ᠠᠳᠠᠯᠢ ᠪᠤᠰᠤ ᠲᠥᠷᠥᠯ ᠲᠡᠮᠳᠡᠭ ᠤᠨ ᠸᠠᠺᠼᠢᠨ ᠢ ᠳᠠᠪᠬᠤᠴᠠᠭᠤᠯᠤᠨ ᠲᠠᠷᠢᠵᠦ ᠪᠣᠯᠤᠨ᠎ᠠ ᠤᠤ︖ ᠶᠠᠮᠠᠷ ᠬᠥᠮᠦᠰ ᠲᠤ ᠲᠠᠷᠢᠯᠭ᠎ᠠ ᠲᠣᠬᠢᠷᠠᠬᠤ ᠦᠭᠡᠢ ᠪᠣᠢ︖ ᠲᠠᠷᠢᠯᠭ᠎ᠠ ᠬᠢᠭᠰᠡᠨ ᠤ ᠳᠠᠷᠠᠭ᠎ᠠ ᠠᠮᠠᠪᠴᠢ ᠪᠠᠨ ᠠᠪᠴᠤ ᠪᠣᠯᠤᠨ᠎ᠠ ᠤᠤ︖
ᠨᠡᠶᠢᠲᠡᠯᠡᠭᠰᠡᠨ ᠴᠠᠭ᠄
2021/3/26
     — ᠰᠢᠨ᠎ᠡ ᠲᠢᠲᠢᠮᠯᠢᠭ ᠸᠠᠺᠼᠢᠨ ᠤ ᠲᠤᠬᠠᠶ ᠬᠠᠮᠤᠭ ᠤᠨ ᠰᠢᠨ᠎ᠡ ᠠᠰᠠᠭᠤᠯᠲᠠ ᠬᠠᠷᠢᠭᠤᠯᠲᠠ      ︽3 ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠪᠥᠬᠦ ᠤᠯᠤᠰ ᠲᠤ ᠨᠡᠶᠢᠲᠡ 7495.6 ᠲᠦᠮᠡᠨ ᠤᠳᠠᠭ᠎ᠠ ᠲᠠᠷᠢᠯᠭ᠎ᠠ ᠳᠠᠷᠢᠪᠠ︾᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠡᠷᠦᠩᠬᠡᠶ ᠳᠡᠭᠡᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠭᠰᠠᠨ ᠪᠣᠯᠪᠠᠴᠤ ᠮᠥᠨ ᠯᠡ ᠨᠠᠩ ᠣᠨᠣᠴᠠᠲᠠᠶ᠂ ᠨᠠᠩ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠡᠪᠴᠢᠶᠡᠲᠦ  ᠴᠢᠨᠠᠷᠲᠠᠶ  ᠪᠠᠷ  ᠳᠠᠬᠢᠨ  ᠳᠡᠯᠭᠡᠷᠡᠬᠦ  ᠥᠬᠡᠶ  ᠪᠠᠶᠢᠬᠤ  ᠶᠢ  ᠦᠨᠡᠨ  ᠬᠦ  ᠪᠠᠲᠤᠯᠠᠬᠤ  ᠬᠡᠷᠡᠭᠲᠡᠶ  ᠭᠡᠵᠦ  ᠢᠯᠡᠳᠭᠡᠪᠡ᠃      ᠠᠳᠠᠯᠢ ᠪᠤᠰᠤ ᠲᠦᠷᠦᠯ ᠳᠡᠮᠳᠡᠭ ᠤᠨ ᠸᠠᠺᠼᠢᠨ ᠢ ᠳᠠᠪᠬᠤᠴᠠᠭᠤᠯᠤᠨ ᠳᠠᠷᠢᠵᠤ ᠪᠣᠯᠬᠤ ᠤᠤ︖ ᠨᠠᠰᠤᠲᠠᠶᠢᠴᠤᠳ᠂ ᠵᠢᠷᠮᠦᠰᠦᠨ ᠡᠮᠡᠭᠲᠡᠶ ᠲᠠᠷᠢᠬᠤ ᠳᠤ ᠲᠣᠬᠢᠷᠠᠨ᠎ᠠ ᠤᠤ︖ ᠲᠠᠷᠢᠯᠭ᠎ᠠ ᠬᠢᠭᠰᠡᠨ ᠤ ᠳᠠᠷᠠᠭ᠎ᠠ ᠠᠮᠠᠪᠴᠢ ᠵᠡᠬᠦᠬᠦ ᠦᠭᠡᠢ ᠪᠠᠶᠢᠵᠦ ᠪᠣᠯᠤᠨ᠎ᠠ ᠤᠤ︖ 21 ᠤ ᠡᠳᠦᠷ᠂ ᠤᠯᠠᠨ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠠᠮᠤᠷ ᠲᠦᠪᠰᠢᠨ ᠴᠢᠨᠠᠷ ᠪᠣᠯᠤᠨ ᠪᠦᠳᠦᠮᠵᠢᠳᠤ ᠴᠢᠨᠠᠷ ᠲᠤ ᠬᠤᠯᠪᠣᠭᠳᠠᠬᠤ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠪᠡ᠃      ᠠᠳᠠᠯᠢ ᠪᠤᠰᠤ ᠲᠦᠷᠦᠯ ᠲᠡᠮᠳᠡᠭ ᠤᠨ ᠸᠠᠺᠼᠢᠨ ᠢ ᠳᠠᠪᠬᠤᠴᠠᠭᠤᠯᠤᠨ ᠲᠠᠷᠢᠵᠤ ᠪᠣᠯᠤᠨ᠎ᠠ ᠤᠤ︖      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠾᠧ ᠴᠢᠩ ᠬᠤᠸᠠ᠂ ᠠᠳᠠᠯᠢ ᠪᠤᠰᠤ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠸᠠᠺᠼᠢᠨ ᠢ ᠳᠠᠪᠬᠤᠴᠠᠭᠤᠯᠬᠤ ᠪᠤᠶᠤ ᠣᠷᠣᠯᠠᠨ ᠳᠠᠷᠢᠭᠤᠯᠵᠤ ᠪᠣᠯᠬᠤ ᠡᠰᠡᠬᠦ ᠠᠰᠠᠭᠤᠳᠠᠯ ᠤᠨ ᠲᠤᠬᠠᠶ ᠮᠥᠨ ᠬᠦ ᠨᠠᠩ ᠣᠯᠠᠨ ᠰᠤᠳᠤᠯᠭᠠᠨ ᠬᠢᠬᠦ ᠴᠢᠬᠤᠯᠠᠲᠠᠶ ᠪᠠᠶᠢᠨ᠎ᠠ᠃ ᠲᠡᠭᠡᠬᠦ ᠮᠥᠷᠲᠡᠭᠡᠨ ᠰᠤᠳᠤᠯᠭᠠᠨ ᠤ ᠦᠷ᠎ᠡ ᠳ᠋ᠦᠩ ᠭᠠᠷᠤᠭᠰᠠᠨ ᠤ ᠳᠠᠷᠠᠭ᠎ᠠ᠂ ᠰᠤᠳᠤᠯᠭᠠᠨ ᠤ ᠦᠷ᠎ᠡ ᠳ᠋ᠦᠩ ᠢ ᠦᠨᠳᠦᠰᠦᠯᠡᠨ ᠲᠣᠳᠣᠷᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠬᠤ ᠭᠡᠷᠡᠭᠲᠡᠢ ᠭᠡᠵᠦ ᠢᠯᠡᠳᠭᠡᠪᠡ᠃      60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠳᠠᠷᠢᠭᠤᠯᠵᠤ ᠪᠣᠯᠤᠨ᠎ᠠ ᠤᠤ︖      ︽ᠬᠡᠰᠡᠭ ᠭᠠᠵᠠᠷ ᠣᠷᠣᠨ ᠭᠦᠢᠴᠡᠳ ᠦᠨᠡᠯᠡᠨ ᠵᠢᠱᠢᠭᠰᠡᠨ ᠤ ᠳᠠᠷᠠᠭ᠎ᠠ᠂ ᠨᠢᠭᠡᠨᠲᠡ 60 ᠨᠠᠰᠤᠨ ᠠᠴᠠ ᠳᠡᠭᠡᠭᠰᠢᠬᠢ ᠪᠡᠶ᠎ᠡ ᠮᠠᠬᠠᠪᠣᠳ ᠤᠨ ᠨᠥᠬᠦᠴᠡᠯ ᠢᠶᠠᠷ ᠨᠡᠯᠢᠶᠡᠳ ᠰᠠᠶᠢᠨ ᠨᠠᠰᠤᠲᠠᠶᠢᠴᠤᠳ ᠲᠤ ᠰᠢᠨ᠎ᠡ ᠲᠢᠲᠢᠮᠯᠢᠭ ᠠᠭᠤᠰᠬᠢᠨ  ᠦᠷᠪᠢᠰᠤ᠋ ‍ᠯ ᠤᠨ  ᠸᠠᠺᠼᠢᠨ  ᠤ  ᠲᠠᠷᠢᠯᠭ᠎ᠠ  ᠬᠢᠵᠦ  ᠡᠬᠢᠯᠡᠪᠡ  ︾  ᠃ ᠾᠧ ᠴᠢᠩ ᠬᠤᠸᠠ ᠬᠠᠷᠢᠭᠤᠯᠬᠤ ᠳᠠᠭᠠᠨ᠂ ᠣᠳᠣᠬᠠᠨ ᠳᠤ᠂ ᠸᠠᠺᠼᠢᠨ ᠰᠤᠳᠤᠯᠤᠨ ᠨᠡᠭᠡᠭᠡᠬᠦ ᠨᠢᠭᠡᠴᠢ ᠴᠦ ᠰᠤᠳᠤᠯᠤᠨ ᠨᠡᠭᠡᠭᠡᠬᠦ ᠠᠵᠢᠯ ᠢᠶᠠᠨ ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠲᠤᠷᠰᠢᠯᠲᠠ ᠳᠤᠮᠳᠠ ᠪᠠᠨ ᠭᠦᠢᠴᠡᠳ ᠠᠮᠤᠷ ᠲᠦᠪᠰᠢᠨ ᠴᠢᠨᠠᠷᠲᠠᠶ᠂ ᠪᠦᠲᠦᠮᠵᠢᠲᠡᠶ ᠴᠢᠨᠠᠷᠲᠠᠶ ᠲᠤᠭ᠎ᠠ ᠪᠠᠷᠢᠮᠲᠠ ᠣᠯᠤᠭᠰᠠᠨ ᠤ ᠳᠠᠷᠠᠭ᠎ᠠ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠶᠡᠭᠡ ᠬᠡᠪᠴᠢᠶ᠎ᠡ ᠪᠠᠷ ᠥᠷᠨᠢᠭᠦᠯᠬᠦ ᠪᠣᠯᠤᠨ᠎ᠠ ᠭᠡᠪᠡ᠃      ᠶᠠᠮᠠᠷ ᠬᠥᠮᠦᠰ ᠸᠠᠺᠼᠢᠨ ᠳᠠᠷᠢᠵᠤ ᠪᠣᠯᠬᠤ ᠥᠬᠡᠶ ᠪᠣᠶ︖     ᠾᠧ ᠴᠢᠩ ᠬᠤᠸᠠ᠂ ᠣᠳᠣᠬᠠᠨ ᠳᠤ ᠨᠥᠬᠦᠴᠡᠯ ᠳᠠᠭᠠᠯᠳᠤᠭᠤᠯᠤᠨ ᠵᠠᠬ᠎ᠠ ᠳᠡᠯᠭᠡᠭᠦᠷ ᠲᠤ ᠭᠠᠷᠭᠠᠭᠰᠠᠨ 4 ᠵᠦᠢᠯ ᠤᠨ ᠸᠠᠺᠼᠢᠨ ᠢ ᠲᠣᠳᠣᠷᠬᠠᠶᠢᠯᠠᠯᠲᠠ ᠶᠢᠨ ᠪᠢᠴᠢᠭ ᠲᠤ ᠲᠠᠷᠢᠯᠭ᠎ᠠ ᠬᠢᠬᠦ ᠳᠤ ᠴᠡᠭᠡᠷᠯᠡᠬᠦ ᠵᠦᠢᠯ ᠤᠨ ᠲᠤᠬᠠᠢ ᠲᠣᠳᠣᠷᠬᠠᠢ ᠵᠠᠭᠠᠭ ᠲᠣᠭᠲᠠᠭᠠᠵᠤ᠂ ᠸᠠᠺᠼᠢᠨ ᠳᠤ ᠠᠭᠤᠯᠤᠭᠳᠠᠬᠤ ᠪᠦᠷᠢᠯᠳᠦᠬᠦᠨ ᠳᠤ ᠬᠠᠷᠰᠢᠬᠤ᠂ ᠴᠢᠰᠤᠨ ᠰᠤᠳᠠᠯ ᠤᠨ ᠮᠡᠳᠡᠷᠡᠯ ᠤᠨ ᠴᠢᠨᠠᠷᠲᠠᠢ ᠤᠰᠤᠨ ᠬᠠᠪᠤᠩ᠂ ᠠᠮᠢᠰᠬᠤᠯ ᠬᠦᠴᠢᠷᠳᠡᠬᠦ᠂ ᠤᠨᠠᠳᠠᠭ ᠡᠪᠡᠳᠴᠢᠨ ᠪᠤᠶᠤ ᠪᠤᠰᠤᠳ ᠮᠡᠳᠡᠷᠡᠯ ᠤᠨ ᠰᠢᠰᠲ᠋ᠧᠮ ᠤᠨ ᠡᠪᠡᠳᠴᠢᠨ ᠲᠠᠢ᠂ ᠭᠧᠯᠢᠨᠪᠠᠷᠢ ᠶᠢᠨ ᠶᠡᠷᠦᠩᠬᠡᠶᠢᠯᠡᠭᠰᠡᠨ ᠡᠪᠡᠳᠴᠢᠨ ᠤ ᠲᠡᠦᠬᠡ ᠲᠠᠢ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ ᠦᠭᠡᠢ ᠭᠡᠵᠦ ᠲᠠᠨᠢᠯᠴᠠᠭᠤᠯᠪᠠ᠃     ᠲᠡᠷᠡ᠂ ᠵᠢᠷᠮᠦᠰᠦᠨ ᠬᠤᠭᠤᠴᠠᠭ᠎ᠠ ᠪᠠ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠲᠤ ᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠤ ᠪᠣᠯᠬᠤ ᠥᠬᠡᠶ ᠭᠡᠵᠦ ᠰᠠᠨᠠᠭᠤᠯᠪᠠ᠃     ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠠᠮᠠᠪᠴᠢ ᠵᠡᠬᠦᠬᠦ ᠦᠭᠡᠢ ᠪᠠᠶᠢᠵᠦ ᠪᠤᠯᠤᠨ᠎ᠠ ᠤᠤ︖     ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠹᠧᠩ ᠽᠢ ᠵᠢᠶᠠᠨ᠂ ᠣᠳᠣᠬᠠᠨ ᠳᠤ ᠪᠦᠬᠦ ᠳᠡᠯᠡᠬᠡᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠦᠷᠭᠦᠯᠵᠢᠯᠡᠨ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠸᠠᠺᠼᠢᠨ ᠤ ᠲᠠᠷᠢᠬᠰᠠᠨ ᠨᠤᠷᠮ᠎ᠠ ᠨᠡᠯᠢᠶᠡᠳ ᠳᠣᠣᠷ᠎ᠠ᠂ ᠶᠡᠭᠡ ᠪᠠᠷ ᠳᠡᠯᠭᠡᠷᠡᠭᠰᠡᠨ ᠭᠠᠵᠠᠷ ᠣᠷᠣᠨ ᠤ ᠬᠥᠮᠦᠨ ᠬᠠᠷ᠎ᠠ ᠪᠤᠶᠤ ᠡᠳ᠋ ᠪᠣᠳᠠᠰ ᠬᠢᠯᠢ ᠪᠠᠷ ᠣᠷᠣᠵᠤ ᠢᠷᠡᠭᠰᠡᠨ ᠠᠴᠠ ᠮᠥᠨ ᠬᠦ ᠬᠢᠯᠢ ᠶᠢᠨ ᠳᠣᠲᠣᠷ᠎ᠠ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠣᠷᠣᠰᠢᠵᠤ ᠪᠠᠶᠢᠨ᠎ᠠ ᠭᠡᠵᠦ ᠢᠯᠡᠳᠬᠡᠪᠡ᠃     ᠲᠡᠷᠡ᠂ ᠮᠠᠨ ᠤ ᠤᠯᠤᠰ ᠤᠨ ᠬᠥᠮᠦᠰ ᠤᠨ ᠸᠠᠺᠼᠢᠨ ᠤ ᠲᠠᠷᠢᠯᠭ᠎ᠠ ᠨᠢ ᠨᠡᠯᠢᠶᠡᠳ ᠥᠨᠳᠥᠷ ᠡᠭᠡᠯᠢᠯᠡᠭᠡ ᠶᠢᠨ ᠲᠦᠪᠰᠢᠨ ᠳᠤ ᠬᠥᠷᠬᠦ ᠠᠴᠠ ᠡᠮᠦᠨ᠎ᠡ᠂ ᠸᠠᠺᠼᠢᠨ ᠤ ᠲᠠᠷᠢᠯᠭ᠎ᠠ ᠬᠢᠭᠰᠡᠨ ᠡᠰᠡᠬᠦ ᠴᠦ ᠲᠡᠷᠡ᠂ ᠬᠥᠮᠦᠰ ᠴᠤᠭᠯᠠᠷᠠᠭᠰᠠᠨ ᠬᠡᠷ ᠳᠣᠲᠣᠷ᠎ᠠ ᠪᠤᠶᠤ ᠪᠢᠲᠡᠭᠦᠮᠵᠢᠯᠡᠭᠰᠡᠨ ᠲᠠᠯᠠᠪᠤᠷ ᠭᠠᠵᠠᠷ ᠲᠤ ᠴᠤ ᠲᠡᠷᠡ᠂ ᠣᠯᠠᠨ ᠲᠦᠮᠡᠨ ᠮᠥᠨ ᠬᠦ ᠦᠷᠭᠦᠯᠵᠢᠯᠡᠨ ᠠᠮᠠᠪᠴᠢ ᠵᠡᠭᠦᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠳᠠᠳᠬᠠᠯ ᠲᠠᠢ ᠪᠤᠯᠬᠤ ᠶᠢᠨ ᠬᠠᠮᠲᠤ ᠡᠯ᠎ᠡ ᠭᠠᠵᠠᠷ ᠤᠨ ᠪᠣᠳᠠᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ ᠭᠡᠵᠦ ᠰᠠᠨᠠᠭᠤᠯᠪᠠ᠃     ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠪᠠᠰᠠ ᠬᠠᠯᠳᠠᠪᠤᠷᠢᠯᠠᠬᠳᠠᠨ᠎ᠠ ᠤᠤ︖     ︽ᠶᠡᠷᠦᠩᠬᠡᠶ ᠳᠤᠨᠢ ᠠᠪᠴᠤ ᠬᠡᠯᠡᠪᠡᠯ᠂ ᠸᠠᠺᠼᠢᠨ ᠤ ᠦᠢᠯᠡᠳᠦᠯ ᠨᠢ ᠣᠯᠠᠩᠬᠢ ᠬᠥᠮᠦᠰ ᠢ ᠬᠠᠮᠠᠭᠠᠯᠠᠬᠤ ᠴᠢᠳᠠᠪᠤᠷᠢ ᠲᠠᠢ ᠪᠣᠯᠭᠠᠵᠤ᠂ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠬᠦᠨᠳᠦ ᠡᠪᠡᠳᠴᠢᠨ ᠢ ᠰᠡᠷᠭᠡᠶᠢᠯᠡᠬᠦ ᠦᠷ᠎ᠡ ᠪᠦᠲᠦᠮᠵᠢ ᠨᠢ ᠨᠠᠩ ᠢᠯᠡᠷᠬᠡᠶ ᠪᠠᠶᠢᠳᠠᠭ︾᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ  ᠤᠨ  ᠡᠭᠡᠯᠢᠯᠡᠭᠡ  ᠶᠢᠨ  ᠲᠥᠯᠥᠪᠵᠢᠭᠦᠯᠭᠡ  ᠶᠢᠨ  ᠲᠡᠷᠢᠬᠦᠨ  ᠲᠤᠰᠬᠠᠶ  ᠮᠡᠷᠭᠡᠵᠢᠯᠲᠡᠨ  ᠸᠠᠩ  ᠬᠤᠸᠠ  ᠴᠢᠩ᠂ ᠭᠠᠳᠠᠭᠠᠳᠤ ᠶᠢᠨ ᠣᠳᠣᠬᠠᠨ ᠳᠤ ᠨᠢᠭᠡᠨᠲᠡ ᠬᠡᠷᠡᠭᠯᠡᠭᠰᠡᠨ ᠸᠠᠺᠼᠢᠨ ᠢ ᠵᠠᠬ᠎ᠠ ᠳᠡᠯᠭᠡᠭᠦᠷ ᠲᠤ ᠭᠠᠷᠭᠠᠭᠰᠠᠨ  ᠦᠨᠡᠯᠡᠯᠬᠡ  ᠶᠢᠨ  ᠦᠷ᠎ᠡ  ᠳ᠋ᠦᠩ  ᠠᠴᠠ  ᠦᠵᠡᠪᠡᠯ  ᠂ ᠸᠠᠺᠼᠢᠨ  ᠤ  ᠲᠠᠷᠢᠯᠭ᠎ᠠ  ᠬᠢᠵᠦ  ᠪᠠᠷᠠᠭᠰᠠᠨ  ᠤ  ᠳᠠᠷᠠᠭ᠎ᠠ᠂ ᠴᠥᠭᠡᠨ  ᠲᠣᠭᠠᠨ  ᠤ  ᠬᠥᠮᠦᠰ  ᠦᠨᠡᠬᠡᠷ  ᠬᠠᠮᠠᠭᠠᠯᠠᠬᠤ ᠴᠢᠳᠠᠪᠦᠷᠢ ᠪᠠᠨ ᠠᠯᠳᠠᠭᠰᠠᠨ ᠪᠠᠶᠢᠨ᠎ᠠ ᠭᠡᠵᠡᠶ᠃ ᠲᠡᠷᠡ᠂ ᠢᠯᠠᠭᠳᠠᠭᠰᠠᠨ ᠣᠨᠴᠠ ᠵᠠᠷᠢᠮ ᠬᠡᠷᠡᠭ ᠤᠨ ᠵᠢᠱᠢᠶ᠎ᠡ ᠳᠤ ᠰᠤᠳᠤᠯᠤᠯᠲᠠ ᠪᠠ ᠪᠠᠶᠢᠴᠠᠭᠠᠯᠲᠠ ᠬᠢᠨ᠎ᠠ ᠭᠡᠵᠦ ᠢᠯᠡᠳᠭᠡᠪᠡ᠃     ᠸᠠᠺᠼᠢᠨ ᠤ ᠦᠢᠯᠡᠳᠪᠦᠷᠢᠯᠡᠯ ᠤᠨ ᠪᠠᠲᠤᠯᠠᠭ᠎ᠠ ᠶᠢᠨ ᠪᠠᠶᠢᠳᠠᠯ ᠶᠠᠮᠠᠷ ᠵᠡᠷᠭᠡ ᠪᠣᠶ︖     ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠵᠤᠷᠭᠠᠨ ᠤ ᠳᠡᠳ᠋ ᠳᠠᠷᠤᠭ᠎ᠠ ᠮᠤᠤ ᠵᠢᠶᠦ᠋ᠨ ᠹᠧᠩ᠂ ᠣᠳᠣᠬᠠᠨ ᠳᠤ 5 ᠵᠦᠢᠯ ᠤᠨ ᠸᠠᠺᠼᠢᠨ ᠢ ᠨᠥᠬᠦᠴᠡᠯ ᠳᠠᠭᠠᠯᠳᠤᠭᠤᠯᠤᠨ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠪᠤᠶᠤ 3 ᠵᠦᠢᠯ ᠤᠨ ᠢᠳᠡᠪᠬᠢ ᠥᠬᠡᠶᠢᠳᠡᠭᠦᠯᠬᠦ ᠸᠠᠺᠼᠢᠨ᠂ 1 ᠵᠦᠢᠯ ᠤᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ᠂ ᠪᠠᠰᠠ 1 ᠵᠦᠢᠯ ᠤᠨ ᠳᠠᠬᠢᠨ ᠵᠣᠬᠢᠶᠠᠨ ᠪᠠᠶᠢᠭᠤᠯᠬᠤ ᠤᠭᠤᠷᠠᠭ ᠤᠨ ᠸᠠᠺᠼᠢᠨ ᠢ ᠪᠠᠭᠲᠠᠭᠠᠭᠰᠠᠨ ᠸᠠᠺᠼᠢᠨ ᠢ ᠪᠠᠴᠢᠮ ᠬᠡᠷᠡᠭᠯᠡᠬᠦ ᠶᠢ ᠵᠥᠪᠰᠢᠶᠡᠷᠡᠵᠠᠢ ᠭᠡᠵᠦ ᠲᠠᠨᠢᠯᠴᠠᠭᠤᠯᠪᠠ᠃  ᠲᠡᠷᠡ᠂ ᠣᠲᠣ ᠶᠢᠨ ᠦᠢᠯᠡᠳᠪᠦᠷᠢᠯᠡᠯ ᠤᠨ ᠲᠣᠬᠢᠷᠠᠭᠤᠯᠤᠯᠲᠠ ᠪᠠᠷ ᠦᠵᠡᠪᠡᠯ᠂ ᠪᠥᠬᠦ ᠵᠢᠯ ᠤᠨ ᠸᠠᠺᠼᠢᠨ ᠤ ᠦᠢᠯᠡᠳᠪᠤᠷᠢᠯᠡᠯ ᠤᠨ ᠭᠡᠮᠵᠢᠶ᠎ᠠ ᠨᠢ ᠪᠥᠬᠦ ᠤᠯᠤᠰ ᠤᠨ ᠠᠷᠠᠳ ᠲᠦᠮᠡᠨ ᠤ ᠲᠠᠷᠢᠯᠭ᠎ᠠ ᠬᠢᠬᠦ ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠨ᠎ᠠ ᠭᠡᠵᠦ ᠢᠯᠡᠳᠭᠡᠪᠡ᠃     ᠣᠳᠣᠬᠢ ᠱᠠᠲᠤᠨ ᠤ ᠶᠠᠪᠤᠵᠤ ᠰᠠᠭᠤᠬᠤ ᠳᠤ ᠶᠠᠮᠠᠷ ᠲᠦᠷᠦ ᠶᠢᠨ ᠪᠤᠳᠤᠯᠭ᠎ᠠ ᠠᠪᠴᠦ ᠪᠠᠶᠢᠭ᠎ᠠ ᠪᠤᠢ︖     ︽2021 ᠣᠨ ᠤ ᠴᠠᠭᠠᠨ  ᠰᠠᠷ᠎ᠠ  ᠶᠢᠨ ᠵᠥᠭᠡᠭᠡᠪᠦᠷᠢ  ᠨᠢᠭᠡᠨᠲᠡ ᠠᠮᠤᠷ ᠲᠦᠪᠰᠢᠨ ᠳᠠᠭᠤᠰᠪᠠ︾᠃ ᠮᠢ ᠹᠧᠩ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠳᠤ ᠡᠷᠡᠭᠦᠯ ᠮᠡᠨᠳᠦ ᠶᠢᠨ ᠨᠡᠪᠲᠡᠷᠡᠬᠦ ︽ᠨᠣᠭᠤᠭᠠᠨ ᠺᠣᠳ᠋︾ ᠲᠠᠢ ᠪᠠᠶᠢᠵᠤ᠂ ᠪᠡᠶ᠎ᠡ ᠶᠢᠨ ᠬᠠᠯᠠᠭᠤᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠤᠤᠷ᠎ᠠ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠂ ᠡᠯ᠎ᠡ ᠭᠠᠵᠠᠷ ᠤᠨ ᠬᠢᠨ ᠳᠤᠷ᠎ᠠ ᠪᠠᠷ ᠢᠶᠠᠨ ᠨᠦᠬᠦᠴᠡᠯ ᠨᠡᠮᠡᠵᠦ ᠪᠣᠯᠬᠤ ᠥᠬᠡᠶ ᠭᠡᠪᠡ᠃     ᠲᠡᠷᠡ᠂ 31 ᠡᠳᠦᠷ ᠳᠠᠷᠠᠭᠠᠯᠠᠨ ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠨᠡᠮᠡᠭᠳᠡᠬᠦ ᠥᠬᠡᠶ ᠪᠣᠯᠤᠭᠰᠠᠨ ᠤ ᠳᠠᠷᠠᠭ᠎ᠠ᠂ 3 ᠰᠠᠷ᠎ᠠ ᠶᠢᠨ 18 ᠤ ᠡᠳᠦᠷ ᠱᠠᠨᠰᠢ ᠮᠤᠵᠢ ᠶᠢᠨ ᠮᠡᠳᠡᠭᠦᠯᠦᠯᠲᠡ ᠳᠤ ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠰᠢᠨ᠎ᠡ ᠪᠠᠷ 1 ᠨᠡᠮᠡᠭᠳᠡᠵᠡᠶ᠃ ᠡᠨᠡ ᠨᠢ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠢᠮᠠᠭᠲᠠ ᠴᠢᠩᠭᠠᠯᠠᠬᠤ ᠴᠢᠬᠤᠯᠠᠳᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠲᠠᠷᠠᠬᠠᠶ ᠪᠤᠲᠠᠷᠬᠠᠶ ᠡᠪᠡᠳᠴᠢᠨ ᠤ ᠵᠢᠱᠢᠶ᠎ᠡ ᠶᠢ ᠨᠢᠭᠡ ᠶᠢ ᠣᠯᠵᠤ ᠮᠡᠳᠡᠪᠡᠯ ᠨᠢᠭᠡ ᠶᠢ ᠵᠠᠰᠠᠵᠦ᠂ ᠬᠡᠪᠴᠢᠶᠡᠲᠦ ᠴᠢᠨᠠᠷᠲᠠᠶ ᠪᠠᠷ ᠳᠠᠬᠢᠨ ᠢᠯᠡᠷᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠢᠯᠡᠳᠭᠡᠪᠡ᠃      ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 21 ᠤ ᠴᠠᠬᠢᠯᠭᠠᠨ ᠮᠡᠳᠡᠭᠡ ᠠᠴᠠ︶
 
ᠢᠷᠡᠯᠲᠡ᠄ ᠲᠣᠮᠳᠠᠳᠤ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号