ᠬᠡᠷᠡᠭᠯᠡᠬᠦ ᠬᠦᠷᠢᠶ᠎ᠡ ᠬᠡᠪᠴᠢᠶ᠎ᠡ᠄ ᠲᠤᠰ ᠵᠦᠭᠯᠡᠭᠦᠷ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ | ᠳᠣᠲᠣᠷᠠᠬᠢ ᠨᠢᠭᠡᠳᠦᠭᠡᠷ ᠳᠡᠰ ᠤᠨ ᠲᠠᠮᠢᠷᠴᠢᠨ ᠳᠤ ᠵᠡᠷᠭᠡ ᠳᠡᠰ ᠤᠨ ᠴᠣᠯᠠ ᠣᠯᠭᠤᠬᠤ ᠶᠢ ᠭᠤᠶᠣᠴᠢᠯᠠᠬᠤ ᠪᠠ | ᠭᠦᠢᠴᠡᠳᠭᠡᠬᠦ ᠳᠤ ᠬᠡᠷᠡᠭᠯᠡᠨ᠎ᠡ᠃ | ᠨᠤᠲᠠᠯᠠᠬᠤ ᠲᠥᠷᠥᠯ ᠵᠦᠢᠯ ᠤᠨ ᠨᠡᠷᠡᠶᠢᠳᠦᠯ᠄ ᠨᠢᠭᠡᠳᠦᠭᠡᠷ ᠳᠡᠰ ᠤᠨ ᠲᠠᠮᠢᠷᠴᠢᠨ ᠳᠤ ᠵᠡᠷᠭᠡ ᠳᠡᠰ ᠤᠨ ᠴᠣᠯᠠ | ᠣᠯᠭᠤᠬᠤ | ᠨᠤᠲᠠᠯᠠᠬᠤ ᠪᠠᠷᠢᠮᠲᠠ᠄ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ︽ᠪᠥᠬᠦ ᠤᠯᠤᠰ ᠤᠨ | ᠲᠠᠮᠢᠷᠴᠢᠨ ᠤ ᠵᠡᠷᠭᠡ ᠳᠡᠰ ᠤᠨ ᠬᠠᠮᠢᠶᠠᠷᠤᠯᠲᠠ ᠶᠢᠨ ᠠᠷᠭ᠎ᠠ︾᠃ | ᠨᠤᠲᠠᠯᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6396087 | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ | ᠪᠡᠶ᠎ᠡ ᠶᠢᠨ ᠲᠠᠮᠢᠷ ᠤᠨ ᠭᠠᠵᠠᠷ | ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠳᠠᠪᠣᠨ ︵ᠬᠠᠣᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 | ︱ 17᠄ 30 | ᠵᠦᠪᠰᠢᠶᠡᠷᠡᠬᠦ ᠴᠠᠭ ᠤᠨ ᠬᠢᠵᠠᠭᠠᠷ᠄ 20 ᠠᠵᠢᠯ ᠤᠨ ᠡᠳᠦᠷ | ᠭᠦᠢᠴᠡᠳᠭᠡᠬᠦ ᠶᠠᠪᠣᠴᠠ | ᠨᠢᠭᠡ᠂ ᠬᠦᠯᠢᠶᠡᠨ ᠠᠪᠬᠤ | ᠭᠤᠶᠤᠴᠢᠯᠠᠯ ᠢ ᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠬᠦᠯᠢᠶᠡᠨ ᠠᠪᠬᠤ ᠡᠰᠡᠬᠦ ᠲᠤᠬᠠᠶ ᠰᠢᠢᠳᠪᠦᠷᠢ | ᠭᠠᠷᠭᠠᠨ᠎ᠠ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ | ᠨᠡᠶᠢᠴᠡᠭᠰᠡᠨ ᠦᠭᠡᠶ ᠪᠠᠶᠢᠪᠠᠯ᠂ ᠲᠡᠷᠡ ᠳᠣᠣᠷ᠎ᠠ ᠨᠢ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠪᠦᠬᠦ ᠠᠭᠤᠯᠭ᠎ᠠ ᠶᠢ | ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ | ᠬᠤᠶᠠᠷ᠂ ᠲᠠᠩᠰᠠᠯᠠᠨ ᠦᠨᠡᠮᠯᠡᠯ ᠣᠯᠭᠤᠬᠤ | ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠪᠦᠷᠢᠳᠬᠡᠨ ᠥᠭᠴᠦ᠂ ᠨᠢᠭᠡᠳᠦᠭᠡᠷ ᠳᠡᠰ ᠤᠨ | ᠲᠠᠮᠢᠷᠴᠢᠨ ᠤ ᠵᠡᠷᠭᠡ ᠳᠡᠰ ᠤᠨ ᠴᠣᠯᠠ ᠶᠢᠨ ᠦᠨᠡᠮᠯᠡᠯ ᠢ ᠣᠯᠭᠤᠵᠦ᠂ ᠲᠣᠭᠲᠠᠭᠠᠭᠰᠠᠨ ᠱᠠᠭᠠᠷᠳᠠᠯᠭ᠎ᠠ ᠳᠤ ᠤᠢᠯᠦ | ᠨᠡᠶᠢᠴᠡᠬᠦ ᠪᠣᠯ ᠲᠡᠩᠰᠡᠯᠡᠵᠦ ᠥᠭᠬᠦ ᠤᠢᠭᠡᠢ ᠪᠠᠶᠢᠵᠦ ᠪᠠᠰᠠ ᠲᠣᠳᠣᠷᠬᠠᠶᠢᠯᠠᠯᠲᠠ ᠬᠢᠵᠦ ᠥᠭᠭᠦᠨ᠎ᠡ᠃ | ᠭᠤᠷᠪᠠ᠂ ᠵᠠᠷᠯᠠᠯ | ᠨᠤᠲᠠᠯᠠᠨ ᠵᠥᠪᠰᠢᠶᠡᠷᠡᠬᠦ ᠨᠡᠷᠡᠰ ᠢ ᠨᠡᠶᠢᠳᠡᠯᠡᠨ᠎ᠡ᠃ | ᠬᠢᠨᠠᠯᠲᠠ ᠲᠠᠯᠪᠢᠬᠤ ᠪᠠ ᠵᠠᠭᠠᠯᠳᠤᠬᠤ᠄ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ | ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠪᠠᠶᠢᠨ᠎ᠠ | ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 | ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ | ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ᠤ ᠠᠵᠢᠯᠯᠠᠬᠤ ᠴᠠᠭ᠂ ᠬᠠᠤᠯᠢ ᠪᠠᠷ | ᠲᠣᠭᠲᠠᠭᠠᠭᠰᠠᠨ ᠪᠠᠶᠠᠷ ᠤᠨ ᠡᠳᠦᠷ᠂ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ | ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ | ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠤᠨ᠎ᠠ᠃ |