ᠡᠯ᠎ᠠ ᠮᠣᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠬ ᠤᠨ ᠣᠷᠲᠣᠨ᠂ | ᠲᠦᠷᠦ ᠶᠢᠨ ᠶᠠᠪᠣᠲᠠᠯ ᠤᠨ ᠬᠤᠷᠢᠶ᠎ᠠ ᠶᠢᠨ ᠡᠯ᠎ᠠ ᠶᠠᠮᠣᠨ ᠵᠦᠪᠯᠡᠯ᠂ ᠡᠯ᠎ᠠ ᠰᠢᠭᠤᠳ ᠬᠠᠷᠢᠶ᠎ᠠ ᠪᠠᠶᠢᠭᠤᠯᠣᠮᠵᠢ᠄ | ᠣᠶᠢᠷ᠎ᠠ ᠶᠢᠨ ᠵᠢᠯ ᠠᠴᠠ ᠨᠠᠰᠢ᠂ ᠡᠯ᠎ᠠ ᠭᠠᠵᠠᠷ ᠣᠷᠣᠨ᠂ ᠡᠯ᠎ᠠ ᠬᠤᠯᠪᠣᠬᠲᠠᠯ ᠪᠦᠬᠦᠢ ᠰᠠᠯᠠᠭ᠎ᠠ ᠮᠦᠴᠢᠷ ᠤᠨ | ᠬᠢᠨ ᠨᠠᠮ ᠤᠨ ᠲᠦᠪ ᠬᠤᠷᠢᠶ᠎ᠠ ᠶᠢᠨ ᠪᠡᠶ᠎ᠡ ᠶᠢᠨ ᠲᠠᠮᠢᠷ ᠤᠨ ᠲᠣᠬᠠᠢ ᠪᠠᠶᠢᠷᠢᠯᠠᠭᠤᠯᠣᠯᠲᠠ ᠪᠠ ᠱᠠᠭᠠᠷᠲᠠᠯᠭ᠎ᠠ ᠶᠢ ᠨᠠᠷᠢᠨ | ᠬᠢᠨᠠᠮᠠᠭᠠᠢ ᠲᠣᠭᠤᠰᠢᠯᠠᠭᠤᠯᠣᠨ ᠨᠠᠶᠢᠲᠠᠪᠣᠷᠢᠵᠢᠭᠤᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠨᠡᠶᠢᠲᠡ ᠶᠢᠨ | ᠠᠰᠠᠷᠠᠮᠵᠢ ᠶᠢᠨ ᠴᠢᠨᠠᠷ ᠢ ᠪᠠᠷᠢᠮᠲᠠᠯᠠᠵᠦ᠂ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠳᠭᠡᠨ ᠬᠦᠭᠵᠢᠬᠦᠯᠬᠦ ᠶᠢᠨ ᠬᠠᠮᠲᠣ | ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠵᠠᠬ᠎ᠠ ᠲᠡᠯᠭᠡᠬᠦᠷ ᠢ ᠬᠦᠭᠵᠢᠬᠦᠯᠵᠦ᠂ ᠪᠡᠶ᠎ᠡ ᠶᠢᠨ ᠲᠠᠮᠢᠷ ᠤᠨ | ᠣᠷᠣᠯᠲᠣᠭᠠᠨ ᠪᠠ ᠪᠡᠶ᠎ᠡ ᠶᠢᠨ ᠲᠠᠮᠢᠷ ᠤᠨ ᠲᠣᠬᠯᠠᠯᠲᠠ ᠶᠢᠨ ᠵᠠᠬ᠎ᠠ ᠲᠡᠯᠭᠡᠬᠦᠷ ᠢ ᠨᠡᠭᠡᠭᠡᠨ ᠬᠦᠭᠵᠢᠬᠦᠯᠵᠦ᠂ ᠪᠡᠶ᠎ᠡ ᠶᠢᠨ | ᠲᠠᠮᠢᠷ ᠤᠨ ᠬᠡᠷᠡᠭᠯᠡᠭᠡᠨ ᠤ ᠦᠢᠯᠡᠰ ᠢ ᠬᠦᠭᠵᠢᠬᠦᠯᠬᠦ ᠵᠡᠷᠭᠡ ᠪᠡᠶ᠎ᠡ ᠶᠢᠨ ᠲᠠᠮᠢᠷ ᠤᠨ ᠠᠵᠦ ᠦᠢᠯᠡᠰ ᠲᠤ ᠢᠲᠡᠪᠬᠢᠲᠡᠢ | ᠬᠠᠶᠢᠨ ᠰᠦᠪᠡᠭᠴᠢᠯᠡᠯᠲᠡ ᠬᠢᠭᠡᠳ ᠵᠤᠬᠢᠬᠤ ᠠᠮᠵᠢᠯᠲᠠ ᠣᠯᠪᠠ᠃ ᠪᠡᠶ᠎ᠡ ᠶᠢᠨ ᠲᠠᠮᠢᠷ ᠤᠨ ᠠᠵᠦ ᠦᠢᠯᠡᠰ ᠢ | ᠲᠦᠷᠭᠡᠳᠭᠡᠨ ᠬᠦᠭᠵᠢᠬᠦᠯᠬᠦ ᠨᠢ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠣᠷᠣᠨ ᠵᠠᠢ ᠶᠢ ᠦᠷᠭᠡᠳᠭᠡᠨ ᠲᠠᠯᠡᠵᠦ᠂ | ᠮᠠᠨ ᠤ ᠣᠯᠣᠰ ᠤᠨ ᠪᠡᠶ᠎ᠡ ᠶᠢᠨ ᠲᠠᠮᠢᠷ ᠤᠨ ᠲᠣᠮᠣ ᠣᠯᠣᠰ ᠠᠴᠠ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠲᠡᠰᠢ | ᠰᠢᠯᠵᠢᠬᠦ ᠶᠢ ᠠᠬᠢᠭᠤᠯᠣᠨ᠂ ᠠᠵᠦ ᠠᠬᠤᠢ ᠨᠡᠶᠢᠭᠡᠮ ᠤᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ ᠳᠤ ᠴᠢᠬᠤᠯᠠ | ᠠᠴᠢ ᠬᠤᠯᠪᠣᠬᠲᠠᠯ ᠲᠠᠢ᠃ ᠲᠦᠷᠦ ᠶᠢᠨ ᠶᠠᠪᠣᠲᠠᠯ ᠤᠨ ᠬᠤᠷᠢᠶ᠎ᠠ ᠪᠠᠷ ᠵᠦᠪᠰᠢᠶᠡᠷᠡᠬᠦᠯᠦᠨ᠂ ᠣᠲᠣ ᠬᠠᠮᠢᠶ᠎ᠠ ᠪᠦᠬᠦᠢ | ᠠᠵᠢᠯ ᠤᠨ ᠲᠠᠯ᠎ᠠ ᠪᠠᠷ ᠲᠣᠣᠷᠠᠬᠢ ᠮᠡᠲᠦ ᠵᠢᠯᠣᠭᠤᠳᠬᠤ ᠰᠠᠨᠠᠯ ᠲᠣᠷᠠᠳᠪᠠ᠄ | ᠨᠢᠭᠡ᠂ ᠦᠨᠳᠦᠰᠦᠨ ᠴᠢᠭᠯᠡᠯᠲᠡ᠂ ᠭᠤᠣᠯ ᠬᠠᠷᠠᠯᠲᠠ ᠪᠠ ᠭᠤᠣᠯᠲᠠᠯᠭ᠎ᠠ ᠲᠠᠢ ᠡᠬᠦᠷᠭᠡ | ︵ᠨᠢᠭᠡ︶ ᠦᠨᠳᠦᠰᠦᠨ ᠴᠢᠭᠯᠡᠯᠲᠡ | ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ ᠪᠠᠷ ᠶᠡᠷᠦᠩᠭᠡᠢ ᠵᠢᠯᠣᠭᠤᠲᠣᠭᠤᠯᠵᠦ᠂ ᠬᠦᠮᠦᠨ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠨ᠂ ᠦᠷᠭᠡᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠲᠡᠵᠦ ᠪᠠᠶᠢᠢᠭ᠎ᠠ ᠣᠯᠠᠨ | ᠡᠰᠢᠲᠦ᠂ ᠣᠯᠠᠨ ᠲᠠᠪᠬᠤᠷᠭᠠᠲᠣ ᠪᠡᠶ᠎ᠡ ᠶᠢᠨ ᠲᠠᠮᠢᠷ ᠤᠨ ᠬᠡᠷᠡᠭᠴᠡᠭᠡ ᠶᠢ ᠴᠢᠷᠮᠠᠶᠢᠨ ᠬᠠᠩᠭᠠᠨ᠎ᠠ︔ ᠪᠡᠶ᠎ᠡ ᠶᠢᠨ | ᠲᠠᠮᠢᠷ ᠤᠨ ᠦᠢᠯᠡᠰ ᠬᠢᠭᠡᠳ ᠪᠡᠶ᠎ᠡ ᠶᠢᠨ ᠲᠠᠮᠢᠷ ᠤᠨ ᠠᠵᠦ ᠦᠢᠯᠡᠰ ᠤᠨ ᠵᠣᠬᠢᠴᠠᠩᠭᠤᠢ ᠬᠦᠭᠵᠢᠬᠦ ᠶᠢ ᠪᠠᠷᠢᠮᠲᠠᠯᠠᠨ᠂ | ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠦ᠂ ᠦᠢᠯᠡᠴᠢᠯᠡᠭᠡᠨ ᠤ ᠲᠦᠪᠰᠢᠨ | ᠪᠣᠯᠣᠨ ᠴᠢᠲᠠᠪᠤᠷᠢ ᠪᠠᠨ ᠲᠠᠰᠣᠷᠠᠯᠲᠠ ᠦᠭᠡᠢ ᠲᠡᠭᠡᠭᠰᠢᠯᠡᠬᠦᠯᠬᠦ ᠶᠢᠨ ᠲᠠᠭᠠᠣ ᠪᠡᠶ᠎ᠡ ᠶᠢᠨ ᠲᠠᠮᠢᠷ ᠤᠨ ᠵᠠᠬ᠎ᠠ | ᠲᠡᠯᠭᠡᠬᠦᠷ ᠤᠨ ᠬᠠᠩᠭᠠᠯᠭ᠎ᠠ ᠬᠡᠷᠡᠭᠯᠡᠭᠡ ᠪᠠᠨ ᠲᠠᠰᠣᠷᠠᠯᠲᠠ ᠦᠭᠡᠢ ᠨᠡᠮᠡᠭᠲᠡᠬᠦᠯᠵᠦ᠂ ᠠᠷᠠᠳ ᠲᠦᠮᠡᠨ ᠳᠤ ᠡᠷᠡᠬᠦᠯ | ᠴᠢᠬᠢᠷᠠᠬ ᠡᠯᠪᠡᠭ ᠪᠠᠶᠠᠯᠢᠬ ᠪᠡᠶ᠎ᠡ ᠶᠢᠨ ᠲᠠᠮᠢᠷ ᠤᠨ ᠦᠢᠯᠡᠳᠬᠦᠨ ᠢ ᠴᠢᠷᠮᠠᠶᠢᠨ ᠬᠠᠩᠭᠠᠨ᠎ᠠ︔ ᠦᠭᠡᠷᠡᠴᠢᠯᠡᠯᠲᠡ ᠶᠢ | ᠬᠦᠨᠵᠡᠭᠡᠶᠢᠷᠡᠬᠦᠯᠵᠦ᠂ ᠡᠷᠡᠯᠬᠡᠭᠯᠡᠨ ᠣᠷᠣᠬᠰᠢᠯᠠᠵᠦ ᠰᠢᠨ᠎ᠡ ᠶᠢ ᠡᠬᠦᠳᠬᠦ ᠶᠢ ᠪᠠᠷᠢᠮᠲᠠᠯᠠᠵᠦ᠂ ᠪᠡᠶ᠎ᠡ ᠶᠢᠨ ᠲᠠᠮᠢᠷ ᠤᠨ | ᠠᠵᠦ ᠦᠢᠯᠡᠰ ᠤᠨ ᠡᠷᠡᠬᠦᠯ ᠢᠶᠠᠷ ᠬᠦᠭᠵᠢᠬᠦ ᠳᠤ ᠠᠰᠢᠬᠲᠠᠢ ᠪᠠᠶᠢᠭᠤᠯᠣᠮᠵᠢ ᠲᠣᠬᠲᠠᠴᠠ ᠶᠢ ᠲᠦᠷᠭᠡᠳᠭᠡᠨ | ᠪᠠᠶᠢᠭᠤᠯᠵᠦ ᠲᠡᠬᠦᠯᠲᠡᠷᠵᠢᠬᠦᠯᠦᠨ᠎ᠡ︔ ᠬᠠᠣᠯᠢ ᠶᠣᠰᠣᠭᠠᠷ ᠬᠠᠮᠢᠶᠠᠷᠬᠤ᠂ ᠰᠢᠨᠵᠢᠯᠡᠬᠦ ᠣᠬᠠᠭᠠᠨᠴᠢ ᠪᠠᠷ ᠬᠠᠮᠢᠶᠠᠷᠬᠤ ᠶᠢ | ᠪᠠᠷᠢᠮᠲᠠᠯᠠᠵᠦ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠤᠨ ᠡᠮᠬᠢ ᠵᠢᠷᠣᠮ ᠢ ᠣᠯᠠᠮ ᠴᠢᠨᠠᠬᠰᠢᠲᠠ ᠲᠦᠷᠢᠮᠵᠢᠬᠦᠯᠵᠦ᠂ | ᠬᠡᠷᠡᠭᠯᠡᠭᠴᠢᠳ ᠪᠣᠯᠣᠨ ᠡᠵᠡᠩᠨᠡᠭᠴᠢᠳ ᠤᠨ ᠬᠠᠯᠣᠢ ᠶᠣᠰᠣᠨ ᠤ ᠡᠷᠬᠡ ᠠᠰᠢᠬ ᠢ ᠦᠨᠡᠨᠬᠦ ᠬᠠᠮᠠᠭᠠᠯᠠᠨ᠎ᠠ᠃ | ︵ᠬᠤᠶᠠᠷ︶ ᠭᠤᠣᠯ ᠬᠠᠷᠠᠯᠲᠠ | 2020 ᠤᠨ ᠪᠣᠯᠬᠤ ᠳᠤ᠂ ᠨᠢᠭᠡ ᠪᠦᠯᠦᠭ ᠣᠯᠠᠨ ᠣᠯᠣᠰ ᠤᠨ ᠦᠷᠢᠰᠦᠯᠲᠦᠬᠦ ᠬᠦᠴᠦᠨ ᠪᠦᠬᠦᠢ | ᠪᠡᠶ᠎ᠡ ᠶᠢᠨ ᠲᠠᠮᠢᠷ ᠤᠨ ᠲᠣᠯᠠᠭᠠᠭᠤᠷᠢᠯᠠᠬᠤ ᠠᠵᠦ ᠠᠬᠤᠶᠢᠯᠠᠯ ᠪᠠ ᠠᠵᠦ ᠠᠬᠤᠶᠢᠯᠠᠯ ᠤᠨ ᠪᠦᠯᠦᠭᠯᠡᠯ ᠢ ᠪᠣᠶᠢᠵᠢᠭᠤᠯᠵᠦ᠂ | ᠲᠣᠮᠲᠠᠲᠣ ᠣᠯᠣᠰ ᠤᠨ ᠣᠨᠴᠠᠯᠢᠬ ᠪᠠ ᠣᠯᠠᠨ ᠣᠯᠣᠰ ᠤᠨ ᠨᠦᠯᠦᠭᠡᠯᠡᠬᠦ ᠬᠦᠴᠦᠨ ᠪᠦᠬᠦᠢ ᠨᠢᠭᠡ ᠪᠦᠯᠦᠭ | ᠪᠡᠶ᠎ᠡ ᠶᠢᠨ ᠲᠠᠮᠢᠷ ᠤᠨ ᠪᠦᠲᠦᠭᠡᠭᠲᠡᠬᠦᠨ ᠤ ᠲᠦᠷᠦᠯ ᠲᠡᠮᠲᠡᠭ ᠢ ᠪᠣᠢ ᠪᠣᠯᠭᠠᠨ᠎ᠠ︔ ᠪᠡᠶ᠎ᠡ ᠶᠢᠨ ᠲᠠᠮᠢᠷ ᠤᠨ | ᠦᠢᠯᠡᠴᠢᠯᠡᠭᠡ ᠪᠠᠷ ᠭᠤᠣᠯᠲᠠᠯᠭ᠎ᠠ ᠪᠣᠯᠭᠠᠵᠦ᠂ ᠲᠦᠷᠦᠯ ᠵᠦᠢᠯ ᠪᠦᠷᠢᠨ᠂ ᠪᠦᠲᠦᠴᠡ ᠲᠣᠬᠢᠷᠠᠮᠵᠢᠲᠠᠢ ᠪᠡᠶ᠎ᠡ ᠶᠢᠨ | ᠲᠠᠮᠢᠷ ᠤᠨ ᠠᠵᠦ ᠦᠢᠯᠡᠰ ᠤᠨ ᠲᠣᠬᠲᠠᠯᠴᠠᠭ᠎ᠠ ᠪᠠ ᠲᠦᠷᠢᠮᠵᠢᠭᠰᠡᠨ ᠵᠢᠷᠣᠮ ᠲᠠᠢ᠂ ᠴᠡᠴᠡᠭᠯᠡᠨ ᠬᠦᠭᠵᠢᠭᠰᠡᠨ | ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠢ ᠪᠠᠶᠢᠭᠤᠯᠣᠨ᠎ᠠ︔ ᠣᠯᠠᠨ ᠵᠦᠢᠯ ᠤᠨ ᠦᠮᠴᠢᠯᠡᠯ ᠤᠨ ᠲᠦᠷᠢᠮ ᠵᠡᠷᠭᠡᠪᠡᠷ | ᠣᠷᠣᠰᠢᠵᠦ᠂ ᠣᠯᠠᠨ ᠵᠦᠢᠯ ᠤᠨ ᠠᠵᠦ ᠠᠬᠤᠢ ᠦᠷᠢᠰᠦᠯᠲᠦᠨ ᠤᠷᠤᠯᠴᠠᠵᠤ᠂ ᠪᠡᠶ᠎ᠡ ᠶᠢᠨ ᠲᠠᠮᠢᠷ ᠤᠨ ᠠᠵᠦ | ᠦᠢᠯᠡᠰ ᠢ ᠬᠠᠮᠲᠤᠪᠠᠷ ᠮᠠᠨᠲᠣᠭᠤᠯᠣᠨ ᠬᠦᠭᠵᠢᠭᠦᠯᠦᠭᠰᠡᠨ ᠪᠠᠶᠢᠷᠢᠰᠢᠯ ᠢ ᠪᠦᠷᠢᠯᠲᠦᠬᠦᠯᠦᠨ᠎ᠡ︔ ᠲᠡᠯᠡᠭᠡᠢ ᠲᠠᠢ | ᠵᠣᠯᠭᠠᠯᠴᠠᠬᠰᠠᠨ᠂ ᠬᠠᠮᠢᠶᠠᠷᠣᠯᠲᠠ ᠲᠦᠷᠢᠮᠵᠢᠭᠰᠡᠨ᠂ ᠠᠮᠢᠵᠢᠷᠠᠯ ᠤᠨ ᠬᠦᠴᠦᠨ ᠪᠢᠯᠬᠠᠬᠰᠠᠨ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠲᠣᠬᠲᠠᠯᠴᠠᠭ᠎ᠠ ᠶᠢ ᠪᠠᠶᠢᠭᠤᠯᠣᠨ᠎ᠠ︔ ᠰᠠᠭᠤᠭᠠᠯᠢ ᠠᠷᠠᠳ ᠤᠨ ᠬᠦᠮᠦᠨ | ᠲᠣᠮᠲᠠᠴᠢ ᠶᠢᠨ ᠪᠡᠶ᠎ᠡ ᠶᠢᠨ ᠲᠠᠮᠢᠷ ᠤᠨ ᠬᠡᠷᠡᠭᠯᠡᠭᠡ ᠮᠡᠲᠡᠭᠲᠡᠮ᠎ᠡ ᠲᠡᠭᠡᠭᠰᠢᠯᠡᠵᠦ᠂ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠠᠷᠠᠯᠵᠢᠶ᠎ᠠ ᠨᠡᠯᠢᠶᠡᠳ ᠬᠦᠭᠵᠢᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠲᠤ ᠣᠷᠣᠯᠴᠠᠬᠰᠠᠨ | ᠬᠦᠮᠦᠨ ᠤ ᠲᠤᠭ᠋ ᠠ ᠶᠢᠨ ᠪᠦᠬᠦ ᠨᠡᠶᠢᠭᠡᠮ ᠳᠠᠬᠢ ᠠᠵᠢᠯ ᠤᠯᠭᠤᠭᠰᠠᠨ ᠬᠦᠮᠦᠨ ᠤ ᠬᠠᠷᠢᠴᠠᠯ ᠮᠡᠲᠡᠭᠲᠡᠮ᠎ᠡ | ᠲᠡᠭᠡᠭᠰᠢᠯᠡᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠨᠡᠮᠡᠭᠲᠡᠯ ᠦᠷᠲᠡᠭ ᠤᠨ ᠣᠯᠣᠰ ᠤᠨ ᠲᠣᠲᠣᠭᠠᠲᠣ ᠶᠢᠨ | ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠵᠡᠯᠡᠬᠦ ᠬᠠᠷᠢᠴᠠᠯ ᠮᠡᠳᠡᠭᠲᠡᠮᠡ ᠲᠡᠭᠡᠭᠰᠢᠯᠡᠨ᠎ᠡ︔ ᠪᠡᠶ᠎ᠡ ᠶᠢᠨ | ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠬᠢᠭᠡᠳ ᠵᠠᠬ᠎ᠠ ᠲᠡᠯᠭᠡᠬᠦᠷ ᠤᠨ ᠦᠢᠯᠡᠴᠢᠯᠡᠭᠡ ᠬᠠᠷᠢᠯᠴᠠᠨ | ᠣᠶᠠᠯᠲᠣᠵᠦ᠂ ᠪᠡᠶ᠎ᠡ ᠶᠢᠨ ᠲᠠᠮᠢᠷ ᠤᠨ ᠦᠢᠯᠡᠰ ᠪᠠ ᠪᠡᠶ ᠡ ᠶᠢᠨ ᠲᠠᠮᠢᠷ ᠤᠨ ᠠᠵᠦ ᠦᠢᠡᠯᠰ ᠵᠣᠬᠢᠴᠠᠩᠭᠤᠢ | ᠬᠦᠭᠵᠢᠭᠰᠡᠨ ᠰᠠᠶᠢᠨ ᠰᠠᠶᠢᠬᠠᠨ ᠪᠠᠶᠢᠲᠠᠯ ᠢ ᠪᠣᠢ ᠪᠣᠯᠭᠠᠨ᠎ᠠ᠃ | ︵ᠭᠤᠷᠪᠠ︶ ᠭᠤᠣᠯᠲᠠᠯᠭᠠᠲᠣ ᠡᠬᠦᠷᠭᠡ | 1. ᠪᠡᠶ᠎ᠡ ᠶᠢᠨ ᠲᠠᠮᠢᠷ ᠤᠨ ᠪᠡᠶ᠎ᠡ ᠴᠢᠬᠢᠷᠠᠬᠵᠢᠭᠤᠯᠬᠤ ᠵᠠᠬ᠎ᠠ ᠲᠡᠯᠭᠡᠬᠦᠷ ᠢ ᠶᠡᠬᠡᠪᠡᠷ ᠬᠦᠭᠵᠢᠬᠦᠯᠦᠨ᠎ᠡ︔ ᠪᠡᠯᠡ | ᠣᠷᠣᠭᠤᠯᠣᠯᠲᠠ ᠪᠠᠨ ᠲᠠᠰᠣᠷᠠᠯᠲᠠ ᠦᠭᠡᠢ ᠨᠡᠮᠡᠭᠲᠡᠬᠦᠯᠵᠦ᠂ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ | ᠪᠡᠶ᠎ᠡ ᠶᠢᠨ ᠲᠠᠮᠢᠷ ᠤᠨ ᠦᠨᠳᠦᠰᠦᠨ ᠦᠢᠯᠡᠴᠢᠯᠡᠭᠡ ᠶᠢ ᠴᠢᠩᠭᠠᠳᠬᠠᠬᠰᠠᠨ ᠰᠠᠭᠤᠷᠢᠨ ᠲᠡᠭᠡᠷ᠎ᠡ᠂ ᠪᠡᠶ᠎ᠡ ᠶᠢᠨ ᠲᠠᠮᠢᠷ ᠤᠨ | ᠪᠡᠶ᠎ᠡ ᠴᠢᠬᠢᠷᠠᠬᠵᠢᠭᠤᠯᠬᠤ ᠵᠠᠬ᠎ᠠ ᠲᠡᠯᠭᠡᠬᠦᠷ ᠢ ᠢᠲᠡᠪᠬᠢᠲᠡᠢ ᠪᠣᠶᠢᠵᠢᠭᠤᠯᠵᠦ᠂ ᠣᠯᠠᠨ ᠲᠦᠮᠡᠨ ᠤ ᠪᠡᠶ᠎ᠡ | ᠴᠢᠬᠢᠷᠠᠬᠵᠢᠭᠤᠯᠬᠤ ᠣᠬᠠᠮᠰᠠᠷ ᠢ ᠪᠣᠢ ᠪᠣᠯᠭᠠᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠡᠷᠡᠭᠯᠡᠭᠡ ᠶᠢ | ᠬᠦᠲᠦᠯᠦᠨ ᠵᠢᠯᠣᠭᠤᠲᠣᠨ᠎ᠠ᠃ ᠣᠯᠠᠨ ᠲᠦᠮᠡᠨ ᠤ ᠲᠣᠷ᠎ᠠ ᠰᠣᠨᠢᠷᠬᠠᠯ ᠢ ᠲᠠᠲᠠᠬᠰᠠᠨ ᠲᠠᠮᠢᠷ ᠤᠨ ᠬᠦᠲᠡᠯᠭᠡᠭᠡᠨ ᠤ | ᠲᠦᠷᠦᠯ ᠵᠦᠢᠯ ᠢ ᠦᠷᠭᠡᠨ ᠢᠶᠠᠷ ᠦᠷᠨᠢᠬᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠺᠯᠦ᠋ᠪ ᠤᠨ | ᠪᠠᠶᠢᠭᠤᠯᠣᠯᠲᠠ ᠶᠢ ᠴᠢᠩᠭᠠᠳᠬᠠᠨ᠎ᠠ᠃ ᠭᠡᠭᠡᠷ᠎ᠡ ᠭᠠᠲᠠᠨᠠᠬᠢ ᠬᠦᠲᠡᠯᠭᠡᠭᠡᠨ᠂ ᠲᠣᠶᠢᠯᠰᠢᠷᠠᠯ ᠬᠦᠲᠡᠯᠭᠡᠭᠡᠨ ᠵᠡᠷᠭᠡ | ᠰᠢᠨ᠎ᠠ ᠪᠠᠷ ᠮᠠᠨᠲᠣᠬᠰᠠᠨᠲ᠋ᠦ᠋ᠷᠦᠯ ᠵᠦᠢᠯ ᠢ ᠡᠵᠡᠩᠨᠡᠬᠦ ᠠᠵᠢᠯᠯᠠᠭ᠎ᠠ ᠶᠢ ᠢᠲᠡᠪᠬᠢᠲᠠᠢ ᠯᠠᠪᠲᠠᠭᠤᠨ ᠢᠶᠠᠷ ᠦᠷᠨᠢᠬᠦᠯᠵᠦ᠂ | ᠲᠣᠬᠠᠢ ᠶᠢᠨ ᠭᠠᠵᠠᠷ ᠤᠨ ᠪᠠᠶᠢᠲᠠᠯ ᠳᠠᠭᠠᠨ ᠲᠣᠬᠢᠷᠠᠭᠤᠯᠣᠨ ᠣᠷᠣᠨ ᠨᠣᠲᠤᠬ ᠤᠨ ᠣᠨᠴᠠᠯᠢᠬ ᠪᠦᠬᠦᠢ ᠪᠡᠶ᠎ᠡ ᠶᠢᠨ | ᠲᠠᠮᠢᠷ ᠪᠡᠶ᠎ᠡ ᠴᠢᠬᠢᠷᠠᠬᠵᠢᠭᠤᠯᠬᠤ ᠲᠦᠷᠦᠯ ᠵᠦᠢᠯ ᠢ ᠨᠡᠭᠡᠭᠡᠨ ᠬᠦᠭᠵᠢᠬᠦᠯᠵᠦ᠂ ᠦᠨᠳᠦᠰᠦᠲᠡᠨ ᠤ ᠣᠯᠠᠮᠵᠢᠯᠠᠯᠲᠣ | ᠪᠡᠶ᠎ᠡ ᠶᠢᠨ ᠲᠠᠮᠢᠷ ᠤᠨ ᠲᠦᠷᠦᠯ ᠵᠦᠢᠯ ᠤᠨ ᠵᠠᠬ᠎ᠠ ᠲᠡᠯᠭᠡᠬᠦᠷ ᠢ ᠨᠡᠭᠡᠭᠡᠨ ᠬᠦᠭᠵᠢᠬᠦᠯᠬᠦ ᠪᠠ ᠲᠡᠯᠭᠡᠷᠡᠬᠦᠯᠬᠦ ᠶᠢ | ᠴᠢᠩᠭᠠᠳᠬᠠᠨ᠎ᠠ᠃ | 2. ᠪᠡᠶ᠎ᠡ ᠶᠢᠨ ᠲᠠᠮᠢᠷ ᠤᠨ ᠣᠷᠣᠯᠲᠣᠭᠠᠨ ᠪᠠ ᠪᠡᠶ᠎ᠡ ᠶᠢᠨ ᠲᠠᠮᠢᠷ ᠤᠨ ᠲᠣᠬᠯᠠᠯᠲᠠ ᠶᠢᠨ ᠵᠠᠬ᠎ᠠ ᠲᠡᠯᠭᠡᠬᠦᠷ ᠢ | ᠴᠢᠷᠮᠠᠶᠢᠨ ᠨᠡᠭᠡᠭᠡᠵᠦ ᠬᠦᠭᠵᠢᠬᠦᠯᠦᠨ᠎ᠠ᠃ ᠡᠯ᠎ᠠ ᠲᠦᠷᠦᠯ ᠤᠨ ᠪᠡᠶ᠎ᠡ ᠶᠢᠨ ᠲᠠᠮᠢᠷ ᠤᠨ ᠣᠷᠣᠯᠲᠣᠭᠠᠨ ᠪᠠ ᠪᠡᠶ᠎ᠡ ᠶᠢᠨ | ᠲᠠᠮᠢᠷ ᠤᠨ ᠲᠣᠬᠯᠠᠯᠲᠠ ᠶᠢᠨ ᠵᠠᠬ᠎ᠠ ᠲᠡᠯᠭᠡᠬᠦᠷᠴᠢᠯᠡᠭᠰᠨᠨ ᠡᠷᠬᠢᠯᠲᠡ ᠶᠢ ᠢᠲᠡᠪᠬᠢᠲᠡᠢ ᠬᠦᠲᠦᠯᠦᠨ ᠵᠢᠯᠣᠭᠤᠳᠴᠦ | ᠲᠡᠯᠭᠡᠷᠡᠬᠦᠯᠦᠨ᠎ᠠ᠃ ᠣᠯᠣᠰ ᠤᠨ ᠲᠣᠲᠣᠭᠠᠲᠣ ᠭᠠᠲᠠᠭᠠᠲᠣ ᠶᠢᠨ ᠪᠡᠶ᠎ᠡ ᠶᠢᠨ ᠲᠠᠮᠢᠷ ᠤᠨ ᠣᠷᠣᠯᠲᠣᠭᠠᠨ ᠵᠣᠬᠢᠶᠠᠨ | ᠪᠠᠶᠢᠭᠤᠯᠬᠤ ᠡᠷᠬᠢᠯᠲᠡ ᠶᠢᠨ ᠪᠦᠲᠦᠮᠵᠢᠲᠡᠢ ᠲᠣᠷᠰᠢᠯᠭ᠎ᠠ ᠶᠢ ᠠᠰᠢᠬᠯᠠᠨ᠂ ᠪᠦᠬᠦ ᠣᠯᠣᠰ ᠤᠨ ᠶᠡᠷᠦᠩᠭᠡᠶᠢᠯᠡᠭᠰᠡᠨ | ᠴᠢᠨᠠᠷᠲᠠᠢ ᠪᠡᠶ᠎ᠡ ᠶᠢᠨ ᠲᠠᠮᠢᠷ ᠤᠨ ᠣᠷᠣᠯᠲᠣᠭᠠᠨ ᠪᠠ ᠲᠣᠰᠠᠭᠠᠷ ᠣᠷᠣᠯᠲᠣᠭᠠᠨ ᠤ ᠵᠠᠬ᠎ᠠ ᠲᠡᠯᠭᠡᠬᠦᠷ ᠢ ᠨᠡᠭᠡᠭᠡᠨ | ᠬᠦᠭᠵᠢᠬᠦᠯᠬᠦ ᠪᠠ ᠡᠷᠬᠢᠯᠲᠡ ᠶᠢᠨ ᠵᠠᠬᠪᠣᠷ ᠢ ᠬᠠᠶᠢᠨ ᠰᠦᠪᠡᠭᠴᠢᠯᠡᠵᠦ ᠲᠡᠬᠦᠯᠲᠡᠷᠵᠢᠬᠦᠯᠦᠨ᠎ᠡ︔ ᠣᠷᠣᠨ ᠨᠣᠲᠤᠬ ᠤᠨ | ᠲᠣᠰ ᠭᠠᠵᠠᠷ ᠣᠷᠣᠨ ᠤ ᠪᠠᠨ ᠪᠠᠶᠢᠭᠠᠯᠢ ᠬᠦᠮᠦᠨ ᠨᠡᠶᠢᠭᠡᠮ ᠤᠨ ᠡᠬᠢ ᠪᠠᠶᠠᠯᠢᠬ ᠣᠨᠴᠠᠯᠢᠬ ᠢᠶᠠᠨ ᠦᠨᠳᠦᠰᠦᠯᠡᠵᠦ᠂ | ᠪᠡᠶ᠎ᠡ ᠶᠢᠨ ᠲᠠᠮᠢᠷ ᠤᠨ ᠣᠷᠣᠯᠲᠣᠭᠠᠨ ᠡᠷᠬᠢᠯᠡᠬᠦ ᠶᠢ ᠲᠡᠮᠵᠢᠵᠦ᠂ ᠠᠵᠦ ᠠᠬᠤᠶᠢᠯᠠᠯ ᠬᠤᠲᠠᠯᠲᠣᠭᠠᠨ ᠤ ᠴᠢᠨᠠᠷᠲᠠᠢ | ᠪᠡᠶ᠎ᠡ ᠶᠢᠨ ᠲᠠᠮᠢᠷ ᠤᠨ ᠤᠷᠤᠯᠲᠤᠭᠠᠨ ᠡᠷᠬᠢᠯᠡᠬᠦ ᠶᠢ ᠵᠣᠷᠢᠬᠵᠢᠭᠤᠯᠣᠨ᠂ ᠲᠡᠯᠡᠭᠡᠢ ᠶᠢᠨ ᠨᠡᠷᠡᠲᠦ ᠪᠡᠶ᠎ᠡ ᠶᠢᠨ ᠲᠠᠮᠢᠷ ᠤᠨ | ᠣᠷᠣᠯᠲᠣᠭᠠᠨ ᠢ ᠢᠲᠡᠪᠬᠢᠲᠡᠢ ᠣᠷᠣᠭᠤᠯᠣᠨ ᠠᠪᠴᠢᠷᠠᠵᠦ᠂ ᠨᠡᠷ᠎ᠡ ᠨᠦᠯᠦᠭᠡ ᠪᠠ ᠣᠨᠴᠠᠯᠢᠬ ᠲᠠᠢ ᠣᠷᠣᠯᠲᠣᠭᠠᠨ ᠤ | ᠲᠦᠷᠦᠯ ᠲᠡᠮᠲᠡᠭ ᠢ ᠴᠢᠷᠮᠠᠶᠢᠨ ᠡᠬᠦᠲᠦᠨᠡ᠃ | 3. ᠪᠡᠶ᠎ᠡ ᠶᠢᠨ ᠲᠠᠮᠢᠷ ᠤᠨ ᠵᠠᠭᠤᠴᠢ ᠶᠢᠨ ᠵᠠᠬ᠎ᠠ ᠲᠡᠯᠭᠡᠬᠦᠷ ᠢ ᠢᠲᠡᠪᠬᠢᠲᠡᠢ ᠪᠣᠶᠢᠵᠢᠭᠤᠯᠣᠨ᠎ᠠ᠃ ᠪᠡᠶ᠎ᠡ ᠶᠢᠨ | ᠲᠠᠮᠢᠷ ᠤᠨ ᠵᠠᠭᠤᠴᠢ ᠶᠢᠨ ᠵᠣᠬᠢᠶᠠᠨ ᠪᠠᠶᠢᠭᠤᠯᠣᠯᠲᠠ ᠶᠢ ᠲᠡᠮᠵᠢᠨ ᠬᠦᠭᠵᠢᠬᠦᠯᠵᠦ᠂ ᠪᠡᠶ᠎ᠡ ᠶᠢᠨ ᠲᠠᠮᠢᠷ ᠤᠨ ᠮᠡᠷᠭᠡᠵᠢᠯ᠂ | ᠰᠣᠷᠠᠬ ᠵᠠᠩᠬᠢ ᠶᠢᠨ ᠯᠠᠪᠯᠠᠭ᠎ᠠ᠂ ᠪᠡᠶ᠎ᠡ ᠶᠢᠨ ᠲᠠᠮᠢᠷ ᠤᠨ ᠲᠠᠭᠠᠳᠬᠠᠯ ᠵᠡᠷᠭᠡ ᠵᠠᠭᠤᠴᠢ ᠶᠢᠨ ᠦᠢᠯᠡᠴᠢᠯᠡᠭᠡ ᠶᠢ | ᠦᠷᠭᠡᠨ ᠢᠶᠠᠷ ᠦᠷᠨᠢᠬᠦᠯᠦᠨ᠎ᠡ᠃ ᠪᠡᠶ᠎ᠡ ᠶᠢᠨ ᠲᠠᠮᠢᠷ ᠤᠨ ᠦᠨ᠎ᠡ ᠵᠠᠰᠠᠬᠴᠢ ᠶᠢᠨ ᠬᠠᠮᠢᠶᠠᠷᠣᠯᠲᠠ ᠶᠢᠨ ᠲᠦᠷᠢᠮᠵᠢᠯ ᠢ | ᠪᠠᠶᠢᠭᠤᠯᠵᠦ᠂ ᠠᠵᠢᠯ ᠲᠦᠷᠦᠯ ᠤᠨ ᠶᠣᠰᠣ ᠰᠣᠷᠲᠠᠬᠤᠨ ᠢ ᠴᠢᠩᠭᠠᠳᠬᠠᠨ᠂ ᠦᠨᠳᠦᠷ ᠬᠡᠪ ᠴᠢᠨᠰᠠᠭ᠎ᠠ ᠪᠦᠬᠦᠢ | ᠪᠡᠶ᠎ᠡ ᠶᠢᠨ ᠲᠠᠮᠢᠷ ᠤᠨ ᠦᠨ᠎ᠡ ᠵᠠᠰᠠᠬᠴᠢ ᠶᠢᠨ ᠡᠩᠨᠡᠭᠡ ᠶᠢ ᠬᠦᠮᠦᠵᠢᠬᠦᠯᠵᠦ᠂ ᠪᠡᠶ᠎ᠡ ᠶᠢᠨ ᠲᠠᠮᠢᠷ ᠤᠨ ᠦᠨ᠎ᠡ | ᠵᠠᠰᠠᠬᠴᠢ ᠶᠢᠨ ᠣᠷᠣᠯᠲᠣᠭᠠᠨ ᠲᠡᠯᠭᠡᠷᠡᠬᠦᠯᠬᠦ ᠪᠠ ᠴᠢᠲᠠᠪᠣᠷᠢᠲᠠᠨ ᠤ ᠰᠣᠯᠢᠯᠴᠠᠭ᠎ᠠ ᠵᠡᠷᠭᠡ ᠲᠠᠯ᠎ᠠ ᠶᠢᠨ ᠦᠢᠯᠡᠲᠦᠯ ᠢ | ᠬᠦᠢᠴᠡᠳ ᠪᠠᠲᠠᠷᠠᠭᠤᠯᠣᠨ᠎ᠠ᠃ | 4. ᠪᠡᠶ᠎ᠡ ᠶᠢᠨ ᠲᠠᠮᠢᠷ ᠤᠨ ᠬᠡᠷᠡᠭᠯᠡᠭᠡᠨ ᠤ ᠦᠢᠯᠡᠰ ᠢ ᠪᠣᠶᠢᠵᠢᠭᠤᠯᠣᠨ ᠬᠦᠴᠦᠷᠭᠡᠭᠵᠢᠬᠦᠯᠦᠨ᠎ᠡ᠃ ᠲᠡᠯᠡᠭᠡᠢ ᠶᠢᠨ | ᠪᠡᠶ᠎ᠡ ᠶᠢᠨ ᠲᠠᠮᠢᠷ ᠤᠨ ᠬᠡᠷᠡᠭᠯᠡᠭᠡᠨ ᠤ ᠦᠢᠯᠡᠰ ᠲᠠᠬᠢ ᠮᠠᠨ ᠤ ᠣᠯᠣᠰ ᠤᠨ ᠪᠠᠶᠢᠷᠢ ᠰᠠᠭᠤᠷᠢ ᠶᠢ ᠴᠢᠨᠠᠬᠰᠢᠲᠠ | ᠲᠡᠭᠡᠭᠰᠢᠯᠡᠬᠦᠯᠦᠨ᠎ᠡ᠃ ᠪᠠᠷᠢᠮᠵᠢᠶᠠᠵᠢᠬᠰᠠᠨ ᠠᠵᠢᠯ ᠢ ᠢᠲᠡᠪᠬᠢᠲᠡᠢ ᠲᠦᠯᠬᠢᠨ ᠠᠬᠢᠭᠤᠯᠵᠦ᠂ ᠣᠯᠣᠰ ᠤᠨ ᠪᠠᠷᠢᠮᠵᠢᠶ᠎ᠠ | ᠬᠢᠭᠡᠳ ᠠᠵᠢᠯ ᠲᠦᠷᠦᠯ ᠤᠨ ᠪᠠᠷᠢᠮᠵᠢᠶ᠎ᠠ ᠶᠢ ᠲᠣᠬᠲᠠᠭᠠᠨ ᠲᠡᠬᠦᠯᠲᠡᠷᠵᠢᠬᠦᠯᠵᠦ᠂ ᠠᠯᠪᠠᠲᠠᠯᠭ᠎ᠠ ᠶᠢᠨ ᠴᠢᠨᠠᠷᠲᠠᠢ | ᠪᠠᠷᠢᠮᠵᠢᠶ᠎ᠠ ᠳᠤ ᠬᠤᠯᠪᠣᠬᠲᠠᠬᠰᠠᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠵᠦᠢᠯᠡᠰ ᠤᠨ ᠴᠢᠨᠠᠷ ᠴᠢᠨᠰᠠᠭ᠎ᠠ ᠶᠢᠨ ᠬᠢᠨᠠᠨ | ᠬᠠᠮᠢᠶᠠᠷᠣᠯᠲᠠ ᠶᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠪᠦᠲᠦᠭᠡᠭᠲᠡᠬᠦᠨ ᠢ ᠬᠢᠨᠠᠨ ᠵᠦᠪᠰᠢᠶᠡᠷᠡᠬᠦ | ᠠᠵᠢᠯ ᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠡᠳ᠋ ᠤᠨ ᠲᠦᠷᠦᠯ ᠲᠡᠮᠲᠡᠭ ᠤᠨ ᠪᠠᠶᠢᠭᠤᠯᠣᠯᠲᠠ ᠶᠢ | ᠪᠦᠲᠦᠮᠵᠢᠲᠡᠢ ᠠᠬᠢᠭᠤᠯᠵᠦ᠂ ᠮᠠᠨ ᠤ ᠣᠯᠣᠰ ᠤᠨ ᠪᠡᠶ᠎ᠡ ᠶᠢᠨ ᠲᠡᠮᠢᠷ ᠤᠨ ᠬᠡᠷᠡᠭᠯᠡᠭᠡᠨ ᠤ ᠡᠳ᠋ ᠤᠨ ᠣᠯᠠᠨ ᠣᠯᠣᠰ ᠤᠨ | ᠵᠠᠬ᠎ᠠ ᠲᠡᠯᠭᠡᠬᠦᠷ ᠳᠠᠬᠢ ᠦᠷᠢᠰᠦᠯᠲᠦᠬᠦ ᠬᠦᠴᠦᠨ ᠢ ᠲᠡᠭᠡᠭᠰᠢᠯᠡᠬᠦᠯᠦᠨ᠎ᠡ᠃ ᠲᠡᠯᠡᠭᠡᠢ ᠶᠢᠨ ᠲᠡᠷᠢᠬᠦᠨ ᠤ ᠡᠩᠨᠡᠭᠡ | ᠪᠦᠬᠦᠢ ᠪᠡᠶ᠎ᠡ ᠶᠢᠨ ᠲᠠᠮᠢᠷ ᠤᠨ ᠬᠡᠷᠡᠭᠰᠡᠯ ᠤᠨ ᠦᠵᠡᠰᠬᠦᠯᠡᠩ ᠢ ᠴᠢᠷᠮᠠᠶᠢᠨ ᠡᠬᠦᠳᠦᠨ᠎ᠡ᠃ | 5. ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠣᠨ᠎ᠠ︔ ᠪᠡᠶ᠎ᠡ ᠶᠢᠨ ᠲᠠᠮᠢᠷ ᠤᠨ | ᠬᠦᠲᠡᠯᠮᠦᠷᠢ ᠬᠦᠴᠦ᠂ ᠣᠷᠣᠯᠲᠣᠭᠠᠨ ᠵᠣᠬᠢᠶᠠᠨ ᠪᠠᠶᠢᠭᠤᠯᠬᠤ᠂ ᠣᠷᠲᠣᠨ ᠲᠠᠯᠠᠪᠠᠢ ᠶᠢᠨ ᠪᠠᠶᠢᠭᠤᠯᠣᠯᠲᠠ᠂ ᠮᠡᠲᠡᠭᠡ | ᠵᠠᠩᠬᠢ ᠶᠢᠨ ᠠᠰᠠᠭᠤᠨ ᠯᠠᠪᠯᠠᠭ᠎ᠠ᠂ ᠮᠡᠷᠭᠡᠵᠢᠯ ᠤᠨ ᠪᠣᠯᠪᠠᠰᠣᠷᠠᠯ ᠵᠡᠷᠭᠡ ᠪᠠᠷ ᠭᠤᠣᠯᠲᠠᠯᠭ᠎ᠠ ᠪᠣᠯᠭᠠᠵᠦ᠂ ᠪᠡᠶ᠎ᠡ ᠶᠢᠨ | ᠲᠠᠮᠢᠷ ᠤᠨ ᠦᠢᠯᠡᠴᠢᠯᠡᠭᠡ ᠶᠢᠨ ᠬᠦᠷᠢᠶ᠎ᠠ ᠬᠡᠪᠴᠢᠶ᠎ᠠ ᠶᠢ ᠠᠭᠠᠵᠢᠮ ᠢᠶᠠᠷ ᠦᠷᠭᠡᠳᠭᠡᠨ᠎ᠡ᠃ ᠣᠯᠣᠰ ᠤᠨ | ᠭᠠᠲᠠᠭᠠᠲᠣ ᠶᠢᠨ ᠵᠠᠬ᠎ᠠ ᠲᠡᠯᠭᠡᠬᠦᠷ ᠢ ᠢᠲᠡᠪᠬᠢᠲᠡᠢ ᠦᠷᠭᠡᠳᠭᠡᠵᠦ᠂ ᠮᠠᠨ ᠤ ᠣᠯᠣᠰ ᠤᠨ ᠪᠡᠶ᠎ᠡ ᠶᠢᠨ ᠲᠠᠮᠢᠷ ᠤᠨ | ᠦᠢᠯᠡᠴᠢᠯᠡᠭᠡ ᠶᠢᠨ ᠠᠵᠢᠯ ᠲᠦᠷᠦᠯ ᠤᠨ ᠣᠯᠠᠨ ᠣᠯᠣᠰ ᠲᠠᠬᠢ ᠦᠷᠢᠰᠦᠯᠲᠦᠬᠦ ᠬᠦᠴᠦᠨ ᠢ ᠲᠡᠭᠡᠭᠰᠢᠯᠡᠬᠦᠯᠦᠨ᠎ᠠ᠃ | ᠡᠯ᠎ᠠ ᠲᠦᠷᠦᠯ ᠤᠨ ᠪᠡᠶ᠎ᠡ ᠶᠢᠨ ᠲᠠᠮᠢᠷ ᠤᠨ ᠬᠦ᠋ᠲᠡᠯᠭᠡᠭᠡᠨ ᠤ ᠲᠦᠷᠦᠯ ᠵᠦᠢᠯ ᠢ ᠵᠣᠷᠢᠬᠵᠢᠭᠤᠯᠵᠦ᠂ ᠣᠨᠴᠠᠭᠠᠶᠢᠯᠠᠨ | ᠮᠠᠨ ᠤ ᠣᠯᠣᠰ ᠤᠨ ᠲᠠᠪᠠᠭᠤᠯᠢᠬ ᠲᠦᠷᠦᠯ ᠵᠦᠢᠯ ᠪᠠ ᠦᠨᠳᠦᠰᠦᠲᠡᠨ ᠤ ᠣᠨᠴᠠᠯᠢᠬᠲᠣ ᠲᠦᠷᠦᠯ ᠵᠦᠢᠯ ᠤᠨ | ᠭᠠᠲᠠᠬᠰᠢ ᠭᠠᠷᠴᠦ ᠶᠠᠪᠣᠬᠤ ᠶᠢ ᠵᠣᠷᠢᠬᠵᠢᠭᠤᠯᠵᠦ᠂ ᠣᠯᠠᠨ ᠣᠯᠣᠰ ᠤᠨ ᠦᠷᠢᠰᠦᠯᠲᠦᠭᠡᠨ ᠳᠤ ᠢᠲᠡᠪᠬᠢᠲᠡᠢ | ᠣᠷᠣᠯᠴᠠᠨ᠂ ᠨᠢᠭᠡ ᠪᠦᠯᠦᠭ ᠬᠦᠴᠦᠷᠭᠡᠭ ᠶᠡᠭᠡ ᠪᠣᠲᠠᠲᠣ ᠬᠦᠴᠦᠨ ᠲᠠᠢ᠂ ᠲᠣᠰᠬᠠᠢ ᠮᠡᠷᠭᠡᠵᠢᠯ ᠤᠨ ᠴᠢᠨᠠᠷ ᠴᠢᠩᠭ᠎ᠠ | ᠪᠡᠶ᠎ᠡ ᠶᠢᠨ ᠲᠠᠮᠢᠷ ᠤᠨ ᠦᠢᠯᠡᠴᠢᠯᠡᠭᠡ ᠠᠷᠠᠯᠵᠢᠶ᠎ᠠ ᠶᠢᠨ ᠠᠵᠦ ᠠᠬᠤᠶᠢᠯᠠᠯ ᠢ ᠪᠣᠶᠢᠵᠢᠭᠤᠯᠵᠦ᠂ ᠮᠠᠨ ᠤ ᠣᠯᠣᠰ ᠤᠨ | ᠪᠡᠶ᠎ᠡ ᠶᠢᠨ ᠲᠠᠮᠢᠷ ᠤᠨ ᠦᠢᠯᠡᠴᠢᠯᠡᠭᠡ ᠠᠷᠠᠯᠵᠢᠶ᠎ᠠ ᠶᠢᠨ ᠲᠦᠷᠦᠯ ᠲᠡᠮᠲᠡᠭ ᠢ ᠱᠣᠭᠤᠨ᠎ᠠ᠃ | 6. ᠪᠡᠶ᠎ᠡ ᠶᠢᠨ ᠲᠠᠮᠢᠷ ᠤᠨ ᠠᠵᠦ ᠦᠢᠯᠡᠰ ᠪᠠ ᠬᠤᠯᠪᠣᠬᠲᠠᠯ ᠪᠦᠬᠦᠢ ᠠᠵᠦ ᠦᠢᠯᠡᠰ ᠤᠨ ᠬᠤᠷᠰᠢᠯ | ᠬᠦᠭᠵᠢᠯᠲᠡ ᠶᠢ ᠵᠣᠬᠢᠴᠠᠭᠤᠯᠣᠨ ᠠᠬᠢᠭᠤᠯᠣᠨ᠎ᠠ᠃ ᠪᠡᠶ᠎ᠡ ᠶᠢᠨ ᠲᠠᠮᠢᠷ ᠤᠨ ᠠᠵᠦ ᠦᠢᠯᠡᠰ ᠤᠨ ᠶᠡᠷᠦᠩᠬᠡᠶᠢᠯᠡᠭᠰᠡᠨ | ᠦᠢᠯᠡᠲᠦᠯ ᠪᠠ ᠲᠠᠶᠢᠴᠢᠯᠠᠨ ᠲᠠᠭᠠᠭᠤᠯᠬᠤ ᠦᠢᠯᠡᠲᠦᠯ ᠢ ᠪᠠᠲᠠᠷᠠᠭᠤᠯᠵᠦ᠂ ᠪᠡᠶ᠎ᠡ ᠶᠢᠨ ᠲᠠᠮᠢᠷ ᠤᠨ ᠠᠵᠦ ᠦᠢᠯᠡᠰ | ᠬᠢᠭᠡᠳ ᠰᠣᠶᠣᠯ᠂ ᠵᠣᠭᠠᠴᠠᠯ᠂ ᠡᠯᠧᠺᠲᠷᠣᠨ ᠮᠡᠲᠡᠭᠡ ᠵᠠᠩᠬᠢ ᠵᠡᠷᠭᠡ ᠬᠤᠯᠪᠣᠬᠲᠠᠯ ᠪᠦᠬᠦᠢ ᠠᠵᠦ ᠦᠢᠯᠡᠰ ᠤᠨ | ᠨᠡᠶᠢᠯᠡᠨ ᠡᠵᠡᠩᠨᠡᠬᠦ ᠶᠢ ᠠᠬᠢᠭᠤᠯᠵᠦ᠂ ᠪᠡᠶ᠎ᠡ ᠶᠢᠨ ᠲᠠᠮᠢᠷ ᠵᠣᠭᠠᠴᠠᠯ᠂ ᠪᠡᠶ᠎ᠡ ᠶᠢᠨ ᠲᠠᠮᠢᠷ ᠤᠨ ᠬᠡᠪᠯᠡᠯ᠂ ᠪᠡᠶ᠎ᠡ ᠶᠢᠨ | ᠲᠠᠮᠢᠷ ᠤᠨ ᠵᠠᠭᠤᠴᠢ᠂ ᠪᠡᠶ᠎ᠡ ᠶᠢᠨ ᠲᠠᠮᠢᠷ ᠤᠨ ᠵᠠᠷ᠂ ᠪᠡᠶ᠎ᠡ ᠶᠢᠨ ᠲᠠᠮᠢᠷ ᠤᠨ ᠬᠤᠷᠠᠯ ᠦᠵᠡᠰᠬᠦᠯᠡᠩ᠂ ᠪᠡᠶ᠎ᠡ ᠶᠢᠨ | ᠲᠠᠮᠢᠷ ᠤᠨ ᠺᠢᠨᠣ᠋ ᠲᠧᠯᠸᠢᠰ ᠵᠡᠷᠭᠡ ᠬᠤᠯᠪᠣᠬᠲᠠᠯ ᠪᠦᠬᠦᠢ ᠠᠵᠢᠯ ᠲᠦᠷᠦᠯ ᠤᠨ ᠬᠦᠭᠵᠢᠯᠲᠡ ᠶᠢ ᠠᠬᠢᠭᠤᠯᠣᠨ᠎ᠠ᠃ | ᠬᠤᠶᠠᠷ᠂ ᠭᠤᠣᠯ ᠪᠣᠯᠬᠤ ᠲᠦᠷᠦ ᠶᠢᠨ ᠪᠣᠲᠣᠯᠭ᠎ᠠ ᠪᠠ ᠠᠷᠭ᠎ᠠ ᠬᠡᠮᠵᠢᠶ᠎ᠠ | ︵ᠲᠦᠷᠪᠡ︶ ᠪᠡᠯᠡ ᠣᠷᠣᠭᠤᠯᠵᠦ ᠪᠡᠯᠡ ᠬᠤᠷᠠᠮᠲᠣᠭᠤᠯᠬᠤ ᠲᠡᠮᠵᠢᠯᠭᠡ ᠶᠢᠨ ᠬᠦᠴᠦᠯᠡᠴᠡ ᠪᠠᠨ | ᠴᠢᠩᠭᠠᠷᠠᠭᠤᠯᠣᠨ᠎ᠠ᠃ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢᠨ ᠪᠡᠯᠡ ᠮᠦᠩᠬᠦ ᠶᠢᠨ | ᠢᠷᠠᠯᠲᠠ ᠶᠢᠨ ᠵᠠᠮ ᠰᠣᠪᠠᠬ ᠢ ᠦᠷᠭᠡᠳᠭᠡᠵᠦ᠂ ᠵᠠᠰᠠᠬ ᠤᠨ ᠣᠷᠲᠣᠨ ᠠᠴᠠ ᠨᠦᠬᠦᠪᠦᠷᠢ ᠮᠦᠩᠬᠦ ᠲᠣᠬᠢᠷᠠᠭᠤᠯᠬᠤ | ᠵᠡᠷᠭᠡ ᠠᠷᠭ᠎ᠠ ᠬᠡᠮᠵᠢᠶ᠎ᠠ ᠪᠠᠷ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢ ᠠᠬᠢᠭᠤᠯᠵᠦ ᠪᠣᠯᠣᠨ᠎ᠠ᠃ | ᠨᠦᠬᠦᠴᠡᠯ ᠳᠤ ᠨᠡᠶᠢᠴᠡᠬᠦ ᠠᠵᠦ ᠠᠬᠤᠶᠢᠯᠠᠯ ᠬᠦᠷᠦᠩᠭᠡ ᠶᠢᠨ ᠵᠠᠬ᠎ᠠ ᠲᠡᠯᠭᠡᠬᠦᠷ ᠲᠤ ᠣᠷᠣᠵᠦ ᠪᠡᠯᠡ | ᠬᠤᠷᠠᠮᠲᠤᠭᠤᠯᠤᠨ᠂ ᠵᠢᠭᠡᠯᠡᠯᠭᠡ ᠶᠢᠨ ᠲᠡᠮᠲᠡᠭᠲᠦ᠂ ᠰᠲ᠋ᠣᠺ ᠲᠠᠷᠬᠠᠭᠠᠬᠤ ᠵᠢᠴᠢ ᠲᠦᠷᠦᠯ ᠵᠦᠢᠯ ᠢᠶᠠᠷ ᠪᠡᠯᠡ | ᠬᠤᠷᠠᠮᠲᠣᠭᠤᠯᠬᠤ᠂ ᠬᠦᠷᠦᠩᠭᠡ ᠶᠢ ᠲᠠᠬᠢᠨ ᠪᠠᠶᠢᠭᠤᠯᠬᠤ᠂ ᠰᠲ᠋ᠣᠺ ᠤᠨ ᠡᠷᠭᠡ ᠶᠢ ᠰᠣᠯᠢᠬᠤ ᠵᠡᠷᠭᠡ ᠬᠡᠯᠪᠡᠷᠢ ᠪᠠᠷ | ᠲᠠᠮᠵᠢᠭᠤᠯᠣᠨ ᠬᠦᠭᠵᠢᠯᠲᠡ ᠶᠢᠨ ᠪᠡᠯᠡ ᠮᠦᠩᠬᠦ ᠴᠣᠬᠯᠠᠭᠤᠯᠵᠦ ᠪᠣᠯᠣᠨ᠎ᠠ᠃ ᠠᠷᠠᠳ ᠤᠨ ᠪᠣᠯᠣᠨ ᠬᠢᠯᠢ ᠶᠢᠨ | ᠭᠠᠲᠠᠨᠠᠬᠢ ᠬᠦᠷᠦᠩᠭᠡ ᠶᠢᠨ ᠪᠡᠶ᠎ᠡ ᠶᠢᠨ ᠲᠠᠮᠢᠷ ᠤᠨ ᠠᠵᠦ ᠦᠢᠯᠡᠰ ᠲᠤ ᠪᠡᠯᠡ ᠣᠷᠣᠭᠤᠯᠬᠤ ᠶᠢ ᠢᠲᠡᠪᠬᠢᠲᠡᠢ | ᠲᠡᠮᠵᠢᠵᠦ᠂ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠶᠡᠬᠡᠪᠡᠷ ᠪᠠᠶᠢᠭᠤᠯᠣᠨ᠎ᠠ᠃ ᠮᠦᠩᠬᠦᠨ ᠬᠦᠢᠯᠭᠡᠭᠡᠨ ᠤ | ᠪᠠᠶᠢᠭᠤᠯᠣᠮᠵᠢ ᠶᠢᠨ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠣᠨ | ᠰᠢᠨ᠎ᠡ ᠦᠢᠯᠡᠳᠬᠦᠨ ᠨᠡᠭᠡᠭᠡᠨ ᠬᠦᠭᠵᠢᠬᠦᠯᠵᠦ᠂ ᠰᠢᠨ᠎ᠡ ᠠᠵᠢᠯ ᠲᠦᠷᠦᠯ ᠦᠷᠭᠡᠳᠭᠡᠬᠦ ᠶᠢ ᠵᠣᠷᠢᠬᠵᠢᠭᠤᠯᠣᠨ᠎ᠠ᠃ | ᠪᠡᠶ᠎ᠡ ᠶᠢᠨ ᠲᠠᠮᠢᠷ ᠤᠨ ᠯᠣᠲᠲ᠋ᠧᠷᠢ ᠶᠢᠨ ᠵᠠᠬ᠎ᠠ ᠲᠡᠯᠭᠡᠬᠦᠷ ᠤᠨ ᠵᠢᠮ᠎ᠡ ᠶᠣᠰᠣ ᠶᠢ ᠰᠣᠲᠣᠯᠵᠦ᠂ ᠪᠡᠶ᠎ᠡ ᠶᠢᠨ | ᠲᠠᠮᠢᠷ ᠤᠨ ᠯᠣᠲᠲ᠋ᠧᠷᠢ ᠶᠢᠨ ᠰᠢᠨ᠎ᠡ ᠲᠦᠷᠦᠯ ᠵᠦᠢᠯ ᠢ ᠲᠠᠰᠣᠷᠠᠯᠲᠠ ᠦᠭᠡᠢ ᠪᠠᠶᠠᠯᠢᠬᠵᠢᠭᠤᠯᠣᠨ᠎ᠠ᠃ ᠪᠡᠶ᠎ᠡ ᠶᠢᠨ | ᠲᠠᠮᠢᠷ ᠤᠨ ᠯᠣᠲᠲ᠋ᠧᠷᠢ ᠶᠢᠨ ᠵᠠᠬ᠎ᠠ ᠲᠡᠯᠭᠡᠬᠦᠷ ᠤᠨ ᠬᠠᠮᠢᠶᠠᠷᠣᠯᠲᠠ ᠶᠢᠨ ᠲᠦᠷᠢᠮ ᠢ ᠲᠡᠬᠦᠯᠲᠡᠷᠵᠢᠬᠦᠯᠵᠦ ᠲᠠᠷᠬᠠᠭᠠᠯᠲᠠ | ᠪᠣᠷᠣᠯᠠᠭᠤᠯᠭ᠎ᠠ ᠶᠢᠨ ᠬᠢᠨᠠᠯᠲᠠ ᠲᠠᠯᠪᠢᠬᠤ ᠲᠣᠬᠲᠠᠯᠴᠠᠭ᠎ᠠ ᠶᠢ ᠪᠦᠷᠢᠨᠰᠢᠬᠦᠯᠦᠨ᠎ᠡ᠃ ᠯᠣᠲᠲ᠋ᠧᠷᠢ ᠶᠢᠨ ᠨᠡᠶᠢᠲᠡ ᠶᠢᠨ | ᠠᠰᠠᠷᠠᠮᠵᠢ ᠶᠢᠨ ᠮᠦᠩᠬᠦ ᠶᠢᠨ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠵᠦ᠂ ᠠᠰᠢᠬᠯᠠᠮᠵᠢ ᠶᠢᠨ ᠦᠷ᠎ᠡ ᠠᠰᠢᠬ ᠢ | ᠲᠡᠭᠡᠭᠰᠢᠯᠡᠬᠦᠯᠦᠨ᠎ᠡ᠃ | ᠨᠡᠶᠢᠭᠡᠮ ᠤᠨ ᠬᠦᠴᠦᠨ ᠢᠶᠠᠷ ᠮᠦᠩᠬᠦ ᠬᠠᠨᠳᠢᠪᠯᠠᠨ ᠪᠡᠶ᠎ᠡ ᠶᠢᠨ ᠲᠠᠮᠢᠷ ᠤᠨ ᠲᠦᠷᠦᠯ ᠤᠨ ᠰᠠᠭᠤᠷᠢ ᠮᠦᠩᠬᠦ | ᠪᠠᠶᠢᠭᠤᠯᠬᠤ ᠶᠢ ᠵᠣᠷᠢᠬᠵᠢᠭᠤᠯᠵᠦ᠂ ᠣᠯᠣᠰ ᠤᠨ ᠲᠤᠲᠤᠭᠠᠲᠤ ᠭᠠᠲᠠᠭᠠᠲᠣ ᠶᠢᠨ ᠵᠣᠬᠢᠶᠠᠨ ᠪᠠᠶᠢᠭᠤᠯᠣᠯᠲᠠ ᠪᠠ | ᠬᠤᠪᠢ ᠬᠦᠮᠦᠨ ᠰᠠᠭᠤᠷᠢ ᠮᠦᠩᠬᠦ ᠳᠤ ᠡᠳ᠋ ᠪᠣᠲᠠᠰ ᠬᠦᠷᠭᠡᠬᠦ ᠪᠠ ᠮᠦᠩᠬᠦ ᠬᠠᠨᠳᠢᠪᠯᠠᠬᠤ ᠶᠢ ᠵᠣᠷᠢᠬᠵᠢᠭᠤᠯᠣᠨ᠎ᠠ᠃ | ︵ᠲᠠᠪᠤ︶ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠦᠨ᠎ᠡ᠃ | ᠨᠦᠬᠦᠴᠡᠯ ᠳᠤ ᠨᠡᠶᠢᠴᠡᠬᠦ ᠪᠡᠶ᠎ᠡ ᠶᠢᠨ ᠲᠠᠮᠢᠷ ᠤᠨ ᠲᠦᠷᠦᠯ ᠤᠨ ᠠᠰᠢᠬ ᠬᠤᠨᠵᠢᠪᠣᠷᠢ ᠶᠢᠨ ᠪᠣᠰᠣ ᠵᠣᠬᠢᠶᠠᠨ | ᠪᠠᠶᠢᠭᠤᠯᠣᠯᠲᠠ ᠶᠢᠨ ᠣᠷᠣᠯᠭ᠎ᠠ ᠶᠢᠨ ᠬᠤᠪᠢ ᠳᠤ᠂ ᠭᠠᠶᠢᠯᠢ ᠶᠢᠨ ᠬᠠᠣᠯᠢ ᠶᠢᠨ ᠬᠠᠮᠢᠶ᠎ᠠ ᠪᠦᠬᠦᠢ ᠲᠣᠬᠲᠠᠭᠠᠯ | ᠶᠣᠰᠣᠭᠠᠷ ᠠᠵᠦ ᠠᠬᠤᠶᠢᠯᠠᠯ ᠤᠨ ᠣᠯᠵᠠᠪᠣᠷᠢ ᠶᠢᠨ ᠭᠠᠶᠢᠯᠢ ᠶᠢᠨ ᠬᠠᠮᠢᠶ᠎ᠠ ᠪᠦᠬᠦᠢ ᠬᠠᠷᠠᠭᠠᠯᠵᠠᠯ ᠤᠨ ᠲᠦᠷᠦ ᠶᠢᠨ | ᠪᠣᠲᠣᠯᠭ᠎ᠠ ᠬᠦᠷᠲᠡᠵᠦ ᠪᠣᠯᠣᠨ᠎ᠠ᠃ ᠠᠵᠦ ᠠᠬᠤᠶᠢᠯᠠᠯ ᠤᠨ ᠨᠦᠬᠦᠴᠡᠯ ᠳᠤ ᠨᠡᠶᠢᠴᠡᠬᠦ ᠵᠡᠷ ᠮᠡᠲᠡᠭᠡ ᠶᠢᠨ ᠵᠠᠷᠣᠳᠠᠯ ᠢ | ᠭᠠᠶᠢᠯᠢ ᠶᠢᠨ ᠬᠠᠣᠯᠢ ᠶᠢᠨ ᠲᠣᠬᠲᠠᠭᠠᠯ ᠶᠣᠰᠣᠭᠠᠷ ᠲᠤᠯᠭᠠᠨ ᠬᠠᠰᠤᠵᠦ ᠪᠣᠯᠣᠨ᠎ᠠ᠃ ᠨᠡᠶᠢᠭᠡᠮ ᠠᠴᠠ ᠪᠡᠶ᠎ᠡ ᠶᠢᠨ | ᠲᠠᠮᠢᠷ ᠤᠨ ᠦᠢᠯᠡᠰ ᠲᠤ ᠡᠳ᠋ ᠪᠣᠲᠠᠰ ᠬᠦᠷᠭᠡᠬᠦ ᠶᠢ ᠵᠣᠷᠢᠬᠵᠢᠭᠤᠯᠵᠦ᠂ ᠠᠵᠦ ᠠᠬᠤᠶᠢᠯᠠᠯ᠂ ᠬᠤᠪᠢ ᠬᠦᠮᠦᠨ ᠪᠠ | ᠪᠣᠰᠣᠳ ᠨᠡᠶᠢᠭᠡᠮ ᠤᠨ ᠬᠦᠴᠦᠨ ᠤ ᠣᠯᠠᠨ ᠨᠡᠶᠢᠲᠡ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠦᠢᠯᠡᠰ ᠲᠤ | ᠬᠠᠨᠲᠢᠪᠯᠠᠬᠰᠠᠨ ᠪᠣᠯ ᠭᠠᠶᠢᠯᠢ ᠶᠢᠨ ᠬᠠᠣᠯᠢ ᠶᠢᠨ ᠬᠠᠮᠢᠶ᠎ᠠ ᠪᠦᠬᠦᠢ ᠲᠣᠬᠲᠠᠭᠠᠯ ᠳᠤ ᠨᠡᠶᠢᠴᠡᠬᠦ ᠬᠡᠰᠡᠭ ᠢ ᠨᠢ ᠠᠵᠦ | ᠠᠬᠤᠶᠢᠯᠠᠯ ᠤᠨ ᠣᠯᠵᠠᠪᠣᠷᠢ ᠶᠢᠨ ᠭᠠᠶᠢᠯᠢ ᠪᠣᠲᠣᠬᠤ ᠦᠶᠡᠰ ᠲᠤᠯᠭᠠᠨ ᠬᠠᠰᠣᠵᠦ ᠪᠣᠯᠣᠨ᠎ᠠ᠃ | ︵ᠵᠢᠷᠭᠤᠭ᠎ᠠ︶ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ | ᠬᠠᠮᠢᠶᠠᠷᠣᠯᠲᠠ ᠶᠢ ᠴᠢᠩᠭᠠᠳᠬᠠᠨ᠎ᠠ︔ ᠡᠯ᠎ᠠ ᠱᠠᠲᠣᠨ ᠤ ᠵᠠᠰᠠᠬ ᠤᠨ ᠣᠷᠲᠣᠨ ᠣᠯᠣᠰ ᠤᠨ ᠪᠣᠲᠠᠲᠣ ᠪᠠᠶᠢᠲᠠᠯ ᠠᠴᠠ | ᠡᠬᠦᠰᠦᠨ ᠨᠡᠶᠢᠭᠡᠮ ᠳᠤ ᠬᠠᠨᠲᠣᠨ ᠣᠯᠠᠨ ᠲᠦᠮᠡᠨ ᠳᠤ ᠦᠢᠯᠡᠴᠢᠯᠡᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠦᠬᠦᠭᠡᠷᠦᠮᠵᠢ ᠶᠢ ᠵᠣᠬᠢᠰᠲᠠᠢ ᠲᠦᠯᠦᠪᠵᠢᠬᠦᠯᠦᠨ ᠪᠠᠶᠢᠷᠢᠯᠠᠭᠤᠯᠵᠦ᠂ ᠬᠤᠲᠠ ᠬᠦᠲᠡᠭᠡ ᠶᠢᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠪᠠ ᠬᠠᠮᠢᠶᠠᠷᠣᠯᠲᠠ ᠶᠢ ᠦᠨᠡᠨᠬᠦ ᠴᠢᠩᠭᠠᠳᠬᠠᠵᠦ᠂ | ᠲᠦᠬᠦᠭᠡᠷᠦᠮᠵᠢ ᠶᠢᠨ ᠶᠡᠷᠦᠩᠭᠡᠶᠢᠯᠡᠭᠰᠡᠨ ᠠᠰᠢᠬᠯᠠᠮᠵᠢ ᠪᠠ ᠡᠷᠬᠢᠯᠲᠡ ᠶᠢᠨ ᠨᠣᠷᠮ᠎ᠠ ᠶᠢ ᠲᠡᠭᠡᠭᠰᠢᠯᠡᠬᠦᠯᠵᠦ᠂ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠨᠡᠶᠢᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡ᠂ | ᠣᠯᠠᠨ ᠲᠦᠮᠡᠨ ᠤ ᠪᠡᠶ᠎ᠡ ᠶᠢᠨ ᠲᠠᠮᠢᠷ ᠤᠨ ᠱᠠᠭᠠᠷᠲᠠᠯᠭ᠎ᠠ ᠶᠢ ᠬᠠᠩᠭᠠᠬᠤ ᠲᠠᠯ᠎ᠠ ᠪᠠᠷ ᠬᠢ ᠦᠢᠯᠡᠲᠦᠯ ᠢ ᠬᠦᠢᠴᠡᠳ | ᠪᠠᠲᠠᠷᠠᠭᠤᠯᠣᠨ᠎ᠠ᠃ ᠵᠠᠰᠠᠬ ᠤᠨ ᠣᠷᠲᠣᠨ ᠠᠴᠠ ᠪᠡᠯᠡ ᠣᠷᠣᠭᠤᠯᠵᠦ ᠪᠠᠶᠢᠭᠤᠯᠣᠬᠰᠠᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠵᠢᠴᠢ ᠲᠡᠬᠦᠨ ᠤ ᠢᠵᠢ ᠪᠦᠷᠢᠨ ᠲᠦᠬᠦᠭᠡᠷᠦᠮᠵᠢ ᠶᠢᠨ ᠬᠢᠨᠠᠨ ᠬᠠᠮᠢᠶᠠᠷᠬᠤ | ᠠᠵᠢᠯ ᠢ ᠰᠠᠶᠢᠲᠣᠷ ᠬᠢᠵᠦ ᠰᠣᠯᠠ ᠵᠠᠲᠠᠭᠠᠢ ᠲᠠᠯᠪᠢᠬᠤ ᠪᠣᠶᠣ ᠰᠢᠯᠵᠢᠬᠦᠯᠦᠨ ᠬᠡᠷᠡᠭᠯᠡᠬᠦ ᠶᠢ ᠬᠤᠷᠢᠬᠯᠠᠨ᠎ᠠ᠃ ᠣᠯᠠᠨ | ᠨᠡᠶᠢᠲᠡ ᠶᠢᠨ ᠪᠡᠶ᠎ᠠ ᠶᠢᠨ ᠲᠠᠮᠢᠷ ᠤᠨ ᠲᠦᠬᠦᠭᠡᠷᠦᠮᠵᠢ ᠶᠢᠨ ᠡᠬᠦᠷᠭᠡ ᠴᠢᠲᠠᠪᠬᠢ᠂ ᠣᠨᠴᠠᠯᠢᠬ ᠢ ᠦᠨᠳᠦᠰᠦᠯᠡᠨ ᠣᠯᠠᠨ | ᠲᠦᠮᠡᠨ ᠳᠤ ᠨᠡᠭᠡᠭᠡᠵᠦ᠂ ᠲᠣᠬᠲᠠᠬᠰᠠᠨ ᠴᠠᠬ ᠪᠣᠯᠣᠨ ᠬᠡᠪᠴᠢᠶᠠᠨ ᠲᠣᠲᠣᠷ᠎ᠠ ᠰᠣᠷᠣᠬᠴᠢ᠂ ᠨᠠᠰᠣᠲᠠᠶᠢᠴᠣᠳ ᠪᠠ | ᠵᠡᠮᠲᠡᠭᠴᠦᠳ ᠲᠤ ᠬᠠᠷᠠᠭᠠᠯᠵᠠᠯ ᠲᠠᠢ ᠪᠣᠶᠣ ᠡᠰᠡᠬᠦᠯ᠎ᠠ ᠦᠨ᠎ᠡ ᠲᠦᠯᠦᠪᠦᠷᠢ ᠦᠭᠡᠢ ᠪᠠᠷ ᠨᠡᠭᠡᠭᠡᠵᠦ ᠦᠭᠬᠦ ᠬᠡᠷᠡᠭᠲᠡᠢ᠃ | ᠵᠠᠲᠠᠭᠠᠢ ᠪᠡᠶ᠎ᠡ ᠶᠢᠨ ᠲᠠᠮᠢᠷ ᠤᠨ ᠲᠠᠯᠠᠪᠠᠢ ᠶᠢ ᠨᠦᠬᠦᠴᠡᠯ ᠡᠬᠦᠳᠴᠦ ᠪᠠᠶᠢᠭᠠᠳ ᠰᠦᠢᠳᠭᠡᠯ ᠬᠤᠷᠢᠶᠠᠬᠤ ᠦᠭᠡᠢ ᠪᠠᠷ | ᠴᠢᠯᠦᠭᠡᠲᠡᠢ ᠨᠡᠭᠡᠭᠡᠵᠦ᠂ ᠨᠢᠭᠡᠨᠲᠡ ᠰᠦᠢᠳᠭᠡᠯ ᠬᠤᠷᠢᠶᠠᠬᠤ ᠦᠭᠡᠢ ᠪᠠᠷ ᠴᠢᠯᠦᠭᠡᠲᠡᠢ ᠨᠡᠭᠡᠭᠡᠭᠰᠡᠨ ᠪᠣᠯ ᠲᠠᠬᠢᠨ | ᠬᠤᠪᠢᠷᠠᠭᠤᠯᠵᠤ ᠰᠦᠢᠳᠭᠡᠯ ᠬᠤᠷᠢᠶᠠᠨ ᠡᠵᠡᠩᠨᠡᠵᠦ ᠪᠣᠯᠬᠤ ᠦᠭᠡᠢ᠃ ᠨᠦᠬᠦᠴᠡᠯ ᠪᠦᠬᠦᠢ ᠰᠣᠷᠭᠠᠭᠤᠯᠢ ᠶᠢᠨ | ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠶᠢ ᠨᠡᠶᠢᠭᠡᠮ ᠳᠤ ᠴᠢᠯᠦᠭᠡᠲᠡᠢ ᠨᠡᠭᠡᠭᠡᠵᠦ᠂ ᠪᠠᠶᠢᠭᠤᠯᠣᠯᠭ᠎ᠠ᠂ ᠠᠵᠦ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠨᠦᠬᠦᠴᠡᠯ ᠡᠬᠦᠳᠴᠦ | ᠪᠠᠶᠢᠭᠠᠳ ᠨᠡᠶᠢᠭᠡᠮ ᠳᠤ ᠴᠢᠯᠦᠭᠡᠲᠡᠢ ᠨᠡᠭᠡᠭᠡᠵᠦ᠂ ᠪᠡᠶ᠎ᠡ ᠶᠢᠨ ᠲᠠᠮᠢᠷ ᠤᠨ ᠡᠬᠢ ᠪᠠᠶᠠᠯᠢᠬ ᠢ ᠨᠡᠶᠢᠭᠡᠮ ᠲᠠᠶᠠᠭᠠᠷ | ᠬᠠᠮᠲᠣ ᠪᠠᠷ ᠡᠳ᠋ᠯᠡᠬᠦ ᠶᠢ ᠵᠣᠷᠢᠬᠵᠢᠭᠤᠯᠣᠨ᠎ᠠ᠃ ᠲᠦᠷᠦ ᠶᠢᠨ ᠪᠣᠲᠣᠯᠭ᠎ᠠ ᠶᠢ ᠲᠡᠬᠦᠯᠲᠡᠷᠵᠢᠬᠦᠯᠦᠨ᠂ ᠲᠣᠬᠲᠠᠴᠠ ᠶᠢ | ᠪᠦᠷᠢᠨᠰᠢᠬᠦᠯᠦᠨ᠂ ᠡᠵᠡᠩᠨᠡᠯᠲᠡ ᠬᠠᠮᠢᠶᠠᠷᠣᠯᠲᠠ ᠶᠢᠨ ᠰᠢᠨ᠎ᠠ ᠵᠠᠬᠪᠣᠷ ᠢ ᠬᠠᠶᠢᠨ ᠰᠦᠪᠡᠭᠴᠢᠯᠡᠨ᠎ᠡ᠃ | ᠣᠯᠠᠨ ᠠᠷᠭ᠎ᠠ ᠵᠠᠮ ᠢᠶᠠᠷ ᠪᠡᠯᠡ ᠣᠷᠣᠭᠤᠯᠣᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠠᠶᠢᠭᠤᠯᠵᠦ᠂ | ᠲᠣᠮᠲᠠ ᠵᠢᠵᠢᠭ ᠬᠡᠯᠪᠡᠷᠢ ᠶᠢᠨ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠪᠠ ᠪᠡᠶ᠎ᠡ ᠶᠢᠨ ᠲᠠᠮᠢᠷ ᠤᠨ | ᠦᠢᠯᠡᠴᠢᠯᠡᠭᠡ ᠶᠢᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠴᠢᠩᠭᠠᠳᠬᠠᠵᠦ᠂ ᠣᠨᠴᠠᠭᠠᠶᠢᠯᠠᠨ ᠬᠦᠲᠡᠭᠡ ᠲᠣᠰᠬᠤᠨ ᠤ | ᠰᠠᠭᠤᠷᠢ ᠪᠣᠯᠬᠤ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠣᠯᠲᠠ ᠶᠢ ᠴᠢᠷᠮᠠᠶᠢᠨ ᠬᠦᠭᠵᠢᠬᠦᠯᠦᠨ᠎ᠡ᠃ | ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠣᠷᠲᠣᠨ ᠲᠠᠯᠠᠪᠠᠢ ᠶᠢᠨ ᠲᠤᠭ᠎ᠠ ᠶᠢ ᠶᠡᠬᠡᠪᠡᠷ ᠨᠡᠮᠡᠭᠲᠡᠬᠦᠯᠵᠦ᠂ | ᠪᠡᠶ᠎ᠡ ᠶᠢᠨ ᠲᠠᠮᠢᠷ ᠤᠨ ᠲᠦᠬᠦᠭᠡᠷᠦᠮᠵᠢ ᠪᠠ ᠦᠢᠯᠡᠴᠢᠯᠡᠭᠡ ᠶᠢᠨ ᠬᠠᠩᠭᠠᠯᠭ᠎ᠠ ᠬᠡᠷᠡᠭᠯᠡᠭᠡ ᠶᠢᠨ ᠪᠦᠲᠦᠴᠡ᠂ ᠴᠢᠨᠠᠷ | ᠴᠢᠨᠰᠠᠭ᠎ᠠ ᠪᠠ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ | ᠬᠦᠲᠡᠯᠭᠡᠭᠡᠨ ᠪᠠ ᠪᠡᠶ᠎ᠡ ᠴᠢᠬᠢᠷᠠᠬᠵᠢᠭᠤᠯᠬᠤ ᠱᠠᠭᠠᠷᠲᠠᠯᠭ᠎ᠠ ᠶᠢ ᠬᠠᠩᠭᠠᠨ᠎ᠠ᠃ | ᠵᠠᠰᠠᠬ ᠤᠨ ᠣᠷᠲᠣᠨ ᠠᠴᠠ ᠣᠯᠠᠨ ᠲᠦᠮᠡᠨ ᠤ ᠪᠡᠶ᠎ᠡ ᠴᠢᠬᠢᠷᠠᠬᠵᠢᠭᠤᠯᠬᠤ ᠪᠡᠶ᠎ᠡ ᠶᠢᠨ ᠲᠠᠮᠢᠷ ᠤᠨ | ᠲᠦᠬᠦᠭᠡᠷᠦᠮᠵᠢ ᠶᠢᠨ ᠡᠳᠦᠷ ᠲᠣᠲᠣᠮ ᠤᠨ ᠠᠵᠢᠯᠯᠠᠭ᠎ᠠ ᠪᠠ ᠵᠠᠰᠠᠨ ᠰᠡᠯᠪᠢᠯᠲᠡ ᠳᠤ ᠨᠦᠬᠦᠪᠦᠷᠢ ᠦᠭᠴᠦ᠂ ᠣᠯᠠᠨ | ᠨᠡᠶᠢᠲᠡ ᠳᠤ ᠴᠢᠯᠦᠭᠡᠲᠡᠢ ᠨᠡᠭᠡᠭᠡᠭᠰᠡᠨ ᠬᠡᠮᠵᠢᠶ᠎ᠡ ᠶᠢ ᠦᠨᠳᠦᠰᠦᠯᠡᠨ᠂ ᠣᠰᠣ᠂ ᠪᠠᠶᠢᠭᠠᠯᠢ ᠶᠢᠨ ᠰᠢᠲᠠᠮᠠᠬᠠᠢ ᠬᠡᠢ᠂ | ᠴᠠᠬᠢᠯᠭᠠᠨ ᠵᠡᠷᠭᠡ ᠲᠠᠯ᠎ᠠ ᠪᠠᠷ ᠲᠦᠷᠦ ᠶᠢᠨ ᠪᠣᠲᠣᠯᠭ᠎ᠠ ᠶᠢᠨ ᠬᠠᠷᠠᠭᠠᠯᠵᠠᠯ ᠬᠦᠷᠲᠡᠭᠡᠨ᠎ᠡ᠃ | ︵ᠲᠣᠯᠤᠭ᠎ᠠ︶ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠦᠭᠵᠢᠯᠲᠡ ᠶᠢ ᠲᠠᠮᠵᠢᠵᠦ ᠲᠦᠷᠢᠮᠵᠢᠬᠦᠯᠦᠨ᠎ᠡ᠃ | ᠮᠡᠷᠭᠡᠵᠢᠯ ᠤᠨ ᠪᠡᠶ᠎ᠡ ᠶᠢᠨ ᠲᠠᠮᠢᠷ ᠪᠣᠯ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠴᠢᠬᠤᠯᠠ ᠵᠣᠬᠢᠶᠠᠨ | ᠪᠠᠶᠢᠭᠤᠯᠣᠯᠲᠠ ᠶᠢᠨ ᠨᠢᠭᠡ ᠬᠡᠯᠪᠡᠷᠢ ᠪᠣᠯᠣᠨ᠎ᠠ᠃ ᠲᠣᠮᠲᠠᠲᠣ ᠣᠯᠣᠰ ᠤᠨ ᠣᠨᠴᠠᠯᠢᠬ ᠪᠦᠬᠦᠢ ᠮᠡᠷᠭᠡᠵᠢᠯ ᠤᠨ | ᠪᠡᠶ᠎ᠡ ᠶᠢᠨ ᠲᠠᠮᠢᠷ ᠤᠨ ᠬᠦᠭᠵᠢᠯᠲᠡ ᠶᠢᠨ ᠵᠠᠮ ᠢ ᠢᠲᠡᠪᠬᠢᠲᠡᠢ ᠬᠠᠶᠢᠨ ᠰᠦᠪᠡᠭᠴᠢᠯᠡᠬᠦ ᠨᠢ ᠪᠡᠶ᠎ᠡ ᠶᠢᠨ ᠲᠠᠮᠢᠷ ᠤᠨ | ᠬᠦᠭᠵᠢᠯᠲᠡ ᠶᠢᠨ ᠵᠠᠮ ᠰᠣᠪᠠᠬ ᠢ ᠦᠷᠭᠡᠳᠭᠡᠵᠦ᠂ ᠪᠡᠶ᠎ᠡ ᠶᠢᠨ ᠲᠠᠮᠢᠷ ᠤᠨ ᠨᠡᠶᠢᠢᠡᠮ ᠤᠨ ᠣᠷᠣᠯᠴᠠᠯᠭ᠎ᠠ ᠶᠢ | ᠦᠷᠭᠡᠳᠭᠡᠨ᠂ ᠣᠯᠠᠨ ᠲᠦᠮᠡᠨᠴᠢ ᠪᠡᠶ᠎ᠡ ᠶᠢᠨ ᠲᠠᠮᠢᠷ ᠢ ᠬᠦᠭᠵᠢᠬᠦᠯᠬᠦ ᠳᠤ ᠢᠲᠡᠪᠬᠢᠲᠡᠢ ᠠᠴᠢ ᠬᠤᠯᠪᠣᠬᠲᠠᠯ ᠲᠠᠢ ᠪᠢᠯᠡ | ᠃ ᠣᠯᠣᠰ ᠤᠨ ᠪᠠᠶᠢᠲᠠᠯ ᠪᠣᠯᠣᠨ ᠲᠦᠷᠦᠯ ᠵᠦᠢᠯ ᠤᠨ ᠣᠨᠴᠠᠯᠢᠬ ᠠᠴᠠ ᠡᠬᠦᠰᠦᠨ᠂ ᠣᠯᠠᠨ ᠣᠯᠣᠰ ᠤᠨ | ᠲᠣᠷᠰᠢᠯᠭ᠎ᠠ ᠪᠠᠷ ᠲᠣᠯᠢ ᠪᠣᠯᠭᠠᠵᠦ᠂ ᠬᠦᠯ ᠪᠦᠮᠪᠦᠭᠡ ᠵᠡᠷᠭᠡ ᠮᠡᠷᠭᠡᠵᠢᠯ ᠤᠨ ᠪᠡᠶ᠎ᠡ ᠶᠢᠨ ᠲᠠᠮᠢᠷ ᠤᠨ ᠣᠷᠣᠯᠲᠣᠭᠠᠨ ᠢ | ᠵᠣᠷᠢᠬᠵᠢᠭᠤᠯᠣᠨ ᠬᠦᠲᠦᠯᠦᠨ ᠵᠢᠯᠣᠭᠤᠳᠴᠦ ᠲᠦᠷᠢᠮᠵᠢᠬᠦᠯᠦᠨ᠎ᠡ᠃ ᠮᠡᠷᠭᠡᠵᠢᠯ ᠤᠨ ᠪᠡᠶ᠎ᠡ ᠶᠢᠨ ᠲᠠᠮᠢᠷ ᠤᠨ | ᠲᠦᠷᠦ ᠶᠢᠨ ᠪᠣᠲᠣᠯᠭ᠎ᠠ᠂ ᠲᠦᠷᠢᠮ ᠪᠠ ᠬᠠᠮᠢᠶᠠᠷᠣᠯᠲᠠ ᠶᠢᠨ ᠲᠣᠬᠲᠠᠯᠴᠠᠭ᠎ᠠ ᠶᠢ ᠲᠡᠬᠦᠯᠲᠡᠷᠵᠢᠬᠦᠯᠵᠦ᠂ ᠮᠡᠷᠭᠡᠵᠢᠯ ᠤᠨ | ᠪᠡᠶ᠎ᠡ ᠶᠢᠨ ᠲᠠᠮᠢᠷ ᠤᠨ ᠺᠯᠦ᠋ᠪ ᠢ ᠬᠢᠨᠠᠨ ᠵᠦᠪᠰᠢᠶᠡᠷᠡᠬᠦ ᠪᠠ ᠠᠵᠢᠯᠯᠠᠭ᠎ᠠ ᠶᠢᠨ ᠬᠢᠨᠠᠨ ᠬᠠᠮᠢᠶᠠᠷᠣᠯᠲᠠ ᠪᠠᠨ | ᠴᠢᠩᠭᠠᠳᠬᠠᠵᠦ᠂ ᠮᠡᠷᠭᠡᠵᠢᠯ ᠤᠨ ᠪᠡᠶ᠎ᠡ ᠶᠢᠨ ᠲᠠᠮᠢᠷ ᠤᠨ ᠺᠯᠦ᠋ᠪ ᠤᠨ ᠪᠠᠶᠢᠭᠤᠯᠣᠯᠲᠠ ᠶᠢ ᠲᠡᠳᠬᠦᠵᠦ᠂ ᠮᠡᠷᠭᠡᠵᠢᠯ ᠤᠨ | ᠣᠷᠣᠯᠲᠣᠭᠠᠨ ᠤ ᠲᠦᠷᠢᠮ ᠢ ᠪᠦᠷᠢᠨᠰᠢᠬᠦᠯᠦᠨ᠂ ᠡᠷᠡᠬᠦᠯ ᠢᠶᠠᠷ ᠬᠦᠭᠵᠢᠬᠦ ᠶᠢ ᠲᠦᠷᠢᠮᠵᠢᠬᠦᠯᠦᠨ ᠠᠬᠢᠭᠤᠯᠵᠦ᠂ | ᠮᠡᠷᠭᠡᠵᠢᠯ ᠤᠨ ᠪᠡᠶ᠎ᠡ ᠶᠢᠨ ᠲᠠᠮᠢᠷ ᠤᠨ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠬᠦᠯᠦᠨ᠎ᠡ᠃ | ︵ᠨᠠᠢᠮᠠ︶ ᠪᠡᠶ᠎ᠡ ᠶᠢᠨ ᠲᠠᠮᠢᠷ ᠤᠨ ᠬᠡᠯᠪᠡᠷᠢᠬᠦᠢ ᠬᠦᠷᠦᠩᠭᠡ ᠶᠢ ᠨᠡᠭᠡᠭᠡᠨ ᠬᠦᠭᠵᠢᠬᠦᠯᠵᠦ ᠬᠠᠮᠠᠭᠠᠯᠠᠬᠤ ᠶᠢ | ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ᠂ ᠪᠡᠶ᠎ᠡ ᠶᠢᠨ ᠲᠠᠮᠢᠷ ᠤᠨ ᠣᠷᠣᠯᠲᠣᠭᠠᠨ ᠪᠠ | ᠠᠵᠢᠯᠯᠠᠭ᠎ᠠ ᠶᠢᠨ ᠨᠡᠷᠡᠶᠢᠢᠲᠦᠯ᠂ ᠲᠡᠮᠲᠡᠭ ᠵᠡᠷᠭᠡ ᠲᠦᠷᠰᠦᠭᠦᠢ ᠬᠦᠷᠦᠩᠭᠡ ᠶᠢ ᠨᠡᠭᠡᠭᠡᠨ ᠬᠦᠭᠵᠢᠬᠦᠯᠬᠦ ᠶᠢ | ᠴᠢᠩᠭᠠᠳᠬᠠᠵᠦ᠂ ᠮᠡᠲᠡᠯᠭᠡ ᠶᠢᠨ ᠦᠮᠴᠢᠯᠡᠯ ᠤᠨ ᠡᠷᠭᠡ ᠶᠢ ᠬᠠᠣᠯᠢ ᠶᠣᠰᠣᠭᠠᠷ ᠬᠠᠮᠠᠭᠠᠯᠠᠨ᠎ᠠ᠃ ᠲᠣᠮᠲᠠᠲᠣ | ᠣᠯᠣᠰ ᠤᠨ ᠣᠯᠢᠮᠫᠢᠺ ᠤᠨ ᠵᠦᠪᠯᠡᠯ᠂ ᠲᠣᠮᠲᠠᠲᠣ ᠶᠢᠨ ᠪᠦᠬᠦ ᠣᠯᠣᠰ ᠤᠨ ᠪᠡᠶ᠎ᠡ ᠶᠢᠨ ᠲᠠᠮᠢᠷ ᠤᠨ ᠶᠡᠷᠦᠩᠭᠡᠢ ᠡᠪᠯᠡᠯ᠂ | ᠪᠦᠬᠦ ᠣᠯᠣᠰ ᠤᠨ ᠴᠢᠨᠠᠷᠲᠠᠢ ᠲᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠣᠯᠠᠨ ᠲᠦᠮᠡᠨᠴᠢ | ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ ᠵᠠᠬ᠎ᠠ ᠲᠡᠯᠭᠡᠬᠦᠷ ᠢ ᠨᠡᠭᠡᠭᠡᠨ ᠬᠦᠭᠵᠢᠬᠦᠯᠬᠦ ᠵᠠᠬᠪᠣᠷ ᠢ | ᠲᠡᠬᠦᠯᠲᠡᠷᠵᠢᠬᠦᠯᠵᠦ᠂ ᠡᠯ᠎ᠠ ᠬᠤᠯᠪᠣᠬᠲᠠᠯ ᠪᠦᠬᠦᠢ ᠭᠤᠣᠯ ᠴᠣᠬᠴᠠ ᠶᠢᠨ ᠵᠠᠬ᠎ᠠ ᠲᠡᠯᠭᠡᠬᠦᠷ ᠢ ᠨᠡᠭᠡᠭᠡᠨ ᠬᠦᠭᠵᠢᠬᠦᠯᠬᠦ | ᠠᠵᠢᠯᠯᠠᠭ᠎ᠠ ᠲᠣᠮᠲᠠᠬᠢ ᠪᠡᠶ᠎ᠡ ᠶᠢᠨ ᠭᠠᠷᠣᠯ ᠪᠣᠯᠣᠨ ᠲᠡᠲᠡᠭᠡᠷ ᠤᠨ ᠬᠠᠷᠢᠯᠴᠠᠭ᠎ᠠ ᠬᠤᠯᠪᠣᠭ᠎ᠠ ᠶᠢ ᠰᠢᠯᠤᠭᠤᠳᠬᠠᠨ | ᠲᠣᠲᠣᠷᠬᠠᠶᠢᠯᠠᠨ᠎ᠠ᠃ | ᠮᠡᠲᠡᠯᠭᠡ ᠶᠢᠨ ᠦᠮᠴᠢᠯᠡᠯ ᠤᠨ ᠡᠷᠭᠡ ᠶᠢᠨ ᠡᠯ᠎ᠠ ᠲᠦᠷᠦᠯ ᠤᠨ ᠪᠡᠶ᠎ᠡ ᠶᠢᠨ ᠲᠠᠮᠢᠷ ᠤᠨ ᠠᠵᠦ | ᠠᠬᠤᠶᠢᠯᠠᠯ ᠳᠠᠬᠢ ᠵᠢᠯᠣᠭᠤᠳᠬᠤ ᠦᠢᠯᠡᠲᠦᠯ ᠢ ᠴᠢᠩᠭᠠᠷᠠᠭᠤᠯᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ | ᠮᠡᠲᠡᠯᠭᠡ ᠶᠢᠨ ᠦᠮᠴᠢᠯᠡᠯ ᠤᠨ ᠡᠷᠭᠡ ᠶᠢᠨ ᠡᠬᠦᠲᠦᠨ ᠪᠦᠲᠦᠭᠡᠬᠦ᠂ ᠠᠰᠢᠬᠯᠠᠬᠤ᠂ ᠬᠠᠮᠠᠭᠠᠯᠠᠬᠤ ᠪᠠ | ᠬᠠᠮᠢᠶᠠᠷᠣᠯᠲᠠ ᠶᠢᠨ ᠲᠦᠪᠰᠢᠨ ᠢ ᠲᠡᠭᠡᠭᠰᠢᠯᠡᠬᠦᠯᠦᠨ᠎ᠡ᠃ ᠣᠯᠣᠰ ᠤᠨ ᠭᠠᠲᠠᠭᠠᠲᠣ ᠶᠢᠨ ᠲᠡᠷᠢᠬᠦᠨ ᠤ ᠮᠡᠷᠭᠡᠵᠢᠯ | ᠬᠢᠭᠡᠳ ᠬᠠᠮᠢᠶᠠᠷᠣᠯᠲᠠ ᠶᠢᠨ ᠲᠣᠷᠰᠢᠯᠭ᠎ᠠ ᠶᠢ ᠣᠷᠣᠭᠤᠯᠣᠨ ᠠᠪᠴᠢᠷᠠᠬᠤ ᠶᠢᠨ ᠲᠠᠭᠠᠣ ᠪᠡᠶ᠎ᠡ ᠪᠠᠨ ᠲᠠᠭᠠᠭᠠᠨ | ᠰᠣᠲᠣᠯᠣᠨ ᠨᠡᠭᠡᠭᠡᠬᠦ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠣᠨ ᠰᠢᠯᠵᠢᠬᠦᠯᠬᠦ ᠪᠠᠨ | ᠴᠢᠩᠭᠠᠳᠬᠠᠵᠦ᠂ ᠰᠢᠨᠵᠢᠯᠡᠭᠡ ᠮᠡᠷᠭᠡᠵᠢᠯ ᠤᠨ ᠠᠭᠤᠯᠣᠬᠲᠠᠴᠠ ᠦᠨᠳᠦᠷ᠂ ᠪᠡᠶ᠎ᠡ ᠪᠠᠨ ᠲᠠᠭᠠᠭᠠᠬᠰᠠᠨ ᠮᠡᠲᠡᠯᠭᠡ ᠶᠢᠨ | ᠦᠮᠴᠢᠯᠡᠯ ᠤᠨ ᠡᠷᠭᠡ ᠪᠦᠬᠦᠢ ᠦᠢᠯᠡᠳᠬᠦᠨ ᠢ ᠰᠣᠲᠣᠯᠵᠦ ᠨᠡᠭᠡᠭᠡᠨ᠎ᠡ᠃ ᠪᠡᠶ᠎ᠡ ᠶᠢᠨ ᠲᠠᠮᠢᠷ ᠤᠨ ᠦᠢᠯᠡᠳᠬᠦᠨ ᠤ | ᠲᠦᠷᠦᠯ ᠲᠡᠮᠲᠡᠭ ᠤᠨ ᠪᠠᠶᠢᠭᠤᠯᠣᠯᠲᠠ ᠶᠢ ᠴᠢᠩᠭᠠᠳᠬᠠᠵᠦ᠂ ᠪᠡᠶ᠎ᠡ ᠶᠢᠨ ᠲᠠᠮᠢᠷ ᠤᠨ ᠠᠵᠦ ᠠᠬᠤᠶᠢᠯᠠᠯ ᠤᠨ | ᠲᠠᠸᠠᠷ ᠤᠨ ᠲᠡᠮᠲᠡᠭ ᠤᠨ ᠪᠠᠶᠢᠯᠲᠣᠬᠤ ᠪᠣᠲᠣᠯᠭ᠎ᠠ ᠬᠡᠷᠡᠭᠵᠢᠬᠦᠯᠬᠦ ᠶᠢ ᠠᠬᠢᠭᠤᠯᠵᠦ᠂ ᠪᠡᠶ᠎ᠡ ᠶᠢᠨ ᠲᠠᠮᠢᠷ ᠤᠨ | ᠦᠢᠯᠡᠳᠬᠦᠨ ᠤ ᠲᠠᠸᠠᠷ ᠤᠨ ᠲᠡᠮᠲᠡᠭ ᠤᠨ ᠲᠣᠲᠣᠭᠠᠲᠣ ᠠᠭᠤᠯᠬᠤᠨ ᠢ ᠴᠢᠩᠭᠠᠷᠠᠭᠤᠯᠵᠦ᠂ ᠦᠢᠯᠡᠳᠬᠦᠨ ᠤ ᠨᠡᠮᠡᠯᠲᠡ | ᠦᠷᠲᠡᠭ ᠢ ᠲᠡᠭᠡᠭᠰᠢᠯᠡᠬᠦᠯᠦᠨ᠂ ᠪᠡᠶ᠎ᠡ ᠶᠢᠨ ᠲᠠᠮᠢᠷ ᠤᠨ ᠦᠢᠯᠡᠳᠬᠦᠨ ᠤ ᠵᠠᠬ᠎ᠠ ᠲᠡᠯᠭᠡᠬᠦᠷ ᠤᠨ ᠦᠷᠢᠰᠦᠯᠲᠦᠬᠦ | ᠬᠦᠴᠦᠨ ᠢ ᠲᠡᠭᠡᠭᠰᠢᠯᠡᠬᠦᠯᠦᠨ᠎ᠡ᠃ | ︵ᠶᠢᠰᠦ︶ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠤᠨ ᠬᠠᠣᠯᠢᠵᠢᠯ᠂ ᠲᠦᠷᠢᠮᠵᠢᠯ ᠤᠨ ᠪᠠᠶᠢᠭᠤᠯᠣᠯᠲᠠ ᠶᠢ | ᠲᠦᠷᠭᠡᠳᠭᠡᠨ᠎ᠡ︔ ᠬᠠᠮᠢᠶ᠎ᠠ ᠪᠦᠬᠦᠢ ᠲᠦᠷᠢᠮ ᠲᠣᠬᠲᠠᠭᠠᠯ ᠢ ᠲᠣᠬᠲᠠᠭᠠᠨ ᠲᠡᠬᠦᠯᠲᠡᠷᠵᠢᠬᠦᠯᠵᠦ᠂ ᠬᠢᠨᠠᠯᠲᠠ ᠲᠠᠯᠪᠢᠵᠦ | ᠬᠠᠮᠢᠶᠠᠷᠬᠤ ᠲᠣᠬᠲᠠᠴᠠ ᠶᠢ ᠲᠡᠬᠦᠯᠲᠡᠷᠵᠢᠬᠦᠯᠦᠨ᠂ ᠬᠢᠨᠠᠨ ᠬᠠᠮᠢᠶᠠᠷᠬᠤ ᠭᠤᠣᠯ ᠴᠤᠬᠴᠠ ᠵᠢᠴᠢ ᠲᠡᠬᠦᠨ ᠤ | ᠬᠠᠮᠢᠶᠠᠷᠬᠤ ᠡᠬᠦᠷᠭᠡ ᠴᠢᠲᠠᠪᠬᠢ ᠪᠠ ᠡᠯ᠎ᠡ ᠲᠦᠷᠦᠯ ᠤᠨ ᠵᠠᠬ᠎ᠠ ᠲᠡᠯᠭᠡᠬᠦᠷ ᠤᠨ ᠭᠤᠣᠯ ᠴᠣᠬᠴᠠ ᠶᠢᠨ ᠡᠷᠭᠡ | ᠡᠬᠦᠷᠭᠡ ᠶᠢ ᠲᠣᠲᠣᠷᠬᠠᠶᠢᠯᠠᠵᠦ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠤᠨ ᠭᠤᠣᠯ ᠴᠣᠬᠴᠠ ᠶᠢᠨ ᠠᠵᠢᠯᠯᠠᠭ᠎ᠠ ᠶᠢ | ᠲᠦᠷᠢᠮᠵᠢᠬᠦᠯᠦᠨ᠂ ᠵᠠᠬ᠎ᠠ ᠲᠡᠯᠭᠡᠬᠦᠷ ᠤᠨ ᠡᠮᠬᠢ ᠵᠢᠷᠣᠮ ᠢ ᠬᠠᠮᠠᠭᠠᠯᠠᠨ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠤᠨ | ᠲᠦᠷᠢᠮᠵᠢᠭᠰᠡᠨ ᠬᠦᠭᠵᠢᠯᠲᠡ ᠶᠢ ᠠᠬᠢᠭᠤᠯᠣᠨ᠎ᠠ᠃ | ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢᠨ ᠠᠮᠣᠷ ᠲᠦᠪᠰᠢᠨ ᠤ ᠬᠢᠨᠠᠯᠲᠠ | ᠬᠠᠮᠢᠶᠠᠷᠣᠯᠲᠠ ᠪᠠᠨ ᠴᠢᠩᠭᠠᠳᠬᠠᠵᠦ᠂ ᠠᠶᠣᠯ ᠲᠦᠭᠰᠢᠬᠦᠷᠢ ᠶᠡᠬᠡᠲᠡᠢ ᠪᠡᠶ᠎ᠡ ᠶᠢᠨ ᠲᠠᠮᠢᠷ ᠤᠨ ᠲᠦᠷᠦᠯ ᠵᠦᠢᠯ | ᠡᠵᠡᠩᠨᠡᠬᠦ ᠠᠵᠢᠯᠯᠠᠭ᠎ᠠ ᠶᠢ ᠬᠠᠣᠯᠢ ᠶᠣᠰᠣᠭᠠᠷ ᠴᠢᠩᠭ᠎ᠠ᠂ ᠲᠦᠷᠢᠮᠵᠢᠭᠰᠡᠨ᠂ ᠢᠯᠡ ᠲᠣᠲᠣᠷᠬᠠᠢ ᠬᠢᠨᠠᠨ ᠵᠦᠪᠰᠢᠶᠡᠷᠡᠬᠦ | ᠪᠠ ᠴᠢᠯᠦᠭᠡᠲᠡᠢ ᠨᠡᠭᠡᠭᠡᠬᠦ ᠨᠦᠬᠦᠴᠡᠯ᠂ ᠮᠡᠷᠭᠡᠵᠢᠯ ᠤᠨ ᠱᠠᠭᠠᠷᠲᠠᠯᠭ᠎ᠠ ᠪᠠ ᠦᠢᠯᠡᠴᠢᠯᠡᠭᠡᠨ ᠤ ᠲᠦᠷᠢᠮ ᠲᠣᠬᠲᠠᠭᠠᠯ | ᠲᠣᠬᠲᠠᠭᠠᠵᠦ᠂ ᠮᠡᠷᠭᠡᠵᠢᠯ ᠤᠨ ᠵᠢᠯᠣᠭᠤᠲᠣᠯᠭ᠎ᠠ ᠪᠠ ᠠᠮᠣᠷ ᠲᠦᠪᠰᠢᠨ ᠤ ᠬᠠᠮᠠᠭᠠᠯᠠᠯᠲᠠ ᠪᠠᠨ ᠴᠢᠩᠭᠠᠳᠬᠠᠵᠦ᠂ | ᠡᠳᠦᠷ ᠲᠣᠲᠣᠮ ᠤᠨ ᠬᠢᠨᠠᠯᠲᠠ ᠪᠠᠶᠢᠴᠠᠭᠠᠯᠲᠠ ᠪᠣᠯᠣᠨ ᠦᠢᠯᠡᠳᠬᠦᠨ ᠤ ᠶᠠᠰᠣ ᠴᠢᠨᠠᠷ ᠤᠨ ᠬᠢᠨᠠᠨ ᠬᠡᠮᠵᠢᠯᠲᠡ ᠪᠠᠨ | ᠴᠢᠩᠭᠠᠳᠬᠠᠵᠦ᠂ ᠲᠦᠬᠦᠭᠡᠷᠦᠮᠵᠢ ᠲᠣᠨᠣᠬᠯᠠᠯ ᠪᠠ ᠬᠠᠮᠢᠶᠠᠷᠣᠯᠲᠠ ᠦᠢᠯᠡᠴᠢᠯᠡᠭᠡ ᠶᠢᠨ ᠱᠠᠭᠠᠷᠲᠠᠯᠭ᠎ᠠ ᠳᠤ ᠨᠡᠶᠢᠴᠡᠬᠦ ᠶᠢ | ᠪᠠᠲᠣᠯᠠᠨ᠂ ᠬᠡᠷᠡᠭᠯᠡᠭᠴᠢᠳ ᠤᠨ ᠪᠡᠶ᠎ᠡ ᠮᠠᠬᠠᠪᠣᠳ ᠤᠨ ᠠᠮᠣᠷ ᠲᠦᠪᠰᠢᠨ ᠢ ᠪᠠᠲᠣᠯᠠᠨ᠎ᠠ᠃ ᠪᠡᠶ᠎ᠡ ᠶᠢᠨ ᠲᠠᠮᠢᠷ ᠤᠨ | ᠦᠢᠯᠡᠴᠢᠯᠡᠭᠡ ᠶᠢᠨ ᠶᠠᠰᠣ ᠴᠢᠨᠠᠷ ᠲᠤ ᠦᠨᠡᠯᠯᠲᠡ ᠬᠢᠬᠦ ᠲᠦᠷᠢᠮ ᠢ ᠬᠡᠷᠡᠭᠵᠢᠬᠦᠯᠦᠨ᠂ ᠪᠡᠶ᠎ᠡ ᠶᠢᠨ ᠲᠠᠮᠢᠷ ᠤᠨ | ᠦᠢᠯᠡᠴᠢᠯᠡᠭᠡ ᠶᠢᠨ ᠲᠦᠷᠢᠮᠵᠢᠯ ᠢ ᠪᠠᠶᠢᠭᠤᠯᠣᠨ ᠲᠡᠬᠦᠯᠲᠡᠷᠵᠢᠬᠦᠯᠵᠦ᠂ ᠪᠡᠶ᠎ᠡ ᠶᠢᠨ ᠲᠠᠮᠢᠷ ᠤᠨ ᠦᠢᠯᠡᠴᠢᠯᠡᠭᠡ ᠶᠢᠨ | ᠲᠦᠪᠰᠢᠨ ᠢ ᠲᠡᠭᠡᠭᠰᠢᠯᠡᠬᠦᠯᠦᠨ᠎ᠠ᠃ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠣᠨᠴᠠᠭᠠᠢ ᠠᠵᠢᠯ ᠮᠡᠷᠭᠡᠵᠢᠯ ᠤᠨ | ᠬᠢᠨᠠᠨ ᠲᠣᠬᠲᠠᠭᠠᠯᠲᠠ ᠶᠢᠨ ᠠᠵᠢᠯ ᠦᠷᠨᠢᠬᠦᠯᠵᠦ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠵᠢᠯᠲᠠᠳ ᠤᠨ | ᠦᠢᠯᠡᠴᠢᠯᠡᠭᠡᠨ ᠤ ᠣᠬᠠᠮᠰᠠᠷ ᠪᠣᠯᠣᠨ ᠲᠣᠰᠬᠠᠢ ᠮᠡᠷᠭᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠡᠵᠡᠩᠨᠡᠯᠲᠡ ᠶᠢᠨ ᠨᠢᠭᠡᠴᠡ ᠪᠣᠯᠣᠨ ᠬᠦᠲᠡᠯᠭᠡᠭᠡᠨ ᠵᠣᠬᠢᠶᠠᠨ ᠪᠠᠶᠢᠭᠤᠯᠣᠬᠴᠢᠳ ᠪᠠᠶᠢᠲᠠᠯ ᠢᠶᠠᠨ ᠦᠨᠳᠦᠰᠦᠯᠡᠵᠦ | ᠬᠠᠮᠢᠶ᠎ᠠ ᠪᠦᠬᠦᠢ ᠠᠮᠣᠷ ᠲᠦᠪᠰᠢᠨ ᠤ ᠲᠠᠭᠠᠳᠬᠠᠯ ᠬᠠᠩᠭᠠᠨ᠎ᠠ᠃ | ︵ᠠᠷᠪᠠ︶ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠠᠮᠢᠶᠠᠷᠣᠯᠲᠠ ᠶᠢᠨ ᠴᠢᠲᠠᠪᠣᠷᠢᠲᠠᠨ | ᠬᠦᠮᠦᠵᠢᠬᠦᠯᠬᠦ ᠶᠢ ᠲᠦᠷᠭᠡᠳᠭᠡᠨ᠎ᠡ︔ᠣᠯᠠᠨ ᠲᠠᠯ᠎ᠠ ᠠᠴᠠ ᠪᠡᠯᠡ ᠣᠷᠣᠭᠤᠯᠵᠦ ᠶᠢ ᠵᠣᠷᠢᠬᠵᠢᠭᠤᠯᠣᠨ᠂ ᠡᠯ᠎ᠡ | ᠲᠦᠷᠦᠯ ᠤᠨ ᠪᠡᠶ᠎ᠡ ᠶᠢᠨ ᠲᠠᠮᠢᠷ ᠤᠨ ᠬᠦᠮᠦᠵᠢᠯ ᠪᠣᠯᠪᠠᠰᠣᠷᠠᠯ ᠦᠷᠨᠢᠬᠦᠯᠵᠦ᠂ ᠣᠯᠠᠨ ᠠᠷᠭ᠎ᠠ ᠵᠠᠮ ᠢᠶᠠᠷ ᠠᠵᠦ ᠠᠬᠤᠢ | ᠣᠶᠢᠯᠠᠭᠠᠬᠤ ᠮᠦᠷᠲᠡᠭᠡᠨ ᠪᠡᠶ᠎ᠡ ᠶᠢᠨ ᠲᠠᠮᠢᠷ ᠣᠶᠢᠯᠠᠭᠠᠬᠤ ᠨᠡᠶᠢᠯᠡᠯ ᠮᠠᠶ᠋ᠢᠬ ᠤᠨ ᠪᠡᠶ᠎ᠡ ᠶᠢᠨ ᠲᠠᠮᠢᠷ ᠤᠨ ᠠᠵᠦ | ᠦᠢᠯᠡᠰ ᠤᠨ ᠬᠠᠮᠢᠶᠠᠷᠣᠯᠲᠠ ᠶᠢᠨ ᠴᠢᠲᠠᠪᠣᠷᠢᠲᠠᠨ ᠬᠦᠮᠦᠵᠢᠬᠦᠯᠦᠨ᠎ᠡ᠃ ᠬᠤᠯᠪᠣᠬᠲᠠᠯ ᠪᠦᠬᠦᠢ ᠶᠡᠭᠡ ᠲᠡᠭᠡᠲᠦ | ᠰᠣᠷᠭᠠᠭᠤᠯᠢ ᠨᠤᠭᠤᠳ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠦᠭᠡᠷᠡᠴᠢᠯᠡᠯᠲᠡ ᠶᠢ ᠠᠬᠢᠭᠤᠯᠵᠦ᠂ ᠲᠣᠰᠬᠠᠢ | ᠮᠡᠷᠭᠡᠵᠢᠯ ᠬᠢᠭᠡᠳ ᠬᠢᠴᠢᠶᠠᠯ ᠤᠨ ᠲᠣᠬᠢᠷᠠᠭᠤᠯᠣᠯᠲᠠ ᠶᠢ ᠰᠢᠯᠢᠲᠡᠭᠵᠢᠬᠦᠯᠦᠨ᠂ ᠪᠡᠶ᠎ᠡ ᠶᠢᠨ ᠲᠠᠮᠢᠷ ᠤᠨ ᠠᠵᠦ | ᠦᠢᠯᠡᠰ ᠤᠨ ᠬᠦᠭᠵᠢᠯᠲᠡ ᠶᠢᠨ ᠬᠡᠷᠡᠭᠴᠡᠭᠡ ᠳᠤ ᠵᠣᠬᠢᠴᠠᠬᠰᠠᠨ ᠲᠣᠰᠬᠠᠢ ᠴᠢᠲᠠᠪᠣᠷᠢᠲᠠᠨ ᠢ ᠬᠦᠮᠦᠵᠢᠬᠦᠯᠦᠨ᠎ᠡ᠃ | ᠭᠤᠷᠪᠠ᠂ ᠣᠲᠣᠷᠢᠲᠣᠯᠭ᠎ᠠ ᠪᠠᠨ ᠴᠢᠩᠭᠠᠳᠬᠠᠵᠦ᠂ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ | ︵ᠠᠷᠪᠠᠨ ᠨᠢᠭᠡ︶ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢᠨ ᠣᠲᠣᠷᠢᠲᠣᠯᠭ᠎ᠠ ᠪᠠᠨ | ᠴᠢᠩᠭᠠᠳᠬᠠᠨ᠎ᠠ᠃ ᠡᠯ᠎ᠠ ᠱᠠᠲᠣᠨ ᠤ ᠠᠷᠠᠳ ᠤᠨ ᠵᠠᠰᠠᠬ ᠤᠨ ᠣᠷᠲᠣᠨ ᠪᠡᠶ᠎ᠡ ᠶᠢᠨ ᠲᠠᠮᠢᠷ ᠤᠨ ᠠᠵᠦ ᠦᠢᠯᠡᠰ ᠤᠨ | ᠬᠦᠭᠵᠢᠯᠲᠡ ᠶᠢ ᠲᠦᠷᠭᠡᠳᠭᠡᠬᠦ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠪᠡᠶ᠎ᠡ ᠶᠢᠨ ᠲᠠᠮᠢᠷ ᠤᠨ ᠠᠵᠦ | ᠦᠢᠯᠡᠰ ᠤᠨ ᠬᠦᠭᠵᠢᠯᠲᠡ ᠶᠢ ᠠᠵᠦ ᠠᠬᠤᠢ ᠬᠢᠭᠡᠳ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ | ᠪᠠᠭᠲᠠᠭᠠᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠭᠡ ᠶᠢ ᠲᠣᠬᠲᠠᠭᠠᠨ | ᠵᠣᠬᠢᠶᠠᠨ ᠪᠠᠶᠢᠭᠤᠯᠵᠦ ᠬᠡᠷᠡᠭᠵᠢᠬᠦᠯᠦᠨ᠎ᠡ᠃ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢᠨ ᠣᠷᠣᠨ | ᠪᠠᠶᠢᠷᠢ ᠶᠢᠨ ᠲᠣᠬᠢᠷᠠᠭᠤᠯᠣᠯᠲᠠ ᠶᠢ ᠴᠢᠩᠭᠠᠳᠬᠠᠵᠦ᠂ ᠠᠲᠠᠯᠢ ᠪᠣᠰᠣ ᠭᠠᠵᠠᠷ ᠣᠷᠣᠨ ᠤ ᠬᠠᠷᠢᠴᠠᠩᠭᠤᠢ ᠲᠠᠪᠠᠭᠤᠯᠢᠬ | ᠪᠠ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠪᠣᠲᠠᠲᠣ ᠪᠠᠶᠢᠢᠲᠠᠯ ᠢ ᠦᠨᠳᠦᠰᠦᠯᠡᠵᠦ᠂ ᠵᠣᠬᠢᠰᠲᠠᠢ | ᠲᠦᠯᠦᠪᠵᠢᠬᠦᠯᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠲᠦᠪᠯᠡᠷᠡᠭᠰᠡᠨ ᠣᠷᠣᠨ᠂ ᠵᠢᠱᠢᠶ᠎ᠠ | ᠦᠵᠡᠬᠦᠯᠬᠦ ᠣᠷᠣᠨ ᠪᠠ ᠬᠤᠲᠠ ᠶᠢᠨ ᠬᠦᠭᠵᠢᠯᠲᠡ ᠶᠢᠨ ᠴᠢᠲᠠᠪᠬᠢ ᠶᠢᠨ ᠲᠣᠭᠤᠷᠢᠬ ᠪᠦᠷᠢᠯᠲᠦᠬᠦ ᠶᠢ ᠠᠬᠢᠭᠤᠯᠣᠨ᠎ᠠ᠃ | ᠠᠲᠠᠯᠢ ᠪᠣᠰᠣ ᠭᠠᠵᠠᠷ ᠣᠷᠣᠨ ᠤ ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢ ᠵᠣᠬᠢᠴᠠᠭᠤᠯᠣᠨ᠎ᠠ᠃ | ᠪᠡᠶ᠎ᠡ ᠶᠢᠨ ᠲᠠᠮᠢᠷ ᠤᠨ ᠠᠵᠦ ᠦᠢᠯᠡᠰ ᠤᠨ ᠲᠤᠭ᠎ᠠ ᠪᠦᠷᠢᠳᠭᠡᠯ ᠤᠨ ᠲᠣᠬᠲᠠᠯᠴᠠᠭ᠎ᠠ ᠶᠢ ᠲᠡᠬᠦᠯᠲᠡᠷᠵᠢᠬᠦᠯᠵᠦ᠂ | ᠪᠡᠶ᠎ᠡ ᠶᠢᠨ ᠲᠠᠮᠢᠷ ᠤᠨ ᠠᠵᠦ ᠦᠢᠯᠡᠰ ᠤᠨ ᠮᠡᠲᠡᠭᠡ ᠵᠠᠩᠬᠢ ᠨᠡᠶᠢᠲᠡᠯᠡᠬᠦ ᠲᠦᠷᠢᠮ ᠢ ᠪᠠᠶᠢᠭᠤᠯᠵᠦ᠂ ᠬᠤᠷᠸ᠎ᠠ | ᠲᠣᠬᠢᠷᠠᠭᠤᠯᠭ᠎ᠠ ᠳᠤ ᠰᠣᠷᠠᠬ ᠵᠠᠩᠬᠢ ᠶᠢᠨ ᠲᠡᠮᠵᠢᠯᠭᠡ ᠬᠠᠩᠭᠠᠨ᠎ᠠ᠃ | ᠵᠠᠰᠠᠬ ᠤᠨ ᠣᠷᠲᠣᠨ ᠪᠠ ᠠᠵᠦ ᠠᠬᠤᠶᠢᠯᠠᠯ ᠢ ᠰᠠᠯᠭᠠᠬᠤ᠂ ᠵᠠᠰᠠᠬ ᠤᠨ ᠣᠷᠲᠣᠨ ᠪᠠ ᠠᠵᠢᠯ ᠦᠢᠯᠡᠰ ᠤᠨ | ᠨᠢᠭᠡᠴᠡ ᠶᠢ ᠰᠠᠯᠠᠭᠠᠬᠤ᠂ ᠵᠠᠰᠠᠬ ᠤᠨ ᠣᠷᠲᠣᠨ ᠪᠠ ᠨᠡᠶᠢᠭᠡᠮ ᠢ ᠰᠠᠯᠭᠠᠬᠤ᠂ ᠠᠰᠢᠬ ᠣᠯᠵᠠᠪᠣᠷᠢ ᠶᠢᠨ ᠴᠢᠨᠠᠷ ᠪᠠ | ᠠᠰᠢᠬ ᠣᠯᠵᠠᠪᠣᠷᠢ ᠶᠢᠨ ᠪᠣᠰᠣ ᠴᠢᠨᠠᠷ ᠢ ᠰᠠᠯᠭᠠᠬᠤ ᠶᠢ ᠪᠠᠷᠢᠮᠲᠠᠯᠠᠨ᠂ ᠪᠡᠶ᠎ᠡ ᠶᠢᠨ ᠲᠠᠮᠢᠷ ᠤᠨ ᠡᠬᠢ ᠪᠠᠶᠠᠯᠢᠬ ᠤᠨ | ᠲᠣᠬᠢᠷᠠᠭᠤᠯᠣᠯᠲᠠ ᠲᠣᠮᠲᠠᠬᠢ ᠵᠠᠬ᠎ᠠ ᠲᠡᠯᠭᠡᠬᠦᠷ ᠤᠨ ᠰᠠᠭᠤᠷᠢ ᠪᠣᠯᠬᠤ ᠦᠢᠯᠡᠲᠦᠯ ᠢ ᠬᠦᠢᠴᠡᠳ ᠪᠠᠲᠠᠷᠠᠭᠤᠯᠣᠨ᠂ | ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠤᠨ ᠡᠬᠢ ᠪᠠᠶᠠᠯᠢᠬ ᠢ ᠬᠢᠵᠠᠭᠠᠷᠯᠠᠬᠤ ᠪᠠ ᠭᠠᠭᠴᠠᠭᠠᠷ ᠡᠵᠡᠮᠰᠢᠬᠦ ᠶᠢ | ᠬᠤᠷᠢᠬᠯᠠᠵᠦ ᠦᠭᠡᠶᠢᠰᠭᠡᠨ᠎ᠡ᠃ | ︵ᠠᠷᠪᠠᠨ ᠬᠤᠶᠠᠷ︶ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠣᠯᠲᠠ ᠶᠢᠨ | ᠬᠦᠭᠵᠢᠯᠲᠡ ᠶᠢ ᠵᠣᠷᠢᠬᠵᠢᠭᠤᠯᠣᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠨᠢᠭᠡᠴᠡ ᠶᠢᠨ | ᠬᠠᠮᠢᠶᠠᠷᠣᠯᠲᠠ ᠶᠢᠨ ᠵᠠᠬᠪᠤᠷ ᠢ ᠦᠭᠡᠷᠡᠴᠢᠯᠡᠵᠦ ᠰᠢᠨᠡᠴᠢᠯᠡᠨ᠂ ᠲᠣᠬᠠᠶᠢᠯᠠᠬᠰᠠᠨ ᠠᠵᠢᠯ ᠤᠨ ᠵᠢᠯᠣᠭᠤᠲᠣᠯᠭ᠎ᠠ ᠪᠣᠯᠣᠨ | ᠬᠠᠣᠯᠢ ᠶᠣᠰᠣᠭᠠᠷ ᠬᠠᠮᠢᠶᠠᠷᠬᠤ ᠶᠢ ᠴᠢᠩᠭᠠᠳᠬᠠᠬᠰᠠᠨ ᠰᠠᠭᠤᠷᠢᠨ ᠲᠡᠭᠡᠷ᠎ᠡ᠂ ᠪᠡᠶ᠎ᠡ ᠶᠢᠨ ᠲᠠᠮᠢᠷ ᠤᠨ ᠨᠡᠶᠢᠭᠡᠮ | ᠪᠦᠯᠬᠦᠮ ᠤᠨ ᠬᠠᠣᠯᠢ ᠶᠢᠨ ᠡᠷᠭᠡᠲᠡᠨ ᠢ ᠵᠠᠰᠠᠬᠤ ᠲᠣᠬᠲᠠᠴᠠ ᠶᠢ ᠲᠡᠬᠦᠯᠲᠡᠷᠵᠢᠬᠦᠯᠵᠦ᠂ ᠪᠡᠶ᠎ᠡ ᠶᠢᠨ ᠲᠠᠮᠢᠷ ᠤᠨ | ᠨᠡᠶᠢᠭᠡᠮ ᠪᠦᠯᠬᠦᠮ ᠤᠨ ᠲᠣᠬᠠᠶᠢᠯᠠᠬᠰᠠᠨ ᠠᠵᠢᠯ ᠤᠨ ᠡᠬᠦᠷᠭᠡ ᠴᠢᠲᠠᠪᠬᠢ ᠶᠢ ᠪᠠᠶᠠᠯᠢᠬᠵᠢᠭᠤᠯᠵᠦ᠂ ᠪᠡᠶ᠎ᠡ ᠶᠢᠨ | ᠲᠠᠮᠢᠷ ᠤᠨ ᠨᠡᠶᠢᠭᠡᠮ ᠪᠦᠯᠬᠦᠮ ᠤᠨ ᠨᠡᠶᠢᠲᠡ ᠶᠢᠨ ᠦᠢᠯᠡᠴᠢᠯᠡᠭᠡ ᠶᠢᠨ ᠡᠬᠦᠷᠭᠡ ᠴᠢᠲᠠᠪᠬᠢ ᠶᠢ ᠪᠠᠲᠠᠷᠠᠭᠤᠯᠣᠨ᠎ᠠ᠃ | ᠪᠡᠶ᠎ᠡ ᠶᠢᠨ ᠲᠠᠮᠢᠷ ᠤᠨ ᠨᠡᠶᠢᠭᠡᠮ ᠪᠦᠯᠬᠦᠮ ᠤᠨ ᠲᠣᠰ ᠪᠡᠶ᠎ᠡ ᠶᠢᠨ ᠬᠦᠭᠵᠢᠯᠲᠡ᠂ ᠲᠣᠰ ᠪᠡᠶ᠎ᠡ ᠶᠢᠨ ᠬᠠᠮᠢᠶᠠᠷᠣᠯᠲᠠ᠂ | ᠲᠣᠰ ᠪᠡᠶ᠎ᠡ ᠶᠢᠨ ᠦᠢᠯᠡᠴᠢᠯᠡᠭᠡ ᠪᠠ ᠲᠣᠰ ᠪᠡᠶ᠎ᠡ ᠶᠢᠨ ᠲᠦᠷᠢᠮᠵᠢᠯ ᠤᠨ ᠴᠢᠲᠠᠪᠣᠷᠢ ᠶᠢ ᠲᠡᠭᠡᠭᠰᠢᠯᠡᠬᠦᠯᠦᠨ᠎ᠡ᠃ | ᠨᠡᠶᠢᠭᠡᠮ ᠤᠨ ᠬᠦᠴᠦᠨ ᠢᠶᠠᠷ ᠪᠡᠶ᠎ᠡ ᠶᠢᠨ ᠲᠠᠮᠢᠷ ᠤᠨ ᠲᠦᠷᠦᠯ ᠤᠨ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ | ᠪᠣᠰᠣ ᠨᠢᠭᠡᠴᠡ ᠡᠷᠬᠢᠯᠡᠬᠦ ᠶᠢ ᠲᠡᠮᠵᠢᠵᠦ᠂ ᠪᠡᠶ᠎ᠡ ᠶᠢᠨ ᠲᠠᠮᠢᠷ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ | ᠠᠬᠢᠭᠤᠯᠣᠨ᠎ᠠ᠃ | ᠡᠯ᠎ᠠ ᠭᠠᠵᠠᠷ ᠣᠷᠣᠨ᠂ ᠡᠯ᠎ᠠ ᠬᠤᠯᠪᠣᠬᠲᠠᠯ ᠪᠦᠬᠦᠢ ᠰᠠᠯᠠᠭ᠎ᠠ ᠮᠦᠴᠢᠷ ᠲᠣᠰ ᠰᠠᠨᠠᠯ ᠤᠨ ᠱᠠᠭᠠᠷᠲᠠᠯᠭ᠎ᠠ ᠶᠢ | ᠦᠨᠳᠦᠰᠦᠯᠡᠵᠦ᠂ ᠲᠣᠰ ᠪᠦᠷᠢ ᠶᠢᠨ ᠡᠬᠦᠷᠭᠡ ᠬᠠᠷᠢᠭᠤᠴᠠᠯᠭ᠎ᠠ ᠶᠣᠰᠣᠭᠠᠷ᠂ ᠢᠲᠡᠪᠬᠢᠲᠡᠢ ᠵᠣᠬᠢᠴᠠᠭᠤᠯᠣᠨ᠂ | ᠪᠡᠶ᠎ᠡ ᠶᠢᠨ ᠲᠠᠮᠢᠷ ᠤᠨ ᠠᠵᠦ ᠦᠢᠯᠡᠰ ᠤᠨ ᠬᠦᠭᠵᠢᠯᠲᠡ ᠶᠢ ᠠᠬᠢᠭᠤᠯᠬᠤ ᠡᠯ᠎ᠠ ᠲᠦᠷᠦᠯ ᠤᠨ ᠢᠵᠢ ᠪᠦᠷᠢᠨ | ᠬᠡᠷᠡᠭᠵᠢᠬᠦᠯᠬᠦ ᠲᠦᠰᠦᠯ ᠪᠣᠯᠣᠨ ᠪᠣᠲᠠᠲᠠᠢ ᠲᠦᠷᠦ ᠶᠢᠨ ᠪᠣᠲᠣᠯᠭ᠎ᠠ ᠠᠷᠭ᠎ᠠ ᠬᠡᠮᠵᠢᠶ᠎ᠠ ᠶᠢ ᠲᠠᠷᠣᠶᠢᠬᠠᠨ ᠲᠣᠬᠲᠠᠭᠠᠵᠦ᠂ | ᠦᠢᠯᠡᠲᠦᠯᠭᠡ ᠶᠢᠨ ᠲᠣᠮᠲᠠ ᠲᠠᠰᠣᠷᠠᠯᠲᠠ ᠦᠭᠡᠢ ᠲᠡᠬᠦᠯᠲᠡᠷᠵᠢᠬᠦᠯᠬᠦ ᠬᠡᠷᠡᠭᠲᠡᠢ᠃ | | ᠲᠦᠷᠦ ᠶᠢᠨ ᠶᠠᠪᠣᠲᠠᠯ ᠤᠨ ᠬᠤᠷᠢᠶ᠎ᠠ ᠶᠢᠨ ᠠᠯᠪᠠᠨ ᠲᠢᠩᠬᠢᠮ | 2010 ᠤᠨ ᠤ 3 ᠰᠠᠷ᠎ᠠ ᠶᠢᠨ 19 ᠤ ᠡᠳᠦᠷ | | | |