ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠢᠯᠡ ᠠᠵᠢᠯᠯᠠᠭ᠎ᠠ ᠶᠢᠨ | ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ | ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠢᠮ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢᠨ | ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠬᠠᠤᠯᠢ︾ ᠪᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠣᠯᠢ ᠳᠦᠷᠢᠮ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰ ᠲᠦᠷᠢᠮ ᠢ ᠲᠣᠭᠲᠠᠭᠠᠪᠠ᠃ | ᠨᠢᠭᠡ ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠲᠠᠨ ᠠᠴᠠ ᠵᠠᠰᠠᠭ ᠵᠠᠬᠢᠷᠭᠠᠨ ᠤ | ᠵᠥᠪᠰᠢᠶᠡᠷᠡᠯ ᠤᠨ ᠠᠵᠢᠯᠯᠠᠭ᠎ᠠ ᠳᠤᠮᠳᠠᠬᠢ ᠦᠢᠯᠡ ᠠᠵᠢᠯᠯᠠᠭ᠎ᠠ ᠶᠢᠨ ᠠᠯᠳᠠᠭ᠎ᠠ ᠭᠠᠷᠭᠠᠭᠰᠠᠨ ᠪᠠ ᠵᠥᠪᠰᠢᠶᠡᠷᠡᠯ ᠤᠨ | ᠪᠤᠷᠤᠭᠤ ᠶᠢ ᠪᠤᠢ ᠪᠤᠯᠭᠠᠬᠰᠡᠨ ᠪᠣᠯ ᠲᠤᠰ ᠠᠷᠭ᠎ᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠶᠠᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠬᠠᠷᠢᠭᠤᠴᠠᠯᠭ᠎ᠠ | ᠨᠡᠬᠡᠮᠵᠢᠯᠡᠬᠦ᠂ ᠬᠥᠮᠦᠨ ᠪᠦᠬᠦᠠ ᠡᠷᠬᠡ ᠲᠡᠭᠰᠢ᠂ ᠦᠨᠡᠨ ᠠᠴᠠ ᠵᠦᠪ ᠢ ᠡᠷᠢᠬᠦ᠂ ᠪᠤᠷᠤᠭᠤ ᠪᠠᠶᠢᠪᠠᠯ ᠵᠠᠪᠠᠯ | ᠵᠠᠯᠠᠷᠠᠭᠤᠯᠬᠤ᠂ ᠬᠠᠷᠢᠭᠤᠴᠠᠯᠭ᠎ᠠ ᠪᠠ ᠵᠠᠯᠬᠠᠭᠠᠯ ᠨᠢ ᠵᠣᠬᠢᠰᠲᠠᠢ᠂ ᠵᠠᠯᠬᠠᠭᠠᠨ ᠰᠢᠳᠬᠡᠬᠦ ᠪᠠ ᠰᠤᠷᠭᠠᠨ | ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠭᠤᠷᠪᠠ ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠠᠵᠢᠯᠯᠠᠭ᠎ᠠ ᠳᠤᠮᠳᠠ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄ | ︵ᠨᠢᠭᠡ︶ ᠬᠠᠤᠯᠢ ᠳᠤ ᠳᠣᠬᠳᠠᠬᠰᠡᠨ ᠨᠥᠬᠦᠴᠡᠯ ᠳᠤ ᠨᠡᠶᠢᠴᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠠᠪᠬᠤ | ᠭᠤᠶᠤᠴᠢᠯᠠᠯ ᠢ ᠬᠦᠯᠢᠶᠡᠨ ᠠᠪᠴᠦ ᠰᠢᠢᠳᠪᠦᠷᠢᠯᠡᠭᠰᠡᠨ ᠦᠭᠡᠢ᠂ ᠵᠥᠪᠰᠢᠶᠡᠷᠡᠯ ᠣᠯᠭᠤᠬᠤ ᠦᠭᠡᠢ ᠪᠤᠶᠤ ᠬᠠᠤᠯᠢ ᠳᠤ | ᠳᠣᠬᠳᠠᠬᠰᠡᠨ ᠬᠤᠭᠤᠴᠠᠭᠠᠨ ᠳᠣᠲᠣᠷ᠎ᠠ ᠵᠥᠪᠰᠢᠶᠡᠷᠡᠯ ᠦᠭᠭᠦᠰᠡᠨ ᠦᠭᠡᠢ︔ | ︵ᠬᠤᠶᠠᠷ︶ ᠠᠯᠪᠠᠨ ᠭᠠᠵᠠᠷ ᠲᠠᠭᠠᠨ ᠬᠠᠤᠯᠢ ᠶᠣᠰᠣᠭᠠᠷ ᠵᠠᠷᠯᠠᠨ ᠨᠡᠶᠢᠲᠡᠯᠡᠬᠦ ᠶᠣᠰᠣᠲᠠᠶ ᠮᠠᠲ᠋ᠧᠷᠢᠶᠠᠯ ᠢ ᠦᠯᠦ | ᠨᠡᠶᠢᠲᠡᠯᠡᠭᠰᠡᠨ︔ | ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ | ᠰᠢᠢᠳᠪᠦᠷᠢ ᠭᠠᠷᠭᠠᠬᠤ ᠶᠠᠪᠤᠴᠠ ᠳᠣᠮᠳᠠ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ | ᠮᠡᠳᠡᠭᠳᠡᠬᠦ ᠬᠠᠤᠯᠢ ᠳᠤ ᠳᠣᠬᠳᠠᠬᠰᠡᠨ ᠡᠭᠦᠷᠭᠡ ᠪᠠᠨ ᠦᠯᠦ ᠭᠦᠢᠴᠡᠳᠬᠡᠭᠰᠡᠨ︔ | ︵ᠲᠦᠷᠪᠡ︶ ᠭᠤᠶᠤᠴᠢᠯᠠᠭᠴᠢ ᠶᠢᠨ ᠳᠡᠪᠰᠢᠭᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ | ᠭᠦᠢᠴᠡᠳ ᠪᠤᠰᠤ᠂ ᠬᠠᠤᠯᠢ ᠳᠤ ᠳᠣᠬᠳᠠᠬᠰᠡᠨ ᠬᠡᠯᠪᠡᠷᠢ ᠳᠤ ᠨᠡᠶᠢᠴᠡᠬᠦ ᠦᠬᠡᠢ ᠪᠠᠶᠢᠬᠤ ᠦᠶ᠎ᠡ ᠳᠤ | ᠭᠤᠶᠤᠴᠢᠯᠠᠭᠴᠢ ᠳᠤ ᠡᠷᠬᠡᠪᠰᠢ ᠨᠥᠬᠦᠪᠥᠷᠢᠯᠡᠨ ᠵᠠᠯᠠᠷᠠᠭᠤᠯᠬᠤ ᠴᠢᠬᠤᠯᠠ ᠲᠠᠢ ᠪᠦᠬᠦ ᠠᠭᠤᠯᠭ᠎ᠠ ᠶᠢ ᠨᠢᠭᠡ ᠳᠣᠣᠷ᠎ᠠ | ᠮᠡᠳᠡᠭᠳᠡᠭᠰᠡᠨ ᠦᠭᠡᠢ︔ | ︵ᠲᠠᠪᠤ︶ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠯ ᠢ ᠬᠦᠯᠢᠶᠠᠨ ᠠᠪᠴᠤ ᠰᠢᠢᠳᠪᠦᠷᠢᠯᠡᠬᠦ | ᠦᠬᠡᠢ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠰᠢᠯᠲᠠᠭᠠᠨ ᠢᠶᠠᠨ ᠬᠠᠤᠯᠢ ᠶᠣᠰᠣᠭᠠᠷ ᠦᠯᠦ | ᠲᠠᠶᠢᠯᠪᠤᠷᠢᠯᠠᠭᠰᠠᠨ︔ | ︵ᠵᠢᠷᠭᠤᠭ᠎ᠠ︶ ᠬᠠᠤᠯᠢ ᠶᠣᠰᠣᠭᠠᠷ ᠭᠡᠷᠡᠴᠢᠯᠡᠭᠡ ᠰᠣᠨᠣᠰᠬᠤ ᠶᠣᠰᠣᠲᠠᠶ ᠪᠠᠶᠢᠲᠠᠯ᠎ᠠ ᠭᠡᠷᠡᠴᠢᠯᠡᠭᠡ ᠰᠣᠨᠣᠰᠬᠤ ᠶᠢ | ᠶᠠᠪᠣᠬᠳᠠᠭᠤᠯᠣᠬᠰᠡᠨ ᠦᠭᠡᠢ︔ | ︵ᠲᠤᠯᠤᠭ᠎ᠠ︶ ᠵᠠᠰᠠᠭ ᠵᠠᠬᠢᠷᠭᠠᠨ ᠤ ᠵᠥᠪᠰᠢᠶᠡᠷᠡᠯ ᠢ ᠡᠷᠬᠢᠯᠡᠨ ᠰᠢᠢᠳᠪᠦᠷᠢᠯᠡᠬᠦ᠂ ᠬᠢᠨᠠᠨ ᠪᠠᠶᠢᠴᠠᠭᠠᠬᠤ | ᠶᠠᠪᠤᠴᠠ ᠳᠤ ᠪᠤᠰᠤᠳ ᠤᠨ ᠵᠣᠭᠤᠰ ᠮᠥᠩᠭᠦ ᠡᠳ᠋ ᠪᠣᠳᠠᠰ ᠢ ᠬᠦᠯᠢᠶᠡᠵᠦ ᠠᠪᠤᠭᠰᠠᠨ ᠪᠤᠶᠤ ᠬᠤᠪᠢ ᠬᠥᠮᠦᠨ ᠤ | ᠠᠰᠢᠭ ᠲᠤᠰᠠ ᠤᠯᠬᠤ ᠶᠢ ᠬᠦᠬᠡᠬᠡᠴᠡᠯᠳᠦᠭᠰᠡᠨ︔ | ︵ᠨᠠᠢᠮᠠ︶ ᠬᠠᠤᠯᠢ ᠳᠤ ᠳᠣᠬᠳᠠᠬᠰᠡᠨ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠵᠥᠪᠰᠢᠶᠡᠷᠡᠯ | ᠣᠯᠭᠤᠭᠰᠠᠨ ᠪᠤᠶᠤ ᠬᠠᠤᠯᠢ ᠳᠤ ᠳᠣᠬᠳᠠᠬᠰᠡᠨ ᠡᠷᠬᠡ ᠲᠤᠰᠢᠶᠠᠯ ᠠᠴᠠ ᠪᠠᠨ ᠳᠠᠪᠠᠵᠤ ᠵᠥᠪᠰᠢᠶᠡᠷᠡᠯ ᠥᠭᠬᠦ | ᠰᠢᠢᠳᠪᠦᠷᠢ ᠭᠠᠷᠭᠠᠭᠰᠠᠨ︔ | ︵ ᠶᠢᠰᠦ ︶ ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠵᠦ ᠳᠤᠷ᠎ᠠ ᠪᠠᠷ ᠢᠶᠠᠨ ᠰᠦᠢᠳᠬᠡᠯ | ᠬᠤᠷᠢᠶᠠᠭᠰᠠᠨ︔ | ︵ᠠᠷᠪᠠ︶ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠥᠭᠴᠦ᠂ ᠲᠤᠬᠠᠶ ᠶᠢᠨ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ︔ | ︵ᠠᠷᠪᠠᠨ ᠨᠢᠭᠡ︶ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠦᠭᠡᠢ ᠪᠤᠶᠤ ᠬᠢᠨᠠᠨ ᠪᠠᠶᠢᠴᠠᠭᠠᠬᠤ ᠠᠵᠢᠯ ᠤᠨ ᠡᠷᠴᠢᠮ ᠳᠤᠲᠠᠮᠠᠭ ᠪᠠᠶᠢᠬᠤ ᠠᠴᠠ ᠪᠤᠯᠵᠦ ᠬᠦᠨᠳᠦ | ᠨᠣᠴᠢᠲᠠᠶ ᠤᠷᠰᠢᠭ ᠲᠠᠲᠠᠭᠰᠠᠨ︔ | ︵ᠠᠷᠪᠠᠨ ᠬᠤᠶᠠᠷ︶ ᠠᠯᠪᠠ ᠬᠠᠰᠢᠵᠤ ᠠᠮᠠ ᠪᠥᠭᠯᠡᠬᠦ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠤᠨ ᠦᠢᠯᠡ | ᠠᠵᠢᠯᠯᠠᠭ᠎ᠠ ᠨᠢ ᠪᠣᠯᠪᠠᠰᠤᠨ ᠪᠤᠰᠤ ᠠᠴᠠ ᠪᠣᠯᠵᠦ ᠮᠠᠭᠤ ᠨᠥᠯᠥᠭᠡ ᠭᠠᠷᠭᠠᠭᠰᠠᠨ ᠪᠠ ᠮᠠᠭᠤ ᠦᠷ᠎ᠡ ᠳ᠋ᠦᠩ ᠭᠠᠷᠤᠭᠰᠠᠨ | ︔ | ︵ ᠠᠷᠪᠠᠨ ᠭᠤᠷᠪᠠ ︶ ᠬᠠᠤᠯᠢ ᠶᠢ ᠵᠥᠷᠢᠴᠡᠭᠰᠡᠨ ᠪᠤᠰᠤᠳ ᠵᠠᠰᠠᠭ ᠵᠠᠬᠢᠷᠭᠠᠨ ᠤ ᠵᠥᠪᠰᠢᠶᠡᠷᠡᠯ | ᠤᠨ ᠠᠵᠢᠯᠯᠠᠭ᠎ᠠ᠃ | ᠳᠦᠷᠪᠠ᠂ ᠬᠠᠷᠢᠭᠤᠴᠠᠯᠭ᠎ᠠ ᠶᠢ ᠢᠯᠭᠠᠬᠤ | ︵ᠨᠢᠭᠡ︶ ᠳᠠᠭᠠᠭᠠᠨ ᠭᠦᠢᠴᠡᠳᠬᠡᠭᠴᠢ ᠶᠢᠨ ᠵᠣᠷᠢᠭᠤᠳᠠ ᠪᠤᠶᠤ ᠠᠳᠡᠯ ᠠᠴᠠ ᠪᠣᠯᠤᠭᠰᠠᠨ ᠵᠠᠰᠠᠭ ᠵᠠᠬᠢᠷᠭᠠᠨ ᠤ | ᠵᠥᠪᠰᠢᠶᠡᠷᠡᠯ ᠢ ᠠᠯᠳᠠᠭ᠎ᠠ ᠪᠤᠷᠤᠭᠤ ᠭᠠᠷᠭᠠᠭᠰᠠᠨ ᠪᠠᠶᠢᠪᠠᠯ᠂ ᠳᠠᠭᠠᠭᠠᠨ ᠭᠦᠢᠴᠡᠳᠬᠡᠭᠴᠢ ᠠᠴᠠ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ᠃ | ︵ᠬᠤᠶᠠᠷ︶ ᠳᠠᠭᠠᠭᠠᠨ ᠭᠦᠢᠴᠡᠳᠬᠡᠭᠴᠢ ᠶᠢᠨ ᠰᠠᠨᠠᠯ ᠨᠢ ᠵᠦᠪᠰᠢᠶᠡᠷᠡᠭᠳᠡᠭᠰᠡᠨ ᠤ ᠬᠤᠶᠢᠨ᠎ᠠ ᠪᠣᠷᠣᠭᠤ | ᠭᠠᠷᠣᠬᠰᠡᠨ ᠪᠣᠯ ᠵᠥᠪᠰᠢᠶᠡᠷᠡᠭᠰᠡᠨ ᠬᠥᠮᠦᠨ ᠨᠢ ᠬᠠᠷᠢᠭᠤᠴᠠᠯᠭ᠎ᠠ ᠡᠭᠦᠷᠭᠡᠯᠡᠨ᠎ᠡ︔ ᠳᠠᠭᠠᠭᠠᠨ ᠭᠦᠢᠴᠡᠳᠬᠡᠭᠴᠢ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠬᠤ᠂ ᠦᠨᠡᠨ ᠪᠠᠶᠢᠳᠠᠯ ᠢ ᠨᠢᠭᠤᠨ ᠳᠠᠯᠳᠠᠯᠠᠬᠤ ᠵᠡᠷᠭᠡ ᠰᠢᠯᠲᠠᠭᠠᠨ ᠠᠴᠠ ᠪᠣᠯᠵᠤ | ᠵᠥᠪᠰᠢᠶᠡᠷᠡᠭᠰᠡᠨ ᠬᠥᠮᠦᠨ ᠠᠯᠳᠠᠰᠢ ᠭᠠᠷᠭᠠᠭᠰᠠᠨ ᠪᠠᠶᠢᠪᠠᠯ᠂ ᠳᠠᠭᠠᠭᠠᠨ ᠭᠦᠢᠴᠡᠳᠬᠡᠭᠴᠢ ᠠᠴᠠ ᠬᠠᠷᠢᠭᠤᠴᠠᠯᠭ᠎ᠠ | ᠡᠭᠦᠷᠭᠡᠯᠡᠨ᠎ᠡ︔ ᠵᠥᠪᠰᠢᠶᠡᠷᠡᠭᠰᠡᠨ ᠬᠥᠮᠦᠨ ᠨᠢ ᠤᠰᠤᠯ ᠪᠤᠷᠤᠭᠤ ᠲᠠᠢ ᠵᠠᠰᠠᠭ ᠵᠠᠬᠢᠷᠭᠠᠨ ᠤ ᠵᠥᠪᠰᠢᠶᠡᠷᠡᠯ ᠢ ᠣᠯᠵᠤ | ᠮᠡᠳᠡᠬᠦ ᠶᠣᠰᠣᠲᠠᠶ ᠪᠠᠶᠢᠲᠠᠯ᠎ᠠ ᠪᠠᠨ ᠣᠯᠵᠤ ᠮᠡᠳᠡᠭᠰᠡᠨ ᠦᠭᠡᠢ ᠪᠤᠶᠤ ᠵᠠᠯᠠᠷᠠᠭᠤᠯᠬᠤ ᠬᠡᠷᠡᠭᠲᠡᠶ ᠪᠠᠶᠢᠲᠠᠯ᠎ᠠ ᠵᠠᠯᠠᠷᠠᠭᠤᠯᠬᠤ | ᠦᠭᠡᠢ ᠪᠠᠶᠢᠪᠠᠯ ᠵᠥᠪᠰᠢᠶᠡᠷᠡᠭᠰᠡᠨ ᠬᠥᠮᠦᠨ ᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠂ ᠡᠭᠦᠨ ᠤ ᠬᠠᠮᠲᠤ | ᠳᠠᠭᠠᠭᠠᠨ ᠭᠦᠢᠴᠡᠳᠬᠡᠭᠴᠢ ᠶᠢᠨ ᠬᠠᠷᠢᠭᠤᠴᠠᠯᠭ᠎ᠠ ᠶᠢ ᠪᠠᠰᠠ ᠨᠡᠬᠡᠮᠵᠢᠯᠡᠬᠦ ᠬᠡᠷᠡᠭᠲᠡᠶ᠃ | ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠢ ᠬᠠᠮᠲᠤ ᠪᠠᠷ ᠰᠤᠳᠤᠯᠤᠨ ᠰᠢᠢᠳᠪᠦᠷᠢ ᠭᠠᠷᠭᠠᠭᠰᠠᠨ ᠠᠴᠠ | ᠪᠤᠯᠵᠤ ᠠᠯᠳᠠᠭ᠎ᠠ ᠪᠤᠷᠤᠭᠤ ᠭᠠᠷᠭᠠᠭᠰᠠᠨ ᠪᠣᠯ᠂ ᠬᠥᠲᠥᠯᠥᠭᠴᠢ ᠪᠠ ᠪᠤᠷᠤᠭᠤ ᠰᠠᠨᠠᠯ ᠢ ᠪᠠᠷᠢᠮᠲᠠᠯᠠᠬᠰᠡᠨ ᠬᠥᠮᠦᠨ ᠨᠢ | ᠬᠠᠷᠢᠭᠤᠴᠠᠯᠭ᠎ᠠ ᠡᠭᠦᠷᠭᠡᠯᠡᠨ᠎ᠡ᠃ | ︵ᠲᠥᠷᠪᠡ︶ ᠨᠢᠭᠡᠴᠡ ᠶᠢᠨ ᠣᠳᠣᠷᠢᠳᠣᠯᠭ᠎ᠠ ᠠᠴᠠ ᠳᠠᠭᠠᠭᠠᠨ ᠭᠦᠢᠴᠡᠳᠬᠡᠭᠴᠢ ᠶᠢ ᠵᠢᠭᠠᠨ ᠲᠤᠬᠢᠵᠦ | ᠪᠠᠶᠢᠭᠠᠳ ᠪᠤᠶᠤ ᠰᠠᠨᠠᠭ᠎ᠠ ᠳᠠᠮᠵᠢᠭᠤᠯᠣᠨ ᠳᠣᠬᠳᠠᠭᠠᠯ ᠢ ᠵᠦᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠭᠠᠷᠭᠠᠬᠰᠡᠨ | ᠪᠠᠶᠢᠪᠠᠯ᠂ ᠨᠢᠭᠡᠴᠡ ᠶᠢᠨ ᠬᠢᠨᠢ ᠣᠳᠣᠷᠢᠳᠣᠯᠭ᠎ᠠ ᠨᠢ ᠭᠤᠣᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ︵ᠲᠠᠪᠤ︶ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠷᠢ ᠬᠡᠮ ᠢ ᠪᠦᠷᠢᠯᠳᠦᠭᠦᠯᠦᠭᠰᠡᠨ ᠦᠭᠡᠢ ᠠᠵᠢᠯᠲᠠᠨ ᠢᠶᠠᠷ | ᠵᠠᠰᠠᠭ ᠵᠠᠬᠢᠷᠭᠠᠨ ᠤ ᠵᠥᠪᠰᠢᠶᠡᠷᠡᠯ ᠤᠨ ᠤᠴᠢᠷ ᠶᠠᠪᠤᠳᠠᠯ ᠢ ᠳᠠᠭᠠᠭᠠᠨ ᠬᠢᠯᠭᠡᠭᠰᠡᠨ ᠠᠴᠠ ᠪᠤᠯᠵᠤ ᠵᠠᠰᠠᠭ ᠵᠠᠬᠢᠷᠭᠠᠨ ᠤ | ᠵᠥᠪᠰᠢᠶᠡᠷᠡᠯ ᠨᠢ ᠪᠤᠷᠤᠭᠤᠳᠠᠭᠰᠠᠨ ᠪᠠᠶᠢᠪᠠᠯ᠂ ᠳᠠᠭᠠᠭᠠᠨ ᠭᠦᠢᠴᠡᠳᠬᠡᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠶᠢᠨ | ᠬᠠᠮᠲᠤ᠂ ᠬᠥᠮᠦᠨ ᠬᠡᠷᠡᠭᠯᠡᠬᠦ ᠳᠤ ᠬᠠᠷᠢᠭᠤᠴᠠᠯᠭ᠎ᠠ ᠪᠠᠨ ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠲᠠᠪᠤ᠂ ᠬᠠᠷᠢᠭᠤᠴᠠᠯᠭ᠎ᠠ ᠨᠡᠬᠡᠮᠵᠢᠯᠡᠬᠦ | ︵ᠨᠢᠭᠡ︶ ᠳᠠᠭᠠᠭᠠᠨ ᠭᠦᠢᠴᠡᠳᠬᠡᠭᠴᠢ ᠶᠢᠨ ᠰᠠᠨᠠᠭ᠎ᠠ ᠵᠣᠷᠢᠯᠲᠠ ᠠᠴᠠ ᠭᠠᠳᠠᠨᠠᠬᠢ ᠰᠢᠯᠲᠠᠭᠠᠨ ᠠᠴᠠ | ᠬᠤᠯᠪᠣᠯᠳᠤᠭᠰᠠᠨ ᠣᠰᠣᠯ ᠪᠤᠷᠤᠭᠤ ᠪᠤᠶᠤ ᠳᠠᠭᠠᠭᠠᠨ ᠬᠦᠢᠴᠡᠳᠭᠡᠭᠴᠢ ᠶᠢᠨ ᠵᠥᠪ ᠰᠠᠨᠠᠭᠤᠯᠭ᠎ᠠ ᠶᠢ ᠪᠠᠶᠢᠭᠤᠯᠭ᠎ᠠ | ᠨᠢᠭᠡᠴᠢ ᠶᠢᠨ ᠬᠠᠷᠢᠭᠤᠴᠠᠯᠭᠠᠲᠠᠨ᠂ ᠵᠥᠪᠰᠢᠶᠡᠷᠡᠭᠰᠡᠨ ᠬᠥᠮᠦᠨ ᠨᠢ ᠬᠦᠯᠢᠶᠡᠵᠦ ᠠᠪᠬᠤ ᠦᠭᠡᠢ ᠠᠴᠠ ᠪᠤᠯᠵᠦ ᠣᠰᠣᠯ | ᠪᠣᠯᠤᠭᠰᠠᠨ ᠪᠠᠶᠢᠪᠠᠯ ᠳᠠᠭᠠᠭᠠᠨ ᠬᠦᠢᠴᠡᠳᠭᠡᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠦᠭᠡᠢ᠃ | ︵ᠬᠤᠶᠠᠷ︶ ᠲᠤᠰ ᠠᠷᠭ᠎ᠠ ᠶᠢᠨ ᠳᠥᠷᠪᠡᠳᠦᠭᠡᠷ ᠵᠣᠷᠪᠣᠰ ᠲᠤ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠵᠦ᠂ | ᠦᠢᠯᠠ ᠪᠠᠶᠢᠳᠠᠯ ᠨᠢ ᠬᠦᠡᠭᠭᠡᠠ᠂ ᠬᠤᠣᠷ ᠬᠥᠨᠥᠭᠡᠯ ᠨᠢ ᠶᠡᠭᠡ ᠪᠢᠰᠢ ᠪᠤᠶᠤ ᠬᠠᠷᠢᠭᠤᠴᠠᠯᠭᠠᠲᠠᠨ ᠨᠢ | ᠰᠠᠨᠠᠭᠠᠴᠢᠯᠠᠭ᠎ᠠ ᠠᠴᠠ ᠪᠠᠨ ᠪᠣᠷᠣᠭᠤ ᠪᠠᠨ ᠮᠡᠳᠡᠷᠡᠵᠦ᠂ ᠴᠠᠭ ᠲᠤᠬᠠᠶ ᠳᠤᠨᠢ ᠵᠠᠯᠠᠷᠠᠭᠤᠯᠵᠤ ᠬᠠᠷᠠᠬᠠᠨ ᠬᠦᠨᠳᠦ ᠤᠷᠰᠢᠭ | ᠲᠠᠲᠠᠭᠰᠠᠨ ᠪᠠᠶᠢᠪᠠᠯ᠂ ᠠᠳᠠᠯᠢ ᠪᠤᠰᠤ ᠪᠠᠶᠢᠳᠠᠯ ᠢ ᠢᠯᠭᠠᠨ᠂ ᠬᠠᠷᠢᠭᠤᠴᠠᠯᠭ᠎ᠠ ᠡᠭᠦᠷᠭᠡᠯᠡᠭᠴᠢ ᠳᠤ ᠰᠢᠭᠦᠮᠵᠢᠯᠡᠨ | ᠰᠤᠷᠭᠠᠬᠤ᠂ ᠵᠠᠷᠯᠠᠨ ᠰᠢᠭᠦᠮᠵᠢᠯᠡᠬᠦ᠂ ᠵᠠᠷᠯᠢᠭᠳᠠᠵᠤ ᠰᠢᠯᠭᠠᠨ ᠪᠠᠶᠢᠴᠠᠭᠠᠵᠤ ᠵᠠᠯᠠᠷᠠᠭᠤᠯᠬᠤ᠂ ᠠᠵᠢᠯ ᠤᠨ | ᠪᠠᠶᠢᠷᠢ ᠠᠴᠠ ᠲᠦᠷ ᠰᠢᠯᠵᠢᠭᠦᠯᠬᠦ᠂ ᠣᠨ ᠤ ᠰᠢᠯᠭᠠᠷᠠᠭᠤᠯᠲᠠ ᠶᠢᠨ ᠬᠢᠷᠢ ᠬᠡᠮ ᠢ ᠦᠭᠡᠶᠢᠰᠭᠡᠬᠦ ᠵᠡᠷᠭᠡ ᠰᠢᠳᠬᠡᠯ | ᠥᠭᠴᠦ ᠪᠣᠯᠤᠨ᠎ᠠ᠃ | ︵ᠭᠤᠷᠪᠠ︶ ᠲᠤᠰ ᠠᠷᠭ᠎ᠠ ᠶᠢᠨ ᠳᠥᠷᠪᠡᠳᠦᠭᠡᠷ ᠵᠣᠷᠪᠣᠰ ᠲᠤ ᠳᠤᠷᠠᠳᠤᠭᠰᠠᠨ ᠪᠠᠶᠢᠳᠠᠯ ᠤᠨ ᠨᠢᠭᠡ ᠨᠢ | ᠪᠠᠶᠢᠬᠤ ᠪᠥᠭᠡᠳ ᠳᠣᠣᠷᠠᠬᠢ ᠪᠠᠶᠢᠳᠠᠯ ᠪᠠᠶᠢᠪᠠᠯ ᠬᠦᠨᠳᠦ ᠪᠠᠷ ᠨᠡᠬᠡᠮᠵᠢᠯᠡᠵᠦ᠂ ᠰᠡᠷᠡᠮᠵᠢ ᠥᠭᠬᠦ᠂ ᠠᠯᠳᠠᠭ᠎ᠠ ᠲᠡᠮᠳᠡᠭᠯᠡᠬᠦ | ᠂ ᠶᠡᠭᠡ ᠤᠰᠤᠯ ᠲᠡᠮᠳᠡᠭᠯᠡᠬᠦ᠂ ᠲᠡᠰ ᠪᠠᠭᠤᠷᠠᠭᠤᠯᠬᠤ᠂ ᠲᠤᠰᠢᠶᠠᠯ ᠠᠴᠠ ᠤᠭᠴᠠᠷᠠᠭᠤᠯᠬᠤ᠂ ᠠᠵᠢᠯ ᠠᠴᠠ ᠨᠢ | ᠬᠥᠭᠡᠭᠡᠬᠦ ᠵᠡᠷᠭᠡ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠄ | 1᠂ ᠥᠢᠯᠨ ᠪᠠᠶᠢᠳᠠᠯ ᠨᠢ ᠮᠠᠭᠤᠬᠠᠢ᠂ ᠬᠦᠨᠳᠦ ᠨᠣᠴᠢᠲᠠᠶ ᠤᠷᠰᠢᠭ ᠲᠠᠲᠠᠵᠦ᠂ ᠨᠡᠯᠢᠶᠡᠳ ᠶᠡᠭᠡ ᠨᠥᠯᠥᠭᠡ | ᠳᠣᠰᠬᠠᠯ ᠲᠠᠢ ᠪᠠᠶᠢᠬᠤ︔ | 2᠂ ᠣᠯᠠᠨ ᠤᠳᠠᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠷᠤᠭᠤ ᠡᠭᠦᠰᠦᠭᠰᠡᠨ︔ | 3᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠠᠭ᠋ᠤᠤᠯᠢ ᠠᠪᠬᠤ᠂ ᠡᠷᠬᠡ ᠪᠠᠷ ᠢᠶᠠᠨ ᠬᠤᠪᠢ | ᠶᠢᠨ ᠠᠰᠢᠭ ᠤᠯᠬᠤ᠂ ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠬᠤ ᠠᠴᠠ ᠪᠣᠯᠵᠦ ᠵᠠᠰᠠᠭ ᠵᠠᠬᠢᠷᠭᠠᠨ ᠤ | ᠵᠥᠪᠰᠢᠶᠡᠷᠡᠯ ᠤᠨ ᠪᠤᠷᠤᠭᠤ ᠶᠢ ᠪᠣᠢ ᠪᠣᠯᠭᠠᠭᠰᠠᠨ︔ | 4᠂ ᠠᠯᠳᠠᠭ᠎ᠠ ᠪᠠᠨ ᠪᠠᠷᠢᠮᠲᠠᠯᠠᠭᠠᠳ ᠵᠠᠯᠠᠷᠠᠭᠤᠯᠬᠤ ᠶᠢ ᠲᠡᠪᠴᠢᠭᠰᠡᠨ ᠪᠣᠶᠣ ᠲᠡᠭᠦᠨ ᠤ ᠪᠤᠷᠤᠭᠤ ᠶᠢ ᠪᠠᠶᠢᠴᠠᠭᠠᠨ | ᠭᠡᠷᠡᠴᠢ ᠠᠪᠬᠤ ᠳᠤ ᠬᠠᠷᠰᠢ ᠪᠣᠯᠬᠤ᠃ | ︵ᠳᠦᠷᠪᠡ︶ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠦᠨ ᠲᠤᠰ | ᠪᠠᠶᠢᠭᠤᠯᠭ᠎ᠠ ᠠᠴᠠ ᠠᠵᠤ ᠠᠬᠤᠶ ᠶᠢᠨ ᠲᠥᠯᠥᠪᠦᠷᠢ ᠡᠭᠦᠷᠭᠡᠯᠡᠭᠰᠡᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠲᠥᠯᠥᠪᠦᠷᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠵᠢᠯᠯᠠᠭ᠎ᠠ ᠬᠢᠭᠰᠡᠨ ᠬᠥᠮᠦᠨ ᠠᠴᠠ | ᠲᠦᠯᠦᠪᠦᠷᠢ ᠨᠡᠬᠡᠮᠵᠢᠯᠡᠨ ᠠᠪᠣᠨ᠎ᠠ᠃ | ᠵᠢᠷᠭᠤᠭ᠎ᠠ᠂ ᠨᠡᠬᠡᠮᠵᠢᠯᠡᠬᠦ ᠶᠠᠪᠣᠴᠠ | ︵ᠨᠢᠭᠡ︶ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠷᠢᠭᠤᠴᠠᠯᠭ᠎ᠠ | ᠨᠡᠬᠡᠮᠵᠢᠯᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠪᠤᠷᠤᠭᠤ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠂ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢ ᠬᠠᠤᠯᠢ ᠳᠦᠷᠢᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ᠂ ᠬᠠᠤᠯᠢ ᠳᠦᠷᠢᠮ ᠤᠨ ᠠᠵᠢᠯ ᠤᠨ ᠰᠠᠯᠠᠭ᠎ᠠ ᠮᠥᠴᠢᠷ ᠪᠠ ᠳᠠᠭᠠᠭᠠᠨ ᠠᠪᠣᠬᠰᠡᠨ ᠰᠠᠯᠠᠭ᠎ᠠ | ᠮᠦᠴᠢᠷ ᠤᠨ ᠬᠤᠯᠪᠣᠭᠳᠠᠯ ᠪᠦᠬᠦᠢ ᠤᠳᠤᠷᠢᠳᠤᠯᠭ᠎ᠠ ᠪᠠᠷ ᠪᠦᠷᠢᠯᠳᠦᠨ᠎ᠡ᠃ ᠬᠠᠤᠯᠢ ᠳᠦᠷᠢᠮ ᠤᠨ ᠠᠵᠢᠯ ᠤᠨ ᠰᠠᠯᠠᠭ᠎ᠠ | ᠮᠥᠴᠢᠷ ᠠᠴᠠ ᠳᠠᠭᠠᠭᠠᠨ ᠠᠪᠣᠬᠰᠡᠨ ᠰᠠᠯᠠᠭ᠎ᠠ ᠮᠦᠴᠢᠷ ᠲᠠᠢ ᠬᠠᠮᠲᠦ ᠤᠯᠠᠷᠢᠯ ᠪᠦᠷᠢ ᠶᠢᠨ ᠡᠴᠦᠰ ᠲᠤ ᠤᠳᠤᠷᠢᠳᠬᠤ | ᠳᠤᠭᠤᠶᠢᠯᠠᠩ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠳᠠᠭᠠᠭᠠᠨ ᠠᠪᠴᠤ ᠰᠢᠢᠳᠪᠦᠷᠢᠯᠡᠬᠦ ᠪᠠᠶᠢᠳᠠᠯ ᠤᠨ | ᠮᠡᠳᠡᠭᠦᠯᠦᠯᠲᠡ ᠬᠢᠨ᠎ᠡ᠃ | ︵ᠬᠤᠶᠠᠷ︶ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠷᠤᠭᠤ ᠬᠡᠷᠡᠭᠵᠢᠭᠦᠯᠦᠭᠰᠡᠨ ᠢ | ᠨᠡᠬᠡᠮᠵᠢᠯᠡᠬᠦ ᠶᠢ ᠬᠠᠷᠢᠭᠤᠴᠠᠯᠭ᠎ᠠ ᠡᠭᠦᠷᠭᠡᠯᠡᠭᠴᠢ ᠶᠢᠨ ᠪᠠᠶᠢᠭ᠎ᠠ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠤᠶᠤ ᠲᠡᠭᠦᠨ ᠤ ᠳᠡᠭᠡᠷ᠎ᠡ ᠨᠢᠭᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠤᠳᠤᠷᠢᠳᠬᠤ ᠳᠤᠭᠤᠶᠢᠯᠠᠩ ᠠᠴᠠ ᠲᠣᠭᠲᠠᠭᠠᠵᠤ᠂ ᠠᠳᠠᠯᠢ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠲᠣᠬᠳᠠᠭᠠᠨ᠂ ᠬᠤᠯᠪᠣᠭᠳᠠᠯ ᠪᠦᠬᠦᠢ | ᠪᠠᠶᠢᠭᠤᠯᠤᠮᠵᠢ ᠠᠴᠠ ᠭᠦᠢᠴᠡᠳᠭᠡᠨ᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠪᠠ ᠬᠤᠯᠪᠣᠭᠳᠠᠯ ᠪᠦᠬᠦᠢ ᠵᠢᠷᠤᠮ ᠢ | ᠦᠨᠳᠦᠰᠦᠯᠡᠨ ᠰᠢᠢᠳᠪᠦᠷᠢᠯᠡᠨ᠎ᠡ︔ ᠪᠤᠰᠤᠳ ᠪᠠᠶᠢᠭᠤᠯᠭ᠎ᠠ ᠶᠢᠨ ᠰᠢᠢᠳᠪᠦᠷᠢᠯᠡᠬᠦ ᠲᠣᠭᠲᠠᠭᠠᠯ ᠭᠠᠷᠭᠠᠬᠰᠡᠨ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠪᠤᠭᠤᠯᠤᠨ᠎ᠠ᠃ ᠰᠢᠢᠳᠪᠦᠷᠢᠯᠡᠭᠰᠡᠨ ᠦᠷ᠎ᠡ ᠳ᠋ᠦᠩ ᠢᠶᠠᠨ ᠲᠤᠰ | ᠬᠥᠮᠦᠨ ᠤ ᠳᠠᠩᠰᠠ ᠡᠪᠬᠡᠮᠡᠯ ᠳᠤ ᠬᠠᠳᠠᠭᠠᠯᠠᠨ᠂ ᠬᠢᠨᠠᠨ ᠰᠢᠯᠭᠠᠬᠤ ᠦᠨᠳᠦᠰᠦᠯᠡᠯ ᠪᠣᠯᠭᠠᠨ᠎ᠠ᠃ | ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠷᠤᠭᠤ ᠶᠢᠨ ᠬᠠᠷᠢᠭᠤᠴᠠᠯᠭ᠎ᠠ ᠡᠭᠦᠷᠭᠡᠯᠡᠭᠴᠢ ᠶᠢᠨ | ᠬᠠᠷᠢᠭᠤᠴᠠᠯᠭ᠎ᠠ ᠶᠢ ᠨᠡᠬᠡᠮᠵᠢᠯᠡᠬᠦ ᠳᠤ ᠪᠠᠶᠢᠴᠠᠭᠠᠭᠰᠠᠨ ᠡᠳᠦᠷ ᠠᠴᠠ ᠡᠬᠢᠯᠡᠭᠡᠳ 3 ᠰᠠᠷ᠎ᠠ ᠶᠢᠨ ᠳᠣᠲᠣᠷ᠎ᠠ | ᠰᠢᠢᠳᠪᠦᠷᠢᠯᠡᠵᠦ ᠳᠠᠭᠤᠰᠬᠠᠬᠤ ᠬᠡᠷᠡᠭᠲᠡᠶ᠃ ᠣᠨᠴᠠᠭᠠᠶ ᠰᠢᠯᠲᠠᠭᠠᠨ ᠠᠴᠠ ᠪᠣᠯᠣᠭᠠᠳ ᠬᠤᠭᠤᠴᠠᠭ᠎ᠠ ᠶᠢ ᠨᠢ | ᠤᠷᠲᠤᠳᠬᠠᠬᠤ ᠴᠢᠬᠤᠯᠠ ᠲᠠᠢ ᠪᠠᠶᠢᠪᠠᠯ᠂ ᠬᠠᠷᠢᠭᠤᠴᠠᠯᠭ᠎ᠠ ᠨᠡᠭᠡᠮᠵᠢᠯᠡᠬᠦ ᠶᠢ ᠲᠣᠭᠲᠠᠭᠠᠬᠤ ᠨᠢᠭᠡᠴᠢ ᠪᠠᠷ | ᠵᠥᠪᠰᠢᠶᠡᠷᠡᠭᠦᠯᠦᠭᠡᠳ ᠨᠢᠭᠡ ᠰᠠᠷ᠎ᠠ ᠤᠷᠲᠤᠳᠬᠠᠵᠤ ᠪᠣᠯᠤᠨ᠎ᠠ᠃ | ︵ᠲᠦᠷᠪᠡ︶ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠷᠤᠭᠤ ᠬᠠᠷᠢᠭᠤᠴᠠᠯᠭ᠎ᠠ ᠲᠠᠢ ᠬᠥᠮᠦᠨ ᠢ | ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠤ ᠳᠠᠷᠠᠭ᠎ᠠ ᠳᠤ 10 ᠡᠳᠦᠷ ᠤᠨ ᠳᠣᠲᠣᠷ᠎ᠠ ᠰᠢᠢᠳᠪᠦᠷᠢᠯᠡᠬᠦ | ᠲᠣᠭᠲᠠᠭᠠᠯ ᠤᠨ ᠪᠢᠴᠢᠭ ᠢᠶᠠᠷ ᠮᠡᠳᠡᠭᠳᠡᠬᠦ ᠬᠡᠷᠡᠭᠲᠡᠶ᠃ | ᠬᠠᠷᠢᠭᠤᠴᠠᠯᠭ᠎ᠠ ᠲᠠᠢ ᠬᠥᠮᠦᠨ ᠨᠢ ᠰᠢᠢᠳᠪᠦᠷᠢᠯᠡᠭᠰᠡᠨ ᠰᠢᠢᠳᠪᠦᠷᠢ ᠶᠢ ᠵᠥᠪᠰᠢᠶᠡᠷᠡᠬᠦ ᠦᠭᠡᠢ ᠪᠣᠯ᠂ ᠬᠠᠤᠯᠢ ᠴᠠᠭᠠᠵᠠ | ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠤᠯ ᠤᠨ ᠰᠢᠢᠳᠪᠦᠷᠢᠯᠡᠭᠰᠡᠨ ᠪᠠᠶᠢᠭᠤᠯᠭ᠎ᠠ ᠳᠤ ᠳᠠᠬᠢᠨ | ᠵᠦᠪᠯᠡᠬᠦ ᠪᠠᠷ ᠭᠤᠶᠤᠴᠢᠯᠠᠵᠤ ᠪᠣᠯᠤᠨ᠎ᠠ᠂ ᠳᠠᠬᠢᠨ ᠪᠠᠶᠢᠴᠠᠭᠠᠭᠰᠠᠨ ᠲᠣᠭᠲᠠᠭᠠᠯ ᠨᠢ ᠨᠢᠭᠡ ᠰᠠᠷ᠎ᠠ ᠶᠢᠨ ᠳᠣᠲᠣᠷ᠎ᠠ | ᠭᠠᠷᠭᠠᠬᠤ ᠬᠡᠷᠡᠭᠲᠡᠶ᠃ | ᠬᠠᠷᠢᠭᠤᠴᠠᠯᠭᠠᠲᠠᠨ ᠤᠤᠯ ᠤᠨ ᠰᠢᠢᠳᠪᠦᠷᠢᠯᠡᠭᠰᠡᠨ ᠪᠠᠶᠢᠭᠤᠯᠤᠯᠭ᠎ᠠ ᠶᠢᠨ ᠳᠡᠭᠡᠷ᠎ᠡ ᠨᠢᠭᠡ ᠱᠠᠲᠤᠨ ᠤ ᠪᠠᠶᠢᠭᠤᠯᠭ᠎ᠠ ᠳᠤ | ᠭᠤᠮᠣᠳᠠᠯ ᠲᠣᠭᠠᠴᠢᠵᠤ ᠪᠣᠯᠬᠤ ᠡᠷᠬᠡ ᠲᠠᠢ᠃ | ︵ᠲᠠᠪᠤ︶ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠴᠠᠭ | ᠲᠤᠬᠠᠶ ᠳᠤᠨᠢ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠲᠤᠬᠠᠢ | ᠬᠠᠮᠲᠤ ᠶᠢᠨ ᠬᠢᠨᠠᠨ ᠪᠠᠶᠢᠴᠠᠭᠠᠯᠲᠠ ᠬᠢᠵᠦ᠂ ᠬᠢᠨᠠᠵᠦ ᠦᠨᠡᠯᠡᠬᠦ ᠪᠠᠶᠢᠴᠠᠭᠠᠯᠲᠠ ᠪᠠ ᠰᠣᠳᠣᠯᠣᠨ ᠪᠠᠶᠢᠴᠠᠭᠠᠯᠲᠠ ᠬᠢᠵᠦ᠂ | ᠪᠣᠳᠠᠲᠤ ᠬᠡᠷᠡᠭ ᠨᠢ ᠣᠷᠣᠰᠢᠬᠤ ᠦᠭᠡᠢ ᠪᠤᠶᠤ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠭᠡᠢ ᠪᠠᠶᠢᠪᠠᠯ ᠬᠡᠷᠡᠭ ᠢ | ᠬᠦᠴᠦᠨ ᠦᠭᠡᠢ ᠪᠣᠯᠭᠠᠵᠦ ᠬᠤᠯᠪᠣᠭᠳᠠᠯ ᠪᠦᠬᠦᠢ ᠨᠢᠭᠡᠴᠡ ᠪᠠ ᠠᠵᠢᠯᠲᠠᠨ ᠳᠤ ᠬᠡᠯᠡᠵᠦ ᠥᠭᠬᠦ ᠬᠡᠷᠡᠭᠲᠡᠶ᠃ | ︵ᠵᠢᠷᠭᠤᠭ᠎ᠠ︶ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ | ᠵᠠᠬᠢᠷᠭᠠᠨ ᠤ ᠵᠥᠪᠰᠢᠶᠡᠷᠡᠯ ᠳᠣᠮᠳᠠᠬᠢ ᠠᠯᠳᠠᠭ᠎ᠠ ᠪᠤᠷᠤᠭᠤ ᠭᠠᠷᠭᠠᠭᠰᠠᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ | ᠰᠢᠢᠳᠪᠦᠷᠢᠯᠡᠬᠦ ᠲᠣᠭᠲᠠᠭᠠᠯ ᠭᠠᠷᠭᠠᠬᠰᠡᠨ ᠤ ᠳᠠᠷᠠᠭ᠎ᠠ 10 ᠡᠳᠦᠷ ᠤᠨ ᠳᠣᠲᠣᠷ᠎ᠠ ᠳᠡᠭᠡᠷ᠎ᠡ ᠨᠢᠭᠡ ᠱᠠᠲᠤᠨ ᠤ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠯᠲᠡ ᠬᠢᠨ᠎ᠡ᠃ ᠡᠭᠦᠨ ᠤ ᠬᠠᠮᠲᠤ ᠠᠳᠠᠯᠢ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ︵ᠲᠤᠯᠤᠭ᠎ᠠ︶ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠪᠥᠬᠦ ᠣᠷᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠯᠳᠠᠭ᠎ᠠ ᠪᠤᠷᠤᠭᠤ ᠶᠢᠨ | ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠠᠷᠢᠭᠤᠴᠠᠯᠭ᠎ᠠ ᠲᠠᠢ᠂ ᠬᠡᠷᠪᠡ | ᠪᠤᠷᠤᠭᠤ ᠪᠠᠨ ᠵᠠᠯᠠᠷᠠᠭᠤᠯᠬᠤ ᠦᠭᠡᠶ ᠪᠠᠶᠢᠳᠠᠯ ᠪᠠᠶᠢᠪᠠᠯ ᠲᠡᠭᠦᠨ ᠢ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠶ | ᠪᠥᠭᠡᠳ ᠬᠠᠮᠢᠶ᠎ᠠ ᠪᠦᠬᠦᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ︔ ᠮᠠᠷᠭᠤᠯᠳᠤᠭᠠᠨ ᠲᠠᠢ ᠪᠤᠷᠤᠭᠤ ᠪᠠᠶᠢᠳᠠᠯ | ᠣᠷᠣᠰᠢᠪᠠᠯ ᠳᠡᠭᠡᠳᠦ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠭᠤᠳ | ᠪᠠᠶᠢᠴᠠᠭᠠᠨ ᠰᠢᠢᠳᠪᠦᠷᠢᠯᠡᠬᠦ ᠰᠠᠨᠠᠯ ᠳᠤᠷᠠᠳᠴᠤ᠂ ᠳᠣᠣᠷ᠎ᠠ ᠱᠠᠲᠤᠨ ᠤ ᠬᠢᠨ ᠢᠶᠠᠷ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠭᠦᠢᠴᠡᠳᠬᠡᠨ᠎ᠡ᠃ |