︵2009 ᠤᠨ ᠤ 8 ᠰᠠᠷ᠎ᠠ ᠶᠢᠨ 30 ᠤ ᠡᠳᠦᠷ ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ | ᠲᠦᠷᠦ ᠶᠢᠨ ᠶᠠᠪᠣᠲᠠᠯ ᠤᠨ ᠬᠤᠷᠢᠶ᠎ᠠ ᠶᠢᠨ 560 ᠳ᠋ᠤᠭᠠᠷ ᠲᠣᠭᠠᠲᠣ ᠵᠠᠷᠯᠢᠬ ᠢᠶᠠᠷ ᠨᠡᠶᠢᠲᠡᠯᠡᠪᠡ 2013 ᠤᠨ ᠤ 7 | ᠰᠠᠷ᠎ᠠ ᠶᠢᠨ 18 ᠤ ᠡᠳᠦᠷ ︽ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ | ᠲᠣᠬᠲᠠᠭᠠᠯ ᠢ ᠬᠦᠴᠦᠨ ᠦᠭᠡᠢ ᠪᠣᠯᠭᠠᠬᠤ ᠪᠤᠶᠤ ᠵᠠᠰᠠᠪᠤᠷᠢ ᠣᠷᠣᠭᠤᠯᠬᠤ ᠲᠣᠬᠠᠢ ᠰᠢᠳᠪᠦᠷᠢ︾ ᠶᠢ ᠦᠨᠳᠦᠰᠦᠯᠡᠵᠦ | ᠠᠩᠬ᠎ᠠ ᠣᠲᠠᠭ᠎ᠠ ᠵᠠᠰᠠᠪᠤᠷᠢ ᠣᠷᠣᠭᠤᠯᠪᠠ 2016 ᠤᠨ ᠤ 2 ᠰᠠᠷ᠎ᠠ ᠶᠢᠨ 6 ᠤ ᠡᠳᠦᠷ ︽ᠲᠦᠷᠦ ᠶᠢᠨ | ᠶᠠᠪᠣᠲᠠᠯ ᠤᠨ ᠬᠤᠷᠢᠶ᠎ᠠ ᠶᠢᠨ ᠵᠠᠰᠠᠬ ᠵᠠᠬᠢᠷᠭᠠᠨ ᠤ ᠬᠡᠰᠡᠭ ᠲᠦᠷᠢᠮ ᠲᠣᠬᠲᠠᠭᠠᠯ ᠳᠤ ᠵᠠᠰᠠᠪᠤᠷᠢ ᠤᠷᠤᠭᠤᠯᠬᠤ ᠲᠣᠬᠠᠢ | ᠰᠢᠳᠪᠦᠷᠢ︾ ᠶᠢ ᠦᠨᠳᠦᠰᠦᠯᠡᠵᠦ ᠬᠤᠶᠠᠲᠣᠭᠠᠷ ᠣᠲᠠᠭ᠎ᠠ ᠵᠠᠰᠠᠪᠣᠷᠢ ᠣᠷᠣᠭᠤᠯᠪᠠ︶ | | ᠨᠢᠭᠡᠲᠦᠭᠡᠷ ᠪᠦᠯᠦᠭ ᠶᠡᠷᠦᠩᠭᠡᠢ ᠵᠠᠷᠴᠢᠮ | ᠨᠢᠭᠡᠲᠦᠭᠡᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠬᠦ ᠶᠢ ᠠᠬᠢᠭᠤᠯᠣᠨ᠂ | ᠠᠷᠠᠳ ᠢᠷᠭᠡᠳ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠲᠣᠮᠲᠠᠬᠢ ᠬᠠᠣᠯᠢ ᠶᠣᠰᠣᠨ ᠤ | ᠡᠷᠭᠡ ᠠᠰᠢᠬ ᠢ ᠪᠠᠲᠣᠯᠠᠨ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠲᠡᠭᠡᠭᠰᠢᠯᠡᠬᠦᠯᠬᠦ ᠶᠢᠨ | ᠲᠦᠯᠦᠭᠡ ᠡᠨᠡᠬᠦ ᠲᠦᠷᠢᠮ ᠢ ᠲᠣᠬᠲᠠᠭᠠᠪᠠ᠃ | ᠬᠤᠶᠠᠲᠣᠭᠠᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ | ᠣᠷᠲᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠢ ᠲᠣᠰ ᠱᠠᠲᠣᠨ ᠤ ᠣᠯᠣᠰ ᠠᠷᠠᠳ ᠤᠨ ᠠᠵᠦ | ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠣᠷᠣᠭᠤᠯᠵᠦ᠂ ᠲᠦᠯᠦᠪᠯᠡᠭᠡ ᠲᠠᠢ ᠪᠠᠷ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠶᠢᠭᠤᠯᠣᠨ᠂ ᠬᠦᠲᠡᠭᠡ ᠲᠣᠰᠬᠤᠨ ᠪᠠ ᠬᠤᠲᠠ ᠶᠢᠨ ᠨᠡᠶᠢᠭᠡᠮ | ᠲᠣᠭᠤᠷᠢᠬ ᠵᠡᠷᠭᠡ ᠦᠨᠳᠦᠰᠦᠨ ᠱᠠᠲᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ | ᠪᠠᠶᠢᠭᠤᠯᠣᠯᠲᠠ ᠶᠢᠨ ᠪᠡᠯᠡ ᠣᠷᠣᠭᠤᠯᠣᠯᠲᠠ ᠪᠠᠨ ᠨᠡᠮᠡᠭᠲᠡᠬᠦᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠦᠢᠯᠡᠰ ᠤᠨ ᠲᠡᠩᠴᠡᠬᠦᠷᠢᠲᠡᠢ ᠵᠣᠬᠢᠴᠠᠩᠭᠤᠢ ᠬᠦᠭᠵᠢᠬᠦ ᠶᠢ ᠠᠬᠢᠭᠤᠯᠬᠤ ᠬᠡᠷᠡᠭᠲᠡᠢ᠃ | ᠣᠯᠣᠰ ᠠᠴᠠ ᠠᠷᠠᠳ ᠣᠯᠠᠨ ᠤ ᠠᠮᠢᠲᠣᠷᠠᠯ ᠤᠨ ᠲᠦᠪᠰᠢᠨ ᠲᠠᠢ ᠲᠣᠬᠢᠷᠠᠯᠴᠠᠬᠰᠠᠨ ᠪᠡᠶ᠎ᠡ ᠶᠢᠨ ᠲᠠᠮᠢᠷ ᠤᠨ | ᠬᠡᠷᠡᠭᠯᠡᠭᠡ ᠵᠢᠴᠢ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢ ᠲᠡᠮᠵᠢᠵᠦ ᠵᠣᠷᠢᠬᠵᠢᠭᠤᠯᠣᠨ | ᠠᠬᠢᠭᠤᠯᠣᠨ᠎ᠠ᠃ | ᠭᠤᠷᠪᠠᠲᠣᠭᠠᠷ ᠵᠣᠷᠪᠣᠰ ᠣᠯᠣᠰ ᠠᠴᠠ ᠦᠨᠳᠦᠰᠦᠨ ᠱᠠᠲᠣᠨ ᠤ ᠰᠣᠶᠣᠯ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠣᠯᠲᠠ ᠶᠢᠨ ᠪᠠᠶᠢᠭᠤᠯᠣᠯᠲᠠ ᠶᠢ ᠠᠬᠢᠭᠤᠯᠵᠦ᠂ ᠪᠡᠶ᠎ᠡ ᠶᠢᠨ ᠲᠠᠮᠢᠷ ᠤᠨ ᠲᠦᠷᠦᠯ ᠤᠨ ᠨᠡᠶᠢᠭᠡᠮ ᠪᠦᠯᠬᠦᠮ | ᠨᠢᠭᠡᠴᠡ᠂ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠪᠣᠰᠣ ᠨᠢᠭᠡᠴᠡ | ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠬᠦ ᠶᠢ ᠵᠣᠷᠢᠬᠵᠢᠭᠤᠯᠣᠨ᠎ᠠ᠃ | ᠲᠦᠷᠪᠡᠲᠦᠭᠡᠷ ᠵᠣᠷᠪᠣᠰ ᠠᠷᠠᠳ ᠢᠷᠭᠡᠳ ᠬᠠᠣᠯᠢ ᠶᠣᠰᠣᠭᠠᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠬᠦᠲᠡᠯᠭᠡᠭᠡᠨ ᠳᠤ ᠣᠷᠣᠯᠴᠠᠬᠤ ᠡᠷᠭᠡ ᠲᠠᠢ᠃ | ᠣᠷᠣᠨ ᠨᠣᠲᠤᠬ ᠤᠨ ᠡᠯ᠎ᠡ ᠱᠠᠲᠣᠨ ᠤ ᠠᠷᠠᠳ ᠤᠨ ᠵᠠᠰᠠᠬ ᠤᠨ ᠣᠷᠲᠣᠨ ᠠᠷᠠᠳ ᠢᠷᠭᠡᠳ ᠤᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠣᠷᠣᠯᠴᠠᠬᠤ ᠡᠷᠭᠡ ᠶᠢ ᠬᠠᠣᠯᠢ ᠶᠣᠰᠣᠭᠠᠷ ᠬᠠᠮᠠᠭᠠᠯᠠᠬᠤ | ᠬᠡᠷᠡᠭᠲᠡᠢ᠃ | ᠲᠠᠪᠣᠲᠣᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠪᠦᠬᠦ ᠣᠯᠣᠰ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠢ ᠬᠠᠷᠢᠭᠤᠴᠠᠵᠦ᠂ | ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠣᠰᠣᠳ ᠬᠤᠯᠪᠣᠬᠲᠠᠯ ᠪᠦᠬᠦᠢ ᠰᠠᠯᠠᠭ᠎ᠠ ᠮᠦᠴᠢᠷ ᠦᠪᠡᠷ | ᠦᠪᠡᠷ ᠤᠨ ᠢᠶᠠᠨ ᠡᠬᠦᠷᠭᠡ ᠲᠣᠰᠢᠶᠠᠯ ᠤᠨ ᠬᠦᠷᠢᠶ᠎ᠡ ᠬᠡᠪᠴᠢᠶᠠᠨ ᠲᠣᠲᠣᠷ᠎ᠠ ᠬᠠᠮᠢᠶ᠎ᠠ ᠪᠦᠬᠦᠢ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ | ᠲᠠᠮᠢᠷ ᠤᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ︵ᠲᠣᠷᠣᠬᠰᠢ ︽ᠪᠡᠶ᠎ᠡ ᠶᠢᠨ ᠲᠠᠮᠢᠷ ᠢ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ︾ ᠭᠡᠵᠦ ᠲᠣᠪᠴᠢᠯᠠᠪᠠ︶ ᠲᠣᠰ ᠵᠠᠰᠠᠬ ᠵᠠᠬᠢᠷᠭᠠᠨ ᠤ ᠣᠷᠣᠨ ᠤ ᠬᠡᠪᠴᠢᠶᠠᠨ ᠳᠠᠬᠢ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠢ ᠬᠠᠷᠢᠭᠤᠴᠠᠵᠦ᠂ ᠰᠢᠶᠠᠨ ᠤ ᠱᠠᠲᠣᠨ ᠠᠴᠠ ᠲᠡᠭᠡᠭᠰᠢ ᠣᠷᠣᠨ | ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠣᠰᠣᠳ ᠬᠤᠯᠪᠣᠬᠲᠠᠯ ᠪᠦᠬᠦᠢ ᠰᠠᠯᠠᠭ᠎ᠠ ᠮᠦᠴᠢᠷ ᠦᠪᠡᠷ | ᠦᠪᠡᠷ ᠤᠨ ᠢᠶᠠᠨ ᠡᠬᠦᠷᠭᠡ ᠲᠣᠰᠢᠶᠠᠯ ᠤᠨ ᠬᠡᠪᠴᠢᠶᠠᠨ ᠲᠣᠲᠣᠷ᠎ᠠ ᠬᠠᠮᠢᠶ᠎ᠠ ᠪᠦᠬᠦᠢ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠠᠵᠢᠯ ᠢ ᠬᠠᠷᠢᠭᠤᠴᠠᠨ᠎ᠠ᠃ | ᠵᠢᠷᠭᠤᠲᠣᠭᠠᠷ ᠵᠣᠷᠪᠣᠰ ᠣᠯᠣᠰ ᠠᠴᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠠᠨᠳᠢᠪ | ᠡᠷᠭᠦᠬᠦ᠂ ᠢᠪᠡᠭᠡᠨ ᠲᠡᠳᠭᠦᠭᠦ ᠶᠢ ᠵᠣᠷᠢᠬᠵᠢᠭᠤᠯᠣᠨ᠎ᠠ᠃ | ᠪᠠᠶᠢᠭᠠᠯᠢ ᠶᠢᠨ ᠬᠦᠮᠦᠨ᠂ ᠬᠠᠣᠯᠢ ᠶᠢᠨ ᠡᠷᠭᠡᠲᠡᠨ ᠪᠣᠶᠣ ᠪᠣᠰᠣᠳ ᠵᠣᠬᠢᠶᠠᠨ ᠪᠠᠶᠢᠭᠤᠯᠣᠯᠲᠠ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠠᠨᠳᠢᠪᠯᠠᠪᠠᠯᠯ ᠬᠠᠣᠯᠢ ᠶᠣᠰᠣᠭᠠᠷ ᠭᠠᠶᠢᠯᠢ ᠲᠠᠲᠠᠪᠤᠷᠢ ᠶᠢᠨ | ᠬᠠᠷᠠᠭᠠᠯᠵᠠᠯ ᠬᠦᠷᠲᠡᠨ᠎ᠡ᠃ | ᠲᠣᠯᠣᠲᠣᠭᠠᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠢ ᠬᠦᠭᠵᠢᠬᠦᠯᠬᠦ ᠳᠤ | ᠲᠣᠪᠣᠶᠢᠮ᠎ᠠ ᠬᠤᠪᠢ ᠨᠡᠮᠡᠷᠢ ᠦᠵᠡᠬᠦᠯᠦᠭᠰᠡᠨ ᠵᠣᠬᠢᠶᠠᠨ ᠪᠠᠶᠢᠭᠤᠯᠣᠯᠲᠠ ᠪᠣᠯᠣᠨ ᠬᠤᠪᠢ ᠬᠦᠮᠦᠨ ᠢ ᠣᠯᠣᠰ ᠤᠨ | ᠬᠠᠮᠢᠶ ᠠ ᠪᠦᠬᠦᠢ ᠲᠣᠬᠲᠠᠭᠠᠯ ᠶᠣᠰᠣᠭᠠᠷ ᠬᠦᠬᠢᠬᠦᠯᠦᠨ ᠱᠠᠩᠨᠠᠨ᠎ᠠ᠃ | ᠬᠤᠶᠠᠲᠣᠭᠠᠷ ᠪᠦᠯᠦᠭ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ | ᠨᠠᠢᠮᠠᠳᠤᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠲᠦᠯᠦᠪᠯᠡᠭᠡ ᠲᠣᠬᠲᠠᠭᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠬᠠᠷᠠᠯᠲᠠ᠂ ᠡᠬᠦᠷᠭᠡ᠂ | ᠠᠷᠭ᠎ᠠ ᠬᠡᠮᠵᠢᠶ᠎ᠠ᠂ ᠪᠠᠲᠣᠯᠠᠭ᠎ᠠ ᠵᠡᠷᠭᠡ ᠠᠭᠤᠯᠭ᠎ᠠ ᠶᠢ ᠲᠣᠲᠣᠷᠬᠠᠶᠢᠯᠠᠨ᠎ᠠ᠃ | ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠲᠣᠬᠠᠢ ᠶᠢᠨ | ᠭᠠᠵᠠᠷ ᠤᠨ ᠪᠣᠲᠠᠲᠣ ᠪᠠᠶᠢᠲᠠᠯ ᠢᠶᠠᠨ ᠦᠨᠳᠦᠰᠦᠯᠡᠵᠦ ᠲᠣᠰ ᠵᠠᠰᠠᠬ ᠵᠠᠬᠢᠷᠭᠠᠨ ᠤ ᠣᠷᠣᠨ ᠤ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠯᠦᠪᠯᠡᠭᠡ ᠶᠢ ᠲᠣᠬᠲᠠᠭᠠᠨ᠎ᠠ᠃ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠵᠢᠴᠢ ᠪᠤᠳᠠᠳᠠᠢ ᠬᠡᠷᠡᠭᠵᠢᠬᠦᠯᠬᠦ ᠲᠦᠯᠦᠪᠯᠡᠭᠡ | ᠲᠣᠬᠲᠠᠭᠠᠬᠤ ᠳᠠᠭᠠᠨ ᠰᠣᠷᠣᠬᠴᠢᠳ᠂ ᠨᠠᠰᠣᠲᠠᠶᠢᠴᠣᠳ᠂ ᠵᠡᠮᠲᠡᠭᠴᠦᠳ ᠪᠣᠯᠣᠨ ᠬᠦᠲᠡᠭᠡ ᠲᠣᠰᠬᠤᠨ ᠤ ᠰᠠᠭᠤᠭᠠᠯᠢ | ᠠᠷᠠᠳ ᠤᠨ ᠣᠨᠴᠠᠭᠠᠢ ᠬᠡᠷᠡᠭᠴᠡᠭᠡ ᠱᠠᠭᠠᠷᠲᠠᠯᠭ᠎ᠠ ᠶᠢ ᠬᠦᠢᠴᠡᠳ ᠪᠣᠲᠣᠯᠬᠢᠯᠠᠬᠤ ᠬᠡᠷᠡᠭᠲᠡᠢ᠃ | ᠶᠢᠰᠦᠲᠦᠭᠡᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠲᠣᠬᠲᠠᠬᠰᠠᠨ ᠬᠤᠭᠤᠴᠠᠭᠠᠨ ᠳᠤ ᠠᠷᠠᠳ | ᠢᠷᠭᠡᠳ ᠤᠨ ᠪᠡᠶ᠎ᠡ ᠮᠠᠬᠠᠪᠣᠳ ᠢ ᠬᠡᠮᠵᠢᠬᠦ ᠪᠠ ᠪᠦᠬᠦ ᠠᠷᠠᠳ ᠤᠨ ᠪᠡᠶ᠎ᠡ ᠴᠢᠬᠢᠷᠬᠵᠢᠭᠤᠯᠬᠤ ᠬᠦᠲᠡᠯᠭᠡᠭᠡᠨ ᠤ | ᠪᠠᠶᠢᠲᠠᠯ ᠤᠨ ᠲᠣᠬᠠᠢ ᠪᠠᠶᠢᠴᠠᠭᠠᠯᠲᠠ ᠦᠷᠨᠢᠬᠦᠯᠦᠨ᠎ᠡ᠃ | ᠠᠷᠠᠳ ᠢᠷᠭᠡᠳ ᠤᠨ ᠪᠠᠶ᠎ᠠ ᠮᠠᠬᠠᠪᠣᠳ ᠤᠨ ᠬᠡᠮᠵᠢᠯᠲᠡ ᠶᠢ ᠲᠦᠷᠦ ᠶᠢᠨ ᠶᠠᠪᠣᠲᠠᠯ ᠤᠨ ᠬᠤᠷᠢᠶ᠎ᠠ ᠶᠢᠨ | ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠰᠣᠳ ᠰᠠᠯᠠᠭ᠎ᠠ ᠮᠦᠴᠢᠷ ᠲᠠᠢ ᠬᠠᠮᠲᠣᠷᠠᠨ ᠵᠣᠬᠢᠶᠠᠨ | ᠪᠠᠶᠢᠭᠤᠯᠣᠨ ᠬᠡᠷᠡᠭᠵᠢᠬᠦᠯᠦᠨ᠎ᠡ︔ ᠡᠬᠦᠨ ᠳᠤ ᠰᠣᠷᠣᠬᠴᠢᠳ ᠤᠨ ᠪᠡᠶ᠎ᠡ ᠮᠠᠬᠠᠪᠣᠳ ᠤᠨ ᠬᠡᠮᠵᠢᠯᠲᠡ ᠶᠢ ᠲᠦᠷᠦ ᠶᠢᠨ | ᠶᠠᠪᠣᠲᠠᠯ ᠤᠨ ᠬᠤᠷᠢᠶ᠎ᠠ ᠶᠢᠨ ᠰᠣᠷᠭᠠᠨ ᠬᠦᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠣᠬᠢᠶᠠᠨ | ᠪᠠᠶᠢᠭᠤᠯᠣᠨ ᠬᠡᠷᠡᠭᠵᠢᠬᠦᠯᠦᠨ᠎ᠡ᠃ | ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠲᠡᠯᠭᠡᠭᠡᠨ ᠤ ᠪᠠᠶᠢᠲᠠᠯ ᠤᠨ ᠪᠠᠶᠢᠴᠠᠭᠠᠯᠲᠠ ᠶᠢ ᠲᠦᠷᠦ ᠶᠢᠨ | ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠣᠬᠢᠶᠠᠨ ᠪᠠᠶᠢᠭᠤᠯᠣᠨ | ᠬᠡᠷᠡᠭᠵᠢᠬᠦᠯᠦᠨ᠎ᠡ᠃ | ᠠᠷᠪᠠᠲᠣᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠠᠷᠠᠳ ᠢᠷᠭᠡᠳ ᠤᠨ ᠪᠡᠶ᠎ᠡ ᠮᠠᠬᠠᠪᠣᠳ ᠤᠨ | ᠬᠡᠮᠵᠢᠯᠲᠡ ᠶᠢᠨ ᠳ᠋ᠦᠩ ᠪᠣᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠪᠠᠶᠢᠲᠠᠯ ᠤᠨ | ᠪᠠᠶᠢᠴᠠᠭᠠᠯᠲᠠ ᠶᠢᠨ ᠳ᠋ᠦᠩ ᠢ ᠦᠨᠳᠦᠰᠦᠯᠡᠵᠦ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠳᠤ | ᠵᠠᠰᠠᠪᠣᠷᠢ ᠣᠷᠣᠭᠤᠯᠣᠨ᠎ᠠ᠃ | ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠠᠷᠠᠳ | ᠢᠷᠭᠡᠳ ᠤᠨ ᠪᠡᠶ᠎ᠡ ᠮᠠᠬᠠᠪᠣᠳ ᠤᠨ ᠬᠡᠮᠵᠢᠯᠲᠡ ᠶᠢᠨ ᠳ᠋ᠦᠩ ᠪᠣᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠬᠦᠲᠡᠯᠭᠡᠭᠡᠨ ᠤ ᠪᠠᠶᠢᠲᠠᠯ ᠤᠨ ᠲᠣᠬᠠᠢ ᠪᠠᠶᠢᠴᠠᠭᠠᠯᠲᠠ ᠶᠢᠨ ᠳ᠋ᠦᠩ ᠢ ᠦᠨᠳᠦᠰᠦᠯᠡᠵᠦ᠂ ᠬᠡᠷᠡᠭᠵᠢᠬᠦᠯᠬᠦ | ᠲᠦᠯᠦᠪᠯᠡᠭᠡ ᠳᠡᠭᠡᠨ ᠵᠠᠰᠠᠪᠣᠷᠢ ᠣᠷᠣᠭᠤᠯᠣᠨ᠎ᠠ᠃ | ᠠᠷᠪᠠᠨ ᠨᠢᠭᠡᠲᠦᠭᠡᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠰᠢᠶᠠᠨ ᠤ | ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠪᠣᠰᠣᠳ ᠰᠠᠯᠠᠭ᠎ᠠ ᠮᠦᠴᠢᠷ ᠲᠠᠢ ᠬᠠᠮᠲᠣᠷᠠᠨ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃ ᠰᠢᠶᠠᠨ ᠤ | ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠵᠣᠬᠢᠶᠠᠨ ᠪᠠᠶᠢᠭᠤᠯᠬᠤ ᠪᠣᠯᠣᠨ | ᠵᠣᠬᠢᠴᠠᠭᠤᠯᠬᠤ ᠪᠠᠨ ᠴᠢᠩᠭᠠᠳᠬᠠᠵᠦ᠂ ᠲᠣᠰ ᠵᠠᠰᠠᠬ ᠵᠠᠬᠢᠷᠭᠠᠨ ᠤ ᠣᠷᠣᠨ ᠤ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠲᠠᠯ ᠢ ᠬᠠᠷᠢᠭᠤᠴᠠᠨ᠎ᠠ᠃ | ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠣᠰ ᠱᠠᠲᠣᠨ ᠤ ᠠᠷᠠᠳ ᠤᠨ ᠵᠠᠰᠠᠬ ᠤᠨ ᠣᠷᠲᠣᠨ ᠤ ᠲᠣᠰᠢᠶᠠᠯ ᠤᠨ ᠬᠤᠭᠤᠴᠠᠭ᠎ᠠ | ᠲᠠᠭᠤᠰᠬᠤ ᠪᠣᠯᠲᠠᠯ᠎ᠠ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠲᠠᠯ ᠳᠤ ᠦᠨᠡᠯᠡᠯᠲᠡ ᠬᠢᠬᠦ ᠶᠢᠨ ᠬᠠᠮᠲᠣ | ᠦᠨᠡᠯᠡᠯᠲᠡ ᠶᠢᠨ ᠳ᠋ᠦᠩ ᠢᠶᠠᠨ ᠲᠣᠰ ᠱᠠᠲᠣᠨ ᠤ ᠠᠷᠠᠳ ᠤᠨ ᠵᠠᠰᠠᠬ ᠤᠨ ᠣᠷᠲᠣᠨ ᠳᠤ ᠮᠡᠲᠡᠬᠦᠯᠦᠨᠡ᠃ | ᠭᠤᠷᠪᠠᠲᠣᠭᠠᠷ ᠪᠦᠯᠦᠭ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ | ᠠᠷᠪᠠᠨ ᠬᠤᠶᠠᠲᠣᠭᠠᠷ ᠵᠣᠷᠪᠣᠰ ᠵᠢᠯ ᠪᠦᠷᠢ ᠶᠢᠨ 8 ᠰᠠᠷ᠎ᠠ ᠶᠢᠨ 8 ᠤ ᠡᠳᠦᠷ ᠪᠣᠯ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠡᠳᠦᠷ ᠪᠣᠯᠣᠨ᠎ᠠ᠃ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ | ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤᠰ ᠡᠳᠦᠷ ᠲᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠣᠷᠲᠠᠯ | ᠣᠬᠠᠭᠤᠯᠭ᠎ᠠ ᠪᠠᠨ ᠴᠢᠩᠭᠠᠳᠬᠠᠨ᠎ᠠ᠃ | ᠣᠯᠣᠰ ᠤᠨ ᠠᠯᠪᠠᠨ ᠪᠠᠶᠢᠭᠤᠯᠣᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠦᠭᠡᠷ᠎ᠡ | ᠪᠣᠰᠣᠳ ᠵᠣᠬᠢᠶᠠᠨ ᠪᠠᠶᠢᠭᠤᠯᠣᠯᠲᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠡᠳᠦᠷ ᠲᠤ ᠦᠪᠡᠷ ᠦᠪᠡᠷᠰᠡᠳ ᠤᠨ | ᠨᠦᠬᠦᠴᠡᠯ ᠣᠨᠴᠠᠯᠢᠬ ᠲᠠᠢ ᠪᠠᠨ ᠣᠶᠠᠯᠲᠣᠭᠤᠯᠵᠦ ᠲᠣᠰ ᠪᠠᠶᠢᠭᠤᠯᠣᠯᠭ᠎ᠠ ᠨᠢᠭᠡᠴᠡ ᠶᠢᠨ ᠠᠵᠢᠯᠲᠠᠨ ᠢᠶᠠᠨ ᠵᠣᠬᠢᠶᠠᠨ | ᠪᠠᠶᠢᠭᠤᠯᠵᠦ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠦᠨ᠎ᠡ᠃ | ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠤᠨ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠡᠳᠦᠷ ᠲᠤ ᠰᠦᠢᠳᠭᠡᠯ ᠬᠤᠷᠢᠶᠠᠬᠤ | ᠦᠭᠡᠢ ᠪᠡᠶ᠎ᠡ ᠴᠢᠬᠢᠷᠠᠭᠵᠢᠭᠤᠯᠬᠤ ᠵᠢᠯᠣᠭᠤᠲᠣᠯᠭ᠎ᠠ ᠦᠢᠯᠡᠴᠢᠯᠡᠭᠡ ᠶᠢᠨ ᠠᠵᠢᠯᠯᠠᠭ᠎ᠠ ᠦᠷᠨᠢᠬᠦᠯᠦᠨ᠎ᠡ᠃ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠡᠳᠦᠷ ᠲᠤ ᠣᠯᠠᠨ ᠨᠡᠶᠢᠲᠡ ᠳᠤ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠨ᠎ᠡ︔ ᠣᠯᠣᠰ ᠠᠴᠠ | ᠦᠭᠡᠷ᠎ᠡ ᠪᠣᠰᠣᠳ ᠲᠦᠷᠦᠯ ᠤᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠡᠳᠦᠷ ᠣᠯᠠᠨ ᠨᠡᠶᠢᠲᠡ ᠳᠤ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ ᠶᠢ | ᠵᠣᠷᠢᠬᠵᠢᠭᠤᠯᠣᠨ᠎ᠠ᠃ | ᠠᠷᠪᠠᠨ ᠭᠤᠷᠪᠠᠲᠣᠭᠠᠷ ᠵᠣᠷᠪᠣᠰ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠣᠬᠲᠠᠬᠰᠠᠨ ᠬᠤᠭᠤᠴᠠᠭ᠎ᠠ ᠲᠠᠢ ᠪᠠᠷ ᠪᠦᠬᠦ ᠣᠯᠣᠰ ᠤᠨ ᠴᠢᠨᠠᠷᠲᠠᠢ ᠣᠯᠠᠨ | ᠲᠦᠮᠡᠨ ᠤ ᠪᠡᠶ᠎ᠡ ᠶᠢᠨ ᠲᠠᠮᠢᠷ ᠤᠨ ᠣᠷᠣᠯᠲᠣᠭᠠᠨ ᠡᠷᠬᠢᠯᠡᠨ᠎ᠡ︔ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠣᠰᠣᠳ | ᠬᠠᠮᠢᠶ᠎ᠠ ᠪᠦᠬᠦᠢ ᠰᠠᠯᠠᠭ᠎ᠠ ᠮᠦᠴᠢᠷ᠂ ᠪᠦᠬᠦ ᠣᠯᠣᠰ ᠤᠨ ᠴᠢᠨᠠᠷᠲᠠᠢ ᠨᠡᠶᠢᠭᠡᠮ ᠤᠨ ᠪᠦᠯᠬᠦᠮ ᠨᠢᠭᠡᠴᠡ ᠵᠡᠷᠭᠡ | ᠪᠠᠶᠢᠭᠤᠯᠤᠯᠭ᠎ᠠ ᠨᠢᠭᠡᠴᠢ ᠬᠡᠷᠡᠭᠴᠡᠭᠡ ᠱᠠᠭᠠᠷᠲᠠᠯᠭ᠎ᠠ ᠶᠢ ᠦᠨᠳᠦᠰᠦᠯᠡᠵᠦ ᠬᠠᠷᠠᠭᠠᠯᠵᠠᠬᠰᠠᠨ ᠪᠦᠬᠦ ᠣᠯᠣᠰ ᠤᠨ | ᠴᠢᠨᠠᠷᠲᠠᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠣᠷᠣᠯᠲᠣᠭᠠᠨ ᠡᠷᠬᠢᠯᠡᠵᠦ ᠪᠣᠯᠣᠨ᠎ᠠ᠃ | ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠲᠣᠬᠲᠠᠬᠰᠠᠨ ᠬᠤᠭᠤᠴᠠᠭ᠎ᠠ ᠲᠠᠢ ᠪᠠᠷ ᠲᠣᠰ ᠵᠠᠰᠠᠬ | ᠵᠠᠬᠢᠷᠭᠠᠨ ᠤ ᠣᠷᠣᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠣᠷᠣᠯᠲᠣᠭᠠᠨ ᠢ ᠡᠷᠬᠢᠯᠡᠨ ᠶᠠᠪᠣᠬᠲᠠᠭᠤᠯᠬᠤ | ᠬᠡᠷᠡᠭᠲᠡᠢ᠃ | ᠠᠷᠪᠠᠨ ᠲᠦᠷᠪᠡᠲᠦᠭᠡᠷ ᠵᠣᠷᠪᠣᠰ ᠰᠢᠶᠠᠨ ᠤ ᠱᠠᠲᠣᠨ ᠤ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ | ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠣᠯᠠᠮᠵᠢᠯᠠᠯᠲᠣ ᠪᠠᠶᠠᠷ ᠲᠣᠷᠠᠰᠬᠠᠯ ᠤᠨ ᠡᠳᠦᠷ ᠪᠣᠯᠣᠨ | ᠲᠠᠷᠢᠶᠠᠯᠠᠩ ᠤᠨ ᠰᠡᠯᠡᠬᠦᠦ ᠣᠯᠠᠷᠢᠯ ᠳᠤ ᠬᠦᠲᠡᠭᠡ ᠲᠣᠰᠬᠤᠨ ᠤ ᠦᠢᠯᠡᠳᠪᠦᠷᠢᠯᠡᠯ ᠬᠦᠲᠡᠯᠮᠦᠷᠢ ᠪᠣᠯᠣᠨ ᠰᠣᠶᠣᠯ ᠤᠨ | ᠠᠮᠢᠲᠣᠷᠠᠯ ᠯᠤᠭ᠎ᠠ ᠵᠣᠬᠢᠴᠠᠯᠲᠣᠬᠰᠠᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠵᠣᠬᠢᠶᠠᠨ | ᠪᠠᠶᠢᠭᠤᠯᠵᠦ ᠦᠷᠨᠢᠬᠦᠯᠦᠨ᠎ᠡ᠃ | ᠠᠷᠪᠠᠨ ᠲᠠᠪᠣᠲᠣᠭᠠᠷ ᠵᠣᠷᠪᠣᠰ ᠣᠯᠣᠰ ᠤᠨ ᠠᠯᠪᠠᠨ ᠪᠠᠶᠢᠭᠤᠯᠣᠯᠭ᠎ᠠ᠂ ᠠᠵᠦ ᠠᠬᠤᠶᠢᠯᠠᠯ ᠠᠵᠢᠯ ᠦᠢᠯᠡᠰ ᠤᠨ | ᠨᠢᠭᠡᠴᠡ ᠪᠣᠯᠣᠨ ᠪᠣᠰᠣᠳ ᠵᠣᠬᠢᠶᠠᠨ ᠪᠠᠶᠢᠭᠤᠯᠣᠯᠲᠠ ᠲᠣᠰ ᠪᠠᠶᠢᠭᠤᠯᠣᠯᠭ᠎ᠠ ᠶᠢᠨ ᠢᠶᠠᠨ ᠠᠵᠢᠯᠲᠠᠨ ᠢ ᠵᠣᠬᠢᠶᠠᠨ | ᠪᠠᠶᠢᠭᠤᠯᠵᠦ ᠵᠠᠪᠰᠠᠷᠯᠠᠭ᠎ᠠ ︵ᠡᠮᠦᠨᠡᠬᠢ︶ ᠶᠢᠨ ᠪᠡᠶ᠎ᠡ ᠶᠢᠨ ᠲᠠᠮᠢᠷ ᠪᠣᠯᠣᠨ ᠠᠵᠢᠯ ᠤᠨ ᠴᠢᠯᠦᠭᠡᠨ ᠤ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠵᠣᠬᠢᠶᠠᠨ ᠪᠠᠶᠢᠭᠤᠯᠣᠨ᠎ᠠ︔ ᠨᠦᠬᠦᠴᠡᠯ ᠲᠠᠢ ᠪᠦᠬᠦᠢ ᠨᠢ ᠪᠡᠶ᠎ᠡ ᠶᠢᠨ ᠲᠠᠮᠢᠷ ᠤᠨ | ᠣᠷᠣᠯᠲᠣᠭᠠᠨ ᠡᠷᠬᠢᠯᠡᠬᠦ᠂ ᠪᠡᠶ᠎ᠡ ᠶᠢᠨ ᠲᠠᠮᠢᠷ ᠤᠨ ᠪᠣᠯᠪᠠᠰᠣᠷᠠᠯ ᠢ ᠬᠢᠨᠡᠨ ᠰᠢᠯᠭᠠᠬᠤ᠂ ᠪᠡᠶ᠎ᠡ ᠮᠠᠬᠠᠪᠣᠳ ᠢ ᠬᠢᠨᠡᠨ | ᠲᠣᠬᠲᠠᠭᠠᠬᠤ ᠵᠡᠷᠭᠡ ᠬᠦᠲᠡᠯᠭᠡᠭᠡᠨ ᠡᠷᠬᠢᠯᠡᠵᠦ ᠪᠣᠯᠣᠨ᠎ᠠ᠃ | ᠠᠷᠪᠠᠨ ᠵᠢᠷᠭᠤᠲᠣᠭᠠᠷ ᠵᠣᠷᠪᠣᠰ ᠠᠵᠢᠯᠴᠢᠨ ᠤ ᠡᠪᠯᠡᠯ᠂ ᠡᠪ ᠬᠠᠮᠲᠣ ᠵᠠᠯᠠᠭᠤᠴᠣᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠣ ᠬᠤᠷᠠᠯ᠂ ᠵᠡᠮᠲᠡᠭᠴᠦᠳ ᠤᠨ ᠬᠤᠯᠪᠣᠭ᠎ᠠ ᠵᠡᠷᠭᠡ ᠨᠡᠶᠢᠭᠡᠮ ᠤᠨ ᠪᠦᠯᠬᠦᠮ ᠨᠢᠭᠡᠴᠡ | ᠦᠪᠡᠷ ᠦᠪᠡᠷ ᠤᠨ ᠣᠨᠴᠠᠯᠢᠬ ᠲᠠᠢ ᠪᠠᠨ ᠣᠶᠠᠯᠲᠣᠭᠤᠯᠵᠦ᠂ ᠬᠡᠰᠢᠬᠦᠳ ᠢᠶᠠᠨ ᠵᠣᠬᠢᠶᠠᠨ ᠪᠠᠶᠢᠭᠤᠯᠵᠦ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠬᠦ ᠬᠡᠷᠡᠭᠲᠡᠢ᠃ | ᠲᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠡᠶ᠎ᠠ ᠶᠢᠨ ᠲᠠᠮᠢᠷ ᠤᠨ ᠲᠦᠷᠦᠯ ᠵᠦᠢᠯ ᠢ | ᠲᠦᠭᠡᠮᠡᠯᠵᠢᠬᠦᠯᠦᠨ ᠲᠡᠯᠭᠡᠷᠡᠬᠦᠯᠬᠦ ᠪᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ ᠵᠣᠬᠢᠶᠠᠨ | ᠪᠠᠶᠢᠭᠤᠯᠵᠤ ᠦᠷᠨᠢᠬᠦᠯᠬᠦ ᠶᠢ ᠠᠵᠢᠯ ᠤᠨ ᠲᠦᠯᠦᠪᠯᠡᠭᠡ ᠳᠡᠭᠡᠨ ᠪᠠᠭᠲᠠᠭᠠᠬᠤ ᠶᠢᠨ ᠬᠠᠮᠲᠣ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠢ ᠵᠢᠯᠣᠭᠤᠲᠣᠨ ᠲᠡᠮᠵᠢᠯᠭᠡ ᠦᠵᠡᠬᠦᠯᠬᠦ ᠬᠡᠷᠡᠭᠲᠡᠢ᠃ | ᠠᠷᠪᠠᠨ ᠲᠣᠯᠣᠲᠣᠭᠠᠷ ᠵᠣᠷᠪᠣᠰ ᠦᠨᠳᠦᠰᠦᠨ ᠱᠠᠲᠣᠨ ᠤ ᠰᠣᠶᠣᠯ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠣᠯᠲᠠ᠂ ᠰᠠᠭᠤᠭᠠᠯᠢ ᠠᠷᠠᠳ ᠤᠨ ᠵᠦᠪᠯᠡᠯ ᠪᠠ ᠲᠣᠰᠬᠤᠨ ᠤ ᠠᠷᠠᠳ ᠤᠨ ᠵᠦᠪᠯᠡᠯ ᠨᠢ ᠰᠠᠭᠤᠭᠠᠯᠢ | ᠠᠷᠠᠳ ᠢᠶᠠᠨ ᠵᠣᠬᠢᠶᠠᠨ ᠪᠠᠶᠢᠭᠤᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠵᠦ᠂ | ᠵᠠᠰᠠᠬ ᠤᠨ ᠣᠷᠲᠣᠨ ᠢ ᠬᠠᠮᠵᠢᠨ ᠬᠠᠮᠢᠶ ᠠ ᠪᠦᠬᠦᠢ ᠠᠵᠢᠯ ᠢ ᠰᠠᠶᠢᠲᠣᠷ ᠬᠢᠬᠦ ᠬᠡᠷᠡᠭᠲᠡᠢ᠃ | ᠠᠷᠪᠠᠨ ᠨᠠᠢᠮᠠᠳᠤᠭᠠᠷ ᠵᠣᠷᠪᠣᠰ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠦᠷᠲᠡᠭᠡ ᠴᠢᠬ᠂ | ᠪᠡᠶ᠎ᠡ ᠶᠢᠨ ᠲᠠᠮᠢᠷ ᠤᠨ ᠺᠯᠦ᠋ᠪ ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠣᠯᠲᠠ ᠶᠢᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠵᠣᠬᠢᠶᠠᠨ ᠪᠠᠶᠢᠭᠤᠯᠵᠤ | ᠦᠷᠨᠢᠬᠦᠯᠬᠦ ᠶᠢ ᠵᠣᠷᠢᠬᠵᠢᠭᠤᠯᠵᠦ᠂ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠶᠢ ᠣᠬᠠᠭᠤᠯᠣᠨ᠎ᠠ︔ | ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠪᠣᠯᠣᠨ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠲᠡᠮᠵᠢᠯᠭᠡ | ᠦᠵᠡᠬᠦᠯᠬᠦ ᠬᠡᠷᠡᠭᠲᠡᠢ᠃ | ᠠᠷᠪᠠ ᠶᠢᠰᠦᠲᠦᠭᠡᠷ ᠵᠣᠷᠪᠣᠰ ᠬᠠᠣᠯᠢ ᠶᠣᠰᠣᠭᠠᠷ ᠡᠷᠬᠢᠯᠡᠭᠰᠡᠨ ᠣᠯᠠᠨ ᠲᠦᠮᠡᠨ ᠤ ᠪᠡᠶ᠎ᠡ ᠶᠢᠨ ᠲᠠᠮᠢᠷ ᠤᠨ | ᠣᠷᠣᠯᠲᠣᠭᠠᠨ ᠵᠡᠷᠭᠡ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ ᠶᠠᠮᠠᠷᠪᠠ ᠵᠣᠬᠢᠶᠠᠨ ᠪᠠᠶᠢᠭᠤᠯᠣᠯᠲᠠ | ᠪᠣᠯᠣᠨ ᠬᠤᠪᠢ ᠬᠦᠮᠦᠨ ᠬᠠᠣᠯᠢ ᠪᠣᠰᠣ ᠪᠠᠷ ᠬᠢᠨᠠᠨ ᠵᠦᠪᠰᠢᠶᠡᠷᠡᠬᠦ ᠪᠠ ᠬᠢᠨᠡᠨ ᠵᠦᠪᠰᠢᠶᠡᠷᠡᠬᠦ ᠰᠦᠢᠳᠭᠡᠯ ᠬᠤᠷᠢᠶᠠᠵᠦ | ᠪᠣᠯᠬᠤ ᠦᠭᠡᠢ᠃ | ᠬᠤᠷᠢᠲᠣᠭᠠᠷ ᠵᠣᠷᠪᠣᠰ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠣᠨᠢᠨ ᠰᠡᠳᠬᠦᠯ ᠪᠠ ᠢᠨᠲ᠋ᠧᠷ ᠰᠦᠯᠵᠢᠶ᠎ᠠ | ᠵᠡᠷᠭᠡ ᠨᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠣᠬᠠᠭᠤᠯᠭ᠎ᠠ ᠮᠡᠲᠡᠭᠡᠯᠡᠯ ᠢᠶᠠᠨ | ᠴᠢᠩᠭᠠᠳᠬᠠᠵᠦ᠂ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠮᠡᠲᠡᠯᠭᠡ ᠶᠢ ᠲᠦᠭᠡᠮᠡᠯᠵᠢᠬᠦᠯᠦᠨ᠂ ᠠᠷᠠᠳ | ᠢᠷᠭᠡᠳ ᠤᠨ ᠪᠡᠶ᠎ᠡ ᠴᠢᠬᠢᠷᠠᠬᠵᠢᠭᠤᠯᠬᠤ ᠣᠬᠠᠮᠰᠠᠷ ᠢ ᠴᠢᠩᠭᠠᠳᠬᠠᠨ᠎ᠠ᠃ | ᠬᠤᠷᠢᠨ ᠨᠢᠭᠡᠲᠦᠭᠡᠷ ᠵᠣᠷᠪᠣᠰ ᠰᠣᠷᠭᠠᠭᠤᠯᠢ ᠨᠤᠭᠤᠳ ︽ ᠪᠦᠬᠦᠲᠡ ᠨᠡᠶᠢᠷᠠᠮᠲᠠᠬᠤ ᠲᠣᠮᠲᠠᠲᠣ ᠠᠷᠠᠳ | ᠣᠯᠣᠰ ᠤᠨ ᠪᠡᠶ᠎ᠡ ᠶᠢᠨ ᠲᠠᠮᠢᠷ ᠤᠨ ᠬᠠᠣᠯᠢ︾ ᠪᠣᠯᠣᠨ ︽ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ | ᠲᠦᠷᠢᠮ︾ ᠤᠨ ᠲᠣᠬᠲᠠᠭᠠᠯ ᠢ ᠦᠨᠳᠦᠰᠦᠯᠡᠵᠦ᠂ ᠰᠣᠷᠣᠬᠴᠢᠳ ᠤᠨ ᠨᠠᠰᠣ ᠵᠢᠯ᠂ ᠬᠦᠢᠰᠦ ᠢᠯᠭᠠᠯ ᠪᠣᠯᠣᠨ ᠪᠡᠶ᠎ᠡ | ᠮᠠᠬᠠᠪᠣᠳ ᠤᠨ ᠪᠠᠶᠢᠲᠠᠯ ᠢ ᠦᠨᠳᠦᠰᠦᠯᠡᠨ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ ᠶᠢ ᠬᠡᠷᠡᠭᠵᠢᠬᠦᠯᠦᠨ᠂ ᠷᠠᠳᠢᠣ᠋ | ᠪᠡᠶ᠎ᠠ ᠶᠢᠨ ᠲᠠᠮᠢᠷ᠂ ᠨᠢᠲᠣ ᠪᠠᠨ ᠬᠠᠮᠠᠭᠠᠯᠠᠬᠤ ᠲᠠᠮᠢᠷ ᠵᠡᠷᠭᠡ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠦᠨ᠂ | ᠰᠣᠷᠣᠬᠴᠢᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠢ ᠵᠢᠯᠣᠭᠤᠳᠴᠦ᠂ ᠰᠣᠷᠣᠬᠴᠢᠳ ᠤᠨ ᠪᠡᠶ᠎ᠡ ᠮᠠᠬᠠᠪᠣᠳ ᠤᠨ | ᠬᠡᠪ ᠴᠢᠨᠠᠷ ᠢ ᠲᠡᠭᠡᠭᠰᠢᠯᠡᠬᠦᠯᠦᠨ᠎ᠡ᠃ | ᠰᠣᠷᠭᠠᠭᠤᠯᠢ ᠨᠢ ᠰᠣᠷᠣᠬᠴᠢᠳ ᠰᠣᠷᠭᠠᠭᠤᠯᠢ ᠳᠤ ᠪᠠᠶᠢᠬᠤ ᠬᠤᠭᠤᠴᠠᠭᠠᠨ ᠳᠤ ᠡᠳᠦᠷ ᠪᠦᠷᠢ 1 ᠴᠠᠬ | ᠪᠡᠶ᠎ᠡ ᠶᠢᠨ ᠲᠠᠮᠢᠷ ᠤᠨ ᠬᠦᠲᠡᠯᠭᠡᠭᠡᠨ ᠳᠤ ᠣᠷᠣᠯᠴᠠᠬᠤ ᠶᠢ ᠪᠠᠲᠣᠯᠠᠬᠤ ᠬᠡᠷᠡᠭᠲᠡᠢ᠃ | ᠬᠤᠷᠢᠨ ᠬᠤᠶᠠᠲᠣᠭᠠᠷ ᠵᠣᠷᠪᠣᠰ ᠰᠣᠷᠭᠠᠭᠤᠯᠢ ᠨᠤᠭᠤᠳ ᠰᠣᠷᠣᠯᠭ᠎ᠠ ᠶᠢᠨ ᠬᠤᠭᠤᠴᠠᠭ᠎ᠠ ᠪᠣᠯᠭᠠᠨ ᠨᠠᠭᠠᠲᠣ | ᠵᠠᠬ᠎ᠠ ᠳᠠᠭᠠᠨ ᠨᠢᠭᠡ ᠣᠲᠠᠭᠠᠨ ᠤ ᠪᠦᠬᠦ ᠰᠣᠷᠭᠠᠭᠤᠯᠢ ᠶᠢᠨ ᠴᠢᠨᠠᠷᠲᠠᠢ ᠪᠡᠶ ᠡ ᠶᠢᠨ ᠲᠠᠮᠢᠷ ᠤᠨ ᠣᠷᠣᠯᠲᠣᠭᠠᠨ | ᠡᠷᠬᠢᠯᠡᠨ᠎ᠡ︔ ᠨᠦᠬᠦᠴᠡᠯ ᠪᠦᠬᠦᠢ ᠰᠣᠷᠭᠠᠭᠤᠯᠢ ᠨᠢ ᠪᠠᠰᠠ ᠲᠦᠯᠦᠪᠯᠡᠭᠡ ᠲᠠᠢ ᠪᠠᠷ ᠰᠣᠷᠣᠬᠴᠢᠳ ᠢ ᠵᠣᠬᠢᠶᠠᠨ | ᠪᠠᠶᠢᠭᠤᠯᠵᠦ ᠬᠤᠯᠠ ᠠᠶᠠᠯᠠᠬᠤ᠂ ᠭᠡᠭᠡᠷ᠎ᠡ ᠶᠢᠨ ᠵᠣᠰᠠᠯᠠᠩ᠂ ᠪᠡᠶ᠎ᠡ ᠶᠢᠨ ᠲᠠᠮᠢᠷ ᠤᠨ ᠵᠣᠰᠠᠭᠠᠯ ︵ᠡᠪᠦᠯᠵᠢᠶ᠎ᠡ︶ ᠵᠡᠷᠭᠡ | ᠬᠦᠲᠡᠯᠭᠡᠭᠡᠨ ᠳᠤ ᠣᠷᠣᠯᠴᠠᠭᠤᠯᠣᠨ᠎ᠠ᠃ | ᠬᠤᠷᠢᠨ ᠭᠤᠷᠪᠠᠲᠣᠭᠠᠷ ᠵᠣᠷᠪᠣᠰ ᠦᠨᠳᠦᠰᠦᠨ ᠱᠠᠲᠣᠨ ᠤ ᠰᠣᠶᠣᠯ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠣᠯᠲᠠ᠂ ᠰᠣᠷᠭᠠᠭᠤᠯᠢ᠂ ᠭᠡᠷ ᠪᠦᠯᠢ ᠨᠦᠭᠦᠳ ᠬᠠᠮᠲᠣᠷᠠᠯᠴᠠᠭ᠎ᠠ ᠪᠠᠨ ᠴᠢᠩᠭᠠᠳᠬᠠᠵᠦ᠂ ᠰᠣᠷᠣᠬᠴᠢᠳ ᠤᠨ | ᠰᠣᠷᠭᠠᠭᠤᠯᠢ ᠶᠢᠨ ᠭᠠᠲᠠᠨᠠᠬᠢ ᠪᠡᠶ᠎ᠡ ᠶᠢᠨ ᠲᠠᠮᠢᠷ ᠤᠨ ᠬᠦᠲᠡᠯᠭᠡᠭᠡᠨ ᠳᠤ ᠣᠷᠣᠯᠴᠠᠬᠤ ᠶᠢ ᠲᠡᠮᠵᠢᠵᠦ ᠬᠦᠲᠦᠯᠦᠨ | ᠵᠢᠯᠣᠭᠤᠲᠣᠨ᠎ᠠ᠃ | ᠵᠠᠯᠠᠭᠤᠴᠣᠳ ᠪᠠᠭᠠᠴᠣᠳ ᠤᠨ ᠬᠦᠲᠡᠯᠭᠡᠭᠡᠨ ᠤ ᠲᠦᠪ᠂ ᠪᠠᠭᠠᠴᠣᠳ ᠤᠨ ᠣᠷᠲᠣᠨ᠂ ᠡᠮᠡᠭᠲᠡᠶᠢᠴᠦᠳ | ᠬᠡᠦᠬᠡᠳ ᠤᠨ ᠲᠦᠪ ᠵᠡᠷᠭᠡ ᠨᠢ ᠰᠣᠷᠣᠬᠴᠢᠳ ᠤᠨ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠬᠦ ᠳᠤ ᠲᠦᠬᠦᠮ | ᠲᠣᠰᠠ ᠦᠵᠡᠬᠦᠯᠬᠦ ᠬᠡᠷᠡᠭᠲᠡᠢ᠃ | ᠬᠤᠷᠢᠨ ᠲᠦᠷᠪᠡᠲᠦᠭᠡᠷ ᠵᠣᠷᠪᠣᠰ ᠲᠣᠮᠣ ᠬᠡᠯᠪᠡᠷᠢ ᠶᠢᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠬᠦᠲᠡᠯᠭᠡᠭᠡᠨ ᠵᠣᠬᠢᠶᠠᠨ ᠪᠠᠶᠢᠭᠤᠯᠬᠤ ᠳᠠᠭᠠᠨ ᠣᠯᠣᠰ ᠤᠨ ᠬᠤᠯᠪᠣᠬᠲᠠᠯ ᠪᠦᠬᠦᠢ ᠲᠣᠮᠣ ᠬᠡᠯᠪᠡᠷᠢ ᠶᠢᠨ ᠣᠯᠠᠨ | ᠲᠦᠮᠡᠨᠴᠢ ᠴᠢᠨᠠᠷᠲᠠᠢ ᠬᠦᠲᠡᠯᠭᠡᠭᠡᠨ ᠤ ᠠᠮᠣᠷ ᠲᠦᠪᠰᠢᠨ ᠤ ᠬᠠᠮᠢᠶᠠᠷᠣᠯᠲᠠ ᠶᠢᠨ ᠲᠣᠬᠲᠠᠭᠠᠯ ᠶᠣᠰᠣᠭᠠᠷ ᠠᠮᠣᠷ | ᠲᠦᠪᠰᠢᠨ ᠤ ᠠᠵᠢᠯ ᠢ ᠰᠠᠶᠢᠲᠣᠷ ᠬᠢᠬᠦ ᠬᠡᠷᠡᠭᠲᠡᠢ᠃ | ᠬᠤᠷᠢᠨ ᠲᠠᠪᠣᠲᠣᠭᠠᠷ ᠵᠣᠷᠪᠣᠰ ᠶᠠᠮᠠᠷᠪᠠ ᠵᠣᠬᠢᠶᠠᠨ ᠪᠠᠶᠢᠭᠤᠯᠣᠯᠲᠠ ᠪᠣᠶᠣ ᠬᠤᠪᠢ ᠬᠦᠮᠦᠨ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠢ ᠠᠰᠢᠬᠯᠠᠨ ᠹᠧᠣᠳᠠᠯ ᠤᠨ ᠮᠣᠬᠤᠷ ᠪᠢᠰᠢᠷᠡᠯ᠂ ᠨᠡᠶᠢᠭᠡᠮ ᠤᠨ ᠶᠣᠰᠣ | ᠰᠣᠷᠲᠠᠬᠤᠨ ᠠᠴᠠ ᠲᠡᠷᠰᠯᠡᠵᠦ ᠭᠠᠵᠢᠬᠰᠠᠨ᠂ ᠣᠯᠠᠨ ᠨᠡᠶᠢᠲᠡ ᠶᠢᠨ ᠡᠮᠬᠢ ᠲᠢᠭᠯᠢᠮ ᠢ ᠰᠠᠮᠠᠷᠠᠭᠤᠯᠤᠭᠰᠠᠨ᠂ ᠠᠷᠠᠳ | ᠢᠷᠭᠡᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠲᠦ ᠶᠢ ᠬᠤᠬᠢᠷᠠᠭᠤᠯᠣᠬᠰᠠᠨ ᠠᠵᠢᠯᠯᠠᠭ᠎ᠠ ᠬᠢᠵᠦ ᠪᠣᠯᠬᠤ ᠦᠭᠡᠢ᠃ | ᠲᠦᠷᠪᠡᠲᠦᠭᠡᠷ ᠪᠦᠯᠦᠭ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠᠲᠣᠯᠠᠭ᠎ᠠ | ᠬᠤᠷᠢᠨ ᠵᠢᠷᠭᠤᠲᠣᠭᠠᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠳᠤ ᠱᠠᠭᠠᠷᠲᠠᠬᠤ ᠵᠠᠷᠣᠲᠠᠯ ᠢ ᠲᠣᠰ ᠱᠠᠲᠣᠨ ᠤ ᠡᠳ᠋ ᠤᠨ ᠵᠠᠰᠠᠬ ᠤᠨ | ᠲᠦᠰᠦᠪ ᠲᠤ ᠣᠷᠣᠭᠤᠯᠬᠤ ᠶᠢᠨ ᠬᠠᠮᠲᠣ ᠣᠯᠣᠰ ᠠᠷᠠᠳ ᠤᠨ ᠠᠵᠦ ᠠᠬᠤᠢ ᠶᠢᠨ ᠬᠦᠭᠵᠢᠯᠲᠡ ᠶᠢ ᠲᠠᠭᠠᠯᠲᠣᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠪᠡᠯᠡ ᠣᠷᠣᠭᠤᠯᠣᠯᠲᠠ ᠪᠠᠨ ᠢᠲᠡᠭ ᠢᠲᠡᠭ ᠢᠶᠠᠷ ᠨᠡᠮᠡᠭᠲᠡᠬᠦᠯᠬᠦ ᠬᠡᠷᠡᠭᠲᠡᠢ᠃ | ᠣᠯᠣᠰ ᠤᠨ ᠬᠠᠮᠢᠶ᠎ᠠ ᠪᠦᠬᠦᠢ ᠯᠣᠲ᠋ᠧᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠶᠢ ᠬᠤᠪᠢᠶᠠᠷᠢᠯᠠᠬᠤ | ᠲᠦᠷᠦ ᠶᠢᠨ ᠪᠣᠲᠣᠯᠭ᠎ᠠ ᠶᠢ ᠦᠨᠳᠦᠰᠦᠯᠡᠵᠦ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠬᠤᠪᠢᠶᠠᠷᠢᠯᠠᠵᠦ ᠬᠡᠷᠡᠭᠯᠡᠭᠰᠡᠨ ᠯᠣᠲ᠋ᠧᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠶᠢ ᠣᠯᠣᠰ ᠤᠨ ᠬᠠᠮᠢᠶ᠎ᠠ | ᠪᠦᠬᠦᠢ ᠲᠣᠬᠲᠠᠭᠠᠯ ᠶᠣᠰᠣᠭᠠᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠡᠷᠡᠭᠯᠡᠬᠦ ᠬᠡᠷᠡᠭᠲᠡᠢ᠃ | ᠬᠤᠷᠢᠨ ᠲᠣᠯᠣᠲᠣᠭᠠᠷ ᠵᠣᠷᠪᠣᠰ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ | ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ᠂ ᠬᠡᠷᠡᠭᠯᠡᠯᠲᠡ᠂ ᠬᠠᠮᠢᠶᠠᠷᠣᠯᠲᠠ᠂ ᠬᠠᠮᠠᠭᠠᠯᠠᠯᠲᠠ ᠪᠣᠯᠣᠨ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠬᠠᠮᠢᠶᠠᠷᠬᠤ ᠨᠢᠭᠡᠴᠡ ᠶᠢᠨ ᠬᠠᠩᠭᠠᠬᠰᠠᠨ ᠦᠢᠯᠡᠴᠢᠯᠡᠭᠡ ᠨᠢ | ︽ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠷᠢᠮ︾ ᠤᠨ ᠲᠣᠬᠲᠠᠭᠠᠯ ᠢ | ᠵᠢᠷᠣᠮᠯᠠᠬᠤ ᠬᠡᠷᠡᠭᠲᠡᠢ᠃ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠯᠦᠪᠵᠢᠬᠦᠯᠭᠡ᠂ ᠪᠦᠲᠦᠭᠡᠨ | ᠪᠠᠶᠢᠭᠤᠯᠣᠯᠲᠠ ᠨᠢ ᠲᠣᠬᠠᠢ ᠶᠢᠨ ᠭᠠᠵᠠᠷ ᠣᠷᠣᠨ ᠤ ᠠᠵᠦ ᠠᠬᠤᠢ ᠶᠢᠨ ᠬᠦᠭᠵᠢᠯᠲᠡ ᠶᠢᠨ ᠲᠦᠪᠰᠢᠨ ᠲᠠᠢ | ᠲᠣᠬᠢᠷᠠᠯᠴᠠᠵᠦ᠂ ᠣᠯᠠᠨ ᠲᠦᠮᠡᠨ ᠤ ᠣᠶᠢᠷ᠎ᠠ ᠵᠡᠷᠭᠡᠯᠡᠲᠡᠭᠡ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ | ᠣᠷᠣᠯᠴᠠᠬᠤ ᠳᠤ ᠲᠦᠬᠦᠮ ᠪᠠᠶᠢᠬᠤ ᠬᠡᠷᠡᠭᠲᠡᠢ︔ ᠬᠦᠲᠡᠭᠡ ᠲᠣᠰᠬᠤᠨ ᠤ ᠣᠯᠠᠨ ᠨᠡᠶᠢᠢᠡ ᠶᠢᠨ ᠪᠡᠶ᠎ᠡ ᠶᠢᠨ | ᠲᠠᠮᠢᠷ ᠤᠨ ᠲᠦᠬᠦᠭᠡᠷᠦᠮᠵᠢ ᠶᠢᠨ ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ ᠨᠢ ᠬᠦᠲᠡᠭᠡ ᠲᠣᠰᠬᠤᠨ ᠤ | ᠦᠢᠯᠡᠳᠪᠦᠷᠢᠯᠡᠯ ᠬᠦᠲᠡᠯᠮᠦᠷᠢ ᠪᠣᠯᠣᠨ ᠰᠣᠶᠣᠯ ᠤᠨ ᠠᠮᠢᠲᠣᠷᠠᠯ ᠤᠨ ᠲᠠᠳᠬᠠᠯ ᠢ ᠪᠣᠲᠣᠯᠬᠢᠯᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠣᠷᠪᠣᠰ ᠰᠣᠷᠭᠠᠭᠤᠯᠢ ᠨᠤᠭᠤᠳ ᠬᠢᠴᠢᠶᠡᠯ ᠤᠨ ᠵᠠᠪᠰᠠᠷᠯᠠᠭ᠎ᠠ ᠶᠢᠨ ᠴᠠᠬ ᠪᠣᠯᠣᠨ ᠪᠠᠶᠠᠷ | ᠲᠣᠷᠠᠰᠬᠠᠯ ᠤᠨ ᠡᠳᠦᠷ ᠰᠣᠷᠣᠬᠴᠢᠳ ᠲᠤ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠨ ᠴᠢᠯᠦᠭᠡᠲᠡᠢ ᠨᠡᠭᠡᠭᠡᠨ᠎ᠡ᠃ | ᠠᠯᠪᠠᠨ ᠠᠴᠠ ᠡᠷᠬᠢᠯᠡᠭᠰᠡᠨ ᠰᠣᠷᠭᠠᠭᠤᠯᠢ ᠢᠲᠡᠪᠬᠢᠲᠡᠢ ᠪᠠᠷ ᠨᠦᠬᠦᠴᠡᠯ ᠡᠬᠦᠳᠴᠦ ᠣᠯᠠᠨ ᠨᠡᠶᠢᠲᠡ ᠳᠤ ᠪᠡᠶ᠎ᠡ ᠶᠢᠨ | ᠲᠠᠮᠢᠷ ᠤᠨ ᠲᠦᠬᠦᠭᠡᠷᠦᠮᠵᠢ ᠪᠠᠨ ᠴᠢᠯᠦᠭᠡᠲᠡᠢ ᠨᠡᠭᠡᠭᠡᠨ᠎ᠡ︔ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠪᠡᠶ᠎ᠡ ᠶᠢᠨ | ᠲᠠᠮᠢᠷ ᠤᠨ ᠲᠦᠬᠦᠭᠡᠷᠦᠮᠵᠢ ᠪᠠᠨ ᠣᠯᠠᠨ ᠨᠡᠶᠢᠲᠡ ᠳᠤ ᠴᠢᠯᠦᠭᠡᠲᠡᠢ ᠨᠡᠭᠡᠭᠡᠬᠦ ᠶᠢ ᠣᠯᠣᠰ ᠠᠴᠠ ᠲᠡᠮᠵᠢᠨ᠎ᠡ᠃ | ᠰᠢᠶᠠᠨ ᠤ ᠱᠠᠲᠣᠨ ᠤ ᠠᠷᠠᠳ ᠤ ᠵᠠᠰᠠᠬ ᠤᠨ ᠣᠷᠲᠣᠨ ᠣᠯᠠᠨ ᠨᠡᠶᠢᠲᠡ ᠳᠤ ᠪᠡᠶ᠎ᠡ ᠶᠢᠨ ᠲᠠᠮᠢᠷ ᠤᠨ | ᠲᠦᠬᠦᠭᠡᠷᠦᠮᠵᠢ ᠪᠠᠨ ᠴᠢᠯᠦᠭᠡᠲᠡᠢ ᠨᠡᠭᠡᠭᠡᠭᠰᠡᠨ ᠰᠣᠷᠭᠠᠭᠤᠯᠢ ᠶᠢ ᠲᠡᠮᠵᠢᠵᠦ᠂ ᠪᠡᠶ᠎ᠡ ᠶᠢᠨ ᠲᠠᠮᠢᠷ ᠤᠨ | ᠲᠦᠬᠦᠭᠡᠷᠦᠮᠵᠢ ᠪᠠᠨ ᠣᠯᠠᠨ ᠨᠡᠶᠢᠲᠡ ᠳᠤ ᠴᠢᠯᠦᠭᠡᠲᠡᠢ ᠨᠡᠭᠡᠭᠡᠭᠰᠡᠨ ᠰᠣᠷᠭᠠᠭᠤᠯᠢ ᠳᠤ ᠬᠠᠮᠢᠶ᠎ᠠ ᠪᠦᠬᠦᠢ | ᠬᠠᠷᠢᠭᠤᠴᠠᠯᠭ᠎ᠠ ᠶᠢᠨ ᠲᠠᠭᠠᠳᠬᠠᠯ ᠣᠷᠣᠭᠤᠯᠵᠦ ᠦᠭᠬᠦᠨ᠎ᠠ᠃ | ᠰᠣᠷᠭᠠᠭᠤᠯᠢ ᠨᠤᠭᠤᠳ ᠲᠦᠬᠦᠭᠡᠷᠦᠮᠵᠢ ᠶᠢᠨ ᠡᠵᠡᠩᠨᠡᠯᠲᠡ ᠪᠠᠨ ᠠᠷᠭᠠᠴᠠᠬᠤ ᠬᠡᠷᠡᠭᠴᠡᠭᠡ ᠪᠠᠨ ᠦᠨᠳᠦᠰᠦᠯᠡᠵᠦ | ᠪᠡᠶ᠎ᠡ ᠶᠢᠨ ᠲᠠᠮᠢᠷ ᠤᠨ ᠲᠦᠬᠦᠭᠡᠷᠦᠮᠵᠢ ᠬᠡᠷᠡᠭᠯᠡᠵᠦ ᠪᠠᠶᠢᠬᠤ ᠣᠯᠠᠨ ᠨᠡᠶᠢᠲᠡ ᠠᠴᠠ ᠠᠪᠬᠤ ᠶᠣᠰᠣᠲᠠᠢ ᠰᠦᠢᠳᠭᠡᠯ | ᠬᠤᠷᠢᠶᠠᠵᠦ ᠪᠣᠯᠣᠨ᠎ᠠ᠃ | ᠬᠤᠷᠢ ᠶᠢᠰᠦᠲᠦᠭᠡᠷ ᠵᠣᠷᠪᠣᠰ ᠴᠡᠴᠡᠷᠯᠢᠭ᠂ ᠵᠦᠯᠭᠡ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠣᠷ ᠤᠨ | ᠬᠠᠮᠢᠶᠠᠷᠣᠯᠲᠠ ᠶᠢᠨ ᠨᠢᠭᠡᠴᠡ ᠦᠪᠡᠷ ᠤᠨ ᠨᠦᠬᠦᠴᠡᠯ ᠪᠠᠶᠢᠲᠠᠯ ᠢᠶᠠᠨ ᠦᠨᠳᠦᠰᠦᠯᠡᠵᠦ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠤ ᠲᠠᠯᠠᠪᠣᠷ ᠲᠣᠬᠢᠷᠠᠭᠤᠯᠵᠦ ᠪᠣᠯᠣᠨ᠎ᠠ᠃ ᠰᠢᠶᠠᠨ ᠤ ᠱᠠᠲᠣᠨ ᠠᠴᠠ ᠲᠡᠭᠡᠭᠰᠢᠬᠢ | ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠪᠣᠲᠠᠲᠣ ᠪᠠᠶᠢᠢᠲᠠᠯ ᠢᠶᠠᠨ ᠦᠨᠳᠦᠰᠦᠯᠡᠵᠦ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠴᠢᠬᠢᠷᠠᠬᠵᠢᠭᠤᠯᠬᠤ | ᠪᠠᠭᠠᠵᠢ ᠲᠣᠨᠣᠬᠯᠠᠯ ᠬᠠᠩᠭᠠᠨ᠎ᠠ᠃ | ᠰᠠᠭᠤᠭᠠᠯᠢ ᠠᠷᠠᠳ ᠤᠨ ᠲᠣᠭᠤᠷᠢᠬ ᠤᠨ ᠵᠢᠷᠤᠬ ᠲᠦᠯᠦᠪᠯᠡᠭᠡ ᠳᠤ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ | ᠲᠠᠯᠠᠪᠣᠷ ᠲᠣᠬᠢᠷᠠᠭᠤᠯᠬᠤ ᠬᠡᠷᠡᠭᠲᠡᠢ᠃ | ᠭᠤᠴᠢᠲᠣᠭᠠᠷ ᠵᠣᠷᠪᠣᠰ ᠴᠡᠴᠡᠷᠯᠢᠭ᠂ ᠵᠦᠯᠭᠡ ᠭᠠᠵᠠᠷ᠂ ᠠᠭᠤᠲᠠᠮ ᠲᠠᠯᠠᠪᠠᠢ ᠵᠡᠷᠭᠡ ᠤᠯᠠᠨ ᠨᠡᠶᠢᠲᠡ ᠶᠢᠨ | ᠲᠠᠯᠠᠪᠣᠷ ᠪᠣᠯᠣᠨ ᠰᠠᠭᠤᠭᠠᠯᠢ ᠠᠷᠠᠳ ᠤᠨ ᠲᠣᠭᠤᠷᠢᠬ ᠤᠨ ᠬᠠᠮᠢᠶᠠᠷᠣᠯᠲᠠ ᠶᠢᠨ ᠨᠢᠭᠡᠴᠡ ᠲᠣᠰ ᠣᠯᠠᠨ ᠨᠡᠶᠢᠲᠡ ᠶᠢᠨ | ᠲᠠᠯᠠᠪᠣᠷ ᠪᠣᠯᠣᠨ ᠰᠠᠭᠤᠭᠠᠯᠢ ᠠᠷᠠᠳ ᠤᠨ ᠲᠣᠭᠤᠷᠢᠬ ᠲᠤ ᠲᠣᠬᠢᠷᠠᠭᠤᠯᠣᠬᠰᠠᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠪᠠᠭᠠᠵᠢ ᠲᠣᠨᠣᠬᠯᠠᠯ ᠤᠨ ᠬᠠᠮᠢᠶᠠᠷᠣᠯᠲᠠ ᠪᠣᠯᠣᠨ ᠬᠠᠮᠠᠭᠠᠯᠠᠵᠦ ᠰᠡᠯᠪᠢᠬᠦ ᠬᠠᠷᠢᠭᠤᠴᠠᠯᠭᠠᠲᠠᠨ ᠢ | ᠲᠣᠲᠣᠷᠬᠠᠶᠢᠢᠯᠠᠨᠠ᠃ | ᠭᠤᠴᠢᠨ ᠨᠢᠭᠡᠲᠦᠭᠡᠷ ᠵᠣᠷᠪᠣᠰ ᠣᠯᠣᠰ ᠠᠴᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ ᠶᠢᠨ | ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ | ᠰᠢᠨᠵᠢᠯᠡᠬᠦ ᠣᠬᠠᠭᠠᠨᠴᠢ ᠵᠢᠯᠣᠭᠤᠲᠣᠯᠭ᠎ᠠ ᠬᠢᠨ᠎ᠡ᠃ | ᠣᠯᠣᠰ ᠠᠴᠠ ᠬᠠᠷᠠᠮᠵᠢ ᠮᠦᠩᠬᠦ ᠬᠤᠷᠢᠶᠠᠬᠤ ᠪᠠᠷ ᠵᠣᠷᠢᠯᠭ᠎ᠠ ᠪᠣᠯᠭᠠᠬᠰᠠᠨ ᠦᠭᠡᠢ ᠣᠯᠠᠨ ᠨᠡᠶᠢᠲᠡ ᠳᠤ ᠪᠡᠶ᠎ᠡ | ᠴᠢᠬᠢᠷᠠᠬᠵᠢᠭᠤᠯᠬᠤ ᠮᠡᠳᠡᠯᠭᠡ ᠮᠡᠷᠭᠡᠵᠢᠯ ᠣᠯᠠᠮᠵᠢᠯᠠᠬᠤ᠂ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠵᠣᠬᠢᠶᠠᠨ | ᠪᠠᠶᠢᠭᠤᠯᠬᠤ᠂ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠮᠡᠲᠡᠯᠭᠡ ᠣᠬᠠᠭᠤᠯᠬᠤ ᠵᠡᠷᠭᠡ ᠦᠢᠯᠡᠴᠢᠯᠡᠭᠡ | ᠬᠠᠩᠭᠠᠬᠤ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠲᠠᠳ ᠲᠤ ᠮᠡᠷᠭᠡᠵᠢᠯ ᠤᠨ ᠲᠡᠰ ᠤᠨ ᠲᠦᠷᠢᠮ ᠬᠡᠷᠡᠭᠵᠢᠬᠦᠯᠦᠨ᠎ᠡ᠃ | ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ | ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠰᠦᠢᠳᠭᠡᠯ ᠬᠤᠷᠢᠶᠠᠬᠤ ᠦᠭᠡᠢ ᠪᠠᠷ ᠲᠡᠲᠡᠨᠦᠰ ᠲᠤ ᠬᠠᠮᠢᠶ᠎ᠠ | ᠪᠦᠬᠦᠢ ᠮᠡᠲᠡᠯᠭᠡ ᠪᠠ ᠮᠡᠷᠭᠡᠵᠢᠯ ᠤᠨ ᠪᠣᠯᠪᠠᠰᠣᠷᠠᠯ ᠬᠦᠷᠲᠡᠭᠡᠬᠦ ᠶᠢᠨ ᠬᠠᠮᠲᠣ ᠲᠠᠩᠰᠠ ᠡᠪᠭᠡᠮᠡᠯ ᠪᠠᠶᠢᠭᠤᠯᠣᠨ᠎ᠠ᠃ | ᠣᠯᠣᠰ ᠠᠴᠠ ᠪᠡᠶ᠎ᠡ ᠴᠢᠬᠢᠷᠠᠬᠵᠢᠭᠤᠯᠬᠤ ᠶᠢ ᠵᠢᠯᠣᠭᠤᠳᠬᠤ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠯᠣᠭᠤᠲᠣᠬᠴᠢ ᠳᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠨ ᠪᠢᠴᠢᠭ ᠤᠨ ᠲᠦᠷᠢᠮ ᠬᠡᠷᠡᠭᠵᠢᠬᠦᠯᠦᠨ᠎ᠡ᠃ | ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠢ ᠪᠡᠶ᠎ᠡ ᠴᠢᠬᠢᠷᠠᠬᠵᠢᠭᠤᠯᠬᠤ | ᠵᠢᠯᠣᠭᠤᠲᠣᠯᠭ᠎ᠠ ᠬᠢᠬᠦ ᠪᠠᠷ ᠲᠣᠬᠠᠶᠢᠢᠯᠠᠬᠰᠠᠨ ᠠᠵᠢᠯ ᠪᠣᠯᠭᠠᠬᠰᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠬᠦᠮᠦᠰ | ᠣᠯᠣᠰ ᠤᠨ ᠬᠠᠮᠢᠶ᠎ᠠ ᠪᠦᠬᠦᠢ ᠲᠣᠬᠲᠠᠭᠠᠯ ᠶᠣᠰᠣᠭᠠᠷ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠨ ᠪᠢᠴᠢᠭ | ᠣᠯᠬᠤ ᠬᠡᠷᠡᠭᠲᠡᠢ᠃ | ᠭᠤᠴᠢᠨ ᠬᠤᠶᠠᠲᠣᠭᠠᠷ ᠵᠣᠷᠪᠣᠰ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠲᠠᠯᠲᠣᠭᠠᠨ ᠤ ᠡᠷᠦᠭᠡ | ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠡᠵᠡᠩᠨᠡᠪᠡᠯ᠂ ᠲᠣᠣᠷᠠᠬᠢ ᠮᠡᠲᠦ | ᠨᠦᠬᠦᠴᠡᠯ ᠳᠤ ᠨᠡᠶᠢᠴᠡᠬᠦ ᠬᠡᠷᠡᠭᠲᠡᠢ ᠮᠦᠷᠲᠡᠭᠡᠨ ᠪᠠᠰᠠ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ | ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠭᠤᠶᠣᠴᠢᠯᠠᠯ ᠲᠡᠪᠰᠢᠬᠦᠯᠬᠦ ᠬᠡᠷᠡᠭᠲᠡᠢ᠄ | ︵1︶ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠲᠦᠬᠦᠭᠡᠷᠦᠮᠵᠢ ᠨᠢ ᠣᠯᠣᠰ ᠤᠨ ᠪᠠᠷᠢᠮᠵᠢᠶ᠎ᠠ | ᠳᠤ ᠨᠡᠶᠢᠴᠡᠬᠦ︔ | ︵2︶ ᠲᠣᠬᠲᠠᠭᠠᠯ ᠤᠨ ᠪᠠᠷᠢᠮᠵᠢᠶ᠎ᠠ ᠳᠤ ᠬᠦᠷᠦᠭᠰᠡᠨ ᠣᠯᠣᠰ ᠤᠨ ᠠᠵᠢᠯ ᠮᠡᠷᠭᠡᠵᠢᠯ ᠤᠨ ᠬᠢᠷᠢ ᠭᠡᠮ ᠤᠨ | ᠦᠨᠡᠮᠯᠡᠯ ᠤᠨ ᠪᠢᠴᠢᠭ ᠭᠠᠷᠲᠠᠬᠰᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ ᠪᠠ ᠠᠪᠣᠷᠠᠨ ᠲᠣᠰᠠᠯᠠᠬᠤ | ᠬᠦᠮᠦᠰ ᠪᠠᠶᠢᠬᠤ︔ | ︵3︶ ᠬᠠᠷᠠᠭᠠᠯᠵᠠᠬᠰᠠᠨ ᠠᠮᠣᠷ ᠲᠦᠪᠰᠢᠨ ᠤ ᠪᠠᠲᠣᠯᠠᠭ᠎ᠠ ᠶᠢᠨ ᠲᠦᠷᠢᠮ ᠪᠣᠯᠣᠨ ᠠᠷᠭ᠎ᠠ | ᠬᠡᠮᠵᠢᠶ᠎ᠠ ᠪᠠᠶᠢᠬᠤ︔ | ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ | ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠭᠤᠶᠣᠴᠢᠯᠠᠯ ᠢ ᠬᠦᠯᠢᠶᠠᠨ ᠠᠪᠣᠬᠰᠠᠨ 30 ᠡᠳᠦᠷ ᠤᠨ | ᠬᠤᠭᠤᠴᠠᠭᠠᠨ ᠲᠣᠲᠣᠷ᠎ᠠ ᠲᠣᠬᠠᠢ ᠶᠢᠨ ᠭᠠᠵᠠᠷ ᠤᠨ ᠪᠠᠶᠢᠴᠠᠭᠠᠯᠲᠠ ᠬᠢᠵᠦ ᠵᠦᠪᠰᠢᠶᠡᠷᠡᠬᠦ ᠪᠣᠶᠣ ᠦᠯᠦ ᠵᠦᠪᠰᠢᠶᠡᠷᠡᠬᠦ | ᠰᠢᠢᠳᠪᠦᠷᠢ ᠭᠠᠷᠭᠠᠨ᠎ᠠ᠃ ᠬᠡᠷᠪᠡ ᠵᠦᠪᠰᠢᠶᠡᠷᠡᠪᠡᠯ ᠡᠵᠡᠩᠨᠡᠯᠲᠡ ᠶᠢᠨ ᠦᠨᠡᠮᠯᠡᠯ ᠣᠯᠭᠤᠨ᠎ᠠ︔ ᠦᠯᠦ ᠵᠦᠪᠰᠢᠶᠡᠷᠡᠪᠡᠯ | ᠪᠢᠴᠢᠭ ᠤᠨ ᠬᠡᠯᠪᠡᠷᠢ ᠪᠠᠷ ᠭᠤᠶᠣᠴᠢᠯᠠᠬᠴᠢ ᠳᠤ ᠮᠡᠲᠡᠭᠲᠡᠬᠦ ᠶᠢᠨ ᠬᠠᠮᠲᠣ ᠰᠢᠯᠲᠠᠭᠠᠨ ᠢᠶᠠᠨ ᠲᠣᠲᠣᠷᠬᠠᠶᠢᠯᠠᠨ᠎ᠠ᠃ | ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ | ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ | ᠲᠦᠷᠦᠯ ᠵᠦᠢᠯ ᠤᠨ ᠭᠠᠷᠴᠠᠬ ᠲᠣᠬᠲᠠᠭᠠᠨ ᠲᠣᠬᠢᠷᠠᠭᠤᠯᠵᠦ᠂ ᠲᠦᠷᠦ ᠶᠢᠨ ᠶᠠᠪᠣᠲᠠᠯ ᠤᠨ ᠬᠤᠷᠢᠶ᠎ᠠ ᠪᠠᠷ | ᠵᠦᠪᠰᠢᠶᠡᠷᠡᠬᠦᠯᠦᠭᠰᠡᠨ ᠤ ᠲᠠᠷᠠᠭ᠎ᠠ ᠨᠡᠶᠢᠲᠡᠯᠡᠨ᠎ᠡ᠃ | ᠭᠤᠴᠢᠨ ᠭᠤᠷᠪᠠᠲᠣᠭᠠᠷ ᠵᠣᠷᠪᠣᠰ ᠣᠯᠣᠰ ᠠᠴᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ | ᠵᠣᠬᠢᠶᠠᠨ ᠪᠠᠶᠢᠭᠤᠯᠣᠬᠴᠢ ᠪᠠ ᠪᠡᠶ᠎ᠡ ᠴᠢᠬᠢᠷᠠᠬᠵᠢᠭᠤᠯᠬᠤ ᠲᠠᠯᠠᠪᠣᠷ ᠤᠨ ᠬᠠᠮᠢᠶᠠᠷᠣᠬᠴᠢᠳ ᠢ ᠬᠠᠣᠯᠢ ᠶᠣᠰᠣᠭᠠᠷ | ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠲᠠᠭᠠᠳᠬᠠᠯ ᠳᠤ ᠣᠷᠣᠯᠴᠠᠬᠤ ᠶᠢ ᠵᠣᠷᠢᠬᠵᠢᠭᠤᠯᠣᠨ᠎ᠠ᠃ | ᠣᠯᠣᠰ ᠠᠴᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠣᠷᠣᠯᠴᠠᠬᠰᠠᠨ ᠠᠷᠠᠳ | ᠢᠷᠭᠡᠳ ᠤᠨ ᠬᠠᠣᠯᠢ ᠶᠣᠰᠣᠭᠠᠷ ᠬᠡᠨᠡᠳᠲᠡ ᠶᠢᠨ ᠬᠡᠮᠲᠦᠯ ᠰᠢᠷᠬᠠᠲᠣᠯ ᠤᠨ ᠲᠠᠭᠠᠳᠬᠠᠯ ᠳᠤ ᠣᠷᠣᠯᠴᠠᠬᠤ ᠶᠢ | ᠵᠣᠷᠢᠬᠵᠢᠭᠤᠯᠣᠨ᠎ᠠ᠃ | ᠭᠤᠴᠢᠨ ᠲᠦᠷᠪᠡᠲᠦᠭᠡᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ | ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠡᠲᠦ ᠲᠦᠭᠰᠢᠬᠦᠷᠢᠲᠦ ᠴᠢᠨᠠᠷ | ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠡᠵᠡᠩᠨᠡᠬᠦ ᠬᠦᠲᠡᠯᠭᠡᠭᠡᠨ ᠳᠤ ᠬᠠᠣᠯᠢ ᠶᠣᠰᠣᠭᠠᠷ ᠬᠢᠨᠠᠯᠲᠠ ᠲᠠᠯᠪᠢᠵᠦ | ᠪᠠᠶᠢᠴᠠᠭᠠᠬᠤ ᠡᠬᠦᠷᠭᠡ ᠪᠠᠨ ᠬᠦᠢᠴᠡᠳᠭᠡᠨ᠎ᠡ᠃ | ᠲᠠᠪᠣᠲᠣᠭᠠᠷ ᠪᠦᠯᠦᠭ ᠬᠠᠣᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠣᠲᠣᠭᠠᠷ ᠪᠦᠯᠦᠭ ᠰᠣᠷᠭᠠᠭᠤᠯᠢ ᠲᠣᠰ ᠲᠦᠷᠢᠮ ᠤᠨ ᠲᠣᠬᠲᠠᠭᠠᠯ ᠠᠴᠠ ᠵᠦᠷᠢᠴᠡᠪᠡᠯ᠂ | ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ ᠡ ᠶᠢᠨ ᠲᠠᠮᠢᠷ ᠢ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠬᠠᠮᠢᠶᠠᠷᠬᠤ ᠡᠷᠭᠡ ᠶᠢᠨ ᠬᠡᠪᠴᠢᠶᠠᠨ ᠲᠣᠲᠣᠷ᠎ᠠ ᠵᠠᠷᠯᠢᠬᠲᠠᠨ ᠵᠠᠰᠠᠵᠦ ᠵᠠᠯᠠᠷᠠᠭᠤᠯᠣᠨ᠎ᠠ︔ | ᠡᠰᠡ ᠵᠠᠰᠠᠨ ᠵᠠᠯᠠᠷᠠᠭᠤᠯᠪᠠᠯ ᠬᠠᠷᠢᠭᠤᠴᠠᠯᠭ᠎ᠠ ᠡᠬᠦᠷᠭᠡᠯᠡᠬᠦ ᠶᠣᠰᠣᠲᠠᠢ ᠭᠤᠣᠯ ᠬᠠᠮᠢᠶᠠᠷᠣᠬᠴᠢ ᠪᠣᠯᠣᠨ ᠦᠭᠡᠷ᠎ᠡ | ᠪᠣᠰᠣᠳ ᠰᠢᠭᠤᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠳᠭᠡᠯ ᠣᠯᠭᠤᠨ᠎ᠠ᠃ | ᠭᠤᠴᠢᠨ ᠵᠢᠷᠭᠤᠲᠣᠭᠠᠷ ᠵᠣᠷᠪᠣᠰ ᠵᠦᠪᠰᠢᠶᠡᠷᠡᠯ ᠣᠯᠣᠬᠰᠠᠨ ᠦᠭᠡᠢ ᠲᠣᠷ᠎ᠠ ᠪᠠᠷ ᠢᠶᠠᠨ ᠡᠵᠡᠨ ᠮᠡᠲᠡᠵᠦ ᠬᠡᠲᠦ | ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ ᠵᠦᠢᠯ ᠡᠵᠡᠩᠨᠡᠪᠡᠯ ᠰᠢᠶᠠᠨ ᠤ ᠱᠠᠲᠣᠨ ᠠᠴᠠ | ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ | ᠬᠠᠮᠢᠶᠠᠷᠬᠤ ᠡᠷᠬᠡ ᠶᠢᠨ ᠬᠡᠪᠴᠢᠶᠠᠨ ᠲᠣᠲᠣᠷ᠎ᠠ ᠵᠠᠷᠯᠢᠬᠲᠠᠨ ᠵᠠᠰᠠᠨ ᠵᠠᠯᠠᠷᠠᠭᠤᠯᠣᠨ᠎ᠠ︔ ᠬᠠᠣᠯᠢ ᠪᠣᠰᠣ ᠪᠠᠷ ᠠᠰᠢᠬ | ᠣᠷᠣᠯᠭ᠎ᠠ ᠣᠯᠣᠬᠰᠠᠨ ᠪᠣᠯ ᠬᠠᠣᠯᠢ ᠪᠣᠰᠣ ᠣᠷᠣᠯᠭ᠎ᠠ ᠶᠢ ᠨᠢ ᠬᠤᠷᠢᠶᠠᠮᠵᠢᠯᠠᠨ᠎ᠠ︔ ᠬᠠᠣᠯᠢ ᠪᠣᠰᠣ ᠣᠷᠣᠯᠭ᠎ᠠ ᠨᠢ 3 | ᠲᠦᠮᠡᠨ ᠲᠦᠬᠦᠷᠢᠭ ᠬᠦᠷᠬᠦ ᠦᠭᠡᠢ ᠪᠣᠶᠣ ᠡᠰᠡᠬᠦᠯ᠎ᠠ ᠬᠠᠣᠯᠢ ᠪᠣᠰᠣ ᠣᠷᠣᠯᠭ᠎ᠠ ᠦᠭᠡᠢ ᠪᠣᠯ 3 ᠲᠦᠮᠡᠨ | ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠣᠷᠣᠬᠰᠢ ᠵᠣᠭᠤᠰ ᠢᠶᠠᠷ ᠲᠣᠷᠭᠠᠨ᠎ᠠ︔ ᠬᠠᠣᠯᠢ ᠪᠣᠰᠣ | ᠣᠷᠣᠯᠭ᠎ᠠ ᠨᠢ 3 ᠲᠦᠮᠡᠨ ᠲᠦᠬᠦᠷᠢᠭ ᠠᠴᠠ ᠲᠡᠭᠡᠭᠰᠢ ᠪᠣᠯ ᠬᠠᠣᠯᠢ ᠪᠣᠰᠣ ᠣᠷᠣᠯᠭ᠎ᠠ ᠶᠢᠨ 2 ᠲᠠᠬᠢᠨ ᠠᠴᠠ | ᠲᠡᠭᠡᠭᠰᠢ 5 ᠲᠠᠬᠢᠨ ᠠᠴᠠ ᠲᠣᠷᠣᠬᠰᠢ ᠵᠣᠭᠤᠰ ᠢᠶᠠᠷ ᠲᠣᠷᠭᠠᠨ᠎ᠠ᠃ | ᠭᠤᠴᠢᠨ ᠲᠣᠯᠣᠲᠣᠭᠠᠷ ᠵᠣᠷᠪᠣᠰ ᠬᠡᠲᠦ ᠲᠦᠭᠰᠢᠬᠦᠷᠢᠲᠦ ᠴᠢᠨᠠᠷ ᠪᠦᠬᠦᠢ ᠪᠡᠶ᠎ᠡ ᠶᠢᠨ ᠲᠠᠮᠢᠷ ᠤᠨ ᠲᠦᠷᠦᠯ | ᠵᠦᠢᠯ ᠡᠵᠡᠩᠨᠡᠭᠴᠢ ᠡᠵᠡᠩᠨᠡᠯᠲᠡ ᠶᠢᠨ ᠦᠨᠡᠮᠯᠡᠯ ᠣᠯᠣᠬᠰᠠᠨ ᠤ ᠲᠠᠷᠠᠭ᠎ᠠ ᠲᠣᠰ ᠲᠦᠷᠢᠮ ᠳᠤ ᠲᠣᠬᠲᠠᠭᠠᠬᠰᠠᠨ | ᠨᠦᠬᠦᠴᠡᠯ ᠳᠤ ᠦᠯᠦ ᠨᠡᠶᠢᠴᠡᠬᠦ ᠠᠲᠠᠯ᠎ᠠ ᠪᠠᠨ ᠲᠣᠰ ᠪᠡᠶ᠎ᠡ ᠶᠢᠨ ᠲᠠᠮᠢᠷ ᠤᠨ ᠲᠦᠷᠦᠯ ᠵᠦᠢᠯ ᠢᠶᠠᠨ ᠦᠷᠬᠦᠯᠵᠢᠯᠡᠨ | ᠡᠵᠡᠩᠨᠡᠵᠦ ᠪᠠᠶᠢᠢᠪᠠᠯ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ | ᠣᠷᠲᠣᠨ ᠤ ᠪᠡᠶ᠎ᠡ ᠶᠢᠨ ᠲᠠᠮᠢᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠢᠶᠠᠷᠬᠤ ᠡᠷᠭᠡ ᠶᠢᠨ ᠬᠡᠪᠴᠢᠶᠠᠨ | ᠲᠣᠲᠣᠷ᠎ᠠ ᠵᠠᠷᠯᠢᠬᠲᠠᠨ ᠵᠠᠰᠠᠵᠦ ᠵᠠᠯᠠᠷᠠᠭᠤᠯᠣᠨ᠎ᠠ︔ ᠬᠠᠣᠯᠢ ᠪᠣᠰᠣ ᠪᠠᠷ ᠠᠰᠢᠬ ᠣᠷᠣᠯᠭ᠎ᠠ ᠣᠯᠣᠬᠰᠠᠨ ᠪᠣᠯ ᠬᠠᠣᠯᠢ | ᠪᠣᠰᠣ ᠣᠷᠣᠯᠭ᠎ᠠ ᠶᠢ ᠨᠢ ᠬᠤᠷᠢᠶᠠᠮᠵᠢᠯᠠᠨ᠎ᠠ︔ ᠬᠠᠣᠯᠢ ᠪᠣᠰᠣ ᠣᠷᠣᠯᠭ᠎ᠠ ᠨᠢ 3 ᠲᠦᠮᠡᠨ ᠲᠦᠬᠦᠷᠢᠭ ᠬᠦᠷᠬᠦ ᠦᠭᠡᠢ | ᠪᠣᠶᠣ ᠡᠰᠡᠬᠦᠯ᠎ᠠ ᠬᠠᠣᠯᠢ ᠪᠣᠰᠣ ᠣᠷᠣᠯᠭ᠎ᠠ ᠦᠭᠡᠢ ᠪᠣᠯ 3 ᠲᠦᠮᠡᠨ ᠲᠦᠬᠦᠷᠢᠭ ᠠᠴᠠ ᠲᠡᠭᠡᠭᠰᠢ 10 ᠲᠦᠮᠡᠨ | ᠲᠦᠬᠦᠷᠢᠭ ᠠᠴᠠ ᠲᠣᠷᠣᠬᠰᠢ ᠵᠣᠭᠤᠰ ᠢᠶᠠᠷ ᠲᠣᠷᠭᠠᠨ᠎ᠠ︔ ᠬᠠᠣᠯᠢ ᠪᠣᠰᠣ ᠣᠷᠣᠯᠭ᠎ᠠ ᠨᠢ 3 ᠲᠦᠮᠡᠨ | ᠲᠦᠬᠦᠷᠢᠭ ᠠᠴᠠ ᠲᠡᠭᠡᠭᠰᠢ ᠪᠣᠯ ᠬᠠᠣᠯᠢ ᠪᠣᠰᠣ ᠣᠷᠣᠯᠭ᠎ᠠ ᠶᠢᠨ 2 ᠲᠠᠬᠢᠨ ᠠᠴᠠ ᠲᠡᠭᠡᠭᠰᠢ 5 ᠲᠠᠬᠢᠨ ᠠᠴᠠ | ᠲᠣᠷᠣᠬᠰᠢ ᠵᠣᠭᠤᠰ ᠢᠶᠠᠷ ᠲᠣᠷᠭᠠᠨ᠎ᠠ᠃ ᠵᠠᠰᠠᠵᠦ ᠵᠠᠯᠠᠷᠠᠭᠤᠯᠬᠤ ᠶᠢ ᠲᠡᠪᠴᠢᠪᠠᠯ ᠦᠨᠡᠮᠯᠡᠯ ᠣᠯᠭᠤᠬᠰᠠᠨ | ᠪᠠᠶᠢᠭᠤᠯᠣᠯᠭ᠎ᠠ ᠠᠴᠠ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ᠃ | ᠭᠤᠴᠢᠨ ᠨᠠᠢᠮᠠᠳᠤᠭᠠᠷ ᠵᠣᠷᠪᠣᠰ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ ᠠᠰᠢᠬᠯᠠᠨ ᠹᠧᠣᠳᠠᠯ ᠤᠨ ᠮᠣᠬᠤᠷ | ᠪᠢᠰᠢᠷᠡᠯ ᠢ ᠣᠬᠠᠭᠤᠯᠣᠨ᠂ ᠨᠡᠶᠢᠭᠡᠮ ᠤᠨ ᠶᠣᠰᠣ ᠰᠣᠷᠲᠠᠬᠤᠨ ᠠᠴᠠ ᠲᠡᠷᠰᠡᠯᠡᠵᠦ᠂ ᠣᠯᠠᠨ ᠨᠡᠶᠢᠲᠡ ᠶᠢᠨ ᠡᠮᠬᠢ | ᠲᠢᠭᠯᠢᠮ ᠢ ᠰᠠᠮᠠᠷᠠᠭᠤᠯᠣᠨ᠂ ᠠᠷᠠᠳ ᠢᠷᠭᠡᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠲᠦ ᠶᠢ ᠬᠤᠬᠢᠷᠠᠭᠤᠯᠬᠤ | ᠠᠵᠢᠯᠯᠠᠭ᠎ᠠ ᠦᠢᠯᠡᠲᠦᠪᠡᠯ ᠲᠣᠲᠣᠭᠠᠲᠣ ᠶᠢ ᠬᠠᠮᠠᠭᠠᠯᠠᠬᠤ ᠰᠠᠯᠠᠭ᠎ᠠ ᠮᠦᠴᠢᠷ ︽ ᠪᠦᠬᠦᠲᠡ ᠨᠡᠶᠢᠷᠠᠮᠲᠠᠬᠤ ᠲᠣᠮᠲᠠᠲᠣ | ᠠᠷᠠᠳ ᠣᠯᠣᠰ ᠤᠨ ᠠᠮᠣᠷ ᠢ ᠬᠠᠮᠠᠭᠠᠯᠠᠬᠤ ᠬᠠᠮᠢᠶᠠᠷᠣᠯᠲᠠ ᠶᠢᠨ ᠰᠢᠳᠭᠡᠯ ᠦᠭᠬᠦ ᠬᠠᠣᠯᠢ︾ ᠶᠢᠨ ᠲᠣᠬᠲᠠᠭᠠᠯ | ᠶᠣᠰᠣᠭᠠᠷ ᠰᠢᠳᠭᠡᠯ ᠣᠯᠭᠤᠨ᠎ᠠ︔ ᠶᠠᠯ᠎ᠠ ᠦᠢᠯᠡᠲᠦᠭᠰᠡᠨ ᠪᠣᠯ ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ | ᠬᠠᠷᠢᠭᠤᠴᠠᠯᠭ᠎ᠠ ᠨᠡᠭᠡᠮᠵᠢᠯᠡᠨ᠎ᠡ᠃ | ᠭᠤᠴᠢ ᠶᠢᠰᠦᠲᠦᠭᠡᠷ ᠵᠣᠷᠪᠣᠰ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ | ᠪᠣᠯᠣᠨ ᠲᠡᠬᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯᠲᠠᠳ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠠᠵᠢᠯ ᠲᠣᠮᠲᠠ ᠡᠷᠭᠡ ᠪᠠᠨ ᠲᠣᠷᠠᠪᠠᠷ ᠬᠡᠷᠡᠭᠯᠡᠵᠦ᠂ ᠬᠤᠪᠢ ᠪᠠᠨ ᠪᠣᠷᠲᠣᠵᠦ ᠠᠰᠢᠬ ᠬᠦᠭᠡᠭᠡᠴᠡᠯᠲᠦᠭᠰᠡᠨ ᠪᠣᠯ ᠬᠠᠣᠯᠢ | ᠶᠣᠰᠣᠭᠠᠷ ᠰᠢᠳᠭᠡᠯ ᠣᠯᠭᠤᠨ᠎ᠠ︔ ᠶᠠᠯ᠎ᠠ ᠦᠢᠯᠡᠲᠦᠭᠰᠡᠨ ᠪᠠᠶᠢᠪᠠᠯ ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ | ᠬᠠᠷᠢᠭᠤᠴᠠᠯᠭ᠎ᠠ ᠨᠡᠭᠡᠮᠵᠢᠯᠡᠨ᠎ᠡ᠃ | ᠵᠢᠷᠭᠤᠲᠣᠭᠠᠷ ᠪᠦᠯᠦᠭ ᠲᠠᠭᠠᠯᠲᠠ ᠵᠠᠷᠴᠢᠮ | ᠲᠦᠴᠢᠲᠦᠭᠡᠷ ᠵᠣᠷᠪᠣᠰ ᠲᠣᠰ ᠲᠦᠷᠢᠮ ᠢ 2009 ᠤᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠬᠦᠯᠦᠨ᠎ᠡ | | |