ᠪᠡᠶ᠎ᠡ ᠶᠢᠨ ᠲᠠᠮᠢᠷ ᠤᠨ ᠰᠤᠷᠭᠠᠭᠴᠢ ᠶᠢᠨ ᠮᠡᠷᠭᠡᠵᠢᠯ ᠤᠨ ᠲᠤᠰᠢᠶᠠᠯ ᠤᠨ ᠵᠡᠷᠭᠡ ᠳᠡᠰ ᠬᠢᠷᠢ ᠬᠡᠮ ᠤᠨ ᠭᠡᠷᠡᠴᠢᠯᠡᠭᠡ ᠬᠢᠬᠦ ᠦᠢᠯᠡᠴᠢᠯᠡᠭᠡ ᠶᠢᠨ ᠵᠦᠭᠯᠡᠭᠦᠷ
ᠨᠡᠶᠢᠲᠡᠯᠡᠭᠰᠡᠨ ᠴᠠᠭ᠄
2019/1/7
    ᠲᠣᠬᠢᠷᠠᠬᠤ ᠬᠡᠪᠴᠢᠶ᠎ᠡ᠄  ᠪᠡᠶ᠎ᠡ ᠶᠢᠨ ᠲᠠᠮᠢᠷ ᠤᠨ ᠰᠤᠷᠭᠠᠭᠴᠢ ᠶᠢᠨ ᠮᠡᠷᠭᠡᠵᠢᠯ ᠤᠨ ᠲᠤᠰᠢᠶᠠᠯ ᠤᠨ ᠵᠡᠷᠭᠡ ᠳᠡᠰ ᠢ ᠭᠤᠶᠣᠴᠢᠯᠠᠬᠤ ᠪᠠ ᠭᠦᠢᠴᠡᠳᠭᠡᠬᠦ     ᠨᠣᠳᠠᠯᠠᠬᠰᠡᠨ ᠲᠥᠷᠥᠯ ᠵᠦᠢᠯ ᠤᠨ ᠨᠡᠷᠡᠶᠢᠳᠦᠯ᠄ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠮᠡᠷᠭᠡᠵᠢᠯ ᠤᠨ ᠲᠤᠰᠢᠶᠠᠯ ᠤᠨ ᠵᠡᠷᠭᠡ ᠳᠡᠰ ᠤᠨ ᠬᠢᠷᠢ ᠬᠡᠮ  ᠤᠨ ᠭᠡᠷᠡᠴᠢᠯᠡᠭᠡ     ᠨᠣᠲᠠᠯᠠᠬᠤ ᠦᠨᠳᠦᠰᠦ ᠪᠠᠷᠢᠮᠲᠠ᠄ ︽ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠢᠶᠠᠯ ᠤᠨ ᠵᠡᠷᠭᠡ ᠳᠡᠰ ᠤᠨ ᠪᠠᠷᠢᠮᠵᠢᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠢᠶᠠᠯ ᠤᠨ ᠵᠡᠷᠭᠡ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠵᠠᠰᠠᠪᠤᠷᠢ ᠣᠷᠣᠭᠤᠯᠤᠭᠰᠠᠨ︶     ᠨᠤᠲᠠᠯᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6396114     ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠠᠵᠢᠯᠳᠠᠨ ᠤ ᠶᠠᠪᠤᠳᠠᠯ ᠤᠨ ᠭᠠᠵᠠᠷ      ᠭᠦᠢᠴᠡᠳᠭᠡᠬᠦ ᠴᠠᠭ᠄  ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 ︱ 17᠄ 30      ᠭᠦᠢᠴᠡᠳᠭᠡᠬᠦ ᠶᠠᠪᠣᠴᠠ᠄     ᠨᠢᠭᠡ᠂ ᠬᠦᠯᠢᠶᠡᠨ ᠠᠪᠴᠦ ᠰᠢᠢᠳᠪᠦᠷᠢᠯᠡᠬᠦ     ᠬᠢᠨᠠᠨ ᠰᠢᠯᠭᠠᠬᠤ ᠪᠠᠷ ᠭᠤᠶᠣᠴᠢᠯᠠᠨ ᠮᠡᠳᠡᠭᠦᠯᠦᠭᠰᠡᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢ ᠣᠯᠣᠬᠰᠡᠨ ᠤ ᠳᠠᠷᠠᠭ᠎ᠠ ᠴᠠᠭ ᠳᠣᠬᠠᠢ ᠳᠤᠨᠢ ᠬᠦᠯᠢᠶᠡᠨ ᠠᠪᠴᠦ ᠰᠢᠢᠳᠪᠦᠷᠢᠯᠡᠬᠦ ᠡᠰᠡᠬᠦ ᠶᠢᠨ ᠰᠢᠢᠳᠪᠦᠷᠢ ᠶᠢ ᠭᠠᠷᠭᠠᠵᠦ᠂ ᠮᠡᠳᠡᠭᠦᠯᠬᠦ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠦᠭᠡᠶ ᠪᠠᠶᠢᠪᠠᠯ᠂ ᠮᠡᠳᠡᠭᠦᠯᠦᠯᠲᠡ ᠳᠡᠪᠰᠢᠭᠦᠯᠦᠭᠴᠢ ᠳᠤ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠪᠦᠬᠦ ᠠᠭᠤᠯᠭ᠎ᠠ ᠶᠢ ᠲᠤᠬᠠᠶ ᠶᠢᠨ ᠲᠠᠯᠠᠪᠠᠶ ᠳᠤᠨᠢ ᠮᠡᠳᠡᠭᠳᠡᠨ᠎ᠡ᠃     ᠬᠤᠶᠠᠷ᠂ ᠰᠢᠭᠦᠨ ᠲᠣᠭᠲᠠᠭᠠᠬᠤ     ᠬᠢᠨᠠᠨ ᠰᠢᠯᠭᠠᠬᠤ ᠪᠠᠷ ᠭᠤᠶᠣᠴᠢᠯᠠᠨ ᠮᠡᠳᠡᠭᠦᠯᠦᠭᠰᠡᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠳᠤ ᠡᠮᠬᠢᠳᠬᠡᠬᠦ ᠪᠠ ᠠᠩᠬ᠎ᠠ ᠬᠢᠨᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠳᠡᠭᠡᠳᠦ ᠵᠡᠷᠭᠡ ᠶᠢᠨ ᠲᠤᠰᠢᠶᠠᠯ ᠤᠨ ᠬᠢᠨᠠᠨ ᠰᠢᠯᠭᠠᠬᠤ ᠺᠣᠮᠢᠰ ᠠᠴᠠ ᠬᠢᠨᠠᠨ ᠰᠢᠯᠭᠠᠨ᠎ᠠ᠃     ᠭᠤᠷᠪᠠ᠂ ᠵᠠᠷᠯᠠᠬᠤ᠂ ᠦᠨᠡᠮᠯᠡᠯ ᠣᠯᠭᠤᠬᠤ ᠱᠠᠲᠤ     ᠳᠡᠭᠡᠳᠦ ᠵᠡᠷᠭᠡ ᠶᠢᠨ ᠲᠤᠰᠢᠶᠠᠯ ᠤᠨ ᠬᠢᠨᠠᠨ ᠰᠢᠯᠭᠠᠬᠤ ᠺᠣᠮᠢᠰ ᠠᠴᠠ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠵᠠᠷᠯᠠᠨ ᠨᠡᠶᠢᠲᠡᠯᠡᠵᠦ᠂ ᠬᠢᠨᠠᠨ ᠮᠠᠭᠠᠳᠯᠠᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠭᠤᠨ᠎ᠠ᠃     ᠬᠢᠨᠠᠯᠲᠠ ᠲᠠᠯᠪᠢᠬᠤ ᠪᠠ ᠵᠠᠭᠠᠯᠳᠣᠯᠭ᠎ᠠ ᠬᠢᠬᠦ᠄     ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠶᠢ ᠲᠤᠰ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ ᠴᠢᠮᠡᠭᠡ ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ᠂  ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃    ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号