| ᠰᠤᠷᠪᠤᠯᠵᠢᠯᠠᠭᠴᠢ ᠥᠢᠷ᠎ᠠ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠦᠴᠤᠸᠠᠨ ᠤ ᠪᠣᠯᠪᠠᠰᠤᠷᠠᠯ ᠤᠨ ᠰᠠᠭᠤᠷᠢᠨ ᠳᠤ ᠬᠥᠷᠬᠦ ᠳᠤ᠂ ᠤᠯᠤᠰ ᠤᠨ ᠠᠩᠭᠢ ᠳᠤ ᠪᠠᠶᠢᠭ᠎ᠠ ᠮᠠᠨ ᠤ ᠤᠷᠤᠨ ᠤ | ᠠᠯᠬᠤᠭ᠎ᠠ ᠤᠷᠤᠯᠳᠤᠭᠠᠨ ᠤ ᠲᠠᠮᠢᠷᠴᠢᠨ ᠶᠠᠩ ᠵᠢᠶᠠ ᠢᠦᠶ ᠶᠠᠬ ᠰᠠᠶᠢᠬᠠᠨ ᠰᠤᠷᠢᠭ᠎ᠠ ᠪᠤᠯᠪᠠᠰᠤᠷᠠᠯ ᠳᠠᠭᠠᠨ ᠶᠠᠭᠠᠷᠠᠵᠥ | ᠪᠠᠶᠢᠯ᠎ᠠ᠃ ᠲᠡᠷᠡ ᠡᠳᠤᠷ ᠪᠤᠯᠭᠠᠨ 4 — 5 ᠴᠠᠭ᠂ ᠠᠷᠪᠠᠨ ᠬᠡᠳᠦᠨ ᠺᠢᠯᠤᠮᠧᠲᠷ ᠤᠨ ᠠᠯᠬᠤᠭ᠎ᠠ | ᠤᠷᠤᠯᠳᠤᠭᠠᠨ ᠤ ᠪᠣᠯᠪᠠᠰᠤᠷᠠᠯ ᠢ ᠬᠥᠢᠴᠡᠳᠭᠡᠳᠡᠭ ᠬᠡᠵᠤ ᠪᠠᠶᠢᠯ᠎ᠠ᠃ | ᠶᠠᠩ ᠵᠢᠶᠠ ᠢᠦᠶ ᠲᠤᠤᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠡᠷᠭᠡ ᠶᠢ ᠲᠡᠮᠡᠴᠡᠨ | ᠤᠯᠤᠬᠰᠠᠨ ᠳᠤᠬᠠᠢ ᠳᠠᠭᠠᠨ᠄ ︽ᠤᠷᠤᠯᠳᠤᠭᠠᠨ ᠤ ᠪᠡᠯᠡᠳᠬᠡᠯ ᠠᠵᠢᠯ ᠤᠤᠯ ᠤᠨ ᠲᠥᠯᠥᠪᠯᠡᠭᠡ ᠠᠴᠠ ᠪᠠᠨ ᠤᠷᠲᠤ | ᠪᠤᠯᠤᠬᠰᠠᠨ ᠨᠢ ᠪᠡᠶ᠎ᠠ ᠰᠡᠳᠬᠢᠯ ᠤᠨ ᠲᠡᠩᠴᠡᠬᠦᠷᠢᠰᠢᠯ ᠤᠨ ᠲᠠᠯ᠎ᠠ ᠪᠠᠷ ᠵᠢᠭᠠᠬᠠᠨ ᠨᠥᠯᠥᠭᠡᠯᠡᠭᠳᠡᠯᠠ᠃ ᠭᠡᠪᠡᠴᠦ | ᠲᠣᠬᠢᠷᠠᠭᠤᠯᠤᠯᠲᠠ ᠪᠠᠨ ᠰᠠᠶᠢᠳᠤᠷ ᠬᠢᠭᠰᠡᠨ ᠤ ᠳᠠᠷᠠᠭ᠎ᠠ ᠣᠳᠣ ᠬᠡᠪ ᠤᠨ ᠪᠣᠯᠪᠠᠰᠤᠷᠠᠯ ᠢᠶᠠᠨ ᠰᠡᠷᠭᠦᠭᠡᠵᠦ᠂ ᠪᠦᠬᠦᠯᠢ | ᠴᠣᠭᠴᠠ ᠶᠢᠨ ᠲᠥᠷᠥᠭᠳᠡᠯ ᠨᠡᠯᠢᠶᠡᠳ ᠵᠦᠭᠡᠷ ᠪᠠᠶᠢᠨ᠎ᠠ᠃ ᠥᠩᠭᠡᠷᠡᠭᠰᠡᠨ ᠨᠢᠭᠡ ᠵᠢᠯ ᠤᠨ ᠬᠦᠷᠦᠯᠴᠡᠬᠦ ᠦᠭᠡᠢ | ᠲᠠᠯ᠎ᠠ ᠪᠠᠨ ᠨᠥᠬᠦᠪᠥᠷᠢᠯᠡᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠬᠤ ᠪᠢᠯᠧᠲ ᠲᠡᠭᠡᠨ ᠬᠠᠷᠠᠮᠰᠠᠯ | ᠦᠯᠡᠳᠡᠭᠡᠬᠦ ᠦᠭᠡᠢ︕︾ ᠬᠡᠵᠥ ᠲᠡᠷᠡ ᠢᠲᠡᠭᠡᠯ ᠲᠡᠬᠦᠯᠳᠡᠷ ᠶᠡᠷᠢᠵᠥ ᠪᠢᠯᠠ᠃ | ᠶᠠᠩ ᠵᠢᠶᠠ ᠢᠤᠢ ᠦᠬᠠᠢ ᠬᠤᠳᠠ ᠳᠤ ᠲᠦᠷᠦᠪᠡ᠂ ᠬᠠᠷᠠᠬᠠᠨ ᠪᠠᠭ᠎ᠠ ᠠᠴᠠ ᠪᠠᠨ ᠪᠡᠶ᠎ᠡ ᠶᠢᠨ ᠲᠠᠮᠢᠷ ᠲᠤ | ᠲᠤᠷ᠎ᠠ ᠪᠠᠭ᠋ᠠᠳᠠᠢ ᠲᠡᠷᠡᠪᠡᠷ 2010 ᠤᠨ ᠠᠴᠠ ᠡᠬᠢᠯᠡᠨ ᠠᠯᠳᠠ ᠲᠠᠰᠬᠠᠯᠵᠢᠭᠤᠯᠤᠭᠴᠢ ᠶᠢ ᠲᠠᠭᠠᠵᠦ᠂ ᠲᠤᠰᠬᠠᠢ | ᠮᠡᠷᠭᠡᠵᠢᠯ ᠤᠨ ᠪᠤᠯᠪᠠᠰᠤᠷᠠᠯ ᠬᠦᠷᠳᠡᠵᠦ ᠡᠬᠢᠯᠡᠵᠡᠢ᠃ ᠶᠠᠩ ᠵᠢᠶᠠ ᠢᠦᠶ ᠲᠤᠮᠤ ᠬᠡᠯᠪᠡᠷᠢ ᠶᠢᠨ ᠤᠷᠤᠯᠳᠤᠭᠠᠨ ᠳᠤ | ᠣᠷᠣᠯᠴᠠᠭᠰᠠᠨ ᠠᠴᠠ ᠨᠠᠭᠠᠰᠢ᠂ ᠤᠷᠢᠳ ᠬᠤᠵᠢᠳ ᠯᠣᠨᠳᠣᠨ ᠤ ᠬᠦᠨᠳᠦ ᠬᠥᠩᠭᠡᠨ ᠪᠡᠶ᠎ᠠ ᠶᠢᠨ ᠲᠠᠮᠢᠷ ᠤᠨ | ᠳᠡᠯᠡᠬᠡᠶ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠮᠡᠭᠲᠡᠶ ᠶᠢᠨ 20 ᠺᠢᠯᠤᠮᠧᠲᠷ ᠤᠨ ᠠᠯᠬᠤᠭ᠎ᠠ | ᠤᠷᠤᠯᠳᠤᠭᠠᠨ ᠤ ᠮᠠᠩᠯᠠᠶ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ | ᠡᠮᠡᠭᠲᠡᠶ ᠶᠢᠨ 20 ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ᠂ ᠣᠯᠠᠨ ᠤᠯᠤᠰ ᠤᠨ ᠬᠦᠨᠳᠦ ᠬᠥᠩᠭᠡᠨ | ᠪᠡᠶ᠎ᠠ ᠶᠢᠨ ᠲᠠᠮᠢᠷ ᠤᠨ ᠬᠤᠯᠪᠣᠭᠠᠨ ᠤ ᠳᠡᠯᠡᠬᠡᠶ ᠶᠢᠨ ᠠᠯᠬᠤᠭ᠎ᠠ ᠤᠷᠤᠯᠳᠤᠭᠠᠨ ᠤ ᠬᠠᠮᠳᠤ ᠨᠢᠬᠡᠴᠢ ᠶᠢᠨ ᠮᠠᠩᠯᠠᠶ | ᠰᠢᠯᠭᠠᠷᠠᠭᠤᠯᠬᠤ ᠤᠷᠤᠯᠳᠤᠭᠠᠨ ᠤ ᠡᠮᠡᠭᠲᠡᠶ ᠶᠢᠨ ᠨᠠᠰᠤᠨ ᠳᠤ ᠬᠦᠷᠦᠭᠰᠡᠳ ᠤᠨ ᠳᠤᠭᠤᠢᠢᠯᠠᠩ ᠤᠨ ᠮᠠᠩᠯᠠᠶ᠂ | ᠵᠠᠺᠠᠷᠳᠠ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠡᠮᠡᠭᠲᠡᠶ ᠶᠢᠨ 20 ᠺᠢᠯᠤᠮᠧᠲᠷ ᠤᠨ ᠠᠯᠬᠤᠭ᠎ᠠ | ᠤᠷᠤᠯᠳᠤᠭᠠᠨ ᠤ ᠮᠠᠩᠯᠠᠶ ᠵᠡᠷᠭᠡ ᠪᠠᠷ ᠲᠤᠳᠤᠷᠠᠵᠤ᠂ ᠮᠠᠨ ᠤ ᠤᠷᠤᠨ ᠤ ᠰᠢᠯᠢᠳᠡᠭ ᠲᠠᠮᠢᠷᠴᠢᠨ ᠤ ᠭᠠᠯᠪᠢᠷ ᠳᠦᠷᠬᠦ ᠶᠢ | ᠢᠯᠡᠷᠡᠭᠦᠯᠦᠭᠰᠡᠨ ᠪᠠᠶᠢᠨ᠎ᠠ᠃ |