ᠡᠷᠡᠭᠳᠡᠢ᠂ ᠬᠢᠳᠡᠳ ᠦᠨᠳᠦᠰᠦᠳᠡᠨ᠂ 1963 ᠤᠨ ᠤ 4 ᠰᠠᠷ᠎ᠠ ᠳᠤ ᠲᠦᠷᠦᠪᠡ᠂ ᠯᠢᠶᠤᠤᠨᠢᠩ ᠮᠤᠵᠢ ᠶᠢᠨ | ᠳ᠋ᠠᠯᠢᠶᠠᠨ ᠤ ᠬᠦᠮᠦᠨ᠂ 1987 ᠤᠨ ᠤ 8 ᠰᠠᠷ᠎ᠠ ᠳᠤ ᠠᠵᠢᠯ ᠳᠤ ᠤᠷᠤᠯᠴᠠᠪᠠ᠂ 1997 ᠤᠨ ᠤ 6 ᠰᠠᠷ᠎ᠠ ᠳᠤ | ᠲᠤᠮᠳᠠᠳᠦ ᠤᠯᠤᠰ ᠤᠨ ᠡᠪ ᠬᠠᠮᠳᠦ ᠨᠠᠮ ᠳᠤ ᠡᠯᠰᠡᠭᠳᠡᠪᠡ᠂ ᠦᠪᠦᠷ ᠮᠤᠩᠭᠤᠯ ᠤᠨ ᠦᠨᠳᠦᠰᠦᠳᠡᠨ ᠤ ᠪᠠᠭᠰᠢ ᠶᠢᠨ | ᠲᠡᠭᠡᠳᠦ ᠰᠤᠷᠭᠠᠭᠤᠯᠢ ᠠᠴᠠ ᠲᠡᠭᠦᠰᠪᠡ᠃ | 1983.09 — 1987.07 ᠦᠪᠦᠷ ᠮᠤᠩᠭᠤᠯ ᠤᠨ ᠦᠨᠳᠦᠰᠦᠳᠡᠨ ᠤ ᠪᠠᠭᠰᠢ ᠶᠢᠨ ᠲᠡᠭᠡᠳᠦ | ᠰᠤᠷᠭᠠᠭᠤᠯᠢ ᠳᠤ ᠬᠢᠳᠡᠳ ᠬᠡᠯᠡ ᠤᠳᠬ᠎ᠠ ᠵᠤᠬᠢᠶᠠᠯ ᠤᠨ ᠮᠡᠷᠭᠡᠵᠢᠯ ᠢᠶᠠᠷ ᠰᠤᠷᠤᠯᠴᠠᠪᠠ︔ | 1987.07 — 1987.08 ᠠᠵᠢᠯ ᠬᠤᠪᠢᠶᠠᠷᠢᠯᠠᠬᠤ ᠶᠢ ᠬᠦᠯᠢᠶᠡᠪᠡ︔ | 1987.08 — 1995.10 ᠵᠠᠯᠠᠨ ᠠᠶᠢᠯ ᠪᠠᠭᠰᠢ ᠶᠢᠨ ᠰᠤᠷᠭᠠᠭᠤᠯᠢ ᠳᠤ ᠪᠠᠭᠰᠢᠯᠠᠪᠠ ︵ᠡᠨᠡ | ᠬᠤᠭᠤᠴᠠᠭᠠᠨ ᠳᠤ᠂ 1992.04 — 1994.04 ᠴᠠᠯᠢᠩ ᠪᠠᠨ ᠵᠤᠭᠰᠤᠭᠠᠵᠦ ᠠᠵᠢᠯ ᠢᠶᠠᠨ | ᠦᠯᠡᠳᠡᠭᠡᠪᠡ ︶︔ | 1995.10 — 1999.10 ᠵᠠᠯᠠᠨ ᠠᠶᠢᠯ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ᠤᠨ | ᠪᠢᠴᠢᠭᠡᠴᠢ ᠪᠠᠷ ᠠᠵᠢᠯᠯᠠᠪᠠ ︵ᠡᠨᠡ ᠬᠤᠭᠤᠴᠠᠭᠠᠨ ᠳᠤ᠂ 1996.09 — 1998.07 ᠲᠤᠮᠳᠠᠳᠦ ᠤᠯᠤᠰ ᠤᠨ | ᠠᠷᠠᠳ ᠤᠨ ᠶᠡᠭᠡ ᠰᠤᠷᠭᠠᠭᠤᠯᠢ ᠶᠢᠨ ᠠᠰᠫᠢᠷᠠᠨᠲ ᠶᠢᠨ ᠲᠡᠭᠡᠳᠦ ᠰᠤᠷᠭᠠᠭᠤᠯᠢ ᠶᠢᠨ ᠠᠰᠫᠢᠷᠠᠨᠲ ᠶᠢᠨ ᠬᠢᠴᠢᠶᠡᠯ ᠤᠨ | ᠮᠡᠷᠭᠡᠵᠢᠯ ᠲᠡᠭᠡᠭᠰᠢᠯᠡᠬᠦᠯᠬᠦ ᠠᠩᠭᠢ ᠳᠤ ᠨᠡᠶᠢᠭᠡᠮ ᠤᠨ ᠤᠬᠠᠭᠠᠨ ᠤ ᠰᠠᠯᠪᠤᠷᠢ ᠶᠢᠨ ᠬᠡᠷᠡᠭᠯᠡᠭᠡᠨ ᠤ ᠨᠡᠶᠢᠭᠡᠮ ᠤᠨ | ᠤᠬᠠᠭᠠᠨ ᠤ ᠮᠡᠷᠭᠡᠵᠢᠯ ᠢᠶᠠᠷ ᠰᠤᠷᠤᠯᠴᠠᠪᠠ︶ | 1999.10 — 2001.03 ᠵᠠᠯᠠᠨ ᠠᠶᠢᠯ ᠬᠤᠳᠠ ᠶᠢᠨ ᠠᠷᠠᠯᠵᠢᠶᠠᠴᠢᠨ ᠤᠷᠢᠬᠤ ᠲᠤᠪᠴᠢᠶᠠᠨ ᠤ ᠲᠡᠳ᠋ | ᠲᠤᠪᠴᠢᠶᠠᠨ ᠲᠠᠷᠤᠭ᠎ᠠ ᠪᠠᠷ ᠠᠵᠢᠯᠯᠠᠪᠠ︔ | 2001.03 — 2002.07 ᠵᠠᠯᠠᠨ ᠠᠶᠢᠯ ᠬᠤᠳᠠ ᠶᠢᠨ ᠭᠤᠤ ᠲᠠᠢ ᠽᠢ ᠪᠠᠯᠭᠠᠰᠤᠨ ᠤ ᠨᠠᠮ ᠤᠨ | ᠬᠤᠷᠢᠶᠠᠨ ᠤ ᠲᠡᠳ᠋ ᠱᠦᠵᠢ᠂ ᠪᠠᠯᠭᠠᠰᠤᠨ ᠲᠠᠷᠤᠭ᠎ᠠ ᠪᠠᠷ ᠠᠵᠢᠯᠯᠠᠪᠠ︔ | 2002.07 — 2003.11 ᠵᠠᠯᠠᠨ ᠠᠶᠢᠯ ᠬᠤᠳᠠ ᠶᠢᠨ ᠴᠢᠩᠭᠢᠰ ᠬᠠᠭᠠᠨ ᠪᠠᠯᠭᠠᠰᠤᠨ ᠤ ᠨᠠᠮ ᠤᠨ | ᠬᠤᠷᠢᠶᠠᠨ ᠤ ᠲᠡᠳ᠋ ᠱᠦᠵᠢ᠂ ᠪᠠᠯᠭᠠᠰᠤᠨ ᠲᠠᠷᠤᠭ᠎ᠠ ᠪᠠᠷ ᠠᠵᠢᠯᠯᠠᠪᠠ︔ | 2003.11 — 2006.06 ᠶᠠᠭᠰᠢ ᠬᠤᠳᠠ ᠶᠢᠨ ᠰᠢᠨᠵᠢᠯᠡᠭᠡ ᠮᠡᠷᠭᠡᠵᠢᠯ ᠤᠨ ᠲᠠᠳ᠋ ᠬᠤᠳᠠ ᠶᠢᠨ | ᠲᠠᠷᠤᠭ᠎ᠠ ᠪᠠᠷ ᠠᠵᠢᠯᠯᠠᠪᠠ︔ | 2006.06 — 2008.11 ᠬᠦᠯᠦᠨ ᠪᠤᠶᠢᠷ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠵᠦᠪᠯᠡᠯ | ᠤᠨ ᠲᠡᠳ᠋ ᠡᠷᠬᠢᠯᠡᠭᠴᠢ ᠪᠠᠷ ᠠᠵᠢᠯᠯᠠᠪᠠ︔ | 2008.11 — 2010.08 ᠬᠦᠯᠦᠨ ᠪᠤᠶᠢᠷ ᠬᠤᠳᠠ ᠶᠢᠨ ᠠᠵᠦ ᠠᠬᠤᠢ ᠶᠢᠨ ᠨᠡᠭᠡᠭᠡᠯᠳᠡ ᠶᠢᠨ | ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ ᠢᠶᠠᠷ ᠠᠵᠢᠯᠯᠠᠪᠠ︔ | 2010.08 — 2011.12 ᠬᠦᠯᠦᠨ ᠪᠤᠶᠢᠷ ᠬᠤᠳᠠ ᠶᠢᠨ ᠠᠵᠦ ᠠᠬᠤᠢ ᠶᠢᠨ ᠨᠡᠭᠡᠭᠡᠯᠳᠡ ᠶᠢᠨ | ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ ᠪᠠᠷ ᠠᠵᠢᠯᠯᠠᠪᠠ︔ | 2011.12 — 2012.01 ᠡᠷᠭᠦᠨ᠎ᠡ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ | ᠶᠢᠨ ᠲᠠᠷᠤᠭ᠎ᠠ ᠶᠢᠨ ᠵᠢᠱᠢᠳᠡᠭᠴᠢ ᠪᠠᠷ ᠠᠵᠢᠯᠯᠠᠪᠠ︔ | 2012.01 — 2012.02 ᠡᠷᠭᠦᠨ᠎ᠡ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ | ᠤᠷᠤᠯᠠᠭᠴᠢ ᠬᠤᠳᠠ ᠶᠢᠨ ᠲᠠᠷᠤᠭ᠎ᠠ ᠪᠠᠷ ᠠᠵᠢᠯᠯᠠᠪᠠ︔ | 2012.02 — 2013.01 ᠡᠷᠭᠦᠨ᠎ᠡ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ | ᠶᠢᠨ ᠲᠠᠷᠤᠭ᠎ᠠ ᠪᠠᠷ ᠠᠵᠢᠯᠯᠠᠪᠠ︔ | 2013.01 — 2016.01 ᠡᠷᠭᠦᠨ᠎ᠡ ᠬᠤᠳᠠ ᠶᠢᠨ ᠨᠠᠮ ᠤᠨ ᠬᠤᠷᠢᠶᠠᠨ ᠤ ᠱᠦᠵᠢ ᠪᠠᠷ | ᠠᠵᠢᠯᠯᠠᠪᠠ︔ | 2016.01 — 2016.02 ᠬᠦᠯᠦᠨ ᠪᠤᠶᠢᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ ᠭᠡᠰᠢᠭᠦᠨ᠂ ᠡᠷᠭᠦᠨ᠎ᠡ ᠬᠤᠳᠠ ᠶᠢᠨ ᠨᠠᠮ ᠤᠨ | ᠬᠤᠷᠢᠶᠠᠨ ᠤ ᠱᠦᠵᠢ ᠪᠠᠷ ᠠᠵᠢᠯᠯᠠᠪᠠ︔ | 2016.01 — 2016.08 ᠬᠦᠯᠦᠨ ᠪᠤᠶᠢᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ᠂ ᠡᠷᠭᠦᠨ᠎ᠡ ᠬᠤᠳᠠ ᠶᠢᠨ ᠨᠠᠮ ᠤᠨ ᠬᠤᠷᠢᠶᠠᠨ ᠤ | ᠱᠦᠵᠢ ᠪᠠᠷ ᠠᠵᠢᠯᠯᠠᠪᠠ︔ | 2016.08 — 2018.10 ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠡᠳ᠋ | ᠲᠠᠷᠤᠭ᠎ᠠ ᠪᠠᠷ ᠠᠵᠢᠯᠯᠠᠪᠠ︔ | 2018.10 — ᠤᠳᠤ ᠪᠤᠯᠳᠠᠯ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ | ᠲᠠᠮᠢᠷ ᠤᠨ ᠲᠤᠪᠴᠢᠶ᠎ᠡ ᠶᠢᠨ ᠨᠠᠮ ᠤᠨ ᠲᠤᠭᠤᠶᠢᠯᠠᠩ ᠤᠨ ᠭᠡᠰᠢᠭᠦᠨ᠂ ᠲᠡᠳ᠋ ᠲᠤᠪᠴᠢᠶᠠᠨ ᠲᠠᠷᠤᠭ᠎ᠠ ᠪᠠᠷ ᠠᠵᠢᠯᠯᠠᠵᠦ | ᠪᠤᠢ᠃ | | ᠠᠵᠢᠯ ᠤᠨ ᠬᠤᠪᠢᠶᠠᠷᠢ᠄ ᠲᠠᠨ ᠵᠢᠩ ᠹᠧᠩ ᠲᠤᠪᠴᠢᠶᠠᠨ ᠲᠠᠷᠤᠭ᠎ᠠ ᠶᠢᠨ ᠠᠵᠢᠯ ᠳᠤ ᠬᠠᠮᠵᠢᠵᠦ᠂ ᠲᠠᠮᠢᠷ ᠤᠨ | ᠠᠵᠦ ᠦᠢᠯᠡᠰ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠵᠡᠷᠭᠡ ᠠᠵᠢᠯ ᠢ ᠬᠠᠷᠢᠭᠤᠴᠠᠨ᠎ᠠ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ᠂ ᠪᠠᠶ᠎ᠡ ᠶᠢᠨ ᠲᠠᠮᠢᠷ ᠤᠨ ᠠᠵᠦ ᠠᠬᠤᠢ ᠶᠢᠨ ᠭᠠᠵᠠᠷ᠂ ᠪᠠᠶ᠎ᠡ ᠶᠢᠨ | ᠲᠠᠮᠢᠷ ᠤᠨ ᠠᠵᠦ ᠦᠢᠯᠡᠰ ᠤᠨ ᠠᠯᠪᠠᠨ ᠭᠡᠷ᠂ ᠠᠷᠪᠠᠨ ᠲᠦᠷᠪᠡᠳᠦᠭᠡᠷ ᠬᠤᠭᠤᠴᠠᠭᠠᠨ ᠶᠢᠨ ᠪᠦᠬᠦ ᠤᠯᠤᠰ ᠤᠨ ᠡᠪᠦᠯ | ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠠᠯᠪᠠᠨ ᠭᠡᠷ᠂ ᠦᠪᠦᠷ ᠮᠤᠩᠭᠤᠯ ᠤᠨ ᠡᠪᠦᠯ | ᠤᠨ ᠤᠯᠠᠷᠢᠯ ᠤᠨ ᠲᠠᠮᠢᠷ ᠤᠨ ᠰᠫᠤᠷᠲ ᠤᠨ ᠬᠠᠮᠢᠶᠠᠷᠤᠯᠳᠠ ᠶᠢᠨ ᠲᠦᠪ᠂ ᠦᠪᠦᠷ ᠮᠤᠩᠭᠤᠯ ᠤᠨ ᠪᠡᠶ᠎ᠡ ᠶᠢᠨ ᠲᠠᠮᠢᠷ | ᠤᠨ ᠱᠠᠩᠨᠠᠯᠳᠦ ᠰᠤᠭᠤᠯᠤᠭ᠎ᠠ ᠶᠢᠨ ᠬᠠᠮᠢᠶᠠᠷᠤᠯᠳᠠ ᠶᠢᠨ ᠲᠦᠪ᠂ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ | ᠲᠦᠭᠦᠭᠡᠷᠦᠮᠵᠢ ᠶᠢᠨ ᠲᠦᠪ᠂ ᠦᠪᠦᠷ ᠮᠤᠩᠭᠤᠯ ᠤᠨ ᠭᠡᠬᠡᠷᠡᠯᠡᠬᠦ ᠰᠫᠤᠷᠲ ᠤᠨ ᠦᠢᠯᠡᠴᠢᠯᠡᠭᠡᠨ ᠤ ᠲᠦᠪ ᠢ | ᠬᠠᠮᠢᠶᠠᠷᠴᠦ᠂ ᠠᠯᠪᠠᠨ ᠭᠡᠷ᠂ ᠤᠯᠤᠰ ᠲᠦᠷᠦ ᠬᠠᠤᠯᠢ ᠲᠤᠭᠳᠠᠭᠠᠯ ᠤᠨ ᠭᠠᠵᠠᠷ᠂ ᠦᠪᠦᠷ ᠮᠤᠩᠭᠤᠯ ᠤᠨ ᠪᠡᠶ᠎ᠡ ᠶᠢᠨ | ᠲᠠᠮᠢᠷ ᠤᠨ ᠲᠠᠰᠬᠠᠯᠵᠢᠭᠤᠯᠤᠯ ᠦᠢᠯᠡᠴᠢᠯᠡᠭᠡᠨ ᠤ ᠲᠦᠪ ᠢ ᠤᠷᠤᠯᠠᠨ ᠬᠠᠮᠢᠶᠠᠷᠤᠨ᠎ᠡ᠃ |