ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠠᠵᠢᠯᠯᠠᠭᠠᠨ ᠤ ᠰᠠᠭᠤᠷᠢᠨ ᠢ ᠡᠭᠦᠳᠦᠨ ᠪᠠᠶᠢᠭᠤᠯᠬᠤ ᠦᠢᠯᠡᠴᠢᠯᠡᠭᠡ  ᠶᠢᠨ ᠵᠦᠭᠯᠡᠭᠦᠷ
ᠨᠡᠶᠢᠲᠡᠯᠡᠭᠰᠡᠨ ᠴᠠᠭ᠄
2019/1/8
    ᠲᠣᠬᠢᠷᠠᠬᠤ ᠬᠦᠷᠢᠶ᠎ᠡ ᠬᠡᠪᠴᠢᠶ᠎ᠡ᠄ ᠲᠤᠰ ᠵᠦᠭᠯᠡᠭᠦᠷ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠰᠠᠭᠤᠷᠢᠨ ᠢ ᠡᠭᠦᠳᠦᠨ ᠪᠠᠶᠢᠭᠤᠯᠬᠤ ᠭᠤᠶᠤᠴᠢᠯᠠᠯ ᠪᠠ ᠨᠡᠷᠡᠶᠢᠳᠦᠬᠦ ᠳᠤ  ᠲᠣᠬᠢᠷᠠᠨ᠎ᠠ᠃     ᠨᠤᠲᠠᠯᠠᠬᠤ ᠨᠡᠷᠡᠶᠢᠳᠦᠯ᠄ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ  ᠰᠠᠭᠤᠷᠢᠨ ᠢ ᠦᠨᠡᠯᠡᠨ ᠲᠣᠭᠲᠠᠭᠠᠬᠤ     ᠨᠤᠲᠠᠯᠠᠬᠤ ᠦᠨᠳᠦᠰᠦ ᠪᠠᠷᠢᠮᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠰᠠᠭᠤᠷᠢᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾     ᠭᠤᠶᠣᠴᠢᠯᠠᠯ ᠤᠨ ᠬᠦᠰᠦᠨᠦᠭᠲᠦ  ᠶᠢᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠰᠠᠭᠤᠷᠢᠨ ᠢ ᠦᠨᠡᠯᠡᠨ ᠲᠣᠭᠲᠠᠭᠠᠬᠤ ᠭᠤᠶᠤᠴᠢᠯᠠᠯᠲᠠ ᠶᠢᠨ ᠪᠢᠴᠢᠭ︾᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠲᠤ ᠣᠴᠢᠵᠦ ᠠᠪᠬᠤ ᠪᠤᠶᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠠᠯᠪᠠᠨ ᠰᠦᠯᠵᠢᠶᠡᠨ ᠳᠡᠭᠡᠷ᠎ᠡ ᠠᠴᠠ ᠪᠠᠭᠤᠯᠭᠠᠵᠤ ᠠᠪᠣᠨ᠎ᠠ᠃     ᠨᠤᠲᠠᠯᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠠᠰᠠᠭᠤᠨ ᠯᠠᠪᠯᠠᠬᠤ ᠤᠲᠠᠰᠤ᠄ 0471-6397441 ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ     ᠰᠢᠢᠳᠪᠦᠷᠢᠯᠡᠬᠦ ᠴᠠᠭ᠄   ᠭᠠᠷᠠᠭ ᠤᠨ ᠨᠢᠭᠡᠨ ᠠᠴᠠ  ᠭᠠᠷᠠᠭ ᠤᠨ ᠲᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12  ᠂   14᠄ 00 ︱ 17᠄ 30     ᠨᠤᠲᠠᠯᠠᠬᠤ ᠴᠠᠭ ᠤᠨ ᠬᠢᠵᠠᠭᠠᠷ᠄ ᠮᠡᠳᠡᠭᠦᠯᠬᠦ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠳᠣᠰᠢᠶᠠᠬᠰᠡᠨ ᠠᠴᠠ ᠡᠬᠢᠯᠡᠨ 20 ᠠᠵᠢᠯ ᠤᠨ ᠡᠳᠦᠷ      ᠭᠦᠢᠴᠡᠳᠭᠡᠬᠦ ᠶᠠᠪᠣᠴᠠ     ᠨᠢᠭᠡ᠂ ᠬᠦᠯᠢᠶᠡᠨ ᠠᠪᠬᠤ      ︵ᠨᠢᠭᠡ︶ ᠬᠦᠯᠢᠶᠡᠨ ᠠᠪᠬᠤ ᠨᠦᠭᠦᠴᠡᠯ᠄     ᠨᠠᠷᠢᠨ ᠵᠦᠢᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠰᠠᠭᠤᠷᠢᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠶᠠᠳᠤᠭᠠᠷ ᠵᠣᠷᠪᠣᠰ  ᠤᠨ ᠰᠠᠭᠤᠷᠢᠨ  ᠤ ᠬᠡᠪᠴᠢᠶ᠎ᠡ ᠪᠣᠯᠤᠨ ᠦᠨᠳᠦᠰᠦᠨ ᠭᠠᠵᠠᠷ ᠣᠷᠣᠨ ᠤ ᠨᠥᠬᠦᠴᠡᠯ︔ ᠭᠤᠷᠪᠠᠳᠤᠭᠠᠷ ᠵᠣᠷᠪᠣᠰ ᠤᠨ ᠰᠠᠭᠤᠷᠢᠨ ᠪᠦᠷᠢᠯᠳᠦᠬᠦ ᠨᠥᠬᠦᠴᠡᠯ ᠱᠠᠭᠠᠷᠳᠠᠯᠭ᠎ᠠ  ᠠᠴᠠ ᠦᠵᠡᠭᠡᠷᠡᠢ᠃      ︵ᠬᠤᠶᠠᠷ︶ ᠭᠤᠶᠣᠴᠢᠯᠠᠨ ᠮᠡᠳᠡᠭᠦᠯᠬᠦ᠄     1 . ᠮᠡᠳᠡᠭᠦᠯᠬᠦ ᠮᠠᠲ᠋ᠧᠷᠢᠶᠠᠯ      ︵1︶ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠰᠠᠭᠤᠷᠢᠨ ᠢ  ᠮᠡᠳᠡᠭᠦᠯᠬᠦ ᠬᠤᠷᠢᠶᠠᠩᠭᠤᠶᠢᠯᠠᠭᠰᠠᠨ ᠬᠦᠰᠦᠨᠦᠭᠲᠦ      ︵2︶ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠠᠵᠢᠯᠯᠠᠭᠠᠨ ᠤ ᠰᠠᠭᠤᠷᠢᠨ ᠢ ᠮᠡᠳᠡᠭᠦᠯᠬᠦ ᠪᠢᠴᠢᠭ      ︵3︶ ᠡᠯ᠎ᠡ ᠠᠶᠢᠮᠠᠭ ᠬᠤᠳᠠ ᠶᠢᠨ ᠲᠤᠬᠠᠶ ᠶᠢᠨ ᠭᠠᠵᠠᠷ ᠤᠨ ᠰᠠᠭᠤᠷᠢᠨ ᠢ ᠦᠷᠨᠢᠭᠦᠯᠭᠦ ᠶᠢ ᠮᠡᠳᠡᠭᠦᠯᠬᠦ ᠪᠠ ᠦᠨᠡᠯᠡᠨ ᠲᠣᠭᠲᠠᠭᠠᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ︵800 ᠦᠰᠦᠭ ᠠᠴᠠ ᠳᠠᠪᠠᠭ᠋ᠣ ᠦᠭᠡᠢ︶      ︵4︶ ᠡᠯ᠎ᠡ ᠠᠶᠢᠮᠠᠭ ᠬᠤᠲᠠ ᠠᠴᠠ ᠰᠠᠭᠤᠷᠢᠨ ᠤ ᠳᠣᠬᠠᠢ ᠪᠢᠴᠢᠭ ᠤᠨ ᠮᠠᠲ᠋ᠧᠷᠢᠶᠠᠯ ᠪᠠ ᠡᠯᠧᠺᠲᠷᠣᠨ ᠤ ᠮᠠᠲ᠋ᠧᠷᠢᠶᠠᠯ ᠢ ᠬᠠᠮᠲᠤ ᠳᠤᠨᠢ ᠮᠡᠳᠡᠭᠦᠯᠦᠨ ᠬᠦᠷᠭᠡᠬᠦ ᠬᠡᠷᠡᠭᠲᠡᠶ᠂ ᠶᠠᠮᠠᠷ ᠨᠢᠭᠡ ᠨᠢ ᠳᠣᠲᠠᠪᠠᠯ ᠭᠤᠶᠣᠴᠢᠯᠠᠨ ᠮᠡᠳᠡᠭᠦᠯᠦᠯᠲᠡ ᠶᠢ ᠬᠦᠴᠦᠨ ᠦᠭᠡᠢ ᠪᠠᠷ ᠦᠵᠡᠨ᠎ᠡ᠃ ᠪᠢᠴᠢᠭ ᠢᠶᠠᠷ ᠮᠡᠳᠡᠭᠦᠯᠦᠭᠰᠡᠨ ᠮᠠᠲ᠋ᠧᠷᠢᠶᠠᠯ ᠢ ᠡᠮᠬᠢᠳᠬᠡᠵᠦ ᠳᠡᠪᠲᠡᠷᠯᠡᠭᠡᠳ᠂ ᠨᠢᠭᠡ ᠬᠡᠯᠪᠡᠷᠢ ᠶᠢ ᠬᠤᠶᠠᠷ ᠬᠤᠪᠢ ᠪᠣᠯᠭᠠᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠶ᠃      2᠂ ᠮᠡᠳᠡᠭᠦᠯᠬᠦ ᠴᠠᠭ      ᠵᠢᠯ ᠪᠦᠷᠢ ᠶᠢᠨ 12 ᠰᠠᠷ᠎ᠠ ᠳᠤ ᠳᠤᠷᠠᠳᠤᠨ ᠭᠠᠷᠭᠠᠵᠤ᠂ ᠲᠠᠷᠠᠭ᠎ᠠ ᠵᠢᠯ ᠤᠨ 1 ᠰᠠᠷ᠎ᠠ ᠳᠤᠨᠢ ᠬᠦᠯᠢᠶᠡᠨ ᠠᠪᠴᠦ᠂ ᠬᠤᠭᠤᠴᠠᠭ᠎ᠠ ᠨᠢ ᠬᠡᠲᠦᠷᠡᠭᠰᠡᠨ ᠪᠠᠶᠢᠪᠠᠯ ᠰᠢᠯᠭᠠᠨ ᠲᠣᠭᠲᠠᠭᠠᠯᠲᠠ ᠬᠢᠬᠦ ᠦᠭᠡᠢ᠃       ᠬᠤᠶᠠᠷ᠂ ᠰᠢᠭᠦᠨ ᠲᠣᠭᠲᠠᠭᠠᠬᠤ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠰᠠᠭ ᠵᠠᠬᠢᠷᠭᠠᠨ ᠢᠶᠠᠷ ᠨᠤᠲᠠᠯᠠᠬᠤ ᠪᠠᠷᠢᠮᠵᠢᠶ᠎ᠠ ᠶᠣᠰᠣᠭᠠᠷ ᠬᠢᠨᠠᠨ ᠲᠣᠭᠲᠠᠭᠠᠨ᠎ᠠ᠃ ᠪᠠᠷᠢᠮᠵᠢᠶ᠎ᠠ ᠳᠤ ᠨᠡᠶᠢᠴᠡᠭᠰᠡᠨ ᠪᠣᠯ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠣᠬᠢᠶᠠᠨ ᠬᠠᠷᠢᠭᠤᠯᠣᠨ᠎ᠠ᠃ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠰᠢᠭᠦᠨ ᠳᠣᠬᠳᠠᠭᠠᠬᠤ ᠰᠠᠨᠠᠯ ᠪᠠ ᠰᠢᠯᠲᠠᠭᠠᠨ ᠢ ᠳᠣᠷᠠᠳᠣᠨ ᠭᠤᠶᠣᠴᠢᠯᠠᠭᠴᠢ ᠳᠤ ᠮᠡᠳᠡᠭᠦᠯᠦᠨ᠎ᠡ᠃      ᠭᠤᠷᠪᠠ᠂ ᠮᠡᠳᠡᠭᠳᠡᠬᠦ      ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠤᠨ ᠪᠢᠴᠢᠭ ᠮᠠᠲ᠋ᠧᠷᠢᠶᠠᠯ ᠢ ᠬᠤᠷᠢᠶᠠᠵᠦ ᠲᠠᠷᠬᠠᠭᠠᠬᠤ ᠠᠵᠢᠯᠲᠠᠨ᠃      ᠲᠤᠰ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠄ ᠬᠦᠯᠢᠶᠡᠨ ᠠᠪᠬᠤ ᠪᠠᠷᠢᠮᠵᠢᠶ᠎ᠠ ᠶᠤᠰᠤᠭᠠᠷ ᠭᠤᠶᠤᠴᠢᠯᠠᠯ ᠤᠨ ᠮᠠᠲ᠋ᠧᠷᠢᠶᠠᠯ ᠢ ᠪᠠᠶᠢᠴᠠᠭᠠᠨ ᠰᠢᠯᠭᠠᠨ᠎ᠠ᠃ ᠭᠤᠶᠤᠴᠢᠯᠠᠭᠰᠠᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠪᠡᠯ ᠬᠦᠯᠢᠶᠡᠨ ᠠᠪᠣᠨ᠎ᠠ᠃ ᠭᠤᠶᠤᠴᠢᠯᠠᠭᠰᠠᠨ ᠮᠠᠲ᠋ᠧᠷᠢᠶᠠᠯ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠬᠦᠯᠢᠶᠠᠨ ᠠᠪᠬᠤ ᠦᠭᠡᠢ ᠪᠠᠶᠢᠵᠦ᠂ ᠨᠢᠭᠡ ᠤᠳᠠᠭ᠎ᠠ ᠳᠤ ᠮᠡᠳᠡᠭᠳᠡᠬᠦ ᠡᠭᠦᠷᠭᠡ ᠶᠢ ᠭᠦᠢᠴᠡᠳᠭᠡᠨ᠂ ᠭᠤᠶᠣᠴᠢᠯᠠᠬᠰᠡᠨ ᠮᠠᠲ᠋ᠧᠷᠢᠶᠠᠯ ᠢ ᠭᠤᠶᠣᠴᠢᠯᠠᠭᠴᠢ ᠪᠣᠶᠣ ᠭᠤᠶᠣᠴᠢᠯᠠᠬᠰᠡᠨ ᠰᠠᠯᠠᠭ᠎ᠠ ᠮᠦᠴᠢᠷ ᠲᠤ ᠪᠤᠴᠠᠭᠠᠨ ᠥᠭᠭᠦᠨ᠎ᠡ᠃      ᠬᠢᠨᠠᠯᠲᠠ ᠲᠠᠯᠪᠢᠬᠤ ᠪᠠ ᠵᠠᠭᠠᠯᠳᠤᠬᠤ᠄      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠪᠠᠶᠢᠨ᠎ᠠ ᠭᠡᠵᠦ ᠦᠵᠡᠪᠡᠯ᠂ ᠲᠤᠰ ᠪᠠᠶᠢᠭᠤᠯᠭ᠎ᠠ  ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄  ᠭᠠᠷᠠᠭ ᠤᠨ ᠨᠢᠭᠡᠨ ᠠᠴᠠ  ᠭᠠᠷᠠᠭ ᠤᠨ ᠲᠠᠪᠣᠨ ᠤ ᠠᠵᠢᠯᠯᠠᠬᠤ ᠴᠠᠭ᠂ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号