ᠲᠠᠮᠢᠷ ᠤᠨ ᠠᠵᠦ ᠠᠬᠤᠢ ᠶᠢᠨ ᠭᠠᠵᠠᠷ
ᠨᠡᠶᠢᠲᠡᠯᠡᠭᠰᠡᠨ ᠴᠠᠭ᠄
2019/11/6
    ᠲᠠᠮᠢᠷ ᠤᠨ ᠪᠠᠶ᠎ᠡ ᠴᠢᠬᠢᠷᠠᠭᠵᠢᠭᠤᠯᠬᠤ ᠴᠡᠩᠭᠡᠬᠦᠨ᠂ ᠤᠷᠤᠯᠳᠤᠭᠠᠨ ᠤ ᠲᠤᠭᠯᠠᠯᠳᠠ᠂ ᠪᠤᠯᠪᠠᠰᠤᠷᠠᠯ ᠤᠨ ᠦᠢᠯᠡᠴᠢᠯᠡᠭᠡ᠂ ᠮᠡᠷᠭᠡᠵᠢᠯ ᠤᠨ ᠰᠤᠷᠠᠭ ᠵᠠᠩᠭᠢ ᠵᠡᠷᠭᠡ ᠲᠠᠮᠢᠷ ᠤᠨ ᠠᠵᠦ ᠠᠬᠤᠢ ᠡᠵᠡᠩᠨᠡᠯᠳᠡ ᠶᠢᠨ ᠠᠵᠢᠯᠯᠠᠭ᠎ᠠ ᠵᠢᠴᠢ ᠲᠠᠮᠢᠷ ᠤᠨ ᠵᠠᠬ᠎ᠠ ᠲᠡᠯᠭᠡᠭᠦᠷ ᠤᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ  ᠬᠠᠤᠯᠢ ᠲᠤᠭᠳᠠᠭᠠᠯ ᠤᠨ ᠡᠬᠡ ᠲᠦᠰᠦᠯ ᠢ ᠰᠤᠳᠤᠯᠤᠨ ᠲᠤᠭᠳᠠᠭᠠᠨ᠎ᠠ︔ ᠲᠠᠮᠢᠷ ᠤᠨ ᠡᠵᠡᠩᠨᠡᠯᠳᠡ ᠶᠢᠨ ᠠᠵᠢᠯᠯᠠᠭ᠎ᠠ ᠳᠤ ᠤᠷᠤᠯᠴᠠᠬᠤ ᠨᠦᠬᠦᠴᠡᠯ᠂ ᠵᠦᠪᠰᠢᠶᠡᠷᠡᠯ ᠤᠨ ᠲᠡᠰ ᠲᠠᠷᠠᠭᠠᠯᠠᠯ᠂ ᠠᠷᠭ᠎ᠠ ᠶᠢ ᠲᠤᠭᠳᠠᠭᠠᠨ᠎ᠠ︔ ᠲᠠᠮᠢᠷ ᠤᠨ ᠱᠠᠩᠨᠠᠯᠳᠦ ᠰᠤᠭᠤᠯᠤᠭ᠎ᠠ ᠶᠢᠨ ᠲᠠᠷᠬᠠᠭᠠᠯᠳᠠ ᠬᠠᠮᠢᠶᠠᠷᠤᠯᠳᠠ ᠶᠢᠨ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠪᠤᠯᠤᠨ ᠰᠢᠭᠤᠳ ᠬᠠᠷᠢᠶ᠎ᠡ ᠪᠠᠶᠢᠭᠤᠯᠭ᠎ᠠ  ᠶᠢᠨ ᠦᠨᠳᠦᠰᠦᠨ ᠪᠦᠳᠦᠭᠡᠨ ᠪᠠᠶᠢᠭᠤᠯᠤᠯᠳᠠ ᠪᠤᠯᠤᠨ ᠲᠤᠪᠴᠢᠶᠠᠨ ᠤ ᠰᠢᠭᠤᠳ ᠬᠠᠷᠢᠶ᠎ᠠ ᠤᠯᠤᠰ ᠤᠨ ᠦᠮᠴᠢᠯᠠᠯᠳᠦ ᠬᠦᠷᠦᠩᠭᠡ ᠶᠢᠨ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠡ︔ ᠤᠷᠢᠳᠴᠢᠯᠠᠭᠰᠠᠨ ᠲᠦᠰᠦᠪ ᠤᠨ ᠬᠠᠮᠢᠶᠠᠷᠤᠯᠳᠠ᠂ ᠲᠦᠯᠦᠪᠯᠡᠭᠡ ᠳᠠᠬᠢ ᠪᠡᠯᠡ ᠤᠷᠤᠭᠤᠯᠤᠯᠳᠠ ᠶᠢᠨ ᠬᠠᠮᠢᠶᠠᠷᠤᠯᠳᠠ ᠶᠢ ᠡᠭᠦᠷᠭᠡᠯᠡᠵᠦ᠂ ᠲᠤᠪᠴᠢᠶᠠᠨ ᠤ ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ ᠬᠠᠮᠢᠶᠠᠷᠴᠦ᠂ ᠰᠢᠭᠤᠳ ᠬᠠᠷᠢᠶ᠎ᠡ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠠᠵᠢᠯ ᠳᠤ ᠬᠢᠨᠠᠯᠳᠠ ᠲᠠᠯᠪᠢᠨ᠎ᠡ︔ ᠲᠠᠮᠢᠷ ᠤᠨ ᠠᠵᠢᠯ ᠦᠢᠯᠡᠰ ᠤᠨ ᠪᠦᠷᠢᠳᠬᠡᠯ᠂ ᠲᠠᠮᠢᠷ ᠤᠨ ᠲᠤᠨᠤᠭ ᠲᠦᠭᠦᠭᠡᠷᠦᠮᠵᠢ ᠵᠡᠷᠭᠡ ᠠᠵᠢᠯ ᠢ ᠬᠠᠷᠢᠭᠤᠴᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号