ᠲᠦᠷᠦ ᠶᠢᠨ ᠶᠠᠪᠣᠲᠠᠯ ᠤᠨ ᠬᠤᠷᠢᠶ᠎ᠠ ᠶᠢᠨ ᠠᠯᠪᠠᠨ ᠲᠢᠩᠬᠢᠮ ᠡᠴᠡᠲ᠋ᠠᠷᠬᠠᠭᠠᠬᠰᠠᠨ ︹2016︺ 27 ᠳ᠋ᠤᠭᠠᠷ | ᠲᠤᠭᠠᠲᠤ ᠪᠢᠴᠢᠭ ᠮᠠᠲ᠋ᠧᠷᠢᠶᠠᠯ | | ᠡᠯ᠎ᠠ ᠮᠣᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠬ ᠤᠨ ᠣᠷᠲᠣᠨ᠂ | ᠲᠦᠷᠦ ᠶᠢᠨ ᠶᠠᠪᠣᠲᠠᠯ ᠤᠨ ᠬᠤᠷᠢᠶ᠎ᠠ ᠶᠢᠨ ᠡᠯ᠎ᠠ ᠶᠠᠮᠣᠨ ᠵᠦᠪᠯᠡᠯ᠂ ᠡᠯ᠎ᠠ ᠰᠢᠭᠤᠳ ᠬᠠᠷᠢᠶ᠎ᠠ ᠪᠠᠶᠢᠭᠤᠯᠣᠮᠵᠢ᠄ | ᠰᠣᠷᠭᠠᠭᠤᠯᠢ ᠶᠢᠨ ᠪᠡᠶ᠎ᠡ ᠶᠢᠨ ᠲᠠᠮᠢᠷ ᠢ ᠴᠢᠩᠭᠠᠳᠬᠠᠬᠤ ᠪᠣᠯ ᠬᠡᠪ ᠴᠢᠨᠠᠷ ᠤᠨ ᠰᠣᠷᠭᠠᠨ ᠬᠦᠮᠦᠵᠢᠯ ᠢ | ᠬᠡᠷᠡᠭᠵᠢᠬᠦᠯᠵᠦ᠂ ᠰᠣᠷᠣᠬᠴᠢᠳ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ ᠴᠢᠬᠤᠯᠠ ᠠᠷᠭ᠎ᠠ | ᠵᠠᠮ ᠪᠠᠶᠢᠵᠦ᠂ ᠰᠣᠷᠭᠠᠨ ᠬᠦᠮᠦᠵᠢᠯ ᠤᠨ ᠣᠲᠣᠬᠢᠴᠢᠯᠠᠯᠲᠠ ᠶᠢ ᠠᠬᠢᠭᠤᠯᠵᠦ᠂ ᠡᠷᠡᠬᠦᠯ ᠴᠢᠬᠢᠷᠠᠬ ᠲᠣᠮᠲᠠᠲᠣ ᠣᠯᠣᠰ | ᠪᠠ ᠬᠦᠮᠦᠨ ᠤ ᠡᠬᠢ ᠪᠠᠶᠠᠯᠢᠬ ᠤᠨ ᠬᠦᠴᠦᠷᠭᠡᠭ ᠣᠯᠣᠰ ᠢ ᠪᠠᠶᠢᠭᠤᠯᠵᠦ᠂ ᠲᠣᠮᠲᠠᠲᠣ ᠶᠢᠨ ᠦᠨᠳᠦᠰᠦᠲᠡᠨ ᠤ ᠠᠭᠤᠣ | ᠶᠡᠭᠡ ᠰᠡᠷᠬᠦᠨ ᠮᠠᠨᠲᠣᠯᠲᠠ ᠶᠢᠨ ᠲᠣᠮᠲᠠᠲᠣ ᠶᠢᠨ ᠮᠦᠷᠦᠭᠡᠳᠦᠯ ᠢ ᠪᠡᠶᠡᠯᠡᠬᠦᠯᠬᠦ ᠳᠤ ᠴᠢᠬᠤᠯᠠ ᠠᠴᠢ ᠬᠤᠯᠪᠣᠬᠲᠠᠯ ᠲᠠᠢ | ᠪᠢᠯᠡ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠲᠠᠯ ᠤᠨ ᠬᠤᠷᠢᠶ᠎ᠠ᠂ ᠰᠣᠷᠭᠠᠭᠤᠯᠢ ᠶᠢᠨ ᠪᠡᠶ᠎ᠡ ᠶᠢᠨ ᠲᠠᠮᠢᠷ ᠢ | ᠲᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠᠲᠣᠭᠠᠷ ᠪᠦᠬᠦᠲᠡ ᠬᠤᠷᠠᠯ ᠠᠴᠠ ᠪᠡᠶ᠎ᠡ ᠶᠢᠨ ᠲᠠᠮᠢᠷ ᠤᠨ ᠬᠢᠴᠢᠶᠡᠯ ᠪᠠ ᠬᠢᠴᠢᠶᠡᠯ ᠤᠨ ᠭᠠᠲᠠᠨᠠᠬᠢ ᠪᠣᠯᠪᠠᠰᠣᠷᠠᠯ ᠢ | ᠴᠢᠩᠭᠠᠳᠬᠠᠬᠤ ᠴᠢᠬᠤᠯᠠ ᠪᠠᠶᠢᠷᠢᠯᠠᠭᠤᠯᠣᠯᠲᠠ ᠬᠢᠵᠦ᠂ ᠲᠦᠷᠦ ᠶᠢᠨ ᠶᠠᠪᠣᠲᠠᠯ ᠤᠨ ᠬᠤᠷᠢᠶ᠎ᠠ ᠠᠴᠠ ᠰᠣᠷᠭᠠᠭᠤᠯᠢ ᠶᠢᠨ | ᠪᠡᠶ᠎ᠡ ᠶᠢᠨ ᠲᠠᠮᠢᠷ ᠢ ᠴᠢᠩᠭᠠᠳᠬᠠᠬᠤ ᠲᠣᠬᠠᠢ ᠲᠣᠲᠣᠷᠬᠠᠢ ᠱᠠᠭᠠᠷᠲᠠᠯᠭ᠎ᠠ ᠲᠣᠷᠠᠳᠴᠠᠢ᠃ ᠣᠶᠢᠷ᠎ᠠ ᠶᠢᠨ ᠵᠢᠯ ᠠᠴᠠ | ᠨᠠᠰᠢ᠂ ᠡᠯ᠎ᠠ ᠭᠠᠵᠠᠷ ᠣᠷᠣᠨ᠂ ᠡᠯ᠎ᠠ ᠰᠠᠯᠠᠭ᠎ᠠ ᠮᠦᠴᠢᠷ ᠲᠠᠰᠣᠷᠠᠯᠲᠠ ᠦᠭᠡᠢ ᠲᠦᠷᠦ ᠶᠢᠨ ᠪᠣᠲᠣᠯᠭ᠎ᠠ ᠠᠷᠭ᠎ᠠ | ᠬᠡᠮᠵᠢᠶ᠎ᠡ ᠲᠣᠬᠲᠠᠭᠠᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠢ ᠲᠦᠷᠭᠡᠳᠭᠡᠨ ᠠᠬᠢᠭᠤᠯᠵᠦ᠂ ᠨᠠᠷᠠᠨ ᠬᠡᠷᠡᠯᠲᠦ | ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠦᠨ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠢᠲᠡᠪᠬᠢᠲᠡᠢ | ᠠᠬᠢᠭᠤᠯᠣᠬᠰᠠᠨ ᠪᠠᠶᠢᠢᠨ᠎ᠠ᠃ ᠭᠡᠪᠡᠴᠦ ᠶᠡᠷᠦᠩᠭᠡᠢ ᠲᠠᠯ᠎ᠠ ᠠᠴᠠ ᠨᠢ ᠦᠵᠡᠪᠡᠯ᠂ ᠰᠣᠷᠭᠠᠭᠤᠯᠢ ᠶᠢᠨ ᠪᠡᠶ᠎ᠡ ᠶᠢᠨ ᠲᠠᠮᠢᠷ | ᠨᠢ ᠮᠦᠨᠬᠦ ᠪᠦᠬᠦᠶᠢᠯᠡ ᠰᠣᠷᠭᠠᠨ ᠬᠦᠮᠦᠵᠢᠯ ᠤᠨ ᠦᠢᠯᠡᠰ ᠤᠨ ᠬᠠᠷᠢᠴᠠᠩᠭᠤᠢ ᠪᠠᠭᠤᠷᠠᠢ ᠭᠤᠬᠴᠤᠭ᠎ᠠ ᠪᠠᠶᠢᠵᠦ᠂ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠬᠤᠯᠠ ᠴᠢᠨᠠᠷ ᠤᠨ ᠲᠣᠬᠠᠢ ᠦᠵᠡᠯᠲᠡ ᠲᠠᠨᠢᠯᠲᠠ ᠲᠣᠲᠠᠮᠠᠬ ᠪᠠᠶᠢᠵᠦ᠂ | ᠪᠡᠶ᠎ᠡ ᠶᠢᠨ ᠲᠠᠮᠢᠷ ᠤᠨ ᠬᠢᠴᠢᠶᠡᠯ ᠪᠣᠯᠣᠨ ᠬᠢᠴᠢᠶᠠᠯ ᠤᠨ ᠭᠠᠲᠠᠨᠠᠬᠢ ᠬᠦᠲᠡᠯᠭᠡᠭᠡᠨ ᠤ ᠴᠠᠬ ᠪᠠᠲᠣᠯᠠᠭ᠎ᠠ ᠦᠭᠡᠢ᠂ | ᠪᠡᠶ᠎ᠡ ᠶᠢᠨ ᠲᠠᠮᠢᠷ ᠤᠨ ᠪᠠᠭᠰᠢ ᠲᠣᠲᠠᠬᠲᠠᠵᠦ᠂ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠬᠦᠷᠦᠯᠴᠡᠬᠦ ᠦᠭᠡᠢ ᠵᠡᠷᠭᠡ | ᠠᠰᠠᠭᠤᠲᠠᠯ ᠲᠣᠪᠣᠶᠢᠮ᠎ᠠ ᠣᠷᠣᠰᠢᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠨᠠᠨ ᠦᠨᠡᠯᠡᠬᠦ ᠲᠣᠬᠲᠠᠴᠠ | ᠪᠠᠶᠢᠭᠤᠯᠬᠤ ᠶᠢ ᠪᠠᠴᠢᠮ ᠱᠠᠭᠠᠷᠲᠠᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠢ ᠲᠡᠮᠵᠢᠬᠦ ᠨᠡᠶᠢᠭᠡᠮ ᠤᠨ ᠬᠦᠴᠦᠨ | ᠬᠦᠷᠦᠯᠴᠡᠬᠦ ᠦᠭᠡᠢ᠂ ᠰᠣᠷᠣᠬᠴᠢᠳ ᠤᠨ ᠪᠡᠶ᠎ᠡ ᠮᠠᠬᠠᠪᠣᠳ ᠤᠨ ᠡᠷᠡᠬᠦᠯ ᠴᠢᠬᠢᠷᠠᠬ ᠤᠨ ᠲᠦᠪᠰᠢᠨ ᠮᠦᠨᠬᠦ | ᠰᠣᠷᠣᠬᠴᠢᠳ ᠤᠨ ᠬᠡᠪ ᠴᠢᠨᠠᠷ ᠤᠨ ᠢᠯᠡᠷᠭᠡᠢ ᠡᠮᠵᠡᠭ ᠲᠠᠯ᠎ᠠ ᠪᠠᠶᠢᠬᠰᠠᠭᠠᠷ᠃ ᠰᠣᠷᠭᠠᠭᠤᠯᠢ ᠶᠢᠨ ᠪᠡᠶ᠎ᠡ ᠶᠢᠨ | ᠲᠠᠮᠢᠷ ᠤᠨ ᠦᠭᠡᠷᠡᠴᠢᠯᠡᠯᠲᠡ ᠬᠦᠭᠵᠢᠯᠲᠡ ᠶᠢ ᠴᠢᠨᠠᠬᠰᠢᠲᠠ ᠲᠦᠯᠬᠢᠨ ᠠᠬᠢᠭᠤᠯᠵᠦ᠂ ᠰᠣᠷᠣᠬᠴᠢᠳ ᠤᠨ ᠪᠡᠶ᠎ᠡ | ᠰᠡᠳᠬᠢᠴᠡ ᠶᠢᠨ ᠡᠷᠡᠬᠦᠯ ᠰᠠᠷᠠᠭᠤᠯ᠂ ᠪᠡᠶ᠎ᠡ ᠮᠠᠬᠠᠪᠣᠳ ᠤᠨ ᠴᠢᠬᠢᠷᠠᠬ ᠢ ᠠᠬᠢᠭᠤᠯᠬᠤ ᠶᠢᠨ ᠲᠦᠯᠦᠭᠡ᠂ ᠲᠦᠷᠦ ᠶᠢᠨ | ᠶᠠᠪᠣᠲᠠᠯ ᠤᠨ ᠬᠤᠷᠢᠶ᠎ᠠ ᠪᠠᠷ ᠵᠦᠪᠰᠢᠶᠡᠷᠡᠬᠦᠯᠵᠦ᠂ ᠲᠣᠣᠷᠠᠬᠢ ᠮᠡᠲᠦ ᠰᠠᠨᠠᠯ ᠲᠣᠷᠠᠳᠪᠠ᠄ | ᠨᠢᠭᠡ᠂ ᠶᠡᠷᠦᠩᠭᠡᠢ ᠱᠠᠭᠠᠷᠲᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ︔ ᠨᠠᠮ ᠤᠨ ᠠᠷᠪᠠᠨ ᠨᠠᠶᠢᠮᠠᠲᠤᠭᠠᠷ ᠶᠡᠭᠡ ᠬᠤᠷᠠᠯ᠂ ᠠᠷᠪᠠᠨ | ᠨᠠᠶᠢᠮᠠᠲᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠲᠣᠭᠠᠷ᠂ ᠲᠦᠷᠪᠡᠲᠦᠭᠡᠷ᠂ ᠲᠠᠪᠣᠲᠣᠭᠠᠷ ᠪᠦᠬᠦᠲᠡ | ᠬᠤᠷᠠᠯ ᠪᠣᠯᠣᠨ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶ᠎ᠡ ᠨᠤᠭᠤᠳ ᠤᠨ ᠵᠣᠷᠢᠬ ᠰᠠᠨᠠᠭ᠎ᠠ ᠶᠢ ᠪᠦᠬᠦ | ᠲᠠᠯ᠎ᠠ ᠪᠠᠷ ᠲᠣᠭᠤᠰᠢᠯᠠᠭᠤᠯᠣᠨ ᠨᠠᠶᠢᠲᠠᠪᠣᠷᠢᠵᠢᠭᠤᠯᠵᠦ᠂ ᠨᠠᠮ ᠤᠨ ᠰᠣᠷᠭᠠᠨ ᠬᠦᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠣᠭᠤᠰᠢᠯᠠᠭᠤᠯᠵᠦ᠂ ︽ᠣᠯᠣᠰ ᠤᠨ ᠲᠣᠮᠲᠠ ᠣᠷᠲᠣ ᠬᠤᠭᠤᠴᠠᠭᠠᠨ ᠤ ᠰᠣᠷᠭᠠᠨ ᠬᠦᠮᠦᠵᠢᠯ ᠤᠨ | ᠦᠭᠡᠷᠡᠴᠢᠯᠡᠯᠲᠡ ᠬᠢᠭᠡᠳ ᠬᠦᠭᠵᠢᠯᠲᠡ ᠶᠢᠨ ᠲᠦᠯᠦᠪᠵᠢᠬᠦᠯᠭᠡ ᠶᠢᠨ ᠬᠦᠲᠦᠯᠪᠦᠷᠢ ︵2010 — 2020︶︾ | ᠶᠢᠨ ᠱᠠᠭᠠᠷᠲᠠᠯᠭ᠎ᠠ ᠶᠣᠰᠣᠭᠠᠷ ︽ᠡᠳᠦᠷ ᠪᠦᠷᠢ ᠪᠣᠯᠪᠠᠰᠣᠷᠠᠵᠦ᠂ ᠡᠷᠡᠬᠦᠯ ᠢᠶᠠᠷ ᠦᠰᠦᠨ ᠪᠣᠶᠢᠵᠢᠵᠦ᠂ ᠨᠠᠰᠣᠨ | ᠲᠣᠷᠰᠢ ᠠᠰᠢᠬ ᠬᠦᠷᠲᠡᠬᠦ︾ ᠪᠠᠷ ᠬᠠᠷᠠᠯᠲᠠ ᠪᠣᠯᠭᠠᠵᠦ᠂ ᠲᠣᠬᠲᠠᠴᠠ ᠪᠠᠶᠢᠭᠤᠯᠣᠮᠵᠢ ᠶᠢ ᠦᠭᠡᠷᠡᠴᠢᠯᠡᠨ ᠰᠢᠨᠡᠴᠢᠯᠡᠵᠦ᠂ | ᠪᠡᠶ᠎ᠡ ᠶᠢᠨ ᠲᠠᠮᠢᠷ ᠤᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ | ᠰᠣᠷᠣᠬᠴᠢᠳ ᠤᠨ ᠬᠡᠪ ᠪᠣᠯᠪᠠᠰᠣᠷᠠᠯ ᠢ ᠪᠦᠷᠢᠨᠰᠢᠬᠦᠯᠵᠦ᠂ ᠨᠡᠶᠢᠢᠭᠡᠮ ᠵᠢᠷᠣᠮ ᠤᠨ ᠭᠤᠣᠯᠯᠠᠬᠤ ᠦᠷᠲᠡᠭ ᠤᠨ | ᠦᠵᠡᠯᠲᠡ ᠶᠢ ᠬᠦᠮᠦᠵᠢᠬᠦᠯᠦᠨ ᠦᠢᠯᠡᠲᠦᠯᠭᠡᠵᠢᠬᠦᠯᠬᠦ᠂ ᠬᠡᠪ ᠴᠢᠨᠠᠷ ᠤᠨ ᠰᠣᠷᠭᠠᠨ ᠬᠦᠮᠦᠵᠢᠯ ᠢ ᠠᠬᠢᠭᠤᠯᠬᠤ | ᠶᠠᠪᠣᠴᠠ ᠳᠠᠬᠢ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠦᠢᠯᠡᠲᠦᠯ ᠢ ᠦᠨᠡᠨᠬᠦ ᠪᠠᠲᠠᠷᠠᠭᠤᠯᠵᠦ᠂ ᠶᠣᠰᠣ ᠮᠣᠷᠠᠯ | ᠣᠶᠣᠨ ᠣᠬᠠᠭᠠᠨ ᠪᠡᠶ᠎ᠡ ᠮᠠᠬᠠᠪᠣᠳ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ ᠵᠢᠷᠣᠮ ᠤᠨ ᠪᠦᠲᠦᠭᠡᠨ | ᠪᠠᠶᠢᠭᠤᠯᠣᠬᠴᠢᠳ ᠪᠠ ᠵᠠᠯᠭᠠᠮᠵᠢᠯᠠᠬᠴᠢᠳ ᠢ ᠬᠦᠮᠦᠵᠢᠬᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠬᠢᠴᠢᠶᠠᠯ ᠤᠨ ᠲᠠᠩᠬᠢᠮ ᠤᠨ ᠵᠢᠭᠠᠨ ᠰᠣᠷᠭᠠᠯᠲᠠ ᠪᠠ ᠬᠢᠴᠢᠶᠠᠯ ᠤᠨ ᠭᠠᠲᠠᠨᠠᠬᠢ ᠬᠦᠲᠡᠯᠭᠡᠭᠡᠨ ᠢ ᠬᠠᠷᠢᠯᠴᠠᠨ | ᠣᠶᠠᠯᠲᠣᠭᠤᠯᠬᠤ ᠶᠢ ᠪᠠᠷᠢᠮᠲᠠᠯᠠᠨ᠎ᠠ᠃ ᠬᠢᠴᠢᠶᠡᠯᠯᠡᠭᠡ ᠶᠢᠨ ᠴᠠᠬ ᠢ ᠪᠠᠲᠣᠯᠠᠵᠦ᠂ ᠬᠢᠴᠢᠶᠡᠯ ᠤᠨ ᠲᠠᠩᠬᠢᠮ ᠤᠨ ᠵᠢᠭᠠᠨ | ᠰᠣᠷᠭᠠᠯᠲᠠ ᠶᠢᠨ ᠦᠷ᠎ᠡ ᠪᠦᠲᠦᠭᠡᠯ ᠢ ᠲᠡᠭᠡᠭᠰᠢᠯᠡᠬᠦᠯᠵᠦ᠂ ᠬᠢᠴᠢᠶᠡᠯ ᠤᠨ ᠭᠠᠲᠠᠨᠠᠬᠢ ᠪᠣᠯᠪᠠᠰᠣᠷᠠᠯ ᠪᠠ ᠰᠢᠨᠵᠢᠯᠡᠬᠦ | ᠣᠬᠠᠭᠠᠨᠴᠢ ᠪᠣᠯᠪᠠᠰᠣᠷᠠᠯ ᠤᠨ ᠵᠢᠯᠣᠭᠤᠲᠣᠯᠭ᠎ᠠ ᠶᠢ ᠴᠢᠩᠭᠠᠳᠬᠠᠵᠦ᠂ ᠭᠡᠷ ᠪᠦᠯᠢ᠂ ᠨᠡᠶᠢᠭᠡᠮ ᠪᠠ ᠨᠡᠶᠢᠭᠡᠮ ᠤᠨ | ᠵᠣᠬᠢᠶᠠᠨ ᠪᠠᠶᠢᠭᠤᠯᠣᠯᠲᠠ ᠶᠢᠨ ᠢᠲᠡᠪᠬᠢᠵᠢᠯ ᠢ ᠲᠠᠶᠢᠴᠢᠯᠠᠨ᠂ ᠰᠣᠷᠣᠬᠴᠢᠳ ᠤᠨ ᠡᠳᠦᠷ ᠪᠦᠷᠢ ᠨᠢᠭᠡ ᠴᠠᠬ | ᠪᠣᠯᠪᠠᠰᠣᠷᠠᠬᠤ ᠶᠢ ᠪᠠᠲᠣᠯᠠᠨ᠎ᠠ᠃ | ᠲᠣᠷ᠎ᠠ ᠰᠣᠨᠢᠷᠬᠠᠯ ᠢ ᠬᠦᠮᠦᠵᠢᠬᠦᠯᠬᠦ ᠪᠠ ᠮᠡᠷᠭᠡᠵᠢᠯ ᠲᠡᠭᠡᠭᠰᠢᠯᠡᠬᠦᠯᠬᠦ ᠶᠢ ᠬᠠᠷᠢᠯᠴᠠᠨ ᠠᠬᠢᠭᠤᠯᠬᠤ ᠶᠢ | ᠪᠠᠷᠢᠮᠲᠠᠯᠠᠨ᠎ᠠ᠃ ᠰᠣᠷᠭᠠᠨ ᠬᠦᠮᠦᠵᠢᠯ ᠬᠢᠭᠡᠳ ᠪᠡᠶ᠎ᠡ ᠶᠢᠨ ᠲᠠᠮᠢᠷ ᠤᠨ ᠵᠢᠮ᠎ᠠ ᠶᠣᠰᠣ ᠶᠢ ᠵᠢᠷᠣᠮᠯᠠᠨ᠂ ᠲᠣᠷ᠎ᠠ | ᠰᠣᠨᠢᠷᠬᠠᠯ ᠢᠶᠠᠷ ᠬᠦᠲᠦᠴᠢ ᠪᠣᠯᠭᠠᠨ᠂ ᠬᠤᠪᠢ ᠬᠦᠮᠦᠨ ᠳᠤᠨᠢ ᠲᠣᠬᠢᠷᠠᠭᠤᠯᠣᠨ ᠵᠢᠭᠠᠬᠤ ᠪᠠ ᠪᠠᠶᠠᠰᠣᠩᠭᠤᠢ | ᠣᠷᠣᠯᠴᠠᠯᠭ᠎ᠠ ᠶᠢ ᠴᠢᠬᠤᠯᠠᠴᠢᠯᠠᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠮᠡᠷᠭᠡᠰᠢᠯ ᠤᠨ ᠪᠤᠯᠪᠠᠰᠤᠷᠠᠯ ᠢ | ᠴᠢᠬᠤᠯᠠᠴᠢᠯᠠᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠬᠢᠷᠢ ᠲᠦᠪᠰᠢᠨ ᠢ ᠠᠭᠠᠵᠢᠮ ᠢᠶᠠᠷ ᠲᠡᠭᠡᠭᠰᠢᠯᠡᠬᠦᠯᠦᠨ᠂ | ᠰᠣᠷᠣᠬᠴᠢᠳ ᠤᠨ ᠨᠠᠰᠣᠨ ᠲᠣᠷᠰᠢᠲᠠ ᠪᠡᠶ᠎ᠡ ᠶᠢᠨ ᠲᠠᠮᠢᠷ ᠤᠨ ᠪᠣᠯᠪᠠᠰᠣᠷᠠᠯ ᠬᠢᠬᠦ ᠲᠠᠳᠬᠠᠯ ᠢ ᠬᠦᠮᠦᠵᠢᠬᠦᠯᠬᠦ ᠳᠤ | ᠰᠠᠭᠤᠷᠢ ᠲᠠᠯᠪᠢᠨ᠎ᠠ᠃ | ᠣᠯᠠᠨ ᠨᠡᠶᠢᠲᠡ ᠶᠢᠨ ᠠᠵᠢᠯᠯᠠᠭ᠎ᠠ ᠪᠠ ᠬᠦᠲᠡᠯᠭᠡᠭᠡᠨ ᠣᠷᠣᠯᠲᠣᠭᠠᠨ ᠢ ᠬᠠᠷᠢᠯᠴᠠᠨ ᠵᠣᠬᠢᠴᠠᠭᠤᠯᠬᠤ ᠶᠢ | ᠪᠠᠷᠢᠮᠲᠠᠯᠠᠨ᠎ᠠ᠃ ᠪᠦᠬᠦ ᠰᠣᠷᠣᠬᠴᠢᠳ ᠲᠤ ᠬᠠᠨᠲᠣᠭᠤᠯᠣᠨ ᠲᠦᠭᠡᠮᠡᠯ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠦᠷᠭᠡᠨ ᠢᠶᠠᠷ ᠦᠷᠨᠢᠬᠦᠯᠵᠦ᠂ ᠬᠢᠴᠢᠶᠡᠯ ᠤᠨ ᠵᠠᠪᠰᠠᠷᠠᠯᠭᠠ ᠶᠢᠨ ᠪᠣᠯᠪᠠᠰᠣᠷᠠᠯ ᠪᠣᠯᠣᠨ ᠬᠦᠲᠡᠯᠭᠡᠭᠡᠨ ᠣᠷᠣᠯᠲᠣᠭᠠᠨ ᠢ | ᠠᠯᠬᠤᠮ ᠲᠠᠷᠠᠭ᠎ᠠ ᠲᠠᠢ ᠦᠷᠨᠢᠬᠦᠯᠵᠦ᠂ ᠪᠡᠶ᠎ᠡ ᠶᠢᠨ ᠲᠠᠮᠢᠷ ᠤᠨ ᠨᠦᠭᠡᠴᠡ ᠴᠢᠲᠠᠪᠣᠷᠢᠲᠠᠨ ᠢ ᠢᠲᠡᠪᠬᠢᠲᠡᠢ | ᠬᠦᠮᠦᠵᠢᠬᠦᠯᠵᠦ᠂ ᠰᠣᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠰᠣᠶᠣᠯ ᠢ ᠪᠣᠢ ᠪᠣᠯᠭᠠᠨ ᠰᠣᠷᠣᠬᠴᠢᠳ ᠤᠨ | ᠪᠡᠶ᠎ᠡ ᠶᠢᠨ ᠲᠠᠮᠢᠷ ᠤᠨ ᠬᠡᠪ ᠪᠣᠯᠪᠠᠰᠣᠷᠠᠯ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ᠪᠦᠬᠦ ᠲᠠᠯ᠎ᠠ ᠪᠠᠷ ᠠᠬᠢᠭᠤᠯᠬᠤ ᠪᠠ ᠲᠦᠷᠦᠯ ᠬᠤᠪᠢᠶᠠᠨ ᠵᠢᠯᠣᠭᠤᠳᠬᠤ ᠶᠢ ᠬᠠᠷᠢᠯᠴᠠᠨ ᠣᠶᠠᠯᠲᠣᠭᠤᠯᠬᠤ ᠶᠢ | ᠪᠠᠷᠢᠮᠲᠠᠯᠠᠨ᠎ᠠ᠃ ᠵᠠᠰᠠᠬ ᠤᠨ ᠣᠷᠲᠣᠨ ᠤ ᠡᠬᠦᠷᠭᠡ ᠬᠠᠷᠢᠭᠤᠴᠠᠯᠭ᠋ ᠠ ᠶᠢ ᠴᠢᠩᠭᠠᠳᠬᠠᠵᠦ᠂ ᠦᠨᠳᠦᠰᠨ | ᠪᠠᠷᠢᠮᠵᠢᠶ᠎ᠠ ᠶᠢ ᠨᠢᠭᠡᠲᠦᠬᠦᠯᠦᠨ᠂ ᠭᠠᠵᠠᠷ ᠣᠷᠣᠨ ᠪᠠ ᠰᠣᠷᠭᠠᠭᠤᠯᠢ ᠶᠢᠨ ᠪᠠᠶᠢᠲᠠᠯ ᠳᠠᠭᠠᠨ ᠲᠣᠬᠢᠷᠠᠭᠤᠯᠣᠨ | ᠢᠲᠡᠪᠬᠢᠲᠡᠢ ᠯᠠᠪᠲᠠᠭᠤᠨ ᠪᠠᠲᠣᠲᠠᠢ ᠠᠬᠢᠭᠤᠯᠵᠦ᠂ ᠦᠨᠳᠦᠰᠦᠲᠡᠨ ᠤ ᠣᠨᠴᠠᠯᠢᠬ ᠪᠣᠯᠣᠨ ᠣᠷᠣᠨ ᠨᠣᠲᠤᠬ ᠤᠨ | ᠣᠯᠠᠮᠵᠢᠯᠠᠯ ᠵᠠᠩᠰᠢᠯ ᠢ ᠦᠨᠳᠦᠰᠦᠯᠡᠵᠦ᠂ ᠰᠢᠨ᠎ᠡ ᠶᠢ ᠡᠬᠦᠲᠦᠨ ᠬᠠᠶᠢᠨ ᠰᠦᠪᠡᠭᠴᠢᠯᠡᠬᠦ ᠶᠢ ᠵᠣᠷᠢᠬᠵᠢᠭᠤᠯᠵᠦ᠂ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠠᠵᠢᠯ ᠤᠨ ᠬᠠᠷᠠᠯᠲᠠ | 2020 ᠤᠨ ᠪᠣᠯᠬᠤ ᠳᠤ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠰᠣᠷᠭᠠᠭᠤᠯᠢ ᠡᠷᠬᠢᠯᠡᠬᠦ ᠨᠦᠬᠦᠴᠡᠯ ᠢ | ᠶᠡᠷᠦᠩᠭᠡᠢ ᠲᠡᠭᠡᠷ᠎ᠡ ᠪᠠᠨ ᠣᠯᠣᠰ ᠤᠨ ᠪᠡᠷᠢᠮᠵᠢᠶ᠎ᠠ ᠳᠤ ᠬᠦᠷᠭᠡᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ | ᠪᠣᠯᠣᠨ ᠪᠣᠯᠪᠠᠰᠣᠷᠠᠯ ᠤᠨ ᠴᠠᠬ ᠢ ᠦᠨᠡᠨᠬᠦ ᠪᠠᠲᠣᠯᠠᠵᠦ᠂ ᠵᠢᠭᠠᠨ ᠰᠣᠷᠭᠠᠯᠲᠠ᠂ ᠪᠣᠯᠪᠠᠰᠣᠷᠠᠯ ᠪᠠ ᠮᠦᠷᠦᠶᠢᠴᠡᠭᠡᠨ ᠤ | ᠲᠣᠬᠲᠠᠯᠴᠠᠭ᠎ᠠ ᠶᠢ ᠦᠨᠳᠦᠰᠦᠨ ᠳᠡᠭᠡᠨ ᠪᠦᠷᠢᠯᠲᠦᠬᠦᠯᠵᠦ᠂ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ ᠶᠢᠨ ᠴᠢᠨᠠᠷ | ᠴᠢᠨᠰᠠᠭ᠎ᠠ ᠶᠢ ᠮᠡᠲᠡᠭᠲᠡᠮ᠎ᠡ ᠲᠡᠭᠡᠭᠰᠢᠯᠡᠬᠦᠯᠦᠨ᠎ᠡ︔ ᠰᠣᠷᠣᠬᠴᠢᠳ ᠤᠨ ᠪᠡᠶ᠎ᠡ ᠶᠢᠨ ᠲᠠᠮᠢᠷ ᠤᠨ ᠪᠣᠯᠪᠠᠰᠣᠷᠠᠯ ᠤᠨ | ᠲᠠᠳᠬᠠᠯ ᠢ ᠦᠨᠳᠦᠰᠦᠨ ᠳᠡᠭᠡᠨ ᠪᠦᠷᠢᠯᠲᠦᠬᠦᠯᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠮᠡᠷᠭᠡᠰᠢᠯ ᠪᠠ | ᠮᠠᠬᠠᠪᠣᠳ ᠤᠨ ᠡᠷᠡᠬᠦᠯ ᠴᠢᠬᠢᠷᠠᠬ ᠤᠨ ᠲᠦᠪᠰᠢᠨ ᠢᠯᠡᠷᠭᠡᠢ ᠲᠡᠭᠡᠭᠰᠢᠯᠡᠵᠦ᠂ ᠲᠦᠷᠢᠮ ᠤᠨ ᠣᠬᠠᠮᠰᠠᠷ᠂ ᠬᠠᠮᠲᠣᠷᠠᠨ | ᠠᠵᠢᠯᠯᠠᠬᠤ ᠵᠣᠷᠢᠬ ᠰᠠᠨᠠᠭ᠎ᠠ ᠪᠠ ᠬᠠᠲᠠᠭᠤᠵᠢᠨ ᠲᠠᠪᠲᠠᠬᠤ ᠵᠣᠷᠢᠬ ᠰᠠᠨᠠᠭ᠎ᠠ ᠶᠢ ᠮᠡᠲᠡᠭᠲᠡᠮ᠎ᠡ ᠴᠢᠩᠭᠠᠷᠠᠭᠤᠯᠣᠨ᠎ᠠ︔ | ᠵᠠᠰᠠᠬ ᠤᠨ ᠣᠷᠲᠣᠨ ᠠᠴᠠ ᠭᠤᠣᠯᠯᠠᠨ ᠣᠲᠣᠷᠢᠳᠴᠦ᠂ ᠰᠠᠯᠠᠭ᠎ᠠ ᠮᠦᠴᠢᠷ ᠬᠠᠮᠲᠣᠷᠠᠨ ᠠᠵᠢᠯᠠᠯᠵᠦ᠂ ᠨᠡᠶᠢᠭᠡᠮ | ᠲᠠᠶᠠᠭᠠᠷ ᠣᠷᠣᠯᠴᠠᠬᠰᠠᠨ ᠰᠣᠷᠭᠠᠭᠤᠯᠢ ᠶᠢᠨ ᠪᠡᠶ᠎ᠡ ᠶᠢᠨ ᠲᠠᠮᠢᠷ ᠢ ᠠᠬᠢᠭᠤᠯᠬᠤ ᠲᠣᠬᠲᠠᠴᠠ ᠶᠢ ᠴᠢᠨᠠᠬᠰᠢᠲᠠ | ᠲᠡᠬᠦᠯᠲᠡᠷᠵᠢᠬᠦᠯᠵᠦ᠂ ᠲᠤᠭᠲᠠᠯᠴᠠᠭ᠎ᠠ ᠪᠦᠷᠢᠨ᠂ ᠲᠦᠷᠢᠮ ᠲᠣᠬᠲᠠᠭᠠᠯ ᠲᠡᠬᠦᠯᠲᠡᠷᠵᠢᠭᠰᠡᠨ᠂ ᠠᠮᠢᠵᠢᠷᠠᠯ ᠤᠨ | ᠬᠦᠴᠦᠨ ᠪᠢᠯᠬᠠᠮ᠎ᠠ᠂ ᠪᠣᠲᠠᠲᠣ ᠦᠷ᠎ᠡ ᠪᠦᠲᠦᠮᠵᠢ ᠶᠢ ᠡᠷᠬᠢᠮᠯᠡᠭᠰᠡᠨ ᠲᠣᠮᠲᠠᠲᠣ ᠣᠯᠣᠰ ᠤᠨ ᠣᠨᠴᠠᠯᠢᠬ ᠪᠦᠬᠦᠢ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠲᠦᠬᠦᠯᠦᠨ᠎ᠡ᠃ | ᠬᠤᠶᠠᠷ᠂ ᠵᠢᠭᠠᠨ ᠰᠣᠷᠭᠠᠯᠲᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠪᠡᠶ᠎ᠡ ᠶᠢᠨ ᠲᠠᠮᠢᠷ ᠤᠨ | ᠬᠢᠴᠢᠶᠡᠯ ᠪᠠ ᠬᠢᠴᠢᠶᠡᠯ ᠤᠨ ᠭᠠᠲᠠᠨᠠᠬᠢ ᠪᠣᠯᠪᠠᠰᠣᠷᠠᠯ ᠢ ᠴᠢᠩᠭᠠᠳᠬᠠᠨ᠎ᠠ | ︵ᠲᠦᠷᠪᠡ︶ ᠪᠡᠶ᠎ᠡ ᠶᠢᠨ ᠲᠠᠮᠢᠷ ᠤᠨ ᠬᠢᠴᠢᠶᠡᠯ ᠢ ᠲᠡᠬᠦᠯᠲᠡᠷᠵᠢᠬᠦᠯᠦᠨ᠎ᠡ᠃ ᠰᠣᠷᠣᠬᠴᠢᠳ ᠤᠨ ᠲᠣᠷ᠎ᠠ | ᠰᠣᠨᠢᠷᠬᠠᠯ ᠢ ᠪᠣᠢ ᠪᠣᠯᠭᠠᠬᠤ᠂ ᠪᠣᠯᠪᠠᠰᠣᠷᠠᠯ ᠤᠨ ᠲᠠᠳᠬᠠᠯ ᠢ ᠬᠦᠮᠦᠵᠢᠬᠦᠯᠬᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ | ᠣᠷ᠎ᠠ ᠮᠡᠷᠭᠡᠰᠢᠯ ᠢ ᠡᠵᠡᠮᠰᠢᠬᠦ᠂ ᠰᠣᠷᠣᠬᠴᠢᠳ ᠤᠨ ᠪᠡᠶ᠎ᠡ ᠮᠠᠬᠠᠪᠣᠳ ᠢ ᠰᠠᠶᠢᠵᠢᠷᠠᠭᠤᠯᠬᠤ ᠪᠠᠷ ᠭᠤᠣᠯ ᠰᠢᠵᠢᠮ | ᠪᠣᠯᠭᠠᠨ᠂ ᠣᠯᠣᠰ ᠤᠨ ᠪᠡᠶ᠎ᠡ ᠶᠢᠨ ᠲᠠᠮᠢᠷ ᠬᠢᠭᠡᠳ ᠡᠷᠡᠬᠦᠯ ᠮᠡᠨᠲᠦ ᠶᠢᠨ ᠬᠢᠴᠢᠶᠡᠯ ᠤᠨ ᠪᠠᠷᠢᠮᠵᠢᠶ᠎ᠠ ᠶᠢ | ᠲᠡᠬᠦᠯᠲᠡᠷᠵᠢᠬᠦᠯᠵᠦ᠂ ᠶᠡᠭᠡ ᠲᠣᠮᠲᠠ ᠪᠠᠭ᠎ᠠ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠣᠶᠠᠯᠲᠣᠯ ᠤᠨ | ᠲᠣᠬᠲᠠᠯᠴᠠᠭ᠎ᠠ ᠶᠢ ᠪᠠᠶᠢᠭᠤᠯᠣᠨ᠎ᠠ᠃ ᠡᠯ᠎ᠠ ᠭᠠᠵᠠᠷ ᠣᠷᠣᠨ ᠤ ᠲᠣᠮᠲᠠᠲᠣ ᠪᠠᠭ᠎ᠠ ᠰᠣᠷᠭᠠᠭᠤᠯᠢ ᠣᠯᠣᠰ ᠤᠨ | ᠬᠢᠴᠢᠶᠡᠯᠯᠡᠭᠡ ᠶᠢᠨ ᠲᠦᠰᠦᠯ ᠪᠣᠯᠣᠨ ᠬᠢᠴᠢᠶᠡᠯᠯᠡᠭᠡ ᠶᠢᠨ ᠪᠠᠷᠢᠮᠵᠢᠶ᠎ᠠ ᠶᠣᠰᠣᠭᠠᠷ ᠪᠡᠶ᠎ᠡ ᠶᠢᠨ ᠲᠠᠮᠢᠷ ᠤᠨ ᠬᠢᠴᠢᠶᠡᠯ ᠢ | ᠬᠦᠢᠴᠡᠳ ᠰᠠᠶᠢᠲᠣᠷ ᠨᠡᠭᠡᠭᠡᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠬ ᠢ ᠬᠠᠰᠣᠵᠦ ᠪᠠᠭᠠᠰᠬᠠᠬᠤ ᠪᠠ | ᠡᠵᠡᠯᠡᠬᠦ ᠶᠢ ᠡᠷᠡᠰ ᠬᠤᠷᠢᠬᠯᠨᠨᠠ᠃ ᠨᠦᠬᠦᠴᠡᠯ ᠲᠠᠢ ᠭᠠᠵᠠᠷ ᠣᠷᠣᠨ ᠤ ᠲᠣᠮᠲᠠᠲᠣ ᠪᠠᠭ᠎ᠠ ᠰᠣᠷᠭᠠᠭᠤᠯᠢ ᠪᠡᠶ᠎ᠡ ᠶᠢᠨ | ᠲᠠᠮᠢᠷ ᠤᠨ ᠬᠢᠴᠢᠶᠡᠯ ᠤᠨ ᠴᠠᠬ ᠢ ᠨᠡᠮᠡᠭᠲᠡᠬᠦᠯᠵᠦ ᠪᠣᠯᠣᠨ᠎ᠠ᠃ ᠶᠡᠭᠡ ᠲᠡᠭᠡᠲᠦ ᠰᠣᠷᠭᠠᠭᠤᠯᠢ ᠨᠤᠭᠤᠳ | ᠰᠣᠷᠣᠬᠴᠢᠳ ᠲᠤ ᠪᠡᠶ ᠡ ᠶᠢᠨ ᠲᠠᠮᠢᠷ ᠤᠨ ᠵᠠᠪᠠᠯ ᠰᠣᠷᠬᠤ ᠬᠢᠴᠢᠶᠡᠯ ᠪᠣᠯᠣᠨ ᠰᠣᠩᠭᠤᠨ ᠰᠣᠷᠬᠤ ᠬᠢᠴᠢᠶᠡᠯ ᠢ | ᠰᠠᠶᠢᠲᠣᠷ ᠨᠡᠭᠡᠭᠡᠬᠦ ᠬᠡᠷᠡᠭᠲᠡᠢ᠃ ᠬᠢᠴᠢᠶᠠᠯ ᠤᠨ ᠠᠭᠤᠯᠭ᠎ᠠ ᠶᠢ ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠵᠦ᠂ | ᠰᠣᠷᠣᠬᠴᠢᠳ ᠦᠨᠳᠦᠰᠦᠨ ᠬᠦᠲᠡᠯᠭᠡᠭᠡᠨ ᠤ ᠮᠡᠷᠭᠡᠰᠢᠯ ᠢ ᠡᠵᠡᠮᠰᠢᠭᠰᠡᠨ ᠰᠠᠭᠤᠷᠢᠨ ᠲᠡᠭᠡᠷ᠎ᠡ᠂ ᠰᠣᠷᠭᠠᠭᠤᠯᠢ ᠶᠢᠨ ᠲᠣᠰ | ᠪᠡᠶ᠎ᠡ ᠶᠢᠨ ᠪᠠᠶᠢᠲᠠᠯ ᠢᠶᠠᠨ ᠦᠨᠳᠦᠰᠦᠯᠡᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠤᠨ ᠵᠢᠭᠠᠨ | ᠰᠣᠷᠭᠠᠯᠲᠠ ᠶᠢᠨ ᠠᠵᠢᠯᠯᠠᠭ᠎ᠠ ᠦᠷᠨᠢᠬᠦᠯᠵᠦ᠂ ᠰᠣᠷᠣᠬᠴᠢᠳ ᠤᠨ ᠲᠣᠰᠬᠠᠢ ᠲᠦᠷᠦᠯ ᠤᠨ ᠬᠦᠲᠡᠯᠭᠡᠭᠡᠨ ᠤ | ᠴᠢᠲᠠᠪᠣᠷᠢ ᠶᠢ ᠲᠡᠭᠡᠭᠰᠢᠯᠡᠬᠦᠯᠦᠨ᠎ᠡ᠃ ᠬᠦᠯ ᠪᠦᠮᠪᠦᠭᠡ᠂ ᠰᠠᠬᠰᠣᠨ ᠪᠦᠮᠪᠦᠭᠡ᠂ ᠠᠯᠠᠭᠠᠲᠠᠬᠤ ᠪᠦᠮᠪᠦᠭᠡ ᠵᠡᠷᠭᠡ ᠬᠠᠮᠲᠣ | ᠨᠡᠶᠢᠲᠡ ᠶᠢᠨ ᠲᠦᠷᠦᠯ ᠵᠦᠢᠯ ᠢ ᠦᠷᠭᠡᠨ ᠢᠶᠠᠷ ᠠᠬᠢᠭᠤᠯᠵᠦ᠂ ᠬᠦᠨᠲᠦ ᠬᠦᠩᠭᠡᠨ ᠪᠡᠶ᠎ᠡ ᠶᠢᠨ ᠲᠠᠮᠢᠷ᠂ ᠣᠰᠣᠨ ᠳᠤ | ᠣᠮᠪᠠᠭ᠋ᠣ᠂ ᠪᠡᠶ᠎ᠡ ᠶᠢᠨ ᠲᠠᠮᠢᠷ ᠵᠡᠷᠭᠡ ᠦᠨᠳᠦᠰᠦᠨ ᠲᠦᠷᠦᠯ ᠵᠦᠢᠯ ᠵᠢᠴᠢ ᠮᠦᠰᠦ ᠴᠠᠰᠣᠨ ᠤ ᠬᠦᠲᠡᠯᠭᠡᠭᠡᠨ ᠵᠡᠷᠭᠡ | ᠣᠨᠴᠠᠯᠢᠬᠲᠦ ᠲᠦᠷᠦᠯ ᠵᠦᠢᠯ ᠢ ᠢᠲᠡᠪᠬᠢᠲᠡᠢ ᠠᠬᠢᠭᠤᠯᠣᠨ᠂ ᠫᠢᠩᠫᠣᠩ ᠪᠦᠮᠪᠦᠭᠡ᠂ ᠦᠲᠦᠨ ᠪᠦᠮᠪᠦᠭᠡ᠂ ᠦᠱᠦ | ᠵᠡᠷᠭᠡ ᠲᠠᠪᠠᠭᠤᠯᠢᠬ ᠲᠦᠷᠦᠯ ᠵᠦᠢᠯ ᠢ ᠦᠷᠭᠡᠨ ᠢᠶᠠᠷ ᠦᠷᠨᠢᠬᠦᠯᠦᠨ᠎ᠡ᠃ ᠦᠨᠳᠦᠰᠦᠲᠡᠨ ᠤ ᠪᠡᠶ᠎ᠡ ᠶᠢᠨ ᠲᠠᠮᠢᠷ ᠢ | ᠴᠢᠨᠠᠬᠰᠢᠯᠠᠨ ᠠᠭᠤᠲᠠᠯᠣᠨ ᠡᠮᠬᠢᠯᠡᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠠᠭᠤᠯᠭ᠎ᠠ ᠶᠢ ᠪᠠᠶᠠᠯᠢᠬᠵᠢᠭᠤᠯᠣᠨ᠎ᠠ᠃ | ︵ᠲᠠᠪᠤ︶ ᠵᠢᠭᠠᠨ ᠰᠣᠷᠭᠠᠯᠲᠠ ᠶᠢᠨ ᠲᠦᠪᠰᠢᠨ ᠢᠶᠠᠨ ᠲᠡᠭᠡᠭᠰᠢᠯᠡᠬᠦᠯᠦᠨ᠎ᠡ᠃ ᠪᠡᠶ᠎ᠡ ᠶᠢᠨ ᠲᠠᠮᠢᠷ ᠤᠨ ᠵᠢᠭᠠᠨ | ᠰᠣᠷᠭᠠᠯᠲᠠ ᠳᠤ ᠡᠷᠡᠬᠦᠯ ᠮᠡᠨᠲᠦ ᠶᠢᠨ ᠮᠡᠲᠡᠯᠭᠡ ᠬᠦᠮᠦᠵᠢᠯ ᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ | ᠮᠡᠷᠭᠡᠰᠢᠯ ᠤᠨ ᠰᠣᠷᠣᠯᠴᠠᠯᠭ᠎ᠠ ᠶᠢ ᠴᠢᠬᠤᠯᠠᠴᠢᠯᠠᠨ᠂ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠠᠭᠠᠭᠠᠴᠠ ᠶᠢ | ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠣᠨ᠂ ᠦᠢᠯᠡᠲᠦᠯᠭᠡ ᠶᠢᠨ ᠪᠣᠯᠪᠠᠰᠣᠷᠠᠯ ᠢ ᠬᠦᠨᠳᠦᠳᠭᠡᠨ᠎ᠡ᠃ ᠪᠡᠶ᠎ᠡ ᠶᠢᠨ | ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠤᠨ ᠵᠢᠭᠠᠨ ᠰᠣᠷᠭᠠᠯᠲᠠ ᠶᠢᠨ ᠵᠦᠭᠯᠡᠬᠦᠷ ᠢ ᠰᠣᠲᠣᠯᠣᠨ ᠲᠣᠬᠲᠠᠭᠠᠵᠦ᠂ | ᠰᠣᠷᠣᠬᠴᠢᠳ ᠲᠤ ᠨᠢᠭᠡ ᠠᠴᠠ ᠬᠤᠶᠠᠷ ᠲᠦᠷᠦᠯ ᠤᠨ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠮᠡᠷᠭᠡᠵᠢᠯ | ᠡᠵᠡᠮᠰᠢᠬᠦᠯᠦᠨ ︽ᠨᠢᠭᠡ ᠰᠣᠷᠭᠠᠭᠤᠯᠢ ᠨᠢᠭᠡ ᠲᠦᠷᠦᠯ ᠲᠡᠮᠲᠡᠭ︾ ︽ᠨᠢᠭᠡ ᠰᠣᠷᠭᠠᠭᠤᠯᠢ ᠣᠯᠠᠨ ᠲᠦᠷᠦᠯ ᠲᠡᠮᠲᠡᠭ︾ | ᠤᠨ ᠵᠢᠭᠠᠨ ᠰᠣᠷᠭᠠᠯᠲᠠ ᠶᠢᠨ ᠵᠠᠬᠪᠣᠷ ᠢ ᠠᠭᠠᠵᠢᠮ ᠢᠶᠠᠷ ᠪᠦᠷᠢᠯᠲᠦᠬᠦᠯᠵᠦ᠂ ᠪᠡᠶ᠎ᠡ ᠶᠢᠨ ᠲᠠᠮᠢᠷ ᠤᠨ ᠵᠢᠭᠠᠨ | ᠰᠣᠷᠭᠠᠯᠲᠠ ᠶᠢᠨ ᠴᠢᠨᠠᠷ ᠴᠢᠨᠰᠠᠭ᠎ᠠ ᠶᠢ ᠴᠢᠷᠮᠠᠶᠢᠨ ᠲᠡᠭᠡᠭᠰᠢᠯᠡᠬᠦᠯᠦᠨ᠎ᠡ᠃ ᠰᠣᠷᠣᠬᠴᠢᠳ ᠤᠨ ᠪᠡᠶ᠎ᠡ ᠶᠢᠨ ᠲᠠᠮᠢᠷ ᠤᠨ | ᠴᠢᠲᠠᠪᠣᠷᠢ ᠬᠢᠭᠡᠳ ᠪᠡᠶ᠎ᠡ ᠮᠠᠬᠠᠪᠣᠳ ᠤᠨ ᠲᠦᠪᠰᠢᠨ ᠤ ᠵᠦᠷᠢᠶ᠎ᠠ ᠳᠤ ᠠᠩᠬᠠᠷᠣᠯ ᠬᠠᠨᠲᠣᠭᠤᠯᠵᠦ᠂ ᠠᠲᠠᠯᠢ ᠪᠣᠰᠣ ᠪᠠᠷ | ᠬᠠᠨᠲᠣᠵᠦ᠂ ᠪᠠᠶᠢᠲᠠᠯ ᠳᠤᠨᠢ ᠲᠣᠬᠢᠷᠠᠭᠤᠯᠣᠨ ᠵᠢᠭᠠᠬᠤ ᠶᠢ ᠪᠡᠶᠡᠯᠡᠬᠦᠯᠦᠨ᠎ᠡ᠃ ᠠᠲᠠᠯᠢ ᠪᠣᠰᠣ ᠲᠦᠷᠦᠯ ᠤᠨ ᠵᠡᠮᠲᠡᠭ | ᠰᠣᠷᠣᠬᠴᠢᠳ ᠲᠤ ᠲᠣᠬᠢᠷᠠᠬᠤ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ ᠶᠢᠨ ᠡᠬᠢ ᠪᠠᠶᠠᠯᠢᠬ ᠢ ᠰᠣᠲᠣᠯᠣᠨ | ᠲᠡᠯᠭᠡᠷᠡᠬᠦᠯᠵᠦ᠂ ᠣᠨᠴᠠᠭᠠᠢ ᠰᠣᠷᠭᠠᠨ ᠬᠦᠮᠦᠵᠢᠯ ᠤᠨ ᠰᠣᠷᠭᠠᠭᠤᠯᠢ ᠪᠠ ᠵᠡᠮᠲᠡᠭ ᠰᠣᠷᠣᠬᠴᠢᠳ ᠤᠨ ᠪᠡᠶ᠎ᠡ ᠶᠢᠨ | ᠲᠠᠮᠢᠷ ᠤᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠰᠣᠷᠣᠬᠴᠢ ᠨᠢᠭᠡᠪᠦᠷᠢ ᠪᠡᠶ᠎ᠡ ᠶᠢᠨ | ᠲᠠᠮᠢᠷ ᠤᠨ ᠬᠦᠮᠦᠵᠢᠯ ᠬᠦᠷᠲᠡᠬᠦ ᠡᠷᠭᠡ ᠶᠢ ᠪᠠᠲᠣᠯᠠᠨ᠎ᠠ᠃ ᠲᠡᠭᠡᠲᠦ ᠵᠡᠷᠭᠡ ᠶᠢᠨ ᠰᠣᠷᠭᠠᠭᠤᠯᠢ ᠨᠤᠭᠤᠳ ᠲᠦᠷᠦᠬᠦᠯᠡᠨ | ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠤᠨ ᠪᠦᠬᠦ ᠣᠯᠣᠰ ᠤᠨ ᠵᠢᠭᠠᠨ ᠰᠣᠷᠭᠠᠯᠲᠠ ᠶᠢᠨ ᠬᠤᠯᠪᠣᠭ᠎ᠠ | ᠪᠠᠶᠢᠭᠤᠯᠬᠤ ᠶᠢ ᠲᠡᠮᠵᠢᠵᠦ᠂ ᠲᠣᠮᠲᠠᠲᠣ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠦᠭᠡᠷᠡᠴᠢᠯᠡᠯᠲᠡ ᠳᠤ | ᠲᠣᠰᠬᠠᠢ ᠮᠡᠷᠭᠡᠵᠢᠯ ᠤᠨ ᠲᠡᠮᠵᠢᠯᠭᠡ ᠬᠠᠩᠭᠠᠵᠦ᠂ ᠲᠣᠮᠲᠠᠲᠣ ᠪᠠᠭ᠎ᠠ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ | ᠰᠣᠷᠭᠠᠯᠲᠠ ᠶᠢᠨ ᠲᠦᠪᠰᠢᠨ ᠢᠶᠠᠨ ᠲᠡᠭᠡᠭᠰᠢᠯᠡᠬᠦᠯᠬᠦ ᠶᠢ ᠠᠬᠢᠭᠤᠯᠣᠨ᠎ᠠ᠃ ᠣᠲᠣ ᠦᠶ᠎ᠡ ᠶᠢᠨ ᠮᠡᠲᠡᠭᠡ ᠵᠠᠩᠬᠢ ᠶᠢᠨ | ᠮᠡᠷᠭᠡᠵᠢᠯ ᠤᠨ ᠠᠷᠭ᠎ᠠ ᠬᠡᠷᠡᠭᠯᠡᠬᠦᠷ ᠢ ᠬᠦᠢᠴᠡᠳ ᠠᠰᠢᠬᠯᠠᠨ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠡᠬᠢ | ᠪᠠᠶᠠᠯᠢᠬ ᠢ ᠰᠣᠲᠣᠯᠣᠨ ᠨᠡᠭᠡᠭᠡᠵᠦ ᠰᠢᠨ᠎ᠡ ᠶᠢ ᠡᠬᠦᠳᠴᠦ᠂ ᠵᠢᠭᠠᠨ ᠰᠣᠷᠭᠠᠯᠲᠠ ᠶᠢᠨ ᠲᠠᠲᠠᠬᠤ ᠬᠦᠴᠦᠨ ᠢ | ᠲᠠᠰᠣᠷᠠᠯᠲᠠ ᠦᠭᠡᠢ ᠴᠢᠩᠭᠠᠷᠠᠭᠤᠯᠣᠨ᠎ᠠ᠃ ᠨᠦᠬᠦᠴᠡᠯ ᠲᠠᠢ ᠪᠦᠬᠦᠢ ᠨᠢᠭᠡᠴᠡ ᠨᠦᠭᠦᠳ ᠪᠦᠬᠦ ᠣᠯᠣᠰ ᠤᠨ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠰᠣᠲᠣᠯᠭᠠᠨ ᠤ ᠰᠠᠭᠤᠷᠢᠨ ᠪᠠᠶᠢᠭᠤᠯᠵᠦ᠂ ᠣᠨᠣᠯ ᠤᠨ ᠰᠣᠲᠣᠯᠭᠠᠨ ᠪᠠ | ᠦᠢᠯᠡᠲᠦᠯᠭᠡ ᠶᠢᠨ ᠰᠣᠲᠣᠯᠭᠠᠨ ᠦᠷᠨᠢᠬᠦᠯᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ | ᠣᠬᠠᠭᠠᠨᠴᠢᠯᠠᠬᠰᠠᠨ ᠲᠦᠪᠰᠢᠨ ᠢ ᠲᠡᠭᠡᠭᠰᠢᠯᠡᠬᠦᠯᠬᠦ ᠶᠢ ᠵᠣᠷᠢᠬᠵᠢᠭᠤᠯᠣᠨ᠎ᠠ᠃ | ︵ᠵᠢᠷᠭᠤᠭ᠎ᠠ︶ ᠬᠢᠴᠢᠶᠡᠯ ᠤᠨ ᠭᠠᠲᠠᠨᠠᠬᠢ ᠪᠣᠯᠪᠠᠰᠣᠷᠠᠯ ᠢ ᠴᠢᠩᠭᠠᠳᠬᠠᠨ᠎ᠠ᠃ ᠰᠣᠷᠣᠬᠴᠢᠳ ᠤᠨ ᠪᠡᠶ᠎ᠡ ᠶᠢᠨ | ᠲᠠᠮᠢᠷ ᠤᠨ ᠪᠣᠯᠪᠠᠰᠣᠷᠠᠯ ᠤᠨ ᠲᠦᠷᠢᠮ ᠢ ᠲᠡᠬᠦᠯᠲᠡᠷᠵᠢᠬᠦᠯᠵᠦ᠂ ᠰᠣᠷᠣᠬᠴᠢᠳ ᠤᠨ ᠰᠣᠷᠭᠠᠭᠤᠯᠢ ᠶᠢᠨ ᠬᠦᠷᠢᠶᠡᠨ ᠳᠤ | ᠦᠷᠨᠢᠬᠦᠯᠦᠭᠰᠡᠨ ᠬᠢᠴᠢᠶᠠᠯ ᠤᠨ ᠭᠠᠲᠠᠨᠠᠬᠢ ᠪᠡᠶ᠎ᠡ ᠶᠢᠨ ᠲᠠᠮᠢᠷ ᠤᠨ ᠬᠦᠲᠡᠯᠭᠡᠭᠡᠨ ᠢ ᠰᠣᠷᠭᠠᠭᠤᠯᠢ ᠶᠢᠨ ᠵᠢᠭᠠᠨ | ᠰᠣᠷᠭᠠᠯᠲᠠ ᠶᠢᠨ ᠲᠦᠯᠦᠪᠯᠡᠭᠡ ᠳᠤ ᠪᠠᠭᠲᠠᠭᠠᠵᠦ᠂ ᠠᠵᠢᠯᠯᠠᠵᠦ ᠠᠮᠠᠷᠠᠬᠤ ᠴᠠᠬ ᠲᠣᠬᠲᠠᠭᠠᠨ᠂ ᠪᠡᠶ᠎ᠡ ᠶᠢᠨ ᠲᠠᠮᠢᠷ ᠤᠨ | ᠬᠢᠴᠢᠶᠡᠯ ᠤᠨ ᠠᠭᠤᠯᠭ᠎ᠠ ᠲᠠᠢ ᠬᠠᠷᠢᠯᠴᠠᠨ ᠣᠶᠠᠯᠲᠣᠭᠤᠯᠵᠦ᠂ ᠰᠣᠷᠣᠬᠴᠢᠳ ᠤᠨ ᠡᠳᠦᠷ ᠪᠦᠷᠢ ᠨᠢᠭᠡ ᠴᠠᠬ | ᠰᠣᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠦᠲᠡᠯᠭᠡᠭᠡᠨ ᠳᠤ ᠣᠷᠣᠯᠴᠠᠬᠤ ᠶᠢ ᠦᠨᠡᠨᠬᠦ ᠪᠠᠲᠣᠯᠠᠨ᠎ᠠ᠃ | ᠬᠡᠦᠬᠡᠳ ᠤᠨ ᠴᠡᠴᠡᠷᠯᠢᠭ ᠨᠢ ᠬᠡᠦᠬᠡᠳ ᠤᠨ ᠨᠠᠰᠣᠨ ᠤ ᠣᠨᠴᠠᠯᠢᠬ ᠪᠣᠯᠣᠨ ᠪᠡᠶ᠎ᠡ ᠰᠡᠳᠬᠢᠴᠡ ᠶᠢᠨ ᠬᠦᠭᠵᠢᠯᠲᠡ ᠶᠢᠨ | ᠵᠢᠮ᠎ᠡ ᠶᠣᠰᠣ ᠶᠢ ᠵᠢᠷᠣᠮᠯᠠᠨ᠂ ᠡᠯᠪᠡᠭ ᠪᠠᠶᠠᠯᠢᠬ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠬᠦ ᠬᠡᠷᠡᠭᠲᠡᠢ᠃ | ᠲᠣᠮᠲᠠᠲᠣ ᠪᠠᠭ᠎ᠠ ᠰᠣᠷᠭᠠᠭᠤᠯᠢ ᠨᠤᠭᠤᠳ ᠰᠣᠷᠣᠬᠴᠢᠳ ᠢ ᠵᠣᠬᠢᠶᠠᠨ ᠪᠠᠶᠢᠭᠤᠯᠣᠨ ᠶᠡᠭᠡ ᠬᠢᠴᠢᠶᠡᠯ ᠤᠨ | ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠵᠦ᠂ ᠪᠠᠶᠢᠷᠢ ᠳᠤ ᠰᠠᠭᠤᠬᠤ ᠲᠦᠷᠢᠮᠲᠦ | ᠰᠣᠷᠭᠠᠭᠤᠯᠢ ᠨᠤᠭᠤᠳ ᠡᠳᠦᠷ ᠪᠦᠷᠢ ᠡᠷᠲᠡ ᠶᠢᠨ ᠲᠠᠮᠢᠷ ᠬᠢᠬᠦ ᠶᠢ ᠪᠠᠷᠢᠮᠲᠠᠯᠠᠨ᠎ᠠ᠃ ᠲᠡᠭᠡᠲᠦ ᠵᠡᠷᠭᠡ ᠶᠢᠨ | ᠰᠣᠷᠭᠠᠭᠤᠯᠢ ᠨᠤᠭᠤᠳ ᠣᠯᠠᠨ ᠵᠦᠢᠯ ᠤᠨ ᠬᠡᠯᠪᠡᠷᠢ ᠪᠠᠷ ᠰᠣᠷᠣᠬᠴᠢᠳ ᠢ ᠵᠣᠬᠢᠶᠠᠨ ᠪᠠᠶᠢᠭᠤᠯᠵᠦ ᠬᠢᠴᠢᠶᠠᠯ ᠤᠨ | ᠭᠠᠲᠠᠨᠠᠬᠢ ᠪᠡᠶ᠎ᠡ ᠲᠠᠮᠢᠷ ᠤᠨ ᠪᠣᠯᠪᠠᠰᠣᠷᠠᠯ ᠳᠤ ᠣᠷᠣᠯᠴᠠᠭᠤᠯᠣᠨ᠎ᠠ᠃ ᠠᠵᠢᠯ ᠮᠡᠷᠭᠡᠵᠢᠯ ᠤᠨ ᠰᠣᠷᠭᠠᠭᠤᠯᠢ ᠨᠤᠭᠤᠳ | ᠰᠣᠷᠣᠬᠴᠢᠳ ᠤᠨ ᠠᠵᠢᠯ ᠤᠨ ᠪᠠᠶᠢᠷᠢ ᠣᠷᠣᠯᠠᠨ ᠲᠠᠲᠣᠯᠭᠠ ᠬᠢᠬᠦ ᠬᠤᠭᠤᠴᠠᠭᠠᠨ ᠳᠤ ᠪᠡᠶ᠎ᠡ ᠶᠢᠨ ᠲᠠᠮᠢᠷ ᠤᠨ | ᠪᠣᠯᠪᠠᠰᠣᠷᠠᠯ ᠤᠨ ᠬᠤᠭᠤᠴᠠᠭ᠎ᠠ ᠶᠢ ᠲᠣᠬᠢᠷᠠᠭᠤᠯᠬᠤ ᠶᠢ ᠠᠩᠬᠠᠷᠬᠤ ᠬᠡᠷᠡᠭᠲᠡᠢ᠃ ᠰᠣᠷᠣᠬᠴᠢᠳ ᠤᠨ ᠰᠣᠷᠭᠠᠭᠤᠯᠢ ᠶᠢᠨ | ᠬᠦᠷᠢᠶᠡᠨ ᠠᠴᠠ ᠭᠠᠲᠠᠨᠠᠬᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠲᠡᠯᠭᠡᠭᠡᠨ ᠳᠤ ᠣᠷᠣᠯᠴᠠᠬᠤ ᠶᠢ | ᠵᠣᠷᠢᠬᠵᠢᠭᠤᠯᠵᠦ᠂ ᠲᠣᠮᠲᠠᠲᠣ ᠪᠠᠭ᠎ᠠ ᠰᠣᠷᠭᠠᠭᠤᠯᠢ ᠨᠤᠭᠤᠳ ᠭᠡᠷ ᠪᠦᠯᠢ ᠶᠢᠨ ︽ᠪᠡᠶ᠎ᠡ ᠶᠢᠨ ᠲᠠᠮᠢᠷ ᠤᠨ ᠲᠠᠰᠬᠠᠯ︾ | ᠢ ᠵᠣᠬᠢᠰᠲᠠᠢ ᠲᠣᠬᠢᠷᠠᠭᠤᠯᠵᠦ᠂ ᠭᠡᠷ ᠤᠨ ᠠᠬᠠᠮᠠᠳ ᠨᠢ ᠰᠣᠷᠣᠬᠴᠢᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ | ᠬᠦᠲᠡᠯᠭᠡᠭᠡᠨ ᠳᠤ ᠣᠷᠣᠯᠴᠠᠬᠤ ᠶᠢ ᠲᠡᠮᠵᠢᠵᠦ᠂ ᠨᠡᠶᠢᠭᠡᠮ ᠲᠣᠭᠤᠷᠢᠬ ᠨᠢ ᠰᠣᠷᠣᠬᠴᠢᠳ ᠤᠨ ᠪᠡᠶ᠎ᠡ ᠶᠢᠨ ᠲᠠᠮᠢᠷ ᠤᠨ | ᠬᠦᠲᠡᠯᠡᠭᠡᠭᠡᠨ ᠳᠤ ᠲᠦᠬᠦᠮ ᠨᠦᠬᠦᠴᠡᠯ ᠬᠠᠩᠭᠠᠵᠦ᠂ ᠭᠡᠷ ᠪᠦᠯᠢ᠂ ᠰᠣᠷᠭᠠᠭᠤᠯᠢ᠂ ᠨᠡᠶᠢᠭᠡᠮ ᠲᠣᠭᠤᠷᠢᠬ ᠤᠨ | ᠬᠤᠯᠪᠣᠭᠠᠯᠠᠯ ᠢ ᠠᠭᠠᠵᠢᠮ ᠢᠶᠠᠷ ᠪᠦᠷᠢᠯᠲᠦᠬᠦᠯᠵᠦ᠂ ᠰᠣᠷᠣᠬᠴᠢᠳ ᠤᠨ ᠪᠡᠶ᠎ᠡ ᠶᠢᠨ ᠲᠠᠮᠢᠷ ᠪᠣᠯᠪᠠᠰᠣᠷᠠᠬᠤ | ᠲᠣᠬᠲᠠᠴᠠ ᠶᠢ ᠬᠠᠮᠲᠣᠪᠡᠷ ᠵᠢᠯᠣᠭᠤᠲᠣᠨ᠎ᠠ᠃ ᠪᠦᠬᠦ ᠣᠯᠣᠰ ᠤᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ | ᠠᠵᠢᠯ ᠤᠨ ᠵᠢᠱᠢᠶ᠎ᠠ ᠦᠵᠡᠬᠦᠯᠬᠦ ᠰᠣᠷᠭᠠᠭᠤᠯᠢ ᠡᠬᠦᠲᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ | ᠦᠷᠨᠢᠬᠦᠯᠵᠦ᠂ ᠡᠯ᠎ᠠ ᠭᠠᠵᠠᠷ ᠣᠷᠣᠨ ᠲᠣᠬᠲᠠᠬᠰᠠᠨ ᠬᠤᠭᠤᠴᠠᠭ᠎ᠠ ᠲᠠᠢ ᠪᠠᠷ ᠨᠡᠷᠡᠨ ᠭᠡᠷᠡᠯᠲᠦ ᠪᠡᠶ᠎ᠡ ᠶᠢᠨ ᠲᠠᠮᠢᠷ ᠤᠨ | ᠰᠢᠷᠢᠰ ᠠᠵᠢᠯᠯᠠᠭ᠎ᠠ ᠪᠣᠯᠣᠨ ︽ᠰᠦᠯᠵᠢᠶ᠎ᠠ ᠠᠴᠠ ᠰᠠᠯᠵᠦ᠂ ᠪᠠᠶᠢᠷᠢ ᠠᠴᠠ ᠪᠠᠨ ᠭᠠᠷᠴᠤ᠂ ᠲᠠᠮᠢᠷ ᠤᠨ ᠲᠠᠯᠠᠪᠠᠢ ᠳᠤ | ᠬᠦᠷᠬᠦ︾ ᠭᠤᠣᠯ ᠰᠡᠲᠦᠪᠲᠦ ᠣᠯᠠᠨ ᠲᠦᠮᠡᠨᠴᠢ ᠴᠢᠨᠠᠷᠲᠠᠢ ᠬᠢᠴᠢᠶᠡᠯ ᠤᠨ ᠭᠠᠲᠠᠨᠠᠬᠢ ᠪᠡᠶ᠎ᠡ ᠶᠢᠨ ᠲᠠᠮᠢᠷ ᠤᠨ | ᠪᠣᠯᠪᠠᠰᠣᠷᠠᠯ ᠤᠨ ᠠᠵᠢᠯᠯᠠᠭ᠎ᠠ ᠦᠷᠨᠢᠬᠦᠯᠵᠦ᠂ ᠵᠢᠯ ᠪᠦᠷᠢ ᠰᠣᠷᠣᠬᠴᠢᠳ ᠤᠨ ᠡᠪᠦᠯ ᠤᠨ ᠣᠯᠠᠷᠢᠯ ᠤᠨ ᠬᠤᠯᠠ | ᠬᠦᠶᠦᠬᠦ ᠣᠷᠣᠯᠲᠣᠭᠠᠨ ᠵᠡᠷᠭᠡ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠦᠷᠨᠢᠬᠦᠯᠬᠦ ᠶᠢ ᠪᠠᠷᠢᠮᠲᠠᠯᠠᠵᠦ᠂ | ᠰᠣᠷᠭᠠᠭᠤᠯᠢ ᠶᠢᠨ ᠲᠣᠲᠣᠨᠠ ᠭᠠᠲᠠᠨᠠᠬᠢ ᠶᠢ ᠬᠠᠮᠣᠷᠣᠬᠰᠠᠨ ᠰᠣᠷᠣᠬᠴᠢᠳ ᠤᠨ ᠬᠢᠴᠢᠶᠡᠯ ᠤᠨ ᠭᠠᠲᠠᠨᠠᠬᠢ ᠪᠡᠶ᠎ᠡ ᠶᠢᠨ | ᠲᠠᠮᠢᠷ ᠪᠣᠯᠪᠠᠰᠣᠷᠠᠬᠤ ᠲᠣᠬᠲᠠᠯᠴᠠᠭ᠎ᠠ ᠶᠢ ᠪᠦᠷᠢᠯᠲᠦᠬᠦᠯᠦᠨ᠎ᠡ᠃ | ᠭᠤᠷᠪᠠ᠂ ᠵᠢᠭᠠᠨ ᠰᠣᠷᠭᠠᠯᠲᠠ ᠪᠣᠯᠣᠨ ᠪᠡᠶ᠎ᠡ ᠶᠢᠨ ᠲᠠᠮᠢᠷ ᠢ ᠬᠠᠷᠢᠯᠴᠠᠨ ᠤᠶᠠᠯᠲᠤᠭᠤᠯᠬᠤ ᠶᠢ | ᠪᠠᠷᠢᠮᠲᠠᠯᠠᠵᠦ᠂ ᠪᠣᠯᠪᠠᠰᠣᠷᠠᠬᠤ ᠪᠠ ᠣᠷᠣᠯᠲᠣᠬᠤ ᠲᠣᠬᠲᠠᠯᠴᠠᠭ᠎ᠠ ᠶᠢ ᠲᠡᠬᠦᠯᠲᠡᠷᠵᠢᠬᠦᠯᠦᠨ᠎ᠡ | ︵ᠲᠣᠯᠤᠭ᠎ᠠ︶ ᠬᠢᠴᠢᠶᠠᠯ ᠤᠨ ᠵᠠᠪᠰᠠᠷᠯᠠᠭ᠎ᠠ ᠶᠢᠨ ᠪᠣᠯᠪᠠᠰᠣᠷᠠᠯ ᠦᠷᠨᠢᠬᠦᠯᠦᠨ᠎ᠡ᠃ ᠰᠣᠷᠭᠠᠭᠤᠯᠢ ᠨᠤᠭᠤᠳ | ᠪᠡᠶ᠎ᠡ ᠶᠢᠨ ᠲᠠᠮᠢᠷ ᠤᠨ ᠬᠦᠲᠡᠯᠭᠡᠭᠡᠨ ᠤ ᠪᠦᠯᠬᠦᠮ᠂ ᠲᠦᠯᠦᠭᠡᠯᠡᠭᠴᠢ ᠶᠢᠨ ᠪᠦᠯᠬᠦᠮ᠂ ᠺᠯᠦᠪ ᠪᠠ ᠲᠣᠷ᠎ᠠ | ᠰᠤᠨᠢᠷᠬᠠᠯ ᠤᠨ ᠪᠠᠭ᠎ᠠ ᠲᠣᠭᠤᠶᠢᠢᠯᠠᠩ ᠪᠠᠶᠢᠭᠤᠯᠬᠤ ᠵᠡᠷᠭᠡ ᠬᠡᠯᠪᠡᠷᠢ ᠪᠠᠷ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ | ᠲᠠᠮᠢᠷ ᠤᠨ ᠪᠣᠯᠪᠠᠰᠣᠷᠠᠯ ᠢ ᠢᠲᠡᠪᠬᠢᠲᠡᠢ ᠦᠷᠨᠢᠬᠦᠯᠵᠦ᠂ ᠪᠡᠶ᠎ᠡ ᠶᠢᠨ ᠲᠠᠮᠢᠷ ᠤᠨ ᠣᠨᠴᠠ ᠠᠪᠢᠶᠠᠰᠲᠠᠢ ᠬᠡᠦᠬᠡᠳ ᠲᠤ | ᠴᠢᠲᠠᠪᠣᠷᠢᠲᠠᠨ ᠪᠣᠯᠵᠦ ᠬᠦᠮᠦᠵᠢᠬᠦ ᠠᠷᠭ᠎ᠠ ᠵᠠᠮ ᠬᠠᠩᠭᠠᠵᠦ᠂ ᠣᠯᠣᠰ ᠣᠷᠣᠨ ᠳᠤ ᠪᠡᠶ᠎ᠡ ᠶᠢᠨ ᠲᠠᠮᠢᠷ ᠤᠨ ᠨᠦᠭᠡᠴᠡ | ᠬᠦᠴᠦᠨ ᠬᠦᠮᠦᠵᠢᠬᠦᠯᠬᠦ ᠰᠠᠭᠤᠷᠢ ᠶᠢ ᠲᠠᠯᠪᠢᠨ᠎ᠠ᠃ ᠰᠣᠷᠣᠬᠴᠢᠳ ᠤᠨ ᠨᠠᠰᠣᠨ ᠤ ᠣᠨᠴᠠᠯᠢᠬ ᠪᠣᠯᠣᠨ ᠪᠡᠶ᠎ᠡ ᠶᠢᠨ | ᠲᠠᠮᠢᠷ ᠤᠨ ᠬᠦᠲᠡᠯᠭᠡᠭᠡᠨ ᠪᠣᠯᠪᠠᠰᠣᠷᠠᠯ ᠤᠨ ᠵᠢᠮ᠎ᠡ ᠶᠣᠰᠣ ᠶᠢ ᠦᠨᠳᠦᠰᠦᠯᠡᠵᠦ ᠪᠡᠶ᠎ᠡ ᠶᠢᠨ ᠲᠠᠮᠢᠷ ᠤᠨ ᠪᠣᠯᠪᠠᠰᠣᠷᠠᠯ ᠤᠨ | ᠲᠦᠯᠦᠪᠯᠡᠭᠡ ᠶᠢ ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠵᠦ᠂ ᠰᠣᠶᠣᠯ ᠤᠨ ᠬᠢᠴᠢᠶᠡᠯ ᠤᠨ ᠰᠣᠷᠣᠯᠴᠠᠯᠭ᠎ᠠ ᠪᠣᠯᠣᠨ | ᠲᠠᠮᠢᠷ ᠶᠢᠨ ᠲᠠᠮᠢᠷ ᠪᠣᠯᠪᠠᠰᠣᠷᠠᠬᠤ ᠶᠢᠨ ᠬᠠᠷᠢᠴᠠᠭ᠎ᠠ ᠶᠢ ᠵᠣᠬᠢᠰᠲᠠᠢ ᠰᠢᠢᠳᠪᠦᠷᠢᠯᠡᠵᠦ᠂ ᠰᠣᠷᠣᠬᠴᠢᠳ ᠤᠨ ᠪᠡᠶ᠎ᠡ | ᠮᠠᠬᠠᠪᠣᠳ ᠤᠨ ᠬᠡᠪ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠲᠣᠰᠬᠠᠢ ᠲᠦᠷᠦᠯ ᠤᠨ ᠪᠡᠶ᠎ᠡ ᠲᠠᠮᠢᠷ ᠤᠨ | ᠬᠦᠲᠡᠯᠭᠡᠭᠡᠨ ᠤ ᠰᠠᠭᠤᠷᠢ ᠶᠢ ᠰᠠᠶᠢᠲᠣᠷ ᠲᠠᠯᠪᠢᠵᠦ᠂ ᠬᠢᠴᠢᠶᠡᠯ ᠤᠨ ᠵᠠᠪᠰᠠᠷᠠᠯᠭᠠ ᠶᠢᠨ ᠪᠡᠶ᠎ᠡ ᠶᠢᠨ ᠲᠠᠮᠢᠷ ᠤᠨ | ᠪᠣᠯᠪᠠᠰᠣᠷᠠᠯ ᠤᠨ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠬᠦᠯᠦᠨ᠎ᠡ᠃ ᠪᠡᠶ᠎ᠡ ᠶᠢᠨ ᠲᠠᠮᠢᠷ ᠤᠨ ᠣᠯᠠᠮᠵᠢᠯᠠᠯᠲᠣ | ᠲᠦᠷᠦᠯ ᠵᠦᠢᠯ ᠤᠨ ᠰᠣᠷᠭᠠᠭᠤᠯᠢ ᠶᠢ ᠰᠠᠶᠢᠲᠣᠷ ᠡᠷᠬᠢᠯᠡᠵᠦ᠂ ᠲᠡᠬᠦᠨ ᠤ ᠬᠦᠲᠦᠯᠦᠨ ᠲᠠᠭᠠᠭᠤᠯᠬᠤ ᠦᠢᠯᠡᠲᠦᠯ ᠢ | ᠬᠦᠢᠴᠡᠳ ᠪᠠᠲᠠᠷᠠᠭᠤᠯᠣᠨ᠎ᠠ᠃ | ︵ ᠨᠠᠢᠮᠠ︶ ᠣᠷᠣᠯᠲᠣᠭᠠᠨ ᠤ ᠲᠤᠬᠲᠠᠯᠴᠠᠭ᠎ᠠ ᠶᠢ ᠲᠡᠬᠦᠯᠲᠡᠷᠵᠢᠬᠦᠯᠦᠨ᠎ᠡ᠃ ᠪᠠᠶᠢᠢᠩᠭᠤᠵᠢᠬᠰᠠᠨ | ᠰᠣᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠣᠷᠣᠯᠲᠣᠭᠠᠨ ᠤ ᠲᠣᠬᠲᠠᠴᠠ ᠶᠢ ᠪᠠᠶᠢᠭᠤᠯᠣᠨ᠂ ᠠᠩᠬᠢ᠂ | ᠤᠨ ᠤ ᠪᠡᠶ᠎ᠡ ᠶᠢᠨ ᠲᠠᠮᠢᠷ ᠤᠨ ᠣᠷᠣᠯᠲᠣᠭᠠᠨ ᠢ ᠦᠷᠭᠡᠨ ᠢᠶᠠᠷ ᠦᠷᠨᠢᠬᠦᠯᠵᠦ᠂ ᠰᠣᠷᠭᠠᠭᠤᠯᠢ ᠨᠤᠭᠤᠳ ᠵᠢᠯ ᠪᠦᠷᠢ | ᠨᠠᠭᠠᠲᠣ ᠵᠠᠬ᠎ᠠ ᠳᠠᠭᠠᠨ ᠨᠢᠭᠡ ᠣᠲᠠᠭ᠎ᠠ ᠶᠡᠷᠦᠩᠭᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠣᠷᠣᠯᠲᠣᠭᠠᠨ ᠪᠣᠶᠣ | ᠪᠡᠶ᠎ᠡ ᠶᠢᠨ ᠲᠠᠮᠢᠷ ᠤᠨ ᠨᠠᠶᠢᠷ ᠢ ᠵᠣᠬᠢᠶᠠᠨ ᠪᠠᠶᠢᠭᠤᠯᠵᠦ᠂ ᠡᠯᠪᠡᠭ ᠪᠠᠶᠠᠯᠢᠬ ᠪᠡᠶ᠎ᠡ ᠶᠢᠨ ᠲᠠᠮᠢᠷ ᠤᠨ ᠣᠷᠣᠯᠲᠣᠭᠠᠨ ᠢᠶᠠᠷ | ᠲᠠᠮᠵᠢᠨ ᠦᠷᠭᠡᠨ ᠣᠯᠠᠨ ᠰᠣᠷᠣᠬᠴᠢᠳ ᠢ ᠲᠠᠲᠠᠵᠦ ᠪᠡᠶ᠎ᠡ ᠶᠢᠨ ᠲᠠᠮᠢᠷ ᠤᠨ ᠪᠣᠯᠪᠠᠰᠣᠷᠠᠯ ᠳᠤ ᠣᠷᠣᠯᠴᠠᠭᠤᠯᠣᠨ᠎ᠠ᠃ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠵᠠᠪᠰᠠᠷᠯᠠᠭ᠎ᠠ ᠶᠢᠨ ᠪᠣᠯᠪᠠᠰᠣᠷᠠᠯ ᠪᠠ ᠣᠷᠣᠯᠲᠣᠭᠠᠨ ᠤ | ᠬᠠᠮᠢᠶᠠᠷᠣᠯᠲᠠ ᠶᠢᠨ ᠠᠷᠭ᠎ᠠ ᠲᠣᠬᠲᠠᠭᠠᠵᠦ᠂ ᠰᠣᠷᠣᠬᠴᠢᠳ ᠤᠨ ᠪᠡᠶ᠎ᠡ ᠶᠢᠨ ᠲᠠᠮᠢᠷ ᠤᠨ ᠣᠷᠣᠯᠲᠣᠭᠠᠨ ᠤ | ᠲᠣᠬᠲᠠᠯᠴᠠᠭ᠎ᠠ ᠶᠢ ᠲᠡᠬᠦᠯᠲᠡᠷᠵᠢᠬᠦᠯᠦᠨ ᠲᠦᠷᠢᠮᠵᠢᠬᠦᠯᠵᠦ᠂ ᠰᠢᠶᠠᠨ᠂ ᠬᠤᠲᠠ᠂ ᠮᠣᠵᠢ᠂ ᠣᠯᠣᠰ ᠲᠦᠷᠪᠡᠨ | ᠲᠡᠰ ᠤᠨ ᠣᠷᠣᠯᠲᠣᠭᠠᠨ ᠤ ᠲᠣᠬᠲᠠᠯᠴᠠᠭ᠎ᠠ ᠶᠢ ᠪᠠᠶᠢᠭᠤᠯᠣᠨ᠎ᠠ᠃ ᠡᠯ᠎ᠠ ᠭᠠᠵᠠᠷ ᠣᠷᠣᠨ ᠣᠷᠣᠯᠲᠣᠭᠠᠨ ᠤ ᠡᠬᠢ | ᠪᠠᠶᠠᠯᠢᠬ ᠢ ᠨᠡᠶᠢᠳᠭᠡᠭᠰᠡᠨ ᠰᠠᠭᠤᠷᠢᠨ ᠲᠡᠭᠡᠷ᠎ᠡ᠂ ᠬᠠᠷᠢᠯᠴᠠᠨ ᠣᠶᠠᠯᠲᠣᠬᠰᠠᠨ ᠰᠣᠷᠣᠬᠴᠢᠳ ᠤᠨ ᠪᠡᠶ᠎ᠡ ᠶᠢᠨ | ᠲᠠᠮᠢᠷ ᠤᠨ ᠣᠷᠣᠯᠲᠣᠭᠠᠨ ᠤ ᠲᠣᠬᠲᠠᠯᠴᠠᠭ᠎ᠠ ᠶᠢ ᠰᠢᠰᠲ᠋ᠧᠮ ᠲᠠᠢ ᠵᠢᠷᠣᠵᠦ ᠲᠦᠯᠦᠪᠯᠡᠨ ᠪᠠᠶᠢᠭᠤᠯᠵᠦ᠂ ᠣᠷᠣᠨ | ᠪᠦᠰᠡ ᠶᠢᠨ ᠲᠣᠲᠣᠭᠠᠲᠣ ᠶᠢᠨ ᠣᠷᠣᠯᠲᠣᠭᠠᠨ ᠤ ᠠᠵᠢᠯᠯᠠᠭ᠎ᠠ ᠶᠢ ᠢᠲᠡᠪᠬᠢᠲᠡᠢ ᠵᠣᠬᠢᠶᠠᠨ ᠪᠠᠶᠢᠭᠤᠯᠣᠨ ᠦᠷᠨᠢᠬᠦᠯᠵᠦ᠂ | ᠲᠣᠬᠲᠠᠬᠰᠠᠨ ᠬᠤᠭᠤᠴᠠᠭ᠎ᠠ ᠲᠠᠢ ᠪᠠᠷ ᠶᠡᠷᠦᠩᠭᠡᠶᠢᠯᠡᠭᠰᠡᠨ ᠴᠢᠨᠠᠷᠲᠠᠢ ᠰᠣᠷᠣᠬᠴᠢᠳ ᠤᠨ ᠪᠡᠶ᠎ᠡ ᠶᠢᠨ ᠲᠠᠮᠢᠷ ᠤᠨ | ᠬᠦᠲᠡᠯᠭᠡᠭᠡᠨ ᠡᠷᠬᠢᠯᠡᠨ᠎ᠡ᠃ ᠣᠷᠣᠨ ᠪᠦᠰᠡ ᠠᠯᠣᠰᠯᠠᠬᠰᠠᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ | ᠣᠷᠣᠯᠲᠣᠭᠠᠨ ᠢ ᠠᠬᠢᠭᠤᠯᠣᠨ ᠦᠷᠨᠢᠬᠦᠯᠵᠦ᠂ ᠪᠦᠬᠦ ᠣᠯᠣᠰ ᠤᠨ ᠰᠣᠷᠣᠬᠴᠢᠳ ᠤᠨ ᠪᠡᠶ᠎ᠡ ᠶᠢᠨ ᠲᠠᠮᠢᠷ ᠤᠨ | ᠣᠷᠣᠯᠲᠣᠭᠠᠨ ᠢ ᠭᠤᠷᠪᠠᠨ ᠵᠢᠯ ᠳᠤ ᠨᠢᠭᠡ ᠬᠤᠭᠤᠴᠠᠭ᠎ᠠ ᠡᠷᠬᠢᠯᠡᠨ᠎ᠡ᠃ ᠣᠷᠣᠯᠲᠣᠭᠠᠨ ᠢᠶᠠᠷ ᠰᠢᠯᠭᠠᠷᠠᠭᠤᠯᠬᠤ | ᠲᠣᠬᠲᠠᠴᠠ ᠶᠢ ᠲᠡᠬᠦᠯᠲᠡᠷᠵᠢᠬᠦᠯᠬᠦ ᠪᠠᠷ ᠲᠠᠮᠵᠢᠨ ᠰᠣᠷᠣᠬᠴᠢ ᠭᠠᠷᠣᠯ ᠲᠠᠢ ᠲᠠᠮᠢᠷᠴᠢᠳ ᠤᠨ ᠡᠯ᠎ᠠ ᠱᠠᠲᠣᠨ ᠤ | ᠲᠣᠰᠬᠠᠢ ᠮᠡᠷᠭᠡᠵᠢᠯ ᠤᠨ ᠲᠠᠮᠢᠷᠴᠢᠳ ᠤᠨ ᠠᠩᠬᠢ ᠪᠠ ᠲᠦᠯᠦᠭᠡᠯᠡᠭᠴᠢ ᠶᠢᠨ ᠠᠩᠬᠢ ᠳᠤ ᠣᠷᠣᠯᠴᠠᠬᠤ ᠵᠠᠮ ᠰᠣᠪᠠᠬ ᠢ | ᠰᠢᠯᠣᠭᠤᠳᠬᠠᠨ᠎ᠠ᠃ | ᠲᠦᠷᠪᠡ ᠦᠨᠳᠦᠰᠦᠨ ᠴᠢᠲᠠᠪᠣᠷᠢ ᠶᠢ ᠴᠢᠩᠭᠠᠳᠬᠠᠨ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ | ᠪᠠᠲᠣᠯᠠᠭ᠎ᠠ ᠶᠢᠨ ᠲᠦᠪᠰᠢᠨ ᠢ ᠲᠡᠭᠡᠭᠰᠢᠯᠡᠬᠦᠯᠦᠨ᠎ᠡ | ︵ᠶᠢᠰᠦ︶ ᠪᠡᠶ᠎ᠠ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠨ᠎ᠠ᠃ | ᠪᠠᠭᠰᠢ ᠶᠢᠨ ᠶᠣᠰᠣ ᠰᠣᠷᠲᠠᠬᠤᠨ ᠤ ᠪᠠᠶᠢᠭᠤᠯᠣᠯᠲᠠ ᠶᠢ ᠴᠢᠩᠭᠠᠳᠬᠠᠵᠦ᠂ ᠦᠷᠭᠡᠨ ᠣᠯᠠᠨ ᠪᠡᠶ᠎ᠡ ᠶᠢᠨ ᠲᠠᠮᠢᠷ ᠤᠨ | ᠪᠠᠭᠰᠢ ᠣᠨᠴᠠᠭᠠᠶᠢᠯᠠᠨ ᠬᠦᠲᠡᠭᠡ ᠲᠣᠰᠬᠤᠨ ᠤ ᠪᠡᠶ᠎ᠡ ᠶᠢᠨ ᠲᠠᠮᠢᠷ ᠤᠨ ᠪᠠᠭᠰᠢ ᠶᠢᠨ ᠠᠵᠢᠯ ᠮᠡᠷᠭᠡᠵᠢᠯ ᠤᠨ ᠢᠷᠠᠭᠤ | ᠠᠯᠲᠠᠷᠲᠣ ᠲᠦᠷᠦᠭᠲᠡᠯ ᠢ ᠨᠡᠮᠡᠭᠲᠡᠬᠦᠯᠦᠨ᠂ ᠣᠷᠲᠣ ᠬᠤᠭᠤᠴᠠᠭ᠎ᠠ ᠪᠠᠷ ᠪᠡᠶ᠎ᠡ ᠶᠢᠨ ᠲᠠᠮᠢᠷ ᠤᠨ ᠦᠢᠯᠡᠰ ᠲᠤ ᠵᠢᠳᠬᠦᠬᠦ | ᠬᠦᠰᠡᠯᠡᠩ ᠪᠣᠯᠣᠨ ᠢᠲᠡᠭᠡᠯ ᠢ ᠨᠢ ᠪᠠᠲᠣᠳᠬᠠᠨ᠎ᠠ᠃ ᠡᠯ᠎ᠠ ᠭᠠᠵᠠᠷ ᠣᠷᠣᠨ ᠣᠲᠣᠬᠠᠨ ᠤ ᠲᠦᠷᠦ ᠶᠢᠨ ᠪᠣᠲᠣᠯᠭ᠎ᠠ | ᠪᠣᠯᠣᠨ ᠵᠠᠮ ᠰᠣᠪᠠᠬ ᠢᠶᠠᠨ ᠠᠰᠢᠬᠯᠠᠨ᠂ ᠪᠠᠷᠢᠮᠵᠢᠶ᠎ᠠ ᠶᠣᠰᠣᠭᠠᠷ ᠪᠡᠶ᠎ᠡ ᠶᠢᠨ ᠲᠠᠮᠢᠷ ᠤᠨ ᠪᠠᠭᠰᠢ ᠪᠣᠯᠣᠨ ᠪᠡᠶ᠎ᠡ ᠶᠢᠨ | ᠲᠠᠮᠢᠷ ᠤᠨ ᠵᠢᠭᠠᠨ ᠰᠣᠷᠭᠠᠯᠲᠠ ᠰᠣᠲᠣᠯᠭᠠᠨ ᠤ ᠠᠵᠢᠯᠲᠠᠳ ᠢ ᠲᠣᠬᠢᠷᠠᠭᠤᠯᠣᠨ᠎ᠠ᠃ ᠲᠡᠭᠡᠲᠦ ᠵᠡᠷᠭᠡ ᠶᠢᠨ | ᠰᠣᠷᠭᠠᠭᠤᠯᠢ ᠨᠤᠭᠤᠳ ᠪᠡᠶ᠎ᠡ ᠶᠢᠨ ᠲᠠᠮᠢᠷ ᠤᠨ ᠰᠣᠷᠭᠠᠨ ᠬᠦᠮᠦᠵᠢᠯ ᠤᠨ ᠲᠣᠰᠬᠠᠢ ᠮᠡᠷᠭᠡᠵᠢᠯ ᠢ ᠰᠠᠶᠢᠲᠣᠷ ᠡᠷᠬᠢᠯᠡᠵᠦ᠂ | ᠬᠢᠷᠢ ᠲᠡᠩᠴᠡᠭᠰᠡᠨ ᠪᠡᠶ᠎ᠡ ᠶᠢᠨ ᠲᠠᠮᠢᠷ ᠤᠨ ᠪᠠᠭᠰᠢ ᠬᠦᠮᠦᠵᠢᠬᠦᠯᠦᠨ᠎ᠡ᠃ ᠰᠢᠯᠢᠲᠡᠭ ᠲᠠᠰᠬᠠᠯᠵᠢᠭᠤᠯᠣᠬᠴᠢ᠂ | ᠠᠵᠢᠯ ᠠᠴᠠ ᠪᠠᠨ ᠬᠠᠯᠠᠬᠲᠠᠬᠰᠠᠨ ᠲᠠᠮᠢᠷᠴᠢᠨ᠂ ᠨᠡᠶᠢᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠲᠣᠬᠴᠢ᠂ ᠪᠡᠶ᠎ᠡ ᠶᠢᠨ | ᠲᠠᠮᠢᠷ ᠤᠨ ᠣᠨᠴᠠᠭᠠᠢ ᠠᠪᠢᠶᠠᠰ ᠲᠠᠢ ᠰᠠᠶᠢᠨ ᠲᠣᠷᠠᠴᠣᠣᠯ ᠪᠡᠶ᠎ᠡ ᠶᠢᠨ ᠲᠠᠮᠢᠷ ᠤᠨ ᠪᠠᠭᠰᠢ ᠶᠢᠨ ᠠᠵᠢᠯ | ᠬᠠᠪᠰᠣᠷᠭᠠᠬᠤ ᠶᠢ ᠵᠣᠷᠢᠬᠵᠢᠭᠤᠯᠣᠨ᠎ᠠ᠃ ᠪᠡᠶ᠎ᠡ ᠶᠢᠨ ᠲᠠᠮᠢᠷ ᠤᠨ ᠪᠠᠭᠰᠢ ᠳᠤ ᠪᠦᠭᠦᠲᠡᠭᠡᠷ ᠪᠣᠯᠪᠠᠰᠣᠷᠠᠯ | ᠬᠦᠷᠲᠡᠭᠡᠬᠦ ᠶᠢ ᠬᠡᠷᠡᠭᠵᠢᠬᠦᠯᠦᠨ᠂ ᠨᠢᠭᠡ ᠪᠦᠯᠦᠭ ᠪᠡᠶ᠎ᠡ ᠶᠢᠨ ᠲᠠᠮᠢᠷ ᠤᠨ ᠭᠤᠣᠯᠯᠠᠬᠴᠢ ᠪᠠᠭᠰᠢ ᠪᠣᠯᠣᠨ ᠪᠡᠶ᠎ᠡ ᠶᠢᠨ | ᠲᠠᠮᠢᠷ ᠤᠨ ᠨᠡᠷᠡᠲᠦ ᠪᠠᠭᠰᠢ ᠵᠡᠷᠭᠡ ᠲᠠᠭᠠᠭᠤᠯᠣᠬᠴᠢ ᠴᠢᠲᠠᠪᠣᠷᠢᠲᠠᠨ ᠢ ᠬᠦᠮᠦᠵᠢᠬᠦᠯᠵᠦ᠂ ᠲᠣᠮᠲᠠᠲᠣ ᠪᠠᠭ᠎ᠠ | ᠰᠣᠷᠭᠠᠭᠤᠯᠢ ᠶᠢᠨ ᠪᠠᠭᠰᠢ ᠨᠠᠷ ᠤᠨ ᠣᠯᠣᠰ ᠤᠨ ᠲᠡᠰ ᠤᠨ ᠪᠣᠯᠪᠠᠰᠣᠷᠠᠯ ᠤᠨ ᠲᠦᠯᠦᠪᠯᠡᠭᠡ ︵ᠣᠯᠣᠰ ᠠᠴᠠ | ᠪᠣᠯᠪᠠᠰᠣᠷᠠᠯ ᠬᠦᠷᠲᠡᠭᠡᠬᠦ ᠲᠦᠯᠦᠪᠯᠡᠭᠡ︶ ᠳᠤ ᠲᠣᠮᠲᠠ ᠪᠠᠷᠠᠭᠤᠨ ᠬᠡᠰᠡᠭ ᠤᠨ ᠪᠠᠭᠰᠢ ᠶᠢᠨ ᠲᠦᠯᠦᠪᠯᠡᠭᠡ ᠶᠢ | ᠭᠤᠣᠯᠲᠠᠯᠭ᠎ᠠ ᠲᠠᠢ ᠴᠢᠩᠭᠠᠳᠬᠠᠵᠦ᠂ ᠣᠨᠴᠠᠭᠠᠢ ᠰᠣᠷᠭᠠᠨ ᠬᠦᠮᠦᠵᠢᠯ ᠤᠨ ᠪᠡᠶ᠎ᠡ ᠶᠢᠨ ᠲᠠᠮᠢᠷ ᠤᠨ ᠪᠠᠭᠰᠢ ᠶᠢᠨ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ᠪᠡᠶ᠎ᠡ ᠶᠢᠨ ᠲᠠᠮᠢᠷ ᠤᠨ ᠪᠠᠭᠰᠢ ᠶᠢᠨ ᠠᠵᠢᠯ ᠤᠨ ᠬᠡᠮᠵᠢᠶ᠎ᠡ ᠶᠢ ᠰᠢᠨᠵᠢᠯᠡᠬᠦ | ᠣᠬᠠᠭᠠᠨᠴᠢ ᠪᠠᠷ ᠵᠣᠬᠢᠰᠲᠠᠢ ᠲᠣᠬᠲᠠᠭᠠᠵᠦ᠂ ᠬᠢᠴᠢᠶᠠᠯ ᠤᠨ ᠭᠠᠲᠠᠨᠠᠬᠢ ᠬᠦᠲᠡᠯᠭᠡᠭᠡᠨ ᠦᠷᠨᠢᠬᠦᠯᠬᠦ᠂ | ᠰᠣᠷᠣᠬᠴᠢᠳ ᠤᠨ ᠪᠡᠶ᠎ᠡ ᠮᠠᠬᠠᠪᠣᠳ ᠤᠨ ᠡᠷᠡᠬᠦᠯ ᠮᠡᠨᠲᠦ ᠶᠢᠨ ᠰᠣᠷᠢᠯᠲᠠ ᠬᠢᠬᠦ᠂ ᠬᠢᠴᠢᠶᠡᠯ ᠤᠨ ᠵᠠᠪᠰᠠᠷᠯᠠᠭ᠎ᠠ ᠶᠢᠨ | ᠪᠣᠯᠪᠠᠰᠣᠷᠠᠯ᠂ ᠣᠷᠣᠯᠲᠣᠭᠠᠨ ᠵᠡᠷᠭᠡ ᠶᠢ ᠵᠢᠭᠠᠨ ᠰᠣᠷᠭᠠᠯᠲᠠ ᠶᠢᠨ ᠠᠵᠢᠯ ᠤᠨ ᠨᠣᠷᠮ᠎ᠠ ᠳᠤ ᠪᠠᠭᠲᠠᠭᠠᠨ᠎ᠠ᠃ | ᠪᠡᠶ᠎ᠡ ᠶᠢᠨ ᠲᠠᠮᠢᠷ ᠤᠨ ᠪᠠᠭᠰᠢ ᠶᠢᠨ ᠮᠡᠷᠭᠡᠵᠢᠯ ᠤᠨ ᠬᠢᠷᠢ ᠭᠡᠮ ︵ᠲᠣᠰᠢᠶᠠᠯ︶ ᠲᠣᠬᠲᠠᠭᠠᠵᠦ ᠦᠨᠡᠯᠡᠬᠦ᠂ ᠰᠢᠯᠢᠲᠡᠭ ᠢ | ᠰᠢᠯᠭᠠᠷᠠᠭᠤᠯᠵᠦ ᠱᠠᠩᠨᠠᠬᠤ᠂ ᠲᠡᠰ ᠴᠣᠯᠠ ᠲᠡᠪᠰᠢᠬᠦ ᠵᠡᠷᠭᠡ ᠲᠠᠯ᠎ᠠ ᠪᠠᠷ ᠪᠣᠰᠣᠳ ᠰᠢᠨᠵᠢᠯᠡᠭᠡᠨ ᠤ ᠪᠠᠭᠰᠢ ᠯᠤᠭ᠎ᠠ | ᠠᠲᠠᠯᠢ ᠬᠠᠷᠠᠭᠠᠯᠵᠠᠯ ᠬᠦᠷᠲᠡᠬᠦ ᠶᠢ ᠪᠠᠲᠣᠯᠠᠨ᠎ᠠ᠃ ᠲᠡᠭᠡᠲᠦ ᠵᠡᠷᠭᠡ ᠶᠢᠨ ᠰᠣᠷᠭᠠᠭᠤᠯᠢ ᠨᠤᠭᠤᠳ ᠪᠡᠶ᠎ᠡ ᠶᠢᠨ ᠲᠠᠮᠢᠷ ᠤᠨ | ᠰᠢᠨᠵᠢᠯᠡᠭᠡᠨ ᠤ ᠣᠨᠴᠠᠯᠢᠬ ᠲᠤ ᠨᠡᠶᠢᠴᠡᠬᠦ ᠪᠡᠶ᠎ᠡ ᠶᠢᠨ ᠲᠠᠮᠢᠷ ᠤᠨ ᠪᠠᠭᠰᠢ ᠶᠢᠨ ᠠᠵᠢᠯ ᠤᠨ ᠬᠢᠨᠠᠨ ᠰᠢᠯᠭᠠᠯᠲᠠ ᠪᠣᠯᠣᠨ | ᠮᠡᠷᠭᠡᠵᠢᠯ ᠤᠨ ᠬᠢᠷᠢ ᠭᠡᠮ ︵ᠲᠣᠰᠢᠶᠠᠯ︶ ᠢ ᠦᠨᠡᠯᠡᠵᠦ ᠣᠷᠢᠬᠤ ᠠᠷᠭ᠎ᠠ ᠶᠢ ᠲᠡᠬᠦᠯᠲᠡᠷᠵᠢᠬᠦᠯᠦᠨ᠎ᠡ᠃ | ︵ᠠᠷᠪᠠ︶ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠠᠬᠢᠭᠤᠯᠣᠨ᠎ᠠ᠃ ᠡᠯ᠎ᠠ ᠭᠠᠵᠠᠷ | ᠣᠷᠣᠨ ᠰᠣᠷᠭᠠᠭᠤᠯᠢ ᠶᠢᠨ ᠪᠦᠲᠦᠭᠡᠨ ᠪᠠᠶᠢᠭᠤᠯᠣᠯᠲᠠ ᠶᠢᠨ ᠪᠠᠷᠢᠮᠵᠢᠶ᠎ᠠ᠂ ᠵᠢᠷᠤᠬ ᠲᠦᠯᠦᠪᠯᠡᠭᠡ ᠶᠢᠨ ᠲᠦᠷᠢᠮᠵᠢᠯ | ᠶᠣᠰᠣᠭᠠᠷ᠂ ᠣᠯᠠᠨ ᠵᠦᠢᠯ ᠤᠨ ᠪᠡᠯᠡ ᠮᠦᠩᠬᠦ ᠶᠢᠨ ᠵᠠᠮ ᠰᠣᠪᠠᠬ ᠢ ᠬᠦᠢᠴᠡᠳ ᠠᠰᠢᠬᠯᠠᠨ᠂ ᠰᠣᠷᠭᠠᠭᠤᠯᠢ ᠶᠢᠨ | ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠲᠡᠮᠵᠢᠬᠦ ᠬᠦᠴᠦᠯᠡᠴᠡ ᠪᠠᠨ ᠴᠢᠩᠭᠠᠳᠬᠠᠨ᠎ᠠ᠃ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠠᠯᠪᠠᠨ ᠵᠢᠷᠣᠮ ᠤᠨ ᠰᠣᠷᠭᠠᠨ ᠬᠦᠮᠦᠵᠢᠯ ᠤᠨ | ᠰᠣᠷᠭᠠᠭᠤᠯᠢ ᠶᠢᠨ ᠪᠠᠷᠢᠮᠵᠢᠶᠠᠵᠢᠬᠰᠠᠨ ᠪᠠᠶᠢᠭᠤᠯᠣᠯᠲᠠ ᠶᠢᠨ ᠴᠢᠬᠤᠯᠠ ᠠᠭᠤᠯᠭ᠎ᠠ ᠪᠣᠯᠭᠠᠵᠦ᠂ ᠰᠠᠭᠤᠷᠢ ᠶᠢ ᠪᠠᠲᠣᠯᠠᠵᠦ | ᠂ ᠦᠨᠳᠦᠰᠦᠨ ᠵᠦᠢᠯ ᠢ ᠪᠠᠲᠣᠯᠠᠬᠤ ᠵᠠᠷᠴᠢᠮ ᠶᠣᠰᠣᠭᠠᠷ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠲᠣᠨ | ᠲᠠᠯᠠᠪᠠᠢ ᠶᠢᠨ ᠲᠦᠬᠦᠭᠡᠷᠦᠮᠵᠢ ᠶᠢ ᠰᠠᠶᠢᠲᠣᠷ ᠪᠠᠶᠢᠭᠤᠯᠵᠦ᠂ ᠪᠡᠶ᠎ᠡ ᠶᠢᠨ ᠲᠠᠮᠢᠷ ᠤᠨ ᠪᠠᠭᠠᠵᠢ ᠲᠣᠨᠣᠬᠯᠠᠯ ᠢ | ᠪᠦᠷᠢᠲᠦᠬᠦᠯᠦᠨ᠂ ᠪᠡᠶ᠎ᠡ ᠶᠢᠨ ᠲᠠᠮᠢᠷ ᠤᠨ ᠪᠠᠭᠰᠢ ᠨᠡᠷ ᠤᠨ ᠬᠡᠷᠡᠭᠰᠡᠬᠦ ᠪᠠᠭᠠᠵᠢ ᠲᠣᠨᠣᠬᠯᠠᠯ ᠢ ᠢᠵᠢ ᠪᠦᠷᠢᠲᠦᠬᠦᠯᠦᠨᠡ᠃ | ᠲᠦᠷᠢᠮ ᠲᠣᠬᠲᠠᠭᠠᠯ ᠢᠶᠠᠨ ᠴᠢᠨᠠᠬᠰᠢᠲᠠ ᠲᠡᠬᠦᠯᠲᠡᠷᠵᠢᠬᠦᠯᠵᠦ᠂ ᠣᠯᠠᠨ ᠨᠡᠶᠢᠢᠲᠡ ᠶᠢᠨ ᠪᠡᠶ᠎ᠡ ᠶᠢᠨ ᠲᠠᠮᠢᠷ ᠤᠨ | ᠣᠷᠲᠣᠨ ᠲᠠᠯᠠᠪᠠᠢ ᠶᠢᠨ ᠲᠦᠬᠦᠭᠡᠷᠦᠮᠵᠢ ᠶᠢᠨ ᠰᠣᠷᠭᠠᠭᠤᠯᠢ ᠶᠢᠨ ᠪᠡᠶ᠎ᠡ ᠶᠢᠨ ᠲᠠᠮᠢᠷ ᠲᠤ ᠦᠢᠯᠡᠴᠢᠯᠡᠭᠡ ᠬᠠᠩᠭᠠᠬᠤ ᠶᠢ | ᠢᠲᠡᠪᠬᠢᠲᠡᠢ ᠠᠬᠢᠭᠤᠯᠵᠦ᠂ ᠰᠣᠷᠣᠬᠴᠢᠳ ᠲᠤ ᠰᠦᠢᠳᠭᠡᠯ ᠬᠤᠷᠢᠶᠠᠬᠤ ᠦᠭᠡᠢ ᠪᠠᠷ ᠪᠣᠶᠣ ᠬᠠᠷᠠᠭᠠᠯᠵᠠᠯ ᠦᠵᠡᠬᠦᠯᠦᠨ | ᠴᠢᠯᠦᠭᠡᠲᠡᠢ ᠨᠡᠭᠡᠭᠡᠵᠦ᠂ ᠨᠦᠬᠦᠴᠡᠯ ᠪᠦᠬᠦᠢ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠨᠢ | ᠬᠢᠴᠢᠶᠡᠯ ᠤᠨ ᠵᠠᠪᠰᠠᠷᠯᠠᠭ᠎ᠠ ᠪᠣᠶᠣ ᠪᠠᠶᠠᠷ ᠲᠣᠷᠠᠰᠬᠠᠯ ᠤᠨ ᠡᠳᠦᠷ ᠲᠤ ᠲᠣᠰ ᠰᠣᠷᠭᠠᠭᠤᠯᠢ ᠶᠢᠨ ᠢᠶᠠᠨ ᠪᠠᠭᠰᠢ | ᠰᠣᠷᠣᠬᠴᠢᠳ ᠪᠠ ᠨᠡᠶᠢᠭᠡᠮ ᠳᠤ ᠡᠮᠬᠢ ᠵᠢᠷᠣᠮ ᠲᠠᠢ ᠪᠠᠷ ᠴᠢᠯᠦᠭᠡᠲᠡᠢ ᠨᠡᠭᠡᠭᠡᠬᠦ ᠶᠢ ᠠᠬᠢᠭᠤᠯᠵᠦ᠂ ᠵᠠᠯᠠᠭᠤᠴᠤᠳ | ᠪᠠᠭᠠᠴᠣᠳ ᠤᠨ ᠠᠵᠢᠯᠯᠠᠭᠠᠨ ᠤ ᠲᠦᠪ᠂ ᠪᠠᠭᠠᠴᠣᠳ ᠤᠨ ᠣᠷᠲᠣᠨ᠂ ᠭᠡᠭᠡᠷ᠎ᠡ ᠭᠠᠲᠠᠨᠠᠬᠢ ᠰᠠᠭᠤᠷᠢᠨ ᠵᠡᠷᠭᠡ ᠡᠬᠢ | ᠪᠠᠶᠠᠯᠢᠬ ᠢ ᠬᠦᠢᠴᠡᠳ ᠠᠰᠢᠬᠯᠠᠨ ᠪᠡᠶ᠎ᠡ ᠶᠢᠨ ᠲᠠᠮᠢᠷ ᠤᠨ ᠬᠦᠲᠡᠯᠭᠡᠭᠡᠨ ᠦᠷᠨᠢᠬᠦᠯᠦᠨ᠎ᠡ᠃ | ︵ᠠᠷᠪᠠᠨ ᠨᠢᠭᠡ︶ ᠵᠠᠷᠣᠲᠠᠯ ᠪᠡᠯᠡ ᠣᠷᠣᠭᠤᠯᠣᠯᠲᠠ ᠶᠢᠨ ᠲᠣᠬᠲᠠᠴᠠ ᠶᠢ ᠲᠡᠬᠦᠯᠲᠡᠷᠵᠢᠬᠦᠯᠦᠨ᠎ᠡ᠃ ᠡᠯ᠎ᠠ | ᠱᠠᠲᠣᠨ ᠤ ᠵᠠᠰᠠᠬ ᠤᠨ ᠣᠷᠲᠣᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠵᠠᠷᠣᠲᠠᠯ ᠪᠡᠯᠡ ᠣᠷᠣᠭᠤᠯᠣᠯᠲᠠ ᠶᠢᠨ | ᠬᠦᠴᠦᠯᠡᠴᠡ ᠪᠠᠨ ᠨᠡᠮᠡᠭᠲᠡᠬᠦᠯᠵᠦ᠂ ᠭᠠᠵᠠᠷ ᠣᠷᠣᠨ ᠤ ᠡᠯ᠎ᠠ ᠱᠠᠲᠣᠨ ᠤ ᠠᠷᠠᠳ ᠤᠨ ᠵᠠᠰᠠᠭ ᠤᠨ ᠣᠷᠲᠣᠨ ᠡᠳ᠋ ᠤᠨ | ᠵᠠᠰᠠᠬ ᠤᠨ ᠲᠣᠭᠠᠴᠠᠭ᠎ᠠ ᠬᠢᠵᠦ ᠰᠢᠯᠵᠢᠬᠦᠯᠬᠦ ᠪᠡᠯᠡ ᠮᠦᠩᠬᠦ ᠪᠤᠯᠤᠨ ᠲᠣᠰ ᠱᠠᠲᠣᠨ ᠤ ᠡᠳ᠋ ᠤᠨ ᠵᠠᠰᠠᠬ ᠤᠨ | ᠬᠦᠴᠦᠨ ᠢ ᠲᠤᠬᠢᠷᠠᠭᠤᠯᠬᠤ ᠳᠠᠭᠠᠨ ᠰᠣᠷᠭᠠᠭᠤᠯᠢ ᠶᠢᠨ ᠪᠡᠶ᠎ᠡ ᠶᠢᠨ ᠲᠠᠮᠢᠷ ᠢ ᠢᠯᠡᠬᠦᠭᠡᠨ ᠪᠣᠲᠣᠯᠬᠢᠯᠠᠨᠠ᠃ ᠡᠯ᠎ᠠ | ᠱᠠᠲᠣᠨ ᠤ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠬᠡᠷᠡᠭᠴᠡᠭᠡ ᠱᠠᠭᠠᠷᠲᠠᠯᠭ᠎ᠠ ᠪᠠᠨ ᠦᠨᠳᠦᠰᠦᠯᠡᠨ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠵᠠᠷᠣᠲᠠᠯ ᠢ ᠲᠣᠰ ᠵᠢᠯ ᠤᠨ ᠡᠳ᠋ ᠤᠨ ᠵᠠᠰᠠᠬ ᠤᠨ ᠲᠦᠰᠦᠪ ᠲᠤ | ᠪᠠᠭᠲᠠᠭᠠᠨ᠂ ᠰᠣᠷᠭᠠᠭᠤᠯᠢ ᠨᠤᠭᠤᠳ ᠪᠡᠶ᠎ᠡ ᠶᠢᠨ ᠲᠠᠮᠢᠷ ᠤᠨ ᠠᠵᠢᠯ ᠤᠨ ᠵᠠᠷᠣᠲᠠᠯ ᠤᠨ ᠬᠡᠷᠡᠭᠴᠡᠭᠡ ᠶᠢ ᠪᠠᠲᠣᠯᠠᠨ᠎ᠠ᠃ | ᠨᠡᠶᠢᠭᠡᠮ ᠤᠨ ᠪᠡᠯᠡ ᠮᠦᠩᠬᠦ ᠪᠠᠷ ᠰᠣᠷᠭᠠᠭᠤᠯᠢ ᠶᠢᠨ ᠪᠡᠶ᠎ᠡ ᠶᠢᠨ ᠲᠠᠮᠢᠷ ᠢ ᠲᠡᠮᠵᠢᠬᠦ ᠶᠢ ᠵᠣᠷᠢᠬᠵᠢᠭᠤᠯᠣᠨ ᠬᠦᠲᠦᠯᠦᠨ | ᠵᠢᠯᠣᠭᠤᠳᠴᠦ᠂ ᠣᠯᠠᠨ ᠠᠷᠭ᠎ᠠ ᠵᠠᠮ ᠢᠶᠠᠷ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡ ᠣᠷᠣᠭᠤᠯᠣᠯᠲᠠ ᠪᠠᠨ | ᠨᠡᠮᠡᠭᠲᠡᠬᠦᠯᠦᠨ᠎ᠡ᠃ | ︵ᠠᠷᠪᠠᠨ ᠬᠤᠶᠠᠷ︶ ᠠᠶᠣᠯ ᠲᠦᠭᠰᠢᠬᠦᠷᠢ ᠶᠢ ᠬᠠᠮᠢᠶᠠᠷᠬᠤ ᠲᠣᠬᠲᠠᠴᠠ ᠶᠢ ᠪᠦᠷᠢᠨᠰᠢᠬᠦᠯᠦᠨ᠎ᠡ᠃ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠬᠡᠮᠲᠦᠯ ᠰᠢᠷᠬᠠᠲᠣᠯ ᠤᠨ ᠲᠦᠭᠰᠢᠬᠦᠷᠢ ᠶᠢ ᠰᠡᠷᠭᠡᠶᠢᠯᠡᠨ | ᠬᠤᠷᠢᠬᠯᠠᠬᠤ ᠲᠣᠬᠲᠠᠴᠠ ᠶᠢ ᠲᠡᠬᠦᠯᠲᠡᠷᠵᠢᠬᠦᠯᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠡᠷᠡᠬᠦᠯ ᠢᠶᠠᠷ | ᠡᠮᠬᠢ ᠲᠠᠷᠠᠭ᠎ᠠ ᠲᠠᠢ ᠦᠷᠨᠢᠬᠦᠯᠬᠦ ᠶᠢ ᠪᠠᠲᠣᠯᠠᠨ᠎ᠠ᠃ ᠰᠣᠷᠣᠬᠴᠢᠳ ᠲᠤ ᠠᠮᠣᠷ ᠲᠦᠪᠰᠢᠨ ᠤ ᠬᠦᠮᠦᠵᠢᠯ ᠦᠷᠨᠢᠬᠦᠯᠵᠦ | ᠂ ᠰᠣᠷᠣᠬᠴᠢᠳ ᠤᠨ ᠠᠮᠣᠷ ᠲᠦᠪᠰᠢᠨ ᠤ ᠣᠬᠠᠮᠰᠠᠷ ᠪᠣᠯᠣᠨ ᠦᠪᠡᠷ ᠢ ᠪᠠᠨ ᠬᠠᠮᠠᠭᠠᠯᠠᠬᠤ ᠴᠢᠲᠠᠪᠣᠷᠢ ᠶᠢ | ᠬᠦᠮᠦᠵᠢᠬᠦᠯᠵᠦ᠂ ᠰᠣᠷᠣᠬᠴᠢᠳ ᠤᠨ ᠰᠢᠷᠬᠠᠲᠣᠯ ᠬᠡᠮᠲᠦᠯ ᠢ ᠪᠠᠴᠢᠮ ᠠᠷᠭᠠᠴᠠᠬᠤ ᠪᠠ ᠠᠪᠣᠷᠠᠬᠤ ᠴᠢᠲᠠᠪᠣᠷᠢ ᠶᠢ | ᠲᠡᠭᠡᠭᠰᠢᠯᠡᠬᠦᠯᠦᠨ᠎ᠡ᠃ ᠰᠣᠷᠭᠠᠭᠤᠯᠢ ᠶᠢᠨ ᠵᠠᠬᠢᠷᠣᠯ᠂ ᠪᠠᠭᠰᠢ ᠪᠣᠯᠣᠨ ᠬᠤᠯᠪᠣᠬᠲᠠᠯ ᠪᠦᠬᠦᠢ ᠬᠠᠮᠢᠶᠠᠷᠣᠯᠲᠠ ᠶᠢᠨ | ᠠᠵᠢᠯᠲᠠᠳ ᠤᠨ ᠪᠣᠯᠪᠠᠰᠣᠷᠠᠯ ᠢ ᠴᠢᠩᠭᠠᠳᠬᠠᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯᠲᠠᠳ ᠤᠨ | ᠪᠡᠶ᠎ᠡ ᠶᠢᠨ ᠲᠡᠮᠢᠷ ᠤᠨ ᠬᠦᠲᠡᠯᠭᠡᠭᠡᠨ ᠤ ᠠᠶᠣᠯ ᠲᠦᠭᠰᠢᠬᠦᠷᠢ ᠶᠢ ᠬᠠᠮᠢᠶᠠᠷᠬᠤ ᠤᠬᠠᠮᠰᠠᠷ ᠪᠣᠯᠣᠨ ᠴᠢᠲᠠᠪᠣᠷᠢ ᠶᠢ | ᠲᠡᠭᠡᠭᠰᠢᠯᠡᠬᠦᠯᠦᠨ᠎ᠡ᠃ ᠰᠣᠷᠭᠠᠭᠤᠯᠢ ᠠᠴᠠ ᠪᠡᠶ᠎ᠡ ᠶᠢᠨ ᠲᠠᠮᠢᠷ ᠤᠨ ᠪᠠᠭᠠᠵᠢ ᠲᠦᠬᠦᠭᠡᠷᠦᠮᠵᠢ ᠵᠢᠴᠢ ᠣᠷᠲᠣᠨ | ᠲᠠᠯᠠᠪᠠᠢ ᠶᠢᠨ ᠠᠶᠣᠯ ᠲᠦᠭᠰᠢᠬᠦᠷᠢ ᠳᠤ ᠲᠦᠷᠦᠯ ᠬᠤᠪᠢᠶᠠᠨ ᠬᠠᠮᠢᠶᠠᠷᠣᠯᠲᠠ ᠬᠢᠵᠦ᠂ ᠲᠣᠬᠲᠠᠬᠰᠠᠨ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠠᠮᠣᠷ ᠲᠦᠪᠰᠢᠨ ᠢ ᠰᠦᠷᠲᠡᠬᠦᠯᠪᠡᠯ ᠢᠯᠡ ᠰᠡᠷᠡᠮᠵᠢᠯᠡᠬᠦᠯᠬᠦ ᠲᠡᠮᠲᠡᠭ | ᠪᠣᠶᠣ ᠠᠮᠣᠷ ᠲᠦᠪᠰᠢᠨ ᠤ ᠰᠠᠨᠠᠭᠤᠯᠣᠮᠵᠢ ᠭᠠᠷᠭᠠᠨ᠎ᠠ᠃ ᠰᠣᠷᠭᠠᠭᠤᠯᠢ ᠶᠢᠨ ᠲᠠᠯ᠎ᠠ ᠶᠢᠨ ᠬᠠᠷᠢᠭᠤᠴᠠᠯᠭ᠎ᠠ ᠶᠢᠨ | ᠲᠠᠭᠠᠳᠬᠠᠯ ᠢ ᠲᠡᠬᠦᠯᠲᠡᠷᠵᠢᠬᠦᠯᠵᠦ᠂ ᠪᠡᠶ᠎ᠡ ᠶᠢᠨ ᠲᠠᠮᠢᠷ ᠤᠨ ᠭᠡᠨᠡᠳᠲᠡ ᠶᠢᠨ ᠭᠡᠮᠲᠦᠯ ᠢ ᠬᠠᠮᠣᠷᠣᠬᠰᠠᠨ | ᠰᠣᠷᠣᠬᠴᠢᠳ ᠤᠨ ᠶᠡᠷᠦᠩᠭᠡᠶᠢᠯᠡᠭᠰᠡᠨ ᠲᠠᠭᠠᠳᠬᠠᠯ ᠤᠨ ᠲᠣᠬᠲᠠᠴᠠ ᠶᠢ ᠬᠠᠶᠢᠨ ᠰᠦᠪᠡᠭᠴᠢᠯᠡᠵᠦ ᠪᠠᠶᠢᠭᠤᠯᠣᠨ᠎ᠠ᠃ | ᠡᠯ᠎ᠠ ᠭᠠᠵᠠᠷ ᠣᠷᠣᠨ ᠤ ᠵᠠᠰᠠᠬ ᠤᠨ ᠣᠷᠲᠣᠨ ᠲᠣᠷᠰᠢᠯᠲᠠ ᠶᠢᠨ ᠴᠢᠬ ᠭᠠᠷᠭᠠᠵᠦ ᠰᠣᠷᠣᠬᠴᠢᠳ ᠤᠨ ᠪᠡᠶ᠎ᠡ ᠶᠢᠨ | ᠲᠠᠮᠢᠷ ᠤᠨ ᠠᠮᠣᠷ ᠲᠦᠪᠰᠢᠨ ᠤ ᠬᠡᠷᠡᠭ ᠢ ᠭᠤᠷᠪᠠᠲᠣᠭᠠᠷ ᠡᠲᠡᠭᠡᠳ ᠠᠴᠠ ᠡᠶᠡᠲᠡᠬᠦᠯᠬᠦ ᠠᠷᠭ᠎ᠠ ᠶᠢ ᠲᠡᠯᠭᠡᠷᠡᠬᠦᠯᠬᠦ ᠶᠢ | ᠵᠣᠷᠢᠬᠵᠢᠭᠤᠯᠣᠨ᠎ᠠ᠃ | ︵ᠠᠷᠪᠠᠨ ᠭᠤᠷᠪᠠ︶ ᠣᠯᠠᠨ ᠲᠠᠯ᠎ᠠ ᠶᠢᠨ ᠡᠬᠢ ᠪᠠᠶᠠᠯᠢᠬ ᠢ ᠨᠡᠶᠢᠳᠭᠡᠵᠦ᠂ ᠰᠣᠷᠭᠠᠭᠤᠯᠢ ᠶᠢᠨ ᠪᠡᠶ᠎ᠡ ᠶᠢᠨ | ᠲᠠᠮᠢᠷ ᠢ ᠲᠡᠮᠵᠢᠨ᠎ᠡ᠃ ᠲᠦᠷᠦ ᠶᠢᠨ ᠪᠣᠲᠣᠯᠭ᠎ᠠ ᠠᠷᠭ᠎ᠠ ᠬᠡᠮᠵᠢᠶ᠎ᠠ ᠪᠠᠨ ᠲᠡᠬᠦᠯᠲᠡᠷᠵᠢᠬᠦᠯᠵᠦ᠂ ᠵᠠᠰᠠᠬ ᠤᠨ | ᠣᠷᠲᠣᠨ ᠠᠴᠠ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠬᠤᠲᠠᠯᠲᠣᠨ ᠠᠪᠬᠤ ᠵᠡᠷᠭᠡ ᠬᠡᠯᠪᠡᠷᠢ ᠪᠠᠷ ᠨᠡᠶᠢᠭᠡᠮ ᠤᠨ | ᠬᠦᠴᠦᠨ ᠢᠶᠠᠷ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠭᠵᠢᠯᠲᠡ ᠶᠢ ᠲᠡᠮᠵᠢᠬᠦ ᠣᠷᠲᠣ ᠬᠤᠭᠤᠴᠠᠭᠠᠨ ᠤ | ᠲᠣᠬᠲᠠᠴᠠ ᠶᠢ ᠠᠭᠠᠵᠢᠮ ᠢᠶᠠᠷ ᠪᠠᠶᠢᠭᠤᠯᠣᠨ᠂ ᠮᠡᠷᠭᠡᠵᠢᠯ ᠴᠢᠲᠠᠪᠣᠷᠢᠲᠠᠨ ᠵᠡᠷᠭᠡ ᠡᠬᠢ ᠪᠠᠶᠠᠯᠢᠬ ᠤᠨ | ᠦᠢᠯᠡᠴᠢᠯᠡᠭᠡ ᠪᠠᠷ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ᠂ ᠪᠣᠯᠪᠠᠰᠣᠷᠠᠯ ᠪᠣᠯᠣᠨ | ᠣᠷᠣᠯᠲᠣᠭᠠᠨ ᠵᠡᠷᠭᠡ ᠠᠵᠢᠯᠯᠠᠭ᠎ᠠ ᠶᠢ ᠬᠦᠲᠦᠯᠦᠨ ᠵᠢᠯᠣᠭᠤᠲᠣᠨ᠎ᠠ᠃ ᠮᠡᠷᠭᠡᠵᠢᠯ ᠤᠨ ᠪᠡᠶ᠎ᠡ ᠶᠢᠨ ᠲᠠᠮᠢᠷ ᠤᠨ ᠠᠩᠬᠢ᠂ | ᠮᠡᠷᠭᠡᠵᠢᠯ ᠤᠨ ᠪᠡᠶ᠎ᠡ ᠶᠢᠨ ᠲᠠᠮᠢᠷ ᠤᠨ ᠺᠯᠦ᠋ᠪ ᠲᠣᠬᠲᠠᠬᠰᠠᠨ ᠬᠤᠭᠤᠴᠠᠭ᠎ᠠ ᠲᠠᠢ ᠪᠠᠷ ᠲᠠᠰᠬᠠᠯᠵᠢᠭᠤᠯᠣᠬᠴᠢ᠂ | ᠲᠠᠮᠢᠷᠴᠢᠳ ᠢᠶᠠᠨ ᠵᠣᠬᠢᠶᠠᠨ ᠪᠠᠶᠢᠭᠤᠯᠵᠤ ᠰᠣᠷᠭᠠᠭᠤᠯᠢ ᠳᠤ ᠬᠦᠨᠵᠡᠭᠡᠶᠢᠷᠡᠨ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ | ᠬᠦᠲᠡᠯᠭᠡᠭᠡᠨ ᠦᠷᠨᠢᠬᠦᠯᠦᠨ ᠵᠢᠯᠣᠭᠤᠳᠬᠤ ᠶᠢ ᠵᠣᠷᠢᠬᠵᠢᠭᠤᠯᠣᠨ᠎ᠠ᠃ ᠰᠣᠷᠭᠠᠭᠤᠯᠢ ᠪᠣᠯᠣᠨ ᠡᠷᠲᠡᠮ ᠰᠢᠨᠵᠢᠯᠡᠭᠡᠨ ᠤ | ᠬᠦᠷᠢᠶᠡᠯᠡᠩ ᠭᠠᠵᠠᠷ᠂ ᠨᠡᠶᠢᠭᠡᠮ ᠪᠦᠯᠬᠦᠮ᠂ ᠠᠵᠦ ᠠᠬᠤᠶᠢᠯᠠᠯ ᠵᠡᠷᠭᠡ ᠦᠷᠭᠡᠨ ᠢᠶᠠᠷ ᠬᠠᠮᠲᠣᠷᠠᠨ ᠠᠵᠢᠯᠯᠠᠵᠦ᠂ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠦᠪᠰᠢᠨ ᠢ ᠲᠡᠭᠡᠭᠰᠢᠯᠡᠬᠦᠯᠬᠦ ᠶᠢ ᠲᠡᠮᠵᠢᠨ᠎ᠡ᠃ ᠰᠢᠶᠠᠩᠭᠠᠩ | ᠣᠣᠮᠧᠨ ᠲᠠᠶᠢᠸᠠᠨ ᠤ ᠵᠠᠯᠠᠭᠤᠴᠤᠳ ᠪᠠᠭᠠᠴᠣᠳ ᠯᠤᠭ᠎ᠠ ᠶᠢᠨ ᠪᠡᠶ᠎ᠡ ᠶᠢᠨ ᠲᠠᠮᠢᠷ ᠤᠨ ᠬᠦᠲᠡᠯᠭᠡᠭᠡᠨ ᠤ | ᠬᠠᠮᠲᠣᠷᠠᠯᠴᠠᠭ᠎ᠠ ᠪᠠᠨ ᠬᠦᠨᠵᠡᠭᠡᠶᠢᠷᠡᠬᠦᠯᠦᠨ᠎ᠡ᠃ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠣᠯᠠᠨ ᠣᠯᠣᠰ ᠤᠨ | ᠰᠣᠯᠢᠯᠴᠠᠭ᠎ᠠ ᠶᠢ ᠴᠢᠩᠭᠠᠳᠬᠠᠨ᠎ᠠ᠃ | ᠲᠠᠪᠤ᠂ ᠬᠢᠨᠡᠨ ᠬᠡᠮᠵᠢᠵᠦ ᠰᠢᠯᠭᠠᠨ ᠦᠨᠡᠯᠡᠬᠦ ᠪᠠᠨ ᠴᠢᠩᠭᠠᠳᠬᠠᠵᠦ᠂ ᠰᠣᠷᠭᠠᠭᠤᠯᠢ ᠶᠢᠨ ᠪᠡᠶ᠎ᠡ ᠶᠢᠨ | ᠲᠠᠮᠢᠷ ᠤᠨ ᠡᠷᠡᠬᠦᠯ ᠢᠶᠠᠷ ᠬᠦᠭᠵᠢᠬᠦ ᠶᠢ ᠠᠬᠢᠭᠤᠯᠣᠨ᠎ᠠ | ︵ᠠᠷᠪᠠᠨ ᠲᠦᠷᠪᠡ︶ ᠰᠢᠯᠭᠠᠨ ᠦᠨᠡᠯᠡᠬᠦ ᠠᠷᠭ᠎ᠠ ᠶᠢ ᠲᠡᠬᠦᠯᠲᠡᠷᠵᠢᠬᠦᠯᠦᠨ᠎ᠡ᠃ ᠬᠢᠴᠢᠶᠡᠯ ᠤᠨ ᠲᠣᠲᠣᠨᠠ | ᠭᠠᠲᠠᠨ᠎ᠠ ᠬᠠᠷᠢᠯᠴᠠᠨ ᠣᠶᠠᠯᠲᠣᠬᠰᠠᠨ᠂ ᠡᠯ᠎ᠠ ᠰᠣᠷᠣᠯᠭ᠎ᠠ ᠶᠢᠨ ᠬᠤᠭᠤᠴᠠᠭ᠎ᠠ ᠬᠠᠷᠢᠯᠴᠠᠨ ᠵᠣᠬᠢᠴᠠᠯᠲᠣᠬᠰᠠᠨ | ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠭᠠᠨ ᠦᠨᠡᠯᠡᠬᠦ ᠲᠣᠬᠲᠠᠯᠴᠠᠭ᠎ᠠ ᠶᠢ ᠪᠠᠶᠢᠭᠤᠯᠵᠦ᠂ ᠪᠡᠶ᠎ᠡ ᠶᠢᠨ ᠲᠠᠮᠢᠷ ᠤᠨ | ᠬᠦᠲᠡᠯᠭᠡᠭᠡᠨ ᠤ ᠲᠦᠷᠦᠯ ᠵᠦᠢᠯ ᠢ ᠰᠢᠯᠭᠠᠨ ᠦᠨᠡᠯᠡᠬᠦ ᠪᠠ ᠰᠣᠷᠣᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢ | ᠲᠡᠬᠦᠯᠲᠡᠷᠵᠢᠬᠦᠯᠦᠨ ᠲᠦᠷᠢᠮᠵᠢᠬᠦᠯᠵᠦ᠂ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠵᠢᠯᠣᠭᠤᠲᠣᠮᠵᠢ ᠶᠢᠨ ᠦᠢᠯᠡᠲᠦᠯ ᠢ | ᠪᠠᠲᠠᠷᠠᠭᠤᠯᠣᠨ᠎ᠠ᠃ ᠪᠡᠶ᠎ᠡ ᠶᠢᠨ ᠲᠠᠮᠢᠷ ᠤᠨ ᠬᠢᠴᠢᠶᠡᠯ ᠤᠨ ᠬᠢᠨᠠᠨ ᠦᠨᠡᠯᠡᠯᠲᠡ ᠳᠤ ᠶᠠᠪᠣᠴᠠ ᠶᠢᠨ ᠬᠠᠮᠢᠶᠠᠷᠣᠯᠲᠠ ᠶᠢ | ᠲᠣᠪᠣᠶᠢᠯᠠᠭᠠᠵᠦ᠂ ᠰᠣᠷᠣᠬᠴᠢᠳ ᠤᠨ ᠣᠷᠣᠯᠴᠠᠬᠰᠠᠨ ᠬᠡᠮᠵᠢᠶ᠎ᠠ᠂ ᠬᠢᠴᠢᠶᠡᠯ ᠲᠡᠭᠡᠷᠡᠬᠢ ᠢᠯᠡᠷᠡᠯ᠂ ᠡᠷᠡᠬᠦᠯ ᠮᠡᠨᠲᠦ ᠶᠢᠨ | ᠮᠡᠲᠡᠯᠭᠡ᠂ ᠬᠦᠲᠡᠯᠭᠡᠭᠡᠨ ᠤ ᠣᠷ᠎ᠠ ᠮᠡᠷᠭᠡᠰᠢᠯ᠂ ᠮᠠᠬᠠᠪᠣᠳ ᠤᠨ ᠡᠷᠡᠬᠦᠯ ᠮᠡᠨᠲᠦ᠂ ᠬᠢᠴᠢᠶᠡᠯ ᠤᠨ ᠭᠠᠲᠠᠨᠠᠬᠢ | ᠪᠣᠯᠪᠠᠰᠣᠷᠠᠯ᠂ ᠬᠦᠲᠡᠯᠭᠡᠭᠡᠨ ᠳᠤ ᠣᠷᠣᠯᠴᠠᠬᠰᠠᠨ ᠪᠠᠶᠢᠲᠠᠯ ᠵᠡᠷᠭᠡ ᠲᠠᠯ᠎ᠠ ᠠᠴᠠ ᠪᠦᠬᠦ ᠲᠠᠯ᠎ᠠ ᠶᠢᠨ ᠰᠢᠯᠭᠠᠨ | ᠦᠨᠡᠯᠡᠯᠲᠡ ᠬᠢᠨ᠎ᠡ᠃ ᠲᠣᠮᠲᠠᠲᠣ ᠪᠠᠭ᠎ᠠ ᠰᠣᠷᠭᠠᠭᠤᠯᠢ ᠨᠤᠭᠤᠳ ᠰᠣᠷᠣᠬᠴᠢᠳ ᠤᠨ ᠪᠡᠶ᠎ᠡ ᠶᠢᠨ ᠲᠠᠮᠢᠷ ᠤᠨ | ᠬᠦᠲᠡᠯᠭᠡᠭᠡᠨ ᠳᠤ ᠣᠷᠣᠯᠴᠠᠬᠰᠠᠨ ᠪᠠᠶᠢᠲᠠᠯ᠂ ᠰᠣᠷᠣᠬᠴᠢᠳ ᠤᠨ ᠪᠡᠶ᠎ᠡ ᠮᠠᠬᠠᠪᠣᠳ ᠤᠨ ᠡᠷᠡᠬᠦᠯ ᠴᠢᠬᠢᠷᠠᠬ ᠤᠨ | ᠪᠠᠶᠢᠲᠠᠯ ᠪᠠ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠣᠷ᠎ᠠ ᠮᠡᠷᠭᠡᠰᠢᠯ ᠵᠡᠷᠭᠡ ᠶᠢ ᠠᠩᠬ᠎ᠠ ᠲᠣᠮᠲᠠᠲᠣ᠂ ᠦᠨᠳᠦᠷ | ᠲᠣᠮᠲᠠᠲᠣ ᠶᠢᠨ ᠰᠣᠷᠣᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠳᠤ ᠪᠠᠭᠲᠠᠭᠠᠨ᠂ ᠰᠣᠷᠣᠬᠴᠢᠳ ᠤᠨ | ᠶᠡᠷᠦᠩᠭᠡᠶᠢᠯᠡᠭᠰᠨᠨ ᠬᠡᠪ ᠴᠢᠨᠠᠷ ᠤᠨ ᠬᠢᠨᠠᠨ ᠰᠢᠯᠭᠠᠯᠲᠠ ᠳᠤ ᠬᠠᠮᠣᠷᠣᠨ ᠤᠷᠤᠭᠤᠯᠤᠨ᠎ᠠ᠃ ᠡᠯ᠎ᠠ ᠭᠠᠵᠠᠷ ᠣᠷᠣᠨ | ᠪᠣᠲᠠᠲᠣ ᠪᠠᠶᠢᠲᠠᠯ ᠢᠶᠠᠨ ᠦᠨᠳᠦᠰᠦᠯᠡᠵᠦ᠂ ᠠᠬ᠎ᠠ ᠲᠣᠮᠲᠠᠲᠣ ᠲᠡᠬᠦᠰᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ | ᠬᠡᠮᠵᠢᠭᠲᠡᠯ ᠢ ᠰᠢᠨᠵᠢᠯᠡᠬᠦ ᠣᠬᠠᠭᠠᠨᠴᠢ ᠪᠠᠷ ᠲᠣᠬᠲᠠᠭᠠᠨ᠎ᠠ᠃ ᠣᠯᠣᠰ ᠤᠨ ᠨᠢᠭᠡᠲᠦᠯᠲᠡᠢ ᠰᠢᠯᠭᠠᠯᠲᠠ ᠶᠢᠨ | ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠤᠨ ᠮᠣᠵᠢ ︵ᠦᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶᠂ ᠶᠡᠭᠡ ᠲᠡᠭᠡᠲᠦ ᠰᠣᠷᠭᠠᠭᠤᠯᠢ ᠶᠢᠨ ᠰᠣᠷᠣᠬᠴᠢ ᠡᠯᠰᠡᠬᠦ ᠳᠡᠭᠡᠨ ᠰᠣᠷᠣᠬᠴᠢᠳ ᠤᠨ | ᠪᠡᠶ᠎ᠡ ᠶᠢᠨ ᠲᠠᠮᠢᠷ ᠤᠨ ᠪᠠᠶᠢᠲᠠᠯ ᠢ ᠶᠡᠷᠦᠩᠭᠡᠶᠢᠯᠡᠭᠰᠡᠨ ᠬᠡᠪ ᠴᠢᠨᠠᠷ ᠤᠨ ᠬᠢᠨᠡᠨ ᠦᠨᠡᠯᠡᠯᠲᠡ ᠶᠢᠨ ᠴᠢᠬᠤᠯᠠ ᠠᠭᠤᠯᠭ᠎ᠠ | ᠪᠣᠯᠭᠠᠬᠤ ᠬᠡᠷᠡᠭᠲᠡᠢ᠃ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠰᠣᠷᠢᠯᠲᠠ ᠳᠤ ᠵᠡᠮᠲᠡᠭ ᠰᠣᠷᠣᠬᠴᠢᠳ ᠤᠨ | ᠣᠨᠴᠠᠭᠠᠢ ᠪᠠᠶᠢᠲᠠᠯ ᠢ ᠬᠦᠢᠴᠡᠳ ᠪᠣᠲᠣᠯᠬᠢᠯᠠᠵᠦ᠂ ᠬᠦᠮᠦᠯᠢᠭ ᠦᠵᠡᠯ ᠤᠨ ᠬᠠᠯᠠᠮᠵᠢᠯᠠᠯ ᠢ ᠢᠯᠡᠷᠡᠬᠦᠯᠦᠨ᠎ᠡ᠃ | ᠪᠡᠶ᠎ᠡ ᠶᠢᠨ ᠲᠠᠮᠢᠷ ᠤᠨ ᠰᠣᠷᠭᠠᠨ ᠬᠦᠮᠦᠵᠢᠯ ᠤᠨ ᠵᠢᠩᠬᠢᠨᠢ ᠠᠩᠬᠢ ᠶᠢᠨ ᠲᠣᠰᠬᠠᠢ ᠮᠡᠷᠭᠡᠵᠢᠯ ᠤᠨ ᠰᠣᠷᠣᠬᠴᠢᠳ ᠤᠨ | ᠡᠩ ᠤᠨ ᠶᠡᠭᠡ ᠲᠡᠭᠡᠲᠦ ᠰᠣᠷᠭᠠᠭᠤᠯᠢ ᠰᠢᠯᠭᠠᠬᠤ ᠪᠡᠶ᠎ᠡ ᠶᠢᠨ ᠲᠠᠮᠢᠷ ᠤᠨ ᠰᠣᠷᠢᠯᠲᠠ ᠶᠢᠨ ᠠᠷᠭ᠎ᠠ ᠳᠤ ᠵᠠᠰᠠᠪᠤᠷᠢ | ᠣᠷᠣᠭᠤᠯᠵᠦ᠂ ᠪᠡᠶ᠎ᠡ ᠶᠢᠨ ᠲᠠᠮᠢᠷ ᠤᠨ ᠮᠡᠷᠭᠡᠰᠢᠯ ᠤᠨ ᠰᠢᠯᠭᠠᠨ ᠦᠨᠡᠯᠡᠬᠦ ᠱᠠᠭᠠᠷᠲᠠᠯᠭ᠎ᠠ ᠶᠢ ᠲᠡᠭᠡᠭᠰᠢᠯᠡᠬᠦᠯᠦᠨ᠎ᠡ᠃ | ᠡᠩ ᠤᠨ ᠶᠡᠭᠡ ᠲᠡᠭᠡᠲᠦ ᠰᠣᠷᠭᠠᠭᠤᠯᠢ ᠶᠢᠨ ᠦᠨᠳᠦᠷ ᠲᠦᠪᠰᠢᠨ ᠪᠦᠬᠦᠢ ᠲᠠᠮᠢᠷᠴᠢᠳ ᠤᠨ ᠠᠩᠬᠢ ᠪᠠᠶᠢᠭᠤᠯᠬᠤ | ᠬᠡᠷᠡᠭᠵᠢᠬᠦᠯᠬᠦ ᠰᠠᠨᠠᠯ ᠢ ᠲᠣᠬᠲᠠᠭᠠᠵᠦ᠂ ᠦᠨᠳᠦᠷ ᠲᠦᠪᠰᠢᠨ ᠪᠦᠬᠦᠢ ᠲᠠᠮᠢᠷᠴᠢᠨ ᠡᠯᠰᠡᠬᠦ ᠠᠵᠢᠯ ᠢ ᠲᠦᠷᠢᠮᠵᠢᠬᠦᠯᠦᠨ᠎ᠡ᠃ | | ︵ᠠᠷᠪᠠᠨ ᠲᠠᠪᠤ︶ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢ ᠬᠢᠨᠠᠨ | ᠬᠡᠮᠵᠢᠬᠦ ᠪᠠᠨ ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠬᠢᠴᠢᠶᠡᠯ ᠤᠨ ᠴᠢᠨᠠᠷ ᠴᠢᠨᠰᠠᠭ᠎ᠠ ᠶᠢ ᠲᠣᠲᠣᠷᠬᠠᠶᠢᠯᠠᠵᠦ᠂ | ᠰᠣᠷᠣᠬᠴᠢᠳ ᠤᠨ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠲᠦᠷᠦᠯ ᠵᠦᠢᠯ ᠤᠨ ᠮᠡᠷᠭᠡᠰᠢᠯ ᠵᠡᠷᠭᠡ ᠶᠢ ᠬᠢᠨᠡᠨ | ᠲᠣᠬᠲᠠᠭᠠᠬᠤ ᠪᠠᠷᠢᠮᠵᠢᠶ᠎ᠠ ᠪᠠ ᠲᠡᠭᠡᠲᠦ ᠵᠡᠷᠭᠡ ᠶᠢᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠨᠵᠢᠯᠡᠭᠡᠨ ᠤ | ᠲᠦᠷᠦᠯ ᠤᠨ ᠲᠣᠰᠬᠠᠢ ᠮᠡᠷᠭᠡᠵᠢᠯ ᠤᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢᠨ ᠣᠯᠣᠰ ᠤᠨ ᠪᠠᠷᠢᠮᠵᠢᠶ᠎ᠠ | ᠲᠣᠭᠲᠠᠭᠠᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢ | ᠯᠠᠪᠲᠠᠭᠤᠨ ᠢᠶᠠᠷ ᠲᠡᠭᠡᠭᠰᠢᠯᠡᠬᠦᠯᠬᠦ ᠶᠢ ᠠᠬᠢᠭᠤᠯᠣᠨ᠎ᠠ᠃ ᠲᠣᠮᠲᠠᠲᠣ ᠪᠠᠭ᠎ᠠ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ | ᠬᠢᠴᠢᠶᠡᠯᠯᠡᠭᠡ ᠶᠢᠨ ᠬᠡᠷᠡᠭᠵᠢᠬᠦᠯᠦᠭᠰᠡᠨ ᠪᠠᠶᠢᠲᠠᠯ ᠢ ᠬᠢᠨᠡᠨ ᠬᠡᠮᠵᠢᠬᠦ ᠲᠦᠷᠢᠮ ᠲᠣᠬᠲᠠᠭᠠᠵᠦ᠂ ᠲᠣᠬᠲᠠᠬᠰᠠᠨ | ᠬᠤᠭᠤᠴᠠᠭ᠎ᠠ ᠲᠠᠢ ᠪᠠᠷ ᠪᠡᠶ᠎ᠡ ᠶᠢᠨ ᠲᠠᠮᠢᠷ ᠤᠨ ᠬᠢᠴᠢᠶᠡᠯ ᠤᠨ ᠣᠯᠣᠰ ᠤᠨ ᠰᠠᠭᠤᠷᠢ ᠰᠣᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢ ᠬᠢᠨᠠᠨ ᠬᠡᠮᠵᠢᠬᠦ ᠠᠵᠢᠯᠯᠠᠭ᠎ᠠ ᠦᠷᠨᠢᠬᠦᠯᠦᠨ᠎ᠡ᠃ ᠰᠣᠷᠣᠬᠴᠢᠳ ᠤᠨ ᠪᠡᠶ᠎ᠡ ᠮᠠᠬᠠᠪᠣᠳ ᠤᠨ ᠡᠷᠡᠬᠦᠯ | ᠮᠡᠨᠲᠦ ᠶᠢᠨ ᠲᠠᠩᠰᠠ ᠡᠪᠬᠡᠮᠡᠯ ᠪᠠᠶᠢᠭᠤᠯᠣᠨ ᠪᠦᠷᠢᠨᠰᠢᠬᠦᠯᠵᠦ ︽ᠣᠯᠣᠰ ᠤᠨ ᠰᠣᠷᠣᠬᠴᠢᠳ ᠤᠨ ᠪᠠᠶ᠎ᠠ ᠮᠠᠬᠠᠪᠣᠳ ᠤᠨ | ᠡᠷᠡᠬᠦᠯ ᠮᠡᠨᠲᠦ ᠶᠢᠨ ᠪᠠᠷᠢᠮᠵᠢᠶ᠎ᠠ︾ ᠶᠢ ᠴᠢᠩᠭ᠎ᠠ ᠬᠡᠷᠡᠭᠵᠢᠬᠦᠯᠦᠨ᠂ ᠬᠡᠷᠡᠭᠵᠢᠬᠦᠯᠦᠭᠰᠡᠨ ᠪᠠᠶᠢᠲᠠᠯ ᠢ ᠰᠣᠷᠭᠠᠭᠤᠯᠢ ᠶᠢᠨ | ᠪᠡᠶ᠎ᠡ ᠶᠢᠨ ᠲᠠᠮᠢᠷ ᠤᠨ ᠬᠢᠨᠡᠨ ᠦᠨᠡᠯᠡᠬᠦ ᠲᠣᠬᠲᠠᠴᠠ ᠶᠢᠨ ᠴᠢᠬᠤᠯᠠ ᠰᠠᠭᠤᠷᠢ ᠪᠣᠯᠭᠠᠵᠦ᠂ ᠰᠣᠷᠢᠯᠲᠠ ᠰᠢᠯᠭᠠᠯᠲᠠ ᠶᠢᠨ | ᠲᠤᠭ᠎ᠠ ᠪᠦᠷᠢᠳᠭᠡᠯ ᠤᠨ ᠦᠨᠡᠨ ᠪᠣᠲᠠᠲᠠᠢ᠂ ᠪᠦᠷᠢᠨ ᠪᠦᠲᠦᠨ ᠪᠠ ᠪᠦᠲᠦᠮᠵᠢᠲᠡᠢ ᠪᠠᠶᠢᠬᠤ ᠶᠢ ᠪᠠᠲᠣᠯᠠᠨ᠎ᠠ᠃ ᠡᠯ᠎ᠠ | ᠭᠠᠵᠠᠷ ᠣᠷᠣᠨ ᠣᠲᠣᠬᠢᠴᠢᠯᠠᠬᠰᠠᠨ ᠠᠷᠭ᠎ᠠ ᠬᠡᠷᠡᠭᠯᠡᠬᠦᠷ ᠢᠶᠠᠷ ᠪᠡᠶ᠎ᠡ ᠶᠢᠨ ᠲᠠᠮᠢᠷ ᠤᠨ ᠬᠢᠴᠢᠶᠡᠯ ᠤᠨ ᠴᠢᠨᠠᠷ | ᠴᠢᠨᠰᠠᠭ᠎ᠠ ᠳᠤ ᠬᠢᠨᠡᠨ ᠬᠡᠮᠵᠢᠯᠲᠠ᠂ ᠬᠢᠨᠡᠨ ᠡᠵᠡᠮᠲᠡᠯ ᠵᠢᠴᠢ ᠠᠵᠢᠯᠯᠠᠭ᠎ᠠ ᠦᠷᠨᠢᠬᠦᠯᠦᠭᠰᠡᠨ ᠪᠠᠶᠢᠲᠠᠯ ᠢ ᠢᠯᠡ | ᠵᠠᠷᠯᠠᠬᠤ ᠶᠢ ᠵᠣᠷᠢᠬᠵᠢᠭᠤᠯᠣᠨ᠎ᠠ᠃ | ᠵᠢᠷᠭᠤᠭ᠎ᠠ ᠵᠣᠬᠢᠶᠠᠨ ᠪᠠᠶᠢᠭᠤᠯᠣᠨ ᠬᠡᠷᠡᠭᠵᠢᠬᠦᠯᠬᠦ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠣᠯᠲᠠ ᠶᠢᠨ ᠣᠲᠣᠷᠢᠲᠣᠯᠭ᠎ᠠ ᠪᠠᠨ ᠴᠢᠩᠭᠠᠳᠬᠠᠨ᠎ᠠ᠃ ᠡᠯ᠎ᠠ | ᠭᠠᠵᠠᠷ ᠣᠷᠣᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ | ᠲᠦᠯᠦᠪᠵᠢᠬᠦᠯᠭᠡ ᠳᠡᠭᠡᠨ ᠪᠠᠭᠲᠠᠭᠠᠵᠦ᠂ ᠨᠢᠭᠡᠲᠦᠯᠲᠡᠢ ᠲᠦᠯᠦᠪᠵᠢᠬᠦᠯᠦᠨ ᠵᠣᠬᠢᠴᠠᠭᠤᠯᠬᠤ ᠶᠢ ᠴᠢᠩᠭᠠᠳᠬᠠᠵᠦ᠂ | ᠬᠠᠮᠢᠶᠠᠷᠣᠯᠲᠠ ᠬᠠᠷᠢᠭᠤᠴᠠᠯᠭ᠎ᠠ ᠶᠢ ᠨᠠᠶᠢᠲᠠᠪᠣᠷᠢᠵᠢᠭᠤᠯᠣᠨ᠂ ᠲᠣᠬᠠᠢ ᠶᠢᠨ ᠭᠠᠵᠠᠷ ᠤᠨ ᠪᠣᠲᠠᠲᠣ ᠪᠠᠶᠢᠢᠲᠠᠯ ᠲᠠᠢ ᠪᠠᠨ | ᠣᠶᠠᠯᠲᠣᠭᠤᠯᠣᠵᠦ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ ᠪᠣᠲᠠᠲᠠᠢ ᠬᠡᠷᠡᠭᠵᠢᠬᠦᠯᠬᠦ | ᠲᠦᠰᠦᠯ ᠰᠣᠲᠣᠯᠵᠦ ᠲᠣᠬᠲᠠᠭᠠᠨ᠂ ᠦᠨᠡᠨᠬᠦ ᠰᠠᠶᠢᠵᠢᠷᠠᠭᠤᠯᠣᠨ ᠴᠢᠩᠭᠠᠳᠬᠠᠬᠤ ᠬᠡᠷᠡᠭᠲᠡᠢ᠃ ᠵᠠᠯᠠᠭᠤ ᠪᠠᠭᠠᠴᠣᠳ ᠤᠨ | ᠪᠡᠶ᠎ᠡ ᠶᠢᠨ ᠲᠠᠮᠢᠷ ᠤᠨ ᠠᠵᠢᠯ ᠤᠨ ᠬᠡᠯᠲᠡᠰ ᠶᠠᠮᠣᠨ ᠤ ᠬᠤᠭᠤᠷᠣᠨᠲᠣᠬᠢ ᠬᠤᠯᠪᠣᠭᠠᠲᠣ ᠬᠤᠷᠠᠯ ᠤᠨ ᠲᠦᠷᠢᠮ ᠢ ᠣᠯᠠᠮ | ᠴᠢᠩᠭᠠᠳᠬᠠᠵᠦ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠵᠠᠯᠠᠭᠤ | ᠪᠠᠭᠠᠴᠣᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ ᠠᠵᠢᠯ ᠲᠣᠮᠲᠠᠬᠢ ᠡᠬᠦᠷᠭᠡ ᠬᠠᠷᠢᠭᠤᠴᠠᠯᠭ᠎ᠠ ᠶᠢ | ᠴᠢᠩᠭᠠᠷᠠᠭᠤᠯᠵᠦ᠂ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ | ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠡᠯ᠎ᠠ ᠲᠦᠷᠦᠯ ᠤᠨ ᠡᠬᠦᠷᠭᠡ ᠶᠢ ᠨᠠᠶᠢᠲᠠᠪᠣᠷᠢᠵᠢᠭᠤᠯᠣᠨ᠎ᠠ᠃ | ︵ᠠᠷᠪᠠᠨ ᠲᠣᠯᠤᠭ᠎ᠠ︶ ᠰᠢᠯᠭᠠᠨ ᠦᠨᠡᠯᠡᠵᠦ ᠵᠣᠷᠢᠬᠵᠢᠭᠤᠯᠬᠤ ᠶᠢ ᠴᠢᠩᠭᠠᠳᠬᠠᠨ᠎ᠠ᠃ ᠡᠯ᠎ᠠ ᠭᠠᠵᠠᠷ | ᠣᠷᠣᠨ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠵᠠᠰᠠᠬ ᠤᠨ ᠣᠷᠲᠣᠨ ᠤ ᠠᠵᠢᠯ ᠤᠨ ᠪᠦᠲᠦᠮᠵᠢ ᠶᠢ | ᠰᠢᠯᠭᠠᠨ ᠦᠨᠡᠯᠡᠬᠦ ᠬᠦᠢᠴᠡᠳᠭᠡᠯ ᠲᠤᠭ᠎ᠠ᠂ ᠰᠣᠷᠭᠠᠨ ᠬᠦᠮᠦᠵᠢᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠬᠢᠭᠡᠳ | ᠰᠣᠷᠭᠠᠭᠤᠯᠢ ᠶᠢᠨ ᠬᠠᠷᠢᠭᠤᠴᠠᠯᠭᠠᠲᠠᠨ ᠤ ᠠᠵᠢᠯ ᠤᠨ ᠪᠦᠲᠦᠮᠵᠢ ᠶᠢ ᠰᠢᠯᠭᠠᠨ ᠦᠨᠡᠯᠬᠦ ᠬᠦᠢᠴᠡᠳᠭᠡᠯ ᠲᠤᠭ᠎ᠠ ᠳᠤ | ᠣᠷᠣᠭᠤᠯᠣᠨ᠎ᠠ᠃ ᠦᠷ᠎ᠡ ᠪᠦᠲᠦᠮᠵᠢ ᠲᠣᠪᠣᠶᠢᠮ᠎ᠠ ᠨᠢᠭᠡᠴᠡ᠂ ᠰᠠᠯᠠᠭ᠎ᠠ ᠮᠦᠴᠢᠷ᠂ ᠰᠣᠷᠭᠠᠭᠤᠯᠢ ᠪᠣᠯᠣᠨ ᠬᠤᠪᠢ | ᠬᠦᠮᠦᠨ ᠢ ᠱᠠᠩᠨᠠᠨ ᠬᠦᠬᠢᠬᠦᠯᠦᠨ᠎ᠡ᠃ ᠰᠣᠷᠭᠠᠭᠤᠯᠢ ᠶᠢᠨ ᠪᠡᠶ᠎ᠡ ᠶᠢᠨ ᠲᠠᠮᠢᠷ ᠢ ᠬᠢᠨᠠᠨ ᠵᠢᠯᠣᠭᠤᠳᠴᠦ | ᠪᠠᠶᠢᠴᠠᠭᠠᠬᠤ ᠪᠠᠨ ᠴᠢᠩᠭᠠᠳᠬᠠᠵᠦ᠂ ᠰᠢᠨᠵᠢᠯᠡᠬᠦ ᠣᠬᠠᠭᠠᠨᠴᠢ ᠲᠣᠰᠬᠠᠢ ᠬᠢᠨᠠᠨ ᠪᠠᠶᠢᠴᠠᠭᠠᠬᠤ᠂ ᠰᠣᠭᠤᠴᠢᠨ | ᠪᠠᠶᠢᠴᠠᠭᠠᠬᠤ᠂ ᠢᠯᠡ ᠵᠠᠷᠯᠠᠬᠤ ᠲᠦᠷᠢᠮ ᠪᠣᠯᠣᠨ ᠵᠠᠰᠠᠬ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠣᠬᠲᠠᠴᠠ ᠶᠢ | ᠪᠠᠶᠢᠭᠤᠯᠣᠨ᠎ᠠ᠃ ᠰᠣᠷᠣᠬᠴᠢᠳ ᠤᠨ ᠪᠡᠶ᠎ᠡ ᠮᠠᠬᠠᠪᠣᠳ ᠤᠨ ᠡᠷᠡᠬᠦᠯ ᠮᠡᠨᠲᠦ ᠶᠢᠨ ᠲᠦᠪᠰᠢᠨ ᠭᠤᠷᠪᠠᠨ ᠵᠢᠯ | ᠲᠠᠷᠠᠭᠠᠯᠠᠨ ᠲᠣᠷᠣᠬᠰᠢᠯᠠᠬᠰᠠᠨ ᠭᠠᠵᠠᠷ ᠣᠷᠣᠨ ᠪᠠ ᠰᠣᠷᠭᠠᠭᠤᠯᠢ ᠶᠢ ᠰᠣᠷᠭᠠᠨ ᠬᠦᠮᠦᠵᠢᠯ ᠤᠨ ᠠᠵᠢᠯ ᠤᠨ | ᠦᠨᠡᠯᠡᠯᠳᠡ ᠬᠢᠬᠦ ᠳᠡᠭᠡᠨ ᠨᠢᠭᠡᠯᠭᠡᠨ ᠪᠢᠯᠧᠲ ᠢᠶᠠᠷ ᠦᠭᠡᠶᠢᠰᠭᠡᠨ᠎ᠡ᠃ ᠰᠣᠷᠭᠠᠨ ᠬᠦᠮᠦᠵᠢᠯ ᠤᠨ ᠶᠠᠮᠣᠨ ᠬᠠᠮᠢᠶ᠎ᠠ | ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ ᠲᠣᠬᠲᠠᠬᠰᠠᠨ ᠬᠤᠭᠤᠴᠠᠭ᠎ᠠ ᠲᠠᠢ ᠪᠠᠷ ᠰᠣᠷᠭᠠᠭᠤᠯᠢ ᠶᠢᠨ ᠪᠡᠶ᠎ᠡ ᠶᠢᠨ | ᠲᠠᠮᠢᠷ ᠤᠨ ᠲᠣᠰᠬᠠᠢ ᠲᠦᠷᠦᠯ ᠤᠨ ᠪᠠᠶᠢᠴᠠᠭᠠᠯᠲᠠ ᠦᠷᠨᠢᠬᠦᠯᠵᠦ᠂ ᠬᠤᠯᠪᠣᠬᠲᠠᠯ ᠪᠦᠬᠦᠢ ᠭᠤᠣᠯ | ᠬᠠᠷᠢᠭᠤᠴᠠᠯᠭᠠᠲᠠᠨ ᠢ ᠪᠣᠯᠵᠣᠨ ᠶᠠᠷᠢᠯᠴᠠᠬᠤ ᠲᠣᠬᠲᠠᠴᠠ ᠶᠢ ᠪᠠᠶᠢᠭᠤᠯᠣᠨ᠎ᠠ᠃ | ︵ᠠᠷᠪᠠᠨ ᠨᠠᠢᠮᠠ︶ ᠰᠠᠶᠢᠨ ᠰᠠᠶᠢᠬᠠᠨ ᠣᠷᠴᠢᠨ ᠲᠣᠭᠤᠷᠢᠨ ᠪᠤᠢ ᠪᠤᠯᠭᠠᠨ᠎ᠠ᠃ ᠣᠯᠠᠨ ᠵᠦᠢᠯ ᠤᠨ | ᠠᠷᠭ᠎ᠠ ᠵᠠᠮ ᠢᠶᠠᠷ᠂ ᠰᠣᠨᠢᠨ ᠰᠡᠳᠬᠦᠯ᠂ ᠷᠠᠳᠢᠣ᠋᠂ ᠲᠧᠯᠸᠢᠰ ᠵᠢᠴᠢ ᠰᠦᠯᠵᠢᠶ᠎ᠠ ᠵᠡᠷᠭᠡ ᠠᠷᠭ᠎ᠠ ᠬᠡᠷᠡᠭᠯᠡᠬᠦᠷ ᠢ | ᠬᠦᠢᠴᠡᠳ ᠠᠰᠢᠬᠯᠠᠨ᠂ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠰᠣᠨᠢᠨ ᠮᠡᠲᠡᠭᠡᠨ ᠤ ᠣᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠦ᠂ ᠨᠡᠶᠢᠲᠡᠯᠢᠭ ᠵᠢᠱᠢᠶ᠎ᠠ ᠪᠣᠯᠣᠨ ᠪᠦᠲᠦᠮᠵᠢᠲᠡᠢ ᠲᠣᠷᠰᠢᠯᠭ᠎ᠠ ᠪᠠᠨ ᠳ᠋ᠦᠩᠨᠡᠨ᠂ | ᠰᠢᠨᠵᠢᠯᠡᠬᠦ ᠣᠬᠠᠭᠠᠨᠴᠢ ᠰᠣᠷᠭᠠᠨ ᠬᠦᠮᠦᠵᠢᠯ ᠤᠨ ᠦᠵᠡᠯᠲᠡ᠂ ᠴᠢᠲᠠᠪᠣᠷᠢᠲᠠᠨ ᠤ ᠦᠵᠡᠯᠲᠡ ᠪᠣᠯᠣᠨ ᠡᠷᠡᠬᠦᠯ | ᠮᠡᠨᠲᠦ ᠶᠢᠨ ᠦᠵᠡᠯᠲᠡ ᠶᠢ ᠣᠬᠠᠭᠤᠯᠣᠨ᠂ ᠪᠦᠬᠦ ᠨᠡᠶᠢᠭᠡᠮ ᠢᠶᠠᠷ ᠢᠶᠠᠨ ᠰᠣᠷᠭᠠᠭᠤᠯᠢ ᠶᠢᠨ ᠪᠡᠶ᠎ᠡ ᠶᠢᠨ ᠲᠠᠮᠢᠷ ᠢ | ᠬᠠᠯᠠᠮᠵᠢᠯᠠᠵᠦ ᠴᠢᠬᠤᠯᠠᠴᠢᠯᠠᠬᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ | ᠲᠦᠷᠦ ᠶᠢᠨ ᠶᠠᠪᠣᠲᠠᠯ ᠤᠨ ᠬᠤᠷᠢᠶ᠎ᠠ ᠶᠢᠨ ᠠᠯᠪᠠᠨ ᠲᠢᠩᠬᠢᠮ | 2016 ᠤᠨ ᠤ 4 ᠰᠠᠷ᠎ᠠ ᠶᠢᠨ 21 ᠤ ᠡᠳᠦᠷ | |