ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠢᠷᠢ ᠬᠡᠮ ᠤᠨ ᠭᠡᠷᠡᠴᠢᠯᠡᠭᠡ ᠬᠢᠬᠦ ᠦᠢᠯᠡᠴᠢᠯᠡᠭᠡ  ᠶᠢᠨ ᠵᠦᠭᠯᠡᠭᠦᠷ
ᠨᠡᠶᠢᠲᠡᠯᠡᠭᠰᠡᠨ ᠴᠠᠭ᠄
2019/1/7
    ᠲᠣᠬᠢᠷᠠᠬᠤ ᠬᠦᠷᠢᠶ᠎ᠡ ᠬᠡᠪᠴᠢᠶ᠎ᠡ᠄ ᠲᠤᠰ ᠵᠦᠭᠯᠡᠭᠦᠷ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠤ ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠢᠷᠢ ᠭᠡᠮ  ᠤᠨ ᠭᠡᠷᠡᠴᠢᠯᠡᠭᠡ ᠶᠢ ᠭᠤᠶᠤᠴᠢᠯᠠᠬᠤ ᠪᠠ ᠭᠦᠢᠴᠡᠳᠭᠡᠬᠦ ᠳᠤ ᠲᠣᠬᠢᠷᠠᠨ᠎ᠠ᠃     ᠨᠤᠲᠠᠯᠠᠬᠤ ᠲᠥᠷᠥᠯ ᠵᠦᠢᠯ ᠤᠨ ᠨᠡᠷᠡᠶᠢᠳᠦᠯ᠄ ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠢᠷᠢ ᠬᠡᠮ ᠤᠨ ᠭᠡᠷᠡᠴᠢᠯᠡᠭᠡ     ᠨᠤᠲᠠᠯᠠᠬᠤ ᠪᠠᠷᠢᠮᠲᠠ᠄ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠮᠡᠷᠭᠡᠵᠢᠯ ᠤᠨ ᠲᠡᠰ ᠤᠨ ᠪᠠᠷᠢᠮᠵᠢᠶ᠎ᠠ︾     ᠬᠦᠰᠦᠨᠦᠭᠲᠦ  ᠶᠢᠨ ᠨᠡᠷ᠎ᠡ ᠣᠯᠤᠭᠰᠠᠨ  ᠪᠠ ᠤᠯᠬᠤ ᠬᠡᠯᠪᠡᠷᠢ᠄ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ ᠳᠡᠰ ᠤᠨ ᠴᠣᠯᠠ ᠶᠢ ᠬᠢᠨᠠᠨ ᠵᠥᠪᠰᠢᠶᠡᠷᠡᠬᠦ ᠬᠦᠰᠦᠨᠦᠭᠲᠦ  ︾  ᠶᠢ ᠲᠤᠬᠠᠶ ᠶᠢᠨ ᠭᠠᠵᠠᠷ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠴᠢᠵᠦ ᠠᠪᠬᠤ ᠪᠤᠶᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠠᠯᠪᠠᠨ ᠰᠦᠯᠵᠢᠶᠡᠨ ᠳᠡᠭᠡᠷ᠎ᠡ  ᠠᠴᠠ ᠪᠠᠭᠤᠯᠭᠠᠵᠤ ᠠᠪᠣᠨ᠎ᠠ᠃     ᠨᠤᠲᠠᠯᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠤᠲᠠᠰᠤ᠄ 0471-6397449     ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠭᠠᠵᠠᠷ᠃     ᠭᠦᠢᠴᠡᠳᠬᠡᠬᠦ ᠴᠠᠭ᠄ ᠵᠢᠯ ᠪᠦᠷᠢ ᠶᠢᠨ 10 ᠰᠠᠷ᠎ᠠ ᠶᠢᠨ 1 ᠤ ᠡᠳᠦᠷ — — 12 ᠰᠠᠷ᠎ᠠ ᠶᠢᠨ 31 ᠤ ᠡᠳᠦᠷ᠂  ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ︵ ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ ᠤᠨ 9᠄ 00 ︱ 12᠄ 00᠂ 14᠄ 00 ︱ 17᠄ 30     ᠨᠤᠲᠠᠯᠠᠬᠤ ᠴᠠᠭ ᠬᠤᠭᠤᠴᠠᠭ᠎ᠠ᠄  ᠭᠤᠶᠣᠴᠢᠯᠠᠯ ᠤᠨ ᠪᠢᠴᠢᠭ ᠣᠯᠣᠬᠰᠡᠨ ᠤ 20 ᠠᠵᠢᠯ ᠤᠨ ᠡᠳᠦᠷ ᠳᠣᠲᠣᠷ᠎ᠠ ᠨᠣᠲᠠᠯᠠᠬᠤ ᠪᠠ ᠣᠯᠭᠤᠬᠤ ᠰᠢᠢᠳᠪᠦᠷᠢ ᠶᠢ ᠭᠠᠷᠭᠠᠵᠦ ᠵᠠᠷᠯᠠᠨ᠎ᠠ᠃     ᠬᠦᠢᠴᠡᠳᠭᠡᠬᠦ ᠶᠠᠪᠣᠴᠠ᠄     ᠨᠢᠭᠡ᠂ ᠬᠦᠯᠢᠶᠡᠨ‌ᠠᠪᠴᠦ ᠰᠢᠢᠳᠪᠦᠷᠢᠯᠡᠬᠦ     ︵ᠨᠢᠭᠡ︶ ᠭᠦᠯᠢᠶᠡᠨ ᠠᠪᠴᠦ ᠰᠢᠢᠳᠪᠦᠷᠢᠯᠡᠬᠦ ᠨᠦᠭᠦᠴᠡᠯ᠄     1᠂ ᠭᠤᠶᠤᠴᠢᠯᠠᠬᠤ ᠪᠢᠴᠢᠭ︔     2᠂ ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ᠂ ᠳᠡᠭᠡᠳᠦ ᠵᠡᠷᠭᠡ ᠶᠢᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ᠂ ᠲᠠᠮᠢᠷ ᠤᠨ ᠪᠠᠭᠰᠢ᠂ ᠠᠵᠢᠯ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ᠂ ᠳᠠᠰᠬᠠᠯᠵᠢᠭᠤᠯᠤᠭᠴᠢ᠂ ᠰᠢᠯᠢᠳᠡᠭ ᠲᠠᠮᠢᠷᠴᠢᠨ ᠤ ᠬᠢᠷᠢ ᠬᠡᠮ ᠤᠨ ᠦᠨᠡᠮᠯᠡᠯ︔     3᠂ ᠲᠤᠰ ᠨᠢᠭᠡᠴᠡ ᠪᠤᠶᠤ ᠲᠤᠰ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠭᠰᠠᠨ ᠪᠢᠴᠢᠭ︔     4᠂ ᠤᠤᠯ ᠤᠨ ᠮᠡᠷᠭᠡᠵᠢᠯ ᠤᠨ ᠲᠡᠰ ᠤᠨ ᠦᠨᠡᠮᠯᠡᠯ︔     5᠂ ᠭᠠᠭᠴᠠ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠶᠤᠴᠢᠯᠠᠭᠴᠢ ᠶᠢᠨ ᠵᠢᠭᠠᠨ ᠰᠤᠷᠭᠠᠭᠰᠠᠨ ᠪᠡᠶ᠎ᠡ ᠶᠢᠨ ᠲᠠᠮᠢᠷ ᠤᠨ ᠲᠥᠷᠥᠯ ᠵᠦᠢᠯ ᠳᠤ ᠮᠡᠷᠭᠡᠵᠢᠯ ᠤᠨ ᠪᠠᠷᠢᠮᠵᠢᠶ᠎ᠠ ᠱᠠᠭᠠᠷᠳᠠᠯᠭ᠎ᠠ ᠪᠠᠶᠢᠪᠠᠯ᠂ ᠲᠤᠰ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ ᠢ ᠳᠣᠰᠢᠶᠠᠬᠤ  ᠴᠢᠬᠤᠯᠠᠲᠠᠢ︔     6᠂ ᠦᠷᠭᠦᠯᠵᠢᠯᠡᠨ ᠭᠦᠮᠦᠵᠢᠭᠦᠯᠬᠦ ᠳᠤ ᠣᠷᠣᠯᠴᠠᠬᠤ᠂ ᠠᠵᠢᠯ ᠤᠨ ᠪᠠᠶᠢᠳᠠᠯ ᠢᠶᠠᠨ ᠰᠣᠯᠢᠯᠴᠠᠬᠤ᠂ ᠦᠵᠡᠭᠦᠯᠦᠯᠭᠡ ᠶᠢᠨ ᠠᠵᠢᠯᠯᠠᠭ᠎ᠠ ᠶᠢᠨ ᠦᠨᠡᠮᠯᠡᠯ ᠪᠤᠶᠤ  ᠭᠡᠷᠡᠴᠢ᠃     ︵ᠬᠤᠶᠠᠷ︶ ᠬᠦᠯᠢᠶᠡᠨ ᠰᠢᠢᠳᠪᠦᠷᠢᠯᠡᠬᠦ ᠪᠠᠷᠢᠮᠵᠢᠶ᠎ᠠ     ᠭᠤᠶᠤᠴᠢᠯᠠᠭᠴᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ ᠲᠤᠰᠢᠶᠠᠬᠤ ᠬᠡᠷᠡᠭᠲᠡᠶ᠂ ᠡᠷᠬᠡᠪᠰᠢ ᠦᠨᠡᠨ ᠪᠣᠳᠠᠲᠠᠶ᠂ ᠪᠦᠷᠢᠨ ᠲᠡᠭᠦᠯᠳᠡᠷ  ᠂ ᠳᠦᠷᠢᠮᠵᠢᠯ ᠲᠠᠢ᠃     ᠭᠤᠶᠤᠴᠢᠯᠠᠭᠰᠠᠨ ᠮᠠᠲ᠋ᠧᠷᠢᠶᠠᠯ ᠪᠠᠷᠢᠮᠵᠢᠶ᠎ᠠ ᠳᠤ ᠨᠡᠶᠢᠴᠡᠪᠡᠯ ᠳᠠᠷᠣᠢ ᠬᠦᠯᠢᠶᠡᠨ ᠠᠪᠬᠤ ᠬᠡᠷᠡᠭᠲᠡᠢ᠃     ᠬᠤᠶᠠᠷ᠂ ᠰᠢᠭᠦᠨ ᠲᠣᠭᠲᠠᠭᠠᠬᠤ     ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠨᠡᠶᠢᠭᠡᠮᠯᠢᠭ ᠠᠴᠠ ᠬᠢᠨᠠᠨ ᠳᠣᠬᠳᠠᠭᠠᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠢᠷᠢ ᠬᠡᠮ ᠢ ᠨᠢ ᠳᠣᠬᠳᠠᠭᠠᠵᠦ᠂ ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠴᠣᠯᠠ  ᠶᠢ ᠣᠯᠭᠤᠨ ᠦᠨᠡᠮᠯᠡᠯ ᠢ ᠲᠠᠷᠬᠠᠭᠠᠨ᠎ᠠ᠃     ᠭᠤᠷᠪᠠ᠂ ᠮᠡᠳᠡᠭᠳᠡᠬᠦ     ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠭᠠᠵᠠᠷ ᠤᠨ ᠠᠵᠢᠯᠲᠠᠳ     ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠠᠵᠢᠯ ᠤᠨ ᠲᠡᠰ ᠳᠠᠷᠠᠭᠠᠯᠠᠯ ᠶᠣᠰᠣᠭᠠᠷ ᠲᠤᠰ ᠬᠥᠮᠦᠨ ᠳᠤᠨᠢ ᠮᠡᠳᠡᠭᠳᠡᠬᠦ ᠪᠥᠭᠡᠳ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶᠠᠨ ᠤ ᠠᠯᠪᠠᠨ ᠰᠦᠯᠵᠢᠶᠡᠨ ᠳᠡᠭᠡᠷ᠎ᠡ  ᠠᠯᠪᠠᠨ ᠵᠠᠷ ᠨᠡᠶᠢᠲᠡᠯᠡᠬᠦ ᠬᠡᠷᠡᠭᠲᠡᠶ᠃      ᠬᠢᠨᠠᠯᠲᠠ ᠲᠠᠯᠪᠢᠬᠤ ᠪᠠ ᠵᠠᠭᠠᠯᠳᠤᠬᠤ᠄      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠪᠠᠶᠢᠨ᠎ᠠ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ᠂ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃     ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号