ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠶᠢᠨ ︽ᠪᠦᠬᠦ | ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ | ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ︾ ᠶᠢ ᠳᠠᠷᠣᠮᠯᠠᠨ ᠳᠠᠷᠬᠠᠭᠠᠬᠤ ᠳᠣᠬᠠᠢ ᠮᠡᠳᠡᠭᠳᠡᠯ | | ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠡ ᠬᠤᠳᠠ ᠪᠣᠯᠣᠨ ᠰᠢᠨᠵᠢᠶᠠᠩ ᠤᠨ | ᠦᠢᠯᠡᠳᠪᠦᠷᠢᠯᠠᠯ ᠪᠦᠳᠦᠬᠡᠨ ᠪᠠᠶᠢᠭᠤᠯᠣᠯᠳᠠ ᠶᠢᠨ ᠪᠢᠩᠲ᠋ᠣᠸᠠᠨ ᠤ ᠬᠡᠷᠡᠭ ᠡᠷᠬᠢᠯᠡᠬᠦ ᠵᠦᠪᠯᠡᠯ ︵ᠳᠢᠩᠬᠢᠮ᠂ | ᠳᠣᠪᠴᠢᠶ᠎ᠠ︶᠂ ᠪᠡᠶ᠎ᠡ ᠶᠢᠨ ᠳᠠᠮᠢᠷ ᠤᠨ ᠲᠣᠪᠴᠢᠶ᠎ᠠ᠄ | ᠡᠳᠦᠬᠡ ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ | ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ︾ ᠶᠢ ᠲᠠ ᠨᠠᠷ ᠲᠤ ᠳᠠᠷᠣᠮᠠᠯᠯᠠᠨ | ᠳᠠᠷᠬᠠᠭᠠᠪᠠ᠃ ᠵᠢᠷᠣᠮᠯᠠᠨ ᠬᠡᠷᠡᠭᠵᠢᠬᠦᠯᠬᠦ ᠪᠣᠯᠪᠠᠤ︕ | | ᠣᠯᠣᠰ ᠤᠨ ᠬᠡᠷᠡᠭ ᠡᠷᠬᠢᠯᠡᠬᠦ ᠵᠦᠪᠯᠡᠯ | ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ | 2018 ᠣᠨ ᠤ 5 ᠰᠠᠷ᠎ᠠ ᠶᠢᠨ 29 ᠤ ᠡᠳᠦᠷ | | | ᠳᠠᠭᠠᠯᠳᠣᠭᠤᠯᠣᠯ᠄ ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ | ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ︾ | | ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ | ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ | | ᠨᠢᠬᠡᠳᠦᠬᠡᠷ ᠪᠦᠯᠦᠭ ᠶᠡᠷᠦᠩᠬᠡᠢ ᠳᠦᠷᠢᠮ | ᠨᠢᠬᠡᠳᠦᠬᠡᠷ ᠵᠣᠷᠪᠣᠰ ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ | ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠶᠢᠨ ᠠᠵᠢᠯ ᠢ ᠤᠯᠠᠮ ᠨᠢᠬᠡ ᠠᠯᠬᠤᠮ ᠳᠦᠷᠢᠮᠵᠢᠬᠦᠯᠵᠣ᠂ | ᠬᠠᠮᠢᠶᠠᠷᠣᠯᠳᠠ ᠶᠢᠨ ᠳᠦᠪᠰᠢᠨ ᠢᠶᠠᠨ ᠳᠡᠬᠡᠭᠰᠢᠯᠡᠬᠦᠯᠬᠦ ᠶᠢᠨ ᠳᠣᠯᠠᠳᠠ᠂ ︽ᠪᠦᠬᠦᠳᠠ ᠨᠠᠶᠢᠷᠠᠮᠳᠠᠬᠤ ᠳᠣᠮᠳᠠᠳᠣ | ᠠᠷᠠᠳ ᠣᠯᠣᠰ ᠤᠨ ᠪᠡᠶ᠎ᠡ ᠶᠢᠨ ᠳᠠᠮᠢᠷ ᠤᠨ ᠬᠠᠤᠯᠢ︾ ᠪᠠ ︽ᠳᠦᠷᠦ ᠶᠢᠨ ᠶᠠᠪᠣᠳᠠᠯ ᠤᠨ ᠬᠤᠷᠢᠶᠠᠠ ᠤ | ᠬᠡᠷᠡᠭᠵᠢᠬᠦᠯᠦᠭᠰᠡᠨ ︿ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠳᠡᠨ ᠤ ᠣᠷᠣᠨ | ᠨᠣᠳᠤᠭ ᠤᠨ ᠦᠪᠡᠷᠳᠡᠬᠡᠨ ᠵᠠᠰᠠᠬᠤ ᠬᠠᠤᠯᠢ﹀ ᠶᠢᠨ ᠳᠣᠭᠳᠠᠭᠠᠯ︾ ᠢ ᠦᠨᠳᠦᠰᠦᠯᠡᠨ᠂ ᠳᠣᠰ ᠠᠷᠭ᠎ᠠ ᠶᠢ | ᠳᠣᠭᠳᠠᠭᠠᠭᠰᠠᠨ ᠪᠠᠶᠢᠨ᠎ᠠ᠃ | ᠬᠤᠶᠠᠳᠣᠭᠠᠷ ᠵᠣᠷᠪᠣᠰ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ | ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠭᠤᠣᠯᠯᠠᠨ | ᠡᠷᠬᠢᠯᠡᠵᠣ᠂ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ | ᠣᠷᠳᠣᠨ ᠳᠠᠭᠠᠭᠠᠴᠢᠯᠠᠨ ᠡᠷᠬᠢᠯᠡᠵᠣ᠂ ᠳᠦᠷᠪᠡᠨ ᠵᠢᠯ ᠪᠣᠯᠭᠠᠨ ᠳᠤ ᠨᠢᠬᠡ ᠣᠳᠠᠭ᠎ᠠ ᠵᠣᠬᠢᠶᠠᠨ ᠪᠠᠶᠢᠭᠤᠯᠣᠨ᠎ᠠ᠃ | ᠭᠤᠷᠪᠠᠳᠣᠭᠠᠷ ᠵᠣᠷᠪᠣᠰ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ | ︽ᠡᠷᠬᠡ ᠳᠡᠭᠰᠢ᠂ ᠪᠦᠯᠬᠦᠮᠳᠡᠯ᠂ ᠮᠠᠷᠡᠶᠢᠨ ᠳᠡᠮᠡᠴᠡᠬᠦ᠂ ᠡᠷᠡᠯᠬᠡᠭᠯᠡᠨ ᠣᠷᠣᠭᠰᠢᠯᠠᠬᠤ︾ ᠵᠣᠷᠢᠯᠭ᠎ᠠ ᠪᠠᠷ ᠪᠦᠬᠦᠳᠠ | ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ | ᠪᠠᠬᠢᠵᠢᠬᠦᠯᠬᠦ ᠶᠢ ᠬᠦᠷᠢᠶᠡᠯᠡᠨ᠂ ᠡᠯ᠎ᠡ ᠦᠨᠳᠦᠰᠦᠳᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠠᠯ ᠢ ᠴᠢᠩᠭᠠᠳᠬᠠᠨ᠂ | ᠦᠨᠳᠦᠰᠦᠳᠡᠨ ᠤ ᠪᠦᠯᠬᠦᠮᠳᠡᠯ ᠳᠡᠪᠰᠢᠯᠳᠠ ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ | ᠬᠦᠭᠵᠢᠯᠳᠡ ᠶᠢ ᠠᠬᠢᠭᠤᠯᠬᠤ ᠪᠠᠷ ᠬᠠᠷᠠᠯᠳᠠ ᠪᠣᠯᠭᠠᠵᠣ᠂ ︽ᠦᠪᠡᠷᠮᠢᠴᠠ ᠳᠣᠳᠣ ᠣᠨᠴᠠᠯᠢᠭ᠂ ᠪᠣᠳᠠᠳᠠᠢ ᠶᠢ | ᠡᠷᠬᠢᠮᠯᠡᠨ ᠠᠷᠪᠢᠯᠠᠨ ᠭᠠᠮᠨᠠᠬᠤ︾ ᠴᠣᠭᠯᠠᠭᠠᠨ ᠵᠣᠬᠢᠶᠠᠨ ᠪᠠᠶᠢᠭᠤᠯᠬᠤ ᠵᠠᠷᠴᠢᠮ ᠢ ᠪᠠᠷᠢᠮᠳᠠᠯᠠᠨ᠎ᠠ᠃ | ᠳᠦᠷᠪᠡᠳᠦᠬᠡᠷ ᠵᠣᠷᠪᠣᠰ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠪᠠ ᠳᠠᠭᠠᠭᠠᠴᠢᠯᠠᠨ ᠡᠷᠬᠢᠯᠡᠭᠰᠡᠨ | ᠪᠠᠶᠢᠭᠤᠯᠣᠯᠭ᠎ᠠ ᠡᠷᠬᠡᠪᠰᠢ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠵᠣᠬᠢᠶᠠᠨ ᠪᠠᠶᠢᠭᠤᠯᠣᠯᠳᠠ | ᠬᠠᠮᠢᠶᠠᠷᠣᠯᠳᠠ ᠶᠢᠨ ᠠᠵᠢᠯ ᠤᠨ ᠭᠤᠣᠯ ᠴᠣᠭᠴᠠ ᠶᠢᠨ ᠡᠬᠦᠷᠬᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠬᠡᠷᠡᠭᠵᠢᠬᠦᠯᠦᠨ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠠᠯ ᠢ ᠡᠰᠡᠷᠬᠦᠴᠡᠬᠦ ᠠᠵᠢᠯ ᠢ | ᠴᠢᠩᠭᠠᠳᠬᠠᠨ᠂ ᠠᠷᠢᠭᠤᠨ ᠴᠢᠬᠡᠴᠢ ᠪᠠᠷ ᠣᠷᠣᠯᠳᠣᠭᠠᠨ ᠬᠢᠬᠦ ᠳᠦᠷᠢᠮ ᠪᠣᠯᠣᠨ ᠳᠣᠭᠳᠠᠯᠴᠠᠭ᠎ᠠ ᠶᠢ ᠪᠠᠶᠢᠭᠤᠯᠣᠨ | ᠳᠡᠬᠦᠯᠳᠡᠷᠵᠢᠬᠦᠯᠵᠣ᠂ ᠨᠠᠮ ᠤᠨ ᠰᠠᠬᠢᠯᠭ᠎ᠠ ᠨᠠᠮ ᠤᠨ ᠳᠦᠷᠢᠮ ᠪᠣᠯᠣᠨ ᠣᠯᠣᠰ ᠤᠨ ᠡᠯ᠎ᠡ ᠲᠦᠷᠦᠯ ᠤᠨ ᠬᠠᠤᠯᠢ | ᠴᠠᠭᠠᠵᠠ ᠳᠦᠷᠢᠮ ᠳᠣᠭᠳᠠᠭᠠᠯ ᠢ ᠳᠦᠪ ᠴᠢᠩᠭ᠎ᠠ ᠪᠠᠷ ᠬᠡᠷᠡᠭᠵᠢᠬᠦᠯᠦᠨ᠂ ᠪᠡᠯᠡᠳᠬᠡᠯ ᠠᠵᠢᠯ ᠤᠨ ᠠᠷᠢᠭᠤᠨ ᠴᠢᠬᠡᠴᠢ | ᠦᠷ᠎ᠡ ᠪᠦᠳᠦᠮᠵᠢ ᠲᠠᠢ ᠪᠠᠶᠢᠬᠤ ᠶᠢ ᠪᠠᠳᠣᠯᠠᠨ᠎ᠠ᠃ | ᠬᠤᠶᠠᠳᠣᠭᠠᠷ ᠪᠦᠯᠦᠭ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ | ᠳᠠᠪᠣᠳᠣᠭᠠᠷ ᠵᠣᠷᠪᠣᠰ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ | ᠵᠣᠬᠢᠶᠠᠨ ᠪᠠᠶᠢᠭᠤᠯᠬᠤ ᠺᠣᠮᠢᠰ ᠭᠠᠷᠭᠠᠨ᠎ᠠ᠃ ᠵᠣᠬᠢᠶᠠᠨ ᠪᠠᠶᠢᠭᠤᠯᠬᠤ ᠺᠣᠮᠢᠰ ᠤᠨ ᠠᠵᠢᠯ ᠤᠨ ᠪᠠᠶᠢᠭᠤᠯᠣᠮᠵᠢ ᠨᠢ | ᠡᠷᠬᠡᠪᠰᠢ ᠣᠷᠣᠯᠳᠣᠭᠠᠨ ᠦᠵᠡᠬᠦᠯᠦᠯᠬᠡ ᠶᠢᠨ ᠬᠡᠯᠳᠡᠰ᠂ ᠬᠦᠯᠢᠶᠡᠨ ᠠᠪᠣᠯᠳᠠ ᠪᠠᠳᠣᠯᠠᠭ᠎ᠠ ᠶᠢᠨ ᠬᠡᠯᠳᠡᠰ᠂ ᠰᠣᠨᠢᠨ | ᠮᠡᠳᠡᠬᠡᠨ ᠤ ᠣᠬᠠᠭᠤᠯᠭ᠎ᠠ ᠶᠢᠨ ᠬᠡᠯᠳᠡᠰ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠬᠡᠯᠳᠡᠰ ᠪᠠ ᠰᠠᠬᠢᠯᠭ᠎ᠠ ᠪᠠᠳᠣ | ᠪᠠᠶᠢᠴᠠᠭᠠᠬᠤ ᠬᠡᠯᠳᠡᠰ ᠳᠣᠬᠢᠷᠠᠭᠤᠯᠤᠨ᠎ᠠ᠂ ᠪᠣᠰᠣᠳ ᠠᠵᠢᠯ ᠤᠨ ᠪᠠᠶᠢᠭᠤᠯᠣᠮᠵᠢ ᠶᠢ ᠪᠣᠳᠠᠳᠣ ᠱᠠᠭᠠᠷᠳᠠᠯᠭ᠎ᠠ ᠪᠠᠨ | ᠦᠨᠳᠦᠰᠦᠯᠡᠨ ᠭᠠᠷᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠪᠡᠯᠡᠳᠬᠡᠯ ᠠᠵᠢᠯ ᠤᠨ ᠪᠠᠶᠢᠭᠤᠯᠣᠮᠵᠢ ᠲᠠᠢ | ᠦᠨᠳᠦᠰᠦᠨ ᠳᠡᠭᠡᠨ ᠠᠮᠠ ᠰᠡᠬᠡᠷ ᠢ ᠨᠢ ᠵᠣᠯᠭᠠᠯᠴᠠᠭᠤᠯᠣᠨᠠ᠃ | ᠵᠢᠷᠭᠤᠳᠣᠭᠠᠷ ᠵᠣᠷᠪᠣᠰ ᠵᠣᠬᠢᠶᠠᠨ ᠪᠠᠶᠢᠭᠤᠯᠬᠤ ᠺᠣᠮᠢᠰ ᠪᠣᠯᠣᠨ ᠪᠣᠰᠣᠳ ᠠᠵᠢᠯ ᠤᠨ ᠪᠠᠶᠢᠭᠤᠯᠣᠮᠵᠢ ᠶᠢ | ᠭᠤᠣᠯᠯᠠᠨᠡᠷᠬᠢᠯᠡᠬᠦ ᠪᠠᠶᠢᠭᠤᠯᠣᠯᠭ᠎ᠠ ᠪᠠ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠶᠢᠨ ᠠᠵᠢᠯᠳᠠᠨ ᠠᠴᠠ ᠬᠠᠮᠳᠣᠷᠠᠨ | ᠪᠦᠷᠢᠯᠳᠦᠬᠦᠯᠦᠨ᠎ᠠ᠃ | ᠳᠣᠯᠣᠳᠣᠭᠠᠷ ᠵᠣᠷᠪᠣᠰ ᠡᠯ᠎ᠡ ᠣᠷᠣᠯᠳᠣᠭᠠᠨ ᠤ ᠳᠦᠷᠦᠯ ᠵᠦᠢᠯ ᠳᠤ ᠬᠦᠨᠳᠡᠯᠡᠨ ᠠᠴᠠ ᠳᠠᠰᠣᠯᠬᠤ | ᠵᠦᠪᠯᠡᠯ ᠢ ᠪᠠᠶᠢᠭᠤᠯᠣᠨ᠎ᠠ᠃ | ᠭᠤᠷᠪᠠᠳᠣᠭᠠᠷ ᠪᠦᠯᠦᠭ ᠭᠤᠣᠯᠯᠠᠨᠡᠷᠬᠢᠯᠡᠬᠦ ᠪᠠᠶᠢᠭᠤᠯᠣᠯᠭ᠎ᠠ ᠶᠢᠨ ᠡᠷᠬᠡ ᠠᠰᠢᠭ ᠪᠠ ᠡᠬᠦᠷᠬᠡ ᠳᠣᠰᠢᠶᠡᠯ | ᠨᠠᠢᠮᠠᠳᠣᠭᠠᠷ ᠵᠣᠷᠪᠣᠰ ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ | ᠶᠡᠷᠦᠩᠬᠡᠢ ᠳᠣᠪᠴᠢᠶ᠎ᠠ ᠪᠣᠯ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠡᠷᠬᠡ | ᠠᠰᠢᠭ ᠢ ᠡᠳ᠋ᠯᠡᠨ᠎ᠡ᠂ ᠪᠡᠶ᠎ᠡ ᠶᠢᠨ ᠳᠠᠮᠢᠷ ᠤᠨ ᠴᠣᠭᠯᠠᠭᠠᠨ ᠲᠠᠢ ᠬᠤᠯᠪᠣᠭᠠᠳᠠᠢ ᠠᠯᠢᠪᠠ ᠡᠷᠬᠡ ᠠᠰᠢᠭ ᠢ ᠡᠳ᠋ᠯᠡᠨ᠎ᠡ᠂ | ᠡᠬᠦᠨ ᠳᠤ ᠪᠡᠶ᠎ᠡ ᠶᠢᠨ ᠳᠠᠮᠢᠷ ᠤᠨ ᠴᠣᠭᠯᠠᠭᠠᠨ ᠢ ᠵᠣᠬᠢᠶᠠᠨ ᠪᠠᠶᠢᠭᠤᠯᠬᠤ᠂ ᠠᠰᠢᠭᠯᠠᠬᠤ᠂ ᠳᠠᠮᠵᠢᠭᠤᠯᠬᠤ᠂ ᠰᠢᠩᠬᠡᠬᠡᠨ | ᠦᠢᠯᠡᠳᠬᠦ᠂ ᠳᠣᠭᠠᠴᠢᠬᠤ᠂ ᠳᠠᠬᠢᠨ ᠦᠢᠯᠡᠳᠬᠦ᠂ ᠬᠦᠷᠳᠡᠬᠦ᠂ ᠳᠠᠷᠬᠠᠭᠠᠬᠤ ᠪᠦᠬᠦ ᠡᠷᠬᠡ ᠳᠤ ᠬᠢᠵᠠᠭᠠᠷᠯᠠᠭᠳᠠᠬᠤ | ᠦᠬᠡᠢ ᠪᠠᠷ ᠦᠯᠦ ᠪᠠᠷᠠᠮ᠂ ᠶᠠᠮᠠᠷᠪᠠ ᠬᠡᠯᠪᠡᠷᠢ ᠶᠢᠨ᠂ ᠣᠳᠣ ᠶᠢᠨ ᠪᠠᠶᠢᠬᠤ ᠡᠰᠡᠬᠦᠯ᠎ᠡ ᠢᠷᠡᠬᠡᠳᠦᠢ ᠳᠤ ᠪᠣᠢ ᠪᠣᠯᠬᠤ | ᠪᠦᠬᠦᠶᠢᠯᠡ ᠡᠷᠬᠡ ᠠᠰᠢᠭ ᠪᠠᠭᠳᠠᠨ᠎ᠠ᠃ | ᠶᠢᠰᠦᠳᠦᠬᠡᠷ ᠵᠣᠷᠪᠣᠰ ᠣᠷᠣᠯᠳᠣᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ | ︵ᠨᠢᠬᠡ︶ ᠶᠡᠷᠦᠩᠬᠡᠢ ᠳᠦᠷᠢᠮ ᠪᠠ ᠳᠠᠩ ᠲᠦᠷᠦᠯ ᠤᠨ ᠳᠦᠷᠢᠮ ᠢ ᠭᠠᠷᠭᠠᠨ᠎ᠠ᠃ | ︵ᠬᠤᠶᠠᠷ︶ ᠣᠷᠣᠯᠳᠣᠭᠠᠨ ᠤ ᠳᠦᠷᠦᠯ ᠵᠦᠢᠯ ᠤᠨ ᠳᠦᠷᠢᠮ ᠪᠠ ᠳᠠᠰᠣᠯᠣᠨ ᠳᠣᠭᠳᠠᠭᠠᠬᠤ ᠠᠷᠭ᠎ᠠ ᠶᠢ | ᠳᠣᠭᠳᠠᠭᠠᠨ᠎ᠠ᠃ | ︵ᠭᠤᠷᠪᠠ︶ᠣᠷᠣᠯᠳᠣᠭᠠᠨ ᠤ ᠬᠡᠷᠡᠭᠰᠡᠯ ᠳᠦᠬᠦᠬᠡᠷᠦᠮᠵᠢ ᠶᠢᠨ ᠵᠢᠭᠰᠠᠭᠠᠯᠳᠠ ᠶᠢ ᠭᠠᠷᠭᠠᠨ᠎ᠠ᠃ | ︵ᠳᠦᠷᠪᠡ︶ ᠪᠡᠶ᠎ᠡ ᠶᠢᠨ ᠳᠠᠮᠢᠷ ᠤᠨ ᠮᠣᠷᠠᠯ ᠰᠣᠷᠳᠠᠬᠤᠨ ᠤ ᠱᠠᠩᠨᠠᠯ ᠢ ᠰᠣᠩᠭᠤᠨ ᠰᠢᠯᠭᠠᠷᠠᠭᠤᠯᠬᠤ ᠠᠷᠭ᠎ᠠ | ᠪᠠ ᠣᠷᠣᠯᠳᠣᠭᠠᠨ᠂ ᠦᠵᠡᠬᠦᠯᠦᠯᠬᠡ ᠶᠢᠨ ᠰᠠᠬᠢᠯᠭ᠎ᠠ ᠪᠠᠳᠣ ᠳᠦᠷᠢᠮ ᠳᠣᠭᠳᠠᠭᠠᠯ ᠵᠢᠴᠢ ᠬᠡᠷᠡᠭᠵᠢᠬᠦᠯᠦᠯᠳᠠ ᠶᠢ | ᠳᠣᠭᠳᠠᠭᠠᠬᠤ | ︵ᠳᠠᠪᠤ︶ ᠣᠷᠣᠯᠳᠣᠭᠠᠨ ᠤ ᠳᠦᠷᠦᠯ ᠵᠦᠢᠯ ᠤᠨ ᠬᠢᠨᠠᠭᠴᠢᠳ ᠤᠨ ᠳᠠᠷᠤᠭ᠎ᠠ᠂ ᠳᠡᠳ᠋ ᠳᠠᠷᠤᠭ᠎ᠠ ᠶᠢ | ᠳᠣᠭᠳᠠᠭᠠᠨ᠂ ᠬᠢᠨᠠᠨ ᠰᠢᠬᠦᠬᠦ ᠬᠢᠨᠠᠭᠴᠢᠳ ᠢᠶᠠᠨ ᠭᠠᠷᠭᠠᠵᠣ᠂ ᠳᠠᠭᠠᠭᠠᠴᠢᠯᠠᠨ ᠡᠷᠬᠢᠯᠡᠭᠰᠡᠨ ᠪᠠᠶᠢᠭᠤᠯᠣᠯᠭ᠎ᠠ ᠶᠢ | ᠵᠢᠭᠠᠨ ᠵᠢᠯᠣᠭᠤᠳᠴᠣ ᠬᠢᠨᠠᠭᠴᠢᠳ ᠲᠠᠭᠠᠨ ᠪᠣᠯᠪᠠᠰᠣᠷᠠᠯ ᠬᠦᠷᠳᠡᠭᠡᠨ᠎ᠠ᠃ | ︵ᠵᠢᠷᠭᠤᠭ᠎ᠠ︶ ᠣᠷᠣᠯᠳᠣᠭᠠᠨ ᠤ ᠳᠦᠷᠦᠯ ᠵᠦᠢᠯ ᠤᠨ ᠬᠦᠨᠳᠡᠯᠡᠨ ᠠᠴᠠ ᠳᠠᠰᠣᠯᠬᠤ ᠵᠦᠪᠯᠡᠯ ᠤᠨ ᠬᠡᠰᠢᠬᠦᠨ ᠢ | ᠳᠣᠭᠳᠠᠭᠠᠨ᠎ᠠ᠃ | ︵ᠳᠣᠯᠤᠭ᠎ᠠ︶ ᠳᠠᠮᠢᠷᠴᠢᠨ ᠢ ᠪᠦᠷᠢᠳᠭᠡᠨ ᠨᠡᠷ᠎ᠡ ᠮᠡᠳᠡᠬᠦᠯᠬᠦ᠂ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠵᠣ᠂ | ᠳᠠᠮᠢᠷᠴᠢᠨ ᠤ ᠣᠷᠣᠯᠳᠣᠭᠠᠨ ᠳᠤ ᠣᠷᠣᠬᠤ ᠬᠢᠷᠢ ᠬᠡᠮ ᠢ ᠬᠢᠨᠠᠨ᠎ᠠ᠃ | ︵ᠨᠠᠢᠮᠠ︶ ᠣᠷᠣᠯᠳᠣᠭᠠᠨ ᠤ ᠳᠦᠷᠦᠯ ᠵᠦᠢᠯ ᠤᠨ ᠰᠢᠪᠠᠭ᠎ᠠ ᠳᠠᠳᠠᠬᠤ ᠠᠵᠢᠯ ᠢ ᠵᠣᠬᠢᠶᠠᠨ ᠪᠠᠶᠢᠭᠤᠯᠣᠨ᠎ᠠ᠃ | ︵ᠶᠢᠰᠦ︶ᠣᠷᠣᠯᠳᠣᠭᠠᠨ ᠤ ᠳᠠᠯᠠᠪᠣᠷ᠂ ᠬᠡᠷᠡᠭᠰᠡᠯ ᠳᠦᠬᠦᠬᠡᠷᠦᠮᠵᠢ ᠶᠢ ᠰᠢᠯᠭᠠᠬᠤ ᠠᠵᠢᠯ ᠢ ᠵᠣᠬᠢᠶᠠᠨ | ᠪᠠᠶᠢᠭᠤᠯᠣᠨ᠎ᠠ᠃ | ︵ᠠᠷᠪᠠ︶ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠳᠠᠯ᠂ ᠦᠨᠡᠮᠯᠠᠯ ᠤᠨ ᠪᠢᠴᠢᠭ ᠤᠨ ᠵᠢᠷᠣᠵᠤ | ᠲᠦᠯᠦᠪᠯᠡᠬᠦ ᠳᠦᠰᠦᠯ ᠢ ᠬᠢᠨᠠᠨ ᠳᠣᠭᠳᠠᠭᠠᠨ᠎ᠠ᠃ | ︵ᠠᠷᠪᠠᠨ ᠨᠢᠬᠡ︶ ᠬᠢᠨᠠᠭᠴᠢ᠂ ᠬᠦᠨᠳᠡᠯᠡᠨ ᠠᠴᠠ ᠳᠠᠰᠣᠯᠬᠤ ᠬᠢᠨᠠᠭᠴᠢ ᠶᠢᠨ ᠬᠤᠪᠴᠠᠰᠣ ᠶᠢ ᠵᠢᠷᠣᠵᠣ | ᠳᠦᠯᠦᠪᠯᠡᠬᠦ ᠳᠦᠰᠦᠯ ᠢ ᠬᠢᠨᠠᠨ ᠳᠣᠭᠳᠠᠭᠠᠨ᠎ᠠ᠃ | ︵ᠠᠷᠪᠠᠨ ᠬᠤᠶᠠᠷ︶ ᠣᠷᠣᠯᠳᠣᠭᠠᠨ ᠤ ᠳᠡᠰ ᠳᠠᠷᠠᠭᠠᠯᠠᠯ ᠤᠨ ᠳᠡᠪᠳᠡᠷ ᠢ ᠬᠢᠨᠠᠨ ᠳᠣᠭᠳᠠᠭᠠᠨ᠎ᠠ᠃ | ᠠᠷᠪᠠᠳᠣᠭᠠᠷ ᠵᠣᠷᠪᠣᠰ ᠣᠷᠣᠯᠳᠣᠭᠠᠨ ᠤ ᠪᠣᠰᠣ ᠠᠵᠢᠯ ᠤᠨ ᠵᠣᠬᠢᠶᠠᠨ ᠪᠠᠶᠢᠭᠤᠯᠣᠯᠳᠠ ᠬᠠᠮᠢᠶᠠᠷᠣᠯᠳᠠ᠃ | ︵ᠨᠢᠬᠡ︶ ᠨᠠᠮ ᠳᠦᠷᠦ ᠶᠢᠨ ᠣᠳᠣᠷᠢᠳᠣᠯᠭ᠎ᠠ ᠶᠢ ᠣᠷᠢᠨ᠎ᠠ᠃ | ︵ᠬᠤᠶᠠᠷ︶ ᠪᠡᠶ᠎ᠡ ᠳᠠᠮᠢᠷ ᠤᠨ ᠴᠣᠭᠯᠠᠭᠠᠨ ᠤ ᠡᠳᠦᠷ ᠬᠤᠭᠤᠴᠠᠭ᠎ᠠ᠂ ᠡᠬᠢᠯᠡᠯᠳᠡ ᠪᠠ ᠬᠠᠭᠠᠯᠲᠠ ᠶᠢᠨ | ᠶᠤᠰᠤᠯᠠᠯ ᠤᠨ ᠴᠠᠭ ᠢ ᠳᠣᠭᠳᠠᠭᠠᠨ᠎ᠠ᠃ | ︵ᠭᠤᠷᠪᠠ︶ ᠪᠦᠬᠦ ᠣᠯᠣᠰ ᠤᠨ ᠪᠡᠯᠡᠳᠬᠡᠯ ᠠᠵᠢᠯ ᠤᠨ ᠬᠤᠷᠠᠯ ᠢ ᠬᠢᠨ᠎ᠡ᠃ ᠨᠢᠬᠡᠳᠦᠬᠡᠷ ᠣᠳᠠᠭᠠᠨ ᠤ | ᠪᠡᠯᠡᠳᠬᠡᠯ ᠠᠵᠢᠯ ᠤᠨ ᠬᠤᠷᠠᠯ ᠢ ᠪᠡᠶ᠎ᠡ ᠳᠠᠮᠢᠷ ᠤᠨ ᠴᠣᠭᠯᠠᠭᠠᠨ ᠤ ᠡᠬᠢᠯᠡᠯᠳᠠ ᠶᠢᠨ ᠶᠣᠰᠣᠯᠠᠯ ᠠᠴᠠ 20 ᠰᠠᠷ᠎ᠠ ᠶᠢᠨ | ᠡᠮᠣᠨ᠎ᠠ ᠬᠢᠨ᠎ᠡ᠃ ᠬᠤᠶᠠᠳᠣᠭᠠᠷ ᠣᠳᠠᠭᠠᠨ ᠤ ᠪᠡᠯᠡᠳᠬᠡᠯ ᠠᠵᠢᠯ ᠤᠨ ᠬᠤᠷᠠᠯ ᠢ ᠡᠬᠢᠯᠡᠯᠳᠠ ᠶᠢᠨ ᠶᠣᠰᠣᠯᠠᠯ ᠠᠴᠠ 8 | ᠰᠠᠷ᠎ᠠ ᠶᠢᠨ ᠡᠮᠣᠨ᠎ᠠ ᠬᠢᠨ᠎ᠡ᠃ ᠭᠤᠷᠪᠠᠳᠣᠭᠠᠷ ᠣᠳᠠᠭᠠᠨ ᠤ ᠪᠡᠯᠡᠳᠬᠡᠯ ᠠᠵᠢᠯ ᠤᠨ ᠬᠤᠷᠠᠯ ᠢ ᠡᠬᠢᠯᠡᠯᠳᠠ ᠶᠢᠨ | ᠶᠣᠰᠣᠯᠠᠯ ᠠᠴᠠ 2 ᠰᠠᠷ᠎ᠠ ᠶᠢᠨ ᠡᠮᠣᠨ᠎ᠠ ᠬᠢᠨ᠎ᠡ᠃ | ︵ᠳᠦᠷᠪᠡ︶ ᠵᠣᠬᠢᠶᠠᠨ ᠪᠠᠶᠢᠭᠤᠯᠬᠤ ᠺᠣᠮᠢᠰ ᠪᠠᠶᠢᠭᠤᠯᠣᠭᠳᠠᠭᠰᠠᠨ ᠶᠡᠭᠡ ᠬᠤᠷᠠᠯ ᠬᠤᠷᠠᠯᠳᠣᠭᠤᠯᠣᠨ᠎ᠠ᠃ | ︵ᠳᠠᠪᠤ︶ ᠴᠣᠭᠯᠠᠭᠠᠨ ᠤ ᠰᠦᠯᠳᠠ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠰᠣᠷᠳᠠᠯᠴᠢᠯᠠᠭᠠᠨ ᠤ | ᠵᠢᠷᠤᠭ ᠳᠦᠯᠦᠪᠯᠡᠬᠡᠨ ᠤ ᠳᠦᠰᠦᠯ ᠢ ᠬᠢᠨ᠎ᠠ ᠳᠣᠭᠳᠠᠭᠠᠨ᠎ᠠ᠃ | ︵ᠵᠢᠷᠭᠤᠭ᠎ᠠ︶ ᠡᠬᠢᠯᠡᠯᠳᠠ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ᠂ ᠦᠨᠳᠦᠰᠦᠳᠡᠨ ᠤ ᠶᠡᠭᠡ ᠨᠠᠶᠢᠷ | ᠨᠠᠭᠠᠳᠣᠮ᠂ ᠭᠠᠯ ᠪᠠᠮᠪᠠᠷ ᠳᠠᠮᠵᠢᠭᠤᠯᠬᠤ ᠵᠡᠷᠬᠡ ᠳᠣᠮᠣ ᠬᠡᠯᠪᠡᠷᠢ ᠶᠢᠨ ᠠᠵᠢᠯᠯᠠᠭ᠎ᠠ ᠶᠢᠨ ᠳᠦᠰᠦᠯ ᠢ ᠬᠢᠨᠠᠨ | ᠳᠣᠭᠳᠠᠭᠠᠨ᠎ᠠ᠃ | ︵ᠳᠣᠯᠤᠭ᠎ᠠ︶ ᠬᠦᠯᠢᠶᠡᠨ ᠠᠪᠣᠯᠳᠠ ᠪᠠᠳᠣᠯᠠᠭ᠎ᠠ ᠂ ᠵᠠᠮ ᠳᠡᠬᠡᠬᠡᠪᠣᠷᠢ᠂ ᠠᠮᠣᠷ ᠢ ᠬᠠᠮᠠᠭᠠᠯᠠᠬᠤ | ᠠᠵᠢᠯᠳᠠᠳ ᠤᠨ ᠵᠡᠬᠦᠬᠦ ᠳᠡᠮᠳᠡᠭ ᠢ ᠬᠢᠯᠬᠡᠬᠦ ᠵᠡᠷᠬᠡ ᠳᠦᠰᠦᠯ ᠢ ᠬᠢᠨᠠᠨ ᠳᠣᠭᠳᠠᠭᠠᠨ᠎ᠠ᠃ | ︵ᠨᠠᠢᠮᠠ︶ ᠰᠣᠨᠢᠨ ᠮᠡᠳᠡᠭᠡ ᠶᠢᠨ ᠣᠬᠠᠭᠤᠯᠭ᠎ᠠ ᠶᠢᠨ ᠳᠦᠰᠦᠯ ᠢ ᠬᠢᠨᠠᠨ ᠳᠣᠭᠳᠠᠭᠠᠵᠣ᠂ ᠣᠬᠠᠭᠤᠯᠬᠤ | ᠠᠵᠢᠯ ᠢ ᠨᠢᠬᠡᠳᠣᠯᠳᠠᠢ ᠳᠦᠯᠦᠪᠯᠡᠨ᠂ ᠳᠦᠪ ᠤᠨ ᠬᠡᠪᠯᠡᠯ ᠮᠡᠳᠡᠬᠡᠯᠡᠯ ᠤᠨ ᠵᠠᠭᠤᠴᠢᠯᠠᠭᠤᠷ ᠢ ᠵᠣᠬᠢᠶᠠᠨ ᠪᠠᠶᠢᠭᠤᠯᠵᠣ | ᠰᠣᠷᠳᠠᠯᠴᠢᠯᠠᠨ ᠣᠬᠠᠭᠤᠯᠣᠨ᠎ᠠ᠃ | ︵ᠶᠢᠰᠦ︶ ᠰᠣᠨᠢᠨ ᠮᠡᠳᠡᠭᠡ ᠨᠡᠶᠢᠳᠡᠯᠡᠬᠦ ᠬᠤᠷᠠᠯ ᠬᠢᠵᠣ᠂ ᠶᠡᠷᠦᠩᠬᠡᠢ ᠳᠦᠷᠢᠮ᠂ ᠳᠠᠩ ᠲᠦᠷᠦᠯ ᠤᠨ | ᠳᠦᠷᠢᠮ᠂ ᠴᠣᠭᠯᠠᠭᠠᠨ ᠤ ᠰᠦᠯᠳᠠ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠰᠣᠷᠳᠠᠯᠴᠢᠯᠠᠭᠠᠨ ᠤ | ᠵᠢᠷᠤᠭ ᠵᠡᠷᠬᠡ ᠪᠡᠶ᠎ᠡ ᠳᠠᠮᠢᠷ ᠤᠨ ᠴᠣᠭᠯᠠᠭᠠᠨ ᠤ ᠪᠡᠯᠡᠳᠬᠡᠯ ᠠᠵᠢᠯ ᠳᠣᠮᠳᠠᠬᠢ ᠴᠢᠬᠤᠯᠠ ᠳᠣᠮᠣ ᠬᠡᠷᠡᠭ ᠣᠴᠢᠷ ᠢ | ᠨᠡᠶᠢᠳᠡᠯᠡᠨ᠎ᠡ᠃ | ︵ᠠᠷᠪᠠ︶ ᠬᠠᠮᠢᠶ᠎ᠠ ᠪᠦᠬᠦᠢ ᠰᠣᠶᠣᠯ ᠤᠨ ᠠᠵᠢᠯᠯᠠᠭ᠎ᠠ ᠶᠢ ᠳᠦᠯᠦᠪᠯᠡᠨ ᠵᠣᠬᠢᠶᠠᠨ ᠪᠠᠶᠢᠭᠤᠯᠣᠨ᠎ᠠ᠃ | ︵ᠠᠷᠪᠠᠨ ᠨᠢᠬᠡ︶ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠶᠢ ᠵᠢᠭᠠᠨ ᠵᠢᠯᠣᠭᠤᠳᠴᠤ᠂ ᠱᠠᠯᠠᠪᠳᠠᠭᠤᠯᠤᠨa | ᠱᠠᠭᠠᠷᠳᠠᠵᠦ᠂ ᠬᠢᠨᠠᠨ ᠰᠢᠯᠭᠠᠵᠣ᠂ ᠬᠠᠮᠵᠢᠨ ᠲᠤᠰᠠᠯᠠᠵᠦ ᠡᠯ᠎ᠠ ᠳᠦᠷᠦᠯ ᠤᠨ ᠪᠡᠯᠡᠳᠬᠡᠯ ᠠᠵᠢᠯ ᠤᠨ ᠡᠬᠦᠷᠬᠡ ᠶᠢ | ᠨᠠᠶᠢᠳᠠᠪᠣᠷᠢᠵᠢᠭᠤᠯᠣᠨ᠎ᠠ᠃ | ︵ᠠᠷᠪᠠᠨ ᠬᠤᠶᠠᠷ︶ ᠡᠯ᠎ᠡ ᠳᠦᠯᠦᠬᠡᠯᠡᠭᠴᠢᠳ ᠤᠨ ᠪᠦᠯᠬᠦᠮ ᠢ ᠵᠣᠬᠢᠶᠠᠨ ᠪᠠᠶᠢᠭᠤᠯᠣᠨ ᠵᠣᠬᠢᠴᠠᠭᠤᠯᠵᠣ᠂ | ᠬᠠᠮᠢᠶ᠎ᠠ ᠪᠦᠬᠦᠢ ᠡᠬᠦᠷᠬᠡ ᠶᠢ ᠨᠠᠶᠢᠳᠠᠪᠣᠷᠢᠵᠢᠭᠤᠯᠣᠨ᠎ᠠ᠃ | ᠳᠦᠷᠪᠡᠳᠦᠬᠡᠷ ᠪᠦᠯᠦᠭ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠶᠢᠨ ᠡᠷᠬᠡ ᠠᠰᠢᠭ ᠪᠠ ᠡᠬᠦᠷᠬᠡ | ᠳᠣᠰᠢᠶᠠᠯ | ᠠᠷᠪᠠᠨ ᠨᠢᠬᠡᠳᠦᠬᠡᠷ ᠵᠣᠷᠪᠣᠰ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠭᠤᠣᠯᠯᠠᠨ ᠡᠷᠬᠢᠯᠡᠬᠦ | ᠪᠠᠶᠢᠭᠤᠯᠣᠯᠭ᠎ᠠ ᠠᠴᠠ ᠣᠯᠭᠤᠭᠰᠠᠨ ᠳᠣᠰ ᠬᠤᠭᠤᠴᠠᠭᠠᠨ ᠤ ᠪᠡᠶ᠎ᠡ ᠳᠠᠮᠢᠷ ᠤᠨ ᠴᠣᠭᠯᠠᠭᠠᠨ ᠢ ᠳᠠᠭᠠᠭᠠᠴᠢᠯᠠᠨ | ᠡᠷᠬᠢᠯᠡᠬᠦ ᠠᠷᠠᠯᠵᠢᠶ᠎ᠠ ᠬᠤᠳᠠᠯᠳᠣᠭᠠᠨ ᠤ ᠨᠡᠬᠡᠬᠡᠯᠳᠠ ᠶᠢᠨ ᠡᠷᠬᠡ ᠶᠢ ᠡᠳ᠋ᠯᠡᠨ᠎ᠡ᠃ | ᠠᠷᠪᠠᠨ ᠬᠤᠶᠠᠳᠣᠭᠠᠷ ᠵᠣᠷᠪᠣᠰ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠣᠳᠣ ᠪᠠᠶᠢᠭ᠎ᠠ ᠣᠷᠣᠯᠳᠣᠭᠠᠨ | ᠤ ᠳᠠᠯᠠᠪᠣᠷ ᠢᠶᠠᠨ ᠬᠦᠢᠴᠡᠳ ᠠᠰᠢᠭᠯᠠᠵᠣ᠂ ᠵᠠᠰᠠᠬᠤ᠂ ᠦᠬᠡᠷᠡᠴᠢᠯᠡᠬᠦ᠂ ᠦᠷᠬᠡᠳᠬᠡᠨ ᠪᠠᠶᠢᠭᠤᠯᠬᠤ᠂ ᠠᠳᠠᠯᠢ ᠪᠣᠰᠣ | ᠳᠦᠷᠦᠯ ᠵᠦᠢᠯ ᠳᠤ ᠨᠡᠶᠢᠳᠡᠮ ᠬᠡᠷᠡᠭᠯᠡᠬᠦ ᠵᠡᠷᠬᠡ ᠬᠡᠯᠪᠡᠷᠢ ᠪᠠᠷ ᠳᠠᠮᠵᠢᠨ᠂ ᠣᠷᠣᠯᠳᠣᠭᠠᠨ ᠤ ᠳᠠᠯᠠᠪᠣᠷ ᠢ ᠠᠰᠢᠭᠯᠠᠬᠤ | ᠦᠷ᠎ᠡ ᠠᠰᠢᠭ ᠢᠶᠠᠨ ᠳᠡᠬᠡᠭᠰᠢᠯᠡᠬᠦᠯᠦᠨ᠎ᠠ᠃ | ᠳᠦᠷ ᠴᠠᠭ ᠤᠨ ᠳᠠᠯᠠᠪᠠᠢ ᠣᠷᠳᠣᠨ ᠪᠠ ᠳᠦᠬᠦᠬᠡᠷᠦᠮᠵᠢ ᠪᠠᠶᠢᠭᠤᠯᠬᠤ ᠶᠢ ᠰᠠᠨᠠᠭᠠᠴᠢᠯᠠᠨ᠎ᠠ᠃ ᠭᠤᠣᠯᠯᠠᠨ | ᠡᠷᠬᠢᠯᠡᠬᠦ ᠪᠠᠶᠢᠭᠤᠯᠣᠯᠭ᠎ᠠ ᠨᠢᠬᠡᠴᠠ ᠪᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ | ᠨᠢᠬᠡᠴᠠ ᠨᠢ ᠬᠢᠬᠦ ᠨᠦᠬᠦᠴᠡᠯ ᠦᠬᠡᠢ ᠣᠷᠣᠯᠳᠣᠭᠠᠨ ᠤ ᠳᠦᠷᠦᠯ ᠵᠦᠢᠯ ᠢᠶᠠᠨ ᠦᠬᠡᠷ᠎ᠡ ᠮᠣᠵᠢ᠂ ᠦᠪᠡᠷᠳᠡᠬᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠤ ᠶᠠᠪᠣᠭᠳᠠᠭᠤᠯᠵᠣ ᠪᠣᠯᠣᠨ᠎ᠠ᠃ | ᠠᠷᠪᠠᠨ ᠭᠤᠷᠪᠠᠳᠣᠭᠠᠷ ᠵᠣᠷᠪᠣᠰ ᠣᠷᠣᠯᠳᠣᠭᠠᠨ ᠢ ᠳᠠᠭᠠᠭᠠᠴᠢᠯᠠᠨ ᠡᠷᠬᠢᠯᠡᠬᠦ | ︵ ᠨᠢᠬᠡ︶ ᠣᠷᠣᠯᠳᠣᠭᠠᠨ ᠤ ᠳᠦᠷᠦᠯ ᠵᠦᠢᠯ ᠤᠨ ᠳᠠᠯᠠᠪᠠᠢ ᠣᠷᠳᠣᠨ ᠢ ᠳᠣᠬᠢᠷᠠᠭᠤᠯᠣᠭᠰᠠᠨ ᠳᠦᠰᠦᠯ ᠢ | ᠭᠠᠷᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 12 ᠰᠠᠷ᠎ᠠ ᠳᠤ | ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠡᠨ ᠵᠦᠪᠰᠢᠶᠡᠷᠡᠬᠦᠯᠦᠨ᠎ᠠ᠃ | ︵ᠬᠤᠶᠠᠷ︶ ᠵᠦᠪᠰᠢᠶᠡᠷᠡᠬᠦᠯᠦᠭᠰᠡᠨ ᠣᠷᠣᠯᠳᠣᠭᠠᠨ ᠤ ᠳᠦᠷᠦᠯ ᠵᠦᠢᠯ ᠤᠨ ᠳᠠᠯᠠᠪᠠᠢ ᠣᠷᠳᠣᠨ ᠢ | ᠳᠣᠬᠢᠷᠠᠭᠤᠯᠣᠭᠰᠠᠨ ᠳᠦᠰᠦᠯ ᠢ ᠦᠨᠳᠦᠰᠦᠯᠡᠨ᠂ ᠣᠷᠣᠯᠳᠣᠭᠠᠨ ᠤ ᠳᠦᠷᠢᠮ ᠳᠣᠭᠳᠠᠭᠠᠯ ᠳᠤ ᠨᠡᠶᠢᠴᠡᠭᠰᠡᠨ | ᠣᠷᠣᠯᠳᠣᠭᠠᠨ ᠤ ᠳᠠᠯᠠᠪᠠᠢ ᠣᠷᠳᠣᠨ ᠪᠣᠯᠣᠨ ᠣᠷᠣᠯᠳᠣᠭᠠᠨ ᠳᠤ ᠬᠡᠷᠡᠭᠰᠡᠬᠦ ᠬᠠᠮᠢᠶ᠎ᠠ ᠪᠦᠬᠦᠢ ᠬᠡᠷᠡᠭᠰᠡᠯ | ᠳᠦᠬᠦᠬᠡᠷᠦᠮᠵᠢ ᠶᠢ ᠬᠠᠩᠭᠠᠵᠣ᠂ ᠪᠡᠶ᠎ᠡ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 3 | ᠰᠠᠷ᠎ᠠ ᠳᠤ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠰᠢᠯᠭᠠᠭᠤᠯᠣᠨ᠎ᠠ᠃ | ︵ᠭᠤᠷᠪᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠭᠠᠷᠭᠠᠭᠰᠠᠨ ᠣᠷᠣᠯᠳᠣᠭᠠᠨ ᠤ ᠬᠡᠷᠡᠭᠰᠡᠯ | ᠳᠦᠬᠦᠬᠡᠷᠦᠮᠵᠢ ᠶᠢᠨ ᠵᠢᠭᠰᠠᠭᠠᠯᠳᠠ ᠶᠢ ᠦᠨᠳᠦᠰᠦᠯᠡᠨ᠂ ᠣᠷᠣᠯᠳᠣᠭᠠᠨ ᠤ ᠳᠦᠷᠢᠮ ᠳᠣᠭᠳᠠᠭᠠᠯ ᠳᠤ ᠨᠡᠶᠢᠴᠡᠭᠰᠡᠨ | ᠣᠷᠣᠯᠳᠣᠭᠠᠨ ᠤ ᠬᠡᠷᠡᠭᠰᠡᠯ ᠤᠳ ᠢ ᠬᠠᠩᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ | ᠠᠴᠠ ᠡᠮᠣᠨ᠎ᠠ 2 ᠰᠠᠷ᠎ᠠ ᠳᠤ ᠪᠡᠯᠡᠬᠡᠨ ᠪᠣᠯᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠰᠢᠯᠭᠠᠭᠤᠯᠣᠨ᠎ᠠ᠃ | ᠳᠣᠭᠳᠠᠭᠰᠠᠨ ᠦᠢᠯᠡᠳᠪᠦᠷᠢ ᠦᠬᠡᠢ ᠣᠷᠣᠯᠳᠣᠭᠠᠨ ᠤ ᠬᠡᠷᠡᠭᠰᠡᠯ ᠢ ᠵᠣᠬᠢᠶᠠᠨ ᠪᠠᠶᠢᠭᠤᠯᠣᠨ ᠦᠢᠯᠡᠳᠪᠦᠷᠢᠯᠡᠬᠦᠯᠬᠦ ᠶᠢ | ᠬᠠᠷᠢᠭᠤᠴᠠᠵᠣ ᠣᠷᠣᠯᠳᠣᠭᠠᠨ ᠳᠤ ᠬᠡᠷᠡᠭᠯᠡᠬᠦ ᠶᠢ ᠪᠠᠳᠣᠯᠠᠨ᠎ᠠ᠃ | ︵ᠳᠦᠷᠪᠡ︶ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠲᠠᠯ᠂ ᠦᠨᠡᠮᠯᠠᠯ ᠤᠨ ᠪᠢᠴᠢᠭ ᠤᠨ ᠵᠢᠷᠤᠭ ᠢ ᠵᠢᠷᠤᠵᠤ | ᠲᠦᠯᠦᠪᠯᠡᠬᠦ ᠳᠦᠰᠦᠯ ᠢ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ | ᠵᠦᠪᠰᠢᠶᠡᠷᠡᠬᠦᠯᠦᠨ᠎ᠠ᠃ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠲᠠᠯ᠂ ᠦᠨᠡᠮᠯᠠᠯ ᠤᠨ ᠪᠢᠴᠢᠭ ᠢ ᠪᠡᠶ᠎ᠡ ᠶᠢᠨ | ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 1 ᠰᠠᠷ᠎ᠠ ᠳᠤ ᠪᠡᠯᠡᠨ ᠪᠣᠯᠭᠠᠨ᠎ᠠ᠃ | ︵ᠳᠠᠪᠤ︶ ᠬᠢᠨᠠᠭᠴᠢ ᠪᠣᠯᠣᠨ ᠬᠦᠨᠳᠡᠯᠡᠨ ᠠᠴᠠ ᠳᠠᠰᠣᠯᠬᠤ ᠬᠢᠨᠠᠭᠴᠢ ᠶᠢᠨ ᠬᠤᠪᠴᠠᠰᠣ ᠶᠢ ᠵᠢᠷᠣᠵᠣ ᠳᠦᠯᠦᠪᠯᠡᠬᠦ | ᠳᠦᠰᠦᠯ ᠢ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ | ᠬᠢᠨᠠᠭᠴᠢ ᠪᠣᠯᠣᠨ ᠬᠦᠨᠳᠡᠯᠡᠨ ᠠᠴᠠ ᠳᠠᠰᠣᠯᠬᠤ ᠬᠢᠨᠠᠭᠴᠢ ᠶᠢᠨ ᠬᠤᠪᠴᠠᠰᠣ ᠶᠢ ᠪᠡᠶ᠎ᠡ ᠶᠢᠨ ᠳᠠᠮᠢᠷ ᠤᠨ ᠴᠣᠭᠯᠠᠭᠠᠨ | ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 1 ᠰᠠᠷ᠎ᠠ ᠳᠤ ᠪᠡᠯᠡᠨ ᠪᠣᠯᠭᠠᠨ᠎ᠠ᠃ | ︵ᠵᠢᠷᠭᠤᠭ᠎ᠠ︶ᠭᠤᠣᠯᠯᠠᠨ ᠡᠷᠬᠢᠯᠡᠬᠦ ᠪᠠᠶᠢᠭᠤᠯᠣᠯᠭ᠎ᠠ ᠶᠢᠨ ᠵᠢᠭᠠᠨ ᠵᠢᠯᠣᠭᠤᠳᠣᠯᠭ᠎ᠠ ᠳᠣᠣᠷ᠎ᠠ᠂ ᠣᠷᠣᠯᠳᠣᠭᠠᠨ ᠤ | ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠰᠣᠷᠠᠭ ᠵᠠᠩᠬᠢ ᠶᠢᠨ ᠰᠢᠰᠲ᠋ᠧᠮ ᠤᠨ ᠵᠦᠬᠡᠯᠡᠨ ᠪᠠ ᠬᠠᠳᠠᠭᠤ | ᠳᠣᠨᠤᠭ ᠢ ᠬᠠᠩᠭᠠᠵᠣ᠂ ᠡᠷᠬᠡᠪᠰᠢ ᠳᠠᠮᠢᠷᠴᠢᠨ ᠤ ᠳᠠᠩᠰᠠᠯᠠᠭᠤᠯᠬᠤ᠂ ᠨᠡᠷ᠎ᠡ ᠮᠡᠳᠡᠬᠦᠯᠬᠦ᠂ ᠰᠣᠯᠢᠯᠴᠠᠭ᠎ᠠ ᠬᠢᠬᠦ᠂ | ᠬᠢᠨᠠᠭᠴᠢ᠂ ᠬᠦᠨᠳᠡᠯᠠᠨ ᠠᠴᠠ ᠳᠠᠰᠣᠯᠬᠤ ᠬᠢᠨᠠᠭᠴᠢ᠂ ᠠᠩᠬᠢ ᠳᠠᠭᠠᠭᠤᠯᠣᠭᠴᠢ ᠨᠡᠷ᠎ᠡ ᠮᠡᠳᠡᠬᠦᠯᠬᠦ ᠦᠢᠯᠡᠳᠦᠯ | ᠴᠢᠳᠠᠪᠬᠢ ᠲᠠᠢ ᠪᠠᠶᠢᠬᠤ ᠪᠠᠷ ᠦᠯᠦ ᠪᠠᠷᠠᠮ᠂ ᠣᠷᠣᠯᠳᠣᠭᠠᠨ ᠤ ᠳᠠᠷᠠᠭᠠᠯᠠᠯ ᠢ ᠨᠠᠶᠢᠷᠠᠭᠤᠯᠵᠣ ᠪᠠᠶᠢᠷᠢᠯᠠᠭᠤᠯᠬᠤ᠂ | ᠣᠷᠣᠯᠳᠣᠭᠠᠨ ᠤ ᠬᠢᠷᠢ ᠪᠦᠳᠦᠮᠵᠢ ᠶᠢ ᠪᠦᠷᠢᠳᠬᠡᠬᠦ᠂ ᠨᠡᠶᠢᠳᠡᠯᠡᠬᠦ ᠵᠡᠷᠬᠡ ᠦᠢᠯᠡᠳᠦᠯ ᠴᠢᠳᠠᠪᠬᠢ ᠶᠢ ᠴᠣ᠋ | ᠪᠠᠭᠳᠠᠭᠠᠭᠰᠠᠨ ᠪᠠᠶᠢᠬᠤ ᠬᠡᠷᠡᠭᠳᠡᠢ ᠃ ᠰᠣᠷᠠᠭ ᠵᠠᠩᠬᠢ ᠶᠢᠨ ᠰᠢᠰᠲ᠋ᠧᠮ ᠤᠨ ᠵᠦᠬᠡᠯᠡᠨ ᠪᠠ ᠬᠠᠳᠠᠭᠤ ᠳᠣᠨᠤᠭ ᠢ | ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 12 ᠰᠠᠷ᠎ᠠ ᠳᠤ ᠭᠤᠣᠯᠯᠠᠨ | ᠡᠷᠬᠢᠯᠡᠬᠦ ᠪᠠᠶᠢᠭᠤᠯᠣᠯᠭ᠎ᠠ ᠪᠠᠷ ᠰᠢᠯᠭᠠᠭᠤᠯᠣᠨ᠎ᠠ᠃ ᠰᠣᠷᠠᠭ ᠵᠠᠩᠬᠢ ᠶᠢᠨ ᠰᠢᠰᠲ᠋ᠧᠮ ᠤᠨ ᠬᠠᠮᠢᠶᠠᠷᠣᠭᠴᠢ᠂ | ᠠᠵᠢᠯᠯᠠᠭᠴᠢ ᠳᠤ ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠵᠣᠬᠢᠶᠠᠨ ᠪᠠᠶᠢᠭᠤᠯᠣᠨ ᠦᠷᠨᠢᠬᠦᠯᠦᠨ᠎ᠠ᠃ | ︵ᠳᠣᠯᠤᠭ᠎ᠠ︶ ᠣᠷᠣᠯᠳᠣᠭᠠᠨ ᠤ ᠳᠠᠷᠠᠭᠠᠯᠠᠯ ᠪᠣᠯᠣᠨ ᠡᠳᠦᠷ ᠬᠤᠭᠤᠴᠠᠭ᠎ᠠ ᠶᠢ ᠡᠮᠬᠢᠯᠠᠨ ᠳᠣᠬᠢᠷᠠᠭᠤᠯᠵᠣ᠂ | ᠶᠡᠷᠦᠩᠬᠡᠢ ᠳᠡᠰ ᠳᠠᠷᠠᠭᠠᠯᠠᠯ ᠤᠨ ᠳᠡᠪᠳᠡᠷ ᠪᠠ ᠳᠠᠩ ᠳᠦᠷᠦᠯ ᠤᠨ ᠳᠡᠰ ᠳᠠᠷᠠᠭᠠᠯᠠᠯ ᠤᠨ ᠳᠡᠪᠳᠡᠷ ᠢ ᠭᠠᠷᠭᠠᠵᠣ᠂ | ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ ᠳᠠᠷᠣᠮᠠᠯᠯᠠᠨ ᠳᠠᠷᠬᠠᠭᠠᠨ᠎ᠠ᠃ | ᠶᠡᠷᠦᠩᠬᠡᠢ ᠡᠮᠬᠢ ᠳᠠᠷᠠᠭᠠᠯᠠᠯ ᠤᠨ ᠳᠡᠪᠳᠡᠷ ᠪᠠ ᠳᠠᠩ ᠳᠦᠷᠦᠯ ᠤᠨ ᠡᠮᠬᠢ ᠳᠠᠷᠠᠭᠠᠯᠠᠯ ᠤᠨ ᠳᠡᠪᠳᠡᠷ ᠢ ᠡᠯ᠎ᠡ | ᠲᠦᠯᠦᠬᠡᠯᠡᠭᠴᠢᠳ ᠤᠨ ᠪᠦᠯᠬᠦᠮ ᠨᠡᠷ᠎ᠡ ᠮᠡᠳᠡᠬᠦᠯᠬᠦ ᠠᠴᠠ ᠨᠢᠬᠡ ᠭᠠᠷᠠᠭ ᠤᠨ ᠡᠮᠣᠨ᠎ᠠ ᠪᠡᠯᠡᠬᠡᠨ ᠪᠣᠯᠭᠠᠨ᠎ᠠ᠃ | ᠶᠡᠷᠦᠩᠬᠡᠢ ᠬᠢᠷᠢ ᠪᠦᠳᠦᠮᠵᠢ ᠶᠢᠨ ᠳᠡᠪᠳᠡᠷ ᠢ ᠪᠡᠶ᠎ᠡ ᠳᠠᠮᠢᠷ ᠤᠨ ᠴᠣᠭᠯᠠᠭᠠᠨ ᠤ ᠳᠦᠷᠢᠮ ᠳᠤ ᠳᠣᠭᠳᠠᠭᠠᠭᠰᠠᠨ | ᠴᠣᠭᠯᠠᠭᠠᠨ ᠳᠠᠷᠠᠬᠤ ᠬᠠᠮᠤᠭ ᠰᠡᠬᠦᠯ ᠤᠨ ᠡᠳᠦᠷ ᠠᠴᠠ ᠡᠮᠣᠨ᠎ᠠ ᠬᠤᠷᠢᠶᠠᠩᠭᠤᠶᠢᠯᠠᠨ ᠭᠠᠷᠭᠠᠵᠤ ᠳᠠᠭᠤᠰᠬᠠᠨ᠎ᠠ᠃ | ︵ᠨᠠᠢᠮᠠ︶ ᠱᠠᠩᠨᠠᠯ ᠣᠯᠭᠤᠬᠤ ᠳᠦᠰᠦᠯ ᠢ ᠭᠠᠷᠭᠠᠵᠣ᠂ ᠱᠠᠩᠨᠠᠯ ᠣᠯᠭᠤᠬᠤ ᠠᠵᠢᠯ ᠢ ᠵᠣᠬᠢᠶᠠᠨ ᠪᠠᠶᠢᠭᠤᠯᠣᠨ | ᠶᠠᠪᠣᠭᠳᠠᠭᠤᠯᠣᠨ᠎ᠠ᠃ | ︵ᠶᠢᠰᠦ︶ ᠪᠣᠢ ᠪᠦᠬᠦᠢ ᠣᠷᠣᠯᠳᠣᠭᠠᠨ ᠤ ᠪᠦᠬᠦ ᠶᠠᠪᠣᠴᠠ ᠳᠤ ᠳᠦᠷᠰᠦ ᠰᠢᠩᠬᠡᠬᠡᠯᠳᠡ ᠬᠢᠵᠣ᠂ ᠬᠢᠨᠠᠭᠴᠢ᠂ | ᠬᠦᠨᠳᠡᠯᠡᠨᠡᠴᠠ ᠳᠠᠰᠣᠯᠬᠤ ᠬᠢᠨᠠᠭᠴᠢ ᠳᠤ ᠵᠦᠪ ᠣᠨᠣᠪᠴᠢᠳᠠᠢ᠂ ᠪᠦᠷᠢᠨ ᠪᠦᠳᠦᠨ ᠬᠡᠷᠡᠴᠢ ᠬᠠᠩᠭᠠᠨ᠎ᠠ ᠃ ᠪᠡᠶ᠎ᠡ | ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠳᠠᠷᠠᠭ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠦᠬᠦ | ᠰᠢᠢᠳᠪᠦᠷᠢᠳᠣ ᠣᠷᠣᠯᠳᠣᠭᠠᠨ ᠤ ᠳᠦᠷᠰᠦ ᠰᠢᠩᠬᠡᠬᠡᠯᠳᠡ ᠶᠢᠨ ᠮᠠᠲ᠋ᠧᠷᠢᠶᠠᠯ ᠢ ᠳᠣᠰᠢᠶᠠᠨ᠎ᠠ᠃ | ︵ᠠᠷᠪᠠ︶ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ᠂ ᠳᠠᠩ | ᠳᠦᠷᠦᠯ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ | ᠪᠠᠶᠢᠭᠤᠯᠣᠨ᠎ᠠ᠃ | ︵ᠠᠷᠪᠠᠨ ᠨᠢᠬᠡ︶ ᠪᠣᠰᠣᠳ ᠬᠠᠮᠢᠶ᠎ᠠ ᠪᠦᠬᠦᠢ ᠡᠬᠦᠷᠬᠡ ᠶᠢ ᠨᠠᠶᠢᠳᠠᠪᠣᠷᠢᠵᠢᠭᠤᠯᠣᠨ᠎ᠠ᠃ | ᠠᠷᠪᠠᠨ ᠳᠦᠷᠪᠡᠳᠦᠬᠡᠷ ᠵᠣᠷᠪᠣᠰ ᠣᠷᠣᠯᠳᠣᠭᠠᠨ ᠤ ᠪᠣᠰᠣ ᠠᠵᠢᠯ ᠢ ᠬᠦᠢᠴᠡᠳᠬᠡᠬᠦ | ︵ᠨᠢᠬᠡ︶ ᠴᠤᠭᠯᠠᠭᠠᠨ ᠡᠷᠭᠢᠯᠡᠬᠦ ᠭᠠᠵᠠᠷ ᠤᠷᠤᠨ ᠤ ᠴᠠᠭ ᠠᠭᠤᠷ᠂ ᠵᠠᠮ ᠬᠠᠷᠢᠯᠴᠠᠭ᠎ᠠ ᠪᠣᠯᠣᠨ | ᠪᠡᠯᠳᠬᠡᠯ ᠠᠵᠢᠯ ᠤᠨ ᠪᠣᠳᠠᠳᠣ ᠪᠠᠶᠢᠳᠠᠯ ᠵᠡᠷᠬᠡ ᠡᠯᠧᠮᠧᠨ᠋ᠲ ᠢ ᠶᠡᠷᠦᠩᠬᠡᠶᠢᠯᠡᠨ᠂ ᠭᠤᠣᠯᠯᠠᠨ ᠡᠷᠬᠢᠯᠡᠬᠦ ᠪᠠᠶᠢᠭᠤᠯᠣᠯᠭ᠎ᠠ | ᠳᠤ ᠪᠡᠶ᠎ᠡ ᠶᠢᠨ ᠳᠠᠮᠢᠷ ᠤᠨ ᠴᠣᠭᠯᠠᠭᠠᠨ ᠢ ᠵᠣᠬᠢᠶᠠᠨ ᠪᠠᠶᠢᠭᠤᠯᠬᠤ ᠴᠠᠭ ᠡᠳᠦᠷ ᠪᠣᠯᠣᠨ ᠡᠬᠢᠯᠡᠯᠳᠡ᠂ ᠬᠠᠭᠠᠯᠳᠠ | ᠶᠢᠨ ᠶᠣᠰᠣᠯᠠᠯ ᠤᠨ ᠴᠠᠭ ᠤᠨ ᠰᠠᠨᠠᠭᠤᠯᠭ᠎ᠠ ᠪᠠᠨ ᠳᠡᠪᠰᠢᠬᠦᠯᠦᠨᠠ᠃ | ︵ᠬᠤᠶᠠᠷ︶ ᠪᠡᠶ᠎ᠡ ᠶᠢᠨ ᠳᠠᠮᠢᠷ ᠤᠨ ᠴᠣᠭᠯᠠᠭᠠᠨ ᠤ ᠰᠣᠨᠢᠨ ᠮᠡᠳᠡᠭᠡ ᠣᠬᠠᠭᠤᠯᠭ᠎ᠠ᠂ ᠳᠣᠮᠣ ᠬᠡᠯᠪᠡᠷᠢ ᠶᠢᠨ | ᠠᠵᠢᠯᠯᠠᠭ᠎ᠠ ᠂ ᠬᠦᠯᠢᠶᠡᠨ ᠠᠪᠣᠯᠳᠠ ᠪᠠᠳᠣᠯᠠᠭ᠎ᠠ᠂ ᠵᠠᠮ ᠳᠡᠬᠡᠬᠡᠪᠦᠷᠢ᠂ ᠠᠮᠣᠷ ᠢ ᠬᠠᠮᠠᠭᠠᠯᠠᠬᠤ ᠠᠵᠢᠯᠳᠠᠨ ᠤ ᠵᠡᠬᠦᠬᠦ | ᠳᠡᠮᠳᠡᠭ ᠤᠨ ᠲᠦᠰᠦᠯ ᠢ ᠳᠣᠭᠳᠠᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠭᠤᠯᠣᠭᠰᠠᠨ ᠤ | ᠳᠠᠷᠠᠭ᠎ᠠ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠠ᠃ | ︵ᠭᠤᠷᠪᠠ︶ ᠴᠣᠭᠯᠠᠭᠠᠨ ᠤ ᠰᠦᠯᠳᠡ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠣᠬᠠᠭᠤᠯᠭ᠎ᠠ ᠶᠢᠨ | ᠵᠢᠷᠤᠭ ᠳᠦᠰᠦᠪ ᠢᠶᠠᠨ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ | ᠵᠦᠪᠰᠢᠶᠡᠷᠡᠬᠦᠯᠦᠨ᠎ᠡ᠃ | ︵ ᠳᠦᠷᠪᠠ︶ ᠪᠦᠬᠦ ᠣᠯᠣᠰ ᠤᠨ ᠪᠡᠯᠡᠳᠬᠡᠯ ᠠᠵᠢᠯ ᠤᠨ ᠬᠤᠷᠠᠯ ᠬᠢᠨ᠎ᠠ᠃ | ︵ᠳᠠᠪᠤ︶ ᠵᠣᠬᠢᠶᠠᠨ ᠪᠠᠶᠢᠭᠤᠯᠬᠤ ᠺᠣᠮᠢᠰ ᠪᠠᠶᠢᠭᠤᠯᠣᠭᠳᠠᠭᠰᠠᠨ ᠶᠡᠭᠡ ᠬᠤᠷᠠᠯ ᠬᠢᠨ᠎ᠠ᠃ | ︵ᠵᠢᠷᠭᠤᠭ᠎ᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠲᠠᠢ ᠬᠠᠮᠵᠢᠯᠴᠠᠨ ᠰᠣᠨᠢᠨ ᠮᠡᠳᠡᠭᠡ ᠨᠡᠶᠢᠳᠡᠯᠡᠬᠦ ᠬᠤᠷᠠᠯ ᠢ | ᠬᠢᠨ᠎ᠠ᠃ | ︵ᠳᠣᠯᠤᠭ᠎ᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠶᠢᠨ ᠵᠢᠯᠣᠭᠤᠳᠣᠯᠭ᠎ᠠ ᠳᠣᠣᠷ᠎ᠠ᠂ ᠡᠯ᠎ᠡ | ᠲᠦᠯᠦᠬᠡᠯᠡᠭᠴᠢᠳ ᠤᠨ ᠪᠦᠯᠬᠦᠮ ᠤᠨ ᠬᠡᠰᠢᠬᠦᠨ᠂ ᠠᠵᠢᠯᠳᠠᠨ᠂ ᠵᠠᠭᠤᠴᠢᠯᠠᠭᠤᠷ ᠤᠨ ᠰᠣᠷᠪᠣᠯᠵᠢᠯᠠᠭᠴᠢ᠂ ᠣᠨᠴᠠ | ᠣᠷᠢᠭᠰᠠᠨ ᠵᠣᠴᠢᠨ᠂ ᠳᠣᠭᠤᠷᠢᠨ ᠦᠵᠡᠬᠦ ᠬᠦᠮᠦᠰ ᠤᠨ ᠨᠡᠷ᠎ᠡ ᠮᠡᠳᠡᠬᠦᠯᠬᠦ ᠠᠵᠢᠯ ᠢ ᠬᠠᠷᠢᠭᠤᠴᠠᠨ᠎ᠠ᠃ | ︵ᠨᠠᠢᠮᠠ︶ᠪᠡᠶ᠎ᠡ ᠶᠢᠨ ᠳᠠᠮᠢᠷ ᠤᠨ ᠴᠣᠭᠯᠠᠭᠠᠨ ᠤ ᠭᠠᠷ ᠠᠪᠣᠯᠭ᠎ᠠ ᠶᠢᠨ ᠳᠡᠪᠳᠡᠷ ᠢ ᠨᠠᠶᠢᠷᠠᠭᠤᠯᠣᠨ | ᠳᠠᠷᠬᠠᠭᠠᠨ᠎ᠠ᠃ | ︵ᠶᠢᠰᠦ︶ᠬᠠᠮᠢᠶ᠎ᠠ ᠪᠦᠬᠦᠢ ᠰᠣᠶᠣᠯ ᠤᠨ ᠠᠵᠢᠯᠯᠠᠭ᠎ᠠ ᠶᠢ ᠳᠦᠰᠦᠪᠯᠡᠨ ᠵᠣᠬᠢᠶᠠᠨ ᠪᠠᠶᠢᠭᠤᠯᠣᠨ᠎ᠠ᠃ | ︵ᠠᠷᠪᠠ︶ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠣᠷᠣᠯᠳᠣᠭᠠᠨ ᠬᠢᠬᠦ ᠵᠠᠷᠣᠳᠠᠯ ᠨᠦᠬᠦᠪᠦᠷᠢ ᠶᠢ | ᠭᠤᠶᠣᠴᠢᠯᠠᠨ᠎ᠠ᠃ | ︵ᠠᠷᠪᠠᠨ ᠨᠢᠬᠡ︶ᠪᠡᠶ᠎ᠡ ᠶᠢᠨ ᠳᠠᠮᠢᠷ ᠤᠨ ᠴᠣᠭᠯᠠᠭᠠᠨ ᠢ ᠡᠷᠬᠢᠯᠡᠬᠦ ᠬᠤᠭᠤᠴᠠᠭᠠᠨ ᠳᠠᠬᠢ ᠳᠠᠩᠰᠠ ᠡᠪᠬᠡᠮᠡᠯ ᠤᠨ | ᠠᠵᠢᠯ ᠢ ᠰᠠᠶᠢᠳᠣᠷ ᠬᠢᠨ᠎ᠡ᠃ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠤᠰᠣᠭᠰᠠᠨ ᠤ ᠳᠠᠷᠠᠭ᠎ᠠ 6 ᠰᠠᠷ᠎ᠠ ᠶᠢᠨ | ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠦᠬᠦ ᠪᠢᠴᠢᠭ ᠮᠠᠲ᠋ᠧᠷᠢᠶᠠᠯ᠂ ᠳᠦᠰᠦᠪ ᠳᠦᠰᠦᠯ᠂ | ᠣᠳᠣᠷᠢᠳᠣᠯᠭ᠎ᠠ ᠶᠢᠨ ᠶᠠᠷᠢᠶ᠎ᠠ ᠵᠡᠷᠬᠡ ᠠᠯᠪᠠᠨ ᠶᠣᠰᠣᠨ ᠤ ᠡᠮᠬᠢᠳᠬᠡᠯ ᠢ ᠳᠣᠰᠢᠶᠠᠨ᠎ᠠ᠃ | ︵ᠠᠷᠪᠠᠨ ᠬᠤᠶᠠᠷ︶ ᠪᠡᠶ᠎ᠡ ᠶᠢᠨ ᠳᠠᠮᠢᠷ ᠤᠨ ᠴᠣᠭᠯᠠᠭᠠᠨ ᠤ ᠪᠡᠯᠳᠬᠡᠯ ᠬᠤᠭᠤᠴᠠᠭᠠᠨ ᠳᠠᠬᠢ ᠣᠯᠠᠨ | ᠵᠠᠭᠤᠴᠢᠳᠣ ᠮᠠᠲ᠋ᠧᠷᠢᠶᠠᠯ ᠢ ᠴᠣᠭᠯᠠᠭᠤᠯᠣᠨ ᠳᠢᠭᠯᠡᠬᠦ ᠠᠵᠢᠯ ᠢ ᠰᠠᠶᠢᠳᠣᠷ ᠬᠢᠨ᠎ᠡ᠃ ᠪᠡᠶ᠎ᠡ ᠶᠢᠨ ᠳᠠᠮᠢᠷ ᠤᠨ | ᠴᠣᠭᠯᠠᠭᠠᠨ ᠢ ᠳᠠᠭᠤᠰᠣᠭᠰᠠᠨ ᠤ ᠳᠠᠷᠠᠭ᠎ᠠ 6 ᠰᠠᠷ᠎ᠠ ᠶᠢᠨ ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ | ᠲᠣᠮᠣ ᠬᠡᠯᠪᠡᠷᠢ ᠶᠢᠨ ᠠᠵᠢᠯᠯᠠᠭ᠎ᠠ ᠂ ᠴᠢᠬᠤᠯᠠ ᠬᠤᠷᠠᠯ᠂ ᠣᠬᠠᠭᠤᠯᠭ᠎ᠠ ᠰᠣᠨᠢᠨ ᠮᠡᠳᠡᠬᠡᠨ ᠤ ᠳᠦᠷᠰᠦ ᠪᠢᠴᠢᠯᠬᠡ᠂ | ᠵᠢᠷᠤᠭ ᠰᠡᠬᠦᠳᠡᠷ ᠵᠡᠷᠬᠡ ᠣᠯᠠᠨ ᠵᠠᠭᠤᠴᠢᠳᠣ ᠮᠠᠲ᠋ᠧᠷᠢᠶᠠᠯ ᠤᠨ ᠡᠮᠬᠢᠳᠬᠡᠯ ᠢᠶᠠᠨ ᠬᠠᠩᠭᠠᠨ᠎ᠠ᠃ ᠡᠬᠦᠨ ᠳᠤ᠂ | ᠪᠡᠶ᠎ᠡ ᠶᠢᠨ ᠳᠠᠮᠢᠷ ᠤᠨ ᠴᠣᠭᠯᠠᠭᠠᠨ ᠤ ᠡᠬᠢᠯᠡᠯᠳᠡ ᠬᠠᠭᠠᠯᠳᠠ ᠶᠢᠨ ᠶᠣᠰᠣᠯᠠᠯ ᠢ ᠡᠷᠬᠡᠪᠰᠢ ᠳᠦᠷᠰᠦ | ᠰᠢᠩᠬᠡᠬᠡᠯᠳᠡ ᠶᠢᠨ ᠬᠡᠷᠡᠯᠯᠢᠭ ᠳᠠᠪᠠᠭ ᠪᠠ ᠵᠢᠷᠣᠭᠳᠣ ᠳᠡᠪᠳᠡᠷ ᠤᠨ ᠬᠡᠯᠪᠡᠷᠢ ᠪᠠᠷ ᠭᠠᠷᠭᠠᠨ᠎ᠠ᠃ | ︵ᠠᠷᠪᠠᠨ ᠭᠤᠷᠪᠠ︶ ᠪᠡᠶ᠎ᠡ ᠶᠢᠨ ᠳᠠᠮᠢᠷ ᠤᠨ ᠴᠣᠭᠯᠠᠭᠠᠨ ᠳᠠᠭᠤᠰᠣᠭᠰᠠᠨ ᠤ ᠳᠠᠷᠠᠭ᠎ᠠ 15 ᠬᠤᠨᠤᠭ ᠤᠨ | ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ | ᠳ᠋ᠦᠩᠨᠡᠯᠳᠡ ᠶᠢᠨ ᠮᠡᠳᠡᠬᠦᠯᠦᠯᠳᠠ ᠶᠢ ᠬᠦᠷᠬᠡᠨ᠎ᠠ᠃ | ︵ᠠᠷᠪᠠᠨ ᠳᠦᠷᠪᠡ︶ ᠪᠣᠰᠣᠳ ᠬᠠᠮᠢᠶ᠎ᠠ ᠪᠦᠬᠦᠢ ᠡᠬᠦᠷᠬᠡ ᠶᠢ ᠬᠦᠢᠴᠡᠳᠬᠡᠨ᠎ᠡ᠃ | ᠳᠠᠪᠣᠳᠣᠭᠠᠷ ᠪᠦᠯᠦᠭ ᠪᠡᠶ᠎ᠡ ᠶᠢᠨ ᠳᠠᠮᠢᠷ ᠤᠨ ᠴᠣᠭᠯᠠᠭᠠᠨ ᠭᠤᠶᠣᠴᠢᠯᠠᠨ ᠡᠷᠬᠢᠯᠡᠬᠦ | ᠠᠷᠪᠠᠨ ᠳᠠᠪᠣᠳᠣᠭᠠᠷ ᠵᠣᠷᠪᠣᠰ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ | ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ | ᠭᠤᠶᠣᠴᠢᠯᠠᠨ ᠡᠷᠬᠢᠯᠡᠨ᠎ᠠ᠃ | ᠠᠷᠪᠠᠨ ᠵᠢᠷᠭᠤᠳᠣᠭᠠᠷ ᠵᠣᠷᠪᠣᠰ ᠭᠤᠶᠣᠴᠢᠯᠠᠨ ᠡᠷᠬᠢᠯᠡᠬᠦ ᠨᠦᠬᠦᠴᠡᠯ | ︵ᠨᠢᠬᠡ︶ ᠵᠠᠷᠣᠳᠠᠯ ᠤᠨ ᠪᠠᠳᠣᠯᠠᠭ᠎ᠠ ᠶᠢ ᠬᠠᠩᠭᠠᠨ᠎ᠠ | ︵ᠬᠤᠶᠠᠷ︶ ᠣᠷᠣᠯᠳᠣᠭᠠᠨ ᠤ ᠳᠠᠯᠠᠪᠠᠢ ᠣᠷᠳᠣᠨ ᠪᠣᠯᠣᠨ ᠳᠦᠬᠦᠬᠡᠷᠦᠮᠵᠢ ᠨᠢ ᠣᠷᠣᠯᠳᠣᠭᠠᠨ ᠤ ᠵᠣᠬᠢᠶᠠᠨ | ᠪᠠᠶᠢᠭᠤᠯᠣᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶ ᠬᠦᠯᠢᠶᠡᠨ ᠠᠪᠣᠯᠳᠠ᠂ ᠵᠠᠮ ᠬᠠᠷᠢᠯᠴᠠᠭ᠎ᠠ᠂ ᠠᠮᠣᠷ ᠢ ᠬᠠᠮᠠᠭᠠᠯᠠᠬᠤ᠂ ᠣᠬᠠᠭᠤᠯᠭ᠎ᠠ ᠵᠡᠷᠬᠡ | ᠳᠠᠯ᠎ᠠ ᠪᠠᠷ ᠪᠦᠬᠦ ᠣᠯᠣᠰ ᠤᠨ ᠴᠢᠨᠠᠷᠳᠠᠢ ᠣᠷᠣᠯᠳᠣᠭᠠᠨ ᠬᠢᠬᠦ ᠵᠦᠬᠡᠯᠡᠨ ᠪᠠ ᠬᠠᠳᠠᠭᠤ ᠳᠣᠨᠤᠭ ᠤᠨ ᠨᠦᠬᠦᠴᠡᠯ ᠢ | ᠪᠦᠷᠢᠯᠳᠦᠬᠦᠯᠦᠨ᠎ᠠ᠃ | ︵ᠳᠦᠷᠪᠡ︶ ᠣᠯᠠᠨ ᠳᠦᠮᠡᠨᠴᠢ ᠴᠢᠨᠠᠷᠳᠠᠢ ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ | ᠳᠠᠮᠢᠷ ᠤᠨ ᠴᠣᠭᠯᠠᠭᠠᠨ ᠢ ᠬᠦᠨᠳᠦᠳᠬᠡᠨ ᠡᠷᠬᠢᠯᠡᠨ᠎ᠡ᠃ | ᠠᠷᠪᠠᠨ ᠳᠣᠯᠣᠳᠣᠭᠠᠷ ᠵᠣᠷᠪᠣᠰ ᠭᠤᠶᠣᠴᠢᠯᠠᠨ ᠡᠷᠬᠢᠯᠡᠬᠦ ᠠᠯᠬᠤᠮ ᠲᠠᠷᠠᠭᠠᠯᠠᠯ | ︵ᠨᠢᠬᠡ︶ ᠡᠷᠡᠮᠡᠯᠵᠠᠨ ᠭᠤᠶᠣᠴᠢᠯᠠᠨ᠎ᠠ᠃ ᠭᠤᠶᠣᠴᠢᠯᠠᠨ ᠡᠷᠬᠢᠯᠡᠬᠦ ᠪᠠᠶᠢᠭᠤᠯᠣᠯᠭ᠎ᠠ ᠨᠢ ᠳᠣᠰ | ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠶᠠᠪᠣᠭᠳᠠᠬᠤ ᠠᠴᠠ 5 ᠵᠢᠯ ᠤᠨ ᠡᠮᠣᠨ᠎ᠠ᠂ ᠣᠯᠣᠰ ᠤᠨ | ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ | ᠭᠤᠶᠣᠴᠢᠯᠠᠯ ᠤᠨ ᠪᠢᠴᠢᠭ ᠢᠶᠠᠨ ᠳᠣᠰᠢᠶᠠᠨ᠎ᠠ᠃ ᠭᠤᠶᠣᠴᠢᠯᠠᠯ ᠤᠨ ᠪᠢᠴᠢᠭ ᠲᠤ ᠡᠷᠬᠡᠪᠰᠢ ᠭᠤᠶᠣᠴᠢᠯᠠᠨ ᠡᠷᠬᠢᠯᠡᠬᠦ | ᠨᠦᠬᠦᠴᠡᠯ ᠳᠤ ᠬᠠᠮᠣᠷᠣᠭᠳᠠᠭᠰᠠᠨ ᠪᠦᠬᠦ ᠠᠰᠠᠭᠤᠳᠠᠯ ᠪᠣᠯᠣᠨ ᠬᠠᠮᠢᠶ᠎ᠠ ᠪᠦᠬᠦᠢ ᠠᠭᠤᠯᠭ᠎ᠠ ᠪᠠᠭᠳᠠᠨ᠎ᠠ᠃ | ︵ᠬᠤᠶᠠᠷ︶ ᠰᠢᠨᠵᠢᠯᠡᠨ ᠪᠠᠶᠢᠴᠠᠭᠠᠨ᠎ᠠ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ | ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠭᠤᠶᠣᠴᠢᠯᠠᠯᠳᠠ ᠶᠢ ᠦᠨᠳᠦᠰᠦᠯᠡᠨ᠂ ᠪᠠᠶᠢᠴᠠᠭᠠᠯᠳᠠ ᠶᠢᠨ | ᠳᠣᠭᠤᠶᠢᠯᠠᠩ ᠵᠣᠬᠢᠶᠠᠨ ᠪᠠᠶᠢᠭᠤᠯᠵᠣ᠂ ᠭᠤᠶᠣᠴᠢᠯᠠᠨ ᠡᠷᠬᠢᠯᠡᠬᠦ ᠪᠠᠶᠢᠭᠤᠯᠣᠯᠭ᠎ᠠ ᠳᠤ ᠬᠦᠷᠴᠦ ᠶᠡᠷᠦᠩᠬᠡᠢ | ᠪᠠᠶᠢᠴᠠᠭᠠᠯᠳᠠ ᠬᠢᠨ᠎ᠡ᠃ | ︵ᠭᠤᠷᠪᠠ︶ ᠬᠢᠨᠠᠨ ᠵᠦᠪᠯᠡᠵᠣ ᠴᠣᠬᠤᠯᠠᠪᠣᠷᠢᠯᠠᠨ ᠬᠠᠷᠢᠭᠤᠯᠣᠨ᠎ᠠ᠃ ᠣᠯᠣᠰ ᠤᠨ ᠦᠨᠳᠦᠰᠦᠳᠡᠨ ᠤ ᠬᠡᠷᠡᠭ | ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠪᠠᠶᠢᠴᠠᠭᠠᠯᠳᠠ ᠶᠢᠨ ᠪᠠᠶᠢᠳᠠᠯ ᠢᠶᠠᠨ | ᠦᠨᠳᠦᠰᠦᠯᠡᠨ᠂ ᠶᠡᠷᠦᠩᠬᠡᠢ ᠦᠨᠡᠯᠡᠯᠳᠠ ᠭᠠᠷᠭᠠᠨ ᠬᠢᠨᠠᠨ ᠵᠦᠪᠯᠡᠵᠣ᠂ ᠬᠢᠨᠠᠨ ᠵᠦᠪᠯᠡᠭᠰᠡᠨ ᠦᠷ᠎ᠡ ᠳ᠋ᠦᠩ ᠢ | ᠳᠦᠷᠦ ᠶᠢᠨ ᠶᠠᠪᠣᠳᠠᠯ ᠤᠨ ᠬᠤᠷᠢᠶᠠᠨ ᠳᠤ ᠮᠡᠳᠡᠬᠦᠯᠵᠣ ᠵᠦᠪᠰᠢᠶᠡᠷᠡᠬᠦᠯᠦᠭᠰᠡᠨ ᠤ ᠳᠠᠷᠠᠭ᠎ᠠ᠂ ᠳᠠᠭᠠᠭᠠᠴᠢᠯᠠᠨ ᠡᠷᠬᠢᠯᠡᠬᠦ | ᠪᠠᠶᠢᠭᠤᠯᠣᠯᠭ᠎ᠠ ᠳᠤ ᠴᠣᠬᠤᠯᠠᠪᠣᠷᠢᠯᠠᠨ ᠬᠠᠷᠢᠭᠤᠯᠣᠨ᠎ᠠ᠃ | ᠵᠢᠷᠭᠤᠳᠣᠭᠠᠷ ᠪᠦᠯᠦᠭ ᠣᠷᠣᠯᠳᠣᠭᠠᠨ ᠤ ᠳᠦᠷᠦᠯ ᠵᠦᠢᠯ ᠤᠨ ᠳᠣᠬᠢᠷᠠᠭᠤᠯᠣᠯᠳᠠ | ᠠᠷᠪᠠᠨ ᠨᠠᠢᠮᠠᠳᠣᠭᠠᠷ ᠵᠣᠷᠪᠣᠰ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ | ᠣᠷᠣᠯᠳᠣᠭᠠᠨ ᠤ ᠳᠦᠷᠦᠯ ᠵᠦᠢᠯ ᠪᠠ ᠦᠵᠡᠬᠦᠯᠦᠯᠬᠡ ᠶᠢᠨ ᠳᠣᠭᠯᠠᠯᠳᠠ ᠶᠢᠨ ᠳᠦᠷᠦᠯ ᠵᠦᠢᠯ ᠬᠡᠵᠣ ᠬᠤᠶᠠᠷ ᠳᠦᠷᠦᠯ | ᠬᠤᠪᠢᠶᠠᠨ᠎ᠠ᠃ ᠣᠷᠣᠯᠳᠣᠭᠠᠨ ᠤ ᠳᠦᠷᠦᠯ ᠵᠦᠢᠯ ᠢ ᠰᠡᠳᠣᠪ ᠳᠣᠭᠳᠠᠭᠠᠯᠳᠠ ᠶᠢᠨ ᠰᠢᠨᠵᠢ ᠴᠢᠨᠠᠷ ᠢᠶᠠᠷ ᠨᠢ | ᠨᠡᠮᠡᠭᠳᠡᠭᠰᠡᠨ ᠳᠦᠷᠦᠯ ᠵᠦᠢᠯ᠂ ᠪᠠᠶᠢᠩᠭᠤ ᠶᠢᠨ ᠪᠣᠰᠣ ᠳᠦᠷᠦᠯ ᠵᠦᠢᠯ ᠪᠣᠯᠣᠨ ᠪᠠᠶᠢᠩᠭᠤ ᠵᠢᠨᠲ᠋ᠦ᠋ᠷᠦᠯ ᠵᠦᠢᠯ ᠬᠡᠵᠣ | ᠬᠤᠪᠢᠶᠠᠨ᠎ᠠ᠂ | ᠠᠷᠪᠠ ᠶᠢᠰᠦᠳᠦᠬᠡᠷ ᠵᠣᠷᠪᠣᠰ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ | ᠣᠷᠣᠯᠳᠣᠭᠠᠨ ᠤ ᠳᠦᠷᠦᠯ ᠵᠦᠢᠯ ᠤᠨ ᠳᠤᠭ᠎ᠠ ᠶᠢ ᠵᠠᠷᠴᠢᠮ ᠳᠡᠬᠡᠷ᠎ᠡ ᠪᠠᠨ ᠳᠣᠭᠳᠠᠪᠣᠷᠢᠳᠠᠢ ᠪᠠᠶᠢᠯᠭᠠᠵᠣ᠂ ᠭᠤᠣᠯᠯᠠᠨ | ᠡᠷᠬᠢᠯᠡᠬᠦ ᠪᠠᠶᠢᠭᠤᠯᠣᠯᠭ᠎ᠠ ᠨᠢ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ | ᠴᠣᠭᠯᠠᠭᠠᠨ ᠤ ᠳᠦᠷᠦᠯ ᠵᠦᠢᠯ ᠤᠨ ᠬᠦᠭᠵᠢᠯᠳᠠ ᠶᠢᠨ ᠪᠣᠳᠠᠳᠣ ᠪᠠᠶᠢᠳᠠᠯ᠂ ᠳᠠᠭᠠᠭᠠᠴᠢᠯᠠᠨ ᠡᠷᠬᠢᠯᠡᠬᠦ | ᠪᠠᠶᠢᠭᠤᠯᠣᠯᠭ᠎ᠠ ᠶᠢᠨ ᠴᠣᠭᠯᠠᠭᠠᠨ ᠢ ᠡᠷᠬᠢᠯᠡᠬᠦ ᠨᠦᠬᠦᠴᠡᠯ ᠪᠣᠯᠣᠨ ᠣᠷᠣᠯᠳᠣᠭᠠᠨ ᠤ ᠳᠦᠷᠦᠯ ᠵᠦᠢᠯ ᠤᠨ ᠰᠡᠳᠦᠪ | ᠳᠣᠭᠳᠠᠭᠠᠯᠳᠠ ᠵᠡᠷᠬᠡ ᠡᠯᠧᠮᠧᠨ᠋ᠲ ᠢ ᠶᠡᠷᠦᠩᠬᠡᠶᠢᠯᠡᠨ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ | ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠢ ᠳᠣᠬᠢᠷᠠᠭᠤᠯᠣᠨ᠎ᠠ᠃ ᠪᠣᠳᠠᠳᠠᠢ ᠳᠦᠷᠦᠯ ᠵᠦᠢᠯ ᠤᠨ | ᠳᠣᠬᠢᠷᠠᠭᠤᠯᠣᠯᠳᠠ ᠶᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠳᠦᠷᠢᠮ ᠢᠶᠠᠷ ᠪᠠᠷᠢᠮᠵᠢᠶ᠎ᠠ | ᠪᠣᠯᠭᠠᠨ᠎ᠠ᠃ | ᠳᠣᠯᠣᠳᠣᠭᠠᠷ ᠪᠦᠯᠦᠭ ᠣᠷᠣᠯᠳᠣᠭᠠᠨ ᠤ ᠳᠦᠷᠦᠯ ᠵᠦᠢᠯ ᠤᠨ ᠰᠡᠳᠦᠪ ᠳᠣᠭᠳᠠᠭᠠᠯᠳᠠ | ᠬᠤᠷᠢᠳᠣᠭᠠᠷ ᠵᠣᠷᠪᠣᠰ ᠫᠣᠣᠵᠢᠩ᠂ ᠮᠣᠳᠣᠨ ᠪᠦᠮᠪᠦᠭᠡ ᠂ ᠳᠡᠪᠡᠭ᠂ ᠯᠣᠣᠳᠣ ᠣᠩᠭᠤᠴᠠ᠂ ᠳᠡᠬᠦᠵᠢᠩ᠂ | ᠭᠠᠭᠴᠠ ᠬᠤᠯᠣᠰᠣᠨ ᠤ ᠬᠦᠪᠪᠣᠯᠳᠠ ᠶᠢᠨ ᠣᠷᠣᠯᠳᠣᠭᠠᠨ᠂ ᠬᠤᠯᠬᠤᠪᠴᠢ ᠨᠣᠮᠣ᠂ ᠳᠣᠭᠤᠷᠢᠭᠤᠯ᠂ ᠵᠢᠳᠬᠦᠯᠬᠡ | ᠶᠢᠨ ᠣᠷᠣᠯᠳᠣᠭᠠᠨ᠂ ᠮᠣᠳᠣᠨ ᠬᠦᠯ ᠬᠢᠰᠬᠢᠬᠦ ᠣᠷᠣᠯᠳᠣᠭᠠᠨ᠂ ᠬᠠᠪᠳᠠᠰᠣᠨ ᠱᠠᠬᠠᠢ ᠶᠢᠨ ᠣᠷᠣᠯᠳᠣᠭᠠᠨ᠂ | ᠦᠨᠳᠦᠰᠦᠳᠡᠨ ᠤ ᠦᠱᠦ᠂ ᠦᠨᠳᠦᠰᠦᠳᠡᠨ ᠤ ᠪᠦᠬᠡ ᠂ ᠦᠨᠳᠦᠰᠦᠳᠡᠨ ᠤ ᠮᠣᠷᠢᠨ ᠮᠡᠷᠬᠡᠵᠢᠯ᠂ ᠦᠨᠳᠦᠰᠦᠳᠡᠨ ᠤ | ᠪᠡᠶ᠎ᠡ ᠴᠢᠬᠢᠷᠠᠭᠵᠢᠭᠤᠯᠬᠤ ᠳᠠᠮᠢᠷ ᠵᠡᠷᠬᠡ 17 ᠳᠦᠷᠦᠯ ᠵᠦᠢᠯ ᠢ ᠨᠢᠬᠡᠨᠳᠠ ᠪᠦᠬᠦ ᠣᠯᠣᠰ ᠤᠨ ᠦᠨᠳᠦᠰᠦᠳᠡᠨ ᠤ | ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠤᠨ ᠪᠠᠶᠢᠩᠭᠤ ᠶᠢᠨ ᠳᠦᠷᠦᠯ ᠵᠦᠢᠯ ᠢᠶᠠᠷ | ᠳᠣᠭᠳᠠᠭᠠᠭᠰᠠᠨ ᠪᠠᠶᠢᠨ᠎ᠠ᠃ ᠰᠡᠳᠦᠪ ᠳᠣᠭᠳᠠᠭᠠᠬᠤ ᠳᠣᠭᠳᠠᠭᠠᠯ ᠳᠤ ᠨᠡᠶᠢᠴᠡᠭᠰᠡᠨ ᠪᠣᠰᠣᠳ ᠴᠦᠬᠡᠨ ᠳᠣᠭᠠᠳᠣ | ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠳᠦᠷᠦᠯ ᠵᠦᠢᠯ ᠢ ᠭᠤᠶᠣᠴᠢᠯᠠᠬᠤ ᠪᠠᠷ | ᠳᠠᠮᠵᠢᠨ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ | ᠵᠦᠢᠯ ᠤᠨ ᠨᠡᠮᠡᠭᠳᠡᠭᠰᠡᠨ ᠳᠦᠷᠦᠯ ᠵᠦᠢᠯ᠂ ᠪᠠᠶᠢᠩᠭᠤ ᠶᠢᠨ ᠪᠣᠰᠣ ᠳᠦᠷᠦᠯ ᠵᠦᠢᠯ ᠪᠣᠯᠣᠨ ᠪᠠᠶᠢᠩᠭᠤ ᠶᠢᠨ ᠳᠦᠷᠦᠯ | ᠵᠦᠢᠯ ᠪᠣᠯᠭᠠᠨ᠎ᠠ᠃ ᠪᠠᠶᠢᠩᠭᠤ ᠵᠢᠨᠲ᠋ᠦ᠋ᠷᠦᠯ ᠵᠦᠢᠯ ᠢ ᠳᠡᠰ ᠪᠠᠭᠤᠷᠠᠭᠤᠯᠤᠨ ᠪᠠᠶᠢᠩᠭᠤ ᠶᠢᠨ ᠪᠣᠰᠣ ᠳᠦᠷᠦᠯ ᠵᠦᠢᠯ | ᠪᠣᠯᠭᠠᠵᠣ ᠪᠣᠯᠣᠨ᠎ᠠ᠃ | ᠬᠤᠷᠢᠨ ᠨᠢᠬᠡᠳᠦᠬᠡᠷ ᠵᠣᠷᠪᠣᠰ ᠨᠡᠮᠡᠭᠳᠡᠭᠰᠡᠨ ᠳᠦᠷᠦᠯ ᠵᠦᠢᠯ ᠤᠨ ᠰᠡᠳᠤᠪ ᠳᠣᠭᠳᠠᠭᠠᠯᠳᠠ | ︵ᠨᠢᠬᠡ︶ ᠵᠦᠪᠬᠡᠨ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ | ᠳᠠᠭᠠᠭᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠠᠭᠠᠭᠠᠴᠢᠯᠠᠨ | ᠡᠷᠬᠢᠯᠡᠬᠦ ᠬᠡᠵᠣ ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠳᠠᠭᠠᠨ ᠨᠡᠮᠡᠭᠳᠡᠭᠰᠡᠨ ᠳᠦᠷᠦᠯ | ᠵᠦᠢᠯ ᠢ ᠭᠤᠶᠣᠴᠢᠯᠠᠬᠤ ᠬᠢᠷᠢ ᠬᠡᠮ ᠲᠠᠢ᠃ ᠨᠡᠮᠡᠭᠳᠡᠭᠰᠡᠨ ᠳᠦᠷᠦᠯ ᠵᠦᠢᠯ ᠨᠢ ᠵᠦᠪᠬᠡᠨ ᠳᠠᠭᠠᠭᠠᠴᠢᠯᠠᠨ ᠡᠷᠬᠢᠯᠡᠬᠦ | ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠲᠡᠭᠡᠷ᠎ᠠ ᠬᠦᠴᠦᠨ ᠲᠠᠢ᠂ ᠳᠤᠭ᠎ᠠ ᠬᠡᠮᠵᠢᠶ᠎ᠡ ᠨᠢ | 1ᠳᠦᠷᠦᠯ ᠠᠴᠠ ᠬᠡᠳᠦᠷᠡᠬᠦ ᠦᠬᠡᠢ᠃ | ︵ᠬᠤᠶᠠᠷ︶ ᠭᠤᠶᠣᠴᠢᠯᠠᠭᠰᠠᠨ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠬᠠᠩᠭᠠᠭᠰᠠᠨ | ᠪᠠᠶᠢᠬᠤ ᠬᠡᠷᠡᠭᠳᠡᠢ᠄ | 1.ᠴᠦᠬᠡᠨ ᠳᠣᠭᠠᠳᠣ ᠦᠨᠳᠦᠰᠦᠳᠡᠨ ᠤ ᠰᠣᠶᠣᠯ ᠤᠨ ᠢᠯᠡ ᠲᠤᠳᠤ ᠣᠨᠴᠠᠯᠢᠭ ᠲᠠᠢ᠂ ᠦᠷᠬᠡᠨ ᠳᠡᠯᠬᠡᠷ | ᠣᠯᠠᠨ ᠳᠦᠮᠡᠨᠴᠢ ᠰᠠᠭᠤᠷᠢ ᠲᠠᠢ᠂ ᠦᠷᠢᠰᠦᠯᠳᠦᠬᠦ ᠴᠢᠨᠠᠷ᠂ ᠰᠣᠨᠢᠷᠬᠠᠯᠳᠣ ᠴᠢᠨᠠᠷ᠂ ᠠᠮᠣᠷ ᠳᠦᠪᠰᠢᠨ ᠴᠢᠨᠠᠷ | ᠦᠨᠳᠦᠷ ᠪᠠᠶᠢᠬᠤ | 2. ᠮᠣᠵᠢ ᠶᠢᠨ ᠳᠡᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ | ᠳᠦᠷᠦᠯ ᠵᠦᠢᠯ ᠪᠠᠶᠢᠬᠤ | 3. 3 ᠣᠳᠠᠭᠠᠨ ᠤ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ | ᠪᠣᠯᠪᠠᠰᠣᠷᠠᠯ ᠤᠨ ᠠᠩᠬᠢ ᠡᠷᠬᠢᠯᠡᠭᠰᠡᠨ ᠪᠠᠶᠢᠬᠤ ᠪᠥᠭᠡᠳ ᠣᠳᠠᠭ᠎ᠠ ᠪᠣᠯᠭᠠᠨ ᠤ ᠪᠦᠬᠦ ᠤᠯᠤᠰ ᠤᠨ ᠣᠷᠣᠯᠳᠣᠭᠠᠨ ᠪᠠ | ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 4 ᠮᠣᠵᠢ᠂ ᠦᠪᠡᠷᠳᠡᠬᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ | ᠬᠡᠷᠡᠭᠳᠡᠢ᠃ | 4. ᠪᠦᠷᠢᠨ ᠳᠡᠬᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠬᠦᠯᠦᠭᠰᠡᠨ᠃ | 5. ᠣᠷᠣᠯᠳᠣᠭᠠᠨ ᠤ ᠬᠡᠷᠡᠭᠰᠡᠯ ᠨᠢ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠯ ᠳᠤ ᠬᠦᠷᠦᠭᠰᠡᠨ ᠪᠠᠶᠢᠬᠤ᠃ | ︵ᠭᠤᠷᠪᠠ︶ ᠰᠡᠳᠤᠪ ᠳᠣᠭᠳᠠᠭᠠᠯᠳᠠ ᠶᠢᠨ ᠠᠯᠬᠤᠮ ᠲᠠᠷᠠᠭᠠᠯᠠᠯ | 1.ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ | ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ | ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ | ᠳᠠᠮᠢᠷ ᠤᠨ ᠴᠣᠭᠯᠠᠭᠠᠨ ᠶᠠᠪᠤᠭᠳᠠᠬᠤ ᠠᠴᠠ 3 ᠵᠢᠯ ᠤᠨ ᠡᠮᠣᠨ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ | ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ | ᠭᠤᠶᠣᠴᠢᠯᠠᠯᠳᠠ ᠶᠢᠨ ᠪᠢᠴᠢᠭ ᠢᠶᠠᠨ ᠬᠦᠷᠬᠡᠨ᠎ᠡ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ | ᠰᠡᠳᠣᠪ ᠳᠣᠭᠳᠠᠭᠠᠯᠳᠠ ᠶᠢᠨ ᠨᠦᠬᠦᠴᠡᠯ ᠳᠤ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ | ᠬᠡᠷᠡᠴᠢ ᠮᠠᠲ᠋ᠧᠷᠢᠶᠠᠯ ᠢ ᠪᠠᠭᠲᠠᠭᠠᠵᠦ᠂ ᠠᠷᠤ ᠳᠤᠨᠢ ᠣᠷᠣᠯᠳᠣᠭᠠᠨ ᠤ ᠳᠠᠯᠠᠪᠣᠷ᠂ ᠬᠡᠷᠡᠭᠰᠡᠯ ᠤᠨ ᠨᠠᠷᠢᠨ | ᠳᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠣ ᠰᠢᠩᠬᠡᠬᠡᠯᠳᠡ ᠶᠢᠨ ᠮᠠᠲ᠋ᠧᠷᠢᠶᠠᠯ ᠢ ᠲᠠᠭᠠᠯᠳᠤᠭᠤᠯᠤᠨ᠎ᠠ᠃ | 2.ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ | ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ ᠳᠦᠷᠦᠯ | ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃ | 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ | ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ | ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ | ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 6 ᠮᠣᠵᠢ᠂ | ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ | ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ | ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ | ᠳᠤ ᠠᠬᠤᠢ ᠳᠠᠯᠠᠪᠠᠢ ᠳᠤ ᠬᠢᠨᠠᠨ ᠰᠢᠯᠭᠠᠯᠳᠠ ᠬᠢᠨ᠎ᠡ᠃ | 4.ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ | ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠮᠡᠯᠳᠡ ᠳᠦᠷᠦᠯ ᠵᠦᠢᠯ ᠪᠣᠯᠵᠣ᠂ ᠳᠣᠰ | ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠳᠤ ᠣᠷᠣᠨ᠎ᠠ᠃ | ᠬᠤᠷᠢᠨ ᠬᠤᠶᠠᠳᠣᠭᠠᠷ ᠵᠣᠷᠪᠣᠰ ᠪᠠᠶᠢᠩᠭᠤ ᠶᠢᠨ ᠪᠤᠰᠤ ᠳᠦᠷᠦᠯ ᠵᠦᠢᠯ ᠤᠨ ᠰᠡᠳᠦᠪ ᠳᠣᠭᠳᠠᠭᠠᠯᠳᠠ | ︵ᠨᠢᠬᠡ︶ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠬᠦ ᠤᠯᠤᠰ ᠤᠨ | ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠢ ᠲᠤᠬᠢᠷᠠᠭᠤᠯᠬᠤ ᠶᠢ | ᠭᠤᠶᠣᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠪᠤᠰᠤ ᠳᠦᠷᠦᠯ ᠵᠦᠢᠯ ᠵᠦᠪᠬᠡᠨ ᠭᠤᠶᠣᠴᠢᠯᠠᠭᠰᠠᠨ ᠳᠣᠰ | ᠬᠤᠭᠤᠴᠠᠭᠠᠨ ᠤ ᠪᠠᠨ ᠪᠡᠶ᠎ᠡ ᠶᠢᠨ ᠳᠠᠮᠢᠷ ᠤᠨ ᠴᠣᠭᠯᠠᠭᠠᠨ ᠲᠡᠭᠡᠷ᠎ᠠ ᠬᠦᠴᠦᠨ ᠲᠠᠢ᠃ | ︵ᠬᠤᠶᠠᠷ︶ ᠭᠤᠶᠣᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠴᠦᠮ | ᠪᠦᠷᠢᠯᠳᠦᠬᠦᠯᠬᠦ ᠬᠡᠷᠡᠭᠳᠡᠢ᠄ | 1.ᠴᠦᠬᠡᠨ ᠳᠣᠭᠠᠳᠣ ᠦᠨᠳᠦᠰᠦᠳᠡᠨ ᠤ ᠰᠣᠶᠣᠯ ᠤᠨ ᠢᠯᠡ ᠲᠤᠳᠤ ᠣᠨᠴᠠᠯᠢᠭ ᠲᠠᠢ ᠂ ᠦᠷᠬᠡᠨ ᠲᠠᠯᠭᠡᠷ | ᠣᠯᠠᠨ ᠲᠦᠮᠡᠨᠴᠢ ᠰᠠᠭᠤᠷᠢ ᠲᠠᠢ ᠂ ᠦᠷᠢᠰᠦᠯᠳᠦᠬᠦ ᠴᠢᠨᠠᠷ᠂ ᠰᠣᠨᠢᠷᠬᠠᠯᠳᠣ ᠴᠢᠨᠠᠷ᠂ ᠠᠮᠣᠷ ᠳᠦᠪᠰᠢᠨ ᠴᠢᠨᠠᠷ | ᠦᠨᠳᠦᠷ ᠪᠠᠶᠢᠬᠤ | 2.ᠳᠠᠷᠠᠭᠠᠯᠠᠨ ᠬᠤᠶᠠᠷ ᠬᠤᠭᠤᠴᠠᠭ᠎ᠠ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ | ᠴᠣᠭᠯᠠᠭᠠᠨ ᠤ ᠤᠷᠤᠯᠳᠤᠭᠠᠨ ᠤ ᠴᠢᠨᠠᠷ ᠲᠠᠢ ᠦᠵᠡᠬᠦᠯᠦᠯᠬᠡ ᠶᠢᠨ ᠳᠦᠷᠦᠯ ᠵᠦᠢᠯ ᠪᠣᠯᠤᠭᠰᠠᠨ ᠪᠦᠭᠡᠳ | ᠣᠯᠣᠭᠰᠠᠨ ᠬᠢᠷᠢ ᠪᠦᠳᠤᠮᠵᠢ ᠨᠢ ᠳᠣᠰ ᠳᠦᠷᠦᠯ ᠤᠨ ᠡᠮᠣᠨ᠎ᠠ 40% ︵40% ᠢ ᠪᠠᠭᠲᠠᠭᠠᠨ᠎ᠠ︶ ᠲᠤ | ᠵᠢᠭᠰᠠᠭᠠᠭᠳᠠᠵᠣ ᠪᠠᠶᠢᠬᠤ ᠬᠡᠷᠡᠭᠳᠡᠢ᠃ | 3..ᠳᠠᠷᠠᠭᠠᠯᠠᠨ ᠬᠤᠶᠠᠷ ᠬᠤᠭᠤᠴᠠᠭ᠎ᠠ ᠮᠣᠵᠢ ᠶᠢᠨ ᠳᠡᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ | ᠴᠣᠭᠯᠠᠭᠠᠨ ᠤ ᠤᠷᠤᠯᠳᠤᠭᠠᠨ ᠤ ᠳᠦᠷᠦᠯ ᠵᠦᠢᠯ ᠪᠣᠯᠣᠭᠰᠠᠨ | 4. ᠵᠢᠯ ᠪᠣᠯᠭᠠᠨ ᠨᠢᠬᠡ ᠣᠳᠠᠭ᠎ᠠ᠂ ᠳᠠᠷᠠᠭᠠᠯᠠᠨ 4 ᠤᠳᠠᠭ᠎ᠠ ᠪᠦᠬᠦ ᠣᠯᠣᠰ ᠤᠨ ᠣᠷᠣᠯᠳᠣᠭᠠᠨ ᠪᠠ | ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠭᠰᠠᠨ ᠪᠠᠶᠢᠬᠤ ᠪᠦᠭᠡᠳ | ᠣᠳᠠᠭ᠎ᠠ ᠪᠣᠯᠭᠠᠨ ᠤ ᠬᠢᠨᠢ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠨᠠᠭᠠᠳᠤ ᠵᠠᠬ᠎ᠠ | ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ | ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ | 5. ᠪᠦᠷᠢᠨ ᠳᠡᠬᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠬᠦᠯᠦᠭᠰᠡᠨ᠃ | 6.ᠣᠷᠣᠯᠳᠣᠭᠠᠨ ᠤ ᠳᠠᠯᠠᠪᠣᠷ ᠨᠢ ᠣᠯᠠᠷᠢᠯ ᠪᠣᠯᠣᠨ ᠭᠠᠵᠠᠷ ᠣᠷᠣᠨ ᠤ ᠨᠦᠬᠦᠴᠡᠯ ᠳᠤ ᠬᠢᠵᠠᠭᠠᠷᠯᠠᠬᠳᠠᠬᠤ | ᠦᠬᠡᠢ ᠃ | 7. ᠣᠷᠣᠯᠳᠣᠭᠠᠨ ᠤ ᠬᠡᠷᠡᠭᠰᠡᠯ ᠢ ᠨᠢ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠵᠤ ᠪᠤᠯᠠᠬᠤ ᠪᠦᠭᠡᠳ ᠣᠯᠠᠷᠢᠯ | ᠪᠣᠯᠣᠨ ᠭᠠᠵᠠᠷ ᠣᠷᠣᠨ ᠤ ᠨᠦᠬᠦᠴᠡᠯ ᠳᠤ ᠬᠢᠵᠠᠭᠠᠷᠠᠯᠭᠳᠠᠬᠤ ᠦᠬᠡᠢ ᠪᠠᠶᠢᠬᠤ ᠃ | ︵ᠭᠤᠷᠪᠠ︶ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ | 1.ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠬᠡᠵᠦ | ᠪᠠᠶᠢᠭ᠎ᠠ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ | ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠳᠠᠭᠠᠭᠠᠴᠢᠯᠠᠨ ᠡᠷᠬᠢᠯᠡᠬᠦ ᠬᠡᠵᠦ ᠪᠠᠶᠢᠭ᠎ᠠ ᠳᠣᠰ | ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠠᠴᠠ ᠡᠮᠣᠨᠠᠬᠢ ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ | ᠴᠣᠭᠯᠠᠭᠠᠨ ᠢ ᠦᠨᠳᠦᠷᠯᠡᠭᠰᠡᠨ ᠤ ᠲᠠᠷᠠᠭᠠᠬᠢ 6 ᠰᠠᠷ᠎ᠠ ᠶᠢᠨ ᠳᠣᠳᠣᠷ᠎ᠠ᠂ ᠣᠯᠣᠰ ᠤᠨ ᠦᠨᠳᠦᠰᠦᠳᠡᠨ ᠤ ᠬᠡᠷᠡᠭ | ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ | ᠭᠤᠶᠣᠴᠢᠯᠠᠯᠳᠠ ᠶᠢᠨ ᠪᠢᠴᠢᠭ ᠢᠶᠠᠨ ᠲᠤᠰᠢᠶᠠᠨ᠎ᠠ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ | ᠰᠡᠳᠣᠪ ᠳᠣᠭᠳᠠᠭᠠᠯᠳᠠ ᠶᠢᠨ ᠨᠦᠬᠦᠴᠡᠯ ᠲᠠᠢ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ | ᠬᠡᠷᠡᠴᠢ ᠮᠠᠲ᠋ᠧᠷᠢᠶᠠᠯ ᠢ ᠪᠠᠭᠲᠠᠭᠠᠵᠦ᠂ ᠠᠷᠤ ᠳᠤᠨᠢ ᠣᠷᠣᠯᠳᠣᠭᠠᠨ ᠤ ᠳᠠᠯᠠᠪᠣᠷ᠂ ᠬᠡᠷᠡᠭᠰᠡᠯ ᠤᠨ ᠨᠠᠷᠢᠨ | ᠳᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠣ ᠰᠢᠩᠬᠡᠬᠡᠯᠳᠡ ᠵᠢᠨᠮᠠᠲ᠋ᠧᠷᠢᠶᠠᠯ ᠲᠠᠭᠠᠯᠳᠤᠭᠤᠯᠤᠨ᠎ᠠ ᠃ | 2.ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ | ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨᠲ᠋ᠦ᠋ᠷᠦᠯ | ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃ | 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ | ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ | ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ | ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 6 ᠮᠣᠵᠢ᠂ | ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ | ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ | ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ | ᠳᠤ ᠠᠬᠤᠢ ᠳᠠᠯᠠᠪᠠᠢ ᠳᠤ ᠬᠢᠨᠠᠨ ᠰᠢᠯᠭᠠᠯᠳᠠ ᠬᠢᠨ᠎ᠡ᠃ | 4.ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ | ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ | ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠳᠤ ᠣᠷᠣᠨ᠎ᠠ᠃ | ︵ᠳᠦᠷᠪᠡ︶ ᠨᠡᠮᠡᠭᠳᠡᠭᠰᠡᠨ ᠳᠦᠷᠦᠯ ᠵᠦᠢᠯ ᠪᠠ ᠪᠠᠶᠢᠩᠭᠤ ᠶᠢᠨ ᠪᠤᠰᠤ ᠳᠦᠷᠦᠯ ᠵᠦᠢᠯ ᠨᠢ ᠬᠡᠷᠪᠡ ᠲᠠᠷᠠᠭ᠎ᠠ | ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ ᠴᠣᠭᠯᠠᠭᠠᠨ ᠳᠤ ᠪᠠᠰᠠ ᠪᠠᠶᠢᠩᠭᠤ ᠶᠢᠨ ᠳᠦᠷᠦᠯ ᠵᠦᠢᠯ ᠢᠶᠠᠷ | ᠭᠤᠶᠣᠴᠢᠯᠠᠭᠰᠠᠨ ᠪᠣᠯ ᠭᠤᠶᠣᠴᠢᠯᠠᠬᠤ ᠨᠦᠬᠦᠴᠡᠯ ᠨᠢ ᠵᠦᠪᠬᠡᠨ ᠳᠣᠰ ᠵᠣᠷᠪᠣᠰ ᠤᠨ ᠬᠤᠶᠠᠳᠣᠭᠠᠷ ᠵᠦᠢᠯ ᠤᠨ | ᠳᠦᠷᠪᠡᠳᠦᠬᠡᠷ ᠨᠦᠬᠦᠴᠡᠯ ᠢ ᠪᠦᠷᠢᠯᠳᠦᠬᠦᠯᠪᠠᠯ ᠪᠤᠯᠴᠢᠬᠠᠨ᠎ᠠ᠂ ᠬᠡᠪᠡᠴᠣ ᠪᠦᠬᠦ ᠣᠯᠣᠰ ᠤᠨ ᠣᠷᠣᠯᠳᠣᠭᠠᠨ ᠪᠠ | ᠪᠣᠯᠪᠠᠰᠣᠷᠠᠯ ᠤᠨ ᠠᠩᠬᠢ ᠡᠷᠬᠢᠯᠡᠭᠰᠡᠨ ᠤᠳᠠᠭ᠎ᠠ ᠶᠢᠨ ᠳᠤᠭ᠎ᠠ ᠶᠢ ᠠᠩᠬ᠎ᠠ ᠤᠳᠠᠭᠠᠨ ᠤ ᠰᠡᠳᠦᠪ ᠳᠣᠭᠳᠠᠭᠠᠯᠳᠠ ᠶᠢᠨ | ᠦᠶ᠎ᠡ ᠶᠢᠨ ᠡᠷᠬᠢᠯᠡᠭᠰᠡᠨ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠶᠢᠨ ᠳᠤᠭ᠎ᠠ ᠲᠠᠢ | ᠳᠠᠪᠬᠤᠷᠳᠠᠭᠤᠯᠣᠨ ᠳᠣᠭᠠᠴᠠᠵᠣ ᠪᠣᠯᠬᠤ ᠦᠬᠡᠢ᠃ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ ᠨᠢ | ᠪᠠᠶᠢᠩᠭᠤ ᠶᠢᠨ ᠪᠤᠰᠤ ᠳᠦᠷᠦᠯ ᠵᠦᠢᠯ ᠠᠩᠬ᠎ᠠ ᠤᠳᠠᠭ᠎ᠠ ᠶᠢᠨ ᠰᠡᠳᠦᠪ ᠳᠣᠭᠳᠠᠭᠠᠯᠳᠠ ᠤᠨ ᠬᠢ ᠲᠠᠢ ᠠᠳᠠᠯᠢ᠃ | ᠬᠡᠷᠪᠡ ᠳᠠᠷᠠᠭᠠᠯᠠᠭᠰᠠᠨ ᠪᠣᠰᠣ ᠪᠡᠶ᠎ᠡ ᠶᠢᠨ ᠳᠠᠮᠢᠷ ᠤᠨ ᠴᠣᠭᠯᠠᠭᠠᠨ ᠳᠤ ᠳᠠᠬᠢᠨᠳᠠ ᠪᠠᠶᠢᠩᠭᠤ ᠶᠢᠨ ᠳᠦᠷᠦᠯ | ᠵᠦᠢᠯ ᠢᠶᠠᠷ ᠭᠤᠶᠣᠴᠢᠯᠠᠭᠰᠠᠨ ᠪᠣᠯ ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠠᠩᠬ᠎ᠠ ᠣᠳᠠᠭ᠎ᠠ ᠰᠡᠳᠣᠪ | ᠳᠣᠭᠳᠠᠭᠠᠵᠤ ᠪᠠᠶᠢᠭ᠎ᠠ ᠲᠠᠢ ᠠᠳᠠᠯᠢ᠃ | ᠬᠤᠷᠢᠨ ᠭᠤᠷᠪᠠᠳᠣᠭᠠᠷ ᠵᠣᠷᠪᠣᠰ ᠪᠠᠶᠢᠩᠭᠤ ᠶᠢᠨ ᠳᠦᠷᠦᠯ ᠵᠦᠢᠯ ᠤᠨ ᠰᠡᠳᠤᠪ ᠳᠣᠭᠳᠠᠭᠠᠯᠳᠠ | ︵ᠨᠢᠬᠡ︶ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠷ ᠪᠦᠬᠦ | ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠳᠦᠷᠦᠯ ᠵᠦᠢᠯ ᠢ | ᠲᠤᠬᠢᠷᠠᠭᠤᠯᠬᠤ ᠶᠢ ᠭᠤᠶᠣᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠳᠦᠷᠦᠯ ᠵᠦᠢᠯ ᠨᠢ ᠪᠦᠬᠦ ᠣᠯᠣᠰ ᠤᠨ | ᠪᠡᠶ᠎ᠡ ᠶᠢᠨ ᠳᠠᠮᠢᠷ ᠤᠨ ᠴᠣᠭᠯᠠᠭᠠᠨ ᠳᠤ ᠣᠷᠳᠣ ᠬᠤᠭᠤᠴᠠᠭᠠᠨ ᠤ ᠬᠦᠴᠦᠨ ᠲᠠᠢ᠃ | ︵ᠬᠤᠶᠠᠷ︶ ᠭᠤᠶᠣᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠴᠦᠮ | ᠪᠦᠷᠢᠯᠳᠦᠬᠦᠯᠬᠦ ᠬᠡᠷᠡᠭᠳᠡᠢ᠄ | 1.ᠬᠤᠶᠠᠷ ᠬᠤᠭᠤᠴᠠᠭ᠎ᠠ ᠳᠠᠷᠠᠭᠠᠯᠠᠨ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ | ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠣᠭᠰᠠᠨ ᠃ | 2.ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠬᠤᠶᠠᠷ ᠬᠤᠭᠤᠴᠠᠭᠠᠨ ᠤ ᠪᠦᠬᠦ ᠤᠯᠤᠰ ᠤᠨ ᠦᠨᠳᠦᠰᠦᠳᠡᠨ ᠤ | ᠪᠡᠶ᠎ᠡ ᠶᠢᠨ ᠳᠠᠮᠢᠷ ᠤᠨ ᠴᠣᠭᠯᠠᠭᠠᠨ ᠳᠤ ᠤᠷᠤᠬᠤ ᠳᠤᠨᠢ ᠣᠷᠣᠯᠴᠠᠭᠰᠠᠨ ᠣᠷᠣᠯᠳᠣᠭᠠᠨ ᠤ ᠠᠩᠬᠢ ᠨᠢ | ᠵᠢᠷᠭᠤᠭ᠎ᠠ ᠠᠴᠠ ᠴᠦᠭᠡᠨ ᠪᠠᠶᠢᠬᠰᠠᠨ ᠦᠭᠡᠢ᠃ | 3. ᠵᠢᠯ ᠪᠣᠯᠭᠠᠨ ᠨᠢᠬᠡ ᠣᠳᠠᠭ᠎ᠠ᠂ ᠳᠠᠷᠠᠭᠠᠯᠠᠨ 4 ᠤᠳᠠᠭ᠎ᠠ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ | ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠭᠰᠠᠨ ᠪᠠᠶᠢᠬᠤ ᠪᠦᠭᠡᠳ ᠣᠳᠠᠭ᠎ᠠ | ᠪᠣᠯᠭᠠᠨ ᠤ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠨᠠᠭᠠᠳᠤ ᠵᠠᠬ᠎ᠠ ᠳᠠᠭᠠᠨ 6 ᠮᠣᠵᠢ᠂ | ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ | ᠣᠷᠣᠯᠴᠠᠭᠤᠯᠣᠭᠰᠠᠨ ᠪᠠᠶᠢᠬᠤ ᠬᠡᠷᠡᠭᠳᠡᠢ︔ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ | ᠠᠩᠬᠢ ᠡᠷᠬᠢᠯᠡᠭᠰᠡᠨ ᠤᠳᠠᠭ᠎ᠠ ᠶᠢᠨ ᠳᠤᠭ᠎ᠠ ᠶᠢ ᠬᠤᠶᠠᠳᠣᠭᠠᠷ ᠣᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ | ᠪᠣᠯᠭᠠᠬᠤ ᠪᠠᠷ ᠭᠤᠶᠤᠴᠢᠯᠠᠬᠤ ᠦᠶ᠎ᠡ ᠶᠢᠨ ᠡᠷᠬᠢᠯᠡᠭᠰᠡᠨ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ | ᠠᠩᠬᠢ ᠶᠢᠨ ᠳᠤᠭ᠎ᠠ ᠲᠠᠢ ᠳᠠᠪᠬᠤᠷᠳᠠᠭᠤᠯᠣᠨ ᠳᠣᠭᠠᠴᠠᠵᠣ ᠪᠣᠯᠬᠤ ᠦᠬᠡᠢ᠃ | ︵ᠭᠤᠷᠪᠠ︶ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ | 1.ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠮᠣᠵᠢ᠂ | ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ | ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠬᠤᠶᠠᠳᠣᠭᠠᠷ ᠣᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ | ᠪᠣᠯᠣᠭᠰᠠᠨ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠲᠠᠷᠠᠭᠠᠬᠢ | 6 ᠰᠠᠷ᠎ᠠ ᠶᠢᠨ ᠳᠣᠳᠣᠷ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ | ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ | ᠲᠤᠰᠢᠶᠠᠨ᠎ᠠ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ | ᠨᠦᠬᠦᠴᠡᠯ ᠲᠠᠢ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ | ᠪᠠᠭᠳᠠᠭᠠᠨ᠎ᠠ᠃ | 2.ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ | ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨᠲ᠋ᠦ᠋ᠷᠦᠯ | ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃ | 3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ | ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ | ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ | ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ ᠨᠠᠭᠠᠳᠤ ᠵᠠᠬ᠎ᠠ ᠳᠠᠭᠠᠨ 6 ᠮᠣᠵᠢ᠂ | ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ | ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ | ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ | ᠪᠣᠯᠪᠠᠰᠣᠷᠠᠯ ᠤᠨ ᠠᠩᠬᠢ ᠳᠤ ᠠᠬᠤᠢ ᠳᠠᠯᠠᠪᠠᠢ ᠳᠤ ᠬᠢᠨᠠᠨ ᠰᠢᠯᠭᠠᠯᠳᠠ ᠬᠢᠨ᠎ᠡ᠃ | 4.ᠠᠬᠤᠢ ᠳᠠᠯᠠᠪᠠᠢ ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ | ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠳᠦᠷᠦᠯ ᠵᠦᠢᠯ ᠪᠣᠯᠵᠣ᠂ | ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠳᠤ ᠣᠷᠣᠭᠤᠯᠤᠨ᠎ᠠ᠃ | ᠬᠤᠷᠢᠨ ᠳᠦᠷᠪᠡᠳᠦᠬᠡᠷ ᠵᠣᠷᠪᠣᠰ ᠪᠠᠶᠢᠩᠭᠤ ᠶᠢᠨ ᠳᠦᠷᠦᠯ ᠵᠦᠢᠯ ᠳᠤ ᠤᠯᠭᠤᠭᠰᠠᠨ ᠬᠠᠮᠤᠭ ᠤᠨ ᠳᠡᠬᠡᠳᠣ | ᠱᠠᠩᠨᠠᠯ ᠤᠨ ᠮᠧᠲᠠᠯ ᠤᠨ ᠳᠤᠭ᠎ᠠ ᠨᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠳᠦᠷᠢᠮ | ᠳᠣᠭᠳᠠᠭᠠᠯ ᠳᠤ ᠳᠣᠭᠳᠠᠭᠠᠭᠰᠠᠨ ᠳᠤᠭ᠎ᠠ ᠶᠢᠨ 50% ᠲᠤ ᠬᠦᠷᠬᠦ ᠦᠬᠡᠢ ᠪᠣᠯ ᠳᠣᠰ ᠳᠦᠷᠦᠯ ᠵᠦᠢᠯ ᠢ ᠳᠠᠷᠠᠭ᠎ᠠ | ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ ᠴᠣᠭᠯᠠᠭᠠᠨ ᠳᠤ ᠳᠡᠰ ᠪᠠᠭᠤᠷᠠᠭᠤᠯᠣᠨ ᠪᠠᠶᠢᠩᠭᠤ ᠶᠢᠨ ᠪᠤᠰᠤ | ᠳᠦᠷᠦᠯ ᠵᠦᠢᠯ ᠪᠣᠯᠭᠠᠨ᠎ᠠ᠃ᠠᠢᠮᠠᠳᠣᠭᠠᠷ ᠪᠦᠯᠦᠭ ᠳᠠᠮᠢᠷᠴᠢᠳ ᠢ ᠨᠡᠷ᠎ᠡ ᠪᠦᠷᠢᠳᠬᠡᠬᠦ ᠪᠣᠯᠣᠨ ᠰᠣᠯᠢᠯᠴᠠᠬᠤ | ᠬᠤᠷᠢᠨ ᠳᠠᠪᠣᠳᠣᠭᠠᠷ ᠵᠣᠷᠪᠣᠰ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ | ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠳᠤ ᠣᠷᠣᠯᠴᠠᠬᠤ ᠳᠠᠮᠢᠷᠴᠢᠳ ᠡᠷᠬᠡᠪᠰᠢ ᠨᠡᠷ᠎ᠡ ᠪᠠᠨ | ᠳᠠᠩᠰᠠᠯᠠᠭᠤᠯᠬᠤ ᠬᠡᠷᠡᠭᠳᠡᠢ᠃ ᠵᠦᠪᠬᠡᠨ ᠦᠵᠡᠬᠦᠯᠦᠯᠬᠡ ᠶᠢᠨ ᠳᠦᠷᠦᠯ ᠵᠦᠢᠯ ᠳᠤ ᠣᠷᠣᠯᠴᠠᠬᠤ ᠳᠠᠮᠢᠷᠴᠢᠳ | ᠨᠡᠷ᠎ᠡ ᠪᠠᠨ ᠳᠠᠩᠰᠠᠯᠠᠭᠤᠯᠬᠤ ᠦᠬᠡᠢ᠃ ᠳᠠᠩᠰᠠᠯᠠᠭᠤᠯᠬᠤ ᠳᠠᠮᠢᠷᠴᠢᠳ ᠤᠨ ᠬᠢᠷᠢ ᠬᠡᠮ ᠡᠷᠬᠡᠪᠰᠢ ᠪᠡᠶ᠎ᠡ ᠶᠢᠨ | ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠪᠣᠯᠣᠨ ᠡᠯ᠎ᠡ ᠳᠠᠩ ᠳᠦᠷᠦᠯ ᠤᠨ ᠳᠦᠷᠢᠮ ᠤᠨ ᠬᠤᠯᠪᠣᠭᠳᠠᠬᠤ | ᠳᠦᠷᠢᠮ ᠳᠤ ᠨᠡᠶᠢᠴᠡᠭᠰᠡᠨ ᠪᠠᠶᠢᠬᠤ ᠬᠡᠷᠡᠭᠳᠡᠢ᠃ | ᠬᠤᠷᠢᠨᠵᠢᠷᠭᠤᠳᠣᠭᠠᠷ ᠵᠣᠷᠪᠣᠰ ᠳᠠᠩᠰᠠᠯᠠᠭᠤᠯᠣᠭᠰᠠᠨ ᠳᠠᠮᠢᠷᠴᠢᠳ ᠤᠨ ᠳᠤᠭ᠎ᠠ ᠶᠢ ᠳᠣᠰ ᠳᠦᠷᠦᠯ | ᠵᠦᠢᠯ ᠤᠨ ᠳᠠᠩ ᠳᠦᠷᠦᠯ ᠤᠨ ᠳᠦᠷᠢᠮ ᠳᠤ ᠳᠣᠭᠳᠠᠭᠠᠭᠰᠠᠨ ᠣᠷᠣᠯᠴᠠᠬᠤ ᠬᠦᠮᠦᠨ ᠤ ᠳᠤᠭ᠎ᠠ ᠶᠢᠨ ᠬᠤᠶᠠᠷ | ᠳᠠᠬᠢᠨ ᠠᠴᠠ ᠭᠡᠳᠦᠷᠡᠬᠦᠯᠬᠦ ᠦᠭᠡᠢ᠃ | ᠬᠤᠷᠢᠨ ᠳᠣᠯᠣᠳᠣᠭᠠᠷ ᠵᠣᠷᠪᠣᠰ ᠨᠢᠬᠡ ᠳᠠᠮᠢᠷᠴᠢᠨ ᠵᠦᠪᠬᠡᠨ ᠨᠢᠬᠡ ᠲᠦᠯᠦᠬᠡᠯᠡᠭᠴᠢᠳ ᠤᠨ ᠪᠦᠯᠬᠦᠮ ᠢ | ᠲᠦᠯᠦᠬᠡᠯᠡᠨ ᠳᠠᠩᠰᠠᠯᠠᠭᠤᠯᠣᠨ᠎ᠠ᠃ ᠨᠢᠭᠡ ᠳᠠᠮᠢᠷᠴᠢᠨ ᠢ ᠬᠤᠶᠠᠷ ᠪᠣᠶᠣ ᠬᠤᠶᠠᠷ ᠠᠴᠠ ᠳᠡᠭᠡᠭᠰᠢ | ᠲᠦᠯᠦᠬᠡᠯᠡᠭᠴᠢᠳ ᠤᠨ ᠪᠦᠯᠬᠦᠮ ᠳᠠᠪᠬᠤᠷᠳᠠᠭᠤᠯᠣᠨ ᠳᠠᠩᠰᠠᠯᠠᠭᠤᠯᠣᠭᠰᠠᠨ ᠪᠣᠯ ᠬᠤᠯᠪᠤᠭᠳᠠᠭᠰᠠᠨ | ᠲᠦᠯᠦᠬᠡᠯᠡᠭᠴᠢᠳ ᠤᠨ ᠪᠦᠯᠬᠦᠮ ᠨᠢ ᠡᠷᠬᠡᠪᠰᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠳᠠᠮᠢᠷᠴᠢᠨ ᠤ ᠡᠷᠦᠬᠡ | ᠠᠮᠠ ᠶᠢᠨ ᠳᠡᠪᠳᠡᠷ ᠤᠨ ᠬᠠᠭᠤᠯᠪᠣᠷᠢ ᠪᠣᠶᠣ ᠰᠣᠷᠭᠠᠭᠤᠯᠢ ︵ᠤᠯᠤᠰ ᠠᠴᠠ ᠵᠦᠪᠰᠢᠶᠡᠷᠡᠭᠰᠡᠨ ᠰᠣᠷᠣᠯᠭ᠎ᠠ ᠤᠨ | ᠨᠠᠮᠳᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ︶ ᠶᠢᠨ ᠪᠦᠬᠦᠯᠢ ᠡᠳᠦᠷ ᠤᠨ ᠲᠦᠷᠢᠮᠳᠤ ᠰᠣᠷᠭᠠᠭᠤᠯᠢ ᠶᠢᠨ | ᠬᠠᠷᠢᠶᠠᠯᠠᠯ ᠤᠨ ᠬᠡᠷᠡᠴᠢ ᠵᠢᠴᠢ ᠳᠠᠮᠢᠷᠴᠢᠨ ᠤ ᠦᠪᠡᠷ ᠤᠨ ᠬᠢᠨᠢ ᠰᠠᠨᠠᠯ ᠢ ᠳᠣᠰᠢᠶᠠᠨ᠎ᠠ᠃ ᠭᠤᠣᠯᠯᠠᠨ ᠡᠷᠬᠢᠯᠡᠬᠦ | ᠪᠠᠶᠢᠭᠤᠯᠣᠯᠭ᠎ᠠ ᠠᠴᠠ ᠰᠣᠷᠭᠠᠭᠤᠯᠢ ᠶᠢᠨ ᠬᠠᠷᠢᠶᠠᠯᠠᠯ᠂ ᠡᠷᠦᠬᠡ ᠠᠮᠠ ᠶᠢᠨ ᠳᠡᠪᠳᠡᠷ᠂ ᠳᠣᠰ ᠬᠦᠮᠦᠨ ᠤ ᠰᠠᠨᠠᠯ ᠢ | ᠦᠨᠳᠦᠰᠦᠯᠡᠨ ᠳᠠᠮᠢᠷᠴᠢᠨ ᠤ ᠬᠠᠷᠢᠶᠠᠯᠠᠯ ᠢ ᠲᠤᠭᠳᠠᠭᠠᠵᠤ ᠳᠠᠩᠰᠠᠯᠠᠨ᠎ᠠ᠃ | ᠬᠤᠷᠢᠨ ᠨᠠᠢᠮᠠᠳᠣᠭᠠᠷ ᠵᠣᠷᠪᠣᠰ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠪᠡᠶ᠎ᠡ ᠶᠢᠨ ᠳᠠᠮᠢᠷ ᠤᠨ | ᠴᠣᠭᠯᠠᠭᠠᠨ ᠤ ᠳᠦᠷᠢᠮ ᠢ ᠦᠨᠳᠦᠰᠦᠯᠡᠨ᠂ ᠳᠠᠮᠢᠷᠴᠢᠨ ᠤ ᠳᠠᠩᠰᠠᠯᠠᠭᠤᠯᠣᠭᠰᠠᠨ ᠰᠣᠷᠠᠭ ᠵᠠᠩᠬᠢ ᠶᠢ ᠬᠢᠨᠠᠨ | ᠰᠢᠯᠭᠠᠨ᠎ᠠ᠃ ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠦᠬᠡᠢ ᠳᠠᠮᠢᠷᠴᠢᠨ ᠨᠡᠷ᠎ᠡ ᠮᠡᠳᠡᠬᠦᠯᠵᠣ ᠣᠷᠣᠯᠳᠣᠭᠠᠨ ᠳᠤ | ᠤᠷᠤᠯᠴᠠᠵᠦ ᠪᠣᠯᠬᠤ ᠦᠬᠡᠢ᠃ | ᠬᠤᠷᠢᠨ ᠶᠢᠰᠦᠳᠦᠬᠡᠷ ᠵᠣᠷᠪᠣᠰ ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠳᠠᠮᠢᠷᠴᠢᠨ ᠢ ᠡᠯ᠎ᠡ | ᠲᠦᠯᠦᠬᠡᠯᠡᠭᠴᠢᠳ ᠤᠨ ᠪᠦᠯᠬᠦᠮ ᠰᠤᠯᠢᠯᠴᠠᠵᠦ ᠪᠣᠯᠣᠨ᠎ᠠ᠃ | ᠭᠤᠴᠢᠳᠣᠭᠠᠷ ᠵᠣᠷᠪᠣᠰ ᠳᠠᠮᠢᠷᠴᠢᠨ ᠢ ᠳᠠᠩᠰᠠᠯᠠᠭᠤᠯᠬᠤ ᠪᠣᠯᠣᠨ ᠰᠣᠯᠢᠯᠴᠠᠬᠤ ᠬᠡᠯᠪᠡᠷᠢ᠂ ᠠᠯᠬᠤᠮ ᠲᠠᠷᠠᠭᠠᠯᠠᠯ | ᠵᠡᠷᠬᠡ ᠪᠣᠳᠠᠳᠠᠢ ᠳᠦᠷᠢᠮ ᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠬᠤᠭᠤᠴᠠᠭ᠎ᠠ ᠪᠣᠯᠭᠠᠨ ᠤ ᠪᠡᠶ᠎ᠡ ᠶᠢᠨ | ᠳᠠᠮᠢᠷ ᠤᠨ ᠴᠣᠭᠯᠠᠭᠠᠨ ᠤ ᠳᠠᠮᠢᠷᠴᠢᠳ ᠤᠨ ᠨᠡᠷ᠎ᠡ ᠮᠡᠳᠡᠬᠦᠯᠬᠦ ᠠᠵᠢᠯ ᠡᠬᠢᠯᠡᠬᠦ ᠠᠴᠠ ᠡᠮᠣᠨ᠎ᠠ ᠳᠣᠰ ᠳᠤᠨᠢ | ᠮᠡᠳᠡᠭᠳᠡᠨ᠎ᠡ᠃ | ᠶᠢᠰᠦᠳᠦᠬᠡᠷ ᠪᠦᠯᠦᠭ ᠪᠡᠶ᠎ᠡ ᠶᠢᠨ ᠳᠠᠮᠢᠷ ᠤᠨ ᠰᠣᠶᠣᠯ ᠤᠨ ᠠᠵᠢᠯᠯᠠᠭ᠎ᠠ | ᠭᠤᠴᠢᠨ ᠨᠢᠬᠡᠳᠦᠬᠡᠷ ᠵᠣᠷᠪᠣᠰ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ | ᠨᠢ ᠡᠬᠢᠯᠠᠯᠳᠠ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ᠂ ᠦᠨᠳᠦᠰᠦᠳᠡᠨ ᠤ ᠶᠡᠭᠡ ᠨᠠᠶᠢᠷ ᠨᠠᠭᠠᠳᠣᠮ ᠪᠠ ᠭᠠᠯ | ᠪᠠᠮᠪᠠᠷ ᠳᠠᠮᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ᠎ᠠ᠃ | ᠭᠤᠴᠢᠨᠬᠤᠶᠠᠳᠣᠭᠠᠷ ᠵᠣᠷᠪᠣᠰ ᠡᠬᠢᠯᠡᠯᠳᠡ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ ᠤᠨ ᠬᠡᠯᠪᠡᠷᠢ ᠨᠢ ᠵᠠᠪᠠᠯ | ᠦᠨᠳᠦᠰᠦᠳᠡᠨ ᠤ ᠪᠦᠯᠬᠦᠮᠳᠠᠯ ᠲᠠᠪᠰᠢᠯᠲᠠ ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠭᠤᠣᠯ ᠰᠡᠳᠦᠪ ᠢ | ᠲᠤᠪᠤᠶᠢᠯᠭᠠᠵᠦ᠂ ᠢᠯᠡ ᠲᠤᠳᠤ ᠦᠪᠡᠷᠮᠢᠴᠡ ᠣᠨᠴᠠᠯᠢᠭ ᠲᠠᠢ᠂ ᠨᠢᠵᠢᠬᠢᠷ ᠶᠡᠭᠡ ᠂ ᠠᠷᠪᠢᠯᠠᠵᠦ ᠭᠠᠮᠨᠠᠭᠰᠠᠨ | ᠪᠠᠶᠢᠬᠤ ᠬᠡᠷᠡᠭᠳᠡᠢ᠃ | ᠭᠤᠴᠢᠨᠭᠤᠷᠪᠠᠳᠣᠭᠠᠷ ᠵᠣᠷᠪᠣᠰ ᠦᠨᠳᠦᠰᠦᠳᠡᠨ ᠤ ᠶᠡᠭᠡ ᠨᠠᠶᠢᠷ ᠨᠠᠭᠠᠳᠣᠮ ᠨᠢ ᠴᠣᠭᠯᠠᠭᠠᠨ ᠢ ᠵᠣᠬᠢᠶᠠᠨ | ᠪᠠᠶᠢᠭᠤᠯᠣᠭᠰᠠᠨ ᠳᠣᠬᠠᠢ ᠶᠢᠨ ᠭᠠᠵᠠᠷ ᠣᠷᠣᠨ ᠤ ᠠᠷᠠᠳ ᠲᠦᠮᠡᠨ ᠤ ᠢᠳᠡᠪᠬᠢᠳᠠᠢ ᠣᠷᠣᠯᠴᠠᠬᠤ ᠶᠢ | ᠵᠣᠷᠢᠭᠵᠢᠭᠤᠯᠣᠨ᠎ᠠ᠃ | ᠭᠤᠴᠢᠨ ᠳᠦᠷᠪᠡᠳᠦᠬᠡᠷ ᠵᠣᠷᠪᠣᠰ ᠭᠠᠯ ᠪᠠᠮᠪᠠᠷ ᠳᠠᠮᠵᠢᠭᠤᠯᠬᠤ ᠬᠡᠪᠴᠢᠶ᠎ᠡ᠂ ᠴᠠᠭ ᠪᠠ ᠵᠠᠮ ᠱᠣᠭᠤᠮ ᠢ | ᠴᠢᠩᠭ᠎ᠠ ᠡᠵᠡᠮᠳᠡᠨ᠎ᠠ᠃ ᠭᠠᠯ ᠠᠰᠠᠭᠠᠬᠤ ᠶᠣᠰᠣᠯᠠᠯ ᠪᠠ ᠭᠠᠯ ᠪᠠᠮᠪᠠᠷ ᠳᠠᠮᠵᠢᠭᠤᠯᠬᠤ ᠶᠢ ᠳᠠᠭᠠᠭᠠᠴᠢᠯᠠᠨ ᠡᠷᠬᠢᠯᠡᠭᠰᠡᠨ | ᠪᠠᠶᠢᠭᠤᠯᠣᠯᠭ᠎ᠠ ᠶᠢᠨ ᠬᠠᠷᠢᠶ᠎ᠠ ᠪᠦᠰᠡ ᠶᠢᠨ ᠬᠡᠪᠴᠢᠶᠠᠨ ᠳᠤ ᠶᠠᠪᠣᠭᠳᠠᠭᠤᠯᠣᠨ᠎ᠠ᠃ ᠭᠠᠯ ᠪᠠᠮᠪᠠᠷ ᠳᠠᠮᠵᠢᠭᠤᠯᠬᠤ | ᠠᠵᠢᠯᠯᠠᠭ᠎ᠠ ᠨᠢ ᠪᠤᠳᠠᠳᠤ ᠤᠷᠴᠢᠨ ᠪᠣᠯᠣᠨ ᠰᠦᠯᠵᠢᠶᠡᠨ ᠤ ᠣᠶᠠᠯᠳᠤᠭ᠎ᠠ ᠶᠢ ᠠᠪᠴᠠᠯᠳᠣᠭᠤᠯᠵᠣ᠂ ᠳᠠᠮᠵᠢᠭᠤᠯᠬᠤ | ᠠᠵᠢᠯᠯᠠᠭ᠎ᠠ ᠶᠢ ᠳᠦᠬᠦᠮ ᠠᠪᠰᠠᠷ ᠶᠠᠪᠤᠭᠳᠠᠭᠤᠯᠤᠨ᠎ᠠ᠃ ᠢᠯᠡ ᠲᠤᠳᠤ᠂ ᠡᠷᠬᠡ ᠳᠡᠭᠰᠢ᠂ ᠳᠦᠪ ᠭᠤᠣᠯᠴᠢ ᠵᠠᠷᠴᠢᠮ | ᠢᠶᠠᠷ ᠭᠠᠯ ᠪᠠᠮᠪᠠᠷᠴᠢᠨ ᠢ ᠰᠣᠩᠭᠤᠨ ᠰᠢᠯᠭᠠᠷᠠᠭᠤᠯᠬᠤ ᠠᠵᠢᠯ ᠢ ᠦᠷᠨᠢᠬᠦᠯᠦᠨ᠎ᠡ᠃ | ᠭᠤᠴᠢᠨ ᠳᠠᠪᠣᠳᠣᠭᠠᠷ ᠵᠣᠷᠪᠣᠰ ᠭᠤᠣᠯᠯᠠᠨ ᠡᠷᠬᠢᠯᠡᠬᠦ ᠪᠠᠶᠢᠭᠤᠯᠣᠯᠭ᠎ᠠ᠂ ᠳᠠᠭᠠᠭᠠᠴᠢᠯᠠᠨᠡᠷᠬᠢᠯᠡᠬᠦ | ᠪᠠᠶᠢᠭᠤᠯᠣᠯᠭ᠎ᠠ ᠨᠢ ᠪᠡᠶ᠎ᠡ ᠶᠢᠨ ᠳᠠᠮᠢᠷ ᠤᠨ ᠴᠣᠭᠯᠠᠭᠠᠨ ᠢ ᠵᠣᠬᠢᠶᠠᠨ ᠪᠠᠶᠢᠭᠤᠯᠬᠤ ᠶᠠᠪᠣᠴᠠ ᠳᠣᠮᠳᠠ ᠭᠤᠣᠯ | ᠰᠡᠳᠤᠪ ᠢᠶᠠᠨ ᠲᠤᠪᠤᠶᠢᠯᠭᠠᠭᠰᠠᠨ᠂ ᠡᠯᠪᠡᠭ ᠪᠠᠶᠠᠯᠢᠭ ᠬᠡᠯᠪᠡᠷᠢ ᠪᠦᠬᠦᠢ ᠦᠨᠳᠦᠰᠦᠳᠡᠨ ᠤ ᠪᠦᠯᠬᠦᠮᠳᠠᠯ | ᠲᠠᠪᠰᠢᠯᠳᠠ ᠶᠢᠨ ᠣᠬᠠᠭᠤᠯᠭ᠎ᠠ ᠬᠦᠮᠦᠵᠢᠯ ᠪᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ | ᠦᠷᠨᠢᠬᠦᠯᠵᠦ᠂ ᠡᠶ᠎ᠡ ᠨᠠᠶᠢᠷᠠᠮᠳᠠᠭᠤ ᠪᠦᠯᠬᠦᠮᠳᠡᠯ ᠨᠢᠬᠳᠠᠷᠠᠯ ᠪᠣᠯᠣᠨᠪᠦ᠋ᠬᠦ ᠠᠷᠠᠳ ᠤᠨ ᠪᠡᠶ᠎ᠡ ᠴᠢᠬᠢᠷᠠᠭᠵᠢᠭᠤᠯᠬᠤ | ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠳᠡᠢ ᠪᠣᠢ ᠪᠣᠯᠭᠠᠨ᠎ᠠ᠃ | ᠠᠷᠪᠠᠳᠣᠭᠠᠷ ᠪᠦᠯᠦᠭ ᠳᠠᠭᠠᠯᠳᠣᠭᠤᠯᠣᠯ ᠲᠥᠷᠢᠮ | ᠭᠤᠴᠢᠨ ᠵᠢᠷᠭᠤᠳᠣᠭᠠᠷ ᠵᠣᠷᠪᠣᠰ ᠳᠣᠰ ᠠᠷᠭ᠎ᠠ ᠶᠢ ᠳᠠᠶᠢᠯᠪᠣᠷᠢᠯᠠᠬᠤ ᠡᠷᠬᠡ ᠨᠢ ᠣᠯᠣᠰ ᠤᠨ | ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ | ᠬᠠᠷᠢᠶᠠᠯᠠᠭᠳᠠᠨ᠎ᠠ ᠃ | ᠭᠤᠴᠢᠨ ᠳᠣᠯᠣᠳᠣᠭᠠᠷ ᠵᠣᠷᠪᠣᠰ ᠳᠣᠰ ᠠᠷᠭ᠎ᠠ ᠶᠢ ᠳᠠᠷᠣᠮᠠᠯᠠᠨ ᠳᠠᠷᠬᠠᠭᠠᠭᠰᠠᠨ ᠡᠳᠦᠷ ᠠᠴᠠ | ᠡᠬᠢᠯᠡᠨ ᠬᠡᠷᠡᠭᠵᠢᠬᠦᠯᠦᠨ᠎ᠡ᠃ ᠡᠭᠦᠨ ᠤ ᠵᠡᠷᠭᠡᠪᠡᠷ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ | ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ︽ ︿ᠪᠦᠬᠦ ᠣᠯᠣᠰ ᠤᠨ ᠴᠦᠬᠡᠨ ᠳᠣᠭᠠᠳᠣ | ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠤᠨ | ᠰᠡᠳᠤᠪ ᠳᠣᠭᠳᠠᠭᠠᠯᠳᠠ ᠶᠢᠨ ᠳᠦᠷ ᠬᠡᠷᠡᠭᠵᠢᠬᠦᠯᠬᠦ ᠲᠣᠭᠲᠠᠭᠠᠯ ﹀ ᠢ ᠳᠠᠷᠤᠮᠠᠯᠯᠠᠨ ᠳᠠᠷᠬᠠᠭᠠᠬᠤ ᠳᠣᠬᠠᠢ ᠮᠡᠳᠡᠭᠳᠡᠯ︾ | ︵ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠳᠠᠷᠬᠠᠭᠠᠭᠰᠠᠠ 【2004】174 ᠳ᠋ᠤᠭᠠᠷ | ᠳᠣᠭᠠᠳᠣ ᠪᠢᠴᠢᠭ ᠮᠠᠲ᠋ᠧᠷᠢᠶᠠᠯ︶ ︽ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ | ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ︿ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ | ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠢ ᠭᠤᠶᠣᠴᠢᠯᠠᠨ ᠡᠷᠬᠢᠯᠡᠬᠦ | ᠠᠷᠭ᠎ᠠ ﹀ ︵ᠳᠣᠷᠰᠢᠨ ᠬᠡᠷᠡᠭᠯᠡᠬᠦ︶ ᠶᠢ ᠲᠠᠷᠤᠮᠠᠯᠯᠠᠨ ᠳᠠᠷᠬᠠᠭᠠᠬᠤ ᠳᠣᠬᠠᠢ ᠮᠡᠳᠡᠭᠳᠡᠯ︾ ︵ᠣᠯᠣᠰ ᠤᠨ | ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠳᠠᠷᠬᠠᠭᠠᠭᠰᠠᠠ【2010】14 ᠳ᠋ᠤᠭᠠᠷ ᠳᠣᠭᠠᠳᠣ ᠪᠢᠴᠢᠭ | ᠮᠠᠲ᠋ᠧᠷᠢᠶᠠᠯ︶᠂ ︽ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ | ᠶᠡᠷᠦᠩᠬᠡᠢ ᠳᠣᠪᠴᠢᠶ᠎ᠠ ᠠᠴᠠ ︿ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠴᠦᠬᠡᠨ ᠳᠣᠭᠠᠳᠣ | ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠳᠠᠮᠢᠷᠴᠢᠨ ᠳᠠᠩᠰᠠᠯᠠᠯᠳᠠ ᠪᠣᠯᠣᠨ | ᠰᠣᠯᠢᠯᠴᠠᠭᠠᠨ ᠤ ᠬᠠᠮᠢᠶᠠᠷᠣᠯᠳᠠ ᠶᠢᠨ ᠠᠷᠭ᠎ᠠ ﹀ ︵ᠳᠣᠷᠰᠢᠨ ᠬᠡᠷᠡᠭᠯᠡᠬᠦ︶ ᠶᠢ ᠳᠠᠷᠣᠮᠠᠯᠯᠠᠨ ᠳᠠᠷᠬᠠᠭᠠᠬᠤ ᠳᠣᠬᠠᠢ | ᠮᠡᠳᠡᠭᠳᠡᠯ︾ ︵ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠳᠠᠷᠬᠠᠭᠠᠭᠰᠠᠠ【2010】199 | ᠳ᠋ᠤᠭᠠᠷ ᠳᠣᠭᠠᠳᠣ ᠪᠢᠴᠢᠭ ᠮᠠᠲ᠋ᠧᠷᠢᠶᠠᠯ︶ ᠢ ᠬᠦᠴᠦᠨ ᠦᠬᠡᠢ ᠪᠣᠯᠭᠠᠨ᠎ᠠ᠃ | |