ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠨᠡᠶᠢᠭᠡᠮ ᠲᠠᠶᠠᠭᠠᠷ ᠲᠤ ᠨᠡᠬᠡᠭᠡᠬᠦ ᠶᠢ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2019/3/19
    ᠨᠢᠭᠡᠳᠦᠭᠡᠷ ᠵᠤᠷᠪᠤᠰ  ᠪᠦᠬᠦ ᠤᠷᠤᠨ ᠤ ᠠᠯᠪᠠᠨ ᠨᠡᠶᠢᠳᠡ ᠶᠢᠨ ᠪᠡᠶ᠎ᠡ  ᠲᠠᠮᠢᠷ ᠤᠨ ᠲᠠᠯᠠᠪᠠᠢ ᠤᠷᠳᠤᠨ ᠤ ᠲᠦᠬᠦᠭᠡᠷᠦᠮᠵᠢ ᠶᠢᠨ ᠴᠢᠳᠠᠪᠬᠢ ᠶᠢ ᠭᠦᠢᠴᠡᠳ ᠪᠠᠳᠠᠷᠠᠭᠤᠯᠵᠤ᠂ ᠦᠷᠭᠡᠨ ᠤᠯᠠᠨ ᠠᠷᠠᠳ ᠲᠦᠮᠡᠨ ᠤ ᠡᠳᠦᠷ  ᠢᠷᠡᠬᠦᠶ᠎ᠡ ᠨᠡᠮᠡᠭᠳᠡᠵᠦ ᠪᠦᠬᠦᠢ ᠪᠡᠶ᠎ᠡ ᠲᠠᠮᠢᠷ ᠢᠶᠠᠷ ᠪᠡᠶ᠎ᠡ ᠴᠢᠭᠢᠷᠠᠭᠵᠢᠭᠤᠯᠬᠤ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠦᠬᠦ ᠠᠷᠠᠳ ᠤᠨ ᠪᠡᠶ᠎ᠡ ᠴᠢᠭᠢᠷᠠᠭᠵᠭᠤᠯᠬᠤ ᠵᠤᠷᠪᠤᠰ︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ  ᠲᠠᠮᠢᠷ ᠤᠨ ᠲᠦᠬᠦᠭᠡᠷᠦᠮᠵᠢ ᠶᠢᠨ ᠬᠠᠮᠢᠶᠠᠷᠤᠯᠳᠠ ᠶᠢᠨ ᠵᠤᠷᠪᠤᠰ︾ ᠪᠤᠯᠤᠨ ︽ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠢ ᠲᠦᠷᠭᠡᠨ ᠬᠦᠭᠵᠢᠭᠦᠯᠵᠦ᠂ ᠪᠡᠶ᠎ᠡ  ᠲᠠᠮᠢᠷ ᠤᠨ ᠬᠡᠷᠡᠭᠯᠡᠭᠡᠨ ᠢ ᠠᠬᠢᠭᠤᠯᠬᠤ ᠲᠤᠬᠠᠢ ᠦᠢᠯᠡᠳᠦᠯᠭᠡᠵᠢᠭᠦᠯᠬᠦ ᠰᠠᠨᠠᠯ︾  ︵ᠦᠪᠦᠷ ᠵᠠᠰᠠᠭ ﹇2015﹈ ᠲᠤᠭᠠᠳᠤ﹈ ᠵᠢᠴᠢ ︽ᠤᠯᠤᠰ ᠤᠨ ᠪᠡᠶ᠎ᠡ ᠲᠠᠮᠢᠷ  ᠤᠨ ᠶᠡᠷᠦᠩᠬᠡᠢ ᠲᠤᠪᠴᠢᠶ᠎ᠠ   ᠡᠳ᠋ ᠤᠨ ᠵᠠᠰᠠᠭ ᠤᠨ ᠶᠠᠮᠤᠨ ᠤ ᠲᠤᠮᠤ ᠬᠡᠯᠪᠡᠷᠢ ᠶᠢᠨ ᠲᠠᠮᠢᠷ ᠤᠨ ᠲᠠᠯᠠᠪᠠᠢ ᠤᠷᠳᠤᠨ ᠢ ᠰᠦᠢᠳᠭᠡᠯ ᠬᠤᠷᠢᠶᠠᠬᠤ ᠦᠭᠡᠢ ᠪᠤᠶᠤ ᠲᠤᠤᠷ᠎ᠠ ᠰᠦᠢᠳᠭᠡᠯ ᠬᠤᠷᠢᠶᠠᠵᠤ ᠨᠡᠬᠡᠭᠡᠯᠳᠡ ᠬᠢᠬᠦ ᠮᠡᠳᠡᠭᠳᠡᠯ︾ ︵ᠲᠠᠮᠢᠷ  ᠡᠳ᠋ ﹇2014﹈ 34 ᠲᠤᠭᠠᠳᠤ︶ ᠵᠡᠷᠭᠡ ᠬᠠᠤᠯᠢ ᠲᠦᠷᠢᠮ ᠪᠠ ᠲᠦᠷᠢᠮᠵᠢᠭᠰᠡᠨ ᠴᠢᠨᠠᠷᠳᠠᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠢ ᠦᠨᠳᠦᠰᠦᠯᠡᠨ᠂ ᠡᠨᠡ ᠬᠦ ᠠᠷᠭ᠎ᠠ ᠶᠢ ᠲᠤᠭᠳᠠᠭᠠᠪᠠ᠃     ᠬᠤᠶᠠᠳᠤᠭᠠᠷ ᠵᠤᠷᠪᠤᠰ   ᠡᠨᠡ ᠬᠦ ᠠᠷᠭ᠎ᠠ ᠳᠤ ᠲᠤᠷᠠᠳᠤᠭᠳᠠᠭᠰᠠᠨ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠭᠡᠳᠡᠭ ᠨᠢ᠂ ᠵᠠᠰᠠᠭ ᠤᠨ ᠤᠷᠳᠤᠨ ᠠᠴᠠ ᠪᠡᠯᠡ ᠤᠷᠤᠭᠤᠯᠵᠤ ᠪᠠᠶᠢᠭᠤᠯᠤᠭᠰᠠᠨ ᠲᠠᠮᠢᠷ ᠤᠨ ᠲᠠᠯᠠᠪᠠᠢ᠂ ᠲᠠᠮᠢᠷ ᠤᠨ ᠤᠷᠳᠤᠨ᠂ ᠵᠢᠴᠢ ᠲᠠᠭᠠᠯᠳᠤᠭᠠᠰᠠᠨ ᠲᠦᠬᠦᠭᠡᠷᠦᠮᠵᠢ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠤᠷᠳᠤᠨ ᠵᠢᠴᠢ ᠲᠠᠭᠠᠯᠳᠠ ᠲᠦᠬᠦᠭᠡᠷᠦᠮᠵᠢ᠂ ᠡᠯ᠎ᠡ ᠱᠠᠳᠤᠨ ᠤ ᠠᠯᠪᠠᠨ ᠤ ᠰᠤᠷᠭᠠᠭᠤᠯᠢ ᠳᠤ ᠬᠠᠷᠢᠶᠠᠯᠠᠭᠳᠠᠬᠤ ᠪᠡᠶ᠎ᠡ  ᠲᠠᠮᠢᠷ ᠤᠨ ᠲᠠᠯᠠᠪᠠᠢ᠂ ᠪᠡᠶ᠎ᠡ  ᠲᠠᠮᠢᠷ ᠤᠨ ᠤᠷᠳᠤᠨ ᠵᠢᠴᠢ ᠲᠠᠭᠠᠯᠳᠠ ᠲᠦᠬᠦᠭᠡᠷᠦᠮᠵᠢ ᠶᠢ ᠪᠠᠭᠳᠠᠭᠠᠨ᠎ᠠ ︵ᠪᠦᠬᠦᠨ ᠢ ᠠᠯᠪᠠᠨ ᠨᠡᠶᠢᠳᠡ ᠶᠢᠨ ᠪᠡᠶ᠎ᠡ  ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠬᠡᠮᠡᠨ ᠨᠡᠷᠡᠯᠡᠪᠡ︶     ᠭᠤᠷᠪᠠᠳᠤᠭᠠᠷ ᠵᠤᠷᠪᠤᠰ ᠲᠤᠰ ᠠᠷᠭ᠎ᠠ ᠳᠤ ᠶᠠᠷᠢᠵᠤ ᠪᠠᠶᠢᠭ᠎ᠠ ᠲᠤᠤᠷ᠎ᠠ ᠰᠦᠢᠳᠭᠡᠯ ᠬᠤᠷᠢᠶᠠᠬᠤ ᠭᠡᠳᠡᠭ ᠨᠢ ᠡᠵᠡᠩᠨᠡᠭᠴᠢᠳ ᠠᠴᠠ ᠠᠰᠠᠷᠠᠮᠵᠢ ᠶᠢᠨ ᠴᠢᠨᠠᠷᠳᠤ ᠵᠠᠷᠴᠢᠮ ᠶᠤᠰᠤ ᠪᠠᠷ ᠪᠡᠶ᠎ᠡ  ᠲᠠᠮᠢᠷ ᠤᠨ ᠲᠠᠯᠠᠪᠠᠢ ᠪᠠ ᠤᠷᠳᠤᠨ ᠵᠢᠴᠢ ᠲᠠᠭᠠᠯᠳᠠ ᠲᠦᠬᠦᠭᠡᠷᠦᠮᠵᠢ ᠶᠢ ᠬᠠᠩᠭᠠᠬᠤ ᠦᠶ᠎ᠡ ᠳᠤ ᠪᠠᠨ ᠵᠠᠬ᠎ᠠ ᠲᠡᠯᠭᠡᠭᠦᠷ ᠤᠨ ᠦᠨ᠎ᠡ ᠠᠴᠠ ᠦᠨᠳᠦᠷ ᠪᠤᠰᠤ ᠨᠦᠬᠦᠪᠦᠷᠢ ᠰᠦᠢᠳᠭᠡᠯ ᠬᠤᠷᠢᠶᠠᠳᠠᠭ ᠮᠦᠷᠳᠡᠭᠡᠨ ᠰᠤᠷᠤᠭᠴᠢᠳ᠂ ᠨᠠᠰᠤᠳᠠᠶᠢᠴᠤᠳ᠂ ᠵᠡᠮᠳᠡᠭᠴᠦᠳ ᠲᠤ ᠦᠨ᠎ᠡ ᠬᠠᠩᠰᠢ ᠶᠢᠨ ᠲᠠᠯ᠎ᠠ ᠪᠠᠷ ᠬᠠᠷᠠᠭᠠᠯᠵᠠᠯ ᠦᠵᠡᠭᠦᠯᠬᠦ ᠶᠢ ᠬᠡᠯᠡᠨ᠎ᠡ᠃     ᠲᠦᠷᠪᠡᠳᠦᠭᠡᠷ ᠵᠤᠷᠪᠤᠰ   ᠵᠠᠰᠠᠭ ᠤᠨ ᠤᠷᠳᠤᠨ ᠠᠴᠠ ᠪᠡᠯᠡ ᠤᠷᠤᠭᠤᠯᠵᠤ ᠪᠠᠶᠢᠭᠤᠯᠤᠭᠰᠠᠨ ᠠᠯᠪᠠᠨ ᠨᠡᠶᠢᠳᠡ  ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠰᠦᠢᠳᠭᠡᠯ ᠬᠤᠷᠢᠶᠠᠬᠤ ᠦᠭᠡᠢ ᠪᠠᠷ ᠪᠤᠶᠤ ᠲᠤᠤᠷ᠎ᠠ ᠰᠦᠢᠳᠭᠡᠯ ᠬᠤᠷᠢᠶᠠᠵᠤ ᠨᠡᠶᠢᠭᠡᠮ ᠨᠡᠶᠢᠳᠡ ᠳᠤ ᠨᠡᠬᠡᠭᠡᠬᠦ ᠬᠡᠷᠡᠭᠳᠡᠢ᠃ ᠭᠠᠷᠠᠭ ᠪᠦᠷᠢ ᠶᠢᠨ ᠨᠡᠬᠡᠭᠡᠯᠳᠡ ᠬᠢᠬᠦ ᠴᠠᠭ ᠢ 35 ᠴᠠᠭ ᠠᠴᠠ ᠲᠤᠷᠤᠭᠰᠢ ᠪᠠᠶᠢᠯᠭᠠᠵᠤ ᠪᠤᠯᠬᠤ ᠦᠭᠡᠢ ᠮᠦᠷᠳᠡᠭᠡᠨ ᠪᠦᠬᠦ ᠵᠢᠯ ᠤᠨ ᠨᠡᠬᠡᠭᠡᠯᠳᠡ ᠬᠢᠬᠦ ᠬᠤᠭᠤᠴᠠᠭ᠎ᠠ  ᠶᠢ 330 ᠡᠳᠦᠷ ᠠᠴᠠ ᠲᠤᠷᠤᠭᠰᠢ ᠪᠠᠶᠢᠯᠭᠠᠵᠤ ᠪᠤᠯᠬᠤ ᠦᠭᠡᠢ᠃ ᠨᠡᠶᠢᠳᠡ ᠶᠢᠨ ᠠᠮᠠᠷᠠᠯᠳᠠ ᠶᠢᠨ ᠡᠳᠦᠷ᠂ ᠬᠠᠤᠯᠢ  ᠪᠠᠷ ᠲᠤᠭᠳᠠᠭᠠᠭᠰᠠᠨ ᠠᠮᠠᠷᠠᠯᠳᠠ ᠶᠢᠨ ᠡᠳᠦᠷ᠂ ᠰᠤᠷᠭᠠᠭᠤᠯᠢ ᠶᠢᠨ ᠡᠪᠦᠯ ᠵᠤᠨ ᠤ ᠠᠮᠠᠷᠠᠯᠳᠠ ᠵᠡᠷᠭᠡ ᠬᠤᠭᠤᠴᠠᠭᠠᠨ  ᠳᠤ᠂ ᠡᠳᠦᠷ ᠪᠦᠷᠢ ᠶᠢᠨ ᠨᠡᠬᠡᠭᠡᠬᠦ ᠴᠠᠭ ᠢ 8 ᠴᠠᠭ ᠠᠴᠠ ᠲᠤᠷᠤᠭᠰᠢ ᠪᠠᠶᠢᠯᠭᠠᠵᠤ ᠪᠤᠯᠬᠤ ᠦᠭᠡᠢ᠃ ᠪᠡᠶ᠎ᠡ ᠲᠠᠮᠢᠷ  ᠤᠨ ᠲᠠᠯᠠᠪᠠᠢ ᠤᠷᠳᠤᠨ ᠳᠤ ᠬᠠᠷᠢᠶᠠᠯᠠᠭᠳᠠᠬᠤ ᠦᠷᠦᠭᠡᠨ ᠤ ᠭᠠᠳᠠᠨᠠᠬᠢ ᠤᠷᠤᠨ ᠬᠢᠵᠠᠭᠠᠷ ᠵᠢᠴᠢ ᠦᠷᠦᠭᠡᠨ ᠤ ᠭᠠᠳᠠᠨᠠᠬᠢ ᠪᠡᠶ᠎ᠡ ᠴᠢᠭᠢᠷᠠᠭᠵᠢᠭᠤᠯᠬᠤ ᠲᠤᠨᠤᠭ ᠲᠦᠬᠦᠭᠡᠷᠦᠮᠵᠢ ᠪᠠᠨ ᠪᠦᠬᠦ ᠵᠢᠯ ᠢᠶᠠᠷ ᠢᠶᠠᠨ ᠭᠠᠳᠠᠭᠰᠢ ᠨᠡᠬᠡᠭᠡᠵᠦ᠂ ᠡᠳᠦᠷ ᠪᠦᠷᠢ ᠶᠢᠨ ᠨᠡᠬᠡᠭᠡᠯᠳᠡ ᠬᠢᠬᠦ ᠴᠠᠭ ᠢ 12 ᠴᠠᠭ ᠠᠴᠠ ᠪᠠᠭ᠎ᠠ ᠪᠠᠶᠢᠯᠭᠠᠵᠤ ᠪᠤᠯᠬᠤ ᠦᠭᠡᠢ᠃ ᠪᠦᠬᠦ ᠠᠷᠠᠳ  ᠤᠨ ᠪᠡᠶ᠎ᠡ ᠴᠢᠭᠢᠷᠠᠭᠵᠢᠭᠤᠯᠬᠤ ᠡᠳᠦᠷ ᠲᠤ ᠪᠦᠬᠦᠨ ᠢ ᠰᠦᠢᠳᠭᠡᠯ ᠠᠪᠬᠤ ᠦᠭᠡᠢ ᠪᠠᠷ ᠭᠠᠳᠠᠭᠰᠢ ᠨᠡᠬᠡᠭᠡᠨ᠎ᠡ᠃     ᠵᠠᠰᠠᠭ ᠤᠨ ᠤᠷᠳᠤᠨ ᠠᠴᠠ ᠪᠡᠯᠡ ᠤᠷᠤᠭᠤᠯᠤᠨ ᠪᠠᠶᠢᠭᠤᠯᠤᠭᠠᠳ ᠰᠤᠷᠭᠠᠭᠤᠯᠢ ᠳᠤ ᠲᠤᠰᠢᠶᠠᠨ ᠬᠠᠮᠢᠶᠠᠷᠤᠭᠤᠯᠤᠭᠰᠠᠨ ᠠᠯᠪᠠᠨ ᠨᠡᠶᠢᠳᠡ ᠶᠢᠨ ᠪᠡᠶ᠎ᠡ  ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠵᠢᠭᠠᠨ ᠰᠤᠷᠭᠠᠯᠳᠠ ᠶᠢᠨ ᠱᠠᠭᠠᠷᠳᠠᠯᠭ᠎ᠠ ᠪᠤᠯᠤᠨ ᠵᠢᠭᠠᠨ ᠰᠤᠷᠭᠠᠯᠳᠠ ᠶᠢᠨ ᠡᠮᠬᠢ ᠲᠢᠭᠯᠢᠮ ᠢ ᠪᠠᠳᠤᠯᠠᠭᠰᠠᠨ ᠰᠠᠭᠤᠷᠢᠨ ᠲᠡᠭᠡᠷ᠎ᠡ᠂ ᠵᠠᠷᠴᠢᠮ ᠲᠡᠭᠡᠷ᠎ᠡ ᠪᠠᠨ ᠡᠮᠦᠨ᠎ᠡ ᠲᠤᠷᠠᠳᠤᠭᠰᠠᠨ ᠲᠦᠷᠪᠡᠳᠦᠭᠡᠷ ᠵᠤᠷᠪᠤᠰ ᠢᠶᠠᠷ ᠯᠠᠪᠯᠠᠯᠳᠠ ᠪᠤᠯᠭᠠᠵᠤ ᠨᠡᠶᠢᠭᠡᠮ ᠨᠡᠶᠢᠳᠡ  ᠳᠤ ᠨᠡᠬᠡᠭᠡᠬᠦ ᠬᠡᠷᠡᠭᠳᠡᠢ᠃     ᠲᠤᠯᠤᠳᠤᠭᠠᠷ ᠵᠤᠷᠪᠤᠰ   ᠡᠯ᠎ᠡ ᠱᠠᠳᠤᠨ ᠤ ᠡᠳ᠋ ᠤᠨ ᠵᠠᠰᠠᠭ ᠠᠴᠠ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠰᠦᠢᠳᠭᠡᠯ ᠠᠪᠬᠤ ᠦᠭᠡᠢ ᠪᠤᠶᠤ ᠲᠤᠤᠷ᠎ᠠ ᠰᠦᠢᠳᠭᠡᠯ ᠢᠶᠠᠷ ᠭᠠᠳᠠᠭᠰᠢ ᠨᠡᠬᠡᠭᠡᠬᠦ ᠨᠦᠬᠦᠪᠦᠷᠢ ᠮᠦᠩᠬᠦ ᠴᠤᠭᠯᠠᠭᠤᠯᠤᠨ ᠲᠤᠬᠠᠢ ᠶᠢᠨ ᠭᠠᠵᠠᠷ ᠤᠷᠤᠨ ᠤ ᠪᠠᠨ ᠡᠯ᠎ᠡ ᠲᠦᠷᠦᠯ ᠤᠨ ᠪᠡᠶ᠎ᠡ ᠲᠠᠮᠢᠷ  ᠤᠨ ᠲᠠᠯᠠᠪᠠᠢ ᠤᠷᠳᠤᠨ ᠢᠶᠠᠨ ᠨᠡᠶᠢᠭᠡᠮ ᠨᠡᠶᠢᠳᠡ ᠲᠡᠶᠢᠰᠢ ᠰᠦᠢᠳᠭᠡᠯ ᠠᠪᠬᠤ ᠦᠭᠡᠢ ᠪᠤᠶᠤ ᠲᠤᠤᠷ᠎ᠠ ᠰᠦᠳᠭᠡᠯ ᠢᠶᠠᠷ ᠨᠡᠬᠡᠭᠡᠬᠦ ᠶᠢ ᠵᠤᠷᠢᠭᠵᠢᠭᠤᠯᠤᠨ ᠲᠡᠮᠵᠢᠬᠦ ᠬᠡᠷᠡᠭᠳᠡᠢ᠃ ᠨᠦᠬᠦᠪᠦᠷᠢ ᠮᠦᠩᠬᠦᠨ ᠤ ᠪᠠᠷᠢᠮᠵᠢᠶ᠎ᠠ ᠶᠢ ︽ᠲᠤᠮᠤ ᠬᠡᠯᠪᠡᠷᠢ  ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠢ ᠰᠦᠢᠳᠭᠡᠯ ᠠᠪᠬᠤ ᠦᠭᠡᠢ ᠪᠤᠶᠤ ᠲᠤᠤᠷ᠎ᠠ ᠰᠦᠢᠳᠭᠡᠯ ᠠᠪᠴᠤ ᠭᠠᠳᠠᠭᠰᠢ ᠨᠡᠬᠡᠭᠡᠬᠦ ᠨᠦᠬᠦᠪᠦᠷᠢ ᠮᠦᠩᠬᠦ ᠶᠢᠨ ᠬᠠᠮᠢᠶᠠᠷᠤᠯᠳᠠ ᠶᠢᠨ ᠠᠷᠭ᠎ᠠ︾ ︵ ᠡᠳ᠋ ᠤᠨ ᠵᠠᠰᠠᠭ᠂ ᠰᠤᠷᠭᠠᠨ ᠬᠦᠮᠦᠵᠢᠯ  ﹇2014﹈ 54 ᠲᠤᠭᠠᠳᠤ︶ ᠶᠢᠨ ᠬᠠᠮᠢᠶ᠎ᠠ ᠪᠦᠬᠦᠢ ᠲᠤᠭᠳᠠᠭᠠᠯ ᠢ ᠯᠠᠪᠯᠠᠵᠤ ᠬᠡᠷᠡᠭᠵᠢᠭᠦᠯᠦᠨ᠎ᠡ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠪᠡᠶ᠎ᠡ ᠲᠠᠮᠢᠷ ᠤᠨ ᠲᠠᠯᠠᠪᠠᠢ ᠤᠷᠳᠤᠨ ᠤ ᠪᠠᠨ ᠬᠡᠪᠴᠢᠶ᠎ᠡ ᠶᠢ ᠦᠨᠳᠦᠰᠦᠯᠡᠵᠦ ᠨᠦᠬᠦᠪᠦᠷᠢ ᠮᠦᠩᠭᠦ ᠶᠢᠨ ᠢᠶᠠᠨ ᠬᠦᠷᠢᠶ᠎ᠡ ᠬᠡᠪᠴᠢᠶ᠎ᠡ ᠪᠤᠯᠤᠨ ᠪᠠᠷᠢᠮᠵᠢᠶ᠎ᠠ ᠪᠠᠨ ᠦᠪᠡᠷ  ᠢᠶᠠᠨ ᠲᠤᠬᠢᠷᠠᠮᠵᠢᠳᠠᠢ ᠲᠤᠭᠳᠠᠭᠠᠵᠤ ᠪᠤᠯᠤᠨ᠎ᠠ᠃ ᠰᠦᠢᠳᠭᠡᠯ ᠠᠪᠬᠤ ᠦᠭᠡᠢ ᠪᠤᠶᠤ ᠲᠤᠤᠷ᠎ᠠ ᠰᠦᠢᠳᠭᠡᠯ ᠬᠤᠷᠢᠶᠠᠵᠤ ᠪᠡᠶ᠎ᠡ  ᠲᠠᠮᠢᠷ ᠤᠨ ᠲᠠᠯᠠᠪᠠᠢ ᠤᠷᠳᠤᠨ ᠢᠶᠠᠨ  ᠨᠡᠬᠡᠭᠡᠭᠰᠡᠨ ᠤ ᠲᠠᠷᠠᠭ᠎ᠠ  ᠂ ᠠᠯᠪᠠᠨ ᠨᠡᠶᠢᠳᠡ ᠶᠢᠨ ᠦᠢᠯᠡᠴᠢᠯᠡᠭᠡᠨ ᠤ ᠴᠢᠳᠠᠪᠤᠷᠢ᠂ ᠦᠢᠯᠡᠴᠢᠡᠯᠭᠡᠨ ᠤ ᠴᠢᠨᠠᠷ ᠴᠢᠨᠰᠠᠭ᠎ᠠ ᠪᠤᠯᠤᠨ ᠦᠢᠯᠡᠴᠢᠯᠡᠭᠡᠨ ᠤ ᠬᠢᠷᠢ ᠲᠦᠪᠰᠢᠨ ᠨᠢ ᠶᠡᠭᠡ ᠬᠡᠮᠵᠢᠶ᠎ᠡ  ᠪᠠᠷ ᠲᠡᠭᠡᠭᠰᠢᠯᠡᠭᠰᠡᠳ ᠲᠤ ᠲᠦᠪ ᠪᠤᠯᠤᠨ ᠦᠪᠡᠷᠳᠡᠭᠡᠨ ᠵᠠᠰᠠᠬᠤ ᠤᠷᠤᠨ ᠠᠴᠠ ᠱᠠᠩᠨᠠᠯ ᠬᠦᠬᠢᠭᠦᠯᠦᠯ ᠤᠯᠭᠤᠨ᠎ᠠ᠃     ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠢᠨ ᠲᠦᠪ ᠪᠤᠯᠤᠨ ᠦᠪᠡᠷᠳᠡᠭᠡᠨ ᠵᠠᠰᠠᠬᠤ ᠤᠷᠤᠨ ᠠᠴᠠ ᠨᠦᠬᠦᠪᠦᠷᠢ ᠦᠭᠭᠦᠭᠰᠡᠨ ᠠᠴᠠ ᠪᠤᠯᠵᠤ ᠦᠪᠡᠷ ᠤᠨ ᠢᠶᠠᠨ ᠪᠡᠯᠡ ᠤᠷᠤᠭᠤᠯᠬᠤ ᠶᠢ ᠪᠠᠭᠠᠰᠬᠠᠵᠤ ᠪᠤᠯᠬᠤ ᠦᠭᠡᠢ ᠪᠤᠶᠤ ᠡᠭᠦᠷᠭᠡᠯᠡᠪᠡᠰᠦ ᠵᠤᠬᠢᠬᠤ ᠨᠦᠬᠦᠪᠦᠷᠢ ᠮᠦᠩᠬᠦ ᠶᠢᠨ ᠢᠶᠠᠨ ᠬᠠᠷᠢᠴᠠᠯ ᠢ ᠡᠭᠦᠷᠭᠡᠯᠡᠬᠦ ᠦᠭᠡᠢ ᠪᠠᠶᠢᠵᠤ ᠪᠤᠯᠬᠤ ᠦᠭᠡᠢ᠃     ᠨᠠᠢᠮᠠᠳᠤᠭᠠᠷ ᠵᠤᠷᠪᠤᠰ   ᠨᠦᠬᠦᠪᠦᠷᠢ ᠮᠦᠩᠭᠦ ᠪᠠᠨ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ  ᠢ ᠰᠦᠢᠳᠭᠡᠯ ᠠᠪᠬᠤ ᠦᠭᠡᠢ ᠪᠤᠶᠤ ᠲᠤᠤᠷ᠎ᠠ ᠰᠦᠢᠳᠭᠡᠯ ᠢᠶᠠᠷ ᠠᠯᠪᠠᠨ ᠨᠡᠶᠢᠳᠡ ᠶᠢᠨ ᠪᠡᠶ᠎ᠡ ᠶᠢᠨ ᠲᠠᠮᠢᠷ ᠤᠨ  ᠦᠢᠯᠡᠴᠢᠯᠡᠭᠡ ᠶᠢᠨ ᠲᠦᠷᠦᠯ ᠵᠦᠢᠯ ᠢ ᠦᠷᠨᠢᠭᠦᠯᠬᠦ ᠳᠤ ᠱᠠᠭᠠᠷᠳᠠᠭᠳᠠᠬᠤ ᠦᠨᠳᠦᠰᠦᠨ ᠵᠠᠷᠤᠯᠭ᠎ᠠ᠂ ᠪᠡᠶ᠎ᠡ ᠶᠢᠨ ᠲᠠᠮᠢᠷ  ᠤᠨ ᠲᠠᠯᠠᠪᠠᠢ ᠤᠷᠳᠤᠨ ᠢ ᠡᠳᠦᠷ ᠲᠤᠳᠤᠮ ᠵᠠᠰᠠᠨ ᠰᠡᠯᠪᠢᠬᠦ᠂ ᠡᠨᠧᠷᠭᠢ ᠶᠢᠨ ᠰᠦᠢᠳᠭᠡᠯ᠂ ᠠᠰᠠᠷᠠᠮᠵᠢ ᠶᠢᠨ ᠴᠢᠨᠠᠷᠳᠠᠢ ᠪᠡᠶ᠎ᠡ  ᠲᠠᠮᠢᠷ ᠤᠨ ᠬᠦᠳᠡᠯᠭᠡᠭᠡᠨ ᠢ ᠡᠷᠬᠢᠯᠡᠬᠦ᠂ ᠲᠤᠨᠤᠭ ᠲᠦᠬᠦᠭᠡᠷᠦᠮᠵᠢ ᠪᠠᠨ ᠰᠢᠨᠡᠳᠭᠡᠬᠦ᠂ ᠠᠵᠢᠯᠯᠠᠬᠤ ᠤᠷᠴᠢᠨ ᠲᠤᠭᠤᠷᠢᠨ ᠢᠶᠠᠨ ᠰᠠᠶᠢᠵᠢᠷᠠᠭᠤᠯᠬᠤ ᠵᠡᠷᠭᠡ ᠳᠤ ᠵᠠᠷᠤᠴᠠᠭᠤᠯᠤᠨ᠎ᠠ᠃     ᠨᠦᠬᠦᠪᠦᠷᠢ ᠮᠦᠩᠬᠦ   ᠪᠠᠷ ᠡᠯ᠎ᠡ ᠵᠦᠢᠯ ᠤᠨ ᠲᠤᠷᠭᠠᠭᠤᠯᠢ ᠲᠤᠰᠢᠶᠠᠬᠤ᠂ ᠮᠦᠩᠬᠦ ᠬᠠᠨᠳᠢᠪᠯᠠᠬᠤ᠂ ᠢᠪᠡᠭᠡᠨ ᠲᠡᠳᠭᠦᠬᠦ᠂ ᠪᠡᠯᠡ ᠤᠷᠤᠭᠤᠯᠬᠤ ᠵᠡᠷᠭᠡ ᠵᠠᠷᠤᠯᠭ᠎ᠠ ᠳᠤ ᠬᠡᠷᠡᠭᠯᠡᠵᠦ ᠪᠤᠯᠬᠤ ᠦᠭᠡᠢ︔ ᠤᠷᠤᠨ ᠲᠤᠭᠠᠨ ᠤ ᠲᠤᠳᠤᠷᠠᠬᠢ ᠲᠤᠰᠢᠶᠠᠯ ᠳᠤ  ᠪᠠᠶᠢᠭ᠎ᠠ ᠠᠵᠢᠯᠳᠠᠳ ᠪᠤᠯᠤᠨ ᠠᠵᠢᠯ ᠠᠴᠠ ᠪᠠᠨ ᠲᠠᠷᠬᠠᠯᠠᠭᠳᠠᠭᠰᠠᠳ ᠤᠨ ᠴᠠᠯᠢᠩ ᠪᠠ ᠨᠦᠬᠦᠪᠦᠷᠢ᠂ ᠰᠠᠭᠤᠷᠢ ᠪᠦᠳᠦᠭᠡᠨ ᠪᠠᠶᠢᠭᠤᠯᠤᠯᠳᠠ᠂ ᠶᠡᠭᠡ ᠬᠡᠯᠪᠡᠷᠢ ᠶᠢᠨ ᠵᠠᠰᠠᠨ ᠰᠡᠯᠪᠢᠯᠳᠡ ᠪᠠ ᠦᠭᠡᠷᠡᠴᠢᠯᠡᠯᠳᠡ ᠳᠤ ᠬᠡᠷᠡᠭᠯᠡᠵᠦ ᠪᠤᠯᠬᠤ ᠦᠭᠡᠢ︔ ᠦᠷᠢ ᠲᠦᠯᠦᠵᠦ ᠪᠤᠯᠬᠤ ᠦᠭᠡᠢ᠃     ᠶᠢᠰᠦᠳᠦᠭᠡᠷ ᠵᠤᠷᠪᠤᠰ   ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠶᠠᠨ  ᠳᠤ ᠪᠠᠨ ᠪᠠᠶᠢᠭ᠎ᠠ ᠪᠡᠶ᠎ᠡ  ᠲᠠᠮᠢᠷ ᠤᠨ ᠲᠤᠨᠤᠭ ᠲᠦᠬᠦᠭᠡᠷᠦᠮᠵᠢ ᠪᠠᠨ ᠰᠦᠢᠳᠭᠡᠯ ᠠᠪᠬᠤ ᠦᠭᠡᠢ ᠪᠠᠷ ᠨᠡᠬᠡᠭᠡᠵᠦ ᠪᠠᠶᠢᠭ᠎ᠠ ᠰᠤᠷᠭᠠᠭᠤᠯᠢ ᠳᠤ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠲᠠᠭᠠᠳᠬᠠᠯ ᠤᠨ ᠭᠠᠷᠳᠠᠮ ᠭᠦᠢᠴᠡᠳᠭᠡᠵᠦ ᠦᠭᠬᠦ ᠬᠡᠷᠡᠭᠳᠡᠢ᠃     ᠠᠷᠪᠠᠳᠤᠭᠠᠷ ᠵᠤᠷᠪᠤᠰ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠪᠠᠨ ᠨᠡᠶᠢᠭᠡᠮ ᠳᠤ ᠨᠡᠬᠡᠭᠡᠬᠦ ᠠᠵᠢᠯ ᠢᠶᠠᠨ ᠭᠠᠵᠠᠷ ᠤᠷᠤᠨ ᠤ ᠬᠦᠭᠵᠢᠭᠦᠯᠦᠯᠳᠡ ᠶᠢᠨ ᠲᠦᠯᠦᠪᠯᠡᠭᠡ ᠳᠤ ᠤᠷᠤᠭᠤᠯᠵᠤ᠂ ᠵᠤᠬᠢᠶᠠᠨ ᠪᠠᠶᠢᠭᠤᠯᠤᠯᠳᠠ ᠪᠠ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃     ︵ᠨᠢᠭᠡ︶ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠯᠪᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠪᠠᠨ ᠨᠡᠶᠢᠭᠡᠮ ᠳᠤ ᠨᠡᠬᠡᠭᠡᠬᠦ ᠠᠵᠢᠯ ᠢ ᠪᠤᠳᠠᠳᠠᠢ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠤᠬᠠᠢ ᠶᠢᠨ ᠭᠠᠵᠠᠷ ᠤᠨ ᠢᠶᠠᠨ ᠠᠯᠪᠠᠨ ᠨᠡᠶᠢᠳᠡ ᠶᠢᠨ ᠪᠡᠶ᠎ᠡ ᠴᠢᠭᠢᠷᠠᠭᠵᠢᠭᠤᠯᠬᠤ ᠨᠡᠷᠡᠰ ᠤᠨ ᠵᠢᠭᠰᠠᠭᠠᠯᠳᠠ ᠬᠢᠭᠡᠳ ᠨᠡᠬᠡᠭᠡᠯᠳᠡ ᠬᠢᠬᠦ ᠴᠠᠭ ᠢ ᠨᠡᠶᠢᠳᠡᠯᠡᠨ᠎ᠡ︔ ︽ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠨᠡᠶᠢᠭᠡᠮ ᠳᠤ ᠨᠡᠬᠡᠭᠡᠬᠦ ᠦᠨᠳᠦᠰᠦᠨ ᠠᠯᠪᠠᠨ ᠨᠡᠶᠢᠳᠡ ᠶᠢᠨ ᠦᠢᠯᠡᠴᠢᠯᠡᠭᠡ ᠶᠢᠨ ᠲᠦᠷᠢᠮᠵᠢᠯ︾ ᠪᠤᠯᠤᠨ ︽ᠠᠯᠪᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠤᠷᠳᠤᠨ ᠤ ᠠᠵᠢᠯᠯᠠᠬᠤ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠦᠨᠡᠯᠡᠯᠳᠡ ᠶᠢᠨ ᠰᠢᠰᠲ᠋ᠧᠮ︾ ᠢ ᠲᠤᠭᠳᠠᠭᠠᠨ᠎ᠠ︔ ᠭᠠᠳᠠᠭᠰᠢ ᠨᠡᠬᠡᠭᠡᠵᠦ ᠪᠠᠶᠢᠭ᠎ᠠ ᠪᠠᠶᠢᠳᠠᠯ ᠢ ᠲᠤᠭᠳᠠᠭᠰᠠᠨ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠲᠤᠭᠳᠠᠮᠠᠯ ᠪᠤᠰᠤ ᠬᠤᠭᠤᠴᠠᠭ᠎ᠠ  ᠲᠠᠢ ᠪᠠᠷ ᠮᠦᠷᠳᠡᠨ ᠪᠠᠶᠢᠴᠠᠭᠠᠨ᠎ᠠ︔ ᠡᠳ᠋ ᠤᠨ ᠵᠠᠰᠠᠭ ᠤᠨ ᠰᠠᠯᠠᠭ᠎ᠠ ᠮᠦᠴᠢᠷ ᠯᠦᠭᠡ ᠤᠶᠠᠯᠳᠤᠨ ᠲᠡᠳᠭᠦᠮᠵᠢ ᠤᠯᠬᠤ  ᠶᠢ ᠡᠷᠡᠮᠡᠯᠵᠡᠭᠰᠡᠨ ᠮᠠᠲ᠋ᠧᠷᠢᠶᠠᠯ ᠢ ᠬᠢᠨᠠᠨ ᠰᠢᠭᠦᠵᠦ᠂ ᠬᠤᠷᠢᠶᠠᠩᠭᠤᠶᠢᠯᠠᠨ ᠡᠮᠬᠢᠳᠭᠡᠵᠦ᠂ ᠡᠷᠡᠮᠡᠯᠵᠡᠭᠰᠡᠨ ᠪᠠᠶᠢᠭᠤᠯᠭ᠎ᠠ ᠨᠢᠭᠡᠴᠡ ᠪᠡᠶ᠎ᠡ ᠲᠠᠮᠢᠷ ᠤᠨ ᠲᠠᠯᠠᠪᠠᠢ ᠤᠷᠳᠤᠨ ᠤ ᠠᠯᠪᠠᠨ ᠨᠡᠶᠢᠳᠡ ᠶᠢᠨ ᠰᠠᠭᠤᠷᠢ ᠦᠢᠯᠡᠴᠢᠯᠡᠭᠡ ᠶᠢᠨ ᠠᠵᠢᠯ ᠤᠨ ᠦᠷ᠎ᠡ ᠪᠦᠳᠦᠮᠵᠢ ᠶᠢᠨ ᠬᠢᠨᠠᠨ ᠰᠢᠯᠭᠠᠷᠠᠭᠤᠯᠤᠯᠳᠠ ᠪᠤᠯᠤᠨ ᠡᠵᠡᠩᠨᠡᠭᠰᠡᠨ ᠶᠡᠷᠦᠩᠬᠡᠢ ᠦᠨᠡᠯᠡᠯᠳᠡ ᠶᠢ ᠱᠠᠳᠤ ᠱᠠᠳᠤ  ᠪᠠᠷ ᠲᠡᠭᠡᠰᠢ ᠮᠡᠳᠡᠭᠦᠯᠦᠨ᠎ᠡ᠃     ︵ᠬᠤᠶᠠᠷ︶ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ︽ᠠᠯᠪᠠᠨ ᠨᠡᠶᠢᠳᠡ ᠶᠢᠨ ᠲᠠᠯᠠᠪᠠᠢ ᠤᠷᠳᠤᠨ ᠢ ᠰᠦᠢᠳᠭᠡᠯ ᠠᠪᠬᠤ ᠦᠭᠡᠢ ᠪᠠᠷ ᠪᠤᠶᠤ ᠲᠤᠤᠷ᠎ᠠ ᠰᠦᠢᠳᠭᠡᠯ ᠢᠶᠠᠷ ᠨᠡᠬᠡᠭᠡᠯᠳᠡ ᠬᠢᠬᠦ ᠨᠦᠬᠦᠪᠦᠷᠢ ᠮᠦᠩᠬᠦ ᠶᠢ ᠬᠠᠮᠢᠶᠠᠷᠬᠤ ᠠᠷᠭ᠎ᠠ︾ ᠶᠢ ᠲᠤᠭᠳᠠᠭᠠᠨ᠎ᠠ︔ ᠡᠯ᠎ᠡ ᠵᠦᠢᠯ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠤ ᠨᠦᠬᠦᠪᠦᠷᠢ ᠶᠢᠨ ᠪᠠᠷᠢᠮᠵᠢᠶ᠎ᠠ ᠶᠢ ᠲᠤᠭᠠᠴᠠᠭᠠᠯᠠᠨ ᠪᠤᠳᠤᠵᠤ᠂ ᠪᠡᠯᠡ ᠮᠦᠩᠬᠦ ᠡᠷᠡᠮᠡᠯᠵᠡᠬᠦ᠂ ᠬᠢᠨᠠᠨ ᠵᠦᠪᠰᠢᠶᠡᠷᠡᠬᠦ ᠠᠵᠢᠯ ᠤᠨ ᠶᠠᠪᠤᠴᠠ ᠶᠢ ᠵᠤᠬᠢᠶᠠᠵᠤ ᠨᠦᠬᠦᠪᠦᠷᠢ ᠮᠦᠩᠬᠦ ᠶᠢᠨ ᠬᠡᠷᠡᠭᠯᠡᠯᠳᠡ ᠪᠠ ᠬᠠᠮᠢᠶᠠᠷᠤᠯᠳᠠ ᠶᠢ ᠬᠢᠨᠠᠨ ᠵᠢᠯᠤᠭᠤᠳᠤᠨ᠎ᠠ᠃     ︵ᠭᠤᠷᠪᠠ︶ ᠰᠤᠷᠭᠠᠨ ᠬᠦᠮᠦᠵᠢᠯ ᠤᠨ ᠰᠠᠯᠠᠭ᠎ᠠ ᠮᠦᠴᠢᠷ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠯᠤᠭ᠎ᠠ ᠬᠠᠮᠳᠤᠷᠠᠨ ︽ᠰᠤᠷᠭᠠᠭᠤᠯᠢ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠢ ᠨᠡᠶᠢᠭᠡᠮ ᠳᠤ ᠨᠡᠬᠡᠭᠡᠯᠳᠡ ᠬᠢᠬᠦ ᠬᠠᠮᠢᠶᠠᠷᠤᠯᠳᠠ ᠶᠢᠨ ᠠᠷᠭ᠎ᠠ︾ ︽ᠰᠤᠷᠭᠠᠭᠤᠯᠢ ᠶᠢᠨ ᠪᠡᠶ᠎ᠡ  ᠲᠠᠮᠢᠷ ᠤᠨ ᠲᠠᠯᠠᠪᠠᠢ ᠤᠷᠳᠤᠨ ᠢ ᠨᠡᠶᠢᠭᠡᠮ ᠳᠤ ᠨᠡᠬᠡᠭᠡᠯᠳᠡ ᠬᠢᠬᠦ ᠠᠵᠢᠯ ᠢ ᠪᠠᠶᠢᠴᠠᠭᠠᠨ ᠦᠨᠡᠯᠡᠬᠦ ᠨᠠᠷᠢᠨ ᠵᠤᠷᠪᠤᠰ︾ ᠵᠡᠷᠭᠡ ᠲᠦᠷᠢᠮ ᠢ ᠲᠤᠭᠳᠠᠭᠠᠵᠤ ᠰᠤᠷᠭᠠᠭᠤᠯᠢ  ᠨᠤᠭᠤᠳ ᠢ ᠵᠤᠬᠢᠶᠠᠨ ᠪᠠᠶᠢᠭᠤᠯᠵᠤ ᠨᠡᠬᠡᠭᠡᠬᠦ ᠠᠵᠢᠯ ᠢ ᠰᠠᠶᠢᠳᠤᠷ ᠶᠠᠪᠤᠭᠳᠠᠭᠤᠯᠤᠨ᠎ᠠ᠃     ︵ᠲᠦᠷᠪᠡ︶ ᠦᠨ᠎ᠡ ᠬᠠᠩᠰᠢ ᠶᠢ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠠᠷᠠᠳ ᠲᠤ ᠠᠰᠢᠭᠳᠠᠢ᠂ ᠠᠷᠠᠳ ᠲᠤ ᠲᠦᠭᠦᠮ ᠵᠠᠷᠴᠢᠮ ᠢ ᠵᠢᠷᠤᠮᠯᠠᠨ᠂ ᠵᠠᠬ᠎ᠠ ᠲᠡᠯᠭᠡᠭᠦᠷ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠤ᠂ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠢ ᠨᠡᠶᠢᠭᠡᠮ ᠳᠤ ᠨᠡᠬᠡᠭᠡᠬᠦ ᠬᠡᠰᠡᠭ ᠤᠨ ᠰᠦᠢᠳᠭᠡᠯ ᠬᠤᠷᠢᠶᠠᠬᠤ ᠲᠦᠷᠦᠯ ᠵᠦᠢᠯ ᠪᠤᠯᠤᠨ ᠪᠠᠷᠢᠮᠵᠢᠶ᠎ᠠ ᠶᠢ ᠬᠢᠨᠠᠨ ᠲᠤᠭᠳᠠᠭᠠᠵᠤ᠂ ᠬᠢᠨᠠᠨ ᠬᠠᠮᠢᠶᠠᠷᠤᠯᠳᠠ ᠪᠠ ᠪᠠᠶᠢᠴᠠᠭᠠᠯᠳᠠ ᠪᠠᠨ ᠴᠢᠩᠭᠠᠳᠬᠠᠵᠤ᠂ ᠰᠦᠢᠳᠭᠡᠯ ᠬᠤᠷᠢᠶᠠᠬᠤ ᠠᠵᠢᠯ ᠢ ᠲᠦᠷᠢᠮᠵᠢᠭᠦᠯᠦᠨ᠎ᠡ᠃ ᠠᠯᠪᠠᠨ ᠨᠡᠶᠢᠳᠡ ᠶᠢᠨ ᠪᠡᠶ᠎ᠡ  ᠲᠠᠮᠢᠷ ᠤᠨ ᠲᠠᠯᠠᠪᠠᠢ ᠤᠷᠳᠤᠨ ᠢ ᠲᠦᠷᠢᠶᠡᠰᠦᠯᠡᠬᠦ᠂ ᠬᠡᠷᠡᠭᠯᠡᠬᠦ ᠰᠦᠢᠳᠭᠡᠯ ᠤᠨ ᠪᠠᠷᠢᠮᠵᠢᠶ᠎ᠠ ᠶᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠭᠳᠠᠭᠰᠠᠨ ᠦᠨ᠎ᠡ ᠶᠢᠨ ᠵᠢᠭᠰᠠᠭᠠᠯᠳᠠ︾ ᠳᠤ ᠤᠷᠤᠭᠤᠯᠵᠤ᠂ ᠵᠠᠰᠠᠭ ᠤᠨ ᠤᠷᠳᠤᠨ ᠠᠴᠠ ᠲᠤᠭᠳᠠᠭᠠᠭᠰᠠᠨ ᠦᠨ᠎ᠡ ᠵᠢᠴᠢ ᠵᠠᠰᠠᠭ ᠤᠨ ᠤᠷᠳᠤᠨ ᠤ ᠵᠢᠭᠠᠪᠤᠷᠢ ᠦᠨ᠎ᠡ ᠶᠢ ᠬᠡᠷᠡᠭᠵᠢᠭᠦᠯᠦᠨ᠎ᠡ᠃     ᠠᠷᠪᠠᠨ ᠨᠢᠭᠡᠳᠦᠭᠡᠷ ᠵᠤᠷᠪᠤᠰ   ᠠᠯᠪᠠᠨ ᠨᠡᠶᠢᠳᠡ ᠶᠢᠨ ᠲᠠᠯᠠᠪᠤᠷ ᠤᠷᠳᠤᠨ ᠢ ᠰᠡᠯᠪᠢᠨ ᠵᠠᠰᠠᠬᠤ᠂ ᠲᠤᠳᠤᠮᠳᠠᠬᠤ᠂ ᠠᠮᠤᠷ ᠲᠦᠪᠰᠢᠨ᠂ ᠰᠤᠷᠢᠯᠳᠠ᠂ ᠤᠷᠤᠯᠳᠤᠭᠠᠨ᠂ ᠴᠠᠭ ᠠᠭᠤᠷ ᠵᠡᠷᠭᠡ ᠰᠢᠯᠳᠠᠭᠠᠨ ᠠᠴᠠ ᠪᠤᠯᠵᠤ ᠨᠡᠶᠢᠭᠡᠮ ᠳᠤ ᠨᠡᠬᠡᠭᠡᠯᠳᠡ ᠬᠢᠵᠦ ᠲᠡᠶᠢᠯᠬᠦ ᠦᠭᠡᠢ ᠶᠤᠮ ᠤᠤ ᠨᠡᠬᠡᠭᠡᠯᠳᠡ ᠬᠢᠬᠦ ᠴᠠᠭ ᠢ ᠲᠤᠬᠢᠷᠠᠭᠤᠯᠬᠤ ᠴᠢᠬᠤᠯᠠᠳᠠᠢ ᠪᠤᠯ  ᠂ 7 ᠡᠳᠦᠷ ᠤᠨ ᠡᠮᠦᠨ᠎ᠡ ︵ᠤᠨᠴᠠᠭᠠᠢ ᠴᠠᠭ ᠠᠭᠤᠷ ᠤᠨ ᠰᠢᠯᠳᠠᠭᠠᠨ ᠠᠴᠠ ᠭᠠᠳᠠᠨ᠎ᠠ︶ ᠨᠡᠶᠢᠭᠡᠮ ᠲᠡᠭᠡᠷ᠎ᠡ ᠵᠠᠷᠯᠠᠬᠤ ᠬᠡᠷᠡᠭᠳᠡᠢ᠃     ᠠᠷᠪᠠᠨ ᠬᠤᠶᠠᠳᠤᠭᠠᠷ ᠵᠤᠷᠪᠤᠰ   ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ  ᠳᠤ ᠨᠡᠬᠡᠭᠡᠯᠳᠡ ᠬᠢᠬᠦ ᠪᠠᠶᠢᠭᠤᠯᠭ᠎ᠠ ᠨᠢᠭᠡᠴᠡ ᠨᠢ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠪᠠᠨ ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠵᠦ ᠪᠠᠶᠢᠩᠭᠤ ᠰᠡᠯᠪᠢᠨ ᠵᠠᠰᠠᠵᠤ᠂ ᠲᠦᠬᠦᠭᠡᠷᠦᠮᠵᠢ ᠪᠠᠨ ᠪᠦᠳᠦᠨ ᠰᠠᠶᠢᠬᠠᠨ ᠪᠠᠶᠢᠬᠤ ᠪᠠ ᠬᠡᠷᠡᠭᠯᠡᠬᠦ ᠳᠤ ᠠᠮᠤᠷ ᠲᠦᠪᠰᠢᠨ ᠪᠠᠶᠢᠬᠤ ᠶᠢ ᠪᠠᠳᠤᠯᠠᠬᠤ ᠬᠡᠷᠡᠭᠳᠡᠢ ᠶᠢᠨ ᠬᠠᠮᠳᠤ ᠲᠠᠯᠠᠪᠠᠢ ᠤᠷᠳᠤᠨ ᠲᠦᠬᠦᠭᠡᠷᠦᠮᠵᠢ ᠶᠢᠨ ᠢᠶᠠᠨ ᠨᠢᠳᠦᠨ ᠢᠯᠡ ᠭᠠᠵᠠᠷ ᠲᠤ  ᠲᠤᠨᠤᠭ ᠲᠦᠬᠦᠭᠡᠷᠦᠮᠵᠢ ᠶᠢᠨ ᠢᠶᠠᠨ ᠬᠡᠷᠡᠭᠯᠡᠬᠦ ᠠᠷᠭ᠎ᠠ ᠪᠤᠯᠤᠨ ᠠᠩᠬᠠᠷᠬᠤ ᠴᠢᠬᠤᠯᠠᠳᠠᠢ ᠠᠰᠠᠭᠤᠳᠠᠯ ᠤᠨ ᠲᠤᠬᠠᠢ ᠲᠡᠮᠳᠡᠭ ᠱᠤᠰᠢᠭ᠎ᠠ ᠲᠠᠯᠪᠢᠵᠤ  ᠲᠤᠳᠤᠷᠬᠠᠶᠢᠯᠠᠬᠤ ᠬᠡᠷᠡᠭᠳᠡᠢ᠃     ᠠᠷᠪᠠᠨ ᠭᠤᠷᠪᠠᠳᠤᠭᠠᠷ ᠵᠤᠷᠪᠤᠰ   ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ  ᠳᠤ ᠨᠡᠬᠡᠭᠡᠯᠳᠡ ᠬᠢᠭᠰᠡᠨ  ᠪᠠᠶᠢᠭᠤᠯᠤᠯᠭ᠎ᠠ ᠨᠢᠭᠡᠴᠡ ᠨᠢ ᠰᠦᠢᠳᠭᠡᠯ ᠠᠪᠬᠤ ᠦᠭᠡᠢ ᠠᠷᠭ᠎ᠠ ᠪᠠᠨ ᠡᠷᠬᠡᠪᠰᠢ ᠢᠯᠡ ᠨᠡᠶᠢᠳᠡᠯᠡᠬᠦ ᠬᠡᠷᠡᠭᠳᠡᠢ︔ ᠲᠤᠤᠷ᠎ᠠ ᠰᠦᠢᠳᠭᠡᠯ ᠬᠤᠷᠢᠶᠠᠬᠤ ᠨᠢ ᠡᠷᠬᠡᠪᠰᠢ ᠨᠢᠳᠦᠨ ᠢᠯᠡ ᠭᠠᠵᠠᠷ ᠲᠤ ᠰᠦᠢᠳᠭᠡᠯ ᠬᠤᠷᠢᠶᠠᠬᠤ ᠪᠠᠷᠢᠮᠵᠢᠶ᠎ᠠ ᠪᠠᠨ ᠢᠯᠡᠷᠬᠡᠶᠢᠯᠡᠵᠦ᠂ ᠦᠨ᠎ᠡ ᠬᠠᠩᠰᠢ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠳᠠ ᠶᠢ ᠬᠦᠯᠢᠶᠡᠬᠦ ᠬᠡᠷᠡᠭᠳᠡᠢ᠃     ᠠᠷᠪᠠᠨ ᠲᠦᠷᠪᠡᠳᠦᠭᠡᠷ ᠵᠤᠷᠪᠤᠰ   ᠦᠢ ᠤᠯᠠᠨ ᠠᠷᠠᠳ ᠲᠦᠮᠡᠨ ᠪᠤᠯᠤᠨ ᠨᠡᠶᠢᠭᠡᠮ ᠤᠨ ᠪᠦᠯᠬᠦᠮ ᠵᠤᠬᠢᠶᠠᠨ ᠪᠠᠶᠢᠭᠤᠯᠤᠯᠳᠠ ᠨᠢ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠬᠡᠷᠡᠭᠯᠡᠬᠦ ᠦᠶᠡᠰ  ᠲᠤ᠂ ᠡᠷᠬᠡᠪᠰᠢ ᠨᠡᠶᠢᠳᠡ ᠶᠢᠨ ᠡᠮᠬᠢ ᠲᠢᠭᠯᠢᠮ ᠢ ᠰᠠᠬᠢᠵᠤ᠂ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠶᠢ ᠬᠠᠶᠢᠷᠠᠯᠠᠵᠤ ᠬᠢᠮᠠᠭᠠᠳᠠᠨ᠂ ᠨᠡᠬᠡᠭᠡᠯᠳᠡ ᠬᠢᠵᠦ ᠪᠠᠶᠢᠭ᠎ᠠ ᠪᠠᠶᠢᠭᠤᠯᠭ᠎ᠠ ᠨᠢᠭᠡᠴᠡ ᠶᠢᠨ ᠤᠯᠠᠨ ᠲᠦᠮᠠᠨ ᠤ ᠠᠵᠢᠯ ᠪᠤᠯᠤᠨ ᠠᠮᠢᠳᠤᠷᠠᠯ ᠤᠨ ᠡᠮᠬᠢ ᠵᠢᠷᠤᠮ ᠢ ᠨᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠳᠡᠢ᠃     ᠠᠷᠪᠠᠨ ᠲᠠᠪᠤᠳᠤᠭᠠᠷ ᠵᠤᠷᠪᠤᠰ    ᠨᠡᠬᠡᠭᠡᠯᠳᠡ ᠬᠢᠵᠦ ᠪᠠᠶᠢᠭ᠎ᠠ ᠠᠯᠪᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠠᠢ ᠤᠷᠳᠤᠨ ᠲᠦᠬᠦᠭᠡᠷᠦᠮᠵᠢ ᠵᠢᠴᠢ ᠪᠤᠰᠤᠳ ᠲᠦᠬᠦᠭᠡᠷᠦᠮᠵᠢ ᠶᠢ ᠵᠤᠷᠢᠭᠤᠳᠠ ᠡᠪᠳᠡᠬᠦ ᠪᠤᠶᠤ ᠠᠯᠪᠠᠨ ᠨᠡᠶᠢᠳᠡ  ᠶᠢᠨ ᠠᠰᠢᠭ ᠲᠤᠰᠠ ᠳᠤ ᠬᠤᠬᠢᠷᠠᠯ ᠤᠴᠠᠷᠠᠭᠤᠯᠤᠭᠰᠠᠨ ᠬᠠᠤᠯᠢ ᠪᠤᠰᠤ ᠠᠵᠢᠯᠯᠠᠭ᠎ᠠ ᠬᠢᠭᠰᠡᠳ ᠠᠴᠠ ᠬᠠᠤᠯᠢ ᠶᠤᠰᠤ  ᠪᠠᠷ ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠨ᠎ᠡ᠃     ᠠᠷᠪᠠᠨ ᠵᠢᠷᠭᠤᠳᠤᠭᠠᠷ ᠵᠤᠷᠪᠤᠰ   ᠲᠤᠰ ᠠᠷᠭ᠎ᠠ ᠶᠢ 2016 ᠤᠨ ᠤ 2 ᠰᠠᠷ᠎ᠠ ᠶᠢᠨ 10 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠶᠢ 5 ᠵᠢᠯ ᠢᠶᠠᠷ ᠲᠤᠭᠳᠠᠭᠠᠪᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号