ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠣᠷᠪᠣᠰ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠡᠭᠦᠯ ᠢᠶᠠᠷ ᠬᠥᠭᠵᠢᠬᠦ ᠶᠢ | ᠠᠬᠢᠭᠤᠯᠣᠨ᠂ ᠪᠦᠬᠦ ᠤᠯᠤᠰ ᠤᠨ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ | ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠠᠮᠦᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠤᠨ ᠬᠡᠷᠡᠭᠯᠡᠭᠡᠨᠨ ᠤ ᠠᠭᠠᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠢᠰᠦᠯᠭᠡ ᠶᠢᠨ ᠦᠨᠳᠦᠰᠦᠨ ᠲᠦᠷᠢᠮ︾᠂ ︽ᠨᠡᠶᠢᠳᠡᠮ ᠬᠡᠷᠡᠭᠯᠡᠬᠦ ᠠᠭᠠᠷ ᠤᠨ ᠨᠢᠰᠦᠯᠲᠡ ᠶᠢᠨ ᠬᠠᠮᠢᠶᠠᠷᠤᠯᠲᠠ ᠶᠢᠨ | ᠳᠦᠷᠢᠮ︾᠂ ︽ᠨᠡᠶᠢᠳᠡᠮ ᠬᠡᠷᠡᠭᠯᠡᠬᠦ ᠠᠭᠠᠷ ᠤᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ | ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ︾᠂ ︽ᠪᠦᠬᠦ ᠤᠯᠤᠰ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ | ᠳᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠣᠷᠪᠣᠰ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠭᠡᠳᠡᠭ ᠨᠢ ᠨᠢᠰᠭᠡᠭᠴᠢ ᠠᠴᠠ ᠠᠷᠠᠳ ᠤᠨ | ᠬᠡᠷᠡᠭᠴᠡᠭᠡᠨ ᠤ ᠠᠭᠠᠷ ᠤᠨ ᠠᠶᠠᠯᠠᠯ ᠤᠨ ᠮᠠᠰᠢᠨ ᠪᠣᠯᠤᠨ ᠠᠭᠠᠷ ᠠᠶᠠᠯᠠᠯ ᠤᠨ ᠬᠦᠳᠡᠯᠭᠡᠭᠡᠨ ᠤ ᠮᠠᠰᠢᠨ | ᠲᠦᠬᠦᠭᠡᠷᠣᠮᠵᠢ ᠶᠢ ᠠᠰᠢᠭᠯᠠᠨ ᠨᠢᠰᠬᠡᠭᠴᠢ ᠶᠢᠨ ᠨᠢᠰᠦᠯᠭᠡ ᠶᠢᠨ ᠲᠠᠮᠢᠷ ᠤᠨ ᠣᠷᠣᠨ ᠵᠠᠶ ᠶᠢᠨ ᠬᠡᠪᠴᠢᠶᠡᠨ ᠳᠣᠲᠣᠷ᠎ᠠ | ᠶᠠᠪᠤᠭᠤᠯᠤᠭᠰᠠᠨ ᠪᠡᠶ᠎ᠡ ᠶᠢᠨ ᠲᠠᠮᠢᠷ ᠤᠨ ᠨᠢᠰᠦᠯᠲᠡ ᠶᠢᠨ ᠠᠵᠢᠯᠯᠠᠭ᠎ᠠ ᠶᠢᠨ ᠶᠡᠷᠦᠩᠬᠡᠶ ᠨᠡᠷᠡᠶᠢᠳᠦᠯ ᠪᠣᠯᠤᠨ᠎ᠠ᠃ | ᠣᠳᠣᠬᠠᠨ ᠳᠤ ᠮᠠᠨ ᠤ ᠤᠯᠤᠰ ᠲᠤ ᠵᠢᠩᠬᠢᠨᠢ ᠪᠠᠷ ᠠᠭᠠᠷ ᠠᠶᠠᠯᠠᠯ ᠤᠨ ᠲᠠᠮᠢᠷ ᠤᠨ ᠬᠥᠳᠡᠯᠭᠡᠭᠡᠨ ᠢ ᠥᠷᠨᠢᠭᠦᠯᠦᠭᠰᠡᠨ | ᠲᠦᠷᠦᠯ ᠵᠦᠢᠯ ᠳᠤ ᠬᠥᠩᠭᠡᠨ ᠬᠡᠯᠪᠡᠷᠢ ᠪᠠ ᠬᠡᠲᠦ ᠬᠥᠩᠭᠡᠨ ᠬᠡᠯᠪᠡᠷᠢ ᠶᠢᠨ ᠨᠢᠰᠬᠡᠯ᠂ ᠣᠨᠴᠠ ᠮᠡᠷᠭᠡᠵᠢᠯ ᠤᠨ ᠨᠢᠰᠭᠡᠯ | ᠂ ᠡᠭ᠍ᠴᠡ ᠨᠢᠰᠬᠡᠯ᠂ ᠥᠪᠡᠰᠦᠪᠡᠨ ᠡᠷᠭᠢᠯᠳᠦᠬᠦ ᠵᠢᠭᠦᠷᠲᠡᠶ ᠨᠢᠰᠬᠡᠯ᠂ ᠬᠠᠯᠢᠬᠤ ᠨᠢᠰᠬᠡᠯ᠂ ᠬᠥᠳᠡᠯᠭᠡᠭᠦᠷᠲᠦ ᠬᠠᠯᠢᠬᠤ | ᠨᠢᠰᠬᠡᠯ᠂ ᠡᠯᠭᠦᠮᠡᠯ ᠬᠠᠯᠢᠯ ᠨᠢᠰᠬᠡᠯ᠂ ᠬᠥᠳᠡᠯᠭᠡᠭᠴᠢ ᠬᠦᠴᠦᠨ ᠤ ᠡᠯᠭᠦᠮᠡᠯ ᠬᠠᠯᠢᠯ ᠨᠢᠰᠬᠡᠯ᠂ ᠬᠠᠯᠠᠭᠤᠨ ᠬᠡᠶᠢᠲᠦ | ᠪᠥᠮᠪᠦᠭᠡ᠂ ᠰᠢᠬᠦᠷ᠂ ᠬᠠᠯᠢᠯ ᠰᠢᠬᠦᠷ᠂ ᠬᠥᠳᠡᠯᠭᠡᠭᠴᠢ ᠬᠦᠴᠦᠨ ᠲᠠᠢ ᠰᠢᠬᠦᠷ᠂ ᠠᠭᠠᠷ ᠰᠠᠨᠰᠠᠷ ᠤᠨ ᠠᠶᠠᠯᠠᠯ ᠤᠨ | ᠵᠠᠭᠪᠤᠷ ᠵᠡᠷᠭᠡ ᠶᠢ ᠪᠠᠭᠳᠠᠭᠠᠨ᠎ᠠ᠃ | ᠭᠤᠷᠪᠠᠳᠤᠭᠠᠷ ᠵᠣᠷᠪᠣᠰ᠂ ᠲᠤᠰ ᠠᠷᠭ᠎ᠠ ᠳᠤ ᠵᠢᠭᠠᠵᠤ ᠪᠠᠶᠢᠭ᠎ᠠ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠭᠡᠳᠡᠭ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠ ᠰᠢᠶᠠᠨ ᠤ ᠱᠠᠲᠤᠨ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠵᠥᠪᠰᠢᠶᠡᠷᠡᠭᠰᠡᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ | ᠳᠣᠲᠣᠷ᠎ᠠ ᠵᠣᠬᠢᠶᠠᠨ ᠪᠠᠶᠢᠭᠤᠯᠤᠨ ᠶᠠᠪᠤᠭᠳᠠᠭᠤᠯᠤᠭᠰᠠᠨ ᠪᠥᠭᠡᠳ ᠠᠭᠠᠷ ᠤᠨ ᠠᠶᠠᠯᠠᠯ ᠤᠨ ᠲᠠᠮᠢᠷ ᠤᠨ ᠠᠷᠭ᠎ᠠ ᠪᠠᠷᠢᠯ ᠢ | ᠳᠠᠮᠵᠢᠨ᠂ ᠤᠯᠠᠨ ᠲᠦᠮᠡᠨ ᠳᠤ ᠬᠠᠨᠳᠤᠭᠤᠯᠵᠤ ᠥᠷᠨᠢᠭᠦᠯᠦᠭᠰᠡᠨ ᠠᠭᠠᠷ ᠠᠶᠠᠯᠠᠯ ᠤᠨ ᠤᠷᠤᠯᠳᠤᠭᠠᠨ᠂ ᠲᠣᠭᠯᠠᠯᠲᠠ | ᠪᠠ ᠨᠢᠰᠦᠯᠲᠡ ᠶᠢᠨ ᠦᠵᠡᠭᠦᠯᠦᠯᠭᠡ ᠵᠡᠷᠭᠡ ᠠᠵᠢᠯᠯᠠᠭ᠎ᠠ ᠶᠢ ᠵᠢᠭᠠᠵᠦ ᠪᠠᠶᠢᠨ᠎ᠠ᠃ | ᠳᠥᠷᠪᠡᠳᠦᠭᠡᠷ ᠵᠣᠷᠪᠣᠰ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ᠪᠦᠬᠦ ᠤᠯᠤᠰ ᠤᠨ | ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠠᠵᠢᠯ ᠢ ᠡᠷᠬᠢᠯᠡᠨ ᠬᠠᠮᠢᠶᠠᠷᠣᠨ᠎ᠠ᠂ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠶ ᠲᠣᠪᠴᠢᠶ᠎ᠠ ᠶᠢᠨ ᠠᠭᠠᠷ ᠠᠶᠠᠯᠠᠯ ᠤᠨ ᠷᠠᠳᠢᠣ᠋ ᠵᠠᠭᠪᠤᠷ ᠤᠨ ᠬᠦᠳᠡᠯᠭᠡᠭᠡᠨ ᠢ ᠬᠠᠮᠢᠶᠠᠷᠣᠯᠲᠠ ᠶᠢᠨ ᠲᠥᠪ ᠠᠴᠠ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠢ ᠣᠷᠣᠯᠠᠨ | ᠭᠦᠢᠴᠡᠳᠬᠡᠵᠦ᠂ ᠪᠦᠬᠦ ᠣᠯᠣᠰ ᠤᠨ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠠᠵᠢᠯ ᠤᠨ ᠬᠠᠮᠢᠶᠠᠷᠣᠯᠲᠠ ᠶᠢ | ᠬᠠᠷᠢᠭᠤᠴᠠᠵᠤ᠂ ᠳᠣᠮᠳᠠᠳᠣ ᠣᠯᠣᠰ ᠤᠨ ᠠᠭᠠᠷ ᠠᠶᠠᠯᠠᠯ ᠤᠨ ᠬᠦᠳᠡᠯᠭᠡᠭᠡᠨ ᠤ ᠨᠡᠶᠢᠭᠡᠮᠯᠢᠭ ᠠᠴᠠ ᠪᠣᠳᠠᠲᠠᠶ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ᠲᠠᠪᠤᠳᠤᠭᠠᠷ ᠵᠣᠷᠪᠣᠰ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ ᠬᠠᠮᠢᠶᠠᠷᠣᠨ᠎ᠠ᠃ | ᠵᠢᠷᠭᠤᠳᠤᠭᠠᠷ ᠵᠣᠷᠪᠣᠰ᠂ ᠠᠭᠠᠷ ᠠᠶᠠᠯᠠᠯ ᠤᠨ ᠲᠠᠮᠢᠷ ᠤᠨ ᠠᠵᠢᠯᠯᠠᠭ᠎ᠠ ᠳᠤ ᠣᠷᠣᠯᠴᠠᠬᠤ ᠠᠷᠠᠳ ᠤᠨ | ᠬᠡᠷᠡᠭᠴᠡᠭᠡᠨ ᠤ ᠠᠭᠠᠷ ᠠᠶᠠᠯᠠᠯ ᠤᠨ ᠮᠠᠰᠢᠨ ᠨᠢ ᠳᠤᠮᠳᠠᠳᠤ ᠤᠯᠤᠰ ᠤᠨ ᠠᠷᠠᠳ ᠤᠨ ᠠᠭᠠᠷ ᠠᠶᠠᠯᠠᠯ ᠤᠨ | ᠲᠣᠪᠴᠢᠶ᠎ᠠ ᠶᠢᠨ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠶᠡᠷᠦᠩᠬᠡᠶ ᠱᠲ᠋ᠠᠪ ᠤᠨ ᠬᠡᠯᠲᠡᠰ᠂ ᠳᠤᠮᠳᠠᠳᠤ ᠤᠯᠤᠰ ᠤᠨ ᠠᠷᠠᠳ ᠤᠨ ᠠᠭᠠᠷ ᠠᠶᠠᠯᠠᠯ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠠᠭᠠᠷ ᠤᠨ ᠣᠷᠣᠨ ᠳᠤ ᠬᠡᠷᠡᠭᠯᠡᠬᠦ ᠵᠢᠴᠢ | ᠤᠷᠤᠯᠳᠤᠭᠠᠨ ᠳᠤ ᠣᠷᠣᠯᠴᠠᠬᠤ ᠨᠢᠰᠬᠡᠭᠴᠢ ᠦᠨᠡᠮᠯᠡᠯ ᠳᠤ ᠬᠢᠨᠠᠨ ᠬᠠᠷᠭᠤᠭᠤᠯᠵᠤ ᠵᠦᠪᠰᠢᠶᠡᠷᠡᠭᠰᠡᠨ ᠪᠠᠶᠢᠬᠤ | ᠬᠡᠷᠡᠭᠲᠡᠢ᠃ | ᠳᠣᠯᠣᠳᠤᠭᠠᠷ ᠵᠣᠷᠪᠣᠰ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ | ᠡᠷᠬᠢᠯᠡᠬᠦ ᠳᠤ ᠡᠷᠬᠡᠪᠰᠢ ︽ᠠᠮᠦᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ ᠵᠢᠷᠤᠮᠯᠠᠬᠤ ᠬᠡᠷᠡᠭᠲᠡᠶ᠂ | ᠠᠶᠤᠯᠭᠦᠶ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠢᠰᠦᠯᠲᠡ ᠶᠢᠨ ᠠᠵᠢᠯᠯᠠᠭ᠎ᠠ ᠶᠢᠨ | ᠶᠠᠪᠣᠴᠠ ᠶᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠤᠶᠠᠳᠤᠭᠠᠷ ᠪᠦᠯᠦᠭ ᠤᠷᠤᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠪᠣᠯᠤᠨᠰᠢᠭᠦᠨ ᠵᠥᠪᠰᠢᠶᠡᠷᠡᠬᠦ | ᠨᠠᠢᠮᠠᠳᠤᠭᠠᠷ ᠵᠣᠷᠪᠣᠰ᠂ ᠳᠡᠯᠡᠬᠡᠶ ᠨᠡᠶᠢᠲᠡ ᠶᠢᠨ ᠴᠢᠨᠠᠷᠲᠠᠶ ᠪᠤᠶᠤ ᠪᠦᠬᠦ ᠤᠯᠤᠰ ᠤᠨ ᠴᠢᠨᠠᠷᠲᠠᠶ ᠠᠭᠠᠷ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠡᠯ᠎ᠡ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠵᠢᠯ ᠪᠦᠷᠢ ᠶᠢᠨ 10 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠤᠷᠤᠯᠳᠤᠭᠠᠨ ᠤ | ᠠᠵᠢᠯᠯᠠᠭ᠎ᠠ ᠶᠢᠨ ᠲᠥᠯᠥᠪᠯᠡᠭᠡ ᠳᠤ ᠣᠷᠣᠭᠤᠯᠣᠬᠰᠡᠨ ᠦᠭᠡᠢ ᠲᠦᠷᠦᠯ ᠵᠦᠢᠯ ᠢ ᠲᠤᠰᠠᠭᠠᠷ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠶ᠃ | ᠮᠤᠵᠢ ᠶᠢᠨ ᠱᠠᠲᠤᠨ ︵ᠮᠤᠵᠢ ᠶᠢ ᠪᠠᠭᠲᠠᠭᠠᠨ᠎ᠠ︶ ᠠᠴᠠ ᠳᠣᠷᠣᠭᠰᠢ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠲᠤᠰ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠳᠡᠭᠡᠷ᠎ᠡ ᠨᠢᠭᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠶᠢᠰᠦᠳᠦᠭᠡᠷ ᠵᠣᠷᠪᠣᠰ᠂ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠵᠦᠪᠰᠢᠶᠡᠷᠡᠭᠦᠯᠦᠭᠰᠡᠨ ᠦᠭᠡᠢ ᠪᠣᠯ᠂ ︽ᠳᠡᠯᠡᠭᠡᠢ ᠶᠢᠨ︾᠂ ︽ᠣᠯᠠᠨ ᠣᠯᠣᠰ ᠤᠨ︾᠂ ︽ | ᠠᠽᠢᠶ᠎ᠠ ᠲᠢᠪ ᠤᠨ︾᠂ ︽ᠳᠣᠮᠳᠠᠳᠣ ᠣᠯᠣᠰ ᠤᠨ︾᠂ ︽ᠪᠦᠬᠦ ᠣᠯᠣᠰ ᠤᠨ︾᠂ ︽ᠳᠣᠮᠳᠠᠳᠣ ᠶᠢᠨ︾ ᠭᠡᠬᠦ | ᠮᠡᠲᠦ ᠶᠢᠨ ᠳᠡᠯᠡᠬᠡᠶ ᠨᠡᠶᠢᠲᠡ ᠶᠢᠨ ᠴᠢᠨᠠᠷᠲᠠᠶ ᠪᠤᠶᠤ ᠪᠦᠬᠦ ᠤᠯᠤᠰ ᠤᠨ ᠴᠢᠨᠠᠷᠲᠠᠶ ᠠᠭᠠᠷ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠬᠢᠯᠡᠵᠦ ᠪᠣᠯᠬᠤ ᠦᠭᠡᠢ᠂ ︽ᠨᠡᠶᠢᠲᠡ ᠶᠢᠨ ᠬᠡᠷᠡᠭᠯᠡᠭᠡᠨ ᠤ ᠠᠭᠠᠷ | ᠠᠶᠠᠯᠠᠯ ᠤᠨ ᠪᠠᠶᠠᠷ︾᠂ ︽ᠠᠭᠠᠷ ᠠᠶᠠᠯᠠᠯ ᠤᠨ ᠵᠤᠭᠠᠴᠠᠯ ᠤᠨ ᠨᠠᠶᠢᠷ︾᠂ ︽ᠠᠭᠠᠷ ᠠᠶᠠᠯᠠᠯ ᠤᠨ ᠰᠣᠶᠣᠯ ᠤᠨ | ᠨᠠᠶᠢᠷ︾᠂ ︽ ᠠᠭᠠᠷ ᠠᠶᠠᠯᠠᠯ ᠤᠨ ᠪᠡᠶ᠎ᠡ ᠤᠨ ᠲᠠᠮᠢᠷ ᠤᠨ ᠨᠠᠶᠢᠷ︾᠂ ︽ᠨᠢᠰᠦᠯᠲᠡ ᠶᠢᠨ ᠶᠡᠭᠡ ᠬᠤᠷᠠᠯ︾᠂ ︽ | ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠡᠯᠪᠡᠭ ᠪᠠᠶᠠᠯᠢᠭ ᠴᠠᠭ ᠡᠷᠢᠨ︾ ᠵᠡᠷᠭᠡ ᠨᠡᠷ᠎ᠡ ᠪᠠᠷ ᠳᠡᠯᠡᠬᠡᠶ ᠨᠡᠶᠢᠲᠡ ᠶᠢᠨ | ᠴᠢᠨᠠᠷᠲᠠᠶ ᠪᠤᠶᠤ ᠪᠦᠬᠦ ᠤᠯᠤᠰ ᠤᠨ ᠴᠢᠨᠠᠷᠲᠠᠶ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠡᠬᠢᠯᠡᠵᠦ ᠪᠣᠯᠬᠤ ᠦᠭᠡᠢ᠃ | ᠠᠷᠪᠠᠳᠤᠭᠠᠷ ᠵᠣᠷᠪᠣᠰ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ | ᠡᠷᠬᠢᠯᠡᠬᠦ ᠪᠠᠷ ᠭᠤᠶᠣᠴᠢᠯᠠᠯ ᠬᠢᠵᠦ ᠪᠠᠶᠢᠭ᠎ᠠ ᠵᠣᠬᠢᠶᠠᠨ ᠪᠠᠶᠢᠭᠤᠯᠤᠯᠲᠠ ᠪᠠ ᠨᠢᠭᠡᠴᠢ ︵ᠳᠣᠷᠣᠭᠰᠢ ︽ᠭᠤᠶᠤᠴᠢᠯᠠᠭᠴᠢ | ︾ ᠭᠡᠵᠦ ᠨᠡᠷᠡᠶᠢᠳᠦᠨ᠎ᠡ︶ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠬᠤ︔ | ︵ᠬᠤᠶᠠᠷ︶ ᠤᠷᠤᠯᠳᠤᠭᠠᠨ ᠤ ᠠᠵᠢᠯᠯᠠᠭ᠎ᠠ ᠶᠢ ᠳᠠᠭᠠᠭᠠᠨ ᠠᠪᠴᠤ ᠦᠷᠨᠢᠭᠦᠯᠭᠦ ᠬᠢᠷᠢ ᠴᠢᠳᠠᠯ ᠪᠦᠬᠦᠢ | ᠬᠠᠮᠢᠶᠠᠷᠤᠯᠲᠠ ᠶᠢᠨ ᠠᠵᠢᠯᠲᠠᠨ᠂ ᠨᠢᠰᠦᠯᠭᠡ ᠶᠢᠨ ᠵᠢᠯᠤᠭᠤᠳᠤᠭᠴᠢ᠂ ᠳᠠᠰᠬᠠᠯᠵᠢᠭᠤᠯᠤᠭᠴᠢ᠂ ᠬᠢᠨᠠᠭᠴᠢ ᠪᠠ ᠠᠭᠠᠷ | ᠠᠶᠠᠯᠠᠯ ᠤᠨ ᠮᠠᠰᠢᠨ ᠢ ᠰᠡᠯᠪᠢᠨ ᠵᠠᠰᠠᠭᠴᠢ ᠵᠡᠷᠭᠡ ᠪᠠᠶᠢᠬᠤ ᠬᠡᠷᠡᠭᠲᠡᠢ︔ | ︵ᠭᠤᠷᠪᠠ︶ ᠪᠦᠷᠢᠨ ᠲᠡᠭᠦᠯᠳᠡᠷ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ | ᠲᠥᠰᠦᠯ ᠲᠠᠢ ᠪᠠᠶᠢᠬᠤ᠂ ᠤᠷᠤᠯᠳᠤᠭᠠᠨ ᠤ ᠠᠵᠢᠯᠯᠠᠭ᠎ᠠ ᠶᠢ ᠭᠦᠢᠴᠡᠳᠬᠡᠬᠦ ᠲᠥᠰᠦᠯ᠂ ᠲᠦᠷᠢᠮ ᠲᠣᠭᠲᠠᠭᠠᠯ ᠪᠠ | ᠲᠦᠷᠢᠮ ᠶᠠᠪᠣᠴᠠ ᠶᠢ ᠬᠡᠷᠡᠭᠵᠢᠭᠦᠯᠵᠦ ᠴᠢᠳᠠᠬᠤ ᠴᠢᠳᠠᠪᠦᠷᠢ ᠲᠠᠢ ᠪᠠᠶᠢᠬᠤ︔ | ︵ᠲᠦᠷᠪᠡ︶ ᠤᠷᠤᠯᠳᠤᠭᠠᠨ ᠤ ᠠᠵᠢᠯᠯᠠᠭ᠎ᠠ ᠶᠢᠨ ᠤᠷᠤᠭᠰᠢᠲᠠᠶ ᠶᠠᠪᠣᠭᠳᠠᠬᠤ ᠶᠢᠨ ᠵᠠᠷᠤᠳᠠᠯ ᠢ ᠪᠠᠲᠤᠯᠠᠬᠤ | ᠬᠡᠷᠡᠭᠲᠡᠢ︔ | ︵ᠲᠠᠪᠤ︶ ᠤᠷᠤᠯᠳᠤᠭᠠᠨ ᠤ ᠠᠵᠢᠯᠯᠠᠭ᠎ᠠ ᠶᠢᠨ ᠭᠠᠵᠠᠷ᠂ ᠮᠠᠰᠢᠨ᠂ ᠲᠤᠨᠤᠭ ᠲᠦᠬᠦᠭᠡᠷᠣᠮᠵᠢ᠂ ᠬᠡᠷᠡᠭᠰᠡᠯ᠂ | ᠠᠭᠠᠷ ᠤᠨ ᠣᠷᠣᠨ᠂ ᠴᠢᠬᠤᠯᠠ ᠪᠦᠬᠦᠢ ᠷᠠᠳᠢᠣ᠋ ᠬᠤᠯᠪᠣᠭᠠᠨ ᠤ ᠲᠥᠬᠦᠭᠡᠷᠦᠮᠵᠢ ᠪᠣᠯᠤᠨ ᠳᠠᠪᠲᠠᠮᠵᠢ ᠵᠡᠷᠭᠡ | ᠨᠥᠬᠦᠴᠡᠯ ᠲᠠᠢ ᠪᠠᠶᠢᠬᠤ︔ | ︵ᠵᠢᠷᠭᠤᠭ᠎ᠠ︶ ᠠᠮᠤᠷ ᠢ ᠬᠠᠮᠠᠭᠠᠯᠠᠬᠤ᠂ ᠭᠠᠯ ᠰᠡᠷᠭᠡᠶᠢᠯᠡᠬᠦ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠪᠠ | ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠵᠦ᠂ ᠭᠡᠨᠡᠳᠲᠡ ᠭᠠᠷᠬᠤ ᠬᠡᠷᠡᠭ ᠶᠠᠪᠤᠳᠠᠯ ᠢ | ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠬᠡᠷᠡᠭᠲᠡᠶ︔ | ︵ᠲᠤᠯᠤᠭ᠎ᠠ︶ ᠤᠷᠤᠯᠳᠤᠭᠠᠨ ᠤ ᠠᠵᠢᠯᠯᠠᠭ᠎ᠠ ᠶᠢᠨ ᠤᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠪᠠ | ᠬᠤᠯᠪᠣᠭᠳᠠᠯ ᠪᠦᠬᠦᠢ ᠬᠥᠮᠦᠰ ᠲᠤ ᠠᠶᠤᠯᠭᠦᠶ ᠶᠢᠨ ᠳᠠᠭᠠᠳᠬᠠᠯ ᠢ ᠬᠢᠭᠰᠡᠨ ᠪᠠᠶᠢᠬᠤ ᠬᠡᠷᠡᠭᠲᠡᠢ︔ | ︵ᠨᠠᠢᠮᠠ︶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ ᠢ ᠪᠦᠷᠢᠯᠳᠦᠭᠦᠯᠦᠨ᠎ᠡ᠃ | ᠠᠷᠪᠠᠨ ᠨᠢᠭᠡᠳᠦᠭᠡᠷ ᠵᠣᠷᠪᠣᠰ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ | ᠬᠢᠬᠦ ᠳᠤ᠂ ᠭᠤᠶᠤᠴᠢᠯᠠᠭᠴᠢ ᠨᠢ ᠲᠣᠰ ᠠᠵᠢᠯᠠᠯᠭ᠎ᠠ ᠶᠢ ᠰᠢᠭᠦᠨ ᠵᠦᠪᠰᠢᠶᠡᠷᠡᠬᠦ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠨᠡᠷᠡᠶᠢᠳᠦᠯ᠂ | ᠭᠤᠣᠯ ᠡᠷᠬᠢᠯᠡᠭᠰᠡᠨ ᠨᠢᠭᠡᠴᠡ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ᠂ ᠬᠠᠮᠵᠢᠯᠴᠠᠨ ᠭᠦᠢᠴᠡᠳᠬᠡᠬᠦ | ᠪᠠᠶᠢᠭᠤᠯᠭ᠎ᠠ ᠪᠠ ᠳᠡᠮᠵᠢᠵᠦ ᠪᠠᠶᠢᠭ᠎ᠠ ᠨᠢᠭᠡᠴᠡ ᠵᠡᠷᠭᠡ︔ | ︵ᠬᠤᠶᠠᠷ︶ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠷᠢᠯᠲᠠ︔ | ︵ᠭᠤᠷᠪᠠ︶ ᠵᠠᠷᠤᠳᠠᠯ ᠤᠨ ᠢᠷᠡᠯᠳᠡ ᠪᠠ ᠬᠡᠷᠡᠭᠯᠡᠬᠦ ᠲᠥᠯᠥᠪᠯᠡᠭᠡ︔ | ︵ᠲᠦᠷᠪᠡ︶ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠶᠡᠷᠦᠩᠬᠡᠶ | ᠲᠥᠰᠦᠯ᠂ ᠠᠮᠤᠷ ᠲᠦᠪᠰᠢᠨ ᠤ ᠲᠥᠰᠦᠯ ᠪᠣᠯᠤᠨ ᠪᠠᠴᠢᠮ ᠪᠠᠶᠢᠳᠠᠯ ᠢ ᠰᠢᠢᠳᠪᠦᠷᠢᠯᠡᠬᠦ ᠲᠥᠰᠦᠯ︔ | ︵ᠲᠠᠪᠤ︶ ᠤᠷᠤᠯᠳᠤᠭᠠᠨ ᠤ ᠠᠵᠢᠯᠯᠠᠭ᠎ᠠ ᠶᠢᠨ ᠳᠦᠷᠢᠮ ᠶᠠᠪᠣᠴᠠ ᠪᠠ ᠳᠦᠷᠢᠮ ᠳᠣᠬᠳᠠᠭᠠᠯ᠂ ᠡᠭᠦᠨ ᠳᠤ | ᠲᠦᠷᠦᠯ ᠵᠦᠢᠯ᠂ ᠴᠠᠭ ᠪᠠ ᠭᠠᠵᠠᠷ ᠣᠷᠣᠨ᠂ ᠣᠷᠣᠯᠴᠠᠬᠤ ᠨᠢᠭᠡᠴᠡ᠂ ᠤᠷᠤᠯᠳᠤᠭᠠᠨ ᠳᠤ ᠣᠷᠣᠯᠴᠠᠬᠤ ᠠᠷᠭ᠎ᠠ᠂ | ᠤᠷᠤᠯᠳᠤᠭᠠᠨ ᠤ ᠣᠷᠣᠯᠳᠣᠬᠤ ᠠᠷᠭ᠎ᠠ᠂ ᠲᠠᠰᠤᠯᠤᠨ ᠲᠣᠭᠲᠠᠭᠠᠯᠲᠠ ᠶᠢᠨ ᠠᠷᠭ᠎ᠠ᠂ ᠱᠠᠩᠨᠠᠬᠤ ᠠᠷᠭ᠎ᠠ ᠬᠢᠭᠡᠳ | ᠬᠥᠭᠡᠷᠦᠯᠲᠡ ᠶᠢᠨ ᠡᠮ ᠢ ᠡᠰᠡᠷᠭᠦᠴᠡᠬᠦ ᠲᠣᠭᠲᠠᠭᠠᠯ ᠵᠡᠷᠭᠡ ᠪᠣᠯᠤᠨ᠎ᠠ︔ | ︵ᠵᠢᠷᠭᠤᠭ᠎ᠠ︶ ᠡᠷᠬᠢᠯᠡᠬᠦ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ | ᠵᠢᠷᠤᠭᠰᠠᠨ ᠭᠤᠶᠤᠴᠢᠯᠠᠯ ᠤᠨ ᠪᠢᠴᠢᠭ︔ | ︵ᠲᠤᠯᠤᠭ᠎ᠠ︶ ᠳᠡᠭᠡᠷ᠎ᠡ ᠨᠢᠭᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠲᠣᠳᠣᠷᠬᠠᠶᠢᠯᠠᠬᠤ ᠶᠢ ᠱᠠᠭᠠᠷᠳᠠᠭᠰᠠᠨ ᠪᠤᠰᠤᠳ ᠵᠦᠢᠯᠡᠰ᠃ | ᠠᠷᠪᠠᠨ ᠬᠤᠶᠠᠷᠳᠣᠭᠠᠷ ᠵᠣᠷᠪᠣᠰ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠠᠭᠠᠷ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠬᠢᠬᠦ ᠭᠤᠶᠤᠴᠢᠯᠠᠯ ᠢ ᠣᠯᠤᠭᠰᠠᠨ ᠤ ᠳᠠᠷᠠᠭ᠎ᠠ᠂ | ᠡᠷᠬᠡᠪᠰᠢ ᠳᠣᠰᠬᠠᠢ ᠮᠡᠷᠭᠡᠵᠢᠯᠲᠡᠨ ᠢ ᠳᠣᠮᠢᠯᠠᠵᠦ᠂ ᠡᠷᠬᠢᠯᠡᠨ ᠬᠢᠬᠦ ᠪᠠᠷ ᠪᠠᠶᠢᠭ᠎ᠠ ᠨᠦᠭᠦᠴᠡᠯ ᠳᠤ ᠪᠠᠶᠢᠴᠠᠭᠠᠨ | ᠦᠨᠡᠯᠡᠯᠲᠡ ᠬᠢᠵᠦ᠂ ᠪᠢᠴᠢᠭ ᠤᠨ ᠬᠡᠯᠪᠡᠷᠢ ᠪᠠᠷ ᠵᠦᠪᠰᠢᠶᠠᠷᠡᠯ ᠭᠠᠷᠭᠠᠨ᠎ᠠ᠃ ᠳᠡᠯᠡᠬᠡᠶ ᠨᠡᠶᠢᠲᠡ ᠶᠢᠨ ᠴᠢᠨᠠᠷᠲᠠᠶ ᠪᠤᠶᠤ | ᠪᠦᠬᠦ ᠤᠯᠤᠰ ᠤᠨ ᠴᠢᠨᠠᠷᠲᠠᠶ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠬᠢᠯᠡᠨ | ᠬᠢᠬᠦ ᠳᠤ᠂ ᠣᠨ ᠤ ᠲᠥᠯᠥᠪᠯᠡᠭᠡ ᠶᠢᠨ ᠰᠢᠭᠦᠨ ᠵᠥᠪᠰᠢᠶᠡᠷᠡᠬᠦ ᠶᠢᠨ ᠰᠠᠭᠤᠷᠢᠨ ᠳᠡᠭᠡᠷ᠎ᠡ᠂ ᠣᠷᠢᠳᠴᠢᠯᠠᠨ 6 | ᠰᠠᠷ᠎ᠠ ᠶᠢᠨ ᠡᠮᠦᠨ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠲᠤᠰᠬᠠᠶ ᠭᠤᠶᠤᠴᠢᠯᠠᠯ ᠭᠠᠷᠭᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠣᠷᠪᠣᠰ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠵᠥᠪᠰᠢᠶᠡᠷᠡᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠨᠢ ᠲᠤᠬᠠᠶ ᠶᠢᠨ ᠭᠠᠵᠠᠷ ᠤᠨ ᠠᠭᠠᠷ ᠤᠨ ᠣᠷᠣᠨ | ᠬᠡᠪᠴᠢᠶ᠎ᠡ ᠶᠢᠨ ᠬᠠᠮᠢᠶᠠᠷᠤᠯᠲᠠ ᠵᠢᠴᠢ ᠠᠮᠤᠷ ᠢ ᠬᠠᠮᠠᠭᠠᠯᠠᠬᠤ᠂ ᠦᠢᠯᠡᠳᠪᠦᠷᠢ ᠬᠤᠳᠠᠯᠳᠤᠭ᠎ᠠ᠂ ᠡᠷᠡᠭᠦᠯ ᠬᠠᠮᠠᠭᠠᠯᠠᠯ᠂ | ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠭᠠᠷ ᠭᠦᠢᠴᠡᠳᠭᠡᠯ ᠤᠨ ᠭᠤᠶᠤᠴᠢᠯᠠᠯ ᠢ | ᠭᠠᠷᠭᠠᠨ᠎ᠠ᠃ ᠳᠡᠯᠡᠬᠡᠶ ᠨᠡᠶᠢᠲᠡ ᠶᠢᠨ ᠴᠢᠨᠠᠷᠲᠠᠶ ᠪᠤᠶᠤ ᠪᠦᠬᠦ ᠤᠯᠤᠰ ᠤᠨ ᠴᠢᠨᠠᠷᠲᠠᠶ ᠠᠭᠠᠷ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠬᠢᠬᠦ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠰᠢᠭᠦᠨ ᠵᠥᠪᠰᠢᠶᠡᠷᠡᠬᠦ ᠠᠴᠠ ᠡᠮᠦᠨ᠎ᠡ ᠶᠡᠷᠦᠩᠬᠡᠶ ᠱᠲ᠋ᠠᠪ ᠤᠨ ᠬᠡᠯᠲᠡᠰ᠂ | ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠣᠪᠴᠢᠶ᠎ᠠ ᠳᠤ ᠠᠭᠠᠷ ᠤᠨ ᠣᠷᠣᠨ ᠤ ᠬᠡᠷᠡᠭᠯᠡᠬᠦ ᠪᠠ | ᠠᠭᠠᠷ ᠠᠶᠠᠯᠠᠯ ᠤᠨ ᠪᠠᠭᠠᠵᠢ ᠬᠡᠷᠡᠭᠰᠡᠯ ᠨᠢ ᠠᠶᠠᠯᠠᠯ ᠳᠤ ᠵᠣᠬᠢᠴᠠᠬᠤ᠂ ᠨᠢᠰᠬᠡᠯᠴᠢ ᠶᠢᠨ ᠦᠨᠡᠮᠯᠡᠯ ᠢ ᠰᠢᠭᠦᠨ | ᠳᠣᠬᠳᠠᠭᠠᠬᠤ ᠵᠡᠷᠭᠡ ᠬᠤᠯᠪᠣᠭᠳᠠᠯ ᠪᠦᠬᠦᠢ ᠭᠠᠷ ᠭᠦᠢᠴᠡᠳᠬᠡᠯ ᠢ ᠪᠦᠷᠢᠯᠳᠦᠭᠦᠯᠬᠦ ᠭᠤᠶᠣᠴᠢᠯᠠᠯ ᠢ ᠭᠠᠷᠭᠠᠨ᠎ᠠ᠃ | ᠠᠷᠪᠠᠨ ᠳᠥᠷᠪᠡᠳᠦᠭᠡᠷ ᠵᠣᠷᠪᠣᠰ᠂ ᠨᠢᠭᠡᠨᠲᠡ ᠵᠥᠪᠰᠢᠶᠡᠷᠡᠭᠦᠯᠦᠭᠰᠡᠨ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠳᠤ᠂ ᠭᠤᠶᠤᠴᠢᠯᠠᠭᠴᠢ ᠨᠢ ᠡᠷᠬᠢᠯᠡᠨ ᠬᠢᠬᠦ ᠴᠠᠭ᠂ ᠭᠠᠵᠠᠷ ᠣᠷᠣᠨ᠂ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠶᠢ ᠬᠤᠪᠢᠷᠠᠭᠤᠯᠬᠤ ᠪᠤᠶᠤ ᠲᠤᠰ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢ ᠬᠦᠴᠦᠨ ᠦᠭᠡᠢ ᠪᠣᠯᠭᠠᠬᠤ ᠳᠤ ᠡᠷᠬᠡᠪᠰᠢ ᠤᠤᠯ ᠤᠨ ᠰᠢᠭᠦᠨ ᠵᠦᠪᠰᠢᠶᠡᠷᠡᠭᠰᠡᠨ | ᠨᠢᠭᠡᠴᠡ ᠳᠤ ᠣᠴᠢᠵᠦ ᠬᠤᠪᠢᠷᠠᠭᠤᠯᠬᠤ ᠪᠤᠶᠤ ᠬᠦᠴᠦᠨ ᠤᠢᠭᠡᠢ ᠪᠣᠯᠭᠠᠬᠤ ᠶᠢ ᠬᠦᠢᠴᠡᠳᠭᠡᠨ᠎ᠡ᠃ | ᠭᠤᠷᠪᠠᠳᠤᠭᠠᠷ ᠪᠦᠯᠦᠭ ᠠᠭᠠᠷ ᠠᠶᠠᠯᠠᠯ ᠤᠨ ᠠᠶᠤᠯᠭᠦᠶ ᠪᠠᠶᠢᠳᠠᠯ ᠪᠠ ᠬᠠᠮᠢᠶᠠᠷᠤᠯᠲᠠ | ᠠᠷᠪᠠᠨ ᠲᠠᠪᠤᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠬᠠᠷᠢᠶᠠᠯᠠᠬᠳᠠᠬᠤ ᠠᠭᠠᠷ ᠠᠶᠠᠯᠠᠯ ᠤᠨ ᠬᠦᠳᠡᠯᠭᠡᠭᠡᠨ ᠤ ᠬᠠᠮᠢᠶᠠᠷᠤᠯᠲᠠ ᠶᠢᠨ ᠲᠥᠪ | ᠨᠢ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠳᠣᠣᠷᠠᠬᠢ ᠮᠡᠲᠦ | ᠬᠠᠮᠢᠶᠠᠷᠣᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠄ | ︵ᠨᠢᠭᠡ︶ ᠤᠷᠤᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠪᠠ ᠲᠦᠷᠢᠮ ᠶᠠᠪᠣᠴᠠ ᠶᠢ ᠲᠣᠭᠲᠠᠭᠠᠬᠤ ᠪᠤᠶᠤ | ᠰᠢᠭᠦᠨ ᠲᠣᠭᠲᠠᠭᠠᠬᠤ︔ | ︵ᠬᠤᠶᠠᠷ︶ ᠤᠷᠤᠯᠳᠤᠭᠠᠨ ᠤ ᠠᠵᠢᠯᠯᠠᠭ᠎ᠠ ᠶᠢᠨ ᠲᠥᠰᠦᠯ ᠢ ᠰᠢᠭᠦᠨ ᠳᠣᠬᠳᠠᠭᠠᠬᠤ︔ | ︵ᠭᠤᠷᠪᠠ︶ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠣᠯᠲᠠ ᠪᠠ ᠬᠡᠷᠡᠭᠵᠢᠭᠦᠯᠦᠯᠲᠡ ᠳᠤ ᠬᠢᠨᠠᠯᠲᠠ | ᠳᠠᠯᠪᠢᠬᠤ︔ | ︵ᠲᠦᠷᠪᠡ︶ ᠤᠷᠤᠯᠳᠤᠭᠠᠨ ᠤ ᠲᠠᠯᠠᠪᠤᠷ ᠭᠠᠵᠠᠷ᠂ ᠲᠦᠬᠦᠭᠡᠷᠣᠮᠵᠢ᠂ ᠲᠤᠨᠤᠬ ᠲᠥᠬᠦᠭᠡᠷᠦᠮᠵᠢ ᠪᠣᠯᠤᠨ | ᠪᠠᠭᠠᠵᠢ ᠬᠡᠷᠡᠭᠰᠡᠯ ᠤᠨ ᠨᠥᠬᠦᠴᠡᠯ ᠢ ᠰᠢᠭᠦᠨ ᠳᠣᠬᠳᠠᠭᠠᠬᠤ︔ | ︵ᠲᠠᠪᠤ︶ ᠳᠠᠭᠠᠭᠠᠨ ᠭᠦᠢᠴᠡᠳᠭᠡᠬᠦ ᠲᠠᠯ᠎ᠠ ᠶᠢ ᠵᠢᠯᠤᠭᠤᠳᠤᠨ ᠬᠤᠯᠪᠣᠭᠳᠠᠯ ᠪᠦᠭᠦᠢ ᠬᠢᠨᠠᠨ ᠵᠥᠪᠰᠢᠶᠡᠷᠡᠭᠦᠯᠬᠦ | ᠭᠠᠷ ᠭᠦᠢᠴᠡᠳᠬᠡᠯ ᠬᠢᠬᠦ︔ | ︵ᠵᠢᠷᠭᠤᠭ᠎ᠠ︶ ᠤᠷᠤᠯᠳᠤᠭᠠᠨ ᠳᠤ ᠣᠷᠣᠯᠴᠠᠬᠤ ᠨᠢᠰᠬᠡᠯᠴᠢ ᠶᠢᠨ ᠬᠦᠴᠦᠨ ᠪᠦᠬᠦᠢ ᠬᠢᠷᠢ ᠬᠡᠮ ᠪᠠᠶᠢᠬᠤ ᠶᠢ | ᠰᠢᠭᠦᠨ ᠳᠣᠬᠳᠠᠭᠠᠬᠤ︔ | ︵ᠲᠤᠯᠤᠭ᠎ᠠ︶ ᠤᠷᠤᠯᠳᠤᠭᠠᠨ ᠤ ᠠᠵᠢᠯᠠᠯᠭ᠎ᠠ ᠳᠤ ᠣᠷᠣᠯᠴᠠᠭᠰᠠᠨ ᠠᠭᠠᠷ ᠠᠶᠠᠯᠠᠯ ᠤᠨ ᠪᠠᠭᠠᠵᠢ ᠬᠡᠷᠡᠭᠰᠡᠯ | ᠪᠣᠯᠤᠨ ᠠᠭᠠᠷ ᠠᠶᠠᠯᠠᠯ ᠤᠨ ᠬᠦᠳᠡᠯᠭᠡᠭᠡᠨ ᠤ ᠬᠡᠷᠡᠭᠰᠡᠯ ᠤᠨ ᠬᠦᠴᠦᠨ ᠪᠦᠬᠦᠢ ᠪᠢᠴᠢᠭ ᠮᠠᠲ᠋ᠧᠷᠢᠶᠠᠯ ᠢ ᠰᠢᠭᠦᠨ | ᠬᠠᠷᠭᠠᠭᠤᠯᠬᠤ︔ | ︵ᠨᠠᠢᠮᠠ︶ ᠬᠤᠯᠪᠣᠭᠳᠠᠯ ᠪᠦᠬᠦᠢ ᠨᠢᠰᠭᠡᠯᠴᠢ ᠶᠢ ᠪᠦᠷᠢᠳᠬᠡᠨ ᠳᠠᠩᠰᠠᠯᠠᠨ ᠬᠠᠮᠢᠶᠠᠷᠤᠯᠲᠠ ᠬᠢᠬᠦ︔ | ︵ᠶᠢᠰᠦ︶ ᠠᠵᠢᠯᠲᠠᠳ ᠪᠠ ᠬᠢᠨᠠᠭᠴᠢᠳ ᠢ ᠰᠣᠩᠭᠤᠨ ᠲᠣᠮᠢᠯᠠᠵᠤ ᠪᠣᠯᠪᠠᠰᠤᠷᠠᠯ ᠳᠤ ᠣᠷᠣᠯᠴᠠᠭᠤᠯᠬᠤ︔ | ︵ᠠᠷᠪᠠ︶ ᠤᠷᠤᠯᠳᠤᠭᠠᠨ ᠤ ᠬᠢᠷᠢ ᠪᠦᠲᠦᠮᠵᠢ ᠶᠢ ᠰᠢᠭᠦᠨ ᠳᠣᠬᠳᠠᠭᠠᠵᠦ᠂ ᠨᠡᠶᠢᠲᠡᠯᠡᠨ᠎ᠡ᠃ ᠬᠢᠷᠢ | ᠪᠦᠲᠦᠮᠵᠢ ᠶᠢᠨ ᠦᠨᠡᠮᠯᠡᠯ ᠤᠨ ᠪᠢᠴᠢᠭ ᠪᠠ ᠦᠨᠡᠮᠯᠡᠯ ᠤᠨ ᠲᠡᠮᠲᠡᠭ ᠢ ᠣᠯᠭᠤᠬᠤ︔ | ︵ᠠᠷᠪᠠᠨ ᠨᠢᠭᠡ︶ ᠤᠷᠤᠯᠳᠤᠭᠠᠨ ᠤ ᠠᠵᠢᠯᠯᠠᠭ᠎ᠠ ᠶᠢᠨ ᠳᠣᠮᠳᠠᠬᠢ ᠣᠷᠣᠯᠳᠣᠭᠠᠨ ᠤ ᠰᠤᠷᠲᠠᠯ᠂ | ᠤᠷᠤᠯᠳᠤᠭᠠᠨ ᠤ ᠰᠠᠬᠢᠯᠭ᠎ᠠ ᠪᠠᠲᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠠᠷᠪᠠᠨ ᠵᠢᠷᠭᠤᠳᠤᠭᠠᠷ ᠵᠣᠷᠪᠣᠰ᠂ ᠭᠤᠣᠯ ᠡᠷᠬᠢᠯᠡᠨ ᠬᠢᠭᠴᠢ ᠶᠢᠨ ᠲᠠᠯ᠎ᠠ ᠠᠴᠠ ᠳᠣᠣᠷᠠᠬᠢ ᠲᠣᠭᠲᠠᠭᠠᠯ | ᠶᠣᠰᠣᠭᠠᠷ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠣᠨ᠎ᠠ᠄ | ︵ᠨᠢᠭᠡ︶ ᠠᠭᠠᠷ ᠤᠨ ᠣᠷᠣᠨ ᠬᠡᠪᠴᠢᠶ᠎ᠡ ᠶᠢᠨ ᠬᠡᠷᠡᠭᠯᠡᠬᠦ ᠪᠠ ᠨᠢᠰᠦᠯᠲᠡ ᠶᠢᠨ ᠡᠭᠦᠷᠭᠡ ᠶᠢᠨ ᠲᠤᠬᠠᠢ | ᠴᠣᠬᠤᠯᠠᠪᠤᠷᠢ ᠶᠢ ᠦᠨᠳᠦᠰᠦᠯᠡᠨ᠂ ᠪᠠᠭᠤᠳᠠᠯ ᠰᠢᠯᠵᠢᠭᠦᠯᠦᠨ ᠨᠢᠰᠭᠡᠯ ᠳᠣᠬᠢᠷᠠᠭᠤᠯᠬᠤ ᠪᠠᠷ ᠭᠤᠶᠣᠴᠢᠯᠠᠨ ᠮᠡᠳᠡᠭᠦᠯᠦᠨ᠂ | ᠤᠷᠤᠯᠳᠤᠭᠠᠨ ᠤ ᠠᠵᠢᠯᠠᠯᠭ᠎ᠠ ᠶᠢᠨ ᠬᠦᠷᠢᠶ᠎ᠡ ᠬᠡᠪᠴᠢᠶᠡᠨ ᠳᠤ ᠨᠢᠰᠦᠯᠲᠡ ᠶᠢ ᠵᠣᠬᠢᠶᠠᠨ ᠪᠠᠶᠢᠭᠤᠯᠣᠨ᠎ᠠ︔ | ︵ᠬᠤᠶᠠᠷ︶ ᠤᠷᠤᠯᠳᠤᠭᠠᠨ ᠤ ᠠᠵᠢᠯᠠᠯᠭ᠎ᠠ ᠶᠢᠨ ᠠᠶᠣᠯᠭᠦᠢ ᠱᠠᠭᠠᠷᠳᠠᠯᠭ᠎ᠠ ᠶᠣᠰᠣᠭᠠᠷ᠂ ᠲᠠᠯᠠᠪᠠᠢ ᠭᠠᠵᠠᠷ᠂ | ᠲᠦᠬᠦᠭᠡᠷᠣᠮᠵᠢ᠂ ᠲᠣᠨᠤᠭ ᠲᠦᠬᠦᠭᠡᠷᠣᠮᠵᠢ᠂ ᠪᠠᠭᠠᠵᠢ ᠬᠡᠷᠡᠭᠰᠡᠯ ᠵᠢᠴᠢ ᠡᠯ᠎ᠡ ᠳᠦᠷᠦᠯ ᠤᠨ ᠪᠠᠲᠤᠯᠠᠭ᠎ᠠ ᠶᠢᠨ ᠠᠵᠢᠯ ᠢ | ᠰᠠᠶᠢᠳᠦᠷ ᠬᠢᠨ᠎ᠡ︔ | ︵ᠭᠤᠷᠪᠠ︶ ᠠᠭᠠᠷ ᠠᠶᠠᠯᠠᠯ ᠤᠨ ᠠᠶᠣᠯᠭᠦᠢ ᠶᠢᠨ ᠬᠥᠮᠦᠵᠢᠯ ᠢ ᠴᠢᠩᠭᠠᠳᠭᠠᠨ᠂ ᠵᠥᠪᠰᠢᠶᠡᠷᠡᠭᠰᠡᠨ ᠠᠭᠠᠷ ᠤᠨ | ᠣᠷᠣᠨ ᠬᠡᠪᠴᠢᠶ᠎ᠡ ᠠᠴᠠ ᠳᠠᠪᠠᠵᠤ ᠨᠢᠰᠬᠦ ᠶᠢ ᠴᠢᠩᠭ᠎ᠠ ᠴᠠᠭᠠᠵᠢᠯᠠᠨ᠎ᠠ︔ | ︵ᠳᠦᠷᠪᠡ︶ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠣᠬᠠᠭᠤᠯᠭ᠎ᠠ ᠶᠢᠨ ᠳᠣᠬᠳᠠᠭᠠᠯ ᠢ | ᠵᠢᠷᠦᠮᠯᠡᠨ ᠰᠠᠬᠢᠵᠦ᠂ ᠠᠵᠢᠯᠯᠠᠭ᠎ᠠ ᠶᠢᠨ ᠤᠬᠠᠭᠤᠯᠬᠤ ᠪᠠ ᠳᠡᠯᠭᠡᠷᠡᠭᠦᠯᠬᠦ ᠠᠵᠢᠯ ᠢ ᠦᠷᠨᠢᠭᠦᠯᠦᠨ᠎ᠡ︔ | ︵ᠲᠠᠪᠤ︶ ᠪᠡᠶ᠎ᠡ ᠶᠢᠨ ᠲᠠᠮᠢᠷ᠂ ᠴᠡᠷᠢᠭ ᠤᠨ ᠨᠢᠰᠭᠡᠯ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠯᠲᠠ ᠪᠠᠶᠢᠴᠠᠭᠠᠯᠲᠠ ᠬᠢᠬᠦ ᠶᠢ ᠬᠠᠪᠰᠤᠷᠴᠤ ᠬᠠᠮᠵᠢᠯᠴᠠᠬᠤ ᠬᠡᠷᠡᠭᠲᠡᠶ᠂ | ᠲᠡᠪᠴᠢᠬᠦ ᠪᠠ ᠬᠠᠷᠰᠢᠯᠠᠵᠤ ᠪᠣᠯᠬᠤ ᠤᠢᠭᠡᠢ᠃ | ᠠᠷᠪᠠᠨ ᠳᠣᠯᠣᠳᠤᠭᠠᠷ ᠵᠣᠷᠪᠣᠰ᠂ ᠡᠯ᠎ᠡ ᠱᠠᠲᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠤᠷᠤᠯᠳᠤᠭᠠᠨ ᠤ ᠠᠵᠢᠯᠠᠯᠭᠠᠨ ᠤ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠣᠷᠣᠯᠳᠣᠭᠠᠨ ᠤ ᠰᠤᠷᠲᠠᠯ᠂ ᠤᠷᠤᠯᠳᠤᠭᠠᠨ ᠤ ᠰᠠᠬᠢᠯᠭ᠎ᠠ ᠪᠠᠲᠤ ᠵᠢᠴᠢ ᠬᠢᠨᠠᠭᠴᠢ ᠶᠢᠨ ᠬᠠᠤᠯᠢ ᠬᠡᠷᠡᠭᠵᠢᠭᠦᠯᠦᠯᠲᠡ | ᠵᠡᠷᠭᠡ ᠳᠤ ᠪᠠᠶᠢᠴᠠᠭᠠᠯᠲᠠ ᠬᠢᠵᠦ ᠬᠢᠨᠠᠯᠲᠠ ᠲᠠᠯᠪᠢᠬᠤ ᠬᠡᠷᠡᠭᠲᠡᠶ᠂ ᠪᠣᠳᠠᠲᠠᠶ ᠪᠠᠶᠢᠳᠠᠯ ᠢ ᠦᠨᠳᠦᠰᠦᠯᠡᠨ ᠬᠥᠮᠦᠨ | ᠲᠣᠮᠢᠯᠠᠵᠤ ᠤᠷᠤᠯᠳᠤᠭᠠᠨ ᠤ ᠠᠵᠢᠯᠯᠠᠭ᠎ᠠ ᠳᠤ ᠬᠢᠨᠠᠨ ᠪᠠᠶᠢᠴᠠᠭᠠᠯᠲᠠ ᠬᠢᠨ᠎ᠡ᠃ | ᠠᠷᠪᠠᠨ ᠨᠠᠢᠮᠠᠳᠤᠭᠠᠷ ᠵᠣᠷᠪᠣᠰ᠂ ᠤᠷᠤᠯᠳᠤᠭᠠᠨ ᠤ ᠠᠵᠢᠯᠯᠠᠭ᠎ᠠ ᠨᠢ ᠲᠥᠪ ᠭᠤᠣᠯᠴᠢ ᠪᠠᠷ ᠥᠷᠢᠰᠥᠯᠳᠦᠬᠦ | ᠵᠠᠷᠴᠢᠮ ᠢ ᠵᠢᠷᠣᠮᠯᠡᠵᠦ᠂ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ | ᠣᠷᠣᠯᠴᠠᠭᠰᠠᠨ ᠨᠢᠰᠦᠭᠴᠢ᠂ ᠵᠢᠭᠠᠨ ᠰᠤᠷᠭᠠᠭᠴᠢ ᠪᠠ ᠬᠢᠨᠠᠭᠴᠢ ᠨᠢ ᠡᠷᠬᠡᠪᠰᠢ ᠤᠯᠤᠰ ᠠᠴᠠ ᠪᠡᠶ᠎ᠡ ᠶᠢᠨ ᠲᠠᠮᠢᠷ ᠤᠨ | ᠤᠷᠤᠯᠳᠤᠭᠠᠨ ᠳᠤ ᠳᠣᠬᠳᠠᠬᠰᠡᠨ ᠬᠤᠯᠪᠣᠭᠳᠠᠯ ᠪᠦᠬᠦᠢ ᠲᠣᠭᠲᠠᠭᠠᠯ ᠢ ᠵᠢᠷᠣᠮᠯᠡᠨ ᠰᠠᠬᠢᠵᠦ᠂ ᠪᠡᠶ᠎ᠡ ᠶᠢᠨ ᠲᠠᠮᠢᠷ ᠤᠨ | ᠶᠣᠰᠣ ᠮᠣᠷᠠᠯ ᠢ ᠵᠢᠷᠤᠮᠯᠠᠬᠤ᠂ ᠬᠥᠭᠡᠷᠦᠯᠲᠡ ᠶᠢᠨ ᠡᠮ ᠬᠡᠷᠡᠭᠯᠡᠬᠦ ᠶᠢ ᠴᠢᠩᠭ᠎ᠠ ᠴᠠᠭᠠᠵᠠᠯᠠᠬᠤ᠂ ᠬᠤᠳᠠᠯ ᠬᠡᠯᠡᠵᠦ | ᠬᠠᠭᠤᠷᠮᠠᠭ ᠬᠢᠬᠦ᠂ ᠬᠤᠪᠢ ᠶᠢᠨ ᠨᠠᠶᠢᠷ ᠢᠶᠠᠷ ᠬᠠᠤᠯᠢ ᠵᠥᠷᠢᠴᠡᠬᠦ ᠶᠢ ᠴᠢᠩᠭ᠎ᠠ ᠴᠠᠭᠠᠵᠠᠯᠠᠵᠦ᠂ ᠠᠭᠠᠷ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠢ ᠠᠰᠢᠭᠯᠠᠨ ᠵᠣᠭᠤᠰ ᠨᠠᠭᠠᠳᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ | ᠤᠷᠤᠯᠳᠤᠭᠠᠨ ᠤ ᠬᠤᠭᠤᠴᠠᠭᠠᠨ ᠳᠤ ᠱᠠᠯ ᠰᠣᠭᠲᠣᠵᠤ ᠬᠡᠷᠡᠭ ᠭᠠᠷᠭᠠᠬᠤ ᠶᠢ ᠴᠢᠩᠭ᠎ᠠ ᠴᠠᠭᠠᠵᠠᠯᠠᠨ᠎ᠠ᠂ | ᠵᠥᠷᠢᠴᠡᠭᠰᠡᠳ ᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠬᠦ ᠪᠥᠭᠡᠳ ᠬᠤᠯᠪᠣᠭᠳᠠᠯ | ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ᠠᠷᠪᠠ ᠶᠢᠰᠦᠳᠦᠭᠡᠷ ᠵᠣᠷᠪᠣᠰ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠡᠨ ᠭᠤᠣᠯᠯᠠᠨ ᠡᠷᠬᠢᠯᠡᠭᠰᠡᠨ ᠪᠣᠯ ᠲᠡᠷᠡ ᠬᠠᠷᠢᠭᠤᠴᠠᠬᠤ | ᠵᠠᠷᠴᠢᠮ᠂ ᠭᠤᠣᠯᠯᠠᠨ ᠡᠷᠬᠢᠯᠡᠭᠰᠡᠨ ᠨᠢᠭᠡᠴᠢ ᠨᠢ ᠠᠭᠠᠷ ᠤᠨ ᠨᠢᠰᠬᠡᠯ ᠤᠨ ᠲᠠᠮᠢᠷ ᠤᠨ ᠬᠥᠳᠡᠯᠭᠡᠭᠡᠨ ᠢ ᠠᠮᠤᠷ | ᠲᠦᠪᠰᠢᠨ ᠤ ᠭᠤᠣᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠬᠤᠷᠢᠳᠤᠭᠠᠷ ᠵᠣᠷᠪᠣᠰ᠂ ᠭᠤᠶᠤᠴᠢᠯᠠᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ | ᠂ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠨᠳᠦᠰᠦᠯᠡᠵᠦ᠂ ᠰᠡᠷᠡᠮᠵᠢ ᠥᠭᠬᠦ᠂ ᠪᠦᠬᠦ ᠤᠯᠤᠰ ᠲᠤ ᠵᠠᠷᠯᠠᠨ | ᠨᠡᠶᠢᠲᠡᠯᠡᠬᠦ᠂ ᠲᠤᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠶᠢ ᠲᠦᠷ ᠵᠣᠭᠰᠣᠭᠠᠬᠤ ᠪᠠ ᠦᠬᠡᠶᠢᠰᠭᠡᠬᠦ | ᠵᠡᠷᠭᠡ ᠪᠠᠷ ᠰᠢᠳᠬᠡᠨ᠎ᠡ᠄ | ︵ᠨᠢᠭᠡ︶ ᠭᠤᠶᠣᠴᠢᠯᠠᠯ᠂ ᠲᠠᠩᠰᠠᠯᠠᠯᠳᠠ ᠬᠢᠬᠦ ᠳᠤ ᠦᠨᠡᠨ ᠪᠠᠶᠢᠳᠠᠯ ᠢ ᠨᠢᠭᠤᠵᠤ᠂ ᠬᠤᠳᠠᠯ ᠬᠠᠭᠤᠷᠮᠠᠭ | ᠵᠣᠬᠢᠶᠠᠭᠰᠠᠨ ᠦᠢᠯᠡ ᠠᠵᠢᠯᠯᠠᠭ᠎ᠠ ᠪᠠᠶᠢᠬᠤ︔ | ︵ᠬᠤᠶᠠᠷ︶ ᠬᠢᠭᠰᠡᠨ ᠠᠵᠢᠯᠠᠯᠭ᠎ᠠ ᠨᠢ ᠭᠤᠶᠤᠴᠢᠯᠠᠯ ᠤᠨ ᠪᠢᠴᠢᠭ ᠲᠤ ᠳᠣᠷᠠᠳᠣᠬᠰᠡᠨ ᠵᠣᠷᠢᠯᠭ᠎ᠠ ᠪᠠ ᠠᠴᠢ | ᠬᠤᠯᠪᠣᠭᠳᠠᠯ ᠲᠠᠢ ᠠᠳᠠᠯᠢ ᠪᠤᠰᠤ ᠪᠠᠶᠢᠬᠤ︔ | ︵ᠭᠤᠷᠪᠠ︶ ᠵᠣᠬᠢᠶᠠᠨ ᠪᠠᠶᠢᠭᠤᠯᠣᠬᠰᠡᠨ ᠬᠤᠯᠪᠣᠭᠳᠠᠯ ᠪᠦᠬᠦᠢ ᠠᠵᠢᠯᠯᠠᠭ᠎ᠠ ᠨᠢ ᠨᠢᠰᠬᠡᠯᠴᠢ ᠶᠢᠨ ᠪᠡᠶ᠎ᠡ | ᠮᠠᠬᠠᠪᠣᠳ ᠰᠡᠳᠬᠢᠯ ᠰᠠᠨᠠᠭᠠᠨ ᠤ ᠡᠷᠡᠭᠦᠯ ᠴᠢᠬᠢᠷᠠᠭ ᠲᠤ ᠬᠤᠣᠷᠲᠠᠢ ᠪᠤᠶᠤ ᠨᠡᠶᠢᠭᠡᠮ ᠤᠨ ᠶᠣᠰᠣ ᠮᠣᠷᠠᠯ ᠪᠠ ᠤᠶᠤᠨ ᠤ | ᠪᠣᠯᠪᠠᠰᠤᠨ ᠤ ᠪᠠᠶᠢᠭᠤᠯᠤᠯᠲᠠ ᠶᠢ ᠬᠤᠬᠢᠷᠠᠭᠤᠯᠣᠬᠰᠡᠨ ᠪᠠᠶᠢᠬᠤ︔ | ︵ᠲᠦᠷᠪᠡ︶ ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠪᠣᠢ ᠪᠣᠯᠣᠬᠰᠡᠨ᠃ | ᠬᠤᠷᠢᠨ ᠨᠢᠭᠡᠳᠦᠭᠡᠷ ᠵᠣᠷᠪᠣᠰ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠬᠢᠨᠠᠨ ᠵᠦᠪᠰᠢᠶᠠᠷᠡᠯ ᠢ ᠳᠠᠮᠵᠢᠬᠰᠡᠨ ᠦᠭᠡᠢ ᠪᠠᠷ ᠳᠡᠯᠡᠬᠡᠶ ᠨᠡᠶᠢᠲᠡ ᠶᠢᠨ ᠴᠢᠨᠠᠷᠲᠠᠶ ᠪᠤᠶᠤ ᠪᠦᠬᠦ | ᠤᠯᠤᠰ ᠤᠨ ᠴᠢᠨᠠᠷᠲᠠᠶ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠬᠢᠯᠡᠪᠡᠯ᠂ | ᠭᠤᠣᠯ ᠡᠷᠬᠢᠯᠡᠨ ᠬᠢᠬᠦ ᠲᠠᠯ᠎ᠠ ᠪᠣᠯᠤᠨ ᠳᠠᠭᠠᠭᠠᠨ ᠬᠢᠭᠰᠡᠨ ᠲᠠᠯ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠶ᠃ | ︵ᠨᠢᠭᠡ︶ ᠳᠤᠷ᠎ᠠ ᠪᠠᠷ ᠢᠶᠠᠨ ᠳᠡᠯᠡᠬᠡᠶ ᠨᠡᠶᠢᠲᠡ ᠶᠢᠨ ᠴᠢᠨᠠᠷᠲᠠᠶ ᠪᠤᠶᠤ ᠪᠦᠬᠦ ᠤᠯᠤᠰ ᠤᠨ ᠴᠢᠨᠠᠷᠲᠠᠶ ᠠᠭᠠᠷ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠬᠢᠯᠡᠪᠡᠯ᠂ ᠠᠵᠢᠯᠯᠠᠭ᠎ᠠ ᠶᠢ ᠵᠠᠷᠯᠢᠭᠳᠠᠨ | ᠵᠣᠬᠰᠣᠭᠠᠵᠦ᠂ ᠪᠦᠭᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠳᠣᠲᠣᠷ᠎ᠠ ᠤᠯᠠᠨ ᠨᠡᠶᠢᠲᠡ ᠳᠤ ᠵᠠᠷᠯᠠᠨ | ᠰᠢᠭᠦᠮᠵᠢᠯᠡᠵᠦ᠂ ᠭᠤᠣᠯᠯᠠᠨ ᠡᠷᠭᠢᠯᠡᠬᠦ ᠲᠠᠯ᠎ᠠ ᠪᠣᠯᠤᠨ ᠳᠠᠭᠠᠭᠠᠨ ᠡᠷᠭᠢᠯᠡᠬᠦ ᠲᠠᠯ᠎ᠠ ᠶᠢ 4 ᠵᠢᠯ ᠤᠨ ᠳᠣᠲᠣᠷ᠎ᠠ ᠠᠭᠠᠷ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠠᠯᠭ᠎ᠠ ᠶᠢ ᠡᠷᠬᠢᠯᠡᠵᠤ ᠪᠣᠯᠬᠤ ᠦᠭᠡᠢ ᠭᠡᠰᠡᠨ ᠰᠢᠳᠬᠡᠯ | ᠥᠭᠭᠦᠨ᠎ᠡ︔ | ︵ᠬᠤᠶᠠᠷ︶ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠡᠷᠬᠢᠯᠡᠬᠦ ᠡᠷᠬᠡ ᠶᠢ ᠰᠢᠯᠵᠢᠭᠦᠯᠦᠨ ᠥᠭᠪᠡᠯ᠂ | ᠪᠦᠭᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠳᠣᠲᠣᠷ᠎ᠠ ᠤᠯᠠᠨ ᠨᠡᠶᠢᠲᠡ ᠳᠤ ᠵᠠᠷᠯᠠᠨ ᠰᠢᠭᠦᠮᠵᠢᠯᠡᠵᠦ᠂ | ᠬᠠᠷᠢᠭᠤᠴᠠᠯᠭ᠎ᠠ ᠪᠦᠬᠦᠢ ᠲᠠᠯ᠎ᠠ ᠶᠢ 3 ᠵᠢᠯ ᠤᠨ ᠳᠣᠲᠣᠷ᠎ᠠ ᠠᠭᠠᠷ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ | ᠤ ᠠᠵᠢᠯᠯᠠᠭ᠎ᠠ ᠡᠷᠬᠢᠯᠡᠵᠦ ᠪᠣᠯᠬᠤ ᠦᠭᠡᠢ ᠭᠡᠰᠡᠨ ᠰᠢᠳᠭᠡᠯ ᠥᠭᠭᠦᠨ᠎ᠡ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠬᠤᠶᠠᠳᠤᠭᠠᠷ ᠵᠣᠷᠪᠣᠰ᠂ ᠲᠣᠰ ᠠᠷᠭ᠎ᠠ ᠶᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠠᠭᠠᠷ ᠠᠶᠠᠯᠠᠯ ᠤᠨ ᠷᠠᠳᠢᠣ᠋ ᠵᠠᠭᠪᠤᠷ ᠤᠨ ᠬᠦᠳᠡᠯᠭᠡᠭᠡᠨ ᠤ ᠬᠠᠮᠢᠶᠠᠷᠣᠯᠲᠠ ᠶᠢᠨ ᠲᠥᠪ ᠠᠴᠠ | ᠬᠠᠷᠢᠭᠤᠴᠠᠨ ᠲᠠᠶᠢᠯᠪᠦᠷᠢᠯᠠᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |