ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠭᠠᠵᠠᠷ
ᠨᠡᠶᠢᠲᠡᠯᠡᠭᠰᠡᠨ ᠴᠠᠭ᠄
2019/11/6
   1. ᠦᠪᠡᠷᠳᠡᠭᠡᠨ ᠵᠠᠰᠠᠬᠤ ᠤᠷᠤᠨ ᠤ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠭᠵᠢᠯᠳᠡ ᠶᠢᠨ ᠬᠦᠳᠦᠯᠪᠤᠷᠢ ᠵᠢᠴᠢ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠰᠫᠤᠷᠲ ᠶᠢᠨ ᠲᠦᠰᠦᠯ ᠤᠨ ᠲᠦᠰᠦᠪᠯᠡᠯ ᠪᠠ ᠪᠠᠶᠢᠷᠢᠰᠢᠭᠤᠯᠤᠯᠳᠠ ᠶᠢ ᠰᠤᠳᠤᠯᠤᠨ ᠲᠤᠭᠳᠠᠭᠠᠨ᠎ᠠ᠃    2. ᠦᠪᠡᠷᠳᠡᠭᠡᠨ ᠵᠠᠰᠠᠬᠤ ᠤᠷᠤᠨ ᠤ ᠤᠯᠠᠨ ᠤᠯᠤᠰ ᠤᠨ᠂ ᠤᠯᠤᠰ ᠤᠨ ᠲᠤᠳᠤᠭᠠᠳᠦ ᠶᠢᠨ ᠴᠢᠬᠤᠯᠠ ᠶᠡᠭᠡ ᠤᠷᠤᠯᠳᠤᠭᠠᠨ ᠢ ᠵᠤᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃    3. ᠤᠯᠠᠨ ᠤᠯᠤᠰ ᠤᠨ᠂ ᠤᠯᠤᠰ ᠤᠨ ᠲᠤᠳᠤᠭᠠᠳᠦ ᠶᠢᠨ ᠡᠯ᠎ᠡ ᠲᠦᠷᠦᠯ ᠤᠨ ᠤᠷᠤᠯᠳᠤᠭᠠᠨ᠂ ᠢᠯᠠᠩᠭᠤᠶ᠎ᠡ ᠤᠯᠢᠮᠫᠢᠺ ᠤᠨ ᠴᠤᠭᠯᠠᠭᠠᠨ᠂ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ ᠪᠡᠯᠡᠳᠬᠡᠬᠦ ᠪᠠ ᠤᠷᠤᠯᠴᠠᠬᠤ ᠠᠵᠢᠯ ᠢ ᠵᠢᠯᠤᠭᠤᠳᠴᠦ ᠤᠷᠤᠯᠴᠠᠨ᠎ᠠ᠃    4. ᠲᠠᠰᠬᠠᠯᠵᠢᠭᠤᠯᠤᠭᠴᠢ᠂ ᠬᠢᠨᠠᠭᠴᠢ ᠶᠢᠨ ᠪᠤᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠵᠦ ᠦᠷᠨᠢᠭᠦᠯᠦᠨ᠎ᠡ᠃    5. ᠪᠦᠬᠦ ᠤᠷᠤᠨ ᠤ ᠬᠢᠨᠠᠭᠴᠢᠳ ᠤᠨ ᠡᠩᠨᠡᠭᠡᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃    6. ᠪᠡᠶ᠎ᠡ ᠶᠢᠨ ᠲᠠᠮᠢᠷ ᠤᠨ ᠤᠷᠤᠯᠳᠤᠭᠠᠨ ᠢ ᠬᠢᠨᠠᠨ ᠵᠦᠪᠰᠢᠶᠡᠷᠡᠬᠦ ᠠᠵᠢᠯ ᠢ ᠡᠭᠦᠷᠭᠡᠯᠡᠨ᠎ᠡ᠃    7. ᠪᠦᠬᠦ ᠤᠷᠤᠨ ᠤ ᠨᠢᠭᠡᠳᠦᠭᠡᠷ ᠲᠡᠰ ᠪᠤᠯᠤᠨ ᠡᠭᠦᠨ ᠠᠴᠠ ᠲᠤᠤᠷ᠎ᠠ ᠲᠡᠰ ᠤᠨ ᠲᠠᠮᠢᠷᠴᠢᠳ᠂ ᠬᠢᠨᠠᠭᠴᠢᠳ  ᠤᠨ ᠲᠠᠰ ᠢ ᠵᠦᠪᠰᠢᠶᠡᠷᠡᠬᠦ᠂ ᠬᠢᠨᠠᠬᠤ᠂ ᠬᠠᠮᠢᠶᠠᠷᠬᠤ ᠠᠵᠢᠯ ᠢ ᠵᠤᠬᠢᠶᠠᠨ ᠪᠠᠶᠢᠭᠤᠯᠵᠦ ᠬᠡᠷᠡᠭᠵᠢᠭᠦᠯᠦᠨ᠎ᠡ᠃    8. ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠲᠠᠮᠢᠷᠴᠢᠳ ᠤᠨ ᠰᠤᠶᠤᠯ ᠤᠨ ᠬᠦᠮᠦᠵᠢᠯ ᠪᠤᠯᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠲᠡᠭᠡᠳᠦ ᠵᠡᠷᠭᠡ᠂ ᠲᠤᠮᠳᠠᠳᠦ ᠵᠡᠷᠭᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠵᠢᠭᠠᠨ ᠰᠤᠷᠭᠠᠯᠳᠠ ᠶᠢᠨ ᠠᠵᠢᠯ ᠢ ᠵᠢᠯᠤᠭᠤᠳᠴᠦ ᠵᠤᠬᠢᠴᠠᠭᠤᠯᠤᠨ᠎ᠡ᠃    9. ᠦᠪᠡᠷᠳᠡᠭᠡᠨ ᠵᠠᠰᠠᠬᠤ ᠤᠷᠤᠨ ᠤ ᠶᠡᠷᠦᠩᠬᠡᠶᠢᠯᠡᠭᠰᠡᠨ ᠴᠢᠨᠠᠷᠳᠠᠢ ᠲᠠᠮᠢᠷ ᠤᠨ ᠴᠤᠭᠯᠠᠭᠠᠨ ᠢ ᠭᠤᠤᠯᠯᠠᠨ ᠡᠷᠬᠢᠯᠡᠨ᠎ᠡ᠃    10 . ᠬᠦᠭᠡᠷᠡᠭᠦᠯᠬᠦ ᠡᠮ ᠢ ᠡᠰᠡᠷᠭᠦᠴᠡᠬᠦ ᠠᠵᠢᠯ ᠢ ᠵᠤᠬᠢᠶᠠᠨ ᠪᠠᠶᠢᠭᠤᠯᠵᠦ ᠦᠷᠨᠢᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号