ᠪᠠᠶᠢᠭᠤᠯᠭ᠎ᠠ ᠶᠢᠨ ᠡᠯ᠎ᠡ ᠰᠠᠯᠠᠭ᠎ᠠ᠂ ᠡᠯ᠎ᠡ ᠰᠢᠭᠤᠳ ᠬᠠᠷᠢᠶ᠎ᠠ ᠨᠢᠭᠡᠴᠡ ᠳᠤ᠄ | ᠲᠣᠪᠴᠢᠶ᠎ᠠ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ | ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠬᠦᠯᠬᠦ ᠶᠢᠨ ᠲᠥᠯᠥᠭᠡ᠂ 2011 | ᠣᠨ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠲᠣᠪᠴᠢᠶ᠎ᠠ ᠶᠢᠨ | ᠪᠠᠶᠢᠭᠤᠯᠭ᠎ᠠ ᠶᠢᠨ ᠰᠢᠯᠵᠢᠭᠦᠯᠦᠨ ᠪᠣᠯᠪᠠᠰᠤᠷᠠᠭᠤᠯᠬᠤ ᠬᠥᠮᠦᠰ ᠤᠨ ᠲᠤᠬᠠᠶ ᠬᠤᠯᠪᠣᠭᠳᠠᠯ ᠪᠦᠬᠦᠢ ᠵᠦᠢᠯᠡᠰ ᠤᠨ ᠲᠤᠬᠠᠶ | ᠮᠡᠳᠡᠭᠳᠡᠯ︾ ︵ᠥᠪᠥᠷ ᠪᠡᠶ᠎ᠡ ᠬᠥᠮᠦᠨ ᠦᠰᠦᠭ ﹇2011﹈ 22 ᠳ᠋ᠤᠭᠠ ᠲᠣᠭᠠᠲᠤ︶ ᠢ ᠲᠠᠷᠬᠠᠭᠠᠵᠤ᠂ | ᠲᠣᠪᠴᠢᠶ᠎ᠠ ᠰᠢᠰᠲ᠋ᠧᠮ ᠤᠨ ᠺᠠᠳ᠋ᠷ ᠪᠣᠯᠪᠠᠰᠤᠷᠠᠭᠤᠯᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ | ᠡᠳᠦᠭᠡ ᠮᠠᠨ ᠤ ᠲᠣᠪᠴᠢᠶ᠎ᠠ ᠪᠣᠳᠠᠲᠤ ᠠᠵᠢᠯ ᠪᠠ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠠᠭᠤᠯᠭ᠎ᠠ ᠶᠢ ᠨᠥᠬᠦᠪᠥᠷᠢᠯᠡᠨ | ᠲᠡᠭᠦᠨ ᠳᠤ ᠵᠠᠰᠠᠪᠤᠷᠢ ᠣᠷᠣᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ | ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶᠠᠨ ᠤ ᠺᠠᠳ᠋ᠷ ᠪᠣᠯᠪᠠᠰᠤᠷᠠᠭᠤᠯᠬᠤ ᠬᠠᠮᠢᠶᠠᠷᠤᠯᠲᠠ ᠶᠢᠨ ᠠᠷᠭ᠎ᠠ︾ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | 2013 ᠣᠨ ᠤ 11 ᠰᠠᠷ᠎ᠠ ᠶᠢᠨ 5 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ | ᠺᠠᠳ᠋ᠷ ᠪᠣᠯᠪᠠᠰᠤᠷᠠᠭᠤᠯᠬᠤ ᠬᠠᠮᠢᠶᠠᠷᠤᠯᠲᠠ ᠶᠢᠨ ᠠᠷᠭ᠎ᠠ | | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠶᠡᠷᠦᠩᠬᠡᠶ ᠬᠡᠪ ᠴᠢᠨᠠᠷ ᠢ | ᠳᠡᠭᠡᠭᠰᠢᠯᠡᠭᠦᠯᠵᠦ᠂ ᠣᠯᠠᠨ ᠠᠵᠢᠯ ᠤᠨ ᠪᠠᠶᠢᠷᠢ ᠳᠡᠭᠡᠷ᠎ᠡ ᠵᠠᠯᠠᠭᠤ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ᠂ | ᠲᠣᠪᠴᠢᠶ᠎ᠠ ᠶᠢᠨ ᠰᠢᠰᠲ᠋ᠧᠮ ᠤᠨ ᠡᠯ᠎ᠡ ᠰᠢᠭᠤᠳ ᠬᠠᠷᠢᠶ᠎ᠠ ᠨᠢᠭᠡᠴᠡ᠂ ᠺᠠᠳ᠋ᠷ ᠤᠨ ᠥᠩᠭᠡᠷᠡᠭᠡᠯᠲᠡ ᠶᠢ | ᠪᠠᠶᠠᠯᠢᠭᠵᠢᠭᠤᠯᠵᠤ᠂ ᠪᠠᠶᠢᠭᠤᠯᠭ᠎ᠠ ᠲᠠᠰᠤᠭ ᠤᠨ ᠠᠵᠢᠯᠲᠠᠨ ᠬᠦᠷᠦᠯᠴᠡᠬᠦ ᠦᠭᠡᠢ ᠶᠢ ᠨᠥᠬᠦᠪᠥᠷᠢᠯᠡᠬᠦ ᠶᠢᠨ ᠲᠦᠯᠦᠭᠡ | ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠨ ᠶᠠᠷᠢᠯᠴᠠᠭᠠᠳ᠂ 2011 ᠣᠨ ᠳᠤ ︽ | ᠲᠣᠪᠴᠢᠶ᠎ᠠ ᠶᠢᠨ ᠪᠠᠶᠢᠭᠤᠯᠭ᠎ᠠ ᠶᠢᠨ ᠰᠢᠯᠵᠢᠭᠦᠯᠦᠨ ᠪᠣᠯᠪᠠᠰᠤᠷᠠᠭᠤᠯᠬᠤ ᠲᠤᠬᠠᠶ ᠬᠥᠮᠦᠰ ᠤᠨ ᠬᠤᠯᠪᠣᠭᠳᠠᠯ ᠪᠦᠬᠦᠢ | ᠵᠦᠢᠯᠡᠰ ᠤᠨ ᠲᠤᠬᠠᠶ ᠮᠡᠳᠡᠭᠳᠡᠯ︾ ︵ᠥᠪᠥᠷ ᠪᠡᠶ᠎ᠡ ᠬᠥᠮᠦᠨ ᠦᠰᠦᠭ ﹇2011﹈ 22 ᠳ᠋ᠤᠭᠠᠷ ᠲᠣᠭᠠᠲᠤ︶ ᠢ | ᠪᠠᠭᠤᠯᠭᠠᠵᠤ᠂ ᠲᠣᠪᠴᠢᠶ᠎ᠠ ᠰᠢᠰᠲ᠋ᠧᠮ ᠤᠨ ᠺᠠᠳ᠋ᠷ ᠪᠣᠯᠪᠠᠰᠤᠷᠠᠭᠤᠯᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ | ᠲᠤᠭᠲᠠᠭᠠᠭᠰᠠᠨ ᠪᠠᠶᠢᠨ᠎ᠠ᠂ ᠮᠠᠨ ᠤ ᠲᠣᠪᠴᠢᠶ᠎ᠠ ᠪᠣᠳᠠᠲᠠᠶ ᠠᠵᠢᠯ ᠢ ᠦᠨᠳᠦᠰᠦᠯᠡᠵᠦ᠂ ᠨᠠᠮ ᠤᠨ ᠣᠯᠠᠨ ᠲᠦᠮᠡᠨᠴᠢ | ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ | ᠠᠭᠤᠯᠭ᠎ᠠ ᠳᠤ ᠨᠥᠬᠦᠪᠥᠷᠢ ᠪᠠ ᠵᠠᠰᠠᠪᠤᠷᠢ ᠣᠷᠤᠭᠤᠯᠵᠤ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠪᠠᠷ ᠵᠢᠯᠣᠭᠤᠳᠣᠯᠭ᠎ᠠ ᠪᠣᠯᠭᠠᠵᠤ᠂ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ | ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠵᠤ᠂ ︽ᠤᠬᠠᠮᠰᠠᠷ ᠴᠢᠳᠠᠪᠤᠷᠢ ᠶᠢ ᠬᠤᠣᠰᠯᠠᠭᠤᠯᠬᠤ᠂ ᠤᠬᠠᠮᠰᠠᠷ ᠢ | ᠲᠡᠷᠢᠭᠦᠨ ᠳᠤ ᠲᠠᠯᠪᠢᠬᠤ︾ ᠵᠠᠷᠴᠢᠮ ᠶᠣᠰᠣᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠯ᠎ᠡ ᠰᠢᠭᠤᠳ | ᠬᠠᠷᠢᠶ᠎ᠠ ᠨᠢᠭᠡᠴᠡ ᠶᠢᠨ ᠰᠢᠯᠢᠳᠡᠭ ᠵᠠᠯᠠᠭᠤ ᠺᠠᠳ᠋ᠷ ᠢ ᠲᠣᠪᠴᠢᠶ᠎ᠠ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠲᠤ | ᠲᠥᠯᠥᠪᠯᠡᠭᠡ ᠲᠠᠢ ᠰᠢᠯᠢᠨ ᠳᠡᠪᠰᠢᠬᠦᠯᠵᠦ ᠪᠣᠯᠪᠠᠰᠤᠷᠠᠭᠤᠯᠤᠨ᠂ ᠺᠠᠳ᠋ᠷ ᠤᠨ ᠠᠵᠢᠯ ᠤᠨ ᠲᠤᠷᠰᠢᠯᠭ᠎ᠠ ᠶᠢ | ᠪᠠᠶᠠᠯᠢᠭᠵᠢᠭᠤᠯᠵᠤ᠂ ᠵᠢᠷᠤᠮᠵᠢᠭᠤᠯᠤᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠺᠠᠳ᠋ᠷ ᠤᠨ ᠦᠰᠦᠨ | ᠪᠤᠶᠢᠵᠢᠬᠤ ᠶᠢ ᠲᠦᠷᠭᠡᠳᠭᠡᠨ᠎ᠡ᠃ | ᠬᠤᠶᠠᠷ᠂ ᠰᠢᠯᠵᠢᠭᠦᠯᠦᠨ ᠪᠣᠯᠪᠠᠰᠤᠷᠠᠭᠤᠯᠬᠤ ᠬᠡᠪᠴᠢᠶ᠎ᠡ ᠪᠠ ᠨᠥᠬᠦᠴᠡᠯ | ᠪᠣᠯᠪᠠᠰᠤᠷᠠᠭᠤᠯᠬᠤ ᠬᠡᠪᠴᠢᠶ᠎ᠡ ᠨᠢ ᠲᠣᠪᠴᠢᠶ᠎ᠠ ᠰᠢᠭᠤᠳ ᠬᠠᠷᠢᠶ᠎ᠠ ᠨᠢᠭᠡᠴᠡ ᠶᠢᠨ ᠬᠡᠪᠴᠢᠶᠡᠨ ᠤ ᠳᠣᠲᠣᠷ᠎ᠠ | ᠪᠠᠶᠢᠬᠤ ᠬᠡᠷᠡᠭᠲᠡᠢ︔ ᠵᠠᠷᠴᠢᠮ ᠳᠡᠭᠡᠷ᠎ᠡ ᠪᠠᠨ ᠠᠵᠢᠯ ᠤᠨ ᠬᠡᠷᠡᠭᠴᠡᠭᠡ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ | ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ︔ ᠬᠤᠶᠠᠷ ᠵᠢᠯ ᠠᠴᠠ ᠳᠡᠭᠡᠭᠰᠢᠬᠢ ᠠᠵᠢᠯ ᠤᠨ | ᠲᠤᠷᠰᠢᠯᠭ᠎ᠠ᠂ ᠲᠤᠪᠤᠶᠢᠮ᠎ᠠ ᠢᠯᠡᠷᠡᠯ ᠲᠠᠢ ᠵᠢᠩᠬᠢᠨᠢ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ | ᠠᠵᠢᠯᠲᠠᠨ︔ ᠠᠳᠠᠯᠢᠬᠠᠨ ᠨᠥᠬᠦᠴᠡᠯ ᠳᠣᠣᠷ᠎ᠠ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠰᠢᠯᠵᠢᠭᠦᠯᠦᠨ | ᠪᠣᠯᠪᠠᠰᠤᠷᠠᠭᠤᠯᠬᠤ ᠪᠣᠯᠤᠨ᠎ᠠ᠃ | ᠭᠤᠷᠪᠠ᠂ ᠪᠣᠯᠪᠠᠰᠤᠷᠠᠭᠤᠯᠬᠤ ᠴᠠᠭ | ᠰᠢᠯᠵᠢᠭᠦᠯᠦᠨ ᠪᠣᠯᠪᠠᠰᠤᠷᠠᠭᠤᠯᠬᠤ ᠬᠠᠮᠤᠭ ᠤᠨ ᠤᠷᠲᠤ ᠬᠤᠭᠤᠴᠠᠭ᠎ᠠ ᠪᠣᠯ ᠨᠢᠭᠡ ᠵᠢᠯ ᠪᠣᠯᠤᠨ᠎ᠠ᠂ ᠪᠠᠶᠢᠳᠠᠯ ᠨᠢ | ᠣᠨᠴᠠᠭᠠᠶ ᠬᠥᠮᠦᠰ ᠢ ᠲᠣᠪᠴᠢᠶ᠎ᠠ ᠪᠠ ᠠᠵᠢᠯᠳᠠᠨ ᠤ ᠶᠠᠪᠤᠳᠠᠯ ᠤᠨ ᠭᠠᠵᠠᠷ ᠮᠡᠳᠡᠭᠦᠯᠬᠦ ᠬᠡᠷᠡᠭᠲᠡᠶ᠂ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠬᠤ ᠬᠡᠷᠡᠭᠲᠡᠶ᠃ | ᠳᠦᠷᠪᠡ᠂ ᠰᠣᠩᠭᠤᠨ ᠰᠢᠯᠵᠢᠭᠦᠯᠬᠦ ᠠᠷᠭ᠎ᠠ | ︵ᠨᠢᠭᠡ︶ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠨᠢ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠵᠢᠯ ᠪᠦᠷᠢ ᠶᠢᠨ 12 ᠰᠠᠷ᠎ᠠ ᠳᠤ ᠳᠠᠷᠠᠭ᠎ᠠ ᠵᠢᠯ ᠤᠨ ᠪᠣᠯᠪᠠᠰᠤᠷᠠᠭᠤᠯᠬᠤ ᠲᠥᠯᠥᠪᠯᠡᠭᠡ ᠪᠠ | ᠬᠥᠮᠦᠰ ᠤᠨ ᠬᠡᠷᠡᠭᠴᠡᠭᠡ ᠪᠠᠨ ᠳᠡᠭᠡᠭᠰᠢ ᠮᠡᠳᠡᠬᠦᠯᠵᠦ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠠᠵᠢᠯᠳᠠᠨ ᠤ ᠶᠠᠪᠤᠳᠠᠯ ᠤᠨ ᠭᠠᠵᠠᠷ ᠪᠣᠯᠣᠨ ᠡᠯ᠎ᠡ ᠰᠢᠭᠤᠳ ᠬᠠᠷᠢᠶ᠎ᠠ | ᠨᠢᠭᠡᠴᠡ ᠶᠢᠨ ᠵᠣᠬᠢᠴᠠᠭᠤᠯᠬᠤ ᠪᠠ ᠰᠣᠩᠭᠤᠨ ᠲᠠᠨᠢᠯᠴᠠᠭᠤᠯᠬᠤ ᠬᠥᠮᠦᠨ ︵ᠡᠯ᠎ᠡ ᠰᠢᠭᠤᠳ ᠬᠠᠷᠢᠶ᠎ᠠ ᠨᠢᠭᠡᠴᠡ ᠨᠢ | ᠪᠠᠰᠠ ᠲᠠᠨᠢᠯᠴᠠᠭᠤᠯᠬᠤ ᠪᠣᠯᠤᠨ᠎ᠠ︶᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠬᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠬᠤᠶᠠᠷ︶ ᠡᠯ᠎ᠡ ᠰᠢᠭᠤᠳ ᠬᠠᠷᠢᠶ᠎ᠠ ᠨᠢᠭᠡᠴᠡ ᠠᠴᠠ ᠪᠠᠶᠢᠭᠤᠯᠭ᠎ᠠ ᠶᠢᠨ ᠰᠠᠯᠠᠭ᠎ᠠ ᠳᠤ ᠰᠢᠯᠵᠢᠭᠦᠯᠦᠨ | ᠪᠣᠯᠪᠠᠰᠤᠷᠠᠭᠤᠯᠬᠤ ᠬᠥᠮᠦᠨ ᠨᠢ ᠵᠠᠷᠴᠢᠮ ᠳᠡᠭᠡᠷ᠎ᠡ ᠪᠠᠨ ᠲᠤᠰ ᠬᠥᠮᠦᠨ ᠨᠢ ᠤᠤᠯ ᠨᠢ ᠶᠠᠮᠠᠷ ᠠᠵᠢᠯ ᠬᠢᠵᠦ | ᠪᠠᠶᠢᠭᠰᠠᠨ᠂ ᠪᠠᠶᠢᠪᠠᠰᠤ ᠵᠣᠬᠢᠬᠤ ᠮᠡᠷᠭᠡᠵᠢᠯ ᠤᠨ ᠴᠣᠯᠠ ᠬᠢᠭᠡᠳ ᠬᠤᠪᠢ ᠬᠥᠮᠦᠨ ᠤ ᠬᠡᠪ ᠴᠢᠨᠠᠷ ᠢ ᠦᠨᠳᠦᠰᠦᠯᠡᠵᠦ | ᠬᠠᠷᠠᠭᠠᠯᠵᠠᠭᠰᠠᠨ ᠰᠠᠯᠠᠭ᠎ᠠ ᠮᠥᠴᠢᠷ ᠲᠤ ᠠᠵᠢᠯᠯᠠᠭᠤᠯᠬᠤ ᠭᠡᠷᠡᠭᠲᠡᠢ᠃ | ︵ᠭᠤᠷᠪᠠ︶ ᠡᠯ᠎ᠡ ᠰᠢᠭᠤᠳ ᠬᠠᠷᠢᠶ᠎ᠠ ᠨᠢᠭᠡᠴᠡ ᠶᠢᠨ ᠵᠢᠯ ᠪᠦᠷᠢ ᠶᠢᠨ ᠰᠢᠯᠵᠢᠬᠦᠯᠦᠨ ᠪᠣᠯᠪᠠᠰᠤᠷᠠᠭᠤᠯᠬᠤ | ᠬᠦᠮᠦᠨ ᠤ ᠲᠤᠭ᠎ᠠ ᠶᠢ 2 ᠠᠴᠠ ᠬᠡᠲᠦᠷᠡᠬᠦᠯᠵᠦ ᠪᠣᠯᠬᠤ ᠦᠭᠡᠢ᠃ | ᠲᠠᠪᠤ᠂ ᠬᠠᠮᠢᠶᠠᠷᠤᠯᠲᠠ ᠶᠢᠨ ᠱᠠᠭᠠᠷᠳᠠᠯᠭ᠎ᠠ | ︵ᠨᠢᠭᠡ︶ ᠰᠢᠯᠵᠢᠭᠦᠯᠦᠨ ᠪᠣᠯᠪᠠᠰᠤᠷᠠᠭᠤᠯᠬᠤ ᠬᠥᠮᠦᠰ ᠤᠨ ᠰᠢᠯᠵᠢᠭᠦᠯᠦᠨ ᠪᠣᠯᠪᠠᠰᠤᠷᠠᠭᠤᠯᠬᠤ | ᠬᠤᠭᠤᠴᠠᠭᠠᠨ ᠳᠤ ᠤᠤᠯ ᠤᠨ ᠨᠢᠭᠡᠴᠡ ᠲᠡᠭᠦᠨ ᠳᠤ ᠠᠵᠢᠯ ᠲᠣᠬᠢᠷᠠᠭᠤᠯᠵᠤ ᠪᠣᠯᠬᠤ ᠦᠭᠡᠶ᠂ ᠤᠤᠯ ᠤᠨ ᠨᠢᠭᠡᠴᠡ | ᠳᠠᠬᠢ ᠠᠵᠢᠯ ᠤᠨ ᠪᠠᠶᠢᠷᠢ ᠂ ᠲᠤᠰᠢᠶᠠᠯ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠬᠤᠪᠢᠷᠠᠬᠤ ᠦᠭᠡᠢ︔ | ᠰᠢᠯᠵᠢᠭᠦᠯᠦᠨ ᠬᠥᠮᠦᠵᠢᠭᠦᠯᠬᠦ ᠠᠵᠢᠯᠲᠠᠨ ᠤ ᠴᠠᠯᠢᠩ᠂ ᠠᠰᠠᠷᠠᠮᠵᠢ ᠬᠠᠷᠠᠭᠠᠯᠵᠠᠯ ᠢ ᠨᠢ ᠤᠤᠯ ᠤᠨ ᠨᠢᠭᠡᠴᠡ ᠠᠴᠠ ᠨᠢ | ᠬᠠᠷᠢᠭᠤᠴᠠᠬᠤ ᠬᠡᠷᠡᠭᠲᠡᠶ᠃ | ︵ᠬᠤᠶᠠᠷ︶ ᠰᠢᠯᠵᠢᠭᠦᠯᠦᠨ ᠪᠣᠯᠪᠠᠰᠤᠷᠠᠭᠤᠯᠬᠤ ᠠᠵᠢᠯᠳᠠᠡ ᠤ ᠡᠳᠦᠷ ᠲᠣᠳᠣᠮ ᠤᠨ ᠬᠠᠮᠢᠶᠠᠷᠤᠯᠲᠠ ᠶᠢᠨ | ᠰᠤᠷᠭᠠᠨ ᠬᠥᠮᠦᠵᠢᠯ ᠢ ᠰᠢᠯᠵᠢᠭᠦᠯᠦᠨ ᠪᠣᠯᠪᠠᠰᠤᠷᠠᠭᠤᠯᠵᠤ ᠪᠠᠶᠢᠭ᠎ᠠ ᠭᠠᠵᠠᠷ ᠠᠴᠠ ᠬᠠᠷᠢᠭᠤᠴᠠᠵᠤ᠂ ᠰᠠᠯᠠᠭ᠎ᠠ ᠶᠢᠨ | ᠪᠤᠰᠤᠳ ᠠᠵᠢᠯᠲᠠᠨ ᠲᠠᠢ ᠠᠳᠠᠯᠢ ᠪᠠᠷ ᠬᠠᠮᠢᠶᠠᠷᠤᠯᠲᠠ ᠪᠠ ᠱᠠᠭᠠᠷᠳᠠᠯᠭ᠎ᠠ ᠶᠠᠪᠤᠭᠤᠯᠵᠤ᠂ ᠺᠠᠳ᠋ᠷ ᠢ ᠪᠣᠯᠪᠠᠰᠤᠷᠠᠭᠤᠯᠬᠤ | ᠱᠠᠭᠠᠷᠳᠠᠯᠭ᠎ᠠ ᠥᠨᠳᠥᠷ ᠪᠤᠰᠤ᠂ ᠬᠠᠮᠢᠶᠠᠷᠤᠯᠲᠠ ᠨᠢ ᠴᠢᠩᠭ᠎ᠠ ᠪᠢᠰᠢ ᠦᠵᠡᠭᠳᠡᠯ ᠠᠴᠠ ᠰᠡᠷᠭᠡᠶᠢᠯᠡᠬᠦ ᠬᠡᠷᠡᠭᠲᠡᠢ᠃ | ︵ᠭᠤᠷᠪᠠ︶ ᠰᠢᠯᠵᠢᠭᠦᠯᠦᠨ ᠪᠣᠯᠪᠠᠰᠤᠷᠠᠭᠤᠯᠬᠤ ᠠᠵᠢᠯᠲᠠᠨ ᠤ ᠵᠢᠯ ᠤᠨ ᠡᠴᠦᠰ ᠤᠨ ᠬᠢᠨᠠᠨ ᠰᠢᠯᠭᠠᠯᠲᠠ ᠶᠢ | ᠪᠠᠶᠢᠭ᠎ᠠ ᠭᠠᠵᠠᠷ ᠤᠨ ᠠᠯᠪᠠᠨ ᠠᠴᠠ ᠠᠵᠢᠯ ᠤᠨ ᠢᠯᠡᠷᠡᠯ ᠢ ᠦᠨᠳᠦᠰᠦᠯᠡᠨ ᠬᠢᠨᠠᠨ ᠰᠢᠯᠭᠠᠭᠰᠠᠨ ᠰᠠᠨᠠᠯ ᠳᠤᠷᠠᠳᠴᠤ᠂ | ᠰᠢᠯᠵᠢᠭᠦᠯᠦᠨ ᠪᠣᠯᠪᠠᠰᠤᠷᠠᠭᠤᠯᠬᠤ ᠠᠵᠢᠯ ᠳᠤ ᠣᠷᠤᠯᠴᠠᠵᠤ ᠪᠠᠶᠢᠭ᠎ᠠ ᠬᠦᠮᠦᠨ ᠤ ᠤᠤᠯ ᠤᠨ ᠨᠢᠭᠡᠴᠡ ᠳᠤ | ᠪᠢᠴᠢᠭ ᠤᠨ ᠬᠡᠯᠪᠡᠷᠢ ᠪᠠᠷ ᠬᠠᠷᠢᠭᠤ ᠲᠤᠰᠬᠠᠬᠤ ᠬᠡᠷᠡᠭᠲᠡᠶ᠃ | ︵ᠲᠦᠷᠪᠡ︶ ᠡᠯ᠎ᠡ ᠪᠠᠶᠢᠭᠤᠯᠤᠯᠭ᠎ᠠ ᠨᠢᠭᠡᠴᠡ ᠶᠢᠨ ᠬᠢᠨ ᠰᠢᠯᠵᠢᠭᠦᠯᠦᠨ ᠪᠣᠯᠪᠠᠰᠤᠷᠠᠭᠤᠯᠬᠤ ᠠᠵᠢᠯ ᠳᠤ | ᠣᠷᠤᠯᠴᠠᠵᠤ ᠪᠠᠶᠢᠭ᠎ᠠ ᠠᠵᠢᠯᠳᠠᠨ ᠤ ᠠᠵᠢᠯ᠂ ᠦᠵᠡᠯ ᠰᠠᠨᠠᠭ᠎ᠠ ᠪᠠ ᠠᠮᠢᠳᠤᠷᠠᠯ ᠤᠨ ᠪᠠᠶᠢᠳᠠᠯ ᠢ ᠦᠷᠭᠦᠯᠵᠢ | ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ | ᠰᠢᠯᠵᠢᠭᠦᠯᠦᠨ ᠪᠣᠯᠪᠠᠰᠤᠷᠠᠭᠤᠯᠬᠤ ᠠᠵᠢᠯ ᠢ ᠳᠡᠮᠵᠢᠬᠦ ᠬᠡᠷᠡᠭᠲᠡᠶ᠃ | ︵ᠲᠠᠪᠤ︶ ᠰᠢᠯᠵᠢᠭᠦᠯᠦᠨ ᠪᠣᠯᠪᠠᠰᠤᠷᠠᠭᠤᠯᠬᠤ ᠠᠵᠢᠯ ᠳᠤ ᠣᠷᠤᠯᠴᠠᠵᠤ ᠪᠠᠶᠢᠭ᠎ᠠ ᠠᠵᠢᠯᠲᠠᠨ ᠠᠵᠠ ᠲᠣᠬᠢᠶᠠᠯ ᠢ | ᠨᠠᠨᠳᠢᠩᠨᠠᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠪᠠᠶᠢᠭᠤᠯᠭ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ | ᠵᠢᠷᠤᠮᠯᠠᠨ ᠰᠠᠬᠢᠵᠤ᠂ ᠲᠦᠷ ᠴᠠᠭ ᠤᠨ ᠦᠵᠡᠯ ᠰᠠᠨᠠᠭ᠎ᠠ ᠶᠢ ᠢᠯᠠᠨ ᠳᠠᠪᠠᠵᠤ᠂ ᠰᠢᠯᠵᠢᠭᠦᠯᠦᠨ ᠪᠣᠯᠪᠠᠰᠤᠷᠠᠭᠤᠯᠬᠤ | ᠡᠭᠦᠷᠭᠡ ᠶᠢ ᠳᠡᠬᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ | ︵ᠵᠢᠷᠭᠤᠭ᠎ᠠ︶ ᠰᠢᠯᠵᠢᠭᠦᠯᠦᠨ ᠪᠣᠯᠪᠠᠰᠤᠷᠠᠭᠤᠯᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ | ᠰᠢᠯᠵᠢᠭᠦᠯᠦᠨ ᠪᠣᠯᠪᠠᠰᠤᠷᠠᠭᠤᠯᠬᠤ ᠳ᠋ᠦᠡᠭᠨᠡᠯᠲᠡ ᠪᠢᠴᠢᠵᠦ ᠠᠵᠢᠯᠳᠠᠨ ᠤ ᠶᠠᠪᠤᠳᠠᠯ ᠤᠨ ᠭᠠᠵᠠᠷ᠂ ᠰᠢᠯᠵᠢᠭᠦᠯᠦᠨ | ᠪᠣᠯᠪᠠᠰᠤᠷᠠᠭᠤᠯᠬᠤ ᠰᠠᠯᠠᠭ᠎ᠠ ᠪᠣᠯᠣᠨ ᠤᠤᠯ ᠤᠨ ᠨᠢᠭᠡᠴᠡ ᠳᠤ ᠲᠤᠰ ᠲᠤᠰ ᠲᠤᠰᠢᠶᠠᠨ ᠥᠭᠴᠦ᠂ ᠰᠢᠯᠵᠢᠭᠦᠯᠦᠨ | ᠪᠣᠯᠪᠠᠰᠤᠷᠠᠭᠤᠯᠬᠤ ᠰᠠᠯᠠᠭ᠎ᠠ ᠨᠢ ᠰᠢᠯᠵᠢᠭᠦᠯᠦᠨ ᠪᠣᠯᠪᠠᠰᠤᠷᠠᠭᠤᠯᠬᠤ ᠬᠥᠮᠦᠰ ᠤᠨ ᠨᠢᠭᠡ ᠵᠢᠯ ᠤᠨ ᠲᠤᠷᠰᠢᠬᠢ | ᠠᠵᠢᠯ ᠤᠨ ᠢᠯᠡᠷᠡᠯ ᠪᠠ ᠪᠠᠶᠢᠳᠠᠯ ᠢ ᠪᠦᠬᠦ ᠲᠠᠯ᠎ᠠ ᠪᠠᠷ᠂ ᠪᠤᠰᠤᠳᠴᠢ ᠪᠣᠳᠠᠲᠤ ᠬᠢᠨᠠᠨ ᠲᠣᠭᠲᠠᠭᠠᠵᠤ᠂ ᠰᠢᠯᠵᠢᠭᠦᠯᠦᠨ | ᠪᠣᠯᠪᠠᠰᠤᠷᠠᠭᠤᠯᠬᠤ ᠬᠥᠮᠦᠰ ᠤᠨ ᠤᠤᠯ ᠨᠢᠭᠡᠴᠡ ᠳᠤ ᠬᠠᠷᠢᠭᠤ ᠲᠤᠰᠬᠠᠬᠤ ᠶᠢᠨ ᠬᠠᠮᠲᠤ ᠳᠤᠨᠢ ᠲᠤᠰ ᠬᠥᠮᠦᠨ ᠤ | ᠳᠠᠩᠰᠠ ᠡᠪᠬᠡᠮᠡᠯ ᠳᠤ ᠣᠷᠤᠭᠤᠯᠵᠤ᠂ ᠲᠤᠰ ᠬᠥᠮᠦᠨ ᠤ ᠬᠤᠵᠢᠮ ᠤᠨ ᠠᠵᠢᠯ ᠤᠨ ᠲᠤᠰᠢᠶᠠᠯ ᠳᠡᠪᠰᠢᠬᠦ᠂ | ᠱᠠᠩᠨᠠᠯ ᠤᠨ ᠰᠢᠯᠢᠳᠡᠭ ᠵᠢᠱᠢᠶᠡᠴᠢ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠬᠤ ᠳᠤ ᠦᠨᠳᠦᠰᠦ ᠪᠠᠷᠢᠮᠲᠠ | ᠪᠣᠯᠭᠠᠨ᠎ᠠ᠃ | ︵ᠲᠤᠯᠤᠭ᠎ᠠ︶ ᠪᠠᠶᠢᠭᠤᠯᠭ᠎ᠠ ᠶᠢᠨ ᠡᠯ᠎ᠡ ᠰᠠᠯᠠᠭ᠎ᠠ᠂ ᠡᠯ᠎ᠡ ᠰᠢᠭᠤᠳ ᠬᠠᠷᠢᠶ᠎ᠠ ᠨᠢᠭᠡᠴᠡ ᠨᠢ ᠠᠵᠢᠯᠲᠠᠨ ᠢ | ᠥᠪᠡᠰᠦᠪᠡᠨ ᠵᠢᠭᠡᠯᠡᠵᠦ ᠬᠡᠷᠡᠭᠯᠡᠵᠦ ᠪᠣᠯᠬᠤ ᠦᠭᠡᠢ᠂ ᠠᠵᠢᠯ ᠤᠨ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠪᠣᠯ᠂ | ᠡᠷᠬᠡᠪᠰᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠵᠦᠪᠰᠢᠶᠡᠷᠡᠯ ᠢ ᠣᠯᠬᠤ ᠶᠢᠨ ᠬᠠᠮᠲᠤ᠂ | ᠠᠵᠢᠯᠳᠠᠨ ᠤ ᠶᠠᠪᠤᠳᠠᠯ ᠤᠨ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ᠂ ᠵᠢᠭᠡᠯᠡᠵᠦ ᠬᠡᠷᠡᠭᠯᠡᠭᠰᠡᠨ ᠠᠵᠢᠯᠳᠠᠨ ᠤ ᠴᠠᠯᠢᠩ᠂ ᠠᠰᠠᠷᠠᠮᠵᠢ ᠵᠡᠷᠭᠡ ᠶᠢ ᠲᠣᠪᠴᠢᠶᠠᠨ ᠠᠴᠠ | ᠡᠭᠦᠷᠭᠡᠯᠡᠵᠦ ᠴᠢᠳᠠᠬᠤ ᠥᠬᠡᠶ᠃ | ᠵᠢᠷᠭᠤᠭ᠎ᠠ᠂ ᠲᠤᠰ ᠠᠷᠭ᠎ᠠ ᠶᠢ 2013 ᠣᠨ ᠤ 12 ᠰᠠᠷ᠎ᠠ ᠠᠴᠠ ᠡᠬᠢᠯᠡᠨ ᠠᠯᠪᠠᠨ ᠶᠣᠰᠣᠭᠠᠷ | ᠬᠡᠷᠡᠭᠵᠢᠭᠦᠯᠵᠦ᠂ ᠲᠤᠰ ᠠᠷᠭ᠎ᠠ ᠳᠤ ᠨᠡᠶᠢᠴᠡᠬᠦ ᠦᠭᠡᠢ ᠪᠠᠶᠢᠪᠠᠯ ᠳᠠᠷᠤᠶ ᠲᠦᠷᠭᠡᠨ ᠢᠯᠭᠠᠷᠠᠭᠤᠯᠤᠨ ᠪᠤᠴᠠᠭᠠᠬᠤ | ᠬᠡᠷᠡᠭᠲᠡᠶ᠃ |