ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠹᠦᠵᠢᠶᠠᠨ ᠳᠤ ᠰᠢᠨᠵᠢᠯᠡᠨ ᠪᠠᠶᠢᠴᠠᠭᠠᠬᠤ ᠳᠠᠭᠠᠨ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠥ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠵᠥ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠤᠨ᠂ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ | ᠳᠠᠪᠰᠢᠯᠲᠠ ᠲᠠᠢ ᠪᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ | ᠶᠡᠭᠡ ᠵᠢᠳᠬᠦᠯ ᠴᠢᠷᠮᠠᠶᠢᠯᠭ᠎ᠠ ᠭᠠᠷᠭᠠᠨ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠠᠭᠤᠰᠤᠯᠴᠠᠨ ᠬᠥᠭᠵᠢᠭᠦ ᠰᠢᠨ᠎ᠡ | ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠥ᠂ ᠴᠢᠨᠠᠷ ᠰᠠᠶᠢᠲᠠᠶ ᠠᠮᠢᠳᠤᠷᠠᠯ ᠢ ᠴᠣᠭᠴᠠᠯᠠᠬᠤ | ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠹᠦᠵᠢᠶᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠬᠡᠵᠥ ᠴᠢᠬᠤᠯᠠᠴᠢᠯᠠᠪᠠ᠃ | | 3 ᠰᠠᠷ᠎ᠠ ᠶᠢᠨ 22 ᠠᠴᠠ 25 ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ | ᠹᠦᠵᠢᠶᠠᠨ ᠳᠤ ᠰᠢᠨᠵᠢᠯᠠᠨ ᠪᠠᠶᠢᠴᠠᠭᠠᠪᠠ᠃ ᠡᠨᠡ ᠪᠤᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠨᠠᠨᠫᠢᠩ ᠤᠨ ᠡᠤ | ᠢ ᠱᠠᠨ ᠬᠤᠳᠠ ᠶᠢᠨ ᠰᠢᠩ ᠼᠦᠨ ᠪᠠᠯᠭᠠᠰᠤᠨ ᠤ ᠶᠠᠨ ᠽᠢ ᠺᠧ ᠠᠮᠢ ᠠᠬᠤᠢ ᠶᠢᠨ ᠴᠠᠢ ᠶᠢᠨ ᠬᠦᠷᠢᠶᠠᠯᠠᠩ ᠳᠤ᠂ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠳᠤᠮᠢᠯᠠᠬᠴᠢ᠂ ᠴᠠᠢ ᠶᠢᠨ ᠳᠠᠷᠢᠶᠠᠴᠢᠨ ᠲᠠᠢ ᠳᠤᠳᠤᠨᠤ ᠪᠠᠷ | ᠰᠤᠯᠢᠯᠴᠠᠵᠥ᠂ ᠳᠤᠬᠠᠢ ᠶᠢᠨ ᠭᠠᠵᠠᠷ ᠤᠨ ᠴᠠᠢ ᠶᠢᠨ ᠠᠵᠥ ᠦᠢᠯᠡᠰ ᠤᠨ ᠬᠦᠭᠵᠢᠯᠳᠡ ᠶᠢᠨ ᠪᠠᠶᠢᠳᠠᠯ ᠢ ᠦᠢᠯᠠᠭᠠᠵᠥ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ | | ᠬᠠᠪᠤᠷ ᠤᠨ ᠳᠤᠮᠳᠠ ᠰᠠᠷ᠎ᠠ ᠪᠠᠷ᠂ ᠹᠦᠵᠢᠶᠠᠨ ᠤ ᠡᠬᠡ ᠭᠠᠵᠠᠷ ᠲᠤ ᠠᠮᠢ ᠠᠮᠢᠵᠢᠷᠠᠯ ᠢᠶᠠᠷ ᠪᠢᠯᠬᠠᠨ᠎ᠠ᠃ 3 ᠰᠠᠷ᠎ᠠ ᠶᠢᠨ | 22 ᠠᠴᠠ 25 ᠤ ᠡᠳᠦᠷ ᠪᠣᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠶᠢᠨ ᠯᠢ᠂ | ᠮᠤᠵᠢ ᠶᠢᠨ ᠳᠠᠷᠤᠭ᠎ᠠ ᠸᠠᠩ ᠨᠢᠩ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠨᠠᠨᠫᠢᠩ᠂ ᠰᠠᠨᠮᠢᠩ᠂ ᠹᠦᠵᠧᠦ ᠵᠡᠷᠭᠡ | ᠭᠠᠵᠠᠷ ᠲᠤ ᠬᠦᠷᠴᠦ᠂ ᠤᠯᠤᠰ ᠤᠨ ᠴᠡᠴᠡᠷᠯᠢᠭ᠂ ᠠᠮᠢ ᠠᠬᠤᠶ ᠶᠢᠨ ᠴᠠᠶ ᠶᠢᠨ ᠬᠦᠷᠢᠶᠡᠯᠡᠩ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠡᠮᠨᠡᠯᠭᠡ ᠶᠢᠨ ᠬᠤᠷᠢᠶ᠎ᠠ᠂ ᠬᠥᠳᠡᠭᠡ ᠲᠣᠰᠬᠤᠨ᠂ ᠠᠵᠤ ᠠᠬᠤᠶᠢᠯᠠᠯ᠂ | ᠰᠤᠷᠭᠠᠭᠤᠯᠢ ᠵᠡᠷᠭᠡ ᠭᠠᠵᠠᠷ ᠲᠤ ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠰᠠᠶᠢᠨ ᠡᠬᠢᠯᠡᠯᠳᠡ ᠲᠠᠢ ᠪᠠᠶᠢᠬᠤ ᠶᠢ ᠠᠬᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠬᠤ ᠵᠡᠷᠭᠡ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠦ᠋ ᠢ ᠱᠠᠨ ᠤ ᠤᠯᠤᠰ ᠤᠨ ᠴᠡᠴᠡᠷᠯᠢᠭ ᠪᠣᠯ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢᠨ ᠲᠦᠷᠦᠭᠦᠦ | ᠪᠦᠯᠦᠭ ᠤᠨ ᠲᠤᠷᠰᠢᠯᠲᠠ ᠶᠢᠨ ᠴᠡᠭ ᠤᠨ ᠨᠢᠭᠡ ᠪᠣᠯᠤᠨ᠎ᠠ᠃ 22 ᠤᠨ ᠦᠳᠡ ᠶᠢᠨ ᠬᠤᠶᠢᠨ᠎ᠠ᠂ ᠰᠢ ᠶᠢᠨ ᠫᠢᠩ | ᠴᠡᠴᠡᠷᠯᠢᠭ ᠤᠨ ᠤᠶᠤᠨᠴᠢ ᠬᠠᠮᠢᠶᠠᠷᠤᠯᠲᠠ ᠶᠢᠨ ᠲᠥᠪ ᠲᠤ ᠬᠦᠷᠴᠦ᠂ ᠤᠶᠤᠨᠴᠢ ᠬᠠᠮᠢᠶᠠᠷᠤᠯᠲᠠ ᠶᠢᠨ ᠲᠠᠪᠴᠠᠩ ᠤᠨ | ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃ ᠲᠣᠰ ᠲᠥᠪ ᠨᠢ ᠤᠶᠤᠨᠳᠤ ᠮᠡᠷᠭᠡᠵᠢᠯ ᠢ ᠶᠡᠷᠦᠩᠬᠡᠶᠢᠯᠡᠨ ᠠᠰᠢᠡᠡᠯᠠᠵᠤ᠂ | ᠴᠡᠴᠡᠷᠯᠢᠭ ᠤᠨ ︽ᠲᠩᠷᠢ ᠭᠠᠵᠠᠷ ᠣᠭᠲᠠᠷᠭᠤᠶ︾ ᠶᠢ ᠪᠥᠬᠦ ᠬᠠᠷᠠᠭᠠᠰᠤ ᠠᠴᠠ᠂ ᠪᠦᠬᠦᠯᠢ ᠡᠳᠦᠷ ᠢᠶᠠᠷ ᠬᠢᠨᠠᠨ ᠡᠵᠡᠮᠳᠡᠵᠦ | ᠬᠠᠮᠢᠶᠠᠷᠬᠤ ᠶᠢ ᠪᠡᠶᠡᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠠᠢ᠃ ᠰᠢ ᠶᠢᠨ ᠫᠢᠩ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠹᠦᠵᠢᠶᠠᠨ ᠳᠤ ᠠᠵᠢᠯᠯᠠᠵᠥ | ᠪᠠᠶᠢᠬᠰᠠᠨ ᠬᠤᠭᠤᠴᠠᠭᠠᠨ ᠳᠠᠭᠠᠨ ᠳᠠᠷᠤᠢ ᠴᠠᠩ ᠲᠢᠩ ᠤᠨ ᠬᠦᠷᠦᠰᠦ ᠰᠢᠷᠣᠢ ᠶᠢᠨ ᠢᠳᠡᠭᠳᠡᠯ ᠢ ᠵᠠᠰᠠᠬᠤ᠂ ᠮᠦ ᠯᠠᠨ | ᠰᠢ ᠶᠢᠨ ᠦᠢᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠴᠢᠬᠤᠯᠠ ᠶᠡᠭᠡ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ | ᠠᠬᠢᠭᠤᠯᠤᠭᠰᠠᠨ ᠪᠥᠭᠡᠳ 2000 ᠣᠨ ᠳᠤ ᠹᠦᠵᠢᠶᠠᠨ ᠳᠤ ᠪᠦᠬᠦ ᠤᠯᠤᠰ ᠲᠤ ᠡᠩ ᠲᠡᠷᠢᠭᠦᠨ ᠳᠤ ᠠᠮᠢ ᠠᠬᠤᠢ ᠶᠢᠨ | ᠮᠤᠵᠢ ᠶᠢᠨ ᠪᠦᠳᠦᠭᠡᠨ ᠪᠠᠶᠢᠭᠤᠯᠤᠯᠲᠠ ᠶᠢ ᠰᠦᠪᠡᠭᠴᠢᠯᠡᠬᠦ ᠶᠢ ᠠᠬᠢᠭᠤᠯᠤᠬᠰᠠᠨ ᠶᠤᠮ᠃ ᠤᠷᠳᠤ ᠬᠤᠭᠤᠴᠠᠭᠠᠨ ᠤ | ᠴᠢᠷᠮᠠᠶᠢᠯᠭ᠎ᠠ ᠪᠠᠷ ᠳᠠᠮᠵᠢᠨ᠂ ᠹᠦᠵᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ | ᠤᠯᠪᠠ᠃ ᠰᠢ ᠶᠢᠨ ᠫᠢᠩ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠰᠢᠰᠲ᠋ᠧᠮ ᠢ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠪᠣᠯ ᠠᠮᠢ ᠨᠠᠰᠤᠨ ᠤ ᠬᠠᠮᠲᠤ ᠴᠣᠭᠴᠠ ᠪᠣᠯᠬᠤ ᠣᠶᠢᠯᠠᠭᠠᠭᠳᠠᠬᠤᠨ ᠶᠤᠰᠤᠭᠠᠷ᠂ ᠪᠠᠶᠢᠭᠠᠯᠢ ᠶᠢᠨ | ᠠᠮᠢ ᠠᠬᠤᠢ ᠶᠢᠨ ᠰᠢᠰᠲ᠋ᠧᠮ ᠤᠨ ᠤᠤᠯ ᠲᠦᠷᠢ ᠳᠦᠷᠬᠦ ᠪᠣᠯᠤᠨ ᠪᠦᠷᠢᠨ ᠪᠦᠲᠦᠨ ᠴᠢᠨᠠᠷ ᠢ ᠪᠠᠲᠤᠯᠠᠵᠤ᠂ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠲᠥᠯᠥᠭᠡ ᠶᠤᠮ᠃ ᠠᠮᠢ ᠠᠬᠤᠢ ᠶᠢᠨ ᠬᠠᠮᠠᠭᠠᠯᠠᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠮᠠᠭᠠᠯᠠᠬᠤ ᠪᠠ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ᠂ ᠠᠮᠢ | ᠠᠬᠤᠢ ᠶᠢᠨ ᠨᠡᠭᠦᠳᠡᠯ ᠠᠷᠠᠳ ᠢ ᠡᠮᠬᠢ ᠵᠢᠷᠤᠮ ᠲᠠᠢ ᠪᠠᠷ ᠨᠡᠭᠦᠯᠭᠡᠨ ᠰᠢᠯᠵᠢᠭᠦᠯᠵᠦ᠂ ᠠᠮᠢ ᠠᠬᠤᠢ ᠶᠢᠨ ᠵᠢᠭᠤᠯᠴᠢᠯᠠᠯ ᠢ | ᠵᠣᠬᠢᠰᠲᠠᠢ ᠬᠥᠭᠵᠢᠭᠦᠯᠤᠨ᠂ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ ᠦᠭᠡᠢ ᠬᠥᠭᠵᠢᠯᠲᠡ᠂ ᠠᠷᠠᠳ ᠤᠨ | ᠠᠮᠢᠳᠤᠷᠠᠯ ᠤᠨ ᠰᠠᠶᠢᠵᠢᠷᠠᠯᠲᠠ ᠶᠢ ᠨᠢᠭᠡᠳᠭᠡᠬᠦ ᠶᠢ ᠪᠡᠶᠡᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠡᠤ ᠢ ᠱᠠᠨ ᠠᠭᠤᠯᠠ ᠪᠣᠯ ᠡᠤ ᠯᠦᠩ ᠴᠠᠢ᠂ ᠬᠠᠷ᠎ᠠ ᠴᠠᠢ ᠶᠢᠨ ᠭᠤᠯᠤᠮᠳᠠ ᠤᠷᠤᠨ ᠪᠤᠯᠤᠨ᠎ᠠ᠃ ᠰᠢ ᠶᠢᠨ ᠫᠢᠩ | ᠰᠢᠩ ᠼᠦᠨ ᠪᠠᠯᠭᠠᠰᠤ ᠶᠢᠨ ᠶᠠᠨ ᠽᠢ ᠺᠧ ᠠᠮᠢ ᠠᠬᠤᠢ ᠶᠢᠨ ᠴᠠᠢ ᠶᠢᠨ ᠬᠦᠷᠢᠶᠡᠯᠡᠩ ᠳᠤ ᠬᠦᠷᠴᠦ᠂ ᠬᠠᠪᠤᠷ ᠤᠨ ᠴᠠᠢ ᠶᠢᠨ | ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠴᠠᠢ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠴᠠᠢ ᠶᠢᠨ ᠰᠣᠶᠣᠯ᠂ ᠴᠠᠢ ᠶᠢᠨ ᠠᠵᠤ ᠦᠢᠯᠡᠰ᠂ ᠴᠠᠢ | ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠨᠡ ᠬᠦ ᠶᠡᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠵᠦ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠲᠦᠷᠦᠯ ᠲᠡᠮᠳᠡᠭ ᠤᠨ ᠤᠬᠠᠮᠰᠠᠷ ᠢᠶᠠᠨ | ᠴᠢᠩᠭᠠᠳᠬᠠᠵᠤ᠂ ᠡᠵᠡᠩᠨᠡᠯᠳᠠ ᠪᠣᠷᠣᠯᠠᠭᠤᠯᠭ᠎ᠠ ᠭᠦᠢᠯᠭᠡᠭᠡ ᠶᠢᠨ ᠣᠷᠴᠢᠨ ᠢ ᠰᠢᠯᠢᠳᠡᠭᠵᠢᠭᠦᠯᠦᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠠᠵᠤ ᠦᠢᠯᠡᠰ ᠤᠨ ᠰᠠᠭᠤᠷᠢ ᠶᠢ ᠪᠠᠳᠤᠳᠬᠠᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢᠨ ᠲᠦᠷᠢᠮ ᠢ ᠭᠦᠨᠵᠡᠭᠡᠢ ᠠᠬᠢᠭᠤᠯᠵᠤ᠂ ᠥᠷᠭᠡᠨ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠥᠭᠦᠯᠡᠯ ᠢᠶᠠᠨ ᠬᠥᠳᠡᠭᠡ ᠤᠴᠢᠵᠤ ᠪᠢᠴᠢᠭᠦ ᠳᠤ ᠬᠦᠷᠭᠡᠬᠦ ᠬᠡᠷᠡᠭᠲᠡᠢ | ᠬᠡᠵᠥ ᠴᠢᠬᠤᠯᠠᠴᠢᠯᠠᠪᠠ᠃ | ᠴᠠᠢ ᠶᠢᠨ ᠬᠦᠷᠢᠶᠡᠯᠡᠩ ᠠᠴᠠ ᠰᠠᠯᠤᠭᠠᠳ᠂ ᠰᠢ ᠶᠢᠨ ᠫᠢᠩ ᠬᠤᠯᠤᠰᠤᠨ ᠰᠠᠯ ᠳᠤ ᠰᠠᠭᠤᠵᠤ ᠵᠢᠦ ᠴᠢᠥᠢ | ᠰᠢ ᠶᠢ ᠲᠠᠭᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠪᠣᠯᠤᠨ ᠪᠠᠶᠢᠭᠠᠯᠢ ᠶᠢᠨ ᠦᠩᠭᠡ | ᠦᠵᠡᠮᠵᠢ ᠶᠢ ᠪᠠᠶᠢᠴᠠᠭᠠᠨ ᠰᠤᠨᠢᠷᠬᠠᠪᠠ᠃ ᠵᠢᠦ ᠴᠢᠦᠢ ᠰᠢ ᠶᠢᠨ ᠬᠥᠪᠡᠭᠡᠨ ᠳᠠᠬᠢ ᠵᠦ ᠰᠢ ᠶᠤᠸᠠᠨ ᠳᠤ᠂ ᠰᠢ ᠶᠢᠨ ᠫᠢᠩ | ᠵᠦ ᠰᠢ ᠶᠢᠨ ᠨᠠᠮᠲᠠᠷ ᠵᠢᠴᠢ ᠶᠣᠰᠣ ᠵᠦᠢ ᠶᠢᠨ ᠰᠤᠳᠤᠯᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠬᠤ᠂ ᠪᠦᠲᠦᠭᠡᠯᠴᠢ ᠪᠠᠷ | ᠬᠥᠭᠵᠢᠭᠦᠯᠬᠦ ᠶᠢ ᠠᠬᠢᠭᠤᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠮᠠᠷᠺᠰ ᠤᠨ ᠦᠵᠡᠯ ᠢ ᠪᠠᠷᠢᠮᠲᠠᠯᠠᠬᠤ ᠶᠢ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ | | 3 ᠰᠠᠷ᠎ᠠ ᠶᠢᠨ 22 ᠠᠴᠠ 25 ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ | ᠹᠦᠵᠢᠶᠠᠨ ᠳᠤ ᠰᠢᠨᠵᠢᠯᠠᠨ ᠪᠠᠶᠢᠴᠠᠭᠠᠪᠠ᠃ ᠡᠨᠡ ᠪᠤᠯ 23 ᠤ ᠦᠳᠡ ᠶᠢᠨ ᠡᠮᠤᠨ᠎ᠡ᠂ ᠰᠢ ᠶᠢᠨ ᠫᠢᠩ ᠰᠠᠨᠮᠢᠩ ᠬᠤᠳᠠ ᠶᠢᠨ | ᠱᠠ ᠰᠢᠶᠠᠨ ᠤ ᠶᠡᠷᠦᠩᠬᠡᠢ ᠡᠮᠨᠡᠯᠬᠡ ᠶᠢᠨ ᠬᠤᠷᠢᠶᠠᠨ ᠤ ᠡᠮᠨᠡᠯᠬᠡ ᠳᠤ ᠰᠠᠭᠤᠬᠤ ᠠᠰᠠᠷ ᠤᠨ ᠨᠢᠬᠡᠳᠤᠬᠡᠷ ᠳᠠᠪᠬᠤᠷᠯᠢᠭ ᠤᠨ ᠶᠡᠭᠡ | ᠳᠢᠩᠬᠢᠮ ᠳᠤ᠂ ᠡᠮᠴᠢ ᠰᠤᠪᠢᠯᠠᠬᠴᠢ᠂ ᠡᠪᠡᠳᠴᠢᠳᠠᠨ ᠲᠠᠢ ᠳᠤᠳᠤᠨᠤ ᠪᠠᠷ ᠶᠠᠷᠢᠯᠴᠠᠵᠥ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠸᠠᠩ ᠶᠧ ᠰᠡᠬᠦᠳᠡᠷᠯᠡᠪᠡ | | ᠤᠢᠢᠷ᠎ᠠ ᠶᠢᠨ ᠵᠢᠯ ᠤᠳ ᠲᠤ᠂ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠨᠢ ᠡᠮ ᠤᠨ ᠵᠦᠢᠯᠡᠰ ᠤᠨ ᠮᠠᠲ᠋ᠧᠷᠢᠶᠠᠯ ᠤᠨ ᠬᠤᠷᠣᠭᠳᠠᠯ ᠢ ᠵᠠᠰᠠᠬᠤ ᠥᠭᠡᠷᠡᠴᠢᠯᠡᠯᠲᠡ ᠪᠠᠷ ᠰᠢᠪᠲᠤᠯᠤᠯᠲᠠ | ᠪᠣᠯᠭᠠᠵᠤ᠂ ᠡᠮ ᠡᠮᠨᠡᠯᠭᠡ᠂ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠥᠭᠡᠷᠡᠴᠢᠯᠡᠯᠲᠡ ᠬᠤᠯᠪᠣᠭᠠᠯᠠᠨ ᠬᠥᠳᠡᠯᠦᠯᠴᠡᠬᠦ ᠶᠢ | ᠪᠠᠷᠢᠮᠲᠠᠯᠠᠵᠤ᠂ ᠪᠦᠬᠦ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠳᠤ ᠡᠷᠬᠢᠮ | ᠨᠠᠨᠳᠢᠨ ᠲᠤᠷᠰᠢᠯᠭ᠎ᠠ ᠰᠦᠪᠡᠭᠴᠢᠯᠡᠵᠦ ᠥᠭᠴᠡᠢ᠃ 2016 ᠣᠨ ᠤ 2 ᠰᠠᠷ᠎ᠠ ᠳᠤ᠂ ᠰᠢ ᠶᠢᠨ ᠫᠢᠩ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ | ᠬᠤᠷᠠᠯᠳᠤᠭᠤᠯᠵᠤ᠂ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠬᠦ | ᠬᠡᠷᠡᠭᠲᠡᠢ ᠭᠡᠵᠦ ᠱᠠᠭᠠᠷᠳᠠᠪᠠ᠃ 23 ᠤ ᠦᠳᠡ ᠶᠢᠨ ᠡᠮᠦᠨ᠎ᠡ᠂ ᠰᠢ ᠶᠢᠨ ᠫᠢᠩ ᠰᠠᠨᠮᠢᠩ ᠬᠤᠳᠠ ᠶᠢᠨ ᠱᠠ ᠰᠢᠶᠠᠨ ᠤ | ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠬᠦᠷᠴᠦ᠂ ᠡᠮᠨᠡᠯᠭᠡ ᠳᠤ ᠰᠠᠭᠤᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠶᠡᠭᠡ | ᠲᠢᠩᠬᠢᠮ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠡᠮᠴᠢ ᠰᠤᠪᠢᠯᠠᠭᠴᠢ᠂ ᠡᠪᠡᠳᠴᠢᠲᠡᠨ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠷᠠᠳ ᠲᠤ ᠠᠰᠢᠭ ᠬᠦᠷᠲᠡᠭᠡᠭᠰᠡᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ | ᠠᠷᠠᠳ ᠲᠦᠮᠡᠨ ᠡᠷᠡᠭᠦᠯ ᠮᠡᠨᠳᠦ ᠪᠠᠶᠢᠬᠤ ᠪᠣᠯ ᠨᠡᠶᠢᠭᠡᠮ ᠵᠢᠷᠦᠮᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠳᠠ ᠶᠢᠨ | ᠴᠢᠬᠤᠯᠠ ᠪᠡᠯᠭᠡ ᠲᠡᠮᠳᠡᠭ ᠮᠥᠨ᠃ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠨᠢ ᠠᠷᠠᠳ ᠲᠦᠮᠡᠨ ᠢ ᠳᠡᠭᠡᠳᠦᠯᠡᠬᠦ᠂ ᠵᠣᠷᠢᠭᠲᠠᠶ ᠪᠠᠷ ᠲᠦᠷᠦᠭᠦᠯᠡᠨ ᠬᠢᠬᠦ ᠵᠤᠷᠢᠭ ᠰᠠᠨᠠᠭ᠎ᠠ ᠶᠢ | ᠢᠯᠡᠷᠡᠭᠦᠯᠵᠦ᠂ ᠲᠤᠷᠰᠢᠯᠭ᠎ᠠ ᠶᠢ ᠨᠢ ᠡᠯ᠎ᠡ ᠭᠠᠵᠠᠷ ᠤᠨ ᠬᠢᠨ ᠤᠷᠤᠨ ᠨᠤᠳᠤᠭ ᠤᠨ ᠪᠠᠶᠢᠳᠠᠯ ᠳᠠᠭᠠᠨ ᠲᠣᠬᠢᠷᠠᠭᠤᠯᠤᠨ | ᠲᠤᠯᠢᠯᠠᠵᠤ ᠪᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠲᠡᠩᠴᠡᠭᠦᠷᠢᠲᠡᠢ ᠪᠠᠶᠢᠷᠢᠰᠢᠭᠤᠯᠤᠨ᠂ ᠦᠨᠳᠦᠰᠦᠨ | ᠱᠠᠲᠤᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠶᠢᠬᠤ ᠳᠤ | ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠹᠦᠵᠢᠶᠠᠨ ᠮᠤᠵᠢ ᠶᠢᠨ ᠬᠢᠨ ᠰᠢ ᠶᠢᠨ ᠫᠢᠩ ᠤᠨ ᠨᠢᠩᠳᠧ ᠳᠤ ᠠᠵᠢᠯᠯᠠᠵᠤ ᠪᠠᠶᠢᠬᠤ ᠳᠠᠭᠠᠨ ᠳᠤᠷᠠᠳᠤᠭᠰᠠᠨ ᠳᠤᠷᠤᠢ | ᠪᠠᠭᠤᠷᠠᠢ ᠪᠤᠯ ᠤᠷᠢᠳ ᠢᠶᠠᠷ ᠭ᠊ ᠦ᠋ᠴᠦᠯᠡᠬᠦ᠂ ᠲᠤᠰᠤᠯ ᠤᠰᠤ ᠪᠠᠷ ᠴᠢᠯᠠᠭᠤ ᠶᠢ ᠴᠤᠭᠤᠯᠬᠤ ᠵᠣᠷᠢᠭ ᠰᠠᠨᠠᠭ᠎ᠠ ᠶᠢ | ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠬᠤ ᠠᠵᠢᠯ ᠢ ᠬᠦᠴᠦᠯᠡᠨ ᠠᠳᠬᠤᠵᠠᠢ᠃ 30 ᠭᠠᠷᠤᠢ ᠵᠢᠯ ᠤᠨ ᠴᠢᠷᠮᠠᠶᠢᠯᠭ᠎ᠠ ᠪᠠᠷ | ᠳᠠᠮᠵᠢᠨ᠂ ᠹᠦᠵᠢᠶᠠᠨ ᠪᠦᠬᠦ ᠮᠤᠵᠢ ᠪᠠᠷ ᠢᠶᠠᠨ ᠪᠦᠬᠦ ᠤᠯᠤᠰ ᠲᠠᠢ ᠵᠡᠷᠭᠡ ᠪᠠᠷ ᠲᠦᠢᠯ ᠤᠨ ᠶᠠᠳᠠᠭᠤ ᠬᠦᠴᠢᠷᠳᠡᠯ ᠢ | ᠲᠦᠢᠯᠪᠤᠷᠢᠲᠠᠢ ᠠᠷᠢᠯᠭᠠᠪᠠ᠃ 23 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ | ᠣᠷᠣᠨ ᠪᠤᠯᠬᠤ ᠱᠠ ᠰᠢᠶᠠᠨ ᠤ ᠰᠢᠶᠠ ᠮᠤᠤ ᠪᠠᠯᠭᠠᠰᠤᠨ ᠤ ᠢᠦᠢ ᠪᠠᠩ ᠲᠣᠰᠬᠤᠨ ᠳᠤ ᠬᠦᠷᠴᠦ᠂ ᠰᠤᠯᠠ ᠢᠳᠡᠭᠡᠨ ᠤ | ᠬᠤᠳᠠᠯᠳᠤᠭ᠎ᠠ ᠶᠢᠨ ᠵᠠᠬ᠎ᠠ ᠳᠤ᠂ ᠣᠨᠴᠠ ᠭᠠᠷᠤᠯᠲᠠ ᠶᠢᠨ ᠳᠡᠯᠭᠡᠭᠦᠷ ᠲᠤ᠂ ᠲᠣᠰᠬᠤᠨ ᠤ ᠠᠷᠠᠳ ᠤᠨ ᠡᠭᠦᠳᠡᠨ ᠡᠮᠦᠨ᠎ᠠ᠂ | ᠨᠤᠲᠤᠭ ᠤᠨ ᠠᠬ᠎ᠠ ᠳᠡᠭᠦᠦ ᠨᠡᠷ ᠲᠠᠢ ᠳᠣᠲᠣᠨᠣ ᠪᠠᠷ ᠶᠠᠷᠢᠯᠴᠠᠵᠤ᠂ ᠱᠠ ᠰᠢᠶᠠᠨ ᠤ ᠰᠤᠯᠠ ᠢᠳᠡᠭᠡᠨ ᠤ ᠵᠦᠢᠯ ᠤᠨ | ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ ᠬᠠᠨᠳᠤᠰᠢ ᠶᠢ ᠨᠠᠷᠢᠨ ᠣᠶᠢᠯᠠᠭᠠᠪᠠ᠃ ᠰᠢ ᠶᠢᠨ ᠫᠢᠩ᠂ ᠱᠠ | ᠰᠢᠶᠠᠨ ᠤ ᠬᠥᠮᠦᠰ ᠭᠠᠳᠠᠭᠰᠢ ᠪᠠᠨ ᠤᠯᠠᠨ ᠭᠠᠵᠠᠷ ᠢᠶᠠᠷ ᠶᠠᠪᠤᠵᠤ᠂ ᠱᠠ ᠰᠢᠶᠠᠨ ᠤ ᠰᠤᠯᠠ ᠢᠳᠡᠭᠡᠨ ᠢ ᠠᠷᠠᠳ ᠢ | ᠪᠠᠶᠠᠵᠢᠭᠤᠯᠬᠤ ᠤᠨᠴᠠᠯᠢᠬᠳᠤ ᠠᠵᠤ ᠦᠢᠯᠡᠰ ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠷᠤᠨ | ᠨᠤᠳᠤᠭ ᠤᠨ ᠪᠠᠶᠢᠳᠠᠯ ᠳᠠᠭᠠᠨ ᠲᠤᠬᠢᠷᠠᠭᠤᠯᠤᠨ ᠠᠷᠠᠳ ᠢ ᠪᠠᠶᠠᠵᠢᠭᠤᠯᠬᠤ ᠠᠵᠤ ᠦᠢᠯᠡᠰ ᠢ ᠰᠤᠩᠭᠤᠬᠤ ᠪᠣᠯ ᠵᠠᠩᠭᠢᠯᠠᠭ᠎ᠠ | ᠪᠣᠯᠤᠨ᠎ᠠ᠃ ᠠᠵᠠ ᠲᠣᠬᠢᠶᠠᠯ ᠢ ᠡᠵᠡᠮᠳᠡᠨ᠂ ᠬᠠᠷᠠᠭ᠎ᠠ ᠪᠠᠨ ᠥᠷᠭᠡᠳᠬᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠵᠤ | ᠂ ᠦᠷᠭᠦᠯᠵᠢᠯᠡᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠰᠢᠨ᠎ᠡ | ᠠᠶᠠᠨ ᠳᠡᠭᠡᠷ᠎ᠠ ᠲᠠᠬᠢᠨᠳᠠ ᠭᠠᠪᠰᠢᠭᠠᠢᠢᠯᠠᠨ ᠤᠷᠤᠭᠰᠢᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ ᠹᠦᠵᠢᠶᠠᠨ ᠳᠤ ᠠᠵᠢᠯᠯᠠᠵᠤ ᠪᠠᠶᠢᠬᠤ ᠳᠠᠭᠠᠨ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ | ᠥᠭᠡᠷᠡᠴᠢᠯᠡᠯᠲᠡ ᠶᠢ ᠠᠬᠢᠭᠤᠯᠤᠨ ᠥᠷᠨᠢᠭᠦᠯᠵᠦ᠂ ︽ᠠᠭᠤᠯᠠ ᠶᠢ ᠡᠷᠦᠬᠡ ᠳᠤ ᠬᠤᠪᠢᠶᠠᠨ᠂ ᠤᠢ ᠮᠤᠳᠤ ᠶᠢ ᠠᠷᠠᠳ ᠲᠤ | ᠲᠡᠭᠰᠢᠯᠡᠨ ᠬᠤᠪᠢᠶᠠᠬᠤ︾ ᠠᠵᠢᠯ ᠢ ᠲᠤᠷᠰᠢᠨ ᠬᠡᠷᠡᠭᠵᠢᠭᠦᠯᠵᠦ᠂ ︽ᠠᠭᠤᠯᠨ ᠤ ᠡᠷᠬᠡ ᠶᠢ ᠲᠣᠭᠲᠠᠭᠠᠬᠤ᠂ ᠮᠣᠳᠣᠨ ᠤ | ᠦᠨᠳᠦᠰᠦ ᠶᠢ ᠪᠠᠬᠢᠵᠢᠭᠦᠯᠬᠦ᠂ ᠬᠥᠮᠦᠨ ᠤ ᠰᠡᠳᠬᠢᠯ ᠢ ᠲᠣᠭᠲᠠᠪᠤᠷᠢᠵᠢᠭᠤᠯᠬᠤ︾ ᠶᠢ ᠪᠡᠶᠡᠯᠡᠭᠦᠯᠪᠡ᠃ ᠱᠠ ᠰᠢᠶᠠᠨ ᠤ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ᠂ ᠰᠢ ᠶᠢᠨ ᠫᠢᠩ ᠬᠠᠮᠲᠤ ᠶᠢᠨ ᠣᠶ | ᠰᠢᠭᠤᠶ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠤᠴᠢᠷ ᠶᠠᠪᠤᠳᠠᠯ | ᠭᠦᠢᠴᠡᠳᠭᠡᠵᠤ ᠪᠠᠶᠢᠭ᠎ᠠ ᠣᠯᠠᠨ ᠲᠦᠮᠡᠨ ᠪᠣᠯᠤᠨ ᠠᠵᠢᠯᠲᠠᠨ ᠠᠴᠠ ᠬᠠᠮᠲᠤ ᠶᠢᠨ ᠣᠶ ᠰᠢᠭᠤᠶ ᠶᠢᠨ ᠭᠠᠵᠠᠷ ᠤᠨ | ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ | ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠠᠨᠮᠢᠩ ᠤᠨ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ | ᠥᠭᠡᠷᠡᠴᠢᠯᠡᠯᠲᠡ ᠶᠢᠨ ᠰᠦᠪᠡᠭᠴᠢᠯᠡᠯᠳᠡ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠵᠥᠪ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠬᠦᠨᠳᠦᠳᠬᠡᠵᠦ᠂ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠰᠢᠨ᠎ᠡ ᠶᠢ ᠡᠭᠦᠳᠬᠦ ᠶᠢ ᠢᠳᠡᠪᠬᠢᠲᠡᠢ | ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠪᠦᠲᠦᠭᠡᠭᠳᠡᠭᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠰᠦᠪᠡᠭᠴᠢᠯᠡᠨ ᠲᠡᠭᠦᠯᠳᠡᠷᠵᠢᠭᠦᠯᠵᠦ᠂ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ 24 ᠤ ᠡᠳᠦᠷ ᠹᠦᠵᠧᠦ ᠳᠤ ᠰᠢᠨᠵᠢᠯᠡᠨ ᠪᠠᠶᠢᠴᠠᠭᠠᠪᠠ᠃ ᠹᠦᠵᠧᠦ ᠳᠤ ᠠᠵᠢᠯᠯᠠᠵᠤ ᠪᠠᠶᠢᠭᠰᠠᠨ | ᠬᠤᠭᠤᠴᠠᠭᠠᠨ ᠳᠠᠭᠠᠨ ᠰᠢ ᠶᠢᠨ ᠫᠢᠩ ᠹᠦᠵᠧᠦ ᠬᠤᠲᠠ ᠶᠢᠨ ︽3820︾ ᠢᠨᠵᠧᠨᠧᠷᠢᠩ ᠢ ᠤᠳᠤᠷᠢᠳᠤᠨ | ᠬᠡᠷᠡᠭᠵᠢᠭᠦᠯᠵᠦ᠂ ᠡᠷᠢᠨ ᠵᠠᠭᠤᠨ ᠢ ᠰᠤᠨᠳᠠᠯᠠᠭᠰᠠᠨ ᠹ᠊ ᠦ᠋ᠵᠧᠦ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠠᠤᠭ᠎ᠠ ᠲᠥᠰᠦᠪ ᠢ ᠵᠢᠷᠤᠭᠯᠠᠪᠠ᠃ ᠹᠦᠱᠠᠨ ᠲᠡᠭᠦᠷᠭᠡ ᠶᠢᠨ ᠴᠡᠴᠡᠷᠯᠢᠭ ᠲᠤ᠂ ᠰᠢ ᠶᠢᠨ ᠫᠢᠩ | ᠴᠠᠬᠢᠯᠭᠠᠨ ᠲᠡᠷᠭᠡ ᠪᠠᠷ ᠲᠡᠭᠦᠷᠭᠡ ᠶᠢᠨ ᠹᠦ᠋ ᠳ᠋ᠤᠤ ᠵᠠᠮ ᠤᠨ ᠦᠩᠭᠡ ᠦᠵᠡᠮᠵᠢ ᠶᠢ ᠤᠢᠢᠯᠠᠭᠠᠨ ᠰᠤᠨᠢᠷᠬᠠᠪᠠ᠂ ᠲᠡᠷᠡ | ᠦᠵᠡᠮᠵᠢ ᠰᠤᠨᠢᠷᠬᠠᠬᠤ ᠲᠠᠶᠢᠰᠠᠨ ᠳᠤ ᠭᠠᠷᠴᠤ᠂ ᠹᠦᠵᠧᠦ ᠶᠢᠨ ᠰᠢᠨ᠎ᠡ ᠳᠦᠷᠰᠦ ᠪᠠᠶᠢᠳᠠᠯ ᠢ ᠪᠠᠷᠠᠯᠠᠵᠤ᠂ ᠬᠤᠳᠠ ᠶᠢᠨ ᠠᠮᠢ | ᠠᠬᠤᠢ ᠶᠢᠨ ᠴᠡᠴᠡᠷᠯᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠬᠤᠳᠠ ᠶᠢᠨ ᠤᠰᠤᠨ ᠤ ᠰᠢᠰᠲ᠋ᠧᠮ ᠢ | ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠡᠷᠦᠩᠬᠡᠶ ᠱᠦᠵᠢ ᠢᠷᠡᠭᠰᠡᠨ ᠢ | ᠦᠵᠡᠭᠡᠳ ᠬᠤᠲᠠ ᠶᠢᠨ ᠠᠷᠠᠳ ᠤᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠤᠴᠢᠪᠠ᠃ ᠰᠢ ᠶᠢᠨ ᠫᠢᠩ᠂ ᠨᠢᠭᠡ | ᠬᠤᠳᠠ ᠶᠢ ᠰᠠᠶᠢᠲᠤᠷ ᠪᠦᠳᠦᠭᠡᠨ ᠪᠠᠶᠢᠭᠤᠯᠵᠤ ᠰᠠᠶᠢᠲᠤᠷ ᠬᠠᠮᠢᠶᠠᠷᠬᠤ ᠳᠤ ᠬᠤᠯᠢᠰᠢᠨ ᠢᠳᠡᠭᠡᠨ᠂ ᠣᠷᠣᠰᠢᠨ ᠠᠮᠢᠳᠤᠷᠠᠬᠤ | ᠣᠷᠴᠢᠨ ᠨᠦᠬᠦᠴᠡᠯ᠂ ᠬᠤᠳᠠ ᠶᠢᠨ ᠣᠷᠣᠨ ᠵᠠᠢ ᠵᠡᠷᠭᠡ ᠠᠵᠢᠯ ᠢ ᠴᠢᠬᠤᠯᠠ ᠪᠠᠶᠢᠷᠢᠨ ᠳᠤ ᠲᠠᠯᠪᠢᠵᠤ ᠦᠨᠡᠨ ᠬᠦ ᠰᠠᠶᠢᠲᠤᠷ | ᠠᠳᠬᠤᠬᠤ ᠬᠡᠷᠡᠭᠲᠡᠢ᠃ ᠹᠦᠵᠧᠦ ᠪᠣᠯ ᠪᠤᠶᠠᠨ ᠲᠠᠢ ᠭᠠᠵᠠᠷ ᠶᠤᠮ᠂ ᠠᠮᠢ ᠠᠬᠤᠢ ᠶᠢᠨ ᠨᠥᠬᠦᠴᠡᠯ ᠦᠪᠡᠷᠮᠢᠴᠡ ᠰᠠᠶᠢᠨ᠂ | ᠡᠨᠡ ᠬᠦ ᠲᠠᠯᠠᠢ ᠶᠢᠨ ᠬᠥᠪᠡᠭᠡᠨ ᠤ ᠬᠤᠳᠠ᠂ ᠠᠭᠤᠯᠠ ᠤᠰᠤᠨ ᠤ ᠬᠤᠳᠠ ᠶᠢ ᠦᠷᠭᠦᠯᠵᠢᠯᠡᠨ ᠨᠡᠩ ᠰᠠᠶᠢᠨ ᠰᠠᠶᠢᠬᠠᠨ | ᠪᠣᠯᠭᠠᠨ ᠪᠦᠳᠦᠭᠡᠨ ᠪᠠᠶᠢᠭᠤᠯᠵᠤ᠂ ᠠᠷᠠᠳ ᠤᠯᠠᠨ ᠳᠤ ᠨᠡᠩ ᠰᠠᠶᠢᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ ᠹᠦᠵᠧᠦ ᠶᠢᠨ ᠭᠤᠷᠪᠠᠨ ᠵᠡᠭᠡᠯᠢ ᠳᠣᠯᠣᠭᠠᠨ ᠭᠤᠳᠤᠮᠵᠢ ᠶᠢᠨ ᠲᠡᠦᠬᠡ ᠰᠣᠶᠣᠯ ᠤᠨ ᠲᠣᠭᠤᠷᠢᠭ ᠨᠢ | ᠲᠠᠩ ᠤᠯᠤᠰ ᠰᠦᠩ ᠤᠯᠤᠰ ᠤᠨ ᠦᠶ᠎ᠠ ᠶᠢᠨ ᠵᠡᠭᠡᠯᠢ ᠭᠤᠳᠤᠮᠵᠢ ᠶᠢᠨ ᠪᠠᠶᠢᠷᠢᠰᠢᠯ ᠪᠠ ᠮᠢᠩ ᠤᠯᠤᠰ ᠴᠢᠩ ᠤᠯᠤᠰ ᠤᠨ | ᠦᠶ᠎ᠠ ᠶᠢᠨ ᠠᠯᠢ ᠤᠯᠠᠨ ᠡᠷᠲᠡᠨ ᠤ ᠪᠠᠷᠢᠯᠭ᠎ᠠ ᠶᠢᠨ ᠦᠯᠡᠳᠡᠭᠳᠡᠯ ᠪᠠᠶᠢᠨ᠎ᠠ᠃ ᠠᠯᠢ ᠡᠷᠲᠡ 1991 ᠣᠨ ᠳᠤ᠂ ᠰᠢ ᠶᠢᠨ | ᠫᠢᠩ ᠹᠦᠵᠧᠦ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ᠳᠠᠷᠤᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠹᠦᠵᠧᠦ ᠶᠢᠨ ᠲᠡᠦᠬᠡ ᠰᠣᠶᠣᠯ ᠤᠨ ᠨᠡᠷᠡᠳᠤ | ᠬᠤᠳᠠ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠦᠷᠢᠮ ᠪᠣᠯᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢ | ᠠᠬᠢᠭᠤᠯᠵᠤ᠂ ᠬᠤᠳᠠ ᠶᠢᠨ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠠᠵᠢᠯ ᠢ ᠬᠦᠴᠦᠲᠡᠢ ᠠᠬᠢᠭᠤᠯᠪᠠ᠃ ᠰᠢ ᠶᠢᠨ | ᠫᠢᠩ ᠹᠦᠵᠧᠦ ᠶᠢᠨ ᠡᠷᠳᠡᠨ ᠤ ᠤᠷᠤᠨ ᠰᠠᠭᠤᠴᠠ ᠪᠣᠯᠤᠨ ᠭᠤᠷᠪᠠᠨ ᠵᠡᠭᠡᠯᠢ ᠳᠤᠯᠤᠭᠠᠨ ᠭᠤᠳᠤᠮᠵᠢ ᠶᠢ ᠬᠠᠮᠠᠭᠠᠯᠠᠨ | ᠰᠡᠷᠭᠦᠭᠡᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠶᠠᠪᠠᠭᠠᠨ ᠢᠶᠠᠷ ᠨᠠᠨ ᠾᠧᠤ ᠵᠡᠭᠡᠯᠢ᠂ ᠯᠠᠩ | ᠭᠤᠸᠠᠨ ᠭᠤᠳᠤᠮᠵᠢ ᠶᠢ ᠪᠠᠶᠢᠴᠠᠭᠠᠨ ᠦᠵᠡᠵᠦ᠂ ᠶᠠᠨ ᠹᠦ᠋ ᠶᠢᠨ ᠬᠠᠭᠤᠴᠢᠨ ᠰᠠᠭᠤᠴᠠ ᠪᠠᠷ ᠲᠣᠭᠤᠷᠢᠨ ᠦᠵᠡᠵᠦ᠂ | ᠵᠢᠭᠤᠯᠴᠢᠯᠠᠭᠰᠠᠳ ᠪᠣᠯᠤᠨ ᠬᠤᠳᠠ ᠶᠢᠨ ᠠᠷᠠᠳ ᠵᠦᠭ ᠪᠠᠶᠢᠨ ᠪᠠᠶᠢᠨ ᠭᠠᠷ ᠳᠠᠯᠠᠯᠤᠨ ᠮᠡᠨᠳᠦᠴᠢᠯᠡᠵᠤ ᠪᠠᠶᠢᠯ᠎ᠠ᠃ ᠰᠢ ᠶᠢᠨ | ᠫᠢᠩ᠂ ᠤᠯᠠᠮᠵᠢᠯᠠᠯᠲᠤ ᠵᠡᠭᠡᠯᠢ ᠭᠤᠳᠤᠮᠵᠢ ᠶᠢ ᠰᠠᠶᠢᠲᠤᠷ ᠬᠠᠮᠠᠭᠠᠯᠠᠵᠤ᠂ ᠡᠷᠲᠡᠨ ᠤ ᠪᠠᠷᠢᠯᠭ᠎ᠠ ᠶᠢ ᠰᠠᠶᠢᠲᠤᠷ ᠬᠠᠮᠠᠭᠠᠯᠠᠨ᠂ | ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠬᠤ ᠨᠢ ᠳᠠᠷᠤᠢ ᠬᠤᠳᠠ ᠶᠢᠨ ᠲᠡᠦᠬᠡ ᠪᠠ ᠰᠣᠶᠣᠯ ᠤᠨ | ᠤᠯᠠᠮᠵᠢᠯᠠᠯ ᠢ ᠬᠠᠳᠠᠭᠠᠯᠠᠭᠰᠠᠨ ᠶᠠᠪᠤᠳᠠᠯ ᠪᠣᠯᠤᠨ᠎ᠠ᠃ ᠡᠷᠲᠡᠨ ᠤ ᠪᠠᠷᠢᠯᠭ᠎ᠠ᠂ ᠡᠷᠳᠡᠨ ᠤ ᠤᠷᠤᠨ ᠰᠠᠭᠤᠴᠠ᠂ ᠡᠷᠳᠡᠨ ᠤ | ᠵᠡᠭᠡᠯᠢ ᠲᠣᠭᠤᠷᠢᠭ ᠢ ᠨᠠᠨᠳᠢᠩᠨᠠᠨ ᠬᠠᠶᠢᠷᠠᠯᠠᠬᠤ ᠬᠦᠨᠳᠦᠳᠭᠡᠬᠦ ᠰᠡᠳᠬᠢᠯ ᠡᠪᠤᠷᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃ | ᠹᠦᠵᠢᠶᠠᠨ ᠤ ᠹᠦ᠋ ᠭᠤᠸᠠᠩ ᠬᠢᠵᠠᠭᠠᠷᠲᠤ ᠺᠣᠮᠫᠠᠨᠢ ᠪᠣᠯ ᠭᠡᠷᠡᠯ ᠤᠨ ᠤᠬᠠᠭᠠᠨ ᠤ ᠳᠤᠷᠠᠨ ᠦᠢᠯᠡᠳᠪᠤᠷᠢᠯᠡᠬᠦ ᠴᠢᠬᠤᠯᠠ | ᠬᠤᠳᠠᠯᠳᠤᠭᠠᠴᠢᠨ ᠪᠤᠯᠤᠨ᠎ᠠ᠃ ᠰᠢ ᠶᠢᠨ ᠫᠢᠩ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ ᠣᠷᠣᠵᠤ᠂ ᠦᠢᠯᠡᠳᠬᠦᠨ ᠤ | ᠳᠡᠯᠭᠡᠨ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠳᠡ ᠪᠠ | ᠦᠢᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠳᠠᠯ ᠢ ᠯᠠᠪᠯᠠᠨ ᠠᠰᠠᠭᠤᠪᠠ᠃ ᠬᠡᠲᠦ ᠨᠠᠷᠢᠯᠢᠭ ᠦᠢᠯᠡᠳᠪᠦᠷᠢ ᠶᠢᠨ ᠲᠠᠰᠤᠭ ᠲᠤ᠂ | ᠠᠵᠤ ᠠᠬᠤᠶᠢᠯᠠᠯ ᠤᠨ ᠠᠵᠢᠯᠲᠠᠨ ᠶᠡᠷᠦᠩᠬᠡᠶ ᠱᠦᠵᠢ ᠳᠤ ᠦᠢᠯᠡᠳᠬᠦᠨ ᠦᠢᠯᠡᠳᠪᠦᠷᠢᠯᠡᠬᠦ ᠤᠷ᠎ᠠ ᠮᠡᠷᠭᠡᠰᠢᠯ ᠢᠶᠠᠨ | ᠬᠠᠷᠠᠭᠤᠯᠪᠠ᠃ ᠰᠢ ᠶᠢᠨ ᠫᠢᠩ᠂ ᠮᠠᠨ ᠤ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠡᠮᠦᠨ᠎ᠡ | ᠡᠩᠨᠡᠭᠡᠨ ᠳᠤ ᠣᠷᠣᠬᠤ ᠳᠤ ᠰᠢᠨ᠎ᠡ ᠶᠢ ᠡᠭᠦᠳᠬᠦ ᠳᠤ ᠲᠦᠰᠢᠭᠯᠡᠬᠦ ᠬᠡᠷᠡᠭᠳᠠᠢ᠂ ᠪᠤᠰᠤᠳ ᠤᠨ ᠬᠤᠶᠢᠨ᠎ᠠ ᠠᠴᠠ ᠲᠠᠭᠠᠵᠤ | ᠭᠦᠶᠦᠭᠡᠳ ᠵᠦᠭ ᠭᠠᠷᠬᠤ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠭᠦ ᠠᠯᠬᠤᠭ᠎ᠠ ᠪᠠᠨ ᠡᠷᠬᠡᠪᠰᠢ ᠲᠦᠷᠭᠡᠳᠬᠡᠬᠦ ᠬᠡᠷᠡᠭᠲᠡᠢ᠃ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ | ᠪᠦᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ | ᠤᠯᠤᠰ ᠤᠨ ᠪᠤᠳᠤᠯᠭ᠎ᠠ ᠪᠣᠯᠭᠠᠵᠤ᠂ ᠰᠢᠨ᠎ᠡ ᠶᠢ ᠡᠭᠦᠳᠬᠦ ᠶᠢ ᠢᠳᠡᠪᠬᠢᠲᠡᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠰᠢᠨ᠎ᠡ ᠶᠢ | ᠡᠭᠦᠳᠬᠦ ᠳᠤ ︽ᠪᠡᠶ᠎ᠡ ᠶᠢᠨ ᠭᠠᠷᠤᠯ︾ ᠢ ᠦᠵᠡᠬᠦ ᠦᠭᠡᠢ᠂ ᠬᠡᠨ ᠤᠯᠤᠰ ᠣᠷᠣᠨ ᠳᠤ ᠬᠤᠪᠢ ᠨᠡᠮᠡᠷᠢ ᠦᠵᠡᠭᠦᠯᠵᠤ | ᠳᠡᠶᠢᠯᠪᠡᠯ ᠲᠡᠭᠦᠨ ᠢ ᠳᠡᠮᠵᠢᠬᠦ ᠬᠡᠷᠡᠭᠳᠠᠢ ᠭᠡᠵᠤ ᠴᠢᠬᠤᠯᠠᠴᠢᠯᠠᠪᠠ᠃ | 25 ᠤ ᠦᠳᠡ ᠶᠢᠨ ᠡᠮᠦᠨ᠎ᠡ᠂ ᠰᠢ ᠶᠢᠨ ᠫᠢᠩ ᠮᠢᠨᠵᠢᠶᠠᠩ ᠳᠡᠭᠡᠳᠦ ᠰᠤᠷᠭᠠᠭᠤᠯᠢ ᠳᠤ ᠬᠦᠷᠴᠤ ᠰᠢᠨᠵᠢᠯᠡᠨ | ᠪᠠᠶᠢᠴᠠᠭᠠᠪᠠ᠃ ᠮᠢᠨᠵᠢᠶᠠᠩ ᠳᠡᠭᠡᠳᠦ ᠰᠤᠷᠭᠠᠭᠤᠯᠢ ᠪᠤᠯ ᠤᠤᠯ ᠤᠨ ᠹᠦᠵᠧᠦ ᠶᠢᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠪᠠ ᠮᠢᠨᠵᠢᠶᠠᠩ ᠠᠵᠢᠯ ᠮᠡᠷᠭᠡᠵᠢᠯ ᠤᠨ ᠶᠡᠭᠡ ᠰᠤᠷᠭᠠᠭᠤᠯᠢ ᠪᠤᠯᠤᠨ᠎ᠠ᠃ ᠹᠦᠵᠧᠦ ᠳᠤ ᠠᠵᠢᠯᠯᠠᠵᠤ | ᠪᠠᠶᠢᠭᠰᠠᠨ ᠬᠤᠭᠤᠴᠠᠭᠠᠨ ᠳᠠᠭᠠᠨ᠂ ᠰᠢ ᠶᠢᠨ ᠫᠢᠩ ᠮᠢᠨᠵᠢᠶᠠᠩ ᠤᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ᠶᠢᠨ | ᠵᠠᠬᠢᠷᠤᠯ ᠤᠨ ᠲᠤᠰᠢᠶᠠᠯ ᠢ 6 ᠵᠢᠯ ᠬᠠᠪᠰᠤᠷᠭᠠᠨ ᠬᠠᠷᠢᠭᠤᠴᠠᠵᠤ᠂ ᠲᠡᠭᠦᠨ ᠤ ᠳᠤᠷᠠᠳᠤᠭᠰᠠᠨ ︽ᠬᠠᠮᠤᠭ ᠤᠨ ᠶᠡᠭᠡ ᠶᠢ | ᠬᠦᠭᠡᠭᠡᠴᠡᠯᠳᠦᠬᠦ ᠦᠭᠡᠢ᠂ ᠭᠡᠪᠡᠴᠤ ᠬᠠᠮᠤᠭ ᠤᠨ ᠰᠢᠯᠢᠳᠡᠭ ᠢ ᠬᠥᠭᠡᠭᠡᠴᠡᠯᠳᠦᠨ᠎ᠡ᠂ ᠨᠡᠶᠢᠭᠡᠮ ᠤᠨ ᠬᠡᠷᠡᠭᠴᠡᠭᠡ ᠳᠤ | ᠵᠣᠬᠢᠴᠠᠬᠤ ᠶᠢ ᠬᠦᠭᠡᠭᠡᠴᠡᠯᠳᠦᠨ᠎ᠠ︾ ᠭᠡᠬᠦ ᠰᠤᠷᠭᠠᠭᠤᠯᠢ ᠡᠷᠬᠢᠯᠡᠬᠦ ᠤᠢᠢᠯᠠᠭᠠᠭᠳᠠᠬᠤᠨ ᠨᠢ ᠠᠯᠤᠰ ᠬᠡᠳᠦ ᠶᠢᠨ ᠨᠥᠯᠥᠭᠡ | ᠭᠠᠷᠤᠭᠰᠠᠨ ᠪᠠᠶᠢᠨ᠎ᠠ᠃ 2018 ᠣᠨ ᠤ 10 ᠰᠠᠷ᠎ᠠ ᠳᠤ᠂ ᠰᠢ ᠶᠢᠨ ᠫᠢᠩ ᠮᠢᠨᠵᠢᠶᠠᠩ ᠳᠡᠭᠡᠳᠦ ᠰᠤᠷᠭᠠᠭᠤᠯᠢ | ᠪᠠᠶᠢᠭᠤᠯᠤᠭᠳᠠᠭᠰᠠᠨ 60 ᠵᠢᠯ ᠤᠨ ᠤᠢ ᠳᠤ ᠪᠠᠶᠠᠷ ᠤᠨ ᠵᠠᠬᠢᠳᠠᠯ ᠢᠯᠡᠭᠡᠪᠡ᠃ ᠮᠢᠨᠵᠢᠶᠠᠩ ᠳᠡᠭᠡᠳᠦ ᠰᠤᠷᠭᠠᠭᠤᠯᠢ ᠶᠢᠨ | ᠰᠤᠷᠭᠠᠭᠤᠯᠢ ᠶᠢᠨ ᠲᠡᠦᠬᠡ ᠪᠠ ᠬᠡᠷᠡᠭᠯᠡᠭᠡᠨ ᠤ ᠮᠠᠶ᠋ᠢᠭ ᠤᠨ ᠰᠤᠷᠭᠠᠭᠤᠯᠢ ᠡᠷᠬᠢᠯᠡᠭᠰᠡᠨ ᠦᠷ᠎ᠡ ᠪᠦᠲᠦᠭᠡᠯ ᠤᠨ ᠦᠵᠡᠭᠦᠯᠭᠡ ᠶᠢᠨ | ᠲᠢᠩᠬᠢᠮ ᠳᠤ᠂ ᠰᠢ ᠶᠢᠨ ᠫᠢᠩ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠮᠠᠶ᠋ᠢᠭ ᠤᠨ ᠰᠤᠷᠭᠠᠭᠤᠯᠢ ᠡᠷᠬᠢᠯᠡᠬᠦ ᠶᠢ | ᠪᠠᠷᠢᠮᠲᠠᠯᠠᠵᠦ᠂ ᠦᠢᠯᠡᠳᠪᠦᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠣᠯᠤᠭᠰᠠᠨ | ᠠᠮᠵᠢᠯᠲᠠ ᠶᠢ ᠨᠤᠲᠠᠯᠠᠪᠠ᠃ ᠰᠢ ᠶᠢᠨ ᠫᠢᠩ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠨᠳᠦᠰᠦᠨ ᠡᠭᠦᠷᠭᠡ | ᠪᠣᠯᠭᠠᠵᠤ᠂ ᠬᠡᠷᠡᠭᠯᠡᠭᠡᠨ ᠤ ᠮᠡᠷᠭᠡᠵᠢᠯ ᠤᠨ ᠬᠡᠯᠪᠡᠷᠢ ᠶᠢᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠡᠶᠢᠭᠡᠮ ᠤᠨ | ᠬᠡᠷᠡᠭᠴᠡᠭᠡ ᠳᠤ ᠵᠣᠬᠢᠴᠠᠭᠤᠯᠤᠨ ᠲᠤᠰᠬᠠᠢ ᠮᠡᠷᠭᠡᠵᠢᠯ ᠲᠤᠬᠢᠷᠠᠭᠤᠯᠤᠨ᠂ ᠰᠠᠭᠤᠷᠢ ᠶᠢ ᠰᠠᠶᠢᠲᠤᠷ ᠲᠠᠯᠪᠢᠵᠤ᠂ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠰᠤᠷᠭᠠᠭᠤᠯᠢ ᠶᠢᠨ ᠬᠦᠷᠢᠶᠡᠨ ᠤ ᠠᠭᠤᠳᠠᠮ ᠲᠠᠯᠠᠪᠠᠢ ᠳᠤ ᠪᠠᠭᠰᠢ ᠰᠤᠷᠤᠭᠴᠢᠳ ︽ ᠶᠡᠷᠦᠩᠬᠡᠢ ᠱᠦᠵᠢ | ᠰᠠᠶᠢᠨ ᠦᠦ︖︾᠂ ︽ᠰᠢ ᠶᠢᠨ ᠫᠢᠩ ᠵᠠᠬᠢᠷᠤᠯ ᠰᠠᠶᠢᠨ ᠦᠦ︖︾ ᠭᠡᠵᠦ ᠦᠨᠲᠦᠷ ᠲᠠᠭᠤᠨ ᠢᠶᠠᠷ ᠬᠠᠰᠬᠢᠷᠴᠤ᠂ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠬᠠᠷᠢᠭᠤᠴᠠᠯᠭ᠎ᠠ ᠵᠠᠯᠠᠭᠤ ᠨᠢᠭᠡ ᠦᠶ᠎ᠡ ᠶᠢᠨ ᠬᠢᠨ ᠤ ᠮᠦᠷᠦᠨ ᠳᠤ ᠪᠤᠢ᠃ ᠲᠠ ᠨᠠᠷ ᠠᠯᠤᠰ ᠬᠡᠲᠦ ᠶᠢᠨ ᠬᠦᠰᠡᠯᠡᠩ | ᠡᠪᠤᠷᠯᠡᠵᠦ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠵᠤ᠂ ᠴᠠᠭ ᠦᠶ᠎ᠡ ᠶᠢᠨ ᠬᠠᠷᠢᠭᠤᠴᠠᠯᠭ᠎ᠠ ᠪᠠᠨ ᠡᠭᠦᠷᠭᠡᠯᠡᠠ᠂ | ᠵᠣᠷᠢᠭᠲᠠᠶ ᠪᠠᠷ ᠡᠷᠡᠮᠡᠬᠡᠶᠢᠯᠡᠨ ᠲᠡᠮᠡᠴᠡᠵᠦ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠵᠠᠩ ᠮᠣᠷᠠᠯ | ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠨᠡᠶᠢᠭᠡᠮ ᠳᠤ ᠬᠡᠷᠡᠭᠴᠡᠭᠡ ᠲᠠᠢ ᠬᠥᠮᠦᠨ᠂ ᠶᠣᠰᠣ ᠰᠤᠷᠲᠠᠬᠤᠨ ᠡᠷᠬᠢᠮ | ᠳᠡᠭᠡᠳᠦ ᠬᠥᠮᠦᠨ ᠪᠤᠯᠬᠤ ᠪᠠᠷ ᠴᠢᠷᠮᠠᠶᠢᠵᠦ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠠᠭᠤᠤ ᠶᠡᠭᠡ ᠦᠢᠯᠡᠰ ᠲᠤ ᠢᠳᠡᠪᠬᠢᠲᠡᠶ ᠣᠷᠣᠯᠴᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ ᠵᠦᠢᠯ ᠤᠨ | ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠵᠤ᠂ ᠹᠦᠵᠢᠶᠠᠨ ᠤ ᠬᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ | ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠶᠢ ᠬᠦᠰᠡᠪᠡ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠩ ᠲᠡᠷᠢᠭᠦᠨ ᠳᠤ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠳᠣᠲᠣᠭᠠᠳᠤ ᠨᠢᠭᠡᠳᠦᠯ ᠮᠦᠨ᠂ ᠴᠢᠨᠠᠷ | ᠰᠠᠶᠢᠲᠠᠢ ᠬᠥᠭᠵᠢᠯᠲᠡ ᠪᠣᠯ ᠳᠠᠷᠤᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠬᠥᠭᠵᠢᠯᠲᠡ ᠪᠣᠯᠤᠨ᠎ᠠ᠃ | ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠦᠢᠯᠡᠴᠢᠯᠡᠬᠦ ᠪᠠ | ᠠᠭᠤᠰᠤᠯᠴᠠᠬᠤ ᠶᠠᠪᠤᠴᠠ ᠳᠠᠬᠢ ᠪᠠᠶᠢᠷᠢ ᠲᠣᠭᠲᠠᠭᠠᠯᠲᠠ ᠪᠠᠨ ᠵᠦᠪ ᠤᠯᠵᠤ᠂ ᠠᠵᠤ ᠦᠢᠯᠡᠰ ᠤᠨ ᠪᠦᠲᠦᠴᠡ ᠪᠠᠨ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠭ᠎ᠠ ᠪᠠᠷᠢᠮᠳᠠ ᠶᠢᠨ ᠠᠵᠤ ᠦᠢᠯᠡᠰᠵᠢᠯᠲᠡ᠂ ᠠᠵᠤ ᠦᠢᠯᠡᠰ ᠤᠨ | ᠲᠣᠭᠠᠴᠢᠯᠠᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ | ᠂ ᠰᠢᠨ᠎ᠡ ᠶᠢ ᠡᠭᠦᠳᠬᠦ ᠠᠮᠢ ᠠᠬᠤᠢ ᠣᠷᠴᠢᠨ ᠲᠣᠭᠤᠷᠢᠨ ᠢ ᠰᠢᠯᠢᠳᠡᠭᠵᠢᠭᠦᠯᠤᠨ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ ᠡᠷᠬᠢᠯᠡᠵᠦ | ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ | ᠬᠡᠷᠡᠭᠲᠡᠢ᠃ ᠨᠡᠪᠲᠡᠷᠡᠯᠴᠡᠭᠡ ᠪᠠᠷ ᠠᠭᠤᠰᠤᠯᠴᠠᠯ ᠢ ᠠᠬᠢᠭᠤᠯᠬᠤ᠂ ᠬᠠᠷᠠᠭᠠᠯᠵᠠᠯ ᠢᠶᠠᠷ ᠠᠭᠤᠰᠤᠯᠴᠠᠯ ᠢ ᠠᠬᠢᠭᠤᠯᠬᠤ᠂ ᠬᠠᠶᠢᠷ᠎ᠠ | ᠰᠡᠳᠬᠢᠯᠭᠡ ᠪᠠᠷ ᠠᠭᠤᠰᠤᠯᠴᠠᠯ ᠢ ᠠᠬᠢᠭᠤᠯᠬᠤ ᠶᠢ ᠳᠣᠪᠤᠶᠢᠯᠭᠠᠨ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ | ᠠᠭᠤᠰᠤᠯᠴᠠᠨ ᠬᠥᠭᠵᠢᠬᠦ ᠰᠢᠨ᠎ᠡ ᠵᠠᠮ ᠢ ᠵᠣᠷᠢᠭᠲᠠᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠵᠤ᠂ ᠬᠥᠳᠡᠭᠡ | ᠠᠵᠤ ᠠᠬᠤᠢ ᠶᠢᠨ ᠡᠬᠢ ᠪᠠᠶᠠᠯᠢᠭ ᠤᠨ ᠤᠯᠠᠨ ᠶᠠᠩᠵᠤᠲᠤ ᠴᠢᠨᠠᠷ ᠪᠣᠯᠤᠨ ᠠᠭᠤᠷ ᠠᠮᠢᠰᠬᠤᠯ ᠲᠣᠬᠢᠷᠠᠮᠵᠢᠲᠠᠢ | ᠳᠠᠪᠠᠭᠤᠯᠢᠭ ᠲᠤ ᠰᠠᠭᠤᠷᠢᠯᠠᠨ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠬᠤ ᠬᠡᠷᠡᠭᠲᠡᠢ᠃ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠬᠥᠳᠡᠭᠡ | ᠲᠣᠰᠬᠤᠨ ᠤ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠰᠠᠶᠢᠵᠢᠷᠠᠭᠤᠯᠵᠤ᠂ ᠣᠷᠣᠰᠢᠨ | ᠠᠮᠢᠳᠤᠷᠠᠬᠤ ᠳᠤ ᠳᠤᠬᠢᠯᠢᠭ ᠦᠢᠯᠡᠰ ᠪᠤᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠥᠲᠥᠭᠡᠨ ᠪᠠᠶᠢᠭᠤᠯᠬᠤ ᠬᠡᠷᠡᠭᠲᠡᠶ᠃ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠰᠣᠪᠢᠶᠠᠳ ᠣᠷᠣᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠰᠣᠪᠢᠶᠠᠳ | ᠣᠷᠣᠨ ᠤ ᠤᠨᠴᠠᠯᠢᠬᠳᠤ ᠠᠵᠤ ᠦᠢᠯᠡᠰ ᠤᠨ ᠳᠡᠰ ᠳᠡᠪᠰᠢᠯᠳᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ | ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠶᠢ ᠬᠦᠴᠦᠯᠡᠨ ᠳᠡᠮᠵᠢᠬᠦ ᠬᠡᠷᠡᠭᠲᠡᠢ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠠᠮᠢ ᠠᠬᠤᠢ ᠶᠢᠨ ᠮᠤᠵᠢ ᠶᠢ ᠪᠦᠳᠦᠭᠡᠨ ᠪᠠᠶᠢᠭᠤᠯᠬᠤ ᠪᠠᠶᠢᠷᠢᠰᠢᠭᠤᠯᠤᠯᠲᠠ ᠳᠤ ᠣᠷᠣᠭᠤᠯᠵᠤ᠂ | ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠮᠦᠨ ᠬᠢᠭᠡᠳ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ | ᠵᠢᠭᠠᠵᠦ ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠥᠷᠭᠡᠳᠬᠡᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ | ᠣᠶᠤᠲᠠᠨ᠂ ᠬᠥᠯᠥᠰᠥᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ | ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠶᠢᠬᠤ ᠵᠠᠷᠴᠢᠮ ᠢ | ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠲᠦᠮᠡᠨ ᠤ ᠰᠡᠳᠬᠢᠯ | ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ | ᠤᠷᠢᠳ ᠢᠶᠠᠷ ᠬᠥᠭᠵᠢᠭᠦᠯᠬᠦ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠡᠷᠭᠡᠶᠢᠯᠡᠯᠲᠡ ᠬᠠᠮᠠᠭᠠᠯᠠᠯᠲᠠ ᠶᠢᠨ ᠲᠤᠤᠷ ᠢ ᠪᠠᠬᠢᠵᠢᠭᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠢᠮᠠᠭᠲᠠ ᠬᠢᠨᠠᠭᠤᠷ | ᠪᠣᠯᠭᠤᠮᠵᠢᠲᠠᠶ ᠰᠠᠶᠢᠲᠤᠷ ᠬᠢᠬᠦ ᠬᠡᠷᠡᠭᠲᠡᠶ᠃ ᠬᠦᠨᠳᠦ ᠤᠨᠴᠠ ᠶᠡᠭᠡ ᠠᠶᠤᠯᠭᠦᠶ ᠦᠢᠯᠡᠳᠪᠦᠷᠢᠯᠡᠯ ᠤᠨ ᠬᠡᠷᠡᠭ ᠡᠭᠦᠰᠬᠦ ᠶᠢ | ᠪᠦᠲᠦᠮᠵᠢᠲᠡᠶ ᠬᠤᠷᠢᠠᠠᠯᠠᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠹᠦᠵᠢᠶᠠᠨ ᠪᠣᠯ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ᠎ᠠ᠂ ᠨᠠᠮ ᠤᠨ | ᠲᠡᠦᠬᠡ ᠶᠢᠨ ᠬᠡᠷᠡᠭ ᠶᠠᠪᠤᠳᠠᠯ ᠤᠯᠠᠨ᠂ ᠬᠤᠪᠢᠰᠬᠠᠯ ᠤᠨ ᠡᠬᠢ ᠪᠠᠶᠠᠯᠢᠭ ᠤᠯᠠᠨ᠂ ᠬᠤᠪᠢᠰᠬᠠᠯ ᠤᠨ ᠤᠷᠢᠳᠤᠰ ᠤᠯᠠᠨ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠥᠪᠡᠷᠮᠢᠴᠡ ᠳᠠᠪᠠᠭᠤᠯᠢᠭ ᠲᠠᠢ ᠶᠤᠮ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠲᠡᠦᠬᠡ ᠶᠢ ᠰᠤᠷᠤᠯᠴᠠᠨ ᠶᠣᠰᠣ ᠤᠴᠢᠷ ᠢ ᠮᠡᠳᠡᠬᠦ ᠬᠡᠷᠡᠭᠳᠠᠢ᠂ ᠶᠤᠰᠤ | ᠤᠴᠢᠷ ᠢ ᠮᠡᠳᠡᠬᠦ ᠪᠣᠯ ᠢᠲᠡᠭᠡᠯ ᠢ ᠨᠡᠮᠡᠭᠳᠡᠭᠦᠯᠬᠦ᠂ ᠶᠣᠰᠣ ᠰᠤᠷᠲᠠᠬᠤᠨ ᠢ ᠡᠷᠬᠢᠮᠯᠡᠬᠦ᠂ ᠬᠦᠴᠦᠯᠡᠨ ᠭᠦᠢᠴᠡᠳᠭᠡᠬᠦ ᠶᠢᠨ | ᠤᠷᠢᠲᠠᠯ ᠮᠥᠨ᠃ ᠨᠠᠮ ᠤᠨ ᠬᠡᠷᠡᠯ ᠰᠠᠴᠤᠷᠠᠩᠭᠤᠢ ᠠᠮᠵᠢᠯᠲᠠ᠂ ᠪᠡᠷᠬᠡ ᠬᠠᠲᠠᠭᠤᠵᠢᠯᠲᠠᠢ ᠥᠩᠭᠡᠷᠡᠯᠲᠡ᠂ ᠲᠡᠦᠬᠡᠨ | ᠲᠤᠷᠰᠢᠯᠭ᠎ᠠ᠂ ᠰᠢᠯᠢᠳᠡᠭ ᠤᠯᠠᠮᠵᠢᠯᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ ᠤᠨ | ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ | ᠵᠡᠷᠭᠡ ᠶᠣᠰᠣ ᠤᠴᠢᠷ ᠢ ᠭᠦᠨᠵᠡᠭᠡᠢ ᠤᠬᠠᠪᠤᠷᠢᠯᠠᠨ᠂ ᠲᠡᠭᠦᠨ ᠤ ᠳᠣᠲᠣᠷᠠᠬᠢ ᠲᠡᠦᠬᠡ ᠶᠢᠨ ᠯᠣᠭᠢᠭ᠂ ᠤᠨᠤᠯ ᠤᠨ ᠯᠣᠭᠢᠭ᠂ | ᠦᠢᠯᠡᠳᠦᠯᠭᠡ ᠶᠢᠨ ᠯᠣᠭᠢᠭ ᠢ ᠲᠣᠳᠣᠷᠬᠠᠢ ᠣᠶᠢᠯᠠᠭᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠲᠡᠦᠬᠡ ᠶᠢᠨ ᠵᠠᠶᠢᠯᠠᠰᠢ ᠦᠭᠡᠢ ᠴᠢᠨᠠᠷ ᠢ ᠭᠦᠨᠵᠡᠭᠡᠢ ᠤᠬᠠᠪᠤᠷᠢᠯᠠᠨ᠂ ᠨᠠᠮ ᠤᠨ | ᠤᠳᠤᠷᠢᠳᠤᠯᠭ᠎ᠠ ᠶᠢᠨ ᠲᠤᠬᠠᠢ ᠢᠲᠡᠭᠡᠯ ᠢᠶᠠᠨ ᠪᠠᠲᠤᠳᠬᠠᠬᠤ ᠬᠡᠷᠡᠭᠲᠡᠢ᠃ ᠮᠠᠷᠺᠰ ᠤᠨ ᠦᠵᠡᠯ ᠵᠢᠴᠢ ᠲᠡᠭᠦᠨ ᠤ ᠳᠤᠮᠳᠠᠳᠤ | ᠤᠯᠤᠰᠴᠢᠯᠠᠭᠰᠠᠨ ᠰᠢᠨ᠎ᠡ ᠶᠢ ᠡᠭᠦᠳᠦᠭᠰᠡᠨ ᠤᠨᠤᠯ ᠤᠨ ᠦᠨᠡᠨ ᠶᠣᠰᠣᠴᠢ ᠴᠢᠨᠠᠷ ᠢ ᠭᠦᠨᠵᠡᠭᠡᠢ ᠤᠬᠠᠪᠤᠷᠢᠯᠠᠨ᠂ ᠨᠠᠮ ᠤᠨ | ᠰᠢᠨ᠎ᠡ ᠶᠢ ᠡᠭᠦᠳᠦᠭᠰᠡᠨ ᠤᠨᠤᠯ ᠢ ᠤᠬᠠᠮᠰᠠᠷ ᠠᠴᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠡᠰ ᠪᠠᠲᠤ ᠴᠢᠨᠠᠷ ᠢᠶᠠᠨ | ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠵᠥᠪ ᠣᠨᠣᠪᠴᠢᠲᠤ | ᠴᠢᠨᠠᠷ ᠢ ᠭᠦᠨᠵᠡᠭᠡᠢ ᠤᠬᠠᠪᠤᠷᠢᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠡᠨᠡ ᠬᠦ ᠴᠤᠷ ᠤᠨ | ᠭᠠᠭᠴᠠ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠬᠦᠷᠢᠶᠡᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠡᠷᠦᠩᠬᠡᠶᠢᠯᠡᠭᠰᠡᠨ | ᠦᠢᠯᠡᠳᠦᠯ ᠴᠢᠳᠠᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠤᠨ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ | ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |