ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ
ᠨᠡᠶᠢᠲᠡᠯᠡᠭᠰᠡᠨ ᠴᠠᠭ᠄
2019/11/6
   ᠪᠦᠬᠦ ᠤᠷᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠦᠭᠵᠢᠯᠳᠡ ᠶᠢᠨ ᠬᠦᠳᠦᠯᠪᠤᠷᠢ ᠶᠢ ᠲᠤᠭᠳᠠᠭᠠᠨ ᠲᠤᠭᠤᠷᠪᠢᠵᠦ᠂ ᠪᠦᠬᠦ ᠤᠷᠤᠨ ᠤ ᠵᠠᠯᠠᠭᠤᠴᠤᠳ ᠪᠠᠭᠠᠴᠤᠳ ᠤᠨ ᠴᠢᠯᠦᠭᠡᠳᠦ ᠴᠠᠭ  ᠤᠨ ᠲᠠᠰᠬᠠᠯᠵᠢᠭᠤᠯᠤᠯ ᠤᠨ ᠠᠵᠢᠯ ᠪᠤᠯᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠢᠯᠤᠭᠤᠳᠤᠨ ᠬᠠᠮᠢᠶᠠᠷᠤᠨ᠎ᠡ︔ ᠵᠠᠯᠠᠭᠤᠴᠤᠳ ᠪᠠᠭᠠᠴᠤᠤᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠪᠠᠷᠢᠮᠵᠢᠶ᠎ᠡ ᠶᠢ ᠬᠡᠷᠡᠭᠵᠢᠭᠦᠯᠬᠦ ᠶᠢ ᠵᠢᠯᠤᠭᠤᠳᠴᠦ ᠬᠢᠨᠠᠯᠳᠠ ᠲᠠᠯᠪᠢᠨ᠎ᠡ᠃ ᠪᠦᠬᠦ ᠤᠷᠤᠨ ᠤ ᠵᠠᠯᠠᠭᠤᠴᠤᠳ ᠪᠠᠭᠠᠤᠴᠤᠳ ᠤᠨ ᠪᠡᠯᠡᠳᠬᠡᠯ ᠴᠢᠳᠠᠪᠤᠷᠢᠳᠠᠨ  ᠤ ᠰᠠᠭᠤᠷᠢᠨ ᠭᠠᠵᠠᠷ ᠢ ᠪᠠᠶᠢᠭᠤᠯᠬᠤ᠂ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ︔ ᠪᠦᠬᠦ ᠤᠷᠤᠨ ᠤ ᠡᠯ᠎ᠡ ᠱᠠᠳᠤᠨ ᠤ ᠡᠯ᠎ᠡ ᠲᠦᠷᠦᠯ ᠤᠨ ᠲᠠᠮᠢᠷ ᠤᠨ ᠰᠤᠷᠭᠠᠭᠤᠯᠢ᠂ ᠪᠠᠭᠠᠴᠤᠳ ᠤᠨ ᠲᠠᠮᠢᠷ ᠤᠨ ᠰᠤᠷᠭᠠᠭᠤᠯᠢ᠂ ᠲᠠᠮᠢᠷ ᠤᠨ ᠤᠯᠠᠮᠵᠢᠯᠠᠯᠳᠦ ᠲᠦᠷᠦᠯ ᠤᠨ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠲᠠᠮᠢᠷ ᠤᠨ ᠺᠯᠦ᠋ᠪ ᠤᠨ ᠪᠦᠳᠦᠭᠡᠨ ᠪᠠᠶᠢᠭᠤᠯᠤᠯᠳᠠ ᠶᠢ ᠵᠢᠯᠤᠭᠤᠳᠤᠨ᠎ᠡ︔ ᠪᠦᠬᠦ ᠤᠷᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠯᠦᠪᠯᠡᠭᠡ ᠶᠢ ᠲᠤᠭᠳᠠᠭᠠᠵᠦ᠂ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠤᠷᠤᠨ ᠤ ᠵᠠᠯᠠᠭᠤ ᠪᠠᠭ᠎ᠠ ᠲᠠᠮᠢᠷᠴᠢᠳ ᠤᠨ ᠦᠪᠡᠷᠳᠡᠭᠡᠨ ᠵᠠᠰᠠᠬᠤ ᠤᠷᠤᠨ ᠪᠤᠯᠤᠨ ᠤᠯᠤᠰ ᠲᠤ ᠪᠦᠷᠢᠳᠭᠡᠬᠦᠯᠬᠦ ᠠᠵᠢᠯ ᠢ ᠵᠤᠬᠢᠶᠠᠨ ᠪᠠᠶᠢᠭᠤᠯᠤᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号