ᠨᠠᠮ ᠤᠨ ᠲᠦᠪ ᠬᠤᠷᠢᠶ᠎ᠠ ᠲᠦᠷᠦ ᠶᠢᠨ ᠶᠠᠪᠣᠲᠠᠯ ᠤᠨ ᠬᠤᠷᠢᠶ᠎ᠠ ᠰᠢᠨ᠎ᠠ ᠴᠠᠭ ᠦᠶ᠎ᠠ ᠳ᠋ᠬᠢ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠰᠠᠨᠠᠯ
ᠨᠡᠶᠢᠲᠡᠯᠡᠭᠰᠡᠨ ᠴᠠᠭ᠄
2019/2/20
︵ᠨᠠᠮ ᠤᠨ ᠲᠦᠪ ᠬᠤᠷᠢᠶ᠎ᠠ ᠲᠦᠷᠦ ᠶᠢᠨ ᠶᠠᠪᠣᠲᠠᠯ ᠤᠨ ᠬᠤᠷᠢᠶ᠎ᠠ ᠠᠴᠠ ᠲᠠᠷᠬᠠᠭᠠᠬᠰᠠᠨ ︹2002︺8  ᠳ᠋ᠤᠭᠠᠷ ᠲᠣᠭᠠᠲᠣ ᠪᠢᠴᠢᠭ ᠮᠠᠲ᠋ᠧᠷᠢᠶᠠᠯ  2002 ᠤᠨ ᠤ 7 ᠰᠠᠷ᠎ᠠ ᠶᠢᠨ 22   ᠤᠨ ᠡᠳᠦᠷ︶     1984 ᠤᠨ ᠳᠤ᠂ ᠨᠠᠮ ᠤᠨ ᠲᠦᠪ ᠬᠤᠷᠢᠶ᠎ᠠ ᠣᠯᠣᠰ ᠪᠠᠶᠢᠭᠤᠯᠣᠬᠲᠠᠬᠰᠠᠨ ᠠᠴᠠ ᠨᠠᠰᠢᠬᠢ ᠣᠨᠴᠠᠭᠠᠶᠢᠯᠠᠨ ᠦᠭᠡᠷᠡᠴᠢᠯᠡᠯᠲᠡ ᠬᠢᠵᠦ  ᠴᠢᠯᠦᠭᠡᠲᠡᠢ ᠶᠠᠪᠣᠯᠴᠠᠬᠰᠠᠨ ᠤ ᠲᠠᠷᠠᠭᠠᠬᠢ ᠮᠠᠨ ᠤ ᠣᠯᠣᠰ ᠤᠨ ᠪᠡᠶ᠎ᠡ ᠶᠢᠨ ᠲᠠᠮᠢᠷ ᠤᠨ ᠠᠵᠢᠯ ᠤᠨ ᠦᠨᠳᠦᠰᠦᠨ ᠲᠣᠷᠰᠢᠯᠭ᠎ᠠ ᠶᠢ ᠳ᠋ᠦᠩᠨᠡᠭᠰᠡᠨ ᠰᠠᠭᠤᠷᠢᠨ ᠲᠡᠭᠡᠷ᠎ᠡ ︽ᠪᠡᠶ᠎ᠡ ᠶᠢᠨ ᠲᠠᠮᠢᠷ ᠤᠨ ᠬᠦᠲᠡᠯᠭᠡᠭᠡᠨ ᠢ ᠴᠢᠨᠠᠬᠰᠢᠲᠠ ᠬᠦᠭᠵᠢᠬᠦᠯᠬᠦ ᠲᠣᠬᠠᠢ ᠮᠡᠲᠡᠭᠲᠡᠯ︾ ︵ᠨᠠᠮ ᠤᠨ ᠲᠦᠪ ᠬᠤᠷᠢᠶ᠎ᠠ ᠠᠴᠠ ᠲᠠᠷᠬᠠᠭᠠᠬᠰᠠᠨ ︹1984︺20 ᠳ᠋ᠤᠭᠠᠷ ᠲᠣᠭᠠᠲᠣ ᠪᠢᠴᠢᠭ ᠮᠠᠲ᠋ᠧᠷᠢᠶᠠᠯ︶ ᠢ ᠨᠡᠶᠢᠲᠡᠯᠡᠵᠦ᠂ ᠮᠠᠨ ᠤ ᠣᠯᠣᠰ ᠤᠨ ᠪᠡᠶ ᠎ᠡ ᠶᠢᠨ ᠲᠠᠮᠢᠷ ᠤᠨ ᠦᠢᠯᠡᠰ ᠤᠨ ᠬᠦᠭᠵᠢᠯᠳᠡ ᠶᠢ ᠲᠦᠷᠭᠡᠳᠭᠡᠬᠦ ᠲᠤᠬᠠᠢ ᠵᠢᠯᠣᠭᠤᠳᠬᠤ ᠦᠵᠡᠯ ᠰᠠᠨᠠᠭ᠎ᠠ᠂ ᠭᠤᠣᠯ ᠡᠬᠦᠷᠭᠡ ᠪᠣᠯᠣᠨ ᠠᠵᠢᠯ ᠤᠨ ᠠᠷᠭ᠎ᠠ ᠬᠡᠮᠵᠢᠶ᠎ᠠ ᠶᠢ ᠲᠣᠷᠠᠳᠪᠠ᠃ 20  ᠰᠢᠬᠠᠮ ᠵᠢᠯ ᠤᠨ ᠲᠣᠷᠰᠢ᠂ ᠡᠯ᠎ᠠ ᠱᠠᠲᠣᠨ ᠤ ᠨᠠᠮ ᠤᠨ ᠬᠤᠷᠢᠶ᠎ᠠ᠂ ᠵᠠᠰᠠᠬ ᠤᠨ ᠣᠷᠲᠣᠨ ᠪᠠ ᠪᠡᠶ᠎ᠡ ᠶᠢᠨ ᠲᠠᠮᠢᠷ ᠤᠨ ᠰᠢᠰᠲ᠋ᠧᠮ ︽ᠮᠡᠲᠡᠭᠲᠡᠯ︾ ᠤᠨ ᠵᠣᠷᠢᠬ ᠰᠠᠨᠠᠭ᠎ᠠ ᠶᠢᠨ ᠵᠢᠯᠣᠭᠤᠲᠣᠯᠭ᠎ᠠ ᠲᠣᠣᠷ᠎ᠠ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ ᠶᠡᠬᠡᠪᠡᠷ ᠦᠷᠨᠢᠬᠦᠯᠵᠦ᠂ ︽ᠣᠯᠢᠮᠫᠢᠺ ᠲᠤ ᠦᠩᠭᠡ ᠬᠢᠯᠪᠠᠭ᠎ᠠ ᠨᠡᠮᠡᠷᠢᠯᠡᠬᠦ ᠲᠦᠯᠦᠪᠯᠡᠭᠡ︾ ᠶᠢ ᠬᠡᠷᠡᠭᠵᠢᠬᠦᠯᠦᠭᠰᠡᠨ ᠢᠶᠠᠷ᠂ ᠣᠯᠠᠨ ᠲᠦᠮᠡᠨᠴᠢ ᠪᠡᠶ᠎ᠡ ᠶᠢᠨ ᠲᠠᠮᠢᠷ ᠦᠷᠨᠢᠬᠦᠨ ᠬᠦᠭᠵᠢᠵᠦ᠂ ᠠᠷᠠᠳ ᠲᠦᠮᠡᠨ ᠤ ᠪᠠᠶ᠎ᠠ ᠮᠠᠬᠠᠪᠣᠳ ᠨᠡᠶᠢᠲᠡᠮ ᠰᠠᠶᠢᠵᠢᠷᠠᠪᠠ᠃ ᠦᠷᠢᠰᠦᠯᠲᠦᠭᠡᠨ ᠤ ᠪᠡᠶ᠎ᠡ ᠶᠢᠨ ᠲᠠᠮᠢᠷ ᠪᠦᠬᠦ ᠲᠠᠯ᠎ᠠ ᠪᠠᠷ ᠲᠡᠯᠡᠭᠡᠢ ᠶᠢᠨ ᠪᠡᠶ᠎ᠡ ᠶᠢᠨ ᠲᠠᠮᠢᠷ ᠤᠨ ᠲᠠᠪᠴᠠᠩ ᠳᠤ ᠠᠪᠠᠷᠢᠨ ᠭᠠᠷᠴᠦ᠂  ᠲᠡᠯᠡᠭᠡᠢ ᠶᠢᠨ ᠣᠷᠣᠯᠲᠣᠭᠠᠨ ᠳᠤ ᠣᠯᠠᠨ ᠰᠢᠯᠢᠲᠡᠭ ᠪᠦᠲᠦᠮᠵᠢ ᠡᠬᠦᠳᠪᠡ᠃ ᠮᠠᠨ ᠤ ᠣᠯᠣᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠦᠮᠦᠰ ᠢ ᠭᠠᠶᠢᠬᠠᠮ᠎ᠠ ᠠᠮᠵᠢᠯᠲᠠ ᠨᠢ ᠠᠵᠦ ᠠᠬᠤᠢ ᠶᠢᠨ ᠬᠦᠭᠵᠢᠯᠲᠡ ᠪᠣᠯᠣᠨ ᠨᠡᠶᠢᠭᠡᠮ ᠤᠨ ᠲᠠᠪᠰᠢᠯᠲᠠ ᠶᠢ ᠠᠬᠢᠭᠤᠯᠬᠤ ᠳᠤ ᠴᠢᠬᠤᠯᠠ ᠦᠢᠯᠡᠲᠦᠯ ᠦᠵᠡᠬᠦᠯᠪᠡ᠃ ᠭᠡᠪᠡᠴᠦ ᠪᠢᠲᠡ ᠪᠠᠰᠠ ᠮᠠᠨ ᠤ ᠣᠯᠣᠰ ᠤᠨ ᠬᠦᠮᠦᠨ ᠲᠣᠮᠲᠠᠴᠢ ᠶᠢᠨ ᠪᠡᠶ᠎ᠡ ᠶᠢᠨ ᠲᠠᠮᠢᠷ ᠤᠨ ᠲᠠᠯᠠᠪᠣᠷ᠂ ᠬᠦᠮᠦᠨ ᠲᠣᠮᠲᠠᠴᠢ ᠶᠢᠨ ᠪᠡᠶ᠎ᠡ ᠶᠢᠨ ᠲᠠᠮᠢᠷ ᠤᠨ ᠬᠡᠷᠡᠭᠯᠡᠭᠡ ᠪᠠ ᠪᠡᠶ᠎ᠡ ᠶᠢᠨ ᠲᠠᠮᠢᠷ ᠤᠨ ᠬᠦᠲᠡᠯᠭᠡᠭᠡᠨ ᠳᠤ ᠪᠠᠶᠢᠩᠭᠤ ᠣᠷᠣᠯᠴᠠᠬᠤ ᠬᠦᠮᠦᠨ ᠤ ᠲᠤᠭ᠎ᠠ ᠲᠡᠯᠡᠭᠡᠢ ᠶᠢᠨ ᠬᠦᠭᠵᠢᠭᠰᠡᠨ ᠣᠯᠣᠰ ᠪᠣᠶᠣ ᠨᠡᠯᠢᠶᠡᠳ ᠬᠦᠭᠵᠢᠭᠰᠡᠨ ᠣᠯᠣᠰ ᠲᠠᠢ ᠬᠠᠷᠢᠴᠠᠭᠤᠯᠪᠠᠯ ᠮᠦᠨᠬᠦ ᠨᠡᠯᠢᠶᠡᠳ ᠬᠤᠴᠣᠷᠣᠩᠭᠤᠢ ᠪᠠᠶᠢᠷᠢᠨ ᠳᠤ ᠣᠷᠣᠰᠢᠵᠦ᠂ ᠭᠠᠵᠠᠷ ᠣᠷᠣᠨ ᠤ ᠬᠤᠭᠤᠷᠣᠨᠲᠣᠬᠢ᠂ ᠬᠤᠲᠠ ᠪᠠᠯᠭᠠᠰᠣ ᠶᠢᠨ ᠬᠤᠭᠤᠷᠣᠨᠲᠣᠬᠢ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠬᠡᠮᠵᠢᠶ᠎ᠡ ᠨᠡᠯᠢᠶᠡᠳ ᠵᠦᠷᠢᠶᠡᠨ ᠲᠠᠢ ᠪᠠᠶᠢᠵᠦ᠂ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠲᠠᠪᠠᠭᠤᠯᠢᠬ ᠲᠦᠷᠦᠯ ᠵᠦᠢᠯ ᠣᠯᠠᠨ ᠪᠣᠰᠣ᠂ ᠪᠡᠯᠡᠳᠭᠡᠯ ᠬᠦᠴᠦᠨ ᠬᠦᠷᠦᠯᠴᠡᠬᠦ ᠦᠭᠡᠢ ᠵᠡᠷᠭᠡ ᠶᠢ ᠲᠣᠲᠣᠷᠬᠠᠢ ᠲᠠᠨᠢᠬᠤ ᠬᠡᠷᠡᠭᠲᠡᠢ᠃ ᠣᠲᠣᠬᠠᠨ ᠤ ᠪᠡᠶ᠎ᠡ ᠶᠢᠨ ᠲᠠᠮᠢᠷ ᠤᠨ ᠪᠠᠶᠢᠲᠠᠯ ᠢ ᠪᠦᠬᠦ ᠲᠠᠯ᠎ᠠ ᠪᠠᠷ ᠪᠣᠰᠣᠳᠴᠢ ᠪᠠᠷ ᠵᠠᠲᠠᠯᠬᠤ ᠶᠢᠨ ᠬᠠᠮᠲᠣ ᠬᠠᠷᠠᠭᠠᠯᠵᠠᠬᠰᠠᠨ ᠠᠷᠭᠠᠴᠠᠬᠤ ᠪᠣᠲᠣᠯᠭ᠎ᠠ ᠶᠢ ᠰᠣᠲᠣᠯᠵᠦ ᠲᠣᠬᠲᠠᠭᠠᠬᠤ ᠪᠣᠯ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ ᠶᠢ ᠲᠦᠷᠭᠡᠳᠭᠡᠬᠦ ᠶᠢᠨ ᠣᠷᠢᠲᠠᠯ ᠪᠣᠯᠣᠨ᠎ᠠ᠃ ᠰᠢᠨ᠎ᠡ ᠡᠷᠡᠨ ᠵᠠᠭᠤᠨ ᠬᠦᠷᠴᠦ ᠢᠷᠡᠬᠦ ᠶᠢ ᠲᠠᠭᠠᠯᠲᠣᠨ᠂ ᠮᠠᠨ ᠤ ᠣᠯᠣᠰ ᠨᠢᠭᠡᠨᠲᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ᠂ ᠨᠡᠶᠢᠭᠡᠮ ᠵᠢᠷᠣᠮ ᠤᠨ ᠣᠲᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠰᠢᠨ᠎ᠡ ᠬᠦᠭᠵᠢᠯᠲᠡ ᠶᠢᠨ ᠱᠠᠲᠣᠨ ᠳᠤ ᠣᠷᠣᠪᠠ᠃ 2001 ᠤᠨ ᠳᠤ᠂ ᠪᠡᠭᠡᠵᠢᠩ ᠤᠨ 2008 ᠤᠨ ᠤ ᠣᠯᠢᠮᠫᠢᠺ ᠤᠨ ᠲᠠᠮᠢᠷ ᠤᠨ ᠴᠣᠬᠯᠠᠭᠠᠨ ᠢ ᠡᠷᠬᠢᠯᠡᠬᠦ ᠡᠷᠬᠡ ᠶᠢ ᠣᠯᠪᠠ᠃ ᠡᠨᠡ ᠨᠢ ᠮᠠᠨ ᠤ ᠣᠯᠣᠰ ᠤᠨ ᠦᠭᠡᠷᠡᠴᠢᠯᠡᠯᠲᠡ ᠬᠢᠵᠦ ᠴᠢᠯᠦᠭᠡᠲᠡᠢ ᠶᠠᠪᠣᠯᠴᠠᠬᠰᠠᠨ ᠦᠯᠡᠮᠵᠢ ᠠᠮᠵᠢᠯᠲᠠ ᠶᠢ ᠬᠦᠢᠴᠡᠳ ᠬᠠᠷᠠᠭᠤᠯᠣᠬᠰᠠᠨ ᠪᠦᠭᠡᠳ ᠰᠢᠨ᠎ᠠ ᠵᠠᠭᠤᠨ ᠤ ᠮᠠᠨ ᠤ ᠣᠯᠣᠰ ᠤᠨ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠬᠠᠷᠠᠭᠠᠰᠣ᠂ ᠣᠯᠠᠨ ᠲᠡᠰ ᠲᠠᠪᠬᠤᠷᠭ᠎ᠠ᠂ ᠦᠷᠭᠡᠨ ᠬᠦᠷᠢᠶ᠎ᠡ ᠴᠠᠷᠠᠭ᠎ᠠ ᠠᠴᠠ ᠭᠠᠲᠠᠭᠠᠲᠣ ᠲᠠᠢ ᠴᠢᠯᠦᠭᠡᠲᠡᠢ ᠶᠠᠪᠣᠯᠴᠠᠬᠤ ᠪᠠᠶᠢᠷᠢᠰᠢᠯ ᠢ ᠪᠦᠷᠢᠯᠲᠦᠬᠦᠯᠵᠦ᠂ ᠮᠠᠨ ᠤ ᠣᠯᠣᠰ ᠤᠨ ᠲᠡᠯᠡᠭᠡᠢ ᠳᠠᠬᠢ ᠪᠠᠶᠢᠷᠢ ᠰᠠᠭᠤᠷᠢ ᠶᠢ ᠲᠡᠭᠡᠭᠰᠢᠯᠡᠬᠦᠯᠬᠦ ᠳᠤ ᠪᠦᠷ ᠠᠯᠣᠰ ᠬᠡᠲᠦ ᠶᠢᠨ ᠨᠦᠯᠦᠭᠡ ᠦᠵᠡᠬᠦᠯᠬᠦ ᠪᠣᠯᠣᠨ᠎ᠠ᠃     2008 ᠤᠨ ᠤ ᠣᠯᠢᠮᠫᠢᠺ ᠤᠨ ᠲᠠᠮᠢᠷ ᠤᠨ ᠴᠣᠬᠯᠠᠭᠠᠨ ᠵᠢᠴᠢ ᠵᠡᠮᠲᠡᠭᠴᠦᠳ ᠤᠨ ᠣᠯᠢᠮᠫᠢᠺ ᠤᠨ ᠲᠠᠮᠢᠷ ᠤᠨ ᠴᠣᠬᠯᠠᠭᠠᠨ ᠢ ᠪᠡᠯᠡᠳᠭᠡᠵᠦ ᠡᠷᠬᠢᠯᠡᠬᠦ ᠪᠣᠯ ᠪᠡᠭᠡᠵᠢᠩ ᠬᠤᠲᠠ ᠪᠣᠯᠣᠨ ᠪᠡᠶ᠎ᠡ ᠶᠢᠨ ᠲᠠᠮᠢᠷ ᠤᠨ ᠡᠲᠡᠭᠡᠳ ᠤᠨ ᠲᠣᠮᠣ ᠶᠠᠪᠣᠲᠠᠯ ᠪᠣᠯᠬᠤ ᠮᠦᠷᠲᠡᠭᠡᠨ ᠪᠠᠰᠠᠴᠦ ᠪᠦᠬᠦ ᠣᠯᠣᠰ ᠤᠨ ᠠᠷᠠᠳ ᠲᠦᠮᠡᠨ ᠤ ᠦᠪᠡᠲᠡᠭᠰᠢ ᠲᠣᠮᠣ ᠶᠠᠪᠣᠲᠠᠯ ᠪᠣᠯᠬᠤ ᠶᠣᠮ︔ ᠣᠯᠲᠠᠰᠢ ᠦᠭᠡᠢ ᠬᠤᠪᠣᠷᠬᠠᠨ ᠲᠡᠦᠭᠡ ᠶᠢᠨ ᠠᠵᠠ ᠲᠣᠬᠢᠶᠠᠯ ᠪᠣᠯᠬᠤ ᠮᠦᠷᠲᠡᠭᠡᠨ ᠪᠠᠰᠠᠴᠦ ᠦᠷᠢᠰᠦᠯᠲᠦᠭᠡᠨ ᠪᠣᠯᠬᠤ ᠶᠣᠮ᠃ ᠠᠵᠠ ᠲᠣᠬᠢᠶᠠᠯ ᠢ ᠡᠵᠡᠮᠲᠡᠨ ᠦᠷᠢᠰᠦᠯᠲᠦᠭᠡᠨ ᠢ ᠣᠬᠲᠣᠵᠦ᠂ 2008 ᠤᠨ ᠤ ᠣᠯᠢᠮᠫᠢᠺ ᠤᠨ ᠲᠠᠮᠢᠷ ᠤᠨ ᠴᠣᠬᠯᠠᠭᠠᠨ ᠪᠠ ᠵᠡᠮᠲᠡᠭᠴᠦᠳ ᠤᠨ ᠣᠯᠢᠮᠫᠢᠺ ᠤᠨ ᠲᠠᠮᠢᠷ ᠤᠨ ᠴᠣᠬᠯᠠᠭᠠᠨ ᠢ ᠲᠡᠦᠭᠡᠨ ᠲᠡᠭᠡᠷᠡᠬᠢ ᠬᠠᠮᠤᠬ ᠠᠴᠠ ᠰᠠᠶᠢᠬᠠᠨ ᠨᠢᠭᠡᠨ ᠣᠲᠠᠭᠠᠨ ᠤ ᠣᠯᠢᠮᠫᠢᠺ ᠤᠨ ᠦᠪᠡᠲᠡᠭᠰᠢ ᠴᠣᠬᠯᠠᠭᠠᠨ ᠪᠣᠯᠭᠠᠨ ᠡᠷᠬᠢᠯᠡᠵᠦ᠂ ᠮᠠᠨ ᠤ ᠣᠯᠣᠰ ᠤᠨ ᠪᠡᠶ᠎ᠡ ᠶᠢᠨ ᠲᠠᠮᠢᠷ ᠤᠨ ᠦᠢᠯᠡᠰ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠣᠨ᠂ ᠦᠷᠭᠡᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠲᠡᠵᠦ ᠪᠠᠶᠢᠭ᠎ᠠ ᠪᠡᠶ᠎ᠡ ᠶᠢᠨ ᠲᠠᠮᠢᠷ  ᠰᠣᠶᠣᠯ ᠤᠨ ᠬᠡᠷᠡᠭᠴᠡᠭᠡ ᠶᠢ ᠬᠠᠩᠭᠠᠨ᠂ ᠡᠬᠦᠪᠡᠷ ᠲᠠᠮᠵᠢᠭᠤᠯᠣᠨ ᠮᠠᠨ ᠤ ᠣᠯᠣᠰ ᠤᠨ ᠨᠡᠶᠢᠭᠡᠮ ᠵᠢᠷᠣᠮ ᠤᠨ ᠪᠣᠲᠠᠰ ᠤᠨ ᠪᠣᠯᠪᠠᠰᠣᠨ ᠤ ᠪᠠᠶᠢᠭᠤᠯᠣᠯᠲᠠ ᠪᠠ ᠣᠶᠣᠨ ᠤ ᠪᠣᠯᠪᠠᠰᠣᠨ ᠤ ᠪᠠᠶᠢᠭᠤᠯᠣᠯᠲᠠ ᠶᠢᠨ ᠬᠦᠭᠵᠢᠯᠲᠡ ᠶᠢ ᠲᠦᠯᠬᠢᠨ ᠠᠬᠢᠭᠤᠯᠬᠤ ᠪᠣᠯ ᠪᠦᠬᠦ ᠨᠠᠮ᠂ ᠡᠯ᠎ᠠ ᠱᠠᠲᠣᠨ ᠤ ᠠᠷᠠᠳ ᠤᠨ ᠵᠠᠰᠠᠬ ᠤᠨ ᠣᠷᠲᠣᠨ ᠪᠣᠯᠣᠨ ᠪᠦᠬᠦ ᠣᠯᠣᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠣ ᠶᠢᠨ ᠡᠬᠦᠷᠭᠡ ᠪᠣᠯᠬᠤ ᠶᠣᠮ᠃ ᠡᠯ᠎ᠡ ᠱᠠᠲᠣᠨ ᠤ ᠨᠠᠮ ᠤᠨ ᠬᠤᠷᠢᠶ᠎ᠠ᠂ ᠵᠠᠰᠠᠬ ᠤᠨ ᠣᠷᠲᠣᠨ ᠡᠨᠡᠬᠦ ᠲᠣᠬᠢᠶᠠᠯ ᠢᠶᠠᠷ ᠰᠢᠨ᠎ᠡ ᠬᠤᠭᠤᠴᠠᠭᠠᠨ ᠤ ᠪᠡᠶ᠎ᠡ ᠶᠢᠨ ᠲᠠᠮᠢᠷ ᠤᠨ ᠠᠵᠢᠯ ᠢ ᠴᠢᠨᠠᠬᠰᠢᠲᠠ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠣᠲᠣ ᠡᠨᠡ ᠲᠣᠬᠠᠢ ᠲᠣᠣᠷᠠᠬᠢ ᠮᠡᠲᠦ ᠰᠠᠨᠠᠯ ᠲᠣᠷᠠᠳᠣᠰᠣᠭᠠᠢ᠃     ᠨᠢᠭᠡ᠂ ᠠᠵᠦ ᠠᠬᠤᠢ᠂ ᠨᠡᠶᠢᠭᠡᠮ ᠤᠨ ᠬᠦᠭᠵᠢᠯᠲᠡ ᠳᠠᠬᠢ ᠪᠡᠶ᠎ᠡ ᠶᠢᠨ ᠲᠠᠮᠢᠷ ᠤᠨ ᠴᠢᠬᠤᠯᠠ  ᠪᠠᠶᠢᠷᠢ ᠰᠠᠭᠤᠷᠢ ᠪᠣᠯᠣᠨ ᠦᠢᠯᠡᠲᠦᠯ ᠢ ᠬᠦᠢᠴᠡᠳ ᠲᠠᠨᠢᠬᠤ ᠬᠡᠷᠡᠭᠲᠡᠢ     ︵ᠨᠢᠭᠡ︶ ᠪᠡᠶ᠎ᠡ ᠶᠢᠨ ᠲᠠᠮᠢᠷ ᠪᠣᠯ ᠨᠡᠶᠢᠭᠡᠮ ᠤᠨ ᠬᠦᠭᠵᠢᠯᠲᠡ ᠪᠣᠯᠣᠨ ᠬᠦᠮᠦᠨ ᠲᠦᠷᠦᠯᠬᠢᠲᠡᠨ ᠤ ᠪᠣᠯᠪᠠᠰᠣᠨ ᠤ ᠲᠠᠪᠰᠢᠯᠲᠠ ᠶᠢᠨ ᠪᠡᠯᠭᠡ ᠲᠡᠮᠲᠡᠭ ᠪᠠᠶᠢᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ ᠶᠢᠨ ᠲᠦᠪᠰᠢᠨ   ᠨᠢ ᠨᠢᠭᠡ ᠣᠯᠣᠰ ᠤᠨ ᠶᠡᠷᠦᠩᠭᠡᠶᠢᠯᠡᠭᠰᠡᠨ ᠣᠯᠣᠰ ᠤᠨ ᠬᠦᠴᠦᠨ ᠪᠠ ᠨᠡᠶᠢᠭᠡᠮ ᠤᠨ ᠪᠣᠯᠪᠠᠰᠣᠨ ᠤ ᠬᠡᠮᠵᠢᠶ᠎ᠡ ᠶᠢᠨ ᠴᠢᠬᠤᠯᠠ ᠲᠣᠰᠬᠠᠯ ᠪᠣᠯᠣᠨ᠎ᠠ᠃ ᠣᠲᠣᠬᠢᠴᠢᠯᠠᠯᠲᠠ ᠶᠢᠨ ᠪᠦᠲᠦᠭᠡᠨ ᠪᠠᠶᠢᠭᠤᠯᠣᠯᠲᠠ ᠳᠤ᠂ ᠪᠡᠶ᠎ᠡ ᠶᠢᠨ ᠲᠠᠮᠢᠷ ᠨᠢ ᠠᠵᠦ ᠠᠬᠤᠢ᠂ ᠨᠡᠶᠢᠭᠡᠮ ᠤᠨ ᠬᠦᠭᠵᠢᠯᠲᠡ ᠶᠢ ᠲᠠᠭᠠᠯᠲᠣᠨ ᠬᠦᠭᠵᠢᠲᠡᠭ᠃ ᠮᠠᠨ ᠤ ᠣᠯᠣᠰ ᠤᠨ ᠨᠡᠶᠢᠭᠡᠮ ᠵᠢᠷᠣᠮᠲᠣ ᠣᠲᠣᠬᠢᠴᠢᠯᠠᠯᠲᠠ ᠶᠢᠨ ᠪᠦᠲᠦᠭᠡᠨ ᠪᠠᠶᠢᠭᠤᠯᠣᠯᠲᠠ ᠶᠢᠨ ᠦᠨᠳᠦᠰᠦᠨ ᠬᠠᠷᠠᠯᠲᠠ ᠪᠣᠯ ᠲᠠᠷᠣᠢ ᠦᠷᠭᠡᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠲᠡᠵᠦ ᠪᠠᠶᠢᠢᠭ᠎ᠠ ᠪᠣᠲᠠᠰ ᠤᠨ  ᠪᠠ‌‍ᠰᠣᠶᠣᠯ ᠤᠨ ᠬᠡᠷᠡᠭᠴᠡᠭᠡ ᠶᠢ ᠬᠠᠩᠭᠠᠬᠤ ᠶᠠᠪᠣᠲᠠᠯ ᠪᠣᠯᠣᠨ᠎ᠠ᠃ ᠠᠵᠦ ᠠᠬᠤᠢ ᠬᠦᠭᠵᠢᠵᠦ᠂ ᠨᠡᠶᠢᠭᠡᠮ ᠲᠠᠪᠰᠢᠬᠤ ᠲᠣᠲᠣᠮ ᠬᠦᠮᠦᠰ ᠤᠨ ᠪᠡᠶ ᠎ᠡ ᠮᠠᠬᠠᠪᠣᠳ ᠢᠶᠠᠨ ᠴᠢᠬᠢᠷᠠᠬᠵᠢᠭᠤᠯᠬᠤ ᠣᠬᠠᠮᠰᠠᠷ ᠣᠯᠠᠮ ᠠᠴᠠ ᠴᠢᠩᠭᠠᠷᠠᠵᠦ᠂ ᠪᠡᠶ᠎ᠡ ᠶᠢᠨ ᠲᠠᠮᠢᠷ ᠤᠨ ᠪᠠᠶᠢᠷᠢ ᠰᠠᠭᠤᠷᠢ ᠴᠦ ᠴᠢᠬᠤᠯᠠ ᠪᠣᠯᠵᠦ᠂ ᠦᠢᠯᠡᠲᠦᠯ ᠨᠢ ᠣᠯᠠᠮ ᠢᠶᠠᠷ ᠮᠡᠲᠡᠭᠲᠡᠮ᠎ᠡ ᠪᠣᠯᠲᠠᠬ᠃     ︵ᠬᠤᠶᠠᠷ︶ ᠪᠡᠶ᠎ᠡ ᠶᠢᠨ ᠲᠠᠮᠢᠷ ᠨᠢ ᠣᠯᠠᠨ ᠲᠦᠮᠡᠨ ᠤ ᠦᠷᠭᠡᠨ ᠢᠶᠠᠷ ᠣᠷᠣᠯᠴᠠᠬᠤ ᠨᠡᠶᠢᠭᠡᠮ ᠤᠨ ᠬᠦᠲᠡᠯᠭᠡᠭᠡᠨ ᠪᠣᠯᠣᠬᠰᠠᠨ ᠤ ᠬᠤᠪᠢ ᠳᠤ᠂ ᠬᠦᠮᠦᠰ ᠤᠨ ᠪᠡᠶ᠎ᠡ ᠮᠠᠬᠠᠪᠣᠳ ᠢ ᠰᠠᠶᠢᠵᠢᠷᠠᠭᠤᠯᠬᠤ ᠪᠠᠷ ᠪᠠᠷᠠᠬᠤ ᠦᠭᠡᠢ ᠪᠠᠰᠠ ᠬᠦᠮᠦᠰ ᠤᠨ ᠬᠠᠲᠠᠨ ᠵᠣᠷᠢᠬ ᠢ ᠲᠠᠪᠲᠠᠵᠦ᠂ ᠬᠠᠯᠠᠰᠢᠷᠠᠯ ᠦᠭᠡᠢ ᠲᠡᠮᠡᠴᠡᠬᠦ ᠣᠬᠠᠮᠰᠠᠷ ᠢ ᠬᠦᠮᠦᠵᠢᠬᠦᠯᠦᠨ᠂ ᠦᠷᠢᠰᠦᠯᠲᠦᠭᠡᠨ ᠢ ᠠᠷᠭᠠᠴᠠᠵᠦ ᠲᠠᠪᠠᠭ᠋ᠣ ᠴᠢᠲᠠᠪᠣᠷᠢ ᠶᠢ ᠪᠣᠢ ᠪᠣᠯᠭᠠᠨ᠂ ᠬᠦᠮᠦᠰ ᠤᠨ ᠦᠷᠢᠰᠦᠯᠲᠦᠭᠡᠨ ᠤ ᠣᠬᠠᠮᠰᠠᠷ ᠂ ᠬᠠᠮᠲᠣᠷᠠᠨ  ᠠᠵᠢᠯᠯᠠᠬᠤ  ᠤᠬᠠᠮᠰᠠᠷ ᠪᠠ ᠡᠷᠭᠡ ᠲᠡᠭᠰᠢ ᠣᠶᠢᠯᠠᠭᠠᠬᠲᠠᠬᠤᠨ ᠢ ᠬᠦᠮᠦᠵᠢᠬᠦᠯᠬᠦ ᠳᠤ ᠠᠰᠢᠬᠲᠠᠢ ᠪᠢᠯᠡ᠃ ᠦᠨᠳᠦᠷ ᠲᠦᠪᠰᠢᠨ ᠪᠦᠬᠦᠢ ᠦᠷᠢᠰᠦᠯᠲᠦᠭᠡᠨ ᠤ ᠪᠡᠶ᠎ᠡ ᠶᠢᠨ ᠲᠠᠮᠢᠷ ᠨᠢ ᠬᠦᠮᠦᠰ ᠤᠨ ᠰᠣᠶᠣᠯ ᠤᠨ ᠠᠮᠢᠲᠣᠷᠠᠯ ᠢ ᠪᠠᠶᠠᠯᠢᠬᠵᠢᠭᠤᠯᠵᠦ᠂ ᠬᠠᠮᠲᠣᠴᠢ ᠦᠵᠡᠯ ᠪᠣᠯᠣᠨ ᠡᠬᠡ ᠣᠷᠣᠨᠴᠢ ᠦᠵᠡᠯ ᠤᠨ ᠵᠣᠷᠢᠬ ᠰᠠᠨᠠᠭ᠎ᠠ ᠶᠢ ᠪᠠᠲᠠᠷᠠᠭᠤᠯᠵᠦ᠂ ᠣᠯᠣᠰ ᠦᠨᠳᠦᠰᠦᠲᠡᠨ ᠤ ᠲᠦᠪᠯᠡᠬᠦ ᠬᠦᠴᠦᠨ᠂ ᠨᠢᠬᠲᠠᠷᠠᠭᠤᠯᠬᠤ ᠬᠦᠴᠦᠨ ᠢ ᠴᠢᠩᠭᠠᠳᠬᠠᠬᠤ ᠳᠤ ᠴᠢᠬᠤᠯᠠ ᠦᠢᠯᠡᠲᠦᠯ ᠦᠵᠡᠬᠦᠯᠲᠡᠭ᠃ ᠮᠠᠨ ᠤ ᠣᠯᠣᠰ ᠤᠨ ᠲᠠᠮᠢᠷᠴᠢᠳ ᠤᠨ ᠣᠯᠢᠮᠫᠢᠺ ᠤᠨ ᠲᠠᠮᠢᠷ ᠤᠨ ᠴᠣᠬᠯᠠᠭᠠᠨ ᠪᠠ ᠲᠡᠯᠡᠭᠡᠢ ᠶᠢᠨ ᠴᠢᠨᠠᠷᠲᠠᠢ ᠣᠷᠣᠯᠲᠣᠭᠠᠨ ᠲᠡᠭᠡᠷ᠎ᠡ ᠣᠨᠴᠠᠯᠠᠨ ᠢᠯᠡᠷᠡᠬᠦᠯᠦᠭᠰᠡᠨ ᠰᠢᠷᠭᠠᠭᠤ ᠲᠡᠮᠡᠴᠡᠬᠦ ᠵᠣᠷᠢᠬ ᠰᠠᠨᠠᠭ᠎ᠠ ᠨᠢ ᠠᠷᠠᠳ ᠣᠯᠠᠨ ᠤ ᠣᠯᠣᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠣᠯᠣᠨ ᠦᠨᠳᠦᠰᠦᠲᠡᠨ ᠤ ᠣᠮᠤᠬ ᠪᠠᠭ᠋ᠠᠲᠣᠯᠲᠣ ᠰᠡᠳᠬᠢᠯᠭᠡ ᠶᠢ ᠲᠦᠷᠦᠬᠦᠯᠵᠦ᠂ ᠠᠷᠠᠳ ᠲᠦᠮᠡᠨ   ᠢ ᠵᠣᠷᠢᠬᠵᠢᠭᠤᠯᠣᠨ ᠬᠦᠴᠢᠷ ᠢ ᠢᠯᠡᠨ ᠲᠠᠪᠠᠵᠦ ᠡᠷᠡᠯᠬᠡᠭᠯᠡᠨ ᠣᠷᠣᠬᠰᠢᠯᠠᠭᠤᠯᠲᠠᠬ᠃     ︵ᠭᠤᠷᠪᠠ︶ ᠪᠡᠶ᠎ᠡ ᠶᠢᠨ ᠲᠠᠮᠢᠷ ᠪᠣᠯ ᠨᠦᠬᠦᠷᠯᠡᠯ ᠢ ᠵᠣᠵᠠᠭᠠᠳᠬᠠᠨ᠂ ᠪᠦᠯᠬᠦᠮᠲᠡᠯ ᠢᠶᠠᠨ ᠴᠢᠩᠭᠠᠳᠬᠠᠬᠤ ᠴᠢᠬᠤᠯᠠ ᠠᠷᠭ᠎ᠠ ᠬᠡᠷᠡᠭᠯᠡᠬᠦᠷ ᠪᠣᠯᠣᠨ᠎ᠠ᠃ ᠪᠡᠶ ᠎ᠡ ᠶᠢᠨ ᠲᠠᠮᠢᠷ ᠤᠨ ᠬᠦᠲᠡᠯᠭᠡᠭᠡᠨ ᠢᠶᠠᠷ ᠲᠠᠮᠵᠢᠭᠤᠯᠣᠨ ᠬᠦᠮᠦᠰ ᠬᠠᠶᠢᠷ᠎ᠠ ᠰᠡᠳᠬᠢᠯᠭᠡ ᠪᠠᠨ ᠰᠣᠯᠢᠯᠴᠠᠵᠦ᠂ ᠣᠶᠢᠯᠠᠭᠠᠯᠴᠠᠭ᠎ᠠ ᠶᠠᠪᠣᠯᠴᠠᠭ᠎ᠠ ᠪᠠᠨ ᠬᠦᠨᠵᠡᠭᠡᠶᠢᠷᠡᠬᠦᠯᠦᠨ᠂ ᠨᠡᠶᠢᠢᠭᠡᠮ ᠤᠨ ᠬᠠᠷᠢᠯᠴᠠᠭ᠎ᠠ ᠪᠠᠨ ᠰᠠᠶᠢᠵᠢᠷᠠᠭᠤᠯᠣᠨ᠂ ᠡᠷᠡᠬᠦᠯ ᠰᠠᠷᠠᠭᠤᠯ᠂ ᠵᠦᠢ ᠵᠣᠬᠢᠰᠲᠠᠢ ᠠᠮᠢᠲᠣᠷᠠᠯ ᠤᠨ  ᠬᠡᠯᠪᠡᠷᠢ ᠮᠠᠶ᠋ᠢᠬ ᠢ ᠪᠠᠶᠢᠭᠤᠯᠵᠦ᠂ ᠪᠣᠯᠪᠠᠰᠣᠨ᠂ ᠡᠶ᠎ᠡ ᠨᠠᠶᠢᠢᠷᠠᠮᠲᠠᠭᠤ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠲᠠᠬ᠃ ᠣᠯᠠᠨ ᠣᠯᠣᠰ ᠤᠨ ᠬᠤᠭᠤᠷᠣᠨᠲᠣᠬᠢ ᠪᠡᠶ᠎ᠡ ᠶᠢᠨ ᠲᠠᠮᠢᠷ ᠤᠨ ᠬᠠᠷᠢᠯᠴᠠᠭ᠎ᠠ ᠨᠢ ᠬᠤᠶᠠᠷ ᠣᠯᠣᠰ ᠬᠢᠭᠡᠳ ᠬᠤᠶᠠᠷ ᠣᠯᠣᠰ ᠤᠨ ᠠᠷᠠᠳ ᠲᠦᠮᠡᠨ ᠤ ᠬᠤᠭᠤᠷᠣᠨᠲᠣᠬᠢ ᠣᠶᠢᠯᠠᠭᠠᠯᠴᠠᠭ᠎ᠠ ᠶᠢ ᠠᠬᠢᠭᠤᠯᠵᠦ᠂ ᠬᠦᠮᠦᠨ ᠲᠦᠷᠦᠯᠬᠢᠲᠡᠨ ᠤ ᠨᠡᠶᠢᠭᠡᠮ ᠤᠨ ︽ᠪᠦᠯᠬᠦᠮᠲᠡᠯ᠂ ᠨᠦᠬᠦᠷᠯᠡᠯ᠂ ᠲᠠᠪᠰᠢᠯᠲᠠ︾ ᠳᠤ ᠠᠰᠢᠬᠲᠠᠢ ᠪᠢᠯᠡ᠃     ︵ᠲᠦᠷᠪᠡ︶ ᠣᠲᠣᠬᠠᠨ ᠳᠤ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠢᠯᠡᠳᠲᠡ ᠲᠦᠷᠭᠡᠳᠴᠦ᠂ ᠣᠯᠣᠰ ᠠᠷᠠᠳ ᠤᠨ ᠠᠵᠦ ᠠᠬᠤᠢ ᠶᠢᠨ ᠰᠢᠨ᠎ᠡ ᠨᠡᠮᠡᠭᠲᠡᠯ ᠤᠨ ᠴᠡᠭ ᠪᠣᠯᠣᠬᠰᠠᠨ ᠪᠠᠶᠢᠨ᠎ᠠ᠃ ᠭᠤᠷᠪᠠᠲᠣᠠᠭᠷ ᠠᠵᠦ ᠦᠢᠯᠡᠰ ᠤᠨ ᠴᠢᠬᠤᠯᠠ ᠪᠦᠷᠢᠯᠲᠦᠬᠦᠨ ᠬᠡᠰᠡᠭ ᠪᠣᠯᠣᠬᠰᠠᠨ ᠤ ᠬᠤᠪᠢ ᠳᠤ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠬᠦ ᠪᠣᠯ ᠨᠡᠶᠢᠭᠡᠮ ᠵᠢᠷᠣᠮ ᠤᠨ ᠵᠠᠬ᠎ᠠ ᠲᠡᠯᠭᠡᠬᠦᠷ ᠤᠨ ᠠᠵᠦ ᠠᠬᠤᠢ ᠶᠢᠨ ᠲᠣᠬᠲᠠᠴᠠ ᠶᠢ ᠪᠠᠶᠢᠭᠤᠯᠬᠤ ᠶᠢᠨ ᠬᠡᠷᠡᠭᠴᠡᠭᠡ ᠪᠣᠯᠬᠤ ᠪᠦᠭᠡᠳ ᠮᠠᠨ ᠤ ᠣᠯᠣᠰ ᠤᠨ ᠠᠵᠦ ᠠᠬᠤᠢ ᠶᠢᠨ ᠪᠦᠲᠦᠴᠡ ᠶᠢᠨ ᠪᠠᠶᠢᠯᠲᠣᠬᠤ ᠪᠣᠲᠣᠯᠭ᠎ᠠ ᠶᠢᠨ ᠴᠢᠨᠠᠷᠲᠠᠢ ᠲᠣᠬᠢᠷᠠᠭᠤᠯᠣᠯᠲᠠ ᠱᠠᠭᠠᠷᠲᠠᠯᠭ᠎ᠠ ᠳᠤ ᠨᠡᠶᠢᠴᠡᠵᠦ᠂ ᠲᠣᠲᠣᠭᠠᠲᠣ ᠬᠡᠷᠡᠭᠴᠡᠭᠡ ᠶᠢ ᠦᠷᠭᠡᠳᠭᠡᠨ᠂ ᠠᠵᠦ ᠠᠬᠤᠢ ᠶᠢᠨ ᠬᠦᠭᠵᠢᠯᠲᠡ ᠶᠢ ᠲᠠᠶᠢᠴᠢᠯᠠᠵᠦ᠂ ᠣᠲᠣᠬᠢᠴᠢᠯᠠᠯᠲᠠ ᠶᠢᠨ ᠪᠦᠲᠦᠭᠡᠨ ᠪᠠᠶᠢᠭᠤᠯᠣᠯᠲᠠ ᠶᠢᠨ  ᠬᠦᠭᠵᠢᠬᠦ ᠬᠠᠷᠠᠯᠲᠠ ᠶᠢ ᠪᠡᠶᠡᠯᠡᠬᠦᠯᠬᠦ ᠳᠤ ᠠᠬᠢᠭᠤᠯᠬᠤ ᠦᠢᠯᠡᠲᠦᠯ ᠦᠵᠡᠬᠦᠯᠲᠡᠭ᠃     ᠬᠤᠶᠠᠷ᠂ ᠰᠢᠨ᠎ᠡ ᠴᠠᠬ ᠬᠤᠭᠤᠴᠠᠭᠠᠨ ᠤ ᠪᠡᠶ ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠴᠢᠭᠯᠡᠯᠲᠡ ᠪᠠ ᠶᠡᠷᠦᠩᠭᠡᠢ ᠱᠠᠭᠠᠷᠲᠠᠯᠭ᠎ᠠ     ︵ᠲᠠᠪᠤ︶ ᠳ᠋ᠧᠩ ᠰᠢᠶᠣᠣ ᠫᠢᠩ ᠤᠨ ᠣᠨᠣᠯ ᠤᠨ ᠠᠭᠤᠣ ᠶᠡᠭᠡ ᠲᠤᠬ ᠢ ᠦᠨᠳᠦᠷ ᠮᠠᠨᠲᠣᠭᠤᠯᠵᠦ᠂ ᠨᠡᠶᠢᠭᠡᠮ ᠵᠢᠷᠣᠮ ᠤᠨ ᠠᠩᠬᠠᠨ ᠤ ᠱᠠᠲᠣᠨ ᠳᠠᠬᠢ ᠨᠠᠮ ᠤᠨ ᠦᠨᠳᠦᠰᠦᠨ ᠱᠣᠭᠤᠮ ᠪᠣᠯᠣᠨ ᠦᠨᠳᠦᠰᠦᠨ ᠬᠦᠲᠦᠯᠪᠦᠷᠢ ᠶᠢ ᠪᠦᠬᠦ ᠲᠠᠯ᠎ᠠ ᠪᠠᠷ ᠲᠣᠭᠤᠰᠢᠯᠠᠭᠤᠯᠵᠦ᠂ ᠵᠢᠶᠠᠩ ᠽᠧ ᠮᠢᠨ ᠨᠦᠬᠦᠷ ᠤᠨ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠲᠦᠯᠭᠡᠵᠢᠬᠦᠯᠵᠦ᠂ 2008 ᠤᠨ ᠤ ᠣᠯᠢᠮᠫᠢᠺ ᠤᠨ ᠲᠠᠮᠢᠷ ᠤᠨ ᠴᠣᠬᠯᠠᠭᠠᠨ ᠢᠶᠠᠷ ᠠᠵᠠ ᠲᠣᠬᠢᠶᠠᠯ ᠪᠣᠯᠭᠠᠨ᠂ ᠦᠷᠭᠡᠨ ᠣᠯᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠲᠡᠵᠦ ᠪᠠᠶᠢᠭ᠎ᠠ ᠪᠡᠶ᠎ᠡ ᠶᠢᠨ ᠲᠠᠮᠢᠷ ᠰᠣᠶᠣᠯ ᠤᠨ ᠬᠡᠷᠡᠭᠴᠡᠭᠡ ᠶᠢ ᠬᠠᠩᠭᠠᠬᠤ ᠪᠠᠷ ᠡᠬᠦᠰᠦᠴᠡ ᠪᠣᠯᠭᠠᠨ᠂ ᠠᠷᠠᠳ ᠲᠦᠮᠡᠨ ᠤ ᠪᠡᠶ᠎ᠡ ᠮᠠᠬᠠᠪᠣᠳ ᠢ ᠰᠠᠶᠢᠵᠢᠷᠠᠭᠤᠯᠵᠦ᠂ ᠪᠦᠬᠦ ᠦᠨᠳᠦᠰᠦᠲᠡᠨ ᠤ ᠪᠦᠬᠦᠯᠢ ᠴᠣᠬᠴᠠ ᠶᠢᠨ ᠬᠡᠪ ᠴᠢᠨᠠᠷ ᠢ ᠲᠡᠭᠡᠭᠰᠢᠯᠡᠬᠦᠯᠬᠦ ᠪᠠᠷ ᠦᠨᠳᠦᠰᠦᠨ ᠬᠠᠷᠠᠯᠲᠠ ᠪᠣᠯᠭᠠᠵᠦ᠂ ᠪᠡᠶ ᠎ᠡ ᠶᠢᠨ ᠲᠠᠮᠢᠷ ᠤᠨ ᠠᠵᠢᠯ ᠤᠨ ᠰᠢᠨ᠎ᠡ ᠪᠠᠶᠢᠲᠠᠯ ᠢ ᠢᠲᠡᠪᠬᠢᠲᠡᠢ ᠡᠬᠦᠳᠴᠦ᠂ ᠰᠢᠨ᠎ᠡ ᠵᠠᠭᠤᠨ ᠳᠠᠬᠢ ᠮᠠᠨ ᠤ ᠣᠯᠣᠰ ᠤᠨ ᠠᠵᠦ ᠠᠬᠤᠢ᠂ ᠨᠡᠶᠢᠭᠡᠮ ᠤᠨ ᠬᠦᠭᠵᠢᠯᠲᠡ ᠶᠢᠨ ᠪᠠᠶᠢᠯᠲᠣᠬᠤ ᠪᠣᠲᠣᠯᠭ᠎ᠠ ᠶᠢᠨ ᠬᠠᠷᠠᠯᠲᠠ ᠪᠣᠯᠣᠨ ᠲᠣᠮᠲᠠᠲᠣ ᠶᠢᠨ ᠦᠨᠳᠦᠰᠦᠲᠡᠨ ᠤ ᠠᠭᠤᠣ ᠶᠡᠭᠡ ᠰᠡᠷᠬᠦᠨ ᠮᠠᠨᠲᠣᠯᠲᠠ ᠶᠢ ᠪᠡᠶᠡᠯᠡᠬᠦᠯᠬᠦ ᠳᠤ ᠬᠤᠪᠢ ᠨᠡᠮᠡᠷᠢ ᠪᠠᠨ ᠦᠵᠡᠬᠦᠯᠦᠨ᠎ᠡ᠃     ︵ ᠵᠢᠷᠭᠤᠭ᠎ᠠ︶ ᠪᠡᠶ᠎ᠡ ᠶᠢᠨ ᠲᠠᠮᠢᠷ ᠤᠨ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠣᠮ ᠤᠨ ᠣᠲᠣᠬᠢᠴᠢᠯᠠᠯᠲᠠ ᠶᠢᠨ ᠪᠦᠲᠦᠭᠡᠨ ᠪᠠᠶᠢᠭᠤᠯᠣᠯᠲᠠ ᠳᠤ ᠦᠢᠯᠡᠴᠢᠯᠡᠬᠦ ᠴᠢᠭᠯᠡᠯᠲᠡ ᠶᠢ ᠪᠠᠷᠢᠮᠲᠠᠯᠠᠵᠦ᠂ ᠲᠦᠭᠡᠮᠡᠯᠵᠢᠬᠦᠯᠬᠦ ᠪᠠ ᠲᠡᠭᠡᠭᠰᠢᠯᠡᠬᠦᠯᠬᠦ ᠶᠢ ᠬᠠᠷᠢᠯᠴᠠᠨ ᠣᠶᠠᠯᠲᠣᠭᠤᠯᠬᠤ ᠶᠢ ᠪᠠᠷᠢᠮᠲᠠᠯᠠᠵᠦ᠂ ᠣᠯᠠᠨ ᠲᠦᠮᠡᠨᠴᠢ ᠪᠡᠶ᠎ᠡ ᠶᠢᠨ ᠲᠠᠮᠢᠷ ᠬᠢᠭᠡᠳ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠵᠣᠬᠢᠴᠠᠩᠭᠤᠢ ᠬᠦᠭᠵᠢᠯᠲᠡ ᠪᠠ ᠬᠠᠷᠢᠯᠴᠠᠨ ᠠᠬᠢᠭᠤᠯᠬᠤ ᠶᠢ ᠪᠡᠶᠡᠯᠡᠬᠦᠯᠦᠨ᠎ᠡ︔ ᠦᠭᠡᠷᠡᠴᠢᠯᠡᠯᠲᠡ ᠪᠠᠷ ᠬᠦᠭᠵᠢᠯᠲᠡ ᠶᠢ ᠠᠬᠢᠭᠤᠯᠬᠤ ᠶᠢ ᠪᠠᠷᠢᠮᠲᠠᠯᠠᠵᠦ᠂ ᠪᠡᠶ᠎ᠡ ᠶᠢᠨ ᠲᠠᠮᠢᠷ ᠤᠨ ᠪᠠᠶᠢᠭᠤᠯᠣᠯ ᠤᠨ ᠰᠢᠨ᠎ᠡ ᠶᠢ ᠡᠬᠦᠳᠬᠦ ᠶᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠪᠠᠶᠢᠭᠤᠯᠣᠮᠵᠢ ᠶᠢᠨ ᠦᠭᠡᠷᠡᠴᠢᠯᠡᠯᠲᠡ ᠪᠣᠯᠣᠨ ᠡᠷᠬᠢᠯᠲᠡ ᠲᠣᠬᠲᠠᠴᠠ ᠶᠢ ᠬᠤᠪᠢᠷᠠᠭᠤᠯᠬᠤ ᠶᠢ ᠴᠢᠷᠮᠠᠶᠢᠨ ᠠᠬᠢᠭᠤᠯᠵᠦ᠂ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠠ ᠨᠦᠭᠡᠴᠡ ᠬᠦᠴᠦᠨ ᠢ ᠴᠢᠩᠭᠠᠷᠠᠭᠤᠯᠣᠨ᠎ᠠ︔ ᠬᠠᠣᠯᠢ ᠶᠣᠰᠣᠭᠠᠷ ᠵᠠᠰᠠᠬ ᠬᠡᠷᠡᠭᠵᠢᠬᠦᠯᠬᠦ ᠶᠢ ᠪᠠᠷᠢᠮᠲᠠᠯᠠᠨ᠂ ᠪᠡᠶ ᠎ᠡ ᠶᠢᠨ ᠲᠠᠮᠢᠷ ᠤᠨ ᠠᠵᠢᠯ ᠤᠨ ᠬᠠᠣᠯᠢ ᠲᠦᠷᠢᠮ ᠤᠨ ᠪᠠᠶᠢᠭᠤᠯᠣᠯᠲᠠ ᠶᠢ ᠴᠢᠩᠭᠠᠳᠬᠠᠨ᠂ ᠰᠢᠨᠵᠢᠯᠡᠭᠡ ᠮᠡᠷᠭᠡᠵᠢᠯ ᠤᠨ ᠬᠦᠴᠦᠨ ᠳᠤ ᠲᠦᠰᠢᠭᠯᠡᠨ᠂ ᠪᠡᠶ᠎ᠡ ᠶᠢᠨ ᠲᠠᠮᠢᠷ ᠤᠨ ᠦᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠲᠣᠯᠠᠨ᠎ᠠ᠃     ︵ᠲᠣᠯᠤᠭ᠎ᠠ︶ ᠮᠠᠨ ᠤ ᠣᠯᠣᠰ ᠤᠨ ᠪᠠᠶᠢᠲᠠᠯ ᠠᠴᠠ ᠡᠬᠦᠰᠴᠦ᠂ ᠪᠡᠶ᠎ᠡ ᠶᠢᠨ ᠲᠠᠮᠢᠷ ᠤᠨ ᠦᠢᠯᠡᠰ ᠬᠢᠭᠡᠳ ᠠᠵᠦ ᠠᠬᠤᠢ᠂ ᠨᠡᠶᠢᠭᠡᠮ ᠤᠨ ᠵᠣᠬᠢᠴᠠᠩᠭᠤᠢ ᠬᠦᠭᠵᠢᠯᠲᠡ ᠶᠢ ᠪᠠᠷᠢᠮᠲᠠᠯᠠᠨ᠎ᠠ᠃ ᠣᠯᠠᠨ ᠲᠦᠮᠡᠨᠴᠢ ᠪᠡᠶ᠎ᠡ ᠶᠢᠨ ᠲᠠᠮᠢᠷ ᠨᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠᠷ ᠬᠠᠷᠠᠯᠲᠠ ᠪᠣᠯᠭᠠᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠢ ᠦᠷᠭᠡᠨ ᠢᠶᠠᠷ ᠦᠷᠨᠢᠬᠦᠯᠵᠦ᠂ ᠪᠦᠬᠦ ᠦᠨᠳᠦᠰᠦᠲᠡᠨ ᠤ ᠡᠷᠡᠬᠦᠯ ᠴᠢᠬᠢᠷᠠᠬ ᠤᠨ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠬᠦᠯᠦᠨ᠎ᠡ︔ ᠦᠷᠢᠰᠦᠯᠲᠦᠭᠡᠨ ᠤ ᠪᠡᠶ᠎ᠡ ᠶᠢᠨ ᠲᠠᠮᠢᠷ ᠨᠢ ᠬᠦᠨᠲᠦ  ᠴᠢᠬᠤᠯᠠ ᠣᠯᠠᠨ ᠣᠯᠣᠰ ᠤᠨ ᠣᠷᠣᠯᠲᠣᠭᠠᠨ᠂ ᠣᠨᠴᠠᠭᠠᠶᠢᠯᠠᠨ ᠣᠯᠢᠮᠫᠢᠺ ᠤᠨ ᠲᠠᠮᠢᠷ ᠤᠨ ᠴᠣᠬᠯᠠᠭᠠᠨ ᠳᠤ ᠰᠢᠯᠢᠲᠡᠭ ᠬᠢᠷᠢ ᠪᠦᠲᠦᠮᠵᠢ ᠡᠬᠦᠳᠬᠦ ᠪᠠᠷ ᠬᠠᠷᠠᠯᠲᠠ ᠪᠣᠯᠭᠠᠵᠦ᠂ ᠵᠣᠬᠢᠰᠲᠠᠢ ᠪᠠᠶᠢᠷᠢᠯᠠᠭᠤᠯᠣᠨ᠂ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ︔ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠪᠠᠢᠷᠢᠰᠢᠯ ᠢ ᠲᠡᠩᠴᠡᠬᠦᠷᠢᠰᠢᠬᠦᠯᠵᠦ᠂ ᠠᠵᠦ ᠠᠬᠤᠢ ᠬᠦᠭᠵᠢᠭᠰᠡᠨ ᠭᠠᠵᠠᠷ ᠣᠷᠣᠨ ᠣᠷᠢᠲᠠᠪᠠᠷ ᠪᠡᠶ᠎ᠡ ᠶᠢᠨ ᠲᠠᠮᠢᠷ ᠤᠨ ᠣᠲᠣᠬᠢᠴᠢᠯᠠᠯᠲᠠ ᠶᠢ ᠪᠡᠶᠡᠯᠡᠬᠦᠯᠬᠦ ᠶᠢ ᠵᠦᠪᠰᠢᠶᠡᠷᠡᠬᠦ ᠶᠢᠨ ᠬᠠᠮᠲᠣ᠂ ᠪᠠᠷᠠᠭᠤᠨ ᠬᠡᠰᠡᠭ ᠢ ᠶᠡᠬᠡᠪᠡᠷ ᠨᠡᠭᠡᠭᠡᠨ ᠬᠦᠭᠵᠢᠬᠦᠯᠬᠦ ᠠᠰᠢᠬᠲᠠᠢ ᠲᠣᠬᠢᠶᠠᠯ ᠢ ᠡᠵᠡᠮᠲᠡᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠬᠦᠭᠡᠷᠦᠮᠵᠢ ᠶᠢ ᠲᠣᠰᠠᠯᠠᠨ ᠪᠠᠶᠢᠭᠤᠯᠬᠤ ︽ᠲᠠᠭᠠᠷᠠᠬᠰᠠᠨ ᠦᠶ᠎ᠡ ᠳᠤ ᠲᠠᠬᠤ ᠬᠦᠷᠭᠡᠬᠦ ᠢᠨᠵᠧᠨᠧᠷᠢᠩ︾ ᠢ ᠦᠷᠬᠦᠯᠵᠢᠯᠡᠨ ᠬᠡᠷᠡᠭᠵᠢᠬᠦᠯᠵᠦ᠂ ᠲᠣᠮᠲᠠ ᠪᠠᠷᠠᠭᠤᠨ ᠬᠡᠰᠡᠭ ᠤᠨ ᠭᠠᠵᠠᠷ ᠣᠷᠣᠨ ᠬᠢᠭᠡᠳ ᠴᠦᠭᠡᠨ ᠲᠣᠭᠠᠲᠣ ᠦᠨᠳᠦᠰᠦᠲᠡᠨ ᠤ ᠭᠠᠵᠠᠷ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ  ᠶᠢ ᠢᠲᠡᠪᠬᠢᠲᠡᠢ ᠲᠡᠮᠵᠢᠵᠦ᠂ ᠣᠯᠠᠨ ᠦᠨᠳᠦᠰᠦᠲᠡᠨ ᠤ ᠴᠢᠲᠠᠪᠣᠷᠢᠲᠠᠨ ᠤ ᠡᠬᠢ ᠪᠠᠶᠠᠯᠢᠬ ᠤᠨ ᠲᠠᠪᠠᠭᠤᠯᠢᠬ ᠢᠶᠠᠨ ᠪᠠᠲᠠᠷᠠᠭᠤᠯᠣᠨ᠂ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠬᠠᠮᠲᠣᠪᠡᠷ ᠬᠦᠭᠵᠢᠬᠦ ᠶᠢ ᠴᠢᠷᠮᠠᠶᠢᠨ ᠠᠬᠢᠭᠤᠯᠣᠨ᠎ᠠ︔ ᠵᠠᠰᠠᠬ ᠤᠨ ᠣᠷᠲᠣᠨ ᠠᠴᠠ ᠪᠡᠶ᠎ᠡ ᠶᠢᠨ ᠲᠠᠮᠢᠷ ᠤᠨ ᠦᠢᠯᠡᠰ ᠲᠤ ᠪᠡᠯᠡ ᠣᠷᠣᠭᠤᠯᠬᠤ ᠶᠢ ᠨᠡᠮᠡᠭᠲᠡᠬᠦᠯᠵᠦ᠂ ᠨᠡᠶᠢᠭᠡᠮ ᠤᠨ ᠬᠦᠴᠦᠨ ᠢ ᠬᠦᠢᠴᠡᠳ ᠲᠠᠶᠢᠴᠢᠯᠠᠨ᠂ ᠪᠡᠶ᠎ᠡ ᠶᠢᠨ ᠲᠠᠮᠢᠷ ᠤᠨ ᠠᠵᠦ ᠦᠢᠯᠡᠰ ᠢ ᠢᠲᠡᠪᠬᠢᠲᠡᠢ ᠬᠦᠭᠵᠢᠬᠦᠯᠵᠦ᠂ ᠪᠡᠶ᠎ᠡ ᠶᠢᠨ ᠲᠠᠮᠢᠷ ᠤᠨ ᠯᠣᠲᠲ᠋ᠧᠧᠷᠢ ᠢ ᠲᠠᠷᠬᠠᠭᠠᠵᠦ ᠪᠣᠷᠣᠯᠠᠭᠤᠯᠬᠤ ᠪᠠ ᠬᠡᠷᠡᠭᠯᠡᠭᠡᠨ ᠤ ᠬᠠᠮᠢᠶᠠᠷᠣᠯᠲᠠ ᠶᠢ ᠰᠠᠶᠢᠲᠣᠷ ᠬᠢᠨ᠎ᠡ︔ ᠬᠡᠯᠪᠡᠷᠢᠬᠦᠢ ᠡᠳ᠋ ᠬᠦᠷᠦᠩᠭᠡ ᠶᠢ ᠰᠣᠲᠣᠯᠣᠨ ᠨᠡᠭᠡᠭᠡᠬᠦ ᠪᠠ ᠰᠢᠨ᠎ᠡ ᠬᠦᠲᠡᠯᠭᠡᠭᠡᠨ ᠤ ᠲᠦᠷᠦᠯ ᠵᠦᠢᠯ ᠢ ᠨᠡᠭᠡᠭᠡᠬᠦ ᠶᠢ ᠬᠦᠨᠳᠦᠳᠭᠡᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃      ᠭᠤᠷᠪᠠ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢ ᠶᠡᠬᠡᠪᠡᠷ ᠲᠦᠯᠬᠢᠨ ᠠᠬᠢᠭᠤᠯᠵᠦ᠂ ᠣᠯᠠᠨ ᠡᠰᠢᠲᠦ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠣᠬᠲᠠᠯᠴᠠᠭ᠎ᠠ ᠶᠢ ᠪᠦᠷᠢᠯᠲᠦᠬᠦᠯᠦᠨ᠎ᠡ      ︵ᠨᠠᠢᠮᠠ︶ ︽ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠯᠦᠪᠯᠡᠭᠡ ᠶᠢᠨ ᠬᠦᠲᠦᠯᠪᠦᠷᠢ︾ ᠶᠢ ᠦᠷᠬᠦᠯᠵᠢᠯᠡᠨ ᠬᠡᠷᠡᠭᠵᠢᠬᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠦᠷᠨᠢᠬᠦᠯᠵᠦ᠂ ᠠᠷᠠᠳ ᠢᠷᠭᠡᠳ ᠤᠨ ᠪᠡᠶ᠎ᠡ ᠮᠠᠬᠠᠪᠣᠳ ᠢ ᠰᠠᠶᠢᠵᠢᠷᠠᠭᠤᠯᠬᠤ ᠪᠣᠯ ᠪᠡᠶ᠎ᠡ ᠶᠢᠨ ᠲᠠᠮᠢᠷ ᠤᠨ ᠠᠵᠢᠯ ᠤᠨ ᠦᠨᠳᠦᠰᠦᠨ ᠡᠬᠦᠷᠭᠡ ᠪᠣᠯᠬᠤ ᠪᠦᠭᠡᠳ ᠣᠯᠣᠰ ᠲᠤ ᠠᠰᠢᠬᠲᠠᠢ ᠠᠷᠠᠳ ᠲᠤ ᠲᠣᠰᠠᠲᠠᠢ ᠠᠤᠭ᠎ᠠ ᠦᠢᠯᠡᠰ ᠪᠣᠯᠬᠤ ᠶᠣᠮ᠃ ᠪᠡᠶ᠎ᠡ ᠶᠢᠨ ᠲᠠᠮᠢᠷ ᠤᠨ ᠠᠵᠢᠯ ᠳᠤ ᠡᠷᠭᠡᠪᠰᠢ ᠪᠦᠬᠦ ᠦᠨᠳᠦᠰᠦᠲᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠲᠡᠭᠡᠭᠰᠢᠯᠡᠬᠦᠯᠬᠦ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃      ︵ᠶᠢᠰᠦ︶ ᠣᠯᠠᠨ ᠲᠦᠮᠡᠨᠴᠢ ᠴᠢᠨᠠᠷᠲᠠᠢ ᠣᠯᠠᠨ ᠡᠰᠢᠲᠦ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠣᠬᠲᠠᠯᠴᠠᠭ᠎ᠠ ᠶᠢ ᠴᠢᠷᠮᠠᠶᠢᠨ ᠪᠠᠶᠢᠭᠤᠯᠣᠨ᠎ᠠ᠃ ᠣᠯᠣᠰ ᠠᠷᠠᠳ ᠤᠨ ᠠᠵᠦ ᠠᠬᠤᠢ ᠶᠢᠨ ᠬᠦᠭᠵᠢᠯᠲᠡ ᠪᠣᠯᠣᠨ ᠠᠷᠠᠳ ᠲᠦᠮᠡᠨ ᠤ ᠪᠣᠲᠠᠰ ᠤᠨ ᠰᠣᠶᠣᠯ ᠤᠨ ᠠᠮᠢᠲᠣᠷᠠᠯ ᠤᠨ ᠲᠦᠪᠰᠢᠨ ᠲᠡᠭᠡᠭᠰᠢᠯᠡᠬᠦ ᠶᠢ ᠲᠠᠭᠠᠯᠲᠣᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠨᠦᠬᠦᠴᠡᠯ ᠢ ᠢᠲᠡᠭ ᠢᠲᠡᠭ ᠢᠶᠠᠷ ᠰᠠᠶᠢᠵᠢᠷᠠᠭᠤᠯᠵᠦ᠂ ᠦᠷᠭᠡᠨ ᠣᠯᠠᠨ ᠠᠷᠠᠳ ᠲᠦᠮᠡᠨ ᠤ ᠬᠡᠷᠡᠭᠰᠡᠬᠦ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠ ᠪᠡᠶ᠎ᠡ ᠶᠢᠨ ᠲᠠᠮᠢᠷ ᠤᠨ ᠦᠢᠯᠡᠴᠢᠯᠡᠭᠡ   ᠶᠢ ᠬᠠᠩᠭᠠᠨ᠎ᠠ︔ ᠠᠲᠠᠯᠢ ᠪᠣᠰᠣ ᠣᠷᠣᠨ ᠪᠦᠰᠡ᠂ ᠠᠲᠠᠯᠢ ᠪᠣᠰᠣ ᠣᠯᠠᠨ ᠲᠦᠮᠡᠨ ᠪᠠ  ᠠᠲᠠᠯᠢ ᠪᠤᠰᠤ ᠬᠡᠷᠡᠭᠴᠡᠭᠡ ᠱᠠᠭᠠᠷᠲᠠᠯᠭ᠎ᠠ ᠶᠢ ᠦᠨᠳᠦᠰᠦᠯᠡᠵᠦ᠂ ᠪᠡᠶ᠎ᠡ ᠶᠢᠨ ᠲᠠᠮᠢᠷ ᠤᠨ ᠦᠢᠯᠡᠴᠢᠯᠡᠭᠡ ᠶᠢᠨ ᠣᠯᠠᠨ ᠡᠰᠢᠴᠢᠯᠡᠯᠲᠡ ᠶᠢ ᠪᠠᠷᠢᠮᠲᠠᠯᠠᠨ ᠣᠯᠠᠨ ᠲᠠᠯ᠎ᠠ ᠶᠢᠨ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠬᠵᠢᠭᠤᠯᠬᠤ ᠱᠠᠭᠠᠷᠲᠠᠯᠭ ᠎ᠠ ᠳᠤ ᠵᠣᠬᠢᠴᠠᠭᠤᠯᠣᠨ᠂ ᠦᠷᠭᠡᠨ ᠣᠯᠠᠨ ᠲᠦᠮᠡᠨ ᠤ ᠦᠨᠳᠦᠰᠦᠨ ᠪᠡᠶ᠎ᠡ ᠶᠢᠨ ᠲᠠᠮᠢᠷ ᠤᠨ ᠦᠢᠯᠡᠴᠢᠯᠡᠭᠡ ᠬᠦᠷᠲᠡᠬᠦ ᠶᠢ ᠪᠠᠲᠣᠯᠠᠨ᠎ᠠ︔ ᠣᠷᠣᠨ ᠪᠦᠰᠡ ᠶᠢᠨ ᠪᠡᠶ᠎ᠡ ᠶᠢᠨ ᠲᠠᠮᠢᠷ᠂ ᠬᠤᠲᠠ ᠬᠦᠲᠡᠭᠡ ᠶᠢᠨ ᠪᠡᠶ᠎ᠡ ᠶᠢᠨ ᠲᠠᠮᠢᠷ ᠤᠨ ᠬᠠᠮᠲᠣᠪᠡᠷ ᠬᠦᠭᠵᠢᠬᠦ ᠶᠢ ᠴᠢᠬᠤᠯᠠᠴᠢᠯᠠᠨ᠂ ᠲᠣᠮᠲᠠ ᠪᠠᠷᠠᠭᠤᠨ ᠬᠡᠰᠡᠭ ᠤᠨ ᠭᠠᠵᠠᠷ ᠣᠷᠣᠨ ᠬᠢᠭᠡᠳ ᠬᠦᠲᠡᠭᠡ ᠲᠣᠰᠬᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ ᠶᠢ ᠲᠡᠮᠵᠢᠬᠦ ᠬᠦᠴᠦᠯᠡᠴᠡ ᠪᠠᠨ ᠴᠢᠩᠭᠠᠷᠠᠭᠤᠯᠣᠨ᠎ᠠ᠃     ︵ᠠᠷᠪᠠ︶ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠦᠢᠯᠡᠴᠢᠯᠡᠭᠡ ᠶᠢᠨ ᠲᠣᠬᠲᠠᠯᠴᠠᠭ᠎ᠠ ᠶᠢ ᠪᠠᠶᠢᠭᠤᠯᠵᠦ᠂ ᠭᠤᠷᠪᠠᠨ ᠭᠤᠬᠴᠤᠭ᠎ᠠ ᠶᠢ ᠴᠢᠬᠤᠯᠠᠴᠢᠯᠠᠨ ᠠᠳᠬᠤᠨ᠎ᠠ︔ ᠨᠢᠭᠡ ᠳᠤ᠂ ᠣᠯᠠᠨ ᠲᠦᠮᠡᠨ ᠤ ᠪᠡᠶ᠎ᠡ ᠴᠢᠬᠢᠷᠠᠬᠵᠢᠭᠤᠯᠬᠤ ᠲᠠᠯᠠᠪᠣᠷ ᠢ ᠰᠠᠶᠢᠲᠣᠷ ᠪᠠᠶᠢᠭᠤᠯᠵᠦ᠂ ᠣᠯᠠᠨ ᠲᠦᠮᠡᠨ ᠤ  ᠭᠡᠷ ᠠᠴᠠ   ᠪᠠᠨ ᠬᠤᠯᠠ ᠶᠠᠪᠣᠬᠤ ᠦᠭᠡᠢ ᠪᠠᠷ ᠪᠡᠶ᠎ᠡ ᠶᠢᠨ ᠲᠠᠮᠢᠷ ᠤᠨ  ᠬᠦᠲᠡᠯᠭᠡᠭᠡᠨ ᠳᠤ ᠣᠷᠣᠯᠴᠠᠬᠤ ᠳᠤ ᠲᠦᠬᠦᠮ ᠦᠵᠡᠬᠦᠯᠦᠨ᠎ᠡ︔ ᠬᠤᠶᠠᠷ ᠲᠤ᠂ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠵᠣᠬᠢᠶᠠᠨ ᠪᠠᠶᠢᠭᠤᠯᠣᠯᠲᠠ ᠶᠢ ᠪᠦᠷᠢᠨᠰᠢᠬᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠵᠢᠯᠣᠭᠤᠳᠬᠤ ᠠᠵᠢᠯ ᠤᠨ ᠡᠩᠨᠡᠭᠡ ᠪᠠ ᠨᠡᠶᠢᠭᠡᠮᠴᠢᠯᠡᠭᠰᠡᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠰᠦᠯᠵᠢᠶ᠎ᠠ ᠪᠠᠶᠢᠭᠤᠯᠵᠦ᠂ ᠣᠯᠣᠰ ᠠᠷᠠᠳ ᠤᠨ ᠪᠠᠶ᠎ᠠ ᠮᠠᠬᠠᠪᠣᠳ ᠤᠨ ᠴᠢᠨᠰᠠᠭ᠎ᠠ ᠶᠢ ᠬᠢᠨᠠᠨ ᠬᠡᠮᠵᠢᠬᠦ ᠰᠢᠰᠲ᠋ᠧᠮ ᠢ ᠲᠡᠬᠦᠯᠲᠡᠷᠵᠢᠬᠦᠯᠦᠨ᠎ᠡ︔ ᠭᠤᠷᠪᠠ ᠳᠤ᠂ ᠪᠠᠶᠢᠩᠭᠤ ᠶᠢᠨ ᠴᠢᠨᠠᠷᠲᠠᠢ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠬᠦᠲᠡᠯᠭᠡᠭᠡᠨ ᠡᠷᠬᠢᠯᠡᠵᠦ᠂ ᠣᠯᠠᠨ ᠲᠦᠮᠡᠨ ᠤ ᠰᠣᠶᠣᠯ ᠤᠨ ᠠᠮᠢᠲᠣᠷᠠᠯ ᠢ ᠪᠠᠶᠠᠯᠢᠬᠵᠢᠭᠤᠯᠣᠨ᠎ᠠ ᠃ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠨᠢ ᠠᠷᠠᠳ ᠲᠦᠮᠡᠨ ᠳᠤ ᠣᠶᠢᠷᠠᠲᠣᠨ᠂ ᠠᠷᠠᠳ ᠲᠦᠮᠡᠨ ᠳᠤ ᠲᠦᠬᠦᠮ ᠦᠵᠡᠬᠦᠯᠦᠨ᠂ ᠠᠷᠠᠳ ᠲᠦᠮᠡᠨ ᠳᠤ ᠠᠰᠢᠬ ᠬᠦᠷᠲᠡᠭᠡᠬᠦ ᠶᠢ ᠴᠢᠷᠮᠠᠶᠢᠨ ᠪᠡᠶᠡᠯᠡᠬᠦᠯᠦᠨ᠎ᠡ᠃     ︵ᠠᠷᠪᠠᠨ ᠨᠢᠭᠡ︶ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠣᠬᠲᠠᠯᠴᠠᠭ᠎ᠠ ᠶᠢ ᠪᠠᠶᠢᠭᠤᠯᠬᠤ ᠳᠤ ᠲᠦᠷᠪᠡᠨ ᠲᠠᠯ᠎ᠠ ᠶᠢᠨ ᠭᠤᠣᠯᠲᠠᠯᠭ᠎ᠠ ᠶᠢ ᠠᠳᠬᠤᠬᠤ ᠬᠡᠷᠡᠭᠲᠡᠢ᠄ ᠵᠠᠯᠠᠭᠤᠴᠣᠳ ᠪᠠᠭᠠᠴᠣᠳ ᠤᠨ ᠪᠡᠶ᠎ᠡ ᠶᠢᠨ ᠲᠠᠮᠢᠷ ᠰᠣᠷᠭᠠᠭᠤᠯᠢ ᠪᠠᠷ ᠭᠤᠣᠯᠲᠠᠯᠭ᠎ᠠ ᠪᠣᠯᠭᠠᠵᠦ᠂ ᠬᠦᠲᠡᠭᠡ ᠲᠣᠰᠬᠤᠨ ᠤ ᠪᠡᠶ᠎ᠡ ᠶᠢᠨ ᠲᠠᠮᠢᠷ ᠰᠢᠶᠠᠩ ᠪᠠᠯᠭᠠᠰᠣ ᠪᠠᠷ ᠭᠤᠣᠯᠲᠠᠭᠤᠯᠵᠦ᠂ ᠬᠤᠲᠠ ᠶᠢᠨ ᠪᠡᠶ᠎ᠡ ᠶᠢᠨ ᠲᠠᠮᠢᠷ ᠨᠡᠶᠢᠭᠡᠮ ᠲᠣᠭᠤᠷᠢᠬ ᠢᠶᠠᠷ ᠭᠤᠣᠯᠲᠠᠯᠭ᠎ᠠ ᠪᠣᠯᠭᠠᠵᠦ ᠂ ᠴᠡᠷᠢᠭ ᠠᠩᠬᠢ ᠶᠢᠨ ᠪᠡᠶ᠎ᠡ ᠶᠢᠨ ᠲᠠᠮᠢᠷ ᠰᠣᠮᠣ ᠪᠠᠷ ᠭᠤᠣᠯᠲᠠᠯᠭ᠎ᠠ ᠪᠣᠯᠭᠠᠨ᠎ᠠ᠃ ᠡᠯ᠎ᠠ ᠭᠠᠵᠠᠷ ᠣᠷᠣᠨ᠂ ᠡᠯ᠎ᠠ ᠬᠤᠯᠪᠣᠬᠲᠠᠯ ᠪᠦᠬᠦᠢ ᠰᠠᠯᠠᠭ᠎ᠠ ᠮᠦᠴᠢᠷ ᠦᠪᠡᠷ ᠦᠪᠡᠷ ᠤᠨ ᠡᠬᠦᠷᠭᠡ ᠲᠣᠰᠢᠶᠠᠯ ᠢᠶᠠᠨ ᠬᠦᠢᠴᠡᠳᠭᠡᠨ ᠦᠨᠡᠨᠬᠦ ᠪᠣᠲᠠᠲᠠᠢ ᠠᠷᠭ᠎ᠠ ᠬᠡᠮᠵᠢᠶ᠎ᠠ ᠠᠪᠴᠦ᠂ ᠰᠣᠷᠭᠠᠭᠤᠯᠢ᠂ ᠨᠡᠶᠢᠭᠡᠮ ᠲᠣᠭᠤᠷᠢᠬ᠂ ᠰᠢᠶᠠᠩ ᠪᠠᠯᠭᠠᠰᠣ ᠪᠠ ᠰᠣᠮᠣ ᠶᠢᠨ ᠲᠦᠪᠯᠡᠷᠡᠩᠬᠦᠢ ᠦᠢᠯᠡᠲᠦᠯ᠂ ᠨᠦᠯᠦᠭᠡᠯᠡᠬᠦ ᠴᠢᠲᠠᠪᠬᠢ ᠪᠣᠯᠣᠨ ᠲᠠᠶᠢᠴᠢᠯᠠᠨ ᠲᠠᠭᠠᠭᠤᠯᠬᠤ ᠦᠢᠯᠡᠲᠦᠯ ᠢ ᠬᠦᠢᠴᠡᠳ ᠪᠠᠲᠠᠷᠠᠭᠤᠯᠣᠨ᠂ ᠪᠡᠶ᠎ᠡ ᠶᠢᠨ ᠲᠠᠮᠢᠷ ᠪᠣᠯᠪᠠᠰᠣᠷᠠᠬᠤ ᠲᠠᠲᠠᠬᠤ ᠬᠦᠴᠦᠨ ᠪᠠ ᠨᠢᠬᠲᠠᠷᠠᠭᠤᠯᠬᠤ ᠬᠦᠴᠦᠨ ᠢ ᠴᠢᠩᠭᠠᠳᠬᠠᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠢ ᠨᠡᠶᠢᠲᠡᠮ ᠦᠷᠨᠢᠬᠦᠯᠬᠦ ᠶᠢ ᠠᠬᠢᠭᠤᠯᠣᠨ᠎ᠠ᠃ ᠡᠯ᠎ᠠ ᠲᠦᠷᠦᠯ ᠤᠨ ᠰᠣᠷᠭᠠᠭᠤᠯᠢ ᠨᠤᠭᠤᠳ ᠰᠣᠷᠣᠬᠴᠢᠳ ᠤᠨ ᠶᠣᠰᠣ ᠮᠣᠷᠠᠯ᠂ ᠣᠶᠣᠨ ᠣᠬᠠᠭᠠᠨ ᠂ ᠪᠡᠶ᠎ᠡ ᠮᠠᠬᠠᠪᠣᠳ᠂ ᠭᠤᠸ᠎ᠠ ᠰᠠᠶᠢᠬᠠᠨ ᠤ ᠪᠦᠬᠦ ᠲᠠᠯ᠎ᠠ ᠶᠢᠨ ᠬᠦᠭᠵᠢᠯᠲᠡ ᠶᠢ  ᠬᠦᠮᠦᠵᠢᠬᠦᠯᠵᠦ᠂ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠰᠣᠷᠣᠬᠴᠢᠳ ᠤᠨ ᠪᠡᠶ᠎ᠡ ᠶᠢᠨ ᠲᠠᠮᠢᠷ ᠤᠨ ᠬᠢᠴᠢᠶᠡᠯ ᠪᠠ ᠬᠢᠴᠢᠶᠡᠯ ᠤᠨ ᠵᠠᠪᠰᠠᠷᠯᠠᠭ᠎ᠠ ᠶᠢᠨ ᠬᠦᠲᠡᠯᠭᠡᠭᠡᠨ ᠤ ᠴᠠᠬ ᠢ ᠪᠠᠲᠣᠯᠠᠵᠦ᠂ ᠡᠷᠡᠬᠦᠯ ᠴᠢᠬᠢᠷᠠᠬ ᠪᠡᠶ᠎ᠡ ᠮᠠᠬᠠᠪᠣᠳ ᠢ  ᠵᠠᠯᠠᠭᠤᠴᠤᠳ ᠪᠠᠭᠠᠴᠣᠳ ᠤᠨ ᠢᠷᠡᠭᠡᠲᠦᠢ ᠳᠤ ᠡᠬᠡ ᠣᠯᠣᠰ ᠪᠣᠯᠣᠨ ᠠᠷᠠᠳ ᠲᠦᠮᠡᠨ ᠳᠡᠭᠡᠨ ᠬᠦᠴᠦ ᠪᠠᠨ ᠡᠷᠬᠦᠬᠦ ᠦᠨᠳᠦᠰᠦᠨ ᠨᠦᠬᠦᠴᠡᠯ ᠪᠣᠯᠭᠠᠨ᠎ᠠ᠃ ᠡᠯ᠎ᠠ ᠠᠵᠢᠯ ᠲᠦᠷᠦᠯ᠂ ᠠᠯᠪᠠᠨ ᠪᠠᠶᠢᠭᠤᠯᠣᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠰᠢᠶᠠᠩ ᠪᠠᠯᠭᠠᠰᠣ᠂ ᠨᠡᠶᠢᠭᠡᠮ ᠲᠣᠭᠤᠷᠢᠬ ᠨᠤᠭᠤᠳ ᠣᠯᠠᠨ ᠲᠦᠮᠡᠨ ᠢ ᠵᠣᠬᠢᠶᠠᠨ ᠪᠠᠶᠢᠭᠤᠯᠣᠨ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠬᠦ ᠶᠢ ᠠᠵᠢᠯ ᠤᠨ ᠬᠦᠷᠢᠶ᠎ᠡ ᠬᠡᠪᠴᠢᠶᠠᠨ ᠳᠡᠭᠡᠨ ᠣᠷᠣᠭᠤᠯᠵᠦ᠂ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠲᠠᠪᠬᠢ ᠶᠢ ᠬᠦᠢᠴᠡᠳ ᠠᠰᠢᠬᠯᠠᠨ᠂ ᠵᠣᠬᠢᠶᠠᠨ ᠪᠠᠶᠢᠭᠤᠯᠬᠤ ᠲᠣᠣᠷ᠂ ᠬᠦᠲᠡᠯᠭᠡᠭᠡᠨ ᠤ ᠠᠭᠤᠯᠭ᠎ᠠ ᠪᠣᠯᠣᠨ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠲᠠᠯ᠎ᠠ ᠪᠠᠷ ᠴᠠᠬ ᠦᠶ᠎ᠡ ᠶᠢᠨ ᠱᠠᠭᠠᠷᠲᠠᠯᠭ᠎ᠠ ᠳᠤ ᠵᠣᠬᠢᠴᠠᠬᠤ ᠦᠨᠳᠦᠰᠦᠨ ᠱᠠᠲᠣᠨ ᠤ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠵᠠᠬᠪᠣᠷ ᠢ ᠢᠲᠡᠪᠬᠢᠲᠡᠢ ᠬᠠᠶᠢᠨ ᠰᠦᠪᠡᠭᠴᠢᠯᠡᠬᠦ ᠬᠡᠷᠡᠭᠲᠡᠢ᠃      ︵ᠠᠷᠪᠠᠨ ᠬᠤᠶᠠᠷ︶ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠣᠬᠲᠠᠯᠴᠠᠭ᠎ᠠ ᠶᠢ ᠪᠠᠶᠢᠭᠤᠯᠬᠤ ᠳᠤ ᠵᠠᠰᠠᠬ ᠤᠨ ᠣᠷᠲᠣᠨ ᠠᠴᠠ ᠲᠡᠮᠵᠢᠬᠦ ᠪᠠ ᠨᠡᠶᠢᠭᠡᠮ ᠤᠨ ᠬᠦᠴᠦᠨ ᠢᠶᠠᠷ ᠪᠠᠶᠢᠭᠤᠯᠬᠤ ᠶᠢ ᠬᠠᠷᠢᠯᠴᠠᠨ ᠣᠶᠠᠯᠲᠣᠭᠤᠯᠬᠤ ᠶᠢ ᠪᠠᠷᠢᠮᠲᠠᠯᠠᠬᠤ ᠬᠡᠷᠡᠭᠲᠡᠢ᠃ ᠵᠠᠰᠠᠬ ᠤᠨ ᠣᠷᠲᠣᠨ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠭᠤᠣᠯᠲᠠᠯᠭ᠎ᠠ ᠲᠠᠢ ᠲᠡᠮᠵᠢᠵᠦ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠪᠠ ᠪᠡᠶ᠎ᠡ ᠶᠢᠨ ᠲᠠᠮᠢᠷ ᠤᠨ ᠬᠦᠲᠡᠯᠭᠡᠭᠡᠨ ᠢ ᠨᠡᠶᠢᠭᠡᠮ ᠤᠨ ᠬᠦᠴᠦᠨ ᠢᠶᠠᠷ ᠪᠠᠶᠢᠭᠤᠯᠬᠤ ᠪᠠᠷ ᠭᠤᠣᠯᠲᠠᠯᠭ᠎ᠠ ᠪᠣᠯᠭᠠᠵᠦ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠬᠤᠪᠢ ᠬᠦᠮᠦᠨ ᠤ ᠣᠯᠠᠨ ᠨᠡᠶᠢᠲᠡ ᠳᠤ ᠬᠠᠨᠲᠣᠭᠤᠯᠣᠬᠰᠠᠨ ᠪᠡᠶ᠎ᠡ ᠶᠢᠨ ᠲᠠᠮᠢᠷ ᠤᠨ ᠦᠢᠯᠡᠴᠢᠯᠡᠭᠡ ᠡᠵᠡᠩᠨᠡᠯᠲᠡ ᠶᠢᠨ ᠪᠣᠲᠠᠲᠣ ᠴᠣᠬᠴᠠ ᠡᠷᠬᠢᠯᠡᠬᠦ ᠶᠢ ᠵᠣᠷᠢᠬᠵᠢᠭᠤᠯᠣᠨ ᠲᠡᠮᠵᠢᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠢᠲᠡᠪᠬᠢᠲᠡᠢ ᠬᠦᠲᠦᠯᠦᠨ ᠵᠢᠯᠣᠭᠤᠳᠴᠦ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠢ ᠪᠣᠶᠢᠵᠢᠭᠤᠯᠣᠨ ᠬᠦᠮᠦᠵᠢᠬᠦᠯᠵᠦ᠂ ᠲᠦᠷᠢᠮᠵᠢᠭᠰᠡᠨ ᠬᠠᠮᠢᠶᠠᠷᠣᠯᠲᠠ ᠪᠠᠨ ᠴᠢᠩᠭᠠᠳᠬᠠᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠳᠤ ᠠᠰᠢᠬᠲᠠᠢ ᠨᠡᠶᠢᠭᠡᠮ ᠤᠨ ᠠᠭᠤᠷ ᠠᠮᠢᠰᠬᠤᠯ ᠢ ᠠᠭᠠᠵᠢᠮ ᠢᠶᠠᠷ  ᠪᠤᠢ ᠪᠤᠯᠭᠠᠨ᠎ᠠ᠃       ᠲᠦᠷᠪᠡ᠂ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠪᠠᠶᠢᠯᠲᠣᠬᠤ ᠪᠣᠲᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ ᠮᠠᠨ ᠤ ᠣᠯᠣᠰ ᠤᠨ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠪᠰᠢᠨ ᠢ ᠲᠡᠭᠡᠭᠰᠢᠯᠡᠬᠦᠯᠦᠨ᠎ᠡ       ︵ᠠᠷᠪᠠᠨ ᠭᠤᠷᠪᠠ︶ 2008 ᠤᠨ ᠤ ᠣᠯᠢᠮᠫᠢᠺ ᠤᠨ ᠲᠠᠮᠢᠷ ᠤᠨ ᠴᠣᠬᠯᠠᠭᠠᠨ ᠢ ᠡᠷᠬᠢᠯᠡᠬᠦ ᠪᠣᠯ ᠨᠢᠭᠡᠨ ᠰᠢᠰᠲ᠋ᠧᠮᠲᠦ ᠢᠨᠵᠧᠨᠧᠷᠢᠩ ᠮᠦᠨ᠃ ᠡᠯ᠎ᠠ ᠬᠤᠯᠪᠣᠬᠲᠠᠯ ᠪᠦᠬᠦᠢ ᠭᠠᠵᠠᠷ  ᠤᠷᠤᠨ᠂ ᠰᠠᠯᠠᠭ᠎ᠠ ᠮᠦᠴᠢᠷ ᠪᠣᠯᠣᠨ ᠡᠲᠡᠭᠡᠳ ᠤᠨ ᠬᠢᠨ ᠨᠢᠬᠲᠠ ᠬᠠᠮᠵᠢᠯᠴᠠᠨ ᠠᠵᠢᠯᠯᠠᠵᠦ᠂ ᠵᠣᠷᠢᠬᠲᠠᠢ ᠪᠠᠷ ᠰᠢᠨ᠎ᠡ ᠶᠢ ᠡᠬᠦᠳᠴᠦ᠂ ᠣᠯᠢᠯᠫᠢᠺ ᠤᠨ ᠲᠠᠮᠢᠷ ᠤᠨ ᠴᠣᠬᠯᠠᠭᠠᠨ ᠢ ᠪᠡᠯᠡᠳᠭᠡᠵᠦ ᠡᠷᠬᠢᠯᠡᠬᠦ ᠶᠢ ᠮᠠᠨ ᠤ ᠣᠯᠣᠰ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠬᠤᠪᠣᠷ ᠨᠠᠨᠲᠢᠨ ᠵᠠᠪᠰᠢᠶᠠᠨ ᠪᠣᠯᠭᠠᠵᠦ᠂  ᠮᠠᠨ ᠤ ᠣᠯᠣᠰ ᠤᠨ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠬᠢᠷᠢ ᠲᠦᠪᠰᠢᠨ ᠪᠠ ᠣᠯᠠᠨ ᠣᠯᠣᠰ ᠤᠨ ᠲᠣᠮᠣ ᠬᠡᠯᠪᠡᠷᠢ ᠶᠢᠨ ᠣᠷᠣᠯᠲᠣᠭᠠᠨ ᠵᠣᠬᠢᠶᠠᠨ ᠪᠠᠶᠢᠭᠤᠯᠬᠤ ᠴᠢᠲᠠᠪᠣᠷᠢ ᠪᠠᠨ ᠲᠡᠭᠡᠭᠰᠢᠯᠡᠬᠦᠯᠬᠦ ᠲᠣᠮᠣ ᠲᠠᠪᠴᠠᠩ ᠪᠣᠯᠭᠠᠵᠦ᠂ ᠣᠯᠠᠨ ᠣᠯᠣᠰ ᠤᠨ ᠪᠡᠶ᠎ᠡ ᠶᠢᠨ ᠲᠠᠮᠢᠷ ᠤᠨ ᠬᠡᠷᠡᠭ ᠶᠠᠪᠣᠲᠠᠯ ᠢ ᠰᠣᠷᠣᠯᠴᠠᠨ᠂ ᠤᠲᠣ ᠦᠶ᠎ᠡ ᠶᠢᠨ ᠪᠡᠶ᠎ᠡ ᠶᠢᠨ ᠲᠠᠮᠢᠷ ᠤᠨ ᠡᠷᠬᠢᠯᠲᠡ ᠶᠢᠨ ᠠᠷᠭ᠎ᠠ ᠬᠡᠯᠪᠡᠷᠢ ᠶᠢ ᠡᠵᠡᠮᠰᠢᠬᠦ ᠰᠣᠷᠭᠠᠭᠤᠯᠢ ᠪᠣᠯᠭᠠᠵᠦ᠂ ᠪᠡᠶ᠎ᠡ ᠶᠢᠨ ᠲᠠᠮᠢᠷ ᠤᠨ ᠡᠩᠨᠡᠭᠡ ᠶᠢᠨ ᠦᠵᠡᠯ ᠰᠠᠨᠠᠭ᠎ᠠ᠂ ᠲᠣᠬᠠᠶᠢᠯᠠᠬᠰᠠᠨ ᠠᠵᠢᠯ ᠤᠨ ᠬᠡᠪ ᠴᠢᠨᠠᠷ ᠢᠶᠠᠨ ᠪᠣᠯᠪᠠᠰᠣᠷᠠᠬᠤ ᠰᠣᠷᠢᠯᠲᠠ ᠪᠣᠯᠭᠠᠵᠦ᠂ ᠣᠯᠠᠨ ᠣᠯᠣᠰ ᠤᠨ ᠪᠡᠶ᠎ᠡ ᠶᠢᠨ ᠲᠠᠮᠢᠷ ᠤᠨ ᠲᠠᠪᠴᠠᠩ ᠳᠠᠬᠢ ᠪᠠᠶᠢᠷᠢ ᠰᠠᠭᠤᠷᠢ ᠪᠣᠯᠣᠨ ᠨᠡᠷ᠎ᠡ ᠨᠦᠯᠦᠭᠡ ᠪᠠᠨ ᠴᠢᠨᠠᠬᠰᠢᠲᠠ ᠲᠡᠭᠡᠭᠰᠢᠯᠡᠬᠦᠯᠦᠨ᠎ᠡ᠃ ᠡᠬᠦᠨ ᠤ ᠬᠠᠮᠲᠣ ᠵᠡᠮᠲᠡᠭ ᠲᠠᠮᠢᠷᠴᠢᠳ ᠢ ᠰᠢᠯᠢᠨ ᠰᠣᠩᠭᠤᠬᠤ᠂ ᠲᠦᠪᠯᠡᠷᠡᠬᠦᠯᠦᠨ ᠪᠣᠯᠪᠠᠰᠣᠷᠠᠭᠤᠯᠬᠤ᠂  ᠪᠦᠯᠬᠦᠮ ᠪᠠᠶᠢᠭᠤᠯᠬᠤ ᠪᠠ ᠣᠷᠣᠯᠲᠣᠭᠠᠨ ᠳᠤ ᠣᠷᠣᠯᠴᠠᠬᠤ ᠵᠡᠷᠭᠡ ᠠᠵᠢᠯ ᠢ ᠴᠢᠬᠤᠯᠠᠴᠢᠯᠠᠨ ᠲᠡᠮᠵᠢᠵᠦ᠂ ᠣᠯᠠᠨ ᠣᠯᠣᠰ ᠤᠨ ᠵᠣᠷᠰᠢᠯ ᠶᠣᠰᠣᠭᠠᠷ᠂ 2008 ᠤᠨ ᠤ ᠵᠡᠮᠲᠡᠭᠴᠦᠳ ᠤᠨ ᠣᠯᠢᠮᠫᠢᠺ ᠤᠨ ᠲᠠᠮᠢᠷ ᠤᠨ ᠴᠣᠬᠯᠠᠭᠠᠨ ᠤ ᠦᠪᠡᠲᠡᠭᠰᠢ ᠠᠮᠵᠢᠯᠲᠠ ᠣᠯᠬᠤ ᠶᠢ ᠪᠠᠲᠣᠯᠠᠬᠤ ᠬᠡᠷᠡᠭᠲᠡᠢ᠃       ︵ᠠᠷᠪᠠᠨ ᠲᠦᠷᠪᠡ︶ ᠰᠢᠨ᠎ᠡ ᠴᠠᠬ ᠬᠤᠭᠤᠴᠠᠭᠠᠨ ᠤ ᠣᠯᠢᠮᠫᠢᠺ ᠲᠤ ᠦᠩᠭᠡ ᠭᠢᠯᠪᠠᠭ᠎ᠠ ᠨᠡᠮᠡᠷᠢᠯᠡᠬᠦ ᠲᠦᠯᠦᠪᠯᠡᠭᠡ ᠲᠣᠬᠲᠠᠭᠠᠨ᠎ᠠ᠃ ᠰᠢᠨ᠎ᠡ ᠵᠠᠭᠤᠨ ᠳᠤ ᠣᠯᠢᠮᠫᠢᠺ ᠤᠨ ᠲᠠᠮᠢᠷ ᠤᠨ ᠴᠣᠬᠯᠠᠭᠠᠨ ᠵᠡᠷᠭᠡ ᠴᠢᠬᠤᠯᠠ ᠶᠡᠭᠡ ᠣᠯᠠᠨ ᠣᠯᠣᠰ ᠤᠨ ᠣᠷᠣᠯᠲᠣᠭᠠᠨ ᠳᠤ ᠰᠢᠯᠢᠲᠡᠭ ᠬᠢᠷᠢ ᠪᠦᠲᠦᠮᠵᠢ ᠡᠬᠦᠳᠬᠦ ᠪᠠᠷ ᠬᠠᠷᠠᠯᠲᠠ ᠪᠣᠯᠭᠠᠵᠦ᠂ ᠨᠡᠶᠢᠭᠡᠮ ᠵᠢᠷᠣᠮᠲᠣ ᠪᠠᠶᠢᠭᠤᠯᠣᠯ ᠤᠨ ᠲᠠᠪᠠᠭᠤᠯᠢᠬ ᠢ ᠴᠢᠨᠠᠬᠰᠢᠲᠠ ᠪᠠᠲᠠᠷᠠᠭᠤᠯᠣᠨ᠂ ᠣᠯᠣᠰ  ᠲᠠᠶᠠᠭᠠᠷ ᠢᠶᠠᠷ ᠢᠶᠠᠨ ᠣᠷᠣᠯᠴᠠᠬᠤ ᠲᠣᠬᠲᠠᠴᠠ ᠶᠢ ᠪᠠᠷᠢᠮᠲᠠᠯᠠᠨ ᠲᠡᠬᠦᠯᠲᠡᠷᠵᠢᠬᠦᠯᠵᠦ᠂ ᠲᠦᠪ ᠪᠣᠯᠣᠨ ᠣᠷᠣᠨ ᠨᠣᠲᠤᠬ ᠤᠨ ᠦᠷᠢᠰᠦᠯᠲᠦᠭᠡᠨ ᠤ ᠪᠡᠶ᠎ᠡ ᠶᠢᠨ ᠲᠠᠮᠢᠷ ᠢ ᠬᠦᠭᠵᠢᠬᠦᠯᠬᠦ ᠬᠠᠷᠢᠭᠤᠴᠠᠯᠭ᠎ᠠ ᠶᠢ ᠲᠣᠲᠣᠷᠬᠠᠶᠢᠯᠠᠵᠦ᠂ ᠲᠦᠪ ᠪᠣᠯᠣᠨ ᠣᠷᠣᠨ ᠨᠣᠲᠤᠬ ᠪᠠ ᠨᠡᠶᠢᠭᠡᠮ ᠤᠨ ᠡᠯ᠎ᠠ ᠡᠲᠡᠭᠡᠳ ᠤᠨ ᠢᠲᠡᠪᠬᠢᠵᠢᠯ ᠢ ᠬᠦᠢᠴᠡᠳ ᠲᠠᠶᠢᠴᠢᠯᠠᠨ᠂ ᠦᠷᠢᠰᠦᠯᠲᠦᠭᠡᠨ ᠤ ᠪᠠᠶᠢᠭᠤᠯᠣᠮᠵᠢ ᠶᠢ ᠬᠦᠢᠴᠡᠳ ᠪᠠᠲᠠᠷᠠᠭᠤᠯᠣᠬᠰᠠᠨ ᠰᠠᠭᠤᠷᠢᠨ ᠲᠡᠭᠡᠷ᠎ᠡ ᠪᠦᠬᠦ ᠣᠯᠣᠰ ᠤᠨ ᠪᠡᠶ᠎ᠡ ᠶᠢᠨ ᠲᠠᠮᠢᠷ ᠤᠨ ᠡᠬᠢ ᠪᠠᠶᠠᠯᠢᠬ ᠢ ᠣᠯᠠᠮ ᠰᠠᠶᠢᠲᠣᠷ ᠨᠡᠶᠢᠳᠭᠡᠬᠦ ᠬᠡᠷᠡᠭᠲᠡᠢ᠃  ᠪᠡᠶ᠎ᠡ ᠶᠢᠨ ᠲᠠᠮᠢᠷ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠲᠣᠯᠭᠠᠨ ᠤ ᠠᠵᠢᠯ ᠢ ᠬᠦᠨᠳᠦᠳᠭᠡᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠪᠣᠯᠪᠠᠰᠣᠷᠠᠯ ᠤᠨ ᠰᠢᠨᠵᠢᠯᠡᠬᠦ ᠣᠬᠠᠭᠠᠨᠴᠢᠯᠠᠬᠰᠠᠨ ᠬᠡᠮᠵᠢᠶ᠎ᠡ ᠪᠣᠯᠣᠨ ᠪᠡᠶ᠎ᠡ ᠶᠢᠨ ᠲᠠᠮᠢᠷ ᠤᠨ ᠰᠢᠢᠳᠪᠦᠷᠢᠲᠦ ᠪᠣᠲᠣᠯᠭ᠎ᠠ ᠶᠢᠨ ᠰᠢᠨᠵᠢᠯᠡᠬᠦ ᠣᠬᠠᠭᠠᠨᠴᠢᠯᠠᠬᠰᠠᠨ ᠬᠢᠷᠢ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠬᠦᠯᠵᠦ᠂ ᠲᠡᠯᠡᠭᠡᠢ ᠶᠢᠨ ᠲᠠᠮᠢᠷ ᠤᠨ ᠲᠠᠪᠴᠠᠩ ᠳᠠᠬᠢ ᠮᠠᠨ ᠤ ᠣᠯᠣᠰ ᠤᠨ ᠦᠷᠢᠰᠦᠯᠲᠦᠭᠡᠨ ᠤ ᠪᠣᠲᠠᠲᠣ ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠦᠷᠢᠰᠦᠯᠲᠦᠭᠡᠨ ᠤ ᠪᠡᠶ᠎ᠠ ᠶᠢᠨ ᠲᠠᠮᠢᠷ ᠤᠨ ᠣᠯᠠᠨ ᠡᠰᠢᠲᠦ ᠴᠢᠲᠠᠪᠬᠢ ᠶᠢ ᠪᠠᠲᠠᠷᠠᠭᠤᠯᠣᠨ᠎ᠠ᠃       ︵ᠠᠷᠪᠠᠨ ᠲᠠᠪᠤ︶ ᠲᠡᠯᠡᠭᠡᠢ ᠶᠢᠨ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠰᠢᠨ᠎ᠡ ᠪᠠᠶᠢᠲᠠᠯ ᠬᠠᠨᠲᠣᠰᠢ ᠶᠢ ᠨᠠᠷᠢᠨ ᠠᠵᠢᠬᠯᠠᠨ ᠮᠦᠷᠲᠡᠵᠦ᠂ ᠮᠠᠨ ᠤ ᠣᠯᠣᠰ ᠤᠨ ᠪᠣᠲᠠᠲᠣ ᠪᠠᠶᠢᠲᠠᠯ ᠲᠠᠢ ᠪᠠᠨ ᠣᠶᠠᠯᠲᠣᠭᠤᠯᠵᠦ᠂ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠪᠠᠶᠢᠯᠲᠣᠬᠤ ᠪᠣᠲᠣᠯᠭ᠎ᠠ ᠶᠢ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠣᠨ᠎ᠠ᠃ ᠣᠣᠯ ᠤᠨ ᠲᠠᠪᠠᠭᠤᠯᠢᠬ ᠲᠦᠷᠦᠯ ᠵᠦᠢᠯ ᠢᠶᠠᠨ ᠪᠠᠬᠢᠵᠢᠬᠦᠯᠵᠦ᠂ ᠰᠢᠨ᠎ᠡ ᠲᠠᠪᠠᠭᠤᠯᠢᠬ ᠲᠦᠷᠦᠯ ᠵᠦᠢᠯ ᠢ ᠦᠷᠭᠡᠳᠭᠡᠨ᠂ ᠬᠦᠨᠲᠦ ᠬᠦᠩᠭᠡᠨ ᠪᠡᠶ᠎ᠡ ᠶᠢᠨ ᠲᠠᠮᠢᠷ᠂ ᠣᠰᠣᠨ ᠳᠤ ᠣᠮᠪᠠᠭ᠋ᠣ ᠵᠡᠷᠭᠡ ᠲᠦᠷᠦᠯ ᠵᠦᠢᠯ ᠳᠤ ᠮᠡᠲᠡᠭᠲᠡᠮ᠎ᠡ ᠰᠢᠪᠲᠣᠯᠣᠯᠲᠠ ᠲᠠᠢ ᠪᠣᠯᠬᠤ ᠪᠠᠷ ᠴᠢᠷᠮᠠᠶᠢᠨ ᠲᠡᠮᠡᠴᠡᠵᠦ᠂ ᠪᠦᠮᠪᠦᠭᠡ ᠶᠢᠨ ᠲᠦᠷᠦᠯ ᠵᠡᠷᠭᠡ ᠬᠠᠮᠲᠣ  ᠤᠯᠠᠨ ᠤ ᠲᠦᠷᠦᠯ ᠵᠦᠢᠯ ᠤᠨ ᠦᠷᠢᠰᠦᠯᠲᠦᠭᠡᠨ ᠤ ᠲᠦᠪᠰᠢᠨ ᠢᠶᠠᠨ ᠲᠠᠰᠣᠷᠠᠯᠲᠠ ᠦᠭᠡᠢ ᠲᠡᠭᠡᠭᠰᠢᠯᠡᠬᠦᠯᠦᠨ᠎ᠡ᠃ ᠪᠣᠲᠠᠲᠠᠢ ᠠᠴᠠ ᠡᠬᠦᠰᠬᠦ ᠶᠢ ᠪᠠᠷᠢᠮᠲᠠᠯᠠᠨ᠂ ᠲᠦᠷᠦᠯ ᠵᠦᠢᠯ ᠤᠨ ᠪᠦᠲᠦᠴᠡ ᠪᠠᠨ ᠲᠣᠬᠢᠷᠠᠭᠤᠯᠣᠨ᠂ ᠲᠦᠷᠦᠯ ᠵᠦᠢᠯ ᠤᠨ ᠪᠠᠶᠢᠷᠢᠰᠢᠯ ᠢ ᠲᠡᠬᠦᠯᠲᠡᠷᠵᠢᠬᠦᠯᠦᠨ᠂ ᠠᠮᠵᠢᠯᠲᠠ ᠪᠦᠲᠦᠮᠵᠢ ᠶᠢᠨ ᠨᠣᠷᠮ᠎ᠠ ᠪᠠᠨ ᠴᠢᠷᠮᠠᠶᠢᠨ ᠲᠡᠭᠡᠭᠰᠢᠯᠡᠬᠦᠯᠦᠨ᠎ᠡ᠃       ︵ᠠᠷᠪᠠᠨ ᠵᠢᠷᠭᠤᠭ᠎ᠠ︶ ᠪᠦᠬᠦ ᠣᠯᠣᠰ ᠤᠨ ᠪᠡᠶ᠎ᠡ ᠶᠢᠨ ᠲᠠᠮᠢᠷ ᠤᠨ ᠴᠣᠬᠯᠠᠭᠠᠨ ᠪᠠ ᠣᠯᠣᠰ ᠤᠨ ᠲᠣᠲᠣᠭᠠᠲᠣ ᠶᠢᠨ ᠪᠣᠰᠣᠳ ᠣᠷᠣᠯᠲᠣᠭᠠᠨ ᠢ ᠰᠠᠶᠢᠲᠣᠷ ᠡᠷᠬᠢᠯᠡᠨ᠎ᠡ᠃ ᠪᠦᠬᠦ ᠣᠯᠣᠰ ᠤᠨ ᠪᠡᠶ᠎ᠡ ᠶᠢᠨ ᠲᠠᠮᠢᠷ ᠤᠨ ᠴᠣᠬᠯᠠᠭᠠᠨ ᠪᠣᠯ ᠮᠠᠨ ᠤ ᠣᠯᠣᠰ ᠤᠨ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠬᠦᠭᠵᠢᠯᠲᠡ ᠶᠢ ᠲᠦᠷᠭᠡᠳᠭᠡᠬᠦ ᠴᠢᠬᠤᠯᠠ ᠭᠤᠬᠴᠤᠭ᠎ᠠ ᠮᠦᠨ᠂ ᠣᠯᠣᠰ ᠤᠨ ᠲᠣᠲᠣᠭᠠᠲᠣ ᠶᠢᠨ ᠡᠯ᠎ᠠ ᠲᠦᠷᠦᠯ ᠤᠨ ᠣᠷᠣᠯᠲᠣᠭᠠᠨ ᠢ ᠪᠦᠬᠦ ᠲᠠᠯ᠎ᠠ ᠪᠠᠷ ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠣᠨ᠂ ᠣᠷᠣᠯᠲᠣᠭᠠᠨ ᠤ ᠲᠦᠷᠢᠮ ᠲᠣᠬᠲᠠᠭᠠᠯ ᠢ ᠦᠭᠡᠷᠡᠴᠢᠯᠡᠨ ᠲᠡᠬᠦᠯᠲᠡᠷᠵᠢᠬᠦᠯᠵᠦ᠂ ᠣᠷᠣᠯᠲᠣᠭᠠᠨ ᠤ ᠴᠢᠲᠠᠪᠬᠢ ᠪᠣᠯᠣᠨ ᠦᠢᠯᠡᠲᠦᠯ ᠢ ᠬᠦᠢᠴᠡᠳ ᠪᠠᠲᠠᠷᠠᠭᠤᠯᠵᠦ ︽ᠣᠯᠢᠮᠫᠢᠺ ᠤᠨ ᠪᠠᠶᠢᠯᠲᠣᠬᠤ ᠪᠣᠲᠣᠯᠭ᠎ᠠ︾ ᠶᠢᠨ ᠬᠠᠷᠠᠯᠲᠠ ᠶᠢ ᠪᠡᠶᠡᠯᠡᠬᠦᠯᠬᠦ ᠳᠤ ᠦᠢᠯᠡᠴᠢᠯᠡᠨ᠎ᠡ᠃ ᠣᠷᠣᠯᠲᠣᠭᠠᠨ ᠡᠷᠬᠢᠯᠡᠨ ᠶᠠᠪᠣᠬᠲᠠᠭᠤᠯᠬᠤ ᠳᠠᠭᠠᠨ ᠲᠣᠮᠲᠠᠲᠣ ᠶᠢᠨ ᠪᠡᠶ᠎ᠡ ᠶᠢᠨ ᠲᠠᠮᠢᠷ ᠤᠨ ᠵᠣᠷᠢᠬ ᠰᠠᠨᠠᠭ᠎ᠠ ᠶᠢ ᠪᠠᠲᠠᠷᠠᠭᠤᠯᠬᠤ  ᠪᠦᠭᠡᠳ  ᠡᠨᠡ   ᠨᠢ ᠦᠷ᠎ᠡ ᠪᠦᠲᠦᠮᠵᠢ ᠡᠬᠦᠳᠬᠦ᠂ ᠴᠢᠲᠠᠪᠣᠷᠢᠲᠠᠨ ᠬᠦᠮᠦᠵᠢᠬᠦᠯᠬᠦ ᠪᠠ ᠨᠡᠶᠢᠭᠡᠮ ᠤᠨ ᠲᠣᠬᠲᠠᠭᠤᠨ ᠪᠠ ᠦᠨᠳᠦᠰᠦᠲᠡᠨ ᠤ ᠪᠦᠯᠬᠦᠮᠲᠡᠯ ᠢ ᠠᠬᠢᠭᠤᠯᠬᠤ ᠳᠤ ᠠᠰᠢᠬᠲᠠᠢ᠃       ︵ᠠᠷᠪᠠᠨ ᠲᠣᠯᠤᠭ᠎ᠠ︶ ᠦᠨᠳᠦᠷ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠮᠡᠷᠭᠡᠵᠢᠯ ᠤᠨ ᠲᠦᠪᠰᠢᠨ ᠢ ᠲᠡᠭᠡᠭᠰᠢᠯᠡᠬᠦᠯᠬᠦ ᠪᠠ ᠬᠦᠰᠡᠯᠡᠩ ᠲᠠᠢ᠂ ᠶᠣᠰᠣ ᠮᠣᠷᠠᠯ ᠲᠠᠢ᠂ ᠰᠣᠶᠣᠯ ᠲᠠᠢ᠂ ᠰᠠᠬᠢᠯᠭ᠎ᠠ ᠪᠠᠲᠣ ᠲᠠᠢ ᠰᠢᠨ᠎ᠡ ᠦᠶ᠎ᠡ ᠶᠢᠨ ᠪᠡᠶ᠎ᠡ ᠶᠢᠨ ᠲᠠᠮᠢᠷ ᠤᠨ ᠡᠩᠨᠡᠭᠡ ᠶᠢ ᠬᠦᠮᠦᠵᠢᠬᠦᠯᠬᠦ ᠶᠢ ᠬᠠᠷᠢᠯᠴᠠᠨ ᠣᠶᠠᠯᠲᠣᠭᠤᠯᠵᠦ᠂ ᠡᠬᠡ ᠣᠷᠣᠨᠴᠢ ᠦᠵᠡᠯ᠂ ᠬᠠᠮᠲᠣᠴᠢ ᠦᠵᠡᠯ ᠪᠠ ᠬᠤᠪᠢᠰᠬᠠᠯᠲᠣ ᠪᠠᠭᠠᠲᠣᠷᠯᠢᠬ ᠦᠵᠡᠯ ᠤᠨ ᠬᠦᠮᠦᠵᠢᠯ ᠢ ᠬᠦᠨᠵᠡᠭᠡᠢ ᠣᠷᠲᠣ ᠬᠤᠭᠤᠴᠠᠭ᠎ᠠ ᠪᠠᠷ ᠦᠷᠨᠢᠬᠦᠯᠵᠦ᠂ ᠬᠡᠲᠦ ᠬᠤᠪᠢ ᠬᠦᠮᠦᠨ ᠤ ᠦᠵᠡᠯ ᠪᠠ ᠵᠣᠭᠤᠰᠣᠨ ᠳᠤ ᠰᠢᠨᠣᠬᠤ ᠦᠵᠡᠯ ᠵᠢᠴᠢ ᠡᠯ᠎ᠠ ᠵᠦᠢᠯ ᠤᠨ ᠨᠠᠵᠠᠭᠠᠢ  ᠪᠤᠷᠤᠭᠤ ᠬᠡᠪ ᠰᠣᠷᠲᠠᠯ ᠢ ᠡᠰᠡᠷᠬᠦᠴᠡᠨ᠎ᠡ᠃ ᠪᠡᠶ᠎ᠡ ᠶᠢᠨ ᠲᠠᠮᠢᠷ ᠤᠨ ᠬᠦᠲᠡᠯᠭᠡᠭᠡᠨ ᠪᠣᠯᠪᠠᠰᠣᠷᠠᠯ ᠪᠠ ᠰᠣᠶᠣᠯ ᠤᠨ ᠬᠦᠮᠦᠵᠢᠯ ᠢ ᠴᠢᠩᠭ᠎ᠠ ᠠᠳᠬᠤᠵᠦ᠂ ᠦᠨᠳᠦᠷ ᠲᠦᠪᠰᠢᠨ ᠪᠦᠬᠦᠢ ᠲᠠᠮᠢᠷᠴᠢᠨ ᠪᠠ ᠲᠠᠰᠬᠠᠯᠵᠢᠭᠤᠯᠤᠭᠴᠢ ᠬᠦᠮᠦᠵᠢᠬᠦᠯᠬᠦ ᠰᠢᠨ᠎ᠡ ᠠᠷᠭ᠎ᠠ ᠵᠠᠮ ᠢ ᠨᠡᠭᠡᠭᠡᠵᠦ᠂ ᠰᠢᠯᠢᠲᠡᠭ ᠲᠠᠮᠢᠷᠴᠢᠨ᠂ ᠰᠢᠯᠢᠲᠡᠭ ᠲᠠᠰᠬᠠᠯᠵᠢᠭᠤᠯᠣᠬᠴᠢ ᠶᠢᠨ  ᠮᠡᠲᠡᠯᠭᠡ ᠴᠢᠲᠠᠪᠣᠷᠢ ᠪᠠᠨ ᠲᠡᠭᠡᠭᠰᠢᠯᠡᠬᠦᠯᠬᠦ ᠳᠤ ᠨᠦᠬᠦᠴᠡᠯ ᠪᠦᠷᠢᠯᠲᠦᠬᠦᠯᠦᠨ ᠦᠭᠴᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠡᠩᠨᠡᠭᠡ ᠶᠢᠨ ᠰᠢᠨᠵᠢᠯᠡᠬᠦ ᠣᠬᠠᠭᠠᠨ ᠰᠣᠶᠣᠯ ᠤᠨ ᠬᠡᠪ ᠴᠢᠨᠠᠷ ᠢ ᠲᠡᠭᠡᠭᠰᠢᠯᠡᠬᠦᠯᠦᠨ᠎ᠡ᠃  ᠪᠡᠶ᠎ᠡ ᠶᠢᠨ ᠲᠠᠮᠢᠷ ᠤᠨ ᠪᠡᠯᠡᠳᠭᠡᠯ ᠬᠦᠴᠦᠨ ᠢ ᠬᠦᠮᠦᠵᠢᠬᠦᠯᠬᠦ ᠨᠢ ᠦᠷᠢᠰᠦᠯᠲᠦᠭᠡᠨ ᠤ ᠪᠡᠶ᠎ᠡ ᠶᠢᠨ ᠲᠠᠮᠢᠷ ᠤᠨ ᠦᠷᠬᠦᠯᠵᠢᠯᠡᠭᠰᠡᠨ ᠬᠦᠭᠵᠢᠯᠲᠡ ᠲᠠᠢ ᠬᠤᠯᠪᠣᠬᠲᠠᠵᠦ᠂ ᠮᠡᠷᠭᠡᠵᠢᠯ ᠤᠨ ᠪᠣᠰᠣ ᠲᠠᠮᠢᠷᠴᠢᠳ ᠤᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠦ᠂ ᠰᠢᠨ᠎ᠡ ᠴᠢᠲᠠᠪᠣᠷᠢᠲᠠᠨ ᠢ ᠢᠯᠡᠷᠡᠬᠦᠯᠵᠦ ᠬᠦᠮᠦᠵᠢᠬᠦᠯᠬᠦ ᠶᠢ ᠴᠢᠬᠤᠯᠠᠴᠢᠯᠠᠨ᠎ᠠ᠃ ᠪᠡᠶ᠎ᠡ ᠶᠢᠨ ᠲᠠᠮᠢᠷ᠂ ᠡᠳ᠋ ᠤᠨ ᠵᠠᠰᠠᠬ᠂ ᠠᠵᠢᠯᠲᠠᠨ ᠤ ᠶᠠᠪᠣᠲᠠᠯ᠂ ᠬᠦᠲᠡᠯᠮᠦᠷᠢ ᠬᠦᠴᠦᠨ ᠤ ᠪᠠᠲᠣᠯᠠᠭ᠎ᠠ ᠵᠡᠷᠭᠡ ᠰᠠᠯᠠᠭ᠎ᠠ ᠮᠦᠴᠢᠷ ᠮᠡᠷᠭᠡᠵᠢᠯ ᠤᠨ ᠪᠣᠰᠣ ᠰᠢᠯᠢᠲᠡᠭ ᠲᠠᠮᠢᠷᠴᠢᠳ ᠤᠨ ᠠᠵᠢᠯ ᠠᠴᠠ ᠪᠠᠨ ᠬᠠᠯᠠᠬᠲᠠᠵᠦ ᠠᠵᠢᠯ ᠣᠯᠭᠤᠬᠤ ᠲᠦᠷᠦ ᠶᠢᠨ ᠪᠣᠲᠣᠯᠭ᠎ᠠ ᠠᠷᠭ᠎ᠠ ᠬᠡᠮᠵᠢᠶ᠎ᠠ ᠶᠢ ᠰᠣᠲᠣᠯᠵᠦ ᠲᠣᠬᠲᠠᠭᠠᠨ᠂ ᠰᠢᠯᠢᠲᠡᠭ ᠲᠠᠮᠢᠷᠴᠢᠳ ᠢ ᠣᠷᠮᠠᠰᠢᠭᠤᠯᠬᠤ  ᠲᠤᠭᠲᠠᠴᠠ ᠪᠣᠯᠣᠨ ᠰᠢᠷᠬᠠᠲᠣᠯ ᠬᠡᠮᠲᠦᠯ ᠤᠨ ᠲᠠᠭᠠᠳᠬᠠᠯ ᠤᠨ ᠲᠦᠷᠢᠮ ᠢ ᠲᠠᠷᠣᠶᠢᠬᠠᠨ ᠲᠣᠬᠲᠠᠭᠠᠵᠦ᠂ ᠲᠠᠮᠢᠷᠴᠢᠳ ᠤᠨ ᠬᠤᠵᠢᠮ ᠤᠨ ᠰᠠᠨᠠᠭᠠᠰᠢᠷᠠᠯ ᠢ   ᠨᠢ ᠠᠷᠢᠯᠭᠠᠨ᠎ᠠ᠃       ᠲᠠᠪᠤ᠂ ᠪᠡᠶ᠎ᠡ  ᠶᠢᠨ  ᠲᠠᠮᠢᠷ  ᠤᠨ  ᠪᠠᠶᠢᠭᠤᠯᠣᠮᠵᠢ  ᠶᠢᠨ  ᠦᠭᠡᠷᠡᠴᠢᠯᠡᠯᠲᠡ  ᠶᠢ  ᠦᠷᠬᠦᠯᠵᠢᠯᠡᠨ  ᠬᠦᠨᠵᠡᠭᠡᠶᠢᠷᠡᠬᠦᠯᠵᠦ᠂ ᠡᠷᠬᠢᠯᠲᠡ ᠪᠠᠶᠢᠭᠤᠯᠣᠮᠵᠢ ᠶᠢ ᠬᠤᠪᠢᠷᠠᠭᠤᠯᠬᠤ ᠶᠢ ᠠᠬᠢᠭᠤᠯᠣᠨ᠎ᠠ       ︵ᠠᠷᠪᠠᠨ ᠨᠠᠢᠮᠠ︶ ᠨᠡᠶᠢᠭᠡᠮ ᠵᠢᠷᠣᠮ ᠤᠨ ᠵᠠᠬ᠎ᠠ ᠲᠡᠯᠭᠡᠬᠦᠷ ᠤᠨ ᠠᠵᠦ ᠠᠬᠤᠢ ᠶᠢᠨ ᠬᠦᠭᠵᠢᠯᠲᠡ ᠳᠤ ᠵᠣᠬᠢᠴᠠᠭᠤᠯᠣᠨ᠂ ᠮᠠᠨ ᠤ ᠣᠯᠣᠰ ᠤᠨ ᠪᠡᠶ᠎ᠡ ᠶᠢᠨ ᠲᠠᠮᠢᠷ ᠤᠨ ᠬᠠᠮᠢᠶᠠᠷᠣᠯᠲᠠ ᠪᠠᠶᠢᠭᠤᠯᠣᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ  ᠪᠤᠯ ᠵᠠᠶᠢᠯᠠᠰᠢ ᠦᠭᠡᠢ  ᠪᠢᠯᠡ᠃ ᠵᠠᠰᠠᠬ ᠤᠨ ᠣᠷᠲᠣᠨ ᠬᠢᠭᠡᠳ ᠨᠡᠶᠢᠭᠡᠮ ᠤᠨ ᠶᠠᠪᠤᠳᠠᠯ ᠤᠨ ᠬᠤᠪᠢᠶᠠᠷᠢᠯᠠᠯ ᠢ ᠲᠣᠲᠣᠷᠬᠠᠶᠢᠯᠠᠵᠦ᠂ ᠬᠠᠮᠢᠶᠠᠷᠣᠯᠲᠠ ᠪᠠ ᠡᠵᠡᠩᠨᠡᠯᠲᠡ ᠶᠢ ᠰᠠᠯᠭᠠᠬᠤ ᠶᠢ ᠬᠡᠷᠡᠭᠵᠢᠬᠦᠯᠵᠦ᠂ ᠵᠠᠰᠠᠬ ᠤᠨ ᠣᠷᠲᠣᠨ ᠠᠴᠠ ᠬᠡᠷᠡᠭᠵᠢᠬᠦᠯᠬᠦ ᠴᠢᠬᠤᠯᠠ ᠦᠭᠡᠢ ᠡᠬᠦᠷᠭᠡ ᠴᠢᠲᠠᠪᠬᠢ ᠶᠢ ᠠᠵᠢᠯ ᠦᠢᠯᠡᠰ ᠤᠨ ᠨᠢᠭᠡᠴᠡ ᠨᠡᠶᠢᠭᠡᠮ ᠤᠨ ᠪᠦᠯᠬᠦᠮ ᠪᠣᠯᠣᠨ ᠵᠠᠭᠤᠴᠢ ᠶᠢᠨ ᠵᠣᠬᠢᠶᠠᠨ ᠪᠠᠶᠢᠭᠤᠯᠣᠯᠲᠠ ᠳᠤ ᠲᠣᠰᠢᠶᠠᠨ᠎ᠠ᠃ ᠪᠡᠶ᠎ᠡ ᠶᠢᠨ ᠲᠠᠮᠢᠷ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠵᠢᠯ ᠤᠨ ᠭᠤᠣᠯᠲᠠᠯᠭ᠎ᠠ ᠶᠢ ᠣᠯᠣᠰ ᠤᠨ ᠴᠢᠭᠯᠡᠯᠲᠡ᠂ ᠲᠦᠷᠦ ᠶᠢᠨ ᠪᠣᠲᠣᠯᠭ᠎ᠠ ᠶᠢ ᠲᠣᠭᠤᠰᠢᠯᠠᠭᠤᠯᠬᠤ᠂ ᠪᠡᠶ ᠎ᠡ ᠶᠢᠨ ᠲᠠᠮᠢᠷ ᠤᠨ ᠠᠵᠢᠯ ᠲᠦᠷᠦᠯ ᠤᠨ ᠵᠠᠰᠠᠬ ᠵᠠᠬᠢᠷᠭᠠᠨ ᠤ ᠲᠦᠷᠦ ᠶᠢᠨ ᠪᠣᠲᠣᠯᠭ᠎ᠠ ᠪᠠ ᠬᠦᠭᠵᠢᠯᠲᠡ ᠶᠢᠨ ᠲᠦᠯᠦᠪᠵᠢᠬᠦᠯᠭᠡ ᠶᠢ ᠰᠣᠲᠣᠯᠣᠨ ᠲᠣᠬᠲᠠᠭᠠᠬᠤ᠂ ᠬᠠᠣᠯᠢ ᠶᠣᠰᠣᠭᠠᠷ ᠠᠵᠢᠯ ᠲᠦᠷᠦᠯ ᠤᠨ ᠬᠠᠮᠢᠶᠠᠷᠣᠯᠲᠠ ᠶᠢ ᠴᠢᠩᠭᠠᠳᠬᠠᠬᠤ ᠪᠠ ᠦᠢᠯᠡᠴᠢᠯᠡᠭᠡ ᠬᠠᠩᠭᠠᠬᠤ ᠲᠡᠭᠡᠷ᠎ᠡ ᠰᠢᠯᠵᠢᠬᠦᠯᠬᠦ ᠬᠡᠷᠡᠭᠲᠡᠢ᠃       ︵ᠠᠷᠪᠠ ᠶᠢᠰᠦ︶ 2008 ᠤᠨ ᠤ ᠣᠯᠢᠮᠫᠢᠺ ᠤᠨ ᠲᠠᠮᠢᠷ ᠤᠨ ᠴᠣᠬᠯᠠᠭᠠᠨ ᠳᠤ ᠪᠡᠯᠡᠳᠭᠡᠬᠦ ᠠᠰᠢᠬᠲᠠᠢ ᠲᠣᠬᠢᠶᠠᠯ ᠢ ᠡᠵᠡᠮᠲᠡᠨ᠂ ᠣᠯᠣᠰ ᠤᠨ ᠪᠡᠶ᠎ᠡ ᠶᠢᠨ ᠲᠠᠮᠢᠷ ᠤᠨ ᠶᠡᠷᠦᠩᠭᠡᠢ ᠲᠣᠪᠴᠢᠶ᠎ᠠ᠂ ᠲᠣᠮᠲᠠᠲᠣ ᠶᠢᠨ ᠪᠦᠬᠦ ᠣᠯᠣᠰ ᠤᠨ ᠪᠡᠶ᠎ᠡ ᠶᠢᠨ ᠲᠠᠮᠢᠷ ᠤᠨ ᠶᠡᠷᠦᠩᠭᠡᠢ ᠡᠪᠯᠡᠯ ᠪᠠ ᠲᠣᠮᠲᠠᠲᠣ ᠣᠯᠣᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠣᠬᠯᠠᠭᠠᠨ ᠢ ᠵᠤᠬᠢᠶᠠᠨ ᠪᠠᠶᠢᠭᠤᠯᠬᠤ ᠺᠤᠮᠢᠰ ᠤᠨ ᠦᠢᠯᠡᠳᠦᠯ ᠢ ᠬᠦᠢᠴᠡᠳ ᠪᠠᠲᠠᠷᠠᠭᠤᠯᠬᠤ ᠬᠡᠷᠡᠭᠲᠡᠢ᠃ ᠮᠠᠨ ᠤ ᠣᠯᠣᠰ ᠤᠨ ᠣᠯᠣᠰ ᠤᠨ ᠪᠠᠶᠢᠲᠠᠯ ᠢ ᠦᠨᠳᠦᠰᠦᠯᠡᠵᠦ᠂ ᠣᠯᠣᠰ ᠤᠨ ᠭᠠᠲᠠᠭᠠᠲᠣ ᠶᠢᠨ ᠠᠮᠵᠢᠯᠲᠠ ᠲᠠᠢ ᠲᠣᠷᠰᠢᠯᠭ᠎ᠠ ᠶᠢ ᠰᠢᠩᠭᠡᠭᠡᠨ ᠠᠪᠴᠦ ᠡᠯ᠎ᠠ ᠱᠠᠲᠣᠨ ᠤ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠬᠤᠭᠤᠷᠣᠨᠲᠣᠬᠢ ᠬᠠᠷᠢᠴᠠᠭ᠎ᠠ ᠶᠢ  ᠢᠳᠡᠭ ᠢᠳᠡᠭ ᠢᠶᠠᠷ ᠰᠢᠯᠤᠭᠤᠳᠬᠠᠨ᠂ ᠠᠵᠢᠯ ᠢᠶᠠᠨ ᠬᠤᠪᠢᠶᠠᠷᠢᠯᠠᠨ ᠬᠠᠮᠲᠣᠷᠠᠨ ᠠᠵᠢᠯᠯᠠᠵᠦ᠂ ᠰᠢᠨ᠎ᠡ  ᠴᠠᠭ ᠦᠶ᠎ᠠ ᠳᠠᠬᠢ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ ᠶᠢᠨ ᠵᠣᠬᠢᠶᠠᠨ ᠪᠠᠶᠢᠭᠤᠯᠣᠯᠲᠠ ᠶᠢᠨ ᠪᠦᠲᠦᠴᠡ ᠳᠤ ᠠᠰᠢᠬᠲᠠᠢ ᠮᠦᠷᠲᠡᠭᠡᠨ ᠨᠡᠶᠢᠭᠡᠮ ᠵᠢᠷᠣᠮᠲᠣ ᠵᠠᠬ᠎ᠠ ᠲᠡᠯᠭᠡᠬᠦᠷ ᠤᠨ ᠠᠵᠦ ᠠᠬᠤᠢ ᠶᠢᠨ ᠱᠠᠭᠠᠷᠲᠠᠯᠭ᠎ᠠ ᠳᠤ ᠵᠣᠬᠢᠴᠠᠬᠰᠠᠨ ᠡᠷᠬᠢᠯᠲᠡ ᠶᠢᠨ ᠬᠡᠯᠪᠡᠷᠢ ᠮᠠᠶ᠋ᠢᠬ ᠢ ᠪᠦᠷᠢᠯᠲᠦᠬᠦᠯᠦᠨ᠎ᠡ᠃       ︵ᠬᠤᠷᠢ︶ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠲᠦᠷᠢᠮᠵᠢᠭᠰᠡᠨ ᠬᠠᠮᠢᠶᠠᠷᠣᠯᠲᠠ ᠶᠢᠨ ᠲᠦᠪᠰᠢᠨ ᠢᠶᠠᠨ ᠲᠡᠭᠡᠭᠰᠢᠯᠡᠬᠦᠯᠦᠨ᠎ᠡ᠃ ᠡᠷᠭᠡ ᠪᠣᠯᠣᠨ ᠡᠬᠦᠷᠭᠡ ᠬᠠᠷᠢᠭᠤᠴᠠᠯᠭ᠎ᠠ ᠶᠢ ᠨᠢᠭᠡᠳᠭᠡᠬᠦ ᠵᠠᠷᠴᠢᠮ ᠶᠣᠰᠣᠭᠠᠷ᠂ ᠡᠯ᠎ᠠ ᠱᠠᠲᠣᠨ ᠤ ᠪᠡᠶ᠎ᠡ ᠶᠢᠨ ᠲᠠᠮᠢᠷ ᠤᠨ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ ᠡᠬᠦᠷᠭᠡ ᠲᠣᠰᠢᠶᠠᠯ ᠢ ᠴᠢᠨᠠᠬᠰᠢᠲᠠ ᠲᠣᠲᠣᠷᠬᠠᠶᠢᠯᠠᠨ᠂ ᠡᠯ᠎ᠠ ᠡᠲᠡᠭᠡᠳ ᠤᠨ ᠬᠤᠭᠤᠷᠣᠨᠲᠣᠬᠢ ᠠᠵᠢᠯ ᠤᠨ ᠬᠠᠷᠢᠴᠠᠭ᠎ᠠ ᠶᠢ ᠰᠠᠶᠢᠲᠣᠷ ᠰᠢᠢᠳᠪᠦᠷᠢᠯᠡᠨ᠎ᠡ᠃ ᠪᠡᠶ᠎ᠡ ᠶᠢᠨ ᠲᠠᠮᠢᠷ ᠤᠨ ᠡᠯ᠎ᠠ ᠬᠦᠲᠡᠯᠭᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠨᠢᠭᠡᠴᠡ ᠨᠦᠭᠦᠳ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠩᠭᠠᠳᠬᠠᠵᠦ᠂ ᠰᠢᠨᠵᠢᠯᠡᠬᠦ ᠣᠬᠠᠭᠠᠨᠴᠢ ᠠᠵᠢᠯ ᠤᠨ ᠲᠣᠬᠲᠠᠴᠠ ᠪᠣᠯᠣᠨ ᠵᠦᠢ ᠵᠣᠬᠢᠰᠲᠠᠢ ᠲᠦᠷᠢᠮ ᠲᠣᠬᠲᠠᠭᠠᠯ ᠪᠠᠶᠢᠭᠤᠯᠣᠨ ᠲᠡᠬᠦᠯᠲᠡᠷᠵᠢᠬᠦᠯᠵᠦ᠂ ᠬᠤᠭᠤᠴᠠᠭ᠎ᠠ ᠪᠦᠯᠦᠭ ᠬᠤᠪᠢᠶᠠᠨ  ᠲᠤᠰᠠᠭᠠᠷ ᠲᠦᠷᠦᠯ ᠤᠨ ᠨᠡᠶᠢᠭᠡᠮᠯᠢᠭ ᠤᠨ ᠪᠣᠲᠠᠲᠣ ᠴᠣᠬᠴᠠᠵᠢᠬᠰᠠᠨ ᠦᠭᠡᠷᠡᠴᠢᠯᠡᠯᠲᠡ ᠶᠢ ᠦᠷᠨᠢᠬᠦᠯᠦᠨ᠎ᠡ᠃      ︵ᠬᠤᠷᠢᠨ ᠨᠢᠭᠡ︶ ᠨᠡᠶᠢᠭᠡᠮ ᠤᠨ ᠡᠯ᠎ᠡ ᠡᠲᠡᠭᠡᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠠᠨᠳᠢᠪ ᠲᠣᠰᠠᠯᠠᠮᠵᠢ ᠶᠢᠨ ᠪᠡᠯᠡ ᠣᠷᠣᠭᠤᠯᠣᠯᠲᠠ ᠶᠢᠨ  ᠵᠠᠮ ᠰᠤᠪᠠᠭ ᠢ ᠦᠷᠭᠡᠳᠭᠡᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠢ ᠬᠦᠭᠵᠢᠶᠡᠨᠲᠡᠢ ᠪᠣᠯᠭᠠᠬᠤ ᠳᠤ ᠢᠲᠡᠪᠬᠢ ᠦᠢᠯᠡᠲᠦᠯ ᠦᠵᠡᠬᠦᠯᠵᠦ᠂ ᠵᠠᠬ᠎ᠠ ᠲᠡᠭᠡᠬᠦᠷ ᠤᠨ ᠠᠵᠦ ᠠᠬᠤᠢ ᠶᠢᠨ ᠱᠠᠭᠠᠷᠲᠠᠯᠭ᠎ᠠ ᠪᠣᠯᠣᠨ ᠣᠯᠠᠨ ᠣᠯᠣᠰ ᠤᠨ ᠪᠠᠷᠢᠮᠵᠢᠶ᠎ᠠ ᠵᠣᠷᠰᠢᠯ ᠳᠤ  ᠨᠡᠶᠢᠴᠡᠬᠦᠯᠦᠨ᠎ᠡ᠃ ᠬᠠᠮᠢᠶ᠎ᠠ ᠪᠦᠬᠦᠢ ᠲᠦᠷᠦ ᠶᠢᠨ ᠪᠣᠲᠣᠯᠭ᠎ᠠ ᠠᠷᠭ᠎ᠠ ᠬᠡᠮᠵᠢᠶ᠎ᠡ ᠶᠢ ᠰᠣᠲᠣᠯᠣᠨ ᠲᠣᠬᠲᠠᠭᠠᠵᠦ᠂ ᠨᠡᠶᠢᠭᠡᠮ ᠤᠨ ᠬᠦᠴᠦᠨ ᠤ ᠪᠡᠶ᠎ᠡ ᠶᠢᠨ ᠲᠠᠮᠢᠷ ᠤᠨ ᠣᠷᠣᠯᠲᠣᠭᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠪᠠᠶᠢᠭᠤᠯᠣᠮᠵᠢ ᠪᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠳᠤ ᠣᠷᠣᠯᠴᠠᠨ ᠲᠡᠮᠵᠢᠬᠦ ᠶᠢ ᠵᠣᠷᠢᠬᠵᠢᠭᠤᠯᠣᠨ᠎ᠠ᠃ ᠲᠣᠰᠠᠯᠠᠨ ᠲᠡᠮᠵᠢᠭᠰᠡᠨ ᠬᠦᠲᠡᠯᠭᠡᠭᠡᠨ ᠢ ᠬᠠᠮᠢᠶᠠᠷᠬᠤ ᠪᠡ ᠬᠢᠨᠠᠯᠲᠠ ᠲᠠᠯᠪᠢᠬᠤ ᠶᠢ ᠴᠢᠩᠭᠠᠳᠬᠠᠵᠦ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠬᠤᠪᠢ ᠬᠦᠮᠦᠨ ᠤ ᠢᠲᠡᠪᠬᠢᠵᠢᠯ ᠢ ᠬᠦᠢᠴᠡᠳ ᠲᠠᠶᠢᠴᠢᠯᠠᠨ ᠲᠡᠲᠡᠨᠡᠷ ᠤᠨ ᠵᠦᠢ ᠶᠣᠰᠣᠨ ᠤ ᠡᠷᠬᠡ ᠠᠰᠢᠬ ᠢ ᠪᠠᠲᠣᠯᠠᠵᠦ ᠬᠠᠮᠠᠭᠠᠯᠠᠨ᠎ᠠ᠃      ︵ᠬᠤᠷᠢᠨ ᠬᠤᠶᠠᠷ︶ ᠪᠡᠶ᠎ᠡ ᠶᠢᠨ ᠲᠠᠮᠢᠷ ᠤᠨ ᠠᠵᠢᠯ ᠤᠨ ᠡᠷᠬᠢᠯᠲᠡ ᠶᠢᠨ ᠪᠠᠶᠢᠭᠤᠯᠣᠮᠵᠢ ᠶᠢᠨ ᠰᠢᠯᠵᠢᠯᠲᠡ ᠶᠢ ᠢᠲᠡᠪᠬᠢᠲᠡᠢ ᠠᠬᠢᠭᠤᠯᠣᠨ᠎ᠠ᠃ ᠪᠣᠲᠠᠲᠠᠢ ᠳᠤ ᠬᠦᠨᠵᠡᠭᠡᠶᠢᠷᠡᠨ᠂ ᠰᠢᠨ᠎ᠡ ᠪᠠᠶᠢᠲᠠᠯ ᠢ ᠰᠣᠲᠣᠯᠵᠦ᠂ ᠰᠢᠨ᠎ᠡ ᠠᠰᠠᠭᠤᠲᠠᠯ ᠢ ᠰᠢᠢᠳᠪᠦᠷᠢᠯᠡᠵᠦ᠂ ᠪᠡᠶ᠎ᠡ ᠶᠢᠨ ᠲᠠᠮᠢᠷ ᠤᠨ ᠲᠦᠷᠢᠮ ᠤᠨ ᠰᠢᠨ᠎ᠡ ᠶᠢ ᠡᠬᠦᠳᠬᠦ᠂ ᠬᠠᠮᠢᠶᠠᠷᠣᠯᠲᠠ ᠶᠢᠨ ᠰᠢᠨ᠎ᠡ ᠶᠢ ᠡᠬᠦᠳᠬᠦ ᠶᠢ ᠲᠦᠷᠭᠡᠳᠭᠡᠵᠦ᠂ ᠦᠷᠢᠰᠦᠯᠲᠦᠨ ᠬᠠᠮᠵᠢᠯᠴᠠᠨ ᠠᠵᠢᠯᠯᠠᠬᠤ ᠳᠤ ᠠᠰᠢᠬᠳᠠᠢ᠂ ᠠᠮᠢᠲᠣᠯᠢᠬ ᠦᠨᠳᠦᠷ ᠦᠷ᠎ᠠ ᠪᠦᠲᠦᠮᠵᠢᠳᠤ ᠡᠷᠬᠢᠯᠲᠡ ᠶᠢᠨ ᠲᠣᠬᠲᠠᠴᠠ ᠶᠢ ᠪᠠᠶᠢᠭᠤᠯᠣᠨ᠎ᠠ᠃ ᠪᠡᠶ᠎ᠡ ᠶᠢᠨ ᠲᠠᠮᠢᠷ ᠤᠨ ᠬᠡᠯᠪᠡᠷᠢᠬᠦᠢ ᠡᠳ᠋ ᠬᠦᠷᠦᠩᠭᠡ ᠶᠢ ᠴᠢᠷᠮᠠᠶᠢᠨ ᠨᠡᠭᠡᠭᠡᠨ ᠬᠦᠭᠵᠢᠬᠦᠯᠵᠦ ᠬᠤᠲᠠᠯᠲᠣᠭᠠᠨ ᠤ ᠴᠢᠨᠠᠷᠲᠠᠢ ᠣᠷᠣᠯᠲᠣᠭᠠᠨ ᠤ ᠬᠠᠮᠢᠶᠠᠷᠣᠯᠲᠠ ᠶᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠢ ᠪᠣᠶᠢᠵᠢᠭᠤᠯᠵᠦ᠂ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠬᠦᠲᠡᠯᠭᠡᠬᠦ ᠬᠦᠴᠦᠨ ᠪᠠ ᠨᠦᠭᠡᠴᠡ ᠬᠦᠴᠦᠨ ᠢ ᠲᠠᠰᠣᠷᠠᠯᠲᠠ ᠦᠭᠡᠢ ᠴᠢᠩᠭᠠᠷᠠᠭᠤᠯᠣᠨ᠎ᠠ᠃        ᠵᠢᠷᠭᠤᠭ᠎ᠠ᠂ ᠪᠡᠶ᠎ᠡ ᠶᠢᠨ ᠲᠠᠮᠢᠷ ᠤᠨ ᠠᠵᠢᠯ ᠤᠨ ᠵᠣᠬᠢᠶᠠᠨ ᠪᠠᠶᠢᠭᠤᠯᠬᠤ ᠣᠲᠣᠷᠢᠲᠣᠯᠭ᠎ᠠ ᠪᠠᠨ ᠦᠨᠡᠨᠬᠦ ᠴᠢᠩᠭᠠᠳᠬᠠᠨ᠎ᠠ       ︵ᠬᠤᠷᠢᠨ ᠭᠤᠷᠪᠠ︶ ᠪᠡᠶ᠎ᠡ ᠶᠢᠨ ᠲᠠᠮᠢᠷ ᠤᠨ ᠦᠢᠯᠡᠰ ᠪᠣᠯ ᠨᠡᠶᠢᠢᠭᠡᠮ ᠵᠢᠷᠣᠮ ᠤᠨ ᠪᠣᠲᠠᠰ ᠤᠨ ᠪᠣᠯᠪᠠᠰᠣᠨ ᠤ ᠪᠠᠶᠢᠭᠤᠯᠣᠯᠲᠠ ᠪᠠ ᠣᠶᠣᠨ ᠤ ᠪᠣᠯᠪᠠᠰᠣᠨ ᠤ ᠪᠠᠶᠢᠭᠤᠯᠣᠯᠲᠠ ᠶᠢᠨ ᠴᠢᠬᠤᠯᠠ ᠪᠦᠷᠢᠯᠲᠦᠬᠦᠨ ᠬᠡᠰᠡᠭ ᠮᠦᠨ᠂ ᠡᠷᠭᠡᠪᠰᠢ ᠨᠠᠮ ᠤᠨ ᠪᠠᠶᠢᠭᠤᠯᠣᠯᠲᠠ ᠶᠢ ᠴᠢᠩᠭᠠᠳᠬᠠᠵᠦ᠂ ᠳ᠋ᠧᠩ ᠰᠢᠶᠣᠣ ᠫᠢᠩ ᠤᠨ ᠣᠨᠣᠯ ᠪᠣᠯᠣᠨ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠠᠷ ᠵᠢᠯᠣᠭᠤᠲᠣᠭᠤᠯᠬᠤ ᠶᠢ ᠪᠠᠷᠢᠮᠲᠠᠯᠠᠵᠦ᠂ ᠪᠡᠶ᠎ᠡ ᠶᠢᠨ ᠲᠠᠮᠢᠷ ᠤᠨ ᠬᠦᠷᠢᠶ᠎ᠡ ᠴᠠᠷᠠᠭ᠎ᠠ ᠳᠠᠬᠢ ᠨᠠᠮ ᠤᠨ ᠣᠷᠢᠶᠠᠯᠠᠬᠤ ᠬᠦᠴᠦᠨ ᠪᠣᠯᠣᠨ ᠨᠢᠬᠲᠠᠷᠠᠭᠤᠯᠬᠤ ᠬᠦᠴᠦᠨ ᠢ ᠲᠠᠰᠣᠷᠠᠯᠲᠠ ᠦᠭᠡᠢ ᠴᠢᠩᠭᠠᠳᠬᠠᠵᠦ᠂ ᠨᠠᠮ ᠤᠨ ᠱᠣᠭᠤᠮ᠂ ᠴᠢᠭᠯᠡᠯᠲᠡ᠂ ᠲᠦᠷᠦ ᠶᠢᠨ ᠪᠣᠲᠣᠯᠭ᠎ᠠ ᠶᠢ ᠲᠣᠭᠤᠰᠢᠯᠠᠭᠤᠯᠣᠨ ᠨᠠᠶᠢᠲᠠᠪᠣᠷᠢᠵᠢᠭᠤᠯᠬᠤ ᠶᠢ ᠪᠠᠲᠣᠯᠠᠵᠦ᠂ ᠪᠡᠶ᠎ᠡ ᠶᠢᠨ ᠲᠠᠮᠢᠷ ᠤᠨ ᠦᠢᠯᠡᠰ ᠤᠨ ᠲᠣᠮᠲᠠᠲᠣ ᠣᠯᠣᠰ ᠤᠨ ᠲᠡᠷᠢᠬᠦᠨ ᠤ ᠰᠣᠶᠣᠯ ᠤᠨ ᠲᠠᠪᠰᠢᠬᠰᠠᠨ ᠴᠢᠭᠯᠡᠯ ᠢᠶᠠᠷ ᠦᠷᠬᠦᠯᠵᠢᠯᠡᠨ ᠬᠦᠭᠵᠢᠬᠦ ᠶᠢ ᠪᠠᠲᠣᠯᠠᠨ᠎ᠠ᠃      ︵ᠬᠤᠷᠢᠨ ᠲᠦᠷᠪᠡ︶ ᠡᠯ᠎ᠡ ᠱᠠᠲᠣᠨ ᠤ ᠨᠠᠮ ᠤᠨ ᠬᠤᠷᠢᠶ᠎ᠠ᠂ ᠵᠠᠰᠠᠬ ᠤᠨ ᠣᠷᠲᠣᠨ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠶᠢ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠬᠦᠯ ᠴᠢᠬᠢᠷᠠᠬ ᠢ ᠰᠠᠶᠢᠵᠢᠷᠠᠭᠤᠯᠬᠤ᠂ ᠪᠦᠬᠦ ᠦᠨᠳᠦᠰᠦᠲᠡᠨ ᠤ ᠪᠦᠬᠦᠯᠢ ᠴᠣᠬᠴᠠ ᠶᠢᠨ ᠬᠡᠪ ᠴᠢᠨᠠᠷ ᠢ ᠲᠡᠭᠡᠭᠰᠢᠯᠡᠬᠦᠯᠬᠦ᠂ ᠨᠡᠶᠢᠭᠡᠮ ᠤᠨ ᠲᠣᠬᠲᠠᠭᠤᠨ ᠢ ᠪᠠᠲᠣᠯᠠᠬᠤ᠂ ᠠᠵᠦ ᠠᠬᠤᠢ ᠨᠡᠶᠢᠭᠡᠮ ᠤᠨ ᠦᠷᠬᠦᠯᠵᠢᠯᠡᠭᠰᠡᠨ ᠬᠦᠭᠵᠢᠯᠲᠡ ᠶᠢ ᠠᠬᠢᠭᠤᠯᠬᠤ ᠲᠣᠮᠣ ᠶᠠᠪᠣᠲᠠᠯ ᠪᠣᠯᠭᠠᠵᠦ ᠣᠯᠣᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠪᠠᠭᠲᠠᠭᠠᠨ᠎ᠠ᠃ ᠪᠠᠶᠢᠭᠤᠯᠣᠮᠵᠢ ᠶᠢᠨ ᠦᠭᠡᠷᠡᠴᠢᠯᠡᠯᠲᠡ ᠶᠢᠨ ᠶᠠᠪᠣᠴᠠ ᠳᠤ᠂ ᠪᠡᠶ᠎ᠡ ᠶᠢᠨ ᠲᠠᠮᠢᠷ ᠤᠨ ᠪᠠᠢᠭᠤᠯᠣᠮᠵᠢ ᠶᠢ ᠴᠢᠩᠭᠠᠷᠠᠭᠤᠯᠬᠤ ᠠᠴᠠ ᠪᠣᠰᠣ ᠰᠣᠯᠠᠷᠠᠭᠤᠯᠵᠦ ᠪᠣᠯᠬᠤ ᠦᠭᠡᠢ᠃ ᠭᠦᠨ ᠬᠦᠨᠵᠡᠭᠡᠢ ᠪᠠᠶᠢᠴᠠᠭᠠᠨ ᠰᠣᠲᠣᠯᠣᠯᠲᠠ ᠬᠢᠵᠦ ᠂ ᠨᠢᠭᠡᠲᠦᠯᠲᠡᠢ ᠲᠦᠯᠦᠪᠵᠢᠬᠦᠯᠦᠨ᠂ ᠲᠦᠷᠦ ᠶᠢᠨ ᠪᠣᠲᠣᠯᠭ᠎ᠠ ᠪᠠᠷ ᠣᠲᠣᠷᠢᠳᠬᠤ᠂ ᠵᠣᠬᠢᠶᠠᠨ ᠪᠠᠶᠢᠭᠤᠯᠣᠨ ᠵᠣᠬᠢᠴᠠᠭᠤᠯᠵᠦ᠂ ᠦᠢᠯᠡᠴᠢᠯᠡᠭᠡ ᠬᠠᠩᠭᠠᠬᠤ ᠪᠠᠷ ᠲᠠᠮᠵᠢᠭᠤᠯᠣᠨ᠂ ᠠᠮᠢᠲᠣᠯᠢᠬ ᠮᠦᠷᠲᠡᠭᠡᠨ ᠦᠨᠳᠦᠷ ᠪᠦᠲᠦᠮᠵᠢᠲᠡᠢ ᠲᠣᠬᠢᠷᠠᠭᠤᠯᠣᠯᠲᠠ ᠶᠢᠨ ᠲᠣᠬᠲᠠᠴᠠ ᠪᠠᠶᠢᠭᠤᠯᠵᠦ᠂ ᠡᠯ᠎ᠠ ᠱᠠᠲᠣᠨ ᠤ ᠠᠵᠢᠯᠴᠢᠨ ᠤ ᠡᠪᠯᠡᠯ᠂ ᠡᠪ ᠬᠠᠮᠲᠣ ᠵᠠᠯᠠᠭᠤᠴᠣᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠣ ᠬᠤᠷᠠᠯ᠂ ᠡᠯ᠎ᠠ ᠠᠵᠢᠯ ᠲᠦᠷᠦᠯ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠡᠶ᠎ᠡ ᠶᠢᠨ ᠲᠠᠮᠢᠷ ᠤᠨ ᠦᠢᠯᠡᠰ ᠡᠷᠬᠢᠯᠡᠬᠦ ᠢᠲᠡᠪᠬᠢᠵᠢᠯ ᠢ ᠬᠦᠢᠴᠡᠳ ᠪᠠᠲᠠᠷᠠᠭᠤᠯᠣᠨ᠎ᠠ᠃       ︵ᠬᠤᠷᠢᠨ ᠲᠠᠪᠤ︶ ᠡᠯ᠎ᠡ ᠱᠠᠲᠣᠨ ᠤ ᠵᠠᠰᠠᠬ ᠤᠨ ᠣᠷᠲᠣᠨ ᠪᠡᠶ᠎ᠡ ᠶᠢᠨ ᠲᠠᠮᠢᠷ ᠤᠨ ᠦᠢᠯᠡᠰ ᠤᠨ ᠪᠡᠯᠡ ᠣᠷᠣᠭᠤᠯᠣᠯᠲᠠ ᠪᠠᠨ ᠨᠡᠮᠡᠭᠲᠡᠬᠦᠯᠦᠨ᠎ᠡ᠃ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠦᠢᠯᠡᠰ ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠰ ᠪᠣᠯᠬᠤ ᠲᠣᠯᠠ ᠰᠢᠶᠠᠨ ᠤ ᠱᠠᠲᠣᠨ ᠠᠴᠠ ᠲᠡᠭᠡᠭᠰᠢ ᠠᠷᠠᠳ ᠤᠨ ᠵᠠᠰᠠᠬ ᠤᠨ ᠣᠷᠲᠣᠨ ︽ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ ᠪᠡᠶ᠎ᠡ ᠶᠢᠨ ᠲᠠᠮᠢᠷ ᠤᠨ ᠬᠠᠣᠯᠢ︾ ᠶᠢᠨ ᠲᠣᠬᠲᠠᠭᠠᠯ ᠶᠣᠰᠣᠭᠠᠷ᠂ ᠪᠡᠶ᠎ᠡ ᠶᠢᠨ ᠲᠠᠮᠢᠷ ᠤᠨ ᠦᠢᠯᠡᠰ ᠤᠨ ᠵᠠᠷᠣᠲᠠᠯ᠂ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠬᠦ ᠶᠢ ᠲᠣᠰ ᠱᠠᠲᠣᠨ ᠤ ᠡᠳ᠋ ᠤᠨ ᠵᠠᠰᠠᠬ ᠤᠨ ᠲᠦᠰᠦᠪ ᠪᠣᠯᠣᠨ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠪᠡᠯᠡ ᠣᠷᠣᠭᠤᠯᠬᠤ ᠲᠦᠯᠦᠪᠯᠡᠭᠡ ᠳᠤ ᠪᠠᠭᠲᠠᠭᠠᠬᠤ ᠶᠢᠨ ᠬᠠᠮᠲᠣ ᠣᠯᠣᠰ ᠠᠷᠠᠳ ᠤᠨ ᠠᠵᠦ ᠠᠬᠤᠢ ᠶᠢᠨ ᠬᠦᠭᠵᠢᠯᠲᠡ ᠶᠢ ᠲᠠᠭᠠᠯᠲᠣᠨ ᠪᠡᠶ᠎ᠡ ᠶᠢᠨ ᠲᠠᠮᠢᠷ ᠤᠨ ᠦᠢᠯᠡᠰ ᠤᠨ ᠪᠡᠯᠡ ᠣᠷᠣᠭᠤᠯᠣᠯᠲᠠ ᠪᠠᠨ ᠢᠲᠡᠭ ᠢᠲᠡᠭ ᠢᠶᠠᠷ ᠨᠡᠮᠡᠭᠲᠡᠬᠦᠯᠵᠦ ᠡᠳ᠋ ᠤᠨ ᠵᠠᠰᠠᠬ ᠤᠨ ᠣᠷᠣᠯᠭ᠎ᠠ ᠨᠡᠮᠡᠭᠲᠡᠬᠦ ᠶᠢ ᠲᠠᠭᠠᠯᠲᠣᠨ ᠪᠡᠶ᠎ᠡ ᠶᠢᠨ ᠲᠠᠮᠢᠷ ᠤᠨ ᠦᠢᠯᠡᠰ ᠤᠨ ᠵᠠᠷᠣᠲᠠᠯ ᠠᠭᠠᠵᠢᠮ ᠢᠶᠠᠷ ᠨᠡᠮᠡᠭᠲᠡᠬᠦ ᠶᠢ ᠪᠠᠲᠣᠯᠠᠨ᠎ᠠ᠃       ︵ᠬᠤᠷᠢᠨ ᠵᠢᠷᠭᠤᠭ᠎ᠠ︶ ᠡᠯ᠎ᠡ ᠱᠠᠲᠣᠨ ᠤ ᠵᠠᠰᠠᠬ ᠤᠨ ᠣᠷᠲᠣᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠬᠦᠨᠳᠦᠳᠭᠡᠵᠦ᠂ ᠬᠤᠲᠠ ᠬᠦᠲᠡᠭᠡ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠯᠦᠪᠵᠢᠬᠦᠯᠭᠡ ᠶᠢ ᠴᠢᠩᠭᠠᠳᠬᠠᠨ᠎ᠠ᠃ ᠰᠢᠨ᠎ᠡ ᠪᠠᠷ ᠪᠠᠶᠢᠭᠤᠯᠬᠤ ᠠᠰᠢᠬ ᠣᠯᠵᠠᠪᠣᠷᠢ ᠶᠢᠨ ᠪᠣᠰᠣ ᠴᠢᠨᠠᠷᠲᠠᠢ ᠪᠡᠶ᠎ᠡ ᠶᠢᠨ ᠲᠠᠮᠢᠷ ᠤᠨ ᠲᠦᠬᠦᠭᠡᠷᠦᠮᠵᠢ ᠳᠤ ᠣᠷᠣᠨ ᠨᠣᠲᠤᠬ ᠤᠨ ᠵᠠᠰᠠᠬ ᠤᠨ ᠣᠷᠲᠣᠨ ᠠᠴᠠ ᠰᠢᠯᠵᠢᠬᠦᠯᠦᠨ ᠦᠭᠬᠦ ᠬᠡᠯᠪᠡᠷᠢ ᠪᠠᠷ ᠭᠠᠵᠠᠷ ᠰᠢᠷᠣᠢ ᠬᠠᠩᠭᠠᠨ᠎ᠠ᠃ ᠰᠢᠨ᠎ᠡ ᠪᠠᠷ ᠪᠠᠶᠢᠭᠤᠯᠬᠤ ᠰᠠᠭᠤᠭᠠᠯᠢ ᠠᠷᠠᠳ ᠤᠨ ᠲᠣᠭᠤᠷᠢᠬ᠂ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠬ ᠪᠠ ᠰᠣᠷᠭᠠᠭᠤᠯᠢ ᠳᠤ ᠡᠷᠭᠡᠪᠰᠢ ᠢᠵᠢ ᠪᠦᠷᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠᠶᠢᠭᠤᠯᠬᠤ ᠬᠡᠷᠡᠭᠲᠡᠢ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠨᠡᠶᠢᠭᠡᠮ ᠳᠤ ᠬᠠᠨᠲᠣᠭᠤᠯᠣᠨ ᠴᠢᠯᠦᠭᠡᠲᠡᠢ ᠨᠡᠭᠡᠭᠡᠵᠦ᠂ ᠨᠡᠶᠢᠳᠡ ᠶᠢᠨ ᠠᠰᠠᠷᠠᠮᠵᠢ ᠶᠢᠨ ᠴᠢᠨᠠᠷ ᠪᠣᠯᠣᠨ ᠡᠵᠡᠩᠨᠡᠯᠲᠡ ᠶᠢᠨ ᠴᠢᠨᠠᠷ ᠤᠨ ᠬᠠᠷᠢᠴᠠᠭ᠎ᠠ ᠶᠢ ᠰᠠᠶᠢᠲᠣᠷ ᠰᠢᠢᠳᠪᠦᠷᠢᠯᠡᠨ᠎ᠡ᠃ ᠰᠦᠢᠳᠭᠡᠯ ᠬᠤᠷᠢᠶᠠᠬᠤ ᠪᠠᠷᠢᠮᠵᠢᠶ᠎ᠠ ᠨᠢ ᠡᠷᠭᠡᠪᠰᠢ ᠠᠷᠠᠳ ᠣᠯᠠᠨ ᠤ ᠠᠵᠦ ᠠᠬᠤᠢ ᠶᠢᠨ ᠲᠦᠪᠰᠢᠨ ᠢ ᠬᠦᠢᠴᠡᠳ ᠪᠣᠲᠣᠯᠬᠢᠯᠠᠬᠤ ᠬᠡᠷᠡᠭᠲᠡᠢ᠃ ᠰᠣᠷᠭᠠᠭᠤᠯᠢ᠂ ᠠᠯᠪᠠᠨ ᠪᠠᠶᠢᠭᠤᠯᠣᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠠᠰᠠ ᠨᠡᠶᠢᠭᠡᠮ ᠲᠠᠶᠠᠭᠠᠷ ᠬᠠᠮᠲᠣ ᠪᠠᠷ ᠡᠳ᠋ᠯᠡᠬᠦ ᠶᠢ ᠴᠢᠷᠮᠠᠶᠢᠨ ᠪᠡᠶᠡᠯᠡᠬᠦᠯᠦᠨ᠎ᠡ᠃ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠡᠵᠡᠯᠡᠵᠦ ᠡᠪᠲᠡᠵᠦ ᠬᠤᠬᠢᠷᠠᠭᠤᠯᠬᠤ ᠶᠢ ᠡᠷᠡᠰ ᠬᠤᠷᠢᠬᠯᠠᠨ᠎ᠠ᠃ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠶᠢ ᠡᠷᠡᠬᠦᠯ ᠴᠢᠬᠢᠷᠠᠬ᠂ ᠰᠢᠨᠵᠢᠯᠡᠬᠦ ᠣᠬᠠᠭᠠᠨᠴᠢ᠂ ᠪᠣᠯᠪᠠᠰᠣᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠣᠨ᠎ᠠ᠃      ︵ᠬᠤᠷᠢᠨ ᠲᠣᠯᠤᠭ᠎ᠠ︶ ᠬᠠᠣᠯᠢ ᠲᠦᠷᠢᠮ ᠤᠨ ᠪᠠᠶᠢᠭᠤᠯᠣᠯᠲᠠ ᠪᠠᠨ ᠴᠢᠩᠭᠠᠳᠬᠠᠵᠦ᠂ ᠪᠡᠶ᠎ᠡ ᠶᠢᠨ ᠲᠠᠮᠢᠷ ᠤᠨ ᠠᠵᠢᠯ ᠢ ᠬᠠᠣᠯᠢᠵᠢᠯ ᠤᠨ ᠵᠠᠮ ᠳᠤ ᠣᠷᠣᠭᠤᠯᠣᠨ᠎ᠠ᠃ ᠬᠠᠮᠢᠶ᠎ᠠ ᠪᠦᠬᠦᠢ ᠬᠠᠣᠯᠢ ᠴᠠᠭᠠᠵᠠ ᠶᠢᠨ ᠲᠦᠷᠢᠮ ᠲᠣᠬᠲᠠᠭᠠᠯ ᠶᠣᠰᠣᠭᠠᠷ᠂ ᠣᠯᠠᠨ ᠣᠯᠣᠰ ᠤᠨ ᠠᠮᠵᠢᠯᠲᠠ ᠲᠠᠢ ᠲᠣᠷᠰᠢᠯᠭ᠎ᠠ ᠶᠢ ᠲᠤᠯᠢᠳᠠᠵᠦ᠂ ᠮᠠᠨ ᠤ ᠣᠯᠣᠰ ᠤᠨ ᠪᠣᠲᠠᠲᠣ ᠪᠠᠶᠢᠲᠠᠯ ᠲᠠᠢ ᠪᠠᠨ ᠣᠶᠠᠯᠲᠣᠭᠤᠯᠣᠵᠦ᠂  ᠬᠠᠤᠯᠢ ᠲᠦᠷᠢᠮ ᠠᠴᠠ ᠵᠦᠷᠢᠴᠡᠭᠰᠡᠨ ᠡᠮ‌‍ᠤᠨ ᠵᠦᠢᠯ ᠤᠨ ᠬᠠᠮᠢᠶᠠᠷᠣᠯᠲᠠ ᠶᠢ ᠴᠢᠩᠭᠠᠳᠬᠠᠬᠤ᠂ ᠺᠯᠦ᠋ᠪ ᠤᠨ ᠲᠦᠷᠢᠮᠲᠦ ᠣᠷᠣᠯᠲᠣᠭᠠᠨ ᠢ ᠲᠦᠷᠢᠮᠵᠢᠬᠦᠯᠬᠦ ᠵᠡᠷᠭᠡ ᠲᠠᠯ᠎ᠠ ᠶᠢᠨ ᠲᠦᠷᠢᠮ ᠲᠣᠬᠲᠠᠭᠠᠯ ᠢ ᠲᠠᠷᠣᠶᠢᠬᠠᠨ ᠰᠣᠲᠣᠯᠵᠦ ᠲᠣᠬᠲᠠᠭᠠᠨ᠂ ᠴᠢᠩᠭ᠎ᠠ ᠬᠡᠷᠡᠭᠵᠢᠬᠦᠯᠣᠨ᠎ᠠ᠃       ︵ᠬᠤᠷᠢᠨ ᠨᠠᠢᠮᠠ︶ ᠪᠡᠶ᠎ᠡ ᠶᠢᠨ ᠲᠠᠮᠢᠷ ᠤᠨ ᠡᠩᠨᠡᠭᠡ ᠶᠢᠨ ᠬᠡᠪ ᠰᠣᠷᠲᠠᠯ ᠤᠨ ᠪᠠᠶᠢᠭᠤᠯᠣᠯᠲᠠ ᠶᠢ ᠴᠢᠩᠭᠠᠳᠬᠠᠵᠦ᠂ ᠲᠦᠪ ᠪᠣᠰᠣ ᠰᠣᠷᠲᠠᠯ ᠢ ᠦᠨᠡᠨᠬᠦ ᠬᠠᠯᠠᠨ ᠰᠠᠶᠢᠵᠢᠷᠠᠭᠤᠯᠵᠦ᠂ ᠢᠯᠵᠢᠷᠠᠯ ᠤᠨ ᠠᠵᠢᠯᠯᠠᠭ᠎ᠠ ᠶᠢ ᠴᠡᠪᠡᠷᠯᠡᠵᠦ ᠴᠡᠭᠴᠡᠯᠡᠨ᠎ᠡ᠃ ᠪᠡᠶ᠎ᠡ ᠶᠢᠨ ᠲᠠᠮᠢᠷ ᠤᠨ ᠡᠩᠨᠡᠭᠡ ᠶᠢᠨ ᠬᠡᠪ ᠰᠣᠷᠲᠠᠯ ᠤᠨ ᠪᠠᠶᠢᠭᠤᠯᠣᠯᠲᠠ ᠨᠢ ᠮᠠᠨ ᠤ ᠣᠯᠣᠰ ᠤᠨ ᠪᠡᠶ᠎ᠡ ᠶᠢᠨ ᠲᠠᠮᠢᠷ ᠤᠨ ᠦᠢᠯᠡᠰ ᠤᠨ ᠡᠷᠡᠬᠦᠯ ᠢᠶᠠᠷ ᠦᠷᠬᠦᠯᠵᠢᠯᠡᠨ ᠬᠦᠭᠵᠢᠬᠦ ᠲᠠᠢ ᠬᠤᠯᠪᠣᠬᠲᠠᠵᠦ᠂ ᠲᠡᠷᠢᠬᠦᠨ ᠤ ᠰᠣᠶᠣᠯ ᠤᠨ ᠬᠦᠭᠵᠢᠯᠲᠡ ᠶᠢᠨ ᠴᠢᠭᠯᠡᠯ ᠢ ᠲᠦᠯᠦᠭᠡᠯᠡᠬᠦ ᠴᠢᠬᠤᠯᠠ ᠪᠡᠯᠭᠡ ᠲᠡᠮᠲᠡᠭ ᠪᠣᠯᠣᠨ᠎ᠠ᠃ ᠬᠡᠰᠡᠭ ᠭᠠᠵᠠᠷ ᠣᠷᠣᠨ ᠳᠤ ᠣᠷᠣᠰᠢᠵᠦ ᠪᠠᠶᠢᠭ᠎ᠠ ᠣᠷᠣᠯᠲᠣᠭᠠᠨ ᠤ ᠲᠦᠷᠢᠮ ᠲᠣᠬᠲᠠᠭᠠᠯ ᠢ ᠵᠢᠷᠣᠮᠯᠠᠬᠤ ᠦᠭᠡᠢ᠂ ᠣᠷᠣᠯᠲᠣᠭᠠᠨ ᠤ ᠲᠠᠯᠠᠪᠠᠢ ᠶᠢᠨ ᠡᠮᠬᠢ ᠲᠢᠭᠯᠢᠮ ᠢ ᠰᠠᠮᠠᠭᠤᠷᠠᠭᠤᠯᠬᠤ ᠪᠠ ᠪᠣᠰᠣᠳ ᠡᠯ᠎ᠠ ᠵᠦᠢᠯ ᠤᠨ ᠢᠯᠵᠢᠷᠠᠯ ᠤᠨ ᠠᠵᠢᠯᠯᠠᠭ᠎ᠠ ᠪᠣᠯ ︽ᠡᠷᠭᠡ ᠲᠡᠭᠰᠢ᠂ ᠲᠦᠪ ᠭᠤᠣᠯᠴᠢ᠂ ᠢᠯᠠ ᠲᠣᠲᠣ︾ ᠣᠷᠣᠯᠲᠣᠭᠠᠨ ᠤ ᠵᠠᠷᠴᠢᠮ ᠢ ᠲᠡᠷᠰᠯᠡᠭᠰᠡᠨ ᠂ ᠠᠷᠠᠳ ᠢᠷᠭᠡᠳ ᠤᠨ ᠶᠣᠰᠣ ᠰᠣᠷᠲᠠᠬᠤᠨ ᠤ ᠪᠠᠶᠢᠭᠤᠯᠣᠯᠲᠠ ᠠᠴᠠ ᠭᠠᠵᠢᠬᠰᠠᠨ ᠶᠠᠪᠣᠲᠠᠯ ᠪᠣᠯᠬᠤ ᠶᠣᠮ᠃ ᠪᠡᠶ᠎ᠡ ᠶᠢᠨ ᠲᠠᠮᠢᠷ ᠤᠨ ᠡᠲᠡᠭᠡᠳ ᠤᠨ ᠬᠢᠨ ᠪᠣᠯᠣᠨ ᠨᠡᠶᠢᠭᠡᠮ ᠲᠠᠶᠠᠭᠠᠷ ᠢᠶᠠᠨ ᠪᠡᠶ᠎ᠡ ᠶᠢᠨ ᠲᠠᠮᠢᠷ ᠤᠨ ᠡᠩᠨᠡᠭᠡ ᠶᠢᠨ ᠦᠵᠡᠯ ᠰᠠᠨᠠᠭ᠎ᠠ ᠶᠣᠰᠣ ᠰᠣᠷᠲᠠᠬᠤᠨ ᠤ ᠬᠦᠮᠦᠵᠢᠯ ᠪᠠ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠵᠦ᠂  ᠬᠠᠤᠯᠢ ᠲᠦᠷᠢᠮ ᠠᠴᠠ ᠵᠦᠷᠢᠴᠡᠭᠰᠡᠨ ᠡᠮ ᠤᠨ ᠵᠦᠢᠯ ᠪᠠ ᠪᠣᠯᠪᠠᠰᠣᠷᠠᠯ ᠵᠢᠴᠢ ᠵᠦᠢ ᠪᠣᠰᠣ ᠠᠵᠢᠯᠯᠠᠭ᠎ᠠ ᠶᠢ ᠡᠷᠡᠰ ᠡᠰᠡᠷᠬᠦᠴᠡᠨ᠂ ᠪᠡᠶ ᠎ᠡ ᠶᠢᠨ ᠲᠠᠮᠢᠷ ᠤᠨ ᠬᠦᠷᠢᠶ᠎ᠡ ᠴᠠᠷᠠᠭ᠎ᠠ ᠶᠢᠨ ᠡᠯ᠎ᠡ ᠵᠦᠢᠯ ᠤᠨ ᠲᠦᠪ  ᠪᠤᠰᠤ ᠠᠵᠢᠯᠯᠠᠭ᠎ᠠ ᠪᠣᠯᠣᠨ ᠢᠯᠵᠢᠷᠠᠮᠠᠯ ᠠᠵᠢᠯᠯᠠᠭ᠎ᠠ ᠲᠠᠢ ᠲᠡᠮᠡᠴᠡᠯ ᠦᠷᠨᠢᠬᠦᠯᠵᠦ ᠪᠡᠶ᠎ᠡ ᠶᠢᠨ ᠲᠠᠮᠢᠷ ᠤᠨ ᠣᠷᠣᠯᠲᠣᠭᠠᠨ ᠤ ᠲᠦᠪ ᠭᠤᠣᠯᠴᠢ᠂ ᠡᠷᠬᠡ ᠲᠡᠭᠰᠢ ᠶᠢ ᠦᠨᠡᠨᠬᠦ  ᠪᠠᠲᠤᠯᠠᠨ᠎ᠠ᠃       ︵ᠬᠤᠷᠢ ᠶᠢᠰᠦ︶ ᠪᠡᠶ᠎ᠡ ᠶᠢᠨ ᠲᠠᠮᠢᠷ ᠤᠨ ᠰᠣᠷᠲᠠᠯ ᠣᠬᠠᠭᠤᠯᠭ᠎ᠠ ᠶᠢᠨ ᠠᠵᠢᠯ ᠢ ᠴᠢᠨᠠᠬᠰᠢᠲᠠ ᠴᠢᠩᠭᠠᠳᠬᠠᠨ᠎ᠠ᠃ ᠰᠣᠨᠢᠨ ᠮᠡᠲᠡᠭᠡᠨ ᠤ ᠶᠠᠷᠢᠶ᠎ᠠ ᠬᠡᠯᠡᠯᠴᠡᠭᠡᠨ ᠨᠢ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠨ ᠬᠦᠭᠵᠢᠬᠦ ᠳᠤ ᠴᠢᠬᠤᠯᠠ ᠦᠢᠯᠡᠲᠦᠯ ᠦᠵᠡᠬᠦᠯᠲᠡᠭ᠂ ᠵᠦᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠣᠲᠣᠷᠢᠲᠣᠮᠵᠢ ᠶᠢ ᠪᠠᠷᠢᠮᠲᠠᠯᠠᠵᠦ᠂ ᠲᠣᠮᠲᠠᠲᠣ ᠶᠢᠨ ᠪᠡᠶ᠎ᠡ ᠶᠢᠨ ᠲᠠᠮᠢᠷ ᠤᠨ ᠵᠣᠷᠢᠬ ᠰᠠᠨᠠᠭ᠎ᠠ ᠶᠢ ᠪᠠᠲᠠᠷᠠᠭᠤᠯᠵᠦ᠂ ᠪᠡᠶ᠎ᠡ ᠶᠢᠨ ᠲᠠᠮᠢᠷ ᠤᠨ ᠰᠢᠨᠵᠢᠯᠡᠬᠦ ᠣᠬᠠᠭᠠᠨ ᠤ ᠮᠡᠲᠡᠯᠭᠡ ᠶᠢ ᠲᠦᠭᠡᠮᠡᠯᠵᠢᠬᠦᠯᠵᠦ᠂ ᠡᠷᠡᠬᠦᠯ ᠴᠢᠬᠢᠷᠠᠬ᠂ ᠰᠢᠨᠵᠢᠯᠡᠬᠦ  ᠤᠬᠠᠭᠠᠨᠴᠢ᠂ ᠪᠣᠯᠪᠠᠰᠣᠨ ᠠᠮᠢᠲᠣᠷᠠᠯ ᠤᠨ ᠠᠷᠭ᠎ᠠ ᠮᠠᠶ᠋ᠢᠬ ᠢ ᠬᠦᠭᠡᠭᠡᠴᠡᠯᠲᠦᠨ᠂ ᠨᠡᠶᠢᠭᠡᠮ ᠤᠨ ᠲᠣᠬᠲᠠᠭᠤᠨ ᠢ ᠬᠠᠮᠠᠭᠠᠯᠠᠨ᠂  ᠪᠡᠶ᠎ᠡ ᠶᠢᠨ ᠲᠠᠮᠢᠷ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号