ᠶᠠᠪᠠᠭᠠᠨ ᠠᠯᠬᠤᠵᠤ ᠰᠢᠨ᠎ᠡ ᠵᠢᠯ ᠢᠶᠠᠨ ᠤᠬᠲᠤᠬᠤ ᠠᠵᠢᠯᠯᠠᠭ᠎ᠠ ᠬᠦᠬᠡᠬᠤᠲᠠ ᠶᠢᠨ ᠿᠦ ᠢ ᠠᠭᠤᠳᠠᠮ ᠲᠠᠯᠠᠪᠠᠢ ᠳᠤ ᠡᠬᠢᠯᠡᠪᠡ
ᠨᠡᠶᠢᠲᠡᠯᠡᠭᠰᠡᠨ ᠴᠠᠭ᠄
2019/2/27
   12 ᠰᠠᠷ᠎ᠠ ᠶᠢᠨ 30 ᠤ ᠡᠳᠦᠷ᠂ ᠭᠤᠷᠪᠠᠳᠤᠭᠠᠷ ᠬᠤᠭᠤᠴᠠᠭᠠᠨ ᠤ ︽ᠡᠷᠡᠭᠦᠯ ᠡᠩᠬᠡ ᠦᠪᠦᠷ ᠮᠤᠩᠭᠤᠯ ᠠᠮᠢᠵᠢᠷᠠᠯ ᠤᠨ ᠬᠦᠴᠦᠨ ᠪᠢᠯᠬᠠᠮ᠎ᠠ ᠬᠦᠬᠡᠬᠤᠲᠠ ᠶᠢᠨ ᠠᠶᠠᠨ︾ ᠶᠠᠪᠠᠭᠠᠨ ᠠᠯᠬᠤᠵᠤ ᠰᠢᠨ᠎ᠡ ᠵᠢᠯ ᠢᠶᠠᠨ ᠤᠬᠲᠤᠬᠤ ᠠᠵᠢᠯᠯᠠᠭ᠎ᠠ ᠬᠦᠬᠡᠬᠤᠲᠠ ᠶᠢᠨ ᠿᠦ ᠢ ᠠᠭᠤᠳᠠᠮ ᠲᠠᠯᠠᠪᠠᠢ ᠳᠤ ᠡᠬᠢᠯᠡᠵᠦ᠂ 4000 ᠭᠠᠷᠤᠢ ᠬᠦᠮᠦᠨ 9.8 ᠺᠢᠯᠣᠮᠧᠲᠷ ᠤᠨ ᠶᠠᠪᠠᠭᠠᠨ ᠠᠯᠬᠤᠬᠤ ᠠᠶᠠᠨ ᠢ ᠪᠡᠶᠡᠯᠡᠭᠦᠯᠪᠡ᠃ 2018 ᠤᠨ ᠳᠠᠭᠤᠰᠬᠤ ᠭᠡᠵᠦ ᠪᠠᠶᠢᠭ᠎ᠠ ᠡᠨᠡ ᠲᠠᠰᠢᠷᠠᠮ ᠳᠤ᠂ ᠤᠯᠠᠨ ᠢᠶᠠᠷ ᠢᠶᠠᠨ ᠶᠠᠪᠠᠭᠠᠨ ᠠᠯᠬᠤᠬᠤ ᠳᠠᠭᠠᠨ ᠵᠠᠮ ᠳᠠᠭᠠᠤ ᠶᠢᠨ ᠭᠤᠶᠢᠲᠠ ᠦᠵᠡᠮᠵᠢ ᠶᠢ ᠰᠤᠨᠢᠷᠬᠠᠨ ᠂ ᠬᠦᠬᠡᠬᠤᠲᠠ ᠶᠢᠨ ᠷᠢᠳᠢ ᠰᠢᠳᠢ ᠶᠢ ᠮᠡᠳᠡᠷᠡᠵᠦ᠂ ᠡᠷᠡᠭᠦᠯ ᠮᠡᠨᠳᠦ ᠠᠮᠢᠳᠤᠷᠠᠯ ᠤᠨ ᠬᠡᠯᠪᠡᠷᠢ ᠪᠠᠷ ᠰᠢᠨ᠎ᠡ ᠨᠢᠭᠡ ᠵᠢᠯ ᠢᠶᠠᠨ ᠤᠬᠲᠤᠨ᠎ᠠ᠃ ᠵᠢᠷᠤᠬ ᠪᠤᠯ᠂ ᠲᠤᠬᠠᠢ ᠶᠢᠨ ᠡᠳᠦᠷ ᠲᠤ᠂ ᠬᠤᠲᠠ ᠶᠢᠨ ᠠᠷᠠᠳ ᠤᠳ ᠡᠬᠢᠯᠡᠯᠲᠡ ᠶᠢᠨ ᠴᠡᠭ ᠠᠴᠠ ᠮᠤᠷᠢᠳᠠᠨ ᠶᠠᠪᠠᠭᠠᠨ ᠠᠯᠬᠤᠬᠤ ᠪᠠᠷ ᠰᠢᠨ᠎ᠡ ᠵᠢᠯ ᠢᠶᠠᠨ ᠤᠬᠲᠤᠬᠤ ᠠᠵᠢᠯᠯᠠᠭ᠎ᠠ ᠶᠢ ᠡᠬᠢᠯᠡᠭᠦᠯᠵᠦ ᠪᠠᠶᠢᠭ᠎ᠠ ᠨᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号