ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2019/2/27
    ᠨᠢᠭᠡ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠲᠦᠷᠦ ᠶᠢᠨ ᠴᠢᠭᠯᠡᠯᠳᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠬᠦᠯᠵᠤ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠠᠵᠢᠯ ᠤᠨ ᠬᠤᠯᠪᠤᠭᠳᠠᠯ ᠪᠦᠬᠦᠢ ᠲᠤᠭᠳᠠᠭᠠᠯ᠂ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃     ᠬᠤᠶᠠᠷ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠤᠷᠲᠤᠪᠲᠤᠷ ᠪᠠ ᠤᠷᠳᠤ ᠬᠤᠭᠤᠴᠠᠭᠠᠨ ᠤ ᠬᠦᠭᠵᠢᠯᠳᠡ ᠶᠢᠨ ᠲᠦᠯᠦᠪᠵᠢᠬᠦᠯᠭᠡ ᠪᠠ ᠤᠨ ᠤ ᠲᠦᠯᠦᠪᠯᠡᠭᠡ ᠶᠢ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ︔ ᠤᠯᠠᠨ ᠡᠰᠢᠳᠤ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠳᠠᠶᠢᠴᠢᠯᠠᠨ ᠠᠬᠢᠭᠤᠯᠵᠦ᠂ ᠪᠡᠶ᠎ᠡ ᠶᠢᠨ ᠲᠠᠮᠢᠷ ᠤᠨ ᠨᠡᠶᠢᠳᠡ ᠶᠢᠨ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃     ᠭᠤᠷᠪᠠ᠂ ᠦᠪᠡᠷᠳᠡᠭᠡᠨ ᠵᠠᠰᠠᠬᠤ ᠤᠷᠤᠨ ᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠵᠤ᠂ ᠪᠡᠶ᠎ᠡ ᠶᠢᠨ ᠲᠠᠮᠢᠷ ᠤᠨ ᠲᠠᠪᠳᠠᠨ ᠪᠤᠯᠪᠠᠰᠤᠷᠠᠭᠤᠯᠬᠤ ᠤᠯᠤᠰ ᠤᠨ ᠪᠠᠷᠢᠮᠵᠢᠶ᠎ᠡ ᠶᠢ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠤᠭᠤᠳᠬᠤ ᠠᠵᠢᠯ ᠤᠨ ᠡᠩᠨᠡᠭᠡ ᠶᠢᠨ ᠲᠦᠷᠢᠮ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ︔ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠵᠢᠯᠤᠭᠤᠳᠴᠤ᠂ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠪᠡᠯᠡᠳᠭᠡᠮᠵᠢ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃     ᠲᠦᠷᠪᠡ᠂ ᠦᠪᠡᠷᠳᠡᠭᠡᠨ ᠵᠠᠰᠠᠬᠤ ᠤᠷᠤᠨ ᠤ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠵᠤ᠂ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠤᠨ ᠪᠠᠶᠢᠷᠢᠯᠠᠭᠤᠯᠤᠯᠳᠠ ᠬᠢᠭᠡᠳ ᠪᠠᠶᠢᠷᠢᠰᠢᠯᠠᠭᠤᠯᠤᠯᠳᠠ ᠶᠢ ᠰᠤᠳᠤᠯᠤᠨ ᠲᠦᠯᠦᠪᠵᠢᠬᠦᠯᠦᠨ᠎ᠡ︔ ᠪᠡᠶ᠎ᠡ ᠶᠢᠨ ᠲᠠᠮᠢᠷ ᠤᠨ ᠪᠤᠯᠪᠠᠰᠤᠷᠠᠭᠤᠯᠤᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠢᠯᠤᠭᠤᠳᠤᠨ ᠵᠤᠬᠢᠴᠠᠭᠤᠯᠵᠤ᠂ ᠲᠠᠮᠢᠷᠴᠢᠳ ᠤᠨ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠴᠤ᠂ ᠲᠠᠮᠢᠷᠴᠢᠳ ᠤᠨ ᠨᠡᠶᠢᠭᠡᠮ ᠤᠨ ᠪᠠᠳᠤᠯᠠᠭ᠎ᠠ ᠶᠢᠨ ᠠᠵᠢᠯ ᠢ ᠵᠤᠬᠢᠴᠠᠭᠤᠯᠤᠨ᠎ᠠ︔ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠲᠤᠭᠳᠠᠭᠠᠬᠤ ᠠᠵᠢᠯ ᠢ ᠵᠤᠬᠢᠶᠠᠨ ᠪᠠᠶᠢᠭᠤᠯᠵᠤ᠂ ᠬᠦᠭᠡᠷᠦᠯᠳᠡ ᠶᠢᠨ ᠡᠮ ᠢ ᠡᠰᠡᠷᠬᠦᠴᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠦᠨ᠎ᠡ᠃     ᠲᠠᠪᠤ᠂ ᠤᠯᠠᠨ ᠤᠯᠤᠰ ᠤᠨ ᠪᠠ ᠤᠯᠤᠰ ᠤᠨ ᠲᠤᠳᠤᠭᠠᠳᠤ ᠶᠢᠨ ᠴᠢᠬᠤᠯᠠ ᠶᠡᠭᠡ ᠤᠷᠤᠯᠳᠤᠭᠠᠨ ᠢ ᠵᠤᠬᠢᠶᠠᠨ ᠪᠠᠶᠢᠭᠤᠯᠵᠤ ᠡᠷᠬᠢᠯᠡᠬᠦ ᠶᠢ ᠬᠠᠷᠢᠭᠤᠴᠠᠵᠤ᠂ ᠦᠪᠡᠷᠳᠡᠭᠡᠨ ᠵᠠᠰᠠᠬᠤ ᠤᠷᠤᠨ ᠤ ᠶᠡᠷᠦᠩᠭᠡᠶᠢᠯᠡᠭᠰᠡᠨ ᠴᠢᠨᠠᠷᠳᠠᠢ ᠤᠷᠤᠯᠳᠤᠭᠠᠨ ᠢ ᠭᠤᠤᠯᠯᠠᠨ ᠡᠷᠬᠢᠯᠡᠨ᠎ᠡ︔ ᠪᠦᠬᠦ ᠤᠷᠤᠨ ᠤ ᠴᠢᠨᠠᠷᠳᠠᠢ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠬᠦᠯᠦᠨ ᠬᠠᠮᠢᠶᠠᠷᠴᠤ᠂ ᠠᠵᠢᠯ ᠤᠨ ᠴᠢᠯᠦᠭᠡᠨ ᠤ ᠪᠤᠯᠪᠠᠰᠤᠷᠠᠯ ᠤᠨ ᠠᠵᠢᠯ ᠢ ᠵᠢᠯᠤᠭᠤᠳᠤᠨ᠎ᠠ︔ ᠭᠠᠳᠠᠭᠠᠳᠤ ᠴᠢᠭᠯᠡᠯ ᠲᠠᠢ ᠪᠡᠶ᠎ᠡ ᠶᠢᠨ ᠲᠠᠮᠢᠷ ᠤᠨ ᠬᠠᠮᠵᠢᠯᠴᠠᠭ᠎ᠠ ᠪᠠ ᠰᠤᠯᠢᠯᠴᠠᠭ᠎ᠠ ᠶᠢ ᠢᠳᠡᠪᠬᠢᠳᠡᠢ ᠦᠷᠨᠢᠬᠦᠯᠦᠨ᠎ᠡ᠃     ᠵᠢᠷᠭᠤᠭ᠎ᠠ᠂ ᠦᠪᠡᠷᠳᠡᠭᠡᠨ ᠵᠠᠰᠠᠬᠤ ᠤᠷᠤᠨ ᠤ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠵᠤ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠤᠭᠤᠳᠬᠤ ᠪᠠ ᠲᠦᠯᠬᠢᠨ ᠠᠬᠢᠭᠤᠯᠤᠨ᠎ᠠ᠃     ᠲᠤᠯᠤᠭ᠎ᠠ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠢ ᠬᠦᠭᠵᠢᠬᠦᠯᠦᠨ᠎ᠡ︔ ᠪᠡᠶ᠎ᠡ ᠶᠢᠨ ᠲᠠᠮᠢᠷ ᠤᠨ ᠡᠵᠡᠩᠨᠡᠯᠳᠡ ᠶᠢᠨ ᠠᠵᠢᠯᠯᠠᠭ᠎ᠠ ᠶᠢᠨ ᠠᠵᠢᠯ ᠦᠢᠯᠡᠰ ᠡᠷᠬᠢᠯᠡᠬᠦ ᠨᠦᠬᠦᠴᠡᠯ᠂ ᠬᠢᠨᠠᠨ ᠵᠦᠪᠰᠢᠶᠡᠷᠡᠬᠦ ᠲᠡᠰ ᠳᠠᠷᠠᠭᠠᠯᠠᠯ ᠪᠠ ᠠᠷᠭ᠎ᠠ ᠶᠢ ᠲᠤᠭᠳᠠᠭᠠᠵᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠮᠢᠶᠠᠷᠤᠯᠳᠠ ᠶᠢ ᠵᠢᠷᠤᠮᠵᠢᠭᠤᠯᠤᠨ᠂ ᠪᠡᠶ᠎ᠡ ᠶᠢᠨ ᠲᠠᠮᠢᠷ ᠤᠨ ᠪᠠᠷᠢᠮᠵᠢᠶᠠᠵᠢᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ︔ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ ᠶᠢᠨ ᠪᠤᠷᠤᠯᠠᠭᠤᠯᠭ᠎ᠠ ᠶᠢᠨ ᠬᠠᠮᠢᠶᠠᠷᠤᠯᠳᠠ ᠶᠢ ᠬᠠᠷᠢᠭᠤᠴᠠᠨ᠎ᠠ᠃     ᠨᠠᠢᠮᠠ᠂ ᠪᠡᠶ᠎ᠡ ᠶᠢᠨ ᠲᠠᠮᠢᠷ ᠤᠨ ᠤᠬᠠᠭᠤᠯᠭ᠎ᠠ ᠬᠦᠮᠦᠵᠢᠯ᠂ ᠪᠡᠶ᠎ᠡ ᠶᠢᠨ ᠲᠠᠮᠢᠷ ᠤᠨ ᠡᠷᠳᠡᠮ ᠰᠢᠨᠵᠢᠯᠡᠬᠦ ᠤᠬᠠᠭᠠᠨ ᠤ ᠰᠤᠳᠤᠯᠤᠯ ᠪᠠ ᠪᠦᠬᠦ ᠤᠷᠤᠨ ᠤ ᠴᠢᠨᠠᠷᠳᠠᠢ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠶᠢᠰᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠢᠳᠪᠦᠷᠢᠯᠡᠬᠦᠯᠬᠦ  ᠪᠠᠷ ᠲᠤᠰᠢᠶᠠᠭᠰᠠᠨᠨ ᠪᠤᠰᠤᠳ ᠬᠡᠷᠡᠭ ᠶᠠᠪᠤᠳᠠᠯ ᠢ ᠳᠠᠭᠠᠭᠠᠨ ᠬᠦᠢᠴᠡᠳᠭᠡᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号