ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ  ︵1986  ᠤᠨ︶
ᠨᠡᠶᠢᠲᠡᠯᠡᠭᠰᠡᠨ ᠴᠠᠭ᠄
2019/11/7
    ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ᠂ ᠤᠯᠤᠰ ᠤᠨ ᠲᠠᠮᠢᠷ ᠤᠨ ᠵᠦᠪᠯᠡᠯ᠂ ᠤᠯᠤᠰ  ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ᠂ ᠰᠢᠨᠵᠢᠶᠠᠩ ᠤᠨ ᠤᠶᠢᠭᠤᠷ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ 1986 ᠤᠨ ᠤ 8 ᠰᠠᠷ᠎ᠠ ᠶᠢᠨ 10 ᠠᠴᠠ 17 ᠤ ᠡᠳᠦᠷ ᠪᠤᠯᠳᠠᠯ᠎ᠠ ᠦᠷᠦᠮᠴᠢ ᠬᠤᠳᠠ  ᠳᠤ ᠦᠪᠡᠳᠡᠭᠰᠢ ᠶᠡᠭᠡ ᠪᠠᠷ ᠶᠠᠪᠤᠭᠳᠠᠪᠠ᠃     ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠬᠤᠷᠠᠯ ᠤᠨ ᠲᠤᠭ ᠬᠡᠷᠡᠭᠯᠡᠪᠡ᠃ ᠨᠠᠮ ᠪᠠ ᠲᠦᠷᠦ ᠶᠢᠨ ᠤᠳᠤᠷᠢᠳᠤᠯᠭ᠎ᠠ ᠸᠠᠨ ᠯᠢ᠂ ᠯᠢᠦ ᠯᠠᠨ ᠲᠤᠤ᠂ ᠵᠢᠶᠠᠩ ᠬᠤᠸᠠ᠂ ᠶᠠᠩ ᠵᠢᠩ ᠷᠧᠨ᠂ ᠪᠤᠤ ᠡᠯ ᠬᠠᠨ᠂ ᠸᠠᠩ ᠡᠸ᠋ᠨ ᠮᠤᠤ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃     ᠲᠤᠰ ᠤᠳᠠᠭᠠᠨ ᠳᠤ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠦᠷᠦᠯ ᠳᠤ 122 ᠠᠯᠳᠠᠨ ᠮᠧᠳᠠᠯ ᠲᠤᠬᠢᠷᠠᠭᠤᠯᠵᠦ᠂ ᠰᠢᠨᠵᠢᠶᠠᠩ᠂ ᠦᠪᠦᠷ ᠮᠤᠩᠭᠤᠯ᠂ ᠶᠦᠨᠨᠠᠨ᠂ ᠲᠦᠪᠠᠳ᠂ ᠪᠡᠭᠡᠵᠢᠩ᠂ ᠯᠢᠶᠤᠤᠨᠢᠩ ᠵᠡᠷᠭᠡ 18 ᠲᠦᠯᠦᠭᠡᠯᠡᠭᠴᠢᠳ ᠤᠨ ᠪᠦᠯᠬᠦᠮ ᠮᠧᠳᠠᠯ ᠬᠦᠷᠳᠡᠪᠡ᠃ ᠨᠡᠶᠢᠳᠡ 115 ᠲᠦᠷᠦᠯ ᠤᠨ ᠦᠵᠡᠭᠦᠯᠦᠯᠭᠡ ᠲᠤᠬᠢᠷᠠᠭᠤᠯᠵᠦ᠂ ᠲᠡᠭᠡᠷ᠎ᠡ ᠬᠤᠭᠤᠴᠠᠭᠠᠨ ᠤ ᠬᠢ 47 ᠲᠦᠷᠦᠯ ᠨᠡᠮᠡᠭᠳᠡᠪᠡ᠃     ᠬᠤᠷᠠᠯ ᠤᠨ ᠬᠤᠭᠤᠴᠠᠭᠠᠨ ᠳᠤ᠂ ᠤᠯᠤᠰ ᠤᠨ ᠲᠠᠮᠢᠷ ᠤᠨ ᠵᠦᠪᠯᠡᠯ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠬᠤᠯᠪᠤᠭᠠᠯᠠᠨ᠂ ᠠᠩᠬᠠᠳᠤᠭᠠᠷ ᠬᠤᠭᠤᠴᠠᠭᠠᠨ ᠳᠤ ᠴᠦᠬᠡᠨ ᠲᠤᠭᠠᠳᠦ ᠦᠨᠳᠦᠰᠦᠳᠡᠨ ᠤ ᠪᠡᠶ᠎ᠡ ᠶᠢᠨ ᠲᠠᠮᠢᠷ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠡᠷᠬᠢᠯᠡᠵᠦ᠂  ᠬᠤᠷᠠᠯ ᠲᠡᠭᠡᠷ᠎ᠡ 30 ᠭᠠᠷᠤᠢ ᠦᠬᠦᠯᠡᠯ ᠤᠩᠰᠢᠭᠳᠠᠪᠠ᠃ ᠬᠤᠷᠠᠯ ᠠᠴᠠ ︽ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ  ᠶᠢᠨ ᠲᠠᠮᠢᠷ︾ ᠭᠡᠬᠦ ᠤᠬᠠᠭᠳᠠᠬᠤᠨ ᠢ ᠠᠩᠬ᠎ᠠ ᠤᠳᠠᠭ᠎ᠠ ᠰᠤᠳᠤᠯᠤᠨ ᠶᠠᠷᠢᠯᠴᠠᠵᠦ᠂ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠢ ᠪᠦᠬᠦ ᠤᠯᠤᠰ ᠤᠨ ᠡᠯ᠎ᠡ ᠭᠠᠵᠠᠷ ᠤᠷᠤᠨ ᠳᠤ ᠬᠡᠷᠬᠢᠨ ᠨᠡᠩ ᠰᠠᠶᠢᠨ ᠦᠷᠨᠢᠭᠦᠯᠬᠦ ᠲᠤᠬᠠᠢ ᠢᠳᠡᠪᠬᠢᠳᠡᠢ ᠰᠠᠨᠠᠯ ᠰᠠᠨᠠᠭᠤᠯᠭ᠎ᠠ ᠲᠤᠷᠠᠳᠴᠠᠢ᠃     ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠬᠤᠷᠠᠯ ᠤᠨ ᠲᠤᠭ ᠡᠬᠢᠯᠡᠨ ᠬᠡᠷᠡᠭᠯᠡᠭᠰᠡᠨ ᠨᠢ ᠴᠦᠬᠡᠨ ᠲᠤᠭᠠᠳᠦ ᠦᠨᠳᠤᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠲᠠᠯ᠎ᠠ ᠪᠠᠷ ᠤᠯᠠᠮ ᠲᠦᠷᠢᠮᠵᠢᠵᠦ ᠢᠷᠡᠭᠰᠡᠨ ᠢ ᠬᠠᠷᠠᠭᠤᠯᠵᠦ ᠪᠤᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号