ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2019/3/19
     2 ᠰᠠᠷ᠎ᠠ ᠶᠢᠨ 16 ᠤ ᠤᠷᠤᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠦᠯᠦᠨ ᠪᠤᠶᠢᠷ ᠬᠤᠳᠠ ᠳᠤ ᠦᠪᠡᠳᠡᠭᠰᠢ ᠶᠡᠭᠡ ᠪᠠᠷ ᠡᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠪᠦᠭᠡᠳ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃      ᠤᠯᠤᠰ ᠤᠨ ᠪᠡᠶ᠎ᠡ ᠶᠢᠨ ᠲᠠᠮᠢᠷ ᠤᠨ ᠶᠠᠷᠦᠩᠬᠡᠢ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ ᠶᠠᠩ ᠨᠢᠩ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ ᠲᠠᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠪᠤᠤ ᠵᠧᠨ ᠢᠤᠢ ᠶᠤᠰᠤᠯᠠᠯ ᠳᠤ ᠤᠷᠤᠯᠴᠠᠪᠠ᠃      ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠲᠠᠷᠤᠭ᠎ᠠ ᠲᠠᠨ ᠵᠢᠩ ᠹᠧᠩ ᠡᠬᠢᠯᠡᠯᠳᠡ ᠶᠢᠨ ᠦᠭᠡ ᠬᠡᠯᠡᠵᠦ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠦᠵᠢ ᠢᠤᠢ ᠯᠢ ᠰᠢᠨ ᠤᠭᠳᠤᠯᠭ᠎ᠠ ᠶᠢᠨ ᠦᠭᠡ ᠬᠡᠯᠡᠵᠡᠢ᠃ ᠡᠬᠢᠯᠡᠯᠳᠡ ᠶᠢᠨ ᠶᠤᠰᠤᠯᠠᠯ ᠢ ᠬᠦᠯᠦᠨ ᠪᠤᠶᠢᠷ ᠬᠤᠳᠠ ᠶᠢᠨ ᠲᠠᠷᠤᠭ᠎ᠠ ᠵᠢᠶᠠᠩ ᠬᠤᠩ ᠡᠷᠬᠢᠯᠡᠪᠡ᠃      ᠲᠤᠰ ᠤᠳᠠᠭᠠᠨ ᠤ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠦᠷᠦᠯ ᠵᠦᠢᠯ ᠢ 8 ᠶᠡᠭᠡ ᠲᠦᠷᠦᠯ᠂ 33 ᠪᠠᠭ᠎ᠠ ᠲᠦᠷᠦᠯ ᠬᠤᠪᠢᠶᠠᠨ᠂ 5 ᠡᠳᠦᠷ ᠶᠠᠪᠤᠭᠳᠠᠨ᠎ᠠ᠃ ᠪᠦᠬᠦ ᠤᠷᠤᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ ᠲᠤᠭᠤᠷᠢᠭ︶᠂ ᠠᠵᠢᠯ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠶᠡᠭᠡ ᠲᠡᠭᠡᠳᠦ ᠰᠤᠷᠭᠠᠭᠤᠯᠢ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠺᠯᠦ᠋ᠪ ᠤᠨ 32 ᠲᠦᠯᠦᠭᠡᠯᠡᠭᠴᠢ ᠶᠢᠨ ᠪᠦᠯᠬᠦᠮ ᠤᠨ 3000 ᠰᠢᠬᠠᠮ ᠬᠦᠮᠦᠨ ᠤᠷᠤᠯᠳᠤᠭᠠᠨ ᠳᠤ ᠤᠷᠤᠯᠴᠠᠬᠤ ᠪᠤᠯᠤᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号