ᠮᠦᠩᠭᠦᠨ ᠲᠡᠯᠡᠬᠡᠢ ᠶᠢ ᠪᠠᠶᠠᠰᠬᠠᠭᠰᠠᠨ ᠦᠪᠡᠳᠡᠭᠰᠢ ᠴᠤᠭᠯᠠᠭᠠᠨ
ᠨᠡᠶᠢᠲᠡᠯᠡᠭᠰᠡᠨ ᠴᠠᠭ᠄
2019/2/27
     ᠮᠥᠡᠭᠭᠦᠨ ᠲᠡᠯᠡᠬᠡᠢ ᠲᠠᠢ ᠪᠤᠯᠵᠤᠵᠥ᠂ ᠭᠦᠰᠡᠯ ᠵᠡᠬᠦᠳᠤ ᠪᠠᠨ ᠬᠠᠮᠳᠤ ᠪᠠᠷ ᠲᠡᠷᠭᠡᠯᠰᠢᠬᠦᠯᠥᠨ᠎ᠠ᠃ ᠥᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ 2 ᠰᠠᠷ᠎ᠠ ᠶᠢᠨ 16 — 20 ᠤ ᠡᠳᠤᠷ ᠪᠤᠯᠳᠠᠯ᠎ᠠ ᠬᠥᠯᠥᠨ ᠪᠤᠶᠢᠷ ᠬᠤᠳᠠ ᠳᠤ ᠠᠮᠵᠢᠯᠳᠠᠳᠠᠢ ᠶᠠᠪᠤᠭᠳᠠᠭᠰᠠᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠨᠢ ᠮᠥᠰᠥ ᠴᠠᠰᠤᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠢ ︽ᠡᠮᠥᠨᠡᠰᠢ ᠥᠷᠨᠢᠬᠦᠯᠬᠦ ᠪᠠᠷᠠᠭᠤᠨᠰᠢ ᠥᠷᠭᠡᠳᠭᠡᠬᠦ ᠵᠡᠬᠦᠨᠰᠢ ᠠᠬᠢᠭᠤᠯᠬᠤ︾ ᠬᠥᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠥᠢᠯᠡᠳᠥᠯᠭᠡᠵᠢᠬᠦᠯᠬᠦ᠂ ᠤᠯᠠᠨ ᠲᠦᠮᠡᠨ ᠢ ᠮᠥᠰᠥ ᠴᠠᠰᠤᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠬᠤ ᠶᠢ ᠲᠠᠶᠢᠴᠢᠯᠠᠬᠰᠠᠨ ᠨᠢᠭᠡᠨ ᠤᠳᠠᠭ᠎ᠠ ᠶᠢᠨ ᠤᠷᠤᠬᠰᠢᠳᠠᠢ ᠶᠠᠪᠤᠬᠳᠠᠬᠰᠠᠨ ᠲᠡᠮᠢᠷ ᠤᠨ ᠴᠤᠬᠯᠠᠭᠠᠨ ᠪᠤᠯᠵᠠᠢ᠃ ᠤᠷᠤᠯᠳᠤᠭᠠᠨ ᠨᠢ ᠪᠠᠰᠠ ᠥᠪᠡᠷᠳᠡᠭᠡᠨ ᠵᠠᠰᠠᠬᠤ ᠤᠷᠤᠨ ᠤ 2020 ᠤᠨ ᠤ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠪᠠᠶ᠎ᠠ ᠶᠢᠨ ᠲᠠᠮᠢᠷ ᠤᠨ ᠴᠤᠬᠯᠠᠭᠠᠨ ᠤ ᠪᠡᠯᠡᠳᠭᠡᠯ ᠠᠵᠢᠯ ᠤᠨ ᠨᠢᠬᠡ ᠤᠳᠠᠭ᠎ᠠ ᠶᠢᠨ ︽ᠰᠤᠷᠢᠯᠳᠠ︾ ᠪᠤᠯᠤᠬᠰᠠᠨ ᠪᠠᠶᠢᠨ᠎ᠠ᠃     ᠤᠷᠤᠯᠳᠤᠭᠠᠨ ᠳᠤ ᠪᠥᠬᠦ ᠤᠷᠤᠨ ᠤ ᠡᠯ᠎ᠠ ᠠᠶᠢᠮᠠᠬ ᠬᠤᠳᠠ ᠵᠢᠴᠢ ᠥᠪᠥᠷ ᠮᠤᠩᠭᠤᠯ ᠤᠨ ᠶᠡᠭᠡ ᠬᠢᠨᠭ᠍ᠭᠠᠨ ᠲᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠠᠯ ᠤᠨ ᠤᠢ ᠰᠢᠭᠤᠢ ᠶᠢᠨ ᠲᠤᠪᠴᠢᠶᠠᠨ ᠠᠴᠠ ᠬᠥᠷᠥᠯᠴᠠᠨ ᠢᠷᠡᠭᠰᠡᠨ ᠬᠡᠳᠤᠨ ᠮᠢᠩᠭᠠᠨ ᠲᠠᠮᠢᠷᠴᠢᠳ 5 ᠡᠳᠤᠷ ᠤᠨ ᠬᠤᠭᠤᠴᠠᠭᠠᠨ ᠳᠤ ᠡᠨᠡ ᠬᠦ ᠴᠠᠰᠤ ᠮᠥᠰᠤᠨ ᠤ ᠴᠤᠬᠯᠠᠭᠠᠨ ᠳᠤ ᠤᠷᠤᠯᠴᠠᠵᠥ᠂ ᠬᠥᠴᠥᠨ ᠴᠢᠳᠠᠯ ᠢᠶᠠᠨ ᠰᠢᠪᠬᠠᠵᠥ᠂ ᠲᠡᠮᠢᠷ ᠰᠫᠥᠷᠲ ᠤᠨ ᠭᠠᠶᠢᠬᠠᠮᠰᠢᠬ ᠢ ᠤᠯᠠᠨ᠎ᠠ ᠲᠡᠯᠬᠡᠵᠥ᠂ ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠭᠠᠶᠢᠬᠠᠭᠤᠯᠵᠥ᠂ ᠴᠠᠰᠤ ᠮᠥᠰᠤᠨ ᠤ ᠬᠠᠪᠤ ᠴᠡᠩᠭᠡᠯ ᠢ ᠤᠯᠠᠨ ᠲᠥᠮᠡᠨ ᠳᠤ ᠬᠠᠷᠠᠭᠤᠯᠤᠭᠰᠠᠨ ᠪᠠᠶᠢᠨ᠎ᠠ᠃     ᠲᠤᠰ ᠤᠳᠠᠭᠠᠨ ᠤ ᠤᠷᠤᠯᠳᠤᠭᠠᠨ ᠳᠤ᠂ ᠮᠥᠰᠤᠨ ᠪᠥᠮᠪᠦᠭᠡ᠂ ᠲᠥᠷᠭᠡᠨ ᠲᠠᠰᠢᠯᠳᠠ᠂ ᠴᠠᠰᠤᠨ ᠪᠠᠶᠢᠯᠳᠤᠭᠠᠨ᠂ ᠴᠠᠰᠤᠨ ᠲᠡᠭᠡᠷᠡᠬᠢ ᠬᠥᠯ ᠪᠥᠮᠪᠦᠭᠡ᠂ ᠤᠢᠢᠷ᠎ᠠ ᠵᠠᠢ ᠶᠢᠨ ᠲᠥᠷᠭᠡᠨ ᠲᠠᠰᠢᠯᠳᠠ᠂ ᠴᠠᠰᠤᠨ ᠲᠡᠭᠡᠷᠡᠬᠢ ᠴᠢᠭᠯᠡᠯᠳᠤ ᠤᠷᠤᠯᠳᠤᠭᠠᠨ᠂ ᠭᠡᠭᠡᠷᠡᠯᠡᠨ ᠴᠡᠨᠠᠯᠠᠬᠤ᠂ ᠠᠭᠤᠯᠠᠨ ᠤ ᠴᠡᠨᠡᠯᠡᠯᠳᠠ ᠵᠡᠷᠭᠡ 8 ᠶᠡᠭᠡ ᠤᠷᠤᠯᠳᠤᠭᠠᠨ ᠤ 97 ᠪᠠᠭ᠎ᠠ ᠲᠥᠷᠥᠯ ᠤᠨ ᠤᠷᠤᠯᠳᠤᠭᠠᠨ ᠶᠠᠪᠤᠭᠳᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号