ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠭᠤᠯᠤᠭᠰᠠᠨ ᠢᠶᠠᠨ ᠬᠦᠴᠦᠨ ᠤᠢᠭᠡᠢ ᠪᠣᠯᠭᠠᠬᠤ ᠶᠠᠪᠤᠳᠠᠯ ᠤᠨ ᠵᠦᠪᠰᠢᠶᠡᠷᠡᠯ ᠢ ᠭᠦᠢᠴᠡᠳᠭᠡᠬᠦ ᠵᠦᠭᠯᠡᠭᠦᠷ
ᠨᠡᠶᠢᠲᠡᠯᠡᠭᠰᠡᠨ ᠴᠠᠭ᠄
2019/1/7
    ᠲᠣᠬᠢᠷᠠᠬᠤ ᠬᠦᠷᠢᠶ᠎ᠡ ᠬᠡᠪᠴᠢᠶ᠎ᠡ᠄ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠭᠤᠯᠤᠭᠰᠠᠨ ᠢᠶᠠᠨ ᠬᠦᠴᠦᠨ ᠤᠢᠭᠡᠢ ᠪᠣᠯᠭᠠᠬᠤ ᠶᠠᠪᠤᠳᠠᠯ ᠤᠨ ᠵᠦᠪᠰᠢᠶᠡᠷᠡᠯ ᠨᠢ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠤᠨ ᠳᠡᠰ ᠬᠤᠪᠢᠶᠠᠬᠤ ᠵᠦᠪᠰᠢᠶᠠᠷᠡᠯ ᠤᠨ ᠶᠠᠪᠣᠳᠠᠯ ᠮᠦᠨ᠃     ᠳᠣᠰᠠ ᠵᠦᠭᠯᠡᠭᠦᠷ ᠢ ᠦᠪᠡᠷᠳᠡᠭᠡᠨ ᠵᠠᠰᠠᠬᠤ ᠣᠷᠣᠨ ᠤ ᠳᠡᠰ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠭᠤᠯᠤᠭᠰᠠᠨ ᠢᠶᠠᠨ ᠬᠦᠴᠦᠨ ᠤᠢᠭᠡᠢ ᠪᠣᠯᠭᠠᠬᠤ ᠶᠠᠪᠤᠳᠠᠯ ᠤᠨ ᠵᠦᠪᠰᠢᠶᠡᠷᠡᠯ ᠢ ᠭᠤᠶᠣᠴᠢᠯᠠᠬᠤ ᠪᠠ ᠭᠦᠢᠴᠡᠳᠭᠡᠬᠦ ᠳᠤ ᠳᠣᠬᠢᠷᠠᠨ᠎ᠠ᠃     ᠵᠥᠪᠰᠢᠶᠡᠷᠡᠯ ᠤᠨ ᠲᠥᠷᠥᠯ ᠵᠦᠢᠯ ᠤᠨ ᠨᠡᠷᠡᠶᠢᠳᠦᠯ᠄ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ  ᠨᠢᠭᠡᠴᠡ ᠶᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠭᠤᠯᠤᠭᠰᠠᠨ ᠢᠶᠠᠨ ᠬᠦᠴᠦᠨ ᠤᠢᠭᠡᠢ ᠪᠣᠯᠭᠠᠬᠤ ᠶᠠᠪᠤᠳᠠᠯ ᠤᠨ ᠵᠦᠪᠰᠢᠶᠡᠷᠡᠯ ᠵᠥᠪᠰᠢᠶᠡᠷᠡᠯ ᠤᠨ ᠦᠨᠳᠦᠰᠦ ᠪᠠᠷᠢᠮᠲᠠ᠄ ︽ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠨ ᠬᠠᠮᠢᠶᠠᠷᠣᠯᠲᠠ ᠶᠢᠨ ᠲᠦᠷ ᠬᠡᠷᠡᠭᠵᠢᠭᠦᠯᠬᠦ ᠲᠦᠷᠢᠮ︾ ᠤᠨ ᠭᠤᠷᠪᠠᠳᠤᠭᠠᠷ ᠵᠣᠷᠪᠣᠰ᠂ ᠠᠷᠪᠠᠨ ᠲᠠᠪᠤᠳᠤᠭᠠᠷ ᠵᠣᠷᠪᠣᠰ᠂ ᠬᠤᠷᠢᠳᠤᠭᠠᠷ ᠵᠣᠷᠪᠣᠰ     ᠭᠤᠶᠣᠴᠢᠯᠠᠯ ᠤᠨ ᠬᠦᠰᠦᠨᠦᠭᠲᠦ  ᠶᠢᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ︽ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠭᠤᠯᠤᠭᠰᠠᠨ ᠢᠶᠠᠨ ᠬᠦᠴᠦᠨ ᠤᠢᠭᠡᠢ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠵᠥᠪᠯᠡᠯ ᠤᠨ ᠨᠠᠷᠢᠨ ᠪᠢᠴᠢᠭ ᠤᠨ ᠭᠠᠵᠠᠷ ᠠᠴᠠ ᠠᠪᠬᠤ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠰᠦᠯᠵᠢᠶ᠎ᠡ ᠠᠴᠠ ᠪᠠᠭᠤᠯᠭᠠᠨ ᠠᠪᠴᠤ ᠪᠣᠯᠤᠨ᠎ᠠ᠃     ᠵᠥᠪᠰᠢᠶᠡᠷᠡᠯ ᠤᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ  ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6396067     ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ ᠨᠠᠷᠢᠨ ᠪᠢᠴᠢᠭ ᠤᠨ ᠭᠠᠵᠠᠷ     ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 ︱ 17᠄ 30︶      ᠵᠦᠪᠰᠢᠶᠠᠷᠡᠯ ᠤᠨ ᠬᠤᠭᠤᠴᠠᠭ᠎ᠠ ᠬᠢᠵᠠᠭᠠᠷ᠄ ᠬᠠᠤᠯᠢ ᠪᠠᠷ ᠲᠣᠭᠲᠠᠭᠠᠭᠰᠠᠨ ᠬᠤᠭᠤᠴᠠᠭ᠎ᠠ ᠨᠢ 20 ᠠᠵᠢᠯ ᠤᠨ ᠡᠳᠦᠷ     ᠭᠦᠢᠴᠡᠳᠭᠡᠬᠦ ᠶᠠᠪᠣᠴᠠ     ᠨᠢᠭᠡ᠂ ᠬᠦᠯᠢᠶᠡᠨ ᠠᠪᠬᠤ     ︵ᠨᠢᠭᠡ︶ ᠬᠦᠯᠢᠶᠡᠨ ᠠᠪᠬᠤ ᠨᠦᠭᠦᠴᠡᠯ ᠵᠢᠴᠢ ᠬᠡᠷᠡᠭᠰᠡᠬᠦ ᠪᠢᠴᠢᠭ ᠮᠠᠲ᠋ᠧᠷᠢᠶᠠᠯ᠄     1᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠭᠤᠶᠣᠴᠢᠯᠠᠨ ᠪᠠᠶᠢᠭᠤᠯᠬᠤ ᠳᠤ ᠪᠦᠷᠢᠯᠳᠦᠭᠦᠯᠬᠦ ᠵᠣᠬᠢᠰᠲᠠᠢ ᠨᠦᠭᠦᠴᠡᠯ     ᠠᠵᠤ ᠠᠬᠤᠶᠢᠯᠠᠯ ᠤᠨ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠪᠤᠰᠤᠳ ᠨᠡᠶᠢᠭᠡᠮ ᠤᠨ ᠬᠦᠴᠦᠨ ᠵᠢᠴᠢ ᠠᠷᠠᠳ ᠢᠷᠭᠡᠨ ᠬᠤᠪᠢ ᠬᠥᠮᠦᠨ ᠴᠥᠮ ᠪᠥᠬᠦ ᠣᠷᠣᠨ ᠤ ᠴᠢᠨᠠᠷᠲᠠᠶ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠭᠤᠶᠣᠴᠢᠯᠠᠨ ᠪᠠᠶᠢᠭᠤᠯᠵᠦ ᠪᠣᠯᠣᠨ᠎ᠠ᠂ ᠪᠣᠳᠠᠲᠠᠶ ᠨᠥᠬᠦᠴᠡᠯ ᠳᠤ ᠳᠣᠣᠷᠠᠬᠢ ᠵᠦᠢᠯ ᠢ ᠪᠠᠭᠳᠠᠭᠠᠨ᠎ᠠ᠄     ︵1︶ ᠲᠤᠬᠠᠶᠢᠯᠠᠭᠰᠠᠨ ᠠᠵᠢᠯ ᠪᠣᠯᠤᠨ ᠠᠵᠢᠯᠯᠠᠭ᠎ᠠ ᠶᠢᠨ ᠬᠡᠪᠴᠢᠶ᠎ᠡ ᠨᠢ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠮᠦᠷᠲᠡᠭᠡᠨ ᠤᠯᠤᠰ ᠤᠨ ᠲᠣᠭᠲᠠᠭᠠᠭᠰᠠᠨ ᠠᠵᠢᠯ ᠲᠦᠷᠦᠯ ᠤᠨ ᠪᠠᠷᠢᠮᠵᠢᠶ᠎ᠠ ᠶᠢ ᠵᠢᠷᠦᠮᠯᠡᠨ᠎ᠡ︔     ︵2︶  ᠪᠦᠬᠦ ᠣᠷᠣᠨ ᠤ ᠬᠡᠪᠴᠢᠶᠡᠨ ᠳᠤ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠴᠢᠬᠤᠯᠠ ᠪᠦᠬᠦᠢ ᠴᠢᠳᠠᠪᠤᠷᠢ ᠪᠠᠶᠢᠬᠤ︔ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠ ᠠᠵᠢᠯ ᠤᠨ ᠬᠡᠮᠵᠢᠶ᠎ᠡ ᠲᠠᠢ ᠬᠠᠷᠠᠭᠠᠯᠵᠠᠭᠰᠠᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ ᠪᠠᠶᠢᠬᠤ᠂ ᠵᠠᠩᠭᠢᠯᠠᠭ᠎ᠠ ᠶᠢᠨ  ᠲᠤᠬᠠᠶᠢᠯᠠᠭᠰᠠᠨ ᠠᠵᠢᠯ ᠤᠨ ᠪᠠᠶᠢᠷᠢ ᠶᠢᠨ ᠭᠤᠣᠯ ᠬᠠᠷᠢᠭᠤᠴᠠᠯᠭᠠᠲᠠᠨ ᠤ ᠠᠵᠢᠯ ᠢ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯᠲᠡᠨ ᠡᠭᠦᠷᠭᠡᠯᠡᠬᠦ ᠬᠡᠷᠡᠭᠲᠡᠶ︔     ︵3︶ ᠬᠢᠵᠦ ᠪᠠᠶᠢᠭ᠎ᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠯᠦᠭᠡ ᠬᠠᠷᠢᠯᠴᠠᠨ ᠵᠣᠬᠢᠴᠠᠭᠰᠠᠨ ᠪᠡᠶ᠎ᠡ ᠶᠢᠨ ᠲᠠᠮᠢᠷ ᠤᠨ ᠲᠠᠯᠠᠪᠠᠢ ᠪᠠ ᠨᠥᠬᠦᠴᠡᠯ ᠲᠠᠢ ᠪᠠᠶᠢᠬᠤ︔     ︵4︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃     ᠲᠤᠰᠢᠶᠠᠬᠤ ᠴᠢᠬᠤᠯᠠ ᠲᠠᠢ ᠮᠠᠲ᠋ᠧᠷᠢᠶᠠᠯ ᠤᠳ᠄     ︵1︶ ᠪᠠᠶᠢᠭᠤᠯᠬᠤ ᠪᠠᠷ ᠳᠠᠩᠰᠠᠯᠠᠭᠤᠯᠬᠤ ᠭᠤᠶᠤᠴᠢᠯᠠᠯ ᠤᠨ ᠪᠢᠴᠢᠭ ︵ᠲᠤᠰ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ  ᠪᠠᠶᠢᠭᠤᠯᠤᠭᠳᠠᠭᠰᠠᠨ ᠴᠢᠬᠤᠯᠠ ᠴᠢᠨᠠᠷ᠂ ᠡᠭᠦᠨ ᠳᠤ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠲᠤᠬᠠᠶᠢᠯᠠᠭᠰᠠᠨ ᠠᠵᠢᠯ ᠤᠨ ︵ᠠᠵᠢᠯ ᠲᠥᠷᠥᠯ︶ ᠤᠨ ᠦᠨᠳᠦᠰᠦᠨ ᠪᠠᠶᠢᠳᠠᠯ ᠵᠢᠴᠢ ᠪᠠᠳᠠᠷᠠᠭᠤᠯᠵᠤ ᠴᠢᠳᠠᠬᠤ ᠦᠢᠯᠡᠳᠦᠯ︔ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠦᠨᠳᠦᠰᠦᠨ ᠪᠠᠶᠢᠳᠠᠯ᠂ ᠭᠤᠣᠯ ᠪᠣᠯᠬᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠨᠡᠭᠡᠭᠡᠨ ᠡᠷᠬᠢᠯᠡᠬᠦ ᠪᠡᠯᠡ ᠮᠥᠩᠭᠦ ᠲᠠᠢ ᠪᠠᠶᠢᠬᠤ ᠵᠢᠴᠢ ᠲᠡᠭᠦᠨ ᠤ ᠢᠷᠡᠯᠲᠡ᠂ ᠡᠷᠭᠢᠯᠡᠨ ᠪᠠᠶᠢᠭᠤᠯᠤᠭᠴᠢ ᠶᠢᠨ ᠪᠠᠶᠢᠳᠠᠯ ᠢ ᠲᠠᠨᠢᠯᠴᠠᠭᠤᠯᠬᠤ ᠵᠡᠷᠭᠡ  ᠶᠢ ᠪᠠᠭᠳᠠᠭᠠᠨ᠎ᠠ᠃ ᠭᠤᠶᠤᠴᠢᠯᠠᠯ ᠤᠨ ᠪᠢᠴᠢᠭ ᠲᠤ ᠡᠷᠭᠢᠯᠡᠨ ᠪᠠᠶᠢᠭᠤᠯᠤᠭᠴᠢ ᠠᠴᠠ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠬᠤ ᠬᠡᠷᠡᠭᠲᠡᠶ︶︔     ︵2︶ ᠲᠦᠷᠢᠮ ᠤᠨ ᠲᠥᠰᠦᠯ ︵ᠲᠦᠷᠢᠮ ᠲᠣᠭᠲᠠᠭᠠᠯ ᠶᠣᠰᠣᠭᠠᠷ ᠵᠢᠱᠢᠶ᠎ᠡ ᠦᠵᠡᠭᠦᠯᠬᠦ ᠪᠢᠴᠢᠭ ᠲᠤᠭᠤᠷᠪᠢᠨ ᠲᠣᠭᠲᠠᠭᠠᠬᠤ︶︔     ︵3︶ ᠣᠷᠣᠨ ᠰᠠᠭᠤᠴᠠ ᠪᠠ ᠪᠡᠶ᠎ᠡ ᠶᠢᠨ ᠲᠠᠮᠢᠷ ᠤᠨ ᠲᠠᠯᠠᠪᠠᠢ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ  ᠶᠢᠨ ᠭᠡᠷᠡᠴᠢ᠂ ︵ᠰᠠᠭᠤᠭ᠎ᠠ ᠭᠠᠵᠠᠷ ᠪᠠ ᠪᠡᠶ᠎ᠡ ᠶᠢᠨ ᠲᠠᠮᠢᠷ ᠤᠨ ᠲᠠᠯᠠᠪᠠᠢ  ᠶᠢ ᠳᠦᠷᠢᠶᠡᠰᠦᠯᠡᠭᠰᠡᠨ ᠪᠣᠯ᠂ ᠲᠦᠷᠢᠶᠡᠰᠦᠯᠡᠬᠦ ᠭᠡᠷ᠎ᠡ ᠶᠢᠨ ᠬᠠᠭᠤᠯᠪᠤᠷᠢ ᠵᠢᠴᠢ ᠭᠡᠷ ᠪᠠᠶᠢᠷᠢ ᠶᠢᠨ ᠭᠡᠷᠡᠴᠢᠯᠡᠭᠡ ᠶᠢᠨ ᠬᠠᠭᠤᠯᠪᠤᠷᠢ ᠶᠢ ᠳᠣᠰᠢᠶᠠᠬᠤ ᠬᠡᠷᠡᠭᠲᠡᠶ︔ ᠣᠷᠣᠨ ᠰᠠᠭᠤᠴᠠ ᠶᠢ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠦᠨ᠎ᠡ ᠲᠥᠯᠥᠪᠦᠷᠢ ᠦᠭᠡᠢ ᠪᠠᠷ ᠬᠠᠩᠭᠠᠵᠤ ᠥᠭᠭᠦᠭᠰᠡᠨ ᠪᠠᠶᠢᠪᠠᠯ᠂ ᠡᠷᠬᠡᠪᠰᠢ ᠭᠡᠷ ᠪᠠᠶᠢᠰᠢᠩ ᠤᠨ ᠦᠮᠴᠢᠯᠡᠭᠴᠢ ᠠᠴᠠ ᠭᠡᠷᠡᠴᠢ ᠪᠢᠴᠢᠭ ᠬᠢᠵᠦ ᠥᠭᠬᠦ ᠬᠡᠷᠡᠭᠲᠡᠶ ᠪᠥᠭᠡᠳ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠬᠠᠭᠤᠯᠪᠤᠷᠢ ᠶᠢ ᠳᠣᠰᠢᠶᠠᠨ᠎ᠠ︶︔     ︵4︶ ᠠᠵᠢᠯᠯᠠᠭᠰᠠᠳ ᠤᠨ ᠳᠤᠮᠳᠠ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠳᠠᠨ ᠤ ᠲᠤᠰᠬᠠᠶ ᠮᠡᠷᠭᠡᠵᠢᠯ ᠤᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ᠂ ᠰᠤᠷᠤᠯᠭ᠎ᠠ ᠶᠢᠨ ᠨᠠᠮᠲᠠᠷ ᠤᠨ ᠬᠡᠷᠡᠴᠢᠯᠡᠭᠡ᠂ ᠠᠵᠢᠯᠯᠠᠭᠰᠠᠨ ᠲᠣᠪᠴᠢ ᠨᠠᠮᠲᠠᠷ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠣᠯᠤᠭᠰᠠᠨ ᠠᠮᠵᠢᠯᠲᠠ ᠶᠢᠨ ᠭᠡᠷᠡᠴᠢᠯᠡᠭᠡ᠂ ᠬᠦᠳᠡᠯᠭᠡᠭᠡᠨ ᠤ ᠮᠡᠷᠭᠡᠵᠢᠯ ᠤᠨ ᠲᠦᠪᠰᠢᠨ ᠢ ᠢᠯᠡᠷᠡᠭᠦᠯᠬᠦ ᠪᠤᠰᠤᠳ ᠭᠡᠷᠡᠴᠢ ᠮᠠᠲ᠋ᠧᠷᠢᠶᠠᠯ ᠵᠡᠷᠭᠡ︔     ︵5︶ ᠲᠤᠬᠠᠶᠢᠯᠠᠭᠰᠠᠨ ᠠᠵᠢᠯ ᠬᠢᠬᠦ ᠶᠢᠨ ᠴᠢᠬᠤᠯᠠ ᠪᠦᠬᠦᠢ ᠪᠠᠭᠠᠵᠢ ᠬᠡᠷᠡᠭᠰᠡᠯ ᠤᠨ ᠳᠠᠩᠰᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠭᠤᠳ ᠳᠠᠩᠰᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠲᠦᠷᠦᠯ ᠤᠨ ᠨᠡᠶᠢᠭᠡᠮᠯᠢᠭ ᠤᠨ ᠬᠤᠳᠠᠯᠳᠤᠭᠠᠨ ᠤ ᠲᠦᠷᠦᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ᠂ ᠨᠡᠶᠢᠲᠡ ᠶᠢᠨ ᠠᠰᠠᠷᠠᠮᠵᠢ ᠶᠢᠨ ᠲᠦᠷᠦᠯ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠳᠦᠷᠦᠯ ᠵᠡᠷᠭᠡ ᠳᠥᠷᠪᠡᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠡ ᠪᠠᠷ ᠬᠢᠨᠠᠨ ᠪᠠᠶᠢᠴᠠᠭᠠᠯᠭᠠᠬᠤ ᠴᠢᠬᠤᠯᠠ ᠦᠭᠡᠢ ᠪᠠᠶᠢᠵᠦ᠂ ᠳᠡᠩᠰᠡᠯᠡᠨ ᠬᠠᠮᠢᠶᠠᠷᠬᠤ ᠪᠠᠶᠢᠭᠤᠯᠭ᠎ᠠ ᠠᠴᠠ ᠬᠦᠯᠢᠶᠡᠨ ᠠᠪᠴᠦ ᠰᠢᠭᠤᠳ ᠳᠠᠩᠰᠠᠯᠠᠨ᠎ᠠ᠃     2᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠤᠪᠢᠷᠠᠭᠤᠯᠬᠤ ᠲᠠᠩᠰᠠᠯᠠᠯᠳᠠ ᠶᠢᠨ ᠲᠤᠰᠢᠶᠠᠬᠤ ᠴᠢᠬᠤᠯᠠ ᠲᠠᠢ ᠮᠠᠲ᠋ᠧᠷᠢᠶᠠᠯ ᠤᠳ     ︵1︶ ᠭᠤᠶᠤᠴᠢᠯᠠᠯ ᠤᠨ ᠪᠢᠴᠢᠭ ︵ᠬᠤᠪᠢᠷᠠᠭᠤᠯᠬᠤ ᠪᠠᠷ ᠭᠤᠶᠤᠴᠢᠯᠠᠬᠤ ᠤᠴᠢᠷ ᠰᠢᠯᠲᠠᠭᠠᠨ᠂ ᠴᠢᠬᠤᠯᠠ ᠴᠢᠨᠠᠷ᠂ ᠵᠢᠴᠢ ᠬᠤᠪᠢᠷᠠᠭᠤᠯᠬᠤ ᠠᠴᠠ ᠡᠮᠦᠨ᠎ᠡ ᠬᠤᠶᠢᠨ᠎ᠠ ᠠᠵᠢᠯ ᠤᠨ ᠬᠦᠷᠢᠶ᠎ᠡ ᠬᠡᠪᠴᠢᠶᠡᠨ ᠤ ᠬᠤᠪᠢᠷᠠᠯᠲᠠ ᠶᠢ ᠲᠣᠳᠤᠷᠬᠠᠶᠢᠯᠠᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠲᠠᠮᠠᠭ᠎ᠠ ᠳᠠᠷᠣᠬᠤ︔     ︵2︶ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠠᠴᠠ ᠲᠦᠷᠢᠮ ᠳᠤ ᠵᠠᠰᠠᠪᠤᠷᠢ ᠣᠷᠣᠭᠤᠯᠬᠤ ᠳᠤ᠂ ᠡᠷᠬᠡᠪᠰᠢ ᠲᠦᠷᠢᠮ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠳᠤ ᠨᠡᠶᠢᠴᠡᠵᠦ᠂ ᠤᠤᠯ ᠤᠨ ᠲᠦᠷᠢᠮ ᠪᠠ ᠵᠠᠰᠠᠪᠤᠷᠢ ᠣᠷᠣᠭᠤᠯᠬᠤ ᠲᠣᠳᠣᠷᠬᠠᠶᠢᠯᠠᠯᠲᠠ ᠵᠢᠴᠢ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠰᠢᠨ᠎ᠡ ᠲᠦᠷᠢᠮ ᠢ ᠳᠣᠰᠢᠶᠠᠬᠤ ᠬᠡᠷᠡᠭᠲᠡᠢ︔     ︵3︶ ᠣᠷᠣᠨ ᠰᠠᠭᠤᠴᠠ ᠪᠤᠶᠤ ᠪᠡᠶ᠎ᠡ ᠶᠢᠨ ᠲᠠᠮᠢᠷ ᠤᠨ ᠲᠠᠯᠠᠪᠠᠢ ᠶᠢ ᠬᠤᠪᠢᠷᠠᠭᠤᠯᠬᠤ ᠳᠤ᠂ ᠡᠷᠬᠡᠪᠰᠢ ᠲᠦᠷᠢᠮ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠪᠠᠶᠢᠬᠤ ᠬᠡᠷᠡᠭᠲᠡᠢ᠂ ᠰᠢᠨ᠎ᠡ ᠣᠷᠣᠨ ᠰᠠᠭᠤᠴᠠ ᠪᠤᠶᠤ ᠪᠡᠶ᠎ᠡ ᠶᠢᠨ ᠲᠠᠮᠢᠷ ᠤᠨ ᠲᠠᠯᠠᠪᠠᠢ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠭᠡᠷᠡᠴᠢ ᠭᠠᠷᠭᠠᠨ᠎ᠠ ︵ᠣᠷᠣᠨ ᠰᠠᠭᠤᠴᠠ ᠪᠤᠶᠤ ᠪᠡᠶ᠎ᠡ ᠶᠢᠨ ᠲᠠᠮᠢᠷ ᠤᠨ ᠲᠠᠯᠠᠪᠠᠢ  ᠶᠢ ᠳᠦᠷᠢᠶᠡᠰᠦᠯᠡᠭᠰᠡᠨ ᠪᠣᠯ ᠲᠦᠷᠢᠶᠡᠰᠦᠯᠡᠬᠦ ᠭᠡᠷ᠎ᠡ ᠶᠢᠨ ᠬᠠᠭᠤᠯᠪᠤᠷᠢ ᠵᠢᠴᠢ ᠭᠡᠷ ᠪᠠᠶᠢᠷᠢ ᠶᠢᠨ ᠭᠡᠷᠡᠴᠢᠯᠡᠭᠡ ᠶᠢᠨ ᠬᠠᠭᠤᠯᠪᠤᠷᠢ ᠶᠢ ᠬᠠᠩᠭᠠᠨ᠎ᠠ︔ ᠣᠷᠣᠨ ᠰᠠᠭᠤᠴᠠ ᠪᠤᠶᠤ ᠪᠡᠶ᠎ᠡ ᠶᠢᠨ ᠲᠠᠮᠢᠷ ᠤᠨ ᠲᠠᠯᠠᠪᠠᠢ ᠶᠢ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠦᠨ᠎ᠡ ᠲᠥᠯᠥᠪᠦᠷᠢ ᠦᠭᠡᠢ ᠪᠠᠷ ᠬᠠᠩᠭᠠᠵᠤ ᠥᠭᠭᠦᠭᠰᠡᠨ ᠪᠠᠶᠢᠪᠠᠯ᠂ ᠡᠷᠬᠡᠪᠰᠢ ᠭᠡᠷ ᠪᠠᠶᠢᠰᠢᠩ ᠤᠨ ᠦᠮᠴᠢᠯᠡᠭᠴᠢ ᠠᠴᠠ ᠭᠡᠷᠡᠴᠢ ᠪᠢᠴᠢᠭ ᠬᠢᠵᠦ ᠥᠭᠬᠦ ᠬᠡᠷᠡᠭᠲᠡᠶ ᠪᠥᠭᠡᠳ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠨ᠎ᠠ︔ ᠣᠷᠣᠨ ᠰᠠᠭᠤᠴᠠ ᠪᠤᠶᠤ ᠪᠡᠶ᠎ᠡ ᠶᠢᠨ ᠲᠠᠮᠢᠷ ᠤᠨ ᠲᠠᠯᠠᠪᠠᠢ ᠨᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠬᠤᠳᠠᠯᠳᠤᠨ ᠠᠪᠤᠭᠰᠠᠨ ᠪᠠᠶᠢᠪᠠᠯ᠂ ᠬᠤᠳᠠᠯᠳᠤᠭᠠᠯᠠᠬᠤ ᠭᠡᠷ᠎ᠡ  ᠶᠢᠨ ᠬᠠᠭᠤᠯᠪᠤᠷᠢ ᠬᠢᠭᠡᠳ ᠭᠡᠷ ᠪᠠᠶᠢᠷᠢ ᠶᠢᠨ ᠭᠡᠷᠡᠴᠢᠯᠡᠭᠡ ᠶᠢᠨ ᠬᠠᠭᠤᠯᠪᠤᠷᠢ ᠶᠢ ᠬᠠᠩᠭᠠᠬᠤ ᠬᠡᠷᠡᠭᠲᠡᠶ︶︔     ︵4︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠢ ᠬᠤᠪᠢᠷᠠᠭᠤᠯᠬᠤ ᠳᠤ᠂ ᠡᠷᠬᠡᠪᠰᠢ ᠲᠦᠷᠢᠮ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠳᠤ ᠨᠡᠶᠢᠴᠡᠵᠦ᠂ ᠬᠤᠪᠢᠷᠠᠭᠤᠯᠤᠭᠰᠠᠨ ᠤ ᠳᠠᠷᠠᠭᠠᠬᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠬᠢᠷᠢ ᠬᠡᠮ ᠤᠨ ᠭᠡᠷᠡᠴᠢ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠭᠠᠷᠭᠠᠵᠤ ᠥᠭᠬᠦ ᠬᠡᠷᠡᠭᠲᠡᠶ︔     ︵5︶ ᠪᠡᠯᠡ ᠮᠥᠩᠭᠦ ᠶᠢ ᠬᠤᠪᠢᠷᠠᠭᠤᠯᠬᠤ ᠳᠤ᠂ ᠡᠷᠬᠡᠪᠰᠢ ᠲᠦᠷᠢᠮ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠳᠤ ᠨᠡᠶᠢᠴᠡᠵᠦ᠂ ᠬᠤᠯᠪᠣᠭᠳᠠᠯ ᠪᠦᠬᠦᠢ ᠡᠳ᠋ ᠬᠥᠷᠥᠩᠭᠡ ᠶᠢ ᠬᠤᠪᠢᠷᠠᠭᠤᠯᠬᠤ ᠭᠡᠷᠡᠴᠢᠯᠡᠬᠦ ᠪᠢᠴᠢᠭ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃     3᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠨᠢ ᠳᠠᠩᠰᠠᠯᠠᠭᠤᠯᠤᠭᠰᠠᠨ ᠢᠶᠠᠨ ᠬᠦᠴᠦᠨ ᠤᠢᠭᠡᠢ ᠪᠣᠯᠭᠠᠬᠤ ᠶᠠᠪᠤᠳᠠᠯ ᠳᠤ ᠲᠤᠰᠢᠶᠠᠬᠤ ᠴᠢᠬᠤᠯᠠ ᠲᠠᠢ ᠮᠠᠲ᠋ᠧᠷᠢᠶᠠᠯ ᠤᠳ     ︵1︶ ᠡᠷᠬᠡᠪᠰᠢ ᠲᠦᠷᠢᠮ ᠤᠨ ᠲᠣᠭᠲᠠᠭᠠᠯ ᠳᠤ ᠨᠡᠶᠢᠴᠡᠭᠰᠡᠨ ᠬᠦᠴᠦᠨ ᠦᠭᠡᠢ ᠪᠣᠯᠭᠠᠬᠤ ᠶᠠᠪᠣᠴᠠ ᠳᠤ ᠨᠡᠶᠢᠴᠡᠵᠦ᠂ ᠬᠦᠴᠦᠨ ᠦᠭᠡᠢ ᠪᠣᠯᠭᠠᠬᠤ ᠭᠤᠶᠤᠴᠢᠯᠠᠯ ᠤᠨ ᠪᠢᠴᠢᠭ ᠢ ᠬᠠᠩᠭᠠᠨ᠎ᠠ︔     ︵2︶ ᠳᠠᠩᠰᠠᠯᠠᠭᠰᠠᠨ ᠦᠨᠡᠮᠯᠡᠯ ᠤᠨ ᠬᠠᠭᠤᠯᠪᠤᠷᠢ ᠳᠡᠪᠲᠡᠷ︔     ︵3︶ ᠬᠠᠤᠯᠢ ᠶᠣᠰᠣᠭᠠᠷ ᠪᠠᠶᠢᠭᠤᠯᠤᠭᠰᠠᠨ ᠢᠯᠭᠠᠷᠠᠭᠤᠯᠤᠨ ᠪᠤᠳᠤᠬᠤ ᠵᠣᠬᠢᠶᠠᠨ ᠪᠠᠶᠢᠭᠤᠯᠤᠯᠲᠠ ᠠᠴᠠ ᠭᠠᠷᠭᠠᠬᠰᠡᠨ ᠢᠯᠭᠠᠷᠠᠭᠤᠯᠤᠨ ᠪᠤᠳᠤᠭᠰᠠᠨ ᠮᠡᠳᠡᠭᠦᠯᠦᠯᠲᠡ︔     ︵4︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃     ︵ᠬᠤᠶᠠᠷ︶ ᠬᠦᠯᠢᠶᠡᠨ ᠠᠪᠴᠤ  ᠰᠢᠢᠳᠪᠦᠷᠢᠯᠡᠬᠦ ᠪᠠᠷᠢᠮᠵᠢᠶ᠎ᠠ᠄ ᠡᠷᠭᠢᠯᠡᠬᠦ ᠪᠠᠷ ᠭᠤᠶᠤᠴᠢᠯᠠᠬᠤ ᠬᠥᠮᠦᠨ ᠤ ᠬᠠᠩᠭᠠᠭᠰᠠᠨ ᠮᠠᠲ᠋ᠧᠷᠢᠶᠠᠯ ᠨᠢ ᠦᠨᠡᠨ ᠪᠣᠳᠠᠲᠠᠶ᠂ ᠪᠦᠷᠢᠨ ᠲᠡᠭᠦᠯᠳᠡᠷ᠂ ᠳᠦᠷᠢᠮᠵᠢᠯ ᠲᠠᠢ᠂ ᠦᠢᠯᠡᠳᠦᠯ ᠲᠠᠢ ᠪᠠᠶᠢᠬᠤ     ᠰᠠᠨᠠᠭᠤᠯᠤᠮᠵᠢ᠄ ᠭᠤᠶᠤᠴᠢᠯᠠᠭᠴᠢ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠡᠰᠡ ᠲᠡᠭᠡᠪᠡᠯ ᠬᠠᠷᠠᠭᠠᠯᠵᠠᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃     ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠵᠥᠪᠯᠡᠯ ᠤᠨ ᠨᠠᠷᠢᠨ ᠪᠢᠴᠢᠭ ᠤᠨ ᠭᠠᠵᠠᠷ ᠤᠨ ᠠᠵᠢᠯᠲᠠᠨ     ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠭᠤᠶᠤᠴᠢᠯᠠᠯ ᠤᠨ ᠮᠠᠲ᠋ᠧᠷᠢᠶᠠᠯ ᠢ ᠪᠠᠶᠢᠴᠠᠭᠠᠨ ᠰᠢᠯᠭᠠᠬᠤ ᠪᠠᠷᠢᠮᠵᠢᠶ᠎ᠠ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠳᠤ ᠨᠡᠶᠢᠴᠡᠬᠦ ᠪᠣᠯ᠂ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠳᠤ ᠨᠡᠶᠢᠴᠡᠬᠦ ᠪᠠᠶᠢᠬᠤ ᠦᠬᠡᠢ ᠪᠣᠯ᠂ ᠬᠦᠯᠢᠶᠡᠨ ᠠᠪᠴᠤ ᠰᠢᠢᠳᠪᠦᠷᠢᠯᠡᠬᠦ ᠦᠭᠡᠢ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠡᠭᠦᠷᠭᠡ ᠪᠠᠨ ᠭᠦᠢᠴᠡᠳᠭᠡᠵᠦ᠂ ᠭᠤᠶᠤᠴᠢᠯᠠᠭᠴᠢ ᠳᠤ ᠭᠤᠶᠤᠴᠢᠯᠠᠭᠰᠠᠨ ᠮᠠᠲ᠋ᠧᠷᠢᠶᠠᠯ ᠢ ᠨᠢ ᠬᠠᠮᠲᠤ ᠳᠤᠨᠢ ᠪᠤᠴᠠᠭᠠᠵᠤ ᠥᠭᠬᠦ ᠬᠡᠷᠡᠭᠲᠡᠶ᠃     ᠬᠤᠶᠠᠷ᠂ ᠰᠢᠭᠦᠨ ᠲᠣᠭᠲᠠᠭᠠᠬᠤ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠤᠯᠢ ᠳᠤ ᠲᠣᠭᠲᠠᠭᠠᠭᠰᠠᠨ ᠨᠥᠬᠦᠴᠡᠯ ᠪᠠ ᠪᠠᠷᠢᠮᠵᠢᠶ᠎ᠠ ᠶᠢᠨ ᠶᠣᠰᠣᠭᠠᠷ ᠰᠢᠭᠦᠨ ᠲᠣᠭᠲᠠᠭᠠᠬᠤ ᠬᠡᠷᠡᠭᠲᠡᠶ᠃     ᠭᠤᠷᠪᠠ᠂ ᠮᠡᠳᠡᠭᠳᠡᠬᠦ     ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠶ ᠵᠥᠪᠯᠡᠯ ᠤᠨ ᠨᠠᠷᠢᠨ ᠪᠢᠴᠢᠭ ᠤᠨ ᠭᠠᠵᠠᠷ ᠤᠨ ᠠᠵᠢᠯᠲᠠᠨ     ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠠᠵᠢᠯ ᠤᠨ ᠪᠠᠷᠢᠮᠵᠢᠶ᠎ᠠ ᠶᠣᠰᠣᠭᠠᠷ ᠮᠡᠳᠡᠭᠳᠡᠬᠦ ᠪᠥᠭᠡᠳ ᠠᠯᠪᠠᠨ ᠰᠦᠯᠵᠢᠶ᠎ᠡ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ︔ ᠰᠢᠭᠦᠨ ᠳᠣᠬᠳᠠᠭᠠᠯᠲᠠ ᠶᠢ ᠳᠠᠮᠵᠢᠭᠰᠠᠨ ᠪᠣᠯ ᠭᠤᠶᠣᠴᠢᠯᠠᠭᠴᠢ ᠳᠤ ᠴᠤᠬᠤᠯᠠᠪᠤᠷᠢᠯᠬᠠᠰᠠᠨ ᠪᠢᠴᠢᠭ ᠮᠠᠲ᠋ᠧᠷᠢᠶᠠᠯ ᠠᠪᠬᠤ ᠶᠢ ᠮᠡᠳᠡᠭᠳᠡᠨ᠎ᠡ︔ ᠵᠦᠪᠰᠢᠶᠡᠷᠡᠭᠰᠡᠨ ᠦᠭᠡᠢ ᠪᠠᠶᠢᠪᠠᠯ᠂ ︽ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ︾ ᠭᠠᠷᠭᠠᠵᠤ᠂ ᠭᠤᠶᠤᠴᠢᠯᠠᠭᠴᠢ ᠳᠤ ᠬᠦᠷᠭᠡᠬᠦ ᠬᠡᠷᠡᠭᠲᠡᠶ᠃     ᠬᠢᠨᠠᠯᠲᠠ ᠲᠠᠯᠪᠢᠬᠤ ᠪᠠ ᠵᠠᠭᠠᠯᠳᠤᠬᠤ᠄     ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397437᠂ ᠵᠠᠬᠢᠳᠠᠯ ᠨᠡᠪᠲᠡᠷᠡᠯᠴᠡᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢᠨ ᠵᠦᠪᠯᠡᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠲᠠᠰᠤᠭ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄  ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ᠤ ᠠᠵᠢᠯᠯᠠᠬᠤ ᠴᠠᠭ᠂ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃     ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃      ᠳᠠᠭᠠᠯᠳᠤᠭᠤᠯᠤᠯ᠄ 03 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠬᠤᠪᠢᠷᠠᠭᠤᠯᠬᠤ ᠳᠠᠩᠰᠠᠯᠠᠯ ᠬᠢᠯᠭᠡᠬᠦ ᠭᠤᠶᠤᠴᠢᠯᠠᠯ ᠤᠨ ᠬᠦᠰᠦᠨᠦᠭᠲᠦ      08 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠠᠷᠢᠭᠤᠴᠠᠯᠭᠠᠲᠠᠨ ᠨᠢ ᠬᠤᠪᠢᠷᠬᠠᠰᠠᠨ ᠭᠤᠶᠤᠴᠢᠯᠠᠯ ᠤᠨ ᠬᠦᠰᠦᠨᠦᠭᠲᠦ      01 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠠᠤᠯᠢ ᠶᠢᠨ ᠬᠥᠮᠦᠨ ᠢ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ      05 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠲᠦᠷᠢᠮ ᠢ ᠬᠢᠨᠠᠨ ᠵᠥᠪᠰᠢᠶᠡᠷᠡᠭᠦᠯᠬᠦ ᠬᠦᠰᠦᠨᠦᠭᠲᠦ      06 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠡᠷᠡᠭ ᠡᠷᠬᠢᠯᠡᠬᠦ ᠪᠠᠶᠢᠭᠤᠯᠤᠮᠵᠢ ᠶᠢ ᠳᠠᠩᠰᠠᠯᠠᠭᠤᠯᠬᠤ ᠬᠦᠰᠦᠨᠦᠭᠲᠦ     ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠤᠨ ᠪᠦᠷᠢᠳᠬᠡᠯ ᠤᠨ ᠬᠦᠰᠦᠨᠦᠭᠲᠦ ︵ᠳ᠋ᠤᠭᠠᠷᠯᠠᠯ᠄ 04︶     ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠠᠷᠢᠭᠤᠴᠠᠯᠭᠠᠲᠠᠨ ᠤ ᠳᠠᠩᠰᠠᠯᠠᠭᠤᠯᠤᠯᠲᠠ ᠶᠢᠨ ᠬᠦᠰᠦᠨᠦᠭᠲᠦ ︵ᠳ᠋ᠤᠭᠠᠷᠯᠠᠯ᠄ 09︶      02 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠠᠤᠯᠢ ᠶᠢᠨ ᠬᠥᠮᠦᠨ ᠢ ᠬᠦᠴᠦᠨ ᠦᠭᠡᠢ ᠪᠣᠯᠭᠠᠬᠤ ᠶᠢ ᠭᠤᠶᠤᠴᠢᠯᠠᠬᠤ ᠬᠦᠰᠦᠨᠦᠭᠲᠦ      07 ᠳ᠋ᠤᠭᠠᠷ ᠲᠣᠭᠠᠲᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠬᠡᠷᠡᠭ ᠡᠷᠬᠢᠯᠡᠬᠦ ᠪᠠᠶᠢᠭᠤᠯᠣᠮᠵᠢ ᠶᠢ ᠳᠠᠩᠰᠠᠯᠠᠭᠤᠯᠣᠨ ᠬᠦᠴᠦᠨ ᠤᠢᠭᠡᠢ ᠪᠣᠯᠭᠠᠬᠤ ᠬᠦᠰᠦᠨᠦᠭᠲᠦ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号