ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ  ᠶᠢᠨ ᠲᠠᠮᠢᠷ ᠤᠨ ᠴᠤᠭᠯᠠᠭᠠᠨ  ︵1982  ᠤᠨ︶
ᠨᠡᠶᠢᠲᠡᠯᠡᠭᠰᠡᠨ ᠴᠠᠭ᠄
2019/11/7
    1982 ᠤᠨ ᠤ 9 ᠰᠠᠷ᠎ᠠ ᠶᠢᠨ 2 ᠠᠴᠠ 8 ᠤ ᠡᠳᠦᠷ ᠪᠤᠯᠳᠠᠯ᠎ᠠ᠂ ᠤᠯᠤᠰ ᠤᠨ ᠲᠠᠮᠢᠷ ᠤᠨ ᠵᠦᠪᠯᠡᠯ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠬᠦᠭᠡᠬᠤᠳᠠ  ᠳᠤ ᠶᠠᠪᠤᠭᠳᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ ᠪᠦᠬᠦ ᠤᠯᠤᠰ  ᠤᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠤᠯᠠᠭᠠᠨᠬᠦᠦ᠂ ᠨᠠᠮ ᠤᠨ ᠲᠦᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠲᠡᠳ᠋ ᠶᠠᠷᠦᠩᠬᠡᠢ ᠰᠠᠶᠢᠳ ᠪᠢᠴᠢᠭᠡᠰᠦ ᠪᠡᠯᠡᠭᠯᠡᠪᠡ᠃     ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠬᠤᠷᠠᠯ ᠤᠨ ᠰᠦᠯᠳᠡ ᠲᠦᠰᠦᠪᠯᠡᠵᠡᠢ᠃ ᠲᠤᠰ ᠤᠳᠠᠭᠠᠨ ᠤ ᠲᠠᠮᠢᠷ ᠤᠨ ᠴᠤᠭᠯᠠᠭᠠᠨ 7 ᠡᠳᠦᠷ ᠶᠠᠪᠤᠭᠳᠠᠵᠦ᠂ ᠪᠦᠬᠦ ᠤᠯᠤᠰ ᠤᠨ 29 ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ 56 ᠦᠨᠳᠦᠰᠦᠳᠡᠨ ᠤ 863 ᠲᠠᠮᠢᠷᠴᠢᠨ᠂ ᠲᠠᠰᠬᠠᠯᠵᠢᠭᠤᠯᠤᠭᠴᠢ ᠤᠷᠤᠯᠴᠠᠪᠠ᠃     ᠲᠠᠮᠢᠷ ᠤᠨ ᠴᠤᠭᠯᠠᠭᠠᠨ ᠢ 80 ᠭᠠᠷᠤᠢ ᠲᠦᠮᠡᠨ ᠬᠦᠮᠦᠨ ᠤᠳᠠᠭ᠎ᠠ ᠦᠵᠡᠵᠦ ᠰᠤᠨᠢᠷᠬᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号