᠡ ᠶᠢᠨ ᠲᠠᠮᠢᠷ ᠤᠨ ᠠᠵᠤ ᠠᠬᠤᠶ ᠶᠢᠨ ᠭᠠᠵᠠᠷ ᠤᠨ | ᠠᠵᠢᠯᠲᠠᠨ | ᠠᠵᠢᠯ ᠤᠨ ᠪᠠᠶᠢᠷᠢ ᠶᠢᠨ ᠡᠭᠦᠷᠭᠡ ᠲᠤᠰᠢᠶᠠᠯ ᠪᠠ ᠡᠷᠬᠡ ᠶᠢᠨ ᠬᠡᠪᠴᠢᠶ᠎ᠡ᠄ ᠭᠤᠶᠤᠴᠢᠯᠠᠭᠰᠠᠨ ᠮᠠᠲ᠋ᠧᠷᠢᠶᠠᠯ ᠨᠢ | ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠬᠰᠡᠨ ᠪᠠᠶᠢᠪᠠᠯ ᠶᠠᠪᠣᠴᠠ ᠶᠢᠨ ᠶᠣᠰᠣᠭᠠᠷ ᠴᠠᠭ ᠲᠤᠬᠠᠶ ᠳᠤᠨᠢ ᠬᠦᠯᠢᠶᠡᠨ | ᠠᠪᠣᠨ᠎ᠠ᠃ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ | ᠬᠦᠯᠢᠶᠡᠨ ᠠᠪᠬᠤ ᠦᠭᠡᠢ ᠪᠠᠶᠢᠵᠦ᠂ ᠨᠢᠭᠡ ᠯᠠ ᠤᠳᠠᠭ᠎ᠠ ᠳᠤ ᠮᠡᠳᠡᠭᠳᠡᠬᠦ ᠡᠭᠦᠷᠭᠡ ᠶᠢ ᠭᠦᠢᠴᠡᠳᠭᠡᠨ᠂ | ᠭᠤᠶᠣᠴᠢᠯᠠᠬᠰᠡᠨ ᠮᠠᠲ᠋ᠧᠷᠢᠶᠠᠯ ᠢ ᠭᠤᠶᠣᠴᠢᠯᠠᠭᠴᠢ ᠳᠤ ᠪᠤᠴᠠᠭᠠᠨ ᠥᠭᠭᠦᠨ᠎ᠡ᠃ | ᠬᠤᠶᠠᠷ᠂ ᠰᠢᠭᠦᠨ ᠲᠣᠭᠲᠠᠭᠠᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠤᠯᠢ ᠳᠤ | ᠲᠣᠭᠲᠠᠭᠠᠭᠰᠠᠨ ᠵᠦᠪᠰᠢᠶᠠᠷᠡᠯ ᠤᠨ ᠪᠠᠷᠢᠮᠵᠢᠶ᠎ᠠ ᠶᠣᠰᠣᠭᠠᠷ ᠭᠤᠶᠤᠴᠢᠯᠠᠬᠤ ᠮᠠᠲ᠋ᠧᠷᠢᠶᠠᠯ ᠵᠢᠴᠢ ᠰᠢᠭᠦᠨ | ᠬᠠᠷᠭᠤᠭᠤᠯᠬᠤ ᠰᠠᠨᠠᠯ ᠳᠤ ᠰᠢᠭᠦᠨ ᠳᠣᠬᠳᠠᠭᠠᠯᠲᠠ ᠬᠢᠨ᠎ᠡ᠃ | ᠭᠤᠷᠪᠠ᠂ ᠮᠡᠳᠡᠭᠳᠡᠬᠦ | ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠤᠨ | ᠠᠵᠤ ᠠᠬᠤᠶ ᠶᠢᠨ ᠭᠠᠵᠠᠷ ᠤᠨ ᠠᠵᠢᠯᠲᠠᠨ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠠᠵᠢᠯ ᠤᠨ ᠪᠠᠷᠢᠮᠵᠢᠶ᠎ᠠ ᠶᠣᠰᠣᠭᠠᠷ | ᠮᠡᠳᠡᠭᠳᠡᠬᠦ ᠬᠡᠷᠡᠭᠲᠡᠶ᠂ ᠠᠯᠪᠠᠨ ᠰᠦᠯᠵᠢᠶ᠎ᠡ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ︔ ᠰᠢᠭᠦᠨ ᠳᠣᠬᠳᠠᠭᠠᠯᠲᠠ ᠨᠢ | ᠵᠦᠪᠰᠢᠶᠡᠷᠡᠭᠳᠡᠭᠰᠡᠨ ᠪᠠᠶᠢᠪᠠᠯ᠂ ᠭᠤᠶᠣᠴᠢᠯᠠᠬᠴᠢ ᠳᠤ ᠵᠦᠪᠰᠢᠶᠡᠷᠡᠨ ᠬᠠᠷᠢᠭᠤᠯᠬᠤ ᠪᠢᠴᠢᠭ ᠮᠠᠲ᠋ᠧᠷᠢᠶᠠᠯ ᠲᠣᠰᠴᠦ | ᠠᠪᠬᠤ ᠶᠢ ᠮᠡᠳᠡᠭᠳᠡᠨ᠎ᠡ᠃ ᠵᠦᠪᠰᠢᠶᠡᠷᠡᠬᠦ ᠦᠭᠡᠢ ᠪᠠᠶᠢᠪᠠᠯ᠂ ︽ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ︾ ᠢ | ᠭᠤᠶᠤᠴᠢᠯᠠᠭᠴᠢ ᠳᠤ ᠭᠦᠷᠭᠡᠨ᠎ᠡ᠃ | ᠬᠢᠨᠠᠯᠲᠠ ᠲᠠᠯᠪᠢᠬᠤ ᠪᠠ ᠵᠠᠭᠠᠯᠳᠤᠬᠤ᠄ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ | ᠨᠡᠶᠢᠴᠡᠬᠦ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397437᠂ | ᠵᠠᠬᠢᠳᠠᠯ ᠨᠡᠪᠲᠡᠷᠡᠯᠴᠡᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠦ ᠶᠢᠨ ᠵᠦᠪᠯᠡᠯ ᠤᠨ ᠪᠡᠶ᠎ᠡ ᠶᠢᠨ ᠲᠠᠮᠢᠷ ᠤᠨ | ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠲᠠᠰᠤᠭ᠂ ᠰᠢᠦᠳᠠᠨ ᠳ᠋ᠤᠭᠠᠷ᠄ 010030᠃ | ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ᠤ ᠠᠵᠢᠯᠯᠠᠬᠤ ᠴᠠᠭ᠂ | ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ | ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ | ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠤᠨ᠎ᠠ᠃ |