ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠢᠷᠢ ᠬᠡᠮ ᠤᠨ ᠭᠡᠷᠡᠴᠢᠯᠡᠭᠡ
ᠨᠡᠶᠢᠲᠡᠯᠡᠭᠰᠡᠨ ᠴᠠᠭ᠄
2019/1/7
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠠᠷᠪᠠᠨ ᠨᠢᠭᠡᠳᠦᠭᠡᠷ ᠵᠣᠷᠪᠣᠰ ᠲᠤ᠄ ᠤᠯᠤᠰ ᠠᠴᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠳᠦᠷᠢᠮ ᠢ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︾ ᠶᠢᠨ ᠠᠷᠪᠠᠨ ᠲᠠᠪᠤᠳᠤᠭᠠᠷ ᠵᠣᠷᠪᠣᠰ ᠲᠤ᠄ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠳᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠢᠷᠢ ᠭᠡᠮ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠤᠯᠤᠰ ᠤᠨ ᠪᠠᠷᠢᠮᠵᠢᠶ᠎ᠠ  ᠶᠢ ᠦᠨᠳᠦᠰᠦᠯᠡᠨ ᠬᠢᠷᠢ ᠬᠡᠮ  ᠤᠨ ᠬᠢᠨᠠᠨ ᠬᠡᠷᠡᠴᠢᠯᠡᠭᠡ ᠬᠢᠨ᠎ᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠵᠠᠷᠯᠢᠭ 16 ᠳ᠋ᠤᠭᠠᠷ ᠲᠣᠭᠠᠲᠤ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠳᠥᠷᠪᠡᠳᠦᠭᠡᠷ ᠵᠣᠷᠪᠣᠰ ᠲᠤ᠄ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠵᠥᠪᠰᠢᠶᠡᠷᠡᠭᠦᠯᠦᠭᠰᠡᠨ ᠨᠡᠶᠢᠭᠡᠮᠯᠢᠭ ᠨᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠪᠠᠷᠢᠮᠵᠢᠶ᠎ᠠ ᠶᠣᠰᠣᠭᠠᠷ᠂ ᠬᠠᠷᠠᠭᠠᠯᠵᠠᠭᠰᠠᠨ ᠵᠡᠷᠭᠡ ᠳᠡᠰ ᠪᠦᠬᠦᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠴᠣᠯᠠ ᠣᠯᠭᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号