ᠡᠯ᠎ᠡ ᠰᠢᠭᠤᠳ ᠬᠠᠷᠢᠶ᠎ᠠ ᠨᠢᠭᠡᠴᠡ ᠳᠤ᠄ | ᠲᠣᠪᠴᠢᠶ᠎ᠠ ᠰᠢᠰᠲ᠋ᠧᠮ ᠤᠨ ᠡᠯ᠎ᠡ ᠨᠢᠭᠡᠴᠡ ᠶᠢᠨ ᠠᠵᠢᠯᠴᠢᠨ ᠬᠡᠷᠡᠭᠯᠡᠬᠦ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠳᠥᠷ ᠴᠠᠭ ᠤᠨ ᠠᠵᠢᠯᠴᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠦᠯᠦᠭᠡ | ᠂ 2011 ᠣᠨ ᠤ 5 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠰᠲ᠋ᠧᠮ ᠤᠨ ᠣᠷᠣᠨ | ᠲᠣᠭᠠᠨ ᠠᠴᠠ ᠭᠠᠳᠠᠨᠠᠬᠢ ᠤᠷᠢᠵᠤ ᠬᠡᠷᠡᠭᠯᠡᠬᠦ ᠲᠦᠷ ᠴᠠᠭ ᠤᠨ ᠠᠵᠢᠯᠳᠠᠨ ᠤ ᠴᠠᠯᠢᠩ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠪᠠᠭᠤᠯᠭᠠᠵᠤ᠂ ᠬᠤᠶᠠᠷ ᠵᠢᠯ ᠤᠨ ᠲᠤᠷᠰᠢ ᠡᠯ᠎ᠡ | ᠨᠢᠭᠡᠴᠡ ᠴᠥᠮ ᠴᠢᠩᠭ᠎ᠠ ᠲᠤᠷᠰᠢᠨ ᠬᠡᠷᠡᠭᠵᠢᠬᠦᠯᠵᠡᠢ᠃ ᠠᠵᠢᠯᠯᠠᠭᠠᠨ ᠤ ᠳᠤᠮᠳᠠᠬᠢ ᠡᠯ᠎ᠡ ᠨᠢᠭᠡᠴᠡ ᠶᠢᠨ ᠲᠦᠷ | ᠴᠠᠭ ᠤᠨ ᠠᠵᠢᠯᠴᠢᠨ ᠬᠡᠷᠡᠭᠯᠡᠵᠦ ᠪᠣᠳᠠᠲᠤ ᠪᠠᠶᠢᠳᠠᠯ ᠪᠠ ᠰᠢᠨ᠎ᠡ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ | ᠵᠢᠩᠬᠢᠨᠢ ᠪᠠᠷ ᠬᠡᠷᠡᠭᠵᠢᠭᠦᠯᠬᠦ ᠶᠢ ᠦᠨᠳᠦᠰᠦᠯᠡᠵᠦ᠂ ᠣᠳᠣᠬᠠᠨ ᠤ ᠨᠠᠮ ᠤᠨ ᠣᠯᠠᠨ ᠲᠦᠮᠡᠨᠴᠢ ᠱᠤᠭᠤᠮ ᠤᠨ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠰ ᠲᠤᠷᠰᠢᠨ | ᠬᠡᠷᠡᠭᠵᠢᠭᠦᠯᠬᠦ ᠠᠷᠭ᠎ᠠ ᠶᠢᠨ ᠲᠤᠬᠠᠢ ᠳᠠᠬᠢᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠰᠤᠳᠤᠯᠤᠨ ᠵᠦᠪᠰᠢᠶᠡᠷᠡᠯ ᠢᠶᠠᠷ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ | ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠰᠢᠰᠲ᠋ᠧᠮ ᠤᠨ ᠣᠷᠣᠨ ᠲᠣᠭᠠᠨ ᠠᠴᠠ ᠭᠠᠳᠠᠨᠠᠬᠢ ᠤᠷᠢᠵᠤ ᠬᠡᠷᠡᠭᠯᠡᠬᠦ ᠳᠥᠷ ᠴᠠᠭ ᠤᠨ | ᠠᠵᠢᠯᠴᠢᠨ ᠤ ᠬᠠᠮᠢᠶᠠᠷᠤᠯᠲᠠ ᠶᠢᠨ ᠠᠷᠭ᠎ᠠ︾ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ | 2013 ᠣᠨ ᠤ 11 ᠰᠠᠷ᠎ᠠ ᠶᠢᠨ 5 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠰᠢᠰᠲ᠋ᠧᠮ ᠤᠨ ᠣᠷᠣᠨ ᠲᠣᠭᠠᠨ ᠠᠴᠠ ᠭᠠᠳᠠᠨᠠᠬᠢ ᠤᠷᠢᠵᠤ ᠬᠡᠷᠡᠭᠯᠡᠬᠦ ᠲᠦᠷ ᠴᠠᠭ ᠤᠨ ᠠᠵᠢᠯᠲᠠᠨ ᠤ | ᠬᠠᠮᠢᠶᠠᠷᠤᠯᠲᠠ ᠶᠢᠨ ᠠᠷᠭ᠎ᠠ | | | ᠲᠣᠪᠴᠢᠶ᠎ᠠ ᠰᠢᠰᠲ᠋ᠧᠮ ᠤᠨ ᠡᠯ᠎ᠡ ᠨᠢᠭᠡᠴᠡ ᠶᠢᠨ ᠤᠷᠢᠵᠤ ᠬᠡᠷᠡᠭᠯᠡᠬᠦ ᠣᠷᠣᠨ ᠲᠣᠭᠠᠨ ᠠᠴᠠ ᠭᠠᠳᠠᠨᠠᠬᠢ ᠳᠥᠷ | ᠴᠠᠭ ᠤᠨ ᠠᠵᠢᠯᠴᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ | ᠨᠢᠭᠡᠴᠡ ᠶᠢᠨ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳᠦᠷ ᠲᠤᠳᠤᠮ ᠤᠨ ᠠᠵᠢᠯ ᠢ ᠪᠠᠲᠤᠯᠠᠬᠤ | ᠪᠥᠭᠡᠳ ᠥᠨᠳᠥᠷ ᠦᠷ᠎ᠡ ᠪᠦᠲᠦᠮᠵᠢ ᠲᠠᠢ ᠪᠠᠶᠢᠯᠭᠠᠬᠤ ᠶᠢ ᠪᠠᠲᠤᠯᠠᠵᠤ᠂ ᠲᠣᠪᠴᠢᠶ᠎ᠠ ᠰᠢᠰᠲ᠋ᠧᠮ ᠤᠨ ᠲᠦᠷ ᠴᠠᠭ ᠤᠨ | ᠠᠵᠢᠯᠴᠢᠨ ᠤ ᠨᠢᠭᠡᠳᠦᠯᠲᠡᠶ ᠴᠠᠯᠢᠩ ᠬᠥᠯᠥᠰᠥ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ | ᠲᠡᠭᠦᠯᠳᠡᠷᠵᠢᠭᠦᠯᠵᠦ᠂ ᠵᠠᠷᠤᠯᠭ᠎ᠠ ᠪᠠᠨ ᠠᠷᠪᠢᠯᠠᠨ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠠᠭᠠᠷᠳᠠᠯᠭ᠎ᠠ ᠶᠣᠰᠣᠭᠠᠷ᠂ ᠡᠳᠦᠭᠡ 2011 ᠣᠨ ᠳᠤ ᠪᠠᠭᠤᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠰᠲ᠋ᠧᠮ ᠤᠨ ᠣᠷᠣᠨ ᠲᠣᠭᠠᠨ ᠠᠴᠠ ᠭᠠᠳᠠᠨᠠᠬᠢ | ᠤᠷᠢᠵᠤ ᠬᠡᠷᠡᠭᠯᠡᠬᠦ ᠲᠦᠷ ᠴᠠᠭ ᠤᠨ ᠬᠥᠮᠦᠰ ᠤᠨ ᠴᠠᠯᠢᠩ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ᠳᠤ ᠲᠠᠬᠢᠨ ᠵᠠᠰᠠᠪᠤᠷᠢ ᠣᠷᠣᠭᠤᠯᠵᠤ᠂ ᠲᠤᠰ ᠠᠷᠭ᠎ᠠ ᠶᠢ ᠲᠣᠭᠲᠠᠭᠠᠪᠠ᠃ | ᠨᠢᠭᠡ᠂ ᠦᠨᠳᠦᠰᠦᠨ ᠵᠠᠷᠴᠢᠮ | ︵ᠨᠢᠭᠡ︶ ᠡᠯ᠎ᠡ ᠨᠢᠭᠡᠴᠡ ᠶᠢᠨ ᠤᠷᠢᠵᠤ ᠬᠡᠷᠡᠭᠯᠡᠬᠦ ᠲᠦᠷ ᠴᠠᠭ ᠤᠨ ᠠᠵᠢᠯᠴᠢᠨ ᠢ ᠡᠷᠬᠡᠪᠰᠢ ᠴᠢᠩᠭ᠎ᠠ | ᠬᠢᠵᠠᠭᠠᠷᠯᠠᠵᠤ᠂ ᠲᠦᠷ ᠴᠠᠭ ᠤᠨ ᠠᠵᠢᠯᠴᠢᠨ ᠬᠡᠷᠡᠭᠯᠡᠬᠦ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠷᠢᠵᠤ | ᠬᠡᠷᠡᠭᠯᠡᠬᠦ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠬᠢᠨᠠᠮᠠᠭᠠᠢ ᠬᠢᠬᠦ ᠬᠡᠷᠡᠭᠲᠡᠶ᠃ | ︵ᠬᠤᠶᠠᠷ︶ ᠡᠯ᠎ᠡ ᠨᠢᠭᠡᠴᠡ ᠲᠦᠷ ᠴᠠᠭ ᠤᠨ ᠠᠵᠢᠯᠴᠢᠨ ᠤ ᠬᠡᠷᠡᠭᠯᠡᠯᠲᠡ ᠳᠤ ᠠᠵᠢᠯ ᠤᠨ ᠪᠠᠶᠢᠷᠢ | ᠲᠣᠭᠲᠠᠭᠠᠬᠤ ᠬᠠᠮᠢᠶᠠᠷᠤᠯᠲᠠ ᠶᠢ ᠬᠡᠷᠡᠭᠵᠢᠬᠦᠯᠦᠨ᠎ᠡ᠂ ᠲᠤᠬᠠᠶᠢᠯᠠᠪᠠᠯ᠄ ᠡᠯ᠎ᠡ ᠨᠢᠭᠡᠴᠡ ᠶᠢᠨ ᠲᠦᠷ ᠴᠠᠭ ᠤᠨ | ᠠᠵᠢᠯᠴᠢᠨ ᠬᠡᠷᠡᠭᠯᠡᠬᠦ ᠮᠡᠳᠡᠬᠦᠯᠦᠯᠲᠡ ᠳᠤ ᠡᠷᠬᠡᠪᠰᠢ ᠲᠦᠷ ᠴᠠᠭ ᠤᠨ ᠠᠵᠢᠯᠴᠢᠨ ᠤ ᠠᠵᠢᠯ ᠤᠨ ᠪᠠᠶᠢᠷᠢ᠂ | ᠠᠵᠢᠯ ᠤᠨ ᠪᠠᠶᠢᠷᠢ ᠶᠢᠨ ᠡᠭᠦᠷᠭᠡ ᠲᠤᠰᠢᠶᠠᠯ ᠪᠠ ᠠᠵᠢᠯ ᠤᠨ ᠬᠡᠮᠵᠢᠶ᠎ᠡ ᠶᠢ ᠲᠤᠳᠤᠷᠬᠠᠶᠢᠯᠠᠬᠤ ᠬᠡᠷᠡᠭᠲᠡᠢ᠃ | ︵ᠭᠤᠷᠪᠠ︶ ᠣᠷᠣᠨ ᠲᠤᠭ᠎ᠠ ᠬᠤᠭᠤᠰᠣᠨ ᠪᠠᠶᠢᠭ᠎ᠠ ᠨᠢᠭᠡᠴᠡ ᠵᠠᠷᠴᠢᠮ ᠳᠡᠭᠡᠷ᠎ᠡ ᠪᠠᠨ ᠲᠦᠷ ᠴᠠᠭ ᠤᠨ | ᠠᠵᠢᠯᠴᠢᠨ ᠤᠷᠢᠨ ᠬᠡᠷᠡᠭᠯᠡᠵᠦ ᠪᠣᠯᠬᠤ ᠦᠭᠡᠢ᠂ ᠦᠨᠡᠬᠡᠷ ᠠᠵᠢᠯ ᠤᠨ ᠱᠠᠭᠠᠷᠳᠠᠯᠭ᠎ᠠ ᠲᠠᠢ ᠪᠣᠯ᠂ ᠨᠠᠮ ᠤᠨ ᠠᠵᠢᠯ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠪᠠᠲᠤᠯᠠᠭᠰᠠᠨ ᠤᠷᠢᠲᠠᠯ ᠤᠨ ᠳᠣᠣᠷ᠎ᠠ᠂ ᠵᠣᠬᠢᠬᠤ ᠲᠣᠭᠠᠨ ᠤ ᠲᠦᠷ | ᠴᠠᠭ ᠤᠨ ᠠᠵᠢᠯᠴᠢᠨ ᠬᠡᠷᠡᠭᠯᠡᠬᠦ ᠶᠢ ᠵᠥᠪᠰᠢᠶᠡᠷᠡᠨ᠎ᠡ᠂ ᠭᠡᠪᠡᠴᠦ ᠡᠷᠬᠡᠪᠰᠢ ᠭᠤᠶᠤᠴᠢᠯᠠᠯ ᠭᠠᠷᠭᠠᠬᠤ ᠶᠢᠨ ᠬᠠᠮᠲᠤ | ᠵᠥᠪᠰᠢᠶᠡᠷᠡᠭᠦᠯᠦᠭᠰᠡᠨ ᠤ ᠳᠠᠷᠠᠭ᠎ᠠ᠂ ᠬᠢᠨᠠᠨ ᠲᠣᠭᠲᠠᠭᠠᠭᠰᠠᠨ ᠲᠤᠭ᠎ᠠ ᠬᠡᠮᠵᠢᠶ᠎ᠡ ᠳᠣᠲᠣᠷ᠎ᠠ ᠲᠦᠷ ᠴᠠᠭ ᠤᠨ | ᠠᠵᠢᠯᠴᠢᠨ ᠢ ᠤᠷᠢᠵᠤ ᠬᠡᠷᠡᠭᠯᠡᠬᠦ ᠬᠡᠷᠡᠭᠲᠡᠢ᠃ | ︵ᠲᠦᠷᠪᠡ︶ ᠡᠯ᠎ᠡ ᠨᠢᠭᠡᠴᠡ ᠶᠢᠨ ᠣᠷᠣᠨ ᠲᠤᠭ᠎ᠠ ᠪᠠ ᠠᠵᠢᠯ ᠤᠨ ᠪᠠᠶᠢᠷᠢ ᠲᠣᠭᠲᠠᠭᠠᠭᠳᠠᠭᠰᠠᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠪᠠᠶᠢᠷᠢ ᠳᠤ᠂ ᠵᠢᠱᠢᠶᠡᠯᠡᠪᠡᠯ᠂ ᠠᠯᠪᠠᠨ ᠭᠡᠷ ᠤᠨ ᠨᠠᠷᠢᠨ ᠪᠢᠴᠢᠭᠡᠴᠢ᠂ ᠡᠳ᠋ ᠤᠨ | ᠶᠠᠪᠤᠳᠠᠯ ᠪᠠ ᠨᠢᠭᠲᠠᠯᠠᠨ ᠪᠤᠳᠤᠬᠤ ᠬᠥᠮᠦᠨ᠂ ᠠᠵᠢᠯᠳᠠᠨ ᠤ ᠶᠠᠪᠤᠳᠠᠯ ᠤᠨ ᠺᠠᠳ᠋ᠷ᠂ ᠨᠠᠷᠢᠨ ᠪᠢᠴᠢᠭᠡᠴᠢ᠂ ᠠᠵᠢᠯᠳᠠᠨ ᠤ | ᠶᠠᠪᠤᠳᠠᠯ ᠤᠨ ᠳᠠᠩᠰᠠ ᠡᠪᠬᠡᠮᠡᠯ᠂ ᠣᠨᠴᠠᠭᠠᠶ ᠪᠠᠭᠠᠵᠢ ᠬᠡᠷᠡᠭᠰᠡᠯ ᠢ ᠬᠠᠮᠢᠶᠠᠷᠬᠤ ᠠᠵᠢᠯ ᠤᠨ ᠪᠠᠶᠢᠷᠢ ᠵᠡᠷᠭᠡ ᠳᠤ ᠲᠦᠷ | ᠴᠠᠭ ᠤᠨ ᠠᠵᠢᠯᠳᠠᠨ ᠢ ᠴᠥᠮ ᠬᠡᠷᠡᠭᠯᠡᠵᠦ ᠪᠣᠯᠬᠤ ᠤᠢᠭᠡᠢ᠂ ᠨᠢᠭᠡᠨᠲᠡ ᠤᠷᠢᠵᠤ ᠬᠡᠷᠡᠭᠯᠡᠭᠰᠡᠨ ᠨᠢ ᠡᠷᠬᠡᠪᠰᠢ ᠵᠣᠬᠢᠬᠤ | ᠬᠤᠭᠤᠴᠠᠭᠠᠨ ᠳᠣᠲᠣᠷ᠎ᠠ ᠥᠪᠡᠰᠦᠪᠡᠨ ᠰᠢᠢᠳᠪᠦᠷᠢᠯᠡᠨ᠎ᠡ᠃ | ︵ᠲᠠᠪᠤ︶ ᠠᠩᠬ᠎ᠠ ᠤᠳᠠᠭ᠎ᠠ ᠤᠷᠢᠵᠤ ᠬᠡᠷᠡᠭᠯᠡᠬᠦ ᠲᠦᠷ ᠴᠠᠭ ᠤᠨ ᠠᠵᠢᠯᠴᠢᠨ ᠤ ᠴᠥᠮ ᠲᠤᠷᠰᠢᠨ ᠬᠡᠷᠡᠭᠯᠡᠬᠦ | ᠬᠤᠭᠤᠴᠠᠭ᠎ᠠ ᠨᠢ 1 ᠰᠠᠷ᠎ᠠ ᠪᠠᠶᠢᠵᠤ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ᠂ | ᠠᠵᠢᠯ ᠤᠨ ᠢᠯᠡᠷᠡᠯ ᠂ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠳᠦᠰᠦᠯᠡᠨ ᠦᠷᠭᠦᠯᠵᠢᠯᠡᠨ ᠦᠯᠡᠳᠡᠭᠡᠨ | ᠬᠡᠷᠡᠭᠯᠡᠬᠦ ᠡᠰᠡᠬᠦ ᠶᠢ ᠲᠣᠭᠲᠠᠭᠠᠨ᠎ᠠ᠃ | ︵ᠵᠢᠷᠭᠤᠭ᠎ᠠ︶ ᠡᠯ᠎ᠡ ᠨᠢᠭᠡᠴᠡ ᠲᠦᠷ ᠴᠠᠭ ᠤᠨ ᠠᠵᠢᠯᠴᠢᠨ ᠤᠷᠢᠵᠤ ᠬᠡᠷᠡᠭᠯᠡᠬᠦ ᠳᠤ ᠬᠠᠤᠯᠢ ᠶᠣᠰᠣᠨ ᠤ ᠂ | ᠲᠦᠪ ᠭᠤᠣᠯᠴᠢ᠂ ᠡᠷᠬᠡ ᠲᠡᠭᠰᠢ᠂ ᠰᠠᠶᠢᠨ ᠳᠤᠷ᠎ᠠ ᠶᠢᠨ᠂ ᠵᠥᠪᠳᠡᠯᠴᠡᠨ ᠨᠢᠭᠡᠳᠬᠦ᠂ ᠦᠨᠡᠨᠴᠢ ᠢᠲᠡᠭᠡᠮᠵᠢᠲᠡᠶ | ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠭᠡᠷ᠎ᠡ ᠶᠢᠨ ᠲᠤᠰ ᠬᠦᠮᠦᠨ ᠲᠠᠢ ᠤᠷᠢᠨ ᠬᠡᠷᠡᠭᠯᠡᠬᠦ ᠭᠡᠷ᠎ᠡ ᠶᠢ ᠬᠢᠨᠠᠨ ᠲᠣᠭᠲᠠᠭᠠᠬᠤ | ᠬᠡᠷᠡᠭᠲᠡᠢ᠃ ᠠᠩᠬᠠᠨ ᠤ ᠤᠳᠠᠭ᠎ᠠ ᠤᠷᠢᠵᠤ ᠬᠡᠷᠡᠭᠯᠡᠬᠦ ᠭᠡᠷ᠎ᠡ ᠶᠢᠨ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ ᠬᠤᠶᠠᠷ | ᠵᠢᠯ ᠠᠴᠠ ᠬᠡᠲᠦᠷᠡᠭᠦᠯᠵᠦ ᠪᠣᠯᠬᠤ ᠦᠭᠡᠢ᠃ | ᠬᠤᠶᠠᠷ᠂ ᠬᠢᠨᠠᠨ ᠲᠣᠭᠲᠠᠭᠠᠭᠰᠠᠨ ᠠᠵᠢᠯᠴᠢᠨ ᠬᠡᠷᠡᠭᠯᠡᠬᠦ ᠲᠥᠯᠥᠪᠯᠡᠭᠡ | ᠡᠯ᠎ᠡ ᠨᠢᠭᠡᠴᠡ ᠶᠢᠨ ᠣᠷᠣᠨ ᠲᠤᠭ᠎ᠠ ᠪᠣᠯᠤᠨ ᠪᠦᠲᠦᠴᠡ ᠶᠢᠨ ᠪᠠᠶᠢᠳᠠᠯ ᠢ ᠲᠤᠭ᠎ᠠ ᠶᠢ ᠦᠨᠳᠦᠰᠦᠯᠡᠨ᠂ | ᠤᠤᠯ ᠤᠨ ᠬᠢᠨᠠᠨ ᠲᠣᠭᠲᠠᠭᠠᠭᠰᠠᠨ ᠠᠵᠢᠯᠴᠢᠨ ᠬᠡᠷᠡᠭᠯᠡᠬᠦ ᠲᠤᠭ᠎ᠠ ᠬᠡᠮᠵᠢᠶ᠎ᠡ ᠳᠡᠭᠡᠷ᠎ᠡ᠂ ᠲᠠᠬᠢᠨ ᠠᠵᠢᠯᠴᠢᠨ ᠬᠡᠷᠡᠭᠯᠡᠬᠦ | ᠲᠥᠯᠥᠪᠯᠡᠭᠡ ᠢ ᠬᠢᠨᠠᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠲᠤᠰ ᠨᠢᠭᠡᠴᠡ ᠶᠢᠨ ᠣᠷᠣᠨ ᠲᠤᠭ᠎ᠠ ᠶᠢᠨ 10% | ᠬᠢᠨᠠᠨ ᠲᠣᠭᠲᠠᠭᠠᠭᠰᠠᠨ ᠲᠤᠭ᠎ᠠ ᠪᠠᠷ ᠪᠣᠳᠤᠨ᠎ᠠ᠃ ᠤᠯᠠᠷᠢᠯ ᠤᠨ ᠠᠵᠢᠯᠲᠠᠨ ᠢ ᠲᠦᠷᠦᠭᠦᠦ ᠵᠢᠯ ᠤᠨ ᠪᠣᠳᠠᠲᠠᠶ | ᠬᠡᠷᠡᠭᠯᠡᠭᠰᠡᠨ ᠲᠤᠭ᠎ᠠ ᠶᠢᠨ ᠪᠠᠶᠢᠳᠠᠯ ᠢᠶᠠᠷ ᠯᠠᠪᠯᠠᠯᠲᠠ ᠪᠣᠯᠭᠠᠵᠤ ᠠᠰ ᠲᠤᠨᠢ ᠬᠢᠨᠠᠨ ᠲᠣᠭᠲᠠᠭᠠᠨ᠎ᠠ᠃ 2013 ᠣᠨ | ᠳᠤ ᠠᠵᠢᠯᠴᠢᠨ ᠬᠡᠷᠡᠭᠯᠡᠬᠦ ᠲᠥᠯᠥᠪᠯᠡᠭᠡ ᠶᠢ ᠳᠠᠬᠢᠨ ᠬᠢᠨᠠᠨ ᠲᠣᠭᠲᠠᠭᠠᠭᠰᠠᠨ ᠤ ᠳᠠᠷᠠᠭ᠎ᠠ᠂ ᠵᠠᠷᠴᠢᠮ ᠳᠡᠭᠡᠷ᠎ᠡ ᠪᠠᠨ | ᠨᠢᠭᠡ ᠬᠤᠭᠤᠴᠠᠭᠠᠨ ᠳᠤ ᠲᠣᠬᠢᠷᠠᠭᠤᠯᠤᠯᠲᠠ ᠬᠢᠬᠦ ᠦᠭᠡᠢ᠂ ᠡᠯ᠎ᠡ ᠨᠢᠭᠡᠴᠡ ᠡᠷᠬᠡᠪᠰᠢ ᠴᠢᠩᠭ᠎ᠠ ᠬᠠᠮᠢᠶᠠᠷᠴᠤ᠂ | ᠠᠵᠢᠯ ᠤᠨ ᠱᠠᠭᠠᠷᠳᠠᠯᠭ᠎ᠠ ᠠᠴᠠ ᠪᠣᠯᠵᠤ ᠬᠦᠮᠦᠨ ᠨᠡᠮᠡᠬᠦ ᠴᠢᠬᠤᠯᠠ ᠲᠠᠢ ᠪᠣᠯ᠂ ᠵᠢᠯ ᠪᠦᠷᠢ ᠶᠢᠨ ᠨᠢᠭᠡᠳᠦᠭᠡᠷ ᠤᠯᠠᠷᠢᠯ | ᠳᠤ ᠲᠣᠬᠢᠷᠠᠭᠤᠯᠬᠤ ᠭᠤᠶᠤᠴᠢᠯᠠᠯ ᠬᠢᠬᠦ ᠬᠡᠷᠡᠭᠲᠡᠢ᠃ ᠬᠢᠨᠠᠨ ᠲᠣᠭᠲᠠᠭᠠᠭᠰᠠᠨ ᠲᠤᠭ᠎ᠠ ᠬᠡᠮᠵᠢᠶ᠎ᠡ ᠳᠣᠲᠣᠷ᠎ᠠ ᠲᠦᠷ | ᠴᠠᠭ ᠤᠨ ᠠᠵᠢᠯᠴᠢᠨ ᠤᠷᠢᠵᠤ ᠬᠡᠷᠡᠭᠯᠡᠬᠦ ᠪᠤᠶᠤ ᠠᠵᠢᠯᠲᠠᠨ ᠰᠣᠯᠢᠬᠤ ᠳᠤ ᠬᠦᠷᠪᠡᠯ ᠤᠯᠠᠷᠢᠯ ᠪᠦᠷᠢ ᠶᠢᠨ ᠲᠦᠷᠦᠬᠦᠦ | ᠰᠠᠷ᠎ᠠ ᠳᠤ ᠠᠵᠢᠯᠳᠠᠨ ᠤ ᠶᠠᠪᠤᠳᠠᠯ ᠤᠨ ᠭᠠᠵᠠᠷ ᠲᠤ ᠮᠡᠳᠡᠭᠦᠯᠬᠦ ᠬᠡᠷᠡᠭᠲᠡᠶ᠃ | ᠭᠤᠷᠪᠠ᠂ ᠠᠵᠢᠯ ᠤᠨ ᠪᠠᠶᠢᠷᠢ ᠶᠢᠨ ᠠᠩᠭᠢᠯᠠᠯ | ᠲᠦᠷ ᠴᠠᠭ ᠤᠨ ᠠᠵᠢᠯᠴᠢᠨ ᠨᠢ ᠭᠤᠣᠯᠳᠠᠭᠤ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠢᠵᠦ ᠪᠠᠶᠢᠭ᠎ᠠ | ᠪᠠ ᠤᠯᠠᠷᠢᠯ ᠤᠨ ᠴᠢᠨᠠᠷ ᠲᠠᠢ ᠦᠢᠯᠡᠴᠢᠯᠡᠭᠡ ᠬᠢᠳᠡᠭ ᠲᠦᠷ ᠴᠠᠭ ᠤᠷᠢᠵᠤ ᠬᠡᠷᠡᠭᠯᠡᠭᠰᠡᠨ ᠠᠵᠢᠯᠲᠠᠨ ᠢ ᠵᠢᠭᠠᠵᠤ | ᠪᠠᠶᠢᠨ᠎ᠠ᠂ ᠶᠡᠷᠦ ᠳᠡᠭᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠥᠨᠢ ᠶᠢᠨ ᠵᠢᠵᠢᠭᠦᠷ᠂ ᠬᠤᠭᠤᠯᠠ᠂ | ᠲᠡᠵᠢᠭᠡᠯᠭᠡ᠂ ᠭᠥᠸᠧᠯᠥ᠂ ᠤᠰᠤᠨ ᠴᠠᠬᠢᠯᠭᠠᠨ ᠤ ᠳᠤᠯᠠᠭᠠᠨ ᠰᠡᠯᠪᠢᠨ ᠵᠠᠰᠠᠬᠤ᠂ ᠠᠮᠤᠷ ᠲᠦᠪᠰᠢᠨ ᠢ ᠬᠠᠮᠠᠭᠠᠯᠠᠬᠤ | ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠤᠰᠤ ᠪᠤᠰᠤᠳ ᠠᠵᠢᠯ ᠤᠨ ᠪᠠᠶᠢᠷᠢ ᠶᠢ ᠵᠢᠭᠠᠳᠠᠭ᠃ ᠠᠵᠢᠯ ᠤᠨ ᠪᠠᠶᠢᠷᠢ | ᠶᠢᠨ ᠬᠦᠴᠢᠷ ᠬᠢᠯᠪᠡᠷ ᠤᠨ ᠬᠡᠮᠵᠢᠶ᠎ᠡ ᠶᠢ ᠦᠨᠳᠦᠰᠦᠯᠡᠨ ᠲᠦᠷ ᠴᠠᠭ ᠤᠨ ᠠᠵᠢᠯᠴᠢᠨ ᠤ ᠠᠵᠢᠯ ᠤᠨ ᠪᠠᠶᠢᠷᠢ ᠶᠢ | 3 ᠲᠥᠷᠥᠯ ᠳᠤ ᠬᠤᠪᠢᠶᠠᠨ᠎ᠠ᠃ | ︵ᠨᠢᠭᠡ︶ ᠡᠩ ᠤᠨ ᠠᠵᠢᠯ ᠤᠨ ᠪᠠᠶᠢᠷᠢ᠃ ᠭᠤᠣᠯᠳᠠᠭᠤ ᠬᠢᠯᠪᠠᠷ ᠲᠥᠬᠦᠮ ᠬᠥᠳᠡᠯᠮᠦᠷᠢ ᠬᠢᠵᠦ ᠪᠠᠶᠢᠭ᠎ᠠ | ᠠᠵᠢᠯ᠂ ᠵᠢᠱᠢᠶᠡᠯᠡᠪᠡᠯ᠂ ᠴᠡᠪᠡᠷᠯᠡᠭᠴᠢ᠂ ᠰᠥᠨᠢ ᠶᠢᠨ ᠵᠢᠵᠢᠭᠦᠷ᠂ ᠠᠮᠤᠷ ᠢ ᠬᠠᠮᠠᠭᠠᠯᠠᠬᠤ᠂ ᠬᠤᠭᠤᠯᠠᠨ ᠭᠡᠷ ᠤᠨ | ᠦᠢᠯᠡᠴᠢᠯᠡᠭᠴᠢ ᠵᠡᠷᠭᠡ᠃ | ︵ᠬᠤᠶᠠᠷ︶ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ᠃ ᠵᠣᠬᠢᠬᠤ ᠮᠡᠷᠭᠡᠵᠢᠯ ᠤᠨ ᠱᠠᠭᠠᠷᠳᠠᠯᠭ᠎ᠠ ᠲᠠᠢ | ᠠᠵᠢᠯ ᠬᠢᠬᠦ᠂ ᠵᠢᠱᠢᠶᠡᠯᠡᠪᠡᠯ᠂ ᠬᠥᠸᠧᠯᠥ ᠰᠢᠲᠠᠭᠠᠬᠤ᠂ ᠵᠢᠯᠣᠭᠤᠴᠢ᠂ ᠴᠠᠬᠢᠯᠭᠠᠨ ᠲᠧᠭᠨᠢᠭ᠂ ᠤᠰᠦᠠ ᠲᠤᠯᠡᠭᠠᠯᠠᠮᠵᠢ᠂ | ᠭᠠᠵᠠᠷ ᠲᠠᠯᠠᠪᠠᠢ ᠶᠢᠨ ᠠᠵᠢᠯᠲᠠᠨ ᠵᠡᠷᠭᠡ᠃ | ︵ᠭᠤᠷᠪᠠ︶ ᠨᠡᠯᠢᠶᠡᠳ ᠴᠢᠬᠤᠯᠠ ᠠᠵᠢᠯ ᠤᠨ ᠪᠠᠶᠢᠷᠢ᠃ ᠵᠢᠱᠢᠶᠡᠯᠡᠪᠡᠯ᠄ ᠡᠯ᠎ᠡ ᠪᠣᠯᠪᠠᠰᠤᠷᠠᠯ ᠤᠨ ᠲᠦᠪ ᠤᠨ | ᠭᠤᠣᠯ ᠲᠣᠭᠤᠭᠠᠴᠢ᠂ ᠮᠣᠷᠢ ᠠᠷᠠᠴᠢᠯᠠᠭᠴᠢ᠂ ᠪᠡᠶ᠎ᠡ ᠴᠢᠭᠢᠷᠠᠭᠵᠢᠭᠤᠯᠬᠤ ᠰᠤᠷᠭᠠᠭᠴᠢ᠂ ᠣᠨᠴᠠ ᠲᠦᠷᠦᠯ ᠤᠨ ᠲᠡᠷᠭᠡ | ᠬᠥᠰᠬᠡ ᠶᠢᠨ ᠵᠢᠯᠣᠭᠤᠴᠢ ᠵᠡᠷᠭᠡ᠃ | ᠳᠦᠷᠪᠡ᠂ ᠠᠵᠢᠯᠴᠢᠨ ᠬᠡᠷᠡᠭᠯᠡᠬᠦ ᠬᠠᠷᠠᠭᠠᠯᠵᠠᠯ | ︵ᠨᠢᠭᠡ︶ ᠲᠦᠷ ᠴᠠᠭ ᠤᠨ ᠠᠵᠢᠯᠴᠢᠨ ᠤ ᠴᠠᠯᠢᠩ ᠤᠨ ᠪᠠᠷᠢᠮᠵᠢᠶ᠎ᠠ ᠶᠢ ᠢ ᠲᠣᠭᠲᠠᠭᠠᠬᠤ ᠳᠤ ᠰᠢᠰᠲ᠋ᠧᠮ | ᠤᠨ ᠳᠣᠲᠣᠷᠠᠬᠢ ︽ᠠᠳᠠᠯᠢ ᠠᠵᠢᠯ ᠠᠳᠠᠯᠢ ᠬᠥᠯᠥᠰᠥ ᠬᠠᠷᠠᠮᠵᠢ ᠣᠯᠭᠤᠬᠤ᠂ ᠠᠳᠠᠯᠢ ᠠᠵᠢᠯ ᠤᠨ ᠪᠠᠶᠢᠷᠢ ᠶᠢᠨ | ᠠᠳᠠᠯᠢ ᠪᠠᠷᠢᠮᠵᠢᠶ᠎ᠠ︾ ᠶᠢ ᠦᠨᠳᠦᠰᠦᠨ ᠳᠡᠭᠡᠨ ᠪᠡᠶᠡᠯᠡᠬᠦᠯᠬᠦ ᠬᠡᠷᠡᠭᠲᠡᠢ᠃ | ︵ᠬᠤᠶᠠᠷ︶ ᠲᠣᠪᠴᠢᠶ᠎ᠠ ᠶᠢᠨ ᠭᠤᠣᠯ ᠠᠵᠢᠯ ᠳᠤ ᠨᠡᠩ ᠰᠠᠶᠢᠨ ᠦᠢᠯᠡᠴᠢᠯᠡᠬᠦ ᠶᠢᠨ ᠲᠦᠯᠦᠭᠡ᠂ ᠳᠥᠷ | ᠴᠠᠭ ᠤᠨ ᠠᠵᠢᠯᠴᠢᠨ ᠤ ᠴᠠᠯᠢᠩ ᠣᠯᠭᠤᠮᠵᠢ ᠶᠢ ᠲᠣᠭᠲᠠᠭᠠᠬᠤ ᠦᠶ᠎ᠡ ᠳᠤ᠂ ᠡᠮᠦᠨ᠎ᠡ ᠹᠷᠣᠨᠲ ᠤᠨ ᠠᠵᠢᠯ ᠤᠨ | ᠪᠠᠶᠢᠷᠢ ᠳᠤ ᠬᠢᠵᠦ ᠪᠠᠶᠢᠭ᠎ᠠ ᠬᠥᠮᠦᠰ ᠵᠦᠭ ᠬᠡᠯᠪᠠᠶᠢᠯᠭᠡᠬᠦ ︵ᠵᠢᠱᠢᠶᠡᠯᠡᠪᠡᠯ᠄ ᠬᠥᠳᠡᠯᠭᠡᠭᠡᠨ ᠵᠤᠤᠬ᠎ᠠ ᠲᠣᠭᠤᠭᠠᠴᠢ᠂ | ᠠᠷᠠᠴᠢᠯᠠᠭᠴᠢ ᠵᠡᠷᠭᠡ︶᠃ | ︵ᠭᠤᠷᠪᠠ︶ ᠲᠦᠷ ᠴᠠᠭ ᠤᠨ ᠠᠵᠢᠯᠴᠢᠨ ᠤ ᠴᠠᠯᠢᠩ ᠢ ᠲᠣᠭᠲᠠᠭᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ | ᠬᠥᠬᠡᠬᠤᠲᠠ ᠶᠢᠨ ᠭᠠᠵᠠᠷ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ | ᠦᠭᠡᠢ ︵2013 ᠣᠨ ᠤ 10 ᠰᠠᠷ᠎ᠠ ᠠᠴᠠ ᠡᠬᠢᠯᠡᠨ 1350 ᠲᠥᠭᠦᠷᠢᠭ / ᠰᠠᠷ᠎ᠠ︶᠂ ᠳᠡᠭᠡᠷ᠎ᠡ ᠳᠤᠷᠠᠳᠤᠭᠰᠠᠨ | ᠪᠠᠷᠢᠮᠵᠢᠶ᠎ᠠ ᠶᠢᠨ ᠬᠤᠪᠢᠷᠠᠯᠲᠠ ᠶᠢ ᠳᠠᠭᠠᠯᠳᠤᠨ ᠬᠤᠶᠢᠰᠢᠳᠠ ᠲᠣᠬᠢᠷᠠᠭᠤᠯᠵᠤ ᠪᠣᠯᠤᠨ᠎ᠠ᠃ | ︵ᠳᠦᠷᠪᠡ︶ ᠬᠡᠰᠡᠭ ᠠᠵᠢᠯ ᠤᠨ ᠪᠠᠶᠢᠷᠢ ᠶᠢᠨ ᠴᠢᠬᠤᠯᠠ ᠴᠢᠨᠠᠷ᠂ ᠬᠦᠴᠢᠷ ᠬᠢᠯᠪᠠᠷ ᠤᠨ ᠬᠡᠮᠵᠢᠶ᠎ᠡ᠂ | ᠠᠵᠢᠯ ᠤᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠬᠥᠬᠡᠬᠤᠲᠠ ᠶᠢᠨ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢᠨ ᠰᠠᠭᠤᠷᠢᠨ ᠳᠡᠭᠡᠷ᠎ᠡ ᠵᠣᠬᠢᠰᠲᠠᠶ ᠨᠡᠮᠡᠭᠳᠡᠭᠦᠯᠦᠨ᠎ᠡ᠃ ᠡᠩ ᠤᠨ | ᠠᠵᠢᠯ ᠤᠨ ᠪᠠᠶᠢᠷᠢᠨ ᠳᠤ ᠨᠡᠮᠡᠭᠳᠡᠬᠦᠯᠬᠦ ᠪᠠᠷᠢᠮᠵᠢᠶ᠎ᠠ ᠨᠢ 300 ᠲᠥᠭᠦᠷᠢᠭ / ᠰᠠᠷ᠎ᠠ ᠠᠴᠠ ᠳᠠᠪᠠᠭᠤᠯᠬᠤ ᠦᠭᠡᠢ | ᠪᠠᠶᠢᠬᠤ︔ ᠮᠡᠷᠭᠡᠵᠢᠯ ᠤᠨ ᠠᠵᠢᠯᠴᠢᠨ ᠤ ᠠᠵᠢᠯ ᠤᠨ ᠪᠠᠶᠢᠷᠢ ᠳᠤ ᠨᠡᠮᠡᠭᠳᠡᠭᠦᠯᠬᠦ ᠪᠠᠷᠢᠮᠵᠢᠶ᠎ᠠ ᠨᠢ 500 | ᠲᠥᠭᠦᠷᠢᠭ ᠠᠴᠠ ᠬᠡᠲᠦᠷᠡᠬᠦ ᠥᠬᠡᠶ / ᠰᠠᠷ᠎ᠠ ᠪᠠᠶᠢᠬᠤ︔ ᠨᠡᠯᠢᠶᠡᠳ ᠴᠢᠬᠤᠯᠠ ᠠᠵᠢᠯ ᠤᠨ ᠪᠠᠶᠢᠷᠢ ᠨᠡᠮᠡᠭᠳᠡᠭᠦᠯᠬᠦ ᠶᠢᠨ | ᠪᠠᠷᠢᠮᠵᠢᠶ᠎ᠠ ᠨᠤᠷᠮ᠎ᠠ 800 ᠲᠥᠭᠦᠷᠢᠭ / ᠰᠠᠷ᠎ᠠ ᠠᠴᠠ ᠬᠡᠲᠦᠷᠡᠬᠦ ᠦᠭᠡᠢ ᠪᠠᠶᠢᠬᠤ᠃ ᠪᠣᠳᠠᠲᠠᠶ ᠳᠡᠭᠡᠭᠰᠢᠯᠡᠭᠰᠡᠨ | ᠬᠡᠮᠵᠢᠶ᠎ᠡ ᠶᠢ ᠡᠯ᠎ᠡ ᠨᠢᠭᠡᠴᠡ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠢᠨ ᠳᠣᠲᠣᠷ᠎ᠠ ᠥᠪᠡᠰᠦᠪᠡᠨ ᠴᠢᠩᠭ᠎ᠠ ᠲᠣᠭᠲᠠᠭᠠᠵᠤ | ᠂ ᠠᠵᠢᠯᠳᠠᠨ ᠤ ᠶᠠᠪᠤᠳᠠᠯ ᠤᠨ ᠭᠠᠵᠠᠷ ᠳᠠᠩᠰᠠᠯᠠᠭᠤᠯᠤᠨ ᠬᠡᠷᠡᠭᠵᠢᠭᠦᠯᠬᠦ ᠬᠡᠷᠡᠭᠲᠡᠶ᠃ | ︵ᠲᠠᠪᠤ︶ ᠮᠡᠷᠭᠡᠵᠢᠯ ᠴᠢᠳᠠᠪᠤᠷᠢ᠂ ᠮᠡᠷᠭᠡᠵᠢᠯ ᠤᠨ ᠠᠵᠢᠯ ᠤᠨ ᠪᠠᠶᠢᠷᠢ ᠳᠤ ᠪᠠᠶᠢᠬᠤ ᠪᠦᠭᠡᠳ ᠲᠤᠰᠬᠠᠶ | ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠣᠯᠤᠨ ᠡᠷᠬᠢᠯᠡᠵᠤ ᠬᠢᠬᠦ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠬᠢᠷᠢ | ᠬᠡᠮ ᠤᠨ ᠦᠨᠡᠮᠯᠡᠯ ᠣᠯᠤᠭᠰᠠᠳ ᠲᠤ ᠳᠡᠭᠡᠷ᠎ᠡ ᠳᠤᠷᠠᠳᠤᠭᠰᠠᠨ ᠴᠠᠯᠢᠩ ᠤᠨ ᠰᠠᠭᠤᠷᠢᠨ ᠳᠡᠭᠡᠷ᠎ᠡ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠪᠠᠶᠢᠳᠠᠯ ᠢ ᠦᠵᠡᠵᠦ ᠪᠠᠶᠢᠭᠠᠳ ᠴᠠᠯᠢᠩ ᠤᠨ ᠪᠠᠷᠢᠮᠵᠢᠶ᠎ᠠ ᠶᠢ ᠵᠣᠬᠢᠰᠲᠠᠶ ᠪᠠᠷ | ᠳᠡᠭᠡᠭᠰᠢᠯᠡᠭᠦᠯᠵᠦ᠂ ᠳᠡᠭᠡᠭᠰᠢᠯᠡᠭᠦᠯᠦᠭᠰᠡᠨ ᠬᠡᠰᠡᠭ ᠢ 200 ᠲᠥᠭᠦᠷᠢᠭ / ᠰᠠᠷ᠎ᠠ ᠠᠴᠠ ᠳᠠᠪᠠᠭᠤᠯᠵᠤ ᠪᠣᠯᠬᠤ | ᠦᠭᠡᠢ᠃ | ︵ᠵᠢᠷᠭᠤᠭ᠎ᠠ︶ ᠲᠦᠷ ᠴᠠᠭ ᠤᠨ ᠠᠵᠢᠯᠴᠢᠨ ᠲᠤᠷᠰᠢᠨ ᠬᠡᠷᠡᠭᠯᠡᠬᠦ ᠬᠤᠭᠤᠴᠠᠭᠠᠨ ᠤ ᠴᠠᠯᠢᠩ ᠤᠨ ᠪᠠᠷᠢᠮᠵᠢᠶ᠎ᠠ | ᠶᠢ ᠵᠠᠷᠴᠢᠮ ᠳᠡᠭᠡᠷ᠎ᠡ ᠪᠠᠨ ᠬᠥᠬᠡᠬᠤᠲᠠ ᠶᠢᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ | ᠬᠡᠷᠡᠭᠵᠢᠭᠦᠯᠵᠦ᠂ ᠡᠯ᠎ᠡ ᠨᠢᠭᠡᠴᠡ ᠪᠠᠰᠠ ᠪᠠᠶᠢᠳᠠᠯ ᠢ ᠨᠢ ᠦᠵᠡᠵᠦ ᠪᠠᠶᠢᠭᠠᠳ ᠪᠠᠭᠤᠷᠠᠭᠤᠯᠬᠤ ᠪᠤᠶᠤ ᠬᠥᠳᠡᠯᠮᠦᠷᠢ ᠶᠢᠨ | ᠭᠡᠷ᠎ᠡ ᠳᠤ ᠪᠣᠯᠵᠣᠨ ᠲᠣᠭᠲᠠᠭᠰᠠᠨ ᠴᠠᠯᠢᠩ ᠤᠨ ᠵᠠᠭᠤᠨ ᠤ ᠨᠠᠶ᠋ᠨ ᠠᠴᠠ ᠳᠣᠭᠤᠭᠰᠢ ᠪᠣᠯᠭᠠᠵᠤ ᠪᠣᠯᠤᠨ᠎ᠠ᠃ | ︵ᠳᠤᠯᠤᠭ᠎ᠠ︶ ᠣᠨᠴᠠᠭᠠᠢ ᠴᠢᠳᠠᠪᠤᠷᠢᠲᠠᠨ ᠢ ᠤᠷᠢᠨ ᠬᠡᠷᠡᠭᠯᠡᠬᠦ ᠪᠠ ᠠᠵᠢᠯ ᠤᠨ ᠪᠠᠶᠢᠷᠢ ᠶᠢᠨ ᠬᠥᠮᠦᠰ ᠤᠨ | ᠴᠠᠯᠢᠩ ᠣᠯᠭᠤᠮᠵᠢ ᠶᠢ ᠲᠤᠰ ᠨᠢᠭᠡᠴᠡ ᠨᠢ ᠲᠣᠪᠴᠢᠶ᠎ᠠ ᠪᠠ ᠠᠵᠢᠯᠳᠠᠨ ᠤ ᠶᠠᠪᠤᠳᠠᠯ ᠤᠨ ᠭᠠᠵᠠᠷ ᠲᠠᠢ ᠬᠠᠮᠲᠤ ᠪᠠᠷ | ᠵᠥᠪᠳᠡᠯᠴᠡᠨ ᠲᠣᠭᠲᠠᠭᠠᠬᠤ ᠬᠡᠷᠡᠭᠲᠡᠶ᠃ | ︵ᠨᠠᠢᠮᠠ︶ ᠡᠯ᠎ᠡ ᠨᠢᠭᠡᠴᠡ ᠶᠢᠨ ᠤᠷᠢᠵᠤ ᠬᠡᠷᠡᠭᠯᠡᠬᠦ ᠲᠦᠷ ᠴᠠᠭ ᠤᠨ ᠠᠵᠢᠯᠲᠠᠨ ᠨᠢ ᠡᠳ᠋ᠯᠡᠬᠦ ᠶᠣᠰᠣᠲᠠᠶ ᠡᠯ᠎ᠡ | ᠵᠦᠢᠯ ᠤᠨ ᠬᠥᠳᠡᠯᠮᠦᠷᠢ ᠶᠢᠨ ᠳᠠᠭᠠᠳᠬᠠᠯ ᠵᠡᠷᠭᠡ ᠶᠢ ᠡᠳ᠋ᠯᠡᠵᠦ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠃ | ᠲᠠᠪᠤ᠂ ᠬᠠᠮᠢᠶ᠎ᠠ ᠪᠥᠬᠦᠶ ᠱᠠᠭᠠᠷᠳᠠᠯᠭ᠎ᠠ | ︵ᠨᠢᠭᠡ︶ ᠲᠣᠪᠴᠢᠶ᠎ᠠ ᠶᠢᠨ ᠠᠵᠢᠯᠳᠠᠨ ᠤ ᠶᠠᠪᠤᠳᠠᠯ ᠤᠨ ᠭᠠᠵᠠᠷ ᠨᠢ ᠣᠳᠣᠬᠠᠨ ᠳᠤ ᠡᠯ᠎ᠡ ᠪᠠᠶᠢᠭᠤᠯᠭ᠎ᠠ ᠶᠢᠨ | ᠬᠡᠷᠡᠭᠯᠡᠬᠦ ᠲᠦᠷ ᠴᠠᠭ ᠤᠨ ᠠᠵᠢᠯᠴᠢᠨ ᠢ ᠲᠤᠰ ᠲᠣᠭᠲᠠᠭᠠᠯ ᠤᠨ ᠶᠣᠰᠣᠭᠠᠷ ᠠᠵᠢᠯᠴᠢᠨ ᠬᠡᠷᠡᠭᠯᠡᠬᠦ ᠲᠤᠭ᠎ᠠ ᠪᠠ | ᠴᠠᠯᠢᠩ ᠤᠨ ᠪᠠᠷᠢᠮᠵᠢᠶ᠎ᠠ ᠶᠢ ᠲᠠᠬᠢᠨ ᠬᠢᠨᠠᠨ ᠲᠣᠭᠲᠠᠭᠠᠵᠤ᠂ ᠡᠯ᠎ᠡ ᠨᠢᠭᠡᠴᠡ ᠶᠢᠨ ᠬᠢᠨ ᠳᠠᠷᠠᠭ᠎ᠠ ᠳᠠᠭᠠᠯᠳᠤᠭᠤᠯᠤᠭᠰᠠᠨ | ᠬᠦᠰᠦᠨᠦᠭᠲᠦ ᠵᠢᠴᠢ ᠱᠠᠭᠠᠷᠳᠠᠯᠭ᠎ᠠ ᠪᠠᠨ 2013 ᠣᠨ ᠤ 11 ᠰᠠᠷ᠎ᠠ ᠶᠢᠨ 15 ᠤ ᠡᠳᠦᠷ ᠠᠴᠠ ᠡᠮᠦᠨ᠎ᠡ | ᠬᠤᠷᠢᠶᠠᠩᠭᠤᠶᠢᠯᠠᠭᠰᠠᠨ ᠤ ᠲᠡᠷᠠᠭ᠎ᠠ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠲᠤᠰᠢᠶᠠᠵᠤ | ᠰᠤᠳᠤᠯᠤᠨ ᠲᠣᠭᠲᠠᠭᠠᠬᠤ ᠬᠡᠷᠡᠭᠲᠡᠶ᠃ | ︵ᠬᠤᠶᠠᠷ︶ ᠤᠷᠢᠨ ᠬᠡᠷᠡᠭᠯᠡᠬᠦ ᠭᠠᠷ ᠭᠦᠢᠴᠡᠳᠭᠡᠯ ᠪᠠ ᠵᠢᠷᠤᠮ ᠢ ᠴᠢᠩᠭ᠎ᠠ ᠬᠡᠷᠡᠭᠵᠢᠭᠦᠯᠵᠦ᠂ ᠲᠣᠪᠴᠢᠶ᠎ᠠ | ᠶᠢᠨ ᠠᠵᠢᠯᠳᠠᠨ ᠤ ᠶᠠᠪᠤᠳᠠᠯ ᠤᠨ ᠪᠠ ᠰᠠᠬᠢᠯᠭ᠎ᠠ ᠪᠠᠲᠤ ᠪᠠᠶᠢᠴᠠᠭᠠᠬᠤ ᠭᠠᠵᠠᠷ ᠠᠴᠠ ᠡᠨᠡ ᠬᠦ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠲᠠ ᠬᠢᠵᠦ᠂ ᠠᠵᠢᠯᠴᠢᠨ ᠬᠡᠷᠡᠭᠯᠡᠬᠦ ᠲᠣᠭᠲᠠᠭᠠᠯ ᠢ ᠵᠦᠷᠢᠴᠡᠵᠦ ︽ | ᠤᠷᠢᠳᠠᠪᠡᠷ ᠬᠡᠷᠡᠭᠯᠡᠵᠦ᠂ ᠰᠡᠭᠦᠯᠡᠷ ᠨᠢ ᠮᠡᠳᠡᠭᠦᠯᠵᠦ ᠵᠦᠪᠰᠢᠶᠡᠷᠡᠬᠦᠯᠦᠭᠰᠡᠨ︾ ᠪᠤᠶᠤ ᠲᠥᠯᠥᠪᠯᠡᠭᠡ ᠳᠠᠪᠠᠭᠤᠯᠤᠨ ᠲᠦᠷ | ᠴᠠᠭ ᠤᠨ ᠠᠵᠢᠯᠴᠢᠨ ᠢ ᠤᠷᠢᠵᠤ ᠬᠡᠷᠡᠭᠯᠡᠭᠰᠡᠨ ᠵᠡᠷᠭᠡ ᠪᠠᠶᠢᠳᠠᠯ ᠢ ᠢᠯᠡᠷᠡᠬᠦᠯᠪᠡᠯ᠂ ᠲᠣᠪᠴᠢᠶ᠎ᠠ ᠶᠢᠨ ᠰᠢᠰᠲ᠋ᠧᠮ ᠤᠨ | ᠲᠤᠳᠤᠷ᠎ᠠ ᠪᠠᠨ ᠵᠠᠷᠯᠠᠨ ᠰᠢᠭᠦᠮᠵᠢᠯᠡᠵᠦ᠂ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠦᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠲᠦᠷ ᠴᠠᠭ ᠤᠨ ᠠᠵᠢᠯᠴᠢᠨ ᠤ ᠴᠠᠯᠢᠩ ᠢ ᠰᠠᠷ᠎ᠠ ᠪᠦᠷᠢ ᠲᠠᠷᠬᠠᠭᠠᠬᠤ ᠬᠡᠷᠡᠭᠲᠡᠢ᠂ ᠡᠷᠬᠡᠪᠰᠢ | ᠲᠤᠰ ᠬᠥᠮᠦᠨ ᠤ ᠭᠠᠷ ᠤᠨ ᠦᠰᠦᠭ ᠵᠢᠷᠤᠭᠰᠠᠨ ᠪᠠᠶᠢᠬᠤ ᠪᠥᠭᠡᠳ ᠰᠢᠭᠤᠳ ᠪᠠᠩᠬᠢ ᠶᠢᠨ ᠬᠤᠪᠢ ᠬᠥᠮᠦᠨ ᠤ | ᠳᠠᠩᠰᠠ ᠳᠤ ᠣᠷᠣᠭᠤᠯᠵᠤ ᠦᠭᠬᠦ ᠬᠡᠷᠡᠭᠲᠡᠢ᠂ ᠬᠤᠶᠢᠰᠢᠯᠠᠭᠤᠯᠵᠤ ᠪᠣᠯᠬᠤ ᠦᠭᠡᠢ᠂ ᠪᠤᠰᠤᠳ ᠢ ᠣᠷᠣᠯᠠᠨ ᠠᠪᠴᠤ | ᠪᠣᠯᠬᠤ ᠦᠭᠡᠢ᠃ | ︵ᠲᠦᠷᠪᠡ︶ ᠲᠤᠰ ᠠᠷᠭ᠎ᠠ ᠨᠢ ᠤᠯᠤᠰ ᠤᠨ ᠬᠤᠯᠪᠣᠭᠳᠠᠯ ᠪᠦᠬᠦᠢ ᠳᠦᠷᠦ ᠶᠢᠨ ᠪᠤᠳᠤᠯᠭ᠎ᠠ ᠲᠠᠢ ᠨᠢᠭᠡᠳᠦᠯ | ᠦᠭᠡᠢ ᠪᠤᠶᠤ ᠬᠤᠯᠪᠣᠭᠳᠠᠭᠰᠠᠨ ᠠᠭᠤᠯᠭ᠎ᠠ ᠦᠭᠡᠢ ᠪᠣᠯ᠂ ᠤᠯᠤᠰ ᠤᠨ ᠬᠤᠯᠪᠣᠭᠳᠠᠯ ᠪᠦᠭᠦᠢ ᠲᠦᠷᠦ ᠶᠢᠨ | ᠪᠣᠳᠣᠯᠭ᠎ᠠ ᠶᠢᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ ᠲᠦᠷ ᠴᠠᠭ ᠤᠨ ᠠᠵᠢᠯᠴᠢᠨ ᠤ ᠠᠵᠢᠯ ᠤᠨ ᠴᠠᠭ ᠪᠠ | ᠨᠥᠬᠦᠴᠡᠯ᠂ ᠬᠥᠳᠡᠯᠮᠦᠷᠢ ᠶᠢᠨ ᠰᠠᠬᠢᠯᠭ᠎ᠠ ᠪᠠᠲᠤ᠂ ᠠᠵᠢᠯ ᠠᠴᠠ ᠵᠣᠭᠰᠣᠬᠤ᠂ ᠬᠥᠳᠡᠯᠮᠦᠷᠢ ᠶᠢᠨ ᠭᠡᠷ᠎ᠡ ᠠᠴᠠ | ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠵᠢᠴᠢ ᠪᠤᠰᠤᠳ ᠬᠡᠷᠡᠭ ᠤᠴᠢᠷ ᠤᠳ ᠢ ᠡᠯ᠎ᠡ ᠪᠠᠶᠢᠭᠤᠯᠭ᠎ᠠ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠥᠪᠡᠰᠦᠪᠡᠨ ᠲᠣᠭᠲᠠᠭᠠᠨ᠎ᠠ᠃ | ᠵᠢᠷᠭᠤᠭ᠎ᠠ᠂ ᠲᠤᠰ ᠠᠷᠭ᠎ᠠ ᠶᠢ 2013 ᠣᠨ ᠤ 12 ᠰᠠᠷ᠎ᠠ ᠠᠴᠠ ᠡᠬᠢᠯᠡᠵᠦ ᠵᠢᠩᠬᠢᠨᠢ ᠪᠠᠷ | ᠬᠡᠷᠡᠭᠵᠢᠭᠦᠯᠦᠨ᠎ᠡ᠃ | 2013 ᠣᠨ ᠤ ᠲᠦᠷ ᠴᠠᠭ ᠤᠨ ᠠᠵᠢᠯᠴᠢᠨ ᠤ ᠲᠤᠭ᠎ᠠ ᠬᠡᠮᠵᠢᠶ᠎ᠡ ᠪᠣᠯᠤᠨ ᠴᠠᠯᠢᠩ ᠤᠨ ᠪᠠᠷᠢᠮᠵᠢᠶ᠎ᠠ ᠶᠢ | ᠬᠢᠨᠠᠨ ᠲᠣᠭᠲᠠᠭᠠᠬᠤ ᠬᠦᠰᠦᠨᠦᠭᠲᠦ | ᠨᠢᠭᠡᠴᠡ ︵ᠲᠠᠮᠠᠭ᠎ᠠ︶᠄ ᠴᠠᠭ᠄ | ᠤᠤᠯ ᠤᠨ ᠲᠦᠷ ᠴᠠᠭ ᠤᠨ ᠠᠵᠢᠯᠲᠠᠨ ᠤᠷᠢᠨ ᠬᠡᠷᠡᠭᠯᠡᠵᠦ ᠪᠠᠶᠢᠭᠰᠠᠨ ᠪᠠᠶᠢᠳᠠᠯ | ᠲᠦᠷ ᠴᠠᠭ ᠤᠨ ᠠᠵᠢᠯᠴᠢᠨ ᠤ ᠲᠤᠭ᠎ᠠ ᠬᠡᠮᠵᠢᠶ᠎ᠡ ᠪᠣᠯᠤᠨ ᠠᠵᠢᠯ ᠤᠨ ᠪᠠᠶᠢᠷᠢ ᠶᠢ ᠬᠢᠨᠠᠨ ᠲᠣᠭᠲᠠᠭᠠᠬᠤ | ᠳ᠋ᠤᠭᠠᠷᠯᠠᠯ | ᠣᠪᠣᠭ ᠨᠡᠷ᠎ᠡ | ᠤᠷᠢᠨ ᠬᠡᠷᠡᠭᠯᠡᠬᠦ ᠠᠵᠢᠯ ᠤᠨ ᠪᠠᠶᠢᠷᠢ | ᠴᠠᠯᠢᠩ ᠤᠨ ᠪᠠᠷᠢᠮᠵᠢᠶ᠎ᠠ | ᠳ᠋ᠤᠭᠠᠷᠯᠠᠯ | ᠤᠷᠢᠨ ᠬᠡᠷᠡᠭᠯᠡᠬᠦ ᠠᠵᠢᠯ ᠤᠨ ᠪᠠᠶᠢᠷᠢ | ᠴᠠᠯᠢᠩ ᠤᠨ ᠪᠠᠷᠢᠮᠵᠢᠶ᠎ᠠ | ᠲᠠᠶᠢᠯᠪᠤᠷᠢ᠄ ᠤᠯᠠᠷᠢᠯ ᠤᠨ ᠠᠵᠢᠯᠲᠠᠨ ᠲᠠᠢ ᠨᠢᠭᠡᠴᠡ ᠬᠠᠮᠲᠤ ᠳᠤᠨᠢ ᠲᠠᠭᠯᠠᠵᠤ ᠮᠡᠳᠡᠭᠦᠯᠬᠦ ᠬᠡᠷᠡᠭᠲᠡᠶ ︵ | ᠲᠣᠳᠣᠷᠬᠠᠶᠢᠯᠠᠨ᠎ᠠ︶᠃ |