ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠪᠠ ᠲᠡᠭᠦᠨ ᠢ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠲᠠᠩᠰᠠᠯᠠᠯᠳᠠ ᠬᠢᠬᠦ  ᠵᠦᠪᠰᠢᠶᠡᠷᠡᠯ ᠢ ᠭᠦᠢᠴᠡᠳᠭᠡᠬᠦ ᠵᠦᠭᠯᠡᠭᠦᠷ
ᠨᠡᠶᠢᠲᠡᠯᠡᠭᠰᠡᠨ ᠴᠠᠭ᠄
2019/1/7
    ᠲᠣᠬᠢᠷᠠᠬᠤ ᠬᠦᠷᠢᠶ᠎ᠡ ᠬᠡᠪᠴᠢᠶ᠎ᠡ᠄ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠪᠠ ᠲᠡᠭᠦᠨ ᠢ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠲᠠᠩᠰᠠᠯᠠᠯᠳᠠ ᠬᠢᠬᠦ ᠵᠦᠪᠰᠢᠶᠡᠷᠡᠯ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠱᠠᠲᠦ ᠬᠤᠪᠢᠶᠠᠨ  ᠵᠦᠪᠰᠢᠶᠡᠷᠡᠬᠦ ᠤᠴᠢᠷ ᠶᠠᠪᠤᠳᠠᠯ ᠮᠦᠨ᠃     ᠲᠤᠰ ᠵᠦᠭᠯᠡᠭᠦᠷ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠪᠠ ᠲᠡᠭᠦᠨ ᠢ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠲᠠᠩᠰᠠᠯᠠᠯᠳᠠ ᠬᠢᠬᠦ ᠵᠦᠪᠰᠢᠶᠠᠷᠡᠯ ᠭᠤᠶᠣᠴᠢᠯᠠᠬᠤ ᠪᠠ ᠭᠦᠢᠴᠡᠳᠭᠡᠬᠦ ᠳᠤ ᠳᠣᠬᠢᠷᠠᠨ᠎ᠠ᠃     ᠵᠥᠪᠰᠢᠶᠡᠷᠡᠯ ᠤᠨ ᠲᠥᠷᠥᠯ ᠵᠦᠢᠯ ᠤᠨ ᠨᠡᠷᠡᠶᠢᠳᠦᠯ᠄ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠪᠠ ᠲᠡᠭᠦᠨ ᠢ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠲᠠᠩᠰᠠᠯᠠᠯᠳᠠ ᠬᠢᠬᠦ     ᠵᠥᠪᠰᠢᠶᠡᠷᠡᠯ ᠤᠨ ᠦᠨᠳᠦᠰᠦ ᠪᠠᠷᠢᠮᠲᠠ᠄ ︽ᠨᠡᠶᠢᠭᠡᠮ ᠤᠨ ᠪᠦᠯᠬᠦᠮ ᠤᠨ ᠳᠠᠩᠰᠠᠯᠠᠯᠲᠠ ᠬᠠᠮᠢᠶᠠᠷᠤᠯᠲᠠ ᠶᠢᠨ ᠳᠦᠷᠢᠮ︾ ᠤᠨ ᠶᠢᠰᠦᠳᠦᠭᠡᠷ ᠵᠣᠷᠪᠣᠰ᠂ ᠬᠤᠷᠢᠳᠤᠭᠠᠷ ᠵᠣᠷᠪᠣᠰ᠂ ᠬᠤᠷᠢᠨ ᠭᠤᠷᠪᠠᠳᠤᠭᠠᠷ ᠵᠣᠷᠪᠣᠰ᠂ ᠬᠤᠷᠢᠨ ᠨᠠᠢᠮᠠᠳᠤᠭᠠᠷ ᠵᠣᠷᠪᠣᠰ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠠᠷᠪᠠᠨ ᠵᠢᠷᠭᠤᠳᠤᠭᠠᠷ ᠵᠣᠷᠪᠣᠰ     ᠭᠤᠶᠣᠴᠢᠯᠠᠯ ᠤᠨ ᠬᠦᠰᠦᠨᠦᠭᠲᠦ  ᠶᠢᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠪᠠ ᠲᠡᠭᠦᠨ ᠢ ᠬᠤᠪᠢᠷᠠᠭᠤᠯᠬᠤ᠂ ᠬᠦᠴᠦᠨ ᠦᠬᠡᠢ ᠪᠣᠯᠭᠠᠬᠤ ᠳᠠᠩᠰᠠᠯᠠᠯ ᠬᠢᠯᠭᠡᠬᠦ ᠭᠤᠶᠤᠴᠢᠯᠠᠯ ᠤᠨ ᠬᠦᠰᠦᠨᠦᠭᠲᠦ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠵᠥᠪᠯᠡᠯ ᠤᠨ ᠨᠠᠷᠢᠨ ᠪᠢᠴᠢᠭ ᠤᠨ ᠭᠠᠵᠠᠷ ᠠᠴᠠ ᠣᠴᠢᠵᠦ ᠠᠪᠬᠤ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠰᠦᠯᠵᠢᠶ᠎ᠡ ᠠᠴᠠ ᠪᠠᠭᠤᠯᠭᠠᠨ ᠠᠪᠴᠤ ᠪᠣᠯᠤᠨ᠎ᠠ᠃     ᠵᠥᠪᠰᠢᠶᠡᠷᠡᠯ ᠤᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6396067     ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ ᠨᠠᠷᠢᠨ ᠪᠢᠴᠢᠭ ᠤᠨ ᠭᠠᠵᠠᠷ᠃     ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 9᠄ 00 ︱ 12᠄ 00᠂ 14᠄ 00 ︱ 17᠄ 30︶     ᠵᠦᠪᠰᠢᠶᠠᠷᠡᠯ ᠤᠨ ᠬᠤᠭᠤᠴᠠᠭ᠎ᠠ ᠬᠢᠵᠠᠭᠠᠷ᠄ ᠬᠠᠤᠯᠢ ᠪᠠᠷ ᠲᠣᠭᠲᠠᠭᠠᠭᠰᠠᠨ ᠬᠤᠭᠤᠴᠠᠭ᠎ᠠ ᠨᠢ 20 ᠠᠵᠢᠯ ᠤᠨ ᠡᠳᠦᠷ     ᠭᠦᠢᠴᠡᠳᠭᠡᠬᠦ ᠶᠠᠪᠣᠴᠠ     ᠨᠢᠭᠡ᠂ ᠬᠦᠯᠢᠶᠡᠨ ᠠᠪᠴᠤ ᠰᠢᠢᠳᠪᠦᠷᠢᠯᠡᠬᠦ     ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠪᠠ ᠬᠡᠷᠡᠭᠰᠡᠬᠦ ᠮᠠᠲ᠋ᠧᠷᠢᠶᠠᠯ᠄     1᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠳᠠᠩᠰᠠᠯᠠᠭᠤᠯᠬᠤ ᠨᠥᠬᠦᠴᠡᠯ     ᠳᠤᠮᠳᠠᠳᠤ ᠤᠯᠤᠰ ᠤᠨ ᠠᠷᠠᠳ ᠢᠷᠭᠡᠨ ᠠᠴᠠ ᠪᠥᠬᠦ ᠣᠷᠣᠨ ᠤ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠣᠴᠢᠯᠠᠵᠦ ᠪᠣᠯᠣᠨ᠎ᠠ᠂ ᠡᠭᠦᠰᠭᠡᠨ ᠪᠠᠶᠢᠭᠤᠯᠤᠭᠴᠢᠳ ᠤᠨ ᠲᠤᠭ᠎ᠠ ᠬᠡᠮᠵᠢᠶ᠎ᠡ ᠨᠢ ᠬᠢᠵᠠᠭᠠᠷ ᠦᠭᠡᠢ᠂ ᠭᠡᠪᠡᠴᠦ ᠲᠦᠷᠦ ᠶᠢᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠡ ᠨᠢ ᠭᠡᠰᠢᠭᠦᠨ ᠪᠣᠯᠵᠦ ᠪᠣᠯᠬᠤ ᠦᠭᠡᠢ᠂ ᠪᠣᠳᠠᠲᠠᠶ ᠨᠥᠬᠦᠴᠡᠯ  ᠳᠤ ᠳᠣᠣᠷᠠᠬᠢ ᠵᠦᠢᠯ ᠪᠠᠭᠲᠠᠨ᠎ᠠ᠄     ︵1︶ ᠲᠤᠰ ᠡᠪᠯᠡᠯ ᠪᠦᠯᠬᠦᠮ ᠤᠨ ᠭᠡᠰᠢᠭᠦᠨ ᠤ ᠬᠠᠮᠲᠤ ᠶᠢᠨ ᠬᠦᠰᠡᠯ ᠡᠷᠡᠮᠡᠯᠵᠡᠯ ᠢ ᠲᠥᠯᠥᠭᠡᠯᠡᠬᠦ ᠲᠦᠷᠢᠮ  ᠲᠠᠢ ᠪᠠᠶᠢᠵᠦ᠂ ᠲᠡᠭᠦᠨ ᠤ ᠵᠣᠷᠢᠯᠲᠠ ᠡᠷᠬᠡᠪᠰᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ᠂ ᠪᠡᠶ᠎ᠡ ᠶᠢᠨ ᠲᠠᠮᠢᠷ ᠤᠨ ᠬᠠᠤᠯᠢ ᠪᠠ ᠪᠤᠰᠤᠳ ᠬᠠᠤᠯᠢ ᠴᠠᠭᠠᠵᠠ᠂ ᠬᠠᠣᠯᠢ ᠳᠦᠷᠢᠮ ᠳᠤ ᠨᠡᠶᠢᠴᠡᠵᠦ᠂ ᠤᠯᠤᠰ ᠣᠷᠣᠨ ᠤ ᠨᠢᠭᠡᠳᠦᠯ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠤᠯᠤᠰ ᠪᠠ ᠨᠡᠶᠢᠭᠡᠮ᠂ ᠣᠯᠠᠨ ᠨᠡᠶᠢᠲᠡ ᠶᠢᠨ ᠠᠰᠢᠭ ᠲᠤᠰᠠ ᠪᠠ ᠪᠤᠰᠤᠳ ᠠᠷᠠᠳ ᠢᠷᠭᠡᠨ ᠂ ᠬᠠᠤᠯᠢ ᠶᠢᠨ ᠡᠷᠬᠡᠲᠡᠨ ᠤ ᠬᠠᠤᠯᠢ ᠶᠣᠰᠣᠨ ᠤ ᠡᠷᠬᠡ ᠶᠢ ᠬᠤᠬᠢᠷᠠᠭᠤᠯᠬᠤ ᠦᠭᠡᠢ ᠪᠠᠶᠢᠬᠤ︔     ︵2︶ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠠᠭᠤᠯᠭ᠎ᠠ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠬᠠᠮᠢᠶᠠᠷᠴᠤ ᠪᠠᠶᠢᠭᠰᠠᠨ ᠲᠤᠬᠠᠶᠢᠯᠠᠭᠰᠠᠨ ᠠᠵᠢᠯ ᠤᠨ ᠬᠡᠪᠴᠢᠶ᠎ᠡ ᠳᠤ ᠬᠠᠷᠢᠶᠠᠯᠠᠬᠳᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠢ ᠬᠥᠭᠵᠢᠭᠦᠯᠬᠦ ᠴᠢᠭᠯᠡᠯᠲᠡ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠶ︔     ︵3︶ ᠲᠣᠭᠲᠠᠭᠰᠠᠨ ᠣᠷᠣᠨ ᠰᠠᠭᠤᠴᠠ ᠲᠠᠢ ᠪᠠᠶᠢᠬᠤ︔     ︵4︶ ᠲᠡᠭᠦᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠳᠤ ᠵᠣᠬᠢᠴᠠᠭᠰᠠᠨ ᠲᠤᠰᠬᠠᠶ ᠲᠤᠰᠢᠶᠠᠯ ᠲᠠᠢ ᠠᠵᠢᠯᠲᠠᠨ ᠲᠠᠢ ᠪᠠᠶᠢᠬᠤ︔     ︵5︶ ᠳᠣᠬᠳᠠᠭᠠᠯ ᠤᠨ ᠬᠠᠮᠤᠭ ᠳᠣᠣᠷ᠎ᠠ ᠬᠢᠵᠠᠭᠠᠷ ᠲᠤᠭ᠎ᠠ ᠪᠦᠬᠦᠢ ᠠᠵᠢᠯᠯᠠᠭᠠᠨ ᠤ ᠪᠡᠯᠡ ᠮᠥᠩᠭᠦ ᠲᠠᠢ ᠪᠠᠶᠢᠬᠤ ︵ᠪᠦᠬᠦ ᠣᠷᠣᠨ ᠤ ᠴᠢᠨᠠᠷᠲᠠᠶ ᠨᠡᠶᠢᠭᠡᠮ ᠤᠨ ᠪᠦᠯᠬᠦᠮ 3 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ︶︔     ︵6︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ     ︵7︶ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠬᠦᠨ ᠨᠢ ᠲᠡᠭᠦᠨ ᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠ ᠭᠠᠵᠠᠷ ᠣᠷᠣᠨ ᠳᠣᠲᠣᠷ᠎ᠠ ᠨᠢ ᠲᠥᠯᠥᠭᠡᠯᠡᠬᠦ ᠴᠢᠨᠠᠷᠲᠠᠶ᠂ ᠡᠷᠬᠡ ᠰᠦᠷᠲᠦ ᠴᠢᠨᠠᠷ ᠪᠣᠯᠤᠨ ᠥᠷᠭᠡᠨ ᠳᠡᠯᠭᠡᠷ ᠴᠢᠨᠠᠷ ᠲᠠᠢ ᠪᠠᠶᠢᠬᠤ ᠬᠡᠷᠡᠭᠲᠡᠢ᠃ ᠠᠳᠠᠯᠢ ᠨᠢᠭᠡᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠣᠲᠣᠷ᠎ᠠ᠂ ᠠᠳᠠᠯᠢ ᠪᠤᠶᠤ ᠠᠳᠠᠯᠢᠪᠲᠤᠷ ᠨᠡᠶᠢᠭᠡᠮ ᠤᠨ ᠪᠦᠯᠬᠦᠮ ᠪᠠᠶᠢᠭᠤᠯᠵᠤ ᠪᠣᠯᠬᠤ ᠦᠭᠡᠢ     ︵8︶ ᠨᠡᠶᠢᠭᠡᠮ ᠤᠨ ᠪᠦᠯᠬᠦᠮ ᠤᠨ ᠨᠡᠷᠡᠶᠢᠳᠦᠯ ᠨᠢ ᠲᠡᠭᠦᠨ ᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠪᠦᠷᠢᠯᠳᠦᠬᠦᠨ ᠤ ᠲᠠᠷᠬᠠᠯᠲᠠ᠂ ᠭᠠᠵᠠᠷ ᠣᠷᠣᠨ ᠬᠠᠷᠢᠯᠴᠠᠨ ᠨᠢᠭᠡᠳᠦᠯᠲᠡᠶ ᠪᠠᠶᠢᠵᠦ᠂ ᠣᠨᠴᠠᠭᠠᠢ ᠴᠢᠨᠠᠷ ᠢ ᠣᠨᠣᠪᠴᠢᠲᠠᠶ ᠲᠤᠰᠬᠠᠵᠤ ᠴᠢᠳᠠᠬᠰᠡᠨ ᠪᠠᠶᠢᠬᠤ ᠬᠡᠷᠡᠭᠲᠡᠢ᠃ ᠪᠥᠬᠦ ᠣᠷᠣᠨ ᠤ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠨᠢ ︽ᠥᠪᠥᠷ ᠮᠣᠩᠭᠤᠯ ᠤᠨ︾ ᠭᠡᠵᠦ ᠨᠡᠷᠡᠶᠢᠳᠦᠵᠦ ᠪᠣᠯᠣᠨ᠎ᠠ᠂ ︽ᠳᠤᠮᠳᠠᠳᠤ ᠤᠯᠤᠰ ᠤᠨ︾᠂ ︽ᠪᠦᠬᠦ ᠣᠯᠣᠰ ᠤᠨ︾᠂ ︽ᠳᠣᠮᠳᠠᠳᠣ ᠶᠢᠨ︾ ᠭᠡᠬᠦ ᠮᠡᠲᠦ ᠪᠠᠷ ᠨᠡᠷᠡᠯᠡᠵᠦ ᠪᠣᠯᠬᠤ ᠦᠭᠡᠢ︔ ᠨᠡᠶᠢᠭᠡᠮ ᠤᠨ ᠪᠦᠯᠬᠦᠮ ᠡᠩ ᠤᠨ ᠬᠥᠮᠦᠨ ᠤ ᠨᠡᠷ᠎ᠡ ᠪᠠᠷ ᠨᠡᠷᠡᠯᠡᠬᠦ ᠦᠭᠡᠢ︔     ︵9︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃     ᠬᠡᠷᠡᠭᠰᠡᠬᠦ ᠮᠠᠲ᠋ᠧᠷᠢᠶᠠᠯ᠄     1᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠳᠠᠩᠰᠠᠯᠠᠯᠲᠠ      ︵1︶  ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠡᠯᠡᠳᠭᠡᠨ ᠪᠠᠶᠢᠭᠤᠯᠬᠤ ᠪᠢᠴᠢᠭ ᠤᠨ ᠭᠤᠶᠣᠴᠢᠯᠠᠯ ︵ᠭᠤᠶᠤᠴᠢᠯᠠᠬᠤ ᠠᠭᠤᠯᠭ᠎ᠠ ᠳᠤ ᠨᠡᠶᠢᠭᠡᠮ ᠤᠨ ᠪᠦᠯᠬᠦᠮ ᠪᠠᠶᠢᠭᠤᠯᠬᠤ ᠵᠣᠷᠢᠯᠲᠠ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠵᠡᠷᠭᠡ ᠶᠢ ᠪᠠᠭᠳᠠᠭᠠᠨ᠎ᠠ᠃ ᠭᠤᠶᠤᠴᠢᠯᠠᠯ ᠤᠨ ᠪᠢᠴᠢᠭ ᠢ ᠡᠭᠦᠰᠭᠡᠨ ᠪᠠᠶᠢᠭᠤᠯᠤᠭᠴᠢ ᠠᠴᠠ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠨ᠎ᠠ︶︔        ︵2︶ ᠡᠭᠦᠰᠭᠡᠨ ᠪᠠᠶᠢᠭᠤᠯᠤᠭᠴᠢ ᠪᠠ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠠᠷᠢᠭᠤᠴᠠᠯᠭᠠᠲᠠᠨ ᠤ ᠲᠣᠪᠴᠢ ᠲᠠᠨᠢᠯᠴᠠᠭᠤᠯᠭ᠎ᠠ ︵5 — 7 ᠬᠥᠮᠦᠨ︶ ︵ᠬᠠᠷᠢᠭᠤᠴᠠᠯᠭᠠᠲᠠᠨ ᠳᠤ ᠬᠡᠷᠡᠭ ᠡᠷᠬᠢᠯᠡᠭᠴᠢᠳ ᠤᠨ ᠳᠠᠷᠤᠭ᠎ᠠ ︵ᠬᠤᠷᠠᠯ ᠤᠨ ᠳᠠᠷᠤᠭ᠎ᠠ︶᠂ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ︵ᠳᠡᠳ᠋ ᠬᠤᠷᠠᠯ ᠤᠨ ᠳᠠᠷᠤᠭ᠎ᠠ︶ ᠪᠠ ᠨᠠᠷᠢᠨ ᠪᠢᠴᠢᠭ ᠤᠨ ᠳᠠᠷᠤᠭ᠎ᠠ ᠶᠢ ᠪᠠᠭᠳᠠᠭᠠᠨ᠎ᠠ︔ ᠲᠣᠪᠴᠢ ᠲᠠᠨᠢᠯᠴᠠᠭᠤᠯᠭ᠎ᠠ  ᠶᠢᠨ ᠠᠭᠤᠯᠭ᠎ᠠ ᠳᠤ ᠣᠪᠣᠭ ᠨᠡᠷ᠎ᠡ᠂ ᠨᠢᠭᠡᠴᠡ᠂ ᠡᠭᠦᠷᠭᠡ ᠲᠤᠰᠢᠶᠠᠯ ᠵᠢᠴᠢ ᠲᠣᠪᠴᠢ ᠨᠠᠮᠲᠠᠷ᠂ ᠲᠤᠰ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠪᠠᠭᠳᠠᠭᠠᠨ᠎ᠠ︶︔     ︵3︶ ᠵᠢᠷᠤᠮᠵᠢᠭᠰᠠᠨ ᠨᠡᠶᠢᠭᠡᠮ ᠤᠨ ᠪᠦᠯᠬᠦᠮ ᠤᠨ ᠲᠦᠷᠢᠮ ᠤᠨ ᠲᠥᠰᠦᠯ ︵ᠲᠦᠷᠢᠮ ᠲᠣᠭᠲᠠᠭᠠᠯ ᠶᠣᠰᠣᠭᠠᠷ ᠵᠢᠱᠢᠶ᠎ᠡ ᠦᠵᠡᠭᠦᠯᠬᠦ ᠪᠢᠴᠢᠭ  ᠲᠤᠭᠤᠷᠪᠢᠨ ᠲᠣᠭᠲᠠᠭᠠᠬᠤ︶︔      ︵4︶ ᠳᠠᠩᠰᠠᠯᠠᠭᠤᠯᠤᠭᠰᠠᠨ ᠪᠡᠯᠡ ᠮᠥᠩᠭᠦ ᠪᠠ ᠪᠠᠶᠢᠩᠭᠤ ᠶᠢᠨ ᠴᠢᠨᠠᠷᠲᠠᠶ ᠠᠵᠢᠯᠯᠠᠭ᠎ᠠ  ᠶᠢᠨ ᠵᠠᠷᠤᠳᠠᠯ ᠤᠨ ᠢᠷᠡᠯᠳᠡ ᠶᠢᠨ ᠭᠡᠷᠡᠴᠢ ︵ᠬᠠᠨᠳᠢᠪᠯᠠᠨ ᠬᠦᠷᠭᠡᠭᠰᠡᠨ  ᠵᠣᠭᠤᠰ ᠤᠨ ᠲᠤᠭ᠎ᠠ᠂ ᠲᠤᠰ ᠨᠡᠶᠢᠭᠡᠮ ᠤᠨ ᠪᠦᠯᠬᠦᠮ ᠢ ᠪᠠᠶᠢᠭᠤᠯᠬᠤ ᠪᠠᠷ ᠪᠡᠯᠡᠳᠭᠡᠭᠰᠡᠨ ᠠᠵᠢᠯᠯᠠᠭ᠎ᠠ  ᠶᠢᠨ ᠪᠡᠯᠡ ᠮᠦᠭᠬᠦ ᠶᠢ ᠲᠣᠳᠣᠷᠬᠠᠢ ᠪᠢᠴᠢᠨ᠎ᠡ᠂ ᠲᠤᠰ ᠪᠡᠯᠡ ᠮᠥᠩᠭᠦ  ᠨᠢ ᠬᠠᠨᠳᠢᠪᠯᠠᠭᠴᠢ ᠶᠢᠨ ᠬᠠᠣᠯᠢ ᠶᠣᠰᠣᠨ ᠤ ᠮᠦᠩᠭᠦ ᠪᠣᠯᠬᠤ ᠶᠢ ᠠᠮᠠᠯᠠᠨ᠂ ᠬᠠᠨᠳᠢᠪᠯᠠᠭᠴᠢ ᠭᠠᠷ ᠤᠨ ᠦᠰᠦᠭ ᠵᠢᠷᠤᠬᠤ ᠪᠤᠶᠤ ᠬᠠᠨᠳᠢᠪᠯᠠᠨ ᠬᠦᠷᠭᠡᠬᠦ ᠨᠢᠭᠡᠴᠡ ᠶᠢᠨ ᠲᠠᠮᠠᠭ᠎ᠠ ᠶᠢ ᠳᠠᠷᠣᠨ᠎ᠠ︶︔     ︵5︶ ᠣᠷᠣᠨ ᠰᠠᠭᠤᠴᠠ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠭᠡᠷᠡᠴᠢ ᠶᠢ ᠬᠠᠩᠭᠠᠨ᠎ᠠ ︵ᠣᠷᠣᠨ ᠰᠠᠭᠤᠴᠠ  ᠶᠢ ᠳᠦᠷᠢᠶᠡᠰᠦᠯᠡᠭᠰᠡᠨ ᠪᠣᠯ ᠡᠷᠬᠡᠪᠰᠢ ᠳᠦᠷᠢᠶᠡᠰᠦᠯᠡᠭᠰᠡᠨ ᠭᠡᠷ᠎ᠡ ᠶᠢᠨ ᠬᠠᠭᠤᠯᠪᠤᠷᠢ ᠵᠢᠴᠢ ᠭᠡᠷ ᠪᠠᠶᠢᠷᠢ ᠶᠢᠨ ᠭᠡᠷᠡᠴᠢᠯᠡᠭᠡ ᠶᠢᠨ ᠬᠠᠭᠤᠯᠪᠤᠷᠢ ᠶᠢ ᠬᠠᠩᠭᠠᠨ᠎ᠠ︔ ᠣᠷᠣᠨ ᠰᠠᠭᠤᠴᠠ ᠶᠢ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠦᠨ᠎ᠡ ᠲᠥᠯᠥᠪᠦᠷᠢ ᠦᠭᠡᠢ ᠪᠠᠷ ᠬᠠᠩᠭᠠᠵᠤ ᠥᠭᠭᠦᠭᠰᠡᠨ ᠪᠠᠶᠢᠪᠠᠯ᠂ ᠡᠷᠬᠡᠪᠰᠢ ᠭᠡᠷ ᠪᠠᠶᠢᠰᠢᠩ ᠤᠨ ᠦᠮᠴᠢᠯᠡᠭᠴᠢ ᠠᠴᠠ ᠭᠡᠷᠡᠴᠢ ᠪᠢᠴᠢᠭ ᠬᠢᠵᠦ ᠥᠭᠬᠦ ᠬᠡᠷᠡᠭᠲᠡᠶ ᠪᠥᠭᠡᠳ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠨ᠎ᠠ︶︔     ︵6︶ ᠭᠡᠰᠢᠭᠦᠳ ᠤᠨ ᠨᠡᠷᠡᠰ ︵ᠪᠦᠬᠦ ᠣᠷᠣᠨ ᠤ ᠡᠯ᠎ᠡ ᠠᠶᠢᠮᠠᠭ ᠬᠤᠳᠠ ᠳᠤ ᠴᠥᠮ ᠭᠡᠰᠢᠭᠦᠨ ᠲᠠᠢ ᠪᠠᠶᠢᠵᠦ ᠂ ᠭᠡᠰᠢᠭᠦᠳ ᠨᠢ ᠵᠢᠭᠳᠡ ᠲᠠᠷᠬᠠᠵᠤ ᠪᠠᠶᠢᠭ᠎ᠠ︶᠃ ᠨᠢᠭᠡᠴᠡ ᠶᠢᠨ ᠭᠡᠰᠢᠭᠦᠨ ᠨᠢ 30 ᠠᠴᠠ ᠳᠤᠲᠠᠭᠤ ᠪᠠᠶᠢᠵᠤ ᠪᠣᠯᠬᠤ ᠦᠭᠡᠢ︔ ᠬᠤᠪᠢ ᠬᠥᠮᠦᠨ ᠤ ᠭᠡᠰᠢᠭᠦᠨ ᠨᠢ 50 ᠠᠴᠠ ᠳᠣᠣᠷ᠎ᠠ ᠦᠭᠡᠢ ᠬᠥᠮᠦᠨ ᠪᠠᠶᠢᠵᠦ︔ ᠬᠤᠯᠢᠮᠠᠭ  ᠭᠡᠰᠢᠭᠦᠨ  ᠨᠢ 50 ᠠᠴᠠ ᠳᠤᠲᠠᠭᠤ ᠪᠠᠶᠢᠵᠤ ᠪᠣᠯᠬᠤ ᠦᠭᠡᠢ᠃ ᠬᠤᠪᠢ ᠬᠥᠮᠦᠨ ᠤ ᠭᠡᠰᠢᠭᠦᠨ  ᠤ ᠨᠡᠷ᠎ᠡ᠂ ᠠᠵᠢᠯᠯᠠᠵᠤ ᠪᠠᠶᠢᠭ᠎ᠠ ᠨᠢᠭᠡᠴᠡ ᠵᠢᠴᠢ ᠲᠤᠰᠢᠶᠠᠯ᠂ ᠬᠠᠷᠢᠯᠴᠠᠬᠤ ᠤᠲᠠᠰᠤ ᠶᠢ ᠵᠢᠭᠰᠠᠭᠠᠬᠤ ᠬᠡᠷᠡᠭᠲᠡᠶ ᠪᠥᠭᠡᠳ ᠲᠤᠰ ᠬᠥᠮᠦᠨ ᠨᠢ ᠭᠠᠷ ᠤᠨ ᠦᠰᠦᠭ ᠵᠢᠷᠣᠨ᠎ᠠ︔ ᠨᠢᠭᠡᠴᠡ  ᠶᠢᠨ ᠭᠡᠰᠢᠭᠦᠨ ᠨᠢ  ᠨᠢᠭᠡᠴᠡ ᠶᠢᠨ ᠨᠡᠷ᠎ᠡ  ᠶᠢ ᠵᠢᠬᠰᠠᠭᠠᠨ᠂ ︽ᠡᠵᠡᠩᠨᠡᠯᠲᠡ ᠶᠢᠨ ᠦᠨᠡᠮᠯᠡᠯ︾ ᠶᠢᠨ ᠬᠠᠭᠤᠯᠪᠦᠷᠢ᠂ ᠬᠠᠶ᠋ᠢᠭ ᠢ ᠳᠠᠭᠠᠯᠳᠣᠭᠤᠯᠣᠨ ᠨᠢᠭᠡᠴᠢ ᠶᠢᠨ ᠲᠠᠮᠠᠭ᠎ᠠ ᠶᠢ ᠳᠠᠷᠤᠬᠤ ᠬᠡᠷᠡᠭᠲᠡᠶ︔      ︵7︶ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠬᠦᠨ ᠨᠢ ᠲᠡᠭᠦᠨ ᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠ ᠭᠠᠵᠠᠷ ᠣᠷᠣᠨ ᠳᠣᠲᠣᠷ᠎ᠠ ᠨᠢ ᠲᠥᠯᠥᠭᠡᠯᠡᠬᠦ ᠴᠢᠨᠠᠷᠲᠠᠶ ᠪᠠᠶᠢᠵᠤ ᠂ ᠡᠷᠬᠡ ᠰᠦᠷᠲᠦ ᠴᠢᠨᠠᠷ ᠪᠣᠯᠤᠨ ᠥᠷᠭᠡᠨ ᠳᠡᠯᠭᠡᠷ ᠴᠢᠨᠠᠷ ᠤᠨ ᠲᠤᠬᠠᠶ ᠭᠡᠷᠡᠴᠢᠯᠡᠬᠦ ᠮᠠᠲ᠋ᠧᠷᠢᠶᠠᠯ᠃      2᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠬᠤᠪᠢᠷᠠᠭᠤᠯᠬᠤ ᠳᠠᠩᠰᠠᠯᠠᠯᠲᠠ ᠪᠡᠶ᠎ᠡ ᠶᠢᠨ ᠲᠠᠮᠢᠷ ᠤᠨ ᠨᠡᠢᠭᠡᠮ ᠤᠨ ᠪᠦᠯᠬᠦᠮ ᠬᠤᠪᠢᠷᠠᠭᠤᠯᠬᠤ ᠳᠤ ᠳᠣᠰᠢᠶᠠᠬᠤ ᠴᠢᠬᠤᠯᠠ ᠲᠠᠢ ᠮᠠᠲ᠋ᠧᠷᠢᠶᠠᠯ᠄      ︵1︶ ᠭᠤᠶᠤᠴᠢᠯᠠᠯ ᠤᠨ ᠪᠢᠴᠢᠭ ︵ᠬᠤᠪᠢᠷᠠᠭᠤᠯᠬᠤ ᠪᠠᠷ ᠭᠤᠶᠤᠴᠢᠯᠠᠬᠤ ᠵᠦᠢᠯᠡᠰ᠂ ᠰᠢᠯᠲᠠᠭᠠᠨ᠂ ᠴᠢᠬᠤᠯᠠ ᠴᠢᠨᠠᠷ᠂ ᠵᠢᠴᠢ ᠬᠤᠪᠢᠷᠠᠭᠤᠯᠬᠤ ᠠᠴᠠ ᠡᠮᠦᠨ᠎ᠡ ᠬᠤᠶᠢᠨ᠎ᠠ ᠠᠵᠢᠯ ᠤᠨ ᠬᠦᠷᠢᠶ᠎ᠡ ᠬᠡᠪᠴᠢᠶᠡᠨ ᠤ ᠬᠤᠪᠢᠷᠠᠯᠲᠠ ᠶᠢ ᠲᠣᠳᠣᠷᠬᠠᠶᠢᠯᠠᠨ ᠨᠡᠶᠢᠭᠡᠮ ᠤᠨ ᠪᠦᠯᠬᠦᠮ ᠲᠠᠮᠠᠭ᠎ᠠ ᠪᠠᠨ ᠳᠠᠷᠣᠨ᠎ᠠ︶︔      ︵2︶ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠠᠴᠠ ᠲᠦᠷᠢᠮ ᠳᠤ ᠵᠠᠰᠠᠪᠤᠷᠢ ᠣᠷᠣᠭᠤᠯᠬᠤ ᠳᠤ᠂ ᠡᠷᠬᠡᠪᠰᠢ ᠲᠦᠷᠢᠮ ᠤᠨ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠳᠤ ᠨᠡᠶᠢᠴᠡᠵᠦ᠂ ᠤᠤᠯ ᠤᠨ ᠳᠦᠷᠢᠮ᠂ ᠵᠠᠰᠠᠪᠦᠷᠢᠯᠠᠬᠤ ᠲᠣᠳᠣᠷᠬᠠᠶᠢᠯᠠᠯᠲᠠ ᠵᠢᠴᠢ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠰᠢᠨ᠎ᠡ ᠲᠦᠷᠢᠮ ︵ᠰᠢᠨ᠎ᠡ ᠬᠠᠭᠤᠴᠢᠨ ᠲᠦᠷᠢᠮ ᠢ ᠬᠠᠷᠢᠴᠠᠭᠤᠯᠣᠨ ᠵᠠᠰᠠᠪᠦᠷᠢ ᠣᠷᠣᠭᠤᠯᠣᠬᠰᠡᠨ ᠠᠭᠤᠯᠭ᠎ᠠ ᠶᠢ ᠪᠦᠭᠦ ᠲᠠᠯ᠎ᠠ ᠪᠠᠷ ᠳᠠᠶᠢᠯᠪᠦᠷᠢᠯᠠᠨ᠂ ᠨᠡᠶᠢᠭᠡᠮ ᠤᠨ ᠪᠦᠯᠬᠦᠮ ᠲᠠᠮᠠᠭ᠎ᠠ ᠪᠠᠨ ᠳᠠᠷᠣᠨ᠎ᠠ︶︔      ︵3︶ ᠣᠷᠣᠨ ᠰᠠᠭᠤᠴᠠ ᠶᠢ ᠬᠤᠪᠢᠷᠠᠭᠤᠯᠬᠤ ᠳᠤ ᠡᠷᠬᠡᠪᠰᠢ ᠲᠦᠷᠢᠮ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠲᠠᠢ ᠪᠠᠶᠢᠵᠦ᠂ ᠰᠢᠨ᠎ᠡ ᠣᠷᠣᠨ ᠰᠠᠭᠤᠴᠠ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ  ᠶᠢᠨ ᠭᠡᠷᠡᠴᠢ ᠶᠢ ᠭᠠᠷᠭᠠᠵᠤ ᠥᠭᠬᠦ ᠬᠡᠷᠡᠭᠲᠡᠶ ︵ᠣᠷᠣᠨ ᠰᠠᠭᠤᠴᠠ  ᠶᠢ ᠳᠦᠷᠢᠶᠡᠰᠦᠯᠡᠭᠰᠡᠨ ᠪᠣᠯ ᠲᠦᠷᠢᠶᠡᠰᠦᠯᠡᠬᠦ ᠭᠡᠷ᠎ᠡ ᠶᠢᠨ ᠬᠠᠭᠤᠯᠪᠤᠷᠢ ᠵᠢᠴᠢ ᠭᠡᠷ ᠪᠠᠶᠢᠷᠢ ᠶᠢᠨ ᠭᠡᠷᠡᠴᠢᠯᠡᠭᠡ ᠶᠢᠨ ᠬᠠᠭᠤᠯᠪᠤᠷᠢ ᠶᠢ ᠬᠠᠩᠭᠠᠨ᠎ᠠ︔ ᠣᠷᠣᠨ ᠰᠠᠭᠤᠴᠠ ᠶᠢ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠦᠨ᠎ᠡ ᠲᠥᠯᠥᠪᠦᠷᠢ ᠦᠭᠡᠢ ᠪᠠᠷ ᠬᠠᠩᠭᠠᠵᠤ ᠥᠭᠭᠦᠭᠰᠡᠨ ᠪᠠᠶᠢᠪᠠᠯ᠂ ᠡᠷᠬᠡᠪᠰᠢ ᠭᠡᠷ ᠪᠠᠶᠢᠰᠢᠩ ᠤᠨ  ᠦᠮᠴᠢᠯᠡᠭᠴᠢ ᠠᠴᠠ ᠭᠡᠷᠡᠴᠢ ᠪᠢᠴᠢᠭ ᠬᠢᠵᠦ ᠥᠭᠬᠦ ᠬᠡᠷᠡᠭᠲᠡᠶ ᠪᠥᠭᠡᠳ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠬᠠᠭᠤᠯᠪᠤᠷᠢ  ᠶᠢ ᠬᠠᠨᠭ᠍ᠭᠠᠨ᠎ᠠ︔ ᠣᠷᠣᠨ ᠰᠠᠭᠤᠴᠠ ᠶᠢ ᠨᠡᠶᠢᠭᠡᠮ ᠤᠨ ᠪᠦᠯᠬᠦᠮ ᠠᠴᠠ ᠬᠤᠳᠠᠯᠳᠤᠨ ᠠᠪᠣᠬᠰᠡᠨ ᠪᠠᠶᠢᠪᠠᠯ᠂ ᠬᠤᠳᠠᠯᠳᠤᠭᠠᠯᠠᠬᠤ ᠭᠡᠷ᠎ᠡ  ᠶᠢᠨ ᠬᠠᠭᠤᠯᠪᠤᠷᠢ ᠬᠢᠭᠡᠳ ᠭᠡᠷ ᠪᠠᠶᠢᠷᠢ ᠶᠢᠨ ᠭᠡᠷᠡᠴᠢᠯᠡᠭᠡ ᠶᠢᠨ ᠬᠠᠭᠤᠯᠪᠤᠷᠢ ᠶᠢ ᠬᠠᠩᠭᠠᠬᠤ ᠬᠡᠷᠡᠭᠲᠡᠶ︶︔      ︵4︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠢ ᠬᠤᠪᠢᠷᠠᠭᠤᠯᠬᠤ ᠳᠤ᠂ ᠡᠷᠬᠡᠪᠰᠢ ᠲᠦᠷᠢᠮ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠲᠠᠢ ᠪᠠᠶᠢᠵᠦ᠂ ᠬᠤᠪᠢᠷᠠᠭᠤᠯᠤᠭᠰᠠᠨ ᠤ ᠳᠠᠷᠠᠭᠠᠬᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠭᠠᠷᠭᠠᠵᠦ ᠥᠭᠬᠦ ᠪᠥᠭᠡᠳ ᠨᠢᠭᠲᠠᠯᠠᠨ ᠪᠤᠳᠦᠬᠴᠢ ᠶᠢᠨ ᠬᠡᠷᠡᠭ ᠡᠷᠬᠢᠯᠡᠬᠦ ᠭᠠᠵᠠᠷ ᠠᠴᠠ ᠡᠮᠦᠨᠡᠬᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠲᠤᠰᠢᠶᠠᠯ ᠡᠭᠦᠷᠭᠡᠯᠡᠵᠦ ᠪᠠᠶᠢᠬᠤ ᠬᠤᠭᠤᠴᠠᠭᠠᠨ ᠤ ᠡᠳ᠋ ᠤᠨ ᠶᠠᠪᠤᠳᠠᠯ ᠤᠨ ᠨᠢᠭᠲᠠᠯᠠᠨ ᠪᠠᠶᠢᠴᠠᠭᠠᠭᠰᠠᠨ ᠮᠡᠳᠡᠭᠦᠯᠦᠯᠲᠡ ᠶᠢ ᠳᠣᠰᠢᠶᠠᠨ᠎ᠠ︔      ︵5︶ ᠪᠡᠯᠡ ᠮᠥᠩᠭᠦ ᠶᠢ ᠬᠤᠪᠢᠷᠠᠭᠤᠯᠬᠤ ᠳᠤ᠂ ᠡᠷᠬᠡᠪᠰᠢ ᠲᠦᠷᠢᠮ ᠤᠨ ᠲᠣᠭᠲᠠᠭᠠᠯ ᠳᠤ ᠨᠡᠶᠢᠴᠡᠭᠰᠡᠨ ᠬᠤᠪᠢᠷᠠᠭᠤᠯᠬᠤ ᠶᠠᠪᠣᠴᠠ ᠲᠠᠢ ᠪᠠᠶᠢᠵᠦ᠂ ᠬᠤᠯᠪᠣᠭᠳᠠᠯ ᠪᠦᠬᠦᠢ ᠡᠳ᠋ ᠬᠥᠷᠥᠩᠭᠡ ᠶᠢ ᠬᠤᠪᠢᠷᠠᠭᠤᠯᠬᠤ ᠭᠡᠷᠡᠴᠢᠯᠡᠬᠦ ᠪᠢᠴᠢᠭ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃      3᠂ ᠨᠡᠶᠢᠭᠡᠮ ᠤᠨ ᠪᠦᠯᠬᠦᠮ ᠳᠠᠩᠰᠠᠯᠠᠯᠲᠠ ᠢᠶᠠᠨ ᠬᠦᠴᠦᠨ ᠦᠭᠡᠢ ᠪᠣᠯᠭᠠᠬᠤ      ᠨᠡᠶᠢᠭᠡᠮ ᠤᠨ ᠪᠦᠯᠬᠦᠮ ᠳᠠᠩᠰᠠᠯᠠᠯᠲᠠ ᠢᠶᠠᠨ ᠬᠦᠴᠦᠨ ᠦᠭᠡᠢ ᠪᠣᠯᠭᠠᠬᠤ ᠳᠤ ᠲᠤᠰᠢᠶᠠᠬᠤ ᠬᠡᠷᠡᠭᠲᠡᠶ ᠮᠠᠲ᠋ᠧᠷᠢᠶᠠᠯ᠄      ︵1︶ ᠡᠷᠬᠡᠪᠰᠢ ᠲᠦᠷᠢᠮ ᠤᠨ ᠲᠣᠭᠲᠠᠭᠠᠯ ᠳᠤ ᠨᠡᠶᠢᠴᠡᠭᠰᠡᠨ ᠬᠦᠴᠦᠨ ᠦᠬᠡᠢ ᠪᠣᠯᠭᠠᠬᠤ ᠶᠠᠪᠣᠴᠠ ᠲᠠᠢ ᠪᠠᠶᠢᠵᠦ᠂ ᠳᠠᠩᠰᠠᠯᠠᠯᠲᠠ ᠢᠶᠠᠨ ᠬᠦᠴᠦᠨ ᠦᠭᠡᠢ ᠪᠣᠯᠭᠠᠬᠤ ᠭᠤᠶᠣᠴᠢᠯᠠᠯ ᠤᠨ ᠪᠢᠴᠢᠭ ᠢ ᠳᠣᠰᠢᠶᠠᠵᠦ ︵ᠳᠠᠩᠰᠠᠯᠠᠯᠲᠠ ᠢᠶᠠᠨ ᠬᠦᠴᠦᠨ ᠦᠭᠡᠢ ᠪᠣᠯᠭᠠᠬᠤ ᠰᠢᠯᠲᠠᠭᠠᠨ ᠵᠢᠴᠢ ᠪᠤᠰᠤᠳ ᠲᠣᠳᠣᠷᠬᠠᠶᠢᠯᠠᠬᠤ ᠱᠠᠭᠠᠷᠳᠠᠯᠭ᠎ᠠ ᠲᠠᠢ ᠴᠢᠬᠤᠯᠠ ᠤᠴᠢᠷ ᠶᠠᠪᠤᠳᠠᠯ ᠢ ᠲᠣᠳᠣᠷᠬᠠᠶᠢᠯᠠᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠭᠠᠷ ᠤᠨ ᠦᠰᠦᠭ ᠵᠢᠷᠤᠬᠤ ᠪᠥᠭᠡᠳ ᠨᠡᠶᠢᠭᠡᠮ ᠤᠨ ᠪᠦᠯᠬᠦᠮ ᠲᠠᠮᠠᠭ᠎ᠠ ᠪᠠᠨ ᠳᠠᠷᠤᠬᠤ ᠬᠡᠷᠡᠭᠲᠡᠢ︶︔      ︵2︶ ᠳᠠᠩᠰᠠᠯᠠᠭᠰᠠᠨ ᠦᠨᠡᠮᠯᠡᠯ ᠤᠨ ᠬᠠᠭᠤᠯᠪᠤᠷᠢ ᠳᠡᠪᠲᠡᠷ︔      ︵3︶ ᠬᠠᠤᠯᠢ ᠶᠣᠰᠣᠭᠠᠷ ᠪᠠᠶᠢᠭᠤᠯᠤᠭᠰᠠᠨ ᠢᠯᠭᠠᠷᠠᠭᠤᠯᠤᠨ ᠪᠤᠳᠤᠬᠤ ᠵᠣᠬᠢᠶᠠᠨ ᠪᠠᠶᠢᠭᠤᠯᠤᠯᠲᠠ ᠠᠴᠠ ᠭᠠᠷᠭᠠᠬᠰᠡᠨ ᠢᠯᠭᠠᠷᠠᠭᠤᠯᠤᠨ ᠪᠤᠳᠤᠭᠰᠠᠨ ᠮᠡᠳᠡᠭᠦᠯᠦᠯᠲᠡ︔      ︵4︶ ᠭᠡᠰᠢᠭᠦᠳ ᠤᠨ ᠶᠡᠭᠡ ᠬᠤᠷᠠᠯ ᠠᠴᠠ ᠲᠠᠰᠤᠯᠤᠯᠳᠠ ᠬᠢᠵᠦ ᠪᠠᠲᠤᠯᠠᠭᠰᠠᠨ ᠬᠤᠷᠠᠯ ᠤᠨ ᠲᠣᠪᠴᠢ ᠲᠡᠮᠳᠡᠭᠯᠡᠯ︔      ︵5︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃      ︵ᠬᠤᠶᠠᠷ︶ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ᠄ ᠭᠤᠶᠣᠴᠢᠯᠠᠭᠴᠢ ᠶᠢᠨ ᠬᠠᠩᠭᠠᠭᠰᠠᠨ ᠮᠠᠲ᠋ᠧᠷᠢᠶᠠᠯ ᠨᠢ ᠦᠨᠡᠨ ᠪᠣᠳᠠᠲᠠᠶ᠂ ᠪᠦᠷᠢᠨ ᠲᠡᠭᠦᠯᠳᠡᠷ  ᠂ ᠳᠦᠷᠢᠮᠵᠢᠯ ᠲᠠᠢ᠂ ᠦᠢᠯᠡᠳᠦᠯ ᠲᠠᠢ᠃      ᠰᠠᠨᠠᠭᠤᠯᠤᠮᠵᠢ᠄ ᠭᠤᠶᠤᠴᠢᠯᠠᠭᠴᠢ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠡᠰᠡ ᠲᠡᠭᠡᠪᠡᠯ ᠬᠠᠷᠠᠭᠠᠯᠵᠠᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃      ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠵᠥᠪᠯᠡᠯ ᠤᠨ ᠨᠠᠷᠢᠨ ᠪᠢᠴᠢᠭ ᠤᠨ ᠭᠠᠵᠠᠷ ᠤᠨ ᠠᠵᠢᠯᠲᠠᠨ      ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠶᠣᠰᠣᠭᠠᠷ ᠪᠠᠶᠢᠴᠠᠭᠠᠨ ᠰᠢᠯᠭᠠᠬᠤ ᠬᠡᠷᠡᠭᠲᠡᠢ᠃ ᠭᠤᠶᠤᠴᠢᠯᠠᠭᠰᠠᠨ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠳᠤ ᠨᠡᠶᠢᠴᠡᠬᠦ ᠦᠬᠡᠢ ᠪᠣᠯ᠂ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠭᠤᠶᠤᠴᠢᠯᠠᠭᠰᠠᠨ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠪᠣᠯ᠂ ᠬᠦᠯᠢᠶᠡᠨ ᠠᠪᠴᠤ ᠰᠢᠢᠳᠪᠦᠷᠢᠯᠡᠬᠦ ᠦᠭᠡᠢ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠡᠭᠦᠷᠭᠡ ᠪᠠᠨ ᠭᠦᠢᠴᠡᠳᠭᠡᠵᠦ᠂ ᠭᠤᠶᠤᠴᠢᠯᠠᠭᠴᠢ ᠳᠤ ᠭᠤᠶᠤᠴᠢᠯᠠᠭᠰᠠᠨ ᠮᠠᠲ᠋ᠧᠷᠢᠶᠠᠯ ᠢ ᠬᠠᠮᠲᠤ ᠳᠤᠨᠢ ᠪᠤᠴᠠᠭᠠᠵᠤ ᠥᠭᠬᠦ ᠬᠡᠷᠡᠭᠲᠡᠶ᠃      ᠬᠤᠶᠠᠷ᠂ ᠰᠢᠭᠦᠨ ᠲᠣᠭᠲᠠᠭᠠᠬᠤ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠤᠯᠢ ᠳᠤ ᠲᠣᠭᠲᠠᠭᠠᠭᠰᠠᠨ ᠨᠥᠬᠦᠴᠡᠯ ᠪᠠ ᠰᠢᠭᠦᠨ ᠲᠣᠭᠲᠠᠭᠠᠬᠤ ᠪᠠᠷᠢᠮᠵᠢᠶ᠎ᠠ ᠶᠣᠰᠣᠭᠠᠷ ᠰᠢᠭᠦᠨ ᠲᠣᠭᠲᠠᠭᠠᠨ᠎ᠠ᠃      ᠭᠤᠷᠪᠠ᠂ ᠮᠡᠳᠡᠭᠳᠡᠬᠦ      ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠶ ᠵᠥᠪᠯᠡᠯ ᠤᠨ ᠨᠠᠷᠢᠨ ᠪᠢᠴᠢᠭ ᠤᠨ ᠭᠠᠵᠠᠷ ᠤᠨ ᠠᠵᠢᠯᠲᠠᠨ      ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠠᠵᠢᠯ ᠤᠨ ᠪᠠᠷᠢᠮᠵᠢᠶ᠎ᠠ ᠶᠣᠰᠣᠭᠠᠷ ᠮᠡᠳᠡᠭᠳᠡᠬᠦ ᠪᠥᠭᠡᠳ ᠠᠯᠪᠠᠨ ᠰᠦᠯᠵᠢᠶ᠎ᠡ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ︔ ᠰᠢᠭᠦᠨ ᠲᠣᠭᠲᠠᠭᠠᠵᠤ ᠪᠠᠲᠤᠯᠠᠭᠰᠠᠨ ᠪᠣᠯ ᠭᠤᠶᠣᠴᠢᠯᠠᠬᠴᠢ ᠳᠤ ᠴᠤᠬᠤᠯᠠᠪᠤᠷᠢᠯᠬᠠᠰᠠᠨ ᠪᠢᠴᠢᠭ ᠮᠠᠲ᠋ᠧᠷᠢᠶᠠᠯ ᠠᠪᠬᠤ ᠶᠢ ᠮᠡᠳᠡᠭᠳᠡᠬᠦ ᠬᠡᠷᠡᠭᠲᠡᠶ︔ ᠵᠦᠪᠰᠢᠶᠡᠷᠡᠭᠰᠡᠨ ᠦᠭᠡᠢ ᠪᠠᠶᠢᠪᠠᠯ᠂ ︽ᠦᠯᠦ ᠵᠥᠪᠰᠢᠶᠡᠷᠡᠬᠦ ᠮᠡᠳᠡᠭᠳᠡᠯ ᠤᠨ ᠪᠢᠴᠢᠭ︾ ᠭᠠᠷᠭᠠᠵᠤ᠂ ᠭᠤᠶᠤᠴᠢᠯᠠᠭᠴᠢ ᠳᠤ ᠬᠦᠷᠭᠡᠬᠦ ᠬᠡᠷᠡᠭᠲᠡᠶ᠃      ᠬᠢᠨᠠᠯᠲᠠ ᠲᠠᠯᠪᠢᠬᠤ ᠪᠠ ᠵᠠᠭᠠᠯᠳᠤᠬᠤ᠄      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397437᠂ ᠵᠠᠬᠢᠳᠠᠯ ᠨᠡᠪᠲᠡᠷᠡᠯᠴᠡᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠦ ᠶᠢᠨ ᠵᠦᠪᠯᠡᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠲᠠᠰᠤᠭ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ᠤ ᠠᠵᠢᠯᠯᠠᠬᠤ ᠴᠠᠭ᠂ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃      ᠳᠠᠭᠠᠯᠳᠤᠭᠤᠯᠤᠯ᠄ ᠨᠡᠶᠢᠭᠡᠮ ᠤᠨ ᠪᠦᠯᠬᠦᠮ ᠤᠨ ᠬᠠᠤᠯᠢ ᠶᠢᠨ ᠬᠥᠮᠦᠨ ᠤ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ ︵ᠳ᠋ᠤᠭᠠᠷᠯᠠᠯ᠄ 01︶      ᠨᠡᠶᠢᠭᠡᠮ ᠤᠨ ᠪᠦᠯᠬᠦᠮ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠤᠨ ᠪᠦᠷᠢᠳᠬᠡᠯ ᠤᠨ ᠬᠦᠰᠦᠨᠦᠭᠲᠦ ︵ᠳ᠋ᠤᠭᠠᠷᠯᠠᠯ᠄ 04︶      ᠨᠡᠶᠢᠭᠡᠮ ᠤᠨ ᠪᠦᠯᠬᠦᠮ ᠤᠨ ᠳᠦᠷᠢᠮ ᠲᠣᠭᠲᠠᠭᠠᠯ ᠢ ᠬᠢᠨᠠᠨ ᠵᠥᠪᠰᠢᠶᠡᠷᠡᠬᠦ ᠬᠦᠰᠦᠨᠦᠭᠲᠦ︵ᠳ᠋ᠤᠭᠠᠷᠯᠠᠯ᠄ 05︶      ᠨᠡᠶᠢᠭᠡᠮ ᠤᠨ ᠪᠦᠯᠬᠦᠮ ᠤᠨ ᠬᠠᠷᠢᠭᠤᠴᠠᠭᠴᠢ ᠶᠢᠨ ᠳᠠᠩᠰᠠᠯᠠᠭᠤᠯᠤᠯᠲᠠ ᠶᠢᠨ ᠬᠦᠰᠦᠨᠦᠭᠲᠦ ︵ᠳ᠋ᠤᠭᠠᠷᠯᠠᠯ᠄ 12︶      ᠨᠡᠶᠢᠭᠡᠮ ᠤᠨ ᠪᠦᠯᠬᠦᠮ ᠤᠨ ᠬᠤᠪᠢᠷᠠᠯᠲᠠ ᠶᠢᠨ ᠳᠠᠩᠰᠠᠯᠠᠯ ᠬᠢᠯᠭᠡᠬᠦ ᠭᠤᠶᠤᠴᠢᠯᠠᠯ ᠤᠨ ᠬᠦᠰᠦᠨᠦᠭᠲᠦ ︵ᠳ᠋ᠤᠭᠠᠷᠯᠠᠯ᠄ 03︶      ᠨᠡᠶᠢᠭᠡᠮ ᠤᠨ ᠪᠦᠯᠬᠦᠮ ᠤᠨ ᠬᠠᠤᠯᠢ ᠶᠢᠨ ᠬᠥᠮᠦᠨ ᠢ ᠬᠦᠴᠦᠨ ᠦᠭᠡᠢ ᠪᠣᠯᠭᠠᠬᠤ ᠭᠤᠶᠣᠴᠢᠯᠠᠯ ᠤᠨ ᠬᠦᠰᠦᠨᠦᠭᠲᠦ ︵ᠳ᠋ᠤᠭᠠᠷᠯᠠᠯ᠄ 02︶
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号