ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠠᠷᠡᠯ ᠤᠨ ᠬᠢᠨᠠᠨ ᠪᠠᠶᠢᠴᠠᠭᠠᠯᠲᠠ ᠪᠤᠯᠤᠨ ᠰᠢᠢᠳᠪᠦᠷᠢᠯᠡᠬᠦ ᠳᠦᠷᠢᠮ
ᠨᠡᠶᠢᠲᠡᠯᠡᠭᠰᠡᠨ ᠴᠠᠭ᠄
2019/2/18
     ᠨᠢᠭᠡ᠂ ᠡᠯ᠎ᠡ ᠱᠠᠲᠤᠨ ᠤ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠯᠪᠠᠨ ᠭᠡᠷ ᠠᠴᠠ ᠪᠠᠶᠢᠭᠤᠯᠤᠭᠰᠠᠨ ︽ᠴᠣᠩᠬᠤ︾ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠤᠨ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠦᠯᠢᠶᠡᠨ ᠠᠪᠤᠬᠰᠡᠨ ᠤ ᠳᠠᠷᠠᠭ᠎ᠠ᠂ ᠡᠷᠬᠡᠪᠰᠢ ᠳᠡᠭᠡᠷ᠎ᠡ ᠨᠢ ᠲᠠᠮᠠᠭ᠎ᠠ ᠳᠠᠷᠣᠵᠦ᠂ ᠡᠳᠦᠷ ᠬᠤᠭᠤᠴᠠᠭ᠎ᠠ ᠶᠢ ᠳᠣᠳᠣᠷᠠᠭᠤᠯᠣᠨ᠂ ᠴᠠᠭ ᠲᠤᠬᠠᠶ ᠳᠤᠨᠢ ᠭᠤᠶᠤᠴᠢᠯᠠᠯ ᠤᠨ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠠᠮᠢᠶ᠎ᠠ ᠪᠦᠬᠦᠢ ᠬᠠᠷᠢᠭᠤᠴᠠᠬᠰᠡᠨ ᠪᠠᠶᠢᠭᠤᠯᠣᠮᠵᠢ ᠳᠤ ᠲᠠᠷᠬᠠᠭᠠᠨ ᠥᠭᠴᠦ ᠪᠡᠶᠡᠯᠡᠭᠦᠯᠦᠨ᠂ ᠬᠦᠯᠢᠶᠡᠨ ᠠᠪᠴᠦ ᠰᠢᠢᠳᠪᠦᠷᠢᠯᠡᠭᠰᠡᠨ ᠪᠠᠶᠢᠳᠠᠯ ᠢ ᠬᠠᠣᠯᠢ ᠴᠠᠭᠠᠵᠠ ᠶᠢᠨ ᠬᠢᠨᠠᠨ ᠪᠠᠶᠢᠴᠠᠭᠠᠯᠳᠠ ᠶᠢᠨ ᠪᠠᠶᠢᠭᠤᠯᠣᠮᠵᠢ ᠳᠤ ᠮᠡᠳᠡᠭᠦᠯᠦᠨ᠎ᠡ᠃     ᠬᠤᠶᠠᠷ᠂ ᠬᠠᠷᠢᠭᠤᠴᠠᠬᠰᠡᠨ ᠪᠠᠶᠢᠭᠤᠯᠣᠮᠵᠢ ᠠᠴᠠ ᠵᠠᠰᠠᠭ ᠵᠠᠬᠢᠷᠭᠠᠨ ᠤ ᠵᠦᠪᠰᠢᠶᠠᠷᠡᠯ ᠢ ᠭᠤᠶᠣᠴᠢᠯᠠᠬᠰᠡᠨ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠦᠯᠢᠶᠡᠨ ᠠᠪᠤᠬᠰᠡᠨ ᠤ ᠳᠠᠷᠠᠭ᠎ᠠ ᠡᠷᠬᠡᠪᠰᠢ ᠴᠠᠭ ᠳᠣᠬᠠᠢ ᠳᠤᠨᠢ ᠬᠢᠨᠠᠨ ᠪᠠᠶᠢᠴᠠᠭᠠᠵᠦ᠂ ︽ᠴᠣᠩᠬᠤ︾ ᠢᠶᠠᠷ ᠭᠤᠶᠣᠴᠢᠯᠠᠯ ᠤᠨ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠦᠯᠢᠶᠡᠨ ᠠᠪᠣᠬᠰᠡᠨ ᠡᠳᠦᠷ ᠠᠴᠠ ᠡᠬᠢᠯᠡᠵᠦ 10 ᠡᠳᠦᠷ ᠤᠨ ᠳᠣᠳᠣᠷ᠎ᠠ ᠭᠤᠶᠣᠴᠢᠯᠠᠯ ᠢ ᠬᠦᠯᠢᠶᠡᠨ ᠠᠪᠴᠦ ᠰᠢᠢᠳᠪᠦᠷᠢᠯᠡᠬᠦ ᠡᠰᠡᠬᠦ ᠰᠢᠢᠳᠪᠦᠷᠢ ᠶᠢ ᠭᠠᠷᠭᠠᠨ᠎ᠠ᠃     ︵ᠨᠢᠭᠡ︶ ᠭᠤᠶᠣᠴᠢᠯᠠᠬᠤ ᠤᠴᠢᠷ ᠶᠠᠪᠤᠳᠠᠯ ᠨᠢ ᠬᠠᠣᠯᠢ ᠳᠤ ᠲᠤᠭᠲᠠᠭᠰᠠᠨ ᠢᠶᠠᠷ ᠵᠠᠰᠠᠭ ᠵᠠᠬᠢᠷᠭᠠᠨ ᠤ ᠵᠦᠪᠰᠢᠶᠠᠷᠡᠯ  ᠢ ᠣᠯᠬᠤ ᠴᠢᠬᠤᠯᠠ ᠦᠭᠡᠢ ᠪᠣᠯ ᠴᠠᠭ ᠳᠣᠬᠠᠢ ᠳᠤᠨᠢ ᠭᠤᠶᠣᠴᠢᠯᠠᠬᠴᠢ ᠳᠤ ᠬᠦᠯᠢᠶᠡᠨ ᠠᠪᠴᠦ ᠰᠢᠢᠳᠪᠦᠷᠢᠯᠡᠬᠦ ᠦᠭᠡᠢ ᠭᠡᠵᠦ ᠮᠡᠳᠡᠭᠳᠡᠬᠦ ᠶᠣᠰᠣᠲᠠᠢ᠃     ︵ᠬᠤᠶᠠᠷ︶ ᠭᠤᠶᠣᠴᠢᠯᠠᠬᠤ ᠣᠴᠢᠷ ᠶᠠᠪᠣᠳᠠᠯ ᠨᠢ ᠲᠣᠰ ᠵᠠᠰᠠᠭ ᠵᠠᠬᠢᠷᠭᠠᠨ ᠤ ᠪᠠᠶᠢᠭᠤᠯᠣᠮᠵᠢ ᠡᠷᠬᠡ ᠲᠣᠰᠢᠶᠡᠯ ᠤᠨ ᠬᠦᠷᠢᠶ᠎ᠡ ᠬᠡᠪᠴᠢᠶᠡᠨ ᠳᠤ ᠬᠠᠷᠢᠶᠠᠯᠠᠬᠳᠠᠵᠦ᠂ ᠭᠤᠶᠣᠴᠢᠯᠠᠯ ᠤᠨ ᠮᠠᠲ᠋ᠧᠷᠢᠶᠠᠯ ᠪᠦᠷᠢᠨ ᠭᠦᠢᠴᠡᠳ᠂ ᠠᠷᠭ᠎ᠠ ᠬᠡᠯᠪᠡᠷᠢ ᠨᠢ ᠬᠠᠣᠯᠢ ᠳᠤ ᠳᠣᠬᠳᠠᠬᠰᠡᠨ ᠲᠠᠢ ᠨᠡᠶᠢᠴᠡᠭᠰᠡᠨ ᠪᠣᠶᠣ ᠭᠤᠶᠣᠴᠢᠯᠠᠭᠴᠢ ᠱᠠᠭᠠᠷᠳᠠᠯᠭ᠎ᠠ ᠶᠤᠰᠤᠭᠠᠷ ᠪᠦᠬᠦ  ᠭᠤᠶᠣᠴᠢᠯᠠᠬᠰᠡᠨ ᠮᠠᠲ᠋ᠧᠷᠢᠶᠠᠯ ᠢᠶᠠᠨ ᠳᠣᠰᠢᠶᠠᠬᠰᠡᠨ ᠪᠠᠶᠢᠪᠠᠯ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ ᠢ ᠬᠦᠯᠢᠶᠡᠨ ᠠᠪᠴᠦ ᠰᠢᠢᠳᠪᠦᠷᠢᠯᠡᠬᠦ ᠶᠣᠰᠣᠲᠠᠢ᠃ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠣᠴᠢᠯᠠᠯ ᠢ ᠬᠦᠯᠢᠶᠡᠨ ᠠᠪᠴᠦ ᠰᠢᠢᠳᠪᠦᠷᠢᠯᠡᠬᠦ ᠪᠤᠶᠤ ᠰᠢᠢᠳᠪᠦᠷᠢᠯᠡᠬᠦ ᠦᠭᠡᠢ ᠪᠠᠶᠢᠳᠠᠯ  ᠳᠤ  ᠭᠤᠶᠣᠴᠢᠯᠠᠬᠴᠢ ᠳᠤ ᠲᠠᠮᠠᠭ᠎ᠠ ᠲᠠᠢ ᠡᠳᠦᠷ ᠬᠤᠭᠤᠴᠠᠭ᠎ᠠ ᠳᠣᠳᠣᠷᠬᠠᠢ ᠪᠢᠴᠢᠭ ᠤᠨ ᠬᠡᠯᠪᠡᠷᠢ ᠶᠢᠨ ᠭᠡᠷᠡᠴᠢ ᠪᠠᠷᠢᠮᠲᠠ ᠶᠢ ᠭᠠᠷᠭᠠᠵᠤ ᠦᠭᠭᠦᠨ᠎ᠡ᠃     ᠭᠤᠷᠪᠠ᠂ ᠪᠡᠶ᠎ᠡ  ᠲᠠᠮᠢᠷ  ᠤᠨ  ᠵᠠᠰᠠᠭ  ᠵᠠᠬᠢᠷᠭᠠᠨ ᠤ  ᠰᠠᠯᠠᠭ᠎ᠠ  ᠮᠦᠴᠢᠷ ᠠᠴᠠ  ᠬᠠᠣᠯᠢ ᠳᠤ ᠳᠣᠬᠳᠠᠬᠰᠡᠨ  ᠬᠤᠭᠤᠴᠠᠭᠠᠨ  ᠳᠣᠲᠣᠷ᠎ᠠ  ᠳᠣᠭᠳᠠᠭᠠᠯ  ᠶᠤᠰᠤᠭᠠᠷ  ᠵᠠᠰᠠᠭ  ᠵᠠᠬᠢᠷᠭᠠᠨ ᠤ  ᠵᠦᠪᠰᠢᠶᠠᠷᠡᠯ  ᠤᠨ  ᠰᠢᠢᠳᠪᠦᠷᠢ  ᠶᠢ  ᠭᠠᠷᠭᠠᠨ᠎ᠠ᠃     ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠣᠴᠢᠯᠠᠯ ᠢ ᠬᠦᠯᠢᠶᠡᠨ ᠠᠪᠣᠬᠰᠡᠨ ᠤ 20 ᠡᠳᠦᠷ ᠤᠨ ᠳᠣᠲᠣᠷ᠎ᠠ ᠵᠦᠪᠰᠢᠶᠡᠷᠡᠬᠦ ᠪᠣᠶᠣ ᠵᠦᠪᠰᠢᠶᠡᠷᠡᠬᠦ ᠦᠭᠡᠢ ᠰᠢᠢᠳᠪᠦᠷᠢ ᠶᠢ ᠭᠠᠷᠭᠠᠨ ᠪᠢᠴᠢᠭ ᠤᠨ ᠬᠡᠯᠪᠡᠷᠢ ᠪᠠᠷ ᠭᠤᠶᠣᠴᠢᠯᠠᠭᠴᠢ ᠳᠤ ᠮᠡᠳᠡᠭᠳᠡᠨ᠎ᠡ᠃ 20 ᠡᠳᠦᠷ ᠤᠨ ᠳᠣᠲᠣᠷ᠎ᠠ ᠰᠢᠢᠳᠪᠦᠷᠢ ᠭᠠᠷᠭᠠᠵᠦ ᠳᠡᠶᠢᠯᠬᠦ ᠦᠭᠡᠢ ᠪᠣᠯ ᠪᠡᠶ᠎ᠡ ᠲᠠᠮᠢᠷ ᠤᠨ ᠳᠣᠪᠴᠢᠶᠠᠨ ᠤ ᠳᠣᠪᠴᠢᠶᠠᠨ ᠳᠠᠷᠤᠭ᠎ᠠ ᠵᠦᠪᠰᠢᠶᠡᠷᠡᠭᠰᠡᠨ ᠪᠠᠶᠢᠳᠠᠯ ᠳᠣᠣᠷ᠎ᠠ 10 ᠡᠳᠦᠷ ᠤᠷᠲᠤᠳᠬᠠᠵᠤ᠂ ᠬᠠᠷᠢᠭᠤᠴᠠᠬᠰᠡᠨ ᠪᠠᠶᠢᠭᠤᠯᠣᠮᠵᠢ ᠠᠴᠠ ᠬᠤᠭᠤᠴᠠᠭ᠎ᠠ ᠤᠷᠲᠤᠳᠬᠠᠭᠰᠠᠨ ᠪᠠᠶᠢᠳᠠᠯ ᠢ ᠭᠤᠶᠣᠴᠢᠯᠠᠭᠴᠢ ᠳᠤ ᠮᠡᠳᠡᠭᠳᠡᠨ᠎ᠡ᠃     ᠳᠦᠷᠪᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ ᠳᠤ ᠬᠢᠨᠠᠨ ᠪᠠᠶᠢᠴᠠᠭᠠᠯᠲᠠ ᠬᠢᠬᠦ ᠦᠶᠡᠰ ᠵᠠᠰᠠᠭ ᠵᠠᠬᠢᠷᠭᠠᠨ ᠤ ᠵᠦᠪᠰᠢᠶᠠᠷᠡᠯ ᠤᠨ ᠶᠠᠪᠣᠳᠠᠯ ᠨᠢ ᠪᠤᠰᠤᠳ ᠬᠦᠮᠦᠨ ᠤ ᠬᠦᠨᠳᠦ ᠴᠢᠬᠤᠯᠠ ᠠᠰᠢᠭ ᠳᠣᠰᠠ ᠲᠠᠢ ᠬᠤᠯᠪᠣᠭ᠎ᠠ ᠲᠠᠢ ᠪᠣᠯ ᠠᠰᠢᠭ ᠬᠤᠣᠷ ᠤᠨ ᠬᠠᠷᠢᠴᠠᠭ᠎ᠠ ᠪᠦᠬᠦᠢ ᠬᠦᠮᠦᠨ  ᠳᠤ ᠮᠡᠳᠡᠭᠳᠡᠨ᠎ᠡ᠃ ᠭᠤᠶᠣᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠪᠦᠬᠦᠢ ᠬᠦᠮᠦᠨ ᠠᠴᠠ ᠲᠣᠭᠠᠴᠢᠯᠲᠠ ᠬᠢᠬᠦ ᠪᠠ ᠵᠥᠪᠲᠦᠭᠡᠨ ᠲᠣᠳᠣᠷᠬᠠᠶᠢᠯᠠᠬᠤ ᠡᠷᠬᠡ ᠲᠠᠢ᠃ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠰᠢᠭ ᠬᠤᠣᠷ ᠤᠨ ᠬᠠᠷᠢᠴᠠᠭ᠎ᠠ ᠪᠦᠬᠦᠢ ᠬᠦᠮᠦᠨ ᠤ ᠰᠠᠨᠠᠯ ᠢ ᠰᠣᠨᠣᠰᠬᠤ ᠬᠡᠷᠡᠭᠲᠡᠢ᠃     ᠲᠠᠪᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠥᠪᠰᠢᠶᠡᠷᠡᠯ ᠣᠯᠭᠤᠬᠤ ᠰᠢᠢᠳᠪᠦᠷᠢ ᠭᠠᠷᠭᠠᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠨᠢᠭᠡᠳᠦᠯᠲᠡᠶ ᠪᠠᠷ ︽ᠴᠣᠩᠬᠤ︾ ᠪᠠᠷ ᠭᠤᠶᠣᠴᠢᠯᠠᠭᠴᠢ ᠳᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠪᠢᠴᠢᠭ ᠢ ᠲᠠᠷᠬᠠᠭᠠᠬᠤ ᠪᠠ ᠬᠦᠷᠭᠡᠵᠦ ᠥᠭᠭᠦᠨ᠎ᠡ᠃     ᠬᠠᠮᠢᠶ᠎ᠠ ᠪᠦᠬᠦᠢ ᠬᠠᠷᠢᠭᠤᠴᠠᠭᠰᠠᠨ ᠪᠠᠶᠢᠭᠤᠯᠣᠮᠵᠢ ᠨᠢ ᠵᠠᠰᠠᠭ ᠵᠠᠬᠢᠷᠭᠠᠨ ᠤ ᠵᠦᠪᠰᠢᠶᠠᠷᠡᠯ ᠤᠨ ᠶᠠᠪᠣᠳᠠᠯ ᠢ ᠪᠡᠶᠡᠯᠡᠭᠦᠯᠦᠭᠰᠡᠨ ᠤ ᠳᠠᠷᠠᠭ᠎ᠠ ᠪᠡᠶᠡᠯᠡᠭᠦᠯᠤᠭ᠍ᠰᠡᠨ ᠪᠠᠶᠢᠳᠠᠯ ᠢ ᠬᠠᠣᠯᠢ ᠴᠠᠭᠠᠵᠠ  ᠶᠢᠨ ᠬᠢᠨᠠᠨ ᠪᠠᠶᠢᠴᠠᠭᠠᠯᠳᠠ ᠶᠢᠨ ᠪᠠᠶᠢᠭᠤᠯᠣᠮᠵᠢ ᠳᠤ ᠴᠠᠭ ᠳᠣᠬᠠᠢ ᠳᠤᠨᠢ ᠮᠡᠳᠡᠭᠦᠯᠦᠨ ᠪᠡᠯᠡᠳᠭᠡᠯ ᠳᠠᠩᠰᠠ ᠬᠢᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号