— 2018 ᠤᠨ ᠤ 1 ᠳ᠋ᠤᠭᠡᠷ ᠰᠠᠷ᠎ᠠ ᠶᠢᠨ 24 ᠤ ᠡᠳᠥᠷ ᠤᠨ | ᠥᠪᠥᠷ ᠮᠤᠩᠭᠤᠯ ᠤᠨ ᠥᠪᠡᠷᠳᠡᠭᠡ᠊ ᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ | ᠬᠤᠷᠠᠯᠳᠤᠭᠠᠨ ᠲᠡᠭᠡᠷ᠎ᠡ | | | ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | | | ᠲᠦᠯᠦᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠣ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠣᠯ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠠᠪᠤᠴᠠ ᠳᠠᠬᠢ | ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ | ᠶᠤᠰᠤᠭᠠᠷ᠂ ᠲᠣᠭᠲᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠲᠤ | ᠡᠵᠡᠮᠰᠢᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠳᠤᠷ ᠬᠢᠵᠦ᠂ | ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠵᠢᠯᠲᠠ ᠪᠦᠲᠦᠭᠡᠯ | ᠣᠯᠪᠠ᠃ | ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠠᠵᠤ | ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢ | ᠲᠣᠭᠲᠠᠭᠤᠨ ᠪᠠᠶᠢᠯᠭᠠᠬᠤ ᠶᠢᠨ ᠳᠠᠭᠠᠤ ᠳᠤ ᠰᠢᠯᠢᠳᠡᠭᠵᠢᠬᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠨᠡᠯᠢᠶᠡᠳ | ᠲᠦᠷᠭᠡᠨ ᠨᠡᠮᠡᠭᠳᠡᠵᠦ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠳᠡᠭᠡᠭᠰᠢᠯᠡᠪᠡ᠃ ᠬᠥᠭᠵᠢᠯᠲᠡ ᠶᠢᠨ | ᠠᠮᠢᠵᠢᠷᠠᠯ ᠤᠨ ᠬᠦᠴᠦᠨ ᠥᠷᠬᠦᠯᠵᠢᠯᠡᠨ ᠴᠢᠩᠭᠠᠷᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠶᠡᠭᠡ | ᠬᠡᠪᠴᠢᠶ᠎ᠡ ᠪᠠᠷ ᠬᠠᠰᠤᠭᠳᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 68.9 ᠲᠦᠮᠡᠨ ᠡᠷᠦᠬᠡ | ᠰᠢᠨ᠎ᠡ ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠳᠤ ᠰᠢᠨᠵᠢᠯᠡᠬᠦ ᠤᠬᠠᠭᠠᠨ ᠮᠡᠷᠭᠡᠵᠢᠯ ᠳᠠᠪᠰᠢᠯᠲᠠ ᠶᠢᠨ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠢᠯᠡᠷᠬᠡᠢ ᠳᠡᠭᠡᠭᠰᠢᠯᠡᠪᠡ᠃ ᠬᠤᠲᠠ ᠬᠦᠳᠡᠭᠡ ᠶᠢᠨ ᠬᠥᠭᠵᠢᠯᠲᠡ ᠳᠤ | ᠴᠣ᠋ ᠰᠢᠨ᠎ᠡ ᠳᠦᠷᠰᠦ ᠪᠠᠶᠢᠳᠠᠯ ᠢᠯᠡᠷᠡᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠴᠢᠯᠠᠬᠤ | ᠨᠣᠷᠮ᠎ᠠ 62% ᠳᠤ ᠬᠦᠷᠪᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠬᠦ | ᠬᠢᠷᠢ ᠲᠦᠪᠰᠢᠨ ᠢᠯᠡᠷᠬᠡᠢ ᠳᠡᠭᠡᠭᠰᠢᠯᠡᠨ᠂ ᠰᠠᠭᠤᠷᠢ ᠪᠡᠯᠡᠳᠬᠡᠮᠵᠢ ᠢᠯᠡᠳᠳᠡ ᠰᠠᠶᠢᠵᠢᠷᠠᠵᠤ᠂ ᠰᠢᠨ᠎ᠡ ᠪᠠᠷ ᠨᠡᠮᠡᠭᠳᠡᠭᠰᠡᠨ | ᠲᠡᠮᠦᠷ ᠵᠠᠮ 3400 ᠺᠢᠯᠤᠮᠧᠳ᠋ᠷ᠂ ᠳᠡᠭᠡᠳᠦ ᠬᠤᠷᠳᠤ ᠶᠢᠨ ᠪᠠ ᠨᠢᠭᠡᠳᠦᠭᠡᠷ ᠳᠡᠰ ᠤᠨ ᠵᠠᠰᠠᠮᠠᠯ ᠵᠠᠮ 5600 | ᠺᠢᠯᠤᠮᠧᠳ᠋ᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 12᠂ ᠴᠠᠬᠢᠯᠭᠠᠨ ᠬᠦᠴᠦᠨ ᠤ | ᠭᠠᠳᠠᠭᠰᠢ ᠳᠠᠮᠵᠢᠭᠤᠯᠬᠤ ᠴᠢᠳᠠᠪᠤᠷᠢ 4400 ᠲᠦᠮᠡᠨ ᠺᠢᠯᠤᠸᠠᠲ ᠪᠣᠯᠪᠠ᠃ ᠠᠮᠢ ᠠᠬᠤᠢ ᠶᠢᠨ ᠣᠷᠴᠢᠨ | ᠲᠣᠭᠤᠷᠢᠨ ᠦᠷᠬᠦᠯᠵᠢᠯᠡᠨ ᠰᠠᠶᠢᠵᠢᠷᠠᠵᠤ᠂ ᠣᠢ ᠰᠢᠭᠤᠢ ᠶᠢᠨ ᠬᠤᠴᠢᠯᠭ᠎ᠠ ᠶᠢᠨ ᠨᠣᠷᠮ᠎ᠠ ᠪᠠ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ︽ᠬᠤᠣᠰ ᠢᠶᠠᠷ ᠳᠡᠭᠡᠭᠰᠢᠯᠡᠵᠦ︾᠂ ᠴᠦᠯᠯᠡᠷᠬᠡᠭᠵᠢᠬᠦ ᠪᠠ ᠡᠯᠡᠰᠦᠷᠭᠡᠭᠵᠢᠬᠦ | ᠭᠠᠵᠠᠷ ᠨᠤᠲᠤᠭ ︽ᠬᠤᠣᠰ ᠢᠶᠠᠷ ᠪᠠᠭᠠᠰᠴᠤ︾᠂ ᠭᠤᠣᠯ ᠪᠣᠯᠬᠤ ᠪᠣᠬᠢᠷ ᠪᠤᠳᠠᠰ ᠢ ᠭᠠᠳᠠᠭᠰᠢᠯᠠᠭᠤᠯᠬᠤ ᠬᠡᠮᠵᠢᠶ᠎ᠡ | ᠶᠡᠭᠡ ᠪᠠᠷ ᠪᠠᠭᠤᠷᠠᠪᠠ᠃ ᠠᠷᠠᠳ ᠤᠨ ᠠᠮᠢᠳᠤᠷᠠᠯ ᠤᠨ ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠨ᠂ | ᠶᠠᠳᠠᠭᠤᠷᠠᠯ ᠤᠨ ᠨᠣᠷᠮ᠎ᠠ ᠢᠯᠡᠳᠲᠡ ᠪᠠᠭᠤᠷᠠᠵᠤ᠂ ᠬᠤᠲᠠ ᠪᠠᠯᠭᠠᠰᠤ ᠶᠢᠨ ᠠᠵᠢᠯ ᠣᠯᠣᠭᠰᠠᠳ 133.5 ᠲᠦᠮᠡᠨ | ᠬᠥᠮᠥᠨ ᠰᠢᠨ᠎ᠡ ᠪᠠᠷ ᠨᠡᠮᠡᠭᠳᠡᠨ᠂ ᠬᠤᠲᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ | ᠪᠠᠶᠢᠭᠤᠯᠵᠤ᠂ ᠪᠠᠲᠤᠯᠠᠬᠤ ᠬᠢᠷᠢ ᠲᠥᠪᠰᠢᠨ ᠵᠢᠯ ᠢᠷᠡᠬᠦᠶ᠎ᠡ ᠳᠡᠭᠡᠭᠰᠢᠯᠡᠨ᠂ ᠬᠤᠲᠠ ᠬᠥᠳᠡᠭᠡ ᠶᠢᠨ 217.6 ᠲᠦᠮᠡᠨ | ᠡᠷᠦᠬᠡ ᠭᠡᠷ ᠪᠦᠯᠢ ᠶᠢᠨ ᠬᠢᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ᠰᠤᠷᠭᠠᠨ ᠬᠥᠮᠥᠵᠢᠯ᠂ | ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ ᠤᠨ ᠠᠵᠢᠯ ᠦᠢᠯᠡᠰ ᠲᠠᠰᠤᠷᠠᠯᠲᠠ ᠦᠭᠡᠢ ᠳᠠᠪᠰᠢᠯᠲᠠ ᠲᠠᠢ | ᠪᠣᠯᠪᠠ᠃ ᠬᠤᠶᠠᠷ ᠢ ᠬᠦᠷᠢᠶᠡᠯᠡᠬᠦ ᠪᠠ ᠬᠠᠯᠠᠮᠵᠢᠯᠠᠨ ᠲᠣᠬᠢᠷᠠᠭᠤᠯᠵᠤ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠬᠦᠴᠦᠲᠡᠢ | ᠳᠡᠮᠵᠢᠪᠡ᠃ ᠦᠨᠳᠦᠰᠦᠲᠡᠨ ᠨᠦᠭᠦᠳ ᠤᠨ ᠶᠡᠭᠡ ᠪᠥᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ | ᠪᠠᠬᠢᠵᠢᠪᠡ᠃ ᠱᠠᠰᠢᠨ ᠰᠤᠷᠲᠠᠬᠤᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠴᠠᠭ ᠠᠭᠤᠷ᠂ | ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠥᠪᠳᠡᠭᠴᠢ ᠪᠠ ᠰᠣᠶᠣᠯ ᠲᠡᠦᠬᠡ᠂ | ᠭᠠᠳᠠᠭᠠᠳᠤ ᠶᠠᠪᠤᠳᠠᠯ ᠪᠠ ᠬᠠᠷᠢᠶᠠᠲᠤ ᠶᠢᠨ ᠶᠠᠪᠤᠳᠠᠯ ᠵᠡᠷᠭᠡ ᠠᠵᠢᠯ ᠤᠳ ᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ | ᠡᠮᠡᠭᠲᠡᠶᠢᠴᠦᠳ ᠪᠠ ᠬᠡᠦᠬᠡᠳ᠂ ᠦᠲᠡᠭᠦᠰ ᠪᠠ ᠵᠡᠮᠳᠡᠭᠴᠦᠳ ᠤᠨ ᠠᠵᠢᠯ ᠦᠢᠯᠡᠰ ᠴᠥᠮ ᠰᠢᠨ᠎ᠡ ᠠᠬᠢᠯᠲᠠ ᠲᠠᠢ | ᠪᠣᠯᠪᠠ᠃ | ᠲᠥᠯᠥᠭᠡᠯᠡᠭᠴᠢᠳ ᠡ᠂ 2017 ᠣᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠣᠢ ᠶᠢ ᠪᠠᠶᠠᠷᠯᠠᠨ ᠪᠡᠯᠭᠡᠯᠡᠬᠦ ᠶᠠᠪᠤᠳᠠᠯ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠦᠪᠡᠳᠡᠭᠰᠢ ᠪᠠᠶᠠᠷ ᠪᠣᠯᠪᠠ᠃ ᠪᠢᠳᠡ ᠨᠢᠵᠢᠭᠡᠷ ᠶᠡᠭᠡ | ᠪᠡᠯᠭᠡᠯᠡᠬᠦ ᠴᠤᠭᠯᠠᠭᠠᠨ ᠢ ᠡᠷᠬᠢᠯᠡᠨ᠂ ᠶᠢᠰᠦᠳᠦᠭᠡᠷ ᠤᠳᠠᠭ᠎ᠠ ᠶᠢᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠭᠦᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠪᠥᠬᠦ ᠣᠷᠣᠨ ᠳᠠᠶᠠᠭᠠᠷ ᠲᠤ | ᠣᠯᠠᠨ ᠲᠦᠮᠡᠨᠴᠢ ᠴᠢᠨᠠᠷᠲᠠᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠂ ᠲᠤᠮᠤ ᠬᠡᠪᠴᠢᠶᠡᠨ ᠤ ᠦᠷ᠎ᠡ | ᠪᠦᠲᠦᠭᠡᠯ ᠤᠨ ᠥᠵᠡᠰᠭᠦᠯᠡᠩ ᠢ ᠡᠷᠬᠢᠯᠡᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠠᠰᠤᠷᠤ ᠰᠠᠶᠢᠨ ᠴᠤᠭ ᠰᠦᠯᠳᠡ ᠶᠢ ᠭᠦᠢᠴᠡᠳ ᠦᠵᠡᠭᠦᠯᠦᠨ᠂ ᠮᠠᠨ ᠤ ᠤᠯᠤᠰ ᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠤᠨ ᠯᠤᠳᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠪᠡ᠃ ᠲᠥᠪ | ᠬᠤᠷᠢᠶ᠎ᠠ ᠶᠢᠨ ᠪᠠᠶᠠᠷ ᠤᠨ ᠴᠠᠬᠢᠯᠭᠠᠨ ᠳᠤ ᠥᠪᠡᠷᠲᠡᠭᠡᠨ ᠵᠠᠰᠠᠬᠤ ᠣᠷᠣᠨ ᠤ 70 ᠵᠢᠯ ᠤᠨ ᠲᠤᠷᠰᠢᠬᠢ ᠣᠯᠣᠭᠰᠠᠨ | ᠲᠡᠦᠬᠡᠲᠦ ᠴᠢᠨᠠᠷᠲᠠᠢ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠬᠡᠮᠡᠬᠦ ᠡᠷᠬᠢᠮ | ᠳᠡᠭᠡᠳᠦ ᠢᠷᠠᠭᠤ ᠠᠯᠳᠠᠷ ᠢ ᠬᠦᠷᠲᠡᠭᠰᠡᠨ ᠤ ᠬᠠᠮᠲᠤ ᠢᠮᠠᠭᠲᠠ ᠬᠠᠮᠠᠭᠠᠯᠠᠭᠰᠠᠭᠠᠷ ᠢᠷᠡᠭᠰᠡᠨ ᠢ ᠥᠨᠳᠥᠷ ᠦᠨᠡᠯᠡᠪᠡ᠃ | ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠪᠠ | ᠪᠥᠬᠦ ᠤᠯᠤᠰ ᠤᠨ ᠠᠷᠠᠳ ᠲᠦᠮᠡᠨ ᠤ ᠢᠷᠦᠭᠡᠯ ᠵᠥᠩᠨᠡᠯ ᠢ ᠬᠦᠷᠭᠡᠨ ᠢᠷᠡᠵᠦ᠂ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤᠪᠠᠷ ᠪᠠᠶᠠᠷ ᠤᠨ ᠡᠳᠦᠷ ᠢ ᠪᠠᠶᠠᠷᠯᠠᠨ ᠪᠡᠯᠭᠡᠯᠡᠵᠦ᠂ 12 | ᠠᠶᠢᠮᠠᠭ ᠬᠤᠲᠠ ᠪᠠᠷ ᠭᠦᠨᠵᠡᠭᠡᠶᠢᠷᠡᠨ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠢᠯᠠᠩᠭᠤᠶ᠎ᠠ | ᠶᠡᠷᠦᠩᠬᠡᠢ ᠱᠦᠵᠢ ᠰᠢ ᠶᠢᠨ ᠫᠢᠩ ᠤᠨ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ | ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠬᠡᠮᠡᠬᠦ ᠪᠢᠴᠢᠭᠡᠰᠦ ᠨᠢ | ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠤᠨ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠳᠦᠷᠪᠡᠨ ᠢᠲᠡᠭᠡᠯ︾ ᠢ ᠪᠠᠲᠤᠳᠬᠠᠵᠤ᠂ ᠪᠢᠳᠡᠨ ᠤ ᠤᠭ | ᠰᠠᠨᠠᠭ᠎ᠠ ᠪᠠᠨ ᠦᠯᠦ ᠮᠠᠷᠲᠠᠨ᠂ ᠥᠷᠬᠦᠯᠵᠢᠯᠡᠨ ᠤᠷᠤᠭᠰᠢᠯᠠᠬᠤ ᠶᠢᠨ ᠣᠮᠤᠭ ᠪᠠᠭ᠋ᠠᠲᠤᠯᠲᠤ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠴᠢᠩᠭᠠᠷᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠲᠤᠷᠰᠢᠯᠭ᠎ᠠ | ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠢ ᠮᠠᠨ ᠤ ᠣᠷᠣᠨ ᠳᠤ ᠬᠤᠷᠠᠯᠳᠤᠭᠤᠯᠪᠠ᠃ ᠪᠢᠳᠡ ᠶᠠᠨ ᠠᠨ ᠤ | ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠣᠷᠣᠪᠠᠯᠭᠠᠰᠤ ᠳᠠᠬᠢ ᠬᠠᠭᠤᠴᠢᠨ ᠪᠠᠭᠤᠷᠢ ᠳᠤ᠂ ᠪᠣᠷᠣᠪᠠᠯᠭᠠᠰᠤ ᠶᠢᠨ | ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠪᠠᠶᠢᠭᠤᠯᠪᠠ᠃ ᠪᠣᠷᠣᠪᠠᠯᠭᠠᠰᠤ ᠶᠢᠨ ᠦᠨᠳᠦᠰᠦᠲᠡᠨ ᠤ | ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠪᠢᠶᠠᠷᠢ | ᠰᠤᠷᠭᠠᠭᠤᠯᠢ ᠪᠣᠯᠭᠠᠵᠤ᠂ ᠤᠯᠤᠰ ᠤᠨ ᠦᠨᠳᠦᠰᠦᠲᠡᠨ ᠤ ᠵᠥᠪᠯᠡᠯ ᠠᠴᠠ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠲᠣᠭᠲᠠᠭᠠᠪᠠ᠃ | 2017 ᠣᠨ ᠪᠣᠯ ᠪᠠᠰᠠᠴᠣ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠣᠢ ᠪᠣᠯᠣᠨ᠎ᠠ᠃ ᠶᠡᠷᠦᠩᠬᠡᠢ | ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ ᠤᠯᠠᠭᠠᠨᠮᠥ᠋ᠴᠢᠷ ᠢ ᠪᠥᠬᠦ ᠤᠯᠤᠰ ᠤᠨ ᠤᠳᠬ᠎ᠠ ᠤᠷᠠᠯᠢᠭ ᠤᠨ | ᠹᠷᠣᠨᠲ ᠤᠨ ᠨᠢᠭᠡᠨ ᠲᠤᠭ ᠮᠥᠨ ᠭᠡᠵᠦ ᠮᠠᠭᠲᠠᠨ ᠰᠠᠶᠢᠰᠢᠶᠠᠵᠤ᠂ ᠤᠯᠠᠭᠠᠨᠮᠦ᠋ᠴᠢᠷ ᠤᠨ ᠬᠡᠰᠢᠭᠦᠳ ᠢ ᠥᠨᠢ ᠡᠭᠦᠷᠢᠳᠡ | ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ ᠬᠡᠮᠡᠨ | ᠵᠣᠷᠢᠬᠵᠢᠭᠤᠯᠪᠠ᠃ ᠡᠨᠡ ᠨᠢ ᠤᠯᠠᠭᠠᠨᠮᠥ᠋ᠴᠢᠷ ᠲᠤ ᠥᠭᠭᠦᠭᠰᠡᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠬᠤ | ᠪᠥᠭᠡᠳ ᠨᠡᠩ ᠴᠦ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠥᠭᠭᠦᠭᠰᠡᠨ ᠳᠣᠲᠣᠨᠣ | ᠬᠠᠯᠠᠮᠵᠢᠯᠠᠯ ᠪᠣᠯᠣᠨ᠎ᠠ᠂ ᠮᠥᠨᠴᠦ ᠪᠥᠬᠦ ᠣᠷᠣᠨ ᠤ ᠤᠳᠬ᠎ᠠ ᠤᠷᠠᠯᠢᠭ ᠤᠨ ᠬᠥᠭᠵᠢᠯᠲᠡ ᠪᠠ ᠰᠣᠶᠣᠯ ᠤᠨ | ᠪᠠᠶᠢᠭᠤᠯᠤᠯᠲᠠ ᠶᠢᠨ ᠶᠠᠪᠤᠴᠠ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡᠨ ᠲᠣᠮᠣ ᠤᠴᠢᠷ ᠶᠠᠪᠤᠳᠠᠯ | ᠪᠠᠶᠢᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠵᠣᠷᠢᠬᠵᠢᠭᠤᠯᠪᠠ᠃ | 2017 ᠣᠨ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠳᠦᠷᠪᠡᠨ ᠦᠵᠡᠯ | ᠤᠬᠠᠮᠰᠠᠷ︾ ᠢ ᠲᠠᠰᠤᠷᠠᠯᠲᠠ ᠦᠭᠡᠢ ᠴᠢᠩᠭᠠᠷᠠᠭᠤᠯᠤᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ | ᠯᠠᠪᠳᠠᠭᠤᠨ ᠪᠠᠳᠤᠲᠠᠢ ᠪᠠᠷ ᠠᠵᠢᠯᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠢ ᠦᠷᠬᠦᠯᠵᠢᠯᠡᠨ | ᠡᠷᠡᠭᠦᠯ ᠢᠶᠠᠷ ᠬᠥᠭᠵᠢᠭᠦᠯᠪᠡ᠃ ᠠᠩᠬ᠎ᠠ ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 4% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠳᠠᠬᠢ ᠬᠡᠢ ᠬᠤᠭᠤᠰᠤᠨ ᠢᠶᠠᠷ ᠨᠡᠮᠡᠭᠳᠡᠭᠦᠯᠦᠨ ᠡᠷᠭᠢᠯᠳᠦᠭᠦᠯᠬᠦ ᠬᠦᠴᠦᠨ ᠵᠦᠢᠯ ᠢ ᠭᠠᠷᠭᠠᠭᠰᠠᠨ ᠤ ᠳᠠᠷᠠᠭ᠎ᠠ | ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠣᠯ 14.6% ᠨᠡᠮᠡᠭᠳᠡᠨ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ | ᠬᠠᠷᠢᠴᠠᠯ ᠨᠢ ᠳᠡᠭᠡᠷ᠎ᠡ ᠵᠢᠯ ᠤᠨ 33.8% ᠪᠠᠶᠢᠭᠰᠠᠨ ᠠᠴᠠ ᠪᠠᠨ 24.4% ᠪᠣᠯᠲᠠᠯ᠎ᠠ ᠪᠠᠭᠤᠷᠠᠵᠤ᠂ ᠡᠳ᠋ ᠤᠨ | ᠵᠠᠰᠠᠭ ᠤᠨ ᠣᠷᠣᠯᠭ᠎ᠠ ᠶᠢᠨ ᠴᠢᠨᠠᠷ ᠴᠢᠨᠰᠠᠭ᠎ᠠ ᠢᠯᠡᠷᠬᠡᠢ ᠳᠡᠭᠡᠭᠰᠢᠯᠡᠪᠡ︔ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠲᠤᠰ ᠲᠤᠰ 8.2% ᠪᠠ 8.4% ᠨᠡᠮᠡᠭᠳᠡᠵᠦ᠂ | ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠪᠠ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠄ | ︵ᠨᠢᠭᠡ︶ ︽ᠭᠤᠷᠪᠠ ᠶᠢ ᠦᠭᠡᠶᠢᠰᠭᠡᠵᠦ ᠨᠢᠭᠡ ᠶᠢ ᠪᠠᠭᠤᠷᠠᠭᠤᠯᠬᠤ ᠪᠠ ᠨᠢᠭᠡ ᠶᠢ ᠨᠦᠬᠦᠪᠦᠷᠢᠯᠡᠬᠦ︾ ᠶᠢ | ᠠᠬᠢᠭᠤᠯᠪᠠ᠃ ᠪᠢᠳᠡ ᠥᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠮᠵᠢ ᠶᠢ ᠦᠷᠬᠦᠯᠵᠢᠯᠡᠨ ᠠᠷᠢᠯᠭᠠᠵᠤ᠂ | ᠳᠣᠣᠷᠠᠳᠤ ᠦᠵᠦᠭᠦᠷ ᠤᠨ ᠪᠠ ᠪᠦᠲᠦᠮᠵᠢ ᠦᠭᠡᠢ ᠬᠠᠩᠭᠠᠯᠭ᠎ᠠ ᠶᠢ ᠪᠠᠭᠠᠰᠬᠠᠨ᠂ 810 ᠲᠦᠮᠡᠨ ᠲᠣᠨ ᠨᠡᠭᠦᠷᠡᠰᠦ | ᠪᠠ 55 ᠲᠦᠮᠡᠨ ᠲᠣᠨ ᠪᠣᠯᠤᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠪᠤᠴᠠᠭᠠᠨ ᠭᠠᠷᠭᠠᠵᠤ᠂ 243 | ᠲᠦᠮᠡᠨ ᠲᠣᠨ ︽ᠳᠠᠬᠢᠵᠤ ᠦᠢᠯᠡᠳᠪᠦᠷᠢᠯᠡᠭᠰᠡᠨ ᠪᠣᠯᠣᠳ ᠲᠡᠮᠦᠷ︾ ᠢ ᠬᠦᠴᠦᠨ ᠦᠭᠡᠢ ᠪᠣᠯᠭᠠᠪᠠ᠃ ᠠᠩᠭᠢᠯᠠᠨ | ᠵᠢᠯᠤᠭᠤᠳᠬᠤ ᠪᠠ ᠬᠤᠲᠠ ᠶᠢᠨ ᠪᠠᠶᠢᠳᠠᠯ ᠳᠤᠨᠢ ᠵᠣᠬᠢᠴᠠᠭᠤᠯᠵᠤ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ | ᠲᠠᠸᠠᠷ ᠤᠨ ᠭᠡᠷ ᠪᠠᠶᠢᠰᠢᠩ ᠤᠨ ᠬᠤᠳᠠᠯᠳᠤᠬᠤ ᠪᠠᠷ ᠪᠠᠶᠢᠭ᠎ᠠ ᠲᠠᠯᠠᠪᠠᠢ ᠶᠢ 8.6% ᠪᠠᠭᠤᠷᠠᠭᠤᠯᠪᠠ᠃ | ᠬᠦᠰᠢᠭᠦᠷᠭᠡ ᠶᠢ ᠦᠭᠡᠶᠢᠰᠭᠡᠬᠦ ᠠᠵᠢᠯ ᠢ ᠯᠠᠪᠳᠠᠭᠤᠨ ᠪᠠᠳᠤᠲᠠᠢ ᠰᠠᠶᠢᠳᠤᠷ ᠬᠢᠵᠦ᠂ ᠠᠵᠤ ᠦᠢᠯᠡᠳᠪᠦᠷᠢ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠬᠦ ᠨᠣᠷᠮ᠎ᠠ ᠦᠷᠬᠦᠯᠵᠢᠯᠡᠨ ᠪᠠᠭᠤᠷᠠᠪᠠ᠃ ᠬᠠᠤᠯᠢ ᠪᠤᠰᠤ ᠪᠠᠷ ᠪᠡᠯᠡ | ᠮᠥᠩᠭᠦ ᠴᠤᠭᠯᠠᠭᠤᠯᠬᠤ ᠪᠠ ᠮᠥᠩᠭᠦᠨ ᠭᠦᠢᠯᠭᠡᠭᠡᠨ ᠢ ᠳᠤᠷ᠎ᠠ ᠪᠠᠷ ᠡᠷᠬᠢᠯᠡᠬᠦ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠳᠠᠬᠢ ᠦᠨᠳᠦᠷ ᠬᠦᠦ ᠲᠠᠢ ᠵᠢᠭᠡᠯᠡᠯᠭᠡ ᠳᠤ ᠶᠡᠷᠦᠩᠬᠡᠶᠢᠯᠡᠨ | ᠵᠠᠰᠠᠬᠤ ᠶᠢ ᠥᠷᠨᠢᠭᠦᠯᠪᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠭᠠᠶᠢᠯᠢ ᠶᠢ ᠬᠠᠰᠤᠵᠤ | ᠵᠠᠷᠤᠳᠠᠯ ᠢ ᠪᠠᠭᠤᠷᠠᠭᠤᠯᠬᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠤᠨ᠂ | ᠪᠤᠲᠠᠲᠤ ᠴᠣᠭᠴᠠᠲᠤ ᠠᠵᠤ ᠠᠬᠤᠢ ᠶᠢᠨ ᠥᠪᠡᠷ ᠤᠨ ᠥᠷᠲᠡᠭ ᠢ ᠪᠠᠭᠤᠷᠠᠭᠤᠯᠪᠠ᠃ ᠭᠤᠣᠯᠳᠠᠯᠭ᠎ᠠ ᠶᠢ ᠳᠣᠪᠤᠶᠢᠯᠭᠠᠵᠤ | ᠳᠤᠲᠠᠭᠤᠳᠠᠯ ᠢ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠠᠮᠢ ᠠᠬᠤᠢ ᠶᠢᠨ ᠣᠷᠴᠢᠨ | ᠲᠣᠭᠤᠷᠢᠨ᠂ ᠰᠠᠭᠤᠷᠢ ᠪᠡᠯᠡᠳᠬᠡᠮᠵᠢ᠂ ︽ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ ᠲᠠᠷᠢᠶᠠᠴᠢᠨ︾ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠭᠤᠷᠠᠢ ᠲᠠᠯ᠎ᠠ ᠶᠢᠨ ᠠᠵᠢᠯ ᠤᠳ ᠢ | ᠴᠢᠩᠭᠠᠳᠬᠠᠪᠠ᠃ ᠤᠯᠠᠭᠠᠨᠬᠤᠲᠠ ᠠᠴᠠ ᠪᠠᠶᠢᠴᠧᠩ ᠬᠦᠷᠬᠦ ᠲᠦᠷᠭᠡᠨ ᠬᠤᠷᠳᠤ ᠶᠢᠨ ᠲᠡᠮᠦᠷ ᠵᠠᠮ᠂ | ᠬᠥᠬᠡᠬᠤᠲᠠ ᠠᠴᠠ ᠵᠢᠨᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠤ ᠭᠠᠯᠲᠤ ᠲᠡᠷᠭᠡ | ᠨᠡᠪᠲᠡᠷᠡᠭᠦᠯᠦᠭᠰᠡᠨ ᠪᠦᠭᠡᠳ ᠤᠯᠠᠭᠠᠨᠬᠠᠳᠠ᠂ ᠲᠦᠩᠯᠢᠶᠣᠣ ᠪᠡᠭᠡᠵᠢᠩ ᠮᠥᠭᠳᠡᠨ ᠤ ᠳᠡᠭᠡᠳᠦ ᠬᠤᠷᠳᠤ ᠶᠢᠨ ᠲᠡᠮᠦᠷ | ᠵᠠᠮ ᠤᠨ ᠠᠭᠤᠯᠵᠠᠭᠤᠷ ᠱᠤᠭᠤᠮ ᠢ ᠪᠦᠲᠦᠭᠡᠨ ᠪᠠᠶᠢᠭᠤᠯᠬᠤ ᠠᠬᠢᠴᠠ ᠤᠷᠤᠭᠰᠢᠲᠠᠢ ᠪᠠᠶᠢᠵᠤ᠂ ᠪᠠᠶᠢᠭᠤᠯᠣᠮᠵᠢᠲᠤ | ᠭᠠᠴᠠᠭ᠎ᠠ ᠲᠣᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠲᠠᠢ ᠪᠣᠯᠭᠠᠬᠤ ᠬᠠᠷᠠᠯᠲᠠ ᠶᠢ ᠤᠷᠢᠳᠴᠢᠯᠠᠨ | ᠪᠡᠶᠡᠯᠡᠭᠦᠯᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠭᠡᠪᠡ᠃ ᠪᠢᠳᠡ | ᠶᠡᠷᠦᠩᠬᠡᠢ ᠱᠦᠵᠢ ᠰᠢ ᠶᠢᠨ ᠫᠢᠩ ᠤᠨ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠡᠬᠢ ᠪᠠᠶᠠᠯᠢᠭ ᠢ | ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠪᠠ᠃ ᠤᠯᠠᠮᠵᠢᠯᠠᠯᠲᠤ ᠠᠵᠤ ᠦᠢᠯᠡᠰ ᠢ ᠰᠢᠨᠡᠳᠬᠡᠨ | ᠥᠭᠡᠷᠡᠴᠢᠯᠡᠵᠦ ᠳᠡᠰ ᠳᠡᠪᠰᠢᠭᠦᠯᠬᠦ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶᠡᠰᠦ ᠶᠢ ᠤᠯᠠᠮ ᠨᠢᠭᠡ ᠠᠯᠬᠤᠮ | ᠤᠷᠲᠤᠳᠬᠠᠵᠤ᠂ ᠨᠡᠭᠦᠷᠡᠰᠦ ᠪᠠᠷ ᠴᠠᠬᠢᠯᠭᠠᠨ ᠭᠠᠷᠭᠠᠬᠤ᠂ ᠨᠡᠭᠦᠷᠡᠰᠦ ᠬᠢᠮᠢ ᠶᠢᠨ ᠨᠢᠭᠡ ᠴᠣᠭᠴᠠᠵᠢᠭᠤᠯᠬᠤ ᠬᠤᠪᠢ ᠶᠢᠨ | ᠵᠢᠩ 90% ᠠᠴᠠ ᠳᠡᠭᠡᠭᠰᠢ ᠳᠤ ᠬᠦᠷᠦᠭᠰᠡᠨ ᠪᠦᠭᠡᠳ ᠠᠵᠤ ᠦᠢᠯᠡᠳᠪᠦᠷᠢ ᠠᠵᠤ ᠠᠬᠤᠶᠢᠯᠠᠯ ᠤᠨ ᠠᠰᠢᠭ | ᠣᠯᠵᠠᠪᠤᠷᠢ ᠶᠢᠨ ᠨᠣᠷᠮ᠎ᠠ ᠢᠯᠡᠷᠬᠡᠢ ᠳᠡᠭᠡᠭᠰᠢᠯᠡᠪᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠯᠧᠺᠳ᠋ᠷᠤᠨ ᠮᠡᠳᠡᠭᠡ | ᠬᠤᠯᠪᠣᠭ᠎ᠠ ᠵᠡᠷᠭᠡ ᠠᠵᠤ ᠦᠢᠯᠡᠰ ᠤᠳ ᠨᠡᠯᠢᠶᠡᠳ ᠲᠦᠷᠭᠡᠨ ᠢᠶᠠᠷ ᠨᠡᠮᠡᠭᠳᠡᠵᠦ᠂ ᠬᠤᠪᠣᠷ ᠰᠢᠷᠣᠢ ᠶᠢᠨ ᠨᠢᠭᠡᠳᠪᠦᠷᠢ | ᠦᠢᠯᠡᠳᠪᠦᠷᠢᠯᠡᠬᠦ ᠴᠢᠳᠠᠮᠵᠢ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠪᠦᠬᠦ | ᠤᠯᠤᠰ ᠤᠨ ᠲᠡᠷᠢᠭᠦᠨ ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠤᠯᠠᠮ ᠨᠢᠭᠡ ᠠᠯᠬᠤᠮ | ᠰᠢᠯᠢᠳᠡᠭᠵᠢᠵᠦ᠂ ᠠᠮᠤ ᠪᠤᠳᠠᠭ᠎ᠠ ᠶᠢᠨ ᠤᠨᠠᠯᠲᠠ 5 ᠵᠢᠯ ᠳᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢ ᠳᠤ | ᠲᠣᠭᠲᠠᠪᠤᠷᠢᠵᠢᠵᠤ᠂ ᠮᠠᠯᠵᠢᠯ ᠤᠨ ᠣᠨ ᠤ ᠵᠤᠬᠰᠤᠭ᠎ᠠ ᠮᠠᠯ ᠤᠨ ᠲᠤᠭ᠎ᠠ 13 ᠵᠢᠯ ᠳᠠᠷᠠᠭᠠᠯᠠᠨ 1 ᠳ᠋ᠦᠩᠰᠢᠭᠤᠷ | ᠭᠠᠷᠤᠢ ᠲᠤᠭ᠎ᠠ ᠲᠣᠯᠣᠭᠠᠢ ᠳᠤ ᠲᠣᠭᠲᠠᠪᠤᠷᠢᠵᠢᠪᠠ᠃ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠡᠩᠬᠡ᠂ | ᠨᠠᠰᠤᠵᠢᠯ ᠤᠨ ᠠᠰᠠᠷᠠᠮᠵᠢ᠂ ᠴᠣᠭᠯᠠᠭᠠᠨ ᠦᠵᠡᠬᠦᠯᠦᠯᠬᠡ ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ | ᠵᠢᠭᠤᠯᠴᠢᠯᠠᠭᠴᠢᠳ ᠤᠨ ᠶᠡᠷᠦᠩᠬᠡᠢ ᠲᠤᠭ᠎ᠠ 1 ᠳ᠋ᠦᠩᠰᠢᠭᠤᠷ ᠬᠥᠮᠥᠨ ᠤᠳᠠᠭ᠎ᠠ ᠶᠢ ᠬᠡᠲᠦᠷᠡᠭᠰᠡᠨ ᠪᠦᠭᠡᠳ | ᠵᠢᠭᠤᠯᠴᠢᠯᠠᠯ ᠤᠨ ᠶᠡᠷᠦᠩᠬᠡᠢ ᠣᠷᠣᠯᠭ᠎ᠠ 7 ᠵᠢᠯ ᠳᠠᠷᠠᠭᠠᠯᠠᠨ 20% ᠠᠴᠠ ᠳᠡᠭᠡᠭᠰᠢ ᠨᠡᠮᠡᠭᠳᠡᠪᠡ᠃ ᠠᠵᠤ | ᠦᠢᠯᠡᠰ ᠤᠨ ᠳᠡᠰ ᠳᠡᠪᠰᠢᠭᠦᠯᠬᠦ ᠲᠠᠯ᠎ᠠ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠬᠠᠮᠵᠢᠯᠴᠠᠵᠤ ᠰᠢᠨ᠎ᠡ ᠶᠢ ᠡᠭᠦᠳᠦᠨ | ᠰᠲ᠋ᠣᠺ ᠤᠨ ᠡᠷᠬᠡ ᠪᠠᠷ ᠪᠡᠯᠡ ᠣᠷᠤᠭᠤᠯᠬᠤ ᠰᠠᠭᠤᠷᠢ ᠮᠥᠩᠭᠦ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ 93 ᠶᠢ ᠰᠢᠨ᠎ᠡ ᠪᠠᠷ | ᠪᠤᠶᠢᠵᠢᠭᠤᠯᠤᠨ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 1 ᠶᠢ | ᠰᠢᠨ᠎ᠡ ᠪᠠᠷ ᠨᠡᠮᠡᠭᠳᠡᠭᠦᠯᠪᠡ᠃ ᠮᠤᠩᠭᠤᠯ ᠡᠮᠨᠡᠯᠬᠡ ᠶᠢᠨ ᠤᠬᠠᠭᠠᠨ ᠵᠡᠷᠬᠡ ᠰᠢᠨ᠎ᠠ ᠪᠠᠷ ᠨᠡᠮᠡᠭᠳᠡᠭᠰᠡᠨ ᠳ᠋ᠤᠺᠲ᠋ᠤᠷ ᠴᠤᠯᠠ | ᠤᠯᠭᠤᠬᠤ 13 ᠴᠢᠬ ᠨᠢ ᠬᠢᠨᠠᠨ ᠲᠤᠭᠳᠠᠭᠠᠯᠳᠠ ᠪᠠᠷ ᠪᠠᠳᠤᠯᠠᠬᠳᠠᠪᠠ᠃ ᠥᠪᠥᠷ ᠮᠣᠩᠭᠤᠯ ᠤᠨ ᠶᠡᠭᠡ | ᠰᠤᠷᠭᠠᠭᠤᠯᠢ ᠨᠢ ᠰᠤᠷᠭᠠᠨ ᠬᠥᠮᠥᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠬᠠᠮᠲᠤᠷᠠᠨ ᠴᠣᠭᠴᠠᠯᠠᠬᠤ | ᠳᠡᠭᠡᠳᠦ ᠰᠤᠷᠭᠠᠭᠤᠯᠢ ᠪᠣᠯᠵᠤ᠂ ᠠᠮᠢᠳᠤ ᠪᠤᠳᠠᠰ ᠤᠨ ᠰᠤᠳᠤᠯᠤᠯ ᠨᠢ ᠤᠯᠤᠰ ᠤᠨ ᠲᠡᠷᠢᠭᠦᠨ ᠳᠡᠰ ᠤᠨ ᠬᠢᠴᠢᠶᠡᠯ | ᠰᠢᠨᠵᠢᠯᠡᠭᠡᠨ ᠤ ᠪᠠᠶᠢᠭᠤᠯᠤᠯᠲᠠ ᠶᠢᠨ ᠲᠥᠷᠥᠯ ᠵᠦᠢᠯ ᠳᠤ ᠰᠣᠩᠭᠤᠭᠳᠠᠨ ᠣᠷᠣᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠠᠴᠠ ᠬᠠᠮᠲᠤᠷᠠᠨ ᠪᠠᠶᠢᠭᠤᠯᠬᠤ ᠲᠠᠯ᠎ᠠ ᠨᠤᠲᠤᠭ ᠤᠨ ᠮᠠᠯ | ᠲᠡᠵᠢᠭᠡᠪᠦᠷᠢ ᠶᠢᠨ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠵᠥᠪᠰᠢᠶᠡᠷᠡᠭᠳᠡᠵᠦ᠂ ᠮᠤᠵᠢ ᠶᠠᠮᠤᠨ ᠬᠠᠮᠲᠤᠷᠠᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠪᠠᠶᠢᠭᠤᠯᠬᠤ ᠠᠵᠢᠯ ᠳᠤ ᠠᠩᠬᠠᠨ ᠤ ᠠᠮᠵᠢᠯᠲᠠ ᠣᠯᠪᠠ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠬᠢᠬᠦ ᠠᠯᠬᠤᠮ ᠢᠶᠠᠨ ᠲᠦᠷᠭᠡᠳᠬᠡᠪᠡ᠃ ᠪᠢᠳᠡ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ︽ᠣᠯᠠᠨ ᠦᠨᠡᠮᠯᠡᠯ ᠢ | ᠨᠡᠶᠢᠯᠡᠭᠦᠯᠵᠦ ᠨᠢᠭᠡ ᠪᠣᠯᠭᠠᠬᠤ︾ ᠪᠠ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠡᠶᠢᠭᠡᠮ ᠨᠡᠶᠢᠲᠡ ᠳᠤ ᠵᠠᠰᠠᠭ ᠵᠠᠬᠢᠷᠭᠠᠨ ᠤ ᠵᠥᠪᠰᠢᠶᠡᠷᠡᠵᠦ | ᠭᠡᠷᠡᠴᠢᠯᠡᠬᠦ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠡᠮ ᠤᠨ ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ | ᠪᠣᠯᠭᠠᠵᠤ᠂ ᠱᠠᠲᠤ ᠬᠤᠪᠢᠶᠠᠨ ᠣᠨᠣᠰᠢᠯᠡᠨ ᠡᠮᠴᠢᠯᠡᠬᠦ ᠲᠤᠷᠰᠢᠯᠲᠠ ᠶᠢ ᠠᠶᠢᠮᠠᠭ ᠬᠤᠲᠠ ᠳᠤ ᠨᠡᠶᠢᠳᠡᠮ ᠬᠠᠮᠤᠷᠬᠤ ᠶᠢ | ᠪᠡᠶᠡᠯᠡᠭᠦᠯᠦᠨ᠂ ᠴᠢᠬ ᠲᠣᠭᠲᠠᠭᠠᠭᠰᠠᠨ 154 ᠡᠮᠴᠢᠯᠡᠭᠡᠨ ᠤ ᠪᠠᠶᠢᠭᠤᠯᠤᠮᠵᠢ ᠶᠢ ᠤᠯᠤᠰ ᠤᠨ ᠮᠤᠵᠢ ᠠᠯᠤᠰᠯᠠᠨ | ᠣᠨᠳᠣᠣ ᠭᠠᠵᠠᠷ ᠢᠶᠠᠷ ᠡᠮᠨᠡᠭᠦᠯᠵᠦ ᠪᠣᠯᠬᠤ ᠰᠢᠰᠲ᠋ᠧᠮ ᠳᠤ ᠣᠷᠤᠭᠤᠯᠪᠠ᠃ ᠭᠠᠵᠠᠷ ᠰᠢᠷᠣᠢ ᠶᠢᠨ ᠡᠷᠬᠡ ᠶᠢ ᠲᠣᠳᠣᠯᠠᠨ | ᠲᠣᠭᠲᠠᠭᠠᠬᠤ ᠪᠤᠳᠠᠲᠠᠢ ᠲᠠᠯᠠᠪᠠᠢ ᠶᠢᠨ 81% ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ | ᠲᠣᠭᠲᠠᠭᠠᠵᠤ ᠳᠠᠭᠠᠭᠠᠴᠢᠯᠠᠭᠤᠯᠬᠤ ᠠᠵᠢᠯ ᠤᠨ 90% ᠠᠴᠠ ᠳᠡᠭᠡᠭᠰᠢᠬᠢ ᠶᠢ ᠪᠡᠶᠡᠯᠡᠭᠦᠯᠦᠨ᠂ ᠬᠥᠲᠦᠴᠢ ᠠᠵᠤ | ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠪᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ᠂ ᠤᠯᠤᠰ ᠤᠨ ᠭᠠᠵᠠᠷ ᠰᠢᠷᠣᠢ | ᠡᠬᠢ ᠪᠠᠶᠠᠯᠢᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ ᠳᠠᠬᠢ ᠥᠭᠡᠷᠡᠴᠢᠯᠡᠯᠲᠡ ᠤᠯᠠᠮ | ᠨᠢᠭᠡ ᠠᠯᠬᠤᠮ ᠭᠦᠨᠵᠡᠭᠡᠶᠢᠷᠡᠪᠡ᠃ ᠭᠠᠳᠠᠭᠠᠳᠤ ᠳᠤ ᠨᠡᠭᠡᠭᠡᠯᠲᠡ ᠬᠢᠬᠦ ᠶᠢ ᠪᠥᠬᠦ ᠲᠠᠯ᠎ᠠ ᠪᠠᠷ ᠥᠷᠭᠡᠳᠬᠡᠵᠦ᠂ ︽ᠨᠢᠭᠡ | ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ | ᠪᠠᠶᠢᠩᠭᠤᠵᠢᠭᠤᠯᠬᠤ ᠠᠵᠢᠯᠯᠠᠭᠠᠨ ᠢ ᠪᠡᠶᠡᠯᠡᠬᠦᠯᠵᠦ᠂ ᠭᠠᠳᠠᠭᠠᠳᠤ ᠠᠷᠠᠯᠵᠢᠶ᠎ᠠ ᠶᠢᠨ ᠲᠦᠷᠭᠡᠨ ᠨᠡᠮᠡᠭᠳᠡᠯ ᠢ ᠪᠠᠲᠤᠯᠠᠨ᠂ | ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 900 ᠳ᠋ᠦᠩᠰᠢᠭᠤᠷ ᠲᠥᠭᠦᠷᠢᠭ ᠢ | ᠳᠠᠪᠠᠵᠤ᠂ 22.8% ᠨᠡᠮᠡᠭᠳᠡᠨ᠂ ᠬᠢᠯᠢ ᠪᠣᠭᠤᠮᠲᠠ ᠪᠠᠷ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠲᠣᠭᠲᠠᠭᠤᠨ | ᠪᠦᠭᠡᠳ ᠨᠡᠮᠡᠭᠳᠡᠯ ᠲᠠᠢ ᠪᠣᠯᠪᠠ᠃ ᠭᠠᠳᠠᠭᠠᠳᠤ ᠶᠠᠪᠤᠳᠠᠯ ᠤᠨ ᠶᠠᠮᠤᠨ ᠠᠴᠠ ᠳᠡᠯᠡᠬᠡᠢ ᠳ᠋ᠠᠬᠢᠨ ᠳᠤ ᠥᠪᠥᠷ ᠮᠣᠩᠭᠤᠯ ᠢ | ᠲᠠᠨᠢᠯᠴᠠᠭᠤᠯᠬᠤ ᠠᠵᠢᠯᠯᠠᠭ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ | ᠴᠤᠭᠯᠠᠭᠠᠨ᠂ ᠠᠰᠲ᠋ᠠᠨᠠ ᠶᠢᠨ ᠳᠡᠯᠡᠬᠡᠢ ᠶᠢᠨ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠤᠨ ᠭᠠᠷᠠᠭ ᠤᠨ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠡᠳ ᠤᠯᠤᠰ ᠤᠨ ᠳᠣᠲᠤᠭᠠᠳᠤ ᠭᠠᠳᠠᠭᠠᠳᠤ ᠳᠤ ᠥᠪᠥᠷ ᠮᠣᠩᠭᠤᠯ ᠤᠨ | ᠴᠡᠴᠡᠭᠯᠡᠯ ᠬᠥᠭᠵᠢᠯ ᠲᠠᠢ᠂ ᠳᠠᠪᠰᠢᠯᠲᠠ ᠲᠠᠢ᠂ ᠨᠡᠭᠡᠭᠡᠯᠲᠡ ᠲᠠᠢ᠂ ᠡᠶ᠎ᠡ ᠵᠣᠬᠢᠴᠠᠯ ᠲᠠᠢ ᠪᠠᠶᠢᠭ᠎ᠠ ᠰᠠᠶᠢᠨ ᠰᠠᠶᠢᠬᠠᠨ | ᠳᠦᠷᠢ ᠲᠥᠷᠬᠦ ᠶᠢ ᠢᠯᠡᠷᠡᠭᠦᠯᠦᠨ ᠭᠠᠶᠢᠬᠠᠭᠤᠯᠪᠠ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠪᠠ᠃ ᠪᠢᠳᠡ | ᠪᠤᠬᠢᠷᠳᠤᠯ ᠦᠭᠡᠢ ᠦᠪᠦᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠪᠠᠶᠢᠭᠠᠯᠢᠯᠢᠬ ᠣᠢ ᠶᠢᠨ | ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢᠨ ᠡᠬᠢ ᠢᠷᠡᠯᠲᠡ ᠶᠢ ᠵᠠᠰᠠᠬᠤ᠂ ᠲᠠᠷᠢᠶᠠᠯᠠᠬᠤ ᠶᠢ | ᠵᠤᠭᠰᠤᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ ᠶᠢ ᠦᠩᠭᠡᠵᠢᠭᠦᠯᠦᠨ ᠰᠡᠷᠭᠦᠭᠡᠬᠦ | ᠴᠢᠬᠤᠯᠡ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢ ᠦᠷᠨᠢᠭᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ | ᠪᠣᠬᠢᠷᠳᠤᠯ ᠢ ᠴᠡᠭᠴᠡᠯᠡᠨ ᠵᠠᠰᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠠᠵᠤ | ᠠᠬᠤᠶᠢᠯᠠᠯ ᠪᠦᠬᠦᠨ ᠤ ᠨᠡᠭᠡᠭᠡᠨ ᠮᠠᠯᠲᠠᠵᠤ ᠬᠠᠶᠢᠨ ᠪᠠᠶᠢᠴᠠᠭᠠᠬᠤ ᠠᠵᠢᠯᠯᠠᠭ᠎ᠠ ᠶᠢ ᠵᠤᠭᠰᠤᠭᠠᠵᠤ᠂ ᠬᠦᠯᠦᠨ ᠨᠠᠭᠤᠷ᠂ | ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ | ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠪᠣᠯᠪᠠᠰᠤᠨ ᠤ ᠰᠢᠯᠭᠠᠨ ᠬᠢᠨᠠᠬᠤ ᠠᠷᠭ᠎ᠠ᠂ ᠪᠤᠬᠢᠷᠳᠤᠯ ᠦᠭᠡᠢ | ᠬᠥᠭᠵᠢᠭᠦᠯᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠥᠷᠪᠡᠨ ᠱᠠᠲᠤᠨ ᠤ ︽ᠭᠤᠣᠯ ᠮᠦᠷᠡᠨ ᠤ ᠠᠵᠢᠯ ᠳᠤ | ᠬᠠᠷᠢᠭᠤᠴᠠᠬᠤ ᠳᠠᠷᠤᠭ᠎ᠠ ᠲᠠᠢ ᠪᠠᠶᠢᠬᠤ︾ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ︽ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠥᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ | ᠠᠷᠪᠠᠨ ᠭᠤᠷᠪᠠᠳᠤᠭᠠᠷ ᠤᠳᠠᠭᠠᠨ ᠤ ᠭᠡᠷ᠎ᠡ ᠪᠠᠶᠢᠭᠤᠯᠤᠭᠴᠢᠳ ᠤᠨ ᠬᠤᠷᠠᠯ ᠪᠠ ᠵᠢᠷᠭᠤᠳᠤᠭᠠᠷ ᠬᠤᠭᠤᠴᠠᠭᠠᠨ ᠤ | ᠬᠥᠪᠴᠢ ᠶᠢᠨ ᠣᠯᠠᠨ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠬᠦ ᠶᠠᠷᠢᠶᠠᠨ ᠤ ᠲᠡᠪᠴᠡᠩ ᠢ ᠮᠠᠨ ᠤ ᠣᠷᠣᠨ ᠳᠤ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠴᠠ ᠲᠤᠰ ᠲᠤᠰ ᠵᠠᠬᠢᠳᠠᠯ ᠢᠷᠡᠭᠦᠯᠵᠦ ᠪᠠᠶᠠᠷ ᠬᠦᠷᠭᠡᠪᠡ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠭᠰᠠᠨ ᠪᠠ ᠰᠠᠶᠢᠵᠢᠷᠠᠭᠤᠯᠪᠠ᠃ ᠪᠢᠳᠡ ᠠᠷᠠᠳ ᠤᠨ | ᠠᠮᠢᠳᠤᠷᠠᠯ ᠳᠤ ᠣᠷᠤᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠠᠷᠠᠳ ᠤᠨ | ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 69.8% ᠶᠢ ᠡᠵᠡᠯᠡᠵᠦ | ᠂ ᠳᠡᠭᠡᠷ᠎ᠡ ᠵᠢᠯ ᠤᠨ ᠬᠢ ᠠᠴᠠ 4 ᠵᠠᠭᠤᠨ ᠤ ᠴᠡᠭ ᠢᠶᠠᠷ ᠳᠡᠭᠡᠭᠰᠢᠯᠡᠨ᠂ ᠣᠯᠠᠨ ᠲᠦᠮᠡᠨ ᠤ ᠠᠩᠬᠠᠷᠤᠨ ᠬᠠᠯᠠᠮᠵᠢᠯᠠᠳᠠᠭ | ᠨᠢᠭᠡ ᠪᠦᠯᠦᠭ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠰᠢᠢᠳᠪᠦᠷᠢᠯᠡᠭᠳᠡᠪᠡ᠃ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠡᠷᠴᠢᠮ ᠢ ᠴᠢᠩᠭᠠᠷᠠᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠪᠡᠯᠡ ᠮᠦᠩᠭᠦ ᠶᠢᠨ ᠵᠠᠷᠤᠯᠭ᠎ᠠ 121 | ᠳ᠋ᠦᠩᠰᠢᠭᠤᠷ ᠲᠦᠭᠦᠷᠢᠭ ᠪᠠᠶᠢᠵᠤ᠂ ᠨᠡᠮᠡᠭᠳᠡᠯ ᠤᠨ ᠬᠡᠮᠵᠢᠶ᠎ᠡ ᠨᠢ 112.9% ᠳᠤ ᠬᠦᠷᠪᠡ᠃ ᠤᠨᠳᠤᠤ ᠭᠠᠵᠠᠷ | ᠨᠡᠭᠦᠯᠭᠡᠨ ᠰᠢᠯᠵᠢᠭᠦᠯᠦᠭᠰᠡᠨ ᠶᠠᠳᠠᠭᠤ ᠬᠦᠴᠢᠷᠳᠡᠯᠲᠡᠢ ᠬᠦᠮᠦᠨ ᠠᠮᠠ 5 ᠲᠦᠮᠡ ᠪᠠᠶᠢᠵᠤ᠂ ᠶᠠᠳᠠᠭᠤ ᠬᠦᠴᠢᠷᠳᠡᠯᠲᠡᠢ | ᠬᠦᠮᠦᠨ ᠠᠮᠠ ᠳᠤ ᠰᠦᠢᠳᠬᠡᠯ ᠬᠤᠷᠢᠶᠠᠬᠤ ᠦᠬᠡᠢ ᠪᠠᠷ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠨ | ᠥᠭᠴᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠨᠢ ᠤᠯᠤᠰ ᠤᠨ ᠳᠡᠰ ᠤᠨ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠪᠦᠬᠦᠨ ᠢ ᠬᠠᠮᠤᠷᠴᠤ᠂ ᠶᠡᠭᠡ ᠰᠤᠷᠭᠠᠭᠤᠯᠢ ᠶᠢᠨ ᠰᠢᠨ᠎ᠡ ᠤᠶᠤᠲᠠᠳ ᠢ | ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠠᠴᠠ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠢ ᠭᠡᠷ ᠪᠦᠯᠢ ᠪᠦᠬᠦᠨ ᠳᠤ ᠬᠦᠷᠲᠡᠯ᠎ᠡ ᠥᠷᠭᠡᠳᠭᠡᠪᠡ᠃ ᠪᠦᠬᠦ ᠵᠢᠯ ᠳᠤ 20 ᠲᠦᠮᠡᠨ ᠬᠦᠮᠦᠨ ᠢ | ᠶᠠᠳᠠᠭᠤ ᠠᠴᠠ ᠠᠩᠬᠢᠵᠢᠷᠠᠭᠤᠯᠪᠠ᠃ ᠠᠳᠠᠯ ᠦᠢᠯᠡᠰ ᠴᠤᠭᠴᠠᠯᠠᠨ ᠠᠵᠢᠯ ᠣᠯᠭᠤᠬᠤ ᠶᠢ ᠲᠣᠭᠲᠠᠭᠤᠨ ᠢᠶᠠᠷ | ᠠᠬᠢᠭᠤᠯᠵᠤ᠂ ᠬᠤᠲᠠ ᠪᠠᠯᠭᠠᠰᠤ ᠶᠢᠨ ᠠᠵᠢᠯ ᠣᠯᠣᠭᠰᠠᠳ 26.1 ᠲᠦᠮᠡᠨ ᠬᠦᠮᠦᠨ ᠰᠢᠨ᠎ᠡ ᠪᠠᠷ ᠨᠡᠮᠡᠭᠳᠡᠨ᠂ | ᠬᠤᠲᠠ ᠪᠠᠯᠭᠠᠰᠤ ᠶᠢᠨ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.6% ᠪᠣᠯᠪᠠ᠃ | ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠨᠠᠰᠤᠵᠢᠯ᠂ | ᠡᠮᠴᠢᠯᠡᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ᠂ | ᠵᠡᠮᠳᠡᠭᠴᠦᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠢᠯᠢ ᠶᠢᠨ ᠠᠷᠠᠳ ᠤᠨ ᠨᠦᠬᠦᠪᠦᠷᠢ ᠪᠠ | ᠦᠲᠡᠭᠦᠰ ᠤᠨ ᠨᠡᠮᠡᠯᠭᠡ ᠶᠢ ᠨᠡᠮᠡᠭᠳᠡᠭᠦᠯᠪᠡ᠃ ᠳᠦᠭᠦᠮ ᠪᠦᠳᠦᠭᠦᠯᠢᠭ ᠣᠷᠣᠨ ᠰᠠᠭᠤᠴᠠᠲᠣ ᠲᠣᠭᠤᠷᠢᠭ ᠲᠤ 22.1 | ᠲᠦᠮᠡᠨ ᠢᠵᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠵᠦ᠂ ᠬᠤᠲᠠ ᠪᠠᠯᠭᠠᠰᠤ ᠶᠢᠨ 2300 ᠲᠦᠮᠡᠨ ᠲᠡᠭᠰᠢ | ᠳᠦᠷᠪᠡᠯᠵᠢᠨ ᠮᠧᠳ᠋ᠷ ᠤᠨ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠭᠡᠪᠡ᠃ | ᠦᠪᠦᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠬᠤᠲᠠ ᠬᠦᠳᠡᠭᠡ ᠶᠢᠨ ᠬᠡᠷᠡᠭᠯᠡᠬᠦ ᠴᠠᠬᠢᠯᠭᠠᠨ ᠤ | ᠠᠳᠠᠯᠢ ᠲᠣᠣᠷ ᠲᠠᠬᠢ ᠠᠳᠠᠯᠢ ᠦᠨ᠎ᠡ ᠶᠢ ᠪᠡᠶᠡᠯᠡᠭᠦᠯᠵᠦ᠂ ᠤᠤᠭᠤᠬᠤ ᠤᠰᠤᠨ ᠤ ᠠᠮᠦᠷ ᠲᠥᠪᠰᠢᠨ ᠪᠠ ᠪᠤᠶᠢᠲᠠ | ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠤ ᠳᠡᠰ ᠳᠡᠪᠰᠢᠭᠦᠯᠬᠦ ᠢᠨᠵᠧᠨᠧᠷᠢᠩ ᠢ | ᠤᠷᠤᠭᠰᠢᠲᠠᠢ ᠠᠬᠢᠭᠤᠯᠪᠠ᠃ | ᠰᠤᠷᠭᠠᠨ ᠬᠦᠮᠦᠵᠢᠯ ᠢ ᠡᠷᠬᠡ ᠲᠡᠭᠰᠢ ᠪᠠᠷ ᠬᠥᠭᠵᠢᠭᠦᠯᠬᠦ ᠪᠠ ᠴᠢᠨᠠᠷ ᠢ ᠨᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠡᠦᠬᠡᠳ ᠤᠨ ᠴᠡᠴᠡᠷᠯᠢᠭ ᠲᠤ ᠣᠷᠤᠬᠤ ᠨᠣᠷᠮ᠎ᠠ | 90% ᠠᠴᠠ ᠳᠡᠭᠡᠭᠰᠢ ᠳᠤ ᠬᠦᠷᠴᠦ᠂ ᠨᠡᠶᠢᠲᠡ 93 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠯᠤᠰ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠭᠦᠯᠬᠦ ᠶᠢ ᠦᠨᠡᠯᠡᠨ ᠵᠢᠱᠢᠬᠦ ᠪᠠ ᠮᠠᠭᠠᠳᠯᠠᠨ | ᠲᠣᠭᠲᠠᠭᠠᠬᠤ ᠳᠤ ᠪᠠᠲᠤᠯᠠᠭᠳᠠᠪᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦ᠋ᠢᠯᠡ ᠬᠥᠭᠵᠢᠯᠲᠡ ᠶᠢᠨ ᠬᠢᠷᠢ | ᠲᠥᠪᠰᠢᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠤᠪᠠ᠃ ᠠᠯᠤᠰ ᠵᠠᠢ ᠶᠢᠨ ᠡᠮᠴᠢᠯᠡᠭᠡ ᠪᠠ ᠠᠯᠤᠰ ᠵᠠᠢ ᠶᠢᠨ | ᠰᠤᠷᠭᠠᠨ ᠬᠦᠮᠦᠵᠢᠯ ᠢ ᠬᠡᠷᠡᠭᠵᠢᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠬᠠᠮᠲᠤᠪᠡᠷ ᠬᠦᠷᠲᠡᠬᠦ ᠶᠢ ᠠᠬᠢᠭᠤᠯᠪᠠ᠃ | ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠰᠢᠨ᠎ᠠ ᠠᠬᠢᠯᠳᠠ ᠲᠠᠢ ᠪᠤᠯᠪᠠ᠃ ᠪᠦᠬᠦ ᠣᠷᠣᠨ ᠤ | ᠶᠢᠰᠦᠳᠦᠭᠡᠷ ᠬᠤᠭᠤᠴᠠᠭᠠᠨ ᠤ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ ᠡᠷᠬᠢᠯᠡᠵᠦ᠂ ᠮᠠᠨ ᠤ ᠣᠷᠣᠨ ᠤ ᠲᠠᠮᠢᠷᠴᠢᠳ 13 ᠳ᠋ᠤᠭᠠᠷ ᠬᠤᠭᠤᠴᠠᠭᠠᠨ ᠤ ᠪᠦᠬᠦ ᠤᠯᠤᠰ ᠤᠨ | ᠲᠠᠮᠢᠷ ᠤᠨ ᠴᠤᠭᠯᠠᠭᠠᠨ ᠳᠤ ᠨᠡᠯᠢᠶᠡᠳ ᠰᠠᠶᠢᠨ ᠬᠢᠷᠢ ᠪᠦᠲᠦᠮᠵᠢ ᠣᠯᠪᠠ᠃ ᠬᠥᠯ ᠪᠦᠮᠪᠦᠭᠡ ᠶᠢᠨ ᠬᠦᠳᠡᠯᠭᠡᠭᠡᠨ ᠤ | ᠦᠭᠡᠷᠡᠴᠢᠯᠡᠯᠲᠡ ᠶᠢᠨ ᠲᠣᠷᠰᠢᠯᠲᠠ ᠢᠯᠡᠷᠬᠡᠢ ᠦᠷ᠎ᠡ ᠪᠦᠲᠦᠮᠵᠢ ᠲᠠᠢ ᠪᠣᠯᠵᠤ᠂ ᠤᠯᠤᠰ ᠠᠴᠠ ᠵᠥᠪᠰᠢᠶᠡᠷᠡᠭᠰᠡᠨ ᠤ | ᠳᠠᠷᠠᠭ᠎ᠠ᠂ ︽ᠦᠪᠦᠷ ᠮᠣᠩᠭᠤᠯ ᠤᠨ ᠬᠥᠯ ᠪᠦᠮᠪᠦᠭᠡ ᠶᠢᠨ ᠰᠤᠪᠠᠭ︾ ᠪᠠᠶᠢᠭᠰᠠᠨ ᠢ ︽ᠬᠥᠯ ᠪᠦᠮᠪᠦᠭᠡ ᠶᠢᠨ ᠰᠤᠪᠠᠭ | ︾ ᠬᠡᠮᠡᠨ ᠬᠠᠯᠠᠵᠤ᠂ ᠪᠦᠬᠦ ᠤᠯᠤᠰ ᠤᠨ ᠬᠥᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠬᠥᠭᠵᠢᠯᠲᠡ ᠶᠢ | ᠤᠬᠠᠭᠤᠯᠬᠤ ᠪᠠ ᠵᠠᠯᠠᠭᠠᠴᠤᠳ ᠪᠠᠭᠠᠴᠤᠳ ᠤᠨ ᠬᠥᠯ ᠪᠦᠮᠪᠦᠭᠡ ᠶᠢᠨ ᠬᠦᠳᠡᠯᠭᠡᠭᠡᠨ ᠳᠤ ᠠᠩᠬᠠᠷᠤᠯ ᠲᠠᠯᠪᠢᠬᠤ | ᠲᠧᠯᠸᠢᠰ ᠤᠨ ᠰᠤᠪᠠᠭ ᠪᠣᠯᠪᠠ᠃ ᠲᠦᠩᠯᠢᠶᠣᠣ ᠬᠤᠲᠠ᠂ ᠣᠲᠤᠭ ᠤᠨ ᠡᠮᠦᠨᠡᠲᠦ ᠬᠤᠰᠢᠭᠤ᠂ ᠵᠡᠭᠦᠨᠭᠠᠷ ᠬᠤᠰᠢᠭᠤ | ᠪᠦᠬᠦ ᠤᠯᠤᠰ ᠤᠨ ᠪᠣᠯᠪᠠᠰᠤᠨ ᠬᠤᠲᠠ ᠶᠢᠨ ᠡᠩᠨᠡᠭᠡᠨ ᠳᠤ ᠣᠷᠤᠪᠠ᠃ ᠠᠮᠤᠭᠤᠯᠠᠩ ᠲᠠᠶᠢᠪᠣᠩ ᠦᠪᠦᠷ | ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠠᠮᠦᠷ ᠢ ᠬᠠᠮᠠᠭᠠᠯᠠᠬᠤ ᠬᠡᠷᠡᠭ᠂ ᠠᠶᠤᠯ ᠦᠭᠡᠢ ᠦᠢᠯᠡᠳᠪᠦᠷᠢᠯᠡᠯ ᠤᠨ | ᠡ᠊ᠨᠳᠡᠯ ᠭᠠᠷᠬᠤ ᠲᠤᠭ᠎ᠠ ᠶᠡᠷᠦᠩᠬᠡᠢ ᠳᠡᠭᠡᠨ ᠪᠠᠭᠠᠰᠴᠤ᠂ ᠠᠷᠠᠳ ᠣᠯᠠᠨ ᠤ ᠢᠳᠡᠭᠡᠨ ᠤᠮᠳᠠᠭᠠᠨ ᠪᠠ ᠤᠤᠭᠤᠵᠤ | ᠬᠡᠷᠡᠭᠯᠡᠬᠦ ᠡᠮ ᠤᠨ ᠠᠮᠦᠷ ᠲᠥᠪᠰᠢᠨ ᠪᠠᠲᠤᠯᠠᠭ᠎ᠠ ᠲᠠᠢ ᠪᠣᠯᠪᠠ᠃ | 2017 ᠣᠨ ᠳᠤ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠲᠠᠯ᠎ᠠ ᠲᠠᠢ ᠬᠤᠯᠪᠣᠭᠳᠠᠭᠤᠯᠤᠨ ᠲᠤᠤᠱᠯᠠᠭᠤᠯᠵᠤ᠂ ︽ᠳᠥᠷᠪᠡᠨ ᠦᠵᠡᠯ ᠤᠬᠠᠮᠰᠠᠷ︾ ᠢ ᠪᠠᠲᠤ | ᠪᠣᠢ ᠪᠣᠯᠭᠠᠨ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠡ ᠵᠢᠭᠠᠪᠤᠷᠢ ᠪᠠ ᠴᠤᠬᠤᠯᠠᠪᠤᠷᠢ ᠶᠢᠨ ᠵᠣᠷᠢᠭ ᠰᠠᠨᠠᠭ᠎ᠠ᠂ ᠵᠢᠴᠢ ᠲᠥᠪ ᠤᠨ | ᠲᠣᠭᠤᠷᠢᠨ ᠪᠠᠶᠢᠴᠠᠭᠠᠬᠤ ᠳᠤᠭᠤᠶᠢᠯᠠᠩ ᠤᠨ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ | ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠪᠠ᠃ ᠪᠢᠳᠡ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠵᠢᠷᠤᠮᠵᠢᠭᠤᠯᠵᠤ᠂ ᠥᠷᠢ ᠥᠭᠴᠡᠭᠡ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠷᠢᠯᠭᠠᠨ᠂ | ᠵᠠᠰᠠᠭ ᠤᠨ ᠣᠷᠳᠣᠨ ᠤ ᠪᠡᠯᠡ ᠣᠷᠤᠭᠤᠯᠤᠬᠰᠠᠨ ᠨᠢᠭᠡ ᠪᠦᠯᠦᠭ ᠲᠦᠷᠦᠯ ᠵᠦᠢᠯ ᠢ ᠪᠠᠶᠢᠭᠤᠯᠬᠤ ᠪᠠᠨ ᠵᠣᠭᠰᠤᠭᠠᠬᠤ᠂ | ᠬᠤᠶᠢᠰᠢᠯᠠᠭᠤᠯᠤᠨ ᠪᠠᠶᠢᠭᠤᠯᠬᠤ ᠪᠠ ᠬᠠᠰᠤᠨ ᠴᠤᠮᠬᠠᠳᠬᠠᠵᠤ᠂ ᠦᠷᠢᠲᠦᠵᠦ ᠪᠠᠶᠢᠭᠰᠠᠨ ᠪᠠᠷᠢᠯᠭ᠎ᠠ ᠶᠢᠨ ᠮᠦᠩᠭᠦ ᠪᠠ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠢᠯᠭᠠᠷᠠᠭᠤᠯᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ | ᠲᠤᠭ᠎ᠠ ᠪᠠᠷᠢᠮᠲᠠ ᠨᠢ ᠦᠨᠡᠨ ᠪᠣᠲᠠᠲᠠᠢ ᠪᠢᠰᠢ ᠪᠠ ᠡᠳ᠋ ᠤᠨ ᠵᠠᠰᠠᠭ ᠤᠨ ᠣᠷᠣᠯᠭ᠎ᠠ ᠶᠢ ᠬᠡᠢ ᠬᠤᠭᠤᠰᠤᠨ ᠢᠶᠠᠷ | ᠨᠡᠮᠡᠭᠳᠡᠭᠦᠯᠦᠨ ᠡᠷᠭᠢᠯᠳᠦᠭᠦᠯᠬᠦ ᠵᠡᠷᠭᠡ ᠪᠢᠳᠡᠨ ᠢ ᠣᠯᠠᠨ ᠵᠢᠯ ᠭᠠᠴᠢᠭᠳᠠᠭᠤᠯᠤᠨ ᠮᠤᠬᠤᠭᠤᠵᠦ ᠪᠠᠶᠢᠬᠰᠠᠨ ᠪᠡᠷᠬᠡ | ᠲᠦᠪᠡᠭᠲᠡᠢ ᠠᠰᠠᠭᠤᠳᠠᠯ ᠤᠳ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠨᠠᠶᠢᠳᠠᠪᠤᠷᠢᠲᠠᠢ ᠦᠨᠳᠦᠰᠦᠯᠡᠯ ᠢ ᠬᠠᠩᠭᠠᠨ᠂ ᠢᠷᠡᠭᠡᠳᠦᠢ ᠶᠢᠨ ᠬᠥᠭᠵᠢᠯᠲᠡ ᠳᠤ ᠰᠠᠭᠤᠷᠢ ᠶᠢ ᠨᠢ | ᠪᠠᠲᠤᠳᠬᠠᠪᠠ᠃ ᠪᠢᠳᠠ ᠠᠵᠢᠯ ᠤᠨ ᠳᠤᠮᠳᠠᠬᠢ ᠴᠢᠩᠭ᠎ᠠ ᠪᠤᠰᠤ ᠪᠠ ᠪᠣᠲᠠᠲᠠᠢ ᠪᠤᠰᠤ ᠠᠴᠠ ᠪᠤᠯᠤᠭᠰᠠᠨ ᠬᠤᠬᠢᠷᠠᠯ | ᠬᠦᠨᠦᠭᠡᠯ ᠢ ᠭᠦᠨᠵᠡᠭᠡᠢ ᠲᠠᠨᠢᠵᠤ ᠮᠡᠳᠡᠭᠰᠡᠨ ᠪᠦᠭᠡᠳ ᠨᠡᠮᠡᠭᠳᠡᠭᠦᠯᠬᠦ ᠶᠢᠨ ᠲᠦᠯᠦᠭᠡ ᠯᠡ ᠨᠡᠮᠡᠭᠳᠡᠭᠦᠯᠵᠦ᠂ ᠪᠡᠯᠡ | ᠣᠷᠤᠭᠤᠯᠬᠤ ᠶᠢᠨ ᠲᠦᠯᠦᠭᠡ ᠯᠡ ᠪᠡᠯᠡ ᠣᠷᠤᠭᠤᠯᠵᠤ ᠪᠣᠯᠬᠤ ᠦᠭᠡᠢ᠂ ᠦᠢᠯᠡᠳᠪᠦᠷᠢᠯᠡᠯ ᠤᠨ ᠶᠡᠷᠦᠩᠬᠡᠢ | ᠥᠷᠳᠡᠭ ᠤᠨ ᠨᠡᠮᠡᠭᠳᠡᠯ ᠤᠨ ᠨᠤᠷᠮ᠎ᠠ ᠪᠠᠷ ᠠᠵᠢᠯ ᠤᠨ ᠪᠦᠲᠦᠮᠵᠢ ᠶᠢ ᠳᠦᠭᠦᠮ ᠢᠶᠠᠷ ᠦᠨᠡᠯᠡᠨ ᠲᠣᠭᠲᠠᠭᠠᠬᠤ | ᠬᠥᠭᠵᠢᠯᠲᠡ ᠶᠢᠨ ᠦᠵᠡᠯᠲᠡ ᠪᠠ ᠠᠵᠢᠯ ᠤᠨ ᠪᠦᠲᠦᠮᠵᠢ ᠶᠢᠨ ᠦᠵᠡᠯᠲᠡ ᠶᠢ ᠡᠷᠡᠰ ᠰᠢᠭᠤᠷᠬᠠᠢ ᠪᠠᠷ ᠲᠡᠪᠴᠢᠬᠦ | ᠬᠡᠷᠡᠭᠲᠡᠢ᠃ | ᠪᠢᠳᠡ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠬᠠᠤᠯᠢ ᠶᠤᠰᠤᠴᠢ ᠴᠢᠨᠠᠷ ᠢ ᠨᠢ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ ᠣᠷᠣᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠭᠤᠯᠤᠭᠰᠠᠨ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 8 ᠪᠠᠶᠢᠵᠤ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ | 35 ᠲᠣᠭᠲᠠᠭᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭᠠᠭᠰᠠᠨ ᠪᠠᠶᠢᠨ᠎ᠠ᠃ ᠠᠷᠠᠳ ᠤᠨ | ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢ 1069 | ᠬᠤᠪᠢ ᠭᠦᠢᠴᠡᠳᠭᠡᠨ᠂ ᠭᠦᠢᠴᠡᠳᠭᠡᠭᠡᠳ ᠬᠠᠷᠢᠭᠤ ᠥᠭᠭᠦᠭᠰᠡᠨ ᠨᠤᠷᠮ᠎ᠠ 100% ᠳᠤ ᠬᠦᠷᠪᠡ᠃ ᠨᠡᠶᠢᠭᠡᠮ ᠤᠨ | ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ | ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠂ ᠪᠦᠬᠦ ᠵᠢᠯ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠢ 70 | ᠤᠳᠠᠭ᠎ᠠ ᠬᠤᠷᠠᠯᠳᠤᠭᠤᠯᠪᠠ᠃ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠠᠬᠢ 10 ᠳ᠋ᠦᠩᠰᠢᠭᠤᠷ ᠲᠦᠭᠦᠷᠢᠭ ᠤᠨ ᠡᠩ ᠤᠨ ᠴᠢᠨᠠᠷᠲᠠᠢ | ᠵᠠᠷᠤᠯᠭ᠎ᠠ ᠶᠢ ᠪᠠᠭᠠᠰᠬᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ ᠴᠢᠬᠤᠯᠡ ᠶᠡᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠬᠦ | ᠪᠡᠯᠡ ᠮᠦᠩᠭᠦ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠠ ᠪᠠᠶᠢᠭᠠᠯᠢ ᠶᠢᠨ ᠡᠬᠢ ᠪᠠᠶᠠᠯᠢᠭ | ᠡᠳ᠋ ᠬᠦᠷᠦᠩᠭᠡ ᠶᠢᠨ ᠲᠠᠯ᠎ᠠ ᠪᠠᠷ ᠲᠤᠰᠢᠶᠠᠯ ᠠᠴᠠ ᠰᠠᠯᠬᠤ ᠳᠤ ᠬᠢᠨᠠᠨ ᠪᠤᠳᠤᠬᠤ ᠠᠵᠢᠯ ᠢ ᠦᠷᠨᠢᠭᠦᠯᠵᠦ᠂ ᠵᠠᠰᠠᠭ | ᠵᠠᠬᠢᠷᠭᠠᠨ ᠤ ᠬᠢᠨᠠᠨ ᠪᠠᠶᠢᠴᠠᠭᠠᠯᠲᠠ ᠬᠢᠬᠦ ᠪᠠ ᠰᠢᠮᠳᠠᠭᠤᠯᠤᠨ ᠪᠠᠶᠢᠴᠠᠭᠠᠬᠤ ᠪᠠᠷ ᠦᠷ᠎ᠡ ᠪᠦᠲᠦᠮᠵᠢ ᠶᠢ ᠨᠢ | ᠣᠶᠢᠯᠠᠭᠠᠬᠤ ᠶᠢ ᠴᠢᠩᠭᠠᠷᠠᠭᠤᠯᠤᠨ᠂ ᠠᠷᠢᠭᠤᠨ ᠴᠢᠭᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠪᠠ᠃ | ᠲᠦᠯᠦᠭᠡᠯᠡᠭᠴᠢᠳ ᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠭᠰᠠᠨ ᠲᠠᠪᠤᠨ | ᠵᠢᠯ ᠪᠣᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠮᠠᠨ ᠤ ᠤᠯᠤᠰ ᠤᠨ ᠲᠡᠦᠬᠡᠲᠦ ᠴᠢᠨᠠᠷᠲᠠᠢ | ᠠᠮᠵᠢᠯᠲᠠ ᠣᠯᠣᠭᠰᠠᠨ ᠪᠠ ᠲᠡᠦᠬᠡᠲᠦ ᠴᠢᠨᠠᠷᠲᠠᠢ ᠬᠤᠪᠢᠷᠠᠯᠲᠠ ᠭᠠᠷᠤᠭᠰᠠᠨ ᠲᠠᠪᠤᠨ ᠵᠢᠯ ᠪᠣᠯᠣᠨ᠎ᠠ᠂ ᠮᠦᠨ ᠴᠦ | ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠡ ᠶᠡᠭᠡ ᠠᠮᠵᠢᠯᠲᠠ | ᠣᠯᠣᠭᠰᠠᠨ ᠲᠠᠪᠤᠨ ᠵᠢᠯ ᠶᠤᠮ᠃ ᠲᠠᠪᠤᠨ ᠵᠢᠯ ᠤᠨ ᠲᠤᠷᠰᠢ᠂ ᠪᠢᠳᠡᠨ ᠤ ᠠᠮᠵᠢᠯᠲᠠ ᠪᠦᠲᠦᠮᠵᠢ ᠪᠦᠬᠦᠨ ᠪᠠ | ᠳᠠᠪᠰᠢᠯᠲᠠ ᠪᠣᠯᠭᠠᠨ ᠴᠦᠮ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠪᠠ ᠳᠤᠲᠤᠨᠤ ᠬᠠᠯᠠᠮᠵᠢᠯᠠᠯ ᠢᠶᠠᠷ ᠤᠯᠤᠬᠰᠠᠨ ᠶᠤᠮ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠭᠰᠡᠨ ᠠᠮᠢᠳᠤᠯᠢᠭ ᠦᠢᠯᠡᠳᠦᠯᠭᠡ ᠠᠴᠠ ᠤᠯᠤᠭᠰᠠᠨ ᠶᠤᠮ᠃ ᠡ᠊ᠨᠳᠡ᠂ ᠪᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ | ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠭᠰᠠᠨ ᠪᠦᠲᠦᠭᠡᠨ | ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠭᠰᠡᠨ ᠨᠦᠬᠦᠳ᠂ ᠦᠪᠦᠷ ᠮᠣᠩᠭᠤᠯ ᠤᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠦᠯᠦᠭᠡᠯᠡᠭᠴᠢᠳ ᠡ᠂ ᠮᠠᠨ ᠤ ᠠᠵᠢᠯ ᠳᠤ ᠠᠮᠵᠢᠯᠲᠠ ᠪᠦᠲᠦᠮᠵᠢ ᠲᠠᠢ ᠪᠣᠯᠪᠠᠴᠤ ᠪᠠᠰᠠ ᠬᠦᠷᠦᠯᠴᠡᠬᠦ ᠦᠭᠡᠢ | ᠲᠠᠯ᠎ᠠ ᠮᠠᠰᠢ ᠣᠯᠠᠨ ᠣᠷᠤᠰᠢᠵᠤ ᠪᠣᠢ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ᠂ ᠠᠷᠠᠳ ᠲᠦᠮᠡᠨ ᠤ ᠬᠦᠰᠡᠯ | ᠡᠷᠡᠮᠡᠯᠵᠡᠯ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠭᠰᠠᠭᠠᠷ ᠪᠠᠶᠢᠨ᠎ᠠ᠃ ᠬᠥᠭᠵᠢᠯᠲᠡ ᠶᠢᠨ ᠲᠡᠩᠴᠡᠭᠦᠷᠢ | ᠦᠭᠡᠢ ᠪᠠ ᠭᠦᠢᠴᠡᠳ ᠪᠤᠰᠤ ᠠᠰᠠᠭᠤᠳᠠᠯ ᠤᠳ ᠳᠤᠪᠤᠶᠢᠮ᠎ᠠ ᠪᠠᠶᠢᠵᠤ᠂ ᠪᠤᠳᠠᠳᠤ ᠴᠤᠬᠴᠠᠳᠤ ᠠᠵᠤ ᠠᠬᠤᠢ ᠳᠤ | ᠴᠦᠬᠡᠨ ᠪᠤᠰᠤ ᠬᠦᠴᠢᠷᠳᠡᠯ ᠲᠤᠯᠭᠠᠷᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ | ᠠᠰᠢᠭ ᠦᠨᠳᠦᠷ ᠪᠣᠰᠤ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠪᠠᠰᠠ ᠴᠦᠬᠡᠨ ᠪᠤᠰᠤ | ᠳᠤᠲᠠᠭᠤᠳᠠᠯ ᠲᠠᠢ ᠪᠠᠶᠢᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠬᠠᠲᠠᠭᠤ | ᠪᠡᠷᠬᠡᠰᠢᠶᠡᠯᠲᠡᠢ ᠪᠠᠶᠢᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠮᠦᠨ ᠬᠦ ᠪᠦᠬᠦ | ᠤᠯᠤᠰ ᠤᠨ ᠳᠤᠮᠳᠠᠴᠢ ᠬᠢᠷᠢ ᠲᠥᠪᠰᠢᠨ ᠠᠴᠠ ᠳᠣᠣᠷ᠎ᠠ ᠪᠠᠶᠢᠵᠤ᠂ ᠬᠤᠲᠠ ᠬᠦᠳᠡᠭᠡ ᠶᠢᠨ ᠬᠤᠭᠤᠷᠤᠨᠳᠤᠬᠢ ᠪᠠ | ᠣᠷᠣᠨ ᠪᠦᠰᠡ ᠶᠢᠨ ᠬᠤᠭᠤᠷᠤᠨᠳᠤᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠵᠢᠴᠢ ᠰᠠᠭᠤᠭᠠᠯᠢ | ᠠᠷᠠᠳ ᠤᠨ ᠣᠷᠣᠯᠭ᠎ᠠ ᠶᠢᠨ ᠵᠦᠷᠢᠶ᠎ᠡ ᠨᠡᠯᠢᠶᠡᠳ ᠶᠡᠭᠡ ᠪᠠᠶᠢᠭᠰᠠᠭᠠᠷ︔ ᠠᠮᠢ ᠠᠬᠤᠢ ᠶᠢᠨ ᠣᠷᠴᠢᠨ ᠲᠣᠭᠤᠷᠢᠨ | ᠮᠦᠨ ᠬᠦ ᠪᠠᠭᠤᠷᠠᠢ ᠬᠡᠪᠡᠷᠡᠭ ᠪᠠᠶᠢᠵᠤ᠂ ᠬᠠᠮᠠᠭᠠᠯᠠᠨ ᠵᠠᠰᠠᠬᠤ ᠡᠭᠦᠷᠭᠡ ᠮᠠᠰᠢ ᠨᠦᠰᠡᠷ ᠬᠦᠨᠳᠦ ᠪᠠᠶᠢᠭᠰᠠᠭᠠᠷ︔ ᠪᠢᠳᠠ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠤ ᠪᠠᠰᠠ ᠠᠵᠢᠯ ᠤᠨ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠠᠵᠢᠯ ᠳᠤ ᠦᠷ᠎ᠡ ᠪᠦᠲᠦᠮᠵᠢ ᠪᠠᠷ | ᠦᠨᠳᠦᠷ ᠪᠤᠰᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠷ ᠴᠢᠩᠭ᠎ᠠ ᠪᠤᠰᠤ᠂ ᠬᠠᠤᠯᠢ ᠶᠤᠰᠤᠭᠠᠷ ᠵᠠᠰᠠᠭ | ᠶᠠᠪᠤᠭᠤᠯᠬᠤ ᠴᠢᠳᠠᠪᠤᠷᠢ ᠪᠠᠷ ᠭᠦᠢᠴᠡᠳ ᠪᠤᠰᠤ ᠪᠠᠶᠢᠬᠤ ᠵᠡᠷᠭᠡ ᠠᠰᠠᠭᠤᠳᠠᠯ ᠤᠳ ᠣᠷᠤᠰᠢᠭᠰᠠᠭᠠᠷ ᠪᠠᠶᠢᠨ᠎ᠠ᠃ ᠪᠢᠳᠡ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠦᠨᠡᠨ ᠶᠤᠰᠤ ᠶᠢ ᠪᠠᠷᠢᠮᠲᠠᠯᠠᠬᠤ ᠪᠠ | ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠵᠣᠷᠢᠭᠲᠠᠢ ᠪᠠᠷ ᠦᠪᠡᠷ ᠢ ᠪᠠᠨ ᠬᠤᠪᠢᠰᠬᠠᠨ᠂ ᠵᠦᠷᠢᠴᠡᠯ ᠳᠤ ᠰᠢᠭᠤᠳ | ᠬᠠᠨᠳᠤᠵᠦ᠂ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠭᠡᠢ ᠰᠡᠳᠭᠢᠮᠵᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠴᠢᠬᠤᠯᠠ ᠶᠡᠭᠡ ᠤᠯᠤᠰ ᠲᠥᠷᠥ ᠶᠢᠨ ᠮᠠᠭᠠᠳᠯᠠᠯᠲᠠ ᠶᠢ ᠭᠠᠷᠭᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠣᠯᠬᠤ ᠳᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠠᠶᠢᠭᠤᠯᠬᠤ | ᠭᠤᠶᠢᠲᠠ ᠰᠠᠶᠢᠬᠠᠨ ᠵᠢᠷᠤᠭ ᠲᠥᠯᠦᠪᠯᠡᠭᠡ ᠶᠢ ᠵᠢᠷᠤᠭᠯᠠᠭᠰᠠᠨ ᠪᠠᠶᠢᠨ᠎ᠠ᠃ ᠬᠤᠶᠢᠰᠢᠳᠠ ᠶᠢᠨ ᠳᠠᠪᠤᠨ ᠵᠢᠯ ᠪᠣᠯ ︽ | ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠳᠦ ᠠᠭᠤᠯᠵᠠᠷ ᠤᠨ ᠦᠶ᠎ᠡ ᠪᠣᠯᠣᠨ᠎ᠠ᠃ ᠪᠢᠳᠡ | ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 70 | ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠠᠮ ᠪᠠᠶᠢᠭᠤᠯᠤᠭᠳᠠᠭᠰᠠᠨ 100 ᠵᠢᠯ ᠤᠨ | ᠣᠢ ᠶᠢ ᠤᠭᠲᠤᠬᠤ ᠪᠣᠯᠣᠨ᠎ᠠ᠃ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ | ᠬᠠᠷᠢᠭᠤᠴᠠᠯᠭ᠎ᠠ ᠬᠦᠨᠳᠦ ᠮᠦᠷᠲᠡᠭᠡᠨ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠠᠶᠢᠨ᠎ᠠ᠃ | ᠣᠳᠣ ᠠᠴᠠ 2020 ᠣᠨ ᠪᠣᠯᠲᠠᠯᠠᠬᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ | ᠰᠢᠢᠳᠪᠦᠷᠢᠲᠦ ᠢᠯᠠᠯᠲᠠ ᠶᠢ ᠣᠯᠬᠤ ᠴᠠᠭ ᠬᠤᠭᠤᠴᠠᠭ᠎ᠠ ᠪᠣᠯᠣᠨ᠎ᠠ᠂ ᠵᠥᠪᠬᠡᠨ ᠥᠷᠯᠥᠭᠡ ᠦᠳᠡᠰᠢ ᠦᠭᠡᠢ ᠴᠢᠷᠮᠠᠶᠢᠨ | ᠲᠡᠮᠡᠴᠡᠪᠡᠰᠦ ᠮᠠᠨ ᠤ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ | ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠦᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠭᠡᠭᠵᠢᠭᠦᠯᠬᠦ ᠶᠢ | ᠲᠣᠪᠤᠶᠢᠯᠭᠠᠵᠤ᠂ ᠢᠯᠠᠩᠭᠤᠶ᠎ᠠ ᠬᠦᠨᠳᠦ ᠬᠡᠴᠡᠭᠦᠦ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠳᠦᠯ ᠢ ᠰᠡᠷᠭᠡᠶᠢᠯᠡᠨ ᠵᠠᠰᠠᠬᠤ ᠰᠢᠪᠲᠦᠯᠦᠯᠲᠠ ᠶᠢᠨ | ᠳᠠᠶᠢᠯᠠᠯᠳᠤᠭᠠᠨ ᠨᠤᠭᠤᠳ ᠢ ᠰᠢᠭᠤᠷᠬᠠᠢ ᠰᠠᠶᠢᠨ ᠬᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠶᠢ | ᠵᠣᠬᠢᠰᠲᠠᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠢ ᠲᠥᠭᠰᠢᠭᠦᠷᠢ ᠥᠯᠥ | ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ︔ ᠤᠯᠤᠰ ᠤᠨ ᠣᠳᠣ ᠶᠢᠨ ᠬᠡᠷᠡᠭᠵᠢᠬᠦᠯᠵᠦ ᠪᠠᠶᠢᠭ᠎ᠠ | ᠪᠠᠷᠢᠮᠵᠢᠶ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ | ᠪᠦᠭᠦᠳᠡ ᠶᠢ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠢ ᠶᠠᠳᠠᠭᠤ ᠶᠢᠨ ᠨᠡᠷ᠎ᠠ ᠠᠴᠠ ᠨᠢ | ᠬᠠᠰᠤᠵᠦ ᠭᠠᠷᠭᠠᠨ᠎ᠠ︔ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠬᠡᠪᠡᠷ | ᠪᠠᠭᠠᠰᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠥᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠠᠭᠤᠷᠢᠨ ᠳᠡᠭᠡᠷ᠎ᠡ᠂ ᠠᠰᠢᠭᠲᠠᠢ ᠪᠠᠶᠢᠳᠠᠯ ᠢ ᠠᠰᠢᠭᠯᠠᠨ᠂ | ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠠᠵᠤ ᠠᠬᠤᠢ ᠨᠡᠶᠢᠭᠡᠮ ᠤᠨ | ᠨᠡᠩ ᠦᠨᠳᠦᠷ ᠬᠢᠷᠢ ᠲᠦᠪᠰᠢᠨ ᠲᠠᠢ᠂ ᠴᠢᠨᠠᠷᠵᠢᠭᠤᠨ ᠬᠥᠭᠵᠢᠯᠲᠡ ᠲᠠᠢ ᠪᠠᠶᠢᠬᠤ ᠶᠢ ᠠᠬᠢᠭᠤᠯᠤᠨ᠎ᠠ᠃ | ᠬᠤᠶᠢᠰᠢᠲᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ︽ᠳᠦᠷᠪᠡᠨ ᠦᠵᠡᠯ ᠤᠬᠠᠮᠰᠠᠷ︾ ᠢ ᠦᠨᠡᠨᠬᠦ | ᠴᠢᠩᠭᠠᠳᠬᠠᠵᠤ᠂ ︽ᠲᠥᠷᠪᠡᠨ ᠢᠲᠡᠭᠡᠯ︾ ᠢᠶᠠᠨ ᠪᠠᠲᠤᠳᠬᠠᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠦᠪᠯᠡᠷᠠᠩᠬᠦᠢ ᠨᠢᠭᠡᠳᠦᠯᠲᠡᠢ ᠤᠳᠤᠷᠢᠳᠤᠯᠭ᠎ᠠ ᠶᠢ | ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ | ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠲᠥ | ᠬᠡᠮᠵᠢᠶᠡᠨ ᠤ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ | ᠪᠢᠳᠡ ᠲᠣᠭᠲᠠᠭᠤᠨ ᠢᠶᠠᠷ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ | ᠪᠠᠷᠢᠮᠲᠠᠯᠠᠵᠤ᠂ ᠬᠥᠭᠵᠢᠯᠲᠡ ᠶᠢᠨ ᠳᠤᠮᠳᠠᠬᠢ ᠲᠣᠭᠲᠠᠭᠤᠨ ᠪᠠ ᠳᠠᠪᠰᠢᠯᠲᠠ ᠶᠢᠨ ᠬᠠᠷᠢᠴᠠᠭ᠎ᠠ ᠶᠢ ᠵᠥᠪ ᠣᠨᠣᠪᠴᠢᠲᠠᠢ | ᠰᠢᠢᠳᠪᠦᠷᠢᠯᠡᠵᠦ᠂ ᠴᠠᠭ ᠢ ᠠᠵᠢᠵᠦ ᠪᠠᠶᠢᠳᠠᠯ ᠢ ᠰᠢᠨᠵᠢᠵᠦ᠂ ᠭᠦᠨ ᠪᠣᠳᠣᠯᠬᠢᠯᠠᠵᠤ ᠭᠦᠢᠴᠡᠳ ᠰᠡᠳᠭᠢᠨ᠂ ᠵᠢᠮ᠎ᠠ | ᠬᠠᠤᠯᠢ ᠶᠢ ᠴᠢᠬᠤᠯᠠᠴᠢᠯᠠᠵᠤ᠂ ᠠᠵᠢᠯ ᠤᠨ ᠠᠶᠢᠵᠠᠮ ᠪᠠ ᠡᠷᠴᠢᠮ ᠢᠶᠠᠨ ᠰᠠᠶᠢᠲᠤᠷ ᠡᠵᠡᠮᠰᠢᠵᠦ᠂ ᠨᠠᠵᠠᠭᠠᠢ ᠪᠠᠷ | ᠠᠷᠭᠠᠴᠠᠬᠤ ᠪᠠ ᠳᠠᠪᠰᠢᠨ ᠴᠢᠷᠮᠠᠶᠢᠬᠤ ᠦᠭᠡᠢ ᠪᠠᠶᠢᠬᠤ ᠶᠢ ᠡᠰᠡᠷᠭᠦᠴᠡᠬᠦ ᠮᠦᠷᠲᠡᠭᠡᠨ ᠪᠠᠰᠠ ᠬᠡᠶᠢᠷᠬᠡᠨ ᠮᠣᠨᠣᠭᠯᠠᠬᠤ | ᠪᠠ ᠲᠦᠷᠭᠡᠨ ᠪᠦᠲᠦᠭᠡᠬᠦ ᠪᠠᠷ ᠬᠥᠭᠡᠭᠡᠴᠡᠯᠳᠦᠬᠦ ᠶᠢ ᠡᠰᠡᠷᠭᠦᠴᠡᠨ᠎ᠡ᠂ ᠲᠣᠭᠲᠠᠭᠤᠨ ᠢᠶᠠᠷ ᠤᠷᠤᠭᠰᠢᠯᠠᠨ ᠳᠠᠪᠰᠢᠵᠤ᠂ | ᠠᠯᠤᠰ ᠤᠨ ᠠᠶᠠᠨ ᠢᠶᠠᠨ ᠯᠠᠪᠳᠠᠭᠤᠨ ᠢᠶᠠᠷ ᠵᠣᠷᠢᠬᠤ ᠶᠢ ᠪᠡᠶᠡᠯᠡᠭᠦᠯᠦᠨ᠎ᠡ᠃ | ᠪᠢᠳᠡ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷᠵᠢᠭᠤᠨ ᠬᠥᠭᠵᠢᠭᠦᠯᠬᠦ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠲᠠᠢ | ᠨᠢᠭᠲᠠ ᠤᠶᠠᠯᠳᠤᠭᠤᠯᠤᠨ᠂ ᠶᠠᠰᠦ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠪᠦᠲᠦᠮᠵᠢ ᠶᠢ ᠤᠷᠢᠳᠠᠪᠠᠷ | ᠪᠣᠳᠣᠯᠬᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠤ | ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ᠂ ᠮᠠᠨ ᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ | ᠠᠬᠢᠭᠤᠯᠤᠨ᠎ᠠ᠃ | ᠪᠢᠳᠠ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠦᠪᠯᠡᠨ | ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ ᠬᠥᠭᠵᠢᠭᠦᠯᠬᠦ | ᠪᠠᠶᠢᠯᠳᠤᠬᠤ ᠪᠣᠳᠣᠯᠭ᠎ᠠ᠂ ᠴᠢᠳᠠᠪᠤᠷᠢᠲᠡᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ | ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠬᠦᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠯᠳᠤᠨ ᠬᠥᠭᠵᠢᠬᠦ ᠪᠠᠶᠢᠯᠳᠤᠬᠤ | ᠪᠣᠳᠣᠯᠭ᠎ᠠ᠂ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ | ᠪᠠᠶᠢᠯᠳᠤᠬᠤ ᠪᠣᠳᠣᠯᠭ᠎ᠠ ᠨᠤᠭᠤᠳ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠪᠢᠳᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ | ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠨᠡᠬᠡᠭᠡᠯᠲᠡ ᠶᠢ ᠬᠦᠨᠵᠡᠭᠡᠶᠢᠷᠡᠭᠦᠯᠦᠨ᠂ ᠶᠠᠰᠦ ᠴᠢᠨᠠᠷ ᠤᠨ | ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠦᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ | ᠪᠣᠳᠠᠲᠤ ᠴᠣᠭᠴᠠᠳᠤ ᠠᠵᠤ ᠠᠬᠤᠢ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠡᠬᠦᠳᠦᠯᠳᠡ᠂ ᠣᠳᠣ ᠦᠶ᠎ᠡ ᠶᠢᠨ | ᠮᠥᠩᠭᠦᠨ ᠭᠦᠢᠯᠭᠡᠭᠡᠨ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠤᠬᠢᠴᠠᠯᠳᠤᠨ ᠬᠦᠭᠵᠢᠭᠰᠡᠨ ᠠᠵᠤ | ᠦᠢᠯᠡᠰ ᠤᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠳᠥᠷᠢᠮ ᠤᠨ ᠪᠠᠲᠤᠯᠠᠭ᠎ᠠ ᠪᠠᠨ ᠴᠢᠩᠭᠠᠳᠬᠠᠨ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠤᠨ᠎ᠠ᠃ | ᠪᠢᠳᠠ ᠠᠯᠢᠪᠠ ᠠᠵᠢᠯ ᠳᠠᠭᠠᠨ ᠴᠦᠮ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠬᠡᠳᠦᠯ ᠢᠶᠠᠷ ᠮᠠᠨ ᠤ ᠲᠠᠮᠠᠴᠡᠯ ᠤᠨ ᠬᠠᠷᠠᠯᠲᠠ ᠪᠠᠨ | ᠪᠣᠯᠭᠠᠨ᠎ᠠ᠃ ᠠᠷᠠᠳ ᠣᠯᠠᠨ ᠤ ᠬᠠᠮᠤᠭ ᠠᠴᠠ ᠰᠡᠳᠭᠢᠯᠭᠡ ᠲᠠᠯᠪᠢᠵᠤ ᠪᠠᠶᠢᠭ᠎ᠠ ᠰᠤᠷᠭᠠᠨ ᠬᠦᠮᠦᠵᠢᠯ᠂ ᠠᠵᠢᠯ | ᠣᠯᠭᠤᠯᠲᠠ᠂ ᠣᠷᠣᠯᠭ᠎ᠠ᠂ ᠣᠷᠣᠨ ᠰᠠᠭᠤᠴᠠ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠤᠳ ᠢ | ᠰᠠᠶᠢᠲᠤᠷ ᠰᠢᠢᠳᠪᠦᠷᠢᠯᠡᠵᠦ᠂ ᠨᠢᠭᠡ ᠨᠢᠭᠡ ᠠᠵᠢᠯ ᠶᠠᠪᠤᠳᠠᠯ ᠢᠶᠠᠷ ᠵᠠᠯᠭᠠᠭᠤᠯᠤᠨ ᠭᠦᠢᠴᠡᠳᠭᠡᠵᠦ᠂ ᠨᠢᠭᠡ ᠨᠢᠭᠡ ᠣᠨ | ᠵᠢᠯ ᠢᠶᠠᠷ ᠳᠠᠷᠠᠭᠠᠯᠠᠨ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠦᠷᠲᠡᠭᠡᠮᠵᠢᠲᠤ ᠰᠡᠳᠬᠢᠯᠭᠡ᠂ ᠵᠣᠯ | ᠵᠢᠷᠭᠠᠯᠲᠤ ᠰᠡᠳᠬᠢᠯᠭᠡ ᠪᠠ ᠠᠮᠤᠷ ᠲᠦᠪᠰᠢᠨ ᠰᠡᠳᠭᠢᠯᠭᠡ ᠶᠢ ᠨᠡᠩ ᠢᠯᠡᠬᠦᠤ ᠲᠦᠷᠦᠭᠳᠡᠬᠦᠯᠦᠨᠠ᠃ | ᠭᠤᠷᠪᠠ᠂ 2018 ᠣᠨ ᠤ ᠭᠤᠣᠯ ᠪᠣᠯᠬᠤ ᠠᠵᠢᠯ | ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ | ᠡᠬᠢᠯᠡᠯᠲᠡ ᠶᠢᠨ ᠣᠨ᠂ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ᠂ ︽13 · 5︾ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠡᠮᠦᠨ᠎ᠡ ᠬᠤᠶᠢᠨᠠᠬᠢ ᠶᠢ ᠵᠠᠯᠭᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠦᠪ ᠤᠨ ᠠᠵᠦ ᠠᠬᠤᠢ ᠶᠢᠨ ᠠᠵᠢᠯ ᠤᠨ | ᠬᠤᠷᠠᠯ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ | ᠶᠤᠰᠤᠭᠠᠷ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠦᠪᠯᠡᠨ | ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠪᠠᠨ ᠳᠣᠪᠤᠶᠢᠯᠭᠠᠨ᠂ ᠡᠯ᠎ᠡ ᠵᠦᠢᠯ ᠤᠨ ᠠᠵᠢᠯ ᠢᠶᠠᠨ ᠡᠷᠴᠢᠮ ᠲᠠᠢ | ᠪᠦᠭᠡᠳ ᠵᠢᠷᠤᠮ ᠲᠠᠢ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠭᠦ ᠶᠢ | ᠠᠬᠢᠭᠤᠯᠤᠨ᠎ᠠ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠮᠦᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7. 5% ᠣᠷᠴᠢᠮ | ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠣᠯᠣᠭᠰᠠᠳ ᠢ 25 ᠲᠦᠮᠡ ᠣᠷᠴᠢᠮ ᠬᠦᠮᠦᠨ ᠢ ᠰᠢᠨ᠎ᠡ ᠪᠠᠷ | ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠴᠠᠭᠠᠨ ᠰᠣᠳᠣᠯᠣᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠪᠠ | ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5% | ᠣᠷᠴᠢᠮ ᠪᠠ 4% ᠶᠢᠨ ᠳᠣᠲᠣᠷ᠎ᠠ ᠡᠵᠡᠮᠳᠡᠨ᠎ᠡ᠃ ᠡᠨᠧᠷᠭᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠦᠬᠦ ᠲᠠᠯ᠎ᠠ ᠪᠠᠷ ᠪᠠᠶᠡᠯᠡᠭᠦᠯᠦᠨ᠎ᠡ︔ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠣᠳᠠᠲᠤ ᠴᠢᠨᠠᠷ ᠤᠨ ᠠᠬᠢᠯᠲᠠ ᠲᠠᠢ ᠪᠤᠯᠭᠠᠨ᠎ᠠ︔ ᠮᠦᠩᠭᠦᠨ | ᠭᠥᠢᠯᠭᠡᠭᠡ ᠡᠳ᠋ ᠤᠨ ᠵᠠᠰᠠᠭ ᠤᠨ ᠲᠥᠭᠰᠢᠭᠦᠷᠢ ᠶᠢ ᠵᠢᠷᠤᠮᠲᠠᠢ ᠪᠦᠭᠡᠳ ᠪᠦᠲᠦᠮᠵᠢᠲᠡᠢ ᠰᠡᠷᠭᠡᠶᠢᠯᠡᠨ ᠡᠵᠡᠮᠳᠡᠵᠦ᠂ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠦᠨ᠎ᠡ᠃ ᠳᠣᠣᠷᠠᠬᠢ | ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠨᠡ ᠨᠢ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠳᠠᠪᠠᠭ᠋ᠤ ᠴᠢᠬᠤᠯᠠ ᠪᠤᠭᠤᠮᠲᠠ ᠪᠣᠯᠣᠨ᠎ᠠ᠂ ᠮᠠᠨ ᠤ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠪᠠ ᠠᠵᠢᠯ ᠤᠨ ᠭᠤᠤᠯᠳᠠᠯᠭ᠎ᠠ ᠪᠠᠨ ᠴᠦᠮ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠳᠤ ᠲᠦᠪᠯᠡᠷᠡᠭᠦᠯᠦᠨ ᠴᠢᠭᠯᠡᠭᠦᠯᠵᠦ ᠬᠦᠴᠦ ᠣᠷᠤᠭᠤᠯᠤᠨ ᠴᠢᠷᠮᠠᠶᠢᠬᠤ ᠬᠡᠷᠡᠭᠲᠡᠢ᠃ | ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ | ᠬᠢᠨ᠎ᠡ᠃ ᠡᠷᠴᠢᠮᠲᠠᠢ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠣᠷᠣᠨ ᠤ ᠵᠠᠰᠠᠭ ᠤᠨ ᠣᠷᠳᠣᠨ ᠤ ᠥᠷᠢ | ᠥᠭᠴᠡᠭᠡ ᠶᠢᠨ ᠨᠣᠷᠮ᠎ᠠ ᠨᠡᠶᠢᠳᠡᠮ ᠦᠨᠳᠦᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠥᠷᠢ ᠥᠭᠴᠡᠭᠡ ᠶᠢᠨ | ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠥᠷᠢ ᠥᠭᠴᠡᠭᠡ ᠶᠢᠨ ᠥᠯᠡᠳᠡᠭᠡᠯ ᠢ ᠡᠮᠬᠢ ᠵᠢᠷᠤᠮ ᠲᠠᠢ ᠪᠠᠷ | ᠠᠷᠢᠯᠭᠠᠨ᠎ᠠ᠃ ᠵᠢᠭᠡᠯᠡᠯᠭᠡ ᠠᠪᠬᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠵᠠᠰᠠᠭ ᠤᠨ | ᠤᠷᠳᠤᠨ ᠤ ᠰᠢᠨ᠎ᠡ ᠪᠠᠷ ᠨᠡᠮᠡᠭᠳᠡᠬᠦ ᠦᠷᠢ ᠥᠭᠴᠡᠭᠡᠨ ᠳᠤ ᠴᠦᠮ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠲᠤ | ᠲᠠᠷᠬᠠᠭᠠᠬᠤ ᠠᠷᠭ᠎ᠠ ᠬᠡᠯᠪᠡᠷᠢ ᠶᠢ ᠬᠡᠷᠡᠭᠯᠡᠨ᠎ᠡ᠂ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠪᠡᠯᠡ | ᠤᠷᠤᠭᠤᠯᠤᠯᠲᠠ ᠶᠢᠨ ᠲᠦᠷᠦᠯ ᠵᠦᠢᠯ ᠳᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ | ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠴᠢᠩᠭ᠎ᠠ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠬᠢᠬᠡᠳ | ᠨᠡᠶᠢᠭᠡᠮ ᠤᠨ ᠬᠦᠷᠦᠩᠭᠡ ᠯᠦᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ | ᠰᠠᠭᠤᠷᠢ ᠮᠦᠩᠭᠦ᠂ ᠵᠠᠰᠠᠭ ᠤᠨ ᠣᠷᠳᠣᠨ ᠤᠯᠠᠨ ᠨᠡᠶᠢᠳᠡ ᠶᠢᠨ ᠦᠢᠯᠡᠴᠢᠯᠡᠭᠡ ᠬᠤᠳᠠᠯᠳᠤᠨ ᠠᠪᠬᠤ ᠦᠢᠯᠡ | ᠠᠵᠢᠯᠯᠠᠭ᠎ᠠ ᠶᠢ ᠬᠠᠤᠯᠢ ᠶᠣᠰᠤᠭᠠᠷ ᠵᠢᠷᠤᠮᠵᠢᠭᠤᠯᠵᠤ᠂ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠺᠤᠮᠫᠠᠨᠢ ᠶᠢᠨ ᠵᠠᠬ᠎ᠠ | ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠠᠤᠯᠢ ᠲᠣᠭᠲᠠᠭᠠᠯ ᠠᠴᠠ ᠵᠦᠷᠢᠴᠡᠵᠦ ᠵᠢᠭᠡᠯᠡᠯᠭᠡ | ᠠᠪᠬᠤ ᠶᠢ ᠡᠷᠡᠰ ᠬᠤᠷᠢᠭᠯᠠᠨ᠎ᠠ᠃ ᠣᠨ ᠤ ᠥᠷᠢ ᠥᠭᠴᠡᠭᠡ ᠶᠢ ᠠᠷᠢᠯᠭᠠᠬᠤ ᠲᠥᠰᠥᠯ ᠢᠶᠠᠨ ᠲᠡᠭᠦᠯᠳᠡᠷᠵᠢᠭᠦᠯᠵᠦ᠂ | ᠲᠥᠰᠦᠪ ᠤᠨ ᠲᠣᠬᠢᠷᠠᠭᠤᠯᠤᠯᠲᠠ ᠬᠢᠬᠦ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠬᠤ᠂ ᠥᠯᠡᠳᠡᠭᠡᠯ ᠬᠥᠷᠥᠩᠭᠡ ᠶᠢ | ᠴᠢᠯᠦᠭᠡᠲᠡᠢ ᠭᠦᠢᠯᠭᠡᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠦ᠂ ᠲᠦᠯᠦᠪᠯᠡᠭᠡ ᠲᠠᠢ ᠪᠦᠭᠡᠳ ᠠᠯᠬᠤᠮ | ᠳᠠᠷᠠᠭ᠎ᠠ ᠲᠠᠢ ᠪᠠᠷ ᠥᠷᠢ ᠥᠭᠴᠡᠭᠡ ᠶᠢ ᠲᠥᠯᠥᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ | ᠠᠷᠢᠯᠭᠠᠭᠰᠠᠨ ᠳᠤ ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠬᠤ ᠶᠢ ᠬᠡᠷᠡᠭᠵᠢᠭᠦᠯᠦᠨ᠂ ᠥᠷᠢ ᠥᠭᠴᠡᠭᠡ ᠶᠢ | ᠲᠥᠯᠥᠬᠦ ᠪᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠂ | ᠥᠷᠢ ᠰᠢᠷᠢ ᠠᠷᠢᠯᠭᠠᠭᠰᠠᠨ ᠦᠷ᠎ᠡ ᠪᠦᠲᠦᠮᠵᠢ ᠪᠠᠷ ᠳᠣᠪᠤᠶᠢᠭᠰᠠᠨ ᠪᠠᠶᠢᠪᠠᠯ ᠰᠢᠯᠵᠢᠭᠦᠯᠦᠨ ᠥᠭᠬᠦ ᠶᠢ ᠨᠢ | ᠨᠡᠮᠡᠭᠳᠡᠭᠦᠯᠬᠦ ᠪᠠᠷ ᠤᠷᠮᠠᠰᠢᠭᠤᠯᠤᠨ᠎ᠠ︔ ᠬᠠᠤᠯᠢ ᠲᠣᠭᠲᠠᠭᠠᠯ ᠠᠴᠠ ᠵᠦᠷᠢᠴᠡᠵᠦ ᠵᠢᠭᠡᠯᠡᠯᠭᠡ ᠠᠪᠬᠤ᠂ ᠥᠷᠢ | ᠥᠭᠴᠡᠭᠡ ᠶᠢ ᠠᠷᠢᠯᠭᠠᠬᠤ ᠳᠤ ᠬᠦᠴᠦᠯᠡᠭᠰᠡᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠨ᠎ᠡ᠃ | ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ | ᠬᠠᠤᠯᠢ ᠲᠣᠭᠲᠠᠭᠠᠯ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠦᠢᠯᠡ ᠠᠵᠢᠯᠯᠠᠭ᠎ᠠ ᠳᠤ ᠡᠷᠡᠰ ᠴᠣᠬᠢᠯᠲᠠ | ᠥᠭᠴᠦ᠂ ᠢᠲᠡᠭᠡᠮᠵᠢ ᠶᠢᠨ ᠲᠥᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠨ᠎ᠠ᠃ ᠭᠡᠷ ᠪᠠᠶᠢᠰᠢᠩ ᠭᠠᠵᠠᠷ | ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠥᠷᠢ ᠥᠭᠴᠡᠭᠡ ᠵᠡᠷᠭᠡ ᠲᠠᠯ᠎ᠠ ᠶᠢᠨ ᠲᠥᠭᠰᠢᠭᠦᠷᠢ ᠶᠢ ᠢᠮᠠᠭᠲᠠ ᠠᠩᠬᠠᠷᠤᠨ᠎ᠠ᠃ | ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠨ᠎ᠡ᠃ ᠨᠡᠩ ᠲᠥᠪᠯᠡᠷᠡᠭᠦᠯᠦᠨ ᠳᠡᠮᠵᠢᠬᠦ᠂ ᠨᠡᠩ ᠬᠦᠴᠦᠲᠡᠢ ᠠᠷᠭ᠎ᠠ ᠪᠠᠷᠢᠯ ᠢ ᠬᠡᠷᠡᠭᠯᠡᠨ᠂ ᠨᠡᠩ ᠨᠠᠷᠢᠨ | ᠨᠢᠮᠪᠠᠢ ᠠᠵᠢᠯᠯᠠᠵᠤ ᠪᠠᠶᠢᠭᠠᠳ ᠪᠦᠬᠦ ᠵᠢᠯ ᠳᠤ 20 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ | ᠪᠠᠲᠤᠯᠠᠨ᠎ᠠ᠃ ᠣᠨᠴᠠ ᠲᠣᠭᠲᠠᠭᠠᠭᠰᠠᠨ ᠶᠠᠳᠠᠭᠤ ᠬᠦᠴᠢᠷᠳᠡᠯᠲᠠᠢ ᠣᠯᠠᠨ ᠲᠦᠮᠡᠨ ᠢ ᠲᠦᠢᠯ ᠤᠨ ᠣᠨᠣᠪᠴᠢᠲᠠᠢ | ᠬᠠᠪᠰᠤᠷᠤᠨ ᠲᠡᠳᠭᠦᠬᠦ ᠪᠠᠷ ᠬᠠᠷᠠᠯᠲᠠ ᠪᠣᠯᠭᠠᠵᠤ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠦᠮᠦᠨ | ᠠᠮᠠ ᠶᠢ ᠠᠵᠤ ᠦᠢᠯᠡᠰ ᠢᠶᠠᠷ ᠶᠠᠳᠠᠭᠤ ᠶᠢ ᠲᠡᠳᠭᠦᠬᠦ᠂ ᠰᠢᠯᠵᠢᠭᠦᠯᠦᠨ ᠠᠵᠢᠯ ᠣᠯᠭᠤᠬᠤ ᠵᠡᠷᠭᠡ ᠠᠷᠭ᠎ᠠ ᠶᠢ | ᠬᠡᠷᠡᠭᠯᠡᠵᠦ ᠪᠠᠶᠢᠭᠠᠳ ᠶᠠᠳᠠᠭᠤ ᠠᠴᠠ ᠨᠢ ᠠᠩᠭᠢᠵᠢᠷᠠᠭᠤᠯᠤᠨ᠎ᠠ︔ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ | ᠪᠠᠶᠢᠪᠠᠯ᠂ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠳᠠᠮᠵᠢᠵᠤ᠂ | ᠲᠡᠲᠡᠨ ᠤ ᠦᠨᠳᠦᠰᠦᠨ ᠠᠮᠢᠳᠤᠷᠠᠯ ᠨᠢ ᠪᠠᠲᠤᠯᠠᠭ᠎ᠠ ᠲᠠᠢ᠂ ᠡᠪᠡᠳᠴᠢᠨ ᠢᠶᠠᠨ ᠦᠵᠡᠭᠦᠯᠬᠦ ᠳᠤ ᠡᠮᠨᠡᠯᠭᠡ ᠲᠠᠢ᠂ ᠵᠡᠮᠳᠡᠭ | ᠪᠠᠶᠢᠭᠰᠠᠨ ᠴᠦ ᠲᠤᠰᠠᠯᠠᠮᠵᠢ ᠲᠠᠢ ᠪᠠᠶᠢᠬᠤ ᠪᠣᠯᠭᠠᠨ᠎ᠠ᠃ ᠬᠦᠨᠳᠦ ᠡᠪᠡᠳᠴᠢᠲᠡᠨ ᠢ ᠳᠠᠭᠠᠭᠠᠨ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠡᠷᠡᠭᠦᠯ ᠡᠩᠬᠡ ᠶᠢᠨ ᠺᠠᠷᠲ | ᠵᠣᠬᠢᠶᠠᠵᠤ ᠥᠭᠭᠦᠨ᠎ᠡ᠃ ᠰᠤᠷᠭᠠᠨ ᠬᠦᠮᠦᠵᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠤᠨ ᠰᠤᠷᠭᠠᠭᠤᠯᠢ ᠳᠤ ᠰᠠᠭᠤᠬᠤ | ᠵᠠᠪᠰᠢᠶᠠᠨ ᠢ ᠨᠢ ᠠᠯᠳᠠᠭᠤᠯᠵᠤ ᠪᠣᠯᠬᠤ ᠦᠭᠡᠢ᠃ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠴᠢᠭᠯᠡᠭᠦᠯᠵᠦ | ᠬᠦᠴᠦ ᠪᠠᠨ ᠲᠥᠪᠯᠡᠷᠡᠭᠦᠯᠦᠨ᠂ ᠰᠢᠨ᠎ᠡ ᠪᠠᠷ ᠨᠡᠮᠡᠭᠳᠡᠭᠰᠡᠨ ᠶᠠᠳᠠᠭᠤ ᠶᠢ ᠲᠡᠳᠭᠦᠬᠦ ᠪᠡᠯᠡ ᠮᠦᠩᠭᠦ ᠶᠢ ᠭᠤᠣᠯᠳᠠᠭᠤ | ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ | ᠥᠭᠬᠦ ᠪᠠ ᠲᠥᠰᠥᠪ ᠤᠨ ᠳᠣᠲᠣᠷᠠᠬᠢ ᠪᠡᠯᠡ ᠣᠷᠤᠭᠤᠯᠤᠯᠲᠠ ᠶᠢ ᠴᠦ ᠬᠡᠯᠪᠠᠶᠢᠯᠭᠡᠨ᠂ ᠲᠤᠩ ᠶᠠᠳᠠᠭᠤ ᠬᠦᠴᠢᠷᠳᠡᠯᠲᠡᠢ | ᠭᠠᠵᠠᠷ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ᠂ ᠰᠠᠭᠤᠷᠢ ᠪᠡᠯᠡᠳᠭᠡᠮᠵᠢ᠂ ᠦᠨᠳᠦᠰᠦᠨ ᠡᠮᠴᠢᠯᠡᠭᠡ ᠶᠢᠨ | ᠪᠠᠲᠤᠯᠠᠭ᠎ᠠ ᠪᠠ ᠠᠵᠤ ᠦᠢᠯᠡᠰ ᠢ ᠬᠥᠭᠵᠢᠭᠦᠯᠬᠦ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠠᠶᠢᠲᠤᠷ | ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠣᠭᠰᠠᠨ ᠶᠠᠳᠠᠭᠤ | ᠬᠦᠴᠢᠷᠳᠡᠯᠲᠠᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ | ᠶᠠᠳᠠᠭᠤ ᠶᠢ ᠲᠡᠳᠭᠦᠬᠦ ᠶᠢ ᠨᠢ ᠢᠲᠡᠭᠡᠯ ᠵᠣᠷᠢᠭ ᠪᠠ ᠤᠶᠣᠨ ᠤᠬᠠᠭᠠᠨ ᠢ ᠨᠢ ᠲᠡᠳᠭᠦᠬᠦ ᠯᠦᠭᠡ ᠤᠶᠠᠯᠳᠤᠭᠤᠯᠤᠨ᠂ | ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠬᠢᠭᠡᠳ ᠠᠵᠢᠯ ᠬᠦᠳᠡᠯᠮᠦᠷᠢ ᠬᠢᠵᠦ | ᠬᠤᠳᠠᠯᠳᠤᠭ᠎ᠠ ᠡᠷᠬᠢᠯᠡᠬᠦ ᠦᠨᠳᠦᠰᠦᠨ ᠤᠷ᠎ᠠ ᠴᠢᠳᠠᠪᠤᠷᠢ ᠶᠢ ᠨᠢ ᠠᠩᠬᠠᠷᠤᠨ ᠬᠦᠮᠦᠵᠢᠭᠦᠯᠵᠦ᠂ ᠶᠠᠳᠠᠭᠤ | ᠬᠦᠴᠢᠷᠳᠡᠯᠲᠡᠢ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ | ᠪᠠᠶᠠᠵᠢᠬᠤ ᠳᠣᠲᠣᠭᠠᠳᠤ ᠬᠦᠳᠡᠯᠭᠡᠬᠦ ᠬᠦᠴᠦᠨ ᠪᠠ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠠᠩᠬᠠᠷᠤᠨ | ᠤᠷᠮᠠᠰᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠣᠷᠣᠰᠢᠵᠤ ᠪᠠᠶᠢᠭ᠎ᠠ ᠲᠤᠭ᠎ᠠ | ᠬᠡᠮᠵᠢᠶ᠎ᠡ ᠶᠢ ᠳᠠᠬᠢᠨ ᠳᠠᠪᠲᠠᠨ ᠨᠡᠮᠡᠭᠳᠡᠭᠦᠯᠬᠦ᠂ ᠬᠡᠯᠪᠡᠷᠢ ᠶᠢᠨ ᠦᠵᠡᠯ᠂ ᠬᠤᠳᠠᠯ ᠬᠠᠭᠤᠷᠮᠠᠭ ᠢᠶᠠᠷ ᠵᠣᠬᠢᠶᠠᠬᠤ᠂ | ᠳᠠᠪᠲᠠᠨ ᠨᠣᠷᠰᠢᠬᠤ ᠵᠡᠷᠭᠡ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠵᠢᠩᠬᠢᠨᠢ ᠶᠠᠳᠠᠭᠤ ᠶᠢ ᠶᠠᠳᠠᠭᠤ ᠠᠴᠠ | ᠠᠩᠬᠢᠵᠢᠷᠠᠭᠤᠯᠵᠦ᠂ ᠶᠠᠳᠠᠭᠤ ᠠᠴᠠ ᠦᠨᠡᠨ ᠠᠩᠬᠢᠵᠢᠷᠠᠭᠤᠯᠬᠤ ᠬᠡᠷᠡᠭᠳᠡᠢ᠃ | ᠪᠣᠬᠢᠷᠳᠣᠯ ᠢ ᠰᠡᠷᠭᠡᠶᠢᠯᠠᠨ ᠵᠠᠰᠠᠬᠤ ᠰᠢᠪᠳᠣᠯᠣᠯᠳᠠ ᠶᠢᠨ ᠳᠠᠶᠢᠯᠠᠯᠳᠣᠭᠠᠨ ᠢ ᠰᠠᠶᠢᠳᠣᠷ ᠬᠢᠨ᠎ᠠ᠃ ᠠᠭᠠᠷ | ᠮᠠᠨᠳᠠᠯ ᠤᠨ ᠪᠣᠬᠢᠷᠳᠣᠯ ᠢ ᠵᠠᠰᠠᠬᠤ ᠪᠠᠨ ᠴᠢᠩᠭᠠᠣᠡᠬᠠᠵᠣ᠂ ᠡᠪᠤᠯ ᠤᠨ ᠣᠯᠠᠷᠢᠯ ᠳᠠᠬᠢ ᠴᠡᠪᠠᠷ ᠲᠣᠯᠠᠭᠠᠯᠠᠭ᠎ᠠ ᠶᠢᠨ | ᠲᠦᠯᠣᠪᠯᠡᠭᠡ ᠶᠢ ᠬᠡᠷᠩᠵᠢᠭᠦᠯᠣᠨ᠂ ᠰᠣᠯᠨ ᠨᠡᠭᠦᠷᠡᠰᠣ ᠪᠠ ᠠᠵᠣ ᠦᠢᠯᠡᠣᠡᠪᠣᠷᠢ ᠶᠢᠨ ᠬᠠᠶᠠᠭᠳᠠᠮᠠᠯ ᠬᠡᠢ ᠶᠢ ᠵᠠᠰᠠᠬᠤ᠂ | ᠡᠰᠢ ᠰᠦᠷᠡᠯ ᠢ ᠠᠰᠢᠭᠯᠠᠬᠤ᠂ ᠨᠡᠭᠦᠷᠡᠰᠣ ᠬᠡᠷᠩᠯᠡᠭᠦ ᠠᠴᠠ ᠬᠡᠢ ᠬᠡᠷᠩᠯᠡᠭᠦ ᠪᠣᠯᠭᠠᠨ ᠦᠭᠡᠷᠡᠴᠢᠯᠡᠭᠦ᠂ ᠨᠡᠭᠦᠷᠡᠰᠣ | ᠬᠡᠷᠩᠯᠡᠭᠦ ᠠᠴᠠ ᠴᠠᠬᠢᠯᠭᠠᠨ ᠬᠡᠷᠩᠯᠡᠭᠦ ᠪᠣᠯᠭᠠᠨ ᠦᠭᠡᠷᠡᠴᠢᠯᠡᠭᠦ ᠵᠡᠷᠭᠡ ᠠᠵᠢᠯ ᠢ ᠰᠠᠶᠢᠳᠣᠷ ᠠᠣᠡᠬᠤᠨᠠ᠃ ᠪᠣᠢ ᠪᠦᠭᠦᠢ | ᠭᠠᠯ ᠴᠠᠬᠢᠯᠭᠠᠨ ᠤ ᠮᠠᠰᠢᠨ ᠪᠦᠯᠦᠭ ᠪᠦᠭᠦᠨ ᠳᠤ ᠬᠡᠳᠣ ᠪᠠᠭ᠎ᠠ ᠪᠠᠷ ᠭᠠᠳᠠᠭᠰᠢᠯᠠᠭᠤᠯᠬᠤ ᠶᠢ ᠪᠡᠶᠡᠯᠡᠭᠦᠯᠣᠨ᠎ᠠ᠃ ᠦᠬᠠᠢ | ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠠᠨ ᠵᠠᠰᠠᠨ᠎ᠠ᠃ | ᠰᠠᠯᠬᠢ ᠪᠠ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠲᠠᠶᠠᠬᠳᠠᠵᠦ ᠪᠠᠶᠢᠭ᠎ᠠ ᠠᠰᠠᠭᠤᠳᠠᠯ ᠢ ᠵᠠᠬ᠎ᠠ | ᠳᠡᠯᠭᠡᠭᠦᠷᠴᠢᠯᠡᠭᠦ ᠠᠷᠭ᠎ᠠ ᠪᠠᠷ ᠰᠢᠢᠣᠡᠪᠣᠷᠢᠯᠡᠨ᠂ ᠴᠡᠪᠠᠷ ᠴᠠᠬᠢᠯᠭᠠᠨ ᠭᠦᠴᠣᠨ ᠤ ᠬᠠᠩᠭᠠᠯᠭ᠎ᠠ ᠶᠢ ᠨᠡᠮᠡᠭᠳᠡᠭᠦᠯᠣᠨ᠎ᠠ᠃ | ᠣᠰᠣᠨ ᠤ ᠪᠣᠬᠢᠷᠳᠣᠯ ᠢ ᠰᠡᠷᠭᠡᠶᠢᠯᠠᠵᠣ ᠵᠠᠰᠠᠬᠤ ᠲᠦᠯᠣᠪᠯᠡᠭᠡ ᠶᠢ ᠪᠦᠭᠦ ᠳᠠᠯ᠎ᠠ ᠪᠠᠷ ᠨᠠᠶᠢᠳᠠᠪᠣᠷᠢᠵᠢᠭᠤᠯᠵᠣ᠂ ᠭᠦᠯᠣᠨ | ᠨᠠᠭᠤᠷ᠂ ᠣᠯᠠᠭᠠᠨᠰᠣᠬᠠᠢ᠂ ᠳᠠᠭ᠎ᠠ ᠶᠢᠨ ᠨᠠᠭᠤᠷ ᠵᠡᠷᠭᠡ ᠨᠠᠭᠤᠷ ᠴᠦᠭᠦᠷᠣᠮ ᠤᠨ ᠶᠠᠷᠣᠩᠬᠡᠶᠢᠯᠠᠨ ᠵᠠᠰᠠᠬᠤ | ᠢᠨᠵᠧᠨᠧᠷᠢᠩ ᠢ ᠭᠦᠨᠵᠡᠭᠡᠢ ᠬᠡᠷᠩᠵᠢᠭᠦᠯᠣᠨ᠂ ᠭᠦᠨᠳᠣ ᠪᠣᠬᠢᠷᠳᠣᠬᠰᠠᠨ ᠣᠰᠣᠨ ᠤ ᠲᠣᠭᠤᠷᠢᠨ ᠪᠠ ᠪᠣᠬᠢᠷᠳᠣᠯ ᠨᠢ | ᠳᠠᠪᠣᠨ ᠲᠦᠷᠣᠯ ᠠᠴᠠ ᠬᠡᠳᠣᠷᠡᠭᠰᠠᠨ ᠣᠭᠳᠣᠯᠣᠭᠠᠰᠣ ᠬᠡᠰᠡᠭ ᠲᠠᠬᠢ ᠪᠣᠬᠢᠷᠳᠣᠯ ᠢ ᠭᠦᠴᠣᠯᠡᠨ ᠠᠷᠢᠯᠭᠠᠵᠣ᠂ ᠣᠰᠣᠨ | ᠰᠣᠷᠪᠣᠯᠵᠢ ᠶᠢᠨ ᠬᠠᠮᠠᠭᠠᠯᠠᠯᠳᠠ ᠶᠢᠨ ᠣᠷᠣᠨ ᠲᠣᠳᠣᠷᠠᠬᠢ ᠬᠠᠣᠯᠢ ᠠᠴᠠ ᠵᠦᠷᠢᠴᠠᠵᠣ ᠪᠠᠶᠢᠭᠤᠯᠣᠭᠰᠠᠨ ᠪᠠᠷᠢᠯᠭ᠎ᠠ ᠪᠠ | ᠪᠣᠬᠢᠷᠳᠣᠯ ᠭᠠᠳᠠᠭᠰᠢᠯᠠᠭᠤᠯᠬᠤ ᠠᠮᠠᠰᠠᠷ ᠢ ᠬᠠᠣᠯᠢ ᠶᠣᠰᠣᠭᠠᠷ ᠠᠷᠢᠯᠭᠠᠨ᠎ᠠ᠃ ᠭᠦᠷᠣᠰᠣ ᠰᠢᠷᠣᠢ ᠶᠢᠨ ᠪᠣᠬᠢᠷᠳᠣᠯ ᠢ | ᠰᠡᠷᠭᠡᠶᠢᠯᠠᠨ ᠵᠠᠰᠠᠬᠤ ᠪᠠ ᠭᠦᠨᠳᠣ ᠳᠡᠮᠦᠷᠯᠢᠭ ᠤᠨ ᠭᠠᠳᠠᠭᠰᠢᠯᠠᠯᠳᠠ ᠶᠢ ᠪᠠᠭᠠᠰᠬᠠᠬᠤ ᠡᠷᠴᠢᠮ ᠢᠶᠠᠨ ᠴᠢᠩᠭᠠᠷᠠᠭᠤᠯᠵᠣ᠂ | ᠳᠠᠷᠢᠶᠠᠯᠠᠩ ᠳᠤ ᠬᠡᠷᠩᠯᠡᠭᠦ ᠭᠠᠵᠡᠷ ᠤᠨ ᠭᠦᠷᠣᠰᠣ ᠰᠢᠷᠣᠢ ᠶᠢᠨ ᠪᠣᠬᠢᠷᠳᠣᠯ ᠤᠨ ᠪᠠᠶᠢᠳᠠᠯ ᠢ ᠪᠠᠶᠢᠴᠠᠭᠠᠵᠣ᠂ ᠪᠣᠷᠳᠣᠭᠤᠷ | ᠂ ᠡᠮ᠂ ᠵᠣᠯᠣᠮ᠎ᠠ ᠶᠢ ᠣᠯᠠᠮ ᠨᠢᠭᠡ ᠠᠯᠬᠤᠮ ᠡᠵᠡᠮᠳᠠᠵᠣ᠂ ᠳᠠᠷᠢᠶᠠᠯᠠᠩ ᠤᠨ ᠣᠯᠠᠨ ᠡᠬᠢᠳᠣ ᠰᠣᠷᠪᠣᠯᠵᠢ ᠶᠢᠨ | ᠪᠣᠬᠢᠷᠳᠣᠯ ᠢ ᠡᠬᠢ ᠢᠷᠡᠯᠳᠠ ᠠᠴᠠ ᠨᠢ ᠵᠠᠰᠠᠨ᠎ᠠ᠃ ᠠᠭᠤᠷᠬᠠᠢ ᠶᠢᠨ ᠤᠷᠤᠨ ᠪᠠ ᠠᠵᠦ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠤᠨ ᠤᠷᠴᠢᠨ ᠲᠤᠭᠤᠷᠢᠨ ᠢ ᠴᠡᠭᠴᠡᠯᠡᠨ ᠵᠠᠰᠠᠵᠦ᠂ ᠪᠠᠶᠢᠭᠠᠯᠢ ᠶᠢᠨ ᠬᠠᠮᠠᠭᠠᠯᠠᠯᠳᠠ ᠶᠢᠨ | ᠣᠷᠣᠨ ᠳᠠᠬᠢ ᠦᠢᠯᠡᠣᠡᠪᠣᠷᠢ ᠠᠭᠤᠷᠬᠠᠢ ᠶᠢᠨ ᠠᠵᠣ ᠠᠬᠤᠶᠢᠯᠡᠯ ᠢ ᠬᠠᠣᠯᠢ ᠶᠣᠰᠣᠭᠠᠷ ᠡᠮᠬᠢ ᠵᠢᠷᠣᠮ ᠲᠠᠢ ᠪᠠᠷ | ᠪᠣᠴᠠᠭᠠᠨ ᠭᠠᠷᠭᠠᠨ᠎ᠠ᠃ | ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠢᠬ ᠢ ᠪᠣᠳᠠᠲᠤ ᠴᠣᠭᠴᠠᠳᠣ ᠠᠵᠤ ᠠᠬᠤᠶ ᠶᠢᠨ | ᠳᠠᠯ᠎ᠠ ᠳᠤ ᠳᠠᠯᠪᠢᠨ᠂ ᠭᠦᠴᠣᠨ ᠵᠦᠢᠯ ᠤᠨ ᠳᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠩᠭᠠᠯᠭ᠎ᠠ ᠶᠢᠨ | ᠰᠢᠰᠲ᠋ᠧᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠣᠨ᠎ᠠ᠃ | ᠬᠦᠴᠦᠨ ᠦᠭᠡᠢ ᠬᠠᠩᠭᠠᠯᠭ᠎ᠠ ᠶᠢ ᠭᠦᠴᠣᠳᠠᠢ ᠠᠷᠢᠯᠭᠠᠨ᠎ᠠ᠃ ᠵᠠᠬ᠎ᠠ ᠳᠡᠯᠭᠡᠭᠦᠷᠴᠢᠯᠡᠭᠦ᠂ ᠬᠠᠣᠯᠢ ᠪᠠᠷ ᠵᠠᠰᠠᠬᠤ | ᠠᠷᠭ᠎ᠠ ᠪᠠᠷᠢᠯ ᠢ ᠬᠡᠷᠩᠯᠡᠨ ᠦᠯᠡᠭᠦᠳᠠᠵᠣ ᠪᠠᠶᠢᠭ᠎ᠠ ᠦᠢᠯᠡᠣᠡᠪᠣᠷᠢᠯᠡᠭᠦ ᠴᠢᠳᠠᠮᠵᠢ ᠶᠢ ᠠᠷᠢᠯᠭᠠᠬᠤ ᠶᠢ ᠪᠠᠷᠢᠮᠳᠠᠯᠠᠨ᠂ | ᠶᠠᠰᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠳᠠ᠂ ᠡᠨᠧᠷᠭᠢ ᠶᠢᠨ ᠬᠤᠷᠣᠭᠳᠠᠯ᠂ ᠠᠮᠤᠷ ᠲᠦᠪᠰᠢᠨ ᠵᠡᠷᠭᠡ | ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠦᠯᠡᠭᠦᠳᠠᠵᠣ ᠪᠠᠶᠢᠭ᠎ᠠ ᠦᠢᠯᠡᠣᠡᠪᠣᠷᠢᠯᠡᠭᠦ | ᠴᠢᠳᠠᠮᠵᠢ ᠶᠢ ᠵᠠᠬ᠎ᠠ ᠳᠡᠯᠭᠡᠭᠦᠷ ᠠᠴᠠ ᠠᠷᠢᠯᠭᠠᠨ ᠭᠠᠷᠭᠠᠬᠤ ᠶᠢ ᠲᠦᠷᠭᠡᠣᠡᠭᠡᠨ᠎ᠠ᠃ ᠡᠨᠠ ᠵᠢᠯ ᠳᠤ 405 ᠲᠦᠮᠡᠨ | ᠲᠣᠨ ᠨᠡᠭᠦᠷᠡᠰᠣᠨ ᠤ ᠦᠢᠯᠡᠳᠪᠦᠷᠢᠯᠡᠬᠦ ᠴᠢᠳᠠᠮᠵᠢ ᠶᠢ ᠪᠤᠴᠠᠭᠠᠨ ᠭᠠᠷᠭᠠᠵᠣ᠂ ᠨᠡᠭᠦᠷᠡᠰᠣ ᠪᠠᠷ ᠭᠠᠷᠭᠠᠬᠤ ᠴᠠᠬᠢᠯᠭᠠᠨ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠣᠯ ᠤᠨ ᠦᠢᠯᠡᠣᠡᠪᠣᠷᠢᠯᠡᠭᠦ ᠴᠢᠳᠠᠮᠵᠢ ᠶᠢ ᠪᠠᠭᠤᠷᠠᠭᠤᠯᠬᠤ ᠠᠵᠢᠯ ᠢ | ᠨᠢᠭᠡᠳᠣᠯᠳᠠᠢ ᠲᠦᠯᠣᠪᠯᠡᠨ ᠰᠠᠶᠢᠳᠣᠷ ᠬᠢᠨ᠎ᠠ᠃ ︽ᠦᠬᠦᠰᠢᠷᠡᠮᠡᠯ ᠠᠵᠤ ᠠᠬᠤᠶᠢᠯᠠᠯ︾ ᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠪᠣᠴᠠᠭᠠᠵᠣ ᠭᠠᠷᠭᠠᠬᠤ ᠨᠠᠷᠢᠨ ᠳᠠᠩᠰᠨ ᠶᠢ ᠲᠣᠭᠳᠠᠭᠠᠨ᠂ ᠳᠠᠮᠫᠤᠷᠠᠬᠤ ᠪᠠ ᠲᠠᠬᠢᠨ | ᠵᠣᠬᠢᠶᠠᠨ ᠪᠠᠶᠢᠭᠤᠯᠬᠤ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠣ᠂ ᠠᠵᠣ ᠠᠬᠤᠶᠢᠯᠠᠯ ᠤᠨ ᠦᠷᠢ | ᠦᠭᠴᠡᠭᠡ ᠶᠢ ᠠᠷᠭᠠᠴᠠᠭᠠᠨ ᠰᠢᠢᠣᠡᠪᠣᠷᠢᠯᠡᠭᠦ ᠪᠠ ᠠᠵᠢᠯᠳᠠᠨ ᠠᠵᠢᠯᠴᠢᠣᠨ ᠤᠨ ᠲᠦᠪᠬᠢᠨᠠᠭᠦᠯᠭᠦ ᠠᠵᠢᠯ ᠢ ᠰᠠᠶᠢᠳᠣᠷ | ᠬᠢᠨ᠎ᠠ᠃ | ᠰᠢᠨ᠎ᠡ ᠬᠦᠳᠡᠯᠬᠡᠬᠦ ᠴᠢᠳᠠᠪᠤᠷᠢ ᠶᠢ ᠶᠡᠭᠡ ᠪᠠᠷ ᠪᠤᠶᠢᠵᠢᠭᠤᠯᠣᠨ᠎ᠠ᠃ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ | ᠪᠠᠶᠢᠳᠠᠯ᠂ ᠰᠢᠨ᠎ᠡ ᠵᠠᠭᠪᠤᠷ ᠢ ᠠᠰᠢᠭᠯᠠᠵᠣ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ | ᠦᠢᠯᠡᠰ ᠤᠨ ᠬᠡᠯᠬᠢᠶᠡᠰᠣ ᠶᠢ ᠤᠷᠲᠤᠳᠬᠠᠨ᠂ ᠡᠨᠧᠷᠬᠢ᠂ ᠬᠢᠮᠢ ᠶᠢᠨ ᠠᠵᠣ ᠦᠢᠯᠡᠣᠡᠪᠣᠷᠢ᠂ ᠪᠣᠯᠣᠣᠨ ᠳᠡᠮᠣᠷ᠂ | ᠲᠣᠨᠤᠭ ᠲᠦᠭᠦᠭᠡᠷᠣᠮᠵᠢ ᠦᠢᠯᠡᠣᠡᠪᠣᠷᠢᠯᠡᠭᠦ ᠵᠡᠷᠭᠡ ᠠᠵᠣ ᠦᠢᠯᠡᠰ ᠤᠨ ᠳᠡᠭᠡᠳᠣ ᠦᠵᠣᠭᠦᠷ ᠳᠡᠰᠢ ᠭᠦᠭᠵᠢᠭᠦ ᠶᠢ | ᠲᠦᠯᠬᠢᠨ ᠠᠬᠢᠭᠤᠯᠣᠨ᠎ᠠ᠃ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠠᠵᠢᠭᠤᠯᠣᠭᠰᠠᠨ ᠠᠵᠣ ᠠᠬᠤᠢ ᠶᠢ ᠭᠦᠭᠵᠢᠭᠦᠯᠣᠨ᠂ ᠢᠨᠲ᠋ᠧᠷ | ᠰᠦᠯᠵᠢᠶ᠎ᠠ᠂ ᠲᠤᠮᠤ ᠳ᠋ᠠᠶᠢᠲ᠋ᠠ᠂ ᠬᠢᠮᠡᠯ ᠤᠶᠦᠠ ᠬᠢᠬᠡᠳ ᠪᠣᠳᠠᠲᠤ ᠴᠣᠭᠴᠠᠳᠣ ᠠᠵᠤ ᠠᠬᠤᠶ ᠶᠢᠨ ᠬᠦᠨ | ᠠᠭᠤᠰᠣᠯᠴᠠᠬᠤ ᠶᠢ ᠠᠬᠢᠭᠤᠯᠣᠨ᠎ᠠ᠃ ᠳᠡᠭᠡᠳᠣ ᠦᠵᠣᠭᠦᠷ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ | ᠲᠡᠷᠭᠡ᠂ ᠴᠡᠪᠡᠷ ᠡᠨᠧᠷᠭᠢ᠂ ᠠᠮᠢᠳᠣ ᠪᠣᠳᠠᠰ ᠤᠨ ᠡᠮ᠂ ᠮᠣᠩᠭᠤᠯ ᠬᠢᠲᠠᠳ ᠡᠮ ᠡᠮᠨᠡᠯᠭᠡ ᠵᠡᠷᠭᠡ ᠠᠵᠤ ᠦᠢᠯᠡᠰ ᠢ | ᠪᠤᠶᠢᠵᠢᠭᠤᠯᠣᠨ᠎ᠠ᠃ ᠪᠠᠷᠠᠭᠠᠨ ᠤ ᠭᠦᠢᠯᠭᠡᠭᠡ ᠶᠢᠨ ᠲᠦᠪᠯᠡᠷᠠᠭᠦᠯᠵᠣ ᠬᠤᠪᠢᠶᠠᠷᠢᠯᠠᠬᠤ᠂ ᠡᠳ᠋ᠰᠢᠭᠦᠯᠣᠨ | ᠦᠢᠯᠡᠣᠡᠪᠣᠷᠢᠯᠡᠵᠣ ᠪᠣᠭᠤᠳᠠᠯᠯᠠᠬᠤ᠂ ᠭᠦᠢᠳᠠᠨ ᠬᠡᠯᠬᠢᠶᠡᠳᠣ ᠲᠣᠬᠢᠷᠠᠭᠤᠯᠣᠨ ᠭᠦᠷᠭᠡᠭᠦ ᠵᠡᠷᠭᠡ ᠳᠠᠪᠴᠠᠩ ᠢ ᠪᠠᠶᠢᠭᠤᠯᠵᠣ | ᠂ ᠣᠳᠣ ᠦᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠭᠦᠭᠵᠢᠯᠳᠠ ᠶᠢ ᠳᠡᠮᠵᠢᠨ᠎ᠠ᠃ ᠪᠣᠬᠢᠷᠳᠣᠯ ᠦᠭᠡᠢ | ᠭᠦᠭᠵᠢᠯᠳᠠ ᠶᠢᠨ ᠣᠨᠣᠯᠵᠢᠬᠤᠨ ᠢ ᠵᠢᠭᠤᠯᠴᠢᠯᠠᠯ ᠤᠨ ᠭᠦᠭᠵᠢᠯᠳᠠ ᠶᠢᠨ ᠪᠦᠭᠦ ᠶᠠᠪᠣᠴᠨ ᠳᠤ ᠠᠭᠤᠰᠣᠯᠴᠠᠭᠤᠯᠵᠣ᠂ | ᠵᠢᠭᠤᠯᠴᠢᠯᠠᠯ ᠤᠨ ᠦᠢᠯᠡᠰ ᠲᠠᠬᠢ ᠰᠣᠶᠣᠯ ᠤᠨ ᠠᠭᠤᠯᠣᠭᠳᠠᠬᠤᠨ ᠢ ᠳᠡᠭᠡᠭᠰᠢᠯᠡᠭᠦᠯᠣᠨ᠂ ᠴᠢᠨᠠᠷ ᠰᠠᠶᠢᠳᠠᠢ ᠪᠠᠷ᠂ | ᠦᠨᠳᠣᠷ ᠲᠦᠪᠰᠢᠨ ᠲᠠᠢ ᠪᠠᠷ ᠵᠢᠭᠤᠯᠴᠢᠯᠠᠯ ᠤᠨ ᠦᠢᠯᠡᠰ ᠢ ᠭᠦᠭᠵᠢᠭᠦᠯᠣᠨ᠎ᠠ᠃ ᠰᠤᠶᠤᠯ᠂ ᠪᠡᠶ᠎ᠠ ᠶᠢᠨ ᠲᠠᠮᠢᠷ ᠤᠨ | ᠠᠵᠦ ᠦᠢᠯᠡᠰ ᠪᠠ ᠡᠯᠧᠺᠳ᠋ᠷᠣᠨ ᠬᠤᠳᠠᠯᠳᠣᠭᠠᠨ ᠤ ᠶᠠᠪᠣᠳᠠᠯ᠂ ᠪᠦᠳᠣᠭᠡᠯᠴᠢ ᠲᠦᠰᠣᠪᠯᠡᠯᠳᠣ ᠵᠢᠷᠤᠭ ᠲᠦᠯᠣᠪᠯᠡᠭᠡ᠂ | ᠮᠡᠳᠡᠭᠡ ᠵᠠᠩᠬᠢ ᠶᠢᠨ ᠯᠠᠪᠯᠠᠯᠭ᠎ᠠ᠂ ᠡᠷᠡᠭᠦᠯ ᠮᠠᠨᠳᠣ ᠨᠠᠰᠣᠵᠢᠯ ᠤᠨ ᠠᠰᠠᠷᠠᠮᠵᠢ᠂ ᠠᠷᠠᠯᠵᠢᠶ᠎ᠠ ᠬᠤᠳᠠᠯᠳᠣᠭᠠᠨ ᠤ | ᠴᠣᠭᠯᠠᠭᠠᠨ ᠦᠵᠡᠭᠦᠯᠣᠯᠭᠡ ᠵᠡᠷᠭᠡ ᠦᠢᠯᠡᠴᠢᠯᠡᠭᠡᠨ ᠤ ᠦᠢᠯᠡᠰ ᠢ ᠭᠦᠭᠵᠢᠭᠦᠯᠣᠨ᠎ᠠ᠃ ᠨᠡᠷᠡᠳᠣ ᠲᠦᠷᠣᠯ | ᠳᠡᠮᠳᠡᠭᠳᠣ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠩᠵᠢᠭᠦᠯᠵᠣ᠂ ᠶᠠᠰᠣ ᠴᠢᠨᠠᠷ ᠢ ᠳᠡᠭᠡᠭᠰᠢᠯᠡᠭᠦᠯᠭᠦ | ᠠᠵᠢᠯᠯᠠᠭ᠎ᠠ ᠶᠢ ᠦᠷᠨᠢᠭᠦᠯᠣᠨ᠂ ᠦᠨᠳᠣᠷ ᠪᠠᠷᠢᠮᠵᠢᠶ᠎ᠠ ᠪᠠᠷ ᠴᠢᠨᠠᠷ ᠰᠠᠶᠢᠳᠠᠢ ᠪᠠᠶᠢᠯᠭᠠᠬᠤ ᠶᠢ ᠳᠠᠶᠢᠴᠢᠯᠠᠨ᠎ᠠ᠃ | ᠪᠣᠳᠠᠲᠤ ᠴᠣᠭᠴᠠᠳᠣ ᠠᠵᠤ ᠠᠬᠤᠶ ᠶᠢᠨ ᠥᠪᠡᠷ ᠤᠨ ᠦᠷᠲᠡᠭ ᠢ ᠶᠡᠬᠡᠪᠡᠷ ᠪᠠᠭᠤᠷᠠᠭᠤᠯᠣᠨ᠎ᠠ᠃ ᠠᠵᠤ | ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ ᠰᠦᠢᠳᠬᠡᠯ ᠢ ᠦᠷᠭᠦᠯᠵᠢᠯᠡᠨ ᠴᠡᠪᠡᠷᠯᠡᠵᠦ ᠵᠢᠷᠤᠮᠵᠢᠭᠤᠯᠤᠨ᠂ | ᠦᠢᠯᠡᠳᠬᠦ ᠦᠢᠯᠡᠰ ᠤᠨ ᠦᠷᠳᠡᠭ ᠨᠡᠮᠡᠭᠳᠡᠯ ᠤᠨ ᠭᠠᠶᠢᠯᠢ ᠪᠠ ᠵᠢᠵᠢᠭ ᠪᠢᠴᠢᠯ ᠠᠵᠤ ᠠᠬᠤᠶᠢᠯᠠᠯ ᠤᠨ ᠠᠰᠢᠭ | ᠣᠯᠵᠠᠪᠣᠷᠢ ᠶᠢᠨ ᠭᠠᠶᠢᠯᠢ ᠶᠢ ᠪᠠᠭᠤᠷᠠᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠴᠠᠬᠢᠯᠭᠠᠨ ᠬᠦᠴᠣᠨ᠂ ᠵᠠᠮ ᠬᠠᠷᠢᠯᠴᠠᠭ᠎ᠠ᠂ ᠮᠥᠩᠭᠦᠨ ᠭᠦᠢᠯᠭᠡᠭᠡᠨ ᠤ ᠬᠦᠷᠢᠶ᠎ᠡ | ᠴᠠᠷᠠᠭᠠᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠣ᠂ ᠠᠵᠤ ᠠᠬᠤᠶᠢᠯᠠᠯ ᠤᠨ ᠲᠦᠷᠢᠮ ᠤᠨ ᠴᠢᠨᠠᠷᠲᠠᠶ | ᠠᠷᠠᠯᠵᠢᠶᠠᠯᠠᠬᠤ ᠥᠪᠡᠷ ᠤᠨ ᠦᠷᠳᠡᠭ ᠪᠠ ᠡᠨᠧᠷᠭᠢ ᠶᠢᠨ ᠬᠡᠷᠡᠭᠯᠡᠯᠳᠠ᠂ ᠪᠠᠷᠠᠭᠠᠨ ᠤ ᠭᠦᠢᠯᠭᠡᠭᠡ᠂ ᠪᠡᠯᠡ | ᠲᠣᠬᠢᠷᠠᠭᠤᠯᠭ᠎ᠠ ᠵᠡᠷᠭᠡ ᠭᠦᠴᠣᠨ ᠵᠦᠢᠯ ᠤᠨ ᠥᠪᠡᠷ ᠤᠨ ᠦᠷᠳᠡᠭ ᠢ ᠪᠠᠭᠤᠷᠠᠭᠤᠯᠣᠨ᠎ᠠ᠃ ᠪᠡᠯᠨ ᠲᠣᠬᠢᠷᠠᠭᠤᠯᠭ᠎ᠠ ᠶᠢᠨ | ᠪᠦᠳᠣᠴᠨ ᠶᠢ ᠰᠢᠯᠢᠳᠡᠭᠵᠢᠭᠦᠯᠵᠣ᠂ ᠠᠵᠣ ᠠᠬᠤᠶᠢᠯᠡᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠣᠨ᠂ | ᠰᠢᠭᠤᠣᠨ ᠪᠡᠯᠨ ᠲᠣᠬᠢᠷᠠᠭᠤᠯᠬᠤ ᠢᠯᠡᠩᠭᠤᠶ᠎ᠠ ᠰᠲ᠋ᠣᠺ ᠤᠨ ᠡᠷᠭᠡ ᠪᠠᠷ ᠪᠡᠯᠨ ᠲᠣᠬᠢᠷᠠᠭᠤᠯᠬᠤ ᠬᠤᠪᠢ ᠶᠢᠨ ᠵᠢᠩ ᠢ | ᠳᠡᠭᠡᠭᠰᠢᠯᠡᠭᠦᠯᠣᠨ᠎ᠠ᠃ | ᠪᠦᠲᠦᠮᠵᠢᠳᠠᠢ ᠪᠡᠯᠡ ᠣᠷᠣᠭᠤᠯᠤᠯᠲᠠ ᠶᠢ ᠢᠳᠡᠪᠬᠢᠲᠡᠶ ᠠᠬᠢᠭᠤᠯᠣᠨ᠎ᠠ᠃ ᠳᠤᠲᠠᠭᠤᠳᠠᠯ ᠢ ᠨᠥᠬᠦᠪᠥᠷᠢᠯᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢ ᠰᠢᠯᠢᠳᠡᠭᠵᠢᠭᠦᠯᠭᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠣᠨ᠂ ᠠᠷᠠᠳ ᠤᠨ ᠲᠣᠮᠳᠠᠬᠢ ᠪᠡᠯᠡ | ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠠ᠃ ᠠᠷᠠᠳ ᠤᠨ ᠠᠮᠢᠳᠤᠷᠠᠯ ᠤᠨ ᠭᠦᠷᠢᠶ᠎ᠡ ᠴᠠᠷᠠᠭ᠎ᠠ᠂ | ︽ᠮᠠᠯᠵᠢᠬᠤ ᠳᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠠᠯ᠎ᠠ ᠶᠢᠨ ᠪᠡᠯᠨ | ᠣᠷᠣᠭᠤᠯᠣᠯᠳᠠ ᠶᠢᠨ ᠡᠷᠴᠢᠮ ᠢ ᠴᠢᠩᠭᠠᠷᠠᠭᠤᠯᠣᠨ᠎ᠠ᠃ ᠵᠠᠰᠠᠮᠠᠯ ᠵᠠᠮ᠂ ᠳᠡᠮᠣᠷ ᠵᠠᠮ ᠵᠡᠷᠭᠡ ᠰᠠᠭᠤᠷᠢ ᠪᠡᠯᠡᠣᠡᠭᠡᠮᠵᠢ ᠶᠢᠨ | ᠪᠦᠳᠣᠭᠡᠨ ᠪᠠᠶᠢᠭᠤᠯᠣᠯᠳᠠ ᠶᠢ ᠰᠢᠨᠵᠢᠯᠡᠭᠦ ᠣᠬᠠᠭᠠᠨᠴᠢ ᠪᠠᠷ ᠲᠦᠯᠣᠪᠵᠢᠭᠦᠯᠣᠨ᠂ ᠵᠦᠢ ᠵᠣᠬᠢᠰᠳᠠᠢ ᠪᠠᠶᠢᠷᠢᠯᠠᠭᠤᠯᠵᠣ᠂ | ᠲᠣᠳᠣᠷ ᠭᠠᠵᠡᠷ ᠪᠠ ᠳᠠᠯᠠᠢ ᠳᠠᠭᠠᠣ ᠭᠠᠵᠡᠷ ᠣᠷᠣᠨ ᠲᠠᠢ ᠬᠤᠯᠪᠣᠭᠰᠠᠨ ᠣᠯᠣᠰ ᠤᠨ ᠵᠠᠮ ᠬᠠᠷᠢᠯᠴᠠᠭᠠᠨ ᠤ ᠭᠤᠣᠯ | ᠵᠠᠮ ᠱᠣᠭᠤᠮ ᠤᠨ ᠲᠦᠷᠣᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠣ᠂ ᠪᠡᠯᠨ ᠣᠷᠣᠭᠤᠯᠣᠯᠳᠠ ᠶᠢᠨ | ᠣᠨᠣᠪᠴᠢᠳᠣ ᠴᠢᠨᠠᠷ᠂ ᠲᠦᠭᠡᠮᠡᠯ ᠬᠠᠷᠠᠭᠠᠯᠵᠠᠬᠤ ᠴᠢᠨᠠᠷ᠂ ᠪᠦᠳᠣᠮᠵᠢᠳᠣ ᠴᠢᠨᠠᠷ ᠢ ᠳᠡᠭᠡᠭᠰᠢᠯᠡᠭᠦᠯᠣᠨ᠎ᠠ᠃ | ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ ᠠᠬᠢᠭᠤᠯᠣᠨ᠎ᠠ᠃ ᠭᠦᠭᠡᠬᠤᠳᠠ ᠪᠣᠭᠤᠳᠣ ᠣᠷᠳᠣᠰ ᠤᠨ | ᠵᠣᠬᠢᠴᠠᠯᠳᠣᠨ ᠭᠦᠭᠵᠢᠭᠦ᠂ ᠵᠠᠭᠦᠨ ᠬᠡᠰᠡᠭ ᠠᠶᠢᠮᠠᠭ ᠬᠤᠳᠠ ᠶᠢᠨ ᠭᠦᠭᠵᠢᠯᠳᠠ ᠶᠢ ᠲᠦᠷᠭᠡᠤᠡᠭᠡᠭᠦ᠂ ᠦᠬᠠᠢ ᠵᠢᠴᠢ | ᠡᠷᠬᠢᠨ ᠲᠣᠭᠤᠷᠢᠨ ᠳᠠᠬᠢ ᠭᠠᠵᠡᠷ ᠣᠷᠣᠨ ᠤ ᠬᠡᠯᠪᠡᠷᠢ ᠪᠠᠨ ᠬᠤᠪᠢᠷᠠᠭᠤᠯᠣᠨ ᠭᠦᠭᠵᠢᠭᠦ ᠶᠢ ᠠᠬᠢᠭᠤᠯᠣᠨ᠂ ᠠᠵᠣ | ᠦᠢᠯᠡᠣᠡᠪᠣᠷᠢ ᠶᠢᠨ ᠭᠦᠷᠢᠶᠡᠯᠡᠩ ᠲᠣᠭᠤᠷᠢᠭ ᠢ ᠦᠭᠡᠷᠡᠴᠢᠯᠡᠨ ᠳᠡᠰ ᠳᠠᠪᠰᠢᠭᠦᠯᠵᠣ᠂ ᠬᠤᠷᠢᠡᠭᠡᠷ ᠰᠢᠨ᠎ᠠ ᠲᠣᠭᠤᠷᠢᠭ ᠢ | ᠰᠢᠨᠵᠢᠯᠡᠭᠦ ᠣᠬᠠᠭᠠᠨᠴᠢ ᠪᠠᠷ ᠲᠦᠯᠣᠪᠵᠢᠭᠦᠯᠣᠨ᠂ ᠡᠮᠬᠢ ᠵᠢᠷᠣᠮ ᠲᠠᠢ ᠪᠦᠳᠣᠭᠡᠨ ᠪᠠᠶᠢᠭᠤᠯᠣᠨ᠎ᠠ᠃ | ︵ᠭᠤᠷᠪᠠ︶ ᠰᠢᠨ᠎ᠠ ᠶᠢ ᠡᠭᠦᠳᠬᠦ ᠬᠡᠯᠪᠡᠷᠢ ᠪᠦᠭᠦᠢ ᠦᠪᠦᠷ ᠮᠤᠩᠭᠤᠯ ᠢ ᠲᠦᠷᠬᠡᠳᠬᠡᠨ ᠪᠠᠶᠢᠭᠤᠯᠤᠨ᠎ᠠ᠃ | ᠰᠢᠨ᠎ᠠ ᠶᠢ ᠡᠭᠦᠳᠬᠦ ᠪᠠᠷ ᠭᠦᠭᠵᠢᠯᠳᠡ ᠶᠢ ᠭᠦᠳᠦᠯᠦᠨ ᠲᠠᠭᠠᠭᠤᠯᠬᠤ ᠨᠢᠬᠡᠳᠦᠬᠡᠷ ᠭᠦᠳᠡᠯᠬᠡᠬᠦ ᠭᠦᠴᠦᠨ ᠪᠤᠯᠭᠠᠬᠤ ᠶᠢ | ᠪᠠᠷᠢᠮᠳᠠᠯᠠᠵᠦ᠂ ᠰᠢᠨ᠎ᠠ ᠶᠢ ᠡᠭᠦᠳᠬᠦ ᠪᠠᠷ ᠭᠦᠳᠡᠯᠬᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠬᠡᠢ | ᠬᠡᠷᠡᠭᠵᠢᠬᠦᠯᠦᠨ᠎ᠠ᠃ | ᠰᠢᠨᠵᠢᠯᠡᠬᠦ ᠤᠬᠠᠭᠠᠨ ᠮᠡᠷᠬᠡᠵᠢᠯ ᠳᠠᠬᠢ ᠤᠷᠤᠭᠤᠯᠤᠯᠳᠠ ᠪᠠᠨ ᠨᠡᠮᠡᠭᠳᠡᠭᠦᠯᠦᠨ᠂ ᠡᠳ᠋ ᠤᠨ ᠵᠠᠰᠠᠭ ᠤᠨ ᠪᠡᠯᠡ | ᠮᠦᠩᠭᠦ ᠶᠢᠨ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠵᠦ᠂ ᠶᠡᠭᠡ ᠲᠡᠬᠡᠳᠤ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠦ ᠠᠬᠤᠶᠢᠯᠠᠯ ᠢ ᠲᠠᠮᠵᠢᠵᠦ ᠪᠠᠶᠢᠭᠠᠳ ᠰᠢᠨᠵᠢᠯᠡᠬᠦ | ᠤᠬᠠᠭᠠᠨ ᠮᠡᠷᠬᠡᠵᠢᠯ ᠤᠨ ᠲᠦᠷᠦᠯ ᠵᠦᠢᠯ ᠢ ᠲᠠᠭᠠᠭᠠᠨ ᠡᠭᠦᠷᠬᠡᠯᠡᠬᠦᠯᠵᠦ᠂ ᠤᠯᠠᠨ ᠡᠰᠢᠳᠦ ᠤᠷᠤᠭᠤᠯᠤᠯᠳᠠ ᠶᠢᠨ | ᠲᠤᠨᠨᠳᠠᠴᠠ ᠶᠢ ᠪᠦᠷᠢᠯᠳᠦᠬᠦᠯᠦᠨ᠎ᠠ᠃ ᠪᠠᠶᠢᠯᠳᠤᠬᠤ ᠪᠤᠳᠤᠯᠭ᠎ᠠ ᠪᠠ ᠬᠤᠰᠢᠭᠤᠷᠠᠯ ᠢᠶᠠᠷ ᠤᠳᠤᠷᠢᠳᠤᠮᠵᠢ ᠪᠤᠯᠭᠠᠬᠤ ᠶᠢ | ᠪᠠᠷᠢᠮᠳᠠᠯᠠᠵᠦ᠂ ᠬᠡᠷᠡᠭᠯᠡᠬᠡᠨ ᠤ ᠰᠠᠭᠤᠷᠢ ᠴᠢᠨᠠᠷᠳᠠᠢ ᠰᠤᠳᠤᠯᠭᠠᠨ ᠢ ᠴᠢᠩᠭᠠᠳᠬᠠᠨ᠂ ᠤᠳᠤ ᠦᠶ᠎ᠡ ᠶᠢᠨ ᠲᠠᠷᠢᠶᠠᠯᠠᠩ | ᠮᠠᠯ ᠠᠵᠦ ᠠᠬᠤᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠪᠤᠢ ᠪᠤᠯᠤᠨᠨᠰᠠᠨ ᠠᠵᠦ ᠦᠢᠯᠡᠰ᠂ | ᠴᠦᠯᠯᠡᠷᠬᠡᠭᠵᠢᠬᠦ ᠶᠢ ᠵᠠᠰᠠᠬᠤ ᠵᠡᠷᠬᠡ ᠭᠦᠷᠢᠶ᠎ᠡ ᠴᠠᠷᠠᠭ᠎ᠠ ᠳᠠᠬᠢ ᠴᠢᠬᠤᠯᠡ ᠶᠡᠭᠡ ᠰᠢᠨᠵᠢᠯᠡᠬᠦ ᠤᠬᠠᠭᠠᠨ ᠮᠡᠷᠬᠡᠵᠢᠯ ᠤᠨ | ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠨᠢᠬᠡ ᠪᠦᠯᠦᠭ ᠰᠢᠨᠵᠢᠯᠡᠬᠦ ᠤᠬᠠᠭᠠᠨ ᠮᠡᠷᠬᠡᠵᠢᠯ ᠤᠨ ᠴᠢᠬᠤᠯᠠ ᠶᠡᠭᠡ | ᠲᠤᠰᠬᠠᠢ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠢᠬᠡ ᠪᠦᠯᠦᠭ ᠵᠠᠩᠬᠢᠯᠠᠭ᠎ᠠ ᠶᠢᠨ ᠨᠡᠶᠢᠳᠡᠯᠢᠭ ᠴᠢᠨᠠᠷᠳᠠᠢ | ᠮᠡᠷᠬᠡᠵᠢᠯ ᠳᠤ ᠰᠢᠪᠳᠦᠯᠦᠯᠳᠡ ᠲᠠᠢ ᠪᠤᠯᠭᠠᠨ᠎ᠠ᠃ ᠰᠢᠨᠵᠢᠯᠡᠬᠦ ᠤᠠᠬᠠᠭᠠᠨ ᠮᠡᠷᠬᠡᠵᠢᠯ ᠤᠨ ᠦᠷ᠎ᠡ ᠪᠦᠳᠦᠬᠡᠯ ᠢ | ᠤᠯᠠᠷᠢᠭᠤᠯᠬᠤ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠬᠦᠯᠵᠦ᠂ ᠲᠤᠰᠬᠠᠶᠢᠵᠢᠨᠨᠰᠠᠨ ᠦᠢᠯᠡᠴᠢᠯᠡᠬᠡᠨ ᠤ | ᠪᠠᠶᠢᠭᠤᠯᠤᠮᠵᠢ ᠶᠢ ᠪᠤᠶᠢᠵᠢᠭᠤᠯᠤᠨ᠎ᠠ᠃ ᠰᠢᠨᠵᠢᠯᠡᠬᠦ ᠤᠠᠬᠠᠭᠠᠨ ᠮᠡᠷᠬᠡᠵᠢᠯ ᠤᠨ ᠦᠷ᠎ᠡ ᠪᠦᠳᠦᠬᠡᠯ ᠤᠨ ᠠᠷᠠᠯᠵᠢᠶᠠᠯᠠᠬᠤ | ᠲᠡᠪᠴᠡᠩ᠂ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠦᠪ᠂ ᠠᠵᠦ | ᠠᠬᠤᠶᠢᠯᠠᠯ ᠤᠨ ᠮᠡᠷᠬᠡᠵᠢᠯ ᠤᠨ ᠲᠦᠪ ᠤᠨ ᠦᠢᠯᠡᠳᠦᠯ ᠢ ᠰᠠᠶᠢᠳᠤᠷ ᠪᠠᠳᠠᠷᠠᠭᠤᠯᠵᠦ᠂ ᠰᠢᠨ᠎ᠠ ᠡᠬᠦᠳᠦᠯᠳᠡ ᠲᠠᠢ ᠦᠷ᠎ᠡ | ᠪᠦᠳᠦᠬᠡᠯ ᠢ ᠠᠬᠤᠶᠢᠴᠢ ᠦᠢᠯᠡᠳᠪᠦᠷᠢᠯᠡᠯ ᠤᠨ ᠭᠦᠴᠦᠨ ᠲᠡᠰᠢ ᠤᠯᠠᠷᠢᠭᠤᠯᠬᠤ ᠶᠢ ᠲᠦᠷᠬᠡᠳᠬᠡᠨ᠎ᠠ᠃ ᠤᠯᠤᠰ ᠤᠨ | ᠲᠡᠰ ᠤᠨ ᠰᠢᠨ᠎ᠠ ᠡᠬᠦᠳᠦᠯᠳᠡ ᠶᠢᠨ ᠲᠡᠪᠴᠡᠩ ᠢ ᠪᠤᠶᠢᠵᠢᠭᠤᠯᠤᠨ᠂ ᠭᠦᠬᠡᠬᠤᠳᠠ ᠪᠤᠭᠤᠳᠤ ᠤᠷᠳᠤᠰ ᠲᠠᠬᠢ | ᠤᠯᠤᠰ ᠤᠨ ᠪᠡᠶ᠎ᠡ ᠪᠠᠨ ᠲᠠᠭᠠᠭᠠᠨᠨᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ ᠲᠤᠭᠤᠷᠢᠭ᠂ ᠪᠤᠭᠤᠳᠤ ᠳᠠᠬᠢ | ᠤᠯᠤᠰ ᠤᠨ ᠲᠡᠰ ᠤᠨ ᠴᠡᠷᠢᠭ ᠠᠷᠠᠳ ᠤᠨ ᠠᠭᠤᠰᠤᠯᠴᠬᠠᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ | ᠲᠤᠭᠤᠷᠢᠭ ᠢ ᠡᠭᠦᠳᠦᠨ ᠪᠠᠶᠢᠭᠤᠯᠤᠨ᠎ᠠ᠃ ᠨᠢᠬᠡ ᠪᠦᠯᠦᠭ ︽ᠠᠳᠠᠯ ᠦᠢᠯᠡᠰ ᠴᠤᠨᠨᠴᠠᠯᠠᠵᠦ ᠰᠢᠨ᠎ᠠ ᠶᠢ ᠡᠭᠦᠳᠬᠦ︾ | ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠲᠦᠮᠡᠨ ᠤᠯᠠᠨ ᠢᠶᠠᠷ ᠢᠶᠠᠨ ᠠᠳᠠᠯ ᠦᠢᠯᠡᠰ ᠴᠤᠨᠨᠴᠠᠯᠠᠬᠤ ᠤᠷᠤᠨ | ᠵᠠᠢ ᠶᠢ ᠴᠢᠨᠠᠷ ᠰᠠᠶᠢᠳᠠᠢ ᠪᠠᠶᠢᠭᠤᠯᠤᠨ᠂ ᠰᠢᠨ᠎ᠠ ᠶᠢ ᠡᠭᠦᠳᠬᠦ ᠬᠡᠯᠪᠡᠷᠢ ᠪᠦᠭᠦᠢ ᠵᠢᠵᠢᠭ ᠪᠢᠴᠢᠯ ᠠᠵᠦ ᠠᠬᠤᠶᠢᠯᠠᠯ ᠢ | ᠨᠡᠪᠴᠢᠭᠦᠯᠦᠨ ᠪᠤᠶᠢᠵᠢᠭᠤᠯᠤᠨ᠎ᠠ᠃ ᠴᠢᠳᠠᠪᠤᠷᠢᠳᠠᠨ ᠤ ᠲᠤᠬᠠᠢ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠂ ᠴᠢᠳᠠᠪᠤᠷᠢᠳᠠᠨ ᠢ ᠦᠨᠡᠯᠡᠵᠦ ᠤᠷᠮᠠᠰᠢᠭᠤᠯᠬᠤ ᠲᠤᠨᠨᠳᠠᠴᠠ ᠶᠢ ᠲᠡᠭᠦᠯᠳᠡᠷᠵᠢᠬᠦᠯᠵᠦ᠂ ᠡᠯ᠎ᠡ | ᠲᠦᠷᠦᠯ ᠤᠨ ᠴᠢᠳᠠᠪᠤᠷᠢᠳᠠᠨ ᠢ ᠭᠦᠮᠦᠵᠢᠬᠦᠯᠬᠦ᠂ ᠤᠷᠤᠭᠤᠯᠤᠨ ᠠᠪᠴᠢᠷᠠᠬᠤ ᠪᠠ ᠬᠡᠷᠡᠭᠯᠡᠬᠦ ᠠᠵᠢᠯ ᠢ | ᠰᠠᠶᠢᠳᠤᠷ ᠬᠢᠨ᠎ᠠ᠃ | ︵ᠲᠦᠷᠪᠡ︶ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠦᠨ᠎ᠠ᠃ ᠲᠠᠷᠢᠶᠠᠯᠠᠩ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠢ ᠤᠷᠢᠳᠠᠪᠡᠷ ᠭᠦᠭᠵᠢᠬᠦᠯᠬᠦ ᠶᠢ | ᠪᠠᠷᠢᠮᠳᠠᠯᠠᠵᠦ᠂ ᠠᠵᠦ ᠦᠢᠯᠡᠰ ᠨᠢ ᠭᠦᠭᠵᠢᠩᠬᠦᠢ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ | ᠨᠤᠳᠤᠭ ᠤᠨ ᠵᠠᠩ ᠲᠠᠳᠬᠠᠯ ᠨᠢ ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ ᠴᠢᠨᠡᠬᠡᠯᠢᠭ | ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠲᠠᠷᠢᠶᠠᠯᠠᠩ ᠮᠠᠯ ᠠᠵᠦ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ | ᠤᠳᠤᠬᠢᠴᠢᠯᠠᠯᠳᠠ ᠶᠢ ᠠᠬᠢᠭᠤᠯᠤᠨ᠎ᠠ᠃ | ᠶᠠᠰᠤ ᠴᠢᠨᠠᠷ ᠢᠶᠠᠷ ᠲᠠᠷᠢᠶᠠᠯᠠᠩ ᠢ ᠭᠦᠭᠵᠢᠬᠦᠯᠬᠦ ᠪᠠ ᠪᠤᠬᠢᠷᠳᠤᠯ ᠦᠬᠡᠢ ᠪᠠᠷ ᠲᠠᠷᠢᠶᠠᠯᠠᠩ ᠢ ᠭᠦᠭᠵᠢᠬᠦᠯᠬᠦ ᠶᠢ | ᠪᠠᠷᠢᠮᠳᠠᠯᠠᠨ᠂ ᠤᠳᠤ ᠦᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠰᠢᠰᠲ᠋ᠧᠮᠵᠢ᠂ | ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠳᠡ ᠶᠢᠨ ᠰᠢᠰᠲ᠋ᠧᠮᠵᠢ ᠶᠢ ᠲᠦᠷᠬᠡᠳᠬᠡᠨ ᠪᠠᠶᠢᠭᠤᠯᠵᠦ᠂ ᠲᠠᠷᠢᠶᠠᠯᠠᠩ ᠮᠠᠯ | ᠠᠵᠦ ᠠᠬᠤᠢ ᠶᠢᠨ ᠠᠰᠢᠬ ᠰᠢᠮ᠎ᠠ ᠶᠢᠨ ᠪᠦᠳᠦᠬᠡᠭᠳᠡᠬᠦᠨ ᠤ ᠪᠦᠳᠦᠴᠡ᠂ ᠠᠵᠦ ᠦᠢᠯᠡᠰ ᠤᠨ ᠪᠦᠳᠦᠴᠡ ᠪᠠ | ᠪᠠᠶᠢᠷᠢᠰᠢᠭᠤᠯᠤᠯᠳᠠ ᠶᠢᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠲᠠᠪᠠᠭᠤᠯᠢᠭ ᠤᠨᠴᠠᠯᠢᠨᠨᠳᠤ ᠲᠠᠷᠢᠶᠠᠯᠠᠩ | ᠮᠠᠯ ᠠᠵᠦ ᠠᠬᠤᠢ ᠶᠢ ᠭᠦᠭᠵᠢᠬᠦᠯᠦᠨ ᠪᠤᠵᠠᠭᠠᠶᠢᠷᠠᠭᠤᠯᠤᠨ᠎ᠠ᠃ ᠠᠮᠤ ᠪᠤᠳᠠᠭᠠᠨ ᠤ ᠤᠨᠠᠯᠳᠠ ᠶᠢᠨ ᠴᠢᠳᠠᠮᠵᠢᠳᠤ | ᠤᠷᠤᠨ᠂ ᠴᠢᠬᠤᠯᠠ ᠪᠤᠯᠬᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠬᠠᠮᠠᠭᠠᠯᠠᠯᠳᠠ ᠶᠢᠨ | ᠤᠷᠤᠨ ᠂ ᠤᠨᠴᠠᠯᠢᠨᠨᠳᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠭᠦᠨ ᠤ ᠬᠠᠮᠠᠭᠠᠯᠠᠯᠳᠠ ᠶᠢᠨ ᠤᠷᠤᠨ ᠢ | ᠪᠦᠳᠦᠬᠡᠨ ᠪᠠᠶᠢᠭᠤᠯᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠭᠦᠷᠢᠶᠡᠯᠡᠩ᠂ | ᠰᠢᠨᠵᠢᠯᠡᠬᠦ ᠤᠬᠠᠭᠠᠨ ᠮᠡᠷᠬᠡᠵᠢᠯ ᠤᠨ ᠭᠦᠷᠢᠶᠡᠯᠡᠩ᠂ ᠠᠳᠠᠯ ᠦᠢᠯᠡᠰ ᠴᠤᠨᠨᠴᠠᠯᠠᠬᠤ ᠭᠦᠷᠢᠶᠡᠯᠡᠩ ᠢ ᠪᠦᠳᠦᠬᠡᠨ | ᠪᠠᠶᠢᠭᠤᠯᠦᠨ᠎ᠠ᠃ ᠤᠰᠤ ᠠᠷᠪᠢᠯᠠᠬᠤ ᠤᠰᠤᠯᠠᠯᠳᠠ ᠶᠢ ᠭᠦᠭᠵᠢᠬᠦᠯᠵᠦ᠂ ᠦᠨᠳᠦᠷ ᠪᠠᠷᠢᠮᠵᠢᠶ᠎ᠠ ᠲᠠᠢ ᠲᠠᠷᠢᠶᠠᠨ ᠭᠠᠵᠠᠷ ᠢ | ᠪᠦᠳᠦᠬᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠪᠠᠷᠢᠮᠵᠢᠶᠠᠵᠢᠨᠨᠰᠠᠨ ᠦᠢᠯᠡᠳᠪᠦᠷᠢᠯᠡᠯ ᠢ | ᠠᠬᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠳᠤ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠭᠠᠵᠠᠷ ᠵᠦᠢ ᠶᠢᠨ ᠲᠡᠮᠳᠡᠭ ᠪᠠ ᠠᠮᠢ ᠠᠬᠤᠢ ᠶᠢᠨ ᠤᠭ ᠭᠠᠷᠤᠯᠳᠠ ᠶᠢᠨ ᠤᠷᠤᠨ ᠤ | ᠪᠦᠳᠦᠬᠡᠭᠳᠡᠬᠦᠨ ᠢ ᠬᠠᠮᠠᠭᠠᠯᠠᠬᠤ ᠪᠠ ᠲᠠᠩᠰᠠᠯᠠᠬᠤ ᠶᠢ ᠴᠢᠩᠭᠠᠷᠠᠭᠤᠯᠵᠦ᠂ ᠭᠦᠳᠦᠴᠢ ᠠᠵᠦ ᠠᠬᠤᠶᠢᠯᠠᠯ ᠪᠠ ᠨᠡᠷᠡᠳᠦ | ᠲᠦᠷᠦᠯ ᠲᠡᠮᠳᠡᠭᠳᠦ ᠶᠢ ᠨᠡᠩ ᠤᠯᠠᠨ ᠪᠤᠶᠢᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ | ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠪᠦᠭᠦ ᠲᠠᠯ᠎ᠠ ᠪᠠᠷ ᠲᠡᠬᠡᠭᠰᠢᠯᠡᠬᠦᠯᠦᠨ᠎ᠠ᠃ ︽ᠢᠨᠲ᠋ᠧᠷ ᠰᠦᠯᠵᠢᠶ᠎ᠡ | + ᠤᠳᠤ ᠦᠶ᠎ᠠ ᠶᠢᠨ ᠲᠠᠷᠢᠶᠠᠯᠠᠩ︾᠂ ︽ᠢᠨᠲ᠋ᠧᠷ ᠰᠦᠯᠵᠢᠶ᠎ᠡ + ᠤᠳᠤ ᠦᠶ᠎ᠠ ᠶᠢᠨ ᠮᠠᠯ ᠠᠵᠦ ᠠᠬᠤᠢ︾ ᠶᠢ | ᠲᠦᠷᠬᠡᠳᠬᠡᠨ ᠠᠬᠢᠭᠤᠯᠵᠦ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠭᠦᠢᠯᠬᠡᠬᠡᠨ ᠤ | ᠤᠳᠤᠬᠢᠴᠢᠯᠠᠯᠳᠠ ᠶᠢ ᠠᠬᠢᠭᠤᠯᠤᠨ᠎ᠠ᠃ ᠰᠢᠨ᠎ᠠ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ | ᠭᠤᠤᠯ ᠴᠤᠨᠨᠴᠠ ᠶᠢ ᠪᠤᠶᠢᠵᠢᠭᠤᠯᠤᠨ᠂ ᠠᠵᠢᠯ ᠮᠡᠷᠬᠡᠵᠢᠯ ᠤᠨ ᠮᠠᠯᠴᠢᠨ ᠲᠠᠷᠢᠶᠠᠴᠢᠨ ᠢ ᠭᠦᠮᠦᠵᠢᠬᠦᠯᠵᠦ᠂ ᠲᠠᠷᠢᠶᠠᠴᠢᠨ | ᠪᠠ ᠠᠵᠦ ᠠᠬᠤᠶᠢᠯᠠᠯ ᠤᠨ ᠠᠰᠢᠭ ᠲᠤᠰᠠ ᠶᠢ ᠬᠤᠯᠪᠤᠨᠨᠳᠠᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠂ ᠮᠠᠯᠵᠢᠬᠤ | ᠲᠠᠷᠢᠶᠠᠯᠠᠬᠤ ᠤᠷᠤᠨ ᠤ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠨ ᠭᠦᠭᠵᠢᠬᠦ ᠶᠢ | ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ | ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠤᠤᠭᠤᠬᠤ ᠤᠰᠤᠨ ᠤ ᠠᠮᠤᠷ ᠲᠦᠪᠰᠢᠨ ᠢ | ᠪᠠᠳᠤᠳᠬᠠᠨ ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠠ᠃ ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ | ᠤᠷᠤᠨ ᠳᠤ ᠬᠡᠷᠡᠭᠯᠡᠬᠦ ᠴᠠᠬᠢᠯᠭᠠᠨ ᠤ ᠲᠡᠰ ᠲᠡᠪᠰᠢᠬᠦᠯᠵᠦ ᠦᠬᠡᠷᠡᠴᠢᠯᠡᠨ ᠵᠠᠰᠠᠬᠤ ᠶᠢ ᠪᠡᠶᠡᠯᠡᠬᠦᠯᠦᠨ᠎ᠠ᠃ ᠮᠠᠯᠵᠢᠬᠤ | ᠲᠠᠷᠢᠶᠠᠯᠠᠬᠤ ᠤᠷᠤᠨ ᠤ ᠭᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠬᠠᠤ ᠭᠤᠷᠪᠠᠨ | ᠵᠢᠯ ᠤᠨ ᠠᠵᠢᠯᠯᠠᠭᠠᠨ ᠢ ᠦᠷᠨᠢᠭᠦᠯᠦᠨ᠎ᠠ᠃ ᠲᠤᠭᠠᠵᠢᠭᠤᠯᠤᠨᠨᠰᠠᠨ ᠭᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ | ᠶᠡᠬᠡᠪᠡᠷ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠢ ᠦᠷᠬᠡᠨ ᠪᠦᠰᠡᠳᠦ ᠰᠦᠯᠵᠢᠶ᠎ᠡ ᠪᠠ 4G | ᠰᠦᠯᠵᠢᠶ᠎ᠡ ᠪᠠᠷ ᠬᠠᠮᠤᠷᠬᠤ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ︾ ᠪᠠᠷ ᠦᠨᠳᠦᠰᠦᠨ | ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢᠨ ᠲᠡᠬᠡᠭᠰᠢᠯᠡᠯᠳᠡ ᠶᠢ ᠲᠠᠶᠢᠴᠢᠯᠠᠵᠦ᠂ | ︽ᠢᠨᠲ᠋ᠧᠷ ᠰᠦᠯᠵᠢᠶ᠎ᠡ + ᠰᠤᠷᠭᠠᠨ ᠭᠦᠮᠦᠵᠢᠯ︾ ᠢᠶᠠᠷ ᠴᠢᠨᠠᠷᠵᠢᠭᠤᠨ ᠰᠤᠷᠭᠠᠨ ᠭᠦᠮᠦᠵᠢᠯ ᠤᠨ ᠡᠬᠢ ᠪᠠᠶᠠᠯᠢᠭ ᠢ | ᠬᠠᠮᠳᠤᠪᠡᠷ ᠭᠦᠷᠳᠡᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠦᠷᠢᠮ ᠪᠠ ᠬᠠᠮᠳᠤ ᠶᠢᠨ ᠦᠮᠴᠢᠯᠡᠬᠦ ᠡᠷᠬᠡ ᠶᠢᠨ | ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠦᠮᠴᠢᠯᠡᠯ ᠤᠨ ᠡᠷᠬᠡ᠂ ᠲᠠᠭᠠᠭᠠᠴᠢᠯᠠᠯᠳᠠ ᠶᠢᠨ ᠡᠷᠬᠡ᠂ | ᠡᠵᠡᠩᠨᠡᠯᠳᠡ ᠶᠢᠨ ᠡᠷᠬᠡ ᠵᠡᠷᠬᠡ ︽ᠭᠤᠷᠪᠠᠨ ᠡᠷᠬᠡ︾ ᠶᠢ ᠰᠠᠯᠭᠠᠨ ᠲᠤᠬᠢᠷᠠᠭᠤᠯᠬᠤ ᠲᠦᠷᠢᠮ ᠢ ᠲᠡᠭᠦᠯᠳᠡᠷᠵᠢᠬᠦᠯᠦᠨ᠂ | ᠭᠠᠵᠠᠷ ᠰᠢᠷᠤᠢ ᠶᠢᠨ ᠡᠷᠬᠡ ᠶᠢ ᠲᠤᠳᠤᠯᠠᠨ ᠲᠤᠨᠨᠳᠠᠭᠠᠵᠦ ᠲᠠᠩᠰᠠᠯᠠᠨ ᠲᠡᠮᠳᠡᠭᠯᠡᠬᠡᠳ ᠦᠨᠡᠮᠯᠡᠯ ᠤᠯᠭᠤᠨ᠎ᠠ᠃ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠨᠨᠳᠠᠪᠤᠷᠢᠳᠠᠢ ᠪᠠᠶᠢᠯᠭᠠᠬᠤ ᠶᠢᠨ ᠬᠠᠮᠳᠤ ᠤᠷᠳᠤ | ᠬᠤᠭᠤᠴᠠᠭ᠎ᠠ ᠪᠠᠷ ᠬᠤᠪᠢᠷᠠᠭᠤᠯᠬᠤ ᠦᠬᠡᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠤᠶᠠᠳᠤᠭᠠᠷ | ᠡᠬᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠲᠤᠯᠤᠨᠨᠰᠠᠨ ᠤ ᠲᠠᠷᠠᠭ᠎ᠠ ᠲᠠᠬᠢᠭᠠᠳ 30 | ᠵᠢᠯ ᠤᠷᠳᠤᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠬᠡᠬᠡ ᠶᠢᠨ ᠦᠢᠯᠡᠴᠢᠯᠡᠬᠡᠨ ᠤ | ᠨᠡᠷᠡᠳᠬᠦᠨ ᠳᠤ ᠰᠢᠨ᠎ᠠ ᠶᠢ ᠡᠭᠦᠳᠦᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠭᠦᠦ ᠲᠠᠢ ᠵᠢᠬᠡᠯᠡᠯᠬᠡ ᠲᠠᠯᠪᠢᠵᠤ | ᠪᠠᠶᠢᠭ᠎ᠠ ᠠᠰᠠᠭᠤᠳᠠᠯ ᠢ ᠦᠷᠭᠦᠯᠵᠢᠯᠡᠨ ᠵᠠᠰᠠᠵᠦ᠂ ᠮᠠᠯᠴᠢᠨ ᠲᠠᠷᠢᠶᠠᠴᠢᠳ ᠤᠨ ᠮᠦᠩᠭᠦᠨ ᠭᠦᠢᠯᠬᠡᠬᠡᠨ ᠤ ᠬᠡᠷᠡᠭᠴᠡᠭᠡ | ᠱᠠᠭᠠᠷᠳᠠᠯᠭ᠎ᠠ ᠶᠢ ᠨᠡᠩ ᠰᠠᠶᠢᠳᠤᠷ ᠬᠠᠩᠭᠠᠨ᠎ᠠ᠃ | ᠲᠠᠷᠢᠶᠠᠯᠠᠬᠤ ᠤᠷᠤᠨ᠂ ᠮᠠᠯᠵᠢᠬᠤ ᠤᠷᠤᠨ᠂ ᠰᠢᠭᠤᠶᠢᠳᠤ ᠤᠷᠤᠨ᠂ ᠠᠳᠠᠷ ᠬᠠᠭᠠᠯᠪᠤᠷᠢᠯᠠᠬᠤ ᠤᠷᠤᠨ ᠤ | ᠵᠦᠷᠢᠶ᠎ᠡ ᠨᠡᠯᠢᠶᠡᠳ ᠶᠡᠭᠡ ᠪᠠᠶᠢᠭ᠎ᠠ ᠪᠤᠳᠠᠳᠤ ᠪᠠᠶᠢᠳᠠᠯ ᠢ ᠨᠢᠬᠡᠳᠦᠯᠳᠡᠢ ᠲᠦᠯᠦᠪᠯᠡᠨ ᠪᠤᠳᠤᠯᠬᠢᠯᠠᠵᠦ᠂ ᠭᠦᠳᠡᠭᠡ | ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠶᠢ ᠰᠢᠨᠵᠢᠯᠡᠬᠦ | ᠤᠬᠠᠭᠠᠨᠴᠢ ᠪᠠᠷ ᠲᠤᠨᠨᠳᠠᠭᠠᠨ᠎ᠠ᠃ ᠠᠵᠦ ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ᠂ ᠬᠤᠳᠠ ᠪᠠᠷ ᠭᠦᠳᠡᠭᠡ ᠶᠢ | ᠲᠠᠭᠠᠭᠤᠯᠬᠤ ᠶᠢ ᠪᠠᠷᠢᠮᠳᠠᠯᠠᠨ᠂ ᠬᠤᠳᠠ ᠭᠦᠳᠡᠭᠡ ᠶᠢ ᠠᠭᠤᠰᠤᠯᠴᠠᠭᠤᠯᠤᠨ ᠭᠦᠭᠵᠢᠬᠦᠯᠬᠦ ᠪᠠᠶᠢᠭᠤᠯᠤᠯ ᠲᠤᠨᠨᠳᠠᠴᠠ ᠪᠠ | ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠤᠳᠠ ᠭᠦᠳᠡᠭᠡ ᠶᠢᠨ ᠪᠦᠳᠦᠬᠡᠨ | ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠬᠦ᠂ ᠠᠵᠦ ᠦᠢᠯᠡᠰ ᠢ ᠵᠦᠢ ᠵᠤᠬᠢᠰᠳᠠᠢ ᠪᠠᠶᠢᠷᠢᠰᠢᠭᠤᠯᠬᠤ ᠂ ᠰᠠᠭᠤᠷᠢ | ᠪᠡᠯᠡᠳᠬᠡᠮᠵᠢ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠂ ᠭᠦᠷᠦᠩᠬᠡ᠂ ᠮᠡᠷᠬᠡᠵᠢᠯ᠂ | ᠴᠢᠳᠠᠪᠤᠷᠢᠳᠠᠨ ᠵᠡᠷᠬᠡ ᠭᠦᠴᠦᠨ ᠵᠦᠢᠯ ᠢ ᠲᠠᠳᠠᠵᠦ ᠪᠠᠶᠢᠭᠠᠳ ᠮᠠᠯᠵᠢᠬᠤ ᠲᠠᠷᠢᠶᠠᠯᠠᠬᠤ ᠤᠷᠤᠨ ᠲᠡᠰᠢ ᠨᠡᠩ ᠶᠡᠭᠡ ᠪᠠᠷ | ᠰᠢᠯᠵᠢᠭᠦᠯᠦᠨ᠎ᠠ᠃ ᠤᠨᠴᠠᠯᠢᠨᠨᠳᠤ ᠵᠢᠵᠢᠭ ᠪᠠᠯᠭᠠᠰᠤ ᠳᠤ ᠤᠨᠤᠪᠴᠢᠳᠠᠢ ᠪᠠᠷ ᠪᠠᠶᠢᠷᠢ ᠲᠤᠨᠨᠳᠠᠭᠠᠯᠳᠠ ᠬᠢᠵᠦ᠂ ᠡᠮᠬᠢ | ᠵᠢᠷᠤᠮ ᠲᠠᠢ ᠪᠠᠷ ᠪᠦᠳᠦᠬᠡᠨ ᠪᠠᠶᠢᠭᠤᠯᠤᠨ᠎ᠠ᠃ | ︵ᠲᠠᠪᠤ︶ ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠬᠦᠯᠦᠨ᠂ ᠨᠡᠬᠡᠬᠡᠯᠳᠡ ᠶᠢ ᠦᠷᠬᠡᠳᠬᠡᠨ᠎ᠠ᠃ | ᠵᠠᠰᠠᠭ ᠢ ᠴᠤᠮᠬᠠᠳᠬᠠᠵᠦ ᠡᠷᠬᠡ ᠶᠢ ᠲᠤᠷᠤᠨᠨᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠬᠡᠨ ᠤ ᠦᠬᠡᠷᠡᠴᠢᠯᠡᠯᠳᠡ ᠶᠢ ᠰᠢᠯᠢᠳᠡᠭᠵᠢᠬᠦᠯᠬᠦ ᠶᠢ ᠦᠷᠬᠦᠯᠵᠢᠯᠡᠨ ᠭᠦᠨᠵᠡᠬᠡᠶᠢᠷᠡᠬᠦᠯᠵᠦ᠂ ︽ᠲᠠᠷᠦ᠋ᠢᠬᠠᠨ | ᠭᠦᠢᠴᠡᠳᠬᠡᠬᠦ︾ ︽ᠬᠠᠮᠤᠭ ᠤᠨ ᠤᠯᠠᠨ ᠳᠠᠭᠠᠨ ᠨᠢᠬᠡ ᠤᠳᠠᠭ᠎ᠠ ᠤᠴᠢᠬᠤ︾᠂ ᠬᠡᠷᠡᠴᠢ ᠪᠠ ᠦᠨᠡᠮᠯᠡᠯ ᠢ ᠰᠠᠯᠭᠠᠬᠤ | ᠬᠢᠬᠡᠳ ᠰᠦᠯᠵᠢᠶ᠎ᠡ ᠪᠠᠷ ᠬᠢᠨᠠᠨ ᠵᠦᠪᠰᠢᠶᠡᠷᠡᠬᠦ ᠵᠡᠷᠬᠡ ᠠᠷᠭ᠎ᠠ ᠬᠢᠳᠡᠯ ᠢ ᠲᠦᠬᠡᠮᠡᠯᠵᠢᠬᠦᠯᠦᠨ᠂ ᠵᠠᠰᠠᠭ ᠤᠨ ᠤᠷᠳᠤᠨ ᠤ | ᠮᠡᠳᠡᠭᠡ ᠵᠠᠩᠬᠢ ᠶᠢᠨ ᠰᠢᠰᠲ᠋ᠧᠮ ᠢ ᠡᠮᠬᠢᠯᠡᠨ ᠨᠡᠶᠢᠯᠡᠬᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠬᠡᠷᠡᠭᠵᠢᠬᠦᠯᠦᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠢ ᠪᠠᠷᠢᠮᠵᠢᠶᠠᠵᠢᠭᠤᠯᠬᠤ | ᠪᠠᠶᠢᠭᠤᠯᠤᠯᠳᠠ ᠶᠢ ᠠᠬᠢᠭᠤᠯᠤᠨ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠬᠡᠷᠡᠴᠢᠯᠡᠯᠳᠡ ᠶᠢ | ᠭᠦᠨᠵᠡᠬᠡᠶᠢᠷᠡᠬᠦᠯᠵᠦ᠂ ︽ᠬᠤᠶᠠᠷ ᠢ ᠰᠤᠭᠤᠴᠢᠵᠦ᠂ ᠨᠢᠬᠡ ᠶᠢ ᠢᠯᠡ ᠪᠤᠯᠭᠠᠬᠤ︾ ᠬᠢᠨᠠᠯᠳᠠ ᠬᠠᠮᠢᠶᠠᠷᠤᠯᠳᠠ ᠶᠢ | ᠲᠡᠭᠦᠯᠳᠡᠷᠵᠢᠬᠦᠯᠦᠨ᠂ ᠵᠠᠭᠤᠴᠢ ᠦᠢᠯᠡᠴᠢᠯᠡᠭᠡ ᠶᠢᠨ ᠵᠦᠢᠯᠡᠰ ᠪᠠ ᠬᠤᠷᠢᠶᠠᠬᠤ ᠰᠦᠢᠳᠬᠡᠯ ᠢ ᠢᠯᠭᠠᠷᠠᠭᠤᠯᠤᠨ᠎ᠠ᠃ | ᠶᠤᠰᠤ ᠲᠦᠷᠢᠮ ᠨᠢ ᠨᠢᠬᠡᠳᠦᠯᠳᠡᠢ᠂ ᠵᠢᠷᠤᠮᠵᠢᠯ ᠲᠠᠢ ᠪᠦᠬᠡᠳ ᠢᠯᠡ ᠲᠤᠳᠤ ᠪᠠᠶᠢᠬᠤ ᠤᠯᠠᠨ ᠨᠡᠶᠢᠳᠡ ᠶᠢᠨ ᠡᠬᠢ | ᠪᠠᠶᠠᠯᠢᠭ ᠤᠨ ᠠᠷᠠᠯᠵᠢᠶᠠᠯᠠᠬᠤ ᠲᠡᠪᠴᠡᠩ ᠢ ᠪᠠᠶᠢᠭᠤᠯᠤᠨ᠎ᠠ᠃ ᠴᠢᠬᠤᠯᠠ ᠶᠡᠭᠡ ᠪᠦᠳᠦᠬᠡᠨ ᠪᠠᠶᠢᠭᠤᠯᠤᠯᠳᠠ ᠶᠢᠨ | ᠲᠦᠷᠦᠯ ᠵᠦᠢᠯ ᠢ ᠵᠦᠪᠰᠢᠶᠡᠷᠡᠬᠦ ᠪᠠ ᠬᠡᠷᠡᠭᠵᠢᠬᠦᠯᠬᠦ ᠬᠦᠷᠢᠶ᠎ᠠ ᠴᠠᠷᠠᠭᠠᠨ ᠳᠠᠬᠢ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠢᠯᠡ ᠪᠤᠯᠭᠠᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠳᠠᠬᠢ ᠤᠯᠤᠰ ᠤᠨ | ᠦᠮᠴᠢᠯᠡᠯ ᠤᠨ ᠡᠳ᠋ ᠭᠦᠷᠦᠩᠬᠡ ᠶᠢᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠤᠰ ᠤᠨ ᠦᠮᠴᠢᠯᠡᠯᠳᠦ ᠠᠵᠦ | ᠠᠬᠤᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠᠷ ᠲᠠᠬᠢᠨ | ᠵᠤᠬᠢᠶᠠᠨ ᠪᠠᠶᠢᠭᠤᠯᠬᠤ ᠶᠢ ᠲᠦᠷᠬᠡᠳᠬᠡᠨ᠎ᠠ᠃ ᠤᠷᠤᠨ ᠨᠤᠳᠤᠭ ᠤᠨ ᠮᠦᠩᠭᠦᠨ ᠭᠦᠢᠯᠬᠡᠬᠡᠨ ᠤ ᠬᠢᠨᠠᠯᠳᠠ | ᠬᠠᠮᠢᠶᠠᠷᠤᠯᠳᠠ ᠶᠢᠨ ᠪᠠᠶᠢᠭᠤᠯᠤᠯ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ ᠵᠠᠰᠠᠬᠤ ᠤᠷᠤᠨ | ᠬᠢᠬᠡᠳ ᠠᠶᠢᠮᠠᠭ ᠬᠤᠳᠠ ᠶᠢᠨ ᠡᠳ᠋ ᠤᠨ ᠵᠠᠰᠠᠭ ᠤᠨ ᠠᠵᠢᠯ ᠬᠡᠷᠡᠭ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠦᠢ ᠵᠤᠬᠢᠰᠳᠠᠢ ᠪᠠᠷ ᠰᠠᠯᠭᠠᠨ ᠬᠤᠪᠢᠶᠠᠷᠢᠯᠠᠵᠦ᠂ ᠡᠳ᠋ ᠤᠨ ᠵᠠᠰᠠᠭ ᠤᠨ ᠵᠠᠷᠤᠯᠭ᠎ᠠ ᠶᠢᠨ | ᠪᠦᠳᠦᠴᠡ ᠶᠢ ᠰᠢᠯᠢᠳᠡᠭᠵᠢᠬᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠤᠯᠠᠨ ᠨᠡᠶᠢᠳᠡᠴᠢ ᠴᠢᠨᠠᠷ ᠪᠠ ᠲᠦᠬᠡᠮᠡᠯ | ᠬᠠᠷᠠᠭᠠᠯᠵᠠᠬᠤ ᠴᠢᠨᠠᠷ ᠢ ᠲᠡᠬᠡᠭᠰᠢᠯᠡᠬᠦᠯᠦᠨ᠎ᠠ᠃ ᠵᠠᠬ᠎ᠠ ᠲᠡᠯᠬᠡᠭᠦᠷ ᠲᠤ ᠵᠦᠪᠰᠢᠶᠡᠷᠡᠨ ᠤᠷᠤᠭᠤᠯᠬᠤ ᠶᠢᠨ ᠠᠯᠳ᠋ᠬᠠᠳᠠᠯᠳᠠᠢ | ᠵᠦᠢᠯᠡᠰ ᠤᠨ ᠨᠠᠷᠢᠨ ᠲᠠᠩᠰᠠ ᠶᠢ ᠪᠦᠭᠦ ᠲᠠᠯ᠎ᠠ ᠪᠠᠷ ᠬᠡᠷᠡᠭᠵᠢᠬᠦᠯᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ | ᠠᠬᠤᠢ ᠶᠢᠨ ᠭᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠦᠮᠴᠢᠯᠡᠬᠦ ᠡᠷᠬᠡ ᠶᠢᠨ ᠬᠠᠮᠠᠭᠠᠯᠠᠯᠳᠠ ᠶᠢ ᠴᠢᠩᠭᠠᠷᠠᠭᠤᠯᠵᠦ᠂ ᠠᠵᠦ ᠠᠬᠤᠶᠢᠯᠠᠯ ᠤᠨ ᠪᠡᠶ᠎ᠡ ᠪᠠᠨ ᠲᠠᠭᠠᠭᠠᠵᠦ ᠡᠵᠡᠩᠨᠡᠬᠦ | ᠡᠷᠬᠡ᠂ ᠬᠠᠤᠯᠢ ᠶᠤᠰᠤᠨ ᠤ ᠡᠳ᠋ ᠭᠦᠷᠦᠩᠬᠡ ᠶᠢᠨ ᠦᠮᠴᠢᠯᠡᠬᠦ ᠡᠷᠬᠡ ᠳᠤ ᠬᠠᠯᠳ᠋ᠬᠠᠰᠠᠨ ᠦᠢᠯᠡ ᠠᠵᠢᠯᠯᠠᠭ᠎ᠠ ᠶᠢ ᠡᠷᠡᠰ | ᠬᠤᠷᠢᠨᠨᠯᠠᠨ᠂ ᠠᠵᠦ ᠠᠬᠤᠶᠢᠯᠠᠯᠳᠠᠳ ᠤᠨ ᠵᠤᠷᠢᠭ ᠰᠠᠨᠠᠭ᠎ᠠ ᠶᠢ ᠭᠦᠭᠵᠢᠬᠡᠨ ᠪᠠᠳᠠᠷᠠᠭᠠᠬᠤ ᠪᠠ ᠬᠠᠮᠠᠭᠠᠯᠠᠵᠦ᠂ | ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠶᠢᠯᠠᠯ ᠤᠨ ᠡᠷᠡᠭᠦᠯ ᠭᠦᠭᠵᠢᠯᠳᠡ ᠶᠢ ᠠᠬᠢᠭᠤᠯᠤᠨ᠎ᠠ᠃ | ᠪᠦᠭᠦ ᠲᠠᠯ᠎ᠠ ᠪᠠᠷ ᠨᠡᠬᠡᠬᠡᠯᠳᠡ ᠬᠢᠬᠦ ᠰᠢᠨ᠎ᠠ ᠪᠠᠶᠢᠷᠢᠰᠢᠯ ᠲᠠᠢ ᠪᠤᠯᠭᠠᠬᠤ ᠶᠢ ᠠᠬᠢᠭᠤᠯᠤᠨ᠎ᠠ᠃ ᠨᠡᠬᠡᠬᠡᠯᠳᠡ ᠬᠢᠬᠦ | ᠭᠦᠷᠢᠶ᠎ᠡ ᠴᠠᠷᠠᠭ᠎ᠠ ᠶᠢ ᠤᠯᠠᠮ ᠨᠢᠬᠡ ᠠᠯᠬᠤᠮ ᠦᠷᠬᠡᠳᠬᠡᠵᠦ᠂ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ | ᠪᠠᠶᠢᠭᠤᠯᠤᠯ ᠳᠤ ᠰᠢᠨ᠎ᠠ ᠶᠢ ᠡᠭᠦᠳᠴᠤ᠂ ᠨᠡᠬᠡᠬᠡᠯᠳᠡ ᠪᠠᠷ ᠦᠬᠡᠷᠡᠴᠢᠯᠡᠯᠳᠡ ᠶᠢ ᠠᠬᠢᠭᠤᠯᠤᠨ᠂ ᠨᠡᠬᠡᠬᠡᠯᠳᠡ ᠪᠠᠷ | ᠭᠦᠭᠵᠢᠯᠳᠡ ᠶᠢ ᠠᠬᠢᠭᠤᠯᠤᠨ᠎ᠠ᠃ ᠤᠷᠤᠰ ᠮᠤᠩᠭᠤᠯ ᠲᠠᠢ ᠬᠠᠮᠳᠤᠷᠠᠨ ᠠᠵᠢᠯᠯᠠᠬᠤ ᠲᠤᠨᠨᠳᠠᠴᠠ ᠶᠢ | ᠲᠡᠭᠦᠯᠳᠡᠷᠵᠢᠬᠦᠯᠵᠦ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ | ᠠᠬᠢᠭᠤᠯᠤᠨ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠵᠦ᠂ ︽ᠨᠢᠬᠡ ᠪᠦᠰᠡ ᠨᠢᠬᠡ ᠵᠠᠮ︾ ᠤᠨ ᠱᠤᠭᠤᠮ ᠲᠠᠭᠠᠤ ᠤᠯᠤᠰ ᠲᠠᠢ ᠬᠠᠮᠳᠤᠷᠠᠨ ᠠᠵᠢᠯᠯᠠᠬᠤ ᠪᠠᠨ | ᠭᠦᠨᠵᠡᠬᠡᠶᠢᠷᠡᠬᠦᠯᠦᠨ᠂ ᠮᠠᠨᠵᠤᠤᠷ ᠪᠠ ᠡᠷᠢᠶᠡᠨ ᠬᠤᠳᠠ ᠶᠢ ᠭᠤᠤᠯᠳᠠᠯᠭ᠎ᠠ ᠲᠠᠢ ᠨᠡᠬᠡᠬᠡᠨ ᠭᠦᠭᠵᠢᠬᠦᠯᠵᠦ ᠨᠡᠬᠡᠬᠡᠯᠳᠡ | ᠬᠢᠬᠦ ᠲᠤᠷᠰᠢᠯᠳᠠ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠦᠷᠭᠦᠯᠵᠢᠯᠡᠨ ᠰᠠᠶᠢᠳᠤᠷ ᠠᠳᠬᠤᠨ᠎ᠠ᠃ | ᠭᠠᠳᠠᠭᠠᠳᠤ ᠶᠢᠨ ᠭᠦᠷᠦᠩᠬᠡ ᠶᠢ ᠠᠰᠢᠨᠨᠯᠠᠬᠤ ᠪᠠ ᠭᠠᠳᠠᠭᠠᠳᠤ ᠳᠤ ᠪᠡᠯᠡ ᠤᠷᠤᠭᠤᠯᠬᠤ ᠠᠷᠭ᠎ᠠ ᠮᠠᠶ᠋ᠢᠭ ᠲᠤ ᠰᠢᠨ᠎ᠠ ᠶᠢ | ᠡᠭᠦᠳᠴᠤ᠂ ᠭᠠᠳᠠᠭᠠᠳᠤ ᠠᠷᠠᠯᠵᠢᠶᠠᠨ ᠤ ᠭᠦᠳᠦᠴᠢ ᠠᠵᠦ ᠠᠬᠤᠶᠢᠯᠠᠯ ᠢ ᠪᠤᠶᠢᠵᠢᠭᠤᠯᠤᠨ᠂ ᠦᠷᠬᠡᠨ ᠬᠡᠪᠴᠢᠶᠡᠨ ᠤ | ᠬᠢᠯᠢ ᠪᠤᠭᠤᠮᠳᠠ ᠶᠢᠨ ᠠᠵᠦ ᠠᠬᠤᠢ ᠶᠢ ᠭᠦᠭᠵᠢᠬᠦᠯᠦᠨ᠎ᠠ᠃ ᠲᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤ | ᠲᠡᠷᠬᠡ ᠶᠢᠨ ᠪᠠᠶᠢᠩᠭᠤᠵᠢᠭᠤᠯᠬᠤ ᠠᠵᠢᠯᠯᠠᠭᠠᠨ ᠢ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠪᠡᠬᠡᠵᠢᠩ ᠲᠢᠶᠠᠨᠵᠢᠨ ᠡᠾᠧᠪᠸᠢ᠂ ᠭᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ | ᠬᠤᠶᠢᠭ ᠪᠠ ᠰᠢᠶᠠᠩᠭᠠᠩ ᠤᠤᠮᠧᠨ ᠵᠡᠷᠬᠡ ᠭᠠᠵᠠᠷ ᠤᠷᠤᠨ ᠯᠤᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ | ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠰᠠᠶᠢᠳᠤᠷ | ᠡᠷᠬᠢᠯᠡᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ | ᠨᠡᠶᠢᠳᠡᠮ ᠬᠠᠯᠠᠮᠵᠢᠯᠠᠵᠤ ᠪᠠᠶᠢᠭ᠎ᠠ ᠠᠰᠠᠭᠤᠳᠠᠯ ᠢ ᠰᠶᠢᠳᠪᠦᠷᠢᠯᠡᠬᠦ ᠪᠠᠷ ᠭᠠᠷᠳᠠᠴᠠ ᠪᠤᠯᠭᠠᠵᠤ᠂ ᠴᠢᠳᠠᠯ ᠢᠶᠠᠷ ᠢᠶᠠᠨ | ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠵᠤ᠂ ᠲᠦᠷᠦ ᠶᠢᠨ ᠪᠤᠳᠤᠯᠭ᠎ᠠ ᠶᠢᠨ ᠲᠦᠢᠯ ᠤᠨ ᠤᠨᠤᠪᠴᠢᠲᠤ ᠴᠢᠨᠠᠷ | ᠪᠤᠯᠤᠨ ᠴᠢᠭᠯᠡᠯᠲᠦ ᠴᠢᠨᠠᠷ ᠢ ᠳᠤᠪᠤᠶᠢᠯᠭᠠᠨ᠂ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ | ᠪᠦᠭᠡᠳ ᠨᠡᠩ ᠲᠦᠪ ᠭᠤᠤᠯᠴᠢ ᠪᠠᠷ ᠪᠦᠬᠦ ᠠᠷᠠᠳ ᠲᠤ ᠬᠦᠷᠲᠡᠭᠡᠨ᠎ᠡ᠃ | ᠲᠦᠪ ᠭᠤᠤᠯᠴᠢ ᠮᠦᠷᠲᠡᠭᠡᠨ ᠴᠢᠨᠠᠷᠯᠢᠭ ᠪᠦᠬᠦᠢ ᠰᠤᠷᠭᠠᠨ ᠬᠦᠮᠦᠵᠢᠯ ᠢ ᠬᠦᠭᠵᠢᠬᠦᠯᠤᠨ᠎ᠠ᠃ ᠰᠤᠷᠭᠠᠨ | ᠬᠦᠮᠦᠵᠢᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ | ᠲᠦᠷᠬᠡᠳᠬᠡᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ ᠶᠢ ᠬᠡᠷᠡᠭᠵᠢᠬᠦᠯᠵᠤ᠂ ᠨᠢᠭᠡ ᠪᠦᠯᠦᠭ ᠠᠯᠪᠠᠨ ᠠᠴᠠ ᠪᠠᠶᠢᠭᠤᠯᠤᠭᠰᠠᠨ ᠬᠡᠤᠭᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠵᠤ᠂ ᠨᠠᠶᠢᠳᠡᠮ ᠬᠠᠷᠠᠭᠠᠯᠵᠠᠬᠤ ᠴᠢᠨᠠᠷᠲᠠᠢ ᠠᠷᠠᠳ ᠠᠴᠠ | ᠡᠷᠬᠢᠯᠡᠭᠰᠡᠨ ᠬᠡᠤᠭᠡᠳ ᠤᠨ ᠴᠡᠴᠡᠷᠯᠢᠭ ᠢ ᠲᠡᠳᠬᠦᠨ ᠵᠢᠷᠤᠮᠵᠢᠭᠤᠯᠤᠨ᠎ᠠ᠃ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠲᠠᠢ ᠬᠦᠭᠵᠢᠬᠦᠯᠬᠦ ᠡᠬᠦᠷᠭᠡ ᠶᠢ ᠪᠡᠶᠡᠯᠡᠬᠦᠯᠵᠤ᠂ ᠰᠤᠷᠭᠠᠭᠤᠯᠢ | ᠰᠤᠩᠭᠤᠬᠤ ᠬᠠᠯᠠᠮᠰᠢᠯ᠂ ᠰᠤᠷᠤᠭᠴᠢ ᠶᠢᠨ ᠲᠤᠭ᠎ᠠ ᠬᠡᠲᠦᠷᠡᠭᠰᠡᠨ ᠠᠩᠬᠢ ᠲᠠᠢ ᠪᠠᠶᠢᠬᠤ ᠵᠡᠷᠭᠡ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠯ᠎ᠠ ᠪᠠᠷ ᠰᠤᠷᠭᠠᠭᠤᠯᠢ ᠡᠷᠬᠢᠯᠡᠬᠦ | ᠬᠦᠴᠦᠨ ᠪᠠᠭᠤᠷᠠᠢ ᠪᠠᠶᠢᠬᠤ ᠨᠦᠬᠦᠴᠡᠯ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠷᠢ ᠳᠤ | ᠰᠠᠭᠤᠯᠭᠠᠬᠤ ᠳᠦᠷᠢᠮᠲᠦ ᠰᠤᠷᠭᠠᠭᠤᠯᠢ ᠶᠢᠨ ᠬᠤᠭᠤᠯᠨ ᠢᠳᠡᠬᠦ᠂ ᠪᠡᠶ᠎ᠡ ᠤᠬᠢᠶᠠᠬᠤ᠂ ᠲᠤᠯᠠᠭᠠᠯᠠᠬᠤ ᠨᠦᠬᠦᠴᠡᠯ ᠢ | ᠰᠠᠶᠢᠵᠢᠷᠠᠭᠤᠯᠤᠨ᠎ᠠ᠃ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠬᠦ | ᠰᠢᠪᠲᠤᠯᠤᠯᠲᠠ ᠶᠢᠨ ᠲᠦᠯᠦᠪᠯᠡᠭᠡ ᠶᠢ ᠬᠡᠷᠡᠭᠵᠢᠬᠦᠯᠦᠨ᠎ᠡ᠃ ᠳᠡᠭᠡᠲᠦ ᠵᠡᠷᠭᠡ ᠶᠢᠨ ᠰᠤᠷᠭᠠᠨ ᠬᠦᠮᠦᠵᠢᠯ ᠤᠨ ︽ᠬᠤᠤᠰ | ᠲᠡᠷᠢᠬᠦᠨ ᠳᠡᠰ︾ ᠤᠨ ᠪᠠᠶᠢᠭᠤᠯᠤᠯᠲᠠ ᠪᠤᠯᠤᠨ ᠠᠭᠤᠯᠤᠭᠳᠠᠬᠤᠨ ᠬᠡᠯᠪᠡᠷᠢ ᠪᠦᠬᠦᠢ ᠪᠠᠷ ᠬᠦᠭᠵᠢᠬᠦᠯᠬᠦ ᠶᠢ ᠳᠡᠮᠵᠢᠵᠤ᠂ | ᠳᠡᠭᠡᠲᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠭᠠᠭᠤᠯᠢ ᠡᠷᠬᠢᠯᠡᠬᠦ ᠡᠷᠬᠡ ᠶᠢ ᠦᠷᠭᠡᠳᠭᠡᠨ᠎ᠡ᠃ | ᠦᠢᠯᠡᠳᠪᠦᠷᠢᠯᠡᠬᠦ ᠪᠠ ᠵᠢᠭᠠᠨ ᠰᠤᠷᠭᠠᠬᠤ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠬᠦᠨᠵᠡᠭᠡᠶᠢᠷᠡᠬᠦᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ | ᠬᠦᠭᠵᠢᠭᠦᠯᠵᠤ᠂ ᠤᠨᠴᠤᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠪᠠ | ᠦᠷᠬᠦᠯᠵᠢᠯᠡᠭᠰᠡᠨ ᠰᠤᠷᠭᠠᠨ ᠬᠦᠮᠦᠵᠢᠯ ᠢ ᠨᠢᠭᠡᠳᠦᠯᠲᠠᠢ ᠲᠦᠯᠦᠪᠯᠡᠨ ᠬᠦᠭᠵᠢᠬᠦᠯᠦᠨ᠎ᠡ᠃ ᠳᠡᠭᠡᠲᠦ ᠬᠡᠪ ᠴᠢᠨᠠᠷ ᠪᠦᠬᠦᠢ | ᠪᠠᠭᠰᠢ ᠶᠢᠨ ᠡᠩᠨᠡᠭᠡ ᠶᠢ ᠬᠦᠮᠦᠵᠢᠬᠦᠯᠦᠨ᠎ᠡ᠃ | ᠠᠵᠢᠯ ᠤᠯᠵᠤ ᠠᠲᠠᠯ ᠦᠢᠯᠡᠰ ᠴᠤᠭᠴᠠᠯᠠᠬᠤ ᠶᠢ ᠴᠢᠷᠮᠠᠶᠢᠨ ᠠᠬᠢᠭᠤᠯᠤᠨ᠎ᠠ᠃ ᠠᠵᠢᠯ ᠤᠯᠭᠤᠬᠤ ᠶᠢ | ᠲᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠲᠠᠢ ᠪᠠᠷ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ | ᠪᠠᠷᠢᠮᠲᠠᠯᠠᠨ᠂ ᠶᠡᠭᠡ ᠳᠡᠭᠡᠲᠦ ᠰᠤᠷᠭᠠᠭᠤᠯᠢ ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠳᠡᠵᠤ ᠪᠠᠶᠢᠭ᠎ᠠ ᠵᠡᠷᠭᠡ ᠬᠦᠮᠦᠰ ᠲᠤ ᠠᠵᠢᠯ ᠤᠯᠭᠤᠬᠤ ᠪᠠ | ᠴᠡᠷᠢᠭ ᠤᠨ ᠠᠯᠪᠠ ᠠᠴᠠ ᠪᠠᠭᠤᠭᠰᠠᠳ ᠤᠨ ᠲᠦᠪᠬᠢᠨᠡᠬᠦᠯᠬᠦ ᠠᠵᠢᠯ ᠢ ᠰᠠᠶᠢᠲᠤᠷ ᠬᠢᠨ᠎ᠠ᠃ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠶᠡᠭᠡ ᠬᠡᠪᠴᠢᠶ᠎ᠡ ᠲᠠᠢ ᠪᠠᠷ ᠦᠷᠨᠢᠬᠦᠯᠵᠤ᠂ ᠬᠦᠳᠡᠯᠮᠦᠷᠢᠯᠡᠭᠴᠢᠳ ᠤᠨ | ᠠᠵᠢᠯ ᠤᠯᠵᠤ ᠠᠲᠠᠯ ᠦᠢᠯᠡᠰ ᠴᠤᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠤᠯᠭᠤᠬᠤ ᠶᠢᠨ | ᠪᠦᠲᠦᠴᠡ ᠶᠢᠨ ᠴᠢᠨᠠᠷᠲᠠᠢ ᠵᠦᠷᠢᠴᠡᠯ ᠮᠦᠷᠭᠦᠯᠳᠦᠬᠡᠨ ᠢ ᠰᠢᠢᠳᠪᠦᠷᠢᠯᠡᠨ᠎ᠡ᠃ ᠡᠯ᠎ᠡ ᠲᠦᠷᠦᠯ ᠤᠨ ᠬᠦᠮᠦᠰ ᠤᠨ | ᠨᠤᠲᠤᠭ ᠲᠠᠭᠠᠨ ᠪᠤᠴᠠᠬᠤ ᠪᠠ ᠬᠦᠳᠡᠭᠡ ᠪᠠᠭᠤᠵᠤ ᠠᠲᠠᠯ ᠦᠢᠯᠡᠰ ᠴᠤᠭᠴᠠᠯᠠᠬᠤ ᠶᠢ ᠳᠡᠮᠵᠢᠨ᠎ᠡ᠃ | ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ᠎ᠡ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠨᠠᠰᠤᠵᠢᠯ᠂ | ᠡᠮᠴᠢᠯᠡᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠬᠠᠯᠠᠮᠵᠢᠯᠠᠨ ᠲᠤᠬᠢᠷᠠᠭᠤᠯᠵᠤ | ᠲᠦᠪᠬᠢᠨᠡᠬᠦᠯᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠢᠯᠢ ᠶᠢᠨ ᠠᠷᠠᠳ ᠲᠤ | ᠨᠦᠬᠦᠪᠦᠷᠢ ᠦᠭᠭᠦ ᠪᠠᠷᠢᠮᠵᠢᠶ᠎ᠠ ᠶᠢ ᠳᠡᠭᠡᠭᠰᠢᠯᠡᠭᠦᠯᠵᠤ᠂ ᠨᠦᠬᠦᠪᠦᠷᠢ ᠦᠭᠭᠦ ᠬᠦᠷᠢᠶ᠎ᠡ ᠬᠡᠪᠴᠢᠶ᠎ᠡ ᠶᠢ ᠨᠢ ᠦᠷᠭᠡᠳᠭᠡᠨ᠎ᠡ᠃ | ᠡᠮᠡᠭᠲᠠᠶᠢᠴᠤᠳ ᠬᠡᠤᠭᠡᠳ᠂ ᠦᠳᠡᠭᠦᠰ ᠪᠤᠯᠤᠨ ᠵᠡᠮᠳᠡᠭᠴᠦᠳ ᠢ ᠬᠠᠯᠠᠮᠵᠢᠯᠠᠨ᠂ ᠤᠳᠤ ᠶᠢᠨ ᠪᠠᠶᠢᠭ᠎ᠠ ᠪᠡᠯᠡᠳᠭᠡᠮᠵᠢ ᠶᠢ | ᠠᠰᠢᠭᠯᠠᠨ ᠨᠡᠶᠢᠭᠡᠮ ᠲᠤᠭᠤᠷᠢᠭ ᠲᠤ ︽ᠬᠡᠤᠭᠡᠳ ᠤᠨ ᠬᠡᠷ ᠦᠯᠦᠭᠡᠢ︾ ᠶᠢ ᠪᠠᠶᠢᠭᠤᠯᠵᠤ᠂ ᠨᠡᠶᠢᠭᠡᠮ ᠤᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠮᠡᠭᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ | ᠂ ᠵᠡᠮᠳᠡᠭᠴᠤᠳ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠤᠯᠠᠭᠠᠨ ᠵᠠᠭᠠᠯᠮᠠᠶᠢᠲᠠᠨ ᠵᠡᠷᠭᠡ ᠨᠡᠶᠢᠲᠡ ᠶᠢᠨ | ᠠᠰᠠᠷᠠᠮᠵᠢ ᠶᠢᠨ ᠨᠢᠬᠦᠯᠡᠰᠦᠩᠭᠦᠢ ᠶᠢᠨ ᠦᠢᠯᠡᠰ ᠢ ᠶᠡᠬᠡᠪᠡᠷ ᠬᠦᠭᠵᠢᠬᠦᠯᠵᠤ᠂ ︽ᠬᠠᠷᠠᠭ᠎ᠠ ᠤᠷᠤᠭᠤᠯᠬᠤ ᠠᠶᠠᠯᠠᠯ︾ | ᠤᠨ ᠠᠵᠢᠯᠯᠠᠭ᠎ᠠ ᠶᠢ ᠪᠠᠶᠢᠩᠭᠤᠵᠢᠭᠤᠯᠬᠤ ᠶᠢ ᠪᠡᠶᠡᠯᠡᠬᠦᠯᠦᠨ᠎ᠠ᠃ | ᠤᠯᠠᠨ ᠭᠤᠤᠯ ᠴᠤᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ ᠪᠠ | ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠬᠦᠯᠦᠭᠰᠡᠨ ᠤᠷᠤᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ | ᠪᠠᠶᠢᠭᠤᠯᠤᠨ᠎ᠠ᠃ ᠬᠤᠳᠠ ᠶᠢᠨ ᠳᠦᠭᠦᠮ ᠪᠦᠳᠦᠬᠦᠯᠢᠭ ᠤᠷᠤᠨ ᠰᠠᠭᠤᠴᠠᠲᠤ ᠲᠤᠭᠤᠷᠢᠭ᠂ ᠬᠠᠭᠤᠴᠢᠷᠠᠭᠰᠠᠨ ᠪᠠ | ᠬᠠᠭᠤᠴᠢᠨ ᠰᠠᠭᠤᠭᠠᠯᠢ ᠲᠤᠭᠤᠷᠢᠭ᠂ ᠬᠤᠲᠠ ᠶᠢᠨ ᠳᠤᠮᠳᠠᠬᠢ ᠲᠤᠰᠬᠤᠨ ᠢ ᠦᠷᠬᠦᠯᠵᠢᠯᠡᠨ ᠦᠬᠡᠷᠡᠴᠢᠯᠡᠵᠦ | ᠰᠢᠨᠡᠳᠬᠡᠨ᠂ ᠠᠮᠢᠳᠤᠷᠠᠯ ᠤᠨ ᠬᠤᠭ ᠨᠤᠪᠰᠢ ᠶᠢ ᠠᠩᠬᠢᠯᠠᠬᠤ ᠲᠤᠷᠰᠢᠯᠲᠠ ᠶᠢ ᠦᠷᠨᠢᠬᠦᠯᠵᠤ᠂ ︽ᠵᠤᠷᠯᠤᠩ ᠤᠨ | ᠬᠤᠪᠢᠰᠤᠯᠳᠠ︾ ᠶᠢ ᠠᠬᠢᠭᠤᠯᠤᠨ᠎ᠠ᠃ ᠨᠡᠶᠢᠲᠡ ᠶᠢᠨ ᠳᠦᠷᠢᠶᠡᠰᠦᠨ ᠤ ᠬᠡᠷ ᠪᠠᠶᠢᠰᠢᠩ ᠤᠨ ᠪᠠᠲᠤᠯᠠᠬᠤ ᠠᠵᠢᠯ ᠢ | ᠰᠠᠶᠢᠲᠤᠷ ᠬᠢᠵᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ | ᠠᠵᠢᠯ ᠲᠦᠷᠦᠯ ᠤᠨ ᠬᠦᠴᠢᠷᠳᠡᠯᠲᠠᠢ ᠬᠦᠮᠦᠰ ᠢ ᠤᠷᠢᠳᠠᠪᠡᠷ ᠪᠠᠲᠤᠯᠠᠨ᠂ ᠨᠦᠬᠦᠴᠡᠯ ᠳᠤ ᠨᠡᠶᠢᠴᠡᠵᠦ ᠪᠠᠶᠢᠭ᠎ᠠ | ᠰᠢᠨ᠎ᠡ ᠪᠠᠷ ᠠᠵᠢᠯ ᠤᠯᠤᠭᠰᠠᠨ ᠬᠡᠷ ᠪᠠᠶᠢᠰᠢᠩ ᠦᠭᠡᠢ ᠠᠵᠢᠯᠲᠠᠨ ᠠᠵᠢᠯᠴᠢᠨ᠂ ᠭᠠᠳᠠᠨ᠎ᠠ ᠠᠴᠠ ᠢᠷᠡᠭᠰᠡᠨ ᠬᠦᠴᠦ | ᠶᠠᠪᠤᠭᠰᠠᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ ᠢ ᠪᠠᠲᠤᠯᠠᠬᠤ ᠬᠡᠪᠴᠢᠶᠡᠨ ᠳᠤ ᠠᠯᠬᠤᠮ ᠠᠯᠬᠤᠮ ᠢᠶᠠᠷ | ᠤᠷᠤᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ᠂ ᠤᠷᠤᠯᠭ᠎ᠠ ᠪᠠᠭᠠᠲᠠᠢ ᠪᠦᠭᠡᠳ | ᠤᠷᠤᠨ ᠰᠠᠭᠤᠴᠠ ᠶᠢᠨ ᠲᠠᠯ᠎ᠠ ᠪᠠᠷ ᠬᠦᠴᠢᠷᠳᠡᠯᠲᠠᠢ ᠪᠠᠶᠢᠭ᠎ᠠ ᠬᠡᠷ ᠪᠦᠯᠢ ᠶᠢ ᠪᠤᠯ ᠪᠠᠲᠤᠯᠠᠬᠤ ᠴᠢᠬᠤᠯᠠᠲᠠᠢ ᠶᠢ ᠨᠢ | ᠴᠢᠷᠮᠠᠶᠢᠨ ᠪᠠᠳᠤᠯᠠᠨ᠎ᠠ᠃ ᠲᠠᠷᠤᠨᠨᠳᠠᠨ ᠬᠠᠳᠠᠭᠠᠯᠬᠠᠳᠠᠵᠦ ᠪᠠᠶᠢᠭ᠎ᠠ ᠬᠡᠷ ᠪᠠᠶᠢᠰᠢᠩ ᠢ ᠴᠢᠯᠦᠭᠡᠲᠠᠢ ᠪᠤᠯᠭᠠᠵᠤ᠂ ᠤᠷᠤᠨ | ᠰᠠᠭᠤᠴᠠ ᠶᠢᠨ ᠳᠦᠷᠢᠶᠡᠰᠦᠯᠡᠬᠦ ᠵᠠᠬ᠎ᠠ ᠳᠡᠯᠭᠡᠭᠦᠷ ᠢ ᠬᠦᠭᠵᠢᠬᠦᠯᠦᠨ᠎ᠡ᠃ | ᠡᠷᠡᠬᠦᠯ ᠡᠩᠬᠡ ᠦᠪᠦᠷ ᠮᠤᠩᠭᠤᠯ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠲᠤᠳᠬᠠᠨ ᠦᠷᠭᠡᠳᠭᠡᠵᠤ᠂ ᠡᠮᠴᠢᠯᠡᠭᠡᠨ ᠤ | ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ | ᠡᠪᠡᠳᠴᠢᠨ ᠤ ᠲᠦᠷᠦᠯ ᠢᠶᠠᠷ ᠰᠦᠢᠳᠭᠡᠯ ᠲᠤᠰᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠡᠮᠴᠢᠯᠡᠭᠡᠨ ᠤ | ᠰᠦᠢᠳᠭᠡᠯ ᠤᠨ ᠵᠦᠢ ᠵᠤᠬᠢᠰ ᠦᠭᠡᠢ ᠪᠠᠷ ᠦᠰᠬᠦ ᠶᠢ ᠬᠢᠵᠠᠭᠠᠷᠯᠠᠨ᠎ᠠ᠃ ᠤᠨᠳᠤᠤ ᠭᠠᠵᠠᠷ ᠲᠤ ᠡᠪᠡᠳᠴᠢᠨ | ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠭᠠᠳᠠᠨ᠎ᠠ ᠠᠴᠠ ᠢᠷᠡᠭᠰᠡᠨ ᠠᠵᠢᠯ ᠤᠯᠵᠤ ᠠᠲᠠᠯ | ᠦᠢᠯᠡᠰ ᠴᠤᠭᠴᠠᠯᠠᠭᠴᠢᠳ ᠢ ᠪᠦᠷᠢᠨ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠱᠠᠲᠤ ᠬᠤᠪᠢᠶᠠᠨ | ᠤᠨᠤᠰᠢᠯᠠᠨ ᠡᠮᠴᠢᠯᠡᠬᠦ ᠪᠠ ᠡᠮᠨᠡᠯᠭᠡ ᠶᠢᠨ ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠲᠦᠷᠭᠡᠳᠭᠡᠵᠤ᠂ ᠬᠡᠷ | ᠪᠦᠯᠢ ᠶᠢᠨ ᠡᠮᠴᠢ ᠶᠢᠨ ᠬᠡᠷ᠎ᠡ ᠪᠠᠷ ᠪᠤᠯᠵᠤᠵᠤ ᠦᠢᠯᠡᠴᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠷᠡᠬᠦᠯ | ᠡᠩᠬᠡ ᠶᠢᠨ ᠬᠦᠮᠦᠵᠢᠯ ᠪᠠ ᠬᠠᠭᠤᠴᠢᠨ ᠠᠷᠬᠠᠭ ᠢ ᠰᠡᠷᠬᠡᠶᠢᠯᠡᠨ ᠡᠮᠨᠡᠬᠦ ᠠᠵᠢᠯ ᠢ ᠴᠢᠩᠭᠠᠳᠬᠠᠨ᠎ᠠ᠃ ᠢᠨᠲ᠋ᠧᠷ | ᠰᠦᠯᠵᠢᠶ᠎ᠡ᠂ ᠳᠤᠮᠤ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠡᠮᠴᠢᠯᠡᠭᠦ ᠦᠢᠯᠡᠴᠢᠯᠡᠭᠡ ᠳᠤ ᠰᠢᠨ᠎ᠡ ᠶᠢ ᠡᠭᠦᠳᠴᠦ᠂ | ᠨᠡᠶᠢᠭᠡᠮ ᠠᠴᠠ ᠡᠮᠨᠡᠯᠭᠡ ᠡᠷᠬᠢᠯᠡᠬᠦ ᠶᠢ ᠳᠡᠮᠵᠢᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ | ᠦᠷᠭᠡᠳᠭᠡᠨ᠎ᠡ᠃ ᠮᠤᠩᠭᠤᠯ ᠡᠮ ᠡᠮᠨᠡᠯᠭᠡ ᠶᠢ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠶᠢᠨ ᠲᠦᠯᠦᠪᠯᠡᠭᠡ ᠶᠢ | ᠬᠡᠷᠡᠭᠵᠢᠬᠦᠯᠦᠨ᠎ᠡ᠃ ᠦᠷᠡᠵᠢᠯ ᠤᠨ ᠲᠦᠷᠦ ᠶᠢᠨ ᠪᠤᠳᠤᠯᠭ᠎ᠠ ᠪᠠ ᠠᠵᠤ ᠠᠬᠤᠢ ᠨᠡᠶᠢᠭᠡᠮ ᠤᠨ ᠲᠦᠷᠦ ᠶᠢᠨ | ᠪᠤᠳᠤᠯᠭ᠎ᠠ ᠶᠢ ᠵᠤᠯᠭᠠᠭᠤᠯᠬᠤ ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ ᠨᠡᠶᠢᠭᠡᠮ | ᠲᠤᠭᠤᠷᠢᠭ ᠤᠨ ᠵᠠᠰᠠᠯᠲᠠ ᠶᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠠᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠬᠦᠮ ᠨᠡᠶᠢᠲᠡ ᠶᠢᠨ ᠵᠤᠬᠢᠶᠠᠨ ᠪᠠᠶᠢᠭᠤᠯᠤᠯᠳᠠ ᠶᠢᠨ | ᠦᠢᠯᠡᠳᠦᠯ ᠢ ᠪᠠᠳᠠᠷᠠᠭᠤᠯᠤᠨ᠎ᠠ᠃ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠤ᠂ ᠱᠠᠰᠢᠨ | ᠰᠤᠷᠲᠠᠬᠤᠨ ᠬᠢᠭᠡᠳ ᠨᠡᠶᠢᠭᠡᠮ ᠵᠢᠷᠤᠮᠳᠤ ᠨᠡᠶᠢᠬᠡᠮ ᠤᠨ ᠬᠠᠷᠢᠯᠴᠠᠨ ᠵᠤᠬᠢᠴᠠᠬᠤ ᠶᠢ ᠢᠳᠡᠪᠬᠢᠲᠠᠢ ᠪᠠᠷ ᠬᠦᠲᠦᠯᠦᠨ | ᠵᠢᠯᠤᠭᠤᠳᠤᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ ᠪᠤᠰᠤᠭ᠎ᠠ ᠴᠤᠭᠴᠠᠵᠢᠭᠰᠠᠨ | ᠰᠢᠰᠲ᠋ᠧᠮᠵᠢ ᠶᠢ ᠲᠡᠭᠦᠯᠳᠡᠷᠵᠢᠬᠦᠯᠵᠤ᠂ ᠵᠠᠬᠢᠲᠠᠯ ᠰᠤᠷᠪᠤᠯᠵᠢᠯᠠᠯ ᠤᠨ ᠬᠠᠤᠯᠢᠵᠢᠬᠰᠠᠨ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠭᠡᠮ ᠤᠨ ᠵᠦᠷᠢᠴᠡᠯ ᠢ ᠵᠢᠭᠰᠠᠭᠠᠨ ᠪᠠᠶᠢᠴᠠᠭᠠᠬᠤ ᠪᠠ ᠦᠬᠡᠶᠢᠰᠬᠡᠬᠦ ᠠᠵᠢᠯ ᠢ ᠰᠠᠶᠢᠲᠤᠷ ᠬᠢᠨ᠎ᠡ᠃ | ᠠᠮᠤᠷ ᠲᠦᠪᠰᠢᠨ ᠬᠦᠭᠵᠢᠯᠲᠡ ᠶᠢᠨ ᠤᠨᠤᠯᠵᠢᠬᠤᠨ ᠢ ᠪᠠᠲᠤ ᠪᠠᠬᠢ ᠪᠤᠢ ᠪᠤᠯᠭᠠᠵᠤ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠪᠠ ᠲᠤᠰᠬᠠᠶᠢᠯᠠᠨ ᠴᠡᠭᠴᠡᠯᠡᠵᠦ | ᠵᠠᠰᠠᠬᠤ ᠶᠢ ᠴᠢᠩᠭᠠᠳᠬᠠᠨ᠂ ᠤᠨᠴᠠ ᠬᠦᠨᠳᠤ ᠶᠡᠭᠡ ᠡ᠊ᠨᠳᠡᠯ ᠭᠠᠷᠬᠤ ᠶᠢ ᠡᠷᠡᠰ ᠰᠡᠷᠬᠡᠶᠢᠯᠡᠨ ᠬᠤᠷᠢᠭᠯᠠᠨ᠎ᠠ᠃ | ᠬᠠᠮᠤᠭ ᠤᠨ ᠨᠢᠭᠲᠠ ᠴᠢᠩᠭ᠎ᠠ ᠪᠠᠷᠢᠮᠵᠢᠶ᠎ᠠ᠂ ᠬᠠᠮᠤᠭ ᠤᠨ ᠲᠦᠪ ᠴᠢᠩᠳᠠ ᠬᠢᠨᠠᠯᠲᠠ ᠬᠠᠮᠢᠶᠠᠷᠤᠯᠲᠠ᠂ ᠬᠠᠮᠤᠭ ᠤᠨ | ᠴᠢᠩᠭ᠎ᠠ ᠰᠦᠷᠡᠭᠡᠢ ᠰᠢᠳᠭᠡᠯ ᠲᠤᠷᠭᠠᠭᠤᠯᠢ᠂ ᠬᠠᠮᠤᠭ ᠤᠨ ᠲᠦᠪ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠪᠠᠷ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠠᠷᠠᠳ ᠤᠨ | ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ | ᠬᠢᠵᠤ᠂ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠵᠤ᠂ ᠴᠡᠷᠢᠭ ᠵᠠᠰᠠᠭ ᠠᠷᠠᠳ ᠤᠨ ᠪᠦᠯᠬᠦᠮᠳᠡᠯ ᠢ ᠠᠬᠢᠭᠤᠯᠵᠤ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠪᠦᠭᠡᠳ ᠲᠤᠭᠲᠠᠭᠤᠨ ᠪᠠᠶᠢᠬᠤ ᠬᠠᠯᠬᠠᠪᠴᠢ ᠶᠢ | ᠪᠠᠬᠢᠵᠢᠬᠦᠯᠦᠨ᠎ᠡ᠃ | ︵ᠳᠣᠯᠤᠭ᠎ᠠ︶ ᠪᠣᠯᠪᠠᠰᠤᠨ ᠦᠪᠦᠷ ᠮᠣᠩᠭᠤᠯ ᠢ ᠪᠠᠶᠢᠭᠤᠯᠤᠨ᠎ᠠ᠃ ᠠᠷᠠᠳ ᠲᠦᠮᠡᠨ ᠤ ᠦᠵᠡᠯ ᠰᠠᠨᠠᠭᠠᠨ ᠤ | ᠤᠬᠠᠮᠰᠠᠷ᠂ ᠶᠣᠰᠣ ᠮᠤᠷᠠᠯ ᠤᠨ ᠬᠢᠷᠢ ᠲᠥᠪᠰᠢᠨ᠂ ᠪᠣᠯᠪᠠᠰᠤᠨ ᠤ ᠬᠡᠪ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ | ᠬᠦᠮᠦᠨ ᠤ ᠪᠦᠬᠦ ᠲᠠᠯ᠎ᠠ ᠶᠢᠨ ᠬᠥᠭᠵᠢᠯᠲᠡ᠂ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ | ᠠᠬᠢᠭᠤᠯᠤᠨ᠎ᠠ᠃ | ᠰᠣᠶᠣᠯ ᠤᠨ ᠢᠲᠡᠭᠡᠯ ᠢ ᠪᠠᠲᠤᠳᠬᠠᠵᠤ᠂ ᠰᠣᠶᠣᠯ ᠢᠶᠠᠷ ᠬᠡᠪ ᠰᠤᠷᠲᠠᠯ ᠢ ᠬᠦᠲᠦᠯᠦᠨ ᠳᠠᠭᠠᠭᠤᠯᠬᠤ᠂ ᠠᠷᠠᠳ | ᠲᠦᠮᠡᠨ ᠢ ᠰᠤᠷᠭᠠᠨ ᠬᠦᠮᠦᠵᠢᠭᠦᠯᠬᠦ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ | ᠰᠠᠶᠢᠲᠤᠷ ᠪᠠᠳᠠᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠲᠠᠯ᠎ᠠ | ᠨᠤᠲᠤᠭ ᠤᠨ ᠰᠣᠶᠣᠯ ᠢ ᠬᠠᠮᠠᠭᠠᠯᠠᠬᠤ ᠪᠠ ᠪᠠᠳᠠᠷᠠᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠦ᠂ ᠴᠠᠭ ᠦᠶ᠎ᠡ ᠶᠢᠨ ᠣᠨᠴᠠᠯᠢᠭ ᠰᠢᠨᠵᠢ ᠶᠢ ᠡᠵᠡᠮᠳᠡᠨ᠂ ᠳᠣᠷᠪᠢᠯᠢᠬ ᠪᠣᠷᠣᠭᠵᠢᠭᠤᠨ᠂ | ᠳᠠᠭᠤᠷᠢᠰᠬᠠᠯ ᠲᠠᠢ᠂ ᠥᠪᠯᠡᠨ ᠤᠯᠠᠮᠵᠢᠯᠠᠵᠤ ᠪᠣᠯᠬᠤ ᠨᠡᠩ ᠣᠯᠠᠨ ᠰᠢᠯᠢᠳᠡᠭ ᠵᠣᠬᠢᠶᠠᠯ ᠪᠦᠲᠦᠭᠡᠯ ᠢ ᠵᠣᠬᠢᠶᠠᠵᠤ᠂ | ᠦᠪᠦᠷ ᠮᠣᠩᠭᠤᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠶᠢ ︽ᠥᠨᠳᠥᠷ ᠲᠥᠪᠰᠢᠨ︾ ᠠᠴᠠ ︽ᠣᠷᠭᠢᠯ | ︾ ᠳᠤ ᠬᠦᠷᠭᠦ ᠳᠠᠪᠠᠯᠲᠠ ᠲᠠᠢ ᠪᠤᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ | ᠴᠡᠭᠡᠵᠢᠯᠡᠨ᠂ ᠤᠯᠠᠭᠠᠨᠮᠥ᠋ᠴᠢᠷ ᠤᠨ ᠠᠵᠢᠯ ᠦᠢᠯᠡᠰ ᠤᠨ ᠦᠷᠨᠢᠨ ᠬᠥᠭᠵᠢᠬᠦ ᠶᠢ ᠳᠡᠮᠵᠢᠨ᠎ᠠ᠃ ᠤᠯᠠᠭᠠᠨᠮᠥ᠋ᠴᠢᠷ ᠤᠨ | ᠬᠤᠪᠢᠰᠬᠠᠯᠲᠤ ᠤᠳᠤᠮᠰᠢᠯ ᠢᠶᠠᠨ ᠬᠤᠪᠢᠷᠠᠭᠤᠯᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠨ᠂ ᠲᠠᠯ᠎ᠠ ᠨᠤᠲᠤᠭ ᠲᠤ | ᠨᠤᠲᠤᠭᠰᠢᠵᠤ᠂ ᠠᠷᠠᠳ ᠲᠦᠮᠡᠨ ᠳᠤ ᠦᠢᠯᠡᠴᠢᠯᠡᠨ᠂ ᠦᠷᠭᠡᠨ ᠣᠯᠠᠨ ᠮᠠᠯᠴᠢᠨ ᠲᠠᠷᠢᠶᠠᠴᠢᠳ ᠲᠤ ᠪᠠᠶᠠᠷ ᠪᠠᠶᠠᠰᠤᠯ | ᠪᠣᠯᠣᠨ ᠪᠣᠯᠪᠠᠰᠤᠨ ᠢ ᠬᠦᠷᠭᠡᠵᠦ᠂ ᠨᠠᠮ ᠤᠨ ᠳᠠᠭᠤᠨ ᠬᠤᠭᠤᠯᠠᠢ ᠪᠣᠯᠣᠨ ᠬᠠᠶᠢᠷ᠎ᠠ ᠬᠠᠯᠠᠮᠵᠢ ᠶᠢ ᠳᠠᠮᠵᠢᠭᠤᠯᠤᠨ᠎ᠠ᠃ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠣ | ᠣᠯᠠᠮᠵᠢᠯᠠᠬᠤ ᠶᠢ ᠴᠢᠩᠭᠠᠳᠬᠠᠨ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ | ᠬᠡᠷᠩᠯᠡᠭᠦ ᠪᠠ ᠰᠤᠩᠭᠤᠳᠠᠭ ᠰᠣᠷᠪᠣᠯᠵᠢ ᠪᠢᠴᠢᠭ ᠢ ᠤᠯᠠᠮᠵᠢᠯᠠᠬᠤ ᠠᠵᠢᠯ ᠢ ᠰᠠᠶᠢᠳᠣᠷ ᠬᠢᠨ᠎ᠠ᠃ ᠡᠯ᠎ᠡ ᠲᠥᠷᠥᠯ ᠤᠨ | ᠮᠥᠽᠸᠢ᠂ ᠤᠷᠠᠯᠢᠭ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ | ᠴᠢᠬᠤᠯᠠᠴᠢᠯᠠᠨ᠎ᠠ᠃ ᠪᠦᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠬᠵᠢᠭᠤᠯᠬᠤ ᠶᠢ ᠬᠦᠨᠵᠡᠬᠡᠢ ᠠᠬᠢᠭᠤᠯᠵᠦ᠂ ᠤᠯᠠᠨ | ᠲᠦᠮᠡᠨᠴᠢ ᠪᠡᠶ᠎ᠠ ᠶᠢᠨ ᠲᠠᠮᠢᠷ ᠢ ᠲᠦᠷᠬᠡᠳᠬᠡᠨ ᠬᠦᠭᠵᠢᠬᠦᠯᠵᠦ᠂ ︽ᠬᠦᠯ ᠪᠦᠮᠪᠦᠭᠡ ᠶᠢᠨ ᠰᠤᠪᠠᠭ︾ ᠢ ᠰᠠᠶᠢᠳᠤᠷ | ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠲᠠᠮᠢᠷ ᠤᠨ ᠴᠤᠬᠯᠠᠭᠠᠨ ᠢ | ᠰᠠᠶᠢᠳᠤᠷ ᠡᠷᠬᠢᠯᠡᠨ᠎ᠠ᠃ | ᠤᠯᠤᠰ ᠠᠷᠠᠳ ᠤᠨ ᠰᠤᠷᠭᠠᠨ ᠬᠦᠮᠦᠵᠢᠯ᠂ ᠤᠶᠤᠨ ᠤ ᠪᠣᠯᠪᠠᠰᠤᠨ ᠤ ᠴᠣᠭᠴᠠᠵᠢᠯᠲᠠ᠂ ᠣᠶᠣᠨ ᠤ | ᠰᠣᠶᠣᠯ ᠤᠨ ᠪᠦᠲᠦᠬᠡᠭᠳᠡᠬᠦᠨ ᠢ ᠵᠣᠬᠢᠶᠠᠨ ᠪᠦᠲᠦᠭᠡᠵᠦ ᠦᠢᠯᠡᠣᠡᠴᠤ ᠤᠯᠠᠮᠵᠢᠯᠠᠬᠤ ᠲᠠᠯ᠎ᠠ ᠪᠠᠷ ᠬᠢ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ | ᠠᠭᠤᠰᠤᠭᠤᠯᠵᠤ᠂ ᠬᠦᠮᠦᠰ ᠤᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠣᠯᠣᠨ ᠦᠢᠯᠡ ᠠᠵᠢᠯᠯᠠᠭ᠎ᠠ ᠶᠢᠨ ᠳᠠᠳᠬᠠᠯ | ᠪᠣᠯᠭᠠᠨ ᠬᠤᠪᠢᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ | ᠦᠵᠡᠯ ᠰᠠᠨᠠᠭᠠᠨ ᠤ ᠠᠭᠤᠯᠤᠭᠳᠠᠬᠤᠨ᠂ ᠬᠦᠮᠦᠨ ᠰᠣᠶᠣᠯ ᠤᠨ ᠵᠣᠷᠢᠭ ᠰᠠᠨᠠᠭ᠎ᠠ᠂ ᠶᠣᠰᠣ ᠮᠤᠷᠠᠯ ᠤᠨ ᠵᠢᠷᠤᠮᠵᠢᠯ | ᠵᠢᠴᠢ ᠲᠠᠯ᠎ᠠ ᠨᠤᠲᠤᠭ ᠤᠨ ᠰᠣᠶᠣᠯ ᠳᠤ ᠠᠭᠤᠯᠤᠬᠳᠠᠵᠤ ᠪᠠᠶᠢᠭ᠎ᠠ ᠪᠠᠶᠢᠭᠠᠯᠢ ᠶᠢ ᠳᠡᠭᠡᠳᠦᠯᠡᠬᠦ᠂ ᠢᠲᠡᠭᠡᠯ ᠵᠢᠷᠤᠮ ᠢ | ᠪᠠᠳᠤ ᠰᠠᠬᠢᠬᠤ᠂ ᠴᠢᠯᠦᠬᠡᠳᠡᠢ ᠪᠦᠭᠡᠳ ᠠᠭᠤᠳᠠᠮ ᠪᠠᠭᠲᠠᠭᠠᠮᠵᠢᠲᠠᠢ᠂ ᠪᠠᠭᠠᠲᠤᠷ ᠢᠳᠡᠲᠡᠨ ᠢ ᠰᠢᠲᠤᠨ ᠪᠢᠰᠢᠷᠡᠬᠦ | ᠤᠨᠤᠯᠵᠢᠬᠤᠨ ᠢ ᠬᠦᠮᠦᠰ ᠤᠨ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤ ᠠᠭᠤᠰᠤᠭᠤᠯᠬᠤ ᠶᠢᠨ ᠬᠠᠮᠲᠤ᠂ | ᠴᠠᠭ ᠦᠶ᠎ᠡ ᠶᠢᠨ ᠱᠠᠭᠠᠷᠳᠠᠯᠭ᠎ᠠ ᠲᠠᠢ ᠤᠶᠠᠯᠳᠤᠭᠤᠯᠵᠦ ᠰᠢᠨ᠎ᠠ ᠶᠢ ᠡᠬᠦᠳᠦᠨ ᠬᠥᠭᠵᠢᠭᠦᠯᠦᠨ᠎ᠡ᠃ | ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠰᠠᠨᠠᠭᠠᠴᠢᠯᠠᠬᠤ ᠪᠠ ᠬᠦᠮᠦᠵᠢᠭᠦᠯᠵᠤ᠂ ᠨᠡᠶᠢᠭᠡᠮ ᠨᠡᠶᠢᠲᠡ ᠶᠢᠨ | ᠮᠤᠷᠠᠯ᠂ ᠠᠵᠢᠯ ᠮᠡᠷᠭᠡᠵᠢᠯ ᠤᠨ ᠶᠣᠰᠤ ᠮᠤᠷᠠᠯ᠂ ᠭᠡᠷ ᠪᠦᠯᠢ ᠶᠢᠨ ᠨᠠᠨᠳᠢᠨ ᠰᠤᠷᠲᠠᠯ᠂ ᠬᠤᠪᠢ ᠬᠦᠮᠦᠨ ᠤ ᠰᠤᠷᠲᠠᠯ | ᠮᠤᠷᠠᠯ ᠤᠨ ᠪᠠᠶᠢᠭᠤᠯᠤᠯᠲᠠ ᠶᠢ ᠠᠬᠢᠭᠤᠯᠵᠤ᠂ ᠬᠦᠮᠦᠰ ᠤᠨ ᠦᠭᠡᠳᠡᠷᠬᠡᠭ ᠡᠶ᠎ᠡ ᠨᠠᠶᠢᠷᠰᠠᠭ ᠴᠠᠶᠢᠯᠭᠠᠨ ᠪᠠᠶᠢᠬᠤ᠂ | ᠠᠬᠠᠮᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ | ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠶᠢ ᠤᠷᠮᠠᠰᠢᠭᠤᠯᠤᠨ ᠬᠥᠭᠵᠢᠭᠡᠨ᠎ᠡ᠃ ᠰᠢᠨᠵᠢᠯᠡᠭᠦ ᠣᠬᠠᠭᠠᠨ ᠤ ᠵᠣᠷᠢᠭ | ᠰᠠᠨᠠᠭ᠎ᠠ᠂ ᠬᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠮᠤᠷᠠᠯ ᠢ ᠡᠷᠬᠢᠮᠯᠡᠨ ᠨᠠᠶᠢᠷᠰᠠᠭ ᠪᠠᠶᠢᠬᠤ᠂ ᠲᠡᠷᠢᠭᠦᠨ ᠤ ᠬᠢ ᠠᠴᠠ ᠰᠤᠷᠤᠯᠴᠠᠬᠤ ᠬᠡᠪ ᠰᠤᠷᠲᠠᠯ ᠲᠠᠢ | ᠪᠣᠯᠭᠠᠨ᠎ᠠ᠃ ᠪᠦᠬᠦ ᠠᠷᠠᠳ ᠢᠶᠠᠷ ᠢᠶᠠᠨ ᠨᠣᠮ ᠪᠢᠴᠢᠭ ᠣᠩᠰᠢᠬᠤ ᠶᠢ ᠤᠷᠢᠶᠠᠯᠠᠨ᠂ ᠰᠤᠷᠤᠯᠴᠠᠬᠤ ᠮᠠᠶ᠋ᠢᠭ ᠤᠨ | ᠨᠡᠶᠢᠭᠡᠮ ᠢ ᠪᠦᠲᠦᠭᠡᠨ ᠪᠠᠶᠢᠭᠤᠯᠵᠤ᠂ ᠨᠣᠮ ᠪᠢᠴᠢᠭ ᠣᠩᠰᠢᠬᠤ ᠶᠢ ᠣᠶᠣᠨ ᠰᠠᠨᠠᠭᠠᠨ ᠤ ᠨᠢᠭᠡ ᠵᠦᠢᠯ ᠤᠨ | ᠬᠦᠭᠡᠭᠡᠴᠡᠯᠳᠦᠯ ᠪᠣᠯᠭᠠᠨ᠂ ᠨᠠᠰᠤᠨ ᠲᠤᠷᠰᠢ ᠰᠤᠷᠤᠯᠴᠠᠬᠤ ᠶᠢ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠎ᠠ᠃ ᠬᠦᠮᠦᠨ | ᠰᠣᠶᠣᠯ ᠤᠨ ᠵᠣᠷᠢᠭ ᠰᠠᠨᠠᠭᠠᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠶᠣᠰᠣᠯᠠᠯ ᠤᠨ ᠪᠣᠯᠪᠠᠰᠤᠨ᠂ ᠦᠭᠡ | ᠬᠡᠯᠡᠨ ᠤ ᠪᠣᠯᠪᠠᠰᠤᠨ᠂ ᠵᠠᠮ ᠬᠠᠷᠢᠯᠴᠠᠭᠠᠨ ᠤ ᠪᠣᠯᠪᠠᠰᠣᠨ᠂ ᠬᠤᠭᠤᠯᠠᠨ ᠰᠢᠷᠡᠭᠡᠨ ᠤ ᠪᠣᠯᠪᠠᠰᠣᠨ᠂ ᠰᠦᠯᠵᠢᠶ᠎ᠡ ᠶᠢᠨ | ᠪᠣᠯᠪᠠᠰᠤᠨ ᠢ ᠬᠦᠮᠦᠵᠢᠭᠦᠯᠵᠤ᠂ ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠣᠯᠣᠨ ᠨᠡᠶᠢᠭᠡᠮ ᠤᠨ ᠪᠣᠯᠪᠠᠰᠣᠨ ᠤ | ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠬᠢᠮ ᠳᠡᠭᠡᠳᠦ ᠰᠣᠶᠣᠯ ᠤᠨ ᠬᠡᠷᠡᠭᠯᠡᠭᠡ ᠶᠢ ᠬᠦᠲᠦᠯᠦᠨ | ᠳᠠᠭᠠᠭᠤᠯᠵᠤ᠂ ᠴᠦᠭᠡᠨ ᠲᠣᠭᠠᠳᠣ ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯᠣᠨ ᠰᠢ ᠵᠦᠴᠦᠭᠡ᠂ ᠤᠷᠠᠨ | ᠪᠢᠴᠢᠯᠭᠡ᠂ ᠡᠷᠬᠢᠮᠰᠦᠭ ᠰᠣᠶᠣᠯ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ᠂ ᠨᠡᠶᠢᠭᠡᠮ | ᠲᠣᠭᠤᠷᠢᠭ ᠲᠤ ᠣᠷᠤᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ᠂ ᠡᠷᠡᠭᠦᠯ ᠡᠩᠬᠡ ᠰᠣᠶᠣᠯ ᠤᠨ | ᠠᠭᠤᠯᠤᠬᠳᠠᠬᠤᠨ ᠢ ᠪᠣᠳᠠᠰ ᠤᠨ ᠪᠣᠯᠪᠠᠰᠣᠨ᠂ ᠤᠶᠤᠨ ᠤ ᠪᠣᠯᠪᠠᠰᠣᠨ᠂ ᠠᠮᠢ ᠠᠬᠤᠢ ᠶᠢᠨ ᠪᠣᠯᠪᠠᠰᠣᠨ ᠤ | ᠪᠠᠶᠢᠭᠤᠯᠤᠯᠲᠠ ᠳᠤ ᠨᠡᠪᠴᠢᠭᠦᠯᠦᠨ ᠰᠢᠩᠭᠡᠭᠡᠵᠦ᠂ ᠬᠥᠭᠵᠢᠯᠲᠡ ᠶᠢ ᠨᠡᠩ ᠡᠶᠡᠪᠡᠷᠬᠦᠤ᠂ ᠵᠣᠯ ᠵᠢᠷᠭᠠᠯ ᠢ ᠨᠡᠩ | ᠡᠭᠡᠯᠢᠲᠡᠢ ᠰᠠᠨᠠᠭᠳᠠᠭᠤᠯᠵᠤ᠂ ᠪᠣᠯᠪᠠᠰᠣᠨ ᠪᠠᠶᠢᠬᠤ ᠶᠢ ᠦᠪᠦᠷ ᠮᠣᠩᠭᠤᠯ ᠤᠨ ᠴᠤᠭ ᠵᠢᠪᠬᠤᠭ᠎ᠠ ᠪᠠ ᠳᠦᠷᠢ ᠳᠦᠷᠬᠦ | ᠪᠣᠯᠭᠠᠨ᠎ᠠ᠃ | ᠬᠤᠲᠠ ᠶᠢᠨ ᠰᠣᠶᠣᠯ ᠤᠨ ᠠᠭᠤᠯᠤᠬᠳᠠᠬᠤᠨ ᠢ ᠳᠡᠭᠡᠭᠰᠢᠯᠡᠭᠦᠯᠵᠦ᠂ ᠲᠡᠤᠬᠡ ᠰᠣᠶᠣᠯ᠂ ᠬᠤᠪᠢᠰᠬᠠᠯᠲᠤ ᠰᠣᠶᠣᠯ | ᠂ ᠦᠨᠳᠦᠰᠦᠲᠡᠨ ᠤ ᠵᠠᠩ ᠦᠢᠯᠡ ᠶᠢᠨ ᠰᠣᠶᠣᠯ᠂ ᠪᠠᠶᠢᠭᠠᠯᠢ ᠠᠮᠢ ᠠᠬᠤᠢ ᠶᠢᠨ ᠰᠣᠶᠣᠯ ᠢ ᠬᠤᠲᠠ ᠶᠢᠨ | ᠲᠥᠯᠥᠪᠵᠢᠭᠦᠯᠭᠡ᠂ ᠪᠠᠷᠢᠯᠭ᠎ᠠ᠂ ᠵᠡᠭᠡᠯᠢ ᠭᠤᠳᠤᠮᠵᠢ ᠳᠤ ᠠᠭᠤᠰᠤᠭᠤᠯᠤᠨᠠ᠃ ᠲᠡᠤᠬᠡ ᠶᠢᠨ ᠳᠤᠷᠠᠰᠬᠠᠯᠲᠤ ᠪᠠᠷᠢᠯᠭ᠎ᠠ | ᠪᠠ ᠲᠡᠤᠬᠡ ᠰᠣᠶᠣᠯ ᠤᠨ ᠵᠡᠭᠡᠯᠢ ᠭᠤᠳᠤᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠶᠢᠨ | ᠳᠤᠷᠠᠳᠬᠠᠯ ᠢ ᠨᠢ ᠬᠠᠳᠠᠭᠠᠯᠠᠨ ᠦᠯᠡᠳᠡᠭᠡᠨ᠎ᠠ᠃ ᠤᠬᠠᠭᠠᠯᠢᠭ ᠬᠤᠲᠠ᠂ ᠪᠣᠬᠢᠷᠲᠤᠯ ᠦᠭᠡᠢ ᠬᠤᠲᠠ᠂ ᠬᠦᠮᠦᠨ | ᠰᠣᠶᠣᠯ ᠤᠨ ᠬᠤᠲᠠ ᠶᠢ ᠪᠦᠲᠦᠭᠡᠨ ᠪᠠᠶᠢᠭᠤᠯᠵᠤ᠂ ︽ᠬᠤᠲᠠ ᠪᠠᠷ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ︾ | ᠶᠢ ᠥᠨᠡᠨᠬᠦ ᠪᠡᠶᠡᠯᠡᠭᠦᠯᠦᠨ᠎ᠡ᠃ ᠦᠪᠡᠷ ᠢᠶᠠᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠤᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢ ᠠᠬᠢᠭᠤᠯᠣᠨ᠂ ᠬᠡᠪ ᠵᠠᠩᠰᠢᠯ ᠢ ᠦᠭᠡᠷᠡᠴᠢᠯᠡᠬᠦ ᠶᠢ | ᠦᠷᠨᠢᠭᠦᠯᠵᠣ᠂ ᠬᠦᠳᠡᠭᠡ ᠲᠣᠰᠬᠤᠨ ᠤ ᠰᠣᠶᠣᠯ ᠢ ᠮᠠᠨᠳᠤᠭᠤᠯᠤᠨ ᠬᠥᠭᠵᠢᠭᠦᠯᠵᠦ᠂ ᠬᠦᠳᠡᠭᠡ ᠨᠤᠲᠤᠭ ᠤᠨ | ᠪᠣᠯᠪᠠᠰᠤᠨ ᠵᠠᠩᠰᠢᠯ ᠢ ᠬᠦᠮᠦᠵᠢᠭᠦᠯᠦᠨ᠂ ᠪᠠᠶᠢᠭᠠᠯᠢ ᠶᠢᠨ ᠠᠮᠢ ᠠᠬᠤᠢ ᠶᠢᠨ ᠦᠩᠭᠡ ᠳᠥᠷᠰᠦ ᠶᠢ ᠨᠢ ᠬᠠᠮᠠᠭᠠᠯᠠᠨ᠂ | ᠬᠦᠳᠡᠭᠡ ᠲᠣᠰᠬᠤᠨ ᠢ ᠨᠡᠩ ᠦᠵᠡᠰᠭᠦᠯᠡᠩ ᠰᠠᠶᠢᠬᠠᠨ ᠪᠣᠯᠭᠠᠵᠤ᠂ ᠬᠠᠷᠠᠬᠤ ᠠᠴᠠ ᠬᠦᠬᠡᠮᠳᠦᠭ ᠠᠭᠤᠯᠠ ᠲᠠᠢ᠂ | ᠦᠵᠡᠬᠦ ᠠᠴᠠ ᠴᠡᠩᠬᠡᠭ ᠤᠰᠤ ᠲᠠᠢ᠂ ᠨᠤᠳᠤᠭ ᠤᠰᠤ ᠶᠢ ᠨᠢ ᠰᠡᠳᠬᠢᠯ ᠵᠢᠷᠦᠬᠡᠨ ᠳᠤᠨᠢ ᠬᠤᠨᠤᠬᠰᠢᠭᠤᠯᠤᠨᠠ᠃ | ︵ᠨᠠᠢᠮᠠ︶ ᠪᠣᠬᠢᠷᠲᠤᠯ ᠦᠭᠡᠢ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ︽ | ᠴᠡᠩᠬᠡᠭ ᠣᠰᠣ ᠭᠦᠭᠡᠮᠳᠦᠭ ᠠᠭᠤᠯᠨ ᠪᠣᠯ ᠠᠯᠳᠠ ᠮᠦᠩᠭᠦᠨ ᠠᠭᠤᠯᠨ︾ ᠭᠡᠮᠡᠭᠦ ᠣᠨᠣᠯᠵᠢᠬᠤᠨ ᠢ ᠪᠠᠳᠣ ᠪᠠᠬᠢ ᠪᠣᠢ | ᠪᠣᠯᠭᠠᠵᠣ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠣᠳᠣ ᠶᠢᠨ ᠪᠠᠶᠢᠭ᠎ᠠ ᠴᠡᠩᠬᠡᠭ ᠣᠰᠣ | ᠭᠦᠭᠡᠮᠳᠦᠭ ᠠᠭᠤᠯᠨ ᠪᠠᠨ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ᠂ ᠪᠠᠰᠠ ᠠᠮᠢ ᠠᠬᠤᠢ ᠶᠢ ᠴᠢᠷᠮᠠᠶᠢᠨ | ᠦᠡᠭᠬᠡᠵᠢᠬᠦᠯᠦᠨ ᠰᠡᠷᠬᠦᠬᠡᠵᠦ᠂ ᠤᠤᠯ ᠤᠨ ᠦᠩᠭᠡ ᠦᠵᠡᠮᠵᠢ ᠶᠢ ᠨᠢ ᠰᠡᠷᠭᠦᠭᠡᠵᠦ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ᠠᠭᠤᠯᠠ ᠤᠰᠤ ᠤᠢ ᠮᠣᠳᠣ ᠡᠪᠡᠰᠦ ᠲᠠᠷᠢᠶ᠎ᠠ ᠨᠠᠭᠤᠷ ᠴᠦᠬᠦᠷᠦᠮ ᠤᠨ ᠰᠢᠰᠲ᠋ᠧᠮ ᠲᠠᠢ ᠵᠠᠰᠠᠯᠲᠠ ᠶᠢ | ᠨᠢᠭᠡᠳᠦᠯᠲᠡᠢ ᠲᠥᠯᠥᠪᠯᠡᠨ᠂ ᠪᠠᠶᠢᠭᠠᠯᠢᠯᠢᠬ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ︽ᠭᠤᠷᠪᠠᠨ | ᠤᠮᠠᠷᠠᠲᠤ︾ ᠶᠢᠨ ᠬᠠᠯᠬᠠᠪᠴᠢ ᠤᠢ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠤᠭᠠᠵᠤ ᠤᠢ ᠰᠢᠭᠤᠢ | ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠥᠷᠭᠦᠯᠵᠢᠯᠡᠨ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠪᠠ ᠬᠤᠷᠴᠢᠨ ᠤ ᠡᠯᠡᠰᠦ | ᠮᠠᠩᠬ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠤᠰᠬᠠᠢ ᠵᠠᠰᠠᠯᠲᠠ ᠶᠢ ᠬᠡᠷᠡᠭᠵᠢᠭᠦᠯᠦᠨ᠎ᠡ᠃ ᠣᠢ ᠰᠢᠭᠤᠢ | ᠡᠪᠡᠰᠦ ᠪᠡᠯᠴᠢᠭᠡᠷ ᠢ ᠰᠦᠢᠳᠬᠡᠵᠦ ᠬᠠᠭᠠᠯᠪᠤᠷᠢᠯᠠᠬᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠦᠯᠦᠨ ᠪᠤᠶᠢᠷ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠭᠠᠵᠠᠷ ᠣᠷᠣᠨ ᠳᠠᠬᠢ ᠲᠠᠷᠢᠶᠠᠯᠠᠬᠤ ᠶᠢ ᠵᠣᠭᠰᠤᠭᠠᠵᠤ ᠣᠢ ᠰᠢᠭᠤᠢ | ᠡᠪᠡᠰᠦ ᠪᠡᠯᠴᠢᠭᠡᠷ ᠢ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ ᠤᠰᠤᠨ ᠰᠣᠷᠪᠣᠯᠵᠢ ᠶᠢᠨ ᠬᠠᠮᠤᠭ ᠤᠨ ᠴᠢᠩᠭ᠎ᠠ | ᠬᠠᠮᠢᠶᠠᠷᠤᠯᠲᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠬᠡᠢ ᠲᠠᠲᠠᠭᠰᠠᠨ | ᠣᠷᠣᠨ ᠳᠤ ᠶᠡᠷᠦᠩᠬᠡᠶᠢᠯᠡᠨ ᠵᠠᠰᠠᠬᠤ ᠶᠢ ᠦᠷᠨᠢᠭᠦᠯᠣᠨ᠎ᠠ᠃ ᠪᠣᠬᠢᠷ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ | ᠳᠡᠭᠡᠭᠰᠢᠯᠡᠭᠦᠯᠵᠦ᠂ ᠠᠮᠢ ᠠᠬᠤᠢ ᠶᠢ ᠡᠪᠳᠡᠨ ᠰᠦᠢᠳᠬᠡᠭᠰᠡᠨ ᠪᠠ ᠣᠷᠴᠢᠨ ᠲᠣᠭᠤᠷᠢᠨ ᠢ ᠪᠣᠬᠢᠷᠲᠤᠭᠤᠯᠤᠭᠰᠠᠨ | ᠦᠢᠯᠡ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠰᠦᠪᠡᠭᠴᠢᠯᠡᠨ | ᠪᠠᠶᠢᠭᠤᠯᠤᠨ᠎ᠠ᠃ | ᠪᠣᠬᠢᠷᠳᠦᠯ ᠦᠭᠡᠢ ᠬᠥᠭᠵᠢᠯᠲᠡ ᠶᠢ ᠪᠠᠷᠢᠮᠲᠠᠯᠠᠵᠤ᠂ ᠪᠣᠬᠢᠷᠳᠣᠯ ᠦᠭᠡᠢ ᠦᠢᠯᠡᠳᠪᠦᠷᠢᠯᠡᠵᠦ ᠬᠡᠷᠡᠭᠯᠡᠬᠦ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠤᠨ᠂ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ ᠴᠡᠪᠡᠷ ᠡᠨᠧᠷᠭᠢ ᠶᠢᠨ ᠠᠵᠤ ᠦᠢᠯᠡᠰ ᠢ | ᠬᠥᠭᠵᠢᠭᠦᠯᠵᠦ᠂ ᠨᠢᠭᠡ ᠪᠦᠯᠦᠭ ᠪᠣᠬᠢᠷᠳᠣᠯ ᠦᠭᠡᠢ ᠠᠵᠤ ᠠᠬᠤᠶᠢᠯᠠᠯ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ | ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ᠪᠣᠬᠢᠷᠳᠣᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠷᠪᠢᠯᠠᠨ ᠭᠠᠮᠨᠠᠬᠤ ᠬᠡᠯᠪᠡᠷᠢ ᠪᠦᠬᠦᠢ ᠨᠡᠶᠢᠭᠡᠮ ᠢ | ᠪᠠᠶᠢᠭᠤᠯᠤᠨ᠎ᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠣᠯ ᠴᠣᠭᠴᠠᠲᠤ | ᠴᠢᠳᠠᠮᠵᠢ ᠶᠢᠨ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠭᠤᠣᠯ ᠴᠣᠭᠴᠠᠲᠤ | ᠴᠢᠳᠠᠮᠵᠢ ᠶᠢᠨ ᠣᠷᠣᠨ ᠤ ᠲᠥᠯᠥᠪᠵᠢᠭᠦᠯᠭᠡ ᠪᠠ ᠲᠦᠬᠦᠷ ᠳᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠢ ᠪᠦᠷᠢᠨᠰᠢᠭᠦᠯᠵᠦ᠂ | ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ | ᠬᠢᠨᠠᠨ ᠪᠣᠳᠣᠬᠤ ᠶᠢ ᠪᠦᠬᠦ ᠲᠠᠯ᠎ᠠ ᠪᠠᠷ ᠬᠢᠵᠦ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ | ᠲᠥᠯᠥᠪᠦᠷᠢᠯᠡᠬᠦ ᠲᠣᠭᠲᠠᠴᠠ ᠶᠢ ᠰᠤᠳᠤᠯᠤᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠢᠵᠠᠭᠠᠷ | ᠱᠤᠭᠤᠮ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ ᠨᠠᠭᠤᠷ ᠭᠤᠣᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠂ | ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠪᠠ ᠨᠠᠭᠤᠷ ᠴᠥᠬᠦᠷᠦᠮ ᠤᠨ ᠠᠵᠢᠯ ᠳᠤ ᠬᠠᠷᠢᠭᠤᠴᠠᠬᠤ | ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠨᠤᠭᠤᠳ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ | ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠦᠷᠨᠢᠭᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠤᠨ᠎ᠠ᠃ ︽ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠥᠷᠦᠭᠡᠳᠦᠯ ᠢᠶᠠᠷ ᠪᠢᠳᠠᠨ ᠤ ᠲᠡᠮᠡᠴᠡᠬᠦ ᠬᠠᠷᠠᠯᠲᠠ ᠪᠠᠨ | ᠪᠣᠯᠭᠠᠬᠤ︾ ᠶᠢ ᠢᠮᠠᠭᠲᠠ ᠪᠠᠲᠤ ᠴᠡᠭᠡᠵᠢᠯᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠪᠠ | ᠨᠠᠮ ᠤᠨ ᠣᠯᠠᠨ ᠲᠥᠮᠡᠨᠴᠢ ᠱᠤᠭᠤᠮ ᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ | ᠠᠭᠤᠰᠤᠯᠴᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠪᠦᠬᠦᠢ ᠵᠠᠰᠠᠭ ᠤᠨ | ᠣᠷᠳᠣᠨ ᠢ ᠪᠠᠶᠢᠭᠤᠯᠤᠨ᠎ᠠ᠃ | ᠰᠢᠨ᠎ᠡ ᠴᠠᠭ ᠦᠶ᠎ᠡ ᠠᠴᠠ ᠠᠷᠠᠳ ᠤᠨ ᠵᠠᠰᠠᠭ ᠤᠨ ᠣᠷᠳᠣᠨ ᠢ ᠡᠷᠬᠡᠪᠰᠢ ᠰᠢᠨ᠎ᠡ ᠳᠥᠷᠰᠦ ᠪᠠᠶᠢᠳᠠᠯ ᠲᠠᠢ | ᠪᠠᠶᠢᠬᠤ ᠶᠢ ᠱᠠᠭᠠᠷᠳᠠᠵᠤ ᠪᠠᠶᠢᠨ᠎ᠠ᠂ ᠪᠢᠳᠠ ᠢᠮᠠᠭᠲᠠ ᠴᠠᠭ ᠦᠶ᠎ᠡ ᠶᠢᠨ ᠡᠮᠦᠨᠡᠭᠦᠷ ᠬᠤᠰᠢᠭᠤᠷᠠᠵᠦ᠂ ᠴᠠᠭ ᠦᠶ᠎ᠡ ᠪᠠ | ᠠᠷᠠᠳ ᠲᠦᠮᠡᠨ ᠤ ᠳᠠᠭᠤᠨ ᠢ ᠰᠤᠨᠤᠰᠤᠨ᠂ ᠵᠣᠷᠢᠭᠲᠠᠢ ᠪᠠᠷ ᠤᠷᠤᠭᠰᠢᠯᠠᠬᠤ ᠴᠤᠭ ᠵᠢᠪᠬᠤᠭ᠎ᠠ ᠶᠢ ᠪᠠᠲᠤᠳᠬᠠᠵᠤ᠂ | ᠰᠤᠷᠤᠯᠴᠠᠬᠤ ᠡᠷᠳᠡᠮ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠳᠡᠮ ᠴᠢᠳᠠᠪᠤᠷᠢ᠂ ᠰᠢᠨᠵᠢᠯᠡᠬᠦ | ᠤᠬᠠᠭᠠᠨᠴᠢ ᠪᠠᠷ ᠬᠥᠭᠵᠢᠭᠦᠯᠬᠦ ᠡᠷᠳᠡᠮ ᠴᠢᠳᠠᠪᠤᠷᠢ᠂ ᠲᠥᠭᠰᠢᠬᠦᠷᠢ ᠶᠢ ᠡᠵᠡᠮᠳᠡᠬᠦ ᠡᠷᠳᠡᠮ ᠴᠢᠳᠠᠪᠤᠷᠢ ᠪᠠᠨ | ᠲᠠᠰᠤᠷᠠᠯᠲᠠ ᠦᠭᠡᠢ ᠴᠢᠩᠭᠠᠷᠠᠭᠤᠯᠤᠨ᠂ ᠠᠮᠢᠵᠢᠷᠠᠯ ᠤᠨ ᠬᠦᠴᠦᠨ ᠪᠢᠯᠬᠠᠭᠰᠠᠨ ᠰᠤᠷᠤᠯᠴᠠᠬᠤ ᠬᠡᠯᠪᠡᠷᠢ ᠪᠦᠬᠦᠢ᠂ | ᠰᠢᠨ᠎ᠡ ᠶᠢ ᠡᠭᠦᠳᠬᠦ ᠬᠡᠯᠪᠡᠷᠢ ᠪᠦᠬᠦᠢ ᠵᠠᠰᠠᠭ ᠤᠨ ᠣᠷᠳᠣᠨ ᠢ ᠪᠠᠶᠢᠭᠤᠯᠤᠨ᠎ᠠ᠃ | ᠬᠠᠣᠯᠢ ᠪᠠᠷ ᠵᠠᠰᠠᠬᠤ ᠢᠲᠡᠭᠡᠯ ᠪᠢᠰᠢᠷᠡᠯ᠂ ᠬᠠᠣᠯᠢ ᠪᠠᠷ ᠵᠠᠰᠠᠬᠤ ᠰᠡᠳᠬᠢᠬᠦᠢ ᠶᠢ ᠵᠠᠰᠠᠭ ᠤᠨ ᠣᠷᠳᠣᠨ ᠤ | ᠠᠵᠢᠯᠲᠠᠳ ᠤᠨ ᠤᠭᠤᠷᠠᠭ ᠲᠠᠷᠢᠬᠢᠨ ᠳᠤ ᠰᠠᠭᠤᠬᠳᠠᠭᠤᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ | ᠴᠢᠳᠠᠪᠤᠷᠢ᠂ ᠡᠷᠬᠡ ᠶᠢᠨ ᠬᠢᠵᠠᠭᠠᠷ ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠣᠯᠢ ᠪᠠᠷ ᠲᠣᠭᠲᠠᠭᠠᠬᠤ ᠶᠢ | ᠠᠬᠢᠭᠤᠯᠤᠨ᠂ ᠵᠠᠰᠠᠭ ᠤᠨ ᠣᠷᠳᠣᠨ ᠤ ᠠᠵᠢᠯ ᠤᠨ ᠡᠷᠬᠡ ᠶᠢᠨ ᠵᠢᠷᠤᠮᠵᠢᠬᠤ ᠶᠢ ᠠᠬᠢᠭᠤᠯᠵᠤ᠂ ᠵᠠᠰᠠᠭ ᠵᠠᠬᠢᠷᠭᠠᠨ ᠤ | ᠦᠢᠯᠡᠴᠢᠯᠡᠭᠡᠨ ᠤ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ | ᠣᠷᠳᠣᠨ ᠤ ᠰᠣᠨᠢᠨ ᠮᠡᠳᠡᠭᠡ ᠨᠡᠶᠢᠲᠡᠯᠡᠬᠦ ᠶᠢᠨ ᠪᠠᠶᠢᠩᠭᠤᠵᠢᠭᠤᠯᠬᠤ ᠶᠢ ᠬᠡᠷᠡᠭᠵᠢᠭᠦᠯᠵᠦ᠂ ᠴᠢᠩᠭ᠎ᠠ ᠪᠦᠭᠡᠳ | ᠵᠢᠷᠤᠮᠵᠢᠭᠤᠨ᠂ ᠲᠥᠪ ᠭᠤᠣᠯᠴᠢ ᠪᠦᠭᠡᠳ ᠪᠣᠯᠪᠠᠰᠤᠨ ᠢᠶᠠᠷ ᠬᠠᠣᠯᠢ ᠶᠢ ᠬᠡᠷᠡᠭᠵᠢᠭᠦᠯᠵᠦ᠂ ᠢᠯᠡ ᠲᠣᠳᠣ᠂ ᠲᠥᠪ | ᠭᠤᠣᠯᠴᠢ᠂ ᠦᠨᠳᠦᠷ ᠪᠦᠲᠦᠮᠵᠢᠲᠡᠢ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠬᠤ ᠶᠢ | ᠴᠢᠬᠤᠯᠠ ᠵᠢᠷᠤᠮᠯᠠᠯ ᠪᠣᠯᠭᠠᠵᠤ᠂ ᠶᠠᠷᠢᠪᠠᠰᠤ ᠬᠢᠵᠦ᠂ ᠬᠢᠪᠡᠰᠦ ᠪᠦᠲᠦᠭᠡᠵᠦ᠂ ᠰᠢᠨ᠎ᠡ ᠳᠠᠷᠤᠭ᠎ᠠ ᠨᠠᠷ ᠡᠷᠬᠡᠪᠰᠢ | ᠥᠩᠭᠡᠷᠡᠭᠰᠡᠨ ᠤ ᠳᠠᠩᠰᠠ ᠶᠢ ᠰᠢᠢᠳᠪᠦᠷᠢᠯᠡᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠦᠷᠨᠢᠭᠦᠯᠦᠨ᠂ ᠲᠠᠰᠤᠷᠠᠯᠲᠠ ᠦᠭᠡᠢ | ᠬᠤᠪᠢᠷᠠᠵᠤ ᠪᠠᠶᠢᠭ᠎ᠠ ᠪᠠᠶᠢᠳᠠᠯ ᠢ ᠡᠵᠡᠮᠳᠡᠵᠦ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ | ᠴᠢᠩᠭᠠᠳᠬᠠᠨ᠎ᠠ᠃ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠢᠯ ᠤᠨ | ᠨᠠᠶᠢᠳᠠᠪᠤᠷᠢᠵᠢᠭᠤᠯᠤᠯᠳᠠ ᠶᠢ ᠬᠦᠴᠦᠲᠡᠢ ᠠᠳᠬᠤᠬᠤ ᠡᠷᠳᠡᠮ ᠴᠢᠳᠠᠪᠤᠷᠢ ᠶᠢ ᠨᠢ ᠴᠢᠩᠭᠠᠷᠠᠭᠤᠯᠤᠨ᠂ ᠵᠠᠰᠠᠭ ᠤᠨ | ᠣᠷᠳᠣᠨ ᠤ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠬᠠᠣᠯᠢ ᠶᠣᠰᠣᠭᠠᠷ ᠬᠦᠯᠢᠶᠡᠨ ᠠᠪᠴᠤ᠂ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ | ᠬᠦᠯᠢᠶᠡᠨ ᠠᠪᠴᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ ᠠᠪᠴᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠡᠷᠬᠡ ᠪᠠ ᠬᠠᠷᠢᠭᠤᠴᠠᠯᠭ᠎ᠠ ᠨᠢ | ᠨᠢᠭᠡᠳᠦᠯᠲᠡᠢ ᠬᠠᠷᠢᠭᠤᠴᠠᠯᠭᠠᠲᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠳᠦᠬᠦᠷᠵᠢᠭᠦᠯᠦᠭᠰᠡᠨ | ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠶᠢ ᠡᠭᠦᠷᠢᠳᠡ | ᠪᠠᠷᠢᠮᠲᠠᠯᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠠᠵᠢᠯ ᠢ | ᠭᠦᠨᠵᠡᠭᠡᠢ ᠠᠬᠢᠭᠤᠯᠵᠤ᠂ ᠰᠤᠷᠲᠠᠯ ᠴᠢᠭᠡᠴᠢ ᠣᠪᠣᠷ ᠲᠥᠪ ᠪᠠᠶᠢᠬᠤ ᠠᠷᠢᠭᠤᠨ ᠴᠢᠭᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ | ᠲᠥᠯᠥᠭᠡᠯᠡᠭᠴᠢᠳ ᠡ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢᠭᠡᠨᠲᠡ 70 ᠵᠢᠯ ᠤᠨ | ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ ᠦᠶ᠎ᠡ ᠳᠤ ᠤᠷᠤᠬᠰᠠᠨ ᠠᠴᠠ᠂ ᠪᠢᠳ᠋ᠨ | ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠳᠦᠰᠦᠲᠡᠨ ᠤ | ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠲᠠᠢ ᠪᠠᠷ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ | ᠵᠠᠮᠨᠠᠨ᠂ ᠦᠨᠳᠦᠰᠦᠲᠡᠨ ᠤ ᠲᠣᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠥᠵᠢᠯ᠂ ᠦᠨᠳᠦᠰᠦᠲᠡᠨ ᠤ ᠡᠮ ᠡᠮᠨᠡᠯᠭᠡ᠂ | ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯ ᠦᠢᠯᠡᠰ ᠢ ᠢᠳᠡᠪᠬᠢᠲᠡᠢ ᠬᠥᠭᠵᠢᠭᠦᠯᠦᠨ᠂ | ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠬᠤᠳᠠ ᠶᠢᠨ | ᠦᠨᠳᠦᠰᠦᠳᠡᠨ ᠤ ᠠᠵᠢᠯ ᠢ ᠰᠠᠶᠢᠳᠤᠷ ᠬᠢᠨ᠎ᠠ᠃ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠲᠠ᠂ ︽ | ᠭᠤᠷᠪᠠᠨ ᠴᠦᠬᠡᠨ ᠲᠤᠭᠠᠳᠤ ᠦᠨᠳᠦᠰᠦᠲᠡᠨ︾ ᠤ ᠥᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ ᠰᠢᠶᠠᠩ | ᠵᠡᠷᠭᠡ ᠴᠦᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠪᠣᠯᠣᠨ ᠬᠤᠪᠢᠰᠬᠠᠯ ᠤᠨ | ᠬᠠᠭᠤᠴᠢᠨ ᠰᠠᠭᠤᠷᠢᠨ ᠭᠠᠵᠠᠷ ᠤᠨ ᠬᠥᠭᠵᠢᠯᠲᠡ ᠶᠢ ᠳᠡᠮᠵᠢᠵᠦ᠂ ᠪᠦᠬᠦ ᠣᠷᠣᠨ ᠲᠠᠢ ᠵᠡᠷᠭᠡᠪᠡᠷ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 | ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠨ᠂ ᠥᠨᠳᠦᠰᠦᠲᠡᠨ ᠨᠦᠭᠦᠳ ᠤᠨ ᠰᠣᠯᠢᠯᠴᠠᠵᠤ ᠬᠠᠷᠢᠯᠴᠠᠵᠤ | ᠠᠭᠤᠰᠤᠯᠴᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠬᠤᠭᠤᠷᠤᠨᠳᠤ ᠪᠠᠨ ᠠᠨᠠᠷ ᠤᠨ ᠦᠷ᠎ᠡ ᠰᠢᠭ | ᠪᠠᠷᠢᠯᠳᠤᠨ ᠨᠢᠭᠲᠠᠷᠠᠵᠤ᠂ ᠬᠠᠮᠲᠤᠪᠡᠷ ᠪᠦᠯᠬᠦᠮᠳᠡᠨ ᠲᠡᠮᠡᠴᠡᠵᠦ᠂ ᠬᠠᠮᠲᠤᠪᠡᠷ ᠴᠡᠴᠡᠭᠯᠡᠨ ᠬᠥᠭᠵᠢᠨ᠎ᠡ᠃ | ᠲᠥᠯᠥᠭᠡᠯᠡᠭᠴᠢᠳ ᠡ︕ ᠥᠪᠥᠷ ᠮᠣᠩᠭᠤᠯ ᠥᠩᠭᠡ ᠭᠡᠷᠡᠯᠲᠦ ᠲᠡᠦᠬᠡ ᠲᠠᠢ ᠪᠠᠶᠢᠵᠤ᠂ ᠥᠪᠥᠷ ᠮᠣᠩᠭᠤᠯ ᠤᠨ | ᠠᠷᠠᠳ ᠲᠦᠮᠡᠨ ᠴᠠᠭ ᠦᠶ᠎ᠡ ᠳᠡᠭᠡᠨ ᠣᠰᠣᠯᠳᠠᠭᠠ ᠦᠭᠡᠢ ᠶᠤᠮ᠃ ᠨᠠᠮ ᠤᠨ ᠤᠳᠤᠷᠢᠳᠤᠯᠭ᠎ᠠ ᠳᠣᠣᠷ᠎ᠠ᠂ ᠪᠢᠳᠠ | ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠪᠣᠰᠴᠤ ᠵᠣᠭᠰᠣᠭᠰᠠᠨ ᠪᠠ ᠪᠠᠶᠠᠵᠢᠨ ᠴᠢᠨᠡᠭᠡᠯᠢᠭᠵᠢᠭᠰᠡᠨ ᠠᠭᠤᠤ | ᠶᠡᠭᠡ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ ᠦᠶ᠎ᠡ ᠳᠤ ᠰᠢᠨ᠎ᠡ ᠠᠶᠠᠨ ᠢ ᠡᠬᠢᠯᠡᠭᠦᠯᠦᠨ᠂ ᠪᠠᠶᠠᠵᠢᠵᠦ | ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠬᠦ ᠠᠭᠤᠤ ᠶᠡᠭᠡ ᠲᠡᠦᠬᠡᠨ ᠶᠠᠪᠤᠴᠠ ᠳᠤ᠂ ᠪᠢᠳᠠ ᠲᠡᠷᠢᠭᠦᠯᠡᠨ | ᠲᠠᠪᠰᠢᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠠᠶᠢᠭᠤᠯᠤᠨ᠎ᠠ᠃ | ᠲᠥᠯᠥᠭᠡᠯᠡᠭᠴᠢᠳ ᠡ︕ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠡᠷᠡᠰ ᠵᠣᠷᠢᠭᠲᠠᠢ ᠪᠠᠷ ᠴᠢᠷᠮᠠᠶᠢᠨ | ᠣᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ︽ᠦᠵᠡᠰᠭᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ | ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |