ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ  ︵1953  ᠤᠨ︶
ᠨᠡᠶᠢᠲᠡᠯᠡᠭᠰᠡᠨ ᠴᠠᠭ᠄
2019/11/7
     1953 ᠤᠨ ᠤ 11 ᠰᠠᠷ᠎ᠠ ᠶᠢᠨ 8 ᠤ ᠡᠳᠦᠷ ᠠᠴᠠ 12 ᠤᠨ ᠡᠳᠦᠷ ᠪᠤᠯᠳᠠᠯ᠎ᠠ᠂ ᠪᠦᠬᠦ ᠤᠯᠤᠰ ᠤᠨ ᠦᠨᠳᠦᠰᠦᠳᠡᠨ ᠤ ᠬᠡᠯᠪᠡᠷᠢ ᠶᠢᠨ ᠲᠠᠮᠢᠷ ᠤᠨ ᠦᠵᠡᠭᠦᠯᠦᠯᠭᠡ ᠵᠢᠴᠢ ᠤᠷᠤᠯᠳᠤᠭᠠᠨ ᠤ ᠶᠡᠭᠡ ᠬᠤᠷᠠᠯ ᠲᠢᠶᠠᠨᠵᠢᠨ ᠬᠤᠳᠠ ᠶᠢᠨ ᠮᠢᠨ ᠶᠤᠸᠠᠨ ᠲᠠᠮᠢᠷ ᠤᠨ ᠲᠠᠯᠠᠪᠠᠢ ︵ᠠᠷᠠᠳ ᠤᠨ ᠬᠤᠶᠠᠳᠤᠭᠠᠷ ᠲᠠᠮᠢᠷ ᠤᠨ ᠲᠠᠯᠠᠪᠠᠢ︶ ᠳᠤ ᠶᠠᠪᠤᠭᠳᠠᠪᠠ᠃      ᠲᠤᠰ ᠤᠳᠠᠭᠠᠨ ᠤ ᠲᠠᠮᠢᠷ ᠤᠨ ᠴᠤᠭᠯᠠᠭᠠᠨ ᠨᠡᠶᠢᠳᠡ 5 ᠡᠳᠦᠷ ᠶᠠᠪᠤᠭᠳᠠᠪᠠ᠃ ᠲᠤᠮᠳᠠᠳᠦ ᠤᠯᠤᠰ ᠤᠨ ᠠᠷᠠᠳ ᠤᠨ ᠴᠢᠯᠦᠭᠡᠯᠡᠬᠦ ᠴᠡᠷᠢᠭ᠂ ᠲᠤᠮᠳᠠᠳᠦ ᠤᠯᠤᠰ ᠤᠨ ᠪᠤᠬ᠎ᠠ ᠲᠡᠷᠭᠡ ᠲᠠᠮᠢᠷ ᠤᠨ ᠨᠡᠶᠢᠭᠡᠮᠯᠢᠭ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠂ ᠵᠡᠭᠦᠨ ᠬᠤᠶᠢᠳᠦ ᠤᠷᠤᠨ᠂ ᠪᠠᠷᠠᠭᠤᠨ ᠬᠤᠶᠢᠳᠦ ᠤᠷᠤᠨ᠂ ᠬᠤᠸᠠᠳᠦ᠋ᠩ ᠤᠷᠤᠨ᠂ ᠵᠡᠭᠦᠨ ᠡᠮᠦᠨᠡᠳᠦ ᠤᠷᠤᠨ᠂ ᠪᠠᠷᠠᠭᠤᠨ ᠡᠮᠦᠨᠡᠳᠦ ᠤᠷᠤᠨ ︵ᠲᠦᠪᠡᠳ ᠪᠠᠭᠳᠠᠨ᠎ᠠ︶᠂ ᠤᠮᠠᠷᠠᠳᠦ ᠤᠷᠤᠨ ᠵᠡᠷᠭᠡ 9 ᠨᠢᠭᠡᠴᠢ ᠶᠢᠨ ᠲᠦᠯᠦᠭᠡᠯᠡᠭᠴᠢᠳ ᠤᠨ ᠪᠦᠯᠬᠦᠮ ᠤᠷᠤᠯᠴᠠᠨ᠂ ᠮᠠᠨᠵᠦ ᠦᠨᠳᠦᠰᠦᠳᠡᠨ᠂ ᠮᠤᠩᠭᠤᠯ ᠦᠨᠳᠦᠰᠦᠳᠡᠨ᠂ ᠬᠤᠳᠤᠩ ᠦᠨᠳᠦᠰᠦᠳᠡᠨ᠂ ᠲᠦᠪᠡᠳ ᠦᠨᠳᠦᠰᠦᠳᠡᠨ᠂ ᠮᠢᠶᠤᠤ ᠦᠨᠳᠦᠰᠦᠳᠡᠨ᠂ ᠤᠶᠢᠭᠤᠷ ᠦᠨᠳᠦᠰᠦᠳᠡᠨ᠂ ᠬᠠᠰᠠᠭ ᠦᠨᠳᠦᠰᠦᠳᠡᠨ᠂ ᠲᠠᠲ᠋ᠠᠷ ᠦᠨᠳᠦᠰᠦᠳᠡᠨ᠂ ᠲᠠᠢ ᠦᠨᠳᠦᠰᠦᠳᠡᠨ᠂ ᠰᠤᠯᠤᠩᠭᠤᠰ ᠦᠨᠳᠦᠰᠦᠳᠡᠨ᠂ ᠨᠠᠰᠢ ᠦᠨᠳᠦᠰᠦᠳᠡᠨ᠂ ᠬᠢᠳᠡᠳ ᠦᠨᠳᠤᠰᠦᠳᠡᠨ ᠵᠡᠷᠭᠡ 13 ᠦᠨᠳᠦᠰᠦᠳᠡᠨ ᠤ 397 ᠲᠠᠮᠢᠷᠴᠢᠨ ᠤᠷᠤᠯᠴᠠᠪᠠ᠃ ᠲᠦᠪ ᠤᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠬᠤᠷᠢᠶᠠᠨ ᠤ ᠲᠡᠳ᠋ ᠶᠠᠷᠦᠩᠬᠡᠢ ᠰᠠᠶᠢᠳ᠂  ᠰᠤᠶᠤᠯ ᠰᠤᠷᠭᠠᠨ ᠬᠦᠮᠦᠵᠢᠯ ᠤᠨ ᠵᠦᠪᠯᠡᠯ ᠤᠨ ᠡᠷᠬᠢᠯᠡᠭᠴᠢ ᠶᠢᠨ ᠠᠵᠢᠯ ᠢ ᠬᠠᠪᠰᠤᠷᠭᠠᠨ ᠬᠠᠷᠢᠭᠤᠴᠠᠵᠦ ᠪᠠᠶᠢᠭᠰᠠᠨ ᠭᠦᠸᠧ ᠮᠦᠸᠧ ᠷᠦᠸᠧ᠂ ᠡᠷᠡᠭᠦᠯ ᠬᠠᠮᠠᠭᠠᠯᠠᠯ ᠤᠨ ᠶᠠᠮᠤᠨ ᠤ ᠰᠠᠶᠢᠳ ᠯᠢ ᠳ᠋ᠧ ᠴᠢᠤᠸᠠᠨ ᠡᠬᠢᠯᠡᠯᠳᠡ ᠶᠢᠨ ᠶᠤᠰᠤᠯᠠᠯ ᠳᠤ ᠦᠭᠡ ᠬᠡᠯᠡᠪᠡ᠃     5 ᠡᠳᠦᠷ ᠤᠨ ᠤᠷᠤᠯᠳᠤᠭᠠᠨ ᠪᠠ ᠦᠵᠡᠭᠦᠯᠦᠯᠭᠡ ᠳᠤ᠂ 10 ᠲᠠᠯᠠᠪᠠᠢ ᠲᠤᠭᠯᠠᠯᠳᠠ ᠪᠠ ᠤᠷᠤᠯᠳᠤᠭᠠᠨ ᠶᠠᠪᠤᠭᠳᠠᠭᠤᠯᠵᠦ᠂ 4983 ᠲᠦᠷᠦᠯ ᠤᠳᠠᠭ᠎ᠠ   ᠶᠢᠨ ᠦᠵᠡᠭᠦᠯᠦᠯᠭᠡ ᠡᠷᠬᠢᠯᠡᠪᠡ᠂ 10 ᠲᠠᠮᠢᠷᠴᠢᠨ ᠬᠦᠨᠳᠦ ᠡᠷᠭᠦᠯᠳᠡ ᠶᠢᠨ ᠤᠷᠤᠯᠳᠤᠭᠠᠨ ᠳᠤ ᠮᠠᠨ ᠤ ᠤᠯᠤᠰ ᠤᠨ ᠰᠢᠨ᠎ᠡ ᠲᠡᠮᠳᠡᠭᠯᠡᠯ ᠢ ᠪᠢᠴᠢᠭᠯᠡᠪᠡ᠃ ᠲᠠᠮᠢᠷ ᠤᠨ ᠴᠤᠭᠯᠠᠭᠠᠨ  ᠤ ᠬᠤᠭᠤᠴᠠᠭᠠᠨ ᠳᠤ᠂ ᠡᠯ᠎ᠡ ᠭᠠᠵᠠᠷ ᠵᠢᠴᠢ ᠲᠢᠶᠠᠨᠵᠢᠨ ᠬᠤᠳᠠ ᠶᠢᠨ ᠦᠵᠡᠭᠴᠢᠳ ᠤᠨ ᠲᠤᠭ᠎ᠠ 12 ᠲᠦᠮᠡᠨ ᠬᠦᠮᠦᠨ ᠤᠳᠠᠭ᠎ᠠ ᠬᠦᠷᠦᠭᠰᠡᠨ ᠪᠠᠶᠢᠨ᠎ᠡ᠃     ᠲᠤᠰ ᠤᠳᠠᠭᠠᠨ ᠤ ᠲᠠᠮᠢᠷ ᠤᠨ ᠴᠤᠭᠯᠠᠭᠠᠨ ᠨᠢ ᠲᠤᠮᠳᠠᠳᠦ ᠤᠯᠤᠰ ᠤᠨ ᠡᠪ ᠬᠠᠮᠳᠦ ᠨᠠᠮ ᠪᠤᠯᠤᠨ ᠠᠷᠠᠳ  ᠤᠨ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠴᠢᠬᠤᠯᠠᠴᠢᠯᠠᠭ᠎ᠠ ᠲᠤᠤᠷ᠎ᠠ ᠶᠠᠪᠤᠭᠳᠠᠭᠰᠠᠨ ᠶᠤᠮ᠃ ᠰᠢᠨ᠎ᠡ ᠲᠤᠮᠳᠠᠳᠦ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠤᠭᠠᠷ ᠬᠤᠭᠤᠴᠠᠭᠠᠨ ᠤ ᠦᠨᠳᠦᠰᠦᠳᠡᠨ ᠤ ᠬᠡᠯᠪᠡᠷᠢ  ᠶᠢᠨ ᠲᠠᠮᠢᠷ ᠤᠨ ᠦᠪᠡᠳᠡᠭᠰᠢ ᠴᠤᠭᠯᠠᠭᠠᠨ ᠮᠦᠷᠳᠡᠭᠡᠨ ᠨᠡᠩ ᠴᠦ ᠦᠨᠳᠦᠰᠦᠳᠡᠨ ᠤ ᠡᠷᠬᠡ ᠲᠡᠭᠰᠢ ᠪᠦᠯᠬᠦᠮᠳᠡᠯ ᠢ ᠬᠠᠷᠠᠭᠤᠯᠤᠭᠰᠠᠨ ᠦᠪᠡᠳᠡᠭᠰᠢ ᠴᠤᠭᠯᠠᠭᠠᠨ ᠶᠤᠮ᠃     20 ᠳ᠋ᠤᠭᠠᠷ ᠵᠠᠭᠤᠨ ᠤ ᠨᠠᠶᠠᠭᠠᠳ ᠤᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ᠂ ᠤᠯᠤᠰ ᠤᠨ ᠲᠠᠮᠢᠷ ᠤᠨ ᠵᠦᠪᠯᠡᠯ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠲᠦᠷᠪᠡᠨ ᠵᠢᠯ  ᠳᠤ ᠨᠢᠭᠡ ᠤᠳᠠᠭ᠎ᠠ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠡᠬᠦ ᠪᠠᠷ ᠪᠤᠯᠤᠭᠰᠠᠨ ᠮᠦᠷᠳᠡᠭᠡᠨ ᠡᠨᠡ ᠤᠳᠠᠭᠠᠨ ᠤ ᠲᠠᠮᠢᠷ ᠤᠨ ᠴᠤᠭᠯᠠᠭᠠᠨ ᠢ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠠᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠪᠠᠷ ᠲᠤᠭᠳᠠᠭᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号