ᠰᠢᠭᠤᠳ ᠬᠠᠷᠢᠶ᠎ᠠ ᠡᠯ᠎ᠡ ᠨᠢᠭᠡᠴᠡ ᠳᠤ᠄ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠵᠢᠷᠤᠮᠵᠢᠭᠤᠯᠵᠤ ᠳᠦᠷᠢᠮᠵᠢᠭᠦᠯᠬᠦ᠂ | ᠲᠣᠪᠴᠢᠶ᠎ᠠ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠲᠦᠷᠢᠮ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠷᠭᠡᠪᠴᠢᠯᠡᠨ ᠠᠬᠢᠭᠤᠯᠬᠤ ᠶᠢᠨ ᠲᠥᠯᠥᠭᠡ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠢᠶᠠᠷ ᠵᠥᠪᠰᠢᠶᠡᠷᠡᠭᠦᠯᠦᠭᠡᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ | ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠃ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠰᠤᠷᠤᠯᠴᠠᠵᠤ᠂ ᠵᠢᠷᠤᠮᠯᠠᠨ | ᠬᠡᠷᠡᠭᠵᠢᠭᠦᠯᠲᠦᠭᠡᠶ᠃ | ᠡᠭᠦᠨ ᠤ ᠲᠤᠯᠠ ᠮᠡᠳᠡᠭᠳᠡᠪᠡ | 2011 ᠣᠨ ᠤ 3 ᠰᠠᠷ᠎ᠠ ᠶᠢᠨ 31 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ | ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶ | | | ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ | ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠳᠣᠭᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠲᠦᠷᠭᠡᠪᠴᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢ ᠬᠠᠮᠢᠶᠠᠷᠬᠤ ᠠᠵᠢᠯ ᠤᠨ ᠲᠦᠷᠢᠮ ᠢ | ᠲᠡᠭᠦᠯᠳᠡᠷᠵᠢᠭᠦᠯᠵᠦ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠪᠡᠶ᠎ᠡ ᠶᠢᠨ ᠭᠠᠷᠤᠯ ᠤᠨ ᠬᠠᠮᠢᠶᠠᠷᠤᠯᠲᠠ ᠶᠢ | ᠠᠵᠢᠯ ᠤᠨ ᠪᠠᠶᠢᠷᠢ ᠶᠢᠨ ᠬᠠᠮᠢᠶᠠᠷᠤᠯᠲᠠ ᠳᠠᠰᠢ ᠬᠤᠪᠢᠷᠠᠭᠤᠯᠤᠨ᠂ ᠲᠣᠪᠴᠢᠶ᠎ᠠ ᠰᠢᠰᠲ᠋ᠧᠮ ᠤᠨ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠡᠶᠡᠯᠡᠭᠦᠯᠵᠦ᠂ | ᠲᠣᠪᠴᠢᠶ᠎ᠠ ᠰᠢᠰᠲ᠋ᠧᠮ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠢᠨᠵᠢᠯᠡᠬᠦ ᠤᠬᠠᠭᠠᠨᠴᠢᠯᠠᠬᠤ | ᠂ ᠬᠡᠪᠴᠢᠶᠡᠵᠢᠬᠦᠯᠬᠦ᠂ ᠳᠦᠷᠢᠮᠵᠢᠬᠦᠯᠬᠦ ᠶᠢ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠰᠢᠰᠲ᠋ᠧᠮ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠰᠲ᠋ᠧᠮ ᠤᠨ ᠬᠥᠮᠦᠨ ᠤ ᠬᠦᠴᠦᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢᠨ ᠰᠠᠭᠤᠷᠢᠨ ᠳᠡᠭᠡᠷ᠎ᠡ ᠲᠤᠰ ᠠᠷᠭ᠎ᠠ ᠶᠢ ᠲᠣᠭᠲᠠᠭᠠᠭᠰᠠᠨ ᠶᠤᠮ᠂ | ᠳᠣᠣᠷᠠᠬᠢ ᠮᠡᠲᠦ᠄ | ᠨᠢᠭᠡ᠂ ᠦᠨᠳᠦᠰᠦᠨ ᠵᠠᠷᠴᠢᠮ | 1᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ | ᠪᠠᠶᠢᠷᠢ ᠶᠢᠨ ᠲᠤᠬᠢᠷᠠᠭᠤᠯᠤᠯᠳᠠ ᠶᠢ ᠬᠠᠮᠢᠶᠠᠷᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠰᠢᠷᠢᠰ ᠵᠣᠷᠢᠭ ᠰᠠᠨᠠᠭ᠎ᠠ | ᠪᠣᠯᠤᠨ ᠪᠣᠳᠠᠲᠠᠶ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ | ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ᠂ ᠵᠢᠷᠤᠮᠵᠢᠭᠰᠠᠨ ᠬᠠᠮᠢᠶᠠᠷᠤᠯᠲᠠ ᠶᠢ ᠢᠳᠡᠪᠬᠢᠲᠡᠶ ᠲᠦᠯᠬᠢᠨ | ᠠᠬᠢᠭᠤᠯᠵᠤ ᠶᠠᠪᠤᠭᠤᠯᠬᠤ ᠬᠡᠷᠡᠭᠲᠡᠶ᠃ | 2᠂ ᠤᠯᠤᠰ ᠤᠨ ᠨᠢᠭᠡᠳᠦᠯᠲᠡᠶ ᠲᠣᠭᠲᠠᠭᠠᠯ ᠶᠣᠰᠣᠭᠠᠷ᠂ ᠠᠵᠢᠯ ᠦᠢᠯᠡᠰ ᠤᠨ ᠨᠢᠭᠡᠴᠢ ᠶᠢ ᠨᠡᠶᠢᠳᠡᠮ ᠬᠡᠷᠡᠭᠯᠡᠬᠦ | ᠠᠵᠢᠯ ᠤᠨ ᠪᠠᠶᠢᠷᠢ ᠶᠢᠨ ᠲᠥᠷᠥᠯ ᠢᠯᠭᠠᠯ᠂ ᠠᠵᠢᠯ ᠤᠨ ᠪᠠᠶᠢᠷᠢ ᠶᠢᠨ ᠳᠡᠰ ᠤᠨ ᠶᠤᠰᠤᠭᠠᠷ᠂ ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ᠂ ᠪᠦᠲᠦᠴᠡ ᠶᠢᠨ ᠬᠠᠷᠢᠴᠠᠯ ᠵᠡᠷᠭᠡ ᠶᠢ | ᠨᠢᠭᠡᠳᠦᠯᠲᠡᠶ ᠬᠠᠮᠢᠶᠠᠷᠤᠨ᠎ᠠ᠂ ᠬᠠᠮᠢᠶᠠᠷᠤᠯᠲᠠ ᠶᠢᠨ ᠠᠵᠢᠯ ᠢ ᠺᠠᠳ᠋ᠷ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ | ᠡᠷᠬᠡ ᠶᠢᠨ ᠬᠡᠪᠴᠢᠶ᠎ᠡ ᠶᠣᠰᠣᠭᠠᠷ ᠴᠢᠩᠭ᠎ᠠ ᠬᠢᠬᠦ ᠬᠡᠷᠡᠭᠲᠡᠶ᠃ | ᠬᠤᠶᠠᠷ᠂ ᠲᠣᠬᠢᠷᠠᠬᠤ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ | ᠨᠢᠭᠡᠴᠡ ᠪᠠ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠬᠠᠮᠢᠶᠠᠷᠤᠯᠲᠠ᠂ | ᠲᠤᠰᠬᠠᠢ ᠮᠡᠷᠭᠡᠰᠢᠯ᠂ ᠰᠤᠯᠠ ᠠᠵᠢᠯ ᠤᠨ ᠪᠠᠶᠢᠷᠢ ᠵᠢᠴᠢ ᠠᠯᠢᠪᠠ ᠠᠵᠢᠯ ᠦᠢᠯᠡᠰ ᠤᠨ ᠵᠠᠷᠤᠳᠠᠯ᠂ ᠬᠥᠳᠡᠯᠮᠦᠷᠢ ᠶᠢᠨ | ᠬᠥᠯᠥᠰᠥ ᠣᠯᠭᠤᠮᠵᠢ ᠣᠯᠭᠤᠵᠤ ᠪᠠᠶᠢᠪᠠᠯ ᠪᠤᠢ ᠪᠦᠬᠦᠢ ᠠᠵᠢᠯ ᠤᠨ ᠪᠠᠶᠢᠷᠢ ᠶᠢᠨ ᠬᠥᠮᠦᠰ ᠢ ᠴᠥᠮ | ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ᠭᠤᠷᠪᠠ᠂ ᠪᠣᠳᠠᠲᠠᠶ ᠬᠠᠮᠢᠶᠠᠷᠤᠯᠲᠠ ᠶᠢᠨ ᠠᠷᠭ᠎ᠠ | 1᠂ ᠶᠡᠷᠦᠩᠬᠡᠶ ᠠᠵᠢᠯ ᠤᠨ ᠪᠠᠶᠢᠷᠢ ᠶᠢᠨ ᠬᠠᠮᠢᠶᠠᠷᠤᠯᠲᠠ | ᠡᠯ᠎ᠡ ᠨᠢᠭᠡᠴᠡ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ | ᠲᠥᠰᠦᠯ ᠤᠨ ᠲᠤᠬᠠᠶ ᠴᠤᠬᠤᠯᠠᠪᠤᠷᠢᠯᠠᠬᠰᠠᠨ ᠬᠠᠷᠢᠭᠤᠯᠲᠠ︾ ︵ᠥᠪᠥᠷ ᠮᠣᠩᠭᠤᠯ ᠤᠨ ᠠᠷᠠᠳ ᠤᠨ ᠨᠢᠭᠡᠳᠦᠯ ᠤᠨ | ᠡᠷᠬᠢᠯᠡᠭᠰᠡᠨ ᠲᠠᠷᠬᠠᠭᠠᠭᠰᠠᠨ ﹇2010﹈ 222 ᠳ᠋ᠤᠭᠠᠷ ᠲᠤᠭᠠᠲᠤ︶ ᠬᠢᠨᠠᠨ ᠵᠦᠪᠰᠢᠶᠡᠷᠡᠭᠰᠡᠨ ᠠᠵᠢᠯ ᠤᠨ | ᠪᠠᠶᠢᠷᠢ ᠶᠢᠨ ᠶᠡᠷᠦᠩᠬᠡᠶ ᠬᠡᠮᠵᠢᠶ᠎ᠡ᠂ ᠠᠵᠢᠯ ᠤᠨ ᠪᠠᠶᠢᠷᠢ ᠶᠢᠨ ᠲᠠᠰ ᠳᠠᠪᠬᠤᠷᠭ᠎ᠠ᠂ ᠡᠯ᠎ᠡ ᠲᠦᠷᠦᠯ ᠤᠨ ᠠᠵᠢᠯ ᠤᠨ | ᠪᠠᠶᠢᠷᠢ ᠶᠢᠨ ᠪᠦᠲᠦᠴᠡ ᠶᠢᠨ ᠬᠠᠷᠢᠴᠠᠯ ᠶᠢᠨ ᠶᠤᠰᠤᠭᠠᠷ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ᠂ | ᠬᠦᠴᠦᠨ ᠴᠢᠳᠠᠪᠤᠷᠢ ᠶᠢ ᠴᠣᠮᠬᠠᠳᠬᠠᠨ ᠨᠠᠷᠢᠯᠢᠭᠵᠢᠭᠤᠯᠬᠤ ᠵᠠᠷᠴᠢᠮ ᠢᠶᠠᠷ ᠨᠠᠷᠢᠯᠢᠬᠵᠢᠭᠤᠯᠤᠨ ᠵᠠᠳᠠᠯᠵᠤ᠂ ᠲᠤᠰ | ᠨᠢᠭᠡᠴᠢ ᠶᠢᠨ ᠢᠶᠠᠨ ᠠᠵᠢᠯ ᠤᠨ ᠪᠠᠶᠢᠷᠢ ᠪᠦᠷᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ︽ᠠᠵᠢᠯ ᠤᠨ | ᠪᠠᠶᠢᠷᠢ ᠶᠢᠨ ᠲᠣᠳᠣᠷᠬᠠᠶᠢᠯᠠᠯᠲᠠ︾ ᠶᠢ ᠨᠠᠷᠢᠨ ᠬᠢᠨᠠᠮᠠᠭᠠᠶ ᠨᠠᠶᠢᠷᠠᠭᠤᠯᠤᠨ ᠵᠣᠬᠢᠶᠠᠵᠤ᠂ ᠤᠷᠢᠨ ᠬᠡᠷᠡᠭᠯᠡᠬᠦ ᠬᠡᠪᠴᠢᠶ᠎ᠡ᠂ | ᠤᠷᠢᠵᠤ ᠬᠡᠷᠡᠭᠯᠡᠬᠦ ᠬᠢᠷᠢ ᠬᠡᠮ᠂ ᠨᠥᠬᠦᠴᠡᠯ᠂ ᠤᠷᠢᠨ ᠬᠡᠷᠡᠭᠯᠡᠬᠦ ᠵᠢᠷᠤᠮ᠂ ᠬᠠᠮᠢᠶᠠᠷᠬᠤ ᠡᠷᠬᠡ ᠮᠡᠳᠡᠯ ᠤᠨ | ᠬᠡᠪᠴᠢᠶ᠎ᠡ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠴᠢᠩᠭ᠎ᠠ ᠭᠦᠢᠴᠡᠳᠬᠡᠵᠦ᠂ ᠵᠣᠬᠢᠬᠤ ᠠᠵᠢᠯ ᠤᠨ | ᠪᠠᠶᠢᠷᠢ ᠶᠢᠨ ᠣᠯᠭᠤᠮᠵᠢ ᠬᠠᠷᠠᠭᠠᠯᠵᠠᠯ ᠢ ᠬᠦᠷᠲᠡᠬᠦ ᠬᠡᠷᠡᠭᠲᠡᠢ᠃ | 2 ᠂ ᠠᠵᠢᠯ ᠲᠣᠬᠢᠷᠠᠭᠤᠯᠬᠤ ᠬᠠᠮᠢᠶᠠᠷᠤᠯᠲᠠ | ︵1︶ ᠲᠤᠲᠠᠭᠳᠠᠵᠤ ᠪᠠᠶᠢᠭ᠎ᠠ ᠣᠷᠣᠨ ᠪᠠᠶᠢᠷᠢ᠄ ᠠᠩᠬ᠎ᠠ ᠤᠳᠠᠭ᠎ᠠ ᠠᠵᠢᠯ ᠤᠨ ᠪᠠᠶᠢᠷᠢ ᠳᠤ ᠤᠷᠢᠵᠤ | ᠬᠡᠷᠡᠭᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠨᠢᠭᠡᠴᠡ ᠶᠢᠨ ᠠᠵᠢᠯ ᠤᠨ ᠪᠠᠶᠢᠷᠢ ᠳᠤ ᠬᠦᠮᠦᠨ | ᠲᠤᠲᠠᠭᠳᠠᠵᠤ᠂ ᠠᠵᠢᠯᠲᠠᠨ ᠨᠦᠬᠦᠪᠦᠷᠢᠯᠡᠨ ᠠᠪᠬᠤ ᠴᠢᠬᠤᠯᠠ ᠲᠠᠢ ᠪᠣᠯ ᠡᠷᠬᠡᠪᠰᠢ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠨᠡᠶᠢᠭᠡᠮ ᠤᠨ ᠢᠯᠡ ᠪᠠᠷ ᠠᠵᠢᠯᠲᠠᠨ ᠡᠯᠰᠡᠬᠦ ᠠᠷᠭ᠎ᠠ | ᠵᠠᠮ ᠢᠶᠠᠷ ᠨᠥᠬᠦᠪᠥᠷᠢᠯᠡᠬᠦ ᠬᠡᠷᠡᠭᠲᠡᠶ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠠᠵᠢᠯ ᠤᠨ | ᠪᠠᠶᠢᠷᠢ ᠶᠢᠨ ᠬᠡᠷᠡᠭᠴᠡᠭᠡ ᠶᠢᠨ ᠮᠡᠳᠡᠭᠦᠯᠦᠯᠲᠡ ᠲᠤᠰᠢᠶᠠᠬᠤ ᠬᠡᠷᠡᠭᠲᠡᠶ᠂ ᠬᠤᠭᠤᠰᠤᠨ ᠪᠠᠶᠢᠭ᠎ᠠ ᠠᠵᠢᠯ ᠤᠨ ᠪᠠᠶᠢᠷᠢ ᠶᠢᠨ | ᠲᠥᠷᠥᠯ ᠢᠯᠭᠠᠯ᠂ ᠲᠤᠭ᠎ᠠ ᠬᠡᠮᠵᠢᠶ᠎ᠡ᠂ ᠠᠵᠢᠯ ᠤᠨ ᠪᠠᠶᠢᠷᠢ ᠶᠢᠨ ᠲᠤᠰᠢᠶᠠᠯ ᠡᠭᠦᠷᠭᠡᠯᠡᠬᠦ ᠬᠢᠷᠢ ᠬᠡᠮ᠂ ᠨᠥᠬᠦᠴᠡᠯ ᠤᠨ | ᠲᠤᠬᠠᠶ ᠨᠠᠷᠢᠨ ᠲᠣᠳᠣᠷᠬᠠᠶᠢᠯᠠᠯᠲᠠ ᠬᠢᠵᠦ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠵᠥᠪᠰᠢᠶᠡᠷᠡᠯ ᠢ ᠣᠯᠤᠭᠰᠠᠨ ᠤ ᠲᠠᠷᠠᠭ᠎ᠠ᠂ ᠲᠣᠪᠴᠢᠶ᠎ᠠ ᠶᠢᠨ ᠠᠵᠢᠯᠳᠠᠨ ᠤ ᠶᠠᠪᠤᠳᠠᠯ ᠤᠨ ᠭᠠᠵᠠᠷ ᠠᠴᠠ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ | ᠮᠡᠳᠡᠬᠦᠯᠦᠨ ᠵᠦᠪᠰᠢᠶᠡᠷᠡᠭᠦᠯᠵᠦ᠂ ᠨᠡᠶᠢᠭᠡᠮ ᠳᠡᠭᠡᠷ᠎ᠡ ᠠᠴᠠ ᠨᠦᠬᠦᠨ ᠠᠪᠬᠤ ᠠᠵᠢᠯᠲᠠᠨ ᠢ ᠢᠯᠡ ᠪᠠᠷ ᠡᠯᠰᠡᠵᠦ | ᠠᠪᠤᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ | ᠦᠶ᠎ᠡ ᠳᠤ᠂ ᠪᠡᠶ᠎ᠡ ᠶᠢᠨ ᠲᠠᠮᠢᠷ ᠤᠨ ᠲᠣᠪᠴᠢᠶ᠎ᠠ ᠡᠩᠨᠡᠭᠡ ᠶᠢᠨ ᠪᠦᠬᠦᠯᠢ ᠴᠣᠭᠴᠠ ᠶᠢᠨ ᠪᠠᠶᠢᠳᠠᠯ ᠢ ᠦᠵᠡᠵᠦ | ᠪᠠᠶᠢᠭᠠᠳ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠵᠡᠮᠳᠡᠨ᠎ᠡ᠃ | ︵2︶ ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ᠄ ᠴᠣᠬᠤᠯᠠᠪᠤᠷᠢ ᠭᠠᠷᠭᠠᠭᠰᠠᠨ ᠠᠵᠢᠯ ᠤᠨ ᠪᠠᠶᠢᠷᠢ | ᠳᠤ ᠵᠠᠷᠴᠢᠮ ᠳᠡᠭᠡᠷ᠎ᠡ ᠪᠠᠨ ᠲᠤᠬᠢᠷᠠᠭᠤᠯᠤᠯᠳᠠ ᠬᠢᠬᠦ ᠥᠭᠡᠢ᠂ ᠡᠯ᠎ᠡ ᠨᠢᠭᠡᠴᠡ ᠬᠡᠷᠪᠡ ᠠᠵᠢᠯ ᠤᠨ ᠬᠡᠷᠡᠭᠴᠡᠭᠡ ᠠᠴᠠ | ᠪᠣᠯᠵᠤ᠂ ᠠᠵᠢᠯ ᠤᠨ ᠪᠠᠶᠢᠷᠢ ᠪᠠ ᠠᠵᠢᠯ ᠤᠨ ᠪᠠᠶᠢᠷᠢ ᠶᠢᠨ ᠲᠠᠰ ᠲᠠᠢ ᠬᠠᠷᠠᠭᠠᠯᠵᠠᠯ ᠢ ᠦᠨᠡᠨ ᠬᠦ ᠲᠣᠬᠢᠷᠠᠭᠤᠯᠬᠤ | ᠴᠢᠬᠤᠯᠠ ᠲᠠᠢ ᠪᠣᠯ᠂ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰᠬᠠᠶ ᠰᠡᠳᠦᠪᠲᠦ ᠠᠵᠢᠯ ᠤᠨ | ᠪᠠᠶᠢᠷᠢ ᠳᠤ ᠲᠤᠬᠢᠷᠠᠭᠤᠯᠤᠯᠲᠠ ᠬᠢᠬᠦ ᠮᠡᠳᠡᠭᠦᠯᠦᠯᠲᠡ ᠳᠡᠪᠰᠢᠭᠦᠯᠵᠦ᠂ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠳᠠᠩᠰᠠᠯᠠᠭᠤᠯᠵᠤ ᠵᠥᠪᠰᠢᠶᠡᠷᠡᠭᠦᠯᠦᠭᠰᠡᠨ ᠪᠠᠶᠢᠬᠤ ᠬᠡᠷᠡᠭᠲᠡᠶ᠃ | ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠵᠠᠷᠴᠢᠮ ᠢ ᠤᠷᠢᠳᠠᠪᠠᠷ ᠠᠳᠠᠯᠢ ᠲᠥᠷᠥᠯ ᠢᠯᠭᠠᠯ ᠤᠨ | ᠠᠵᠢᠯ ᠤᠨ ᠪᠠᠶᠢᠷᠢ ᠳᠣᠲᠣᠷ᠎ᠠ᠂ ᠳᠡᠭᠡᠷ᠎ᠡ ᠠᠵᠢᠯ ᠤᠨ ᠪᠠᠶᠢᠷᠢ ᠠᠴᠠ ᠳᠣᠣᠷ᠎ᠠ ᠠᠵᠢᠯ ᠤᠨ ᠪᠠᠶᠢᠷᠢ ᠵᠦᠭ᠂ | ᠵᠥᠪᠰᠢᠶᠡᠷᠡᠭᠦᠯᠦᠭᠰᠡᠨ ᠤ ᠳᠠᠷᠠᠭ᠎ᠠ᠂ ᠳᠠᠬᠢᠨ ᠠᠵᠢᠯ ᠤᠨ ᠪᠠᠶᠢᠷᠢ ᠶᠢᠨ ᠲᠥᠷᠥᠯ ᠢᠯᠭᠠᠯ ᠠᠯᠤᠰᠯᠠᠨ ᠲᠣᠬᠢᠷᠠᠭᠤᠯᠤᠨ | ᠬᠡᠷᠡᠭᠯᠡᠵᠦ᠂ ᠡᠩ ᠤᠨ ᠶᠣᠰᠣᠭᠠᠷ ᠬᠠᠷᠠᠭᠠᠯᠵᠠᠯ ᠰᠠᠴᠠᠭᠤ ᠪᠠᠶᠢᠬᠤ ᠵᠠᠷᠴᠢᠮ ᠢ ᠶᠠᠪᠤᠭᠤᠯᠬᠤ ᠬᠡᠷᠡᠭᠲᠡᠶ᠃ ᠠᠵᠢᠯ ᠤᠨ | ᠪᠠᠶᠢᠷᠢ ᠶᠢᠨ ᠲᠠᠰ ᠤᠨ ᠳᠣᠲᠣᠷ᠎ᠠ ᠬᠠᠷᠠᠭᠠᠯᠵᠠᠭᠰᠠᠨ ᠴᠠᠯᠢᠩ ᠤᠨ ᠬᠠᠷᠠᠭᠠᠯᠵᠠᠯ ᠢ ᠪᠡᠶᠡᠯᠡᠬᠦᠯᠬᠦ ᠳᠤ᠂ ᠵᠠᠷᠴᠢᠮ | ᠳᠡᠭᠡᠷ᠎ᠡ ᠪᠠᠨ ᠱᠠᠲᠤ ᠳᠠᠷᠠᠭᠠᠯᠠᠨ ᠲᠣᠭᠲᠠᠭᠠᠯᠭᠠᠬᠤ ᠪᠦᠬᠡᠳ ᠵᠡᠷᠭᠡ ᠳᠡᠰ ᠤᠨ ᠬᠠᠮᠤᠭ ᠤᠨ ᠶᠡᠭᠡ ᠳᠡᠭᠡᠨ ᠨᠢᠭᠡ ᠳᠡᠰ | ᠳᠠᠪᠠᠭᠤᠯᠤᠨ᠎ᠠ᠃ | ︵3︶ ᠦᠯᠡᠳᠡᠭᠡᠨ ᠬᠡᠷᠡᠭᠯᠡᠬᠦ ᠠᠵᠢᠯ ᠤᠨ ᠪᠠᠶᠢᠷᠢ ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠶᠢᠨ ᠵᠦᠪᠰᠢᠶᠡᠷᠡᠯ ᠢᠶᠠᠷ ᠠᠵᠢᠯ ᠦᠢᠯᠡᠰ ᠤᠨ | ᠣᠷᠣᠨ ᠲᠤᠭ᠎ᠠ ᠶᠢ ᠡᠵᠡᠯᠡᠬᠦ ᠲᠣᠪᠴᠢᠶ᠎ᠠ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠠᠵᠢᠯ ᠢ ᠬᠢᠵᠦ ᠪᠠᠶᠢᠭ᠎ᠠ | ᠠᠵᠢᠯᠳᠠᠨ ᠤ ᠠᠵᠢᠯᠯᠠᠵᠤ ᠪᠠᠶᠢᠭ᠎ᠠ ᠨᠢᠭᠡᠴᠡᠨᠢ ᠠᠵᠢᠯ ᠤᠨ ᠪᠠᠶᠢᠷᠢ ᠲᠣᠬᠢᠷᠠᠭᠤᠯᠬᠤ ᠬᠡᠷᠡᠭᠲᠡᠶ ᠪᠥᠭᠡᠳ ᠲᠡᠭᠦᠨ ᠤ | ᠴᠠᠯᠢᠩ ᠬᠥᠯᠥᠰᠥ᠂ ᠠᠰᠠᠷᠠᠮᠵᠢ ᠵᠡᠷᠭᠡ ᠬᠠᠮᠢᠶ᠎ᠠ ᠪᠥᠬᠦᠶ ᠬᠠᠷᠠᠭᠠᠯᠵᠠᠯ ᠢ ᠣᠯᠭᠤᠨ᠎ᠠ᠃ | 3 . ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠬᠠᠮᠢᠶᠠᠷᠤᠯᠲᠠ᠄ | ︵1︶ ᠵᠢᠩᠬᠢᠨᠢ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ᠄ ᠠᠵᠢᠯ ᠤᠨ | ᠪᠠᠶᠢᠷᠢ ᠳᠤ ᠤᠷᠢᠵᠤ ᠬᠡᠷᠡᠭᠯᠡᠬᠦ ᠠᠵᠢᠯ ᠢ ᠡᠷᠬᠡᠪᠰᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠮᠦᠨ | ᠨᠡᠶᠢᠭᠡᠮ ᠲᠢᠩᠬᠢᠮ ᠤᠨ ᠴᠤᠬᠤᠯᠠᠪᠤᠷᠢᠯᠠᠭᠰᠠᠨ ᠪᠠᠶᠢᠷᠢ ᠪᠠᠶᠢᠷᠢᠯᠠᠭᠤᠯᠬᠤ ᠲᠥᠰᠦᠯ ᠤᠨ ᠶᠣᠰᠣᠭᠠᠷ᠂ ᠵᠢᠩᠬᠢᠨᠢ ᠣᠷᠣᠨ | ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠢ ᠵᠣᠬᠢᠶᠠᠨ ᠪᠠᠶᠢᠭᠤᠯᠵᠤ᠂ ᠪᠠᠶᠢᠭᠤᠯᠬᠤ ᠶᠢ | ᠵᠥᠪᠰᠢᠶᠡᠷᠡᠭᠰᠡᠨ ᠠᠵᠢᠯ ᠤᠨ ᠪᠠᠶᠢᠷᠢ ᠶᠢᠨ ᠲᠣᠭᠠᠨ ᠤ ᠳᠣᠲᠣᠷ᠎ᠠ᠂ ᠤᠷᠢᠨ ᠬᠡᠷᠡᠭᠯᠡᠬᠦ ᠵᠢᠷᠤᠮ ᠶᠣᠰᠣᠭᠠᠷ ᠤᠷᠢᠨ | ᠬᠡᠷᠡᠭᠯᠡᠵᠦ ᠪᠣᠯᠤᠨ᠎ᠠ᠃ ᠡᠭᠦᠨ ᠤ ᠳᠣᠲᠣᠷ᠎ᠠ᠄ ᠡᠯ᠎ᠡ ᠲᠦᠷᠦᠯ ᠤᠨ ᠲᠤᠰᠬᠠᠶ ᠮᠡᠷᠭᠡᠵᠢᠯ ᠤᠨ ᠠᠵᠢᠯᠲᠠᠨ ᠤᠷᠢᠵᠤ | ᠬᠡᠷᠡᠭᠯᠡᠬᠦ ᠳᠤ ᠲᠤᠰᠬᠠᠶ ᠮᠡᠷᠭᠡᠵᠢᠯ ᠤᠨ ᠰᠢᠯᠭᠠᠨ ᠲᠣᠭᠲᠠᠭᠠᠬᠤ ᠪᠠ ᠤᠷᠢᠨ ᠬᠡᠷᠡᠭᠯᠡᠬᠦ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠠᠶᠢᠬᠤ︔ ᠬᠠᠮᠢᠶᠠᠷᠤᠯᠲᠠ ᠶᠢᠨ ᠠᠵᠢᠯᠲᠠᠨ ᠨᠠᠢᠮᠠᠳᠤᠭᠠᠷ ᠳᠡᠰ ︵ᠳᠡᠳ᠋ ᠰᠠᠯᠠᠭ᠎ᠠ ᠶᠢᠨ | ᠳᠡᠰ ᠤᠨ︶ ᠠᠴᠠ ᠳᠡᠭᠡᠭᠰᠢ ᠠᠵᠢᠯᠳᠠᠨ᠂ ᠲᠤᠰᠬᠠᠶ ᠮᠡᠷᠭᠡᠵᠢᠯ ᠤᠨ ᠳᠣᠯᠣᠳᠤᠭᠠᠷ ᠳᠡᠰ ︵ᠳᠡᠳ᠋ ᠳᠡᠭᠡᠳᠦ ᠵᠡᠷᠭᠡ ᠶᠢᠨ | ᠮᠡᠷᠭᠡᠵᠢᠯ ᠤᠨ ᠴᠣᠯᠠ︶ ᠳᠡᠭᠡᠭᠰᠢ ᠬᠢᠷᠢ ᠬᠡᠮ ᠲᠠᠢ ᠬᠥᠮᠦᠰ ᠡᠷᠬᠡᠪᠰᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠪᠠᠷ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠤᠷᠢᠵᠤ ᠬᠡᠷᠡᠭᠯᠡᠬᠦ ᠬᠡᠷᠡᠭᠲᠡᠶ᠃ | ︵2︶ ᠣᠷᠣᠨ ᠲᠣᠭᠠᠨ ᠤ ᠪᠤᠰᠤ ᠲᠦᠷ ᠴᠠᠭ ᠤᠨ ᠠᠵᠢᠯᠳᠠᠨ ᠤᠷᠢᠵᠤ ᠬᠡᠷᠡᠭᠯᠡᠬᠦ᠄ ᠡᠯ᠎ᠡ ᠨᠢᠭᠡᠴᠡ ᠴᠥᠮ | ᠠᠵᠢᠯ ᠤᠨ ᠪᠠᠶᠢᠷᠢ ᠶᠢᠨ ᠲᠤᠭ᠎ᠠ ᠶᠢᠨ ᠳᠠᠪᠠᠭᠤᠯᠵᠤ᠂ ᠣᠷᠣᠨ ᠲᠣᠭᠠᠨ ᠠᠴᠠ ᠭᠠᠳᠠᠨᠠᠬᠢ ᠲᠦᠷ ᠴᠠᠭ ᠤᠨ | ᠠᠵᠢᠯᠳᠠᠨ ︵ᠤᠯᠠᠷᠢᠯ ᠤᠨ ᠠᠵᠢᠯᠲᠠᠨ ᠢ ᠪᠠᠭᠲᠠᠭᠠᠨ᠎ᠠ︶ ᠢ ᠤᠷᠢᠵᠤ ᠬᠡᠷᠡᠭᠯᠡᠵᠦ ᠪᠣᠯᠬᠤ ᠦᠭᠡᠢ᠃ ᠦᠨᠡᠬᠡᠷ | ᠠᠵᠢᠯ ᠤᠨ ᠬᠡᠷᠡᠭᠴᠡᠭᠡᠨ ᠠᠴᠠ ᠪᠣᠯᠵᠤ ᠲᠦᠷ ᠴᠠᠭ ᠤᠨ ᠠᠵᠢᠯ ᠤᠨ ᠪᠠᠶᠢᠷᠢ ᠶᠢᠨ ᠬᠥᠮᠦᠰ ᠢ ᠬᠡᠷᠡᠭᠯᠡᠬᠦ ᠳᠤ | ᠬᠦᠷᠪᠡᠯ᠂ ᠡᠯ᠎ᠡ ᠨᠢᠭᠡᠴᠡ ᠡᠷᠬᠡᠪᠰᠢ ᠬᠡᠷᠡᠭᠴᠡᠭᠡ ᠶᠢᠨ ᠮᠡᠳᠡᠭᠦᠯᠦᠯᠲᠡ ᠪᠠᠨ ᠠᠵᠢᠯᠳᠠᠨ ᠤ ᠶᠠᠪᠤᠳᠠᠯ ᠤᠨ ᠭᠠᠵᠠᠷ | ᠲᠤᠰᠢᠶᠠᠨ᠎ᠠ᠂ ᠠᠵᠢᠯᠳᠠᠨ ᠤ ᠶᠠᠪᠤᠳᠠᠯ ᠤᠨ ᠭᠠᠵᠠᠷ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠠᠭᠠᠷᠳᠠᠯᠭ᠎ᠠ ᠶᠣᠰᠣᠭᠠᠷ᠂ ᠵᠢᠩᠬᠢᠨᠢ ᠪᠠᠷ ᠠᠵᠢᠯᠯᠠᠵᠤ ᠪᠠᠶᠢᠭ᠎ᠠ ᠬᠥᠮᠦᠨ ᠤ ᠲᠤᠭ᠎ᠠ ᠪᠠ ᠠᠵᠢᠯ ᠤᠨ ᠪᠠᠶᠢᠳᠠᠯ ᠢᠶᠠᠷ | ᠯᠠᠪᠯᠠᠯᠲᠠ ᠪᠣᠯᠭᠠᠵᠤ᠂ ᠡᠯ᠎ᠡ ᠨᠢᠭᠡᠴᠡ ᠶᠢᠨ ᠲᠦᠷ ᠴᠠᠭ ᠤᠨ ᠠᠵᠢᠯᠳᠠᠨ ᠲᠤᠭ᠎ᠠ ᠬᠡᠮᠵᠢᠶ᠎ᠡ ᠶᠢ ᠳᠠᠬᠢᠨ ᠲᠣᠭᠲᠠᠭᠠᠵᠤ | ᠪᠣᠯᠤᠨ᠎ᠠ᠃ ᠳᠡᠭᠡᠭᠰᠢ ᠮᠡᠳᠡᠭᠦᠯᠦᠭᠰᠡᠨ ᠦᠭᠡᠢ ᠪᠠᠷ ᠥᠪᠡᠰᠦᠪᠡᠨ ᠤᠷᠢᠵᠤ ᠬᠡᠷᠡᠭᠯᠡᠭᠰᠡᠨ ᠪᠣᠯ ᠴᠥᠮ ᠬᠦᠴᠦᠨ ᠥᠭᠡᠢ | ᠭᠡᠵᠦ ᠦᠵᠡᠨ᠎ᠡ᠃ ᠠᠮᠤᠷ ᠲᠦᠪᠰᠢᠨ ᠢᠶᠠᠷ ᠠᠵᠢᠯᠲᠠᠨ ᠢ ᠬᠡᠷᠡᠭᠯᠡᠬᠦ ᠶᠢᠨ ᠲᠦᠯᠦᠭᠡ᠂ ᠲᠤᠰᠬᠠᠶ ᠮᠡᠷᠭᠡᠵᠢᠯ ᠤᠨ | ᠤᠷ᠎ᠠ ᠴᠢᠳᠠᠪᠤᠷᠢ ᠨᠡᠯᠢᠶᠡᠳ ᠴᠢᠩᠭ᠎ᠠ ᠤᠰᠤ᠂ ᠴᠠᠬᠢᠯᠭᠠᠨ᠂ ᠳᠤᠯᠠᠭᠠᠨ᠂ ᠮᠠᠰᠢᠨ ᠲᠡᠷᠭᠡ ᠵᠢᠯᠣᠭᠤᠳᠬᠤ ᠵᠡᠷᠭᠡ | ᠠᠵᠢᠯ ᠲᠦᠷᠦᠯ ᠢ ᠲᠣᠪᠴᠢᠶ᠎ᠠ ᠶᠢᠨ ᠠᠵᠢᠯᠳᠠᠨ ᠤ ᠶᠠᠪᠤᠳᠠᠯ ᠤᠨ ᠭᠠᠵᠠᠷ ᠠᠴᠠ ᠬᠠᠷᠢᠭᠤᠴᠠᠵᠤ᠂ | ᠴᠢᠳᠠᠪᠤᠷᠢᠲᠠᠨ ᠤ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠬᠠᠨᠳᠤᠭᠤᠯᠤᠨ ᠬᠡᠷ᠎ᠡ ᠲᠣᠭᠲᠠᠨ ᠤᠷᠢᠨ | ᠬᠡᠷᠡᠭᠯᠡᠨ᠎ᠡ᠂ ᠪᠣᠯᠪᠠᠰᠤᠷᠠᠭᠤᠯᠬᠤ᠂ ᠲᠤᠷᠰᠢᠨ ᠬᠡᠷᠡᠭᠯᠡᠬᠦ ᠵᠡᠷᠭᠡ ᠠᠷᠭ᠎ᠠ ᠪᠠᠷ ᠠᠵᠢᠯ ᠤᠨ ᠪᠠᠶᠢᠷᠢ ᠳᠤ ᠭᠠᠷᠭᠠᠬᠤ | ᠬᠡᠷᠡᠭᠲᠡᠶ᠃ ᠲᠣᠭᠲᠠᠭᠠᠯ ᠢ ᠵᠦᠷᠢᠴᠡᠵᠦ ᠡᠯ᠎ᠡ ᠵᠦᠢᠯ ᠤᠨ ᠬᠥᠮᠦᠨ ᠢ ᠥᠪᠡᠷ ᠢᠶᠠᠨ ᠤᠷᠢᠵᠤ ᠬᠡᠷᠡᠭᠯᠡᠭᠰᠡᠨ ᠪᠣᠯ | ᠬᠤᠯᠪᠣᠭᠳᠠᠯ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | 4᠂ ᠬᠥᠳᠡᠯᠮᠦᠷᠢ ᠶᠢᠨ ᠴᠠᠯᠢᠩ ᠤᠨ ᠬᠠᠮᠢᠶᠠᠷᠤᠯᠲᠠ᠄ | ︵1︶ ᠵᠢᠩᠬᠢᠨᠢ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠴᠠᠯᠢᠩ᠄ | ᠡᠯ᠎ᠡ ᠨᠢᠭᠡᠴᠡ ᠬᠥᠳᠡᠯᠮᠦᠷᠢ ᠶᠢᠨ ᠴᠠᠯᠢᠩ ᠤᠨ ᠬᠠᠮᠢᠶᠠᠷᠤᠯᠲᠠ ᠨᠢ ᠤᠯᠤᠰ ᠤᠨ ᠴᠠᠯᠢᠩ ᠲᠠᠢ ᠬᠤᠯᠪᠣᠭᠳᠠᠬᠤ | ᠲᠦᠷᠦ ᠶᠢᠨ ᠪᠤᠳᠤᠯᠭ᠎ᠠ᠂ ᠲᠣᠭᠲᠠᠭᠠᠯ ᠪᠠ ᠴᠠᠯᠢᠩ ᠤᠨ ᠪᠠᠷᠢᠮᠵᠢᠶ᠎ᠠ ᠶᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠠᠯᠢᠪᠠ ᠪᠠᠶᠢᠭᠤᠯᠤᠯᠭ᠎ᠠ ᠨᠢᠭᠡᠴᠡ᠂ ᠡᠯ᠎ᠡ ᠠᠵᠢᠯ ᠤᠨ ᠪᠠᠶᠢᠷᠢ ᠶᠢᠨ ᠠᠵᠢᠯᠳᠡᠨ ᠢ ᠲᠤᠰᠢᠶᠠᠯ ᠢ ᠨᠢ ᠳᠡᠪᠰᠢᠭᠦᠯᠬᠦ ᠪᠠ | ᠪᠠᠭᠤᠷᠠᠭᠤᠯᠬᠤ᠂ ᠲᠤᠰᠢᠶᠠᠯ ᠤᠨ ᠪᠠᠶᠢᠷᠢ ᠶᠢᠨ ᠬᠤᠪᠢᠷᠠᠯᠲᠠ᠂ ᠰᠢᠨ᠎ᠡ ᠪᠠᠷ ᠡᠯᠰᠡᠬᠦ ᠠᠵᠢᠯᠲᠠᠨ᠂ ᠵᠢᠩᠬᠢᠯᠡᠵᠦ ᠳᠡᠰ | ᠲᠤᠭᠲᠠᠭᠠᠬᠤ ᠵᠡᠷᠭᠡ ᠴᠠᠯᠢᠩ ᠢ ᠲᠣᠬᠢᠷᠠᠭᠤᠯᠬᠤ ᠴᠢᠬᠤᠯᠠ ᠲᠠᠢ ᠪᠠᠶᠢᠪᠠᠯ᠂ ᠡᠷᠬᠡᠪᠰᠢ ᠪᠡᠶ᠎ᠡ ᠶᠢᠨ ᠲᠠᠮᠢᠷ ᠤᠨ | ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠮᠦᠨ ᠨᠡᠶᠢᠭᠡᠮ ᠲᠢᠩᠬᠢᠮ ᠢᠶᠠᠷ ᠵᠥᠪᠰᠢᠶᠡᠷᠡᠭᠦᠯᠪᠡᠯ ᠰᠠᠶ᠋ᠢ | ᠪᠡᠶᠡᠯᠡᠬᠦᠯᠵᠦ ᠪᠣᠯᠤᠨ᠎ᠠ᠃ ᠡᠯ᠎ᠡ ᠨᠢᠭᠡᠴᠡ ᠨᠦᠭᠦᠳ ᠤᠯᠤᠰ ᠤᠨ ᠬᠤᠯᠪᠣᠭᠳᠠᠯ ᠪᠦᠬᠦᠢ ᠴᠠᠯᠢᠩ ᠤᠨ ᠬᠠᠮᠢᠶᠠᠷᠤᠯᠲᠠ | ᠶᠠᠪᠤᠭᠤᠯᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠵᠥᠷᠢᠴᠡᠵᠦ ᠪᠣᠯᠬᠤ ᠦᠭᠡᠢ᠂ ᠥᠪᠡᠰᠦᠪᠡᠨ | ᠳᠤᠷ᠎ᠠ ᠪᠠᠷ ᠢᠶᠠᠨ ᠬᠥᠳᠡᠯᠮᠦᠷᠢ ᠶᠢᠨ ᠴᠠᠯᠢᠩ ᠤᠨ ᠠᠵᠢᠯ ᠢ ᠬᠢᠵᠦ ᠪᠣᠯᠬᠤ ᠦᠭᠡᠢ᠃ | ︵2︶ ᠣᠷᠣᠨ ᠲᠣᠭᠠᠨ ᠤ ᠪᠤᠰᠤ ᠲᠦᠷ ᠴᠠᠭ ᠤᠨ ᠠᠵᠢᠯᠲᠠᠨ ︵ᠤᠯᠠᠷᠢᠯ ᠤᠨ ᠠᠵᠢᠯᠴᠢᠨ ᠢ ᠪᠠᠭᠲᠠᠭᠠᠨ᠎ᠠ | ︶ ᠤ ᠴᠠᠯᠢᠩ᠄ ᠬᠢᠨᠠᠨ ᠵᠥᠪᠰᠢᠶᠡᠷᠡᠭᠰᠡᠨ ᠲᠦᠷ ᠴᠠᠭ ᠤᠨ ᠠᠵᠢᠯᠲᠠᠨ ᠤ ᠴᠠᠯᠢᠩ ᠬᠥᠯᠥᠰᠥ ᠣᠯᠭᠤᠮᠵᠢ ᠶᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠰᠲ᠋ᠧᠮ ᠤᠨ | ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ ᠲᠤᠰ ᠬᠠᠮᠢᠶᠠᠷᠤᠯᠲᠠ ᠶᠢᠨ ᠠᠷᠭ᠎ᠠ ᠶᠢ ᠲᠠᠷᠬᠠᠭᠠᠭᠰᠠᠨ ᠠᠴᠠ ᠡᠬᠢᠯᠡᠨ᠂ ᠰᠢᠰᠲ᠋ᠧᠮ | ᠳᠣᠲᠣᠷᠠᠬᠢ ᠪᠣᠶ ᠪᠥᠬᠦᠶ ᠨᠢᠭᠡᠴᠡ ᠶᠢᠨ ᠣᠷᠣᠨ ᠲᠤᠭ᠎ᠠ ᠠᠴᠠ ᠭᠠᠳᠠᠨᠠᠬᠢ ᠲᠦᠷ ᠴᠠᠭ ᠤᠨ ᠠᠵᠢᠯᠳᠠᠨ ᠤ ᠴᠠᠯᠢᠩ | ᠢ ᠤᠯᠠᠷᠢᠯ ᠪᠦᠷᠢ ᠡᠷᠬᠡᠪᠰᠢ ᠲᠣᠪᠴᠢᠶ᠎ᠠ ᠪᠠ ᠠᠵᠢᠯᠳᠠᠨ ᠤ ᠶᠠᠪᠤᠳᠠᠯ ᠤᠨ ᠭᠠᠵᠠᠷ ᠬᠢᠨᠠᠨ ᠵᠥᠪᠰᠢᠶᠡᠷᠡᠭᠰᠡᠨ ᠤ | ᠲᠠᠷᠠᠭ᠎ᠠ ᠪᠡᠶ᠎ᠡ ᠶᠢᠨ ᠲᠠᠮᠢᠷ ᠤᠨ ᠠᠵᠤ ᠠᠬᠤᠶ ᠶᠢᠨ ᠭᠠᠵᠠᠷ ᠠᠴᠠ ᠬᠢᠨᠠᠨ ᠬᠠᠷᠭᠤᠭᠤᠯᠵᠤ ᠣᠯᠭᠤᠳᠠᠭ᠃ | ᠲᠥᠷᠪᠡ᠂ ᠪᠣᠳᠠᠲᠠᠶ ᠱᠠᠭᠠᠷᠳᠠᠯᠭ᠎ᠠ | ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠬᠦᠯᠬᠦ ᠪᠣᠯ ᠤᠯᠤᠰ ᠪᠠ ᠥᠪᠡᠷᠲᠡᠭᠡᠨ | ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠬᠢᠭᠡᠳ ᠴᠢᠬᠤᠯᠠ ᠵᠠᠩᠭᠢᠯᠠᠭ᠎ᠠ ᠮᠥᠨ᠂ ᠲᠣᠪᠴᠢᠶ᠎ᠠ ᠶᠢᠨ | ᠰᠢᠰᠲ᠋ᠧᠮ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠡᠯ᠎ᠡ ᠵᠦᠢᠯ ᠤᠨ ᠠᠵᠢᠯ | ᠢ ᠡᠮᠬᠢ ᠵᠢᠷᠤᠮ ᠲᠠᠢ ᠶᠠᠪᠤᠭᠳᠠᠭᠤᠯᠵᠤ᠂ ᠡᠯ᠎ᠡ ᠵᠦᠢᠯ ᠤᠨ ᠭᠤᠣᠯ ᠠᠵᠢᠯ ᠢ ᠨᠡᠩ ᠰᠠᠶᠢᠨ ᠪᠡᠶᠡᠯᠡᠭᠦᠯᠬᠦ ᠰᠠᠭᠤᠷᠢ | ᠪᠠᠲᠤᠯᠠᠭ᠎ᠠ ᠮᠥᠨ᠃ ᠡᠯ᠎ᠡ ᠰᠢᠭᠤᠳ ᠬᠠᠷᠢᠶ᠎ᠠ ᠨᠢᠭᠡᠴᠡ ᠂ ᠢᠯᠠᠩᠭᠤᠶ᠎ᠠ ᠡᠯ᠎ᠡ ᠨᠢᠭᠡᠴᠡ ᠶᠢᠨ ᠭᠤᠣᠯ | ᠤᠳᠤᠷᠢᠳᠤᠯᠭ᠎ᠠ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ | ᠰᠤᠷᠤᠯᠴᠠᠨ᠂ ᠪᠣᠳᠠᠲᠠᠶ ᠠᠵᠢᠯ ᠤᠨ ᠳᠤᠮᠳᠠ ᠪᠠᠨ ᠨᠠᠷᠢᠨ ᠬᠢᠨᠠᠮᠠᠭᠠᠶ ᠬᠡᠷᠡᠭᠵᠢᠭᠦᠯᠵᠦ ᠨᠠᠶᠢᠳᠠᠪᠤᠷᠢᠵᠢᠭᠤᠯᠬᠤ ᠶᠢ | ᠬᠦᠰᠡᠵᠦ ᠪᠠᠶᠢᠨ᠎ᠠ᠃ | ᠲᠤᠰ ︽ᠠᠷᠭ᠎ᠠ︾ ᠶᠢ ᠲᠠᠶᠢᠯᠪᠤᠷᠢᠯᠠᠬᠤ ᠡᠷᠬᠡ ᠨᠢ ᠪᠡᠶ᠎ᠡ ᠶᠢᠨ ᠲᠠᠮᠢᠷ ᠤᠨ ᠲᠣᠪᠴᠢᠶ᠎ᠠ ᠪᠠ ᠠᠵᠢᠯᠳᠠᠨ ᠤ | ᠶᠠᠪᠤᠳᠠᠯ ᠤᠨ ᠭᠠᠵᠠᠷ ᠪᠠᠶᠢᠨ᠎ᠠ᠃ | | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠠᠵᠢᠯᠳᠠᠨ ᠤ ᠶᠠᠪᠤᠳᠠᠯ ᠤᠨ ᠭᠠᠵᠠᠷ | 2011 ᠣᠨ ᠤ 3 ᠰᠠᠷ᠎ᠠ ᠶᠢᠨ 10 ᠤ ᠡᠳᠦᠷ |