ᠲᠦᠯᠦᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠠᠩᠬᠠᠨ ᠤ ᠣᠨ ᠪᠣᠯᠬᠤ ᠪᠦᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ | ᠣᠢ ᠪᠣᠯᠣᠨ᠎ᠠ᠂ ᠮᠦᠨ ᠴᠦ ᠮᠠᠨ ᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠲᠤᠩ ᠶᠡᠷᠦ ᠪᠤᠰᠤ ᠶᠢᠨ ᠨᠢᠭᠡ ᠵᠢᠯ | ᠪᠣᠯᠣᠨ᠎ᠠ᠃ ᠲᠥᠪ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢᠳ ᠤᠨ ᠰᠤᠩᠭᠤᠭᠤᠯᠢ ᠶᠢᠨ ᠭᠠᠵᠠᠷ | ᠣᠷᠣᠨ ᠢ ᠲᠣᠭᠲᠠᠭᠠᠬᠤ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠢ ᠰᠣᠩᠭᠤᠭᠰᠠᠨ ᠪᠦᠭᠡᠳ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠤ ᠬᠢᠨᠠᠨ | ᠵᠥᠪᠯᠡᠬᠦ ᠳᠤ ︽ᠭᠤᠷᠪᠠ ᠶᠢ ᠯᠠᠪᠳᠠᠭᠤᠨ ᠪᠠᠳᠤᠲᠠᠢ ᠬᠢᠬᠦ︾ ᠴᠢᠬᠤᠯᠠ ᠱᠠᠭᠠᠷᠳᠠᠯᠭ᠎ᠠ ᠶᠢ ᠳᠤᠷᠠᠳᠤᠭᠰᠠᠨ ᠨᠢ ᠨᠠᠮ ᠤᠨ | ᠲᠥᠪ ᠬᠤᠷᠢᠶᠠᠨ ᠠᠴᠠ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠤᠨ ᠭᠠᠵᠠᠷ ᠣᠷᠣᠨ ᠢ ᠴᠢᠬᠤᠯᠠᠴᠢᠯᠠᠨ | ᠦᠵᠡᠵᠦ ᠪᠠᠶᠢᠭ᠎ᠠ ᠶᠢ ᠢᠯᠡᠷᠡᠭᠦᠯᠵᠦ᠂ ᠬᠦᠭᠵᠢᠯᠳᠡ ᠪᠠᠷ ᠠᠨᠠᠢ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ | ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠢᠭᠤᠷᠬᠠᠢ ᠬᠢᠬᠦ ᠬᠡᠰᠡᠨ | ᠨᠠᠮ ᠤᠨ ᠲᠥᠪ ᠬᠤᠷᠢᠶᠠᠨ ᠤ ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠦᠵᠡᠯ ᠤᠬᠠᠮᠰᠠᠷ︾ ᠢ ᠪᠠᠳᠤ ᠪᠠᠬᠢ ᠪᠤᠢ ᠪᠤᠯᠭᠠᠵᠦ᠂ ︽ᠲᠦᠷᠪᠡᠨ | ᠢᠳᠡᠬᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ | ᠶᠣᠰᠣᠭᠠᠷ ᠡᠯ᠎ᠡ ᠵᠦᠢᠯ ᠤᠨ ᠬᠦᠴᠢᠷ ᠪᠣᠯᠣᠨ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠨ ᠰᠢᠢᠳᠪᠦᠷᠢᠯᠡᠵᠦ᠂ | ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠳᠤᠲᠠᠢ ᠠᠵᠢᠯᠯᠠᠨ᠂ ᠪᠥᠬᠦ ᠣᠷᠣᠨ ᠤ ᠠᠵᠤ ᠠᠬᠤᠢ ᠨᠡᠶᠢᠭᠡᠮ | ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ ᠠᠯᠬᠤᠮ ᠲᠤᠭᠠᠴᠠᠭ᠎ᠠ ᠬᠢᠭᠰᠡᠨ ᠢᠶᠠᠷ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 5.3% ᠪᠠᠶᠢᠵᠤ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢᠨ ᠨᠡᠮᠡᠭᠳᠡᠯ 9.1% ᠪᠠᠶᠢᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠤᠰ ᠲᠤᠰ 7.4% ᠪᠠ 9.7% | ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠃ | ︵ᠨᠢᠭᠡ︶ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠬᠤ᠂ ᠲᠦᠢᠯ ᠤᠨ | ᠣᠨᠣᠪᠴᠢᠲᠠᠢ ᠪᠠᠷ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠳᠤᠷ ᠬᠢᠪᠡ᠃ ᠵᠠᠰᠠᠭ ᠤᠨ ᠣᠷᠳᠣᠨ ᠤ ᠬᠢᠨ ᠤ ᠥᠷᠢ ᠲᠠᠯᠪᠢᠬᠤ | ᠠᠵᠢᠯᠯᠠᠭᠠᠨ ᠢ ᠴᠢᠩᠭ᠎ᠠ ᠵᠢᠷᠤᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠪᠥᠬᠦᠨ ᠢ ᠲᠥᠰᠥᠪ ᠤᠨ | ᠬᠠᠮᠢᠶᠠᠷᠤᠯᠲᠠ ᠳᠤ ᠣᠷᠣᠭᠤᠯᠵᠤ᠂ ᠵᠠᠰᠠᠭ ᠤᠨ ᠣᠷᠳᠣᠨ ᠤ ᠬᠢᠨ ᠤ ᠬᠡᠲᠦᠷᠬᠡᠢ ᠥᠷᠢ ᠥᠭᠴᠡᠭᠡ ᠲᠠᠢ ᠨᠢᠭᠡ ᠪᠥᠯᠥᠭ | ᠲᠥᠷᠥᠯ ᠵᠦᠢᠯ ᠪᠠᠶᠢᠭᠤᠯᠬᠤ ᠶᠢ ᠵᠤᠨᠨᠰᠤᠭᠠᠵᠦ᠂ ᠬᠤᠶᠢᠰᠢᠯᠠᠭᠤᠯᠤᠭᠰᠠᠨ ᠪᠠ ᠪᠠᠭᠠᠰᠬᠠᠭᠰᠠᠨ ᠪᠠᠶᠢᠨ᠎ᠠ᠃ ᠵᠠᠰᠠᠭ ᠤᠨ | ᠣᠷᠳᠣᠨ ᠤ ᠳᠠᠯᠳᠠ ᠪᠠᠶᠢᠭ᠎ᠠ ᠥᠷᠢ ᠥᠭᠴᠡᠭᠡ ᠶᠢ ᠢᠳᠡᠪᠬᠢᠲᠡᠢ ᠠᠷᠢᠯᠭᠠᠨ᠂ ᠲᠡᠭᠦᠯᠳᠡᠷᠵᠢᠭᠦᠯᠬᠦ ᠲᠥᠰᠥᠯ | ᠲᠣᠭᠲᠠᠭᠠᠵᠤ᠂ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠂ ᠣᠨ ᠤ ᠥᠷᠢ ᠥᠭᠴᠡᠭᠡ ᠶᠢ ᠠᠷᠢᠯᠭᠠᠬᠤ | ᠡᠭᠦᠷᠭᠡ ᠪᠠᠨ 137.2% ᠢᠶᠠᠷ ᠪᠡᠶᠡᠯᠡᠭᠦᠯᠪᠡ᠃ ᠰᠦᠯᠵᠢᠶ᠎ᠡ ᠪᠠᠷ ᠵᠢᠭᠡᠯᠡᠯᠭᠡ ᠠᠪᠬᠤ᠂ ᠠᠵᠤ ᠠᠬᠤᠶᠢᠯᠠᠯ ᠤᠨ | ᠵᠢᠭᠡᠯᠡᠯᠭᠡ ᠶᠢᠨ ᠲᠡᠮᠳᠡᠭᠲᠦ ᠶᠢ ᠪᠠᠨ ᠳᠦᠷᠢᠮ ᠠᠴᠠ ᠵᠥᠷᠢᠴᠡᠨ ᠲᠠᠷᠬᠠᠭᠠᠬᠤ ᠲᠦᠭᠰᠢᠭᠦᠷᠢ ᠶᠢ ᠡᠮᠬᠢ ᠵᠢᠷᠤᠮ ᠲᠠᠢ | ᠰᠢᠢᠳᠪᠦᠷᠢᠯᠡᠨ᠂ ᠬᠠᠤᠯᠢ ᠪᠤᠰᠤ ᠶᠢᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠴᠡᠭᠴᠡᠯᠡᠨ ᠵᠠᠰᠠᠪᠠ᠃ ᠮᠠᠯᠵᠢᠬᠤ | ᠲᠠᠷᠢᠶᠠᠯᠠᠬᠤ ᠣᠷᠣᠨ ᠳᠠᠬᠢ ᠥᠨᠳᠥᠷ ᠬᠦᠦ ᠲᠠᠢ ᠵᠢᠭᠡᠯᠡᠯᠭᠡ ᠶᠢᠨ ᠦᠯᠡᠳᠡᠭᠳᠡᠵᠦ ᠪᠠᠶᠢᠭ᠎ᠠ ᠬᠡᠮᠵᠢᠶ᠎ᠡ ᠶᠡᠭᠡ ᠪᠠᠷ | ᠪᠠᠭᠤᠷᠠᠪᠠ᠃ | ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠵᠦ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ᠲᠣᠪᠤᠶᠢᠮ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠶᠠᠳᠠᠭᠤ ᠶᠢ ᠲᠡᠳᠭᠦᠬᠦ ᠠᠵᠢᠯ ᠤᠨ | ᠬᠦᠴᠦᠯᠡᠴᠡ ᠪᠠᠨ ᠨᠡᠮᠡᠭᠳᠡᠭᠦᠯᠵᠦ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠣᠨᠴᠠᠭᠠᠢ | ᠲᠣᠭᠲᠠᠭᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ | ᠡᠯ᠎ᠡ ᠱᠠᠲᠤᠨ ᠤ ᠡᠳ᠋ ᠤᠨ ᠵᠠᠰᠠᠭ ᠤᠨ ᠬᠢᠨ ᠤ ᠶᠠᠳᠠᠭᠤ ᠶᠢ ᠲᠡᠳᠬᠦᠬᠦ ᠳᠤ ᠣᠷᠣᠭᠤᠯᠤᠭᠰᠠᠨ ᠪᠡᠯᠡ ᠮᠥᠩᠭᠦ 147. | 9 ᠳ᠋ᠦᠩᠰᠢᠭᠤᠷ ᠲᠥᠭᠦᠷᠢᠭ ᠪᠠᠶᠢᠵᠤ᠂ 21.6% ᠨᠡᠮᠡᠭᠳᠡᠪᠡ᠃ ᠪᠡᠭᠡᠵᠢᠩ ᠥᠪᠥᠷ ᠮᠣᠩᠭᠤᠯ ᠤᠨ | ᠬᠤᠭᠤᠷᠤᠨᠳᠤ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭᠠᠨ ᠢ ᠡᠬᠢᠯᠡᠭᠦᠯᠵᠦ᠂ | ᠪᠡᠭᠡᠵᠢᠩ ᠬᠤᠲᠠ ᠪᠡᠯᠡ ᠮᠥᠩᠭᠦ᠂ ᠲᠥᠷᠥᠯ ᠵᠦᠢᠯ᠂ ᠴᠢᠳᠠᠪᠤᠷᠢᠲᠠᠨ ᠵᠡᠷᠭᠡ ᠲᠠᠯ᠎ᠠ ᠪᠠᠷ ᠬᠦᠴᠦᠲᠡᠢ ᠲᠡᠮᠵᠢᠯᠬᠡ | ᠦᠵᠡᠬᠦᠯᠪᠡ᠃ ᠵᠢᠱᠢᠭᠰᠡᠨ ᠢᠶᠠᠷ ᠪᠥᠬᠦ ᠵᠢᠯ ᠳᠠᠬᠢ ᠶᠠᠳᠠᠭᠤ ᠠᠴᠠ ᠠᠩᠭᠢᠵᠢᠷᠠᠭᠤᠯᠤᠬᠰᠠᠨ ᠬᠥᠮᠥᠨ 23.5 ᠲᠦᠮᠡ | ᠭᠠᠷᠤᠢ ᠪᠠᠶᠢᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ᠂ ᠥᠪᠡᠷᠲᠡᠭᠡᠨ ᠵᠠᠰᠠᠬᠤ | ᠣᠷᠣᠨ ᠤ ᠳᠡᠰ ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ ᠢ ᠶᠠᠳᠠᠭᠤ ᠬᠦᠴᠢᠷᠳᠡᠯᠲᠡᠢ ᠶᠢᠨ ᠲᠣᠭᠠᠨ ᠠᠴᠠ | ᠬᠠᠰᠤᠵᠤ ᠭᠠᠷᠭᠠᠪᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠳᠤᠷᠠᠳᠤᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠦᠷᠭᠦᠯᠵᠢᠯᠡᠨ ᠠᠬᠢᠭᠤᠯᠵᠤ᠂ ᠬᠥᠬᠡ ᠣᠭᠲᠠᠷᠭᠤᠢ ᠬᠥᠬᠡᠮᠳᠦᠭ | ᠤᠰᠤ ᠥᠩ ᠰᠢᠮᠡᠯᠢᠭ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠡᠷᠴᠢᠮᠲᠡᠢ ᠰᠠᠶᠢᠨ ᠬᠢᠪᠡ᠃ ᠠᠭᠠᠷ ᠮᠠᠨᠳᠠᠯ ᠤᠨ | ᠪᠣᠭᠢᠷᠳᠤᠯ ᠢ ᠰᠡᠷᠭᠡᠶᠢᠯᠡᠨ ᠵᠠᠰᠠᠬᠤ ᠳᠦᠷᠢᠮ ᠢ ᠲᠣᠭᠲᠠᠭᠠᠪᠠ᠃ ᠪᠥᠬᠦ ᠣᠷᠣᠨ ᠤ ᠠᠭᠠᠷ ᠤᠨ ᠴᠢᠨᠠᠷ ᠴᠢᠨᠰᠠᠭ᠎ᠠ ᠶᠢᠨ | ᠪᠠᠷᠢᠮᠵᠢᠶ᠎ᠠ ᠳᠤ ᠬᠦᠷᠦᠭᠰᠡᠨ ᠳᠤᠮᠳᠠᠴᠢ ᠡᠳᠦᠷ ᠤᠨ ᠬᠠᠷᠢᠴᠠᠯ 83.6% ᠪᠠᠶᠢᠵᠤ᠂ ᠨᠠᠷᠢᠨ ᠮᠥᠬᠦᠯᠢᠭᠲᠦ ᠪᠤᠳᠠᠰ ︵ | PM 2.5︶ ᠤᠨ ᠥᠳᠬᠡᠴᠡ 3.1% ᠪᠠᠭᠤᠷᠠᠪᠠ᠃ ᠬᠥᠯᠥᠨ ᠨᠠᠭᠤᠷ᠂ ᠳᠠᠭ᠎ᠠ ᠶᠢᠨ ᠨᠠᠭᠤᠷ ᠪᠠ | ᠤᠯᠠᠭᠠᠨᠰᠦᠬᠠᠢ ᠶᠢ ᠶᠡᠷᠦᠩᠬᠡᠶᠢᠯᠡᠨ ᠵᠠᠰᠠᠬᠤ ᠠᠵᠢᠯ ᠢ ᠦᠷᠬᠦᠯᠵᠢᠯᠡᠨ ᠠᠬᠢᠭᠤᠯᠵᠤ᠂ ᠬᠦᠯᠦᠨ ᠨᠠᠭᠤᠷ ᠤᠨ ᠤᠰᠤᠨ ᠤ | ᠲᠠᠯᠠᠪᠠᠢ ᠥᠷᠭᠡᠵᠢᠨ᠂ ᠲᠠᠭ᠎ᠠ ᠶᠢᠨ ᠨᠠᠭᠤᠷ ᠤᠨ ᠤᠰᠤᠨ ᠲᠦᠪᠰᠢᠨ ᠲᠤᠷᠤᠬᠰᠢᠯᠠᠬᠤ ᠬᠠᠨᠳᠤᠰᠢ ᠨᠠᠮᠳᠠᠵᠦ᠂ | ᠤᠯᠠᠭᠠᠨᠰᠤᠬᠠᠢ ᠶᠢᠨ ᠰᠠᠪᠠ ᠭᠠᠵᠠᠷ ᠢᠶᠠᠨ ᠦᠩᠵᠢᠭᠦᠯᠦᠨ ᠰᠡᠷᠭᠦᠭᠡᠬᠦ ᠢᠨᠵᠧᠨᠧᠷᠢᠩ ᠢ ᠤᠯᠤᠰ ᠤᠨ ᠠᠭᠤᠯᠠ ᠤᠰᠤ | ᠣᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠦᠩᠵᠢᠭᠦᠯᠦᠨ ᠰᠡᠷᠭᠦᠭᠡᠬᠦ ᠭᠤᠷᠪᠠᠳᠠᠬᠢ | ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠣᠷᠣᠭᠤᠯᠪᠠ᠃ ᠬᠦᠷᠦᠰᠦ ᠰᠢᠷᠣᠢ ᠶᠢᠨ ᠪᠣᠬᠢᠷᠲᠤᠭᠰᠠᠨ | ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠠᠵᠢᠯ ᠢ ᠥᠷᠨᠢᠭᠦᠯᠦᠨ᠂ ᠬᠢᠮᠢ ᠶᠢᠨ ᠪᠣᠷᠳᠣᠭᠤᠷ᠂ ᠲᠠᠷᠢᠶᠠᠨ ᠤ ᠡᠮ ᠤᠨ | ᠬᠡᠷᠡᠭᠯᠡᠬᠦ ᠬᠡᠮᠵᠢᠶ᠎ᠡ ᠶᠢ ᠰᠦᠭᠡᠷᠬᠦ ᠨᠡᠮᠡᠭᠳᠡᠯ ᠲᠠᠢ ᠪᠠᠶᠢᠬᠤ ᠶᠢ ᠠᠩᠬ᠎ᠠ ᠤᠳᠠᠭ᠎ᠠ ᠪᠡᠶᠡᠯᠡᠭᠦᠯᠵᠦ᠂ ᠲᠠᠷᠢᠶᠠᠯᠠᠩ ᠤᠨ | ᠣᠯᠠᠨ ᠡᠬᠢᠲᠦ ᠪᠤᠬᠢᠷᠳᠤᠯ ᠢ ᠪᠦᠲᠦᠮᠵᠢᠲᠡᠢ ᠡᠷᠬᠡᠰᠢᠶᠡᠪᠡ᠃ ᠦᠬᠠᠢ ᠶᠢᠨ ᠯᠦᠡᠭᠴᠠᠩ ᠨᠡᠭᠦᠷᠡᠰᠦᠨ ᠠᠭᠤᠷᠬᠠᠢ ᠶᠢᠨ | ᠲᠣᠭᠤᠷᠢᠭ ᠲᠠᠬᠢ ᠣᠷᠴᠢᠨ ᠲᠣᠭᠤᠷᠢᠨ ᠤ ᠪᠣᠬᠢᠷᠲᠣᠯ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢᠶᠠᠨ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠢ ᠵᠠᠰᠠᠬᠤ ᠪᠠ ᠦᠷᠬᠦᠯᠵᠢᠯᠡᠨ ᠬᠥᠭᠵᠢᠭᠦᠯᠬᠦ | ᠲᠥᠷᠥᠯ ᠵᠦᠢᠯ ᠳᠤ ᠵᠢᠭᠰᠠᠭᠠᠨ ᠣᠷᠣᠭᠤᠯᠪᠠ᠃ | ᠠᠮᠢ ᠠᠬᠤᠢ ᠶᠢᠨ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠤᠨ᠂ ᠣᠢ | ᠰᠢᠭᠤᠢ ᠶᠢᠨ ᠪᠦᠷᠬᠦᠴᠡ 22.1% ᠳᠤ ᠬᠦᠷᠪᠡ᠃ ᠷᠠᠰᠢᠶᠠᠨ ᠬᠤᠲᠠ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠴᠣᠯᠠᠯᠠᠭᠳᠠᠵᠤ᠂ ᠬᠥᠪᠴᠢ ᠡᠯᠡᠰᠦᠨ ᠤ ᠢ ᠯᠢ ᠠᠮᠢ | ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠥᠬᠦ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ | ᠮᠥᠩᠭᠦᠨ ᠠᠭᠤᠯᠠ︾ ᠬᠡᠮᠡᠬᠦ ᠦᠢᠯᠡᠳᠦᠯᠭᠡ ᠪᠠᠷ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠯᠡᠭᠳᠡᠪᠡ᠃ ᠣᠢ | ᠰᠢᠭᠤᠢ ᠪᠣᠯᠣᠨ ᠪᠡᠯᠴᠢᠭᠡᠷ ᠢ ᠰᠦᠢᠳᠬᠡᠵᠦ ᠠᠲᠠᠷ ᠬᠠᠭᠠᠯᠪᠤᠷᠢᠯᠠᠬᠰᠠᠨ᠂ ᠪᠠᠶᠢᠭᠠᠯᠢ ᠶᠢᠨ ᠳᠠᠷᠬᠠᠨ ᠣᠷᠣᠨ ᠳᠤ ᠬᠠᠤᠯᠢ | ᠪᠣᠯᠣᠨ ᠲᠣᠭᠲᠠᠭᠠᠯ ᠢ ᠵᠥᠷᠢᠴᠡᠨ ᠨᠡᠭᠡᠭᠡᠯᠲᠡ ᠬᠢᠵᠦ ᠪᠦᠲᠦᠭᠡᠨ ᠪᠠᠶᠢᠭᠤᠯᠤᠭᠰᠠᠨ᠂ ᠲᠠᠯ᠎ᠠ ᠨᠤᠲᠤᠭ ᠤᠨ | ᠵᠢᠭᠤᠯᠴᠢᠯᠠᠯ ᠤᠨ ᠨᠡᠭᠡᠭᠡᠯᠲᠡ ᠬᠢᠬᠦ ᠪᠠᠷ ᠬᠤᠪᠢ ᠪᠠᠷ ᠢᠶᠠᠨ ᠪᠠ ᠳᠤᠷ᠎ᠠ ᠪᠠᠷ ᠪᠠᠷᠢᠵᠤ ᠪᠠᠶᠢᠭᠤᠯᠤᠭᠰᠠᠨ ᠵᠡᠷᠭᠡ | ᠠᠰᠠᠭᠤᠳᠠᠯ ᠢ ᠲᠥᠪᠯᠡᠷᠡᠭᠦᠯᠦᠨ ᠴᠡᠭᠴᠡᠯᠡᠵᠦ ᠵᠠᠰᠠᠪᠠ᠃ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ | ᠠᠬᠤᠢ ᠶᠢᠨ ᠣᠷᠴᠢᠨ ᠲᠣᠭᠤᠷᠢᠨ ᠡᠪᠳᠡᠭᠳᠡᠭᠰᠡᠨ ᠬᠠᠷᠢᠭᠤᠴᠠᠯᠭ᠎ᠠ ᠨᠡᠬᠡᠮᠵᠢᠯᠡᠬᠦ᠂ ᠭᠤᠣᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠲᠤ ᠣᠷᠣᠨ ᠳᠠᠬᠢ ᠠᠵᠣ ᠦᠢᠯᠡᠰ ᠤᠨ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ | ᠵᠦᠢᠯᠡᠰ ᠤᠨ ᠨᠠᠷᠢᠨ ᠳᠠᠩᠰᠠ ᠵᠡᠷᠭᠡ ᠳᠦᠷᠢᠮ ᠢ ᠲᠡᠭᠦᠯᠳᠡᠷᠵᠢᠭᠦᠯᠪᠡ᠃ ᠭᠤᠣᠯ ᠮᠦᠷᠡᠨ ᠨᠠᠭᠤᠷ ᠴᠦᠬᠦᠷᠦᠮ ᠤᠨ | ᠠᠵᠢᠯ ᠳᠤ ᠬᠠᠷᠢᠭᠤᠴᠠᠬᠤ ᠠᠬᠠᠯᠠᠭᠴᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠪᠠ᠃ ᠲᠥᠯᠥᠪᠯᠡᠪᠡᠰᠦ | ᠵᠣᠬᠢᠬᠤ ᠶᠢ ᠨᠢ ᠭᠦᠢᠴᠡᠳ ᠲᠥᠯᠥᠪᠯᠡᠬᠦ᠂ ᠪᠠᠲᠤᠯᠠᠬᠤ ᠶᠢ ᠨᠢ ᠭᠦᠢᠴᠡᠳ ᠪᠠᠲᠤᠯᠠᠬᠤ ᠶᠢ ᠪᠠᠷᠢᠮᠲᠠᠯᠠᠵᠤ᠂ ᠠᠮᠢ | ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ ᠲᠥᠰᠥᠯ ᠢᠶᠠᠨ ᠨᠠᠶᠢᠷᠠᠭᠤᠯᠤᠨ | ᠵᠣᠬᠢᠶᠠᠵᠤ ᠳᠠᠭᠤᠰᠬᠠᠪᠠ᠃ | ︵ᠬᠤᠶᠠᠷ︶ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ | ᠪᠣᠯᠭᠠᠬᠤ ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠦᠷ ᠤᠨ ᠵᠠᠯᠭᠠᠯᠳᠤᠨ ᠰᠣᠯᠢᠭᠳᠠᠬᠤ ᠶᠢ ᠲᠦᠷᠭᠡᠳᠬᠡᠪᠡ᠃ | ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠦᠯᠡᠭᠦᠳᠡᠭᠰᠡᠨ ᠦᠢᠯᠡᠳᠪᠦᠷᠢᠯᠡᠬᠦ ᠴᠢᠳᠠᠮᠵᠢ ᠶᠢ | ᠨᠠᠮᠳᠠᠭᠠᠨ ᠠᠷᠢᠯᠭᠠᠵᠤ᠂ ︽13 · 5︾ ᠶᠢᠨ ᠲᠥᠯᠥᠪᠵᠢᠭᠦᠯᠭᠡ ᠳᠠᠬᠢ ᠪᠣᠯᠣᠳ ᠲᠡᠮᠦᠷ᠂ ᠨᠡᠭᠦᠷᠡᠰᠦᠨ ᠤ ᠠᠵᠢᠯ | ᠲᠥᠷᠥᠯ ᠤᠨ ᠬᠢᠨ ᠤ ᠦᠢᠯᠡᠳᠪᠦᠷᠢᠯᠡᠬᠦ ᠴᠢᠳᠠᠮᠵᠢ ᠶᠢ ᠨᠢ ᠦᠭᠡᠶᠢᠰᠬᠡᠬᠦ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ︽ | ᠦᠬᠦᠰᠢᠷᠡᠮᠡᠯ ᠠᠵᠤ ᠠᠬᠤᠶᠢᠯᠠᠯ︾ ᠢ ᠲᠦᠷᠭᠡᠳᠬᠡᠨ ᠴᠡᠪᠡᠷᠯᠡᠪᠡ᠃ ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠤᠭᠴᠠ ᠳᠤ ᠭᠠᠶᠢᠯᠢ | ᠵᠠᠷᠤᠳᠠᠯ ᠤᠨ ᠳᠠᠷᠤᠭᠠᠰᠤ ᠶᠢ ᠨᠡᠶᠢᠲᠡ 1000 ᠳ᠋ᠦᠩᠰᠢᠭᠤᠷ ᠢᠯᠡᠭᠦᠦ ᠲᠥᠭᠦᠷᠢᠭ ᠬᠠᠰᠤᠵᠤ ᠬᠥᠩᠭᠡᠯᠡᠭᠰᠡᠨ | ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠰᠢᠭ ᠣᠯᠵᠠᠪᠤᠷᠢ 7.1% ᠨᠡᠮᠡᠭᠳᠡᠵᠦ᠂ | ᠡᠳ᠋ ᠬᠥᠷᠥᠩᠭᠡ ᠶᠢᠨ ᠥᠷᠢᠲᠦᠯ 0.7 ᠵᠠᠭᠤᠨ ᠤ ᠴᠡᠭ ᠪᠠᠭᠤᠷᠠᠪᠠ᠃ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠡᠭᠦᠷᠡᠰᠦ᠂ ᠬᠤᠪᠣᠷ ᠰᠢᠷᠣᠢ ᠶᠢ ᠤᠯᠠᠷᠢᠭᠤᠯᠤᠭᠰᠠᠨ ᠨᠣᠷᠮ᠎ᠠ | ᠲᠤᠰ ᠲᠤᠰ 38.4% ᠪᠠ 80.6% ᠳᠤ ᠬᠦᠷᠪᠡ᠃ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠥᠪᠥᠷ ᠮᠣᠩᠭᠤᠯ ᠤᠨ ᠣᠯᠠᠨ ᠤᠯᠤᠰ ᠤᠨ | ᠡᠨᠧᠷᠭᠢ ᠶᠢᠨ ᠶᠡᠭᠡ ᠬᠤᠷᠠᠯ ᠡᠷᠬᠢᠯᠡᠬᠦ ᠶᠢ ᠳᠡᠮᠵᠢᠪᠡ᠃ ᠮᠦᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡᠨ᠂ ᠮᠡᠳᠡᠭᠡ | ᠵᠠᠩᠭᠢ ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠵᠢᠭᠤᠯᠴᠢᠯᠠᠭᠴᠢᠳ ᠤᠨ ᠲᠤᠭ᠎ᠠ ᠪᠣᠯᠣᠨ | ᠵᠢᠭᠤᠯᠴᠢᠯᠠᠯ ᠤᠨ ᠦᠢᠯᠡᠰ ᠤᠨ ᠣᠷᠣᠯᠭ᠎ᠠ ᠠᠷᠪᠠᠨ ᠵᠢᠯ ᠳᠠᠷᠠᠭᠠᠯᠠᠨ ᠬᠤᠶᠠᠷ ᠣᠷᠣᠨᠲᠤ ᠪᠠᠷ ᠨᠡᠮᠡᠭᠳᠡᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠡᠯᠡ ᠮᠥᠩᠭᠦ ᠶᠢᠨ | ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠦᠢᠯᠡᠰ ᠤᠨ | ᠠᠭᠤᠰᠤᠯᠴᠠᠯ ᠢ ᠠᠬᠢᠭᠤᠯᠪᠠ᠃ ᠣᠷᠣᠨ ᠪᠦᠰᠡ ᠶᠢᠨ ᠰᠲ᠋ᠣᠺ ᠤᠨ ᠡᠷᠬᠡ ᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠶᠢ ᠪᠠᠶᠢᠭᠤᠯᠪᠠ᠃ ᠲᠤᠰᠬᠠᠢ ᠠᠰᠢᠭ ᠭᠤᠶᠤᠴᠢᠯᠠᠬᠤ ᠪᠠ ᠡᠷᠬᠡ | ᠣᠯᠭᠤᠭᠰᠠᠨ ᠬᠡᠮᠵᠢᠶ᠎ᠡ ᠲᠤᠰ ᠲᠤᠰ 40.4% ᠪᠠ 53.5% ᠨᠡᠮᠡᠭᠳᠡᠪᠡ᠃ ᠠᠵᠤ ᠠᠬᠤᠶᠢᠯᠠᠯ ᠤᠨ | ᠮᠡᠷᠭᠡᠵᠢᠯ ᠢᠶᠠᠨ ᠥᠭᠡᠷᠡᠴᠢᠯᠠᠨ ᠰᠢᠨᠡᠳᠭᠡᠬᠦ᠂ ᠣᠶᠤᠨᠴᠢ ᠪᠠ ᠪᠣᠬᠢᠷᠳᠣᠯ ᠦᠭᠡᠢ ᠪᠠᠷ ᠦᠢᠯᠡᠳᠬᠦ ᠶᠢᠨ ᠵᠢᠱᠢᠶ᠎ᠡ | ᠦᠵᠡᠭᠦᠯᠬᠦ 127 ᠲᠥᠷᠥᠯ ᠵᠦᠢᠯ ᠢ ᠳᠡᠮᠵᠢᠪᠡ᠃ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ | ᠣᠷᠤᠭᠤᠯᠤᠯᠲᠠ 20% ᠨᠡᠮᠡᠭᠳᠡᠪᠡ᠃ | ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ | ᠲᠦᠩᠯᠢᠶᠣᠤ ᠠᠴᠠ ᠪᠡᠭᠡᠵᠢᠩ ᠪᠣᠯᠣᠨ ᠮᠥᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠬᠤᠯᠪᠣᠭᠠᠰᠤ | ᠱᠤᠭᠤᠮ ᠢ ᠪᠠᠶᠢᠭᠤᠯᠵᠤ ᠳᠠᠭᠤᠰᠬᠠᠨ ᠭᠠᠯᠲᠤ ᠲᠡᠷᠭᠡ ᠨᠡᠪᠲᠡᠷᠡᠭᠦᠯᠵᠦ᠂ ᠤᠯᠠᠭᠠᠨᠬᠠᠳᠠ ᠠᠴᠠ ᠪᠡᠭᠡᠵᠢᠩ ᠪᠣᠯᠣᠨ | ᠮᠥᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠬᠤᠯᠪᠣᠭᠠᠰᠤ ᠱᠤᠭᠤᠮ ᠤᠨ ᠵᠠᠮ ᠲᠠᠮᠦᠷ ᠳᠡᠪᠢᠰᠬᠦ | ᠱᠠᠲᠤᠨ ᠳᠤ ᠣᠷᠣᠪᠠ᠃ 3200 ᠭᠠᠷᠤᠢ ᠺᠢᠯᠣᠮᠧᠳ᠋ᠷ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ᠪᠥᠬᠦ ᠭᠠᠵᠠᠷ ᠤᠨ | ᠤᠷᠲᠤ 20 ᠲᠦᠮᠡᠨ ᠺᠢᠯᠤᠮᠧᠳ᠋ᠷ ᠢ ᠳᠠᠪᠠᠵᠤ᠂ ᠪᠥᠬᠦ ᠣᠷᠣᠨ ᠳᠠᠬᠢ ᠨᠢᠭᠡᠳᠦᠭᠡᠷ ᠳᠡᠰ ᠤᠨ ᠪᠤᠶᠤ ᠳᠡᠭᠡᠳᠦ | ᠬᠤᠷᠳᠤ ᠶᠢᠨ ᠵᠠᠰᠠᠮᠠᠯ ᠵᠠᠮ ᠨᠡᠪᠲᠡᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ 101 ᠪᠣᠯᠪᠠ᠃ ︽ | ᠳᠦᠷᠪᠡᠨ ᠰᠠᠶᠢᠲᠠᠢ ᠬᠦᠳᠡᠭᠡ ᠲᠣᠰᠬᠤᠨ ᠤ ᠵᠠᠮ︾ ᠢ 6800 ᠺᠢᠯᠤᠮᠧᠳ᠋ᠷ ᠳᠡᠪᠢᠰᠴᠦ ᠳᠠᠭᠤᠰᠬᠠᠪᠠ᠃ ᠠᠷᠠᠳ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ 2 ᠨᠡᠮᠡᠭᠳᠡᠪᠡ᠃ ᠲᠡᠭᠷᠢᠯᠢᠭ ᠬᠥᠪᠡᠭᠦᠨ ᠠᠭᠠᠷ ᠠᠶᠠᠯᠠᠯ ᠤᠨ ᠺᠣᠮᠫᠠᠨᠢ ᠶᠢ | ᠪᠠᠶᠢᠭᠤᠯᠤᠨ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠪᠦᠯᠦᠭᠯᠡᠯ ᠲᠠᠢ ᠬᠠᠮᠲᠤᠷᠠᠨ ᠠᠵᠢᠯᠯᠠᠵᠤ᠂ | ᠤᠯᠤᠰ ᠲᠤ ᠪᠠᠨ ᠦᠢᠯᠡᠳᠪᠦᠷᠢᠯᠡᠭᠰᠡᠨ ᠰᠠᠯᠪᠤᠷᠢ ᠱᠤᠭᠤᠮ ᠤᠨ ᠠᠶᠠᠨᠴᠢᠨ ᠤ ᠨᠢᠰᠬᠡᠯ ᠢ ᠬᠤᠳᠠᠯᠳᠤᠨ ᠠᠪᠴᠤ᠂ ᠡᠨᠡ | ᠵᠢᠯ ᠤᠨ ᠳᠡᠭᠡᠷ᠎ᠡ ᠬᠠᠭᠠᠰ ᠵᠢᠯ ᠳᠤ ᠵᠢᠩᠬᠢᠨᠢ ᠪᠠᠷ ᠲᠠᠭᠡᠭᠡᠪᠦᠷᠢᠯᠡᠨ ᠠᠵᠢᠯᠯᠠᠭᠤᠯᠤᠨ᠎ᠠ᠃ ᠵᠠᠯᠠᠨ ᠠᠶᠢᠯ ᠳᠤ ᠳᠤᠮᠳᠠᠳᠤ | ᠤᠯᠤᠰ ᠤᠨ ᠠᠷᠠᠳ ᠤᠨ ᠠᠭᠠᠷ ᠠᠶᠠᠯᠠᠯ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠭᠡᠭᠴᠢ ᠶᠢᠨ | ᠳᠡᠭᠡᠳᠦ ᠰᠤᠷᠭᠠᠭᠤᠯᠢ ᠶᠢ ᠪᠠᠶᠢᠭᠤᠯᠪᠠ᠃ | ︵ᠭᠤᠷᠪᠠ︶ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠢ ᠡᠩ ᠲᠡᠷᠢᠭᠦᠨ ᠳᠤ | ᠬᠥᠭᠵᠢᠭᠦᠯᠬᠦ ᠶᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠰᠠᠶᠢᠨ ᠡᠬᠢᠯᠡᠯᠲᠡ ᠲᠠᠢ ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠪᠣᠯᠣᠨ ᠲᠥᠯᠥᠪᠵᠢᠭᠦᠯᠭᠡ ᠶᠢ ᠲᠣᠭᠲᠠᠭᠠᠨ ᠨᠡᠶᠢᠲᠡᠯᠡᠪᠡ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 304 ᠲᠦᠮᠡᠨ ᠮᠦ ᠭᠠᠷᠭᠠᠵᠤ᠂ ᠥᠨᠳᠥᠷ ᠪᠦᠲᠦᠮᠵᠢᠲᠡᠢ ᠪᠠᠷ ᠤᠰᠤ ᠠᠷᠪᠢᠯᠠᠬᠤ | ᠤᠰᠤᠯᠠᠯᠲᠠ ᠶᠢᠨ ᠲᠠᠯᠠᠪᠠᠢ ᠶᠢ 234 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠲᠠᠷᠢᠮᠠᠯ ᠤᠨ ᠵᠦᠢᠯ ᠤᠨ | ᠶᠡᠷᠦᠩᠬᠡᠶᠢᠯᠡᠨ ᠮᠠᠰᠢᠨᠴᠢᠯᠠᠭᠰᠠᠨ ᠬᠢᠷᠢ ᠲᠦᠪᠰᠢᠨ 84% ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨᠲᠠ | ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 3553 ᠲᠦᠮᠡᠨ ᠲᠣᠨ ᠳᠤ ᠬᠦᠷᠪᠡ᠃ | ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠲᠤᠳᠤᠯᠠᠨ ᠲᠣᠭᠲᠠᠭᠠᠬᠤ ᠪᠠ | ᠳᠠᠩᠰᠠᠯᠠᠨ ᠲᠡᠮᠲᠡᠭᠯᠡᠵᠦ ᠦᠨᠡᠮᠯᠡᠯ ᠣᠯᠭᠤᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠪᠡ᠃ ᠰᠢᠨ᠎ᠡ ᠬᠡᠯᠪᠡᠷᠢ | ᠪᠦᠬᠦᠢ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠲᠠᠷᠢᠶᠠᠯᠠᠩ ᠮᠠᠯ ᠠᠵᠤ ᠠᠬᠤᠢ | ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠪᠠᠨ ᠨᠢᠭᠲᠠ ᠬᠡᠯᠪᠡᠷᠢ ᠲᠠᠢ ᠪᠠᠷ ᠬᠤᠯᠪᠣᠭᠳᠠᠭᠤᠯᠤᠭᠰᠠᠨ ᠬᠠᠷᠢᠴᠠᠯ | 50% ᠳᠤ ᠬᠦᠷᠪᠡ᠃ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠬᠦᠨᠳᠦ ᠬᠡᠴᠡᠭᠦᠦ ᠭᠡᠮ ᠬᠢᠵᠢᠭ ᠤᠨ | ᠪᠠᠶᠢᠳᠠᠯ ᠢ ᠪᠦᠲᠦᠮᠵᠢᠲᠡᠢ ᠡᠷᠬᠡᠰᠢᠶᠡᠪᠡ᠃ ︽ᠬᠦᠯᠡᠮᠵᠢ ᠲᠠᠢ ᠲᠦᠬᠦᠷᠵᠢᠭᠦᠯᠦᠭᠰᠡᠨ ᠭᠡᠷ ᠪᠠᠶᠢᠰᠢᠩ︾ ᠢ ᠠᠷᠢᠯᠭᠠᠨ | ᠴᠡᠭᠴᠡᠯᠡᠬᠦ ᠠᠵᠢᠯ ᠢ ᠦᠷᠨᠢᠭᠦᠯᠪᠡ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠨ ᠠᠮᠢᠳᠤᠷᠠᠬᠤ ᠤᠷᠴᠢᠨ ᠨᠦᠭᠦᠴᠡᠯ ᠳᠤ ᠴᠡᠭᠴᠡᠯᠡᠨ ᠵᠠᠰᠠᠬᠤ | ᠠᠵᠢᠯᠯᠠᠭ᠎ᠠ ᠶᠢ ᠬᠡᠷᠡᠭᠵᠢᠬᠦᠯᠵᠦ᠂ ᠠᠷᠢᠭᠤᠨ ᠴᠡᠪᠡᠷ ᠵᠤᠷᠯᠤᠩ᠂ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠶᠢ | ᠰᠶᠢᠳᠪᠦᠷᠢᠯᠡᠬᠦ ᠳᠤ ᠪᠦᠲᠦᠭᠡᠨ ᠪᠠᠶᠢᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ ᠡᠯ᠎ᠡ ᠲᠦᠷᠦᠯ ᠤᠨ ᠠᠷᠢᠭᠤᠨ | ᠴᠡᠪᠡᠷ ᠵᠤᠷᠯᠤᠩ ᠢ 4 ᠲᠦᠮᠡ ᠭᠠᠷᠤᠢ ᠪᠠᠶᠢᠭᠤᠯᠪᠠ᠃ ᠲᠤᠰᠬᠤᠨ ᠪᠦᠷᠢ ᠳᠤ ᠷᠠᠳᠢᠤ᠋ ᠲᠧᠯᠧᠢᠰ ᠨᠡᠪᠳᠡᠷᠡᠵᠦ | ᠪᠠᠶᠢᠬᠰᠠᠨ ᠠᠴᠠ ᠡᠷᠦᠬᠡ ᠪᠤᠯᠭᠠᠨ ᠳᠤ ᠨᠡᠪᠳᠡᠷᠡᠬᠦ ᠲᠡᠶᠢᠰᠢ ᠲᠡᠰ ᠲᠡᠪᠰᠢᠬᠦ ᠶᠢ ᠪᠡᠶᠡᠯᠡᠬᠦᠯᠵᠦ᠂ 98% ᠠᠴᠠ | ᠲᠡᠬᠡᠭᠰᠢᠬᠢ ᠵᠠᠰᠠᠭ ᠵᠠᠬᠢᠷᠭᠠᠨ ᠤ ᠲᠤᠰᠬᠤᠨ ᠳᠤ ᠬᠡᠷᠡᠯᠯᠢᠭ ᠰᠢᠷᠬᠡᠭ ᠤᠨ ᠦᠷᠬᠡᠨ ᠪᠦᠰᠡᠳᠦ ᠰᠦᠯᠵᠢᠶ᠎ᠡ | ᠣᠷᠣᠭᠤᠯᠪᠠ᠃ | ︵ᠲᠦᠷᠪᠡ︶ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ ᠨᠡᠬᠡᠬᠡᠯᠳᠡ ᠬᠢᠬᠦ ᠶᠢ ᠦᠷᠬᠡᠳᠬᠡᠬᠦ ᠶᠢ ᠪᠠᠷᠢᠮᠳᠠᠯᠠᠵᠦ᠂ | ᠠᠵᠦ ᠠᠬᠤᠢ ᠪᠠ ᠨᠡᠶᠢᠬᠡᠮ ᠤᠨ ᠭᠦᠭᠵᠢᠯᠳᠡ ᠶᠢᠨ ᠠᠮᠢᠵᠢᠷᠠᠯ ᠤᠨ ᠭᠦᠴᠦᠨ ᠢ ᠭᠦᠭᠵᠢᠬᠡᠪᠡ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠢ ᠠᠬᠢᠭᠤᠯᠵᠦ᠂ ᠲᠦᠷᠦᠯ ᠵᠦᠢᠯ ᠢ ᠬᠢᠨᠠᠨ ᠵᠦᠪᠰᠢᠶᠡᠷᠡᠬᠦ | ᠪᠠ ᠠᠵᠦ ᠠᠬᠤᠶᠢᠯᠠᠯ ᠨᠡᠬᠡᠬᠡᠨ ᠡᠷᠬᠢᠯᠡᠬᠦ ᠴᠠᠭ ᠢ ᠲᠤᠰ ᠪᠦᠷᠢ 13 ᠠᠵᠢᠯᠯᠠᠬᠤ ᠡᠳᠦᠷ ᠪᠠ 5 ᠠᠵᠢᠯᠯᠠᠬᠤ ᠡᠳᠦᠷ | ᠪᠤᠯᠭᠠᠨ ᠪᠤᠭᠤᠨᠢᠰᠬᠠᠪᠠ᠃ ᠤᠯᠠᠨ ᠦᠨᠡᠮᠯᠡᠯ ᠢ ᠨᠢᠬᠡᠳᠦᠬᠦᠯᠵᠦ ᠨᠢᠬᠡ ᠪᠤᠯᠭᠠᠬᠤ᠂ ︽ᠬᠡᠷᠡᠴᠢ ᠪᠠ ᠦᠨᠡᠮᠯᠡᠯ ᠢ | ᠰᠠᠯᠭᠠᠬᠤ︾ ᠦᠬᠡᠷᠡᠴᠢᠯᠡᠯᠳᠡ ᠶᠢ ᠶᠠᠪᠤᠨᠨᠳᠠᠭᠤᠯᠵᠦ᠂ ︽ᠡᠵᠡᠩᠨᠡᠬᠦ ᠬᠡᠷᠡᠴᠢ ᠦᠨᠡᠮᠯᠡᠯ ᠢ ᠭᠠᠷᠳ᠋ᠬᠠᠰᠠᠨ ᠴᠤ ᠡᠵᠡᠩᠨᠡᠬᠦ | ᠵᠦᠪᠰᠢᠶᠡᠷᠡᠯ ᠤᠨ ᠦᠨᠡᠮᠯᠡᠯ ᠢ ᠤᠯᠬᠤ ᠳᠤ ᠪᠡᠷᠬᠡ︾ ᠠᠰᠠᠭᠤᠳᠠᠯ ᠢ ᠠᠯᠬᠤᠮ ᠠᠯᠬᠤᠮ ᠢᠶᠠᠷ ᠰᠶᠢᠳᠪᠦᠷᠢᠯᠡᠪᠡ᠃ | ᠠᠶᠢᠮᠠᠭ ᠬᠤᠳᠠ ᠶᠢᠨ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠦᠨᠡᠯᠡᠬᠦ ᠠᠵᠢᠯ ᠢ ᠠᠩᠬ᠎ᠠ ᠤᠳᠠᠭ᠎ᠠ | ᠦᠷᠨᠢᠬᠦᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠶᠠᠪᠤᠴᠠ ᠳᠤ ᠤᠷᠤᠰᠢᠵᠦ ᠪᠠᠶᠢᠭ᠎ᠠ | ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠤᠳ ᠲᠤ ᠢᠯᠡ ᠪᠠᠷ ᠪᠠᠶᠢᠴᠠᠭᠠᠵᠤ ᠲᠠᠯᠳᠠᠭᠤᠷ | ᠰᠣᠷᠪᠣᠯᠵᠢᠯᠠᠬᠤ ᠶᠢ ᠦᠷᠨᠢᠭᠦᠯᠵᠦ᠂ ᠤᠯᠠᠨ ᠲᠦᠮᠡᠨ ᠢ ᠵᠤᠪᠠᠭᠠᠵᠦ ᠪᠠᠶᠢᠨᠨᠰᠠᠨ ᠤᠴᠢᠷ ᠶᠠᠪᠤᠳᠠᠯ ᠢ | ᠰᠢᠢᠳᠪᠦᠷᠢᠯᠡᠬᠦ ᠶᠢ ᠨᠢ ᠠᠬᠢᠭᠤᠯᠪᠠ᠃ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠲᠡᠯᠬᠡᠭᠦᠷᠴᠢᠯᠡᠵᠦ ᠬᠢᠮᠳᠠ ᠪᠠᠷ | ᠬᠤᠳᠠᠯᠳᠤᠬᠤ ᠶᠢ ᠪᠦᠭᠦ ᠲᠠᠯ᠎ᠠ ᠪᠠᠷ ᠬᠡᠷᠡᠭᠵᠢᠬᠦᠯᠪᠡ᠃ ᠴᠠᠬᠢᠯᠭᠠᠨ ᠭᠦᠴᠦᠨ ᠤ ᠴᠠᠬᠢᠯᠭᠠᠨ ᠲᠠᠮᠵᠢᠭᠤᠯᠬᠤ ᠪᠠ | ᠲᠥᠭᠡᠬᠡᠬᠦ᠂ ᠤᠯᠠᠨ ᠲᠠᠯᠠᠳᠤ ᠠᠷᠠᠯᠵᠢᠶ᠎ᠠ᠂ ᠦᠨ᠎ᠡ ᠬᠠᠶᠠᠯᠴᠠᠨ ᠦᠷᠢᠰᠦᠯᠳᠦᠵᠦ ᠲᠣᠣᠷ ᠲᠤ ᠣᠷᠣᠭᠤᠯᠬᠤ ᠵᠡᠷᠬᠡ | ᠦᠬᠡᠷᠡᠴᠢᠯᠡᠯᠳᠡ ᠶᠢ ᠠᠬᠢᠭᠤᠯᠪᠠ᠃ ᠤᠯᠤᠰ ᠤᠨ ᠦᠮᠴᠢᠯᠡᠯᠳᠦ ᠡᠳ᠋ ᠭᠦᠷᠦᠩᠬᠡ ᠪᠠ ᠤᠯᠤᠰ ᠤᠨ ᠦᠮᠴᠢᠯᠠᠯᠳᠦ | ᠠᠵᠦ ᠠᠬᠤᠶᠢᠯᠠᠯ᠂ ᠡᠳ᠋ ᠤᠨ ᠵᠠᠰᠠᠭ ᠭᠠᠶᠢᠯᠢ ᠮᠦᠩᠬᠦᠨ ᠭᠦᠢᠯᠬᠡᠬᠡ ᠵᠡᠷᠬᠡ ᠭᠦᠷᠢᠶ᠎ᠡ ᠴᠠᠷᠠᠭᠠᠨ ᠳᠠᠬᠢ | ᠦᠬᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠳ ᠤᠨ | ᠴᠢᠨᠠᠷ ᠰᠠᠶᠢᠳᠠᠢ ᠬᠥᠭᠵᠢᠬᠦ ᠶᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠳᠡᠯᠡᠵᠦ᠂ ᠠᠵᠦ | ᠠᠬᠤᠶᠢᠯᠠᠯ ᠤᠨ ᠬᠦᠴᠢᠷᠳᠡᠯ ᠢ ᠲᠠᠶᠢᠯᠵᠤ ᠭᠦᠭᠵᠢᠬᠦᠯᠬᠦ ᠰᠠᠭᠤᠷᠢ ᠮᠦᠩᠭᠦ᠂ ᠭᠦᠢᠯᠭᠡᠭᠡᠨ ᠤ ᠴᠢᠨᠠᠷᠲᠠᠢ ᠲᠥᠭᠰᠢᠭᠦᠷᠢ ᠶᠢ | ᠰᠡᠷᠭᠡᠶᠢᠯᠡᠨ ᠡᠵᠡᠮᠳᠡᠬᠦ ᠰᠠᠭᠤᠷᠢ ᠮᠦᠩᠬᠦ ᠶᠢ ᠪᠠᠶᠢᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠢ | ᠬᠠᠪᠰᠤᠷᠴᠤ ᠪᠠᠶᠢᠭᠠᠳ ᠭᠦᠭᠵᠢᠯᠳᠡ ᠶᠢᠨ ᠶᠠᠪᠤᠴᠠ ᠳᠤ ᠨᠢ ᠲᠤᠯᠭᠠᠷᠬᠠᠰᠠᠨ ᠭᠦᠴᠢᠷᠳᠡᠯ ᠪᠠ ᠠᠰᠠᠭᠤᠳᠠᠯ ᠤᠳ ᠢ | ᠰᠶᠢᠳᠪᠦᠷᠢᠯᠡᠪᠡ᠃ | ᠨᠡᠬᠡᠬᠡᠯᠳᠡ ᠬᠢᠬᠦ ᠶᠢ ᠪᠦᠭᠦ ᠲᠠᠯ᠎ᠠ ᠪᠠᠷ ᠦᠷᠬᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 1000 ᠳ᠋ᠦᠩᠰᠢᠭᠤᠷ ᠲᠦᠭᠦᠷᠢᠭ ᠢ ᠳᠠᠪᠠᠵᠤ᠂ 9. | 9% ᠨᠡᠮᠡᠭᠳᠡᠪᠡ᠃ ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠵᠦ ᠪᠠᠶᠢᠭ᠎ᠠ ᠲᠤᠮᠳᠠᠳᠤ ᠡᠸᠦ᠋ᠷᠦᠫᠡ ᠶᠢᠨ | ᠡᠬᠡᠯᠵᠢ ᠶᠢᠨ ᠭᠠᠯᠳᠤ ᠲᠡᠷᠭᠡᠨ ᠤ ᠲᠡᠭᠡᠭᠡᠪᠦᠷᠢ 1.4 ᠲᠠᠬᠢᠨ ᠨᠡᠮᠡᠭᠳᠡᠪᠡ᠃ ᠤᠷᠤᠰ ᠮᠤᠩᠭᠤᠯ ᠯᠤᠭ᠎ᠠ ᠬᠠᠮᠳᠤᠷᠠᠨ | ᠠᠵᠢᠯᠯᠠᠬᠤ ᠲᠤᠨᠨᠳᠠᠴᠠ ᠳᠤ ᠰᠢᠨ᠎ᠠ ᠶᠢ ᠡᠭᠦᠳᠴᠤ᠂ ᠮᠤᠩᠭᠤᠯ ᠤᠯᠤᠰ ᠲᠠᠢ 5 ᠨᠦᠭᠦᠷᠰᠡᠭ ᠬᠤᠳᠠ ᠶᠢᠨ | ᠬᠠᠷᠢᠴᠠᠭ᠎ᠠ ᠪᠠᠶᠢᠭᠤᠯᠪᠠ᠃ ᠶᠠᠫᠤᠨ᠂ ᠺᠤᠷᠢᠶᠠ ᠵᠢᠴᠢ ᠰᠢᠶᠠᠩᠭᠠᠩ ᠤᠤᠮᠧᠨ ᠤ ᠭᠠᠵᠠᠷ ᠤᠷᠤᠨ ᠲᠠᠢ ᠠᠵᠦ ᠠᠬᠤᠢ | ᠠᠷᠠᠯᠵᠢᠶ᠎ᠠ ᠶᠢᠨ ᠲᠠᠯ᠎ᠠ ᠪᠠᠷ ᠬᠠᠮᠳᠤᠷᠠᠨ ᠠᠵᠢᠯᠯᠠᠬᠤ ᠪᠠᠨ ᠭᠦᠨᠵᠡᠭᠡᠶᠢᠷᠡᠭᠦᠯᠪᠡ᠃ 1700 ᠭᠠᠷᠤᠢ ᠠᠵᠦ | ᠠᠬᠤᠶᠢᠯᠠᠯ ᠢ ᠵᠤᠬᠢᠶᠠᠨ ᠪᠠᠶᠢᠭᠤᠯᠵᠦ ᠪᠠᠶᠢᠭᠠᠳ ᠲᠤᠮᠳᠠᠳᠤ ᠤᠯᠤᠰ ᠤᠨ ᠠᠩᠬᠠᠳᠤᠭᠠᠷ ᠬᠤᠭᠤᠴᠠᠭᠠᠨ ᠤ ᠤᠯᠠᠨ | ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠳᠤ ᠤᠷᠤᠯᠴᠠᠭᠤᠯᠪᠠ᠃ ᠠᠩᠬᠠᠳᠤᠭᠠᠷ | ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠡᠪᠴᠡᠩ ᠡᠷᠬᠢᠯᠡᠬᠦ ᠶᠢ ᠲᠡᠮᠵᠢᠪᠡ᠃ | ᠤᠯᠤᠰ ᠤᠨ ᠶᠠᠮᠤᠨ ᠬᠡᠯᠳᠡᠰ᠂ ᠪᠤᠰᠤᠳ ᠮᠤᠵᠢ ᠤᠷᠤᠨ ᠬᠤᠳᠠ᠂ ᠰᠢᠨᠵᠢᠯᠡᠬᠦ ᠤᠬᠠᠭᠠᠨ ᠤ ᠰᠤᠳᠤᠯᠤᠯ ᠤᠨ | ᠭᠦᠷᠢᠶᠡᠯᠡᠩ ᠭᠠᠵᠠᠷ᠂ ᠲᠡᠬᠡᠳᠦ ᠵᠡᠷᠬᠡ ᠶᠢᠨ ᠰᠤᠷᠭᠠᠭᠤᠯᠢ ᠪᠠ ᠲᠦᠪ ᠤᠨ ᠠᠵᠦ ᠠᠬᠤᠶᠢᠯᠠᠯ ᠲᠠᠢ ᠪᠠᠶᠢᠯᠳᠤᠬᠤ | ᠪᠤᠳᠤᠯᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠪᠠ᠃ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ | ᠬᠤᠳᠠᠯᠳᠤᠭᠠᠴᠢᠳ ᠤᠨ ᠶᠡᠭᠡ ᠬᠤᠷᠠᠯ ᠢ ᠬᠤᠷᠠᠯᠳᠤᠭᠤᠯᠵᠦ᠂ ᠦᠪᠦᠷ ᠮᠤᠩᠭᠤᠯ ᠤᠨ ᠬᠤᠳᠠᠯᠳᠤᠭᠠᠴᠢᠳ ᠤᠨ | ᠨᠦᠯᠦᠬᠡᠯᠡᠬᠦ ᠭᠦᠴᠦᠨ ᠦᠷᠭᠦᠯᠵᠢᠯᠡᠨ ᠥᠷᠭᠡᠵᠢᠪᠡ᠃ | ︵ᠲᠠᠪᠤ︶ ᠠᠷᠠᠳ ᠲᠦᠮᠡᠨ ᠢᠶᠠᠷ ᠭᠤᠤᠯ ᠪᠤᠯᠭᠠᠨᠨᠰᠠᠨ ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ | ᠠᠷᠠᠳ ᠤᠨ ᠠᠮᠢᠳᠤᠷᠠᠯ ᠢ ᠦᠷᠭᠦᠯᠵᠢᠯᠡᠨ ᠪᠠᠳᠤᠯᠠᠨ ᠰᠠᠶᠢᠵᠢᠷᠠᠭᠤᠯᠪᠠ᠃ ᠡᠩ ᠤᠨ ᠤᠯᠠᠨ ᠨᠡᠶᠢᠳᠡ ᠶᠢᠨ | ᠲᠦᠰᠦᠪ ᠤᠨ ᠵᠠᠷᠤᠯᠭ᠎ᠠ ᠳᠤ ᠪᠦᠭᠦ ᠤᠷᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ 70.1% ᠶᠢ ᠡᠵᠡᠯᠡᠪᠡ᠃ | ᠬᠤᠳᠠ ᠪᠠᠯᠭᠠᠰᠤᠨ ᠤ ᠠᠵᠢᠯ ᠤᠯᠤᠨᠨᠰᠠᠳ 25.9 ᠲᠦᠮᠡᠨ ᠭᠦᠮᠦᠨ ᠰᠢᠨ᠎ᠠ ᠪᠠᠷ ᠨᠡᠮᠡᠭᠳᠡᠵᠦ᠂ ᠬᠤᠳᠠ | ᠪᠠᠯᠭᠠᠰᠤᠨ ᠳᠤ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 3.58% ᠶᠢᠨ ᠨᠡᠯᠢᠶᠡᠳ | ᠲᠤᠤᠷ᠎ᠠ ᠬᠢᠷᠢ ᠲᠦᠪᠰᠢᠨ ᠳᠤ ᠡᠵᠡᠮᠳᠡᠵᠦ᠂ ᠭᠤᠤᠯᠳᠠᠯᠭ᠎ᠠ ᠲᠠᠢ ᠭᠦᠮᠦᠰ ᠠᠵᠢᠯ ᠤᠯᠬᠤ ᠳᠤ ᠪᠠᠳᠤᠯᠠᠭ᠎ᠠ ᠲᠠᠢ ᠪᠤᠯᠪᠠ | ᠃ ᠨᠠᠰᠤᠵᠢᠯ ᠤᠨ ᠠᠰᠠᠷᠠᠮᠵᠢ᠂ ᠡᠮᠴᠢᠯᠡᠬᠡᠨ ᠤ ᠲᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ | ᠤᠨᠴᠠ ᠬᠦᠴᠢᠷᠳᠡᠯᠳᠡᠢ ᠬᠦᠮᠦᠨ᠂ ᠬᠦᠴᠢᠷᠳᠡᠯᠳᠡᠢ ᠵᠡᠮᠳᠡᠭᠴᠤᠳ ᠪᠤᠯᠤᠨ ᠬᠢᠯᠢ ᠶᠢᠨ ᠠᠷᠠᠳ ᠤᠨ ᠨᠦᠬᠦᠪᠦᠷᠢ ᠶᠢᠨ | ᠪᠠᠷᠢᠮᠵᠢᠶ᠎ᠠ ᠶᠢ ᠲᠡᠬᠡᠭᠰᠢᠯᠡᠬᠦᠯᠪᠡ᠃ ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠡᠮᠨᠡᠯᠬᠡ ᠳᠤ ᠰᠠᠭᠤᠵᠤ ᠡᠮᠨᠡᠭᠦᠯᠦᠭᠰᠡᠨ ᠰᠦᠢᠳᠬᠡᠯ ᠢ ᠲᠦᠷᠦ ᠶᠢᠨ ᠪᠤᠳᠤᠯᠭ᠎ᠠ ᠪᠠᠷ | ᠲᠠᠩᠰᠠ ᠠᠴᠠ ᠲᠠᠶᠢᠯᠬᠤ ᠵᠠᠷᠤᠳᠠᠯ ᠤᠨ ᠲᠤᠮᠳᠠᠴᠢ ᠬᠠᠷᠢᠴᠠᠯ ᠢ ᠲᠤᠰ ᠪᠦᠷᠢ 85% ᠤᠷᠴᠢᠮ ᠪᠠ 75% ᠤᠷᠴᠢᠮ | ᠪᠣᠯᠭᠠᠵᠤ᠂ ᠭᠦᠨᠳᠦ ᠡᠪᠡᠳᠴᠢᠨ ᠪᠤᠯᠭᠠᠨ ᠳᠤ ᠲᠠᠭᠠᠳᠬᠠᠯ ᠲᠠᠢ ᠪᠠᠶᠢᠯᠭᠠᠬᠤ ᠶᠢ ᠪᠡᠶᠡᠯᠡᠬᠦᠯᠪᠡ᠃ ︽ᠬᠠᠷᠠᠭ᠎ᠠ | ᠤᠷᠤᠭᠤᠯᠬᠤ ᠠᠶᠠᠯᠠᠯ︾ ᠬᠡᠮᠡᠬᠦ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠠᠷᠪᠠᠳᠤᠭᠠᠷ ᠬᠤᠭᠤᠴᠠᠭᠠᠨ ᠤ | ᠲᠤᠮᠳᠠᠳᠤ ᠶᠢᠨ ᠨᠢᠭᠦᠯᠡᠰᠦᠩᠬᠦᠢ ᠶᠢᠨ ᠱᠠᠩᠨᠠᠯ ᠢ ᠬᠦᠷᠲᠡᠵᠦ᠂ ᠶᠠᠳᠠᠭᠤ ᠬᠦᠴᠢᠷᠳᠡᠯᠲᠡᠢ ᠴᠠᠭᠠᠨ ᠬᠠᠷᠠᠩ ᠲᠠᠢ 2 | ᠲᠦᠮᠡ ᠭᠠᠷᠤᠢ ᠡᠪᠡᠳᠴᠢᠲᠡᠨ ᠳᠤ ᠬᠠᠷᠠᠭ᠎ᠠ ᠤᠷᠤᠭᠤᠯᠪᠠ᠃ ᠲᠦᠭᠦᠮ ᠪᠦᠳᠦᠭᠦᠯᠢᠭ ᠤᠷᠤᠨ ᠰᠠᠭᠤᠴᠠᠳᠤ | ᠲᠤᠭᠤᠷᠢᠭ ᠲᠤ 14.2 ᠲᠦᠮᠡᠨ ᠢᠵᠢ ᠭᠡᠷ ᠪᠠᠶᠢᠰᠢᠩ ᠪᠠ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ | ᠬᠡᠷ ᠪᠠᠶᠢᠰᠢᠩ ᠢ 6.02 ᠲᠦᠮᠡᠨ ᠡᠷᠦᠬᠡ ᠦᠬᠡᠷᠡᠴᠢᠯᠡᠨ ᠰᠢᠨᠡᠳᠭᠡᠵᠦ᠂ ᠠᠵᠢᠯ ᠡᠬᠢᠯᠡᠭᠦᠯᠦᠭᠰᠡᠨ ᠨᠤᠷᠮ᠎ᠠ | 100% ᠳᠤ ᠭᠦᠷᠪᠡ᠃ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ | ᠪᠠᠳᠤᠵᠢᠭᠤᠯᠤᠨ ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ 78 ᠲᠦᠮᠡᠨ ᠮᠠᠯᠴᠢᠨ ᠲᠠᠷᠢᠶᠠᠴᠢᠳ ᠠᠰᠢᠭ | ᠭᠦᠷᠳᠡᠪᠡ᠃ | ᠨᠡᠶᠢᠬᠡᠮ ᠤᠨ ᠠᠵᠢᠯ ᠦᠢᠯᠡᠰ ᠲᠦᠷᠬᠡᠨ ᠢᠶᠠᠷ ᠭᠦᠭᠵᠢᠵᠦ᠂ ᠰᠤᠷᠭᠠᠭᠤᠯᠢ ᠶᠢᠨ ᠰᠤᠷᠤᠨᠨᠴᠢ ᠪᠦᠷᠢ ᠶᠢᠨ | ᠵᠠᠷᠤᠳᠠᠯ ᠤᠨ ᠪᠠᠷᠢᠮᠵᠢᠶ᠎ᠠ ᠶᠢ ᠲᠡᠬᠡᠭᠰᠢᠯᠡᠬᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ | ᠰᠤᠷᠭᠠᠨ ᠭᠦᠮᠦᠵᠢᠯ ᠤᠨ ᠴᠡᠴᠡᠷᠯᠢᠭ ᠲᠤ ᠤᠷᠤᠨᠨᠰᠠᠨ ᠪᠦᠭᠦ ᠨᠤᠷᠮ᠎ᠠ ᠨᠢ ᠪᠦᠭᠦ ᠤᠯᠤᠰ ᠤᠨ ᠲᠤᠮᠳᠠᠴᠢ ᠬᠢᠷᠢ | ᠲᠦᠪᠰᠢᠨ ᠠᠴᠠ 14.5 ᠵᠠᠭᠤᠨ ᠤ ᠴᠡᠭ ᠦᠨᠳᠦᠷ ᠪᠠᠶᠢᠵᠦ᠂ 102 ᠬᠤᠰᠢᠭᠤ ᠰᠢᠶᠠᠨ ︵ᠬᠤᠳᠠ᠂ ᠲᠤᠭᠤᠷᠢᠭ︶ | ᠨᠢ ᠤᠯᠤᠰ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠢ ᠲᠡᠩᠴᠡᠭᠦᠷᠢᠳᠡᠢ ᠭᠦᠭᠵᠢᠬᠦᠯᠬᠦ ᠪᠠᠨ ᠦᠨᠡᠯᠡᠨ ᠵᠢᠱᠢᠬᠦ | ᠪᠠ ᠮᠠᠭᠠᠳᠯᠠᠨ ᠲᠤᠨᠨᠳᠠᠭᠠᠬᠤ ᠪᠠᠷ ᠪᠠᠲᠤᠯᠠᠭᠤᠯᠪᠠ᠃ 93 % ᠠᠴᠠ ᠲᠡᠬᠡᠭᠰᠢᠬᠢ ᠲᠤᠮᠳᠠᠳᠤ ᠪᠠᠭ᠎ᠠ ᠰᠤᠷᠭᠠᠭᠤᠯᠢ ᠨᠢ | ᠮᠡᠳᠡᠭᠡ ᠵᠠᠩᠬᠢᠴᠢᠯᠠᠬᠰᠠᠨ ᠵᠢᠭᠠᠨ ᠰᠤᠷᠭᠠᠯᠳᠠ ᠶᠢ ᠠᠰᠢᠬᠯᠠᠪᠠ᠃ ᠠᠯᠪᠠᠨ ᠵᠢᠷᠤᠮ ᠤᠨ ᠰᠤᠷᠭᠠᠨ ᠭᠦᠮᠦᠵᠢᠯ ᠤᠨ | ᠱᠠᠳᠤᠨ ᠳᠠᠬᠢ ᠰᠤᠷᠭᠠᠭᠤᠯᠢ ᠶᠢᠨ ︽ᠲᠤᠮᠤ ᠬᠠᠨᠵᠦ︾᠂ ᠭᠠᠳᠠᠨᠠᠬᠢ ᠵᠤᠷᠯᠤᠩ᠂ ᠰᠦᠷᠴᠢᠮᠡᠯ ᠤᠬᠢᠶᠠᠯ᠂ | ᠳᠤᠯᠠᠭᠠᠯᠠᠭ᠎ᠠ ᠬᠠᠩᠭᠠᠬᠤ ᠵᠡᠷᠬᠡ ᠠᠰᠠᠭᠤᠳᠠᠯ ᠤᠳ ᠢ ᠦᠨᠳᠦᠰᠦᠨ ᠳᠤ ᠪᠠᠨ ᠰᠶᠢᠳᠪᠦᠷᠢᠯᠡᠪᠡ᠃ ᠳᠡᠭᠡᠳᠦ ᠵᠡᠷᠬᠡ ᠶᠢᠨ | ᠰᠤᠷᠭᠠᠨ ᠭᠦᠮᠦᠵᠢᠯ ᠤᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠳᠠ ᠯᠠᠪᠳᠠᠭᠤᠨ ᠢᠶᠠᠷ ᠠᠬᠢᠪᠠ᠃ ᠬᠡᠷ ᠤᠨ | ᠠᠮᠢᠳᠤᠷᠠᠯ ᠨᠢ ᠶᠠᠳᠠᠭᠤ ᠭᠦᠴᠢᠷᠳᠡᠯᠳᠡᠢ 1.9 ᠲᠦᠮᠡᠨ ᠰᠤᠷᠤᠨᠨᠴᠢᠳ ᠢ ᠵᠤᠭᠤᠰ ᠢᠶᠠᠷ ᠲᠤᠰᠠᠯᠠᠪᠠ᠃ | ᠦᠨᠳᠦᠰᠦᠳᠡᠨ ᠤ ᠰᠤᠷᠭᠠᠨ ᠭᠦᠮᠦᠵᠢᠯ ᠤᠨ ᠬᠢᠷᠢ ᠲᠦᠪᠰᠢᠨ ᠤᠯᠠᠮ ᠨᠢᠬᠡ ᠠᠯᠬᠤᠮ ᠲᠡᠬᠡᠭᠰᠢᠯᠡᠪᠡ᠃ ᠱᠠᠳᠤ | ᠬᠤᠪᠢᠶᠠᠵᠦ ᠤᠨᠤᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠵᠤ᠂ ᠭᠤᠷᠪᠠᠳᠤᠭᠠᠷ ᠲᠡᠰ ᠤᠨ | ᠡᠮᠨᠡᠯᠬᠡ ᠶᠢᠨ ᠬᠤᠷᠢᠶ᠎ᠠ ᠪᠦᠭᠦᠨ ᠢ ᠡᠮᠨᠡᠯᠬᠡ ᠶᠢᠨ ᠬᠤᠯᠪᠤᠭᠠᠳᠤ ᠴᠤᠨᠨᠴᠠ ᠶᠢᠨ ᠪᠠᠶᠢᠭᠤᠯᠤᠯᠳᠠ ᠳᠤ ᠤᠷᠤᠯᠴᠠᠭᠤᠯᠪᠠ᠃ | 97 ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠶᠢ ᠠᠯᠤᠰ ᠡᠮᠴᠢᠯᠡᠬᠡᠨ ᠤ ᠰᠦᠯᠵᠢᠶ᠎ᠠ ᠳᠤ | ᠵᠠᠯᠭᠠᠨ ᠤᠷᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠤᠨ ᠠᠵᠢᠯᠲᠠᠳ ᠲᠤ ᠬᠠᠷᠢᠭᠤ ᠢᠯᠡᠭᠡᠭᠰᠡᠨ ᠵᠠᠬᠢᠳᠠᠯ ᠤᠨ ᠵᠤᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠦ᠂ ᠤᠯᠠᠭᠠᠨᠮᠦ᠋ᠴᠢᠷ ᠤᠨ ᠠᠵᠢᠯ ᠤᠨ ᠲᠤᠬᠠᠢ ᠭᠡᠷᠡᠯ ᠵᠢᠷᠤᠭ ᠤᠨ ᠲᠤᠭᠤᠷᠢᠨ ᠦᠵᠡᠭᠦᠯᠭᠡ᠂ | ᠰᠠᠭᠤᠳᠠᠯ ᠤᠨ ᠬᠤᠷᠠᠯ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠭᠠᠨᠮᠦ᠋ᠴᠢᠷ ᠤᠨ ᠰᠢᠯᠢᠳᠡᠭ | ᠤᠯᠠᠮᠵᠢᠯᠠᠯ ᠢ ᠶᠡᠭᠡ ᠪᠠᠷ ᠪᠠᠳᠠᠷᠠᠭᠤᠯᠪᠠ᠃ ᠪᠦᠬᠦ ᠤᠷᠤᠨ ᠤ ᠤᠳᠬ᠎ᠠ ᠤᠷᠠᠯᠢᠬ ᠤᠨ ᠬᠦᠷᠢᠶᠡᠯᠡᠩ ᠪᠦᠯᠬᠦᠮ ᠨᠢ | ᠦᠨᠳᠦᠰᠦᠨ ᠱᠠᠳᠤᠨ ᠳᠤ ᠬᠠᠨᠳᠤᠵᠤ᠂ ᠤᠯᠠᠨ ᠲᠦᠮᠡᠨ ᠳᠤ ᠦᠢᠯᠡᠴᠢᠯᠡᠵᠦ᠂ ᠠᠷᠠᠳ ᠢ ᠬᠠᠯᠠᠮᠵᠢᠯᠠᠬᠤ ᠡᠯ᠎ᠠ | ᠲᠦᠷᠦᠯ ᠤᠨ ᠲᠤᠬᠯᠠᠯᠳᠠ ᠶᠢ ᠲᠦᠮᠡ ᠭᠠᠷᠤᠢ ᠤᠳᠠᠭ᠎ᠠ ᠦᠷᠨᠢᠬᠦᠯᠪᠡ᠃ ᠨᠤᠮ ᠤᠨ ᠰᠠᠩ᠂ ᠰᠤᠶᠤᠯ ᠤᠨ ᠤᠷᠳᠤᠨ᠂ | ᠮᠦᠽᠸᠢ᠂ ᠦᠨᠳᠦᠰᠦᠨ ᠱᠠᠳᠤᠨ ᠤ ᠰᠤᠶᠤᠯ ᠤᠨ ᠦᠷᠳᠡᠭᠡ ᠪᠦᠭᠦᠨ ᠢ ᠨᠡᠶᠢᠬᠡᠮ ᠨᠡᠶᠢᠳᠡ ᠳᠤ ᠰᠦᠢᠳᠬᠡᠯ | ᠬᠤᠷᠢᠶᠠᠬᠤ ᠦᠬᠡᠢ ᠪᠠᠷ ᠨᠡᠬᠡᠬᠡᠪᠡ᠃ ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠳᠦᠬᠡᠷ ᠬᠤᠭᠤᠴᠠᠭᠠᠨ ᠤ | ᠲᠠᠮᠢᠷ ᠤᠨ ᠴᠤᠨᠨᠯᠠᠭᠠᠨ ᠪᠠ ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠨᠨᠯᠠᠭᠠᠨ ᠢ | ᠠᠮᠵᠢᠯᠳᠠ ᠲᠠᠢ ᠡᠷᠬᠢᠯᠡᠪᠡ᠃ ᠤᠯᠤᠰ ᠤᠨ ᠭᠦᠯ ᠪᠦᠮᠪᠦᠬᠡᠨ ᠤ ᠭᠦᠳᠡᠯᠬᠡᠬᠡᠨ ᠢ ᠦᠬᠡᠷᠡᠴᠢᠯᠡᠵᠦ ᠭᠦᠭᠵᠢᠬᠦᠯᠬᠦ | ᠲᠣᠷᠰᠢᠯᠲᠠ ᠶᠢᠨ ᠠᠵᠢᠯ ᠢᠳᠡᠪᠬᠢᠳᠡᠢ ᠠᠬᠢᠴᠠ ᠲᠠᠢ ᠪᠣᠯᠪᠠ᠃ ᠡᠪᠤᠯ ᠤᠨ ᠤᠯᠢᠮᠫᠢᠺ ᠤᠨ ᠲᠠᠮᠢᠷ ᠤᠨ | ᠴᠤᠨᠨᠯᠠᠭᠠᠨ ᠳᠤ ᠶᠠᠷᠤ ᠠᠴᠠ ᠱᠠᠩᠨᠠᠯ ᠭᠠᠷᠳᠠᠭᠰᠠᠨ ᠦᠬᠡᠢ ᠲᠡᠤᠬᠡ ᠶᠢ ᠡᠴᠦᠰᠯᠡᠭᠦᠯᠪᠡ᠃ ᠲᠤᠮᠳᠠᠳᠤ ᠤᠯᠤᠰ ᠤᠨ | ᠰᠠᠨᠰᠠᠷ ᠤᠨ ᠠᠶᠠᠯᠠᠯ ᠳᠤ ᠦᠪᠦᠷ ᠮᠤᠩᠭᠤᠯ ᠤᠨ ᠠᠷᠠᠳ ᠲᠦᠮᠡᠨ ᠭᠦᠴᠦ ᠨᠡᠮᠡᠷᠢᠯᠡᠭᠰᠡᠨ 60 ᠵᠢᠯ ᠤᠨ ᠤᠢ ᠶᠢᠨ | ᠬᠡᠷᠡᠯ ᠵᠢᠷᠤᠭ ᠤᠨ ᠲᠤᠭᠤᠷᠢᠨ ᠦᠵᠡᠬᠦᠯᠬᠡ ᠶᠢ ᠡᠷᠬᠢᠯᠡᠪᠡ᠃ | ᠱᠠᠰᠢᠨ ᠰᠤᠷᠳᠠᠬᠤᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠪᠠ᠃ | ᠲᠤᠭ᠎ᠠ ᠪᠦᠷᠢᠳᠬᠡᠯ ᠪᠠᠶᠢᠴᠠᠭᠠᠨ ᠰᠤᠳᠤᠯᠤᠯᠲᠠ᠂ ᠠᠷᠠᠳ ᠤᠨ ᠠᠭᠠᠷ ᠤᠨ ᠰᠡᠷᠬᠡᠶᠢᠯᠡᠯᠳᠡ᠂ ᠭᠠᠵᠠᠷ ᠭᠦᠳᠡᠯᠦᠯᠳᠡ | ᠴᠠᠭ ᠠᠭᠤᠷ᠂ ᠨᠡᠶᠢᠬᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠤᠬᠡ ᠤᠶᠢᠯᠠᠯᠭ᠎ᠠ᠂ ᠵᠦᠪᠳᠡᠭᠴᠢ ᠪᠠ | ᠲᠡᠤᠬᠡ ᠰᠤᠶᠤᠯ᠂ ᠭᠠᠳᠠᠭᠠᠳᠤ ᠶᠠᠪᠤᠳᠠᠯ ᠪᠠ ᠬᠠᠷᠢᠶᠠᠳᠤ ᠶᠢᠨ ᠶᠠᠪᠤᠳᠠᠯ ᠵᠡᠷᠬᠡ ᠠᠵᠢᠯ ᠤᠳ ᠢ ᠴᠢᠩᠭᠠᠳᠬᠠᠵᠦ᠂ | ᠤᠯᠠᠭᠠᠨ ᠵᠠᠭᠠᠯᠮᠠᠶᠢᠳᠠᠨ᠂ ᠡᠮᠡᠭᠳᠡᠶᠢᠴᠦᠳ ᠪᠠ ᠬᠡᠤᠬᠡᠳ᠂ ᠨᠠᠰᠤᠲᠠᠶᠢᠴᠤᠳ ᠪᠠ ᠵᠡᠮᠳᠡᠭᠴᠦᠳ ᠤᠨ ᠠᠵᠢᠯ ᠦᠢᠯᠡᠰ | ᠴᠦᠮ ᠰᠢᠨ᠎ᠠ ᠠᠬᠢᠯᠳᠠ ᠲᠠᠢ ᠪᠤᠯᠪᠠ᠃ ᠨᠡᠶᠢᠭᠡᠮ ᠤᠨ ᠵᠠᠰᠠᠯᠲᠠ ᠶᠢ ᠴᠢᠩᠭᠠᠳᠬᠠᠪᠠ᠃ ᠵᠠᠬᠢᠳᠠᠯ ᠰᠤᠷᠪᠣᠯᠵᠢᠯᠠᠯ ᠤᠨ | ᠠᠵᠢᠯ ᠳᠤ ᠰᠢᠨ᠎ᠡ ᠶᠢ ᠡᠭᠦᠳᠪᠡ᠃ ᠢᠳᠡᠬᠡᠨ ᠪᠠ ᠡᠮ ᠤᠨ ᠵᠦᠢᠯ ᠤᠨ ᠲᠦᠭᠰᠢᠭᠦᠷᠢ ᠶᠢ ᠪᠦᠭᠦ ᠶᠠᠪᠤᠴᠠ ᠳᠤ ᠨᠢ | ᠬᠠᠮᠢᠶᠠᠷᠤᠨ ᠡᠵᠡᠮᠳᠡᠬᠦ ᠪᠠᠨ ᠴᠢᠩᠭᠠᠷᠠᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠪᠠᠶᠢᠳᠠᠯ ᠶᠠᠷᠤᠩᠬᠡᠢ ᠳᠤ ᠪᠠᠨ | ᠲᠤᠨᠨᠳᠠᠪᠤᠷᠢᠵᠢᠪᠠ᠃ | ᠨᠡᠶᠢᠬᠡᠮ ᠤᠨ ᠠᠮᠤᠷ ᠢ ᠬᠠᠮᠠᠭᠠᠯᠠᠬᠤ ᠠᠵᠢᠯ ᠳᠤ ᠰᠡᠷᠬᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠵᠦ᠂ | ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠨ᠂ ᠬᠠᠤᠯᠢ ᠠᠴᠠ ᠵᠦᠷᠢᠴᠡᠵᠦ | ᠶᠠᠯ᠎ᠠ ᠬᠢᠭᠰᠡᠨ ᠡᠯ᠎ᠡ ᠲᠦᠷᠦᠯ ᠤᠨ ᠦᠢᠯᠡ ᠠᠵᠢᠯᠯᠠᠭ᠎ᠠ ᠳᠤ ᠴᠤᠬᠢᠯᠳᠠ ᠦᠭᠴᠤ᠂ ᠨᠡᠶᠢᠬᠡᠮ ᠤᠨ ᠶᠡᠭᠡ ᠲᠠᠯ᠎ᠠ ᠶᠢᠨ | ᠡᠶ᠎ᠡ ᠵᠤᠬᠢᠴᠠᠯ ᠲᠠᠢ ᠪᠦᠬᠡᠳ ᠲᠤᠨᠨᠳᠠᠭᠤᠨ ᠪᠠᠶᠢᠬᠤ ᠶᠢ ᠪᠠᠳᠤᠯᠠᠪᠠ᠃ | ︵ᠵᠢᠷᠭᠤᠭ᠎ᠠ︶ ᠵᠠᠰᠠᠭ ᠤᠨ ᠤᠷᠳᠤᠨ ᠤ ᠡᠭᠦᠷᠬᠡ ᠴᠢᠳᠠᠪᠤᠷᠢ ᠶᠢ ᠬᠠᠤᠯᠢ ᠶᠤᠰᠤᠭᠠᠷ ᠪᠦᠭᠦ ᠲᠠᠯ᠎ᠠ ᠪᠠᠷ | ᠭᠦᠢᠴᠡᠳᠬᠡᠬᠦ ᠶᠢ ᠪᠠᠷᠢᠮᠳᠠᠯᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠦ ᠬᠢᠷᠢ ᠲᠦᠪᠰᠢᠨ ᠢ ᠴᠢᠷᠮᠠᠶᠢᠨ | ᠲᠡᠬᠡᠭᠰᠢᠯᠡᠬᠦᠯᠪᠠ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠲᠡᠪᠰᠢᠬᠦᠯᠦᠨ ᠬᠢᠨᠠᠭᠤᠯᠤᠨᠨᠰᠠᠨ ᠤᠷᠤᠨ ᠨᠤᠳᠤᠭ ᠤᠨ ᠴᠢᠨᠠᠷᠳᠠᠢ ᠬᠠᠤᠯᠢ ᠲᠤᠨᠨᠳᠠᠭᠠᠯ | ᠪᠠ ᠵᠦᠪᠯᠡᠯᠬᠡ 27 ᠪᠠᠶᠢᠵᠦ᠂ ᠵᠠᠰᠠᠭ ᠤᠨ ᠤᠷᠳᠤᠨ ᠤ ᠲᠤᠨᠨᠳᠠᠭᠠᠯ ᠲᠦᠷᠢᠮ ᠢ 22 ᠲᠤᠨᠨᠳᠠᠭᠠᠵᠦ᠂ ᠵᠠᠰᠠᠪᠤᠷᠢ | ᠤᠷᠤᠭᠤᠯᠤᠨᠨᠰᠠᠨ ᠪᠠ ᠭᠦᠴᠦᠨ ᠦᠬᠡᠢ ᠪᠣᠯᠭᠠᠪᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠲᠦᠯᠦᠬᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ | ᠭᠦᠢᠴᠡᠳᠬᠡᠬᠡᠳ ᠬᠠᠷᠢᠭᠤ ᠦᠭᠭᠦᠭᠰᠡᠨ ᠨᠤᠷᠮ᠎ᠠ 100% ᠳᠤ ᠭᠦᠷᠪᠡ᠃ ᠦᠪᠡᠷᠳᠡᠬᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠠᠵᠢᠯ ᠤᠨ ᠲᠦᠷᠢᠮ ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ ᠴᠢᠬᠤᠯᠠ ᠶᠡᠭᠡ | ᠵᠦᠢᠯᠡᠰ ᠪᠣᠯᠣᠨ ᠴᠢᠬᠤᠯᠡ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ᠂ ︽ᠭᠤᠷᠪᠠᠨ | ᠴᠢᠬᠤᠯᠠ ᠪᠠ ᠨᠢᠬᠡ ᠲᠤᠮᠤ︾ ᠶᠢᠨ ᠵᠦᠢᠯᠡᠰ ᠲᠤ ᠬᠠᠮᠳᠤ ᠪᠠᠷ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠪᠠ | ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠵᠡᠷᠬᠡ ᠲᠦᠷᠢᠮ ᠢ ᠴᠢᠩᠳᠠᠯᠠᠪᠡ᠃ ᠲᠦᠷᠦ ᠶᠢᠨ | ᠶᠠᠪᠤᠳᠠᠯ ᠤᠨ ᠬᠤᠷᠢᠶᠠᠨ ᠤ ᠶᠡᠭᠡ ᠪᠠᠷ ᠰᠢᠮᠳᠠᠭᠤᠯᠤᠨ ᠪᠠᠶᠢᠴᠠᠭᠠᠬᠤ ᠳᠤ ᠲᠤᠷᠠᠳᠤᠨᠨᠰᠠᠨ ᠡᠯ᠎ᠡ ᠵᠦᠢᠯ ᠤᠨ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠪᠠ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠪᠠᠶᠢᠭᠤᠯᠤᠮᠵᠢ ᠳᠤ ᠦᠬᠡᠷᠡᠴᠢᠯᠡᠯᠳᠡ ᠬᠢᠬᠦ ᠡᠭᠦᠷᠬᠡ ᠶᠢ ᠪᠡᠶᠡᠯᠡᠬᠦᠯᠪᠠ᠃ | ᠤᠯᠤᠰ ᠲᠦᠷᠦ ᠶᠢᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠦ᠂ ᠵᠠᠰᠠᠭ ᠤᠨ ᠤᠷᠳᠤᠨ ᠤ | ᠰᠢᠰᠲ᠋ᠧᠮ ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ ᠲᠡᠮᠡᠴᠡᠯ ᠢ | ᠭᠦᠨᠵᠡᠬᠡᠢ ᠠᠬᠢᠭᠤᠯᠪᠠ᠃ ᠲᠦᠪ ᠬᠤᠷᠢᠶᠠᠨ ᠤ ᠨᠠᠢᠮᠠᠨ ᠲᠤᠨᠨᠳᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ | ᠪᠣᠯᠣᠨ ᠦᠪᠡᠷᠲᠡᠭᠡᠨ ᠵᠠᠰᠠᠬᠤ ᠣᠷᠣᠨ ᠤ ᠳᠦᠬᠦᠷ ᠠᠷᠭ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ | ᠂ ︽ᠲᠦᠷᠪᠡᠨ ᠰᠤᠷᠳᠠᠯ︾ ᠢ ᠴᠤᠴᠠᠯᠲᠠ ᠦᠬᠡᠢ ᠪᠠᠷ ᠴᠡᠭᠴᠡᠯᠡᠨ ᠵᠠᠰᠠᠬᠤ ᠶᠢ ᠪᠠᠷᠢᠮᠳᠠᠯᠠᠪᠠ᠃ ᠠᠵᠢᠯᠴᠢ ᠠᠷᠪᠢᠴᠢ | ᠪᠦᠭᠡᠳ ᠠᠷᠪᠢᠯᠠᠨ ᠭᠠᠮᠨᠠᠬᠤ ᠶᠢ ᠭᠦᠴᠦᠳᠡᠢ ᠠᠬᠢᠭᠤᠯᠵᠤ᠂ ︽ᠠᠯᠪᠠᠨ ᠤ ᠭᠤᠷᠪᠠᠨ︾ ᠵᠠᠷᠤᠳᠠᠯ ᠤᠨ ᠵᠠᠷᠤᠯᠭ᠎ᠠ ᠶᠢ | ᠴᠢᠩᠭ᠎ᠠ ᠡᠵᠡᠮᠳᠡᠨ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠳᠠᠬᠢ ᠡᠩ ᠤᠨ ᠤᠯᠠᠨ ᠨᠡᠶᠢᠳᠡ ᠶᠢᠨ | ᠲᠦᠰᠦᠪ ᠤᠨ ᠵᠠᠷᠤᠯᠭ᠎ᠠ ᠶᠢ 10.1% ᠪᠠᠭᠠᠰᠬᠠᠪᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢᠶᠠᠨ | ᠴᠢᠩᠭᠠᠷᠠᠭᠤᠯᠵᠤ᠂ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠤᠢ᠂ ᠭᠤᠷᠪᠠᠨ ᠶᠡᠭᠡ ᠰᠢᠪᠳᠤᠯᠤᠯᠳᠠ ᠶᠢᠨ | ᠲᠠᠶᠢᠯᠠᠯᠳᠤᠭᠠᠨ ᠵᠡᠷᠬᠡ ᠨᠡᠶᠢᠬᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠭᠤᠷᠢᠨ ᠳᠤ᠂ ᠦᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠰᠤᠨᠢᠨ ᠮᠡᠳᠡᠭᠡ ᠨᠡᠶᠢᠳᠡᠯᠡᠬᠦ ᠬᠤᠷᠠᠯ ᠢ 110 ᠤᠳᠠᠭ᠎ᠠ | ᠬᠤᠷᠠᠯᠳᠤᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠳᠡᠨ ᠤ ᠪᠦᠯᠭᠦᠮᠳᠡᠯ ᠪᠠ ᠬᠢᠯᠢ ᠬᠢᠵᠠᠭᠠᠷ ᠤᠨ | ᠲᠤᠨᠨᠳᠠᠭᠤᠨ ᠢ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠦ᠂ ᠦᠨᠳᠦᠰᠦᠳᠡᠨ ᠤ | ᠪᠦᠯᠭᠦᠮᠳᠡᠯ ᠲᠠᠪᠰᠢᠯᠳᠠ ᠶᠢᠨ ᠭᠦᠮᠦᠵᠢᠯ ᠤᠨ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠂ 9 ᠭᠠᠵᠠᠷ ᠤᠷᠤᠨ ᠪᠠ | ᠨᠢᠬᠡᠴᠢ ᠨᠢ ᠪᠦᠭᠦ ᠤᠯᠤᠰ ᠤᠨ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢ ᠡᠭᠦᠳᠦᠨ ᠴᠤᠨᠨᠴᠠᠯᠠᠬᠤ ᠶᠢᠨ ᠵᠢᠱᠢᠶ᠎ᠡ | ᠦᠵᠡᠬᠦᠯᠬᠦ ᠨᠢᠬᠡᠴᠢ ᠪᠠᠷ ᠦᠨᠡᠯᠡᠭᠳᠡᠪᠡ᠃ ᠡᠸᠡᠩᠬᠢ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ᠂ | ᠮᠤᠷᠢᠨᠳᠠᠪᠠᠭ᠎ᠠ ᠲᠠᠭᠤᠷ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ ᠪᠠᠶᠢᠭᠤᠯᠤᠨᠨᠳ᠋ᠬᠠᠰᠠᠨ 60 ᠵᠢᠯ ᠤᠨ | ᠤᠢ ᠶᠢ ᠪᠡᠯᠬᠡᠯᠡᠬᠦ ᠠᠵᠢᠯᠯᠠᠭ᠎ᠠ ᠶᠢ ᠡᠷᠬᠢᠯᠡᠪᠡ᠃ ᠣᠷᠴᠤᠨ ᠬᠡᠯᠡ᠂ ᠡᠸᠡᠩᠬᠢ ᠬᠡᠯᠡ ᠪᠣᠯᠣᠨ ᠳᠠᠭᠤᠷ ᠬᠡᠯᠡᠨ ᠤ | ᠪᠠᠶᠢᠩᠭᠤ ᠬᠡᠷᠡᠭᠯᠡᠭᠳᠡᠬᠦ ᠦᠭᠡᠰ ᠤᠨ ᠲᠣᠯᠢ ᠶᠢ ᠨᠠᠶᠢᠷᠠᠭᠤᠯᠤᠨ ᠵᠣᠬᠢᠶᠠᠪᠡ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠤᠯᠤᠨᠨᠰᠠᠨ ᠮᠠᠨ ᠤ ᠠᠮᠵᠢᠯᠳᠠ ᠪᠤᠯ ᠰᠢ ᠶᠢᠨ ᠫᠢᠩ | ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶ᠎ᠠ ᠠᠴᠠ ᠪᠠᠳᠤ ᠴᠢᠩᠭ᠎ᠠ ᠤᠳᠤᠷᠢᠳᠤᠭᠰᠠᠨ ᠤ ᠦᠷ᠎ᠡ | ᠳ᠋ᠦᠩ ᠮᠥᠨ᠂ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠨᠢᠭᠡ ᠰᠡᠳᠬᠢᠯ ᠨᠡᠶᠢᠲᠡ ᠶᠢᠨ | ᠵᠣᠷᠢᠭ ᠢᠶᠠᠷ ᠭᠦᠴᠦᠯᠡᠨ ᠴᠢᠷᠮᠠᠶᠢᠨᠨᠰᠠᠨ ᠤ ᠦᠷ᠎ᠡ ᠳ᠋ᠦᠩ ᠪᠤᠯᠬᠤ ᠶᠤᠮ᠃ ᠡ᠊ᠨᠳᠡ᠂ ᠪᠢ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠡᠮᠤᠨ᠎ᠠ ᠠᠴᠠ ᠪᠦᠭᠦ ᠤᠷᠤᠨ ᠤ ᠦᠨᠳᠦᠰᠦᠳᠡᠨ ᠨᠦᠭᠦᠳ ᠤᠨ | ᠠᠷᠠᠳ ᠲᠦᠮᠡᠨ᠂ ᠦᠪᠡᠷᠳᠡᠬᠡᠨ ᠵᠠᠰᠠᠬᠤ ᠤᠷᠤᠨ ᠤ ᠭᠦᠭᠵᠢᠯᠳᠡ ᠶᠢ ᠬᠠᠯᠠᠮᠵᠢᠯᠠᠨ ᠲᠡᠮᠵᠢᠭᠰᠡᠨ ᠨᠥᠬᠦᠳ ᠪᠣᠯᠣᠨ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠦᠶ᠎ᠠ︕ | ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠭᠦᠯᠬᠦᠶᠠ᠂ ᠪᠢᠳᠡ ᠨᠠᠮ ᠤᠨ ᠲᠥᠪ ᠬᠤᠷᠢᠶ᠎ᠠ ᠶᠢᠨ | ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠨᠠᠮ ᠤᠨ | ᠲᠥᠪ ᠬᠤᠷᠢᠶ᠎ᠠ ᠶᠢᠨ ᠱᠠᠭᠠᠷᠳᠠᠯᠭ᠎ᠠ ᠪᠠᠷ ᠨᠠᠷᠢᠨ ᠬᠢᠨᠠᠮᠠᠭᠠᠢ ᠬᠢᠳᠡᠭ ᠯᠡ ᠶᠤᠮ ᠪᠣᠯ ᠮᠣᠷᠣᠢ ᠰᠠᠷᠤᠢ ᠵᠠᠮ ᠢᠶᠠᠷ ᠵᠠᠮᠨᠠᠬᠤ | ᠦᠭᠡᠢ ᠶᠤᠮ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠯᠢᠪᠠ ᠨᠢ ᠪᠦᠷ ᠠᠷᠠᠳ | ᠲᠦᠮᠡᠨ ᠤ ᠲᠦᠯᠦᠭᠡ᠂ ᠠᠷᠠᠳ ᠲᠦᠮᠡᠨ ᠳᠤ ᠲᠦᠰᠢᠭᠯᠡᠳᠡᠭ ᠯᠡ ᠶᠤᠮ ᠪᠣᠯ ᠪᠢᠳᠡᠨ ᠤ ᠠᠵᠢᠯ ᠠᠷᠠᠳ ᠣᠯᠠᠨ ᠳᠤ | ᠮᠡᠳᠡᠷᠡᠭᠳᠡᠬᠦ ᠪᠥᠭᠡᠳ ᠲᠡᠳᠡᠨ ᠤ ᠳᠡᠮᠵᠢᠯᠭᠡ ᠶᠢ ᠣᠯᠵᠤ ᠴᠢᠳᠠᠬᠤ ᠪᠣᠯᠣᠨ᠎ᠠ︔ ᠪᠣᠲᠠᠲᠠᠢ ᠠᠴᠠ ᠡᠭᠦᠰᠬᠦ ᠶᠢ ᠢᠮᠠᠭᠲᠠ | ᠪᠠᠷᠢᠮᠲᠠᠯᠠᠵᠤ᠂ ᠬᠡᠢ ᠬᠤᠭᠤᠰᠤᠨ ᠢ ᠰᠠᠨᠠᠵᠤ ᠬᠡᠶᠢᠰᠪᠦᠷᠢ ᠶᠠᠭᠤᠮ᠎ᠠ ᠶᠢ ᠬᠦᠭᠡᠭᠡᠴᠡᠯᠳᠦᠬᠦ ᠦᠭᠡᠢ ᠯᠡ ᠶᠤᠮ ᠪᠣᠯ | ᠪᠢᠳᠡᠨ ᠤ ᠬᠥᠭᠵᠢᠯᠲᠡ ᠶᠢᠨ ᠰᠡᠳᠬᠢᠮᠵᠢ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠨᠡᠩ | ᠣᠨᠣᠪᠴᠢᠲᠠᠢ ᠪᠦᠭᠡᠳ ᠦᠷ᠎ᠡ ᠪᠦᠲᠦᠮᠵᠢᠲᠡᠢ ᠪᠣᠯᠵᠤ ᠴᠢᠳᠠᠬᠤ ᠶᠢ ᠭᠦᠨᠵᠡᠭᠡᠢ ᠣᠶᠢᠯᠠᠭᠠᠪᠠ᠃ | ᠮᠠᠨ ᠤ ᠤᠷᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠳᠤ ᠮᠦᠨ ᠭᠦ ᠴᠦᠬᠡᠨ ᠪᠤᠰᠤ ᠭᠦᠴᠢᠷᠳᠡᠯ ᠪᠠ | ᠠᠰᠠᠭᠤᠳᠠᠯ ᠤᠷᠤᠰᠢᠵᠦ ᠪᠠᠶᠢᠭ᠎ᠠ ᠶᠢ ᠪᠢᠳᠡ ᠪᠠᠰᠠ ᠰᠡᠷᠬᠡᠭ ᠢᠶᠠᠷ ᠲᠠᠨᠢᠵᠦ ᠤᠯᠪᠠ᠂ ᠭᠤᠤᠯᠳᠠᠭᠤ᠄ ᠠᠵᠦ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠡᠭᠦᠷᠬᠡ ᠬᠠᠳᠠᠭᠤ ᠪᠡᠷᠬᠡᠰᠢᠶᠡᠯᠳᠡᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠴᠢᠳᠠᠪᠤᠷᠢ ᠰᠤᠯᠠᠪᠳᠤᠷ᠂ ᠰᠢᠨ᠎ᠠ ᠭᠦᠳᠡᠯᠬᠡᠭᠴᠢ | ᠴᠢᠳᠠᠪᠤᠷᠢ ᠶᠢᠨ ᠲᠤᠯᠭᠠᠭᠤᠷᠢᠯᠠᠬᠤ ᠨᠢ ᠬᠦᠷᠦᠯᠴᠡᠬᠦ ᠦᠭᠡᠢ᠂ ᠡᠨᠧᠷᠬᠢ ᠠᠷᠪᠢᠯᠠᠵᠦ ᠪᠤᠬᠢᠷ ᠪᠤᠳᠠᠰ | ᠭᠠᠳ᠋ᠬᠠᠰᠢᠯᠠᠭᠤᠯᠬᠤ ᠶᠢ ᠪᠠᠭᠠᠰᠬᠠᠬᠤ ᠡᠭᠦᠷᠭᠡ ᠨᠡᠯᠢᠶᠡᠳ ᠶᠡᠭᠡ ᠪᠠᠶᠢᠭᠰᠠᠭᠠᠷ︔ ᠠᠷᠠᠳ ᠤᠨ ᠠᠮᠢᠳᠤᠷᠠᠯ ᠤᠨ | ᠲᠠᠯ᠎ᠠ ᠳᠤ ᠪᠠᠰᠠ ᠴᠦᠬᠡᠨ ᠪᠤᠰᠤ ᠲᠤᠳᠠᠭᠤᠳᠠᠯ ᠤᠷᠤᠰᠢᠵᠦ᠂ ᠠᠵᠢᠯ ᠤᠯᠭᠤᠯᠳᠠ᠂ ᠰᠤᠷᠭᠠᠨ ᠭᠦᠮᠦᠵᠢᠯ᠂ | ᠡᠮᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠤᠷᠤᠨ ᠰᠠᠭᠤᠴᠠ ᠵᠡᠷᠬᠡ ᠲᠠᠯ᠎ᠠ ᠪᠠᠷ ᠬᠢ ᠤᠯᠠᠨ ᠲᠦᠮᠡᠨ ᠳᠤ | ᠲᠠᠭᠠᠰᠢᠶᠠᠭᠳᠠᠬᠤ ᠦᠬᠡᠢ ᠵᠦᠢᠯ ᠮᠠᠰᠢ ᠣᠯᠠᠨ ᠪᠠᠶᠢᠭᠰᠠᠭᠠᠷ︔ ᠵᠠᠷᠢᠮ ᠭᠠᠵᠠᠷ ᠤᠷᠤᠨ ᠤ ᠡᠳ᠋ ᠤᠨ ᠵᠠᠰᠠᠭ ᠨᠢ ᠶᠡᠭᠡ | ᠬᠦᠴᠢᠷ ᠲᠠᠢ ᠪᠠᠶᠢᠭᠰᠠᠭᠠᠷ︔ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠲᠦᠷᠬᠡᠨ ᠰᠠᠶᠢᠵᠢᠷᠠᠭᠤᠯᠬᠤ | ᠠᠵᠢᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠂ ᠠᠵᠦ ᠠᠬᠤᠶᠢᠯᠠᠯ ᠤᠨ ᠪᠡᠯᠡ ᠲᠤᠬᠢᠷᠠᠭᠤᠯᠬᠤ ᠳᠤ ᠭᠦᠴᠢᠷ ᠪᠦᠬᠡᠳ | ᠦᠨᠡᠳᠡᠢ ᠠᠰᠠᠭᠤᠳᠠᠯ ᠢ ᠮᠦᠨ ᠬᠦ ᠪᠦᠳᠦᠮᠵᠢᠳᠡᠢ ᠰᠢᠢᠳᠪᠦᠷᠢᠯᠡᠵᠦ ᠴᠢᠳᠠᠭᠠᠳᠤᠢ ᠪᠠᠶᠢᠭᠰᠠᠭᠠᠷ᠃ ᠵᠠᠰᠠᠭ ᠤᠨ | ᠤᠷᠳᠤᠨ ᠤ ᠠᠵᠢᠯ ᠳᠤ ᠪᠠᠰᠠ ᠮᠠᠰᠢ ᠤᠯᠠᠨ ᠭᠦᠷᠦᠯᠴᠡᠬᠦ ᠦᠬᠡᠢ ᠲᠠᠯ᠎ᠠ ᠤᠷᠤᠰᠢᠵᠦ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠪᠠᠨ ᠪᠦᠷᠢᠨ ᠭᠦᠢᠴᠡᠳᠭᠡᠭᠰᠡᠨ ᠦᠭᠡᠢ︔ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ︔ ᠵᠠᠷᠢᠮ ᠺᠠᠳ᠋ᠷᠴᠤᠳ ᠤᠨ ᠦᠢᠯᠡᠴᠢᠯᠡᠬᠦ | ᠦᠵᠡᠯ ᠤᠬᠠᠮᠰᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠤᠷᠴᠢᠨ ᠲᠤᠭᠤᠷᠢᠨ ᠢ ᠬᠠᠮᠠᠭᠠᠯᠠᠬᠤ ᠦᠵᠡᠯ | ᠤᠬᠠᠮᠰᠠᠷ ᠨᠢ ᠴᠢᠩᠭ᠎ᠠ ᠪᠤᠰᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢᠶᠠᠷ ᠲᠤᠳᠠᠮᠠᠭ᠂ ᠦᠵᠡᠯ ᠰᠠᠨᠠᠭ᠎ᠠ | ᠦᠵᠡᠯᠳᠡ ᠶᠢᠨ ᠲᠠᠯ᠎ᠠ ᠳᠤ ᠨᠢ ᠪᠠᠰᠠ ᠴᠢᠨᠠᠷ ᠰᠠᠶᠢᠳᠠᠢ ᠭᠦᠭᠵᠢᠬᠦᠯᠬᠦ ᠱᠠᠭᠠᠷᠳᠠᠯᠭ᠎ᠠ ᠲᠠᠢ ᠪᠦᠷᠢᠮᠦᠰᠦᠨ ᠲᠣᠬᠢᠷᠠᠯᠴᠠᠬᠤ | ᠦᠬᠡᠢ ᠪᠠᠶᠢᠬᠤ ᠵᠡᠷᠬᠡ ᠠᠰᠠᠭᠤᠳᠠᠯ ᠣᠷᠤᠰᠢᠭᠰᠠᠭᠠᠷ ᠪᠠᠶᠢᠨ᠎ᠠ᠃ ᠪᠢᠳᠠ ᠲᠦᠭᠰᠢᠭᠦᠷᠢ ᠳᠤ ᠰᠠᠨᠠᠭᠠᠰᠢᠷᠠᠬᠤ | ᠤᠬᠠᠮᠰᠠᠷ ᠢᠶᠠᠨ ᠴᠢᠩᠭᠠᠷᠠᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠦᠴᠦᠳᠡᠢ | ᠠᠷᠭ᠎ᠠ ᠬᠡᠮᠵᠢᠶ᠎ᠡ ᠠᠪᠴᠤ ᠪᠠᠶᠢᠭᠠᠳ ᠬᠠᠨᠳᠤᠯᠭ᠎ᠠ ᠲᠠᠢ ᠪᠠᠷ ᠰᠢᠢᠳᠪᠦᠷᠢᠯᠡᠪᠡᠯ ᠵᠣᠬᠢᠨ᠎ᠠ᠃ | ᠲᠦᠯᠦᠭᠡᠯᠡᠭᠴᠢᠳ ᠡ᠂ ᠨᠠᠮ ᠤᠨ ᠤᠳᠤᠷᠢᠳᠤᠯᠭ᠎ᠠ ᠳᠣᠣᠷ᠎ᠠ᠂ ᠦᠭᠡᠷᠡᠴᠢᠯᠡᠯᠲᠡ ᠨᠡᠭᠡᠭᠡᠯᠲᠡ ᠬᠢᠵᠦ 40 ᠵᠢᠯ ᠢ | ᠲᠤᠭᠤᠯᠤᠭᠠᠳ ᠦᠪᠦᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠴᠦᠮ ᠲᠡᠦᠬᠡᠲᠦ ᠴᠢᠨᠠᠷᠲᠠᠢ ᠠᠮᠵᠢᠯᠲᠠ | ᠣᠯᠣᠭᠰᠠᠨ ᠪᠥᠭᠡᠳ ᠲᠡᠦᠬᠡᠲᠦ ᠴᠢᠨᠠᠷᠲᠠᠢ ᠬᠤᠪᠢᠷᠠᠯᠲᠠ ᠲᠠᠢ ᠪᠣᠯᠣᠭᠰᠠᠨ ᠪᠠᠶᠢᠨ᠎ᠠ᠃ 40 ᠵᠢᠯ ᠤᠨ | ᠦᠢᠯᠡᠳᠦᠯᠭᠡ ᠠᠴᠠ ᠪᠢᠳᠡ ᠦᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ ᠬᠤᠪᠢ | ᠵᠠᠶᠠᠭ᠎ᠠ ᠶᠢ ᠲᠣᠭᠲᠠᠭᠠᠭᠰᠠᠨ ᠵᠠᠩᠬᠢᠯᠠᠭ᠎ᠠ ᠶᠢᠨ ᠠᠷᠭ᠎ᠠ ᠪᠦᠭᠡᠳ ︽ᠬᠤᠶᠠᠷ ᠵᠠᠭᠤᠨ ᠵᠢᠯ︾ ᠤᠨ ᠲᠡᠮᠡᠴᠡᠬᠦ ᠬᠠᠷᠠᠯᠲᠠ | ᠪᠣᠯᠣᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠩᠬᠢᠯᠠᠭ᠎ᠠ ᠶᠢᠨ | ᠠᠷᠭ᠎ᠠ ᠪᠣᠯᠬᠤ ᠶᠢ ᠰᠡᠷᠡᠵᠦ ᠮᠡᠳᠡᠪᠡ᠃ ᠠᠵᠢᠯ ᠦᠢᠯᠡᠰ ᠤᠨ ᠬᠥᠭᠵᠢᠯᠲᠡ ᠬᠢᠵᠠᠭᠠᠷ ᠦᠭᠡᠢ ᠪᠥᠭᠡᠳ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠬᠡᠵᠢᠶᠡᠳᠡ ᠳᠠᠭᠤᠰᠤᠰᠢ ᠦᠭᠡᠢ ᠶᠤᠮ᠃ ᠪᠢᠳᠡ ᠦᠭᠡᠷᠡᠴᠢᠯᠡᠯᠲᠡ | ᠨᠡᠭᠡᠭᠡᠯᠲᠡ ᠶᠢ ᠭᠤᠶᠢᠪᠢᠰᠢ ᠦᠭᠡᠢ ᠪᠠᠷ ᠡᠴᠦᠰ ᠲᠤ ᠨᠢ ᠲᠤᠯᠲᠠᠯ᠎ᠠ ᠬᠢᠵᠦ᠂ ᠬᠥᠭᠵᠢᠯᠲᠡ ᠶᠢᠨ ᠬᠦᠳᠡᠯᠭᠡᠬᠦ ᠬᠦᠴᠦᠨ | ᠪᠣᠯᠣᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ | ᠬᠤᠶᠠᠷ᠂ 2019 ᠣᠨ ᠤ ᠭᠤᠣᠯ ᠪᠣᠯᠬᠤ ᠠᠵᠢᠯ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠪᠦᠭᠡᠳ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠠᠩᠬᠢᠯᠠᠭ᠎ᠠ ᠶᠢᠨ ᠵᠢᠯ ᠪᠣᠯᠣᠨ᠎ᠠ᠃ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ | ᠪᠦᠭᠡᠳ ᠣᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ | ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠷ ᠬᠢᠷᠢ ᠲᠦᠪᠰᠢᠨ ᠲᠠᠢ | ᠨᠡᠭᠡᠭᠡᠯᠲᠡ ᠶᠢ ᠥᠷᠭᠡᠳᠬᠡᠨ ᠬᠢᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ | ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ | ᠂ ᠪᠢᠴᠢᠯ ᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠬᠤᠷᠸ᠎ᠠ ᠲᠣᠬᠢᠷᠠᠭᠤᠯᠭ᠎ᠠ | ᠡᠵᠡᠮᠰᠢᠯ ᠳᠤ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠲᠥᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ | ᠵᠣᠬᠢᠰᠲᠠᠢ ᠣᠷᠣᠨ ᠵᠠᠢ ᠳᠤ ᠪᠠᠶᠢᠯᠭᠠᠨ᠂ ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ | ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠥᠰᠥᠭᠡᠯᠡᠯ ᠢ ᠤᠯᠠᠮ ᠨᠢᠭᠡ ᠠᠯᠬᠤᠮ | ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠲᠦᠮᠡᠨ ᠤ | ᠬᠦᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ᠂ ᠠᠮᠦᠷ ᠲᠥᠪᠰᠢᠨ ᠪᠠᠶᠢᠬᠤ ᠰᠡᠳᠬᠢᠭᠳᠡᠯ ᠲᠦᠷᠦᠭᠳᠡᠯ ᠢ ᠨᠢ | ᠨᠡᠮᠡᠭᠳᠡᠭᠦᠯᠦᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠪᠥᠬᠦ ᠲᠠᠯ᠎ᠠ ᠶᠢᠨ | ᠠᠮᠦᠷ ᠲᠣᠭᠲᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠤ | ᠲᠠᠭᠤᠰᠬᠠᠬᠤ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠶᠢ ᠪᠣᠢ ᠪᠣᠯᠭᠠᠨ ᠥᠭᠴᠦ᠂ ᠰᠢᠯᠢᠳᠡᠭ ᠠᠮᠵᠢᠯᠲᠠ ᠪᠠᠷ | ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ | ᠪᠠᠶᠠᠷᠯᠠᠨ ᠪᠡᠯᠭᠡᠯᠡᠶ᠎ᠡ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠦᠰᠦᠯᠲᠡ ᠶᠢᠨ ᠬᠡᠮᠵᠢᠶ᠎ᠠ ᠶᠢ 3% ᠣᠷᠴᠢᠮ ᠪᠠᠶᠢᠯᠭᠠᠵᠤ︔ ᠬᠤᠲᠠ ᠬᠦᠳᠡᠭᠡ ᠶᠢᠨ ᠪᠠᠶᠢᠡᠭᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠤᠰ ᠲᠤᠰ | 7% ᠪᠣᠯᠣᠨ 8% ᠣᠷᠴᠢᠮ ᠨᠡᠮᠡᠭᠳᠡᠭᠦᠯᠦᠨ᠎ᠠ︔ ᠬᠤᠲᠠ ᠪᠠᠯᠭᠠᠰᠤ ᠶᠢᠨ ᠠᠵᠢᠯ ᠣᠯᠤᠭᠰᠠᠳ ᠢ 22 ᠲᠦᠮᠡᠨ | ᠬᠦᠮᠦᠨ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ᠂ | ᠳᠠᠩᠰᠠᠯᠠᠨ ᠲᠡᠮᠲᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5. 5% ᠤᠷᠴᠢᠮ ᠪᠠ 4. | 5% ᠶᠢᠨ ᠬᠡᠪᠴᠢᠶᠡᠨ ᠳᠤ ᠬᠢᠵᠠᠭᠠᠷᠯᠠᠨ᠎ᠠ︔ ᠤᠯᠤᠰ ᠠᠴᠠ ᠳᠠᠭᠠᠯᠭᠠᠭᠰᠠᠨ ᠣᠨ ᠤ ᠡᠨᠧᠷᠬᠢ ᠠᠷᠪᠢᠯᠠᠵᠤ ᠪᠤᠬᠢᠷ | ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠᠳᠤ ᠡᠭᠦᠷᠬᠡ ᠶᠢ ᠪᠡᠶᠡᠯᠡᠭᠦᠯᠦᠨ᠎ᠡ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠳᠤ | ᠳᠤᠷᠠᠳᠤᠭᠰᠠᠨ ︽ᠳᠥᠷᠪᠡᠨ ᠲᠠᠯ᠎ᠠ ᠪᠠᠷ ᠬᠦᠴᠦᠯᠡᠨ ᠬᠢᠬᠦ︾ ︽ᠭᠤᠷᠪᠠ ᠶᠢ ᠯᠠᠪᠳᠠᠭᠤᠨ ᠪᠠᠲᠤᠲᠠᠢ ᠬᠢᠬᠦ︾ ᠭᠡᠰᠡᠨ | ᠴᠢᠬᠤᠯᠡ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠬᠤᠷᠠᠯ ᠤᠨ ᠵᠣᠷᠢᠭ | ᠰᠠᠨᠠᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠨᠠᠢᠮᠠᠳᠤᠭᠠᠷ ᠤᠳᠠᠭ᠎ᠠ ᠶᠢᠨ ᠪᠦᠭᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ | ᠪᠠᠶᠢᠳᠠᠯ ᠬᠡᠳᠦᠢ ᠪᠤᠳᠤᠯᠢᠶᠠᠨᠲᠠᠢ ᠪᠣᠯᠬᠤ ᠲᠤᠰᠤᠮ ᠢᠶᠠᠨ ᠨᠠᠮ ᠤᠨ ᠲᠥᠪ ᠬᠤᠷᠢᠶᠠᠨ ᠤ ᠵᠠᠷᠯᠢᠭ ᠤᠷᠢᠶᠠᠯᠠᠭ᠎ᠠ ᠶᠢ | ᠤᠯᠠᠮ ᠰᠠᠶᠢᠨ ᠰᠤᠨᠤᠰᠤᠨ ᠳᠠᠭᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠤᠯᠠᠮ ᠰᠠᠶᠢᠨ | ᠪᠠᠷᠢᠮᠲᠠᠯᠠᠬᠤ ᠬᠡᠷᠡᠭᠲᠡᠢ᠃ ᠤᠷᠲᠤ ᠬᠤᠭᠤᠴᠠᠭᠠᠨ ᠤ ᠶᠡᠭᠡ ᠪᠠᠶᠢᠳᠠᠯ ᠠᠴᠠ ᠤᠳᠣ ᠶᠢᠨ ᠪᠠᠶᠢᠳᠠᠯ ᠢ ᠲᠠᠨᠢᠨ | ᠣᠶᠢᠯᠠᠭᠠᠵᠤ᠂ ᠭᠤᠣᠯ ᠵᠦᠷᠢᠴᠡᠯ ᠢ ᠠᠳᠬᠤᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠦᠪᠡᠷ ᠤᠨ | ᠠᠵᠢᠯ ᠶᠠᠪᠤᠳᠠᠯ ᠢ ᠪᠠᠨ ᠠᠩᠬᠠᠷᠤᠯ ᠲᠦᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ ᠰᠠᠶᠢᠲᠤᠷ ᠬᠢᠨ᠎ᠡ᠃ ᠴᠢᠬᠤᠯᠡ | ᠪᠠᠶᠢᠯᠳᠤᠬᠤ ᠪᠣᠳᠣᠯᠭ᠎ᠠ ᠶᠢᠨ ᠠᠵᠠ ᠳᠣᠬᠢᠶᠠᠯᠲᠣ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠤ ᠲᠣᠭᠤᠷᠢᠨ ᠳᠤ᠂ ︽ | ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠪᠣᠯᠭᠠᠬᠤ︾ ᠴᠢᠭᠯᠡᠯᠲᠡ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠤᠰ ᠤᠨ ᠶᠡᠭᠡ ᠬᠡᠪᠴᠢᠶ᠎ᠡ ᠪᠠᠷ ᠭᠠᠶᠢᠯᠢ ᠬᠠᠰᠤᠵᠤ ᠵᠠᠷᠤᠳᠠᠯ | ᠪᠠᠭᠤᠷᠠᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠲᠡᠭᠲᠦ ᠶᠢ | ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢᠶᠠᠨ ᠲᠣᠬᠠᠢ ᠶᠢᠨ ᠭᠠᠵᠠᠷ | ᠣᠷᠣᠨ ᠤ ᠪᠠᠶᠢᠳᠠᠯ ᠳᠤ ᠲᠣᠬᠢᠷᠠᠭᠤᠯᠵᠤ ᠪᠦᠲᠦᠭᠡᠯᠴᠢ ᠴᠢᠨᠠᠷᠲᠠᠢ ᠪᠠᠷ ᠦᠷᠨᠢᠭᠦᠯᠦᠨ᠎ᠡ᠃ | ︵ᠨᠢᠬᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ | ᠨᠢᠭᠡᠨᠲᠡ ᠤᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠳᠤᠪᠤᠶᠢᠮ᠎ᠠ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠭᠤᠣᠯᠳᠠᠯᠭ᠎ᠠ ᠲᠠᠢ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠡᠴᠡᠭᠦᠦ ᠶᠡᠭᠡ ᠲᠥᠭᠰᠢᠭᠦᠷᠢ ᠶᠢ | ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ | ᠥᠭᠴᠡᠭᠡ ᠲᠠᠯᠪᠢᠬᠤ ᠠᠵᠢᠯᠯᠠᠭ᠎ᠠ ᠶᠢ ᠵᠢᠷᠤᠮᠵᠢᠭᠤᠯᠵᠤ᠂ ᠰᠢᠨ᠎ᠡ ᠪᠠᠷ ᠡᠬᠢᠯᠡᠭᠦᠯᠦᠭᠰᠡᠨ ᠲᠦᠷᠦᠯ ᠵᠦᠢᠯ ᠳᠤ ᠥᠷᠢ | ᠥᠭᠴᠡᠭᠡ ᠶᠢᠨ ᠲᠦᠭᠰᠢᠭᠦᠷᠢ ᠶᠢ ᠴᠢᠩᠭ᠎ᠠ ᠦᠨᠡᠯᠡᠨ ᠵᠢᠱᠢᠵᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠳᠠᠯᠠᠵᠤ | ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠎ᠠ᠃ ᠲᠥᠪ ᠤᠨ ᠬᠢᠵᠠᠭᠠᠷᠯᠠᠬᠤ ᠲᠣᠭᠠᠨ ᠤ ᠲᠤᠳᠤᠷᠠᠬᠢ ᠥᠷᠢ | ᠦᠭᠴᠡᠭᠡ ᠶᠢᠨ ᠬᠡᠪᠴᠢᠶᠡᠵᠢᠯ ᠢ ᠢᠳᠡᠪᠬᠢᠲᠡᠢ ᠣᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠪᠦᠲᠦᠭᠡᠨ | ᠪᠠᠶᠢᠭᠤᠯᠬᠤ ᠳᠤ ᠪᠡᠯᠡ ᠮᠦᠩᠭᠦ ᠶᠢᠨ ᠪᠠᠲᠤᠯᠠᠭ᠎ᠠ ᠶᠢ ᠬᠠᠩᠭᠠᠵᠤ᠂ ᠮᠦᠨ ᠵᠠᠰᠠᠭ ᠤᠨ ᠣᠷᠳᠣᠨ ᠤ ᠳᠠᠯᠳᠠ ᠪᠠᠶᠢᠭ᠎ᠠ | ᠥᠷᠢ ᠥᠭᠴᠡᠭᠡ ᠶᠢᠨ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠨᠡᠩ ᠰᠠᠶᠢᠨ ᠰᠠᠶᠢᠬᠠᠨ ᠨᠦᠬᠦᠴᠡᠯ ᠢ ᠡᠭᠦᠳᠴᠦ | ᠥᠭᠭᠦᠨ᠎ᠡ᠃ ᠬᠢᠵᠠᠭᠠᠷᠯᠠᠭᠰᠠᠨ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠤᠰᠤᠭᠠᠷ ᠵᠠᠰᠠᠭ ᠤᠨ ᠣᠷᠳᠣᠨ ᠤ ᠥᠷᠢ | ᠦᠭᠴᠡᠭᠡ ᠶᠢ ᠠᠷᠢᠯᠭᠠᠵᠤ᠂ ᠳᠠᠯᠳᠠ ᠪᠠᠶᠢᠭ᠎ᠠ ᠥᠷᠢ ᠦᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠨ᠎ᠠ᠃ ᠵᠦᠢ | ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠦᠯᠵᠢᠶ᠎ᠡ ᠪᠠᠷ ᠵᠢᠭᠡᠯᠡᠯᠭᠡ ᠠᠪᠬᠤ᠂ ᠠᠵᠤ | ᠠᠬᠤᠶᠢᠯᠠᠯ ᠤᠨ ᠵᠢᠬᠡᠯᠡᠯᠬᠡ ᠶᠢᠨ ᠲᠡᠮᠳᠡᠭᠳᠤ ᠨᠢ ᠳᠦᠷᠢᠮ ᠠᠴᠠ ᠵᠦᠷᠢᠴᠡᠬᠦ ᠵᠡᠷᠭᠡ ᠲᠥᠭᠰᠢᠭᠦᠷᠢᠲᠦ ᠴᠡᠭ ᠢ ᠰᠠᠶᠢᠲᠤᠷ | ᠴᠡᠭᠴᠡᠯᠡᠨ ᠵᠠᠰᠠᠵᠦ᠂ ᠪᠡᠯᠡ ᠮᠦᠩᠭᠦ ᠬᠠᠤᠯᠢ ᠪᠤᠰᠤ ᠪᠠᠷ ᠴᠤᠭᠯᠠᠭᠤᠯᠬᠤ᠂ ᠮᠠᠯᠵᠢᠬᠤ ᠲᠠᠷᠢᠶᠠᠯᠠᠬᠤ ᠣᠷᠣᠨ ᠳᠠᠬᠢ | ᠦᠨᠳᠦᠷ ᠬᠦᠦ ᠲᠠᠢ ᠵᠢᠭᠡᠯᠡᠯᠭᠡ ᠪᠣᠯᠣᠨ ᠵᠣᠷᠢᠭᠤᠳᠠ ᠪᠠᠷ ᠥᠷᠢ ᠦᠭᠴᠡᠭᠡ ᠠᠴᠠ ᠵᠠᠶᠢᠯᠠᠬᠤ ᠪᠠ ᠥᠷᠢ | ᠦᠭᠴᠡᠭᠡ ᠪᠠᠨ ᠦᠭᠡᠶᠢᠰᠬᠡᠬᠦ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ ᠰᠢᠰᠲ᠋ᠧᠮᠵᠢ ᠶᠢᠨ ᠴᠢᠨᠠᠷᠲᠠᠢ | ᠲᠥᠭᠰᠢᠭᠦᠷᠢ ᠡᠭᠦᠰᠭᠡᠬᠦ ᠦᠭᠡᠢ ᠬᠢᠵᠠᠭᠠᠷ ᠱᠤᠭᠤᠮ ᠢ ᠪᠠᠲᠤ ᠰᠠᠬᠢᠨ᠎ᠠ᠃ | ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠨ᠎ᠡ᠃ ᠡᠨᠡ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ | ᠵᠠᠩᠬᠢᠯᠠᠭ᠎ᠠ ᠶᠢᠨ ᠨᠢᠭᠡᠨ ᠵᠢᠯ ᠪᠣᠯᠣᠨ᠎ᠠ᠂ ᠪᠢᠳᠡ ᠡᠷᠬᠡᠪᠰᠢ ᠨᠢᠭᠡ ᠯᠡ ᠵᠣᠷᠢᠭ ᠢᠶᠠᠷ ᠤᠨᠤᠪᠴᠢᠳᠠᠢ ᠠᠬᠢᠭᠤᠯᠵᠤ᠂ 14 | ᠲᠦᠮᠡ ᠭᠠᠷᠤᠢ ᠬᠦᠮᠦᠨ ᠢ ᠶᠠᠳᠠᠭᠤ ᠠᠴᠠ ᠠᠩᠬᠢᠵᠢᠷᠠᠭᠤᠯᠬᠤ᠂ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ | ᠪᠦᠬᠦᠨ ᠢ ᠶᠠᠳᠠᠭᠤ ᠠᠴᠠ ᠠᠩᠬᠢᠵᠢᠷᠠᠭᠤᠯᠬᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 20 ᠰᠢᠶᠠᠨ ᠢ | ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠭᠠᠷᠭᠠᠬᠤ ᠶᠢ ᠦᠨᠡᠨ ᠬᠦ ᠪᠠᠲᠤᠯᠠᠨ᠎ᠠ᠃ ᠲᠥᠪ ᠤᠨ ᠶᠠᠳᠠᠭᠤ ᠶᠢ | ᠲᠡᠳᠭᠦᠬᠦ ᠲᠤᠰᠬᠠᠢ ᠲᠣᠭᠤᠷᠢᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠤ | ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠣᠨᠴᠠᠭᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ | ᠭᠤᠣᠯᠳᠠᠭᠤᠯᠤᠨ ᠠᠩᠬᠠᠷᠴᠤ᠂ ︽ᠢᠳᠡᠵᠦ ᠡᠮᠦᠰᠬᠦ ᠳᠤ ᠪᠠᠨ ᠵᠣᠪᠠᠭ᠋ᠤ ᠦᠭᠡᠢ᠂ ᠭᠤᠷᠪᠠᠨ ᠲᠠᠯ᠎ᠠ ᠪᠠᠷ ᠪᠠᠲᠤᠯᠠᠬᠤ︾ | ᠳᠤ ᠲᠤᠯᠭᠠᠷᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠤ ᠦᠢᠯᠡᠰ᠂ ᠠᠵᠢᠯ | ᠣᠯᠭᠤᠯᠲᠠ᠂ ᠠᠮᠢ ᠠᠬᠤᠢ᠂ ᠰᠤᠷᠭᠠᠨ ᠬᠦᠮᠦᠵᠢᠯ᠂ ᠡᠷᠡᠭᠦᠯ ᠮᠡᠨᠳᠤ᠂ ᠨᠡᠶᠢᠭᠡᠮ ᠤᠨ ᠪᠠᠲᠤᠯᠠᠭ᠎ᠠ ᠵᠡᠷᠭᠡ ᠪᠠᠷ | ᠶᠠᠳᠠᠭᠤ ᠶᠢ ᠲᠡᠳᠭᠦᠬᠦ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠶᠢ ᠲᠡᠳᠭᠦᠬᠦ ᠪᠠᠷ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠲᠡᠳᠭᠦᠵᠦ ᠲᠤᠰᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠶᠠᠳᠠᠭᠤ ᠶᠢ | ᠲᠡᠳᠭᠦᠬᠦ ᠠᠵᠤ ᠦᠢᠯᠡᠰ ᠤᠨ ᠰᠠᠭᠤᠷᠢ ᠮᠦᠩᠭᠦ ᠶᠢ ᠰᠠᠶᠢᠲᠤᠷ ᠬᠡᠷᠡᠭᠯᠡᠨ᠂ ᠶᠠᠳᠠᠭᠤ ᠬᠦᠴᠢᠷᠳᠡᠯᠲᠡᠢ ᠭᠠᠵᠠᠷ ᠣᠷᠣᠨ᠂ | ᠶᠠᠳᠠᠭᠤ ᠬᠦᠴᠢᠷᠳᠡᠯᠲᠡᠢ ᠣᠯᠠᠨ ᠲᠦᠮᠡᠨ ᠤ ᠲᠤᠳᠤᠭᠠᠲᠤ ᠬᠦᠳᠡᠯᠭᠡᠬᠦ ᠬᠦᠴᠦᠨ ᠪᠠ ᠦᠪᠡᠷ ᠢ ᠪᠠᠨ ᠬᠥᠭᠵᠢᠭᠦᠯᠬᠦ | ᠴᠢᠳᠠᠪᠤᠷᠢ ᠶᠢ ᠨᠢ ᠨᠡᠮᠡᠭᠳᠡᠭᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠬᠢᠭᠡᠳ ᠬᠦᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠶᠢ ᠨᠢᠭᠡᠲᠦᠯᠲᠡᠢ ᠲᠦᠯᠦᠪᠯᠡᠨ ᠵᠤᠯᠭᠠᠭᠤᠯᠬᠤ ᠶᠢ ᠰᠠᠶᠢᠳᠤᠷ ᠬᠢᠵᠦ᠂ ᠶᠠᠳᠠᠭᠤ ᠠᠴᠠ | ᠠᠩᠬᠢᠵᠢᠷᠠᠭᠰᠠᠨ ᠬᠦᠮᠦᠰ ᠤᠨ ᠪᠤᠴᠠᠭᠠᠳ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠶᠢ ᠰᠡᠷᠭᠡᠶᠢᠯᠡᠨ᠎ᠡ᠃ ᠪᠡᠭᠡᠵᠢᠩ | ᠦᠪᠦᠷ ᠮᠣᠩᠭᠤᠯ ᠤᠨ ᠬᠤᠭᠤᠷᠤᠨᠳᠤ ᠶᠢᠨ ᠶᠠᠳᠠᠭᠤ ᠶᠢ ᠲᠡᠳᠭᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ | ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠭᠠᠷᠬᠤ ᠪᠠᠷᠢᠮᠵᠢᠶ᠎ᠠ ᠪᠣᠯᠣᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ | ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠲᠡᠦᠬᠡ ᠪᠣᠯᠣᠨ ᠦᠢᠯᠡᠳᠦᠯᠭᠡ ᠶᠢᠨ ᠰᠢᠯᠭᠠᠯᠲᠠ ᠪᠠᠷ | ᠪᠠᠲᠤᠯᠠᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠠᠬᠢᠯᠡᠯᠲᠡ ᠶᠢ | ᠪᠠᠲᠤ ᠰᠠᠬᠢᠵᠤ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠲᠠᠢ ᠨᠡᠶᠢᠴᠡᠬᠦ | ᠦᠭᠡᠢ ᠨᠡᠭᠦᠷᠡᠰᠦ ᠰᠢᠲᠠᠭᠠᠬᠤ ᠵᠤᠤᠬ᠎ᠠ ᠶᠢ ᠰᠢᠭᠰᠢᠭᠳᠡᠭᠦᠯᠵᠦ᠂ ︽ᠲᠠᠷᠠᠬᠠᠢ ᠪᠤᠳᠠᠷᠬᠠᠢ ᠵᠠᠮᠪᠠᠷᠠᠭ᠎ᠠ ᠦᠭᠡᠢ ᠪᠠ | ᠪᠤᠬᠢᠷᠳᠤᠯ ᠶᠡᠬᠡᠳᠡᠢ︾ ᠠᠵᠤ ᠠᠬᠤᠶᠢᠯᠠᠯ ᠢ ᠵᠠᠰᠠᠵᠤ ᠴᠡᠭᠴᠡᠯᠡᠨ᠂ ᠠᠵᠤ ᠦᠢᠯᠡᠳᠪᠦᠷᠢ ᠶᠢᠨ ᠪᠣᠬᠢᠷᠳᠤᠯ ᠤᠨ ᠡᠬᠢ | ᠢᠷᠡᠯᠲᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠨᠡᠶᠢᠴᠡᠭᠦᠯᠵᠦ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠬᠦᠬᠡᠬᠤᠲᠠ | ᠪᠤᠭᠤᠳᠤ ᠣᠷᠳᠤᠰ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ᠂ ᠤᠯᠠᠭᠠᠨᠬᠠᠳᠠ ᠲᠦᠩᠯᠢᠶᠣᠣ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ ᠠᠬᠢᠭᠤᠯᠵᠤ | ᠂ ᠣᠷᠣᠨ ᠪᠦᠰᠡ ᠶᠢᠨ ᠠᠭᠠᠷ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠭᠤᠣᠯ ᠮᠦᠷᠡᠨ | ᠨᠠᠭᠤᠷ ᠴᠦᠬᠦᠷᠤᠮ ᠤᠨ ᠠᠵᠢᠯ ᠳᠤ ᠬᠠᠷᠢᠭᠤᠴᠠᠬᠤ ᠠᠬᠠᠯᠠᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠢ ᠶᠢ ᠶᠡᠷᠦᠩᠬᠡᠶᠢᠯᠡᠨ | ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠬᠤᠲᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ | ᠪᠣᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠴᠢᠳᠠᠪᠤᠷᠢ ᠪᠣᠯᠣᠨ ᠴᠡᠪᠡᠷᠵᠢᠭᠦᠨ ᠤᠰᠤᠨ ᠤ ᠠᠰᠢᠭᠯᠠᠬᠤ | ᠨᠤᠷᠮ᠎ᠠ ᠶᠢ ᠳᠡᠭᠡᠭᠰᠢᠯᠡᠭᠦᠯᠦᠨ᠎ᠡ᠃ ᠤᠰᠤᠨ ᠰᠤᠷᠪᠣᠯᠵᠢ ᠶᠢᠨ ᠭᠠᠵᠠᠷ ᠢ ᠬᠠᠮᠠᠭᠠᠯᠠᠵᠤ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠬᠤ ᠶᠢ ᠵᠠᠰᠠᠨ᠎ᠡ᠃ ᠬᠦᠷᠦᠰᠦ ᠰᠢᠷᠤᠢ ᠶᠢᠨ ᠪᠣᠬᠢᠷᠳᠤᠯ ᠢ ᠵᠠᠰᠠᠬᠤ ᠪᠠ ᠦᠩᠵᠢᠭᠦᠯᠦᠨ ᠰᠡᠷᠭᠦᠭᠡᠬᠦ | ᠲᠦᠷᠦᠯ ᠵᠦᠢᠯ ᠢ ᠬᠡᠷᠡᠭᠵᠢᠭᠦᠯᠵᠦ᠂ ᠬᠦᠨᠳᠦ ᠲᠡᠮᠦᠷᠯᠢᠭ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ | ᠪᠤᠬᠢᠷᠳᠤᠯ ᠢ ᠰᠡᠷᠭᠡᠶᠢᠯᠡᠨ ᠵᠠᠰᠠᠨ᠎ᠠ᠃ | ︵ᠬᠤᠶᠠᠷ︶ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠦᠢᠯᠡᠳᠬᠦ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠢ ᠡᠵᠡᠮᠰᠢᠵᠦ᠂ ᠲᠡᠷᠢᠭᠦᠨ ᠤ ᠦᠢᠯᠡᠳᠬᠦ | ᠦᠢᠯᠡᠰ ᠬᠢᠭᠡᠳ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ᠦᠢᠯᠡᠳᠬᠦ ᠦᠢᠯᠡᠰ ᠤᠨ ᠮᠡᠷᠭᠡᠵᠢᠯ ᠳᠤ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠎ᠠ᠃ ᠪᠦᠬᠦ ᠨᠡᠶᠢᠭᠡᠮ ᠳᠠᠬᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠶᠢ ᠨᠡᠮᠡᠭᠳᠡᠭᠦᠯᠵᠦ᠂ ᠦᠪᠡᠷᠲᠡᠭᠡᠨ ᠵᠠᠰᠠᠬᠤ ᠣᠷᠣᠨ ᠤ | ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠭᠤᠯᠤᠨ ᠠᠩᠬᠠᠷᠴᠤ᠂ ᠨᠡᠭᠡᠭᠡᠯᠲᠡ ᠲᠠᠢ᠂ | ᠵᠣᠬᠢᠴᠠᠩᠭᠤᠢ ᠪᠦᠭᠡᠳ ᠦᠨᠳᠦᠷ ᠪᠦᠲᠦᠮᠵᠢᠲᠡᠢ ᠨᠡᠶᠢᠲᠡᠯᠢᠭ ᠮᠡᠷᠭᠡᠵᠢᠯ ᠢ ᠰᠤᠳᠤᠯᠤᠨ ᠨᠡᠭᠡᠭᠡᠬᠦ ᠲᠠᠪᠴᠠᠩ ᠢ | ᠪᠠᠶᠢᠭᠤᠯᠤᠨ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ ᠪᠠ ᠠᠵᠤ ᠠᠬᠤᠶᠢᠯᠠᠯ ᠢᠶᠠᠷ ᠭᠤᠣᠯ | ᠴᠤᠭᠴᠠ ᠪᠣᠯᠭᠠᠭᠰᠠᠨ ᠦᠢᠯᠡᠳᠪᠦᠷᠢᠯᠡᠬᠦ ᠰᠤᠷᠭᠠᠬᠤ ᠰᠤᠳᠤᠯᠬᠤ ᠶᠢ ᠨᠢᠭᠡ ᠴᠤᠭᠴᠠᠵᠢᠭᠤᠯᠤᠭᠰᠠᠨ ᠰᠢᠨ᠎ᠡ ᠶᠢ ᠡᠭᠦᠳᠬᠦ | ᠲᠣᠭᠲᠠᠴᠠ ᠶᠢ ᠪᠦᠷᠢᠨᠰᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ᠬᠦᠬᠡᠬᠤᠲᠠ | ᠪᠤᠭᠤᠳᠤ ᠣᠷᠳᠤᠰ ᠲᠠᠬᠢ ᠤᠯᠤᠰ ᠤᠨ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ | ᠲᠣᠭᠤᠷᠢᠭ ᠢ ᠡᠭᠦᠳᠦᠨ ᠪᠠᠶᠢᠭᠤᠯᠵᠤ᠂ ᠤᠯᠤᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠴᠢ ᠴᠢᠳᠠᠪᠤᠷᠢᠲᠠᠨ ᠢ | ᠪᠤᠶᠢᠵᠢᠭᠤᠯᠬᠤ ᠪᠠ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠰᠤᠳᠤᠯᠤᠯ ᠤᠨ ᠠᠵᠢᠯᠲᠠᠳ ᠤᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠤᠷᠮᠠᠰᠢᠭᠤᠯᠤᠨ ᠬᠥᠭᠵᠢᠭᠡᠨ᠎ᠡ᠃ | ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠠᠰᠢᠭᠯᠠᠨ᠂ ᠨᠡᠭᠦᠷᠡᠰᠦ᠂ | ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠳᠠᠪᠠᠭᠤᠯᠢᠭ ᠠᠵᠤ ᠦᠢᠯᠡᠰ ᠤᠨ | ᠦᠭᠡᠷᠡᠴᠢᠯᠡᠵᠦ ᠰᠢᠨᠡᠳᠭᠡᠨ ᠳᠡᠰ ᠳᠡᠪᠰᠢᠬᠦ ᠶᠢ ᠲᠦᠷᠭᠡᠳᠭᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ | ᠥᠷᠲᠡᠭ ᠤᠨ ᠬᠡᠯᠬᠢᠶ᠎ᠡ ᠪᠣᠯᠣᠨ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠳᠡᠯᠡᠬᠡᠢ ᠶᠢᠨ | ᠡᠨᠧᠷᠬᠢ ᠶᠢᠨ ᠮᠡᠷᠭᠡᠵᠢᠯ ᠤᠨ ᠬᠤᠪᠢᠰᠬᠠᠯ ᠤᠨ ᠰᠢᠨ᠎ᠡ ᠬᠠᠨᠳᠤᠰᠢ ᠶᠢ ᠴᠢᠩᠭ᠎ᠠ ᠳᠠᠭᠠᠵᠤ᠂ ᠴᠢᠯᠠᠭᠤᠵᠢᠮᠠᠯ ᠤᠨ | ᠡᠨᠧᠷᠬᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠡᠨᠧᠷᠬᠢ ᠶᠢ ᠡᠮᠬᠢ | ᠵᠢᠷᠤᠮ ᠲᠠᠢ ᠬᠥᠭᠵᠢᠭᠦᠯᠵᠦ᠂ ᠣᠳᠣ ᠦᠶ᠎ᠡ ᠶᠢᠨ ᠡᠨᠧᠷᠬᠢ ᠶᠢᠨ ᠰᠢᠰᠲ᠋ᠧᠮᠵᠢ ᠶᠢ ᠪᠠᠶᠢᠭᠤᠯᠤᠨ᠂ ᠡᠨᠧᠷᠬᠢ ᠶᠢᠨ | ᠲᠠᠯ᠎ᠠ ᠪᠠᠷ ᠬᠢ ᠣᠯᠠᠨ ᠤᠯᠤᠰ ᠤᠨ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠵᠦ᠂ ︽ᠦᠪᠦᠷ ᠮᠣᠩᠭᠤᠯ ᠤᠨ | ᠡᠨᠧᠷᠬᠢ︾ ᠬᠡᠮᠡᠬᠦ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠨ᠎ᠠ᠃ ᠤᠯᠤᠰ ᠤᠨ ᠣᠳᠣ ᠦᠶ᠎ᠡ ᠶᠢᠨ ᠡᠨᠧᠷᠬᠢ ᠶᠢᠨ | ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠵᠤ᠂ ᠣᠷᠳᠣᠰ ᠤᠨ ᠤᠯᠤᠰ ᠤᠨ ᠣᠳᠣ | ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃ | ᠴᠠᠬᠢᠯᠭᠠᠨ ᠬᠦᠴᠦᠨ ᠳᠠᠮᠵᠢᠭᠤᠯᠬᠤ ᠳᠤ ᠢᠵᠢ ᠪᠦᠷᠢᠳᠦᠭᠦᠯᠦᠭᠰᠡᠨ ᠴᠠᠬᠢᠯᠭᠠᠨ ᠡᠭᠦᠰᠭᠡᠬᠦ ᠴᠡᠭ ᠤᠨ | ᠪᠠᠶᠢᠭᠤᠯᠤᠯᠲᠠ ᠶᠢ ᠠᠬᠢᠭᠤᠯᠤᠨ᠎ᠠ᠃ ᠲᠡᠷᠢᠭᠦᠨ ᠤ ᠨᠦᠬᠡᠴᠡᠯᠡᠬᠦ ᠡᠨᠧᠷᠬᠢ᠂ ᠴᠠᠬᠢᠯᠭᠠᠨ ᠬᠦᠴᠦᠨ ᠤ ᠤᠶᠤᠨᠴᠢ ᠲᠣᠣᠷ᠂ | ᠡᠨᠧᠷᠬᠢ ᠶᠢᠨ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠬᠦ ᠶᠢ ᠠᠬᠢᠭᠤᠯᠵᠤ᠂ | ᠴᠠᠬᠢᠯᠭᠠᠨ ᠤ ᠬᠡᠷᠡᠭᠯᠡᠭᠡ ᠶᠢ ᠰᠠᠭᠠᠲᠠᠭᠠᠬᠤ᠂ ᠰᠠᠯᠬᠢ ᠪᠣᠯᠣᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ | ᠲᠠᠶᠠᠭᠳᠠᠬᠤ ᠵᠡᠷᠭᠡ ᠠᠰᠠᠭᠤᠳᠠᠯ ᠢ ᠠᠩᠬᠠᠷᠴᠤ ᠰᠢᠢᠳᠪᠦᠷᠢᠯᠡᠨ᠎ᠡ᠃ | ᠣᠳᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠣᠯᠣᠨ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ | ᠲᠤᠨᠤᠭ ᠲᠦᠭᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠦᠭᠡᠷᠡᠴᠢᠯᠡᠵᠦ ᠰᠢᠨᠡᠳᠭᠡᠨ ᠳᠡᠰ ᠳᠡᠪᠰᠢᠬᠦ ᠶᠢ ᠳᠡᠮᠵᠢᠵᠦ | ᠂ ᠰᠢᠨ᠎ᠡ ᠦᠢᠯᠡᠳᠭᠦᠨ ᠰᠤᠳᠤᠯᠤᠨ ᠨᠡᠭᠡᠭᠡᠬᠦ ᠵᠢᠴᠢ ᠰᠢᠨ᠎ᠡ ᠮᠡᠷᠭᠡᠵᠢᠯ ᠤᠨ ᠠᠵᠤ ᠦᠢᠯᠡᠰᠵᠢᠭᠦᠯᠦᠨ ᠬᠡᠷᠡᠭᠯᠡᠬᠦ ᠶᠢ | ᠲᠦᠷᠭᠡᠳᠭᠡᠨ᠂ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠲᠥᠭᠦᠭᠡᠷᠦᠮᠵᠢ᠂ ᠪᠠᠷᠢᠯᠭ᠎ᠠ ᠶᠢᠨ ᠮᠠᠰᠢᠨ᠂ ᠰᠢᠨ᠎ᠡ | ᠡᠨᠧᠷᠬᠢ ᠶᠢᠨ ᠮᠠᠰᠢᠨ ᠲᠡᠷᠭᠡ ᠵᠡᠷᠭᠡ ᠠᠵᠤ ᠦᠢᠯᠡᠰ ᠤᠨ ᠳᠡᠭᠡᠳᠦ ᠦᠵᠦᠭᠦᠷᠯᠡᠬᠦ᠂ ᠤᠶᠤᠨᠴᠢᠯᠠᠬᠤ ᠶᠢ ᠠᠬᠢᠭᠤᠯᠤᠨ᠎ᠠ᠃ | ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠵᠤ᠂ ᠪᠤᠭᠤᠳᠤ ᠶᠢᠨ ᠤᠯᠤᠰ ᠤᠨ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠲᠣᠭᠤᠷᠢᠭ ᠢ | ᠡᠭᠦᠳᠦᠨ ᠪᠠᠶᠢᠭᠤᠯᠤᠨ᠎ᠠ᠃ | ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠵᠤ᠂ ᠤᠯᠤᠰ ᠤᠨ | ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠵᠤ᠂ ᠦᠪᠡᠷᠲᠡᠭᠡᠨ | ᠵᠠᠰᠠᠬᠤ ᠣᠷᠣᠨ ᠤ ᠮᠤᠩᠭᠤᠯ ᠬᠢᠲᠠᠳ ᠡᠮ᠂ ᠠᠮᠢᠳᠤ ᠪᠤᠳᠠᠰ ᠤᠨ ᠡᠮ ᠡᠮᠨᠡᠯᠭᠡ᠂ ᠪᠠᠯ ᠴᠢᠯᠠᠭᠤ ︵ᠠᠯᠺᠧᠨ︶ ᠶᠢᠨ | ᠰᠢᠨ᠎ᠡ ᠮᠠᠲ᠋ᠧᠷᠢᠶᠠᠯ ᠦᠢᠯᠡᠳᠴᠦ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠤᠨ᠎ᠠ᠃ ᠲᠣᠭᠠᠵᠢᠭᠤᠯᠤᠭᠰᠠᠨ | ᠠᠵᠤ ᠠᠬᠤᠢ ᠶᠢ ᠬᠥᠭᠵᠢᠭᠦᠯᠵᠦ᠂ ᠢᠨᠲ᠋ᠧᠷ ᠰᠦᠯᠵᠢᠶ᠎ᠡ᠂ ᠲᠤᠮᠤ ᠳ᠋ᠡᠶᠢᠲ᠋ᠠ᠂ ᠬᠢᠮᠡᠯ ᠤᠶᠤᠨ ᠪᠣᠯᠣᠨ ᠪᠤᠳᠠᠳᠤ | ᠴᠤᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ᠠᠵᠤ ᠦᠢᠯᠡᠰ ᠢ ᠬᠦᠷᠢᠶᠡᠯᠡᠩ ᠲᠣᠭᠤᠷᠢᠭ ᠲᠤ ᠲᠦᠪᠯᠡᠷᠡᠭᠦᠯᠬᠦ᠂ ᠬᠦᠴᠦᠨ ᠵᠦᠢᠯ ᠢ ᠬᠦᠷᠢᠶᠡᠯᠡᠩ ᠲᠣᠭᠤᠷᠢᠭ | ᠲᠡᠶᠢᠰᠢ ᠲᠦᠪᠯᠡᠷᠡᠭᠦᠯᠦᠨ ᠪᠦᠭᠡᠮᠨᠡᠷᠡᠭᠦᠯᠬᠦ ᠶᠢ ᠠᠬᠢᠭᠤᠯᠤᠨ᠂ ᠰᠠᠭᠤᠷᠢ ᠪᠡᠯᠡᠳᠭᠡᠮᠵᠢ ᠪᠣᠯᠣᠨ ᠣᠯᠠᠨ ᠨᠡᠶᠢᠲᠡ ᠶᠢᠨ | ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ ᠪᠣᠯᠭᠠᠨ᠎ᠠ᠃ ᠬᠦᠷᠢᠶᠡᠯᠡᠩ ᠲᠣᠭᠤᠷᠢᠭ ᠤᠨ | ᠪᠠᠶᠢᠷᠢᠰᠢᠭᠤᠯᠤᠯᠲᠠ ᠶᠢ ᠵᠣᠬᠢᠰᠲᠠᠢ ᠲᠦᠯᠦᠪᠵᠢᠭᠦᠯᠵᠦ᠂ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ | ᠦᠢᠯᠡᠰ ᠨᠢ ᠳᠤᠪᠤᠶᠢᠮ᠎ᠠ ᠪᠤᠰᠤ᠂ ᠲᠦᠯᠦᠪᠵᠢᠭᠦᠯᠦᠭᠰᠡᠨ ᠲᠠᠯᠠᠪᠠᠢ ᠨᠢ ᠶᠡᠭᠡ᠂ ᠣᠷᠤᠵᠤ ᠰᠠᠭᠤᠭᠰᠠᠨ ᠠᠵᠤ | ᠠᠬᠤᠶᠢᠯᠠᠯ ᠨᠢ ᠴᠥᠭᠡᠨ ᠵᠡᠷᠭᠡ ᠠᠰᠠᠭᠤᠳᠠᠯ ᠢ ᠰᠢᠢᠳᠪᠦᠷᠢᠯᠡᠨ᠂ ᠪᠡᠯᠡ ᠣᠷᠤᠭᠤᠯᠬᠤ ᠬᠦᠴᠦᠯᠡᠴᠡ ᠶᠢ ᠨᠡᠮᠡᠭᠳᠡᠬᠦᠯᠵᠦ᠂ | ᠬᠦᠷᠢᠶᠡᠯᠡᠩ ᠲᠣᠭᠤᠷᠢᠭ ᠤᠨ ᠠᠵᠤ ᠦᠢᠯᠡᠰ ᠢ ᠡᠷᠬᠢᠯᠳᠦᠭᠦᠯᠬᠦ᠂ ᠡᠬᠢ ᠪᠠᠶᠠᠯᠢᠭ ᠢ ᠠᠷᠪᠢᠯᠠᠬᠤ᠂ ᠣᠷᠴᠢᠨ | ᠲᠣᠭᠤᠷᠢᠨ ᠳᠤ ᠡᠭᠡᠯᠢᠲᠡᠢ᠂ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ︵ᠭᠤᠷᠪᠠ︶ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠣ ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠶᠢ | ᠦᠷᠭᠡᠣᠡᠭᠡᠨ᠎ᠠ | ᠤᠯᠤᠰ ᠠᠴᠠ ᠣᠯᠣᠰ ᠤᠨ ᠲᠣᠳᠣᠭᠠᠳᠣᠬᠢ ᠭᠦᠴᠣᠷᠭᠡᠭ ᠶᠡᠭᠡ ᠵᠠᠬ᠎ᠠ ᠳᠡᠯᠭᠡᠭᠦᠷ ᠢ ᠪᠦᠳᠣᠭᠡᠨ ᠪᠠᠶᠢᠭᠤᠯᠬᠤ | ᠠᠵᠨ ᠵᠠᠪᠰᠢᠶᠠᠨ ᠢ ᠠᠣᠡᠬᠤᠵᠣ᠂ ᠠᠵᠣ ᠠᠬᠤᠢ ᠶᠢᠨ ᠭᠦᠭᠵᠢᠯᠳᠠ ᠳᠠᠬᠢ ᠬᠡᠷᠡᠭᠯᠡᠭᠡ ᠶᠢᠨ ᠰᠠᠭᠤᠷᠢ ᠦᠢᠯᠡᠳᠣᠯ ᠢ | ᠪᠠᠳᠠᠷᠠᠭᠤᠯᠣᠨ᠂ ᠡᠮᠴᠢᠯᠡᠭᠡ᠂ ᠨᠠᠰᠤᠳᠠᠶᠢᠴᠦᠳ ᠤᠨ ᠠᠰᠠᠷᠠᠮᠵᠢ᠂ ᠪᠠᠯᠴᠢᠷ ᠬᠡᠤᠬᠡᠳ ᠤᠨ ᠬᠦᠮᠦᠵᠢᠯ ᠪᠤᠶᠢᠵᠢᠯᠳᠠ᠂ | ᠰᠤᠶᠤᠯ᠂ ᠵᠢᠭᠤᠯᠴᠢᠯᠠᠯ᠂ ᠦᠵᠡᠭᠦᠯᠭᠡ᠂ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ | ᠥᠷᠭᠡᠳᠭᠡᠨ᠎ᠡ᠃ ᠡᠯᠧᠺᠳ᠋ᠷᠣᠨ ᠬᠤᠳᠠᠯᠳᠣᠭᠠᠨ ᠤ ᠶᠠᠪᠣᠳᠠᠯ ᠢ ᠭᠦᠭᠵᠢᠭᠦᠯᠵᠣ᠂ ᠰᠦᠯᠵᠢᠶᠡᠨ ᠳᠠᠬᠢ ᠪᠠ | ᠰᠦᠯᠵᠢᠶᠡᠨ ᠤ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ | ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠨᠡᠭᠡᠭᠡᠵᠦ ᠥᠷᠭᠡᠳᠭᠡᠨ᠎ᠡ᠃ ᠦᠢᠯᠡᠳᠬᠦᠨ ᠤ ᠶᠠᠰᠣ ᠴᠢᠨᠠᠷ ᠪᠣᠯᠣᠨ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠣ᠂ ︽ᠦᠪᠣᠷ ᠮᠣᠩᠭᠤᠯ ᠤᠨ ᠰᠦ ᠶᠢᠨ ᠦᠢᠯᠡᠰ︾ ︽ | ᠦᠪᠣᠷ ᠮᠣᠩᠭᠤᠯ ᠤᠨ ᠦᠨᠦᠷ ᠠᠮᠳᠠ︾ ︽ᠦᠪᠣᠷ ᠮᠣᠩᠭᠤᠯ ᠤᠨ ᠺᠢᠨᠣ᠋ ᠲᠧᠯᠸᠢᠰ︾ ︽ᠦᠪᠣᠷ ᠮᠣᠩᠭᠤᠯ ᠤᠨ | ᠳᠠᠭᠤᠤ ᠭᠦᠭᠵᠢᠮ︾ ᠵᠡᠷᠭᠡ ᠨᠡᠷᠡᠲᠦ ᠲᠦᠷᠦᠯ ᠲᠡᠮᠲᠡᠭᠲᠦ ᠶᠢᠨ ᠨᠦᠯᠣᠭᠡᠯᠡᠭᠦ ᠭᠦᠴᠣᠨ ᠢ ᠦᠷᠭᠡᠣᠡᠭᠡᠨ᠂ ᠣᠯᠠᠨ | ᠲᠦᠮᠡᠨ ᠤ ᠦᠪᠡᠷᠮᠢᠴᠡ᠂ ᠴᠢᠨᠠᠷᠵᠢᠭᠤᠨ᠂ ᠪᠣᠬᠢᠷᠳᠣᠯ ᠦᠭᠡᠢ ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠶᠢ | ᠬᠠᠩᠭᠠᠨ᠎ᠠ᠃ ᠰᠣᠶᠦᠯ᠂ ᠪᠡᠶ᠎ᠡ ᠶᠢᠨ ᠳᠠᠮᠢᠷ ᠪᠤᠯᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ᠪᠡᠭᠡᠵᠢᠩ ᠤᠨ ᠡᠪᠣᠯ ᠤᠨ ᠣᠯᠢᠮᠫᠢᠺ ᠤᠨ ᠴᠣᠭᠯᠠᠭᠠᠨ ᠪᠠ ᠭᠦᠯᠣᠨ ᠪᠦᠢᠷ ᠲᠠᠬᠢ ᠪᠦᠭᠦ ᠣᠯᠣᠰ ᠤᠨ ᠡᠪᠣᠯ ᠤᠨ | ᠲᠠᠮᠢᠷ ᠤᠨ ᠴᠤᠭᠯᠠᠭᠠᠨ ᠤ ᠠᠵᠨ ᠲᠣᠬᠢᠶᠠᠯ ᠢ ᠠᠣᠡᠬᠤᠵᠣ᠂ ᠪᠡᠶ᠎ᠡ ᠶᠢᠨ ᠲᠠᠮᠢᠷ ᠤᠨ ᠠᠵᠤ ᠦᠢᠯᠡᠰ ᠪᠣᠯᠣᠨ ᠮᠦᠰᠦ | ᠴᠠᠰᠤᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠣᠯᠢᠮᠫᠢᠺ ᠤᠨ ᠠᠵᠣ ᠠᠬᠤᠢ ᠶᠢ ᠣᠯᠠᠨ ᠲᠦᠮᠡᠨ ᠳᠤ | ᠬᠦᠷᠲᠡᠭᠡᠨ᠎ᠡ᠃ ᠭᠦᠯᠣᠨ ᠪᠦᠢᠷ ᠤᠨ ᠣᠢ ᠰᠢᠭᠤᠢ ᠲᠠᠯ᠎ᠠ ᠨᠣᠳᠤᠭ ᠢᠶᠠᠷ ᠵᠢᠭᠤᠯᠴᠢᠯᠠᠬᠤ ᠡᠭᠡᠯᠵᠢ ᠶᠢᠨ ᠭᠠᠯᠳᠣ | ᠲᠡᠷᠭᠡ ᠶᠢᠨ ᠲᠦᠷᠦᠯ ᠵᠦᠢᠯ ᠪᠣᠯᠣᠨ ᠤᠯᠠᠭᠠᠨᠴᠠᠪ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ | ᠲᠦᠷᠭᠡᠳᠭᠡᠨ ᠪᠠᠶᠢᠭᠤᠯᠵᠤ᠂ ᠣᠯᠠᠭᠠᠨᠬᠤᠳᠠ — ᠷᠠᠰᠢᠶᠠᠨ — ᠬᠠᠶᠢᠯᠠᠷ — ᠮᠠᠨᠵᠣᠣᠷ ᠤᠨ | ᠵᠢᠭᠤᠯᠴᠢᠯᠠᠯ ᠤᠨ ᠨᠢᠭᠡ ᠴᠣᠭᠴᠠᠵᠢᠯᠳᠠ ᠶᠢ ᠠᠬᠢᠭᠤᠯᠤᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠣᠨ ᠤᠨ | ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠣ᠂ ᠬᠡᠷᠡᠭᠯᠡᠭᠡ ᠶᠢᠨ ᠳᠠᠯᠳᠠ ᠭᠦᠴᠣᠨ ᠢ ᠴᠢᠯᠦᠭᠡᠯᠡᠨ᠎ᠡ᠃ | ᠲᠦᠷᠪᠡᠳᠣᠭᠡᠷ ᠣᠳᠠᠭᠠᠨ ᠤ ᠪᠦᠭᠦ ᠣᠯᠣᠰ ᠤᠨ ᠠᠵᠣ ᠠᠬᠤᠢ ᠶᠢᠨ ᠨᠠᠶᠢᠳᠠᠮ ᠪᠠᠶᠢᠴᠠᠭᠠᠯᠳᠠ ᠶᠢ ᠯᠠᠪᠳᠠᠭᠤᠨ ᠪᠠᠲᠤᠲᠠᠢ | ᠦᠷᠨᠢᠭᠦᠯᠣᠨ᠎ᠠ᠃ | ᠪᠦᠲᠦᠮᠵᠢᠲᠡᠢ ᠪᠡᠯᠨ ᠣᠷᠣᠭᠤᠯᠣᠯᠳᠠ ᠶᠢ ᠴᠢᠷᠮᠠᠶᠢᠨ ᠦᠷᠭᠡᠣᠡᠭᠡᠨ᠎ᠠ᠃ ᠲᠣᠳᠠᠭᠤᠳᠠᠯ ᠢ ᠨᠦᠭᠦᠪᠣᠷᠢᠯᠡᠵᠣ | ᠰᠡᠯᠭᠦᠭᠦ ᠭᠦᠴᠣᠨ ᠢ ᠨᠡᠮᠡᠭᠳᠡᠭᠦᠯᠭᠦ ᠨᠢᠭᠡ ᠪᠦᠯᠦᠭ ᠭᠤᠣᠯᠳᠠᠯᠭ᠎ᠠ ᠲᠠᠢ ᠲᠦᠷᠣᠯ ᠵᠦᠢᠯ ᠢ ᠬᠡᠷᠩᠵᠢᠭᠦᠯᠵᠣ᠂ ᠵᠠᠮ | ᠬᠠᠷᠢᠯᠴᠠᠭ᠎ᠠ᠂ ᠣᠰᠣᠨ ᠠᠰᠢᠭᠯᠠᠯᠳᠠ᠂ ᠡᠨᠧᠷᠬᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ᠂ ︽ | ᠮᠠᠯᠵᠢᠬᠤ ᠳᠠᠷᠢᠶᠠᠯᠠᠬᠤ ᠣᠷᠣᠨ᠂ ᠮᠠᠯ ᠳᠠᠷᠢᠶᠠᠯᠠᠩ᠂ ᠮᠠᠯᠴᠢᠨ ᠳᠠᠷᠢᠶᠠᠴᠢᠨ︾᠂ ᠬᠤᠳᠠ ᠶᠢᠨ ᠶᠠᠪᠣᠳᠠᠯ᠂ ᠭᠠᠮᠰᠢᠭ ᠢ | ᠰᠡᠷᠭᠡᠶᠢᠯᠠᠨ ᠭᠠᠮᠰᠢᠭ ᠢ ᠪᠠᠭᠠᠰᠬᠠᠬᠤ ᠵᠡᠷᠭᠡ ᠭᠤᠣᠯᠳᠠᠯᠭ᠎ᠠ ᠲᠠᠢ ᠭᠦᠷᠢᠶ᠎ᠠ ᠴᠠᠷᠠᠭ᠎ᠠ ᠪᠠ ᠠᠨᠠᠢ ᠪᠠᠶᠢᠭ᠎ᠠ ᠳᠠᠯ᠎ᠠ ᠪᠠᠷ ᠬᠢ | ᠪᠦᠳᠣᠭᠡᠨ ᠪᠠᠶᠢᠭᠤᠯᠣᠯᠳᠠ ᠶᠢ ᠴᠢᠩᠭᠠᠣᠡᠬᠠᠵᠣ᠂ ᠮᠡᠳᠡᠭᠡ ᠵᠠᠩᠬᠢ ᠶᠢᠨ ᠰᠦᠯᠵᠢᠶ᠎ᠠ᠂ ᠣᠳᠣ ᠦᠶ᠎ᠡ ᠶᠢᠨ ᠪᠠᠷᠠᠭᠠᠨ ᠤ | ᠭᠦᠢᠯᠭᠡᠭᠡ ᠵᠡᠷᠭᠡ ᠰᠠᠭᠤᠷᠢ ᠪᠡᠯᠡᠣᠡᠭᠡᠮᠵᠢ ᠶᠢᠨ ᠲᠣᠯᠭᠠᠭᠤᠷᠢᠯᠡᠬᠤ ᠴᠢᠳᠠᠪᠣᠷᠢ ᠶᠢ ᠳᠡᠭᠡᠭᠰᠢᠯᠡᠭᠦᠯᠣᠨ᠎ᠠ᠃ ᠵᠢᠨᠢᠩ ᠠᠴᠠ | ᠳ᠋ᠠᠲ᠋ᠦ᠋ᠩ ᠭᠦᠷᠭᠦ ᠳᠡᠭᠡᠳᠣ ᠬᠤᠷᠳᠣ ᠶᠢᠨ ᠳᠡᠮᠣᠷ ᠵᠠᠮ᠂ ᠪᠣᠭᠤᠳᠣ ᠠᠴᠠ ᠢᠷᠭᠠᠢ ᠭᠦᠷᠭᠦ ᠳᠡᠭᠡᠳᠣ ᠬᠤᠷᠳᠣ ᠶᠢᠨ | ᠳᠡᠮᠣᠷ ᠵᠠᠮ᠂ ᠬᠦᠭᠡᠬᠤᠳᠠ ᠰᠢᠨ᠎ᠠ ᠨᠢᠰᠭᠡᠯ ᠤᠨ ᠪᠠᠭᠤᠳᠠᠯ ᠵᠡᠷᠬᠡ ᠲᠦᠷᠦᠯ ᠵᠦᠢᠯ ᠢ ᠲᠦᠷᠭᠡᠳᠭᠡᠨ ᠪᠦᠲᠦᠭᠡᠨ | ᠪᠠᠶᠢᠭᠤᠯᠤᠨ᠎ᠠ᠃ ᠣᠷᠳᠣᠰ ᠤᠨ ᠠᠭᠠᠷ ᠠᠶᠠᠯᠠᠯ ᠤᠨ ᠳᠡᠭᠡᠳᠣ ᠰᠣᠷᠭᠠᠭᠤᠯᠢ᠂ ᠨᠢᠰᠬᠡᠯ ᠰᠡᠯᠪᠢᠨ ᠵᠠᠰᠠᠬᠤ ᠲᠥᠪ ᠵᠡᠷᠭᠡ | ᠲᠦᠷᠣᠯ ᠵᠦᠢᠯ ᠤᠨ ᠠᠬᠢᠴᠠ ᠶᠢ ᠲᠥᠷᠭᠡᠳᠭᠡᠨ᠎ᠡ᠃ | ᠲᠦᠷᠣᠯ ᠵᠦᠢᠯ ᠢ ᠠᠭᠢᠭᠤᠯᠬᠤ ᠲᠣᠭᠳᠠᠴᠨ ᠶᠢ ᠪᠦᠷᠢᠨᠰᠢᠭᠦᠯᠵᠣ᠂ ᠲᠦᠷᠣᠯ ᠵᠦᠢᠯ ᠳᠤ ᠭᠠᠵᠡᠷ ᠬᠡᠷᠩᠯᠡᠭᠦ᠂ | ᠬᠤᠳᠠ ᠶᠢᠨ ᠶᠠᠪᠣᠳᠠᠯ ᠳᠤ ᠢᠵᠢ ᠪᠦᠷᠢᠳᠣᠭᠦᠯᠭᠦ᠂ ᠣᠷᠴᠢᠨ ᠠᠬᠤᠢ ᠶᠢᠨ ᠨᠥᠯᠥᠭᠡᠯᠡᠯ ᠳᠤ ᠦᠨᠡᠯᠡᠯᠲᠡ ᠬᠢᠬᠦ ᠶᠢ | ᠬᠢᠨᠠᠨ ᠵᠦᠪᠰᠢᠶᠡᠷᠡᠭᠦ᠂ ᠪᠡᠯᠨ ᠮᠦᠩᠭᠦ ᠶᠢ ᠨᠠᠶᠢᠳᠠᠪᠣᠷᠢᠵᠢᠭᠤᠯᠬᠤ ᠵᠡᠷᠭᠡ ᠳᠠᠯ᠎ᠠ ᠪᠠᠷ ᠨᠢᠭᠡᠳᠣᠯᠳᠠᠢ ᠰᠠᠶᠢᠲᠤᠷ | ᠲᠦᠯᠣᠪᠯᠡᠵᠦ᠂ ᠰᠢᠨ᠎ᠠ ᠪᠠᠷ ᠡᠬᠢᠯᠡᠭᠦᠯᠦᠭᠰᠡᠨ ᠴᠢᠬᠤᠯᠨ ᠶᠡᠭᠡ ᠲᠦᠷᠣᠯ ᠵᠦᠢᠯ ᠤᠨ ᠡᠨᠧᠷᠬᠢ ᠶᠢᠨ ᠬᠤᠷᠣᠭᠳᠠᠯ ᠤᠨ | ᠭᠦᠢᠴᠡᠣᠡᠭᠡᠯ ᠲᠤᠭ᠎ᠠ ᠶᠢ ᠠᠰᠳᠠᠭᠠᠨ ᠵᠢᠭᠰᠠᠭᠠᠨ᠎ᠠ᠃ ᠵᠠᠰᠠᠭ ᠤᠨ ᠣᠷᠳᠣᠨ ᠪᠠᠩᠬᠢ ᠠᠵᠣ ᠠᠬᠤᠶᠢᠯᠡᠯ ᠢ | ᠵᠣᠯᠭᠠᠯᠳᠣᠭᠤᠯᠬᠤ ᠶᠢ ᠴᠢᠩᠭᠠᠣᠡᠬᠠᠵᠣ᠂ ᠭᠤᠣᠯᠳᠠᠯᠭ᠎ᠠ ᠲᠠᠢ ᠲᠦᠷᠣᠯ ᠵᠦᠢᠯ ᠤᠨ ᠪᠡᠯᠨ ᠮᠦᠩᠭᠦᠨ ᠤ ᠬᠡᠷᠩᠴᠡᠭᠡ | ᠱᠠᠭᠠᠷᠳᠠᠯᠭ᠎ᠠ ᠶᠢ ᠪᠠᠲᠤᠯᠠᠨ᠎ᠠ᠃ ᠠᠷᠠᠣᠨ ᠤᠨ ᠳᠤᠮᠳᠠᠬᠢ ᠪᠡᠯᠨ ᠣᠷᠣᠭᠤᠯᠣᠯᠳᠠ ᠳᠤ ᠵᠥᠪᠰᠢᠶᠡᠷᠡᠨ ᠣᠷᠣᠭᠤᠯᠬᠤ ᠶᠢ | ᠠᠭᠤᠵᠢᠭᠤ ᠪᠣᠯᠭᠠᠨ᠂ ᠠᠷᠠᠣᠨ ᠤᠨ ᠳᠤᠮᠳᠠᠬᠢ ᠭᠦᠷᠣᠩᠭᠡ ᠮᠦᠩᠭᠦ ᠶᠢ ᠪᠠᠨ ᠵᠠᠰᠠᠭ ᠤᠨ ᠣᠷᠳᠣᠨ ᠤ ᠪᠡᠯᠡ | ᠣᠷᠤᠭᠤᠯᠤᠭᠰᠠᠨ ᠲᠦᠷᠣᠯ ᠵᠦᠢᠯ ᠳᠤ ᠣᠷᠣᠯᠴᠠᠭᠤᠯᠬᠤ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠤᠨ ᠰᠢᠨ᠎ᠠ ᠪᠠᠷ | ᠡᠬᠢᠯᠡᠭᠦᠯᠣᠭ᠍ᠰᠡᠨ ᠲᠦᠷᠣᠯ ᠵᠦᠢᠯ ᠪᠣᠶᠣ ᠴᠢᠬᠤᠯᠨ ᠶᠡᠭᠡ ᠮᠡᠷᠭᠡᠵᠢᠯ ᠤᠨ ᠦᠭᠡᠷᠡᠴᠢᠯᠡᠨ ᠰᠢᠨᠡᠳᠭᠡᠭᠰᠡᠨ ᠲᠦᠷᠦᠯ | ᠵᠦᠢᠯ ᠳᠤ ᠬᠤᠳᠠᠯᠳᠣᠭᠠᠴᠢᠨ ᠣᠷᠢᠵᠣ ᠪᠡᠯᠨ ᠣᠷᠣᠭᠤᠯᠬᠤ ᠲᠦᠷᠣ ᠶᠢᠨ ᠪᠣᠳᠣᠯᠭ᠎ᠠ ᠶᠢ ᠲᠣᠬᠢᠷᠠᠭᠤᠯᠤᠨ | ᠬᠡᠷᠡᠭᠯᠡᠨ᠎ᠡ᠃ | ᠰᠢᠨ᠎ᠠ ᠬᠡᠯᠪᠡᠷᠢ ᠶᠢᠨ ᠬᠤᠳᠠ ᠪᠠᠯᠭᠠᠰᠤᠴᠢᠯᠠᠯᠲᠠ ᠶᠢᠨ ᠶᠠᠰᠣ ᠴᠢᠨᠠᠷ ᠢ ᠳᠡᠭᠡᠭᠰᠢᠯᠡᠭᠦᠯᠵᠣ᠂ ᠬᠤᠳᠠ | ᠪᠠᠯᠭᠠᠰᠣᠨ ᠤ ᠪᠠᠶᠢᠷᠢᠰᠢᠭᠤᠯᠣᠯᠳᠠ ᠶᠢ ᠰᠢᠯᠢᠳᠡᠭᠵᠢᠭᠦᠯᠣᠨ᠂ ᠣᠨᠴᠠᠯᠢᠭᠳᠣ ᠵᠢᠵᠢᠭ ᠪᠠᠯᠭᠠᠰᠣᠨ ᠤ ᠡᠮᠬᠢ | ᠵᠢᠷᠣᠮ ᠲᠠᠢ ᠪᠠᠷ ᠭᠦᠭᠵᠢᠭᠦ ᠶᠢ ᠳᠡᠮᠵᠢᠵᠣ᠂ ᠤᠬᠠᠭᠠᠯᠢᠭ ᠬᠤᠳᠠ ᠶᠢ ᠢᠳᠡᠪᠬᠢᠳᠠᠢ ᠴᠤᠭᠴᠠᠯᠠᠵᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠬᠤᠷ᠎ᠠ ᠣᠰᠣ ᠶᠢ | ᠪᠦᠳᠣᠮᠵᠢᠳᠠᠢ ᠠᠰᠢᠭᠯᠠᠬᠤ ᠬᠤᠳᠠ᠂ ᠭᠠᠵᠡᠷ ᠲᠣᠣᠷᠠᠬᠢ ᠶᠡᠷᠦᠩᠬᠡᠢ ᠬᠤᠭᠤᠯᠠᠢ ᠭᠤᠣᠷᠰᠣ ᠶᠢᠨ ᠬᠤᠩᠭᠢᠯ᠂ ᠣᠰᠣ | ᠵᠠᠯᠠᠵᠣ ᠣᠰᠣᠳᠣᠯ ᠢ ᠰᠡᠷᠭᠡᠶᠢᠯᠡᠭᠦ᠂ ᠭᠠᠯ ᠤᠨᠳᠠᠷᠠᠭᠠᠵᠦ ᠠᠪᠤᠷᠠᠨ ᠲᠤᠰᠠᠯᠠᠬᠤ ᠪᠡᠯᠡᠳᠭᠡᠮᠵᠢ ᠶᠢᠨ ᠪᠦᠳᠣᠭᠡᠨ | ᠪᠠᠶᠢᠭᠤᠯᠣᠯᠳᠠ ᠶᠢ ᠠᠬᠢᠭᠤᠯᠵᠤ᠂ ᠰᠠᠭᠤᠷᠢᠰᠢᠨ ᠠᠮᠢᠳᠤᠷᠠᠬᠤ ᠣᠷᠴᠢᠨ ᠨᠦᠬᠦᠴᠡᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠣᠨ᠎ᠠ᠃ ᠣᠷᠳᠣ ᠬᠤᠭᠤᠴᠠᠭᠠᠨ ᠤ ᠪᠦᠲᠦᠮᠵᠢᠲᠡᠢ ᠲᠣᠭᠳᠠᠴᠨ ᠶᠢ ᠪᠠᠶᠢᠭᠤᠯᠵᠤ᠂ ᠭᠡᠷ ᠪᠠᠶᠢᠰᠢᠩ ᠭᠠᠵᠡᠷ | ᠭᠦᠷᠣᠩᠭᠡ ᠶᠢᠨ ᠵᠠᠬ᠎ᠠ ᠳᠡᠯᠭᠡᠭᠦᠷ ᠤᠨ ᠲᠤᠭᠳᠠᠭᠤᠨ ᠪᠦᠬᠡᠳ ᠡᠷᠡᠭᠦᠯ ᠢᠶᠠᠷ ᠭᠦᠭᠵᠢᠭᠦ ᠶᠢ ᠠᠬᠢᠭᠤᠯᠣᠨ᠎ᠠ᠃ | ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ ᠠᠬᠢᠭᠤᠯᠣᠨ᠎ᠠ᠃ ᠦᠪᠡᠷᠳᠡᠭᠡᠨ ᠵᠠᠰᠠᠬᠤ ᠣᠷᠣᠨ ᠤ ᠵᠡᠭᠦᠨ᠂ | ᠲᠣᠮᠳᠠ᠂ ᠪᠠᠷᠠᠭᠤᠨ ᠬᠡᠰᠡᠭ ᠤᠨ ᠭᠦᠭᠵᠢᠯᠳᠠ ᠶᠢ ᠨᠢᠭᠡᠳᠣᠯᠳᠠᠢ ᠲᠦᠯᠣᠪᠯᠡᠨ᠂ ᠭᠦᠭᠡᠬᠤᠳᠠ ᠪᠣᠭᠤᠳᠣ ᠣᠷᠳᠣᠰ | ᠵᠢᠴᠢ ᠣᠯᠠᠭᠠᠨᠴᠠᠪ ᠤᠨ ᠵᠣᠬᠢᠴᠠᠯᠳᠣᠨ ᠭᠦᠭᠵᠢᠭᠦ᠂ ᠵᠡᠭᠦᠨ ᠬᠡᠰᠡᠭ ᠤᠨ ᠠᠶᠢᠮᠠᠭ ᠬᠤᠳᠠ ᠶᠢᠨ ᠮᠠᠨᠳᠤᠭᠤᠯᠵᠤ | ᠬᠥᠭᠵᠢᠭᠦᠯᠬᠦ᠂ ᠦᠬᠠᠢ ᠵᠢᠴᠢ ᠡᠷᠬᠢᠨ ᠲᠣᠭᠤᠷᠢᠨ ᠤ ᠭᠠᠵᠡᠷ ᠣᠷᠣᠨ ᠤ ᠬᠡᠯᠪᠡᠷᠢ ᠪᠠᠨ ᠬᠤᠪᠢᠷᠠᠭᠤᠯᠵᠣ ᠭᠦᠭᠵᠢᠭᠦ ᠶᠢ | ᠠᠬᠢᠭᠤᠯᠣᠨ᠎ᠠ᠃ ᠬᠤᠷᠢᠠᠭᠡᠷ ᠰᠢᠨ᠎ᠠ ᠲᠣᠭᠤᠷᠢᠭ ᠢ ᠰᠢᠨᠵᠢᠯᠡᠭᠦ ᠣᠬᠠᠭᠠᠨᠴᠢ ᠪᠠᠷ ᠲᠦᠯᠦᠪᠵᠢᠭᠦᠯᠵᠦ᠂ ᠡᠮᠬᠢ | ᠵᠢᠷᠣᠮ ᠲᠠᠢ ᠪᠦᠳᠣᠭᠡᠨ ᠪᠠᠶᠢᠭᠤᠯᠣᠨ᠎ᠠ᠃ ︽ᠮᠤᠬᠤᠷ ᠵᠠᠮ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠭᠠᠵᠠᠷ ᠤᠷᠤᠨ ᠤ ᠬᠤᠭᠤᠷᠤᠨᠳᠤ ᠶᠢᠨ ᠵᠠᠮ ᠬᠠᠷᠢᠯᠴᠠᠭ᠎ᠠ ᠨᠡᠪᠳᠡᠷᠡᠬᠦ ᠬᠢᠷᠢ ᠲᠦᠪᠰᠢᠨ ᠢ ᠲᠡᠬᠡᠭᠰᠢᠯᠡᠬᠦᠯᠦᠨ᠎ᠠ᠃ | ︵ᠲᠦᠷᠪᠠ︶ ᠭᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ | ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠢ ᠲᠡᠷᠢᠭᠦᠨ ᠳᠤ ᠬᠥᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠤᠨ᠎ᠠ᠃ ᠳᠠᠷᠢᠶᠠᠯᠠᠩ ᠮᠠᠯ ᠠᠵᠣ ᠠᠬᠤᠢ ᠶᠢᠨ | ᠬᠠᠩᠭᠠᠯᠭ᠎ᠠ ᠶᠢᠨ ᠳᠠᠯ᠎ᠠ ᠳᠠᠬᠢ ᠪᠦᠳᠣᠴᠨ ᠶᠢᠨ ᠴᠢᠨᠠᠷᠳᠠᠢ ᠦᠭᠡᠷᠡᠴᠢᠯᠡᠯᠳᠠ ᠶᠢ ᠭᠦᠨᠵᠡᠭᠡᠶᠢᠷᠡᠭᠦᠯᠣᠨ᠎ᠠ᠃ ᠠᠮᠣ | ᠪᠣᠳᠠᠭ᠎ᠠ ᠦᠢᠯᠡᠣᠡᠪᠣᠷᠢᠯᠡᠭᠦ ᠴᠢᠳᠠᠮᠵᠢᠳᠣ ᠣᠷᠣᠨ ᠪᠣᠯᠣᠨ ᠴᠢᠬᠤᠯᠨ ᠪᠣᠯᠬᠤ ᠳᠠᠷᠢᠶᠠᠯᠠᠩ ᠤᠨ ᠪᠦᠳᠣᠭᠡᠭᠳᠡᠭᠦᠨ | ᠦᠢᠯᠡᠳᠪᠦᠷᠢᠯᠡᠵᠦ ᠬᠠᠮᠠᠭᠠᠯᠠᠬᠤ ᠣᠷᠣᠨ ᠤ ᠬᠤᠪᠢᠶᠠᠷᠢᠯᠠᠨ ᠲᠣᠭᠳᠠᠭᠠᠬᠤ ᠠᠵᠢᠯ ᠢ ᠪᠦᠭᠦ ᠳᠠᠯ᠎ᠠ ᠪᠠᠷ ᠪᠡᠶᠡᠯᠡᠭᠦᠯᠣᠨ᠂ | ᠣᠨᠴᠠᠯᠢᠭ ᠲᠠᠢ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠲᠠᠯ᠎ᠠ ᠪᠠᠷ ᠬᠢ ᠳᠠᠪᠠᠭᠤᠯᠢᠭ ᠣᠷᠣᠨ ᠢ | ᠡᠭᠦᠳᠣᠨ ᠪᠠᠶᠢᠭᠤᠯᠣᠨ᠎ᠠ᠃ ᠡᠭᠦᠷᠢᠳᠠ ᠶᠢᠨ ᠦᠨᠳᠣᠰᠣᠨ ᠲᠠᠷᠢᠶᠠᠨ ᠭᠠᠵᠡᠷ ᠢ ᠴᠢᠩᠭ᠎ᠠ ᠬᠠᠮᠠᠭᠠᠯᠠᠵᠣ᠂ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠣ᠂ ᠦᠨᠳᠣᠷ ᠪᠦᠳᠣᠮᠵᠢᠳᠠᠢ ᠪᠠᠷ | ᠣᠰᠣ ᠠᠷᠪᠢᠯᠠᠬᠤ ᠤᠰᠤᠯᠠᠯᠲᠠ ᠶᠢᠨ ᠳᠠᠯᠠᠪᠡᠢ ᠶᠢ ᠦᠷᠭᠡᠣᠡᠭᠡᠵᠣ᠂ ᠬᠤᠵᠢᠷᠯᠢᠬ ᠭᠠᠵᠠᠷ ᠢ ᠦᠬᠡᠷᠡᠴᠢᠯᠡᠨ᠂ ᠭᠠᠵᠠᠷ | ᠰᠢᠷᠣᠢ ᠪᠠᠷ ᠠᠮᠤ ᠪᠤᠳᠠᠭᠠᠨ ᠤ ᠬᠤᠷᠢᠶᠠᠯᠲᠠ ᠶᠢ ᠪᠠᠲᠤᠯᠠᠨ ᠭᠠᠷᠮᠠᠭᠠᠢ ᠮᠡᠷᠭᠡᠵᠢᠯ ᠢᠶᠠᠷ ᠤᠨᠠᠯᠲᠠ ᠪᠠᠨ | ᠳᠡᠭᠡᠭᠰᠢᠯᠡᠭᠦᠯᠬᠦ ᠶᠢ ᠬᠡᠷᠡᠭᠵᠢᠬᠦᠯᠦᠨ᠎ᠠ᠃ ︽ᠠᠮᠣ ᠪᠣᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠤᠯᠬᠤ︾ ᠶᠢ | ᠬᠡᠷᠩᠵᠢᠭᠦᠯᠵᠣ᠂ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠳᠠᠢ ᠪᠣᠷᠴᠠᠭ ᠪᠣᠯᠣᠨ ᠦᠨᠳᠣᠷ ᠣᠨᠠᠯᠳᠠ ᠲᠠᠢ | ᠴᠢᠨᠠᠷ ᠰᠠᠶᠢᠳᠠᠢ ᠴᠡᠷᠭᠠᠰᠣ ᠳᠠᠷᠢᠬᠤ ᠳᠠᠯᠠᠪᠡᠢ ᠶᠢ ᠥᠷᠭᠡᠳᠭᠡᠨ᠎ᠡ᠃ ᠣᠳᠣ ᠦᠶ᠎ᠡ ᠶᠢᠨ ᠮᠠᠯ ᠠᠵᠣ ᠠᠬᠤᠢ ᠶᠢ | ᠬᠥᠭᠵᠢᠭᠦᠯᠵᠦ᠂ ᠰᠦ ᠴᠠᠭᠠᠨ ᠢᠳᠡᠬᠡᠨ ᠤ ᠦᠢᠯᠡᠰ ᠤᠨ ᠦᠷᠨᠢᠨ ᠬᠥᠭᠵᠢᠬᠦ ᠶᠢ ᠠᠬᠢᠭᠤᠯᠵᠤ᠂ ᠢᠳᠡᠰᠢᠨ ᠦᠭᠡᠷ | ᠬᠤᠨᠢᠨ ᠤ ᠠᠵᠣ ᠦᠢᠯᠡᠰ ᠢ ᠪᠣᠵᠠᠭᠠᠶᠢᠷᠠᠭᠤᠯᠵᠤ᠂ ᠠᠳᠤᠭᠤᠨ ᠤ ᠠᠵᠦ ᠦᠢᠯᠡᠰ ᠤᠨ ᠬᠦᠭᠵᠢᠯᠳᠡ ᠶᠢ ᠲᠠᠮᠵᠢᠨ᠂ | ᠠᠮᠢᠳᠠᠨ ᠤ ᠭᠡᠮ ᠬᠢᠵᠢᠭ ᠢ ᠰᠡᠷᠭᠡᠶᠢᠯᠠᠨ ᠵᠠᠰᠠᠬᠤ ᠴᠢᠳᠠᠪᠣᠷᠢ ᠶᠢ ᠳᠡᠭᠡᠭᠰᠢᠯᠡᠭᠦᠯᠣᠨ᠎ᠠ᠃ ᠶᠠᠰᠣ ᠴᠢᠨᠠᠷ ᠢᠶᠠᠷ ᠮᠠᠯ | ᠳᠠᠷᠢᠶᠠᠯᠠᠩ ᠢ ᠭᠦᠭᠵᠢᠭᠦᠯᠭᠦ ᠶᠢ ᠪᠠᠷᠢᠮᠳᠠᠯᠠᠵᠣ᠂ ᠣᠳᠣ ᠦᠶ᠎ᠡ ᠶᠢᠨ ᠲᠠᠷᠢᠮᠠᠯ ᠤᠨ ᠦᠢᠯᠡᠰ ᠢ ᠬᠥᠭᠵᠢᠭᠦᠯᠦᠨ᠂ | ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠪᠠᠷᠢᠮᠵᠢᠶᠠᠳᠣ ᠰᠢᠰᠲ᠋ᠧᠮᠵᠢ ᠪᠠ ᠶᠠᠰᠣ ᠴᠢᠨᠠᠷ ᠤᠨ | ᠠᠮᠣᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢ ᠳᠡᠭᠦᠯᠳᠡᠷᠵᠢᠭᠦᠯᠵᠣ᠂ ᠴᠢᠨᠠᠷ ᠰᠠᠶᠢᠳᠠᠢ ᠪᠥᠭᠡᠳ | ᠪᠣᠬᠢᠷᠳᠣᠯ ᠦᠭᠡᠢ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠣᠨ᠎ᠠ᠃ | ᠤᠯᠠᠭᠠᠨᠴᠠᠪ ᠤᠨ ᠲᠦᠮᠦᠰᠦ᠂ ᠰᠢᠯᠢ ᠶᠢᠨ ᠭᠤᠣᠯ ᠬᠤᠨᠢ᠂ ᠬᠤᠷᠴᠢᠨ ᠦᠬᠡᠷ᠂ ᠬᠢᠩᠭᠠᠨ ᠲᠤᠳᠤᠷᠭ᠎ᠠ᠂ | ᠤᠯᠠᠭᠠᠨᠬᠠᠳᠠ ᠨᠠᠷᠢᠮᠤ᠂ ᠲᠡᠭᠷᠢ ᠶᠢᠨ ᠬᠡᠰᠢᠭᠲᠦ ᠪᠣᠷᠣᠲᠣᠬᠠᠢ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠦᠷᠦᠯ ᠲᠡᠮᠲᠡᠭᠲᠦ ᠶᠢᠨ ᠦᠨ᠎ᠡ | ᠥᠷᠲᠡᠭ ᠪᠣᠯᠣᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠪᠠᠶᠠᠨᠨᠠᠭᠤᠷ ᠤᠨ ᠬᠢᠨ ᠤ ᠣᠯᠣᠰ ᠤᠨ | ᠳᠠᠷᠢᠶᠠᠯᠠᠩ ᠤᠨ ᠳᠡᠭᠡᠳᠣ ᠰᠢᠨ᠎ᠠ ᠮᠡᠷᠭᠡᠵᠢᠯ ᠤᠨ ᠠᠵᠣ ᠦᠢᠯᠡᠰ ᠤᠨ ᠵᠢᠱᠢᠶ᠎ᠠ ᠦᠵᠡᠭᠦᠯᠭᠦ ᠲᠣᠭᠤᠷᠢᠭ ᠡᠭᠦᠳᠣᠨ | ᠪᠠᠶᠢᠭᠤᠯᠬᠤ ᠶᠢ ᠳᠡᠮᠵᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ | ᠭᠤᠷᠪᠡᠨ ᠵᠢᠯ ᠤᠨ ᠠᠵᠢᠯᠯᠠᠭᠠᠨ ᠤ ᠲᠦᠯᠣᠪᠯᠡᠭᠡ ᠶᠢ ᠨᠠᠶᠢᠳᠠᠪᠣᠷᠢᠵᠢᠭᠤᠯᠵᠣ᠂ ᠵᠣᠷᠯᠣᠩ᠂ ᠬᠤᠭ ᠨᠣᠪᠰᠢ᠂ ᠪᠣᠬᠢᠷ | ᠣᠰᠣ ᠵᠡᠷᠭᠡ ᠠᠰᠠᠭᠤᠳᠠᠯ ᠢ ᠭᠦᠴᠣᠯᠡᠨ ᠰᠢᠢᠣᠡᠪᠣᠷᠢᠯᠡᠵᠣ᠂ ᠮᠠᠯ ᠵᠢᠭᠦᠷᠲᠡᠨ ᠤ ᠰᠢᠭᠢᠭ ᠰᠠᠩᠭᠠᠰᠤ ᠶᠢ ᠡᠬᠢ | ᠪᠠᠶᠠᠯᠢᠬᠵᠢᠭᠤᠯᠤᠨ ᠠᠰᠢᠭᠯᠠᠬᠤ ᠶᠢ ᠰᠠᠶᠢᠲᠤᠷ ᠠᠳᠬᠤᠨ᠂ ᠠᠶᠢᠯ ᠲᠣᠰᠬᠤᠨ ᠤ ᠲᠦᠷᠰᠣ ᠪᠠᠶᠢᠳᠠᠯ ᠢ ᠳᠠᠰᠣᠷᠠᠯᠳᠠ | ᠦᠭᠡᠢ ᠰᠠᠶᠢᠵᠢᠷᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ | ᠰᠢᠨᠡᠳᠭᠡᠬᠦ ᠪᠠ ᠣᠣᠭᠤᠬᠤ ᠣᠰᠣᠨ ᠤ ᠠᠮᠣᠷ ᠲᠦᠪᠰᠢᠨ ᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ ᠃ | ︽ᠳᠥᠷᠪᠡᠨ ᠰᠠᠶᠢᠲᠠᠢ ᠭᠦᠳᠡᠭᠡ ᠲᠣᠰᠬᠤᠨ ᠤ ᠵᠠᠮ︾ ᠤᠨ ᠪᠦᠳᠣᠭᠡᠨ ᠪᠠᠶᠢᠭᠤᠯᠣᠯᠳᠠ ᠶᠢ ᠦᠷᠭᠦᠯᠵᠢᠯᠡᠨ ᠰᠠᠶᠢᠲᠤᠷ | ᠬᠢᠨ᠎ᠡ᠃ ᠦᠷᠭᠡᠨ ᠪᠦᠰᠡᠲᠦ ᠰᠦᠯᠵᠢᠶ᠎ᠡ ᠶᠢ ᠭᠠᠴᠠᠭ᠎ᠠ ᠲᠣᠰᠠᠬᠤᠨ ᠳᠤ ᠬᠦᠷᠲᠡᠯ᠎ᠡ ᠣᠷᠲᠤᠳᠬᠠᠬᠤ ᠶᠢ ᠠᠬᠢᠭᠤᠯᠣᠨ᠎ᠠ᠃ | ᠮᠠᠯᠵᠢᠬᠤ ᠳᠠᠷᠢᠶᠠᠯᠠᠬᠤ ᠣᠷᠣᠨ ᠤ ᠰᠠᠭᠤᠷᠢ ᠪᠡᠯᠡᠣᠡᠭᠡᠮᠵᠢ ᠪᠠ ᠣᠯᠠᠨ ᠨᠠᠶᠢᠳᠠ ᠶᠢᠨ ᠦᠢᠯᠡᠴᠢᠯᠡᠭᠡᠨ ᠤ | ᠪᠡᠯᠡᠣᠡᠭᠡᠮᠵᠢ ᠶᠢ ᠬᠠᠮᠢᠶᠠᠷᠴᠣ ᠬᠠᠮᠠᠭᠠᠯᠠᠬᠤ ᠲᠣᠭᠳᠠᠴᠨ ᠶᠢ ᠳᠡᠭᠦᠯᠳᠡᠷᠵᠢᠭᠦᠯᠣᠨ᠎ᠠ᠃ | ᠮᠠᠯᠵᠢᠬᠤ ᠲᠠᠷᠢᠶᠠᠯᠠᠬᠤ ᠤᠷᠤᠨ ᠤ ᠦᠨᠳᠣᠰᠣᠨ ᠡᠵᠡᠩᠨᠡᠯᠳᠠ ᠶᠢᠨ ᠲᠦᠷᠢᠮ ᠢ ᠪᠠᠲᠤᠳᠬᠠᠨ ᠳᠡᠭᠦᠯᠳᠡᠷᠵᠢᠭᠦᠯᠵᠣ᠂ | ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠣᠢ ᠶᠢᠨ ᠲᠦᠷᠢᠮ᠂ ᠬᠠᠮᠲᠤ ᠶᠢᠨ ᠦᠮᠴᠢᠯᠡᠯ ᠤᠨ ᠡᠷᠭᠡ ᠶᠢᠨ | ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠣᠨ᠎ᠠ᠃ ︽ᠬᠦᠯᠡᠮᠵᠢ ᠲᠠᠢ ᠲᠦᠬᠦᠷᠵᠢᠭᠦᠯᠦᠭᠰᠡᠨ ᠭᠡᠷ ᠪᠠᠶᠢᠰᠢᠩ︾ | ᠢ ᠠᠷᠢᠯᠭᠠᠨ ᠴᠡᠭᠴᠡᠯᠡᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠬᠦ ᠶᠢ ᠡᠷᠡᠰ | ᠬᠤᠷᠢᠭᠯᠠᠨ᠎ᠠ᠃ ᠬᠠᠮᠳᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠳᠡᠭᠦᠯᠳᠡᠷᠵᠢᠭᠦᠯᠣᠨ᠂ | ᠭᠡᠷ ᠪᠦᠯᠢ ᠶᠢᠨ ᠮᠠᠯ ᠳᠠᠷᠢᠶᠠᠯᠠᠩ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠵᠡᠷᠭᠡ ᠰᠢᠨ᠎ᠠ | ᠬᠡᠯᠪᠡᠷᠢ ᠶᠢᠨ ᠡᠵᠡᠩᠨᠡᠯᠳᠠ ᠶᠢᠨ ᠭᠤᠣᠯ ᠴᠣᠭᠴᠨ ᠶᠢ ᠬᠥᠭᠵᠢᠭᠦᠯᠵᠦ᠂ ᠬᠦᠲᠦᠴᠢ ᠠᠵᠣ ᠠᠬᠤᠶᠢᠯᠡᠯ ᠢ | ᠪᠤᠶᠢᠵᠢᠭᠤᠯᠣᠨ ᠪᠣᠵᠠᠭᠠᠶᠢᠷᠠᠭᠤᠯᠵᠣ᠂ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠡᠩᠨᠡᠭᠡ ᠶᠢ ᠪᠠᠶᠢᠭᠤᠯᠵᠤ᠂ | ᠳᠠᠷᠢᠶᠠᠯᠠᠩ ᠮᠠᠯ ᠠᠵᠣ ᠠᠬᠤᠢ ᠶᠢᠨ ᠦᠢᠯᠡᠣᠡᠪᠣᠷᠢᠯᠡᠯ ᠤᠨ ᠵᠣᠬᠢᠶᠠᠨ ᠪᠠᠶᠢᠭᠤᠯᠭᠠᠨᠴᠢᠯᠠᠬᠤ ᠭᠡᠮᠵᠢᠶ᠎ᠠ ᠶᠢ | ᠳᠡᠭᠡᠭᠰᠢᠯᠡᠭᠦᠯᠵᠦ᠂ ᠨᠢᠭᠡᠳᠣᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠨ ᠭᠦᠭᠵᠢᠭᠦ ᠶᠢ | ᠠᠬᠢᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠪᠣᠯᠣᠨ ᠠᠵᠣ ᠠᠬᠤᠶᠢᠯᠠᠯ ᠤᠨ ᠠᠰᠢᠭ ᠲᠤᠰᠠ ᠶᠢ ᠪᠠᠨ ᠬᠤᠯᠪᠣᠬᠤ | ᠲᠣᠭᠳᠠᠴᠨ ᠶᠢ ᠪᠦᠷᠢᠨᠰᠢᠭᠦᠯᠵᠦ᠂ ᠠᠵᠣ ᠦᠢᠯᠡᠰᠵᠢᠯᠲᠡ ᠪᠠᠷ ᠮᠠᠯᠴᠢᠨ ᠲᠠᠷᠢᠶᠠᠴᠢᠳ ᠲᠤ ᠨᠡᠩ ᠢᠯᠡᠭᠦᠦ ᠠᠰᠢᠭ | ᠭᠦᠷᠳᠡᠭᠡᠨ᠎ᠠ᠃ | ︽ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ︾᠂ ᠬᠠᠲᠤᠨ ᠭᠤᠣᠯ ᠤᠨ | ᠦᠶᠡᠷ ᠢ ᠲᠣᠭᠲᠠᠭᠠᠬᠤ ᠣᠷᠣᠨ᠂ ᠵᠡᠭᠦᠨ ᠲᠠᠶᠢᠰᠠ ᠤᠰᠤᠨ ᠴᠦᠬᠦᠷᠦᠮ ᠵᠡᠷᠭᠡ ᠣᠰᠣᠨ ᠠᠰᠢᠭᠯᠠᠯᠳᠠ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠠ᠃ ᠬᠠᠳᠤᠨ ᠭᠤᠤᠯ ᠤᠨ ᠬᠠᠯᠢᠶ᠎ᠠ ᠭᠠᠷᠬᠤ | ᠬᠤᠭᠤᠴᠠᠭᠠᠨ ᠳᠤ ᠡᠯᠪᠡᠭ ᠪᠣᠯᠣᠭᠰᠠᠨ ᠣᠰᠣᠨ ᠤ ᠡᠬᠢ ᠰᠤᠷᠪᠣᠯᠵᠢ ᠶᠢ ᠭᠦᠢᠴᠡᠣᠨ ᠠᠰᠢᠭᠯᠠᠵᠣ᠂ ᠤᠰᠤᠨ ᠤ | ᠠᠶᠤᠯ ᠢ ᠤᠰᠤᠨ ᠠᠰᠢᠭᠯᠠᠯᠳᠠ ᠪᠣᠯᠭᠠᠨ ᠬᠤᠪᠢᠷᠠᠭᠤᠯᠤᠨ᠎ᠠ᠃ | ︵ᠲᠠᠪᠤ︶ ᠭᠤᠤᠯᠳᠠᠯᠭ᠎ᠠ ᠲᠠᠢ ᠬᠥᠷᠢᠶ᠎ᠡ ᠴᠠᠷᠠᠭᠠᠨ ᠳᠠᠬᠢ ᠥᠭᠡᠷᠡᠴᠢᠯᠡᠯᠲᠠ ᠶᠢ ᠭᠥᠨᠵᠡᠭᠡᠶᠢᠷᠡᠭᠦᠯᠤᠨᠡ᠃ | ︽ᠲᠠᠯᠪᠢᠬᠤ ᠬᠠᠮᠢᠶᠠᠷᠬᠤ ᠥᠢᠯᠡᠴᠢᠯᠡᠬᠦ︾ ᠥᠭᠡᠷᠡᠴᠢᠯᠡᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ | ᠵᠠᠷᠴᠢᠮ ᠠᠴᠠ ᠵᠥᠷᠢᠴᠡᠭᠰᠡᠨ᠂ ᠥᠢᠯᠡᠳᠪᠥᠷᠢᠯᠡᠯ ᠤᠨ ᠬᠥᠴᠥᠨ ᠵᠥᠢᠯ ᠤᠨ ᠭᠥᠢᠯᠭᠡᠭᠡᠨ ᠢ ᠬᠠᠷᠰᠢᠯᠠᠭᠰᠠᠨ ᠪᠠ ᠠᠵᠤ | ᠠᠬᠤᠶᠢᠯᠠᠯ ᠤᠨ ᠠᠮᠢᠵᠢᠷᠠᠯ ᠤᠨ ᠬᠥᠴᠥᠨ ᠢ ᠨᠥᠯᠥᠭᠡᠯᠡᠭᠰᠡᠨ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠪᠥᠬᠦ | ᠲᠠᠯ᠎ᠠ ᠪᠠᠷ ᠢᠯᠭᠠᠷᠠᠭᠤᠯᠤᠨ ᠴᠡᠭᠴᠡᠯᠡᠵᠥ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠢ ᠬᠢᠨᠠᠨ | ᠵᠥᠪᠰᠢᠶᠡᠷᠡᠬᠦ᠂ ᠠᠵᠤ ᠠᠬᠤᠶᠢᠯᠠᠯ ᠨᠡᠭᠡᠭᠡᠨ ᠡᠷᠬᠢᠯᠡᠬᠦ᠂ ᠲᠠᠸᠠᠷ ᠤᠨ ᠲᠡᠮᠳᠡᠭ ᠳᠠᠩᠰᠠᠯᠠᠬᠤ ᠴᠠᠭ ᠢ ᠶᠡᠭᠡ ᠪᠠᠷ | ᠪᠤᠭᠤᠨᠢᠰᠬᠠᠬᠨᠠ᠃ ︽ᠬᠤᠶᠠᠷ ᠢ ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠨᠠᠶᠢᠳᠠᠪᠤᠷᠢᠵᠢᠭᠤᠯᠤᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠤ᠂ ᠬᠢᠨᠠᠨ ᠬᠠᠮᠢᠶᠠᠷᠬᠤ | ᠬᠥᠴᠥᠨ ᠴᠢᠳᠠᠪᠤᠷᠢ ᠶᠢ ᠳᠡᠭᠡᠭᠰᠢᠯᠡᠭᠦᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠬᠥᠷᠢᠶᠡᠨ ᠳᠠᠬᠢ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠠ ᠶᠢ ᠪᠥᠬᠦ ᠲᠠᠯ᠎ᠠ ᠪᠠᠷ | ᠭᠥᠨᠵᠡᠭᠡᠶᠢᠷᠡᠭᠦᠯᠥᠨ᠂ ᠵᠠᠰᠠᠭ ᠵᠠᠬᠢᠷᠭᠠᠨ ᠤ ᠰᠢᠢᠳᠭᠡᠵᠦ ᠲᠤᠷᠭᠠᠬᠤ ᠵᠥᠢᠯᠡᠰ ᠢ ᠢᠯᠭᠠᠷᠠᠭᠤᠯᠤᠨ ᠵᠢᠷᠤᠮᠵᠢᠭᠤᠯᠤᠨ᠎ᠠ᠃ | ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ︽ᠨᠢᠭᠡ ᠰᠥᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ | ᠥᠭᠡᠷᠡᠴᠢᠯᠡᠯᠲᠠ ᠪᠡ ᠤᠷᠤᠯᠠᠨ ᠭᠥᠢᠴᠡᠳᠬᠡᠬᠦ ᠳᠥᠷᠢᠮ ᠢ ᠥᠷᠭᠦᠯᠵᠢᠯᠡᠨ ᠠᠬᠢᠭᠤᠯᠤᠨ᠎ᠠ᠃ ᠠᠶᠢᠮᠠᠭ ᠬᠤᠲᠠ ᠶᠢᠨ | ᠡᠵᠡᠩᠨᠡᠨ ᠬᠤᠳᠠᠯᠳᠤᠭᠠᠯᠠᠬᠤ ᠤᠷᠴᠢᠨ ᠨᠥᠬᠦᠴᠡᠯ ᠳᠤ ᠦᠨᠡᠯᠡᠯᠲᠡ ᠬᠢᠬᠦ ᠠᠵᠢᠯ ᠢ ᠦᠷᠭᠦᠯᠵᠢᠯᠡᠨ ᠦᠷᠨᠢᠭᠦᠯᠦᠨ᠎ᠡ᠃ | ᠪᠥᠬᠦ ᠤᠷᠤᠨ ᠤ ᠮᠡᠳᠡᠭᠡ ᠵᠠᠩᠬᠢ ᠶᠢᠨ ᠲᠠᠪᠴᠠᠩ ᠢ ᠡᠮᠬᠢᠯᠡᠨ ᠨᠡᠶᠢᠯᠡᠭᠦᠯᠵᠥ᠂ ᠮᠡᠳᠡᠭᠡ ᠵᠠᠩᠬᠢ ᠶᠢᠨ ᠬᠤᠷᠢᠭ᠎ᠠ | ᠴᠠᠷᠠᠭ᠎ᠠ ᠶᠢ ᠠᠷᠢᠯᠭᠠᠨ᠂ ᠰᠠᠯᠠᠭ᠎ᠠ ᠮᠥᠴᠢᠷ ᠤᠳ ᠤᠨ ᠬᠤᠭᠤᠷᠤᠨᠳᠥ ᠪᠠ ᠭᠠᠵᠠᠷ ᠤᠷᠤᠨ ᠤ ᠬᠤᠭᠤᠷᠤᠨᠳᠥ ᠶᠢᠨ | ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠪᠣᠯᠭᠠᠨ᠎ᠠ᠃ ᠬᠦᠴᠦᠨ ᠵᠦᠢᠯ ᠤᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠠ ᠶᠢ ᠲᠦᠷᠬᠡᠳᠬᠡᠵᠦ᠂ ᠨᠡᠭᠦᠷᠡᠰᠥ ᠵᠡᠷᠭᠡ ᠠᠭᠤᠷᠬᠠᠢ ᠶᠢᠨ ᠡᠬᠢ ᠪᠠᠶᠠᠯᠢᠭ ᠤᠨ ᠵᠠᠬ᠎ᠠ | ᠳᠡᠯᠭᠡᠭᠦᠷᠴᠢᠯᠡᠯᠲᠡ ᠳᠤ ᠢᠵᠢ ᠪᠦᠷᠢᠳᠦᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ | ᠴᠠᠬᠢᠯᠭᠠᠨ ᠬᠥᠴᠥᠨ ᠤ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ᠃ ᠠᠵᠢᠯ | ᠦᠢᠯᠡᠰ ᠤᠨ ᠨᠢᠭᠡᠴᠢ ᠳᠤ ᠦᠭᠡᠷᠡᠴᠢᠯᠡᠯᠲᠡ ᠬᠢᠬᠦ ᠡᠭᠦᠷᠭᠡ ᠶᠢ ᠪᠡᠶᠡᠯᠡᠭᠦᠯᠦᠨ᠎ᠡ᠃ | ᠤᠯᠤᠰ ᠤᠨ ᠥᠮᠴᠢᠯᠡᠯᠲᠥ ᠡᠳ᠋ ᠬᠥᠷᠥᠩᠬᠡ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ | ᠥᠭᠡᠷᠡᠴᠢᠯᠡᠯᠲᠠ ᠶᠢ ᠲᠦᠷᠭᠡᠳᠭᠡᠵᠦ᠂ ᠤᠯᠤᠰ ᠤᠨ ᠥᠮᠴᠢᠯᠡᠯᠲᠥ ᠬᠥᠷᠥᠩᠬᠡ ᠮᠥᠩᠬᠦ ᠶᠢ ᠬᠥᠴᠥᠷᠭᠡᠭᠵᠢᠭᠦᠯᠥᠨ | ᠰᠢᠯᠢᠳᠡᠭᠵᠢᠭᠦᠯᠵᠤ ᠪᠣᠵᠠᠭᠠᠶᠢᠷᠠᠭᠤᠯᠤᠨ᠂ ᠠᠵᠤ ᠠᠬᠤᠶᠢᠯᠠᠯ ᠢ ᠬᠠᠮᠢᠶᠠᠷᠴᠥ ᠪᠠᠶᠢᠭᠰᠠᠨ ᠠᠴᠠ ᠡᠳ᠋ ᠬᠥᠷᠥᠩᠬᠡ ᠶᠢ | ᠬᠠᠮᠢᠶᠠᠷᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ︽ᠦᠬᠦᠰᠢᠷᠡᠮᠡᠯ ᠠᠵᠤ ᠠᠬᠤᠶᠢᠯᠠᠯ︾ ᠢ ᠲᠦᠷᠭᠡᠳᠭᠡᠨ | ᠴᠡᠪᠡᠷᠯᠡᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠡᠷᠬᠢᠯᠡᠬᠦ | ᠵᠡᠷᠭᠡ ᠨᠡᠶᠢᠭᠡᠮ ᠤᠨ ᠡᠭᠦᠷᠭᠡ ᠴᠢᠳᠠᠪᠤᠷᠢ ᠶᠢ ᠨᠢ ᠰᠠᠯᠭᠠᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠡᠳ᠋ ᠤᠨ ᠵᠠᠰᠠᠭ ᠭᠠᠶᠢᠯᠢ᠂ ᠪᠡᠯᠡ ᠤᠷᠤᠭᠤᠯᠵᠤ ᠲᠤᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠠ ᠶᠢ | ᠭᠥᠨᠵᠡᠭᠡᠶᠢᠷᠡᠬᠦᠯᠤᠨᠡ᠃ ᠥᠪᠡᠷᠲᠡᠭᠡᠨ ᠵᠠᠰᠠᠬᠤ ᠤᠷᠤᠨ ᠠᠴᠠ ᠳᠤᠷᠤᠭᠰᠢᠬᠢ ᠬᠥᠷᠢᠶ᠎ᠡ ᠴᠠᠷᠠᠭ᠎ᠠ ᠬᠤᠪᠢᠶᠠᠷᠢᠯᠠᠭᠰᠠᠨ | ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ | ᠬᠤᠪᠢᠶᠠᠷᠢᠯᠠᠬᠤ ᠥᠭᠡᠷᠡᠴᠢᠯᠡᠯᠲᠠ ᠶᠢ ᠠᠬᠢᠭᠤᠯᠤᠨ᠎ᠡ᠃ ᠲᠥᠰᠥᠪ ᠤᠨ ᠠᠮᠵᠢᠯᠲᠠ ᠪᠥᠲᠥᠮᠵᠢ ᠶᠢᠨ ᠬᠠᠮᠢᠶᠠᠷᠤᠯᠲᠠ ᠶᠢ | ᠪᠥᠬᠦ ᠲᠠᠯ᠎ᠠ ᠪᠠᠷ ᠬᠡᠷᠡᠭᠵᠢᠭᠦᠯᠥᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ | ᠪᠠᠲᠤᠯᠠᠬᠤ ᠪᠠ ᠬᠠᠰᠤᠵᠤ ᠪᠠᠭᠠᠰᠬᠠᠬᠤ ᠶᠢ ᠪᠠᠷᠢᠮᠲᠠᠯᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ | ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ᠂ ᠠᠮᠢ | ᠠᠬᠤᠢ ᠶᠢᠨ ᠣᠷᠴᠢᠨ ᠨᠦᠬᠦᠴᠡᠯ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠬᠦᠷᠢᠶ᠎ᠡ | ᠴᠠᠷᠠᠭᠠᠨ ᠳᠠᠬᠢ ᠣᠷᠤᠭᠤᠯᠤᠯᠲᠠ ᠶᠢ ᠨᠡᠮᠡᠭᠳᠡᠭᠦᠯᠦᠨ᠎ᠡ᠃ ᠦᠷ᠎ᠡ ᠪᠦᠲᠦᠮᠵᠢ ᠪᠠᠷ ᠪᠠᠭ᠎ᠠ ᠪᠥᠭᠡᠳ ᠬᠦᠴᠦᠨ ᠦᠭᠡᠢ | ᠵᠠᠷᠤᠯᠭ᠎ᠠ ᠶᠢ ᠦᠭᠡᠶᠢᠰᠭᠡᠵᠦ᠂ ᠡᠳ᠋ ᠤᠨ ᠵᠠᠰᠠᠭ ᠤᠨ ᠥᠯᠡᠳᠡᠭᠡᠯ ᠪᠠᠯᠡ ᠮᠥᠩᠬᠦ ᠶᠢ ᠴᠢᠯᠥᠭᠡᠲᠡᠢ ᠭᠦᠢᠯᠭᠡᠭᠡᠨ᠎ᠡ᠃ | ᠮᠥᠩᠭᠦᠨ ᠭᠥᠢᠯᠭᠡᠭᠡᠨ ᠤ ᠥᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠥᠨ᠂ ᠡᠯ᠎ᠡ ᠲᠥᠷᠥᠯ ᠤᠨ ᠮᠥᠩᠭᠦᠨ | ᠭᠥᠢᠯᠭᠡᠭᠡᠨ ᠤ ᠪᠠᠶᠢᠭᠤᠯᠤᠮᠵᠢ ᠪᠠ ᠲᠤᠰᠬᠠᠢ ᠥᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ | ᠢᠲᠡᠭᠡᠮᠵᠢᠲᠥ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠥ᠂ ᠰᠲ᠋ᠤᠺ ᠤᠨ ᠡᠷᠬᠡ ᠵᠡᠷᠭᠡ ᠪᠡᠯᠡ ᠲᠤᠬᠢᠷᠠᠭᠤᠯᠬᠤ ᠪᠠᠭᠠᠵᠢ ᠶᠢ | ᠰᠠᠶᠢᠳᠤᠷ ᠠᠰᠢᠭᠯᠠᠨ᠂ ᠪᠤᠳᠠᠳᠤ ᠴᠤᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠥᠢᠯᠭᠡᠭᠡᠨ ᠤ ᠬᠥᠴᠥᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠂ | ᠰᠢᠭᠤᠳ ᠪᠠᠯᠡ ᠲᠤᠬᠢᠷᠠᠭᠤᠯᠬᠤ ᠶᠢ ᠥᠷᠭᠡᠳᠬᠡᠨ᠎ᠡ᠃ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠪᠦᠷ ᠮᠣᠩᠭᠤᠯ ᠪᠠᠩᠬᠢ ᠶᠢᠨ ᠪᠡᠯᠡ ᠮᠦᠩᠭᠦ ᠪᠠᠨ ᠨᠡᠮᠡᠭᠳᠡᠭᠦᠯᠦᠨ | ᠰᠲ᠋ᠣᠺ ᠢᠶᠠᠨ ᠦᠷᠭᠡᠳᠭᠡᠬᠦ ᠶᠢ ᠳᠡᠮᠵᠢᠨ᠎ᠡ᠃ | ︵ᠵᠢᠷᠭᠤᠭ᠎ᠠ︶ ᠪᠥᠬᠦ ᠲᠠᠯ᠎ᠠ ᠪᠠᠷ ᠭᠠᠳᠠᠭᠠᠳᠤ ᠳᠤ ᠨᠡᠭᠡᠭᠡᠯᠲᠠ ᠬᠢᠬᠦ ᠶᠢ ᠠᠬᠢᠭᠤᠯᠤᠨ᠎ᠠ᠃ ᠤᠮᠠᠷᠠᠰᠢ ᠨᠡᠭᠡᠭᠡᠯᠲᠡ | ᠬᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ | ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ︽ᠨᠢᠭᠡ ᠪᠥᠰᠡ ᠨᠢᠭᠡ ᠵᠠᠮ︾ ᠯᠤᠭ᠎ᠠ ᠭᠦᠨ ᠠᠭᠤᠰᠤᠯᠴᠠᠨ᠂ | ᠥᠨᠳᠥᠷ ᠬᠢᠷᠢ ᠲᠥᠪᠰᠢᠨ ᠪᠥᠬᠦᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠲᠠᠢ ᠪᠣᠯᠬᠤ ᠶᠢ ᠠᠬᠢᠭᠤᠯᠤᠨ᠎ᠠ᠃ | ᠥᠷᠭᠡᠨ ᠬᠡᠪᠴᠢᠶᠡᠨ ᠤ ᠬᠢᠯᠢ ᠶᠢᠨ ᠪᠤᠭᠤᠮᠲᠠ ᠶᠢᠨ ᠠᠵᠤ ᠠᠬᠤᠢ ᠶᠢ ᠬᠦᠭᠵᠢᠬᠦᠯᠦᠨ᠎ᠠ᠃ ᠬᠢᠯᠢ ᠶᠢᠨ | ᠪᠤᠭᠤᠮᠲᠠ ᠪᠡ ᠤᠯᠠᠨ ᠤᠯᠤᠰ ᠯᠤᠭ᠎ᠠ ᠶᠢᠨ ᠨᠡᠪᠲᠡᠷᠡᠯ ᠵᠠᠮ ᠤᠨ ᠨᠥᠯᠥᠭᠡᠯᠡᠨ ᠳᠠᠶᠢᠴᠢᠯᠠᠬᠤ ᠥᠢᠯᠡᠳᠥᠯ ᠢ | ᠪᠠᠳᠠᠷᠠᠭᠤᠯᠤᠨ᠂ ᠮᠠᠨᠵᠤᠤᠷ ᠢᠶᠠᠷ ᠬᠥᠢᠰᠥ ᠪᠤᠯᠭᠠᠨ᠂ ᠮᠠᠨᠵᠤᠤᠷ ᠲᠠᠬᠢ ᠤᠯᠤᠰ ᠤᠨ ᠨᠡᠭᠡᠭᠡᠨ ᠬᠥᠭᠵᠢᠭᠦᠯᠵᠥ | ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠢ ᠲᠦᠷᠬᠡᠳᠬᠡᠨ ᠪᠠᠶᠢᠭᠤᠯᠵᠦ᠂ ᠥᠪᠡᠷᠲᠡᠭᠡᠨ ᠵᠠᠰᠠᠬᠤ ᠤᠷᠤᠨ ᠤ | ᠵᠡᠭᠦᠨ ᠬᠡᠰᠡᠭ ᠤᠨ ᠭᠠᠵᠠᠷ ᠤᠷᠤᠨ ᠢ ᠰᠠᠴᠤᠷᠠᠭᠠᠨ ᠨᠥᠯᠥᠭᠡᠯᠡᠨ᠎ᠡ︔ ᠡᠷᠢᠶᠡᠨ ᠬᠤᠲᠠ᠂ ᠵᠢᠨᠢᠩ ᠢᠶᠠᠷ ᠬᠥᠢᠰᠥ | ᠪᠤᠯᠭᠠᠨ᠂ ᠡᠷᠢᠶᠡᠨ ᠬᠤᠲᠠ ᠳᠠᠬᠢ ᠤᠯᠤᠰ ᠤᠨ ᠨᠡᠭᠡᠭᠡᠨ ᠬᠥᠭᠵᠢᠭᠦᠯᠵᠥ ᠨᠡᠭᠡᠭᠡᠯᠲᠡ ᠬᠢᠬᠦ ᠲᠤᠷᠰᠢᠯᠲᠠ ᠶᠢᠨ | ᠲᠣᠭᠤᠷᠢᠭ ᠢ ᠲᠦᠷᠬᠡᠳᠬᠡᠨ ᠪᠠᠶᠢᠭᠤᠯᠵᠦ᠂ ᠵᠢᠨᠢᠩ ᠤᠨ ᠪᠠᠷᠠᠭᠠᠨ ᠤ ᠭᠥᠢᠯᠭᠡᠭᠡᠨ ᠤ ᠲᠥᠪ ᠪᠠᠶᠢᠭᠤᠯᠬᠤ ᠶᠢ | ᠠᠬᠢᠭᠤᠯᠵᠤ᠂ ᠥᠪᠡᠷᠲᠡᠭᠡᠨ ᠵᠠᠰᠠᠬᠤ ᠤᠷᠤᠨ ᠤ ᠳᠤᠮᠳᠠ ᠬᠡᠰᠡᠭ ᠤᠨ ᠭᠠᠵᠠᠷ ᠤᠷᠤᠨ ᠢ ᠰᠠᠴᠤᠷᠠᠭᠠᠨ ᠨᠥᠯᠥᠭᠡᠯᠡᠨ᠎ᠡ︔ | ᠴᠡᠭᠡ ᠪᠠᠷ ᠬᠥᠢᠰᠥ ᠪᠤᠯᠭᠠᠨ᠂ ᠡᠵᠡᠨ᠎ᠡ ᠳᠠᠬᠢ ᠥᠪᠡᠷᠲᠡᠭᠡᠨ ᠵᠠᠰᠠᠬᠤ ᠤᠷᠤᠨ ᠤ ᠨᠡᠭᠡᠭᠡᠨ ᠬᠥᠭᠵᠢᠭᠦᠯᠵᠥ ᠨᠡᠭᠡᠭᠡᠯᠲᠡ | ᠬᠢᠬᠦ ᠲᠤᠷᠰᠢᠯᠲᠠ ᠶᠢᠨ ᠲᠣᠭᠤᠷᠢᠭ ᠢ ᠲᠥᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠪᠠᠷᠠᠭᠤᠨ | ᠬᠡᠰᠡᠭ ᠤᠨ ᠭᠠᠵᠠᠷ ᠤᠷᠤᠨ ᠢ ᠰᠠᠴᠤᠷᠠᠭᠠᠨ ᠨᠥᠯᠥᠭᠡᠯᠡᠵᠤ᠂ ᠵᠡᠭᠦᠨ ᠳᠤᠮᠳᠠ ᠪᠠᠷᠠᠭᠤᠨ ᠬᠡᠰᠡᠭ ᠤᠨ ᠦᠪᠡᠷ | ᠥᠪᠡᠷ ᠤᠨ ᠥᠪᠡᠷᠮᠢᠴᠡ ᠤᠨᠴᠠᠯᠢᠭ ᠪᠥᠬᠦᠢ᠂ ᠥᠢᠯᠡᠳᠥᠯ ᠴᠢᠳᠠᠮᠵᠢ ᠨᠢ ᠪᠥᠷᠢᠨ ᠭᠥᠢᠴᠡᠳ᠂ ᠠᠵᠤ ᠥᠢᠯᠡᠰ ᠨᠢ | ᠢᠵᠢ ᠪᠥᠷᠢᠨ᠂ ᠥᠢᠯᠡᠴᠢᠯᠡᠭᠡ ᠨᠢ ᠲᠡᠭᠦᠯᠳᠡᠷᠵᠢᠭᠰᠡᠨ ᠶᠡᠷᠥᠩᠬᠡᠶᠢᠯᠡᠭᠰᠡᠨ ᠴᠢᠨᠠᠷᠲᠠᠢ ᠠᠵᠤ ᠠᠬᠤᠢ ᠶᠢᠨ ᠤᠷᠤᠨ | ᠪᠥᠰᠡ ᠶᠢ ᠪᠤᠢ ᠪᠤᠯᠭᠠᠨ᠎ᠠ᠃ ᠬᠥᠬᠡᠬᠤᠲᠠ᠂ ᠪᠤᠭᠤᠲᠤ᠂ ᠤᠷᠳᠤᠰ᠂ ᠤᠯᠠᠭᠠᠨᠬᠠᠳᠠ ᠵᠡᠷᠭᠡ ᠶᠠᠷᠤᠩᠬᠡᠶᠢᠯᠡᠭᠰᠡᠨ | ᠭᠠᠶᠢᠯᠢ ᠪᠠᠲᠤᠯᠠᠬᠤ ᠤᠷᠤᠨ᠂ ᠭᠠᠶᠢᠯᠢ ᠪᠠᠲᠤᠯᠠᠬᠤ ᠪᠠᠷᠠᠭᠠᠨ ᠤ ᠭᠥᠢᠯᠭᠡᠭᠡᠨ ᠤ ᠲᠥᠪ᠂ ᠲᠤᠳᠤᠭᠠᠳᠤ ᠬᠠᠭᠤᠷᠠᠢ ᠶᠢᠨ | ᠭᠠᠷᠠᠮ ᠤᠨ ᠭᠠᠳᠠᠭᠠᠳᠤ ᠠᠷᠠᠯᠵᠢᠶᠠᠨ ᠤ ᠠᠴᠢᠶᠠᠯᠠᠪᠤᠷᠢ ᠶᠢᠨ ᠲᠠᠪᠴᠠᠩ ᠤᠨ ᠥᠢᠯᠡᠳᠥᠯ ᠢ ᠭᠥᠢᠴᠡᠳ ᠪᠠᠳᠠᠷᠠᠭᠤᠯᠤᠨ᠂ | ᠭᠠᠳᠠᠭᠠᠳᠤ ᠳᠤ ᠨᠡᠭᠡᠭᠡᠯᠲᠡ ᠬᠢᠬᠦ ᠰᠢᠨ᠎ᠡ ᠤᠷᠤᠨ ᠵᠠᠢ ᠶᠢ ᠥᠷᠭᠡᠳᠬᠡᠨ᠎ᠠ᠃ ᠭᠠᠭᠴᠠᠮᠤᠳᠤ᠂ ᠮᠠᠨᠳᠤᠯ᠎ᠠ ᠵᠠᠷᠭᠡ | ᠬᠢᠯᠢ ᠶᠢᠨ ᠪᠤᠭᠤᠮᠲᠠ ᠶᠢᠨ ᠨᠡᠭᠡᠭᠡᠯᠲᠡ ᠬᠢᠬᠦ ᠬᠢᠷᠢ ᠲᠥᠪᠰᠢᠨ ᠢ ᠳᠡᠭᠡᠭᠰᠢᠯᠡᠭᠦᠯᠥᠨ᠂ ᠥᠷᠭᠡᠨ ᠬᠡᠪᠴᠢᠶᠡᠨ ᠤ | ᠬᠢᠯᠢ ᠶᠢᠨ ᠪᠤᠭᠤᠮᠲᠠ ᠶᠢᠨ ᠠᠵᠤ ᠠᠬᠤᠢ ᠶᠢᠨ ᠣᠷᠣᠨ ︵ᠪᠥᠰᠡ︶ ᠪᠠ ᠤᠯᠠᠨ ᠤᠯᠤᠰ ᠤᠨ ᠠᠵᠤ ᠥᠢᠯᠡᠰ ᠤᠨ | ᠬᠠᠮᠲᠤᠷᠠᠨ ᠠᠵᠢᠯᠯᠠᠬᠤ ᠬᠥᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠂ ᠨᠠᠪᠲᠡᠷᠠᠯ ᠵᠠᠮ ᠤᠨ ᠠᠵᠤ | ᠠᠬᠤᠢ ᠶᠢ ᠪᠤᠳᠠᠳᠠᠶᠢᠵᠢᠭᠰᠠᠨ ᠠᠵᠤ ᠠᠬᠤᠢ ᠪᠤᠯᠭᠠᠨ ᠬᠤᠪᠢᠷᠠᠭᠤᠯᠤᠨ᠎ᠠ᠃ | ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠲᠤ ᠣᠷᠤᠭᠤᠯᠤᠯᠲᠠ ᠶᠢᠨ | ᠦᠵᠡᠰᠭᠦᠯᠡᠩ ᠪᠣᠯᠣᠨ ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠥᠵᠡᠰᠭᠦᠯᠡᠩ ᠳᠤ ᠤᠷᠤᠯᠴᠠᠬᠤ ᠶᠢ ᠵᠣᠬᠢᠶᠠᠨ | ᠪᠠᠶᠢᠭᠤᠯᠤᠨ᠎ᠠ᠃ ᠳᠤᠮᠳᠠᠳᠤ ᠮᠣᠩᠭᠤᠯ ᠤᠨ ᠦᠵᠡᠰᠭᠦᠯᠡᠩ᠂ ᠷᠠᠰᠢᠶᠠᠨ ᠤ ᠶᠠᠷᠢᠶᠠᠨ ᠤ ᠲᠠᠪᠴᠠᠩ᠂ ᠦᠪᠦᠷ | ᠮᠤᠩᠭᠤᠯ ᠤᠨ ᠣᠯᠠᠨ ᠤᠯᠤᠰ ᠤᠨ ᠡᠨᠧᠷᠬᠢ ᠶᠢᠨ ᠶᠡᠭᠡ ᠬᠤᠷᠠᠯ᠂ ᠲᠤᠮᠳᠠᠳᠤ ᠤᠯᠤᠰ · ᠪᠤᠭᠤᠳᠤ ᠶᠢᠨ ᠬᠤᠪᠤᠷ | ᠰᠢᠷᠤᠢ ᠶᠢᠨ ᠶᠠᠷᠢᠶᠠᠨ ᠤ ᠲᠠᠪᠴᠠᠩ ᠢ ᠰᠠᠶᠢᠳᠤᠷ ᠡᠷᠬᠢᠯᠡᠵᠦ᠂ ᠮᠠᠨ ᠤ ᠤᠷᠤᠨ ᠤ ᠴᠤᠬᠯᠠᠭᠠᠨ ᠦᠵᠡᠰᠭᠦᠯᠡᠩ ᠤᠨ | ᠨᠡᠷᠡᠲᠦ ᠲᠦᠷᠦᠯ ᠲᠡᠮᠲᠡᠭᠲᠦ ᠶᠢᠨ ᠨᠦᠯᠦᠬᠡᠯᠡᠬᠦ ᠬᠦᠴᠦᠨ ᠢ ᠲᠡᠬᠡᠭᠰᠢᠯᠡᠬᠦᠯᠦᠨ᠎ᠠ᠃ ᠵᠡᠭᠦᠨ ᠬᠤᠶᠢᠲᠤ ᠠᠽᠢᠶ᠎ᠠ ᠶᠢᠨ | ᠬᠡᠯᠡᠨ ᠤ ᠡᠬᠢ ᠪᠠᠶᠠᠯᠢᠭ ᠤᠨ ᠲᠣᠭᠠᠵᠢᠭᠤᠯᠬᠤ ᠲᠠᠪᠴᠠᠩ ᠢ ᠪᠠᠶᠢᠭᠤᠯᠤᠨ᠎ᠠ᠃ | ᠪᠡᠭᠡᠵᠢᠩ ᠲᠢᠶᠠᠨᠵᠢᠨ ᠡᠾᠧᠪᠸᠢ ᠶᠢᠨ ᠵᠤᠬᠢᠴᠠᠯᠳᠤᠨ ᠬᠥᠭᠵᠢᠬᠦ᠂ ᠬᠥᠬᠡ ᠮᠥᠷᠡᠨ ᠤ ᠠᠵᠤ ᠠᠬᠤᠢ ᠶᠢᠨ ᠪᠥᠰᠡ᠂ | ᠭᠤᠸᠠᠩᠵᠸᠤ ᠰᠢᠶᠠᠩᠭᠠᠩ ᠤᠤᠮᠧᠨ ᠤ ᠶᠡᠭᠡ ᠪᠤᠯᠤᠩ ᠤᠨ ᠤᠷᠤᠨ ᠵᠠᠷᠭᠡ ᠤᠯᠤᠰ ᠤᠨ ᠪᠠᠶᠢᠯᠳᠤᠬᠤ | ᠪᠤᠳᠤᠯᠭ᠎ᠠ ᠯᠤᠭ᠎ᠠ ᠵᠠᠯᠭᠠᠯᠳᠤᠬᠤ ᠶᠢ ᠴᠢᠩᠭᠠᠳᠬᠠᠨ᠂ ᠪᠤᠰᠤᠳ ᠮᠤᠵᠢ ᠤᠷᠤᠨ ᠬᠤᠲᠠ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠥᠷᠢᠶᠡᠯᠡᠩ ᠭᠠᠵᠠᠷ᠂ ᠳᠡᠭᠡᠳᠤ ᠰᠤᠷᠭᠠᠭᠤᠯᠢ᠂ ᠲᠥᠪ ᠤᠨ ᠠᠵᠤ ᠠᠬᠤᠶᠢᠯᠠᠯ ᠯᠤᠭ᠎ᠠ | ᠬᠠᠮᠵᠢᠯᠴᠠᠬᠤ ᠶᠢ ᠭᠥᠨᠵᠡᠭᠡᠶᠢᠷᠡᠭᠦᠯᠤᠨᠠ᠃ | ︵ᠳᠣᠯᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠭᠦᠯᠦᠨ ᠬᠦᠴᠦᠷᠬᠡᠭᠵᠢᠭᠦᠯᠦᠨ᠎ᠡ᠃ | ︽ᠬᠤᠶᠠᠷ ᠢ ᠤᠬᠳᠤ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠦᠭᠵᠢᠯᠲᠡ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠦᠭᠵᠢᠯᠲᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠭᠦᠭᠵᠢᠬᠡᠨᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠵᠥᠪᠰᠢᠶᠡᠷᠡᠯ᠂ | ᠡᠵᠡᠩᠨᠡᠯᠲᠡ ᠶᠢᠨ ᠠᠵᠢᠯᠯᠠᠭᠠᠨ᠂ ᠳᠠᠭᠠᠭᠠᠴᠢᠯᠠᠯᠲᠠ ᠵᠠᠷᠯᠠᠵᠦ ᠬᠦᠯᠢᠶᠡᠬᠦ ᠵᠡᠷᠭᠡ ᠲᠠᠯ᠎ᠠ ᠪᠠᠷ ᠬᠢ ᠭᠤᠣᠯᠴᠢ ᠪᠣᠰᠤ | ᠬᠠᠷᠠᠭᠠᠯᠵᠠᠯ ᠢ ᠬᠦᠴᠦᠯᠡᠨ ᠠᠷᠢᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠤ ᠡᠨᠧᠷᠭᠢ | ᠬᠡᠷᠡᠭᠯᠡᠬᠦ᠂ ᠭᠠᠵᠠᠷ ᠬᠡᠷᠡᠭᠯᠡᠬᠦ᠂ ᠪᠠᠷᠠᠭᠠᠨ ᠤ ᠭᠦᠢᠯᠭᠡᠭᠡᠨ ᠵᠡᠷᠭᠡ ᠬᠦᠴᠦᠨ ᠵᠦᠢᠯ ᠤᠨ ᠥᠪᠡᠷ ᠤᠨ ᠥᠷᠲᠡᠭ ᠢ ᠨᠢ | ᠦᠨᠡᠨ ᠬᠦ ᠪᠠᠭᠤᠷᠠᠭᠤᠯᠵᠤ᠂ ᠪᠡᠯᠡ ᠣᠷᠤᠭᠤᠯᠤᠯᠲᠠ ᠪᠠ ᠬᠦᠭᠵᠢᠯᠲᠡ ᠶᠢᠨ ᠢᠲᠡᠭᠡᠯ ᠵᠣᠷᠢᠭ ᠢ ᠨᠢ ᠭᠦᠭᠵᠢᠬᠡᠨ | ᠡᠷᠴᠢᠯᠡᠨ᠎ᠡ᠃ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠦᠷᠳᠡᠬᠦ ᠮᠡᠳᠡᠭᠡ ᠵᠠᠩᠭᠢ ᠨᠢ ᠠᠳᠠᠯᠢ ᠪᠤᠰᠤ᠂ | ᠢᠲᠡᠭᠡᠮᠵᠢ ᠪᠠᠷ ᠭᠦᠢᠴᠡᠳ ᠪᠣᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠦᠴᠢᠷᠳᠡᠯ ᠢ ᠲᠠᠶᠢᠯᠵᠤ | ᠭᠦᠭᠵᠢᠬᠦᠯᠬᠦ ᠰᠠᠭᠤᠷᠢ ᠮᠦᠩᠭᠦ᠂ ᠭᠦᠢᠯᠭᠡᠭᠡᠨ ᠤ ᠴᠢᠨᠠᠷ ᠪᠦᠬᠦᠢ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ | ᠮᠦᠩᠭᠦ ᠶᠢᠨ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠭᠦᠴᠢᠷᠳᠡᠢ ᠪᠠ | ᠦᠨᠡᠳᠡᠢ ᠠᠰᠠᠭᠤᠳᠠᠯ ᠢ ᠪᠦᠲᠦᠮᠵᠢᠲᠠᠢ ᠨᠠᠮᠳᠠᠭᠠᠨ᠎ᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠠ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠳ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠡᠯᠡ | ᠮᠦᠩᠭᠦ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠶᠢᠯᠠᠨ ᠵᠠᠰᠠᠵᠤ ᠴᠡᠭᠴᠡᠯᠡᠨ᠎ᠡ᠃ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠠᠵᠦ ᠠᠬᠤᠶᠢᠯᠠᠯᠲᠠᠳ | ᠣᠷᠣᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠥᠷᠥ ᠶᠢᠨ ᠪᠣᠳᠣᠯᠭ᠎ᠠ ᠬᠡᠷᠡᠭᠵᠢᠭᠦᠯᠬᠦ ᠠᠷᠭ᠎ᠠ ᠮᠠᠶ᠋ᠢᠭ ᠢ | ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠰᠠᠶᠢᠲᠤᠷ ᠬᠢᠵᠦ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠦᠨᠡᠨ ᠬᠦ ᠬᠦᠷᠲᠡᠭᠡᠮᠵᠢ ᠲᠠᠢ ᠪᠠᠶᠢᠬᠤ ᠰᠡᠳᠬᠢᠭᠳᠡᠯ ᠲᠠᠢ ᠪᠣᠯᠭᠠᠨ᠎ᠠ᠃ ᠠᠷᠠᠳ ᠠᠴᠠ ᠡᠵᠡᠩᠨᠡᠭᠰᠡᠨ | ᠬᠦᠷᠦᠩᠭᠡ ᠮᠥᠩᠭᠦ ᠶᠢ ᠵᠤᠷᠢᠨᠨᠵᠢᠭᠤᠯᠤᠨ ᠲᠡᠮᠵᠢᠵᠦ ᠪᠠᠶᠢᠭᠠᠳ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠬᠤᠯᠢᠮᠠᠭ ᠥᠮᠴᠢᠯᠡᠯᠲᠦ ᠳᠦᠷᠢᠮ ᠤᠨ ᠥᠭᠡᠷᠡᠴᠢᠯᠡᠯᠲᠡ ᠳᠤ ᠤᠷᠤᠯᠴᠠᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯᠳᠠᠳ ᠤᠨ ᠬᠤᠪᠢ ᠪᠡᠶ᠎ᠡ ᠶᠢᠨ ᠠᠮᠤᠷ ᠲᠦᠪᠰᠢᠨ ᠪᠣᠯᠣᠨ ᠡᠳ᠋ ᠬᠦᠷᠦᠩᠭᠡ ᠶᠢᠨ ᠠᠮᠤᠷ ᠲᠦᠪᠰᠢᠨ ᠢ ᠬᠠᠤᠯᠢ | ᠶᠣᠰᠤᠭᠠᠷ ᠬᠠᠮᠠᠭᠠᠯᠠᠨ᠎ᠠ᠃ | ︵ᠨᠠᠢᠮᠠ︶ ᠪᠣᠬᠢᠷᠳᠦᠯ ᠦᠭᠡᠢ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ | ᠨᠤᠳᠤᠭ ᠪᠡᠯᠴᠢᠬᠡᠷ ᠢ ᠬᠠᠮᠠᠭᠠᠯᠠᠬᠤ ᠬᠠᠮᠢᠶᠠᠷᠤᠯᠳᠠ ᠶᠢ ᠴᠢᠩᠭᠠᠳᠬᠠᠵᠦ᠂ ᠨᠤᠳᠤᠭ ᠪᠡᠯᠴᠢᠬᠡᠷ ᠤᠨ | ᠬᠠᠮᠠᠭᠠᠯᠠᠯᠳᠠ ᠶᠢᠨ ᠦᠨᠳᠦᠰᠦᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠠᠭᠤᠳᠠᠬᠰᠠᠨ ᠨᠤᠳᠤᠭ ᠪᠡᠯᠴᠢᠬᠡᠷ ᠢ | ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠤᠳᠤᠭ ᠪᠡᠯᠴᠢᠬᠡᠷ ᠢ ᠲᠠᠯᠬᠢᠬᠳᠠᠬᠤ᠂ ᠤᠢ ᠰᠢᠭᠤᠢ ᠶᠢ ᠰᠦᠢᠳᠬᠡᠵᠦ | ᠠᠳᠠᠷ ᠬᠠᠭᠠᠯᠪᠤᠷᠢᠯᠠᠬᠤ ᠵᠡᠷᠬᠡ ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦᠨ᠎ᠠ᠃ | ᠪᠠᠶᠢᠭᠠᠯᠢ ᠶᠢᠨ ᠣᠢ ᠶᠢ ᠬᠠᠮᠠᠭᠠᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠭᠠᠯᠢ ᠶᠢᠨ | ᠣᠢ ᠶᠢ ᠬᠠᠮᠠᠭᠠᠯᠠᠵᠤ ᠦᠩᠵᠢᠭᠦᠯᠦᠨ ᠰᠡᠷᠭᠦᠭᠡᠬᠦ ᠲᠦᠷᠢᠮ ᠤᠨ ᠰᠢᠰᠲ᠋ᠧᠮᠵᠢ ᠶᠢ ᠪᠠᠶᠢᠭᠤᠯᠤᠨ᠂ ᠪᠠᠶᠢᠭᠠᠯᠢ ᠶᠢᠨ | ᠣᠢ ᠶᠢᠨ ᠠᠮᠢ ᠠᠬᠤᠢ ᠶᠢᠨ ᠰᠢᠰᠲ᠋ᠧᠮ ᠤᠨ ᠪᠠᠯᠠᠷᠯᠢᠭ ᠴᠢᠨᠠᠷ᠂ ᠪᠦᠷᠢᠨ ᠪᠦᠲᠦᠨ ᠴᠢᠨᠠᠷ ᠢ ᠬᠠᠮᠠᠭᠠᠯᠠᠨ᠎ᠠ᠃ ᠶᠡᠭᠡ | ᠬᠢᠩᠭᠠᠨ ᠳᠠᠪᠠᠭᠠᠨ ᠤ ᠤᠮᠠᠷᠠᠲᠤ ᠬᠡᠰᠡᠭ ᠤᠨ ᠪᠠᠯᠠᠷ ᠰᠢᠭᠤᠢ ᠶᠢᠨ ᠣᠷᠣᠨ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ | ᠠᠷᠭ᠎ᠠ ᠶᠢ ᠲᠤᠭᠳᠠᠭᠠᠵᠦ᠂ ᠡᠯ᠎ᠠ ᠲᠦᠷᠦᠯ ᠤᠨ ᠨᠤᠭᠤ ᠭᠠᠵᠠᠷ ᠢ ᠪᠦᠳᠦᠮᠵᠢᠳᠡᠢ ᠬᠠᠮᠠᠭᠠᠯᠠᠬᠤ ᠪᠠ ᠰᠡᠷᠬᠦᠬᠡᠨ᠎ᠠ᠃ | ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠦᠯᠦᠪᠯᠡᠵᠦ | ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ | ᠰᠤᠷᠪᠤᠯᠵᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠶᠢᠵᠢᠭᠤᠯᠬᠤ᠂ ᠪᠡᠯᠴᠢᠭᠡᠷᠯᠡᠭᠦᠯᠬᠦ ᠶᠢ ᠵᠣᠭᠰᠣᠭᠠᠵᠤ | ᠪᠡᠯᠴᠢᠬᠡᠷ ᠢ ᠰᠡᠷᠭᠦᠬᠡᠬᠦ ᠵᠡᠷᠭᠡ ᠠᠮᠢ ᠠᠬᠤᠢ ᠶᠢ ᠦᠩᠵᠢᠬᠦᠯᠦᠨ ᠰᠡᠷᠭᠦᠬᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠠᠶᠢᠭᠤᠯᠤᠨ᠎ᠠ᠃ ᠬᠤᠯᠠᠨ ᠰᠢᠷᠭ᠎ᠠ ᠳᠠᠭ᠎ᠠ᠂ | ᠦᠵᠦᠮᠦᠴᠢᠨ᠂ ᠬᠤᠷᠴᠢᠨ ᠵᠡᠷᠭᠡ ᠡᠯᠡᠰᠦ ᠶᠢ ᠵᠠᠰᠠᠵᠤ᠂ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ | ᠳᠡᠮᠵᠢᠨ᠎ᠡ᠃ | ᠪᠠᠶᠢᠭᠠᠯᠢ ᠶᠢᠨ ᠳᠠᠷᠬᠠᠨ ᠣᠷᠣᠨ ᠳᠠᠬᠢ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠤᠴᠠᠭᠠᠨ | ᠭᠠᠷᠭᠠᠬᠤ᠂ ᠠᠭᠤᠷᠬᠠᠢ ᠶᠢᠨ ᠣᠷᠴᠢᠨ ᠨᠦᠬᠦᠴᠡᠯ ᠢ ᠵᠠᠰᠠᠬᠤ ᠠᠵᠢᠯ ᠢ ᠠᠬᠢᠭᠤᠯᠵᠤ᠂ ᠪᠣᠬᠢᠷᠳᠦᠯ ᠦᠭᠡᠢ ᠠᠭᠤᠷᠬᠠᠢ᠂ | ᠪᠣᠬᠢᠷᠳᠦᠯ ᠦᠭᠡᠢ ᠦᠢᠯᠡᠳᠪᠦᠷᠢ᠂ ᠪᠣᠬᠢᠷᠳᠦᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠦᠭᠵᠢᠯᠲᠡ ᠶᠢ | ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠪᠣᠬᠢᠷᠳᠦᠯ ᠦᠭᠡᠢ ᠬᠦᠭᠵᠢᠬᠦ ᠭᠦᠢᠴᠡᠳᠭᠡᠯ ᠲᠣᠭᠠᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠣᠬᠢᠷᠳᠦᠯ ᠦᠭᠡᠢ ᠬᠦᠭᠵᠢᠯᠲᠡ ᠶᠢᠨ ᠵᠦᠷᠢᠶᠡᠵᠢᠭᠰᠡᠨ ᠰᠢᠯᠭᠠᠨ ᠬᠢᠨᠠᠬᠤ | ᠬᠢᠭᠡᠳ ᠱᠠᠩᠨᠠᠨ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠨᠢᠬᠡ ᠯᠠ ᠤᠯᠠᠭᠠᠨ ᠱᠣᠭᠤᠮ ᠢᠶᠠᠷ ᠴᠢᠬᠤᠯᠠ ᠠᠮᠢ ᠠᠬᠤᠢ ᠶᠢᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠤᠯᠭᠠᠨ᠎ᠠ᠃ | ᠣᠷᠣᠨ ᠪᠦᠰᠡ ᠳᠠᠬᠢ ᠣᠷᠣᠨ ᠵᠠᠢ ᠶᠢᠨ ᠣᠷᠴᠢᠨ ᠲᠣᠭᠤᠷᠢᠨ ᠤ ᠠᠴᠢᠶᠠᠯᠠᠪᠤᠷᠢ ᠪᠠ ᠲᠣᠬᠢᠷᠠᠯᠴᠠᠬᠤ ᠴᠢᠨᠠᠷ ᠲᠤ | ᠦᠨᠡᠯᠡᠯᠲᠡ ᠬᠢᠬᠦ ᠠᠵᠢᠯ ᠢ ᠦᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ | ᠡᠷᠬᠡ ᠶᠢᠨ ᠳᠥᠷᠢᠮ᠂ ᠠᠭᠤᠷᠬᠠᠢ ᠶᠢᠨ ᠡᠬᠢ ᠪᠠᠶᠠᠯᠢᠭ ᠤᠨ ᠡᠷᠬᠡ ᠠᠰᠢᠭ ᠤᠨ ᠮᠥᠩᠭᠦᠨ ᠤ ᠳᠥᠷᠢᠮ ᠤᠨ | ᠦᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠶᠢᠨ ᠣᠷᠴᠢᠨ ᠨᠦᠬᠦᠴᠡᠯ ᠢ ᠰᠦᠢᠳᠬᠡᠪᠡᠯ ᠲᠥᠯᠥᠪᠦᠷᠢ ᠠᠪᠬᠤ | ᠳᠥᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠶᠢᠰᠦ︶ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠨᠡᠶᠢᠭᠡᠮ ᠤᠨ ᠬᠦᠭᠵᠢᠯᠲᠡ ᠶᠢᠨ ᠡᠯ᠎ᠡ | ᠲᠠᠯ᠎ᠠ ᠳᠤ ᠠᠭᠤᠰᠬᠠᠨ ᠣᠷᠤᠭᠤᠯᠬᠤ ᠶᠢ ᠪᠠᠷᠢᠮᠲᠠᠯᠠᠨ᠂ ᠲᠡᠭᠦᠨ ᠢ ᠬᠦᠮᠦᠰ ᠤᠨ ᠬᠠᠶᠢᠷ᠎ᠠ ᠰᠡᠳᠬᠢᠯᠭᠡ ᠶᠢᠨ ᠡᠨᠡᠭᠰᠢᠯ | ᠪᠣᠯᠣᠨ ᠠᠵᠢᠯᠯᠠᠭᠠᠨ ᠤ ᠳᠠᠳᠬᠠᠯ ᠪᠣᠯᠭᠠᠨ ᠬᠤᠪᠢᠷᠠᠭᠤᠯᠤᠨ᠎ᠠ᠃ ᠡᠬᠡ ᠤᠷᠤᠨᠴᠢ ᠦᠵᠡᠯ ᠤᠨ ᠬᠦᠮᠦᠵᠢᠯ ᠢ ᠦᠷᠬᠡᠨ | ᠲᠡᠯᠬᠡᠷ ᠢᠶᠠᠷ ᠦᠷᠨᠢᠬᠦᠯᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠴᠢᠩᠭᠠᠳᠬᠠᠨ᠂ ᠦᠷᠬᠡᠨ ᠤᠯᠠᠨ ᠵᠠᠯᠠᠭᠤᠴᠤᠳ ᠪᠠᠭᠠᠴᠤᠳ ᠢ ᠬᠦᠮᠦᠵᠢᠬᠦᠯᠦᠨ ᠵᠢᠯᠤᠭᠤᠳᠴᠤ ᠪᠠᠶᠢᠭᠠᠳ ᠵᠦᠪ | ᠶᠢᠷᠳᠢᠨᠴᠤ ᠶᠢᠨ ᠦᠵᠡᠯᠳᠡ᠂ ᠠᠮᠢᠳᠤᠷᠠᠬᠤᠢ ᠶᠢᠨ ᠦᠵᠡᠯᠳᠡ᠂ ᠦᠷᠳᠡᠭ ᠤᠨ ᠦᠵᠡᠯᠳᠡ ᠶᠢ ᠪᠤᠢ ᠪᠤᠯᠭᠠᠨ᠎ᠠ᠃ | ᠠᠷᠠᠳ ᠢᠷᠭᠡᠳ ᠤᠨ ᠶᠣᠰᠤ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠪᠤᠯᠪᠠᠰᠤᠨ ᠬᠡᠷ ᠪᠦᠯᠢ ᠶᠢ ᠴᠤᠬᠴᠠᠯᠠᠵᠦ᠂ ᠰᠢᠨ᠎ᠡ ᠲᠥᠪ ᠰᠤᠷᠲᠠᠯ ᠢ ᠪᠠᠳᠠᠷᠠᠭᠤᠯᠤᠨ᠂ ᠨᠡᠶᠢᠭᠡᠮ ᠤᠨ ᠪᠣᠯᠪᠠᠰᠤᠨ ᠤ | ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ᠂ | ᠬᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ | ᠪᠠᠭᠠᠲᠤᠷᠴᠤᠳ ᠢ ᠬᠦᠨᠳᠦᠳᠭᠡᠬᠦ᠂ ᠪᠠᠭᠠᠲᠤᠷᠴᠤᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠬᠠᠮᠠᠭᠠᠯᠠᠬᠤ ᠪᠠ | ᠪᠠᠭᠠᠲᠤᠷᠴᠤᠳ ᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃ | ᠰᠣᠶᠣᠯ ᠤᠨ ᠢᠲᠡᠭᠡᠯ ᠢ ᠪᠠᠲᠤᠳᠬᠠᠨ᠂ ᠳᠤᠮᠳᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ | ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠳᠠᠪᠰᠢᠩᠭᠤᠢ ᠰᠣᠶᠣᠯ ᠢ | ᠬᠦᠭᠵᠢᠭᠦᠯᠦᠨ᠎ᠡ᠃ ᠲᠠᠯ᠎ᠠ ᠨᠤᠲᠤᠭ ᠤᠨ ᠰᠣᠶᠣᠯ ᠢ ᠬᠠᠮᠠᠭᠠᠯᠠᠨ ᠵᠠᠯᠭᠠᠮᠵᠢᠯᠠᠨ᠎ᠠ᠃ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠨᠡᠩ ᠣᠯᠠᠨ ᠰᠤᠳᠤᠨ ᠪᠦᠲᠦᠭᠡᠯ ᠢ ᠵᠣᠬᠢᠶᠠᠨ ᠪᠦᠲᠦᠭᠡᠨ᠎ᠡ᠃ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠠ᠃ ᠶᠡᠷᠦᠩᠬᠡᠢ ᠱᠦᠵᠢ ᠰᠢ ᠶᠢᠨ ᠫᠢᠩ ᠤᠨ | ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠡᠵᠦ᠂ ᠰᠢᠨ᠎ᠠ ᠴᠠᠭ ᠦᠶ᠎ᠠ ᠳᠤ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ | ᠨᠡᠩ ᠰᠠᠶᠢᠨ ᠪᠠᠳᠠᠷᠠᠭᠤᠯᠤᠨ᠂ ᠤᠯᠠᠭᠠᠨᠮᠦ᠋ᠴᠢᠷ ᠤᠨ ᠠᠵᠢᠯ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ | ︽ᠤᠬᠠᠭᠠᠯᠢᠭ ᠷᠠᠳᠢᠣ᠋ ᠲᠧᠯᠸᠢᠰ︾ ᠤᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠠᠬᠢ | ᠷᠠᠳᠢᠣ᠋ ᠲᠧᠯᠸᠢᠰ ᠤᠨ ᠬᠠᠮᠤᠷᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠮᠦᠽᠧᠢ᠂ ᠬᠦᠯᠦᠨ ᠪᠤᠶᠢᠷ ᠤᠨ ᠲᠡᠦᠬᠡ ᠶᠢᠨ ᠮᠦᠽᠧᠢ ᠶᠢ ᠪᠠᠶᠢᠭᠤᠯᠤᠨ᠎ᠠ᠃ ᠲᠡᠤᠬᠡ ᠶᠢᠨ | ᠳᠤᠷᠠᠰᠬᠠᠯᠲᠤ ᠵᠦᠢᠯ ᠤᠳ ᠢ ᠬᠠᠮᠠᠭᠠᠯᠠᠵᠦ ᠠᠰᠢᠭᠯᠠᠬᠤ ᠪᠠᠨ ᠴᠢᠩᠭᠠᠳᠬᠠᠨ᠂ ᠯᠢᠶᠣᠤ ᠤᠯᠤᠰ ᠤᠨ ᠳᠡᠭᠡᠲᠥ ᠨᠡᠶᠢᠰᠯᠡᠯ | ᠵᠡᠷᠭᠡ ᠶᠢ ᠰᠤᠶᠤᠯ ᠤᠨ ᠥᠪ ᠢᠶᠠᠷ ᠭᠤᠶᠤᠴᠢᠯᠠᠵᠤ ᠮᠡᠳᠡᠭᠦᠯᠬᠦ ᠠᠵᠢᠯ ᠢ ᠰᠠᠶᠢᠲᠤᠷ ᠬᠢᠵᠦ᠂ ᠶᠤᠸᠠᠨ ᠤ ᠳᠡᠭᠡᠲᠥ | ᠨᠡᠶᠢᠰᠯᠡᠯ ᠤᠨ ᠪᠠᠭᠤᠷᠢ ᠶᠢ ᠬᠠᠮᠠᠭᠠᠯᠠᠵᠦ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠰᠣᠶᠣᠯ ᠤᠨ | ᠠᠵᠤ ᠦᠢᠯᠡᠰ ᠤᠨ ᠴᠢᠨᠠᠷ ᠰᠠᠶᠢᠳᠠᠢ ᠬᠥᠭᠵᠢᠬᠦ ᠶᠢ ᠠᠬᠢᠭᠤᠯᠵᠤ᠂ ᠰᠣᠶᠣᠯ ᠤᠨ ᠰᠢᠨ᠎ᠡ ᠬᠡᠯᠪᠡᠷᠢ ᠪᠦᠬᠦᠢ | ᠡᠵᠡᠩᠨᠡᠯᠲᠡ ᠶᠢᠨ ᠪᠠᠶᠢᠳᠠᠯ ᠪᠠ ᠰᠣᠶᠣᠯ ᠤᠨ ᠬᠡᠷᠡᠭᠯᠡᠭᠡ ᠶᠢᠨ ᠵᠠᠭᠪᠤᠷ ᠢ ᠪᠣᠢ ᠪᠣᠯᠭᠠᠨ᠂ ᠠᠷᠠᠳ ᠣᠯᠠᠨ ᠳᠤ | ᠴᠢᠨᠠᠷᠵᠢᠭᠤᠨ ᠰᠣᠶᠣᠯ ᠤᠨ ᠠᠮᠢᠳᠤᠷᠠᠯ ᠡᠳ᠋ᠯᠡᠭᠦᠯᠬᠦ ᠪᠣᠯᠭᠠᠨ᠎ᠠ᠃ | ︵ᠠᠷᠪᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠦᠨᠳᠦᠰᠦᠨ ᠰᠠᠭᠤᠷᠢ ᠠᠴᠠ ᠨᠢ ᠪᠠᠲᠤᠯᠠᠬᠤ ᠶᠢ ᠴᠢᠬᠤᠯᠠᠴᠢᠯᠠᠨ᠂ ᠣᠯᠠᠨ ᠲᠦᠮᠡᠨ ᠤ | ᠬᠠᠮᠤᠭ ᠠᠴᠠ ᠠᠩᠬᠠᠷᠤᠨ ᠬᠠᠯᠠᠮᠵᠢᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠠᠵᠢᠯ ᠣᠯᠭᠤᠬᠤ ᠶᠢ ᠡᠩ ᠲᠡᠷᠢᠭᠦᠨ ᠳᠤ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠮᠠᠯᠵᠢᠬᠤ ᠲᠠᠷᠢᠶᠠᠯᠠᠬᠤ ᠣᠷᠣᠨ ᠤ | ᠦᠯᠡᠭᠦᠦ ᠬᠦᠳᠡᠯᠮᠦᠷᠢ ᠬᠦᠴᠦᠨ᠂ ᠠᠵᠢᠯ ᠣᠯᠬᠤ ᠳᠤ ᠪᠡᠷᠬᠡ ᠲᠠᠢ ᠬᠦᠮᠦᠰ ᠵᠡᠷᠭᠡ ᠭᠤᠤᠯᠳᠠᠯᠭ᠎ᠠ ᠲᠠᠢ ᠬᠥᠮᠥᠰ ᠲᠤ | ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠪᠣᠯᠣᠨ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠬᠢᠨ ᠤ ᠠᠵᠢᠯ ᠤᠨ | ᠪᠠᠶᠢᠷᠢ ᠪᠠᠨ ᠲᠣᠭᠲᠠᠪᠤᠷᠢᠵᠢᠭᠤᠯᠬᠤ ᠶᠢ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠢ ᠳᠡᠮᠵᠢᠵᠦ ᠪᠠᠶᠢᠭᠠᠳ ᠠᠵᠢᠯ ᠣᠯᠭᠤᠬᠤ ᠭᠤᠣᠯ ᠠᠷᠭ᠎ᠠ ᠵᠠᠮ ᠤᠨ ᠦᠢᠯᠡᠳᠦᠯ ᠢ ᠨᠢ ᠨᠡᠩ | ᠰᠠᠶᠢᠨ ᠪᠠᠳᠠᠷᠠᠭᠤᠯᠤᠨ᠎ᠠ᠃ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠵᠣᠬᠢᠴᠠᠯᠳᠤᠨ ᠬᠥᠭᠵᠢᠬᠦ ᠶᠢ ᠠᠬᠢᠭᠤᠯᠵᠤ᠂ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠣᠯᠠᠨ | ᠠᠷᠭ᠎ᠠ ᠵᠠᠮ ᠢᠶᠠᠷ ᠨᠡᠮᠡᠭᠳᠡᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠲᠦᠭᠡᠮᠡᠯ ᠬᠠᠷᠠᠭᠠᠯᠵᠠᠯ ᠤᠨ ᠴᠢᠨᠠᠷᠲᠠᠢ | ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠴᠢᠨᠠᠷᠯᠢᠭ ᠪᠥᠭᠡᠳ ᠲᠡᠩᠴᠡᠭᠦᠷᠢ ᠲᠠᠢ ᠬᠥᠭᠵᠢᠬᠦ ᠶᠢ ᠠᠬᠢᠭᠤᠯᠵᠤ᠂ | ᠬᠤᠲᠠ ᠪᠠᠯᠭᠠᠰᠤᠨ ᠤ ᠰᠤᠷᠭᠠᠭᠤᠯᠢ ᠶᠢᠨ ᠰᠤᠷᠤᠭᠴᠢᠳ ᠤᠨ ᠲᠤᠭ᠎ᠠ ᠬᠡᠲᠦᠷᠡᠭᠰᠡᠨ ᠠᠩᠭᠢ ᠲᠠᠢ ᠪᠣᠯᠬᠤ | ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠎ᠡ᠃ ︽ᠢᠨᠲ᠋ᠧᠷ ᠰᠦᠯᠵᠢᠶ᠎ᠡ + ᠰᠤᠷᠭᠠᠨ ᠬᠦᠮᠦᠵᠢᠯ︾ ᠢ | ᠬᠦᠭᠵᠢᠬᠦᠯᠵᠦ᠂ ᠪᠦᠬᠦ ᠤᠷᠤᠨ ᠤ ᠲᠤᠮᠳᠠᠳᠤ ᠪᠠᠭ᠎ᠠ ᠰᠤᠷᠭᠠᠭᠤᠯᠢ ᠪᠦᠬᠦᠨ ᠳᠤ ᠮᠡᠳᠡᠭᠡ ᠵᠠᠩᠬᠢᠴᠢᠯᠠᠬᠰᠠᠨ ᠵᠢᠭᠠᠨ | ᠰᠤᠷᠭᠠᠯᠳᠠ ᠶᠢ ᠠᠰᠢᠬᠯᠠᠵᠦ ᠬᠡᠷᠡᠭᠯᠡᠬᠦ ᠪᠤᠯᠭᠠᠨ᠂ ᠬᠢᠯᠢ ᠬᠢᠵᠠᠭᠠᠷ ᠤᠨ ᠭᠠᠵᠠᠷ ᠣᠷᠣᠨ ᠳᠤ ᠴᠢᠨᠠᠷᠯᠢᠭ ᠰᠤᠷᠭᠠᠨ | ᠬᠥᠮᠥᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠡᠩ ᠤᠨ ᠦᠨᠳᠦᠷ ᠵᠠᠷᠭᠡ ᠶᠢᠨ | ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠣᠨᠴᠠᠯᠢᠭᠲᠤ ᠬᠥᠭᠵᠢᠯᠲᠡ ᠶᠢ ᠲᠦᠷᠭᠡᠳᠬᠡᠨ᠎ᠡ᠃ | ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠦᠨ᠎ᠡ᠃ | ᠦᠢᠯᠡᠳᠪᠦᠷᠢᠯᠡᠯ ᠪᠠ ᠰᠤᠷᠭᠠᠨ ᠬᠥᠮᠥᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ᠂ ᠣᠨᠴᠠᠭᠠᠢ ᠰᠤᠷᠭᠠᠨ ᠬᠥᠮᠥᠵᠢᠯ᠂ | ᠥᠷᠭᠦᠯᠵᠢᠯᠡᠭᠰᠡᠨ ᠰᠤᠷᠭᠠᠨ ᠬᠥᠮᠥᠵᠢᠯ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠳᠡᠭᠡᠳᠦ ᠰᠤᠷᠭᠠᠭᠤᠯᠢ ᠶᠢᠨ | ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠷ ᠬᠢᠷᠢ ᠲᠥᠪᠰᠢᠨᠲᠦ | ᠵᠢᠩᠬᠢᠨᠢ ᠠᠩᠭᠢ ᠶᠢᠨ ᠰᠤᠷᠭᠠᠨ ᠬᠦᠮᠦᠵᠢᠯ ᠢ ᠲᠦᠷᠭᠡᠳᠭᠡᠨ ᠬᠥᠭᠵᠢᠭᠦᠯᠵᠦ᠂ ᠳᠠᠪᠠᠭᠤᠯᠢᠭ ᠬᠢᠴᠢᠶᠡᠯ ᠬᠥᠮᠥᠵᠢᠯ | ᠪᠣᠯᠣᠨ ᠲᠤᠰᠬᠠᠢ ᠮᠡᠷᠭᠡᠵᠢᠯ ᠢ ᠪᠠᠶᠢᠭᠤᠯᠤᠨ᠎ᠠ᠃ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢ ᠰᠠᠶᠢᠲᠤᠷ | ᠠᠳᠬᠤᠨ᠎ᠠ᠃ ᠮᠠᠯᠵᠢᠬᠤ ᠲᠠᠷᠢᠶᠠᠯᠠᠬᠤ ᠣᠷᠣᠨ ᠳᠠᠬᠢ ᠪᠠᠭᠰᠢ ᠶᠢᠨ ᠡᠩᠨᠡᠭᠡ ᠶᠢ ᠲᠣᠭᠲᠠᠭᠤᠨ ᠪᠠᠶᠢᠯᠭᠠᠨ᠎ᠠ᠃ ᠨᠡᠶᠢᠭᠡᠮ | ᠵᠢᠷᠤᠮ ᠤᠨ ᠳᠡᠭᠡᠳᠦ ᠰᠤᠷᠭᠠᠭᠤᠯᠢ ᠪᠣᠯᠣᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠡᠷᠬᠢᠯᠡᠬᠦ ᠨᠦᠬᠦᠴᠡᠯ ᠢ ᠨᠢ | ᠰᠠᠶᠢᠵᠢᠷᠠᠭᠤᠯᠤᠨ᠎ᠠ᠃ ᠤᠯᠤᠰ ᠤᠨ ᠲᠤᠳᠤᠭᠠᠲᠤ ᠭᠠᠳᠠᠭᠠᠳᠤ ᠶᠢᠨ ᠰᠤᠷᠭᠠᠨ ᠬᠦᠮᠦᠵᠢᠯ ᠤᠨ ᠪᠠᠶᠢᠭᠤᠯᠤᠮᠵᠢ ᠯᠤᠭ᠎ᠠ | ᠬᠠᠮᠲᠤᠷᠠᠯᠴᠠᠵᠤ ᠰᠤᠷᠭᠠᠭᠤᠯᠢ ᠡᠷᠬᠢᠯᠡᠬᠦ ᠶᠢ ᠢᠳᠡᠪᠬᠢᠲᠡᠢ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ | ᠲᠦᠷ ᠴᠠᠭ ᠠᠪᠤᠷᠠᠨ ᠲᠤᠰᠠᠯᠠᠬᠤ᠂ ᠲᠡᠳᠭᠦᠵᠦ ᠬᠠᠷᠠᠭᠠᠯᠵᠠᠬᠤ ᠵᠡᠷᠭᠡ ᠳᠦᠷᠢᠮ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠬᠦᠴᠢᠷᠳᠡᠯᠲᠡᠢ ᠪᠠᠶᠢᠭ᠎ᠠ ᠣᠯᠠᠨ ᠲᠦᠮᠡᠨ ᠤ ᠦᠨᠳᠦᠰᠦᠨ ᠠᠮᠢᠳᠤᠷᠠᠯ ᠢ | ᠰᠠᠶᠢᠲᠤᠷ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ | ᠡᠮᠴᠢᠯᠡᠭᠡ ᠪᠣᠯᠣᠨ ᠨᠠᠰᠤᠵᠢᠯ ᠤᠨ ᠠᠰᠠᠷᠠᠮᠵᠢ ᠶᠢᠨ ᠤᠶᠠᠯᠳᠤᠯ ᠢ ᠠᠬᠢᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ | ᠠᠵᠢᠯᠴᠢᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ | ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ | ᠲᠣᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠡᠶᠢᠲᠡ ᠶᠢᠨ | ᠠᠰᠠᠷᠠᠮᠵᠢ ᠪᠣᠯᠣᠨ ᠨᠢᠭᠦᠯᠡᠰᠦᠩᠭᠦᠢ ᠶᠢᠨ ᠠᠵᠢᠯ ᠦᠢᠯᠡᠰ ᠢ ᠬᠥᠭᠵᠢᠭᠦᠯᠦᠨ᠎ᠡ᠃ | ᠡᠷᠡᠭᠦᠯ ᠡᠩᠬᠡ ᠦᠪᠦᠷ ᠮᠤᠩᠭᠤᠯ ᠢ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠤᠨᠤᠰᠢᠯᠠᠨ ᠡᠮᠨᠡᠬᠦ | ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠮ ᠤᠨ ᠵᠦᠢᠯ ᠬᠠᠩᠭᠠᠬᠤ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠤᠭᠠᠯᠠᠨ ᠬᠦᠲᠦᠯᠦᠯᠴᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠴᠢᠩᠭᠠᠳᠬᠠᠵᠤ᠂ ᠬᠦᠨᠳᠦ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠢ ᠰᠠᠶᠢᠲᠤᠷ ᠬᠢᠨ᠎ᠡ᠃ ᠡᠷᠡᠭᠦᠯ ᠮᠡᠨᠳᠦ ᠶᠢᠨ ᠬᠦᠮᠦᠵᠢᠯ ᠪᠣᠯᠣᠨ ᠨᠡᠶᠢᠭᠡᠮ ᠤᠨ ᠰᠡᠳᠬᠢᠴᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠤᠨᠳᠤᠤ ᠭᠠᠵᠠᠷ ᠲᠤ | ᠡᠮᠨᠡᠭᠦᠯᠪᠡᠯ ᠰᠢᠭᠤᠳ ᠲᠠᠰᠤᠯᠤᠨ ᠪᠣᠳᠣᠬᠤ ᠶᠢ ᠠᠬᠢᠭᠤᠯᠵᠤ᠂ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠦᠷᠭᠡᠳᠬᠡᠨ᠎ᠡ᠃ ᠮᠣᠩᠭᠤᠯ ᠡᠮ ᠡᠮᠨᠡᠯᠭᠡ ᠶᠢ ᠬᠥᠭᠵᠢᠭᠦᠯᠦᠨ | ᠮᠠᠨᠳᠤᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ | ᠬᠦᠭᠵᠢᠭᠦᠯᠵᠦ᠂ ᠠᠯᠤᠰ ᠡᠮᠴᠢᠯᠡᠬᠡᠨ ᠤ ᠰᠢᠰᠲ᠋ᠧᠮᠵᠢ ᠶᠢ ᠪᠠᠶᠢᠭᠤᠯᠤᠨ᠎ᠠ᠃ ᠶᠡᠷᠦᠩᠬᠡᠢ ᠰᠠᠯᠠᠭᠠᠨ ᠤ ᠡᠮᠴᠢ ᠶᠢᠨ | ᠳᠦᠷᠢᠮ ᠢ ᠲᠡᠭᠦᠯᠳᠡᠷᠵᠢᠭᠦᠯᠦᠨ᠎ᠡ᠃ ︽ᠬᠠᠷᠠᠭ᠎ᠠ ᠣᠷᠤᠭᠤᠯᠬᠤ ᠠᠶᠠᠯᠠᠯ︾ ᠬᠡᠮᠡᠬᠦ ᠨᠡᠶᠢᠬᠡᠮ ᠤᠨ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠪᠠ ᠵᠠᠯᠠᠭᠤ ᠪᠠᠭᠠᠴᠤᠳ ᠤᠨ ᠨᠢᠳᠦᠨ ᠤ ᠡᠷᠡᠭᠦᠯ ᠮᠡᠨᠳᠦ ᠶᠢ ᠬᠠᠯᠠᠮᠵᠢᠯᠠᠬᠤ ᠪᠠ ᠨᠢᠲᠦ | ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠤᠯᠠᠨ ᠲᠦᠮᠡᠨ ᠤ ᠪᠡᠶ᠎ᠡ ᠲᠠᠮᠢᠷ ᠪᠠ ᠣᠷᠤᠯᠳᠤᠭᠠᠨ ᠤ | ᠪᠡᠶ᠎ᠡ ᠲᠠᠮᠢᠷ ᠢ ᠬᠦᠭᠵᠢᠭᠦᠯᠵᠦ᠂ ᠬᠦᠯ ᠪᠦᠮᠪᠦᠭᠡ ᠶᠢᠨ ᠬᠦᠳᠡᠯᠬᠡᠬᠡᠨ ᠢ ᠦᠭᠡᠷᠡᠴᠢᠯᠡᠵᠦ ᠬᠦᠭᠵᠢᠬᠦᠯᠬᠦ ᠲᠤᠷᠰᠢᠯᠲᠠ ᠶᠢᠨ | ᠴᠡᠭ ᠤᠨ ᠠᠵᠢᠯ ᠢ ᠰᠠᠶᠢᠲᠤᠷ ᠬᠢᠨ᠎ᠠ᠃ ᠠᠷᠪᠠᠨ ᠳᠦᠷᠪᠡᠳᠦᠭᠡᠷ ᠬᠤᠭᠤᠴᠭᠠᠠᠨ ᠤ ᠪᠦᠬᠦ ᠤᠯᠤᠰ ᠤᠨ ᠡᠪᠦᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠢ ᠬᠢᠨᠠᠮᠠᠭᠠᠢ ᠬᠢᠨ᠎ᠠ᠃ | ᠠᠮᠤᠭᠤᠯᠠᠩ ᠲᠠᠶᠢᠪᠣᠩ ᠦᠪᠦᠷ ᠮᠤᠩᠭᠤᠯ ᠢ ᠪᠠᠶᠢᠭᠤᠯᠤᠨ᠎ᠠ᠃ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ | ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠰᠤᠷᠤᠯᠴᠠᠨ | ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ | ᠵᠦᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠨ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ | ᠦᠨᠡᠨ ᠬᠦ ᠰᠢᠢᠳᠪᠦᠷᠢᠯᠡᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ | ᠦᠷᠨᠢᠭᠦᠯᠵᠦ᠂ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠢᠳᠡᠭᠡᠨ | ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ | ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ᠠᠶᠤᠯ ᠦᠬᠡᠢ | ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠤᠨᠴᠠ ᠬᠦᠨᠳᠤ ᠶᠡᠭᠡ ᠠᠳᠡᠯ ᠭᠠᠷᠬᠤ ᠶᠢ ᠡᠷᠡᠰ ᠰᠡᠷᠬᠡᠶᠢᠯᠡᠵᠦ | ᠬᠤᠷᠢᠬᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠪᠠᠶᠢᠭᠤᠯᠤᠯ ᠲᠤᠭᠲᠠᠴᠠ ᠶᠢ ᠪᠦᠷᠢᠨᠰᠢᠭᠦᠯᠵᠦ᠂ ᠲᠦᠭᠰᠢᠬᠦᠷᠢ ᠶᠢ ᠬᠠᠮᠢᠶᠠᠷᠤᠨ ᠡᠵᠡᠮᠳᠡᠬᠦ᠂ | ᠰᠡᠷᠠᠮᠵᠢᠯᠡᠬᠦᠯᠦᠨ ᠰᠡᠷᠬᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠠᠶᠢᠭᠤᠯᠤᠯᠳᠠ ᠶᠢ | ᠴᠢᠩᠭᠠᠷᠠᠭᠤᠯᠤᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ | ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠦᠬᠦ ᠠᠷᠠᠳ ᠲᠤ ᠬᠠᠤᠯᠢ ᠲᠦᠭᠡᠮᠡᠯᠵᠢᠭᠦᠯᠬᠦ ᠬᠦᠮᠦᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠬᠠᠤᠯᠢ ᠶᠢᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ | ᠪᠦᠷᠢᠨᠰᠢᠭᠦᠯᠦᠨ᠎ᠡ᠃ ᠨᠡᠶᠢᠭᠡᠮ ᠤᠨ ᠠᠵᠢᠯᠲᠠᠳ ᠪᠣᠯᠣᠨ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠤ ᠬᠢᠨ ᠤ | ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ᠂ ᠪᠠᠭᠠᠴᠤᠳ᠂ ᠦᠲᠡᠭᠦᠰ᠂ ᠵᠡᠮᠳᠡᠭᠴᠦᠳ ᠤᠨ ᠬᠠᠤᠯᠢ | ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ᠱᠠᠰᠢᠨ ᠰᠤᠷᠳᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠳᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠤᠭᠠᠷ ᠬᠠᠮᠢᠶᠠᠷᠴᠤ᠂ ᠱᠠᠰᠢᠨ | ᠰᠤᠷᠲᠠᠬᠤᠨ ᠤ ᠬᠢᠨ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ | ᠵᠣᠬᠢᠴᠠᠯᠳᠤᠭᠤᠯᠤᠨ᠎ᠠ᠃ ᠴᠡᠷᠢᠭ ᠠᠩᠭᠢ ᠶᠢᠨ ᠦᠭᠡᠷᠡᠴᠢᠯᠡᠯᠲᠡ ᠬᠦᠭᠵᠢᠯᠲᠡ ᠪᠠ ᠤᠳᠤᠬᠢᠴᠢᠯᠠᠭᠰᠠᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ | ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠤᠯᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ | ᠪᠢᠳᠡ ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠭᠡᠳᠦᠯ ᠢ ᠲᠡᠮᠡᠴᠡᠯ ᠤᠨ | ᠬᠠᠷᠠᠯᠲᠠ ᠪᠠᠨ ᠪᠤᠯᠭᠠᠵᠤ᠂ ᠠᠵᠢᠯ ᠲᠤᠰᠢᠶᠠᠯ ᠳᠤ ᠪᠠᠨ ᠦᠨᠡᠨᠴᠢ ᠰᠢᠳᠤᠷᠭᠤ ᠪᠠᠷ ᠬᠠᠨᠳᠤᠵᠤ᠂ ᠡᠭᠦᠷᠭᠡ | ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ︽ᠳᠦᠷᠪᠡᠨ ᠦᠵᠡᠯ ᠤᠬᠠᠮᠰᠠᠷ︾ ᠢ ᠪᠠᠲᠤ ᠪᠠᠬᠢ ᠪᠤᠢ ᠪᠤᠯᠭᠠᠵᠤ᠂ | ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠤᠨᠤᠯ ᠢ ᠪᠤᠲᠠᠲᠠᠢ ᠲᠠᠢ ᠤᠶᠠᠯᠳᠤᠭᠤᠯᠵᠤ᠂ | ᠶᠠᠭᠤ ᠶᠢ ᠬᠢᠬᠦ᠂ ᠶᠠᠭᠤ ᠶᠢ ᠬᠢᠵᠦ ᠪᠣᠯᠬᠤ ᠦᠭᠡᠢ᠂ ᠶᠠᠭᠠᠬᠢᠵᠤ ᠬᠢᠬᠦ ᠭᠡᠰᠡᠨ ᠲᠦᠪ ᠤᠨ ᠱᠠᠭᠠᠷᠳᠠᠯᠭ᠎ᠠ ᠶᠢ | ᠤᠨᠤᠪᠴᠢᠲᠠᠢ ᠡᠵᠡᠮᠰᠢᠨ᠎ᠡ︔ ᠪᠢᠳᠡᠨ ᠤ ᠬᠢᠵᠦ ᠪᠠᠶᠢᠭ᠎ᠠ ᠠᠵᠢᠯ ᠢᠶᠠᠨ ᠲᠦᠪ ᠤᠨ ᠱᠠᠭᠠᠷᠳᠠᠯᠭ᠎ᠠ ᠳᠤ ᠨᠡᠶᠢᠴᠡᠵᠦ | ᠪᠠᠶᠢᠬᠤ ᠡᠰᠡᠬᠦ᠂ ᠪᠠᠰᠠ ᠶᠠᠮᠠᠷ ᠵᠦᠷᠢᠶ᠎ᠡ ᠲᠠᠢ ᠪᠠ ᠬᠦᠷᠦᠯᠴᠡᠬᠦ ᠦᠭᠡᠢ ᠵᠦᠢᠯᠡᠰ ᠣᠷᠤᠰᠢᠵᠤ ᠪᠠᠶᠢᠬᠤ ᠶᠢ ᠦᠷᠭᠦᠯᠵᠢ | ᠬᠢᠨᠠᠵᠤ ᠪᠠᠶᠢᠭᠠᠳ ᠠᠵᠢᠯ ᠳᠤ ᠪᠠᠨ ᠴᠢᠭᠯᠡᠯ ᠢᠶᠠᠨ ᠠᠯᠳᠠᠬᠤ ᠦᠭᠡᠢ ᠪᠠᠶᠢᠵᠤ᠂ ᠲᠦᠷᠦ ᠶᠢᠨ ᠪᠤᠳᠤᠯᠭ᠎ᠠ ᠶᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠪᠢᠳᠡ ᠢᠮᠠᠭᠲᠠ ᠪᠠᠶᠢᠴᠠᠭᠠᠨ ᠰᠤᠳᠤᠯᠤᠯᠲᠠ ᠪᠠᠷ ᠦᠨᠳᠦᠰᠦᠨ ᠠᠵᠢᠯᠯᠠᠬᠤ ᠠᠷᠭ᠎ᠠ ᠮᠠᠶ᠋ᠢᠭ ᠢᠶᠠᠨ ᠪᠣᠯᠭᠠᠨ᠂ | ᠪᠠᠶᠢᠴᠠᠭᠠᠨ ᠰᠤᠳᠤᠯᠤᠭᠰᠠᠨ ᠤ ᠳᠠᠷᠠᠭ᠎ᠠ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠭᠰᠡᠨ ᠰᠠᠭᠤᠷᠢᠨ ᠳᠤ | ᠳ᠋ᠦᠩᠨᠡᠯᠲᠡ ᠭᠠᠷᠭᠠᠬᠤ ᠶᠢ ᠪᠠᠷᠢᠮᠲᠠᠯᠠᠨ᠎ᠠ᠃ ᠦᠨᠳᠦᠰᠦᠨ ᠱᠠᠲᠤ᠂ ᠪᠣᠳᠠᠲᠤ ᠪᠠᠶᠢᠳᠠᠯ᠂ ᠣᠯᠠᠨ ᠲᠦᠮᠡᠨ ᠳᠤ | ᠭᠦᠨᠵᠡᠭᠡᠶᠢᠷᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠰᠣᠨᠣᠰᠴᠤ᠂ ᠣᠯᠠᠨ | ᠲᠦᠮᠡᠨ ᠤ ᠪᠣᠳᠣᠵᠤ ᠰᠠᠨᠠᠭᠰᠠᠨ᠂ ᠬᠦᠰᠡᠨ ᠡᠷᠡᠮᠵᠢᠯᠡᠵᠦ ᠪᠠᠶᠢᠭ᠎ᠠ᠂ ᠪᠢᠳᠡᠨ ᠢᠶᠠᠷ ᠶᠠᠭᠤ ᠶᠢ ᠭᠦᠢᠴᠡᠳᠭᠡᠯᠭᠡᠬᠦ ᠪᠠᠷ | ᠬᠠᠮᠤᠭ ᠠᠴᠠ ᠢᠯᠡᠬᠦᠦ ᠱᠠᠭᠠᠷᠳᠠᠵᠤ ᠪᠠᠶᠢᠭ᠎ᠠ ᠶᠢ ᠨᠢ ᠣᠶᠢᠯᠠᠭᠠᠨ᠎ᠠ᠃ ᠰᠤᠷᠤᠯᠴᠠᠭ᠎ᠠ ᠪᠠ ᠦᠢᠯᠡᠳᠦᠯᠭᠡ ᠶᠢᠨ ᠳᠤᠮᠳᠠ | ᠰᠡᠳᠭᠢᠮᠵᠢ ᠲᠡᠯᠡᠵᠦ ᠠᠷᠭ᠎ᠠ ᠪᠣᠳᠣᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠤᠨᠨᠳᠠᠭᠠᠬᠤ ᠬᠢᠷᠢ | ᠲᠥᠪᠰᠢᠨ ᠪᠣᠯᠣᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠪᠢᠳᠡ ᠢᠮᠠᠭᠲᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ | ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠢ ᠪᠦᠲᠦᠭᠡᠨ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠪᠣᠯᠣᠨ ᠠᠵᠢᠯ ᠤᠨ ᠬᠢᠨᠠᠯᠲᠠ ᠲᠠᠯᠪᠢᠯᠲᠠ ᠶᠢ ᠬᠠᠤᠯᠢ ᠶᠣᠰᠤᠭᠠᠷ | ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ | ᠬᠦᠯᠢᠶᠡᠨ᠂ ᠨᠡᠶᠢᠭᠡᠮ ᠪᠣᠯᠣᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | ᠬᠢᠨᠠᠨ ᠪᠣᠳᠣᠵᠣ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠳᠥᠷᠢᠮ ᠢ ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠴᠢ ᠪᠦᠭᠡᠳ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠬᠤ ᠳᠤ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠤᠨ᠎ᠠ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠨᠢᠨ ᠮᠡᠳᠡᠭᠡ ᠨᠡᠶᠢᠲᠡᠯᠡᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠨ᠂ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠳᠦᠭᠦᠮ ᠳᠦᠳᠡ ᠪᠦᠭᠡᠳ ᠦᠨᠳᠦᠷ ᠪᠦᠲᠦᠮᠵᠢᠲᠡᠢ᠂ | ᠡᠷᠬᠡ ᠲᠡᠭᠰᠢ ᠪᠠᠷ ᠦᠷᠢᠰᠦᠯᠳᠦᠬᠦ᠂ ᠲᠣᠭᠲᠠᠭᠤᠨ ᠪᠦᠭᠡᠳ ᠢᠯᠡ ᠲᠤᠳᠣ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠪᠣᠢ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠬᠡᠯᠡᠪᠡᠰᠦ ᠢᠲᠡᠭᠡᠭᠦᠰᠢᠲᠡᠢ ᠬᠢᠪᠡᠰᠦ | ᠪᠦᠲᠦᠮᠵᠢᠲᠡᠢ ᠪᠠᠶᠢᠵᠤ᠂ ᠨᠡᠶᠢᠲᠡ ᠳᠤ ᠢᠲᠡᠭᠡᠭᠦᠯᠬᠦ ᠬᠦᠴᠦᠨ ᠪᠣᠯᠣᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ | ᠂ ᠦᠨᠡᠨᠴᠢ ᠢᠲᠡᠭᠡᠮᠵᠢ ᠲᠠᠢ ᠪᠠᠶᠢᠬᠤ ᠨᠡᠶᠢᠭᠡᠮ ᠤᠨ ᠪᠠᠶᠢᠭᠤᠯᠤᠯᠲᠠ ᠳᠤ ᠦᠯᠢᠭᠡᠷ ᠳᠠᠭᠤᠷᠢᠶᠠᠯ ᠦᠵᠡᠭᠦᠯᠦᠨ᠎ᠡ᠃ | ᠪᠢᠳᠡ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠪᠤᠳᠤᠯᠢᠶᠠᠨᠲᠠᠢ | ᠪᠠᠶᠢᠳᠠᠯ ᠪᠣᠯᠣᠨ ᠬᠤᠷᠴᠠ ᠰᠢᠷᠦᠭᠦᠨ ᠥᠷᠢᠰᠥᠯᠳᠥᠭᠡᠨ ᠤ ᠡᠮᠦᠨ᠎ᠡ᠂ ᠳᠣᠣᠷᠠᠲᠣ ᠬᠢᠵᠠᠭᠠᠷ ᠢ ᠵᠥᠷᠢᠬᠦ ᠦᠭᠡᠢ ᠪᠠᠶᠢᠬᠤ | ᠰᠡᠳᠬᠢᠭᠦᠢ ᠶᠢ ᠪᠣᠢ ᠪᠣᠯᠭᠠᠵᠤ᠂ ᠲᠡᠮᠡᠴᠡᠬᠦ ᠰᠥᠰᠥ ᠵᠣᠷᠢᠭ ᠢᠶᠠᠨ ᠡᠷᠴᠢᠯᠡᠵᠦ᠂ ᠵᠦᠪ ᠢᠶᠠᠨ ᠵᠣᠷᠢᠭᠲᠠᠢ ᠪᠠᠷ | ᠪᠠᠷᠢᠮᠲᠠᠯᠠᠨ᠂ ᠠᠯᠳᠠᠭ᠎ᠠ ᠲᠠᠢ ᠪᠣᠯ ᠵᠠᠯᠠᠷᠠᠭᠤᠯᠵᠤ᠂ ᠲᠥᠭᠰᠢᠭᠦᠷᠢ ᠶᠢ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠬᠦᠴᠢᠷᠳᠡᠯ ᠪᠣᠯᠣᠨ ᠠᠰᠠᠭᠤᠳᠠᠯ ᠲᠤᠯᠭᠠᠷᠠᠪᠠᠯ ᠤᠬᠤᠷᠢᠬᠤ ᠦᠭᠡᠢ᠂ ᠴᠠᠯᠠᠭᠠᠶᠢᠷᠠᠬᠤ ᠦᠭᠡᠢ ᠪᠠᠷ ᠠᠵᠢᠯᠯᠠᠵᠤ᠂ | ᠲᠦᠭᠰᠢᠬᠦᠷᠢ ᠬᠢᠮᠦᠷᠠᠯ ᠢ ᠲᠤᠬᠢᠶᠠᠯ ᠪᠤᠯᠭᠠᠬᠤ ᠳᠤ ᠪᠠᠨ ᠴᠢᠳᠠᠮᠠᠭᠠᠢ ᠪᠠᠶᠢᠵᠦ᠂ ᠲᠦᠭᠰᠢᠬᠦᠷᠢ ᠬᠢᠮᠤᠷᠠᠯ ᠢ ᠠᠷᠭᠠᠴᠠᠭᠠᠬᠤ | ᠶᠠᠪᠤᠴᠠ ᠳᠤ ᠠᠵᠠ ᠲᠤᠬᠢᠶᠠᠯ ᠢ ᠡᠬᠦᠳᠴᠤ ᠪᠦᠷᠢᠯᠳᠦᠬᠦᠯᠦᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ | ᠠᠷᠢᠯᠭᠠᠵᠤ᠂ ᠡᠯ᠎ᠡ ᠵᠦᠢᠯ ᠤᠨ ᠪᠠᠶᠢᠴᠠᠭᠠᠯᠲᠠ ᠪᠣᠯᠣᠨ ᠦᠨᠡᠯᠡᠯᠲᠡ ᠶᠢ ᠴᠢᠩᠭ᠎ᠠ ᠵᠢᠷᠤᠮᠵᠢᠭᠤᠯᠤᠨ᠂ ᠠᠵᠢᠯ ᠶᠠᠪᠤᠳᠠᠯ | ᠪᠦᠭᠦᠨ ᠳᠤ ᠴᠦᠮ ᠣᠷᠣᠮ ᠦᠯᠡᠳᠡᠭᠡᠬᠦ ᠠᠷᠭ᠎ᠠ ᠪᠠᠷᠢᠯ ᠢ ᠵᠠᠯᠠᠷᠠᠭᠤᠯᠵᠤ᠂ ᠡᠯ᠎ᠡ ᠱᠠᠲᠤᠨ ᠤ ᠺᠠᠳ᠋ᠷᠴᠤᠳ ᠢ ᠢᠯᠡᠭᠦᠬᠡᠨ | ᠴᠠᠭ ᠭᠠᠷᠭᠠᠵᠤ ᠣᠶᠣᠨ ᠴᠢᠳᠠᠯ ᠢᠶᠠᠨ ᠲᠦᠪᠯᠡᠷᠡᠭᠦᠯᠵᠦ ᠠᠵᠢᠯ ᠢᠶᠠᠨ ᠰᠤᠳᠤᠯᠵᠤ᠂ ᠨᠠᠶᠢᠳᠠᠪᠤᠷᠢᠵᠢᠭᠤᠯᠬᠤ ᠶᠢ | ᠠᠬᠢᠭᠤᠯᠬᠤ ᠪᠣᠯᠭᠠᠨ᠎ᠠ᠃ | ᠪᠢᠳᠡ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ | ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ︽ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠬᠢᠨᠠᠮᠠᠭᠠᠶ ᠥᠷᠨᠢᠭᠦᠯᠦᠨ᠎ᠡ᠃ ᠨᠠᠮ ᠤᠨ | ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ | ᠵᠠᠰᠠᠬᠤ ᠣᠷᠣᠨ ᠤ ᠳᠦᠬᠦᠷ ᠠᠷᠭ᠎ᠠ ᠶᠢ ᠴᠢᠩᠭ᠎ᠠ ᠬᠡᠷᠡᠭᠵᠢᠭᠦᠯᠦᠨ᠎ᠡ᠃ ᠭᠠᠮᠨᠠᠵᠤ ᠨᠠᠷᠢᠯᠠᠬᠤ ᠦᠵᠡᠯ ᠰᠠᠨᠠᠭ᠎ᠠ ᠶᠢ ᠪᠣᠢ | ᠪᠣᠯᠭᠠᠨ᠂ ︽ᠠᠯᠪᠠᠨ ᠤ ᠭᠤᠷᠪᠠᠨ︾ ᠵᠠᠷᠤᠳᠠᠯ ᠤᠨ ᠲᠦᠰᠦᠪ ᠢ ᠴᠢᠩᠭ᠎ᠠ ᠡᠵᠡᠮᠳᠡᠵᠤ᠂ ᠭᠤᠣᠯᠳᠠᠯᠭ᠎ᠠ ᠲᠠᠢ ᠪᠣᠯᠣᠨ | ᠵᠠᠶᠢᠯᠠᠰᠢ ᠦᠭᠡᠢ ᠴᠢᠨᠠᠷᠲᠠᠢ ᠵᠠᠷᠤᠯᠭ᠎ᠠ ᠠᠴᠠ ᠪᠤᠰᠤᠳ ᠡᠩ ᠤᠨ ᠴᠢᠨᠠᠷᠲᠠᠢ ᠵᠠᠷᠤᠯᠭ᠎ᠠ ᠶᠢ 10% ᠪᠠᠷ ᠪᠠᠭᠠᠰᠬᠠᠨ᠎ᠠ᠃ | ᠦᠨᠳᠦᠰᠦᠨ ᠱᠠᠲᠤᠨ ᠤ ᠵᠠᠰᠠᠭ ᠤᠨ ᠣᠷᠳᠣᠨ ᠤ ᠴᠠᠯᠢᠩ ᠢ ᠪᠠᠲᠤᠯᠠᠬᠤ᠂ ᠠᠵᠢᠯᠯᠠᠭᠤᠯᠬᠤ ᠶᠢ ᠪᠠᠲᠤᠯᠠᠬᠤ᠂ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠲᠦᠰᠦᠪ ᠲᠤ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ | ᠃ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠪᠠᠶᠢᠬᠤ ᠰᠤᠷᠲᠠᠯ ᠢ ᠪᠠᠷᠢᠮᠲᠠᠯᠠᠵᠤ᠂ ᠬᠠᠵᠠᠭᠤ | ᠬᠠᠪᠢ ᠶᠢᠨ ᠬᠡᠰᠡᠭ ᠪᠤᠰᠠᠭ ᠬᠡᠷᠡᠭ ᠶᠠᠪᠤᠳᠠᠯ ᠢᠶᠠᠷ ᠠᠷᠪᠢᠲᠠᠢ ᠭᠠᠮᠲᠠᠢ ᠪᠥᠭᠡᠳ ᠲᠣᠬᠢᠲᠠᠢ ᠵᠣᠬᠢᠴᠠᠩᠭᠤᠢ᠂ ᠪᠣᠬᠢᠷᠲᠤᠯ | ᠦᠭᠡᠢ ᠪᠥᠭᠡᠳ ᠳᠣᠣᠷ᠎ᠠ ᠨᠡᠭᠦᠷᠡᠰᠦᠳᠦ᠋ᠷᠦᠭᠴᠢ ᠲᠠᠢ ᠠᠮᠢᠳᠤᠷᠠᠯ ᠤᠨ ᠠᠷᠭ᠎ᠠ ᠮᠠᠶ᠋ᠢᠭ ᠢ ᠳᠠᠭᠠᠭᠤᠯᠤᠨ ᠰᠠᠨᠠᠭᠠᠴᠢᠯᠠᠨ᠎ᠠ | ᠃ ᠵᠠᠰᠠᠭ ᠤᠨ ᠣᠷᠳᠣᠨ ᠤ ᠠᠵᠢᠯᠲᠠᠳ ᠥᠪᠡᠷ ᠢ ᠪᠠᠨ ᠴᠢᠩᠭ᠎ᠠ ᠱᠠᠭᠠᠷᠳᠠᠵᠤ᠂ ᠠᠷᠠᠳ ᠲᠦᠮᠡᠨ ᠤ ᠲᠦᠯᠦᠭᠡ | ᠠᠷᠢᠭᠤᠨ ᠴᠢᠬᠡᠴᠢ ᠪᠠᠷ ᠠᠵᠢᠯᠯᠠᠵᠤ᠂ ᠠᠷᠠᠳ ᠲᠦᠮᠡᠨ ᠤ ᠠᠯᠪᠠᠨ ᠵᠠᠷᠤᠴᠠ ᠬᠡᠮᠡᠬᠦ ᠨᠡᠷ᠎ᠡ ᠲᠥᠷᠥ ᠶᠢ ᠪᠠᠨ | ᠭᠤᠲᠤᠭᠠᠬᠤ ᠦᠭᠡᠢ᠃ | ᠲᠥᠯᠥᠭᠡᠯᠡᠭᠴᠢᠳ ᠡ︕ | ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃ | ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ | ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ︾ ᠨᠠᠨᠳᠢᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ | ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠨᠡᠩ ᠶᠡᠭᠡ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠡᠭᠦᠷᠭᠡᠯᠡᠨ᠂ ᠰᠢᠨ᠎ᠡ ᠴᠠᠭ ᠦᠶ᠎ᠡ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ | ᠪᠦᠳᠦᠬᠡᠨ ᠪᠠᠶᠢᠭᠤᠯᠤᠨ᠎ᠠ᠃ ᠦᠨᠳᠦᠰᠦᠳᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠦᠨᠳᠦᠰᠦᠳᠡᠨ ᠤ ᠤᠷᠤᠨ ᠤ ᠦᠪᠡᠷᠳᠡᠬᠡᠨ ᠵᠠᠰᠬᠬᠤ ᠪᠠᠶᠢᠭᠤᠯᠤᠯ ᠢ ᠪᠠᠷᠢᠮᠳᠠᠯᠠᠨ | ᠲᠡᠬᠦᠯᠳᠡᠷᠵᠢᠬᠦᠯᠦᠨ᠎ᠠ᠃ ᠬᠢᠯᠢ ᠬᠢᠵᠠᠭᠠᠷ ᠤᠷᠤᠨ ᠢ ᠬᠦᠭᠵᠢᠬᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ | ᠬᠦᠨᠵᠡᠬᠡᠢ ᠠᠬᠢᠭᠤᠯᠵᠦ᠂ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠳᠠ᠂ ︽ᠭᠤᠷᠪᠠᠨ ᠴᠦᠬᠡᠨ | ᠲᠤᠭᠠᠳᠤ ᠦᠨᠳᠦᠰᠦᠳᠡᠨ︾ ᠤ ᠦᠪᠡᠷᠳᠡᠬᠡᠨ ᠵᠠᠰᠠᠬᠤ ᠬᠤᠰᠢᠭᠤ᠂ ᠦᠨᠳᠦᠰᠦᠳᠡᠨ ᠤ ᠰᠢᠶᠠᠩ ᠵᠡᠷᠬᠡ ᠴᠦᠬᠡᠨ | ᠲᠤᠭᠠᠳᠤ ᠦᠨᠳᠦᠰᠦᠳᠡᠨ ᠤ ᠲᠦᠪᠯᠡᠷᠡᠨ ᠰᠠᠭᠤᠭ᠎ᠠ ᠭᠠᠵᠠᠷ ᠤᠷᠤᠨ ᠤ ᠬᠦᠭᠵᠢᠯᠳᠡ ᠶᠢ ᠲᠦᠷᠬᠡᠳᠬᠡᠨ᠎ᠠ᠃ | ᠬᠤᠳᠠ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ | ᠣᠨᠤᠯᠵᠢᠬᠤᠨ ᠢ ᠦᠢᠯᠡᠳᠦᠯᠭᠡᠵᠢᠭᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ | ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠬᠦᠳᠦᠨ ᠪᠠᠶᠢᠭᠤᠯᠬᠤ ᠠᠵᠢᠯ ᠢ ᠬᠦᠨᠵᠡᠬᠡᠢ | ᠦᠷᠨᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠵᠤ᠂ ᠦᠨᠳᠦᠰᠦᠲᠡᠨ ᠨᠦᠭᠦᠳ ᠤᠨ ᠬᠠᠷᠢᠴᠠᠵᠤ ᠰᠤᠯᠢᠯᠴᠠᠵᠤ ᠠᠭᠤᠰᠤᠯᠴᠠᠬᠤ ᠶᠢ ᠴᠢᠩᠭᠠᠳᠬᠠᠨ᠂ | ᠦᠨᠳᠦᠰᠦᠲᠡᠨ ᠨᠦᠭᠦᠳ ᠬᠤᠭᠤᠷᠤᠨᠳᠤ ᠪᠠᠨ ᠠᠨᠠᠷ ᠤᠨ ᠦᠷ᠎ᠡ ᠰᠢᠭ ᠪᠠᠷᠢᠯᠳᠤᠨ ᠨᠢᠭᠲᠠᠷᠠᠬᠤ ᠶᠢ ᠠᠬᠢᠭᠤᠯᠵᠤ᠂ ᠡᠬᠡ | ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ | ᠬᠠᠮᠲᠤ ᠪᠠᠷ ᠴᠣᠭᠴᠠᠯᠠᠨ᠎ᠠ᠃ | ᠲᠥᠯᠥᠭᠡᠯᠡᠭᠴᠢᠳ ᠡ︕ | ᠨᠠᠮ ᠤᠨ ᠲᠥᠪ ᠬᠤᠷᠢᠶ᠎ᠠ ᠠᠴᠠ ᠦᠪᠦᠷ ᠮᠣᠩᠭᠤᠯ ᠤᠨ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠭᠰᠠᠭᠠᠷ | ᠢᠷᠡᠪᠡ᠃ ᠶᠡᠷᠦᠩᠬᠡᠢ ᠱᠦᠵᠢ ᠰᠢ ᠶᠢᠨ ᠫᠢᠩ ᠠᠴᠠ ᠦᠪᠦᠷ ᠮᠣᠩᠭᠤᠯ ᠪᠣᠯ ᠮᠠᠨ ᠤ ᠤᠯᠤᠰ ᠤᠨ ᠦᠨᠳᠦᠰᠦᠲᠡᠨ ᠤ | ᠦᠪᠡᠷᠲᠡᠭᠡᠨ ᠵᠠᠰᠠᠬᠤ ᠤᠷᠤᠨ ᠢ ᠬᠠᠮᠤᠭ ᠤᠨ ᠡᠷᠲᠡ ᠪᠠᠶᠢᠭᠤᠯᠤᠭᠰᠠᠨ᠂ ᠨᠠᠮ ᠤᠨ ᠦᠨᠳᠦᠰᠦᠲᠡᠨ ᠤ ᠣᠷᠣᠨ ᠤ | ᠦᠪᠡᠷᠲᠡᠭᠡᠨ ᠵᠠᠰᠠᠬᠤ ᠪᠠᠶᠢᠭᠤᠯᠤᠯ ᠢ ᠬᠠᠮᠤᠭ ᠤᠨ ᠡᠷᠲᠡ ᠬᠡᠷᠡᠭᠵᠢᠭᠦᠯᠦᠭᠰᠡᠨ ᠭᠠᠵᠠᠷ ᠣᠷᠣᠨ ᠪᠠᠶᠢᠵᠦ᠂ ᠡᠬᠡ | ᠤᠯᠤᠰ ᠤᠨ ᠤᠮᠠᠷᠠᠲᠤ ᠬᠢᠯᠢ ᠳᠤ ᠪᠠᠶᠢᠷᠢᠯᠠᠨ ᠪᠠᠶᠢᠯᠳᠤᠬᠤ ᠪᠣᠳᠣᠯᠭ᠎ᠠ ᠶᠢᠨ ᠤᠷᠤᠨ ᠪᠠᠶᠢᠷᠢ ᠪᠠᠷ ᠲᠦᠢᠯ ᠤᠨ ᠴᠢᠬᠤᠯᠠ | ᠪᠤᠯᠬᠤ ᠶᠤᠮ᠃ ᠦᠪᠦᠷ ᠮᠣᠩᠭᠤᠯ ᠤᠨ ᠦᠭᠡᠷᠡᠴᠢᠯᠡᠯᠲᠡ ᠬᠦᠭᠵᠢᠯᠳᠡ ᠲᠣᠭᠲᠠᠭᠤᠨ ᠤ ᠠᠵᠢᠯ ᠢ ᠰᠠᠶᠢᠲᠤᠷ ᠬᠢᠬᠦ ᠨᠢ | ᠪᠦᠬᠦ ᠤᠯᠤᠰ᠂ ᠳᠡᠯᠡᠬᠡᠢ ᠨᠡᠶᠢᠳᠡ ᠳᠤ ᠴᠤ ᠢᠳᠡᠪᠬᠢ ᠠᠴᠢ ᠬᠤᠯᠪᠣᠭᠳᠠᠯ ᠲᠠᠢ ᠶᠤᠮ ᠬᠡᠵᠦ ᠵᠢᠭᠠᠵᠦ ᠭᠠᠷᠭᠠᠪᠠ᠃ | ᠡᠨᠡ ᠵᠢᠯ ᠪᠣᠯ ᠮᠠᠨ ᠤ ᠠᠭᠤᠤ ᠶᠡᠭᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 70 ᠵᠢᠯ ᠤᠨ ᠣᠢ ᠪᠣᠯᠣᠨ᠎ᠠ᠃ 70 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠭᠠᠳ | ᠳᠤᠮᠳᠠᠳᠤ ᠶᠢᠨ ᠦᠨᠳᠦᠰᠦᠲᠡᠨ ᠪᠤᠰᠴᠤ ᠵᠣᠭᠰᠤᠨ ᠪᠠᠶᠠᠵᠢᠵᠦ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠭᠰᠡᠨ | ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠭᠵᠢᠵᠦ ᠣᠷᠤᠭᠰᠢᠯᠠᠬᠤ ᠶᠢ ᠳᠠᠭᠠᠯᠳᠤᠨ᠂ ᠦᠪᠦᠷ ᠮᠣᠩᠭᠤᠯ ᠴᠦ ᠳᠡᠯᠡᠬᠡᠢ ᠶᠢᠨ ᠠᠩᠬᠠᠷᠤᠯ ᠢ ᠲᠠᠲᠠᠮ᠎ᠠ ᠠᠮᠵᠢᠯᠲᠠ | ᠪᠦᠲᠦᠮᠵᠢ ᠣᠯᠪᠠ᠃ ᠳᠠᠷᠠᠭ᠎ᠠ ᠵᠢᠯ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ | ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠵᠠᠮ ᠢᠶᠠᠨ | ᠡᠬᠢᠯᠡᠭᠦᠯᠬᠦ ᠪᠣᠯᠣᠨ᠎ᠠ᠃ | ᠲᠦᠯᠦᠭᠡᠯᠡᠭᠴᠢᠳ ᠡ︕ | ᠪᠣᠬᠢᠷᠳᠤᠯ ᠦᠭᠡᠢ ᠪᠠᠶᠢᠬᠤ ᠪᠣᠯ ᠮᠠᠨ ᠤ ᠬᠠᠮᠤᠭ ᠤᠨ ᠶᠡᠭᠡ ᠡᠳ᠋ ᠪᠠᠶᠠᠯᠢᠭ᠂ ᠬᠤᠪᠢᠰᠬᠠᠯᠲᠤ ᠴᠢᠨᠠᠷ ᠪᠣᠯ | ᠮᠠᠨ ᠤ ᠭᠦᠨ ᠵᠤᠵᠠᠭᠠᠨ ᠦᠨᠳᠦᠰᠦ ᠰᠠᠭᠤᠷᠢ ᠪᠠᠶᠢᠵᠤ᠂ ᠦᠵᠡᠰᠭᠦᠯᠡᠩᠲᠦ ᠦᠪᠦᠷ ᠮᠣᠩᠭᠤᠯ ᠪᠣᠯ ᠮᠠᠨ ᠤ | ᠬᠠᠮᠲᠤ ᠶᠢᠨ ᠬᠦᠰᠡᠯ ᠵᠡᠭᠦᠳᠦ ᠪᠣᠯᠣᠨ᠎ᠠ᠃ ᠪᠢᠳᠡ ᠬᠠᠮᠲᠤ ᠪᠠᠷ ᠴᠥᠭᠦᠷᠡᠰᠢ ᠦᠭᠡᠢ ᠡᠷᠡᠯᠬᠡᠭᠯᠡᠨ ᠲᠡᠮᠡᠴᠡᠵᠦ ᠦᠪᠦᠷ | ᠮᠣᠩᠭᠤᠯ ᠤᠨ ᠬᠥᠭᠵᠢᠯᠲᠡ ᠳᠤ ᠬᠦᠴᠦ ᠪᠠᠨ ᠨᠡᠮᠡᠷᠢᠯᠡᠪᠡᠯ᠂ ᠪᠢᠳᠡᠨ ᠤ ᠬᠦᠰᠡᠯ ᠵᠡᠭᠦᠳᠦ ᠯᠠᠪᠲᠠᠢ ᠪᠡᠶᠡᠯᠡᠭᠳᠡᠬᠦ | ᠪᠣᠯᠣᠨ᠎ᠠ᠃ ᠦᠵᠡᠰᠭᠦᠯᠡᠩᠲᠦ ᠦᠪᠦᠷ ᠮᠣᠩᠭᠤᠯ ᠮᠠᠨᠢ ᠲᠡᠭᠷᠢ ᠨᠢ ᠴᠡᠯᠮᠡᠭ ᠤᠰᠤ ᠨᠢ ᠲᠤᠩᠭᠠᠯᠠᠭ ᠬᠦᠷᠥᠰᠦ ᠨᠢ | ᠨᠤᠭᠤᠭᠠᠨ ᠪᠦᠭᠡᠳ ᠬᠦᠮᠦᠨ ᠪᠠ ᠪᠠᠶᠢᠭᠠᠯᠢ ᠨᠢ ᠡᠶ᠎ᠡ ᠵᠣᠬᠢᠴᠠᠯ ᠲᠠᠢ ᠪᠠᠷ ᠡᠨᠡᠭᠰᠢᠨ ᠣᠷᠤᠰᠢᠭᠰᠠᠨ ᠦᠪᠦᠷ ᠮᠣᠩᠭᠤᠯ | ᠪᠠᠶᠢᠬᠤ ᠶᠣᠰᠣᠲᠠᠢ︔ ᠦᠨᠳᠦᠰᠦᠲᠡᠨ ᠨᠦᠭᠦᠳ ᠪᠦᠯᠬᠦᠮᠳᠡᠭᠰᠡᠨ ᠡᠪ ᠨᠠᠶᠢᠷᠠᠮᠳᠠᠭᠤ ᠪᠦᠭᠡᠳ ᠠᠮᠦᠷ ᠲᠣᠭᠲᠠᠭᠤᠨ | ᠬᠢᠯᠢ ᠬᠢᠵᠠᠭᠠᠷ ᠲᠠᠢ ᠦᠪᠦᠷ ᠮᠣᠩᠭᠤᠯ ᠪᠠᠶᠢᠬᠤ ᠶᠣᠰᠣᠲᠠᠢ︔ ᠬᠦᠮᠦᠨ ᠪᠦᠬᠦᠨ ᠴᠢᠨᠠᠷ ᠰᠠᠶᠢᠲᠠᠢ ᠣᠯᠠᠨ | ᠨᠡᠶᠢᠲᠡ ᠶᠢᠨ ᠦᠢᠯᠡᠴᠢᠯᠡᠭᠡ ᠪᠣᠯᠣᠨ ᠡᠷᠬᠡ ᠲᠡᠭᠰᠢ ᠬᠥᠭᠵᠢᠯᠲᠡ ᠶᠢᠨ ᠳᠣᠬᠢᠶᠠᠯ ᠢ ᠬᠦᠷᠲᠡᠭᠰᠡᠨ ᠦᠪᠦᠷ ᠮᠣᠩᠭᠤᠯ | ᠪᠠᠶᠢᠬᠤ ᠶᠣᠰᠣᠲᠠᠢ᠃ | ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠴᠢᠩᠭ᠎ᠠ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠢᠷᠮᠡᠭᠦᠨ ᠵᠣᠷᠢᠭᠲᠠᠢ ᠪᠠᠷ | ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ᠃ |