ᠲᠣᠮᠲᠠᠲᠣ ᠣᠯᠣᠰ ᠤᠨ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠶᠡᠷᠦᠩᠬᠡᠢ ᠲᠦᠰᠤᠯ
ᠨᠡᠶᠢᠲᠡᠯᠡᠭᠰᠡᠨ ᠴᠠᠭ᠄
2019/2/20
      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠣᠯᠭᠠᠬᠰᠠᠨ ᠨᠠᠮ ᠤᠨ ᠲᠦᠪ ᠬᠤᠷᠢᠶ᠎ᠠ ᠬᠦᠯ ᠪᠦᠮᠪᠦᠭᠡ ᠶᠢ ᠬᠦᠭᠵᠢᠬᠦᠯᠦᠨ ᠮᠠᠨᠲᠣᠭᠤᠯᠬᠤ ᠶᠢ ᠪᠡᠶ᠎ᠡ ᠶᠢᠨ ᠲᠠᠮᠢᠷ ᠤᠨ ᠬᠦᠲᠡᠯᠭᠡᠭᠡᠨ ᠢ ᠬᠦᠭᠵᠢᠬᠦᠯᠵᠦ᠂ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠦ ᠡᠳᠦᠷ ᠲᠣᠲᠣᠮ ᠤᠨ ᠠᠵᠢᠯ ᠳᠠᠭᠠᠨ  ᠪᠠᠭᠲᠠᠭᠠᠨ ᠣᠷᠣᠭᠤᠯᠪᠠ᠃ ᠶᠡᠷᠦᠩᠭᠡᠢ ᠱᠦᠵᠢ ᠰᠢ ᠶᠢᠨ ᠫᠢᠩ ᠣᠯᠠᠨ ᠣᠲᠠᠭ᠎ᠠ ᠮᠠᠨ ᠤ ᠣᠯᠣᠰ ᠤᠨ ᠬᠦᠯ ᠪᠦᠮᠪᠦᠭᠡ ᠶᠢᠨ ᠦᠢᠯᠡᠰ ᠢ ᠰᠠᠶᠢᠲᠣᠷ ᠬᠦᠭᠵᠢᠬᠦᠯᠬᠦ ᠲᠣᠬᠠᠢ ᠵᠢᠭᠠᠪᠣᠷᠢᠯᠠᠵᠦ᠂ ᠶᠡᠷᠦᠩᠭᠡᠢ ᠰᠠᠶᠢᠢᠳ ᠯᠢ ᠺᠧ ᠴᠢᠶᠠᠩ ᠬᠦᠯ ᠪᠦᠮᠪᠦᠭᠡ ᠵᠡᠷᠭᠡ ᠪᠡᠶ᠎ᠡ ᠶᠢᠨ ᠲᠠᠮᠢᠷ ᠤᠨ ᠦᠢᠯᠡᠰ ᠪᠣᠯᠣᠨ ᠪᠡᠶ᠎ᠡ ᠶᠢᠨ ᠲᠠᠮᠢᠷ ᠤᠨ ᠠᠵᠦ ᠦᠢᠯᠡᠰ ᠤᠨ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠲᠦᠷᠦ ᠶᠢᠨ ᠶᠠᠪᠣᠲᠠᠯ ᠤᠨ ᠬᠤᠷᠢᠶ᠎ᠠ ᠣᠯᠠᠨ ᠣᠲᠠᠭ᠎ᠠ ᠲᠣᠰᠬᠠᠢ ᠰᠡᠲᠦᠪᠲᠦ ᠰᠣᠲᠣᠯᠣᠨ ᠪᠠᠶᠢᠷᠢᠯᠠᠭᠤᠯᠣᠯᠲᠠ ᠬᠢᠵᠦ᠂ ᠮᠠᠨ ᠤ ᠣᠯᠣᠰ ᠤᠨ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠣᠷᠢᠳ ᠡᠮᠦᠨ᠎ᠡ ᠭᠠᠷᠣᠭᠠᠲᠣᠢ ᠠᠵᠠ ᠲᠣᠬᠢᠶᠠᠯ ᠢᠶᠠᠨ ᠣᠬᠲᠣᠪᠠ᠃       ᠬᠦᠯ ᠪᠦᠮᠪᠦᠭᠡ ᠶᠢᠨ ᠬᠦᠲᠡᠯᠭᠡᠭᠡᠨ ᠪᠣᠯ ᠮᠠᠰᠢ ᠦᠷᠭᠡᠨ ᠨᠡᠶᠢᠭᠡᠮ ᠤᠨ ᠨᠦᠯᠦᠭᠡ ᠲᠠᠢ ᠪᠠᠶᠢᠵᠦ᠂ ᠦᠷᠭᠡᠨ ᠣᠯᠠᠨ ᠲᠦᠮᠡᠨ ᠤ ᠲᠣᠷ᠎ᠠ ᠰᠣᠨᠢᠷᠬᠠᠯ ᠢ ᠬᠦᠨ ᠲᠠᠲᠠᠪᠠ᠃ ᠬᠦᠯ ᠪᠦᠮᠪᠦᠭᠡ ᠶᠢ ᠬᠦᠭᠵᠢᠬᠦᠯᠦᠨ ᠰᠡᠷᠬᠦᠭᠡᠨ ᠮᠠᠨᠲᠣᠭᠤᠯᠬᠤ ᠨᠢ ᠣᠯᠣᠰ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠲᠡᠭᠡᠭᠰᠢᠯᠡᠬᠦᠯᠵᠦ᠂ ᠰᠣᠶᠣᠯ ᠤᠨ ᠠᠮᠢᠲᠣᠷᠠᠯ ᠢ ᠪᠠᠶᠠᠯᠢᠬᠵᠢᠭᠤᠯᠬᠤ᠂ ᠡᠬᠡ ᠣᠷᠣᠨᠴᠢ ᠦᠵᠡᠯ ᠬᠠᠮᠲᠣᠴᠢ ᠦᠵᠡᠯ ᠤᠨ ᠵᠣᠷᠢᠬ ᠰᠠᠨᠠᠭ᠎ᠠ ᠶᠢ ᠪᠠᠲᠠᠷᠠᠭᠤᠯᠣᠨ᠂ ᠪᠡᠶ᠎ᠡ ᠶᠢᠨ ᠲᠠᠮᠢᠷ ᠤᠨ ᠰᠣᠶᠣᠯ ᠢ ᠬᠦᠮᠦᠵᠢᠬᠦᠯᠦᠨ᠂ ᠪᠡᠶ᠎ᠡ ᠶᠢᠨ ᠲᠠᠮᠢᠷ ᠤᠨ  ᠠᠵᠦ ᠦᠢᠯᠡᠰ ᠢ ᠬᠦᠭᠵᠢᠬᠦᠯᠵᠦ᠂ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠤᠨ  ᠮᠦᠷᠦᠭᠡᠳᠦᠯ ᠢ ᠪᠡᠶᠡᠯᠡᠬᠦᠯᠬᠦ ᠳᠤ ᠴᠢᠬᠤᠯᠠ ᠠᠴᠢ ᠬᠤᠯᠪᠣᠬᠲᠠᠯ ᠲᠠᠢ ᠪᠠᠶᠢᠵᠦ᠂ ᠠᠵᠦ ᠠᠬᠤᠢ᠂ ᠨᠡᠶᠢᠭᠡᠮ᠂ ᠰᠣᠶᠣᠯ ᠤᠨ ᠪᠠᠶᠢᠭᠤᠯᠣᠯᠲᠠ ᠳᠤ ᠪᠠᠰᠠ ᠢᠲᠡᠪᠬᠢᠲᠡᠢ ᠠᠬᠢᠭᠤᠯᠬᠤ ᠦᠢᠯᠡᠲᠦᠯ ᠦᠵᠡᠬᠦᠯᠲᠡᠭ᠃ ᠮᠠᠨ ᠤ ᠣᠯᠣᠰ ᠤᠨ ᠬᠦᠯ ᠪᠦᠮᠪᠦᠭᠡ ᠦᠩᠭᠡᠷᠡᠭᠰᠡᠨ ᠳᠤ ᠠᠽᠢᠶ᠎ᠠ ᠲᠢᠪ ᠲᠤ ᠰᠢᠯᠢᠲᠡᠭ ᠠᠮᠵᠢᠯᠲᠠ ᠡᠬᠦᠳᠴᠦ᠂ ᠬᠤᠷᠢᠲᠣᠭᠠᠷ ᠵᠠᠭᠤᠨ ᠤ ᠶᠡᠷᠡᠭᠡᠳ ᠤᠨ ᠠᠴᠠ ᠡᠬᠢᠯᠡᠨ ᠮᠡᠷᠭᠡᠵᠢᠯ ᠤᠨ ᠬᠦᠯ ᠪᠦᠮᠪᠦᠭᠡ ᠶᠢᠨ ᠬᠦᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠦᠭᠡᠷᠡᠴᠢᠯᠡᠯᠲᠡ ᠪᠠᠷ ᠲᠠᠮᠵᠢᠨ ᠬᠡᠰᠡᠭ ᠬᠤᠭᠤᠴᠠᠭᠠᠨ ᠳᠤ ᠠᠮᠢᠵᠢᠷᠠᠯ ᠪᠢᠯᠬᠠᠬᠰᠠᠨ ᠪᠠᠶᠢᠨ᠎ᠠ᠃ ᠬᠡᠪᠡᠴᠦ ᠬᠦᠯ ᠪᠦᠮᠪᠦᠭᠡ ᠶᠢᠨ ᠦᠷᠲᠡᠭ ᠪᠣᠯᠣᠨ ᠵᠢᠮ᠎ᠠ ᠶᠣᠰᠣ ᠶᠢᠨ ᠲᠣᠬᠠᠢ ᠲᠠᠨᠢᠯᠲᠠ ᠬᠦᠢᠴᠡᠳ ᠪᠣᠰᠣ᠂  ᠠᠮᠵᠢᠯᠲᠠ ᠳᠤ ᠬᠦᠷᠬᠦ ᠶᠢ ᠶᠠᠭᠠᠷᠠᠵᠦ ᠨᠢᠳᠤᠨ ᠡᠮᠦᠨᠡᠬᠢ ᠠᠰᠢᠭ ᠲᠤᠰᠠ ᠶᠢ ᠬᠦᠭᠡᠭᠡᠴᠡᠯᠲᠦᠬᠦ ᠦᠵᠡᠯ ᠰᠠᠨᠠᠭ᠎ᠠ ᠬᠦᠨᠲᠦ ᠨᠣᠴᠢᠲᠠᠢ ᠣᠷᠣᠰᠢᠵᠦ᠂ ᠵᠣᠬᠢᠶᠠᠨ ᠪᠠᠶᠢᠭᠤᠯᠬᠤ ᠬᠠᠮᠢᠶᠠᠷᠣᠯᠲᠠ ᠶᠢᠨ ᠲᠣᠬᠲᠠᠴᠠ ᠬᠤᠴᠣᠷᠣᠩᠭᠤᠢ᠂ ᠴᠢᠲᠠᠪᠣᠷᠢᠲᠠᠨ ᠲᠣᠲᠠᠬᠲᠠᠵᠦ᠂ ᠬᠢᠨᠠᠯᠲᠠ ᠬᠠᠮᠢᠶᠠᠷᠣᠯᠲᠠ ᠵᠠᠲᠠᠭᠠᠶᠢᠷᠠᠬᠰᠠᠨ ᠠᠴᠠ  ᠪᠤᠯᠵᠤ ᠬᠦᠯ ᠪᠦᠮᠪᠦᠭᠡ ᠶᠢᠨ ᠬᠦᠭᠵᠢᠯᠲᠡ ᠶᠢᠨ ᠨᠡᠶᠢᠭᠡᠮ ᠤᠨ ᠰᠠᠭᠤᠷᠢ ᠬᠡᠪᠡᠷᠡᠭ ᠪᠠᠭᠤᠷᠠᠢ ᠪᠣᠯᠵᠦ᠂ ᠠᠵᠢᠯ ᠲᠦᠷᠦᠯ ᠤᠨ ᠬᠡᠪ ᠰᠣᠷᠲᠠᠯ ᠪᠣᠯᠣᠨ ᠣᠷᠣᠯᠲᠣᠭᠠᠨ ᠤ ᠡᠮᠬᠢ ᠵᠢᠷᠣᠮ ᠰᠠᠮᠠᠭᠤᠷᠠᠵᠦ᠂ ᠬᠦᠯ ᠪᠦᠮᠪᠦᠭᠡ ᠶᠢᠨ ᠦᠷ᠎ᠡ ᠪᠦᠲᠦᠮᠵᠢ ᠦᠷᠬᠦᠯᠵᠢᠯᠡᠨ ᠲᠣᠷᠣᠬᠰᠢᠯᠠᠪᠠ᠃       2009 ᠤᠨ ᠠᠴᠠ ᠨᠠᠰᠢ᠂  ᠬᠦᠯ ᠪᠦᠮᠪᠦᠭᠡ ᠬᠠᠭᠤᠷᠮᠠᠬᠯᠠᠬᠤ ᠮᠦᠷᠦᠶᠢᠴᠡᠬᠦ  ᠬᠠᠷ᠎ᠠ ᠪᠦᠯᠦᠭᠲᠡᠨ ᠳᠤ ᠴᠣᠬᠢᠯᠲᠠ ᠦᠭᠬᠦ ᠪᠠᠷ ᠭᠤᠣᠯᠲᠠᠯᠭ᠎ᠠ ᠪᠣᠯᠭᠠᠬᠰᠠᠨ ᠵᠠᠰᠠᠯᠲᠠ ᠴᠡᠭᠴᠡᠯᠡᠯᠲᠡ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠬᠦᠭᠵᠢᠬᠦᠯᠬᠦ ᠵᠡᠷᠭᠡ ᠠᠷᠭ᠎ᠠ ᠬᠡᠮᠵᠢᠶ᠎ᠡ ᠶᠢ ᠲᠠᠮᠵᠢᠭᠠᠳ᠂ ᠬᠦᠯ ᠪᠦᠮᠪᠦᠭᠡ ᠶᠢᠨ ᠦᠢᠯᠡᠰ ᠤᠨ ᠬᠦᠭᠵᠢᠯᠲᠡ ᠶᠢᠨ ᠬᠠᠨᠲᠣᠰᠢ ᠰᠠᠶᠢᠵᠢᠷᠠᠵᠦ᠂ ᠰᠢᠨ᠎ᠡ ᠦᠷᠨᠢᠯᠳᠠ ᠶᠢᠨ ᠱᠠᠲᠣ ᠪᠠᠨ ᠣᠬᠲᠣᠪᠠ᠃ ᠭᠡᠪᠡᠴᠦ ᠦᠳᠲᠡᠷ ᠲᠦᠷᠭᠡᠨ ᠬᠦᠭᠵᠢᠵᠦ ᠪᠠᠶᠢᠭ᠎ᠠ ᠲᠡᠯᠡᠭᠡᠢ ᠶᠢᠨ ᠪᠣᠯᠣᠨ ᠠᠽᠢᠶ᠎ᠠ ᠲᠢᠪ ᠤᠨ ᠬᠦᠯ ᠪᠦᠮᠪᠦᠭᠡ ᠲᠠᠢ ᠬᠠᠷᠢᠴᠠᠭᠤᠯᠪᠠᠯ ᠮᠠᠨ ᠤ ᠣᠯᠣᠰ ᠤᠨ ᠬᠦᠯ ᠪᠦᠮᠪᠦᠭᠡ ᠶᠢᠨ ᠦᠢᠯᠡᠰ ᠮᠦᠨᠬᠦ ᠪᠦᠬᠦ ᠲᠠᠯ᠎ᠠ ᠪᠠᠷ ᠬᠤᠴᠣᠷᠣᠩᠭᠤᠢ ᠪᠠᠶᠢᠬᠰᠠᠭᠠᠷ᠃ ᠬᠦᠯ ᠪᠦᠮᠪᠦᠭᠡ ᠶᠢ ᠰᠡᠷᠬᠦᠭᠡᠨ ᠮᠠᠨᠲᠣᠭᠤᠯᠬᠤ ᠪᠣᠯ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠢ ᠪᠦᠲᠦᠭᠡᠨ ᠪᠠᠶᠢᠭᠤᠯᠬᠤ ᠵᠠᠶᠢᠯᠠᠰᠢ ᠦᠭᠡᠢ ᠱᠠᠭᠠᠷᠲᠠᠯᠭ᠎ᠠ ᠪᠣᠯᠬᠤ ᠪᠦᠭᠡᠳ ᠪᠠᠰᠠᠴᠦ ᠠᠷᠠᠳ ᠣᠯᠨᠨ ᠤ ᠬᠦᠰᠡᠯ ᠡᠷᠡᠮᠡᠯᠵᠡᠯ ᠪᠣᠯᠬᠤ ᠶᠣᠮ᠃ ᠦᠭᠡᠷᠡᠴᠢᠯᠡᠯᠲᠡ ᠶᠢ ᠠᠬᠢᠭᠤᠯᠵᠦ᠂ ᠬᠦᠯ ᠪᠦᠮᠪᠦᠭᠡ ᠶᠢ ᠰᠡᠷᠬᠦᠭᠡᠨ ᠮᠠᠨᠲᠣᠭᠤᠯᠬᠤ ᠶᠢ ᠪᠠᠷᠢᠮᠲᠠᠯᠠᠵᠦ᠂ ᠮᠦᠨ ᠡᠬᠦᠪᠡᠷ ᠰᠢᠪᠲᠣᠯᠣᠯᠲᠠ ᠪᠣᠯᠭᠠᠨ ᠪᠡᠶ᠎ᠡ ᠶᠢᠨ ᠲᠠᠮᠢᠷ ᠤᠨ ᠬᠠᠮᠢᠶᠠᠷᠣᠯᠲᠠ ᠲᠣᠬᠲᠠᠯᠴᠠᠭ᠎ᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠪᠣᠯ ᠪᠡᠶ᠎ᠡ ᠶᠢᠨ ᠲᠠᠮᠢᠷ ᠤᠨ ᠠᠵᠢᠯ ᠤᠨ ᠹᠷᠣᠨᠲ ᠲᠤ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ  ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠬᠤᠶᠠᠲᠣᠭᠠᠷ᠂ ᠭᠤᠷᠪᠠᠲᠣᠭᠠᠷ᠂ ᠲᠦᠷᠪᠡᠲᠦᠭᠡᠷ  ᠪᠦᠬᠦᠲᠡ ᠬᠤᠷᠠᠯ ᠤᠨ ᠵᠣᠷᠢᠬ ᠰᠠᠨᠠᠭ᠎ᠠ ᠶᠢ ᠲᠣᠭᠤᠰᠢᠯᠠᠭᠤᠯᠵᠦ᠂ ᠠᠷᠠᠳ ᠣᠯᠠᠨ ᠤ ᠰᠢᠨ᠎ᠠ ᠬᠦᠰᠡᠯ ᠱᠠᠭᠠᠷᠲᠠᠯᠭ᠎ᠠ ᠳᠤ ᠨᠡᠶᠢᠴᠡᠬᠦᠯᠦᠨ᠂ ᠲᠣᠮᠲᠠᠲᠣ ᠣᠯᠣᠰ ᠤᠨ ᠪᠡᠶ᠎ᠡ ᠶᠢᠨ ᠲᠠᠮᠢᠷ ᠤᠨ ᠲᠣᠮᠣ ᠣᠯᠣᠰ ᠤᠨ ᠲᠦᠷᠢ ᠲᠦᠷᠬᠦ ᠶᠢ ᠲᠡᠭᠡᠭᠰᠢᠯᠡᠬᠦᠯᠵᠦ᠂ ᠪᠡᠶ ᠎ᠡ ᠶᠢᠨ ᠲᠠᠮᠢᠷ ᠤᠨ ᠬᠦᠴᠦᠷᠭᠡᠭ ᠣᠯᠣᠰ ᠢ ᠪᠡᠶᠡᠯᠡᠬᠦᠯᠬᠦ ᠶᠢᠨ ᠪᠣᠲᠠᠲᠠᠢ ᠠᠵᠢᠯᠯᠠᠭ᠎ᠠ ᠪᠣᠯᠬᠤ ᠶᠣᠮ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠰᠢᠢᠳᠪᠦᠷᠢᠲᠦ ᠪᠣᠲᠣᠯᠭ᠎ᠠ ᠶᠢᠨ ᠪᠠᠶᠢᠷᠢᠯᠠᠭᠤᠯᠣᠯᠲᠠ ᠶᠢ ᠲᠣᠭᠤᠰᠢᠯᠠᠭᠤᠯᠬᠤ ᠶᠢᠨ ᠲᠦᠯᠦᠭᠡ ᠣᠨᠴᠠᠭᠠᠶᠢᠢᠯᠠᠨ ᠲᠣᠰ ᠲᠦᠰᠦᠯ ᠢ ᠲᠣᠬᠲᠠᠭᠠᠪᠠ᠃       ᠨᠢᠭᠡ᠂ ᠶᠡᠷᠦᠩᠭᠡᠢ ᠱᠠᠭᠠᠷᠲᠠᠯᠭ᠎ᠠ       ︵ᠨᠢᠭᠡ︶ ᠵᠢᠯᠣᠭᠤᠳᠬᠤ ᠦᠵᠡᠯ ᠰᠠᠨᠠᠭ᠎ᠠ︔ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠣᠭᠤᠲᠣᠭᠤᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ  ᠨᠠᠢᠮᠠᠳᠤᠭᠠᠷ ᠶᠡᠭᠡ ᠬᠤᠷᠠᠯ ᠤᠨ ᠬᠤᠶᠠᠲᠣᠭᠠᠷ᠂ ᠭᠤᠷᠪᠠᠲᠣᠭᠠᠷ᠂ ᠲᠦᠷᠪᠡᠲᠦᠭᠡᠷ ᠪᠦᠬᠦᠲᠡ ᠬᠤᠷᠠᠯ ᠤᠨ ᠵᠣᠷᠢᠬ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠬ ᠰᠠᠨᠠᠭ᠎ᠠ ᠶᠢ ᠬᠦᠨᠵᠡᠭᠡᠢ ᠰᠣᠷᠣᠯᠴᠠᠨ ᠲᠣᠭᠤᠰᠢᠯᠠᠭᠤᠯᠵᠦ᠂ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠦ᠂ ᠠᠰᠠᠭᠤᠲᠠᠯ ᠤᠨ ᠣᠲᠣᠷᠢᠲᠣᠮᠵᠢ ᠶᠢ ᠪᠠᠷᠢᠮᠲᠠᠯᠠᠨ᠂ ᠰᠢᠨ᠎ᠡ ᠶᠢ ᠡᠬᠦᠳᠬᠦ ᠲᠣᠬᠲᠠᠴᠠ ᠶᠢ ᠦᠭᠡᠷᠡᠴᠢᠯᠡᠵᠦ᠂ ᠬᠦᠯ ᠪᠦᠮᠪᠦᠭᠡ ᠶᠢᠨ ᠬᠦᠭᠵᠢᠯᠲᠡ ᠶᠢᠨ ᠵᠢᠮ᠎ᠡ ᠶᠣᠰᠣ ᠶᠢ ᠮᠦᠷᠲᠡᠵᠦ᠂ ᠲᠣᠮᠲᠠᠲᠣ ᠶᠢᠨ ᠪᠡᠶ᠎ᠡ ᠶᠢᠨ ᠲᠠᠮᠢᠷ ᠤᠨ ᠵᠣᠷᠢᠬ ᠰᠠᠨᠠᠭ᠎ᠠ ᠶᠢ ᠪᠠᠲᠠᠷᠠᠭᠤᠯᠵᠦ᠂ ᠦᠵᠡᠯ ᠰᠠᠨᠠᠭ᠎ᠠ ᠬᠡᠪ ᠰᠣᠷᠲᠠᠯ ᠪᠣᠯᠣᠨ ᠡᠩᠨᠡᠭᠡ ᠶᠢᠨ ᠪᠠᠶᠢᠭᠤᠯᠣᠯᠲᠠ ᠪᠠᠨ ᠴᠢᠩᠭᠠᠳᠬᠠᠵᠦ᠂  ᠲᠣᠰᠬᠠᠢ ᠮᠡᠷᠭᠡᠵᠢᠯ ᠦᠨᠳᠦᠷ ᠪᠦᠲᠦᠮᠵᠢᠲᠡᠢ᠂ ᠰᠢᠰᠲ᠋ᠧᠮ ᠪᠦᠷᠢᠨ ᠲᠦᠬᠦᠷ᠂ ᠠᠷᠠᠳᠴᠢᠯᠠᠯ ᠴᠢᠯᠦᠭᠡᠲᠡᠢ  ᠂ ᠡᠷᠬᠢᠯᠲᠡ ᠠᠮᠢᠲᠣᠯᠢᠬ᠂ ᠬᠠᠣᠯᠢ ᠲᠦᠷᠢᠮ ᠲᠡᠬᠦᠯᠲᠡᠷᠵᠢᠭᠰᠡᠨ᠂  ᠬᠦᠴᠦᠲᠦ ᠪᠠᠲᠣᠯᠠᠭ᠎ᠠ ᠪᠦᠬᠦᠢ ᠲᠣᠬᠲᠠᠴᠠ ᠪᠠᠶᠢᠭᠤᠯᠣᠮᠵᠢ ᠶᠢ ᠴᠢᠷᠮᠠᠶᠢᠨ ᠪᠠᠶᠢᠭᠤᠯᠵᠦ᠂ ᠮᠠᠨ ᠤ ᠣᠯᠣᠰ ᠤᠨ ᠬᠦᠯ ᠪᠦᠮᠪᠦᠭᠡ ᠶᠢᠨ ᠦᠢᠯᠡᠰ ᠤᠨ ᠲᠠᠰᠣᠷᠠᠯᠲᠠ ᠦᠭᠡᠢ ᠰᠢᠨ᠎ᠡ ᠲᠡᠭᠲᠡᠷ ᠲᠤ ᠲᠠᠪᠰᠢᠬᠤ ᠶᠢ ᠠᠬᠢᠭᠤᠯᠣᠨ᠎ᠠ᠃       ︵ᠬᠤᠶᠠᠷ︶ ᠦᠨᠳᠦᠰᠦᠨ ᠵᠠᠷᠴᠢᠮ       — ᠣᠯᠣᠰ ᠤᠨ ᠪᠠᠶᠢᠲᠠᠯ ᠳᠠᠭᠠᠨ ᠰᠠᠭᠤᠷᠢᠯᠠᠬᠤ ᠪᠠ ᠣᠯᠠᠨ ᠣᠯᠣᠰ ᠤᠨ ᠲᠣᠷᠰᠢᠯᠭ᠎ᠠ ᠶᠢ ᠠᠰᠢᠬᠯᠠᠬᠤ ᠶᠢ ᠣᠶᠠᠯᠲᠣᠭᠤᠯᠣᠨ᠎ᠠ︔ ᠮᠠᠨ ᠤ ᠣᠯᠣᠰ ᠤᠨ ᠬᠦᠯ ᠪᠦᠮᠪᠦᠭᠡ ᠶᠢᠨ ᠪᠣᠲᠠᠲᠠᠢ ᠠᠴᠠ ᠡᠬᠦᠰᠦᠨ᠂ ᠬᠦᠯ ᠪᠦᠮᠪᠦᠭᠡ ᠬᠦᠭᠵᠢᠭᠰᠡᠨ ᠣᠯᠣᠰ ᠤᠨ ᠲᠣᠷᠰᠢᠯᠭ᠎ᠠ ᠶᠢ ᠰᠣᠷᠣᠯᠴᠠᠨ  ᠲᠤᠯᠢ ᠪᠣᠯᠭᠠᠵᠦ᠂ ᠲᠣᠮᠲᠠᠲᠣ ᠣᠯᠣᠰ ᠤᠨ ᠣᠨᠴᠠᠯᠢᠬ ᠪᠦᠬᠦᠢ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠵᠦ᠂ ᠬᠦᠯ ᠪᠦᠮᠪᠦᠭᠡ ᠶᠢᠨ ᠨᠡᠶᠢᠭᠡᠮ ᠤᠨ ᠦᠷᠲᠡᠭ ᠪᠠ ᠴᠢᠲᠠᠪᠬᠢ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃      — ᠠᠯᠣᠰ ᠬᠡᠲᠦ ᠶᠢ ᠪᠣᠲᠣᠯᠬᠢᠯᠠᠬᠤ ᠪᠠ ᠰᠠᠭᠤᠷᠢ ᠪᠠᠨ ᠪᠠᠲᠣᠳᠬᠠᠬᠤ ᠶᠢ ᠬᠠᠷᠢᠯᠴᠠᠨ ᠣᠶᠠᠯᠲᠣᠭᠤᠯᠣᠨ᠎ᠠ︔ ᠲᠡᠭᠡᠲᠦ  ᠲᠠᠪᠬᠤᠷᠭ᠎ᠠ ᠶᠢᠨ ᠵᠢᠷᠤᠬ ᠲᠦᠯᠦᠪᠯᠡᠭᠡ ᠶᠢ ᠴᠢᠩᠭᠠᠳᠬᠠᠨ᠂ ᠪᠠᠶᠢᠯᠲᠣᠬᠤ ᠪᠣᠲᠣᠯᠭ᠎ᠠ ᠶᠢᠨ ᠬᠡᠷᠡᠭᠵᠢᠬᠦᠯᠦᠯᠲᠡ ᠶᠢ ᠴᠢᠬᠤᠯᠠᠴᠢᠯᠠᠨ᠎ᠠ︔ ᠬᠦᠯ ᠪᠦᠮᠪᠦᠭᠡ ᠶᠢᠨ ᠬᠦᠭᠵᠢᠯᠲᠡ ᠶᠢᠨ ᠬᠦᠮᠦᠨ ᠠᠮᠠ ᠶᠢᠨ ᠰᠠᠭᠤᠷᠢ᠂ ᠲᠦᠬᠦᠭᠡᠷᠦᠮᠵᠢ ᠶᠢᠨ ᠰᠠᠭᠤᠷᠢ᠂ ᠬᠠᠮᠢᠶᠠᠷᠣᠯᠲᠠ ᠶᠢᠨ ᠰᠠᠭᠤᠷᠢ᠂ ᠰᠣᠶᠣᠯ ᠤᠨ ᠰᠠᠭᠤᠷᠢ ᠶᠢ ᠪᠠᠬᠢᠵᠢᠬᠦᠯᠦᠨ᠂ ᠦᠷᠬᠦᠯᠵᠢᠯᠡᠨ ᠬᠦᠴᠦᠯᠡᠵᠦ᠂ ᠣᠷᠲᠣ ᠬᠤᠭᠤᠴᠠᠭ᠎ᠠ ᠶᠢᠨ ᠠᠮᠵᠢᠯᠲᠠ ᠡᠬᠦᠳᠦᠨ᠎ᠡ᠃      — ᠲᠠᠬᠢᠨ ᠪᠠᠶᠢᠭᠤᠯᠬᠤ ᠰᠢᠨ᠎ᠡ ᠶᠢ ᠡᠬᠦᠳᠬᠦ ᠪᠠ ᠠᠰᠠᠭᠤᠲᠠᠯ ᠢ ᠵᠠᠰᠠᠬᠤ ᠶᠢ ᠬᠠᠷᠢᠯᠴᠠᠨ ᠣᠶᠠᠯᠲᠣᠭᠤᠯᠣᠨ᠎ᠠ︔ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠪᠠᠨ ᠬᠤᠪᠢᠷᠠᠭᠤᠯᠵᠦ᠂ ᠬᠦᠴᠦᠰᠦ ᠶᠢᠨ ᠨᠡᠶᠢᠯᠡᠯ ᠢ ᠰᠢᠯᠢᠲᠡᠭᠵᠢᠬᠦᠯᠦᠨ᠂ ᠬᠦᠭᠵᠢᠯᠲᠡ ᠶᠢᠨ ᠲᠠᠪᠴᠠᠩ ᠤᠨ ᠰᠢᠨ᠎ᠡ ᠶᠢ ᠡᠬᠦᠲᠦᠨ᠎ᠡ︔ ᠵᠢᠮ᠎ᠡ ᠶᠣᠰᠣ ᠶᠢ ᠬᠦᠨᠳᠦᠳᠭᠡᠨ ᠣᠲᠣᠬᠠᠨ ᠤ ᠪᠠ ᠬᠤᠶᠢᠰᠢᠲᠠ᠂ ᠭᠤᠣᠯᠲᠠᠯᠭ᠎ᠠ ᠪᠣᠯᠣᠨ  ᠡᠩ ᠶᠡᠷᠦ᠂ ᠬᠡᠪᠴᠢᠶ᠎ᠠ ᠪᠣᠯᠣᠨ ᠦᠷ᠎ᠡ ᠠᠰᠢᠬ ᠵᠡᠷᠭᠡ ᠶᠢᠨ ᠬᠠᠷᠢᠴᠠᠭ᠎ᠠ ᠶᠢ ᠰᠠᠶᠢᠲᠣᠷ ᠰᠢᠳᠪᠦᠷᠢᠡᠯᠵᠦ᠂ ᠰᠢᠨᠵᠢᠯᠡᠬᠦ ᠣᠬᠠᠭᠠᠨᠴᠢ ᠪᠠᠷ ᠵᠠᠰᠠᠬᠤ ᠶᠢ ᠴᠢᠩᠭᠠᠳᠬᠠᠨ᠂ ᠬᠦᠭᠵᠢᠯᠲᠡ ᠶᠢᠨ ᠬᠦᠴᠢᠷ ᠠᠰᠠᠭᠤᠲᠠᠯ ᠢ ᠰᠢᠳᠪᠦᠷᠢᠯᠡᠨ᠎ᠡ᠃      — ᠣᠯᠣᠰ ᠲᠠᠶᠠᠭᠠᠷ ᠢᠶᠠᠨ ᠣᠷᠣᠯᠴᠠᠬᠤ ᠲᠣᠬᠲᠠᠴᠠ ᠪᠣᠯᠣᠨ ᠵᠠᠬ᠎ᠠ ᠲᠡᠯᠭᠡᠬᠦᠷ ᠤᠨ ᠲᠣᠬᠲᠠᠴᠠ ᠶᠢ ᠬᠠᠷᠢᠯᠴᠠᠨ ᠣᠶᠠᠯᠲᠣᠭᠤᠯᠣᠨ᠎ᠠ︔ ᠨᠡᠶᠢᠢᠭᠡᠮ ᠵᠢᠷᠣᠮᠲᠣ ᠪᠠᠶᠢᠭᠤᠯᠣᠯ ᠤᠨ ᠲᠠᠪᠠᠭᠤᠯᠢᠬ ᠢ ᠪᠠᠲᠠᠷᠠᠭᠤᠯᠵᠦ᠂ ᠡᠬᠢ ᠪᠠᠶᠠᠯᠢᠬ ᠢ ᠨᠡᠶᠢᠳᠭᠡᠨ᠂ ᠨᠡᠶᠢᠯᠡᠯ ᠬᠦᠴᠦᠨ ᠪᠣᠯᠭᠠᠵᠦ ᠪᠦᠷᠢᠯᠲᠦᠭᠦᠯᠦᠨ᠎ᠡ︔ ᠵᠠᠬ᠎ᠠ ᠲᠡᠯᠭᠡᠬᠦᠷ ᠤᠨ ᠪᠠᠶᠢᠭᠤᠯᠣᠮᠵᠢ ᠶᠢᠨ ᠦᠢᠯᠡᠲᠦᠯ ᠢ ᠬᠦᠢᠴᠡᠳ ᠪᠠᠲᠠᠷᠠᠭᠤᠯᠣᠨ᠂ ᠠᠮᠢᠵᠢᠷᠠᠯ ᠤᠨ ᠬᠦᠴᠦᠨ ᠢ ᠬᠦᠭᠵᠢᠭᠡᠵᠦ᠂ ᠡᠷᠭᠡ ᠲᠡᠭᠰᠢ ᠦᠨᠡᠨᠴᠢ ᠢᠲᠡᠭᠡᠮᠵᠢᠲᠡᠢ ᠣᠷᠴᠢᠨ ᠲᠣᠭᠤᠷᠢᠨ ᠢ ᠡᠬᠦᠳᠴᠦ᠂ ᠡᠷᠭᠡ ᠲᠡᠭᠰᠢ   ᠪᠠᠷ ᠦᠷᠢᠰᠦᠯᠲᠦᠬᠦ ᠶᠢ ᠵᠣᠷᠢᠬᠵᠢᠭᠤᠯᠵᠦ ᠬᠠᠮᠠᠭᠠᠯᠠᠨ᠎ᠠ᠃      — ᠬᠦᠯ ᠪᠦᠮᠪᠦᠭᠡ ᠶᠢᠨ ᠬᠦᠲᠡᠯᠭᠡᠭᠡᠨ ᠢ ᠬᠦᠭᠵᠢᠬᠦᠯᠬᠦ ᠪᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ ᠠᠬᠢᠭᠤᠯᠬᠤ ᠶᠢ ᠬᠠᠷᠢᠯᠴᠠᠨ ᠣᠶᠠᠯᠲᠣᠭᠤᠯᠣᠨ᠎ᠠ︔ ᠣᠯᠠᠨ ᠲᠦᠮᠡᠨᠴᠢ ᠬᠦᠯ ᠪᠦᠮᠪᠦᠭᠡ ᠬᠢᠭᠡᠳ ᠦᠷᠢᠰᠦᠯᠲᠦᠭᠡᠨ ᠤ ᠬᠦᠯ ᠪᠦᠮᠪᠦᠭᠡ ᠶᠢᠨ ᠬᠠᠷᠢᠯᠴᠠᠨ ᠠᠬᠢᠭᠤᠯᠬᠤ ᠶᠢ ᠲᠦᠭᠡᠮᠡᠯᠵᠢᠬᠦᠯᠵᠦ  ᠲᠡᠯᠭᠡᠷᠡᠬᠦᠯᠦᠨ᠂ ᠬᠦᠯ ᠪᠦᠮᠪᠦᠭᠡ ᠶᠢᠨ ᠬᠦᠲᠡᠯᠭᠡᠭᠡᠨ ᠤ ᠵᠣᠬᠢᠴᠠᠩᠭᠤᠢ ᠬᠦᠭᠵᠢᠬᠦ᠂ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠣᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢ ᠲᠦᠭᠡᠮᠡᠯᠵᠢᠬᠦᠯᠦᠨ᠂ ᠠᠷᠠᠳ ᠲᠦᠮᠡᠨ ᠤ ᠪᠡᠶ᠎ᠡ ᠮᠠᠬᠠᠪᠣᠳ ᠢ ᠰᠠᠶᠢᠵᠢᠷᠠᠭᠤᠯᠣᠨ᠎ᠠ᠃      ︵ᠭᠤᠷᠪᠠ︶ ᠭᠤᠣᠯ ᠪᠣᠯᠬᠤ ᠬᠠᠷᠠᠯᠲᠠ︔ ᠬᠦᠯ ᠪᠦᠮᠪᠦᠭᠡ ᠶᠢᠨ ᠬᠦᠲᠡᠯᠭᠡᠭᠡᠨ ᠢ ᠬᠦᠭᠵᠢᠬᠦᠯᠬᠦ ᠶᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠣᠷᠣᠭᠤᠯᠵᠦ᠂ ︽ᠭᠤᠷᠪᠠᠨ ᠠᠯᠬᠤᠮ ᠢᠶᠠᠷ ᠵᠠᠮᠨᠠᠬᠤ︾ ᠪᠠᠶᠢᠯᠲᠣᠬᠤ ᠪᠣᠲᠣᠯᠭ᠎ᠠ ᠶᠢ ᠬᠡᠷᠡᠭᠵᠢᠬᠦᠯᠦᠨ᠎ᠡ᠃      — ᠣᠶᠢᠷ᠎ᠠ ᠬᠤᠭᠤᠴᠠᠭᠠᠨ ᠤ ᠬᠠᠷᠠᠯᠲᠠ᠄ ᠬᠦᠯ ᠪᠦᠮᠪᠦᠭᠡ ᠶᠢᠨ ᠬᠦᠭᠵᠢᠯᠲᠡ ᠶᠢᠨ ᠣᠷᠴᠢᠨ ᠲᠣᠭᠤᠷᠢᠨ ᠪᠣᠯᠣᠨ ᠠᠭᠤᠷ ᠠᠮᠢᠰᠬᠤᠯ ᠢ ᠰᠠᠶᠢᠵᠢᠷᠠᠭᠤᠯᠵᠦ᠂ ᠬᠦᠯ ᠪᠦᠮᠪᠦᠭᠡ ᠶᠢᠨ ᠬᠠᠮᠢᠶᠠᠷᠣᠯᠲᠠ ᠶᠢᠨ ᠲᠣᠬᠲᠠᠴᠠ ᠶᠢ ᠡᠮᠬᠢᠯᠡᠨ᠂ ᠬᠦᠯ ᠪᠦᠮᠪᠦᠭᠡ ᠶᠢᠨ ᠲᠣᠮᠲᠠ ᠣᠷᠲᠣ ᠬᠤᠭᠤᠴᠠᠭᠠᠨ ᠤ ᠬᠦᠭᠵᠢᠯᠲᠡ ᠶᠢᠨ ᠲᠦᠯᠦᠪᠵᠢᠬᠦᠯᠭᠡ ᠶᠢ ᠲᠣᠬᠲᠠᠭᠠᠨ᠂ ᠲᠣᠮᠲᠠᠲᠣ ᠣᠯᠣᠰ ᠤᠨ ᠣᠨᠴᠠᠯᠢᠬ ᠪᠦᠬᠦᠢ ᠬᠦᠯ ᠪᠦᠮᠪᠦᠭᠡ ᠶᠢᠨ ᠬᠠᠮᠢᠶᠠᠷᠣᠯᠲᠠ ᠶᠢᠨ ᠵᠠᠬᠪᠣᠷ ᠤᠨ ᠰᠢᠨ᠎ᠡ ᠶᠢ ᠡᠬᠦᠳᠴᠦ᠂ ᠬᠦᠯ ᠪᠦᠮᠪᠦᠭᠡ ᠶᠢᠨ ᠦᠢᠯᠡᠰ ᠬᠢᠭᠡᠳ ᠬᠦᠯ ᠪᠦᠮᠪᠦᠭᠡ ᠶᠢᠨ ᠠᠵᠦ ᠦᠢᠯᠡᠰ ᠤᠨ ᠵᠣᠬᠢᠴᠠᠩᠭᠤᠢ ᠬᠦᠭᠵᠢᠯᠲᠡ ᠶᠢᠨ ᠪᠠᠶᠢᠷᠢᠰᠢᠯ ᠢ ᠪᠦᠷᠢᠯᠲᠦᠬᠦᠯᠦᠨ᠎ᠡ᠃      — ᠲᠣᠮᠲᠠ ᠬᠤᠭᠤᠴᠠᠭᠠᠨ ᠤ ᠬᠠᠷᠠᠯᠲᠠ᠄ ᠵᠠᠯᠠᠭᠤ ᠪᠠᠭ᠎ᠠ ᠨᠠᠰᠣᠨ ᠤ ᠬᠦᠯ ᠪᠦᠮᠪᠦᠭᠡ ᠶᠢᠨ ᠬᠦᠮᠦᠨ ᠠᠮᠠ ᠶᠢ ᠶᠡᠬᠡᠪᠡᠷ ᠨᠡᠮᠡᠭᠲᠡᠬᠦᠯᠵᠦ᠂ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠤ ᠵᠣᠬᠢᠶᠠᠨ ᠪᠠᠶᠢᠭᠤᠯᠣᠯᠲᠠ ᠪᠣᠯᠣᠨ ᠣᠷᠣᠯᠲᠣᠭᠠᠨ ᠤ ᠬᠢᠷᠢ ᠲᠦᠪᠰᠢᠨ ᠠᠽᠢᠶ᠎ᠠ ᠲᠢᠪ ᠤᠨ ᠡᠮᠦᠨ᠎ᠡ ᠡᠩᠨᠡᠭᠡᠨ ᠳᠤ ᠣᠷᠣᠵᠦ᠂ ᠣᠯᠣᠰ ᠤᠨ ᠡᠷᠡᠭᠲᠡᠢ ᠶᠢᠨ ᠬᠦᠯ ᠪᠦᠮᠪᠦᠭᠡ ᠶᠢᠨ ᠠᠩᠬᠢ ᠠᠽᠢᠶ᠎ᠠ ᠲᠢᠪ ᠤᠨ ᠲᠦᠷᠦᠬᠦᠦ ᠡᠩᠨᠡᠭᠡᠨ ᠳᠤ ᠣᠷᠣᠵᠦ᠂ ᠡᠮᠡᠭᠲᠡᠢ ᠶᠢᠨ ᠬᠦᠯ ᠪᠦᠮᠪᠦᠭᠡ ᠶᠢᠨ ᠠᠩᠬᠢ ᠬᠦᠴᠦᠷᠭᠡᠭ ᠠᠩᠬᠢ ᠶᠢᠨ ᠡᠩᠨᠡᠭᠡᠨ ᠳᠤ ᠵᠢᠬᠰᠠᠬᠤ ᠪᠣᠯᠣᠨ᠎ᠠ᠃      — ᠣᠷᠲᠣ ᠬᠤᠭᠤᠴᠠᠭᠠᠨ ᠤ ᠬᠠᠷᠠᠯᠲᠠ᠄ ᠲᠣᠮᠲᠠᠲᠣ ᠣᠯᠣᠰ ᠤᠨ ᠬᠦᠯ ᠪᠦᠮᠪᠦᠭᠡ ᠶᠢᠨ ᠪᠦᠬᠦ ᠲᠠᠯ᠎ᠠ ᠶᠢᠨ ᠬᠦᠭᠵᠢᠯᠲᠡ ᠶᠢ ᠪᠡᠶᠡᠯᠡᠬᠦᠯᠦᠨ᠂ ᠬᠦᠯ ᠪᠦᠮᠪᠦᠭᠡ ᠨᠢ ᠠᠷᠠᠳ ᠲᠦᠮᠡᠨ ᠤ ᠨᠡᠶᠢᠲᠡᠮ ᠣᠷᠣᠯᠴᠠᠬᠤ ᠪᠡᠶ᠎ᠡ ᠶᠢᠨ ᠲᠠᠮᠢᠷ ᠤᠨ ᠬᠦᠲᠡᠯᠭᠡᠭᠡᠨ ᠪᠣᠯᠵᠦ᠂ ᠪᠦᠬᠦ ᠨᠡᠶᠢᠭᠡᠮ ᠢᠶᠠᠷ ᠢᠶᠠᠨ ᠡᠷᠡᠬᠦᠯ ᠰᠠᠷᠠᠭᠤᠯ ᠬᠦᠯ ᠪᠦᠮᠪᠦᠭᠡ ᠶᠢᠨ ᠰᠣᠶᠣᠯ ᠢ ᠪᠦᠷᠢᠯᠲᠦᠬᠦᠯᠦᠨ᠎ᠡ︔ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠤ ᠵᠣᠬᠢᠶᠠᠨ ᠪᠠᠶᠢᠭᠤᠯᠣᠯᠲᠠ ᠪᠣᠯᠣᠨ ᠣᠷᠣᠯᠲᠣᠭᠠᠨ ᠤ ᠲᠦᠪᠰᠢᠨ ᠢ ᠲᠡᠯᠡᠭᠡᠢ ᠶᠢᠨ ᠲᠡᠷᠢᠬᠦᠨ ᠤ ᠡᠩᠨᠡᠭᠡᠨ ᠳᠤ ᠬᠦᠷᠭᠡᠨ᠎ᠠ︔ ᠣᠯᠠᠨ ᠣᠯᠣᠰ ᠤᠨ ᠬᠦᠯ ᠪᠦᠮᠪᠦᠭᠡ ᠶᠢᠨ ᠬᠤᠯᠪᠣᠭ᠎ᠠ ᠶᠢᠨ ᠡᠷᠡᠭᠲᠡᠢ ᠶᠢᠨ ᠬᠦᠯ ᠪᠦᠮᠪᠦᠭᠡ ᠶᠢᠨ ᠣᠷᠣᠯᠲᠣᠭᠠᠨ ᠢ ᠡᠷᠬᠢᠯᠡᠬᠦ ᠪᠠᠷ ᠢᠲᠡᠪᠬᠢᠲᠡᠢ ᠭᠤᠶᠣᠴᠢᠯᠠᠨ ᠡᠷᠡᠮᠡᠯᠵᠡᠯᠡᠨ᠎ᠡ︔ ᠣᠯᠣᠰ ᠤᠨ ᠡᠷᠡᠭᠲᠡᠢ ᠶᠢᠨ ᠬᠦᠯ ᠪᠦᠮᠪᠦᠭᠡ ᠶᠢᠨ ᠠᠩᠬᠢ ᠶᠢᠨ ᠲᠡᠯᠡᠭᠡᠢ ᠳᠠᠬᠢ ᠦᠷᠢᠰᠦᠯᠲᠦᠬᠦ ᠬᠦᠴᠦᠨ ᠮᠡᠲᠡᠭᠲᠡᠮ᠎ᠡ ᠲᠡᠭᠡᠭᠰᠢᠯᠡᠵᠦ᠂ ᠲᠡᠯᠡᠭᠡᠢ ᠶᠢᠨ ᠬᠦᠴᠦᠷᠭᠡᠭ ᠠᠩᠬᠢ ᠶᠢᠨ ᠡᠩᠨᠡᠭᠡᠨ ᠳᠤ  ᠲᠠᠪᠰᠢᠨ᠎ᠠ᠃       ᠬᠤᠶᠠᠷ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠢ ᠲᠣᠬᠢᠷᠠᠭᠤᠯᠵᠦ ᠦᠭᠡᠷᠡᠴᠢᠯᠡᠨ᠎ᠡ       ︵ᠲᠦᠷᠪᠡ︶ ᠪᠠᠶᠢᠷᠢ ᠲᠣᠬᠲᠠᠭᠠᠯᠲᠠ ᠪᠣᠯᠣᠨ ᠡᠬᠦᠷᠭᠡ ᠴᠢᠲᠠᠪᠬᠢ ᠪᠠᠨ ᠲᠣᠲᠣᠷᠬᠠᠶᠢᠯᠠᠨ᠎ᠠ︔ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠮᠦᠷᠲᠡᠭᠡᠨ ᠦᠷᠭᠡᠨ ᠲᠡᠯᠭᠡᠷ ᠲᠦᠯᠦᠭᠡᠯᠡᠬᠦ ᠴᠢᠨᠠᠷᠲᠠᠢ᠂ ᠲᠣᠰᠬᠠᠢ ᠮᠡᠷᠭᠡᠵᠢᠯ ᠤᠨ ᠴᠢᠨᠠᠷ ᠪᠠ ᠡᠷᠭᠡ ᠰᠦᠷᠲᠦ ᠴᠢᠨᠠᠷ ᠪᠦᠬᠦᠢ ᠪᠦᠬᠦ ᠣᠯᠣᠰ ᠤᠨ ᠬᠦᠯ ᠪᠦᠮᠪᠦᠭᠡ ᠶᠢᠨ ᠬᠦᠷᠢᠶ᠎ᠡ ᠴᠠᠷᠠᠭ᠎ᠠ ᠶᠢᠨ ᠨᠡᠶᠢᠭᠡᠮ ᠪᠦᠯᠬᠦᠮ ᠤᠨ ᠬᠠᠣᠯᠢ ᠶᠢᠨ ᠡᠷᠬᠡᠲᠡᠨ ᠪᠣᠯᠣᠬᠰᠠᠨ ᠤ ᠬᠤᠪᠢ ᠳᠤ᠂ ᠮᠠᠨ ᠤ ᠣᠯᠣᠰ ᠢ ᠲᠦᠯᠦᠭᠡᠯᠡᠨ ᠣᠯᠠᠨ ᠣᠯᠣᠰ ᠤᠨ ᠬᠦᠯ ᠪᠦᠮᠪᠦᠭᠡ ᠶᠢᠨ ᠵᠣᠬᠢᠶᠠᠨ ᠪᠠᠶᠢᠭᠤᠯᠣᠯᠲᠠ ᠳᠤ ᠣᠷᠣᠯᠴᠠᠬᠤ ᠴᠣᠷᠢ ᠶᠢᠨ ᠭᠠᠭᠴᠠ ᠬᠠᠣᠯᠢ ᠶᠣᠰᠣᠨ ᠤ ᠪᠠᠶᠢᠭᠤᠯᠣᠮᠵᠢ ᠪᠣᠯᠣᠨ᠎ᠠ᠃ ᠲᠡᠷᠡ ᠨᠢ ᠭᠤᠣᠯᠲᠠᠭᠤ ᠪᠦᠬᠦ ᠣᠯᠣᠰ ᠤᠨ ᠬᠦᠯ ᠪᠦᠮᠪᠦᠭᠡ ᠶᠢᠨ ᠬᠦᠴᠦᠨ ᠲᠠᠢ ᠪᠦᠯᠬᠦᠮᠲᠡᠨ ᠬᠠᠷᠢᠯᠴᠠᠬᠤ ᠶᠢ ᠬᠠᠷᠢᠭᠤᠴᠠᠵᠦ᠂ ᠬᠦᠯ ᠪᠦᠮᠪᠦᠭᠡ ᠶᠢᠨ ᠬᠦᠲᠡᠯᠭᠡᠭᠡᠨ ᠢ ᠲᠡᠯᠭᠡᠷᠡᠬᠦᠯᠦᠨ᠂ ᠬᠦᠯ ᠪᠦᠮᠪᠦᠭᠡ ᠶᠢᠨ ᠴᠢᠲᠠᠪᠣᠷᠢᠲᠠᠨ ᠢ ᠬᠦᠮᠦᠵᠢᠬᠦᠯᠵᠦ᠂ ᠠᠵᠢᠯ ᠮᠡᠷᠭᠡᠵᠢᠯ ᠤᠨ ᠪᠠᠷᠢᠮᠵᠢᠶ᠎ᠠ ᠲᠣᠬᠲᠠᠭᠠᠵᠦ᠂ ᠮᠡᠷᠭᠡᠵᠢᠯ ᠤᠨ ᠣᠷᠣᠯᠲᠣᠭᠠᠨ ᠤ ᠲᠣᠬᠲᠠᠯᠴᠠᠭ᠎ᠠ ᠶᠢ ᠬᠦᠭᠵᠢᠬᠦᠯᠦᠨ ᠲᠡᠬᠦᠯᠲᠡᠷᠵᠢᠬᠦᠯᠵᠦ᠂ ᠣᠯᠣᠰ ᠤᠨ ᠬᠦᠯ ᠪᠦᠮᠪᠦᠭᠡ ᠶᠢᠨ ᠠᠩᠬᠢ ᠶᠢ ᠪᠠᠶᠢᠭᠤᠯᠣᠨ ᠬᠠᠮᠢᠶᠠᠷᠲᠠᠬ᠃       ︵ᠲᠠᠪᠤ︶ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠢ ᠲᠣᠬᠢᠷᠠᠭᠤᠯᠵᠦ ᠪᠠᠶᠢᠭᠤᠯᠣᠨ᠎ᠠ︔ ᠵᠠᠰᠠᠬ ᠪᠠ ᠨᠡᠶᠢᠭᠡᠮ ᠢ ᠰᠠᠯᠭᠠᠬᠤ᠂ ᠡᠷᠭᠡ ᠬᠠᠷᠢᠭᠤᠴᠠᠯᠭ᠎ᠠ ᠲᠣᠲᠣᠷᠬᠠᠢ᠂ ᠬᠠᠣᠯᠢ ᠶᠣᠰᠣᠭᠠᠷ ᠦᠪᠡᠷᠲᠡᠭᠡᠨ ᠵᠠᠰᠠᠬᠤ ᠵᠠᠷᠴᠢᠮ ᠶᠣᠰᠣᠭᠠᠷ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠢ ᠲᠣᠬᠢᠷᠠᠭᠤᠯᠵᠦ ᠪᠠᠶᠢᠭᠤᠯᠣᠨ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠬᠢᠭᠡᠳ ᠪᠡᠶ᠎ᠡ ᠶᠢᠨ ᠲᠠᠮᠢᠷ ᠤᠨ ᠶᠡᠷᠦᠩᠭᠡᠢ ᠲᠣᠪᠴᠢᠶ᠎ᠠ ᠶᠢᠨ ᠬᠦᠯ ᠪᠦᠮᠪᠦᠭᠡ ᠶᠢᠨ ᠬᠦᠲᠡᠯᠭᠡᠭᠡᠨ ᠤ ᠬᠠᠮᠢᠶᠠᠷᠣᠯᠲᠠ ᠶᠢᠨ ᠲᠦᠪ ᠤᠨ ᠬᠤᠶᠠᠷ ᠪᠠᠶᠢᠭᠤᠯᠣᠮᠵᠢ᠂ ᠨᠢᠭᠡ ᠪᠦᠯᠦᠭ ᠬᠦᠮᠦᠰ ᠤᠨ ᠵᠣᠬᠢᠶᠠᠨ ᠪᠠᠶᠢᠭᠤᠯᠣᠯᠲᠠ ᠶᠢᠨ ᠪᠦᠲᠦᠴᠡ ᠶᠢ ᠬᠤᠪᠢᠷᠠᠭᠤᠯᠣᠨ᠎ᠠ᠃ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠨᠢ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠠᠩᠬᠢᠵᠢᠷᠠᠵᠦ᠂ ᠲᠣᠲᠣᠭᠠᠲᠣ ᠪᠠᠶᠢᠭᠤᠯᠣᠮᠵᠢ ᠶᠢᠨ ᠲᠣᠬᠢᠷᠠᠭᠤᠯᠣᠯᠲᠠ᠂ ᠠᠵᠢᠯ ᠤᠨ ᠲᠦᠯᠦᠪᠯᠡᠭᠡ ᠲᠣᠬᠲᠠᠭᠠᠬᠤ᠂ ᠡᠳ᠋ ᠤᠨ ᠵᠠᠰᠠᠬ ᠤᠨ ᠴᠡᠯᠢᠭ ᠬᠦᠯᠦᠰᠦ ᠶᠢᠨ ᠬᠠᠮᠢᠶᠠᠷᠣᠯᠲᠠ᠂ ᠠᠵᠢᠯᠲᠠᠨ ᠤ ᠬᠠᠮᠢᠶᠠᠷᠣᠯᠲᠠ᠂ ᠣᠯᠠᠨ ᠣᠯᠣᠰ ᠤᠨ ᠲᠣᠰᠬᠠᠢ ᠮᠡᠷᠭᠡᠵᠢᠯ ᠤᠨ ᠰᠣᠯᠢᠯᠴᠠᠭ᠎ᠠ ᠵᠡᠷᠭᠡ ᠲᠠᠯ᠎ᠠ ᠪᠠᠷ ᠪᠡᠶ᠎ᠡ ᠪᠠᠨ ᠲᠠᠭᠠᠭᠠᠬᠤ ᠡᠷᠬᠡ ᠲᠠᠢ᠃       ︵ᠵᠢᠷᠭᠤᠭ᠎ᠠ︶ ᠣᠲᠣᠷᠢᠲᠣᠯᠭ᠎ᠠ ᠶᠢᠨ ᠪᠠᠶᠢᠭᠤᠯᠣᠮᠵᠢ ᠶᠢ ᠰᠢᠯᠢᠲᠡᠭᠵᠢᠬᠦᠯᠦᠨ᠎ᠡ︔ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠲᠤ ᠵᠠᠰᠠᠬ ᠵᠠᠬᠢᠷᠭᠠᠨ ᠤ ᠲᠡᠰ ᠬᠤᠪᠢᠶᠠᠷᠢᠯᠠᠯ ᠲᠣᠬᠲᠠᠭᠠᠬᠤ ᠦᠭᠡᠢ᠂ ᠲᠡᠬᠦᠨ ᠤ ᠣᠲᠣᠷᠢᠳᠬᠤ ᠪᠠᠶᠢᠭᠤᠯᠣᠮᠵᠢ ᠶᠢᠨ ᠪᠦᠷᠢᠯᠲᠦᠬᠦᠨ ᠨᠢ ᠦᠷᠭᠡᠨ ᠲᠡᠯᠭᠡᠷ ᠲᠦᠯᠦᠭᠡᠯᠡᠬᠦ  ᠴᠢᠨᠠᠷ ᠪᠠ ᠲᠣᠰᠬᠠᠢ ᠮᠡᠷᠭᠡᠵᠢᠯ ᠤᠨ ᠴᠢᠨᠠᠷ ᠢ ᠢᠯᠡᠷᠡᠬᠦᠯᠵᠦ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠣᠷᠣᠨ ᠨᠣᠲᠤᠬ ᠵᠢᠴᠢ ᠠᠵᠢᠯ ᠲᠦᠷᠦᠯ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠲᠦᠯᠦᠭᠡᠯᠡᠭᠴᠢ᠂ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠤ ᠵᠣᠬᠢᠶᠠᠨ ᠪᠠᠶᠢᠭᠤᠯᠣᠯᠲᠠ ᠶᠢᠨ ᠲᠦᠯᠦᠭᠡᠯᠡᠭᠴᠢ᠂ ᠨᠡᠷᠡᠲᠦ ᠬᠦᠯ ᠪᠦᠮᠪᠦᠭᠡ ᠶᠢᠨ ᠲᠣᠰᠬᠠᠢ ᠮᠡᠷᠭᠡᠵᠢᠯᠲᠡᠨ᠂ ᠨᠡᠶᠢᠭᠡᠮ ᠤᠨ ᠬᠦᠮᠦᠰ ᠪᠠ ᠲᠣᠰᠬᠠᠢ ᠮᠡᠷᠭᠡᠵᠢᠯᠲᠡᠨ ᠵᠡᠷᠭᠡ ᠠᠴᠠ ᠪᠦᠷᠢᠯᠲᠦᠨ᠎ᠡ᠃       ︵ᠲᠣᠯᠤᠭ᠎ᠠ︶ ᠲᠣᠲᠣᠭᠠᠲᠣ ᠬᠠᠮᠢᠶᠠᠷᠣᠯᠲᠠ ᠶᠢᠨ ᠪᠠᠶᠢᠭᠤᠯᠣᠮᠵᠢ ᠶᠢ ᠲᠡᠬᠦᠯᠲᠡᠷᠵᠢᠬᠦᠯᠦᠨ᠎ᠡ︔ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠲᠣᠲᠣᠭᠠᠲᠣ ᠵᠠᠰᠠᠯᠲᠠ ᠶᠢᠨ ᠪᠦᠲᠦᠴᠡ᠂ ᠡᠷᠬᠡ ᠶᠢᠨ ᠡᠷᠬᠢᠯᠲᠡ ᠲᠠᠷᠠᠭᠠᠯᠠᠯ ᠪᠣᠯᠣᠨ ᠠᠵᠢᠯ ᠤᠨ ᠲᠦᠷᠢᠮ ᠢ ᠲᠡᠬᠦᠯᠲᠡᠷᠵᠢᠬᠦᠯᠵᠦ᠂ ᠰᠢᠢᠳᠪᠦᠷᠢᠲᠦ ᠪᠣᠲᠣᠯᠭ᠎ᠠ ᠶᠢᠨ ᠡᠷᠬᠡ᠂ ᠬᠡᠷᠡᠭᠵᠢᠬᠦᠯᠬᠦ ᠡᠷᠬᠡ᠂ ᠬᠢᠨᠠᠯᠲᠠ ᠲᠠᠯᠪᠢᠬᠤ ᠡᠷᠬᠡ ᠪᠠ ᠬᠠᠷᠢᠯᠴᠠᠨ ᠬᠢᠵᠠᠭᠠᠷᠯᠠᠵᠦ ᠬᠠᠷᠢᠯᠴᠠᠨ ᠠᠬᠢᠭᠤᠯᠬᠤ ᠪᠠᠶᠢᠭᠤᠯᠣᠮᠵᠢ ᠶᠢ ᠪᠠᠶᠢᠭᠤᠯᠣᠨ᠎ᠠ᠃ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠩᠭᠠᠳᠬᠠᠵᠦ᠂ ᠡᠷᠲᠡᠮᠲᠡᠨ ᠴᠢᠲᠠᠪᠣᠷᠢᠲᠠᠨ ᠢ ᠣᠷᠢᠨ ᠡᠯᠰᠡᠵᠦ᠂ ᠬᠦᠯ ᠪᠦᠮᠪᠦᠭᠡ᠂ ᠪᠡᠶ᠎ᠡ ᠶᠢᠨ ᠲᠠᠮᠢᠷ ᠤᠨ ᠬᠠᠮᠢᠶᠠᠷᠣᠯᠲᠠ᠂ ᠠᠵᠦ ᠠᠬᠤᠢ᠂ ᠬᠠᠣᠯᠢ ᠴᠠᠭᠠᠵᠠ᠂ ᠣᠯᠠᠨ ᠣᠯᠣᠰ ᠤᠨ ᠲᠣᠰᠬᠠᠢ ᠮᠡᠷᠭᠡᠵᠢᠯ ᠤᠨ ᠰᠣᠯᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠰᠢᠯᠢᠲᠡᠭ ᠴᠢᠲᠠᠪᠣᠷᠢᠲᠠᠨ ᠢ ᠲᠠᠲᠠᠨ ᠠᠪᠴᠢᠷᠠᠵᠦ ᠠᠵᠢᠯ ᠤᠨ ᠡᠩᠨᠡᠭᠡ ᠪᠠᠨ ᠦᠷᠭᠡᠳᠭᠡᠵᠦ᠂ ᠠᠵᠢᠯᠲᠠᠳ ᠤᠨ ᠬᠡᠪ ᠴᠢᠨᠠᠷ ᠢ ᠲᠡᠭᠡᠭᠰᠢᠯᠡᠬᠦᠯᠦᠨ᠎ᠡ︔ ᠠᠵᠢᠯ ᠲᠦᠷᠦᠯ ᠤᠨ ᠰᠠᠬᠢᠯᠭ᠎ᠠ ᠪᠠᠲᠣ ᠶᠢ ᠴᠢᠩᠲᠠᠯᠠᠨ᠂ ᠬᠦᠯ ᠪᠦᠮᠪᠦᠭᠡ ᠶᠢᠨ ᠬᠦᠷᠢᠶ᠎ᠡ ᠴᠠᠷᠠᠭ᠎ᠠ ᠳᠤ ᠣᠷᠣᠰᠢᠵᠦ ᠪᠠᠶᠢᠭ᠎ᠠ ᠠᠰᠠᠭᠤᠲᠠᠯ ᠢ ᠬᠦᠴᠦ ᠲᠠᠯᠪᠢᠨ ᠰᠢᠳᠪᠦᠷᠢᠯᠡᠨ᠎ᠡ︔ ᠦᠢᠯᠡᠴᠢᠯᠡᠭᠡ ᠶᠢᠨ ᠣᠬᠠᠮᠰᠠᠷ ᠢᠶᠠᠨ ᠲᠡᠭᠡᠭᠰᠢᠯᠡᠬᠦᠯᠵᠦ᠂ ᠵᠠᠰᠠᠬ ᠵᠠᠬᠢᠷᠭᠠᠨ ᠤ ᠬᠡᠯᠪᠡᠷᠢᠰᠢᠯ ᠢ ᠬᠤᠷᠢᠬᠯᠠᠨ᠎ᠠ᠃ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠨᠡᠶᠢᠭᠡᠮ ᠪᠦᠯᠬᠦᠮ ᠤᠨ ᠬᠠᠣᠯᠢ ᠶᠢᠨ ᠡᠷᠬᠡᠲᠡᠨ ᠤ ᠪᠠᠶᠢᠭᠤᠯᠣᠮᠵᠢ ᠶᠣᠰᠣᠭᠠᠷ ᠠᠵᠢᠯᠯᠠᠭ᠎ᠠ ᠦᠷᠨᠢᠬᠦᠯᠵᠦ᠂ ᠡᠳ᠋ ᠤᠨ ᠵᠠᠰᠠᠬ ᠢ ᠢᠯᠠ ᠪᠣᠯᠭᠠᠬᠤ ᠶᠢ ᠬᠡᠷᠡᠭᠵᠢᠬᠦᠯᠦᠨ᠂ ᠬᠢᠨᠠᠨ ᠪᠣᠲᠣᠯᠲᠠ ᠪᠠ ᠬᠢᠨᠠᠯᠲᠠ ᠲᠠᠯᠪᠢᠬᠤ ᠶᠢ ᠬᠦᠯᠢᠶᠡᠨ ᠠᠪᠣᠨ᠎ᠠ᠃       ︵ᠨᠠᠢᠮᠠ︶ ᠨᠡᠶᠢᠭᠡᠮᠯᠢᠭ ᠤᠨ ᠬᠠᠮᠢᠶᠠᠷᠣᠯᠲᠠ ᠶᠢᠨ ᠲᠣᠬᠲᠠᠯᠴᠠᠭ᠎ᠠ ᠶᠢ ᠪᠦᠷᠢᠨᠰᠢᠬᠦᠯᠦᠨ᠎ᠡ︔ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠣᠷᠣᠨ ᠪᠦᠰᠡ ᠶᠢᠨ  ᠪᠦᠷᠬᠦᠴᠡ ᠶᠢᠨ ᠴᠢᠨᠠᠷ ᠪᠣᠯᠣᠨ ᠠᠵᠢᠯ ᠲᠦᠷᠦᠯ ᠤᠨ ᠦᠷᠭᠡᠨ ᠲᠡᠯᠭᠡᠷ  ᠴᠢᠨᠠᠷ ᠢ ᠢᠯᠡᠷᠡᠬᠦᠯᠬᠦ ᠬᠡᠷᠡᠭᠲᠡᠢ᠃ ᠣᠷᠣᠨ ᠨᠣᠲᠤᠬ᠂ ᠠᠵᠢᠯ ᠲᠦᠷᠦᠯ ᠤᠨ ᠬᠦᠯ ᠪᠦᠮᠪᠦᠭᠡ ᠶᠢᠨ ᠨᠡᠶᠢᠭᠡᠮᠯᠢᠭ ᠨᠢ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠬᠠᠮᠢᠶᠠᠷᠣᠯᠲᠠ ᠶᠢᠨ ᠲᠣᠬᠲᠠᠴᠠ ᠶᠢ ᠦᠨᠳᠦᠰᠦᠯᠡᠵᠦ᠂ ᠲᠣᠬᠢᠷᠠᠭᠤᠯᠵᠦ ᠪᠠᠶᠢᠭᠤᠯᠬᠤ ᠪᠦᠭᠡᠳ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠲᠦᠷᠢᠮ ᠲᠣᠬᠲᠠᠭᠠᠯ ᠶᠣᠰᠣᠭᠠᠷ  ᠭᠡᠰᠢᠬᠦᠨ ᠤ ᠬᠤᠪᠢ ᠪᠠᠷ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠲᠤ ᠣᠷᠣᠯᠴᠠᠵᠦ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠠᠵᠢᠯ ᠲᠦᠷᠦᠯ ᠤᠨ ᠵᠢᠯᠣᠭᠤᠲᠣᠯᠭ᠎ᠠ ᠪᠠ ᠬᠠᠮᠢᠶᠠᠷᠣᠯᠲᠠ ᠶᠢ ᠬᠦᠯᠢᠶᠠᠨ ᠠᠪᠣᠨ᠎ᠠ᠃ ᠣᠷᠣᠨ ᠨᠣᠲᠤᠬ᠂ ᠠᠵᠢᠯ ᠲᠦᠷᠦᠯ ᠤᠨ ᠬᠦᠯ ᠪᠦᠮᠪᠦᠭᠡ ᠶᠢᠨ ᠨᠡᠶᠢᠭᠡᠮᠯᠢᠭ ᠲᠣᠰ ᠭᠠᠵᠠᠷ ᠣᠷᠣᠨ᠂ ᠲᠣᠰ ᠠᠵᠢᠯ ᠲᠦᠷᠦᠯ ᠤᠨ ᠬᠡᠰᠢᠬᠦᠳ ᠤᠨ ᠵᠣᠬᠢᠶᠠᠨ ᠪᠠᠶᠢᠭᠤᠯᠣᠯᠲᠠ᠂ ᠣᠷᠣᠯᠲᠣᠭᠠᠨ᠂ ᠪᠣᠯᠪᠠᠰᠣᠷᠠᠯ᠂ ᠡᠯ᠎ᠡ ᠲᠦᠷᠦᠯ ᠤᠨ ᠬᠦᠯ ᠪᠦᠮᠪᠦᠭᠡ ᠶᠢᠨ ᠬᠦᠲᠡᠯᠭᠡᠭᠡᠨ ᠦᠷᠨᠢᠬᠦᠯᠬᠦ᠂ ᠰᠣᠷᠲᠠᠯ ᠣᠬᠠᠭᠤᠯᠭ᠎ᠠ ᠵᠡᠷᠭᠡ ᠡᠬᠦᠷᠭᠡ ᠲᠣᠰᠢᠶᠠᠯ ᠢ ᠬᠠᠷᠢᠭᠤᠴᠠᠨ᠎ᠠ᠃ ᠴᠢᠷᠮᠠᠶᠢᠯᠭ᠎ᠠ ᠪᠠᠷ ᠲᠠᠮᠵᠢᠭᠤᠯᠣᠨ ᠪᠦᠬᠦ ᠣᠯᠣᠰ ᠢ ᠬᠠᠮᠣᠷᠣᠬᠰᠠᠨ᠂ ᠵᠣᠬᠢᠶᠠᠨ ᠪᠠᠶᠢᠭᠤᠯᠣᠯᠲᠠ ᠪᠦᠷᠢᠨ ᠲᠦᠬᠦᠷ᠂ ᠬᠠᠮᠢᠶᠠᠷᠣᠯᠲᠠ ᠦᠨᠳᠦᠷ ᠦᠷ᠎ᠡ ᠠᠰᠢᠬᠲᠠᠢ᠂ ᠬᠠᠮᠲᠣᠷᠠᠨ ᠠᠵᠢᠯᠯᠠᠵᠦ ᠣᠲᠣ ᠦᠶ᠎ᠡ ᠶᠢᠨ ᠬᠦᠯ ᠪᠦᠮᠪᠦᠭᠡ ᠶᠢᠨ ᠬᠠᠮᠢᠶᠠᠷᠣᠯᠲᠠ ᠡᠵᠡᠩᠨᠡᠯᠲᠡ ᠶᠢᠨ ᠬᠡᠷᠡᠭᠴᠡᠭᠡ ᠳᠤ ᠵᠣᠬᠢᠴᠠᠬᠰᠠᠨ ᠨᠡᠶᠢᠭᠡᠮᠯᠢᠭ ᠤᠨ ᠬᠠᠮᠢᠶᠠᠷᠣᠯᠲᠠ ᠶᠢᠨ ᠲᠣᠬᠲᠠᠯᠴᠠᠭ᠎ᠠ ᠶᠢ ᠠᠭᠠᠵᠢᠮ ᠢᠶᠠᠷ ᠪᠦᠷᠢᠯᠲᠦᠬᠦᠯᠦᠨ᠎ᠡ᠃       ︵ᠶᠢᠰᠦ︶ ᠨᠠᠮ ᠤᠨ ᠣᠲᠣᠷᠢᠲᠣᠯᠭ᠎ᠠ ᠶᠢ ᠴᠢᠩᠭᠠᠳᠬᠠᠨ᠎ᠠ︔ ᠡᠯ᠎ᠠ ᠱᠠᠲᠣᠨ ᠤ ᠬᠦᠯ ᠪᠦᠮᠪᠦᠭᠡ ᠶᠢᠨ ᠨᠡᠶᠢᠭᠡᠮᠯᠢᠭ ᠤᠨ ᠨᠠᠮ ᠤᠨ ᠵᠣᠬᠢᠶᠠᠨ ᠪᠠᠶᠢᠭᠤᠯᠣᠯᠲᠠ ᠶᠢᠨ ᠪᠠᠶᠢᠭᠤᠯᠣᠮᠵᠢ ᠶᠢ ᠪᠦᠷᠢᠨᠰᠢᠬᠦᠯᠵᠦ᠂ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠪᠣᠯᠣᠨ ᠴᠢᠲᠠᠪᠣᠷᠢᠲᠠᠨ ᠤ ᠲᠦᠷᠦ ᠶᠢᠨ ᠪᠣᠲᠣᠯᠭ᠎ᠠ ᠶᠣᠰᠣᠭᠠᠷ ᠨᠡᠶᠢᠭᠡᠮᠯᠢᠭ ᠤᠨ ᠦᠵᠡᠯ ᠰᠠᠨᠠᠭ᠎ᠠ ᠣᠯᠣᠰ ᠲᠦᠷᠦ ᠶᠢᠨ ᠠᠵᠢᠯ ᠪᠣᠯᠣᠨ ᠺᠠᠳ᠋ᠷ ᠤᠨ ᠡᠳᠦᠷ ᠲᠣᠲᠣᠮ ᠤᠨ ᠬᠠᠮᠢᠶᠠᠷᠣᠯᠲᠠ ᠶᠢ ᠴᠢᠩᠭᠠᠳᠬᠠᠨ᠎ᠠ᠃ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠨᠠᠮ ᠤᠨ ᠬᠤᠷᠢᠶ᠎ᠠ  ᠪᠠᠶᠢᠭᠤᠯᠵᠤ᠂ ᠪᠡᠶ᠎ᠡ ᠶᠢᠨ ᠲᠠᠮᠢᠷ ᠤᠨ ᠶᠡᠷᠦᠩᠭᠡᠢ ᠲᠣᠪᠴᠢᠶ᠎ᠠ ᠶᠢᠨ ᠨᠠᠮ ᠤᠨ ᠣᠲᠣᠷᠢᠳᠬᠤ ᠲᠣᠭᠤᠶᠢᠢᠯᠠᠩ ᠠᠴᠠ ᠣᠲᠣᠷᠢᠲᠣᠨ᠎ᠠ᠃       ᠭᠤᠷᠪᠠ᠂ ᠮᠡᠷᠭᠡᠵᠢᠯ ᠤᠨ ᠬᠦᠯ ᠪᠦᠮᠪᠦᠭᠡ ᠶᠢᠨ  ᠺᠯᠦ᠋ᠪ ᠤᠨ ᠪᠠᠶᠢᠭᠤᠯᠣᠯᠲᠠ ᠪᠣᠯᠣᠨ ᠡᠵᠡᠩᠨᠡᠯᠲᠡ ᠶᠢᠨ ᠵᠠᠬᠪᠣᠷ ᠢ ᠦᠭᠡᠷᠡᠴᠢᠯᠡᠵᠦ ᠲᠡᠬᠦᠯᠲᠡᠷᠵᠢᠬᠦᠯᠦᠨ᠎ᠡ       ︵ᠠᠷᠪᠠ︶   ᠺᠯᠦ᠋ᠪ ᠤᠨ ᠡᠷᠡᠬᠦᠯ ᠢᠶᠠᠷ ᠲᠣᠬᠲᠠᠭᠤᠨ ᠬᠦᠭᠵᠢᠬᠦ ᠶᠢ ᠠᠬᠢᠭᠤᠯᠣᠨ᠎ᠠ︔  ᠬᠢᠨᠠᠨ ᠵᠦᠪᠰᠢᠶᠡᠷᠡᠬᠦ ᠶᠢ ᠴᠢᠩᠲᠠᠯᠠᠨ᠂ ᠮᠡᠷᠭᠡᠵᠢᠯ ᠤᠨ ᠬᠦᠯ ᠪᠦᠮᠪᠦᠭᠡ ᠶᠢᠨ  ᠺᠯᠦ᠋ᠪ ᠢ ᠲᠦᠷᠢᠮᠵᠢᠬᠦᠯᠦᠨ ᠬᠠᠮᠢᠶᠠᠷᠴᠦ᠂ ᠲᠡᠬᠦᠨ ᠤ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠳᠠᠬᠢ ᠭᠤᠣᠯ ᠴᠣᠬᠴᠠ ᠶᠢᠨ ᠪᠠᠶᠢᠷᠢ ᠰᠠᠭᠤᠷᠢ ᠪᠣᠯᠣᠨ ᠴᠢᠬᠤᠯᠠ ᠦᠢᠯᠡᠲᠦᠯ ᠢ ᠬᠦᠢᠴᠡᠳ ᠪᠠᠲᠠᠷᠠᠭᠤᠯᠣᠨ᠎ᠠ᠃   ᠺᠯᠦ᠋ᠪ‌ᠨᠢ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠬᠤᠯᠠᠴᠢᠯᠠᠨ᠂ ᠲᠦᠷᠢᠮ ᠲᠣᠬᠲᠠᠭᠠᠯ ᠢᠶᠠᠨ ᠪᠦᠷᠢᠨᠰᠢᠬᠦᠯᠵᠦ᠂ ᠲᠣᠰ ᠪᠡᠶ᠎ᠡ ᠶᠢᠨ ᠬᠠᠮᠢᠶᠠᠷᠣᠯᠲᠠ ᠪᠠᠨ ᠴᠢᠩᠲᠠᠯᠠᠨ᠂ ᠠᠵᠢᠯ ᠲᠦᠷᠦᠯ ᠤᠨ ᠲᠦᠷᠢᠮ ᠲᠣᠬᠲᠠᠭᠠᠯ ᠢ ᠵᠢᠷᠣᠮᠯᠠᠵᠦ᠂ ᠢᠲᠡᠪᠬᠢᠲᠡᠢ ᠪᠠᠷ ᠨᠡᠶᠢᠭᠡᠮ ᠤᠨ ᠬᠠᠷᠢᠭᠤᠴᠠᠯᠭ᠎ᠠ ᠡᠬᠦᠷᠭᠡᠯᠡᠨ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠣᠷᠣᠨ ᠨᠣᠲᠤᠬ ᠤᠨ ᠵᠠᠰᠠᠬ ᠤᠨ ᠣᠷᠲᠣᠨ ᠨᠦᠬᠦᠴᠡᠯ ᠡᠬᠦᠳᠴᠦ᠂ ᠨᠢᠭᠡ ᠪᠦᠯᠦᠭ ᠰᠢᠯᠢᠲᠡᠭ ᠺᠯᠦ᠋ᠪ  ᠢ ᠬᠦᠲᠦᠯᠦᠨ ᠵᠢᠯᠣᠭᠤᠳᠴᠦ ᠬᠠᠷᠢᠴᠠᠩᠭᠤᠢ ᠪᠠᠷ ᠬᠦᠯ ᠪᠦᠮᠪᠦᠭᠡ ᠶᠢᠨ ᠰᠠᠭᠤᠷᠢ ᠰᠠᠶᠢᠨ᠂ ᠬᠦᠯ ᠪᠦᠮᠪᠦᠭᠡ ᠶᠢᠨ ᠬᠦᠭᠵᠢᠯᠲᠡ ᠲᠦᠯᠦᠭᠡᠯᠡᠬᠦ ᠴᠢᠨᠠᠷ ᠪᠠ ᠵᠢᠱᠢᠶ᠎ᠠ ᠦᠵᠡᠬᠦᠯᠬᠦ ᠴᠢᠨᠠᠷ ᠪᠦᠬᠦᠢ ᠬᠤᠲᠠ ᠳᠤ ᠲᠣᠬᠲᠠᠪᠣᠷᠢᠵᠢᠵᠦ᠂ ᠪᠡᠯᠡ ᠣᠷᠣᠭᠤᠯᠣᠬᠴᠢᠳ ᠤᠨ ᠬᠤᠪᠢᠷᠠᠯᠲᠠ ᠶᠢ ᠲᠠᠭᠠᠵᠦ ᠺᠯᠦ᠋ᠪ    ᠨᠢ ᠬᠤᠲᠠ ᠶᠢᠨ ᠬᠤᠭᠤᠷᠣᠨᠲᠣ ᠨᠡᠬᠦᠵᠦ ᠰᠢᠯᠵᠢᠨ᠂ ᠲᠣᠬᠲᠠᠪᠣᠷᠢᠲᠠᠢ ᠲᠦᠰᠢᠭ ᠦᠭᠡᠢ ᠦᠵᠡᠭᠲᠡᠯ ᠠᠴᠠ ᠵᠠᠶᠢᠯᠠᠰᠬᠢᠵᠦ᠂ ᠲᠣᠬᠲᠠᠪᠣᠷᠢᠲᠠᠢ ᠪᠦᠮᠪᠦᠭᠡ ᠶᠢᠨ ᠪᠠᠭ᠋ᠠᠲᠠᠳ ᠪᠠ ᠬᠤᠲᠠ ᠶᠢᠨ ᠬᠦᠯ ᠪᠦᠮᠪᠦᠭᠡ ᠶᠢᠨ ᠰᠣᠶᠣᠯ ᠢ ᠢᠲᠡᠪᠬᠢᠲᠡᠢ ᠪᠣᠶᠢᠵᠢᠭᠤᠯᠣᠨ᠎ᠠ᠃       ︵ᠠᠷᠪᠠᠨ ᠨᠢᠭᠡ︶   ᠺᠯᠦ᠋ᠪ ᠤᠨ ᠬᠤᠪᠢᠴᠠᠭᠠᠨ ᠤ ᠡᠷᠭᠡ ᠶᠢᠨ ᠪᠦᠲᠦᠴᠡ ᠶᠢ ᠰᠢᠯᠢᠲᠡᠭᠵᠢᠬᠦᠯᠦᠨ᠎ᠡ︔ ᠵᠠᠰᠠᠬ ᠤᠨ ᠣᠷᠲᠣᠨ᠂ ᠠᠵᠦ ᠠᠬᠤᠶᠢᠯᠠᠯ᠂ ᠬᠤᠪᠢ ᠬᠦᠮᠦᠨ ᠤ ᠣᠯᠠᠨ ᠡᠰᠢᠲᠦ ᠪᠡᠯᠡ ᠣᠷᠣᠭᠤᠯᠣᠯᠲᠠ ᠶᠢ ᠬᠡᠷᠡᠭᠵᠢᠬᠦᠯᠵᠦ᠂  ᠺᠯᠦ᠋ᠪ ᠤᠨ  ᠰᠠᠭᠤᠷᠢᠰᠢᠵᠤ ᠪᠦᠬᠦᠢ ᠭᠠᠵᠠᠷ ᠤᠨ ᠵᠠᠰᠠᠬ ᠤᠨ ᠣᠷᠲᠣᠨ ᠬᠦᠯ ᠪᠦᠮᠪᠦᠭᠡ ᠶᠢᠨ ᠣᠷᠲᠣᠨ ᠲᠠᠯᠠᠪᠠᠢ ᠵᠡᠷᠭᠡ ᠡᠬᠢ ᠪᠠᠶᠠᠯᠢᠬ ᠢᠶᠠᠷ ᠪᠡᠯᠡ ᠣᠷᠣᠭᠤᠯᠬᠤ ᠶᠢ ᠵᠣᠷᠢᠬᠵᠢᠭᠤᠯᠵᠦ᠂ ᠵᠦᠢ ᠵᠣᠬᠢᠰᠲᠠᠢ ᠪᠡᠯᠡ ᠣᠷᠣᠭᠤᠯᠣᠯᠲᠠ ᠶᠢᠨ ᠢᠷᠡᠯᠲᠡ ᠶᠢᠨ ᠪᠦᠲᠦᠴᠡ ᠶᠢ ᠪᠠᠶᠢᠭᠤᠯᠣᠨ᠂ ᠺᠯᠦ᠋ᠪ ᠤᠨ ᠣᠷᠣᠨ ᠪᠦᠰᠡᠴᠢᠯᠡᠯᠲᠡ ᠶᠢ ᠠᠬᠢᠭᠤᠯᠣᠨ ᠪᠡᠶᠡᠯᠡᠬᠦᠯᠵᠦ᠂ ᠨᠦᠬᠦᠴᠡᠯ ᠳᠤ ᠨᠡᠶᠢᠴᠡᠬᠦ  ᠺᠯᠦ᠋ᠪ ᠨᠡᠷᠡᠶᠢᠢᠲᠦᠯ ᠢᠶᠠᠨ ᠠᠭᠠᠵᠢᠮ ᠢᠶᠠᠷ ᠦᠯᠦ ᠠᠵᠦ ᠠᠬᠤᠶᠢᠴᠢᠯᠠᠯᠲᠠ ᠪᠡᠶᠡᠯᠡᠬᠦᠯᠬᠦ ᠶᠢ ᠵᠣᠷᠢᠬᠵᠢᠭᠤᠯᠣᠨ᠎ᠠ᠃  ᠺᠯᠦ᠋ᠪ ᠤᠨ ᠬᠠᠣᠯᠢ ᠶᠢᠨ ᠡᠷᠭᠡᠲᠡᠨ ᠢ ᠵᠠᠰᠠᠬᠤ ᠪᠦᠲᠦᠴᠡ ᠶᠢ ᠲᠡᠬᠦᠯᠲᠡᠷᠵᠢᠬᠦᠯᠵᠦ᠂ ᠣᠲᠣ ᠦᠶ᠎ᠡ ᠶᠢᠨ ᠠᠵᠦ ᠠᠬᠤᠶᠢᠯᠠᠯ ᠤᠨ ᠲᠦᠷᠢᠮ ᠤᠨ  ᠪᠠᠶᠢᠭᠤᠯᠤᠯᠲᠠ ᠶᠢ ᠲᠦᠷᠭᠡᠳᠭᠡᠨ᠂ ᠣᠷᠲᠣ ᠬᠤᠭᠤᠴᠠᠭ᠎ᠠ ᠠᠴᠠ ᠪᠣᠲᠣᠯᠬᠢᠯᠠᠨ᠂ ᠰᠢᠰᠲ᠋ᠧᠮ ᠲᠠᠢ ᠲᠦᠯᠦᠪᠵᠢᠬᠦᠯᠵᠦ᠂ ᠦᠨᠢ ᠣᠲᠠᠭᠠᠨ ᠲᠡᠦᠭᠡ ᠪᠦᠬᠦᠢ  ᠺᠯᠦ᠋ᠪ ᠢ ᠴᠢᠷᠮᠠᠶᠢᠨ ᠡᠬᠦᠲᠦᠨ᠎ᠡ᠃        ︵ᠠᠷᠪᠠᠨ ᠬᠤᠶᠠᠷ︶   ᠺᠯᠦ᠋ᠪ ᠤᠨ ᠵᠦᠢ ᠵᠣᠬᠢᠰᠲᠠᠢ ᠴᠢᠲᠠᠪᠣᠷᠢᠲᠠᠨ ᠤ ᠪᠦᠲᠦᠴᠡ ᠶᠢ ᠪᠦᠷᠢᠯᠲᠦᠬᠦᠯᠬᠦ ᠶᠢ ᠠᠬᠢᠭᠤᠯᠣᠨ᠎ᠠ︔  ᠺᠯᠦ᠋ᠪ ᠤᠨ ᠴᠢᠲᠠᠪᠣᠷᠢᠲᠠᠨ ᠣᠷᠣᠭᠤᠯᠣᠨ ᠠᠪᠴᠢᠷᠠᠬᠤ ᠪᠠ ᠴᠡᠯᠢᠩ ᠣᠯᠭᠤᠮᠵᠢ ᠶᠢᠨ ᠬᠠᠮᠢᠶᠠᠷᠣᠯᠲᠠ ᠶᠢᠨ ᠲᠦᠷᠢᠮᠵᠢᠯ ᠢ ᠲᠣᠬᠲᠠᠭᠠᠵᠦ᠂ ᠪᠦᠮᠪᠦᠭᠡᠨ ᠠᠩᠬᠢ ᠪᠠ ᠲᠠᠮᠢᠷᠴᠢᠳ ᠤᠨ ᠬᠦᠯᠦᠰᠦ ᠣᠯᠭᠤᠮᠵᠢ ᠶᠢᠨ ᠶᠡᠷᠦᠩᠬᠡᠢ  ᠬᠡᠮᠵᠢᠶ᠎ᠡ ᠶᠢᠨ ᠬᠠᠮᠢᠶᠠᠷᠣᠯᠲᠠ ᠶᠢ ᠬᠠᠶᠢᠨ ᠰᠦᠪᠡᠭᠴᠢᠯᠡᠨ ᠬᠡᠷᠡᠭᠵᠢᠬᠦᠯᠵᠦ᠂ ᠲᠠᠮᠢᠷᠴᠢᠳ ᠤᠨ ᠴᠠᠯᠢᠩ ᠣᠯᠭᠤᠮᠵᠢ ᠬᠡᠲᠦ ᠦᠨᠳᠦᠷ ᠡᠮᠬᠢ ᠵᠠᠮᠪᠠᠷᠠᠭ᠎ᠠ ᠦᠭᠡᠢ ᠦᠷᠢᠰᠦᠯᠲᠦᠭᠡᠨ ᠵᠡᠷᠭᠡ ᠠᠰᠠᠭᠤᠲᠠᠯ ᠢ ᠪᠦᠲᠦᠮᠵᠢᠲᠡᠢ ᠰᠡᠷᠭᠡᠶᠢᠯᠡᠨ᠎ᠡ᠃ ᠦᠨᠳᠦᠷ ᠲᠦᠪᠰᠢᠨ ᠪᠦᠬᠦᠢ ᠭᠠᠲᠠᠭᠠᠲᠣ ᠶᠢᠨ ᠲᠠᠮᠢᠷᠴᠢᠨ ᠢ ᠣᠷᠣᠭᠤᠯᠣᠨ ᠠᠪᠴᠢᠷᠠᠬᠤ ᠲᠤᠭ᠎ᠠ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶ᠎ᠠ ᠪᠦᠬᠦᠢ ᠲᠦᠷᠦ ᠶᠢᠨ ᠪᠣᠲᠣᠯᠭ᠎ᠠ ᠪᠣᠯᠣᠨ ᠰᠢᠳᠪᠦᠷᠢᠲᠦ ᠪᠣᠲᠣᠯᠭ᠎ᠠ ᠶᠢᠨ ᠲᠣᠬᠲᠠᠴᠠ ᠶᠢ ᠰᠣᠲᠣᠯᠣᠨ᠂ ᠭᠠᠲᠠᠭᠠᠲᠣ ᠶᠢᠨ ᠲᠠᠮᠢᠷᠴᠢᠨ ᠢ ᠣᠷᠣᠭᠤᠯᠣᠨ ᠠᠪᠴᠢᠷᠠᠬᠤ ᠪᠠ ᠨᠣᠲᠤᠬ ᠤᠨ ᠲᠠᠮᠢᠷᠴᠢᠨ ᠢᠶᠠᠨ ᠬᠦᠮᠦᠵᠢᠬᠦᠯᠬᠦ ᠬᠠᠷᠢᠴᠠᠭ᠎ᠠ ᠶᠢ ᠰᠠᠶᠢᠲᠣᠷ ᠰᠢᠳᠪᠦᠷᠢᠯᠡᠨ᠎ᠡ᠃ ᠺᠯᠦ᠋ᠪ  ᠤᠨ ᠬᠦᠲᠡᠯᠮᠦᠷᠢ ᠶᠢᠨ ᠭᠡᠷ᠎ᠡ ᠶᠢᠨ ᠬᠠᠮᠢᠶᠠᠷᠣᠯᠲᠠ ᠶᠢ ᠴᠢᠩᠭᠠᠳᠬᠠᠵᠦ᠂ ︽ ᠠᠷᠭ᠎ᠠ ᠪᠢᠯᠢᠭ ᠭᠡᠷ᠎ᠡ︾ ᠵᠡᠷᠭᠡ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ᠂ ᠴᠡᠯᠢᠩ ᠦᠷᠢᠲᠦᠬᠦ ᠠᠵᠢᠯᠯᠠᠭ᠎ᠠ ᠶᠢ ᠴᠠᠬ ᠲᠣᠬᠠᠢ ᠳᠤᠨᠢ ᠵᠠᠰᠠᠨ ᠵᠠᠯᠠᠷᠠᠭᠤᠯᠣᠨ᠎ᠠ᠃  ᠺᠯᠦ᠋ᠪ ᠤᠨ ᠲᠠᠮᠢᠷᠴᠢᠳ ᠤᠨ  ᠦᠭᠡᠷ᠎ᠡ ᠠᠩᠬᠢ   ᠳᠤ ᠰᠢᠯᠵᠢᠬᠦ   ᠭᠠᠷᠲᠠᠮ ᠤᠨ ᠰᠦᠢᠳᠭᠡᠯ ᠤᠨ ᠲᠦᠷᠦ ᠶᠢᠨ ᠪᠣᠲᠣᠯᠭ᠎ᠠ ᠶᠢ ᠲᠣᠬᠢᠷᠠᠭᠤᠯᠵᠦ᠂  ᠺᠯᠦ᠋ᠪ ᠤᠨ ᠲᠠᠷᠣᠭᠠᠰᠣ ᠶᠢ ᠬᠦᠩᠬᠡᠷᠡᠬᠦᠯᠦᠨ᠎ᠡ᠃        ᠲᠦᠷᠪᠡ᠂ ᠬᠦᠯ ᠪᠦᠮᠪᠦᠭᠡ ᠶᠢᠨ ᠦᠷᠢᠰᠦᠯᠲᠦᠭᠡᠨ ᠤ ᠲᠣᠬᠲᠠᠯᠴᠠᠭ᠎ᠠ ᠪᠣᠯᠣᠨ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠤ ᠲᠣᠬᠲᠠᠴᠠ ᠶᠢ ᠰᠠᠶᠢᠵᠢᠷᠠᠭᠤᠯᠣᠨ ᠲᠡᠬᠦᠯᠲᠡᠷᠵᠢᠬᠦᠯᠦᠨ᠎ᠡ       ︵ᠠᠷᠪᠠᠨ ᠭᠤᠷᠪᠠ︶ ᠣᠷᠣᠯᠲᠣᠭᠠᠨ ᠤ ᠲᠣᠬᠲᠠᠯᠴᠠᠭ᠎ᠠ ᠶᠢᠨ ᠵᠢᠷᠤᠬ ᠲᠦᠯᠦᠪᠯᠡᠭᠡ ᠶᠢ ᠴᠢᠩᠭᠠᠳᠬᠠᠨ᠎ᠠ︔ ᠣᠷᠣᠯᠲᠣᠭᠠᠨ ᠤ ᠪᠦᠲᠦᠴᠡ ᠶᠢ ᠲᠡᠬᠦᠯᠲᠡᠷᠵᠢᠬᠦᠯᠦᠨ᠂ ᠣᠷᠣᠯᠲᠣᠭᠠᠨ ᠤ ᠬᠡᠪᠴᠢᠶ᠎ᠠ ᠶᠢ ᠦᠷᠭᠡᠳᠭᠡᠨ᠂ ᠣᠷᠣᠯᠲᠣᠭᠠᠨ ᠤ ᠲᠦᠷᠦᠯ ᠵᠦᠢᠯ ᠢ ᠨᠡᠮᠡᠭᠲᠡᠬᠦᠯᠵᠦ᠂ ᠣᠷᠣᠯᠲᠣᠭᠠᠨ ᠤ ᠲᠦᠷᠢᠮ ᠲᠣᠬᠲᠠᠪᠣᠷᠢᠲᠠᠢ᠂ ᠲᠡᠰ ᠲᠠᠪᠬᠤᠷᠭ᠎ᠠ ᠲᠣᠲᠣᠷᠬᠠᠢ᠂ ᠣᠶᠠᠯᠲᠣᠯ ᠵᠣᠬᠢᠴᠠᠯᠲᠣᠯ ᠡᠮᠬᠢ ᠵᠢᠷᠣᠮ ᠲᠠᠢ᠂  ᠬᠤᠲᠠ ᠬᠦᠲᠡᠭᠡ ᠶᠢ ᠬᠠᠮᠣᠷᠣᠬᠰᠠᠨ ᠣᠷᠣᠯᠲᠣᠭᠠᠨ ᠤ ᠪᠠᠶᠢᠷᠢᠰᠢᠯ ᠢ ᠠᠭᠠᠵᠢᠮ ᠵᠢᠢᠡᠷ ᠪᠦᠷᠢᠯᠲᠦᠬᠦᠯᠦᠨ᠎ᠡ᠃ ᠣᠨᠴᠠᠭᠠᠶᠢᠯᠠᠨ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ᠂ ᠣᠷᠣᠨ ᠪᠦᠰᠡ ᠶᠢᠨ ᠲᠡᠰ ᠬᠤᠪᠢᠶᠠᠬᠤ ᠣᠷᠣᠯᠲᠣᠭᠠᠨ᠂ ᠵᠠᠯᠠᠭᠤᠴᠣᠳ ᠪᠠᠭᠠᠴᠣᠳ ᠤᠨ ᠲᠡᠰ ᠬᠤᠪᠢᠶᠠᠬᠤ ᠣᠷᠣᠯᠲᠣᠭᠠᠨ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠣᠷᠣᠯᠲᠣᠭᠠᠨ ᠢ ᠣᠷᠭᠠᠨᠢᠬ ᠢᠶᠠᠷ ᠣᠶᠠᠯᠲᠣᠭᠤᠯᠣᠨ ᠠᠪᠣᠴᠠᠯᠲᠣᠭᠤᠯᠵᠦ᠂ ᠣᠷᠣᠯᠲᠣᠭᠠᠨ ᠤ ᠪᠦᠲᠦᠴᠡ ᠶᠢᠨ ᠰᠢᠨᠵᠢᠯᠡᠬᠦ ᠣᠬᠠᠭᠠᠨᠴᠢᠯᠠᠯᠲᠠ ᠶᠢ ᠪᠡᠶᠡᠯᠡᠬᠦᠯᠦᠨ᠎ᠡ᠃ ᠵᠠᠯᠠᠭᠤᠴᠣᠳ ᠪᠠᠭᠠᠴᠣᠳ ᠤᠨ ᠬᠠᠮᠲᠣᠷᠠᠬᠰᠠᠨ ᠣᠷᠣᠯᠲᠣᠭᠠᠨ ᠤ ᠲᠣᠬᠲᠠᠯᠴᠠᠭ᠎ᠠ ᠶᠢ ᠠᠭᠠᠵᠢᠮ ᠢᠶᠠᠷ ᠪᠠᠶᠢᠭᠤᠯᠵᠦ ᠲᠡᠬᠦᠯᠲᠡᠷᠵᠢᠬᠦᠯᠦᠨ᠎ᠡ᠃ ᠠᠵᠢᠯ ᠲᠦᠷᠦᠯ᠂ ᠨᠡᠶᠢᠭᠡᠮ ᠲᠣᠭᠤᠷᠢᠬ᠂ ᠠᠵᠦ ᠠᠬᠤᠶᠢᠯᠠᠯ᠂ ᠴᠡᠷᠢᠭ ᠠᠩᠬᠢ᠂ ᠢᠲᠡᠷ ᠨᠠᠰᠣᠲᠠᠶᠢᠴᠣᠳ᠂ ᠲᠠᠪᠣᠨ ᠬᠦᠮᠦᠨ ᠤ ᠲᠦᠷᠢᠮᠲᠦ᠂ ᠡᠯᠡᠰᠦᠨ ᠲᠠᠩ ᠤᠨ ᠬᠦᠯ ᠪᠦᠮᠪᠦᠭᠡ ᠵᠡᠷᠭᠡ ᠣᠷᠣᠯᠲᠣᠭᠠᠨ ᠢ ᠢᠲᠡᠪᠬᠢᠲᠡᠢ ᠰᠠᠨᠠᠭᠠᠴᠢᠯᠠᠵᠦ ᠵᠣᠬᠢᠶᠠᠨ ᠪᠠᠶᠢᠭᠤᠯᠣᠨ᠎ᠠ᠃       ︵ᠠᠷᠪᠠᠨ ᠲᠦᠷᠪᠡ︶ ᠮᠡᠷᠭᠡᠵᠢᠯ ᠤᠨ ᠣᠷᠣᠯᠲᠣᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠵᠣᠬᠢᠴᠠᠭᠤᠯᠵᠦ ᠪᠠᠶᠢᠭᠤᠯᠣᠨ᠎ᠠ︔ ᠪᠡᠶ᠎ᠠ ᠪᠠᠨ ᠲᠠᠭᠠᠭᠠᠬᠰᠠᠨ ᠨᠡᠶᠢᠭᠡᠮ ᠪᠦᠯᠬᠦᠮ ᠤᠨ ᠬᠠᠣᠯᠢ ᠶᠢᠨ ᠡᠷᠬᠡᠲᠡᠨ ᠤ ᠬᠢᠷᠢ ᠭᠡᠮ ᠪᠦᠬᠦᠢ ᠲᠣᠰᠬᠠᠢ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠤ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠵᠦ᠂ ᠮᠡᠷᠭᠡᠵᠢᠯ ᠤᠨ ᠣᠷᠣᠯᠲᠣᠭᠠᠨ ᠢ ᠵᠣᠬᠢᠶᠠᠨ ᠪᠠᠶᠢᠭᠤᠯᠬᠤ ᠪᠠ  ᠬᠠᠮᠢᠶᠠᠷᠬᠤ ᠶᠢ ᠬᠠᠷᠢᠭᠤᠴᠠᠭᠤᠯᠵᠦ᠂ ᠲᠣᠮᠲᠠᠲᠣ ᠣᠯᠣᠰ ᠤᠨ ᠬᠦᠯ ᠪᠦᠮᠪᠦᠭᠡ ᠶᠢᠨ  ᠲᠡᠰ ᠠᠴᠠ ᠲᠠᠪᠠᠭᠰᠠᠨ ᠬᠠᠮᠲᠣᠷᠠᠬᠰᠠᠨ ᠣᠷᠣᠯᠲᠣᠭᠠᠨ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠬᠦᠭᠡ ᠲᠡᠰ ᠤᠨ ᠬᠠᠮᠲᠣᠷᠠᠬᠰᠠᠨ ᠣᠷᠣᠯᠲᠣᠭᠠᠨ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠬᠦᠭᠡᠭᠴᠢᠨ ᠲᠡᠰ ᠤᠨ ᠬᠠᠮᠲᠣᠷᠠᠬᠰᠠᠨ ᠣᠷᠣᠯᠲᠣᠭᠠᠨ ᠤ ᠲᠣᠬᠲᠠᠯᠴᠠᠭ᠎ᠠ ᠶᠢ ᠵᠣᠬᠢᠰᠲᠠᠢ ᠪᠠᠶᠢᠭᠤᠯᠣᠨ᠎ᠠ᠃ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠦᠨᠳᠦᠰᠦᠨ ᠲᠦᠷᠦ ᠶᠢᠨ ᠪᠣᠲᠣᠯᠭ᠎ᠠ ᠲᠣᠬᠲᠠᠭᠠᠬᠤ᠂  ᠺᠯᠦ᠋ᠪ ᠪᠠᠶᠢᠭᠤᠯᠬᠤ ᠶᠢ ᠬᠢᠨᠠᠨ ᠪᠠᠶᠢᠴᠠᠭᠠᠬᠤ᠂ ᠰᠠᠬᠢᠯᠭ᠎ᠠ ᠪᠠᠲᠣ ᠪᠠ  ᠬᠦᠨᠲᠡᠯᠡᠨ ᠠᠴᠠ  ᠲᠠᠰᠤᠯᠬᠤ᠂ ᠴᠢᠬᠤᠯᠠ ᠶᠡᠭᠡ ᠬᠡᠷᠡᠭ ᠶᠠᠪᠣᠲᠠᠯ ᠢ ᠲᠣᠬᠲᠠᠭᠠᠬᠤ ᠵᠡᠷᠭᠡ ᠲᠠᠯ᠎ᠠ ᠪᠠᠷ ᠬᠡᠷᠡᠭ ᠡᠷᠬᠢᠯᠡᠭᠴᠢᠳ ᠤᠨ ᠬᠤᠷᠠᠯ ᠳᠤ ᠬᠢᠨᠡᠯᠲᠠ ᠬᠠᠮᠢᠶᠠᠷᠣᠯᠲᠠ ᠬᠢᠵᠦ᠂ ᠲᠦᠯᠦᠭᠡᠯᠡᠭᠴᠢ ᠲᠣᠮᠢᠯᠠᠨ ᠬᠡᠷᠡᠭ ᠡᠷᠬᠢᠯᠡᠭᠴᠢᠳ ᠤᠨ ᠬᠤᠷᠠᠯ ᠳᠤ ᠲᠣᠰᠢᠶᠠᠯ ᠡᠬᠦᠷᠭᠡᠯᠡᠬᠦᠯᠦᠨ᠎ᠡ᠃ ᠬᠡᠷᠡᠭ ᠡᠷᠬᠢᠯᠡᠭᠴᠢᠳ ᠤᠨ ᠬᠤᠷᠠᠯ ᠠᠴᠠ ᠲᠦᠯᠦᠭᠡᠯᠡᠭᠴᠢ ᠲᠣᠮᠢᠯᠠᠨ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠲᠤ ᠲᠣᠰᠢᠶᠠᠯ ᠡᠬᠦᠷᠭᠡᠯᠡᠬᠦᠯᠵᠦ᠂ ᠬᠠᠮᠢᠶ᠎ᠠ ᠪᠦᠬᠦᠢ ᠠᠰᠠᠭᠤᠲᠠᠯ ᠢ ᠰᠣᠲᠣᠯᠣᠨ ᠶᠠᠷᠢᠯᠴᠠᠬᠤ ᠪᠠ ᠰᠢᠢᠳᠪᠦᠷᠢᠲᠦ ᠪᠣᠲᠣᠯᠭ᠎ᠠ ᠲᠣᠬᠲᠠᠭᠠᠬᠤ ᠳᠤ ᠣᠷᠣᠯᠴᠠᠨ᠎ᠠ᠃       ︵ᠠᠷᠪᠠᠨ ᠲᠠᠪᠤ︶ ᠣᠷᠣᠯᠲᠣᠭᠠᠨ ᠤ ᠬᠦᠬᠢᠬᠦᠯᠦᠨ ᠱᠠᠩᠨᠠᠬᠤ ᠲᠦᠷᠢᠮ ᠢ ᠲᠡᠬᠦᠯᠲᠡᠷᠵᠢᠬᠦᠯᠦᠨ᠎ᠡ᠃ ᠬᠦᠯ ᠪᠦᠮᠪᠦᠭᠡ ᠶᠢᠨ ᠲᠦᠷᠦᠯ ᠵᠦᠢᠯ ᠤᠨ ᠣᠨᠴᠠᠯᠢᠬ ᠲᠤ ᠨᠡᠶᠢᠴᠡᠬᠦ᠂ ᠦᠭᠡᠷ᠎ᠡ ᠪᠣᠰᠣᠳ ᠪᠡᠶ᠎ᠡ ᠶᠢᠨ ᠲᠠᠮᠢᠷ ᠤᠨ ᠲᠦᠷᠦᠯ ᠵᠦᠢᠯ ᠠᠴᠠ ᠢᠯᠭᠠᠬᠲᠠᠬᠤ ᠬᠦᠬᠢᠬᠦᠯᠦᠨ ᠱᠠᠩᠨᠠᠬᠤ ᠪᠠᠷᠢᠮᠵᠢᠶ᠎ᠠ ᠲᠣᠬᠲᠠᠭᠠᠨ᠎ᠠ᠃       ︵ᠠᠷᠪᠠᠨ ᠵᠢᠷᠭᠤᠭ᠎ᠠ︶ ᠣᠷᠣᠯᠲᠣᠭᠠᠨ ᠤ ᠡᠮᠬᠢ ᠵᠢᠷᠣᠮ ᠢ ᠪᠠᠲᠣᠯᠠᠨ᠎ᠠ︔ ᠡᠷᠭᠡ ᠲᠡᠭᠰᠢ ᠪᠠᠷ ᠣᠷᠣᠯᠲᠣᠬᠤ ᠶᠢ ᠪᠠᠷᠢᠮᠲᠠᠯᠠᠵᠦ᠂ ᠰᠠᠶᠢᠨ ᠰᠠᠶᠢᠬᠠᠨ ᠤ ᠣᠷᠣᠯᠲᠣᠭᠠᠨ ᠤ ᠬᠡᠪ ᠰᠣᠷᠲᠠᠯ ᠢ ᠪᠣᠢ ᠪᠣᠯᠭᠠᠨ᠎ᠠ᠃ ᠣᠷᠣᠯᠲᠣᠭᠠᠨ ᠢ ᠵᠣᠬᠢᠶᠠᠨ ᠪᠠᠶᠢᠭᠤᠯᠬᠤ ᠪᠠᠶᠢᠭᠤᠯᠣᠮᠵᠢ ᠪᠠ ᠪᠡᠶ᠎ᠡ ᠶᠢᠨ ᠲᠠᠮᠢᠷ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠣᠲᠣᠭᠠᠲᠣ ᠶᠢ ᠬᠠᠮᠠᠭᠠᠯᠠᠬᠤ ᠪᠠᠶᠢᠭᠤᠯᠣᠯᠭ᠎ᠠ ᠲᠠᠢ ᠬᠠᠮᠲᠣᠷᠠᠨ ᠬᠠᠮᠢᠶᠠᠷᠣᠯᠲᠠ ᠪᠠᠨ ᠴᠢᠩᠭᠠᠳᠬᠠᠵᠦ᠂ ᠦᠪᠡᠷ ᠦᠪᠡᠷ ᠤᠨ ᠡᠬᠦᠷᠭᠡ ᠲᠣᠰᠢᠶᠠᠯ ᠢᠶᠠᠨ ᠬᠦᠢᠴᠡᠳᠭᠡᠨ᠂ ᠠᠮᠣᠷ ᠲᠦᠪᠰᠢᠨ ᠤ ᠪᠠᠲᠣᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠬᠦᠯᠲᠡᠷᠵᠢᠬᠦᠯᠦᠨ᠎ᠡ᠃ ᠲᠣᠲᠣᠭᠠᠲᠣ ᠶᠢ ᠬᠠᠮᠠᠭᠠᠯᠠᠬᠤ ᠪᠠᠶᠢᠭᠤᠯᠣᠯᠭ᠎ᠠ ᠬᠦᠯ ᠪᠦᠮᠪᠦᠭᠡ ᠶᠢᠨ ᠣᠷᠣᠯᠲᠣᠭᠠᠨ ᠤ ᠠᠮᠣᠷ ᠲᠦᠪᠰᠢᠨ ᠡᠮᠬᠢ ᠲᠢᠭᠯᠢᠮ ᠢ ᠬᠢᠨᠠᠨ  ᠬᠠᠮᠢᠶᠠᠷᠬᠤ ᠪᠠᠨ ᠴᠢᠩᠭᠠᠳᠬᠠᠬᠤ ᠶᠢ ᠬᠠᠷᠢᠭᠤᠴᠠᠵᠦ᠂ ᠣᠷᠣᠯᠲᠣᠭᠠᠨ ᠤ ᠠᠬᠤᠢ ᠲᠠᠯᠠᠪᠠᠢ ᠪᠣᠯᠣᠨ ᠡᠷᠬᠢᠨ ᠲᠣᠭᠤᠷᠢᠨ ᠭᠠᠵᠠᠷ ᠣᠷᠣᠨ ᠤ ᠠᠮᠣᠷ ᠢ ᠬᠠᠮᠠᠭᠠᠯᠠᠬᠤ ᠡᠮᠬᠢ ᠲᠢᠭᠯᠢᠮ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠣᠨ ᠦᠷᠨᠢᠬᠦᠯᠵᠦ᠂ ᠬᠠᠣᠯᠢ ᠠᠴᠠ ᠵᠦᠷᠢᠴᠡᠭᠰᠡᠨ ᠶᠠᠯᠠᠲᠣ ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠲᠠ ᠦᠭᠬᠦᠨ᠎ᠡ᠃ ᠪᠦᠮᠪᠦᠭᠡ ᠶᠢᠨ ᠪᠠᠭ᠋ᠠᠲᠠᠳ ᠢ ᠬᠦᠲᠦᠯᠦᠨ ᠵᠢᠯᠣᠭᠤᠳᠴᠦ ᠪᠣᠯᠪᠠᠰᠣᠨ ᠢᠶᠠᠷ  ᠤᠷᠤᠯᠲᠤᠭᠠᠨ ᠰᠣᠨᠢᠷᠬᠠᠵᠦ᠂ ᠬᠠᠣᠯᠢ ᠶᠢ ᠰᠠᠬᠢᠵᠦ ᠵᠢᠷᠣᠮ ᠢ ᠲᠠᠭᠠᠨ᠎ᠠ᠃      ︵ᠠᠷᠪᠠᠨ ᠲᠣᠯᠤᠭ᠎ᠠ︶ ᠠᠵᠢᠯ ᠲᠦᠷᠦᠯ ᠤᠨ ᠬᠠᠮᠢᠶᠠᠷᠣᠯᠲᠠ ᠪᠠᠨ ᠴᠢᠩᠭᠠᠳᠬᠠᠨ᠎ᠠ︔ ᠬᠢᠨᠠᠬᠴᠢ ᠶᠢᠨ ᠲᠦᠪ ᠭᠤᠣᠯᠴᠢ ᠪᠠᠷ ᠬᠠᠣᠯᠢ ᠬᠡᠷᠡᠭᠵᠢᠬᠦᠯᠬᠦ᠂  ᠲᠠᠰᠬᠠᠯᠵᠢᠭᠤᠯᠤᠭᠴᠢ ᠪᠠ ᠲᠠᠮᠢᠷᠴᠢᠳ ᠤᠨ ᠬᠠᠣᠯᠢ ᠴᠠᠭᠠᠵᠠ ᠶᠢ ᠵᠢᠷᠣᠮᠯᠠᠬᠤ ᠬᠢᠵᠠᠭᠠᠷᠯᠠᠬᠤ ᠲᠣᠬᠲᠠᠴᠠ ᠶᠢ ᠲᠡᠬᠦᠯᠲᠡᠷᠵᠢᠬᠦᠯᠦᠨ᠎ᠡ᠃ ᠬᠦᠯ ᠪᠦᠮᠪᠦᠭᠡ ᠶᠢᠨ ᠠᠵᠢᠯ ᠲᠦᠷᠦᠯ ᠤᠨ ᠬᠠᠣᠯᠢ ᠴᠠᠭᠠᠵᠠ ᠲᠦᠷᠢᠮ ᠲᠣᠬᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂ ᠴᠢᠩᠭ᠎ᠠ ᠪᠠᠶᠢᠴᠠᠭᠠᠵᠦ᠂ ᠰᠠᠬᠢᠯᠭ᠎ᠠ ᠪᠠᠲᠣ ᠶᠢᠨ ᠰᠢᠳᠭᠡᠯ᠂ ᠠᠵᠢᠯ ᠲᠦᠷᠦᠯ ᠤᠨ ᠠᠪᠣᠷᠠᠨ ᠲᠣᠰᠠᠯᠠᠬᠤ ᠲᠦᠷᠢᠮ ᠪᠣᠯᠣᠨ ᠪᠠᠶᠢᠭᠤᠯᠣᠮᠵᠢ ᠶᠢ ᠲᠡᠬᠦᠯᠲᠡᠷᠵᠢᠬᠦᠯᠦᠨ᠎ᠠ᠃ ᠬᠦᠯ ᠪᠦᠮᠪᠦᠭᠡ ᠶᠢᠨ ᠬᠠᠮᠢᠶᠠᠷᠣᠯᠲᠠ ᠶᠢᠨ  ᠰᠠᠯᠠᠭ᠎ᠠ ᠮᠦᠴᠢᠷ ᠬᠢᠭᠡᠳ ᠲᠣᠲᠣᠭᠠᠲᠣ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ ᠵᠡᠷᠭᠡ ᠲᠠᠯ᠎ᠠ ᠲᠠᠢ ᠬᠠᠮᠲᠣᠷᠠᠨ ᠠᠵᠢᠯᠯᠠᠬᠤ ᠪᠠᠨ ᠴᠢᠩᠭᠠᠳᠬᠠᠵᠦ᠂ ᠬᠠᠣᠯᠢ ᠠᠴᠠ ᠵᠦᠷᠢᠴᠡᠭᠰᠡᠨ  ᠠᠵᠢᠯᠯᠠᠭ᠎ᠠ ᠶᠢ ᠢᠯᠡᠴᠢᠯᠡᠨ ᠮᠡᠲᠡᠬᠦᠯᠬᠦ ᠪᠠᠶᠢᠭᠤᠯᠣᠮᠵᠢ ᠪᠣᠯᠣᠨ ᠨᠢᠬᠲᠠ ᠠᠪᠣᠴᠠᠯᠲᠣᠬᠰᠠᠨ ᠬᠠᠮᠲᠣᠷᠠᠨ ᠠᠵᠢᠯᠯᠠᠬᠤ ᠪᠠᠶᠢᠭᠤᠯᠣᠮᠵᠢ ᠪᠠᠶᠢᠭᠤᠯᠣᠨ ᠲᠡᠬᠦᠯᠲᠡᠷᠵᠢᠬᠦᠯᠵᠦ᠂  ᠬᠦᠯ ᠪᠦᠮᠪᠦᠭᠡ ᠬᠠᠭᠤᠷᠮᠠᠬᠯᠠᠨ ᠮᠦᠷᠦᠶᠢᠴᠡᠬᠦ ᠵᠡᠷᠭᠡ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠪᠠᠷ ᠰᠡᠷᠭᠡᠶᠢᠯᠡᠨ᠂ ᠴᠠᠬ ᠲᠣᠬᠠᠢ ᠳᠤᠨᠢ ᠪᠠᠶᠢᠴᠠᠭᠠᠨ ᠢᠯᠡᠷᠡᠬᠦᠯᠵᠦ᠂ ᠴᠢᠩᠭ᠎ᠠ ᠴᠣᠬᠢᠯᠲᠠ ᠦᠭᠬᠦᠨ᠎ᠡ᠃      ︵ᠠᠷᠪᠠᠨ ᠨᠠᠢᠮᠠ  ︶ ᠣᠯᠠᠨ ᠣᠯᠣᠰ ᠤᠨ ᠣᠷᠣᠯᠲᠣᠭᠠᠨ ᠤ ᠰᠣᠯᠢᠯᠴᠠᠭ᠎ᠠ ᠶᠢ ᠠᠬᠢᠭᠤᠯᠣᠨ᠎ᠠ᠃ ᠲᠣᠮᠲᠠᠲᠣ ᠣᠯᠣᠰ ᠤᠨ ᠬᠦᠯ ᠪᠦᠮᠪᠦᠭᠡ ᠶᠢᠨ ᠣᠯᠠᠨ ᠣᠯᠣᠰ ᠤᠨ ᠬᠦᠯ ᠪᠦᠮᠪᠦᠭᠡ ᠶᠢᠨ ᠣᠷᠣᠯᠲᠣᠭᠠᠨ ᠳᠤ ᠣᠷᠣᠯᠴᠠᠬᠤ ᠶᠢ ᠠᠬᠢᠭᠤᠯᠵᠦ᠂ ᠬᠠᠷᠢᠯᠴᠠᠭ᠎ᠠ ᠰᠣᠯᠢᠯᠴᠠᠭ᠎ᠠ ᠪᠠᠨ ᠬᠦᠨᠵᠡᠭᠡᠶᠢᠷᠡᠬᠦᠯᠦᠨ᠂ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠲᠡᠯᠡᠭᠡᠢ ᠶᠢᠨ ᠬᠦᠯ ᠪᠦᠮᠪᠦᠭᠡ ᠶᠢᠨ ᠬᠤᠯᠪᠣᠭ᠎ᠠ ᠶᠢᠨ ᠡᠷᠡᠭᠲᠡᠢ ᠶᠢᠨ ᠬᠦᠯ ᠪᠦᠮᠪᠦᠭᠡ ᠶᠢᠨ ᠲᠡᠯᠡᠭᠡᠢ ᠶᠢᠨ ᠣᠷᠣᠯᠲᠣᠭᠠᠨ ᠢ ᠭᠤᠶᠣᠴᠢᠯᠠᠨ ᠡᠷᠬᠢᠯᠡᠬᠦ ᠬᠠᠮᠢᠶ᠎ᠠ ᠪᠦᠬᠦᠢ ᠠᠵᠢᠯ ᠢ ᠰᠣᠲᠣᠯᠵᠦ ᠠᠬᠢᠭᠤᠯᠣᠨ᠎ᠠ᠃      ᠲᠠᠪᠤ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠦᠭᠡᠷᠡᠴᠢᠯᠡᠵᠦ ᠠᠬᠢᠭᠤᠯᠣᠨ᠎ᠠ      ︵ᠠᠷᠪᠠ ᠶᠢᠰᠦ︶ ᠬᠦᠯ ᠪᠦᠮᠪᠦᠭᠡ ᠪᠠᠷ ᠬᠦᠮᠦᠨ ᠬᠦᠮᠦᠵᠢᠬᠦᠯᠬᠦ ᠶᠢ ᠪᠠᠲᠠᠷᠠᠭᠤᠯᠣᠨ᠎ᠠ︔ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠪᠦᠬᠦ ᠲᠠᠯ᠎ᠠ ᠪᠠᠷ ᠬᠦᠭᠵᠢᠭᠰᠡᠨ ᠴᠢᠲᠠᠪᠣᠷᠢᠲᠠᠨ ᠢ ᠬᠦᠮᠦᠵᠢᠬᠦᠯᠦᠨ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠬᠦᠯ ᠪᠦᠮᠪᠦᠭᠡ ᠶᠢᠨ ᠬᠦᠮᠦᠨ ᠠᠮᠠ ᠶᠢᠨ ᠬᠡᠪᠴᠢᠶ᠎ᠠ ᠶᠢ ᠦᠷᠭᠡᠳᠭᠡᠵᠦ᠂ ᠬᠦᠯ ᠪᠦᠮᠪᠦᠭᠡ ᠶᠢᠨ ᠴᠢᠲᠠᠪᠣᠷᠢᠲᠠᠨ ᠤ ᠰᠠᠭᠤᠷᠢ ᠶᠢ ᠪᠠᠲᠣᠳᠬᠠᠵᠦ᠂ ᠰᠣᠷᠣᠬᠴᠢᠳ ᠤᠨ ᠶᠡᠷᠦᠩᠭᠡᠶᠢᠯᠡᠭᠰᠡᠨ ᠬᠡᠪ  ᠴᠢᠨᠠᠷ ᠢ ᠲᠡᠭᠡᠭᠰᠢᠯᠡᠬᠦᠯᠬᠦ᠂ ᠵᠠᠯᠠᠭᠤᠴᠣᠳ ᠪᠠᠭᠠᠴᠣᠳ ᠤᠨ ᠡᠷᠡᠬᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠦ᠂ ᠭᠡᠷ ᠤᠨ ᠠᠬᠠᠮᠠᠳ ᠬᠢᠭᠡᠳ ᠨᠡᠶᠢᠭᠡᠮ ᠤᠨ ᠦᠨᠡᠯᠯᠲᠡ ᠵᠦᠪᠰᠢᠶᠡᠷᠡᠯ ᠪᠡ ᠲᠡᠮᠵᠢᠯᠭᠡ ᠶᠢ ᠴᠢᠩᠭᠠᠳᠬᠠᠵᠦ᠂ ᠨᠡᠩ ᠣᠯᠠᠨ ᠵᠠᠯᠠᠭᠤᠴᠣᠳ ᠪᠠᠭᠠᠴᠣᠳ ᠢ ᠬᠦᠯ ᠪᠦᠮᠪᠦᠭᠡ ᠳᠤ ᠲᠣᠷ᠎ᠠ ᠪᠠᠭ᠋ᠠᠲᠠᠢ᠂ ᠬᠦᠯ ᠪᠦᠮᠪᠦᠭᠡ ᠶᠢ ᠬᠠᠮᠲᠣ ᠪᠠᠷ ᠡᠳ᠋ᠯᠡᠬᠦ ᠪᠣᠯᠭᠠᠵᠦ᠂ ᠬᠦᠯ ᠪᠦᠮᠪᠦᠭᠡ ᠶᠢᠨ ᠬᠦᠲᠡᠯᠭᠡᠭᠡᠨ ᠳᠤ ᠣᠷᠣᠯᠴᠠᠬᠤ ᠶᠢ ᠨᠡᠶᠢᠭᠡᠮ ᠤᠨ ᠲᠦᠷᠢᠮ ᠭᠤᠷᠢᠮ ᠪᠠ ᠶᠣᠰᠣ ᠰᠣᠷᠲᠠᠬᠤᠨ ᠤ ᠲᠦᠷᠢᠮᠵᠢᠯ ᠢ ᠪᠡᠶᠡᠴᠢᠯᠡᠨ ᠣᠶᠢᠯᠠᠭᠠᠵᠦ ᠣᠶᠠᠯᠲᠣᠨ ᠵᠣᠬᠢᠴᠠᠬᠤ ᠪᠦᠲᠦᠮᠵᠢᠲᠡᠢ ᠵᠠᠮ ᠰᠣᠪᠠᠬ ᠪᠣᠯᠭᠠᠨ᠎ᠠ᠃      ︵ᠬᠤᠷᠢ︶ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠦᠭᠡᠮᠡᠯᠵᠢᠯ ᠢ ᠠᠬᠢᠭᠤᠯᠣᠨ᠎ᠠ︔ ᠡᠯ᠎ᠠ ᠭᠠᠵᠠᠷ ᠣᠷᠣᠨ ᠤ ᠲᠣᠮᠲᠠᠲᠣ ᠪᠠᠭ᠎ᠠ ᠰᠣᠷᠭᠠᠭᠤᠯᠢ ᠬᠦᠯ ᠪᠦᠮᠪᠦᠭᠡ ᠶᠢ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠣᠷᠭᠠᠯᠲᠠ ᠶᠢᠨ ᠠᠭᠤᠯᠭ᠎ᠠ ᠪᠣᠯᠭᠠᠵᠦ᠂ ᠰᠣᠷᠣᠯᠭ᠎ᠠ ᠶᠢᠨ ᠴᠠᠬ ᠤᠨ ᠬᠠᠷᠢᠴᠠᠯ ᠢ ᠨᠡᠮᠡᠭᠲᠡᠬᠦᠯᠦᠨ᠎ᠡ᠃ ᠣᠨᠴᠠᠯᠢᠬ ᠢ ᠲᠡᠮᠵᠢᠬᠦ ᠪᠠᠷ ᠲᠦᠭᠡᠮᠡᠯᠵᠢᠯ ᠢ ᠲᠠᠶᠢᠴᠢᠯᠠᠨ᠂ ᠰᠠᠭᠤᠷᠢ ᠰᠠᠶᠢᠨ  ᠮᠦᠷᠲᠡᠭᠡᠨ ᠢᠲᠡᠪᠬᠢᠵᠢᠯ ᠦᠨᠳᠦᠷ ᠲᠣᠮᠲᠠᠲᠣ ᠪᠠᠭ᠎ᠠ ᠰᠣᠷᠭᠠᠭᠤᠯᠢ ᠶᠢ ᠭᠤᠣᠯᠲᠠᠯᠭ᠎ᠠ ᠲᠠᠢ ᠲᠡᠳᠬᠦᠵᠦ᠂ ᠪᠦᠬᠦ ᠣᠯᠣᠰ ᠤᠨ ᠲᠣᠮᠲᠠᠲᠣ ᠪᠠᠭ᠎ᠠ ᠰᠣᠷᠭᠠᠭᠤᠯᠢ ᠶᠢᠨ ᠬᠦᠯ ᠪᠦᠮᠪᠦᠭᠡ ᠶᠢᠨ ᠣᠨᠴᠠᠯᠢᠬᠲᠦ ᠰᠣᠷᠭᠠᠭᠤᠯᠢ ᠶᠢ ᠣᠲᠣᠬᠠᠨ ᠤ 5000 ᠰᠣᠷᠭᠠᠭᠤᠯᠢ ᠶᠢᠨ ᠰᠠᠭᠤᠷᠢᠨ ᠲᠡᠭᠡᠷ᠎ᠡ 2020 ᠤᠨ ᠪᠣᠯᠬᠤ ᠳᠤ 2 ᠲᠦᠮᠡᠨ ᠰᠣᠷᠭᠠᠭᠤᠯᠢ ᠪᠣᠯᠭᠠᠵᠦ᠂ 2025 ᠤᠨ ᠳᠤ 5 ᠲᠦᠮᠡᠨ ᠰᠣᠷᠭᠠᠭᠤᠯᠢ ᠪᠣᠯᠭᠠᠨ ᠨᠡᠮᠡᠭᠲᠡᠬᠦᠯᠵᠦ᠂ ᠡᠬᠦᠨ ᠳᠤ ᠡᠮᠡᠭᠲᠡᠶᠢᠴᠦᠳ ᠤᠨ ᠬᠦᠯ ᠪᠦᠮᠪᠦᠭᠡ ᠶᠢᠨ ᠰᠣᠷᠭᠠᠭᠤᠯᠢ ᠶᠢ ᠵᠣᠬᠢᠬᠤ ᠬᠠᠷᠢᠴᠠᠯ ᠳᠤ ᠬᠦᠷᠭᠡᠨ᠎ᠡ᠃ ᠲᠠᠭᠠᠳᠬᠠᠯ ᠤᠨ ᠲᠣᠬᠲᠠᠴᠠ ᠶᠢ ᠲᠡᠬᠦᠯᠲᠡᠷᠵᠢᠬᠦᠯᠵᠦ᠂ ᠵᠠᠰᠠᠬ ᠤᠨ ᠣᠷᠲᠣᠨ ᠠᠴᠠ ᠦᠢᠯᠡᠴᠢᠯᠡᠭᠡ ᠶᠢ ᠬᠤᠲᠠᠯᠲᠣᠨ ᠠᠪᠬᠤ ᠶᠢ ᠠᠬᠢᠭᠤᠯᠣᠨ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠮᠣᠷ ᠲᠦᠪᠰᠢᠨ ᠤ ᠪᠠᠲᠣᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠰᠣᠷᠣᠬᠴᠢᠳ᠂ ᠭᠡᠷ ᠤᠨ ᠠᠬᠠᠮᠳ ᠬᠢᠭᠡᠳ ᠰᠣᠷᠭᠠᠭᠤᠯᠢ ᠶᠢᠨ ᠡᠷᠡᠭᠡᠯᠵᠡᠭᠡ ᠶᠢ  ᠠᠷᠢᠯᠭᠠᠨ᠎ᠠ᠃       ︵ᠬᠤᠷᠢᠨ ᠨᠢᠭᠡ︶ ᠰᠣᠶᠣᠯ ᠰᠣᠷᠣᠯᠴᠠᠯᠭ᠎ᠠ ᠪᠠ ᠬᠦᠯ ᠪᠦᠮᠪᠦᠭᠡ ᠶᠢᠨ ᠣᠷ᠎ᠠ ᠮᠡᠷᠭᠡᠰᠢᠯ ᠤᠨ ᠬᠠᠮᠲᠣᠪᠡᠷ ᠬᠦᠭᠵᠢᠬᠦ ᠶᠢ ᠠᠬᠢᠭᠤᠯᠣᠨ᠎ᠠ︔ ᠬᠦᠯ ᠪᠦᠮᠪᠦᠭᠡ ᠶᠢᠨ ᠣᠨᠴᠠᠭᠠᠢ ᠠᠪᠢᠶᠠᠰ ᠲᠠᠢ ᠰᠣᠷᠣᠬᠴᠢᠳ ᠤᠨ ᠰᠣᠶᠣᠯ ᠤᠨ ᠬᠢᠴᠢᠶᠡᠯ ᠤᠨ ᠵᠢᠭᠠᠨ ᠰᠣᠷᠭᠠᠯᠲᠠ ᠶᠢᠨ ᠬᠠᠮᠢᠶᠠᠷᠣᠯᠲᠠ ᠶᠢ ᠴᠢᠩᠭᠠᠳᠬᠠᠵᠦ᠂ ᠰᠢᠯᠭᠠᠯᠲᠠ ᠪᠠᠷ ᠰᠣᠷᠣᠬᠴᠢ ᠡᠯᠰᠡᠬᠦ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠦᠨ᠂ ᠰᠣᠷᠣᠬᠴᠢᠳ ᠤᠨ ᠣᠷᠲᠣ ᠬᠤᠭᠤᠴᠠᠭ᠎ᠠ ᠪᠠᠷ ᠬᠦᠯ ᠪᠦᠮᠪᠦᠭᠡ ᠶᠢᠨ ᠰᠣᠷᠣᠯᠴᠠᠯᠭ᠎ᠠ ᠪᠠ ᠪᠣᠯᠪᠠᠰᠣᠷᠠᠯ ᠳᠤ ᠢᠲᠡᠪᠬᠢᠲᠡᠢ ᠣᠷᠣᠯᠴᠠᠬᠤ ᠶᠢ ᠵᠣᠷᠢᠬᠵᠢᠭᠤᠯᠣᠨ᠎ᠠ᠃ ᠬᠦᠯ ᠪᠦᠮᠪᠦᠭᠡ ᠶᠢᠨ ᠣᠨᠴᠠ ᠠᠪᠢᠶᠠᠰ ᠲᠠᠢ ᠰᠣᠷᠣᠬᠴᠢᠳ ᠤᠨ ᠰᠣᠷᠣᠯᠭ᠎ᠠ ᠲᠠᠪᠰᠢᠵᠦ ᠡᠯᠰᠡᠬᠦ ᠦᠶ᠎ᠡ ᠳᠤ ᠵᠣᠬᠢᠬᠤ ᠬᠡᠪᠴᠢᠶᠠᠨ ᠲᠣᠲᠣᠷ᠎ᠠ ᠲᠣᠬᠢᠷᠠᠮᠵᠢᠲᠠᠢ  ᠰᠢᠯᠵᠢᠬᠦ ᠶᠢ ᠵᠦᠪᠰᠢᠶᠡᠷᠡᠵᠦ᠂ ᠠᠪᠢᠶᠠᠰ ᠢᠶᠠᠨ ᠪᠠᠲᠠᠷᠠᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠣᠯᠭᠤᠨ᠎ᠠ᠃       ︵ᠬᠤᠷᠢᠨ ᠬᠤᠶᠠᠷ︶  ᠵᠠᠯᠠᠭᠤᠴᠤᠳ ᠪᠠᠭᠠᠴᠣᠳ ᠤᠨ ᠬᠦᠯ ᠪᠦᠮᠪᠦᠭᠡ ᠶᠢᠨ ᠴᠢᠲᠠᠪᠣᠷᠢᠲᠠᠨ ᠢ ᠬᠡᠪᠴᠢᠶᠠᠵᠢᠬᠦᠯᠦᠨ ᠨᠡᠮᠡᠭᠲᠡᠬᠦ ᠶᠢ ᠠᠬᠢᠭᠤᠯᠣᠨ᠎ᠠ︔ ᠶᠡᠭᠡ ᠰᠣᠷᠭᠠᠭᠤᠯᠢ ᠲᠣᠮᠲᠠᠲᠣ ᠰᠣᠷᠭᠠᠭᠤᠯᠢ ᠪᠠᠭ᠎ᠠ ᠰᠣᠷᠭᠠᠭᠤᠯᠢ ᠶᠢᠨ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠩᠬᠢ ᠪᠠᠶᠢᠭᠤᠯᠬᠤ ᠶᠢ ᠲᠦᠯᠬᠢᠨ ᠠᠬᠢᠭᠤᠯᠵᠦ᠂ ᠪᠠᠶᠢᠢᠩᠭᠤᠵᠢᠬᠰᠠᠨ᠂ ᠬᠦᠨᠲᠡᠯᠡᠨ ᠭᠤᠯᠲᠣ ᠨᠡᠪᠲᠡᠷᠡᠭᠰᠡᠨ ᠶᠡᠭᠡ ᠰᠣᠷᠭᠠᠭᠤᠯᠢ᠂ ᠦᠨᠳᠦᠷ ᠲᠣᠮᠲᠠᠲᠣ᠂ ᠠᠩᠬ᠎ᠠ ᠲᠣᠮᠲᠠᠲᠣ ᠪᠠ ᠪᠠᠭ᠎ᠠ ᠰᠣᠷᠭᠠᠭᠤᠯᠢ ᠲᠦᠷᠪᠡᠨ ᠱᠠᠲᠣᠨ ᠤ ᠬᠦᠯ ᠪᠦᠮᠪᠦᠭᠡ ᠶᠢᠨ ᠣᠷᠣᠯᠲᠣᠭᠠᠨ ᠤ ᠲᠣᠬᠲᠠᠯᠴᠠᠭ᠎ᠠ ᠶᠢ ᠪᠣᠰᠢᠭᠤᠬᠠᠨ ᠲᠡᠬᠦᠯᠲᠡᠷᠵᠢᠬᠦᠯᠵᠦ᠂ ᠶᠡᠭᠡ ᠲᠡᠭᠡᠲᠦ ᠰᠣᠷᠭᠠᠭᠤᠯᠢ ᠶᠢᠨ ᠬᠦᠯ ᠪᠦᠮᠪᠦᠭᠡ ᠶᠢᠨ ᠣᠷᠣᠯᠲᠣᠭᠠᠨ ᠤ ᠬᠢᠷᠢ ᠪᠦᠲᠦᠮᠵᠢ ᠶᠢ ᠶᠡᠭᠡ ᠲᠡᠭᠡᠲᠦ ᠰᠣᠷᠭᠠᠭᠤᠯᠢ ᠶᠢᠨ ᠠᠵᠢᠯ ᠢ ᠰᠢᠯᠭᠠᠨ ᠦᠨᠡᠯᠡᠬᠦ ᠲᠣᠬᠲᠠᠯᠴᠠᠭ᠎ᠠ ᠳᠤ ᠣᠷᠣᠭᠤᠯᠬᠤ ᠶᠢ ᠬᠠᠶᠢᠨ ᠰᠦᠪᠡᠭᠴᠢᠯᠡᠨ᠎ᠡ᠃       ︵ᠬᠤᠷᠢᠨ ᠭᠤᠷᠪᠠ︶ ᠪᠠᠭᠰᠢ ᠶᠢᠨ ᠡᠩᠨᠡᠭᠡ ᠪᠠᠨ ᠦᠷᠭᠡᠳᠭᠡᠨ᠎ᠡ᠃ ᠣᠲᠣ ᠪᠠᠶᠢᠭ᠎ᠠ ᠲᠣᠰᠬᠠᠢ ᠪᠠᠭᠰᠢ ᠪᠣᠯᠣᠨ ᠲᠣᠰᠢᠶᠠᠯ ᠬᠠᠪᠰᠣᠷᠭᠠᠬᠰᠠᠨ ᠬᠦᠯ ᠪᠦᠮᠪᠦᠭᠡ ᠶᠢᠨ ᠪᠠᠭᠰᠢ ᠳᠤ ᠪᠣᠯᠪᠠᠰᠣᠷᠠᠯ ᠬᠦᠷᠲᠡᠭᠡᠬᠦ ᠪᠠ ᠣᠷᠢᠵᠦ ᠡᠯᠰᠡᠬᠦ ᠵᠡᠷᠭᠡ ᠣᠯᠠᠨ  ᠬᠡᠯᠪᠡᠷᠢ ᠪᠠᠷ ᠲᠠᠮᠵᠢᠭᠤᠯᠣᠨ ᠵᠢᠭᠠᠨ ᠰᠣᠷᠭᠠᠯᠲᠠ ᠶᠢᠨ ᠵᠢᠯᠣᠭᠤᠲᠣᠬᠴᠢ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠣᠯᠣᠰ ᠤᠨ ᠭᠠᠲᠠᠭᠠᠲᠣ ᠠᠴᠠ ᠦᠨᠳᠦᠷ ᠬᠢᠷᠢ ᠲᠦᠪᠰᠢᠨ ᠪᠦᠬᠦᠢ ᠬᠦᠯ ᠪᠦᠮᠪᠦᠭᠡ ᠶᠢᠨ ᠲᠠᠰᠬᠠᠯᠵᠢᠭᠤᠯᠣᠬᠴᠢ ᠣᠷᠣᠭᠤᠯᠣᠨ ᠠᠪᠴᠢᠷᠠᠬᠤ ᠶᠢ ᠵᠣᠷᠢᠬᠵᠢᠭᠤᠯᠣᠨ᠎ᠠ᠃ 2020 ᠤᠨ ᠪᠣᠯᠬᠤ ᠳᠤ᠂ 5 ᠲᠦᠮᠡᠨ ᠰᠣᠷᠭᠠᠭᠤᠯᠢ ᠶᠢᠨ ᠬᠦᠷᠢᠶᠡᠨ ᠤ ᠲᠣᠰᠬᠠᠢ ᠪᠠᠭᠰᠢ ᠪᠣᠯᠣᠨ ᠲᠣᠰᠢᠶᠠᠯ ᠬᠠᠪᠰᠣᠷᠭᠠᠬᠰᠠᠨ ᠬᠦᠯ ᠪᠦᠮᠪᠦᠭᠡ ᠶᠢᠨ ᠪᠠᠭᠰᠢ ᠶᠢᠨ ᠨᠢᠭᠡᠲᠦᠭᠡᠷ ᠡᠬᠡᠯᠵᠢ ᠶᠢᠨ ᠪᠣᠯᠪᠠᠰᠣᠷᠠᠯ ᠢ ᠪᠡᠶᠡᠯᠡᠬᠦᠯᠦᠨ᠎ᠡ᠃ ᠲᠦᠷᠦ ᠶᠢᠨ ᠪᠣᠲᠣᠯᠭ᠎ᠠ ᠶᠢᠨ ᠠᠷᠭ᠎ᠠ ᠬᠡᠮᠵᠢᠶ᠎ᠠ ᠪᠠᠨ ᠲᠡᠬᠦᠯᠲᠡᠷᠵᠢᠬᠦᠯᠵᠦ᠂ ᠲᠣᠰᠬᠠᠢ ᠮᠡᠷᠭᠡᠵᠢᠯ ᠤᠨ ᠬᠦᠮᠦᠵᠢᠯ ᠢ ᠴᠢᠩᠭᠠᠳᠬᠠᠵᠦ᠂ ᠠᠵᠢᠯ ᠠᠴᠠ ᠪᠠᠨ ᠬᠠᠯᠠᠬᠲᠠᠬᠰᠠᠨ ᠲᠠᠮᠢᠷᠴᠢᠳ ᠤᠨ ᠪᠡᠶ᠎ᠡ ᠶᠢᠨ ᠲᠠᠮᠢᠷ ᠤᠨ ᠪᠠᠭᠰᠢ ᠪᠠᠷ ᠠᠵᠢᠯ ᠰᠢᠯᠵᠢᠬᠦ ᠳᠤ ᠨᠦᠬᠦᠴᠡᠯ ᠪᠦᠷᠢᠯᠲᠦᠬᠦᠯᠵᠦ ᠦᠭᠬᠦᠨ᠎ᠡ᠃       ᠵᠢᠷᠭᠤᠭ᠎ᠠ᠂ ᠨᠡᠶᠢᠭᠡᠮ ᠤᠨ ᠬᠦᠯ ᠪᠦᠮᠪᠦᠭᠡ ᠶᠢ ᠲᠦᠭᠡᠮᠡᠯᠵᠢᠬᠦᠯᠦᠨ ᠬᠦᠭᠵᠢᠬᠦᠯᠦᠨ᠎ᠡ      ︵ᠬᠤᠷᠢᠨ ᠲᠦᠷᠪᠡ︶ ᠬᠦᠯ ᠪᠦᠮᠪᠦᠭᠡ ᠶᠢᠨ ᠲᠦᠭᠡᠮᠡᠯᠵᠢᠯᠲᠡ ᠶᠢ ᠠᠬᠢᠭᠤᠯᠣᠨ᠎ᠠ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠦ᠂ ᠨᠡᠶᠢᠭᠡᠮ ᠤᠨ ᠬᠦᠯ ᠪᠦᠮᠪᠦᠭᠡ ᠶᠢᠨ ᠲᠦᠷᠭᠡᠳᠭᠡᠨ ᠬᠦᠭᠵᠢᠬᠦ ᠶᠢ ᠠᠬᠢᠭᠤᠯᠵᠦ᠂ ᠬᠦᠯ ᠪᠦᠮᠪᠦᠭᠡ ᠶᠢᠨ ᠬᠦᠮᠦᠨ ᠠᠮᠠ ᠶᠢᠨ ᠬᠡᠪᠴᠢᠶ᠎ᠠ ᠶᠢ ᠲᠠᠰᠣᠷᠠᠯᠲᠠ ᠦᠭᠡᠢ ᠦᠷᠭᠡᠳᠭᠡᠨ᠎ᠡ᠃ ᠠᠯᠪᠠᠨ ᠪᠠᠶᠢᠭᠤᠯᠣᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠴᠡᠷᠢᠭ ᠠᠩᠬᠢ ᠪᠠ ᠠᠵᠦ ᠠᠬᠤᠶᠢᠯᠠᠯ ᠬᠦᠯ ᠪᠦᠮᠪᠦᠭᠡ ᠶᠢᠨ ᠠᠩᠬᠢ ᠪᠠᠶᠢᠭᠤᠯᠬᠤ ᠪᠠ ᠬᠠᠮᠲᠣᠷᠠᠨ ᠬᠦᠯ ᠪᠦᠮᠪᠦᠭᠡ ᠶᠢᠨ ᠠᠩᠬᠢ ᠪᠠᠶᠢᠭᠤᠯᠬᠤ ᠶᠢ ᠵᠣᠷᠢᠬᠵᠢᠭᠤᠯᠵᠦ᠂ ᠡᠯᠪᠡᠭ ᠪᠠᠶᠠᠯᠢᠬ ᠠᠭᠤᠯᠭ᠎ᠠ ᠪᠦᠬᠦᠢ ᠨᠡᠶᠢᠭᠡᠮ ᠤᠨ ᠬᠦᠯ ᠪᠦᠮᠪᠦᠭᠡ ᠶᠢᠨ ᠬᠦᠲᠡᠯᠭᠡᠭᠡᠨ ᠦᠷᠨᠢᠬᠦᠯᠦᠨ᠎ᠡ᠃ ᠵᠠᠷᠣᠲᠠᠯ ᠮᠦᠩᠬᠦ᠂ ᠭᠠᠵᠠᠷ᠂ ᠴᠠᠬ ᠬᠤᠭᠤᠴᠠᠭ᠎ᠠ᠂ ᠣᠷᠣᠯᠲᠣᠭᠠᠨ᠂ ᠲᠠᠰᠬᠠᠯᠵᠢᠭᠤᠯᠣᠬᠴᠢ ᠶᠢᠨ ᠵᠢᠯᠣᠭᠤᠲᠣᠯᠭ᠎ᠠ ᠵᠡᠷᠭᠡ ᠲᠠᠯ᠎ᠠ   ᠠᠴᠠ ᠨᠡᠶᠢᠭᠡᠮ ᠤᠨ ᠬᠦᠯ ᠪᠦᠮᠪᠦᠭᠡ ᠶᠢᠨ ᠬᠦᠭᠵᠢᠯᠲᠡ ᠶᠢ ᠲᠡᠮᠵᠢᠬᠦ ᠶᠢ ᠴᠢᠬᠤᠯᠠᠴᠢᠯᠠᠨ᠎ᠠ᠃ ᠠᠵᠢᠯᠴᠢᠨ ᠤ ᠡᠪᠯᠡᠯ᠂ ᠡᠪ ᠬᠠᠮᠲᠣ ᠵᠠᠯᠠᠭᠤᠴᠣᠳ ᠤᠨ  ᠡᠪᠯᠡᠯ᠂ ᠡᠮᠡᠭᠲᠡᠶᠢᠴᠦᠳ ᠤᠨ ᠬᠤᠯᠪᠣᠭᠠᠲᠣ ᠬᠤᠷᠠᠯ ᠵᠡᠷᠭᠡ ᠠᠷᠠᠳ ᠤᠨ ᠪᠦᠯᠬᠦᠮ ᠦᠪᠡᠷ ᠦᠪᠡᠷ ᠤᠨ ᠲᠠᠪᠠᠭᠤᠯᠢᠬ ᠢᠶᠠᠨ ᠪᠠᠲᠠᠷᠠᠭᠤᠯᠵᠦ᠂ ᠨᠡᠶᠢᠭᠡᠮ ᠤᠨ ᠬᠦᠯ ᠪᠦᠮᠪᠦᠭᠡ ᠶᠢᠨ ᠬᠦᠭᠵᠢᠯᠲᠡ ᠶᠢ ᠠᠬᠢᠭᠤᠯᠣᠨ᠎ᠠ᠃      ︵ᠬᠤᠷᠢᠨ ᠲᠠᠪᠤ︶ ᠨᠡᠶᠢᠭᠡᠮ ᠤᠨ ᠬᠦᠯ ᠪᠦᠮᠪᠦᠭᠡ ᠬᠢᠭᠡᠳ ᠮᠡᠷᠭᠡᠵᠢᠯ ᠤᠨ ᠬᠦᠯ ᠪᠦᠮᠪᠦᠭᠡ ᠶᠢᠨ ᠬᠠᠷᠢᠯᠴᠠᠨ ᠨᠦᠬᠦᠪᠦᠷᠢᠯᠡᠵᠦ ᠬᠠᠷᠢᠯᠴᠠᠨ ᠲᠠᠪᠰᠢᠬᠤ ᠶᠢ ᠠᠬᠢᠭᠤᠯᠣᠨ᠎ᠠ᠃ ᠨᠡᠶᠢᠭᠡᠮ ᠤᠨ ᠬᠦᠯ ᠪᠦᠮᠪᠦᠭᠡ ᠶᠢᠨ ᠬᠦᠮᠦᠨ ᠠᠮᠠ ᠶᠢ ᠲᠠᠰᠣᠷᠠᠯᠲᠠ ᠦᠭᠡᠢ ᠨᠡᠮᠡᠭᠲᠡᠬᠦᠯᠵᠦ᠂ ᠬᠢᠷᠢ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠬᠦᠯᠬᠦ ᠪᠠᠷ ᠲᠠᠮᠵᠢᠭᠤᠯᠣᠨ᠂ ᠮᠡᠷᠭᠡᠵᠢᠯ ᠤᠨ ᠬᠦᠯ ᠪᠦᠮᠪᠦᠭᠡ ᠶᠢᠨ ᠬᠦᠭᠵᠢᠯᠲᠡ ᠳᠤ ᠪᠠᠲᠣ ᠪᠠᠬᠢ ᠣᠯᠠᠨ ᠲᠦᠮᠡᠨᠴᠢ ᠰᠠᠭᠤᠷᠢ ᠪᠣᠯᠣᠨ ᠴᠢᠲᠠᠪᠣᠷᠢᠲᠠᠨ ᠤ ᠰᠠᠭᠤᠷᠢ ᠶᠢ ᠲᠠᠯᠪᠢᠨ᠎ᠠ᠃ ᠮᠡᠷᠭᠡᠵᠢᠯ ᠤᠨ ᠬᠦᠯ ᠪᠦᠮᠪᠦᠭᠡ ᠶᠢ ᠬᠦᠭᠵᠢᠬᠦᠯᠬᠦ ᠪᠠᠷ ᠲᠠᠮᠵᠢᠭᠤᠯᠣᠨ᠂ ᠨᠡᠶᠢᠭᠡᠮ ᠤᠨ ᠬᠦᠯ ᠪᠦᠮᠪᠦᠭᠡ ᠶᠢᠨ ᠲᠦᠭᠡᠮᠡᠯᠵᠢᠯ ᠪᠣᠯᠣᠨ ᠲᠡᠭᠡᠭᠰᠢᠯᠡᠯᠲᠡ ᠶᠢ ᠠᠬᠢᠭᠤᠯᠣᠨ᠎ᠠ᠃       ᠲᠣᠯᠤᠭ᠎ᠠ᠂ ᠬᠦᠯ ᠪᠦᠮᠪᠦᠭᠡ ᠶᠢᠨ ᠲᠣᠰᠬᠠᠢ ᠮᠡᠷᠭᠡᠵᠢᠯ ᠤᠨ ᠴᠢᠲᠠᠪᠣᠷᠢᠲᠠᠨ ᠬᠦᠮᠦᠵᠢᠬᠦᠯᠵᠦ ᠬᠦᠭᠵᠢᠬᠦᠯᠬᠦ ᠬᠡᠯᠪᠡᠷᠢ ᠶᠢ ᠦᠭᠡᠷᠡᠴᠢᠯᠡᠨ ᠰᠠᠶᠢᠵᠢᠷᠠᠭᠤᠯᠣᠨ᠎ᠠ᠃       ︵ᠬᠤᠷᠢᠨ ᠵᠢᠷᠭᠤᠭ᠎ᠠ︶ ᠬᠦᠯ ᠪᠦᠮᠪᠦᠭᠡ ᠶᠢᠨ ᠲᠠᠮᠢᠷᠴᠢᠨ ᠢ ᠬᠦᠮᠦᠵᠢᠬᠦᠯᠬᠦ ᠵᠠᠮ ᠰᠣᠪᠠᠬ ᠪᠣᠯᠣᠨ ᠣᠷᠣᠨ ᠵᠠᠢ ᠶᠢ ᠦᠷᠭᠡᠳᠭᠡᠨ᠎ᠡ︔ ᠬᠦᠮᠦᠵᠢᠬᠦᠯᠬᠦ ᠬᠦᠴᠦᠯᠡᠴᠡ ᠪᠠᠨ ᠴᠢᠩᠭᠠᠷᠠᠭᠤᠯᠵᠦ᠂ ᠰᠢᠯᠢᠨ ᠰᠣᠩᠭᠤᠬᠤ ᠲᠣᠬᠲᠠᠴᠠ ᠪᠠᠨ ᠲᠡᠬᠦᠯᠲᠡᠷᠵᠢᠬᠦᠯᠵᠦ᠂ ᠣᠯᠠᠨ ᠵᠠᠮ ᠰᠣᠪᠠᠬ ᠢᠶᠠᠷ ᠬᠦᠯ ᠪᠦᠮᠪᠦᠭᠡ ᠶᠢᠨ ᠰᠢᠯᠢᠲᠡᠭ ᠲᠠᠮᠢᠷᠴᠢᠳ ᠢ ᠬᠦᠮᠦᠵᠢᠬᠦᠯᠦᠨ᠎ᠡ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ᠂ ᠨᠡᠶᠢᠭᠡᠮ ᠤᠨ ᠬᠦᠯ ᠪᠦᠮᠪᠦᠭᠡ ᠶᠢᠨ ᠴᠢᠲᠠᠪᠣᠷᠢᠲᠠᠨ ᠬᠦᠮᠦᠵᠢᠬᠦᠯᠬᠦ ᠣᠬᠠᠮᠰᠠᠷ ᠢ ᠴᠢᠩᠭᠠᠳᠬᠠᠵᠦ᠂ ᠮᠡᠷᠭᠡᠵᠢᠯ ᠤᠨ ᠬᠦᠯ ᠪᠦᠮᠪᠦᠭᠡ ᠶᠢᠨ ᠴᠢᠲᠠᠪᠣᠷᠢᠲᠠᠨ ᠰᠢᠯᠢᠬᠦ ᠬᠠᠷᠠᠭ᠎ᠠ ᠶᠢ ᠦᠷᠭᠡᠳᠭᠡᠨ ᠂ ᠰᠢᠯᠢᠲᠡᠭ ᠲᠠᠮᠢᠷᠴᠢᠳ ᠤᠨ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ᠂ ᠨᠡᠶᠢᠭᠡᠮ ᠤᠨ ᠬᠦᠯ ᠪᠦᠮᠪᠦᠭᠡ ᠠᠴᠠ ᠮᠡᠷᠭᠡᠵᠢᠯ ᠤᠨ ᠬᠦᠯ ᠪᠦᠮᠪᠦᠭᠡ ᠬᠦᠷᠲᠡᠯ᠎ᠡ ᠦᠰᠦᠨ ᠪᠣᠶᠢᠵᠢᠬᠤ ᠵᠠᠮ ᠰᠣᠪᠠᠬ ᠢ ᠰᠢᠯᠣᠭᠤᠳᠬᠠᠨ᠎ᠠ᠃ ᠪᠡᠶ᠎ᠡ ᠶᠢᠨ ᠲᠠᠮᠢᠷ ᠬᠢᠭᠡᠳ ᠰᠣᠷᠭᠠᠨ ᠬᠦᠮᠦᠵᠢᠯ ᠢ ᠣᠶᠠᠯᠲᠣᠭᠤᠯᠬᠤ ᠶᠢ ᠰᠠᠶᠢᠲᠣᠷ ᠬᠢᠵᠦ᠂ ᠰᠣᠶᠣᠯ ᠪᠡᠶ᠎ᠡ ᠶᠢᠨ ᠲᠠᠮᠢᠷ ᠢ ᠤᠶᠠᠯᠲᠤᠭᠤᠯᠬᠤ᠂ ᠢᠲᠡᠭᠡᠯ ᠵᠣᠷᠢᠬ ᠢ ᠲᠠᠪᠲᠠᠨ ᠪᠣᠯᠪᠠᠰᠣᠷᠠᠬᠤ ᠶᠢ ᠴᠢᠩᠭᠠᠳᠬᠠᠵᠦ᠂ ᠬᠦᠯ ᠪᠦᠮᠪᠦᠭᠡ ᠶᠢᠨ ᠲᠠᠮᠢᠷᠴᠢᠳ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠣᠨ᠎ᠠ᠃ ᠬᠦᠯ ᠪᠦᠮᠪᠦᠭᠡ ᠶᠢᠨ ᠺᠯᠦ᠋ᠪ᠂ ᠠᠵᠦ ᠠᠬᠤᠶᠢᠯᠠᠯ ᠪᠠ ᠪᠣᠰᠣᠳ ᠨᠡᠶᠢᠭᠡᠮ ᠤᠨ ᠬᠦᠴᠦᠨ ᠤ ᠮᠡᠷᠭᠡᠵᠢᠯ ᠤᠨ ᠲᠠᠮᠢᠷᠴᠢᠨ᠂ ᠵᠠᠯᠠᠭᠤ ᠪᠠᠭᠠᠴᠣᠳ ᠲᠠᠮᠢᠷᠴᠢᠨ ᠢ ᠰᠣᠩᠭᠤᠵᠦ ᠬᠦᠯ ᠪᠦᠮᠪᠦᠭᠡ ᠬᠦᠭᠵᠢᠭᠰᠡᠨ ᠣᠯᠣᠰ ᠲᠤ ᠬᠦᠷᠴᠦ ᠪᠣᠯᠪᠠᠰᠣᠷᠠᠯ ᠬᠦᠷᠲᠡᠭᠡᠬᠦ ᠶᠢ ᠵᠣᠷᠢᠬᠵᠢᠭᠤᠯᠵᠦ᠂ ᠣᠯᠣᠰ ᠤᠨ ᠭᠠᠲᠠᠭᠠᠲᠣ ᠶᠢᠨ ᠦᠨᠳᠦᠷ ᠲᠦᠪᠰᠢᠨ ᠪᠦᠬᠦᠢ ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠳᠤ ᠣᠷᠣᠬᠤ ᠪᠠᠷ ᠬᠦᠴᠦᠯᠡᠨ ᠴᠢᠷᠮᠠᠶᠢᠨ᠎ᠠ᠃       ︵ᠬᠤᠷᠢᠨ ᠲᠣᠯᠤᠭ᠎ᠠ︶ ᠬᠦᠯ ᠪᠦᠮᠪᠦᠭᠡ ᠶᠢᠨ ᠮᠡᠷᠭᠡᠵᠢᠯ ᠤᠨ ᠴᠢᠲᠠᠪᠣᠷᠢᠲᠠᠨ ᠤ ᠪᠣᠯᠪᠠᠰᠣᠷᠠᠯ ᠢ ᠴᠢᠩᠭᠠᠳᠬᠠᠨ᠎ᠠ︔ ᠲᠡᠰ ᠬᠤᠪᠢᠶᠠᠨ ᠲᠦᠷᠦᠯ ᠠᠩᠬᠢᠯᠠᠨ ᠬᠠᠮᠢᠶᠠᠷᠬᠤ ᠵᠠᠷᠴᠢᠮ ᠶᠣᠰᠣᠭᠠᠷ᠂ ᠣᠯᠣᠰ᠂ ᠣᠷᠣᠨ ᠪᠦᠰᠡ᠂ ᠠᠵᠢᠯ ᠲᠦᠷᠦᠯ᠂ ᠲᠣᠰᠬᠠᠢ ᠪᠠᠶᠢᠭᠤᠯᠣᠮᠵᠢ᠂ ᠨᠡᠶᠢᠭᠡᠮ ᠤᠨ ᠬᠦᠴᠦᠨ ᠵᠡᠷᠭᠡ ᠣᠯᠠᠨ ᠲᠡᠰ ᠤᠨ᠂ ᠣᠯᠠᠨ ᠡᠰᠢᠲᠦ ᠪᠣᠯᠪᠠᠰᠣᠷᠠᠯ ᠤᠨ ᠵᠣᠬᠢᠶᠠᠨ ᠪᠠᠶᠢᠭᠤᠯᠣᠯᠲᠠ ᠶᠢᠨ ᠪᠠᠶᠢᠭᠤᠯᠣᠮᠵᠢ ᠶᠢ ᠪᠠᠶᠢᠭᠤᠯᠵᠦ᠂ ᠬᠦᠯ ᠪᠦᠮᠪᠦᠭᠡ ᠶᠢᠨ ᠲᠠᠰᠬᠠᠯᠵᠢᠭᠤᠯᠣᠬᠴᠢ᠂ ᠬᠢᠨᠠᠬᠴᠢ᠂ ᠲᠠᠶᠢᠯᠪᠣᠷᠢᠯᠠᠬᠴᠢ ᠵᠡᠷᠭᠡ ᠲᠣᠰᠬᠠᠢ ᠮᠡᠷᠭᠡᠵᠢᠯ ᠤᠨ ᠴᠢᠲᠠᠪᠣᠷᠢᠲᠠᠨ ᠤ ᠪᠣᠯᠪᠠᠰᠣᠷᠠᠯ ᠢ ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠲᠡᠭᠡᠲᠦ ᠰᠣᠷᠭᠠᠭᠤᠯᠢ᠂ ᠪᠡᠶ᠎ᠡ ᠶᠢᠨ ᠲᠠᠮᠢᠷ ᠤᠨ ᠡᠷᠲᠡᠮ ᠰᠢᠨᠵᠢᠯᠡᠭᠡᠨ ᠤ ᠬᠦᠷᠢᠶᠡᠯᠡᠩ ᠭᠠᠵᠠᠷ ᠤᠨ ᠬᠦᠯ ᠪᠦᠮᠪᠦᠭᠡ ᠶᠢᠨ ᠣᠨᠣᠯ ᠰᠣᠲᠣᠯᠭᠠᠨ ᠪᠠ ᠬᠦᠯ ᠪᠦᠮᠪᠦᠭᠡ ᠶᠢᠨ ᠲᠣᠰᠬᠠᠢ ᠮᠡᠷᠭᠡᠵᠢᠯ ᠤᠨ ᠴᠢᠲᠠᠪᠣᠷᠢᠲᠠᠨ ᠬᠦᠮᠦᠵᠢᠬᠦᠯᠬᠦ ᠶᠠᠪᠣᠴᠠ ᠳᠠᠬᠢ ᠦᠢᠯᠡᠲᠦᠯ ᠢ ᠬᠦᠢᠴᠡᠳ ᠪᠠᠲᠠᠷᠠᠭᠤᠯᠣᠨ᠎ᠠ᠃ ᠣᠯᠠᠨ ᠣᠯᠣᠰ ᠤᠨ ᠬᠠᠷᠢᠯᠴᠠᠭ᠎ᠠ ᠰᠣᠯᠢᠯᠴᠠᠭ᠎ᠠ ᠶᠢ ᠴᠢᠩᠭᠠᠳᠬᠠᠨ᠂ ᠨᠢᠭᠡ ᠪᠦᠯᠦᠭ ᠦᠨᠳᠦᠷ ᠲᠦᠪᠰᠢᠨ ᠪᠦᠬᠦᠢ ᠭᠠᠲᠠᠭᠠᠲᠣ ᠣᠯᠣᠰ ᠤᠨ ᠪᠠᠭᠰᠢ ᠶᠢ ᠣᠷᠢᠵᠦ ᠮᠠᠨ ᠤ ᠣᠯᠣᠰ ᠤᠨ ᠲᠠᠰᠬᠠᠯᠵᠢᠭᠤᠯᠣᠬᠴᠢ᠂ ᠬᠢᠨᠠᠬᠴᠢ᠂ ᠪᠠᠭᠰᠢ ᠨᠠᠷ ᠲᠤ ᠬᠡᠪᠴᠢᠶᠠᠵᠢᠭᠰᠡᠨ ᠪᠣᠯᠪᠠᠰᠣᠷᠠᠯ ᠬᠦᠷᠲᠡᠭᠡᠨ᠎ᠡ᠃       ︵ᠬᠤᠷᠢᠨ ᠨᠠᠢᠮᠠ  ︶ ᠬᠦᠯ ᠪᠦᠮᠪᠦᠭᠡ ᠶᠢᠨ ᠬᠠᠮᠢᠶᠠᠷᠣᠯᠲᠠ ᠶᠢᠨ ᠴᠢᠲᠠᠪᠣᠷᠢᠲᠠᠨ ᠤ ᠪᠣᠯᠪᠠᠰᠣᠷᠠᠯ ᠢ ᠴᠢᠩᠭᠠᠳᠬᠠᠨ᠎ᠠ︔ ᠡᠯ᠎ᠠ ᠱᠠᠲᠣᠨ ᠤ ᠬᠦᠯ ᠪᠦᠮᠪᠦᠭᠡ ᠶᠢᠨ ᠨᠡᠶᠢᠭᠡᠮᠯᠢᠭ᠂ ᠺᠯᠦ᠋ᠪ ᠵᠡᠷᠭᠡ ᠵᠣᠬᠢᠶᠠᠨ ᠪᠠᠶᠢᠭᠤᠯᠣᠯᠲᠠ ᠶᠢᠨ ᠲᠣᠰᠬᠠᠢ ᠮᠡᠷᠭᠡᠵᠢᠯ ᠤᠨ ᠬᠦᠴᠦᠨ ᠢ ᠬᠦᠭᠵᠢᠬᠦᠯᠦᠨ ᠪᠣᠵᠠᠭᠠᠶᠢᠷᠠᠭᠤᠯᠵᠦ᠂ ᠠᠵᠢᠯᠲᠠᠳ ᠤᠨ  ᠬᠡᠪ  ᠴᠢᠨᠠᠷ  ᠪᠣᠯᠣᠨ  ᠠᠵᠢᠯ  ᠤᠨ  ᠬᠢᠷᠢ ᠲᠦᠪᠰᠢᠨ  ᠢ  ᠲᠡᠭᠡᠭᠰᠢᠯᠡᠬᠦᠯᠦᠨ᠎ᠡ᠃ ᠣᠲᠣ ᠦᠶ᠎ᠡ ᠶᠢᠨ ᠬᠦᠯ  ᠪᠦᠮᠪᠦᠭᠡ  ᠶᠢᠨ  ᠬᠠᠮᠢᠶᠠᠷᠣᠯᠲᠠ ᠶᠢᠨ  ᠬᠡᠷᠡᠭᠴᠡᠭᠡ  ᠳᠤ  ᠵᠣᠬᠢᠴᠠᠬᠰᠠᠨ  ᠲᠣᠰᠬᠠᠶᠢᠵᠢᠬᠰᠠᠨ᠂  ᠲᠡᠯᠡᠭᠡᠶᠢᠵᠢᠭᠰᠡᠨ  ᠬᠠᠮᠢᠶᠠᠷᠣᠯᠲᠠ  ᠶᠢᠨ  ᠡᠩᠨᠡᠭᠡ  ᠶᠢ  ᠪᠠᠶᠢᠭᠤᠯᠣᠨ᠎ᠠ᠃       ︵ᠬᠤᠷᠢ ᠶᠢᠰᠦ︶ ᠬᠦᠯ ᠪᠦᠮᠪᠦᠭᠡ ᠶᠢᠨ ᠲᠣᠰᠬᠠᠢ ᠮᠡᠷᠭᠡᠵᠢᠯ ᠤᠨ ᠲᠡᠭᠡᠲᠦ ᠰᠣᠷᠭᠠᠭᠤᠯᠢ ᠪᠣᠯᠣᠨ ᠰᠣᠷᠭᠠᠭᠤᠯᠢ ᠶᠢ ᠪᠠᠶᠢᠭᠤᠯᠣᠨ᠎ᠠ︔ ᠬᠦᠯ ᠪᠦᠮᠪᠦᠭᠡ ᠶᠢᠨ ᠴᠢᠲᠠᠪᠣᠷᠢᠲᠠᠨ ᠬᠦᠮᠦᠵᠢᠬᠦᠯᠬᠦ ᠬᠡᠷᠡᠭᠴᠡᠭᠡ ᠳᠤ ᠵᠣᠬᠢᠴᠠᠭᠤᠯᠣᠨ ᠨᠦᠬᠦᠴᠡᠯ ᠳᠤ ᠨᠡᠶᠢᠴᠡᠬᠦ ᠵᠢᠩᠬᠢᠨᠢ ᠠᠩᠬᠢ ᠶᠢᠨ ᠲᠡᠭᠡᠲᠦ ᠰᠣᠷᠭᠠᠭᠤᠯᠢ ᠨᠤᠭᠤᠳ ᠬᠦᠯ ᠪᠦᠮᠪᠦᠭᠡ ᠶᠢᠨ ᠲᠡᠭᠡᠳᠦ ᠰᠣᠷᠭᠠᠭᠤᠯᠢ ᠪᠠᠶᠢᠭᠤᠯᠵᠦ᠂ ᠰᠣᠶᠣᠯ ᠰᠣᠷᠭᠠᠨ ᠬᠦᠮᠦᠵᠢᠯ ᠬᠢᠭᠡᠳ ᠬᠦᠯ ᠪᠦᠮᠪᠦᠭᠡ ᠶᠢᠨ ᠬᠦᠲᠡᠯᠭᠡᠭᠡᠨ ᠨᠢᠬᠲᠠ ᠠᠭᠤᠰᠣᠯᠴᠠᠬᠰᠠᠨ ᠰᠢᠨ᠎ᠡ ᠮᠠᠶ᠋ᠢᠬ ᠤᠨ ᠬᠦᠯ ᠪᠦᠮᠪᠦᠭᠡ ᠶᠢᠨ ᠰᠣᠷᠭᠠᠭᠤᠯᠢ ᠶᠢ ᠢᠲᠡᠪᠬᠢᠲᠡᠢ ᠬᠠᠶᠢᠨ ᠰᠦᠪᠡᠭᠴᠢᠯᠡᠵᠦ ᠪᠠᠶᠢᠭᠤᠯᠣᠨ᠎ᠠ᠃       ︵ᠭᠤᠴᠢ︶ ᠬᠦᠯ ᠪᠦᠮᠪᠦᠭᠡ ᠶᠢᠨ ᠲᠠᠮᠢᠷᠴᠢᠳ ᠤᠨ ᠠᠵᠢᠯ ᠰᠢᠯᠵᠢᠵᠦ  ᠠᠵᠢᠯ ᠤᠯᠭᠤᠬᠤ ᠶᠢ ᠰᠠᠶᠢᠲᠣᠷ ᠬᠢᠨ᠎ᠡ︔ ᠵᠠᠬ᠎ᠠ ᠲᠡᠯᠭᠡᠬᠦᠷ ᠤᠨ ᠪᠠᠶᠢᠭᠤᠯᠣᠮᠵᠢ ᠪᠣᠯᠣᠨ ᠲᠦᠷᠦ ᠶᠢᠨ ᠪᠣᠲᠣᠯᠭ᠎ᠠ ᠶᠢᠨ ᠣᠲᠣᠷᠢᠲᠣᠮᠵᠢ ᠶᠢ ᠨᠢᠭᠡᠲᠦᠯᠲᠡᠢ ᠲᠦᠯᠦᠪᠵᠢᠬᠦᠯᠵᠦ᠂ ᠬᠦᠯ ᠪᠦᠮᠪᠦᠭᠡ ᠶᠢᠨ ᠲᠠᠮᠢᠷᠴᠢᠳ ᠤᠨ ᠲᠠᠬᠢᠨ ᠠᠵᠢᠯ ᠣᠯᠭᠤᠵᠦ ᠲᠠᠬᠢᠨ  ᠬᠦᠭᠵᠢᠬᠦ ᠳᠤ ᠲᠠᠪᠴᠠᠩ ᠪᠦᠷᠢᠯᠲᠦᠬᠦᠯᠵᠦ ᠦᠭᠴᠦ᠂ ᠲᠡᠬᠦᠨ ᠤ ᠪᠣᠯᠪᠠᠰᠣᠷᠠᠯ ᠪᠠ ᠰᠢᠯᠭᠠᠨ  ᠦᠨᠡᠯᠡᠯᠲᠡ ᠪᠠᠷ ᠲᠠᠮᠵᠢᠭᠤᠯᠣᠨ ᠬᠦᠯ ᠪᠦᠮᠪᠦᠭᠡ ᠶᠢᠨ ᠲᠠᠰᠬᠠᠯᠵᠢᠭᠤᠯᠣᠬᠴᠢ᠂ ᠬᠢᠨᠠᠬᠴᠢ᠂ ᠲᠠᠶᠢᠯᠪᠣᠷᠢᠯᠠᠬᠴᠢ ᠪᠣᠯᠬᠤ ᠪᠣᠶᠣ ᠡᠰᠡᠬᠦᠯ᠎ᠠ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠴᠡᠷᠢᠭ ᠠᠩᠬᠢ ᠳᠤ ᠬᠦᠷᠴᠦ ᠣᠯᠠᠨ  ᠲᠦᠮᠡᠨᠴᠢ ᠬᠦᠯ ᠪᠦᠮᠪᠦᠭᠡ ᠶᠢᠨ ᠬᠦᠲᠡᠯᠭᠡᠭᠡᠨ ᠤ ᠭᠤᠣᠯᠯᠠᠬᠴᠢ ᠬᠦᠴᠦᠨ ᠪᠣᠶᠣ᠂ ᠡᠰᠡᠬᠦᠯ᠎ᠠ ᠬᠦᠯ ᠪᠦᠮᠪᠦᠭᠡ ᠶᠢᠨ ᠨᠡᠶᠢᠭᠡᠮᠯᠢᠭ᠂ ᠬᠦᠯ ᠪᠦᠮᠪᠦᠭᠡ ᠶᠢᠨ ᠺᠯᠦ᠋ᠪ ᠲᠤ ᠬᠦᠷᠴᠦ ᠬᠦᠯ ᠪᠦᠮᠪᠦᠭᠡ ᠶᠢᠨ ᠬᠠᠮᠢᠶᠠᠷᠣᠯᠲᠠ ᠪᠠ ᠦᠢᠯᠡᠴᠢᠯᠡᠭᠡᠨ ᠤ ᠠᠵᠢᠯ ᠬᠢᠬᠦ ᠶᠢ ᠲᠡᠮᠵᠢᠨ᠎ᠡ᠃       ᠨᠠᠢᠮᠠ᠂ ᠣᠯᠣᠰ ᠤᠨ ᠬᠦᠯ ᠪᠦᠮᠪᠦᠭᠡ ᠶᠢᠨ ᠠᠩᠬᠢ ᠶᠢᠨ ᠦᠭᠡᠷᠡᠴᠢᠯᠡᠯᠲᠡ ᠬᠦᠭᠵᠢᠯᠲᠡ ᠶᠢ ᠠᠬᠢᠭᠤᠯᠣᠨ᠎ᠠ       ︵ᠭᠤᠴᠢᠨ ᠨᠢᠭᠡ︶ ᠣᠯᠣᠰ ᠤᠨ ᠠᠩᠬᠢ ᠶᠢ ᠬᠦᠴᠦ ᠲᠠᠯᠪᠢᠨ ᠪᠠᠶᠢᠭᠤᠯᠤᠨ᠎ᠠ︔ ᠪᠠᠶᠢᠭᠤᠯᠣᠯ ᠤᠨ ᠲᠠᠪᠠᠭᠤᠯᠢᠬ ᠢᠶᠠᠨ ᠪᠠᠲᠠᠷᠠᠭᠤᠯᠵᠦ᠂ ᠵᠣᠬᠢᠶᠠᠨ ᠪᠠᠶᠢᠭᠤᠯᠬᠤ ᠣᠲᠣᠷᠢᠲᠣᠯᠭ᠎ᠠ ᠪᠠᠨ ᠴᠢᠩᠭᠠᠳᠬᠠᠨ᠂ ᠣᠯᠣᠰ ᠤᠨ ᠢᠷᠠᠭᠤ ᠠᠯᠲᠠᠷᠲᠣ ᠰᠡᠳᠬᠢᠯᠭᠡ ᠪᠣᠯᠣᠨ ᠨᠡᠶᠢᠭᠡᠮ ᠤᠨ ᠬᠠᠷᠢᠭᠤᠴᠠᠯᠭᠠᠲᠣ ᠰᠡᠳᠬᠢᠯᠭᠡ ᠶᠢ ᠨᠡᠮᠡᠭᠲᠡᠬᠦᠯᠦᠨ᠂ ᠲᠣᠮᠲᠠᠲᠣ ᠶᠢᠨ ᠪᠡᠶ᠎ᠡ ᠶᠢᠨ ᠲᠠᠮᠢᠷ ᠤᠨ ᠵᠣᠷᠢᠬ ᠰᠠᠨᠠᠭ᠎ᠠ ᠶᠢ ᠪᠠᠲᠠᠷᠠᠭᠤᠯᠵᠦ᠂ ᠮᠡᠷᠭᠡᠰᠢᠯ ᠴᠢᠲᠠᠪᠣᠷᠢ ᠴᠠᠭᠠᠷᠠᠬᠰᠠᠨ᠂ ᠵᠣᠷᠢᠬ ᠪᠠᠲᠣ ᠬᠡᠪ ᠰᠣᠷᠲᠠᠯ ᠲᠠᠢ᠂ ᠬᠦᠴᠢᠷ ᠢ ᠲᠠᠪᠠᠨ ᠲᠣᠭᠤᠯᠬᠤ᠂ ᠣᠯᠣᠰ ᠣᠷᠣᠨ ᠳᠤ ᠦᠩᠭᠡ ᠭᠡᠷᠡᠯ ᠨᠡᠮᠡᠷᠢᠯᠡᠬᠦ ᠣᠯᠣᠰ ᠤᠨ ᠬᠦᠯ ᠪᠦᠮᠪᠦᠭᠡ ᠶᠢᠨ ᠠᠩᠬᠢ ᠶᠢ ᠪᠠᠶᠢᠭᠤᠯᠵᠦ᠂ ᠰᠢᠯᠢᠲᠡᠭ ᠬᠢᠷᠢ ᠪᠦᠲᠦᠮᠵᠢ ᠪᠠᠷ ᠬᠦᠮᠦᠨ ᠠᠷᠠᠳ ᠤᠨ ᠢᠲᠡᠭᠡᠯ ᠵᠣᠷᠢᠬ ᠢ ᠬᠦᠪᠴᠢᠯᠡᠨ᠂ ᠵᠠᠯᠠᠭᠤ ᠪᠠᠭᠠᠴᠣᠳ ᠤᠨ ᠬᠠᠯᠠᠭᠤᠨ ᠣᠷᠮ᠎ᠠ ᠶᠢ ᠬᠦᠭᠵᠢᠭᠡᠵᠦ᠂ ᠪᠦᠬᠦ ᠣᠯᠣᠰ ᠤᠨ ᠬᠦᠯ ᠪᠦᠮᠪᠦᠭᠡ ᠶᠢᠨ ᠬᠦᠭᠵᠢᠯᠲᠡ ᠶᠢ ᠠᠬᠢᠭᠤᠯᠣᠨ᠎ᠠ᠃ ᠦᠭᠡᠷᠡᠴᠢᠯᠡᠯᠲᠡ ᠶᠢᠨ ᠬᠦᠴᠦᠯᠡᠴᠡ ᠪᠠᠨ ᠴᠢᠩᠭᠠᠷᠠᠭᠤᠯᠵᠦ᠂ ᠲᠠᠮᠢᠷᠴᠢᠳ ᠤᠨ ᠪᠡᠶ᠎ᠡ ᠰᠡᠳᠬᠢᠴᠡ ᠶᠢᠨ ᠣᠨᠴᠠᠯᠢᠬ ᠪᠣᠯᠣᠨ ᠣᠲᠣ ᠦᠶ᠎ᠡ ᠶᠢᠨ ᠬᠦᠯ ᠪᠦᠮᠪᠦᠭᠡ ᠶᠢᠨ ᠬᠦᠭᠵᠢᠯᠲᠡ ᠶᠢᠨ ᠬᠠᠨᠲᠣᠰᠢ ᠳᠤ ᠵᠣᠬᠢᠴᠠᠬᠤ ᠮᠡᠷᠭᠡᠵᠢᠯ ᠤᠨ ᠵᠠᠮ ᠱᠣᠭᠤᠮ ᠢ ᠪᠦᠷᠢᠯᠲᠦᠬᠦᠯᠵᠦ᠂ ᠣᠯᠣᠰ ᠤᠨ ᠠᠩᠬᠢ ᠶᠢᠨ ᠬᠢᠷᠢ ᠲᠦᠪᠰᠢᠨ ᠢ ᠯᠠᠪᠲᠠᠭᠤᠨ ᠢᠶᠠᠷ ᠲᠡᠭᠡᠭᠰᠢᠯᠡᠬᠦᠯᠦᠨ᠎ᠡ᠃       ︵ᠭᠤᠴᠢᠨ ᠬᠤᠶᠠᠷ︶ ᠲᠠᠮᠢᠷᠴᠢᠨ ᠰᠣᠩᠭᠤᠬᠤ ᠲᠣᠬᠲᠠᠴᠠ ᠶᠢ ᠲᠡᠬᠦᠯᠲᠡᠷᠵᠢᠬᠦᠯᠦᠨ᠎ᠡ︔ ᠣᠲᠣᠬᠠᠨ ᠤ ᠪᠠᠶᠢᠲᠠᠯ ᠠᠴᠠ ᠡᠬᠦᠰᠦᠨ᠂ ᠦᠷᠬᠦᠯᠵᠢᠯᠡᠨ ᠬᠦᠭᠵᠢᠬᠦ ᠶᠢ ᠪᠠᠷᠢᠮᠲᠠᠯᠠᠵᠦ᠂ ᠮᠡᠷᠭᠡᠵᠢᠯ ᠪᠣᠯᠣᠨ ᠬᠡᠪ ᠰᠣᠷᠲᠠᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠦ᠂ ᠢᠯᠡ ᠲᠣᠲᠣ᠂ ᠡᠷᠭᠡ ᠲᠡᠭᠰᠢ᠂ ᠦᠷᠢᠰᠦᠯᠲᠦᠭᠡᠨ ᠢ ᠪᠠᠷᠢᠮᠲᠠᠯᠠᠵᠦ᠂ ᠣᠯᠣᠰ ᠣᠷᠣᠨ ᠳᠤ ᠦᠢᠯᠡᠴᠢᠯᠡᠬᠦ ᠣᠷᠬᠢᠯᠣᠮ᠎ᠠ ᠬᠠᠯᠠᠭᠤᠨ ᠰᠡᠳᠬᠢᠯᠭᠡ ᠲᠠᠢ᠂ ᠢᠲᠡᠭᠡᠯ ᠵᠣᠷᠢᠬ ᠲᠠᠰᠪᠣᠷᠢ ᠲᠠᠭᠠᠭᠠᠴᠠᠲᠠᠢ ᠰᠢᠯᠢᠲᠡᠭ ᠲᠠᠮᠢᠷᠴᠢᠨ ᠢ ᠣᠷᠢᠲᠠᠪᠠᠷ ᠰᠣᠩᠭᠤᠨ ᠣᠯᠣᠰ ᠤᠨ ᠠᠩᠬᠢ ᠳᠤ ᠣᠷᠣᠯᠴᠠᠭᠤᠯᠣᠨ᠎ᠠ᠃ ᠣᠯᠣᠰ ᠤᠨ ᠠᠩᠬᠢ ᠶᠢᠨ ᠲᠠᠮᠢᠷᠴᠢᠨ ᠢ ᠡᠯ᠎ᠠ ᠺᠯᠦ᠋ᠪ  ᠠᠴᠠ ᠡᠯᠰᠡᠵᠦ᠂ ᠬᠦᠲᠡᠯᠦᠩᠬᠦᠢ ᠰᠣᠩᠭᠤᠬᠤ ᠲᠣᠬᠲᠠᠴᠠ ᠪᠠᠷ ᠲᠠᠮᠵᠢᠭᠤᠯᠣᠨ  ᠶᠠᠮᠠᠷᠪᠠ ᠴᠠᠬ ᠦᠶ᠎ᠡ ᠳᠤ ᠪᠠᠶᠢᠭᠤᠯᠣᠬᠰᠠᠨ ᠣᠯᠣᠰ ᠤᠨ ᠠᠩᠬᠢ  ᠭᠡᠳ ᠪᠦᠷ ᠣᠷᠣᠯᠲᠣᠭᠠᠨ ᠳᠤ ᠣᠷᠣᠯᠴᠠᠬᠤ  ᠪᠡᠯᠡᠳᠭᠡᠯ ᠲᠠᠢ᠂ ᠮᠡᠷᠭᠡᠰᠢᠯ ᠪᠠᠶᠢᠯᠲᠣᠬᠤ ᠠᠷᠭ᠎ᠠ ᠶᠢᠨ ᠴᠢᠲᠠᠪᠣᠷᠢ ᠲᠠᠢ᠂ ᠬᠠᠮᠵᠢᠯᠴᠠᠨ ᠵᠣᠬᠢᠴᠠᠬᠤ ᠬᠠᠮᠤᠬ ᠤᠨ ᠰᠠᠶᠢᠨ ᠪᠦᠯᠬᠦᠮ ᠨᠡᠶᠢᠲᠡ  ᠪᠤᠯᠭᠠᠵᠤ ᠬᠦᠮᠦᠵᠢᠬᠦᠯᠦᠨ᠎ᠡ᠃ ᠣᠯᠣᠰ ᠤᠨ ᠠᠩᠬᠢ ᠶᠢᠨ ᠨᠦᠭᠡᠴᠡ ᠪᠡᠯᠡᠳᠭᠡᠯ ᠬᠦᠴᠦᠨ ᠢ ᠴᠢᠩᠭᠠᠳᠬᠠᠵᠦ᠂ ᠵᠠᠯᠠᠭᠤᠴᠣᠳ ᠪᠠᠭᠠᠴᠣᠳ ᠤᠨ ᠬᠦᠯ ᠪᠦᠮᠪᠦᠭᠡ ᠶᠢᠨ ᠴᠢᠲᠠᠪᠣᠷᠢᠲᠠᠨ ᠤ ᠬᠦᠭᠵᠢᠯᠲᠡ ᠪᠠ ᠰᠣᠩᠭᠤᠨ ᠰᠢᠯᠢᠬᠦ ᠲᠣᠬᠲᠠᠴᠠ ᠶᠢ ᠲᠡᠬᠦᠯᠲᠡᠷᠵᠢᠬᠦᠯᠵᠦ᠂ ᠣᠬᠢ ᠰᠢᠯᠢᠲᠡᠭ ᠵᠠᠯᠠᠭᠤ ᠪᠠᠭᠠᠴᠣᠳ ᠲᠠᠮᠢᠷᠴᠢᠳ ᠲᠤ ᠳ᠋ᠠᠶᠢᠲ᠋ᠠ ᠬᠦᠮᠦᠷᠭᠡ ᠪᠠᠶᠢᠭᠤᠯᠬᠤ ᠶᠢᠨ ᠬᠠᠮᠲᠣ ᠣᠷᠲᠣ ᠬᠤᠭᠤᠴᠠᠭ᠎ᠠ ᠪᠠᠷ ᠮᠦᠷᠲᠡᠵᠦ᠂ ᠪᠡᠯᠡᠳᠭᠡᠯ ᠲᠠᠮᠢᠷᠴᠢᠳ ᠤᠨ ᠨᠡᠷᠡᠰ ᠢ ᠬᠦᠲᠡᠯᠦᠩᠬᠦᠢ ᠲᠣᠬᠢᠷᠠᠭᠤᠯᠣᠨ᠎ᠠ᠃       ︵ᠭᠤᠴᠢᠨ ᠭᠤᠷᠪᠠ︶ ᠦᠢᠯᠡᠴᠢᠯᠡᠭᠡ ᠪᠠᠲᠣᠯᠠᠭ᠎ᠠ ᠶᠢᠨ ᠴᠢᠲᠠᠪᠣᠷᠢ ᠪᠠᠨ ᠲᠡᠭᠡᠭᠰᠢᠯᠡᠬᠦᠯᠦᠨ᠎ᠡ᠃ ᠣᠯᠣᠰ ᠤᠨ ᠠᠩᠬᠢ ᠶᠢᠨ ᠵᠠᠷᠣᠲᠠᠯ ᠤᠨ ᠪᠡᠯᠡ ᠣᠷᠣᠭᠤᠯᠣᠯᠲᠠ᠂ ᠬᠦᠬᠢᠬᠦᠯᠦᠨ ᠱᠠᠩᠨᠠᠬᠤ ᠲᠦᠷᠦ ᠶᠢᠨ ᠪᠣᠲᠣᠯᠭ᠎ᠠ᠂ ᠰᠠᠭᠤᠷᠢᠨ ᠤ ᠪᠠᠶᠢᠭᠤᠯᠣᠯᠲᠠ᠂ ᠠᠷᠣ ᠲᠠᠯ᠎ᠠ ᠶᠢᠨ ᠦᠢᠯᠡᠴᠢᠯᠡᠭᠡ᠂ ᠮᠡᠲᠡᠭᠡ ᠵᠠᠩᠬᠢ ᠵᠡᠷᠭᠡ ᠲᠠᠯ᠎ᠠ ᠶᠢᠨ ᠪᠠᠲᠣᠯᠠᠭ᠎ᠠ ᠪᠠᠨ ᠴᠢᠩᠭᠠᠳᠬᠠᠵᠦ᠂ ᠦᠢᠯᠡᠴᠢᠯᠡᠭᠡ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠰᠢᠨ᠎ᠡ ᠪᠠᠷ ᠣᠯᠣᠰ ᠤᠨ ᠬᠦᠯ ᠪᠦᠮᠪᠦᠭᠡ ᠶᠢᠨ ᠪᠣᠯᠪᠠᠰᠣᠷᠠᠯ ᠤᠨ ᠰᠠᠭᠤᠷᠢᠨ ᠢ 2 ᠪᠠᠶᠢᠭᠤᠯᠵᠦ᠂ ᠣᠯᠣᠰ ᠤᠨ ᠠᠩᠬᠢ ᠶᠢᠨ ᠠᠲᠠᠯᠢ ᠪᠣᠰᠣ ᠣᠯᠠᠷᠢᠯ ᠤᠨ ᠬᠤᠭᠤᠴᠠᠭᠠᠨ ᠳᠤ ᠣᠷᠣᠯᠲᠣᠬᠤ ᠪᠠ ᠪᠣᠯᠪᠠᠰᠣᠷᠠᠬᠤ ᠬᠡᠷᠡᠭᠴᠡᠭᠡ ᠶᠢ ᠬᠠᠩᠭᠠᠨ᠎ᠠ᠃ ᠣᠯᠣᠰ ᠤᠨ ᠲᠣᠲᠣᠭᠠᠲᠣ ᠭᠠᠲᠠᠭᠠᠲᠣ ᠶᠢᠨ ᠦᠨᠳᠦᠷ ᠲᠦᠪᠰᠢᠨ ᠪᠦᠬᠦᠢ ᠲᠣᠰᠬᠠᠢ ᠮᠡᠷᠭᠡᠵᠢᠯ ᠤᠨ ᠴᠢᠲᠠᠪᠣᠷᠢᠲᠠᠨ ᠢ ᠣᠷᠢᠵᠦ᠂ ᠬᠦᠯ ᠪᠦᠮᠪᠦᠭᠡ ᠶᠢᠨ ᠣᠨᠣᠯ᠂ ᠮᠡᠷᠭᠡᠰᠢᠯ ᠤᠨ ᠪᠠᠶᠢᠯᠲᠣᠬᠤ ᠠᠷᠭ᠎ᠠ᠂ ᠡᠮ ᠡᠮᠨᠡᠯᠭᠡ ᠡᠷᠡᠬᠦᠯᠵᠢᠯ᠂ ᠪᠦᠯᠬᠦᠮ ᠤᠨ ᠬᠠᠮᠢᠶᠠᠷᠣᠯᠲᠠ ᠵᠡᠷᠭᠡ ᠶᠢ ᠬᠦᠨᠵᠡᠭᠡᠢ ᠦᠷᠨᠢᠬᠦᠯᠵᠦ᠂ ᠰᠢᠨᠵᠢᠯᠡᠭᠡ ᠮᠡᠷᠭᠡᠵᠢᠯ ᠤᠨ ᠣᠯᠣᠰ ᠤᠨ ᠠᠩᠬᠢ ᠳᠤ ᠦᠵᠡᠬᠦᠯᠬᠦ ᠵᠢᠯᠣᠭᠤᠳᠬᠤ ᠲᠣᠯᠭᠠᠭᠤᠷᠢᠯᠠᠬᠤ ᠦᠢᠯᠡᠲᠦᠯ ᠢ ᠪᠠᠲᠠᠷᠠᠭᠤᠯᠣᠨ᠎ᠠ᠃       ︵ᠭᠤᠴᠢᠨ ᠲᠦᠷᠪᠡ︶ ᠲᠠᠰᠬᠠᠯᠵᠢᠭᠤᠯᠣᠬᠴᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠨ᠎ᠠ᠃ ᠴᠢᠩᠭ᠎ᠠ ᠲᠦᠷᠢᠮᠵᠢᠭᠰᠡᠨ ᠣᠯᠣᠰ ᠤᠨ ᠲᠠᠰᠬᠠᠯᠵᠢᠭᠤᠯᠣᠬᠴᠢ ᠪᠣᠯᠣᠨ ᠬᠠᠮᠢᠶᠠᠷᠣᠯᠲᠠ ᠶᠢᠨ ᠪᠦᠯᠬᠦᠮ ᠢ ᠰᠢᠯᠢᠨ ᠰᠣᠩᠭᠤᠬᠤ᠂ ᠰᠢᠯᠭᠠᠨ ᠦᠨᠡᠯᠡᠬᠦ ᠲᠣᠬᠲᠠᠴᠠ ᠶᠢ ᠪᠠᠶᠢᠭᠤᠯᠵᠦ᠂ ᠭᠡᠷ᠎ᠡ ᠶᠢᠨ ᠬᠠᠮᠢᠶᠠᠷᠣᠯᠲᠠ ᠶᠢ ᠴᠢᠩᠭᠠᠳᠬᠠᠨ᠎ᠠ᠃ ᠭᠤᠣᠯ ᠲᠠᠰᠬᠠᠯᠵᠢᠭᠤᠯᠣᠬᠴᠢ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠦ᠂ ᠲᠠᠰᠬᠠᠯᠵᠢᠭᠤᠯᠣᠬᠴᠢ ᠶᠢᠨ ᠡᠩᠨᠡᠭᠡ ᠪᠣᠯᠣᠨ ᠬᠠᠮᠢᠶᠠᠷᠣᠯᠲᠠ ᠦᠢᠯᠡᠴᠢᠯᠡᠭᠡ ᠶᠢᠨ ᠪᠦᠯᠬᠦᠮ ᠳᠤ ᠲᠣᠰᠢᠶᠠᠯ ᠤᠨ ᠬᠤᠭᠤᠴᠠᠭᠠᠨ ᠤ ᠬᠠᠷᠠᠯᠲᠠᠲᠣ ᠰᠢᠯᠭᠠᠨ ᠪᠠᠶᠢᠴᠠᠭᠠᠬᠤ ᠶᠢ ᠬᠡᠷᠡᠭᠵᠢᠬᠦᠯᠵᠦ᠂ ᠡᠬᠦᠷᠭᠡ ᠬᠠᠷᠢᠭᠤᠴᠠᠯᠭ᠎ᠠ ᠪᠣᠯᠣᠨ ᠡᠷᠬᠡ ᠠᠰᠢᠬ ᠲᠣᠲᠣᠷᠬᠠᠢ᠂ ᠣᠷᠮᠠᠰᠢᠭᠤᠯᠣᠯ ᠪᠣᠯᠣᠨ ᠬᠢᠵᠠᠭᠠᠷᠯᠠᠯ ᠪᠦᠷᠢᠨ ᠪᠠᠶᠢᠬᠤ ᠶᠢ ᠪᠡᠶᠡᠯᠡᠬᠦᠯᠣᠨ᠎ᠠ᠃       ︵ᠭᠤᠴᠢᠨ ᠲᠠᠪᠤ︶ ᠣᠯᠣᠰ ᠤᠨ ᠠᠩᠬᠢ ᠬᠢᠭᠡᠳ‌‍ᠺᠯᠦ᠋ᠪ ᠤᠨ ᠱᠠᠭᠠᠷᠲᠠᠯᠭ᠎ᠠ ᠶᠢ ᠨᠢᠭᠡᠲᠦᠯᠲᠡᠢ ᠲᠦᠯᠦᠪᠵᠢᠬᠦᠯᠦᠨ᠎ᠡ︔ ᠮᠠᠨ ᠤ ᠣᠯᠣᠰ ᠤᠨ ᠣᠯᠣᠰ ᠤᠨ ᠪᠠᠶᠢᠲᠠᠯ ᠪᠠ  ᠮᠡᠷᠭᠡᠵᠢᠯ ᠤᠨ ᠬᠦᠯ ᠪᠦᠮᠪᠦᠭᠡ ᠶᠢᠨ ᠵᠢᠮ᠎ᠠ ᠶᠣᠰᠣ ᠳᠤ ᠨᠡᠶᠢᠴᠡᠬᠦ ᠣᠯᠣᠰ ᠤᠨ ᠠᠩᠬᠢ ᠶᠢᠨ ᠠᠵᠢᠯ ᠤᠨ ᠲᠦᠯᠦᠪᠵᠢᠬᠦᠯᠭᠡ ᠪᠠ ᠬᠠᠮᠢᠶᠠᠷᠣᠯᠲᠠ ᠶᠢᠨ ᠲᠣᠬᠲᠠᠯᠴᠠᠭ᠎ᠠ ᠶᠢ ᠰᠢᠨᠵᠢᠯᠡᠬᠦ ᠣᠬᠠᠭᠠᠨᠴᠢ ᠪᠠᠷ ᠲᠣᠬᠲᠠᠭᠠᠨ᠎ᠠ᠃ ᠣᠯᠣᠰ ᠤᠨ ᠠᠩᠬᠢ ᠬᠢᠭᠡᠳ  ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠵᠢᠴᠢ ᠪᠣᠰᠣᠳ ᠡᠯ᠎ᠠ ᠲᠡᠰ ᠤᠨ ᠬᠠᠮᠲᠣᠷᠠᠬᠰᠠᠨ ᠣᠷᠣᠯᠲᠣᠭᠠᠨ ᠤ ᠵᠣᠬᠢᠴᠠᠭᠤᠯᠬᠤ ᠲᠦᠷᠢᠮ ᠢ ᠲᠡᠬᠦᠯᠲᠡᠷᠵᠢᠬᠦᠯᠵᠦ᠂ ᠣᠯᠣᠰ ᠤᠨ ᠠᠩᠬᠢ ᠶᠢᠨ ᠣᠷᠣᠯᠲᠣᠭᠠᠨ ᠤ ᠦᠶᠡᠯᠡᠯ ᠤᠨ ᠬᠤᠭᠤᠴᠠᠭ᠎ᠠ ᠪᠣᠯᠣᠨ ᠣᠯᠣᠰ ᠤᠨ ᠲᠣᠲᠣᠭᠠᠲᠣ ᠶᠢᠨ ᠣᠷᠣᠯᠲᠣᠭᠠᠨ ᠤ ᠲᠣᠬᠢᠷᠠᠭᠤᠯᠣᠯᠲᠠ ᠶᠢ ᠶᠡᠷᠦᠩᠭᠡᠶᠢᠯᠡᠨ ᠡᠵᠡᠮᠲᠡᠨ᠎ᠡ᠃ ᠺᠯᠦ᠋ᠪ ᠨᠢ ᠶᠡᠭᠡ ᠲᠠᠯ᠎ᠠ ᠶᠢ ᠴᠢᠬᠤᠯᠠᠴᠢᠯᠠᠵᠦ᠂ ᠣᠯᠣᠰ ᠤᠨ ᠠᠩᠬᠢ ᠶᠢᠨ ᠪᠠᠶᠢᠭᠤᠯᠣᠯᠲᠠ ᠶᠢ ᠪᠦᠬᠦ ᠬᠦᠴᠦ ᠪᠠᠷ ᠢᠶᠠᠨ ᠲᠡᠮᠵᠢᠵᠦ ᠬᠠᠪᠰᠣᠷᠬᠤ ᠬᠡᠷᠡᠭᠲᠡᠢ᠃       ᠶᠢᠰᠦ᠂ ᠬᠦᠯ ᠪᠦᠮᠪᠦᠭᠡ ᠶᠢᠨ ᠲᠠᠯᠠᠪᠣᠷ ᠤᠨ ᠪᠠᠶᠢᠭᠤᠯᠣᠯᠲᠠ ᠬᠠᠮᠢᠶᠠᠷᠣᠯᠲᠠ ᠶᠢ ᠴᠢᠩᠭᠠᠳᠬᠠᠨ᠎ᠠ       ︵ᠭᠤᠴᠢᠨ ᠵᠢᠷᠭᠤᠭ᠎ᠠ︶ ᠬᠦᠯ ᠪᠦᠮᠪᠦᠭᠡ ᠶᠢᠨ ᠲᠠᠯᠠᠪᠣᠷ ᠤᠨ ᠲᠤᠭ᠎ᠠ ᠬᠡᠮᠵᠢᠶ᠎ᠡ ᠶᠢ ᠨᠡᠮᠡᠭᠲᠡᠬᠦᠯᠦᠨ᠎ᠡ᠃ ᠪᠦᠬᠦ ᠣᠯᠣᠰ ᠤᠨ ᠬᠦᠯ ᠪᠦᠮᠪᠦᠭᠡ ᠶᠢᠨ ᠲᠠᠯᠠᠪᠣᠷ ᠤᠨ ᠪᠠᠶᠢᠭᠤᠯᠣᠯᠲᠠ ᠶᠢᠨ ᠲᠦᠯᠦᠪᠵᠢᠬᠦᠯᠭᠡ ᠶᠢ ᠰᠣᠲᠣᠯᠣᠨ ᠲᠣᠬᠲᠠᠭᠠᠨ᠎ᠠ᠃ ᠬᠦᠯ ᠪᠦᠮᠪᠦᠭᠡ ᠶᠢᠨ ᠲᠠᠯᠠᠪᠣᠷ ᠪᠠᠶᠢᠭᠤᠯᠬᠤ ᠠᠵᠢᠯ ᠢ ᠬᠤᠲᠠ ᠪᠠᠯᠭᠠᠰᠣᠵᠢᠯᠲᠠ ᠪᠠ ᠰᠢᠨ᠎ᠡ ᠬᠦᠲᠡᠭᠡ ᠲᠣᠰᠬᠤᠨ ᠤ ᠪᠠᠶᠢᠭᠤᠯᠣᠯᠲᠠ ᠶᠢᠨ ᠶᠡᠷᠦᠩᠭᠡᠢ ᠲᠦᠯᠦᠪᠵᠢᠬᠦᠯᠭᠡ ᠳᠤ ᠣᠷᠣᠭᠤᠯᠵᠦ᠂  ᠪᠠᠲᠤᠯᠠᠭ᠎ᠠ ᠲᠠᠢ ᠬᠡᠷᠡᠭᠴᠡᠭᠡ ᠶᠢ ᠲᠣᠲᠣᠷᠬᠠᠶᠢᠯᠠᠨ᠂ ᠡᠯ᠎ᠡ ᠱᠠᠲᠣᠨ ᠤ ᠵᠠᠰᠠᠬ ᠤᠨ ᠣᠷᠲᠣᠨ ᠠᠴᠠ ᠵᠣᠬᠢᠶᠠᠨ ᠪᠠᠶᠢᠭᠤᠯᠵᠦ ᠬᠡᠷᠡᠭᠵᠢᠬᠦᠯᠦᠨ᠎ᠡ᠃ ᠲᠣᠬᠠᠢ ᠶᠢᠨ ᠭᠠᠵᠠᠷ ᠤᠨ ᠪᠠᠶᠢᠲᠠᠯ ᠳᠠᠭᠠᠨ ᠲᠣᠬᠢᠷᠠᠭᠤᠯᠣᠨ ᠬᠦᠯ ᠪᠦᠮᠪᠦᠭᠡ ᠶᠢᠨ ᠲᠠᠯᠠᠪᠣᠷ ᠪᠠᠶᠢᠭᠤᠯᠵᠦ᠂ ᠬᠤᠲᠠ ᠬᠢᠭᠡᠳ ᠬᠦᠲᠡᠭᠡ ᠲᠣᠰᠬᠤᠨ ᠤ ᠠᠲᠠᠷ ᠭᠠᠵᠠᠷ᠂ ᠡᠵᠡᠬᠦᠢ ᠭᠠᠵᠠᠷ᠂ ᠴᠡᠴᠡᠷᠯᠢᠭ᠂ ᠰᠢᠭᠤᠶᠢᠢᠲᠣ ᠪᠦᠰᠡ᠂ ᠠᠰᠠᠷ ᠤᠨ ᠲᠡᠭᠡᠪᠦᠷ  ᠵᠡᠷᠭᠡ ᠶᠢ ᠬᠦᠢᠴᠡᠳ ᠠᠰᠢᠬᠯᠠᠵᠦ᠂ ᠨᠢᠭᠡ ᠪᠦᠯᠦᠭ ᠲᠦᠬᠦᠮ ᠮᠦᠷᠲᠡᠭᠡᠨ ᠪᠣᠲᠠᠲᠣ ᠬᠡᠷᠡᠭᠴᠡᠭᠡᠨ ᠤ ᠪᠠᠷᠢᠮᠵᠢᠶᠠᠨ ᠤ ᠪᠣᠰᠣ ᠬᠦᠯ ᠪᠦᠮᠪᠦᠭᠡ ᠶᠢᠨ ᠲᠠᠯᠠᠪᠣᠷ ᠪᠠᠶᠢᠭᠤᠯᠣᠨ᠎ᠠ᠃ ᠨᠦᠬᠦᠴᠡᠯ ᠡᠬᠦᠳᠴᠦ ᠰᠣᠷᠭᠠᠭᠤᠯᠢ ᠶᠢᠨ ᠬᠦᠯ ᠪᠦᠮᠪᠦᠭᠡ ᠶᠢᠨ ᠬᠦᠲᠡᠯᠭᠡᠭᠡᠨ ᠤ ᠲᠠᠯᠠᠪᠣᠷ ᠤᠨ ᠬᠡᠷᠡᠭᠴᠡᠭᠡ ᠶᠢ ᠬᠠᠩᠭᠠᠨ᠎ᠠ᠃       ︵ᠭᠤᠴᠢᠨ ᠲᠣᠯᠤᠭ᠎ᠠ︶ ᠬᠦᠯ ᠪᠦᠮᠪᠦᠭᠡ ᠶᠢᠨ ᠲᠠᠯᠠᠪᠣᠷ ᠤᠨ ᠪᠠᠶᠢᠭᠤᠯᠣᠯᠲᠠ ᠳᠤ ᠲᠦᠷᠦ ᠶᠢᠨ ᠪᠣᠲᠣᠯᠭ᠎ᠠ ᠶᠢᠨ ᠲᠡᠮᠵᠢᠯᠭᠡ ᠦᠵᠡᠬᠦᠯᠦᠨ᠎ᠡ᠃ ᠨᠡᠶᠢᠢᠭᠡᠮ ᠤᠨ ᠬᠦᠷᠦᠩᠭᠡ ᠠᠴᠠ ᠪᠡᠯᠡ ᠣᠷᠣᠭᠤᠯᠵᠦ ᠬᠦᠯ ᠪᠦᠮᠪᠦᠭᠡ ᠶᠢᠨ ᠲᠠᠯᠠᠪᠣᠷ ᠪᠠᠶᠢᠭᠤᠯᠪᠠᠯ᠂ ᠭᠠᠵᠠᠷ ᠰᠢᠷᠣᠢ᠂ ᠭᠠᠶᠢᠯᠢ ᠬᠤᠷᠢᠶᠠᠬᠤ᠂ ᠮᠦᠩᠬᠦᠨ ᠬᠦᠢᠯᠭᠡᠭᠡ ᠵᠡᠷᠭᠡ ᠲᠡᠯ᠎ᠡ ᠶᠢᠨ ᠬᠠᠷᠠᠭᠠᠯᠵᠠᠯ ᠤᠨ ᠲᠦᠷᠦ ᠶᠢᠨ ᠪᠣᠲᠣᠯᠭ᠎ᠠ ᠶᠢ ᠨᠠᠶᠢᠲᠠᠪᠣᠷᠢᠵᠢᠭᠤᠯᠬᠤ ᠬᠡᠷᠡᠭᠲᠡᠢ᠃       ︵ᠭᠤᠴᠢᠨ ᠨᠠᠢᠮᠠ  ︶ ᠲᠠᠯᠠᠪᠣᠷ ᠤᠨ ᠲᠦᠬᠦᠭᠡᠷᠦᠮᠵᠢ ᠶᠢᠨ ᠡᠵᠡᠩᠨᠡᠯᠲᠡ ᠶᠢᠨ  ᠴᠢᠲᠠᠪᠤᠷᠢ ᠪᠣᠯᠣᠨ ᠶᠡᠷᠦᠩᠭᠡᠶᠢᠯᠡᠭᠰᠡᠨ ᠦᠷ᠎ᠡ ᠠᠰᠢᠬ ᠢ ᠲᠡᠭᠡᠭᠰᠢᠯᠡᠬᠦᠯᠦᠨ᠎ᠡ︔ ᠬᠠᠮᠢᠶᠠᠷᠬᠤ ᠡᠷᠬᠢᠯᠡᠬᠦ ᠶᠢ ᠰᠠᠯᠭᠠᠬᠤ ᠪᠠ ᠠᠰᠢᠬ ᠣᠯᠵᠠᠪᠣᠷᠢ ᠶᠢᠨ ᠪᠣᠰᠣ ᠴᠢᠨᠠᠷᠲᠠᠢ ᠵᠠᠷᠴᠢᠮ ᠶᠣᠰᠣᠭᠠᠷ᠂  ᠨᠠᠶᠢᠲᠠᠨ ᠡᠷᠭᠡ ᠣᠯᠭᠤᠬᠤ᠂ ᠬᠤᠲᠠᠯᠲᠣᠨ ᠠᠪᠴᠦ ᠦᠢᠯᠡᠴᠢᠯᠡᠬᠦ ᠵᠡᠷᠭᠡ  ᠬᠡᠯᠪᠡᠷᠢ ᠪᠠᠷ ᠲᠣᠰᠬᠠᠢ ᠮᠡᠷᠭᠡᠵᠢᠯ ᠤᠨ ᠨᠡᠶᠢᠭᠡᠮ ᠤᠨ ᠵᠣᠬᠢᠶᠠᠨ ᠪᠠᠶᠢᠭᠤᠯᠣᠯᠲᠠ ᠪᠣᠶᠣ ᠠᠵᠦ ᠠᠬᠤᠶᠢᠯᠠᠯ ᠢ ᠲᠠᠭᠠᠭᠠᠭᠴᠢᠯᠠᠯᠲᠠ ᠵᠠᠷᠯᠠᠨ ᠰᠣᠩᠭᠤᠵᠦ ᠣᠯᠠᠨ ᠨᠡᠶᠢᠲᠡ ᠶᠢᠨ ᠬᠦᠯ ᠪᠦᠮᠪᠦᠭᠡ ᠶᠢᠨ ᠲᠠᠯᠠᠪᠣᠷ ᠢ ᠬᠠᠮᠢᠶᠠᠷᠴᠦ ᠡᠵᠡᠩᠨᠡᠬᠦ ᠶᠢ ᠬᠠᠷᠢᠭᠤᠴᠠᠭᠤᠯᠵᠦ᠂ ᠣᠯᠠᠨ ᠨᠡᠶᠢᠲᠡ ᠶᠢᠨ ᠬᠦᠯ ᠪᠦᠮᠪᠦᠭᠡ ᠶᠢᠨ ᠲᠠᠯᠠᠪᠣᠷ ᠢ ᠬᠢᠮᠲᠠ ᠦᠨ᠎ᠡ ᠪᠣᠶᠣ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠬᠦ ᠶᠢ ᠠᠬᠢᠭᠤᠯᠣᠨ᠎ᠠ᠃ ᠰᠣᠷᠭᠠᠭᠤᠯᠢ ᠶᠢᠨ ᠬᠦᠯ ᠪᠦᠮᠪᠦᠭᠡ ᠶᠢᠨ ᠲᠠᠯᠠᠪᠣᠷ ᠢ ᠬᠢᠴᠢᠶᠠᠯ ᠤᠨ ᠭᠠᠲᠠᠨᠠᠬᠢ ᠬᠤᠭᠤᠴᠠᠭᠠᠨ ᠳᠤ ᠬᠢᠮᠲᠠ ᠦᠨ᠎ᠡ ᠪᠣᠶᠣ ᠰᠦᠢᠳᠭᠡᠯ ᠬᠤᠷᠢᠶᠠᠬᠤ ᠦᠭᠡᠢ ᠪᠠᠷ ᠨᠡᠶᠢᠭᠡᠮ ᠳᠤ ᠴᠢᠯᠦᠭᠡᠲᠡᠢ ᠨᠡᠭᠡᠭᠡᠬᠦ ᠶᠢ ᠲᠦᠯᠬᠢᠨ ᠠᠬᠢᠭᠤᠯᠵᠦ᠂ ᠰᠣᠷᠭᠠᠭᠤᠯᠢ ᠪᠣᠯᠣᠨ ᠨᠡᠶᠢᠭᠡᠮ ᠬᠦᠯ ᠪᠦᠮᠪᠦᠭᠡ ᠶᠢᠨ ᠲᠠᠯᠠᠪᠣᠷ ᠢ ᠬᠠᠮᠲᠣᠪᠡᠷ ᠡᠳ᠋ᠯᠡᠬᠦ ᠲᠣᠬᠲᠠᠴᠠ ᠶᠢ ᠪᠠᠶᠢᠭᠤᠯᠣᠨ᠎ᠠ᠃       ᠠᠷᠪᠠ᠂ ᠪᠡᠯᠡ ᠣᠷᠣᠭᠤᠯᠬᠤ ᠲᠣᠬᠲᠠᠴᠠ ᠶᠢ ᠲᠡᠬᠦᠯᠲᠡᠷᠵᠢᠬᠦᠯᠦᠨ᠎ᠡ       ︵ᠭᠤᠴᠢ ᠶᠢᠰᠦ︶ ᠡᠳ᠋ ᠤᠨ ᠵᠠᠰᠠᠬ ᠤᠨ ᠪᠡᠯᠡ ᠣᠷᠣᠭᠤᠯᠣᠯᠲᠠ ᠪᠠᠨ ᠨᠡᠮᠡᠭᠲᠡᠬᠦᠯᠦᠨ᠎ᠡ᠃ ᠡᠯ᠎ᠡ ᠱᠠᠲᠣᠨ ᠤ ᠵᠠᠰᠠᠬ ᠤᠨ ᠣᠷᠲᠣᠨ ᠬᠦᠯ ᠪᠦᠮᠪᠦᠭᠡ ᠶᠢᠨ ᠪᠡᠯᠡ ᠣᠷᠣᠭᠤᠯᠣᠯᠲᠠ ᠪᠠᠨ ᠨᠡᠮᠡᠭᠲᠡᠬᠦᠯᠵᠦ ᠲᠠᠯᠠᠪᠣᠷ ᠤᠨ ᠪᠠᠶᠢᠭᠤᠯᠣᠯᠲᠠ᠂ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ᠂ ᠵᠠᠯᠠᠭᠤᠴᠣᠳ ᠪᠠᠭᠠᠴᠣᠳ ᠤᠨ ᠬᠦᠯ ᠪᠦᠮᠪᠦᠭᠡ᠂ ᠡᠮᠡᠭᠲᠡᠶᠢᠴᠦᠳ ᠤᠨ ᠬᠦᠯ ᠪᠦᠮᠪᠦᠭᠡ᠂ ᠣᠯᠣᠰ ᠤᠨ ᠠᠩᠬᠢ ᠶᠢᠨ ᠪᠠᠶᠢᠭᠤᠯᠣᠯᠲᠠ᠂  ᠵᠢᠭᠠᠨ ᠰᠣᠷᠭᠠᠯᠲᠠ ᠰᠢᠨᠵᠢᠯᠡᠬᠦ ᠣᠬᠠᠭᠠᠨ ᠤ ᠰᠣᠲᠣᠯᠭᠠᠨ ᠵᠡᠷᠭᠡ ᠳᠤ ᠬᠡᠷᠡᠭᠯᠡᠨ᠎ᠡ᠃ ᠪᠡᠶ᠎ᠡ ᠶᠢᠨ ᠲᠠᠮᠢᠷ᠂ ᠰᠣᠷᠭᠠᠨ ᠬᠦᠮᠦᠵᠢᠯ ᠵᠡᠷᠭᠡ ᠰᠠᠯᠠᠭ᠎ᠠ ᠮᠦᠴᠢᠷ ᠬᠠᠮᠢᠶ᠎ᠠ ᠪᠦᠬᠦᠢ ᠵᠠᠷᠣᠲᠠᠯ ᠢ ᠲᠣᠬᠢᠷᠠᠭᠤᠯᠬᠤ ᠳᠠᠭᠠᠨ᠂ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢ ᠢᠯᠡᠬᠦᠭᠡᠨ ᠪᠣᠲᠣᠯᠬᠢᠯᠠᠬᠤ ᠬᠡᠷᠡᠭᠲᠡᠢ᠃       ︵ᠲᠦᠴᠢ︶ ᠲᠣᠮᠲᠠᠲᠣ ᠣᠯᠣᠰ ᠤᠨ ᠬᠦᠯ ᠪᠦᠮᠪᠦᠭᠡ ᠶᠢᠨ ᠬᠦᠭᠵᠢᠯᠲᠡ ᠶᠢᠨ ᠰᠠᠭᠤᠷᠢ ᠮᠦᠩᠬᠦ ᠶᠢᠨ ᠨᠡᠶᠢᠭᠡᠮᠯᠢᠭ ᠪᠠᠶᠢᠭᠤᠯᠣᠨ᠎ᠠ᠃ ᠰᠠᠭᠤᠷᠢ ᠮᠦᠩᠬᠦ ᠶᠢᠨ ᠨᠡᠶᠢᠭᠡᠮᠯᠢᠭ ᠨᠢ ᠠᠰᠢᠬ ᠣᠯᠵᠠᠪᠣᠷᠢ ᠶᠢᠨ ᠪᠣᠰᠣ ᠴᠢᠨᠠᠷᠲᠠᠢ ᠬᠠᠣᠯᠢ ᠶᠢᠨ ᠡᠷᠭᠡᠲᠡᠨ ᠪᠣᠯᠣᠬᠰᠠᠨ ᠤ ᠬᠤᠪᠢ ᠳᠤ ᠬᠠᠣᠯᠢ ᠶᠣᠰᠣᠭᠠᠷ ᠵᠣᠭᠤᠰ ᠴᠣᠬᠯᠠᠭᠤᠯᠬᠤ᠂ ᠪᠡᠯᠡᠭᠯᠡᠨ ᠬᠦᠷᠭᠡᠬᠦ ᠶᠢ ᠬᠦᠯᠢᠶᠠᠨ ᠠᠪᠬᠤ ᠶᠢᠨ ᠬᠠᠮᠲᠣ ᠬᠦᠯ ᠪᠦᠮᠪᠦᠭᠡ ᠶᠢ ᠡᠳ᠋ ᠮᠦᠩᠬᠦ ᠪᠠᠷ ᠲᠣᠰᠠᠯᠠᠬᠤ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠦᠷᠨᠢᠬᠦᠯᠦᠨ᠎ᠡ᠃ ᠡᠯ᠎ᠡ ᠲᠦᠷᠦᠯ ᠤᠨ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠬᠦᠴᠦᠨ ᠪᠣᠯᠣᠨ ᠬᠤᠪᠢ ᠬᠦᠮᠦᠨ ᠤ ᠪᠡᠯᠡᠭᠯᠡᠨ ᠬᠦᠷᠭᠡᠬᠦ ᠶᠢ ᠵᠣᠷᠢᠬᠵᠢᠭᠤᠯᠵᠦ᠂ ᠪᠡᠯᠡᠭᠯᠡᠨ ᠬᠦᠷᠭᠡᠭᠰᠡᠨ ᠪᠡᠯᠡ ᠮᠦᠩᠬᠦ ᠶᠢ ᠠᠵᠦ ᠠᠬᠤᠶᠢᠯᠠᠯ ᠤᠨ ᠣᠯᠵᠠᠪᠣᠷᠢ ᠶᠢᠨ ᠭᠠᠶᠢᠯᠢ᠂ ᠬᠤᠪᠢ ᠬᠦᠮᠦᠨ ᠤ ᠣᠯᠵᠠᠪᠣᠷᠢ ᠶᠢᠨ ᠭᠠᠶᠢᠯᠢ ᠶᠢᠨ ᠲᠣᠰᠢᠶᠠᠬᠤ ᠶᠣᠰᠣᠲᠠᠢ ᠣᠯᠵᠠᠪᠣᠷᠢ ᠶᠢ ᠪᠣᠲᠣᠬᠤ ᠦᠶᠡᠰ  ᠬᠠᠤᠯᠢ ᠶᠤᠰᠤᠭᠠᠷ ᠬᠠᠰᠣᠵᠦ ᠬᠡᠯᠲᠦᠷᠢᠬᠦᠯᠦᠨ᠎ᠡ᠃ ᠰᠠᠭᠤᠷᠢ ᠮᠦᠩᠬᠦ ᠶᠢᠨ ᠨᠡᠶᠢᠭᠡᠮᠯᠢᠭ ᠨᠢ ᠲᠦᠷᠢᠮ ᠲᠣᠬᠲᠠᠭᠠᠯ ᠶᠣᠰᠣᠭᠠᠷ ᠬᠠᠮᠢᠶᠠᠷᠣᠯᠲᠠ ᠡᠵᠡᠩᠨᠡᠯᠲᠡ ᠬᠢᠵᠦ᠂ ᠬᠠᠮᠢᠶ᠎ᠠ ᠪᠦᠬᠦᠢ ᠲᠣᠬᠲᠠᠭᠠᠯ ᠶᠣᠰᠣᠭᠠᠷ ᠮᠡᠲᠡᠭᠡ ᠵᠠᠩᠬᠢ ᠪᠠᠨ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃       ︵ᠲᠦᠴᠢᠨ ᠨᠢᠭᠡ︶ ᠯᠣᠲ᠋ᠧᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠪᠠᠷ ᠬᠦᠯ ᠪᠦᠮᠪᠦᠭᠡ ᠶᠢᠨ ᠬᠦᠭᠵᠢᠯᠲᠡ ᠶᠢ ᠲᠡᠮᠵᠢᠬᠦ ᠬᠦᠴᠦᠯᠡᠴᠡ ᠪᠠᠨ ᠴᠢᠩᠭᠠᠷᠠᠭᠤᠯᠣᠨ᠎ᠠ︔ ᠵᠢᠯ ᠪᠦᠷᠢ ᠲᠦᠪ ᠲᠤ ᠲᠦᠪᠯᠡᠷᠡᠬᠦᠯᠦᠭᠰᠡᠨ ᠯᠣᠲ᠋ᠧᠧᠷᠢ ᠶᠢᠨ ᠨᠡᠶᠢᠲᠡ ᠶᠢᠨ ᠠᠰᠠᠷᠠᠮᠵᠢ ᠶᠢᠨ ᠮᠦᠩᠬᠦ ᠠᠴᠠ ᠵᠣᠬᠢᠬᠤ ᠪᠡᠯᠡ ᠮᠦᠩᠬᠦ ᠲᠣᠬᠢᠷᠠᠭᠤᠯᠵᠦ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠬᠦᠭᠵᠢᠯᠲᠡ ᠶᠢᠨ  ᠰᠠᠭᠤᠷᠢ ᠮᠦᠩᠬᠦ ᠶᠢᠨ ᠨᠡᠶᠢᠭᠡᠮᠯᠢᠭ ᠢ ᠡᠳ᠋ ᠮᠦᠩᠬᠦ ᠪᠠᠷ ᠲᠣᠰᠠᠯᠠᠵᠦ᠂ ᠵᠠᠯᠠᠭᠤᠴᠣᠳ ᠪᠠᠭᠠᠴᠣᠳ ᠤᠨ ᠬᠦᠯ ᠪᠦᠮᠪᠦᠭᠡ ᠶᠢᠨ ᠴᠢᠲᠠᠪᠣᠷᠢᠲᠠᠨ ᠢ ᠬᠦᠮᠦᠵᠢᠬᠦᠯᠬᠦ ᠪᠠ ᠬᠦᠯ ᠪᠦᠮᠪᠦᠭᠡ ᠶᠢᠨ ᠨᠠᠶᠢᠲᠠ ᠶᠢᠨ ᠠᠰᠠᠷᠠᠮᠵᠢ ᠶᠢᠨ ᠬᠦᠲᠡᠯᠭᠡᠭᠡᠨ ᠳᠤ ᠲᠣᠰᠬᠠᠢ ᠲᠦᠷᠦᠯ ᠢᠶᠠᠷ ᠬᠡᠷᠡᠭᠯᠡᠨ᠎ᠡ᠃ ᠲᠣᠮᠲᠠᠲᠣ ᠣᠯᠣᠰ ᠤᠨ ᠬᠦᠯ ᠪᠦᠮᠪᠦᠭᠡ ᠶᠢᠨ  ᠮᠡᠷᠭᠡᠵᠢᠯ ᠤᠨ ᠬᠠᠮᠲᠣᠷᠠᠬᠰᠠᠨ ᠣᠷᠣᠯᠲᠣᠭᠠᠨ ᠢ ᠲᠠᠭᠠᠵᠦ ᠦᠷᠢᠰᠦᠯᠲᠦᠬᠦ ᠣᠨᠣᠬᠲᠠᠬᠤᠨ ᠪᠣᠯᠭᠠᠬᠰᠠᠨ ᠬᠦᠯ ᠪᠦᠮᠪᠦᠭᠡ ᠶᠢᠨ ᠯᠣᠲ᠋ᠧᠧᠷᠢ ᠶᠢ ᠢᠲᠡᠪᠬᠢᠲᠡᠢ ᠰᠣᠲᠣᠯᠵᠦ ᠲᠠᠷᠬᠠᠭᠠᠨ ᠲᠡᠯᠭᠡᠷᠡᠬᠦᠯᠦᠨ᠎ᠡ᠃       ︵ᠲᠦᠴᠢᠨ ᠬᠤᠶᠠᠷ︶ ᠬᠦᠯ ᠪᠦᠮᠪᠦᠭᠡ ᠶᠢᠨ ᠠᠵᠦ ᠦᠢᠯᠡᠰ ᠢ ᠨᠡᠭᠡᠭᠡᠨ ᠬᠦᠭᠵᠢᠬᠦᠯᠬᠦ ᠶᠢ ᠴᠢᠩᠭᠠᠳᠬᠠᠨ᠎ᠠ︔ ᠬᠦᠯ ᠪᠦᠮᠪᠦᠭᠡ ᠶᠢᠨ ᠬᠡᠯᠪᠡᠷᠢᠬᠦᠢ ᠡᠳ᠋ ᠬᠦᠷᠦᠩᠭᠡ ᠶᠢ ᠨᠡᠭᠡᠭᠡᠨ ᠬᠦᠭᠵᠢᠬᠦᠯᠬᠦ ᠪᠠ ᠬᠠᠮᠠᠭᠠᠯᠠᠬᠤ ᠬᠦᠴᠦᠯᠡᠴᠡ ᠪᠠᠨ ᠴᠢᠩᠭᠠᠷᠠᠭᠤᠯᠵᠦ᠂ ᠣᠷᠣᠯᠲᠣᠭᠠᠨ ᠤ ᠲᠦᠷᠦᠯ ᠲᠡᠮᠲᠡᠭ ᠢ ᠡᠬᠦᠳᠬᠦ᠂ ᠬᠦᠯ ᠪᠦᠮᠪᠦᠭᠡ ᠶᠢᠨ ᠲᠠᠭᠠᠯᠲᠠ ᠪᠦᠲᠦᠭᠡᠭᠲᠡᠬᠦᠨ ᠢ ᠰᠣᠲᠣᠯᠣᠨ ᠨᠡᠭᠡᠭᠡᠬᠦ᠂ ᠬᠦᠯ ᠪᠦᠮᠪᠦᠭᠡ ᠶᠢᠨ ᠦᠢᠯᠡᠴᠢᠯᠡᠭᠡᠨ ᠤ ᠵᠠᠬ᠎ᠠ ᠲᠡᠯᠭᠡᠬᠦᠷ ᠢ ᠪᠣᠶᠢᠵᠢᠭᠤᠯᠬᠤ ᠂ ᠬᠦᠯ ᠪᠦᠮᠪᠦᠭᠡ ᠶᠢᠨ ᠠᠵᠦ ᠦᠢᠯᠡᠰ ᠬᠢᠭᠡᠳ ᠬᠠᠮᠢᠶ᠎ᠠ ᠪᠦᠬᠦᠢ ᠠᠵᠦ ᠦᠢᠯᠡᠰ ᠤᠨ ᠠᠭᠤᠰᠣᠯᠴᠠᠯ ᠬᠦᠭᠵᠢᠯᠲᠡ ᠶᠢ ᠬᠠᠶᠢᠨ ᠰᠦᠪᠡᠭᠴᠢᠯᠡᠬᠦ ᠪᠠᠷ ᠲᠠᠮᠵᠢᠭᠤᠯᠣᠨ᠂ ᠪᠦᠬᠦ ᠲᠠᠯ᠎ᠠ ᠶᠢᠨ᠂ ᠪᠦᠬᠦ ᠶᠠᠪᠣᠴᠠ ᠶᠢᠨ ᠬᠦᠯ ᠪᠦᠮᠪᠦᠭᠡ ᠶᠢᠨ ᠠᠵᠦ ᠦᠢᠯᠡᠰ ᠤᠨ ᠬᠡᠯᠬᠢᠶ᠎ᠡ ᠶᠢ ᠪᠠᠶᠢᠭᠤᠯᠵᠦ᠂ ᠬᠦᠯ ᠪᠦᠮᠪᠦᠭᠡ ᠶᠢᠨ ᠠᠵᠦ ᠦᠢᠯᠡᠰ ᠤᠨ ᠦᠷ᠎ᠡ ᠠᠰᠢᠬ ᠢ ᠲᠠᠰᠣᠷᠠᠯᠲᠠ ᠦᠭᠡᠢ ᠲᠡᠭᠡᠭᠰᠢᠯᠡᠬᠦᠯᠦᠨ᠂ ᠣᠯᠠᠨ  ᠲᠦᠷᠦᠯ ᠤᠨ ᠠᠵᠦ ᠠᠬᠤᠢ ᠶᠢᠨ ᠪᠦᠷᠢᠯᠲᠦᠬᠦᠨ  ᠬᠠᠮᠲᠤᠪᠡᠷ ᠬᠦᠯ ᠪᠦᠮᠪᠦᠭᠡ ᠶᠢᠨ ᠠᠵᠦ ᠦᠢᠯᠡᠰ ᠢ ᠰᠡᠷᠬᠦᠭᠡᠨ ᠬᠦᠭᠵᠢᠬᠦᠯᠦᠭᠰᠡᠨ ᠪᠠᠶᠢᠷᠢᠰᠢᠯ ᠢ ᠪᠦᠷᠢᠯᠲᠦᠬᠦᠯᠦᠨ᠎ᠡ᠃       ︵ᠲᠦᠴᠢᠨ ᠭᠤᠷᠪᠠ︶ ᠲᠣᠮᠲᠠᠲᠣ ᠣᠯᠣᠰ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠵᠠᠬ᠎ᠠ ᠲᠡᠯᠭᠡᠬᠦᠷ ᠤᠨ ᠰᠣᠲᠣᠯᠣᠨ ᠨᠡᠭᠡᠭᠡᠬᠦ ᠬᠦᠴᠦᠯᠡᠴᠡ ᠶᠢ ᠴᠢᠩᠭᠠᠷᠠᠭᠤᠯᠣᠨ᠎ᠠ︔ ᠬᠠᠮᠲᠣᠷᠠᠬᠰᠠᠨ ᠣᠷᠣᠯᠲᠣᠭᠠᠨ᠂ ᠬᠤᠨᠲᠠᠭᠠᠲᠣ ᠣᠷᠣᠯᠲᠣᠭᠠᠨ᠂ ᠣᠯᠣᠰ ᠤᠨ ᠠᠩᠬᠢ ᠵᠡᠷᠭᠡ ᠶᠢᠨ ᠵᠠᠬ᠎ᠠ ᠲᠡᠯᠭᠡᠬᠦᠷ ᠢ ᠰᠣᠲᠣᠯᠣᠨ ᠨᠡᠭᠡᠭᠡᠬᠦ ᠦᠷ᠎ᠡ ᠠᠰᠢᠬ ᠢ ᠲᠠᠰᠣᠷᠠᠯᠲᠠ ᠦᠭᠡᠢ ᠨᠡᠮᠡᠭᠲᠡᠬᠦᠯᠦᠨ᠎ᠡ᠃ ᠬᠠᠷᠢᠶ᠎ᠠ  ᠬᠤᠲᠠᠯᠳᠤᠭᠠᠨ ᠤ ᠶᠠᠪᠣᠲᠠᠯ ᠤᠨ ᠺᠣᠮᠫᠠᠨᠢ ᠯᠤᠭ᠎ᠠ ᠶᠢᠨ ᠬᠠᠷᠢᠴᠠᠭ᠎ᠠ ᠪᠠᠨ ᠡᠮᠬᠢᠯᠡᠨ ᠴᠡᠭᠴᠡᠯᠡᠬᠦ ᠶᠢ ᠲᠦᠷᠭᠡᠳᠭᠡᠵᠦ᠂ ᠣᠲᠣ ᠦᠶ᠎ᠡ ᠶᠢᠨ ᠠᠵᠦ ᠠᠬᠤᠶᠢᠯᠠᠯ ᠤᠨ ᠲᠦᠷᠢᠮ ᠶᠣᠰᠣᠭᠠᠷ ᠬᠠᠷᠢᠶ᠎ᠠ ᠺᠣᠮᠫᠠᠨᠢ ᠪᠠᠨ ᠦᠭᠡᠷᠡᠴᠢᠯᠡᠵᠦ᠂ ᠲᠡᠬᠦᠨ ᠢ ᠦᠨ᠋ᠬᠠᠬᠦ ᠵᠠᠬ᠎ᠠ ᠲᠡᠯᠭᠡᠬᠦᠷ ᠤᠨ ᠭᠤᠣᠯ ᠴᠣᠬᠴᠠ ᠪᠣᠯᠭᠠᠬᠤ ᠶᠢᠨ ᠬᠠᠮᠲᠣ ᠰᠢᠨ᠎ᠡ ᠦᠷᠢᠰᠦᠯᠲᠦᠭᠡᠨ ᠤ ᠭᠤᠣᠯ ᠴᠣᠬᠴᠠ ᠣᠷᠣᠭᠤᠯᠣᠨ ᠠᠪᠴᠢᠷᠠᠵᠦ᠂ ᠵᠠᠬ᠎ᠠ ᠲᠡᠯᠭᠡᠬᠦᠷ ᠲᠤ ᠬᠠᠨᠲᠣᠬᠰᠠᠨ᠂ ᠡᠷᠭᠡ ᠲᠡᠭᠰᠢ ᠦᠷᠢᠰᠦᠯᠲᠦᠭᠰᠡᠨ ᠪᠠᠶᠢᠲᠠᠯ ᠢ  ᠪᠤᠢ ᠪᠤᠯᠭᠠᠨ᠎ᠠ᠃       ︵ᠲᠦᠴᠢᠨ ᠲᠦᠷᠪᠡ︶ ᠬᠦᠯ ᠪᠦᠮᠪᠦᠭᠡ ᠶᠢᠨ ᠣᠷᠣᠯᠲᠣᠭᠠᠨ ᠤ  ᠲᠧᠯᠸᠢᠰ ᠢᠶᠠᠷ ᠲᠠᠮᠵᠢᠭᠤᠯᠣᠨ ᠨᠡᠪᠲᠡᠷᠡᠬᠦᠯᠬᠦ ᠡᠷᠭᠡ ᠶᠢᠨ ᠵᠠᠬ᠎ᠠ ᠲᠡᠯᠭᠡᠬᠦᠷ ᠤᠨ ᠦᠷᠢᠰᠦᠯᠲᠦᠭᠡᠨ ᠤ ᠲᠣᠬᠲᠠᠴᠠ ᠶᠢ ᠪᠠᠶᠢᠭᠤᠯᠣᠨ᠎ᠠ᠃ ᠪᠠᠶᠢᠭᠤᠯᠣᠮᠵᠢ ᠶᠢᠨ ᠰᠢᠨ᠎ᠡ ᠶᠢ ᠡᠬᠦᠳᠴᠦ᠂ ᠬᠦᠯ ᠪᠦᠮᠪᠦᠭᠡ ᠶᠢᠨ  ᠤᠷᠤᠯᠲᠤᠭᠠᠨ ᠢ  ᠲᠧᠯᠸᠢᠰ ᠢᠶᠠᠷ ᠲᠠᠮᠵᠢᠭᠤᠯᠣᠨ ᠨᠡᠪᠲᠡᠷᠡᠬᠦᠯᠬᠦ ᠡᠷᠭᠡ ᠶᠢᠨ ᠡᠮᠬᠢ ᠲᠠᠷᠠᠭ᠎ᠠ ᠲᠠᠢ ᠦᠷᠢᠰᠦᠯᠲᠦᠭᠡᠨ ᠢ ᠪᠡᠶᠡᠯᠡᠬᠦᠯᠦᠨ᠎ᠡ᠃ ᠬᠦᠯ ᠪᠦᠮᠪᠦᠭᠡ ᠶᠢᠨ ᠣᠷᠣᠯᠲᠣᠭᠠᠨ ᠤ ᠲᠠᠮᠵᠢᠭᠤᠯᠣᠨ ᠨᠡᠪᠲᠡᠷᠡᠬᠦᠯᠬᠦ ᠡᠷᠭᠡ ᠶᠢᠨ ᠦᠷ᠎ᠡ ᠠᠰᠢᠬ ᠢ ᠬᠤᠪᠢᠶᠠᠷᠢᠯᠠᠬᠤ ᠲᠣᠬᠲᠠᠴᠠ ᠶᠢ ᠦᠭᠡᠷᠡᠴᠢᠡᠯᠵᠦ᠂ ᠣᠷᠣᠯᠲᠣᠭᠠᠨ  ᠢ ᠭᠤᠣᠯᠯᠠᠨ  ᠡᠷᠬᠢᠯᠡᠭᠰᠡᠨ ᠨᠢᠭᠡᠴᠡ ᠪᠣᠯᠣᠨ ᠣᠷᠣᠯᠲᠣᠭᠠᠨ ᠳᠤ ᠣᠷᠣᠯᠴᠠᠬᠰᠠᠨ ᠡᠲᠡᠭᠡᠳ ᠭᠤᠣᠯᠲᠠᠭᠤ ᠠᠰᠢᠬ ᠬᠦᠷᠲᠡᠬᠦ ᠶᠢ ᠪᠠᠲᠣᠯᠠᠨ᠎ᠠ᠃ ᠬᠦᠯ ᠪᠦᠮᠪᠦᠭᠡ ᠶᠢᠨ ᠣᠷᠣᠯᠲᠣᠭᠠᠨ ᠢ ᠲᠠᠮᠵᠢᠭᠤᠯᠣᠨ ᠨᠡᠪᠲᠡᠷᠡᠬᠦᠯᠬᠦ ᠪᠠ ᠲᠡᠯᠭᠡᠷᠡᠬᠦᠯᠦᠨ ᠲᠦᠭᠡᠮᠡᠯᠵᠢᠬᠦᠯᠬᠦ ᠬᠡᠯᠪᠡᠷᠢ ᠶᠢᠨ ᠰᠢᠨ᠎ᠡ ᠶᠢ ᠡᠬᠦᠳᠴᠦ᠂ ᠣᠯᠠᠮᠵᠢᠯᠠᠯᠲᠣ ᠵᠠᠭᠤᠴᠢᠯᠠᠭᠤᠷ  ᠪᠣᠯᠣᠨ ᠰᠢᠨ᠎ᠡ  ᠵᠠᠭᠤᠴᠢᠯᠠᠭᠤᠷ  ᠤᠨ  ᠬᠦᠯ  ᠪᠦᠮᠪᠦᠭᠡ  ᠶᠢᠨ  ᠬᠦᠷᠢᠶᠡᠨ ᠳᠠᠬᠢ  ᠠᠭᠤᠰᠣᠯᠴᠠᠨ  ᠬᠦᠭᠵᠢᠬᠦ  ᠬᠡᠯᠪᠡᠷᠢ ᠶᠢ  ᠬᠠᠶᠢᠨ  ᠰᠦᠪᠡᠭᠴᠢᠯᠡᠵᠦ  ᠰᠢᠨ᠎ᠡ  ᠵᠠᠭᠤᠴᠢᠯᠠᠭᠤᠷ  ᠤᠨ  ᠵᠠᠬ᠎ᠠ  ᠲᠡᠯᠭᠡᠬᠦᠷ  ᠤᠨ  ᠣᠷᠣᠯᠭ᠎ᠠ  ᠶᠢ  ᠨᠡᠮᠡᠭᠲᠡᠬᠦᠯᠦᠨ᠎ᠡ᠃        ︵ᠲᠦᠴᠢᠨ ᠲᠠᠪᠤ︶ ᠨᠡᠶᠢᠭᠡᠮ ᠤᠨ ᠬᠦᠴᠦᠨ ᠤ ᠬᠦᠯ ᠪᠦᠮᠪᠦᠭᠡ ᠶᠢ ᠬᠦᠭᠵᠢᠬᠦᠯᠬᠦ ᠶᠢ ᠵᠣᠷᠢᠬᠵᠢᠭᠤᠯᠣᠨ᠎ᠠ︔ ᠪᠣᠲᠠᠲᠣ ᠬᠦᠴᠦᠨ ᠪᠦᠬᠦᠢ ᠨᠡᠷᠡᠲᠦ ᠠᠵᠦ ᠠᠬᠤᠶᠢᠯᠠᠯ ᠪᠣᠯᠣᠨ ᠬᠤᠪᠢ ᠬᠦᠮᠦᠨ ᠤ ᠪᠡᠯᠡ ᠣᠷᠣᠭᠤᠯᠣᠬᠰᠠᠨ  ᠮᠡᠷᠭᠡᠵᠢᠯ ᠤᠨ ᠬᠦᠯ ᠪᠦᠮᠪᠦᠭᠡ ᠶᠢᠨ ᠺᠯᠦ᠋ᠪ᠂ ᠬᠦᠯ ᠪᠦᠮᠪᠦᠭᠡ ᠶᠢᠨ ᠣᠷᠣᠯᠲᠣᠭᠠᠨ ᠢ ᠢᠪᠡᠭᠡᠨ ᠲᠡᠳᠬᠦᠭᠰᠡᠨ ᠪᠠ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ ᠬᠦᠲᠦᠯᠦᠨ ᠵᠢᠯᠣᠭᠤᠳᠴᠦ᠂ ᠬᠦᠯ ᠪᠦᠮᠪᠦᠭᠡ ᠶᠢᠨ ᠦᠢᠯᠡᠰ ᠢ ᠲᠡᠮᠵᠢᠬᠦ ᠵᠢᠱᠢᠶᠠᠴᠢ ᠲᠠᠭᠤᠷᠢᠶᠠᠯ ᠤᠨ ᠲᠠᠭᠠᠭᠤᠯᠬᠤ ᠦᠢᠯᠡᠲᠦᠯ ᠢ ᠨᠢ ᠪᠠᠲᠠᠷᠠᠭᠤᠯᠵᠦ᠂ ᠺᠯᠦ᠋ᠪ ᠬᠢᠭᠡᠳ ᠬᠦᠯ ᠪᠦᠮᠪᠦᠭᠡ ᠶᠢ ᠬᠦᠭᠵᠢᠬᠦᠯᠬᠦ ᠪᠡᠯᠡ ᠮᠦᠩᠬᠦ ᠶᠢᠨ ᠢᠷᠠᠯᠲᠠ ᠶᠢᠨ ᠵᠠᠮ ᠰᠣᠪᠠᠬ ᠢ ᠦᠷᠭᠡᠳᠭᠡᠨ᠎ᠡ᠃       ᠠᠷᠪᠠᠨ ᠨᠢᠭᠡ᠂ ᠬᠦᠯ ᠪᠦᠮᠪᠦᠭᠡ ᠶᠢᠨ ᠠᠵᠢᠯ ᠤᠨ ᠣᠲᠣᠷᠢᠲᠣᠯᠭ᠎ᠠ ᠪᠠᠨ ᠴᠢᠩᠭᠠᠳᠬᠠᠨ᠎ᠠ       ︵ᠲᠦᠴᠢᠨ ᠵᠢᠷᠭᠤᠭ᠎ᠠ︶ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠬᠡᠯᠲᠡᠰ ᠶᠠᠮᠣᠨ ᠤ ᠬᠤᠭᠤᠷᠣᠨᠲᠣᠬᠢ ᠬᠤᠯᠪᠣᠭᠠᠲᠣ ᠬᠤᠷᠠᠯ ᠤᠨ ᠲᠦᠷᠢᠮ ᠢ ᠪᠠᠶᠢᠭᠤᠯᠣᠨ᠎ᠠ︔ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢ ᠦᠷᠬᠦᠯᠵᠢᠯᠡᠨ ᠲᠦᠯᠬᠢᠨ ᠠᠬᠢᠭᠤᠯᠵᠦ᠂ ᠲᠣᠰ  ᠲᠦᠰᠦᠪ ᠢ ᠨᠠᠶᠢᠲᠠᠪᠣᠷᠢᠵᠢᠭᠤᠯᠬᠤ ᠶᠢᠨ ᠲᠦᠯᠦᠭᠡ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠬᠡᠯᠲᠡᠰ ᠶᠠᠮᠣᠨ ᠤ ᠬᠤᠭᠤᠷᠣᠨᠲᠣᠬᠢ ᠬᠤᠯᠪᠣᠭᠠᠲᠣ ᠬᠤᠷᠠᠯ ᠤᠨ ᠲᠦᠷᠢᠮ ᠢ ᠪᠠᠶᠢᠭᠤᠯᠣᠨ᠎ᠠ᠃ ᠪᠡᠶ᠎ᠡ ᠶᠢᠨ ᠲᠠᠮᠢᠷ ᠤᠨ ᠶᠡᠷᠦᠩᠭᠡᠢ ᠲᠣᠪᠴᠢᠶ᠎ᠠ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠲᠦᠷᠦ ᠶᠢᠨ ᠪᠣᠲᠣᠯᠭ᠎ᠠ ᠶᠢᠨ ᠰᠣᠲᠣᠯᠭᠠᠨ ᠪᠠ ᠬᠤᠷᠸ᠎ᠠ ᠵᠢᠯᠣᠭᠤᠲᠣᠯᠭ᠎ᠠ ᠪᠠᠨ ᠴᠢᠩᠭᠠᠳᠬᠠᠬᠤ ᠬᠡᠷᠡᠭᠲᠡᠢ᠃ ᠰᠣᠷᠭᠠᠨ ᠬᠦᠮᠦᠵᠢᠯ ᠤᠨ ᠶᠠᠮᠣᠨ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠭᠤᠣᠯᠯᠠᠨ ᠬᠠᠮᠢᠶᠠᠷᠬᠤ ᠡᠬᠦᠷᠭᠡ ᠪᠠᠨ ᠬᠦᠢᠴᠡᠳᠭᠡᠬᠦ ᠬᠡᠷᠡᠭᠲᠡᠢ᠃ ᠡᠯ᠎ᠡ ᠡᠲᠡᠭᠡᠳ ᠤᠨ ᠬᠢᠨ ᠦᠪᠡᠷ ᠦᠪᠡᠷ ᠤᠨ ᠲᠣᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠴᠢᠲᠠᠯ ᠤᠨ ᠬᠢᠷᠢ ᠪᠠᠷ ᠢᠶᠠᠨ ᠴᠢᠷᠮᠠᠶᠢᠵᠦ᠂ ᠬᠠᠮᠲᠣᠷᠠᠨ ᠠᠵᠢᠯᠯᠠᠵᠦ ᠂ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢ ᠬᠠᠮᠲᠣᠪᠡᠷ ᠲᠦᠯᠬᠢᠨ ᠠᠬᠢᠭᠤᠯᠬᠤ ᠬᠡᠷᠡᠭᠲᠡᠢ᠃       ︵ᠲᠦᠴᠢᠨ ᠲᠣᠯᠤᠭ᠎ᠠ︶ ᠬᠦᠯ ᠪᠦᠮᠪᠦᠭᠡ ᠶᠢᠨ ᠠᠵᠢᠯ ᠢ ᠴᠢᠬᠤᠯᠠ ᠠᠵᠢᠯ ᠤᠨ ᠠᠭᠤᠯᠭ᠎ᠠ ᠪᠣᠯᠭᠠᠬᠤ ᠬᠡᠷᠡᠭᠲᠡᠢ︔ ᠡᠯ᠎ᠠ ᠭᠠᠵᠠᠷ ᠣᠷᠣᠨ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢ ᠴᠢᠬᠤᠯᠠ ᠵᠦᠪᠯᠡᠬᠦ ᠵᠦᠢᠯ ᠳᠡᠭᠡᠨ ᠣᠷᠣᠭᠤᠯᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠬᠠᠷᠠᠯᠲᠠ ᠪᠠᠨ ᠲᠣᠲᠣᠷᠬᠠᠶᠢᠯᠠᠵᠦ᠂ ᠴᠢᠩᠭ᠎ᠠ ᠨᠠᠶᠢᠲᠠᠪᠣᠷᠢᠵᠢᠭᠤᠯᠵᠦ᠂ ᠡᠬᠢ ᠪᠠᠶᠠᠯᠢᠬ ᠢ ᠨᠡᠶᠢᠳᠭᠡᠨ᠂ ᠬᠦᠴᠦᠨ ᠢᠶᠠᠨ ᠨᠢᠭᠡᠲᠦᠯᠲᠡᠢ ᠲᠦᠯᠦᠪᠵᠢᠬᠦᠯᠦᠨ᠂ ᠵᠣᠷᠢᠬᠲᠠᠢ ᠪᠠᠷ ᠰᠢᠨ᠎ᠡ ᠶᠢ ᠡᠬᠦᠳᠴᠦ᠂ ᠦᠪᠡᠷ ᠦᠪᠡᠷ ᠤᠨ ᠣᠨᠴᠠᠯᠢᠬ ᠢ ᠪᠦᠷᠢᠯᠲᠦᠬᠦᠯᠦᠨ᠎ᠡ᠃ ᠣᠷᠣᠨ ᠨᠣᠲᠤᠬ ᠤᠨ ᠡᠯ᠎ᠡ ᠱᠠᠲᠣᠨ ᠤ ᠪᠡᠶ᠎ᠡ ᠶᠢᠨ ᠲᠠᠮᠢᠷ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠣᠬᠠᠢ ᠶᠢᠨ ᠭᠠᠵᠠᠷ ᠤᠨ ᠬᠦᠯ ᠪᠦᠮᠪᠦᠭᠡ ᠶᠢᠨ ᠨᠡᠶᠢᠭᠡᠮᠯᠢᠭ ᠤᠨ ᠠᠵᠢᠯ ᠢ ᠬᠠᠷᠢᠭᠤᠴᠠᠨ ᠲᠡᠮᠵᠢᠵᠦ᠂ ᠲᠣᠰ ᠭᠠᠵᠠᠷ ᠣᠷᠣᠨ ᠤ ᠪᠠᠨ ᠬᠦᠯ ᠪᠦᠮᠪᠦᠭᠡ ᠶᠢᠨ ᠬᠦᠭᠵᠢᠯᠲᠡ ᠶᠢ ᠠᠬᠢᠭᠤᠯᠬᠤ ᠬᠡᠷᠡᠭᠲᠡᠢ᠃       ︵ᠲᠦᠴᠢᠨ ᠨᠠᠢᠮᠠ  ︶ ᠬᠦᠯ ᠪᠦᠮᠪᠦᠭᠡ ᠶᠢᠨ ᠠᠵᠢᠯ ᠲᠦᠷᠦᠯ ᠤᠨ ᠬᠡᠪ ᠰᠣᠷᠲᠠᠯ ᠪᠠ ᠬᠠᠣᠯᠢ ᠲᠦᠷᠢᠮ ᠤᠨ ᠪᠠᠶᠢᠭᠤᠯᠣᠯᠲᠠ ᠶᠢ ᠴᠢᠩᠭᠠᠳᠬᠠᠨ᠎ᠠ᠃ ᠬᠦᠯ ᠪᠦᠮᠪᠦᠭᠡ ᠶᠢᠨ ᠬᠦᠷᠢᠶ᠎ᠡ ᠴᠠᠷᠠᠭ᠎ᠠ ᠶᠢᠨ ᠦᠵᠡᠯ ᠰᠠᠨᠠᠭ᠎ᠠ ᠶᠣᠰᠣ ᠰᠣᠷᠲᠠᠬᠤᠨ ᠤ ᠬᠦᠮᠦᠵᠢᠯ ᠪᠣᠯᠣᠨ ᠲᠣᠬᠠᠶᠢᠯᠠᠬᠰᠠᠨ ᠵᠢᠯ ᠤᠨ ᠶᠣᠰᠣ ᠰᠣᠷᠲᠠᠬᠤᠨ ᠤ ᠬᠦᠮᠦᠵᠢᠯ ᠢ ᠴᠢᠩᠭᠠᠳᠬᠠᠵᠦ᠂ ᠲᠠᠮᠢᠷᠴᠢᠳ ᠤᠨ ᠡᠩᠨᠡᠭᠡ ᠶᠢᠨ ᠣᠶᠣᠨ ᠰᠠᠨᠠᠭ᠎ᠠ ᠬᠡᠪ ᠰᠣᠷᠲᠠᠯ ᠪᠣᠯᠣᠨ ᠵᠣᠷᠢᠬ ᠰᠦᠰᠦ ᠶᠢ ᠲᠠᠪᠲᠠᠨ ᠪᠣᠯᠪᠠᠰᠣᠷᠠᠭᠤᠯᠬᠤ ᠶᠢ ᠴᠢᠩᠭᠠᠷᠠᠭᠤᠯᠣᠨ᠂ ᠣᠯᠣᠰ ᠢᠶᠠᠨ ᠬᠠᠶᠢᠷᠠᠯᠠᠨ ᠦᠪᠡᠷ ᠢ ᠪᠠᠨ ᠵᠣᠷᠢᠭᠤᠯᠬᠤ᠂ ᠰᠢᠨᠲᠠᠷᠠᠰᠢ ᠦᠭᠡᠢ ᠪᠦᠯᠬᠦᠮᠲᠡᠨ ᠲᠡᠮᠡᠴᠡᠬᠦ ᠬᠡᠪ ᠰᠣᠷᠲᠠᠯ ᠢ ᠬᠦᠮᠦᠵᠢᠬᠦᠯᠵᠦ᠂ ᠲᠣᠮᠲᠠᠲᠣ ᠣᠯᠣᠰ ᠤᠨ ᠬᠦᠯ ᠪᠦᠮᠪᠦᠭᠡ ᠶᠢᠨ ᠬᠦᠭᠵᠢᠯᠲᠡ ᠰᠡᠷᠬᠦᠯᠲᠡ ᠶᠢ ᠣᠷᠮᠠᠰᠢᠭᠤᠯᠬᠤ ᠂ ᠨᠡᠶᠢᠢᠭᠡᠮ ᠤᠨ ᠡᠶ᠎ᠡ ᠵᠣᠬᠢᠴᠠᠩᠭᠤᠢ ᠲᠠᠪᠰᠢᠯᠲᠠ ᠳᠤ ᠠᠰᠢᠬᠲᠠᠢ ᠣᠶᠣᠨ ᠰᠠᠨᠠᠭᠠᠨ ᠤ ᠬᠦᠴᠦᠨ ᠢ ᠴᠢᠷᠮᠠᠶᠢᠨ ᠪᠦᠷᠢᠯᠲᠦᠬᠦᠯᠦᠨ᠎ᠡ᠃ ᠬᠦᠯ ᠪᠦᠮᠪᠦᠭᠡ ᠶᠢᠨ ᠬᠦᠭᠵᠢᠯᠲᠡ ᠪᠣᠯᠣᠨ ᠠᠵᠢᠯ ᠲᠦᠷᠦᠯ ᠤᠨ ᠣᠨᠴᠠᠯᠢᠬ ᠲᠤ ᠵᠣᠬᠢᠴᠠᠭᠤᠯᠣᠨ ᠣᠯᠣᠰ ᠤᠨ ᠬᠠᠮᠢᠶ᠎ᠠ ᠪᠦᠬᠦᠢ ᠲᠦᠷᠢᠮ ᠲᠣᠬᠲᠠᠭᠠᠯ ᠪᠠ ᠬᠦᠯ ᠪᠦᠮᠪᠦᠭᠡ ᠶᠢᠨ ᠠᠵᠢᠯ ᠲᠦᠷᠦᠯ ᠤᠨ ᠲᠦᠷᠢᠮᠵᠢᠯ ᠲᠣᠬᠲᠠᠭᠠᠯ ᠢ ᠲᠡᠬᠦᠯᠲᠡᠷᠵᠢᠬᠦᠯᠵᠦ᠂ ᠬᠦᠯ ᠪᠦᠮᠪᠦᠭᠡ ᠶᠢ ᠵᠠᠰᠠᠬᠤ ᠲᠦᠷᠢᠮ ᠤᠨ ᠰᠠᠭᠤᠷᠢ ᠶᠢ ᠪᠠᠲᠣ ᠲᠠᠯᠪᠢᠨ᠎ᠠ᠃ ᠣᠷᠢᠳᠴᠢᠯᠡᠨ ᠰᠡᠷᠭᠡᠶᠢᠯᠡᠬᠦ ᠪᠠ ᠵᠠᠯᠬᠠᠭᠠᠨ ᠰᠢᠳᠭᠡᠬᠦ ᠶᠢ ᠵᠡᠷᠭᠡᠪᠡᠷ ᠴᠢᠬᠤᠯᠠᠴᠢᠯᠠᠬᠰᠠᠨ ᠬᠦᠯ ᠪᠦᠮᠪᠦᠭᠡ ᠶᠢᠨ ᠬᠠᠣᠯᠢᠵᠢᠯ ᠤᠨ ᠬᠦᠮᠦᠵᠢᠯ ᠤᠨ ᠲᠣᠬᠲᠠᠯᠴᠠᠭ᠎ᠠ᠂ ᠬᠠᠣᠯᠢ ᠬᠡᠷᠡᠭᠵᠢᠬᠦᠯᠬᠦ ᠪᠠ ᠬᠢᠨᠠᠯᠲᠠ ᠲᠠᠯᠪᠢᠬᠤ ᠲᠣᠬᠲᠠᠯᠴᠠᠭ᠎ᠠ ᠶᠢ ᠪᠣᠢ ᠪᠣᠯᠭᠠᠵᠦ᠂ ᠲᠦᠪ ᠭᠤᠣᠯᠴᠢ ᠢᠯᠠ ᠲᠣᠲᠣ ᠬᠠᠣᠯᠢ ᠪᠠᠷ ᠵᠠᠰᠠᠬᠤ ᠣᠷᠴᠢᠨ ᠲᠣᠭᠤᠷᠢᠨ ᠢ  ᠪᠤᠢ ᠪᠤᠯᠭᠠᠨ᠎ᠠ᠃       ︵ᠲᠦᠴᠢ ᠶᠢᠰᠦ︶ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ︔ ᠣᠯᠠᠨ ᠲᠦᠮᠡᠨ ᠳᠤ ᠬᠦᠯ ᠪᠦᠮᠪᠦᠭᠡ ᠶᠢᠨ ᠣᠲᠣᠬᠢ ᠪᠠᠶᠢᠲᠠᠯ ᠢ ᠪᠣᠰᠣᠳᠴᠢ ᠪᠠᠷ ᠣᠬᠠᠭᠤᠯᠣᠨ ᠵᠢᠯᠣᠭᠤᠳᠴᠦ᠂ ᠵᠣᠬᠢᠰᠲᠠᠢ ᠣᠷᠢᠳᠴᠢᠯᠠᠬᠰᠠᠨ ᠬᠤᠭᠤᠴᠠᠭ᠎ᠠ ᠶᠢ ᠪᠠᠶᠢᠭᠤᠯᠣᠨ᠂ ᠢᠯᠠᠵᠦ ᠢᠯᠠᠬᠲᠠᠬᠤ ᠳᠤ ᠣᠶᠣᠨᠯᠢᠬ ᠢᠶᠠᠷ ᠬᠠᠨᠲᠣᠨ᠎ᠠ ᠃ ᠬᠦᠯ ᠪᠦᠮᠪᠦᠭᠡ ᠶᠢᠨ ᠣᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠬᠦᠳᠴᠦ᠂ ᠬᠦᠯ ᠪᠦᠮᠪᠦᠭᠡ ᠳᠤ ᠬᠤᠯᠪᠣᠬᠲᠠᠬᠰᠠᠨ ᠰᠣᠨᠢᠨ ᠮᠡᠲᠡᠭᠡ ᠶᠢᠨ ᠬᠠᠮᠢᠶᠠᠷᠣᠯᠲᠠ ᠪᠣᠯᠣᠨ ᠶᠠᠷᠢᠶ᠎ᠠ ᠬᠡᠯᠡᠯᠴᠡᠭᠡᠨ ᠤ ᠣᠲᠣᠷᠢᠲᠣᠮᠵᠢ ᠶᠢᠨ ᠠᠵᠢᠯ ᠢ ᠴᠢᠩᠭᠠᠳᠬᠠᠵᠦ᠂ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠬᠠᠮᠲᠣ ᠶᠢᠨ ᠲᠠᠨᠢᠯᠲᠠ ᠶᠢ ᠬᠠᠮᠤᠬ ᠤᠨ ᠶᠡᠭᠡ ᠬᠡᠮᠵᠢᠶ᠎ᠡ ᠪᠠᠷ ᠨᠢᠬᠲᠠᠷᠠᠭᠤᠯᠣᠨ᠎ᠠ᠃       ︵ᠲᠠᠪᠢ︶ ᠨᠡᠶᠢᠲᠡᠯᠢᠭ ᠵᠢᠱᠢᠶ᠎ᠠ ᠶᠢᠨ ᠲᠠᠶᠢᠴᠢᠯᠠᠨ ᠲᠠᠭᠠᠭᠤᠯᠬᠤ ᠦᠢᠯᠡᠲᠦᠯ ᠢ ᠪᠠᠲᠠᠷᠠᠭᠤᠯᠣᠨ᠎ᠠ︔ ᠬᠦᠯ ᠪᠦᠮᠪᠦᠭᠡ ᠶᠢᠨ ᠰᠠᠭᠤᠷᠢ ᠨᠦᠬᠦᠴᠡᠯ ᠰᠠᠶᠢᠨ᠂ ᠬᠦᠯ ᠪᠦᠮᠪᠦᠭᠡ ᠶᠢ ᠬᠦᠭᠵᠢᠬᠦᠯᠬᠦ ᠨᠦᠬᠦᠴᠡᠯ ᠰᠠᠶᠢᠨ᠂ ᠠᠵᠢᠯ ᠤᠨ ᠢᠲᠡᠪᠬᠢᠵᠢᠯ ᠦᠨᠳᠦᠷ ᠨᠢᠭᠡ ᠪᠦᠯᠦᠭ ᠭᠠᠵᠠᠷ ᠣᠷᠣᠨ ᠪᠣᠯᠣᠨ ᠬᠤᠲᠠ ᠶᠢ ᠰᠣᠩᠭᠤᠵᠦ᠂ ᠲᠡᠮᠵᠢᠬᠦ ᠪᠠ ᠵᠢᠯᠣᠭᠤᠲᠣᠯᠭ᠎ᠠ ᠪᠠᠨ ᠴᠢᠩᠭᠠᠳᠬᠠᠵᠦ᠂ ᠬᠦᠯ ᠪᠦᠮᠪᠦᠭᠡ ᠶᠢᠨ ᠦᠭᠡᠷᠡᠴᠢᠯᠡᠯᠲᠡ ᠬᠦᠭᠵᠢᠯᠲᠡ ᠶᠢᠨ ᠨᠡᠶᠢᠲᠡᠯᠢᠭ ᠲᠣᠷᠰᠢᠯᠭ᠎ᠠ ᠪᠠᠨ ᠳ᠋ᠦᠩᠨᠡᠨ ᠲᠡᠯᠭᠡᠷᠡᠬᠦᠯᠵᠦ᠂ ᠴᠢᠬ ᠢᠶᠠᠷ ᠲᠠᠯ᠎ᠠ ᠶᠢ ᠲᠠᠶᠢᠴᠢᠯᠠᠨ ᠬᠦᠯ ᠪᠦᠮᠪᠦᠭᠡ ᠶᠢᠨ ᠬᠦᠭᠵᠢᠯᠲᠡ ᠶᠢ ᠠᠬᠢᠭᠤᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号