ᠲᠦᠷᠦ ᠶᠢᠨ ᠶᠠᠪᠣᠲᠠᠯ ᠤᠨ ᠬᠤᠷᠢᠶ᠎ᠠ ᠶᠢᠨ ᠠᠯᠪᠠᠨ ᠲᠢᠩᠬᠢᠮ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠢ ᠲᠦᠷᠭᠡᠳᠭᠡᠨ ᠬᠦᠭᠵᠢᠬᠦᠯᠬᠦ ᠲᠣᠬᠠᠢ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2019/2/18
ᠡᠯ᠎ᠠ ᠮᠣᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠬ ᠤᠨ ᠣᠷᠲᠣᠨ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠡᠯ᠎ᠠ ᠶᠠᠮᠣᠨ ᠵᠦᠪᠯᠡᠯ᠂ ᠡᠯ᠎ᠠ ᠰᠢᠭᠤᠳ ᠬᠠᠷᠢᠶ᠎ᠠ  ᠪᠠᠶᠢᠭᠤᠯᠤᠮᠵᠢ᠄      ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠪᠣᠯ ᠪᠡᠶ᠎ᠡ ᠶᠢᠨ ᠲᠠᠮᠢᠷ ᠤᠨ ᠠᠵᠦ ᠦᠢᠯᠡᠰ ᠤᠨ ᠴᠢᠬᠤᠯᠠ ᠪᠦᠷᠢᠯᠲᠦᠬᠦᠨ ᠬᠡᠰᠡᠭ ᠮᠦᠨ᠂ ᠲᠡᠷᠡ ᠨᠢ ᠪᠡᠶ᠎ᠡ ᠶᠢᠨ ᠲᠠᠮᠢᠷ ᠤᠨ ᠬᠦᠲᠡᠯᠭᠡᠭᠡᠨ ᠢᠶᠠᠷ ᠠᠴᠢᠶᠠᠯᠠᠪᠣᠷᠢ ᠪᠣᠯᠭᠠᠵᠤ᠂ ᠪᠡᠶᠡᠴᠢᠯᠡᠨ ᠣᠷᠣᠯᠴᠠᠵᠦ ᠤᠶᠢᠯᠠᠭᠠᠬᠤ ᠪᠠᠷ ᠭᠤᠣᠯ ᠬᠡᠯᠪᠡᠷᠢ ᠪᠣᠯᠭᠠᠵᠦ᠂ ᠪᠡᠶ᠎ᠡ ᠰᠡᠳᠬᠢᠴᠡ ᠶᠢᠨ ᠡᠷᠡᠬᠦᠯ ᠮᠡᠨᠲᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠣᠯᠠᠨ ᠲᠦᠮᠡᠨ ᠳᠤ ᠬᠠᠮᠢᠶ᠎ᠠ ᠪᠦᠬᠦᠢ ᠦᠢᠯᠡᠳᠬᠦᠨ ᠪᠠ ᠦᠢᠯᠡᠴᠢᠯᠡᠭᠡ ᠬᠠᠩᠭᠠᠳᠠᠭ ᠠᠵᠦ ᠠᠬᠤᠢ ᠶᠢᠨ ᠰᠢᠷᠢᠰ ᠠᠵᠢᠯᠯᠠᠭ᠎ᠠ  ᠪᠠᠶᠢᠵᠤ᠂ ᠪᠡᠶ᠎ᠡ ᠴᠢᠬᠢᠷᠠᠬᠵᠢᠭᠤᠯᠬᠤ ᠦᠢᠯᠡᠴᠢᠯᠡᠭᠡ᠂ ᠲᠣᠨᠤᠬ ᠲᠦᠬᠦᠭᠡᠷᠦᠮᠵᠢ ᠶᠢᠨ ᠪᠠᠶᠢᠭᠤᠯᠣᠯᠲᠠ᠂ ᠪᠠᠭᠠᠵᠢ ᠲᠣᠨᠣᠬᠯᠠᠯ ᠦᠢᠯᠡᠳᠬᠦ ᠵᠡᠷᠭᠡ ᠠᠵᠢᠯ ᠲᠦᠷᠦᠯ ᠢ ᠬᠠᠮᠣᠷᠲᠠᠭ᠃ ᠣᠲᠣᠬᠠᠨ ᠳᠤ᠂ ᠮᠠᠨ ᠤ ᠣᠯᠣᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠱᠠᠲᠣᠨ ᠳᠤ ᠣᠷᠣᠵᠣ᠂ ᠠᠷᠠᠳ ᠣᠯᠠᠨ ᠤ ᠣᠯᠠᠨ ᠶᠠᠩᠵᠣᠲᠣ ᠪᠡᠶ᠎ᠡ ᠶᠢᠨ ᠲᠠᠮᠢᠷ ᠤᠨ ᠬᠡᠷᠡᠭᠴᠡᠭᠡ ᠱᠠᠭᠠᠷᠲᠠᠯᠭ᠎ᠠ ᠡᠳᠦᠷ ᠲᠣᠲᠣᠮ ᠨᠡᠮᠡᠭᠲᠡᠵᠦ᠂ ᠬᠡᠷᠡᠭᠯᠡᠭᠡ ᠶᠢᠨ ᠬᠡᠯᠪᠡᠷᠢ   ᠨᠢ ᠠᠭᠠᠵᠢᠮ ᠢᠶᠠᠷ ᠪᠣᠲᠠᠲᠣ ᠡᠳ᠋ ᠮᠠᠶ᠋ᠢᠬ ᠤᠨ ᠬᠡᠷᠡᠭᠯᠡᠭᠡ ᠠᠴᠠ ᠤᠷᠤᠯᠴᠠᠬᠤᠢ ᠮᠠᠶ᠋ᠢᠬ ᠤᠨ ᠬᠡᠷᠡᠭᠯᠡᠭᠡ ᠲᠡᠰᠢ ᠰᠢᠯᠵᠢᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ   ᠲᠤ ᠯᠣᠲᠣ ᠶᠡᠭᠡ ᠬᠦᠭᠵᠢᠯᠲᠡ ᠶᠢᠨ ᠠᠵᠠ ᠲᠣᠬᠢᠶᠠᠯ  ᠠᠪᠴᠢᠷᠠᠬᠰᠠᠨ ᠪᠠᠶᠢᠨ᠎ᠠ᠃ ᠬᠡᠪᠡᠴᠦ ᠣᠲᠣᠬᠠᠨ ᠳᠤ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠶᠡᠷᠦᠩᠭᠡᠢ ᠬᠡᠪᠴᠢᠶ᠎ᠠ ᠪᠠᠭ᠎ᠠ᠂ ᠠᠵᠦ ᠦᠢᠯᠡᠰ ᠤᠨ ᠪᠦᠲᠦᠴᠡ ᠲᠡᠩᠴᠡᠬᠦᠷᠢᠲᠡᠢ ᠪᠣᠰᠣ ᠪᠠᠶᠢᠵᠦ᠂ ᠪᠦᠲᠦᠮᠵᠢᠲᠡᠢ ᠬᠠᠩᠭᠠᠯᠭ᠎ᠠ ᠬᠡᠷᠡᠭᠯᠡᠭᠡ ᠬᠦᠢᠴᠡᠳ ᠦᠭᠡᠢ᠂ ᠣᠯᠠᠨ ᠲᠦᠮᠡᠨ ᠤ ᠬᠡᠷᠡᠭᠯᠡᠭᠡ ᠶᠢᠨ ᠣᠷᠮᠠᠰᠢᠯ ᠲᠣᠣᠷ᠎ᠠ᠂ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠲᠠ ᠬᠤᠴᠣᠷᠣᠩᠭᠤᠢ᠂ ᠪᠠᠭᠠᠵᠢ ᠲᠣᠨᠣᠬᠯᠠᠯ ᠤᠨ ᠦᠢᠯᠡᠳᠬᠦᠨ ᠬᠤᠴᠣᠷᠣᠩᠭᠤᠢ᠂ ᠪᠠᠶᠢᠭᠤᠯᠣᠮᠵᠢ ᠲᠣᠬᠲᠠᠴᠠ ᠠᠮᠢᠲᠣᠯᠢᠬ ᠪᠣᠰᠣ ᠵᠡᠷᠭᠡ ᠠᠰᠠᠭᠤᠲᠠᠯ ᠣᠷᠣᠰᠢᠵᠦ ᠪᠣᠢ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠢ ᠲᠦᠷᠭᠡᠳᠭᠡᠨ ᠬᠦᠭᠵᠢᠬᠦᠯᠬᠦ ᠪᠣᠯ ᠪᠡᠶ᠎ᠡ ᠶᠢᠨ ᠲᠠᠮᠢᠷ ᠤᠨ ᠠᠵᠦ ᠦᠢᠯᠡᠰ ᠢ ᠬᠦᠨᠵᠡᠭᠡᠶᠢᠷᠡᠬᠦᠯᠦᠨ ᠬᠦᠭᠵᠢᠬᠦᠯᠬᠦ ᠬᠦᠴᠦᠲᠦ ᠬᠦᠲᠡᠯᠭᠡᠬᠦᠷ ᠪᠤᠯᠠᠬᠤ ᠪᠦᠭᠡᠳ  ᠠᠷᠠᠳ ᠢᠷᠭᠡᠳ ᠤᠨ ᠪᠡᠶ᠎ᠡ ᠮᠠᠬᠠᠪᠣᠳ ᠢ  ᠰᠠᠶᠢᠵᠢᠷᠠᠭᠤᠯᠤᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠ ᠠᠷᠠᠳ ᠢᠷᠭᠡᠳ ᠤᠨ ᠡᠷᠡᠬᠦᠯ ᠮᠡᠨᠳᠦ  ᠶᠢ ᠬᠦᠨᠵᠡᠭᠡᠢ ᠠᠭᠤᠰᠤᠯᠴᠠᠭᠤᠯᠬᠤ ᠵᠠᠶᠢᠯᠠᠰᠢ ᠦᠭᠡᠢ ᠱᠠᠭᠠᠷᠲᠠᠯᠭ᠎ᠠ ᠪᠠᠶᠢᠵᠦ᠂ ︽ᠡᠷᠡᠬᠦᠯ ᠴᠢᠬᠢᠷᠠᠬ ᠲᠣᠮᠲᠠᠲᠣ ᠣᠯᠣᠰ︾  ᠢ ᠪᠦᠲᠦᠭᠡᠨ ᠪᠠᠶᠢᠭᠤᠯᠬᠤ ᠴᠢᠬᠤᠯᠠ ᠠᠭᠤᠯᠭ᠎ᠠ ᠪᠣᠯᠬᠤ ᠪᠦᠭᠡᠳ ᠬᠡᠷᠡᠭᠯᠡᠭᠡ ᠶᠢᠨ ᠲᠠᠯᠲᠠ ᠬᠦᠴᠦᠨ ᠢ ᠠᠭᠤᠲᠠᠯᠣᠨ ᠪᠠᠲᠠᠷᠠᠭᠤᠯᠵᠦ᠂ ᠠᠷᠠᠳ ᠤᠨ ᠠᠮᠢᠲᠣᠷᠠᠯ ᠢ ᠪᠠᠲᠣᠯᠠᠨ ᠰᠠᠶᠢᠵᠢᠷᠠᠭᠤᠯᠵᠦ᠂ ᠠᠵᠦ ᠠᠬᠤᠢ ᠶᠢᠨ ᠰᠢᠨ᠎ᠡ ᠨᠡᠮᠡᠭᠲᠡᠯ ᠴᠡᠭ ᠢ ᠪᠣᠢ ᠪᠣᠯᠭᠠᠨ᠂ ᠠᠵᠦ ᠠᠬᠤᠢ ᠶᠢᠨ ᠨᠡᠮᠡᠭᠲᠡᠯ ᠤᠨ ᠰᠢᠨ᠎ᠠ  ᠬᠦᠲᠡᠯᠭᠡᠬᠦᠷ ᠢ ᠴᠢᠩᠭᠠᠷᠠᠭᠤᠯᠬᠤ ᠳᠤ ᠴᠢᠬᠤᠯᠠ ᠠᠴᠢ ᠬᠤᠯᠪᠣᠬᠲᠠᠯ ᠲᠠᠢ ᠪᠢᠯᠡ᠃ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠬᠦ ᠶᠢᠨ ᠲᠦᠯᠦᠭᠡ᠂ ᠲᠦᠷᠦ ᠶᠢᠨ ᠶᠠᠪᠣᠲᠠᠯ ᠤᠨ ᠬᠤᠷᠢᠶ᠎ᠠ ᠪᠠᠷ ᠵᠦᠪᠰᠢᠶᠡᠷᠡᠬᠦᠯᠦᠨ ᠲᠣᠣᠷᠠᠬᠢ ᠮᠡᠲᠦ ᠰᠠᠨᠠᠯ ᠲᠣᠷᠠᠳᠪᠠ᠃                   ᠨᠢᠭᠡ᠂ ᠶᠡᠷᠦᠩᠭᠡᠢ ᠱᠠᠭᠠᠷᠲᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ︔ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠲᠣᠭᠠᠷ᠂ ᠲᠦᠷᠪᠡᠲᠦᠭᠡᠷ᠂ ᠲᠠᠪᠣᠲᠣᠭᠠᠷ ᠪᠦᠬᠦᠲᠡ ᠬᠤᠷᠠᠯ ᠤᠨ ᠵᠣᠷᠢᠬ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠲᠣᠬᠤ ᠪᠣᠲᠣᠯᠭ᠎ᠠ ᠶᠢᠨ ᠪᠠᠶᠢᠷᠢᠯᠠᠭᠤᠯᠣᠯᠲᠠ ᠶᠣᠰᠣᠭᠠᠷ᠂ ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠲᠣᠯ ᠦᠭᠡᠢ᠂ ᠨᠡᠭᠡᠭᠡᠯᠲᠡᠲᠦ᠂ ᠬᠠᠮᠲᠣ ᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠬᠲᠠᠬᠤᠨ ᠢ ᠪᠠᠲᠣ ᠪᠠᠬᠢ ᠪᠣᠢ ᠪᠣᠯᠭᠠᠨ ᠲᠣᠭᠤᠰᠢᠯᠠᠭᠤᠯᠣᠨ ᠨᠠᠶᠢᠲᠠᠪᠣᠷᠢᠵᠢᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠰᠢᠢᠳᠪᠦᠷᠢᠲᠦ ᠪᠣᠲᠣᠯᠭ᠎ᠠ ᠶᠢᠨ ᠪᠠᠶᠢᠷᠢᠯᠠᠭᠤᠯᠣᠯᠲᠠ ᠶᠢ  ᠨᠠᠷᠢᠨ ᠬᠢᠨᠠᠮᠠᠭᠠᠢ ᠨᠠᠶᠢᠲᠠᠪᠣᠷᠢᠵᠢᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠠᠩᠭᠠᠯᠭ᠎ᠠ ᠬᠡᠷᠡᠭᠯᠡᠭᠡ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢᠨ ᠴᠢᠨᠠᠷ ᠴᠢᠨᠰᠠᠭ᠎ᠠ ᠪᠣᠯᠣᠨ ᠦᠷ᠎ᠡ ᠠᠰᠢᠬ ᠢ ᠲᠡᠭᠡᠭᠰᠢᠯᠡᠬᠦᠯᠵᠦ᠂ ᠡᠯ᠎ᠠ ᠲᠦᠷᠦᠯ ᠤᠨ ᠵᠠᠬ᠎ᠠ ᠲᠡᠯᠭᠡᠬᠦᠷ ᠤᠨ ᠭᠤᠣᠯ ᠴᠣᠬᠴᠠ ᠶᠢ ᠪᠣᠶᠢᠵᠢᠭᠤᠯᠣᠨ ᠪᠣᠵᠠᠭᠠᠶᠢᠷᠠᠭᠤᠯᠵᠦ᠂ ᠦᠢᠯᠡᠳᠬᠦᠨ ᠬᠢᠭᠡᠳ ᠦᠢᠯᠡᠴᠢᠯᠡᠭᠡ ᠶᠢᠨ ᠬᠠᠩᠭᠠᠯᠭ᠎ᠠ ᠬᠡᠷᠡᠭᠯᠡᠭᠡ ᠶᠢ ᠪᠡᠶᠠᠯᠢᠬᠵᠢᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠪᠦᠬᠦ ᠲᠠᠯ᠎ᠠ ᠪᠠᠷ ᠡᠷᠡᠬᠦᠯ ᠢᠶᠠᠷ ᠦᠷᠬᠦᠯᠵᠢᠯᠡᠨ ᠬᠦᠭᠵᠢᠬᠦ ᠶᠢ ᠠᠬᠢᠭᠤᠯᠣᠨ᠂ ᠠᠷᠠᠳ ᠣᠯᠠᠨ ᠤ ᠣᠯᠠᠨ ᠲᠠᠪᠬᠤᠷᠭᠠᠲᠣ ᠣᠯᠠᠨ ᠶᠠᠩᠵᠣᠲᠣ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠬᠡᠷᠡᠭᠴᠡᠭᠡ ᠱᠠᠭᠠᠷᠲᠠᠯᠭ᠎ᠠ ᠶᠢ ᠲᠠᠰᠣᠷᠠᠯᠲᠠ ᠦᠭᠡᠢ ᠬᠠᠩᠭᠠᠵᠦ᠂ ᠵᠣᠯ ᠵᠢᠷᠭᠠᠯ ᠤᠨ ᠲᠦᠷᠦᠭᠲᠡᠯ ᠪᠣᠯᠣᠨ ᠬᠦᠷᠲᠡᠮᠵᠢ ᠶᠢᠨ ᠲᠦᠷᠦᠭᠲᠡᠯ ᠢ ᠲᠡᠭᠡᠭᠰᠢᠯᠡᠬᠦᠯᠵᠦ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪᠰᠢᠯ ᠲᠣᠣᠷ᠎ᠠ ᠬᠡᠷᠡᠭᠯᠡᠭᠡ ᠶᠢᠨ ᠱᠠᠭᠠᠷᠲᠠᠯᠭ᠎ᠠ ᠶᠢ ᠦᠷᠭᠡᠳᠭᠡᠵᠦ᠂ ᠠᠵᠦ ᠠᠬᠤᠢ ᠶᠢᠨ ᠨᠡᠮᠡᠭᠲᠡᠯ ᠢ ᠲᠦᠷᠭᠡᠳᠭᠡᠬᠦ᠂ ᠠᠵᠦ ᠠᠬᠤᠢ ᠶᠢᠨ ᠨᠡᠮᠡᠭᠲᠡᠯ ᠤᠨ ᠬᠡᠯᠪᠡᠷᠢ ᠶᠢ ᠬᠤᠪᠢᠷᠠᠭᠤᠯᠬᠤ ᠳᠤ ᠬᠦᠴᠦᠲᠦ ᠲᠣᠯᠭᠠᠭᠤᠷᠢ ᠪᠣᠯᠣᠨ ᠬᠦᠲᠡᠯᠭᠡᠬᠦ ᠬᠦᠴᠦᠨ ᠬᠠᠩᠭᠠᠨ᠎ᠠ᠃     ︵ᠬᠤᠶᠠᠷ︶ ᠦᠨᠳᠦᠰᠦᠨ ᠵᠠᠷᠴᠢᠮ︔     ᠵᠠᠬ᠎ᠠ ᠲᠡᠯᠭᠡᠬᠦᠷ ᠢᠶᠠᠷ ᠭᠤᠣᠯ ᠵᠢᠯᠣᠭᠤᠲᠣᠭᠤᠯᠵᠦ᠂ ᠰᠢᠨ᠎ᠡ ᠶᠢ ᠡᠬᠦᠳᠬᠦ ᠪᠠᠷ ᠬᠦᠭᠵᠢᠯᠲᠡ ᠶᠢᠨ ᠬᠦᠲᠡᠯᠭᠡᠬᠦᠷ ᠪᠣᠯᠭᠠᠨ᠎ᠠ᠃ ᠡᠬᠢ ᠪᠠᠶᠠᠯᠢᠬ ᠤᠨ ᠲᠣᠬᠢᠷᠠᠭᠤᠯᠣᠯᠲᠠ ᠲᠣᠮᠲᠠᠬᠢ ᠵᠠᠬ᠎ᠠ ᠲᠡᠯᠭᠡᠬᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠬᠦᠢᠴᠡᠳ ᠪᠠᠲᠠᠷᠠᠭᠤᠯᠣᠨ᠂ ᠡᠯ᠎ᠡ ᠲᠦᠷᠦᠯ ᠤᠨ ᠵᠠᠬ᠎ᠠ ᠲᠡᠯᠭᠡᠬᠦᠷ ᠤᠨ ᠭᠤᠣᠯ ᠴᠣᠬᠴᠠ ᠶᠢᠨ ᠵᠣᠬᠢᠶᠠᠨ ᠪᠠᠶᠢᠭᠤᠯᠣᠯᠲᠠ ᠶᠢᠨ ᠬᠠᠮᠢᠶᠠᠷᠣᠯᠲᠠ᠂ ᠪᠠᠶᠢᠭᠤᠯᠣᠯᠲᠠ ᠡᠵᠡᠩᠨᠡᠯᠲᠡ᠂  ᠰᠤᠲᠤᠯᠤᠨ ᠨᠡᠭᠡᠭᠡᠵᠦ ᠦᠢᠯᠡᠳᠪᠦᠷᠢᠯᠡᠬᠦ ᠵᠡᠷᠭᠡ ᠡᠯ᠎ᠠ ᠭᠤᠬᠴᠤᠭ᠎ᠠ ᠶᠢᠨ ᠰᠢᠨ᠎ᠠ ᠶᠢ ᠡᠬᠦᠳᠬᠦ ᠣᠶᠢᠯᠠᠭᠠᠬᠲᠠᠬᠤᠨ ᠪᠠ ᠵᠠᠬᠪᠣᠷ ᠢ ᠬᠦᠲᠦᠯᠦᠨ ᠵᠢᠯᠣᠭᠤᠳᠴᠦ᠂ ᠦᠢᠯᠡᠴᠢᠯᠡᠭᠡ ᠶᠢᠨ  ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠂ ᠬᠡᠷᠡᠭᠯᠡᠭᠡ ᠶᠢᠨ ᠲᠡᠰ ᠲᠡᠪᠰᠢᠭᠰᠡᠨ ᠱᠠᠭᠠᠷᠲᠠᠯᠭ᠎ᠠ ᠶᠢ ᠨᠡᠩ ᠰᠠᠶᠢᠲᠣᠷ ᠬᠠᠩᠭᠠᠨ᠎ᠠ᠃      ᠡᠬᠦᠷᠭᠡ ᠴᠢᠲᠠᠪᠬᠢ ᠪᠠᠨ ᠬᠤᠪᠢᠷᠠᠭᠤᠯᠣᠨ᠂ ᠣᠷᠴᠢᠨ ᠲᠣᠭᠤᠷᠢᠨ ᠢ ᠰᠢᠯᠢᠲᠡᠭᠵᠢᠬᠦᠯᠦᠨ᠎ᠡ᠃ ᠵᠠᠰᠠᠬ ᠢ ᠴᠣᠮᠬᠠᠳᠬᠠᠨ ᠡᠷᠭᠡ ᠶᠢ ᠲᠣᠷᠣᠬᠰᠢ ᠲᠠᠯᠪᠢᠬᠤ᠂ ᠬᠠᠮᠢᠶᠠᠷᠬᠤ ᠪᠠ ᠲᠠᠯᠪᠢᠬᠤ ᠶᠢ ᠣᠶᠠᠯᠲᠣᠭᠤᠯᠬᠤ ᠶᠢ  ᠬᠦᠴᠦᠲᠡᠢ ᠠᠬᠢᠭᠤᠯᠣᠨ᠂ ᠦᠢᠯᠡᠴᠢᠯᠡᠭᠡ ᠶᠢᠨ ᠦᠭᠡᠷᠡᠴᠢᠯᠡᠯᠲᠡ ᠶᠢ ᠰᠢᠯᠢᠲᠡᠭᠵᠢᠬᠦᠯᠵᠦ᠂ ᠨᠡᠶᠢᠭᠡᠮ ᠤᠨ ᠬᠦᠷᠦᠩᠭᠡ ᠶᠢᠨ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠪᠡᠯᠡ ᠣᠷᠣᠭᠤᠯᠬᠤ ︽ ᠬᠡᠪᠡᠷᠡᠭ︾ ︽ᠲᠦᠪᠡᠭ︾      ︽ ᠮᠠᠲᠠᠭ︾ ᠵᠡᠷᠭᠡ ᠠᠰᠠᠭᠤᠲᠠᠯ ᠢ ᠬᠦᠴᠦᠯᠡᠨ ᠰᠢᠢᠳᠪᠦᠷᠢᠯᠡᠨ᠎ᠡ︔ ᠨᠢᠭᠡᠲᠦᠯᠲᠡᠢ ᠲᠦᠯᠦᠪᠵᠢᠬᠦᠯᠬᠦ᠂ ᠲᠦᠷᠦ ᠶᠢᠨ ᠪᠣᠲᠣᠯᠭ᠎ᠠ ᠪᠠᠷ ᠲᠡᠳᠬᠦᠬᠦ᠂ ᠪᠠᠷᠢᠮᠵᠢᠶᠠᠵᠢᠭᠤᠯᠣᠨ ᠬᠦᠲᠦᠯᠦᠨ ᠵᠢᠯᠣᠭᠤᠳᠬᠤ ᠶᠢ ᠴᠢᠩᠭᠠᠳᠬᠠᠵᠦ᠂ ᠬᠡᠷᠡᠭᠯᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠦ᠂ ᠡᠷᠡᠬᠦᠯ ᠬᠡᠷᠡᠭᠯᠡᠭᠡ ᠶᠢᠨ ᠣᠶᠢᠯᠠᠭᠠᠬᠲᠠᠬᠤᠨ ᠢ ᠪᠣᠢ ᠪᠣᠯᠭᠠᠵᠦ᠂ ᠡᠯ᠎ᠡ ᠲᠦᠷᠦᠯ ᠤᠨ ᠬᠠᠮᠲᠣ ᠨᠢᠭᠡᠴᠡ ᠶᠢ ᠰᠠᠶᠢᠨ ᠲᠣᠷ᠎ᠠ ᠠᠴᠠ ᠪᠠᠨ᠂ ᠨᠦᠬᠦᠴᠡᠯ ᠲᠠᠢ ᠪᠠᠷ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠣᠷᠣᠯᠴᠠᠭᠤᠯᠣᠨ᠎ᠠ᠃      ᠲᠦᠷᠦᠯ ᠬᠤᠪᠢᠶᠠᠨ ᠠᠬᠢᠭᠤᠯᠵᠦ᠂ ᠠᠭᠤᠰᠣᠯᠴᠠᠭᠤᠯᠣᠨ ᠬᠦᠭᠵᠢᠬᠦᠯᠦᠨ᠎ᠡ᠃ ᠲᠦᠷᠦᠯ ᠠᠩᠬᠢᠯᠠᠨ ᠲᠠᠪᠬᠤᠷᠭ᠎ᠠ ᠬᠤᠪᠢᠶᠠᠨ ᠠᠲᠠᠯᠢ ᠪᠣᠰᠣ ᠪᠠᠷ ᠬᠠᠨᠲᠣᠵᠦ᠂ ᠣᠯᠠᠨ ᠲᠦᠮᠡᠨ ᠤ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠦᠨᠳᠦᠰᠦᠨ ᠱᠠᠭᠠᠷᠲᠠᠯᠭ᠎ᠠ ᠶᠢ ᠪᠠᠲᠣᠯᠠᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠣᠯᠠᠨ ᠡᠰᠢᠲᠦ ᠬᠦᠭᠵᠢᠯᠲᠡ ᠶᠢ ᠠᠬᠢᠭᠤᠯᠣᠨ᠎ᠠ︔ ᠠᠵᠦ ᠦᠢᠯᠡᠰ ᠤᠨ ᠬᠦᠭᠵᠢᠯᠲᠡ ᠶᠢᠨ ᠵᠢᠮ᠎ᠡ ᠶᠣᠰᠣ ᠶᠢ ᠵᠢᠷᠣᠮᠯᠠᠨ᠂ ᠪᠦᠬᠦ ᠲᠠᠯ᠎ᠠ ᠠᠴᠠ ᠡᠬᠦᠰᠦᠨ ᠠᠵᠦ ᠦᠢᠯᠡᠰ ᠤᠨ ᠡᠯ᠎ᠠ ᠲᠦᠷᠦᠯ ᠵᠦᠢᠯ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠣᠨ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠬᠢᠭᠡᠳ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠢ ᠨᠢᠭᠡᠲᠦᠯᠲᠡᠢ ᠲᠦᠯᠦᠪᠵᠢᠬᠦᠯᠦᠨ ᠵᠣᠬᠢᠴᠠᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠬᠢᠭᠡᠳ ᠵᠣᠭᠠᠴᠠᠯ᠂ ᠡᠷᠡᠬᠦᠯ ᠮᠡᠨᠲᠦ ᠵᠡᠷᠭᠡ ᠠᠵᠦ ᠦᠢᠯᠡᠰ ᠤᠨ ᠠᠭᠤᠰᠣᠯᠴᠠᠨ ᠬᠤᠷᠰᠢᠯᠴᠠᠬᠤ ᠶᠢ ᠠᠬᠢᠭᠤᠯᠣᠨ᠎ᠠ᠃      ᠭᠤᠣᠯᠲᠠᠯᠭ᠎ᠠ ᠲᠠᠢ ᠰᠢᠪᠲᠣᠯᠵᠦ᠂ ᠪᠣᠲᠠᠲᠣ ᠠᠰᠢᠬ ᠢ ᠡᠷᠬᠢᠮᠯᠡᠨ᠎ᠡ᠃ ︽ᠨᠢᠭᠡ ᠪᠦᠰᠡ ᠨᠢᠭᠡ ᠵᠠᠮ︾ ᠤᠨ ᠪᠠᠶᠢᠭᠤᠯᠣᠯᠲᠠ᠂ ᠪᠡᠭᠡᠵᠢᠩ ᠲᠢᠶᠠᠨᠵᠢᠨ ᠾᠧᠪᠸᠢ ᠶᠢᠨ ᠵᠣᠬᠢᠴᠠᠩᠭᠤᠢ ᠬᠦᠭᠵᠢᠯᠲᠡ᠂  ᠬᠦᠬᠡᠮᠦ᠋ᠷᠡᠨ ᠤ ᠠᠵᠦ ᠠᠬᠤᠢ ᠶᠢᠨ ᠪᠦᠰᠡ ᠶᠢᠨ ᠭᠤᠷᠪᠠᠨ ᠶᠡᠭᠡ ᠪᠠᠶᠢᠯᠲᠣᠬᠤ ᠪᠣᠲᠣᠯᠭ᠎ᠠ ᠶᠢᠨ ᠲᠣᠭᠤᠷᠢᠨ ᠳᠤ᠂ ᠰᠢᠨ᠎ᠡ ᠮᠡᠶ᠋ᠢᠬ ᠤᠨ ᠬᠤᠲᠠ ᠪᠠᠯᠭᠠᠰᠣᠵᠢᠯᠲᠠ ᠶᠢᠨ ᠪᠠᠶᠢᠭᠤᠯᠣᠯᠲᠠ᠂ ᠨᠡᠶᠢᠭᠡᠮ ᠵᠢᠷᠣᠮ ᠤᠨ ᠰᠢᠨ᠎ᠡ ᠬᠦᠲᠡᠭᠡ ᠲᠣᠰᠬᠤᠨ ᠤ ᠪᠠᠶᠢᠭᠤᠯᠣᠯᠲᠠ᠂ ᠣᠨᠢᠨ ᠲᠡᠭᠡᠷ᠎ᠡ ᠨᠢ ᠶᠠᠲᠠᠭᠤ ᠶᠢ ᠲᠡᠳᠬᠦᠬᠦ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠬ ᠢ ᠦᠭᠡᠷᠡᠴᠢᠯᠡᠨ ᠪᠠᠶᠢᠭᠤᠯᠬᠤ ᠵᠡᠷᠭᠡ ᠣᠯᠣᠰ ᠤᠨ ᠬᠦᠨᠲᠦ ᠴᠢᠬᠤᠯᠠ ᠪᠠᠶᠢᠷᠢᠯᠠᠭᠤᠯᠣᠯᠲᠠ ᠲᠠᠢ ᠣᠶᠠᠯᠲᠣᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠭᠤᠣᠯᠲᠠᠯᠭ᠎ᠠ ᠲᠠᠢ ᠬᠦᠲᠡᠯᠭᠡᠭᠡᠨ ᠤ ᠲᠦᠷᠦᠯ ᠵᠦᠢᠯ ᠪᠣᠯᠣᠨ ᠠᠵᠦ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠵᠡᠷᠭᠡ ᠪᠠᠷ ᠲᠦᠰᠢᠭ ᠪᠣᠯᠭᠠᠨ᠂ ᠲᠡᠬᠦᠨ ᠤ ᠨᠦᠯᠦᠭᠡᠯᠡᠬᠦ ᠪᠠ ᠲᠠᠶᠢᠴᠢᠯᠠᠬᠤ ᠦᠢᠯᠡᠲᠦᠯ ᠢ ᠪᠠᠲᠠᠷᠠᠭᠤᠯᠣᠨ᠂ ᠣᠷᠣᠨ ᠪᠦᠰᠡ ᠶᠢᠨ ᠠᠵᠦ ᠠᠬᠤᠢ ᠶᠢᠨ ᠬᠦᠭᠵᠢᠯᠲᠡ ᠪᠣᠯᠣᠨ ᠠᠷᠠᠳ ᠤᠨ ᠠᠮᠢᠲᠣᠷᠠᠯ ᠢ ᠰᠠᠶᠢᠵᠢᠷᠠᠭᠤᠯᠬᠤ ᠶᠢ ᠠᠬᠢᠭᠤᠯᠣᠨ᠎ᠠ᠃      ︵ᠭᠤᠷᠪᠠ︶ ᠬᠦᠭᠵᠢᠯᠲᠡ ᠶᠢᠨ ᠬᠠᠷᠠᠯᠲᠠ︔ 2025 ᠤᠨ ᠪᠣᠯᠬᠤ ᠳᠤ᠂ ᠪᠠᠶᠢᠷᠢᠰᠢᠯ ᠵᠣᠬᠢᠰᠲᠠᠢ᠂ ᠡᠬᠦᠷᠭᠡ ᠴᠢᠲᠠᠪᠬᠢ ᠪᠦᠷᠢᠨ ᠲᠦᠬᠦᠷ᠂ ᠲᠦᠷᠦᠯ ᠵᠦᠢᠯ ᠪᠦᠷᠢᠲᠦᠭᠰᠡᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠲᠦᠬᠦᠯᠵᠦ᠂ ᠵᠠᠬ᠎ᠠ ᠲᠡᠯᠭᠡᠬᠦᠷ ᠤᠨ ᠵᠤᠬᠢᠴᠠᠮᠵᠢ ᠣᠯᠠᠮ ᠢᠶᠠᠷ ᠲᠡᠬᠦᠯᠲᠡᠷᠵᠢᠵᠦ᠂ ᠬᠡᠷᠡᠭᠯᠡᠭᠡ ᠶᠢᠨ ᠱᠠᠭᠠᠷᠲᠠᠯᠭ᠎ᠠ ᠶᠠᠪᠣᠬᠤ ᠲᠣᠲᠣᠮ ᠦᠨᠳᠦᠷᠵᠢᠵᠦ᠂ ᠠᠵᠦ ᠦᠢᠯᠡᠰ ᠤᠨ ᠣᠷᠴᠢᠨ ᠲᠣᠭᠤᠷᠢᠨ ᠲᠠᠰᠣᠷᠠᠯᠲᠠ ᠦᠭᠡᠢ ᠰᠢᠯᠢᠲᠡᠭᠵᠢᠵᠦ᠂ ᠠᠵᠦ ᠦᠢᠯᠡᠰ ᠤᠨ ᠪᠦᠲᠦᠴᠡ ᠣᠯᠠᠮ ᠢᠶᠠᠷ ᠵᠣᠬᠢᠰᠲᠠᠢ ᠪᠣᠯᠵᠦ᠂ ᠦᠢᠯᠡᠳᠬᠦᠨ ᠪᠣᠯᠣᠨ ᠦᠢᠯᠡᠴᠢᠯᠡᠭᠡ ᠶᠢᠨ ᠬᠠᠩᠭᠠᠯᠭ᠎ᠠ ᠬᠡᠷᠡᠭᠯᠡᠭᠡ ᠡᠯᠪᠡᠭᠵᠢᠵᠦ᠂ ᠦᠢᠯᠡᠴᠢᠯᠡᠭᠡᠨ ᠤ ᠴᠢᠨᠠᠷ ᠪᠠ ᠲᠦᠪᠰᠢᠨ ᠮᠡᠲᠡᠭᠲᠡᠮ᠎ᠡ ᠲᠡᠭᠡᠭᠰᠢᠯᠡᠵᠦ᠂ ᠦᠭᠡᠷ᠎ᠡ ᠪᠣᠰᠣᠳ ᠠᠵᠦ ᠦᠢᠯᠡᠰ ᠯᠦᠭᠡ ᠠᠭᠤᠰᠣᠯᠴᠠᠨ ᠬᠦᠭᠵᠢᠬᠦ ᠨᠢ ᠨᠡᠩ ᠨᠢᠬᠲᠠᠷᠠᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠶᠡᠷᠦᠩᠭᠡᠢ ᠬᠡᠪᠴᠢᠶᠠᠵᠢᠯ 3 ᠲᠦᠮᠡᠨ ᠳ᠋ᠦᠩᠰᠢᠭᠤᠷ ᠲᠦᠬᠦᠷᠢᠭ ᠲᠤ ᠬᠦᠷᠬᠦ ᠪᠣᠯᠣᠨ᠎ᠠ᠃     ᠬᠤᠶᠠᠷ᠂  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠦᠢᠯᠡᠴᠢᠯᠡᠭᠡᠨ ᠤ ᠰᠢᠰᠲ᠋ᠧᠮ ᠢ ᠲᠡᠬᠦᠯᠲᠡᠷᠵᠢᠬᠦᠯᠦᠨ᠎ᠡ      ︵ᠲᠦᠷᠪᠡ︶ ᠡᠳᠦᠷ ᠲᠣᠲᠣᠮ ᠤᠨ ᠪᠡᠶ᠎ᠡ ᠴᠢᠬᠢᠷᠠᠬᠵᠢᠭᠤᠯᠬᠤ ᠶᠢ ᠲᠦᠭᠡᠮᠡᠯᠵᠢᠬᠦᠯᠦᠨ᠎ᠡ᠃ ᠣᠯᠠᠨ ᠲᠦᠮᠡᠨ ᠤ ᠦᠷᠭᠡᠨ ᠢᠶᠠᠷ ᠣᠷᠣᠯᠴᠠᠬᠤ ᠳᠤ ᠲᠣᠬᠢᠷᠠᠬᠤ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠢ ᠲᠡᠯᠭᠡᠷᠡᠬᠦᠯᠵᠦ᠂ ᠬᠦᠯ ᠪᠦᠮᠪᠦᠭᠡ᠂ ᠰᠠᠬᠰᠣᠨ ᠪᠦᠮᠪᠦᠭᠡ᠂ ᠠᠯᠠᠭᠠᠲᠠᠬᠤ ᠪᠦᠮᠪᠦᠭᠡ᠂ ᠫᠢᠩᠫᠤᠩ ᠪᠦᠮᠪᠦᠭᠡ᠂ ᠦᠲᠦᠨ ᠪᠦᠮᠪᠦᠭᠡ᠂ ᠲᠣᠣᠷ ᠪᠦᠮᠪᠦᠭᠡ᠂ ᠣᠰᠣᠨ ᠳᠤ ᠣᠮᠪᠠᠭ᠋ᠣ᠂  ᠠᠯᠬᠤᠬᠤ᠂ ᠬᠦᠶᠦᠬᠦ᠂ ᠲᠣᠭᠤᠢ ᠣᠨᠣᠬᠤ᠂ ᠰᠢᠲᠠᠷ᠎ᠠ᠂ ᠰᠢᠷᠡᠭᠡᠨ ᠪᠦᠮᠪᠦᠭᠡ᠂ ᠵᠢᠭᠠᠰᠣ ᠬᠦᠬᠢᠲᠡᠬᠦ  ᠂ ᠪᠡᠶ᠎ᠡ ᠶᠢᠨ ᠲᠠᠮᠢᠷ ᠤᠨ ᠪᠦᠵᠢᠭ᠂ ᠠᠭᠤᠲᠠᠮ ᠲᠠᠯᠠᠪᠠᠢ ᠶᠢᠨ ᠪᠦᠵᠢᠭ ᠵᠡᠷᠭᠡ ᠨᠡᠶᠢᠲᠡᠮ ᠤᠨ ᠴᠢᠨᠠᠷᠲᠠᠢ᠂ ᠣᠯᠠᠨ ᠢᠶᠠᠷ ᠢᠶᠠᠨ ᠠᠩᠬᠠᠷᠲᠠᠬ᠂ ᠵᠠᠬ᠎ᠠ ᠲᠡᠯᠭᠡᠬᠦᠷ ᠤᠨ ᠣᠷᠣᠨ ᠵᠠᠢ  ᠶᠡᠬᠡᠲᠡᠢ ᠬᠦᠲᠡᠯᠭᠡᠭᠡᠨ ᠤ ᠲᠦᠷᠦᠯ ᠵᠦᠢᠯ ᠢ ᠲᠦᠷᠭᠡᠳᠭᠡᠨ ᠬᠦᠭᠵᠢᠬᠦᠯᠵᠦ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠬᠠᠩᠭᠠᠯᠭ᠎ᠠ ᠬᠡᠷᠡᠭᠴᠡᠭᠡ ᠶᠢ ᠪᠠᠲᠣᠯᠠᠵᠦ᠂ ᠣᠯᠠᠨ ᠲᠠᠯ᠎ᠠ ᠶᠢᠨ ᠣᠷᠣᠯᠴᠠᠯᠭ᠎ᠠ ᠶᠢ ᠬᠦᠲᠦᠯᠦᠨ ᠵᠢᠯᠣᠭᠤᠲᠣᠨ᠎ᠠ᠃      ︵ᠲᠠᠪᠤ︶ ᠭᠡᠭᠡᠷ᠎ᠡ ᠭᠠᠲᠠᠨᠠᠬᠢ ᠬᠦᠲᠡᠯᠭᠡᠭᠡᠨ ᠢ ᠬᠦᠭᠵᠢᠬᠦᠯᠦᠨ᠎ᠡ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠭᠤᠣᠯᠲᠠᠯᠭ᠎ᠠ ᠲᠠᠢ ᠬᠦᠲᠡᠯᠭᠡᠭᠡᠨ ᠤ ᠲᠦᠷᠦᠯ ᠵᠣᠶᠢᠯ ᠤᠨ ᠭᠠᠷᠴᠠᠬ ᠲᠣᠬᠲᠠᠭᠠᠵᠣ᠂ ᠭᠡᠭᠡᠷ᠎ᠡ ᠭᠠᠲᠠᠨᠠᠬᠢ ᠬᠦᠲᠡᠯᠭᠡᠭᠡᠨ ᠢᠶᠠᠷ ᠭᠤᠣᠯᠲᠠᠯᠭ᠎ᠠ ᠪᠣᠯᠭᠠᠵᠦ᠂ ᠰᠢᠷᠢᠰ ᠲᠦᠯᠦᠪᠵᠢᠬᠦᠯᠭᠡ ᠶᠢ ᠰᠣᠲᠣᠯᠣᠨ ᠲᠣᠬᠲᠠᠭᠠᠵᠦ᠂ ᠬᠡᠷᠡᠭᠯᠡᠭᠡ ᠶᠢᠨ ᠵᠢᠯᠣᠭᠤᠲᠣᠮᠵᠢ ᠶᠢᠨ ᠴᠢᠨᠠᠷᠲᠠᠢ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠢ ᠬᠦᠭᠵᠢᠬᠦᠯᠬᠦ ᠶᠢ ᠲᠡᠮᠵᠢᠨ᠎ᠡ᠃      — ᠮᠦᠰᠦ ᠴᠠᠰᠣᠨ ᠤ ᠬᠦᠲᠡᠯᠭᠡᠭᠡᠨ︔ 2022 ᠤᠨ ᠤ ᠡᠪᠦᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠣᠬᠯᠠᠭᠠᠨ ᠢ ᠡᠷᠬᠢᠯᠡᠬᠦ ᠪᠠᠷ ᠠᠵᠠ ᠲᠣᠬᠢᠶᠠᠯ ᠪᠣᠯᠭᠠᠨ ︽ᠭᠤᠷᠪᠠᠨ ᠳ᠋ᠦᠩᠰᠢᠭᠤᠷ ᠬᠦᠮᠦᠨ ᠮᠦᠰᠦ ᠴᠠᠰᠣᠨ ᠤ ᠬᠦᠲᠡᠯᠭᠡᠭᠡᠨ ᠳᠤ ᠣᠷᠣᠯᠴᠠᠬᠤ︾ ᠪᠠᠷ ᠬᠦᠭᠵᠢᠯᠲᠡ ᠶᠢᠨ ᠬᠠᠷᠠᠯᠲᠠ ᠪᠣᠯᠭᠠᠵᠦ᠂ ᠵᠡᠬᠦᠨ ᠬᠤᠶᠢᠲᠣ ᠣᠷᠣᠨ᠂ ᠣᠮᠠᠷᠠᠲᠣ ᠣᠷᠣᠨ᠂ ᠪᠠᠷᠠᠭᠤᠨ ᠬᠤᠶᠢᠲᠣ ᠣᠷᠣᠨ ᠢ ᠲᠠᠶᠢᠴᠢᠯᠠᠨ ᠲᠠᠭᠠᠭᠤᠯᠵᠦ᠂ ᠠᠷᠠᠳ ᠣᠯᠠᠨ ᠤ ᠴᠠᠰᠣᠨ ᠳᠤ ᠭᠤᠯᠭᠤᠬᠤ᠂ ᠮᠦᠰᠦᠨ ᠳᠤ ᠭᠤᠯᠭᠤᠬᠤ᠂ ᠮᠦᠰᠦᠨ ᠪᠦᠮᠪᠦᠭᠡ ᠵᠡᠷᠭᠡ ᠪᠠᠷ ᠭᠤᠣᠯᠲᠠᠯᠭ᠎ᠠ ᠪᠣᠯᠭᠠᠨ᠂ ︽ᠡᠮᠦᠨᠡᠲᠦ ᠳᠤ ᠬᠦᠭᠵᠢᠬᠦᠯᠦᠨ ᠪᠠᠷᠠᠭᠤᠨᠰᠢ ᠦᠷᠭᠡᠳᠭᠡᠬᠦ︾ ᠶᠢ ᠬᠦᠨᠵᠡᠭᠡᠢ ᠬᠡᠷᠡᠭᠵᠢᠬᠦᠯᠦᠨ᠂ ᠮᠦᠰᠦ ᠴᠠᠰᠣᠨ ᠤ ᠬᠦᠲᠡᠯᠭᠡᠭᠡᠨ ᠤ ᠲᠦᠬᠦᠭᠡᠷᠦᠮᠵᠢ ᠶᠢᠨ ᠪᠠᠶᠢᠭᠤᠯᠣᠯᠲᠠ ᠶᠢ ᠠᠬᠢᠭᠤᠯᠵᠦ᠂ ᠮᠦᠰᠦ ᠴᠠᠰᠣᠨ ᠤ ᠬᠦᠲᠡᠯᠭᠡᠭᠡᠨ ᠤ ᠲᠦᠭᠡᠮᠡᠯᠵᠢᠯᠲᠡ ᠪᠣᠯᠣᠨ ᠠᠵᠦ ᠦᠢᠯᠡᠰ ᠤᠨ ᠬᠦᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃       — ᠠᠭᠤᠯᠠᠷᠬᠠᠬ ᠭᠠᠵᠠᠷ ᠤᠨ ᠬᠡᠭᠡᠷ᠎ᠡ ᠭᠠᠲᠠᠨᠠᠬᠢ ᠬᠦᠲᠡᠯᠭᠡᠭᠡᠨ︔ ᠠᠭᠤᠯᠠ ᠠᠪᠠᠷᠢᠬᠤ᠂ ᠬᠠᠲᠠᠨ ᠳᠤ ᠮᠠᠴᠣᠬᠤ᠂ ᠶᠠᠪᠠᠭᠠᠨ ᠠᠯᠬᠤᠬᠤ᠂ ᠬᠡᠭᠡᠷ᠎ᠡ ᠬᠤᠨᠣᠬᠤ᠂  ᠪᠡᠶ᠎ᠡ ᠶᠢᠨ  ᠲᠠᠮᠢᠷ ᠤᠨ ᠰᠣᠷᠢᠯᠲᠠ ᠵᠡᠷᠭᠡ ᠠᠭᠤᠯᠠᠷᠬᠠᠬ ᠭᠠᠵᠠᠷ ᠤᠨ ᠬᠡᠭᠡᠷ᠎ᠡ ᠭᠠᠲᠠᠨᠠᠬᠢ ᠬᠦᠲᠡᠯᠭᠡᠭᠡᠨ ᠤ ᠲᠦᠷᠦᠯ ᠵᠦᠢᠯ ᠢ ᠲᠡᠯᠭᠡᠷᠡᠬᠦᠯᠵᠦ᠂ ᠠᠭᠤᠯᠠᠷᠬᠠᠬ ᠭᠠᠵᠠᠷ ᠤᠨ ᠬᠡᠭᠡᠷ᠎ᠡ ᠭᠠᠲᠠᠨᠠᠬᠢ ᠬᠦᠲᠡᠯᠭᠡᠭᠡᠨ ᠤ ᠲᠦᠬᠦᠭᠡᠷᠦᠮᠵᠢ ᠶᠢᠨ ᠲᠣᠬᠲᠠᠯᠴᠠᠭ᠎ᠠ ᠶᠢᠨ ᠪᠠᠶᠢᠭᠤᠯᠣᠯᠲᠠ ᠶᠢ ᠠᠬᠢᠭᠤᠯᠵᠦ᠂      ︽ᠭᠤᠷᠪᠠᠨ ᠭᠤᠯᠲᠣ ᠭᠤᠷᠪᠠᠨ ᠬᠦᠨᠲᠡᠯᠡᠨ︾ ︵ ᠲᠠᠢ ᠬᠠᠩ ᠱᠠᠨ ᠠᠭᠤᠯᠠ ᠵᠢᠴᠢ ᠪᠡᠭᠡᠵᠢᠩ ᠬᠠᠩᠵᠧᠦ ᠶᠢᠨ ᠶᠡᠭᠡ ᠲᠠᠲᠠᠮᠠᠯ ᠭᠤᠣᠯ᠂ ᠰᠢ ᠠᠨ ᠠᠴᠠ ᠴᠧᠩᠳᠦ᠋᠂ ᠬᠦᠬᠡᠨᠠᠭᠤᠷ ᠲᠦᠪᠡᠳ ᠬᠦᠷᠬᠦ ᠵᠠᠰᠠᠮᠠᠯ ᠵᠠᠮ᠂ ᠲᠣᠷᠭᠠᠨ ᠤ ᠵᠠᠮ᠂ 318 ᠣᠯᠣᠰ ᠤᠨ ᠵᠠᠰᠠᠮᠠᠯ ᠵᠠᠮ᠂ ᠬᠦᠬᠡᠮᠦ᠋ᠷᠡᠨ ᠤ ᠣᠷᠣᠰᠬᠠᠯ ᠲᠠᠭᠠᠣ ᠱᠣᠭᠤᠮ︶ ᠠᠭᠤᠯᠠᠷᠬᠠᠬ ᠭᠠᠵᠠᠷ ᠤᠨ ᠬᠡᠭᠡᠷ᠎ᠡ ᠭᠠᠲᠠᠨᠠᠬᠢ ᠬᠦᠲᠡᠯᠭᠡᠭᠡᠨ ᠤ ᠪᠠᠶᠢᠷᠢᠰᠢᠯ ᠢ ᠪᠦᠷᠢᠯᠲᠦᠬᠦᠯᠵᠦ᠂ ᠠᠭᠤᠯᠠᠷᠬᠠᠬ ᠭᠠᠵᠠᠷ ᠤᠨ ᠬᠡᠭᠡᠷ᠎ᠡ ᠭᠠᠲᠠᠨᠠᠬᠢ ᠬᠦᠲᠡᠯᠭᠡᠭᠡᠨ ᠣᠷᠣᠯᠲᠣᠭᠠᠨ ᠢ ᠵᠣᠬᠢᠶᠠᠨ ᠪᠠᠶᠢᠭᠤᠯᠬᠤ ᠰᠢᠰᠲ᠋ᠧᠮ ᠢ ᠲᠡᠬᠦᠯᠲᠡᠷᠵᠢᠬᠦᠯᠵᠦ᠂ ᠬᠡᠭᠡᠷ᠎ᠡ ᠭᠠᠲᠠᠨᠠᠬᠢ ᠬᠦᠲᠡᠯᠭᠡᠭᠡᠨ ᠤ ᠵᠢᠯᠣᠭᠤᠲᠣᠬᠴᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠦ᠂ ᠬᠡᠭᠡᠷ᠎ᠡ ᠭᠠᠲᠠᠨᠠᠬᠢ ᠬᠦᠲᠡᠯᠭᠡᠭᠡᠨ ᠤ ᠠᠮᠣᠷ ᠲᠦᠪᠰᠢᠨ ᠪᠠ ᠪᠠᠴᠢᠮ ᠠᠪᠣᠷᠠᠬᠤ ᠲᠣᠬᠲᠠᠯᠴᠠᠭ᠎ᠠ ᠶᠢ ᠲᠡᠬᠦᠯᠲᠡᠷᠵᠢᠬᠦᠯᠦᠨ᠎ᠠ᠃      — ᠣᠰᠣᠨ ᠲᠡᠭᠡᠷᠡᠬᠢ ᠬᠦᠲᠡᠯᠭᠡᠭᠡᠨ︔ ᠨᠡᠶᠢᠲᠡ ᠶᠢᠨ ᠣᠩᠭᠤᠴᠠ ᠶᠢᠨ ᠭᠠᠷᠠᠮ ᠤᠨ ᠪᠠᠶᠢᠭᠤᠯᠣᠯᠲᠠ ᠪᠣᠯᠣᠨ  ᠺᠯᠦ᠋ᠪ ᠤᠨ ᠬᠦᠭᠵᠢᠯᠲᠡ ᠶᠢ ᠠᠬᠢᠭᠤᠯᠵᠦ᠂ ᠲᠠᠷᠪᠠᠭᠤᠯᠲᠣ ᠣᠩᠭᠤᠴᠠ᠂ ᠣᠷᠣᠯᠲᠣᠭᠠᠨ ᠤ ᠵᠠᠪᠢ᠂ ᠰᠡᠯᠢᠬᠦᠷ ᠲᠣᠯᠣᠮ ᠣᠩᠭᠤᠴᠠ᠂ ᠮᠣᠲ᠋ᠣᠷᠲᠣ ᠵᠠᠪᠢ᠂ ᠣᠰᠣᠨ ᠳᠤ ᠱᠣᠮᠪᠠᠭ᠋ᠣ᠂ ᠰᠡᠯᠢᠬᠦ᠂ ᠬᠦᠪᠦᠬᠦ ᠵᠡᠷᠭᠡ ᠣᠰᠣᠨ ᠲᠡᠭᠡᠷᠡᠬᠢ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠢ ᠢᠲᠡᠪᠬᠢᠲᠡᠢ ᠬᠦᠭᠵᠢᠬᠦᠯᠵᠦ᠂ ᠣᠰᠣᠨ ᠲᠡᠭᠡᠷᠡᠬᠢ ᠬᠦᠲᠡᠯᠭᠡᠭᠡᠨ ᠤ ᠰᠢᠯᠢᠲᠡᠭ ᠣᠷᠣᠯᠲᠣᠭᠠᠨ ᠢ ᠲᠡᠭᠡᠭᠰᠢᠯᠡᠬᠦᠯᠬᠦ ᠲᠦᠯᠦᠪᠯᠡᠭᠡ ᠬᠡᠷᠡᠭᠵᠢᠬᠦᠯᠦᠨ᠂ ᠣᠰᠣᠨ ᠤ ᠪᠦᠰᠡ ᠶᠢᠨ ᠡᠬᠢ ᠪᠠᠶᠠᠯᠢᠬ ᠲᠠᠭᠠᠨ ᠲᠦᠰᠢᠭᠯᠡᠨ ︽ᠬᠤᠶᠠᠷ ᠮᠦᠷᠡᠨ ᠬᠤᠶᠠᠷ ᠲᠠᠩᠬᠢᠰ︾ ︵ᠬᠦᠬᠡᠮᠦ᠋ᠷᠡᠨ᠂ ᠵᠦᠵᠢᠶᠠᠩ ᠮᠦᠷᠡᠨ᠂ ᠪᠦᠧᠧᠬᠠᠢ ᠲᠠᠩᠬᠢᠰ᠂ ᠲᠣᠷᠣᠨᠠᠲᠣ ᠲᠠᠩᠬᠢᠰ︶ ᠤᠨ ᠣᠰᠣᠨ ᠲᠡᠭᠡᠷᠡᠬᠢ ᠬᠦᠲᠡᠯᠭᠡᠭᠡᠨ ᠤ ᠠᠵᠦ ᠦᠢᠯᠡᠰ  ᠲᠦᠪᠯᠡᠷᠡᠭᠰᠡᠨ ᠪᠦᠰᠡ ᠶᠢ ᠠᠬᠢᠭᠤᠯᠣᠨ ᠪᠠᠶᠢᠭᠤᠯᠣᠨ᠎ᠠ᠃      — ᠮᠣᠲ᠋ᠣᠷ ᠮᠠᠰᠢᠨ ᠲᠡᠷᠭᠡ ᠶᠢᠨ ᠬᠦᠲᠡᠯᠭᠡᠭᠡᠨ︔ ᠮᠠᠰᠢᠨ ᠲᠡᠷᠭᠡ ᠪᠠᠷ ᠬᠡᠭᠡᠷ᠎ᠡ ᠬᠤᠨᠣᠬᠤ ᠬᠤᠸᠠᠷᠠᠨ ᠪᠣᠯᠣᠨ ᠲᠣᠮᠲᠠ ᠪᠠᠭ᠎ᠠ ᠬᠡᠯᠪᠡᠷᠢ ᠶᠢᠨ ᠮᠠᠰᠢᠨ ᠲᠡᠷᠭᠡ ᠣᠷᠣᠯᠲᠣᠬᠤ ᠲᠠᠯᠠᠪᠣᠷ ᠤᠨ ᠪᠠᠶᠢᠭᠤᠯᠣᠯᠲᠠ ᠶᠢ ᠠᠬᠢᠭᠤᠯᠵᠦ᠂ ᠪᠠᠶᠢᠭᠠᠯᠢ ᠬᠦᠮᠦᠨ ᠨᠡᠶᠢᠢᠭᠡᠮ ᠤᠨ ᠣᠨᠴᠠᠯᠢᠬᠲᠣ ᠡᠬᠢ ᠪᠠᠶᠠᠯᠢᠬ ᠢᠶᠠᠨ ᠠᠰᠢᠬᠯᠠᠨ᠂ ᠲᠡᠰᠭᠡᠯ ᠣᠷᠣᠯᠲᠣᠭᠠᠨ᠂ ᠬᠡᠭᠡᠷᠡᠯᠡᠬᠦ ᠣᠷᠣᠯᠲᠣᠭᠠᠨ᠂ ᠲᠦᠪᠯᠡᠷᠡᠭᠰᠡᠨ ᠣᠷᠣᠯᠲᠣᠭᠠᠨ ᠵᠡᠷᠭᠡ ᠣᠷᠣᠯᠲᠣᠭᠠᠨ ᠤ ᠲᠦᠷᠦᠯ ᠵᠦᠢᠯ ᠢ ᠡᠷᠬᠢᠯᠡᠵᠦ᠂ ᠭᠡᠷ ᠪᠦᠯᠢ ᠪᠠᠷ ᠢᠶᠠᠨ ᠬᠡᠭᠡᠷ᠎ᠡ ᠬᠤᠨᠣᠬᠤ᠂ ᠵᠠᠯᠠᠭᠤᠴᠣᠳ ᠪᠠᠭᠠᠴᠣᠳ ᠤᠨ ᠬᠤᠸᠠᠷᠠᠨ᠂ ᠭᠤᠣᠯ ᠰᠡᠲᠦᠪᠲᠦ ᠠᠶᠠᠯᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠣᠷᠣᠯᠲᠣᠭᠠᠨ  ᠬᠦᠲᠡᠯᠭᠡᠭᠡᠨ ᠵᠣᠬᠢᠶᠠᠨ ᠪᠠᠶᠢᠭᠤᠯᠬᠤ ᠲᠣᠬᠲᠠᠯᠴᠠᠭ᠎ᠠ ᠶᠢ ᠲᠠᠰᠣᠷᠠᠯᠲᠠ ᠦᠭᠡᠢ ᠲᠡᠬᠦᠯᠲᠡᠷᠵᠢᠬᠦᠯᠵᠦ᠂ ︽ᠭᠤᠷᠪᠠᠨ ᠲᠣᠭᠤᠷᠢᠬ ᠭᠤᠷᠪᠠᠨ ᠱᠣᠭᠤᠮ︾      ︵ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠬ᠂ ᠲᠡᠯᠭᠡᠷᠡᠩᠬᠦᠢ ᠣᠳᠬ᠎ᠠ ᠶᠢᠨ ᠵᠦᠵᠢᠶᠠᠩ ᠮᠦᠷᠡᠨ ᠤ ᠭᠤᠷᠪᠠᠯᠵᠢᠨ ᠬᠤᠶᠢᠬ᠂ ᠪᠡᠭᠡᠵᠢᠩ ᠠᠴᠠ ᠱᠧᠨᠵᠧᠨ ᠬᠦᠷᠬᠦ᠂ ᠪᠡᠭᠡᠵᠢᠩ ᠠᠴᠠ ᠦᠷᠦᠮᠴᠢ ᠬᠦᠷᠬᠦ᠂ ᠨᠠᠨᠨᠢᠩ ᠠᠴᠠ ᡀᠠᠰᠠ ᠬᠦᠷᠬᠦ︶ ‍ᠤᠨ‌ᠮᠠᠰᠢᠨ ᠲᠡᠷᠭᠡ ᠪᠠᠷ ᠦᠪᠡᠰᠦᠪᠡᠨ ᠠᠶᠠᠯᠠᠬᠤ ᠵᠠᠮ ᠱᠣᠭᠤᠮ ᠪᠣᠯᠣᠨ ᠬᠤᠸᠠᠷᠠᠨ ᠤ ᠲᠣᠣᠷ ᠰᠦᠯᠵᠢᠶ᠎ᠠ ᠶᠢ ᠡᠬᠦᠳᠦᠨ ᠪᠠᠶᠢᠭᠤᠯᠣᠨ᠎ᠠ᠃      — ᠠᠭᠠᠷ ᠠᠶᠠᠯᠠᠯ ᠤᠨ ᠬᠦᠲᠡᠯᠭᠡᠭᠡᠨ︔ ᠠᠭᠠᠷ ᠠᠶᠠᠯᠠᠯ ᠤᠨ ᠡᠬᠢ ᠪᠠᠶᠠᠯᠢᠬ ᠢ ᠨᠠᠶᠢᠳᠭᠡᠵᠦ᠂ ᠬᠠᠮᠢᠶᠠᠷᠣᠯᠲᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ ︽200 ᠺᠢᠯᠦᠮᠧᠲᠷ ᠤᠨ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠨᠢᠰᠣᠯᠲᠠ ᠶᠢᠨ ᠲᠣᠭᠤᠷᠢᠬ︾ ᠢ ᠵᠣᠬᠢᠰᠲᠠᠢ ᠪᠠᠶᠢᠷᠢᠰᠢᠭᠤᠯᠵᠦ᠂ ᠠᠭᠠᠷ ᠠᠶᠠᠯᠠᠯ ᠤᠨ ᠨᠢᠰᠣᠯᠲᠠ ᠶᠢᠨ ᠰᠠᠭᠤᠷᠢᠨ ᠪᠣᠯᠣᠨ  ᠺᠯᠦ᠋ᠪ ᠤᠨ ᠬᠦᠭᠵᠢᠯᠲᠡ ᠶᠢ ᠠᠬᠢᠭᠤᠯᠵᠦ᠂ ᠬᠦᠲᠡᠯᠭᠡᠭᠡᠨ ᠤ ᠨᠢᠰᠭᠡᠯ᠂ ᠬᠡᠶᠢᠲᠦ ᠪᠦᠮᠪᠦᠭᠡ᠂ ᠨᠢᠰᠭᠡᠯ ᠠᠴᠠ ᠰᠢᠬᠦᠷ ᠢᠶᠠᠷ ᠪᠠᠭᠤᠬᠤ᠂ ᠬᠦᠩᠭᠡᠨ ᠵᠢᠵᠢᠭ ᠬᠡᠯᠪᠡᠷᠢ ᠶᠢᠨ ᠬᠦᠮᠦᠨ ᠦᠭᠡᠢ ᠨᠢᠰᠦᠬᠦᠷ᠂ ᠠᠭᠠᠷ ᠠᠶᠠᠯᠠᠯ ᠤᠨ ᠬᠡᠪ ᠵᠠᠬᠪᠣᠷ ᠵᠡᠷᠭᠡ ᠠᠭᠠᠷ ᠠᠶᠠᠯᠠᠯ ᠤᠨ ᠬᠦᠲᠡᠯᠭᠡᠭᠡᠨ ᠤ ᠲᠦᠷᠦᠯ ᠵᠦᠢᠯ ᠢ ᠲᠡᠯᠭᠡᠷᠡᠬᠦᠯᠵᠦ᠂ ᠣᠯᠠᠨ ᠲᠦᠮᠡᠨ ᠤ ᠬᠡᠷᠡᠭᠯᠡᠭᠡ ᠪᠠᠷ ᠭᠤᠣᠯ ᠪᠣᠯᠭᠠᠬᠰᠠᠨ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠦᠢᠯᠡᠳᠬᠦᠨ ᠪᠠ ᠦᠢᠯᠡᠴᠢᠯᠡᠭᠡ ᠶᠢᠨ ᠬᠠᠩᠭᠠᠯᠭ᠎ᠠ ᠬᠡᠷᠡᠭᠯᠡᠭᠡ ᠶᠢᠨ ᠲᠣᠬᠲᠠᠯᠴᠠᠭ᠎ᠠ ᠶᠢ ᠪᠠᠶᠢᠭᠤᠯᠣᠨ᠎ᠠ᠃     ︵ᠵᠢᠷᠭᠤᠭ᠎ᠠ︶ ᠣᠨᠴᠠᠯᠢᠬᠲᠣ ᠲᠠᠮᠢᠷ ᠤᠨ ᠬᠦᠲᠡᠯᠭᠡᠭᠡᠨ ᠢ ᠬᠦᠭᠵᠢᠬᠦᠯᠦᠨ᠎ᠡ︔ ᠲᠣᠶᠢᠯᠰᠢᠷᠠᠯ ᠬᠦᠲᠡᠯᠭᠡᠭᠡᠨ᠂ ᠡᠯᠧᠺᠲᠷᠣᠨ ᠮᠦᠷᠦᠶᠢᠴᠡᠭᠡᠨ᠂ ᠰᠡᠯᠡᠮ᠎ᠡ ᠶᠢᠨ ᠮᠦᠷᠦᠶᠢᠴᠡᠭᠡᠨ᠂ ᠮᠣᠷᠢᠨ ᠮᠡᠷᠭᠡᠵᠢᠯ᠂ ᠭᠤᠯᠹ ᠪᠦᠮᠪᠦᠭᠡ ᠵᠡᠷᠭᠡ ᠮᠣᠳ᠋ ᠬᠦᠲᠡᠯᠭᠡᠭᠡᠨ ᠤ ᠲᠦᠷᠦᠯ ᠵᠦᠢᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠵᠦ᠂ ᠬᠤᠯᠪᠣᠬᠲᠠᠯ ᠪᠦᠬᠦᠢ ᠲᠣᠰᠬᠠᠢ ᠮᠡᠷᠭᠡᠵᠢᠯ ᠤᠨ ᠪᠣᠯᠪᠠᠰᠣᠷᠠᠯ ᠤᠨ ᠵᠠᠬ᠎ᠠ ᠲᠡᠯᠭᠡᠬᠦᠷ ᠢ ᠪᠣᠶᠢᠵᠢᠭᠤᠯᠣᠨ᠎ᠠ᠃ ᠦᠱᠦ᠂ ᠯᠣᠣᠲᠣ ᠣᠩᠭᠤᠴᠠ᠂ ᠯᠣᠣ  ᠲᠤᠬᠠᠯᠠᠨ ᠠᠷᠰᠯᠠᠨ ᠪᠦᠵᠢᠭᠯᠡᠬᠦ ᠵᠡᠷᠭᠡ ᠠᠷᠠᠳ ᠤᠨ ᠲᠣᠮᠲᠠᠬᠢ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠢ ᠬᠦᠭᠵᠢᠬᠦᠯᠵᠦ᠂ ᠦᠨᠳᠦᠰᠦᠲᠡᠨ ᠤ ᠣᠯᠠᠮᠵᠢᠯᠠᠯᠲᠣ ᠪᠡᠶ᠎ᠡ ᠶᠢᠨ ᠲᠠᠮᠢᠷ ᠤᠨ ᠲᠦᠷᠦᠯ ᠵᠦᠢᠯ ᠢ ᠣᠯᠠᠮᠵᠢᠯᠠᠨ ᠬᠦᠭᠵᠢᠬᠦᠯᠵᠦ᠂ ᠪᠡᠶ᠎ᠡ ᠶᠢᠨ ᠲᠠᠮᠢᠷ ᠤᠨ ᠲᠦᠷᠦᠯ ᠤᠨ ᠪᠣᠲᠠᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠲᠠ ᠪᠠ ᠬᠦᠭᠵᠢᠯᠲᠡ ᠶᠢ ᠴᠢᠩᠭᠠᠳᠬᠠᠨ᠎ᠠ᠃ ᠬᠤᠯᠪᠣᠬᠲᠠᠯ ᠪᠦᠬᠦᠢ ᠪᠡᠶ᠎ᠡ ᠶᠢᠨ ᠲᠠᠮᠢᠷ ᠤᠨ ᠪᠦᠲᠦᠭᠡᠯᠴᠢ ᠠᠵᠢᠯᠯᠠᠭ᠎ᠠ ᠶᠢ ᠲᠡᠮᠵᠢᠵᠦ᠂ ᠮᠣᠳ᠋ ᠬᠦᠲᠡᠯᠭᠡᠭᠡᠨ ᠢᠶᠠᠷ ᠭᠤᠣᠯ ᠰᠡᠲᠦᠪ ᠪᠣᠯᠭᠠᠬᠰᠠᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠡᠷᠬᠢᠯᠡᠬᠦ ᠶᠢ ᠵᠣᠷᠢᠬᠵᠢᠭᠤᠯᠣᠨ᠎ᠠ᠃     ︵ᠲᠣᠯᠤᠭ᠎ᠠ︶ ᠠᠵᠦ ᠦᠢᠯᠡᠰ ᠤᠨ ᠬᠤᠷᠰᠢᠯ ᠠᠭᠤᠰᠣᠯᠴᠠᠯ ᠢ ᠠᠬᠢᠭᠤᠯᠣᠨ᠎ᠠ︔ ᠪᠡᠶ᠎ᠡ ᠶᠢᠨ ᠲᠠᠮᠢᠷ ᠤᠨ ᠵᠣᠭᠠᠴᠠᠯ ᠢ ᠶᠡᠬᠡᠪᠡᠷ ᠬᠦᠭᠵᠢᠬᠦᠯᠵᠦ᠂ ᠪᠡᠶ᠎ᠡ ᠶᠢᠨ ᠲᠠᠮᠢᠷ ᠤᠨ ᠵᠣᠭᠠᠴᠠᠯ ᠤᠨ ᠬᠦᠭᠵᠢᠯᠲᠡ ᠶᠢᠨ ᠬᠦᠲᠦᠯᠪᠦᠷᠢ ᠲᠣᠬᠲᠠᠭᠠᠵᠦ᠂ ᠪᠡᠶ᠎ᠡ ᠶᠢᠨ ᠲᠠᠮᠢᠷ ᠤᠨ ᠵᠣᠭᠠᠴᠠᠯ ᠤᠨ  ᠰᠤᠲᠤᠨ  ᠵᠢᠱᠢᠶ᠎ᠡ ᠦᠵᠡᠬᠦᠯᠬᠦ ᠢᠨᠵᠧᠨᠧᠷᠢᠩ ᠢ ᠬᠡᠷᠡᠭᠵᠢᠬᠦᠯᠦᠨ᠂ ᠣᠯᠣᠰ ᠤᠨ ᠪᠡᠶ᠎ᠡ ᠶᠢᠨ ᠲᠠᠮᠢᠷ ᠤᠨ ᠵᠣᠭᠠᠴᠠᠯ ᠤᠨ ᠭᠤᠣᠯᠲᠠᠯᠭᠠᠲᠣ ᠲᠦᠷᠦᠯ ᠵᠦᠢᠯ ᠤᠨ  ᠴᠠᠲᠢᠭ ᠢ ᠨᠠᠶᠢᠷᠠᠭᠤᠯᠣᠨ ᠵᠣᠬᠢᠶᠠᠨ᠎ᠠ᠃ ᠨᠦᠬᠦᠴᠡᠯ ᠳᠤ ᠨᠡᠶᠢᠴᠡᠬᠦ ᠵᠣᠭᠠᠴᠠᠯ ᠤᠨ ᠦᠵᠡᠮᠵᠢ ᠶᠢᠨ ᠣᠷᠣᠨ ᠤ ᠪᠡᠶ᠎ᠡ ᠶᠢᠨ ᠲᠠᠮᠢᠷ ᠤᠨ ᠵᠣᠭᠠᠴᠠᠯ ᠤᠨ ᠲᠦᠷᠦᠯ ᠵᠦᠢᠯ ᠢᠶᠠᠨ ᠦᠷᠭᠡᠳᠭᠡᠬᠦ ᠶᠢ ᠲᠡᠮᠵᠢᠨ ᠵᠢᠯᠣᠭᠤᠳᠴᠦ᠂ ᠣᠯᠣᠰ ᠤᠨ ᠲᠣᠲᠣᠭᠠᠲᠣ ᠶᠢᠨ ᠵᠣᠭᠠᠴᠠᠯ ᠤᠨ ᠬᠤᠷᠢᠶ᠎ᠠ ᠶᠢᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠪᠣᠯᠣᠨ ᠪᠡᠶ ᠎ᠡ ᠶᠢᠨ ᠲᠠᠮᠢᠷ ᠤᠨ ᠣᠷᠣᠯᠲᠣᠭᠠᠨ ᠤ ᠠᠵᠢᠯᠯᠠᠭ᠎ᠠ ᠲᠠᠢ ᠣᠶᠠᠯᠲᠣᠭᠤᠯᠣᠨ ᠵᠣᠭᠠᠴᠠᠯ ᠤᠨ ᠦᠢᠯᠡᠳᠬᠦᠨ ᠪᠠ ᠵᠠᠮ ᠱᠣᠭᠤᠮ ᠵᠢᠷᠣᠵᠦ ᠲᠦᠯᠦᠪᠯᠡᠨ ᠨᠡᠭᠡᠭᠡᠬᠦ ᠶᠢ ᠵᠣᠷᠢᠬᠵᠢᠭᠤᠯᠣᠨ᠎ᠠ᠃ ︽ᠪᠡᠶ᠎ᠡ ᠶᠢᠨ ᠲᠠᠮᠢᠷ  ᠪᠠ ᠡᠮᠨᠡᠯᠭᠡ ᠶᠢ ᠣᠶᠠᠯᠲᠣᠭᠤᠯᠬᠤ︾ ᠶᠢ ᠠᠬᠢᠭᠤᠯᠵᠦ᠂ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠵᠢᠯᠣᠭᠤᠲᠣᠯᠭ᠎ᠠ ᠪᠠᠨ ᠴᠢᠩᠭᠠᠳᠬᠠᠵᠦ᠂ ᠠᠮᠢ ᠨᠠᠰᠣᠨ ᠤ ᠪᠦᠬᠦ ᠦᠶᠡᠯᠡᠯ ᠤᠨ ᠬᠤᠭᠤᠴᠠᠭ᠎ᠠ ᠶᠢ ᠬᠠᠮᠣᠷᠣᠬᠰᠠᠨ ᠬᠦᠲᠡᠯᠭᠡᠭᠡᠨ ᠤ ᠡᠷᠡᠬᠦᠯ ᠦᠢᠯᠡᠴᠢᠯᠡᠭᠡ ᠶᠢ ᠢᠲᠡᠪᠬᠢᠲᠡᠢ ᠲᠡᠯᠭᠡᠷᠡᠬᠦᠯᠦᠨ ᠲᠦᠭᠡᠮᠡᠯᠵᠢᠬᠦᠯᠵᠦ᠂ ᠬᠦᠲᠡᠯᠭᠡᠭᠡᠨ ᠤ  ᠠᠨᠠᠭᠠᠬᠤ ᠣᠬᠠᠭᠠᠨ ᠪᠠ ᠡᠷᠡᠬᠦᠯᠵᠢᠯ ᠤᠨ ᠠᠨᠠᠭᠠᠬᠤ ᠣᠬᠠᠭᠠᠨ ᠢ ᠬᠦᠭᠵᠢᠬᠦᠯᠦᠨ᠂ ᠬᠦᠲᠡᠯᠭᠡᠭᠡᠨ ᠡᠷᠡᠬᠦᠯᠵᠢᠯ ᠵᠡᠷᠭᠡ ᠳᠤ ᠦᠵᠡᠬᠦᠯᠬᠦ ᠬᠢᠲᠡᠳ ᠡᠮ ᠡᠮᠨᠡᠯᠭᠡ ᠶᠢᠨ ᠣᠨᠴᠠᠯᠢᠬᠲᠣ ᠦᠢᠯᠡᠲᠦᠯ ᠢ ᠪᠠᠲᠠᠷᠠᠭᠤᠯᠣᠨ᠎ᠠ᠃  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠬᠢᠭᠡᠳ ᠰᠣᠶᠣᠯ᠂ ᠨᠠᠰᠣᠵᠢᠯ᠂ ᠰᠣᠷᠭᠠᠨ ᠬᠦᠮᠦᠵᠢᠯ᠂ ᠡᠷᠡᠬᠦᠯ ᠮᠡᠨᠲᠦ᠂ ᠲᠠᠷᠢᠶᠠᠯᠠᠩ᠂ ᠣᠢ ᠰᠢᠭᠤᠢ᠂ ᠣᠰᠣᠨ ᠠᠰᠢᠬᠯᠠᠯᠲᠠ᠂ ᠨᠡᠶᠢᠲᠡᠮ  ᠬᠡᠷᠡᠭᠯᠡᠭᠡᠨ ᠤ ᠠᠭᠠᠷ ᠠᠶᠠᠯᠠᠯ᠂ ᠵᠠᠮ ᠲᠡᠭᠡᠭᠡᠪᠦᠷᠢ ᠵᠡᠷᠭᠡ ᠠᠵᠦ ᠦᠢᠯᠡᠰ ᠯᠦᠭᠡ ᠶᠢᠨ ᠠᠭᠤᠰᠣᠯᠴᠠᠯ ᠬᠦᠭᠵᠢᠯᠲᠡ ᠶᠢ ᠠᠬᠢᠭᠤᠯᠣᠨ᠎ᠠ᠃       ︵ ᠨᠠᠢᠮᠠ︶ ︽ᠢᠨᠲ᠋ᠧᠷ ᠰᠦᠯᠵᠢᠶ᠎ᠠ +  ᠪᠡᠶ᠎ᠡ ᠴᠢᠬᠢᠷᠠᠬᠵᠢᠭᠤᠯᠬᠤ ᠰᠡᠯᠡᠬᠦᠴᠡᠯ︾ ᠢ ᠠᠬᠢᠭᠤᠯᠣᠨ᠎ᠠ︔ ᠨᠡᠬᠦᠲᠡᠯ ᠰᠦᠯᠵᠢᠶ᠎ᠠ᠂ ᠳ᠋ᠠᠶᠢᠲ᠋ᠠ᠂ ᠡᠬᠦᠯᠡᠨ ᠪᠣᠲᠣᠯᠲᠠ ᠵᠡᠷᠭᠡ ᠮᠡᠷᠭᠡᠵᠢᠯ  ᠳᠤ ᠲᠣᠯᠭᠠᠭᠤᠷᠢᠯᠠᠬᠰᠠᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠦᠢᠯᠡᠴᠢᠯᠡᠭᠡ ᠨᠡᠭᠡᠭᠡᠬᠦ ᠶᠢ ᠵᠣᠷᠢᠬᠵᠢᠭᠤᠯᠵᠦ᠂ ᠣᠯᠠᠮᠵᠢᠯᠠᠯᠲᠣ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ ᠤᠨ ᠪᠣᠷᠣᠯᠠᠭᠤᠯᠭ᠎ᠠ ᠶᠢᠨ ᠬᠦᠲᠦᠴᠢ ᠠᠴᠠ ᠪᠠᠨ ᠦᠢᠯᠡᠴᠢᠯᠡᠭᠡ ᠶᠢᠨ ᠬᠦᠲᠦᠴᠢ  ᠲᠡᠰᠢ  ᠰᠢᠯᠵᠢᠬᠦ ᠶᠢ ᠠᠬᠢᠭᠤᠯᠵᠦ᠂ ᠣᠷᠲᠣᠨ ᠲᠠᠯᠠᠪᠠᠢ ᠶᠢ ᠣᠷᠢᠳᠴᠢᠯᠠᠨ ᠲᠣᠬᠲᠠᠬᠤ᠂ ᠪᠡᠶ᠎ᠡ ᠴᠢᠬᠢᠷᠠᠬᠵᠢᠭᠤᠯᠬᠤ ᠵᠢᠯᠣᠭᠤᠲᠣᠮᠵᠢ᠂ ᠬᠦᠲᠡᠯᠭᠡᠭᠡᠨ ᠤ ᠵᠠᠲᠠᠯᠣᠯᠲᠠ᠂ ᠪᠡᠶ᠎ᠡ ᠮᠠᠬᠠᠪᠣᠳ ᠤᠨ ᠪᠠᠶᠢᠴᠠᠭᠠᠯᠲᠠ᠂ ᠬᠤᠷᠰᠢᠯ ᠰᠣᠯᠢᠯᠴᠠᠭ᠎ᠠ᠂ ᠣᠷᠣᠯᠲᠣᠭᠠᠨ ᠳᠤ ᠣᠷᠣᠯᠴᠠᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪᠰᠢᠨ ᠢᠶᠠᠨ ᠲᠡᠭᠡᠭᠰᠢᠯᠡᠬᠦᠯᠦᠨ᠎ᠡ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠰᠦᠯᠵᠢᠶᠡᠨ ᠲᠡᠭᠡᠷᠡᠬᠢ ᠲᠡᠪᠴᠠᠩᠲᠣ ᠠᠵᠦ ᠠᠬᠤᠶᠢᠢᠯᠠᠯ ᠤᠨ ᠬᠦᠭᠵᠢᠨ ᠪᠣᠵᠠᠭᠠᠶᠢᠷᠠᠬᠤ ᠶᠢ ᠢᠲᠡᠪᠬᠢᠲᠡᠢ ᠲᠦᠯᠬᠢᠨ ᠠᠬᠢᠭᠤᠯᠵᠦ᠂ ᠲᠡᠭᠡᠷ᠎ᠡ ᠲᠣᠣᠷ᠎ᠠ ᠭᠤᠭᠴᠣᠭᠠᠨ ᠤ ᠠᠵᠦ ᠠᠬᠤᠶᠢᠢᠯᠠᠯ ᠤᠨ ᠡᠬᠢ ᠪᠠᠶᠠᠯᠢᠬ ᠢ ᠨᠡᠶᠢᠳᠭᠡᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠰᠢᠨ᠎ᠠ ᠠᠮᠢ ᠠᠬᠤᠢ ᠶᠢᠨ ᠲᠣᠭᠤᠷᠢᠬ ᠢ ᠪᠦᠷᠢᠯᠲᠦᠬᠦᠯᠦᠨ᠎ᠠ᠃      ᠭᠤᠷᠪᠠ᠂  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠵᠠᠬ᠎ᠠ ᠲᠡᠯᠭᠡᠬᠦᠷ ᠤᠨ ᠭᠤᠣᠯ ᠴᠣᠬᠴᠠ ᠶᠢ ᠬᠦᠮᠦᠵᠢᠬᠦᠯᠦᠨ᠎ᠠ     ︵ᠶᠢᠰᠦ︶  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ ᠤᠨ ᠬᠦᠭᠵᠢᠯᠲᠡ ᠶᠢ ᠲᠡᠮᠵᠢᠨ᠎ᠡ︔ ᠪᠡᠶ᠎ᠡ ᠪᠠᠨ ᠲᠠᠭᠠᠭᠭᠠᠬᠰᠠᠨ ᠲᠦᠷᠦᠯ ᠲᠡᠮᠲᠡᠭ ᠲᠠᠢ᠂ ᠰᠢᠨ᠎ᠠ ᠶᠢ ᠡᠬᠦᠳᠬᠦ ᠴᠢᠲᠠᠪᠣᠷᠢ ᠪᠠ ᠦᠷᠢᠰᠦᠯᠲᠦᠭᠡᠨ ᠤ ᠪᠣᠲᠠᠲᠣ ᠬᠦᠴᠦᠨ ᠪᠦᠬᠦᠢ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠣᠯᠭᠠᠭᠤᠷᠢᠯᠠᠬᠤ ᠠᠵᠦ ᠠᠬᠤᠶᠢᠢᠯᠠᠯ ᠤᠨ ᠬᠦᠭᠵᠢᠨ ᠪᠣᠵᠠᠭᠠᠶᠢᠷᠠᠬᠤ ᠶᠢ ᠵᠣᠷᠢᠬᠵᠢᠭᠤᠯᠵᠦ᠂ ᠬᠠᠮᠢᠶᠠᠷᠣᠯᠲᠠ ᠶᠢ ᠭᠠᠲᠠᠬᠰᠢ ᠭᠠᠷᠭᠠᠬᠤ᠂ ᠬᠡᠯᠬᠢᠶ᠎ᠡ ᠡᠵᠡᠩᠨᠡᠯᠲᠡ ᠵᠡᠷᠭᠡ ᠬᠡᠯᠪᠡᠷᠢ ᠪᠠᠷ ᠲᠠᠮᠵᠢᠭᠤᠯᠣᠨ᠂ ᠭᠤᠣᠯᠯᠠᠬᠤ ᠦᠷᠢᠰᠦᠯᠬᠦ ᠬᠦᠴᠦᠨ ᠢᠶᠠᠨ ᠣᠯᠠᠮ ᠨᠢᠭᠡ ᠠᠯᠬᠤᠮ ᠲᠡᠭᠡᠭᠰᠢᠯᠡᠬᠦᠯᠵᠦ᠂ ᠠᠵᠦ ᠦᠢᠯᠡᠰ ᠤᠨ ᠬᠡᠯᠬᠢᠶ᠎ᠡ ᠪᠣᠯᠣᠨ ᠠᠰᠢᠬ ᠬᠤᠨᠵᠢᠪᠣᠷᠢ ᠶᠢᠨ ᠬᠡᠯᠬᠢᠶ᠎ᠡ ᠶᠢ ᠣᠷᠲᠣᠳᠬᠠᠨ᠂ ᠨᠦᠬᠦᠴᠡᠯ  ᠪᠦᠷᠢᠲᠦᠭᠰᠡᠨ ᠠᠵᠦ ᠠᠬᠤᠶᠢᠯᠠᠯ ᠤᠨ ︽ᠭᠠᠲᠠᠬᠰᠢ ᠭᠠᠷᠴᠦ ᠶᠠᠪᠣᠬᠤ︾ ᠶᠢ ᠲᠡᠮᠵᠢᠵᠦ᠂ ᠣᠯᠠᠨ ᠣᠯᠣᠰ ᠤᠨ  ᠦᠷᠢᠰᠦᠯᠲᠦᠬᠦ ᠬᠦᠴᠦᠨ ᠪᠠ ᠨᠦᠯᠦᠭᠡᠯᠡᠬᠦ ᠬᠦᠴᠦᠨ ᠪᠦᠬᠦᠢ ᠲᠠᠭᠠᠭᠤᠯᠣᠬᠴᠢ ᠠᠵᠦ ᠠᠬᠤᠶᠢᠯᠠᠯ ᠤᠨ ᠪᠦᠯᠦᠭᠯᠡᠯ ᠢ ᠬᠦᠮᠦᠵᠢᠬᠦᠯᠦᠨ᠎ᠡ᠃ ᠠᠵᠦ ᠠᠬᠤᠶᠢᠢᠯᠠᠯ ᠤᠨ  ᠪᠤᠰᠤᠭ᠎ᠠ᠂ ᠨᠠᠷᠢᠯᠢᠬ᠂ ᠲᠣᠰᠬᠠᠶᠢᠵᠢᠬᠰᠠᠨ ᠬᠦᠭᠵᠢᠯᠲᠡ   ᠪᠠᠨ  ᠪᠡᠶᠡᠯᠡᠬᠦᠯᠬᠦ ᠶᠢ ᠲᠡᠮᠵᠢᠵᠦ᠂ ᠡᠯ᠎ᠠ ᠲᠦᠷᠦᠯ ᠤᠨ ᠲᠣᠮᠲᠠ ᠵᠢᠵᠢᠭ ᠪᠢᠴᠢᠯ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ᠂ ᠬᠦᠲᠡᠯᠭᠡᠭᠡᠨ ᠤ  ᠺᠯᠦ᠋ᠪ ᠤᠨ ︽ᠲᠣᠰᠬᠠᠢ ᠰᠢᠯᠢᠲᠡᠭ ᠣᠨᠴᠠᠯᠢᠬᠲᠣ ᠰᠢᠨ᠎ᠡ︾ ᠴᠢᠭᠯᠡᠯ ᠢᠶᠠᠷ ᠬᠦᠭᠵᠢᠬᠦ ᠶᠢ ᠵᠣᠷᠢᠬᠵᠢᠭᠤᠯᠵᠦ᠂ ᠣᠨᠴᠠᠯᠢᠬᠲᠣ ᠡᠵᠡᠩᠨᠡᠯᠲᠡ᠂ ᠣᠨᠴᠠᠯᠢᠬᠲᠣ ᠦᠢᠯᠡᠳᠬᠦᠨ ᠪᠠ ᠣᠨᠴᠠᠯᠢᠬᠲᠣ ᠦᠢᠯᠡᠴᠢᠯᠡᠭᠡ ᠶᠢ ᠴᠢᠩᠭᠠᠳᠬᠠᠨ᠎ᠠ᠃ ᠣᠯᠠᠨ ᠲᠡᠰ ᠲᠠᠪᠬᠤᠷᠭ᠎ᠠ ᠶᠢᠨ ᠬᠦᠷᠦᠩᠭᠡ ᠶᠢᠨ ᠵᠠᠬ᠎ᠠ ᠲᠡᠯᠭᠡᠬᠦᠷ ᠤᠨ ᠦᠢᠯᠡᠲᠦᠯ ᠢ ᠪᠠᠲᠠᠷᠠᠭᠤᠯᠣᠨ᠂ ᠨᠦᠬᠦᠴᠡᠯ ᠳᠤ ᠨᠡᠶᠢᠴᠡᠬᠦ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠶᠢ ᠲᠡᠮᠵᠢᠵᠦ᠂ ᠦᠨᠡᠲᠦ ᠲᠡᠮᠲᠡᠭᠲᠦ ᠶᠢᠨ ᠵᠠᠬ ᠎ᠠ ᠲᠡᠯᠭᠡᠬᠦᠷ ᠤᠨ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ ᠳᠤ ᠦᠵᠡᠬᠦᠯᠬᠦ ᠲᠡᠮᠵᠢᠯᠭᠡ ᠶᠢᠨ ᠬᠦᠴᠦᠯᠡᠴᠡ ᠶᠢ ᠴᠢᠩᠭᠠᠷᠠᠭᠤᠯᠣᠨ᠎ᠠ᠃ ᠪᠠᠷᠢᠴᠠᠭᠠᠨ ᠤ ᠡᠳ᠋ ᠬᠤᠬᠰᠢᠯ ᠢ ᠲᠠᠩᠰᠠᠯᠠᠬᠤ ᠲᠦᠷᠢᠮ ᠢ ᠲᠡᠬᠦᠯᠲᠡᠷᠵᠢᠬᠦᠯᠵᠦ᠂ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠲᠦᠭᠰᠢᠬᠦᠷᠢ ᠶᠢ ᠡᠵᠡᠮᠲᠡᠵᠦ ᠪᠣᠯᠬᠤ ᠣᠷᠢᠲᠠᠯ ᠨᠦᠬᠦᠴᠡᠯ ᠲᠣᠣᠷ᠎ᠠ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ ᠤᠨ ᠵᠢᠭᠡᠯᠡᠯᠭᠡ ᠶᠢᠨ ᠪᠠᠷᠢᠴᠠᠭᠠᠨ ᠤ ᠡᠳ᠋ ᠤᠨ ᠲᠦᠷᠦᠯ ᠵᠦᠢᠯ ᠪᠣᠯᠣᠨ ᠬᠦᠷᠢᠶ᠎ᠡ ᠬᠡᠪᠴᠢᠶ᠎ᠠ ᠶᠢ ᠦᠷᠭᠡᠳᠭᠡᠬᠦ ᠶᠢ ᠵᠣᠷᠢᠬᠵᠢᠭᠤᠯᠣᠨ᠎ᠠ᠃     ︵ᠠᠷᠪᠠ︶ ᠦᠢᠯᠡᠰ ᠪᠣᠰᠬᠠᠵᠦ ᠰᠢᠨ᠎ᠠ ᠶᠢ ᠡᠬᠦᠳᠬᠦ ᠶᠢ ᠵᠣᠷᠢᠬᠵᠢᠭᠤᠯᠣᠨ᠎ᠠ︔ ᠲᠠᠮᠢᠷᠴᠢᠳ ᠤᠨ ᠦᠢᠯᠡᠰ ᠪᠣᠰᠬᠠᠬᠤ ᠶᠢ ᠲᠡᠮᠵᠢᠬᠦ ᠰᠠᠭᠤᠷᠢ ᠮᠦᠩᠬᠦ ᠶᠢ ᠬᠦᠢᠴᠡᠳ ᠠᠰᠢᠬᠯᠠᠨ᠂ ᠠᠵᠢᠯ ᠠᠴᠠ ᠪᠠᠨ  ᠰᠢᠯᠵᠢᠭᠰᠡᠨ ᠲᠠᠮᠢᠷᠴᠢᠳ ᠤᠨ ᠦᠢᠯᠡᠰ ᠪᠣᠰᠬᠠᠵᠦ ᠰᠢᠨ᠎ᠠ ᠶᠢ ᠡᠬᠦᠳᠴᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠣᠷᠣᠯᠴᠠᠬᠤ ᠶᠢ ᠵᠣᠷᠢᠬᠵᠢᠭᠤᠯᠣᠨ᠎ᠠ᠃ ᠬᠤᠲᠠᠯᠲᠣᠭᠠᠨ ᠤ ᠦᠢᠯᠡᠰ ᠤᠨ ᠲᠦᠷᠢᠮ ᠤᠨ ᠦᠭᠡᠷᠡᠴᠢᠯᠡᠯᠲᠡ ᠶᠢ ᠬᠦᠴᠦᠯᠡᠨ ᠠᠬᠢᠭᠤᠯᠵᠦ᠂  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠰᠢᠯᠢᠲᠡᠭ ᠰᠠᠶᠢᠢᠨ ᠣᠷᠴᠢᠨ ᠢ ᠪᠣᠢ ᠪᠣᠯᠭᠠᠨ᠎ᠠ᠃ ᠪᠡᠶ᠎ᠡ ᠶᠢᠨ ᠲᠠᠮᠢᠷ ᠤᠨ ᠠᠵᠦ ᠦᠢᠯᠡᠰ ᠤᠨ ᠰᠢᠨ᠎ᠡ ᠶᠢ ᠡᠬᠦᠳᠴᠦ ᠦᠢᠯᠡᠰ ᠪᠣᠰᠬᠠᠬᠤ ᠰᠣᠷᠭᠠᠨ ᠬᠦᠮᠦᠵᠢᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠣᠯᠲᠠ ᠶᠢ ᠦᠷᠨᠢᠬᠦᠯᠵᠦ᠂ ᠠᠵᠦ ᠠᠬᠤᠶᠢᠢᠯᠠᠯ᠂ ᠶᠡᠭᠡ ᠲᠡᠭᠡᠲᠦ ᠰᠣᠷᠭᠠᠭᠤᠯᠢ ᠪᠣᠯᠣᠨ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢ ᠬᠠᠪᠰᠣᠷᠣᠨ ᠪᠦᠲᠦᠮᠵᠢᠲᠡᠢ ᠪᠦᠬᠦᠢ ᠬᠠᠮᠲᠣᠷᠠᠯᠴᠠᠭ᠎ᠠ ᠦᠷᠨᠢᠬᠦᠯᠦᠨ᠎ᠡ᠃ ᠡᠯ᠎ᠡ ᠭᠠᠵᠠᠷ ᠣᠷᠣᠨ ᠤ ᠬᠢᠨ ᠤ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠪᠣᠶᠢᠵᠢᠭᠤᠯᠬᠤ ᠲᠠᠪᠴᠠᠩ ᠪᠠᠶᠢᠭᠤᠯᠬᠤ ᠶᠢ ᠵᠣᠷᠢᠬᠵᠢᠭᠤᠯᠵᠦ᠂ ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠬᠦᠷᠢᠶ᠎ᠡ ᠴᠠᠷᠠᠭ᠎ᠠ ᠶᠢᠨ ᠨᠡᠶᠢᠲᠡ ᠣᠯᠠᠨ ᠢᠶᠠᠷ ᠢᠶᠠᠨ ᠦᠢᠯᠡᠰ ᠪᠣᠰᠬᠠᠵᠦ ᠰᠢᠨ᠎ᠡ ᠶᠢ ᠡᠬᠦᠳᠬᠦ ᠳᠤ ᠲᠡᠮᠵᠢᠯᠭᠡ ᠬᠠᠩᠭᠠᠨ᠎ᠠ᠃      ︵ᠠᠷᠪᠠᠨ ᠨᠢᠭᠡ︶ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢ ᠪᠣᠵᠠᠭᠠᠶᠢᠷᠠᠭᠤᠯᠣᠨ᠎ᠠ︔ ᠪᠡᠶ᠎ᠡ ᠶᠢᠨ ᠲᠠᠮᠢᠷ ᠤᠨ ᠲᠦᠷᠦᠯ ᠤᠨ ᠨᠡᠶᠢᠭᠡᠮ ᠤᠨ ᠪᠦᠯᠬᠦᠮ᠂ ᠰᠠᠭᠤᠷᠢ ᠮᠦᠩᠬᠦ ᠶᠢᠨ ᠨᠡᠶᠢᠭᠡᠮᠯᠢᠭ᠂ ᠠᠷᠠᠳ ᠠᠴᠠ ᠡᠷᠬᠢᠯᠡᠭᠰᠡᠨ ᠠᠵᠦ ᠠᠬᠤᠶᠢᠢᠯᠠᠯ ᠤᠨ ᠪᠣᠰᠣ ᠨᠢᠭᠡᠴᠡ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠬᠦᠭᠵᠢᠯᠲᠡ ᠶᠢ ᠠᠬᠢᠭᠤᠯᠵᠦ᠂ ᠲᠡᠲᠡᠨᠡᠷ ᠤᠨ ᠲᠣᠰ ᠪᠡᠶ᠎ᠡ ᠶᠢᠨ ᠪᠠᠶᠢᠭᠤᠯᠣᠯᠲᠠ ᠶᠢ ᠲᠡᠮᠵᠢᠵᠦ᠂ ᠲᠣᠲᠣᠭᠠᠲᠣ ᠵᠠᠰᠠᠯᠲᠠ ᠶᠢᠨ ᠪᠦᠲᠦᠴᠡ ᠪᠠᠨ ᠪᠦᠷᠢᠨᠰᠢᠬᠦᠯᠦᠨ᠂ ᠦᠢᠯᠡᠴᠢᠯᠡᠭᠡ ᠶᠢᠨ ᠴᠢᠲᠠᠪᠬᠢ  ᠶᠢ ᠴᠢᠩᠭᠠᠷᠠᠭᠤᠯᠣᠨ᠎ᠠ᠃ ᠬᠤᠲᠠ ᠪᠠᠯᠭᠠᠰᠣ ᠨᠡᠶᠢᠭᠡᠮ ᠲᠣᠭᠤᠷᠢᠬ ᠲᠤ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠠᠵᠢᠯᠯᠠᠭ᠎ᠠ ᠦᠷᠨᠢᠬᠦᠯᠵᠦ ᠪᠦᠬᠦᠢ ᠨᠡᠶᠢᠭᠡᠮ ᠲᠣᠭᠤᠷᠢᠬ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠪᠠᠷᠢᠮᠵᠢᠶ᠎ᠠ ᠴᠢᠬ ᠢ ᠲᠣᠣᠷ᠎ᠠ ᠲᠠᠯᠪᠢᠵᠦ᠂ ᠲᠦᠷᠦᠯ ᠬᠤᠪᠢᠶᠠᠨ ᠵᠢᠯᠣᠭᠤᠳᠬᠤ ᠪᠠ ᠲᠣᠬᠠᠶᠢᠯᠠᠬᠰᠠᠨ ᠠᠵᠢᠯ ᠤᠨ ᠵᠢᠯᠣᠭᠤᠲᠣᠯᠭ᠎ᠠ ᠶᠢ ᠴᠢᠩᠭᠠᠳᠬᠠᠨ᠎ᠠ᠃ ᠡᠯ᠎ᠠ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠵᠠᠰᠠᠬ ᠤᠨ ᠣᠷᠲᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢᠨ ᠡᠬᠦᠷᠭᠡ ᠴᠢᠲᠠᠪᠬᠢ ᠶᠢ ᠲᠠᠭᠠᠭᠠᠨ ᠠᠪᠬᠤ ᠶᠢ ᠵᠣᠷᠢᠬᠵᠢᠭᠤᠯᠣᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠠᠵᠢᠯᠯᠠᠭ᠎ᠠ ᠵᠣᠬᠢᠶᠠᠨ ᠪᠠᠶᠢᠭᠤᠯᠬᠤ᠂ ᠠᠭᠤᠷ ᠠᠮᠢᠰᠬᠤᠯ ᠢ ᠪᠣᠢ ᠪᠣᠯᠭᠠᠬᠤ᠂ ᠬᠡᠷᠡᠭᠯᠡᠭᠴᠢᠳ ᠲᠤ ᠦᠢᠯᠡᠴᠢᠯᠡᠬᠦ ᠵᠡᠷᠭᠡ ᠲᠠᠯ᠎ᠠ ᠶᠢᠨ ᠢᠲᠡᠪᠬᠢᠲᠡᠢ ᠦᠢᠯᠡᠲᠦᠯ ᠢ ᠪᠠᠲᠠᠷᠠᠭᠤᠯᠣᠨ᠎ᠠ᠃      ᠲᠦᠷᠪᠡ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠪᠦᠲᠦᠴᠡ ᠪᠣᠯᠣᠨ ᠪᠠᠶᠢᠷᠢᠰᠢᠯ ᠢ ᠰᠢᠯᠢᠲᠡᠭᠵᠢᠬᠦᠯᠦᠨ᠎ᠡ      ︵ᠠᠷᠪᠠᠨ ᠬᠤᠶᠠᠷ︶ ᠠᠵᠦ ᠦᠢᠯᠡᠰ ᠤᠨ ᠪᠦᠲᠦᠴᠡ ᠶᠢ ᠰᠠᠶᠢᠵᠢᠷᠠᠭᠤᠯᠣᠨ᠎ᠠ︔ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠦᠢᠯᠡᠴᠢᠯᠡᠭᠡᠨ ᠤ ᠦᠢᠯᠡᠰ᠂ ᠪᠠᠭᠠᠵᠢ ᠲᠣᠨᠣᠬᠯᠠᠯ ᠦᠢᠯᠡᠳᠬᠦ ᠵᠢᠴᠢ ᠬᠠᠮᠢᠶ᠎ᠠ ᠪᠦᠬᠦᠢ ᠠᠵᠦ ᠦᠢᠯᠡᠰ ᠤᠨ ᠪᠦᠲᠦᠴᠡ ᠶᠢ ᠰᠢᠯᠢᠲᠡᠭᠵᠢᠬᠦᠯᠦᠨ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠢ ᠴᠢᠷᠮᠠᠶᠢᠨ ᠲᠡᠭᠡᠭᠰᠢᠯᠡᠬᠦᠯᠦᠨ᠎ᠡ᠃ ᠪᠡᠶ᠎ᠡ ᠴᠢᠬᠢᠷᠠᠬᠵᠢᠭᠤᠯᠬᠤ ᠦᠢᠯᠡᠴᠢᠯᠡᠭᠡᠨ ᠤ ᠰᠣᠲᠣᠨ ᠢᠨᠵᠧᠨᠧᠷᠢᠩ ᠢ ᠬᠡᠷᠡᠭᠵᠢᠬᠦᠯᠵᠦ᠂ ᠨᠢᠭᠡ ᠪᠦᠯᠦᠭ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠰᠢᠯᠢᠲᠡᠭ  ᠺᠯᠦ᠋ᠪ᠂ ᠣᠷᠲᠣᠨ ᠲᠠᠯᠠᠪᠠᠢ ᠪᠠ ᠲᠠᠶᠠᠭᠠᠷ ᠲᠤ ᠲᠠᠭᠤᠷᠢᠰᠣᠬᠰᠠᠨ ᠠᠵᠢᠯᠯᠠᠭ᠎ᠠ ᠶᠢ ᠪᠣᠢ ᠪᠣᠯᠭᠠᠨ᠎ᠠ᠃ ᠡᠯ᠎ᠠ ᠱᠠᠲᠣᠨ ᠤ ᠪᠡᠶ᠎ᠡ ᠶᠢᠨ ᠲᠠᠮᠢᠷ ᠤᠨ ᠠᠵᠦ ᠦᠢᠯᠡᠰ ᠤᠨ ᠰᠠᠭᠤᠷᠢᠨ ᠤ ᠪᠠᠶᠢᠭᠤᠯᠣᠯᠲᠠ ᠲᠠᠢ ᠣᠶᠠᠯᠲᠣᠭᠤᠯᠵᠦ᠂ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠢᠶᠠᠷ ᠭᠤᠣᠯ ᠪᠣᠯᠭᠠᠬᠰᠠᠨ ᠨᠢᠭᠡ ᠪᠦᠯᠦᠭ ᠪᠡᠶ᠎ᠡ ᠶᠢᠨ ᠲᠠᠮᠢᠷ ᠤᠨ ᠠᠵᠦ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ᠂ ᠨᠢᠭᠡᠴᠡ ᠪᠠ ᠲᠦᠷᠦᠯ ᠵᠦᠢᠯ ᠢ ᠬᠦᠮᠦᠵᠢᠬᠦᠯᠦᠨ᠎ᠡ᠃ ᠬᠦᠨᠳᠦ ᠴᠢᠬᠤᠯᠠ ᠪᠡᠶ᠎ᠡ ᠶᠢᠨ ᠲᠠᠮᠢᠷ ᠵᠣᠭᠠᠴᠠᠯ ᠤᠨ ᠲᠦᠷᠦᠯ ᠵᠦᠢᠯ ᠤᠨ ᠬᠦᠲᠦᠯᠦᠨ ᠲᠠᠭᠠᠭᠤᠯᠬᠤ ᠦᠢᠯᠡᠲᠦᠯ ᠢ ᠪᠠᠲᠠᠷᠠᠭᠤᠯᠵᠦ᠂ ᠨᠢᠭᠡ ᠪᠦᠯᠦᠭ ᠪᠡᠶ᠎ᠡ ᠶᠢᠨ ᠲᠠᠮᠢᠷ ᠵᠣᠭᠠᠴᠠᠯ ᠤᠨ ᠵᠢᠱᠢᠶ᠎ᠠ ᠦᠵᠡᠬᠦᠯᠬᠦ ᠰᠠᠭᠤᠷᠢᠨ ᠢ ᠬᠦᠭᠵᠢᠬᠦᠯᠦᠨ᠎ᠡ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠦᠢᠯᠡᠴᠢᠯᠡᠭᠡ ᠠᠷᠠᠯᠵᠢᠶ᠎ᠠ ᠶᠢᠨ ᠬᠦᠷᠢᠶ᠎ᠠ ᠴᠠᠷᠠᠭ᠎ᠠ ᠶᠢ ᠲᠡᠯᠡᠵᠦ᠂ ᠴᠢᠯᠦᠭᠡᠲᠦ ᠠᠷᠠᠯᠵᠢᠶᠠᠨ ᠤ ᠲᠣᠷᠰᠢᠯᠲᠠ ᠶᠢᠨ ᠣᠷᠣᠨ ᠳᠤ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠲᠦᠷᠦ ᠶᠢᠨ ᠪᠣᠲᠣᠯᠭ᠎ᠠ ᠶᠢᠨ ᠲᠣᠷᠰᠢᠯᠲᠠ ᠶᠢᠨ ᠴᠢᠬ ᠭᠠᠷᠭᠠᠬᠤ ᠶᠢ ᠬᠠᠶᠢᠨ ᠰᠦᠪᠡᠭᠴᠢᠯᠡᠵᠦ᠂ ᠣᠷᠣᠨ ᠨᠣᠲᠤᠬ ᠤᠨ ᠬᠢᠨ ᠤ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠢᠶᠠᠷ ᠣᠨᠴᠠᠯᠢᠬ ᠪᠣᠯᠭᠠᠬᠰᠠᠨ  ᠨᠢᠭᠡ ᠪᠦᠯᠦᠭ ᠦᠢᠯᠡᠴᠢᠯᠡᠭᠡ ᠠᠷᠠᠯᠵᠢᠶ᠎ᠠ ᠶᠢᠨ ᠵᠢᠱᠢᠶ᠎ᠠ ᠦᠵᠡᠬᠦᠯᠬᠦ ᠲᠣᠭᠤᠷᠢᠬ ᠢ ᠢᠲᠡᠪᠬᠢᠲᠡᠢ ᠪᠣᠶᠢᠵᠢᠭᠤᠯᠬᠤ ᠶᠢ ᠵᠣᠷᠢᠬᠵᠢᠭᠤᠯᠣᠨ᠎ᠠ᠃      ︵ᠠᠷᠪᠠᠨ ᠭᠤᠷᠪᠠ︶ ᠣᠷᠣᠨ ᠨᠣᠲᠤᠬ ᠤᠨ ᠣᠨᠴᠠᠯᠢᠬ ᠢ ᠲᠣᠪᠣᠶᠢᠯᠭᠠᠨ᠎ᠠ᠃ ᠠᠭᠤᠯᠠ ᠣᠰᠣᠨ ᠤ ᠬᠦᠲᠡᠯᠭᠡᠭᠡᠨ ᠤ ᠡᠬᠢ ᠪᠠᠶᠠᠯᠢᠬ ᠤᠨ ᠪᠠᠶᠢᠴᠠᠭᠠᠯᠲᠠ᠂ ᠦᠨᠳᠦᠰᠦᠲᠡᠨ ᠤ ᠣᠯᠠᠮᠵᠢᠯᠠᠯᠲᠣ ᠪᠡᠶ᠎ᠡ ᠶᠢᠨ ᠲᠠᠮᠢᠷ ᠤᠨ ᠡᠬᠢ ᠪᠠᠶᠠᠯᠢᠬ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠣᠨ ᠦᠷᠨᠢᠬᠦᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠪᠠᠶᠢᠭᠠᠯᠢ᠂ ᠬᠦᠮᠦᠨ ᠨᠡᠶᠢᠭᠡᠮ ᠤᠨ ᠰᠠᠭᠤᠷᠢ ᠨᠦᠬᠦᠴᠡᠯ ᠢ ᠲᠣᠲᠣᠯᠠᠨ᠎ᠠ᠃ ᠡᠯ᠎ᠠ ᠭᠠᠵᠠᠷ ᠣᠷᠣᠨ ᠤ ᠬᠢᠨ ᠲᠣᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠣᠨ ᠵᠣᠬᠢᠰᠲᠠᠢ ᠪᠠᠶᠢᠷᠢᠯᠠᠭᠤᠯᠵᠦ᠂ ᠰᠣᠯᠪᠢᠴᠠᠭᠤᠯᠣᠨ ᠬᠦᠭᠵᠢᠬᠦᠯᠵᠦ᠂ ᠪᠠᠶᠢᠭᠠᠯᠢ ᠶᠢᠨ ᠡᠬᠢ ᠪᠠᠶᠠᠯᠢᠬ ᠪᠣᠯᠣᠨ ᠠᠮᠢ ᠠᠬᠤᠢ ᠶᠢᠨ ᠡᠬᠢ ᠪᠠᠶᠠᠯᠢᠬ ᠢ ᠬᠠᠮᠠᠭᠠᠯᠠᠬᠰᠠᠨ ᠰᠠᠭᠤᠷᠢᠨ ᠲᠡᠭᠡᠷ᠎ᠡ᠂ ᠮᠦᠰᠦ ᠴᠠᠰᠣ᠂ ᠣᠢ ᠰᠢᠭᠤᠢ᠂ ᠨᠠᠭᠤᠷ ᠪᠦᠷᠢᠲᠦ᠂ ᠭᠤᠣᠯ ᠮᠦᠷᠡᠨ᠂ ᠨᠣᠭᠤ ᠭᠠᠵᠠᠷ᠂ ᠠᠭᠤᠯᠠᠷᠬᠠᠬ ᠭᠠᠵᠠᠷ᠂ ᠲᠠᠯ᠎ᠠ ᠨᠣᠲᠤᠬ᠂ ᠭᠤᠪᠢ᠂ ᠡᠯᠡᠰᠦᠷᠭᠡᠭ ᠭᠠᠵᠠᠷ ᠪᠠ ᠲᠠᠯᠠᠢ ᠲᠠᠭᠠᠣ ᠵᠡᠷᠭᠡ ᠦᠪᠡᠷᠮᠢᠴᠡ ᠪᠠᠶᠢᠭᠠᠯᠢ ᠶᠢᠨ ᠡᠬᠢ ᠪᠠᠶᠠᠯᠢᠬ ᠪᠣᠯᠣᠨ ᠣᠯᠠᠮᠵᠢᠯᠠᠯᠲᠣ ᠪᠡᠶ᠎ᠡ ᠶᠢᠨ ᠲᠠᠮᠢᠷ ᠤᠨ ᠬᠦᠮᠦᠨ ᠨᠡᠶᠢᠭᠡᠮ ᠤᠨ ᠡᠬᠢ ᠪᠠᠶᠠᠯᠢᠬ ᠢ ᠬᠦᠢᠴᠡᠳ ᠠᠰᠢᠬᠯᠠᠵᠦ᠂ ᠦᠪᠡᠷᠮᠢᠴᠡ ᠣᠨᠴᠠᠯᠢᠬ ᠪᠦᠬᠦᠢ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠪᠯᠡᠷᠡᠭᠰᠡᠨ ᠣᠷᠣᠨ ᠪᠠ ᠠᠵᠦ ᠦᠢᠯᠡᠰ ᠤᠨ ᠪᠦᠰᠡ ᠶᠢ ᠪᠠᠶᠢᠭᠤᠯᠣᠨ᠎ᠠ᠃ ᠡᠬᠢ ᠪᠠᠶᠠᠯᠢᠬ ᠣᠶᠢᠷᠠᠯᠴᠠᠭ᠎ᠠ᠂ ᠠᠵᠦ ᠦᠢᠯᠡᠰ ᠬᠠᠷᠢᠯᠴᠠᠨ ᠨᠦᠬᠦᠪᠦᠷᠢᠯᠡᠭᠰᠡᠨ᠂ ᠬᠠᠩᠭᠠᠯᠭ᠎ᠠ ᠱᠠᠭᠠᠷᠲᠠᠯᠭ᠎ᠠ ᠵᠣᠯᠭᠠᠯᠴᠠᠬᠰᠠᠨ ᠪᠦᠰᠡ ᠲᠣᠭᠤᠷᠢᠬ ᠤᠨ ᠬᠤᠯᠪᠣᠯᠴᠠᠨ ᠬᠦᠭᠵᠢᠬᠦ ᠶᠢ  ᠢᠲᠡᠪᠬᠢᠲᠡᠢ ᠠᠬᠢᠭᠤᠯᠵᠦ᠂ ᠵᠡᠬᠦᠨ᠂ ᠲᠣᠮᠲᠠ᠂ ᠪᠠᠷᠠᠭᠤᠨ ᠬᠡᠰᠡᠭ ᠤᠨ ᠡᠶᠡᠷᠬᠦ ᠬᠤᠷᠰᠢᠯ ᠤᠨ ᠬᠦᠭᠵᠢᠯᠲᠡ ᠶᠢᠨ ᠪᠠᠶᠢᠷᠢᠰᠢᠯ ᠢ ᠪᠦᠷᠢᠯᠲᠦᠬᠦᠯᠦᠨ᠎ᠡ᠃      ᠲᠠᠪᠤ᠂ ᠪᠡᠶ᠎ᠡ ᠴᠢᠬᠢᠷᠠᠬᠵᠢᠭᠤᠯᠬᠤ ᠰᠡᠯᠡᠬᠦᠯ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠴᠢᠩᠭᠠᠳᠬᠠᠨ᠎ᠠ       ︵ᠠᠷᠪᠠᠨ ᠲᠦᠷᠪᠡ︶  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠰᠠᠭᠤᠷᠢ ᠲᠦᠬᠦᠭᠡᠷᠦᠮᠵᠢ ᠶᠢᠨ  ᠲᠤᠤᠷ ᠢ ᠲᠡᠬᠦᠯᠲᠡᠷᠵᠢᠬᠦᠯᠦᠨ᠎ᠡ᠃ ᠬᠤᠲᠠ ᠶᠢᠨ ᠣᠷᠣᠨ ᠰᠠᠭᠤᠴᠠ ᠶᠢᠨ ᠲᠣᠭᠤᠷᠢᠬ ᠤᠨ ᠲᠦᠯᠦᠪᠵᠢᠬᠦᠯᠭᠡ ᠵᠢᠷᠤᠬ ᠲᠦᠯᠦᠪᠯᠡᠭᠡ ᠵᠡᠷᠭᠡ ᠪᠠᠷᠢᠮᠵᠢᠶ᠎ᠠ ᠲᠦᠷᠢᠮᠵᠢᠯ ᠤᠨ ᠬᠤᠯᠪᠣᠬᠲᠠᠯ ᠪᠦᠬᠦᠢ ᠢᠵᠢ  ᠪᠦᠷᠢᠲᠦᠭᠰᠡᠨ ᠪᠡᠶ᠎ᠡ ᠴᠢᠬᠢᠷᠠᠬᠵᠢᠭᠤᠯᠬᠤ ᠲᠦᠬᠦᠭᠡᠷᠦᠮᠵᠢ ᠶᠢᠨ ᠱᠠᠭᠠᠷᠲᠠᠯᠭ᠎ᠠ ᠶᠢ ᠴᠢᠩᠭ᠎ᠠ ᠬᠡᠷᠡᠭᠵᠢᠬᠦᠯᠦᠨ᠂ ᠢᠵᠢᠯ ᠠᠯᠬᠤᠮ ᠢᠶᠠᠷ ᠵᠢᠷᠣᠵᠦ ᠲᠦᠯᠦᠪᠯᠡᠨ᠂ ᠪᠠᠷᠢᠯᠭ᠎ᠠ ᠡᠬᠢᠯᠡᠬᠦ ᠪᠠ ᠪᠡᠯᠡ ᠣᠷᠣᠭᠤᠯᠬᠤ ᠶᠢ ᠪᠡᠶᠡᠯᠡᠬᠦᠯᠦᠨ᠎ᠡ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠤᠨ ᠣᠷᠣᠨ ᠵᠠᠢ ᠶᠢᠨ ᠪᠠᠶᠢᠷᠢᠰᠢᠯ ᠢ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠣᠯᠣᠨ ᠢᠵᠢ ᠪᠦᠷᠢᠲᠦᠭᠰᠡᠨ ᠲᠦᠬᠦᠭᠡᠷᠦᠮᠵᠢ ᠪᠠᠶᠢᠭᠤᠯᠬᠤ ᠬᠠᠷᠢᠴᠠᠯ ᠢ ᠵᠣᠬᠢᠰᠲᠠᠢ ᠨᠡᠮᠡᠭᠲᠡᠬᠦᠯᠵᠦ᠂ ᠴᠡᠴᠡᠷᠯᠢᠭ ᠤᠨ ᠵᠦᠯᠭᠡ᠂ ᠬᠤᠲᠠ ᠶᠢᠨ  ᠠᠲᠠᠷ ᠭᠠᠵᠠᠷ᠂ ᠪᠠᠷᠢᠯᠭ᠎ᠠ ᠶᠢᠨ ᠲᠡᠭᠡᠪᠦᠷ᠂ ᠭᠠᠵᠠᠷ ᠲᠣᠣᠷᠠᠬᠢ ᠦᠷᠦᠭᠡ ᠵᠡᠷᠭᠡ ᠶᠢ ᠬᠦᠢᠴᠡᠳ ᠵᠣᠬᠢᠰᠲᠠᠢ ᠠᠰᠢᠬᠯᠠᠨ᠂ ᠠᠷᠠᠳ ᠲᠤ ᠠᠰᠢᠬᠲᠠᠢ ᠠᠷᠠᠳ ᠲᠤ  ᠲᠤᠰᠠᠲᠠᠢ ᠨᠢᠭᠡ ᠪᠦᠯᠦᠭ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠬᠦᠭᠡᠷᠦᠮᠵᠢ ᠶᠢ ᠭᠤᠣᠯᠲᠠᠯᠭ᠎ᠠ ᠲᠠᠢ ᠪᠠᠶᠢᠭᠤᠯᠵᠦ᠂ ᠬᠤᠲᠠ ᠶᠢᠨ 15  ᠮᠢᠨᠦ᠋ᠲ ᠤᠨ ᠪᠠᠶ᠎ᠠ ᠴᠢᠬᠢᠷᠠᠬᠵᠢᠭᠤᠯᠬᠤ  ᠴᠠᠭᠠᠷᠢᠭ ᠢ ᠪᠦᠷᠢᠯᠲᠦᠬᠦᠯᠦᠨ᠎ᠡ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠬᠦᠭᠡᠷᠦᠮᠵᠢ ᠬᠢᠭᠡᠳ ᠣᠷᠣᠨ ᠰᠠᠭᠤᠴᠠ᠂ ᠰᠣᠶᠣᠯ᠂ ᠬᠤᠲᠠᠯᠲᠤᠭ᠎ᠠ᠂ ᠵᠤᠭ᠎ᠠ ᠴᠡᠩᠭᠡᠯ ᠵᠡᠷᠭᠡ ᠶᠢ ᠶᠡᠷᠦᠩᠭᠡᠶᠢᠯᠡᠨ ᠨᠡᠭᠡᠭᠡᠨ ᠬᠦᠭᠵᠢᠬᠦᠯᠬᠦ ᠶᠢ ᠵᠣᠷᠢᠬᠵᠢᠭᠤᠯᠵᠦ᠂  ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠦᠢᠯᠡᠴᠢᠯᠡᠭᠡ ᠶᠢᠨ ᠶᠡᠷᠦᠩᠭᠡᠶᠢᠯᠡᠭᠰᠨᠨ ᠴᠣᠬᠴᠠ ᠶᠢ ᠪᠠᠶᠢᠭᠤᠯᠣᠨ᠎ᠠ᠃      ︵ᠠᠷᠪᠠᠨ ᠲᠠᠪᠤ︶ ᠪᠡᠯᠡᠨ ᠪᠠᠶᠢᠭ᠎ᠠ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠶᠢᠨ ᠡᠬᠢ ᠪᠠᠶᠠᠯᠢᠬ ᠢ ᠠᠮᠢᠲᠣᠯᠢᠬ ᠠᠰᠢᠬᠯᠠᠨ᠎ᠠ︔ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠨᠡᠶᠢᠭᠡᠮ ᠳᠤ ᠨᠡᠭᠡᠭᠡᠨ ᠠᠰᠢᠬᠯᠠᠭᠤᠯᠬᠤ ᠶᠢ ᠲᠦᠷᠭᠡᠳᠭᠡᠨ ᠠᠬᠢᠭᠤᠯᠣᠨ᠎ᠠ᠃ ᠨᠦᠬᠦᠴᠡᠯ ᠪᠦᠬᠦᠢ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠲᠦᠬᠦᠭᠡᠷᠦᠮᠵᠢ ᠶᠢ ᠬᠢᠴᠢᠶᠡᠯ ᠤᠨ ᠵᠠᠪᠰᠠᠷᠯᠠᠭ᠎ᠠ ᠪᠠ ᠪᠠᠶᠠᠷ ᠲᠣᠷᠠᠰᠬᠠᠯ ᠤᠨ ᠡᠳᠦᠷ ᠲᠤ ᠲᠣᠰ ᠰᠣᠷᠭᠠᠭᠤᠯᠢ ᠶᠢᠨ ᠢᠶᠠᠨ ᠰᠣᠷᠣᠬᠴᠢ ᠪᠣᠯᠣᠨ ᠣᠯᠠᠨ ᠲᠦᠮᠡᠨ ᠳᠤ ᠡᠮᠬᠢ ᠲᠠᠷᠠᠭ᠎ᠠ ᠲᠠᠢ ᠪᠠᠷ ᠨᠡᠭᠡᠭᠡᠨ ᠠᠰᠢᠬᠯᠠᠭᠤᠯᠬᠤ ᠶᠢ ᠠᠬᠢᠭᠤᠯᠣᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠰᠦᠢᠳᠭᠡᠯ ᠬᠤᠷᠢᠶᠠᠬᠤ ᠦᠭᠡᠢ ᠪᠣᠶᠣ ᠵᠣᠬᠢᠰᠲᠠᠢ ᠰᠦᠢᠳᠭᠡᠯ ᠬᠤᠷᠢᠶᠠᠵᠦ ᠭᠠᠲᠠᠬᠰᠢ ᠨᠡᠭᠡᠭᠡᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠤᠯᠣᠨ ᠬᠠᠩᠭᠠᠯᠭ᠎ᠠ ᠬᠡᠷᠡᠭᠴᠡᠭᠡ ᠶᠢ ᠨᠡᠮᠡᠭᠲᠡᠬᠦᠯᠵᠦ᠂ ᠪᠡᠶ᠎ᠡ ᠴᠢᠬᠢᠷᠠᠬᠵᠢᠭᠤᠯᠬᠤ ᠦᠨᠳᠦᠰᠦᠨ ᠱᠠᠭᠠᠷᠲᠠᠯᠭ᠎ᠠ ᠶᠢ ᠬᠠᠩᠭᠠᠨ᠎ᠠ᠃ ᠬᠠᠮᠢᠶᠠᠷᠣᠯᠲᠠ ᠡᠵᠡᠩᠨᠡᠯᠲᠡ ᠶᠢ ᠰᠠᠯᠭᠠᠬᠰᠠᠨ᠂ ᠨᠡᠶᠢᠲᠡ ᠠᠴᠠ ᠪᠠᠶᠢᠭᠤᠯᠵᠦ ᠠᠷᠠᠳ ᠠᠴᠠ ᠡᠵᠡᠩᠨᠡᠬᠦ ᠵᠡᠷᠭᠡ ᠵᠠᠬᠪᠣᠷ ᠢᠶᠠᠷ᠂ ᠵᠠᠬ᠎ᠠ ᠲᠡᠯᠭᠡᠬᠦᠷᠴᠢᠯᠡᠭᠰᠡᠨ ᠬᠤᠲᠠᠯᠲᠣᠭᠠᠨ ᠤ ᠠᠵᠢᠯᠯᠠᠭ᠎ᠠ ᠶᠢ ᠠᠬᠢᠭᠤᠯᠵᠦ᠂ ᠣᠯᠠᠨ ᠲᠡᠰ ᠲᠠᠪᠬᠤᠷᠭᠠᠲᠣ ᠪᠡᠶ᠎ᠡ ᠴᠢᠬᠢᠷᠠᠬᠵᠢᠭᠤᠯᠬᠤ ᠬᠡᠷᠡᠭᠯᠡᠭᠡ ᠶᠢᠨ ᠱᠠᠭᠠᠷᠲᠠᠯᠭ᠎ᠠ ᠶᠢ ᠬᠠᠩᠭᠠᠨ᠎ᠠ᠃ ᠡᠯ᠎ᠠ ᠲᠦᠷᠦᠯ ‍ᠤᠨ‌‍ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠠᠯᠠᠪᠠᠢ ᠳᠠᠬᠢ ᠣᠰᠣ᠂ ᠴᠠᠬᠢᠯᠭᠠᠨ᠂ ᠪᠠᠶᠢᠭᠠᠯᠢ ᠶᠢᠨ ᠰᠢᠲᠠᠮᠠᠬᠠᠢ ᠬᠡᠢ᠂ ᠲᠣᠯᠠᠭᠠᠯᠠᠮᠵᠢ ᠶᠢᠨ ᠦᠨ᠎ᠡ ᠶᠢ ᠡᠩ ᠤᠨ ᠠᠵᠦ ᠦᠢᠯᠡᠳᠪᠦᠷᠢ ᠶᠢᠨ ᠪᠠᠷᠢᠮᠵᠢᠶ᠎ᠠ ᠠᠴᠠ ᠦᠨᠳᠦᠷ ᠪᠠᠶᠢᠯᠭᠠᠬᠤ ᠦᠭᠡᠢ ᠲᠦᠷᠢᠮ ᠢ ᠬᠡᠷᠡᠭᠵᠢᠬᠦᠯᠦᠨ᠎ᠠ᠃ ᠪᠡᠶ᠎ᠡ ᠶᠢᠨ ᠲᠠᠮᠢᠷ ᠤᠨ ᠣᠷᠲᠣᠨ ᠤ ᠭᠡᠷ ᠬᠦᠷᠦᠩᠭᠡ ᠶᠢᠨ ᠭᠠᠶᠢᠯᠢ ᠪᠣᠯᠣᠨ ᠬᠤᠲᠠ ᠪᠠᠯᠭᠠᠰᠣ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠣᠲᠣᠯᠭ᠎ᠠ ᠶᠢ ᠨᠠᠶᠢᠲᠠᠪᠣᠷᠢᠵᠢᠭᠤᠯᠣᠨ᠎ᠠ᠃      ︵ᠠᠷᠪᠠᠨ ᠵᠢᠷᠭᠤᠭ᠎ᠠ︶ ᠣᠨᠴᠠᠯᠢᠬᠲᠣ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠴᠢᠩᠭᠠᠳᠬᠠᠨ᠎ᠠ᠃ ᠣᠶᠣᠨᠲᠣ ᠬᠤᠲᠠ᠂  ᠪᠤᠬᠢᠷᠲᠤᠯ ᠦᠭᠡᠢ ᠠᠶᠠᠯᠠᠯ   ᠲᠠᠢ ᠣᠶᠠᠯᠲᠣᠭᠤᠯᠣᠨ᠂ ᠬᠤᠲᠠ ᠶᠢᠨ ᠶᠠᠪᠠᠭᠠᠨ ᠵᠠᠮ ᠪᠣᠯᠣᠨ ᠲᠣᠭᠤᠢ ᠲᠡᠷᠭᠡ ᠶᠢᠨ ᠵᠠᠮ ᠬᠠᠷᠢᠯᠴᠠᠭᠠᠨ ᠤ ᠲᠣᠬᠲᠠᠯᠴᠠᠭ᠎ᠠ ᠶᠢ ᠲᠦᠯᠦᠪᠵᠢᠬᠦᠯᠦᠨ ᠪᠦᠲᠦᠭᠡᠨ ᠪᠠᠶᠢᠭᠤᠯᠣᠨ᠎ᠠ᠃ ᠣᠰᠣ᠂ ᠬᠠᠭᠤᠷᠠᠢ᠂ ᠠᠭᠠᠷ ᠤᠨ ᠡᠬᠢ  ᠪᠠᠶᠠᠯᠢᠭ ᠢ ᠬᠦᠢᠴᠡᠳ ᠠᠭᠤᠲᠠᠯᠣᠨ᠂ ᠣᠯᠣᠰ ᠤᠨ ᠶᠠᠪᠭᠠᠨ ᠵᠠᠮ ᠤᠨ ᠰᠢᠰᠲ᠋ᠧᠮ ᠪᠣᠯᠣᠨ ᠲᠣᠭᠤᠢ ᠲᠡᠷᠭᠡ ᠶᠢᠨ ᠵᠠᠮ ᠰᠦᠯᠵᠢᠶ᠎ᠠ ᠶᠢ ᠰᠣᠲᠣᠯᠣᠨ ᠪᠠᠶᠢᠭᠤᠯᠵᠦ ᠨᠢᠭᠡ ᠪᠦᠯᠦᠭ ᠠᠭᠤᠯᠠᠷᠬᠠᠬ ᠭᠠᠵᠠᠷ ᠤᠨ ᠭᠡᠭᠡᠷ᠎ᠡ ᠭᠠᠲᠠᠨᠠᠬᠢ ᠬᠤᠸᠠᠷᠠᠨ᠂ ᠶᠠᠪᠠᠭᠠᠯᠠᠬᠤ ᠪᠠ ᠲᠣᠭᠤᠢ ᠪᠠᠷ ᠵᠠᠮᠨᠠᠬᠤ ᠦᠢᠯᠡᠴᠢᠯᠡᠭᠡᠨ ᠤ ᠦᠷᠲᠡᠭᠡ᠂ ᠦᠪᠡᠰᠦᠪᠡᠨ ᠵᠢᠯᠣᠭᠤᠳᠬᠤ ᠮᠠᠰᠢᠨ ᠤ ᠭᠡᠷ ᠲᠡᠷᠭᠡ᠂ ᠬᠦᠲᠡᠯᠭᠡᠭᠡᠨ ᠤ ᠣᠩᠭᠤᠴᠠ ᠵᠠᠪᠢ ᠶᠢᠨ ᠭᠠᠷᠠᠮ᠂ ᠠᠭᠠᠷ ᠠᠶᠠᠯᠠᠯ ᠤᠨ ᠨᠢᠰᠣᠯᠲᠠ ᠶᠢᠨ ᠰᠠᠭᠤᠷᠢᠨ ᠵᠡᠷᠭᠡ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠬᠦᠭᠡᠷᠦᠮᠵᠢ ᠶᠢ ᠭᠤᠣᠯᠲᠠᠯᠭ᠎ᠠ ᠲᠠᠢ ᠪᠦᠲᠦᠭᠡᠨ ᠪᠠᠶᠢᠭᠤᠯᠣᠨ᠎ᠠ᠃ ᠵᠣᠭᠠᠴᠠᠯ ᠤᠨ ᠦᠵᠡᠮᠵᠢ ᠶᠢᠨ ᠣᠷᠣᠨ᠂ ᠵᠣᠭᠠᠴᠠᠯ ᠰᠡᠯᠡᠬᠦᠴᠡᠯ ᠤᠨ ᠣᠷᠣᠨ᠂ ᠬᠦᠲᠡᠭᠡ ᠲᠣᠰᠬᠤᠨ ᠤ ᠵᠣᠭᠠᠴᠠᠯ ᠤᠨ ᠣᠷᠣᠨ ᠵᠡᠷᠭᠡ ᠶᠢᠨ  ᠲᠤᠰ ᠲᠤᠰ ᠤᠨ ᠣᠨᠴᠠᠯᠢᠬ ᠢᠶᠠᠨ ᠦᠨᠳᠦᠰᠦᠯᠡᠵᠦ᠂ ᠣᠨᠴᠠᠯᠢᠬᠲᠣ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠬᠦᠭᠡᠷᠦᠮᠵᠢ ᠪᠠᠶᠢᠭᠤᠯᠬᠤ ᠶᠢ ᠵᠣᠷᠢᠬᠵᠢᠭᠤᠯᠣᠨ ᠵᠢᠯᠣᠭᠤᠲᠣᠨ᠎ᠠ᠃     ᠵᠢᠷᠭᠤᠭ᠎ᠠ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠪᠠᠭᠠᠵᠢ ᠲᠣᠨᠣᠬᠯᠠᠯ ᠰᠣᠲᠣᠯᠣᠨ ᠦᠢᠯᠡᠳᠬᠦ ᠴᠢᠲᠠᠪᠣᠷᠢ ᠶᠢ ᠲᠡᠭᠡᠭᠰᠢᠯᠡᠬᠦᠯᠦᠨ᠎ᠡ      ︵ᠠᠷᠪᠠᠨ ᠲᠣᠯᠤᠭ᠎ᠠ︶ ᠬᠡᠯᠪᠡᠷᠢ ᠪᠠᠨ ᠬᠤᠪᠢᠷᠠᠭᠤᠯᠣᠨ ᠲᠡᠰ ᠲᠡᠪᠰᠢᠬᠦ ᠶᠢ ᠠᠬᠢᠭᠤᠯᠣᠨ᠎ᠠ︔ ᠠᠵᠦ ᠠᠬᠤᠶᠢᠯᠠᠯ᠂ ᠬᠡᠷᠡᠭᠯᠡᠭᠴᠢᠳ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠣᠯᠲᠠ ᠵᠡᠷᠭᠡ ᠶᠢᠨ ᠠᠵᠢᠯ ᠲᠦᠷᠦᠯ ᠠᠯᠣᠰᠯᠠᠬᠰᠠᠨ ᠠᠵᠦ ᠦᠢᠯᠡᠰ ᠤᠨ ᠬᠤᠯᠪᠣᠭ᠎ᠠ ᠪᠠᠶᠢᠭᠤᠯᠬᠤ ᠶᠢ ᠲᠡᠮᠵᠢᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠪᠠᠭᠠᠵᠢ ᠲᠣᠨᠣᠬᠯᠠᠯ ᠦᠢᠯᠡᠳᠬᠦ ᠠᠵᠦ ᠠᠬᠤᠶᠢᠯᠠᠯ ᠤᠨ ᠦᠢᠯᠡᠴᠢᠯᠡᠭᠡᠨ ᠤ ᠦᠢᠯᠡᠰ ᠲᠡᠰᠢ ᠦᠷᠭᠡᠳᠭᠡᠨ ᠬᠦᠭᠵᠢᠬᠦ ᠶᠢ ᠲᠡᠮᠵᠢᠨ᠎ᠠ᠃ ᠠᠵᠦ ᠠᠬᠤᠶᠢᠯᠠᠯ ᠤᠨ ᠣᠯᠣᠰ ᠤᠨ ᠭᠠᠲᠠᠨ᠎ᠠ ᠬᠤᠲᠠᠯᠲᠣᠨ ᠠᠪᠬᠤ᠂ ᠪᠡᠯᠡ ᠨᠡᠶᠢᠯᠡᠬᠦᠯᠦᠨ ᠬᠠᠮᠲᠣᠷᠠᠨ ᠠᠵᠢᠯᠯᠠᠬᠤ᠂ ᠬᠠᠮᠲᠣᠪᠡᠷ ᠰᠣᠲᠣᠯᠣᠨ ᠨᠡᠭᠡᠭᠡᠬᠦ ᠵᠡᠷᠭᠡ ᠬᠡᠯᠪᠡᠷᠢ ᠪᠠᠷ ᠲᠠᠮᠵᠢᠭᠤᠯᠣᠨ ᠮᠦᠰᠦ ᠴᠠᠰᠣᠨ ᠤ ᠬᠦᠲᠡᠯᠭᠡᠭᠡᠨ᠂ ᠠᠭᠤᠯᠠᠷᠬᠠᠬ ᠭᠠᠵᠠᠷ ᠤᠨ ᠭᠡᠭᠡᠷ᠎ᠡ ᠭᠠᠲᠠᠨᠠᠬᠢ ᠬᠦᠲᠡᠯᠭᠡᠭᠡᠨ᠂ ᠣᠰᠣᠨ ᠲᠡᠭᠡᠷᠡᠬᠢ ᠬᠦᠲᠡᠯᠭᠡᠭᠡᠨ᠂ ᠮᠣᠲ᠋ᠣᠷ ᠮᠠᠰᠢᠨ ᠲᠡᠷᠭᠡ ᠶᠢᠨ ᠬᠦᠲᠡᠯᠭᠡᠭᠡᠨ᠂ ᠠᠭᠠᠷ ᠠᠶᠠᠯᠠᠯ ᠤᠨ ᠬᠦᠲᠡᠯᠭᠡᠭᠡᠨ ᠵᠡᠷᠭᠡ ᠪᠠᠭᠠᠵᠢ ᠲᠣᠨᠣᠬᠯᠠᠯ ᠦᠢᠯᠡᠳᠬᠦ ᠲᠦᠪᠰᠢᠨ ᠢᠶᠠᠨ ᠲᠡᠭᠡᠭᠰᠢᠯᠡᠬᠦᠯᠬᠦ ᠶᠢ ᠵᠣᠷᠢᠬᠵᠢᠭᠤᠯᠣᠨ᠎ᠠ᠃ ᠣᠯᠠᠮᠵᠢᠯᠠᠯᠲᠣ ᠦᠢᠯᠡᠳᠬᠦᠨ ᠤ ᠦᠢᠯᠡᠰ ᠤᠨ  ᠦᠯᠡᠬᠦᠦ  ᠴᠢᠲᠠᠪᠤᠷᠢ  ᠪᠠᠨ  ᠬᠠᠰᠤᠬᠤ ᠲᠠᠢ ᠣᠶᠠᠯᠲᠣᠭᠤᠯᠵᠦ᠂ ᠠᠵᠦ ᠠᠬᠤᠶᠢᠯᠠᠯ ᠤᠨ ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠲᠣᠨᠣᠬᠯᠠᠯ ᠦᠢᠯᠡᠳᠬᠦ ᠬᠦᠷᠢᠶ᠎ᠡ ᠴᠠᠷᠠᠭ᠎ᠠ ᠲᠡᠰᠢ ᠴᠡᠷᠢᠭᠯᠡᠬᠦ ᠶᠢ ᠬᠦᠲᠦᠯᠦᠨ ᠵᠢᠯᠣᠭᠤᠲᠣᠨ᠎ᠠ᠃      ︵ᠠᠷᠪᠠᠨ ᠨᠠᠢᠮᠠ︶ ᠪᠡᠶ᠎ᠡ ᠪᠠᠨ ᠲᠠᠭᠠᠭᠠᠵᠦ ᠰᠢᠨ᠎ᠠ ᠶᠢ ᠡᠬᠦᠳᠬᠦ ᠴᠢᠲᠠᠪᠣᠷᠢ ᠪᠠᠨ ᠲᠡᠭᠡᠭᠰᠢᠯᠡᠬᠦᠯᠦᠨ᠎ᠡ︔ ᠠᠵᠦ ᠠᠬᠤᠶᠢᠯᠠᠯ ᠤᠨ ᠰᠣᠲᠣᠯᠣᠨ ᠨᠡᠭᠡᠭᠡᠵᠦ  ᠪᠡᠯᠡ ᠣᠷᠣᠭᠤᠯᠬᠤ ᠶᠢ ᠵᠣᠷᠢᠬᠵᠢᠭᠤᠯᠵᠣ᠂ ᠵᠠᠩᠬᠢᠯᠠᠭ᠎ᠠ ᠶᠢᠨ ᠮᠡᠷᠭᠡᠵᠢᠯ ᠪᠣᠯᠣᠨ ᠦᠢᠯᠡᠳᠬᠦᠨ ᠤ ᠪᠡᠶ᠎ᠡ ᠪᠠᠨ ᠲᠠᠭᠠᠭᠠᠵᠦ ᠰᠢᠨ᠎ᠡ ᠶᠢ ᠡᠬᠦᠳᠬᠦ ᠴᠢᠲᠠᠪᠣᠷᠢ  ᠶᠢ ᠲᠡᠭᠡᠭᠰᠢᠯᠡᠬᠦᠯᠵᠦ᠂ ᠲᠡᠭᠡᠲᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠢ ᠨᠣᠲᠠᠯᠠᠨ ᠲᠣᠬᠲᠠᠭᠠᠬᠤ ᠳᠤ ᠢᠲᠡᠪᠬᠢᠲᠡᠢ ᠣᠷᠣᠯᠴᠠᠨ᠎ᠠ᠃ ᠠᠵᠦ ᠠᠬᠤᠶᠢᠯᠠᠯ ᠤᠨ ᠰᠦᠯᠵᠢᠶ᠎ᠠ ᠶᠢᠨ ᠮᠡᠷᠭᠡᠵᠢᠯ ᠢ ᠠᠰᠢᠬᠯᠠᠨ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠦᠪᠡᠷᠮᠢᠴᠡ ᠬᠡᠷᠡᠭᠴᠡᠭᠡ ᠱᠠᠭᠠᠷᠲᠠᠯᠭ᠎ᠠ ᠲᠠᠢ ᠠᠪᠴᠠᠯᠲᠣᠬᠤ ᠶᠢ ᠲᠡᠮᠵᠢᠵᠦ᠂ ᠠᠲᠠᠯᠢ ᠪᠣᠰᠣ ᠬᠦᠮᠦᠰ᠂ ᠣᠨᠴᠠᠭᠠᠶᠢᠢᠯᠠᠨ ᠵᠠᠯᠠᠭᠤ ᠪᠠᠭᠠᠴᠣᠳ᠂ ᠨᠠᠰᠣᠲᠠᠶᠢᠴᠣᠳ ᠤᠨ ᠬᠡᠷᠡᠭᠴᠡᠭᠡ ᠶᠢ ᠦᠨᠳᠦᠰᠦᠯᠡᠨ᠂ ᠣᠯᠠᠨ ᠶᠠᠩᠵᠣᠲᠣ᠂ ᠵᠣᠬᠢᠴᠠᠬᠤ ᠴᠢᠨᠠᠷ ᠢᠶᠠᠷ ᠴᠢᠩᠭ᠎ᠠ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠪᠠᠭᠠᠵᠢ ᠲᠣᠨᠣᠬᠯᠠᠯ ᠢ ᠰᠣᠲᠣᠯᠣᠨ ᠨᠡᠭᠡᠭᠡᠨ᠎ᠡ᠃ ᠰᠢᠨ᠎ᠡ ᠮᠠᠶ᠋ᠢᠬ ᠤᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠪᠠᠭᠠᠵᠢ ᠲᠣᠨᠣᠬᠯᠠᠯ᠂ ᠡᠮᠦᠰᠴᠦ ᠵᠡᠬᠦᠬᠦ ᠬᠡᠯᠪᠡᠷᠢ ᠶᠢᠨ ᠬᠦᠲᠡᠯᠭᠡᠭᠡᠨ ᠤ ᠲᠣᠨᠣᠬᠯᠠᠯ᠂ ᠬᠤᠭᠤᠰᠣᠨ ᠪᠣᠲᠠᠲᠣ ᠬᠦᠲᠡᠯᠭᠡᠭᠡᠨ ᠤ ᠲᠣᠨᠣᠬᠯᠠᠯ ᠵᠡᠷᠭᠡ ᠶᠢ ᠰᠣᠲᠣᠯᠣᠨ ᠦᠢᠯᠡᠲᠦᠨ᠎ᠡ᠃ ᠲᠡᠯᠡᠭᠡᠢ ᠶᠢᠨ ᠲᠡᠷᠢᠬᠦᠨ ᠤ ᠠᠵᠦ ᠠᠬᠤᠶᠢᠯᠠᠯ ᠯᠤᠭ᠎ᠠ ᠬᠠᠮᠲᠣᠷᠠᠨ ᠠᠵᠢᠯᠯᠠᠵᠦ ᠰᠣᠲᠣᠯᠣᠨ ᠨᠡᠭᠡᠭᠡᠬᠦ ᠪᠠᠶᠢᠭᠤᠯᠣᠮᠵᠢ ᠪᠠᠶᠢᠭᠤᠯᠬᠤ ᠶᠢ ᠵᠣᠷᠢᠬᠵᠢᠭᠤᠯᠵᠦ᠂ ᠭᠠᠲᠠᠭᠠᠲᠣ ᠣᠯᠣᠰ ᠤᠨ ᠲᠡᠷᠢᠬᠦᠨ ᠤ ᠮᠡᠷᠭᠡᠵᠢᠯ ᠢ ᠰᠢᠩᠭᠡᠭᠡᠨ ᠠᠪᠴᠦ ᠣᠯᠠᠷᠢᠭᠤᠯᠬᠤ ᠪᠠᠨ ᠲᠦᠷᠭᠡᠳᠭᠡᠨ᠎ᠡ᠃       ︵ᠠᠷᠪᠠ ᠶᠢᠰᠦ︶ ᠲᠦᠷᠦᠯ ᠲᠡᠮᠲᠡᠭᠲᠦ ᠶᠢᠨ ᠪᠠᠶᠢᠭᠤᠯᠣᠯᠲᠠ ᠶᠢ ᠴᠢᠩᠭᠠᠳᠬᠠᠨ᠎ᠠ︔ ᠠᠵᠦ ᠠᠬᠤᠶᠢᠯᠠᠯ ᠤᠨ ᠪᠡᠶ᠎ᠡ ᠪᠠᠨ ᠲᠠᠭᠠᠭᠠᠬᠰᠠᠨ ᠲᠦᠷᠦᠯ ᠲᠡᠮᠲᠡᠭ ᠡᠬᠦᠳᠴᠦ ᠪᠣᠶᠢᠵᠢᠭᠤᠯᠬᠤ ᠶᠢ ᠲᠡᠮᠵᠢᠵᠦ᠂ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠪᠠᠭᠠᠵᠢ ᠲᠦᠬᠦᠭᠡᠷᠦᠮᠵᠢ ᠶᠢᠨ ᠨᠡᠮᠡᠯᠲᠡ ᠦᠷᠲᠡᠭ ᠪᠠ ᠵᠦᠭᠡᠯᠡᠨ ᠪᠣᠲᠠᠲᠣ ᠬᠦᠴᠦᠨ ᠢ ᠲᠡᠭᠡᠭᠰᠢᠯᠡᠬᠦᠯᠦᠨ᠎ᠡ᠃ ᠠᠵᠦ ᠠᠬᠤᠶᠢᠯᠠᠯ ᠬᠢᠭᠡᠳ ᠡᠯ᠎ᠡ ᠱᠠᠲᠣᠨ ᠤ ᠡᠯ᠎ᠡ ᠲᠦᠷᠦᠯ ᠤᠨ ᠬᠦᠲᠡᠯᠭᠡᠭᠡᠨ ᠤ ᠲᠦᠷᠦᠯ ᠵᠦᠢᠯ ᠤᠨ ᠨᠡᠶᠢᠭᠡᠮᠯᠢᠭ ᠵᠡᠷᠭᠡ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠯᠤᠭ᠎ᠠ ᠬᠠᠮᠲᠣᠷᠠᠨ ᠠᠵᠢᠯᠯᠠᠬᠤ ᠶᠢ ᠵᠣᠷᠢᠬᠵᠢᠭᠤᠯᠵᠦ᠂ ᠣᠷᠣᠯᠲᠣᠭᠠᠨ ᠡᠷᠬᠢᠯᠡᠬᠦ ᠵᠡᠷᠭᠡ ᠵᠠᠬᠪᠣᠷ ᠢᠶᠠᠷ ᠲᠠᠮᠵᠢᠭᠤᠯᠣᠨ᠂ ᠲᠦᠷᠦᠯ ᠲᠡᠮᠲᠡᠭ ᠤᠨ ᠠᠯᠲᠠᠷᠰᠢᠯ ᠢ ᠲᠡᠭᠡᠭᠰᠢᠯᠡᠬᠦᠯᠦᠨ᠎ᠡ᠃ ᠲᠠᠪᠠᠭᠤᠯᠢᠬ ᠬᠦᠴᠦᠨ ᠪᠦᠬᠦᠢ ᠨᠡᠷᠡᠲᠦ ᠠᠵᠦ ᠠᠬᠤᠶᠢᠢᠯᠠᠯ ᠤᠨ ᠲᠡᠯᠡᠬᠡᠶᠢᠵᠢᠭᠰᠡᠨ ᠬᠦᠭᠵᠢᠯᠲᠡ ᠶᠢᠨ ᠪᠠᠶᠢᠯᠲᠣᠬᠤ ᠪᠣᠲᠣᠯᠭ᠎ᠠ ᠬᠡᠷᠡᠭᠵᠢᠬᠦᠯᠵᠦ᠂ ᠣᠯᠠᠨ ᠣᠯᠣᠰ ᠤᠨ ᠨᠡᠷ᠎ᠡ ᠨᠦᠯᠦᠭᠡ ᠪᠠᠨ ᠦᠷᠭᠡᠳᠭᠡᠬᠦ ᠶᠢ ᠠᠬᠢᠭᠤᠯᠣᠨ᠎ᠠ᠃      ᠲᠣᠯᠤᠭ᠎ᠠ᠂ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠬᠡᠷᠡᠭᠯᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠎ᠠ      ︵ᠬᠤᠷᠢ︶ ᠬᠡᠷᠡᠭᠯᠡᠭᠡ ᠶᠢᠨ ᠲᠠᠯᠲᠠ ᠬᠦᠴᠦᠨ ᠢ  ᠬᠦᠢᠴᠡᠳ ᠠᠭᠤᠲᠠᠯᠣᠨ᠎ᠠ᠃ ᠡᠯ᠎ᠠ ᠲᠦᠷᠦᠯ ᠤᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠦᠷᠨᠢᠬᠦᠯᠵᠦ᠂  ᠮᠡᠷᠭᠡᠵᠢᠯ ᠤᠨ ᠣᠷᠣᠯᠲᠣᠭᠠᠨ ᠤ ᠶᠠᠪᠣᠴᠠ ᠶᠢ ᠵᠣᠬᠢᠰᠲᠠᠢ ᠨᠠᠶᠢᠷᠠᠭᠤᠯᠣᠨ ᠲᠣᠬᠲᠠᠭᠠᠵᠦ᠂ ᠪᠠᠶᠠᠷ ᠲᠣᠷᠠᠰᠬᠠᠯ ᠤᠨ ᠡᠳᠦᠷ ᠤᠨ ᠪᠡᠶ᠎ᠡ ᠶᠢᠨ ᠲᠠᠮᠢᠷ ᠤᠨ ᠣᠷᠣᠯᠲᠣᠭᠠᠨ ᠤ ᠬᠠᠩᠭᠠᠯᠭ᠎ᠠ ᠬᠡᠷᠡᠭᠴᠡᠭᠡ ᠶᠢ ᠪᠠᠶᠠᠯᠢᠬᠵᠢᠭᠤᠯᠵᠦ᠂ ᠪᠡᠶ᠎ᠡ ᠶᠢᠨ ᠲᠠᠮᠢᠷ ᠤᠨ ᠣᠲᠣᠳ ᠪᠠ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠴᠣᠣᠲᠠᠨ ᠨᠤᠭᠤᠳ ᠤᠨ ᠵᠢᠱᠢᠶ᠎ᠠ ᠦᠵᠡᠬᠦᠯᠬᠦ ᠦᠢᠯᠡᠲᠦᠯ ᠢ ᠪᠠᠲᠠᠷᠠᠭᠤᠯᠣᠨ᠂ ᠣᠯᠠᠨ ᠲᠦᠮᠡᠨ ᠤ  ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠬᠡᠷᠡᠭᠯᠡᠭᠡ ᠱᠠᠭᠠᠷᠲᠠᠯᠭ᠎ᠠ ᠶᠢ ᠬᠦᠭᠵᠢᠭᠡᠨ᠎ᠡ᠃ ︽ᠣᠯᠣᠰ ᠤᠨ ᠪᠡᠶ᠎ᠡ ᠶᠢᠨ ᠲᠠᠮᠢᠷ ᠪᠣᠯᠪᠠᠰᠣᠷᠠᠬᠤ ᠪᠠᠷᠢᠮᠵᠢᠶ᠎ᠠ︾  ᠂ ᠠᠵᠢᠯ ᠤᠨ ᠴᠢᠯᠦᠭᠡᠨ ᠤ ᠬᠦᠲᠡᠯᠭᠡᠭᠡᠨ ᠤ ᠲᠡᠰ ᠪᠠᠷᠢᠮᠵᠢᠶ᠎ᠠ᠂ ᠠᠵᠢᠯ ᠤᠨ ᠴᠢᠯᠦᠭᠡᠨ ᠤ ᠣᠷᠣᠯᠲᠣᠭᠠᠨ ᠤ ᠲᠡᠰ ᠪᠠᠷᠢᠮᠵᠢᠶ᠎ᠠ ᠶᠢ ᠢᠲᠡᠪᠬᠢᠲᠡᠢ ᠲᠡᠯᠭᠡᠷᠡᠬᠦᠯᠦᠨ ᠲᠦᠭᠡᠮᠡᠯᠵᠢᠬᠦᠯᠵᠦ᠂ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠬᠡᠷᠡᠭᠯᠡᠭᠡ ᠶᠢᠨ ᠲᠠᠲᠠᠬᠤ ᠬᠦᠴᠦᠨ ᠢ ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ᠂ ᠲᠣᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠪᠣᠯᠪᠠᠰᠣᠷᠠᠯ ᠤᠨ ᠪᠠᠶᠢᠭᠤᠯᠣᠮᠵᠢ ᠵᠡᠷᠭᠡ ᠬᠢᠭᠡᠳ ᠡᠯ᠎ᠠ ᠲᠦᠷᠦᠯ ᠤᠨ ᠰᠣᠷᠭᠠᠭᠤᠯᠢ ᠨᠤᠭᠤᠳ ᠬᠠᠮᠲᠣᠷᠠᠨ ᠠᠵᠢᠯᠯᠠᠬᠤ ᠶᠢ ᠲᠦᠯᠬᠢᠨ ᠠᠬᠢᠭᠤᠯᠵᠦ᠂ ᠲᠣᠰᠬᠠᠢ ᠮᠡᠷᠭᠡᠵᠢᠯ ᠤᠨ ᠲᠡᠮᠵᠢᠯᠬᠡ ᠬᠠᠩᠭᠠᠨ᠂ ᠵᠠᠯᠠᠭᠤᠴᠤᠳ ᠪᠠᠭᠠᠴᠣᠳ ᠤᠨ ᠪᠡᠶ᠎ᠡ ᠶᠢᠨ ᠲᠠᠮᠢᠷ ᠤᠨ ᠲᠣᠷ᠎ᠠ  ᠰᠤᠨᠢᠷᠬᠠᠯ ᠪᠠ ᠬᠦᠲᠡᠯᠭᠡᠭᠡᠨ ᠤ ᠮᠡᠷᠭᠡᠰᠢᠯ ᠢ ᠬᠦᠮᠦᠵᠢᠬᠦᠯᠦᠨ᠎ᠡ᠃      ︵ᠬᠤᠷᠢᠨ ᠨᠢᠭᠡ︶ ᠬᠡᠷᠡᠭᠯᠡᠭᠡ ᠶᠢᠨ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠦᠨ᠎ᠡ︔ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠠᠬᠤᠶᠢᠯᠠᠯ ᠬᠢᠭᠡᠳ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠮᠲᠣᠷᠠᠨ ᠠᠵᠢᠯᠯᠠᠬᠤ ᠶᠢ ᠵᠣᠷᠢᠬᠵᠢᠭᠤᠯᠵᠦ᠂ ᠲᠣᠷᠰᠢᠯᠲᠠ ᠶᠢᠨ ᠴᠢᠬ ᠲᠤ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠬᠤᠯᠪᠣᠭᠠᠯᠠᠬᠰᠠᠨ ᠪᠠᠩᠬᠢ ᠶᠢᠨ ᠺᠠᠷᠲ ᠲᠠᠷᠬᠠᠭᠠᠵᠦ ᠣᠨᠴᠠ ᠬᠠᠷᠠᠭᠠᠯᠵᠠᠯ ᠤᠨ ᠬᠤᠲᠠᠯᠲᠣᠭᠠᠴᠢᠳ ᠲᠤ ᠦᠨ᠎ᠡ ᠨᠣᠭᠤᠯᠣᠨ ᠪᠣᠲᠣᠬᠤ ᠶᠢ ᠬᠡᠷᠡᠭᠵᠢᠬᠦᠯᠦᠨ᠎ᠡ᠃ ᠡᠯ᠎ᠠ ᠭᠠᠵᠠᠷ ᠣᠷᠣᠨ ᠤ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠬᠡᠷᠡᠭᠯᠡᠭᠡ ᠶᠢᠨ ᠵᠢᠯᠣᠭᠤᠳᠬᠤ ᠲᠣᠬᠲᠠᠴᠠ ᠶᠢᠨ ᠰᠢᠨ᠎ᠠ ᠶᠢ ᠡᠬᠦᠳᠬᠦ ᠶᠢ ᠲᠡᠮᠵᠢᠨ᠎ᠡ᠃ ᠲᠠᠭᠠᠳᠬᠠᠯ ᠤᠨ ᠺᠣᠮᠫᠠᠨᠢ ᠶᠢ ᠬᠦᠲᠦᠯᠦᠨ ᠵᠢᠯᠣᠭᠤᠳᠴᠦ᠂  ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠬᠦᠲᠡᠯᠡᠭᠡᠨ ᠤ ᠣᠨᠴᠠᠯᠢᠬ ᠪᠠ ᠠᠲᠠᠯᠢ ᠪᠣᠰᠣ ᠨᠠᠰᠣᠨ ᠤ ᠬᠦᠮᠦᠰ ᠤᠨ ᠪᠡᠶ᠎ᠡ ᠮᠠᠬᠠᠪᠣᠳ ᠤᠨ ᠣᠨᠴᠠᠯᠢᠬ ᠢ ᠦᠨᠳᠦᠰᠦᠯᠡᠵᠦ᠂ ᠣᠷᠣᠯᠲᠣᠭᠠᠨ ᠤ ᠲᠠᠯᠠᠪᠠᠢ ᠶᠢᠨ ᠬᠠᠷᠢᠭᠤᠴᠠᠯᠭ᠎ᠠ ᠶᠢᠨ ᠲᠠᠭᠠᠳᠬᠠᠯ᠂ ᠬᠦᠲᠡᠯᠭᠡᠭᠡᠨ ᠤ ᠮᠠᠬᠠᠪᠣᠳ ᠤᠨ ᠬᠡᠨᠡᠳᠲᠡ ᠶᠢᠨ ᠰᠢᠷᠬᠠᠲᠣᠯ ᠤᠨ ᠲᠠᠭᠠᠳᠬᠠᠯ ᠵᠡᠷᠭᠡ ᠶᠢ ᠰᠣᠲᠣᠯᠣᠨ ᠨᠡᠭᠡᠭᠡᠨ᠎ᠡ᠃ ᠵᠠᠯᠠᠭᠤ ᠪᠠᠭᠠᠴᠣᠳ ᠤᠨ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠬᠠᠮᠢᠶ᠎ᠠ ᠪᠦᠬᠦᠢ  ᠬᠠᠷᠢᠭᠤᠴᠠᠯᠭᠠᠲᠤ ᠲᠠᠭᠠᠳᠬᠠᠯ ᠤᠨ ᠬᠦᠭᠵᠢᠯᠲᠡ ᠳᠤ ᠣᠷᠣᠯᠴᠠᠬᠤ ᠶᠢ  ᠢᠲᠡᠪᠬᠢᠲᠡᠢ ᠠᠬᠢᠭᠤᠯᠣᠨ᠎ᠠ᠃      ︵ᠬᠤᠷᠢᠨ ᠬᠤᠶᠠᠷ︶ ᠬᠡᠷᠡᠭᠯᠡᠭᠡ ᠶᠢᠨ ᠣᠶᠢᠯᠠᠭᠠᠬᠲᠠᠬᠤᠨ ᠢ ᠬᠦᠲᠦᠯᠦᠨ ᠵᠢᠯᠣᠭᠤᠲᠣᠨ᠎ᠠ︔ ᠰᠣᠷᠲᠠᠯ ᠣᠬᠠᠭᠤᠯᠭ᠎ᠠ ᠶᠢᠨ ᠬᠦᠴᠦᠯᠡᠴᠡ ᠪᠠᠨ ᠴᠢᠩᠭᠠᠷᠠᠭᠤᠯᠵᠦ᠂ ᠰᠢᠨᠵᠢᠯᠡᠬᠦ ᠣᠬᠠᠭᠠᠨᠴᠢ ᠪᠡᠶ᠎ᠡ ᠴᠢᠬᠢᠷᠠᠬᠵᠢᠭᠤᠯᠬᠤ ᠮᠡᠲᠡᠯᠭᠡ ᠶᠢ ᠲᠦᠭᠡᠮᠡᠯᠵᠢᠬᠦᠯᠦᠨ᠎ᠡ᠃ ᠮᠠᠨ ᠤ ᠣᠯᠣᠰ ᠤᠨ ᠦᠪᠡᠰᠦᠪᠡᠨ ᠵᠣᠬᠢᠶᠠᠨ ᠦᠢᠯᠡᠲᠦᠭᠰᠡᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠫᠷᠦᠭᠷᠡᠮ ᠢ ᠦᠢᠯᠡᠳᠴᠦ ᠨᠡᠪᠲᠡᠷᠡᠬᠦᠯᠬᠦ ᠶᠢ ᠵᠣᠷᠢᠬᠵᠢᠭᠤᠯᠵᠦ᠂ ᠬᠡᠯᠪᠡᠷᠢ ᠮᠠᠶ᠋ᠢᠬ ᠣᠯᠠᠨ ᠶᠠᠩᠵᠦ ᠶᠢᠨ ᠪᠡᠶ᠎ᠡ ᠶᠢᠨ ᠲᠠᠮᠢᠷ ᠤᠨ ᠰᠡᠲᠦᠪᠲᠦ ᠣᠳᠬ᠎ᠠ ᠣᠷᠠᠯᠢᠬ ᠤᠨ ᠵᠣᠬᠢᠶᠠᠨ ᠪᠦᠲᠦᠭᠡᠯᠭᠡ ᠶᠢ ᠲᠡᠮᠵᠢᠨ᠎ᠡ᠃ ᠣᠯᠠᠨ ᠵᠠᠭᠤᠴᠢᠲᠦ ᠷᠠᠳᠢᠣ᠋  ᠲᠧᠯᠸᠢᠰ᠂ ᠰᠦᠯᠵᠢᠶᠠᠨ ᠤ ᠷᠠᠳᠢᠣ᠋  ᠲᠧᠯᠸᠢᠰ᠂ ᠭᠠᠷ ᠣᠲᠠᠰᠣᠨ ᠤ ᠬᠡᠷᠡᠭᠯᠡᠭᠡ ᠶᠢᠨ ᠫᠷᠦᠭᠷᠡᠮ ︵APP︶  ᠵᠡᠷᠭᠡ ᠪᠡᠶ᠎ᠡ ᠶᠢᠨ ᠲᠠᠮᠢᠷ ᠤᠨ ᠵᠠᠭᠤᠴᠢ ᠶᠢᠨ ᠰᠢᠨ᠎ᠠ ᠲᠦᠷᠦᠯ ᠤᠨ ᠬᠦᠭᠵᠢᠯᠲᠡ ᠶᠢ ᠲᠡᠮᠵᠢᠵᠦ᠂ ᠬᠡᠷᠡᠭᠯᠡᠭᠴᠢᠳ ᠡᠯ᠎ᠡ ᠲᠦᠷᠦᠯ ᠤᠨ ᠨᠡᠶᠢᠭᠡᠮ ᠤᠨ ᠬᠠᠷᠢᠯᠴᠠᠭᠠᠨ ᠤ ᠲᠠᠪᠴᠠᠩ ᠢᠶᠠᠷ ᠬᠠᠷᠢᠯᠴᠠᠨ ᠬᠤᠷᠰᠢᠵᠦ ᠶᠠᠪᠣᠯᠴᠠᠬᠤ ᠶᠢ ᠠᠬᠢᠭᠤᠯᠬᠤ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠶᠢ ᠲᠡᠭᠡᠭᠰᠢᠯᠡᠬᠦᠯᠦᠨ᠎ᠡ᠃     ᠨᠠᠢᠮᠠ᠂ ᠵᠣᠬᠢᠶᠠᠨ ᠪᠠᠶᠢᠭᠤᠯᠣᠨ ᠬᠡᠷᠡᠭᠵᠢᠬᠦᠯᠬᠦ ᠶᠢ ᠴᠢᠩᠭᠠᠳᠬᠠᠨ᠎ᠠ      ︵ᠬᠤᠷᠢᠨ ᠭᠤᠷᠪᠠ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠦᠷᠬᠦᠯᠵᠢᠯᠡᠨ ᠠᠬᠢᠭᠤᠯᠣᠨ᠎ᠠ︔ ᠵᠠᠰᠠᠬ ᠤᠨ ᠣᠷᠲᠣᠨ ᠤ ᠡᠬᠦᠷᠭᠡ ᠴᠢᠲᠠᠪᠬᠢ ᠪᠠᠨ ᠬᠤᠪᠢᠷᠠᠭᠤᠯᠬᠤ ᠶᠢ ᠲᠦᠷᠭᠡᠳᠭᠡᠵᠦ᠂ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠠᠵᠢᠯᠯᠠᠭ᠎ᠠ ᠶᠢᠨ ᠬᠤᠯᠪᠣᠬᠲᠠᠯ ᠪᠦᠬᠦᠢ ᠬᠢᠨᠠᠨ ᠵᠦᠪᠰᠢᠶᠡᠷᠡᠬᠦ ᠵᠦᠢᠯ ᠢ ᠶᠡᠭᠡ ᠪᠠᠷ ᠪᠠᠭᠠᠰᠬᠠᠵᠦ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠣᠯᠲᠠ ᠶᠢ ᠬᠡᠷᠡᠭᠵᠢᠬᠦᠯᠦᠨ᠂ ᠠᠭᠠᠷ ᠤᠨ ᠬᠡᠪᠴᠢᠶ᠎ᠠ ᠤᠰᠤᠨ ᠤ ᠬᠡᠪᠴᠢᠶ᠎ᠠ ᠶᠢᠨ ᠨᠡᠭᠡᠭᠡᠯᠲᠡ ᠶᠢ ᠠᠬᠢᠭᠤᠯᠣᠨ᠎ᠠ᠃ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠨᠡᠶᠢᠭᠡᠮᠯᠢᠭ ᠤᠨ ᠦᠭᠡᠷᠡᠴᠢᠯᠡᠯᠲᠡ ᠶᠢ ᠠᠬᠢᠭᠤᠯᠵᠦ᠂ ᠬᠡᠷᠡᠭ ᠤᠨ ᠲᠣᠮᠲᠠ ᠪᠣᠯᠣᠨ ᠬᠤᠶᠢᠨᠠᠬᠢ ᠬᠢᠨᠠᠨ ᠬᠠᠮᠢᠶᠠᠷᠣᠯᠲᠠ ᠶᠢ ᠴᠢᠩᠭᠠᠳᠬᠠᠵᠦ᠂ ᠬᠤᠯᠪᠣᠬᠲᠠᠯ ᠪᠦᠬᠦᠢ ᠠᠮᠣᠷ ᠢ ᠬᠠᠮᠠᠭᠠᠯᠠᠬᠤ ᠦᠢᠯᠡᠴᠢᠯᠡᠭᠡᠨ ᠤ ᠪᠠᠷᠢᠮᠵᠢᠶ᠎ᠠ ᠶᠢ ᠲᠡᠬᠦᠯᠲᠡᠷᠵᠢᠬᠦᠯᠦᠨ᠂ ᠠᠵᠢᠯ ᠲᠦᠷᠦᠯ ᠤᠨ ᠢᠲᠡᠭᠡᠮᠵᠢ ᠶᠢᠨ ᠲᠣᠬᠲᠠᠯᠴᠠᠭ᠎ᠠ ᠶᠢᠨ ᠪᠠᠶᠢᠭᠤᠯᠣᠯᠲᠠ ᠶᠢ ᠴᠢᠩᠭᠠᠳᠬᠠᠨ᠎ᠠ᠃ ᠵᠠᠰᠠᠬ ᠤᠨ ᠶᠠᠪᠣᠲᠠᠯ ᠢ ᠨᠡᠶᠢᠲᠡᠯᠡᠬᠦ ᠲᠠᠪᠴᠠᠩ᠂ ᠮᠡᠲᠡᠭᠡ ᠵᠠᠩᠬᠢ ᠶᠢ ᠬᠠᠷᠢᠯᠴᠠᠨ ᠰᠣᠯᠢᠯᠴᠠᠬᠤ ᠲᠠᠪᠴᠠᠩ᠂ ᠲᠡᠯᠭᠡᠨ ᠦᠵᠡᠬᠦᠯᠭᠡ ᠶᠢᠨ ᠲᠠᠪᠴᠠᠩ᠂ ᠡᠬᠢ ᠪᠠᠶᠠᠯᠢᠬ ᠰᠣᠯᠢᠯᠴᠠᠬᠤ ᠲᠠᠪᠴᠠᠩ ᠢ ᠲᠡᠬᠦᠯᠲᠡᠷᠵᠢᠬᠦᠯᠦᠨ᠎ᠠ᠃       ︵ᠬᠤᠷᠢᠨ ᠲᠦᠷᠪᠡ︶ ᠲᠦᠯᠦᠪᠵᠢᠬᠦᠯᠭᠡ ᠪᠣᠯᠣᠨ ᠭᠠᠵᠠᠷ ᠰᠢᠷᠣᠢ ᠶᠢ ᠠᠰᠢᠬᠯᠠᠬᠤ ᠲᠦᠷᠦ ᠶᠢᠨ ᠪᠣᠲᠣᠯᠭ᠎ᠠ ᠶᠢ ᠰᠢᠯᠢᠲᠡᠭᠵᠢᠬᠦᠯᠦᠨ᠎ᠡ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠬᠡᠷᠡᠭᠯᠡᠬᠦ ᠭᠠᠵᠠᠷ ᠢ ᠡᠵᠡᠮᠲᠡᠬᠦ ᠬᠡᠪᠴᠢᠶ᠎ᠠ᠂ ᠰᠢᠨᠵᠢᠯᠡᠬᠦ ᠣᠬᠠᠭᠠᠨᠴᠢ ᠪᠠᠷ ᠪᠠᠶᠢᠷᠢ ᠰᠣᠩᠭᠤᠬᠤ ᠶᠢ ᠢᠲᠡᠪᠬᠢᠲᠡᠢ ᠬᠦᠲᠦᠯᠦᠨ ᠵᠢᠯᠣᠭᠤᠳᠴᠦ᠂ ᠬᠤᠯᠪᠣᠬᠲᠠᠯ ᠪᠦᠬᠦᠢ ᠬᠡᠷᠡᠭᠯᠡᠬᠦ ᠭᠠᠵᠠᠷ ᠢ ᠣᠷᠣᠨ ᠨᠣᠲᠤᠬ ᠤᠨ ᠡᠯ᠎ᠠ ᠱᠠᠲᠣᠨ ᠤ ᠭᠠᠵᠠᠷ ᠰᠢᠷᠣᠢ ᠬᠡᠷᠡᠭᠯᠡᠬᠦ ᠶᠡᠷᠦᠩᠭᠡᠢ ᠲᠦᠯᠦᠪᠵᠢᠬᠦᠯᠭᠡ ᠳᠤ ᠬᠠᠮᠣᠷᠣᠨ ᠪᠠᠭᠲᠠᠭᠠᠵᠦ ᠵᠣᠬᠢᠰᠲᠠᠢ ᠪᠠᠶᠢᠷᠢᠯᠠᠭᠤᠯᠣᠨ᠎ᠠ᠃ ᠭᠠᠵᠠᠷ ᠰᠢᠷᠣᠢ ᠠᠰᠢᠬᠯᠠᠬᠤ ᠶᠡᠷᠦᠩᠭᠡᠢ ᠲᠦᠯᠦᠪᠵᠢᠬᠦᠯᠭᠡ᠂ ᠬᠤᠲᠠ ᠪᠠᠯᠭᠠᠰᠣ ᠶᠢᠨ ᠲᠦᠯᠦᠪᠵᠢᠬᠦᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠯᠦᠪᠵᠢᠬᠦᠯᠭᠡ ᠳᠤ ᠨᠡᠶᠢᠴᠡᠬᠦ ᠬᠠᠮᠢᠶ᠎ᠠ ᠪᠦᠬᠦᠢ ᠲᠦᠯᠦᠪᠵᠢᠬᠦᠯᠭᠡ ᠶᠢ ᠬᠦᠨᠳᠦ ᠴᠢᠬᠤᠯᠠ ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠲᠦᠷᠦᠯ ᠵᠦᠢᠯ ᠢ ᠠᠯᠢ ᠴᠢᠲᠠᠬᠤᠶᠢᠴᠠ ᠪᠠᠷ ᠬᠠᠮᠠᠭᠠᠯᠠᠬᠤ ᠵᠠᠷᠴᠢᠮ ᠶᠣᠰᠣᠭᠠᠷ ᠴᠠᠬ ᠲᠣᠬᠠᠢ ᠳᠤᠨᠢ ᠰᠢᠨ᠎ᠡ ᠪᠠᠷ ᠪᠠᠶᠢᠭᠤᠯᠬᠤ ᠭᠠᠵᠠᠷ ᠬᠡᠷᠡᠭᠯᠡᠬᠦ ᠲᠦᠯᠦᠪᠵᠢᠬᠦᠯᠭᠡ ᠶᠢᠨ ᠬᠦᠢᠴᠡᠳᠭᠡᠯ ᠲᠤᠭ᠎ᠠ ᠲᠣᠬᠢᠷᠠᠭᠤᠯᠣᠨ᠎ᠠ᠃ ᠬᠤᠪᠠᠭ᠋ᠠᠢ ᠠᠭᠤᠯᠠ᠂ ᠡᠵᠡᠬᠦᠢ ᠭᠠᠵᠠᠷ ᠵᠢᠴᠢ ᠴᠢᠯᠠᠭᠤᠷᠬᠠᠬ᠂ ᠵᠠᠬ᠎ᠠ ᠬᠢᠵᠠᠭᠠᠷ ᠤᠨ ᠠᠷᠠᠯ ᠵᠡᠷᠭᠡ ᠭᠠᠵᠠᠷ ᠰᠢᠷᠣᠢ ᠶᠢ ᠠᠰᠢᠬᠯᠠᠨ  ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠲᠦᠷᠦᠯ ᠵᠦᠢᠯ  ᠪᠠᠶᠢᠭᠤᠯᠪᠠᠯ᠂ ᠰᠢᠨ᠎ᠡ ᠪᠠᠷ ᠨᠡᠮᠡᠭᠰᠡᠨ ᠪᠠᠷᠢᠯᠭ᠎ᠠ ᠳᠤ ᠬᠡᠷᠡᠭᠯᠡᠬᠦ ᠭᠠᠵᠠᠷ ᠤᠨ ᠲᠦᠯᠦᠪᠯᠡᠭᠡ ᠶᠢᠨ ᠬᠦᠢᠴᠡᠳᠭᠡᠯ ᠲᠤᠭ᠎ᠠ ᠣᠷᠢᠲᠠᠪᠠᠷ ᠬᠠᠩᠭᠠᠵᠦ᠂ ᠰᠢᠯᠵᠢᠬᠦᠯᠦᠨ ᠬᠤᠲᠠᠯᠲᠣᠬᠤ ᠦᠨ᠎ᠡ ᠶᠢ ᠭᠠᠵᠠᠷ ᠰᠢᠷᠣᠢ ᠣᠯᠣᠬᠰᠠᠨ ᠦᠪᠡᠷ ᠤᠨ ᠦᠷᠲᠡᠭ᠂ ᠭᠠᠵᠠᠷ ᠰᠢᠷᠣᠢ ᠶᠢᠨ ᠡᠮᠦᠨᠡᠬᠢ ᠬᠤᠭᠤᠴᠠᠭᠠᠨ ᠤ ᠨᠡᠭᠡᠭᠡᠨ ᠠᠰᠢᠬᠯᠠᠬᠤ ᠦᠪᠡᠷ ᠤᠨ ᠦᠷᠲᠡᠭ ᠪᠣᠯᠣᠨ ᠲᠣᠬᠲᠠᠭᠠᠯ ᠶᠣᠰᠣᠭᠠᠷ ᠬᠤᠷᠢᠶᠠᠬᠤ ᠬᠠᠮᠢᠶ᠎ᠠ ᠪᠦᠬᠦᠢ ᠰᠦᠢᠳᠭᠡᠯ ᠤᠨ ᠨᠡᠶᠢᠯᠡᠪᠦᠷᠢ ᠠᠴᠠ ᠪᠠᠭ᠎ᠠ ᠪᠠᠶᠢᠯᠭᠠᠬᠤ ᠦᠭᠡᠢ ᠵᠠᠷᠴᠢᠮ ᠶᠣᠰᠣᠭᠠᠷ ᠲᠣᠬᠲᠠᠭᠠᠨ᠎ᠠ᠃ ᠭᠠᠵᠠᠷ ᠰᠢᠷᠣᠢ ᠶᠢ ᠠᠰᠢᠬᠯᠠᠬᠤ ᠶᠡᠷᠦᠩᠬᠡᠢ ᠲᠦᠯᠦᠪᠵᠢᠬᠦᠯᠭᠡ ᠳᠤ ᠲᠣᠬᠲᠠᠭᠠᠬᠰᠠᠨ ᠬᠤᠲᠠ ᠪᠣᠯᠣᠨ ᠠᠶᠢᠯ ᠲᠣᠰᠬᠤᠨ᠂ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠠ ᠠᠴᠠ ᠭᠠᠲᠠᠨ᠎ᠠ ᠪᠠᠶᠢᠷᠢᠯᠠᠭᠤᠯᠣᠬᠰᠠᠨ ᠬᠦᠨᠳᠦ ᠴᠢᠬᠤᠯᠠ‌‍ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠢ ᠲᠣᠰᠠᠭᠠᠷ ᠪᠠᠶᠢᠴᠠ ᠰᠣᠩᠭᠤᠬᠤ ᠲᠦᠷᠦᠯ ᠵᠦᠢᠯ ᠤᠨ ᠶᠣᠰᠣᠭᠠᠷ ᠭᠠᠵᠠᠷ ᠦᠭᠴᠦ ᠪᠣᠯᠣᠨ᠎ᠠ᠃ ᠣᠲᠣ ᠪᠠᠶᠢᠭ᠎ᠠ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠳᠤ ᠬᠡᠷᠡᠭᠯᠡᠬᠦ ᠭᠠᠵᠠᠷ᠂ ᠭᠡᠷ ᠬᠦᠷᠦᠩᠭᠡ ᠶᠢ ᠠᠰᠢᠬᠯᠠᠨ ᠬᠤᠨᠣᠬᠤ ᠪᠠᠶᠢᠷᠢ᠂ ᠬᠤᠭᠤᠯᠠᠨ ᠭᠡᠷ᠂ ᠵᠤᠭ᠎ᠠ ᠴᠡᠩᠭᠡᠯ ᠵᠡᠷᠭᠡ ᠬᠤᠲᠠᠯᠲᠤᠭ᠎ᠠ ᠦᠢᠯᠡᠴᠢᠯᠡᠭᠡᠨ ᠤ ᠲᠦᠬᠦᠭᠡᠷᠦᠮᠵᠢ ᠨᠡᠮᠡᠨ ᠪᠠᠶᠢᠭᠤᠯᠬᠤ ᠭᠡᠪᠡᠯ᠂ ᠵᠦᠪᠰᠢᠶᠡᠷᠡᠬᠦᠯᠬᠦ ᠪᠠᠷ ᠲᠠᠮᠵᠢᠨ ᠬᠡᠯᠡᠯᠴᠡᠭᠡᠷ ᠤᠨ  ᠬᠡᠯᠪᠡᠷᠢ ᠪᠠᠷ ᠭᠠᠵᠠᠷ ᠰᠢᠷᠣᠢ ᠬᠡᠷᠡᠭᠯᠡᠬᠦ ᠭᠠᠷᠲᠠᠮ ᠬᠦᠢᠴᠡᠳᠭᠡᠵᠦ ᠪᠣᠯᠣᠨ᠎ᠠ᠃ ᠣᠷᠲᠣ ᠬᠤᠭᠤᠴᠠᠭ᠎ᠠ ᠪᠠᠷ ᠲᠦᠷᠢᠶᠡᠰᠦᠯᠡᠬᠦ᠂ ᠣᠷᠢᠲᠠᠪᠠᠷ ᠲᠦᠷᠢᠶᠡᠰᠦᠯᠡᠵᠦ ᠲᠠᠷᠠᠭ᠎ᠠ ᠨᠢ ᠰᠢᠯᠵᠢᠬᠦᠯᠬᠦ᠂ ᠲᠦᠷᠢᠶᠡᠰᠦᠯᠡᠵᠦ ᠰᠢᠯᠵᠢᠬᠦᠯᠬᠦ ᠶᠢ ᠣᠶᠠᠯᠲᠣᠭᠤᠯᠬᠤ ᠬᠡᠯᠪᠡᠷᠢ ᠪᠠᠷ‌‍ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠲᠦᠷᠦᠯ ᠵᠦᠢᠯ ᠳᠤ ᠬᠡᠷᠡᠭᠯᠡᠬᠦ ᠭᠠᠵᠠᠷ ᠰᠢᠷᠣᠢ ᠬᠠᠩᠭᠠᠬᠤ ᠶᠢ ᠵᠣᠷᠢᠬᠵᠢᠭᠤᠯᠣᠨ᠎ᠠ᠃ ᠬᠦᠲᠡᠭᠡ ᠲᠣᠰᠬᠤᠨ ᠤ ᠬᠠᠮᠲᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠲᠠ ᠦᠪᠡᠰᠦᠪᠡᠨ ᠡᠷᠬᠢᠯᠡᠬᠦ ᠪᠣᠶᠣ ᠭᠠᠵᠠᠷ ᠰᠢᠷᠣᠢ ᠬᠡᠷᠡᠭᠯᠡᠬᠦ ᠡᠷᠭᠡ ᠪᠠᠷ ᠢᠶᠠᠨ ᠬᠤᠪᠢ ᠣᠷᠣᠬᠤ᠂ ᠬᠤᠯᠪᠣᠭᠠᠯᠠᠨ ᠡᠵᠡᠩᠨᠡᠬᠦ ᠵᠡᠷᠭᠡ ᠬᠡᠯᠪᠡᠷᠢ ᠪᠠᠷ  ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠲᠦᠷᠦᠯ ᠵᠦᠢᠯ ᠳᠤ ᠣᠷᠣᠯᠴᠠᠬᠤ ᠶᠢ ᠲᠡᠮᠵᠢᠨ᠎ᠡ᠃       ︵ᠬᠤᠷᠢᠨ ᠲᠠᠪᠤ︶ ᠪᠡᠯᠡ ᠣᠷᠣᠭᠤᠯᠬᠤ ᠲᠣᠬᠲᠠᠴᠠ ᠶᠢ ᠲᠡᠬᠦᠯᠲᠡᠷᠵᠢᠬᠦᠯᠦᠨ᠎ᠡ︔ ᠨᠡᠶᠢᠭᠡᠮ ᠤᠨ ᠬᠦᠷᠦᠩᠭᠡ ᠠᠴᠠ ᠪᠡᠯᠡ ᠬᠤᠷᠠᠮᠲᠣᠭᠤᠯᠣᠬᠰᠠᠨ ᠪᠡᠶ᠎ᠡ ᠶᠢᠨ ᠲᠠᠮᠢᠷ ᠤᠨ ᠪᠡᠯᠡ  ᠣᠷᠣᠭᠤᠯᠬᠤ ᠰᠠᠭᠤᠷᠢ ᠮᠦᠩᠬᠦ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠨᠡᠶᠢᠭᠡᠮ ᠤᠨ ᠬᠦᠴᠦᠨ ᠢ ᠬᠦᠲᠦᠯᠦᠨ ᠵᠢᠯᠣᠭᠤᠳᠴᠦ  ᠪᠡᠶ᠎ᠡ ᠴᠢᠬᠢᠷᠠᠬᠵᠢᠭᠤᠯᠬᠤ‌‍ᠰᠡᠯᠡᠬᠦᠴᠡᠯ ᠤᠨ ᠠᠵᠦ ᠦᠢᠯᠡᠰ ᠲᠤ ᠣᠷᠣᠯᠴᠠᠭᠤᠯᠣᠨ᠎ᠠ᠃ ᠨᠡᠶᠢᠭᠡᠮ ᠤᠨ ᠬᠦᠷᠦᠩᠭᠡ ᠶᠢᠨ ᠵᠠᠬ᠎ᠠ ᠲᠡᠯᠭᠡᠬᠦᠷᠴᠢᠯᠡᠭᠰᠡᠨ ᠬᠡᠯᠪᠡᠷᠢ ᠪᠠᠷ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢᠨ ᠪᠡᠯᠡ ᠣᠷᠣᠭᠤᠯᠣᠯᠲᠠ ᠶᠢᠨ  ᠰᠠᠭᠤᠷᠢ ᠮᠦᠩᠬᠦ ᠪᠠᠶᠢᠭᠤᠯᠬᠤ ᠶᠢ ᠲᠡᠮᠵᠢᠨ᠎ᠡ᠃ ᠵᠠᠰᠠᠬ ᠤᠨ ᠣᠷᠲᠣᠨ ᠬᠢᠭᠡᠳ ᠨᠡᠶᠢᠭᠡᠮ ᠤᠨ ᠬᠦᠷᠦᠩᠭᠡ ᠬᠠᠮᠲᠣᠷᠠᠨ ᠠᠵᠢᠯᠯᠠᠬᠤ ᠵᠢᠱᠢᠶ᠎ᠠ ᠦᠵᠡᠬᠦᠯᠬᠦ ᠶᠢ ᠦᠷᠨᠢᠬᠦᠯᠦᠨ ᠠᠬᠢᠭᠤᠯᠵᠦ᠂ ᠨᠦᠬᠦᠴᠡᠯ ᠳᠤ ᠨᠡᠶᠢᠴᠡᠬᠦ ᠲᠦᠷᠦᠯ ᠵᠦᠢᠯ ᠨᠢ ᠵᠠᠰᠠᠬ ᠤᠨ ᠣᠷᠲᠣᠨ ᠬᠢᠭᠡᠳ ᠨᠡᠶᠢᠭᠡᠮ ᠤᠨ ᠬᠦᠷᠦᠩᠭᠡ ᠬᠠᠮᠲᠣᠷᠠᠵᠦ ᠪᠡᠯᠡ ᠬᠤᠷᠠᠮᠲᠣᠭᠤᠯᠵᠦ  ᠲᠡᠳᠬᠦᠬᠦ ᠰᠠᠭᠤᠷᠢ ᠮᠦᠩᠬᠦ ᠶᠢᠨ ᠲᠡᠮᠵᠢᠯᠭᠡ ᠶᠢ ᠭᠤᠶᠣᠴᠢᠯᠠᠨ ᠡᠷᠡᠮᠡᠯᠵᠡᠯᠡᠵᠦ ᠪᠣᠯᠣᠨ᠎ᠠ᠃ ᠵᠠᠰᠠᠬ ᠤᠨ ᠣᠷᠲᠣᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠬᠤᠲᠠᠯᠲᠣᠨ ᠠᠪᠬᠤ ᠪᠠᠶᠢᠭᠤᠯᠣᠮᠵᠢ ᠲᠣᠬᠲᠠᠴᠠ ᠶᠢ ᠴᠢᠨᠠᠬᠰᠢᠲᠠ ᠲᠡᠬᠦᠯᠲᠡᠷᠵᠢᠬᠦᠯᠦᠨ᠎ᠡ᠃ ᠯᠣᠲᠲ᠋ᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠪᠠᠷ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠬᠤᠯᠪᠣᠬᠲᠠᠯ ᠪᠦᠬᠦᠢ ᠲᠦᠷᠦᠯ ᠵᠦᠢᠯ ᠳᠤ ᠵᠣᠬᠢᠰᠲᠠᠢ ᠪᠡᠯᠡ ᠮᠦᠩᠬᠦ ᠶᠢᠨ ᠲᠡᠮᠵᠢᠯᠭᠡ ᠦᠵᠡᠬᠦᠯᠦᠨ᠎ᠡ᠃ ᠣᠷᠣᠨ ᠨᠣᠲᠤᠬ ᠤᠨ ᠬᠢᠨ ᠪᠡᠶ᠎ᠡ ᠶᠢᠨ ᠲᠠᠮᠢᠷ ᠤᠨ ᠠᠵᠦ ᠦᠢᠯᠡᠰ ᠢᠶᠠᠷ ᠲᠠᠮᠵᠢᠭᠤᠯᠣᠨ ᠪᠡᠯᠡ ᠮᠦᠩᠬᠦ ᠶᠢ ᠬᠦᠲᠦᠯᠦᠨ ᠵᠢᠯᠣᠭᠤᠳᠬᠤ ᠵᠡᠷᠭᠡ ᠵᠠᠮ ᠰᠣᠪᠠᠬ ᠢᠶᠠᠷ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠬᠦᠴᠦᠨ ᠪᠦᠬᠦᠢ ᠲᠡᠮᠵᠢᠯᠭᠡ ᠦᠵᠡᠬᠦᠯᠬᠦ ᠶᠢ ᠵᠣᠷᠢᠬᠵᠢᠭᠤᠯᠣᠨ᠎ᠠ᠃ ᠨᠦᠬᠦᠴᠡᠯ ᠳᠤ ᠨᠡᠶᠢᠴᠡᠬᠦ ᠠᠵᠦ ᠠᠬᠤᠶᠢᠯᠠᠯ ᠨᠢ ᠠᠵᠦ ᠠᠬᠤᠶᠢᠯᠠᠯ ᠤᠨ ᠵᠢᠭᠡᠯᠡᠯᠭᠡ ᠶᠢᠨ ᠲᠡᠮᠲᠡᠭᠲᠦ ᠲᠠᠷᠬᠠᠭᠠᠵᠦ᠂ ᠪᠡᠯᠡ ᠮᠦᠩᠬᠦ ᠴᠣᠬᠯᠠᠭᠤᠯᠣᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠲᠦᠷᠦᠯ ᠵᠦᠢᠯ ᠤᠨ ᠪᠠᠶᠢᠭᠤᠯᠣᠯᠲᠠ  ᠳᠤ ᠬᠡᠷᠡᠭᠯᠡᠬᠦ ᠶᠢ ᠵᠣᠷᠢᠬᠵᠢᠭᠤᠯᠣᠨ᠎ᠠ᠃      ︵ᠬᠤᠷᠢᠨ ᠵᠢᠷᠭᠤᠭ᠎ᠠ︶ ᠴᠢᠲᠠᠪᠣᠷᠢᠲᠠᠨ ᠤ ᠪᠠᠲᠣᠯᠠᠭ᠎ᠠ ᠶᠢ ᠴᠢᠩᠭᠠᠳᠬᠠᠨ᠎ᠠ︔ ᠰᠣᠷᠭᠠᠭᠤᠯᠢ ᠬᠢᠭᠡᠳ ᠠᠵᠦ ᠠᠬᠤᠶᠢᠯᠠᠯ ᠬᠠᠮᠲᠣᠷᠠᠨ ᠠᠵᠢᠯᠯᠠᠬᠤ ᠶᠢ ᠵᠣᠷᠢᠬᠵᠢᠭᠤᠯᠵᠦ᠂ ᠡᠯ᠎ᠠ ᠲᠦᠷᠦᠯ ‍ᠤᠨ‌‍ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠲᠦᠷᠦᠯ ᠵᠦᠢᠯ ᠤᠨ ᠡᠵᠡᠩᠨᠡᠯᠲᠡ ᠣᠬᠠᠭᠠᠯᠠᠯ᠂ ᠡᠷᠬᠢᠯᠲᠡ ᠬᠠᠮᠢᠶᠠᠷᠣᠯᠲᠠ᠂ ᠮᠡᠷᠭᠡᠵᠢᠯ ᠵᠢᠯᠣᠭᠤᠲᠣᠯᠭ᠎ᠠ ᠵᠡᠷᠭᠡ ᠬᠡᠷᠡᠭᠯᠡᠬᠡᠨ ᠤ ᠮᠠᠶ᠋ᠢᠬ ᠤᠨ ᠲᠣᠰᠬᠠᠢ ᠮᠡᠷᠭᠡᠵᠢᠯ ᠤᠨ ᠴᠢᠲᠠᠪᠣᠷᠢᠲᠠᠨ ᠬᠦᠮᠦᠵᠢᠬᠦᠯᠬᠦ ᠶᠢ ᠵᠣᠷᠢᠬᠵᠢᠭᠤᠯᠣᠨ᠎ᠠ᠃ ᠲᠣᠬᠠᠶᠢᠯᠠᠬᠰᠠᠨ ᠠᠵᠢᠯ ᠤᠨ ᠬᠦᠮᠦᠰ ᠲᠤ ᠠᠵᠢᠯ ᠮᠡᠷᠭᠡᠵᠢᠯ ᠤᠨ ᠪᠣᠯᠪᠠᠰᠣᠷᠠᠯ ᠬᠦᠷᠲᠡᠭᠡᠬᠦ ᠶᠢ ᠴᠢᠩᠭᠠᠳᠬᠠᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠭᠠᠵᠠᠷ ᠤᠨ ᠠᠵᠢᠯᠲᠠᠳ ᠤᠨ ᠦᠢᠯᠡᠴᠢᠯᠡᠭᠡᠨ ᠤ ᠲᠦᠪᠰᠢᠨ ᠪᠣᠯᠣᠨ ᠲᠣᠰᠬᠠᠢ ᠮᠡᠷᠭᠡᠵᠢᠯ ᠤᠨ ᠪᠣᠯᠪᠠᠰᠣᠷᠠᠯ ᠢ ᠲᠡᠭᠡᠭᠰᠢᠯᠡᠬᠦᠯᠦᠨ᠎ᠡ᠃ ᠪᠡᠶ᠎ᠡ ᠶᠢᠨ ᠲᠠᠮᠢᠷ ᠤᠨ ᠴᠢᠲᠠᠪᠣᠷᠢᠲᠠᠨ ᠬᠦᠮᠦᠵᠢᠬᠦᠯᠵᠦ ᠬᠦᠭᠵᠢᠬᠦᠯᠬᠦ᠂  ᠰᠤᠯᠢᠯᠴᠠᠭ᠎ᠠ  ᠲᠤᠬᠢᠷᠠᠭᠤᠯᠤᠯᠲᠠ᠂  ᠤᠷᠮᠠᠰᠢᠭᠤᠯᠤᠨ ᠪᠠᠲᠣᠯᠠᠬᠤ ᠲᠣᠬᠲᠠᠴᠠ ᠶᠢ ᠲᠡᠬᠦᠯᠲᠡᠷᠵᠢᠬᠦᠯᠵᠦ ᠲᠣᠰᠬᠠᠢ ᠮᠡᠷᠭᠡᠵᠢᠯ ᠤᠨ ᠲᠠᠰᠬᠠᠯᠵᠢᠭᠤᠯᠣᠬᠴᠢ ᠶᠢᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠣᠷᠣᠯᠴᠠᠬᠤ ᠶᠢ ᠲᠡᠮᠵᠢᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠦ᠂  ᠲᠡᠲᠡᠨᠦᠰ ᠤᠨ ᠣᠯᠠᠨ ᠲᠦᠮᠡᠨ ‍ᠤ‌‍ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠳᠤ ᠣᠷᠣᠯᠴᠠᠬᠤ ᠦᠢᠯᠡᠴᠢᠯᠡᠭᠡ ᠪᠠ ᠣᠲᠣᠷᠢᠲᠣᠨ ᠬᠦᠲᠦᠯᠬᠦ ᠦᠢᠯᠡᠲᠦᠯ ᠢ ᠬᠦᠢᠴᠡᠳ ᠪᠠᠲᠠᠷᠠᠭᠤᠯᠣᠨ᠎ᠠ᠃ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠴᠢᠲᠠᠪᠣᠷᠢᠲᠠᠨ ᠬᠦᠮᠦᠵᠢᠬᠦᠯᠬᠦ ᠣᠯᠠᠨ ᠣᠯᠣᠰ ᠤᠨ ᠰᠣᠯᠢᠯᠴᠠᠭ᠎ᠠ ᠪᠠ ᠬᠠᠮᠲᠣᠷᠠᠯᠴᠠᠭ᠎ᠠ ᠶᠢ ᠴᠢᠩᠭᠠᠳᠬᠠᠨ᠎ᠠ᠃      ︵ᠬᠤᠷᠢᠨ ᠲᠣᠯᠤᠭ᠎ᠠ︶ ᠪᠠᠷᠢᠮᠵᠢᠶ᠎ᠠ ᠪᠠ ᠲᠤᠭ᠎ᠠ ᠪᠦᠷᠢᠳᠭᠡᠯ ᠤᠨ ᠲᠦᠷᠢᠮ ᠢ ᠲᠡᠬᠦᠯᠲᠡᠷᠵᠢᠬᠦᠯᠦᠨ᠎ᠡ︔ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠪᠠᠷᠢᠮᠵᠢᠶ᠎ᠠ ᠲᠣᠬᠲᠠᠯᠴᠠᠭ᠎ᠠ ᠶᠢᠨ ᠪᠠᠶᠢᠭᠤᠯᠣᠯᠲᠠ ᠶᠢ ᠪᠦᠬᠦ  ᠲᠠᠯ᠎ᠠ ᠪᠠᠷ ᠠᠬᠢᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠦᠢᠯᠡᠴᠢᠯᠡᠭᠡ ᠶᠢᠨ ᠲᠦᠷᠢᠮᠵᠢᠯ ᠪᠣᠯᠣᠨ  ᠴᠢᠨᠰᠠᠭ᠎ᠠ ᠶᠢᠨ ᠪᠠᠷᠢᠮᠵᠢᠶ᠎ᠠ ᠲᠣᠬᠲᠠᠭᠠᠵᠦ᠂ ᠦᠢᠯᠡᠴᠢᠯᠡᠭᠡ ᠬᠠᠩᠭᠠᠬᠤ᠂ ᠮᠡᠷᠭᠡᠵᠢᠯ ᠤᠨ ᠪᠣᠯᠪᠠᠰᠣᠷᠠᠯ᠂ ᠠᠵᠢᠯᠯᠠᠭ᠎ᠠ ᠶᠢᠨ ᠬᠠᠮᠢᠶᠠᠷᠣᠯᠲᠠ᠂ ᠲᠦᠬᠦᠭᠡᠷᠦᠮᠵᠢ ᠶᠢᠨ ᠪᠠᠶᠢᠭᠤᠯᠣᠯᠲᠠ᠂ ᠪᠠᠭᠠᠵᠢ ᠲᠣᠨᠣᠬᠯᠠᠯ ᠦᠢᠯᠡᠳᠬᠦ ᠵᠡᠷᠭᠡ ᠲᠠᠯ᠎ᠠ ᠪᠠᠷ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠪᠠᠷᠢᠮᠵᠢᠶᠠᠵᠢᠬᠰᠠᠨ ᠲᠦᠪᠰᠢᠨ ᠢᠶᠠᠨ ᠲᠡᠭᠡᠭᠰᠢᠯᠡᠬᠦᠯᠦᠨ᠎ᠡ᠃ ᠠᠵᠦ ᠠᠬᠤᠶᠢᠢᠯᠠᠯ ᠤᠨ ᠢᠲᠡᠪᠬᠢᠲᠡᠢ ᠪᠠᠷ ᠠᠵᠢᠯ ᠲᠦᠷᠦᠯ ᠪᠠ ᠣᠯᠣᠰ ᠤᠨ ᠪᠠᠷᠢᠮᠵᠢᠶ᠎ᠠ ᠲᠣᠬᠲᠠᠭᠠᠬᠤ ᠳᠤ ᠣᠷᠣᠯᠴᠠᠬᠤ ᠶᠢ ᠬᠦᠲᠦᠯᠦᠨ ᠵᠣᠷᠢᠬᠵᠢᠭᠤᠯᠣᠨ᠎ᠠ᠃ ᠣᠯᠣᠰ ᠤᠨ ᠪᠡᠶ᠎ᠡ ᠶᠢᠨ ᠲᠠᠮᠢᠷ ᠤᠨ ᠠᠵᠦ ᠦᠢᠯᠡᠰ ᠤᠨ ᠲᠤᠭ᠎ᠠ ᠪᠦᠷᠢᠳᠭᠡᠯ ᠤᠨ ᠠᠩᠬᠢᠯᠠᠯ ᠢᠶᠠᠷ  ᠰᠠᠭᠤᠷᠢ ᠪᠣᠯᠭᠠᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠲᠤᠭ᠎ᠠ ᠪᠦᠷᠢᠳᠭᠡᠯ ᠤᠨ ᠲᠦᠷᠢᠮ ᠪᠠ ᠵᠢᠭᠠᠯᠲᠠ ᠲᠤᠭ᠎ᠠ ᠶᠢᠨ ᠲᠣᠬᠲᠠᠯᠴᠠᠭ᠎ᠠ ᠶᠢ ᠲᠡᠬᠦᠯᠲᠡᠷᠵᠢᠬᠦᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠢᠨᠠᠨ ᠬᠡᠮᠵᠢᠬᠦ ᠲᠣᠬᠲᠠᠴᠠ ᠶᠢ ᠪᠠᠶᠢᠭᠤᠯᠣᠨ᠎ᠠ᠃      ︵ᠬᠤᠷᠢᠨ  ᠨᠠᠢᠮᠠ︶ ᠠᠵᠢᠯ ᠤᠨ ᠲᠤᠬᠲᠠᠯᠴᠠᠭ᠎ᠠ ᠶᠢ ᠪᠦᠷᠢᠨᠰᠢᠬᠦᠯᠦᠨ᠎ᠡ᠃ ᠪᠡᠶ᠎ᠡ ᠶᠢᠨ ᠲᠠᠮᠢᠷ᠂ ᠦᠭᠡᠷᠡᠴᠢᠯᠡᠯᠲᠡ ᠬᠦᠭᠵᠢᠯᠲᠡ᠂ ᠵᠣᠭᠠᠴᠠᠯ ᠵᠡᠷᠭᠡ ᠣᠯᠠᠨ ᠰᠠᠯᠠᠭ᠎ᠠ ᠮᠦᠴᠢᠷ ᠬᠠᠮᠲᠣᠷᠠᠬᠰᠠᠨ  ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢᠨ ᠠᠵᠢᠯᠯᠠᠭ᠎ᠠ ᠵᠣᠬᠢᠴᠠᠭᠤᠯᠭ᠎ᠠ ᠶᠢᠨ  ᠲᠤᠬᠲᠠᠯᠴᠠᠭ᠎ᠠ ᠪᠠᠶᠢᠭᠤᠯᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢᠨ ᠪᠠᠶᠢᠲᠠᠯ ᠢ ᠴᠠᠬ‌‍ᠲ᠋ᠣᠬᠠᠢ ᠳᠤᠨᠢ ᠵᠠᠲᠠᠯᠣᠨ ᠰᠢᠨᠵᠢᠯᠡᠵᠦ᠂ ᠣᠷᠣᠰᠢᠵᠦ ᠪᠠᠶᠢᠭ᠎ᠠ ᠠᠰᠠᠭᠤᠲᠠᠯ ᠢ ᠨᠢ ᠰᠢᠢᠳᠪᠦᠷᠢᠯᠡᠵᠦ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠲᠤ ᠠᠰᠢᠬ ᠬᠦᠷᠲᠡᠭᠡᠬᠦ ᠰᠣᠶᠣᠯ᠂ ᠵᠣᠭᠠᠴᠠᠯ ᠵᠡᠷᠭᠡ ᠬᠤᠯᠪᠣᠬᠲᠠᠯ ᠪᠦᠬᠦᠢ ᠲᠦᠷᠦ ᠶᠢᠨ ᠪᠣᠲᠣᠯᠭ᠎ᠠ ᠶᠢ ᠨᠠᠶᠢᠲᠠᠪᠣᠷᠢᠵᠢᠭᠤᠯᠣᠨ᠎ᠠ᠃ ᠡᠯ᠎ᠠ ᠭᠠᠵᠠᠷ ᠣᠷᠣᠨ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢ ᠣᠯᠣᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠪᠠᠭᠲᠠᠭᠠᠵᠦ᠂ ᠨᠦᠬᠦᠴᠡᠯ ᠲᠠᠢ ᠭᠠᠵᠠᠷ ᠣᠷᠣᠨ‌‍ᠪᠡᠶ᠎ᠡ ᠴᠢᠬᠢᠷᠠᠬᠵᠢᠭᠤᠯᠬᠤ  ᠰᠡᠯᠡᠬᠦᠴᠡᠯ ᠤᠨ ᠬᠦᠭᠵᠢᠯᠲᠡ ᠶᠢᠨ ᠲᠣᠰᠬᠠᠢ ᠲᠦᠷᠦᠯ ᠤᠨ ᠲᠦᠯᠦᠪᠵᠢᠬᠦᠯᠭᠡ ᠨᠠᠶᠢᠷᠠᠭᠤᠯᠬᠤ ᠶᠢ ᠵᠣᠷᠢᠬᠵᠢᠭᠤᠯᠣᠨ᠎ᠠ᠃ ᠡᠯ᠎ᠠ ᠱᠠᠲᠣᠨ ᠤ ᠪᠡᠶ᠎ᠡ ᠶᠢᠨ ᠲᠠᠮᠢᠷ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠡᠬᠦᠷᠭᠡ ᠴᠢᠲᠠᠪᠬᠢ ᠶᠢᠨ ᠪᠠᠶᠢᠭᠤᠯᠣᠯᠲᠠ ᠪᠠᠨ ᠴᠢᠩᠭᠠᠳᠬᠠᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠠᠵᠢᠯ ᠤᠨ ᠴᠢᠲᠠᠪᠣᠷᠢ ᠪᠠᠨ ᠪᠠᠲᠠᠷᠠᠭᠤᠯᠣᠨ᠂ ᠪᠡᠶ᠎ᠡ ᠴᠢᠬᠢᠷᠠᠬᠵᠢᠭᠤᠯᠬᠤ ᠰᠡᠯᠡᠬᠦᠴᠡᠯ ᠤᠨ ᠠᠵᠦ ᠦᠢᠯᠡᠰ ᠤᠨ ᠬᠦᠭᠵᠢᠯᠲᠡ ᠶᠢ ᠠᠬᠢᠭᠤᠯᠣᠨ᠎ᠠ᠃       ︵ᠬᠤᠷᠢ ᠶᠢᠰᠦ︶ ᠬᠢᠨᠠᠨ ᠪᠠᠶᠢᠴᠠᠭᠠᠵᠦ ᠨᠠᠶᠢᠲᠠᠪᠣᠷᠢᠵᠢᠭᠤᠯᠬᠤ ᠶᠢ ᠴᠢᠩᠭᠠᠳᠬᠠᠨ᠎ᠠ᠃ ᠡᠯ᠎ᠠ ᠭᠠᠵᠠᠷ ᠣᠷᠣᠨ ᠤ ᠡᠯ᠎ᠠ ᠬᠤᠯᠪᠣᠬᠲᠠᠯ ᠪᠦᠬᠦᠢ ᠰᠠᠯᠠᠭ᠎ᠠ ᠮᠦᠴᠢᠷ ᠲᠣᠰ ᠰᠠᠨᠠᠯ ᠤᠨ ᠱᠠᠭᠠᠷᠲᠠᠯᠭ᠎ᠠ ᠶᠣᠰᠣᠭᠠᠷ᠂ ᠪᠣᠲᠠᠲᠣ ᠪᠠᠶᠢᠲᠠᠯ ᠲᠠᠢ ᠪᠠᠨ ᠣᠶᠠᠯᠲᠣᠭᠤᠯᠵᠦ᠂ ᠪᠣᠲᠠᠲᠠᠢ ᠬᠡᠷᠡᠭᠵᠢᠬᠦᠯᠬᠦ ᠰᠠᠨᠠᠯ ᠪᠣᠯᠣᠨ ᠢᠵᠢ ᠲᠦᠷᠦ ᠶᠢᠨ ᠪᠣᠲᠣᠯᠭ᠎ᠠ ᠶᠢ ᠲᠠᠷᠣᠶᠢᠢᠬᠠᠨ ᠲᠣᠬᠲᠠᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠶᠡᠷᠦᠩᠭᠡᠢ ᠲᠣᠪᠴᠢᠶ᠎ᠠ᠂ ᠣᠯᠣᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠣᠯᠣᠰ ᠤᠨ ᠵᠣᠭᠠᠴᠠᠯ ᠤᠨ ᠲᠣᠪᠴᠢᠶ᠎ᠠ ᠬᠤᠯᠪᠣᠬᠲᠠᠯ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠲᠣᠰ ᠰᠠᠨᠠᠯ ᠢ ᠨᠠᠶᠢᠲᠠᠪᠣᠷᠢᠵᠢᠭᠤᠯᠣᠬᠰᠠᠨ ᠪᠠᠶᠢᠲᠠᠯ ᠤᠨ ᠲᠣᠬᠠᠢ ᠬᠢᠨᠠᠨ ᠪᠠᠶᠢᠴᠠᠭᠠᠯᠲᠠ ᠪᠠ  ᠮᠦᠷᠲᠡᠨ ᠵᠠᠲᠠᠯᠣᠯᠲᠠ ᠬᠢᠵᠦ᠂ ᠬᠦᠨᠳᠦ ᠴᠢᠬᠤᠯᠠ ᠬᠡᠷᠡᠭ ᠢ ᠴᠠᠬ ᠲᠣᠬᠠᠢ ᠳᠤᠨᠢ ᠲᠦᠷᠦ ᠶᠢᠨ ᠶᠠᠪᠣᠲᠠᠯ ᠤᠨ ᠬᠤᠷᠢᠶ᠎ᠠ ᠳᠤ ᠮᠡᠲᠡᠬᠦᠯᠬᠦ ᠬᠡᠷᠡᠭᠲᠡᠢ᠃                                                          ᠲᠦᠷᠦ ᠶᠢᠨ ᠶᠠᠪᠣᠲᠠᠯ ᠤᠨ ᠬᠤᠷᠢᠶ᠎ᠠ ᠶᠢᠨ ᠠᠯᠪᠠᠨ ᠲᠢᠩᠬᠢᠮ                                    2018 ᠤᠨ ᠤ 10 ᠰᠠᠷ᠎ᠠ ᠶᠢᠨ 25 ᠤ ᠡᠳᠦᠷ                                          ︵ᠲᠣᠰ  ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号