ᠰᠢᠨ᠎ᠡ ᠦᠵᠡᠯ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠢ ᠬᠥᠲᠥᠯᠥᠨ ᠳᠠᠭᠠᠭᠤᠯᠵᠦ ᠲᠣᠮᠣ ᠠᠯᠬᠤᠮ ᠢᠶᠠᠷ ᠤᠷᠤᠭᠰᠢᠯᠠᠵᠤ ᠪᠠᠶᠢᠨᠠᠮ
ᠨᠡᠶᠢᠲᠡᠯᠡᠭᠰᠡᠨ ᠴᠠᠭ᠄
2019/2/27
    ᠰᠤᠷᠪᠤᠯᠵᠢᠯᠠᠭᠰᠠᠨ ᠴᠠᠭ᠄     2017 ᠣᠨ ᠤ 12 ᠳ᠋ᠤᠭᠠᠷ ᠰᠠᠷ᠎ᠠ ᠶᠢᠨ 18 ᠤ ᠡᠳᠦᠷ     ᠰᠤᠷᠪᠤᠯᠵᠢᠯᠠᠭᠰᠠᠨ ᠵᠣᠴᠢᠨ᠄     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄     ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠪᠦᠬᠦ ᠠᠷᠠᠳ ᠤᠨ ᠪᠡᠶ᠎ᠡ ᠴᠡᠬᠢᠷᠡᠬᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠤᠤᠨ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠪᠡᠯᠡᠳᠬᠡᠨ ᠡᠷᠬᠢᠯᠡᠬᠦ ᠠᠵᠢᠯ ᠢ ᠰᠠᠶᠢᠲᠤᠷ ᠬᠢᠨ᠎ᠡ︾ ᠭᠡᠵᠦ ᠳᠤᠷᠠᠳᠴᠤ᠂ ᠮᠠᠨ ᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠣᠯᠣᠩ ᠳᠤ ᠰᠠᠭᠠᠲᠠᠵᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠠᠵᠢᠯ ᠤᠨ ᠪᠠᠶᠢᠳᠠᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠬᠤ ᠪᠣᠯᠤᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠶ᠎ᠠ︕     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄     ᠬᠥᠲᠥᠯᠥᠭᠴᠢ᠄ ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠰᠣᠨᠢᠷᠬᠠᠭᠰᠠᠨ ᠳᠤ ᠪᠠᠶᠠᠷᠯᠠᠯ᠎ᠠ᠂ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ ᠨᠥᠬᠦᠷ ᠢ ᠤᠷᠢᠵᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠠᠵᠢᠯ ᠤᠨ ᠪᠠᠶᠢᠳᠠᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠬᠤ ᠪᠣᠯᠤᠨ᠎ᠠ᠃ ᠱᠢ ᠳᠠᠷᠤᠭ᠎ᠠ ᠲᠠᠨ ᠢ ᠪᠠᠶᠠᠷᠯᠠᠨ ᠤᠭᠲᠤᠵᠤ ᠪᠠᠶᠢᠨ᠎ᠠ︕     ᠱᠢ ᠯᠢ ᠮᠢᠩ᠄ ᠬᠥᠲᠥᠯᠥᠭᠴᠢ ᠰᠠᠶᠢᠨ ᠪᠠᠶᠢᠨ᠎ᠠ ᠦᠦ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ᠂ ᠤᠷᠳᠤ ᠬᠤᠭᠤᠴᠠᠭᠠᠨ ᠤ ᠲᠤᠷᠰᠢ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠲᠤ ᠠᠩᠬᠠᠷᠤᠯ ᠢᠶᠠᠨ ᠬᠠᠨᠳᠤᠭᠤᠯᠵᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠲᠠ ᠤᠯᠠᠨ ᠳᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃     ᠬᠥᠲᠥᠯᠥᠭᠴᠢ᠄ 10 ᠳ᠋ᠤᠭᠠᠷ ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠪᠠᠷ ᠲᠡᠭᠦᠰᠪᠡ᠃ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠢᠯᠲᠠᠳ ᠲᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠢ ᠶᠠᠷᠢᠭᠠᠳ ᠥᠭᠭᠦᠨ᠎ᠡ ᠦᠦ︖     ᠱᠢ ᠯᠢ ᠮᠢᠩ᠄ ᠨᠢᠭᠡ ᠳᠤ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠣᠭᠢ ᠰᠢᠮ᠎ᠡ ᠪᠠ ᠴᠢᠬᠤᠯᠠ ᠠᠭᠤᠯᠭ᠎ᠠ ᠶᠢ ᠭᠦᠨᠵᠡᠭᠡᠶ ᠣᠢᠢᠯᠠᠭᠠᠨ ᠡᠵᠡᠮᠰᠢᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠬᠢᠭᠰᠡᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠨᠢ ᠰᠢᠨ᠎ᠡ ᠴᠠᠭ ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠡᠷᠬᠢᠨ ᠪᠠᠷᠢᠮᠲᠠᠯᠠᠨ ᠬᠥᠭᠵᠢᠭᠦᠯᠬᠦ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠰᠢᠰᠲ᠋ᠧᠮ  ᠲᠠᠢ ᠬᠠᠷᠢᠭᠤᠯᠲᠠ ᠥᠭᠭᠦᠭᠰᠡᠨ ᠪᠥᠭᠡᠳ ᠲᠡᠷᠡ ᠨᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠡᠷᠦᠩᠬᠡᠶ ᠬᠥᠲᠥᠯᠪᠦᠷᠢ᠂ ᠶᠡᠷᠦᠩᠬᠡᠶ ᠵᠢᠷᠤᠭ ᠲᠥᠯᠥᠪᠯᠡᠭᠡ᠂ ᠶᠡᠷᠦᠩᠬᠡᠶ ᠪᠤᠳᠤᠯᠭ᠎ᠠ ᠮᠥᠨ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯᠲᠠᠳ ᠳᠠᠶᠠᠭᠠᠷ ᠢᠶᠠᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠲᠦᠷᠭᠡᠨ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠡᠭᠦᠰᠬᠡᠬᠦ ᠬᠡᠷᠡᠭᠲᠡᠢ᠃ ᠬᠤᠶᠠᠷ ᠲᠤ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠰᠤᠷᠤᠯᠴᠠᠯᠭ᠎ᠠ ᠶᠢ ᠰᠠᠶᠢᠲᠤᠷ ᠠᠳᠬᠤᠨ᠂ ᠦᠨᠡᠨ ᠮᠥᠨ ᠢᠶᠠᠷ ᠨᠢ ᠰᠤᠷᠤᠯᠴᠠᠵᠤ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠷᠭᠡᠨ ᠳᠡᠯᠭᠡᠷ ᠢᠶᠠᠷ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠢᠶᠠᠨ ᠰᠤᠷᠤᠯᠴᠠᠬᠤ ᠠᠵᠢᠯ ᠢ ᠥᠷᠨᠢᠭᠦᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠴᠤ ᠨᠡᠪᠲᠡᠷᠬᠡᠶ ᠡᠵᠡᠮᠰᠢᠬᠦ ᠬᠡᠷᠡᠭᠲᠡᠶ᠃ ᠤᠬᠠᠭᠤᠯᠭ᠎ᠠ ᠶᠢ ᠠᠳᠬᠤᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠱᠠᠳᠤ ᠱᠠᠳᠤ ᠪᠠᠷ ᠵᠣᠬᠢᠶᠠᠨ ᠪᠠᠶᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ ᠤ ᠰᠢᠨ᠎ᠡ ᠠᠶᠠᠨ ᠵᠠᠮ ᠳᠡᠭᠡᠷᠡᠬᠢ ᠣᠷᠭᠢᠯᠤᠮ᠎ᠠ ᠰᠡᠳᠬᠢᠯᠭᠡ ᠪᠠ ᠡᠷᠴᠢ ᠵᠣᠷᠢᠭ ᠢ ᠨᠢ ᠬᠥᠭᠵᠢᠭᠡᠬᠦ ᠬᠡᠷᠡᠭᠲᠡᠢ᠃ ᠳᠠᠭᠠᠭᠤᠯᠤᠨ ᠭᠦᠢᠴᠡᠳᠬᠡᠬᠦ ᠶᠢ ᠠᠳᠬᠤᠵᠤ᠂ ᠤᠳᠤᠷᠢᠳᠬᠤ ᠺᠠᠳ᠋ᠷᠴᠤᠳ ᠡᠮᠦᠨ᠎ᠡ ᠨᠢ ᠳᠠᠭᠠᠭᠤᠯᠵᠦ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠭᠤᠷᠪᠠ ᠳᠤ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠰᠢᠨ᠎ᠡ ᠭᠠᠷᠤᠭ᠎ᠠ ᠪᠣᠯᠭᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠤᠭᠡᠨ ᠪᠠᠶᠢᠭᠤᠯᠤᠯᠲᠠ ᠶᠢᠨ ᠰᠢᠨ᠎ᠡ ᠠᠶᠠᠯᠡᠯ ᠢ ᠡᠬᠢᠯᠡᠭᠦᠯᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ᠂ ᠣᠶᠢᠯᠠᠭᠠᠬᠤ ᠶᠢ ᠴᠢᠬᠤᠯᠠᠴᠢᠯᠠᠵᠤ᠂ ᠦᠢᠯᠡᠳᠦᠯᠭᠡᠵᠢᠭᠦᠯᠬᠦ ᠪᠠᠷ ᠭᠤᠣᠯᠳᠠᠭᠤᠯᠵᠤ᠂ ᠨᠠᠶᠢᠳᠠᠪᠤᠷᠢᠵᠢᠭᠤᠯᠬᠤ ᠶᠢ ᠡᠷᠬᠢᠮᠯᠡᠬᠦ ᠬᠡᠷᠡᠭᠲᠡᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠨ᠎ᠡ ᠦᠵᠡᠯ ᠰᠠᠨᠠᠭ᠎ᠠ᠂ ᠰᠢᠨ᠎ᠡ ᠬᠥᠳᠡᠯᠭᠡᠬᠦ ᠬᠦᠴᠦᠨ ᠢ ᠰᠤᠷᠤᠯᠴᠠᠨ ᠲᠤᠤᠱᠯᠠᠭᠤᠯᠬᠤ ᠶᠢ ᠬᠥᠭᠵᠢᠯᠲᠡ ᠶᠢᠨ ᠳᠤᠮᠳᠠ ᠪᠠᠨ ᠨᠢᠭᠲᠠᠷᠠᠭᠤᠯᠵᠤ᠂ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠠᠭᠤᠤ ᠶᠡᠭᠡ ᠦᠢᠯᠡᠰ ᠤᠨ ᠳᠤᠮᠳᠠ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠬᠤ ᠳᠡᠭᠡᠷ᠎ᠡ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠶ ᠥᠷᠨᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ︾ ᠶᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠵᠢᠭᠠᠨ ᠵᠢᠯᠣᠭᠤᠳᠤᠭᠰᠠᠨ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃     ᠬᠥᠲᠥᠯᠥᠭᠴᠢ᠄ ᠡᠨᠡ ᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠲᠡᠭᠡᠪᠡᠯ 70 ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠶᠠᠮᠠᠷ ᠶᠠᠮᠠᠷ ᠠᠮᠵᠢᠯᠲᠠ ᠣᠯᠣᠭᠰᠠᠨ ᠪᠣᠢ︖     ᠱᠢ ᠯᠢ ᠮᠢᠩ᠄ 70 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠳᠣᠣᠷ᠎ᠠ᠂ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯᠲᠠᠳ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠰᠦᠷ ᠳᠠᠯᠠᠶᠢᠴᠠᠲᠠᠶ ᠲᠡᠦᠬᠡ ᠶᠢ ᠡᠭᠦᠳᠦᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠬᠢᠯᠠᠯᠵᠠᠭᠰᠠᠨ ᠠᠮᠵᠢᠯᠲᠠ ᠣᠯᠵᠠᠢ᠃ ᠣᠶᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠢᠯᠠᠩᠭᠤᠶ᠎ᠠ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠭᠠᠨ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠨᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ︽33533︾ ᠬᠥᠭᠵᠢᠯᠲᠡ ᠶᠢᠨ ᠰᠡᠳᠬᠢᠮᠵᠢ ᠲᠠᠢ ᠨᠢᠭᠲᠠ ᠤᠶᠠᠯᠳᠤᠭᠤᠯᠤᠨ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ ᠡᠵᠡᠮᠳᠡᠵᠦ᠂ ᠬᠥᠭᠵᠢᠯᠲᠡ ᠶᠢᠨ ᠰᠡᠳᠬᠢᠮᠵᠢ ᠪᠠᠨ ᠲᠣᠳᠣᠷᠬᠠᠢ ᠪᠣᠯᠭᠠᠵᠤ᠂ ᠶᠡᠬᠡᠪᠡᠷ ᠥᠭᠡᠷᠡᠴᠢᠯᠡᠯᠲᠡ ᠬᠢᠵᠤ ᠰᠢᠨ᠎ᠡ ᠶᠢ ᠡᠭᠦᠳᠦᠡ᠂ ᠬᠠᠷᠢᠭᠤᠴᠠᠯᠭ᠎ᠠ ᠪᠠᠨ ᠵᠣᠷᠢᠭᠲᠠᠶ ᠪᠠᠷ ᠭᠦᠢᠴᠡᠳᠬᠡᠨ ᠡᠭᠦᠷᠭᠡᠯᠡᠵᠦ᠂ ᠤᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠪᠠ ᠪᠡᠶ᠎ᠡ ᠶᠢᠨ ᠲᠠᠮᠢᠷ ᠤᠨ ᠰᠣᠶᠣᠯ ᠤᠨ ︽ᠳᠦᠷᠪᠡᠨ ᠵᠦᠢᠯ ᠢᠶᠠᠷ ᠬᠦᠳᠡᠯᠭᠡᠭᠦᠷ ᠪᠣᠯᠭᠠᠭᠰᠠᠨ︾ ᠪᠡᠶ᠎ᠡ ᠶᠢᠨ ᠲᠠᠮᠢᠷ ᠢ ᠬᠥᠭᠵᠢᠭᠦᠯᠬᠦ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠵᠡᠢ᠃ ᠡᠳᠦᠭᠡ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠠᠮᠢᠳᠤᠯᠢᠭᠵᠢᠭᠤᠯᠬᠤ ᠶᠠᠪᠤᠳᠠᠯ ᠤᠯᠠᠮ ᠢᠶᠠᠷ ᠭᠦᠨᠵᠡᠭᠡᠶᠢᠷᠡᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠡᠷᠴᠢᠮᠵᠢᠭᠦᠯᠦᠯᠲᠡ ᠠᠭᠠᠵᠢᠮ ᠢᠶᠠᠷ ᠬᠡᠯᠪᠡᠷᠢ ᠪᠠᠨ ᠬᠤᠪᠢᠷᠠᠭᠤᠯᠤᠨ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠠᠬ᠎ᠠ ᠳᠡᠯᠭᠡᠭᠦᠷᠴᠢᠯᠡᠯᠲᠡ ᠶᠢ ᠠᠯᠬᠤᠮ ᠠᠯᠬᠤᠮ ᠢᠶᠠᠷ ᠠᠬᠢᠭᠤᠯᠵᠤ᠂ ᠪᠡᠶ᠎ᠡ ᠶᠢᠨ ᠲᠠᠮᠢᠷ ᠤᠨ ᠰᠣᠶᠣᠯ ᠤᠨ ᠤᠯᠠᠨ ᠶᠠᠩᠵᠤᠴᠢᠯᠠᠯᠳᠠ ᠠᠭᠠᠵᠢᠮ ᠢᠶᠠᠷ ᠢᠯᠡᠷᠡᠵᠤ ᠂ ᠬᠥᠯ ᠪᠥᠮᠪᠦᠭᠡ ᠶᠢᠨ ᠬᠥᠭᠵᠢᠯᠲᠡ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠠᠩᠬ᠎ᠠ ᠠᠯᠬᠤᠮ ᠠᠮᠵᠢᠯᠲᠠ ᠣᠯᠵᠤ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠪᠠᠷ ᠶᠠᠪᠤᠭᠳᠠᠭᠤᠯᠵᠤ᠂ ᠪᠡᠶ᠎ᠡ ᠶᠢᠨ ᠲᠠᠮᠢᠷ ᠨᠢ ᠠᠭᠠᠵᠢᠮ ᠢᠶᠠᠷ ᠲᠠᠯ᠎ᠠ ᠨᠤᠲᠤᠭ ᠤᠨ ᠠᠷᠠᠳ ᠲᠦᠮᠡᠨ ᠤ ᠡᠷᠡᠭᠦᠯ ᠠᠮᠢᠳᠤᠷᠠᠯ ᠢ ᠬᠥᠲᠥᠯᠥᠨ ᠳᠠᠭᠠᠭᠤᠯᠬᠤ ᠵᠦᠭᠯᠡᠭᠦᠷ ᠪᠣᠯᠵᠤ᠂ ᠡᠷᠡᠭᠦᠯ ᠡᠩᠬᠡ ᠥᠪᠥᠷ ᠮᠣᠩᠭᠤᠯ ᠢ ᠴᠣᠭᠴᠠᠯᠠᠨ ᠪᠠᠶᠢᠭᠤᠯᠬᠤ᠂ ᠡᠷᠡᠭᠦᠯ ᠡᠩᠭᠡ ᠳᠤᠮᠳᠠᠳᠤ ᠤᠯᠤᠰ ᠤᠨ ᠪᠠᠶᠢᠭᠤᠯᠤᠯᠲᠠ ᠶᠢ ᠲᠦᠯᠬᠢᠨ ᠤᠷᠤᠭᠰᠢᠯᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠡᠨᠡ ᠵᠢᠯ ᠤᠨ ᠡᠷᠬᠢᠯᠡᠭᠰᠡᠨ ᠲᠢᠶᠠᠨᠵᠢᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠡᠭᠡᠷ᠎ᠡ᠂ ᠮᠠᠨ ᠤ ᠣᠷᠣᠨ ᠤ ᠲᠠᠮᠢᠷᠴᠢᠨ ᠨᠡᠶᠢᠲᠡ 7 ᠠᠯᠲᠠᠨ ᠮᠧᠳᠠᠯ᠂ 10 ᠮᠥᠩᠭᠦᠨ ᠮᠧᠳᠠᠯ᠂ 20 ᠬᠦᠷᠡᠯ ᠮᠧᠳᠠᠯ ᠤᠨ ᠰᠠᠶᠢᠨ ᠬᠢᠷᠢ ᠪᠦᠲᠦᠮᠵᠢ ᠣᠯᠵᠤ᠂ ᠣᠶᠢᠷ᠎ᠠ ᠶᠢᠨ 20 ᠵᠢᠯ ᠤᠨ ᠲᠤᠷᠰᠢᠬᠢ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠮᠤᠭ ᠰᠠᠶᠢᠨ ᠬᠢᠷᠢ ᠪᠦᠲᠦᠮᠵᠢ ᠶᠢ ᠡᠭᠦᠳᠦᠨ ᠪᠦᠲᠦᠭᠡᠵᠦ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠢ ᠣᠯᠵᠤ᠂ ᠬᠥᠳᠡᠯᠭᠡᠭᠡᠨ ᠤ ᠬᠢᠷᠢ ᠪᠦᠲᠦᠮᠵᠢ ᠪᠣᠯᠤᠨ ᠣᠶᠤᠨ ᠤ ᠪᠣᠯᠪᠠᠰᠤᠨ ᠤ ᠲᠠᠯ᠎ᠠ ᠪᠠᠷ ᠬᠤᠣᠰ ᠠᠮᠵᠢᠯᠲᠠ ᠣᠯᠵᠤ᠂ ᠤᠷᠤᠭᠰᠢᠯᠠᠨ ᠲᠡᠮᠡᠴᠡᠵᠦ᠂ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃     ᠬᠥᠲᠥᠯᠥᠭᠴᠢ᠄ ᠤᠶᠢᠷ᠎ᠠ ᠶᠢᠨ ᠵᠢᠯ ᠤᠳ ᠲᠤ ᠮᠠᠨ ᠤ ᠣᠷᠣᠨ ᠤ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠳᠤ ᠣᠯᠣᠭᠰᠠᠨ ᠠᠮᠵᠢᠯᠲᠠ ᠪᠦᠲᠦᠮᠵᠢ ᠶᠢ ᠶᠠᠷᠢᠭᠠᠳ ᠥᠭᠭᠦᠨ᠎ᠡ ᠤᠤ᠃     ᠱᠢ ᠯᠢ ᠮᠢᠩ᠄ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠢᠮᠠᠭᠲᠠ ᠤᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠤᠷᠠᠯᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠬᠤ ᠪᠠᠷ ᠬᠠᠷᠠᠯᠲᠠ ᠪᠠᠨ ᠪᠣᠯᠭᠠᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠨᠴᠠᠯᠢᠭ ᠪᠦᠬᠦᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠷᠡᠲᠦ ᠲᠥᠷᠥᠯ ᠲᠡᠮᠳᠡᠭᠲᠦ ᠬᠦᠳᠡᠯᠭᠡᠭᠡᠨ ᠢ ᠪᠠᠶᠠᠯᠢᠭᠵᠢᠭᠤᠯᠤᠨ᠂ ᠪᠡᠶ᠎ᠡ ᠶᠢᠨ ᠲᠠᠮᠢᠷ ᠤᠨ ᠣᠯᠠᠨ ᠲᠦᠮᠡᠨᠴᠢ ᠪᠦᠯᠬᠦᠮ ᠤᠨ ᠲᠣᠣᠷ ᠢ ᠲᠠᠰᠤᠷᠠᠯᠳᠡ ᠦᠭᠡᠢ ᠥᠷᠭᠡᠳᠬᠡᠵᠦ᠂ ᠤᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠬᠤ ᠦᠵᠡᠯ ᠤᠬᠠᠮᠰᠠᠷ ᠢ ᠠᠯᠬᠤᠮ ᠠᠯᠬᠤᠮ ᠢᠶᠠᠷ ᠴᠢᠩᠭᠠᠷᠠᠭᠤᠯᠤᠨ᠂ ᠪᠦᠬᠦ ᠠᠷᠠᠳ ᠪᠡᠶ᠎ᠡ ᠪᠠᠨ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠣᠳᠣᠬᠠᠨ ᠳᠤ᠂ ᠪᠥᠬᠦ ᠣᠷᠣᠨ ᠤ ᠪᠤᠢ ᠪᠥᠬᠦᠢ ᠠᠶᠢᠮᠠᠭ ᠬᠤᠳᠠ ᠪᠣᠯᠤᠨ 73.39% ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠡᠷᠦᠩᠬᠡᠶ ᠡᠪᠯᠡᠯ ᠪᠠᠶᠢᠭᠤᠯᠤᠨ᠂ ᠪᠡᠶ᠎ᠡ ᠶᠢᠨ ᠲᠠᠮᠢᠷ ᠤᠨ ᠲᠥᠷᠥᠯ ᠤᠨ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠤᠯᠠᠮ ᠨᠢᠭᠡ ᠠᠯᠬᠤᠮ ᠪᠤᠵᠠᠭᠠᠶᠢᠷᠠᠵᠤ᠂ ᠲᠦᠮᠡᠨ ᠬᠥᠮᠦᠨ ᠪᠦᠷᠢ ᠳᠤ 0.62 ᠬᠦᠷᠲᠡᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ 3.9 ᠲᠦᠮᠡ ᠭᠠᠷᠤᠶ ᠬᠥᠮᠦᠨ ᠳᠤ ᠬᠦᠷᠦᠭᠰᠡᠨ ᠪᠠᠶᠢᠨ᠎ᠠ᠃ ᠪᠦᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠪᠡᠯᠡᠳᠬᠡᠮᠵᠢ ᠨᠢ ᠤᠯᠠᠮ ᠴᠢᠨᠠᠭᠰᠢᠳᠠ ᠲᠡᠭᠦᠯᠳᠡᠷᠵᠢᠨ᠂ 82.35% ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ ᠲᠥᠪ ᠪᠠᠶᠢᠭᠤᠯᠵᠤ᠂ 81.35% ᠶᠢᠨ ᠰᠤᠮᠤ ᠰᠢᠶᠠᠩ ᠪᠠᠯᠭᠠᠰᠤ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ ᠥᠷᠲᠡᠭᠡ ᠪᠠᠶᠢᠭᠤᠯᠵᠤ᠂ 61.43% ᠶᠢᠨ ᠭᠠᠴᠠᠭ᠎ᠠ ᠲᠣᠰᠬᠤᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠴᠢᠭ᠋ ᠪᠠᠶᠢᠭᠤᠯᠤᠨ᠂ ᠨᠢᠭᠡ ᠪᠦᠯᠦᠭ ︽ᠲᠠᠯᠠᠪᠠᠢ ᠶᠢᠨ ᠪᠠᠷᠢᠯᠭ᠎ᠠ︾᠂ ︽ᠭᠡᠷ ᠤᠨ ᠭᠠᠳᠠᠨᠠᠬᠢ ᠬᠦᠳᠡᠯᠭᠡᠭᠡᠨ ᠤ ᠬᠤᠸᠠᠷᠠᠨ︾᠂ ︽ᠪᠡᠶ᠎ᠡ ᠪᠠᠨ ᠴᠢᠭᠢᠷᠠᠭᠵᠢᠭᠤᠯᠬᠤ ᠵᠦᠷᠢᠭ ᠵᠠᠮ︾ ᠵᠡᠷᠭᠡ ᠪᠡᠯᠡᠳᠬᠡᠮᠵᠢ ᠠᠰᠢᠭᠯᠠᠯᠲᠠ ᠳᠤ ᠣᠷᠣᠵᠤ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠠᠢ ᠨᠢ 1. 66 ᠲᠡᠭᠰᠢ ᠳᠥᠷᠪᠡᠯᠵᠢᠨ ᠮᠧᠳ᠋ᠷ ᠠᠴᠠ ᠳᠠᠪᠠᠭᠰᠠᠨ ᠪᠠᠶᠢᠨ᠎ᠠ᠃ ᠮᠠᠨ ᠤ ᠣᠷᠣᠨ ︽ᠡᠳᠦᠷ ᠪᠦᠷᠢ ᠨᠢᠭᠡ ᠴᠠᠭ  ᠪᠡᠶ᠎ᠡ ᠪᠠᠨ ᠪᠣᠯᠪᠠᠰᠤᠷᠠᠵᠤ᠂ ᠨᠠᠰᠤᠨ ᠲᠤᠷᠰᠢ ᠡᠷᠡᠭᠦᠯ ᠰᠠᠶᠢᠬᠠᠨ ᠠᠮᠢᠳᠤᠷᠠᠨ᠎ᠠ︾ ᠭᠡᠰᠡᠨ ᠣᠨᠣᠯᠵᠢᠬᠤᠨ ᠢ ᠢᠳᠡᠪᠬᠢᠲᠡᠶ ᠰᠠᠨᠠᠭᠠᠴᠢᠯᠠᠵᠤ᠂ ᠲᠠᠯ᠎ᠠ ᠨᠤᠲᠤᠭ᠂ ᠮᠥᠰᠥ ᠴᠠᠰᠤ᠂ ᠡᠯᠡᠰᠦ ᠮᠠᠩᠬ᠎ᠠ᠂ ᠵᠠᠩ ᠦᠶ᠋ᠯᠡ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︽ᠬᠦᠷ ᠬᠥᠭᠵᠢᠶᠡᠨᠲᠦ ᠲᠠᠯ᠎ᠠ ᠨᠤᠲᠤᠭ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠭᠠᠳᠤᠮ᠂ ᠥᠪᠥᠷ ᠮᠣᠩᠭᠤᠯ ︵ᠣᠯᠠᠨ ᠤᠯᠤᠰ︶ ᠤᠨ ᠮᠣᠷᠢᠨ ᠮᠡᠷᠭᠡᠵᠢᠯ ᠤᠨ ᠨᠠᠶᠢᠷ᠂ ᠲᠠᠯ᠎ᠠ ᠨᠤᠲᠤᠭ ᠤᠨ ᠰᠡᠯᠡᠭᠦᠴᠡᠯ ᠲᠠᠮᠢᠷ ᠤᠨ ᠴᠤᠭᠯᠠᠭᠠᠨ᠂ ︽ᠵᠠᠭᠤᠨ ᠰᠢᠶᠠᠨ ᠤ ᠲᠦᠮᠡᠨ ᠬᠥᠮᠦᠨ︾ ᠤ ᠰᠢᠷᠢᠰ ᠮᠦᠷᠦ᠋ᠢᠴᠡᠭᠡᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ᠂ ᠠᠷᠠᠳ ᠨᠡᠶᠢᠲᠡ ᠪᠠᠷ ᠢᠶᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠᠷ ᠴᠡᠴᠡᠷᠯᠢᠭ ᠵᠤᠭᠠᠴᠠᠬᠤ ᠨᠠᠶᠢᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠭᠠᠨ ᠲᠠᠶᠢᠯᠪᠤᠷᠢᠯᠠᠬᠤ ᠲᠠᠩᠬᠢᠮ᠂ ᠵᠠᠯᠠᠭᠤᠴᠤᠳ ᠪᠠᠭᠠᠴᠤᠳ ᠤᠨ ᠮᠦᠰᠦ ᠴᠠᠰᠤᠨ ᠡᠪᠦᠯᠵᠢᠶ᠎ᠡ ᠵᠡᠷᠭᠡ ᠨᠡᠷᠡᠲᠦ ᠲᠥᠷᠥᠯ ᠲᠡᠮᠳᠡᠭᠲᠦ ᠤᠷᠤᠯᠳᠤᠭᠠᠨ ᠢ ᠶᠠᠪᠤᠭᠳᠠᠭᠤᠯᠪᠠ᠃ ᠠᠷᠠᠳ ᠲᠦᠮᠡᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠵᠤ᠂ ᠦᠷᠭᠦᠯᠵᠢ ᠪᠡᠶ᠎ᠡ ᠲᠠᠮᠢᠷ ᠤᠨ ᠪᠣᠯᠪᠠᠰᠤᠷᠠᠯ ᠳᠤ ᠣᠷᠣᠯᠴᠠᠳᠠᠭ ᠬᠥᠮᠦᠨ ᠤ ᠲᠤᠭ᠎ᠠ ᠶᠢᠨ ᠬᠠᠷᠢᠴᠠᠯ ᠨᠢ 40.3% ᠳᠤ ᠬᠦᠷᠴᠡᠢ᠃ ᠡᠯᠪᠡᠭ ᠪᠠᠶᠠᠯᠢᠭ ᠤᠷᠤᠯᠳᠤᠭᠠᠨ ᠤ ᠠᠵᠢᠯᠯᠠᠭ᠎ᠠ᠂ ᠲᠠᠩᠰᠤᠭ ᠰᠠᠶᠢᠬᠠᠨ ᠤᠶᠤᠨ ᠰᠠᠨᠠᠭᠠᠨ ᠤ ᠡᠬᠢ ᠪᠠᠶᠠᠯᠢᠭ᠂ ᠥᠪᠡᠷᠮᠢᠴᠡ ᠣᠨᠴᠠᠯᠢᠭᠲᠤ ᠪᠡᠶ᠎ᠡ ᠶᠢᠨ ᠲᠠᠮᠢᠷ ᠤᠨ ᠷᠢᠳᠢ ᠰᠢᠳᠢ ᠨᠢ ᠲᠠᠯ᠎ᠠ ᠨᠤᠲᠤᠭ ᠤᠨ ᠠᠷᠠᠳ ᠲᠦᠮᠡᠨ ᠳᠤ ᠠᠮᠢᠳᠤᠷᠠᠯ ᠤᠨ ᠭᠦᠨ ᠵᠣᠵᠠᠭᠠᠨ ᠠᠭᠤᠯᠤᠭᠳᠠᠬᠤᠨ ᠢ ᠨᠡᠮᠡᠷᠢᠯᠡᠵᠦ᠂ ᠮᠥᠨ ᠴᠦ ᠡᠷᠡᠭᠦᠯ ᠡᠩᠬᠡ ᠥᠪᠥᠷ ᠮᠣᠩᠭᠤᠯ ᠤᠨ ᠬᠥᠭᠵᠢᠯᠲᠡ ᠳᠤ ᠴᠦ ᠪᠠᠷᠠᠭᠳᠠᠰᠢ ᠦᠭᠡᠢ ᠡᠬᠢ ᠬᠦᠴᠦᠨ ᠢ ᠬᠠᠩᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2016 — 2020 ᠣᠨ︶︾᠂ ︽ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠡᠯᠡᠳᠬᠡᠮᠵᠢ ᠶᠢ ᠨᠡᠶᠢᠭᠡᠮ ᠳᠤ ᠴᠢᠯᠥᠭᠡᠲᠡᠶ ᠨᠡᠭᠡᠭᠡᠬᠦ ᠶᠢᠨ ᠬᠡᠷᠡᠭᠵᠢᠭᠦᠯᠬᠦ ᠠᠷᠭ᠎ᠠ︾ ᠵᠡᠷᠭᠡ ᠪᠠᠲᠤᠯᠠᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ︽ᠢᠨᠲ᠋ᠧᠷ ᠰᠦᠯᠵᠢᠶ᠎ᠡ + ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ᠲᠥᠯᠥᠪᠯᠡᠭᠡ ᠶᠢ ᠬᠡᠷᠡᠭᠵᠢᠭᠦᠯᠦᠨ᠂ ︽ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠨ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ︽ᠲᠣᠮᠣ ᠪᠦᠯᠬᠦᠮ ᠨᠡᠶᠢᠲᠡ︾ ᠪᠠᠶᠢᠷᠢᠰᠢᠯ ᠤᠨ ᠪᠦᠷᠢᠯᠳᠦᠯ ᠳᠤ ᠪᠠᠲᠤᠯᠭ᠎ᠠ ᠬᠠᠩᠭᠠᠭᠰᠠᠨ ᠪᠠᠶᠢᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠲᠠᠰᠤᠷᠠᠯᠲᠠ ᠦᠭᠡᠢ ᠪᠤᠵᠠᠭᠠᠶᠢᠷᠠᠪᠠ᠃ ᠡᠯ᠎ᠡ ᠵᠦᠢᠯ ᠤᠨ ᠪᠡᠶ᠎ᠡ ᠲᠠᠮᠢᠷ ᠤᠨ ᠺᠯᠦ᠋ᠪ᠂ ᠪᠡᠶ᠎ᠡ ᠶᠢᠨ ᠲᠠᠮᠢᠷ ᠤᠨ ᠣᠯᠠᠨ ᠲᠦᠮᠡᠨᠴᠢ ᠪᠦᠯᠬᠦᠮ ᠢᠶᠠᠷ ᠭᠤᠣᠯ ᠴᠣᠭᠴᠠ ᠪᠣᠯᠭᠠᠭᠰᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠰᠢᠨ᠎ᠡ ᠮᠠᠶ᠋ᠢᠭ ᠤᠨ ᠵᠣᠬᠢᠶᠠᠨ ᠪᠠᠶᠢᠭᠤᠯᠤᠯᠲᠠ ᠲᠠᠰᠣᠷᠠᠯᠳᠠ ᠦᠭᠡᠢ ᠨᠡᠮᠡᠭᠳᠡᠵᠦ᠂ ᠠᠶᠢᠮᠠᠭ ᠬᠤᠳᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠺᠣᠮᠢᠰ ᠪᠣᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠡᠷᠦᠩᠬᠡᠶ ᠡᠪᠯᠡᠯ ᠢ ᠪᠦᠷᠢᠨᠰᠢᠭᠦᠯᠵᠦ᠂ ᠪᠦᠬᠦ ᠣᠷᠣᠨ ᠳᠤ ᠣᠳᠣ ᠡᠯ᠎ᠡ ᠱᠠᠲᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠬᠠᠤᠯᠢ ᠶᠢᠨ ᠡᠷᠬᠡᠲᠡᠨ ᠤ ᠵᠣᠬᠢᠶᠠᠨ ᠪᠠᠶᠢᠭᠤᠯᠤᠯᠲᠠ 1367 ᠪᠤᠢ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠲᠡᠭᠡ ᠴᠢᠭ᠋ 8437 ᠪᠠᠶᠢᠵᠤ᠂ ᠪᠦᠬᠦ ᠬᠥᠮᠦᠨ ᠠᠮᠠ ᠶᠢᠨ ᠲᠤᠭ᠎ᠠ ᠶᠢᠨ ᠬᠠᠷᠢᠴᠠᠯ ᠤᠨ ᠲᠦᠮᠡᠨ ᠤ 3. 4 ᠶᠢ ᠡᠵᠡᠯᠡᠪᠡ᠃      ᠬᠥᠲᠥᠯᠥᠭᠴᠢ᠄ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷᠡᠩᠭᠦᠢ ᠦᠷᠨᠢᠭᠦᠯᠬᠦ︾ ᠱᠠᠭᠠᠷᠳᠠᠯᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖     ᠱᠢ ᠯᠢ ᠮᠢᠩ᠄ ᠮᠠᠨ ᠤ ᠣᠷᠣᠨ ᠨᠡᠷᠡᠳᠥ ᠲᠥᠷᠥᠯ ᠲᠡᠮᠳᠡᠭᠲᠦ ᠡᠭᠦᠳᠬᠦ ᠢᠨᠵᠧᠨᠧᠷᠢᠩ ᠢ ᠥᠷᠭᠦᠯᠵᠢᠯᠡᠨ ᠦᠷᠨᠢᠭᠦᠯᠵᠦ᠂ ᠲᠡᠷᠭᠡ᠂ ᠮᠣᠷᠢ᠂ ᠬᠦᠯ ᠪᠥᠮᠪᠦᠭᠡ᠂ ᠮᠥᠰᠥ ᠴᠠᠰᠤ᠂ ᠨᠠᠭᠠᠳᠤᠮ ᠤᠨ ᠬᠤᠷᠠᠯ ᠵᠡᠷᠭᠡ ᠦᠨᠳᠦᠰᠦᠲᠡᠨ ᠤ ᠣᠨᠴᠠᠯᠢᠭ  ᠲᠠᠢ᠂ ᠭᠠᠵᠠᠷ ᠣᠷᠣᠨ ᠤ ᠣᠨᠴᠠᠯᠢᠭ ᠲᠠᠢ ᠨᠡᠷᠡᠲᠦ ᠲᠥᠷᠥᠯ ᠲᠡᠮᠳᠡᠭᠲᠦ ᠶᠢᠨ ᠤᠷᠤᠯᠳᠤᠭᠠᠨ ᠪᠣᠯᠣᠨ ᠠᠵᠢᠯᠯᠠᠭ᠎ᠠ ᠶᠢ ᠭᠤᠣᠯᠳᠠᠯᠭ᠎ᠠ ᠲᠠᠢ ᠴᠣᠭᠴᠠᠯᠠᠨ᠂ ᠣᠷᠣᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ ᠤᠨᠴᠠᠯᠢᠭᠳᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠵᠤ᠂ ︽ᠨᠢᠭᠡ ᠭᠠᠵᠠᠷ ᠲᠤ ᠨᠢᠭᠡ ᠣᠨᠴᠠᠯᠢᠭ ᠲᠠᠢ᠂ ᠨᠢᠭᠡ ᠭᠠᠵᠠᠷ ᠲᠤ ᠨᠢᠭᠡ ᠨᠡᠷᠡᠲᠦ ᠲᠥᠷᠥᠯ ᠲᠡᠮᠳᠡᠭᠲᠦ︾ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ ᠂ ᠭᠠᠵᠠᠷ ᠪᠦᠬᠦᠨ ᠳᠤ ᠵᠢᠱᠢᠶ᠎ᠡ ᠪᠠᠷᠢᠮᠵᠢᠶ᠎ᠠ ᠲᠠᠢ᠂ ᠵᠦᠢᠯ ᠪᠣᠯᠭᠠᠨ ᠬᠡᠪ ᠳᠠᠭᠤᠷᠢᠶᠠᠯ ᠲᠠᠢ᠂ ᠪᠦᠬᠦ ᠣᠷᠣᠨ ᠳᠤ ᠨᠡᠷ᠎ᠡ ᠴᠤᠤᠲᠠᠶ᠂ ᠪᠦᠬᠦ ᠤᠯᠤᠰ ᠲᠤ ᠶᠡᠭᠡ ᠨᠥᠯᠥᠭᠡ ᠦᠵᠡᠭᠦᠯᠬᠦ ᠪᠠᠷ ᠴᠢᠷᠮᠠᠶᠢᠨ᠎ᠠ᠃ ᠡᠨᠡ ᠵᠢᠯ᠂ ᠮᠠᠨ ᠤ ᠣᠷᠣᠨ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ︵ᠣᠯᠠᠨ ᠣᠯᠣᠰ︶ ᠤᠨ ᠮᠣᠷᠢᠨ ᠮᠡᠷᠭᠡᠵᠢᠯ ᠤᠨ ᠨᠠᠶᠢᠷ᠂ ︽ᠬᠦᠷ ᠬᠥᠭᠵᠢᠶᠡᠨᠲᠦ ᠲᠠᠯ᠎ᠠ ᠨᠤᠲᠤᠭ︾ — ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠭᠠᠳᠤᠮ᠂ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠲᠠᠮᠢᠷ ᠤᠨ ᠴᠤᠭᠯᠠᠭᠠᠨ᠂ ᠥᠪᠥᠷ ᠮᠣᠩᠭᠤᠯ ᠢᠶᠠᠷ ᠰᠢᠪᠲᠤᠯᠬᠤ ᠮᠠᠰᠢᠨ ᠲᠡᠷᠭᠡᠨ ᠤ ᠴᠤᠭᠯᠠᠷᠠᠯ ᠤᠷᠤᠯᠳᠤᠭᠠᠨ ᠵᠡᠷᠭᠡ ᠨᠡᠷᠡᠲᠦ ᠲᠦᠷᠦᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠭᠤᠣᠯᠳᠠᠯᠭ᠎ᠠ ᠲᠠᠢ ᠶᠠᠪᠤᠭᠳᠠᠭᠤᠯᠵᠤ᠂ ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠪᠡᠳᠡᠭᠰᠢ ᠶᠡᠭᠡ ᠪᠠᠷ ᠡᠷᠬᠢᠯᠡᠵᠦ᠂ ᠪᠥᠬᠡ ᠪᠠᠷᠢᠯᠳᠤᠬᠤ᠂ ᠮᠣᠷᠢ ᠤᠷᠦᠯᠳᠦᠬᠤ᠂ ᠰᠤᠷ ᠬᠠᠷᠪᠤᠬᠤ᠂ ᠪᠢᠯᠠᠭᠤ ᠵᠡᠷᠭᠡ ᠪᠡᠶ᠎ᠡ ᠶᠢᠨ ᠲᠠᠮᠢᠷ ᠤᠨ ᠲᠣᠭᠯᠠᠯᠲᠠ᠂ ᠤᠷᠤᠯᠳᠤᠭᠠᠨ ᠤ ᠠᠵᠢᠯᠯᠠᠭ᠎ᠠ ᠶᠢ ᠪᠠᠭᠲᠠᠭᠠᠭᠰᠠᠨ ᠨᠠᠭᠠᠳᠤᠮ ᠤᠨ ᠶᠡᠭᠡ ᠬᠤᠷᠠᠯ ᠤᠨ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠬᠦᠷ ᠬᠥᠭᠵᠢᠶᠡᠨᠲᠡᠢ ᠥᠷᠨᠢᠭᠦᠯᠵᠦ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠰᠣᠶᠣᠯ ᠤᠨ ᠦᠵᠡᠭᠦᠯᠦᠯᠭᠡ · ᠳᠤᠮᠳᠠᠳᠤ ᠤᠯᠤᠰ ᠤᠨ ᠪᠡᠶ᠎ᠡ ᠲᠠᠮᠢᠷ ᠤᠨ ᠵᠢᠭᠤᠯᠴᠢᠯᠠᠯ ᠤᠨ ᠦᠵᠡᠭᠦᠯᠦᠯᠭᠡ ᠶᠢ ᠲᠡᠭᠦᠰ ᠠᠮᠵᠢᠯᠲᠠᠢ ᠡᠷᠬᠢᠯᠡᠨ ᠬᠢᠪᠡ᠃ ᠡᠭᠦᠨ ᠠᠴᠠ ᠭᠠᠳᠠᠨ᠎ᠠ᠂ ᠪᠦᠬᠦ ᠠᠷᠠᠳ  ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭᠠᠨ ᠰᠤᠳᠤᠨ ᠠᠮᠵᠢᠯᠲᠠ ᠪᠠᠨ ᠬᠠᠷᠠᠭᠤᠯᠪᠠ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠴᠣᠭᠴᠠᠯᠠᠶ᠎ᠠ — — ᡺ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠣᠷᠢᠭᠲᠤ ᠠᠶᠠᠯᠠᠭᠴᠢ · ᠬᠤᠳᠠ ᠶᠢᠨ ᠪᠡᠶ᠎ᠡ ᠴᠢᠭᠢᠷᠠᠭᠵᠢᠭᠤᠯᠬᠤ ᠶᠠᠪᠠᠭᠠᠨ ᠬᠦᠳᠡᠯᠭᠡᠭᠡᠨ᠂ ᠵᠠᠭᠤᠨ ᠬᠤᠲᠠ ᠶᠢᠨ ᠮᠢᠩᠭᠠᠨ ᠲᠣᠰᠬᠤᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ᠂ ᠪᠡᠶ᠎ᠡ ᠶᠢᠨ ᠲᠠᠮᠢᠷ ᠢ ᠨᠡᠶᠢᠭᠡᠮ ᠲᠣᠭᠤᠷᠢᠭ ᠲᠤ ᠣᠷᠣᠭᠤᠯᠬᠤ ᠵᠢᠴᠢ ᠪᠥᠬᠦ ᠣᠷᠣᠨ ᠤ ᠠᠭᠤᠳᠠᠮ ᠲᠠᠯᠠᠪᠠᠢ ᠶᠢᠨ ᠲᠠᠮᠢᠷ ᠪᠣᠯᠣᠨ ᠪᠦᠵᠢᠭ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ᠂ ᠬᠦᠳᠡᠷ ᠴᠢᠬᠢᠷᠠᠭᠴᠤᠳ ᠤᠨ ᠲᠡᠮᠡᠴᠡᠭᠡᠨ ᠪᠣᠯᠣᠨ ᠰᠣᠨᠢᠷᠬᠠᠯᠲᠤ ᠮᠦᠷᠦ᠋ᠢᠴᠡᠭᠡᠨ᠂ ︽ᠥᠪᠥᠷ ᠮᠣᠩᠭᠤᠯ ᠳᠤ ᠲᠤᠭᠤᠢ ᠤᠨᠤᠬᠤ · ᠬᠦᠰᠡᠯ ᠡᠷᠢᠯᠬᠢᠯᠡᠨ ᠲᠠᠯ᠎ᠠ ᠨᠤᠲᠤᠭ ᠢᠶᠠᠷ ᠠᠶᠠᠯᠠᠬᠤ︾ ᠬᠤᠶᠠᠳᠤᠭᠠᠷ ᠬᠤᠭᠤᠴᠠᠭᠠᠨ ᠤ ᠥᠪᠤᠷ ᠮᠣᠩᠭᠤᠯ ᠤᠨ ᠳᠤᠭᠤᠢ ᠲᠡᠷᠭᠡᠨ ᠤ ᠰᠢᠷᠢᠰ ᠤᠷᠤᠯᠳᠤᠭᠠᠨ ᠥᠪᠥᠷ ᠮᠣᠩᠭᠤᠯ ᠳᠤ ᠡᠭᠡᠯᠵᠢᠯᠡᠨ ᠶᠠᠪᠤᠭᠳᠠᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠤᠯᠲᠠ᠂ ᠪᠦᠭᠦ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠰᠢᠨ᠎ᠡ ᠥᠷᠨᠢᠯᠲᠡ ᠶᠢ ᠭᠠᠷᠭᠠᠪᠠ᠃     ᠬᠥᠲᠥᠯᠥᠭᠴᠢ᠄ ᠬᠤᠶᠢᠰᠢᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠡᠷᠬᠢᠨ ᠠᠬᠢᠭᠤᠯᠬᠤ ᠪᠠᠷ ᠪᠠᠶᠢᠭ᠎ᠠ ᠪᠤᠢ︖     ᠱᠢ ᠯᠢ ᠮᠢᠩ᠄ ᠠᠮᠢᠳᠤᠷᠠᠯ ᠴᠢᠨᠡᠭᠡᠯᠢᠭᠵᠢᠬᠦ ᠶᠢ ᠳᠠᠭᠠᠯᠳᠤᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠱᠠᠭᠠᠷᠳᠠᠭᠳᠠᠨ᠎ᠠ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠦᠭᠵᠢᠬᠦᠯᠬᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ ᠨᠢ ᠪᠡᠶ᠎ᠡ ᠶᠢᠨ ᠲᠠᠮᠢᠷ ᠤᠨ ᠠᠵᠢᠯ ᠤᠨ ᠦᠨᠳᠦᠰᠦᠨ ᠡᠭᠦᠷᠭᠡ ᠪᠤᠯᠤᠨ᠎ᠠ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠪᠤᠯ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠶᠢᠨ ᠭᠤᠣᠯ ᠴᠣᠭᠴᠠ ᠪᠤᠯᠭᠠᠨ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠪᠡᠶ᠎ᠡ ᠶᠢᠨ ᠲᠠᠮᠢᠷ ᠤᠨ ᠠᠵᠢᠯ ᠤᠨ ᠡᠬᠢᠯᠡᠴᠡ ᠪᠤᠯᠤᠨ ᠵᠤᠭᠰᠤᠴᠠ ᠪᠤᠯᠭᠠᠨ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠪᠠᠷ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠶᠢᠨ ᠰᠠᠭᠤᠷᠢ ᠢᠨᠵᠧᠨᠧᠷᠢᠩ ᠪᠣᠯᠭᠠᠨ ᠠᠳᠬᠤᠭᠰᠠᠭᠠᠷ ᠢᠷᠡᠭᠰᠡᠨ ᠶᠤᠮ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠡᠨ ᠤᠯᠠᠨ ᠲᠦᠮᠡᠨ ᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠯᠪᠡᠭ ᠪᠠᠶᠠᠯᠢᠭ ᠠᠵᠢᠯᠯᠠᠭ᠎ᠠ ᠳᠤ ᠤᠷᠤᠯᠴᠠᠭᠤᠯᠬᠤ ᠶᠢ ᠵᠤᠬᠢᠶᠠᠨ ᠪᠠᠶᠢᠭᠤᠯᠬᠤ ᠪᠠ ᠬᠦᠲᠦᠯᠦᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠲᠦᠮᠡᠨ ᠳᠤ ᠬᠦᠷᠲᠡᠭᠡᠬᠦ ᠪᠤᠯᠤᠨ᠎ᠠ᠃ ᠡᠯ᠎ᠡ ᠵᠦᠢᠯ ᠤᠨ ᠠᠷᠭ᠎ᠠ ᠵᠠᠮ ᠪᠤᠯᠤᠨ ᠠᠷᠭ᠎ᠠ ᠮᠠᠶ᠋ᠢᠭ ᠢᠶᠠᠷ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠤᠲᠠ ᠪᠠᠯᠭᠠᠰᠤ ᠨᠡᠶᠢᠭᠡᠮ ᠲᠣᠭᠤᠷᠢᠭ ᠪᠣᠯᠤᠨ ᠮᠠᠯᠵᠢᠬᠤ ᠲᠠᠷᠢᠶᠠᠯᠠᠬᠤ ᠣᠷᠣᠨ ᠳᠤ ᠬᠦᠷᠦᠭᠦᠯᠵᠤ᠂ ᠡᠯ᠎ᠡ ᠦᠨᠳᠦᠰᠦᠲᠡᠨ ᠨᠥᠬᠦᠳ ᠤᠨ ᠠᠷᠠᠳ ᠲᠦᠮᠡᠨ ᠤ ᠠᠮᠢᠳᠤᠷᠠᠯ ᠲᠠᠢ ᠤᠶᠢᠷᠠᠲᠤᠭᠤᠯᠵᠤ᠂ ᠡᠯ᠎ᠡ ᠠᠵᠢᠯ ᠲᠦᠷᠦᠯ᠂ ᠡᠯ᠎ᠡ ᠨᠠᠰᠤᠨ ᠤ ᠬᠥᠮᠦᠰ ᠤᠨ ᠳᠤᠮᠳᠠ ᠠᠭᠤᠰᠤᠯᠴᠠᠭᠤᠯᠵᠤ᠂ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠤᠯᠬᠤ ᠪᠠ ᠢᠳᠡᠪᠬᠢᠲᠠᠢ ᠪᠠᠷ ᠪᠡᠶ᠎ᠡ ᠪᠤᠯᠪᠠᠰᠤᠷᠠᠬᠤ ᠶᠢ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠪᠤᠯᠭᠠᠨ᠂ ᠬᠡᠬᠡᠨ ᠰᠠᠷᠠᠭᠤᠯ ᠡᠷᠡᠭᠦᠯ ᠮᠡᠨᠳᠦ ᠪᠦᠬᠦᠢ ᠨᠡᠶᠢᠭᠡᠮ ᠤᠨ ᠬᠡᠪ ᠰᠤᠷᠲᠠᠯ ᠪᠤᠯᠭᠠᠨ᠂ ᠵᠤᠯ ᠵᠢᠷᠭᠠᠯ ᠡᠶ᠎ᠡ ᠵᠣᠬᠢᠴᠠᠯ ᠢ ᠬᠦᠭᠡᠭᠡᠴᠡᠯᠳᠦᠬᠦ ᠴᠢᠬᠤᠯᠠ ᠠᠷᠭ᠎ᠠ ᠵᠠᠮ ᠪᠤᠯᠭᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠤᠯᠭᠠᠨ᠂ ᠰᠠᠯᠠᠭ᠎ᠠ ᠮᠥᠴᠢᠷ ᠤᠳ ᠬᠠᠮᠵᠢᠯᠴᠠᠨ᠂ ᠨᠡᠶᠢᠭᠡᠮ ᠤᠨ ᠬᠢᠨ ᠤᠷᠤᠯᠴᠠᠭᠰᠠᠨ ︽ᠲᠤᠮᠤ ᠪᠦᠯᠬᠦᠮ ᠨᠡᠶᠢᠲᠡ︾ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠬᠦᠯᠵᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠺᠤᠮᠢᠰ ᠪᠤᠯᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠠᠰᠠᠭ ᠤᠨ ᠣᠷᠳᠣᠨ ᠤ ᠬᠢᠨ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠤᠳᠠᠯᠳᠤᠨ ᠠᠪᠬᠤ ᠠᠬᠢᠴᠠ ᠶᠢ ᠲᠦᠯᠬᠢᠨ ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠪᠣᠯᠤᠨ ᠡᠯ᠎ᠡ ᠵᠦᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠬᠦᠮᠦᠵᠢᠬᠦᠯᠵᠤ᠂ ᠪᠦᠬᠦ ᠠᠷᠠᠳ ᠤᠨ ᠪᠡᠶ᠎ᠡ ᠴᠡᠬᠢᠷᠡᠬᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠦᠷᠨᠢᠬᠦᠯᠵᠤ᠂ ᠪᠦᠭᠦ ᠭᠠᠵᠠᠷ ᠣᠷᠣᠨ ᠢ ᠬᠠᠮᠤᠷᠤᠭᠰᠠᠨ᠂ ᠪᠦᠬᠦ ᠦᠶᠡᠯᠡᠯ ᠤᠨ ᠬᠤᠭᠤᠴᠠᠭ᠎ᠠ ᠪᠠᠷ ᠦᠢᠯᠡᠴᠢᠯᠡᠭᠰᠡᠨ᠂ ᠪᠦᠬᠦ ᠨᠡᠶᠢᠭᠡᠮ ᠢᠶᠠᠷ ᠢᠶᠠᠨ ᠤᠷᠤᠯᠴᠠᠭᠰᠠᠨ᠂ ᠪᠦᠬᠦ ᠲᠠᠯ᠎ᠠ ᠪᠠᠷ ᠬᠠᠮᠲᠤᠷᠠᠨ ᠠᠵᠢᠯᠯᠠᠭᠰᠠᠨ᠂ ᠤᠯᠠᠨ ᠲᠦᠮᠡᠨ ᠬᠠᠮᠲᠤ ᠪᠠᠷ ᠬᠦᠷᠲᠡᠭᠰᠡᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠦᠯᠵᠢᠶᠡᠨ ᠤ ᠰᠢᠰᠲ᠋ᠧᠮᠵᠢ ᠶᠢ ᠪᠦᠷᠢᠯᠳᠦᠬᠦᠯᠵᠤ᠂ ᠪᠡᠶ᠎ᠡ ᠶᠢᠨ ᠲᠠᠮᠢᠷ ᠢ ᠬᠠᠪᠤᠷ ᠤᠨ ᠬᠠᠷᠢᠶᠠᠴᠢ ᠮᠡᠲᠦ ᠡᠭᠡᠯ ᠠᠷᠠᠳ ᠤᠨ ᠬᠡᠷ ᠲᠤ ᠬᠦᠷᠦᠬᠦᠯᠬᠦ ᠪᠤᠯᠭᠠᠨ᠎ᠠ᠃     ᠬᠥᠲᠥᠯᠥᠭᠴᠢ᠄ 2020 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠭᠡᠨ ᠡᠷᠬᠢᠯᠡᠬᠦ ᠲᠠᠯ᠎ᠠ ᠪᠣᠯᠤᠭᠰᠠᠨ ᠤ ᠬᠤᠪᠢ ᠳᠤ᠂ ᠡᠭᠦᠨ ᠤ ᠲᠤᠬᠠᠢ ᠪᠡᠯᠡᠳᠬᠡᠯ ᠠᠵᠢᠯ ᠬᠢᠷᠢ ᠵᠡᠷᠭᠡ ᠶᠠᠪᠤᠭᠳᠠᠵᠤ ᠪᠠᠶᠢᠭ᠎ᠠ ᠪᠤᠢ︖     ᠱᠢ ᠯᠢ ᠮᠢᠩ᠄ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2020 ᠣᠨ ᠳᠤ ᠥᠪᠥᠷ ᠮᠣᠩᠭᠤᠯ ᠳᠤ ᠶᠠᠪᠤᠭᠳᠠᠬᠤ ᠪᠤᠯᠤᠨ᠎ᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠨᠢ᠂ ᠪᠡᠭᠡᠵᠢᠩ ᠤᠨ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠬᠢᠯᠡᠬᠦ ᠠᠴᠠ ᠡᠮᠦᠨ᠎ᠡ ᠰᠤᠷᠢᠯᠲᠠ ᠬᠢᠭᠰᠡᠨ ᠵᠠᠩᠭᠢᠯᠠᠭ᠎ᠠ ᠶᠢᠨ ᠭᠤᠭᠴᠤᠭ᠎ᠠ ᠮᠦᠨ᠂ ᠮᠠᠨ ᠤ ᠣᠷᠣᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ 3 ᠳ᠋ᠦᠩᠰᠢᠭᠤᠷ ᠬᠥᠮᠦᠨ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠤᠷᠤᠯᠴᠠᠭᠤᠯᠬᠤ ᠤᠷᠢᠶᠠᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠣᠷᠣᠨ ᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢᠬᠢ ᠨᠠᠮ ᠤᠨ ᠤᠳᠤᠷᠢᠳᠤᠯᠭ᠎ᠠ ᠳᠤᠤᠷᠠᠬᠢ ᠦᠨᠳᠦᠰᠦᠲᠡᠨ ᠤ ᠪᠦᠯᠬᠦᠮᠳᠡᠯ᠂ ᠠᠵᠤ ᠠᠬᠤᠶ ᠶᠢᠨ ᠴᠡᠴᠡᠭᠯᠡᠯ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠢᠷᠭᠡᠳ ᠤᠨ ᠠᠮᠤᠷ ᠠᠮᠤᠭᠤᠯᠠᠩ ᠢ ᠳᠡᠯᠭᠡᠨ ᠦᠵᠡᠭᠦᠯᠬᠦ ᠴᠢᠬᠤᠯᠠ ᠲᠠᠪᠴᠠᠩ ᠪᠣᠯᠤᠨ᠎ᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠨᠢ ᠮᠠᠨ ᠤ ᠣᠷᠣᠨ ᠤᠯᠤᠰ ᠬᠦᠷᠦᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠦᠨ᠂ ᠨᠡᠩ ᠴᠤ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠨᠢᠭᠡᠨ ᠲᠤᠮᠤ ᠶᠠᠪᠤᠳᠠᠯ ᠮᠥᠨ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠤᠨ ᠺᠣᠮᠢᠰ ᠨᠢ 2017 ᠤᠨ ᠤ 4 ᠳ᠋ᠤᠭᠡᠷ ᠰᠠᠷ᠎ᠠ ᠳᠤ ᠪᠠᠶᠢᠭᠤᠯᠤᠭᠳᠠᠵᠤ᠂ ᠣᠳᠣᠬᠠᠨ ᠳᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠳᠠᠯᠳᠤᠭᠠᠴᠢᠨ ᠤᠷᠢᠬᠤ ᠲᠥᠰᠦᠯ︾᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠰᠡᠳᠦᠪᠲᠦ ᠤᠷᠢᠶ᠎ᠠ᠂ ᠤᠬᠠᠭᠤᠯᠬᠤ ᠵᠢᠷᠤᠭ᠂ ᠴᠤᠭᠯᠠᠭᠠᠨ ᠤ ᠲᠡᠮᠳᠡᠭ᠂ ᠴᠤᠭᠯᠠᠭᠠᠨ ᠤ ᠳᠠᠭᠤᠤ ︵ᠴᠤᠭᠯᠠᠭᠠᠨ ᠤ ᠦᠭᠡ︶᠂ ᠴᠤᠭᠯᠠᠭᠠᠨ ᠤ ᠲᠤᠭ ᠪᠣᠯᠤᠨ ᠥᠯᠵᠡᠶᠢᠲᠦ ᠡᠳ᠋ ᠢ ᠡᠯᠰᠡᠬᠦ ᠲᠥᠰᠦᠯ︾ ᠢ ᠨᠢᠭᠡᠨᠲᠡ ᠲᠤᠭᠲᠠᠭᠠᠵᠤ᠂ ᠪᠦᠬᠦ ᠤᠯᠤᠰ ᠲᠤ ᠬᠠᠨᠳᠤᠭᠤᠯᠤᠨ ᠣᠨᠴᠠᠯᠢᠭ ᠢᠶᠠᠷ ᠢᠯᠡ ᠲᠣᠳᠣ᠂ ᠢᠳᠡᠪᠬᠢᠯᠡᠨ ᠥᠭᠡᠳᠡᠯᠡᠬᠦ ᠶᠢ ᠬᠠᠷᠠᠭᠤᠯᠤᠭᠰᠠᠨ ᠠᠩᠬᠠᠨ ᠤ ᠡᠭᠦᠳᠦᠯᠲᠡ ᠶᠢᠨ ᠴᠢᠨᠠᠷᠲᠠᠶ ᠪᠦᠲᠦᠭᠡᠯ ᠢ ᠡᠯᠰᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠰᠤᠳᠤᠯᠤᠨ ᠲᠣᠭᠲᠠᠭᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠳᠣᠨ ᠲᠠᠯᠠᠪᠠᠶ ᠶᠢᠨ ᠪᠠᠶᠢᠷᠢᠯᠠᠭᠤᠯᠤᠯᠲᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠢ ᠰᠢᠨ᠎ᠡ ᠪᠠᠷ ᠪᠠᠶᠢᠭᠤᠯᠵᠤ᠂ ᠶᠠᠭᠰᠢ ᠶᠢᠨ ᠹᠧᠩ ᠬᠤᠸᠠᠩ ᠱᠠᠨ ᠴᠠᠰᠤᠨ ᠳᠤ ᠭᠤᠯᠭᠤᠬᠤ ᠲᠠᠯᠠᠪᠤᠷ᠂ ᠵᠠᠯᠠᠨ ᠠᠶᠢᠯ ᠤᠨ ᠶᠢᠨ ᠯᠦᠡᠭ ᠱᠠᠨ ᠴᠠᠰᠤᠨ ᠳᠤ ᠭᠤᠯᠭᠤᠬᠤ ᠲᠠᠯᠠᠪᠤᠷ ᠪᠣᠯᠤᠨ ᠤᠯᠠᠭᠠᠨᠬᠠᠳᠠ ᠶᠢᠨ ᠮᠧᠶ ᠯᠢᠨ ᠬᠥ᠋ ᠴᠠᠰᠤᠨ ᠳᠤ ᠭᠤᠯᠭᠤᠬᠤ ᠲᠠᠯᠠᠪᠤᠷ ᠵᠡᠷᠭᠡ 3 ᠴᠠᠰᠤᠨ ᠳᠤ ᠭᠤᠯᠭᠤᠬᠤ ᠲᠠᠯᠠᠪᠤᠷ ᠵᠢᠴᠢ ᠢᠵᠢ ᠪᠦᠷᠢᠳᠦᠭᠦᠯᠬᠦ ᠰᠠᠭᠤᠷᠢ ᠪᠡᠯᠡᠳᠭᠡᠮᠵᠢ ᠶᠢ ᠦᠭᠡᠷᠡᠴᠢᠯᠡᠵᠤ ᠥᠷᠭᠡᠳᠬᠡᠨ ᠪᠠᠶᠢᠭᠤᠯᠵᠤ᠂ ᠪᠦᠳᠤᠭᠡᠨ ᠪᠠᠶᠢᠭᠤᠯᠤᠯᠲᠠ ᠶᠢᠨ ᠠᠵᠢᠯ ᠶᠠᠭ ᠯᠠᠪᠳᠠᠭᠤᠨ ᠢᠶᠠᠷ ᠶᠠᠪᠤᠭᠳᠠᠵᠤ ᠪᠠᠶᠢᠨ᠎ᠠ᠃ ᠵᠠᠯᠭᠠᠭᠠᠳ᠂ ᠪᠢᠳᠡ ᠤᠯᠤᠰ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠰᠢᠨᠵᠢᠯᠡᠬᠦ ᠤᠬᠠᠭᠠᠨᠴᠢ ᠪᠠᠷ ᠲᠦᠯᠦᠪᠯᠡᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠲᠠᠭᠤ ᠪᠡᠷᠬᠡᠰᠢᠶᠡᠯ ᠢ ᠲᠤᠭᠤᠯᠤᠨ ᠳᠠᠪᠠᠵᠤ᠂ ᠬᠡᠰᠡᠭ ᠬᠤᠪᠢᠶᠠᠨ ᠳᠦᠯᠬᠢᠨ ᠠᠬᠢᠭᠤᠯᠵᠤ᠂ ᠵᠦᠢᠯ ᠳᠠᠷᠠᠭᠠᠯᠠᠨ ᠪᠣᠳᠠᠲᠠᠶ ᠠᠳᠬᠤᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠤᠯᠤᠨ᠎ᠠ᠃     ᠬᠥᠲᠥᠯᠥᠭᠴᠢ᠄ ᠵᠠ᠂ ᠱᠢ ᠲᠤᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号