ᠲᠠᠮᠢᠷ ᠤᠨ ᠬᠥᠳᠡᠯᠭᠡᠭᠡᠨ ᠬᠢᠬᠦ ᠶᠢᠨ ᠰᠠᠶᠢᠨ ᠲᠠᠢ ᠲᠠᠯ᠎ᠠ ᠶᠢ ᠮᠠᠰᠢ ᠤᠯᠠᠨ ᠬᠥᠮᠥᠨ ᠪᠦᠷ ᠮᠡᠳᠡᠳᠡᠭ᠂ | ᠭᠡᠪᠡᠴᠦ ᠲᠠᠮᠢᠷ ᠤᠨ ᠬᠥᠳᠡᠯᠭᠡᠭᠡᠨ ᠲᠤᠳᠠᠬᠳᠠᠬᠤ ᠶᠢᠨ ᠠᠶᠤᠯ ᠲᠦᠭᠰᠢᠭᠦᠷᠢ ᠶᠢ ᠣᠯᠠᠨ ᠢᠶᠠᠷ ᠢᠶᠠᠨ ᠶᠡᠷᠦᠨᠢ | ᠭᠦᠢᠴᠡᠳ ᠬᠦᠨᠳᠦᠳᠬᠡᠬᠦ ᠦᠭᠡᠢ ᠪᠠᠶᠢᠳᠠᠭ᠃ ᠤᠶᠢᠷ᠎ᠠ ᠳᠤ᠂ ᠠᠮᠧᠷᠢᠺᠠ ᠶᠢᠨ ᠺᠷᠢᠹᠯᠡᠨᠳ᠋ ᠡᠮᠨᠡᠯᠭᠡ ᠶᠢᠨ | ᠭᠠᠵᠠᠷ ᠤᠨ ᠬᠢᠨ ᠰᠤᠳᠤᠯᠭᠠᠨ ᠳᠠᠭᠠᠨ᠂ ᠲᠠᠮᠢᠷ ᠤᠨ ᠬᠥᠳᠡᠯᠭᠡᠭᠡᠨ ᠳᠤᠲᠠᠭᠳᠠᠬᠤ ᠨᠢ ᠲᠠᠮᠠᠬᠢ ᠲᠠᠲᠠᠬᠤ᠂ ᠰᠢᠬᠢᠷ | ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠨᠡᠩ ᠢᠯᠡᠬᠦᠦ ᠡᠷᠡᠭᠦᠯ ᠮᠡᠨᠳᠦ ᠳᠤ ᠬᠤᠤᠷ ᠬᠥᠨᠥᠭᠡᠯ ᠲᠠᠢ | ᠪᠠᠶᠢᠳᠠᠭ ᠭᠡᠵᠦ ᠬᠡᠯᠡᠪᠡ᠃ | ᠲᠤᠰ ᠡᠮᠨᠡᠯᠭᠡ ᠶᠢᠨ ᠭᠠᠵᠠᠷ 1991 ᠣᠨ ᠤ 1 ᠰᠠᠷ᠎ᠠ ᠠᠴᠠ 2014 ᠣᠨ ᠤ 12 ᠰᠠᠷ᠎ᠠ ᠪᠣᠯᠲᠠᠯ᠎ᠠ 12 | ᠲᠦᠮᠡᠨ ᠡᠪᠡᠳᠴᠢᠲᠡᠨ ᠳᠤ ᠭᠦᠶᠦᠬᠦ ᠮᠠᠰᠢᠨ ᠢᠶᠠᠷ ᠲᠠᠮᠢᠷ ᠤᠨ ᠬᠥᠳᠡᠯᠭᠡᠭᠡᠨ ᠤ ᠲᠤᠷᠰᠢᠯᠲᠠ ᠬᠢᠵᠦ᠂ ᠬᠥᠳᠡᠯᠭᠡᠭᠡᠨ ᠤ | ᠪᠣᠳᠠᠲᠤ ᠬᠢᠷᠢ ᠪᠦᠲᠦᠮᠵᠢ ᠪᠠᠷ ᠰᠠᠭᠤᠷᠢ ᠪᠣᠯᠭᠠᠨ᠂ ᠪᠡᠶ᠎ᠡ ᠪᠠᠨ ᠪᠣᠯᠪᠠᠰᠤᠷᠠᠬᠤ ᠪᠠ ᠡᠯ᠎ᠡ ᠵᠦᠢᠯ ᠤᠨ ᠦᠬᠦᠯ ᠤᠨ | ᠠᠶᠤᠯ ᠲᠦᠭᠰᠢᠭᠦᠷᠢ ᠶᠢᠨ ᠬᠠᠷᠢᠴᠠᠭ᠎ᠠ ᠶᠢ ᠰᠤᠳᠤᠯᠵᠠᠶ᠃ ᠰᠤᠳᠤᠯᠭᠠᠨ ᠤ ᠦᠷ᠎ᠡ ᠳ᠋ᠦᠩ ᠳᠤ᠂ ᠭᠦᠶᠦᠯᠳᠡ ᠶᠢᠨ | ᠬᠢᠷᠢ ᠪᠦᠲᠦᠮᠵᠢ ᠪᠠᠷ ᠠᠨᠠᠶ ᠡᠪᠡᠳᠴᠢᠲᠡᠨ ᠨᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠡᠪᠡᠳᠴᠢᠳᠡᠨ ᠢ ᠪᠤᠳᠤᠪᠠᠯ | ᠦᠬᠦᠬᠦ ᠠᠶᠤᠯ ᠢᠶᠠᠷ ᠪᠠᠷᠤᠭ 2 ᠳᠠᠬᠢᠨ ᠥᠨᠳᠥᠷ ᠪᠠᠶᠢᠳᠠᠭ︔ ᠬᠥᠳᠡᠯᠭᠡᠭᠡᠨ ᠪᠠᠭ᠎ᠠ ᠬᠢᠳᠡᠭ ᠬᠦᠮᠦᠨ ᠨᠢ | ᠬᠥᠳᠡᠯᠭᠡᠭᠡᠨ ᠰᠠᠶᠢᠨ ᠬᠢᠳᠡᠭ ᠬᠦᠮᠦᠨ ᠢ ᠪᠤᠳᠤᠪᠠᠯ ᠦᠬᠦᠬᠦ ᠠᠶᠤᠯ ᠢᠶᠠᠷ 6 ᠳᠠᠬᠢᠨ ᠦᠨᠳᠦᠷ ᠪᠠᠶᠢᠳᠠᠭ ᠢ | ᠢᠯᠡᠷᠡᠬᠦᠯᠵᠡᠢ᠃ | ᠰᠤᠳᠤᠯᠭᠠᠨ ᠳᠤ ᠪᠠᠰᠠ ᠲᠠᠮᠢᠷ ᠤᠨ ᠬᠥᠳᠡᠯᠭᠡᠭᠡᠨ ᠲᠤᠳᠠᠬᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ | ᠡᠪᠡᠳᠴᠢᠨ᠂ ᠵᠢᠷᠦᠬᠡᠨ ᠡᠪᠡᠳᠴᠢᠨ ᠠᠴᠠ ᠬᠤᠯᠠ ᠠᠶᠤᠯ ᠲᠠᠢ ᠬᠡᠳᠡᠭ ᠢ ᠢᠯᠡᠷᠡᠬᠦᠯᠪᠡ᠃ ᠬᠥᠳᠡᠯᠭᠡᠭᠡᠨ ᠬᠢᠬᠦ ᠨᠢ | ᠡᠷᠡᠭᠦᠯ ᠪᠤᠰᠤ ᠠᠮᠢᠳᠤᠷᠠᠯ ᠤᠨ ᠵᠠᠩ ᠳᠠᠳᠬᠠᠯ ᠠᠴᠠ ᠪᠣᠯᠤᠭᠰᠠᠨ ᠨᠥᠯᠥᠭᠡ ᠶᠢ ᠬᠦᠷᠲᠡᠯ᠎ᠡ ᠠᠷᠢᠯᠭᠠᠵᠤ ᠴᠢᠳᠠᠬᠤ | ᠰᠠᠶᠢᠨ ᠲᠠᠢ ᠲᠠᠯ᠎ᠠ ᠲᠠᠢ ᠪᠤᠯᠬᠤᠷ ᠵᠠᠪᠠᠯ ᠪᠡᠶ᠎ᠡ ᠪᠠᠨ ᠪᠣᠯᠪᠠᠰᠤᠷᠠᠬᠤ ᠬᠡᠷᠡᠭᠳᠡᠢ ᠬᠡᠵᠦ ᠰᠢᠨᠵᠢᠯᠡᠬᠦ ᠤᠬᠠᠭᠠᠠᠳᠠᠳ | ᠤᠷᠢᠶᠠᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰ᠊ ᠲᠠᠮᠢᠷ ᠤᠨ ᠬᠥᠳᠡᠯᠭᠡᠭᠡᠨ ᠬᠢᠬᠦ ᠳᠤ | ᠡᠷᠡᠭᠲᠡᠶ ᠡᠮᠡᠭᠲᠡᠶ ᠭᠡᠵᠦ ᠢᠯᠭᠠᠯ ᠥᠬᠡᠶ᠂ ᠡᠯ᠎ᠡ ᠨᠠᠰᠤᠨ ᠤ ᠬᠦᠮᠦᠰ ᠲᠤ ᠲᠤᠬᠢᠷᠠᠬᠤ ᠰᠠᠶᠢᠨ ᠲᠠᠢ ᠲᠠᠯ᠎ᠠ ᠲᠠᠢ | ᠪᠤᠯᠬᠤᠷ ᠥᠨᠳᠥᠷ ᠨᠠᠰᠤᠨ ᠤ ᠬᠥᠮᠦᠰ ᠬᠥᠳᠡᠯᠭᠡᠭᠡᠨ ᠬᠢᠭᠰᠡᠨ ᠴᠦ ᠠᠳᠠᠯᠢᠬᠠᠨ ᠠᠰᠢᠭ ᠬᠦᠷᠲᠡᠨ᠎ᠡ | ᠬᠡᠵᠦ ᠰᠠᠨᠠᠭᠤᠯᠵᠠᠢ᠃ |