ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ︵2016 — 2020︶ | | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠣᠯ ᠣᠯᠣᠰ ᠤᠨ ᠶᠡᠷᠦᠩᠭᠡᠶᠢᠯᠡᠭᠰᠡᠨ ᠪᠣᠲᠠᠲᠣ ᠬᠦᠴᠦᠨ ᠤ | ᠴᠢᠬᠤᠯᠠ ᠲᠣᠰᠬᠠᠯ᠂ ᠠᠵᠦ ᠠᠬᠤᠢ ᠨᠡᠶᠢᠭᠡᠮ ᠤᠨ ᠬᠦᠭᠵᠢᠯᠲᠡ ᠲᠠᠪᠰᠢᠯᠲᠠ ᠶᠢᠨ ᠴᠢᠬᠤᠯᠠ ᠪᠡᠯᠭᠡ ᠲᠡᠮᠲᠡᠭ ᠮᠦᠨ᠃ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠣᠯ ᠪᠦᠬᠦ ᠠᠷᠠᠳ ᠤᠨ ᠡᠷᠡᠬᠦᠯ ᠮᠡᠨᠲᠦ ᠶᠢ ᠪᠡᠶᠡᠯᠡᠬᠦᠯᠬᠦ ᠴᠢᠬᠤᠯᠠ ᠵᠠᠮ | ᠰᠣᠪᠠᠬ ᠪᠠ ᠠᠷᠭ᠎ᠠ ᠬᠡᠷᠡᠭᠯᠡᠬᠦᠷ ᠪᠠᠶᠢᠵᠦ᠂ ᠪᠦᠬᠦ ᠠᠷᠠᠳ ᠲᠦᠮᠡᠨ ᠤ ᠪᠡᠶ᠎ᠡ ᠮᠠᠬᠠᠪᠣᠳ ᠢᠶᠠᠨ ᠰᠠᠶᠢᠵᠢᠷᠠᠭᠤᠯᠵᠦ᠂ | ᠵᠣᠯ ᠵᠢᠷᠭᠠᠯᠲᠣ ᠠᠮᠢᠲᠣᠷᠠᠯ ᠤᠨ ᠦᠨᠳᠦᠰᠦᠨ ᠪᠠᠲᠣᠯᠠᠭ᠎ᠠ ᠮᠦᠨ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠲᠦᠯᠦᠪᠯᠡᠭᠡ ᠶᠢ ᠬᠡᠷᠡᠭᠵᠢᠬᠦᠯᠬᠦ ᠪᠣᠯ ᠣᠯᠣᠰ ᠤᠨ ᠴᠢᠬᠤᠯᠠ ᠬᠦᠭᠵᠢᠯᠲᠡ ᠶᠢᠨ ᠪᠠᠶᠢᠯᠲᠣᠬᠤ ᠪᠣᠲᠣᠯᠭ᠎ᠠ ᠮᠦᠨ᠃ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠵᠦᠪ ᠣᠨᠣᠪᠴᠢᠲᠠᠢ ᠣᠲᠣᠶᠢᠷᠲᠣᠯᠭᠠ | ᠲᠣᠣᠷ᠎ᠠ᠂ ᠦᠩᠭᠡᠷᠡᠭᠰᠡᠨ ᠲᠠᠪᠣᠨ ᠵᠢᠯ ᠳᠤ ᠡᠯ᠎ᠡ ᠭᠠᠵᠠᠷ ᠣᠷᠣᠨ ᠤ ᠡᠯ᠎ᠡ ᠬᠤᠯᠪᠣᠬᠲᠠᠯ ᠪᠦᠬᠦᠢ ᠰᠠᠯᠠᠭ᠎ᠠ ᠮᠦᠴᠢᠷ | ᠬᠢᠭᠡᠳ ᠨᠡᠶᠢᠭᠡᠮ ᠤᠨ ᠡᠯ᠎ᠡ ᠡᠲᠡᠭᠡᠳ ᠤᠨ ᠬᠠᠮᠲᠣ ᠶᠢᠨ ᠴᠢᠷᠮᠠᠶᠢᠯᠭ᠎ᠠ ᠪᠠᠷ᠂ ᠬᠤᠲᠠ ᠬᠦᠲᠡᠭᠡ ᠶᠢ ᠬᠠᠮᠣᠷᠣᠬᠰᠠᠨ᠂ | ᠨᠡᠯᠢᠶᠡᠳ ᠪᠦᠷᠢᠨᠰᠢᠭᠰᠡᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠬᠲᠠᠯᠴᠠᠭ᠎ᠠ ᠶᠢ ᠦᠨᠳᠦᠰᠦᠨ ᠳᠡᠭᠡᠨ ᠪᠦᠷᠢᠯᠲᠦᠬᠦᠯᠵᠦ᠂ ᠨᠡᠩ ᠪᠦᠷᠢᠨ ᠲᠦᠬᠦᠷ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠦᠢᠯᠡᠴᠢᠯᠡᠭᠡ ᠬᠠᠩᠭᠠᠵᠦ᠂ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠢ ᠪᠦᠲᠦᠭᠡᠨ ᠪᠠᠶᠢᠭᠤᠯᠬᠤ ᠳᠤ | ᠪᠠᠲᠣ ᠪᠠᠬᠢ ᠰᠠᠭᠤᠷᠢ ᠲᠠᠯᠪᠢᠬᠰᠠᠨ ᠪᠠᠶᠢᠢᠨ᠎ᠠ᠃ ᠬᠤᠶᠢᠰᠢᠲᠠ ᠶᠢᠨ ᠲᠠᠪᠣᠨ ᠵᠢᠯ ᠳᠤ᠂ ᠠᠷᠠᠳ ᠣᠯᠠᠨ ᠤ ᠡᠳᠦᠷ | ᠢᠷᠡᠬᠦᠶ᠎ᠡ ᠨᠡᠮᠡᠭᠲᠡᠵᠦ ᠪᠠᠶᠢᠭ᠎ᠠ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠱᠠᠭᠠᠷᠲᠠᠯᠭ᠎ᠠ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠱᠠᠭᠠᠷᠲᠠᠯᠭ᠎ᠠ᠂ ᠡᠷᠡᠬᠦᠯ ᠴᠢᠬᠢᠷᠠᠬ ᠲᠣᠮᠲᠠᠲᠣ ᠣᠯᠣᠰ ᠤᠨ | ᠪᠠᠶᠢᠭᠤᠯᠣᠯᠲᠠ ᠶᠢ ᠠᠬᠢᠭᠤᠯᠬᠤ ᠦᠷᠢᠰᠦᠯᠲᠦᠭᠡᠨ ᠲᠣᠬᠢᠶᠠᠯ ᠳᠤ ᠴᠢᠭᠯᠡᠬᠦᠯᠦᠨ᠂ ᠰᠢᠨ᠎ᠡ ᠴᠠᠬ ᠦᠶ᠎ᠡ ᠶᠢᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠬᠦᠭᠵᠢᠯᠲᠡ ᠶᠢᠨ ᠠᠭᠤᠯᠬᠤᠨ ᠤ ᠬᠦᠨᠵᠡᠭᠡᠢ ᠬᠤᠪᠢᠷᠠᠯᠲᠠ ᠶᠢ ᠨᠡᠩ ᠵᠦᠪ | ᠣᠨᠣᠪᠴᠢᠲᠠᠢ ᠪᠠᠷ ᠡᠵᠡᠮᠰᠢᠵᠦ᠂ ᠬᠦᠭᠵᠢᠯᠲᠡ ᠶᠢᠨ ᠰᠢᠨ᠎ᠡ ᠲᠦᠷᠰᠦ ᠪᠠᠶᠢᠲᠠᠯ ᠢ ᠲᠠᠰᠣᠷᠠᠯᠲᠠ ᠦᠭᠡᠢ ᠡᠬᠦᠳᠦᠨ᠂ | ᠡᠷᠡᠬᠦᠯ ᠴᠢᠬᠢᠷᠠᠬ ᠲᠣᠮᠲᠠᠲᠣ ᠣᠯᠣᠰ ᠤᠨ ᠪᠠᠶᠢᠭᠤᠯᠣᠯᠲᠠ ᠶᠢᠨ ᠲᠣᠯᠭᠠᠭᠤᠷᠢᠯᠠᠬᠤ ᠬᠦᠴᠦᠨ ᠪᠠ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠣᠯᠣᠰ ᠣᠷᠣᠨ ᠤ ᠨᠡᠷ᠎ᠡ ᠶᠢᠨ ᠬᠠᠭᠤᠲᠠᠰᠣ ᠪᠣᠯᠭᠠᠨ᠎ᠠ᠃ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠣᠯᠣᠰ ᠤᠨ ᠪᠠᠶᠢᠯᠲᠣᠬᠤ ᠪᠣᠲᠣᠯᠭ᠎ᠠ ᠶᠢ ᠬᠡᠷᠡᠭᠵᠢᠬᠦᠯᠦᠨ᠂ ᠪᠦᠬᠦ | ᠦᠨᠳᠦᠰᠦᠲᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠬᠦᠯ ᠮᠡᠨᠲᠦ ᠶᠢᠨ ᠲᠦᠪᠰᠢᠨ ᠢ ᠲᠡᠭᠡᠭᠰᠢᠯᠡᠬᠦᠯᠬᠦ ᠶᠢᠨ | ᠲᠦᠯᠦᠭᠡ᠂ ᠲᠣᠰ ᠲᠦᠯᠦᠪᠯᠡᠭᠡ ᠶᠢ ᠲᠣᠬᠲᠠᠭᠠᠪᠠ᠃ | ᠨᠢᠭᠡ᠂ ᠶᠡᠷᠦᠩᠬᠡᠢ ᠱᠠᠭᠠᠷᠲᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠄ ᠨᠠᠮ ᠤᠨ ᠠᠷᠪᠠᠨᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ | ᠨᠠᠢᠮᠠᠳᠤᠭᠠᠷ ᠬᠤᠭᠤᠴᠠᠭᠠᠨ ᠤ ᠭᠤᠷᠪᠠᠲᠤᠭᠠᠷ᠂ ᠲᠦᠷᠪᠡᠲᠦᠭᠡᠷ᠂ ᠲᠠᠪᠣᠲᠣᠭᠠᠷ ᠪᠦᠬᠦᠲᠡ ᠬᠤᠷᠠᠯ ᠤᠨ ᠵᠣᠷᠢᠬ | ᠰᠠᠨᠠᠭ᠎ᠠ ᠶᠢ ᠨᠠᠷᠢᠨ ᠬᠢᠨᠠᠮᠠᠭᠠᠢ ᠲᠣᠭᠤᠰᠢᠯᠠᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠲᠣᠬᠤ ᠪᠣᠲᠣᠯᠭ᠎ᠠ ᠶᠢᠨ | ᠪᠠᠶᠢᠷᠢᠯᠠᠭᠤᠯᠤᠯᠲᠠ ᠪᠣᠯᠣᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠰᠢᠢᠳᠪᠦᠷᠢᠲᠦ | ᠪᠣᠲᠣᠯᠭ᠎ᠠ ᠶᠢᠨ ᠪᠠᠶᠢᠷᠢᠯᠠᠭᠤᠯᠣᠯᠲᠠ ᠶᠢᠨ ᠲᠣᠭᠤᠷᠢᠨ ᠳᠤ᠂ ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠲᠣᠯ ᠦᠭᠡᠢ᠂ | ᠨᠡᠭᠡᠭᠡᠯᠲᠡ ᠲᠠᠢ᠂ ᠬᠠᠮᠲᠣ ᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠬᠲᠠᠬᠤᠨ ᠢ ᠪᠠᠲᠣ ᠪᠠᠬᠢ ᠪᠣᠢ ᠪᠣᠯᠭᠠᠨ | ᠲᠣᠭᠤᠰᠢᠯᠠᠭᠤᠯᠣᠨ ᠨᠠᠶᠢᠲᠠᠪᠣᠷᠢᠵᠢᠭᠤᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠰᠠᠶᠢᠵᠢᠷᠠᠭᠤᠯᠵᠦ᠂ ᠡᠷᠡᠬᠦᠯ | ᠮᠡᠨᠲᠦ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠦᠨᠳᠦᠰᠦᠨ ᠬᠠᠷᠠᠯᠲᠠ ᠪᠣᠯᠭᠠᠵᠦ᠂ ᠠᠷᠠᠳ ᠣᠯᠠᠨ ᠤ ᠡᠳᠦᠷ | ᠢᠷᠡᠬᠦᠶ᠎ᠡ ᠨᠡᠮᠡᠭᠲᠡᠵᠦ ᠪᠠᠶᠢᠭ᠎ᠠ ᠣᠯᠠᠨ ᠡᠰᠢᠲᠦ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠱᠠᠭᠠᠷᠲᠠᠯᠭ᠎ᠠ ᠶᠢ | ᠬᠠᠩᠭᠠᠬᠤ ᠪᠠᠷ ᠵᠣᠬᠰᠣᠴᠠ ᠪᠣᠯᠭᠠᠨ᠂ ᠬᠦᠮᠦᠨ ᠢᠶᠠᠷ ᠦᠨᠳᠦᠰᠦ ᠪᠣᠯᠭᠠᠬᠤ᠂ ᠦᠭᠡᠷᠡᠴᠢᠯᠡᠯᠲᠡ ᠬᠢᠵᠦ ᠰᠢᠨ᠎ᠡ ᠶᠢ | ᠡᠬᠦᠳᠬᠦ᠂ ᠬᠠᠣᠯᠢ ᠶᠣᠰᠣᠭᠠᠷ ᠴᠣᠬᠴᠠ ᠶᠢ ᠵᠠᠰᠠᠬᠤ᠂ ᠦᠨᠳᠦᠰᠦᠨ ᠵᠦᠢᠯ ᠢ ᠪᠠᠲᠣᠯᠠᠨ᠂ ᠣᠯᠠᠨ ᠡᠰᠢᠲᠦ | ᠬᠠᠷᠢᠯᠴᠠᠨ ᠠᠬᠢᠭᠤᠯᠬᠤ᠂ ᠪᠣᠲᠠᠲᠣ ᠪᠦᠲᠦᠮᠵᠢ ᠶᠢ ᠴᠢᠬᠤᠯᠠᠴᠢᠯᠠᠬᠤ ᠠᠵᠢᠯ ᠤᠨ ᠵᠠᠷᠴᠢᠮ ᠢ ᠪᠠᠷᠢᠮᠲᠠᠯᠠᠵᠦ᠂ ᠪᠣᠰᠤᠭ᠎ᠠ | ᠴᠣᠬᠴᠠᠵᠢᠭᠤᠯᠣᠨ ᠪᠠᠶᠢᠭᠤᠯᠬᠤ᠂ ᠨᠡᠶᠢᠳᠭᠡᠨ ᠠᠬᠢᠭᠤᠯᠵᠦ᠂ ᠬᠦᠲᠡᠯᠦᠩᠬᠦᠢ ᠬᠡᠷᠡᠭᠵᠢᠬᠦᠯᠬᠦ ᠪᠠᠷ ᠲᠠᠮᠵᠢᠭᠤᠯᠣᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠲᠠᠯᠴᠠᠭ᠎ᠠ ᠪᠣᠯᠣᠨ ᠠᠵᠦ | ᠦᠢᠯᠡᠰ ᠤᠨ ᠬᠡᠯᠬᠢᠶ ᠡ᠂ ᠠᠮᠢ ᠠᠬᠤᠢ ᠶᠢᠨ ᠴᠠᠭᠠᠷᠢᠬ ᠢ ᠨᠢᠭᠡᠲᠦᠯᠲᠡᠢ ᠲᠦᠯᠦᠪᠵᠢᠬᠦᠯᠦᠨ ᠪᠠᠶᠢᠭᠤᠯᠵᠦ᠂ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠣᠲᠣ ᠦᠶ᠎ᠡ ᠶᠢᠨ ᠵᠠᠰᠠᠯᠲᠠ ᠶᠢᠨ ᠴᠢᠲᠠᠪᠣᠷᠢ ᠶᠢ ᠲᠡᠭᠡᠭᠰᠢᠯᠡᠬᠦᠯᠦᠨ᠂ | ᠴᠢᠨᠡᠭᠡᠯᠢᠭ ᠨᠡᠶᠢᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠬᠤᠪᠢ ᠨᠡᠮᠡᠷᠢ ᠡᠷᠬᠦᠵᠦ ᠲᠣᠮᠲᠠᠲᠣ ᠶᠢᠨ | ᠦᠨᠳᠦᠰᠦᠲᠡᠨ ᠤ ᠠᠭᠤᠣ ᠶᠡᠭᠡ ᠰᠡᠷᠬᠦᠨ ᠮᠡᠨᠲᠦᠯᠲᠡ ᠶᠢᠨ ᠲᠣᠮᠲᠠᠲᠣ ᠶᠢᠨ ᠮᠦᠷᠦᠭᠡᠳᠦᠯ ᠢ ᠲᠡᠷᠭᠡᠯᠰᠢᠬᠦᠯᠬᠦ ᠳᠤ | ᠪᠠᠲᠣ ᠪᠠᠬᠢ ᠰᠠᠭᠤᠷᠢ ᠲᠠᠯᠪᠢᠨ᠎ᠠ᠃ | ︵ᠬᠤᠶᠠᠷ︶ ᠬᠦᠭᠵᠢᠯᠲᠡ ᠶᠢᠨ ᠬᠠᠷᠠᠯᠲᠠ | 2020 ᠤᠨ ᠪᠣᠯᠬᠤ ᠳᠤ᠂ ᠣᠯᠠᠨ ᠲᠦᠮᠡᠨ ᠤ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠣᠬᠠᠮᠰᠠᠷ ᠢ | ᠨᠡᠶᠢᠲᠡᠮ ᠲᠡᠭᠡᠭᠰᠢᠯᠡᠬᠦᠯᠵᠦ᠂ ᠪᠡᠶ᠎ᠡ ᠶᠢᠨ ᠲᠠᠮᠢᠷ ᠤᠨ ᠪᠣᠯᠪᠠᠰᠣᠷᠠᠯ ᠳᠤ ᠣᠷᠣᠯᠴᠠᠬᠤ ᠬᠦᠮᠦᠰ ᠤᠨ ᠲᠤᠭ᠎ᠠ ᠶᠢ | ᠢᠯᠡᠳᠲᠡ ᠨᠡᠮᠡᠭᠲᠡᠭᠦᠯᠵᠦ᠂ ᠭᠠᠷᠠᠬ ᠪᠣᠯᠭᠠᠨ ᠨᠢᠭᠡ ᠣᠲᠠᠭ᠎ᠠ ᠠᠴᠠ ᠲᠡᠭᠡᠭᠰᠢ ᠪᠡᠶ᠎ᠡ ᠶᠢᠨ ᠲᠠᠮᠢᠷ ᠤᠨ ᠪᠣᠯᠪᠠᠰᠣᠷᠠᠯ ᠳᠤ | ᠣᠷᠣᠯᠴᠠᠬᠤ ᠬᠦᠮᠦᠨ ᠤ ᠲᠤᠭ᠎ᠠ ᠶᠢ 7 ᠳ᠋ᠦᠩᠰᠢᠭᠤᠷ ᠲᠤ ᠬᠦᠷᠭᠡᠵᠦ᠂ ᠦᠷᠬᠦᠯᠵᠢ ᠪᠡᠶ᠎ᠡ ᠶᠢᠨ ᠲᠠᠮᠢᠷ ᠤᠨ | ᠪᠣᠯᠪᠠᠰᠣᠷᠠᠯ ᠳᠤ ᠣᠷᠣᠯᠴᠠᠬᠤ ᠬᠦᠮᠦᠨ ᠤ ᠲᠤᠭ᠎ᠠ ᠶᠢ 4.35 ᠳ᠋ᠦᠩᠰᠢᠭᠤᠷ ᠲᠤ ᠬᠦᠷᠭᠡᠵᠦ᠂ ᠠᠷᠠᠳ ᠣᠯᠠᠨ ᠤ | ᠪᠡᠶ᠎ᠡ ᠮᠠᠬᠠᠪᠣᠳ ᠤᠨ ᠬᠡᠪ ᠴᠢᠨᠠᠷ ᠢ ᠯᠠᠪᠲᠠᠭᠤᠨ ᠢᠶᠠᠷ ᠠᠬᠢᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠰᠣᠷᠭᠠᠨ ᠬᠦᠮᠦᠵᠢᠯ᠂ ᠠᠵᠦ ᠠᠬᠤᠢ ᠪᠣᠯᠣᠨ ᠨᠡᠶᠢᠭᠡᠮ ᠤᠨ ᠴᠢᠲᠠᠪᠬᠢ ᠶᠢ ᠬᠦᠢᠴᠡᠳ ᠪᠠᠲᠠᠷᠠᠭᠤᠯᠣᠨ᠂ ᠡᠯ᠎ᠡ | ᠲᠦᠷᠦᠯ ᠤᠨ ᠨᠡᠶᠢᠭᠡᠮ ᠤᠨ ᠦᠢᠯᠡᠰ ᠯᠦᠭᠡ ᠬᠠᠷᠢᠯᠴᠠᠨ ᠠᠬᠢᠭᠤᠯᠵᠦ ᠬᠦᠭᠵᠢᠭᠰᠡᠨ ᠪᠠᠶᠢᠲᠠᠯ ᠢ ᠦᠨᠳᠦᠰᠦᠨ ᠳᠡᠭᠡᠨ | ᠪᠦᠷᠢᠯᠲᠦᠬᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠶᠡᠷᠦᠩᠬᠡᠢ ᠬᠡᠮᠵᠢᠶ᠎ᠡ 1.5 ᠲᠦᠮᠡᠨ ᠳ᠋ᠦᠩᠰᠢᠭᠤᠷ | ᠲᠦᠬᠦᠷᠢᠭ ᠲᠤ ᠬᠦᠷᠴᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ ᠪᠡᠶ᠎ᠡ ᠶᠢᠨ ᠲᠠᠮᠢᠷ ᠤᠨ ᠠᠵᠦ | ᠦᠢᠯᠡᠰ ᠤᠨ ᠬᠦᠭᠵᠢᠯᠲᠡ ᠶᠢ ᠠᠬᠢᠭᠤᠯᠵᠦ᠂ ᠲᠣᠲᠣᠭᠠᠲᠣ ᠬᠡᠷᠡᠭᠯᠡᠭᠡ ᠶᠢ ᠲᠦᠷᠭᠡᠳᠭᠡᠬᠦ ᠪᠠ ᠠᠵᠦ ᠠᠬᠤᠢ ᠶᠢᠨ | ᠰᠢᠨ᠎ᠡ ᠨᠡᠮᠡᠭᠲᠡᠯ ᠴᠡᠭ ᠤᠨ ᠬᠦᠲᠡᠯᠭᠡᠬᠦᠷ ᠪᠣᠯᠭᠠᠨ᠎ᠠ᠃ ᠣᠯᠣᠰ ᠤᠨ ᠬᠦᠭᠵᠢᠯᠲᠡ ᠶᠢᠨ ᠬᠠᠷᠠᠯᠲᠠ ᠳᠤ ᠲᠣᠯᠭᠠᠭᠤᠷᠢᠯᠠᠨ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠲᠠᠢ ᠬᠠᠷᠢᠯᠴᠠᠨ ᠵᠣᠬᠢᠴᠠᠯᠲᠣᠬᠰᠠᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠶᠢᠨ ᠲᠣᠬᠲᠠᠯᠴᠠᠭ᠎ᠠ ᠡᠳᠦᠷ ᠲᠣᠲᠣᠮ ᠲᠡᠬᠦᠯᠲᠡᠷᠵᠢᠵᠦ᠂ | ᠵᠠᠰᠠᠬ ᠤᠨ ᠣᠷᠲᠣᠨ ᠠᠴᠠ ᠭᠤᠣᠯᠯᠠᠨ ᠣᠲᠣᠷᠢᠳᠴᠦ᠂ ᠰᠠᠯᠠᠭ᠎ᠠ ᠮᠦᠴᠢᠷ ᠬᠠᠮᠲᠣᠷᠠᠨ ᠠᠵᠢᠯᠯᠠᠵᠦ᠂ ᠪᠦᠬᠦ | ᠨᠡᠶᠢᠭᠡᠮ ᠢᠶᠠᠷ ᠢᠶᠠᠨ ᠣᠷᠣᠯᠴᠠᠬᠰᠠᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠤᠨ ᠬᠦᠭᠵᠢᠯᠲᠡ ᠶᠢᠨ | ᠪᠠᠶᠢᠷᠢᠰᠢᠯ ᠢ ᠨᠡᠩ ᠲᠣᠲᠣᠷᠬᠠᠢ ᠪᠣᠯᠭᠠᠨ᠎ᠠ᠃ | ᠬᠤᠶᠠᠷ᠂ ᠭᠤᠣᠯ ᠪᠣᠯᠬᠤ ᠡᠬᠦᠷᠭᠡ | ︵ᠭᠤᠷᠪᠠ︶ ᠪᠡᠶ᠎ᠡ ᠶᠢᠨ ᠲᠠᠮᠢᠷ ᠤᠨ ᠰᠣᠶᠣᠯ ᠢ ᠪᠠᠲᠠᠷᠠᠭᠤᠯᠵᠦ᠂ ᠬᠦᠮᠦᠨ ᠤ ᠪᠦᠬᠦ ᠲᠠᠯ᠎ᠠ ᠶᠢᠨ | ᠬᠦᠭᠵᠢᠯᠲᠡ ᠶᠢ ᠠᠬᠢᠭᠤᠯᠣᠨ᠎ᠠ᠃ ᠪᠡᠶ᠎ᠡ ᠴᠢᠬᠢᠷᠠᠬᠵᠢᠭᠤᠯᠬᠤ ᠮᠡᠲᠡᠯᠭᠡ ᠶᠢ ᠲᠦᠭᠡᠮᠡᠯᠵᠢᠬᠦᠯᠦᠨ᠂ ᠪᠡᠶ᠎ᠡ | ᠴᠢᠬᠢᠷᠠᠬᠵᠢᠭᠤᠯᠬᠤ ᠦᠷ᠎ᠡ ᠪᠦᠲᠦᠮᠵᠢ ᠶᠢ ᠣᠬᠠᠭᠤᠯᠵᠦ᠂ ᠡᠷᠡᠬᠦᠯ ᠮᠡᠨᠲᠦ ᠶᠢᠨ ᠰᠢᠨ᠎ᠡ ᠣᠶᠢᠯᠠᠭᠠᠬᠲᠠᠬᠤᠨ ᠢ | ᠪᠠᠲᠠᠷᠠᠭᠤᠯᠵᠦ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠬ ᠢ ᠬᠤᠪᠢ ᠬᠦᠮᠦᠨ ᠤ ᠪᠦᠬᠦ ᠲᠠᠯ᠎ᠠ ᠶᠢᠨ ᠬᠦᠭᠵᠢᠯᠲᠡ | ᠪᠣᠯᠣᠨ ᠨᠡᠶᠢᠭᠡᠮ ᠲᠠᠢ ᠵᠣᠬᠢᠴᠠᠬᠤ ᠴᠢᠬᠤᠯᠠ ᠴᠢᠲᠠᠪᠣᠷᠢ ᠪᠣᠯᠭᠠᠵᠦ᠂ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠳᠤ | ᠣᠷᠣᠯᠴᠠᠨ᠂ ᠡᠷᠡᠬᠦᠯ ᠴᠢᠬᠢᠷᠠᠬ ᠪᠡᠶ᠎ᠡ ᠮᠠᠬᠠᠪᠣᠳ ᠢᠶᠠᠷ ᠦᠩᠭᠡ ᠭᠡᠷᠡᠯ ᠪᠣᠯᠭᠠᠬᠰᠠᠨ ᠬᠤᠪᠢ ᠬᠦᠮᠦᠨ ᠤ | ᠬᠦᠭᠵᠢᠯᠲᠡ ᠶᠢᠨ ᠣᠶᠢᠯᠠᠭᠠᠬᠲᠠᠬᠤᠨ ᠢ ᠪᠣᠢ ᠪᠣᠯᠭᠠᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠣᠢ ᠪᠣᠯᠭᠠᠨ᠂ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠪᠠᠷ ᠲᠠᠮᠵᠢᠨ ᠬᠤᠪᠢ ᠬᠦᠮᠦᠨ ᠤ | ᠬᠠᠮᠲᠣᠷᠠᠨ ᠠᠵᠢᠯᠯᠠᠬᠤ ᠴᠢᠲᠠᠪᠣᠷᠢ ᠶᠢ ᠲᠡᠭᠡᠭᠰᠢᠯᠡᠬᠦᠯᠦᠨ᠎ᠡ᠃ ᠡᠷᠡᠬᠦᠯ ᠴᠢᠬᠢᠷᠠᠬ ᠪᠣᠯᠪᠠᠰᠣᠨ ᠠᠮᠢᠲᠣᠷᠠᠯ ᠤᠨ ᠠᠷᠭ᠎ᠠ | ᠮᠠᠶ᠋ᠢᠬ ᠲᠤ ᠦᠵᠡᠬᠦᠯᠬᠦ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠦᠢᠯᠡᠲᠦᠯ ᠢ ᠪᠠᠲᠠᠷᠠᠭᠤᠯᠬᠤ ᠤᠷᠤᠭᠤ | ᠬᠦᠲᠦᠯᠤᠨ ᠲᠠᠭᠠᠭᠤᠯᠵᠤ᠂ ᠬᠦᠮᠦᠨ ᠪᠣᠯᠭᠠᠨ ᠪᠡᠶ᠎ᠡ ᠪᠣᠯᠪᠠᠰᠣᠷᠠᠬᠤ ᠲᠣᠷᠠᠲᠠᠢ᠂ ᠪᠡᠶ᠎ᠡ ᠪᠣᠯᠪᠠᠰᠣᠷᠠᠵᠦ ᠴᠢᠲᠠᠬᠤ᠂ | ᠪᠡᠶ᠎ᠡ ᠪᠣᠯᠪᠠᠰᠣᠷᠠᠵᠦ ᠲᠠᠲᠣᠬᠰᠠᠨ᠂ ᠲᠦᠷᠢᠮ ᠢ ᠴᠢᠬᠤᠯᠠᠴᠢᠯᠠᠨ᠂ ᠦᠨᠡᠨᠴᠢ ᠢᠲᠡᠭᠡᠮᠵᠢ ᠶᠢ ᠡᠷᠬᠢᠮᠯᠡᠨ᠂ ᠬᠤᠪᠢ | ᠨᠡᠮᠡᠷᠢ ᠦᠵᠡᠬᠦᠯᠬᠦ᠂ ᠬᠠᠮᠲᠣ ᠪᠠᠷ ᠡᠳ᠋ᠯᠡᠬᠦ ᠲᠤᠷᠠᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ | ᠪᠣᠯᠭᠠᠨ᠎ᠠ᠃ | ᠪᠡᠶ᠎ᠡ ᠶᠢᠨ ᠲᠠᠮᠢᠷ ᠤᠨ ᠰᠣᠶᠣᠯ ᠢ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠪᠦᠬᠦ ᠦᠶᠡᠯᠡᠯ ᠤᠨ | ᠬᠤᠭᠤᠴᠠᠭ᠎ᠠ ᠪᠣᠯᠣᠨ ᠪᠦᠬᠦ ᠶᠠᠪᠣᠴᠠ ᠳᠤ ᠠᠭᠤᠰᠬᠠᠵᠦ᠂ ᠪᠡᠶ᠎ᠡ ᠶᠢᠨ ᠲᠠᠮᠢᠷ ᠤᠨ ᠣᠷᠣᠯᠲᠣᠭᠠᠨ ᠠᠵᠢᠯᠯᠠᠭ᠎ᠠ | ᠡᠷᠬᠢᠯᠡᠬᠦ ᠪᠠᠷ ᠭᠠᠷᠳᠠᠴᠠ ᠪᠣᠯᠭᠠᠨ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠢ ᠶᠡᠬᠡᠪᠡᠷ ᠣᠬᠠᠭᠤᠯᠣᠨ᠂ | ᠣᠯᠢᠮᠫᠢᠺ ᠤᠨ ᠵᠣᠷᠢᠬ ᠰᠠᠨᠠᠭ᠎ᠠ ᠪᠣᠯᠣᠨ ᠲᠣᠮᠲᠠᠲᠣ ᠶᠢᠨ ᠪᠡᠶ᠎ᠡ ᠶᠢᠨ ᠲᠠᠮᠢᠷ ᠤᠨ ᠵᠣᠷᠢᠬ ᠰᠠᠨᠠᠭ᠎ᠠ ᠶᠢ ᠪᠠᠲᠠᠷᠠᠭᠤᠯᠵᠦ᠂ | ᠣᠯᠠᠮᠵᠢᠯᠠᠯᠲᠣ ᠪᠡᠶ᠎ᠡ ᠶᠢᠨ ᠲᠠᠮᠢᠷ ᠤᠨ ᠰᠣᠶᠣᠯ ᠢ ᠠᠭᠤᠲᠠᠯᠣᠨ ᠣᠯᠠᠮᠵᠢᠯᠠᠵᠦ᠂ ᠣᠷᠣᠨ ᠪᠦᠰᠡ ᠶᠢᠨ ᠣᠨᠴᠠᠯᠢᠬᠲᠦ | ᠰᠣᠶᠣᠯ ᠤᠨ ᠦᠪ ᠤᠨ ᠦᠢᠯᠡᠲᠦᠯ ᠢ ᠪᠠᠲᠠᠷᠠᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠯᠢᠭᠡᠷ | ᠲᠠᠭᠤᠷᠢᠶᠠᠯ ᠢ ᠪᠣᠢ ᠪᠣᠯᠭᠠᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠯᠢᠭᠡᠷ ᠬᠦᠣᠷᠨᠢᠨ᠂ ᠨᠡᠶᠢᠭᠡᠮ ᠤᠨ | ᠢᠲᠡᠪᠬᠢ ᠬᠦᠴᠦᠨ ᠢ ᠲᠠᠮᠵᠢᠭᠤᠯᠣᠨ᠂ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠲᠡ ᠶᠢ | ᠦᠢᠯᠡᠲᠦᠯᠭᠡᠵᠢᠬᠦᠯᠵᠦ᠂ ᠲᠣᠮᠲᠠᠲᠣ ᠶᠢᠨ ᠦᠨᠳᠦᠰᠦᠲᠡᠨ ᠤ ᠣᠯᠠᠮᠵᠢᠯᠠᠯᠲᠣ ᠪᠣᠯᠪᠠᠰᠣᠨ ᠰᠣᠷᠲᠠᠯ ᠢ ᠪᠠᠲᠠᠷᠠᠭᠤᠯᠬᠤ | ᠬᠦᠮᠦᠨ ᠲᠦᠷᠦᠯᠬᠢᠲᠡᠨ ᠤ ᠰᠢᠯᠢᠲᠡᠭ ᠪᠣᠯᠪᠠᠰᠣᠨ ᠤ ᠦᠷ᠎ᠡ ᠪᠦᠲᠦᠭᠡᠯ ᠢ ᠣᠯᠠᠮᠵᠢᠯᠠᠨ ᠵᠠᠯᠭᠠᠮᠵᠢᠯᠠᠬᠤ ᠪᠠ ᠣᠯᠣᠰ ᠤᠨ | ᠵᠦᠭᠡᠯᠡᠨ ᠪᠣᠲᠠᠲᠣ ᠬᠦᠴᠦᠨ ᠢ ᠲᠡᠭᠡᠭᠰᠢᠯᠡᠬᠦᠯᠬᠦ ᠵᠡᠷᠭᠡ ᠲᠠᠯ᠎ᠠ ᠶᠢᠨ ᠪᠡᠶ᠎ᠡ ᠶᠢᠨ ᠲᠠᠮᠢᠷ ᠰᠣᠶᠣᠯ ᠤᠨ ᠤᠨ ᠦᠪᠡᠷᠮᠢᠴᠡ | ᠦᠷᠲᠡᠭ ᠪᠣᠯᠣᠨ ᠦᠢᠯᠡᠲᠦᠯ ᠢ ᠪᠠᠲᠠᠷᠠᠭᠤᠯᠣᠨ᠎ᠠ᠃ | ︵ᠲᠦᠷᠪᠡ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠵᠦ᠂ ᠡᠯᠪᠡᠭ ᠪᠠᠶᠠᠯᠢᠬ | ᠠᠭᠤᠯᠭ᠎ᠠ ᠪᠦᠬᠦᠢ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠬᠠᠩᠭᠠᠯᠭ᠎ᠠ ᠣᠯᠭᠤᠨ᠎ᠠ᠃ ᠴᠠᠭ ᠭᠠᠵᠠᠷ ᠣᠷᠣᠨ ᠪᠣᠯᠣᠨ | ᠬᠡᠷᠡᠭᠴᠡᠭᠡ ᠱᠠᠭᠠᠷᠲᠠᠯᠭ᠎ᠠ ᠳᠤ ᠵᠣᠬᠢᠴᠠᠭᠤᠯᠣᠨ ᠣᠯᠠᠨ ᠲᠦᠮᠡᠨ ᠤ ᠲᠡᠷᠭᠡᠲᠡᠬᠢ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ | ᠦᠷᠨᠢᠬᠦᠯᠵᠦ ᠲᠡᠰ ᠲᠦᠷᠦᠯ ᠬᠤᠪᠢᠶᠠᠨ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠤᠨ ᠬᠦᠭᠵᠢᠯᠲᠡ ᠶᠢ | ᠬᠦᠲᠦᠯᠦᠨ ᠵᠢᠯᠣᠭᠤᠳᠴᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠲᠣᠬᠲᠠᠯᠴᠠᠭ᠎ᠠ ᠶᠢ | ᠪᠠᠶᠠᠯᠢᠬᠵᠢᠭᠤᠯᠣᠨ ᠲᠡᠬᠦᠯᠲᠡᠷᠵᠢᠬᠦᠯᠦᠨ᠎ᠡ᠃ ᠪᠡᠶ᠎ᠡ ᠴᠢᠬᠢᠷᠠᠬᠵᠢᠭᠤᠯᠬᠤ ᠬᠦᠶᠦᠯᠲᠡ᠂ ᠪᠡᠶ᠎ᠡ ᠴᠢᠬᠢᠷᠠᠬᠵᠢᠭᠤᠯᠣᠨ | ᠠᠯᠬᠤᠬᠤ᠂ ᠲᠣᠭᠤᠢ ᠪᠠᠷ ᠠᠶᠠᠯᠠᠬᠤ᠂ ᠠᠭᠤᠯᠠ ᠠᠪᠠᠷᠢᠬᠤ᠂ ᠣᠰᠣᠨ ᠳᠤ ᠣᠮᠪᠠᠭ᠋ᠣ᠂ ᠪᠦᠮᠪᠦᠭᠡ ᠶᠢᠨ ᠲᠦᠷᠦᠯ᠂ | ᠠᠭᠤᠲᠠᠮ ᠲᠠᠯᠠᠪᠠᠢ ᠶᠢᠨ ᠪᠦᠵᠢᠭ ᠵᠡᠷᠭᠡ ᠣᠯᠠᠨ ᠲᠦᠮᠡᠨ ᠤ ᠲᠣᠷ᠎ᠠ ᠰᠣᠨᠢᠷᠬᠠᠯ ᠢ ᠲᠠᠲᠠᠬᠰᠠᠨ ᠪᠡᠶ᠎ᠡ | ᠴᠢᠬᠢᠷᠠᠬᠵᠢᠭᠤᠯᠬᠤ ᠬᠦᠲᠡᠯᠭᠡᠭᠡᠨ ᠤ ᠲᠦᠷᠦᠯ ᠵᠦᠢᠯ ᠢ ᠶᠡᠬᠡᠪᠡᠷ ᠬᠦᠭᠵᠢᠬᠦᠯᠵᠦ᠂ ᠲᠠᠷᠪᠠᠭᠤᠯᠲᠣ ᠣᠩᠭᠤᠴᠠ᠂ | ᠰᠡᠯᠡᠮ᠎ᠡ ᠮᠦᠷᠦᠶᠢᠴᠡᠬᠦ᠂ ᠮᠡᠰᠢᠨ ᠲᠡᠷᠭᠡ ᠣᠷᠣᠯᠲᠣᠬᠤ᠂ ᠮᠣᠷᠢᠨ ᠮᠡᠷᠭᠡᠵᠢᠯ᠂ ᠬᠡᠲᠦ ᠲᠣᠶᠢᠯᠰᠢᠷᠠᠯ ᠤᠨ ᠬᠦᠲᠡᠯᠭᠡᠭᠡᠨ᠂ | ᠠᠭᠠᠷ ᠠᠶᠠᠯᠠᠯ ᠵᠡᠷᠭᠡ ᠶᠢᠨ ᠬᠡᠷᠡᠭᠯᠡᠭᠡ ᠶᠢ ᠬᠦᠲᠦᠯᠦᠨ ᠲᠠᠭᠠᠭᠤᠯᠬᠤ ᠣᠨᠴᠠᠯᠢᠬ ᠪᠦᠬᠦᠢ ᠮᠣᠳ᠋ ᠰᠡᠯᠡᠬᠦᠴᠡᠯ ᠤᠨ | ᠬᠦᠲᠡᠯᠭᠡᠭᠡᠨ ᠤ ᠲᠦᠷᠦᠯ ᠵᠦᠢᠯ ᠢ ᠢᠲᠡᠪᠬᠢᠲᠡᠢ ᠪᠣᠶᠢᠵᠢᠭᠤᠯᠵᠦ᠂ ᠦᠱᠦ᠂ ᠪᠡᠶ᠎ᠡ ᠴᠢᠬᠢᠷᠠᠬᠵᠢᠭᠤᠯᠬᠤ ᠬᠡᠢ ᠲᠠᠮᠢᠷ | ᠵᠡᠷᠭᠡ ᠦᠨᠳᠦᠰᠦᠲᠡᠨ ᠤ ᠵᠠᠩ ᠲᠠᠳᠬᠠᠯ ᠤᠨ ᠣᠯᠠᠮᠵᠢᠯᠠᠯ ᠪᠠ ᠬᠦᠲᠡᠭᠡ ᠲᠣᠰᠬᠤᠨ ᠤ ᠦᠨᠦᠷ ᠠᠮᠲᠠ ᠪᠠᠷ ᠦᠳᠭᠡᠨ | ᠰᠣᠨᠢᠷᠬᠠᠯᠲᠣ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠢ ᠲᠡᠮᠵᠢᠨ ᠲᠡᠯᠭᠡᠷᠡᠬᠦᠯᠵᠦ ᠠᠲᠠᠯᠢ ᠪᠣᠰᠣ | ᠬᠦᠮᠦᠰ ᠲᠤ ᠲᠣᠬᠢᠷᠠᠬᠤ᠂ ᠠᠲᠠᠯᠢ ᠪᠣᠰᠣ ᠭᠠᠵᠠᠷ ᠣᠷᠣᠨ ᠪᠠ ᠠᠲᠠᠯᠢ ᠪᠣᠰᠣ ᠠᠵᠢᠯ ᠲᠦᠷᠦᠯ ᠤᠨ ᠣᠨᠴᠠᠯᠢᠬ ᠲᠤ | ᠵᠣᠬᠢᠴᠠᠬᠤ ᠣᠨᠴᠠᠯᠢᠬᠲᠣ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠢ ᠵᠣᠷᠢᠬᠵᠢᠭᠤᠯᠣᠨ ᠨᠡᠭᠡᠭᠡᠨ | ᠬᠦᠭᠵᠢᠬᠦᠯᠦᠨ᠎ᠡ᠃ | ᠵᠠᠬ᠎ᠠ ᠲᠡᠯᠭᠡᠬᠦᠷ ᠤᠨ ᠠᠮᠢᠵᠢᠷᠠᠯ ᠤᠨ ᠬᠦᠴᠦᠨ ᠢ ᠲᠠᠶᠢᠴᠢᠯᠠᠨ ᠨᠡᠶᠢᠭᠡᠮ ᠤᠨ ᠬᠦᠴᠦᠨ ᠢᠶᠠᠷ ᠪᠦᠬᠦ ᠠᠷᠠᠳ ᠤᠨ | ᠪᠡᠶ ᠡ ᠴᠢᠬᠢᠷᠠᠬᠵᠢᠭᠤᠯᠬᠤ ᠬᠦᠲᠡᠯᠭᠡᠭᠡᠨ ᠡᠷᠬᠢᠯᠡᠬᠦ ᠳᠤ ᠲᠦᠬᠦᠮ ᠨᠦᠬᠦᠴᠡᠯ ᠡᠬᠦᠳᠴᠦ᠂ ᠰᠦᠯᠵᠢᠶ᠎ᠠ ᠵᠡᠷᠭᠡ | ᠰᠢᠨ᠎ᠡ ᠪᠠᠷ ᠮᠠᠨᠲᠣᠬᠰᠠᠨ ᠪᠡᠶ᠎ᠡ ᠶᠢᠨ ᠲᠠᠮᠢᠷ ᠤᠨ ᠬᠦᠲᠡᠯᠭᠡᠭᠡᠨ ᠵᠣᠬᠢᠶᠠᠨ ᠪᠠᠶᠢᠭᠤᠯᠬᠤ ᠵᠠᠮ ᠰᠣᠪᠠᠬ ᠤᠨ ᠦᠢᠯᠡᠲᠦᠯ ᠢ | ᠪᠠᠲᠠᠷᠠᠭᠤᠯᠵᠦ᠂ ᠮᠡᠷᠭᠡᠵᠢᠯ ᠤᠨ ᠪᠣᠰᠣ ᠪᠡᠶ᠎ᠡ ᠶᠢᠨ ᠲᠠᠮᠢᠷ ᠤᠨ ᠣᠷᠣᠯᠲᠣᠭᠠᠨ ᠤ ᠲᠤᠬᠲᠠᠯᠴᠠᠭ᠎ᠠ ᠶᠢ | ᠲᠡᠬᠦᠯᠲᠡᠷᠵᠢᠬᠦᠯᠦᠨ᠎ᠡ᠃ ᠠᠲᠠᠯᠢ ᠪᠣᠰᠣ ᠲᠡᠰ ᠲᠠᠪᠬᠤᠷᠭ᠎ᠠ ᠪᠠ ᠲᠦᠷᠦᠯ ᠬᠡᠯᠪᠡᠷᠢ ᠶᠢᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠣᠷᠣᠯᠲᠣᠭᠠᠨ ᠡᠷᠬᠢᠯᠡᠬᠦ ᠶᠢ ᠵᠣᠷᠢᠬᠵᠢᠭᠤᠯᠵᠦ᠂ ᠵᠡᠮᠲᠡᠭᠴᠦᠳ ᠤᠨ ᠲᠣᠭᠤᠶᠢᠯᠠᠩ ᠭᠠᠷᠭᠠᠵᠦ᠂ | ᠡᠩ ᠤᠨ ᠬᠦᠮᠦᠰ ᠬᠢᠭᠡᠳ ᠵᠡᠮᠲᠡᠭᠴᠦᠳ ᠤᠨ ᠪᠡᠶ᠎ᠡ ᠶᠢᠨ ᠲᠠᠮᠢᠷ ᠤᠨ ᠬᠦᠲᠡᠯᠭᠡᠭᠡᠨ ᠢ ᠠᠭᠤᠰᠣᠯᠴᠠᠭᠤᠯᠣᠨ | ᠦᠷᠨᠢᠬᠦᠯᠬᠦ ᠶᠢ ᠠᠬᠢᠭᠤᠯᠣᠨ᠎ᠠ᠃ ᠡᠯ᠎ᠠ ᠭᠠᠵᠠᠷ ᠣᠷᠣᠨ᠂ ᠡᠯ᠎ᠡ ᠠᠵᠢᠯ ᠲᠦᠷᠦᠯ ᠣᠷᠣᠨ ᠨᠣᠲᠤᠬ ᠤᠨ ᠰᠣᠶᠣᠯ᠂ | ᠲᠠᠷᠢᠶᠠᠯᠠᠬᠤ ᠰᠣᠶᠣᠯ᠂ ᠵᠣᠭᠠᠴᠠᠯ ᠰᠡᠯᠡᠬᠦᠴᠡᠯ ᠵᠡᠷᠭᠡ ᠡᠬᠢ ᠪᠠᠶᠠᠯᠢᠬ ᠲᠠᠢ ᠪᠠᠨ ᠣᠶᠠᠯᠲᠣᠭᠤᠯᠵᠦ᠂ ᠣᠷᠣᠨ | ᠪᠦᠰᠡ ᠶᠢᠨ ᠣᠨᠴᠠᠯᠢᠬ ᠲᠠᠢ᠂ ᠠᠵᠢᠯ ᠲᠦᠷᠦᠯ ᠤᠨ ᠣᠨᠴᠠᠯᠢᠬ ᠲᠠᠢ᠂ ᠨᠦᠯᠦᠭᠡᠯᠡᠬᠦ ᠬᠦᠴᠦᠨ ᠶᠡᠭᠡ᠂ ᠦᠷᠬᠦᠯᠵᠢᠯᠡᠬᠦ | ᠴᠢᠨᠠᠷ ᠢᠶᠠᠷ ᠴᠢᠩᠭ᠎ᠠ ᠲᠦᠷᠦᠯ ᠲᠡᠮᠲᠡᠭᠲᠦ ᠣᠷᠣᠯᠲᠣᠭᠠᠨ ᠬᠦᠲᠡᠯᠭᠡᠭᠡᠨ ᠡᠬᠦᠳᠬᠦ ᠶᠢ ᠲᠡᠮᠵᠢᠨ᠎ᠡ᠃ ᠡᠯ᠎ᠡ ᠱᠠᠲᠣᠨ ᠤ | ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠲᠤᠭᠠᠨ ᠤ ᠦᠷ᠎ᠡ ᠪᠦᠲᠦᠮᠵᠢ ᠨᠢ ᠨᠡᠩ ᠣᠯᠠᠨ ᠬᠦᠮᠦᠰ ᠲᠤ | ᠠᠰᠢᠬ ᠬᠦᠷᠲᠡᠭᠡᠬᠦ ᠶᠢ ᠠᠬᠢᠭᠤᠯᠵᠦ᠂ ᠦᠷᠢᠰᠦᠯᠲᠦᠭᠡᠨ ᠤ ᠪᠡᠶ᠎ᠡ ᠶᠢᠨ ᠲᠠᠮᠢᠷ ᠬᠢᠭᠡᠳ ᠣᠯᠠᠨ ᠲᠦᠮᠡᠨᠴᠢ ᠪᠡᠶ᠎ᠡ ᠶᠢᠨ | ᠲᠠᠮᠢᠷ ᠤᠨ ᠪᠦᠬᠦ ᠲᠠᠯ᠎ᠠ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠣᠨ᠎ᠠ᠃ ᠪᠡᠶ᠎ᠡ ᠴᠢᠬᠢᠷᠠᠬᠵᠢᠭᠤᠯᠬᠤ | ᠭᠤᠣᠯᠯᠠᠬᠴᠢ ᠬᠦᠴᠦᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠲᠣᠮᠲᠠᠬᠢ ᠦᠢᠯᠡᠲᠦᠯ ᠢ | ᠴᠢᠬᠤᠯᠠᠴᠢᠯᠠᠨ ᠪᠠᠲᠠᠷᠠᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠡᠷᠡᠬᠦᠯ ᠢᠶᠠᠷ | ᠬᠦᠭᠵᠢᠬᠦ ᠶᠢ ᠬᠦᠲᠦᠯᠦᠨ ᠵᠢᠯᠣᠭᠤᠳᠴᠦ ᠦᠢᠯᠡᠴᠢᠯᠡᠨ ᠲᠦᠷᠢᠮᠵᠢᠬᠦᠯᠦᠨ᠎ᠡ᠃ | ︵ᠲᠠᠪᠤ︶ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠦᠭᠡᠷᠡᠴᠢᠯᠡᠯᠲᠡ ᠶᠢ | ᠠᠬᠢᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠢᠲᠡᠪᠬᠢᠵᠢᠯ ᠢ ᠲᠠᠶᠢᠴᠢᠯᠠᠨ᠎ᠠ᠃ ᠨᠡᠶᠢᠭᠡᠮ ᠤᠨ ᠵᠣᠬᠢᠶᠠᠨ | ᠪᠠᠶᠢᠭᠤᠯᠣᠯᠲᠠ ᠶᠢᠨ ᠦᠭᠡᠷᠡᠴᠢᠯᠡᠯᠲᠡ ᠬᠦᠭᠵᠢᠯᠲᠡ ᠶᠢᠨ ᠶᠡᠷᠦᠩᠬᠡᠢ ᠱᠠᠭᠠᠷᠲᠠᠯᠭ᠎ᠠ ᠶᠣᠰᠣᠭᠠᠷ᠂ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢ ᠵᠠᠰᠠᠬ ᠪᠠ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢ ᠰᠠᠯᠭᠠᠬᠤ᠂ ᠡᠷᠬᠡ | ᠪᠣᠯᠣᠨ ᠡᠬᠦᠷᠭᠡ ᠲᠣᠲᠣᠷᠬᠠᠢ᠂ ᠬᠠᠣᠯᠢ ᠶᠣᠰᠣᠭᠠᠷ ᠦᠪᠡᠷᠲᠡᠭᠡᠨ ᠵᠠᠰᠠᠬᠰᠠᠨ ᠣᠲᠣ ᠦᠶ᠎ᠡ ᠶᠢᠨ ᠨᠡᠶᠢᠭᠡᠮ ᠤᠨ | ᠵᠣᠬᠢᠶᠠᠨ ᠪᠠᠶᠢᠭᠤᠯᠣᠯᠲᠠ ᠪᠣᠯᠭᠠᠬᠤ ᠶᠢ ᠲᠦᠷᠭᠡᠳᠭᠡᠨ ᠠᠬᠢᠭᠤᠯᠵᠦ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠣᠯᠲᠠ ᠶᠢ ᠬᠦᠲᠦᠯᠦᠨ ᠵᠢᠯᠣᠭᠤᠳᠴᠦ ᠲᠣᠰᠠᠭᠠᠷ ᠬᠠᠣᠯᠢ ᠶᠢᠨ ᠡᠷᠭᠡᠲᠡᠨ ᠤ ᠵᠣᠬᠢᠶᠠᠨ ᠪᠠᠶᠢᠭᠤᠯᠣᠯᠲᠠ ᠲᠡᠰᠢ | ᠰᠢᠯᠵᠢᠬᠦᠯᠵᠦ᠂ ᠲᠡᠬᠦᠨ ᠤ ᠨᠡᠶᠢᠭᠡᠮᠴᠢᠯᠡᠯ᠂ ᠬᠠᠣᠯᠢᠵᠢᠯ᠂ ᠦᠨᠳᠦᠷ ᠦᠷ᠎ᠡ ᠠᠰᠢᠬᠲᠣ ᠬᠦᠭᠵᠢᠯᠲᠡ ᠶᠢ ᠲᠦᠯᠬᠢᠨ | ᠠᠬᠢᠭᠤᠯᠵᠦ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠶᠢ ᠠᠪᠴᠠᠯᠲᠣᠭᠤᠯᠣᠬᠰᠠᠨ ᠦᠢᠯᠡᠴᠢᠯᠡᠭᠡ ᠶᠢᠨ ᠴᠢᠲᠠᠪᠣᠷᠢ ᠪᠣᠯᠣᠨ ᠴᠢᠨᠠᠷ ᠴᠢᠨᠰᠠᠭ᠎ᠠ ᠶᠢ | ᠲᠡᠭᠡᠭᠰᠢᠯᠡᠬᠦᠯᠦᠨ᠎ᠡ᠃ | ᠪᠦᠬᠦ ᠣᠯᠣᠰ ᠤᠨ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠬᠦ᠂ ᠲᠣᠰᠬᠠᠢ ᠮᠡᠷᠭᠡᠵᠢᠯ ᠤᠨ ᠵᠢᠯᠣᠭᠤᠲᠣᠯᠭ᠎ᠠ | ᠬᠠᠩᠭᠠᠬᠤ ᠵᠡᠷᠭᠡ ᠲᠠᠯ᠎ᠠ ᠶᠢᠨ ᠲᠠᠭᠠᠭᠤᠯᠣᠨ ᠵᠢᠱᠢᠶ᠎ᠠ ᠦᠵᠡᠬᠦᠯᠬᠦ ᠦᠢᠯᠡᠲᠦᠯ ᠢ ᠢᠲᠡᠪᠬᠢᠲᠡᠢ ᠪᠠᠲᠠᠷᠠᠭᠤᠯᠣᠨ᠎ᠠ᠃ | ᠲᠠᠮᠵᠢᠭᠤᠯᠭ᠎ᠠ ᠭᠤᠬᠴᠤᠭ᠎ᠠ ᠬᠡᠯᠪᠡᠷᠢ ᠶᠢᠨ ᠪᠡᠶ ᠡ ᠶᠢᠨ ᠲᠠᠮᠢᠷ ᠨᠡᠶᠢᠭᠡᠮ ᠤᠨ ᠵᠣᠬᠢᠶᠠᠨ ᠪᠠᠶᠢᠭᠤᠯᠣᠯᠲᠠ ᠪᠣᠯᠣᠬᠰᠠᠨ ᠤ | ᠬᠤᠪᠢ ᠳᠤ ᠡᠯ᠎ᠡ ᠱᠠᠲᠣᠨ ᠤ ᠪᠡᠶ᠎ᠡ ᠶᠢᠨ ᠲᠠᠮᠢᠷ ᠤᠨ ᠶᠡᠷᠦᠩᠬᠡᠢ ᠨᠡᠶᠢᠭᠡᠮᠯᠢᠭ ᠤᠨ ᠪᠠᠶᠢᠭᠤᠯᠣᠯᠲᠠ ᠶᠢ ᠠᠬᠢᠭᠤᠯᠵᠦ᠂ | ᠡᠯ᠎ᠡ ᠱᠠᠲᠣᠨ ᠤ ᠡᠯ᠎ᠡ ᠲᠦᠷᠦᠯ ᠤᠨ ᠲᠠᠩ ᠲᠦᠷᠦᠯ᠂ ᠠᠵᠢᠯ ᠲᠦᠷᠦᠯ ᠪᠣᠯᠣᠨ ᠬᠦᠮᠦᠰ ᠤᠨ ᠪᠡᠶ᠎ᠡ ᠶᠢᠨ ᠲᠠᠮᠢᠷ ᠤᠨ | ᠵᠣᠬᠢᠶᠠᠨ ᠪᠠᠶᠢᠭᠤᠯᠣᠯᠲᠠ ᠶᠢ ᠲᠠᠶᠢᠴᠢᠯᠠᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠦᠨ᠎ᠡ᠃ | ᠦᠨᠳᠦᠰᠦᠨ ᠱᠠᠲᠣᠨ ᠤ ᠰᠣᠶᠣᠯ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠵᠢᠯᠣᠭᠤᠲᠣᠯᠭ᠎ᠠ | ᠦᠢᠯᠡᠴᠢᠯᠡᠭᠡ ᠪᠠᠨ ᠴᠢᠩᠭᠠᠳᠬᠠᠵᠦ᠂ ᠦᠨᠳᠦᠰᠦᠨ ᠱᠠᠲᠣᠨ ᠳᠤ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠬᠦ | ᠬᠤᠲᠠ ᠬᠦᠲᠡᠭᠡ ᠨᠡᠶᠢᠢᠭᠡᠮ ᠲᠣᠭᠤᠷᠢᠬ ᠤᠨ ᠦᠢᠯᠡᠴᠢᠯᠡᠭᠡᠨ ᠤ ᠬᠡᠯᠪᠡᠷᠢ ᠶᠢᠨ ᠨᠡᠶᠢᠭᠡᠮ ᠤᠨ ᠵᠣᠬᠢᠶᠠᠨ | ᠪᠠᠶᠢᠭᠤᠯᠣᠯᠲᠠ ᠶᠢ ᠭᠤᠣᠯᠲᠠᠯᠭ᠎ᠠ ᠲᠠᠢ ᠬᠦᠮᠦᠵᠢᠬᠦᠯᠦᠨ ᠬᠦᠭᠵᠢᠬᠦᠯᠵᠦ᠂ ᠦᠨᠳᠦᠰᠦᠨ ᠱᠠᠲᠣᠨ ᠤ ᠰᠣᠶᠣᠯ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠬᠠᠣᠯᠢ ᠶᠣᠰᠣᠭᠠᠷ ᠲᠠᠩᠰᠠᠯᠠᠬᠤ ᠶᠢ ᠵᠣᠷᠢᠬᠵᠢᠭᠤᠯᠣᠨ᠎ᠠ᠃ ᠪᠡᠶ᠎ᠡ ᠶᠢᠨ | ᠲᠠᠮᠢᠷ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠲᠦᠷᠦᠯ ᠲᠡᠮᠲᠡᠭᠲᠦ ᠬᠦᠭᠵᠢᠯᠲᠡ ᠶᠢ ᠠᠬᠢᠭᠤᠯᠬᠤ ᠶᠢᠨ ᠬᠠᠮᠲᠣ | ᠨᠡᠶᠢᠭᠡᠮ ᠲᠣᠭᠤᠷᠢᠬ ᠤᠨ ᠪᠦᠲᠦᠭᠡᠨ ᠪᠠᠶᠢᠭᠤᠯᠤᠯᠲᠠᠳᠤ ᠦᠵᠡᠬᠦᠯᠬᠦ ᠦᠢᠯᠡᠲᠦᠯ ᠢ ᠨᠢ ᠪᠠᠲᠠᠷᠠᠭᠤᠯᠵᠦ᠂ ᠪᠦᠲᠦᠴᠡ | ᠪᠦᠷᠢᠯᠲᠦᠯ ᠢᠯᠡ ᠲᠤᠲᠤᠷᠬᠠᠢ᠂ ᠲᠦᠷᠦᠯ ᠬᠡᠯᠪᠡᠷᠢ ᠣᠯᠠᠨ᠂ ᠦᠢᠯᠡᠴᠢᠯᠡᠭᠡ ᠣᠯᠠᠨ ᠡᠰᠢᠵᠢᠭᠰᠡᠨ᠂ | ᠦᠷᠢᠰᠦᠯᠲᠦᠭᠡᠨ ᠡᠮᠬᠢ ᠴᠡᠭᠴᠡᠲᠡᠢ ᠣᠲᠣ ᠦᠶ᠎ᠡ ᠶᠢᠨ ᠪᠡᠶ᠎ᠡ ᠶᠢᠨ ᠲᠠᠮᠢᠷ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ | ᠬᠦᠭᠵᠢᠯᠲᠡ ᠶᠢᠨ ᠰᠢᠨ᠎ᠡ ᠪᠠᠶᠢᠲᠠᠯ ᠢ ᠪᠣᠢ ᠪᠣᠯᠭᠠᠨ᠎ᠠ᠃ | ︵ᠵᠢᠷᠭᠤᠭ᠎ᠠ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠯᠠᠪᠣᠷ ᠤᠨ ᠲᠦᠬᠦᠭᠡᠷᠦᠮᠵᠢ ᠶᠢ ᠨᠢᠭᠡᠲᠦᠯᠲᠡᠢ | ᠲᠦᠯᠦᠪᠵᠢᠬᠦᠯᠦᠨ ᠪᠠᠶᠢᠭᠤᠯᠵᠦ᠂ ᠣᠯᠠᠨ ᠲᠦᠮᠡᠨ ᠤ ᠣᠶᠢᠷ᠎ᠠ ᠵᠡᠷᠭᠡᠯᠡᠲᠡᠭᠡ ᠪᠡᠶ᠎ᠡ ᠪᠣᠯᠪᠠᠰᠣᠷᠠᠬᠤ ᠳᠤ ᠲᠦᠬᠦᠮ | ᠦᠵᠡᠬᠦᠯᠦᠨ᠎ᠡ᠃ ᠲᠣᠬᠢᠷᠠᠭᠤᠯᠣᠯᠲᠠ ᠲᠡᠩᠴᠡᠬᠦᠷᠢᠲᠡᠢ᠂ ᠬᠡᠪᠴᠢᠶ ᠠ ᠵᠣᠬᠢᠰᠲᠠᠢ᠂ ᠬᠡᠷᠡᠭᠯᠡᠬᠦ ᠳᠤ ᠲᠦᠬᠦᠮ᠂ ᠠᠮᠣᠷ | ᠲᠦᠪᠰᠢᠨ ᠲᠣᠬᠢᠷᠠᠮᠵᠢᠲᠠᠢ ᠭᠡᠬᠦ ᠵᠠᠷᠴᠢᠮ ᠶᠣᠰᠣᠭᠠᠷ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠯᠠᠪᠣᠷ ᠤᠨ | ᠲᠦᠬᠦᠭᠡᠷᠦᠮᠵᠢ ᠶᠢ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠵᠦ ᠨᠢᠭᠡᠲᠦᠯᠲᠡᠢ ᠪᠠᠶᠢᠭᠤᠯᠣᠨ᠎ᠠ᠃ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠠᠬᠢᠭᠤᠯᠵᠦ᠂ ᠬᠦᠴᠦ ᠪᠠᠨ | ᠲᠦᠪᠯᠡᠷᠡᠬᠦᠯᠦᠨ ᠰᠢᠶᠠᠨ︵ᠬᠤᠲᠠ᠂ ᠲᠣᠭᠤᠷᠢᠬ︶᠂ ᠰᠢᠶᠠᠩ ᠪᠠᠯᠭᠠᠰᠣ ︵ᠵᠡᠭᠡᠯᠢ ᠭᠤᠲᠣᠮᠵᠢ︶ ᠲᠣᠰᠬᠤᠨ ︵ᠨᠡᠶᠢᠭᠡᠮ | ᠲᠣᠭᠤᠷᠢᠬ︶ ᠭᠤᠷᠪᠠᠨ ᠱᠠᠲᠣᠨ ᠤ ᠣᠯᠠᠨ ᠲᠦᠮᠡᠨ ᠤ ᠬᠠᠵᠠᠭᠤ ᠲᠡᠷᠭᠡᠲᠡᠬᠢ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠬᠦᠭᠡᠷᠦᠮᠵᠢ ᠶᠢᠨ ᠲᠣᠣᠷ ᠪᠣᠯᠣᠨ ᠬᠤᠲᠠ ᠨᠡᠶᠢᠭᠡᠮ ᠲᠣᠭᠤᠷᠢᠬ ᠤᠨ 15 ᠮᠢᠨᠦ᠋ᠲ ᠤᠨ ᠪᠡᠶ᠎ᠡ | ᠴᠢᠬᠢᠷᠠᠬᠵᠢᠭᠤᠯᠬᠤ ᠴᠠᠭᠠᠷᠢᠬ ᠢ ᠪᠠᠶᠢᠭᠤᠯᠵᠦ᠂ ᠬᠦᠮᠦᠨ ᠲᠣᠮᠲᠠᠴᠢ ᠶᠢᠨ ᠪᠡᠶ᠎ᠡ ᠶᠢᠨ ᠲᠠᠮᠢᠷ ᠤᠨ ᠲᠠᠯᠠᠪᠡᠢ ᠶᠢ 1.8 | ᠲᠡᠭᠰᠢ ᠲᠦᠷᠪᠡᠯᠵᠢᠨ ᠮᠧᠲᠷ ᠲᠤ ᠬᠦᠷᠭᠡᠵᠦ᠂ ᠡᠯ᠎ᠡ ᠲᠦᠷᠦᠯ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠦᠬᠦᠭᠡᠷᠦᠮᠵᠢ ᠶᠢᠨ ᠰᠠᠭᠠᠳ ᠦᠭᠡᠢ ᠨᠦᠬᠦᠴᠡᠯ ᠢ ᠰᠠᠶᠢᠵᠢᠷᠠᠭᠤᠯᠣᠨ᠎ᠠ᠃ | ᠬᠡᠮᠵᠢᠶ᠎ᠡ ᠨᠡᠮᠡᠭᠲᠡᠬᠦᠯᠬᠦ ᠡᠬᠢ ᠪᠠᠶᠠᠯᠢᠬ ᠢ ᠪᠦᠲᠦᠮᠵᠢᠲᠡᠢ ᠦᠷᠭᠡᠳᠭᠡᠵᠦ᠂ ᠠᠷᠠᠳ ᠲᠤ ᠲᠦᠬᠦᠮ ᠮᠦᠷᠲᠡᠭᠡᠨ | ᠠᠰᠢᠬᠲᠠᠢ ᠨᠢᠭᠡ ᠪᠦᠯᠦᠭ ᠲᠣᠮᠲᠠ ᠵᠢᠵᠢᠭ ᠬᠡᠯᠪᠡᠷᠢ ᠶᠢᠨ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠶᠢ | ᠭᠤᠣᠯᠲᠠᠯᠭ᠎ᠠ ᠲᠠᠢ ᠪᠠᠶᠢᠭᠤᠯᠵᠦ᠂ ᠰᠢᠶᠠᠨ ᠤ ᠲᠡᠰ ᠤᠨ ᠪᠡᠶ᠎ᠡ ᠶᠢᠨ ᠲᠠᠮᠢᠷ ᠤᠨ ᠣᠷᠲᠣᠨ᠂ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠪ ᠪᠣᠯᠣᠨ ᠨᠡᠶᠢᠭᠡᠮ ᠲᠤᠭᠤᠷᠢᠭ ᠤᠨ ᠣᠯᠠᠨ ᠴᠢᠲᠠᠪᠬᠢᠲᠦ ᠲᠠᠯᠠᠪᠠᠢ ᠵᠡᠷᠭᠡ ᠲᠠᠯᠠᠪᠣᠷ | ᠲᠦᠬᠦᠭᠡᠷᠦᠮᠵᠢ ᠶᠢ ᠭᠤᠣᠯᠲᠠᠯᠭ᠎ᠠ ᠲᠠᠢ ᠪᠠᠶᠢᠭᠤᠯᠵᠦ᠂ ᠦᠨᠳᠦᠰᠦᠨ ᠱᠠᠲᠣᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ | ᠦᠢᠯᠡᠴᠢᠯᠡᠭᠡᠨ ᠤ ᠲᠦᠪ᠂ ᠬᠦᠲᠡᠭᠡ ᠲᠣᠰᠬᠤᠨ ᠨᠡᠶᠢᠭᠡᠮ ᠲᠣᠭᠤᠷᠢᠬ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ | ᠲᠦᠬᠦᠭᠡᠷᠦᠮᠵᠢ ᠶᠢᠨ ᠪᠠᠶᠢᠭᠤᠯᠣᠯᠲᠠ ᠵᠢᠴᠢ ᠣᠷᠣᠨ ᠪᠦᠰᠡ ᠶᠢᠨ ᠣᠨᠴᠠᠯᠢᠬ ᠲᠠᠢ ᠪᠠᠨ ᠣᠶᠠᠯᠲᠣᠭᠤᠯᠵᠦ᠂ | ᠲᠠᠷᠢᠶᠠᠴᠢᠳ ᠤᠨ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ | ᠲᠣᠰᠬᠤᠨ ᠤ ᠪᠡᠶ᠎ᠡ ᠴᠢᠬᠢᠷᠠᠬᠵᠢᠭᠤᠯᠬᠤ ᠲᠦᠬᠦᠭᠡᠷᠦᠮᠵᠢ ᠪᠦᠷᠬᠦᠬᠦᠯᠬᠦ ᠶᠢ ᠪᠡᠶᠡᠯᠡᠬᠦᠯᠦᠨ᠎ᠡ᠃ ᠰᠢᠨ᠎ᠡ ᠪᠠᠷ | ᠪᠠᠶᠢᠭᠤᠯᠣᠬᠰᠠᠨ ᠣᠷᠣᠨ ᠰᠠᠭᠤᠴᠠ ᠶᠢᠨ ᠲᠣᠭᠤᠷᠢᠬ ᠪᠣᠯᠣᠨ ᠨᠡᠶᠢᠭᠡᠮ ᠲᠣᠭᠤᠷᠢᠬ ︽ᠦᠷᠦᠭᠡᠨ ᠲᠣᠲᠣᠷᠠᠬᠢ | ᠬᠦᠮᠦᠨ ᠲᠣᠮᠲᠠᠴᠢ ᠶᠢᠨ ᠪᠠᠷᠢᠯᠯᠭᠠ ᠶᠢᠨ ᠲᠠᠯᠠᠪᠠᠢ 0.1 ᠲᠡᠭᠰᠢ ᠲᠦᠷᠪᠡᠯᠵᠢᠨ ᠮᠧᠲᠷ ᠠᠴᠠ ᠲᠣᠷᠣᠬᠰᠢ ᠪᠠᠶᠢᠵᠦ | ᠦᠯᠦ ᠪᠣᠯᠬᠤ ᠪᠣᠶᠣ ᠦᠷᠦᠭᠡᠨ ᠤ ᠭᠠᠲᠠᠨᠠᠬᠢ ᠬᠦᠮᠦᠨ ᠲᠣᠮᠲᠠᠴᠢ ᠶᠢᠨ ᠬᠡᠷᠡᠭᠯᠡᠬᠦ ᠲᠠᠯᠠᠪᠠᠢ 0.3 ᠲᠡᠭᠰᠢ | ᠲᠦᠷᠪᠡᠯᠵᠢᠨ ᠮᠧᠲᠷ ᠠᠴᠠ ᠲᠣᠣᠷ᠎ᠠ ᠪᠠᠶᠢᠵᠦ ᠪᠣᠯᠬᠤ ᠦᠭᠡᠢ︾ ᠪᠠᠷᠢᠮᠵᠢᠶ᠎ᠠ ᠪᠠᠷ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠬᠦᠭᠡᠷᠦᠮᠵᠢ ᠢᠵᠢ ᠪᠦᠷᠢᠲᠦᠬᠦᠯᠬᠦ ᠱᠠᠭᠠᠷᠲᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠦ᠂ ᠣᠷᠣᠨ | ᠰᠠᠭᠤᠴᠠ ᠶᠢᠨ ᠲᠣᠭᠤᠷᠢᠬ ᠤᠨ ᠭᠤᠣᠯ ᠴᠣᠬᠴᠠ ᠶᠢᠨ ᠢᠨᠵᠧᠨᠧᠷᠢᠩ ᠲᠠᠢ ᠵᠡᠷᠭᠡᠴᠡᠭᠡ ᠵᠢᠷᠦᠵᠦ ᠲᠦᠯᠦᠪᠯᠡᠨ᠂ | ᠪᠠᠷᠢᠯᠭ᠎ᠠ ᠡᠬᠢᠯᠡᠬᠦᠯᠵᠦ᠂ ᠠᠲᠠᠯᠢ ᠬᠤᠭᠤᠴᠠᠭᠠᠨ ᠳᠤ ᠰᠢᠯᠭᠠᠨ ᠬᠢᠨᠠᠵᠦ᠂ ᠠᠰᠢᠬᠯᠠᠯᠲᠠ ᠳᠤ ᠣᠷᠣᠬᠤ ᠶᠢ ᠪᠠᠲᠣᠯᠠᠵᠦ | ᠰᠢᠯᠵᠢᠬᠦᠯᠦᠨ ᠬᠡᠷᠡᠭᠯᠡᠬᠦ ᠪᠣᠶᠣ ᠲᠦᠷᠢᠮᠡᠭᠡᠶᠢᠯᠡᠨ ᠡᠵᠡᠯᠵᠦ ᠪᠣᠯᠬᠤ ᠦᠭᠡᠢ᠃ ᠬᠠᠭᠤᠴᠢᠨ ᠬᠤᠲᠠ ᠲᠣᠭᠤᠷᠢᠬ ᠪᠣᠯᠣᠨ | ᠨᠢᠭᠡᠨᠲᠡ ᠪᠠᠶᠢᠭᠤᠯᠣᠬᠰᠠᠨ ᠰᠠᠭᠤᠭᠠᠯᠢ ᠲᠣᠭᠤᠷᠢᠬ ᠪᠦᠬᠦ ᠠᠷᠠᠳ ᠤᠨ ᠪᠡᠶ ᠡ ᠴᠢᠬᠢᠷᠠᠬᠵᠢᠭᠤᠯᠬᠤ ᠲᠠᠯᠠᠪᠣᠷ ᠤᠨ | ᠲᠦᠬᠦᠭᠡᠷᠦᠮᠵᠢ ᠦᠭᠡᠢ ᠪᠣᠶᠣ ᠡᠰᠡᠬᠦᠯ᠎ᠡ ᠣᠲᠣ ᠪᠠᠶᠢᠭ᠎ᠠ ᠲᠠᠯᠠᠪᠣᠷ ᠲᠦᠬᠦᠭᠡᠷᠦᠮᠵᠢ ᠨᠢ ᠲᠦᠯᠦᠪᠵᠢᠬᠦᠯᠦᠨ | ᠪᠠᠶᠢᠭᠤᠯᠬᠤ ᠬᠦᠢᠴᠡᠳᠭᠡᠯ ᠲᠤᠭ᠎ᠠ ᠶᠢᠨ ᠱᠠᠭᠠᠷᠲᠠᠯᠭ᠎ᠠ ᠳᠤ ᠨᠡᠶᠢᠴᠡᠬᠦ ᠦᠭᠡᠢ ᠪᠣᠯ ᠲᠣᠬᠠᠢ ᠶᠢᠨ ᠭᠠᠵᠠᠷ ᠤᠨ | ᠪᠠᠶᠢᠲᠠᠯ ᠳᠠᠭᠠᠨ ᠵᠣᠬᠢᠴᠠᠭᠤᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠯᠠᠪᠣᠷ ᠲᠦᠬᠦᠭᠡᠷᠦᠮᠵᠢ ᠢᠵᠢ | ᠪᠦᠷᠢᠲᠦᠬᠦᠯᠦᠨ ᠪᠠᠶᠢᠭᠤᠯᠣᠨ᠎ᠠ᠃ ᠬᠠᠭᠤᠴᠢᠨ ᠦᠢᠯᠡᠳᠪᠦᠷᠢ ᠶᠢᠨ ᠪᠠᠶᠢᠰᠢᠩ᠂ ᠰᠠᠩ ᠬᠦᠮᠦᠷᠭᠡ᠂ ᠬᠠᠭᠤᠴᠢᠨ | ᠬᠤᠲᠠᠯᠲᠤᠭ᠎ᠠ ᠲᠡᠯᠭᠡᠬᠦᠷ ᠤᠨ ᠲᠦᠬᠦᠭᠡᠷᠦᠮᠵᠢ᠂ ᠬᠦᠲᠡᠭᠡ ᠲᠣᠰᠬᠤᠨ ᠤ ︽ᠲᠦᠷᠪᠡᠨ ᠬᠤᠪᠠᠭ᠋ᠠᠢ︾ ︵ᠬᠤᠪᠠᠭ᠋ᠠᠢ | ᠠᠭᠤᠯᠠ᠂ ᠬᠤᠪᠠᠭ᠋ᠠᠢ ᠵᠢᠯᠠᠭ᠎ᠠ᠂ ᠬᠤᠪᠠᠭ᠋ᠠᠢ ᠲᠣᠪᠣᠴᠠᠬ᠂ ᠬᠤᠪᠠᠭ᠋ᠠᠢ ᠰᠠᠶᠢᠷᠭᠠᠯ︶ ᠪᠠ ᠡᠵᠡᠬᠦᠢ ᠵᠡᠯᠢᠬᠦᠳ ᠭᠠᠵᠠᠷ | ᠵᠡᠷᠭᠡ ᠰᠣᠯᠠ ᠵᠠᠲᠠᠭᠠᠢ ᠡᠬᠢ ᠪᠠᠶᠠᠯᠢᠬ ᠢ ᠬᠦᠢᠴᠡᠳ ᠠᠰᠢᠬᠯᠠᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠲᠠᠯᠠᠪᠣᠷ ᠲᠦᠬᠦᠭᠡᠷᠦᠮᠵᠢ ᠪᠣᠯᠭᠠᠨ ᠦᠭᠡᠷᠡᠴᠢᠯᠡᠨ ᠪᠠᠶᠢᠭᠤᠯᠵᠦ᠂ ᠬᠤᠲᠠ ᠬᠦᠲᠡᠭᠡ ᠶᠢᠨ ᠣᠷᠣᠨ ᠵᠠᠢ ᠶᠢ ᠲᠠᠬᠢᠨᠲᠠ | ᠠᠰᠢᠬᠯᠠᠬᠤ ᠶᠢ ᠵᠣᠬᠢᠰᠲᠠᠢ ᠲᠣᠬᠢᠷᠠᠭᠤᠯᠵᠦ᠂ ᠣᠯᠠᠨ ᠴᠢᠲᠠᠪᠬᠢᠲᠦ᠂ ᠣᠯᠠᠷᠢᠯ ᠤᠨ ᠴᠢᠨᠠᠷᠲᠠᠢ᠂ ᠰᠢᠯᠵᠢᠬᠦᠯᠵᠦ ᠪᠣᠯᠬᠤ᠂ | ᠴᠣᠴᠠᠯᠠᠵᠦ ᠵᠠᠲᠠᠯᠵᠦ ᠪᠣᠯᠬᠤ᠂ ᠪᠣᠬᠢᠷᠲᠣᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠡᠶ᠎ᠡ ᠴᠢᠬᠢᠷᠠᠬᠵᠢᠭᠤᠯᠬᠤ | ᠲᠦᠬᠦᠭᠡᠷᠦᠮᠵᠢ ᠶᠢ ᠲᠡᠯᠭᠡᠷᠡᠬᠦᠯᠦᠨ᠎ᠡ᠃ ᠨᠡᠶᠢᠭᠡᠮ ᠤᠨ ᠪᠡᠯᠡ ᠮᠦᠩᠬᠦ ᠶᠢ ᠠᠰᠢᠬᠯᠠᠨ᠂ ᠣᠯᠣᠰ ᠤᠨ ᠭᠤᠣᠯ | ᠴᠣᠬᠴᠠ ᠶᠢᠨ ᠴᠢᠲᠠᠪᠬᠢᠲᠣ ᠲᠣᠭᠤᠷᠢᠬ᠂ ᠦᠵᠡᠮᠵᠢ ᠶᠢᠨ ᠣᠷᠣᠨ᠂ ᠣᠯᠣᠰ ᠤᠨ ᠴᠡᠴᠡᠷᠯᠢᠭ᠂ ᠵᠣᠭᠠᠴᠠᠯ ᠤᠨ | ᠦᠵᠡᠮᠵᠢ ᠶᠢᠨ ᠣᠷᠣᠨ ᠪᠣᠯᠣᠨ ᠰᠢᠨ᠎ᠡ ᠬᠦᠲᠡᠭᠡ ᠲᠣᠰᠬᠤᠨ ᠤ ᠲᠦᠯᠦᠪᠵᠢᠬᠦᠯᠭᠡ ᠪᠦᠲᠦᠭᠡᠨ ᠪᠠᠶᠢᠭᠤᠯᠣᠯᠲᠠ ᠲᠠᠢ | ᠣᠶᠠᠯᠲᠣᠭᠤᠯᠵᠦ᠂ ᠦᠵᠡᠮᠵᠢ ᠶᠢᠨ ᠣᠷᠣᠨ᠂ ᠬᠤᠲᠠ ᠲᠡᠬᠦᠷᠭᠡ ᠶᠢᠨ ᠴᠡᠴᠡᠷᠯᠢᠭ᠂ ᠬᠤᠲᠠ ᠶᠢᠨ ᠴᠡᠴᠡᠷᠯᠢᠭ᠂ ᠣᠯᠠᠨ | ᠨᠡᠶᠢᠲᠡ ᠶᠢᠨ ᠨᠣᠭᠤ ᠵᠦᠯᠭᠡ᠂ ᠠᠭᠤᠲᠠᠮ ᠲᠠᠯᠠᠪᠠᠢ ᠵᠢᠴᠢ ᠬᠤᠲᠠ ᠶᠢᠨ ᠰᠣᠯᠠ ᠵᠠᠲᠠᠭᠠᠢ ᠭᠠᠵᠠᠷ ᠢ ᠵᠣᠬᠢᠰᠲᠠᠢ | ᠠᠰᠢᠬᠯᠠᠨ ᠰᠡᠯᠡᠬᠦᠴᠡᠯ ᠪᠡᠶ᠎ᠡ ᠴᠢᠬᠢᠷᠠᠬᠵᠢᠭᠤᠯᠬᠤ ᠲᠦᠬᠦᠭᠡᠷᠦᠮᠵᠢ ᠪᠠᠶᠢᠭᠤᠯᠣᠨ᠎ᠠ᠃ | ᠨᠦᠭᠡᠴᠡ ᠡᠬᠢ ᠪᠠᠶᠠᠯᠢᠬ ᠢ ᠠᠮᠢᠯᠠᠭᠤᠯᠵᠦ᠂ ᠨᠢᠭᠡᠨᠲᠡ ᠪᠠᠶᠢᠭᠤᠯᠣᠬᠰᠠᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠦᠬᠦᠭᠡᠷᠦᠮᠵᠢ ᠶᠢ ᠠᠰᠢᠬᠯᠠᠨ᠂ ᠬᠠᠮᠢᠶᠠᠷᠬᠤ ᠪᠠ ᠲᠡᠰ ᠲᠡᠪᠰᠢᠬᠦᠯᠬᠦ ᠶᠢ ᠰᠠᠶᠢᠲᠣᠷ ᠬᠢᠵᠦ᠂ | ᠨᠡᠶᠢᠭᠡᠮ ᠤᠨ ᠬᠦᠴᠦᠨ ᠤ ᠣᠲᠣ ᠪᠠᠶᠢᠭ᠎ᠠ ᠲᠠᠯᠠᠪᠣᠷ ᠲᠦᠬᠦᠭᠡᠷᠦᠮᠵᠢ ᠶᠢᠨ ᠬᠠᠮᠢᠶᠠᠷᠣᠯᠲᠠ ᠡᠵᠡᠩᠨᠡᠯᠲᠡ ᠳᠤ | ᠣᠷᠣᠯᠴᠠᠬᠤ ᠶᠢ ᠵᠣᠷᠢᠬᠵᠢᠭᠤᠯᠣᠨ᠎ᠠ᠃ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠣᠷᠲᠣᠨ ᠢ ᠰᠦᠢᠳᠭᠡᠯ | ᠬᠤᠷᠢᠶᠠᠬᠤ ᠦᠭᠡᠢ ᠪᠣᠶᠣ ᠲᠣᠣᠷ᠎ᠠ ᠦᠨ᠎ᠡ ᠪᠠᠷ ᠴᠢᠯᠦᠭᠡᠲᠡᠢ ᠨᠡᠭᠡᠭᠡᠬᠦ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠵᠦ᠂ | ᠬᠠᠮᠢᠶ᠎ᠠ ᠪᠦᠬᠦᠢ ᠲᠦᠷᠦ ᠶᠢᠨ ᠪᠣᠲᠣᠯᠭ᠎ᠠ ᠶᠢ ᠰᠣᠲᠣᠯᠣᠨ ᠲᠣᠬᠲᠠᠭᠠᠵᠦ᠂ ᠲᠣᠮᠲᠠ ᠵᠢᠵᠢᠭ ᠬᠡᠯᠪᠡᠷᠢ ᠶᠢᠨ ᠪᠡᠶ᠎ᠡ ᠶᠢᠨ | ᠲᠠᠮᠢᠷ ᠤᠨ ᠣᠷᠲᠣᠨ ᠲᠠᠯᠠᠪᠠᠢ ᠶᠢ ᠰᠦᠢᠳᠭᠡᠯ ᠬᠤᠷᠢᠶᠠᠬᠤ ᠦᠭᠡᠢ ᠪᠣᠶᠣ ᠬᠢᠮᠲᠠ ᠦᠨ᠎ᠡ ᠪᠠᠷ ᠴᠢᠯᠦᠭᠡᠲᠡᠢ | ᠨᠡᠭᠡᠭᠡᠬᠦ ᠶᠢ ᠵᠣᠷᠢᠬᠵᠢᠭᠤᠯᠣᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠣᠷ ᠲᠦᠬᠦᠭᠡᠷᠦᠮᠵᠢ ᠪᠠ | ᠴᠢᠯᠦᠭᠡᠲᠡᠢ ᠨᠡᠭᠡᠭᠡᠬᠦ ᠨᠦᠬᠦᠴᠡᠯ ᠳᠤ ᠨᠡᠶᠢᠴᠡᠬᠦ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠣᠷᠭᠠᠭᠤᠯᠢ ᠶᠢᠨ | ᠪᠡᠶ᠎ᠡ ᠶᠢᠨ ᠲᠠᠮᠢᠷ ᠤᠨ ᠲᠠᠯᠠᠪᠣᠷ ᠲᠦᠬᠦᠭᠡᠷᠦᠮᠵᠢ ᠶᠢ ᠨᠡᠶᠢᠭᠡᠮ ᠳᠤ ᠬᠠᠨᠲᠣᠭᠤᠯᠣᠨ ᠴᠢᠯᠦᠭᠡᠲᠡᠢ | ᠨᠡᠭᠡᠭᠡᠬᠦ ᠶᠢ ᠪᠠᠲᠣᠯᠠᠨ᠎ᠠ᠃ | ︵ᠲᠣᠯᠤᠭ᠎ᠠ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠡᠰᠢᠲᠦ ᠴᠢᠲᠠᠪᠬᠢ ᠶᠢ | ᠪᠠᠲᠠᠷᠠᠭᠤᠯᠣᠨ᠂ ᠶᠡᠭᠡ ᠲᠠᠯ᠎ᠠ ᠳᠤ ᠦᠢᠯᠡᠴᠢᠯᠡᠵᠦ᠂ ᠬᠠᠷᠢᠯᠴᠠᠨ ᠠᠬᠢᠭᠤᠯᠵᠦ ᠬᠠᠮᠲᠣ ᠪᠠᠷ ᠲᠠᠪᠰᠢᠬᠰᠠᠨ | ᠬᠦᠭᠵᠢᠯᠲᠡ ᠶᠢᠨ ᠪᠠᠶᠢᠷᠢᠰᠢᠯ ᠢ ᠪᠦᠷᠢᠯᠲᠦᠬᠦᠯᠦᠨ᠎ᠡ᠃ ︽ᠡᠷᠡᠬᠦᠯ ᠴᠢᠬᠢᠷᠠᠬ ᠲᠣᠮᠲᠠᠲᠣ ᠣᠯᠣᠰ 2030︾ ᠵᠡᠷᠭᠡ | ᠶᠡᠷᠦᠩᠭᠡᠢ ᠬᠦᠭᠵᠢᠯᠲᠡ ᠶᠢᠨ ᠪᠠᠶᠢᠯᠲᠣᠬᠤ ᠪᠣᠲᠣᠯᠭ᠎ᠠ ᠵᠢᠴᠢ ᠰᠢᠨᠵᠢᠯᠡᠭᠡ ᠮᠡᠷᠭᠡᠵᠢᠯ᠂ ᠰᠣᠷᠭᠠᠨ ᠬᠦᠮᠦᠵᠢᠯ᠂ ᠰᠣᠶᠣᠯ᠂ | ᠡᠷᠡᠬᠦᠯ ᠬᠠᠮᠠᠭᠠᠯᠠᠯ᠂ ᠨᠠᠰᠣᠵᠢᠯ᠂ ᠵᠡᠮᠲᠡᠭᠴᠦᠳ ᠢ ᠲᠡᠮᠵᠢᠬᠦ ᠵᠡᠷᠭᠡ ᠦᠢᠯᠡᠰ ᠤᠨ ᠬᠦᠭᠵᠢᠯᠲᠡ ᠲᠠᠢ ᠣᠶᠠᠯᠲᠣᠭᠤᠯᠣᠨ᠂ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠢᠬᠤᠯᠠ ᠶᠡᠭᠡ ᠲᠦᠷᠦᠯ ᠵᠦᠢᠯ ᠤᠨ ᠢᠨᠵᠧᠨᠧᠷᠢᠩ ᠢ ᠨᠢᠭᠡᠲᠦᠯᠲᠡᠢ | ᠲᠦᠯᠦᠪᠵᠢᠬᠦᠯᠦᠨ ᠰᠣᠲᠣᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢᠨ ᠬᠡᠪ ᠴᠢᠨᠠᠷ ᠤᠨ ᠰᠣᠷᠭᠠᠨ | ᠬᠦᠮᠦᠵᠢᠯ ᠢ ᠠᠬᠢᠭᠤᠯᠬᠤ᠂ ᠰᠣᠶᠣᠯ ᠤᠨ ᠴᠡᠴᠡᠭᠯᠡᠨ ᠬᠦᠭᠵᠢᠯᠲᠡ᠂ ᠨᠡᠶᠢᠭᠡᠮ ᠤᠨ ᠠᠭᠤᠰᠬᠠᠯ᠂ ᠠᠷᠠᠳ ᠤᠨ | ᠠᠮᠢᠲᠣᠷᠠᠯ ᠢ ᠰᠠᠶᠢᠵᠢᠷᠠᠭᠤᠯᠬᠤ᠂ ᠦᠨᠳᠦᠰᠦᠲᠡᠨ ᠤ ᠪᠦᠯᠬᠦᠮᠲᠡᠯ᠂ ᠪᠡᠶ᠎ᠡ ᠴᠢᠬᠢᠷᠠᠬᠵᠢᠭᠤᠯᠬᠤ ᠬᠡᠷᠡᠭᠯᠡᠭᠡ ᠪᠠ ᠣᠯᠠᠨ | ᠨᠡᠶᠢᠲᠡ ᠪᠠᠷ ᠢᠶᠠᠨ ᠦᠢᠯᠡᠰ ᠪᠣᠰᠬᠠᠬᠤ᠂ ᠣᠯᠠᠨ ᠨᠡᠶᠢᠲᠡ ᠪᠠᠷ ᠢᠶᠠᠨ ᠰᠢᠨ᠎ᠡ ᠶᠢ ᠡᠬᠦᠳᠬᠦ ᠵᠡᠷᠭᠡ ᠲᠠᠯ᠎ᠠ ᠶᠢᠨ | ᠢᠲᠡᠪᠬᠢᠲᠡᠢ ᠦᠢᠯᠡᠲᠦᠯ ᠢ ᠪᠠᠲᠠᠷᠠᠭᠤᠯᠣᠨ᠎ᠠ᠃ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢᠨ ᠪᠡᠶ᠎ᠡ ᠶᠢᠨ ᠲᠠᠮᠢᠷ ᠤᠨ ᠠᠵᠦ ᠦᠢᠯᠡᠰ ᠢ | ᠬᠦᠭᠵᠢᠬᠦᠯᠬᠦ ᠳᠠᠬᠢ ᠠᠬᠢᠭᠤᠯᠬᠤ ᠦᠢᠯᠡᠲᠦᠯ ᠢ ᠬᠦᠢᠴᠡᠳ ᠪᠠᠲᠠᠷᠠᠭᠤᠯᠵᠦ᠂ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠲᠠᠢ ᠬᠤᠯᠪᠤᠭ᠎ᠠ ᠪᠦᠬᠦᠢ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ᠂ ᠪᠡᠶ ᠡ ᠶᠢᠨ ᠲᠠᠮᠢᠷ ᠤᠨ | ᠣᠷᠣᠯᠲᠣᠭᠠᠨ ᠲᠣᠬᠯᠠᠯᠲᠠ ᠶᠢᠨ ᠬᠦᠲᠡᠯᠭᠡᠭᠡᠨ᠂ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠶᠢᠨ ᠦᠢᠯᠡᠴᠢᠯᠡᠭᠡ᠂ | ᠪᠡᠶ᠎ᠡ ᠶᠢᠨ ᠲᠠᠮᠢᠷ ᠤᠨ ᠪᠣᠯᠪᠠᠰᠣᠷᠠᠯ ᠪᠠ ᠬᠦᠮᠦᠵᠢᠯ᠂ ᠪᠡᠶ᠎ᠡ ᠶᠢᠨ ᠲᠠᠮᠢᠷ ᠤᠨ ᠬᠡᠷᠡᠭᠯᠡᠬᠦᠨ ᠬᠢᠭᠡᠳ ᠬᠠᠮᠢᠶ᠎ᠠ ᠪᠦᠬᠦᠢ | ᠪᠦᠲᠦᠭᠡᠭᠲᠡᠬᠦᠨ ᠢ ᠦᠢᠯᠡᠳᠬᠦ ᠪᠠ ᠪᠣᠷᠣᠯᠠᠭᠤᠯᠬᠤ ᠵᠡᠷᠭᠡ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠡᠪᠴᠢᠶ᠎ᠠ ᠶᠢ | ᠦᠷᠭᠡᠳᠭᠡᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠳᠠᠬᠢ ᠪᠡᠶ᠎ᠡ ᠴᠢᠬᠢᠷᠠᠬᠵᠢᠭᠤᠯᠬᠤ ᠦᠢᠯᠡᠴᠢᠯᠡᠭᠡᠨ ᠤ | ᠦᠢᠯᠡᠰ ᠤᠨ ᠬᠠᠷᠢᠴᠠᠯ ᠢ ᠲᠠᠰᠣᠷᠠᠯᠲᠠ ᠦᠭᠡᠢ ᠨᠡᠮᠡᠭᠲᠡᠬᠦᠯᠦᠨ᠎ᠡ᠃ ᠪᠡᠶ᠎ᠡ ᠴᠢᠬᠢᠷᠠᠬᠵᠢᠭᠤᠯᠬᠤ ᠮᠡᠲᠡᠭᠡ ᠵᠠᠩᠬᠢ ᠶᠢᠨ | ᠲᠦᠪᠯᠡᠷᠡᠯ᠂ ᠣᠶᠣᠨᠲᠣ ᠪᠡᠶ ᠡ ᠴᠢᠬᠢᠷᠠᠬᠵᠢᠭᠤᠯᠬᠤ ᠬᠠᠲᠠᠭᠤ ᠲᠣᠨᠤᠬ᠂ ᠪᠡᠶ᠎ᠡ ᠴᠢᠬᠢᠷᠠᠬᠵᠢᠭᠤᠯᠬᠤ ᠰᠦᠯᠵᠢᠶᠡᠨ | ᠲᠡᠭᠡᠷᠡᠬᠢ ᠬᠦᠮᠦᠵᠢᠯ ᠪᠣᠯᠪᠠᠰᠣᠷᠠᠯ ᠵᠡᠷᠭᠡ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠢᠨ᠎ᠡ ᠠᠵᠢᠯ ᠲᠦᠷᠦᠯ ᠢ | ᠬᠦᠭᠵᠢᠬᠦᠯᠬᠦ ᠶᠢ ᠵᠣᠷᠢᠬᠵᠢᠭᠤᠯᠣᠨ᠎ᠠ᠃ ︽ᠢᠨᠲ᠋ᠧᠷ ᠰᠦᠯᠵᠢᠶ᠎ᠠ +︾ ᠵᠡᠷᠭᠡ ᠮᠡᠷᠭᠡᠵᠢᠯ ᠢ ᠠᠰᠢᠬᠯᠠᠨ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠪᠦᠲᠦᠭᠡᠭᠲᠡᠬᠦᠨ ᠦᠢᠯᠡᠳᠬᠦ ᠬᠦᠷᠢᠶ᠎ᠡ ᠴᠠᠷᠠᠭ᠎ᠠ ᠪᠣᠯᠣᠨ ᠬᠡᠷᠡᠭᠯᠡᠭᠡ ᠶᠢᠨ ᠵᠠᠬ᠎ᠠ | ᠲᠡᠯᠭᠡᠬᠦᠷ ᠢ ᠦᠷᠭᠡᠳᠭᠡᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢᠨ | ᠵᠠᠷᠣᠯᠭ᠎ᠠ ᠳᠠᠬᠢ ᠬᠠᠷᠢᠴᠠᠯ ᠢ ᠢᠲᠡᠭ ᠢᠲᠡᠭ ᠢᠶᠠᠷ ᠨᠡᠮᠡᠭᠲᠡᠬᠦᠯᠦᠨ᠎ᠡ᠃ | ︵ᠨᠠᠢᠮᠠ︶ ᠤᠯᠠᠨ ᠤᠯᠤᠰ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ ᠦᠷᠭᠡᠳᠭᠡᠵᠦ᠂ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠢᠯᠦᠭᠡᠲᠡᠢ ᠨᠡᠭᠡᠭᠡᠵᠦ ᠬᠦᠭᠵᠢᠬᠦᠯᠬᠦ ᠶᠢ ᠬᠦᠲᠦᠯᠦᠨ ᠵᠢᠯᠣᠭᠤᠲᠣᠨ᠎ᠠ᠃ | ︽ᠣᠷᠢᠵᠦ ᠠᠪᠴᠢᠷᠠᠬᠤ᠂ ᠭᠠᠲᠠᠬᠰᠢ ᠭᠠᠷᠴᠦ ᠶᠠᠪᠣᠬᠤ︾ ᠶᠢ ᠪᠠᠷᠢᠮᠲᠠᠯᠠᠨ᠂ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠣᠨᠣᠯ᠂ ᠲᠦᠷᠦᠯ ᠵᠦᠢᠯ᠂ ᠴᠢᠲᠠᠪᠣᠷᠢᠲᠠᠨ᠂ ᠲᠦᠬᠦᠭᠡᠷᠦᠮᠵᠢ ᠵᠡᠷᠭᠡ ᠣᠯᠠᠨ ᠣᠯᠣᠰ ᠤᠨ | ᠰᠣᠯᠢᠯᠴᠠᠭ᠎ᠠ ᠶᠢᠨ ᠵᠠᠮ ᠰᠣᠪᠠᠬ ᠢ ᠦᠷᠭᠡᠳᠭᠡᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ ᠨᠡᠩ ᠲᠡᠭᠡᠲᠦ | ᠲᠡᠰ ᠲᠠᠪᠬᠤᠷᠭ᠎ᠠ ᠲᠡᠰᠢ ᠬᠦᠭᠵᠢᠬᠦ ᠶᠢ ᠠᠬᠢᠭᠤᠯᠣᠨ᠎ᠠ᠃ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠣᠯᠣᠰ ᠤᠨ ᠰᠣᠯᠢᠯᠴᠠᠭ᠎ᠠ ᠶᠢᠨ ᠲᠠᠪᠴᠠᠩ ᠪᠠᠶᠢᠭᠤᠯᠵᠦ᠂ | ᠣᠯᠠᠨ ᠣᠯᠣᠰ ᠤᠨ ᠬᠤᠭᠤᠷᠣᠨᠲᠣᠬᠢ ᠬᠤᠷᠰᠢᠯ ᠰᠣᠯᠢᠯᠴᠠᠭ᠎ᠠ ᠶᠢ ᠴᠢᠩᠭᠠᠷᠠᠭᠤᠯᠣᠨ᠎ᠠ᠃ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠶᠠᠪᠣᠴᠠ ᠳᠠᠬᠢ ᠲᠣᠮᠲᠠᠲᠣ ᠣᠯᠣᠰ ᠤᠨ ᠣᠶᠢᠯᠠᠭᠠᠬᠲᠠᠬᠤᠨ᠂ ᠲᠣᠮᠲᠠᠲᠣ ᠣᠯᠣᠰ ᠤᠨ ᠦᠯᠢᠭᠡᠷ᠂ | ᠲᠣᠮᠲᠠᠲᠣ ᠣᠯᠣᠰ ᠤᠨ ᠬᠦᠮᠦᠰ᠂ ᠲᠣᠮᠲᠠᠲᠣ ᠣᠯᠣᠰ ᠤᠨ ᠪᠠᠷᠢᠮᠵᠢᠶ᠎ᠠ᠂ ᠲᠣᠮᠲᠠᠲᠣ ᠣᠯᠣᠰ ᠤᠨ ᠦᠢᠯᠡᠳᠬᠦᠨ ᠢ | ᠣᠬᠠᠭᠤᠯᠣᠨ ᠲᠡᠯᠭᠡᠷᠡᠬᠦᠯᠵᠦ᠂ ᠲᠣᠮᠲᠠᠲᠣ ᠣᠯᠣᠰ ᠤᠨ ᠲᠠᠭᠤ ᠬᠤᠭᠤᠯᠠᠢ ᠶᠢ ᠲᠠᠮᠵᠢᠭᠤᠯᠵᠦ᠂ ᠣᠯᠠᠨ ᠣᠯᠣᠰ ᠲᠠᠬᠢ | ᠨᠦᠯᠦᠭᠡᠯᠡᠬᠦ ᠬᠦᠴᠦᠨ ᠢ ᠲᠡᠭᠡᠭᠰᠢᠯᠡᠬᠦᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠣᠮᠲᠠᠲᠣ ᠣᠯᠣᠰ ᠤᠨ | ᠰᠣᠶᠣᠯ ᠢ ᠲᠡᠯᠭᠡᠷᠡᠬᠦᠯᠵᠦ᠂ ᠣᠯᠣᠰ ᠤᠨ ᠲᠦᠷᠢ ᠲᠦᠷᠬᠦ ᠶᠢ ᠲᠡᠭᠡᠭᠰᠢᠯᠡᠬᠦᠯᠬᠦ ᠣᠯᠣᠰ ᠤᠨ ᠵᠦᠭᠡᠯᠡᠨ ᠪᠣᠲᠠᠲᠣ | ᠬᠦᠴᠦᠨ ᠢ ᠴᠢᠩᠭᠠᠷᠠᠭᠤᠯᠬᠤ ᠵᠡᠷᠭᠡ ᠲᠠᠯ᠎ᠠ ᠶᠢᠨ ᠣᠨᠴᠠᠭᠠᠢ ᠦᠢᠯᠡᠲᠦᠯ ᠢ ᠬᠦᠢᠴᠡᠳ ᠪᠠᠲᠠᠷᠠᠭᠤᠯᠣᠨ᠎ᠠ᠃ | ︵ᠶᠢᠰᠦ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠭᠵᠢᠯᠲᠡ ᠶᠢᠨ ᠭᠤᠣᠯᠲᠠᠯᠭ᠎ᠠ ᠶᠢ | ᠴᠢᠩᠭᠠᠷᠠᠭᠤᠯᠵᠦ᠂ ᠦᠨᠳᠦᠰᠦᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠲᠡᠩᠴᠡᠭᠦᠷᠢᠰᠢᠬᠦᠯᠬᠦ | ᠪᠠ ᠭᠤᠣᠯᠲᠠᠯᠠᠭᠠ ᠲᠠᠢ ᠬᠦᠮᠦᠰ᠂ ᠲᠦᠷᠦᠯ ᠵᠦᠢᠯ ᠤᠨ ᠬᠦᠭᠵᠢᠯᠲᠡ ᠶᠢ ᠬᠦᠴᠦᠯᠡᠨ ᠠᠬᠢᠭᠤᠯᠣᠨ᠎ᠠ᠃ ᠦᠨᠳᠦᠰᠦᠨ | ᠣᠯᠠᠨ ᠨᠡᠶᠢᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠬᠠᠣᠯᠢ ᠶᠣᠰᠣᠭᠠᠷ ᠪᠠᠲᠣᠯᠠᠵᠦ᠂ ᠦᠨᠳᠦᠰᠦᠨ ᠣᠯᠠᠨ | ᠨᠡᠶᠢᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠬᠦᠲᠡᠭᠡ ᠲᠣᠰᠬᠤᠨ ᠲᠡᠰᠢ ᠦᠷᠬᠦᠯᠵᠢᠯᠡᠬᠦ ᠶᠢ ᠠᠬᠢᠭᠤᠯᠣᠨ᠂ | ᠰᠢᠶᠠᠩ ᠪᠠᠯᠭᠠᠰᠣ᠂ ᠬᠦᠲᠡᠭᠡ ᠲᠣᠰᠬᠤᠨ ᠨᠡᠶᠢᠭᠡᠮ ᠲᠣᠭᠤᠷᠢᠬ ᠢᠶᠠᠷ ᠭᠤᠣᠯᠲᠠᠯᠭ᠎ᠠ ᠪᠣᠯᠭᠠᠨ ᠦᠨᠳᠦᠰᠦᠨ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢᠨ ᠲᠡᠩᠴᠡᠬᠦᠷᠢᠰᠢᠯ ᠢ ᠠᠬᠢᠭᠤᠯᠣᠨ᠎ᠠ᠃ ᠨᠡᠶᠢᠲᠡᠮ ᠢᠪᠡᠭᠡᠬᠦ | ᠴᠢᠨᠠᠷᠲᠠᠢ᠂ ᠰᠠᠭᠤᠷᠢ ᠶᠢ ᠪᠠᠲᠣᠯᠠᠬᠤ᠂ ᠦᠷᠬᠦᠯᠵᠢᠯᠡᠨ ᠬᠦᠭᠵᠢᠬᠦ᠂ ᠲᠣᠬᠠᠢ ᠶᠢᠨ ᠭᠠᠵᠠᠷ ᠲᠤᠨᠢ ᠲᠣᠬᠢᠷᠠᠬᠰᠠᠨ | ᠵᠠᠷᠴᠢᠮ ᠢ ᠪᠠᠷᠢᠮᠲᠠᠯᠠᠵᠦ᠂ ᠬᠤᠪᠢᠰᠭᠠᠯ ᠤᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ | ᠣᠷᠣᠨ᠂ ᠶᠠᠲᠠᠭᠤ ᠬᠦᠴᠢᠷᠲᠡᠢ ᠭᠠᠵᠠᠷ ᠣᠷᠣᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠢ | ᠬᠦᠭᠵᠢᠬᠦᠯᠬᠦ ᠶᠢ ᠭᠤᠤᠯᠲᠠᠯᠭ᠎ᠠ ᠲᠠᠢ ᠲᠡᠮᠵᠢᠨ᠎ᠠ᠃ | ᠵᠠᠯᠠᠭᠤᠴᠣᠳ ᠪᠠᠭᠠᠴᠣᠳ ᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢᠨ | ᠭᠤᠣᠯᠲᠠᠯᠭ᠎ᠠ ᠲᠠᠢ ᠬᠦᠮᠦᠰ ᠪᠣᠯᠭᠠᠵᠣ᠂ ᠵᠠᠯᠠᠭᠤᠴᠣᠳ ᠪᠠᠭᠠᠴᠣᠳ ᠤᠨ ᠪᠡᠶ᠎ᠡ ᠶᠢᠨ ᠲᠠᠮᠢᠷ ᠤᠨ ᠬᠦᠲᠡᠯᠭᠡᠭᠡᠨ ᠢ | ᠲᠦᠭᠡᠮᠡᠯᠵᠢᠬᠦᠯᠦᠨ᠂ ᠵᠠᠯᠠᠭᠤᠴᠣᠳ ᠪᠠᠭᠠᠴᠣᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠲᠡᠭᠡᠭᠰᠢᠯᠡᠬᠦᠯᠦᠨ᠎ᠡ᠃ | ᠰᠣᠷᠭᠠᠭᠤᠯᠢ ᠶᠢᠨ ᠪᠡᠶ ᠡ ᠶᠢᠨ ᠲᠠᠮᠢᠷ ᠤᠨ ᠬᠦᠮᠦᠵᠢᠯ ᠢ ᠴᠢᠩᠭᠠᠳᠬᠠᠵᠦ᠂ ᠵᠠᠯᠠᠭᠤᠴᠣᠳ ᠪᠠᠭᠠᠴᠣᠳ ᠤᠨ ᠪᠡᠶ᠎ᠡ ᠶᠢᠨ | ᠲᠠᠮᠢᠷ ᠤᠨ ᠬᠡᠪ ᠪᠣᠯᠪᠠᠰᠣᠷᠠᠯ ᠢ ᠲᠡᠭᠡᠭᠰᠢᠯᠡᠬᠦᠯᠬᠦ ᠪᠠ ᠡᠷᠡᠬᠦᠯ ᠴᠢᠬᠢᠷᠠᠬ ᠠᠵᠢᠯᠯᠠᠭ᠎ᠠ ᠶᠢᠨ ᠬᠡᠯᠪᠡᠷᠢ ᠬᠦᠮᠦᠵᠢᠬᠦᠯᠬᠦ ᠶᠢ | ᠰᠣᠷᠭᠠᠭᠤᠯᠢ ᠶᠢᠨ ᠰᠣᠷᠭᠠᠨ ᠬᠦᠮᠦᠵᠢᠯ ᠤᠨ ᠴᠢᠬᠤᠯᠠ ᠠᠭᠤᠯᠭ᠎ᠠ ᠪᠣᠯᠭᠠᠵᠦ᠂ ᠰᠣᠷᠣᠬᠴᠢᠳ ᠤᠨ ᠰᠣᠷᠭᠠᠭᠤᠯᠢ ᠳᠠᠬᠢ | ᠪᠡᠶ᠎ᠡ ᠶᠢᠨ ᠲᠠᠮᠢᠷ ᠤᠨ ᠲᠠᠯᠠᠪᠣᠷ ᠪᠣᠯᠣᠨ ᠪᠡᠶ᠎ᠡ ᠪᠣᠯᠪᠠᠰᠣᠷᠠᠬᠤ ᠴᠠᠬ ᠢ ᠪᠠᠲᠣᠯᠠᠵᠦ᠂ ᠰᠣᠷᠣᠬᠴᠢᠳ ᠤᠨ ᠪᠡᠶ ᠡ | ᠮᠠᠬᠠᠪᠣᠳ ᠤᠨ ᠡᠷᠡᠬᠦᠯ ᠮᠡᠨᠲᠦ ᠶᠢᠨ ᠲᠦᠪᠰᠢᠨ ᠢ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ | ᠲᠣᠬᠲᠠᠯᠴᠠᠭ᠎ᠠ ᠳᠤ ᠣᠷᠣᠭᠤᠯᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠪᠦᠲᠦᠮᠵᠢ ᠶᠢ ᠬᠢᠨᠡᠨ | ᠦᠨᠡᠯᠡᠬᠦ ᠪᠠ ᠵᠠᠰᠠᠬ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠵᠠᠯᠠᠭᠤᠴᠣᠳ ᠪᠠᠭᠠᠴᠣᠳ ᠤᠨ | ᠪᠡᠶ᠎ᠡ ᠶᠢᠨ ᠲᠠᠮᠢᠷ ᠤᠨ ᠬᠦᠲᠡᠯᠭᠡᠭᠡᠨ ᠢ ᠠᠬᠢᠭᠤᠯᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠦ ︽ | ᠵᠠᠯᠠᠭᠤᠴᠣᠳ ᠪᠠᠭᠠᠴᠣᠳ ᠤᠨ ᠨᠡᠷᠡᠨ ᠬᠡᠷᠡᠯᠲᠦ ᠪᠡᠶ᠎ᠡ ᠶᠢᠨ ᠲᠠᠮᠢᠷ ᠤᠨ ᠣᠷᠣᠯᠲᠣᠭᠠᠨ︾ ᠵᠡᠷᠭᠡ ᠵᠠᠯᠠᠭᠤᠴᠣᠳ | ᠪᠠᠭᠠᠴᠣᠳ ᠤᠨ ᠪᠡᠶ᠎ᠡ ᠶᠢᠨ ᠲᠠᠮᠢᠷ ᠤᠨ ᠨᠡᠷᠡᠲᠦ ᠬᠦᠲᠡᠯᠭᠡᠭᠡᠨ ᠤ ᠵᠢᠱᠢᠶ᠎ᠠ ᠦᠵᠡᠬᠦᠯᠦᠨ ᠬᠦᠲᠦᠯᠦᠨ ᠵᠢᠯᠣᠭᠤᠳᠬᠤ | ᠦᠢᠯᠡᠲᠦᠯ ᠢ ᠢᠲᠡᠪᠬᠢᠲᠡᠢ ᠪᠠᠲᠠᠷᠠᠭᠤᠯᠣᠨ᠂ ᠵᠠᠯᠠᠭᠤᠴᠣᠳ ᠪᠠᠭᠠᠴᠣᠳ ᠢ ᠪᠡᠶ᠎ᠡ ᠮᠠᠬᠠᠪᠣᠳ ᠤᠨ ᠬᠡᠪ ᠴᠢᠨᠠᠷ ᠢᠶᠠᠨ | ᠲᠡᠭᠡᠭᠰᠢᠯᠡᠬᠦᠯᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠣᠷ᠎ᠠ ᠮᠡᠷᠭᠡᠰᠢᠯ ᠢ ᠡᠵᠡᠮᠰᠢᠨ᠂ ᠪᠡᠶ᠎ᠡ ᠪᠣᠯᠪᠰᠣᠷᠠᠬᠤ | ᠲᠣᠷ᠎ᠠ ᠰᠣᠨᠢᠷᠬᠠᠯ ᠢ ᠬᠦᠮᠦᠵᠢᠬᠦᠯᠵᠦ᠂ ᠨᠠᠰᠣᠨ ᠲᠣᠷᠰᠢᠲᠠ ᠪᠡᠶ᠎ᠡ ᠪᠣᠯᠪᠠᠰᠣᠷᠠᠬᠤ ᠰᠠᠶᠢᠨ ᠰᠠᠶᠢᠬᠠᠨ ᠲᠠᠳᠬᠠᠯ ᠲᠠᠢ | ᠪᠣᠯᠭᠠᠨ᠎ᠠ᠃ ᠨᠠᠰᠣᠲᠠᠶᠢᠴᠣᠳ ᠤᠨ ᠣᠷᠣᠰᠢᠨ ᠠᠮᠢᠲᠣᠷᠠᠬᠤ ᠳᠤ ᠲᠠᠭᠠᠲᠠᠢ ᠣᠷᠴᠢᠨ ᠲᠣᠭᠤᠷᠢᠨ ᠤ ᠪᠠᠶᠢᠭᠤᠯᠣᠯᠲᠠ ᠶᠢ | ᠠᠬᠢᠭᠤᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠠᠰᠣᠲᠠᠶᠢᠴᠣᠳ ᠤᠨ ᠪᠡᠶ᠎ᠡ ᠴᠢᠬᠢᠷᠠᠬᠵᠢᠭᠤᠯᠬᠤ | ᠲᠦᠬᠦᠭᠡᠷᠦᠮᠵᠢ ᠶᠢ ᠨᠢᠭᠡᠲᠦᠯᠲᠡᠢ ᠲᠦᠯᠦᠪᠵᠢᠬᠦᠯᠦᠨ ᠪᠠᠶᠢᠭᠤᠯᠵᠦ᠂ ᠨᠡᠶᠢᠭᠡᠮ ᠲᠣᠭᠤᠷᠢᠬ ᠤᠨ ᠨᠠᠰᠣᠵᠢᠯ ᠤᠨ | ᠦᠢᠯᠡᠴᠢᠯᠡᠭᠡᠨ ᠤ ᠲᠦᠬᠦᠭᠡᠷᠦᠮᠵᠢ ᠪᠣᠯᠣᠨ ᠨᠡᠶᠢᠭᠡᠮ ᠲᠣᠭᠤᠷᠢᠬ ᠤᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ | ᠴᠢᠲᠠᠪᠬᠢ ᠶᠢᠨ ᠣᠶᠠᠯᠲᠣᠯ ᠢ ᠴᠢᠩᠭᠠᠳᠬᠠᠵᠦ᠂ ᠠᠰᠢᠬᠯᠠᠯᠲᠠ ᠶᠢᠨ ᠨᠣᠷᠮ᠎ᠠ ᠶᠢ ᠲᠡᠭᠡᠭᠰᠢᠯᠡᠬᠦᠯᠵᠦ᠂᠂ ᠨᠡᠶᠢᠭᠡᠮ | ᠲᠣᠭᠤᠷᠢᠬ ᠠᠴᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠪᠣᠯᠣᠨ ᠨᠡᠶᠢᠭᠡᠮ ᠤᠨ ᠲᠠᠯᠠᠪᠣᠷ ᠢ | ᠠᠰᠢᠬᠯᠠᠨ ᠨᠠᠰᠣᠲᠠᠶᠢᠴᠣᠳ ᠲᠤ ᠲᠣᠬᠢᠷᠠᠬᠤ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠵᠣᠬᠢᠶᠠᠨ | ᠪᠠᠶᠢᠭᠤᠯᠣᠨ ᠦᠷᠨᠢᠬᠦᠯᠬᠦ ᠶᠢ ᠲᠡᠮᠵᠢᠵᠦ᠂ ᠨᠠᠰᠣᠲᠠᠶᠢᠴᠣᠳ ᠤᠨ ᠪᠡᠶ᠎ᠡ ᠴᠢᠬᠢᠷᠠᠬᠵᠢᠭᠤᠯᠬᠤ ᠳᠤ ᠰᠢᠨᠵᠢᠯᠡᠬᠦ ᠣᠬᠠᠭᠠᠨᠴᠢ | ᠵᠢᠯᠣᠭᠤᠲᠣᠯᠭ᠎ᠠ ᠬᠠᠩᠭᠠᠨ᠎ᠠ᠃ ᠣᠯᠣᠰ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠡᠮᠲᠡᠭᠴᠦᠳ ᠢ ᠲᠣᠰᠠᠯᠠᠬᠤ | ᠢᠨᠵᠧᠨᠧᠷᠢᠩ ᠢ ᠲᠡᠮᠵᠢᠬᠦ ᠬᠦᠴᠦᠯᠡᠴᠡ ᠪᠠᠨ ᠣᠯᠠᠮ ᠴᠢᠩᠭᠠᠷᠠᠭᠤᠯᠵᠦ᠂ ᠬᠠᠷᠠᠭᠠᠯᠵᠠᠯ ᠤᠨ ᠲᠦᠷᠦ ᠶᠢᠨ ᠪᠣᠲᠣᠯᠭ᠎ᠠ | ᠠᠪᠴᠦ᠂ ᠵᠡᠮᠲᠡᠭᠴᠦᠳ ᠤᠨ ᠡᠷᠡᠬᠦᠯᠵᠢᠯ ᠤᠨ ᠪᠡᠶ᠎ᠡ ᠶᠢᠨ ᠲᠠᠮᠢᠷ ᠪᠠ ᠪᠡᠶ᠎ᠡ ᠴᠢᠬᠢᠷᠠᠬᠵᠢᠭᠤᠯᠬᠤ ᠪᠡᠶ᠎ᠡ ᠶᠢᠨ ᠲᠠᠮᠢᠷ ᠢ | ᠦᠷᠭᠡᠨ ᠢᠶᠠᠷ ᠦᠷᠨᠢᠬᠦᠯᠬᠦ ᠶᠢ ᠠᠬᠢᠭᠤᠯᠣᠨ᠎ᠠ᠃ ᠠᠵᠢᠯᠲᠠᠨ᠂ ᠲᠠᠷᠢᠶᠠᠴᠢᠳ᠂ ᠡᠮᠡᠭᠲᠡᠶᠢᠴᠣᠳ᠂ ᠬᠡᠦᠬᠡᠳ ᠤᠨ | ᠪᠠᠶ᠎ᠠ ᠶᠢᠨ ᠲᠠᠮᠢᠷ ᠢ ᠦᠷᠨᠢᠬᠦᠯᠵᠦ᠂ ᠭᠠᠲᠠᠨ᠎ᠠ ᠠᠴᠠ ᠢᠷᠡᠭᠰᠡᠨ ᠬᠦᠯᠦᠰᠦᠨ ᠠᠵᠢᠯᠴᠢᠳ ᠤᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠬᠠᠷᠢᠶ᠎ᠠ ᠭᠠᠵᠠᠷ ᠤᠨ ᠬᠠᠩᠭᠠᠯᠭ᠎ᠠ ᠬᠡᠷᠡᠭᠯᠡᠭᠡ ᠶᠢᠨ ᠲᠣᠬᠲᠠᠯᠴᠠᠭ᠎ᠠ ᠳᠤ | ᠣᠷᠣᠭᠤᠯᠬᠤ ᠶᠢ ᠠᠬᠢᠭᠤᠯᠣᠨ᠎ᠠ᠃ ᠨᠡᠶᠢᠭᠡᠮ ᠲᠣᠭᠤᠷᠢᠬ ᠤᠨ ᠡᠷᠡᠬᠦᠯᠵᠢᠯ ᠤᠨ ᠠᠵᠢᠯᠲᠠᠳ ᠵᠡᠷᠭᠡ ᠣᠨᠴᠠᠭᠠᠢ | ᠬᠦᠮᠦᠰ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠴᠢᠯᠡᠭᠡ ᠶᠢᠨ ᠬᠠᠩᠭᠠᠯᠭ᠎ᠠ ᠬᠡᠷᠡᠭᠯᠡᠭᠡ ᠶᠢ | ᠲᠦᠷᠭᠡᠳᠭᠡᠵᠦ᠂ ᠲᠡᠲᠡᠨᠡᠷ ᠲᠤ ᠨᠡᠩ ᠣᠯᠠᠨ ᠨᠡᠶᠢᠭᠡᠮ ᠤᠨ ᠬᠠᠶᠢᠢᠷᠠ ᠬᠠᠯᠠᠮᠵᠢ ᠬᠦᠷᠲᠡᠭᠡᠨ᠂ ᠨᠡᠶᠢᠭᠡᠮ ᠳᠤ ᠠᠭᠤᠰᠬᠤ | ᠲᠠᠯ᠎ᠠ ᠶᠢᠨ ᠬᠦᠷᠲᠡᠭᠡᠮᠵᠢ ᠪᠣᠯᠣᠨ ᠬᠠᠨᠣᠮᠵᠢ ᠶᠢ ᠴᠢᠩᠭᠠᠷᠠᠭᠤᠯᠣᠨ᠎ᠠ᠃ | ᠬᠦᠯ ᠪᠦᠮᠪᠦᠭᠡ ᠶᠢᠨ ᠬᠦᠲᠡᠯᠭᠡᠭᠡᠨ ᠪᠣᠯᠣᠨ ᠮᠦᠰᠦ ᠴᠠᠰᠣᠨ ᠤ ᠬᠦᠲᠡᠯᠭᠡᠭᠡᠨ ᠢ ᠲᠦᠷᠭᠡᠳᠭᠡᠨ ᠠᠬᠢᠭᠤᠯᠣᠨ᠎ᠠ᠃ | ᠬᠦᠯ ᠪᠦᠮᠪᠦᠭᠡ ᠶᠢᠨ ᠲᠠᠯᠠᠪᠣᠷ ᠤᠨ ᠬᠠᠩᠭᠠᠯᠭ᠎ᠠ ᠬᠡᠷᠡᠭᠯᠡᠭᠡ ᠶᠢ ᠶᠡᠬᠡᠰᠭᠡᠵᠦ᠂ ᠬᠦᠯ ᠪᠦᠮᠪᠦᠭᠡ ᠶᠢᠨ ᠲᠠᠯᠠᠪᠣᠷ ᠤᠨ | ᠪᠠᠶᠢᠭᠤᠯᠣᠯᠲᠠ ᠶᠢ ᠬᠤᠲᠠ ᠪᠠᠯᠭᠠᠰᠣᠵᠢᠯᠲᠠ ᠪᠠ ᠰᠢᠨ᠎ᠡ ᠬᠦᠲᠡᠭᠡ ᠲᠣᠰᠬᠤᠨ ᠤ ᠪᠠᠶᠢᠭᠤᠯᠣᠯᠲᠠ ᠶᠢᠨ ᠶᠡᠷᠦᠩᠬᠡᠢ | ᠲᠦᠯᠦᠪᠵᠢᠬᠦᠯᠭᠡ ᠳᠤ ᠣᠷᠣᠭᠤᠯᠵᠦ᠂ ᠲᠣᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠣᠨ ᠨᠡᠶᠢᠢᠭᠡᠮ ᠤᠨ | ᠬᠦᠴᠦᠨ ᠢᠶᠠᠷ ᠪᠠᠭ᠎ᠠ ᠬᠡᠯᠪᠡᠷᠢ ᠶᠢᠨ᠂ ᠣᠯᠠᠨ ᠶᠠᠩᠵᠣᠲᠦ ᠬᠦᠯ ᠪᠦᠮᠪᠦᠭᠡ ᠶᠢᠨ ᠲᠠᠯᠠᠪᠣᠷ ᠪᠠᠶᠢᠭᠤᠯᠣᠨ᠎ᠠ᠃ | ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠦᠲᠡᠯᠭᠡᠭᠡᠨ ᠢ ᠦᠷᠭᠡᠨ ᠢᠶᠠᠷ ᠦᠷᠨᠢᠬᠦᠯᠵᠦ᠂ | ᠪᠠᠶᠢᠩᠭᠤᠵᠢᠬᠰᠠᠨ᠂ ᠬᠦᠨᠲᠡᠯᠡᠨ ᠭᠤᠯᠲᠣ ᠨᠡᠪᠲᠡᠷᠡᠭᠰᠡᠨ ᠶᠡᠭᠡ ᠰᠣᠷᠭᠠᠭᠤᠯᠢ᠂ ᠦᠨᠳᠦᠷ ᠲᠣᠮᠲᠠᠲᠣ᠂ ᠠᠩᠬ᠎ᠠ | ᠲᠣᠮᠲᠠᠲᠣ᠂ ᠪᠠᠭ᠎ᠠ ᠰᠣᠷᠭᠠᠭᠤᠯᠢ ᠲᠦᠷᠪᠡᠨ ᠱᠠᠲᠣᠨ ᠤ ᠬᠦᠯ ᠪᠦᠮᠪᠦᠭᠡ ᠶᠢᠨ ᠣᠷᠣᠯᠲᠣᠭᠠᠨ ᠤ ᠲᠣᠬᠲᠠᠯᠴᠠᠭ᠎ᠠ ᠶᠢ | ᠴᠢᠷᠮᠠᠶᠢᠨ ᠲᠡᠬᠦᠯᠲᠡᠷᠵᠢᠬᠦᠯᠦᠨ᠎ᠡ᠃ ᠠᠵᠢᠯ ᠲᠦᠷᠦᠯ᠂ ᠨᠡᠶᠢᠭᠡᠮ ᠲᠣᠭᠤᠷᠢᠬ᠂ ᠠᠵᠦ ᠠᠬᠤᠶᠢᠯᠠᠯ᠂ ᠴᠡᠷᠢᠭ ᠠᠩᠬᠢ᠂ | ᠵᠡᠮᠲᠡᠭᠴᠦᠳ᠂ ᠢᠲᠡᠷ ᠨᠠᠰᠣᠲᠠᠶᠢᠴᠣᠳ᠂ ᠲᠠᠪᠣᠨ ᠬᠦᠮᠦᠨ ᠤ ᠲᠦᠷᠢᠮᠲᠦ᠂ ᠡᠯᠡᠰᠦᠨ ᠲᠠᠩ ᠤᠨ ᠬᠦᠯ ᠪᠦᠮᠪᠦᠭᠡ | ᠵᠡᠷᠭᠡ ᠣᠯᠠᠨ ᠬᠡᠯᠪᠡᠷᠢ ᠶᠡᠩᠵᠦ ᠶᠢᠨ ᠠᠷᠠᠳ ᠤᠨ ᠲᠣᠮᠲᠠᠬᠢ ᠬᠦᠯ ᠪᠦᠮᠪᠦᠭᠡ ᠶᠢᠨ ᠬᠦᠲᠡᠯᠭᠡᠭᠡᠨ ᠢ ᠢᠲᠡᠪᠬᠢᠲᠡᠢ | ᠦᠷᠨᠢᠬᠦᠯᠵᠦ᠂ ᠣᠯᠠᠨ ᠲᠡᠰ ᠱᠠᠲᠣ ᠶᠢᠨ ᠬᠦᠯ ᠪᠦᠮᠪᠦᠭᠡ ᠶᠢᠨ ᠣᠷᠣᠯᠲᠣᠭᠠᠨ ᠡᠷᠬᠢᠯᠡᠨ᠂ ᠬᠦᠯ ᠪᠦᠮᠪᠦᠭᠡ ᠶᠢᠨ | ᠬᠦᠮᠦᠨ ᠠᠮᠠ ᠶᠢᠨ ᠬᠡᠪᠴᠢᠶ᠎ᠠ ᠶᠢ ᠲᠠᠰᠣᠷᠠᠯᠲᠠ ᠦᠭᠡᠢ ᠦᠷᠭᠡᠳᠭᠡᠵᠦ᠂ ᠬᠦᠯ ᠪᠦᠮᠪᠦᠭᠡ ᠶᠢᠨ ᠦᠷᠨᠢᠨ ᠬᠦᠭᠵᠢᠬᠦ ᠶᠢ | ᠠᠬᠢᠭᠤᠯᠣᠨ᠎ᠠ᠃ ᠮᠦᠰᠦ ᠴᠠᠰᠣᠨ ᠤ ᠬᠦᠲᠡᠯᠭᠡᠭᠡᠨ ᠢ ᠶᠡᠭᠡ ᠪᠠᠷ ᠠᠬᠢᠭᠤᠯᠣᠨ ᠲᠡᠯᠭᠡᠷᠡᠬᠦᠯᠵᠦ᠂ 2022 ᠤᠨ ᠤ | ᠡᠪᠦᠯ ᠤᠨ ᠣᠯᠠᠷᠢᠯ ᠤᠨ ᠣᠯᠢᠮᠫᠢᠺ ᠪᠣᠯᠣᠨ ᠡᠪᠦᠯ ᠤᠨ ᠣᠯᠠᠷᠢᠯ ᠤᠨ ᠵᠡᠮᠲᠡᠭᠴᠦᠳ ᠤᠨ ᠣᠯᠢᠮᠫᠢᠺ ᠤᠨ ᠴᠣᠬᠯᠠᠭᠠᠨ ᠢ | ᠪᠡᠯᠡᠳᠭᠡᠵᠦ ᠡᠷᠬᠢᠯᠡᠬᠦ ᠪᠠᠷ ᠠᠵᠠ ᠲᠣᠬᠢᠶᠠᠯ ᠪᠣᠯᠭᠠᠨ᠂ ᠣᠯᠠᠨ ᠲᠦᠮᠡᠨ ᠤ ᠡᠪᠦᠯ ᠤᠨ ᠣᠯᠠᠷᠢᠯ ᠤᠨ ᠬᠦᠲᠡᠯᠭᠡᠭᠡᠨ ᠢ | ᠲᠡᠯᠭᠡᠷᠡᠬᠦᠯᠦᠨ ᠲᠦᠭᠡᠮᠡᠯᠵᠢᠬᠦᠯᠬᠦ ᠲᠦᠯᠦᠪᠯᠡᠭᠡ ᠶᠢ ᠬᠡᠷᠡᠭᠵᠢᠬᠦᠯᠦᠨ᠎ᠡ᠃ ᠡᠯ᠎ᠡ ᠭᠠᠵᠠᠷ ᠣᠷᠣᠨ ᠤ ᠣᠯᠠᠨ ᠴᠢᠲᠠᠪᠬᠢᠲᠣ | ᠮᠦᠰᠦᠨ ᠲᠠᠯᠠᠪᠣᠷ ᠪᠣᠯᠣᠨ ᠴᠠᠰᠣᠨ ᠲᠠᠯᠠᠪᠣᠷ ᠪᠠᠶᠢᠭᠤᠯᠬᠤ ᠪᠠ ᠵᠠᠰᠠᠨ ᠪᠠᠶᠢᠭᠤᠯᠬᠤ ᠶᠢ ᠲᠡᠮᠵᠢᠵᠦ᠂ ᠨᠡᠶᠢᠢᠭᠡᠮ ᠤᠨ | ᠬᠦᠴᠦᠨ ᠤ ᠮᠦᠰᠦ ᠴᠠᠰᠣᠨ ᠤ ᠬᠦᠲᠡᠯᠭᠡᠭᠡᠨ ᠤ ᠬᠦᠷᠢᠶ᠎ᠡ ᠴᠠᠷᠠᠭ᠎ᠠ ᠳᠤ ᠣᠷᠣᠬᠤ ᠶᠢ ᠬᠦᠲᠦᠯᠦᠨ ᠵᠢᠯᠣᠭᠤᠳᠴᠦ᠂ | ᠮᠦᠰᠦᠨ ᠴᠠᠰᠣᠨ ᠤ ᠬᠦᠲᠡᠯᠭᠡᠭᠡᠨ ᠤ ᠦᠵᠡᠮᠵᠢ ᠶᠢᠨ ᠣᠷᠣᠨ᠂ ᠬᠤᠲᠠᠯᠲᠤᠭ᠎ᠠ ᠲᠡᠯᠭᠡᠬᠦᠷ᠂ ᠨᠡᠶᠢᠭᠡᠮ ᠲᠣᠭᠤᠷᠢᠬ᠂ | ᠰᠣᠷᠭᠠᠭᠤᠯᠢ ᠳᠤ ᠣᠷᠣᠬᠤ ᠶᠢ ᠠᠬᠢᠭᠤᠯᠵᠦ᠂ ᠣᠷᠠᠨ ᠲᠠᠰᠢᠯᠲᠠ᠂ ᠮᠦᠰᠦᠨ ᠪᠦᠯᠪᠦᠭᠡ᠂ ᠦᠨᠳᠦᠷ ᠠᠭᠤᠯᠠ ᠶᠢᠨ | ᠴᠠᠰᠣ ᠭᠤᠯᠭᠤᠯᠲᠠ ᠵᠡᠷᠭᠡ ᠵᠣᠬᠢᠬᠤ ᠬᠡᠮᠵᠢᠶᠡᠨ ᠤ ᠣᠯᠠᠨ ᠲᠦᠮᠡᠨᠴᠢ ᠰᠠᠭᠤᠷᠢ ᠲᠠᠢ ᠮᠦᠰᠦ ᠴᠠᠰᠣᠨ ᠤ ᠪᠡᠶ᠎ᠡ | ᠴᠢᠬᠢᠷᠠᠬᠵᠢᠭᠤᠯᠬᠤ ᠰᠡᠯᠡᠬᠦᠴᠡᠯ ᠤᠨ ᠲᠦᠷᠦᠯ ᠵᠦᠢᠯ ᠢ ᠲᠡᠮᠵᠢᠵᠦ᠂ ᠨᠡᠷᠡᠲᠦ ᠲᠡᠮᠲᠡᠭᠲᠦ ᠮᠦᠰᠦ ᠴᠠᠰᠣᠨ ᠤ | ᠬᠦᠲᠡᠯᠭᠡᠭᠡᠨ ᠤ ᠺᠯᠦᠶᠢᠪ᠂ ᠮᠦᠰᠦ ᠴᠠᠰᠣᠨ ᠤ ᠬᠦᠲᠡᠯᠭᠡᠭᠡᠨ ᠤ ᠰᠣᠷᠭᠠᠭᠤᠯᠢ ᠪᠣᠯᠣᠨ ᠦᠵᠡᠮᠦᠷᠢ ᠶᠢᠨ ᠴᠢᠨᠠᠷ | ᠴᠢᠩᠭ᠎ᠠ᠂ ᠣᠯᠠᠨ ᠲᠦᠮᠡᠨ ᠣᠷᠣᠯᠴᠠᠬᠤ ᠨᠣᠷᠮ᠎ᠠ ᠦᠨᠳᠦᠷ ᠲᠦᠷᠦᠯ ᠲᠡᠮᠲᠡᠭᠲᠦ ᠣᠷᠣᠯᠲᠣᠭᠠᠨ ᠤ ᠠᠵᠢᠯᠯᠠᠭ᠎ᠠ ᠶᠢ | ᠡᠬᠦᠳᠦᠨ᠎ᠡ᠃ ᠮᠦᠰᠦ ᠴᠠᠰᠣᠨ ᠤ ᠲᠦᠬᠦᠭᠡᠷᠦᠮᠵᠢ ᠪᠣᠯᠣᠨ ᠪᠡᠶ ᠡ ᠶᠢᠨ ᠲᠠᠮᠢᠷ ᠤᠨ ᠬᠦᠲᠡᠯᠭᠡᠭᠡᠨ ᠤ ᠲᠣᠨᠣᠬᠯᠠᠯ ᠤᠨ | ᠠᠵᠦ ᠦᠢᠯᠡᠰ ᠢ ᠢᠲᠡᠪᠬᠢᠲᠡᠢ ᠪᠣᠶᠢᠵᠢᠭᠤᠯᠵᠦ᠂ ᠲᠡᠬᠦᠨ ᠤ ᠬᠦᠭᠵᠢᠨ ᠪᠣᠵᠠᠭᠠᠶᠢᠷᠠᠬᠤ ᠶᠢ ᠠᠬᠢᠭᠤᠯᠣᠨ᠎ᠠ᠃ ᠡᠯ᠎ᠠ | ᠭᠠᠵᠠᠷ ᠣᠷᠣᠨ ᠲᠣᠬᠠᠢ ᠶᠢᠨ ᠭᠠᠵᠠᠷ ᠤᠨ ᠬᠦᠮᠦᠨ ᠪᠠᠶᠢᠭᠠᠯᠢ ᠨᠡᠶᠢᠭᠡᠮ ᠤᠨ ᠡᠬᠢ ᠪᠠᠶᠠᠯᠢᠬ ᠲᠠᠭᠠᠨ ᠲᠦᠰᠢᠭᠯᠡᠨ | ᠣᠯᠠᠨ ᠶᠠᠩᠵᠦ ᠬᠡᠯᠪᠡᠷᠢ ᠪᠦᠬᠦᠢ ᠮᠦᠰᠦ ᠴᠠᠰᠣᠨ ᠤ ᠬᠦᠲᠡᠯᠭᠡᠭᠡᠨ ᠦᠷᠨᠢᠬᠦᠯᠬᠦ ᠶᠢ ᠵᠣᠷᠢᠬᠵᠢᠭᠤᠯᠵᠦ᠂ 3 | ᠳ᠋ᠦᠩᠰᠢᠭᠤᠷ ᠬᠦᠮᠦᠨ ᠮᠦᠰᠦ ᠴᠠᠰᠣᠨ ᠤ ᠬᠦᠲᠡᠯᠭᠡᠭᠡᠨ ᠳᠤ ᠣᠷᠣᠯᠴᠠᠬᠤ ᠶᠢ ᠪᠡᠶᠡᠯᠡᠬᠦᠯᠦᠨ ᠂ ᠮᠦᠰᠦ ᠴᠠᠰᠣᠨ ᠤ | ᠬᠦᠲᠡᠯᠭᠡᠭᠡᠨ ᠤ ᠣᠯᠠᠨ ᠲᠦᠮᠡᠨᠴᠢ ᠰᠠᠭᠤᠷᠢ ᠶᠢ ᠣᠯᠠᠮ ᠪᠠᠲᠣᠳᠬᠠᠨ᠎ᠠ᠃ | ᠭᠤᠷᠪᠠ᠂ ᠪᠠᠲᠣᠯᠠᠭ᠎ᠠ ᠶᠢᠨ ᠠᠷᠭ᠎ᠠ ᠬᠡᠮᠵᠢᠶ᠎ᠠ | ︵ᠠᠷᠪᠠ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠤᠨ ᠪᠠᠶᠢᠭᠤᠯᠣᠮᠵᠢ ᠶᠢ ᠲᠡᠬᠦᠯᠲᠡᠷᠵᠢᠬᠦᠯᠦᠨ᠎ᠡ᠃ | ᠵᠠᠰᠠᠬ ᠤᠨ ᠣᠷᠲᠣᠨ ᠭᠤᠣᠯᠯᠠᠨ ᠣᠲᠣᠷᠢᠳᠬᠤ᠂ ᠰᠠᠯᠠᠭ᠎ᠠ ᠮᠦᠴᠢᠷ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ | ᠣᠷᠣᠯᠴᠠᠬᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠣᠬᠢᠶᠠᠨ ᠪᠠᠶᠢᠭᠤᠯᠣᠯᠲᠠ ᠶᠢᠨ ᠪᠦᠲᠦᠴᠡ ᠶᠢ | ᠴᠢᠩᠭᠠᠳᠬᠠᠬᠤ ᠪᠠᠷ ᠲᠠᠮᠵᠢᠭᠤᠯᠣᠨ᠂ ᠡᠯ᠎ᠠ ᠠᠵᠢᠯ ᠲᠦᠷᠦᠯ ᠤᠨ ᠢᠯᠭᠤᠮ ᠣᠷᠣᠬᠰᠢᠲᠠᠢ ᠶᠠᠪᠣᠬᠲᠠᠬᠤ ᠶᠢ | ᠠᠬᠢᠭᠤᠯᠣᠨ᠎ᠠ᠃ ᠵᠠᠰᠠᠬ ᠤᠨ ᠣᠷᠲᠣᠨ ᠠᠴᠠ ᠰᠢᠨᠵᠢᠯᠡᠬᠦ ᠣᠬᠠᠭᠠᠨᠴᠢ ᠪᠠᠷ ᠨᠢᠭᠡᠲᠦᠯᠲᠡᠢ ᠲᠦᠯᠦᠪᠵᠢᠬᠦᠯᠦᠨ᠂ | ᠵᠣᠬᠢᠰᠲᠠᠢ ᠪᠠᠶᠢᠷᠢᠯᠠᠭᠤᠯᠬᠤ ᠵᠠᠷᠴᠢᠮ ᠶᠣᠰᠣᠭᠠᠷ᠂ ᠬᠤᠷᠸ᠎ᠠ ᠲᠣᠬᠢᠷᠠᠭᠤᠯᠣᠯᠲᠠ᠂ ᠲᠦᠷᠦ ᠶᠢᠨ ᠪᠣᠲᠣᠯᠭ᠎ᠠ | ᠲᠣᠬᠲᠠᠭᠠᠬᠤ᠂ ᠡᠬᠢ ᠪᠠᠶᠠᠯᠢᠬ ᠢ ᠨᠡᠶᠢᠳᠭᠡᠨ ᠬᠤᠪᠢᠶᠠᠷᠢᠯᠠᠬᠤ᠂ ᠠᠵᠢᠯ ᠳᠤ ᠬᠢᠨᠠᠯᠲᠠ ᠲᠠᠯᠪᠢᠨ ᠦᠨᠡᠯᠡᠬᠦ ᠪᠠ | ᠰᠠᠯᠠᠭ᠎ᠠ ᠮᠦᠴᠢᠷ ᠠᠯᠣᠰᠯᠠᠬᠰᠠᠨ ᠬᠤᠯᠪᠣᠭᠠᠯᠠᠯ ᠢ ᠵᠣᠬᠢᠴᠠᠭᠤᠯᠬᠤ ᠶᠢ ᠰᠠᠶᠢᠲᠣᠷ ᠬᠢᠨ᠎ᠡ︔ ᠡᠯ᠎ᠠ ᠬᠤᠯᠪᠣᠬᠲᠠᠯ | ᠪᠦᠬᠦᠢ ᠰᠠᠯᠠᠭ᠎ᠠ ᠮᠦᠴᠢᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠪᠣᠯᠣᠨ ᠣᠲᠣᠬᠠᠨ ᠤ ᠲᠦᠷᠦ ᠶᠢᠨ | ᠪᠣᠲᠣᠯᠭ᠎ᠠ᠂ ᠬᠠᠷᠠᠯᠲᠠ᠂ ᠡᠬᠦᠷᠭᠡ ᠶᠢ ᠬᠠᠷᠢᠯᠴᠠᠨ ᠣᠶᠠᠯᠲᠣᠭᠤᠯᠣᠨ ᠠᠪᠴᠠᠯᠲᠣᠭᠤᠯᠵᠦ᠂ ᠡᠷᠭᠡ ᠡᠬᠦᠷᠭᠡ ᠶᠢᠨ | ᠬᠤᠪᠢᠶᠠᠷᠢᠯᠠᠯ ᠶᠣᠰᠣᠭᠠᠷ ᠠᠵᠢᠯ ᠤᠨ ᠲᠦᠯᠦᠪᠵᠢᠬᠦᠯᠭᠡ ᠲᠣᠬᠲᠠᠭᠠᠨ᠂ ᠡᠬᠦᠷᠭᠡ ᠶᠢ ᠨᠠᠶᠢᠲᠠᠪᠣᠷᠢᠵᠢᠭᠤᠯᠣᠨ᠎ᠠ︔ | ᠣᠶᠣᠨ ᠤ ᠬᠦᠮᠦᠷᠭᠡ ᠨᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠢ ᠬᠤᠯᠪᠣᠭ᠎ᠠ ᠪᠦᠬᠦᠢ ᠴᠢᠬᠤᠯᠠ ᠠᠵᠢᠯ᠂ | ᠬᠦᠨᠲᠦ ᠴᠢᠬᠤᠯᠠ ᠲᠦᠷᠦᠯ ᠵᠦᠢᠯ ᠳᠤ ᠠᠰᠠᠭᠤᠨ ᠯᠠᠪᠯᠠᠭ᠎ᠠ ᠶᠢᠨ ᠦᠢᠯᠡᠴᠢᠯᠡᠭᠡ ᠬᠠᠩᠭᠠᠵᠦ ᠲᠡᠭᠡᠲᠦ ᠲᠡᠰ ᠤᠨ | ᠵᠢᠷᠤᠬ ᠲᠦᠯᠦᠪᠯᠡᠭᠡ ᠪᠣᠯᠣᠨ ᠠᠵᠢᠯ ᠤᠨ ᠨᠠᠶᠢᠲᠠᠪᠣᠷᠢᠵᠢᠭᠤᠯᠣᠯᠲᠠ ᠳᠤ ᠦᠢᠯᠡᠲᠦᠯ ᠢᠶᠠᠨ ᠪᠠᠲᠠᠷᠠᠭᠤᠯᠵᠦ ᠪᠣᠯᠣᠨ᠎ᠠ︔ | ᠨᠡᠶᠢᠭᠡᠮ ᠤᠨ ᠵᠣᠬᠢᠶᠠᠨ ᠪᠠᠶᠢᠭᠤᠯᠣᠯᠲᠠ ᠨᠢ ᠡᠳᠦᠷ ᠲᠣᠲᠣᠮ ᠤᠨ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ | ᠬᠦᠲᠡᠯᠭᠡᠭᠡᠨ ᠢ ᠬᠦᠲᠦᠯᠦᠨ ᠵᠢᠯᠣᠭᠤᠳᠬᠤ᠂ ᠪᠣᠯᠪᠠᠰᠣᠷᠠᠯ᠂ ᠵᠣᠬᠢᠶᠠᠨ ᠪᠠᠶᠢᠭᠤᠯᠬᠤ ᠪᠠ ᠪᠡᠶ᠎ᠡ ᠶᠢᠨ ᠲᠠᠮᠢᠷ ᠤᠨ | ᠣᠷᠣᠯᠲᠣᠭᠠᠨ ᠢ ᠡᠷᠬᠢᠯᠡᠬᠦ ᠵᠡᠷᠭᠡ ᠲᠠᠯ᠎ᠠ ᠪᠠᠷ ᠦᠢᠯᠡᠲᠦᠯ ᠢᠶᠠᠨ ᠪᠠᠲᠠᠷᠠᠭᠤᠯᠵᠦ᠂ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠶᠢᠨ ᠲᠣᠬᠲᠠᠯᠴᠠᠭ᠎ᠠ ᠶᠢᠨ ᠪᠠᠶᠢᠭᠤᠯᠣᠯᠲᠠ ᠳᠤ ᠢᠲᠡᠪᠬᠢᠲᠡᠢ | ᠣᠷᠣᠯᠴᠠᠨ᠎ᠠ᠃ ᠡᠷᠡᠬᠦᠯ ᠴᠢᠬᠢᠷᠠᠬ ᠢᠶᠠᠷ ᠭᠤᠤᠯ ᠰᠡᠲᠦᠪ ᠪᠣᠯᠭᠠᠵᠦ᠂ ᠦᠨᠳᠦᠰᠦᠨ ᠱᠠᠲᠣᠨ ᠤ ᠰᠣᠷᠲᠠᠯ | ᠣᠬᠠᠭᠤᠯᠭ᠎ᠠ᠂ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠰᠣᠶᠣᠯ᠂ ᠰᠣᠷᠭᠠᠨ ᠬᠦᠮᠦᠵᠢᠯ᠂ ᠠᠷᠠᠳ ᠤᠨ | ᠶᠠᠪᠣᠲᠠᠯ᠂ ᠨᠠᠰᠣᠵᠢᠯ᠂ ᠵᠡᠮᠲᠡᠭᠴᠦᠳ ᠤᠨ ᠬᠤᠯᠪᠣᠭ᠎ᠠ᠂ ᠵᠣᠭᠠᠴᠠᠯ ᠵᠡᠷᠭᠡ ᠰᠠᠯᠠᠭ᠎ᠠ ᠮᠦᠴᠢᠷ ᠤᠨ ᠠᠵᠢᠯ ᠢ | ᠨᠡᠶᠢᠳᠭᠡᠵᠦ᠂ ᠵᠡᠭᠡᠯᠢ ᠭᠤᠲᠣᠮᠵᠢ᠂ ᠰᠢᠶᠠᠩ ᠪᠠᠯᠭᠠᠰᠣ ᠶᠢᠨ ᠲᠠᠪᠬᠤᠷᠭ᠎ᠠ ᠳᠤ ᠡᠷᠡᠬᠦᠯ ᠮᠡᠨᠲᠦ ᠶᠢ ᠠᠬᠢᠭᠤᠯᠬᠤ | ᠦᠢᠯᠡᠴᠢᠯᠡᠭᠡᠨ ᠤ ᠲᠦᠪ ᠪᠠᠶᠢᠭᠤᠯᠬᠤ ᠶᠢ ᠬᠠᠶᠢᠨ ᠰᠦᠪᠡᠭᠴᠢᠯᠡᠨ᠎ᠡ᠃ | ︵ᠠᠷᠪᠠᠨ ᠨᠢᠭᠡ︶ ᠪᠡᠯᠡ ᠣᠷᠣᠭᠤᠯᠣᠯᠲᠠ ᠪᠣᠯᠣᠨ ᠪᠠᠲᠣᠯᠠᠭ᠎ᠠ ᠪᠠᠨ ᠨᠡᠮᠡᠭᠲᠡᠬᠦᠯᠦᠨ᠎ᠡ᠃ ᠣᠯᠠᠨ ᠡᠰᠢᠲᠦ | ᠪᠡᠯᠡ ᠮᠦᠩᠬᠦ ᠬᠤᠷᠠᠮᠲᠣᠭᠤᠯᠬᠤ ᠲᠣᠬᠲᠠᠴᠠ ᠶᠢ ᠪᠠᠶᠢᠭᠤᠯᠣᠨ᠂ ᠪᠡᠯᠡ ᠣᠷᠣᠭᠤᠯᠵᠦ ᠪᠡᠯᠡ ᠬᠤᠷᠠᠮᠲᠣᠭᠤᠯᠬᠤ | ᠵᠢᠯᠣᠭᠤᠳᠬᠤ ᠲᠦᠷᠦ ᠶᠢᠨ ᠪᠣᠲᠣᠯᠭ᠎ᠠ ᠶᠢ ᠰᠢᠯᠢᠲᠡᠭᠵᠢᠬᠦᠯᠦᠨ᠂ ᠡᠳ᠋ ᠤᠨ ᠵᠠᠰᠠᠬ ᠤᠨ ᠭᠠᠶᠢᠯᠢ ᠵᠡᠷᠭᠡ ᠡᠯ᠎ᠡ | ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠲᠣᠯᠭ᠎ᠠ ᠶᠢ ᠠᠬᠢᠭᠤᠯᠵᠦ ᠨᠠᠶᠢᠲᠠᠪᠣᠷᠢᠵᠢᠭᠤᠯᠣᠨ᠎ᠠ᠃ ᠰᠢᠶᠠᠨ ᠤ | ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠵᠠᠰᠠᠬ ᠤᠨ ᠣᠷᠲᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠠᠵᠢᠯ ᠤᠨ ᠬᠤᠯᠪᠣᠬᠲᠠᠯ ᠪᠦᠬᠦᠢ ᠵᠠᠷᠣᠲᠠᠯ ᠢ ᠡᠳ᠋ ᠤᠨ ᠵᠠᠰᠠᠬ ᠤᠨ ᠲᠦᠰᠦᠪ ᠲᠤ ᠣᠷᠣᠭᠤᠯᠬᠤ ᠶᠢᠨ ᠬᠠᠮᠲᠣ ᠣᠯᠣᠰ | ᠠᠷᠠᠳ ᠤᠨ ᠠᠵᠦ ᠠᠬᠤᠢ ᠶᠢᠨ ᠬᠦᠭᠵᠢᠯᠲᠡ ᠶᠢ ᠲᠠᠭᠠᠯᠲᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠡᠯᠡ | ᠣᠷᠣᠭᠤᠯᠣᠯᠲᠠ ᠪᠠᠨ ᠠᠭᠠᠵᠢᠮ ᠢᠶᠠᠷ ᠨᠡᠮᠡᠭᠲᠡᠬᠦᠯᠦᠨ᠎ᠡ᠃ ᠵᠣᠬᠢᠬᠤ ᠬᠠᠷᠢᠴᠠᠯ ᠪᠦᠬᠦᠢ ᠯᠣᠲ᠋ᠧᠧᠷᠢ ᠶᠢᠨ ᠨᠡᠶᠢᠲᠡ ᠶᠢᠨ | ᠠᠰᠠᠷᠠᠮᠵᠢ ᠶᠢᠨ ᠮᠦᠩᠬᠦ ᠵᠡᠷᠭᠡ ᠡᠳ᠋ ᠤᠨ ᠵᠠᠰᠠᠬ ᠤᠨ ᠪᠡᠯᠡ ᠮᠦᠩᠬᠦ ᠲᠣᠬᠢᠷᠠᠭᠤᠯᠵᠦ᠂ ᠪᠡᠶ᠎ᠡ ᠶᠢᠨ ᠲᠠᠮᠢᠷ ᠤᠨ | ᠲᠠᠯᠠᠪᠣᠷ ᠤᠨ ᠲᠦᠬᠦᠭᠡᠷᠦᠮᠵᠢ ᠪᠠᠶᠢᠭᠤᠯᠬᠤ ᠲᠣᠰᠬᠠᠢ ᠲᠦᠷᠦᠯ ᠤᠨ ᠪᠡᠯᠡ ᠣᠷᠣᠭᠤᠯᠣᠯᠲᠠ ᠶᠢᠨ ᠰᠠᠭᠤᠷᠢ ᠮᠦᠩᠬᠦ | ᠭᠠᠷᠭᠠᠬᠤ ᠪᠠ ᠵᠠᠰᠠᠬ ᠤᠨ ᠣᠷᠲᠣᠨ ᠠᠴᠠ ᠦᠢᠯᠡᠴᠢᠯᠡᠭᠡ ᠶᠢ ᠬᠤᠲᠠᠯᠲᠣᠨ ᠠᠪᠬᠤ ᠵᠡᠷᠭᠡ ᠬᠡᠯᠪᠡᠷᠢ ᠪᠠᠷ ᠲᠠᠮᠵᠢᠭᠤᠯᠣᠨ | ᠨᠡᠶᠢᠭᠡᠮ ᠤᠨ ᠬᠦᠴᠦᠨ ᠤ ᠪᠡᠯᠡ ᠣᠷᠣᠭᠤᠯᠣᠯᠲᠠ ᠬᠢᠵᠦ ᠪᠡᠶ᠎ᠡ ᠶᠢᠨ ᠲᠠᠮᠢᠷ ᠤᠨ ᠲᠠᠯᠠᠪᠣᠷ ᠲᠦᠬᠦᠭᠡᠷᠦᠮᠵᠢ | ᠪᠠᠶᠢᠭᠤᠯᠬᠤ ᠶᠢ ᠵᠣᠷᠢᠬᠵᠢᠭᠤᠯᠵᠦ᠂ ᠣᠯᠠᠨ ᠲᠦᠮᠡᠨ ᠤ ᠪᠡᠶ᠎ᠡ ᠴᠢᠬᠢᠷᠠᠬᠵᠢᠭᠤᠯᠬᠤ ᠬᠡᠷᠡᠭᠯᠡᠭᠡ ᠶᠢ ᠲᠡᠮᠵᠢᠨ᠎ᠡ᠃ | ᠵᠠᠰᠠᠬ ᠤᠨ ᠣᠷᠲᠣᠨ ᠠᠴᠠ ᠦᠢᠯᠡᠴᠢᠯᠡᠭᠡ ᠶᠢ ᠬᠤᠲᠠᠯᠲᠣᠨ ᠠᠪᠣᠬᠰᠠᠨ ᠶᠡᠷᠦᠩᠭᠡᠢ ᠱᠠᠭᠠᠷᠲᠠᠯᠭ᠎ᠠ ᠪᠣᠯᠣᠨ ᠬᠠᠮᠢᠶ᠎ᠠ | ᠪᠦᠬᠦᠢ ᠲᠣᠬᠲᠠᠭᠠᠯ ᠢ ᠦᠨᠳᠦᠰᠦᠯᠡᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡ ᠶᠢ ᠬᠤᠲᠠᠯᠲᠣᠨ ᠠᠪᠣᠬᠰᠠᠨ ᠭᠠᠷᠴᠠᠭ ᠠᠷᠭ᠎ᠠ ᠬᠡᠮᠵᠢᠶ᠎ᠡ ᠪᠣᠯᠣᠨ ᠬᠡᠷᠡᠭᠵᠢᠬᠦᠯᠬᠦ ᠨᠠᠷᠢᠨ ᠲᠦᠷᠢᠮ | ᠲᠣᠬᠲᠠᠭᠠᠵᠦ᠂ ᠦᠨᠳᠦᠰᠦᠨ ᠱᠠᠲᠣᠨ ᠤ ᠪᠡᠶ᠎ᠡ ᠴᠢᠬᠢᠷᠠᠬᠵᠢᠭᠤᠯᠬᠤ ᠵᠣᠬᠢᠶᠠᠨ ᠪᠠᠶᠢᠭᠤᠯᠣᠯᠲᠠ ᠪᠣᠯᠣᠨ ᠪᠡᠶ᠎ᠡ | ᠴᠢᠬᠢᠷᠠᠬᠵᠢᠭᠤᠯᠬᠤ ᠣᠷᠣᠯᠲᠣᠭᠠᠨ ᠵᠡᠷᠭᠡ ᠶᠢ ᠬᠤᠲᠠᠯᠲᠣᠨ ᠠᠪᠬᠤ ᠬᠠᠷᠢᠴᠠᠯ ᠢ ᠨᠡᠮᠡᠭᠲᠡᠬᠦᠯᠦᠨ᠎ᠡ᠃ ᠲᠦᠪ ᠠᠴᠠ | ᠰᠢᠯᠵᠢᠬᠦᠯᠦᠨ ᠦᠭᠬᠦ ᠬᠡᠯᠪᠡᠷᠢ ᠶᠢ ᠲᠡᠬᠦᠯᠲᠡᠷᠵᠢᠬᠦᠯᠵᠦ᠂ ᠣᠷᠣᠨ ᠨᠣᠲᠤᠬ ᠤᠨ ᠵᠠᠰᠠᠬ ᠤᠨ ᠣᠷᠲᠣᠨ ᠤ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠳᠠᠬᠢ ᠡᠳ᠋ ᠤᠨ ᠵᠠᠰᠠᠬ ᠤᠨ ᠪᠡᠯᠡ ᠣᠷᠣᠭᠤᠯᠣᠯᠲᠠ ᠶᠢ ᠵᠣᠷᠢᠬᠵᠢᠭᠤᠯᠣᠨ | ᠬᠦᠲᠦᠯᠦᠨ ᠵᠢᠯᠣᠭᠤᠲᠣᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠶᠢᠯᠢ ᠠᠴᠠ ᠡᠮᠦᠨ᠎ᠡ ᠪᠡᠯᠡᠭᠯᠡᠵᠦ | ᠬᠦᠷᠭᠡᠭᠰᠡᠨ ᠢ ᠬᠠᠰᠣᠵᠦ ᠬᠡᠯᠲᠦᠷᠢᠬᠦᠯᠬᠦ ᠲᠦᠷᠦ ᠶᠢᠨ ᠪᠣᠲᠣᠯᠭ᠎ᠠ ᠶᠢ ᠨᠠᠶᠢᠲᠠᠪᠣᠷᠢᠵᠢᠭᠤᠯᠵᠦ᠂ ᠠᠷᠠᠳ ᠣᠯᠠᠨ ᠤ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠠᠨᠳᠢᠪᠯᠠᠵᠦ ᠲᠣᠰᠠᠯᠠᠬᠤ ᠶᠢ ᠵᠢᠯᠣᠭᠤᠲᠣᠨ᠎ᠠ᠃ ᠨᠡᠶᠢᠭᠡᠮ ᠤᠨ | ᠬᠦᠴᠦᠨ ᠤ ᠨᠠᠶᠢᠲᠠ ᠶᠢᠨ ᠠᠰᠠᠷᠠᠮᠵᠢ ᠶᠢᠨ ᠴᠢᠨᠠᠷᠲᠠᠢ ᠵᠣᠬᠢᠶᠠᠨ ᠪᠠᠶᠢᠭᠤᠯᠣᠯᠲᠠ ᠪᠣᠯᠣᠨ ᠡᠰᠡᠬᠦᠯ᠎ᠠ ᠰᠢᠶᠠᠨ ᠤ | ᠱᠠᠲᠣᠨ ᠠᠴᠠ ᠲᠡᠭᠡᠭᠰᠢᠬᠢ ᠠᠷᠠᠳ ᠤᠨ ᠵᠠᠰᠠᠬ ᠤᠨ ᠣᠷᠲᠣᠨ ᠪᠣᠯᠣᠨ ᠲᠡᠬᠦᠨ ᠤ ᠰᠠᠯᠠᠭ᠎ᠠ ᠮᠦᠴᠢᠷ ᠢᠶᠠᠷ | ᠲᠠᠮᠵᠢᠭᠤᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠲᠤ ᠬᠠᠨᠳᠢᠪᠯᠠᠬᠰᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠬᠠᠨᠳᠢᠪ ᠤᠨ ᠭᠠᠶᠢᠯᠢ ᠶᠢᠨ ᠬᠠᠣᠯᠢ ᠶᠢᠨ ᠲᠣᠬᠲᠠᠭᠠᠯ ᠳᠤ ᠨᠡᠶᠢᠢᠴᠡᠬᠦ ᠬᠡᠰᠡᠭ ᠢ ᠠᠵᠦ | ᠠᠬᠤᠶᠢᠯᠠᠯ ᠤᠨ ᠠᠰᠢᠬ ᠣᠯᠵᠠᠪᠣᠷᠢ ᠶᠢᠨ ᠭᠠᠶᠢᠯᠢ ᠪᠣᠯᠣᠨ ᠬᠤᠪᠢ ᠬᠦᠮᠦᠨ ᠤ ᠠᠰᠢᠬ ᠣᠯᠵᠠᠪᠣᠷᠢ ᠶᠢᠨ ᠭᠠᠶᠢᠯᠢ ᠶᠢ | ᠪᠣᠲᠣᠬᠤ ᠦᠶᠡᠰ ᠲᠡᠬᠦᠨ ᠤ ᠲᠣᠰᠢᠶᠠᠬᠤ ᠶᠣᠰᠣᠲᠠᠢ ᠭᠠᠶᠢᠢᠯᠢ ᠶᠢᠨ ᠬᠡᠰᠡᠭ ᠠᠴᠠ ᠬᠠᠰᠣᠨ᠎ᠠ᠃ | ︵ᠠᠷᠪᠠᠨ ᠬᠤᠶᠠᠷ︶ ᠪᠦᠬᠦ ᠠᠷᠠᠳ ᠤᠨ ᠪᠡᠶ ᠡ ᠴᠢᠬᠢᠷᠠᠬᠵᠢᠭᠤᠯᠬᠤ ᠰᠢᠯᠭᠠᠨ ᠦᠨᠡᠯᠡᠬᠦ ᠲᠣᠬᠲᠠᠴᠠᠯᠭᠠ | ᠪᠠᠶᠢᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠠᠮᠢᠶ᠎ᠠ ᠪᠦᠬᠦᠢ ᠲᠦᠷᠢᠮᠵᠢᠯ ᠪᠣᠯᠣᠨ ᠰᠢᠯᠭᠠᠨ | ᠦᠨᠡᠯᠡᠬᠦ ᠪᠠᠷᠢᠮᠵᠢᠶ᠎ᠠ ᠲᠣᠬᠲᠠᠭᠠᠵᠦ᠂ ᠵᠠᠰᠠᠬ ᠤᠨ ᠣᠷᠲᠣᠨ᠂ ᠨᠡᠶᠢᠭᠡᠮ᠂ ᠲᠣᠰᠬᠠᠢ ᠮᠡᠷᠭᠡᠵᠢᠯᠲᠡᠨ ᠵᠡᠷᠭᠡ ᠣᠯᠠᠨ | ᠲᠠᠯ᠎ᠠ ᠶᠢᠨ ᠬᠦᠴᠦᠨ ᠬᠠᠮᠲᠣᠷᠠᠨ ᠵᠣᠬᠢᠶᠠᠨ ᠪᠠᠶᠢᠭᠤᠯᠣᠬᠰᠠᠨ ᠠᠵᠢᠯ ᠤᠨ ᠲᠠᠪᠴᠠᠩ ᠢ ᠪᠠᠶᠢᠭᠤᠯᠵᠦ᠂ ᠣᠯᠠᠨ ᠲᠡᠰ | ᠲᠠᠪᠬᠤᠷᠭ᠎ᠠ᠂ ᠤᠯᠠᠨ ᠭᠤᠣᠯ ᠴᠣᠬᠴᠠ᠂ ᠣᠯᠠᠨ ᠪᠠᠶᠢᠷᠢ ᠬᠠᠷᠠᠭᠠᠰᠣ ᠶᠢᠨ ᠠᠷᠭ᠎ᠠ ᠬᠡᠯᠡᠪᠷᠢ ᠪᠠᠷ ᠪᠦᠬᠦ ᠠᠷᠠᠳ ᠤᠨ | ᠪᠡᠶ᠎ᠡ ᠴᠢᠬᠢᠷᠠᠬᠵᠢᠭᠤᠯᠬᠤ ᠬᠦᠭᠵᠢᠯᠲᠡ ᠶᠢᠨ ᠲᠦᠪᠰᠢᠨ ᠳᠤ ᠪᠣᠰᠤᠭ᠎ᠠ ᠴᠣᠬᠴᠠᠵᠢᠬᠰᠠᠨ ᠰᠢᠯᠭᠠᠨ ᠦᠨᠡᠯᠡᠯᠲᠡ ᠬᠢᠵᠦ᠂ | ᠡᠯ᠎ᠡ ᠲᠦᠷᠦᠯ ᠤᠨ ᠵᠠᠭᠤᠴᠢᠯᠠᠭᠤᠷ ᠤᠨ ᠬᠢᠨᠠᠯᠲᠠ ᠲᠠᠯᠪᠢᠬᠤ ᠦᠢᠯᠡᠲᠦᠯ ᠢ ᠭᠤᠣᠯ ᠪᠠᠲᠠᠷᠠᠭᠤᠯᠣᠨ᠎ᠠ᠃ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠰᠢᠯᠭᠠᠨ ᠦᠨᠡᠯᠡᠬᠦ ᠬᠦᠢᠴᠡᠳᠭᠡᠯ ᠲᠤᠭ᠎ᠠ ᠶᠢ ᠣᠶᠣᠨ ᠤ ᠪᠣᠯᠪᠠᠰᠣᠨ ᠤ | ᠪᠠᠶᠢᠭᠤᠯᠣᠯᠲᠠ ᠵᠢᠴᠢ ᠪᠦᠬᠦ ᠣᠯᠣᠰ ᠤᠨ ᠪᠣᠯᠪᠠᠰᠣᠨ ᠬᠤᠲᠠ᠂ ᠪᠣᠯᠪᠠᠰᠣᠨ ᠲᠣᠰᠬᠤᠨ ᠪᠠᠯᠭᠠᠰᠣ᠂ ᠪᠣᠯᠪᠠᠰᠣᠨ | ᠨᠢᠭᠡᠴᠡ᠂ ᠪᠣᠯᠪᠠᠰᠣᠨ ᠭᠡᠷ ᠪᠦᠯᠢ ᠪᠣᠯᠣᠨ ᠪᠣᠯᠪᠠᠰᠣᠨ ᠰᠣᠷᠭᠠᠭᠤᠯᠢ ᠶᠢ ᠡᠬᠦᠲᠦᠨ ᠪᠠᠶᠢᠭᠤᠯᠬᠤ ᠠᠵᠢᠯᠯᠠᠭ᠎ᠠ ᠶᠢᠨ | ᠠᠭᠤᠯᠭ᠎ᠠ ᠪᠣᠯᠭᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠶᠢᠨ | ᠬᠠᠮᠢᠶ᠎ᠠ ᠪᠦᠬᠦᠢ ᠠᠭᠤᠯᠭ᠎ᠠ ᠶᠢ ᠣᠯᠣᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠣᠯᠣᠨ ᠣᠲᠣ | ᠦᠶ᠎ᠡ ᠶᠢᠨ ᠣᠯᠠᠨ ᠨᠡᠶᠢᠲᠡ ᠶᠢᠨ ᠰᠣᠶᠣᠯ ᠦᠢᠯᠡᠴᠢᠯᠡᠭᠡ ᠶᠢᠨ ᠲᠣᠬᠲᠠᠯᠴᠠᠭ᠎ᠠ ᠳᠤ ᠣᠷᠣᠭᠤᠯᠣᠨ᠎ᠠ᠃ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠬᠦᠭᠵᠢᠯᠲᠡ ᠶᠢᠨ ᠭᠤᠣᠯᠯᠠᠬᠤ ᠬᠦᠢᠴᠡᠳᠭᠡᠯ ᠲᠤᠭ᠎ᠠ᠂ ᠰᠢᠯᠭᠠᠨ ᠦᠨᠡᠯᠡᠬᠦ | ᠪᠠᠷᠢᠮᠵᠢᠶ᠎ᠠ ᠪᠣᠯᠣᠨ ᠬᠢᠨᠠᠨ ᠬᠡᠮᠵᠢᠬᠦ ᠠᠷᠭ᠎ᠠ ᠶᠢ ᠴᠢᠨᠠᠬᠰᠢᠲᠠ ᠲᠣᠲᠣᠷᠬᠠᠶᠢᠯᠠᠵᠦ᠂ ᠡᠯ᠎ᠠ ᠭᠠᠵᠠᠷ ᠣᠷᠣᠨ ᠤ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠬᠦᠭᠵᠢᠯᠲᠡ ᠶᠢᠨ ᠬᠢᠷᠢ ᠲᠦᠪᠰᠢᠨ ᠢ ᠬᠡᠮᠵᠢᠶᠡᠯᠡᠬᠦ ᠳᠤ ᠰᠢᠨᠵᠢᠯᠡᠬᠦ ᠣᠬᠠᠭᠠᠨᠴᠢ | ᠦᠨᠳᠦᠰᠦᠯᠡᠯ ᠬᠠᠩᠭᠠᠨ᠎ᠠ᠃ ᠪᠦᠬᠦ ᠣᠯᠣᠰ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡ ᠶᠢᠨ ᠲᠣᠬᠲᠠᠯᠴᠠᠭ᠎ᠠ ᠶᠢ ᠪᠠᠶᠢᠭᠤᠯᠬᠤ ᠵᠢᠯᠣᠭᠤᠳᠬᠤ ᠪᠠᠷᠢᠮᠵᠢᠶ᠎ᠠ ᠭᠠᠷᠭᠠᠵᠦ᠂ ᠡᠯ᠎ᠠ ᠭᠠᠵᠠᠷ ᠣᠷᠣᠨ | ᠪᠣᠲᠠᠲᠣ ᠪᠠᠶᠢᠲᠠᠯ ᠲᠠᠢ ᠪᠠᠨ ᠣᠶᠠᠯᠲᠣᠭᠤᠯᠵᠦ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡ ᠶᠢᠨ ᠲᠣᠬᠲᠠᠯᠴᠠᠭ᠎ᠠ ᠶᠢᠨ ᠣᠷᠣᠨ ᠨᠣᠲᠤᠬ ᠤᠨ ᠪᠠᠷᠢᠮᠵᠢᠶ᠎ᠠ ᠲᠣᠬᠲᠠᠭᠠᠬᠤ ᠶᠢ ᠵᠣᠷᠢᠬᠵᠢᠭᠤᠯᠵᠦ᠂ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ | ᠲᠡᠩᠴᠡᠬᠦᠷᠢᠰᠢᠯᠲᠠ᠂ ᠪᠠᠷᠢᠮᠵᠢᠶᠠᠵᠢᠯᠲᠠ ᠶᠢ ᠠᠬᠢᠭᠤᠯᠣᠨ᠎ᠠ᠃ ᠡᠯ᠎ᠠ ᠭᠠᠵᠠᠷ ᠣᠷᠣᠨ ᠦᠪᠡᠷᠮᠢᠴᠡ ᠡᠬᠢ | ᠪᠠᠶᠠᠯᠢᠬ ᠲᠠᠭᠠᠨ ᠲᠦᠰᠢᠭᠯᠡᠵᠦ᠂ ᠪᠡᠶ᠎ᠡ ᠶᠢᠨ ᠲᠠᠮᠢᠷ ᠤᠨ ᠣᠨᠴᠠᠯᠢᠬᠲᠣ ᠬᠤᠲᠠ᠂ ᠪᠡᠶ᠎ᠡ ᠶᠢᠨ ᠲᠠᠮᠢᠷ ᠢ ᠠᠮᠢᠲᠣᠷᠠᠯ ᠳᠤ | ᠣᠶᠢᠷᠠᠲᠣᠭᠤᠯᠣᠬᠰᠠᠨ ᠵᠡᠭᠡᠯᠢ ᠭᠤᠲᠣᠮᠵᠢ ︵ᠰᠢᠶᠠᠩ ᠪᠠᠯᠭᠠᠰᠣ︶ ᠪᠣᠯᠣᠨ ᠪᠡᠶ᠎ᠡ ᠶᠢᠨ ᠲᠠᠮᠢᠷ ᠢ ᠠᠮᠢᠲᠣᠷᠠᠯ ᠳᠤ | ᠣᠶᠢᠷᠠᠲᠣᠭᠤᠯᠣᠬᠰᠠᠨ ᠨᠡᠶᠢᠭᠡᠮ ᠲᠣᠭᠤᠷᠢᠬ ︵ᠲᠣᠰᠬᠤᠨ︶ ᠡᠬᠦᠲᠦᠨ ᠪᠠᠶᠢᠭᠤᠯᠬᠤ ᠶᠢ ᠵᠣᠷᠢᠬᠵᠢᠭᠤᠯᠣᠨ᠎ᠠ᠃ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠲᠤᠭ᠎ᠠ ᠪᠦᠷᠢᠳᠭᠡᠯ ᠤᠨ ᠲᠦᠷᠢᠮ ᠢ ᠦᠷᠬᠦᠯᠵᠢᠯᠡᠨ ᠲᠡᠬᠦᠯᠲᠡᠷᠵᠢᠬᠦᠯᠵᠦ᠂ | ᠪᠡᠶ᠎ᠡ ᠶᠢᠨ ᠲᠠᠮᠢᠷ ᠤᠨ ᠲᠠᠯᠠᠪᠣᠷ ᠤᠨ ᠨᠡᠶᠢᠲᠡᠮ ᠪᠠᠶᠢᠴᠠᠭᠠᠯᠲᠠ᠂ ᠠᠷᠠᠳ ᠢᠷᠭᠡᠳ ᠤᠨ ᠪᠠᠶ᠎ᠠ ᠮᠠᠬᠠᠪᠣᠳ ᠤᠨ ᠴᠢᠨᠠᠷ | ᠴᠢᠨᠰᠠᠭ᠎ᠠ ᠶᠢᠨ ᠬᠡᠮᠵᠢᠯᠲᠡ ᠵᠢᠴᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠪᠠᠶᠢᠲᠠᠯ ᠤᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠵᠠᠲᠠᠯᠣᠯᠲᠠ ᠶᠢ ᠰᠠᠶᠢᠲᠣᠷ ᠬᠢᠵᠦ᠂ ᠡᠷᠡᠬᠦᠯ ᠬᠠᠮᠠᠭᠠᠯᠠᠯ᠂ ᠲᠦᠯᠦᠪᠯᠡᠭᠡᠲᠦ | ᠦᠷᠡᠵᠢᠯ ᠤᠨ ᠰᠠᠯᠠᠭ᠎ᠠ ᠮᠦᠴᠢᠷ ᠤᠨ ᠰᠢᠮ᠎ᠡ ᠲᠡᠵᠢᠭᠡᠯ ᠬᠢᠭᠡᠳ ᠣᠲᠠᠭᠠᠨ ᠴᠢᠨᠠᠷᠲᠠᠢ ᠡᠪᠡᠳᠴᠢᠨ ᠤ ᠪᠠᠶᠢᠲᠠᠯ ᠤᠨ | ᠪᠠᠶᠢᠴᠠᠭᠠᠯᠲᠠ ᠵᠡᠷᠭᠡ ᠲᠠᠢ ᠣᠶᠠᠯᠲᠣᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠢᠨᠵᠢᠯᠡᠬᠦ ᠣᠬᠠᠭᠠᠨᠴᠢ | ᠰᠢᠢᠳᠪᠦᠷᠢᠲᠦ ᠪᠣᠲᠣᠯᠭ᠎ᠠ ᠶᠢ ᠠᠬᠢᠭᠤᠯᠣᠨ᠎ᠠ᠃ | ︵ᠠᠷᠪᠠᠨ ᠭᠤᠷᠪᠠ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ ᠣᠷᠮᠠᠰᠢᠭᠤᠯᠬᠤ ᠲᠣᠬᠲᠠᠴᠠ ᠶᠢᠨ | ᠰᠢᠨ᠎ᠡ ᠶᠢ ᠡᠬᠦᠲᠦᠨᠡ᠃ ᠴᠠᠬ ᠦᠶ᠎ᠡ ᠶᠢᠨ ᠬᠦᠭᠵᠢᠯᠲᠡ ᠶᠢᠨ ᠬᠡᠷᠡᠭᠴᠡᠭᠡ ᠳᠤ ᠵᠣᠬᠢᠴᠠᠬᠰᠠᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠣᠷᠮᠠᠰᠢᠭᠤᠯᠬᠤ ᠲᠠᠪᠴᠠᠩ ᠪᠠᠶᠢᠭᠤᠯᠵᠦ᠂ ᠣᠷᠮᠠᠰᠢᠭᠤᠯᠬᠤ ᠬᠦᠷᠢᠶ᠎ᠡ ᠴᠠᠷᠠᠭ᠎ᠠ ᠶᠢ ᠦᠷᠭᠡᠳᠭᠡᠨ᠂ | ᠬᠤᠲᠠ ᠬᠦᠲᠡᠭᠡ ᠶᠢᠨ ᠦᠨᠳᠦᠰᠦᠨ ᠱᠠᠲᠣᠨ ᠤ ᠨᠢᠭᠡᠴᠡ ᠪᠣᠯᠣᠨ ᠬᠤᠪᠢ ᠬᠦᠮᠦᠨ ᠤ ᠢᠲᠡᠪᠬᠢᠵᠢᠯ ᠢ ᠪᠦᠲᠦᠮᠵᠢᠲᠡᠢ | ᠲᠠᠶᠢᠴᠢᠯᠠᠨ᠂ ᠨᠡᠶᠢᠲᠡᠯᠢᠭ ᠵᠢᠱᠢᠶ᠎ᠠ ᠶᠢᠨ ᠲᠠᠶᠢᠴᠢᠯᠠᠨ ᠲᠠᠭᠠᠭᠤᠯᠬᠤ ᠦᠢᠯᠡᠲᠦᠯ ᠢ ᠪᠠᠲᠠᠷᠠᠭᠤᠯᠣᠨ᠎ᠠ᠃ ︽ᠣᠯᠣᠰ ᠤᠨ | ᠪᠡᠶ᠎ᠡ ᠶᠢᠨ ᠲᠠᠮᠢᠷ ᠪᠣᠯᠪᠠᠰᠣᠷᠠᠬᠤ ᠪᠠᠷᠢᠮᠵᠢᠶ᠎ᠠ︾ ᠶᠢ ᠲᠡᠯᠭᠡᠷᠡᠬᠦᠯᠦᠨ ᠲᠦᠭᠡᠮᠡᠯᠵᠢᠬᠦᠯᠵᠦ᠂ ᠪᠡᠶ᠎ᠡ ᠶᠢᠨ ᠲᠠᠮᠢᠷ | ᠪᠣᠯᠪᠠᠰᠣᠷᠠᠬᠤ ᠪᠠᠷᠢᠮᠵᠢᠶ ᠠ ᠶᠢᠨ ᠦᠨᠡᠮᠯᠡᠯ᠂ ᠱᠠᠩᠨᠠᠯ ᠤᠨ ᠲᠡᠮᠲᠡᠭ ᠢ ᠲᠠᠷᠬᠠᠭᠠᠵᠦ᠂ ᠨᠦᠬᠦᠴᠡᠯ ᠪᠦᠬᠦᠢ ᠭᠠᠵᠠᠷ | ᠣᠷᠣᠨ ᠲᠣᠬᠲᠠᠬᠰᠠᠨ ᠬᠦᠮᠦᠰ ᠪᠣᠶᠣ ᠲᠣᠬᠲᠠᠬᠰᠠᠨ ᠬᠤᠭᠤᠴᠠᠭᠠᠨ ᠳᠤ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ | ᠲᠡᠮᠲᠡᠭ ᠢ ᠲᠣᠷᠰᠢᠨ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠨ᠂ ᠣᠯᠠᠨ ᠵᠠᠮ ᠰᠣᠪᠠᠬ᠂ ᠵᠠᠬ᠎ᠠ | ᠲᠡᠯᠭᠡᠬᠦᠷᠴᠢᠯᠡᠭᠰᠡᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠷᠮᠠᠰᠢᠭᠤᠯᠬᠤ ᠲᠣᠬᠲᠠᠴᠠ ᠶᠢ ᠪᠠᠶᠢᠭᠤᠯᠣᠨ᠎ᠠ᠃ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ᠂ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ᠂ ᠪᠦᠬᠦ ᠠᠷᠠᠳ ᠤᠨ | ᠪᠡᠶ᠎ᠡ ᠴᠢᠬᠢᠷᠠᠬᠵᠢᠭᠤᠯᠬᠤ ᠲᠦᠷᠦᠯ ᠲᠡᠮᠲᠡᠭᠲᠦ ᠣᠷᠣᠯᠲᠣᠭᠠᠨ ᠪᠠ ᠬᠦᠲᠡᠯᠭᠡᠭᠡᠨ ᠵᠡᠷᠭᠡ ᠶᠢᠨ ᠨᠡᠷᠡᠶᠢᠲᠦᠯ᠂ ᠲᠡᠮᠲᠡᠭ | ᠵᠡᠷᠭᠡ ᠬᠡᠯᠪᠡᠷᠢᠬᠦᠢ ᠡᠳ᠋ ᠬᠦᠷᠦᠩᠭᠡ ᠶᠢ ᠨᠡᠭᠡᠭᠡᠨ ᠬᠦᠭᠵᠢᠬᠦᠯᠬᠦ ᠪᠠ ᠠᠰᠢᠬᠯᠠᠬᠤ ᠶᠢ ᠵᠣᠷᠢᠬᠵᠢᠭᠤᠯᠵᠦ᠂ ᠰᠢᠨᠵᠢᠯᠡᠭᠡ | ᠮᠡᠷᠭᠡᠵᠢᠯ ᠤᠨ ᠠᠭᠤᠯᠣᠬᠲᠠᠴᠠ ᠦᠨᠳᠦᠷ᠂ ᠪᠡᠶ᠎ᠡ ᠪᠠᠨ ᠲᠠᠭᠠᠭᠠᠬᠰᠠᠨ ᠮᠡᠲᠡᠯᠭᠡ ᠶᠢᠨ ᠦᠮᠴᠢᠯᠡᠯ ᠤᠨ ᠡᠷᠬᠡ ᠪᠦᠬᠦᠢ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠦᠲᠦᠭᠡᠭᠲᠡᠬᠦᠨ ᠰᠣᠲᠣᠯᠣᠨ ᠦᠢᠯᠡᠳᠬᠦ ᠶᠢ ᠬᠦᠲᠦᠯᠦᠨ ᠵᠢᠯᠣᠭᠤᠳᠴᠦ᠂ | ᠦᠢᠯᠡᠳᠬᠦᠨ ᠤ ᠨᠡᠮᠡᠯᠲᠡ ᠦᠷᠲᠡᠭ ᠢ ᠲᠡᠭᠡᠭᠰᠢᠯᠡᠬᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ | ᠲᠡᠮᠵᠢᠨ ᠣᠷᠣᠯᠴᠠᠬᠤ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠬᠡᠷᠡᠭᠵᠢᠬᠦᠯᠬᠦ ᠶᠠᠪᠣᠴᠠ ᠳᠤ | ᠲᠣᠪᠣᠶᠢᠮ᠎ᠠ ᠬᠤᠪᠢ ᠨᠡᠮᠡᠷᠢ ᠦᠵᠡᠬᠦᠯᠦᠭᠰᠡᠨ ᠵᠣᠬᠢᠶᠠᠨ ᠪᠠᠶᠢᠭᠤᠯᠣᠯᠲᠠ ᠶᠢᠨ ᠪᠠᠶᠢᠭᠤᠯᠣᠮᠵᠢ ᠪᠣᠯᠣᠨ ᠬᠤᠪᠢ | ᠬᠦᠮᠦᠨ ᠢ ᠬᠦᠬᠢᠬᠦᠯᠦᠨ ᠱᠠᠩᠨᠠᠨ᠎ᠠ᠃ | ︵ᠠᠷᠪᠠᠨ ᠲᠦᠷᠪᠡ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠬᠦᠳᠬᠦ ᠶᠢ ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠬᠦᠲᠡᠯᠭᠡᠭᠡᠨ ᠢᠶᠠᠷ ᠡᠷᠡᠬᠦᠯ ᠮᠡᠨᠲᠦ ᠶᠢ ᠠᠬᠢᠭᠤᠯᠬᠤ | ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢᠨ ᠲᠦᠯᠦᠪᠯᠡᠭᠡ ᠲᠣᠬᠲᠠᠭᠠᠨ ᠬᠡᠷᠡᠭᠵᠢᠬᠦᠯᠵᠦ᠂ ︽ᠪᠡᠶ ᠡ ᠶᠢᠨ ᠲᠠᠮᠢᠷ ᠤᠨ | ᠬᠦᠲᠡᠯᠭᠡᠭᠡᠨ ᠪᠣᠯ ᠰᠠᠶᠢᠢᠨ ᠡᠮᠴᠢ︾ ᠵᠡᠷᠭᠡ ᠣᠶᠢᠯᠠᠭᠠᠬᠲᠠᠬᠤᠨ ᠢ ᠦᠷᠭᠡᠨ ᠢᠶᠠᠷ ᠣᠬᠠᠭᠤᠯᠵᠦ᠂ ᠪᠦᠬᠦ ᠠᠷᠠᠳ ᠤᠨ | ᠪᠡᠶ ᠡ ᠴᠢᠬᠢᠷᠠᠬᠵᠢᠭᠤᠯᠬᠤ ᠠᠷᠭ᠎ᠠ ᠬᠡᠮᠵᠢᠶ᠎ᠡ ᠪᠣᠯᠣᠨ ᠠᠷᠭ᠎ᠠ ᠬᠡᠷᠡᠭᠯᠡᠬᠦᠷ ᠤᠨ ᠰᠢᠨᠵᠢᠯᠡᠭᠡ ᠮᠡᠷᠭᠡᠵᠢᠯ ᠤᠨ | ᠠᠭᠤᠯᠬᠤᠨ ᠢ ᠲᠡᠭᠡᠭᠰᠢᠯᠡᠬᠦᠯᠦᠨ᠎ᠡ᠃ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠠᠵᠢᠯ ᠦᠷᠨᠢᠬᠦᠯᠵᠦ᠂ | ᠠᠷᠠᠳ ᠢᠷᠭᠡᠳ ᠤᠨ ᠪᠡᠶ᠎ᠡ ᠮᠠᠬᠠᠪᠣᠳ ᠤᠨ ᠡᠷᠡᠬᠦᠯ ᠮᠡᠨᠲᠦ ᠶᠢ ᠬᠡᠮᠵᠢᠬᠦ ᠲᠣᠮᠣ ᠳ᠋ᠠᠶᠢᠲ᠋ᠠ ᠶᠢ ᠰᠣᠲᠣᠯᠣᠨ ᠨᠡᠭᠡᠭᠡᠵᠦ᠂ | ᠪᠡᠶ᠎ᠡ ᠴᠢᠬᠢᠷᠠᠬᠵᠢᠭᠤᠯᠬᠤ ᠵᠢᠯᠣᠭᠤᠳᠬᠤ ᠲᠦᠰᠦᠯ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠵᠣᠷ ᠬᠦᠮᠦᠷᠭᠡ ᠪᠠ | ᠲᠣᠮᠲᠠᠲᠣ ᠣᠯᠣᠰ ᠤᠨ ᠬᠦᠮᠦᠨ ᠤ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠤ ᠵᠦᠭᠯᠡᠬᠦᠷ ᠢ | ᠰᠣᠲᠣᠯᠣᠨ ᠲᠣᠬᠲᠠᠭᠠᠵᠦ ᠲᠦᠭᠡᠮᠡᠯᠵᠢᠬᠦᠯᠦᠨ ᠲᠡᠯᠭᠡᠷᠡᠬᠦᠯᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠠᠶᠣᠯ | ᠲᠦᠭᠰᠢᠬᠦᠷᠢ ᠶᠢ ᠰᠢᠯᠭᠠᠨ ᠦᠨᠡᠯᠡᠬᠦ ᠠᠵᠢᠯ ᠦᠷᠨᠢᠬᠦᠯᠵᠦ᠂ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ | ᠵᠢᠯᠣᠭᠤᠲᠣᠮᠵᠢ ᠶᠢ ᠶᠡᠬᠡᠪᠡᠷ ᠦᠷᠨᠢᠬᠦᠯᠵᠦ᠂ ᠣᠯᠠᠨ ᠲᠦᠮᠡᠨ ᠤ ᠰᠢᠨᠵᠢᠯᠡᠬᠦ ᠣᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ | ᠣᠬᠠᠮᠰᠠᠷ᠂ ᠬᠡᠪ ᠪᠣᠯᠪᠠᠰᠣᠷᠠᠯ ᠪᠣᠯᠣᠨ ᠪᠡᠶ ᠡ ᠴᠢᠬᠢᠷᠠᠬᠵᠢᠭᠤᠯᠬᠤ ᠴᠢᠲᠠᠪᠣᠷᠢ ᠲᠦᠪᠰᠢᠨ ᠢ ᠲᠡᠭᠡᠭᠰᠢᠯᠡᠬᠦᠯᠦᠨ᠎ᠡ᠃ | ᠨᠡᠬᠦᠲᠡᠯ ᠰᠦᠯᠵᠢᠶ᠎ᠠ᠂ ᠡᠬᠦᠯᠡᠨ ᠪᠣᠲᠣᠯᠲᠠ᠂ ᠲᠣᠮᠣ ᠳ᠋ᠠᠶᠢᠲ᠋ᠠ᠂ ᠪᠠᠷᠠᠭᠠᠨ ᠤ ᠬᠦᠢᠯᠭᠡᠭᠡ ᠶᠢᠨ ᠰᠦᠯᠵᠢᠶ᠎ᠠ ᠵᠡᠷᠭᠡ | ᠣᠲᠣ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠠᠷᠭ᠎ᠠ ᠬᠡᠷᠡᠭᠯᠡᠬᠦᠷ ᠪᠣᠯᠣᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠶᠢ ᠬᠠᠷᠢᠯᠴᠠᠨ ᠣᠶᠠᠯᠲᠣᠭᠤᠯᠬᠤ ᠶᠢ ᠲᠦᠯᠬᠢᠨ ᠠᠬᠢᠭᠤᠯᠵᠦ᠂ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠠᠮᠢᠶᠠᠷᠣᠯᠲᠠ ᠶᠢᠨ ᠡᠬᠢ ᠪᠠᠶᠠᠯᠢᠬ ᠤᠨ ᠬᠦᠮᠦᠷᠭᠡ᠂ ᠦᠢᠯᠡᠴᠢᠯᠡᠭᠡ ᠶᠢᠨ ᠡᠬᠢ ᠪᠠᠶᠠᠯᠢᠬ ᠤᠨ | ᠬᠦᠮᠦᠷᠭᠡ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠰᠣᠷᠠᠬ ᠵᠠᠩᠬᠢ ᠶᠢᠨ ᠲᠠᠪᠴᠠᠩ ᠪᠠᠶᠢᠭᠤᠯᠵᠦ᠂ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠴᠢᠯᠡᠭᠡ ᠶᠢ ᠨᠡᠩ ᠲᠦᠬᠦᠮ ᠠᠪᠰᠠᠷ᠂ ᠦᠨᠳᠦᠷ ᠪᠦᠲᠦᠮᠵᠢᠲᠡᠢ᠂ ᠵᠦᠪ | ᠣᠨᠣᠪᠴᠢᠲᠠᠢ ᠪᠣᠯᠭᠠᠨ᠎ᠠ᠃ ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠬᠯᠠᠨ ᠪᠠᠶᠢᠩᠭᠤ ᠪᠡᠶ᠎ᠡ ᠶᠢᠨ ᠲᠠᠮᠢᠷ ᠤᠨ | ᠪᠣᠯᠪᠠᠰᠣᠷᠠᠯ ᠳᠤ ᠣᠷᠣᠯᠴᠠᠬᠤ ᠬᠦᠮᠦᠨ ᠤ ᠲᠤᠭ᠎ᠠ᠂ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠠᠰᠢᠬᠯᠠᠮᠵᠢ | ᠵᠡᠷᠭᠡ ᠶᠢ ᠴᠠᠬ ᠲᠣᠬᠠᠢ ᠳᠤᠨᠢ ᠵᠠᠲᠠᠯᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠦᠷ᠎ᠡ ᠪᠦᠲᠦᠮᠵᠢ ᠳᠤ | ᠶᠡᠷᠦᠩᠭᠡᠶᠢᠯᠡᠭᠰᠡᠨ ᠦᠨᠡᠯᠡᠯᠲᠡ ᠬᠢᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠯᠤᠭᠤᠲᠤᠯᠭ᠎ᠠ ᠶᠢᠨ | ᠲᠦᠪᠰᠢᠨ ᠪᠣᠯᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠬᠦᠭᠡᠷᠦᠮᠵᠢ ᠶᠢ ᠬᠢᠨᠠᠨ ᠬᠠᠮᠢᠶᠠᠷᠬᠤ ᠦᠷ᠎ᠡ | ᠪᠦᠲᠦᠮᠵᠢ ᠪᠠᠨ ᠲᠡᠭᠡᠭᠰᠢᠯᠡᠬᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠯᠠᠪᠣᠷ ᠲᠦᠬᠦᠭᠡᠷᠦᠮᠵᠢ ᠶᠢᠨ | ᠰᠢᠨ᠎ᠡ ᠶᠢ ᠡᠬᠦᠳᠬᠦ ᠶᠢ ᠠᠬᠢᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠯᠠᠪᠣᠷ ᠲᠦᠬᠦᠭᠡᠷᠦᠮᠵᠢ ᠶᠢᠨ | ᠲᠡᠰ ᠲᠡᠪᠰᠢᠬᠦᠯᠵᠦ ᠰᠣᠯᠢᠬᠤ ᠶᠢ ᠲᠦᠷᠭᠡᠳᠭᠡᠨ᠂ ᠣᠯᠠᠨ ᠲᠦᠮᠡᠨ ᠳᠤ ᠨᠡᠩ ᠲᠦᠬᠦᠮ᠂ ᠰᠢᠨᠵᠢᠯᠡᠬᠦ ᠣᠬᠠᠭᠠᠨᠴᠢ᠂ | ᠠᠮᠣᠷ ᠲᠦᠪᠰᠢᠨ᠂ ᠠᠮᠢᠲᠣᠯᠢᠬ᠂ ᠰᠠᠭᠠᠳ ᠦᠭᠡᠢ ᠪᠡᠶ᠎ᠡ ᠴᠢᠬᠢᠷᠠᠬᠵᠢᠭᠤᠯᠬᠤ ᠲᠠᠯᠠᠪᠣᠷ ᠲᠦᠬᠦᠭᠡᠷᠦᠮᠵᠢ ᠬᠠᠩᠭᠠᠨ᠎ᠠ᠃ | ᠪᠡᠶ᠎ᠡ ᠶᠢᠨ ᠲᠠᠮᠢᠷ ᠤᠨ ᠬᠡᠷᠡᠭᠯᠡᠭᠡᠨ ᠤ ᠡᠳ᠋ ᠦᠢᠯᠡᠳᠬᠦ ᠦᠢᠯᠡᠰ ᠤᠨ ᠰᠢᠨ᠎ᠡ ᠶᠢ ᠡᠬᠦᠳᠦᠨ ᠬᠦᠭᠵᠢᠬᠦ ᠶᠢ ᠢᠲᠡᠪᠬᠢᠲᠡᠢ | ᠲᠡᠮᠵᠢᠵᠦ᠂ ᠰᠢᠨ᠎ᠡ ᠮᠡᠷᠭᠡᠵᠢᠯ᠂ ᠰᠢᠨ᠎ᠡ ᠮᠡᠲ᠋ᠧᠷᠢᠶᠠᠯ᠂ ᠰᠢᠨ᠎ᠡ ᠭᠠᠷ ᠣᠷᠠᠯᠠᠯ ᠢ ᠬᠡᠷᠡᠭᠯᠡᠨ᠂ ᠦᠢᠯᠡᠳᠬᠦᠨ ᠤ | ᠰᠢᠨᠵᠢᠯᠡᠭᠡ ᠮᠡᠷᠭᠡᠵᠢᠯ ᠤᠨ ᠠᠭᠤᠯᠬᠤᠨ ᠢ ᠲᠡᠭᠡᠭᠰᠢᠯᠡᠬᠦᠯᠵᠦ᠂ ᠦᠢᠯᠡᠳᠬᠦᠨ ᠤ ᠲᠦᠷᠦᠯ ᠵᠦᠢᠯ ᠢ ᠨᠡᠮᠡᠭᠲᠡᠬᠦᠯᠵᠦ᠂ | ᠪᠡᠶ᠎ᠡ ᠶᠢᠨ ᠲᠠᠮᠢᠷ ᠤᠨ ᠬᠡᠷᠡᠭᠯᠡᠭᠡᠨ ᠤ ᠡᠳ᠋ ᠤᠨ ᠴᠢᠨᠠᠷ ᠴᠢᠨᠰᠠᠭ᠎ᠠ ᠶᠢᠨ ᠲᠦᠪᠰᠢᠨ ᠪᠣᠯᠣᠨ ᠲᠦᠷᠦᠯ ᠲᠡᠮᠲᠡᠭ ᠤᠨ | ᠨᠦᠯᠦᠭᠡᠯᠡᠬᠦ ᠬᠦᠴᠦᠨ ᠢ ᠲᠡᠭᠡᠭᠰᠢᠯᠡᠬᠦᠯᠦᠨ᠎ᠠ᠃ ᠠᠵᠦ ᠠᠬᠤᠶᠢᠯᠠᠯ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠲᠠᠪᠴᠠᠩ ᠪᠣᠯᠣᠨ ᠰᠢᠨᠵᠢᠯᠡᠬᠦ ᠣᠬᠠᠭᠠᠨᠴᠢ ᠪᠠᠷ ᠪᠡᠶ᠎ᠡ | ᠴᠢᠬᠢᠷᠠᠬᠵᠢᠭᠤᠯᠬᠤ ᠵᠢᠯᠣᠭᠤᠳᠬᠤ ᠲᠠᠪᠴᠠᠩ ᠤᠨ ᠪᠠᠶᠢᠭᠤᠯᠣᠯᠲᠠ ᠳᠤ ᠣᠷᠣᠯᠴᠠᠬᠤ ᠶᠢ ᠵᠣᠷᠢᠬᠵᠢᠭᠤᠯᠵᠣ᠂ ᠪᠦᠬᠦ | ᠠᠷᠠᠳ ᠤᠨ ᠪᠡᠶ᠎ᠡ ᠴᠢᠬᠢᠷᠠᠬᠵᠢᠭᠤᠯᠬᠤ ᠰᠢᠨᠵᠢᠯᠡᠬᠦ ᠣᠬᠠᠭᠠᠨ ᠤ ᠰᠣᠲᠣᠯᠭᠠᠨ ᠪᠠ ᠰᠢᠨᠵᠢᠯᠡᠬᠦ ᠣᠬᠠᠭᠠᠨᠴᠢ ᠪᠠᠷ ᠪᠡᠶ᠎ᠡ | ᠴᠢᠬᠢᠷᠠᠬᠵᠢᠭᠤᠯᠬᠤ ᠵᠢᠯᠣᠭᠤᠲᠣᠯᠭ᠎ᠠ ᠪᠠᠨ ᠴᠢᠩᠭᠠᠳᠬᠠᠨ᠎ᠠ᠃ | ︵ᠠᠷᠪᠠᠨ ᠲᠠᠪᠤ︶ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠢᠲᠠᠪᠣᠷᠢᠲᠠᠨ ᠤ ᠡᠩᠨᠡᠭᠡ ᠶᠢᠨ | ᠪᠠᠶᠢᠭᠤᠯᠣᠯᠲᠠ ᠶᠢ ᠴᠢᠩᠭᠠᠳᠬᠠᠨ᠎ᠠ᠃ ᠰᠢᠨ᠎ᠡ ᠮᠠᠶ᠋ᠢᠬ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠴᠢᠲᠠᠪᠣᠷᠢᠲᠠᠨ ᠤ ᠦᠵᠡᠯᠲᠡ ᠶᠢ ᠪᠣᠢ ᠪᠣᠯᠭᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ | ᠲᠣᠮᠲᠠᠬᠢ ᠴᠢᠲᠠᠪᠣᠷᠢᠲᠠᠨ ᠤ ᠰᠠᠭᠤᠷᠢ ᠶᠢᠨ ᠴᠢᠨᠠᠷᠲᠠᠢ᠂ ᠣᠷᠢᠳᠴᠢᠯᠡᠨ ᠵᠢᠯᠣᠭᠤᠳᠬᠤ ᠴᠢᠨᠠᠷᠲᠠᠢ ᠦᠢᠯᠡᠲᠦᠯ ᠢ | ᠪᠠᠲᠠᠷᠠᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠭᠵᠢᠯᠲᠡ ᠶᠢᠨ ᠬᠡᠷᠡᠭᠴᠡᠭᠡ ᠳᠤ ᠵᠣᠬᠢᠴᠠᠬᠰᠠᠨ | ᠵᠣᠬᠢᠶᠠᠨ ᠪᠠᠶᠢᠭᠤᠯᠣᠯᠲᠠ᠂ ᠬᠠᠮᠢᠶᠠᠷᠣᠯᠲᠠ᠂ ᠰᠣᠲᠣᠯᠭᠠᠨ ᠪᠠ ᠡᠷᠡᠬᠦᠯ ᠮᠡᠨᠲᠦ ᠶᠢᠨ ᠵᠢᠯᠣᠭᠤᠲᠣᠮᠵᠢ᠂ | ᠰᠠᠶᠢᠨ ᠲᠤᠷ᠎ᠠ ᠶᠢᠨ ᠦᠢᠯᠡᠴᠢᠯᠡᠭᠡ᠂ ᠣᠬᠠᠭᠤᠯᠣᠨ ᠲᠡᠯᠭᠡᠷᠡᠬᠦᠯᠬᠦ ᠵᠡᠷᠭᠡ ᠲᠠᠯ᠎ᠠ ᠶᠢᠨ ᠴᠢᠲᠠᠪᠣᠷᠢᠲᠠᠨ ᠤ ᠡᠩᠨᠡᠭᠡ ᠶᠢ | ᠴᠢᠷᠮᠠᠶᠢᠨ ᠬᠦᠮᠦᠵᠢᠬᠦᠯᠦᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠢᠲᠠᠪᠣᠷᠢᠲᠠᠨ ᠬᠦᠮᠦᠵᠢᠬᠦᠯᠬᠦ | ᠵᠠᠬᠪᠣᠷ ᠤᠨ ᠰᠢᠨ᠎ᠡ ᠶᠢ ᠡᠬᠦᠳᠴᠦ᠂ ᠠᠷᠠᠳ ᠤᠨ ᠲᠣᠮᠲᠠᠬᠢ ᠪᠡᠶ᠎ᠡ ᠴᠢᠬᠢᠷᠠᠬᠵᠢᠭᠤᠯᠬᠤ ᠬᠤᠰᠢᠭᠤᠴᠢ ᠵᠢᠱᠢᠶᠠᠴᠢ | ᠬᠦᠮᠦᠨ ᠢ ᠢᠯᠡᠷᠡᠬᠦᠯᠬᠦ ᠪᠠ ᠲᠡᠮᠵᠢᠬᠦ ᠬᠦᠴᠦᠯᠡᠴᠡ ᠪᠠᠨ ᠴᠢᠩᠭᠠᠷᠠᠭᠤᠯᠵᠦ᠂ ᠦᠨᠳᠦᠰᠦᠨ ᠱᠠᠲᠣᠨ ᠤ | ᠬᠠᠮᠢᠶᠠᠷᠣᠯᠲᠠ ᠶᠢᠨ ᠠᠵᠢᠯᠲᠠᠨ ᠪᠣᠯᠣᠨ ᠠᠵᠢᠯᠲᠠᠨ ᠤ ᠲᠣᠮᠲᠠᠬᠢ ᠲᠠᠭᠤᠷᠢᠶᠠᠯ ᠦᠵᠡᠬᠦᠯᠬᠦ ᠬᠦᠮᠦᠰ ᠢ | ᠬᠦᠮᠦᠵᠢᠬᠦᠯᠬᠦ ᠶᠢ ᠴᠢᠬᠤᠯᠠᠴᠢᠯᠠᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠢᠲᠠᠪᠣᠷᠢᠲᠠᠨ ᠬᠦᠮᠦᠵᠢᠬᠦᠯᠬᠦ | ᠬᠢᠭᠡᠳ ᠶᠡᠷᠦᠩᠭᠡᠶᠢᠯᠡᠨ ᠵᠠᠰᠠᠬᠤ᠂ ᠰᠣᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠪᠠᠶᠠᠯᠢᠬ ᠨᠡᠶᠢᠭᠡᠮ ᠤᠨ | ᠪᠠᠲᠣᠯᠠᠭ᠎ᠠ᠂ ᠲᠠᠷᠢᠶᠠᠯᠠᠩ᠂ ᠰᠣᠶᠣᠯ᠂ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠠᠵᠢᠯᠴᠢᠨ ᠤ ᠡᠪᠯᠡᠯ᠂ | ᠵᠡᠮᠲᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠪᠠ ᠨᠢᠭᠡᠴᠡ ᠶᠢᠨ ᠴᠢᠲᠠᠪᠣᠷᠢᠲᠠᠨ ᠬᠦᠮᠦᠵᠢᠬᠦᠯᠬᠦ | ᠪᠣᠯᠪᠠᠰᠣᠷᠠᠯ ᠲᠠᠢ ᠣᠶᠠᠯᠲᠣᠭᠤᠯᠣᠨ ᠠᠪᠴᠠᠯᠲᠣᠭᠤᠯᠵᠦ᠂ ᠡᠯ᠎ᠠ ᠲᠦᠷᠦᠯ ᠤᠨ ᠴᠢᠲᠠᠪᠣᠷᠢᠲᠠᠨ ᠬᠦᠮᠦᠵᠢᠬᠦᠯᠬᠦ ᠵᠠᠮ | ᠰᠣᠪᠠᠬ ᠢ ᠰᠢᠯᠣᠭᠤᠳᠬᠠᠨ᠎ᠠ᠃ ᠦᠷᠢᠰᠦᠯᠲᠦᠭᠡᠨ ᠤ ᠪᠡᠶ᠎ᠡ ᠶᠢᠨ ᠲᠠᠮᠢᠷ ᠪᠣᠯᠣᠨ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠴᠢᠲᠠᠪᠣᠷᠢᠲᠠᠨ ᠤ ᠡᠩᠨᠡᠭᠡ ᠶᠢᠨ ᠬᠠᠷᠢᠯᠴᠠᠨ ᠬᠤᠯᠪᠣᠭᠠᠯᠠᠵᠦ ᠠᠭᠤᠰᠣᠯᠴᠠᠬᠤ ᠶᠢ ᠠᠬᠢᠭᠤᠯᠵᠦ᠂ | ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠ ᠰᠣᠷᠭᠠᠭᠤᠯᠢ ᠶᠢᠨ ᠪᠡᠶ᠎ᠡ ᠶᠢᠨ ᠲᠠᠮᠢᠷ᠂ ᠦᠷᠢᠰᠦᠯᠲᠦᠭᠡᠨ ᠤ | ᠪᠡᠶ᠎ᠡ ᠶᠢᠨ ᠲᠠᠮᠢᠷ ᠤᠨ ᠪᠡᠯᠡᠳᠭᠡᠯ ᠴᠢᠲᠠᠪᠣᠷᠢᠲᠠᠨ ᠬᠦᠮᠦᠵᠢᠬᠦᠯᠬᠦ ᠠᠵᠢᠯ ᠤᠨ ᠰᠠᠶᠢᠨ ᠰᠠᠶᠢᠬᠠᠨ ᠬᠤᠷᠰᠢᠯ ᠤᠨ | ᠪᠠᠶᠢᠲᠠᠯ ᠢ ᠪᠦᠷᠢᠯᠲᠦᠬᠦᠯᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠴᠢᠲᠠᠪᠣᠷᠢᠲᠠᠨ ᠬᠦᠮᠦᠵᠢᠬᠦᠯᠬᠦ ᠪᠠ | ᠴᠢᠲᠠᠪᠣᠷᠢᠲᠠᠨ ᠤ ᠦᠢᠯᠡᠲᠦᠯ ᠢ ᠪᠠᠲᠠᠷᠠᠭᠤᠯᠬᠤ ᠳᠤ ᠨᠦᠬᠦᠴᠡᠯ ᠪᠦᠷᠢᠯᠲᠦᠬᠦᠯᠵᠦ ᠦᠭᠬᠦᠨ᠎ᠡ᠃ ᠢᠨᠲ᠋ᠧᠷ ᠰᠦᠯᠵᠢᠶ᠎ᠠ | ᠵᠡᠷᠭᠡ ᠰᠢᠨᠵᠢᠯᠡᠭᠡ ᠮᠡᠷᠭᠡᠵᠢᠯ ᠤᠨ ᠠᠷᠭ᠎ᠠ ᠬᠡᠷᠡᠭᠯᠡᠬᠦᠷ ᠤᠨ ᠴᠢᠲᠠᠪᠣᠷᠢᠲᠠᠨ ᠬᠦᠮᠦᠵᠢᠬᠦᠯᠬᠦ ᠶᠠᠪᠣᠴᠠ ᠳᠠᠬᠢ ᠦᠢᠯᠡᠲᠦᠯ ᠢ | ᠪᠠᠲᠠᠷᠠᠭᠤᠯᠵᠦ᠂ ᠨᠡᠶᠢᠭᠡᠮᠴᠢᠯᠡᠭᠰᠡᠨ ᠪᠡᠶ᠎ᠡ ᠶᠢᠨ ᠲᠠᠮᠢᠷ ᠪᠡᠶ᠎ᠡ ᠴᠢᠬᠢᠷᠠᠬᠵᠢᠭᠤᠯᠬᠤ ᠪᠣᠯᠪᠠᠰᠣᠷᠠᠯ ᠤᠨ ᠪᠠᠶᠢᠭᠤᠯᠣᠮᠵᠢ ᠶᠢ | ᠲᠡᠮᠵᠢᠬᠦ ᠬᠦᠴᠦᠯᠡᠴᠡ ᠪᠠᠨ ᠴᠢᠩᠭᠠᠷᠠᠭᠤᠯᠣᠨ᠎ᠠ᠃ | ︵ᠠᠷᠪᠠᠨ ᠵᠢᠷᠭᠤᠭ᠎ᠠ︶ ᠬᠠᠣᠯᠢ ᠴᠠᠭᠠᠵᠠ ᠲᠦᠷᠦ ᠶᠢᠨ ᠪᠣᠲᠣᠯᠭ᠎ᠠ ᠶᠢᠨ ᠪᠠᠲᠣᠯᠠᠭ᠎ᠠ ᠪᠠᠨ | ᠲᠡᠬᠦᠯᠲᠡᠷᠵᠢᠬᠦᠯᠦᠨ᠎ᠡ᠃ ︽ ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ ᠪᠡᠶ᠎ᠡ ᠶᠢᠨ ᠲᠠᠮᠢᠷ ᠤᠨ ᠬᠠᠣᠯᠢ︾ | ᠶᠢ ᠵᠠᠰᠠᠪᠣᠷᠢ ᠣᠷᠣᠭᠤᠯᠬᠤ ᠶᠠᠪᠣᠴᠠ ᠳᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠢ ᠬᠠᠮᠢᠶ᠎ᠠ ᠪᠦᠬᠦᠢ | ᠠᠭᠤᠯᠭ᠎ᠠ ᠶᠢ ᠣᠯᠠᠮ ᠴᠢᠨᠠᠬᠰᠢᠲᠠ ᠲᠡᠬᠦᠯᠲᠡᠷᠵᠢᠬᠦᠯᠵᠦ᠂ ᠠᠷᠠᠳ ᠢᠷᠭᠡᠳ ᠤᠨ ᠪᠡᠶ᠎ᠡ ᠶᠢᠨ ᠲᠠᠮᠢᠷ ᠪᠡᠶ᠎ᠡ | ᠴᠢᠬᠢᠷᠠᠬᠵᠢᠭᠤᠯᠬᠤ ᠡᠷᠭᠡ ᠠᠰᠢᠬ ᠢ ᠬᠠᠣᠯᠢ ᠶᠣᠰᠣᠭᠠᠷ ᠪᠠᠲᠣᠯᠠᠨᠨᠠ᠃ ᠣᠷᠣᠨ ᠨᠣᠲᠤᠬ ᠤᠨ ᠪᠦᠬᠦ ᠠᠷᠠᠳ ᠤᠨ | ᠪᠡᠶ᠎ᠡ ᠴᠢᠬᠢᠷᠠᠬᠵᠢᠭᠤᠯᠬᠤ ᠬᠠᠣᠯᠢ ᠲᠣᠬᠲᠠᠭᠠᠬᠤ ᠶᠢ ᠲᠦᠷᠭᠡᠳᠭᠡᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠪᠣᠯᠣᠨ ᠣᠶᠣᠨ ᠤ ᠪᠣᠯᠪᠠᠰᠣᠨ᠂ ᠨᠡᠶᠢᠭᠡᠮ ᠲᠣᠭᠤᠷᠢᠬ ᠤᠨ ᠦᠢᠯᠡᠴᠢᠯᠡᠭᠡ᠂ ᠣᠯᠠᠨ ᠨᠡᠶᠢᠲᠡ ᠶᠢᠨ ᠰᠣᠶᠣᠯ᠂ ᠡᠷᠡᠬᠦᠯ | ᠮᠡᠨᠲᠦ᠂ ᠡᠷᠡᠬᠦᠯ ᠬᠠᠮᠠᠭᠠᠯᠠᠯ᠂ ᠵᠣᠭᠠᠴᠠᠯ᠂ ᠰᠢᠨᠵᠢᠯᠡᠭᠡ ᠮᠡᠷᠭᠡᠵᠢᠯ᠂ ᠨᠠᠰᠣᠵᠢᠯ᠂ ᠵᠡᠮᠲᠡᠭᠴᠦᠳ ᠢ ᠲᠣᠰᠠᠯᠠᠬᠤ ᠵᠡᠷᠭᠡ | ᠬᠠᠮᠢᠶ᠎ᠠ ᠪᠦᠬᠦᠢ ᠲᠦᠷᠢᠮ ᠤᠨ ᠪᠠᠶᠢᠭᠤᠯᠣᠯᠲᠠ ᠶᠢ ᠨᠢᠭᠡᠲᠦᠯᠲᠡᠢ ᠲᠦᠯᠦᠪᠵᠢᠬᠦᠯᠦᠨ ᠵᠣᠬᠢᠴᠠᠭᠤᠯᠵᠦ᠂ ᠪᠡᠶ᠎ᠡ | ᠴᠢᠬᠢᠷᠠᠬᠵᠢᠭᠤᠯᠬᠤ ᠬᠡᠷᠡᠭᠯᠡᠭᠡ ᠶᠢᠨ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠵᠦ᠂ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠠᠮᠢᠶ᠎ᠠ ᠪᠦᠬᠦᠢ ᠠᠵᠦ ᠦᠢᠯᠡᠰ ᠪᠣᠯᠣᠨ ᠬᠡᠷᠡᠭᠯᠡᠭᠡ ᠶᠢᠨ ᠬᠦᠭᠵᠢᠯᠲᠡ ᠶᠢ ᠪᠡᠶ ᠡ ᠶᠢᠨ ᠲᠠᠮᠢᠷ ᠤᠨ | ᠠᠵᠦ ᠦᠢᠯᠡᠰ ᠪᠣᠯᠣᠨ ᠪᠣᠰᠣᠳ ᠬᠤᠯᠪᠣᠬᠲᠠᠯ ᠪᠦᠬᠦᠢ ᠠᠵᠦ ᠦᠢᠯᠡᠰ ᠤᠨ ᠲᠦᠷᠦ ᠶᠢᠨ ᠪᠣᠲᠣᠯᠭ᠎ᠠ ᠶᠢᠨ | ᠲᠣᠬᠲᠠᠯᠴᠠᠭ᠎ᠠ ᠳᠤ ᠣᠷᠣᠭᠤᠯᠣᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠠᠣᠯᠢ ᠬᠡᠷᠡᠭᠵᠢᠬᠦᠯᠬᠦ | ᠲᠣᠬᠲᠠᠴᠠ ᠪᠣᠯᠣᠨ ᠬᠠᠣᠯᠢ ᠬᠡᠷᠡᠭᠵᠢᠬᠦᠯᠬᠦ ᠲᠣᠬᠲᠠᠯᠴᠠᠭ᠎ᠠ ᠶᠢ ᠪᠠᠶᠢᠭᠤᠯᠣᠨ ᠪᠦᠷᠢᠨᠰᠢᠬᠦᠯᠵᠦ᠂ ᠪᠦᠬᠦ ᠠᠷᠠᠳ ᠤᠨ | ᠪᠡᠶ᠎ᠡ ᠴᠢᠬᠢᠷᠠᠬᠵᠢᠭᠤᠯᠬᠤ ᠳᠠᠬᠢ ᠵᠦᠷᠢᠴᠡᠯ ᠵᠢᠭᠤᠷᠠᠭᠠᠨ ᠢ ᠣᠷᠢᠳᠴᠢᠯᠡᠨ ᠰᠡᠷᠭᠡᠶᠢᠯᠡᠬᠦ ᠪᠠ ᠡᠶᠡᠲᠡᠬᠦᠯᠬᠦ ᠠᠵᠢᠯ ᠢ | ᠰᠠᠶᠢᠲᠣᠷ ᠬᠢᠵᠦ᠂ ᠨᠡᠶᠢᠢᠭᠡᠮ ᠤᠨ ᠡᠬᠢ ᠪᠠᠶᠠᠯᠢᠬ ᠢ ᠠᠰᠢᠬᠯᠠᠨ ᠣᠯᠠᠨ ᠶᠠᠩᠵᠣᠲᠦ ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠬᠠᠣᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠲᠦᠯᠦᠪᠵᠢᠬᠦᠯᠭᠡ ᠪᠣᠯᠣᠨ ᠭᠠᠵᠠᠷ | ᠰᠢᠷᠣᠢ ᠶᠢᠨ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠵᠦ᠂ ᠪᠡᠶ ᠡ ᠶᠢᠨ ᠲᠠᠮᠢᠷ ᠤᠨ ᠲᠠᠯᠠᠪᠣᠷ ᠲᠦᠬᠦᠭᠡᠷᠦᠮᠵᠢ ᠳᠤ | ᠬᠡᠷᠡᠭᠯᠡᠬᠦ ᠭᠠᠵᠠᠷ ᠢ ᠬᠤᠲᠠ ᠬᠦᠲᠡᠭᠡ ᠶᠢᠨ ᠲᠦᠯᠦᠪᠵᠢᠬᠦᠯᠭᠡ᠂ ᠭᠠᠵᠠᠷ ᠰᠢᠷᠣᠢ ᠶᠢ ᠠᠰᠢᠬᠯᠠᠬᠤ ᠶᠡᠷᠦᠩᠭᠡᠢ | ᠲᠦᠯᠦᠪᠵᠢᠬᠦᠯᠭᠡ ᠪᠣᠯᠣᠨ ᠵᠢᠯ ᠤᠨ ᠭᠠᠵᠠᠷ ᠰᠢᠷᠣᠢ ᠬᠡᠷᠡᠭᠯᠡᠬᠦ ᠲᠦᠯᠦᠪᠯᠡᠭᠡ ᠳᠤ ᠣᠷᠣᠭᠤᠯᠵᠦ᠂ ᠪᠡᠶ᠎ᠡ ᠶᠢᠨ | ᠲᠠᠮᠢᠷ ᠤᠨ ᠬᠡᠷᠡᠭᠯᠡᠭᠡᠨ ᠤ ᠭᠠᠵᠠᠷ ᠢ ᠵᠣᠬᠢᠰᠲᠠᠢ ᠲᠣᠬᠢᠷᠠᠭᠤᠯᠣᠨ᠎ᠠ᠃ ᠲᠠᠭᠠᠳᠬᠠᠯ ᠤᠨ ᠪᠠᠶᠢᠭᠤᠯᠣᠮᠵᠢ ᠶᠢᠨ ᠪᠦᠬᠦ | ᠠᠷᠠᠳ ᠤᠨ ᠪᠡᠶ ᠡ ᠴᠢᠬᠢᠷᠠᠬᠵᠢᠭᠤᠯᠬᠤ ᠲᠠᠢ ᠬᠤᠯᠪᠣᠬᠲᠠᠯ ᠪᠦᠬᠦᠢ ᠲᠠᠭᠠᠳᠬᠠᠯ ᠤᠨ ᠪᠦᠲᠦᠭᠡᠭᠲᠡᠬᠦᠨ ᠤ ᠰᠢᠨ᠎ᠡ ᠶᠢ | ᠡᠬᠦᠲᠦᠨ ᠰᠣᠲᠣᠯᠣᠨ ᠨᠡᠭᠡᠭᠡᠬᠦ ᠶᠢ ᠵᠣᠷᠢᠬᠵᠢᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ | ᠡᠷᠬᠢᠯᠡᠬᠦ ᠪᠠ ᠣᠷᠣᠯᠴᠠᠬᠤ ᠳᠤ ᠪᠦᠬᠦ ᠲᠠᠯ᠎ᠠ ᠶᠢᠨ ᠠᠮᠣᠷ ᠲᠦᠪᠰᠢᠨ ᠤ ᠪᠠᠲᠣᠯᠠᠭ᠎ᠠ ᠬᠠᠩᠭᠠᠨ᠎ᠠ᠃ | ᠲᠦᠷᠪᠡ᠂ ᠵᠣᠬᠢᠶᠠᠨ ᠪᠠᠶᠢᠭᠤᠯᠣᠨ ᠬᠡᠷᠡᠭᠵᠢᠬᠦᠯᠬᠦ | ︵ᠠᠷᠪᠠᠨ ᠲᠣᠯᠤᠭ᠎ᠠ︶ ᠵᠣᠬᠢᠶᠠᠨ ᠪᠠᠶᠢᠭᠤᠯᠣᠯᠲᠠ ᠶᠢᠨ ᠣᠲᠣᠷᠢᠲᠣᠯᠭ᠎ᠠ ᠪᠠ ᠵᠣᠬᠢᠴᠠᠭᠤᠯᠭ᠎ᠠ ᠪᠠᠨ | ᠴᠢᠩᠭᠠᠳᠬᠠᠨ᠎ᠠ᠃ ᠡᠯ᠎ᠠ ᠭᠠᠵᠠᠷ ᠣᠷᠣᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠦᠢᠯᠡᠰ ᠤᠨ ᠵᠣᠬᠢᠶᠠᠨ | ᠪᠠᠶᠢᠭᠤᠯᠣᠯᠲᠠ ᠶᠢᠨ ᠣᠲᠣᠶᠢᠷᠲᠣᠯᠭᠠ ᠪᠠᠨ ᠴᠢᠩᠭᠠᠳᠬᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ | ᠲᠦᠯᠦᠪᠯᠡᠭᠡ ᠶᠢ ᠬᠡᠷᠡᠭᠵᠢᠬᠦᠯᠬᠦ ᠵᠣᠬᠢᠶᠠᠨ ᠪᠠᠶᠢᠭᠤᠯᠣᠯᠲᠠ ᠶᠢᠨ ᠣᠲᠣᠷᠢᠲᠣᠨ ᠵᠣᠬᠢᠴᠠᠭᠤᠯᠬᠤ ᠲᠣᠬᠲᠠᠴᠠ ᠶᠢ | ᠪᠠᠶᠢᠭᠤᠯᠣᠨ ᠲᠡᠬᠦᠯᠲᠡᠷᠵᠢᠬᠦᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠣᠰ ᠤᠨ ᠪᠠᠶᠢᠯᠲᠣᠬᠤ | ᠪᠣᠲᠣᠯᠭ᠎ᠠ ᠶᠢ ᠬᠦᠨᠵᠡᠭᠡᠢ ᠠᠬᠢᠭᠤᠯᠬᠤ ᠶᠢ ᠪᠠᠲᠣᠯᠠᠨ᠎ᠠ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡ ᠶᠢᠨ ᠲᠣᠬᠲᠠᠯᠴᠠᠭ᠎ᠠ ᠶᠢᠨ ᠪᠠᠶᠢᠭᠤᠯᠣᠯᠲᠠ ᠶᠢ ᠴᠢᠬᠤᠯᠠ ᠪᠠᠶᠢᠷᠢᠨ ᠳᠤ ᠲᠠᠯᠪᠢᠵᠦ᠂ | ᠲᠣᠬᠠᠢ ᠶᠢᠨ ᠭᠠᠵᠠᠷ ᠣᠷᠣᠨ ᠤ ᠣᠯᠣᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢᠨ | ᠲᠦᠯᠦᠪᠵᠢᠬᠦᠯᠭᠡ ᠵᠢᠴᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠦᠭᠵᠢᠯᠲᠡ ᠶᠢᠨ | ᠲᠦᠯᠦᠪᠵᠢᠬᠦᠯᠭᠡ ᠳᠤ ᠣᠷᠣᠭᠤᠯᠵᠦ᠂ ᠬᠠᠮᠢᠶ᠎ᠠ ᠪᠦᠬᠦᠢ ᠭᠤᠤᠯᠲᠠᠯᠭ᠎ᠠ ᠲᠠᠢ ᠠᠵᠢᠯ ᠢ ᠵᠠᠰᠠᠬ ᠤᠨ ᠣᠷᠲᠣᠨ ᠤ | ᠵᠢᠯ ᠤᠨ ᠠᠷᠠᠳ ᠤᠨ ᠠᠮᠢᠲᠣᠷᠠᠯ ᠤᠨ ᠪᠣᠲᠠᠲᠣ ᠠᠵᠢᠯ ᠪᠣᠯᠭᠠᠨ ᠠᠬᠢᠭᠤᠯᠵᠦ ᠰᠢᠯᠭᠠᠨ ᠦᠨᠡᠯᠡᠵᠦ᠂ ᠡᠬᠦᠷᠭᠡ | ᠴᠢᠲᠠᠪᠬᠢ ᠲᠡᠬᠦᠯᠲᠡᠷᠵᠢᠭᠰᠡᠨ ᠶᠡᠷᠦᠩᠬᠡᠶᠢᠯᠡᠭᠰᠡᠨ ᠴᠢᠨᠠᠷᠲᠠᠢ ᠦᠨᠳᠦᠰᠦᠨ ᠱᠠᠲᠣᠨ ᠤ ᠣᠯᠠᠨ ᠨᠡᠶᠢᠲᠡ ᠶᠢᠨ | ᠦᠢᠯᠡᠴᠢᠯᠡᠭᠡ ᠶᠢᠨ ᠠᠴᠢᠶᠠᠯᠠᠪᠣᠷᠢ ᠶᠢ ᠪᠠᠶᠢᠭᠤᠯᠣᠨ᠎ᠠ᠃ | ︵ᠠᠷᠪᠠᠨ ᠨᠠᠢᠮᠠ︶ ᠶᠠᠪᠣᠴᠠ ᠳᠤ ᠬᠢᠨᠠᠯᠲᠠ ᠲᠠᠯᠪᠢᠬᠤ ᠪᠠ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠶᠢ | ᠴᠢᠩᠭ᠎ᠠ ᠬᠡᠷᠡᠭᠵᠢᠬᠦᠯᠦᠨ᠎ᠡ᠃ ᠰᠢᠶᠠᠨ ᠤ ᠱᠠᠲᠣᠨ ᠠᠴᠠ ᠲᠡᠭᠡᠭᠰᠢᠬᠢ ᠣᠷᠣᠨ ᠨᠣᠲᠤᠬ ᠤᠨ ᠠᠷᠠᠳ ᠤᠨ ᠵᠠᠰᠠᠬ ᠤᠨ | ᠣᠷᠲᠣᠨ ᠲᠣᠬᠠᠢ ᠶᠢᠨ ᠭᠠᠵᠠᠷ ᠤᠨ ︽ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ ᠬᠡᠷᠡᠭᠵᠢᠬᠦᠯᠬᠦ ᠲᠦᠯᠦᠪᠯᠡᠭᠡ | ︵2016 — 2020︶︾ ᠶᠢ ᠲᠣᠬᠲᠠᠭᠠᠵᠦ᠂ ᠠᠵᠢᠯ ᠤᠨ ᠡᠬᠦᠷᠭᠡ ᠬᠤᠪᠢᠶᠠᠷᠢᠯᠠᠯ ᠪᠣᠯᠣᠨ ᠬᠢᠨᠠᠯᠲᠠ | ᠲᠠᠯᠪᠢᠵᠦ ᠪᠠᠶᠢᠴᠠᠭᠠᠬᠤ ᠠᠵᠢᠯ ᠢ ᠰᠠᠶᠢᠲᠣᠷ ᠬᠢᠵᠦ᠂ 2020 ᠤᠨ ᠳᠤ ︽ᠪᠦᠬᠦ ᠠᠷᠠᠳ ᠤᠨ ᠪᠡᠶ᠎ᠡ | ᠴᠢᠬᠢᠷᠠᠬᠵᠢᠭᠤᠯᠬᠤ ᠶᠢ ᠬᠡᠷᠡᠭᠵᠢᠬᠦᠯᠬᠦ ᠲᠦᠯᠦᠪᠯᠡᠭᠡ ︵2016 — 2020︶︾ ᠶᠢ ᠬᠡᠷᠡᠭᠵᠢᠬᠦᠯᠦᠭᠰᠡᠨ | ᠪᠠᠶᠢᠲᠠᠯ ᠳᠤ ᠪᠦᠬᠦ ᠲᠠᠯ᠎ᠠ ᠶᠢᠨ ᠦᠨᠡᠯᠡᠯᠲᠡ ᠬᠢᠨ᠎ᠡ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡ ᠶᠢᠨ ᠠᠵᠢᠯ ᠤᠨ ᠪᠦᠲᠦᠮᠵᠢ ᠶᠢ ᠦᠨᠡᠯᠡᠬᠦ ᠬᠦᠢᠴᠡᠳᠭᠡᠯ ᠲᠤᠭ᠎ᠠ ᠶᠢᠨ ᠲᠣᠬᠲᠠᠯᠴᠠᠭ᠎ᠠ ᠶᠢ | ᠪᠠᠶᠢᠭᠤᠯᠵᠦ᠂ ᠲᠣᠬᠲᠠᠬᠰᠠᠨ ᠬᠤᠭᠤᠴᠠᠭ᠎ᠠ ᠲᠠᠢ ᠪᠠᠷ ᠭᠤᠷᠪᠠᠲᠣᠭᠠᠷ ᠡᠲᠡᠭᠡᠳ ᠠᠴᠠ ᠦᠨᠡᠯᠡᠬᠦ ᠪᠠ ᠨᠡᠶᠢᠭᠡᠮ ᠤᠨ | ᠬᠠᠨᠣᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠦᠷᠨᠢᠬᠦᠯᠵᠦ᠂ ᠭᠤᠣᠯᠲᠠᠯᠭ᠎ᠠ ᠲᠠᠢ ᠬᠠᠷᠠᠯᠲᠠ᠂ ᠭᠤᠣᠯᠲᠠᠯᠭᠠᠲᠣ | ᠲᠦᠷᠦᠯ ᠵᠦᠢᠯ ᠤᠨ ᠠᠬᠢᠴᠠ ᠪᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠡᠷᠡᠭᠵᠢᠬᠦᠯᠬᠦ ᠲᠦᠯᠦᠪᠯᠡᠭᠡ ᠶᠢ | ᠬᠡᠷᠡᠭᠵᠢᠬᠦᠯᠦᠭᠰᠡᠨ ᠪᠠᠶᠢᠲᠠᠯ ᠳᠤ ᠲᠣᠰᠬᠠᠢ ᠲᠦᠷᠦᠯ ᠤᠨ ᠬᠢᠨᠡᠨ ᠦᠨᠡᠯᠡᠯᠲᠡ ᠬᠢᠵᠦ᠂ ᠵᠠᠭᠤᠴᠢᠯᠠᠭᠤᠷ ᠢ | ᠪᠠᠭᠲᠠᠭᠠᠬᠰᠠᠨ ᠣᠯᠠᠨ ᠲᠠᠯ᠎ᠠ ᠶᠢᠨ ᠬᠢᠨᠠᠯᠲᠠ ᠲᠠᠯᠪᠢᠬᠤ ᠪᠠᠶᠢᠭᠤᠯᠣᠮᠵᠢ ᠶᠢ ᠪᠦᠷᠢᠯᠲᠦᠬᠦᠯᠦᠨ᠎ᠡ᠃ | |